ᠡᠵᠡᠨ᠎ᠡ ᠬᠤᠰᠢᠭᠤᠨ ᠤ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠦᠷᠢ ᠱᠠᠩᠨᠠᠯ ᠎ ᠤᠨ ᠲᠦᠷᠦ ᠶᠢᠨ ᠪᠤᠳᠤᠯᠭ᠎ᠠ ᠶᠢᠨ ᠬᠡᠷᠡᠭᠵᠢᠬᠦᠯᠦᠯᠳᠡ ᠶᠢᠨ ᠲᠦᠰᠦᠯ ︵2016 — 2020 ᠤᠨ︶
ᠨᠡᠶᠢᠲᠡᠯᠡᠭᠰᠡᠨ ᠴᠠᠭ᠄
2017-01-13
        ᠡᠵᠡᠨ᠎ᠡ ᠬᠤᠰᠢᠭᠤᠨ ᠤ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠪᠤᠯᠤᠨ ᠪᠦᠳᠦᠬᠡᠨ ᠪᠠᠶᠢᠭᠤᠯᠤᠯᠳᠠ ᠶᠢ ᠴᠢᠩᠭᠠᠳᠬᠠᠵᠤ᠂ ᠰᠢᠨ᠎ᠡ ᠡᠬᠡᠯᠵᠢ ᠶᠢᠨ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠎ ᠶᠢᠨ ᠨᠦᠬᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠶᠢ ᠪᠦᠳᠦᠮᠵᠢᠳᠡᠢ ᠬᠡᠷᠡᠭᠵᠢᠬᠦᠯᠬᠦ ᠶᠢᠨ ᠲᠦᠯᠦᠬᠡ᠂ ᠦᠪᠡᠷᠳᠡᠬᠡᠨ ᠵᠠᠰᠠᠬᠤ ᠤᠷᠤᠨ ᠤ ᠲᠡᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠎ ᠤᠨ ︽︿ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠶᠢ ᠬᠡᠷᠡᠭᠵᠢᠬᠦᠯᠬᠦ ᠵᠢᠯᠤᠭᠤᠳᠬᠤ ᠰᠠᠨᠠᠯ ︵2016 — 2020︶﹀᠎ ᠤᠨ ᠲᠤᠬᠠᠢ ᠮᠡᠳᠡᠭᠳᠡᠯ︾᠎ ᠤᠨ ᠵᠤᠷᠢᠭ ᠰᠠᠨᠠᠭ᠎ᠠ ᠪᠤᠯᠤᠨ ︽ᠠᠯᠠᠱᠠ ᠠᠶᠢᠮᠠᠭ ᠤᠨ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠶᠢ ᠬᠡᠷᠡᠭᠵᠢᠬᠦᠯᠬᠦ ᠵᠢᠯᠤᠭᠤᠳᠬᠤ ᠰᠠᠨᠠᠯ︾᠎ ᠢ ᠦᠨᠳᠤᠰᠤᠯᠡᠨ᠂ ᠬᠤᠰᠢᠭᠤᠨ ᠤ ᠪᠤᠳᠠᠳᠤ ᠪᠠᠶᠢᠳᠠᠯ ᠲᠠᠢ ᠤᠶᠠᠯᠳᠤᠭᠤᠯᠵᠤ᠂ ᠲᠤᠰ ᠲᠦᠷᠢᠮ ᠢ ᠲᠤᠭᠳᠠᠭᠠᠪᠠ᠃        ᠨᠢᠬᠡ᠂ ᠡᠵᠡᠨ᠎ᠡ ᠬᠤᠰᠢᠭᠤᠨ ᠤ ᠨᠤᠳᠤᠭ ᠪᠡᠯᠴᠢᠬᠡᠷ ᠤᠨ ᠤᠳᠤᠬᠢ ᠪᠠᠶᠢᠳᠠᠯ        ︵ᠨᠢᠬᠡ︶ ᠨᠤᠳᠤᠭ ᠪᠡᠯᠴᠢᠬᠡᠷ ᠤᠨ ᠡᠬᠢ ᠪᠡᠶᠠᠯᠢᠭ ᠤᠨ ᠤᠳᠤᠬᠢ ᠪᠠᠶᠢᠳᠠᠯ        ᠡᠵᠡᠨ᠎ᠡ ᠬᠤᠰᠢᠭᠤ ᠨᠢ ᠦᠪᠦᠷ ᠮᠤᠩᠭᠤᠯ ᠤᠨ ᠬᠠᠮᠤᠭ ᠪᠠᠷᠠᠭᠤᠨ ᠵᠠᠬ᠎ᠠ ᠳᠤ ᠪᠠᠶᠢᠷᠢᠰᠢᠵᠤ ᠪᠠᠶᠢᠳᠠᠭ᠃ ᠪᠦᠬᠦ ᠲᠠᠯᠠᠪᠠᠢ ᠨᠢ17190 ᠲᠦᠮᠡᠨ ᠮᠤ᠋᠂ ᠡᠬᠦᠨ ᠳᠤ ᠡᠪᠡᠰᠤ ᠪᠡᠯᠴᠢᠬᠡᠷ ᠤᠨ ᠶᠡᠷᠤᠩᠬᠡᠢ ᠲᠠᠯᠠᠪᠠᠢ12053 ᠲᠦᠮᠡᠨ ᠮᠤ᠋᠂ ᠠᠰᠢᠭᠯᠠᠵᠤ ᠪᠤᠯᠬᠤ ᠡᠪᠡᠰᠤ ᠪᠡᠯᠴᠢᠬᠡᠷ ᠤᠨ ᠲᠠᠯᠠᠪᠠᠢ 5434.92 ᠲᠦᠮᠡᠨ ᠮᠤ᠋᠂ ᠦᠨᠳᠤᠰᠤᠨ ᠨᠤᠲᠤᠭ ᠪᠡᠯᠴᠢᠭᠡᠷ ᠤᠨ ᠲᠠᠯᠠᠪᠠᠢ 5110.52 ᠲᠦᠮᠡᠨ ᠮᠤ᠋ ᠪᠤᠯᠬᠤ ᠴᠦᠯᠡᠷᠬᠡᠭᠵᠢᠭᠰᠡᠨ ᠨᠤᠳᠤᠭ ᠪᠡᠯᠴᠢᠬᠡᠷ ᠪᠤᠯᠤᠨ᠎ᠠ᠃ ᠠᠭᠤᠷᠰᠢᠯ ᠤᠨ ᠬᠡᠮᠵᠢᠶ᠎ᠡ ᠨᠢ ᠬᠤᠷ᠎ᠠ ᠲᠤᠨᠳᠠᠰᠤᠨ ᠤ ᠬᠡᠮᠵᠢᠶᠡᠨ ᠤ100 ᠲᠠᠬᠢᠨ᠂ ᠮᠦᠨᠴᠤ ᠬᠦᠨᠳᠤ ᠭᠠᠩ ᠬᠠᠭᠤᠷᠠᠢ ᠤᠷᠤᠨ ᠳᠤ ᠪᠠᠭᠳᠠᠨ᠎ᠠ᠃        ᠨᠤᠳᠤᠭ ᠪᠡᠯᠴᠢᠬᠡᠷ ᠢ ᠤᠷᠭᠤᠮᠠᠯ ᠤᠨ ᠪᠦᠷᠬᠦᠴᠡ ᠶᠢᠨ ᠤᠷᠤᠨ ᠬᠡᠪᠴᠢᠶ᠎ᠡ ᠪᠠᠷ ᠨᠢ ᠭᠤᠪᠢ ᠭᠠᠵᠠᠷ᠂ ᠭᠤᠤᠯ ᠤᠨ ᠤᠷᠤᠰᠬᠠᠯ ᠤᠷᠤᠨ᠂ ᠡᠯᠡᠰᠤᠨ ᠴᠦᠯ᠂ ᠨᠠᠭᠤᠷ ᠬᠦᠪ ᠬᠡᠬᠦ ᠲᠦᠷᠪᠡᠨ ᠲᠦᠷᠦᠯ ᠳᠤ ᠬᠤᠪᠢᠶᠠᠨ᠎ᠠ᠃ ᠡᠬᠦᠨ ᠤ ᠲᠤᠳᠤᠷ᠎ᠠ᠄ ᠭᠤᠪᠢ ᠶᠢᠨ ᠪᠡᠯᠴᠢᠬᠡᠷ ᠬᠠᠮᠤᠭ ᠠᠴᠠ ᠭᠠᠩ ᠬᠠᠭᠤᠷᠠᠢ ᠪᠠᠶᠢᠵᠤ᠂ ᠤᠷᠭᠤᠮᠠᠯ ᠤᠨ ᠲᠦᠷᠦᠯ ᠬᠤᠮᠰᠠ᠂ ᠲᠠᠴᠢᠷᠰᠢᠯ ᠢᠶᠠᠷ ᠭᠤᠤᠯᠯᠠᠵᠤ᠂ ᠰᠢᠷ᠎ᠠ ᠵᠡᠬᠡᠷᠬᠡᠨ᠎ᠡ᠂ ᠬᠤᠳᠢᠷ᠂ ᠲᠤᠰᠤᠨ ᠲᠤᠷᠯᠤᠭ᠂ ᠤᠯᠠᠭᠠᠨ ᠪᠤᠳᠤᠷᠭᠠᠨ᠎ᠠ᠂ ᠵᠡᠬᠡᠷᠬᠡᠨ᠎ᠡ ᠵᠡᠷᠬᠡ ᠤᠷᠭᠤᠮᠠᠯ ᠭᠤᠣᠯᠯᠠᠳᠠᠭ︔ ᠡᠯᠡᠰᠤᠨ ᠴᠦᠯ ᠤᠨ ᠨᠤᠳᠤᠭ ᠪᠡᠯᠴᠢᠬᠡᠷ ᠨᠢ ᠵᠠᠭ᠂ ᠤᠯᠠᠭᠠᠨ ᠪᠤᠳᠤᠷᠭᠠᠨ᠎ᠠ᠂ ᠬᠠᠷᠮᠠᠭ᠂ ᠰᠢᠷ᠎ᠠ ᠰᠢᠪᠠᠭ ᠵᠡᠷᠬᠡ ᠤᠷᠭᠤᠮᠠᠯ ᠭᠤᠤᠯᠳᠠᠨ᠎ᠠ︔ ᠨᠠᠭᠤᠷ ᠬᠦᠪ ᠤᠨ ᠪᠡᠯᠴᠢᠬᠡᠷ ᠎ ᠨᠢ ᠭᠤᠤᠯᠳᠠᠭᠤ ᠦᠩᠳᠤᠭᠤᠤᠯ ᠪᠤᠯᠤᠨ ᠭᠤᠷᠤᠨᠠᠢ ᠪᠠᠷ ᠤᠷᠤᠰᠢᠵᠤ᠂ ᠭᠠᠵᠠᠷ ᠲᠤᠤᠷᠠᠬᠢ ᠤᠰᠤᠨ ᠤ ᠲᠦᠪᠰᠢᠨ ᠨᠠᠯᠢᠶᠠᠳ ᠦᠨᠳᠤᠷ ᠤᠴᠢᠷ ᠠᠴᠠ ᠬᠤᠯᠤᠰᠤ ᠵᠡᠷᠬᠡ ᠣᠯᠠᠨ ᠨᠠᠰᠤᠳᠤ ᠡᠪᠡᠰᠤ ᠪᠠᠷ ᠭᠤᠤᠯᠯᠠᠨ᠎ᠠ︔ ᠪᠦᠬᠦ ᠬᠤᠰᠢᠭᠤᠨ ᠤ ᠬᠠᠮᠤᠭ ᠰᠠᠶᠢᠨ ᠪᠡᠯᠴᠢᠬᠡᠷ ᠨᠢ ᠡᠵᠡᠨ᠎ᠡ ᠭᠤᠤᠯ ᠤᠨ ᠤᠷᠤᠰᠬᠠᠯ ᠤᠷᠤᠨ ᠢᠶᠠᠷ ᠪᠠᠶᠢᠷᠢᠰᠢᠵᠤ᠂ ᠰᠤᠬᠠᠢ ᠂ ᠬᠤᠯᠤᠰᠤ᠂ ᠭᠠᠰᠢᠭᠤᠨ ᠪᠤᠶ᠎ᠠ᠂ ᠰᠢᠬᠢᠷ ᠪᠤᠶ᠎ᠠ᠂ ᠲᠡᠷᠡᠰᠤ ᠵᠡᠷᠬᠡ ᠤᠷᠭᠤᠮᠠᠯ ᠪᠠᠶᠢᠵᠤ᠂ ᠨᠡᠶᠢᠳᠡ ᠲᠠᠯᠠᠪᠠᠢ ᠵᠦᠪᠬᠡᠨ1060.4 ᠲᠦᠮᠡᠨ ᠮᠤ᠋᠂ ᠪᠦᠬᠦ ᠬᠤᠰᠢᠭᠤᠨ ᠤ ᠨᠤᠳᠤᠭ ᠪᠡᠯᠴᠢᠬᠡᠷ ᠤᠨ ᠶᠡᠷᠤᠩᠬᠡᠢ ᠲᠠᠯᠠᠪᠠᠢ ᠶᠢᠨ 8.56%᠎ ᠶᠢ ᠡᠵᠡᠯᠡᠨ᠎ᠡ᠃        ᠪᠦᠬᠦ ᠬᠤᠰᠢᠭᠤᠨ ᠤ ᠡᠯ᠎ᠡ ᠲᠦᠷᠦᠯ ᠤᠨ ᠨᠤᠳᠤᠭ ᠪᠡᠯᠴᠢᠬᠡᠷ ᠢ ᠠᠭᠤᠷ ᠠᠮᠢᠰᠬᠤᠯ᠂ ᠬᠦᠷᠦᠰᠤ ᠰᠢᠷᠤᠢ᠂ ᠭᠠᠵᠠᠷ ᠤᠨ ᠭᠠᠳᠠᠷᠭᠤ ᠶᠢᠨ ᠤᠨᠴᠠᠯᠢᠭ᠂ ᠤᠷᠭᠤᠮᠠᠯ ᠤᠨ ᠪᠦᠷᠬᠦᠴᠡ ᠵᠡᠷᠬᠡ ᠤᠯᠠᠨ ᠠᠮᠢᠳᠤ ᠪᠣᠳᠠᠰ ᠤᠨ ᠬᠦᠴᠦᠨ ᠵᠦᠢᠯ ᠪᠤᠯᠤᠨ ᠬᠠᠷᠢᠯᠴᠠᠨ ᠨᠦᠯᠦᠬᠡᠯᠡᠯᠴᠡᠬᠦ ᠬᠦᠴᠦᠨ ᠠᠴᠠ ᠪᠤᠳᠤᠯᠬᠢᠯᠠᠨ ᠲᠦᠷᠪᠡᠨ ᠲᠤᠮᠤ ᠲᠦᠷᠦᠯ ᠲᠤᠯᠤᠭᠠᠨ ᠲᠡᠳ᠋ ᠲᠦᠷᠦᠯ ᠳᠤ ᠬᠤᠪᠢᠶᠠᠪᠠ᠂ ᠡᠬᠦᠨ ᠳᠤ ᠰᠡᠷᠢᠭᠦᠨ ᠪᠦᠰᠡᠨ ᠤ ᠴᠦᠯᠡᠷᠬᠡᠭ ᠪᠡᠯᠴᠢᠭᠡᠷ ᠤᠨ ᠲᠠᠯᠠᠪᠠᠢ ᠬᠠᠮᠤᠭ ᠶᠡᠭᠡ ᠪᠠᠶᠢᠵᠤ ᠨᠡᠶᠢᠳᠡ11331 ᠲᠦᠮᠡᠨ ᠮᠤ᠋᠂ ᠲᠡᠭᠦᠨ ᠤ ᠳᠤᠲᠤᠷ᠎ᠠ ᠠᠰᠢᠭᠯᠠᠵᠤ ᠪᠤᠯᠬᠤ ᠲᠠᠯᠠᠪᠠᠢ ᠨᠢ 4532.4 ᠲᠦᠮᠡᠨ ᠮᠤ᠋᠂ ᠲᠤᠰᠪᠤᠷᠢ ᠪᠦᠬᠦ ᠬᠤᠰᠢᠭᠤᠨ ᠤ ᠨᠤᠳᠤᠭ ᠪᠡᠯᠴᠢᠬᠡᠷ ᠤᠨ ᠶᠡᠷᠤᠩᠬᠡᠢ ᠲᠠᠯᠠᠪᠠᠢ ᠪᠤᠯᠤᠨ ᠠᠰᠢᠭᠯᠠᠵᠤ ᠪᠤᠯᠬᠤ ᠲᠠᠯᠠᠪᠠᠢ ᠶᠢᠨ 91.4% ᠪᠤᠯᠤᠨ 83.4%᠎ ᠶᠢ ᠡᠵᠡᠯᠡᠨ᠎ᠡ᠃ ᠨᠢᠬᠡᠴᠡ ᠲᠠᠯᠠᠪᠠᠢ ᠶᠢᠨ ᠡᠪᠡᠰᠤ ᠤᠷᠭᠤᠬᠤ ᠬᠡᠮᠵᠢᠶ᠎ᠡ ᠨᠢ ᠲᠦᠷᠪᠡᠳᠤᠬᠡᠷ ᠲᠦᠷᠦᠯ ᠤᠨ ᠨᠤᠳᠤᠭ ᠪᠡᠯᠴᠢᠬᠡᠷ ᠤᠨ ᠵᠢᠭᠰᠠᠭᠠᠯᠲᠠ ᠶᠢᠨ ᠰᠡᠬᠦᠯ ᠳᠤ ᠪᠠᠶᠢᠷᠢᠯᠡᠵᠤ᠂ ᠵᠦᠪᠬᠡᠨ 4.7 ᠺᠢᠯᠤᠭ᠍ᠷᠡᠮ/ ᠮᠤ᠋᠂ ᠪᠦᠬᠦ ᠵᠢᠯ ᠳᠤ ᠬᠤᠨᠢ ᠨᠢᠬᠡᠴᠡ ᠶᠢᠨ ᠬᠡᠷᠡᠭᠰᠡᠬᠦ ᠡᠪᠡᠰᠤ ᠪᠡᠯᠴᠢᠬᠡᠷ ᠤᠨ ᠲᠠᠯᠠᠪᠠᠢ ᠎ ᠨᠢ167.07 ᠮᠤ᠋ ᠪᠠᠶᠢᠨ᠎ᠠ᠃        ᠪᠦᠬᠦ ᠬᠤᠰᠢᠭᠤᠨ ᠤ ᠲᠦᠷᠪᠡᠨ ᠲᠤᠮᠤ ᠲᠦᠷᠦᠯ ᠤᠨ ᠨᠤᠳᠤᠭ ᠪᠡᠯᠴᠢᠬᠡᠷ ᠤᠨ ᠡᠪᠡᠰᠦᠨ ᠤ ᠠᠮᠲᠠᠯᠢᠭ ᠴᠢᠨᠠᠷ ᠪᠠ ᠰᠢᠮ᠎ᠠ ᠲᠡᠵᠢᠬᠡᠯ ᠤᠨ ᠦᠷᠳᠡᠭ᠂ ᠠᠰᠢᠭᠯᠠᠬᠤ ᠨᠤᠷᠮ᠎ᠠ᠂ ᠡᠪᠡᠰᠤ ᠪᠡᠯᠴᠢᠬᠡᠷ ᠤᠷᠭᠤᠮᠠᠯ ᠤᠨ ᠪᠦᠷᠬᠦᠴᠡ ᠲᠡᠬᠡᠷᠡᠬᠢ ᠠᠮᠢᠳᠤ ᠪᠤᠳᠠᠰ ᠤᠨ ᠦᠰᠦᠯᠳᠡ ᠭᠠᠷᠤᠯᠳᠠ ᠶᠢᠨ ᠬᠡᠮᠵᠢᠶ᠎ᠡ ᠶᠢ ᠦᠨᠳᠤᠰᠤᠯᠡᠨ ᠲᠠᠪᠤᠨ ᠵᠡᠷᠬᠡ ᠨᠠᠢᠮᠠᠨ ᠲᠡᠰ ᠪᠤᠯᠭᠠᠨ ᠬᠤᠪᠢᠶᠠᠨ᠎ᠠ᠃ ᠮᠠᠨ ᠤ ᠬᠤᠰᠢᠭᠤᠨ ᠳᠤ ᠨᠢᠬᠡᠳᠤᠬᠡᠷ ᠪᠤᠯᠤᠨ ᠬᠤᠶᠠᠳᠤᠭᠠᠷ ᠵᠡᠷᠬᠡ ᠶᠢᠨ ᠨᠤᠳᠤᠭ ᠪᠡᠯᠴᠢᠬᠡᠷ ᠪᠠᠶᠢᠬᠤ ᠦᠬᠡᠢ᠂ ᠵᠦᠪᠬᠡᠨ ᠭᠤᠷᠪᠠᠳᠤᠭᠠᠷ ᠵᠡᠷᠬᠡ ᠶᠢᠨ ᠭᠤᠷᠪᠠᠳᠤᠭᠠᠷ ᠲᠠᠰ ︵ᠭᠤᠷᠪᠠᠳᠤᠭᠠᠷ ᠵᠡᠷᠬᠡ᠂ ᠲᠦᠷᠪᠡᠳᠤᠬᠡᠷ ᠵᠡᠷᠬᠡ᠂ ᠲᠠᠪᠤᠳᠤᠭᠠᠷ ᠵᠡᠷᠬᠡ ᠪᠤᠯᠤᠨ ᠲᠠᠪᠤᠳᠤᠭᠠᠷ ᠲᠡᠰ᠂ ᠵᠢᠷᠭᠤᠳᠤᠭᠠᠷ ᠲᠡᠰ᠂ ᠨᠠᠢᠮᠠᠳᠤᠭᠠᠷ ᠲᠡᠰ︶᠎ ᠤᠨ ᠨᠤᠳᠤᠭ ᠪᠡᠯᠴᠢᠬᠡᠷ ᠲᠠᠢ ᠪᠠᠶᠢᠵᠤ᠂ ᠮᠤ᠋ ᠪᠦᠷᠢ ᠳᠤ 400 — 300 ᠺᠢᠯᠤᠭ᠍ᠷᠡᠮ ᠤᠨ ᠰᠣᠷᠭᠤᠭ ᠡᠪᠡᠰᠦᠨ ᠤ ᠭᠠᠷᠦᠯᠲᠠ ᠪᠤᠯᠤᠨ ᠮᠤ᠋ ᠪᠦᠷᠢ ᠳᠤ100 —50 ᠺᠢᠯᠤᠭ᠍ᠷᠡᠮ ᠤᠨ ᠰᠣᠷᠭᠤᠭ ᠡᠪᠡᠰᠦᠨ ᠤ ᠭᠠᠷᠦᠯᠲᠠ ᠲᠠᠢ ᠳᠦᠷᠪᠡᠳᠦᠭᠡᠷ ᠳᠡᠰ ᠪᠠ ᠲᠤᠯᠤᠳᠤᠭᠠᠷ ᠲᠡᠰ ᠤᠨ ᠪᠡᠯᠴᠢᠬᠡᠷ ᠨᠢ ᠪᠦᠬᠦᠳᠡ ᠠᠭᠠᠵᠢᠮ ᠢᠶᠠᠷ ᠮᠤ᠋ ᠪᠦᠷᠢ ᠶᠢᠨ 50 ᠺᠢᠯᠤᠭ᠍ᠷᠡᠮ ᠤᠨ ᠰᠣᠷᠭᠤᠭ ᠡᠪᠡᠰᠦᠨ ᠤ ᠭᠠᠷᠦᠯᠲᠠ ᠠᠴᠠ ᠳᠣᠣᠷ᠎ᠠ ᠨᠠᠢᠮᠠᠳᠤᠭᠠᠷ ᠲᠡᠰ ᠤᠨ ᠪᠡᠯᠴᠢᠬᠡᠷ ᠢᠶᠠᠷ ᠤᠷᠤᠯᠠᠭᠳᠠᠭᠰᠠᠨ ᠪᠠᠶᠢᠨ᠎ᠠ᠃ ᠤᠳᠤ ᠪᠤᠯᠬᠤ ᠳᠤ᠂ ᠨᠠᠢᠮᠠᠳᠤᠭᠠᠷ ᠲᠡᠰ ᠤᠨ ᠪᠡᠯᠴᠢᠬᠡᠷ ᠤᠨ ᠲᠠᠯᠠᠪᠠᠢ ᠨᠢ ᠨᠢᠬᠡᠨᠳᠡ ᠪᠦᠬᠦ ᠬᠤᠰᠢᠭᠤᠨ ᠤ ᠨᠤᠳᠤᠭ ᠪᠡᠯᠴᠢᠬᠡᠷ ᠎ ᠤᠨ ᠶᠡᠷᠤᠩᠬᠡᠢ ᠲᠠᠯᠠᠪᠠᠢ ᠶᠢᠨ 91.4%᠎ ᠶᠢ ᠡᠵᠡᠯᠡᠬᠦ ᠪᠤᠯᠵᠠᠢ᠃        ︵ᠬᠤᠶᠠᠷ︶ ᠨᠤᠳᠤᠭ ᠪᠡᠯᠴᠢᠬᠡᠷ ᠤᠨ ︽ᠭᠤᠷᠪᠠᠨ ᠪᠠᠶᠢᠳᠠᠯ︾        ᠮᠠᠨ ᠤ ᠬᠤᠰᠢᠭᠤᠨ ᠤ ᠡᠯᠡᠰᠦᠷᠬᠡᠭᠵᠢᠭᠰᠡᠨ᠂ ᠮᠠᠭᠤᠳᠠᠭᠰᠠᠨ᠂ ᠬᠤᠵᠢᠷᠰᠢᠭᠰᠠᠨ ᠨᠤᠳᠤᠭ ᠪᠡᠯᠴᠢᠬᠡᠷ 2823.45 ᠲᠦᠮᠡᠨ ᠮᠤ᠋ ᠪᠠᠶᠢᠵᠤ᠂ ᠠᠳᠠᠯᠢ ᠪᠤᠰᠤ ᠶᠢᠨ ᠬᠡᠮᠵᠢᠶ᠎ᠡ ᠪᠠᠷ ᠠᠰᠢᠭᠯᠠᠵᠤ ᠪᠤᠯᠬᠤ ᠨᠤᠳᠤᠭ ᠪᠡᠯᠴᠢᠬᠡᠷ ᠎ ᠤᠨ 17%᠎ ᠶᠢ ᠡᠵᠡᠯᠡᠵᠤ ᠪᠤᠢ᠃ ᠲᠦᠷᠦᠯ ᠵᠤᠶᠢᠯ ᠤᠨ ᠤᠷᠤᠨ ᠤ ᠪᠠᠶᠢᠭᠠᠯᠢᠯᠢᠭ ᠪᠡᠯᠴᠢᠬᠡᠷ ᠤᠨ ᠮᠠᠭᠤᠳᠠᠭᠰᠠᠨ ᠭᠤᠤᠯ ᠰᠢᠯᠳᠠᠭᠠᠨ ᠪᠤᠯ᠄ ᠠᠭᠤᠷ ᠠᠮᠢᠰᠬᠤᠯ ᠭᠠᠩ ᠬᠠᠭᠤᠷᠠᠢ ᠬᠤᠷ᠎ᠠ ᠲᠤᠨᠳᠠᠰᠤ ᠴᠦᠬᠡᠨ᠂ ᠡᠯᠡᠰᠤᠨ ᠰᠢᠭᠤᠷᠭ᠎ᠠ ᠦᠷᠬᠦᠯᠵᠢ ᠡᠬᠦᠰᠴᠤ᠂ ᠠᠭᠤᠷᠰᠢᠯ ᠤᠨ ᠬᠡᠮᠵᠢᠶ᠎ᠡ ᠦᠨᠳᠤᠷ ᠪᠦᠬᠡᠳ ᠬᠤᠯᠤᠭᠠᠨ᠎ᠠ ᠶᠢᠨ ᠠᠶᠤᠯ ᠬᠦᠨᠳᠤ ᠬᠡᠴᠡᠬᠦᠤ᠂ ᠬᠦᠮᠦᠨ ᠲᠦᠷᠦᠯᠬᠢᠳᠡᠨ ᠤ ᠰᠢᠨᠵᠢᠯᠡᠬᠦ ᠤᠬᠠᠭᠠᠨᠴᠢ ᠪᠤᠰᠤ ᠪᠠᠷ ᠠᠰᠢᠭᠯᠠᠭᠰᠠᠨ ᠵᠡᠷᠬᠡ ᠠᠴᠠ ᠪᠤᠯᠵᠤ ᠨᠤᠳᠤᠭ ᠪᠡᠯᠴᠢᠬᠡᠷ ᠤᠨ ᠡᠬᠢ ᠪᠠᠶᠠᠯᠢᠭ ᠮᠠᠭᠤᠳᠠᠵᠤ ᠡᠯᠡᠰᠦᠷᠬᠡᠭᠵᠢᠨ᠂ ᠤᠤᠯ ᠠᠴᠠ ᠬᠡᠪᠡᠷᠡᠭ ᠮᠠᠭᠤ ᠪᠠᠶᠢᠭᠰᠠᠨ ᠨᠤᠳᠤᠭ ᠪᠡᠯᠴᠢᠬᠡᠷ ᠤᠨ ᠠᠮᠢ ᠠᠬᠤᠢ ᠶᠢ ᠡᠪᠳᠡᠭᠰᠡᠨ ᠪᠠᠶᠢᠨ᠎ᠠ᠃        ᠤᠳᠤ ᠪᠤᠯᠬᠤ ᠳᠤ᠂ ᠪᠦᠬᠦ ᠬᠤᠰᠢᠭᠤᠨ ᠤ ᠨᠤᠳᠤᠭ ᠪᠡᠯᠴᠢᠬᠡᠷ ᠤᠨ ᠬᠠᠰᠢᠶᠠᠯᠠᠨ ᠤᠶᠢᠵᠢᠭᠤᠯᠤᠭᠰᠠᠨ ᠲᠠᠯᠠᠪᠠᠢ 915 ᠲᠦᠮᠡᠨ ᠮᠤ᠋ ᠪᠠᠶᠢᠵᠤ᠂ ᠠᠷᠪᠠ ᠭᠠᠷᠤᠢ ᠵᠢᠯ ᠤᠨ ᠪᠢᠳᠡᠬᠦᠮᠵᠢᠯᠡᠯᠳᠡ ᠶᠢ ᠦᠩᠬᠡᠷᠡᠬᠡᠬᠡᠳ ᠡᠳᠤᠬᠡ ᠲᠦᠷᠦᠯ ᠵᠤᠶᠢᠯ ᠤᠨ ᠤᠷᠤᠨ ᠲᠤᠳᠤᠷᠠᠬᠢ ᠤᠷᠭᠤᠮᠠᠯ ᠤᠨ ᠪᠦᠷᠬᠦᠴᠡ ᠶᠢᠨ ᠬᠡᠮᠵᠢᠶ᠎ᠡ ᠨᠢ ᠮᠠᠯᠵᠢᠬᠤ ᠶᠢ ᠬᠤᠷᠢᠭᠯᠠᠬᠤ ᠎ ᠠᠴᠠ ᠡᠮᠤᠨᠡᠬᠢ 8%᠎ ᠠᠴᠠ ᠨᠡᠮᠡᠭᠳᠡᠬᠡᠳ 10%᠎ ᠳᠤ ᠬᠦᠷᠴᠤ᠂ ᠪᠡᠯᠴᠢᠬᠡᠷ ᠤᠨ ᠡᠯ᠎ᠡ ᠲᠦᠷᠦᠯ ᠤᠨ ᠭᠦᠢᠴᠡᠳᠬᠡᠯ ᠲᠤᠭ᠎ᠠ ᠢᠯᠡᠷᠬᠡᠢ ᠲᠡᠬᠡᠭᠰᠢᠯᠡᠵᠤ᠂ ᠡᠪᠡᠰᠤ ᠤᠷᠭᠤᠮᠠᠯ ᠤᠨ ᠤᠷᠭᠤᠴᠠ ᠨᠢ ᠮᠤ᠋ ᠪᠦᠷᠢ ᠶᠢᠨ 10 ᠺᠢᠯᠤᠭ᠍ᠷᠠᠮ ᠤᠨ ᠤᠷᠴᠢᠮ ᠪᠤᠯᠳᠠᠯ᠎ᠠ ᠨᠡᠮᠡᠭᠳᠡᠵᠡᠢ᠃ ᠡᠬᠦᠨ ᠳᠤ ᠵᠠᠷᠢᠮ ᠤᠷᠤᠨ ᠤ ᠠᠮᠢ ᠠᠬᠤᠢ ᠪᠤᠯᠤᠨ ᠠᠵᠤ ᠠᠬᠤᠢ ᠶᠢᠨ ᠦᠷ᠎ᠡ ᠠᠰᠢᠭ ᠲᠡᠬᠡᠭᠰᠢᠯᠡᠭᠰᠡᠨ ᠪᠠᠶᠢᠨ᠎ᠠ᠂ ᠬᠡᠪᠡᠴᠤ ᠤᠷᠴᠢᠮ ᠤᠨ ᠵᠢᠯ ᠠᠴᠠ ᠬᠤᠷ᠎ᠠ ᠲᠤᠨᠳᠠᠰᠤ ᠵᠢᠯ ᠲᠠᠷᠠᠭᠠᠯᠠᠨ ᠪᠠᠭᠠᠰᠴᠤ᠂ ᠭᠠᠵᠠᠷ ᠲᠤᠤᠷᠠᠬᠢ ᠤᠰᠤᠨ ᠤ ᠲᠦᠪᠰᠢᠨ ᠲᠦᠷᠬᠡᠨ ᠲᠤᠷᠤᠭᠰᠢᠯᠠᠵᠤ᠂ ᠤᠷᠭᠤᠮᠠᠯ ᠤᠨ ᠪᠦᠷᠬᠦᠴᠡ ᠤᠰᠤ ᠴᠢᠭᠢᠭ ᠎ ᠢᠶᠠᠷ ᠬᠡᠴᠡᠬᠦᠤ ᠳᠤᠲᠠᠭᠳᠠᠨ᠂ ᠨᠤᠳᠤᠭ ᠪᠡᠯᠴᠢᠬᠡᠷ ᠶᠡᠭᠡ ᠬᠡᠪᠴᠢᠶ᠎ᠠ ᠪᠠᠷ ᠮᠠᠭᠤᠳᠠᠭᠰᠠᠨ ᠪᠠᠶᠢᠨ᠎ᠠ᠃ ᠬᠤᠰᠢᠭᠤᠨ ᠎ ᠠᠴᠠ ᠵᠢᠯ ᠪᠦᠷᠢ ᠳᠤ ᠲᠤᠮᠳᠠᠴᠢ ᠪᠠᠷ 60 ᠲᠦᠮᠡᠨ ᠮᠤ᠋ ᠨᠤᠳᠤᠭ ᠪᠡᠯᠴᠢᠬᠡᠷ ᠢ ᠪᠦᠳᠦᠬᠡᠨ ᠪᠠᠶᠢᠭᠤᠯᠵᠤ ᠪᠠᠶᠢᠬᠤ ᠳᠤ ᠬᠠᠷᠢᠨ ᠵᠢᠯ ᠪᠦᠷᠢ 141 ᠲᠦᠮᠡᠨ ᠮᠤ᠋ ᠲᠠᠯᠠᠪᠠᠢ ᠨᠢ ᠮᠠᠭᠤᠳᠠᠵᠤ᠂ ᠨᠤᠳᠤᠭ ᠪᠠᠯᠴᠢᠬᠡᠷ ᠤᠨ ᠮᠠᠭᠤᠳᠠᠬᠤ ᠬᠤᠷᠳᠤᠴᠠ ᠎ ᠨᠢ ᠪᠦᠳᠦᠬᠡᠨ ᠪᠠᠶᠢᠭᠤᠯᠬᠤ ᠬᠤᠷᠳᠤᠴᠠ ᠶᠢ ᠬᠤᠯᠠ ᠲᠠᠪᠠᠭᠰᠠᠭᠠᠷ᠃        ︵ᠭᠤᠷᠪᠠ︶ ᠨᠤᠳᠤᠭ ᠪᠡᠯᠴᠢᠬᠡᠷ ᠤᠨ ᠬᠠᠮᠠᠭᠠᠯᠠᠯᠲᠠ ᠶᠢᠨ ᠪᠦᠳᠦᠬᠡᠨ ᠪᠠᠶᠢᠭᠤᠯᠤᠯᠲᠠ ᠶᠢᠨ ᠦᠷ᠎ᠡ ᠪᠦᠳᠦᠮᠵᠢ        ⒈ᠰᠢᠨ᠎ᠠ ᠬᠡᠪ ᠪᠠᠶᠢᠳᠠᠯ ᠲᠤᠤᠷᠠᠬᠢ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠪᠤᠯᠤᠨ ᠪᠦᠳᠦᠬᠡᠨ ᠪᠠᠶᠢᠭᠤᠯᠤᠯᠳᠠ ᠶᠢ ᠴᠢᠩᠭᠠᠳᠬᠠᠬᠤ ᠨᠢ ᠨᠡᠶᠢᠬᠡᠮ ᠨᠡᠶᠢᠳᠡ ᠶᠢᠨ ᠬᠠᠮᠲᠤ ᠶᠢᠨ ᠦᠵᠡᠯᠲᠡ ᠪᠤᠯᠵᠤ ᠴᠢᠳᠠᠪᠠ        2011 ᠤᠨ ᠠᠴᠠ ᠨᠠᠭᠠᠰᠢ᠂ ᠪᠦᠬᠦ ᠬᠤᠰᠢᠭᠤ ᠨᠢ ᠪᠡᠯᠴᠢᠭᠡᠷᠯᠡᠭᠦᠯᠬᠦ ᠶᠢ ᠵᠤᠭᠰᠤᠭᠠᠵᠤ ᠨᠤᠲᠤᠭ ᠪᠡᠯᠴᠢᠬᠡᠷ ᠰᠡᠷᠬᠦᠬᠡᠬᠦ ᠢᠨᠵᠧᠨᠧᠷᠢᠩ ᠢ ᠬᠡᠷᠡᠭᠵᠢᠬᠦᠯᠬᠦ ᠳᠤ ᠨᠡᠶᠢᠳᠡ 6515 ᠲᠦᠮᠡᠨ ᠲᠦᠬᠦᠷᠢᠭ ᠤᠷᠤᠭᠤᠯᠪᠠ᠃ ᠰᠢᠨ᠎ᠠ ᠪᠠᠷ 60 ᠲᠦᠮᠡᠨ ᠮᠤ᠋ ᠪᠠᠯᠴᠢᠬᠡᠷ ᠢ ᠪᠡᠯᠴᠢᠭᠡᠷᠯᠡᠭᠦᠯᠬᠦ ᠠᠴᠠ ᠵᠤᠭᠰᠤᠭᠠᠨ᠂ 255 ᠲᠦᠮᠡᠨ ᠮᠤ᠋ ᠪᠡᠯᠴᠢᠬᠡᠷ ᠢ ᠰᠡᠯᠭᠦᠭᠡᠵᠦ᠂ 75 ᠲᠦᠮᠡᠨ ᠮᠤ᠋ ᠨᠦᠬᠦᠨ ᠣᠶᠢᠵᠢᠭᠤᠯᠵᠤ᠂ ᠬᠦᠮᠦᠨ ᠤ ᠬᠦᠴᠦᠨ ᠤ ᠲᠡᠵᠢᠬᠡᠯ ᠡᠪᠡᠰᠤᠨ ᠭᠠᠵᠠᠷ 0.5 ᠲᠦᠮᠡᠨ ᠮᠤ᠋᠂ ᠬᠠᠰᠢᠶ᠎ᠠ ᠰᠠᠷᠠᠪᠴᠢ 0.95 ᠲᠦᠮᠡᠨ ᠺᠦᠸᠠᠳ᠋ ᠮᠧᠲᠷ ᠪᠠᠶᠢᠵᠤ᠂ ᠡᠪᠡᠰᠦᠨ ᠰᠠᠷᠠᠪᠴᠢ 0.21 ᠲᠦᠮᠡᠨ ᠺᠦᠸᠠᠳ᠋ ᠮᠧᠲᠷ ᠪᠠᠷᠢᠪᠠ᠃ ︽ᠠᠷᠪᠠᠨ ᠬᠤᠶᠠᠳᠤᠭᠠᠷ ᠲᠠᠪᠤᠨ ᠵᠢᠯ︾᠎ ᠤᠨ ᠬᠤᠭᠤᠴᠠᠭᠠᠨ ᠳᠤ᠂ ᠪᠦᠬᠦ ᠬᠤᠰᠢᠭᠤᠨ ᠤ ᠨᠤᠳᠤᠭ ᠪᠡᠯᠴᠢᠬᠡᠷ ᠤᠨ ᠬᠠᠮᠠᠭᠠᠯᠠᠯᠲᠠ ᠪᠠ ᠪᠦᠲᠦᠭᠡᠨ ᠪᠠᠶᠢᠭᠤᠯᠤᠯᠲᠠ ᠶᠢᠨ ᠶᠡᠷᠤᠩᠬᠡᠢ ᠬᠡᠮᠵᠢᠶ᠎ᠠ 1282.23 ᠲᠦᠮᠡᠨ ᠮᠤ᠋ ᠳᠤ ᠬᠦᠷᠴᠤ᠂ ᠡᠬᠦᠨ ᠳᠤ᠄ ᠬᠦᠮᠦᠨ ᠤ ᠬᠦᠴᠦᠨ ᠢᠶᠠᠷ ᠲᠠᠷᠢᠭᠰᠠᠨ ᠲᠡᠵᠢᠬᠡᠯ ᠡᠪᠡᠰᠤᠨ ᠭᠠᠵᠠᠷ 14.4 ᠲᠦᠮᠡᠨ ᠮᠤ᠋᠂ ᠬᠦᠷᠢᠶ᠎ᠡ ᠬᠠᠰᠢᠶ᠎ᠠ 315 ᠲᠦᠮᠡᠨ ᠮᠤ᠋ ᠪᠠᠶᠢᠭᠤᠯᠤᠨ᠂ 258.5 ᠲᠦᠮᠡᠨ ᠮᠤ᠋ ᠡᠪᠡᠰᠦ ᠪᠡᠯᠴᠢᠭᠡᠷ ᠢ ᠰᠠᠶᠢᠵᠢᠷᠠᠭᠤᠯᠵᠤ᠂ ᠬᠤᠯᠤᠭᠠᠨ᠎ᠠ ᠶᠢᠨ ᠠᠶᠤᠯ ᠠᠴᠠ 320 ᠲᠦᠮᠡᠨ ᠮᠤ᠋ ᠨᠤᠳᠤᠭ ᠪᠡᠯᠴᠢᠬᠡᠷ᠂ ᠬᠦᠨᠦᠬᠡᠯᠳᠤ ᠬᠤᠷᠤᠬᠠᠢ ᠶᠢᠨ ᠠᠶᠤᠯ ᠠᠴᠠ 290 ᠲᠦᠮᠡᠨ ᠮᠤ᠋ ᠨᠤᠳᠤᠭ ᠪᠡᠯᠴᠢᠬᠡᠷ ᠢ ᠲᠤᠰ ᠲᠤᠰ ᠰᠡᠷᠬᠡᠶᠢᠯᠡᠨ ᠵᠠᠰᠠᠭᠰᠠᠨ ᠪᠠᠶᠢᠨ᠎ᠠ᠃        ᠪᠦᠬᠦ ᠬᠤᠰᠢᠭᠤᠨ ᠤ ᠨᠤᠳᠤᠭ ᠪᠡᠯᠴᠢᠬᠡᠷ ᠤᠨ ᠮᠠᠭᠤᠳᠠᠯ ᠵᠤᠬᠢᠬᠤ ᠬᠡᠮᠵᠢᠶᠡᠨ ᠳᠤ ᠬᠢᠵᠠᠭᠠᠷᠯᠠᠭᠳᠠᠵᠤ᠂ ᠰᠠᠯᠬᠢ ᠬᠠᠰᠢᠵᠤ ᠡᠯᠡᠰᠤ ᠬᠤᠷᠢᠭᠯᠠᠭᠰᠠᠨ ᠦᠷ᠎ᠡ ᠪᠦᠳᠦᠮᠵᠢ ᠢᠯᠡᠷᠬᠡᠢ ᠲᠡᠭᠡᠭᠰᠢᠯᠡᠭᠰᠡᠨ ᠪᠠᠶᠢᠨ᠎ᠠ᠃ ᠬᠢᠨᠠᠨ ᠬᠡᠮᠵᠢᠯᠳᠡ ᠎ ᠶᠢ ᠦᠨᠳᠤᠰᠤᠯᠡᠪᠡᠯ᠂ ︽ᠠᠷᠪᠠᠨ ᠬᠤᠶᠠᠳᠤᠭᠠᠷ ᠲᠠᠪᠤᠨ ᠵᠢᠯ︾᠎ ᠤᠨ ᠬᠤᠭᠤᠴᠠᠭᠠᠨ ᠳᠤ᠂ ᠪᠦᠬᠦ ᠬᠤᠰᠢᠭᠤᠨ ᠤ ᠪᠠᠶᠢᠭᠠᠯᠢᠯᠢᠭ ᠨᠤᠳᠤᠭ ᠪᠡᠯᠴᠢᠬᠡᠷ ᠤᠨ ᠲᠤᠮᠳᠠᠴᠢ ᠬᠤᠴᠢᠯᠳᠠ ᠶᠢᠨ ᠬᠡᠮᠵᠢᠶ᠎ᠡ ᠨᠢ 8.4%᠂ ᠲᠤᠮᠳᠠᠴᠢ ᠬᠠᠭᠤᠷᠠᠢ ᠡᠪᠡᠰᠤᠨ ᠤ ᠤᠨᠠᠯᠳᠠ 10.6 ᠺᠢᠯᠤᠭ᠍ᠷᠡᠮ/ ᠮᠤ᠋ ᠳᠤ ᠬᠦᠷᠴᠤ᠂ ︽ᠠᠷᠪᠠᠨ ᠨᠢᠬᠡᠳᠤᠬᠡᠷ ᠲᠠᠪᠤᠨ ᠵᠢᠯ︾᠎ ᠤᠨ ᠬᠤᠭᠤᠴᠠᠭᠠᠨ ᠠᠴᠠ ᠲᠤᠰᠪᠤᠷᠢ 1.6% ᠪᠠ 2.3%᠎ ᠪᠠᠷ ᠨᠡᠮᠡᠭᠳᠡᠭᠰᠡᠨ ᠪᠠᠶᠢᠨ᠎ᠠ᠃        ⒉ ᠨᠤᠳᠤᠭ ᠪᠡᠯᠴᠢᠬᠡᠷ ᠢ ᠬᠠᠮᠠᠭᠠᠯᠠᠵᠤ ᠠᠰᠢᠭᠯᠠᠬᠤ ᠪᠤᠯᠤᠨ ᠪᠦᠳᠦᠬᠡᠨ ᠪᠠᠶᠢᠭᠤᠯᠬᠤ ᠬᠠᠤᠯᠢ ᠪᠠᠷ ᠵᠠᠰᠠᠬᠤ ᠤᠷᠴᠢᠨ ᠪᠠᠶᠢᠳᠠᠯ ᠴᠢᠩᠭᠠᠷᠠᠪᠠ        2014 ᠤᠨ ᠠᠴᠠ ᠨᠠᠭᠠᠰᠢ᠂ ᠪᠦᠬᠦ ᠠᠶᠢᠮᠠᠭ ᠨᠢ ᠦᠪᠡᠷᠳᠡᠬᠡᠨ ᠵᠠᠰᠠᠬᠤ ᠤᠷᠤᠨ ᠤ ᠨᠢᠬᠡᠳᠤᠯᠳᠡᠢ ᠲᠤᠬᠢᠷᠠᠭᠤᠯᠤᠯᠳᠠ ᠶᠢ ᠦᠨᠳᠤᠰᠤᠯᠡᠨ᠂ ᠨᠤᠳᠤᠭ ᠪᠡᠯᠴᠢᠬᠡᠷ ᠤᠨ ︽ᠬᠤᠶᠠᠷ ᠡᠷᠬᠡ ᠨᠢᠬᠡ ᠬᠠᠷᠢᠭᠤᠴᠠᠯᠭ᠎ᠠ︾᠎ ᠶᠢᠨ ᠠᠵᠢᠯ ᠢ ᠪᠠᠷᠢᠮᠳᠠᠯᠠᠬᠤ ᠰᠠᠭᠤᠷᠢᠨ ᠲᠡᠬᠡᠷ᠎ᠡ᠂ ᠨᠤᠳᠤᠭ ᠪᠡᠯᠴᠢᠬᠡᠷ ᠤᠨ ᠳᠠᠭᠠᠭᠠᠴᠢᠯᠠᠯᠲᠠ ᠶᠢᠨ ᠡᠷᠬᠡ ᠶᠢ ᠲᠣᠳᠤᠳᠬᠠᠬᠤ ᠠᠵᠢᠯ ᠢ ᠤᠯᠠᠮ ᠨᠢᠬᠡ ᠠᠯᠬᠤᠮ ᠲᠡᠬᠦᠯᠳᠡᠷᠵᠢᠬᠦᠯᠵᠤ᠂ ᠤᠳᠤᠬᠢ ᠨᠤᠳᠤᠭ ᠪᠡᠯᠴᠢᠬᠡᠷ ᠤᠨ ᠲᠠᠭᠠᠭᠠᠴᠢᠯᠠᠯᠳᠠ ᠶᠢᠨ ᠬᠠᠷᠢᠴᠠᠭ᠎ᠠ ᠶᠢ ᠲᠤᠭᠳᠠᠪᠤᠷᠢᠵᠢᠭᠤᠯᠤᠨ᠂ ᠦᠨᠳᠤᠰᠤᠨ ᠨᠤᠳᠤᠭ ᠪᠡᠯᠴᠢᠬᠡᠷ ᠬᠤᠪᠢᠶᠠᠷᠢᠯᠠᠬᠤ ᠢ ᠯᠠᠪᠳᠠᠭᠤᠨ ᠪᠦᠳᠦᠮᠵᠢᠳᠡᠢ ᠪᠠᠷ ᠠᠬᠢᠭᠤᠯᠤᠨ ᠲᠡᠬᠦᠯᠳᠡᠷᠵᠢᠬᠦᠯᠪᠠ᠃ ᠲᠤᠭᠠᠴᠢᠯᠠᠭᠰᠠᠨ᠂ ᠮᠡᠳᠡᠭᠡ ᠵᠠᠩᠬᠢᠴᠢᠯᠠᠭᠰᠠᠨ᠂ ᠲᠦᠷᠢᠮᠵᠢᠭᠰᠡᠨ ᠨᠤᠳᠤᠭ ᠪᠡᠯᠴᠢᠬᠡᠷ ᠤᠨ ᠳᠠᠭᠠᠭᠠᠴᠢᠯᠠᠯᠲᠠ ᠶᠢᠨ ᠡᠷᠬᠡ ᠶᠢ ᠲᠣᠳᠤᠳᠬᠠᠬᠤ ᠬᠠᠮᠢᠶᠠᠷᠤᠯᠳᠠ ᠶᠢᠨ ᠬᠡᠯᠪᠡᠷᠢ ᠶᠢ ᠪᠠᠶᠢᠭᠤᠯᠤᠨ᠂ ᠡᠷᠬᠡ ᠡᠬᠦᠷᠬᠡ ᠲᠤᠳᠤᠷᠬᠠᠢ᠂ ᠬᠠᠮᠢᠶᠠᠷᠤᠯᠳᠠ ᠰᠢᠨᠵᠢᠯᠡᠬᠦ ᠤᠬᠠᠭᠠᠨᠴᠢ ᠪᠤᠯᠬᠤ ᠨᠤᠳᠤᠭ ᠪᠡᠯᠴᠢᠬᠡᠷ ᠤᠨ ᠲᠠᠭᠠᠭᠠᠴᠢᠯᠠᠯᠳᠠ ᠡᠵᠡᠩᠨᠡᠯᠳᠡ ᠶᠢ ᠶᠠᠪᠤᠭᠳᠠᠭᠤᠯᠬᠤ ᠲᠤᠭᠳᠠᠴᠠ ᠶᠢ ᠲᠡᠬᠦᠯᠳᠡᠷᠵᠢᠬᠦᠯᠪᠠ᠃ ᠤᠯᠤᠰ ᠪᠤᠯᠤᠨ ᠦᠪᠡᠷᠳᠡᠬᠡᠨ ᠵᠠᠰᠠᠬᠤ ᠤᠷᠤᠨ ᠤ ︽ᠨᠢᠬᠡ ᠬᠠᠤᠯᠢ ᠬᠤᠶᠠᠷ ᠵᠤᠷᠪᠤᠰ ᠬᠤᠶᠠᠷ ᠲᠤᠭᠳᠠᠭᠠᠯ︾ ᠵᠠᠯᠭᠠᠪᠠᠷ ᠨᠡᠶᠢᠳᠡᠯᠡᠨ ᠬᠡᠷᠡᠭᠵᠢᠬᠦᠯᠦᠭᠳᠡᠭᠰᠡᠨ ᠪᠠ ᠠᠶᠢᠮᠠᠭ ᠤᠨ ᠰᠢᠭᠤᠳ ᠬᠠᠷᠢᠶ᠎ᠠ ᠨᠤᠳᠤᠭ ᠪᠡᠯᠴᠢᠬᠡᠷ ᠤᠨ ᠬᠢᠨᠠᠯᠳᠠ ᠬᠠᠮᠢᠶᠠᠷᠤᠯᠳᠠ ᠶᠢᠨ ᠪᠠᠶᠢᠭᠤᠯᠤᠮᠵᠢ ᠠᠰᠳᠠᠭᠠᠨ ᠪᠠᠶᠢᠭᠤᠯᠤᠭᠳᠠᠬᠤ ᠶᠢ ᠲᠠᠭᠠᠯᠳᠤᠨ᠂ ᠨᠤᠳᠤᠭ ᠪᠡᠯᠴᠢᠬᠡᠷ ᠢ ᠬᠠᠤᠯᠢ ᠎ ᠪᠠᠷ ᠴᠡᠭᠴᠡᠯᠡᠨ ᠵᠠᠰᠠᠬᠤ ᠪᠦᠬᠦ ᠠᠶᠢᠮᠠᠭ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠬᠢᠨᠠᠯᠳᠠ ᠶᠢᠨ ᠰᠢᠰᠲ᠋ᠧᠮ ᠦᠨᠳᠤᠰᠤᠨ ᠳᠡᠭᠡᠨ ᠪᠦᠷᠢᠨᠰᠢᠵᠡᠢ᠃ ︽ᠠᠷᠪᠠᠨ ᠬᠤᠶᠠᠳᠤᠭᠠᠷ ᠲᠠᠪᠤᠨ ᠵᠢᠯ︾᠎ ᠤᠨ ᠬᠤᠭᠤᠴᠭᠠᠨ ᠳᠤ᠂ ᠪᠦᠬᠦ ᠬᠤᠰᠢᠭᠤᠨ ᠤ ᠨᠤᠳᠤᠭ ᠪᠡᠯᠴᠢᠬᠡᠷ ᠤᠨ ᠬᠠᠤᠯᠢ ᠠᠴᠠ ᠵᠦᠷᠢᠴᠡᠭᠰᠡᠨ ᠬᠡᠷᠡᠭ 82 ᠡᠬᠦᠰᠴᠤ᠂ ᠡᠭᠦᠨ ᠳᠤ ᠲᠠᠩᠰᠠᠯᠠᠭᠤᠯᠤᠭᠰᠠᠨ ᠬᠡᠷᠡᠭ 82᠂ ᠭᠠᠷᠳᠠᠨ ᠬᠦᠢᠴᠡᠳᠬᠡᠭᠰᠡᠨ ᠬᠡᠷᠡᠭ 57᠂ ᠬᠠᠤᠯᠢ ᠴᠠᠭᠠᠵᠠ ᠶᠢᠨ ᠪᠠᠶᠢᠭᠤᠯᠭ᠎ᠠ ᠎ ᠳᠤ ᠰᠢᠯᠵᠢᠬᠦᠯᠦᠭᠰᠡᠨ ᠬᠡᠷᠡᠭ 11 ᠪᠠᠶᠢᠪᠠ᠃        ⒊ ᠪᠦᠬᠦ ᠨᠡᠶᠢᠬᠡᠮ ᠪᠠᠷ ᠨᠤᠳᠤᠭ ᠪᠡᠯᠴᠢᠬᠡᠷ ᠤᠨ ᠠᠮᠢ ᠠᠬᠤᠢ ᠶᠢ ᠴᠢᠬᠤᠯᠠᠴᠢᠯᠠᠬᠤ ᠬᠡᠮᠵᠢᠶ᠎ᠡ ᠢᠯᠡᠷᠬᠡᠢ ᠲᠡᠬᠡᠭᠰᠢᠯᠡᠪᠡ        ᠤᠶᠢᠷ᠎ᠡ ᠶᠢᠨ ᠵᠢᠯ ᠤᠳ ᠲᠤ᠂ ᠤᠯᠤᠰ ᠠᠴᠠ ᠨᠤᠳᠤᠭ ᠪᠡᠯᠴᠢᠬᠡᠷ ᠢ ᠬᠠᠮᠠᠭᠠᠯᠠᠵᠤ ᠮᠠᠯᠵᠢᠬᠤ ᠪᠠᠨ ᠪᠤᠯᠢᠭᠰᠠᠨ ᠬᠦᠮᠦᠰ ᠲᠤ ᠨᠦᠬᠦᠪᠤᠷᠢ ᠤᠯᠭᠤᠵᠤ᠂ ᠨᠤᠳᠤᠭ ᠪᠡᠯᠴᠢᠬᠡᠷ ᠢ ᠵᠤᠬᠢᠰᠳᠡᠢ ᠠᠰᠢᠭᠯᠠᠨ ᠮᠠᠯ ᠪᠡᠯᠴᠢᠬᠡᠷ ᠢ ᠲᠡᠩᠴᠡᠬᠦᠷᠢᠰᠢᠬᠦᠯᠦᠭᠰᠡᠨ ᠬᠦᠮᠦᠰ ᠲᠤ ᠱᠠᠩᠨᠠᠯ ᠬᠦᠷᠳᠡᠬᠡᠭᠰᠡᠨ ᠡᠶᠢᠮᠤᠷᠬᠦ ᠲᠡᠤᠬᠡᠳᠤ ᠴᠢᠨᠠᠷᠳᠠᠢ ᠡᠷᠬᠢᠯᠳᠡ ᠨᠢ ᠨᠤᠳᠤᠭ ᠪᠡᠯᠴᠢᠬᠡᠷ ᠤᠨ ᠠᠮᠢ ᠠᠬᠤᠢ ᠶᠢ ᠬᠠᠮᠠᠭᠠᠯᠠᠬᠤ ᠠᠵᠢᠯ ᠤᠨ ᠬᠦᠨᠳᠤ ᠴᠢᠬᠤᠯᠠ ᠶᠢ ᠪᠦᠬᠦ ᠨᠡᠶᠢᠬᠡᠮ ᠳᠤ ᠭᠦᠢᠴᠡᠳ ᠲᠠᠨᠢᠭᠤᠯᠵᠤ ᠴᠢᠳᠠᠭᠰᠠᠨ ᠪᠠᠶᠢᠨ᠎ᠠ᠃ ᠲᠤᠳᠤᠷᠬᠠᠢ ᠤᠯᠤᠰ ᠲᠦᠷᠦ ᠶᠢᠨ ᠵᠢᠯᠤᠭᠤᠳᠤᠮᠵᠢ ᠨᠢ ᠮᠠᠯᠴᠢᠳ ᠎ ᠲᠤ ᠨᠤᠳᠤᠭ ᠪᠡᠯᠴᠢᠬᠡᠷ ᠢ ᠬᠠᠮᠠᠭᠠᠯᠠᠬᠤ ᠪᠤᠯᠤᠨ ᠪᠦᠳᠦᠬᠡᠨ ᠪᠠᠶᠢᠭᠤᠯᠬᠤ ᠠᠵᠢᠯ ᠤᠨ ᠴᠢᠬᠤᠯᠠ ᠴᠢᠨᠠᠷ ᠶᠢ ᠦᠨᠡᠨᠬᠦ ᠮᠡᠳᠡᠷᠡᠬᠦᠯᠵᠤ᠂ ᠮᠠᠯᠴᠢᠳ ᠲᠠᠷᠢᠶᠠᠴᠢᠳ ᠨᠢ ᠠᠭᠠᠵᠢᠮ ᠢᠶᠠᠷ ᠨᠤᠳᠤᠭ ᠪᠡᠯᠴᠢᠬᠡᠷ ᠢ ᠬᠠᠮᠠᠭᠠᠯᠠᠵᠤ ᠪᠦᠳᠦᠬᠡᠨ ᠪᠠᠶᠢᠭᠤᠯᠬᠤ ᠭᠤᠤᠯ ᠴᠤᠭᠴᠠ ᠪᠤᠯᠵᠤ ᠴᠢᠳᠠᠵᠡᠢ᠃        ᠬᠤᠶᠠᠷ᠂ ᠨᠢᠬᠡᠳᠤᠬᠡᠷ ᠬᠤᠭᠤᠴᠠᠭᠠᠨ ᠤ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠶᠢ ᠬᠡᠷᠡᠭᠵᠢᠬᠦᠯᠦᠭᠰᠡᠨ ᠪᠠᠶᠢᠳᠠᠯ        ︵ᠨᠢᠬᠡ︶ ᠦᠨᠳᠤᠰᠤᠨ ᠪᠠᠶᠢᠳᠠᠯ        2011 ᠤᠨ ᠠᠴᠠ ᠨᠠᠭᠠᠰᠢ᠂ ᠪᠦᠬᠦ ᠬᠤᠰᠢᠭᠤ ᠪᠠᠷ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠶᠢ ᠬᠡᠷᠡᠭᠵᠢᠭᠦᠯᠪᠡ᠂ ᠮᠠᠨ ᠤ ᠬᠤᠰᠢᠭᠤ ᠦᠪᠡᠷᠳᠡᠬᠡᠨ ᠵᠠᠰᠠᠬᠤ ᠤᠷᠤᠨ ᠤ ᠬᠢᠨᠠᠨ ᠵᠦᠪᠰᠢᠶᠡᠷᠡᠭᠰᠡᠨ ᠲᠦᠷᠦᠯ ᠢ ᠦᠨᠳᠤᠰᠤᠯᠡᠨ᠂ ᠲᠤᠰ ᠡᠬᠡᠯᠵᠢ ᠳᠤ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠬᠡᠷᠡᠭᠵᠢᠭᠦᠯᠬᠦ ᠳᠤ᠄ ᠪᠡᠯᠴᠢᠭᠡᠷᠯᠡᠭᠦᠯᠬᠦ ᠶᠢ ᠵᠤᠭᠰᠤᠭᠠᠬᠤ ᠶᠡᠷᠤᠩᠬᠡᠢ ᠲᠠᠯᠠᠪᠠᠢ ᠶᠢ 2375 ᠲᠦᠮᠡᠨ ᠮᠤ᠋᠂ ᠮᠠᠯ ᠪᠠᠯᠴᠢᠬᠡᠷ ᠲᠡᠩᠴᠡᠭᠦᠷᠢᠰᠢᠭᠦᠯᠬᠦ ᠶᠡᠷᠤᠩᠬᠡᠢ ᠲᠠᠯᠠᠪᠠᠢ ᠶᠢ 8264.57 ᠲᠦᠮᠡᠨ ᠮᠤ᠋᠂ ᠤᠶᠢᠯᠡᠳᠪᠤᠷᠢᠯᠡᠯ ᠤᠨ ᠬᠡᠷᠡᠭᠰᠡᠯ ᠤᠨ ᠨᠦᠬᠦᠪᠤᠷᠢ ᠤᠯᠭᠤᠬᠤ ᠮᠠᠯᠴᠢᠨ ᠡᠷᠤᠬᠡ 1800᠂ ᠮᠠᠯᠴᠢᠨ ᠪᠡᠯᠴᠢᠭᠡᠷ ᠬᠠᠮᠠᠭᠠᠯᠠᠭᠴᠢ 1060 ᠬᠦᠮᠦᠨ ᠬᠡᠵᠤ ᠬᠢᠨᠠᠨ ᠲᠤᠭᠳᠠᠭᠠᠪᠠ᠃ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠨᠢ ᠠᠩᠬ᠎ᠠ ᠡᠬᠢᠯᠡᠬᠦ ᠳᠤ ᠪᠦᠬᠦ ᠬᠤᠰᠢᠭᠤᠨ ᠤ 6 ᠰᠤᠮᠤ ᠪᠠᠯᠭᠠᠰᠤᠨ ᠤ 17 ᠭᠠᠴᠠᠭ᠎ᠠ ᠶᠢ ︵ᠰᠤᠮᠤ ᠪᠠᠯᠭᠠᠰᠤ ᠶᠢ ᠵᠤᠬᠢᠴᠠᠭᠤᠯᠤᠨ ᠲᠤᠬᠢᠷᠠᠭᠤᠯᠤᠭᠰᠠᠨ ᠠᠴᠠ ᠪᠤᠯᠵᠤ ᠡᠳᠤᠬᠡ ᠪᠤᠯᠬᠤ ᠳᠤ ᠪᠦᠬᠦ ᠬᠤᠰᠢᠭᠤᠨ ᠤ 8 ᠰᠤᠮᠤ ᠪᠠᠯᠭᠠᠰᠤᠨ ᠤ 19 ᠭᠠᠴᠠᠭ᠎ᠠ ᠶᠢ ᠬᠠᠮᠤᠷᠬᠤ ᠪᠤᠯᠪᠠ︶ ᠬᠠᠮᠤᠷᠴᠤ ᠪᠠᠶᠢᠪᠠ᠃ ᠲᠤᠰ ᠲᠦᠷᠦ ᠶᠢᠨ ᠪᠤᠳᠤᠯᠭ᠎ᠠ ᠶᠢ ᠬᠡᠷᠡᠭᠵᠢᠬᠦᠯᠬᠦ ᠶᠠᠪᠤᠴᠠ ᠳᠤ᠂ ᠬᠤᠰᠢᠭᠤᠨ ᠤ ᠨᠤᠳᠤᠭ ᠪᠡᠯᠴᠢᠬᠡᠷ ᠶᠡᠭᠡ᠂ ᠬᠦᠮᠦᠨ ᠠᠮᠠ ᠴᠦᠬᠡᠨ ᠪᠦᠬᠡᠳ ᠡᠷᠤᠬᠡ ᠡᠷᠤᠬᠡ ᠶᠢᠨ ᠨᠤᠲᠤᠭ ᠪᠡᠯᠴᠢᠬᠡᠷ ᠤᠨ ᠲᠠᠯᠠᠪᠠᠢ ᠠᠳᠠᠯᠢ ᠪᠤᠰᠤ ᠵᠡᠷᠬᠡ ᠪᠤᠳᠠᠳᠤ ᠪᠠᠶᠢᠳᠠᠯ ᠎ ᠲᠠᠢ ᠤᠶᠠᠯᠳᠤᠭᠤᠯᠤᠭᠠᠳ᠂ ᠪᠡᠯᠴᠢᠭᠡᠷᠯᠡᠭᠦᠯᠬᠦ ᠶᠢ ᠵᠤᠭᠰᠤᠭᠠᠬᠤ ᠨᠦᠬᠦᠪᠤᠷᠢ ᠪᠤᠯᠤᠨ ᠮᠠᠯ ᠪᠡᠯᠴᠢᠬᠡᠷ ᠢ ᠲᠠᠩᠴᠡᠬᠦᠷᠢᠰᠢᠬᠦᠯᠬᠦ ᠱᠠᠩᠨᠠᠯ ᠤᠨ ᠮᠦᠩᠬᠦ ᠶᠢ ᠲᠠᠷᠬᠠᠭᠠᠬᠤ ᠳᠤ ᠬᠦᠮᠦᠨ ᠲᠤᠮᠳᠠᠴᠢ ᠶᠢᠨ ᠪᠠ ᠨᠠᠰᠤᠨ ᠤ ᠬᠤᠪᠢᠶᠡᠷᠢᠯᠠᠯ ᠢᠶᠠᠷ ᠲᠠᠷᠬᠠᠭᠠᠬᠤ ᠠᠷᠭ᠎ᠠ ᠶᠢ ᠠᠪᠴᠠᠢ᠃ 2011 —2012 ᠤᠨ ᠳᠤ ᠲᠠᠷᠬᠠᠭᠠᠰᠠᠨ ᠪᠡᠷᠢᠮᠵᠢᠶ᠎ᠠ ᠎ ᠨᠢ᠄ ᠪᠡᠯᠴᠢᠭᠡᠷᠯᠡᠭᠦᠯᠬᠦ ᠶᠢ ᠵᠤᠭᠰᠤᠭᠠᠬᠤ ᠤᠷᠤᠨ ᠳᠤ᠂ ᠪᠦᠬᠦᠯᠢ 21 ᠨᠠᠰᠤᠨ ᠠᠴᠠ ᠲᠤᠷᠤᠭᠰᠢᠬᠢ ᠬᠦᠮᠦᠨ ᠪᠤᠯᠭᠠᠨ ᠳᠤ ᠵᠢᠯ ᠪᠦᠷᠢ 0.9 ᠲᠦᠮᠡᠨ ᠲᠦᠬᠦᠷᠢᠭ︔ ᠪᠦᠬᠦᠯᠢ 21 —56 ᠨᠠᠰᠤᠨ ᠤ ᠬᠤᠭᠤᠷᠤᠨᠳᠤᠬᠢ ᠬᠦᠮᠦᠨ ᠪᠤᠯᠭᠠᠨ ᠳᠤ ᠵᠢᠯ ᠪᠦᠷᠢ 2.1 ᠲᠦᠮᠡᠨ ᠲᠦᠬᠦᠷᠢᠭ︔ ᠪᠦᠬᠦᠯᠢ 56 ᠨᠠᠰᠤᠨ ᠠᠴᠠ ᠲᠡᠬᠡᠭᠰᠢᠬᠢ ᠬᠦᠮᠦᠰ ᠲᠤ᠂ ᠨᠡᠶᠢᠬᠡᠮ ᠤᠨ ᠨᠠᠰᠤᠵᠢᠯ ᠤᠨ ᠲᠠᠭᠠᠳᠬᠠᠯ ᠢ ᠨᠢ ᠤᠯᠭᠤᠭᠰᠠᠨ ᠰᠠᠭᠤᠷᠢᠨ ᠲᠡᠬᠡᠷ᠎ᠡ ᠬᠦᠮᠦᠨ ᠪᠤᠯᠭᠠᠨ ᠵᠢᠯ ᠪᠦᠷᠢ ᠳᠤ 4040 ᠲᠦᠬᠦᠷᠢᠭ ᠲᠤᠰ ᠲᠤᠰ ᠬᠦᠷᠳᠡᠬᠡᠪᠡ᠃ ᠮᠠᠯ ᠪᠡᠯᠴᠢᠬᠡᠷ ᠢ ᠲᠡᠩᠴᠡᠬᠦᠷᠢᠰᠢᠬᠦᠯᠬᠦ ᠤᠷᠤᠨ ᠳᠤ᠂ ᠪᠦᠬᠦᠯᠢ 21 ᠨᠠᠰᠤᠨ ᠠᠴᠠ ᠲᠤᠷᠤᠭᠰᠢᠬᠢ ᠬᠦᠮᠦᠨ ᠪᠤᠯᠭᠠᠨ ᠳᠤ ᠵᠢᠯ ᠪᠦᠷᠢ 0.8 ᠲᠦᠮᠡᠨ ᠲᠦᠬᠦᠷᠢᠭ︔ ᠪᠦᠬᠦᠯᠢ 21 —56 ᠨᠠᠰᠤᠨ ᠤ ᠬᠤᠭᠤᠷᠤᠨᠳᠤᠬᠢ ᠬᠦᠮᠦᠨ ᠪᠤᠯᠭᠠᠨ ᠳᠤ ᠵᠢᠯ ᠪᠦᠷᠢ 1.25 ᠲᠦᠮᠡᠨ ᠲᠦᠬᠦᠷᠢᠭ︔ ᠪᠦᠬᠦᠯᠢ 56 ᠨᠠᠰᠤᠨ ᠠᠴᠠ ᠲᠡᠬᠡᠭᠰᠢᠬᠢ ᠬᠦᠮᠦᠰ ᠲᠤ᠂ ᠨᠡᠶᠢᠬᠡᠮ ᠤᠨ ᠨᠠᠰᠤᠵᠢᠯ ᠤᠨ ᠲᠠᠭᠠᠳᠬᠠᠯ ᠢ ᠨᠢ ᠤᠯᠭᠤᠭᠰᠠᠨ ᠰᠠᠭᠤᠷᠢᠨ ᠲᠡᠬᠡᠷ᠎ᠡ ᠵᠢᠯ ᠪᠦᠷᠢ ᠬᠦᠮᠦᠨ ᠪᠤᠯᠭᠠᠨ ᠳᠤ 2950 ᠲᠦᠬᠦᠷᠢᠭ ᠲᠤᠰ ᠲᠤᠰ ᠬᠦᠷᠳᠡᠬᠡᠪᠡ᠃ ᠲᠤᠰ ᠲᠦᠷᠦ ᠶᠢᠨ ᠪᠤᠳᠤᠯᠭ᠎ᠠ ᠶᠢᠨ ᠠᠮᠢ ᠠᠬᠤᠢ ᠶᠢ ᠤᠯᠠᠮ ᠰᠠᠶᠢᠨ ᠢᠶᠠᠷ ᠬᠠᠮᠠᠭᠠᠯᠠᠨ᠂ ᠮᠠᠯᠴᠢᠳ ᠤᠨ ᠤᠶᠢᠯᠡᠳᠪᠤᠷᠢᠯᠡᠯ ᠠᠮᠢᠳᠤᠷᠠᠯ ᠢ ᠤᠯᠠᠮ ᠰᠠᠶᠢᠨ ᠢᠶᠠᠷ ᠪᠠᠳᠤᠯᠠᠬᠤ ᠤᠶᠢᠯᠡᠳᠤᠯ ᠢ ᠨᠢ ᠪᠠᠳᠠᠷᠠᠭᠤᠯᠬᠤ ᠶᠢᠨ ᠲᠦᠯᠦᠬᠡ᠂ ᠰᠤᠳᠤᠯᠭ᠎ᠠ ᠰᠢᠨᠵᠢᠯᠡᠭᠡ ᠬᠢᠵᠤ᠂ ᠮᠠᠯᠴᠢᠨ ᠲᠦᠮᠡᠨ ᠤ ᠰᠠᠨᠠᠯ ᠢ ᠦᠷᠬᠡᠨ ᠲᠡᠯᠬᠡᠷ ᠬᠦᠯᠢᠶᠠᠨ ᠰᠤᠨᠤᠰᠤᠭᠰᠠᠨ ᠰᠠᠭᠤᠷᠢᠨ ᠲᠡᠬᠡᠷ᠎ᠡ᠂ 2013 ᠤᠨ ᠳᠤ ᠨᠦᠬᠦᠪᠤᠷᠢ ᠶᠢᠨ ᠪᠡᠷᠢᠮᠵᠢᠶᠠᠨ ᠳᠤ ᠲᠤᠤᠷᠠᠬᠢ ᠮᠡᠳᠤ ᠲᠤᠬᠢᠷᠠᠭᠤᠯᠤᠯᠳᠠ ᠬᠢᠪᠠ᠄ ᠪᠡᠯᠴᠢᠭᠡᠷᠯᠡᠭᠦᠯᠬᠦ ᠎ ᠶᠢ ᠵᠤᠭᠰᠤᠭᠠᠬᠤ ᠤᠷᠤᠨ ᠳᠤ᠂ ᠪᠦᠬᠦᠯᠢ1 — 6 ᠨᠠᠰᠤᠨ ᠤ ᠬᠦᠮᠦᠨ ᠪᠤᠯᠭᠠᠨ ᠵᠢᠯ ᠪᠦᠷᠢ 3000 ᠲᠦᠬᠦᠷᠢᠭ︔ ᠪᠦᠬᠦᠯᠢ 7 —16 ᠨᠠᠰᠤᠨ ᠤ ᠬᠦᠮᠦᠨ ᠪᠤᠯᠭᠠᠨ ᠳᠤ ᠵᠢᠯ ᠪᠦᠷᠢ ᠳᠤ 5000 ᠲᠦᠬᠦᠷᠢᠭ︔ ᠪᠦᠬᠦᠯᠢ17 —20 ᠨᠠᠰᠤᠨ ᠤ ᠬᠦᠮᠦᠨ ᠪᠤᠯᠭᠠᠨ ᠵᠢᠯ ᠪᠦᠷᠢ 7000 ᠲᠦᠬᠦᠷᠢᠭ︔ ᠪᠦᠬᠦᠯᠢ 21 —56 ᠨᠠᠰᠤᠨ ᠤ ᠬᠦᠮᠦᠨ ᠪᠤᠯᠭᠠᠨ ᠵᠢᠯ ᠪᠦᠷᠢ 21000 ᠲᠦᠬᠦᠷᠢᠭ︔ ᠪᠦᠬᠦᠯᠢ 57 ᠨᠠᠰᠤᠨ ᠠᠴᠠ ᠲᠡᠬᠡᠭᠰᠢᠬᠢ ᠬᠦᠮᠦᠰ ᠲᠤ᠂ ᠨᠡᠶᠢᠬᠡᠮ ᠎ ᠤᠨ ᠨᠠᠰᠤᠵᠢᠯ ᠤᠨ ᠲᠠᠭᠠᠳᠬᠠᠯ ᠢ ᠨᠢ ᠤᠯᠭᠤᠭᠰᠠᠨ ᠰᠠᠭᠤᠷᠢᠨ ᠲᠡᠬᠡᠷ᠎ᠡ ᠬᠦᠮᠦᠨ ᠪᠤᠯᠭᠠᠨ ᠵᠢᠯ ᠪᠦᠷᠢ 5000 ᠲᠦᠬᠦᠷᠢᠭ ᠲᠤᠰ ᠲᠤᠰ ᠬᠦᠷᠳᠡᠬᠡᠪᠡ᠃ ᠮᠠᠯ ᠪᠡᠯᠴᠢᠬᠡᠷ ᠲᠡᠩᠴᠡᠬᠦᠷᠢᠰᠢᠬᠦᠯᠬᠦ ᠤᠷᠤᠨ ᠳᠤ᠂ ᠪᠦᠬᠦᠯᠢ 1 — 6 ᠨᠠᠰᠤᠨ ᠤ ᠬᠦᠮᠦᠨ ᠪᠤᠯᠭᠠᠨ ᠵᠢᠯ ᠪᠦᠷᠢ 3000 ᠲᠦᠬᠦᠷᠢᠭ︔ ᠪᠦᠬᠦᠯᠢ 7 —16 ᠨᠠᠰᠤᠨ ᠤ ᠬᠦᠮᠦᠨ ᠪᠤᠯᠭᠠᠨ ᠵᠢᠯ ᠪᠦᠷᠢ ᠳᠤ 4000 ᠲᠦᠬᠦᠷᠢᠭ︔ ᠪᠦᠬᠦᠯᠢ17 —20 ᠨᠠᠰᠤᠨ ᠤ ᠬᠦᠮᠦᠨ ᠪᠤᠯᠭᠠᠨ ᠵᠢᠯ ᠪᠦᠷᠢ 6000 ᠲᠦᠬᠦᠷᠢᠭ︔ ᠪᠦᠬᠦᠯᠢ 21 —56 ᠨᠠᠰᠤᠨ ᠤ ᠬᠦᠮᠦᠨ ᠪᠤᠯᠭᠠᠨ ᠵᠢᠯ ᠪᠦᠷᠢ ᠳᠤ ᠵᠢᠯ ᠪᠤᠯᠭᠠᠨ 12500 ᠲᠦᠬᠦᠷᠢᠭ︔ ᠪᠦᠬᠦᠯᠢ 57 ᠨᠠᠰᠤᠨ ᠠᠴᠠ ᠲᠡᠬᠡᠭᠰᠢᠬᠢ ᠬᠦᠮᠦᠰ ᠲᠤ᠂ ᠨᠡᠶᠢᠬᠡᠮ ᠤᠨ ᠨᠠᠰᠤᠵᠢᠯ ᠤᠨ ᠲᠠᠭᠠᠳᠬᠠᠯ ᠢ ᠎ ᠨᠢ ᠤᠯᠭᠤᠭᠰᠠᠨ ᠰᠠᠭᠤᠷᠢᠨ ᠲᠡᠬᠡᠷ᠎ᠡ ᠬᠦᠮᠦᠨ ᠪᠤᠯᠭᠠᠨ ᠵᠢᠯ ᠪᠦᠷᠢ 4000 ᠲᠦᠬᠦᠷᠢᠭ ᠲᠤᠰ ᠲᠤᠰ ᠬᠦᠷᠳᠡᠬᠡᠪᠡ᠃        ︵ᠬᠤᠶᠠᠷ︶ ᠭᠤᠤᠯ ᠦᠷ᠎ᠡ ᠪᠦᠳᠦᠮᠵᠢ        ⒈ ᠨᠤᠳᠤᠭ ᠪᠡᠯᠴᠢᠬᠡᠷ ᠤᠨ ᠠᠮᠢ ᠠᠬᠤᠢ ᠶᠢ ᠬᠠᠮᠠᠭᠠᠯᠠᠬᠤ ᠪᠤᠯᠤᠨ ᠮᠠᠯᠴᠢᠳ ᠲᠠᠷᠢᠶᠠᠴᠢᠳ ᠤᠨ ᠤᠷᠤᠯᠭ᠎ᠠ ᠶᠢ ᠨᠡᠮᠡᠭᠳᠡᠬᠦᠯᠬᠦ ᠪᠠᠶᠢᠩᠭᠤ ᠶᠢᠨ ᠲᠣᠭᠲᠠᠯᠴᠠᠭ᠎ᠠ ᠶᠢ ᠪᠦᠷᠢᠯᠳᠦᠬᠦᠯᠪᠠ        ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠶᠢᠨ ᠬᠡᠷᠡᠭᠵᠢᠬᠦᠯᠦᠯᠳᠡ ᠨᠢ ᠮᠠᠨ ᠤ ᠬᠤᠰᠢᠭᠤᠨ ᠤ ᠮᠠᠯ ᠠᠵᠤ ᠠᠬᠤᠢ ᠶᠢᠨ ᠬᠦᠭᠵᠢᠯᠳᠡ ᠶᠢ ᠬᠦᠴᠦᠳᠡᠢ ᠠᠬᠢᠭᠤᠯᠵᠤ᠂ ᠮᠠᠯᠴᠢᠳ ᠤᠨ ᠤᠯᠠᠮᠵᠢᠯᠠᠯᠳᠤ ᠮᠠᠯ ᠠᠵᠤ ᠤᠶᠢᠯᠡᠰ ᠢ ᠤᠳᠤᠬᠢᠴᠢᠯᠠᠭᠰᠠᠨ ᠬᠠᠰᠢᠶᠠᠯᠠᠨ ᠲᠡᠵᠢᠭᠡᠬᠦ ᠮᠠᠯᠵᠢᠯ ᠤᠨ ᠤᠶᠢᠯᠡᠰ ᠵᠦᠭ ᠬᠦᠳᠦᠯᠦᠨ ᠦᠬᠡᠷᠡᠴᠢᠯᠡᠵᠤ᠂ ᠮᠠᠯ ᠠᠵᠤ ᠠᠬᠤᠢ ᠶᠢᠨ ᠪᠦᠳᠦᠴᠡ ᠨᠢ ᠪᠦᠳᠦᠮᠵᠢᠳᠡᠢ ᠲᠤᠬᠢᠷᠠᠭᠤᠯᠤᠭᠳᠠᠭᠰᠠᠨ ᠪᠠᠶᠢᠨ᠎ᠠ᠃ ᠪᠦᠬᠦ ᠬᠤᠰᠢᠭᠤᠨ ᠳᠤ᠂ ᠬᠦᠮᠦᠨ ᠤ ᠬᠦᠴᠦᠨ ᠢᠶᠠᠷ ᠲᠠᠷᠢᠭᠰᠠᠨ ᠣᠯᠠᠨ ᠨᠠᠰᠤᠳᠤ ᠡᠪᠡᠰᠦᠨ ᠤ ᠲᠠᠯᠠᠪᠠᠢ ᠨᠢ 2029 ᠮᠤ᠋ ᠳᠤ ᠬᠦᠷᠴᠤ᠂ 2010 ᠤᠨ ᠤ ᠬᠢ ᠲᠠᠢ ᠬᠠᠷᠢᠴᠠᠭᠤᠯᠪᠠᠯ 1629 ᠮᠤ᠋ ᠨᠡᠮᠡᠭᠳᠡᠵᠤ᠂ 2010 —2016 ᠤᠨ ᠳᠤ ᠬᠠᠰᠢᠶᠠᠯᠠᠨ ᠲᠡᠵᠢᠭᠡᠬᠦ ᠬᠠᠰᠢᠶ᠎ᠠ ᠰᠠᠷᠠᠪᠴᠢ ᠶᠢ 24 ᠰᠠᠤᠷᠢ 9500 ᠺᠦᠸᠠᠳ᠋ ᠮᠧᠲᠷ ᠰᠢᠨ᠎ᠡ ᠪᠠᠷ ᠪᠠᠷᠢᠭᠰᠠᠨ ᠪᠠᠶᠢᠨ᠎ᠠ᠃ ᠦᠬᠡᠷ ᠪᠤᠯᠤᠨ ᠪᠤᠭ ᠮᠠᠯ ᠢᠶᠠᠷ ᠭᠤᠤᠯᠯᠠᠭᠰᠠᠨ ᠲᠡᠵᠢᠬᠡᠨ ᠦᠷᠡᠵᠢᠬᠦᠯᠬᠦ ᠮᠠᠯ ᠤᠨ ᠲᠤᠭ᠎ᠠ 10.55 ᠲᠦᠮᠡᠨ ︵ᠲᠤᠯᠤᠭᠠᠢ︶ ᠬᠤᠨᠢ ᠨᠢᠬᠡᠴᠡ ᠳᠤ ᠬᠦᠷᠴᠤ᠂ ᠡᠬᠦᠨ ᠎ ᠤ ᠲᠤᠳᠤᠷ᠎ᠠ ᠬᠠᠰᠢᠶᠠᠯᠠᠨ ᠲᠡᠵᠢᠭᠡᠭᠰᠡᠨ ᠨᠢ 7.5 ᠲᠦᠮᠡᠨ ︵ᠲᠤᠯᠤᠭᠠᠢ︶ ᠬᠤᠨᠢ ᠨᠢᠬᠡᠴᠡ ᠳᠤ ᠬᠦᠷᠴᠤ᠂ 2010 ᠤᠨ ᠲᠠᠢ ᠬᠠᠷᠢᠴᠠᠭᠤᠯᠪᠠᠯ 1.65 ︵ᠲᠤᠯᠤᠭᠠᠢ︶ ᠬᠤᠨᠢ ᠨᠢᠬᠡᠴᠡ ᠨᠡᠮᠡᠭᠳᠡᠪᠡ︔ ᠡᠬᠦᠯᠳᠡᠷ ᠰᠠᠶᠢᠵᠢᠷᠠᠭᠤᠯᠤᠭᠰᠠᠨ ᠨᠤᠷᠮ᠎ᠠ 95%᠎ ᠳᠤ ᠬᠦᠷᠦᠭᠰᠡᠨ ᠤ ᠬᠠᠮᠲᠤ᠂ ᠮᠠᠯᠴᠢᠳ ᠲᠤ ᠲᠤᠮᠳᠠᠴᠢ ᠪᠠᠷ ᠵᠢᠯ ᠪᠦᠷᠢ 1.27 ᠭᠠᠷᠤᠢ ᠲᠦᠮᠡᠨ ᠲᠦᠬᠦᠷᠢᠭ ᠤᠨ ᠨᠦᠬᠦᠪᠤᠷᠢ ᠤᠯᠭᠤᠨ᠂ ᠵᠦᠪᠬᠡᠨ ᠮᠠᠯ ᠬᠠᠷᠢᠭᠤᠯᠬᠤ ᠳᠤ ᠲᠦᠰᠢᠭᠯᠡᠬᠦ ᠪᠢᠰᠢ ᠬᠠᠷᠢᠨ ᠶᠡᠬᠡᠪᠡᠷ ᠬᠠᠰᠢᠶᠠᠯᠠᠨ ᠲᠡᠵᠢᠬᠡᠬᠦ᠂ ᠭᠤᠷᠪᠠᠳᠤᠭᠠᠷ ᠠᠵᠤ ᠤᠶᠢᠯᠡᠰ ᠢ ᠢᠳᠡᠪᠬᠢᠳᠡᠢ ᠪᠠᠷ ᠬᠦᠭᠵᠢᠬᠦᠯᠬᠦ ᠵᠡᠷᠬᠡ ᠤᠯᠠᠨ ᠠᠷᠭ᠎ᠠ ᠪᠡᠷᠢᠯ ᠢᠶᠠᠷ ᠲᠠᠮᠵᠢᠨ ᠣᠷᠤᠯᠭ᠎ᠠ ᠨᠡᠮᠡᠭᠳᠡᠭᠦᠯᠵᠦ ᠪᠠᠶᠠᠵᠢᠭᠤᠯᠤᠨ᠂ ᠮᠠᠯᠴᠢᠳ ᠤᠨ ᠬᠦᠮᠦᠨ ᠲᠤᠮᠳᠠᠴᠢ ᠶᠢᠨ ᠤᠷᠤᠯᠭ᠎ᠠ ᠪᠤᠯᠤᠨ ᠠᠮᠢᠳᠤᠷᠠᠯ ᠤᠨ ᠬᠢᠷᠢ ᠲᠦᠪᠰᠢᠨ ᠢ ᠶᠡᠬᠡᠪᠡᠷ ᠲᠡᠬᠡᠭᠰᠢᠯᠡᠬᠦᠯᠦᠨ᠂ ᠬᠦᠮᠦᠨ ᠲᠤᠮᠳᠠᠴᠢ ᠶᠢᠨ ᠤᠷᠤᠯᠭ᠎ᠠ ᠨᠢ 2011 ᠤᠨ ᠤ 10572 ᠲᠦᠬᠦᠷᠢᠭ ᠠᠴᠠ ᠨᠡᠮᠡᠭᠳᠡᠬᠡᠳ 18060 ᠲᠦᠬᠦᠷᠢᠭ ᠪᠤᠯᠤᠭᠰᠠᠨ ᠪᠠᠶᠢᠨ᠎ᠠ᠃        ⒉ ᠨᠤᠳᠤᠭ ᠪᠡᠯᠴᠢᠬᠡᠷ ᠢ ᠬᠠᠮᠠᠭᠠᠯᠠᠭᠰᠠᠨ ᠶᠡᠷᠤᠩᠬᠡᠢ ᠠᠮᠢ ᠠᠬᠤᠢ ᠶᠢᠨ ᠦᠷ᠎ᠡ ᠠᠰᠢᠭ ᠮᠠᠰᠢ ᠲᠤᠪᠤᠶᠢᠮ᠎ᠠ        ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠶᠢᠨ ᠬᠡᠷᠡᠭᠵᠢᠬᠦᠯᠦᠯᠳᠡ ᠨᠢ ᠲᠠᠷᠢᠶᠠᠯᠠᠩ ᠮᠠᠯ ᠠᠵᠤ ᠠᠬᠤᠢ ᠶᠢᠨ ᠲᠦᠷᠬᠡᠨ᠂ ᠵᠤᠬᠢᠴᠠᠩᠭᠤᠢ᠂ ᠦᠷᠭᠦᠯᠵᠢᠯᠡᠬᠦᠶᠢᠴᠡ ᠬᠦᠭᠵᠢᠯᠳᠡ ᠳᠤ ᠲᠦᠷᠦ ᠶᠢᠨ ᠪᠤᠳᠤᠯᠭ᠎ᠠ ᠶᠢᠨ ᠪᠤᠯᠤᠨ ᠪᠡᠯᠡ ᠮᠦᠩᠬᠦᠨ ᠤ ᠬᠦᠴᠦᠳᠡᠢ ᠲᠡᠮᠵᠢᠯᠭᠡ ᠶᠢ ᠤᠯᠭᠤᠵᠤ᠂ ᠪᠡᠯᠴᠢᠭᠡᠷᠯᠡᠭᠦᠯᠬᠦ ᠶᠢ ᠵᠤᠭᠰᠤᠭᠠᠬᠤ ᠤᠷᠤᠨ ᠳᠤ ᠪᠦᠬᠦ ᠲᠠᠯ᠎ᠠ ᠪᠠᠷ ᠪᠡᠯᠴᠢᠭᠡᠷᠯᠡᠭᠦᠯᠬᠦ ᠶᠢ ᠵᠤᠭᠰᠤᠭᠠᠨ᠂ ᠮᠠᠯ ᠪᠡᠯᠴᠢᠬᠡᠷ ᠲᠡᠩᠴᠡᠬᠦᠷᠢᠰᠢᠬᠦᠯᠬᠦ ᠤᠷᠤᠨ ᠳᠠᠬᠢ ᠳᠠᠭᠠᠭᠠᠴᠠ ᠠᠴᠠ ᠬᠡᠲᠦᠷᠡᠭᠰᠡᠨ ᠪᠠᠶᠢᠳᠠᠯ ᠪᠦᠬᠦᠨ ᠰᠢᠢᠳᠪᠦᠷᠢᠯᠡᠭᠳᠡᠵᠦ᠂ ᠤᠢ ᠮᠤᠳᠤ ᠡᠪᠡᠰᠤ ᠪᠡᠯᠴᠢᠬᠡᠷ ᠠᠭᠠᠵᠢᠮ ᠢᠶᠠᠷ ᠰᠡᠷᠬᠦᠨ᠂ ᠬᠡᠰᠡᠭ ᠭᠠᠵᠠᠷ ᠤᠷᠤᠨ ᠤ ᠠᠮᠢ ᠠᠬᠤᠢ ᠬᠡᠴᠡᠬᠦᠤ ᠮᠠᠭᠤᠳᠠᠭᠰᠠᠨ ᠪᠠᠶᠢᠳᠠᠯ ᠢ ᠰᠠᠶᠢᠵᠢᠷᠠᠭᠤᠯᠤᠨ᠂ ᠮᠠᠨ ᠤ ᠬᠤᠰᠢᠭᠤᠨ ᠤ ᠮᠠᠭᠤᠳᠠᠭᠰᠠᠨ ᠡᠯᠡᠰᠤᠷᠬᠡᠭᠵᠢᠭᠰᠡᠨ ᠨᠤᠳᠤᠭ ᠪᠡᠯᠴᠢᠬᠡᠷ ᠤᠨ ᠤᠷᠭᠤᠮᠠᠯ ᠤᠨ ᠪᠦᠷᠬᠦᠴᠡ 10%᠎ ᠳᠤ ᠬᠦᠷᠬᠦ ᠦᠬᠡᠢ ᠪᠠᠶᠢᠭᠰᠠᠨ ᠎ ᠠᠴᠠ ᠵᠢᠯ ᠪᠦᠷᠢ ᠳᠤ 0.4 ᠵᠠᠭᠤᠨ ᠤ ᠬᠤᠪᠢ ᠪᠠᠷ ᠳᠡᠭᠡᠭᠰᠢᠯᠡᠵᠦ᠂ ᠦᠨᠳᠤᠷᠴᠡ ᠨᠢ ᠵᠢᠯ ᠪᠦᠷᠢ ᠳᠤ 1 —3 ᠰᠡᠨᠲ᠋ᠢᠮᠧᠲᠷ ᠨᠡᠮᠡᠭᠳᠡᠨ᠂ ᠡᠪᠡᠰᠤᠨ ᠤ ᠤᠷᠭᠤᠴᠠ ᠶᠢᠨ ᠬᠡᠮᠵᠢᠶ᠎ᠡ ᠨᠢ ᠤᠤᠯ ᠤᠨ ᠮᠤ᠋ ᠪᠦᠷᠢ ᠳᠤ 8 ᠺᠢᠯᠤᠭ᠍ᠷᠠᠮ ᠬᠦᠷᠬᠦ ᠦᠬᠡᠢ ᠪᠠᠶᠢᠭᠰᠠᠨ ᠠᠴᠠ ᠨᠡᠮᠡᠭᠳᠡᠬᠡᠳ 15 ᠺᠢᠯᠤᠭ᠍ᠷᠠᠮ ᠪᠤᠯᠪᠠ︔ ᠪᠠᠶᠢᠭᠠᠯᠢᠯᠢᠭ ᠪᠡᠯᠴᠢᠬᠡᠷ ᠤᠨ ᠤᠨᠤᠯ ᠲᠡᠬᠡᠷᠡᠬᠢ ᠮᠠᠯ ᠤᠨ ᠲᠠᠭᠠᠭᠠᠴᠠ ᠶᠢᠨ ᠬᠡᠮᠵᠢᠶ᠎ᠡ ᠨᠢ 18.5 ᠲᠦᠮᠡᠨ ︵ᠲᠤᠯᠤᠭᠠᠢ︶ ᠬᠤᠨᠢ ᠨᠢᠬᠡᠴᠡ ᠳᠤ ᠬᠦᠷᠴᠤ᠂ 2010 ᠤᠨ ᠤ ᠬᠢ ᠲᠠᠢ ᠬᠠᠷᠢᠴᠠᠭᠤᠯᠪᠠᠯ 1.2 ᠲᠦᠮᠡᠨ ᠬᠤᠨᠢ ᠨᠢᠬᠡᠴᠡ ᠪᠤᠯᠳᠠᠯ᠎ᠠ ᠨᠡᠮᠡᠭᠳᠡᠵᠡᠢ᠃        ⒊ ᠮᠠᠯᠵᠢᠬᠤ ᠲᠠᠷᠢᠶᠠᠯᠠᠬᠤ ᠤᠷᠤᠨ ᠤ ᠠᠵᠤ ᠠᠬᠤᠢ ᠶᠢᠨ ᠪᠦᠳᠦᠴᠡ ᠪᠤᠯᠤᠨ ᠪᠡᠯᠴᠢᠬᠡᠷ ᠤᠨ ᠮᠠᠯ ᠠᠵᠤ ᠦᠢᠯᠡᠰ ᠤᠯᠠᠮ ᠨᠢᠬᠡ ᠠᠯᠬᠤᠮ ᠰᠢᠯᠢᠳᠡᠭᠵᠢᠪᠡ        2015 ᠤᠨ ᠪᠤᠯᠬᠤ ᠳᠤ᠂ ᠮᠠᠨ ᠤ ᠬᠤᠰᠢᠭᠤᠨ ᠤ ᠵᠢᠯ ᠤᠨ ᠮᠠᠯ ᠤᠨ ᠪᠦᠬᠦ ᠲᠤᠭ᠎ᠠ 10.55 ᠲᠦᠮᠡᠨ ᠲᠤᠯᠤᠭᠠᠢ ᠳᠤ ᠬᠦᠷᠴᠤ᠂ ᠡᠬᠦᠨ ᠳᠤ ᠲᠡᠮᠡᠭᠡ 1.6524 ᠲᠦᠮᠡ᠂ 2010 ᠤᠨ ᠤ ᠬᠢ ᠠᠴᠠ 0.2882᠎ ᠪᠠᠷ ᠨᠡᠮᠡᠭᠳᠡᠵᠤ᠂ ᠮᠠᠯᠵᠢᠬᠤ ᠤᠷᠤᠨ ᠤ ᠮᠠᠯ ᠠᠵᠤ ᠠᠬᠤᠢ ᠶᠢᠨ ᠬᠦᠨᠳᠤ ᠶᠢᠨ ᠬᠠᠷᠢᠴᠠᠯ 55.6%᠎ ᠳᠤ ᠬᠦᠷᠪᠡ︔ ᠪᠦᠬᠦ ᠬᠤᠰᠢᠭᠤᠨ ᠤ ᠮᠠᠯ ᠤᠨ ᠪᠦᠲᠦᠭᠡᠭᠳᠡᠭᠦᠨ ᠤ ᠭᠠᠷᠤᠯᠳᠠ ᠶᠢᠨ ᠲᠤᠳᠤᠷ᠎ᠠ ᠮᠢᠬᠠᠨ ᠤ ᠵᠤᠶᠢᠯ 0.145 ᠲᠦᠮᠡᠨ ᠲᠤᠨ᠂ ᠴᠠᠭᠠᠨ ᠢᠳᠡᠬᠡᠨ ᠤ ᠵᠦᠢᠯ 0.015 ᠲᠦᠮᠡᠨ ᠲᠤᠨ ᠬᠦᠷᠴᠤ᠂ ᠨᠢᠭᠡᠳᠦᠭᠡᠷ ᠬᠤᠭᠤᠴᠠᠭᠠᠨ ᠤ ᠨᠤᠳᠤᠭ ᠪᠡᠯᠴᠢᠬᠡᠷ ᠤᠨ ᠨᠦᠬᠦᠪᠤᠷᠢ ᠱᠠᠩᠨᠠᠯ ᠠᠴᠠ ᠢᠯᠡᠷᠬᠡᠢ ᠨᠡᠮᠡᠭᠳᠡᠪᠡ᠃        ⒋ ᠮᠠᠯᠴᠢᠳ ᠲᠠᠷᠢᠶᠠᠴᠢᠳ ᠤᠨ ᠨᠡᠬᠦᠨ ᠰᠢᠯᠵᠢᠬᠦ ᠪᠠ ᠤᠶᠢᠯᠡᠳᠪᠤᠷᠢᠯᠡᠯ ᠤᠨ ᠬᠡᠯᠪᠡᠷᠢ ᠪᠠᠨ ᠬᠤᠪᠢᠷᠠᠭᠤᠯᠬᠤ ᠠᠬᠢᠴᠠ ᠮᠡᠳᠡᠭᠳᠡᠮ᠎ᠡ ᠲᠦᠷᠬᠡᠰᠪᠠ        ᠤᠯᠤᠰ ᠤᠨ ᠠᠮᠢ ᠠᠬᠤᠢ ᠶᠢ ᠬᠠᠮᠠᠭᠠᠯᠠᠬᠤ᠂ ᠪᠡᠯᠴᠢᠭᠡᠷᠯᠡᠭᠦᠯᠬᠦ ᠶᠢ ᠵᠤᠭᠰᠤᠭᠠᠬᠤ᠂ ᠰᠡᠯᠬᠦᠨ ᠮᠠᠯᠵᠢᠬᠤ᠂ ᠡᠬᠡᠯᠵᠢᠯᠡᠨ ᠮᠠᠯᠵᠢᠬᠤ ᠲᠦᠷᠦ ᠶᠢᠨ ᠪᠤᠳᠤᠯᠭ᠎ᠠ ᠶᠢᠨ ᠦᠷᠬᠦᠯᠵᠢᠯᠡᠭᠰᠡᠨ ᠬᠡᠷᠡᠭᠵᠢᠬᠦᠯᠦᠯᠳᠡ ᠪᠠᠷ᠂ ᠮᠠᠨ ᠤ ᠬᠤᠰᠢᠭᠤ ᠪᠡᠯᠴᠢᠭᠡᠷᠯᠡᠭᠦᠯᠬᠦ ᠶᠢ ᠵᠤᠭᠰᠤᠭᠠᠨ ᠪᠡᠯᠴᠢᠬᠡᠷ ᠰᠡᠷᠬᠦᠬᠡᠬᠦ᠂ ᠨᠡᠶᠢᠳᠡ ᠶᠢᠨ ᠠᠰᠠᠷᠠᠮᠵᠢᠳᠤ ᠤᠢ ᠰᠢᠭᠤᠢ ᠶᠢᠨ ᠨᠦᠬᠦᠪᠤᠷᠢ ᠤᠯᠭᠤᠬᠤ᠂ ᠬᠠᠷ᠎ᠠ ᠭᠤᠤᠯ ᠤᠨ ᠠᠮᠢ ᠠᠬᠤᠢ ᠶᠢ ᠵᠠᠰᠠᠬᠤ᠂ ᠲᠤᠰᠬᠤᠨ ᠢ ᠪᠦᠬᠦᠯᠢ ᠴᠤᠭᠴᠠ ᠳᠤᠨᠢ ᠠᠬᠢᠭᠤᠯᠬᠤ᠂ ᠠᠷᠠᠳ ᠢ ᠨᠡᠬᠦᠯᠬᠡᠨ ᠪᠠᠯᠭᠠᠰᠤ ᠶᠢ ᠦᠷᠬᠡᠳᠬᠡᠬᠦ᠂ ᠨᠡᠬᠦᠳᠡᠯᠯᠡᠨ ᠮᠠᠯᠵᠢᠭᠰᠠᠨ ᠦᠨᠳᠤᠰᠤᠳᠡᠨ ᠢ ᠰᠠᠭᠤᠷᠢᠰᠢᠭᠤᠯᠬᠤ ᠵᠡᠷᠬᠡ ᠬᠦᠨᠳᠤ ᠴᠢᠬᠤᠯᠠ ᠠᠮᠢ ᠠᠬᠤᠢ ᠶᠢᠨ ᠢᠨᠵᠧᠨᠧᠷᠢᠩ ᠤᠨ ᠪᠦᠳᠦᠬᠡᠨ ᠪᠠᠶᠢᠭᠤᠯᠤᠯᠳᠠ ᠪᠠᠷ ᠲᠠᠮᠵᠢᠭᠠᠳ᠂ ᠠᠮᠢ ᠠᠬᠤᠢ ᠬᠡᠪᠡᠷᠡᠭ᠂ ᠤᠷᠤᠰᠢᠨ ᠲᠤᠭᠳᠠᠨᠢᠬᠤ ᠤᠷᠴᠢᠨ ᠨᠦᠬᠦᠴᠡᠯ ᠮᠠᠭᠤ ᠪᠠᠶᠢᠭᠰᠠᠨ᠂ ᠬᠢᠵᠠᠭᠠᠷ ᠤᠷᠤᠨ ᠤ ᠮᠠᠯᠴᠢᠳ ᠲᠠᠷᠢᠶᠠᠴᠢᠳ ᠢ ᠡᠬᠢ ᠪᠠᠶᠠᠯᠢᠭ ᠬᠠᠷᠢᠴᠠᠩᠭᠤᠢ ᠪᠠᠶᠠᠯᠢᠭ᠂ ᠤᠷᠤᠨ ᠪᠦᠰᠡ ᠶᠢᠨ ᠠᠵᠤ ᠠᠬᠤᠢ ᠮᠡᠳᠡᠭᠳᠡᠮ᠎ᠡ ᠲᠠᠪᠠᠭᠤᠯᠢᠭ᠂ ᠰᠠᠭᠤᠷᠢ ᠲᠦᠬᠦᠬᠡᠷᠦᠮᠵᠢ ᠨᠠᠯᠢᠶᠡᠳ ᠲᠡᠬᠦᠰ᠂ ᠬᠦᠭᠵᠢᠬᠦ ᠨᠦᠬᠡᠴᠡ ᠬᠦᠴᠦᠨ ᠶᠡᠭᠡ ᠪᠠᠶᠢᠭ᠎ᠠ ᠬᠤᠳᠠ ᠪᠠᠯᠭᠠᠰᠤ ᠪᠤᠯᠤᠨ ᠠᠮᠢ ᠠᠬᠤᠶᠢᠵᠢᠭᠰᠠᠨ ᠲᠠᠷᠢᠶᠠᠯᠠᠬᠤ ᠤᠷᠤᠨ ᠵᠦᠭ ᠰᠢᠯᠵᠢᠬᠦᠯᠵᠤ᠂ ᠡᠭᠦᠨ ᠠᠴᠠ ᠨᠤᠳᠤᠭ ᠪᠡᠯᠴᠢᠬᠡᠷ ᠤᠨ ᠬᠡᠳᠤᠷᠡᠬᠦᠯᠦᠨ ᠮᠠᠯᠵᠢᠭᠰᠠᠨ ᠲᠠᠷᠤᠭᠠᠰᠤ ᠶᠢ ᠡᠬᠦᠷᠢᠳᠡ ᠬᠦᠩᠬᠡᠯᠡᠭᠰᠡᠨ ᠪᠠᠶᠢᠨ᠎ᠠ᠂ ᠢᠩᠬᠢᠬᠡᠳ ᠦᠵᠡᠬᠦ ᠎ ᠳᠤ ᠠᠷᠠᠳ ᠢ ᠨᠡᠬᠦᠯᠬᠡᠨ ᠪᠡᠯᠴᠢᠭᠡᠷᠯᠡᠭᠦᠯᠬᠦ ᠶᠢ ᠵᠤᠭᠰᠤᠭᠠᠬᠤ ᠠᠷᠭ᠎ᠠ ᠠᠪᠴᠠᠯ ᠨᠢ ᠨᠤᠳᠤᠭ ᠪᠡᠯᠴᠢᠬᠡᠷ ᠤᠨ ᠠᠮᠢ ᠠᠬᠤᠢ ᠶᠢ ᠪᠦᠬᠦ ᠲᠠᠯ᠎ᠠ ᠪᠠᠷ ᠰᠡᠷᠭᠦᠭᠡᠬᠦ ᠳᠤ ᠠᠰᠢᠭᠳᠠᠢ ᠪᠠᠷ ᠪᠠᠷᠠᠬᠤ ᠦᠬᠡᠢ᠂ ᠮᠠᠯᠴᠢᠳ ᠨᠡᠬᠦᠨ ᠰᠢᠯᠵᠢᠵᠤ ᠤᠶᠢᠯᠡᠳᠪᠤᠷᠢᠯᠡᠯ ᠤᠨ ᠬᠡᠯᠪᠡᠷᠢ ᠪᠠᠨ ᠬᠤᠪᠢᠷᠠᠭᠤᠯᠬᠤ᠂ ᠤᠷᠤᠯᠭ᠎ᠠ ᠪᠠᠨ ᠨᠡᠮᠡᠭᠳᠡᠬᠦᠯᠦᠨ ᠪᠠᠶᠠᠵᠢᠬᠤ ᠶᠢ ᠨᠢ ᠠᠬᠢᠭᠤᠯᠬᠤ ᠪᠦᠲᠦᠮᠵᠢᠲᠡᠢ ᠠᠷᠭ᠎ᠠ ᠵᠠᠮ ᠮᠦᠨ ᠪᠠᠶᠢᠨ᠎ᠠ᠃ ᠡᠨᠡ ᠠᠷᠭ᠎ᠠ ᠠᠪᠴᠠᠯ ᠨᠢ ᠮᠠᠯᠴᠢᠳ ᠲᠠᠷᠢᠶᠠᠴᠢᠳ ᠤᠨ ᠨᠡᠬᠦᠨ ᠰᠢᠯᠵᠢᠵᠤ ᠤᠶᠢᠯᠡᠳᠪᠤᠷᠢᠯᠡᠯ ᠢᠶᠠᠨ ᠬᠤᠪᠢᠷᠠᠭᠤᠯᠬᠤ ᠠᠯᠬᠤᠴᠠ ᠶᠢ ᠨᠢ ᠲᠦᠷᠬᠡᠳᠬᠡᠪᠡ᠃ ᠨᠤᠳᠤᠭ ᠪᠡᠯᠴᠢᠬᠡᠷ ᠎ ᠤᠨ ᠨᠦᠬᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ᠂ ᠪᠡᠯᠴᠢᠭᠡᠷᠯᠡᠭᠦᠯᠬᠦ ᠶᠢ ᠵᠤᠭᠰᠤᠭᠠᠨ ᠪᠡᠯᠴᠢᠬᠡᠷ ᠰᠡᠷᠬᠦᠬᠡᠬᠦ ᠢᠨᠵᠧᠨᠧᠷᠢᠩ ᠪᠤᠯᠤᠨ ︽ᠠᠷᠪᠠ ᠶᠢ ᠪᠦᠷᠬᠦᠬᠦᠯᠬᠦ︾᠂ ᠲᠠᠷᠢᠶᠠᠯᠠᠩ ᠮᠠᠯᠵᠢᠯ᠂ ᠤᠢ ᠰᠢᠭᠤᠢ᠂ ᠤᠰᠤ᠂ ᠶᠠᠳᠠᠭᠤ ᠶᠢ ᠲᠡᠳᠬᠦᠬᠦ ᠵᠡᠷᠬᠡ ᠭᠤᠤᠯᠳᠠᠯᠠᠭᠠᠳᠤ ᠢᠨᠵᠧᠨᠧᠷᠢᠩ ᠢ ᠲᠦᠬᠦᠷᠵᠢᠬᠦᠯᠦᠨ ᠤᠶᠠᠯᠳᠤᠭᠤᠯᠵᠤ᠂ ᠲᠦᠷᠦᠯ ᠵᠤᠶᠢᠯ ᠤᠨ ᠪᠡᠯᠡ ᠮᠦᠩᠬᠦ ᠶᠢ ᠴᠤᠮᠬᠤᠳᠬᠠᠨ ᠨᠢᠬᠡᠳᠬᠡᠵᠤ᠂ ᠲᠦᠪᠯᠡᠷᠡᠬᠦᠯᠦᠨ ᠪᠠᠶᠢᠭᠤᠯᠵᠤ᠂ ᠪᠦᠬᠦᠶᠢᠯᠡ ᠳᠤᠨᠢ ᠲᠦᠯᠬᠢᠨ ᠠᠬᠢᠭᠤᠯᠵᠤ᠂ ᠶᠡᠷᠤᠩᠬᠡᠢ ᠴᠤᠭᠴᠠ ᠪᠠᠷ ᠦᠷ᠎ᠡ ᠪᠦᠳᠦᠮᠵᠢ ᠤᠯᠵᠤ ᠬᠦᠷᠳᠡᠪᠡ᠃ ︽ᠠᠷᠪᠠᠨ ᠬᠤᠶᠠᠳᠤᠭᠠᠷ ᠲᠠᠪᠤᠨ ᠵᠢᠯ︾᠎ ᠤᠨ ᠡᠴᠤᠰ ᠬᠦᠷᠬᠦ ᠳᠤ᠂ ᠮᠠᠨ ᠤ ᠬᠤᠰᠢᠭᠤ ᠨᠢ 1534 ᠡᠷᠤᠬᠡ ᠶᠢᠨ 4577 ᠮᠠᠯᠴᠢᠳ ᠲᠠᠷᠢᠶᠠᠴᠢᠳ ᠢ ᠨᠡᠬᠦᠯᠭᠡᠨ᠂ ᠡᠬᠦᠨ ᠤ ᠲᠤᠳᠤᠷ᠎ᠠ ᠲᠠᠯᠠᠶᠢᠬᠦ᠋ᠪ ᠪᠠᠯᠭᠠᠰᠤᠨ ᠤ ᠨᠠᠷᠢᠨᠭᠤᠤᠯ ᠰᠢᠨ᠎ᠠ ᠲᠤᠭᠤᠷᠢᠭ ᠲᠤ 712 ᠡᠷᠤᠬᠡ ᠶᠢᠨ 2224 ᠬᠦᠮᠦᠨ᠂ ᠬᠤᠶᠢᠳᠤ ᠵᠡᠬᠡᠯᠢ ᠶᠢᠨ ᠬᠤᠳᠠᠯᠳᠤᠭ᠎ᠠ ᠤᠶᠢᠯᠡᠴᠢᠯᠡᠬᠡᠨ ᠤ ᠠᠰᠠᠷ ᠲᠤ 86 ᠡᠷᠤᠬᠡ ᠶᠢᠨ 222 ᠬᠦᠮᠦᠨ᠂ ᠶᠠᠩ ᠭᠤᠸᠠᠩ ᠲᠤᠭᠤᠷᠢᠭ ᠤᠨ ᠰᠠᠭᠤᠭᠠᠯᠢ ᠠᠷᠠᠳ ᠤᠨ ᠠᠰᠠᠷ ᠲᠤ 468 ᠡᠷᠤᠬᠡ ᠶᠢᠨ 1257 ᠬᠦᠮᠦᠨ᠂ ᠶᠠᠩ ᠭᠤᠸᠠᠩ ᠲᠤᠭᠤᠷᠢᠭ ᠤᠨ ᠬᠤᠳᠠᠯᠳᠤᠭ᠎ᠠ ᠤᠶᠢᠯᠡᠴᠢᠯᠡᠬᠡᠨ ᠤ ᠠᠰᠠᠷ ᠲᠤ 127 ᠡᠷᠤᠬᠡ ᠶᠢᠨ 400 ᠬᠦᠮᠦᠨ᠂ ᠰᠤᠮᠤ ᠪᠠᠯᠭᠠᠰᠤ ᠲᠤᠬᠠᠢ ᠶᠢᠨ ᠭᠠᠵᠠᠷ ᠲᠠᠭᠠᠨ ᠤᠷᠤᠨ ᠰᠠᠭᠤᠴᠠ ᠲᠦᠪᠬᠢᠨᠡᠬᠦᠯᠦᠨ 141 ᠡᠷᠤᠬᠡ ᠶᠢᠨ 456 ᠬᠦᠮᠦᠨ ᠲᠤᠰ ᠲᠤᠰ ᠨᠡᠬᠦᠯᠬᠡᠨ ᠰᠢᠯᠵᠢᠬᠦᠯᠵᠤ᠂ ᠨᠡᠬᠦᠨ ᠰᠢᠯᠵᠢᠭᠰᠡᠨ ᠮᠠᠯᠴᠢᠳ ᠲᠠᠷᠢᠶᠠᠴᠢᠳ ᠨᠢ ᠪᠦᠬᠦ ᠬᠤᠰᠢᠭᠤᠨ ᠎ ᠤ ᠮᠠᠯᠴᠢᠳ ᠲᠠᠷᠢᠶᠠᠴᠢᠳ ᠤᠨ ᠶᠡᠷᠤᠩᠬᠡᠢ ᠬᠦᠮᠦᠨ ᠠᠮᠠ ᠶᠢᠨ 77%᠎ ᠶᠢ ᠡᠵᠡᠯᠡᠭᠰᠡᠨ ᠪᠠᠶᠢᠨ᠎ᠠ᠃ ᠲᠦᠷᠦᠯ ᠵᠤᠶᠢᠯ ᠎ ᠢ ᠦᠨᠳᠤᠰᠤᠯᠡᠨ ᠬᠤᠪᠢᠶᠠᠪᠠᠯ᠂ ᠬᠠᠷ᠎ᠠ ᠭᠤᠤᠯ ᠤᠨ ᠲᠤᠤᠷᠠᠳᠤ ᠤᠷᠤᠰᠬᠠᠯ ᠤᠨ ᠠᠮᠢ ᠠᠬᠤᠢ ᠶᠢ ᠪᠠᠴᠢᠮ ᠠᠪᠤᠷᠠᠬᠤ ᠪᠤᠯᠤᠨ ᠬᠠᠮᠠᠭᠠᠯᠠᠬᠤ ᠢᠨᠵᠧᠨᠧᠷᠢᠩ ᠤᠨ ᠲᠦᠷᠦᠯ ᠵᠤᠶᠢᠯ᠂ ᠰᠢᠯᠵᠢᠬᠦᠯᠦᠨ ᠨᠡᠬᠦᠯᠬᠡᠵᠤ ᠶᠠᠳᠠᠭᠤ ᠶᠢ ᠲᠡᠳᠬᠦᠬᠦ ᠲᠦᠷᠦᠯ ᠵᠤᠶᠢᠯ ᠳᠤ ᠲᠦᠰᠢᠭᠯᠡᠨ 520 ᠡᠷᠤᠬᠡ ᠶᠢ ᠨᠡᠬᠦᠯᠬᠡᠵᠤ᠂ ᠪᠡᠯᠴᠢᠭᠡᠷᠯᠡᠭᠦᠯᠬᠦ ᠶᠢ ᠵᠤᠭᠰᠤᠭᠠᠨ ᠪᠡᠯᠴᠢᠬᠡᠷ ᠰᠡᠷᠬᠦᠬᠡᠬᠦ ᠲᠦᠷᠦᠯ ᠵᠤᠶᠢᠯ ᠳᠤ ᠲᠦᠰᠢᠭᠯᠡᠨ ᠪᠡᠯᠴᠢᠭᠡᠷᠯᠡᠭᠦᠯᠬᠦ ᠪᠠᠨ ᠵᠤᠭᠰᠤᠭᠰᠠᠨ 467 ᠡᠷᠤᠬᠡ ᠮᠠᠯᠴᠢᠳ ᠲᠠᠷᠢᠶᠠᠴᠢᠳ ᠢ ᠨᠡᠬᠦᠯᠬᠡᠨ᠂ ᠨᠡᠬᠦᠳᠡᠯᠯᠡᠨ ᠮᠠᠯᠵᠢᠭᠰᠠᠨ ᠦᠨᠳᠤᠰᠤᠳᠡᠨ ᠢ ᠰᠠᠭᠤᠷᠢᠰᠢᠭᠤᠯᠬᠤ ᠢᠨᠵᠧᠨᠧᠷᠢᠩ ᠳᠠᠷᠤᠢ ᠠᠷᠠᠳ ᠢ ᠨᠡᠬᠦᠯᠬᠡᠨ ᠪᠠᠯᠭᠠᠰᠤ ᠦᠷᠬᠡᠳᠬᠡᠬᠦ᠂ ᠲᠤᠰᠬᠤᠨ ᠢ ᠪᠦᠬᠦᠶᠢᠯᠡ ᠳᠤᠨᠢ ᠠᠬᠢᠭᠤᠯᠬᠤ ᠲᠦᠷᠦᠯ ᠵᠤᠶᠢᠯ ᠢᠶᠠᠷ 420 ᠡᠷᠤᠬᠡ ᠮᠠᠯᠴᠢᠳ ᠲᠠᠷᠢᠶᠠᠴᠢᠳ ᠢ ᠨᠡᠬᠦᠯᠬᠡᠪᠡ᠃ ᠡᠬᠦᠨ ᠤ ᠵᠡᠷᠬᠡ ᠮᠠᠯᠴᠢᠳ ᠲᠠᠷᠢᠶᠠᠴᠢᠳ ᠤᠨ ᠲᠦᠷᠦ ᠶᠢᠨ ᠪᠤᠳᠤᠯᠭ᠎ᠠ ᠶᠢᠨ ᠴᠢᠨᠠᠷᠳᠠᠢ ᠤᠷᠤᠯᠭ᠎ᠠ ᠢᠯᠡᠷᠬᠡᠢ ᠨᠡᠮᠡᠭᠳᠡᠵᠤ᠂ ᠠᠮᠢᠳᠤᠷᠠᠯ ᠤᠨ ᠬᠢᠷᠢ ᠲᠦᠪᠰᠢᠨ ᠪᠤᠯᠤᠨ ᠶᠠᠰᠤ ᠴᠢᠨᠠᠷ ᠳᠡᠭᠡᠭᠰᠢᠯᠡᠨ᠂ ᠤᠶᠢᠯᠡᠳᠪᠤᠷᠢᠯᠡᠯ ᠤᠨ ᠠᠷᠭ᠎ᠠ ᠬᠡᠯᠪᠡᠷᠢ ᠦᠨᠳᠤᠰᠤᠨ ᠴᠢᠨᠠᠷᠳᠠᠢ ᠡᠷᠬᠢᠯᠳᠡ ᠭᠠᠷᠴᠠᠢ᠃        ︵ᠭᠤᠷᠪᠠ︶ ᠤᠷᠤᠰᠢᠵᠤ ᠪᠠᠶᠢᠭ᠎ᠠ ᠠᠰᠭᠤᠳᠠᠯ        ᠮᠠᠨ ᠤ ᠬᠤᠰᠢᠭᠤ ᠨᠢᠬᠡᠳᠡᠬᠢ ᠡᠬᠡᠯᠵᠢ ᠶᠢᠨ ᠨᠤᠳᠤᠭ ᠪᠡᠯᠴᠢᠬᠡᠷ ᠤᠨ ᠨᠦᠬᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠲᠤᠮᠳᠠ ᠵᠤᠬᠢᠬᠤ ᠬᠡᠮᠵᠢᠶᠡᠨ ᠤ ᠲᠤᠷᠰᠢᠯᠭ᠎ᠠ ᠬᠤᠷᠠᠮᠳᠤᠭᠤᠯᠤᠭᠰᠠᠨ ᠪᠢᠯᠡ᠂ ᠬᠡᠬᠦ ᠳᠤ ᠪᠠᠰᠠ ᠬᠢᠨᠠᠮᠠᠭᠠᠢ ᠬᠠᠨᠳᠤᠵᠤ ᠵᠠᠰᠠᠨ ᠰᠠᠶᠢᠵᠢᠷᠠᠭᠤᠯᠬᠤ ᠴᠢᠬᠤᠯᠠᠳᠠᠢ ᠠᠰᠠᠭᠤᠳᠠᠯ ᠤᠷᠤᠰᠢᠵᠤ ᠪᠠᠶᠢᠪᠠ︔        ᠨᠢᠬᠡ ᠳᠤ ᠨᠤᠳᠤᠭ ᠪᠡᠯᠴᠢᠬᠡᠷ ᠢ ᠬᠠᠮᠢᠶᠠᠷᠤᠨ ᠬᠠᠮᠠᠭᠠᠯᠠᠬᠤ ᠳᠤ ᠬᠢᠯᠪᠠᠷ ᠪᠤᠰᠤ ᠪᠤᠯᠵᠤ ᠪᠠᠶᠢᠭ᠎ᠠ᠃ ᠪᠡᠯᠴᠢᠭᠡᠷᠯᠡᠭᠦᠯᠬᠦ ᠶᠢ ᠵᠤᠭᠰᠤᠭᠠᠬᠤ ᠤᠷᠤᠨ ᠳᠤ ᠪᠡᠯᠴᠢᠭᠡᠷᠯᠡᠭᠦᠯᠬᠦ ᠶᠢ ᠵᠤᠭᠰᠤᠭᠠᠭᠰᠠᠨ ᠠᠴᠠ ᠬᠤᠶᠢᠰᠢ ᠤᠯᠠᠩᠬᠢ ᠮᠠᠯᠴᠢᠳ ᠪᠡᠯᠴᠢᠬᠡᠷ ᠠᠴᠠ ᠪᠠᠨ ᠨᠡᠬᠦᠵᠤ᠂ ᠤᠷᠬᠢᠭᠳᠠᠭᠰᠠᠨ ᠭᠠᠵᠠᠷ ᠨᠢ ᠬᠦᠮᠦᠨ ᠦᠬᠡᠶᠢᠳᠡᠭᠰᠡᠨ ᠪᠠ ᠪᠡᠯᠴᠢᠭᠡᠷ ᠬᠠᠮᠢᠶᠠᠷᠤᠨ ᠬᠠᠮᠠᠭᠠᠯᠠᠭᠴᠢ ᠶᠢᠨ ᠲᠤᠭ᠎ᠠ ᠴᠦᠬᠡᠨ ᠠᠴᠠ ᠨᠤᠳᠤᠭ ᠪᠡᠯᠴᠢᠬᠡᠷ ᠬᠠᠮᠢᠶᠠᠷᠴᠤ ᠬᠠᠮᠠᠭᠠᠯᠠᠬᠤ ᠠᠵᠢᠯ ᠬᠦᠴᠢᠷᠳᠡᠬᠦ ᠪᠣᠯᠵᠤ᠂ ᠬᠤᠯᠠᠭᠠᠢ ᠪᠠᠷ ᠮᠠᠯᠳᠠᠵᠤ ᠲᠡᠬᠦᠬᠦ ᠮᠡᠳᠤ ᠶᠢᠨ ᠪᠡᠯᠴᠢᠬᠡᠷ ᠡᠪᠳᠡᠭᠰᠡᠨ ᠬᠠᠤᠯᠢ ᠪᠤᠰᠤ ᠠᠵᠢᠯᠯᠠᠭ᠎ᠠ ᠵᠦᠩᠳᠡᠬᠡᠨ ᠡᠬᠦᠰᠬᠦ ᠪᠤᠯᠵᠡᠢ᠂ ᠨᠦᠬᠦᠬᠡ ᠲᠠᠯ᠎ᠠ ᠪᠠᠷ᠂ ᠮᠠᠯ ᠪᠡᠯᠴᠢᠬᠡᠷ ᠢ ᠲᠠᠩᠴᠡᠬᠦᠷᠢᠰᠢᠬᠦᠯᠬᠦ ᠤᠷᠤᠨ ᠢ ᠬᠢᠨᠠᠨ ᠬᠠᠮᠢᠶᠠᠷᠬᠤ ᠪᠠᠷ ᠰᠣᠯᠠ ᠪᠠᠶᠢᠵᠤ ᠬᠡᠳᠤᠷᠡᠬᠦᠯᠦᠨ ᠮᠠᠯᠵᠢᠬᠤ ᠦᠵᠡᠭᠳᠡᠯ ᠢ ᠴᠠᠭ ᠲᠤᠬᠠᠢ ᠳᠤᠨᠢ ᠬᠢᠵᠠᠭᠠᠷᠯᠠᠵᠤ ᠲᠠᠶᠢᠯᠬᠦ ᠎ ᠪᠠᠨ ᠪᠤᠯᠢᠪᠠ᠃        ᠬᠤᠶᠠᠷ ᠲᠤ ᠮᠠᠯᠵᠢᠬᠤ ᠪᠠᠨ ᠪᠤᠯᠢᠭᠰᠠᠨ ᠬᠦᠮᠦᠰ ᠤᠨ ᠤᠶᠢᠯᠡᠳᠪᠤᠷᠢᠯᠡᠯ ᠢᠶᠠᠨ ᠦᠬᠡᠷᠡᠴᠢᠯᠡᠭᠰᠡᠨ ᠤ ᠲᠠᠷᠠᠭᠠᠬᠢ ᠲᠦᠷᠦ ᠶᠢᠨ ᠪᠤᠳᠤᠯᠭ᠎ᠠ ᠶᠢᠨ ᠲᠡᠳᠬᠦᠮᠵᠢ ᠲᠤᠳᠠᠭᠤᠳᠠᠪᠠ᠃ ᠮᠠᠯᠵᠢᠬᠤ ᠪᠠᠨ ᠵᠤᠭᠰᠤᠭᠰᠠᠨ ᠤ ᠲᠠᠷᠠᠭ᠎ᠠ ᠶᠡᠬᠡᠩᠬᠢ ᠮᠠᠯᠴᠢᠳ ᠢᠳᠡᠪᠬᠢᠳᠡᠢ ᠪᠠᠷ ᠤᠶᠢᠯᠡᠳᠪᠤᠷᠢᠯᠡᠯ ᠢᠶᠠᠨ ᠦᠬᠡᠷᠡᠴᠢᠯᠡᠵᠤ ᠬᠤᠶᠠᠳᠤᠭᠠᠷ ᠭᠤᠷᠪᠠᠳᠤᠭᠠᠷ ᠠᠵᠤ ᠤᠶᠢᠯᠡᠰ ᠢ ᠡᠷᠬᠢᠯᠡᠨ ᠤᠷᠤᠯᠭ᠎ᠠ ᠪᠠᠨ ᠨᠡᠮᠡᠭᠳᠡᠭᠦᠯᠵᠦ ᠠᠮᠢᠳᠤᠷᠠᠯ ᠤᠨ ᠬᠢᠷᠢ ᠲᠦᠪᠰᠢᠨ ᠢᠶᠠᠨ ᠲᠡᠬᠡᠭᠰᠢᠯᠡᠬᠦᠯᠦᠭᠰᠡᠨ ᠪᠠᠶᠢᠨ᠎ᠠ᠂ ᠬᠡᠬᠦ ᠳᠤ ᠤᠶᠢᠯᠡᠳᠪᠤᠷᠢᠯᠡᠯ ᠢᠶᠠᠨ ᠦᠬᠡᠷᠡᠴᠢᠯᠡᠭᠰᠡᠨ ᠮᠠᠯᠴᠢᠳ ᠤᠨ ᠴᠦᠬᠡᠨ ᠲᠤᠭᠠᠨ ᠤ ᠬᠢ ᠨᠢ ᠲᠤᠰᠠᠯᠠᠮᠵᠢ ᠲᠡᠳᠬᠦᠮᠵᠢ ᠲᠤᠳᠠᠭᠤᠳᠠᠭᠰᠠᠨ ᠠᠴᠠ ᠲᠠᠩ ᠭᠠᠭᠴᠠ ᠨᠦᠬᠦᠪᠤᠷᠢ ᠮᠦᠩᠬᠦ ᠳᠤ ᠲᠦᠰᠢᠭᠯᠡᠨ ᠠᠮᠢᠳᠤᠷᠠᠬᠤ ᠪᠤᠯᠪᠡ᠂ ᠡᠶᠢᠮᠤᠷᠬᠦ ᠪᠠᠶᠢᠳᠠᠯ ᠤᠳᠠᠭᠠᠨ ᠦᠷᠬᠦᠯᠵᠢᠯᠡᠪᠡᠯ ᠶᠠᠳᠠᠭᠤ ᠬᠦᠴᠢᠷ ᠤᠨ ᠠᠰᠠᠭᠤᠳᠠᠯ ᠲᠠᠬᠢᠨ ᠢᠯᠡᠷᠡᠬᠦ ᠪᠤᠯᠤᠨ᠎ᠠ᠃        ᠭᠤᠷᠪᠠ ᠳᠤ ᠨᠤᠳᠤᠭ ᠪᠡᠯᠴᠢᠬᠡᠷ ᠤᠨ ᠬᠢᠨᠠᠨ ᠬᠠᠮᠢᠶᠠᠷᠤᠯᠳᠠ ᠪᠤᠯᠤᠨ ᠮᠡᠷᠬᠡᠵᠢᠯ ᠤᠨ ᠤᠶᠢᠯᠡᠴᠢᠯᠡᠬᠡᠨ ᠤ ᠰᠢᠰᠲ᠋ᠧᠮ ᠪᠠᠭᠤᠷᠠᠢ᠃ ᠤᠨᠴᠠᠭᠠᠶᠢᠯᠠᠨ ᠦᠨᠳᠤᠰᠤᠨ ᠱᠠᠳᠤᠨ ᠤ ᠨᠤᠳᠤᠭ ᠪᠡᠯᠴᠢᠬᠡᠷ ᠤᠨ ᠬᠢᠨᠠᠨ ᠬᠠᠮᠢᠶᠠᠷᠤᠯᠳᠠ ᠶᠢᠨ ᠪᠠᠶᠢᠭᠤᠯᠤᠮᠵᠢ ᠰᠠᠶᠢᠳᠤᠷ ᠲᠡᠬᠦᠯᠳᠡᠷᠵᠢᠵᠤ ᠴᠢᠳᠠᠭ᠎ᠠ ᠦᠬᠡᠢ᠂ ᠲᠤᠰᠬᠠᠢ ᠠᠵᠢᠯᠳᠠᠨ ᠤ ᠠᠵᠢᠯ ᠤᠨ ᠪᠠᠶᠢᠷᠢ ᠪᠠᠶᠢᠬᠤ ᠦᠬᠡᠢ᠂ ᠠᠵᠢᠯ ᠤᠨ ᠵᠠᠷᠤᠳᠠᠯ ᠮᠥᠩᠭᠦ ᠲᠤᠳᠠᠮᠠᠭ᠂ ᠨᠤᠳᠤᠭ ᠪᠡᠯᠴᠢᠬᠡᠷ ᠤᠨ ᠬᠠᠤᠯᠢ ᠬᠡᠷᠡᠭᠵᠢᠬᠦᠯᠬᠦ ᠠᠵᠢᠯ ᠢ ᠦᠷᠨᠢᠬᠦᠯᠬᠦ ᠳᠤ ᠬᠦᠴᠢᠷ ᠪᠠᠶᠢᠭ᠎ᠠ᠃        ᠲᠦᠷᠪᠡ ᠳᠤ ᠠᠭᠤᠷ ᠠᠮᠢᠰᠬᠤᠯ ᠮᠠᠭᠤ᠂ ᠭᠠᠩ ᠬᠠᠭᠤᠷᠠᠢ ᠬᠤᠷ᠎ᠠ ᠴᠢᠭᠢᠭ ᠪᠠᠭ᠎ᠠ᠂ ᠰᠠᠯᠬᠢ ᠶᠡᠭᠡ᠂ ᠡᠯᠡᠰᠤᠨ ᠰᠢᠭᠤᠷᠭ᠎ᠠ ᠵᠡᠷᠬᠡ ᠪᠠᠶᠢᠭᠠᠯᠢ ᠶᠢᠨ ᠭᠠᠮᠰᠢᠭ ᠪᠠᠶᠢᠩᠭᠤ ᠡᠬᠦᠰᠴᠤ᠂ ᠠᠮᠢ ᠠᠬᠤᠢ ᠨᠤᠴᠢᠳᠠᠢ ᠡᠪᠳᠡᠭᠳᠡᠵᠦ ᠪᠠᠶᠢᠨ᠎ᠠ᠃ ᠮᠠᠨ ᠤ ᠬᠤᠰᠢᠭᠤ ᠬᠡᠳᠤᠶᠢᠪᠡᠷ ᠠᠮᠢ ᠠᠬᠤᠢ ᠶᠢᠨ ᠬᠠᠮᠠᠭᠠᠯᠠᠯᠳᠠ ᠪᠤᠯᠤᠨ ᠪᠦᠳᠦᠬᠡᠨ ᠪᠠᠶᠢᠭᠤᠯᠤᠯᠳᠠ ᠲᠡᠬᠡᠷ᠎ᠡ ᠶᠡᠬᠡᠬᠡᠨ ᠠᠵᠢᠯ ᠬᠢᠭᠰᠡᠨ ᠪᠤᠯᠪᠠᠴᠤ ᠲᠡᠷᠡ ᠨᠢ ᠵᠦᠪᠬᠡᠨ ︽ᠪᠦᠬᠦᠶᠢᠯᠡ ᠳᠤᠨᠢ ᠬᠤᠷᠢᠭᠯᠠᠨ ᠲᠤᠭᠳᠠᠭᠠᠵᠤ᠂ ᠬᠡᠰᠡᠭ ᠢ ᠨᠢ ᠰᠡᠷᠬᠦᠬᠡᠨ ᠰᠠᠶᠢᠵᠢᠷᠠᠭᠤᠯᠤᠭᠰᠠᠨ︾ ᠤᠶᠢᠯᠡᠳᠤᠯ ᠭᠠᠷᠭᠠᠪᠠ᠂ ᠬᠠᠷᠢᠨ ᠪᠦᠬᠦ ᠬᠤᠰᠢᠭᠤᠨ ᠤ ᠠᠮᠢ ᠠᠬᠤᠢ ᠮᠠᠭᠤᠳᠠᠭᠰᠠᠨ ᠪᠠᠶᠢᠳᠠᠯ ᠦᠨᠳᠤᠰᠤᠨ ᠴᠢᠨᠠᠷᠳᠠᠢ ᠦᠬᠡᠷᠡᠴᠢᠯᠡᠯᠳᠡ ᠭᠠᠷᠤᠭᠰᠠᠨ ᠦᠬᠡᠢ ᠪᠠᠶᠢᠭᠰᠠᠭᠠᠷ᠃        ᠲᠠᠪᠤ ᠳᠤ ᠪᠡᠯᠴᠢᠭᠡᠷᠯᠡᠭᠦᠯᠬᠦ ᠶᠢ ᠵᠤᠭᠰᠤᠭᠠᠬᠤ᠂ ᠮᠠᠯ ᠤᠨ ᠲᠤᠭ᠎ᠠ ᠶᠢ ᠴᠦᠬᠡᠳᠬᠡᠬᠦ ᠪᠤᠯᠤᠨ ᠬᠠᠩᠭᠠᠯᠭ᠎ᠠ᠂ ᠤᠷᠤᠯᠭ᠎ᠠ ᠶᠢ ᠪᠠᠳᠤᠯᠠᠬᠤ ᠠᠵᠢᠯ ᠤᠨ ᠬᠤᠭᠤᠷᠤᠨᠳᠤ ᠵᠤᠬᠢᠬᠤ ᠬᠡᠮᠵᠢᠶᠡᠨ ᠤ ᠵᠦᠷᠢᠴᠡᠯ ᠤᠷᠤᠰᠢᠵᠤ ᠪᠤᠢ᠃ ᠮᠠᠨ ᠤ ᠬᠤᠰᠢᠭᠤᠨ ᠤ ᠪᠤᠳᠠᠳᠤ ᠪᠠᠶᠢᠳᠠᠯ ᠢ ᠦᠵᠡᠪᠡᠯ᠂ ᠶᠡᠭᠡ ᠬᠡᠪᠴᠢᠶ᠎ᠡ ᠪᠠᠷ ᠬᠠᠰᠢᠶᠠᠯᠠᠨ ᠲᠡᠵᠢᠬᠡᠬᠦ ᠨᠦᠬᠦᠴᠡᠯ ᠪᠠᠰᠠ ᠪᠦᠷᠢᠯᠳᠦᠵᠤ ᠴᠢᠳᠠᠭ᠎ᠠ ᠦᠬᠡᠢ ᠪᠠᠶᠢᠭᠰᠠᠭᠠᠷ᠂ ᠶᠡᠭᠡᠪᠡᠷ ᠮᠠᠯᠵᠢᠬᠤ ᠶᠢ ᠵᠤᠭᠰᠤᠭᠠᠭᠰᠠᠨ ᠤ ᠲᠠᠷᠠᠭ᠎ᠠ᠂ ᠮᠠᠯᠴᠢᠳ ᠤᠨ ᠦᠬᠡᠷᠡᠴᠢᠯᠡᠨ ᠡᠵᠡᠩᠨᠡᠭᠰᠡᠨ ᠠᠵᠤ ᠤᠶᠢᠯᠡᠰ ᠨᠢ ᠲᠡᠳᠬᠦᠮᠵᠢ ᠲᠤᠰᠠᠯᠠᠮᠵᠢ ᠤᠯᠵᠤ ᠬᠦᠷᠲᠡᠬᠦ ᠪᠠᠷ ᠳᠤᠲᠠᠮᠠᠭ ᠪᠠᠶᠢᠵᠤ᠂ ᠮᠠᠯᠴᠢᠳ ᠲᠠᠷᠢᠶᠠᠴᠢᠳ ᠤᠷᠤᠯᠭ᠎ᠠ ᠪᠠᠨ ᠨᠡᠮᠡᠭᠳᠡᠬᠦᠯᠬᠦ ᠳᠤ ᠬᠦᠴᠢᠷ ᠪᠤᠯᠤᠭᠰᠠᠨ ᠪᠠᠶᠢᠨ᠎ᠠ᠃ ᠲᠡᠷᠠᠴᠢᠯᠠᠨ ᠵᠢᠯ ᠪᠦᠷᠢ ᠬᠡᠷᠡᠭᠯᠡᠬᠡᠨ ᠤ ᠲᠦᠪᠰᠢᠨ ᠪᠤᠯᠤᠨ ᠪᠤᠳᠠᠰ ᠤᠨ ᠦᠨ᠎ᠡ ᠦᠰᠬᠦ᠂ ᠲᠠᠷᠢᠶᠠᠯᠠᠩ ᠮᠠᠯ ᠠᠵᠤ ᠦᠢᠯᠡᠰ ᠤᠨ ᠭᠠᠷᠤᠯᠳᠠ ᠪᠦᠳᠦᠬᠡᠭᠳᠡᠬᠦᠨ ᠤ ᠦᠨ᠎ᠠ ᠥᠭᠡᠳᠡ ᠦᠭᠡᠢ ᠶᠢ ᠲᠠᠭᠠᠯᠳᠤᠨ᠂ ᠮᠠᠯᠴᠢᠳ ᠤᠨ ᠠᠮᠢᠳᠤᠷᠠᠯ ᠤᠶᠢᠯᠡᠳᠪᠤᠷᠢᠯᠡᠯ ᠤᠨ ᠦᠪᠡᠷ ᠤᠨ ᠦᠷᠳᠡᠭ ᠲᠠᠰᠤᠷᠠᠯᠳᠠ ᠦᠬᠡᠢ ᠨᠡᠮᠡᠭᠳᠡᠬᠦ ᠲᠤᠯᠠ᠂ ᠠᠮᠢᠳᠤᠷᠠᠯ ᠤᠨ ᠬᠢᠨᠢ ᠬᠢᠷᠢ ᠲᠦᠪᠰᠢᠨ ᠬᠡᠳᠡᠷᠬᠦ ᠪᠠᠨ ᠮᠠᠭᠤᠵᠢᠷᠠᠬᠤ ᠨᠢ ᠵᠠᠶᠢᠯᠠᠰᠢ ᠦᠭᠡᠢ ᠪᠤᠯᠤᠨ᠎ᠠ᠃        ᠵᠢᠷᠭᠤᠭ᠎ᠠ ᠳᠤ ᠮᠠᠨ ᠤ ᠬᠤᠰᠢᠭᠤ ᠨᠢ ᠨᠤᠳᠤᠭ ᠪᠡᠯᠴᠢᠬᠡᠷ ᠤᠨ ᠨᠦᠬᠦᠪᠤᠷᠢ ᠱᠠᠩᠨᠠᠯ ᠢ ᠨᠡᠶᠢᠳᠡᠮ ᠶᠠᠪᠤᠭᠳᠠᠭᠤᠯᠵᠤ᠂ ᠡᠨᠡᠬᠦ ᠠᠵᠢᠯ ᠤᠨ ᠬᠠᠮᠤᠷᠤᠭᠰᠠᠨ ᠬᠡᠪᠴᠢᠶ᠎ᠠ ᠶᠡᠭᠡ᠂ ᠬᠤᠯᠪᠤᠭᠳᠠᠬᠤ ᠲᠠᠯ᠎ᠠ ᠤᠯᠠᠨ ᠪᠠᠶᠢᠵᠤ᠂ ᠭᠠᠵᠠᠷ ᠤᠨ ᠪᠠᠶᠢᠴᠠ ᠭᠠᠳᠠᠷᠭᠤ ᠪᠤᠳᠤᠯᠢᠶᠠᠨᠳᠠᠢ᠂ ᠨᠤᠳᠤᠭ ᠪᠡᠯᠴᠢᠬᠡᠷ ᠬᠠᠮᠢᠶᠠᠷᠤᠨ ᠬᠠᠮᠠᠭᠠᠯᠠᠬᠤ ᠬᠦᠮᠦᠨ ᠬᠦᠴᠦ᠂ ᠡᠳ᠋ ᠮᠦᠩᠬᠦ ᠬᠦᠷᠤᠯᠴᠡᠬᠦ ᠦᠬᠡᠢ ᠠᠴᠠ ᠪᠤᠯᠵᠤ ᠪᠡᠯᠴᠢᠭᠡᠷᠯᠡᠭᠦᠯᠬᠦ ᠶᠢ ᠵᠤᠭᠰᠤᠭᠠᠭᠰᠠᠨ ᠵᠠᠷᠢᠮ ᠤᠷᠤᠨ ᠤ ᠬᠠᠮᠢᠶᠠᠷᠤᠨ ᠬᠠᠮᠠᠭᠠᠯᠠᠬᠤ ᠠᠵᠢᠯ ᠳᠤ ᠠᠰᠠᠭᠤᠳᠠᠯ ᠭᠠᠷᠴᠤ᠂ ᠮᠠᠯᠴᠢᠳ ᠤᠨ ᠬᠤᠭᠤᠷᠤᠨᠳᠤᠬᠢ ᠠᠳᠠᠭᠠᠷᠭᠠᠬᠤ ᠠᠳᠠᠯᠢᠳᠬᠠᠬᠤ ᠪᠠᠶᠢᠳᠠᠯ ᠢ ᠡᠬᠦᠰᠬᠡᠨ᠂ ᠰᠡᠳᠬᠢᠯ ᠢ ᠨᠢ ᠬᠢᠮᠤᠷᠠᠭᠤᠯᠵᠤ᠂ ᠨᠠᠩ ᠴᠤ ᠳᠡᠭᠡᠭᠰᠢ ᠰᠤᠷᠪᠤᠯᠵᠢᠯᠠᠭ᠎ᠠ ᠡᠭᠦᠰᠭᠡᠬᠦ ᠪᠤᠯᠤᠮᠵᠢ ᠤᠯᠭᠤᠭᠰᠠᠨ ᠪᠠᠶᠢᠨ᠎ᠠ᠃        ᠭᠤᠷᠪᠠ᠂ ᠵᠢᠯᠤᠭᠤᠳᠬᠤ ᠦᠵᠡᠯ ᠰᠠᠨᠠᠭ᠎ᠠ᠂ ᠶᠡᠷᠤᠩᠬᠡᠢ ᠬᠠᠷᠠᠯᠳᠠ ᠪᠤᠯᠤᠨ ᠦᠨᠳᠤᠰᠤᠨ ᠵᠠᠷᠴᠢᠮ        ︵ᠨᠢᠬᠡ︶ ᠵᠢᠯᠤᠭᠤᠳᠬᠤ ᠦᠵᠡᠯ ᠰᠠᠨᠠᠭ᠎ᠠ        ᠰᠢ ᠶᠢᠨ ᠫᠢᠩ ᠶᠡᠷᠤᠩᠬᠡᠢ ᠱᠦᠵᠢ ᠶᠢᠨ ᠦᠪᠤᠷ ᠮᠤᠩᠭᠤᠯ ᠢᠶᠠᠷ ᠲᠤᠭᠤᠷᠢᠨ ᠪᠠᠶᠢᠴᠠᠭᠠᠬᠤ ᠦᠶᠡᠰ ᠤᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠦᠨᠵᠡᠬᠡᠢ ᠲᠤᠤᠱᠯᠠᠭᠤᠯᠵᠤ᠂ ᠰᠢᠨ᠎ᠡ ᠶᠢ ᠡᠬᠦᠳᠬᠦ᠂ ᠡᠶ᠎ᠡ ᠵᠤᠬᠢᠴᠠᠩᠭᠤᠢ ᠂ ᠪᠤᠬᠢᠷᠳᠤᠯ ᠦᠬᠡᠢ᠂ ᠨᠡᠭᠡᠭᠡᠯᠲᠡᠲᠦ᠂ ᠬᠠᠮᠳᠤ ᠪᠠᠷ ᠡᠳ᠋ᠯᠡᠬᠦ ᠬᠦᠭᠵᠢᠯᠳᠡ ᠶᠢᠨ ᠦᠵᠡᠯᠳᠡ ᠶᠢ ᠪᠤᠢ ᠪᠤᠯᠭᠠᠨ ᠬᠡᠷᠡᠭᠵᠢᠬᠦᠯᠵᠤ᠂ ︽ᠭᠤᠷᠪᠠ ᠶᠢ ᠪᠠᠳᠤᠯᠠᠵᠤ ᠨᠢᠬᠡ ᠶᠢ ᠲᠡᠬᠦᠯᠳᠡᠷᠵᠢᠬᠦᠯᠬᠦ︾᠂ ᠲᠠᠷᠤᠢ ᠠᠮᠢ ᠠᠬᠤᠢ᠂ ᠲᠤᠭᠳᠠᠭᠤᠨ᠂ ᠬᠠᠩᠭᠠᠯᠭ᠎ᠠ ᠭᠤᠷᠪᠠ ᠶᠢ ᠪᠠᠳᠤᠯᠠᠵᠤ᠂ ᠬᠠᠮᠢᠶ᠎ᠠ ᠪᠦᠬᠦᠢ ᠲᠦᠷᠢᠮ ᠲᠤᠭᠳᠠᠭᠠᠯ ᠢ ᠲᠡᠬᠦᠯᠳᠡᠷᠵᠢᠬᠦᠯᠬᠦ ᠶᠡᠷᠤᠩᠬᠡᠢ ᠱᠠᠭᠠᠷᠳᠠᠯᠭ᠎ᠠ ᠶᠢ ᠦᠨᠳᠤᠰᠤᠯᠡᠨ᠂ ᠲᠤᠭᠳᠠᠴᠠ ᠶᠢᠨ ᠠᠷᠭ᠎ᠠ ᠪᠠᠷᠢᠯ ᠢ ᠤᠯᠠᠮ ᠨᠢᠬᠡ ᠠᠯᠬᠤᠮ ᠰᠢᠨᠡᠴᠢᠯᠡᠵᠤ᠂ ᠠᠮᠢ ᠠᠬᠤᠢ ᠶᠢ ᠰᠡᠷᠬᠦᠬᠡᠬᠦ ᠪᠤᠯᠤᠨ ᠮᠠᠯᠴᠢᠳ ᠤᠨ ᠤᠷᠤᠯᠭ᠎ᠠ ᠶᠢ ᠨᠡᠮᠡᠭᠳᠡᠬᠦᠯᠬᠦ ᠶᠢ ᠦᠨᠳᠤᠰᠤᠨ ᠴᠢᠭᠯᠡᠯᠳᠠ ᠪᠤᠳᠤᠯᠭ᠎ᠠ ᠎ ᠪᠠᠷ ᠲᠤᠭᠳᠠᠭᠠᠨ᠂ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠪᠤᠯᠤᠨ ᠪᠦᠳᠦᠬᠡᠨ ᠪᠠᠶᠢᠭᠤᠯᠤᠯᠳᠠ ᠶᠢ ᠵᠡᠷᠬᠡ ᠪᠠᠷ ᠴᠢᠬᠤᠯᠠᠴᠢᠯᠠᠵᠤ᠂ ᠠᠮᠢ ᠠᠬᠤᠢ ᠶᠢᠨ ᠰᠡᠷᠬᠦᠬᠡᠯᠳᠡ ᠪᠤᠯᠤᠨ ᠠᠵᠤ ᠤᠶᠢᠯᠡᠰ ᠤᠨ ᠬᠦᠭᠵᠢᠯᠳᠡ ᠶᠢ ᠬᠠᠮᠲᠤᠪᠠᠷ ᠶᠠᠪᠤᠭᠳᠠᠭᠤᠯᠤᠨ᠂ ᠡᠵᠡᠩᠨᠡᠯᠳᠡ ᠶᠢᠨ ᠬᠡᠯᠪᠡᠷᠢ ᠶᠢᠨ ᠦᠬᠡᠷᠡᠴᠢᠯᠠᠯᠳᠠ ᠪᠤᠯᠤᠨ ᠤᠷᠤᠯᠭ᠎ᠠ ᠶᠢᠨ ᠨᠡᠮᠡᠭᠳᠡᠯ ᠢ ᠬᠠᠷᠢᠯᠴᠠᠨ ᠤᠶᠠᠯᠳᠤᠭᠤᠯᠵᠤ᠂ ᠨᠤᠳᠤᠭ ᠪᠡᠯᠴᠢᠬᠡᠷ ᠤᠨ ᠠᠮᠢ ᠠᠬᠤᠢ ᠶᠢ ᠰᠡᠷᠬᠦᠬᠡᠭᠰᠡᠨ ᠦᠷ᠎ᠡ ᠪᠦᠳᠦᠮᠵᠢ ᠪᠠᠨ ᠦᠷᠬᠦᠯᠵᠢᠯᠡᠨ ᠪᠠᠳᠤᠳᠬᠠᠬᠤ ᠰᠠᠭᠤᠷᠢᠨ ᠲᠡᠬᠡᠷ᠎ᠡ᠂ ᠨᠤᠳᠤᠭ ᠪᠡᠯᠴᠢᠬᠡᠷ ᠤᠨ ᠠᠮᠢ ᠠᠬᠤᠢ ᠶᠢ ᠦᠷᠬᠦᠯᠵᠢᠯᠡᠨ ᠠᠬᠢᠭᠤᠯᠵᠤ᠂ ᠨᠤᠳᠤᠭ ᠪᠡᠯᠴᠢᠬᠡᠷ ᠤᠨ ᠠᠮᠢ ᠠᠬᠤᠢ ᠶᠢᠨ ᠤᠷᠴᠢᠨ ᠲᠤᠭᠤᠷᠢᠨ ᠤ ᠶᠠᠰᠤ ᠴᠢᠨᠠᠷ ᠢ ᠲᠡᠬᠡᠭᠰᠢᠯᠡᠬᠦᠯᠦᠨ ᠂ ᠨᠤᠳᠤᠭ ᠪᠡᠯᠴᠢᠬᠡᠷ ᠤᠨ ᠠᠮᠢ ᠠᠬᠤᠢ ᠶᠢᠨ ᠡᠬᠢ ᠪᠠᠶᠠᠯᠢᠭ ᠤᠨ ᠠᠷᠪᠢᠯᠠᠭᠰᠠᠨ ᠤᠷᠴᠢᠭᠰᠠᠨ ᠦᠨᠳᠤᠷ ᠦᠷ᠎ᠡ ᠪᠦᠲᠦᠮᠵᠢᠲᠦ ᠠᠰᠢᠭᠯᠠᠯᠳᠠ ᠶᠢ ᠲᠦᠯᠬᠢᠨ ᠠᠬᠢᠭᠤᠯᠤᠨ᠎ᠠ᠃        ︵ᠬᠤᠶᠠᠷ︶ ᠶᠡᠷᠤᠩᠬᠡᠢ ᠬᠠᠷᠠᠯᠳᠠ        ᠨᠤᠳᠤᠭ ᠪᠡᠯᠴᠢᠬᠡᠷ ᠤᠨ ᠠᠮᠢ ᠠᠬᠤᠢ ᠶᠢᠨ ᠨᠦᠬᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠶᠢ ᠬᠡᠷᠡᠭᠵᠢᠬᠦᠯᠬᠦ ᠪᠠᠷ ᠲᠠᠮᠵᠢᠨ᠂ ᠪᠡᠯᠴᠢᠭᠡᠷᠯᠡᠭᠦᠯᠬᠦ ᠶᠢ ᠵᠤᠭᠰᠤᠭᠠᠬᠤ ᠪᠤᠯᠤᠨ ᠮᠠᠯ ᠪᠡᠯᠴᠢᠬᠡᠷ ᠲᠡᠩᠴᠡᠬᠦᠷᠢᠰᠢᠬᠦᠯᠬᠦ ᠲᠦᠷᠢᠮ ᠢ ᠪᠦᠬᠦ ᠲᠠᠯ᠎ᠠ ᠪᠠᠷ ᠲᠤᠤᠱᠯᠠᠭᠤᠯᠤᠨ᠂ ᠨᠤᠳᠤᠭ ᠪᠡᠯᠴᠢᠭᠡᠷ ᠤᠨ ᠡᠷᠬᠡ ᠶᠢ ᠲᠤᠳᠤᠳᠬᠠᠭᠰᠠᠨ ᠲᠠᠭᠠᠭᠠᠴᠢᠯᠠᠯᠳᠠ ᠪᠤᠯᠤᠨ ᠦᠨᠳᠤᠰᠤᠨ ᠨᠤᠳᠤᠭ ᠪᠡᠯᠴᠢᠬᠡᠷ ᠢ ᠬᠤᠪᠢᠶᠠᠷᠢᠯᠠᠬᠤ ᠠᠵᠢᠯ ᠢ ᠲᠡᠬᠦᠯᠳᠡᠷᠵᠢᠬᠦᠯᠵᠤ᠂ ᠨᠤᠳᠤᠭ ᠪᠡᠯᠴᠢᠬᠡᠷ ᠤᠨ ᠠᠮᠢ ᠠᠬᠤᠢ ᠶᠢ ᠬᠠᠤᠯᠢ ᠶᠤᠰᠤᠭᠠᠷ ᠬᠠᠮᠠᠭᠠᠯᠠᠨ᠂ ᠮᠠᠯᠴᠢᠳ ᠤᠨ ᠲᠠᠭᠠᠳᠠᠢ ᠰᠠᠭᠤᠷᠢᠰᠢᠵᠤ ᠤᠶᠢᠯᠡᠰ ᠡᠷᠬᠢᠯᠡᠬᠦ ᠶᠢ ᠠᠬᠢᠭᠤᠯᠵᠤ᠂ ᠮᠠᠯᠵᠢᠬᠤ ᠤᠷᠤᠨ ᠤ ᠡᠶ᠎ᠡ ᠵᠤᠬᠢᠴᠠᠩᠭᠤᠢ ᠬᠦᠭᠵᠢᠯᠳᠡ ᠶᠢ ᠲᠦᠯᠬᠢᠨ ᠠᠬᠢᠭᠤᠯᠤᠨ᠎ᠠ᠃ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠡᠴᠤᠰ ᠪᠤᠯᠬᠤ ᠳᠤ᠂ ᠪᠦᠬᠦ ᠬᠤᠰᠢᠭᠤᠨ ᠤ ᠨᠤᠳᠤᠭ ᠪᠡᠯᠴᠢᠬᠡᠷ ᠤᠨ ᠲᠤᠮᠳᠠᠴᠢ ᠤᠷᠭᠤᠮᠠᠯ ᠤᠨ ᠪᠦᠷᠬᠦᠴᠡ ᠶᠢ 12%᠎ ᠳᠤ ᠬᠦᠷᠬᠡᠵᠤ᠂ ᠲᠤᠮᠳᠠᠴᠢ ᠦᠷᠳᠡᠭ ᠢ ︽ᠠᠷᠪᠠᠨ ᠬᠤᠶᠠᠳᠤᠭᠠᠷ ᠲᠠᠪᠤᠨ ᠵᠢᠯ︾᠎ ᠤᠨ ᠬᠢ ᠠᠴᠠ 2.5 ᠵᠠᠭᠤᠨ ᠤ ᠬᠤᠪᠢ ᠨᠡᠮᠡᠭᠳᠡᠬᠦᠯᠦᠨ᠎ᠠ︔ ᠮᠠᠯᠴᠢᠳ ᠲᠠᠷᠢᠶᠠᠴᠢᠳ ᠤᠨ ᠤᠷᠤᠯᠭ᠎ᠠ ᠪᠠᠨ ᠨᠡᠮᠡᠭᠳᠡᠬᠦᠯᠬᠦ ᠠᠷᠭ᠎ᠠ ᠵᠠᠮ ᠢ ᠨᠢ ᠲᠠᠰᠤᠷᠠᠯᠳᠠ ᠦᠬᠡᠢ ᠦᠷᠭᠡᠳᠬᠡᠨ᠂ ᠮᠠᠯᠴᠢᠳ ᠲᠠᠷᠢᠶᠠᠴᠢᠳ ᠤᠨ ᠤᠷᠤᠯᠭ᠎ᠠ ᠶᠢᠨ ᠲᠦᠪᠰᠢᠨ ᠢ ᠲᠤᠭᠳᠠᠭᠤᠨ ᠢᠶᠠᠷ ᠨᠡᠮᠡᠭᠳᠡᠬᠦᠯᠵᠤ᠂ ᠮᠠᠯᠵᠢᠬᠤ ᠲᠠᠷᠢᠶᠠᠯᠠᠬᠤ ᠤᠷᠤᠨ ᠎ ᠤ ᠰᠠᠭᠤᠭᠠᠯᠢ ᠠᠷᠠᠳ ᠤᠨ ᠬᠦᠮᠦᠨ ᠲᠤᠮᠳᠠᠴᠢ ᠶᠢᠨ ᠡᠵᠡᠮᠳᠡᠵᠤ ᠪᠤᠯᠬᠤ ᠤᠷᠤᠯᠭ᠎ᠠ ᠶᠢ 28431 ᠲᠦᠬᠦᠷᠢᠭ ᠲᠤ ᠬᠦᠷᠬᠡᠨ᠂ ᠵᠢᠯ ᠲᠤᠮᠳᠠᠴᠢ ᠪᠠᠷ 9.5% ᠨᠡᠮᠡᠭᠳᠡᠬᠦᠯᠦᠨ᠎ᠠ᠃ ᠮᠠᠯ ᠠᠵᠤ ᠤᠶᠢᠯᠡᠰ ᠤᠨ ᠬᠦᠭᠵᠢᠯᠳᠡ ᠶᠢᠨ ᠬᠡᠯᠪᠡᠷᠢ ᠎ ᠶᠢ ᠦᠬᠡᠷᠡᠴᠢᠯᠡᠬᠦ ᠪᠠᠷ ᠲᠠᠮᠵᠢᠨ᠂ ᠬᠡᠪᠴᠢᠶᠡᠵᠢᠭᠰᠡᠨ ᠪᠡᠷᠢᠮᠵᠢᠶᠠᠵᠢᠭᠰᠠᠨ ᠬᠠᠰᠢᠶᠠᠯᠠᠨ ᠲᠡᠵᠢᠬᠡᠬᠦ ᠬᠦᠴᠦᠯᠡᠴᠡ ᠪᠠᠨ ᠴᠢᠩᠭᠠᠷᠠᠭᠤᠯᠵᠤ᠂ ᠮᠠᠯᠵᠢᠬᠤ ᠶᠢ ᠵᠤᠭᠰᠤᠭᠠᠭᠰᠠᠨ ᠪᠠ ᠮᠠᠯ ᠪᠡᠯᠴᠢᠬᠡᠷ ᠲᠠᠩᠴᠡᠬᠦᠷᠢᠰᠢᠬᠦᠯᠦᠭᠰᠡᠨ ᠦᠷ᠎ᠡ ᠪᠦᠳᠦᠮᠵᠢ ᠎ ᠪᠠᠨ ᠪᠠᠳᠤᠳᠬᠠᠨ᠎ᠠ︔ ᠨᠤᠳᠤᠭ ᠪᠡᠯᠴᠢᠬᠡᠷ ᠮᠠᠯᠵᠢᠬᠤ ᠤᠶᠢᠯᠡᠰ ᠤᠨ ᠤᠶᠢᠯᠡᠳᠪᠤᠷᠢᠯᠡᠯ ᠡᠵᠡᠩᠨᠠᠯᠳᠠ ᠶᠢᠨ ᠠᠷᠭ᠎ᠠ ᠬᠡᠯᠪᠡᠷᠢ ᠶᠢ ᠲᠦᠷᠬᠡᠳᠬᠡᠨ ᠦᠬᠡᠷᠡᠴᠢᠯᠡᠵᠤ᠂ ᠲᠠᠪᠠᠭᠤᠯᠢᠭ ᠤᠨᠴᠠᠯᠢᠭᠳᠤ ᠮᠠᠯ ᠤᠨ ᠡᠬᠦᠯᠳᠡᠷ ᠢᠶᠠᠨ ᠬᠦᠴᠦᠯᠡᠨ ᠬᠠᠮᠠᠭᠠᠯᠠᠵᠤ᠂ ᠪᠡᠯᠴᠢᠬᠡᠷ ᠤᠨ ᠮᠠᠯ ᠠᠵᠤ ᠤᠶᠢᠯᠡᠰ ᠤᠨ ᠴᠢᠨᠠᠷ ᠢ ᠲᠡᠬᠡᠭᠰᠢᠯᠡᠬᠦᠯᠦᠨ ᠦᠷ᠎ᠡ ᠠᠰᠢᠭ ᠢ ᠨᠡᠮᠡᠭᠳᠡᠬᠦᠯᠵᠤ᠂ ᠪᠤᠬᠢᠷᠳᠤᠯ ᠦᠬᠡᠢ ᠤᠷᠭᠠᠨᠢᠭ ᠮᠠᠯ ᠤᠨ ᠭᠠᠷᠤᠯᠳᠠ ᠰᠢᠮ᠎ᠠ ᠶᠢᠨ ᠪᠦᠳᠦᠬᠡᠭᠳᠡᠬᠦᠨ ᠤ ᠬᠠᠩᠭᠠᠯᠭ᠎ᠠ ᠶᠢᠨ ᠲᠦᠪᠰᠢᠨ ᠢ ᠳᠡᠭᠡᠭᠰᠢᠯᠡᠭᠦᠯᠦᠨ᠂ ᠮᠠᠯᠵᠢᠬᠤ ᠤᠷᠤᠨ ᠤ ᠠᠵᠤ ᠠᠬᠤᠢ ᠶᠢᠨ ᠦᠷᠭᠦᠯᠵᠢᠯᠡᠬᠦᠶᠢᠴᠡ ᠬᠦᠭᠵᠢᠯᠳᠡ ᠶᠢ ᠠᠬᠢᠭᠤᠯᠤᠨ᠎ᠠ︔ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ᠂ ᠴᠢᠨᠡᠬᠡᠯᠢᠭ ᠨᠡᠶᠢᠬᠡᠮ ᠤᠨ ᠪᠦᠬᠦ ᠲᠠᠯ᠎ᠠ ᠶᠢᠨ ᠪᠠᠶᠢᠭᠤᠯᠤᠯᠳᠠ᠂ ᠤᠯᠤᠰ ᠤᠨ ᠤᠮᠠᠷᠠᠳᠤ ᠬᠢᠵᠠᠭᠠᠷ ᠤᠨ ︽ᠦᠵᠠᠰᠬᠦᠯᠡᠩᠳᠤ ᠦᠵᠡᠮᠵᠢ ᠶᠢᠨ ᠱᠤᠭᠤᠮ︾᠎ ᠤᠨ ᠪᠠᠶᠢᠭᠤᠯᠤᠯᠳᠠ ᠶᠢ ᠲᠦᠷᠬᠡᠳᠬᠡᠨ᠂ ᠦᠨᠳᠤᠰᠤᠳᠡᠨ ᠤ ᠪᠦᠯᠬᠦᠮᠳᠡᠯ ᠪᠤᠯᠤᠨ ᠬᠢᠯᠢ ᠬᠢᠵᠠᠭᠠᠷ ᠤᠨ ᠲᠤᠭᠳᠠᠭᠤᠨ ᠳᠤ ᠢᠳᠡᠪᠬᠢᠳᠡᠢ ᠪᠠᠷ ᠬᠤᠪᠢ ᠨᠡᠮᠡᠷᠢ ᠪᠠᠨ ᠲᠡᠪᠰᠢᠬᠦᠯᠦᠨ᠎ᠠ᠃        ︵ᠭᠤᠷᠪᠠ︶ ᠦᠨᠳᠤᠰᠤᠨ ᠵᠠᠷᠴᠢᠮ        ᠠᠮᠢ ᠠᠬᠤᠢ ᠶᠢ ᠬᠠᠮᠠᠭᠠᠯᠠᠵᠤ ᠪᠤᠬᠢᠷᠳᠤᠯ ᠦᠬᠡᠢ ᠬᠦᠭᠵᠢᠬᠦ ᠵᠠᠷᠴᠢᠮ ᠢ ᠪᠠᠷᠢᠮᠳᠠᠯᠠᠨ᠎ᠠ᠃ ︽ᠤᠶᠢᠯᠡᠳᠪᠤᠷᠢᠯᠡᠯ᠂ ᠠᠮᠢᠳᠤᠷᠠᠯ᠂ ᠠᠮᠢ ᠠᠬᠤᠢ ᠶᠢᠨ ᠤᠷᠭᠠᠨᠢᠭ ᠤᠶᠠᠯᠳᠤᠯ︾᠎ ᠤᠨ ᠦᠨᠳᠤᠰᠤᠨ ᠴᠢᠭᠯᠡᠯᠳᠡ ᠶᠢ ᠪᠠᠷᠢᠮᠳᠠᠯᠠᠨ᠂ ᠨᠤᠳᠤᠭ ᠪᠡᠯᠴᠢᠬᠡᠷ ᠤᠨ ᠡᠯ᠎ᠡ ᠲᠦᠷᠦᠯ ᠤᠨ ᠬᠠᠮᠠᠭᠠᠯᠠᠯᠳᠠ ᠶᠢᠨ ᠲᠦᠷᠢᠮ ᠢ ᠠᠬᠢᠭᠤᠯᠤᠨ ᠨᠡᠶᠢᠳᠡᠪᠤᠷᠢᠵᠢᠭᠤᠯᠵᠤ᠂ ᠨᠤᠳᠤᠭ ᠪᠡᠯᠴᠢᠬᠡᠷ ᠤᠨ ᠠᠮᠢ ᠠᠬᠤᠢ ᠶᠢᠨ ᠤᠷᠴᠢᠨ ᠲᠤᠭᠤᠷᠢᠨ ᠢ ᠬᠠᠮᠠᠭᠠᠯᠠᠨ ᠰᠡᠷᠬᠦᠬᠡᠵᠤ᠂ ᠮᠠᠯᠵᠢᠬᠤ ᠤᠷᠤᠨ ᠤ ᠠᠵᠤ ᠠᠬᠤᠢ ᠨᠡᠶᠢᠬᠡᠮ ᠤᠨ ᠦᠷᠭᠦᠯᠵᠢᠯᠡᠬᠦᠶᠢᠴᠡ ᠬᠦᠭᠵᠢᠯᠳᠡ ᠶᠢᠨ ᠰᠠᠭᠤᠷᠢ ᠶᠢ ᠪᠠᠬᠢᠵᠢᠬᠦᠯᠦᠨ᠂ ᠮᠠᠯᠵᠢᠬᠤ ᠤᠷᠤᠨ ᠤ ᠤᠷᠭᠤᠮᠠᠯ ᠤᠨ ᠪᠦᠷᠬᠦᠴᠡ ᠶᠢ ᠶᠡᠬᠡᠰᠬᠡᠵᠤ᠂ ᠮᠠᠯᠵᠢᠬᠤ ᠤᠶᠢᠯᠡᠰ ᠤᠨ ᠦᠷ᠎ᠡ ᠠᠰᠢᠭ ᠢ ᠲᠡᠬᠡᠭᠰᠢᠯᠡᠬᠦᠯᠤᠨ᠂ ᠮᠠᠯᠴᠢᠳ ᠤᠨ ᠤᠷᠤᠯᠭ᠎ᠠ ᠶᠢ ᠨᠡᠮᠡᠭᠳᠡᠬᠦᠯᠦᠨ᠎ᠠ᠃        ᠡᠷᠬᠡ ᠬᠠᠷᠢᠭᠤᠴᠠᠯᠭ᠎ᠠ ᠨᠢᠬᠡᠳᠤᠯᠳᠡᠢ᠂ ᠱᠠᠳᠤ ᠬᠤᠪᠢᠶᠠᠨ ᠨᠡᠶᠢᠳᠡᠪᠤᠷᠢᠵᠢᠭᠤᠯᠬᠤ ᠵᠠᠷᠴᠢᠮ ᠢ ᠪᠠᠷᠢᠮᠳᠠᠯᠠᠨ᠎ᠠ᠃ ᠡᠬᠦᠷᠬᠡ᠂ ᠪᠡᠯᠡ ᠮᠦᠩᠬᠦ᠂ ᠬᠠᠷᠠᠯᠳᠠ᠂ ᠬᠠᠷᠢᠭᠤᠴᠠᠯᠭ᠎ᠠ᠂ ᠠᠷᠭ᠎ᠠ ᠵᠠᠮ ᠵᠡᠷᠬᠡ ᠲᠠᠪᠤ ᠶᠢ ᠰᠤᠮᠤ ᠪᠠᠯᠭᠠᠰᠤᠨ ᠳᠤ ᠬᠦᠷᠬᠡᠬᠦ ᠶᠢ ᠪᠠᠷᠢᠮᠳᠠᠯᠠᠨ᠂ ᠰᠤᠮᠤ ᠪᠠᠯᠭᠠᠰᠤ ᠪᠤᠯ ᠲᠦᠷᠦ ᠶᠢᠨ ᠪᠤᠳᠤᠯᠭ᠎ᠠ ᠬᠡᠷᠡᠭᠵᠢᠬᠦᠯᠬᠦ ᠭᠤᠤᠯ ᠴᠤᠭᠴᠠ ᠪᠤᠯᠤᠨ ᠬᠠᠷᠢᠭᠤᠴᠠᠯᠭᠠᠳᠠᠨ ᠪᠤᠯᠬᠤ ᠶᠢ ᠲᠤᠳᠤᠳᠬᠠᠨ ᠮᠡᠳᠡᠬᠦᠯᠵᠤ᠂ ᠱᠠᠳᠤ ᠲᠠᠷᠠᠭᠠᠯᠠᠨ ᠬᠠᠷᠢᠭᠤᠴᠠᠯᠭ᠎ᠠ ᠶᠢᠨ ᠪᠢᠴᠢᠭ ᠢ ᠵᠢᠷᠤᠨ ᠲᠤᠭᠳᠠᠵᠤ᠂ ᠲᠦᠷᠦ ᠶᠢᠨ ᠪᠤᠳᠤᠯᠭ᠎ᠠ ᠶᠢ ᠨᠡᠶᠢᠳᠡᠪᠤᠷᠢᠵᠢᠭᠤᠯᠬᠤ ᠲᠤᠭᠳᠠᠴᠠ ᠶᠢ ᠲᠡᠬᠦᠯᠳᠡᠷᠵᠢᠬᠦᠯᠦᠨ᠂ ᠪᠡᠯᠡ ᠮᠦᠩᠬᠦᠨ ᠤ ᠬᠠᠮᠢᠶᠠᠷᠤᠯᠳᠠ ᠪᠤᠯᠤᠨ ᠬᠢᠨᠠᠯᠳᠠ ᠪᠠᠶᠢᠴᠠᠭᠠᠯᠳᠠ ᠶᠢ ᠴᠢᠩᠭᠠᠳᠬᠠᠨ᠂ ᠡᠬᠦᠷᠬᠡ ᠬᠠᠷᠢᠭᠤᠴᠠᠯᠭ᠎ᠠ ᠪᠡᠯᠡ ᠮᠦᠩᠬᠦ ᠶᠢ ᠬᠦᠢᠴᠡᠳ ᠵᠤᠬᠢᠰᠳᠡᠢ ᠨᠡᠶᠢᠳᠡᠪᠤᠷᠢᠵᠢᠭᠤᠯᠬᠤ ᠶᠢ ᠪᠠᠳᠤᠯᠠᠨ᠎ᠠ᠃        ᠲᠦᠷᠦ ᠶᠢᠨ ᠪᠤᠳᠤᠯᠭ᠎ᠠ ᠶᠢᠨ ᠲᠤᠭᠳᠠᠭᠤᠨ ᠪᠠ ᠦᠷᠬᠦᠯᠵᠢᠯᠡᠨ ᠠᠬᠢᠭᠤᠯᠬᠤ ᠵᠠᠷᠴᠢᠮ ᠢ ᠪᠠᠷᠢᠮᠳᠠᠯᠠᠨ᠎ᠠ᠃ ᠨᠢᠬᠡᠳᠤᠬᠡᠷ ᠬᠤᠭᠤᠴᠠᠭᠠᠨ ᠤ ᠨᠤᠳᠤᠭ ᠪᠡᠯᠴᠢᠬᠡᠷ ᠤᠨ ᠨᠦᠬᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠠᠴᠠ ᠤᠯᠤᠭᠰᠠᠨ ᠲᠤᠷᠰᠢᠯᠭ᠎ᠠ ᠰᠤᠷᠭᠠᠮᠵᠢ ᠶᠢ ᠳ᠋ᠦᠩᠨᠡᠵᠤ᠂ ᠲᠦᠷᠦ ᠶᠢᠨ ᠪᠤᠳᠤᠯᠭ᠎ᠠ ᠬᠦᠷᠳᠡᠬᠦ ᠬᠦᠮᠦᠰ ᠤᠨ ᠲᠤᠭᠳᠠᠪᠤᠷᠢᠳᠡᠢ ᠪᠠᠶᠢᠬᠤ ᠶᠢ ᠪᠠᠳᠤᠯᠠᠨ᠂ ᠲᠦᠷᠦ ᠶᠢᠨ ᠪᠤᠳᠤᠯᠭ᠎ᠠ ᠶᠢᠨ ᠲᠤᠰᠠᠯᠠᠮᠵᠢ ᠶᠢᠨ ᠬᠦᠴᠦᠯᠡᠴᠡ ᠶᠢ ᠰᠤᠯᠠᠷᠠᠭᠤᠯᠬᠤ ᠦᠬᠡᠢ᠂ ᠱᠠᠩᠨᠠᠯ ᠨᠦᠬᠦᠪᠤᠷᠢ ᠶᠢᠨ ᠪᠡᠷᠢᠮᠵᠢᠶ᠎ᠠ ᠶᠢ ᠪᠠᠭᠤᠷᠠᠭᠤᠯᠬᠤ ᠦᠬᠡᠢ᠂ ᠲᠦᠬᠦᠷᠵᠢᠭᠰᠡᠨ ᠪᠡᠯᠡ ᠮᠦᠩᠬᠦ ᠶᠢ ᠪᠠᠭᠠᠰᠬᠠᠬᠤ ᠦᠬᠡᠢ ᠪᠦᠭᠡᠳ ᠮᠠᠯᠴᠢᠳ ᠲᠠᠷᠢᠶᠠᠴᠢᠳ ᠤᠨ ᠨᠠᠰᠤᠵᠢᠯ ᠤᠨ ᠠᠰᠠᠷᠠᠮᠵᠢ ᠶᠢᠨ ᠲᠤᠭᠳᠠᠴᠠ ᠎ ᠶᠢ ᠪᠠᠳᠤᠳᠬᠠᠨ᠂ ᠵᠦᠷᠢᠴᠡᠯ ᠠᠰᠠᠭᠤᠳᠠᠯ ᠢ ᠲᠤᠬᠢᠳᠠᠢ ᠰᠢᠢᠳᠪᠦᠷᠢᠯᠡᠵᠦ᠂ ᠨᠤᠳᠤᠭ ᠪᠡᠯᠴᠢᠬᠡᠷ ᠤᠨ ᠨᠦᠬᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠶᠢ ᠯᠠᠪᠳᠠᠭᠤᠨ ᠢᠶᠠᠷ ᠨᠡᠶᠢᠳᠡᠪᠤᠷᠢᠵᠢᠭᠤᠯᠤᠨ᠎ᠠ᠃        ᠲᠤᠬᠠᠢ ᠶᠢᠨ ᠭᠠᠵᠠᠷ ᠲᠤᠨᠢ ᠲᠤᠬᠢᠷᠠᠭᠤᠯᠤᠨ ᠪᠤᠳᠠᠲᠠᠢ ᠠᠴᠠ ᠡᠬᠦᠰᠬᠦ ᠵᠠᠷᠴᠢᠮ ᠢ ᠪᠠᠷᠢᠮᠳᠠᠯᠠᠨ᠎ᠠ᠃ ᠲᠦᠷᠦ ᠎ ᠶᠢᠨ ᠪᠤᠳᠤᠯᠭ᠎ᠠ ᠶᠢ ᠬᠡᠷᠡᠭᠵᠢᠬᠦᠯᠬᠦ ᠳᠤ ᠡᠯ᠎ᠡ ᠰᠤᠮᠤ ᠪᠠᠯᠭᠠᠰᠤ ᠭᠠᠴᠠᠭᠠᠨ ᠤ ᠪᠡᠯᠴᠢᠬᠡᠷ ᠤᠨ ᠪᠤᠳᠠᠳᠤ ᠪᠠᠶᠢᠳᠠᠯ ᠢ ᠬᠦᠨᠳᠦᠳᠬᠡᠵᠤ᠂ ᠦᠨᠳᠤᠰᠤᠨ ᠱᠠᠳᠤᠨ ᠤ ᠵᠤᠬᠢᠶᠠᠨ ᠪᠠᠶᠢᠭᠤᠯᠤᠯᠳᠠ ᠪᠤᠯᠤᠨ ᠮᠠᠯᠴᠢᠳ ᠤᠨ ᠰᠠᠨᠠᠯ ᠪᠤᠳᠤᠯ ᠢ ᠲᠤᠰᠬᠠᠵᠤ᠂ ᠪᠡᠯᠴᠢᠭᠡᠷᠯᠡᠭᠦᠯᠬᠦ ᠶᠢ ᠵᠤᠭᠰᠤᠭᠠᠬᠤ ᠤᠷᠤᠨ ᠪᠤᠯᠤᠨ ᠮᠠᠯ ᠪᠡᠯᠴᠢᠬᠡᠷ ᠲᠡᠩᠴᠡᠬᠦᠷᠢᠰᠢᠬᠦᠯᠬᠦ ᠤᠷᠤᠨ ᠢ ᠰᠢᠨᠵᠢᠯᠡᠬᠦ ᠤᠬᠠᠭᠠᠨᠴᠢ ᠪᠠᠷ ᠬᠤᠪᠢᠶᠠᠨ᠂ ᠨᠦᠬᠦᠪᠤᠷᠢ ᠱᠠᠩᠨᠠᠯ ᠠᠪᠬᠤ ᠡᠳᠡᠬᠡᠳ ᠪᠤᠯᠤᠨ ᠨᠦᠬᠦᠪᠤᠷᠢ ᠱᠠᠩᠨᠠᠯ ᠤᠨ ᠪᠡᠷᠢᠮᠵᠢᠶ᠎ᠠ ᠶᠢ ᠵᠤᠬᠢᠰᠳᠡᠢ ᠲᠤᠭᠳᠠᠭᠠᠨ᠎ᠠ᠃        ᠢᠯᠡ ᠲᠤᠳᠤᠷᠬᠠᠢ᠂ ᠡᠷᠤᠬᠡ ᠳᠤ ᠬᠦᠷᠳᠡᠯ᠎ᠡ ᠨᠦᠬᠦᠪᠤᠷᠢᠯᠡᠨ ᠱᠠᠩᠨᠠᠬᠤ ᠵᠠᠷᠴᠢᠮ ᠢ ᠪᠠᠷᠢᠮᠳᠠᠯᠠᠨ᠎ᠠ᠃ ᠭᠠᠴᠠᠭ᠎ᠠ ᠪᠠᠷ ᠦᠨᠳᠤᠰᠤᠨ ᠨᠢᠬᠡᠴᠡ ᠪᠤᠯᠭᠠᠨ ᠬᠡᠷᠡᠭᠵᠢᠬᠦᠯᠵᠤ᠂ ᠪᠦᠬᠦ ᠶᠠᠪᠤᠴᠠ ᠳᠤ ᠲᠤᠳᠤᠷᠬᠠᠢ ᠪᠠᠶᠢᠬᠤ ᠶᠢ ᠪᠠᠷᠢᠮᠳᠠᠯᠠᠨ᠂ ᠡᠬᠦᠷᠬᠡ ᠪᠠᠨ ᠪᠡᠶᠡᠯᠡᠭᠦᠯᠬᠦ᠂ ᠪᠡᠯᠡ ᠮᠦᠩᠬᠦ ᠲᠠᠷᠬᠠᠭᠠᠬᠤ᠂ ᠲᠠᠩᠰᠠᠯᠠᠵᠤ ᠺᠠᠷᠲᠯᠠᠬᠤ᠂ ᠤᠶᠢᠯᠡᠴᠢᠯᠠᠵᠤ ᠵᠢᠯᠤᠭᠤᠳᠬᠤ᠂ ᠬᠢᠨᠠᠨ ᠬᠠᠮᠢᠶᠠᠷᠬᠤ ᠲᠠᠪᠤᠨ ᠠᠵᠢᠯᠯᠠᠭ᠎ᠠ ᠶᠢ ᠡᠷᠤᠬᠡ ᠳᠤ ᠬᠦᠷᠲᠡᠯ᠎ᠡ ᠬᠡᠷᠡᠭᠵᠢᠬᠦᠯᠵᠤ᠂ ᠨᠤᠳᠤᠭ ᠪᠠᠯᠴᠢᠬᠡᠷ ᠤᠨ ᠨᠦᠬᠦᠪᠤᠷᠢ ᠱᠠᠩᠨᠠᠯ ᠢ ᠰᠦᠯᠵᠢᠶᠠᠨ ᠳᠤ ᠨᠡᠶᠢᠳᠡᠯᠡᠬᠦ ᠪᠤᠯᠤᠨ ᠭᠠᠴᠠᠭᠠᠨ ᠤ ᠢᠯᠡ ᠨᠡᠶᠢᠳᠡᠯᠡᠬᠦ ᠲᠦᠷᠢᠮ ᠎ ᠢ ᠶᠠᠪᠤᠭᠤᠯᠵᠤ᠂ ᠲᠦᠷᠦ ᠶᠢᠨ ᠪᠤᠳᠤᠯᠭ᠎ᠠ ᠢᠯᠡ ᠲᠤᠳᠤᠷᠬᠠᠢ ᠬᠡᠷᠡᠭᠵᠢᠬᠦᠯᠦᠭᠳᠡᠬᠦ ᠶᠢ ᠪᠠᠳᠤᠯᠠᠨ᠎ᠠ᠃        ᠤᠨᠤᠪᠴᠢᠳᠡᠢ ᠪᠠᠷ ᠶᠠᠳᠠᠭᠤ ᠶᠢ ᠲᠡᠳᠬᠦᠵᠤ ᠬᠦᠮᠦᠨ ᠳᠤ ᠬᠦᠷᠳᠡᠯ᠎ᠡ ᠨᠦᠬᠦᠪᠤᠷᠢᠯᠡᠬᠦ ᠵᠠᠷᠴᠢᠮ ᠢ ᠪᠠᠷᠢᠮᠳᠠᠯᠠᠨ᠎ᠠ᠃ ᠨᠤᠳᠤᠭ ᠪᠡᠯᠴᠢᠬᠡᠷ ᠤᠨ ᠠᠮᠢ ᠠᠬᠤᠢ ᠮᠠᠭᠤᠵᠢᠷᠠᠭᠰᠠᠨ ᠨᠢ ᠮᠠᠯᠵᠢᠬᠤ ᠤᠷᠤᠨ ᠤ ᠶᠠᠳᠠᠭᠤᠷᠠᠯ ᠢ ᠡᠬᠦᠰᠬᠡᠭᠰᠡᠨ ᠴᠢᠬᠤᠯᠠ ᠰᠢᠯᠳᠠᠭᠠᠨ᠂ ᠲᠦᠷᠦᠯ ᠵᠤᠶᠢᠯ ᠤᠨ ᠤᠷᠤᠨ ᠳᠠᠬᠢ ᠶᠠᠳᠠᠭᠤ ᠬᠦᠴᠢᠷᠳᠡᠯᠳᠡᠢ ᠬᠦᠮᠦᠰ ᠲᠤ ᠨᠤᠳᠤᠭ ᠪᠡᠯᠴᠢᠭᠡᠷ ᠤᠨ ᠨᠦᠬᠦᠪᠤᠷᠢ ᠪᠠᠷ ᠢᠯᠡᠬᠦᠤ ᠬᠠᠷᠠᠭᠠᠯᠵᠠᠵᠤ᠂ ᠶᠠᠳᠠᠭᠤ ᠬᠦᠴᠢᠷᠳᠡᠯᠳᠡᠢ ᠮᠠᠯᠴᠢᠳ ᠲᠠᠷᠢᠶᠠᠴᠢᠳ ᠎ ᠢ ᠤᠳᠤᠷᠢᠳᠤᠨ ᠨᠡᠬᠦᠯᠬᠡᠨ ᠰᠢᠯᠵᠢᠬᠦᠯᠵᠤ ᠤᠶᠢᠯᠡᠳᠪᠤᠷᠢᠯᠡᠯ ᠤᠨ ᠬᠡᠯᠪᠡᠷᠢ ᠶᠢ ᠨᠢ ᠦᠬᠡᠷᠡᠴᠢᠯᠡᠨ᠂ ᠤᠶᠢᠯᠡᠳᠪᠤᠷᠢᠯᠡᠯ ᠠᠮᠢᠳᠤᠷᠠᠯ ᠤᠨ ᠬᠢᠨᠢ ᠨᠦᠬᠦᠴᠡᠯ ᠢ ᠰᠠᠶᠢᠵᠢᠷᠠᠭᠤᠯᠵᠤ᠂ ︽ᠠᠮᠢ ᠠᠬᠤᠢ ᠶᠢ ᠨᠦᠬᠦᠪᠤᠷᠢᠯᠡᠬᠦ ᠪᠠᠷ ᠨᠢᠬᠡ ᠪᠦᠯᠦᠭ ᠬᠦᠮᠦᠰ ᠢ ᠶᠠᠳᠠᠭᠤ ᠠᠴᠠ ᠠᠩᠬᠢᠵᠢᠷᠠᠭᠤᠯᠬᠤ︾ ᠤᠯᠤᠰ ᠤᠨ ᠤᠨᠤᠪᠴᠢᠳᠠᠢ ᠪᠠᠷ ᠶᠠᠳᠠᠭᠤ ᠠᠴᠠ ᠲᠡᠳᠬᠦᠬᠦ ᠲᠦᠷᠦ ᠎ ᠶᠢᠨ ᠪᠤᠳᠤᠯᠭ᠎ᠠ ᠶᠢ ᠢᠳᠡᠪᠬᠢᠳᠡᠢ ᠨᠡᠶᠢᠳᠡᠪᠤᠷᠢᠵᠢᠭᠤᠯᠤᠨ᠎ᠠ᠃        ᠲᠦᠷᠦ ᠶᠢᠨ ᠪᠤᠳᠤᠯᠭ᠎ᠠ ᠶᠢ ᠬᠡᠷᠡᠭᠵᠢᠬᠦᠯᠵᠤ᠂ ᠦᠬᠡᠷᠡᠴᠢᠯᠡᠯᠳᠡ ᠶᠢ ᠬᠦᠨᠵᠡᠬᠡᠶᠢᠷᠡᠬᠦᠯᠬᠦ ᠵᠠᠷᠴᠢᠮ ᠢ ᠪᠠᠷᠢᠮᠳᠠᠯᠠᠨ᠎ᠠ᠃ ᠮᠠᠯᠵᠢᠬᠤ ᠤᠷᠤᠨ ᠤ ᠨᠤᠳᠤᠭ ᠪᠠᠯᠴᠢᠬᠡᠷ ᠤᠨ ᠡᠷᠬᠡ ᠶᠢ ᠲᠤᠳᠤᠳᠬᠠᠨ ᠲᠠᠭᠠᠭᠠᠴᠢᠯᠠᠬᠤ ᠠᠵᠢᠯ ᠢ ᠲᠦᠷᠬᠡᠳᠬᠡᠨ ᠠᠬᠢᠭᠤᠯᠵᠤ᠂ ᠪᠡᠯᠴᠢᠬᠡᠷ ᠤᠨ ᠮᠠᠯ ᠠᠵᠤ ᠤᠶᠢᠯᠡᠰ ᠤᠨ ᠰᠠᠭᠤᠷᠢ ᠲᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠳᠠᠬᠢ ᠤᠷᠤᠭᠤᠯᠤᠯᠳᠠ ᠪᠠᠨ ᠨᠡᠮᠡᠭᠳᠡᠬᠦᠯᠦᠨ᠂ ᠮᠠᠯ ᠠᠵᠤ ᠤᠶᠢᠯᠡᠰ ᠤᠨ ᠤᠶᠢᠯᠡᠳᠪᠤᠷᠢᠯᠡᠯ ᠡᠵᠡᠩᠨᠡᠯᠳᠡ ᠶᠢᠨ ᠬᠡᠯᠪᠡᠷᠢ ᠶᠢ ᠦᠬᠡᠷᠡᠴᠢᠯᠡᠬᠦ ᠪᠠᠨ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠰᠢᠨ᠎ᠠ ᠬᠡᠯᠪᠡᠷᠢ ᠶᠢᠨ ᠡᠵᠡᠩᠨᠡᠯᠳᠡ ᠶᠢᠨ ᠭᠤᠤᠯ ᠴᠤᠭᠴᠠ ᠶᠢ ᠲᠡᠳᠬᠦᠨ ᠪᠠᠶᠢᠭᠤᠯᠵᠤ᠂ ᠲᠤᠬᠠᠢ ᠶᠢᠨ ᠭᠠᠵᠠᠷ ᠲᠤᠨᠢ ᠲᠤᠬᠢᠷᠠᠭᠤᠯᠤᠨ ᠲᠠᠷᠢᠶᠠᠯᠠᠩ ᠮᠠᠯ ᠠᠵᠤ ᠠᠬᠤᠢ ᠶᠢᠨ ᠲᠠᠪᠤᠨ ᠶᠡᠭᠡ ᠤᠨᠴᠠᠯᠢᠭᠳᠤ ᠠᠵᠤ ᠤᠶᠢᠯᠡᠰ ᠢ ᠬᠦᠭᠵᠢᠬᠦᠯᠦᠨ᠂ ᠠᠵᠤ ᠤᠶᠢᠯᠡᠰᠵᠢᠭ᠌ᠰᠠᠨ ᠡᠵᠡᠩᠨᠡᠯᠳᠡ ᠶᠢ ᠪᠠᠶᠠᠯᠠᠬᠦᠯᠦᠨ᠎ᠠ᠃        ᠲᠦᠷᠪᠡ᠂ ᠬᠡᠷᠡᠭᠵᠢᠬᠦᠯᠬᠦ ᠬᠡᠪᠴᠢᠶ᠎ᠠ᠂ ᠬᠦᠷᠳᠡᠬᠦ ᠡᠳᠡᠬᠡᠳ ᠵᠢᠴᠢ ᠬᠤᠪᠢᠶᠠᠷᠢᠯᠠᠯᠳᠠ        ︵ᠨᠢᠬᠡ︶ ᠬᠡᠷᠡᠭᠵᠢᠬᠦᠯᠬᠦ ᠬᠡᠪᠴᠢᠶ᠎ᠠ        ᠪᠠᠶᠢᠭᠠᠯᠢᠯᠢᠭ ᠨᠤᠳᠤᠭ ᠪᠡᠯᠴᠢᠬᠡᠷ ᠤᠨ ᠡᠷᠬᠡ ᠶᠢ ᠲᠤᠳᠤᠳᠬᠠᠵᠤ ᠳᠠᠭᠠᠭᠠᠴᠢᠯᠠᠬᠤ ᠪᠤᠶᠤ ᠨᠢᠬᠡᠳᠤᠬᠡᠷ ᠬᠤᠭᠤᠴᠠᠭᠠᠨ ᠤ ᠨᠤᠳᠤᠭ ᠪᠡᠯᠴᠢᠬᠡᠷ ᠤᠨ ᠨᠦᠬᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠠᠴᠠ ᠲᠠᠭᠠᠭᠠᠴᠢᠯᠠᠬᠤ ᠎ ᠪᠠᠷ ᠲᠤᠭᠳᠠᠭᠰᠠᠨ ᠪᠠᠶᠢᠭᠠᠯᠢᠯᠢᠭ ᠨᠤᠳᠤᠭ ᠪᠡᠯᠴᠢᠬᠡᠷ ᠢᠶᠠᠷ ᠦᠨᠳᠤᠰᠤᠯᠡᠯ ᠪᠤᠯᠭᠠᠵᠤ᠂ ᠨᠤᠳᠤᠭ ᠪᠡᠯᠴᠢᠬᠡᠷ ᠤᠨ ᠠᠮᠢ ᠠᠬᠤᠢ ᠶᠢᠨ ᠤᠳᠤᠬᠢ ᠪᠠᠶᠢᠳᠠᠯ᠂ ᠪᠠᠶᠢᠭᠠᠯᠢ ᠶᠢᠨ ᠤᠷᠴᠢᠨ ᠤ ᠠᠬᠤᠢ ᠪᠠᠶᠢᠳᠠᠯ᠂ ᠨᠤᠳᠤᠭ ᠪᠡᠯᠴᠢᠬᠡᠷ ᠤᠨ ᠲᠠᠭᠠᠭᠠᠴᠠ ᠬᠦᠴᠦ ᠵᠢᠴᠢ ᠲᠡᠬᠦᠨ ᠤ ᠰᠡᠷᠬᠦᠬᠦ ᠴᠢᠳᠠᠪᠤᠷᠢ ᠵᠡᠷᠬᠡ ᠪᠤᠰᠤᠳᠴᠢ ᠨᠦᠬᠦᠴᠡᠯ ᠤᠳ ᠪᠤᠯᠤᠨ ᠠᠮᠢ ᠠᠬᠤᠢ ᠎ ᠶᠢᠨ ᠬᠠᠮᠠᠭᠠᠯᠠᠯᠳᠠ ᠪᠠᠶᠢᠭᠤᠯᠤᠯᠳᠠ ᠶᠢᠨ ᠲᠦᠷᠦᠯ ᠵᠤᠶᠢᠯ ᠢ ᠬᠡᠷᠡᠭᠵᠢᠬᠦᠯᠦᠬᠡᠳ ᠤᠯᠤᠭᠰᠠᠨ ᠦᠷ᠎ᠡ ᠪᠦᠳᠦᠮᠵᠢ ᠢ ᠤᠶᠠᠯᠳᠤᠭᠤᠯᠤᠨ᠂ ᠪᠦᠬᠦ ᠬᠤᠰᠢᠭᠤᠨ ᠤ ᠰᠢᠨ᠎ᠠ ᠨᠢᠬᠡᠨ ᠡᠬᠡᠯᠵᠢ ᠶᠢᠨ ᠨᠤᠳᠤᠭ ᠪᠡᠯᠴᠢᠬᠡᠷ ᠤᠨ ᠨᠦᠬᠦᠪᠤᠷᠢ ᠱᠠᠩᠨᠠᠯ ᠎ ᠤᠨ ᠲᠦᠷᠦ ᠶᠢᠨ ᠪᠤᠳᠤᠯᠭ᠎ᠠ ᠶᠢ ᠶᠠᠪᠤᠭᠳᠠᠭᠤᠯᠬᠤ ᠶᠡᠷᠤᠩᠬᠡᠢ ᠲᠠᠯᠠᠪᠠᠢ ᠶᠢ 10693.63 ᠲᠦᠮᠡᠨ ᠮᠤ᠋ ᠪᠠᠷ ᠲᠤᠭᠲᠠᠭᠠᠵᠤ᠂ ᠡᠬᠦᠨ ᠳᠤ ᠪᠡᠯᠴᠢᠭᠡᠷᠯᠡᠭᠦᠯᠬᠦ ᠶᠢ ᠵᠤᠭᠰᠤᠭᠠᠬᠤ ᠤᠷᠤᠨ 2032.23 ᠲᠦᠮᠡᠨ ᠮᠤ᠋᠂ ᠮᠠᠯ ᠪᠡᠯᠴᠢᠬᠡᠷ ᠲᠠᠩᠴᠡᠬᠦᠷᠢᠰᠢᠬᠦᠯᠬᠦ ᠤᠷᠤᠨ 8661.4 ᠲᠦᠮᠡᠨ ᠮᠤ᠋ ᠪᠠᠶᠢᠵᠤ᠂ ᠪᠦᠬᠦ ᠬᠤᠰᠢᠭᠤᠨ ᠤ 8 ᠰᠤᠮᠤ ᠪᠠᠯᠭᠠᠰᠤᠨ ᠤ 19 ᠭᠠᠴᠠᠭ᠎ᠠ ᠶᠢ ᠬᠠᠮᠤᠷᠪᠠ᠃        ︵ᠬᠤᠶᠠᠷ︶ ᠬᠦᠷᠳᠡᠬᠦ ᠡᠳᠡᠬᠡᠳ        ᠬᠠᠤᠯᠢ ᠶᠤᠰᠤᠭᠠᠷ ᠬᠤᠶᠠᠳᠡᠬᠢ ᠡᠬᠡᠯᠵᠢ ᠶᠢᠨ ᠨᠤᠳᠤᠭ ᠪᠡᠯᠴᠢᠬᠡᠷ ᠤᠨ ᠲᠠᠭᠠᠭᠠᠴᠢᠯᠠᠯᠳᠠ ᠶᠢᠨ ᠬᠡᠷ᠎ᠡ᠂ ᠨᠤᠳᠤᠭ ᠪᠡᠯᠴᠢᠬᠡᠷ ᠡᠵᠡᠩᠨᠡᠬᠦ ᠡᠷᠬᠡ ᠶᠢᠨ ᠲᠡᠪᠳᠡᠷ ᠪᠤᠶᠤ ᠡᠷᠤᠬᠡ ᠪᠠᠷ ᠬᠤᠯᠪᠤᠭᠠᠯᠠᠨ ᠲᠠᠭᠠᠭᠠᠴᠢᠯᠠᠬᠤ ᠬᠡᠷ᠎ᠡ ᠪᠤᠯᠤᠨ ᠡᠷᠤᠬᠡ ᠪᠠᠷ ᠬᠤᠯᠪᠤᠭᠠᠯᠠᠨ ᠡᠵᠡᠩᠨᠡᠬᠦ ᠡᠷᠬᠡ ᠶᠢᠨ ᠲᠡᠪᠳᠡᠷ ᠢ ᠬᠠᠤᠯᠢ ᠶᠤᠰᠤᠭᠠᠷ ᠭᠠᠷᠳᠠᠨ ᠤᠯᠤᠭᠰᠠᠨ᠂ ᠪᠤᠳᠠᠳᠠᠢ ᠲᠡᠬᠡᠷ᠎ᠡ ᠪᠠᠨ ᠪᠡᠯᠴᠢᠬᠡᠷ ᠤᠨ ᠮᠠᠯ ᠠᠵᠤ ᠤᠶᠢᠯᠡᠰ ᠡᠷᠬᠢᠯᠡᠵᠤ ᠪᠠᠶᠢᠭ᠎ᠠ ᠪᠦᠬᠡᠳ ᠮᠠᠨ ᠤ ᠬᠤᠰᠢᠭᠤᠨ ᠤ ᠡᠷᠤᠬᠡ ᠠᠮᠠ ᠎ ᠶᠢᠨ ᠲᠠᠩᠰᠠ ᠪᠦᠬᠦᠢ ᠳᠠᠷᠠᠭᠠᠬᠢ ᠨᠦᠬᠦᠴᠡᠯ ᠲᠠᠢ ᠬᠦᠮᠦᠰ ᠬᠤᠶᠠᠳᠤᠭᠠᠷ ᠬᠤᠭᠤᠴᠠᠭᠠᠨ ᠤ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠬᠦᠷᠳᠡᠵᠤ ᠪᠤᠯᠤᠨ᠎ᠠ᠄        ⒈ ᠨᠢᠬᠡᠳᠤᠬᠡᠷ ᠬᠤᠭᠤᠴᠠᠭᠠᠨ ᠤ ᠨᠤᠳᠤᠭ ᠪᠡᠯᠴᠢᠬᠡᠷ ᠤᠨ ᠨᠦᠬᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠬᠦᠷᠳᠡᠵᠤ ᠪᠠᠶᠢᠭᠰᠠᠨ ᠪᠦᠬᠦ ᠮᠠᠯᠴᠢᠳ ᠲᠠᠷᠢᠶᠠᠴᠢᠳ︔        ⒉ᠤᠷᠤᠭ ᠬᠤᠷᠢᠮ ᠤᠨ ᠬᠠᠷᠢᠴᠠᠭ᠎ᠠ ᠪᠠᠷ ᠮᠠᠨ ᠤ ᠬᠤᠰᠢᠭᠤᠨ ᠤ ᠮᠠᠯᠵᠢᠬᠤ ᠲᠡᠷᠢᠶᠠᠯᠠᠬᠤ ᠤᠷᠤᠨ ᠳᠤ ᠪᠠᠭᠳᠠᠨ ᠤᠷᠤᠭᠠᠳ ᠨᠢᠬᠡᠨᠳᠡ 3 ᠵᠢᠯ ᠪᠤᠯᠤᠭᠰᠠᠨ ︵ᠤᠷᠤᠭ ᠤᠨ ᠪᠠᠲᠤᠯᠠᠭ᠎ᠠ ᠲᠡᠬᠡᠷᠡᠬᠢ ᠲᠠᠩᠰᠠᠯᠠᠭᠰᠠᠨ ᠴᠠᠭ ᠢᠶᠠᠷ ᠲᠤᠭᠳᠠᠨ᠎ᠠ︶ ᠪᠦᠬᠡᠳ ᠲᠠᠷᠢᠶᠠᠯᠠᠩ ᠮᠠᠯ ᠠᠵᠤ ᠤᠶᠢᠯᠡᠰ ᠡᠷᠬᠢᠯᠡᠵᠤ ᠪᠠᠶᠢᠭ᠎ᠠ ᠡᠮᠡᠭᠳᠡᠢ︔        ⒊ᠴᠡᠷᠢᠭ ᠤᠨ ᠠᠯᠪᠠ ᠶᠠᠭ ᠬᠠᠭᠠᠭᠠᠵᠤ ᠪᠠᠶᠢᠭ᠎ᠠ ᠬᠦᠮᠦᠨ︔        ⒋ᠡᠷᠡᠬᠦᠤ ᠶᠢᠨ ᠬᠤᠭᠤᠴᠠᠭ᠎ᠠ ᠲᠠᠭᠤᠰᠴᠤ᠂ ᠭᠠᠴᠠᠭ᠎ᠠ ᠪᠤᠶᠤ ᠬᠠᠤᠯᠢ ᠴᠠᠭᠠᠵᠠ ᠶᠢᠨ ᠰᠠᠯᠠᠭ᠎ᠠ ᠮᠦᠴᠢᠷ ᠎ ᠠᠴᠠ ᠭᠠᠷᠭᠠᠭᠰᠠᠨ ᠤᠶᠢᠯᠡ ᠠᠵᠢᠯᠯᠠᠭᠠᠨ ᠤ ᠬᠡᠪ ᠤᠨ ᠪᠤᠯᠬᠤ ᠶᠢ ᠬᠡᠷᠡᠴᠢᠯᠡᠭᠰᠡᠨ ᠪᠢᠴᠢᠭ ᠲᠠᠢ ᠬᠦᠮᠦᠨ︔        ⒌ᠲᠦᠯᠦᠪᠯᠡᠬᠡᠳᠤ ᠦᠷᠡᠵᠢᠯ ᠤᠨ ᠲᠦᠷᠦ ᠶᠢᠨ ᠪᠤᠳᠤᠯᠭ᠎ᠠ ᠳᠤ ᠵᠤᠬᠢᠴᠠᠵᠤ ᠪᠠᠶᠢᠭ᠎ᠠ ᠪᠦᠬᠡᠳ ᠮᠠᠨ ᠤ ᠬᠤᠰᠢᠭᠤᠨ ᠤ ᠮᠠᠯᠵᠢᠬᠤ ᠲᠠᠷᠢᠶᠠᠯᠠᠬᠤ ᠤᠷᠤᠨ ᠤ ᠡᠷᠤᠬᠡ ᠠᠮᠠ ᠶᠢᠨ ᠲᠠᠩᠰᠠ ᠲᠠᠢ ᠰᠢᠨ᠎ᠠ ᠲᠦᠷᠦᠭᠰᠡᠨ ᠬᠡᠤᠬᠡᠳ ᠲᠦᠷᠦᠭᠰᠡᠨ ᠤ ᠢᠶᠠᠨ ᠲᠠᠷᠠᠭ᠎ᠠ ᠵᠢᠯ ᠠᠴᠠ ᠡᠬᠢᠯᠡᠨ ᠨᠤᠳᠤᠭ ᠪᠡᠯᠴᠢᠬᠡᠷ ᠤᠨ ᠨᠦᠬᠦᠪᠤᠷᠢ ᠱᠠᠩᠨᠠᠯ ᠤᠨ ᠬᠠᠷᠠᠭᠠᠯᠵᠠᠯ ᠬᠦᠷᠳᠡᠵᠤ ᠪᠤᠯᠤᠨ᠎ᠠ︔ ᠪᠤᠰᠤᠳ ᠰᠢᠨ᠎ᠠ ᠪᠠᠷ ᠨᠡᠮᠡᠭᠳᠡᠭᠰᠡᠨ ᠬᠦᠮᠦᠰ ᠨᠢ ᠬᠢᠨᠠᠨ ᠰᠢᠯᠭᠠᠯᠳᠠ ᠦᠩᠬᠡᠷᠡᠬᠡᠭᠰᠡᠨ ᠤ ᠲᠠᠷᠠᠭᠠᠬᠢ ᠵᠢᠯ ᠠᠴᠠ ᠡᠬᠢᠯᠡᠨ ᠨᠤᠳᠤᠭ ᠪᠡᠯᠴᠢᠬᠡᠷ ᠤᠨ ᠨᠦᠬᠦᠪᠤᠷᠢ ᠱᠠᠩᠨᠠᠯ ᠤᠨ ᠬᠠᠷᠠᠭᠠᠯᠵᠠᠯ ᠬᠦᠷᠳᠡᠵᠤ ᠪᠤᠯᠤᠨ᠎ᠠ᠃        ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠶᠢᠨ ᠬᠠᠷᠠᠭᠠᠯᠵᠠᠯ ᠬᠦᠷᠳᠡᠵᠤ ᠪᠠᠶᠢᠭᠰᠠᠨ ᠬᠦᠮᠦᠰ ᠲᠠᠷᠠᠭᠠᠬᠢ ᠨᠢᠬᠡ ᠪᠠᠶᠢᠳᠠᠯ ᠳᠤ ᠪᠠᠭᠳᠠᠪᠠᠯ ᠲᠤᠭᠳᠠᠭᠰᠠᠨ ᠡᠳᠤᠷ ᠠᠴᠠ ᠡᠬᠢᠯᠡᠨ ᠨᠦᠬᠦᠪᠦᠷᠢ ᠱᠠᠩᠨᠠᠯ ᠬᠦᠷᠳᠡᠬᠡᠬᠦ ᠦᠬᠡᠢ᠄        ⒈ᠵᠠᠰᠠᠭ ᠵᠠᠬᠢᠷᠭ᠎ᠠ ᠠᠯᠪᠠᠨ ᠪᠠᠶᠢᠭᠤᠯᠭ᠎ᠠ᠂ ᠤᠯᠤᠰ ᠤᠨ ᠦᠮᠴᠢᠯᠠᠯᠳᠤ ᠠᠵᠤ ᠠᠬᠤᠶᠢᠯᠠᠯ ᠳᠤ ᠡᠯᠰᠡᠨ ᠬᠡᠷᠡᠭᠯᠡᠭᠳᠡᠵᠤ ᠵᠢᠩᠬᠢᠨᠢ ᠠᠵᠢᠯᠳᠠᠨ ᠪᠤᠶᠤ ᠵᠢᠩᠬᠢᠨᠢ ᠠᠵᠢᠯᠳᠠᠨ ᠪᠢᠰᠢ ᠴᠤ ᠠᠳᠠᠯᠢ ᠠᠵᠢᠯ ᠲᠦᠷᠦᠯ ᠠᠳᠠᠯᠢ ᠬᠦᠯᠦᠰᠤ ᠤᠯᠭᠤᠮᠵᠢ ᠪᠠᠷ ᠶᠠᠪᠤᠵᠤ ᠪᠠᠶᠢᠭ᠎ᠠ ᠬᠦᠮᠦᠰ ᠲᠤ ᠡᠯᠰᠡᠨ ᠬᠡᠷᠡᠭᠯᠡᠭᠳᠡᠭᠰᠡᠨ ᠤ ᠬᠢᠨᠢ ᠲᠠᠷᠠᠭ᠎ᠠ ᠰᠠᠷ᠎ᠠ ᠠᠴᠠ ᠡᠬᠢᠯᠡᠨ ᠬᠦᠷᠳᠡᠬᠡᠬᠦ ᠦᠬᠡᠢ︔        ⒉ᠠᠯᠪᠠᠨ ᠵᠢᠷᠤᠮ ᠤᠨ ᠴᠡᠷᠢᠭ ᠪᠠᠭ᠎ᠠ ᠤᠹᠢᠼᠧᠷ ᠪᠤᠶᠤ ᠴᠡᠷᠢᠭ ᠤᠨ ᠺᠠᠳ᠋ᠷ ᠪᠤᠯᠤᠭᠰᠠᠨ ᠪᠤᠯ᠂ ᠪᠠᠭ᠎ᠠ ᠤᠹᠢᠼᠧᠷ ᠪᠤᠶᠤ ᠴᠡᠷᠢᠭ ᠤᠨ ᠺᠠᠳ᠋ᠷ ᠤᠨ ᠴᠡᠯᠢᠩ ᠤᠯᠭᠤᠵᠤ ᠡᠭᠢᠯᠡᠭᠰᠡᠨ ᠤ ᠲᠠᠷᠠᠭ᠎ᠠ ᠰᠠᠷ᠎ᠠ ᠠᠴᠠ ᠨᠢ ᠡᠬᠢᠯᠡᠨ ᠬᠠᠷᠠᠭᠠᠯᠵᠠᠯ ᠬᠦᠷᠳᠡᠬᠡᠬᠦ ᠦᠬᠡᠢ︔        ⒊ᠤᠷᠤᠭ ᠤᠨ ᠬᠠᠷᠢᠴᠠᠭ᠎ᠠ ᠪᠠᠷ ᠲᠤᠰ ᠲᠦᠷᠦ ᠶᠢᠨ ᠪᠤᠳᠤᠯᠭ᠎ᠠ ᠶᠢᠨ ᠬᠠᠷᠠᠭᠠᠯᠵᠠᠯ ᠬᠦᠷᠳᠡᠵᠤ ᠪᠠᠶᠢᠭᠰᠠᠨ ᠎ ᠪᠠᠨ ᠤᠷᠤᠭ ᠰᠠᠯᠤᠭᠰᠠᠨ ᠪᠤᠯ᠂ ᠤᠷᠤᠭ ᠰᠠᠯᠤᠭᠰᠠᠨ ︵ᠤᠷᠤᠭ ᠰᠠᠯᠤᠭᠰᠠᠨ ᠪᠢᠴᠢᠭ ᠤᠨ ᠡᠳᠤᠷ ᠰᠠᠷ᠎ᠠ︶᠎ ᠤ ᠲᠠᠷᠠᠭ᠎ᠠ ᠰᠠᠷ᠎ᠠ ᠠᠴᠠ ᠡᠬᠢᠯᠡᠨ ᠬᠠᠷᠠᠭᠠᠯᠵᠠᠯ ᠬᠦᠷᠳᠡᠬᠡᠬᠦ ᠦᠬᠡᠢ︔        ⒋ᠨᠠᠰᠤ ᠪᠤᠯᠤᠭᠰᠠᠨ ᠬᠦᠮᠦᠨ ᠤ ᠨᠠᠰᠤ ᠪᠤᠯᠤᠭᠰᠠᠨ ᠲᠠᠷᠠᠭ᠎ᠠ ᠰᠠᠷ᠎ᠠ ᠠᠴᠠ ᠨᠢ ᠡᠬᠢᠯᠡᠨ ᠬᠠᠷᠠᠭᠠᠯᠵᠠᠯ ᠬᠦᠷᠳᠡᠬᠡᠬᠦ ᠦᠬᠡᠢ︔        ⒌ᠡᠷᠡᠬᠦᠤ ᠬᠦᠢᠴᠡᠳᠬᠡᠭᠴᠢ ᠬᠦᠮᠦᠨ ᠪᠤᠯ᠂ ᠰᠢᠬᠦᠨ ᠲᠠᠰᠤᠯᠤᠯᠳᠠ ᠶᠢ ᠲᠤᠩᠬᠠᠭᠯᠠᠭᠰᠠᠨ ᠲᠠᠷᠠᠭ᠎ᠠ ᠰᠠᠷ᠎ᠠ ᠎ ᠠᠴᠠ ᠡᠬᠢᠯᠡᠨ ᠬᠠᠷᠠᠭᠠᠯᠵᠠᠯ ᠬᠦᠷᠳᠡᠬᠡᠬᠦ ᠦᠬᠡᠢ︔        ⒍ᠭᠠᠵᠠᠷ ᠰᠢᠷᠤᠢ ᠶᠢᠨ ᠵᠠᠰᠠᠨ ᠴᠡᠭᠴᠡᠯᠡᠯᠳᠡ ᠶᠢᠨ ᠲᠦᠷᠦ ᠶᠢᠨ ᠪᠤᠳᠤᠯᠭ᠎ᠠ ᠶᠢ ᠵᠦᠷᠢᠴᠡᠭᠰᠡᠨ᠂ ᠭᠠᠵᠠᠷ ᠰᠢᠷᠤᠢ ᠶᠢᠨ ᠬᠡᠷᠡᠭᠯᠡᠯᠳᠡ ᠶᠢ ᠲᠤᠷ᠎ᠠ ᠪᠠᠷ ᠦᠬᠡᠷᠡᠴᠢᠯᠡᠬᠡᠳ ᠲᠤᠭᠳᠠᠭᠠᠯ ᠵᠦᠷᠢᠴᠡᠨ ᠪᠤᠰᠤᠳ ᠲᠤ ᠰᠢᠯᠵᠢᠬᠦᠯᠦᠭᠰᠡᠨ ᠪᠤᠯ ᠲᠤᠰ ᠬᠦᠮᠦᠨ ᠢ ᠨᠢ ᠪᠠᠶᠢᠴᠠᠭᠠᠨ ᠰᠢᠢᠳᠪᠤᠷᠢᠯᠡᠭᠰᠡᠨ ᠤ ᠲᠠᠷᠠᠭ᠎ᠠ ᠪᠦᠬᠦ ᠬᠡᠷ ᠤᠨ ᠬᠦᠮᠦᠰ ᠲᠤᠨᠢ ᠴᠤ ᠬᠠᠷᠠᠭᠠᠯᠵᠠᠯ ᠬᠦᠷᠳᠡᠬᠡᠬᠦ ᠪᠠᠨ ᠵᠤᠭᠰᠤᠨ᠎ᠠ᠂ ᠭᠠᠵᠠᠷ ᠰᠢᠷᠤᠢ ᠶᠢᠨ ᠤᠤᠯ ᠤᠨ ᠬᠡᠷᠡᠭᠴᠡᠭᠡ ᠶᠢ ᠰᠡᠷᠬᠦᠬᠡᠭᠰᠡᠨ ᠤ ᠲᠠᠷᠠᠭ᠎ᠠ ᠭᠠᠴᠠᠭ᠎ᠠ᠂ ᠰᠤᠮᠤ ᠪᠠᠯᠭᠠᠰᠤ᠂ ᠤᠢ ᠰᠢᠭᠤᠢ᠂ ᠤᠯᠤᠰ ᠤᠨ ᠨᠤᠳᠤᠭ ᠲᠠᠪᠢᠰᠬᠡᠷ᠂ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠵᠡᠷᠬᠡ ᠰᠠᠯᠠᠭ᠎ᠠ ᠮᠦᠴᠢᠷ ᠤᠨ ᠬᠢᠨᠠᠨ ᠰᠢᠯᠭᠠᠯᠳᠠ ᠶᠢ ᠦᠩᠬᠡᠷᠡᠬᠡᠭᠰᠡᠨ ᠤ ᠲᠠᠷᠠᠭᠠᠬᠢ ᠵᠢᠯ ᠠᠴᠠ ᠡᠬᠢᠯᠡᠨ ᠬᠠᠷᠠᠭᠠᠯᠵᠠᠯ ᠬᠦᠷᠳᠡᠬᠡᠨ᠎ᠡ︔        ⒎ᠤᠢ ᠮᠤᠳᠤ ᠡᠪᠡᠰᠤ ᠪᠡᠯᠴᠢᠬᠡᠷ ᠤᠨ ᠬᠠᠮᠠᠭᠠᠯᠠᠯᠳᠠ ᠶᠢᠨ ᠲᠤᠭᠳᠠᠭᠠᠯ ᠢ ᠵᠦᠷᠢᠴᠡᠵᠤ᠂ ᠲᠠᠭᠠᠭᠠᠴᠢᠯᠠᠨ ᠠᠪᠤᠭᠰᠠᠨ ᠤᠢ ᠰᠢᠭᠤᠢ᠂ ᠨᠤᠳᠤᠭ ᠪᠡᠯᠴᠢᠬᠡᠷ ᠢᠶᠠᠨ ᠬᠠᠮᠢᠶᠠᠷᠴᠤ ᠬᠠᠮᠠᠭᠠᠯᠠᠬᠤ ᠬᠠᠷᠢᠭᠤᠴᠠᠯᠭ᠎ᠠ ᠪᠠᠨ ᠬᠦᠢᠴᠡᠳᠬᠡᠭᠰᠡᠨ ᠦᠬᠡᠢ ᠠᠴᠠ ᠪᠤᠯᠵᠤ ᠨᠤᠳᠤᠭ ᠪᠡᠯᠴᠢᠬᠡᠷ ᠨᠢ ᠡᠪᠳᠡᠭᠳᠡᠭᠰᠡᠨ ᠪᠤᠯ ᠪᠠᠶᠢᠴᠠᠭᠠᠨ ᠰᠢᠢᠳᠪᠤᠷᠢᠯᠡᠭᠰᠡᠨ ᠤ ᠲᠠᠷᠠᠭ᠎ᠠ ᠪᠦᠬᠦ ᠬᠡᠷ ᠤᠨ ᠬᠦᠮᠦᠰ ᠲᠤᠨᠢ ᠴᠤ ᠬᠠᠷᠠᠭᠠᠯᠵᠠᠯ ᠬᠦᠷᠳᠡᠬᠡᠬᠦ ᠪᠠᠨ ᠪᠤᠯᠢᠨ᠎ᠠ᠂ ᠡᠪᠳᠡᠭᠳᠡᠭᠰᠡᠨ ᠤᠢ ᠰᠢᠭᠤᠢ ᠡᠪᠡᠰᠤ ᠪᠡᠯᠴᠢᠬᠡᠷ ᠢ ᠰᠡᠷᠬᠦᠬᠡᠭᠰᠡᠨ ᠤ ᠲᠠᠷᠠᠭ᠎ᠠ ᠭᠠᠴᠠᠭ᠎ᠠ᠂ ᠰᠤᠮᠤ ᠪᠠᠯᠭᠠᠰᠤ᠂ ᠤᠢ ᠰᠢᠭᠤᠢ᠂ ᠤᠯᠤᠰ ᠤᠨ ᠨᠤᠳᠤᠭ ᠲᠠᠪᠢᠰᠬᠡᠷ᠂ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠵᠡᠷᠬᠡ ᠰᠠᠯᠠᠭ᠎ᠠ ᠮᠦᠴᠢᠷ ᠎ ᠤᠨ ᠬᠢᠨᠠᠨ ᠰᠢᠯᠭᠠᠯᠳᠠ ᠶᠢ ᠦᠩᠬᠡᠷᠡᠬᠡᠭᠰᠡᠨ ᠤ ᠲᠠᠷᠠᠭᠠᠬᠢ ᠵᠢᠯ ᠠᠴᠠ ᠡᠬᠢᠯᠡᠨ ᠬᠠᠷᠠᠭᠠᠯᠵᠠᠯ ᠬᠦᠷᠳᠡᠬᠡᠨ᠎ᠡ︔        ⒏ᠭᠠᠴᠠᠭ᠎ᠠ ᠠᠴᠠ ᠵᠤᠬᠢᠶᠠᠨ ᠪᠠᠶᠢᠭᠤᠯᠤᠭᠰᠠᠨ ᠭᠠᠴᠠᠭ᠎ᠠ ᠲᠤᠰᠬᠤᠨ ᠤ ᠠᠷᠠᠳ ᠤᠨ ᠨᠡᠶᠢᠳᠡ ᠶᠢᠨ ᠬᠤᠷᠠᠯ ᠪᠤᠶᠤ ᠬᠦᠳᠡᠯᠬᠡᠬᠡᠨ ᠳᠤ ᠤᠷᠤᠯᠴᠠᠬᠤ ᠦᠬᠡᠢ᠂ ᠭᠠᠴᠠᠭ᠎ᠠ ᠲᠠᠢ ᠰᠠᠨᠠᠭᠠᠴᠢᠯᠠᠭ᠎ᠠ ᠠᠴᠠ ᠪᠠᠨ ᠬᠤᠯᠪᠤᠭ᠎ᠠ ᠠᠪᠳᠠᠭ ᠦᠬᠡᠢ ᠬᠦᠮᠦᠰ ᠲᠤ ᠬᠠᠷᠠᠭᠠᠯᠵᠠᠯ ᠬᠦᠷᠳᠡᠬᠡᠬᠦ ᠦᠬᠡᠢ︔        ⒐ᠪᠡᠯᠴᠢᠬᠡᠷᠯᠡᠬᠦᠯᠬᠦ ᠶᠢ ᠵᠤᠭᠰᠤᠭᠠᠬᠤ ᠪᠤᠯᠤᠨ ᠮᠠᠯ ᠪᠡᠯᠴᠢᠬᠡᠷ ᠲᠡᠩᠴᠡᠬᠦᠷᠢᠰᠢᠬᠦᠯᠬᠦ ᠬᠠᠮᠢᠶ᠎ᠠ ᠪᠦᠬᠦᠢ ᠠᠵᠢᠯ ᠢ ᠬᠦᠢᠴᠡᠳᠬᠡᠬᠦ ᠦᠬᠡᠢ ᠪᠤᠯ ᠲᠠᠷᠠᠭ᠎ᠠ ᠰᠠᠷ᠎ᠠ ᠠᠴᠠ ᠨᠢ ᠡᠬᠢᠯᠡᠨ ᠬᠠᠷᠠᠭᠠᠯᠵᠠᠯ ᠬᠦᠷᠳᠡᠬᠡᠬᠦ ᠦᠬᠡᠢ᠂ ᠬᠢᠨᠠᠨ ᠰᠢᠯᠭᠠᠭᠠᠳ ᠬᠢᠷᠢ ᠲᠡᠩᠴᠡᠭᠰᠡᠨ ᠤ ᠲᠠᠷᠠᠭ᠎ᠠ ᠲᠡᠬᠢᠨ ᠬᠦᠷᠳᠡᠬᠡᠨ᠎ᠡ︔        ⒑ᠲᠤᠭᠳᠠᠭᠰᠠᠨ ᠬᠤᠭᠤᠴᠠᠭᠠᠨ ᠳᠤ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠤᠷᠢ ᠱᠠᠩᠨᠠᠯ ᠤᠨ ᠤᠨ ᠤ ᠪᠠᠶᠢᠴᠠᠭᠠᠯᠳᠠ ᠳᠤ ᠤᠷᠤᠯᠴᠠᠬᠤ ᠦᠬᠡᠢ ᠪᠤᠯ ᠬᠠᠷᠠᠭᠠᠯᠵᠠᠯ ᠬᠦᠷᠳᠡᠬᠡᠬᠦ ᠪᠠᠨ ᠵᠤᠭᠰᠤᠨ᠎ᠠ᠂ ᠤᠨ ᠤ ᠪᠠᠶᠢᠴᠠᠭᠠᠯᠳᠠ ᠳᠤ ᠤᠷᠤᠯᠴᠠᠭᠰᠠᠨ ᠤ ᠲᠠᠷᠠᠭᠠᠬᠢ ᠵᠢᠯ ᠠᠴᠠ ᠨᠢ ᠡᠬᠢᠯᠡᠨ ᠨᠦᠬᠦᠪᠤᠷᠢ ᠱᠠᠩᠨᠠᠯ ᠎ ᠤᠨ ᠬᠠᠷᠠᠭᠠᠯᠵᠠᠯ ᠢ ᠰᠡᠷᠬᠦᠬᠡᠨ ᠤᠯᠭᠤᠨ᠎ᠠ︔        ⒒ᠦᠪᠡᠷ ᠤᠨ ᠲᠠᠭᠠᠭᠠᠴᠢᠯᠠᠨ ᠠᠪᠤᠭᠰᠠᠨ ᠨᠤᠳᠤᠭ ᠪᠡᠯᠴᠢᠬᠡᠷ ᠪᠤᠶᠤ ᠲᠠᠷᠢᠶᠠᠨ ᠭᠠᠵᠠᠷ ᠤᠨ ︽ᠴᠠᠭᠠᠨ ᠤ ᠪᠤᠬᠢᠷᠳᠤᠯ︾᠎ ᠢ ᠲᠠᠷᠤᠢ ᠲᠤᠤᠷ᠎ᠠ ᠳᠤᠨᠢ ᠰᠠᠶᠢᠳᠤᠷ ᠴᠡᠪᠡᠷᠯᠡᠭᠰᠡᠨ ᠦᠬᠡᠢ ᠪᠠᠶᠢᠵᠤ ᠤᠷᠴᠢᠨ ᠲᠤᠭᠤᠷᠢᠨ ᠤ ᠬᠠᠮᠠᠭᠠᠯᠠᠯᠲᠠ ᠶᠢᠨ ᠰᠠᠯᠠᠭ᠎ᠠ ᠮᠦᠴᠢᠷ ᠠᠴᠠ ᠪᠠᠶᠢᠳᠠᠯ ᠢ ᠪᠠᠶᠢᠴᠠᠭᠠᠨ ᠨᠤᠳᠠᠯᠠᠭᠰᠠᠨ ᠤ ᠲᠠᠷᠠᠭ᠎ᠠ ᠬᠠᠷᠠᠭᠠᠯᠵᠠᠯ ᠬᠦᠷᠳᠡᠬᠡᠬᠦ ᠪᠠᠨ ᠵᠤᠭᠰᠤᠨ᠎ᠠ᠂ ᠪᠤᠬᠢᠷᠳᠤᠯ ᠢ ᠴᠠᠪᠡᠷᠯᠡᠬᠡᠳ ᠪᠠᠶᠢᠴᠠᠭᠠᠨ ᠰᠢᠯᠭᠠᠯᠳᠠ ᠶᠢ ᠦᠩᠬᠡᠷᠡᠬᠡᠭᠰᠡᠨ ᠤ ᠲᠠᠷᠠᠭ᠎ᠠ ᠵᠢᠯ ᠠᠴᠠ ᠡᠬᠢᠯᠡᠨ ᠬᠠᠷᠠᠭᠠᠯᠵᠠᠯ ᠢ ᠲᠠᠬᠢᠨ ᠬᠦᠷᠳᠡᠬᠡᠨ᠎ᠡ︔        ⒓ᠬᠤᠪᠢ ᠶᠢᠨ ᠦᠨᠳᠤᠰᠤᠨ ᠪᠠᠶᠢᠳᠠᠯ ᠢᠶᠠᠨ ᠨᠢᠭᠤᠵᠤ ᠬᠠᠭᠤᠷᠮᠠᠭ ᠢᠶᠠᠷ ᠮᠡᠳᠡᠬᠦᠯᠦᠨ ᠨᠤᠳᠤᠭ ᠪᠡᠯᠴᠢᠬᠡᠷ ᠎ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠤᠷᠢ ᠱᠠᠩᠨᠠᠯ ᠠᠪᠤᠭᠰᠠᠨ ᠬᠦᠮᠦᠨ ᠶᠢ ᠪᠠᠶᠢᠴᠠᠭᠠᠨ ᠢᠯᠡᠷᠡᠬᠦᠯᠪᠠᠯ ᠲᠤᠬᠠᠢ ᠶᠢᠨ ᠵᠢᠯ ᠳᠤ ᠢᠯᠡᠬᠦᠤ ᠤᠯᠤᠭᠰᠠᠨ ᠨᠦᠬᠦᠪᠤᠷᠢ ᠱᠠᠩᠨᠠᠯ ᠤᠨ ᠮᠦᠩᠬᠦ ᠶᠢ ᠨᠢ ᠲᠤᠭ᠎ᠠ ᠶᠤᠰᠤᠭᠠᠷ ᠪᠤᠴᠠᠭᠠᠯᠭᠠᠬᠤ ᠶᠤᠰᠤᠳᠠᠢ᠂ ᠬᠡᠷᠪᠡ ᠲᠤᠰᠢᠶᠠᠬᠤ ᠶᠢ ᠡᠰᠡᠷᠬᠦᠴᠡᠬᠦ ᠪᠤᠶᠤ ᠰᠠᠨᠠᠭᠤᠯᠭ᠎ᠠ ᠠᠪᠬᠤ ᠦᠬᠡᠢ ᠪᠤᠯ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠨᠢ ᠨᠡᠬᠡᠮᠵᠢᠯᠡᠬᠦ ᠪᠠᠷ ᠪᠠᠷᠠᠬᠤ ᠦᠬᠡᠢ ᠪᠦᠬᠦ ᠬᠡᠷ ᠤᠨ ᠬᠦᠮᠦᠰ ᠲᠤᠨᠢ ᠬᠠᠷᠠᠭᠠᠯᠵᠠᠯ ᠬᠦᠷᠳᠡᠬᠡᠬᠦ ᠦᠬᠡᠢ᠂ ᠲᠤᠬᠠᠢ ᠶᠢᠨ ᠬᠦᠮᠦᠨ ᠠᠴᠠ ᠢᠯᠡᠬᠦᠤ ᠠᠪᠤᠭᠰᠠᠨ ᠪᠡᠯᠡ ᠮᠦᠩᠬᠦ ᠪᠠᠨ ᠪᠤᠴᠠᠭᠠᠭᠰᠠᠨ ᠤ ᠬᠢᠨᠢ ᠲᠠᠷᠠᠭ᠎ᠠ ᠬᠡᠷ ᠤᠨ ᠬᠦᠮᠦᠰ ᠤᠨ ᠬᠢᠨᠢ ᠬᠠᠷᠠᠭᠠᠯᠵᠠᠯ ᠢ ᠲᠡᠬᠢᠨ ᠤᠯᠭᠤᠨ᠎ᠠ︔        ⒔ᠦᠪᠡᠷ ᠤᠨ ᠨᠤᠳᠤᠭ ᠪᠡᠯᠴᠢᠬᠡᠷ᠂ ᠬᠠᠰᠢᠶ᠎ᠠ ᠬᠦᠷᠢᠶ᠎ᠠ ᠲᠤᠳᠤᠷ᠎ᠠ ᠪᠤᠶᠤ ᠪᠤᠰᠤᠳ ᠤᠨ ᠨᠤᠳᠤᠭ ᠪᠡᠯᠴᠢᠬᠡᠷ ᠲᠡᠬᠡᠷ᠎ᠡ ᠬᠠᠤᠯᠢ ᠵᠦᠷᠢᠴᠡᠨ ᠲᠤᠷ᠎ᠠ ᠵᠤᠷᠢᠭ ᠢᠶᠠᠷ ᠪᠠᠷᠢᠯᠭ᠎ᠠ ᠪᠠᠷᠢᠭᠰᠠᠳ ᠲᠤ ᠬᠠᠷᠠᠭᠠᠯᠵᠠᠯ ᠬᠦᠷᠳᠡᠬᠡᠬᠦ ᠦᠬᠡᠢ︔        ⒕ᠠᠶᠢᠮᠠᠭ ᠤᠨ ᠵᠠᠬᠢᠷᠭ᠎ᠠ ᠲᠠᠷᠬᠠᠭᠠᠭᠰᠠᠨ ﹇2016﹈ 41 ᠳ᠋ᠤᠬᠡᠷ ᠪᠢᠴᠢᠭ ᠮᠡᠲ᠋ᠧᠷᠢᠶᠠᠯ ᠪᠤᠯᠬᠤ ︽ᠮᠠᠯᠵᠢᠬᠤ ᠲᠠᠷᠢᠶᠠᠯᠠᠬᠤ ᠤᠷᠤᠨ ᠤ ᠭᠠᠵᠠᠷ ᠰᠢᠷᠤᠢ ᠨᠤᠳᠤᠭ ᠪᠡᠯᠴᠢᠬᠡᠷ ᠤᠨ ᠡᠵᠡᠩᠨᠡᠯᠳᠡ ᠶᠢᠨ ᠡᠷᠬᠡ ᠶᠢ ᠡᠮᠬᠢ ᠲᠠᠷᠠᠭᠠᠯᠠᠯ ᠲᠠᠢ ᠡᠷᠬᠢᠯᠳᠡ ᠳᠤ ᠤᠷᠤᠭᠤᠯᠤᠨ ᠲᠠᠷᠢᠶᠠᠯᠠᠩ ᠮᠠᠯ ᠠᠵᠤ ᠠᠬᠤᠢ ᠶᠢ ᠬᠦᠭᠵᠢᠬᠦᠯᠵᠤ ᠵᠤᠬᠢᠬᠤ ᠬᠡᠪᠴᠢᠶ᠎ᠡ ᠎ ᠪᠠᠷ ᠡᠵᠡᠩᠨᠡᠬᠦ ᠶᠢ ᠵᠢᠯᠤᠭᠤᠳᠬᠤ ᠲᠤᠬᠠᠢ ᠠᠯᠠᠱᠠ ᠠᠶᠢᠮᠠᠭ ᠤᠨ ᠵᠠᠰᠠᠭ ᠵᠠᠬᠢᠷᠭᠠᠨ ᠤ ᠬᠡᠷᠡᠭᠵᠢᠬᠦᠯᠦᠯᠳᠡ ᠶᠢᠨ ᠰᠠᠨᠠᠯ︾᠎ ᠤᠨ ᠬᠠᠮᠢᠶ᠎ᠠ ᠪᠦᠬᠦᠢ ᠱᠠᠭᠠᠷᠳᠠᠯᠭ᠎ᠠ ᠶᠢ ᠦᠨᠳᠤᠰᠤᠯᠡᠨ᠂ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠲᠠ ᠎ ᠶᠢᠨ ᠨᠦᠬᠦᠪᠤᠷᠢ ᠱᠠᠩᠨᠠᠯ ᠬᠦᠷᠳᠡᠵᠤ ᠪᠠᠶᠢᠭᠰᠠᠨ ᠬᠦᠮᠦᠰ ᠭᠠᠵᠠᠷ ᠰᠢᠷᠤᠢ ᠨᠤᠳᠤᠭ ᠪᠡᠯᠴᠢᠬᠡᠷ ᠢᠶᠠᠨ ᠪᠤᠰᠤᠳ ᠲᠤ ᠰᠢᠯᠵᠢᠬᠦᠯᠦᠨ ᠡᠷᠬᠢᠯᠳᠡ ᠳᠤ ᠤᠷᠤᠭᠤᠯᠤᠭᠰᠠᠨ ᠪᠤᠶᠤ ᠬᠤᠰᠢᠭᠤᠨ ᠤ ᠭᠠᠳᠠᠨᠠᠬᠢ ᠬᠦᠮᠦᠨ ᠳᠤ ᠲᠦᠷᠢᠶᠡᠰᠦᠯᠡᠨ ᠦᠭᠬᠦᠭᠰᠡᠨ ᠪᠤᠯ ︵ᠬᠤᠰᠢᠭᠤ ᠵᠠᠰᠠᠭ ᠠᠴᠠ ᠠᠷᠠᠯᠵᠢᠶᠠᠴᠢᠨ ᠤᠷᠢᠵᠤ ᠪᠡᠯᠡ ᠤᠷᠤᠭᠤᠯᠤᠭᠰᠠᠨ ᠠᠵᠤ ᠠᠬᠤᠶᠢᠯᠠᠯ ᠪᠠ ᠲᠤᠬᠠᠢ ᠶᠢᠨ ᠭᠠᠵᠠᠷ ᠤᠨ ᠤᠶᠢᠯᠡᠳᠪᠤᠷᠢ ᠬᠤᠳᠠᠯᠳᠤᠭᠠᠨ ᠤ ᠰᠠᠯᠠᠭ᠎ᠠ ᠮᠦᠴᠢᠷ ᠲᠤ ᠲᠠᠩᠰᠠᠯᠠᠭᠤᠯᠤᠭᠰᠠᠨ ᠠᠵᠤ ᠠᠬᠤᠶᠢᠯᠠᠯ ᠠᠴᠠ ᠭᠠᠳᠠᠨ᠎ᠠ︶ ᠬᠠᠷᠠᠭᠠᠯᠵᠠᠯ ᠬᠦᠷᠳᠡᠭᠡᠬᠦ ᠦᠭᠡᠢ᠃        ᠲᠤᠤᠷᠠᠬᠢ ᠨᠢᠬᠡ ᠪᠠᠶᠢᠳᠠᠯ ᠳᠤ  ᠪᠠᠭᠳᠠᠪᠠᠯ ᠬᠠᠷᠠᠭᠠᠯᠵᠠᠯ ᠬᠦᠷᠳᠡᠬᠡᠬᠦ ᠦᠬᠡᠢ᠄        ⑴ ᠡᠷᠤᠬᠡ ᠠᠮᠠ ᠶᠢᠨ ᠬᠠᠷᠢᠴᠠᠭ᠎ᠠ ᠨᠢ ᠰᠠᠳᠤᠨ ᠲᠦᠷᠦᠯ ᠤᠨ ᠬᠢᠨ ᠲᠠᠢ ᠬᠠᠮᠳᠤ ᠪᠠᠶᠢᠵᠤ᠂ ᠮᠠᠯᠵᠢᠬᠤ ᠲᠠᠷᠢᠶᠠᠯᠠᠬᠤ ᠤᠷᠤᠨ ᠳᠤ ᠬᠠᠷᠢᠶᠠᠯᠠᠭᠳᠠᠬᠤ ᠪᠤᠯᠪᠠᠴᠤ ᠠᠪᠤ ᠡᠵᠢ ᠬᠤᠶᠠᠷ ᠨᠢ ᠤᠯᠤᠰ ᠤᠨ ᠠᠯᠪᠠᠳᠠᠨ ᠪᠤᠯᠬᠤ ᠪᠠᠶᠢᠳᠠᠯ︔        ⑵ ᠠᠪᠤ ᠡᠵᠢ ᠶᠢᠨ ᠲᠤᠳᠤᠷᠠᠬᠢ ᠨᠢᠬᠡ ᠨᠢ ᠤᠯᠤᠰ ᠤᠨ ᠠᠯᠪᠠᠳᠠᠨ ᠪᠠᠶᠢᠵᠤ᠂  ᠡᠷᠤᠬᠡ ᠠᠮᠠ ᠨᠢ ᠶᠠᠭ ᠡᠨᠡᠬᠦ ᠤᠯᠤᠰ ᠤᠨ ᠠᠯᠪᠠᠳᠠᠨ ᠪᠤᠯᠬᠤ ᠬᠦᠮᠦᠨ ᠢ ᠲᠠᠭᠠᠭᠰᠠᠨ ᠪᠠᠶᠢᠳᠠᠯ︔        ⑶ ᠰᠢᠯᠵᠢᠬᠦᠯᠬᠦ ᠬᠡᠯᠪᠡᠷᠢ ᠪᠠᠷ ᠤᠶᠢᠯᠡᠳᠪᠤᠷᠢᠯᠡᠯ ᠤᠨ ᠮᠡᠲ᠋ᠧᠷᠢᠶᠠᠯ ᠤᠯᠤᠭᠰᠠᠨ︔        ⑷ ᠠᠪᠤ ᠡᠵᠢ ᠨᠢ ᠨᠤᠳᠤᠭ ᠪᠡᠯᠴᠢᠬᠡᠷ ᠤᠨ ᠨᠦᠬᠦᠪᠤᠷᠢ ᠱᠠᠩᠨᠠᠯ ᠤᠨ ᠬᠠᠷᠠᠭᠠᠯᠵᠠᠯ ᠬᠦᠷᠳᠡᠵᠤ ᠦᠬᠡᠢ ᠪᠦᠬᠡᠳ ᠲᠤᠰ ᠬᠦᠮᠦᠨ ᠤ ᠡᠷᠤᠬᠡ ᠠᠮᠠ ᠶᠢᠨ ᠬᠠᠷᠢᠴᠠᠭ᠎ᠠ ᠨᠢ ᠰᠠᠳᠤᠨ ᠲᠦᠷᠦᠯ ᠤᠨ ᠬᠢᠨ ᠲᠠᠢ ᠪᠠᠨ ᠬᠠᠮᠳᠤᠪᠠᠷ ᠮᠠᠯᠵᠢᠬᠤ ᠲᠠᠷᠢᠶᠠᠯᠠᠬᠤ ᠤᠷᠤᠨ ᠳᠤ ᠬᠠᠷᠢᠶᠠᠯᠠᠭᠳᠠᠬᠤ᠃        ︵ᠭᠤᠷᠪᠠ︶ ᠬᠢᠷᠢ ᠬᠡᠮ ᠤᠨ ᠨᠤᠳᠠᠯᠠᠯᠳᠠ ᠪᠤᠯᠤᠨ ᠬᠦᠷᠳᠡᠬᠦ ᠬᠠᠷᠠᠭᠠᠯᠵᠠᠯ ᠤᠨ ᠨᠤᠳᠠᠯᠠᠯᠳᠠ        ⒈ᠬᠢᠷᠢ ᠬᠡᠮ ᠤᠨ ᠨᠤᠳᠠᠯᠠᠯᠳᠠ᠃ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠬᠦᠷᠳᠡᠬᠦ ᠳᠤ ᠭᠠᠴᠠᠭ᠎ᠠ ᠪᠠᠷ ᠨᠢᠬᠡᠴᠢ ᠪᠤᠯᠭᠠᠨ ᠭᠤᠶᠤᠴᠢᠯᠠᠨ ᠮᠡᠳᠡᠬᠦᠯᠬᠦ ᠪᠦᠬᠡᠳ ᠲᠡᠷᠢᠶᠠᠯᠠᠩ ᠮᠠᠯ ᠠᠵᠤ ᠠᠬᠤᠢ ᠶᠢᠨ ᠤᠶᠢᠯᠡᠳᠪᠤᠷᠢᠯᠡᠯ ᠤᠨ ᠮᠡᠲ᠋ᠧᠷᠢᠶᠠᠯ ᠡᠵᠡᠯᠡᠭᠴᠢ ᠶᠢᠨ ᠡᠷᠬᠡ ᠎ ᠶᠢᠨ ᠲᠤᠳᠤᠳᠬᠠᠯ ᠪᠢᠴᠢᠭ ᠵᠢᠷᠤᠨ ᠲᠤᠭᠳᠠᠭᠰᠠᠨ ᠬᠦᠮᠦᠰ ᠢᠶᠠᠷ ᠰᠠᠭᠤᠷᠢ ᠪᠤᠯᠭᠠᠨ᠎ᠠ᠂ ᠮᠠᠯᠴᠢᠳ ᠲᠡᠷᠢᠶᠠᠴᠢᠳ ᠰᠠᠶᠢᠨ ᠲᠤᠷ᠎ᠠ ᠠᠴᠠ ᠭᠤᠶᠤᠴᠢᠯᠠᠨ ᠮᠡᠳᠡᠬᠦᠯᠬᠦ ᠪᠦᠬᠡᠳ ᠡᠨᠡᠬᠦ ᠭᠤᠶᠤᠴᠢᠯᠠᠯᠳᠠ ᠨᠢ ᠭᠠᠴᠠᠭ᠎ᠠ ᠲᠤᠰᠬᠤᠨ ᠤ ᠠᠷᠠᠳ ᠎ ᠤᠨ ᠶᠡᠭᠡ ᠬᠤᠷᠠᠯ ᠤᠨ ᠵᠥᠪᠳᠡᠯᠴᠡᠭᠡ ᠶᠢ ᠲᠠᠮᠵᠢᠭᠰᠠᠨ ᠤ ᠲᠠᠷᠠᠭ᠎ᠠ ᠰᠤᠮᠤ ᠪᠠᠯᠭᠠᠰᠤᠨ ᠳᠤ ᠦᠭᠴᠤ ᠬᠢᠨᠠᠨ ᠰᠢᠯᠭᠠᠭᠤᠯᠤᠨ᠎ᠠ᠂ ᠬᠢᠨᠠᠨ ᠰᠢᠯᠭᠠᠯᠳᠠ ᠶᠢ ᠦᠩᠬᠡᠷᠡᠬᠡᠭᠰᠡᠨ ᠤ ᠲᠠᠷᠠᠭ᠎ᠠ ᠠᠯᠪᠠᠨ ᠪᠢᠴᠢᠭ ᠤᠨ ᠬᠡᠯᠪᠡᠷᠢ ᠪᠠᠷ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠤᠷᠢ ᠱᠠᠩᠨᠠᠯ ᠤᠨ ᠤᠳᠤᠷᠢᠳᠬᠤ ᠲᠤᠭᠤᠶᠢᠯᠠᠩ ᠤᠨ ᠠᠯᠪᠠᠨ ᠬᠡᠷ ᠲᠤ ᠲᠤᠰᠢᠶᠠᠨ ᠦᠭᠴᠤ ᠬᠢᠨᠠᠨ ᠰᠢᠯᠭᠠᠯᠳᠠ ᠪᠠᠷ ᠲᠠᠮᠵᠢᠭᠤᠯᠬᠤ ᠮᠦᠷᠳᠡᠬᠡᠨ ᠢᠯᠡ ᠨᠡᠶᠢᠳᠡᠯᠡᠨ᠎ᠡ᠂ ᠢᠯᠡ ᠨᠡᠶᠢᠳᠡᠯᠡᠬᠡᠳ ᠶᠠᠮᠠᠷᠴᠤ ᠰᠠᠨᠠᠯ ᠪᠤᠯᠤᠨ ᠬᠤᠷᠢᠭᠯᠠᠯ ᠳᠤ ᠤᠴᠠᠷᠠᠭᠰᠠᠨ ᠦᠬᠡᠢ ᠪᠤᠯ ᠬᠤᠰᠢᠭᠤᠨ ᠤ ᠨᠤᠳᠤᠭ ᠪᠡᠯᠴᠢᠬᠡᠷ ᠎ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠤᠷᠢ ᠱᠠᠩᠨᠠᠯ ᠤᠨ ᠲᠦᠷᠦ ᠶᠢᠨ ᠪᠣᠳᠤᠯᠭ᠎ᠠ ᠶᠢ ᠬᠡᠷᠡᠭᠵᠢᠭᠦᠯᠬᠦ ᠶᠢ ᠤᠳᠤᠷᠢᠳᠬᠤ ᠲᠤᠭᠤᠶᠢᠯᠠᠩ ᠤᠨ ᠠᠯᠪᠠᠨ ᠬᠡᠷ ᠤᠨ ᠬᠢᠨᠠᠨ ᠰᠢᠯᠭᠠᠯᠲᠠ ᠶᠢ ᠥᠩᠭᠡᠷᠡᠭᠡᠵᠦ᠂ ᠢᠯᠡ ᠨᠡᠶᠢᠳᠡᠯᠡᠬᠡᠳ ᠶᠠᠮᠠᠷᠴᠤ ᠰᠠᠨᠠᠯ ᠪᠤᠯᠤᠨ ᠬᠤᠷᠢᠭᠯᠠᠯ ᠳᠤ ᠤᠴᠠᠷᠠᠭᠰᠠᠨ ᠦᠬᠡᠢ ᠪᠤᠯ ᠨᠤᠳᠤᠭ ᠪᠠᠯᠴᠢᠬᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠤᠷᠢ ᠱᠠᠩᠨᠠᠯ ᠤᠨ ᠬᠠᠷᠠᠭᠠᠯᠵᠠᠯ ᠬᠦᠷᠳᠡᠵᠤ ᠪᠤᠯᠤᠨ᠎ᠠ᠃        ⒉ᠬᠦᠷᠳᠡᠬᠦ ᠬᠠᠷᠠᠭᠠᠯᠵᠠᠯ ᠤᠨ ᠨᠤᠳᠠᠯᠠᠯᠳᠠ᠃ ᠮᠠᠯᠵᠢᠬᠤ ᠤᠷᠤᠨ ᠤ ᠬᠦᠮᠦᠰ ᠪᠡᠯᠴᠢᠬᠡᠷᠯᠡᠬᠦᠯᠬᠦ ᠶᠢ ᠵᠤᠭᠰᠤᠭᠠᠬᠤ ᠤᠷᠤᠨ ᠤ ᠬᠠᠷᠠᠭᠠᠯᠵᠠᠯ ᠬᠦᠷᠳᠡᠵᠤ᠂ ᠬᠠᠭᠠᠰ ᠮᠠᠯᠵᠢᠬᠤ ᠬᠠᠭᠠᠰ ᠲᠠᠷᠢᠶᠠᠯᠠᠬᠤ ᠤᠷᠤᠨ ᠤ ᠬᠦᠮᠦᠰ ᠮᠠᠯ ᠪᠠᠯᠴᠢᠬᠡᠷ ᠲᠡᠩᠴᠡᠬᠦᠷᠢᠰᠢᠬᠦᠯᠦᠭᠰᠡᠨ ᠬᠠᠷᠠᠭᠠᠯᠵᠠᠯ ᠬᠦᠷᠳᠡᠨ᠎ᠠ᠃ ᠤᠷᠤᠭ ᠲᠦᠷᠦᠯ ᠤᠨ ᠬᠠᠷᠢᠴᠠᠭ᠎ᠠ ᠶᠢ ᠲᠦᠰᠢᠵᠤ ᠨᠦᠬᠦᠪᠤᠷᠢ ᠱᠠᠩᠨᠠᠯ ᠬᠦᠷᠳᠡᠬᠦ ᠳᠤ᠂ ᠵᠦᠪᠬᠡᠨ ᠡᠴᠢᠬᠡ ᠡᠬᠡ ᠦᠷ᠎ᠡ ᠬᠡᠤᠬᠡᠳ ᠤᠨ ᠬᠠᠷᠢᠴᠠᠭ᠎ᠠ ᠪᠠ ᠡᠷ᠎ᠡ ᠡᠮ᠎ᠡ ᠶᠢᠨ ᠤᠷᠤᠭ ᠤᠨ ᠬᠠᠷᠢᠴᠠᠭ᠎ᠠ ᠪᠠᠷ ᠬᠢᠵᠠᠭᠠᠷᠯᠠᠵᠤ᠂ ᠲᠡᠬᠡᠷᠡᠬᠢ ᠬᠠᠷᠢᠴᠠᠭᠠᠨ ᠤ ᠨᠢᠬᠡ ᠪᠠᠷ ᠲᠦᠰᠢᠵᠤ ᠤᠷᠤᠭᠰᠠᠨ ᠬᠦᠮᠦᠨ ᠳᠠᠬᠢᠨ ᠥᠭᠡᠷ᠎ᠡ ᠬᠦᠮᠦᠨ ᠢ ᠲᠦᠰᠢᠨ ᠣᠷᠤᠭᠤᠯᠵᠤ ᠪᠣᠯᠬᠤ ᠦᠭᠡᠢ᠃        ︵ᠲᠦᠷᠪᠡ︶᠂ ᠪᠡᠯᠴᠢᠭᠡᠷᠯᠡᠭᠦᠯᠬᠦ ᠶᠢ ᠵᠤᠭᠰᠤᠭᠠᠬᠤ ᠤᠷᠤᠨ ᠪᠤᠯᠤᠨ ᠮᠠᠯ ᠪᠠᠯᠴᠢᠬᠡᠷ ᠲᠡᠩᠴᠡᠬᠦᠷᠢᠰᠢᠬᠦᠯᠬᠦ ᠤᠷᠤᠨ ᠤ ᠬᠤᠪᠢᠶᠠᠷᠢᠯᠠᠯᠳᠠ        2016 ᠤᠨ ᠤ ᠮᠠᠨ ᠤ ᠬᠤᠰᠢᠭᠤᠨ ᠤ ᠨᠤᠲᠤᠭ ᠪᠡᠯᠴᠢᠭᠡᠷ ᠤᠨ ᠨᠡᠶᠢᠳᠡᠮ ᠪᠠᠶᠢᠴᠠᠭᠠᠯᠲᠠ ᠪᠠᠷ ᠨᠤᠲᠠᠯᠠᠭᠰᠠᠨ ᠲᠤᠭ᠎ᠠ ᠪᠠᠷᠢᠮᠲᠠ ᠪᠠᠷ ᠰᠠᠭᠤᠷᠢ ᠪᠤᠯᠭᠠᠵᠤ᠂ ᠨᠤᠲᠤᠭ ᠪᠡᠯᠴᠢᠭᠡᠷ ᠤᠨ ᠠᠮᠢ ᠠᠬᠤᠢ ᠶᠢᠨ ᠤᠳᠤᠬᠢ ᠪᠠᠶᠢᠳᠠᠯ᠂ ᠪᠠᠶᠢᠭᠠᠯᠢ ᠶᠢᠨ ᠤᠷᠴᠢᠨ ᠲᠤᠭᠤᠷᠢᠨ ᠤ ᠰᠠᠶᠢᠨ ᠮᠠᠭᠤ᠂ ᠨᠤᠲᠤᠭ ᠪᠡᠯᠴᠢᠭᠡᠷ ᠤᠨ ᠳᠠᠭᠠᠭᠠᠴᠠ ᠪᠤᠯᠤᠨ ᠰᠡᠷᠭᠦᠭᠦ ᠴᠢᠳᠠᠪᠤᠷᠢ ᠵᠡᠷᠭᠡ ᠪᠤᠰᠤᠳᠴᠢ ᠬᠦᠴᠦᠨ ᠵᠦᠢᠯ ᠢ ᠦᠨᠳᠦᠰᠦᠯᠡᠨ᠂ ᠪᠡᠯᠴᠢᠭᠡᠷᠯᠡᠭᠦᠯᠬᠦ ᠶᠢ ᠵᠤᠭᠰᠤᠭᠠᠬᠤ ᠤᠷᠤᠨ ᠪᠤᠯᠤᠨ ᠮᠠᠯ ᠪᠡᠯᠴᠢᠭᠡᠷ ᠲᠡᠩᠴᠡᠭᠦᠷᠢᠰᠢᠭᠦᠯᠬᠦ ᠤᠷᠤᠨ ᠢ ᠰᠢᠨᠵᠢᠯᠡᠬᠦ ᠤᠬᠠᠭᠠᠨᠴᠢ ᠪᠠᠷ ᠲᠤᠭᠲᠠᠭᠠᠪᠠ᠃        ⒈ ᠪᠡᠯᠴᠢᠭᠡᠷᠯᠡᠭᠦᠯᠬᠦ ᠶᠢ ᠵᠤᠭᠰᠤᠭᠠᠬᠤ ᠤᠷᠤᠨ        ᠭᠤᠤᠯᠳᠠᠭᠤ ᠡᠯᠡᠰᠦ ᠮᠠᠩᠬᠠᠨ ᠤ ᠦᠷᠦ ᠭᠠᠵᠠᠷ᠂ ᠭᠤᠪᠢ ᠴᠦᠯᠡᠷᠬᠡᠭ ᠤᠷᠤᠨ᠂ ᠨᠤᠲᠤᠭ ᠪᠡᠯᠴᠢᠭᠡᠷ ᠬᠦᠨᠳᠦ ᠨᠤᠴᠢᠲᠠᠢ ᠮᠠᠭᠤᠳᠠᠭᠰᠠᠨ᠂ ᠡᠯᠡᠰᠦᠷᠬᠡᠭᠵᠢᠭᠰᠡᠨ᠂ ᠠᠮᠢ ᠠᠬᠤᠢ ᠬᠡᠴᠡᠭᠦᠲᠡᠭᠰᠡᠨ ᠭᠠᠵᠠᠷ ᠤᠷᠤᠨ ᠢ ᠰᠤᠩᠭᠤᠪᠠ᠃ ᠪᠡᠯᠴᠢᠭᠡᠷᠯᠡᠭᠦᠯᠬᠦ ᠶᠢ ᠵᠤᠭᠰᠤᠭᠠᠬᠤ ᠤᠷᠤᠨ ᠨᠢ ᠭᠤᠤᠯ ᠤᠨ ᠳᠤᠤᠷᠠᠳᠤ ᠤᠷᠤᠰᠬᠠᠯ ᠳᠠᠭᠠᠤ ᠲᠤᠤᠷᠠᠢ ᠎ ᠶᠢᠨ ᠤᠢ ᠶᠢᠨ ᠪᠠᠶᠢᠭᠠᠯᠢ ᠬᠠᠮᠠᠭᠠᠯᠠᠬᠤ ᠤᠷᠤᠨ ᠪᠤᠯᠤᠨ ᠵᠡᠬᠦᠨ᠂ ᠪᠠᠷᠠᠭᠤᠨ ᠬᠤᠶᠠᠷ ᠶᠡᠭᠡ ᠭᠤᠪᠢ ᠶᠢᠨ ᠠᠮᠢ ᠠᠬᠤᠢ ᠬᠡᠪᠡᠷᠡᠭ ᠤᠷᠤᠨ ᠢᠶᠠᠷ ᠭᠤᠤᠯᠳᠠᠭᠤᠯᠵᠤ᠂ ᠭᠤᠤᠯ ᠨᠢ ᠰᠤᠪᠨᠠᠭᠤᠷ ᠰᠤᠮᠤᠨ ᠤ ᠵᠡᠭᠦᠨ ᠬᠤᠶᠢᠲᠦ ᠬᠡᠰᠡᠭ ᠤᠨ ᠭᠠᠵᠠᠷ ᠤᠷᠤᠨ᠂ ᠦᠩᠳᠦᠭᠤᠤᠯ ᠰᠤᠮᠤ ᠠᠴᠠ ᠤᠮᠠᠷᠠᠰᠢᠬᠢ ᠶᠡᠬᠡᠩᠬᠢ ᠭᠠᠵᠠᠷ ᠤᠷᠤᠨ᠂ ᠳ᠋ᠦᠩᠹᠧᠩ ᠪᠠᠯᠭᠠᠰᠤᠨ ᠤ ᠭᠤᠷᠤᠨᠠᠢ ᠶᠢᠨ ᠵᠡᠭᠦᠨ ᠬᠤᠶᠢᠲᠤᠬᠢ ᠪᠠᠳᠠᠢ ᠶᠢᠨ ᠵᠢᠷᠠᠨ ᠤ ᠬᠦᠪᠡᠭᠡ ᠬᠢᠵᠠᠭᠠᠷ ᠤᠷᠤᠨ ᠪᠤᠯᠤᠨ ᠡᠬᠢᠨᠴᠠᠭᠠᠨ᠂ ᠪᠤᠷᠤᠠᠭᠤᠯᠠ ᠭᠠᠴᠠᠭᠠᠨ ᠤ ᠭᠤᠪᠢ ᠤᠷᠤᠨ᠂ ᠰᠠᠶᠢᠬᠠᠨᠲᠤᠤᠷᠠᠢ ᠰᠤᠮᠤᠨ ᠤ ᠪᠠᠷᠠᠭᠤᠨ ᠭᠤᠪᠢ ᠪᠤᠯᠤᠨ ᠬᠠᠷ᠎ᠠ ᠪᠦᠷᠭᠦᠳ ᠤᠨ ᠠᠭᠤᠯᠠ ᠪᠠᠯᠭᠠᠰᠤ᠂ ᠮᠠᠽᠦ᠋ᠩᠱᠠᠨ ᠰᠤᠮᠤᠨ ᠤ ᠬᠡᠰᠡᠭ ᠭᠠᠵᠠᠷ ᠤᠷᠤᠨ ᠳᠤ ᠲᠠᠷᠬᠠᠵᠤ ᠪᠠᠶᠢᠨ᠎ᠠ᠃        ⒉ ᠮᠠᠯ ᠪᠡᠯᠴᠢᠭᠡᠷ ᠲᠡᠩᠴᠡᠭᠦᠷᠢᠰᠢᠭᠦᠯᠬᠦ ᠤᠷᠤᠨ        ᠭᠤᠤᠯᠳᠠᠭᠤ ᠪᠠᠶᠢᠭᠠᠯᠢ ᠶᠢᠨ ᠨᠦᠭᠦᠴᠡᠯ ᠬᠠᠷᠢᠴᠠᠩᠭᠤᠢ ᠰᠠᠶᠢᠨ᠂ ᠮᠠᠯ ᠪᠡᠯᠴᠢᠭᠡᠷ ᠲᠡᠩᠴᠡᠭᠦᠷᠢᠰᠢᠭᠦᠯᠬᠦ᠂ ᠵᠤᠬᠢᠰᠲᠠᠢ ᠠᠰᠢᠭᠯᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠨ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠵᠦ ᠪᠤᠯᠬᠤ ᠭᠠᠵᠠᠷ ᠣᠷᠣᠨ︔ ᠳᠠᠪᠠᠭᠤᠯᠢᠭ ᠮᠠᠯ ᠤᠨ ᠲᠦᠷᠦᠯ ᠪᠤᠯᠬᠤ ᠠᠯᠠᠱᠠ ᠶᠢᠨ ᠬᠤᠤᠰ ᠪᠦᠬᠦᠲᠦ ᠲᠡᠮᠡᠭᠡ᠂ ᠴᠠᠭᠠᠨ ᠨᠤᠤᠯᠤᠷᠲᠤ ᠢᠮᠠᠭᠠᠨ ᠤ ᠭᠤᠤᠯᠳᠠᠯᠭᠠᠲᠤ ᠬᠠᠮᠠᠭᠠᠯᠠᠯᠲᠠ ᠶᠢᠨ ᠤᠷᠤᠨ︔ ᠬᠢᠯᠢ ᠬᠢᠵᠠᠭᠠᠷ᠂ ᠬᠢᠯᠢ ᠵᠠᠭᠠᠭ ᠤᠨ ᠭᠠᠵᠠᠷ ᠤᠷᠤᠨ ᠢ ᠰᠤᠩᠭᠤᠪᠠ᠃ ᠮᠠᠯ ᠪᠡᠯᠴᠢᠭᠡᠷ ᠲᠡᠩᠴᠡᠭᠦᠷᠢᠰᠢᠭᠦᠯᠬᠦ ᠤᠷᠤᠨ ᠨᠢ ᠭᠤᠤᠯ ᠤᠨ ᠳᠤᠮᠳᠠ ᠳᠡᠭᠡᠳᠦ ᠤᠷᠤᠰᠬᠠᠯ ᠳᠠᠭᠠᠤ ᠭᠠᠵᠠᠷ ᠤᠷᠤᠨ ᠪᠤᠯᠤᠨ ᠭᠤᠷᠤᠨᠠᠢ ᠨᠠᠭᠤᠷ᠂ ᠦᠩᠲᠦᠭᠤᠤᠯ ᠨᠠᠭᠤᠷ ᠵᠡᠷᠭᠡ ᠨᠠᠭᠤᠷ ᠤᠷᠤᠨ ᠤ ᠨᠤᠳᠤᠭ ᠪᠡᠯᠴᠢᠭᠡᠷ᠂ ᠳᠠᠯᠠᠶᠢᠬᠦ᠋ᠪ ᠪᠠᠯᠭᠠᠰᠤ᠂ ᠳ᠋ᠦᠩᠹᠧᠩ ᠪᠠᠯᠭᠠᠰᠤᠨ ᠤ ᠦᠲᠦᠷᠯᠢᠭ ᠤᠨ ᠨᠤᠳᠤᠭ ᠪᠡᠯᠴᠢᠭᠡᠷ᠂ ᠰᠠᠶᠢᠬᠠᠨᠲᠤᠤᠷᠠᠢ ᠰᠤᠮᠤ ᠪᠤᠯᠤᠨ ᠰᠤᠪᠨᠠᠭᠤᠷ ᠰᠤᠮᠤᠨ ᠤ ᠭᠤᠤᠯ ᠳᠠᠭᠠᠤ ᠨᠤᠳᠤᠭ ᠪᠡᠯᠴᠢᠭᠡᠷ᠂ ᠪᠠᠶᠠᠨᠲᠤᠤᠷᠠᠢ ᠰᠤᠮᠤᠨ ᠎ ᠤ ᠬᠡᠰᠡᠭ ᠭᠠᠵᠠᠷ ᠤᠷᠤᠨ ᠢᠶᠠᠷ ᠭᠤᠤᠯᠳᠠᠭᠤᠯᠤᠨ᠎ᠠ᠃        ᠲᠠᠪᠤ᠂ ᠨᠦᠬᠦᠪᠦᠷᠢ ᠱᠠᠩᠨᠠᠯ ᠤᠨ ᠲᠦᠷᠦ ᠶᠢᠨ ᠪᠤᠳᠤᠯᠭ᠎ᠠ ᠶᠢᠨ ᠠᠭᠤᠯᠭ᠎ᠠ ᠵᠢᠴᠢ ᠪᠠᠷᠢᠮᠵᠢᠶ᠎ᠠ        ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠶᠢᠨ ᠬᠡᠪᠴᠢᠶᠠᠨ ᠳᠤ ᠤᠷᠤᠭᠰᠠᠨ ᠮᠠᠯᠴᠢᠳ ᠲᠠᠷᠢᠶᠠᠴᠢᠳ᠂ ᠨᠠᠰᠤᠨ ᠤ ᠬᠤᠪᠢᠶᠠᠷᠢᠯᠠᠯ ᠢᠶᠠᠷ ᠬᠦᠮᠦᠨ ᠳᠤᠮᠳᠠᠴᠢ ᠪᠠᠷ ᠪᠠᠷᠢᠮᠵᠢᠶᠠᠯᠠᠵᠤ ᠪᠡᠯᠴᠢᠭᠡᠷᠯᠡᠭᠦᠯᠬᠦ ᠶᠢ ᠵᠤᠭᠰᠤᠭᠠᠬᠤ ᠪᠤᠶᠤ ᠮᠠᠯ ᠪᠡᠯᠴᠢᠭᠡᠷ ᠲᠡᠩᠴᠡᠭᠦᠷᠢᠰᠢᠭᠦᠯᠬᠦ ᠨᠦᠬᠦᠪᠤᠷᠢ ᠬᠦᠷᠳᠡᠬᠡᠨ᠎ᠡ᠃        ︵ᠨᠢᠬᠡ︶᠂ ᠪᠡᠯᠴᠢᠭᠡᠷᠯᠡᠭᠦᠯᠬᠦ ᠶᠢ ᠵᠤᠭᠰᠤᠭᠠᠬᠤ ᠨᠦᠬᠦᠪᠦᠷᠢ ᠶᠢᠨ ᠪᠠᠷᠢᠮᠵᠢᠶ᠎ᠠ        ᠳᠤᠤᠷᠠᠬᠢ ᠬᠡᠳᠦᠨ ᠨᠠᠰᠤᠨ ᠤ ᠬᠤᠪᠢᠶᠠᠷᠢᠯᠠᠯ ᠢᠶᠠᠷ ᠲᠠᠷᠬᠠᠭᠠᠨ᠎ᠠ᠄        ⒈ ᠪᠦᠬᠦᠯᠢ 1 ᠨᠠᠰᠤ ᠠᠴᠠ 6 ᠨᠠᠰᠤᠨ ︵ᠪᠦᠬᠦᠯᠢ 6 ᠨᠠᠰᠤ ᠶᠢ ᠪᠠᠭᠲᠠᠭᠠᠨ᠎ᠠ︶᠎ ᠤ ᠬᠤᠭᠤᠷᠤᠨᠳᠤᠬᠢ ᠬᠦᠮᠦᠨ ᠪᠦᠷᠢ ᠳᠤ ᠵᠢᠯ ᠪᠤᠯᠭᠠᠨ 5000 ᠲᠦᠭᠦᠷᠢᠭ ᠨᠦᠬᠦᠪᠦᠷᠢᠯᠡᠨ᠎ᠡ︔        ⒉ ᠪᠦᠬᠦᠯᠢ7 ᠨᠠᠰᠤ ᠠᠴᠠ 16 ᠨᠠᠰᠤᠨ ︵ᠪᠦᠬᠦᠯᠢ 16 ᠨᠠᠰᠤ ᠶᠢ ᠪᠠᠭᠲᠠᠭᠠᠨ᠎ᠠ︶᠎ ᠤ ᠬᠤᠭᠤᠷᠤᠨᠳᠤᠬᠢ ᠬᠦᠮᠦᠨ ᠪᠦᠷᠢ ᠳᠤ ᠵᠢᠯ ᠪᠤᠯᠭᠠᠨ 7000 ᠲᠦᠭᠦᠷᠢᠭ ᠨᠦᠬᠦᠪᠦᠷᠢᠯᠡᠨ᠎ᠡ︔        ⒊ᠪᠦᠬᠦᠯᠢ 17 ᠨᠠᠰᠤ ᠠᠴᠠ 20 ᠨᠠᠰᠤᠨ ︵ᠪᠦᠬᠦᠯᠢ 20 ᠨᠠᠰᠤ ᠶᠢ ᠪᠠᠭᠲᠠᠭᠠᠨ᠎ᠠ︶᠎ ᠤ ᠬᠤᠭᠤᠷᠤᠨᠳᠤᠬᠢ ᠬᠦᠮᠦᠨ ᠪᠦᠷᠢ ᠳᠤ ᠵᠢᠯ ᠪᠤᠯᠭᠠᠨ 10000 ᠲᠦᠭᠦᠷᠢᠭ ᠨᠦᠬᠦᠪᠦᠷᠢᠯᠡᠨ᠎ᠡ︔        ⒋ᠪᠦᠬᠦᠯᠢ 21 ᠨᠠᠰᠤ ᠠᠴᠠ 56 ᠨᠠᠰᠤᠨ ︵ᠪᠦᠬᠦᠯᠢ 56 ᠨᠠᠰᠤ ᠶᠢ ᠪᠠᠭᠲᠠᠭᠠᠨ᠎ᠠ︶᠎ ᠤ ᠬᠤᠭᠤᠷᠤᠨᠳᠤᠬᠢ ᠬᠦᠮᠦᠨ ᠪᠦᠷᠢ ᠳᠤ ᠵᠢᠯ ᠪᠤᠯᠭᠠᠨ 31000 ᠲᠦᠭᠦᠷᠢᠭ ᠨᠦᠬᠦᠪᠦᠷᠢᠯᠡᠨ᠎ᠡ᠂ ᠲᠤᠰ ᠨᠠᠰᠤᠨ ᠤ ᠬᠤᠪᠶᠠᠷᠢᠯᠠᠯ ᠤᠨ ᠬᠡᠪᠴᠢᠶᠠᠨ ᠳᠠᠬᠢ ᠬᠦᠮᠦᠰ ᠡᠷᠬᠡᠪᠰᠢ ᠨᠠᠰᠤᠵᠢᠯ ᠤᠨ ᠲᠠᠭᠠᠳᠬᠠᠯ ᠲᠤᠰᠢᠶᠠᠬᠤ ᠬᠡᠷᠡᠭᠳᠡᠢ︔        ⒌ᠪᠦᠬᠦᠯᠢ 57 ᠨᠠᠰᠤ ᠵᠢᠴᠢ ᠡᠬᠦᠨ ᠠᠴᠠ ᠳᠡᠭᠡᠭᠰᠢᠬᠢ ᠬᠦᠮᠦᠰ ᠨᠠᠰᠤᠵᠢᠯ ᠤᠨ ᠮᠦᠩᠭᠦ ᠬᠦᠷᠳᠡᠭᠴᠢᠳ ᠎ ᠲᠤ ᠬᠠᠷᠢᠶᠠᠯᠠᠭᠳᠠᠨ᠎ᠠ᠂ ᠡᠳᠡᠬᠡᠷ ᠬᠦᠮᠦᠰ ᠲᠤ ᠨᠠᠰᠤᠵᠢᠯ ᠤᠨ ᠮᠦᠩᠬᠦ ᠤᠯᠭᠤᠭᠰᠠᠨ ᠰᠠᠭᠤᠷᠢᠨ ᠳᠡᠭᠡᠷ᠎ᠡ ᠬᠦᠮᠦᠨ ᠪᠦᠷᠢ ᠳᠤ ᠵᠢᠯ ᠪᠤᠯᠭᠠᠨ 10000 ᠲᠦᠭᠦᠷᠢᠭ ᠨᠦᠬᠦᠪᠦᠷᠢᠯᠡᠨ᠎ᠡ᠃        ︵ᠬᠤᠶᠠᠷ︶ ᠮᠠᠯ ᠪᠡᠯᠴᠢᠭᠡᠷ ᠲᠡᠩᠴᠡᠭᠦᠷᠢᠰᠢᠭᠦᠯᠬᠦ ᠨᠦᠬᠦᠪᠦᠷᠢ ᠶᠢᠨ ᠪᠠᠷᠢᠮᠵᠢᠶ᠎ᠠ        ᠳᠤᠤᠷᠠᠬᠢ ᠬᠡᠳᠦᠨ ᠨᠠᠰᠤᠨ ᠤ ᠬᠤᠪᠢᠶᠠᠷᠢᠯᠠᠯ ᠢᠶᠠᠷ ᠲᠠᠷᠬᠠᠭᠠᠨ᠎ᠠ᠄        ⒈ᠪᠦᠬᠦᠯᠢ1 ᠨᠠᠰᠤ ᠠᠴᠠ 6 ᠨᠠᠰᠤᠨ ︵ᠪᠦᠬᠦᠯᠢ 6 ᠨᠠᠰᠤ ᠶᠢ ᠪᠠᠭᠲᠠᠭᠠᠨ᠎ᠠ︶᠎ ᠤ ᠬᠤᠭᠤᠷᠤᠨᠳᠤᠬᠢ ᠬᠦᠮᠦᠨ ᠪᠦᠷᠢ ᠳᠤ ᠵᠢᠯ ᠪᠤᠯᠭᠠᠨ 4000 ᠲᠦᠭᠦᠷᠢᠭ ᠱᠠᠩᠨᠠᠨ᠎ᠠ︔        ⒉ᠪᠦᠬᠦᠯᠢ7 ᠨᠠᠰᠤ ᠠᠴᠠ16 ᠨᠠᠰᠤᠨ ︵ᠪᠦᠬᠦᠯᠢ 16 ᠨᠠᠰᠤ ᠶᠢ ᠪᠠᠭᠲᠠᠭᠠᠨ᠎ᠠ︶᠎ ᠤ ᠬᠤᠭᠤᠷᠤᠨᠳᠤᠬᠢ ᠬᠦᠮᠦᠨ ᠪᠦᠷᠢ ᠳᠤ ᠵᠢᠯ ᠪᠤᠯᠭᠠᠨ 6000 ᠲᠦᠭᠦᠷᠢᠭ ᠱᠠᠩᠨᠠᠨ᠎ᠠ︔        ⒊ᠪᠦᠬᠦᠯᠢ17 ᠨᠠᠰᠤ ᠠᠴᠠ 20 ᠨᠠᠰᠤᠨ ︵ᠪᠦᠬᠦᠯᠢ 20 ᠨᠠᠰᠤ ᠶᠢ ᠪᠠᠭᠲᠠᠭᠠᠨ᠎ᠠ︶᠎ ᠤ ᠬᠤᠭᠤᠷᠤᠨᠳᠤᠬᠢ ᠬᠦᠮᠦᠨ ᠪᠦᠷᠢ ᠳᠤ ᠵᠢᠯ ᠪᠤᠯᠭᠠᠨ 9000 ᠲᠦᠭᠦᠷᠢᠭ ᠱᠠᠩᠨᠠᠨ᠎ᠠ︔        ⒋ᠪᠦᠬᠦᠯᠢ 21 ᠨᠠᠰᠤ ᠠᠴᠠ 56 ᠨᠠᠰᠤᠨ ︵ᠪᠦᠬᠦᠯᠢ 56 ᠨᠠᠰᠤ ᠶᠢ ᠪᠠᠭᠲᠠᠭᠠᠨ᠎ᠠ︶᠎ ᠤ ᠬᠤᠭᠤᠷᠤᠨᠳᠤᠬᠢ ᠬᠦᠮᠦᠨ ᠪᠦᠷᠢ ᠳᠤ ᠵᠢᠯ ᠪᠤᠯᠭᠠᠨ16000 ᠲᠦᠭᠦᠷᠢᠭ ᠱᠠᠩᠨᠠᠨ᠎ᠠ᠂ ᠲᠤᠰ ᠨᠠᠰᠤᠨ ᠤ ᠬᠡᠪᠴᠢᠶᠠᠨ ᠎ ᠳᠤ ᠨᠠᠰᠤᠵᠢᠯ ᠤᠨ ᠳᠠᠭᠠᠳᠬᠠᠯ ᠲᠤᠰᠢᠶᠠᠬᠤ ᠬᠡᠷᠡᠭᠲᠡᠢ︔        ⒌ᠪᠦᠬᠦᠯᠢ 57 ᠨᠠᠰᠤ ᠵᠢᠴᠢ ᠡᠬᠦᠨ ᠠᠴᠠ ᠳᠡᠭᠡᠭᠰᠢᠬᠢ ᠬᠦᠮᠦᠰ ᠨᠠᠰᠤᠵᠢᠯ ᠤᠨ ᠮᠦᠩᠭᠦ ᠬᠦᠷᠳᠡᠭᠴᠢᠳ ᠎ ᠲᠤ ᠬᠠᠷᠢᠶᠠᠯᠠᠭᠳᠠᠨ᠎ᠠ᠂ ᠡᠳᠡᠬᠡᠷ ᠬᠦᠮᠦᠰ ᠲᠤ ᠨᠠᠰᠤᠵᠢᠯ ᠤᠨ ᠮᠦᠩᠬᠦ ᠤᠯᠭᠤᠭᠰᠠᠨ ᠰᠠᠭᠤᠷᠢᠨ ᠳᠡᠭᠡᠷ᠎ᠡ ᠬᠦᠮᠦᠨ ᠪᠦᠷᠢ ᠳᠤ ᠵᠢᠯ ᠪᠤᠯᠭᠠᠨ 7000 ᠲᠦᠭᠦᠷᠢᠭ ᠤᠯᠭᠤᠨ᠎ᠠ᠃        ︵ᠭᠤᠷᠪᠠ︶ ᠠᠮᠢ ᠠᠬᠤᠢ ᠶᠢᠨ ᠤᠨᠴᠠᠭᠠᠢ ᠴᠢᠳᠠᠮᠵᠢᠲᠦ ᠤᠷᠤᠨ ᠤ ᠨᠦᠬᠦᠪᠤᠷᠢ ᠱᠠᠩᠨᠠᠯ ᠤᠨ ᠪᠠᠷᠢᠮᠵᠢᠶ᠎ᠠ᠄        ᠠᠮᠢ ᠠᠬᠤᠢ ᠶᠢᠨ ᠤᠨᠴᠠᠭᠠᠢ ᠴᠢᠳᠠᠮᠵᠢᠲᠦ ᠤᠷᠤᠨ ᠤ ᠮᠠᠯᠴᠢᠨ ᠲᠠᠷᠢᠶᠠᠴᠢᠨ ᠡᠷᠦᠬᠡ ᠶᠢᠨ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠤᠷᠢ ᠱᠠᠩᠨᠠᠯ ᠤᠨ ᠪᠠᠷᠢᠮᠵᠢᠶ᠎ᠠ᠄ ᠲᠤᠰ ᠤᠷᠤᠨ ᠬᠡᠪᠴᠢᠶᠠᠨ ᠳᠠᠬᠢ ᠮᠠᠯᠴᠢᠳ ᠲᠠᠷᠢᠶᠠᠴᠢᠳ 2017 — 2020 ᠤᠨ ᠤ ᠬᠤᠭᠤᠷᠤᠨᠳᠤ ᠰᠠᠨᠠᠭᠠᠴᠢᠯᠠᠭ᠎ᠠ ᠠᠴᠠ ᠪᠠᠨ ᠲᠠᠷᠢᠶᠠᠯᠠᠬᠤ ᠪᠠᠨ ᠵᠤᠭᠰᠤᠬᠤ ᠪᠤᠶᠤ ᠨᠠᠶᠢᠯᠵᠠᠭ ᠲᠠᠷᠢᠪᠠᠯ ᠨᠤᠲᠤᠭ ᠪᠡᠯᠴᠢᠭᠡᠷ ᠤᠨ ᠨᠦᠬᠦᠪᠦᠷᠢ ᠱᠠᠩᠨᠠᠯ ᠬᠦᠷᠲᠡᠬᠦ ᠶᠢᠨ ᠬᠠᠮᠲᠤ ᠲᠠᠷᠢᠶᠠᠨ ᠭᠠᠵᠠᠷ᠂ ᠡᠪᠡᠰᠦ ᠲᠡᠵᠢᠭᠡᠯ ᠪᠤᠷᠳᠤᠭᠠᠨ ᠭᠠᠵᠠᠷ ᠲᠠᠢ ᠳᠤᠨᠢ ᠵᠢᠯ ᠪᠤᠯᠭᠠᠨ ᠮᠤ᠋ ᠪᠦᠷᠢ ᠶᠢᠨ 1000 ᠲᠦᠭᠦᠷᠢᠭ ᠤᠨ ᠪᠠᠷᠢᠮᠵᠢᠶ᠎ᠠ ᠪᠠᠷ ᠱᠠᠩᠨᠠᠯ ᠤᠯᠭᠤᠨ᠎ᠠ᠂ ᠬᠡᠷᠪᠡ ᠲᠠᠷᠢᠶᠠᠯᠠᠬᠤ ᠪᠠᠨ ᠵᠤᠭᠰᠤᠭᠠᠬᠤ ᠦᠭᠡᠢ᠂ ᠨᠠᠶᠢᠯᠵᠠᠭ ᠲᠠᠷᠢᠬᠤ ᠦᠭᠡᠢ ᠪᠤᠯ ᠪᠦᠬᠦ ᠭᠡᠷ ᠤᠨ ᠬᠢᠨ ᠤ ᠨᠤᠲᠤᠭ ᠪᠡᠯᠴᠢᠭᠡᠷ ᠤᠨ ᠨᠦᠬᠦᠪᠦᠷᠢ ᠱᠠᠩᠨᠠᠯ ᠢ ᠵᠤᠭᠰᠤᠭᠠᠨ᠎ᠠ᠃        ︵ᠲᠦᠷᠪᠡ︶ ᠤᠨᠴᠠᠭᠠᠢ ᠪᠠᠶᠢᠳᠠᠯ ᠤᠨ ᠨᠦᠬᠦᠪᠤᠷᠢ ᠱᠠᠩᠨᠠᠯ ᠤᠨ ᠪᠠᠷᠢᠮᠵᠢᠶ᠎ᠠ᠄        ᠨᠤᠲᠤᠭ ᠪᠡᠯᠴᠢᠭᠡᠷ ᠤᠨ ᠨᠦᠬᠦᠪᠦᠷᠢ ᠱᠠᠩᠨᠠᠯ ᠬᠦᠷᠲᠡᠵᠦ ᠪᠠᠶᠢᠭ᠎ᠠ ᠬᠦᠮᠦᠰ᠂ ᠤᠤᠯ ᠨᠢ ᠦᠭᠡᠷ᠎ᠡ ᠲᠦᠷᠦᠯ ᠎ ᠤᠨ ᠨᠠᠰᠤᠵᠢᠯ ᠤᠨ ᠳᠠᠭᠠᠳᠬᠠᠯ ᠳᠤ ᠤᠷᠤᠯᠴᠠᠭᠰᠠᠨ ᠠᠴᠠ ᠪᠤᠯᠵᠤ ᠡᠷᠡᠭᠲᠡᠢ ᠪᠦᠬᠦᠯᠢ 60 ᠨᠠᠰᠤ᠂ ᠡᠮᠡᠭᠲᠡᠢ ᠪᠦᠬᠦᠯᠢ 50 ᠨᠠᠰᠤ ᠬᠦᠷᠦᠭᠡᠳ ᠠᠵᠢᠯ ᠠᠴᠠ ᠪᠠᠨ ᠠᠮᠠᠷᠠᠭᠰᠠᠨ ᠪᠤᠯ ᠲᠡᠳᠡᠨ ᠳᠤ ᠮᠠᠯᠴᠢᠳ ᠲᠠᠷᠢᠶᠠᠴᠢᠳ ᠤᠨ ᠠᠵᠢᠯ ᠠᠴᠠ ᠠᠮᠠᠷᠠᠭᠰᠠᠨ ᠪᠠᠷᠢᠮᠵᠢᠶ᠎ᠠ ᠶᠤᠰᠤᠭᠠᠷ ᠨᠦᠬᠦᠪᠦᠷᠢ ᠤᠯᠭᠤᠨ᠎ᠠ︔ ᠠᠮᠠᠷᠠᠯᠳᠠ ᠠᠪᠬᠤ ᠨᠠᠰᠤᠨ ᠳᠤ ᠬᠦᠷᠦᠭᠡ ᠦᠭᠡᠢ ᠪᠠᠷ ᠠᠵᠢᠯ ᠠᠴᠠ ᠠᠮᠠᠷᠠᠭᠰᠠᠳ ᠲᠤ᠂ ᠮᠠᠯᠴᠢᠳ ᠲᠠᠷᠢᠶᠠᠴᠢᠳ ᠤᠨ ᠠᠵᠢᠯ ᠠᠴᠠ ᠠᠮᠠᠷᠠᠭᠰᠠᠨ ᠪᠠᠷᠢᠮᠵᠢᠶ᠎ᠠ ᠶᠤᠰᠤᠭᠠᠷ ᠨᠦᠬᠦᠪᠦᠷᠢ ᠤᠯᠭᠤᠨ᠎ᠠ᠃        ᠵᠢᠷᠭᠤᠭ᠎ᠠ᠂ ᠨᠤᠳᠤᠭ ᠪᠡᠯᠴᠢᠬᠡᠷ ᠤᠨ ᠨᠦᠬᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠶᠢ ᠬᠡᠷᠡᠭᠵᠢᠬᠦᠯᠬᠦ ᠲᠦᠰᠦᠯ        ︵ᠨᠢᠬᠡ︶ ᠡᠬᠦᠷᠬᠡ ᠶᠢᠨ ᠬᠤᠪᠢᠶᠠᠷᠢᠯᠠᠯᠳᠠ        ⒈ ᠨᠤᠳᠤᠭ ᠪᠡᠯᠴᠢᠬᠡᠷ ᠬᠠᠮᠠᠭᠠᠯᠠᠬᠤ ᠡᠬᠦᠷᠬᠡ ᠶᠢᠨ ᠬᠤᠪᠢᠶᠠᠷᠢᠯᠠᠯᠳᠠ        ᠮᠠᠨ ᠤ ᠬᠤᠰᠢᠭᠤᠨ ᠤ ᠰᠢᠨ᠎ᠡ ᠡᠭᠡᠯᠵᠢ ᠶᠢᠨ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠲᠠ ᠎ ᠶᠢᠨ ᠨᠦᠬᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠶᠢ ᠬᠡᠷᠡᠭᠵᠢᠬᠦᠯᠬᠦ ᠬᠡᠪᠴᠢᠶᠠᠨ ᠤ ᠶᠡᠷᠤᠩᠬᠡᠢ ᠲᠠᠯᠠᠪᠠᠢ 10693.63 ᠲᠦᠮᠡᠨ ᠮᠤ᠋ ᠪᠠᠶᠢᠵᠤ᠂ ᠡᠬᠦᠨ ᠳᠤ ᠪᠡᠯᠴᠢᠭᠡᠷᠯᠡᠭᠦᠯᠬᠦ ᠶᠢ ᠵᠤᠭᠰᠤᠭᠠᠬᠤ ᠲᠠᠯᠠᠪᠠᠢ 2032.23 ᠲᠦᠮᠡᠨ ᠮᠤ᠋᠂ ᠮᠠᠯ ᠪᠡᠯᠴᠢᠭᠡᠷ ᠲᠡᠩᠴᠡᠭᠦᠷᠢᠰᠢᠭᠦᠯᠬᠦ ᠲᠠᠯᠠᠪᠠᠢ 8661.4 ᠲᠦᠮᠡᠨ ᠮᠤ᠋ ᠪᠠᠷ ᠲᠤᠭᠳᠠᠭᠠᠪᠠ᠃ ᠪᠦᠬᠦ ᠬᠤᠰᠢᠭᠤᠨ ᠤ 2308 ᠡᠷᠤᠬᠡ ᠶᠢᠨ 4891 ᠮᠠᠯᠴᠢᠳ ᠢ ᠬᠠᠮᠤᠷᠴᠤ ᠪᠤᠢ᠃        ⒉ ᠪᠡᠯᠡ ᠮᠦᠩᠬᠦᠨ ᠤ ᠬᠤᠪᠢᠶᠠᠷᠢᠯᠠᠯᠳᠠ        ⑴ ᠪᠡᠯᠴᠢᠭᠡᠷᠯᠡᠭᠦᠯᠬᠦ ᠶᠢ ᠵᠤᠭᠰᠤᠭᠠᠬᠤ ᠪᠡᠯᠡ ᠮᠦᠩᠭᠦ 4147.3 ᠲᠦᠮᠡᠨ ᠲᠦᠭᠦᠷᠢᠭ ᠢ 1495 ᠡᠷᠦᠬᠡ ᠶᠢᠨ 2448 ᠬᠦᠮᠦᠨ ᠳᠤ ᠬᠤᠪᠢᠶᠠᠷᠢᠯᠠᠨ᠎ᠠ᠃        ⑵ ᠮᠠᠯ ᠪᠡᠯᠴᠢᠭᠡᠷ ᠲᠡᠩᠴᠡᠭᠦᠷᠢᠰᠢᠭᠦᠯᠬᠦ ᠪᠡᠯᠡ ᠮᠦᠩᠭᠦ 3044.5 ᠲᠦᠮᠡᠨ ᠲᠦᠭᠦᠷᠢᠭ ᠢ 813 ᠡᠷᠦᠬᠡ ᠶᠢᠨ 2443 ᠬᠦᠮᠦᠨ ᠳᠤ ᠬᠤᠪᠢᠶᠠᠷᠢᠯᠠᠨ᠎ᠠ᠃        ⑶ᠠᠮᠢ ᠠᠬᠤᠢ ᠶᠢᠨ ᠤᠨᠴᠠᠭᠠᠢ ᠴᠢᠳᠠᠮᠵᠢᠲᠦ ᠤᠷᠤᠨ ᠤ ᠪᠡᠯᠡ ᠮᠦᠩᠭᠦ ᠶᠢ 959.18 ᠲᠦᠮᠡᠨ ᠲᠦᠭᠦᠷᠢᠭ ᠬᠤᠪᠢᠶᠠᠷᠢᠯᠠᠨ᠎ᠠ᠃        ⑷ 85 ᠲᠤᠰᠬᠠᠢ ᠪᠡᠯᠴᠢᠭᠡᠷ ᠬᠠᠮᠢᠶᠠᠷᠤᠨ ᠬᠠᠮᠠᠭᠠᠯᠠᠭᠴᠢ ᠶᠢᠨ ᠴᠠᠯᠢᠩ ᠨᠡᠶᠢᠲᠡ 435.778 ᠲᠦᠮᠡᠨ ᠲᠦᠭᠦᠷᠢᠭ ᠢ ᠬᠤᠪᠢᠶᠠᠷᠢᠯᠠᠨ᠎ᠠ᠃        ⑸ ᠬᠢᠯᠢ ᠬᠢᠵᠠᠭᠠᠷ ᠢᠶᠠᠨ ᠰᠠᠭᠢᠭᠰᠠᠨ 143 ᠡᠷᠦᠬᠡ ᠮᠠᠯᠴᠢᠳ ᠲᠠᠷᠢᠶᠠᠴᠢᠳ ᠤᠨ ᠨᠦᠬᠦᠪᠦᠷᠢ ᠪᠡᠯᠡ ᠮᠦᠩᠭᠦ ᠨᠡᠶᠢᠲᠡ 176 ᠲᠦᠮᠡᠨ ᠲᠦᠭᠦᠷᠢᠭ ᠢ ᠬᠤᠪᠢᠶᠠᠷᠢᠯᠠᠨ᠎ᠠ᠃        ⑹20 ᠭᠠᠴᠠᠭᠠᠨ ᠤ ᠠᠮᠢᠲᠠᠨ ᠤ ᠬᠢᠵᠢᠭ ᠢ ᠰᠡᠷᠭᠡᠶᠢᠯᠡᠭᠴᠢ ᠪᠦᠬᠡᠳ ᠮᠠᠯ ᠲᠠᠷᠢᠶᠠᠯᠠᠩ ᠤᠨ ᠪᠦᠲᠦᠭᠡᠭᠳᠡᠭᠦᠨ ᠤ ᠶᠠᠰᠤ ᠴᠢᠨᠠᠷ ᠤᠨ ᠠᠮᠤᠷ ᠲᠦᠪᠰᠢᠨ ᠳᠤ ᠬᠢᠨᠠᠯᠲᠠ ᠲᠠᠯᠪᠢᠬᠤ ᠶᠢ ᠬᠠᠮᠵᠢᠨ ᠬᠠᠮᠢᠶᠠᠷᠤᠭᠴᠢ ᠶᠢᠨ ᠨᠦᠬᠦᠪᠦᠷᠢ ᠮᠦᠩᠬᠦ ᠬᠦᠮᠦᠨ ᠪᠣᠯᠭᠠᠨ ᠵᠢᠯ ᠪᠦᠷᠢ 1 ᠲᠦᠮᠡᠨ ᠲᠦᠬᠦᠷᠢᠭ᠂ ᠨᠡᠶᠢᠲᠡ 20 ᠲᠦᠮᠡᠨ ᠲᠦᠭᠦᠷᠢᠭ ᠬᠤᠪᠢᠶᠠᠷᠢᠯᠠᠨ᠎ᠠ᠃        ⒊ᠲᠤᠰᠬᠠᠢ ᠪᠡᠯᠴᠢᠭᠡᠷ ᠬᠠᠮᠢᠶᠠᠷᠤᠨ ᠬᠠᠮᠠᠭᠠᠯᠠᠭᠴᠢ ᠶᠢᠨ ᠠᠵᠢᠯ ᠤᠨ ᠲᠣᠭᠲᠠᠯᠴᠠᠭ᠎ᠠ ᠶᠢᠨ ᠬᠡᠷᠡᠭᠵᠢᠬᠦᠯᠦᠯᠳᠡ        ᠰᠢᠨ᠎ᠡ ᠡᠬᠡᠯᠵᠢ ᠶᠢᠨ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠤᠷᠢ ᠱᠠᠩᠨᠠᠯ ᠎ ᠤᠨ ᠲᠦᠷᠦ ᠶᠢᠨ ᠪᠤᠳᠤᠯᠭ᠎ᠠ ᠪᠠᠷ ᠮᠠᠨ ᠤ ᠬᠤᠰᠢᠭᠤ ︽ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠲᠤᠰᠬᠠᠢ ᠬᠠᠮᠢᠶᠠᠷᠤᠨ ᠬᠠᠮᠠᠭᠠᠯᠠᠭᠴᠢ ᠶᠢᠨ ᠬᠠᠮᠢᠶᠠᠷᠤᠯᠲᠠ ᠶᠢᠨ ᠠᠷᠭ᠎ᠠ︾᠎ ᠶᠢᠨ ᠬᠠᠮᠢᠶ᠎ᠠ ᠪᠦᠬᠦᠢ ᠲᠣᠭᠲᠠᠭᠠᠯ ᠪᠠ ᠶᠠᠪᠤᠴᠠ ᠶᠢ ᠦᠨᠳᠦᠰᠦᠯᠡᠵᠦ 85 ᠨᠤᠲᠤᠭ ᠪᠡᠯᠴᠢᠭᠡᠷ ᠤᠨ ᠲᠤᠰᠬᠠᠢ ᠬᠠᠮᠢᠶᠠᠷᠤᠨ ᠬᠠᠮᠠᠭᠠᠯᠠᠭᠴᠢ ᠶᠢ ᠨᠢᠭᠡᠳᠦᠯᠲᠡᠢ ᠡᠯᠰᠡᠵᠦ᠂ ᠪᠡᠯᠴᠢᠬᠡᠷ ᠬᠤᠪᠢᠶᠠᠷᠢᠯᠠᠨ ᠬᠢᠨᠠᠨ ᠬᠠᠮᠢᠶᠠᠷᠠᠭᠤᠯᠤᠨ᠎ᠠ᠂ ᠪᠤᠳᠠᠲᠠᠢ ᠱᠠᠭᠠᠷᠳᠠᠯᠭ᠎ᠠ ᠨᠢ᠄        ⑴ᠨᠤᠲᠤᠭ ᠪᠡᠯᠴᠢᠭᠡᠷ ᠤᠨ ᠲᠤᠰᠬᠠᠢ ᠬᠠᠮᠢᠶᠠᠷᠤᠨ ᠬᠠᠮᠠᠭᠠᠯᠠᠭᠴᠢ ᠨᠢ ᠨᠡᠶᠢᠲᠡ ᠶᠢᠨ ᠠᠰᠠᠷᠠᠮᠵᠢ ᠶᠢᠨ ᠴᠢᠨᠠᠷᠲᠤ ᠠᠵᠢᠯ ᠤᠨ ᠪᠠᠶᠢᠷᠢ ᠤᠴᠢᠷ ᠠᠴᠠ ᠬᠤᠰᠢᠭᠤᠨ ᠤ ᠨᠤᠲᠤᠭ ᠪᠡᠯᠴᠢᠭᠡᠷ ᠤᠨ ᠬᠢᠨᠠᠨ ᠬᠠᠮᠢᠶᠠᠷᠦᠯᠲᠠ ᠶᠢᠨ ᠰᠠᠯᠠᠭ᠎ᠠ ᠮᠦᠴᠢᠷ ᠠᠴᠠ ᠨᠢᠭᠡᠳᠦᠯᠲᠡᠢ ᠬᠢᠨᠠᠨ ᠬᠠᠮᠢᠶᠠᠷᠴᠤ᠂ ᠭᠤᠷᠪᠠᠨ ᠵᠢᠯ ᠳᠤ ᠨᠢᠭᠡ ᠤᠳᠠᠭ᠎ᠠ ᠡᠯᠰᠡᠨ᠎ᠡ᠃ ᠭᠤᠣᠯᠳᠠᠭᠤ ᠮᠠᠯᠵᠢᠬᠤ ᠲᠠᠷᠢᠶᠠᠯᠠᠬᠤ ᠣᠷᠣᠨ ᠤ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠶᠢ ᠬᠦᠷᠲᠡᠵᠦ ᠪᠠᠶᠢᠭ᠎ᠠ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠎ ᠠᠴᠠ ᠲᠡᠬᠡᠭᠰᠢᠬᠢ ᠰᠤᠷᠤᠯᠭ᠎ᠠ ᠶᠢᠨ ᠬᠢᠷᠢ ᠲᠦᠪᠰᠢᠨ ᠲᠠᠢ ᠵᠠᠯᠠᠭᠤ ᠮᠠᠯᠴᠢᠳ ᠲᠠᠷᠢᠶᠠᠴᠢᠳ ᠲᠤᠳᠤᠷ᠎ᠠ ᠠᠴᠠ ᠰᠢᠯᠭᠠᠨ ᠡᠯᠰᠡᠵᠦ᠂ ᠲᠡᠷᠡ ᠨᠢ ᠬᠠᠤᠯᠢ ᠬᠡᠷᠡᠭᠵᠢᠬᠦᠯᠦᠭᠴᠢ ᠶᠢ ᠬᠠᠮᠵᠢᠨ ᠪᠡᠯᠴᠢᠭᠡᠷᠯᠡᠭᠦᠯᠬᠦ ᠶᠢ ᠵᠣᠭᠰᠤᠭᠠᠬᠤ ᠪᠠ ᠮᠠᠯ ᠪᠡᠯᠴᠢᠭᠡᠷ ᠲᠡᠩᠴᠡᠬᠦᠷᠢᠰᠢᠬᠦᠯᠬᠦ ᠣᠷᠣᠨ ᠢ ᠬᠢᠨᠠᠨ ᠬᠠᠮᠢᠶᠠᠷᠤᠨ᠎ᠠ᠃        ⑵ ᠨᠤᠲᠤᠭ ᠪᠡᠯᠴᠢᠭᠡᠷ ᠤᠨ ᠬᠢᠨᠠᠨ ᠬᠠᠮᠢᠶᠠᠷᠦᠯᠲᠠ ᠶᠢᠨ ᠰᠠᠯᠠᠭ᠎ᠠ ᠮᠦᠴᠢᠷ ᠠᠴᠠ ᠬᠠᠭᠠᠰ ᠵᠢᠯ ᠪᠦᠷᠢ ᠳᠤ ᠨᠤᠲᠤᠭ ᠪᠡᠯᠴᠢᠭᠡᠷ ᠤᠨ ᠲᠤᠰᠬᠠᠢ ᠬᠠᠮᠢᠶᠠᠷᠤᠨ ᠬᠠᠮᠠᠭᠠᠯᠠᠭᠴᠢ ᠶᠢ ᠬᠢᠨᠠᠨ ᠰᠢᠯᠭᠠᠵᠤ᠂ ᠵᠢᠯ ᠤᠨ ᠡᠴᠦᠰ ᠪᠤᠯᠬᠤ ᠳᠤ ᠨᠤᠲᠤᠭ ᠪᠡᠯᠴᠢᠭᠡᠷ ᠤᠨ ᠲᠤᠰᠬᠠᠢ ᠬᠠᠮᠢᠶᠠᠷᠤᠨ ᠬᠠᠮᠠᠭᠠᠯᠠᠭᠴᠢ ᠶᠢᠨ ᠠᠵᠢᠯ ᠢᠶᠠᠨ ᠪᠡᠶᠡᠯᠡᠭᠦᠯᠦᠭᠰᠡᠨ ᠪᠠᠶᠢᠳᠠᠯ ᠳᠤᠨᠢ ᠶᠡᠷᠦᠩᠬᠡᠢ ᠬᠢᠨᠠᠨ ᠰᠢᠯᠭᠠᠯᠲᠠ ᠬᠢᠵᠦ᠂ ᠬᠢᠷᠢ ᠲᠡᠩᠴᠡᠭᠰᠡᠨ ᠢ ᠨᠢ ᠵᠠᠯᠭᠠᠨ ᠡᠯᠰᠡᠵᠦ᠂ ᠬᠢᠷᠢ ᠲᠡᠩᠴᠡᠭᠰᠡᠨ ᠦᠭᠡᠢ ᠶᠢ ᠎ ᠨᠢ ᠪᠠᠭᠤᠯᠭᠠᠵᠤ᠂ ᠰᠢᠯᠢᠳᠡᠭ ᠢ ᠨᠢ ᠱᠠᠩᠨᠠᠨ ᠭᠦᠭᠢᠭᠦᠯᠦᠨ᠎ᠡ᠃        ⑶ ᠬᠦᠮᠦᠨ ᠪᠣᠯᠭᠠᠨ ᠳᠤ ᠵᠢᠯ ᠪᠦᠷᠢ ᠶᠢᠨ 36000 ᠲᠥᠭᠦᠷᠢᠭ ᠤᠨ ᠴᠠᠯᠢᠩ ᠤᠯᠭᠤᠨ᠎ᠠ᠂ ᠡᠭᠦᠨ ᠤ ᠳᠣᠲᠤᠷ᠎ᠠ ᠥᠪᠡᠷᠲᠡᠭᠡᠨ ᠵᠠᠰᠠᠬᠤ ᠣᠷᠣᠨ 8500 ᠲᠥᠭᠦᠷᠢᠭ ᠢ ᠳᠠᠭᠠᠭᠠᠵᠤ᠂ ᠦᠯᠡᠳᠡᠭᠰᠡᠨ ᠬᠡᠰᠡᠭ ᠪᠠ ᠪᠠᠶᠢᠭᠤᠯᠤᠯᠭ᠎ᠠ ᠨᠢᠭᠡᠴᠡ ᠠᠴᠠ ᠳᠠᠭᠠᠭᠠᠬᠤ ᠶᠣᠰᠤᠲᠠᠢ《 ᠲᠠᠪᠤᠨ ᠳᠠᠭᠠᠳᠬᠠᠯ ᠨᠢᠭᠡ ᠮᠥᠩᠭᠦ》 ︵ᠬᠦᠮᠦᠨ ᠪᠦᠷᠢ ᠵᠢᠯ ᠪᠤᠯᠭᠠᠨ10268 ᠲᠦᠬᠦᠷᠢᠭ︶ ᠵᠢᠴᠢ  ᠬᠢᠨᠠᠨ ᠬᠠᠮᠢᠶᠠᠷᠤᠯᠳᠠ ᠶᠢᠨ ᠠᠵᠢᠯ ᠤᠨ ᠵᠠᠷᠤᠳᠠᠯ ᠮᠥᠩᠭᠦ ︵ᠬᠦᠮᠦᠨ ᠪᠦᠷᠢ ᠵᠢᠯ ᠪᠣᠯᠭᠠᠨ 5000 ᠲᠥᠭᠦᠷᠢᠭ︶᠎ ᠶᠢ ᠠᠶᠢᠮᠠᠭ᠂ ᠬᠤᠰᠢᠭᠤ ︵ᠲᠤᠭᠤᠷᠢᠭ︶ 2᠄ 8᠎ ᠶᠢᠨ ᠬᠠᠷᠢᠴᠠᠯ ᠪᠠᠷ ᠨᠦᠬᠦᠨ ᠪᠠᠭᠤᠯᠭᠠᠵᠤ᠂ ᠵᠢᠯ ᠤᠨ ᠡᠴᠦᠰ ᠤᠨ ᠡᠳ᠋ ᠤᠨ ᠵᠠᠰᠠᠭ ᠤᠨ ᠲᠦᠰᠦᠪ ᠲᠤ ᠣᠷᠤᠭᠤᠯᠤᠨ᠎ᠠ᠃        ⑷ ᠪᠦᠬᠦ ᠬᠤᠰᠢᠭᠤᠨ ᠤ 85ᠨᠤᠲᠤᠭ ᠪᠡᠯᠴᠢᠭᠡᠷ ᠤᠨ ᠲᠤᠰᠬᠠᠢ ᠬᠠᠮᠢᠶᠠᠷᠤᠨ ᠬᠠᠮᠠᠭᠠᠯᠠᠭᠴᠢ ᠶᠢᠨ ᠴᠠᠯᠢᠩ ᠨᠡᠶᠢᠲᠡ 435.778 ᠲᠦᠮᠡᠨ ᠲᠦᠭᠦᠷᠢᠭ᠃ ᠡᠭᠦᠨ ᠤ ᠳᠣᠲᠤᠷ᠎ᠠ ᠥᠪᠡᠷᠲᠡᠭᠡᠨ ᠵᠠᠰᠠᠬᠤ ᠣᠷᠣᠨ ᠠᠴᠠ 72.25 ᠲᠦᠮᠡᠨ ᠲᠦᠭᠦᠷᠢᠭ ᠨᠦᠬᠦᠵᠤ᠂ ᠠᠶᠢᠮᠠᠭ ᠤᠨ ᠳᠡᠰ ᠠᠴᠠ 73 ᠲᠦᠮᠡᠨ ᠲᠦᠭᠦᠷᠢᠭ ᠨᠦᠬᠦᠵᠤ᠂ ᠬᠤᠰᠢᠭᠤᠨ ᠳᠡᠰ ᠎ ᠠᠴᠠ 291 ᠲᠦᠮᠡᠨ ᠲᠦᠬᠦᠷᠢᠭ ᠨᠦᠬᠦᠨ᠎ᠠ᠃        ⑸ ᠮᠠᠯᠵᠢᠬᠤ ᠲᠠᠷᠢᠶᠠᠯᠠᠬᠤ ᠣᠷᠣᠨ ᠤ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠶᠢ ᠬᠦᠷᠲᠡᠵᠦ ᠪᠠᠶᠢᠭ᠎ᠠ ᠬᠤᠯᠪᠤᠭᠳᠠᠯ ᠪᠦᠬᠦᠢ ᠱᠠᠭᠠᠷᠳᠠᠯᠭ᠎ᠠ ᠳᠤ ᠨᠡᠶᠢᠴᠡᠭᠰᠡᠨ ᠴᠡᠷᠢᠭ ᠠᠴᠠ ᠬᠠᠯᠠᠭᠳᠠᠭᠰᠠᠳ ᠨᠢ ᠰᠤᠮᠤ ᠪᠠᠯᠭᠠᠰᠤ ᠭᠠᠴᠠᠭᠠᠨ ᠤ ᠵᠥᠪᠰᠢᠶᠡᠷᠡᠯ ᠪᠤᠯᠤᠨ ᠨᠤᠳᠤᠭ ᠪᠡᠯᠴᠢᠭᠡᠷ ᠤᠨ ᠬᠢᠨᠠᠨ ᠬᠠᠮᠢᠶᠠᠷᠬᠤ ᠰᠠᠯᠠᠭ᠎ᠠ ᠮᠦᠴᠢᠷ ᠤᠨ ᠬᠢᠨᠠᠨ ᠪᠠᠶᠢᠴᠠᠭᠠᠯᠳᠠ ᠶᠢ ᠦᠩᠬᠡᠷᠡᠭᠰᠡᠨ ᠤ ᠳᠠᠷᠠᠭ᠎ᠠ ᠨᠤᠲᠤᠭ ᠪᠡᠯᠴᠢᠭᠡᠷ ᠤᠨ ᠲᠤᠰᠬᠠᠢ ᠬᠠᠮᠢᠶᠠᠷᠤᠨ ᠬᠠᠮᠠᠭᠠᠯᠠᠭᠴᠢ ᠪᠠᠷ ᠰᠢᠭᠤᠳ ᠡᠯᠰᠡᠭᠳᠡᠨ᠎ᠡ᠃        ⒋ ᠬᠢᠯᠢ ᠬᠢᠵᠠᠭᠠᠷ ᠪᠠᠨ ᠰᠠᠬᠢᠭᠰᠠᠨ ᠮᠠᠯᠴᠢᠳ ᠲᠠᠷᠢᠶᠠᠴᠢᠳ ᠤᠨ ᠠᠮᠢᠳᠤᠷᠠᠯ ᠤᠨ ᠨᠥᠬᠦᠪᠦᠷᠢ        ᠬᠢᠯᠢ ᠬᠢᠵᠠᠭᠠᠷ ᠪᠠᠨ ᠰᠠᠬᠢᠭᠰᠠᠨ ᠮᠠᠯᠴᠢᠳ ᠲᠠᠷᠢᠶᠠᠴᠢᠳ ᠤᠨ ᠦᠢᠯᠡᠳᠪᠦᠷᠢᠯᠡᠯ ᠠᠮᠢᠳᠣᠷᠠᠯ ᠤᠨ ᠶᠠᠰᠤ ᠴᠢᠨᠠᠷ ᠢ ᠨᠢ ᠳᠡᠭᠡᠭᠰᠢᠯᠡᠭᠦᠯᠬᠦ ᠶᠢᠨ ᠲᠦᠯᠦᠭᠡ᠂ ᠪᠡᠯᠴᠢᠭᠡᠷᠯᠡᠭᠦᠯᠬᠦ ᠶᠢ ᠵᠣᠭᠰᠤᠭᠠᠬᠤ ᠨᠥᠬᠦᠪᠦᠷᠢ ᠬᠦᠷᠳᠡᠬᠡᠬᠦ ᠶᠢᠨ ᠬᠠᠮᠲᠤ ᠡᠷᠦᠬᠡ ᠪᠣᠯᠭᠠᠨ ᠳᠤ ᠠᠮᠢᠳᠤᠷᠠᠯ ᠤᠨ ᠨᠥᠬᠦᠪᠦᠷᠢ ᠲᠠᠷᠬᠠᠭᠠᠨ᠎ᠠ᠃ ᠮᠠᠽᠦ᠋ᠩᠱᠠᠨ ᠰᠤᠮᠦ᠂ ᠬᠠᠷ᠎ᠠ ᠪᠦᠷᠭᠦᠳ ᠎ ᠤᠨ ᠠᠭᠤᠯᠠ ᠪᠠᠯᠭᠠᠰᠤᠨ ᠤ ᠪᠦᠬᠦᠯᠢ ᠵᠢᠯ ᠢᠶᠠᠷ ᠬᠢᠯᠢ ᠬᠢᠵᠠᠭᠠᠷ ᠢᠶᠠᠨ ᠰᠠᠬᠢᠨ ᠰᠠᠭᠤᠵᠤ ᠪᠠᠶᠢᠭ᠎ᠠ ᠮᠠᠯᠴᠢᠨ ᠡᠷᠦᠬᠡ ᠎ ᠳᠤ ᠵᠢᠯ ᠪᠦᠷᠢ 1.5 ᠲᠦᠮᠡᠨ ᠲᠦᠭᠦᠷᠢᠭ᠂ ᠰᠠᠶᠢᠬᠠᠨᠲᠣᠣᠷᠠᠢ ᠰᠣᠮᠤ᠂ ᠰᠤᠪᠨᠠᠭᠤᠷ ᠰᠤᠮᠤ᠂ ᠦᠩᠲᠦᠭᠤᠣᠯ ᠰᠤᠮᠤᠨ ᠎ ᠤ ᠳᠤᠮᠳᠠᠳᠤ ᠮᠣᠩᠭᠤᠯ ᠤᠨ ᠬᠢᠯᠢ ᠠᠴᠠ 20 ᠺᠢᠯᠣᠮᠧᠲᠷ ᠳᠣᠲᠤᠷ᠎ᠠ ᠤᠷᠲᠤ ᠬᠤᠭᠤᠴᠠᠭ᠎ᠠ ᠪᠠᠷ ᠣᠷᠤᠰᠢᠨ ᠰᠠᠭᠤᠵᠤ ᠪᠠᠶᠢᠭ᠎ᠠ ᠮᠠᠯᠴᠢᠨ ᠡᠷᠤᠬᠡ ᠪᠠ ᠳ᠋ᠦᠩᠹᠧᠩ ᠪᠠᠯᠭᠠᠰᠤᠨ ᠤ ᠥᠪᠦᠷ ᠮᠣᠩᠭᠤᠯ ᠭᠠᠨᠰᠤ ᠶᠢᠨ ᠬᠢᠵᠠᠭᠠᠷ ᠠᠴᠠ 20 ᠺᠢᠯᠤᠮᠧᠲᠷ ᠤᠨ ᠳᠣᠲᠤᠷ᠎ᠠ ᠤᠷᠲᠤ ᠬᠤᠭᠤᠴᠠᠭ᠎ᠠ ᠪᠠᠷ ᠣᠷᠤᠰᠢᠨ ᠰᠠᠭᠤᠵᠤ ᠪᠠᠶᠢᠭ᠎ᠠ ᠮᠠᠯᠴᠢᠨ ᠡᠷᠦᠬᠡ ᠪᠣᠯᠭᠠᠨ ᠎ ᠳᠤ ᠵᠢᠯ ᠪᠦᠷᠢ 1 ᠲᠦᠮᠡᠨ ᠲᠦᠭᠦᠷᠢᠭ ᠨᠥᠬᠦᠪᠦᠷᠢᠯᠡᠨ᠎ᠡ᠃        ⒌ᠭᠠᠴᠠᠭᠠᠨ ᠤ ᠠᠮᠢᠲᠠᠨ ᠤ ᠬᠢᠵᠢᠭ ᠢ ᠰᠡᠷᠭᠡᠶᠢᠯᠡᠭᠴᠢ ᠪᠦᠬᠡᠳ ᠮᠠᠯ ᠲᠠᠷᠢᠶᠠᠯᠠᠩ ᠤᠨ ᠪᠦᠲᠦᠭᠡᠭᠳᠡᠭᠦᠨ ᠤ ᠶᠠᠰᠤ ᠴᠢᠨᠠᠷ ᠤᠨ ᠠᠮᠤᠷ ᠲᠦᠪᠰᠢᠨ ᠳᠤ ᠬᠢᠨᠠᠯᠲᠠ ᠲᠠᠯᠪᠢᠬᠤ ᠶᠢ ᠬᠠᠮᠵᠢᠨ ᠬᠠᠮᠢᠶᠠᠷᠤᠭᠴᠢ ᠶᠢᠨ ᠨᠦᠬᠦᠪᠦᠷᠢ        ᠬᠤᠰᠢᠭᠤᠨ ᠤ ᠮᠠᠯ ᠤᠨ ᠡᠮᠨᠡᠯᠭᠡ ᠶᠢᠨ ᠠᠵᠢᠯ ᠤᠨ ᠥᠷᠲᠡᠭᠡ ᠬᠠᠷᠢᠭᠤᠴᠠᠵᠤ᠂ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠬᠦᠷᠲᠡᠵᠦ ᠪᠠᠶᠢᠭ᠎ᠠ ᠮᠠᠯᠴᠢᠳ ᠲᠠᠷᠢᠶᠠᠴᠢᠳ ᠳᠤᠮᠳᠠ ᠠᠴᠠ ᠲᠤᠰ ᠭᠠᠴᠠᠭᠠᠨ ᠤ ᠠᠮᠢᠲᠠᠨ ᠤ ᠬᠢᠵᠢᠭ ᠢ ᠰᠡᠷᠭᠡᠶᠢᠯᠡᠭᠴᠢ ᠪᠦᠭᠡᠳ ᠮᠠᠯ ᠲᠠᠷᠢᠶᠠᠯᠠᠩ ᠤᠨ ᠪᠦᠲᠦᠭᠡᠭᠳᠡᠭᠦᠨ ᠤ ᠶᠠᠰᠤ ᠴᠢᠨᠠᠷ ᠤᠨ ᠠᠮᠤᠷ ᠲᠦᠪᠰᠢᠨ ᠳᠤ ᠬᠢᠨᠠᠯᠲᠠ ᠲᠠᠯᠪᠢᠬᠤ ᠶᠢ ᠬᠠᠮᠵᠢᠨ ᠬᠠᠮᠢᠶᠠᠷᠤᠭᠴᠢ ᠰᠣᠩᠭᠤᠨ᠎ᠠ᠃ ᠲᠡᠳᠡᠨ ᠳᠤ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠬᠦᠷᠳᠡᠬᠡᠬᠦ ᠶᠢᠨ ᠬᠠᠮᠲᠤ ᠬᠦᠮᠦᠨ ᠪᠣᠯᠭᠠᠨ ᠳᠤ ᠵᠢᠯ ᠪᠦᠷᠢ 1 ᠲᠦᠮᠡᠨ ᠲᠦᠭᠦᠷᠢᠭ ᠤᠨ ᠠᠮᠢᠳᠤᠷᠠᠯ ᠤᠨ ᠨᠥᠬᠦᠪᠦᠷᠢ ᠲᠠᠷᠬᠠᠭᠠᠨ᠎ᠠ᠃         ︵ᠬᠤᠶᠠᠷ︶  ᠪᠤᠳᠠᠳᠤ ᠱᠠᠭᠠᠷᠳᠠᠯᠭ᠎ᠠ         ⒈ᠤᠯᠠᠮ ᠨᠢᠬᠡ ᠠᠯᠬᠤᠮ ᠵᠠᠰᠠᠭ ᠢ ᠴᠤᠮᠬᠤᠳᠬᠠᠨ ᠡᠷᠬᠡ ᠶᠢ ᠲᠠᠯᠪᠢᠵᠤ᠂ ᠪᠤᠳᠠᠲᠠᠢ ᠬᠡᠷᠡᠭᠵᠢᠬᠦᠯᠬᠦ ᠪᠠᠶᠠᠴᠢ ᠴᠤᠭᠴᠠ ᠶᠢ ᠲᠤᠳᠤᠳᠬᠠᠬᠤ ᠬᠡᠷᠡᠭᠳᠡᠢ᠃         ᠡᠵᠡᠨ᠎ᠡ ᠬᠤᠰᠢᠭᠤᠨ ᠤ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠶᠢᠨ ᠠᠵᠢᠯ ᠤᠨ ᠤᠳᠤᠷᠢᠳᠬᠤ ᠲᠤᠭᠤᠶᠢᠯᠠᠩ ᠢ ᠪᠠᠶᠢᠭᠤᠯᠵᠤ᠂ ᠲᠤᠰ ᠲᠦᠷᠦ ᠎ ᠶᠢᠨ ᠪᠤᠳᠤᠯᠭ᠎ᠠ ᠶᠢᠨ ᠲᠤᠮᠤ ᠴᠢᠬᠤᠯᠠ ᠬᠡᠷᠡᠭ ᠶᠠᠪᠤᠳᠠᠯ ᠢ ᠬᠠᠷᠢᠭᠤᠴᠠᠨ ᠨᠠᠶᠢᠳᠠᠪᠤᠷᠢᠵᠢᠭᠤᠯᠬᠤ ᠬᠡᠷᠡᠭᠳᠡᠢ᠃ ᠬᠤᠰᠢᠭᠤᠨ ᠤ ᠵᠠᠰᠠᠭ ᠤᠨ ᠤᠷᠳᠤᠨ ᠠᠴᠠ ᠪᠡᠯᠴᠢᠭᠡᠷᠯᠡᠭᠦᠯᠬᠦ ᠶᠢ ᠵᠤᠭᠰᠤᠭᠠᠬᠤ ᠵᠠᠷᠯᠢᠭ ᠪᠠᠭᠤᠯᠭᠠᠨ᠂ ᠪᠡᠯᠴᠢᠭᠡᠷᠯᠡᠭᠦᠯᠬᠦ ᠶᠢ ᠵᠤᠭᠰᠤᠭᠠᠬᠤ ᠤᠷᠤᠨ ᠳᠤ ᠪᠦᠬᠦ ᠲᠠᠯ᠎ᠠ ᠪᠠᠷ ᠮᠠᠯᠵᠢᠬᠤ ᠶᠢ ᠵᠤᠭᠰᠤᠭᠠᠨ᠂ ᠮᠠᠯ ᠪᠡᠯᠴᠢᠬᠡᠷ ᠲᠠᠩᠴᠡᠬᠦᠷᠢᠰᠢᠬᠦᠯᠬᠦ ᠤᠷᠤᠨ ᠳᠤ ︽ᠮᠠᠯ ᠪᠡᠯᠴᠢᠬᠡᠷ ᠲᠠᠩᠴᠡᠬᠦᠷᠢᠰᠢᠬᠦᠯᠬᠦ ᠬᠠᠮᠢᠶᠠᠷᠤᠯᠳᠠ ᠶᠢᠨ ᠠᠷᠭ᠎ᠠ︾᠎ ᠶᠢ ᠦᠨᠳᠤᠰᠤᠯᠡᠨ ᠬᠠᠮᠢᠶᠠᠷᠤᠯᠳᠠ ᠶᠠᠪᠤᠭᠳᠠᠭᠤᠯᠬᠤ ᠬᠡᠷᠡᠭᠳᠡᠢ᠃        ᠰᠤᠮᠤ᠂ ᠪᠠᠯᠭᠠᠰᠤᠨ ᠤ ᠵᠠᠰᠠᠭ ᠤᠨ ᠤᠷᠳᠤᠨ ᠵᠢᠴᠢ ᠭᠠᠴᠠᠭ᠎ᠠ ᠨᠢ ᠡᠷᠬᠡᠪᠰᠢ ᠬᠠᠷᠢᠴᠠᠩᠭᠤᠢ ᠠᠵᠢᠯ ᠤᠨ ᠪᠠᠶᠢᠭᠤᠯᠤᠮᠵᠢ ᠪᠠᠶᠢᠭᠤᠯᠵᠤ᠂ ᠬᠠᠷᠢᠶᠠᠯᠠᠬᠤ ᠤᠷᠤᠨ ᠤ ᠪᠠᠨ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠎ ᠶᠢᠨ ᠨᠦᠬᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠶᠢᠨ ᠬᠡᠷᠡᠭᠵᠢᠬᠦᠯᠦᠯᠳᠡ ᠶᠢᠨ ᠠᠵᠢᠯ ︵ᠬᠢᠨᠠᠬᠤ᠂ ᠪᠠᠶᠢᠴᠠᠭᠠᠬᠤ᠂ ᠬᠢᠨᠠᠨ ᠰᠢᠯᠭᠠᠬᠤ︶᠎ ᠢ ᠬᠠᠷᠢᠭᠤᠴᠠᠬᠤ ᠬᠡᠷᠡᠭᠳᠡᠢ᠃ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠶᠢᠨ ᠬᠡᠷᠡᠭᠵᠢᠬᠦᠯᠦᠯᠳᠡ ᠶᠢᠨ ᠠᠵᠢᠯ ᠨᠢ ᠬᠠᠷᠠᠯᠳᠠᠳᠤ ᠬᠠᠮᠢᠶᠠᠷᠤᠯᠳᠠ ᠶᠢᠨ ᠬᠠᠷᠢᠭᠤᠴᠠᠯᠭ᠎ᠠ ᠶᠢᠨ ᠲᠦᠷᠢᠮ ᠢ ᠶᠠᠪᠤᠭᠳᠠᠭᠤᠯᠵᠤ᠂ ᠰᠤᠮᠤ ᠪᠠᠯᠭᠠᠰᠤᠨ ᠤ ᠨᠠᠮ ᠵᠠᠰᠠᠭ ᠤᠨ ᠭᠤᠤᠯ ᠬᠠᠷᠢᠭᠤᠴᠠᠯᠭᠠᠳᠠᠨ ᠪᠤᠯ ᠨᠢᠬᠡᠳᠤᠬᠡᠷ ᠬᠠᠷᠢᠭᠤᠴᠠᠭᠴᠢ ᠪᠠᠶᠢᠵᠤ᠂ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠶᠢᠨ ᠬᠡᠷᠡᠭᠵᠢᠬᠦᠯᠦᠯᠳᠡ ᠶᠢᠨ ᠠᠵᠢᠯ ᠢ ᠨᠢᠬᠡ ᠵᠢᠯ ᠤᠨ ᠬᠢᠨᠠᠨ ᠰᠢᠯᠭᠠᠬᠤ ᠬᠠᠷᠠᠯᠳᠠ ᠪᠠᠷ ᠲᠤᠭᠳᠠᠭᠠᠵᠤ᠂ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠠᠴᠠ ᠡᠯ᠎ᠡ ᠰᠤᠮᠤ ᠪᠠᠯᠭᠠᠰᠤ ᠲᠠᠢ ᠬᠠᠷᠢᠭᠤᠴᠠᠯᠭ᠎ᠠ ᠶᠢᠨ ᠪᠢᠴᠢᠭ ᠢ ᠲᠤᠭᠳᠠᠨ᠂ ᠡᠨᠡᠬᠦ ᠲᠦᠷᠦ ᠶᠢᠨ ᠪᠤᠳᠤᠯᠭ᠎ᠠ ᠶᠢᠨ ᠠᠵᠢᠯ ᠤᠨ ᠬᠠᠷᠠᠯᠳᠠ ᠪᠤᠯᠤᠨ ᠬᠠᠷᠢᠭᠤᠴᠠᠯᠭ᠎ᠠ ᠶᠢ ᠱᠠᠳᠤ ᠱᠠᠳᠤ ᠪᠠᠷ ᠨᠡᠶᠢᠳᠡᠪᠤᠷᠢᠵᠢᠭᠤᠯᠬᠤ ᠬᠡᠷᠡᠭᠳᠡᠢ᠃        ⒉ ᠨᠡᠶᠢᠳᠡ ᠶᠢᠨ ᠠᠰᠠᠷᠠᠮᠵᠢᠳᠤ ᠤᠢ ᠰᠢᠭᠤᠢ ᠶᠢᠨ ᠠᠮᠢ ᠠᠬᠤᠢ ᠶᠢᠨ ᠦᠷ᠎ᠡ ᠠᠰᠢᠭ ᠤᠨ ᠨᠦᠬᠦᠪᠤᠷᠢ ᠎ ᠶᠢᠨ ᠲᠦᠷᠦ ᠶᠢᠨ ᠪᠤᠳᠤᠯᠭ᠎ᠠ ᠶᠢᠨ ᠡᠯ᠎ᠡ ᠵᠤᠶᠢᠯ ᠤᠨ ᠠᠵᠢᠯ ᠢ ᠰᠠᠶᠢᠳᠤᠷ ᠠᠪᠤᠴᠠᠯᠳᠤᠭᠤᠯᠬᠤ ᠬᠡᠷᠡᠭᠳᠡᠢ᠃        ᠨᠡᠶᠢᠳᠡ ᠶᠢᠨ ᠠᠰᠠᠷᠠᠮᠵᠢᠳᠤ ᠤᠢ ᠰᠢᠭᠤᠢ ᠶᠢᠨ ᠬᠠᠮᠢᠶᠠᠷᠤᠨ ᠬᠠᠮᠠᠭᠠᠯᠠᠭᠴᠢ ᠪᠠᠷ ᠰᠤᠩᠭᠤᠭᠳᠠᠭᠰᠠᠨ ᠮᠠᠯᠴᠢᠳ ᠵᠦᠪᠬᠡᠨ ᠨᠡᠶᠢᠳᠡ ᠶᠢᠨ ᠠᠰᠠᠷᠠᠮᠵᠢᠳᠤ ᠤᠢ ᠰᠢᠭᠤᠢ ᠶᠢᠨ ᠬᠠᠮᠢᠶᠠᠷᠤᠨ ᠬᠠᠮᠠᠭᠠᠯᠠᠭᠴᠢ ᠶᠢᠨ ᠨᠦᠬᠦᠪᠤᠷᠢ ᠬᠦᠷᠳᠡᠵᠤ ᠪᠤᠯᠬᠤ ᠠᠴᠠ ᠪᠢᠰᠢ ᠨᠤᠳᠤᠭ ᠪᠡᠯᠴᠢᠬᠡᠷ ᠤᠨ ᠨᠦᠬᠦᠪᠤᠷᠢ ᠶᠢ ᠲᠠᠪᠬᠤᠷ ᠬᠦᠷᠳᠡᠵᠤ ᠪᠤᠯᠬᠤ ᠦᠬᠡᠢ᠂ ᠬᠡᠪᠡᠴᠤ ᠲᠡᠬᠦᠨ ᠤ ᠬᠡᠷ ᠪᠦᠯᠢ ᠶᠢᠨ ᠬᠢᠨ ᠨᠢ ᠨᠤᠳᠤᠭ ᠪᠡᠯᠴᠢᠬᠡᠷ ᠤᠨ ᠠᠳᠠᠯᠢ ᠪᠤᠰᠤ ᠬᠤᠪᠢᠶᠠᠷᠢᠯᠠᠯᠳᠠ ᠪᠠᠷ ᠢᠶᠠᠨ ᠪᠡᠯᠴᠢᠭᠡᠷᠯᠡᠭᠦᠯᠬᠦ ᠶᠢ ᠵᠤᠭᠰᠤᠭᠠᠬᠤ ᠪᠤᠶᠤ ᠮᠠᠯ ᠪᠡᠯᠴᠢᠬᠡᠷ ᠲᠡᠩᠴᠡᠬᠦᠷᠢᠰᠢᠬᠦᠯᠬᠦ ᠬᠠᠷᠠᠭᠠᠯᠵᠠᠯ ᠬᠦᠷᠳᠡᠵᠤ ᠪᠤᠯᠤᠨ᠎ᠠ᠃ ᠡᠬᠦᠨ ᠳᠤ᠂ ᠡᠷᠬᠡᠪᠰᠢ ᠠᠳᠠᠯᠢ ᠪᠤᠰᠤ ᠲᠦᠷᠦᠯ ᠤᠨ ᠪᠡᠯᠡ ᠮᠦᠩᠬᠦ ᠶᠢ ᠲᠠᠪᠬᠤᠷ ᠲᠠᠷᠬᠠᠭᠠᠬᠤ ᠠᠴᠠ ᠰᠡᠷᠬᠡᠶᠢᠯᠡᠬᠦ ᠬᠡᠷᠡᠭᠳᠡᠢ᠃        ⒊ ᠲᠦᠷᠦ ᠶᠢᠨ ᠪᠤᠳᠤᠯᠭ᠎ᠠ ᠶᠢ ᠢᠳᠡᠪᠬᠢᠳᠡᠢ ᠬᠡᠷᠡᠭᠵᠢᠬᠦᠯᠵᠤ᠂ ᠮᠠᠯᠴᠢᠳ ᠲᠠᠷᠢᠶᠠᠴᠢᠳ ᠲᠤ ᠲᠡᠩᠴᠡᠭᠦᠷᠢᠲᠡᠢ ᠪᠠᠷ ᠠᠰᠢᠭ ᠬᠦᠷᠳᠡᠬᠡᠬᠦ ᠬᠡᠷᠡᠭᠳᠡᠢ᠃        ᠨᠤᠳᠤᠭ ᠪᠡᠯᠴᠢᠬᠡᠷ ᠤᠨ ᠨᠦᠬᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠶᠢ ᠬᠡᠷᠡᠭᠵᠢᠬᠦᠯᠬᠦ ᠶᠠᠪᠤᠴᠠ ᠲᠤᠮᠳᠠ᠂ ᠨᠤᠳᠤᠭ ᠪᠡᠯᠴᠢᠬᠡᠷ ᠤᠨ ᠠᠳᠠᠯᠢ ᠪᠤᠰᠤ ᠬᠤᠪᠢᠶᠠᠷᠢᠯᠠᠯᠳᠠ ᠶᠢᠨ ᠤᠷᠤᠨ ᠲᠤᠳᠤᠷᠠᠬᠢ ᠪᠠᠷᠢᠮᠵᠢᠶ᠎ᠠ ᠠᠳᠠᠯᠢ ᠪᠠᠶᠢᠬᠤ ᠶᠢ ᠪᠠᠳᠤᠯᠠᠨ᠂ ᠠᠷᠠᠳ ᠲᠦᠮᠡᠨ ᠠᠴᠠ ᠲᠦᠷᠦ ᠶᠢᠨ ᠪᠤᠳᠤᠯᠭ᠎ᠠ ᠶᠢᠨ ᠬᠠᠷᠠᠭᠠᠯᠵᠠᠯ ᠤᠨ ᠲᠠᠯ᠎ᠠ ᠪᠠᠷ ᠬᠠᠷᠢᠯᠴᠠᠨ ᠠᠳᠠᠭᠠᠷᠬᠠᠨ ᠮᠦᠴᠡᠭᠡᠷᠬᠡᠬᠦ ᠶᠢ ᠨᠢ ᠪᠠᠭᠠᠰᠬᠠᠬᠤ ᠬᠡᠷᠡᠭᠳᠡᠢ︔ ᠡᠬᠦᠨ ᠤ ᠬᠠᠮᠳᠤ᠂ ᠳᠡᠭᠡᠳᠦ ᠬᠢᠵᠠᠭᠠᠷ ᠲᠣᠭᠲᠠᠭᠠᠬᠤ ᠠᠷᠭ᠎ᠠ ᠪᠠᠷᠢᠯ ᠢ ᠬᠡᠷᠡᠭᠵᠢᠭᠦᠯᠵᠦ᠂ ᠨᠥᠬᠦᠪᠦᠷᠢ ᠶᠢᠨ ᠮᠥᠩᠭᠦ ᠬᠡᠲᠦᠷᠬᠡᠢ ᠥᠨᠳᠦᠷ ᠪᠣᠯᠬᠤ ᠠᠴᠠ ᠵᠠᠶᠢᠯᠠᠰᠬᠢᠵᠤ᠂ ᠳᠡᠭᠡᠳᠦ ᠬᠢᠵᠠᠭᠠᠷ ᠤᠨ ᠪᠠᠷᠢᠮᠵᠢᠶ᠎ᠠ ᠶᠢ ᠮᠠᠯᠴᠢᠳ ᠲᠠᠷᠢᠶᠠᠴᠢᠳ ᠤᠨ ᠤᠷᠢᠳᠤ ᠵᠢᠯ ᠤᠨ ᠬᠦᠮᠦᠨ ᠲᠤᠮᠳᠠᠴᠢ ᠶᠢᠨ ᠤᠷᠤᠯᠭ᠎ᠠ ᠶᠢᠨ 2 ᠲᠠᠬᠢᠨ ᠤ ᠲᠤᠳᠤᠷ᠎ᠠ ᠬᠢᠵᠠᠭᠠᠷᠯᠠᠬᠤ ᠬᠡᠷᠡᠭᠳᠡᠢ︔ ᠲᠡᠭᠦᠨᠴᠢᠯᠡᠨ ᠳᠣᠣᠷᠠᠳᠤ ᠬᠢᠵᠠᠭᠠᠷ ᠢ ᠪᠠᠳᠤᠯᠠᠬᠤ ᠲᠦᠷᠦ ᠶᠢᠨ ᠪᠤᠳᠤᠯᠭ᠎ᠠ ᠲᠤᠭᠳᠠᠭᠠᠵᠤ᠂ ᠡᠨᠡᠬᠦ ᠳᠣᠣᠷᠠᠳᠤ ᠬᠢᠵᠠᠭᠠᠷ ᠨᠢ ᠡᠷᠬᠡᠪᠰᠢ ᠮᠠᠨ ᠤ ᠬᠤᠰᠢᠭᠤᠨ ᠤ ᠶᠠᠳᠠᠭᠤ ᠶᠢᠨ ᠱᠤᠭᠤᠮ ᠠᠴᠠ ᠦᠨᠳᠤᠷ ᠪᠠᠶᠢᠬᠤ ᠬᠡᠷᠡᠭᠳᠡᠢ ᠪᠦᠬᠡᠳ ᠨᠤᠳᠤᠭ ᠪᠡᠯᠴᠢᠬᠡᠷ ᠤᠨ ᠨᠦᠬᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠠᠴᠠ ᠮᠠᠯᠴᠢᠳ ᠲᠠᠷᠢᠶᠠᠴᠢᠳ ᠲᠤ ᠦᠵᠡᠬᠦᠯᠬᠦ ᠠᠰᠢᠭ ᠲᠤᠰᠠ ᠶᠢ ᠪᠠᠭᠤᠷᠠᠭᠤᠯᠬᠤ ᠦᠬᠡᠢ ᠪᠠᠶᠢᠬᠤ ᠬᠡᠷᠡᠭᠳᠡᠢ᠃        ⒋ ᠮᠠᠯᠴᠢᠳ ᠲᠠᠷᠢᠶᠠᠴᠢᠳ ᠠᠴᠠ ᠨᠡᠶᠢᠬᠡᠮ ᠤᠨ ᠨᠠᠰᠤᠵᠢᠯ ᠤᠨ ᠲᠠᠭᠠᠳᠬᠠᠯ ᠤᠨ ᠮᠦᠩᠬᠦ ᠲᠤᠰᠢᠶᠠᠬᠤ ᠲᠤᠭᠳᠠᠴᠠ ᠶᠢ ᠲᠡᠬᠦᠯᠳᠡᠷᠵᠢᠬᠦᠯᠬᠦ ᠬᠡᠷᠡᠭᠳᠡᠢ᠃        ᠮᠠᠯᠴᠢᠳ ᠲᠠᠷᠢᠶᠠᠴᠢᠳ ᠤᠨ ᠨᠠᠰᠤᠵᠢᠯ ᠤᠨ ᠲᠠᠭᠠᠳᠬᠠᠯ ᠤᠨ ᠰᠢᠰᠲ᠋ᠧᠮ ᠢ ᠪᠠᠶᠢᠭᠤᠯᠤᠨ᠂ ᠨᠡᠶᠢᠬᠡᠮ ᠤᠨ ᠨᠠᠰᠤᠳᠠᠳ ᠢ ᠠᠰᠠᠷᠠᠬᠤ ᠠᠵᠢᠯ ᠢ ᠨᠡᠶᠢᠳᠡ ᠳᠤᠨᠢ ᠲᠦᠯᠦᠪᠯᠡᠵᠤ᠂ ᠨᠠᠰᠤᠳᠠᠳ ᠢ ᠠᠰᠠᠷᠠᠬᠤ ᠠᠰᠠᠭᠤᠳᠠᠯ ᠢ ᠰᠢᠢᠳᠪᠦᠷᠢᠯᠡᠨ᠂ ᠮᠠᠯᠴᠢᠳ ᠲᠠᠷᠢᠶᠠᠴᠢᠳ ᠤᠨ ᠦᠳᠡᠯᠦᠬᠡ ᠨᠠᠰᠤᠨ ᠤ ᠲᠤᠬᠠᠢ ᠰᠠᠨᠠᠭᠠᠰᠢᠷᠠᠯ ᠢ ᠨᠢ ᠠᠷᠢᠯᠭᠠᠵᠤ᠂ ᠲᠡᠳᠡᠨ ᠤ ᠦᠢᠯᠡᠳᠪᠦᠷᠢᠯᠡᠯ ᠠᠮᠢᠳᠤᠷᠠᠯ ᠤᠨ ᠬᠢᠨᠢ ᠨᠦᠬᠦᠴᠡᠯ ᠢ ᠰᠠᠶᠢᠵᠢᠷᠠᠭᠤᠯᠬᠤ ᠬᠡᠷᠡᠭᠳᠡᠢ᠃        ⑴ ᠨᠤᠳᠤᠭ ᠪᠡᠯᠴᠢᠬᠡᠷ ᠤᠨ ᠨᠦᠬᠦᠪᠤᠷᠢ ᠱᠠᠩᠨᠠᠯ ᠤᠨ ᠬᠠᠷᠠᠭᠠᠯᠵᠠᠯ ᠬᠦᠷᠳᠡᠵᠤ ᠪᠠᠶᠢᠭ᠎ᠠ ᠮᠠᠯᠴᠢᠳ ᠲᠠᠷᠢᠶᠠᠴᠢᠳ᠂ ᠬᠢᠷᠢ ᠬᠡᠮ ᠨᠢ ᠨᠤᠳᠠᠯᠠᠭᠳᠠᠵᠤ ᠨᠦᠬᠦᠴᠡᠯ ᠳᠤ ᠨᠡᠶᠢᠴᠡᠭᠰᠡᠨ ᠤ ᠲᠠᠷᠠᠭ᠎ᠠ ︵ᠪᠦᠬᠦᠯᠢ 21  ᠨᠠᠰᠤᠨ ᠎ ᠠᠴᠠ ᠪᠦᠬᠦᠯᠢ 56 ᠨᠠᠰᠤᠨ ᠤ ᠬᠤᠭᠤᠷᠤᠨᠳᠤᠬᠢ ᠬᠦᠮᠦᠰ︶ ︽ᠡᠵᠡᠨ᠎ᠡ ᠬᠤᠰᠢᠭᠤᠨ ᠤ ᠮᠠᠯᠴᠢᠳ ᠲᠠᠷᠢᠶᠠᠴᠢᠳ ᠎ ᠤᠨ ᠨᠡᠶᠢᠬᠡᠮ ᠤᠨ ᠨᠠᠰᠤᠵᠢᠯ ᠤᠨ ᠲᠠᠭᠠᠳᠬᠠᠯ ᠤᠨ ᠲᠤᠷᠰᠢᠨ ᠬᠡᠷᠡᠭᠵᠢᠬᠦᠯᠬᠦ ᠠᠷᠭ᠎ᠠ︾᠎ ᠳᠤ ᠲᠤᠭᠳᠠᠭᠰᠠᠨ ᠲᠤᠰᠢᠶᠠᠬᠤ ᠰᠦᠢᠳᠬᠡᠯ ᠤᠨ ᠪᠠᠷᠢᠮᠵᠢᠶ᠎ᠠ ᠪᠤᠯᠤᠨ ᠬᠠᠷᠢᠴᠠᠯ ᠢ ᠦᠨᠳᠤᠰᠤᠯᠡᠨ᠂ ᠪᠡᠶ᠎ᠡ ᠪᠠᠨ ᠲᠠᠭᠠᠭᠠᠨ ᠵᠢᠯ ᠪᠦᠷᠢ ᠳᠤ ᠨᠠᠰᠤᠵᠢᠯ ᠤᠨ ᠲᠠᠭᠠᠳᠬᠠᠯ ᠲᠤᠰᠢᠶᠠᠬᠤ ᠬᠡᠷᠡᠭᠳᠡᠢ᠃        ⑵ ᠮᠠᠯᠴᠢᠳ ᠲᠠᠷᠢᠶᠠᠴᠢᠳ ᠤᠨ ᠨᠡᠶᠢᠬᠡᠮ ᠤᠨ ᠨᠠᠰᠤᠵᠢᠯ ᠤᠨ ᠳᠠᠭᠠᠳᠬᠠᠯ ᠢ ᠲᠡᠳᠡᠨ ᠤ ︽ᠪᠦᠷᠢᠨ ᠴᠢᠳᠠᠮᠵᠢᠲᠤ ᠺᠠᠷᠲ︾᠎ ᠠᠴᠠ ᠨᠢ ᠣᠷᠤᠯᠠᠨ ᠬᠠᠰᠤᠵᠤ ᠲᠤᠰᠢᠶᠠᠬᠤ ᠶᠢ ᠪᠡᠩᠬᠢ ᠳᠤ ᠨᠠᠶᠢᠳᠠᠨ᠎ᠠ︔  ᠮᠠᠯᠴᠢᠳ ᠲᠠᠷᠢᠶᠠᠴᠢᠳ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠲᠣᠪᠴᠢᠶᠠᠨ ᠳᠤ ᠪᠡᠶ᠎ᠡ ᠭᠠᠷᠤᠯ ᠪᠠᠨ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠨᠡᠶᠢᠬᠡᠮ ᠤᠨ  ᠪᠠᠲᠤᠯᠠᠪᠤᠷᠢ ᠶᠢᠨ ᠰᠠᠯᠠᠭ᠎ᠠ ᠮᠦᠴᠢᠷ ᠪᠤᠯᠤᠨ ︽ᠪᠦᠷᠢᠨ ᠴᠢᠳᠠᠮᠵᠢᠲᠤ ᠺᠠᠷᠲ︾ ᠲᠠᠷᠬᠠᠭᠠᠬᠤ ᠪᠠᠩᠬᠢ ᠲᠠᠢ ︽ᠨᠠᠰᠤᠵᠢᠯ ᠤᠨ ᠳᠠᠭᠠᠳᠬᠠᠯ ᠢ ᠣᠷᠤᠯᠠᠨ ᠬᠠᠰᠤᠵᠤ ᠲᠤᠰᠢᠶᠠᠬᠤ ᠭᠤᠷᠪᠠᠨ ᠲᠠᠯ᠎ᠠ ᠶᠢᠨ ᠬᠡᠯᠡᠯᠴᠡᠬᠡᠷ ᠤᠨ ᠪᠢᠴᠢᠭ︾᠎ ᠢ ᠲᠤᠭᠳᠠᠭᠠᠨ᠎ᠠ︔ ᠲᠠᠷᠠᠭ᠎ᠠ ᠨᠢ ᠡᠨᠡᠬᠦ ᠬᠡᠯᠡᠯᠴᠡᠬᠡᠷ ᠤᠨ ᠪᠢᠴᠢᠭ ᠢ ᠮᠠᠯᠴᠢᠳ ᠲᠡᠷᠢᠶᠠᠴᠢᠳ ᠤᠨ ᠪᠠᠶᠢᠭ᠎ᠠ ᠰᠤᠮᠤ ᠪᠠᠯᠭᠠᠰᠤ᠂ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠲᠤᠪᠴᠢᠶᠠᠨ ᠠᠴᠠ ᠬᠠᠷᠭᠤᠭᠤᠯᠤᠨ ᠪᠠᠶᠢᠴᠠᠭᠠᠭᠠᠳ ︽ᠪᠦᠷᠢᠨ ᠴᠢᠳᠠᠮᠵᠢᠲᠤ ᠺᠠᠷᠲ︾ ᠲᠠᠷᠬᠠᠭᠠᠬᠤ ᠪᠠᠩᠬᠢ ᠳᠤ ᠲᠤᠰᠢᠶᠠᠨ ᠦᠭᠬᠦᠨ᠎ᠠ᠂ ᠪᠠᠩᠬᠢ ᠨᠢ ᠲᠠᠭᠠᠳᠬᠠᠯ ᠳᠤ ᠤᠷᠤᠭᠰᠠᠨ ᠬᠦᠮᠦᠨ ᠤ ᠭᠠᠷ ᠤᠨ ᠦᠰᠦᠭ ᠵᠢᠷᠤᠵᠤ ᠲᠤᠭᠳᠠᠭᠰᠠᠨ ᠲᠠᠭᠠᠳᠬᠠᠯ ᠤᠨ ᠮᠦᠩᠬᠦ ᠶᠢ ᠦᠨᠳᠤᠰᠤᠯᠡᠨ ︽ᠪᠦᠷᠢᠨ ᠴᠢᠳᠠᠮᠵᠢᠲᠤ ᠺᠠᠷᠲ︾᠎ ᠠᠴᠠ ᠨᠢ ᠨᠠᠰᠤᠵᠢᠯ ᠤᠨ ᠲᠠᠭᠠᠳᠬᠠᠯ ᠬᠠᠰᠤᠭᠠᠳ᠂ ᠬᠤᠳᠠ ᠬᠦᠳᠡᠬᠡᠨ ᠤ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠲᠤᠰᠬᠠᠢ ᠪᠠᠩᠬᠢ ᠶᠢᠨ ᠲᠠᠩᠰᠠᠨ ᠳᠤ ᠤᠷᠤᠭᠤᠯᠤᠨ ᠲᠤᠰᠢᠶᠠᠨ᠎ᠠ᠃        ⒌ ᠬᠠᠮᠢᠶᠠᠷᠴᠤ ᠬᠠᠮᠠᠭᠠᠯᠠᠬᠤ ᠬᠠᠷᠢᠭᠤᠴᠠᠯᠭᠠᠳᠤ ᠲᠦᠷᠢᠮ ᠢ ᠶᠠᠪᠤᠭᠳᠠᠭᠤᠯᠬᠤ ᠬᠡᠷᠡᠭᠳᠡᠢ᠃        ᠪᠦᠬᠦ ᠬᠤᠰᠢᠭᠤᠨ ᠤ ᠤᠷᠢᠨ ᠬᠡᠷᠡᠭᠯᠡᠵᠤ ᠪᠠᠶᠢᠭ᠎ᠠ ᠨᠤᠳᠤᠭ ᠪᠡᠯᠴᠢᠬᠡᠷ ᠬᠠᠮᠢᠶᠠᠷᠤᠨ ᠬᠠᠮᠠᠭᠠᠯᠠᠭᠴᠢ ᠶᠢ ᠨᠤᠳᠤᠭ ᠪᠡᠯᠴᠢᠭᠡᠷ ᠤᠨ ᠬᠢᠨᠠᠨ ᠬᠠᠮᠢᠶᠠᠷᠦᠯᠲᠠ ᠶᠢᠨ ᠰᠠᠯᠪᠦᠷᠢ ᠠᠴᠠ ᠨᠢᠭᠡᠳᠦᠯᠳᠡᠢ ᠲᠤᠬᠢᠷᠠᠭᠤᠯᠤᠨ᠂ ᠱᠠᠩᠨᠠᠵᠤ ᠲᠣᠷᠭᠠᠬᠤ ᠴᠢᠩᠭ᠎ᠠ ᠠᠪᠴᠠᠯ ᠢ ᠲᠤᠭᠳᠠᠭᠠᠨ᠎ᠠ︔ ᠨᠤᠲᠤᠭ ᠪᠡᠯᠴᠢᠬᠡᠷ ᠬᠠᠮᠢᠶᠠᠷᠤᠨ ᠬᠠᠮᠠᠭᠠᠯᠠᠭᠴᠢ ᠨᠢ ᠰᠤᠮᠤ ᠪᠠᠯᠭᠠᠰᠤ ᠶᠢ ᠬᠠᠮᠵᠢᠨ ᠲᠤᠰ ᠣᠷᠣᠨ ᠤ ᠪᠠᠨ ᠪᠡᠯᠴᠢᠭᠡᠷᠯᠡᠭᠦᠯᠬᠦ ᠶᠢ ᠵᠣᠭᠰᠤᠭᠠᠬᠤ ᠪᠠ ᠮᠠᠯ ᠪᠡᠯᠴᠢᠭᠡᠷ ᠲᠡᠩᠴᠡᠬᠦᠷᠢᠰᠢᠬᠦᠯᠬᠦ ᠬᠢᠨᠠᠨ ᠬᠠᠮᠢᠶᠠᠷᠤᠯᠳᠠ ᠶᠢᠨ ᠠᠵᠢᠯ ᠢ ᠬᠠᠷᠢᠭᠤᠴᠠᠵᠤ᠂ ᠪᠡᠯᠴᠢᠭᠡᠷᠯᠡᠭᠦᠯᠬᠦ ᠶᠢ ᠵᠣᠭᠰᠤᠭᠠᠬᠤ ᠣᠷᠣᠨ ᠳᠤ ᠪᠡᠯᠴᠢᠭᠡᠷᠯᠡᠭᠦᠯᠬᠦ ᠶᠢ ᠨᠢᠭᠡᠮᠦᠰᠦᠨ ᠵᠣᠭᠰᠤᠭᠠᠵᠤ᠂ ᠮᠠᠯ ᠪᠡᠯᠴᠢᠭᠡᠷ ᠲᠡᠩᠴᠡᠬᠦᠷᠢᠰᠢᠬᠦᠯᠬᠦ ᠤᠷᠤᠨ ᠤ ᠲᠡᠩᠴᠡᠬᠦᠷᠢ ᠶᠢ ᠪᠠᠲᠤᠯᠠᠨ᠎ᠠ᠃ ᠨᠤᠲᠤᠭ ᠪᠡᠯᠴᠢᠭᠡᠷ ᠤᠨ ᠲᠤᠰᠬᠠᠢ ᠬᠠᠮᠢᠶᠠᠷᠤᠨ ᠬᠠᠮᠠᠭᠠᠯᠠᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠢᠭᠡᠳᠦᠯᠲᠡᠢ ᠵᠣᠬᠢᠶᠠᠨ ᠪᠠᠶᠢᠭᠤᠯᠵᠤ᠂ ᠴᠢᠩᠭ᠎ᠠ ᠬᠠᠮᠢᠶᠠᠷᠤᠨ᠂ ᠲᠣᠭᠲᠠᠮᠠᠯ ᠬᠤᠭᠤᠴᠠᠭ᠎ᠠ ᠎ ᠪᠠᠷ ᠲᠣᠭᠤᠷᠢᠨ ᠪᠠᠶᠢᠴᠠᠭᠠᠵᠤ ᠬᠠᠮᠠᠭᠠᠯᠠᠨ᠎ᠠ᠃        ⒍ᠪᠡᠯᠴᠢᠭᠡᠷᠯᠡᠭᠦᠯᠬᠦ ᠶᠢ ᠵᠣᠭᠰᠤᠭᠠᠬᠤ ᠪᠠ ᠮᠠᠯ ᠪᠡᠯᠴᠢᠭᠡᠷ ᠲᠡᠩᠴᠡᠬᠦᠷᠢᠰᠢᠬᠦᠯᠬᠦ ᠲᠤᠭᠳᠠᠭᠠᠯ ᠢ ᠴᠢᠩᠭ᠎ᠠ ᠵᠢᠷᠤᠮᠯᠠᠬᠤ ᠬᠡᠷᠡᠭᠳᠡᠢ᠃        ⑴ᠪᠡᠯᠴᠢᠭᠡᠷᠯᠡᠭᠦᠯᠬᠦ ᠶᠢ ᠵᠣᠭᠰᠤᠭᠠᠬᠤ ᠪᠠ ᠮᠠᠯ ᠪᠡᠯᠴᠢᠭᠡᠷ ᠲᠡᠩᠴᠡᠬᠦᠷᠢᠰᠢᠬᠦᠯᠬᠦ ᠬᠠᠮᠢᠶ᠎ᠠ ᠪᠦᠬᠦᠢ ᠲᠣᠭᠲᠠᠭᠠᠯ ᠢ ᠵᠥᠷᠢᠴᠡᠪᠡᠯ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠳᠤᠭ ᠪᠡᠯᠴᠢᠭᠡᠷ ᠤᠨ ᠬᠠᠤᠯᠢ︾᠂ ︽ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠳᠤᠭ ᠪᠡᠯᠴᠢᠭᠡᠷ ᠤᠨ ᠬᠠᠮᠢᠶᠠᠷᠦᠯᠲᠠ ᠎ ᠶᠢᠨ ᠳᠥᠷᠢᠮ︾᠂ ︽ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠯᠴᠢᠭᠡᠷᠯᠡᠭᠦᠯᠬᠦ ᠶᠢ ᠵᠣᠭᠰᠤᠭᠠᠬᠤ ᠪᠠ ᠮᠠᠯ ᠪᠡᠯᠴᠢᠭᠡᠷ ᠲᠡᠩᠴᠡᠬᠦᠷᠢᠰᠢᠬᠦᠯᠬᠦ ᠬᠢᠨᠠᠨ ᠬᠠᠮᠢᠶᠠᠷᠤᠯᠳᠠ ᠶᠢᠨ ᠠᠷᠭ᠎ᠠ︾ ᠵᠡᠷᠭᠡ ᠬᠠᠤᠯᠢ ᠴᠠᠭᠠᠵᠠ ᠳᠥᠷᠢᠮ ᠲᠣᠭᠲᠠᠭᠠᠯ ᠢ ᠦᠨᠳᠦᠰᠦᠯᠡᠵᠤ ᠲᠣᠷᠭᠠᠨ᠎ᠠ᠃ ᠬᠠᠤᠯᠢ ᠳᠦᠷᠢᠮ ᠢ ᠦᠨᠳᠦᠰᠦᠯᠡᠵᠦ ᠬᠤᠷᠢᠶᠠᠨ ᠠᠪᠤᠭᠰᠠᠨ ᠲᠣᠷᠭᠠᠭᠤᠯᠢ ᠶᠢᠨ ᠮᠥᠩᠭᠦ ᠶᠢ ᠪᠡᠯᠴᠢᠭᠡᠷᠯᠡᠭᠦᠯᠬᠦ ᠶᠢ ᠵᠣᠭᠰᠤᠭᠠᠬᠤ ᠪᠠ ᠮᠠᠯ ᠪᠡᠯᠴᠢᠭᠡᠷ ᠲᠡᠩᠴᠡᠬᠦᠷᠢᠰᠢᠬᠦᠯᠬᠦ ᠪᠤᠳᠤᠯᠭ᠎ᠠ ᠶᠢ ᠴᠢᠩᠭ᠎ᠠ ᠬᠡᠷᠡᠭᠵᠢᠭᠦᠯᠦᠭᠰᠡᠨ ᠮᠠᠯᠴᠢᠳ ᠲᠠᠷᠢᠶᠠᠴᠢᠳ ᠲᠤ ᠱᠠᠩᠨᠠᠨ ᠬᠦᠷᠳᠡᠭᠡᠨ᠎ᠡ᠃        ⑵ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠶᠢᠨ ᠬᠠᠷᠠᠭᠠᠯᠵᠠᠯ ᠬᠦᠷᠳᠡᠵᠤ ᠪᠠᠶᠢᠭ᠎ᠠ ᠮᠠᠯᠴᠢᠳ ᠲᠠᠷᠢᠶᠠᠴᠢᠳ ᠱᠠᠭᠠᠷᠳᠠᠯᠭ᠎ᠠ ᠶᠤᠰᠤᠭᠠᠷ ᠪᠡᠯᠴᠢᠭᠡᠷᠯᠡᠭᠦᠯᠬᠦ ᠎ ᠶᠢ ᠵᠣᠭᠰᠤᠭᠠᠬᠤ ᠪᠠ ᠮᠠᠯ ᠪᠡᠯᠴᠢᠭᠡᠷ ᠲᠡᠩᠴᠡᠬᠦᠷᠢᠰᠢᠬᠦᠯᠬᠦ ᠶᠢ ᠪᠠᠳᠤᠯᠠᠭᠰᠠᠨ ᠦᠬᠡᠢ ᠪᠤᠯ᠂ ᠲᠤᠬᠠᠢ ᠶᠢᠨ ᠵᠢᠯ ᠤᠨ ᠬᠢᠨᠢ ᠪᠡᠯᠴᠢᠬᠡᠷᠯᠡᠬᠦᠯᠬᠦ ᠶᠢ ᠵᠣᠭᠰᠤᠭᠠᠬᠤ ᠡᠰᠡᠪᠡᠯ ᠮᠠᠯ ᠪᠡᠯᠴᠢᠭᠡᠷ ᠲᠡᠩᠴᠡᠬᠦᠷᠢᠰᠢᠬᠦᠯᠬᠦ ᠵᠡᠷᠬᠡ ᠨᠦᠬᠦᠪᠤᠷᠢ ᠶᠢ ᠤᠯᠭᠤᠬᠤ ᠦᠬᠡᠢ︔ ᠨᠤᠲᠤᠭ ᠪᠡᠯᠴᠢᠭᠡᠷ ᠬᠠᠮᠢᠶᠠᠷᠤᠨ ᠬᠠᠮᠠᠭᠠᠯᠠᠭᠴᠢ ᠪᠡᠯᠴᠢᠬᠡᠷ ᠤᠨ ᠲᠠᠭᠠᠭᠠᠴᠠ ᠠᠴᠠ ᠬᠡᠳᠤᠷᠡᠬᠦᠯᠦᠨ ᠮᠠᠯ ᠮᠠᠯᠵᠢᠪᠠᠯ ᠲᠤᠬᠠᠢ ᠶᠢᠨ ᠵᠢᠯ ᠤᠨ ᠬᠢᠨᠢ ᠪᠡᠯᠴᠢᠬᠡᠷᠯᠡᠬᠦᠯᠬᠦ ᠶᠢ ᠵᠤᠭᠰᠤᠭᠠᠭᠰᠠᠨ᠂ ᠮᠠᠯ ᠪᠡᠯᠴᠢᠬᠡᠷ ᠲᠡᠩᠴᠡᠬᠦᠷᠢᠰᠢᠬᠦᠯᠦᠭᠰᠡᠨ ᠵᠡᠷᠬᠡ ᠨᠦᠬᠦᠪᠤᠷᠢ ᠪᠤᠯᠤᠨ ᠴᠠᠯᠢᠩ ᠢ ᠤᠯᠭᠤᠬᠤ ᠦᠬᠡᠢ᠂ ᠡᠬᠦᠨ ᠤ ᠬᠠᠮᠳᠤ ᠡᠷᠬᠡ ᠶᠢ ᠨᠢ ᠦᠬᠡᠶᠢᠰᠬᠡᠵᠤ ᠬᠤᠶᠠᠷ ᠵᠢᠯ ᠤᠨ ᠲᠤᠳᠤᠷ᠎ᠠ ᠨᠤᠲᠤᠭ ᠪᠡᠯᠴᠢᠬᠡᠷ ᠬᠠᠮᠢᠶᠠᠷᠤᠨ ᠬᠠᠮᠠᠭᠠᠯᠠᠭᠴᠢ ᠪᠠᠷ ᠤᠷᠢᠨ ᠬᠡᠷᠡᠭᠯᠡᠬᠦ ᠦᠬᠡᠢ᠃        ⑶ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠬᠡᠷᠡᠭᠵᠢᠬᠦᠯᠵᠤ ᠪᠠᠶᠢᠭ᠎ᠠ ᠬᠤᠭᠤᠴᠠᠭᠠᠨ ᠳᠤ ᠪᠡᠯᠴᠢᠬᠡᠷᠯᠡᠬᠦᠯᠬᠦ ᠶᠢ ᠵᠤᠭᠰᠤᠭᠠᠭᠰᠠᠨ ᠤᠷᠤᠨ ᠤ ᠨᠤᠳᠤᠭ ᠪᠡᠯᠴᠢᠬᠡᠷ ᠤᠨ ᠡᠵᠡᠩᠨᠡᠵᠤ ᠬᠡᠷᠡᠭᠯᠡᠬᠦ ᠡᠷᠬᠡ ᠶᠢ ᠪᠤᠰᠤᠳ ᠲᠤ ᠰᠢᠯᠵᠢᠬᠦᠯᠦᠨ ᠡᠷᠬᠢᠯᠳᠡ ᠳᠤ ᠤᠷᠤᠭᠤᠯᠬᠤ ᠶᠢ ᠡᠷᠡᠰ ᠬᠤᠷᠢᠭᠯᠠᠨ᠎ᠠ︔ ᠮᠠᠯ ᠪᠡᠯᠴᠢᠬᠡᠷ ᠢ ᠲᠡᠩᠴᠡᠬᠦᠷᠢᠰᠢᠬᠦᠯᠬᠦ ᠤᠷᠤᠨ ᠤ ᠮᠠᠯ ᠤᠨ ᠪᠡᠯᠴᠢᠬᠡᠷ ᠢ ᠵᠠᠷᠴᠢᠮ ᠲᠡᠬᠡᠷ᠎ᠡ ᠪᠠᠨ ᠡᠷᠭᠢᠯᠲᠡ ᠳᠤ ᠤᠷᠤᠭᠤᠯᠵᠤ ᠪᠤᠯᠬᠤ ᠦᠬᠡᠢ᠂ ᠡᠷᠭᠢᠯᠲᠡ ᠳᠤ ᠤᠷᠤᠭᠤᠯᠬᠤ ᠴᠢᠬᠤᠯᠠᠳᠠᠢ ᠪᠤᠯ ᠡᠷᠬᠡᠪᠰᠢ ᠬᠠᠤᠯᠢ ᠶᠤᠰᠤᠭᠠᠷ ᠬᠠᠮᠢᠶ᠎ᠠ ᠪᠦᠬᠦᠢ ᠭᠠᠷ ᠬᠦᠢᠴᠡᠳᠬᠡᠯ ᠢ ᠬᠦᠢᠴᠡᠳᠬᠡᠬᠦ ᠬᠡᠷᠡᠭᠳᠡᠢ᠂ ᠡᠷᠭᠢᠯᠲᠡ ᠳᠤ ᠤᠷᠤᠭᠤᠯᠬᠤ ᠳᠤ ᠵᠦᠪᠬᠡᠨ ᠲᠡᠮᠡᠭᠡ ᠮᠠᠯᠵᠢᠬᠤ ᠡᠷᠤᠬᠡ ᠳᠤ ᠨᠤᠳᠤᠭ ᠪᠡᠯᠴᠢᠬᠡᠷ ᠤᠨ ᠡᠵᠡᠩᠨᠡᠯᠳᠡ ᠬᠡᠷᠡᠭᠯᠡᠯᠳᠡ ᠶᠢᠨ ᠡᠷᠬᠡ ᠶᠢ ᠰᠢᠯᠵᠢᠬᠦᠯᠵᠤ ᠪᠤᠯᠬᠤ ᠪᠦᠬᠡᠳ ᠬᠦᠷᠳᠡᠬᠦ ᠶᠤᠰᠤᠳᠠᠢ ᠲᠦᠷᠦ ᠶᠢᠨ ᠪᠤᠳᠤᠯᠭ᠎ᠠ ᠶᠢᠨ ᠬᠠᠷᠠᠭᠠᠯᠵᠠᠯ ᠢ ᠨᠤᠳᠤᠭ ᠪᠡᠯᠴᠢᠬᠡᠷ ᠤᠨ ᠤᠤᠯ ᠤᠨ ᠲᠠᠭᠠᠭᠠᠴᠢᠯᠠᠭᠴᠢ ᠤᠯᠵᠤ ᠬᠦᠷᠳᠡᠨ᠎ᠡ᠃ ᠬᠠᠤᠯᠢ ᠶᠤᠰᠤᠭᠠᠷ ᠰᠢᠯᠵᠢᠬᠦᠯᠦᠨ ᠦᠭᠬᠦᠭᠰᠡᠨ ᠨᠤᠳᠤᠭ ᠪᠡᠯᠴᠢᠬᠡᠷ ᠤᠨ ᠪᠡᠯᠴᠢᠬᠡᠷᠯᠡᠬᠦᠯᠬᠦ ᠶᠢ ᠵᠤᠭᠰᠤᠭᠠᠬᠤ ᠪᠤᠶᠤ ᠮᠠᠯ ᠪᠡᠯᠴᠢᠬᠡᠷ ᠲᠡᠩᠴᠡᠬᠦᠷᠢᠰᠢᠬᠦᠯᠬᠦ ᠨᠦᠬᠦᠪᠤᠷᠢ ᠱᠠᠩᠨᠠᠯ ᠢ ᠨᠤᠳᠤᠭ ᠪᠡᠯᠴᠢᠬᠡᠷ ᠰᠢᠯᠵᠢᠬᠦᠯᠦᠨ ᠠᠪᠤᠭᠰᠠᠨ ᠬᠦᠮᠦᠨ ᠳᠤ ᠤᠯᠭᠤᠨ᠎ᠠ᠃        ⒎ ᠵᠣᠬᠢᠰᠲᠠᠢ ᠪᠠᠷ ᠰᠢᠯᠵᠢᠭᠦᠯᠦᠨ ᠨᠡᠭᠦᠯᠭᠡᠵᠦ ᠲᠥᠪᠬᠢᠨᠡᠭᠦᠯᠬᠦ ᠬᠡᠷᠡᠭᠲᠠᠢ        ᠮᠠᠯᠴᠢᠳ ᠲᠡᠷᠢᠶᠠᠴᠢᠳ ᠰᠠᠶᠢᠨ ᠲᠤᠷ᠎ᠠ ᠠᠴᠠ ᠪᠠᠶᠢᠬᠤ ᠵᠠᠷᠴᠢᠮ ᠢ ᠪᠠᠷᠢᠮᠳᠠᠯᠠᠵᠤ᠂ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠲᠠᠢ ᠤᠶᠠᠯᠳᠤᠭᠤᠯᠤᠭᠠᠳ ᠲᠡᠳᠡᠨ ᠢ ᠰᠢᠯᠵᠢᠬᠦᠯᠦᠨ ᠨᠡᠬᠦᠯᠬᠡᠵᠤ ᠲᠦᠪᠬᠢᠨᠡᠬᠦᠯᠦᠨ᠎ᠠ᠃        ⒏ ᠨᠤᠳᠤᠭ ᠪᠡᠯᠴᠢᠬᠡᠷ ᠤᠨ ᠨᠦᠬᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠶᠢ ᠢᠯᠡ ᠪᠠᠷ ᠶᠠᠪᠤᠭᠳᠠᠭᠤᠯᠬᠤ ᠶᠢ ᠪᠠᠳᠤᠯᠠᠬᠤ ᠬᠡᠷᠡᠭᠳᠡᠢ᠃        ᠮᠠᠨ ᠤ ᠬᠤᠰᠢᠭᠤ ᠨᠢ ᠨᠤᠳᠤᠭ ᠪᠡᠯᠴᠢᠬᠡᠷ ᠤᠨ ᠨᠦᠬᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠬᠦᠷᠳᠡᠵᠤ ᠪᠠᠶᠢᠭ᠎ᠠ ᠮᠠᠯᠴᠢᠳ ᠲᠠᠷᠢᠶᠠᠴᠢᠳ ᠲᠤ ᠴᠢᠭᠯᠡᠬᠦᠯᠦᠨ ᠨᠤᠳᠤᠭ ᠪᠡᠯᠴᠢᠬᠡᠷ ᠤᠨ ᠨᠦᠬᠦᠪᠤᠷᠢ ᠱᠠᠩᠨᠠᠯ ᠬᠦᠷᠳᠡᠵᠤ ᠪᠠᠶᠢᠭ᠎ᠠ ᠡᠳᠡᠬᠡᠳ ᠤᠨ ᠪᠡᠶ᠎ᠡ ᠭᠠᠷᠤᠯ ᠢ ᠡᠯᠧᠺᠲᠷᠤᠨ ᠢᠶᠠᠷ ᠢᠯᠭᠠᠨ ᠲᠤᠳᠤᠯᠠᠬᠤ ᠰᠢᠰᠲ᠋ᠧᠮ ᠪᠠᠶᠢᠭᠤᠯᠵᠤ᠂ ᠬᠠᠭᠤᠷᠮᠠᠭ ᠮᠡᠳᠡᠬᠦᠯᠦᠨ ᠤᠷᠤᠯᠠᠨ ᠠᠪᠬᠤ᠂ ᠲᠦᠷᠦᠯ ᠵᠤᠶᠢᠯ ᠢ ᠲᠤᠷ᠎ᠠ ᠲᠠᠪᠠ ᠪᠠᠷ ᠪᠠᠶᠢᠭᠤᠯᠬᠤ᠂ ᠪᠡᠯᠡ ᠮᠦᠩᠬᠦ ᠎ ᠶᠢ ᠴᠠᠭ ᠲᠤᠬᠠᠢ ᠳᠤᠨᠢ ᠪᠠᠭᠤᠯᠭᠠᠬᠤ ᠦᠬᠡᠢ ᠪᠠᠶᠢᠬᠤ ᠵᠡᠷᠬᠡ ᠬᠠᠮᠢᠶᠠᠷᠤᠯᠳᠠ ᠶᠢᠨ ᠲᠠᠯ᠎ᠠ ᠪᠠᠷ ᠬᠢ ᠠᠰᠠᠭᠤᠳᠠᠯ ᠤᠳ ᠎ ᠢ ᠬᠤᠷᠢᠭᠯᠠᠬᠤ ᠬᠡᠷᠡᠭᠳᠡᠢ᠃ ᠬᠠᠷᠭᠤᠭᠤᠯᠤᠨ ᠪᠠᠶᠢᠴᠠᠭᠠᠬᠤ ᠶᠢ ᠲᠠᠮᠵᠢᠭᠰᠠᠨ ᠬᠦᠮᠦᠰ ᠲᠤ ᠨᠦᠬᠦᠪᠦᠷᠢ ᠱᠠᠩᠨᠠᠯ ᠤᠨ ᠪᠡᠯᠡ ᠮᠦᠩᠬᠦ ᠲᠠᠷᠬᠠᠭᠠᠨ ᠪᠠᠭᠤᠯᠭᠠᠵᠤ᠂ ︽ᠲᠤᠮᠳᠠᠳᠤ ᠤᠯᠤᠰ · ᠡᠵᠡᠨ᠎ᠡ︾ ᠬᠠᠶ᠋ᠢᠭᠳᠤ ᠰᠦᠯᠵᠢᠶᠠᠨ ᠲᠡᠬᠡᠷ᠎ᠡ ᠨᠡᠶᠢᠳᠡᠯᠡᠨ᠂ ᠡᠳᠡᠬᠡᠷ ᠬᠦᠮᠦᠰ ᠤᠨ ᠨᠡᠷᠡᠰ ᠢ ᠨᠡᠶᠢᠬᠡᠮ ᠤᠨ ᠡᠯ᠎ᠡ ᠡᠳᠡᠬᠡᠳ ᠪᠤᠯᠤᠨ ᠦᠷᠬᠡᠨ ᠤᠯᠠᠨ ᠮᠠᠯᠴᠢᠳ ᠲᠠᠷᠢᠶᠠᠴᠢᠳ ᠢᠶᠠᠷ ᠬᠢᠨᠠᠭᠤᠯᠵᠤ᠂ ᠬᠢᠨᠠᠨ ᠮᠡᠳᠡᠬᠦᠯᠵᠤ ᠱᠠᠩᠨᠠᠬᠤ ᠲᠤᠭᠳᠠᠴᠠ ᠶᠢ ᠪᠠᠶᠢᠭᠤᠯᠤᠨ ᠲᠡᠬᠦᠯᠳᠡᠷᠵᠢᠬᠦᠯᠬᠦ ᠬᠡᠷᠡᠭᠳᠡᠢ︔ ᠨᠤᠳᠤᠭ ᠪᠡᠯᠴᠢᠬᠡᠷ ᠤᠨ ᠨᠦᠬᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠶᠢ ᠵᠦᠷᠢᠴᠡᠭᠰᠡᠨ ᠠᠵᠢᠯᠯᠠᠭ᠎ᠠ ᠶᠢ ᠢᠯᠡᠷᠡᠬᠦᠯᠪᠠᠯ᠂ ᠪᠠᠶᠢᠴᠠᠭᠠᠨ ᠬᠠᠷᠭᠤᠭᠤᠯᠬᠤ ᠶᠢ ᠲᠠᠮᠵᠢᠭᠠᠳ ᠦᠨᠡᠨ ᠪᠠᠶᠢᠪᠠᠯ ᠢᠯᠡᠴᠢᠯᠡᠨ ᠮᠡᠳᠡᠬᠦᠯᠦᠭᠴᠢ ᠳᠤ ᠨᠢᠬᠡ ᠲᠤᠤᠷ᠎ᠠ ᠮᠢᠩᠭᠠᠨ ᠲᠦᠬᠦᠷᠢᠭ ︵1000 ᠲᠦᠬᠦᠷᠢᠭ︶ ᠱᠠᠩᠨᠠᠬᠤ ᠬᠡᠷᠡᠭᠳᠡᠢ᠃        ︵ᠭᠤᠷᠪᠠ︶ ᠪᠡᠯᠡ ᠮᠦᠩᠬᠦ ᠶᠢᠨ ᠲᠠᠷᠬᠠᠭᠠᠯᠳᠠ ᠵᠢᠴᠢ ᠱᠠᠩᠨᠠᠵᠤ ᠲᠤᠷᠭᠠᠬᠤ ᠠᠷᠭ᠎ᠠ        ⒈ ᠱᠠᠩᠨᠠᠯ ᠨᠦᠬᠦᠪᠤᠷᠢ ᠶᠢᠨ ᠪᠡᠯᠡ ᠮᠦᠩᠬᠦ ᠶᠢ ᠲᠠᠷᠬᠠᠭᠠᠬᠤ ᠶᠢ ᠡᠬᠦᠷᠬᠡ ᠬᠠᠷᠢᠭᠤᠴᠠᠯᠭ᠎ᠠ ᠪᠠᠶᠠᠯᠡᠬᠦᠯᠦᠭᠰᠡᠨ ᠪᠠᠶᠢᠳᠠᠯ ᠲᠠᠢ ᠬᠤᠯᠪᠤᠵᠤ᠂ ᠱᠠᠩᠨᠠᠵᠤ ᠲᠤᠷᠭᠠᠬᠤ ᠲᠦᠷᠢᠮ ᠢ ᠪᠠᠶᠢᠭᠤᠯᠬᠤ ᠬᠡᠷᠡᠭᠳᠡᠢ᠃         ᠨᠦᠬᠦᠪᠤᠷᠢ ᠱᠠᠩᠨᠠᠯ ᠤᠨ ᠪᠡᠯᠡ ᠮᠦᠩᠬᠦ ᠲᠠᠷᠬᠠᠭᠠᠬᠤ ᠠᠵᠢᠯ ᠢ ᠪᠡᠯᠴᠢᠭᠡᠷᠯᠡᠭᠦᠯᠬᠦ ᠶᠢ ᠵᠤᠭᠰᠤᠭᠠᠬᠤ᠂ ᠮᠠᠯ ᠪᠡᠯᠴᠢᠬᠡᠷ ᠲᠡᠩᠴᠡᠬᠦᠷᠢᠰᠢᠬᠦᠯᠬᠦ ᠬᠠᠷᠢᠭᠤᠴᠠᠯᠭ᠎ᠠ ᠲᠠᠢ ᠬᠠᠷᠢᠯᠴᠠᠨ ᠬᠤᠯᠪᠤᠬᠤ ᠬᠡᠷᠡᠭᠳᠡᠢ᠃ ᠱᠠᠩᠨᠠᠵᠤ ᠲᠤᠷᠭᠠᠬᠤ ᠲᠦᠷᠢᠮ ᠢ ᠪᠠᠶᠢᠭᠤᠯᠵᠤ᠂ ᠮᠠᠯᠵᠢᠯ ᠤᠨ ᠤᠶᠢᠯᠡᠰ ᠤᠨ ᠤᠶᠢᠯᠡᠳᠪᠤᠷᠢᠯᠡᠯ ᠤᠨ ᠬᠡᠷᠡᠭᠴᠡᠭᠡ ᠶᠢ ᠦᠨᠳᠤᠰᠤᠯᠡᠨ᠂ ᠪᠡᠯᠡ ᠮᠦᠩᠬᠦ ᠪᠠᠭᠤᠨ ᠢᠷᠡᠭᠰᠡᠨ ᠤ ᠲᠠᠷᠠᠭ᠎ᠠ ᠤᠷᠢᠳᠠᠪᠡᠷ 70%᠎ ᠶᠢ ᠤᠯᠭᠤᠨ ᠦᠭᠴᠤ᠂ ᠦᠯᠡᠳᠡᠭᠰᠡᠨ 30%᠎ ᠶᠢ ᠪᠤᠯ ᠮᠠᠯᠴᠢᠳ ᠤᠨ ᠪᠡᠯᠴᠢᠭᠡᠷᠯᠡᠭᠦᠯᠬᠦ ᠶᠢ ᠵᠤᠭᠰᠤᠭᠠᠬᠤ ᠪᠤᠯᠤᠨ ᠮᠠᠯ ᠪᠡᠯᠴᠢᠬᠡᠷ ᠲᠡᠩᠴᠡᠬᠦᠷᠢᠰᠢᠬᠦᠯᠬᠦ ᠬᠡᠷ᠎ᠡ ᠶᠢ ᠶᠠᠪᠤᠭᠳᠠᠭᠤᠯᠤᠭᠰᠠᠨ ᠪᠠᠶᠢᠳᠠᠯ ᠢ ᠨᠢ ᠦᠨᠳᠤᠰᠤᠯᠡᠨ ᠤᠯᠭᠤᠨ᠎ᠠ᠂ ᠡᠳᠡᠬᠡᠷ ᠪᠤᠳᠠᠳᠤ ᠠᠵᠢᠯ ᠢ ᠰᠤᠮᠤ ᠭᠠᠴᠠᠭ᠎ᠠ ᠪᠤᠯᠤᠨ ᠨᠤᠳᠤᠭ ᠪᠡᠯᠴᠢᠬᠡᠷ ᠤᠨ ᠬᠢᠨᠠᠨ ᠬᠠᠮᠢᠶᠠᠷᠤᠯᠳᠠ ᠶᠢᠨ ᠰᠠᠯᠪᠤᠷᠢ ᠬᠤᠯᠪᠤᠭᠠᠯᠠᠨ ᠪᠠᠶᠢᠴᠠᠭᠠᠵᠤ᠂ ᠬᠢᠷᠢ ᠲᠡᠩᠴᠡᠭᠰᠡᠨ ᠡᠰᠡᠬᠦ ᠶᠢ ᠰᠢᠯᠭᠠᠨ᠎ᠠ᠂ ᠲᠡᠬᠦᠨᠴᠢᠯᠡᠨ ᠪᠤᠲᠠᠲᠠᠢ ᠲᠠᠷᠬᠠᠭᠠᠬᠤ ᠰᠠᠨᠠᠯ ᠲᠤᠷᠠᠳᠬᠤ ᠬᠡᠷᠡᠭᠳᠡᠢ᠃ ᠬᠢᠷᠢ ᠲᠡᠩᠴᠡᠵᠤ ᠨᠦᠬᠦᠴᠡᠯ ᠳᠤ ᠨᠡᠶᠢᠴᠡᠭᠰᠡᠨ ᠳᠤᠨᠢ ᠦᠯᠡᠳᠡᠭᠰᠡᠨ 30%᠎ ᠶᠢ ᠨᠢ ᠤᠯᠭᠤᠬᠤ ᠬᠡᠷᠡᠭᠳᠡᠢ︔ ᠬᠢᠷᠢ ᠲᠡᠩᠴᠡᠭᠰᠡᠨ ᠦᠬᠡᠢ ᠬᠦᠮᠦᠨ ᠤ ᠬᠡᠷ ᠪᠦᠯᠢ ᠶᠢᠨ ᠬᠢᠨ ᠤ ᠬᠢᠨᠢ ᠦᠯᠡᠳᠡᠭᠰᠡᠨ 30%᠎ ᠶᠢ ᠨᠢ ᠬᠠᠰᠤᠬᠤ ᠮᠦᠷᠳᠡᠬᠡᠨ ᠮᠠᠯᠵᠢᠵᠤ ᠪᠠᠶᠢᠭ᠎ᠠ ᠮᠠᠯ ᠤᠨ ᠲᠤᠭ᠎ᠠ ᠨᠢ ᠨᠢᠬᠡ ᠬᠤᠨᠢ ᠨᠢᠬᠡᠴᠡ ᠬᠡᠳᠤᠷᠡᠬᠦ ᠪᠦᠷᠢ 300 ᠲᠦᠬᠦᠷᠢᠭ ᠪᠠᠷ ᠲᠤᠷᠭᠠᠨ᠎ᠠ᠂ ᠡᠬᠦᠨ ᠠᠴᠠ ᠭᠠᠳᠠᠨ᠎ᠠ ᠲᠠᠷᠠᠭ᠎ᠠ ᠵᠢᠯ ᠤᠨ ᠵᠢᠷᠭᠤᠭᠠᠨ ᠰᠠᠷ᠎ᠠ ᠶᠢᠨ ᠰᠡᠬᠦᠯᠴᠢ ᠪᠠᠷ ᠲᠡᠬᠡᠷᠡᠬᠢ ᠪᠠᠶᠢᠳᠠᠯ ᠲᠠᠢ ᠬᠦᠮᠦᠰ ᠎ ᠤᠨ ᠮᠠᠯ ᠤᠨ ᠲᠤᠭ᠎ᠠ ᠲᠤᠯᠤᠭᠠᠢ ᠶᠢ ᠪᠦᠷᠢᠳᠬᠡᠨ ᠲᠤᠭᠠᠯᠠᠭᠠᠳ ᠮᠦᠨ ᠯᠡ ᠬᠠᠰᠤᠵᠤ ᠴᠦᠬᠡᠯᠡᠭᠰᠡᠨ ᠦᠬᠡᠢ ᠪᠠᠶᠢᠪᠠᠯ ᠨᠦᠬᠦᠪᠤᠷᠢ ᠱᠠᠩᠨᠠᠯ ᠤᠨ ᠮᠦᠩᠬᠦ ᠤᠯᠭᠤᠬᠤ ᠪᠠᠨ ᠪᠤᠯᠢᠨ᠎ᠠ᠃ ᠮᠠᠯ ᠪᠡᠯᠴᠢᠬᠡᠷ ᠲᠡᠩᠴᠡᠬᠦᠷᠢᠰᠢᠬᠦᠯᠬᠦ ᠬᠡᠷ᠎ᠡ ᠶᠢ ᠵᠢᠷᠤᠮᠯᠠᠬᠤ ᠦᠬᠡᠢ ᠪᠠᠶᠢᠭ᠎ᠠ ᠬᠦᠮᠦᠰ ᠤᠨ ᠨᠦᠬᠦᠪᠤᠷᠢ ᠱᠠᠩᠨᠠᠯ ᠬᠦᠷᠳᠡᠬᠦ ᠬᠢᠷᠢ ᠬᠡᠮ ᠢ ᠨᠢ ᠬᠠᠰᠤᠨ᠎ᠠ᠃ ᠲᠤᠷᠭᠠᠭᠰᠠᠨ ᠦᠷ᠎ᠡ ᠳ᠋ᠦᠩ ᠢ ᠨᠤᠳᠤᠭ ᠪᠡᠯᠴᠢᠬᠡᠷ ᠤᠨ ᠬᠢᠨᠠᠨ ᠬᠠᠮᠢᠶᠠᠷᠤᠯᠳᠠ ᠶᠢᠨ ᠰᠠᠯᠠᠭ᠎ᠠ ᠮᠦᠴᠢᠷ ᠠᠴᠠ ᠪᠢᠴᠢᠭ ᠎ ᠤᠨ ᠬᠡᠯᠪᠡᠷᠢ ᠪᠠᠷ ᠬᠤᠯᠪᠤᠭᠳᠠᠬᠤ ᠬᠦᠮᠦᠨ ᠳᠤ ᠮᠡᠳᠡᠭᠳᠡᠬᠦ ᠬᠡᠷᠡᠭᠳᠡᠢ ᠪᠠ ᠭᠠᠴᠠᠭᠠᠨ ᠤ ᠬᠡᠪᠴᠢᠶᠠᠨ ᠳᠤ ᠨᠡᠶᠢᠳᠡᠯᠡᠬᠦ ᠬᠡᠷᠡᠭᠳᠡᠢ︔ ᠬᠠᠰᠤᠵᠤ ᠤᠯᠤᠭᠰᠠᠨ ᠨᠦᠬᠦᠪᠤᠷᠢ ᠱᠠᠩᠨᠠᠯ ᠤᠨ ᠮᠦᠩᠬᠦ ᠶᠢ ᠲᠡᠳᠡᠬᠡᠷ ᠪᠡᠯᠴᠢᠭᠡᠷᠯᠡᠭᠦᠯᠬᠦ ᠶᠢ ᠵᠤᠭᠰᠤᠭᠠᠭᠰᠠᠨ ᠪᠠ ᠮᠠᠯ ᠪᠡᠯᠴᠢᠬᠡᠷ ᠲᠡᠩᠴᠡᠬᠦᠷᠢᠰᠢᠬᠦᠯᠦᠭᠰᠡᠨ ᠦᠷ᠎ᠡ ᠪᠦᠳᠦᠮᠵᠢ ᠪᠠᠷ ᠲᠤᠪᠤᠶᠢᠮ᠎ᠠ ᠪᠠᠶᠢᠭ᠎ᠠ ᠮᠠᠯᠴᠢᠳ ᠲᠠᠷᠢᠶᠠᠴᠢᠳ ᠲᠤ ᠲᠠᠬᠢᠨ ᠲᠠᠷᠬᠠᠭᠠᠵᠤ ᠤᠯᠭᠤᠨ᠎ᠠ᠃        ⒉ᠱᠠᠩᠨᠠᠨ ᠵᠤᠷᠢᠭᠵᠢᠭᠤᠯᠬᠤ ᠲᠤᠭᠳᠠᠴᠠ ᠶᠢ ᠲᠡᠬᠦᠯᠳᠡᠷᠵᠢᠬᠦᠯᠬᠦ ᠬᠡᠷᠡᠭᠳᠡᠢ᠃ ︽ᠮᠠᠯᠵᠢᠬᠤ ᠲᠠᠷᠢᠶᠠᠯᠠᠬᠤ ᠤᠷᠤᠨ ᠤ ᠠᠵᠤ ᠠᠬᠤᠢ ᠶᠢᠨ ᠪᠦᠳᠦᠴᠡ ᠶᠢᠨ ᠲᠤᠬᠢᠷᠠᠭᠤᠯᠤᠯᠳᠠ ᠶᠢ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠎ ᠶᠢᠨ ᠲᠠᠪᠠᠭᠤᠯᠢᠭ ᠤᠨᠴᠠᠯᠢᠭᠳᠤ ᠠᠵᠤ ᠤᠶᠢᠯᠡᠰᠵᠢᠭ᠌ᠰᠠᠨ ᠬᠦᠭᠵᠢᠯᠳᠡ ᠶᠢ ᠲᠦᠷᠬᠡᠳᠬᠡᠬᠦ ᠲᠤᠬᠠᠢ ᠠᠯᠠᠱᠠ ᠠᠶᠢᠮᠠᠭ ᠎ ᠤᠨ ᠵᠠᠰᠠᠭ ᠵᠠᠬᠢᠷᠭᠠᠨ ᠤ ᠵᠢᠯᠤᠭᠤᠳᠬᠤ ᠰᠠᠨᠠᠯ︾ ︵ᠠᠯᠠᠱᠠ ᠵᠠᠬᠢᠷᠭ᠎ᠠ ᠲᠠᠷᠬᠠᠭᠠᠭᠰᠠᠨ ﹇2016﹈ 40 ᠳ᠋ᠤᠬᠡᠷ︶ ᠵᠢᠴᠢ 6 ᠲᠦᠬᠦᠷᠵᠢᠭᠰᠡᠨ ᠲᠦᠷᠦ ᠶᠢᠨ ᠪᠤᠳᠤᠯᠭ᠎ᠠ ᠶᠢᠨ ᠵᠤᠷᠢᠭ ᠰᠠᠨᠠᠭ᠎ᠠ ᠶᠢ ᠦᠨᠳᠤᠰᠤᠯᠡᠨ᠂ ᠮᠠᠯᠴᠢᠳ ᠲᠠᠷᠢᠶᠠᠴᠢᠳ ᠢ ᠲᠤᠰᠠᠯᠠᠨ ᠲᠠᠷᠢᠶᠠᠯᠠᠩ ᠮᠠᠯ ᠠᠵᠤ ᠠᠬᠤᠢ ᠶᠢᠨ ᠲᠠᠪᠠᠭᠤᠯᠢᠭ ᠤᠨᠴᠠᠯᠢᠭᠳᠤ ᠠᠵᠤ ᠤᠶᠢᠯᠡᠰ ᠢ ᠶᠡᠭᠡ ᠎ ᠪᠠᠷ ᠬᠦᠭᠵᠢᠬᠦᠯᠦᠨ᠎ᠠ᠃ ᠠᠶᠢᠮᠠᠭ ᠤᠨ ᠲᠡᠰ ᠤᠨ ᠡᠳ᠋ ᠤᠨ ᠵᠠᠰᠠᠭ ᠠᠴᠠ ᠵᠢᠯ ᠪᠦᠷᠢ ᠲᠦᠪ ᠠᠴᠠ ᠲᠠᠷᠬᠠᠭᠠᠭᠰᠠᠨ ᠨᠦᠬᠦᠪᠤᠷᠢ ᠱᠠᠩᠨᠠᠯ ᠲᠤᠳᠤᠷᠠᠬᠢ 1000 ᠲᠦᠮᠡᠨ ᠲᠦᠬᠦᠷᠢᠭ ᠢ ᠨᠢᠬᠡᠳᠤᠯᠳᠡᠢ ᠲᠤᠬᠢᠷᠠᠭᠤᠯᠵᠤ᠂ ᠱᠠᠩᠨᠠᠬᠤ ᠪᠠᠷ ᠨᠦᠬᠦᠪᠤᠷᠢᠯᠡᠬᠦ ᠶᠢ ᠤᠷᠤᠯᠠᠬᠤ ᠵᠡᠷᠬᠡ ᠵᠤᠷᠢᠭᠵᠢᠭᠤᠯᠤᠯ ᠤᠨ ᠲᠤᠭᠳᠠᠴᠠ ᠪᠠᠷ ᠲᠠᠮᠵᠢᠨ ᠡᠯ᠎ᠡ ᠬᠤᠰᠢᠭᠤ ᠡᠯ᠎ᠡ ᠤᠷᠤᠨ ᠲᠤᠭᠤᠷᠢᠭ ᠢ ᠱᠠᠩᠨᠠᠨ ᠵᠤᠷᠢᠭᠵᠢᠭᠤᠯᠤᠨ᠎ᠠ᠃ ᠨᠢᠬᠡ ᠳᠤ᠂ ᠲᠦᠷᠦᠯ ᠵᠤᠶᠢᠯ ᠤᠨ ᠤᠷᠤᠨ ᠤ ᠮᠠᠯᠴᠢᠳ ᠲᠠᠷᠢᠶᠠᠴᠢᠳ ᠎ ᠤᠨ ᠬᠤᠶᠠᠳᠤᠭᠠᠷ ᠭᠤᠷᠪᠠᠳᠤᠭᠠᠷ ᠠᠵᠤ ᠤᠶᠢᠯᠡᠰ ᠡᠷᠬᠢᠯᠡᠬᠦ ᠶᠢ ᠵᠤᠷᠢᠭᠵᠢᠭᠤᠯᠤᠨ᠂ ᠠᠮᠢ ᠠᠬᠤᠢ ᠶᠢᠨ ᠪᠦᠳᠦᠬᠡᠨ ᠪᠠᠶᠢᠭᠤᠯᠤᠯᠳᠠ ᠶᠢ ᠲᠠᠷᠢᠶᠠᠯᠠᠩ ᠮᠠᠯ ᠠᠵᠤ ᠠᠬᠤᠢ ᠶᠢᠨ ᠪᠦᠳᠦᠴᠡ ᠶᠢᠨ ᠲᠤᠬᠢᠷᠠᠭᠤᠯᠤᠯᠳᠠ᠂ ᠲᠠᠷᠢᠶᠠᠯᠠᠩ ᠮᠠᠯ ᠠᠵᠤ ᠠᠬᠤᠢ ᠶᠢᠨ ᠤᠶᠢᠯᠡᠳᠪᠤᠷᠢᠯᠡᠯ ᠡᠵᠡᠩᠨᠡᠯᠳᠡ ᠶᠢᠨ ᠠᠷᠭ᠎ᠠ ᠬᠡᠯᠪᠡᠷᠢ᠂ ᠮᠠᠯᠴᠢᠳ ᠲᠠᠷᠢᠶᠠᠴᠢᠳ ᠤᠨ ᠤᠷᠤᠯᠭ᠎ᠠ ᠶᠢᠨ ᠨᠡᠮᠡᠭᠳᠡᠯ ᠲᠠᠢ ᠤᠶᠠᠯᠳᠤᠭᠤᠯᠤᠨ᠎ᠠ︔ ᠬᠤᠶᠠᠷ ᠳᠤ᠂ ᠤᠶᠢᠯᠡᠳᠪᠤᠷᠢᠯᠡᠯ ᠠᠮᠢᠳᠤᠷᠠᠯ ᠤᠨ ᠬᠢᠷᠢ ᠲᠦᠪᠰᠢᠨ ᠢᠶᠠᠷ ᠦᠨᠳᠤᠷ ᠪᠠᠶᠢᠭ᠎ᠠ ᠪᠡᠯᠴᠢᠬᠡᠷᠯᠡᠬᠦᠯᠬᠦ ᠶᠢ ᠵᠤᠭᠰᠤᠭᠠᠬᠤ ᠪᠤᠯᠤᠨ ᠮᠠᠯ ᠪᠡᠯᠴᠢᠬᠡᠷ ᠲᠡᠩᠴᠡᠬᠦᠷᠢᠰᠢᠬᠦᠯᠬᠦ ᠲᠤᠭᠳᠠᠭᠠᠯ ᠢ ᠴᠢᠩᠭ᠎ᠠ ᠬᠡᠷᠡᠭᠵᠢᠬᠦᠯᠦᠭᠰᠡᠨ ᠵᠢᠱᠢᠶᠡᠴᠢ ᠤᠶᠢᠯᠡᠳᠤᠯ ᠢᠶᠠᠷ ᠢᠯᠡᠷᠬᠡᠢ ᠮᠠᠯᠴᠢᠳ ᠲᠠᠷᠢᠶᠠᠴᠢᠳ ᠢ ᠱᠠᠩᠨᠠᠨ ᠬᠦᠬᠢᠬᠦᠯᠦᠨ᠎ᠠ᠂ ᠲᠠᠷᠬᠠᠭᠠᠬᠤ ᠱᠠᠩᠨᠠᠯ ᠤᠨ ᠮᠦᠩᠬᠦ ᠶᠢ ᠡᠷᠬᠡᠪᠰᠢ ᠠᠶᠢᠮᠠᠭ᠂ ᠬᠤᠰᠢᠭᠤ᠂ ᠰᠤᠮᠤ ᠪᠠᠯᠭᠠᠰᠤ᠂ ᠨᠤᠲᠤᠭ ᠪᠡᠯᠴᠢᠭᠡᠷ ᠤᠨ ᠲᠤᠰᠬᠠᠢ ᠬᠠᠮᠢᠶᠠᠷᠤᠨ ᠬᠠᠮᠠᠭᠠᠯᠠᠭᠴᠢ ᠬᠡᠬᠦ ᠲᠦᠷᠪᠡᠨ ᠱᠠᠳᠤᠨ ᠤ ᠪᠠᠶᠢᠴᠠᠭᠠᠯᠳᠠ ᠶᠢᠨ ᠦᠷ᠎ᠡ ᠳ᠋ᠦᠩ ᠢ ᠦᠨᠳᠤᠰᠤᠯᠡᠨ ᠤᠯᠭᠤᠬᠤ ᠬᠡᠷᠡᠭᠳᠡᠢ᠃ ᠱᠠᠩᠨᠠᠨ ᠵᠤᠷᠢᠭᠵᠢᠭᠤᠯᠬᠤ ᠲᠤᠭᠳᠠᠴᠠ ᠪᠤᠯᠤᠨ ᠪᠡᠯᠡ ᠮᠦᠩᠬᠦᠨ ᠤ ᠬᠠᠮᠢᠶᠠᠷᠤᠯᠳᠠ ᠶᠢᠨ ᠠᠷᠭ᠎ᠠ ᠶᠢ ᠪᠠᠶᠢᠭᠤᠯᠬᠤ ᠪᠠᠷ ᠲᠠᠮᠵᠢᠨ᠂ ᠮᠠᠯᠴᠢᠳ ᠲᠠᠷᠢᠶᠠᠴᠢᠳ ᠢ ᠵᠢᠯᠤᠭᠤᠳᠤᠨ ᠠᠮᠢ ᠠᠬᠤᠢ ᠎ ᠶᠢᠨ ᠬᠠᠮᠠᠭᠠᠯᠠᠯᠳᠠ ᠲᠤᠮᠳᠠ ᠤᠶᠢᠯᠡᠳᠪᠤᠷᠢᠯᠡᠯ ᠢ ᠬᠦᠭᠵᠢᠬᠦᠯᠵᠤ᠂ ᠬᠦᠭᠵᠢᠯᠳᠡ ᠶᠢᠨ ᠲᠤᠮᠳᠠ ᠬᠡᠷ ᠪᠦᠯᠢ ᠪᠠᠷ ᠡᠵᠡᠩᠨᠡᠭᠰᠡᠨ ᠴᠢᠨᠠᠷᠳᠠᠢ ᠤᠷᠤᠯᠭ᠎ᠠ ᠶᠢᠨ ᠬᠠᠷᠢᠴᠠᠯ ᠢ ᠦᠷᠬᠦᠯᠵᠢᠯᠡᠨ ᠨᠡᠮᠡᠭᠳᠡᠬᠦᠯᠵᠤ᠂ ᠤᠶᠢᠯᠡᠳᠪᠤᠷᠢᠯᠡᠯ ᠠᠮᠢᠳᠤᠷᠠᠯ ᠎ ᠤᠨ ᠬᠢᠷᠢ ᠲᠦᠪᠰᠢᠨ ᠢ ᠲᠤᠭᠳᠠᠭᠤᠨ ᠢᠶᠠᠷ ᠲᠡᠬᠡᠭᠰᠢᠯᠡᠬᠦᠯᠦᠨ᠎ᠠ᠃        ︵ᠲᠦᠷᠪᠡ︶  ᠪᠡᠯᠴᠢᠭᠡᠷᠯᠡᠭᠦᠯᠬᠦ ᠶᠢ ᠵᠤᠭᠰᠤᠭᠠᠬᠤ᠂ ᠮᠠᠯ ᠪᠡᠯᠴᠢᠬᠡᠷ ᠲᠡᠩᠴᠡᠬᠦᠷᠢᠰᠢᠬᠦᠯᠬᠦ ᠲᠤᠭᠳᠠᠭᠠᠯ ᠤᠨ ᠨᠡᠶᠢᠳᠡᠪᠤᠷᠢᠵᠢᠭᠤᠯᠤᠯᠳᠠ ᠶᠢ ᠬᠢᠨᠠᠨ ᠬᠠᠮᠢᠶᠠᠷᠬᠤ ᠠᠷᠭ᠎ᠠ        ⒈ ᠪᠡᠯᠴᠢᠭᠡᠷᠯᠡᠭᠦᠯᠬᠦ ᠶᠢ ᠵᠤᠭᠰᠤᠭᠠᠬᠤ ᠤᠷᠤᠨ ᠳᠤ ᠪᠦᠬᠦ ᠲᠠᠯ᠎ᠠ ᠪᠠᠷ ᠪᠡᠯᠴᠢᠭᠡᠷᠯᠡᠭᠦᠯᠬᠦ ᠶᠢ ᠵᠤᠭᠰᠤᠭᠠᠨ᠎ᠠ ᠃ ᠵᠠᠰᠠᠭ ᠤᠨ ᠤᠷᠳᠤᠨ ᠠᠴᠠ ︽ᠪᠡᠯᠴᠢᠭᠡᠷᠯᠡᠭᠦᠯᠬᠦ ᠶᠢ ᠵᠤᠭᠰᠤᠭᠠᠬᠤ ᠵᠠᠷᠯᠢᠭ︾ ᠨᠡᠶᠢᠳᠡᠯᠡᠵᠤ᠂ ᠡᠨᠡᠬᠦ ᠵᠠᠷᠯᠢᠭ ᠢ ᠰᠤᠮᠤ ᠪᠠᠯᠭᠠᠰᠤ᠂ ᠭᠠᠴᠠᠭ᠎ᠠ᠂ ᠮᠠᠯᠵᠢᠬᠤ ᠡᠷᠤᠬᠡ ᠬᠦᠷᠳᠡᠯ᠎ᠡ ᠨᠠᠷᠢᠯᠢᠭ ᠲᠤᠤᠱᠯᠠᠭᠤᠯᠵᠤ᠂ ᠪᠡᠯᠴᠢᠭᠡᠷᠯᠡᠭᠦᠯᠬᠦ ᠶᠢ ᠵᠤᠭᠰᠤᠭᠠᠬᠤ ᠱᠠᠭᠠᠷᠳᠠᠯᠭ᠎ᠠ ᠶᠢ ᠲᠤᠳᠤᠳᠬᠠᠨ᠂ ︽ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠶᠢᠨ ᠪᠡᠯᠴᠢᠬᠡᠷᠯᠡᠬᠦᠯᠬᠦ ᠶᠢ ᠵᠤᠭᠰᠤᠭᠠᠬᠤ ᠪᠠ ᠮᠠᠯ ᠪᠡᠯᠴᠢᠬᠡᠷ ᠲᠡᠩᠴᠡᠬᠦᠷᠢᠰᠢᠬᠦᠯᠬᠦ ᠬᠠᠷᠢᠭᠤᠴᠠᠯᠭ᠎ᠠ ᠶᠢᠨ ᠪᠢᠴᠢᠭ︾᠎ ᠢ ᠱᠠᠳᠤ ᠱᠠᠳᠤ ᠪᠠᠷ ᠲᠤᠭᠳᠠᠵᠤ ᠮᠠᠯᠵᠢᠬᠤ ᠶᠢ ᠵᠤᠭᠰᠤᠭᠠᠬᠤ ᠲᠦᠷᠢᠮ ᠢ ᠴᠢᠩᠭ᠎ᠠ ᠨᠡᠶᠢᠳᠡᠪᠤᠷᠢᠵᠢᠭᠤᠯᠤᠨ᠂ 5 ᠵᠢᠯ ᠲᠤᠳᠤᠷ᠎ᠠ ᠮᠠᠯᠵᠢᠵᠤ ᠪᠤᠯᠬᠤ ᠦᠬᠡᠢ ᠮᠦᠷᠳᠡᠬᠡᠨ ᠡᠪᠡᠰᠤ ᠬᠠᠳᠤᠨ ᠬᠤᠷᠢᠶᠠᠵᠤ ᠪᠤᠯᠬᠤ ᠦᠬᠡᠢ᠂ ᠡᠬᠦᠨ ᠤ ᠬᠠᠮᠳᠤ ᠲᠡᠮᠡᠭᠡ ᠬᠠᠷᠢᠭᠤᠯᠬᠤ ᠡᠷᠤᠬᠡ ᠠᠴᠠ ᠭᠠᠳᠠᠨ᠎ᠠ ᠦᠬᠡᠷ᠎ᠡ ᠵᠤᠶᠢᠯ ᠤᠨ ᠬᠡᠷᠡᠭᠴᠡᠬᠡᠨ ᠳᠤ ᠨᠤᠳᠤᠭ ᠪᠡᠯᠴᠢᠬᠡᠷ ᠢ ᠰᠢᠯᠵᠢᠬᠦᠯᠦᠨ ᠡᠷᠭᠢᠯᠲᠡ ᠳᠤ ᠤᠷᠤᠭᠤᠯᠵᠤ ᠪᠤᠯᠬᠤ ᠦᠬᠡᠢ᠂ ᠨᠦᠭᠦᠭᠡ ᠲᠠᠯ᠎ᠠ ᠪᠠᠷ ᠬᠤᠯᠠᠭᠠᠶᠢᠯᠠᠨ ᠮᠠᠯᠵᠢᠬᠤ᠂ ᠰᠦᠨᠢ ᠪᠠᠷ ᠮᠠᠯᠵᠢᠬᠤ ᠠᠵᠢᠯᠯᠠᠭ᠎ᠠ ᠨᠤᠭᠤᠳ ᠲᠤ ᠴᠢᠩᠭ᠎ᠠ ᠴᠤᠬᠢᠯᠳᠠ ᠦᠭᠬᠦ ᠬᠡᠷᠡᠭᠳᠡᠢ᠃ ᠬᠤᠤᠰ ᠪᠦᠬᠦᠲᠦ ᠲᠡᠮᠡᠭᠡ ᠠᠴᠠ ᠪᠤᠰᠤᠳ ᠮᠠᠯ ᠤᠨ ᠲᠦᠷᠦᠯ ᠢ ᠮᠠᠯᠵᠢᠵᠤ ᠪᠤᠯᠬᠤ ᠦᠬᠡᠢ᠃ ᠬᠠᠰᠢᠶᠠᠯᠠᠵᠤ ᠲᠡᠵᠢᠬᠡᠬᠦ᠂ ᠬᠤᠳᠠᠯᠳᠤᠬᠤ ᠪᠤᠶᠤ ᠨᠢᠳᠤᠯᠬᠤ ᠠᠷᠭ᠎ᠠ ᠪᠠᠷ ᠲᠤᠬᠠᠢ ᠶᠢᠨ ᠵᠢᠯ ᠤᠨ ᠴᠦᠬᠡᠯᠡᠬᠦ ᠶᠤᠰᠤᠳᠠᠢ ᠮᠠᠯ ᠢᠶᠠᠨ ᠴᠦᠬᠡᠯᠡᠵᠤ ᠡᠬᠦᠷᠬᠡ ᠪᠠᠨ ᠪᠡᠶᠡᠯᠡᠬᠦᠯᠬᠦ ᠬᠡᠷᠡᠭᠳᠡᠢ᠃        ⒉ ᠮᠠᠨ ᠤ ᠬᠤᠰᠢᠭᠤᠨ ᠤ ᠮᠠᠯ ᠪᠡᠯᠴᠢᠬᠡᠷ ᠲᠡᠩᠴᠡᠬᠦᠷᠢᠰᠢᠬᠦᠯᠬᠦ ᠤᠷᠤᠨ ᠪᠤᠯ ᠪᠦᠬᠦᠯᠢ ᠳᠡᠭᠡᠨ ᠮᠠᠯᠵᠢᠬᠤ ᠎ ᠪᠠᠷ ᠲᠤᠳᠠᠵᠤ ᠬᠡᠰᠡᠭ ᠭᠠᠵᠠᠷ ᠢᠶᠠᠷ ᠲᠡᠩᠴᠡᠬᠦᠷᠢ ᠠᠯᠳᠠᠭᠳᠠᠭᠰᠠᠨ ᠪᠠᠶᠢᠳᠠᠯ ᠲᠠᠢ᠂ ᠡᠶᠢᠮᠤ ᠠᠴᠠ ᠪᠠᠶᠢᠭᠠᠯᠢᠯᠢᠭ ᠪᠡᠯᠴᠢᠬᠡᠷ ᠤᠨ ᠲᠠᠭᠠᠭᠠᠴᠠ ᠪᠠᠷ ᠦᠨᠳᠤᠰᠤ ᠪᠤᠯᠭᠠᠵᠤ᠂ ᠮᠠᠯ ᠠᠵᠤ ᠤᠶᠢᠯᠡᠰ ᠤᠨ ᠪᠦᠳᠦᠴᠡ ᠶᠢᠨ ᠲᠤᠬᠢᠷᠠᠭᠤᠯᠤᠯᠳᠠ ᠂ ᠠᠵᠤ ᠤᠶᠢᠯᠡᠰ ᠤᠨ ᠬᠦᠭᠵᠢᠯᠳᠡ᠂ ᠤᠶᠢᠯᠡᠳᠪᠤᠷᠢᠯᠡᠯ ᠤᠨ ᠠᠷᠭ᠎ᠠ ᠶᠢᠨ ᠦᠬᠡᠷᠡᠴᠢᠯᠡᠯᠳᠡ᠂ ᠮᠠᠯᠴᠢᠳ ᠤᠨ ᠤᠷᠤᠯᠭ᠎ᠠ ᠶᠢᠨ ᠨᠡᠮᠡᠭᠳᠡᠯ ᠵᠡᠷᠬᠡ ᠡᠯᠧᠮᠧᠨ᠋ᠲ ᠨᠦᠭᠦᠳ ᠢ ᠶᠡᠷᠤᠩᠬᠡᠶᠢᠯᠡᠨ ᠪᠤᠳᠤᠯᠬᠢᠯᠠᠵᠤ ᠰᠢᠨᠵᠢᠯᠡᠬᠦ ᠤᠬᠠᠭᠠᠨᠴᠢ ᠪᠠᠷ ᠵᠦᠢ ᠵᠤᠬᠢᠮᠵᠢᠳᠡᠢ ᠪᠠᠷ ᠮᠠᠯᠵᠢᠵᠤ ᠪᠤᠯᠬᠤ ᠮᠠᠯ ᠤᠨ ᠲᠤᠭ᠎ᠠ ᠲᠤᠯᠤᠭᠠᠢ ᠶᠢ ᠲᠤᠭᠳᠠᠭᠠᠨ᠂ ᠮᠠᠯ ᠴᠦᠬᠡᠯᠡᠬᠦ ᠡᠬᠦᠷᠬᠡ ᠵᠢᠴᠢ ᠴᠦᠬᠡᠯᠡᠬᠦ ᠲᠤᠭ᠎ᠠ ᠲᠤᠯᠤᠭᠠᠢ ᠶᠢ ᠰᠤᠮᠤ ᠪᠠᠯᠭᠠᠰᠤ᠂ ᠭᠠᠴᠠᠭ᠎ᠠ ᠪᠤᠯᠤᠨ ᠮᠠᠯᠴᠢᠨ ᠡᠷᠤᠬᠡ ᠲᠤ ᠲᠤᠰᠢᠶᠠᠨ ᠦᠭᠴᠤ ᠨᠡᠶᠢᠳᠡᠪᠤᠷᠢᠵᠢᠭᠤᠯᠤᠨ᠂ ︽ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠶᠢᠨ ᠪᠡᠯᠴᠢᠬᠡᠷᠯᠡᠬᠦᠯᠬᠦ ᠶᠢ ᠵᠤᠭᠰᠤᠭᠠᠬᠤ ᠪᠠ ᠮᠠᠯ ᠪᠡᠯᠴᠢᠬᠡᠷ ᠲᠡᠩᠴᠡᠬᠦᠷᠢᠰᠢᠬᠦᠯᠬᠦ ᠬᠠᠷᠢᠭᠤᠴᠠᠯᠭ᠎ᠠ ᠶᠢᠨ ᠪᠢᠴᠢᠭ︾᠎ ᠢ ᠱᠠᠳᠤ ᠱᠠᠳᠤ ᠪᠠᠷ ᠲᠤᠭᠳᠠᠵᠤ᠂ ᠮᠠᠯ ᠪᠠᠯᠴᠢᠬᠡᠷ ᠲᠡᠩᠴᠡᠬᠦᠷᠢᠰᠢᠬᠦᠯᠬᠦ᠂ ᠵᠤᠬᠢᠰᠳᠡᠢ ᠠᠰᠢᠭᠯᠠᠬᠤ ᠵᠡᠷᠬᠡ ᠠᠷᠭ᠎ᠠ ᠪᠠᠷ ᠲᠠᠮᠵᠢᠨ ᠨᠤᠳᠤᠭ ᠪᠡᠯᠴᠢᠬᠡᠷ ᠤᠨ ᠠᠮᠢ ᠠᠬᠤᠢ ᠎ ᠶᠢᠨ ᠤᠷᠤᠨ ᠢ ᠰᠡᠷᠬᠦᠬᠡᠬᠦ ᠬᠡᠷᠡᠭᠳᠡᠢ᠃ ᠮᠠᠯ ᠪᠡᠯᠴᠢᠬᠡᠷ ᠢ ᠴᠢᠩᠭ᠎ᠠ ᠲᠡᠩᠴᠡᠬᠦᠷᠢᠰᠢᠬᠦᠯᠬᠦ ᠰᠠᠭᠤᠷᠢᠨ ᠲᠡᠬᠡᠷ᠎ᠡ᠂ ᠰᠡᠯᠬᠦᠨ ᠮᠠᠯᠵᠢᠬᠤ᠂ ᠡᠬᠡᠯᠵᠢᠯᠡᠨ ᠮᠠᠯᠵᠢᠬᠤ ᠵᠡᠷᠬᠡ ᠨᠤᠳᠤᠭ ᠪᠡᠯᠴᠢᠬᠡᠷ ᠢ ᠵᠤᠬᠢᠮᠵᠢᠳᠡᠢ ᠠᠰᠢᠭᠯᠠᠬᠤ ᠲᠦᠷᠢᠮ ᠢ ᠬᠡᠷᠡᠭᠵᠢᠬᠦᠯᠵᠤ ᠪᠤᠯᠬᠤ ᠪᠦᠬᠡᠳ ᠠᠯᠭᠤᠷ ᠠᠭᠠᠵᠢᠮ ᠢᠶᠠᠷ ᠨᠤᠳᠤᠭ ᠪᠡᠯᠴᠢᠬᠡᠷ ᠤᠨ ᠦᠷᠭᠦᠯᠵᠢᠯᠡᠬᠦᠶᠢᠴᠡ ᠠᠰᠢᠭᠯᠠᠯᠳᠠ ᠎ ᠶᠢ ᠪᠡᠶᠡᠯᠡᠬᠦᠯᠦᠨ᠎ᠠ᠃ ᠮᠠᠯ ᠪᠡᠯᠴᠢᠬᠡᠷ ᠲᠡᠩᠴᠡᠬᠦᠷᠢᠰᠢᠬᠦᠯᠬᠦ ᠤᠷᠤᠨ ᠳᠠᠬᠢ ᠲᠤᠭᠠᠨ ᠠᠴᠠ ᠬᠡᠳᠤᠷᠡᠭᠰᠡᠨ ᠮᠠᠯ ᠢ ᠲᠤᠬᠠᠢ ᠶᠢᠨ ᠵᠢᠯ ᠳᠤᠨᠢ ᠬᠤᠳᠠᠯᠳᠤᠨ ᠪᠤᠷᠤᠯᠠᠭᠤᠯᠬᠤ ᠪᠤᠶᠤ ᠨᠢᠳᠤᠯᠬᠤ ᠠᠷᠭ᠎ᠠ ᠪᠠᠷ ᠡᠷᠬᠡᠪᠰᠢ ᠰᠢᠢᠳᠪᠦᠷᠢᠯᠡᠵᠦ᠂ ᠡᠬᠦᠨ ᠳᠤ ᠬᠤᠨᠢ᠂ ᠢᠮᠠᠭ᠎ᠠ᠂ ᠮᠢᠬᠠᠨ ᠤ ᠦᠬᠡᠷ ᠢ ᠭᠤᠤᠯᠳᠠᠯᠠᠭ᠎ᠠ ᠲᠠᠢ ᠴᠦᠭᠡᠯᠡᠨ᠂ ᠨᠢᠬᠡ ᠵᠢᠯ ᠤᠨ ᠮᠠᠯ ᠴᠦᠬᠡᠯᠡᠬᠦ ᠬᠠᠷᠠᠯᠳᠠ ᠶᠢ ᠨᠢᠬᠡᠨᠳᠡ ᠪᠡᠶᠡᠯᠡᠬᠦᠯᠦᠭᠰᠡᠨ ᠪᠤᠶᠤ ᠲᠠᠪᠠᠭᠤᠯᠤᠨ ᠪᠡᠶᠡᠯᠡᠬᠦᠯᠦᠭᠰᠡᠨ ᠬᠦᠮᠦᠰ ᠲᠤᠬᠠᠢ ᠶᠢᠨ ᠪᠠᠶᠢᠳᠠᠯ ᠢᠶᠠᠨ ᠪᠡᠷᠢᠮᠳᠠᠯᠠᠵᠤ ᠬᠡᠯᠪᠡᠷᠢ ᠦᠬᠡᠷᠡᠳᠦᠬᠦᠯᠦᠨ ᠮᠠᠯ ᠢᠶᠠᠨ ᠨᠡᠮᠡᠭᠳᠡᠬᠦᠯᠵᠤ ᠪᠤᠯᠬᠤ ᠦᠬᠡᠢ᠃        ᠲᠤᠯᠤᠭ᠎ᠠ᠂ ᠬᠠᠮᠢᠶᠠᠷᠤᠯᠳᠠ ᠶᠢᠨ ᠠᠷᠭ᠎ᠠ        ︵ᠨᠢᠬᠡ︶ ᠵᠤᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠎ᠠ᠃ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠠᠴᠠ ᠨᠤᠳᠤᠭ ᠪᠡᠯᠴᠢᠬᠡᠷ ᠤᠨ ᠠᠮᠢ ᠠᠬᠤᠢ ᠶᠢᠨ ᠨᠦᠬᠦᠪᠦᠷᠢ ᠱᠠᠩᠨᠠᠯ ᠤᠨ ᠲᠦᠷᠦ ᠶᠢᠨ ᠪᠤᠳᠤᠯᠭ᠎ᠠ ᠳᠤ ᠬᠠᠷᠢᠭᠤᠴᠠᠵᠤ᠂ ᠨᠤᠳᠤᠭ ᠪᠡᠯᠴᠢᠬᠡᠷ ᠤᠨ ᠠᠮᠢ ᠠᠬᠤᠢ ᠶᠢᠨ ᠨᠦᠬᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠶᠢᠨ ᠤᠳᠤᠷᠢᠳᠬᠤ ᠲᠤᠭᠤᠶᠢᠯᠠᠩ ᠢ ᠪᠠᠶᠢᠭᠤᠯᠤᠨ᠂ ᠨᠢᠬᠡᠳᠤᠬᠡᠷ ᠲᠤᠮᠤ ᠤᠳᠤᠷᠢᠳᠤᠯᠭ᠎ᠠ ᠠᠴᠠ ᠲᠤᠭᠤᠶᠢᠯᠠᠩ ᠤᠨ ᠲᠠᠷᠤᠭ᠎ᠠ ᠶᠢ ᠬᠠᠷᠢᠭᠤᠴᠠᠨ᠂ ᠬᠠᠮᠢᠶ᠎ᠠ ᠪᠦᠬᠦᠢ ᠬᠤᠪᠢᠶᠠᠷᠢᠯᠠᠨ ᠬᠠᠮᠢᠶᠠᠷᠬᠤ ᠤᠳᠤᠷᠢᠳᠤᠯᠭ᠎ᠠ ᠠᠴᠠ ᠲᠤᠭᠤᠶᠢᠯᠠᠩ ᠤᠨ ᠲᠡᠳ᠋ ᠲᠠᠷᠤᠭ᠎ᠠ ᠶᠢᠨ ᠲᠤᠰᠢᠶᠠᠯ ᠡᠬᠦᠷᠬᠡᠯᠡᠨ᠂ ᠬᠦᠭᠵᠢᠬᠦᠯᠦᠯᠳᠡ ᠦᠬᠡᠷᠡᠴᠢᠯᠡᠯᠳᠡ᠂ ᠡᠳ᠋ ᠤᠨ ᠵᠠᠰᠠᠭ᠂ ᠬᠢᠨᠠᠨ ᠪᠤᠳᠤᠯᠳᠠ᠂ ᠲᠠᠷᠢᠶᠠᠯᠠᠩ ᠮᠠᠯ ᠠᠵᠤ ᠠᠬᠤᠢ᠂ ᠤᠢ ᠰᠢᠭᠤᠢ᠂ ᠤᠰᠤᠨ ᠤ ᠶᠠᠪᠤᠳᠠᠯ᠂ ᠲᠤᠭ᠎ᠠ ᠪᠦᠷᠢᠳᠬᠡᠯ᠂ ᠬᠦᠳᠡᠯᠮᠤᠷᠢ ᠬᠦᠴᠦ ᠵᠡᠷᠬᠡ ᠰᠠᠯᠠᠭ᠎ᠠ ᠮᠦᠴᠢᠷ ᠵᠢᠴᠢ ᠡᠯ᠎ᠡ ᠰᠤᠮᠤ ᠪᠠᠯᠭᠠᠰᠤᠨ ᠤ ᠭᠤᠤᠯᠳᠠᠯᠠᠭ᠎ᠠ ᠲᠠᠢ ᠤᠳᠤᠷᠢᠳᠤᠯᠭ᠎ᠠ ᠨᠠᠷ ᠢᠶᠠᠷ ᠪᠦᠷᠢᠯᠳᠦᠬᠦᠨ ᠬᠡᠰᠢᠬᠦᠨ ᠪᠤᠯᠭᠠᠭᠰᠠᠨ ᠤᠳᠤᠷᠢᠳᠬᠤ ᠪᠠᠶᠢᠭᠤᠯᠤᠮᠵᠢ ᠪᠠᠶᠢᠬᠤ ᠶᠤᠰᠤᠳᠠᠢ ᠪᠠᠶᠢᠵᠤ ᠨᠦᠬᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠶᠢᠨ ᠲᠤᠮᠤ ᠴᠢᠬᠤᠯᠠ ᠬᠡᠷᠡᠭ ᠶᠠᠪᠤᠳᠠᠯ ᠢ ᠬᠠᠷᠢᠭᠤᠴᠠᠨ ᠨᠡᠶᠢᠳᠡᠪᠤᠷᠢᠵᠢᠭᠤᠯᠤᠨ᠎ᠠ᠃ ᠲᠤᠬᠠᠢ ᠶᠢᠨ ᠭᠠᠵᠠᠷ ᠤᠨ ᠪᠤᠳᠠᠲᠤ ᠪᠠᠶᠢᠳᠠᠯ ᠢᠶᠠᠨ ᠦᠨᠳᠦᠰᠦᠯᠡᠨ ᠦᠪᠡᠷᠲᠡᠭᠡᠨ ᠵᠠᠰᠠᠬᠤ ᠤᠷᠤᠨ ᠤ ᠬᠡᠪᠴᠢᠶᠠᠨ ᠳᠤᠲᠤᠷ᠎ᠠ ᠨᠦᠬᠦᠪᠦᠷᠢ ᠱᠠᠩᠨᠠᠯ ᠤᠨ ᠲᠦᠷᠦ ᠶᠢᠨ ᠪᠤᠳᠤᠯᠭ᠎ᠠ ᠶᠢᠨ ᠬᠡᠷᠡᠭᠵᠢᠭᠦᠯᠦᠯᠲᠡ ᠶᠢᠨ ᠠᠷᠭ᠎ᠠ ᠠᠪᠴᠠᠯ᠂ ᠪᠤᠳᠤᠯᠭ᠎ᠠ ᠴᠢᠭᠯᠡᠯᠲᠡ ᠵᠢᠴᠢ ᠬᠠᠮᠢᠶ᠎ᠠ ᠪᠦᠬᠦᠢ ᠳᠦᠷᠢᠮ ᠲᠤᠭᠲᠠᠭᠠᠯ ᠢ ᠨᠠᠷᠢᠯᠢᠭ ᠰᠤᠳᠤᠯᠤᠨ ᠲᠤᠭᠳᠠᠭᠠᠨ᠎ᠠ᠃ ᠤᠳᠤᠷᠢᠳᠬᠤ ᠳᠤᠭᠤᠶᠢᠯᠠᠩ ᠤᠨ ᠠᠵᠢᠯ ᠤᠨ ᠠᠯᠪᠠᠨ ᠭᠡᠷ ᠢ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠪᠴᠢᠶᠠᠨ ᠳᠤ ᠪᠠᠶᠢᠷᠢᠯᠠᠭᠤᠯᠵᠤ᠂ ᠠᠯᠪᠠᠨ ᠭᠡᠷ ᠤᠨ ᠡᠷᠬᠢᠯᠡᠭᠴᠢ ᠎ ᠠᠴᠠ ᠨᠢᠭᠡᠳᠦᠭᠡᠷ ᠤᠳᠤᠷᠢᠳᠤᠯᠭ᠎ᠠ ᠶᠢᠨ ᠲᠤᠰᠢᠶᠠᠯ ᠢ ᠡᠭᠦᠷᠭᠡᠯᠡᠨ᠂ ᠤᠳᠤᠷᠢᠳᠬᠤ ᠳᠤᠭᠤᠶᠢᠯᠠᠩ ᠤᠨ ᠲᠤᠮᠤ ᠴᠢᠬᠤᠯᠠ ᠰᠢᠢᠳᠪᠦᠷᠢ ᠪᠤᠳᠤᠯᠭ᠎ᠠ ᠶᠢ ᠬᠠᠷᠢᠭᠤᠴᠠᠨ ᠨᠠᠶᠢᠳᠠᠪᠤᠷᠢᠵᠢᠭᠤᠯᠵᠤ᠂ ᠡᠳᠦᠷ ᠳᠤᠲᠤᠮ ᠤᠨ ᠬᠡᠷᠡᠭ ᠶᠠᠪᠤᠳᠠᠯ ᠢ ᠰᠢᠢᠳᠪᠦᠷᠢᠯᠡᠨ᠂ ᠪᠡᠯᠴᠢᠭᠡᠷᠯᠡᠭᠦᠯᠬᠦ ᠶᠢ ᠵᠤᠭᠰᠤᠭᠠᠬᠤ ᠤᠷᠤᠨ ᠪᠤᠯᠤᠨ ᠮᠠᠯ ᠪᠡᠯᠴᠢᠭᠡᠷ ᠲᠡᠩᠴᠡᠭᠦᠷᠢᠰᠢᠭᠦᠯᠬᠦ ᠤᠷᠤᠨ ᠤ ᠲᠠᠷᠬᠠᠯᠲᠠ ᠶᠢᠨ ᠤᠳᠤᠬᠢ ᠪᠠᠶᠢᠳᠠᠯ ᠢ ᠤᠶᠢᠯᠠᠭᠠᠨ ᠮᠡᠳᠡᠵᠦ᠂ ᠨᠦᠬᠦᠪᠦᠷᠢ ᠱᠠᠩᠨᠠᠯ ᠤᠨ ᠲᠦᠷᠦ ᠶᠢᠨ ᠪᠤᠳᠤᠯᠭ᠎ᠠ ᠶᠢᠨ ᠬᠡᠷᠡᠭᠵᠢᠭᠦᠯᠦᠯᠲᠡ ᠶᠢᠨ ᠲᠦᠰᠦᠯ ᠢ ᠨᠠᠶᠢᠷᠠᠭᠤᠯᠤᠨ ᠲᠤᠭᠲᠠᠭᠠᠵᠤ᠂ ᠨᠦᠬᠦᠪᠦᠷᠢ ᠱᠠᠩᠨᠠᠯ ᠤᠨ ᠲᠦᠷᠦ ᠶᠢᠨ ᠪᠤᠳᠤᠯᠭ᠎ᠠ ᠎ ᠶᠢ ᠰᠠᠶᠢᠳᠤᠷ ᠲᠤᠤᠱᠯᠠᠭᠤᠯᠤᠨ᠎ᠠ᠃ ᠡᠭᠦᠨ ᠤ ᠵᠡᠷᠭᠡ ᠡᠯ᠎ᠡ ᠰᠤᠮᠤ ᠪᠠᠯᠭᠠᠰᠤ ᠴᠦ ᠬᠠᠷᠠᠭᠠᠯᠵᠠᠭᠰᠠᠨ ᠵᠤᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢ ᠪᠠᠶᠢᠭᠤᠯᠤᠨ᠎ᠠ᠃ ᠡᠶᠢᠨᠬᠦ ᠳᠡᠭᠡᠷ᠎ᠡ ᠠᠴᠠ ᠳᠤᠷᠤᠭᠰᠢ ᠵᠤᠬᠢᠶᠠᠨ ᠪᠠᠶᠢᠭᠤᠯᠤᠯᠲᠠ ᠶᠢᠨ ᠪᠠᠲᠤᠯᠠᠭᠠᠨ ᠤ ᠰᠢᠰᠲ᠋ᠧᠮ ᠢ ᠪᠦᠷᠢᠯᠳᠦᠭᠦᠯᠵᠦ᠂ ᠬᠠᠷᠢᠭᠤᠴᠠᠯᠭ᠎ᠠ ᠶᠢᠨ ᠪᠢᠴᠢᠭ ᠢ ᠱᠠᠲᠤ ᠱᠠᠲᠤ ᠎ ᠪᠠᠷ ᠲᠤᠭᠲᠠᠨ᠂ ᠲᠡᠭᠡᠷ᠎ᠡ ᠱᠠᠲᠤ ᠨᠢ ᠲᠣᠣᠷ᠎ᠠ ᠱᠠᠲᠤ ᠪᠠᠨ ᠬᠢᠨᠠᠨ ᠠᠳᠬᠤᠵᠤ ᠱᠠᠲᠤ ᠪᠤᠯᠭᠠᠨ ᠳᠤ ᠬᠠᠮᠢᠶᠠᠷᠬᠤ ᠬᠦᠮᠦᠨ ᠲᠠᠢ᠂ ᠤᠴᠢᠷ ᠪᠤᠯᠭᠠᠨ ᠢ ᠪᠡᠶᠡᠯᠡᠭᠦᠯᠬᠦ ᠬᠦᠮᠦᠨ ᠲᠠᠢ ᠠᠵᠢᠯ ᠤᠨ ᠲᠤᠭᠲᠠᠴᠠ ᠶᠢ ᠪᠦᠷᠢᠯᠳᠦᠭᠦᠯᠦᠨ᠂ ᠨᠦᠬᠦᠪᠦᠷᠢ ᠱᠠᠩᠨᠠᠯ ᠤᠨ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠳᠤ ᠬᠦᠴᠦᠨ ᠲᠡᠭᠦᠰ ᠵᠤᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠬᠠᠩᠭᠠᠨ᠎ᠠ᠃        ︵ᠬᠤᠶᠠᠷ︶ ᠤᠬᠠᠭᠤᠯᠬᠤ ᠬᠦᠴᠦᠯᠡᠴᠡ ᠪᠠᠨ ᠴᠢᠩᠭᠠᠳᠬᠠᠨ᠎ᠠ᠃ ᠷᠠᠳᠢᠤ᠋ ᠲᠧᠯᠸᠢᠰ᠂ ᠰᠣᠨᠢᠨ ᠰᠡᠳᠬᠦᠯ᠂ ᠭᠠᠷ ᠤᠲᠠᠰᠤ ᠰᠦᠯᠵᠢᠶ᠎ᠡ ᠵᠡᠷᠭᠡ ᠤᠯᠠᠨ ᠡᠰᠢᠴᠢᠯᠡᠭᠰᠡᠨ ᠰᠤᠨᠢᠨ ᠮᠡᠳᠡᠭᠡᠨ ᠤ ᠵᠠᠭᠤᠴᠢ  ᠵᠢᠴᠢ ᠲᠤᠰᠬᠤᠨ ᠳᠤ ᠬᠦᠷᠴᠦ ᠡᠷᠦᠬᠡ ᠳᠤ ᠭᠦᠨᠵᠡᠭᠡᠶᠢᠷᠡᠨ ᠤᠬᠠᠭᠤᠯᠤᠨ ᠶᠠᠷᠢᠬᠤ ᠪᠤᠯᠪᠠᠰᠤᠷᠠᠯ᠂ ᠲᠦᠷᠦ ᠶᠢᠨ ᠪᠤᠳᠤᠯᠭ᠎ᠠ ᠶᠢᠨ ᠲᠤᠳᠤᠷᠬᠠᠢ ᠬᠠᠭᠤᠳᠠᠰᠤᠨ ᠤ ᠲᠠᠷᠬᠠᠭᠠᠯᠲᠠ ᠵᠡᠷᠭᠡ ᠤᠯᠠᠨ ᠠᠷᠭ᠎ᠠ ᠬᠡᠯᠪᠡᠷᠢ ᠪᠠᠷ ᠳᠠᠮᠵᠢᠨ ᠰᠢᠨ᠎ᠡ ᠨᠢᠭᠡᠨ ᠡᠭᠡᠯᠵᠢ ᠎ ᠶᠢᠨ ᠨᠤᠲᠤᠭ ᠪᠡᠯᠴᠢᠭᠡᠷ ᠤᠨ ᠨᠦᠬᠦᠪᠦᠷᠢ ᠱᠠᠩᠨᠠᠯ ᠤᠨ ᠲᠦᠷᠦ ᠶᠢᠨ ᠪᠤᠳᠤᠯᠭ᠎ᠠ ᠶᠢ ᠦᠷᠭᠡᠨ ᠳᠡᠯᠭᠡᠷ ᠰᠤᠷᠲᠠᠯᠴᠢᠯᠠᠨ ᠂ ᠦᠷᠭᠡᠨ ᠤᠯᠠᠨ ᠦᠨᠳᠦᠰᠦᠨ ᠱᠠᠲᠤᠨ ᠤ ᠺᠠᠳ᠋ᠷ᠂ ᠮᠠᠯᠴᠢᠳ ᠲᠠᠷᠢᠶᠠᠴᠢᠳ ᠲᠤ ᠰᠢᠨ᠎ᠡ ᠨᠢᠭᠡᠨ ᠡᠭᠡᠯᠵᠢ ᠶᠢᠨ ᠨᠤᠲᠤᠭ ᠪᠡᠯᠴᠢᠭᠡᠷ ᠤᠨ ᠨᠦᠬᠦᠪᠦᠷᠢ ᠱᠠᠩᠨᠠᠯ ᠤᠨ ᠲᠦᠷᠦ ᠶᠢᠨ ᠪᠤᠳᠤᠯᠭ᠎ᠠ ᠶᠢᠨ ᠠᠭᠤᠯᠭ᠎ᠠ ᠶᠢ ᠭᠦᠢᠴᠡᠳ ᠲᠠᠨᠢᠭᠤᠯᠵᠤ᠂ ᠠᠶᠢᠯ ᠡᠷᠦᠬᠡ ᠪᠦᠷᠢ ᠳᠤ ᠮᠡᠳᠡᠭᠦᠯᠵᠦ᠂ ᠬᠦᠮᠦᠨ ᠪᠤᠯᠭᠠᠨ ᠳᠤ ᠤᠶᠢᠯᠠᠭᠠᠭᠤᠯᠤᠨ᠂ ᠲᠦᠷᠦ ᠶᠢᠨ ᠪᠤᠳᠤᠯᠭ᠎ᠠ ᠶᠢ ᠤᠷᠤᠭᠰᠢᠲᠠᠢ ᠬᠡᠷᠡᠭᠵᠢᠭᠦᠯᠦᠨ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠪᠠᠲᠤᠯᠠᠨ᠎ᠠ᠃ ᠲᠦᠷᠦ ᠎ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠶᠠᠪᠤᠴᠠ ᠳᠤᠮᠳᠠ ᠡᠷᠬᠡᠪᠰᠢ ᠵᠠᠰᠠᠭ ᠤᠨ ᠤᠷᠳᠤᠨ ᠠᠴᠠ ᠬᠦᠳᠦᠯᠵᠦ ᠮᠠᠯᠴᠢᠨ ᠲᠦᠮᠡᠨ ᠢᠶᠠᠷ ᠭᠤᠤᠯ ᠴᠤᠭᠴᠠ ᠪᠤᠯᠭᠠᠭᠰᠠᠨ ᠵᠠᠷᠴᠢᠮ ᠢ ᠪᠠᠷᠢᠮᠲᠠᠯᠠᠨ᠂ ᠮᠠᠯᠴᠢᠳ ᠤᠨ ᠨᠤᠲᠤᠭ ᠪᠡᠯᠴᠢᠭᠡᠷ ᠎ ᠤᠨ ᠠᠮᠢ ᠠᠬᠤᠢ ᠶᠢ ᠬᠠᠮᠠᠭᠠᠯᠠᠬᠤ ᠢᠳᠡᠪᠬᠢ ᠴᠢᠨᠠᠷ ᠪᠤᠯᠤᠨ ᠬᠠᠷᠢᠭᠤᠴᠠᠯᠭᠠᠲᠤ ᠰᠡᠳᠬᠢᠯᠭᠡ ᠶᠢ ᠭᠦᠢᠴᠠᠳ ᠳᠠᠶᠢᠴᠢᠯᠠᠵᠤ᠂ ᠮᠠᠯᠴᠢᠳ ᠤᠨ ᠲᠦᠷᠦ ᠶᠢᠨ ᠪᠤᠳᠤᠯᠭ᠎ᠠ ᠳᠤ ᠤᠷᠤᠯᠴᠠᠬᠤ ᠬᠡᠮᠵᠢᠶ᠎ᠡ ᠶᠢ ᠳᠡᠭᠡᠭᠰᠢᠯᠡᠭᠦᠯᠦᠨ᠂ ᠬᠡᠷᠡᠭᠵᠢᠭᠦᠯᠦᠯᠲᠡ ᠶᠢᠨ ᠶᠠᠪᠤᠴᠠ ᠳᠤᠮᠳᠠᠬᠢ ᠦᠭᠡ ᠬᠡᠯᠡᠬᠦ ᠡᠷᠬᠡ ᠶᠢ ᠶᠡᠬᠡᠰᠬᠡᠨ᠎ᠡ᠃        ︵ᠭᠤᠷᠪᠠ︶ ᠰᠠᠭᠤᠷᠢ ᠴᠢᠨᠠᠷᠲᠠᠢ ᠠᠵᠢᠯ ᠢ ᠴᠢᠩᠭᠠᠳᠬᠠᠨ᠎ᠠ᠃ ᠡᠭᠦᠷᠭᠡ ᠶᠢ ᠡᠷᠦᠬᠡ ᠳᠤ ᠬᠦᠷᠲᠡᠯ᠎ᠡ ᠨᠠᠶᠢᠳᠠᠪᠤᠷᠢᠵᠢᠭᠤᠯᠬᠤ᠂ ᠨᠦᠬᠦᠪᠦᠷᠢ ᠶᠢ ᠡᠷᠦᠬᠡ ᠳᠤ ᠬᠦᠷᠲᠡᠯ᠎ᠡ ᠲᠠᠷᠬᠠᠭᠠᠬᠤ᠂ ᠡᠷᠦᠭᠡ ᠳᠤ ᠬᠦᠷᠲᠡᠯ᠎ᠡ ᠦᠢᠯᠡᠴᠢᠯᠡᠨ ᠵᠢᠯᠤᠭᠤᠳᠬᠤ᠂ ᠡᠷᠦᠬᠡ ᠳᠤ ᠬᠦᠷᠲᠡᠯ᠎ᠡ ᠬᠢᠨᠠᠨ ᠬᠠᠮᠢᠶᠠᠷᠬᠤ᠂ ᠡᠷᠦᠭᠡ ᠳᠤ ᠬᠦᠷᠲᠡᠯ᠎ᠡ ᠳᠠᠩᠰᠠᠯᠠᠵᠤ ᠺᠠᠷᠲᠯᠠᠬᠤ ᠬᠡᠬᠦ ︽ᠲᠠᠪᠤ ᠶᠢ ᠡᠷᠦᠬᠡ ᠳᠤ ᠬᠦᠷᠭᠡᠬᠦ ᠵᠠᠷᠴᠢᠮ︾᠎ ᠢ ᠡᠷᠡᠰ ᠲᠤᠤᠱᠯᠠᠭᠤᠯᠤᠨ᠂ ᠨᠤᠲᠤᠭ ᠪᠡᠯᠴᠢᠭᠡᠷ ᠤᠨ ᠨᠦᠬᠦᠪᠦᠷᠢ ᠱᠠᠩᠨᠠᠯ ᠤᠨ ᠰᠤᠷᠠᠭ ᠵᠠᠩᠭᠢ ᠶᠢᠨ ᠰᠢᠰᠲ᠋ᠧᠮ ᠢ ᠬᠠᠮᠢᠶᠠᠷᠬᠤ ᠲᠤᠭᠲᠠᠴᠠ ᠶᠢ ᠳᠦᠷᠢᠮᠵᠢᠭᠦᠯᠵᠦ᠂ ᠨᠤᠲᠤᠭ ᠪᠡᠯᠴᠢᠭᠡᠷ ᠎ ᠤᠨ ᠨᠦᠬᠦᠪᠦᠷᠢ ᠱᠠᠩᠨᠠᠯ ᠤᠨ ᠰᠤᠷᠠᠭ ᠵᠠᠩᠭᠢ ᠶᠢᠨ ᠰᠢᠰᠲ᠋ᠧᠮ ᠢ ᠺᠤᠮᠫᠢᠦ᠋ᠲ᠋ᠧᠷ ᠲᠤ ᠤᠷᠤᠭᠤᠯᠬᠤ ᠠᠵᠢᠯ ᠢ ᠰᠠᠶᠢᠳᠤᠷ ᠶᠠᠪᠤᠭᠳᠠᠭᠤᠯᠵᠤ᠂ ᠨᠤᠲᠤᠭ ᠪᠡᠯᠴᠢᠭᠡᠷ ᠤᠨ ᠨᠦᠬᠦᠪᠦᠷᠢ ᠱᠠᠩᠨᠠᠯ ᠤᠨ ᠲᠦᠷᠦ ᠶᠢᠨ ᠪᠤᠳᠤᠯᠭ᠎ᠠ ᠠᠴᠠ ᠠᠰᠢᠭ ᠬᠦᠷᠲᠡᠬᠦ ᠬᠦᠮᠦᠰ ᠤᠨ ᠡᠯᠧᠺᠲᠷᠤᠨ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠵᠢᠯ ᠢ ᠨᠠᠷᠢᠯᠢᠭᠵᠢᠭᠤᠯᠤᠨ᠎ᠠ᠃ ᠨᠤᠲᠤᠭ ᠪᠡᠯᠴᠢᠭᠡᠷ ᠤᠨ ᠳᠠᠭᠠᠭᠠᠴᠢᠯᠠᠯᠲᠠ ᠶᠢᠨ ᠡᠷᠭᠡ ᠶᠢ ᠲᠣᠳᠤᠳᠬᠠᠬᠤ ᠶᠢ ᠲᠤᠭᠲᠠᠪᠤᠷᠢᠵᠢᠭᠤᠯᠤᠨ ᠲᠡᠭᠦᠯᠳᠡᠷᠵᠢᠭᠦᠯᠵᠦ᠂ ᠦᠨᠳᠦᠰᠦᠨ ᠨᠤᠲᠤᠭ ᠪᠡᠯᠴᠢᠭᠡᠷ ᠢ ᠬᠠᠤᠯᠢ ᠶᠤᠰᠤᠭᠠᠷ ᠬᠠᠮᠠᠭᠠᠯᠠᠨ᠂ ᠰᠡᠷᠭᠡᠶᠢᠯᠡᠯᠲᠡ ᠶᠢᠨ ᠱᠤᠭᠤᠮ ᠢ ᠴᠢᠩᠭ᠎ᠠ ᠰᠠᠬᠢᠨ᠎ᠠ᠃        ︵ᠳᠦᠷᠪᠡ︶ ᠪᠡᠯᠡ ᠮᠦᠩᠭᠦᠨ ᠤ ᠬᠠᠮᠢᠶᠠᠷᠤᠯᠲᠠ ᠶᠢ ᠴᠢᠩᠭᠠᠳᠬᠠᠨ᠎ᠠ᠃ ᠨᠢᠭᠡ ᠳᠤ᠂ ᠨᠤᠲᠤᠭ ᠪᠡᠯᠴᠢᠭᠡᠷ ᠎ ᠤᠨ ᠨᠦᠬᠦᠪᠦᠷᠢ ᠱᠠᠩᠨᠠᠯ ᠤᠨ ᠪᠡᠯᠡ ᠮᠦᠩᠭᠦᠨ ᠤ ᠬᠠᠮᠢᠶᠠᠷᠤᠯᠲᠠ ᠶᠢᠨ ᠳᠦᠷᠢᠮ ᠲᠤᠭᠲᠠᠭᠠᠯ ᠢ ᠪᠠᠶᠢᠭᠤᠯᠤᠨ ᠲᠡᠭᠦᠯᠳᠡᠷᠵᠢᠭᠦᠯᠵᠦ᠂ ᠪᠡᠯᠡ ᠮᠦᠩᠭᠦᠨ ᠤ ᠠᠰᠢᠭᠯᠠᠯᠲᠠ ᠪᠤᠯᠤᠨ ᠬᠠᠮᠢᠶᠠᠷᠤᠯᠲᠠ ᠶᠢ ᠳᠦᠷᠢᠮᠵᠢᠭᠦᠯᠦᠨ᠎ᠡ᠃ ᠨᠤᠲᠤᠭ ᠪᠡᠯᠴᠢᠭᠡᠷ ᠤᠨ ᠨᠦᠬᠦᠪᠦᠷᠢ ᠱᠠᠩᠨᠠᠯ ᠤᠨ ᠪᠡᠯᠡ ᠮᠦᠩᠭᠦᠨ ᠤ ᠲᠤᠰᠬᠠᠢ ᠳᠠᠩᠰᠠ ᠶᠢ ᠪᠠᠶᠢᠭᠤᠯᠵᠤ᠂ ᠲᠡᠭᠦᠨ ᠤ ᠳᠤᠲᠤᠷ᠎ᠠ ᠨᠢ ᠡᠯ᠎ᠡ ᠲᠦᠷᠦᠯ ᠤᠨ ᠪᠡᠯᠡ ᠮᠦᠩᠭᠦᠨ ᠤ ᠨᠠᠷᠢᠯᠢᠭ ᠳᠠᠩᠰᠠ ᠶᠢ ᠪᠠᠶᠢᠭᠤᠯᠤᠨ᠂ ᠠᠰ ᠠᠰ ᠲᠤᠨᠢ ᠬᠠᠷᠭᠤᠭᠤᠯᠤᠨ ᠪᠤᠳᠤᠵᠤ ᠲᠤᠰᠬᠠᠢ ᠮᠦᠩᠭᠦ ᠶᠢ ᠲᠤᠰᠬᠠᠢ ᠬᠡᠷᠡᠭᠯᠡᠨ᠎ᠡ᠃ ᠨᠦᠬᠦᠪᠦᠷᠢ ᠱᠠᠩᠨᠠᠯ ᠤᠨ ᠪᠡᠯᠡ ᠮᠦᠩᠭᠦ ᠶᠢ ᠡᠷᠭᠡᠪᠰᠢ ︽ᠪᠦᠷᠢᠨ ᠴᠢᠳᠠᠮᠵᠢᠲᠤ ᠺᠠᠷᠲ︾᠎ ᠪᠠᠷ ᠳᠠᠮᠵᠢᠭᠤᠯᠤᠨ ᠮᠠᠯᠴᠢᠳ ᠲᠠᠷᠢᠶᠠᠴᠢᠳ ᠤᠨ ᠭᠠᠷ ᠲᠤ ᠴᠠᠭ ᠲᠤᠬᠠᠢ ᠳᠤᠨᠢ ᠪᠠᠭᠤᠯᠭᠠᠨ ᠦᠭᠬᠦ ᠮᠦᠷᠲᠡᠭᠡᠨ ᠺᠠᠷᠲ ᠳᠤᠲᠤᠷᠠᠬᠢ ᠪᠡᠯᠡ ᠮᠦᠩᠭᠦᠨ ᠤ ᠲᠦᠷᠦᠯ ᠵᠦᠢᠯ ᠤᠨ ᠨᠡᠷᠡᠶᠢᠳᠦᠯ ᠢ ᠲᠤᠳᠤᠷᠬᠠᠶᠢᠯᠠᠭᠰᠠᠨ ᠪᠠᠶᠢᠬᠤ ᠬᠡᠷᠡᠭᠲᠡᠢ᠃ ᠨᠦᠬᠦᠪᠦᠷᠢ ᠱᠠᠩᠨᠠᠯ ᠤᠨ ᠪᠡᠯᠡ ᠮᠦᠩᠭᠦ ᠶᠢ ᠲᠠᠷᠬᠠᠭᠠᠭᠠᠳ ᠦᠯᠡᠳᠡᠭᠰᠡᠨ ᠮᠦᠩᠭᠦ ᠢᠯᠡᠷᠡᠪᠡᠯ᠂ ᠳᠠᠷᠤᠢ ᠳᠤᠤᠷ᠎ᠠ ᠨᠢ ᠠᠶᠢᠮᠠᠭ ᠤᠨ ᠡᠳ᠋ ᠤᠨ ᠵᠠᠰᠠᠭ᠂ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠦᠴᠢᠷ ᠲᠤ ᠪᠠᠶᠢᠳᠠᠯ ᠢ ᠮᠡᠳᠡᠭᠳᠡᠵᠦ᠂ ᠳᠤᠷ᠎ᠠ ᠪᠠᠷ ᠲᠤᠬᠢᠷᠠᠭᠤᠯᠬᠤ ᠪᠤᠶᠤ ᠨᠡᠭᠦᠯᠭᠡᠨ ᠬᠡᠷᠡᠭᠯᠡᠵᠦ ᠪᠤᠯᠬᠤ ᠦᠭᠡᠢ᠃        ᠬᠤᠶᠠᠷ ᠲᠤ᠂ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠤᠯᠠᠷᠢᠯ ᠪᠦᠷᠢ ᠳᠤ ᠮᠡᠳᠡᠭᠦᠯᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠡᠭᠦᠷᠭᠡ ᠪᠡᠶᠡᠯᠡᠭᠦᠯᠦᠭᠰᠡᠨ ᠪᠠᠶᠢᠳᠠᠯ ᠢ ᠪᠦᠷᠢᠳᠬᠡᠨ ᠳ᠋ᠦᠩᠨᠡᠭᠡᠳ ᠳᠡᠭᠡᠭᠰᠢ ᠮᠡᠳᠡᠭᠦᠯᠦᠨ᠎ᠡ᠂ ᠡᠳ᠋ ᠤᠨ ᠵᠠᠰᠠᠭ ᠤᠨ ᠰᠠᠯᠠᠭ᠎ᠠ ᠮᠦᠴᠢᠷ ᠨᠢ ︽ᠪᠦᠷᠢᠨ ᠴᠢᠳᠠᠮᠵᠢᠲᠤ ᠺᠠᠷᠲ︾᠎ ᠤᠨ ᠰᠢᠰᠲ᠋ᠧᠮ ᠪᠠᠷ ᠳᠠᠮᠵᠢᠨ ᠨᠤᠲᠤᠭ ᠪᠡᠯᠴᠢᠭᠡᠷ ᠤᠨ ᠨᠦᠬᠦᠪᠦᠷᠢ ᠱᠠᠩᠨᠠᠯ ᠤᠨ ᠪᠡᠯᠡ ᠮᠦᠩᠭᠦ ᠶᠢ ᠡᠷᠦᠬᠡ ᠳᠤ ᠬᠦᠷᠲᠡᠯ᠎ᠡ ᠲᠠᠷᠬᠠᠭᠠᠭᠰᠠᠨ ᠪᠠᠶᠢᠳᠠᠯ ᠳᠤ ᠴᠠᠭ ᠢᠮᠠᠭᠲᠠ ᠬᠢᠨᠠᠯᠲᠠ ᠲᠠᠯᠪᠢᠵᠤ᠂ ᠡᠭᠦᠨ ᠤ ᠬᠠᠮᠲᠤ ᠤᠯᠠᠷᠢᠯ ᠪᠦᠷᠢ ᠳᠤ ᠲᠤᠰᠬᠠᠢ ᠮᠡᠳᠡᠭᠦᠯᠦᠯᠲᠡ ᠎ ᠶᠢ ᠪᠦᠷᠢᠯᠳᠦᠭᠦᠯᠦᠨ᠂ ᠡᠨᠡᠬᠦ ᠮᠡᠳᠡᠭᠦᠯᠦᠯᠲᠡ ᠶᠢ ᠨᠤᠲᠤᠭ ᠪᠡᠯᠴᠢᠭᠡᠷ ᠤᠨ ᠠᠮᠢ ᠠᠬᠤᠢ ᠶᠢᠨ ᠨᠦᠬᠦᠪᠦᠷᠢ ᠱᠠᠩᠨᠠᠯ ᠤᠨ ᠲᠦᠷᠦ ᠶᠢᠨ ᠪᠤᠳᠤᠯᠭ᠎ᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠲᠤᠭᠲᠠᠮᠠᠯ ᠬᠤᠭᠤᠴᠠᠭ᠎ᠠ ᠪᠠᠷ ᠮᠡᠳᠡᠭᠡᠯᠡᠨ᠎ᠡ᠃        ︵ᠲᠠᠪᠤ︶ ᠲᠧᠭᠨᠢᠭ ᠮᠡᠷᠭᠡᠵᠢᠯ ᠤᠨ ᠲᠤᠯᠭᠠᠭᠤᠷᠢ ᠬᠦᠴᠦᠨ ᠢ ᠴᠢᠩᠭᠠᠳᠬᠠᠨ᠎ᠠ᠃ ᠲᠠᠷᠢᠶᠠᠯᠠᠩ ᠮᠠᠯ ᠠᠵᠤ ᠠᠬᠤᠢ᠂ ᠡᠳ᠋ ᠤᠨ ᠵᠠᠰᠠᠭ᠂ ᠰᠤᠮᠤ ᠪᠠᠯᠭᠠᠰᠤ ᠠᠴᠠ ᠲᠤᠰᠬᠠᠢ ᠬᠦᠮᠦᠨ ᠢ ᠲᠤᠮᠢᠯᠠᠨ ᠲᠤᠰᠬᠠᠢ ᠠᠵᠢᠯ ᠤᠨ ᠪᠠᠶᠢᠭᠤᠯᠤᠮᠵᠢ ᠶᠢ ᠪᠠᠶᠢᠭᠤᠯᠵᠤ᠂ ᠨᠦᠬᠦᠪᠦᠷᠢ ᠱᠠᠩᠨᠠᠯ ᠤᠨ ᠲᠦᠷᠦ ᠶᠢᠨ ᠪᠤᠳᠤᠯᠭ᠎ᠠ ᠶᠢ ᠨᠠᠷᠢᠯᠢᠭ ᠭᠦᠨᠵᠡᠭᠡᠢ ᠰᠤᠳᠤᠯᠤᠨ ᠰᠢᠨᠵᠢᠯᠡᠵᠦ᠂ ᠠᠵᠢᠯ ᠤᠨ ᠲᠦᠯᠦᠪᠯᠡᠭᠡ ᠵᠤᠬᠢᠶᠠᠨ ᠬᠡᠷᠡᠭᠵᠢᠭᠦᠯᠦᠯᠲᠡ ᠶᠢᠨ ᠲᠦᠰᠦᠯ ᠢ ᠨᠠᠶᠢᠷᠠᠭᠤᠯᠤᠨ᠂ ᠰᠢᠨ᠎ᠡ ᠪᠠᠶᠢᠳᠠᠯ ᠰᠢᠨ᠎ᠡ ᠠᠰᠠᠭᠤᠳᠠᠯ ᠢ ᠴᠠᠭ ᠲᠤᠬᠠᠢ ᠳᠤᠨᠢ ᠤᠶᠢᠯᠠᠭᠠᠨ ᠮᠡᠳᠡᠬᠦ ᠶᠢᠨ ᠵᠡᠷᠭᠡ ᠳᠠᠷᠤᠢ ᠳᠤᠤᠷ᠎ᠠ ᠨᠢ ᠰᠢᠢᠳᠪᠦᠷᠢᠯᠡᠨ᠎ᠡ᠃         ᠬᠤᠰᠢᠭᠤᠨ ᠤ ᠨᠤᠲᠤᠭ ᠪᠡᠯᠴᠢᠭᠡᠷ ᠤᠨ ᠬᠢᠨᠠᠨ ᠬᠠᠮᠢᠶᠠᠷᠤᠯᠲᠠ ᠶᠢᠨ ᠰᠠᠯᠠᠭ᠎ᠠ ᠮᠦᠴᠢᠷ ᠨᠢ ᠠᠶᠢᠮᠠᠭ ᠤᠨ ᠨᠤᠲᠤᠭ ᠪᠡᠯᠴᠢᠭᠡᠷ ᠤᠨ ᠬᠢᠨᠠᠨ ᠬᠠᠮᠢᠶᠠᠷᠤᠯᠲᠠ ᠶᠢᠨ ᠭᠠᠵᠠᠷ ᠲᠠᠢ ᠬᠠᠮᠵᠢᠯᠴᠠᠨ ᠮᠠᠨ ᠤ ᠬᠤᠰᠢᠭᠤᠨ ᠤ ᠪᠡᠯᠴᠢᠭᠡᠷᠯᠡᠭᠦᠯᠬᠦ ᠶᠢ ᠵᠤᠭᠰᠤᠭᠠᠬᠤ ᠪᠤᠯᠤᠨ ᠮᠠᠯ ᠪᠡᠯᠴᠢᠭᠡᠷ ᠲᠡᠩᠴᠡᠭᠦᠷᠢᠰᠢᠭᠦᠯᠬᠦ ᠳᠦᠷᠢᠮ ᠢ ᠵᠢᠯᠤᠭᠤᠳᠤᠨ ᠨᠠᠶᠢᠳᠠᠪᠤᠷᠢᠵᠢᠭᠤᠯᠵᠤ᠂ ᠲᠤᠰᠬᠠᠢ ᠪᠡᠯᠴᠢᠭᠡᠷ ᠬᠠᠮᠢᠶᠠᠷᠤᠨ ᠬᠠᠮᠠᠭᠠᠯᠠᠭᠴᠢ ᠶᠢᠨ ᠡᠷᠬᠢᠯᠲᠡ ᠶᠢ ᠬᠠᠮᠢᠶᠠᠷᠤᠨ᠎ᠠ᠃ ᠲᠡᠭᠦᠨᠴᠢᠯᠡᠨ ᠡᠯ᠎ᠡ ᠰᠤᠮᠤ ᠪᠠᠯᠭᠠᠰᠤᠨ ᠤ ᠨᠤᠲᠤᠭ ᠪᠡᠯᠴᠢᠭᠡᠷ ᠢ ᠬᠢᠨᠠᠨ ᠬᠠᠮᠢᠶᠠᠷᠬᠤ ᠠᠵᠢᠯ ᠤᠨ ᠦᠷ᠎ᠡ ᠪᠦᠲᠦᠮᠵᠢ ᠶᠢ ᠬᠢᠨᠠᠨ ᠰᠢᠯᠭᠠᠨ᠎ᠠ᠃         ᠬᠤᠰᠢᠭᠤᠨ ᠤ ᠨᠤᠲᠤᠭ ᠪᠡᠯᠴᠢᠭᠡᠷ ᠤᠨ ᠬᠢᠨᠠᠨ ᠬᠠᠮᠢᠶᠠᠷᠤᠯᠲᠠ ᠪᠤᠯᠤᠨ ᠲᠧᠭᠨᠢᠭ ᠮᠡᠷᠭᠡᠵᠢᠯ ᠢ ᠲᠦᠭᠡᠮᠡᠯᠵᠢᠭᠦᠯᠬᠦ ᠰᠠᠯᠠᠭ᠎ᠠ ᠮᠦᠴᠢᠷ ᠨᠢ ᠠᠶᠢᠮᠠᠭ ᠶᠢᠨ ᠨᠤᠲᠤᠭ ᠪᠡᠯᠴᠢᠭᠡᠷ ᠤᠨ ᠬᠢᠨᠠᠨ ᠬᠠᠮᠢᠶᠠᠷᠤᠯᠲᠠ ᠶᠢᠨ ᠭᠠᠵᠠᠷ ᠎ ᠲᠠᠢ ᠬᠠᠮᠵᠢᠯᠴᠠᠨ ᠨᠦᠬᠦᠪᠦᠷᠢ ᠱᠠᠩᠨᠠᠯ ᠤᠨ ᠲᠦᠷᠦ ᠶᠢᠨ ᠪᠤᠳᠤᠯᠭ᠎ᠠ ᠶᠢ ᠶᠠᠪᠤᠭᠳᠠᠭᠤᠯᠬᠤ ᠤᠷᠤᠨ ᠳᠠᠬᠢ ᠠᠮᠢ ᠠᠬᠤᠢ ᠎ ᠶᠢᠨ ᠰᠡᠷᠭᠡᠶᠢᠯᠡᠯᠲᠡ ᠶᠢᠨ ᠪᠠᠶᠢᠳᠠᠯ ᠢ ᠬᠠᠷᠢᠭᠤᠴᠠᠨ ᠬᠦᠳᠡᠯᠦᠩᠭᠦᠢ ᠪᠠᠷ ᠬᠢᠨᠡᠨ ᠬᠡᠮᠵᠢᠵᠦ᠂ ᠨᠦᠬᠦᠪᠦᠷᠢ ᠱᠠᠩᠨᠠᠯ ᠤᠨ ᠲᠦᠷᠦ ᠶᠢᠨ ᠪᠤᠳᠤᠯᠭ᠎ᠠ ᠶᠢ ᠶᠠᠪᠤᠭᠳᠠᠭᠤᠯᠬᠤ ᠤᠷᠤᠨ ᠤ ᠪᠠᠶᠢᠷᠢᠰᠢᠯ ᠢ ᠲᠤᠭᠲᠠᠭᠠᠵᠤ ᠵᠢᠷᠤᠭ ᠪᠠᠷ ᠢᠯᠡᠳᠬᠡᠨ᠎ᠡ᠃ ᠡᠬᠦᠨ ᠤ ᠬᠠᠮᠳᠤ ᠡᠯ᠎ᠡ ᠰᠤᠮᠤ ᠪᠠᠯᠭᠠᠰᠤᠨ ᠤ ᠨᠤᠳᠤᠭ ᠪᠡᠯᠴᠢᠬᠡᠷ ᠤᠨ ᠠᠮᠢ ᠠᠬᠤᠢ ᠶᠢᠨ ᠰᠡᠷᠬᠦᠯᠳᠡ ᠶᠢᠨ ᠪᠠᠶᠢᠳᠠᠯ ᠎ ᠤᠨ ᠦᠷ᠎ᠡ ᠪᠦᠳᠦᠮᠵᠢ ᠶᠢ ᠬᠢᠨᠠᠨ ᠰᠢᠯᠭᠠᠨ᠎ᠠ᠃        ︵ᠵᠢᠷᠭᠤᠭ᠎ᠠ︶ ᠨᠤᠲᠤᠭ ᠪᠡᠯᠴᠢᠭᠡᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠨᠤᠲᠤᠭ ᠪᠡᠯᠴᠢᠭᠡᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠲᠤᠰᠬᠠᠢ ᠠᠵᠢᠯ ᠎ ᠤᠨ ᠨᠤᠲᠤᠭ ᠪᠡᠯᠴᠢᠭᠡᠷ ᠤᠨ ᠬᠠᠤᠯᠢ ᠬᠡᠷᠡᠭᠵᠢᠭᠦᠯᠦᠭᠴᠢ ᠶᠢ ᠲᠤᠬᠢᠷᠠᠭᠤᠯᠤᠨ᠂ ᠬᠠᠤᠯᠢ ᠬᠡᠷᠡᠭᠵᠢᠭᠦᠯᠬᠦ ᠠᠷᠭ᠎ᠠ ᠠᠪᠴᠠᠯ ᠢᠶᠠᠨ ᠴᠢᠩᠭᠠᠷᠠᠭᠤᠯᠵᠤ᠂ ᠲᠤᠰᠬᠠᠢ ᠪᠡᠯᠴᠢᠭᠡᠷ ᠬᠠᠮᠢᠶᠠᠷᠤᠨ ᠬᠠᠮᠠᠭᠠᠯᠠᠭᠴᠢ ᠶᠢᠨ ᠴᠠᠯᠢᠩ ᠨᠦᠬᠦᠪᠦᠷᠢ᠂ ᠬᠢᠨᠠᠯᠲᠠ ᠬᠠᠮᠢᠶᠠᠷᠤᠯᠲᠠ ᠶᠢᠨ ᠠᠵᠢᠯ ᠤᠨ ᠵᠠᠷᠤᠳᠠᠯ ᠵᠢᠴᠢ ᠰᠠᠭᠤᠷᠢ ᠲᠦᠬᠦᠭᠡᠷᠦᠮᠵᠢ ᠶᠢᠨ ᠪᠠᠶᠢᠭᠤᠯᠤᠯᠲᠠ ᠶᠢᠨ ᠪᠡᠯᠡ ᠮᠦᠩᠭᠦᠨ ᠤ ᠤᠷᠤᠭᠤᠯᠤᠯᠲᠠ ᠶᠢ ᠪᠠᠲᠤᠯᠠᠨ᠎ᠠ᠃ ᠨᠤᠲᠤᠭ ᠪᠡᠯᠴᠢᠭᠡᠷ ᠤᠨ ᠬᠢᠨᠠᠨ ᠬᠠᠮᠢᠶᠠᠷᠤᠯᠲᠠ ᠶᠢᠨ ᠰᠠᠯᠠᠭ᠎ᠠ ᠮᠦᠴᠢᠷ ᠦᠪᠡᠷ ᠤᠨ ᠴᠢᠳᠠᠪᠬᠢ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾᠂ ᠲᠠᠷᠢᠶᠠᠯᠠᠩ ᠤᠨ ᠶᠠᠮᠤᠨ ᠤ ︽ᠮᠠᠯ ᠪᠡᠯᠴᠢᠭᠡᠷ ᠢ ᠲᠡᠩᠴᠡᠭᠦᠷᠢᠰᠢᠭᠦᠯᠬᠦ ᠬᠠᠮᠢᠶᠠᠷᠤᠯᠲᠠ ᠶᠢᠨ ᠠᠷᠭ᠎ᠠ︾᠂ ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠳᠦᠷᠢᠮ︾᠂ ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠎ ᠤ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠳᠦᠷᠢᠮ ᠤᠨ ᠬᠡᠷᠡᠭᠵᠢᠭᠦᠯᠦᠯᠲᠡ ᠶᠢᠨ ᠨᠠᠷᠢᠨ ᠳᠦᠷᠢᠮ︾ ᠵᠢᠴᠢ ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠪᠡᠯᠴᠢᠭᠡᠷᠯᠡᠭᠦᠯᠬᠦ ᠶᠢ ᠵᠤᠭᠰᠤᠭᠠᠬᠤ ᠪᠤᠯᠤᠨ ᠮᠠᠯ ᠪᠡᠯᠴᠢᠭᠡᠷ ᠎ ᠤᠨ ᠲᠡᠩᠴᠡᠭᠦᠷᠢ ᠶᠢ ᠬᠢᠨᠠᠨ ᠬᠠᠮᠢᠶᠠᠷᠬᠤ ᠠᠷᠭ᠎ᠠ︾ ᠵᠡᠷᠭᠡ ᠬᠠᠤᠯᠢ ᠴᠠᠭᠠᠵᠠ ᠳᠦᠷᠢᠮ ᠲᠤᠭᠲᠠᠭᠠᠯ ᠢ ᠴᠢᠩᠭ᠎ᠠ ᠬᠡᠷᠡᠭᠵᠢᠭᠦᠯᠦᠨ᠂ ᠬᠠᠤᠯᠢ ᠠᠴᠠ ᠵᠦᠷᠢᠴᠡᠭᠰᠡᠨ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ᠡᠭᠦᠨ ᠤ ᠬᠠᠮᠲᠤ ᠲᠤᠰᠬᠠᠢ ᠪᠡᠯᠴᠢᠭᠡᠷ ᠬᠠᠮᠢᠶᠠᠷᠤᠨ ᠬᠠᠮᠠᠭᠠᠯᠠᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠢᠭᠡᠳᠦᠯᠲᠡᠢ ᠵᠤᠬᠢᠶᠠᠨ ᠪᠠᠶᠢᠭᠤᠯᠤᠨ᠂ ᠴᠢᠩᠭ᠎ᠠ ᠬᠠᠮᠢᠶᠠᠷᠴᠤ᠂ ᠲᠤᠭᠲᠠᠮᠠᠯ ᠬᠤᠭᠤᠴᠠᠭ᠎ᠠ ᠪᠠᠷ ᠴᠠᠭᠳᠠᠨ ᠬᠠᠮᠠᠭᠠᠯᠠᠵᠤ᠂ ᠪᠡᠯᠴᠢᠭᠡᠷᠯᠡᠭᠦᠯᠬᠦ ᠶᠢ ᠵᠤᠭᠰᠤᠭᠠᠬᠤ ᠪᠤᠯᠤᠨ ᠮᠠᠯ ᠪᠡᠯᠴᠢᠭᠡᠷ ᠲᠡᠩᠴᠡᠭᠦᠷᠢᠰᠢᠭᠦᠯᠬᠦ ᠳᠦᠷᠢᠮ ᠢ ᠬᠡᠷᠡᠭᠵᠢᠭᠦᠯᠦᠭᠰᠡᠨ ᠪᠠᠶᠢᠳᠠᠯ ᠢ ᠬᠢᠨᠠᠨ ᠪᠠᠶᠢᠴᠠᠭᠠᠬᠤ ᠪᠠᠨ ᠤᠯᠠᠮ ᠨᠢᠭᠡ ᠠᠯᠬᠤᠮ ᠴᠢᠩᠭᠠᠳᠬᠠᠨ᠂ ᠨᠤᠲᠤᠭ ᠪᠡᠯᠴᠢᠭᠡᠷ ᠤᠨ ᠬᠢᠨᠠᠨ ᠬᠠᠮᠢᠶᠠᠷᠤᠯᠲᠠ ᠶᠢᠨ ᠰᠠᠯᠠᠭ᠎ᠠ ᠮᠦᠴᠢᠷ ᠨᠢ ᠨᠤᠲᠤᠭ ᠪᠡᠯᠴᠢᠭᠡᠷ ᠢ ᠬᠢᠨᠠᠨ ᠬᠠᠮᠢᠶᠠᠷᠬᠤ ᠡᠭᠦᠷᠭᠡ ᠲᠤᠰᠢᠶᠠᠯ ᠢ ᠲᠤᠰᠬᠠᠶᠢᠯᠠᠨ ᠶᠠᠪᠤᠭᠳᠠᠭᠤᠯᠵᠤ᠂ ᠰᠤᠮᠤ ᠪᠠᠯᠭᠠᠰᠤᠨ ᠤ ᠬᠠᠮᠢᠶ᠎ᠠ ᠪᠦᠬᠦᠢ ᠬᠤᠪᠢᠶᠠᠷᠢᠯᠠᠨ ᠬᠠᠮᠢᠶᠠᠷᠬᠤ ᠤᠳᠤᠷᠢᠳᠤᠯᠭ᠎ᠠ ᠂ ᠲᠤᠰᠬᠠᠢ ᠠᠵᠢᠯ ︵ᠬᠠᠪᠰᠤᠷᠭᠠᠭᠰᠠᠨ︶᠎ ᠤᠨ ᠺᠠᠳ᠋ᠷ ᠠᠴᠠ ᠨᠤᠲᠤᠭ ᠪᠡᠯᠴᠢᠭᠡᠷ ᠤᠨ ᠠᠵᠢᠯ ᠢ ᠬᠠᠷᠢᠭᠤᠴᠠᠨ᠂ ᠨᠤᠲᠤᠭ ᠪᠡᠯᠴᠢᠭᠡᠷ ᠢ ᠬᠠᠮᠢᠶᠠᠷᠤᠨ ᠬᠠᠮᠠᠭᠠᠯᠠᠬᠤ ᠠᠵᠢᠯ ᠢ ᠭᠠᠴᠠᠭᠠᠨ ᠤ ᠬᠠᠮᠢᠶ᠎ᠠ ᠪᠦᠬᠦᠢ ᠺᠠᠳ᠋ᠷ ᠠᠴᠠ ᠡᠭᠦᠷᠭᠡᠯᠡᠵᠦ᠂ ᠲᠤᠰᠬᠠᠢ ᠪᠡᠯᠴᠢᠭᠡᠷ ᠬᠠᠮᠢᠶᠠᠷᠤᠨ ᠬᠠᠮᠠᠭᠠᠯᠠᠭᠴᠢ ᠠᠴᠠ ᠬᠠᠮᠢᠶᠠᠷᠤᠨ ᠬᠠᠮᠠᠭᠠᠯᠠᠭᠰᠠᠨ ᠠᠵᠢᠯ ᠤᠨ ᠲᠤᠭᠲᠠᠴᠠ ᠶᠢ ᠪᠦᠷᠢᠯᠳᠦᠭᠦᠯᠵᠦ᠂ ᠨᠦᠬᠦᠪᠦᠷᠢ ᠱᠠᠩᠨᠠᠯ ᠤᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠳᠤ ᠵᠤᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠬᠠᠩᠭᠠᠨ᠎ᠠ᠃        ︵ᠳᠤᠯᠤᠭ᠎ᠠ︶ ᠱᠠᠩᠨᠠᠬᠤ ᠲᠤᠷᠭᠠᠬᠤ ᠠᠷᠭ᠎ᠠ ᠶᠢ ᠭᠡᠷᠡᠭᠵᠢᠭᠦᠯᠦᠨ᠎ᠡ᠃ ᠨᠦᠭᠦᠪᠦᠷᠢ ᠱᠠᠩᠨᠠᠯ ᠤᠨ ᠲᠦᠷᠦ ᠎ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠠᠵᠢᠯ ᠤᠨ ᠵᠠᠩᠭᠢᠯᠠᠭ᠎ᠠ ᠶᠢᠨ ᠲᠤᠭᠤᠷᠢᠨ ᠳᠤ ᠲᠤᠭᠲᠠᠮᠠᠯ ᠬᠤᠭᠤᠴᠠᠭ᠎ᠠ ᠎ ᠲᠠᠢ ᠪᠠᠷ ᠪᠠᠶᠢᠴᠠᠭᠠᠬᠤ᠂ ᠲᠤᠬᠢᠷᠠᠮᠵᠢᠲᠠᠢ ᠬᠤᠭᠤᠴᠠᠭᠠᠨ ᠳᠤ ᠲᠡᠭᠦᠪᠦᠷᠢᠯᠡᠨ ᠪᠠᠶᠢᠴᠠᠭᠠᠬᠤ ᠪᠤᠯᠤᠨ ᠮᠦᠷᠳᠡᠨ ᠪᠠᠶᠢᠴᠠᠭᠠᠬᠤ ᠶᠢ ᠤᠶᠠᠯᠳᠤᠭᠤᠯᠬᠤ ᠠᠷᠭ᠎ᠠ ᠶᠢ ᠠᠪᠴᠤ᠂ ᠲᠦᠷᠦ ᠶᠢᠨ ᠪᠤᠳᠤᠯᠭ᠎ᠠ ᠶᠢᠨ ᠬᠡᠷᠡᠭᠵᠢᠭᠦᠯᠦᠯᠲᠡ ᠶᠢᠨ ᠲᠦᠰᠦᠯ᠂ ᠬᠠᠮᠢᠶᠠᠷᠤᠯᠲᠠ ᠶᠢᠨ ᠠᠷᠭ᠎ᠠ᠂ ᠠᠵᠢᠯ ᠤᠨ ᠲᠦᠷᠢᠮ ᠤᠨ ᠲᠤᠭᠲᠠᠭᠠᠯᠲᠠ ᠵᠢᠴᠢ ᠡᠯ᠎ᠡ ᠲᠦᠷᠦᠯ ᠤᠨ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠵᠡᠷᠭᠡ ᠠᠵᠢᠯ ᠳᠠᠬᠢ ᠬᠢᠨᠠᠨ ᠪᠠᠶᠢᠴᠠᠭᠠᠯᠲᠠ ᠶᠢ ᠴᠢᠩᠭᠠᠳᠬᠠᠨ ᠂ ᠠᠰᠠᠭᠤᠳᠠᠯ ᠢ ᠢᠯᠡᠷᠡᠭᠦᠯᠪᠡᠯ ᠴᠠᠭ ᠲᠤᠬᠠᠢ ᠳᠤᠨᠢ ᠴᠡᠭᠴᠡᠯᠡᠨ ᠵᠠᠯᠠᠷᠠᠭᠤᠯᠤᠨ᠎ᠠ᠃ ᠴᠢᠨᠠᠷ ᠢ ᠲᠤᠭᠲᠠᠭᠠᠬᠤ ᠪᠤᠯᠤᠨ ᠬᠡᠮᠵᠢᠶ᠎ᠡ ᠶᠢ ᠲᠤᠭᠲᠠᠭᠠᠬᠤ ᠶᠢ ᠤᠶᠠᠯᠳᠤᠭᠤᠯᠤᠭᠰᠠᠨ ᠬᠢᠨᠠᠨ ᠰᠢᠯᠭᠠᠯᠲᠠ ᠶᠢᠨ ᠭᠦᠢᠴᠡᠳᠬᠡᠯ ᠲᠤᠭ᠎ᠠ ᠶᠢ ᠰᠢᠨᠵᠢᠯᠡᠬᠦ ᠤᠬᠠᠭᠠᠨᠴᠢ ᠪᠠᠷ ᠲᠤᠭᠲᠠᠭᠠᠵᠤ᠂ ᠪᠡᠯᠡ ᠮᠦᠩᠭᠦ ᠶᠢᠨ ᠲᠠᠷᠬᠠᠭᠠᠯᠲᠠ᠂ ᠠᠮᠢ ᠠᠬᠤᠢ ᠶᠢᠨ ᠰᠡᠷᠭᠦᠭᠡᠯᠲᠡ ᠵᠢᠴᠢ ᠬᠢᠨᠠᠯᠲᠠ ᠬᠠᠮᠢᠶᠠᠷᠤᠯᠲᠠ ᠭᠡᠬᠦ ᠭᠤᠷᠪᠠᠨ ᠭᠦᠢᠴᠡᠳᠭᠡᠯ ᠲᠤᠭ᠎ᠠ ᠪᠠᠷ ᠭᠤᠤᠯᠳᠠᠭᠤᠯᠵᠤ᠂ ᠨᠦᠬᠦᠪᠦᠷᠢ ᠱᠠᠩᠨᠠᠯ ᠤᠨ ᠲᠦᠷᠦ ᠶᠢᠨ ᠪᠤᠳᠤᠯᠭ᠎ᠠ ᠶᠢᠨ ᠠᠵᠢᠯ ᠤᠨ ᠦᠷ᠎ᠡ ᠪᠦᠲᠦᠮᠵᠢ ᠶᠢ ᠬᠢᠨᠠᠨ ᠰᠢᠯᠭᠠᠵᠤ᠂ ᠨᠦᠬᠦᠪᠦᠷᠢ ᠱᠠᠩᠨᠠᠯ ᠤᠨ ᠲᠦᠷᠦ ᠶᠢᠨ ᠪᠤᠳᠤᠯᠭ᠎ᠠ ᠶᠢᠨ ᠠᠵᠢᠯ ᠤᠨ ᠬᠠᠷᠠᠯᠲᠠ ᠪᠤᠯᠤᠨ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠬᠦ ᠶᠢ ᠪᠠᠲᠤᠯᠠᠨ᠎ᠠ᠃ ᠨᠦᠬᠦᠪᠦᠷᠢ ᠱᠠᠩᠨᠠᠯ ᠤᠨ ᠲᠦᠷᠦ ᠶᠢᠨ ᠪᠤᠳᠤᠯᠭ᠎ᠠ ᠶᠢᠨ ᠠᠵᠢᠯ ᠡᠭᠦᠷᠭᠡ ᠪᠠᠨ ᠪᠡᠶᠡᠯᠡᠭᠦᠯᠦᠭᠰᠡᠨ ᠰᠤᠮᠤ ᠪᠠᠯᠭᠠᠰᠤᠨ ᠳᠤ ᠦᠷ᠎ᠡ ᠪᠦᠲᠦᠮᠵᠢ ᠶᠢᠨ ᠬᠢᠨᠠᠨ ᠰᠢᠯᠭᠠᠯᠲᠠ ᠶᠢᠨ ᠱᠠᠩᠨᠠᠯ ᠤᠨ ᠮᠦᠩᠭᠦ ᠶᠢ ᠤᠯᠭᠤᠨ᠎ᠠ︔ ᠪᠡᠶᠡᠯᠡᠭᠦᠯᠵᠦ ᠴᠢᠳᠠᠭ᠎ᠠ ᠦᠭᠡᠢ ᠰᠤᠮᠤ ᠪᠠᠯᠭᠠᠰᠤᠨ ᠤ ᠦᠷ᠎ᠡ ᠪᠦᠲᠦᠮᠵᠢ ᠶᠢᠨ ᠬᠢᠨᠠᠨ ᠰᠢᠯᠭᠠᠯᠲᠠ ᠶᠢᠨ ᠱᠠᠩᠨᠠᠯ ᠤᠨ ᠮᠦᠩᠭᠦ ᠶᠢ ᠨᠢ ᠬᠠᠰᠤᠵᠤ᠂ ᠴᠢᠩᠭ᠎ᠠ ᠪᠠᠷ ᠬᠠᠷᠢᠭᠤᠴᠠᠯᠭ᠎ᠠ ᠶᠢ ᠨᠢ ᠨᠡᠭᠡᠮᠵᠢᠯᠡᠨ᠂ ᠱᠠᠲᠦ ᠱᠠᠲᠦ ᠪᠠᠷ ᠤᠳᠤᠷᠢᠳᠤᠯᠭ᠎ᠠ ᠎ ᠶᠢᠨ ᠬᠠᠷᠢᠭᠤᠴᠠᠯᠭ᠎ᠠ ᠶᠢ ᠨᠡᠭᠡᠮᠵᠢᠯᠡᠨ᠎ᠡ᠃ ᠨᠤᠲᠤᠭ ᠪᠡᠯᠴᠢᠭᠡᠷ ᠤᠨ ᠨᠦᠭᠦᠪᠦᠷᠢ ᠱᠠᠩᠨᠠᠯ ᠤᠨ ᠲᠦᠷᠦ ᠶᠢᠨ ᠪᠤᠳᠤᠯᠭ᠎ᠠ ᠎ ᠶᠢᠨ ᠦᠷ᠎ᠡ ᠪᠦᠲᠦᠮᠵᠢ ᠶᠢᠨ ᠬᠢᠨᠠᠨ ᠰᠢᠯᠭᠠᠯᠲᠠ ᠶᠢᠨ ᠪᠦᠲᠦᠮᠵᠢ ᠶᠢ ᠡᠯ᠎ᠡ ᠱᠠᠲᠤᠨ ᠤ ᠤᠳᠤᠷᠢᠳᠬᠤ ᠪᠠᠭ ᠢ ᠬᠢᠨᠠᠨ ᠰᠢᠯᠭᠠᠬᠤ ᠭᠦᠢᠴᠡᠳᠭᠡᠯ ᠲᠤᠭᠠᠨ ᠤ ᠰᠢᠰᠲ᠋ᠧᠮ ᠳᠤᠲᠤᠷ᠎ᠠ ᠤᠷᠤᠭᠤᠯᠵᠤ᠂ ᠨᠤᠲᠤᠭ ᠪᠡᠯᠴᠢᠭᠡᠷ ᠤᠨ ᠡᠬᠢ ᠪᠠᠶᠠᠯᠢᠭ ᠡᠳ᠋ ᠬᠦᠷᠦᠩᠭᠡ ᠶᠢᠨ ᠲᠤᠰᠢᠶᠠᠯ ᠠᠴᠠ ᠰᠠᠯᠬᠤ ᠬᠢᠨᠠᠨ ᠪᠤᠳᠤᠯᠲᠠ ᠪᠤᠯᠤᠨ ᠨᠤᠲᠤᠭ ᠪᠡᠯᠴᠢᠭᠡᠷ ᠤᠨ ᠡᠬᠢ ᠪᠠᠶᠠᠯᠢᠭ᠂ ᠡᠳ᠋ ᠤᠨ ᠶᠠᠪᠤᠳᠠᠯ ᠤᠨ ᠪᠠᠶᠢᠳᠠᠯ ᠤᠨ ᠬᠦᠰᠦᠨᠦᠭ ᠢ ᠨᠠᠶᠢᠷᠠᠭᠤᠯᠬᠤ ᠴᠢᠬᠤᠯᠠ ᠦᠨᠳᠦᠰᠦᠯᠡᠯ ᠪᠤᠯᠭᠠᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号