10 ᠰᠠᠷ᠎ᠠ ᠶᠢᠨ 3 ᠤ ᠡᠳᠦᠷ ᠤᠨ 20:00 ᠴᠠᠭ ᠲᠤ᠂ 2018 ᠳᠤᠮᠳᠠᠳᠤ ᠤᠯᠤᠰ · ᠡᠵᠡᠨ᠎ᠡ ᠶᠢᠨ | ᠠᠷᠪᠠ ᠶᠢᠰᠦᠳᠡᠭᠢ ᠬᠤᠭᠤᠴᠠᠭᠠᠨ ᠤ ᠤᠯᠠᠨ ᠤᠯᠤᠰ ᠤᠨ ᠠᠯᠳᠠᠨ ᠰᠢᠷᠭᠠᠯ ᠳᠤᠤᠷᠠᠢ ᠶᠢᠨ ᠠᠮᠢ ᠠᠬᠤᠢ ᠶᠢᠨ | ᠵᠢᠭᠤᠯᠴᠢᠯᠠᠯ ᠤᠨ ᠨᠠᠶᠢᠷ ᠥᠪᠡᠳᠡᠭᠰᠢ ᠶᠡᠬᠡᠪᠡᠷ ᠡᠬᠢᠯᠡᠵᠦ᠂ ᠭᠤᠴᠤ ᠰᠠᠶᠢᠬᠠᠨ ᠤᠷᠠᠨ ᠰᠠᠶᠢᠬᠠᠨ ᠤ ᠲᠤᠭᠯᠠᠯᠳᠠ ᠪᠠᠷ | ᠦᠵᠡᠭᠴᠢ ᠤᠯᠠᠨ ᠢᠶᠠᠨ ᠪᠠᠶᠠᠷᠯᠠᠭᠤᠯᠤᠭᠰᠠᠨ ᠪᠠᠶᠢᠨ᠎ᠠ᠃ | ᠡᠬᠢᠯᠡᠯᠳᠡ ᠶᠢᠨ ᠶᠤᠰᠤᠯᠠᠯ ᠤᠨ ᠤᠷᠠᠨ ᠰᠠᠶᠢᠬᠠᠨ ᠤ ᠲᠤᠭᠯᠠᠯᠳᠠ ᠨᠢ ︽ᠥᠯᠵᠡᠢ ᠮᠥᠷ ᠲᠠᠢ︾ ᠭᠡᠮᠡᠭᠦ | ᠪᠦᠵᠢᠭ ᠤᠨ ᠳᠤᠮᠳᠠ ᠡᠬᠢᠯᠡᠯᠳᠡ ᠶᠢᠨ ᠬᠦᠰᠢᠭᠡ ᠪᠠᠨ ᠢᠷᠡᠵᠦ᠂ ᠮᠤᠷᠢᠨ ᠬᠤᠭᠤᠷ᠂ ᠪᠢᠢᠯᠡᠭᠡ ᠵᠡᠷᠭᠡ ᠡᠵᠡᠨ᠎ᠡ | ᠨᠤᠳᠤᠭ ᠤᠨ ᠤᠨᠴᠠᠯᠢᠭ ᠢ ᠬᠠᠷᠠᠭᠤᠯᠤᠭᠰᠠᠨ ᠳᠠᠭᠤᠤ ᠪᠦᠵᠢᠭ᠂ ᠳᠤᠤᠷᠠᠢ ᠶᠢᠨ ᠨᠠᠶᠢᠷ ᠤᠨ ᠤᠷᠠᠨ ᠰᠠᠶᠢᠬᠠᠨ ᠤ | ᠦᠳᠡᠰᠢᠯᠡᠭᠡ ᠶᠢ ᠵᠤᠷᠢᠵᠦ ᠢᠷᠡᠭᠰᠡᠨ ᠬᠠᠮᠳᠤᠯᠢᠭ ᠨᠤᠭᠤᠳ ᠤᠨ ᠭᠤᠴᠤ ᠰᠠᠶᠢᠬᠠᠨ ᠲᠤᠭᠯᠠᠯᠳᠠ ᠨᠢ ᠦᠳᠡᠰᠢᠯᠡᠭᠡ ᠳᠤ | ᠬᠦᠭ ᠨᠠᠮᠠᠷᠢᠯᠠᠵᠠᠢ᠃ ᠨᠠᠩ ᠴᠦ ᠳᠠᠭᠤᠴᠢᠨ ᠳᠡᠳᠮ᠎ᠡ ᠪᠤᠯᠤᠨ ᠲᠡᠭᠦᠨ ᠤ ᠭᠡᠷ ᠤᠨ ᠬᠥᠮᠥᠰ᠂ ᠵᠠᠯᠠᠭᠤ ᠳᠠᠭᠤᠴᠢᠨ | ᠪᠤᠤ ᠲᠢᠶᠠᠨ ᠪᠤᠤ ᠨᠠᠷ ᠦᠳᠡᠰᠢᠯᠡᠭᠡ ᠳᠤ ᠰᠠᠭᠠᠳᠠᠨ ᠬᠥᠭᠵᠢᠶᠡᠨ ᠨᠡᠮᠡᠵᠦ᠂ ᠦᠵᠡᠭᠴᠢ ᠲᠦᠮᠡᠨ ᠢᠶᠠᠨ ᠪᠠᠶᠠᠰᠬᠠᠭᠰᠠᠨ | ᠪᠠᠶᠢᠨ᠎ᠠ᠃ | ᠡᠵᠡᠨ᠎ᠡ ᠬᠤᠰᠢᠭᠤ ᠭᠠᠵᠠᠷ ᠤᠷᠤᠨ ᠤ ᠤᠨᠴᠠᠯᠢᠭ ᠲᠠᠭᠠᠨ ᠵᠤᠬᠢᠴᠠᠭᠤᠯᠤᠨ ᠵᠢᠭᠤᠯᠴᠢᠯᠠᠯ ᠤᠨ | ᠦᠢᠯᠡᠰ ᠢᠶᠠᠨ ᠬᠥᠭᠵᠢᠭᠦᠯᠵᠦ᠂ ᠠᠯᠳᠠᠨ ᠰᠢᠷᠭᠠᠯ ᠳᠤᠤᠷᠠᠢ ᠶᠢᠨ ᠨᠠᠶᠢᠷ ᠢ ᠰᠤᠶᠤᠯ ᠤᠨ ᠨᠡᠷᠡᠳᠦ ᠲᠡᠮᠳᠡᠭ ᠪᠤᠯᠭᠠᠨ | 2000 ᠤᠨ ᠳᠤ ᠡᠬᠢᠯᠡᠵᠦ ᠡᠷᠬᠢᠯᠡᠭᠰᠡᠨ ᠠᠴᠠ ᠥᠨᠥ ᠪᠤᠯᠬᠤ ᠳᠤ ᠠᠷᠪᠠ ᠶᠢᠰᠦᠳᠡᠭᠢ ᠵᠢᠯ ᠤᠨ ᠨᠠᠮᠦᠷ ᠢᠶᠠᠨ | ᠤᠭᠳᠤᠨ ᠠᠪᠴᠤ ᠪᠤᠢ᠃ ︽ᠤᠯᠠᠨ ᠤᠯᠤᠰ ᠤᠨ ᠰᠢᠷᠭᠠᠯ ᠳᠤᠤᠷᠠᠢ ᠶᠢᠨ ᠠᠮᠢ ᠠᠬᠤᠢ ᠶᠢᠨ ᠵᠢᠭᠤᠯᠴᠢᠯᠠᠯ ᠤᠨ | ᠨᠠᠶᠢᠷ︾ ᠵᠢᠯ ᠠᠴᠠ ᠵᠢᠯ ᠥᠷᠭᠡᠵᠢᠨ ᠥᠪᠥᠷ ᠮᠤᠩᠭᠤᠯ ᠤᠨ ᠭᠤᠷᠪᠠᠨ ᠶᠡᠭᠡ ᠪᠠᠶᠠᠷ ᠲᠤᠷᠠᠰᠬᠠᠯᠳᠤ ᠨᠠᠶᠢᠷ ᠤᠨ ᠨᠢᠭᠡᠨ | ᠪᠤᠯᠤᠭᠰᠠᠨ ᠪᠠᠶᠢᠨ᠎ᠠ᠃ ᠡᠨᠡ ᠵᠢᠯ ᠤᠨ ᠤᠯᠠᠨ ᠤᠯᠤᠰ ᠤᠨ ᠠᠯᠳᠠᠨ ᠰᠢᠷᠭᠠᠯ ᠳᠤᠤᠷᠠᠢ ᠶᠢᠨ ᠠᠮᠢ ᠠᠬᠤᠢ ᠶᠢᠨ | ᠵᠢᠭᠤᠯᠴᠢᠯᠠᠯ ᠤᠨ ᠨᠠᠶᠢᠷ ᠨᠢ ᠪᠤᠯᠵᠤᠭ᠎ᠠ ᠶᠤᠰᠤᠭᠠᠷ ᠶᠠᠪᠤᠭᠳᠠᠵᠦ᠂ ᠳᠥᠷᠪᠡᠨ ᠵᠦᠭ ᠨᠠᠢᠮᠠᠨ ᠵᠤᠪᠬᠢᠰ ᠠᠴᠠ | ᠬᠦᠷᠦᠯᠴᠡᠨ ᠢᠷᠡᠭᠰᠡᠨ ᠵᠢᠭᠤᠯᠴᠢᠳ ᠢᠶᠠᠨ ᠤᠭᠳᠤᠨ ᠠᠪᠤᠯ᠎ᠠ᠃ |