ᠬᠠᠷ᠎ᠠ ᠬᠤᠳᠠ ᠶᠢᠨ ᠪᠠᠭᠤᠷᠢ ᠳᠤ ᠢᠷᠠᠭᠤ ᠨᠠᠶᠢᠷᠠᠭ ᠤᠨ ᠴᠢᠭᠤᠯᠭᠠᠨ ᠪᠤᠯᠤᠯ᠎ᠠ
ᠨᠡᠶᠢᠲᠡᠯᠡᠭᠰᠡᠨ ᠴᠠᠭ᠄
2018-10-30
        ᠠᠯᠳᠠᠨ ᠨᠠᠮᠤᠷ ᠤᠨ ᠰᠡᠬᠦᠯ ᠬᠤᠷᠢᠶᠠᠭᠰᠠᠨ 10 ᠰᠠᠷ᠎ᠠ ᠶᠢᠨ 26᠎ ᠤ ᠡᠳᠦᠷ᠂ ᠡᠬᠡᠷᠡᠮ᠎ᠡ ᠭᠤᠪᠢ ᠶᠢᠨ ᠬᠦᠨ ᠳᠤ ᠨᠦᠢᠷᠰᠤᠭᠰᠠᠨ ᠡᠷᠳᠡᠨ ᠤ ᠬᠤᠳᠠ ᠶᠢᠨ ᠪᠠᠭᠤᠷᠢ — ᠬᠠᠷ᠎ᠠ ᠬᠤᠳᠠ ᠪᠠᠶᠠᠷ ᠬᠦᠷ ᠢᠶᠠᠷ ᠪᠢᠯᠬᠠᠵᠦ ᠢᠷᠠᠭᠤ ᠨᠠᠶᠢᠷᠠᠭ ᠢᠶᠠᠷ ᠴᠠᠯᠬᠢᠵᠦ ᠪᠠᠶᠢᠯ᠎ᠠ᠃        ᠦᠪᠦᠷ ᠮᠤᠩᠭᠤᠯ ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ᠂ ︽ᠦᠨᠢᠷ ᠴᠡᠴᠡᠭ︾ ᠰᠡᠳᠬᠦᠯ ᠤᠨ ᠬᠤᠷᠢᠶ᠎ᠠ ᠪᠠ ᠠᠯᠠᠱᠠ ᠠᠶᠢᠮᠠᠭ ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ ᠠᠴᠠ ᠭᠤᠤᠯᠴᠢᠯᠠᠨ ᠡᠷᠬᠢᠯᠡᠵᠦ᠂ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠤᠷᠳᠤᠨ᠂ ᠰᠤᠶᠤᠯ ᠤᠨ ᠲᠤᠪᠴᠢᠶᠠᠨ ᠠᠴᠠ ᠲᠠᠭᠠᠭᠠᠨ ᠡᠷᠬᠢᠯᠡᠭᠰᠡᠨ ︽ᠲᠤᠷᠤᠨᠠᠳᠠᠬᠢᠨ ᠤ ᠡᠬᠡᠰᠢᠭᠯᠡᠩ︾ ᠬᠠᠷ᠎ᠠ ᠬᠤᠳᠠ ᠶᠢᠨ ᠢᠷᠠᠭᠤ ᠨᠠᠶᠢᠷᠠᠭ ᠤᠨ ᠴᠢᠭᠤᠯᠭᠠᠨ ᠡᠨᠡᠬᠦ ᠶᠡᠭᠡ ᠡᠯᠡᠰᠦᠨ ᠤ ᠬᠦᠯ ᠳᠤ ᠲᠠᠷᠤᠭᠳᠠᠭᠰᠠᠨ ᠡᠵᠡᠬᠦᠢ ᠴᠡᠷᠢᠭ ᠤᠨ ᠬᠤᠸᠠᠷᠠᠨ ᠳᠤ ᠢᠳᠡ ᠬᠦᠭ ᠲᠠᠢ ᠶᠠᠪᠤᠭᠳᠠᠵᠦ᠂ ᠢᠷᠠᠭᠤ ᠨᠠᠶᠢᠷᠠᠭ ᠤᠨ ᠤᠶᠠᠩᠭᠠᠯᠠᠯ ᠳᠤ ᠰᠤ · ᠡᠷᠳᠡᠨᠢ᠂ ᠮ᠊ · ᠼᠡᠳᠡᠨᠪᠠᠯ᠂ ᠡ᠊ · ᠪᠤᠯᠤᠳ᠂ ᠠᠯᠳᠠᠨᠪᠠᠶᠠᠷ᠂ ᠮᠦᠩᠭᠡᠨᠠᠰᠤᠨ ᠵᠢᠴᠢ ᠡᠵᠡᠨ᠎ᠡ ᠬᠤᠰᠢᠭᠤᠨ ᠤ ᠲ᠊ · ᠪᠠᠳᠤᠪᠤᠶᠠᠨ᠂ ᠰᠠᠯᠬᠢᠴᠢ᠂ ᠰᠤᠶᠤᠯᠪᠠᠭᠠᠳᠤᠷ᠂ ᠢᠯᠠᠯᠳᠠ ᠵᠡᠷᠭᠡ ᠰᠢᠯᠦᠭᠴᠢᠳ ᠠᠪᠢᠶᠠᠰ ᠪᠢᠯᠢᠭ ᠢᠶᠠᠨ ᠰᠤᠷᠢᠬᠰᠠᠠ ᠪᠠᠶᠢᠨ᠎ᠠ᠃
 
ᠢᠷᠡᠯᠲᠡ᠄ ᠠᠯᠠᠱᠠ ᠶᠢᠨ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号