2016 — 2020 ᠤᠨ ᠤ ᠡᠵᠡᠨ᠎ᠡ ᠬᠤᠰᠢᠭᠤᠨ ᠤ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠦᠷᠢ ᠱᠠᠩᠨᠠᠯ ᠤᠨ ᠲᠦᠷᠦ ᠶᠢᠨ ᠪᠤᠳᠤᠯᠭ᠎ᠠ ᠶᠢᠨ ᠬᠡᠷᠡᠭᠵᠢᠬᠦᠯᠦᠯᠳᠡ ᠶᠢᠨ ᠲᠦᠷᠢᠮ
ᠨᠡᠶᠢᠲᠡᠯᠡᠭᠰᠡᠨ ᠴᠠᠭ᠄
2017-06-14
       ᠡᠵᠡᠨ᠎ᠡ ᠬᠤᠰᠢᠭᠤᠨ ᠤ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠪᠤᠯᠤᠨ ᠪᠦᠳᠦᠬᠡᠨ ᠪᠠᠶᠢᠭᠤᠯᠤᠯᠳᠠ ᠶᠢ ᠴᠢᠩᠭᠠᠳᠬᠠᠵᠤ᠂ ᠰᠢᠨ᠎ᠡ ᠡᠬᠡᠯᠵᠢ ᠶᠢᠨ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠎ ᠶᠢᠨ ᠨᠦᠬᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠶᠢ ᠪᠦᠳᠦᠮᠵᠢᠳᠡᠢ ᠬᠡᠷᠡᠭᠵᠢᠬᠦᠯᠬᠦ ᠶᠢᠨ ᠲᠦᠯᠦᠬᠡ᠂ ᠦᠪᠡᠷᠳᠡᠬᠡᠨ ᠵᠠᠰᠠᠬᠤ ᠤᠷᠤᠨ ᠤ ᠲᠡᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠎ ᠤᠨ ︽︿ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠶᠢ ᠬᠡᠷᠡᠭᠵᠢᠬᠦᠯᠬᠦ ᠵᠢᠯᠤᠭᠤᠳᠬᠤ ᠰᠠᠨᠠᠯ ︵2016 — 2020︶﹀᠎ ᠢ ᠲᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾᠎ ᠤᠨ ᠵᠤᠷᠢᠭ ᠰᠠᠨᠠᠭ᠎ᠠ ᠪᠤᠯᠤᠨ ︽ᠠᠯᠠᠱᠠ ᠠᠶᠢᠮᠠᠭ ᠤᠨ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠶᠢ ᠬᠡᠷᠡᠭᠵᠢᠬᠦᠯᠬᠦ ᠵᠢᠯᠤᠭᠤᠳᠬᠤ ᠰᠠᠨᠠᠯ︾᠎ ᠢ ᠦᠨᠳᠤᠰᠤᠯᠡᠨ᠂ ᠬᠤᠰᠢᠭᠤᠨ ᠤ ᠪᠤᠳᠠᠳᠤ ᠪᠠᠶᠢᠳᠠᠯ ᠲᠠᠢ ᠤᠶᠠᠯᠳᠤᠭᠤᠯᠵᠤ᠂ ᠲᠤᠰ ᠲᠦᠷᠢᠮ ᠢ ᠲᠤᠭᠳᠠᠭᠠᠪᠠ᠃        ᠨᠢᠬᠡ᠂ ᠵᠢᠯᠤᠭᠤᠳᠬᠤ ᠦᠵᠡᠯ ᠰᠠᠨᠠᠭ᠎ᠠ᠂ ᠶᠡᠷᠤᠩᠬᠡᠢ ᠬᠠᠷᠠᠯᠳᠠ ᠵᠢᠴᠢ ᠦᠨᠳᠤᠰᠤᠨ ᠵᠠᠷᠴᠢᠮ        ︵ᠨᠢᠬᠡ︶ ᠵᠢᠯᠤᠭᠤᠳᠬᠤ ᠦᠵᠡᠯ ᠰᠠᠨᠠᠭ᠎ᠠ        ᠰᠢ ᠵᠢᠩ ᠫᠢᠩ ᠶᠡᠷᠤᠩᠬᠡᠢ ᠱᠦᠵᠢ ᠶᠢᠨ ᠦᠪᠦᠷ ᠮᠤᠩᠭᠤᠯ ᠢᠶᠠᠷ ᠲᠤᠭᠤᠷᠢᠨ ᠪᠠᠶᠢᠴᠠᠭᠠᠬᠤ ᠦᠶᠡᠰ ᠤᠨ ᠴᠢᠬᠤᠯᠡ ᠶᠡᠷᠢᠶᠠᠨ ᠤ ᠵᠤᠷᠢᠭ ᠰᠠᠨᠠᠭ᠎ᠠ ᠶᠢ ᠬᠦᠨᠵᠡᠬᠡᠶᠢᠷᠡᠬᠦᠯᠦᠨ ᠲᠤᠤᠱᠯᠠᠭᠤᠯᠵᠤ᠂ ᠰᠢᠨᠵᠢᠯᠡᠬᠦ ᠤᠬᠠᠭᠠᠨᠴᠢ ᠬᠦᠭᠵᠢᠯᠳᠡ ᠶᠢᠨ ᠦᠵᠡᠯᠳᠡ ᠪᠠᠷ ᠵᠢᠯᠤᠭᠤᠳᠤᠭᠤᠯᠤᠨ᠂ ᠰᠢᠨ᠎ᠠ ᠶᠢ ᠡᠬᠦᠳᠬᠦ᠂ ᠡᠶ᠎ᠡ ᠵᠤᠬᠢᠴᠡᠩᠭᠤᠢ᠂ ᠪᠤᠬᠢᠷᠳᠤᠯ ᠦᠬᠡᠢ᠂ ᠴᠢᠯᠤᠬᠡᠳᠤ ᠨᠡᠬᠡᠬᠡᠯᠳᠡᠳᠤ᠂ ᠬᠠᠮᠳᠤ ᠪᠠᠷ ᠡᠳ᠋ᠯᠡᠬᠦ ᠬᠦᠭᠵᠢᠯᠳᠡ ᠶᠢᠨ ᠦᠵᠡᠯᠳᠡ ᠶᠢ ᠪᠠᠳᠤ ᠪᠠᠷᠢᠮᠳᠠᠯᠠᠵᠤ ᠬᠡᠷᠡᠭᠵᠢᠬᠦᠯᠦᠨ᠂ ︽ᠭᠤᠷᠪᠠ ᠶᠢ ᠪᠠᠳᠤᠯᠠᠨ ᠨᠢᠬᠡ ᠶᠢ ᠲᠡᠬᠦᠯᠳᠡᠷᠵᠢᠬᠦᠯᠬᠦ︾᠂ ᠲᠡᠷᠤᠢ ᠠᠮᠢ ᠠᠬᠤᠢ᠂ ᠠᠮᠤᠷ ᠲᠤᠭᠳᠠᠭᠤᠨ ᠪᠠ ᠬᠠᠩᠭᠠᠯᠭ᠎ᠠ ᠭᠤᠷᠪᠠ ᠶᠢ ᠪᠠᠳᠤᠯᠠᠵᠤ᠂ ᠬᠠᠮᠢᠶ᠎ᠠ ᠪᠦᠬᠦᠢ ᠲᠦᠷᠢᠮ ᠲᠤᠭᠳᠠᠭᠠᠯ ᠢ ᠲᠡᠬᠦᠯᠳᠡᠷᠵᠢᠬᠦᠯᠬᠦ ᠶᠡᠷᠤᠩᠬᠡᠢ ᠱᠠᠭᠠᠷᠳᠠᠯᠭ᠎ᠠ ᠶᠢ ᠦᠨᠳᠤᠰᠤᠯᠡᠨ᠂  ᠲᠤᠰ ᠲᠤᠭᠳᠠᠴᠠ ᠶᠢ ᠤᠯᠠᠮ ᠨᠢᠬᠡ ᠠᠯᠬᠤᠮ ᠰᠢᠨᠡᠴᠢᠯᠡᠵᠦ᠂ ᠠᠮᠢ ᠠᠬᠤᠢ ᠶᠢ ᠰᠡᠷᠬᠦᠬᠡᠬᠦ ᠪᠠ ᠮᠠᠯᠴᠢᠳ ᠤᠨ ᠤᠷᠤᠯᠭ᠎ᠠ ᠨᠡᠮᠡᠭᠳᠡᠬᠦᠯᠬᠦ ᠶᠢ ᠦᠨᠳᠤᠰᠤᠨ ᠠᠷᠭ᠎ᠠ ᠲᠦᠯᠦᠪᠯᠡᠭᠡ ᠪᠠᠨ ᠪᠤᠯᠭᠠᠨ᠂ ᠨᠤᠳᠤᠭ ᠪᠠᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠪᠤᠯᠤᠨ ᠪᠦᠳᠦᠬᠡᠨ ᠪᠠᠶᠢᠭᠤᠯᠤᠯᠳᠠ ᠶᠢ ᠵᠡᠷᠬᠡ ᠎ ᠳᠤᠨᠢ ᠴᠢᠬᠤᠯᠴᠢᠯᠠᠬᠤ᠂ ᠠᠮᠢ ᠠᠬᠤᠢ ᠰᠡᠷᠬᠦᠬᠡᠬᠦ ᠪᠠ ᠠᠵᠤ ᠤᠶᠢᠯᠡᠰ ᠬᠦᠭᠵᠢᠬᠦᠯᠬᠦ ᠶᠢ ᠬᠠᠮᠳᠤ ᠳᠤᠨᠢ ᠠᠳᠬᠤᠬᠤ᠂ ᠡᠵᠡᠩᠨᠡᠯᠳᠡ ᠶᠢᠨ ᠬᠡᠯᠪᠡᠷᠢ ᠶᠢᠨ ᠦᠬᠡᠷᠡᠴᠢᠯᠡᠯᠳᠡ ᠪᠤᠯᠤᠨ ᠤᠷᠤᠯᠭ᠎ᠠ ᠶᠢᠨ ᠨᠡᠮᠡᠭᠳᠡᠯ ᠢ ᠬᠠᠷᠢᠯᠴᠠᠨ ᠤᠶᠠᠯᠳᠤᠭᠤᠯᠬᠤ ᠎ ᠶᠢ ᠲᠤᠵᠢ ᠳᠠᠭᠠᠨ ᠪᠠᠷᠢᠮᠳᠠᠯᠠᠵᠤ᠂ ᠨᠤᠳᠤᠭ ᠪᠡᠯᠴᠢᠬᠡᠷ ᠤᠨ ᠠᠮᠢ ᠠᠬᠤᠢ ᠶᠢ ᠰᠡᠷᠬᠦᠬᠡᠭᠰᠡᠨ ᠦᠷ᠎ᠡ ᠪᠦᠳᠦᠮᠵᠢ ᠶᠢ ᠦᠷᠬᠦᠯᠵᠢᠯᠡᠨ ᠪᠠᠳᠤᠳᠬᠠᠭᠰᠠᠨ ᠰᠠᠭᠤᠷᠢᠨ ᠲᠡᠬᠡᠷ᠎ᠡ ᠨᠤᠳᠤᠭ ᠪᠡᠯᠴᠢᠬᠡᠷ ᠤᠨ ᠠᠮᠢ ᠠᠬᠤᠢ ᠶᠢᠨ ᠦᠷᠬᠦᠯᠵᠢᠬᠦᠶᠢᠴᠡ ᠰᠠᠶᠢᠵᠢᠷᠠᠯᠳᠠ ᠶᠢ ᠠᠬᠢᠭᠤᠯᠤᠨ᠂ ᠨᠤᠳᠤᠭ ᠪᠡᠯᠴᠢᠬᠡᠷ ᠤᠨ ᠠᠮᠢ ᠠᠬᠤᠢ ᠶᠢᠨ ᠤᠷᠴᠢᠨ ᠲᠤᠭᠤᠷᠢᠨ ᠤ ᠴᠢᠨᠠᠷ ᠴᠢᠨᠰᠠᠭ᠎ᠠ ᠶᠢ ᠲᠡᠭᠡᠭᠰᠢᠯᠡᠬᠦᠯᠵᠤ᠂ ᠨᠤᠳᠤᠭ ᠪᠡᠯᠴᠢᠬᠡᠷ ᠤᠨ ᠠᠮᠢ ᠠᠬᠤᠢ ᠶᠢᠨ ᠡᠬᠢ ᠪᠠᠶᠠᠯᠢᠭ ᠢ ᠠᠷᠪᠢᠯᠠᠨ᠂ ᠤᠷᠴᠢᠯᠳᠡᠳᠤ᠂ ᠦᠨᠳᠤᠷ ᠦᠷ᠎ᠡ ᠪᠦᠳᠦᠮᠵᠢᠳᠤ ᠠᠰᠢᠭᠯᠠᠯᠳᠠ ᠶᠢ ᠲᠦᠯᠬᠢᠨ ᠠᠬᠢᠭᠤᠯᠤᠨ᠎ᠠ᠃        ︵ᠬᠤᠶᠠᠷ︶ ᠶᠡᠷᠤᠩᠬᠡᠢ ᠬᠠᠷᠠᠯᠳᠠ        ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠶᠢ ᠬᠡᠷᠡᠭᠵᠢᠬᠦᠯᠬᠦ ᠪᠠᠷ ᠲᠠᠮᠵᠢᠨ᠂ ᠪᠡᠯᠴᠢᠬᠡᠷᠯᠡᠬᠦᠯᠬᠦ ᠶᠢ ᠵᠤᠭᠰᠤᠭᠠᠬᠤ ᠪᠤᠯᠤᠨ ᠮᠠᠯ ᠪᠡᠯᠴᠢᠬᠡᠷ ᠲᠡᠩᠴᠡᠬᠦᠷᠢᠰᠢᠬᠦᠯᠬᠦ ᠲᠦᠷᠢᠮ ᠢ ᠪᠦᠬᠦ ᠲᠠᠯ᠎ᠠ ᠪᠠᠷ ᠲᠤᠤᠱᠯᠠᠭᠤᠯᠵᠤ᠂ ᠨᠤᠳᠤᠭ ᠪᠡᠯᠴᠢᠬᠡᠷ ᠤᠨ ᠲᠠᠭᠠᠭᠠᠴᠢᠯᠠᠯᠳᠠ ᠶᠢᠨ ᠡᠷᠬᠡ ᠶᠢ ᠲᠤᠳᠤᠳᠬᠠᠬᠤ ᠪᠤᠯᠤᠨ ᠦᠨᠳᠤᠰᠤᠨ ᠨᠤᠳᠤᠭ ᠪᠡᠯᠴᠢᠬᠡᠷ ᠬᠤᠪᠢᠶᠠᠷᠢᠯᠠᠬᠤ ᠠᠵᠢᠯ ᠢ ᠲᠡᠬᠦᠯᠳᠡᠷᠵᠢᠬᠦᠯᠦᠨ᠂ ᠬᠠᠤᠯᠢ ᠶᠤᠰᠤᠭᠠᠷ ᠨᠤᠳᠤᠭ ᠪᠡᠯᠴᠢᠬᠡᠷ ᠤᠨ ᠠᠮᠢ ᠠᠬᠤᠢ ᠶᠢ ᠬᠠᠮᠠᠭᠠᠯᠠᠵᠤ᠂ ᠮᠠᠯᠴᠢᠳ ᠤᠨ ᠠᠵᠤ ᠠᠮᠢᠳᠤᠷᠠᠯ ᠠᠵᠢᠯ ᠤᠶᠢᠯᠡᠰ ᠤᠨ ᠬᠢᠨᠢ ᠰᠠᠶᠢᠨ ᠰᠠᠶᠢᠬᠠᠨ ᠪᠠ ᠮᠠᠯᠵᠢᠬᠤ ᠤᠷᠤᠨ ᠤ ᠡᠶ᠎ᠡ ᠨᠠᠶᠢᠷᠠᠮᠳᠠᠭᠤ ᠬᠦᠭᠵᠢᠯᠳᠡ ᠶᠢ ᠠᠬᠢᠭᠤᠯᠤᠨ᠎ᠠ᠃ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠰᠡᠬᠦᠯᠴᠢ ᠪᠤᠯᠬᠤ ᠳᠤ᠂ ᠪᠦᠬᠦ ᠬᠤᠰᠢᠭᠤᠨ ᠤ ᠨᠤᠳᠤᠭ ᠪᠡᠯᠴᠢᠬᠡᠷ ᠎ ᠤᠨ ᠤᠷᠭᠤᠮᠠᠯ ᠤᠨ ᠲᠤᠮᠳᠠᠴᠢ ᠪᠦᠷᠬᠦᠴᠡ ᠶᠢᠨ ᠬᠡᠮᠵᠢᠶ᠎ᠡ ᠶᠢ 12%᠎ ᠳᠤ ᠬᠦᠷᠬᠡᠵᠤ᠂ ︽ᠠᠷᠪᠠᠨ ᠬᠤᠶᠠᠳᠤᠭᠠᠷ ᠲᠠᠪᠤᠨ ᠵᠢᠯ︾᠎ ᠤᠨ ᠲᠤᠮᠳᠠᠴᠢ ᠦᠷᠳᠡᠭ ᠠᠴᠠ 2.5 ᠵᠠᠭᠤᠨ ᠤ ᠬᠤᠪᠢ ᠪᠠᠷ ᠨᠡᠮᠡᠭᠳᠡᠬᠦᠯᠦᠨ᠎ᠠ᠃ ᠮᠠᠯᠴᠢᠨ ᠲᠡᠷᠢᠶᠠᠴᠢᠳ ᠤᠨ ᠤᠷᠤᠯᠭ᠎ᠠ ᠪᠠᠨ ᠨᠡᠮᠡᠭᠳᠡᠬᠦᠯᠬᠦ ᠠᠷᠭ᠎ᠠ ᠵᠠᠮ ᠢ ᠲᠠᠰᠣᠷᠠᠯᠳᠠ ᠦᠬᠡᠢ ᠦᠷᠬᠡᠳᠬᠡᠵᠤ᠂ ᠲᠡᠳᠡᠨ ᠤ ᠤᠷᠤᠯᠭ᠎ᠠ ᠶᠢᠨ ᠲᠦᠪᠰᠢᠨ ᠢ ᠲᠤᠭᠳᠠᠭᠤᠨ ᠢᠶᠠᠷ ᠲᠡᠬᠡᠭᠰᠢᠯᠡᠬᠦᠯᠦᠨ᠂ ᠮᠠᠯᠵᠢᠬᠤ ᠲᠡᠷᠢᠶᠠᠯᠠᠬᠤ ᠤᠷᠤᠨ ᠤ ᠪᠠᠶᠢᠩᠭᠤ ᠰᠠᠭᠤᠭ᠎ᠠ ᠬᠦᠮᠦᠨ ᠠᠮᠠ ᠶᠢᠨ ᠡᠵᠡᠮᠳᠡᠵᠤ ᠪᠤᠯᠬᠤ ᠤᠷᠤᠯᠭ᠎ᠠ ᠶᠢ 28431 ᠲᠦᠬᠦᠷᠢᠭ ᠲᠤ ᠬᠦᠷᠬᠡᠵᠤ᠂ ᠵᠢᠯ ᠳᠤ ᠎ ᠪᠠᠨ ᠲᠤᠮᠳᠠᠴᠢ ᠪᠠᠷ 9.5% ᠨᠡᠮᠡᠭᠳᠡᠬᠦᠯᠦᠨ᠎ᠠ᠃ ᠮᠠᠯᠵᠢᠬᠤ ᠠᠵᠤ ᠤᠶᠢᠯᠡᠰ ᠤᠨ ᠬᠦᠭᠵᠢᠯᠳᠡ ᠶᠢᠨ ᠬᠡᠯᠪᠡᠷᠢ ᠶᠢ ᠦᠬᠡᠷᠡᠴᠢᠯᠡᠬᠦ ᠪᠠᠷ ᠲᠠᠮᠵᠢᠨ᠂ ᠬᠡᠪᠴᠢᠶᠡᠵᠤ ᠪᠡᠷᠢᠮᠵᠢᠶᠠᠵᠢᠭᠰᠠᠨ ᠬᠠᠰᠢᠶᠠᠯᠠᠨ ᠲᠠᠵᠢᠬᠡᠬᠦ ᠬᠦᠴᠦᠯᠡᠴᠡ ᠪᠠᠨ ᠨᠡᠮᠡᠭᠳᠡᠬᠦᠯᠵᠤ᠂ ᠪᠡᠯᠴᠢᠬᠡᠷᠯᠡᠬᠦᠯᠬᠦ ᠶᠢ ᠵᠤᠭᠰᠤᠭᠠᠵᠤ ᠮᠠᠯ ᠪᠡᠯᠴᠢᠬᠡᠷ ᠢ ᠲᠡᠩᠴᠡᠬᠦᠷᠢᠰᠢᠬᠦᠯᠤᠨ ᠮᠠᠯ ᠤᠨ ᠲᠤᠭ᠎ᠠ ᠶᠢ ᠪᠠᠭᠠᠰᠬᠠᠭᠰᠠᠨ ᠦᠷ᠎ᠡ ᠪᠦᠳᠦᠮᠵᠢ ᠪᠠᠨ ᠪᠠᠳᠤᠳᠬᠠᠨ᠎ᠠ︔ ᠪᠡᠯᠴᠢᠬᠡᠷ ᠤᠨ ᠮᠠᠯ ᠠᠵᠤ ᠠᠬᠤᠢ ᠶᠢᠨ ᠠᠵᠤ ᠤᠶᠢᠯᠡᠰ ᠎ ᠤᠨ ᠡᠵᠡᠩᠨᠡᠯᠳᠡ ᠶᠢᠨ ᠬᠡᠯᠪᠡᠷᠢ ᠶᠢᠨ ᠦᠬᠡᠷᠡᠴᠢᠯᠡᠯᠳᠡ ᠶᠢ ᠠᠬᠢᠭᠤᠯᠬᠤ ᠪᠠᠨ ᠲᠦᠷᠬᠡᠳᠬᠡᠵᠤ᠂ ᠲᠠᠪᠠᠭᠤᠯᠢᠭ ᠮᠦᠷᠳᠡᠬᠡᠨ ᠤᠨᠴᠠᠯᠢᠭ ᠲᠠᠢ ᠮᠠᠯ ᠤᠨ ᠡᠬᠦᠯᠳᠡᠷ ᠤᠨ ᠡᠬᠢ ᠪᠠᠶᠠᠯᠢᠭ ᠢ ᠶᠡᠭᠡ ᠪᠠᠷ ᠬᠠᠮᠠᠭᠠᠯᠠᠨ᠂ ᠪᠡᠯᠴᠢᠬᠡᠷ ᠤᠨ ᠮᠠᠯ ᠠᠵᠤ ᠠᠬᠤᠢ ᠶᠢᠨ ᠶᠠᠰᠤ ᠴᠢᠨᠠᠷ ᠢ ᠲᠡᠬᠡᠭᠰᠢᠯᠡᠬᠦᠯᠦᠨ ᠪᠦᠳᠦᠮᠵᠢ ᠶᠢ ᠨᠡᠮᠡᠭᠳᠡᠬᠦᠯᠵᠤ᠂ ᠪᠤᠬᠢᠷᠳᠤᠯ ᠦᠬᠡᠢ ᠤᠷᠭᠠᠨᠢᠭ ᠮᠠᠯ ᠤᠨ ᠠᠰᠢᠭ ᠰᠢᠮ᠎ᠠ ᠶᠢᠨ ᠬᠠᠩᠭᠠᠯᠳᠠ ᠶᠢᠨ ᠬᠢᠷᠢ ᠲᠦᠪᠰᠢᠨ ᠢ ᠲᠡᠬᠡᠭᠰᠢᠯᠡᠬᠦᠯᠦᠨ᠂ ᠮᠠᠯᠵᠢᠬᠤ ᠤᠷᠤᠨ ᠤ ᠠᠵᠤ ᠠᠬᠤᠢ ᠶᠢᠨ ᠦᠷᠬᠦᠯᠵᠢᠬᠦᠶᠢᠴᠡ ᠬᠦᠭᠵᠢᠯᠳᠡ ᠶᠢ ᠠᠬᠢᠭᠤᠯᠤᠨ᠎ᠠ︔ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠂ ᠴᠢᠨᠡᠬᠡᠯᠢᠭ ᠨᠡᠶᠢᠬᠡᠮ ᠤᠨ ᠪᠦᠬᠦ ᠲᠠᠯ᠎ᠠ ᠶᠢᠨ ᠪᠦᠳᠦᠬᠡᠨ ᠪᠠᠶᠢᠭᠤᠯᠤᠯᠳᠠ᠂ ᠤᠮᠠᠷᠠᠳᠤ ᠬᠢᠵᠠᠭᠠᠷ ᠤᠨ ᠭᠤᠶᠤ ᠦᠵᠡᠰᠬᠦᠯᠡᠩᠳᠤ ᠦᠵᠡᠮᠵᠢ ᠶᠢᠨ ᠱᠤᠭᠤᠮ ᠤᠨ ᠴᠤᠭᠴᠠᠯᠠᠯᠳᠠ ᠶᠢ ᠲᠦᠷᠬᠡᠳᠬᠡᠵᠤ᠂ ᠦᠨᠳᠤᠰᠤᠳᠡᠨ ᠤ ᠪᠦᠯᠬᠦᠮᠳᠡᠯ ᠪᠤᠯᠤᠨ ᠬᠢᠯᠢ ᠬᠢᠵᠠᠭᠠᠷ ᠤᠨ ᠲᠤᠭᠳᠠᠭᠤᠨ ᠢ ᠬᠠᠮᠠᠭᠠᠯᠠᠬᠤ ᠶᠢᠨ ᠲᠦᠯᠦᠬᠡ ᠬᠤᠪᠢ ᠨᠡᠮᠡᠷᠢ ᠪᠠᠨ ᠢᠳᠡᠪᠬᠢᠳᠡᠢ ᠦᠵᠡᠬᠦᠯᠦᠨ᠎ᠠ᠃        ︵ᠭᠤᠷᠪᠠ︶ ᠦᠨᠳᠤᠰᠤᠨ ᠵᠠᠷᠴᠢᠮ        ᠠᠮᠢ ᠠᠬᠤᠢ ᠶᠢ ᠬᠠᠮᠠᠭᠠᠯᠠᠵᠤ ᠪᠤᠬᠢᠷᠳᠤᠯ ᠦᠬᠡᠢ ᠬᠦᠭᠵᠢᠬᠦ ᠵᠠᠷᠴᠢᠮ ᠢ ᠪᠠᠷᠢᠮᠳᠠᠯᠠᠨ᠎ᠠ᠃ ︽ᠤᠶᠢᠯᠡᠳᠪᠤᠷᠢᠯᠡᠯ᠂ ᠠᠮᠢᠳᠤᠷᠠᠯ᠂ ᠠᠮᠢ ᠠᠬᠤᠢ ᠭᠤᠷᠪᠠ ᠶᠢᠨ ᠤᠷᠭᠠᠨᠢᠭ ᠤᠶᠠᠯᠳᠤᠯ︾᠎ ᠤᠨ ᠦᠨᠳᠤᠰᠤᠨ ᠴᠢᠭᠯᠡᠯ ᠢ ᠪᠠᠷᠢᠮᠳᠠᠯᠠᠵᠤ᠂ ᠨᠤᠳᠤᠭ ᠪᠡᠯᠴᠢᠬᠡᠷ ᠤᠨ ᠡᠯ᠎ᠡ ᠲᠦᠷᠦᠯ ᠤᠨ ᠬᠠᠮᠠᠭᠠᠯᠠᠯᠳᠠ ᠶᠢᠨ ᠲᠦᠷᠢᠮ ᠢ ᠨᠠᠶᠢᠳᠠᠪᠤᠷᠢᠵᠢᠭᠤᠯᠬᠤ ᠎ ᠪᠠᠨ ᠠᠬᠢᠭᠤᠯᠤᠨ᠂ ᠨᠤᠳᠤᠭ ᠪᠡᠯᠴᠢᠬᠡᠷ ᠤᠨ ᠠᠮᠢ ᠠᠬᠤᠢ ᠶᠢᠨ ᠤᠷᠴᠢᠨ ᠢ ᠬᠠᠮᠠᠭᠠᠯᠠᠨ ᠰᠡᠷᠬᠦᠬᠡᠵᠤ᠂ ᠮᠠᠯᠵᠢᠬᠤ ᠤᠷᠤᠨ ᠤ ᠠᠵᠤ ᠠᠬᠤᠢ ᠨᠡᠶᠢᠬᠡᠮ ᠤᠨ ᠦᠷᠬᠦᠯᠵᠢᠬᠦᠶᠢᠴᠡ ᠬᠦᠭᠵᠢᠯᠳᠡ ᠶᠢᠨ ᠰᠠᠭᠤᠷᠢ ᠶᠢ ᠪᠠᠬᠢᠵᠢᠬᠦᠯᠦᠨ᠂ ᠮᠠᠯᠵᠢᠬᠤ ᠤᠷᠤᠨ ᠤ ᠨᠤᠭᠤᠭᠠᠷᠠᠭᠤᠯᠤᠯᠳᠠ ᠶᠢᠨ ᠬᠡᠮᠵᠢᠶ᠎ᠡ ᠶᠢ ᠶᠡᠬᠡᠰᠬᠡᠨ᠂ ᠮᠠᠯ ᠠᠵᠤ ᠠᠬᠤᠢ ᠶᠢᠨ ᠦᠷ᠎ᠡ ᠠᠰᠢᠭ ᠪᠤᠯᠤᠨ ᠮᠠᠯᠴᠢᠳ ᠤᠨ ᠤᠷᠤᠯᠭ᠎ᠠ ᠶᠢ  ᠨᠡᠮᠡᠭᠳᠡᠬᠦᠯᠦᠨ᠎ᠠ᠃        ᠡᠷᠬᠡ ᠲᠤᠰᠢᠶᠠᠯ ᠪᠤᠯᠤᠨ ᠡᠬᠦᠷᠬᠡ ᠬᠠᠷᠢᠭᠤᠴᠠᠯᠭ᠎ᠠ ᠶᠢ ᠨᠢᠬᠡᠳᠤᠬᠦᠯᠵᠤ᠂ ᠱᠠᠳᠤ ᠬᠤᠪᠢᠶᠠᠨ ᠨᠡᠶᠢᠳᠡᠪᠤᠷᠢᠵᠢᠭᠤᠯᠬᠤ ᠵᠠᠷᠴᠢᠮ ᠢ ᠪᠠᠷᠢᠮᠳᠠᠯᠠᠨ᠎ᠠ᠃ ᠡᠬᠦᠷᠬᠡ᠂ ᠪᠡᠯᠡ ᠮᠦᠩᠬᠦ᠂ ᠬᠠᠷᠠᠯᠳᠠ᠂ ᠬᠠᠷᠢᠭᠤᠴᠠᠯᠭ᠎ᠠ᠂ ᠠᠷᠭ᠎ᠠ ᠠᠪᠴᠠᠯ ᠲᠠᠪᠤ ᠶᠢ ᠰᠤᠮᠤ ᠪᠠᠯᠭᠠᠰᠤᠨ ᠳᠤ ᠬᠦᠷᠬᠡᠬᠦ ᠶᠢ ᠪᠠᠷᠢᠮᠳᠠᠯᠠᠨ᠂ ᠡᠯ᠎ᠡ ᠰᠤᠮᠤ ᠪᠠᠯᠭᠠᠰᠤ ᠪᠤᠯ ᠲᠦᠷᠦ ᠎ ᠶᠢᠨ ᠪᠤᠳᠤᠯᠭ᠎ᠠ ᠬᠡᠷᠡᠭᠵᠢᠬᠦᠯᠬᠦ ᠭᠤᠤᠯ ᠴᠤᠭᠴᠠ ᠪᠠ ᠬᠠᠷᠢᠭᠤᠴᠠᠯᠭ᠎ᠠ ᠶᠢᠨ ᠭᠤᠤᠯ ᠴᠤᠭᠴᠠ ᠪᠤᠯᠬᠤ ᠶᠢ ᠨᠢ ᠲᠤᠳᠤᠳᠬᠠᠵᠤ᠂ ᠱᠠᠳᠤ ᠲᠠᠷᠠᠭᠠᠯᠠᠨ ᠬᠠᠷᠢᠭᠤᠴᠠᠯᠭ᠎ᠠ ᠶᠢᠨ ᠪᠢᠴᠢᠭ ᠲᠤᠭᠳᠠᠨ᠂ ᠲᠦᠷᠦ ᠶᠢᠨ ᠪᠤᠳᠤᠯᠭ᠎ᠠ ᠨᠡᠶᠢᠳᠡᠪᠤᠷᠢᠵᠢᠭᠤᠯᠬᠤ ᠲᠤᠭᠳᠠᠴᠠ ᠶᠢ ᠲᠡᠬᠦᠯᠳᠡᠷᠵᠢᠬᠦᠯᠵᠤ᠂ ᠪᠡᠯᠡ ᠮᠦᠩᠬᠦᠨ ᠤ ᠬᠠᠮᠢᠶᠠᠷᠤᠯᠳᠠ ᠪᠤᠯᠤᠨ ᠬᠢᠨᠠᠨ ᠪᠠᠶᠢᠴᠠᠭᠠᠯᠳᠠ ᠪᠠᠨ ᠴᠢᠩᠭᠠᠳᠬᠠᠨ᠂ ᠡᠬᠦᠷᠬᠡ ᠪᠤᠯᠤᠨ ᠪᠡᠯᠡ ᠮᠦᠩᠬᠦ ᠶᠢ ᠰᠠᠶᠢᠳᠤᠷ ᠨᠠᠶᠢᠳᠠᠪᠤᠷᠢᠵᠢᠭᠤᠯᠬᠤ ᠶᠢ ᠪᠠᠳᠤᠯᠠᠨ᠎ᠠ᠃        ᠲᠦᠷᠦ ᠶᠢᠨ ᠪᠤᠳᠤᠯᠭ᠎ᠠ ᠶᠢᠨ ᠲᠤᠭᠳᠠᠭᠤᠨ ᠪᠠᠶᠢᠬᠤ ᠪᠠ ᠦᠷᠬᠦᠯᠵᠢᠯᠡᠨ ᠠᠬᠢᠭᠤᠯᠬᠤ ᠵᠠᠷᠴᠢᠮ ᠢ ᠪᠠᠷᠢᠮᠳᠠᠯᠠᠨ᠎ᠠ᠃ ᠨᠢᠬᠡᠳᠤᠬᠡᠷ ᠬᠤᠭᠤᠴᠠᠭᠠᠨ ᠤ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠶᠢᠨ ᠲᠤᠷᠰᠢᠯᠭ᠎ᠠ ᠰᠤᠷᠭᠠᠮᠵᠢ ᠶᠢ ᠳ᠋ᠦᠩᠨᠡᠨ᠂ ᠨᠦᠬᠦᠪᠤᠷᠢ ᠱᠠᠩᠨᠠᠯ ᠎ ᠤᠨ ᠲᠦᠷᠦ ᠶᠢᠨ ᠪᠤᠳᠤᠯᠭ᠎ᠠ ᠶᠢᠨ ᠬᠠᠷᠠᠭᠠᠯᠵᠠᠯ ᠬᠦᠷᠳᠡᠬᠦ ᠬᠦᠮᠦᠰ ᠤᠨ ᠲᠤᠭᠳᠠᠪᠤᠷᠢᠳᠡᠢ ᠪᠠᠶᠢᠬᠤ ᠶᠢ ᠪᠠᠳᠤᠯᠠᠵᠤ᠂ ᠲᠦᠷᠦ ᠶᠢᠨ ᠪᠤᠳᠤᠯᠭ᠎ᠠ ᠪᠠᠷ ᠲᠤᠰᠠᠯᠠᠬᠤ ᠬᠦᠴᠦᠯᠡᠴᠡ ᠪᠠᠨ ᠰᠤᠯᠠᠷᠠᠭᠤᠯᠬᠤ ᠦᠬᠡᠢ᠂ ᠱᠠᠩᠨᠠᠨ ᠨᠦᠬᠦᠪᠤᠷᠢᠯᠡᠬᠦ ᠪᠡᠷᠢᠮᠵᠢᠶ᠎ᠠ ᠪᠠᠨ ᠪᠠᠭᠤᠷᠠᠭᠤᠯᠬᠤ ᠦᠬᠡᠢ ᠮᠦᠷᠳᠡᠬᠡᠨ ᠲᠦᠬᠦᠷᠵᠢᠭᠰᠡᠨ ᠪᠡᠯᠡ ᠮᠦᠩᠬᠦ ᠶᠢ ᠪᠠᠭᠠᠰᠬᠠᠬᠤ ᠦᠬᠡᠢ ᠪᠠᠶᠢᠵᠤ ᠂ ᠮᠠᠯᠴᠢᠨ ᠲᠡᠷᠢᠶᠠᠴᠢᠳ ᠤᠨ ᠨᠡᠶᠢᠬᠡᠮ ᠤᠨ ᠨᠠᠰᠤᠵᠢᠯ ᠤᠨ ᠳᠠᠭᠠᠳᠬᠠᠯ ᠤᠨ ᠲᠤᠭᠳᠠᠴᠠ ᠶᠢ ᠪᠠᠳᠤᠳᠬᠠᠨ᠂ ᠵᠦᠷᠢᠴᠡᠯ ᠵᠢᠭᠤᠷᠠᠭᠠᠨ ᠢ ᠰᠠᠶᠢᠳᠤᠷ ᠰᠢᠢᠳᠪᠤᠷᠢᠯᠡᠵᠤ᠂ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠲᠠ ᠎ ᠶᠢᠨ ᠨᠦᠬᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠨᠠᠶᠢᠳᠠᠪᠤᠷᠢᠵᠢᠭᠤᠯᠬᠤ ᠪᠠᠨ ᠲᠤᠭᠳᠠᠭᠤᠨ ᠢᠶᠠᠷ ᠠᠬᠢᠭᠤᠯᠤᠨ᠎ᠠ        ᠲᠤᠬᠠᠢ ᠶᠢᠨ ᠭᠠᠵᠠᠷ ᠲᠤᠨᠢ ᠲᠤᠬᠢᠷᠠᠭᠤᠯᠤᠨ᠂ ᠦᠨᠡᠨ ᠠᠴᠠ ᠵᠦᠪ ᠢ ᠡᠷᠢᠬᠦ ᠵᠠᠷᠴᠢᠮ ᠢ ᠪᠠᠷᠢᠮᠳᠠᠯᠠᠨ᠎ᠠ᠃ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠳᠤ ᠡᠯ᠎ᠡ ᠰᠤᠮᠤ ᠪᠠᠯᠭᠠᠰᠤ ᠪᠤᠯᠤᠨ ᠭᠠᠴᠠᠭᠠᠨ ᠤ ᠨᠤᠳᠤᠭ ᠪᠡᠯᠴᠢᠬᠡᠷ ᠤᠨ ᠪᠤᠳᠠᠳᠤ ᠪᠠᠶᠢᠳᠠᠯ ᠳᠤ ᠰᠠᠭᠤᠷᠢᠯᠠᠨ᠂ ᠦᠨᠳᠤᠰᠤᠨ ᠱᠠᠳᠤᠨ ᠤ ᠵᠤᠬᠢᠶᠠᠨ ᠪᠠᠶᠢᠭᠤᠯᠤᠯᠳᠠ ᠪᠤᠯᠤᠨ ᠮᠠᠯᠴᠢᠳ ᠤᠨ ᠬᠦᠰᠡᠯ ᠪᠤᠳᠤᠯ ᠢ ᠲᠤᠰᠬᠠᠵᠤ᠂ ᠪᠡᠯᠴᠢᠬᠡᠷᠯᠡᠬᠦᠯᠬᠦ ᠶᠢ ᠵᠤᠭᠰᠤᠭᠠᠬᠤ ᠪᠤᠯᠤᠨ ᠮᠠᠯ ᠪᠠᠯᠴᠢᠬᠡᠷ ᠲᠡᠩᠴᠡᠬᠦᠷᠢᠰᠢᠬᠦᠯᠬᠦ ᠬᠡᠪᠴᠢᠶ᠎ᠡ ᠶᠢ ᠰᠢᠨᠵᠢᠯᠡᠬᠦ ᠤᠬᠠᠭᠠᠨᠴᠢ ᠪᠠᠷ ᠬᠤᠪᠢᠶᠠᠷᠢᠯᠠᠨ᠂ ᠨᠦᠬᠦᠪᠤᠷᠢᠯᠡᠨ ᠱᠠᠩᠨᠠᠭᠳᠠᠬᠤ ᠡᠳᠡᠬᠡᠳ ᠪᠤᠯᠤᠨ ᠨᠦᠬᠦᠪᠤᠷᠢᠯᠡᠨ ᠱᠠᠩᠨᠠᠬᠤ ᠪᠡᠷᠢᠮᠵᠢᠶ᠎ᠠ ᠶᠢ ᠵᠦᠢ ᠵᠤᠬᠢᠰᠳᠠᠢ ᠲᠤᠭᠳᠠᠭᠠᠨ᠎ᠠ᠃        ᠢᠯᠡ ᠲᠤᠳᠤᠷᠬᠠᠢ᠂ ᠡᠷᠤᠬᠡ ᠳᠤ ᠬᠦᠷᠳᠡᠯ᠎ᠡ ᠨᠦᠬᠦᠪᠤᠷᠢᠯᠡᠨ ᠱᠠᠩᠨᠠᠬᠤ ᠵᠠᠷᠴᠢᠮ ᠢ ᠪᠡᠷᠢᠮᠳᠠᠯᠠᠨ᠎ᠠ᠃ ᠭᠠᠴᠠᠭ᠎ᠠ ᠪᠠᠷ ᠦᠨᠳᠤᠰᠤᠨ ᠨᠢᠬᠡᠴᠡ ᠪᠤᠯᠭᠠᠵᠤ ᠬᠡᠷᠡᠭᠵᠢᠬᠦᠯᠬᠦ ᠪᠦᠬᠡᠳ ᠪᠦᠬᠦ ᠶᠠᠪᠤᠴᠠ ᠳᠤ ᠢᠯᠡ ᠲᠤᠳᠤᠷᠬᠠᠢ ᠪᠠᠶᠢᠬᠤ ᠶᠢ ᠪᠠᠷᠢᠮᠳᠠᠯᠠᠨ᠂ ᠡᠬᠦᠷᠬᠡ ᠪᠠᠨ ᠪᠤᠳᠠᠳᠠᠢ ᠶᠠᠪᠤᠭᠳᠠᠭᠤᠯᠬᠤ᠂ ᠪᠡᠯᠡ ᠮᠦᠩᠬᠦ ᠪᠠᠨ ᠪᠠᠭᠤᠯᠭᠠᠨ ᠲᠠᠷᠬᠠᠭᠠᠬᠤ᠂ ᠲᠠᠩᠰᠠᠯᠠᠵᠤ ᠺᠠᠷᠲᠯᠠᠬᠤ᠂ ᠤᠶᠢᠯᠡᠴᠢᠯᠡᠨ ᠵᠢᠯᠤᠭᠤᠳᠬᠤ᠂ ᠬᠢᠨᠠᠨ ᠵᠢᠯᠤᠭᠤᠳᠴᠤ ᠬᠠᠮᠢᠶᠠᠷᠦᠬᠤ ᠵᠡᠷᠭᠡ ︽ᠲᠠᠪᠤ ᠶᠢ ᠡᠷᠤᠬᠡ ᠳᠤ ᠬᠦᠷᠬᠡᠬᠦ︾ ᠪᠤᠳᠤᠯᠭ᠎ᠠ ᠶᠢ ᠪᠡᠶᠡᠯᠡᠭᠦᠯᠵᠦ᠂ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠲᠠ ᠎ ᠶᠢᠨ ᠨᠦᠬᠦᠪᠤᠷᠢ ᠱᠠᠩᠨᠠᠯ ᠢ ᠢᠨᠲ᠋ᠧᠷ ᠰᠦᠯᠵᠢᠶᠡᠨ ᠳᠤ ᠨᠡᠶᠢᠳᠡᠯᠡᠬᠦ ᠪᠤᠯᠤᠨ ᠭᠠᠴᠠᠭ᠎ᠠ ᠲᠤᠰᠬᠤᠨ ᠤ ᠱᠠᠳᠤᠨ ᠳᠤ ᠨᠡᠶᠢᠳᠡᠯᠡᠬᠦ ᠲᠦᠷᠢᠮ ᠢ ᠬᠡᠷᠡᠭᠵᠢᠬᠦᠯᠦᠨ᠂ ᠲᠦᠷᠦ ᠶᠢᠨ ᠪᠤᠳᠤᠯᠭ᠎ᠠ ᠶᠢ ᠢᠯᠡ ᠪᠠᠷ ᠶᠠᠪᠤᠭᠳᠠᠭᠤᠯᠬᠤ ᠶᠢ ᠪᠠᠳᠤᠯᠠᠨ᠎ᠠ᠃        ᠤᠨᠤᠪᠴᠢᠳᠠᠢ ᠪᠠᠷ ᠶᠠᠳᠠᠭᠤ ᠶᠢ ᠲᠡᠳᠬᠦᠵᠤ᠂ ᠬᠦᠷᠳᠡᠬᠡᠬᠦ ᠶᠤᠰᠤᠳᠠᠢ ᠬᠦᠮᠦᠨ ᠪᠦᠷᠢ ᠳᠤ ᠭᠠᠷᠳᠠᠭᠤᠯᠬᠤ ᠵᠠᠷᠴᠢᠮ ᠢ ᠪᠡᠷᠢᠮᠳᠠᠯᠠᠨ᠎ᠠ᠃ ᠨᠤᠳᠤᠭ ᠪᠡᠯᠴᠢᠬᠡᠷ ᠤᠨ ᠠᠮᠢ ᠠᠬᠤᠢ ᠮᠠᠭᠤᠵᠢᠷᠠᠬᠤ ᠪᠤᠯ ᠮᠠᠯᠵᠢᠬᠤ ᠤᠷᠤᠨ ᠤ ᠶᠠᠳᠠᠭᠤᠷᠠᠯ ᠢ ᠡᠬᠦᠰᠬᠡᠵᠤ ᠪᠠᠶᠢᠭ᠎ᠠ ᠭᠤᠤᠯ ᠰᠢᠯᠳᠠᠭᠠᠨ ᠪᠠᠶᠢᠵᠤ᠂ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠤᠷᠢ ᠱᠠᠩᠨᠠᠯ ᠶᠢ ᠲᠦᠷᠦᠯ ᠵᠤᠶᠢᠯ  ᠎ ᠤᠨ ᠲᠣᠭᠤᠷᠢᠭ ᠤᠨ ᠶᠠᠳᠠᠭᠤ ᠬᠦᠮᠦᠰ ᠲᠤ ᠵᠣᠬᠢᠮᠵᠢᠲᠠᠢ ᠬᠦᠩᠭᠡᠯᠡᠯᠲᠡ ᠲᠠᠢ ᠬᠠᠨᠳᠤᠵᠤ᠂ ᠶᠠᠳᠠᠭᠤ ᠬᠦᠴᠢᠷᠳᠡᠯᠳᠡᠢ ᠮᠠᠯᠴᠢᠨ ᠲᠡᠷᠢᠶᠠᠴᠢᠳ ᠤᠨ ᠤᠶᠢᠯᠡᠳᠪᠤᠷᠢᠯᠠᠯ ᠎ ᠢᠶᠠᠨ ᠬᠤᠪᠢᠷᠠᠭᠤᠯᠬᠤ ᠶᠢ ᠨᠢ ᠵᠢᠯᠤᠭᠤᠳᠴᠤ᠂ ᠤᠶᠢᠯᠡᠳᠪᠤᠷᠢᠯᠡᠯ ᠠᠮᠢᠳᠤᠷᠠᠯ ᠤᠨ ᠬᠢᠨᠢ ᠨᠦᠬᠦᠴᠡᠯ ᠢ ᠰᠠᠶᠢᠵᠢᠷᠠᠭᠤᠯᠤᠨ᠂ ︽ᠠᠮᠢ ᠠᠬᠤᠢ ᠶᠢᠨ ᠨᠦᠬᠦᠪᠤᠷᠢ ᠪᠠᠷ ᠨᠢᠬᠡ ᠪᠦᠯᠦᠭ ᠢ ᠶᠠᠳᠠᠭᠤ ᠠᠴᠠ ᠠᠩᠬᠢᠵᠢᠷᠠᠭᠤᠯᠬᠤ︾ ᠤᠯᠤᠰ ᠤᠨ ᠤᠨᠤᠪᠴᠢᠳᠠᠢ ᠪᠠᠷ ᠶᠠᠳᠠᠭᠤ ᠶᠢ ᠲᠡᠳᠬᠦᠬᠦ ᠲᠦᠷᠦ ᠶᠢᠨ ᠪᠤᠳᠤᠯᠭ᠎ᠠ ᠶᠢ ᠢᠳᠡᠪᠬᠢᠳᠡᠢ ᠬᠡᠷᠡᠭᠵᠢᠬᠦᠯᠦᠨ᠎ᠠ᠃        ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠦᠬᠡᠷᠡᠴᠢᠯᠡᠯᠳᠡ ᠶᠢ ᠬᠦᠨᠵᠡᠬᠡᠶᠢᠷᠡᠬᠦᠯᠬᠦ ᠵᠠᠷᠴᠢᠮ ᠢ ᠪᠠᠷᠢᠮᠳᠠᠯᠠᠨ᠎ᠠ᠃ ᠮᠠᠯᠵᠢᠬᠤ ᠤᠷᠤᠨ ᠤ ᠨᠤᠳᠤᠭ ᠪᠡᠯᠴᠢᠬᠡᠷ ᠤᠨ ᠡᠷᠬᠡ ᠶᠢ ᠲᠤᠳᠤᠳᠬᠠᠵᠤ ᠲᠠᠭᠠᠭᠠᠴᠢᠯᠠᠬᠤ ᠠᠵᠢᠯ ᠪᠤᠯᠤᠨ ᠡᠨᠡᠬᠦ ᠠᠵᠢᠯ ᠤᠨ ᠦᠷ᠎ᠡ ᠪᠦᠳᠦᠮᠵᠢ ᠶᠢᠨ ᠠᠰᠢᠭᠯᠠᠯᠳᠠ ᠶᠢ ᠲᠦᠷᠬᠡᠳᠬᠡᠨ ᠠᠬᠢᠭᠤᠯᠵᠤ᠂ ᠨᠤᠳᠤᠭ ᠪᠡᠯᠴᠢᠬᠡᠷ ᠎ ᠤᠨ ᠮᠠᠯ ᠠᠵᠤ ᠠᠬᠤᠢ ᠶᠢᠨ ᠰᠠᠭᠤᠷᠢ ᠲᠦᠬᠦᠬᠡᠷᠦᠮᠵᠢ ᠶᠢᠨ ᠪᠠᠶᠢᠭᠤᠯᠤᠯᠳᠠ ᠶᠢᠨ ᠣᠷᠤᠭᠤᠯᠤᠯᠲᠠ ᠶᠢ ᠶᠡᠬᠡᠰᠬᠡᠨ᠂ ᠮᠠᠯ ᠠᠵᠤ ᠠᠬᠤᠢ ᠶᠢᠨ ᠤᠶᠢᠯᠡᠳᠪᠤᠷᠢᠯᠡᠯ ᠡᠵᠡᠩᠨᠡᠯᠳᠡ ᠶᠢᠨ ᠬᠡᠯᠪᠡᠷᠢ ᠶᠢᠨ ᠦᠬᠡᠷᠡᠴᠢᠯᠡᠯᠳᠡ ᠶᠢ ᠠᠬᠢᠭᠤᠯᠵᠤ᠂ ᠲᠡᠷᠢᠶᠠᠯᠠᠩ ᠮᠠᠯ ᠠᠵᠤ ᠠᠬᠤᠢ ᠶᠢᠨ ᠰᠢᠨ᠎ᠠ ᠬᠡᠯᠪᠡᠷᠢ ᠶᠢᠨ ᠡᠵᠡᠩᠨᠡᠯᠳᠡ ᠶᠢᠨ ᠭᠤᠤᠯ ᠴᠤᠭᠴᠠ ᠶᠢᠨ ᠪᠦᠳᠦᠬᠡᠨ ᠪᠠᠶᠢᠭᠤᠯᠤᠯᠳᠠ ᠶᠢ ᠲᠡᠳᠬᠦᠨ᠂ ᠲᠠᠷᠢᠶᠠᠯᠠᠩ ᠮᠠᠯ ᠠᠵᠤ ᠠᠬᠤᠢ ᠶᠢᠨ ᠲᠠᠪᠤᠨ ᠲᠤᠮᠤ ᠤᠨᠴᠠᠯᠢᠭᠳᠤ ᠠᠵᠤ ᠤᠶᠢᠯᠡᠰ ᠢ ᠲᠤᠬᠠᠢ ᠶᠢᠨ ᠭᠠᠵᠠᠷ ᠲᠠᠭᠠᠨ ᠲᠤᠬᠢᠷᠠᠭᠤᠯᠤᠨ ᠬᠦᠭᠵᠢᠬᠦᠯᠵᠤ᠂ ᠬᠡᠪᠴᠢᠶᠡᠵᠢᠭᠰᠡᠨ ᠡᠵᠡᠩᠨᠡᠯᠳᠡ ᠶᠢ ᠪᠠᠶᠠᠯᠠᠬᠦᠯᠦᠨ᠎ᠠ᠃        ᠬᠤᠶᠠᠷ᠂ ᠬᠡᠷᠡᠭᠵᠢᠬᠦᠯᠬᠦ ᠬᠡᠪᠴᠢᠶ᠎ᠠ᠂ ᠬᠠᠷᠠᠭᠠᠯᠵᠠᠯ ᠬᠦᠷᠳᠡᠬᠦ ᠡᠳᠡᠬᠡᠳ ᠪᠤᠯᠤᠨ ᠬᠤᠪᠢᠶᠠᠷᠢ ᠬᠡᠰᠡᠭ        ︵ᠨᠢᠬᠡ︶ ᠬᠡᠷᠡᠭᠵᠢᠬᠦᠯᠬᠦ ᠬᠡᠪᠴᠢᠶ᠎ᠡ᠃ ᠡᠷᠬᠡ ᠶᠢ ᠲᠤᠳᠤᠳᠬᠠᠵᠤ ᠲᠠᠭᠠᠭᠠᠴᠢᠯᠠᠭᠰᠠᠨ ᠪᠠᠶᠢᠭᠠᠯᠢᠯᠢᠭ ᠪᠡᠯᠴᠢᠬᠡᠷ ᠪᠤᠶᠤ ᠨᠢᠬᠡᠳᠤᠬᠡᠷ ᠬᠤᠭᠤᠴᠠᠭᠠᠨ ᠳᠤ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠪᠠᠷ ᠵᠢᠭᠠᠨ ᠲᠤᠭᠳᠠᠭᠠᠵᠤ ᠲᠠᠭᠠᠭᠠᠴᠢᠯᠠᠭᠳᠠᠭᠰᠠᠨ ᠪᠠᠶᠢᠭᠠᠯᠢᠯᠢᠭ ᠪᠡᠯᠴᠢᠬᠡᠷ ᠢᠶᠠᠷ ᠦᠨᠳᠤᠰᠤᠯᠡᠯ ᠪᠤᠯᠭᠠᠵᠤ᠂ ᠨᠤᠳᠤᠭ ᠪᠡᠯᠴᠢᠬᠡᠷ ᠤᠨ ᠠᠮᠢ ᠠᠬᠤᠢ ᠶᠢᠨ ᠤᠳᠤᠬᠢ ᠪᠠᠶᠢᠳᠠᠯ᠂  ᠪᠠᠶᠢᠭᠠᠯᠢ ᠤᠷᠴᠢᠨ ᠤ ᠪᠠᠶᠢᠳᠠᠯ᠂ ᠨᠤᠳᠤᠭ ᠪᠡᠯᠴᠢᠬᠡᠷ ᠤᠨ ᠲᠠᠭᠠᠭᠠᠴᠠ ᠴᠢᠳᠠᠪᠤᠷᠢ ᠵᠢᠴᠢ ᠲᠠᠬᠢᠨ ᠰᠡᠷᠬᠦᠬᠦ ᠴᠢᠳᠠᠪᠤᠷᠢ ᠵᠡᠷᠬᠡ ᠪᠤᠰᠤᠳᠴᠢ ᠨᠦᠬᠦᠴᠡᠯ᠂ ᠠᠮᠢ ᠠᠬᠤᠢ ᠶᠢᠨ ᠬᠠᠮᠠᠭᠠᠯᠠᠯᠳᠠ ᠪᠠᠶᠢᠭᠤᠯᠤᠯᠳᠠ ᠶᠢᠨ ᠲᠦᠷᠦᠯ ᠵᠤᠶᠢᠯ ᠢ ᠬᠡᠷᠡᠭᠵᠢᠬᠦᠯᠦᠬᠡᠳ ᠤᠯᠤᠭᠰᠠᠨ ᠦᠷ᠎ᠡ ᠪᠦᠳᠦᠮᠵᠢ ᠲᠠᠢ ᠤᠶᠠᠯᠳᠤᠭᠤᠯᠤᠨ᠂ ᠪᠦᠬᠦ ᠬᠤᠰᠢᠭᠤᠨ ᠤ ᠰᠢᠨ᠎ᠠ ᠨᠢᠬᠡᠨ ᠡᠬᠡᠯᠵᠢ ᠶᠢᠨ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠶᠠᠪᠤᠭᠳᠠᠭᠤᠯᠬᠤ ᠤᠷᠤᠨ ᠬᠡᠪᠴᠢᠶᠡᠨ ᠤ ᠲᠠᠯᠠᠪᠠᠢ ᠶᠢ ᠨᠡᠶᠢᠳᠡ 10693.63 ᠲᠦᠮᠡᠨ ᠮᠤ᠋ ᠪᠠᠷ ᠲᠤᠭᠳᠠᠭᠠᠪᠠ᠂ ᠡᠬᠦᠨ ᠳᠤ ᠪᠡᠯᠴᠢᠭᠡᠷᠯᠡᠭᠦᠯᠬᠦ ᠶᠢ ᠵᠤᠭᠰᠤᠭᠠᠬᠤ ᠲᠠᠯᠠᠪᠠᠢ ᠨᠠᠶᠢᠳᠠ 2032.23 ᠲᠦᠮᠡᠨ ᠮᠤ᠋᠂ ᠮᠠᠯ ᠪᠡᠯᠴᠢᠬᠡᠷ ᠲᠡᠩᠴᠡᠬᠦᠷᠢᠰᠢᠬᠦᠯᠬᠦ ᠲᠠᠯᠠᠪᠠᠢ ᠨᠠᠶᠢᠳᠠ 8661.4 ᠲᠦᠮᠡᠨ ᠮᠤ᠋ ᠪᠠᠶᠢᠵᠤ᠂ ᠪᠦᠬᠦ ᠬᠤᠰᠢᠭᠤᠨ ᠤ 8 ᠰᠤᠮᠤ ᠪᠠᠯᠭᠠᠰᠤᠨ ᠤ 19 ᠭᠠᠴᠠᠭ᠎ᠠ ᠶᠢ ᠬᠠᠮᠤᠷᠴᠤ ᠪᠠᠶᠢᠨ᠎ᠠ᠃        ︵ᠬᠤᠶᠠᠷ︶ ᠬᠠᠷᠠᠭᠠᠯᠵᠠᠯ ᠬᠦᠷᠳᠡᠬᠦ ᠡᠳᠡᠬᠡᠳ᠃ ᠬᠤᠶᠠᠳᠠᠬᠢ ᠡᠬᠡᠯᠵᠢ ᠶᠢᠨ ᠲᠠᠭᠠᠭᠠᠴᠢᠯᠠᠯᠳᠠ ᠶᠢᠨ ᠬᠡᠷ᠎ᠡ ᠪᠤᠯᠤᠨ ᠨᠤᠳᠤᠭ ᠪᠡᠯᠴᠢᠬᠡᠷ ᠤᠨ ᠡᠵᠡᠩᠨᠡᠯᠳᠡ ᠶᠢᠨ ᠦᠨᠡᠮᠯᠡᠯ᠂ ᠡᠰᠡᠪᠡᠯ ᠡᠷᠤᠬᠡ ᠪᠠᠷ ᠬᠤᠯᠪᠤᠭᠠᠯᠠᠨ ᠲᠠᠭᠠᠭᠠᠴᠢᠯᠠᠭᠰᠠᠨ ᠬᠡᠷ᠎ᠡ ᠪᠤᠯᠤᠨ ᠡᠷᠤᠬᠡ ᠪᠠᠷ ᠬᠤᠯᠪᠤᠭᠠᠯᠠᠨ ᠡᠵᠡᠩᠨᠡᠭᠰᠡᠨ ᠡᠷᠬᠡ ᠶᠢᠨ ᠦᠨᠡᠮᠯᠡᠯ ᠢ ᠬᠠᠤᠯᠢ ᠶᠤᠰᠤ ᠎ ᠪᠠᠷ ᠤᠯᠵᠤ ᠬᠦᠷᠳᠡᠭᠰᠡᠨ ᠬᠦᠮᠦᠰ ᠪᠠᠶᠢᠵᠤ᠂ ᠡᠨᠡ ᠲᠦᠷᠦᠯ ᠤᠨ ᠬᠦᠮᠦᠰ ᠨᠢ ᠪᠤᠳᠠᠳᠠᠢ ᠲᠡᠬᠡᠷ᠎ᠡ ᠪᠠᠨ ᠨᠤᠳᠤᠭ ᠪᠡᠯᠴᠢᠬᠡᠷ ᠤᠨ ᠮᠠᠯ ᠠᠵᠤ ᠠᠬᠤᠢ ᠶᠢᠨ ᠤᠶᠢᠯᠡᠰ ᠢ ᠡᠷᠬᠢᠯᠡᠵᠤ ᠪᠠᠶᠢᠭ᠎ᠠ ᠮᠠᠨ ᠤ ᠬᠤᠰᠢᠭᠤᠨ ᠤ ᠡᠷᠤᠬᠡ ᠠᠮᠠ ᠲᠠᠢ ᠮᠦᠷᠳᠡᠬᠡᠨ ᠲᠠᠷᠠᠭᠠᠬᠢ ᠨᠦᠬᠦᠴᠡᠯ ᠤᠨ ᠠᠯᠢ ᠨᠢᠬᠡ ᠶᠢ ᠪᠦᠷᠢᠯᠳᠦᠬᠦᠯᠦᠭᠰᠡᠨ ᠪᠤᠯ ᠬᠤᠶᠠᠳᠠᠬᠢ ᠡᠬᠡᠯᠵᠢ ᠶᠢᠨ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠬᠦᠷᠳᠡᠵᠤ ᠪᠤᠯᠤᠨ᠎ᠠ᠄        ⒈ᠠᠩᠬᠠᠳᠠᠭᠴᠢ ᠡᠬᠡᠯᠵᠢ ᠶᠢᠨ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠤᠷᠢ ᠱᠠᠩᠨᠠᠯ ᠶᠢᠨ ᠲᠦᠷᠦ ᠶᠢᠨ ᠪᠤᠳᠤᠯᠭ᠎ᠠ ᠬᠦᠷᠳᠡᠵᠤ ᠪᠠᠶᠢᠭᠰᠠᠨ ᠪᠦᠬᠦ ᠮᠠᠯᠴᠢᠨ ᠲᠡᠷᠢᠶᠠᠴᠢᠳ︔        ⒉ᠤᠷᠤᠭ ᠬᠤᠷᠢᠮ ᠤᠨ ᠬᠠᠷᠢᠴᠠᠭ᠎ᠠ ᠪᠠᠷ ᠮᠠᠨ ᠤ ᠬᠤᠰᠢᠭᠤᠨ ᠤ ᠮᠠᠯᠵᠢᠬᠤ ᠲᠡᠷᠢᠶᠠᠯᠠᠬᠤ ᠤᠷᠤᠨ ᠳᠤ ᠪᠠᠭᠳᠠᠨ ᠤᠷᠤᠭᠠᠳ ᠨᠢᠬᠡᠨᠳᠡ 3 ᠵᠢᠯ ᠪᠤᠯᠤᠭᠰᠠᠨ ︵ᠤᠷᠤᠭ ᠤᠨ ᠪᠠᠳᠤᠯᠭ᠎ᠠ ᠲᠡᠬᠡᠷᠡᠬᠢ ᠲᠠᠩᠰᠠᠯᠠᠭᠰᠠᠨ ᠴᠠᠭ ᠢᠶᠠᠷ ᠲᠤᠭᠳᠠᠨ᠎ᠠ︶ ᠪᠦᠬᠡᠳ ᠲᠠᠷᠢᠶᠠᠯᠠᠩ ᠮᠠᠯ ᠠᠵᠤ ᠠᠬᠤᠢ ᠶᠢᠨ ᠤᠶᠢᠯᠡᠰ ᠡᠷᠬᠢᠯᠡᠵᠤ ᠪᠠᠶᠢᠭ᠎ᠠ ᠡᠮᠡᠭᠳᠡᠢ ᠲᠤᠰ ᠬᠦᠮᠦᠨ︔        ⒊ᠴᠡᠷᠢᠭ ᠤᠨ ᠠᠯᠪᠠ ᠶᠠᠭ ᠬᠠᠭᠠᠭᠠᠵᠤ ᠪᠠᠶᠢᠭ᠎ᠠ ᠬᠦᠮᠦᠨ︔        ⒋ᠡᠷᠡᠬᠦᠤ ᠶᠢᠨ ᠬᠤᠭᠤᠴᠠᠭ᠎ᠠ ᠲᠠᠭᠤᠰᠴᠤ᠂ ᠭᠠᠴᠠᠭ᠎ᠠ ᠪᠤᠶᠤ ᠬᠠᠤᠯᠢ ᠴᠠᠭᠠᠵᠠ ᠶᠢᠨ ᠰᠠᠯᠠᠭ᠎ᠠ ᠮᠦᠴᠢᠷ ᠎ ᠠᠴᠠ ᠭᠠᠷᠭᠠᠭᠰᠠᠨ ᠤᠶᠢᠯᠡ ᠠᠵᠢᠯᠯᠠᠭᠠᠨ ᠤ ᠬᠡᠪ ᠤᠨ ᠪᠤᠯᠬᠤ ᠶᠢ ᠬᠡᠷᠡᠴᠢᠯᠡᠭᠰᠡᠨ ᠪᠢᠴᠢᠭ ᠲᠠᠢ ᠬᠦᠮᠦᠨ︔        ⒌ᠲᠦᠯᠦᠪᠯᠡᠬᠡᠳᠤ ᠦᠷᠡᠵᠢᠯ ᠤᠨ ᠲᠦᠷᠦ ᠶᠢᠨ ᠪᠤᠳᠤᠯᠭ᠎ᠠ ᠳᠤ ᠵᠤᠬᠢᠴᠠᠵᠤ ᠪᠠᠶᠢᠭ᠎ᠠ ᠪᠦᠬᠡᠳ ᠮᠠᠨ ᠤ ᠬᠤᠰᠢᠭᠤᠨ ᠤ ᠮᠠᠯᠵᠢᠬᠤ ᠲᠠᠷᠢᠶᠠᠯᠠᠬᠤ ᠤᠷᠤᠨ ᠤ ᠡᠷᠤᠬᠡ ᠠᠮᠠ ᠶᠢᠨ ᠲᠠᠩᠰᠠ ᠲᠠᠢ ᠰᠢᠨ᠎ᠠ ᠲᠦᠷᠦᠭᠰᠡᠨ ᠬᠡᠤᠬᠡᠳ  ᠲᠦᠷᠦᠭᠰᠡᠨ ᠤ ᠢᠶᠠᠨ ᠲᠠᠷᠠᠭ᠎ᠠ ᠵᠢᠯ ᠠᠴᠠ ᠡᠬᠢᠯᠡᠨ ᠨᠤᠳᠤᠭ ᠪᠡᠯᠴᠢᠬᠡᠷ ᠤᠨ ᠨᠦᠬᠦᠪᠤᠷᠢ ᠱᠠᠩᠨᠠᠯ ᠤᠨ ᠬᠠᠷᠠᠭᠠᠯᠵᠠᠯ ᠬᠦᠷᠳᠡᠵᠤ ᠪᠤᠯᠤᠨ᠎ᠠ︔ ᠪᠤᠰᠤᠳ ᠰᠢᠨ᠎ᠠ ᠪᠠᠷ ᠨᠡᠮᠡᠭᠳᠡᠭᠰᠡᠨ ᠬᠦᠮᠦᠰ ᠨᠢ ᠬᠢᠨᠠᠨ ᠰᠢᠯᠭᠠᠯᠳᠠ ᠦᠩᠬᠡᠷᠡᠬᠡᠭᠰᠡᠨ ᠤ ᠲᠠᠷᠠᠭᠠᠬᠢ ᠵᠢᠯ ᠠᠴᠠ ᠡᠬᠢᠯᠡᠨ ᠨᠤᠳᠤᠭ ᠪᠡᠯᠴᠢᠬᠡᠷ ᠤᠨ ᠨᠦᠬᠦᠪᠤᠷᠢ ᠱᠠᠩᠨᠠᠯ ᠤᠨ ᠬᠠᠷᠠᠭᠠᠯᠵᠠᠯ ᠬᠦᠷᠳᠡᠵᠤ ᠪᠤᠯᠤᠨ᠎ᠠ᠃        ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠶᠢᠨ ᠬᠠᠷᠠᠭᠠᠯᠵᠠᠯ ᠬᠦᠷᠳᠡᠵᠤ ᠪᠠᠶᠢᠭᠰᠠᠨ ᠬᠦᠮᠦᠰ ᠲᠠᠷᠠᠭᠠᠬᠢ ᠨᠢᠬᠡ ᠪᠠᠶᠢᠳᠠᠯ ᠳᠤ ᠪᠠᠭᠳᠠᠪᠠᠯ ᠲᠤᠭᠳᠠᠭᠰᠠᠨ ᠡᠳᠤᠷ ᠠᠴᠠ ᠡᠬᠢᠯᠡᠨ ᠦᠷᠬᠦᠯᠵᠢᠯᠡᠨ ᠬᠦᠷᠳᠡᠬᠡᠬᠦ ᠦᠬᠡᠢ᠃        ⒈ᠵᠠᠰᠠᠭ ᠵᠠᠬᠢᠷᠭ᠎ᠠ ᠠᠯᠪᠠᠨ ᠪᠠᠶᠢᠭᠤᠯᠭ᠎ᠠ᠂ ᠤᠯᠤᠰ ᠤᠨ ᠦᠮᠴᠢᠯᠠᠯᠳᠤ ᠠᠵᠤ ᠠᠬᠤᠶᠢᠯᠠᠯ ᠳᠤ ᠡᠯᠰᠡᠨ ᠬᠡᠷᠡᠭᠯᠡᠭᠳᠡᠵᠤ ᠵᠢᠩᠬᠢᠨᠢ ᠠᠵᠢᠯᠳᠠᠨ ᠪᠤᠶᠤ ᠵᠢᠩᠬᠢᠨᠢ ᠠᠵᠢᠯᠳᠠᠨ ᠪᠢᠰᠢ ᠴᠤ ᠠᠳᠠᠯᠢ ᠠᠵᠢᠯ ᠲᠦᠷᠦᠯ ᠠᠳᠠᠯᠢ ᠬᠦᠯᠦᠰᠤ ᠤᠯᠭᠤᠮᠵᠢ ᠪᠠᠷ ᠶᠠᠪᠤᠵᠤ ᠪᠠᠶᠢᠭ᠎ᠠ ᠬᠦᠮᠦᠰ ᠲᠤ ᠡᠯᠰᠡᠨ ᠬᠡᠷᠡᠭᠯᠡᠭᠳᠡᠭᠰᠡᠨ ᠤ ᠬᠢᠨᠢ ᠲᠠᠷᠠᠭ᠎ᠠ ᠰᠠᠷ᠎ᠠ ᠠᠴᠠ ᠡᠬᠢᠯᠡᠨ ᠬᠦᠷᠳᠡᠬᠡᠬᠦ ᠦᠬᠡᠢ︔        ⒉ᠠᠯᠪᠠᠨ ᠵᠢᠷᠤᠮ ᠤᠨ ᠴᠡᠷᠢᠭ ᠪᠠᠭ᠎ᠠ ᠤᠹᠢᠼᠧᠷ ᠪᠤᠶᠤ ᠴᠡᠷᠢᠭ ᠤᠨ ᠺᠠᠳ᠋ᠷ ᠪᠤᠯᠤᠭᠰᠠᠨ ᠪᠤᠯ᠂ ᠪᠠᠭ᠎ᠠ ᠤᠹᠢᠼᠧᠷ ᠪᠤᠶᠤ ᠴᠡᠷᠢᠭ ᠤᠨ ᠺᠠᠳ᠋ᠷ ᠤᠨ ᠴᠡᠯᠢᠩ ᠤᠯᠭᠤᠵᠤ ᠡᠭᠢᠯᠡᠭᠰᠡᠨ ᠤ ᠲᠠᠷᠠᠭ᠎ᠠ ᠰᠠᠷ᠎ᠠ ᠠᠴᠠ ᠨᠢ ᠡᠬᠢᠯᠡᠨ ᠬᠠᠷᠠᠭᠠᠯᠵᠠᠯ ᠬᠦᠷᠳᠡᠬᠡᠬᠦ ᠦᠬᠡᠢ︔        ⒊ᠤᠷᠤᠭ ᠤᠨ ᠬᠠᠷᠢᠴᠠᠭ᠎ᠠ ᠪᠠᠷ ᠲᠤᠰ ᠲᠦᠷᠦ ᠶᠢᠨ ᠪᠤᠳᠤᠯᠭ᠎ᠠ ᠶᠢᠨ ᠬᠠᠷᠠᠭᠠᠯᠵᠠᠯ ᠬᠦᠷᠳᠡᠵᠤ ᠪᠠᠶᠢᠭᠰᠠᠨ ᠎ ᠪᠠᠨ ᠤᠷᠤᠭ ᠰᠠᠯᠤᠭᠰᠠᠨ ᠪᠤᠯ᠂ ᠤᠷᠤᠭ ᠰᠠᠯᠤᠭᠰᠠᠨ ︵ᠤᠷᠤᠭ ᠰᠠᠯᠤᠭᠰᠠᠨ ᠪᠢᠴᠢᠭ ᠤᠨ ᠡᠳᠤᠷ ᠰᠠᠷ᠎ᠠ︶᠎ ᠤ ᠲᠠᠷᠠᠭ᠎ᠠ ᠰᠠᠷ᠎ᠠ ᠠᠴᠠ ᠡᠬᠢᠯᠡᠨ ᠬᠠᠷᠠᠭᠠᠯᠵᠠᠯ ᠬᠦᠷᠳᠡᠬᠡᠬᠦ ᠦᠬᠡᠢ︔        ⒋ᠨᠠᠰᠤ ᠪᠤᠯᠤᠭᠰᠠᠨ ᠬᠦᠮᠦᠨ ᠤ ᠨᠠᠰᠤ ᠪᠤᠯᠤᠭᠰᠠᠨ ᠲᠠᠷᠠᠭ᠎ᠠ ᠰᠠᠷ᠎ᠠ ᠠᠴᠠ ᠨᠢ ᠡᠬᠢᠯᠡᠨ ᠬᠠᠷᠠᠭᠠᠯᠵᠠᠯ ᠬᠦᠷᠳᠡᠬᠡᠬᠦ ᠦᠬᠡᠢ︔        ⒌ᠡᠷᠡᠬᠦᠤ ᠬᠦᠢᠴᠡᠳᠬᠡᠭᠴᠢ ᠬᠦᠮᠦᠨ ᠪᠤᠯ᠂ ᠰᠢᠬᠦᠨ ᠲᠠᠰᠤᠯᠤᠯᠳᠠ ᠶᠢ ᠲᠤᠩᠬᠠᠭᠯᠠᠭᠰᠠᠨ ᠲᠠᠷᠠᠭ᠎ᠠ ᠰᠠᠷ᠎ᠠ ᠎ ᠠᠴᠠ ᠡᠬᠢᠯᠡᠨ ᠬᠠᠷᠠᠭᠠᠯᠵᠠᠯ ᠬᠦᠷᠳᠡᠬᠡᠬᠦ ᠦᠬᠡᠢ︔        ⒍ᠭᠠᠵᠠᠷ ᠰᠢᠷᠤᠢ ᠶᠢᠨ ᠴᠡᠪᠡᠷᠯᠡᠨ ᠴᠡᠭᠴᠡᠯᠡᠯᠳᠡ ᠶᠢᠨ ᠲᠦᠷᠦ ᠶᠢᠨ ᠪᠤᠳᠤᠯᠭ᠎ᠠ ᠶᠢ ᠵᠦᠷᠢᠴᠡᠭᠰᠡᠨ᠂ ᠭᠠᠵᠠᠷ ᠰᠢᠷᠤᠢ ᠶᠢᠨ ᠬᠡᠷᠡᠭᠯᠡᠯᠳᠡ ᠶᠢ ᠲᠤᠷ᠎ᠠ ᠪᠠᠷ ᠦᠬᠡᠷᠡᠴᠢᠯᠡᠬᠡᠳ ᠲᠤᠭᠳᠠᠭᠠᠯ ᠵᠦᠷᠢᠴᠡᠨ ᠪᠤᠰᠤᠳ ᠲᠤ ᠰᠢᠯᠵᠢᠬᠦᠯᠦᠭᠰᠡᠨ ᠪᠤᠯ ᠲᠤᠰ ᠬᠦᠮᠦᠨ ᠢ ᠨᠢ ᠪᠠᠶᠢᠴᠠᠭᠠᠨ ᠰᠢᠢᠳᠪᠤᠷᠢᠯᠡᠭᠰᠡᠨ ᠤ ᠲᠠᠷᠠᠭ᠎ᠠ ᠪᠦᠬᠦ ᠬᠡᠷ ᠤᠨ ᠬᠦᠮᠦᠰ ᠎ ᠲᠤᠨᠢ ᠴᠤ ᠬᠠᠷᠠᠭᠠᠯᠵᠠᠯ ᠬᠦᠷᠳᠡᠬᠡᠬᠦ ᠪᠠᠨ ᠵᠤᠭᠰᠤᠨ᠎ᠠ᠂ ᠭᠠᠵᠠᠷ ᠰᠢᠷᠤᠢ ᠶᠢᠨ ᠤᠤᠯ ᠤᠨ ᠬᠡᠷᠡᠭᠴᠡᠭᠡ ᠶᠢ ᠰᠡᠷᠬᠦᠬᠡᠭᠰᠡᠨ ᠤ ᠲᠠᠷᠠᠭ᠎ᠠ ᠭᠠᠴᠠᠭ᠎ᠠ᠂ ᠰᠤᠮᠤ ᠪᠠᠯᠭᠠᠰᠤ᠂ ᠤᠢ ᠰᠢᠭᠤᠢ᠂ ᠤᠯᠤᠰ ᠤᠨ ᠨᠤᠳᠤᠭ ᠲᠠᠪᠢᠰᠬᠡᠷ᠂ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠵᠡᠷᠬᠡ ᠰᠠᠯᠠᠭ᠎ᠠ ᠮᠦᠴᠢᠷ ᠤᠨ ᠬᠢᠨᠠᠨ ᠰᠢᠯᠭᠠᠯᠳᠠ ᠶᠢ ᠦᠩᠬᠡᠷᠡᠬᠡᠭᠰᠡᠨ ᠤ ᠲᠠᠷᠠᠭᠠᠬᠢ ᠵᠢᠯ ᠠᠴᠠ ᠡᠬᠢᠯᠡᠨ ᠬᠠᠷᠠᠭᠠᠯᠵᠠᠯ ᠬᠦᠷᠳᠡᠬᠡᠨ᠎ᠡ︔        ⒎ᠤᠢ ᠮᠤᠳᠤ ᠡᠪᠡᠰᠤ ᠪᠡᠯᠴᠢᠬᠡᠷ ᠤᠨ ᠬᠠᠮᠠᠭᠠᠯᠠᠯᠳᠠ ᠶᠢᠨ ᠲᠤᠭᠳᠠᠭᠠᠯ ᠢ ᠵᠦᠷᠢᠴᠡᠵᠤ᠂ ᠲᠠᠭᠠᠭᠠᠴᠢᠯᠠᠨ ᠠᠪᠤᠭᠰᠠᠨ ᠤᠢ ᠰᠢᠭᠤᠢ᠂ ᠨᠤᠳᠤᠭ ᠪᠡᠯᠴᠢᠬᠡᠷ ᠢᠶᠠᠨ ᠬᠠᠮᠢᠶᠠᠷᠴᠤ ᠬᠠᠮᠠᠭᠠᠯᠠᠬᠤ ᠬᠠᠷᠢᠭᠤᠴᠠᠯᠭ᠎ᠠ ᠪᠠᠨ ᠬᠦᠢᠴᠡᠳᠬᠡᠭᠰᠡᠨ ᠦᠬᠡᠢ ᠪᠠᠷ ᠨᠤᠳᠤᠭ ᠪᠡᠯᠴᠢᠬᠡᠷ ᠨᠢ ᠡᠪᠳᠡᠭᠳᠡᠭᠰᠡᠨ ᠪᠤᠯ ᠪᠠᠶᠢᠴᠠᠭᠠᠨ ᠰᠢᠢᠳᠪᠤᠷᠢᠯᠡᠭᠰᠡᠨ ᠤ ᠲᠠᠷᠠᠭ᠎ᠠ ᠪᠦᠬᠦ ᠬᠡᠷ ᠤᠨ ᠬᠦᠮᠦᠰ ᠲᠤᠨᠢ ᠴᠤ ᠬᠠᠷᠠᠭᠠᠯᠵᠠᠯ ᠬᠦᠷᠳᠡᠬᠡᠬᠦ ᠪᠠᠨ ᠪᠤᠯᠢᠨ᠎ᠠ᠂ ᠡᠪᠳᠡᠭᠳᠡᠭᠰᠡᠨ ᠤᠢ ᠰᠢᠭᠤᠢ ᠡᠪᠡᠰᠤ ᠪᠡᠯᠴᠢᠬᠡᠷ ᠢ ᠰᠡᠷᠬᠦᠬᠡᠭᠰᠡᠨ ᠤ ᠲᠠᠷᠠᠭ᠎ᠠ ᠭᠠᠴᠠᠭ᠎ᠠ᠂ ᠰᠤᠮᠤ ᠪᠠᠯᠭᠠᠰᠤ᠂ ᠤᠢ ᠰᠢᠭᠤᠢ᠂ ᠤᠯᠤᠰ ᠤᠨ ᠨᠤᠳᠤᠭ ᠲᠠᠪᠢᠰᠬᠡᠷ᠂ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠵᠡᠷᠬᠡ ᠰᠠᠯᠠᠭ᠎ᠠ ᠮᠦᠴᠢᠷ ᠎ ᠤᠨ ᠬᠢᠨᠠᠨ ᠰᠢᠯᠭᠠᠯᠳᠠ ᠶᠢ ᠦᠩᠬᠡᠷᠡᠬᠡᠭᠰᠡᠨ ᠤ ᠲᠠᠷᠠᠭᠠᠬᠢ ᠵᠢᠯ ᠠᠴᠠ ᠡᠬᠢᠯᠡᠨ ᠬᠠᠷᠠᠭᠠᠯᠵᠠᠯ ᠬᠦᠷᠳᠡᠬᠡᠨ᠎ᠡ︔        ⒏ᠭᠠᠴᠠᠭ᠎ᠠ ᠠᠴᠠ ᠵᠤᠬᠢᠶᠠᠨ ᠪᠠᠶᠢᠭᠤᠯᠤᠭᠰᠠᠨ ᠭᠠᠴᠠᠭ᠎ᠠ ᠲᠤᠰᠬᠤᠨ ᠤ ᠠᠷᠠᠳ ᠤᠨ ᠨᠡᠶᠢᠳᠡ ᠶᠢᠨ ᠬᠤᠷᠠᠯ ᠪᠤᠶᠤ ᠬᠦᠳᠡᠯᠬᠡᠬᠡᠨ ᠳᠤ ᠤᠷᠤᠯᠴᠠᠬᠤ ᠦᠬᠡᠢ᠂ ᠭᠠᠴᠠᠭ᠎ᠠ ᠲᠠᠢ ᠰᠠᠨᠠᠭᠠᠴᠢᠯᠠᠭ᠎ᠠ ᠠᠴᠠ ᠪᠠᠨ ᠬᠤᠯᠪᠤᠭ᠎ᠠ ᠠᠪᠳᠠᠭ ᠦᠬᠡᠢ ᠬᠦᠮᠦᠰ ᠲᠤ ᠬᠠᠷᠠᠭᠠᠯᠵᠠᠯ ᠬᠦᠷᠳᠡᠬᠡᠬᠦ ᠦᠬᠡᠢ︔        ⒐ᠪᠡᠯᠴᠢᠬᠡᠷᠯᠡᠬᠦᠯᠬᠦ ᠶᠢ ᠵᠤᠭᠰᠤᠭᠠᠬᠤ ᠪᠤᠯᠤᠨ ᠮᠠᠯ ᠪᠡᠯᠴᠢᠬᠡᠷ ᠲᠡᠩᠴᠡᠬᠦᠷᠢᠰᠢᠬᠦᠯᠬᠦ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢᠨ ᠲᠤᠭᠳᠠᠭᠠᠯ ᠢ ᠵᠢᠷᠤᠮᠯᠠᠨ ᠬᠦᠢᠴᠡᠳᠬᠡᠬᠦ ᠦᠬᠡᠢ ᠪᠤᠯ ᠲᠠᠷᠠᠭ᠎ᠠ ᠰᠠᠷ᠎ᠠ ᠠᠴᠠ ᠨᠢ ᠡᠬᠢᠯᠡᠨ ᠬᠠᠷᠠᠭᠠᠯᠵᠠᠯ ᠬᠦᠷᠳᠡᠬᠡᠬᠦ ᠦᠬᠡᠢ᠂ ᠬᠢᠨᠠᠨ ᠰᠢᠯᠭᠠᠭᠠᠳ ᠬᠢᠷᠢ ᠲᠡᠩᠴᠡᠭᠰᠡᠨ ᠤ ᠲᠠᠷᠠᠭ᠎ᠠ ᠲᠡᠬᠢᠨ ᠬᠦᠷᠳᠡᠬᠡᠨ᠎ᠡ︔        ⒑ᠲᠤᠭᠳᠠᠭᠰᠠᠨ ᠬᠤᠭᠤᠴᠠᠭᠠᠨ ᠳᠤ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠤᠷᠢ ᠱᠠᠩᠨᠠᠯ ᠤᠨ ᠤᠨ ᠤ ᠪᠠᠶᠢᠴᠠᠭᠠᠯᠳᠠ ᠳᠤ ᠤᠷᠤᠯᠴᠠᠬᠤ ᠦᠬᠡᠢ ᠪᠤᠯ ᠬᠠᠷᠠᠭᠠᠯᠵᠠᠯ ᠬᠦᠷᠳᠡᠬᠡᠬᠦ ᠪᠠᠨ ᠵᠤᠭᠰᠤᠨ᠎ᠠ᠂ ᠤᠨ ᠤ ᠪᠠᠶᠢᠴᠠᠭᠠᠯᠳᠠ ᠳᠤ ᠤᠷᠤᠯᠴᠠᠭᠰᠠᠨ ᠤ ᠲᠠᠷᠠᠭᠠᠬᠢ ᠵᠢᠯ ᠠᠴᠠ ᠨᠢ ᠡᠬᠢᠯᠡᠨ ᠨᠦᠬᠦᠪᠤᠷᠢ ᠱᠠᠩᠨᠠᠯ ᠎ ᠤᠨ ᠬᠠᠷᠠᠭᠠᠯᠵᠠᠯ ᠢ ᠰᠡᠷᠬᠦᠬᠡᠨ ᠤᠯᠭᠤᠨ᠎ᠠ︔        ⒒ᠦᠪᠡᠷ ᠤᠨ ᠲᠠᠭᠠᠭᠠᠴᠢᠯᠠᠨ ᠠᠪᠤᠭᠰᠠᠨ ᠨᠤᠳᠤᠭ ᠪᠡᠯᠴᠢᠬᠡᠷ ᠪᠤᠶᠤ ᠲᠠᠷᠢᠶᠠᠨ ᠭᠠᠵᠠᠷ ᠤᠨ ︽ᠴᠠᠭᠠᠨ ᠤ ᠪᠤᠬᠢᠷᠳᠤᠯ︾᠎ ᠢ ᠲᠠᠷᠤᠢ ᠲᠤᠤᠷ᠎ᠠ ᠳᠤᠨᠢ ᠰᠠᠶᠢᠳᠤᠷ ᠴᠡᠪᠡᠷᠯᠡᠭᠰᠡᠨ ᠦᠬᠡᠢ ᠪᠠᠶᠢᠵᠤ ᠤᠷᠴᠢᠨ ᠲᠤᠭᠤᠷᠢᠨ ᠤ ᠬᠠᠭᠠᠮᠠᠯᠠᠯᠳᠠ ᠶᠢᠨ ᠰᠠᠯᠠᠭ᠎ᠠ ᠮᠦᠴᠢᠷ ᠠᠴᠠ ᠪᠠᠶᠢᠳᠠᠯ ᠢ ᠪᠠᠶᠢᠴᠠᠭᠠᠨ ᠨᠤᠳᠠᠯᠠᠭᠰᠠᠨ ᠤ ᠲᠠᠷᠠᠭ᠎ᠠ ᠬᠠᠷᠠᠭᠠᠯᠵᠠᠯ ᠬᠦᠷᠳᠡᠬᠡᠬᠦ ᠪᠠᠨ ᠵᠤᠭᠰᠤᠨ᠎ᠠ᠂ ᠪᠤᠬᠢᠷᠳᠤᠯ ᠢ ᠴᠠᠪᠡᠷᠯᠡᠬᠡᠳ ᠪᠠᠶᠢᠴᠠᠭᠠᠨ ᠰᠢᠯᠭᠠᠯᠳᠠ ᠶᠢ ᠦᠩᠬᠡᠷᠡᠬᠡᠭᠰᠡᠨ ᠤ ᠲᠠᠷᠠᠭ᠎ᠠ ᠬᠤᠶᠠᠳᠠᠬᠢ ᠵᠢᠯ ᠠᠴᠠ ᠡᠬᠢᠯᠡᠨ ᠬᠠᠷᠠᠭᠠᠯᠵᠠᠯ ᠢ ᠲᠠᠬᠢᠨ ᠬᠦᠷᠳᠡᠬᠡᠨ᠎ᠡ︔        ⒓ᠬᠤᠪᠢ ᠶᠢᠨ ᠦᠨᠳᠤᠰᠤᠨ ᠪᠠᠶᠢᠳᠠᠯ ᠢᠶᠠᠨ ᠨᠢᠭᠤᠵᠤ ᠬᠠᠭᠤᠷᠮᠠᠭ ᠢᠶᠠᠷ ᠮᠡᠳᠡᠬᠦᠯᠦᠨ ᠨᠤᠳᠤᠭ ᠪᠡᠯᠴᠢᠬᠡᠷ ᠎ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠤᠷᠢ ᠱᠠᠩᠨᠠᠯ ᠠᠪᠤᠭᠰᠠᠨ ᠬᠦᠮᠦᠨ ᠪᠠᠶᠢᠬᠤ ᠶᠢ ᠪᠠᠶᠢᠴᠠᠭᠠᠯᠳᠠ ᠪᠠᠷ ᠢᠯᠡᠷᠡᠬᠦᠯᠪᠠᠯ ᠲᠤᠬᠠᠢ ᠶᠢᠨ ᠵᠢᠯ ᠳᠡᠭᠡᠨ ᠢᠯᠡᠬᠦᠤ ᠤᠯᠤᠭᠰᠠᠨ ᠨᠦᠬᠦᠪᠤᠷᠢ ᠱᠠᠩᠨᠠᠯ ᠤᠨ ᠮᠦᠩᠬᠦ ᠶᠢ ᠨᠢ ᠲᠤᠭ᠎ᠠ ᠶᠤᠰᠤᠭᠠᠷ ᠪᠤᠴᠠᠭᠠᠯᠭᠠᠬᠤ ᠶᠤᠰᠤᠳᠠᠢ᠂ ᠬᠡᠷᠪᠡ ᠲᠤᠰᠢᠶᠠᠬᠤ ᠶᠢ ᠡᠰᠡᠷᠬᠦᠴᠡᠬᠦ ᠪᠤᠶᠤ ᠰᠠᠨᠠᠭᠤᠯᠭ᠎ᠠ ᠠᠪᠬᠤ ᠦᠬᠡᠢ ᠪᠤᠯ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠨᠡᠬᠡᠮᠵᠢᠯᠡᠬᠦ ᠪᠠᠷ ᠪᠠᠷᠠᠬᠤ ᠦᠬᠡᠢ ᠪᠦᠬᠦ ᠬᠡᠷ ᠤᠨ ᠬᠦᠮᠦᠰ ᠲᠤᠨᠢ ᠬᠠᠷᠠᠭᠠᠯᠵᠠᠯ ᠬᠦᠷᠳᠡᠬᠡᠬᠦ ᠦᠬᠡᠢ᠂ ᠲᠤᠬᠠᠢ ᠶᠢᠨ ᠬᠦᠮᠦᠨ ᠠᠴᠠ ᠢᠯᠡᠬᠦᠤ ᠠᠪᠤᠭᠰᠠᠨ ᠪᠡᠯᠡ ᠮᠦᠩᠬᠦ ᠪᠠᠨ ᠪᠤᠴᠠᠭᠠᠭᠰᠠᠨ ᠤ ᠬᠢᠨᠢ ᠲᠠᠷᠠᠭ᠎ᠠ ᠬᠡᠷ ᠤᠨ ᠬᠦᠮᠦᠰ ᠤᠨ ᠬᠢᠨᠢ ᠬᠠᠷᠠᠭᠠᠯᠵᠠᠯ ᠢ ᠲᠡᠬᠢᠨ ᠤᠯᠭᠤᠨ᠎ᠠ︔        ⒔ᠦᠪᠡᠷ ᠤᠨ ᠨᠤᠳᠤᠭ ᠪᠡᠯᠴᠢᠬᠡᠷ᠂ ᠬᠠᠰᠢᠶ᠎ᠠ ᠬᠦᠷᠢᠶ᠎ᠠ ᠲᠤᠳᠤᠷ᠎ᠠ ᠪᠤᠶᠤ ᠪᠤᠰᠤᠳ ᠤᠨ ᠨᠤᠳᠤᠭ ᠪᠡᠯᠴᠢᠬᠡᠷ ᠲᠡᠬᠡᠷ᠎ᠡ ᠬᠠᠤᠯᠢ ᠵᠦᠷᠢᠴᠡᠨ ᠲᠤᠷ᠎ᠠ ᠵᠤᠷᠢᠭ ᠢᠶᠠᠷ ᠪᠠᠷᠢᠯᠭ᠎ᠠ ᠪᠠᠷᠢᠭᠰᠠᠳ ᠲᠤ ᠬᠠᠷᠠᠭᠠᠯᠵᠠᠯ ᠬᠦᠷᠳᠡᠬᠡᠬᠦ ᠦᠬᠡᠢ︔        ⒕ᠭᠠᠴᠠᠭ᠎ᠠ ᠲᠤᠰᠬᠤᠨ ᠤ ᠲᠦᠷᠢᠮ ᠠᠷᠠᠳ ᠤᠨ ᠲᠤᠭᠳᠠᠭᠠᠯ ᠢ ᠶᠠᠪᠤᠭᠳᠠᠭᠤᠯᠬᠤ ᠦᠬᠡᠢ ᠪᠠᠶᠢᠭ᠎ᠠ ᠮᠠᠯᠴᠢᠨ ᠲᠠᠷᠢᠶᠠᠴᠢᠳ ᠲᠤ ᠬᠠᠷᠠᠭᠠᠯᠵᠠᠯ ᠬᠦᠷᠳᠡᠬᠡᠬᠦ ᠦᠬᠡᠢ︔        ⒖ᠠᠶᠢᠮᠠᠭ ᠤᠨ ᠵᠠᠬᠢᠷᠭ᠎ᠠ ᠲᠠᠷᠬᠠᠭᠠᠭᠰᠠᠨ ﹇2016﹈ 41 ᠳ᠋ᠤᠬᠡᠷ ᠪᠢᠴᠢᠭ ᠮᠡᠲ᠋ᠧᠷᠢᠶᠠᠯ ᠪᠤᠯᠬᠤ ︽ᠮᠠᠯᠵᠢᠬᠤ ᠲᠠᠷᠢᠶᠠᠯᠠᠬᠤ ᠤᠷᠤᠨ ᠤ ᠭᠠᠵᠠᠷ ᠰᠢᠷᠤᠢ ᠨᠤᠳᠤᠭ ᠪᠡᠯᠴᠢᠬᠡᠷ ᠤᠨ ᠡᠵᠡᠩᠨᠡᠯᠳᠡ ᠶᠢᠨ ᠡᠷᠬᠡ ᠶᠢ ᠡᠮᠬᠢ ᠲᠠᠷᠠᠭᠠᠯᠠᠯ ᠲᠠᠢ ᠡᠷᠬᠢᠯᠳᠡ ᠳᠤ ᠤᠷᠤᠭᠤᠯᠤᠨ ᠲᠠᠷᠢᠶᠠᠯᠠᠩ ᠮᠠᠯ ᠠᠵᠤ ᠠᠬᠤᠢ ᠶᠢ ᠬᠦᠭᠵᠢᠬᠦᠯᠵᠤ ᠵᠤᠬᠢᠬᠤ ᠬᠡᠪᠴᠢᠶ᠎ᠡ ᠎ ᠪᠠᠷ ᠡᠵᠡᠩᠨᠡᠬᠦ ᠶᠢ ᠵᠢᠯᠤᠭᠤᠳᠬᠤ ᠲᠤᠬᠠᠢ ᠠᠯᠠᠱᠠ ᠠᠶᠢᠮᠠᠭ ᠤᠨ ᠵᠠᠰᠠᠭ ᠵᠠᠬᠢᠷᠭᠠᠨ ᠤ ᠬᠡᠷᠡᠭᠵᠢᠬᠦᠯᠦᠯᠳᠡ ᠶᠢᠨ ᠰᠠᠨᠠᠯ︾᠎ ᠤᠨ ᠬᠠᠮᠢᠶ᠎ᠠ ᠪᠦᠬᠦᠢ ᠱᠠᠭᠠᠷᠳᠠᠯᠭ᠎ᠠ ᠶᠢ ᠦᠨᠳᠤᠰᠤᠯᠡᠨ᠂ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠲᠠ ᠎ ᠶᠢᠨ ᠨᠦᠬᠦᠪᠤᠷᠢ ᠱᠠᠩᠨᠠᠯ ᠬᠦᠷᠳᠡᠵᠤ ᠪᠠᠶᠢᠭᠰᠠᠨ ᠬᠦᠮᠦᠰ ᠭᠠᠵᠠᠷ ᠰᠢᠷᠤᠢ ᠨᠤᠳᠤᠭ ᠪᠡᠯᠴᠢᠬᠡᠷ ᠢᠶᠠᠨ ᠪᠤᠰᠤᠳ ᠲᠤ ᠰᠢᠯᠵᠢᠬᠦᠯᠦᠨ ᠡᠷᠬᠢᠯᠳᠡ ᠳᠤ ᠤᠷᠤᠭᠤᠯᠤᠭᠰᠠᠨ ᠪᠤᠶᠤ ᠬᠤᠰᠢᠭᠤᠨ ᠤ ᠭᠠᠳᠠᠨᠠᠬᠢ ᠬᠦᠮᠦᠨ ᠳᠤ ᠲᠦᠷᠢᠶᠡᠰᠦᠯᠡᠨ ᠦᠭᠬᠦᠭᠰᠡᠨ ᠪᠤᠯ ︵ᠬᠤᠰᠢᠭᠤ ᠵᠠᠰᠠᠭ ᠠᠴᠠ ᠠᠷᠠᠯᠵᠢᠶᠠᠴᠢᠨ ᠤᠷᠢᠵᠤ ᠪᠡᠯᠡ ᠤᠷᠤᠭᠤᠯᠤᠭᠰᠠᠨ ᠠᠵᠤ ᠠᠬᠤᠶᠢᠯᠠᠯ ᠪᠠ ᠲᠤᠬᠠᠢ ᠶᠢᠨ ᠭᠠᠵᠠᠷ ᠤᠨ ᠤᠶᠢᠯᠡᠳᠪᠤᠷᠢ ᠬᠤᠳᠠᠯᠳᠤᠭᠠᠨ ᠤ ᠰᠠᠯᠠᠭ᠎ᠠ ᠮᠦᠴᠢᠷ ᠲᠤ ᠲᠠᠩᠰᠠᠯᠠᠭᠤᠯᠤᠭᠰᠠᠨ ᠠᠵᠤ ᠠᠬᠤᠶᠢᠯᠠᠯ ᠠᠴᠠ ᠭᠠᠳᠠᠨ᠎ᠠ︶ ᠬᠠᠷᠠᠭᠠᠯᠵᠠᠯ ᠬᠦᠷᠳᠡᠭᠡᠬᠦ ᠦᠭᠡᠢ᠃        ᠲᠤᠤᠷᠠᠬᠢ ᠨᠢᠬᠡ ᠪᠠᠶᠢᠳᠠᠯ ᠳᠤ  ᠪᠠᠭᠳᠠᠪᠠᠯ ᠬᠠᠷᠠᠭᠠᠯᠵᠠᠯ ᠬᠦᠷᠳᠡᠬᠡᠬᠦ ᠦᠬᠡᠢ᠄        ⑴ ᠡᠷᠤᠬᠡ ᠠᠮᠠ ᠶᠢᠨ ᠬᠠᠷᠢᠴᠠᠭ᠎ᠠ ᠨᠢ ᠰᠠᠳᠤᠨ ᠲᠦᠷᠦᠯ ᠤᠨ ᠬᠢᠨ ᠲᠠᠢ ᠬᠠᠮᠳᠤ ᠪᠠᠶᠢᠵᠤ᠂ ᠮᠠᠯᠵᠢᠬᠤ ᠲᠠᠷᠢᠶᠠᠯᠠᠬᠤ ᠤᠷᠤᠨ ᠳᠤ ᠬᠠᠷᠢᠶᠠᠯᠠᠭᠳᠠᠬᠤ ᠪᠤᠯᠪᠠᠴᠤ ᠠᠪᠤ ᠡᠵᠢ ᠬᠤᠶᠠᠷ ᠨᠢ ᠤᠯᠤᠰ ᠤᠨ ᠠᠯᠪᠠᠳᠠᠨ ᠪᠤᠯᠬᠤ ᠪᠠᠶᠢᠳᠠᠯ︔        ⑵ ᠠᠪᠤ ᠡᠵᠢ ᠶᠢᠨ ᠲᠤᠳᠤᠷᠠᠬᠢ ᠨᠢᠬᠡ ᠨᠢ ᠤᠯᠤᠰ ᠤᠨ ᠠᠯᠪᠠᠳᠠᠨ ᠪᠠᠶᠢᠵᠤ᠂  ᠡᠷᠤᠬᠡ ᠠᠮᠠ ᠨᠢ ᠶᠠᠭ ᠡᠨᠡᠬᠦ ᠤᠯᠤᠰ ᠤᠨ ᠠᠯᠪᠠᠳᠠᠨ ᠪᠤᠯᠬᠤ ᠬᠦᠮᠦᠨ ᠢ ᠲᠠᠭᠠᠭᠰᠠᠨ ᠪᠠᠶᠢᠳᠠᠯ︔        ⑶ ᠰᠢᠯᠵᠢᠬᠦᠯᠬᠦ ᠬᠡᠯᠪᠡᠷᠢ ᠪᠠᠷ ᠤᠶᠢᠯᠡᠳᠪᠤᠷᠢᠯᠡᠯ ᠤᠨ ᠮᠡᠲ᠋ᠧᠷᠢᠶᠠᠯ ᠤᠯᠤᠭᠰᠠᠨ︔        ⑷ ᠠᠪᠤ ᠡᠵᠢ ᠨᠢ ᠨᠤᠳᠤᠭ ᠪᠡᠯᠴᠢᠬᠡᠷ ᠤᠨ ᠨᠦᠬᠦᠪᠤᠷᠢ ᠱᠠᠩᠨᠠᠯ ᠤᠨ ᠬᠠᠷᠠᠭᠠᠯᠵᠠᠯ ᠬᠦᠷᠳᠡᠵᠤ ᠦᠬᠡᠢ ᠪᠦᠬᠡᠳ ᠲᠤᠰ ᠬᠦᠮᠦᠨ ᠤ ᠡᠷᠤᠬᠡ ᠠᠮᠠ ᠶᠢᠨ ᠬᠠᠷᠢᠴᠠᠭ᠎ᠠ ᠨᠢ ᠰᠠᠳᠤᠨ ᠲᠦᠷᠦᠯ ᠤᠨ ᠬᠢᠨ ᠲᠠᠢ ᠪᠠᠨ ᠬᠠᠮᠳᠤᠪᠠᠷ ᠮᠠᠯᠵᠢᠬᠤ ᠲᠠᠷᠢᠶᠠᠯᠠᠬᠤ ᠤᠷᠤᠨ ᠳᠤ ᠬᠠᠷᠢᠶᠠᠯᠠᠭᠳᠠᠬᠤ᠃        ︵ᠭᠤᠷᠪᠠ︶ ᠬᠢᠷᠢ ᠬᠡᠮ ᠤᠨ ᠨᠤᠳᠠᠯᠠᠯᠳᠠ ᠪᠤᠯᠤᠨ ᠬᠦᠷᠳᠡᠬᠦ ᠬᠠᠷᠠᠭᠠᠯᠵᠠᠯ ᠤᠨ ᠨᠤᠳᠠᠯᠠᠯᠳᠠ        ⒈ᠬᠢᠷᠢ ᠬᠡᠮ ᠤᠨ ᠨᠤᠳᠠᠯᠠᠯᠳᠠ᠃ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠬᠦᠷᠳᠡᠬᠦ ᠳᠤ ᠭᠠᠴᠠᠭ᠎ᠠ ᠪᠠᠷ ᠨᠢᠬᠡᠴᠢ ᠪᠤᠯᠭᠠᠨ ᠭᠤᠶᠤᠴᠢᠯᠠᠨ ᠮᠡᠳᠡᠬᠦᠯᠬᠦ ᠪᠦᠬᠡᠳ ᠲᠡᠷᠢᠶᠠᠯᠠᠩ ᠮᠠᠯ ᠠᠵᠤ ᠠᠬᠤᠢ ᠶᠢᠨ ᠤᠶᠢᠯᠡᠳᠪᠤᠷᠢᠯᠡᠯ ᠤᠨ ᠮᠡᠲ᠋ᠧᠷᠢᠶᠠᠯ ᠡᠵᠡᠯᠡᠭᠴᠢ ᠶᠢᠨ ᠡᠷᠬᠡ ᠎ ᠶᠢᠨ ᠲᠤᠳᠤᠳᠬᠠᠯ ᠪᠢᠴᠢᠭ ᠵᠢᠷᠤᠨ ᠲᠤᠭᠳᠠᠭᠰᠠᠨ ᠬᠦᠮᠦᠰ ᠢᠶᠠᠷ ᠰᠠᠭᠤᠷᠢ ᠪᠤᠯᠭᠠᠨ᠎ᠠ᠂ ᠮᠠᠯᠴᠢᠨ ᠲᠡᠷᠢᠶᠠᠴᠢᠳ ᠰᠠᠶᠢᠨ ᠲᠤᠷ᠎ᠠ ᠠᠴᠠ ᠭᠤᠶᠤᠴᠢᠯᠠᠨ ᠮᠡᠳᠡᠬᠦᠯᠬᠦ ᠪᠦᠬᠡᠳ ᠡᠨᠡᠬᠦ ᠭᠤᠶᠤᠴᠢᠯᠠᠯᠳᠠ ᠨᠢ ᠭᠠᠴᠠᠭ᠎ᠠ ᠲᠤᠰᠬᠤᠨ ᠤ ᠠᠷᠠᠳ ᠤᠨ ᠶᠡᠭᠡ ᠬᠤᠷᠠᠯ ᠤᠨ ᠵᠥᠪᠳᠡᠯᠴᠡᠭᠡ ᠶᠢ ᠲᠠᠮᠵᠢᠭᠰᠠᠨ ᠤ ᠲᠠᠷᠠᠭ᠎ᠠ ᠰᠤᠮᠤ ᠪᠠᠯᠭᠠᠰᠤᠨ ᠳᠤ ᠦᠭᠴᠤ ᠬᠢᠨᠠᠨ ᠰᠢᠯᠭᠠᠭᠤᠯᠤᠨ᠎ᠠ᠂ ᠬᠢᠨᠠᠨ ᠰᠢᠯᠭᠠᠯᠳᠠ ᠶᠢ ᠦᠩᠬᠡᠷᠡᠬᠡᠭᠰᠡᠨ ᠤ ᠲᠠᠷᠠᠭ᠎ᠠ ᠠᠯᠪᠠᠨ ᠪᠢᠴᠢᠭ ᠤᠨ ᠬᠡᠯᠪᠡᠷᠢ ᠪᠠᠷ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠤᠷᠢ ᠱᠠᠩᠨᠠᠯ ᠤᠨ ᠤᠳᠤᠷᠢᠳᠬᠤ ᠲᠤᠭᠤᠶᠢᠯᠠᠩ ᠤᠨ ᠠᠯᠪᠠᠨ ᠬᠡᠷ ᠲᠤ ᠲᠤᠰᠢᠶᠠᠨ ᠦᠭᠴᠤ ᠬᠢᠨᠠᠨ ᠰᠢᠯᠭᠠᠯᠳᠠ ᠪᠠᠷ ᠲᠠᠮᠵᠢᠭᠤᠯᠬᠤ ᠮᠦᠷᠳᠡᠬᠡᠨ ᠢᠯᠡ ᠨᠡᠶᠢᠳᠡᠯᠡᠨ᠎ᠡ᠂ ᠢᠯᠡ ᠨᠡᠶᠢᠳᠡᠯᠡᠬᠡᠳ ᠶᠠᠮᠠᠷᠴᠤ ᠰᠠᠨᠠᠯ ᠪᠤᠯᠤᠨ ᠬᠤᠷᠢᠭᠯᠠᠯ ᠳᠤ ᠤᠴᠠᠷᠠᠭᠰᠠᠨ ᠦᠬᠡᠢ ᠪᠤᠯ ᠨᠤᠳᠤᠭ ᠪᠠᠯᠴᠢᠬᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠤᠷᠢ ᠱᠠᠩᠨᠠᠯ ᠤᠨ ᠬᠠᠷᠠᠭᠠᠯᠵᠠᠯ ᠬᠦᠷᠳᠡᠵᠤ ᠪᠤᠯᠤᠨ᠎ᠠ᠃        ⒉ᠬᠦᠷᠳᠡᠬᠦ ᠬᠠᠷᠠᠭᠠᠯᠵᠠᠯ ᠤᠨ ᠨᠤᠳᠠᠯᠠᠯᠳᠠ᠃ ᠮᠠᠯᠵᠢᠬᠤ ᠤᠷᠤᠨ ᠤ ᠬᠦᠮᠦᠰ ᠪᠡᠯᠴᠢᠬᠡᠷᠯᠡᠬᠦᠯᠬᠦ ᠶᠢ ᠵᠤᠭᠰᠤᠭᠠᠬᠤ ᠤᠷᠤᠨ ᠤ ᠬᠠᠷᠠᠭᠠᠯᠵᠠᠯ ᠬᠦᠷᠳᠡᠵᠤ᠂ ᠬᠠᠭᠠᠰ ᠮᠠᠯᠵᠢᠬᠤ ᠬᠠᠭᠠᠰ ᠲᠠᠷᠢᠶᠠᠯᠠᠬᠤ ᠤᠷᠤᠨ ᠤ ᠬᠦᠮᠦᠰ ᠮᠠᠯ ᠪᠠᠯᠴᠢᠬᠡᠷ ᠲᠡᠩᠴᠡᠬᠦᠷᠢᠰᠢᠬᠦᠯᠦᠭᠰᠡᠨ ᠬᠠᠷᠠᠭᠠᠯᠵᠠᠯ ᠬᠦᠷᠳᠡᠨ᠎ᠠ᠃ ᠤᠷᠤᠭ ᠲᠦᠷᠦᠯ ᠤᠨ ᠬᠠᠷᠢᠴᠠᠭ᠎ᠠ ᠪᠠᠷ ᠲᠦᠰᠢᠵᠤ ᠨᠦᠬᠦᠪᠤᠷᠢ ᠱᠠᠩᠨᠠᠯ ᠬᠦᠷᠳᠡᠬᠦ ᠳᠤ᠂ ᠵᠦᠪᠬᠡᠨ ᠡᠴᠢᠬᠡ ᠡᠬᠡ ᠦᠷ᠎ᠡ ᠬᠡᠤᠬᠡᠳ ᠤᠨ ᠬᠠᠷᠢᠴᠠᠭ᠎ᠠ ᠪᠠ ᠡᠷ᠎ᠡ ᠡᠮ᠎ᠡ ᠶᠢᠨ ᠤᠷᠤᠭ ᠤᠨ ᠬᠠᠷᠢᠴᠠᠭ᠎ᠠ ᠪᠠᠷ ᠬᠢᠵᠠᠭᠠᠷᠯᠠᠨ᠎ᠠ᠃  ᠲᠦᠰᠢᠵᠦ ᠣᠷᠤᠭᠰᠠᠨ ᠪᠣᠯ ᠳᠠᠬᠢᠨ ᠥᠭᠡᠷ᠎ᠡ ᠬᠦᠮᠦᠨ ᠢ ᠲᠦᠰᠢᠨ ᠣᠷᠤᠭᠤᠯᠵᠤ ᠪᠣᠯᠬᠤ ᠦᠭᠡᠢ᠃        ᠭᠤᠷᠪᠠ᠂ ᠪᠡᠯᠴᠢᠬᠡᠷᠯᠡᠬᠦᠯᠬᠦ ᠶᠢ ᠵᠤᠭᠰᠤᠭᠠᠬᠤ ᠤᠷᠤᠨ ᠪᠤᠯᠤᠨ ᠮᠠᠯ ᠪᠠᠯᠴᠢᠬᠡᠷ ᠢ ᠲᠡᠩᠴᠡᠬᠦᠷᠢᠰᠢᠬᠦᠯᠬᠦ ᠤᠷᠤᠨ ᠤ ᠬᠤᠪᠢᠶᠠᠷᠢᠯᠠᠯᠳᠠ        2016 ᠤᠨ ᠤ ᠮᠠᠨ ᠤ ᠬᠤᠰᠢᠭᠤᠨ ᠤ ᠨᠤᠲᠤᠭ ᠪᠡᠯᠴᠢᠭᠡᠷ ᠤᠨ ᠨᠡᠶᠢᠳᠡᠮ ᠪᠠᠶᠢᠴᠠᠭᠠᠯᠲᠠ ᠪᠠᠷ ᠨᠤᠲᠠᠯᠠᠭᠰᠠᠨ ᠲᠤᠭ᠎ᠠ ᠪᠠᠷᠢᠮᠲᠠ ᠪᠠᠷ ᠰᠠᠭᠤᠷᠢ ᠪᠤᠯᠭᠠᠵᠤ᠂ ᠨᠤᠲᠤᠭ ᠪᠡᠯᠴᠢᠭᠡᠷ ᠤᠨ ᠠᠮᠢ ᠠᠬᠤᠢ ᠶᠢᠨ ᠤᠳᠤᠬᠢ ᠪᠠᠶᠢᠳᠠᠯ᠂ ᠪᠠᠶᠢᠭᠠᠯᠢ ᠶᠢᠨ ᠤᠷᠴᠢᠨ ᠲᠤᠭᠤᠷᠢᠨ ᠤ ᠰᠠᠶᠢᠨ ᠮᠠᠭᠤ᠂ ᠨᠤᠲᠤᠭ ᠪᠡᠯᠴᠢᠭᠡᠷ ᠤᠨ ᠳᠠᠭᠠᠭᠠᠴᠠ ᠪᠤᠯᠤᠨ ᠰᠡᠷᠭᠦᠭᠦ ᠴᠢᠳᠠᠪᠤᠷᠢ ᠵᠡᠷᠭᠡ ᠪᠤᠰᠤᠳᠴᠢ ᠬᠦᠴᠦᠨ ᠵᠦᠢᠯ ᠢ ᠦᠨᠳᠦᠰᠦᠯᠡᠨ᠂ ᠪᠡᠯᠴᠢᠭᠡᠷᠯᠡᠭᠦᠯᠬᠦ ᠶᠢ ᠵᠤᠭᠰᠤᠭᠠᠬᠤ ᠤᠷᠤᠨ ᠪᠤᠯᠤᠨ ᠮᠠᠯ ᠪᠡᠯᠴᠢᠭᠡᠷ ᠲᠡᠩᠴᠡᠭᠦᠷᠢᠰᠢᠭᠦᠯᠬᠦ ᠤᠷᠤᠨ ᠢ ᠰᠢᠨᠵᠢᠯᠡᠬᠦ ᠤᠬᠠᠭᠠᠨᠴᠢ ᠪᠠᠷ ᠲᠤᠭᠲᠠᠭᠠᠪᠠ᠃        ︵ᠨᠢᠭᠡ︶ ᠪᠡᠯᠴᠢᠭᠡᠷᠯᠡᠭᠦᠯᠬᠦ ᠶᠢ ᠵᠤᠭᠰᠤᠭᠠᠬᠤ ᠤᠷᠤᠨ        ᠭᠤᠤᠯᠳᠠᠭᠤ ᠡᠯᠡᠰᠦ ᠮᠠᠩᠬᠠᠨ ᠤ ᠦᠷᠦ ᠭᠠᠵᠠᠷ᠂ ᠭᠤᠪᠢ ᠴᠦᠯᠡᠷᠬᠡᠭ ᠤᠷᠤᠨ᠂ ᠨᠤᠲᠤᠭ ᠪᠡᠯᠴᠢᠭᠡᠷ ᠬᠦᠨᠳᠦ ᠨᠤᠴᠢᠲᠠᠢ ᠮᠠᠭᠤᠳᠠᠭᠰᠠᠨ᠂ ᠡᠯᠡᠰᠦᠷᠬᠡᠭᠵᠢᠭᠰᠡᠨ᠂ ᠠᠮᠢ ᠠᠬᠤᠢ ᠬᠡᠴᠡᠭᠦᠲᠡᠭᠰᠡᠨ ᠭᠠᠵᠠᠷ ᠤᠷᠤᠨ ᠢ ᠰᠤᠩᠭᠤᠪᠠ᠃ ᠪᠡᠯᠴᠢᠭᠡᠷᠯᠡᠭᠦᠯᠬᠦ ᠶᠢ ᠵᠤᠭᠰᠤᠭᠠᠬᠤ ᠤᠷᠤᠨ ᠨᠢ ᠭᠤᠤᠯ ᠤᠨ ᠳᠤᠤᠷᠠᠳᠤ ᠤᠷᠤᠰᠬᠠᠯ ᠳᠠᠭᠠᠤ ᠲᠤᠤᠷᠠᠢ ᠎ ᠶᠢᠨ ᠤᠢ ᠶᠢᠨ ᠪᠠᠶᠢᠭᠠᠯᠢ ᠬᠠᠮᠠᠭᠠᠯᠠᠬᠤ ᠤᠷᠤᠨ ᠪᠤᠯᠤᠨ ᠵᠡᠬᠦᠨ᠂ ᠪᠠᠷᠠᠭᠤᠨ ᠬᠤᠶᠠᠷ ᠶᠡᠭᠡ ᠭᠤᠪᠢ ᠶᠢᠨ ᠠᠮᠢ ᠠᠬᠤᠢ ᠬᠡᠪᠡᠷᠡᠭ ᠤᠷᠤᠨ ᠢᠶᠠᠷ ᠭᠤᠤᠯᠳᠠᠭᠤᠯᠵᠤ᠂ ᠭᠤᠤᠯ ᠨᠢ ᠰᠤᠪᠨᠠᠭᠤᠷ ᠰᠤᠮᠤᠨ ᠤ ᠵᠡᠭᠦᠨ ᠬᠤᠶᠢᠲᠦ ᠬᠡᠰᠡᠭ ᠤᠨ ᠭᠠᠵᠠᠷ ᠤᠷᠤᠨ᠂ ᠦᠩᠳᠦᠭᠤᠤᠯ ᠰᠤᠮᠤ ᠠᠴᠠ ᠤᠮᠠᠷᠠᠰᠢᠬᠢ ᠶᠡᠬᠡᠩᠬᠢ ᠭᠠᠵᠠᠷ ᠤᠷᠤᠨ᠂ ᠳ᠋ᠦᠩᠹᠧᠩ ᠪᠠᠯᠭᠠᠰᠤᠨ ᠤ ᠭᠤᠷᠤᠨᠠᠢ ᠶᠢᠨ ᠵᠡᠭᠦᠨ ᠬᠤᠶᠢᠲᠤᠬᠢ ᠪᠠᠳᠠᠢ ᠶᠢᠨ ᠵᠢᠷᠠᠨ ᠤ ᠬᠦᠪᠡᠭᠡ ᠬᠢᠵᠠᠭᠠᠷ ᠤᠷᠤᠨ ᠪᠤᠯᠤᠨ ᠡᠬᠢᠨᠴᠠᠭᠠᠨ᠂ ᠪᠤᠷᠤᠠᠠᠭᠤᠯᠠ ᠭᠠᠴᠠᠭᠠᠨ ᠤ ᠭᠤᠪᠢ ᠤᠷᠤᠨ᠂ ᠰᠠᠶᠢᠬᠠᠨᠲᠤᠤᠷᠠᠢ ᠰᠤᠮᠤᠨ ᠤ ᠪᠠᠷᠠᠭᠤᠨ ᠭᠤᠪᠢ ᠪᠤᠯᠤᠨ ᠬᠠᠷ᠎ᠠ ᠪᠦᠷᠭᠦᠳ ᠤᠨ ᠠᠭᠤᠯᠠ ᠪᠠᠯᠭᠠᠰᠤ᠂ ᠮᠠᠽᠦ᠋ᠩᠱᠠᠨ ᠰᠤᠮᠤᠨ ᠤ ᠬᠡᠰᠡᠭ ᠭᠠᠵᠠᠷ ᠤᠷᠤᠨ ᠳᠤ ᠲᠠᠷᠬᠠᠵᠤ ᠪᠠᠶᠢᠨ᠎ᠠ᠃        ︵ᠬᠤᠶᠠᠷ︶ ᠮᠠᠯ ᠪᠡᠯᠴᠢᠭᠡᠷ ᠲᠡᠩᠴᠡᠭᠦᠷᠢᠰᠢᠭᠦᠯᠬᠦ ᠤᠷᠤᠨ        ᠭᠤᠤᠯᠳᠠᠭᠤ ᠪᠠᠶᠢᠭᠠᠯᠢ ᠶᠢᠨ ᠨᠦᠭᠦᠴᠡᠯ ᠬᠠᠷᠢᠴᠠᠩᠭᠤᠢ ᠰᠠᠶᠢᠨ᠂ ᠮᠠᠯ ᠪᠡᠯᠴᠢᠭᠡᠷ ᠲᠡᠩᠴᠡᠭᠦᠷᠢᠰᠢᠭᠦᠯᠬᠦ᠂ ᠵᠤᠬᠢᠰᠲᠠᠢ ᠠᠰᠢᠭᠯᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠨ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠵᠦ ᠪᠤᠯᠬᠤ ᠭᠠᠵᠠᠷ ᠣᠷᠣᠨ︔ ᠳᠠᠪᠠᠭᠤᠯᠢᠭ ᠮᠠᠯ ᠤᠨ ᠲᠦᠷᠦᠯ ᠪᠤᠯᠬᠤ ᠠᠯᠠᠱᠠ ᠶᠢᠨ ᠬᠤᠤᠰ ᠪᠦᠬᠦᠲᠦ ᠲᠡᠮᠡᠭᠡ᠂ ᠴᠠᠭᠠᠨ ᠨᠤᠤᠯᠤᠷᠲᠤ ᠢᠮᠠᠭᠠᠨ ᠤ ᠭᠤᠤᠯᠳᠠᠯᠭᠠᠲᠤ ᠬᠠᠮᠠᠭᠠᠯᠠᠯᠲᠠ ᠶᠢᠨ ᠤᠷᠤᠨ︔ ᠬᠢᠯᠢ ᠬᠢᠵᠠᠭᠠᠷ᠂ ᠬᠢᠯᠢ ᠵᠠᠭᠠᠭ ᠤᠨ ᠭᠠᠵᠠᠷ ᠤᠷᠤᠨ ᠢ ᠰᠤᠩᠭᠤᠪᠠ᠃ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠤᠷᠤᠨ ᠨᠢ ᠭᠤᠤᠯ ᠤᠨ ᠳᠤᠮᠳᠠ ᠳᠡᠭᠡᠳᠦ ᠤᠷᠤᠰᠬᠠᠯ ᠳᠠᠭᠠᠤ ᠭᠠᠵᠠᠷ ᠤᠷᠤᠨ ᠪᠤᠯᠤᠨ ᠭᠤᠷᠤᠨᠠᠢ ᠨᠠᠭᠤᠷ᠂ ᠦᠩᠲᠦᠭᠤᠤᠯ ᠨᠠᠭᠤᠷ ᠵᠡᠷᠭᠡ ᠨᠠᠭᠤᠷ ᠤᠷᠤᠨ ᠤ ᠨᠤᠳᠤᠭ ᠪᠡᠯᠴᠢᠭᠡᠷ᠂ ᠳᠠᠯᠠᠶᠢᠬᠦ᠋ᠪ ᠪᠠᠯᠭᠠᠰᠤ᠂ ᠳ᠋ᠦᠩᠹᠧᠩ ᠪᠠᠯᠭᠠᠰᠤᠨ ᠤ ᠦᠲᠦᠷᠯᠢᠭ ᠤᠨ ᠨᠤᠳᠤᠭ ᠪᠡᠯᠴᠢᠭᠡᠷ᠂ ᠰᠠᠶᠢᠬᠠᠨᠲᠤᠤᠷᠠᠢ ᠰᠤᠮᠤ ᠪᠤᠯᠤᠨ ᠰᠤᠪᠨᠠᠭᠤᠷ ᠰᠤᠮᠤᠨ ᠤ ᠭᠤᠤᠯ ᠳᠠᠭᠠᠤ ᠨᠤᠳᠤᠭ ᠪᠡᠯᠴᠢᠭᠡᠷ᠂ ᠪᠠᠶᠠᠨᠲᠤᠤᠷᠠᠢ ᠰᠤᠮᠤᠨ ᠎ ᠤ ᠬᠡᠰᠡᠭ ᠭᠠᠵᠠᠷ ᠤᠷᠤᠨ ᠢᠶᠠᠷ ᠭᠤᠤᠯᠳᠠᠭᠤᠯᠤᠨ᠎ᠠ᠃        ᠳᠦᠷᠪᠡ᠂ ᠪᠡᠯᠴᠢᠭᠡᠷᠯᠡᠭᠦᠯᠬᠦ ᠶᠢ ᠵᠤᠭᠰᠤᠭᠠᠬᠤ ᠪᠤᠯᠤᠨ ᠮᠠᠯ ᠪᠡᠯᠴᠢᠭᠡᠷ ᠲᠡᠩᠴᠡᠭᠦᠷᠢᠰᠢᠭᠦᠯᠬᠦ ᠤᠷᠤᠨ ᠤ ᠮᠠᠯ ᠬᠢᠵᠠᠭᠠᠷᠯᠠᠬᠤ ᠪᠠᠷᠢᠮᠵᠢᠶ᠎ᠠ        ︵ᠨᠢᠬᠡ︶ ᠪᠡᠯᠴᠢᠭᠡᠷᠯᠡᠭᠦᠯᠬᠦ ᠶᠢ ᠵᠤᠭᠰᠤᠭᠠᠬᠤ ᠤᠷᠤᠨ ᠨᠢ ᠪᠦᠬᠦ ᠲᠠᠯ᠎ᠠ ᠪᠠᠷ ᠪᠡᠯᠴᠢᠭᠡᠷᠯᠡᠭᠦᠯᠬᠦ ᠶᠢ ᠵᠤᠭᠰᠤᠭᠠᠨ᠎ᠠ᠃ ᠵᠠᠰᠠᠭ ᠤᠨ ᠤᠷᠳᠤᠨ ᠠᠴᠠ ︽ᠪᠡᠯᠴᠢᠭᠡᠷᠯᠡᠭᠦᠯᠬᠦ ᠶᠢ ᠵᠤᠭᠰᠤᠭᠠᠬᠤ ᠵᠠᠷᠯᠢᠭ︾ ᠨᠡᠶᠢᠲᠡᠯᠡᠨ᠂ ᠪᠡᠯᠴᠢᠭᠡᠷᠯᠡᠭᠦᠯᠬᠦ ᠶᠢ ᠵᠤᠭᠰᠤᠭᠠᠬᠤ ᠡᠭᠦᠷᠭᠡ ᠶᠢ ᠰᠤᠮᠤ ᠪᠠᠯᠭᠠᠰᠤ᠂ ᠭᠠᠴᠠᠭ᠎ᠠ᠂ ᠮᠠᠯᠴᠢᠳ ᠲᠤ ᠬᠤᠪᠢᠶᠠᠷᠢᠯᠠᠨ ᠨᠠᠶᠢᠳᠠᠪᠤᠷᠢᠵᠢᠭᠤᠯᠵᠤ᠂ ᠪᠡᠯᠴᠢᠭᠡᠷᠯᠡᠭᠦᠯᠬᠦ ᠶᠢ ᠵᠤᠭᠰᠤᠭᠠᠬᠤ ᠱᠠᠭᠠᠷᠳᠠᠯᠭ᠎ᠠ ᠶᠢ ᠲᠤᠳᠤᠷᠬᠠᠶᠢᠯᠠᠨ᠂ ︽ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠶᠢᠨ ᠪᠡᠯᠴᠢᠭᠡᠷᠯᠡᠭᠦᠯᠬᠦ ᠶᠢ ᠵᠤᠭᠰᠤᠭᠠᠬᠤ ᠪᠤᠯᠤᠨ ᠮᠠᠯ ᠪᠡᠯᠴᠢᠭᠡᠷ ᠲᠡᠩᠴᠡᠭᠦᠷᠢᠰᠢᠭᠦᠯᠬᠦ ᠬᠠᠷᠢᠭᠤᠴᠠᠯᠭ᠎ᠠ ᠶᠢᠨ ᠪᠢᠴᠢᠭ︾᠎ ᠢ ᠱᠠᠲᠤ ᠱᠠᠲᠤ ᠪᠠᠷ ᠲᠤᠭᠲᠠᠵᠤ᠂ ᠪᠡᠯᠴᠢᠭᠡᠷᠯᠡᠭᠦᠯᠬᠦ ᠶᠢ ᠵᠤᠭᠰᠤᠭᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ 5 ᠵᠢᠯ ᠳᠤᠲᠤᠷ᠎ᠠ ᠮᠠᠯ ᠮᠠᠯᠵᠢᠨ ᠡᠪᠡᠰᠦ ᠬᠠᠳᠤᠵᠤ ᠪᠤᠯᠬᠤ ᠦᠭᠡᠢ᠂  ᠡᠵᠡᠩᠨᠡᠯᠳᠡ ᠬᠡᠷᠡᠭᠯᠡᠯᠳᠡ ᠶᠢᠨ ᠡᠷᠬᠡ ᠰᠢᠯᠵᠢᠭᠦᠯᠬᠦ ᠴᠢᠬᠤᠯᠠᠲᠠᠢ ᠨᠤᠲᠤᠭ ᠪᠡᠯᠴᠢᠭᠡᠷ ᠢ ᠵᠦᠪᠬᠡᠨ ᠲᠡᠮᠡᠭᠡ ᠬᠠᠷᠢᠭᠤᠯᠬᠤ ᠡᠷᠦᠭᠡ ᠳᠤ ᠰᠢᠯᠵᠢᠭᠦᠯᠵᠦ ᠪᠣᠯᠦᠨ᠎ᠠ᠂ ᠬᠤᠯᠠᠭᠠᠢ ᠎ ᠪᠠᠷ ᠮᠠᠯᠵᠢᠬᠤ᠂ ᠰᠦᠨᠢ ᠪᠠᠷ ᠮᠠᠯᠵᠢᠬᠤ ᠠᠵᠢᠯᠯᠠᠭ᠎ᠠ ᠳᠤ ᠴᠢᠩᠭ᠎ᠠ ᠴᠤᠬᠢᠯᠲᠠ ᠦᠭᠭᠦᠨ᠎ᠠ᠃ ᠪᠡᠯᠴᠢᠭᠡᠷᠯᠡᠭᠦᠯᠬᠦ ᠶᠢ ᠵᠤᠭᠰᠤᠭᠠᠬᠤ ᠮᠠᠯ ᠤᠨ ᠲᠦᠷᠦᠯ ᠨᠢ ᠬᠤᠤᠰ ᠪᠦᠬᠦᠲᠦ ᠲᠡᠮᠡᠭᠡᠨ ᠠᠴᠠ ᠪᠤᠰᠤᠳ ᠪᠦᠬᠦ ᠮᠠᠯ ᠢ ᠪᠠᠭᠲᠠᠭᠠᠨ᠎ᠠ᠃ ᠮᠠᠯ ᠎ ᠤᠨ ᠲᠤᠭ᠎ᠠ ᠬᠠᠰᠤᠬᠤ ᠡᠭᠦᠷᠬᠡ ᠶᠢ ᠡᠷᠬᠡᠪᠰᠢ ᠲᠤᠰ ᠵᠢᠯ ᠳᠡᠭᠡᠨ ᠪᠡᠶᠡᠯᠡᠭᠦᠯᠵᠦ᠂ ᠬᠠᠰᠢᠶᠠᠯᠠᠨ ᠲᠡᠵᠢᠭᠡᠬᠦ ᠪᠠ ᠨᠢᠳᠤᠯᠡᠬᠦ ᠪᠤᠷᠤᠯᠠᠭᠤᠯᠬᠤ ᠪᠠᠷ ᠮᠠᠯ ᠤᠨ ᠲᠤᠭ᠎ᠠ ᠶᠢ ᠪᠠᠭᠠᠰᠬᠠᠨ᠎ᠠ᠃        ︵ᠬᠤᠶᠠᠷ︶ ᠮᠠᠨ ᠤ ᠬᠤᠰᠢᠭᠤᠨ ᠤ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠤᠷᠤᠨ ᠨᠢ ᠪᠦᠬᠦᠯᠢ ᠳᠡᠭᠡᠨ ᠲᠠᠭᠠᠭᠠᠴᠠ ᠪᠠᠷ ᠲᠤᠳᠠᠮᠠᠭ ᠪᠠᠶᠢᠵᠤ᠂ ᠬᠡᠰᠡᠭ ᠭᠠᠵᠠᠷ ᠨᠢ ᠲᠠᠭᠠᠭᠠᠴᠠ ᠠᠴᠠ ᠬᠡᠳᠤᠷᠡᠭᠰᠡᠨ ᠪᠠᠶᠢᠨ᠎ᠠ᠃ ᠡᠶᠢᠮᠦ ᠠᠴᠠ ᠪᠠᠶᠢᠭᠠᠯᠢ ᠶᠢᠨ ᠨᠤᠲᠤᠭ ᠪᠡᠯᠴᠢᠭᠡᠷ ᠤᠨ ᠳᠠᠭᠠᠭᠠᠴᠠ ᠪᠠᠷ ᠦᠨᠳᠦᠰᠦ ᠪᠤᠯᠭᠠᠵᠤ᠂ ᠮᠠᠯ ᠠᠵᠤ ᠠᠬᠤᠢ ᠶᠢᠨ ᠪᠦᠲᠦᠴᠡ ᠎ ᠶᠢᠨ ᠲᠤᠬᠢᠷᠠᠭᠤᠯᠤᠯᠲᠠ᠂ ᠠᠵᠤ ᠦᠢᠯᠡᠰ ᠤᠨ ᠬᠦᠭᠵᠢᠯᠲᠡ᠂ ᠦᠢᠯᠡᠳᠪᠦᠷᠢᠯᠡᠯ ᠤᠨ ᠬᠡᠯᠪᠡᠷᠢ ᠶᠢᠨ ᠬᠤᠪᠢᠷᠠᠯᠲᠠ᠂ ᠮᠠᠯᠴᠢᠳ ᠤᠨ ᠤᠷᠤᠯᠭ᠎ᠠ ᠶᠢᠨ ᠨᠡᠮᠡᠭᠳᠡᠯ ᠵᠡᠷᠭᠡ ᠡᠯᠧᠮᠧᠨ᠋ᠲ ᠨᠦᠭᠦᠳ ᠢ ᠤᠶᠠᠯᠳᠤᠭᠤᠯᠤᠨ ᠪᠡᠯᠴᠢᠬᠡᠷ ᠤᠨ ᠳᠠᠭᠠᠭᠠᠴᠠ ᠎ ᠶᠢ ᠰᠢᠨᠵᠢᠯᠡᠬᠦ ᠤᠬᠠᠭᠠᠨᠴᠢ ᠵᠦᠢ ᠵᠤᠬᠢᠰᠲᠠᠢ ᠲᠤᠭᠲᠠᠭᠠᠵᠤ᠂ ᠮᠠᠯ ᠤᠨ ᠲᠤᠭ᠎ᠠ ᠪᠠᠭᠠᠰᠬᠠᠬᠤ ᠡᠭᠦᠷᠭᠡ ᠪᠤᠯᠤᠨ ᠪᠠᠭᠠᠰᠬᠠᠬᠤ ᠲᠤᠭ᠎ᠠ ᠬᠡᠮᠵᠢᠶ᠎ᠡ ᠶᠢ ᠰᠤᠮᠤ ᠪᠠᠯᠭᠠᠰᠤ᠂ ᠭᠠᠴᠠᠭ᠎ᠠ᠂ ᠮᠠᠯᠴᠢᠳ ᠲᠤ ᠬᠤᠪᠢᠶᠠᠷᠠᠯᠠᠨ ᠨᠡᠶᠢᠳᠡᠪᠤᠷᠢᠵᠢᠭᠤᠯᠤᠨ᠂ ︽ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠶᠢᠨ ᠪᠡᠯᠴᠢᠭᠡᠷᠯᠡᠭᠦᠯᠬᠦ ᠶᠢ ᠵᠤᠭᠰᠤᠭᠠᠬᠤ ᠪᠤᠯᠤᠨ ᠮᠠᠯ ᠪᠡᠯᠴᠢᠭᠡᠷ ᠲᠡᠩᠴᠡᠭᠦᠷᠢᠰᠢᠭᠦᠯᠬᠦ ᠬᠠᠷᠢᠭᠤᠴᠠᠯᠭ᠎ᠠ ᠶᠢᠨ ᠪᠢᠴᠢᠭ︾᠎ ᠢ ᠱᠠᠲᠤ ᠱᠠᠲᠤ ᠪᠠᠷ ᠲᠤᠭᠳᠠᠵᠤ᠂ ᠮᠠᠯ ᠪᠡᠯᠴᠢᠭᠡᠷ ᠢ ᠲᠡᠩᠴᠡᠭᠦᠷᠢᠰᠢᠭᠦᠯᠬᠦ᠂ ᠵᠦᠢ ᠵᠤᠬᠢᠰᠲᠠᠢ ᠠᠰᠢᠭᠯᠠᠬᠤ ᠵᠡᠷᠭᠡ ᠠᠷᠭ᠎ᠠ ᠬᠡᠮᠵᠢᠶ᠎ᠡ ᠪᠠᠷ ᠨᠤᠲᠤᠭ ᠪᠡᠯᠴᠢᠭᠡᠷ ᠤᠨ ᠠᠮᠢ ᠠᠬᠤᠢ ᠶᠢᠨ ᠤᠷᠤᠨ ᠢ ᠰᠡᠷᠭᠦᠭᠡᠨ᠎ᠡ᠃ ᠮᠠᠯ ᠪᠡᠯᠴᠢᠭᠡᠷ ᠲᠡᠩᠴᠡᠭᠦᠷᠢᠰᠢᠭᠦᠯᠬᠦ ᠤᠷᠤᠨ ᠨᠢ ᠮᠠᠯ ᠪᠡᠯᠴᠢᠭᠡᠷ ᠢ ᠴᠢᠩᠭ᠎ᠠ ᠪᠠᠷ ᠲᠡᠩᠴᠡᠭᠦᠷᠢᠰᠢᠭᠦᠯᠬᠦ ᠰᠠᠭᠤᠷᠢᠨ ᠳᠡᠭᠡᠷ᠎ᠡ᠂ ᠰᠡᠯᠭᠦᠨ ᠮᠠᠯᠵᠢᠬᠤ᠂ ᠪᠡᠯᠴᠢᠭᠡᠷ ᠬᠤᠪᠢᠶᠠᠨ ᠡᠭᠡᠯᠵᠢᠯᠡᠨ ᠮᠠᠯᠵᠢᠬᠤ ᠵᠡᠷᠭᠡ ᠵᠤᠬᠢᠰᠲᠠᠢ ᠠᠰᠢᠭᠯᠠᠬᠤ ᠳᠦᠷᠢᠮ ᠶᠠᠪᠤᠭᠳᠠᠭᠤᠯᠬᠤ ᠪᠠᠷ ᠲᠠᠮᠵᠢᠨ᠂ ᠨᠤᠲᠤᠭ ᠪᠡᠯᠴᠢᠭᠡᠷ ᠤᠨ ᠦᠷᠭᠦᠯᠵᠢᠯᠡᠬᠦᠶᠢᠴᠡ ᠠᠰᠢᠭᠯᠠᠯᠳᠠ ᠎ ᠶᠢ ᠠᠭᠠᠵᠢᠮ ᠢᠶᠠᠷ ᠪᠡᠶᠡᠯᠡᠬᠦᠯᠦᠨ᠎ᠠ᠃ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠤᠷᠤᠨ ᠤ  ᠲᠠᠭᠠᠭᠠᠴᠠ ᠠᠴᠠ ᠬᠡᠳᠤᠷᠡᠭᠰᠡᠨ ᠮᠠᠯ ᠢ ᠡᠷᠬᠡᠪᠰᠢ ᠲᠤᠬᠠᠢ ᠶᠢᠨ ᠵᠢᠯ ᠳᠡᠭᠡᠨ ᠨᠢᠳᠤᠯᠡᠬᠦ ᠪᠤᠶᠤ ᠪᠤᠷᠤᠯᠠᠭᠤᠯᠬᠤ ᠠᠷᠭ᠎ᠠ ᠪᠠᠷ ᠪᠦᠬᠦᠨ ᠢ ᠰᠢᠢᠳᠪᠤᠷᠢᠯᠡᠬᠦ ᠬᠡᠷᠡᠭᠳᠡᠢ ᠪᠠᠶᠢᠵᠤ᠂ ᠡᠬᠦᠨ ᠳᠤ ᠬᠤᠨᠢ᠂ ᠢᠮᠠᠭ᠎ᠠ᠂ ᠮᠢᠬᠠᠨ ᠤ ᠦᠬᠡᠷ ᠤᠨ ᠲᠤᠭ᠎ᠠ ᠶᠢ   ᠭᠤᠤᠯᠳᠠᠯᠠᠭ᠎ᠠ ᠲᠠᠢ ᠪᠠᠭᠠᠰᠬᠠᠵᠤ᠂ ᠮᠠᠯ ᠤᠨ ᠲᠤᠭ᠎ᠠ ᠪᠠᠭᠠᠰᠬᠠᠬᠤ ᠬᠠᠷᠠᠯᠲᠠ ᠪᠠᠨ ᠨᠢᠭᠡᠨᠲᠡ ᠪᠠᠶᠠᠯᠠᠬᠦᠯᠦᠭᠰᠡᠳ ᠪᠤᠶᠤ ᠳᠠᠪᠠᠭᠤᠯᠤᠨ ᠪᠠᠶᠠᠯᠠᠬᠦᠯᠦᠭᠰᠡᠳ ᠨᠢ ᠤᠳᠤᠬᠢ ᠪᠠᠶᠢᠳᠠᠯ ᠢᠶᠠᠨ ᠪᠠᠲᠤᠯᠠᠵᠤ᠂ ᠬᠡᠯᠪᠡᠷᠢ ᠪᠠᠨ ᠦᠬᠡᠷᠡᠴᠢᠯᠡᠨ ᠮᠠᠯ ᠤᠨ ᠲᠤᠭ᠎ᠠ ᠶᠢ ᠨᠡᠮᠡᠭᠳᠡᠭᠦᠯᠵᠦ ᠪᠤᠯᠬᠤ ᠦᠭᠡᠢ᠃        ︵ᠭᠤᠷᠪᠠ︶ ᠮᠠᠯ ᠪᠡᠯᠴᠢᠭᠡᠷ ᠲᠡᠩᠴᠡᠭᠦᠷᠢᠰᠢᠭᠦᠯᠬᠦ ᠤᠷᠤᠨ ᠤ ᠪᠡᠯᠴᠢᠬᠡᠷ ᠤᠨ ᠳᠠᠭᠠᠭᠠᠴᠠ ᠶᠢᠨ ᠬᠡᠮᠵᠢᠶ᠎ᠡ ᠎ ᠶᠢᠨ ᠬᠢᠨᠠᠨ ᠵᠥᠪᠰᠢᠶᠡᠷᠡᠯᠲᠡ        ⒈ᠬᠤᠶᠠᠷ ᠨᠠᠭᠤᠷ ᠤᠨ ᠪᠡᠯᠴᠢᠭᠡᠷ ᠤᠨ ᠤᠨᠤᠯ ᠳᠡᠭᠡᠷᠡᠬᠢ ᠳᠠᠭᠠᠭᠠᠴᠠ᠄ ᠬᠤᠶᠠᠷ ᠨᠠᠭᠤᠷ ᠤᠨ ᠰᠤᠷᠭᠤᠭ ᠡᠪᠡᠰᠦᠨ ᠤ ᠭᠠᠷᠤᠯᠲᠠ 130 ᠺᠢᠯᠦᠭᠷᠠᠮ/ ᠮᠤ᠋᠂ ᠬᠠᠭᠤᠷᠠᠢ ᠡᠪᠡᠰᠦ ᠪᠠᠷ ᠨᠤᠭᠤᠯᠤᠨ ᠪᠤᠳᠤᠪᠠᠯ 43.3 ᠺᠢᠯᠦᠭᠷᠠᠮ/ ᠮᠤ᠋᠃ ᠬᠤᠨᠢ ᠨᠢᠬᠡ ᠪᠦᠷᠢ ᠶᠢᠨ ᠪᠦᠬᠦ ᠵᠢᠯ ᠲᠤ ᠬᠡᠷᠡᠭᠰᠡᠬᠦ ᠪᠡᠯᠴᠢᠭᠡᠷ ᠨᠢ 41.6 ︵ᠮᠤ᠋︶᠃        ⒉ᠦᠲᠦᠷᠯᠢᠭ ᠤᠨ ᠪᠡᠯᠴᠢᠭᠡᠷ ᠤᠨ ᠤᠨᠤᠯ ᠳᠡᠭᠡᠷᠡᠬᠢ ᠳᠠᠭᠠᠭᠠᠴᠠ᠄ ᠦᠲᠦᠷᠯᠢᠭ ᠤᠨ ᠰᠤᠷᠭᠤᠭ ᠡᠪᠡᠰᠦᠨ ᠎ ᠤ ᠭᠠᠷᠤᠯᠲᠠ 96 ᠺᠢᠯᠦᠭᠷᠠᠮ/ ᠮᠤ᠋᠂ ᠬᠠᠭᠤᠷᠠᠢ ᠡᠪᠡᠰᠦ ᠪᠠᠷ ᠨᠤᠭᠤᠯᠤᠨ ᠪᠤᠳᠤᠪᠠᠯ 32 ᠺᠢᠯᠦᠭᠷᠠᠮ/ ᠮᠤ᠋᠃ ᠬᠤᠨᠢ ᠨᠢᠬᠡ ᠪᠦᠷᠢ ᠶᠢᠨ ᠪᠦᠬᠦ ᠵᠢᠯ ᠲᠤ ᠬᠡᠷᠡᠭᠰᠡᠬᠦ ᠪᠡᠯᠴᠢᠭᠡᠷ ᠨᠢ 56.34 ︵ᠮᠤ᠋︶᠃        ⒊ᠭᠤᠤᠯ ᠳᠠᠭᠠᠤ ᠪᠡᠯᠴᠢᠭᠡᠷ ᠤᠨ ᠤᠨᠤᠯ ᠳᠡᠭᠡᠷᠡᠬᠢ ᠳᠠᠭᠠᠭᠠᠴᠠ᠄ ᠭᠤᠤᠯ ᠳᠠᠭᠠᠤ ᠪᠡᠯᠴᠢᠭᠡᠷ ᠤᠨ ᠰᠤᠷᠭᠤᠭ ᠡᠪᠡᠰᠦᠨ ᠤ ᠭᠠᠷᠤᠯᠲᠠ 232 ᠺᠢᠯᠦᠭᠷᠠᠮ/ ᠮᠤ᠋᠂ ᠬᠠᠭᠤᠷᠠᠢ ᠡᠪᠡᠰᠦ ᠪᠠᠷ ᠨᠤᠭᠤᠯᠤᠨ ᠪᠤᠳᠤᠪᠠᠯ 77.33 ᠺᠢᠯᠦᠭᠷᠠᠮ/ ᠮᠤ᠋᠃ ᠬᠤᠨᠢ ᠨᠢᠬᠡ ᠪᠦᠷᠢ ᠶᠢᠨ ᠪᠦᠬᠦ ᠵᠢᠯ ᠲᠤ ᠬᠡᠷᠡᠭᠰᠡᠬᠦ ᠪᠡᠯᠴᠢᠭᠡᠷ ᠨᠢ 23.31 ︵ᠮᠤ᠋︶᠃        ⒋ᠭᠤᠪᠢ ᠶᠢᠨ ᠪᠡᠯᠴᠢᠭᠡᠷ ᠤᠨ ᠤᠨᠤᠯ ᠳᠡᠭᠡᠷᠡᠬᠢ ᠳᠠᠭᠠᠭᠠᠴᠠ᠄ ᠭᠤᠪᠢ ᠶᠢᠨ ᠰᠤᠷᠭᠤᠭ ᠡᠪᠡᠰᠦᠨ ᠤ ᠭᠠᠷᠤᠯᠲᠠ 12 ᠺᠢᠯᠦᠭᠷᠠᠮ/ ᠮᠤ᠋᠂ ᠬᠠᠭᠤᠷᠠᠢ ᠡᠪᠡᠰᠦ ᠪᠠᠷ ᠨᠤᠭᠤᠯᠤᠨ ᠪᠤᠳᠤᠪᠠᠯ 4 ᠺᠢᠯᠦᠭᠷᠠᠮ/ ᠮᠤ᠋᠃ ᠬᠤᠨᠢ ᠨᠢᠬᠡ ᠪᠦᠷᠢ ᠶᠢᠨ ᠪᠦᠬᠦ ᠵᠢᠯ ᠲᠤ ᠬᠡᠷᠡᠭᠰᠡᠬᠦ ᠪᠡᠯᠴᠢᠭᠡᠷ ᠨᠢ 450.71︵ᠮᠤ᠋︶᠃        ⒌ᠴᠤᠯ ᠵᠠᠭ ᠤᠨ ᠪᠡᠯᠴᠢᠭᠡᠷ ᠤᠨ ᠤᠨᠤᠯ ᠳᠡᠭᠡᠷᠡᠬᠢ ᠳᠠᠭᠠᠭᠠᠴᠠ᠄ ᠵᠠᠭ ᠤᠨ ᠪᠡᠯᠴᠢᠭᠡᠷ ᠤᠨ ᠡᠪᠡᠰᠦᠨ ᠤ ᠭᠠᠷᠤᠯᠲᠠ 30 ᠺᠢᠯᠦᠭᠷᠠᠮ/ ᠮᠤ᠋᠂ ᠬᠠᠭᠤᠷᠠᠢ ᠡᠪᠡᠰᠦ ᠪᠠᠷ ᠨᠤᠭᠤᠯᠤᠨ ᠪᠤᠳᠤᠪᠠᠯ 10 ᠺᠢᠯᠦᠭᠷᠠᠮ/ ᠮᠤ᠋᠃ ᠬᠤᠨᠢ ᠨᠢᠬᠡ ᠪᠦᠷᠢ ᠶᠢᠨ ᠪᠦᠬᠦ ᠵᠢᠯ ᠲᠤ ᠬᠡᠷᠡᠭᠰᠡᠬᠦ ᠪᠡᠯᠴᠢᠭᠡᠷ ᠨᠢ 180.29 ︵ᠮᠤ᠋︶᠃        ᠲᠠᠪᠤ᠂ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠤᠷᠢ ᠱᠠᠩᠨᠠᠯ ᠤᠨ ᠡᠭᠦᠷᠭᠡ ᠪᠤᠯᠤᠨ ᠪᠠᠯᠠ ᠮᠦᠩᠭᠦ ᠶᠢᠨ ᠬᠤᠪᠢᠶᠠᠷᠢᠯᠠᠯᠲᠠ        ᠮᠠᠨ ᠤ ᠬᠤᠰᠢᠭᠤᠨ ᠤ ᠰᠢᠨ᠎ᠡ ᠡᠭᠡᠯᠵᠢ ᠶᠢᠨ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠲᠠ ᠎ ᠶᠢᠨ ᠨᠦᠬᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠶᠢᠨ ᠪᠡᠯᠴᠢᠭᠡᠷᠯᠡᠭᠦᠯᠬᠦ ᠶᠢ ᠵᠤᠭᠰᠤᠭᠠᠬᠤ ᠲᠠᠯᠠᠪᠠᠢ 2032.23 ᠲᠦᠮᠡᠨ ᠮᠤ᠋᠂ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠲᠠᠯᠠᠪᠠᠢ 8661.4 ᠲᠦᠮᠡᠨ ᠮᠤ᠋ ᠪᠠᠷ ᠲᠤᠭᠳᠠᠭᠠᠪᠠ᠃        ︵ᠨᠢᠭᠡ︶ ᠪᠡᠯᠴᠢᠭᠡᠷᠯᠡᠭᠦᠯᠬᠦ ᠶᠢ ᠵᠤᠭᠰᠤᠭᠠᠬᠤ ᠪᠡᠯᠡ ᠮᠦᠩᠭᠦ 3865.1 ᠲᠦᠮᠡᠨ ᠲᠦᠭᠦᠷᠢᠭ ᠢ1300 ᠡᠷᠦᠬᠡ ᠶᠢᠨ 2356 ᠬᠦᠮᠦᠨ ᠳᠤ ᠬᠤᠪᠢᠶᠠᠷᠢᠯᠠᠨ᠎ᠠ᠃        ︵ᠬᠤᠶᠠᠷ︶ ᠮᠠᠯ ᠪᠡᠯᠴᠢᠭᠡᠷ ᠲᠡᠩᠴᠡᠭᠦᠷᠢᠰᠢᠭᠦᠯᠬᠦ ᠪᠡᠯᠡ ᠮᠦᠩᠭᠦ 2943.3 ᠲᠦᠮᠡᠨ ᠲᠦᠭᠦᠷᠢᠭ ᠢ 822 ᠡᠷᠦᠬᠡ ᠶᠢᠨ 2366 ᠬᠦᠮᠦᠨ ᠳᠤ ᠬᠤᠪᠢᠶᠠᠷᠢᠯᠠᠨ᠎ᠠ᠃        ︵ᠭᠤᠷᠪᠠ︶ ᠠᠮᠢ ᠠᠬᠤᠢ ᠶᠢᠨ ᠤᠨᠴᠠᠭᠠᠢ ᠴᠢᠳᠠᠮᠵᠢᠲᠦ ᠤᠷᠤᠨ ᠤ ᠪᠡᠯᠡ ᠮᠦᠩᠭᠦ ᠶᠢ 959.18 ᠲᠦᠮᠡᠨ ᠲᠦᠭᠦᠷᠢᠭ ᠬᠤᠪᠢᠶᠠᠷᠢᠯᠠᠨ᠎ᠠ᠃        ︵ᠳᠦᠷᠪᠡ︶ 85 ᠲᠤᠰᠬᠠᠢ ᠪᠡᠯᠴᠢᠭᠡᠷ ᠬᠠᠮᠠᠭᠠᠯᠠᠭᠴᠢ ᠶᠢᠨ ᠴᠠᠯᠢᠩ ᠨᠡᠶᠢᠲᠡ 435.778 ᠲᠦᠮᠡᠨ ᠲᠦᠭᠦᠷᠢᠭ ᠢ ᠬᠤᠪᠢᠶᠠᠷᠢᠯᠠᠨ᠎ᠠ᠃        ︵ᠲᠠᠪᠦ︶ ᠬᠢᠯᠢ ᠬᠢᠵᠠᠭᠠᠷ ᠢᠶᠠᠨ ᠰᠠᠭᠢᠭᠰᠠᠨ100 ᠡᠷᠦᠬᠡ ᠮᠠᠯᠴᠢᠨ ᠲᠠᠷᠢᠶᠠᠴᠢᠳ ᠤᠨ ᠨᠦᠬᠦᠪᠦᠷᠢ ᠪᠡᠯᠡ ᠮᠦᠩᠭᠦ ᠨᠡᠶᠢᠲᠡ 132 ᠲᠦᠮᠡᠨ ᠲᠦᠭᠦᠷᠢᠭ ᠢ ᠬᠤᠪᠢᠶᠠᠷᠢᠯᠠᠨ᠎ᠠ᠃        ︵ᠵᠢᠷᠭᠤᠭ᠎ᠠ︶ ᠭᠠᠴᠠᠭᠠᠨ ᠤ ᠠᠮᠢᠲᠠᠨ ᠤ ᠬᠢᠵᠢᠭ ᠢ ᠰᠡᠷᠭᠡᠶᠢᠯᠡᠭᠴᠢ ᠪᠦᠬᠡᠳ ᠮᠠᠯ ᠲᠠᠷᠢᠶᠠᠯᠠᠩ ᠤᠨ ᠪᠦᠲᠦᠭᠡᠭᠳᠡᠭᠦᠨ ᠤ ᠶᠠᠰᠤ ᠴᠢᠨᠠᠷ ᠤᠨ ᠠᠮᠤᠷ ᠲᠦᠪᠰᠢᠨ ᠳᠤ ᠬᠢᠨᠠᠯᠲᠠ ᠲᠠᠯᠪᠢᠬᠤ ᠶᠢ ᠬᠠᠮᠵᠢᠨ ᠬᠠᠮᠢᠶᠠᠷᠤᠭᠴᠢ ᠶᠢᠨ ᠨᠦᠬᠦᠪᠦᠷᠢ ᠨᠡᠶᠢᠲᠡ 20 ᠲᠦᠮᠡᠨ ᠲᠦᠭᠦᠷᠢᠭ ᠢ ᠵᠢᠯ ᠪᠦᠷᠢ ᠬᠦᠮᠦᠨ ᠪᠤᠯᠭᠠᠨ ᠳᠤ 1 ᠲᠦᠮᠡᠨ ᠲᠦᠬᠦᠷᠢᠭ ᠬᠤᠪᠢᠶᠠᠷᠢᠯᠠᠨ᠎ᠠ᠃        ᠵᠢᠷᠭᠤᠭ᠎ᠠ᠂ ᠨᠦᠬᠦᠪᠦᠷᠢ ᠱᠠᠩᠨᠠᠯ ᠤᠨ ᠪᠠᠷᠢᠮᠵᠢᠶ᠎ᠠ        ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠶᠢᠨ ᠬᠡᠪᠴᠢᠶᠠᠨ ᠳᠤ ᠤᠷᠤᠭᠰᠠᠨ ᠮᠠᠯᠴᠢᠨ ᠲᠠᠷᠢᠶᠠᠴᠢᠳ᠂ ᠨᠠᠰᠤᠨ ᠤ ᠬᠤᠪᠢᠶᠠᠷᠢᠯᠠᠯ ᠢᠶᠠᠷ ᠬᠦᠮᠦᠨ ᠳᠤᠮᠳᠠᠴᠢ ᠪᠠᠷ  ᠪᠠᠷᠢᠮᠵᠢᠶᠠᠯᠠᠵᠤ ᠪᠡᠯᠴᠢᠭᠡᠷᠯᠡᠭᠦᠯᠬᠦ ᠶᠢ ᠵᠤᠭᠰᠤᠭᠠᠬᠤ ᠪᠤᠶᠤ ᠮᠠᠯ ᠪᠡᠯᠴᠢᠭᠡᠷ ᠲᠡᠩᠴᠡᠭᠦᠷᠢᠰᠢᠭᠦᠯᠬᠦ ᠨᠦᠬᠦᠪᠤᠷᠢ ᠬᠦᠷᠳᠡᠬᠡᠨ᠎ᠡ᠃        1᠂ ᠪᠡᠯᠴᠢᠭᠡᠷᠯᠡᠭᠦᠯᠬᠦ ᠶᠢ ᠵᠤᠭᠰᠤᠭᠠᠬᠤ ᠨᠦᠬᠦᠪᠦᠷᠢ ᠶᠢᠨ ᠪᠠᠷᠢᠮᠵᠢᠶ᠎ᠠ        ᠳᠤᠤᠷᠠᠬᠢ ᠬᠡᠳᠦᠨ ᠨᠠᠰᠤᠨ ᠤ ᠬᠤᠪᠢᠶᠠᠷᠢᠯᠠᠯ ᠢᠶᠠᠷ ᠲᠠᠷᠬᠠᠭᠠᠨ᠎ᠠ᠄        ︵1︶ 1 ᠨᠠᠰᠤ ᠠᠴᠠ ᠪᠦᠬᠦᠯᠢ 6 ᠨᠠᠰᠤᠨ ︵ᠪᠦᠬᠦᠯᠢ 6 ᠨᠠᠰᠤ ᠶᠢ ᠪᠠᠭᠲᠠᠭᠠᠨ᠎ᠠ︶᠎ ᠤ ᠬᠤᠭᠤᠷᠤᠨᠳᠤᠬᠢ ᠬᠦᠮᠦᠨ ᠪᠦᠷᠢ ᠳᠤ ᠵᠢᠯ ᠪᠤᠯᠭᠠᠨ 5000 ᠲᠦᠭᠦᠷᠢᠭ ᠨᠦᠬᠦᠪᠦᠷᠢᠯᠡᠨ᠎ᠡ︔        ︵2︶ 7 ᠨᠠᠰᠤ ᠠᠴᠠ ᠪᠦᠬᠦᠯᠢ 16 ᠨᠠᠰᠤᠨ ︵ᠪᠦᠬᠦᠯᠢ 16 ᠨᠠᠰᠤ ᠶᠢ ᠪᠠᠭᠲᠠᠭᠠᠨ᠎ᠠ︶᠎ ᠤ ᠬᠤᠭᠤᠷᠤᠨᠳᠤᠬᠢ ᠬᠦᠮᠦᠨ ᠪᠦᠷᠢ ᠳᠤ ᠵᠢᠯ ᠪᠤᠯᠭᠠᠨ 7000 ᠲᠦᠭᠦᠷᠢᠭ ᠨᠦᠬᠦᠪᠦᠷᠢᠯᠡᠨ᠎ᠡ︔        ︵3︶ 17 ᠨᠠᠰᠤ ᠠᠴᠠ ᠪᠦᠬᠦᠯᠢ 20 ᠨᠠᠰᠤᠨ ︵ᠪᠦᠬᠦᠯᠢ 20 ᠨᠠᠰᠤ ᠶᠢ ᠪᠠᠭᠲᠠᠭᠠᠨ᠎ᠠ︶᠎ ᠤ ᠬᠤᠭᠤᠷᠤᠨᠳᠤᠬᠢ ᠬᠦᠮᠦᠨ ᠪᠦᠷᠢ ᠳᠤ ᠵᠢᠯ ᠪᠤᠯᠭᠠᠨ 10000 ᠲᠦᠭᠦᠷᠢᠭ ᠨᠦᠬᠦᠪᠦᠷᠢᠯᠡᠨ᠎ᠡ︔        ︵4︶ 21 ᠨᠠᠰᠤ ᠠᠴᠠ ᠪᠦᠬᠦᠯᠢ 56 ᠨᠠᠰᠤᠨ ︵ᠪᠦᠬᠦᠯᠢ 56 ᠨᠠᠰᠤ ᠶᠢ ᠪᠠᠭᠲᠠᠭᠠᠨ᠎ᠠ︶᠎ ᠤ ᠬᠤᠭᠤᠷᠤᠨᠳᠤᠬᠢ ᠬᠦᠮᠦᠨ ᠪᠦᠷᠢ ᠳᠤ ᠵᠢᠯ ᠪᠤᠯᠭᠠᠨ 31000 ᠲᠦᠭᠦᠷᠢᠭ ᠨᠦᠬᠦᠪᠦᠷᠢᠯᠡᠨ᠎ᠡ᠂ ᠲᠤᠰ ᠨᠠᠰᠤᠨ ᠤ ᠬᠤᠪᠶᠠᠷᠢᠯᠠᠯ ᠤᠨ ᠬᠡᠪᠴᠢᠶᠠᠨ ᠳᠠᠬᠢ ᠬᠦᠮᠦᠰ ᠡᠷᠬᠡᠪᠰᠢ ᠨᠠᠰᠤᠵᠢᠯ ᠤᠨ ᠲᠠᠭᠠᠳᠬᠠᠯ ᠲᠤᠰᠢᠶᠠᠬᠤ ᠬᠡᠷᠡᠭᠳᠡᠢ︔        ︵5︶ ᠪᠦᠬᠦᠯᠢ 57 ᠨᠠᠰᠤ ᠵᠢᠴᠢ ᠡᠬᠦᠨ ᠠᠴᠠ ᠳᠡᠭᠡᠭᠰᠢᠬᠢ ᠬᠦᠮᠦᠰ ᠨᠠᠰᠤᠵᠢᠯ ᠤᠨ ᠮᠦᠩᠭᠦ ᠬᠦᠷᠳᠡᠭᠴᠢᠳ ᠲᠤ ᠬᠠᠷᠢᠶᠠᠯᠠᠭᠳᠠᠨ᠎ᠠ᠂ ᠡᠳᠡᠬᠡᠷ ᠬᠦᠮᠦᠰ ᠲᠤ  ᠨᠠᠰᠤᠵᠢᠯ ᠤᠨ ᠮᠦᠩᠬᠦ ᠤᠯᠭᠤᠭᠰᠠᠨ ᠰᠠᠭᠤᠷᠢᠨ ᠳᠡᠭᠡᠷ᠎ᠡ ᠬᠦᠮᠦᠨ ᠪᠦᠷᠢ ᠳᠤ ᠵᠢᠯ ᠪᠤᠯᠭᠠᠨ 10000 ᠲᠦᠭᠦᠷᠢᠭ ᠨᠦᠬᠦᠪᠦᠷᠢᠯᠡᠨ᠎ᠡ᠃        2᠂ ᠮᠠᠯ ᠪᠡᠯᠴᠢᠭᠡᠷ ᠲᠡᠩᠴᠡᠭᠦᠷᠢᠰᠢᠭᠦᠯᠬᠦ ᠨᠦᠬᠦᠪᠦᠷᠢ ᠶᠢᠨ ᠪᠠᠷᠢᠮᠵᠢᠶ᠎ᠠ        ᠳᠤᠤᠷᠠᠬᠢ ᠬᠡᠳᠦᠨ ᠨᠠᠰᠤᠨ ᠤ ᠬᠤᠪᠢᠶᠠᠷᠢᠯᠠᠯ ᠢᠶᠠᠷ ᠲᠠᠷᠬᠠᠭᠠᠨ᠎ᠠ᠄        ︵1︶ 1 ᠨᠠᠰᠤ ᠠᠴᠠ ᠪᠦᠬᠦᠯᠢ 6 ᠨᠠᠰᠤᠨ ︵ᠪᠦᠬᠦᠯᠢ 6 ᠨᠠᠰᠤ ᠶᠢ ᠪᠠᠭᠲᠠᠭᠠᠨ᠎ᠠ︶᠎ ᠤ ᠬᠤᠭᠤᠷᠤᠨᠳᠤᠬᠢ ᠬᠦᠮᠦᠨ ᠪᠦᠷᠢ ᠳᠤ ᠵᠢᠯ ᠪᠤᠯᠭᠠᠨ 4000 ᠲᠦᠭᠦᠷᠢᠭ ᠱᠠᠩᠨᠠᠨ᠎ᠠ︔        ︵2︶ 7 ᠨᠠᠰᠤ ᠠᠴᠠ ᠪᠦᠬᠦᠯᠢ16 ᠨᠠᠰᠤᠨ ︵ᠪᠦᠬᠦᠯᠢ 16 ᠨᠠᠰᠤ ᠶᠢ ᠪᠠᠭᠲᠠᠭᠠᠨ᠎ᠠ︶᠎ ᠤ ᠬᠤᠭᠤᠷᠤᠨᠳᠤᠬᠢ ᠬᠦᠮᠦᠨ ᠪᠦᠷᠢ ᠳᠤ ᠵᠢᠯ ᠪᠤᠯᠭᠠᠨ 6000 ᠲᠦᠭᠦᠷᠢᠭ ᠱᠠᠩᠨᠠᠨ᠎ᠠ︔        ︵3︶ 17 ᠨᠠᠰᠤ ᠡᠴᠠ‌‍ᠪᠦ᠋ᠬᠦᠯᠢ 20 ᠨᠠᠰᠤᠨ ︵ᠪᠦᠬᠦᠯᠢ 20 ᠨᠠᠰᠤ ᠶᠢ ᠪᠠᠭᠲᠠᠭᠠᠨ᠎ᠠ︶᠎ ᠤ ᠬᠤᠭᠤᠷᠤᠨᠳᠤᠬᠢ ᠬᠦᠮᠦᠨ ᠪᠦᠷᠢ ᠳᠤ ᠵᠢᠯ ᠪᠤᠯᠭᠠᠨ 9000 ᠲᠦᠭᠦᠷᠢᠭ ᠱᠠᠩᠨᠠᠨ᠎ᠠ︔        ︵4︶ 21 ᠨᠠᠰᠤ ᠠᠴᠠ ᠪᠦᠬᠦᠯᠢ 56 ᠨᠠᠰᠤᠨ ︵ᠪᠦᠬᠦᠯᠢ 56 ᠨᠠᠰᠤ ᠶᠢ ᠪᠠᠭᠲᠠᠭᠠᠨ᠎ᠠ︶᠎ ᠤ ᠬᠤᠭᠤᠷᠤᠨᠳᠤᠬᠢ ᠬᠦᠮᠦᠨ ᠪᠦᠷᠢ ᠳᠤ ᠵᠢᠯ ᠪᠤᠯᠭᠠᠨ16000 ᠲᠦᠭᠦᠷᠢᠭ ᠱᠠᠩᠨᠠᠨ᠎ᠠ᠂ ᠲᠤᠰ ᠨᠠᠰᠤᠨ ᠤ ᠬᠡᠪᠴᠢᠶᠠᠨ ᠎ ᠳᠤ ᠨᠠᠰᠤᠵᠢᠯ ᠤᠨ ᠳᠠᠭᠠᠳᠬᠠᠯ ᠲᠤᠰᠢᠶᠠᠬᠤ ᠬᠡᠷᠡᠭᠲᠡᠢ︔        ︵5︶ ᠪᠦᠬᠦᠯᠢ 57 ᠨᠠᠰᠤ ᠵᠢᠴᠢ ᠡᠬᠦᠨ ᠠᠴᠠ ᠳᠡᠭᠡᠭᠰᠢᠬᠢ ᠬᠦᠮᠦᠰ ᠨᠠᠰᠤᠵᠢᠯ ᠤᠨ ᠮᠦᠩᠭᠦ ᠬᠦᠷᠳᠡᠭᠴᠢᠳ ᠲᠤ ᠬᠠᠷᠢᠶᠠᠯᠠᠭᠳᠠᠨ᠎ᠠ᠂ ᠡᠳᠡᠬᠡᠷ ᠬᠦᠮᠦᠰ ᠲᠤ  ᠨᠠᠰᠤᠵᠢᠯ ᠤᠨ ᠮᠦᠩᠬᠦ ᠤᠯᠭᠤᠭᠰᠠᠨ ᠰᠠᠭᠤᠷᠢᠨ ᠳᠡᠭᠡᠷ᠎ᠡ᠂ ᠬᠦᠮᠦᠨ ᠪᠦᠷᠢ ᠳᠤ ᠵᠢᠯ ᠪᠤᠯᠭᠠᠨ 7000 ᠲᠦᠭᠦᠷᠢᠭ ᠱᠠᠩᠨᠠᠨ᠎ᠠ᠃        3᠂ ᠠᠮᠢ ᠠᠬᠤᠢ ᠶᠢᠨ ᠤᠨᠴᠠᠭᠠᠢ ᠴᠢᠳᠠᠮᠵᠢᠲᠦ ᠤᠷᠤᠨ ᠤ ᠮᠠᠯᠴᠢᠨ ᠲᠠᠷᠢᠶᠠᠴᠢᠨ ᠡᠷᠦᠬᠡ ᠶᠢᠨ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠤᠷᠢ ᠱᠠᠩᠨᠠᠯ ᠤᠨ ᠪᠠᠷᠢᠮᠵᠢᠶ᠎ᠠ᠄ ᠲᠤᠰ ᠤᠷᠤᠨ ᠬᠡᠪᠴᠢᠶᠠᠨ ᠳᠠᠬᠢ ᠮᠠᠯᠴᠢᠨ ᠲᠠᠷᠢᠶᠠᠴᠢᠳ 2017 — 2020 ᠤᠨ ᠤ ᠬᠤᠭᠤᠷᠤᠨᠳᠤ ᠰᠠᠨᠠᠭᠠᠴᠢᠯᠠᠭ᠎ᠠ ᠠᠴᠠ ᠪᠠᠨ ᠲᠠᠷᠢᠶᠠᠯᠠᠬᠤ ᠪᠠᠨ ᠵᠤᠭᠰᠤᠬᠤ ᠪᠤᠶᠤ ᠲᠣᠣᠷᠠᠢ ᠶᠢᠨ ᠨᠠᠶᠢᠯᠵᠠᠭ᠂ ᠴᠠᠷᠭᠠᠰᠤ᠂ ᠵᠠᠮᠠᠭ ᠤᠨ ᠮᠣᠳᠣ ᠲᠠᠷᠢᠪᠠᠯ ᠨᠤᠲᠤᠭ ᠪᠡᠯᠴᠢᠭᠡᠷ ᠤᠨ ᠨᠦᠬᠦᠪᠦᠷᠢ ᠱᠠᠩᠨᠠᠯ ᠬᠦᠷᠲᠡᠬᠦ ᠶᠢᠨ ᠬᠠᠮᠲᠤ ᠲᠠᠷᠢᠶᠠᠨ ᠭᠠᠵᠠᠷ᠂ ᠡᠪᠡᠰᠦ ᠲᠡᠵᠢᠭᠡᠯ ᠪᠤᠷᠳᠤᠭᠠᠨ ᠭᠠᠵᠠᠷ ᠎ ᠲᠠᠢ ᠳᠤᠨᠢ ᠵᠢᠯ ᠪᠤᠯᠭᠠᠨ ᠮᠤ᠋ ᠪᠦᠷᠢ ᠶᠢᠨ 1000 ᠲᠦᠭᠦᠷᠢᠭ ᠤᠨ ᠪᠠᠷᠢᠮᠵᠢᠶ᠎ᠠ ᠪᠠᠷ ᠱᠠᠩᠨᠠᠯ ᠤᠯᠭᠤᠨ᠎ᠠ᠂ ᠬᠡᠷᠪᠡ ᠲᠠᠷᠢᠶᠠᠯᠠᠬᠤ ᠪᠠᠨ ᠵᠤᠭᠰᠤᠭᠠᠬᠤ ᠦᠭᠡᠢ᠂ ᠨᠠᠶᠢᠯᠵᠠᠭ ᠲᠠᠷᠢᠬᠤ ᠦᠭᠡᠢ ᠪᠤᠯ ᠪᠦᠬᠦ ᠭᠡᠷ ᠤᠨ ᠬᠢᠨ ᠤ ᠨᠤᠲᠤᠭ ᠪᠡᠯᠴᠢᠭᠡᠷ ᠤᠨ ᠨᠦᠬᠦᠪᠦᠷᠢ ᠱᠠᠩᠨᠠᠯ ᠢ ᠵᠤᠭᠰᠤᠭᠠᠨ᠎ᠠ᠃        4᠂ ᠨᠤᠲᠤᠭ ᠪᠡᠯᠴᠢᠭᠡᠷ ᠤᠨ ᠨᠦᠬᠦᠪᠦᠷᠢ ᠱᠠᠩᠨᠠᠯ ᠬᠦᠷᠲᠡᠵᠦ ᠪᠠᠶᠢᠭ᠎ᠠ ᠬᠦᠮᠦᠰ᠂ ᠤᠤᠯ ᠨᠢ ᠦᠭᠡᠷ᠎ᠡ ᠲᠦᠷᠦᠯ ᠤᠨ ᠨᠠᠰᠤᠵᠢᠯ ᠤᠨ ᠳᠠᠭᠠᠳᠬᠠᠯ ᠳᠤ ᠤᠷᠤᠯᠴᠠᠭᠰᠠᠨ ᠠᠴᠠ ᠪᠤᠯᠵᠤ ᠡᠷᠡᠭᠲᠡᠢ ᠪᠦᠬᠦᠯᠢ 60 ᠨᠠᠰᠤ᠂ ᠡᠮᠡᠭᠲᠡᠢ ᠪᠦᠬᠦᠯᠢ 50 ᠨᠠᠰᠤ ᠬᠦᠷᠦᠭᠡᠳ ᠠᠵᠢᠯ ᠠᠴᠠ ᠪᠠᠨ ᠠᠮᠠᠷᠠᠭᠰᠠᠨ ᠪᠤᠯ ᠲᠡᠳᠡᠨ ᠳᠤ ᠮᠠᠯᠴᠢᠨ ᠲᠠᠷᠢᠶᠠᠴᠢᠳ ᠎ ᠤᠨ ᠠᠵᠢᠯ ᠠᠴᠠ ᠠᠮᠠᠷᠠᠭᠰᠠᠨ ᠪᠠᠷᠢᠮᠵᠢᠶ᠎ᠠ ᠶᠤᠰᠤᠭᠠᠷ ᠨᠦᠬᠦᠪᠦᠷᠢ ᠤᠯᠭᠤᠨ᠎ᠠ︔ ᠠᠮᠠᠷᠠᠯᠳᠠ ᠠᠪᠬᠤ ᠨᠠᠰᠤᠨ ᠳᠤ ᠬᠦᠷᠦᠭᠡ ᠦᠭᠡᠢ ᠪᠠᠷ ᠠᠵᠢᠯ ᠠᠴᠠ ᠠᠮᠠᠷᠠᠭᠰᠠᠳ ᠲᠤ᠂ ᠮᠠᠯᠴᠢᠳ ᠲᠠᠷᠢᠶᠠᠴᠢᠳ ᠤᠨ ᠠᠵᠢᠯ ᠠᠴᠠ ᠠᠮᠠᠷᠠᠭᠰᠠᠨ ᠪᠠᠷᠢᠮᠵᠢᠶ᠎ᠠ ᠶᠤᠰᠤᠭᠠᠷ ᠨᠦᠬᠦᠪᠦᠷᠢ ᠤᠯᠭᠤᠨ᠎ᠠ᠃        ᠳᠤᠯᠤᠭ᠎ᠠ᠂ ᠲᠠᠷᠬᠠᠭᠠᠬᠤ ᠱᠠᠭᠠᠷᠳᠠᠯᠭ᠎ᠠ        ᠨᠦᠬᠦᠪᠦᠷᠢ ᠱᠠᠩᠨᠠᠯ ᠤᠨ ᠪᠡᠯᠡ ᠮᠦᠩᠬᠦᠨ ᠤ ᠲᠠᠷᠬᠠᠭᠠᠯᠳᠠ ᠶᠢ ᠪᠡᠯᠴᠢᠭᠡᠷᠯᠡᠭᠦᠯᠬᠦ ᠶᠢ ᠵᠤᠭᠰᠤᠭᠠᠬᠤ᠂ ᠮᠠᠯ ᠪᠡᠯᠴᠢᠭᠡᠷ ᠲᠡᠩᠴᠡᠭᠦᠷᠢᠰᠢᠭᠦᠯᠬᠦ ᠬᠠᠷᠢᠭᠤᠴᠠᠯᠭ᠎ᠠ ᠲᠠᠢ ᠬᠠᠷᠢᠯᠴᠠᠨ ᠤᠶᠠᠯᠳᠤᠭᠤᠯᠤᠨ᠎ᠠ᠃ ᠱᠠᠩᠨᠠᠨ ᠲᠤᠷᠭᠠᠬᠤ ᠲᠦᠷᠢᠮ ᠎ ᠢ ᠪᠠᠶᠢᠭᠤᠯᠤᠨ᠂ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠱᠠᠭᠠᠷᠳᠠᠯᠭ᠎ᠠ ᠶᠢ ᠦᠨᠳᠦᠰᠦᠯᠡᠵᠦ᠂ ᠪᠠᠭᠤᠯᠭᠠᠭᠰᠠᠨ ᠪᠡᠯᠡ ᠮᠦᠩᠬᠦᠨ ᠤ 70 %᠎ ᠶᠢ ᠤᠷᠢᠳ ᠢᠶᠠᠷ ᠲᠠᠷᠬᠠᠭᠠᠨ᠂ ᠦᠯᠡᠳᠡᠭᠰᠡᠨ 30%᠎ ᠶᠢ ᠮᠠᠯᠴᠢᠳ ᠤᠨ ᠪᠡᠯᠴᠢᠭᠡᠷᠯᠡᠭᠦᠯᠬᠦ ᠶᠢ ᠵᠤᠭᠰᠤᠭᠠᠬᠤ ᠪᠤᠶᠤ ᠮᠠᠯ ᠪᠡᠯᠴᠢᠭᠡᠷ ᠲᠡᠩᠴᠡᠭᠦᠷᠢᠰᠢᠭᠦᠯᠬᠦ ᠭᠡᠷ᠎ᠡ ᠶᠢ ᠭᠦᠢᠴᠡᠳᠭᠡᠭᠰᠡᠨ ᠪᠠᠶᠢᠳᠠᠯ ᠎ ᠢᠶᠠᠷ ᠨᠢ ᠲᠤᠭᠲᠠᠭᠠᠨ᠎ᠠ᠂ ᠡᠬᠦᠨ ᠳᠤ ᠰᠤᠮᠤ ᠭᠠᠴᠠᠭ᠎ᠠ ᠪᠤᠯᠤᠨ ᠨᠤᠲᠤᠭ ᠪᠡᠯᠴᠢᠭᠡᠷ ᠢ ᠬᠢᠨᠠᠨ ᠬᠠᠮᠢᠶᠠᠷᠬᠤ ᠰᠠᠯᠠᠭ᠎ᠠ ᠮᠦᠴᠢᠷ ᠠᠴᠠ ᠬᠠᠮᠳᠤᠷᠴᠤ ᠬᠢᠨᠠᠨ ᠪᠠᠶᠢᠴᠠᠭᠠᠵᠤ ᠰᠢᠯᠭᠠᠭᠠᠳ᠂ ᠲᠠᠷᠬᠠᠭᠠᠬᠤ ᠰᠠᠨᠠᠯ ᠢ ᠪᠤᠳᠠᠳᠠᠢ ᠲᠤᠷᠠᠳᠤᠨ ᠭᠠᠷᠭᠠᠨ᠎ᠠ᠃ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨᠠᠨ ᠰᠢᠯᠭᠠᠯᠳᠠ ᠶᠢᠨ ᠪᠠᠷᠢᠮᠵᠢᠶᠠᠨ ᠳᠤ ᠬᠦᠷᠦᠭᠰᠡᠳ ᠲᠤ ᠦᠯᠡᠳᠡᠭᠰᠡᠨ 30%᠎ ᠶᠢ ᠲᠠᠷᠬᠠᠭᠠᠵᠤ᠂ ᠪᠠᠷᠢᠮᠵᠢᠶᠠᠨ ᠳᠤ ᠬᠦᠷᠦᠬᠡᠳᠤᠢ ᠪᠤᠯ ᠪᠦᠬᠦ ᠭᠡᠷ ᠤᠨ ᠬᠦᠮᠦᠰ ᠤᠨ ᠬᠢᠨᠢ ᠦᠯᠡᠳᠡᠭᠰᠡᠨ 30%᠎ ᠶᠢᠨ ᠱᠠᠩᠨᠠᠯ ᠢ ᠲᠠᠷᠬᠠᠭᠠᠬᠤ ᠦᠬᠡᠢ ᠪᠦᠭᠡᠳ ᠲᠤᠭ᠎ᠠ ᠠᠴᠠ ᠬᠡᠳᠤᠷᠡᠭᠰᠡᠨ ᠬᠤᠨᠢ ᠨᠢᠬᠡᠪᠤᠷᠢ ᠶᠢ 300 ᠲᠦᠭᠦᠷᠢᠭ ᠢᠶᠠᠷ ᠲᠤᠷᠭᠠᠨ᠎ᠠ︔ ᠳᠠᠷᠠᠭ᠎ᠠ ᠵᠢᠯ ᠤᠨ ᠬᠢᠨᠢ ᠵᠢᠷᠭᠤᠭᠠᠨ ᠰᠠᠷ᠎ᠠ ᠶᠢᠨ ᠰᠡᠭᠦᠯᠴᠢ ᠪᠠᠷ ᠮᠠᠯ ᠤᠨ ᠲᠤᠭ᠎ᠠ ᠪᠦᠷᠢᠳᠬᠡᠬᠡᠳ ᠮᠠᠯ ᠤᠨ ᠲᠤᠭ᠎ᠠ ᠪᠠᠨ ᠮᠦᠨ ᠯᠡ ᠪᠠᠭᠠᠰᠬᠠᠭ᠎ᠠ ᠦᠬᠡᠢ ᠮᠠᠯᠴᠢᠨ ᠲᠠᠷᠢᠶᠠᠴᠢᠨ ᠡᠷᠦᠬᠡ ᠳᠤ ᠨᠦᠬᠦᠪᠦᠷᠢ ᠱᠠᠩᠨᠠᠯ ᠤᠯᠭᠤᠬᠤ ᠦᠬᠡᠢ᠃ ᠪᠡᠯᠴᠢᠭᠡᠷᠯᠡᠭᠦᠯᠬᠦ ᠶᠢ ᠵᠤᠭᠰᠤᠭᠠᠬᠤ᠂ ᠮᠠᠯ ᠪᠡᠯᠴᠢᠭᠡᠷ ᠲᠡᠩᠴᠡᠭᠦᠷᠢᠰᠢᠭᠦᠯᠬᠦ ᠭᠡᠷ᠎ᠡ ᠶᠢ ᠭᠦᠢᠴᠡᠳᠭᠡᠭᠰᠡᠨ ᠦᠭᠡᠢ ᠪᠤᠯ ᠨᠦᠬᠦᠪᠦᠷᠢ ᠱᠠᠩᠨᠠᠯ ᠬᠦᠷᠳᠡᠬᠡᠬᠦ ᠦᠬᠡᠢ᠃ ᠲᠤᠷᠭᠠᠨ ᠰᠢᠳᠬᠡᠭᠰᠡᠨ ᠦᠷ᠎ᠡ ᠳ᠋ᠦᠩ ᠢ ᠬᠤᠰᠢᠭᠤᠨ ᠤ ᠨᠤᠲᠤᠭ ᠪᠡᠯᠴᠢᠭᠡᠷ ᠤᠨ ᠬᠢᠨᠠᠨ ᠬᠠᠮᠢᠶᠠᠷᠬᠤ ᠰᠠᠯᠠᠭ᠎ᠠ ᠮᠦᠴᠢᠷ ᠠᠴᠠ ᠪᠢᠴᠢᠭ ᠤᠨ ᠬᠡᠯᠪᠡᠷᠢ ᠎ ᠪᠠᠷ ᠬᠠᠮᠢᠶ᠎ᠠ ᠪᠦᠬᠦᠢ ᠬᠠᠷᠢᠭᠤᠴᠠᠯᠭᠠᠳᠠᠨ ᠳᠤ ᠮᠡᠳᠡᠭᠳᠡᠬᠦ ᠶᠢᠨ ᠵᠡᠷᠬᠡ ᠭᠠᠴᠠᠭᠠᠨ ᠤ ᠬᠡᠪᠴᠢᠶᠡᠨ ᠳᠤ ᠨᠡᠶᠢᠲᠡᠯᠡᠨ᠎ᠡ︔ ᠬᠤᠷᠢᠶᠠᠨ ᠠᠪᠤᠭᠰᠠᠨ ᠨᠦᠬᠦᠪᠦᠷᠢ ᠱᠠᠩᠨᠠᠯ ᠤᠨ ᠪᠡᠯᠡ ᠮᠦᠩᠭᠦ ᠶᠢ ᠪᠡᠯᠴᠢᠭᠡᠷᠯᠡᠭᠦᠯᠬᠦ ᠶᠢ ᠵᠤᠭᠰᠤᠭᠠᠵᠤ᠂ ᠮᠠᠯ ᠪᠡᠯᠴᠢᠭᠡᠷ ᠲᠡᠩᠴᠡᠭᠦᠷᠢᠰᠢᠭᠦᠯᠬᠦ ᠶᠢ ᠨᠡᠯᠢᠶᠠᠳ ᠰᠠᠶᠢᠨ ᠬᠡᠷᠡᠭᠵᠢᠭᠦᠯᠦᠭᠰᠡᠨ᠂ ᠬᠢᠷᠢ ᠪᠦᠲᠦᠮᠵᠢ ᠳᠤᠪᠤᠶᠢᠮ᠎ᠠ ᠮᠠᠯᠴᠢᠨ ᠲᠠᠷᠢᠶᠠᠴᠢᠳ ᠲᠤ ᠨᠦᠬᠦᠪᠤᠷᠢᠯᠡᠨ ᠤᠯᠭᠤᠨ᠎ᠠ᠃        ᠨᠠᠢᠮᠠ᠂ ᠲᠤᠰᠬᠠᠢ ᠪᠡᠯᠴᠢᠭᠡᠷ ᠬᠠᠮᠠᠭᠠᠯᠠᠭᠴᠢ ᠶᠢᠨ ᠳᠦᠷᠢᠮ ᠤᠨ ᠬᠡᠷᠡᠭᠵᠢᠬᠦᠯᠦᠯᠳᠡ        ᠰᠢᠨ᠎ᠡ ᠡᠬᠡᠯᠵᠢ ᠶᠢᠨ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠤᠷᠢ ᠱᠠᠩᠨᠠᠯ ᠎ ᠤᠨ ᠲᠦᠷᠦ ᠶᠢᠨ ᠪᠤᠳᠤᠯᠭ᠎ᠠ ᠪᠠᠷ ᠮᠠᠨ ᠤ ᠬᠤᠰᠢᠭᠤ ︽ᠥᠪᠡᠷᠲᠡᠭᠡᠨ ᠵᠠᠰᠠᠬᠤ ᠣᠷᠣᠨ ᠤ ᠪᠡᠯᠴᠢᠭᠡᠷ ᠬᠠᠮᠠᠭᠠᠯᠠᠭᠴᠢ ᠎ ᠶᠢᠨ ᠬᠠᠮᠢᠶᠠᠷᠤᠯᠲᠠ ᠶᠢᠨ ᠠᠷᠭ᠎ᠠ︾᠎ ᠶᠢᠨ ᠬᠠᠮᠢᠶ᠎ᠠ ᠪᠦᠬᠦᠢ ᠲᠣᠭᠲᠠᠭᠠᠯ ᠪᠠ ᠶᠠᠪᠤᠴᠠ ᠶᠢ ᠦᠨᠳᠦᠰᠦᠯᠡᠵᠦ 85 ᠨᠡᠷᠡᠰ ᠲᠤᠰᠬᠠᠢ ᠪᠡᠯᠴᠢᠭᠡᠷ ᠬᠠᠮᠠᠭᠠᠯᠠᠭᠴᠢ ᠶᠢ ᠨᠢᠭᠡᠳᠦᠯᠲᠡᠢ ᠡᠯᠰᠡᠵᠦ᠂ ᠪᠡᠯᠴᠢᠬᠡᠷ ᠬᠤᠪᠢᠶᠠᠷᠢᠯᠠᠨ ᠬᠢᠨᠠᠨ ᠬᠠᠮᠢᠶᠠᠷᠠᠭᠤᠯᠤᠨ᠎ᠠ᠂ ᠪᠤᠳᠠᠲᠠᠢ ᠱᠠᠭᠠᠷᠳᠠᠯᠭ᠎ᠠ ᠨᠢ᠄        ︵ᠨᠢᠭᠡ︶ ᠲᠤᠰᠬᠠᠢ ᠪᠡᠯᠴᠢᠭᠡᠷ ᠬᠠᠮᠠᠭᠠᠯᠠᠭᠴᠢ ᠨᠢ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠤᠴᠢᠷ ᠠᠴᠠ ᠬᠤᠰᠢᠭᠤᠨ ᠤ ᠨᠤᠲᠤᠭ ᠪᠡᠯᠴᠢᠭᠡᠷ ᠤᠨ ᠬᠢᠨᠠᠨ ᠬᠠᠮᠢᠶᠠᠷᠦᠯᠲᠠ ᠶᠢᠨ ᠰᠠᠯᠠᠭ᠎ᠠ ᠮᠦᠴᠢᠷ ᠠᠴᠠ ᠨᠢᠭᠡᠳᠦᠯᠲᠡᠢ ᠬᠢᠨᠠᠨ ᠬᠠᠮᠢᠶᠠᠷᠴᠤ᠂ ᠭᠤᠷᠪᠠᠨ ᠵᠢᠯ ᠲᠤ ᠨᠢᠭᠡ ᠤᠳᠠᠭ᠎ᠠ ᠡᠯᠰᠡᠨ᠎ᠡ᠃ ᠭᠤᠣᠯᠳᠠᠭᠤ ᠮᠠᠯᠵᠢᠬᠤ ᠲᠠᠷᠢᠶᠠᠯᠠᠬᠤ ᠣᠷᠣᠨ ᠤ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠶᠢ ᠬᠦᠷᠲᠡᠵᠦ ᠪᠠᠶᠢᠭ᠎ᠠ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠠᠴᠠ ᠲᠡᠬᠡᠭᠰᠢᠬᠢ ᠰᠤᠷᠤᠯᠭ᠎ᠠ ᠶᠢᠨ ᠬᠢᠷᠢ ᠲᠦᠪᠰᠢᠨ ᠲᠠᠢ ᠵᠠᠯᠠᠭᠤ ᠮᠠᠯᠴᠢᠨ ᠲᠠᠷᠢᠶᠠᠴᠢᠳ ᠲᠤᠳᠤᠷ᠎ᠠ ᠠᠴᠠ ᠰᠢᠯᠭᠠᠨ ᠡᠯᠰᠡᠵᠦ᠂ ᠲᠡᠷᠡ ᠎ ᠨᠢ ᠬᠠᠤᠯᠢ ᠬᠡᠷᠡᠭᠵᠢᠬᠦᠯᠦᠭᠴᠢ ᠶᠢ ᠬᠠᠮᠵᠢᠨ ᠪᠡᠯᠴᠢᠭᠡᠷᠯᠡᠭᠦᠯᠬᠦ ᠶᠢ ᠵᠣᠭᠰᠤᠭᠠᠬᠤ ᠪᠠ ᠮᠠᠯ ᠪᠡᠯᠴᠢᠭᠡᠷ ᠲᠡᠩᠴᠡᠬᠦᠷᠢᠰᠢᠬᠦᠯᠬᠦ ᠣᠷᠣᠨ ᠢ ᠬᠢᠨᠠᠨ ᠬᠠᠮᠢᠶᠠᠷᠤᠨ᠎ᠠ᠃        ︵ᠬᠤᠶᠠᠷ︶ ᠨᠤᠲᠤᠭ ᠪᠡᠯᠴᠢᠭᠡᠷ ᠤᠨ ᠬᠢᠨᠠᠨ ᠬᠠᠮᠢᠶᠠᠷᠦᠯᠲᠠ ᠶᠢᠨ ᠰᠠᠯᠠᠭ᠎ᠠ ᠮᠦᠴᠢᠷ ᠠᠴᠠ ᠬᠠᠭᠠᠰ ᠵᠢᠯ ᠪᠦᠷᠢ ᠳᠤ ᠲᠤᠰᠬᠠᠢ ᠪᠡᠯᠴᠢᠭᠡᠷ ᠬᠠᠮᠠᠭᠠᠯᠠᠭᠴᠢ ᠶᠢ ᠬᠢᠨᠠᠨ ᠰᠢᠯᠭᠠᠵᠤ᠂ ᠵᠢᠯ ᠤᠨ ᠡᠴᠦᠰ ᠪᠤᠯᠬᠤ ᠳᠤ ᠪᠡᠯᠴᠢᠭᠡᠷ ᠬᠠᠮᠠᠭᠠᠯᠠᠭᠴᠢ ᠶᠢᠨ ᠠᠵᠢᠯ ᠢᠶᠠᠨ ᠪᠡᠶᠡᠯᠡᠭᠦᠯᠦᠭᠰᠡᠨ ᠪᠠᠶᠢᠳᠠᠯ ᠲᠤᠨᠢ ᠶᠡᠷᠦᠩᠬᠡᠢ ᠬᠢᠨᠠᠨ ᠰᠢᠯᠭᠠᠯᠲᠠ ᠬᠢᠵᠦ᠂ ᠬᠢᠷᠢ ᠲᠡᠩᠴᠡᠭᠰᠡᠨ ᠢ ᠨᠢ ᠵᠠᠯᠭᠠᠨ ᠡᠯᠰᠡᠵᠦ᠂ ᠬᠢᠷᠢ ᠲᠡᠩᠴᠡᠭᠰᠡᠨ ᠦᠭᠡᠢ ᠶᠢ ᠨᠢ ᠪᠠᠭᠤᠯᠭᠠᠵᠤ᠂ ᠰᠢᠯᠢᠳᠡᠭ ᠢ ᠨᠢ ᠱᠠᠩᠨᠠᠨ ᠭᠦᠭᠢᠭᠦᠯᠦᠨ᠎ᠡ᠃        ︵ᠭᠤᠷᠪᠠ︶ ᠬᠦᠮᠦᠨ ᠪᠣᠯᠭᠠᠨ ᠳᠤ ᠵᠢᠯ ᠪᠦᠷᠢ ᠶᠢᠨ 36000 ᠲᠥᠭᠦᠷᠢᠭ ᠤᠨ ᠴᠠᠯᠢᠩ ᠤᠯᠭᠤᠨ᠎ᠠ᠂ ᠡᠭᠦᠨ ᠤ ᠳᠣᠲᠤᠷ᠎ᠠ ᠥᠪᠡᠷᠲᠡᠭᠡᠨ ᠵᠠᠰᠠᠬᠤ ᠣᠷᠣᠨ 8500 ᠲᠥᠭᠦᠷᠢᠭ ᠢ ᠳᠠᠭᠠᠭᠠᠵᠤ᠂ ᠦᠯᠡᠳᠡᠭᠰᠡᠨ ᠬᠡᠰᠡᠭ ᠪᠠ ᠠᠵᠢᠯ ᠤᠨ ᠵᠠᠷᠤᠳᠠᠯ ᠮᠥᠩᠭᠦ ︵ᠬᠦᠮᠦᠨ ᠪᠦᠷᠢ ᠵᠢᠯ ᠪᠣᠯᠭᠠᠨ 5000 ᠲᠥᠭᠦᠷᠢᠭ︶᠎ ᠶᠢ ᠠᠶᠢᠮᠠᠭ᠂ ᠬᠤᠰᠢᠭᠤ ︵ᠲᠤᠭᠤᠷᠢᠭ︶ 2᠄ 8᠎ ᠶᠢᠨ ᠬᠠᠷᠢᠴᠠᠯ ᠪᠠᠷ ᠨᠦᠬᠦᠨ ᠪᠠᠭᠤᠯᠭᠠᠵᠤ᠂ ᠵᠢᠯ ᠤᠨ ᠡᠴᠦᠰ ᠤᠨ ᠡᠳ᠋ ᠤᠨ ᠵᠠᠰᠠᠭ ᠤᠨ ᠲᠦᠰᠦᠪ ᠲᠤ ᠣᠷᠤᠭᠤᠯᠤᠨ᠎ᠠ᠃        ︵ᠳᠦᠷᠪᠡ︶ ᠪᠦᠬᠦ ᠬᠤᠰᠢᠭᠤᠨ ᠤ 85 ᠨᠡᠷᠡᠰ ᠪᠡᠯᠴᠢᠭᠡᠷ ᠬᠠᠮᠠᠭᠠᠯᠠᠭᠴᠢ ᠶᠢᠨ ᠴᠠᠯᠢᠩ ᠨᠡᠶᠢᠲᠡ 435.778 ᠲᠦᠮᠡᠨ ᠲᠦᠭᠦᠷᠢᠭ᠃ ᠡᠭᠦᠨ ᠤ ᠳᠣᠲᠤᠷ᠎ᠠ ᠥᠪᠡᠷᠲᠡᠭᠡᠨ ᠵᠠᠰᠠᠬᠤ ᠣᠷᠣᠨ ᠠᠴᠠ 72.25 ᠲᠦᠮᠡᠨ ᠲᠦᠭᠦᠷᠢᠭ ᠨᠦᠬᠦᠵᠤ᠂ ᠠᠶᠢᠮᠠᠭ ᠤᠨ ᠳᠡᠰ ᠠᠴᠠ 73 ᠲᠦᠮᠡᠨ ᠲᠦᠭᠦᠷᠢᠭ ᠨᠦᠬᠦᠵᠤ᠂ ᠬᠤᠰᠢᠭᠤᠨ ᠳᠡᠰ ᠠᠴᠠ 291 ᠲᠦᠮᠡᠨ ᠲᠦᠬᠦᠷᠢᠭ ᠨᠦᠬᠦᠨ᠎ᠠ᠃        ︵ᠲᠠᠪᠤ︶ ᠮᠠᠯᠵᠢᠬᠤ ᠲᠠᠷᠢᠶᠠᠯᠠᠬᠤ ᠣᠷᠣᠨ ᠤ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠎ ᠶᠢᠨ ᠨᠦᠬᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠶᠢ ᠬᠦᠷᠲᠡᠵᠦ ᠪᠠᠶᠢᠭ᠎ᠠ ᠬᠤᠯᠪᠤᠭᠳᠠᠯ ᠪᠦᠬᠦᠢ ᠱᠠᠭᠠᠷᠳᠠᠯᠭ᠎ᠠ ᠎ ᠳᠤ ᠨᠡᠶᠢᠴᠡᠭᠰᠡᠨ ᠴᠡᠷᠢᠭ ᠠᠴᠠ ᠬᠠᠯᠠᠭᠰᠠᠳ ᠨᠢ ᠰᠤᠮᠤ ᠪᠠᠯᠭᠠᠰᠤ ᠭᠠᠴᠠᠭᠠᠨ ᠤ ᠵᠥᠪᠰᠢᠶᠡᠷᠡᠯ ᠪᠤᠯᠤᠨ ᠨᠤᠳᠤᠭ ᠪᠡᠯᠴᠢᠭᠡᠷ ᠤᠨ ᠬᠢᠨᠠᠨ ᠬᠠᠮᠢᠶᠠᠷᠬᠤ ᠰᠠᠯᠠᠭ᠎ᠠ ᠮᠦᠴᠢᠷ ᠤᠨ ᠬᠢᠨᠠᠨ ᠪᠠᠶᠢᠴᠠᠭᠠᠯᠳᠠ ᠶᠢ ᠦᠩᠬᠡᠷᠡᠭᠰᠡᠨ ᠤ ᠳᠠᠷᠠᠭ᠎ᠠ ᠲᠤᠰᠬᠠᠢ ᠪᠡᠯᠴᠢᠭᠡᠷ ᠬᠠᠮᠠᠭᠠᠯᠠᠭᠴᠢ ᠪᠠᠷ ᠰᠢᠭᠤᠳ ᠡᠯᠰᠡᠭᠳᠡᠨ᠎ᠡ᠃        ᠶᠢᠰᠦ᠂ ᠬᠢᠯᠢ ᠬᠢᠵᠠᠭᠠᠷ ᠪᠠᠨ ᠰᠠᠬᠢᠭᠰᠠᠨ ᠮᠠᠯᠴᠢᠨ ᠲᠠᠷᠢᠶᠠᠴᠢᠳ ᠤᠨ ᠠᠮᠢᠳᠤᠷᠠᠯ ᠤᠨ ᠨᠥᠬᠦᠪᠦᠷᠢ        ᠬᠢᠯᠢ ᠬᠢᠵᠠᠭᠠᠷ ᠪᠠᠨ ᠰᠠᠬᠢᠭᠰᠠᠨ ᠮᠠᠯᠴᠢᠨ ᠲᠠᠷᠢᠶᠠᠴᠢᠳ ᠤᠨ ᠦᠢᠯᠡᠳᠪᠦᠷᠢᠯᠡᠯ ᠠᠮᠢᠳᠣᠷᠠᠯ ᠤᠨ ᠶᠠᠰᠤ ᠴᠢᠨᠠᠷ ᠢ ᠨᠢ ᠳᠡᠭᠡᠭᠰᠢᠯᠡᠭᠦᠯᠬᠦ ᠶᠢᠨ ᠲᠦᠯᠦᠭᠡ᠂ ᠪᠡᠯᠴᠢᠭᠡᠷᠯᠡᠭᠦᠯᠬᠦ ᠶᠢ ᠵᠣᠭᠰᠤᠭᠠᠬᠤ ᠨᠥᠬᠦᠪᠦᠷᠢ ᠬᠦᠷᠳᠡᠬᠡᠬᠦ ᠶᠢᠨ ᠬᠠᠮᠲᠤ ᠡᠷᠦᠬᠡ ᠪᠣᠯᠭᠠᠨ ᠳᠤ ᠠᠮᠢᠳᠤᠷᠠᠯ ᠤᠨ ᠨᠥᠬᠦᠪᠦᠷᠢ ᠲᠠᠷᠬᠠᠭᠠᠨ᠎ᠠ᠃ ᠮᠠᠽᠦᠩᠱᠠᠨ ᠰᠤᠮᠦ᠂ ᠬᠠᠷ᠎ᠠ ᠪᠦᠷᠭᠦᠳ ᠎ ᠤᠨ ᠠᠭᠤᠯᠠ ᠪᠠᠯᠭᠠᠰᠤᠨ ᠤ ᠪᠦᠬᠦᠯᠢ ᠵᠢᠯ ᠢᠶᠠᠷ ᠬᠢᠯᠢ ᠬᠢᠵᠠᠭᠠᠷ ᠢᠶᠠᠨ ᠰᠠᠬᠢᠨ ᠰᠠᠭᠤᠵᠤ ᠪᠠᠶᠢᠭ᠎ᠠ ᠮᠠᠯᠴᠢᠨ ᠡᠷᠦᠬᠡ ᠎ ᠳᠤ ᠵᠢᠯ ᠪᠦᠷᠢ 1.5 ᠲᠦᠮᠡᠨ ᠲᠦᠭᠦᠷᠢᠭ᠂ ᠰᠠᠶᠢᠬᠠᠨᠲᠣᠣᠷᠠᠢ ᠰᠣᠮᠤ᠂ ᠰᠤᠪᠨᠠᠭᠤᠷ ᠰᠤᠮᠤ᠂ ᠦᠩᠲᠦᠭᠤᠣᠯ ᠰᠤᠮᠤᠨ ᠎ ᠤ ᠳᠤᠮᠳᠠᠳᠤ ᠮᠣᠩᠭᠤᠯ ᠤᠨ ᠬᠢᠯᠢ ᠠᠴᠠ 20 ᠺᠢᠯᠣᠮᠧᠲᠷ ᠳᠣᠲᠤᠷ᠎ᠠ ᠤᠷᠲᠤ ᠬᠤᠭᠤᠴᠠᠭ᠎ᠠ ᠪᠠᠷ ᠣᠷᠤᠰᠢᠨ ᠰᠠᠭᠤᠵᠤ ᠪᠠᠶᠢᠭ᠎ᠠ ᠮᠠᠯᠴᠢᠨ ᠡᠷᠤᠬᠡ ᠪᠠ ᠳ᠋ᠦᠩᠹᠧᠩ ᠪᠠᠯᠭᠠᠰᠤᠨ ᠤ ᠥᠪᠦᠷ ᠮᠣᠩᠭᠤᠯ ᠭᠠᠨᠰᠤ ᠶᠢᠨ ᠬᠢᠵᠠᠭᠠᠷ ᠠᠴᠠ 20 ᠺᠢᠯᠤᠮᠧᠲᠷ ᠤᠨ ᠳᠣᠲᠤᠷ᠎ᠠ ᠤᠷᠲᠤ ᠬᠤᠭᠤᠴᠠᠭ᠎ᠠ ᠪᠠᠷ ᠣᠷᠤᠰᠢᠨ ᠰᠠᠭᠤᠵᠤ ᠪᠠᠶᠢᠭ᠎ᠠ ᠮᠠᠯᠴᠢᠨ ᠡᠷᠦᠬᠡ ᠪᠣᠯᠭᠠᠨ ᠎ ᠳᠤ ᠵᠢᠯ ᠪᠦᠷᠢ 1 ᠲᠦᠮᠡᠨ ᠲᠦᠭᠦᠷᠢᠭ ᠨᠥᠬᠦᠪᠦᠷᠢᠯᠡᠨ᠎ᠡ᠃        ᠠᠷᠪᠠ᠂ ᠭᠠᠴᠠᠭᠠᠨ ᠤ ᠠᠮᠢᠲᠠᠨ ᠤ ᠬᠢᠵᠢᠭ ᠢ ᠰᠡᠷᠭᠡᠶᠢᠯᠡᠭᠴᠢ ᠪᠦᠬᠡᠳ ᠮᠠᠯ ᠲᠠᠷᠢᠶᠠᠯᠠᠩ ᠤᠨ ᠪᠦᠲᠦᠭᠡᠭᠳᠡᠭᠦᠨ ᠤ ᠶᠠᠰᠤ ᠴᠢᠨᠠᠷ ᠤᠨ ᠠᠮᠤᠷ ᠲᠦᠪᠰᠢᠨ ᠲᠤ ᠬᠢᠨᠠᠯᠲᠠ ᠲᠠᠯᠪᠢᠬᠤ ᠶᠢ ᠬᠠᠮᠵᠢᠨ ᠬᠠᠮᠢᠶᠠᠷᠤᠭᠴᠢ ᠶᠢᠨ ᠨᠦᠬᠦᠪᠦᠷᠢ        ᠬᠤᠰᠢᠭᠤᠨ ᠤ ᠮᠠᠯ ᠤᠨ ᠡᠮᠨᠡᠯᠭᠡ ᠶᠢᠨ ᠠᠵᠢᠯ ᠤᠨ ᠥᠷᠲᠡᠭᠡ ᠬᠠᠷᠢᠭᠤᠴᠠᠵᠤ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠬᠦᠷᠲᠡᠵᠦ ᠪᠠᠶᠢᠭ᠎ᠠ ᠮᠠᠯᠴᠢᠨ ᠲᠠᠷᠢᠶᠠᠴᠢᠳ ᠳᠤᠮᠳᠠ ᠠᠴᠠ ᠲᠤᠰ ᠭᠠᠴᠠᠭᠠᠨ ᠤ ᠠᠮᠢᠲᠠᠨ ᠤ ᠬᠢᠵᠢᠭ ᠢ ᠰᠡᠷᠭᠡᠶᠢᠯᠡᠭᠴᠢ ᠪᠦᠭᠡᠳ ᠮᠠᠯ ᠲᠠᠷᠢᠶᠠᠯᠠᠩ ᠎ ᠤᠨ ᠪᠦᠲᠦᠭᠡᠭᠳᠡᠭᠦᠨ ᠤ ᠶᠠᠰᠤ ᠴᠢᠨᠠᠷ ᠤᠨ ᠠᠮᠤᠷ ᠲᠦᠪᠰᠢᠨ ᠲᠤ ᠬᠢᠨᠠᠯᠲᠠ ᠲᠠᠯᠪᠢᠬᠤ ᠶᠢ ᠬᠠᠮᠵᠢᠨ ᠬᠠᠮᠢᠶᠠᠷᠤᠭᠴᠢ ᠰᠣᠩᠭᠤᠨ᠎ᠠ᠃ ᠲᠡᠳᠡᠨ ᠳᠤ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠬᠦᠷᠳᠡᠬᠡᠬᠦ ᠶᠢᠨ ᠬᠠᠮᠲᠤ ᠬᠦᠮᠦᠨ ᠪᠣᠯᠭᠠᠨ ᠳᠤ ᠵᠢᠯ ᠪᠦᠷᠢ 1 ᠲᠦᠮᠡᠨ ᠲᠦᠭᠦᠷᠢᠭ ᠤᠨ ᠠᠮᠢᠳᠤᠷᠠᠯ ᠤᠨ ᠨᠥᠬᠦᠪᠦᠷᠢ ᠲᠠᠷᠬᠠᠭᠠᠨ᠎ᠠ᠃        ᠠᠷᠪᠠᠨ ᠨᠢᠭᠡ᠂ ᠨᠦᠬᠦᠪᠤᠷᠢ ᠱᠠᠩᠨᠠᠯ ᠲᠠᠷᠬᠠᠭᠠᠬᠤ ᠶᠠᠪᠤᠴᠠ        ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠶᠢ ᠭᠠᠴᠠᠭ᠎ᠠ ᠪᠠᠷ ᠨᠢᠭᠡᠴᠡ ᠪᠤᠯᠭᠠᠨ ᠶᠠᠪᠤᠭᠳᠠᠭᠤᠯᠤᠨ᠎ᠠ᠂ ᠬᠦᠮᠦᠨ ᠤ ᠲᠣᠭᠠᠨ ᠤ ᠨᠡᠮᠡᠭᠳᠡᠯ ᠬᠠᠰᠤᠭᠳᠠᠯ ᠢ ᠳᠡᠭᠡᠷ᠎ᠡ ᠵᠢᠯ ᠤᠨ ᠡᠴᠦᠰ ᠤᠨ ᠲᠤᠭ᠎ᠠ ᠪᠠᠷ ᠪᠠᠷᠢᠮᠵᠢᠶ᠎ᠠ ᠪᠣᠯᠭᠠᠨ᠎ᠠ᠃ ᠭᠠᠴᠠᠭ᠎ᠠ ᠪᠣᠯᠭᠠᠨ ᠡᠷᠬᠡᠪᠰᠢ ᠳᠣᠣᠷᠠᠬᠢ ᠨᠥᠬᠦᠴᠡᠯ ᠤᠳ ᠢ ᠪᠥᠷᠢᠯᠳᠦᠭᠦᠯᠦᠭᠰᠡᠨ ᠤ ᠳᠠᠷᠠᠭ᠎ᠠ ᠬᠤᠰᠢᠭᠤᠨ ᠤ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠶᠢᠨ ᠠᠵᠢᠯ ᠢ ᠤᠳᠤᠷᠢᠳᠬᠤ ᠳᠤᠭᠤᠶᠢᠯᠠᠩ ᠎ ᠤᠨ ᠠᠯᠪᠠᠨ ᠭᠡᠷ ᠲᠤ ᠮᠡᠳᠡᠭᠦᠯᠵᠦ ᠬᠢᠨᠠᠨ ᠰᠢᠯᠭᠠᠭᠤᠯᠤᠨ᠎ᠠ᠃        ︵ᠨᠢᠭᠡ︶ ᠡᠷᠤᠬᠡ ᠪᠦᠷᠢ ᠶᠢᠨ ᠬᠦᠮᠦᠨ ᠪᠤᠯᠭᠠᠨ ᠤ ᠲᠤᠳᠤᠷᠬᠠᠢ ᠮᠡᠳᠡᠬᠡᠯᠡᠯ ᠲᠠᠢ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠶᠢᠨ ᠬᠦᠰᠦᠨᠦᠭᠲᠦ ᠦᠢᠯᠡᠳᠦᠨ ᠲᠠᠭᠯᠠᠵᠤ ᠮᠡᠳᠡᠭᠦᠯᠬᠦ ᠪᠦᠭᠡᠳ ᠺᠣᠮᠫᠢᠦᠲ᠋ᠧᠷ ᠤᠨ ᠠᠵᠢᠯᠯᠠᠬᠤ ᠰᠢᠰᠲ᠋ᠧᠮ ᠳᠤ ᠰᠢᠩᠭᠡᠨ ᠣᠷᠤᠭᠤᠯᠦᠨ᠎ᠠ᠃        ︵ᠬᠤᠶᠠᠷ︶ ᠭᠠᠴᠠᠭᠠᠨ ᠠᠴᠠ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠶᠢᠨ ᠪᠡᠯᠴᠢᠭᠡᠷᠯᠡᠭᠦᠯᠬᠦ ᠶᠢ ᠵᠤᠭᠰᠤᠭᠠᠭᠰᠠᠨ ᠪᠠ ᠮᠠᠯ ᠪᠡᠯᠴᠢᠭᠡᠷ ᠲᠡᠩᠴᠡᠬᠦᠷᠢᠰᠢᠬᠦᠯᠦᠭᠰᠡᠨ ᠬᠢᠨᠠᠨ ᠪᠠᠶᠢᠴᠠᠭᠠᠯᠳᠠ  ᠎ ᠶᠢᠨ ᠦᠷ᠎ᠡ ᠳ᠋ᠦᠩ ᠳᠤ ᠪᠤᠳᠠᠳᠠᠢ ᠬᠡᠷᠡᠭᠵᠢᠭᠦᠯᠬᠦ ᠰᠠᠨᠠᠯ ᠭᠠᠷᠭᠠᠨ᠎ᠠ᠃        ︵ᠭᠤᠷᠪᠠ︶ ᠭᠠᠴᠠᠭᠠᠨ ᠤ ᠠᠷᠠᠳ ᠤᠨ ᠬᠤᠷᠠᠯ ᠢ ᠬᠤᠷᠠᠯᠳᠤᠭᠤᠯᠵᠤ᠂ ᠲᠤᠰ ᠭᠠᠴᠠᠭᠠᠨ ᠤ ᠬᠡᠪᠴᠢᠶᠡᠨ ᠎ ᠳᠤ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠬᠡᠷᠡᠭᠵᠢᠭᠦᠯᠬᠦ ᠲᠠᠯ᠎ᠠ ᠪᠠᠷ ᠰᠠᠨᠠᠯ ᠬᠤᠷᠢᠶᠠᠵᠤ᠂ ᠭᠤᠷᠪᠠᠨ ᠤ ᠬᠤᠶᠠᠷ ᠠᠴᠠ ᠳᠡᠭᠡᠭᠰᠢ ᠡᠷᠦᠬᠡ ᠶᠢᠨ ᠲᠥᠯᠦᠭᠡᠯᠡᠭᠴᠢ ᠪᠤᠶᠤ ᠭᠠᠴᠠᠭᠠᠨ ᠤ ᠠᠷᠠᠳ ᠤᠨ ᠲᠥᠯᠦᠭᠡᠯᠡᠭᠴᠢ ᠶᠢᠨ ᠬᠤᠷᠠᠯ ᠪᠠᠷ ᠪᠠᠳᠤᠯᠠᠭᠤᠯᠤᠭᠠᠳ᠂ ᠰᠠᠨᠠᠯ ᠬᠤᠷᠢᠶᠠᠬᠤ ᠪᠠᠷ ᠲᠠᠮᠵᠢᠨ ᠲᠦᠷᠦ ᠶᠢᠨ ᠪᠤᠳᠤᠯᠭ᠎ᠠ ᠬᠦᠷᠳᠡᠬᠦ ᠶᠣᠰᠤᠲᠠᠢ ᠬᠦᠮᠦᠰ ᠢ ᠵᠢᠭᠠᠨ ᠲᠤᠭᠳᠠᠭᠠᠵᠤ ᠤᠯᠠᠨ ᠳᠤ ᠨᠡᠶᠢᠲᠡᠯᠡᠨ᠎ᠡ᠃        ︵ᠳᠦᠷᠪᠡ︶ ᠭᠠᠴᠠᠭᠠᠨ ᠤ ᠮᠠᠯᠴᠢᠨ ᠲᠠᠷᠢᠶᠠᠴᠢᠳ ᠲᠠᠢ ︽ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠶᠢᠨ ᠪᠡᠯᠴᠢᠭᠡᠷᠯᠡᠭᠦᠯᠬᠦ ᠶᠢ ᠵᠣᠭᠰᠤᠭᠠᠬᠤ ᠪᠠ ᠮᠠᠯ ᠪᠡᠯᠴᠢᠭᠡᠷ ᠲᠡᠩᠴᠡᠬᠦᠷᠢᠰᠢᠬᠦᠯᠬᠦ ᠬᠠᠷᠢᠭᠤᠴᠠᠯᠭ᠎ᠠ ᠶᠢᠨ ᠪᠢᠴᠢᠭ︾᠎ ᠢ ᠲᠣᠭᠲᠠᠨ᠎ᠠ᠃        ᠬᠤᠰᠢᠭᠤᠨ ᠤ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠶᠢᠨ ᠠᠵᠢᠯ ᠢ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠬᠢᠨᠠᠨ ᠬᠠᠷᠭᠤᠭᠤᠯᠤᠭᠠᠳ ᠠᠰᠠᠭᠤᠳᠠᠯ ᠦᠭᠡᠢ ᠪᠤᠯ  ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠠᠴᠠ ᠨᠦᠬᠦᠪᠤᠷᠢ ᠱᠠᠩᠨᠠᠯ ᠤᠨ ᠮᠦᠩᠬᠦ ᠲᠠᠷᠬᠠᠭᠠᠨ᠎ᠠ᠃        ᠠᠷᠪᠠᠨ ᠬᠤᠶᠠᠷ᠂ ᠨᠠᠰᠤᠵᠢᠯ ᠤᠨ ᠳᠠᠭᠠᠳᠬᠠᠯ ᠢ ᠨᠢᠭᠡᠳᠦᠯᠲᠡᠢ ᠲᠥᠯᠦᠪᠯᠡᠬᠦ        ᠮᠠᠯᠴᠢᠨ ᠲᠠᠷᠢᠶᠠᠴᠢᠳ ᠤᠨ ᠨᠠᠰᠤᠵᠢᠯ ᠤᠨ ᠳᠠᠭᠠᠳᠬᠠᠯ ᠤᠨ ᠰᠢᠰᠲ᠋ᠧᠮ ᠢ ᠪᠠᠶᠢᠭᠤᠯᠵᠤ᠂ ᠨᠡᠶᠢᠬᠡᠮ ᠤᠨ ᠨᠠᠰᠤᠵᠢᠯ ᠤᠨ ᠲᠦᠯᠦᠪᠵᠢᠬᠦᠯᠦᠯᠳᠡ ᠶᠢ ᠬᠡᠷᠡᠭᠵᠢᠬᠦᠯᠦᠨ᠂ ᠨᠠᠰᠦᠲᠠᠶᠢᠴᠤᠤᠯ ᠢ ᠠᠰᠠᠷᠠᠬᠤ ᠠᠰᠠᠭᠤᠳᠠᠯ ᠢ ᠰᠢᠢᠳᠪᠦᠷᠢᠯᠡᠵᠦ᠂ ᠮᠠᠯᠴᠢᠨ ᠲᠠᠷᠢᠶᠠᠴᠢᠳ ᠤᠨ  ᠰᠠᠨᠠᠭᠠᠰᠢᠷᠠᠯ ᠵᠣᠪᠠᠨᠢᠯ ᠢ ᠨᠢ ᠬᠦᠩᠬᠡᠯᠡᠨ᠂ ᠮᠠᠯᠴᠢᠨ ᠲᠠᠷᠢᠶᠠᠴᠢᠳ ᠎ ᠤᠨ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠤᠨ᠎ᠠ᠃        ︵ᠨᠢᠭᠡ︶ ᠨᠦᠬᠦᠪᠤᠷᠢ ᠱᠠᠩᠨᠠᠯ ᠬᠦᠷᠳᠡᠵᠦ ᠪᠠᠶᠢᠭ᠎ᠠ ᠮᠠᠯᠴᠢᠨ ᠲᠠᠷᠢᠶᠠᠴᠢᠳ ᠬᠢᠷᠢ ᠬᠡᠮ ᠤᠨ ᠨᠤᠳᠠᠯᠠᠯᠳᠠ ᠎ ᠪᠠᠷ ᠳᠠᠮᠵᠢᠨ ᠨᠥᠬᠦᠴᠡᠯ ᠳᠤ ᠨᠡᠶᠢᠴᠡᠪᠡᠯ ︵ ᠪᠦᠬᠦᠯᠢ 21 ᠨᠠᠰᠤ —  ᠪᠦᠬᠦᠯᠢ 56 ᠨᠠᠰᠤᠨ ᠤ ᠬᠤᠭᠤᠷᠤᠨᠳᠤ︶ ︽ᠡᠵᠡᠨ᠎ᠡ ᠬᠤᠰᠢᠭᠤᠨ ᠤ ᠮᠠᠯᠴᠢᠨ ᠲᠠᠷᠢᠶᠠᠴᠢᠳ ᠤᠨ ᠨᠡᠶᠢᠬᠡᠮ ᠤᠨ ᠨᠠᠰᠤᠵᠢᠯ ᠤᠨ ᠳᠠᠭᠠᠳᠬᠠᠯ ᠤᠨ ᠲᠤᠷᠰᠢᠨ ᠬᠡᠷᠡᠭᠵᠢᠭᠦᠯᠬᠦ ᠠᠷᠭ᠎ᠠ︾᠎ ᠳᠠᠬᠢ ᠪᠠᠷᠢᠮᠵᠢᠶ᠎ᠠ ᠪᠠ ᠬᠠᠷᠢᠴᠠᠯ ᠶᠤᠰᠤᠭᠠᠷ ᠬᠤᠪᠢ ᠬᠦᠮᠦᠨ ᠪᠦᠷᠢ ᠨᠠᠰᠤᠵᠢᠯ ᠤᠨ ᠳᠠᠭᠠᠳᠬᠠᠯ ᠲᠤᠰᠢᠶᠠᠨ᠎ᠠ᠃        ︵ᠬᠤᠶᠠᠷ︶ ᠮᠠᠯᠴᠢᠨ ᠲᠠᠷᠢᠶᠠᠴᠢᠳ ᠤᠨ ᠨᠡᠶᠢᠬᠡᠮ ᠤᠨ ᠨᠠᠰᠤᠵᠢᠯ ᠤᠨ ᠳᠠᠭᠠᠳᠬᠠᠯ ᠢ ᠲᠡᠳᠡᠨ ᠤ ︽ᠪᠦᠷᠢᠨ ᠴᠢᠳᠠᠮᠵᠢᠲᠤ ᠺᠠᠷᠲ︾᠎ ᠠᠴᠠ ᠨᠢ ᠣᠷᠤᠯᠠᠨ ᠬᠠᠰᠤᠵᠤ ᠲᠤᠰᠢᠶᠠᠬᠤ ᠶᠢ ᠪᠡᠩᠬᠢ ᠳᠤ ᠨᠠᠶᠢᠳᠠᠨ᠎ᠠ︔ ᠮᠠᠯᠴᠢᠨ ᠲᠠᠷᠢᠶᠠᠴᠢᠳ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠲᠣᠪᠴᠢᠶᠠᠨ ᠳᠤ ᠪᠡᠶ᠎ᠡ ᠭᠠᠷᠤᠯ ᠪᠠᠨ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠨᠡᠶᠢᠬᠡᠮ ᠤᠨ ᠳᠠᠭᠠᠳᠬᠠᠯ ᠤᠨ ᠰᠠᠯᠠᠭ᠎ᠠ ᠮᠦᠴᠢᠷ ᠪᠤᠯᠤᠨ ︽ᠪᠦᠷᠢᠨ ᠴᠢᠳᠠᠮᠵᠢᠲᠤ ᠺᠠᠷᠲ︾ ᠲᠠᠷᠬᠠᠭᠠᠬᠤ ᠪᠠᠩᠬᠢ ᠲᠠᠢ ︽ᠨᠠᠰᠤᠵᠢᠯ ᠤᠨ ᠳᠠᠭᠠᠳᠬᠠᠯ ᠢ ᠣᠷᠤᠯᠠᠨ ᠬᠠᠰᠤᠵᠤ ᠲᠤᠰᠢᠶᠠᠬᠤ ᠭᠤᠷᠪᠠᠨ ᠲᠠᠯ᠎ᠠ ᠶᠢᠨ ᠬᠡᠯᠡᠯᠴᠡᠬᠡᠷ ᠤᠨ ᠪᠢᠴᠢᠭ︾᠎ ᠢ ᠲᠤᠭᠳᠠᠭᠠᠨ᠎ᠠ︔ ᠲᠠᠷᠠᠭ᠎ᠠ ᠨᠢ ᠡᠨᠡᠬᠦ ᠬᠡᠯᠡᠯᠴᠡᠬᠡᠷ ᠤᠨ ᠪᠢᠴᠢᠭ ᠢ ᠮᠠᠯᠴᠢᠨ ᠲᠡᠷᠢᠶᠠᠴᠢᠳ ᠤᠨ ᠪᠠᠶᠢᠭ᠎ᠠ ᠰᠤᠮᠤ ᠪᠠᠯᠭᠠᠰᠤ᠂ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠲᠤᠪᠴᠢᠶᠠᠨ ᠠᠴᠠ ᠬᠠᠷᠭᠤᠭᠤᠯᠤᠨ ᠪᠠᠶᠢᠴᠠᠭᠠᠭᠠᠳ ︽ᠪᠦᠷᠢᠨ ᠴᠢᠳᠠᠮᠵᠢᠲᠤ ᠺᠠᠷᠲ︾ ᠲᠠᠷᠬᠠᠭᠠᠬᠤ ᠪᠠᠩᠬᠢ ᠳᠤ ᠲᠤᠰᠢᠶᠠᠨ ᠦᠭᠬᠦᠨ᠎ᠠ᠂ ᠪᠠᠩᠬᠢ ᠨᠢ ᠲᠠᠭᠠᠳᠬᠠᠯ ᠳᠤ ᠤᠷᠤᠭᠰᠠᠨ ᠬᠦᠮᠦᠨ ᠤ ᠭᠠᠷ ᠤᠨ ᠦᠰᠦᠭ ᠵᠢᠷᠤᠵᠤ ᠲᠤᠭᠳᠠᠭᠰᠠᠨ ᠲᠠᠭᠠᠳᠬᠠᠯ ᠤᠨ ᠮᠦᠩᠬᠦ ᠶᠢ ᠦᠨᠳᠤᠰᠤᠯᠡᠨ ︽ᠪᠦᠷᠢᠨ ᠴᠢᠳᠠᠮᠵᠢᠲᠤ ᠺᠠᠷᠲ︾᠎ ᠠᠴᠠ ᠨᠢ ᠨᠠᠰᠤᠵᠢᠯ ᠤᠨ ᠲᠠᠭᠠᠳᠬᠠᠯ ᠬᠠᠰᠤᠭᠠᠳ᠂ ᠬᠤᠳᠠ ᠬᠦᠳᠡᠬᠡᠨ ᠤ ᠰᠠᠭᠤᠭᠠᠯᠢ ᠠᠷᠠᠳ ᠤᠨ ᠨᠠᠰᠤᠵᠢᠯ ᠤᠨ ᠲᠠᠭᠠᠳᠭᠠᠯ ᠤᠨ ᠲᠤᠰᠬᠠᠢ ᠪᠠᠩᠬᠢ ᠶᠢᠨ ᠲᠠᠩᠰᠠᠨ ᠳᠤ ᠤᠷᠤᠭᠤᠯᠤᠨ ᠲᠤᠰᠢᠶᠠᠨ᠎ᠠ᠃        ᠠᠷᠪᠠᠨ ᠭᠤᠷᠪᠠ᠂ ᠬᠠᠮᠢᠶᠠᠷᠤᠯᠲᠠ ᠪᠠ ᠪᠠᠲᠤᠯᠠᠬᠤ ᠠᠷᠭ᠎ᠠ ᠬᠡᠮᠵᠢᠶ᠎ᠡ        ︵ᠨᠢᠭᠡ︶ ᠡᠵᠡᠨ᠎ᠡ ᠬᠤᠰᠢᠭᠤᠨ ᠤ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠶᠢᠨ ᠠᠵᠢᠯ ᠢ ᠤᠳᠤᠷᠢᠳᠬᠤ ᠳᠤᠭᠤᠶᠢᠯᠠᠩ ᠪᠠᠶᠢᠭᠤᠯᠵᠤ᠂ ᠨᠦᠬᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠶᠢᠨ ᠴᠢᠬᠤᠯᠠ ᠲᠤᠮᠤ ᠬᠡᠷᠡᠭ ᠶᠠᠪᠣᠳᠠᠯ ᠢ ᠬᠠᠷᠢᠭᠤᠴᠠᠨ ᠬᠡᠷᠡᠭᠵᠢᠬᠦᠯᠦᠨ᠎ᠠ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠪᠡᠯᠴᠢᠭᠡᠷᠯᠡᠭᠦᠯᠬᠦ ᠶᠢ ᠵᠤᠭᠰᠤᠭᠠᠬᠤ ᠵᠠᠷᠯᠢᠭ ᠢ ᠨᠡᠶᠢᠲᠡᠯᠡᠵᠦ᠂ ᠪᠡᠯᠴᠢᠭᠡᠷᠯᠡᠭᠦᠯᠬᠦ ᠶᠢ ᠵᠤᠭᠰᠤᠭᠠᠬᠤ ᠣᠷᠣᠨ ᠳᠤ ᠪᠦᠬᠦ ᠲᠠᠯ᠎ᠠ ᠪᠠᠷ ᠪᠡᠯᠴᠢᠭᠡᠷᠯᠡᠭᠦᠯᠬᠦ ᠶᠢ ᠵᠣᠭᠰᠤᠭᠠᠵᠤ᠂ ᠮᠠᠯ ᠪᠡᠯᠴᠢᠭᠡᠷ ᠲᠡᠩᠴᠡᠬᠦᠷᠢᠰᠢᠬᠦᠯᠬᠦ ᠣᠷᠣᠨ ᠳᠤ ︽ᠮᠠᠯ ᠪᠡᠯᠴᠢᠭᠡᠷ ᠲᠡᠩᠴᠡᠬᠦᠷᠢᠰᠢᠬᠦᠯᠬᠦ ᠬᠠᠮᠢᠶᠠᠷᠦᠯᠲᠠ ᠶᠢᠨ ᠠᠷᠭ᠎ᠠ︾᠎ ᠶᠢ ᠦᠨᠳᠦᠰᠦᠯᠡᠵᠦ ᠬᠠᠮᠢᠶᠠᠷᠦᠯᠲᠠ ᠶᠠᠪᠤᠭᠳᠠᠭᠤᠯᠤᠨ᠎ᠠ᠃        ︵ᠬᠤᠶᠠᠷ︶ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠵᠢᠴᠢ ᠭᠠᠴᠠᠭ᠎ᠠ ᠠᠴᠠ ᠦᠪᠡᠷᠰᠡᠳ ᠎ ᠤᠨ ᠬᠠᠷᠠᠭᠠᠯᠵᠠᠭᠰᠠᠨ ᠠᠵᠢᠯ ᠤᠨ ᠪᠠᠶᠢᠭᠤᠯᠤᠮᠵᠢ ᠪᠠᠶᠢᠭᠤᠯᠵᠤ᠂ ᠲᠤᠰ ᠣᠷᠣᠨ ᠤ ᠪᠠᠨ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠬᠡᠷᠡᠭᠵᠢᠭᠦᠯᠬᠦ ᠠᠵᠢᠯ ︵ᠬᠢᠨᠠᠬᠤ᠂ ᠪᠠᠶᠢᠴᠠᠭᠠᠬᠤ᠂ ᠰᠢᠯᠭᠠᠬᠤ︶᠎ ᠢ ᠬᠠᠷᠢᠭᠤᠴᠠᠨ᠎ᠠ᠃  ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠠᠵᠢᠯ  ᠎ ᠢ ᠬᠠᠷᠠᠯᠳᠠᠳᠤ ᠬᠠᠮᠢᠶᠠᠷᠦᠯᠲᠠ ᠤᠨ ᠬᠠᠷᠢᠭᠤᠴᠠᠯᠭᠠᠲᠤ ᠳᠥᠷᠢᠮ ᠢᠶᠠᠷ ᠶᠠᠪᠤᠭᠳᠠᠭᠤᠯᠵᠤ᠂ ᠰᠤᠮᠤ ᠪᠠᠯᠭᠠᠰᠤᠨ ᠤ ᠨᠠᠮ ᠵᠠᠰᠠᠭ ᠤᠨ ᠭᠤᠣᠯ ᠤᠳᠤᠷᠢᠳᠤᠯᠭ᠎ᠠ ᠎ ᠨᠢ ᠨᠢᠭᠡᠳᠦᠭᠡᠷ ᠬᠠᠷᠢᠭᠤᠴᠠᠯᠭᠠᠳᠠᠨ ᠪᠣᠯᠵᠤ᠂ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠠᠵᠢᠯ ᠢ ᠵᠢᠯ ᠤᠨ ᠬᠢᠨᠠᠨ ᠰᠢᠯᠭᠠᠬᠤ ᠬᠡᠪᠴᠢᠶᠠᠨ ᠎ ᠳᠤ ᠣᠷᠤᠭᠤᠯᠵᠤ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠡᠯ᠎ᠡ ᠰᠤᠮᠤ ᠪᠠᠯᠭᠠᠰᠤ ᠲᠠᠢ ᠬᠠᠷᠢᠭᠤᠴᠠᠯᠭ᠎ᠠ ᠤᠨ ᠪᠢᠴᠢᠭ ᠲᠣᠭᠳᠠᠵᠤ᠂ ᠠᠵᠢᠯ ᠤᠨ ᠵᠣᠷᠢᠯᠲᠠ ᠪᠠ ᠬᠠᠷᠢᠭᠤᠴᠠᠯᠭ᠎ᠠ ᠶᠢ ᠱᠠᠲᠤ ᠱᠠᠲᠤ ᠪᠠᠷ ᠲᠤᠤᠱᠯᠠᠭᠤᠯᠤᠨ᠎ᠠ᠃        ︵ᠭᠤᠷᠪᠠ︶ ᠬᠠᠮᠢᠶᠠᠷᠴᠤ ᠬᠠᠮᠠᠭᠠᠯᠠᠬᠤ ᠬᠠᠷᠢᠭᠤᠴᠠᠯᠭᠠᠲᠤ ᠳᠥᠷᠢᠮ ᠢ ᠶᠠᠪᠤᠭᠳᠠᠭᠤᠯᠵᠤ᠂ ᠡᠯᠰᠡᠭᠰᠡᠨ ᠪᠡᠯᠴᠢᠭᠡᠷ ᠬᠠᠮᠠᠭᠠᠯᠠᠭᠴᠢ ᠶᠢ ᠨᠤᠳᠤᠭ ᠪᠡᠯᠴᠢᠭᠡᠷ ᠤᠨ ᠬᠢᠨᠠᠨ ᠬᠠᠮᠢᠶᠠᠷᠦᠯᠲᠠ ᠶᠢᠨ ᠰᠠᠯᠪᠦᠷᠢ ᠠᠴᠠ ᠨᠢᠭᠡᠳᠦᠯᠳᠡᠢ ᠲᠤᠬᠢᠷᠠᠭᠤᠯᠤᠨ᠂ ᠱᠠᠩᠨᠠᠵᠤ ᠲᠣᠷᠭᠠᠬᠤ  ᠴᠢᠩᠭ᠎ᠠ ᠠᠪᠴᠠᠯ ᠢ ᠲᠤᠭᠳᠠᠭᠠᠨ᠎ᠠ︔ ᠪᠡᠯᠴᠢᠬᠡᠷ ᠬᠠᠮᠠᠭᠠᠯᠠᠭᠴᠢ ᠨᠢ ᠰᠤᠮᠤ ᠪᠠᠯᠭᠠᠰᠤ ᠶᠢ ᠬᠠᠮᠵᠢᠨ ᠲᠤᠰ ᠣᠷᠣᠨ ᠤ ᠪᠠᠨ ᠪᠡᠯᠴᠢᠭᠡᠷᠯᠡᠭᠦᠯᠬᠦ ᠶᠢ ᠵᠣᠭᠰᠤᠭᠠᠬᠤ ᠪᠠ ᠮᠠᠯ ᠪᠡᠯᠴᠢᠭᠡᠷ ᠲᠡᠩᠴᠡᠬᠦᠷᠢᠰᠢᠬᠦᠯᠬᠦ ᠬᠢᠨᠠᠨ ᠬᠠᠮᠢᠶᠠᠷᠤᠯᠳᠠ ᠶᠢᠨ ᠠᠵᠢᠯ ᠢ ᠬᠠᠷᠢᠭᠤᠴᠠᠵᠤ᠂ ᠪᠡᠯᠴᠢᠭᠡᠷᠯᠡᠭᠦᠯᠬᠦ ᠶᠢ ᠵᠣᠭᠰᠤᠭᠠᠬᠤ ᠣᠷᠣᠨ ᠳᠤ ᠪᠡᠯᠴᠢᠭᠡᠷᠯᠡᠭᠦᠯᠬᠦ ᠶᠢ ᠨᠢᠭᠡᠮᠦᠰᠦᠨ ᠵᠣᠭᠰᠤᠭᠠᠵᠤ᠂ ᠮᠠᠯ ᠪᠡᠯᠴᠢᠭᠡᠷ ᠲᠡᠩᠴᠡᠬᠦᠷᠢᠰᠢᠬᠦᠯᠬᠦ ᠤᠷᠤᠨ ᠤ ᠲᠡᠩᠴᠡᠬᠦᠷᠢ ᠶᠢ ᠪᠠᠲᠤᠯᠠᠨ᠎ᠠ᠃ ᠲᠤᠰᠬᠠᠢ ᠪᠡᠯᠴᠢᠭᠡᠷ ᠬᠠᠮᠠᠭᠠᠯᠠᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠢᠭᠡᠳᠦᠯᠲᠡᠢ ᠵᠣᠬᠢᠶᠠᠨ ᠪᠠᠶᠢᠭᠤᠯᠵᠤ᠂ ᠴᠢᠩᠭ᠎ᠠ ᠬᠠᠮᠢᠶᠠᠷᠤᠨ᠂ ᠲᠣᠭᠲᠠᠮᠠᠯ ᠬᠤᠭᠤᠴᠠᠭ᠎ᠠ ᠪᠠᠷ ᠲᠣᠭᠤᠷᠢᠨ ᠪᠠᠶᠢᠴᠠᠭᠠᠵᠤ ᠬᠠᠮᠠᠭᠠᠯᠠᠨ᠎ᠠ᠃        ︵ᠳᠦᠷᠪᠡ︶ ᠪᠡᠯᠴᠢᠭᠡᠷᠯᠡᠭᠦᠯᠬᠦ ᠶᠢ ᠵᠣᠭᠰᠤᠭᠠᠬᠤ ᠪᠠ ᠮᠠᠯ ᠪᠡᠯᠴᠢᠭᠡᠷ ᠲᠡᠩᠴᠡᠬᠦᠷᠢᠰᠢᠬᠦᠯᠬᠦ ᠬᠠᠮᠢᠶ᠎ᠠ ᠪᠦᠬᠦᠢ ᠲᠣᠭᠲᠠᠭᠠᠯ ᠢ ᠵᠥᠷᠢᠴᠡᠪᠡᠯ᠂ ︽ᠪᠦᠭᠦᠳᠡ ᠨᠠᠶᠢᠷᠠᠮᠳᠠᠬᠤ ᠳᠤᠮᠳᠠᠳᠤ ᠤᠯᠤᠰ ᠤᠨ ᠨᠤᠳᠤᠭ ᠪᠡᠯᠴᠢᠭᠡᠷ ᠤᠨ ᠬᠠᠤᠯᠢ︾᠂ ︽ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠳᠤᠭ ᠪᠡᠯᠴᠢᠭᠡᠷ ᠤᠨ ᠬᠠᠮᠢᠶᠠᠷᠦᠯᠲᠠ ᠎ ᠶᠢᠨ ᠳᠥᠷᠢᠮ︾᠂ ︽ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠯᠴᠢᠭᠡᠷᠯᠡᠭᠦᠯᠬᠦ ᠶᠢ ᠵᠣᠭᠰᠤᠭᠠᠬᠤ ᠪᠠ ᠮᠠᠯ ᠪᠡᠯᠴᠢᠭᠡᠷ ᠲᠡᠩᠴᠡᠬᠦᠷᠢᠰᠢᠬᠦᠯᠬᠦ ᠬᠢᠨᠠᠨ ᠬᠠᠮᠢᠶᠠᠷᠤᠯᠳᠠ ᠶᠢᠨ ᠠᠷᠭ᠎ᠠ︾ ᠵᠡᠷᠭᠡ ᠬᠠᠤᠯᠢ ᠴᠠᠭᠠᠵᠠ ᠳᠥᠷᠢᠮ ᠲᠣᠭᠲᠠᠭᠠᠯ ᠢ ᠦᠨᠳᠦᠰᠦᠯᠡᠵᠤ ᠲᠣᠷᠭᠠᠨ᠎ᠠ᠃ ᠲᠤᠰ ᠲᠣᠭᠲᠠᠭᠠᠯ ᠢ ᠦᠨᠳᠦᠰᠦᠯᠡᠵᠦ ᠬᠤᠷᠢᠶᠠᠨ ᠠᠪᠤᠭᠰᠠᠨ ᠲᠣᠷᠭᠠᠭᠤᠯᠢ ᠶᠢᠨ ᠮᠥᠩᠭᠦ ᠶᠢ ᠪᠡᠯᠴᠢᠭᠡᠷᠯᠡᠭᠦᠯᠬᠦ ᠶᠢ ᠵᠣᠭᠰᠤᠭᠠᠬᠤ ᠪᠠ ᠮᠠᠯ ᠪᠡᠯᠴᠢᠭᠡᠷ ᠲᠡᠩᠴᠡᠬᠦᠷᠢᠰᠢᠬᠦᠯᠬᠦ ᠶᠢ ᠴᠢᠩᠭ᠎ᠠ ᠬᠡᠷᠡᠭᠵᠢᠭᠦᠯᠦᠭᠰᠡᠨ ᠮᠠᠯᠴᠢᠨ ᠲᠠᠷᠢᠶᠠᠴᠢᠳ ᠲᠤ ᠱᠠᠩᠨᠠᠨ ᠬᠦᠷᠳᠡᠭᠡᠨ᠎ᠡ᠃        ︵ᠲᠠᠪᠤ︶ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠶᠢᠨ ᠬᠠᠷᠠᠭᠠᠯᠵᠠᠯ ᠬᠦᠷᠳᠡᠵᠤ ᠪᠠᠶᠢᠭ᠎ᠠ ᠮᠠᠯᠴᠢᠨ ᠲᠠᠷᠢᠶᠠᠴᠢᠳ ᠱᠠᠭᠠᠷᠳᠠᠯᠭ᠎ᠠ ᠶᠤᠰᠤᠭᠠᠷ ᠪᠡᠯᠴᠢᠭᠡᠷᠯᠡᠭᠦᠯᠬᠦ ᠶᠢ ᠵᠣᠭᠰᠤᠭᠠᠬᠤ ᠪᠠ ᠮᠠᠯ ᠪᠡᠯᠴᠢᠭᠡᠷ ᠲᠡᠩᠴᠡᠬᠦᠷᠢᠰᠢᠬᠦᠯᠬᠦ ᠶᠢ ᠪᠠᠳᠤᠯᠠᠭᠰᠠᠨ ᠦᠬᠡᠢ ᠪᠤᠯ᠂ ᠲᠤᠬᠠᠢ ᠎ ᠶᠢᠨ ᠵᠢᠯ ᠤᠨ ᠬᠢᠨᠢ ᠪᠡᠯᠴᠢᠬᠡᠷᠯᠡᠬᠦᠯᠬᠦ ᠶᠢ  ᠵᠣᠭᠰᠤᠭᠠᠬᠤ ᠡᠰᠡᠪᠡᠯ ᠮᠠᠯ ᠪᠡᠯᠴᠢᠭᠡᠷ ᠲᠡᠩᠴᠡᠬᠦᠷᠢᠰᠢᠬᠦᠯᠬᠦ ᠵᠡᠷᠬᠡ ᠨᠦᠬᠦᠪᠤᠷᠢ ᠶᠢ ᠤᠯᠭᠤᠬᠤ ᠦᠬᠡᠢ︔ ᠪᠡᠯᠴᠢᠬᠡᠷ ᠬᠠᠮᠠᠭᠠᠯᠠᠭᠴᠢ ᠪᠡᠯᠴᠢᠬᠡᠷ ᠤᠨ ᠲᠠᠭᠠᠭᠠᠴᠠ ᠠᠴᠠ ᠬᠡᠳᠤᠷᠡᠬᠦᠯᠦᠨ ᠮᠠᠯ ᠮᠠᠯᠵᠢᠪᠠᠯ ᠲᠤᠬᠠᠢ ᠶᠢᠨ ᠵᠢᠯ ᠤᠨ ᠬᠢᠨᠢ ᠪᠡᠯᠴᠢᠬᠡᠷᠯᠡᠬᠦᠯᠬᠦ ᠶᠢ ᠵᠤᠭᠰᠤᠭᠠᠭᠰᠠᠨ᠂ ᠮᠠᠯ ᠪᠡᠯᠴᠢᠬᠡᠷ ᠲᠡᠩᠴᠡᠬᠦᠷᠢᠰᠢᠬᠦᠯᠦᠭᠰᠡᠨ ᠵᠡᠷᠬᠡ ᠨᠦᠬᠦᠪᠤᠷᠢ ᠪᠤᠯᠤᠨ ᠪᠡᠯᠴᠢᠬᠡᠷ ᠬᠠᠮᠠᠭᠠᠯᠠᠭᠴᠢ ᠶᠢᠨ ᠴᠠᠯᠢᠩ ᠢ ᠤᠯᠭᠤᠬᠤ ᠦᠬᠡᠢ᠂ ᠡᠬᠦᠨ ᠤ ᠬᠠᠮᠳᠤ ᠪᠡᠯᠴᠢᠬᠡᠷ ᠬᠠᠮᠠᠭᠠᠯᠠᠭᠴᠢ ᠶᠢᠨ ᠡᠷᠬᠡ ᠶᠢ ᠨᠢ ᠦᠬᠡᠶᠢᠰᠬᠡᠵᠤ ᠬᠤᠶᠠᠷ ᠵᠢᠯ ᠤᠨ ᠲᠤᠳᠤᠷ᠎ᠠ ᠪᠡᠯᠴᠢᠬᠡᠷ ᠬᠠᠮᠠᠭᠠᠯᠠᠭᠴᠢ ᠪᠠᠷ ᠤᠷᠢᠨ ᠬᠡᠷᠡᠭᠯᠡᠬᠦ ᠦᠬᠡᠢ᠃        ︵ᠵᠢᠷᠭᠤᠭ᠎ᠠ︶ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠬᠡᠷᠡᠭᠵᠢᠬᠦᠯᠵᠤ ᠪᠠᠶᠢᠭ᠎ᠠ ᠬᠤᠭᠤᠴᠠᠭᠠᠨ ᠳᠤ ᠪᠡᠯᠴᠢᠬᠡᠷᠯᠡᠬᠦᠯᠬᠦ ᠶᠢ ᠵᠤᠭᠰᠤᠭᠠᠭᠰᠠᠨ ᠤᠷᠤᠨ ᠎ ᠤ ᠨᠤᠳᠤᠭ ᠪᠡᠯᠴᠢᠬᠡᠷ ᠤᠨ ᠡᠵᠡᠩᠨᠡᠵᠤ ᠬᠡᠷᠡᠭᠯᠡᠬᠦ ᠡᠷᠬᠡ ᠶᠢ ᠪᠤᠰᠤᠳ ᠲᠤ ᠰᠢᠯᠵᠢᠬᠦᠯᠦᠨ ᠡᠷᠬᠢᠯᠳᠤ ᠳᠤ ᠤᠷᠤᠭᠤᠯᠬᠤ ᠎ ᠶᠢ ᠡᠷᠡᠰ ᠬᠤᠷᠢᠭᠯᠠᠨ᠎ᠠ︔ ᠮᠠᠯ ᠪᠡᠯᠴᠢᠬᠡᠷ ᠢ ᠲᠡᠩᠴᠡᠬᠦᠷᠢᠰᠢᠬᠦᠯᠬᠦ ᠤᠷᠤᠨ ᠤ ᠮᠠᠯ ᠤᠨ ᠪᠡᠯᠴᠢᠬᠡᠷ ᠢ ᠵᠠᠷᠴᠢᠮ ᠲᠡᠬᠡᠷ᠎ᠡ ᠎ ᠪᠠᠨ ᠡᠷᠬᠢᠯᠳᠤ ᠳᠤ ᠤᠷᠤᠭᠤᠯᠵᠤ ᠪᠤᠯᠬᠤ ᠦᠬᠡᠢ᠂ ᠡᠷᠬᠢᠯᠳᠤ ᠳᠤ ᠤᠷᠤᠭᠤᠯᠬᠤ ᠴᠢᠬᠤᠯᠠᠳᠠᠢ ᠪᠤᠯ ᠡᠷᠬᠡᠪᠰᠢ ᠬᠠᠤᠯᠢ ᠶᠤᠰᠤᠭᠠᠷ ᠬᠠᠮᠢᠶ᠎ᠠ ᠪᠦᠬᠦᠢ ᠭᠠᠷ ᠬᠦᠢᠴᠡᠳᠬᠡᠯ ᠢ ᠬᠦᠢᠴᠡᠳᠬᠡᠬᠦ ᠬᠡᠷᠡᠭᠳᠡᠢ᠂ ᠡᠷᠬᠢᠯᠳᠤ ᠳᠤ ᠤᠷᠤᠭᠤᠯᠬᠤ ᠳᠤ ᠵᠦᠪᠬᠡᠨ ᠲᠡᠮᠡᠭᠡ ᠮᠠᠯᠵᠢᠬᠤ ᠡᠷᠤᠬᠡ ᠳᠤ ᠨᠤᠳᠤᠭ ᠪᠡᠯᠴᠢᠬᠡᠷ ᠤᠨ ᠡᠵᠡᠩᠨᠡᠯᠳᠡ ᠬᠡᠷᠡᠭᠯᠡᠯᠳᠡ ᠶᠢᠨ ᠡᠷᠬᠡ ᠶᠢ ᠰᠢᠯᠵᠢᠬᠦᠯᠵᠤ ᠪᠤᠯᠬᠤ ᠪᠦᠬᠡᠳ ᠬᠦᠷᠳᠡᠬᠦ ᠶᠤᠰᠤᠳᠠᠢ ᠲᠦᠷᠦ ᠶᠢᠨ ᠪᠤᠳᠤᠯᠭ᠎ᠠ ᠶᠢᠨ ᠬᠠᠷᠠᠭᠠᠯᠵᠠᠯ ᠢ ᠨᠤᠳᠤᠭ ᠪᠡᠯᠴᠢᠬᠡᠷ ᠤᠨ ᠤᠤᠯ ᠤᠨ ᠲᠠᠭᠠᠭᠠᠴᠢᠯᠠᠭᠴᠢ ᠤᠯᠵᠤ ᠬᠦᠷᠳᠡᠨ᠎ᠡ᠃ ᠬᠠᠤᠯᠢ ᠶᠤᠰᠤᠭᠠᠷ ᠰᠢᠯᠵᠢᠬᠦᠯᠦᠨ ᠦᠭᠬᠦᠭᠰᠡᠨ ᠨᠤᠳᠤᠭ ᠪᠡᠯᠴᠢᠬᠡᠷ ᠤᠨ ᠪᠡᠯᠴᠢᠬᠡᠷᠯᠡᠬᠦᠯᠬᠦ ᠶᠢ ᠵᠤᠭᠰᠤᠭᠠᠬᠤ ᠪᠤᠶᠤ ᠮᠠᠯ ᠪᠡᠯᠴᠢᠬᠡᠷ ᠲᠡᠩᠴᠡᠬᠦᠷᠢᠰᠢᠬᠦᠯᠬᠦ ᠨᠦᠬᠦᠪᠤᠷᠢ ᠱᠠᠩᠨᠠᠯ ᠢ ᠨᠤᠳᠤᠭ ᠪᠡᠯᠴᠢᠬᠡᠷ ᠰᠢᠯᠵᠢᠬᠦᠯᠦᠨ ᠠᠪᠤᠭᠰᠠᠨ ᠬᠦᠮᠦᠨ ᠳᠤ ᠤᠯᠭᠤᠨ᠎ᠠ᠃        ︵ᠲᠤᠯᠤᠭ᠎ᠠ︶ ᠮᠠᠯᠴᠢᠨ ᠲᠡᠷᠢᠶᠠᠴᠢᠳ ᠰᠠᠶᠢᠨ ᠲᠤᠷ᠎ᠠ ᠠᠴᠠ ᠪᠠᠶᠢᠬᠤ ᠵᠠᠷᠴᠢᠮ ᠢ ᠪᠠᠷᠢᠮᠳᠠᠯᠠᠵᠤ᠂ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠲᠠᠢ  ᠤᠶᠠᠯᠳᠤᠭᠤᠯᠤᠭᠠᠳ ᠲᠡᠳᠡᠨ ᠢ ᠰᠢᠯᠵᠢᠬᠦᠯᠦᠨ ᠨᠡᠬᠦᠯᠬᠡᠵᠤ ᠲᠦᠪᠬᠢᠨᠡᠬᠦᠯᠦᠨ᠎ᠠ᠃        ︵ᠨᠡᠢᠮᠠ︶ ᠨᠡᠶᠢᠳᠡ ᠶᠢᠨ ᠠᠰᠠᠷᠠᠮᠵᠢᠳᠤ ᠤᠢ ᠰᠢᠭᠤᠢ ᠶᠢᠨ ᠬᠠᠮᠠᠭᠠᠯᠠᠭᠴᠢ ᠪᠠᠷ ᠤᠷᠢᠭᠳᠠᠭᠰᠠᠨ ᠮᠠᠯᠴᠢᠨ ᠵᠦᠪᠬᠡᠨ ᠤᠢ ᠰᠢᠭᠤᠢ ᠶᠢᠨ ᠬᠠᠮᠠᠭᠠᠯᠠᠭᠴᠢ ᠶᠢᠨ ᠨᠦᠬᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠶᠢ ᠬᠦᠷᠳᠡᠬᠦ ᠎ ᠠᠴᠠ ᠪᠢᠰᠢ ᠨᠤᠳᠤᠭ ᠪᠡᠯᠴᠢᠬᠡᠷ ᠤᠨ ᠨᠦᠬᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠶᠢ ᠲᠠᠪᠬᠤᠷ ᠬᠦᠷᠳᠡᠵᠤ ᠪᠤᠯᠬᠤ ᠦᠬᠡᠢ᠂ ᠨᠤᠳᠤᠭ ᠪᠡᠯᠴᠢᠬᠡᠷ ᠤᠨ ᠢᠶᠠᠨ ᠪᠤᠳᠠᠳᠤ ᠪᠠᠶᠢᠳᠠᠯ ᠢ ᠦᠨᠳᠤᠰᠤᠯᠡᠨ ᠠᠳᠠᠯᠢ ᠪᠤᠰᠤ ᠤᠷᠤᠨ ᠬᠡᠪᠴᠢᠶᠡᠨ ᠤ ᠬᠤᠪᠢᠶᠠᠷᠢᠯᠠᠯᠳᠠ ᠪᠠᠷ ᠲᠡᠬᠦᠨ ᠤ ᠬᠡᠷ ᠪᠦᠯᠢ ᠳᠤᠨᠢ ᠪᠡᠯᠴᠢᠬᠡᠷᠯᠡᠬᠦᠯᠬᠦ ᠶᠢ ᠵᠤᠭᠰᠤᠭᠠᠬᠤ ᠪᠤᠶᠤ ᠮᠠᠯ ᠪᠡᠯᠴᠢᠬᠡᠷ ᠲᠡᠩᠴᠡᠬᠦᠷᠢᠰᠢᠬᠦᠯᠬᠦ ᠬᠠᠷᠠᠭᠠᠯᠵᠠᠯ ᠢ ᠬᠦᠷᠳᠡᠬᠡᠨ᠎ᠡ᠃        ︵ᠶᠢᠰᠤ︶ ᠠᠵᠢᠯ ᠤᠯᠭᠤᠯᠳᠠ ᠶᠢᠨ ᠪᠤᠯᠪᠠᠰᠤᠷᠠᠯ ᠢ ᠴᠢᠩᠭᠠᠳᠬᠠᠵᠤ᠂ ᠨᠡᠬᠦᠨ ᠰᠢᠯᠵᠢᠭᠰᠡᠨ ᠮᠠᠯᠴᠢᠨ ᠲᠠᠷᠢᠶᠠᠴᠢᠳ ᠤᠨ ᠲᠤᠬᠠᠢ ᠶᠢᠨ ᠭᠠᠵᠠᠷ ᠲᠠᠭᠠᠨ ᠠᠵᠢᠯ ᠤᠯᠬᠤ ᠶᠢ ᠨᠢ ᠠᠬᠢᠭᠤᠯᠵᠤ᠂ ᠤᠶᠢᠯᠡᠰ ᠪᠤᠰᠬᠠᠬᠤ ᠪᠠᠷ ᠠᠵᠢᠯ ᠣᠯᠬᠤ ᠶᠢ ᠵᠤᠷᠢᠭᠵᠢᠭᠤᠯᠤᠨ᠎ᠠ᠃        ︵ᠠᠷᠪᠠ︶ ᠮᠠᠯᠵᠢᠬᠤ ᠲᠠᠷᠢᠶᠠᠯᠠᠬᠤ ᠤᠷᠤᠨ ᠤ ᠶᠠᠳᠠᠭᠤ ᠬᠦᠴᠢᠷᠳᠡᠯᠳᠡᠢ ᠰᠤᠷᠤᠭᠴᠢᠳ ᠲᠤ ᠰᠤᠷᠤᠯᠭ᠎ᠠ ᠎ ᠶᠢᠨ ᠨᠦᠬᠦᠪᠤᠷᠢ ᠤᠯᠭᠤᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠎ᠠ᠃        ᠠᠷᠪᠠᠨ ᠲᠦᠷᠪᠠ᠂ ᠬᠢᠨᠠᠨ ᠪᠠᠶᠢᠴᠠᠭᠠᠬᠤ ᠪᠤᠯᠤᠨ ᠱᠠᠩᠨᠠᠵᠤ ᠲᠤᠷᠭᠠᠬᠤ        ︵ᠨᠢᠬᠡ︶ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠪᠤᠯᠤᠨ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠠᠴᠠ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠬᠡᠷᠡᠭᠵᠢᠬᠦᠯᠬᠦ ᠪᠦᠬᠦ ᠶᠠᠪᠤᠴᠠ ᠶᠢ ᠬᠢᠨᠠᠨ ᠵᠢᠯᠤᠭᠤᠳᠴᠤ᠂ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠦᠪᠡᠷ ᠤᠨ ᠬᠠᠷᠢᠶᠠᠯᠠᠯ ᠳᠠᠬᠢ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠬᠡᠷᠡᠭᠵᠢᠬᠦᠯᠵᠤ ᠪᠠᠶᠢᠭ᠎ᠠ ᠪᠠᠶᠢᠳᠠᠯ ᠳᠤ ᠬᠠᠭᠠᠰ ᠵᠢᠯ ᠪᠦᠷᠢ ᠨᠢᠬᠡ ᠤᠳᠠᠭ᠎ᠠ ᠪᠦᠬᠦ ᠲᠠᠯ᠎ᠠ ᠶᠢᠨ ᠴᠢᠨᠠᠷᠳᠠᠢ ᠬᠢᠨᠠᠯᠳᠠ ᠪᠠᠶᠢᠴᠠᠭᠠᠯᠳᠠ ᠶᠠᠪᠤᠭᠤᠯᠵᠤ᠂ ᠪᠢᠴᠢᠭ ᠤᠨ ᠬᠡᠯᠪᠡᠷᠢ ᠪᠠᠷ ᠬᠤᠰᠢᠭᠤ ᠠᠷᠠᠳ ᠤᠨ ᠵᠠᠰᠠᠭ ᠤᠨ ᠤᠷᠳᠤᠨ ︵ᠡᠬᠦᠨ ᠤ ᠵᠡᠷᠬᠡ ᠬᠤᠰᠢᠭᠤᠨ ᠤ ᠨᠤᠳᠤᠭ ᠪᠡᠯᠴᠢᠬᠡᠷ ᠎ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠬᠡᠷᠡᠭᠵᠢᠬᠦᠯᠵᠤ ᠪᠠᠶᠢᠭ᠎ᠠ ᠠᠵᠢᠯ ᠤᠨ ᠤᠳᠤᠷᠢᠳᠬᠤ ᠲᠤᠭᠤᠶᠢᠯᠠᠩ ᠤᠨ ᠠᠯᠪᠠᠨ ᠬᠡᠷ ᠲᠤ ᠬᠦᠷᠬᠡᠨ᠎ᠡ︶᠎ ᠳᠤ ᠮᠡᠳᠡᠬᠦᠯᠦᠨ ᠬᠦᠷᠬᠡᠵᠤ᠂ ᠲᠡᠬᠦᠨᠴᠢᠯᠡᠨ ᠮᠠᠯᠴᠢᠨ ᠲᠠᠷᠢᠶᠠᠴᠢᠳ ᠲᠤ ᠢᠯᠡ ᠨᠠᠶᠢᠳᠠᠯᠠᠨ ᠤᠯᠠᠨ ᠤ ᠬᠢᠨᠠᠯᠳᠠ ᠶᠢ ᠬᠦᠯᠢᠶᠠᠨ᠎ᠠ᠃        ︵ᠬᠤᠶᠠᠷ︶ ᠪᠠᠶᠢᠴᠠᠭᠠᠯᠳᠠ ᠲᠤᠮᠳᠠ ᠬᠠᠭᠤᠷᠮᠠᠭ ᠮᠡᠳᠡᠬᠦᠯᠦᠭᠰᠡᠨ᠂ ᠤᠷᠤᠯᠠᠨ ᠠᠪᠤᠭᠰᠠᠨ᠂ ᠰᠤᠷᠠᠭ ᠵᠠᠩᠬᠢ ᠬᠠᠭᠤᠷᠮᠠᠭ ᠵᠤᠬᠢᠶᠠᠭᠰᠠᠨ ᠵᠡᠷᠬᠡ ᠠᠷᠭ᠎ᠠ ᠪᠠᠷᠢᠯ ᠢᠶᠠᠷ ᠨᠦᠬᠦᠪᠤᠷᠢ ᠱᠠᠩᠨᠠᠯ ᠤᠨ ᠮᠦᠩᠬᠦ ᠮᠡᠬᠡᠯᠡᠨ ᠠᠪᠤᠭᠰᠠᠨ ᠦᠵᠡᠭᠳᠡᠯ ᠢ ᠢᠯᠡᠷᠡᠬᠦᠯᠪᠠᠯ᠂ ᠰᠤᠮᠤ ᠭᠠᠴᠠᠭᠠᠨ ᠤ ᠨᠠᠮ ᠵᠠᠰᠠᠭ ᠤᠨ ᠭᠤᠤᠯ ᠤᠳᠤᠷᠢᠳᠤᠯᠭ᠎ᠠ ᠶᠢᠨ ᠬᠤᠯᠪᠤᠭᠳᠠᠬᠤ ᠬᠠᠷᠢᠭᠤᠴᠠᠯᠭ᠎ᠠ ᠶᠢ ᠨᠡᠬᠡᠮᠵᠢᠯᠡᠵᠤ᠂ ᠲᠤᠬᠠᠢ ᠶᠢᠨ ᠬᠦᠮᠦᠨ ᠠᠴᠠ ᠮᠡᠬᠡᠯᠡᠨ ᠤᠯᠤᠭᠰᠠᠨ ᠨᠦᠬᠦᠪᠤᠷᠢ ᠱᠠᠩᠨᠠᠯ ᠤᠨ ᠮᠦᠩᠬᠦ ᠶᠢ ᠪᠤᠴᠠᠭᠠᠯᠭᠠᠬᠤ ᠪᠦᠬᠡᠳ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ᠃        ︵ᠭᠤᠷᠪᠠ︶ ᠨᠤᠳᠤᠭ ᠪᠡᠯᠴᠢᠬᠡᠷ ᠤᠨ ᠨᠦᠬᠦᠪᠤᠷᠢ ᠱᠠᠩᠨᠠᠯ ᠤᠨ ᠠᠵᠢᠯ ᠤᠨ ᠬᠡᠷᠡᠭᠵᠢᠬᠦᠯᠦᠯᠳᠡ ᠶᠢᠨ ᠪᠠᠶᠢᠳᠠᠯ ᠢ ᠴᠠᠭ ᠲᠤᠬᠠᠢ ᠳᠤᠨᠢ ᠤᠯᠠᠨ ᠳᠤ ᠨᠡᠶᠢᠳᠡᠯᠡᠨ᠂ ᠨᠡᠶᠢᠬᠡᠮ ᠤᠨ ᠡᠯ᠎ᠡ ᠡᠳᠡᠬᠡᠳ ᠤᠨ ᠬᠢᠨ ᠪᠤᠯᠤᠨ ᠦᠷᠬᠡᠨ ᠤᠯᠠᠨ ᠮᠠᠯᠴᠢᠨ ᠲᠠᠷᠢᠶᠠᠴᠢᠳ ᠤᠨ ᠬᠢᠨᠠᠯᠳᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠤ᠂ ᠬᠢᠨᠠᠯᠳᠠ ᠲᠠᠯᠪᠢᠵᠤ ᠢᠯᠡᠴᠢᠯᠡᠨ ᠮᠡᠳᠡᠬᠦᠯᠬᠦ ᠪᠠ ᠵᠤᠷᠢᠭᠵᠢᠭᠤᠯᠤᠨ ᠱᠠᠩᠨᠠᠬᠤ ᠲᠦᠷᠦ ᠶᠢᠨ ᠪᠤᠳᠤᠯᠭ᠎ᠠ ᠶᠢ ᠪᠠᠶᠢᠭᠤᠯᠤᠨ ᠲᠡᠬᠦᠯᠳᠡᠷᠵᠢᠬᠦᠯᠤᠨ᠎ᠠ︔ ᠨᠤᠳᠤᠭ ᠪᠡᠯᠴᠢᠬᠡᠷ ᠤᠨ ᠨᠦᠬᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠶᠢ ᠵᠦᠷᠢᠴᠡᠭᠰᠡᠨ ᠦᠨᠡᠨ ᠪᠤᠳᠠᠳᠠᠢ ᠠᠵᠢᠯᠯᠠᠭ᠎ᠠ ᠶᠢ ᠢᠯᠡᠴᠢᠯᠡᠨ ᠮᠡᠳᠡᠬᠦᠯᠪᠠᠯ ᠮᠡᠳᠡᠬᠦᠯᠦᠭᠴᠢ ᠶᠢ ᠨᠢᠬᠡ ᠯᠡ ᠲᠤᠤᠷ᠎ᠠ1000 ᠲᠦᠬᠦᠷᠢᠭ ᠢᠶᠠᠷ ᠱᠠᠩᠨᠠᠨ᠎ᠠ᠂ ᠡᠯ᠎ᠡ ᠬᠠᠮᠢᠶ᠎ᠠ ᠪᠦᠬᠦᠢ ᠪᠠᠶᠢᠭᠤᠯᠤᠯᠭ᠎ᠠ ᠢᠯᠡᠴᠢᠯᠡᠨ ᠮᠡᠳᠡᠬᠦᠯᠦᠭᠴᠢ ᠎ ᠶᠢᠨ ᠨᠢᠭᠤᠴᠠ ᠶᠢ ᠬᠠᠮᠠᠭᠠᠯᠠᠬᠤ ᠶᠢ ᠪᠠᠲᠤᠯᠠᠵᠤ᠂ ᠬᠤᠯᠪᠤᠭᠳᠠᠬᠤ ᠰᠤᠷᠠᠭ ᠴᠢᠮᠡᠭᠡ ᠶᠢ ᠵᠠᠳᠠᠷᠠᠭᠤᠯᠬᠤ ᠦᠬᠡᠢ᠃        ︵ᠲᠦᠷᠪᠠ︶ ᠪᠡᠯᠴᠢᠬᠡᠷᠯᠡᠬᠦᠯᠬᠦ ᠶᠢ ᠵᠤᠭᠰᠤᠭᠠᠬᠤ ᠪᠤᠯᠤᠨ ᠮᠠᠯ ᠪᠡᠯᠴᠢᠬᠡᠷ ᠲᠡᠩᠴᠡᠬᠦᠷᠢᠰᠢᠬᠦᠯᠬᠦ ᠶᠢ ᠰᠤᠮᠤ ᠪᠠᠯᠭᠠᠰᠤᠨ ᠤ ᠵᠢᠯ ᠤᠨ ᠠᠵᠢᠯ ᠢ ᠰᠢᠯᠭᠠᠨ ᠦᠨᠡᠯᠡᠬᠦ‍ ᠨᠢᠬᠡ ᠲᠦᠷᠦᠯ ᠤᠨ ᠪᠠᠷᠢᠮᠵᠢᠶ᠎ᠠ ᠪᠤᠯᠭᠠᠵᠤ᠂ ᠨᠦᠬᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠨᠡᠶᠢᠳᠡᠪᠤᠷᠢᠵᠢᠭᠤᠯᠬᠤ ᠡᠬᠦᠷᠬᠡ ᠪᠠᠨ ᠪᠠᠶᠠᠯᠠᠬᠦᠯᠦᠭᠰᠡᠨ ᠰᠤᠮᠤ ᠪᠠᠯᠭᠠᠰᠤᠨ ᠳᠤ ᠦᠷ᠎ᠡ ᠪᠦᠳᠦᠮᠵᠢ ᠦᠨᠡᠯᠡᠨ ᠰᠢᠯᠭᠠᠭᠰᠠᠨ ᠱᠠᠩᠨᠠᠯ ᠤᠨ ᠮᠦᠩᠬᠦ ᠤᠯᠭᠤᠨ᠎ᠠ︔ ᠪᠦᠬᠦᠨ ᠢ ᠨᠢ ᠪᠡᠶᠡᠯᠡᠬᠦᠯᠵᠤ ᠴᠢᠳᠠᠭ᠎ᠠ ᠦᠬᠡᠢ ᠰᠤᠮᠤ ᠪᠠᠯᠭᠠᠰᠤᠨ ᠤ ᠦᠷ᠎ᠡ ᠪᠦᠳᠦᠮᠵᠢ ᠦᠨᠡᠯᠡᠨ ᠰᠢᠯᠭᠠᠬᠤ ᠱᠠᠩᠨᠠᠯ ᠤᠨ ᠮᠦᠩᠬᠦ ᠶᠢ ᠨᠢ ᠬᠠᠰᠤᠬᠤ ᠪᠦᠬᠡᠳ ᠴᠢᠩᠭ᠎ᠠ ᠪᠠᠷ ᠬᠠᠷᠢᠭᠤᠴᠠᠯᠭ᠎ᠠ ᠨᠡᠬᠡᠮᠵᠢᠯᠡᠨ᠂ ᠱᠠᠳᠤ ᠱᠠᠳᠤ ᠪᠠᠷ ᠤᠳᠤᠷᠢᠳᠤᠯᠭ᠎ᠠ ᠶᠢᠨ ᠬᠠᠷᠢᠭᠤᠴᠠᠯᠭ᠎ᠠ ᠨᠡᠬᠡᠮᠵᠢᠯᠡᠨ᠎ᠡ        ︵ᠲᠠᠪᠤ︶ ︽ᠮᠠᠯᠵᠢᠬᠤ ᠲᠠᠷᠢᠶᠠᠯᠠᠬᠤ ᠤᠷᠤᠨ ᠤ ᠠᠵᠤ ᠠᠬᠤᠢ ᠶᠢᠨ ᠪᠦᠳᠦᠴᠡ ᠶᠢᠨ ᠲᠤᠬᠢᠷᠠᠭᠤᠯᠤᠯᠳᠠ ᠎ ᠶᠢ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠲᠠᠪᠠᠭᠤᠯᠢᠭ ᠤᠨᠴᠠᠯᠢᠭᠳᠤ ᠠᠵᠤ ᠤᠶᠢᠯᠡᠰᠵᠢᠭ᠌ᠰᠠᠨ ᠬᠦᠭᠵᠢᠯᠳᠡ ᠶᠢ ᠲᠦᠷᠬᠡᠳᠬᠡᠬᠦ ᠲᠤᠬᠠᠢ ᠠᠯᠠᠱᠠ ᠠᠶᠢᠮᠠᠭ ᠤᠨ ᠵᠠᠰᠠᠭ ᠵᠠᠬᠢᠷᠭᠠᠨ ᠤ ᠵᠢᠯᠤᠭᠤᠳᠬᠤ ᠰᠠᠨᠠᠯ︾ ︵ᠠᠯᠠᠱᠠ ᠵᠠᠬᠢᠷᠭ᠎ᠠ ᠲᠠᠷᠬᠠᠭᠠᠭᠰᠠᠨ ﹇2016﹈ 40 ᠳ᠋ᠤᠬᠡᠷ︶ ᠵᠢᠴᠢ 6 ᠲᠦᠬᠦᠷᠵᠢᠭᠰᠡᠨ ᠲᠦᠷᠦ ᠶᠢᠨ ᠪᠤᠳᠤᠯᠭ᠎ᠠ ᠎ ᠶᠢᠨ ᠵᠤᠷᠢᠭ ᠰᠠᠨᠠᠭ᠎ᠠ ᠶᠢ ᠦᠨᠳᠤᠰᠤᠯᠡᠨ᠂ ᠮᠠᠯᠴᠢᠨ ᠲᠠᠷᠢᠶᠠᠴᠢᠳ ᠢ ᠲᠤᠰᠠᠯᠠᠨ ᠲᠠᠷᠢᠶᠠᠯᠠᠩ ᠮᠠᠯ ᠠᠵᠤ ᠠᠬᠤᠢ ᠶᠢᠨ ᠲᠠᠪᠠᠭᠤᠯᠢᠭ ᠤᠨᠴᠠᠯᠢᠭᠳᠤ ᠠᠵᠤ ᠤᠶᠢᠯᠡᠰ ᠢ ᠶᠡᠭᠡ ᠪᠠᠷ ᠬᠦᠭᠵᠢᠬᠦᠯᠦᠨ᠎ᠠ᠃ ᠠᠶᠢᠮᠠᠭ ᠤᠨ ᠲᠡᠰ ᠤᠨ ᠡᠳ᠋ ᠤᠨ ᠵᠠᠰᠠᠭ ᠠᠴᠠ ᠵᠢᠯ ᠪᠦᠷᠢ ᠲᠦᠪ ᠠᠴᠠ ᠲᠠᠷᠬᠠᠭᠠᠭᠰᠠᠨ ᠨᠦᠬᠦᠪᠤᠷᠢ ᠱᠠᠩᠨᠠᠯ ᠲᠤᠳᠤᠷᠠᠬᠢ 1000 ᠲᠦᠮᠡᠨ ᠲᠦᠬᠦᠷᠢᠭ ᠢ ᠨᠢᠬᠡᠳᠤᠯᠳᠡᠢ ᠲᠤᠬᠢᠷᠠᠭᠤᠯᠵᠤ᠂ ᠱᠠᠩᠨᠠᠬᠤ ᠪᠠᠷ ᠨᠦᠬᠦᠪᠤᠷᠢᠯᠡᠬᠦ ᠶᠢ ᠤᠷᠤᠯᠠᠬᠤ ᠵᠡᠷᠬᠡ ᠵᠤᠷᠢᠭᠵᠢᠭᠤᠯᠤᠯ ᠎ ᠤᠨ ᠲᠤᠭᠳᠠᠴᠠ ᠪᠠᠷ ᠲᠠᠮᠵᠢᠨ ᠡᠯ᠎ᠡ ᠬᠤᠰᠢᠭᠤ ᠡᠯ᠎ᠡ ᠤᠷᠤᠨ ᠲᠤᠭᠤᠷᠢᠭ ᠢ ᠱᠠᠩᠨᠠᠨ ᠵᠤᠷᠢᠭᠵᠢᠭᠤᠯᠤᠨ᠎ᠠ᠃ ᠨᠢᠬᠡ ᠎ ᠳᠤ᠂ ᠲᠦᠷᠦᠯ ᠵᠤᠶᠢᠯ ᠤᠨ ᠤᠷᠤᠨ ᠤ ᠮᠠᠯᠴᠢᠨ ᠲᠠᠷᠢᠶᠠᠴᠢᠳ ᠤᠨ ᠬᠤᠶᠠᠳᠤᠭᠠᠷ ᠭᠤᠷᠪᠠᠳᠤᠭᠠᠷ ᠠᠵᠤ ᠤᠶᠢᠯᠡᠰ ᠡᠷᠬᠢᠯᠡᠬᠦ ᠶᠢ ᠵᠤᠷᠢᠭᠵᠢᠭᠤᠯᠤᠨ᠂ ᠠᠮᠢ ᠠᠬᠤᠢ ᠶᠢᠨ ᠪᠦᠳᠦᠬᠡᠨ ᠪᠠᠶᠢᠭᠤᠯᠤᠯᠳᠠ ᠶᠢ ᠲᠠᠷᠢᠶᠠᠯᠠᠩ ᠮᠠᠯ ᠠᠵᠤ ᠠᠬᠤᠢ ᠎ ᠶᠢᠨ ᠪᠦᠳᠦᠴᠡ ᠶᠢᠨ ᠲᠤᠬᠢᠷᠠᠭᠤᠯᠤᠯᠳᠠ᠂ ᠲᠠᠷᠢᠶᠠᠯᠠᠩ ᠮᠠᠯ ᠠᠵᠤ ᠠᠬᠤᠢ ᠶᠢᠨ ᠤᠶᠢᠯᠡᠳᠪᠤᠷᠢᠯᠡᠯ ᠡᠵᠡᠩᠨᠡᠯᠳᠡ ᠶᠢᠨ ᠠᠷᠭ᠎ᠠ ᠬᠡᠯᠪᠡᠷᠢ᠂ ᠮᠠᠯᠴᠢᠨ ᠲᠠᠷᠢᠶᠠᠴᠢᠳ ᠤᠨ ᠤᠷᠤᠯᠭ᠎ᠠ ᠶᠢᠨ ᠨᠡᠮᠡᠭᠳᠡᠯ ᠲᠠᠢ ᠤᠶᠠᠯᠳᠤᠭᠤᠯᠤᠨ᠎ᠠ︔ ᠬᠤᠶᠠᠷ ᠳᠤ᠂ ᠤᠶᠢᠯᠡᠳᠪᠤᠷᠢᠯᠡᠯ ᠠᠮᠢᠳᠤᠷᠠᠯ ᠤᠨ ᠬᠢᠷᠢ ᠲᠦᠪᠰᠢᠨ ᠢᠶᠠᠷ ᠦᠨᠳᠤᠷ ᠪᠠᠶᠢᠭ᠎ᠠ ᠪᠡᠯᠴᠢᠬᠡᠷᠯᠡᠬᠦᠯᠬᠦ ᠶᠢ ᠵᠤᠭᠰᠤᠭᠠᠬᠤ ᠪᠤᠯᠤᠨ ᠮᠠᠯ ᠪᠡᠯᠴᠢᠬᠡᠷ ᠲᠡᠩᠴᠡᠬᠦᠷᠢᠰᠢᠬᠦᠯᠬᠦ ᠲᠤᠭᠳᠠᠭᠠᠯ ᠢ ᠴᠢᠩᠭ᠎ᠠ ᠬᠡᠷᠡᠭᠵᠢᠬᠦᠯᠦᠭᠰᠡᠨ ᠵᠢᠱᠢᠶᠡᠴᠢ ᠤᠶᠢᠯᠡᠳᠤᠯ ᠢᠶᠠᠷ ᠢᠯᠡᠷᠬᠡᠢ ᠮᠠᠯᠴᠢᠨ ᠲᠠᠷᠢᠶᠠᠴᠢᠳ ᠢ ᠱᠠᠩᠨᠠᠨ ᠬᠦᠬᠢᠬᠦᠯᠦᠨ᠎ᠠ᠃        ᠠᠷᠪᠠᠨ ᠲᠠᠪᠤ᠂ ᠲᠠᠭᠠᠯᠳᠤᠭᠤᠯᠤᠯ        ︵ᠨᠢᠬᠡ︶ ᠲᠤᠰ ᠲᠦᠷᠢᠮ ᠢ ᠡᠵᠡᠨ᠎ᠡ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠲᠤᠪᠴᠢᠶᠠᠨ ᠠᠴᠠ ᠬᠠᠷᠢᠭᠤᠴᠠᠨ ᠲᠠᠶᠢᠯᠪᠤᠷᠢᠯᠠᠨ᠎ᠠ᠃        ︵ᠬᠤᠶᠠᠷ︶ ᠲᠤᠰ ᠲᠦᠷᠢᠮ ᠢ ᠨᠡᠶᠢᠳᠡᠯᠡᠭᠰᠡᠨ ᠡᠳᠤᠷ ᠠᠴᠠ ᠡᠬᠢᠯᠡᠨ ᠬᠡᠷᠡᠭᠵᠢᠬᠦᠯᠦᠨ᠎ᠠ᠃ ᠡᠬᠦᠨ ᠤ ᠵᠡᠷᠬᠡᠪᠡᠷ ᠤᠤᠯ ᠤᠨ ︽ᠡᠵᠡᠨ᠎ᠡ ᠬᠤᠰᠢᠭᠤᠨ ᠤ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠤᠷᠢ ᠱᠠᠩᠨᠠᠯ ᠤᠨ ᠲᠤᠭᠳᠠᠴᠠ ᠶᠢᠨ ᠲᠦᠷ ᠬᠡᠷᠡᠭᠵᠢᠬᠦᠯᠬᠦ ᠠᠷᠭ᠎ᠠ ︵ᠰᠢᠨ᠎ᠠ ᠪᠠᠷ ᠵᠠᠰᠠᠪᠤᠷᠢ ᠤᠷᠤᠭᠤᠯᠤᠭᠰᠠᠨ︶︾ ︵ᠡᠵᠡᠨ᠎ᠡ ᠵᠠᠰᠠᠭ ᠠᠯᠪᠠᠨ ᠲᠠᠷᠬᠠᠭᠠᠭᠰᠠᠨ ﹇2013﹈ 64 ᠳ᠋ᠤᠭᠠᠷ︶ ᠬᠦᠴᠦᠨ ᠦᠬᠡᠢ ᠪᠤᠯᠤᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号