ᠬᠡᠷᠡᠭ ᠤᠨ ᠵᠢᠱᠢᠶ᠎ᠠ | 2017 ᠤᠨ ᠤ 10 ᠰᠠᠷ᠎ᠠ ᠳᠤ᠂ ᠯᠢᠦ ᠠᠪᠠᠭ᠋ᠠᠢ ᠶᠢᠨ ᠨᠠᠶᠢᠵᠠ ᠨᠢ ᠲᠡᠭᠦᠨ ᠠᠴᠠ ᠵᠤᠭᠤᠰ ᠵᠢᠭᠡᠯᠡᠬᠦ | ᠭᠡᠰᠡᠨ ᠳᠤ᠂ ᠨᠠᠶᠢᠷ ᠵᠢᠷᠤᠮ ᠢ ᠡᠷᠬᠢᠮᠯᠡᠳᠡᠭ ᠯᠢᠦ ᠠᠪᠠᠭ᠋ᠠᠢ ᠪᠠᠷᠢᠨ ᠳᠤᠤᠷ᠎ᠠ ᠨᠢ 14000 ᠲᠦᠭᠦᠷᠢᠭ ᠢᠶᠠᠨ | ᠵᠢᠷᠭᠢᠶ᠎ᠠ ᠪᠠᠷ ᠢᠶᠠᠨ ᠳᠠᠮᠵᠢᠭᠤᠯᠣᠨ ᠨᠦᠭᠦᠭᠡ ᠡᠲᠡᠭᠡᠳ ᠲᠤ ᠳᠠᠩᠰᠠ ᠰᠢᠯᠵᠢᠭᠦᠯᠦᠨ ᠶᠠᠪᠤᠭᠤᠯᠵᠠᠢ᠃ ᠭᠡᠲᠡᠯ᠎ᠠ ᠵᠢᠷᠭᠢᠶ᠎ᠠ | ᠳᠡᠭᠡᠷ᠎ᠠ ᠳᠠᠩᠰᠠ ᠰᠢᠯᠵᠢᠭᠦᠯᠬᠦ ᠬᠤᠷᠣᠮ ᠵᠠᠭᠤᠷ᠎ᠠ ᠳᠤ ᠵᠢᠷᠭᠢᠶ᠎ᠠ ᠶᠢᠨ ᠨᠢᠭᠤᠷ ᠲᠤ ᠪᠤᠰᠤᠳ ᠵᠤᠭᠤᠭᠳᠠᠬᠤ | ᠴᠤᠩᠬᠤᠪᠴᠢ ᠢᠯᠡᠷᠡᠭᠰᠡᠨ ᠢ ᠯᠢᠦ ᠠᠪᠠᠭ᠋ᠠᠢ ᠰᠠᠨᠠᠭᠠᠨ ᠳᠠᠭᠠᠨ ᠠᠪᠤᠭᠰᠠᠨ ᠦᠭᠡᠢ ᠪᠠᠷ᠂ ᠰᠠᠨᠠᠮᠰᠠᠷ ᠦᠭᠡᠢ ᠪᠠᠷ ᠦᠯᠦ | ᠲᠠᠨᠢᠬᠤ ᠬᠦᠮᠦᠨ ᠤ ᠵᠢᠷᠭᠢᠶ᠎ᠠ ᠳᠡᠭᠡᠷ᠎ᠠ ᠵᠤᠭᠤᠰ ᠢᠶᠠᠨ ᠰᠢᠯᠵᠢᠭᠦᠯᠦᠨ ᠶᠠᠪᠤᠭᠤᠯᠴᠢᠬᠠᠭᠰᠠᠨ ᠪᠠᠶᠢᠪᠠ᠃ | ᠬᠡᠳᠦᠨ ᠮᠢᠨᠦ᠋ᠲ ᠤᠨ ᠳᠠᠷᠠᠭ᠎ᠠ᠂ ᠯᠢᠦ ᠠᠪᠠᠭ᠋ᠠᠢ ᠭᠡᠨᠡᠳᠲᠡ ᠳᠠᠩᠰᠠ ᠪᠠᠨ ᠪᠤᠷᠤᠭᠤ ᠰᠢᠯᠵᠢᠭᠦᠯᠦᠭᠰᠡᠨ ᠢᠶᠠᠨ | ᠰᠡᠭᠡᠰᠬᠢᠵᠦ᠂ ᠮᠦᠩᠬᠦ ᠶᠠᠪᠤᠭᠤᠯᠤᠭᠰᠠᠨ ᠡᠲᠡᠭᠡᠳ ᠲᠤ ᠭᠠᠷ ᠤᠲᠠᠰᠤᠨ ᠤ ᠳᠠᠷᠤᠪᠴᠢ ᠶᠢ ᠪᠤᠷᠤᠭᠤ ᠳᠠᠷᠤᠵᠦ | ᠮᠦᠩᠬᠦ ᠪᠠᠨ ᠤᠨᠳᠤᠤ ᠬᠦᠮᠦᠨ ᠳᠤ ᠰᠢᠯᠵᠢᠭᠦᠯᠦᠨ ᠶᠠᠪᠤᠭᠤᠯᠤᠭᠰᠠᠨ ᠤᠴᠢᠷ ᠶᠠᠪᠤᠳᠠᠯ ᠢᠶᠠᠨ ᠲᠠᠶᠢᠯᠪᠤᠷᠢᠯᠠᠵᠦ᠂ | ᠮᠦᠩᠬᠦ ᠪᠠᠨ ᠪᠤᠴᠠᠭᠠᠵᠦ ᠠᠪᠬᠤ ᠭᠡᠰᠡᠨ ᠳᠤ᠂ ᠲᠡᠷᠡᠬᠦ ᠵᠢᠷᠭᠢᠶ᠎ᠠ ᠶᠢᠨ ᠡᠵᠡᠨ ᠨᠢ ᠵᠦᠪᠰᠢᠶᠡᠷᠡᠵᠦ᠂ ᠰᠢᠯᠵᠢᠭᠦᠯᠦᠨ | ᠶᠠᠪᠤᠭᠤᠯᠤᠭᠰᠠᠨ ᠵᠤᠭᠤᠰ ᠢ ᠨᠢ ᠲᠤᠰᠤᠨ ᠠᠪᠤᠪᠠ᠃ ᠯᠢᠦ ᠠᠪᠠᠭ᠋ᠠᠢ ᠬᠡᠳᠦᠨ ᠮᠢᠨᠦ᠋ᠲ ᠬᠦᠯᠢᠶᠡᠭᠰᠡᠨ ᠳᠤ ᠮᠦᠩᠬᠦᠨ ᠤ | ᠬᠢᠨᠢ ᠪᠡᠷ᠎ᠠ ᠰᠤᠷᠠᠭ ᠠᠯᠠᠭ᠎ᠠ᠃ ᠲᠡᠭᠡᠭᠡᠳ ᠯᠢᠦ ᠠᠪᠠᠭ᠋ᠠᠢ ᠤᠯᠠᠨ ᠤᠳᠠᠭ᠎ᠠ ᠴᠢᠮᠡᠭᠡ ᠶᠠᠪᠤᠭᠤᠯᠵᠦ ︽ᠮᠢᠨᠦ ᠮᠦᠩᠬᠦ ᠶᠢ | ᠪᠤᠴᠠᠭᠠᠵᠤ ᠦᠭᠭᠦᠭᠡᠷᠡᠢ︾ ᠭᠡᠵᠦ ᠲᠠᠶᠢᠯᠪᠦᠷᠢᠯᠠᠨ ᠱᠠᠭᠠᠷᠳᠠᠭᠰᠠᠨ ᠴᠤ ᠬᠠᠷᠢᠭᠤ ᠴᠢᠮᠡᠭᠡ ᠤᠯᠤᠭᠰᠠᠨ ᠦᠭᠡᠢ᠃ | ᠬᠠᠮᠤᠭ ᠤᠨ ᠰᠡᠭᠦᠯ ᠳᠤ᠂ ᠯᠢᠣ ᠠᠪᠠᠭ᠋ᠠᠢ ᠶᠢᠨ ᠵᠣᠭᠤᠰ ᠢ ᠲᠣᠰᠴᠣ ᠠᠪᠣᠬᠰᠠᠨ ᠵᠢᠷᠭᠢᠶ᠎ᠠ ᠶᠢᠨ ᠦᠯᠦ ᠲᠠᠨᠢᠬᠤ | ᠬᠦᠮᠦᠨ ᠯᠢᠦ ᠠᠪᠠᠭ᠋ᠠᠢ ᠶᠢ ᠵᠢᠷᠭᠢᠶ᠎ᠠ ᠶᠢᠨ ᠢᠶᠠᠨ ᠦᠯᠦ ᠲᠠᠨᠢᠭᠴᠢ ᠶᠢᠨ ᠳᠠᠩᠰᠠᠨ ᠳᠤ ᠲᠠᠲᠠᠨ ᠤᠷᠤᠭᠤᠯᠵᠦ ᠨᠢᠭᠤᠷ | ᠪᠤᠷᠤᠭᠤᠯᠠᠪᠠ᠃ ᠯᠢᠦ ᠠᠪᠠᠭ᠋ᠠᠢ ᠶᠢᠨ ᠬᠡᠯᠡᠬᠦ ᠪᠠᠷ᠂ ︽ᠮᠢᠨᠤ ᠪᠤᠷᠤᠭᠤ ᠶᠠᠪᠤᠭᠤᠯᠤᠭᠰᠠᠨ ᠵᠤᠭᠤᠰ ᠢ ᠳᠤᠰᠴᠤ | ᠠᠪᠤᠭᠰᠠᠨ ᠡᠨᠡ ᠵᠢᠷᠭᠢᠶ᠎ᠠ ᠶᠢᠨ ᠨᠠᠶᠢᠵᠠ ᠪᠤᠯ᠂ ᠦᠩᠬᠡᠷᠡᠭᠰᠡᠨ ᠳᠤ ᠰᠠᠨᠠᠭᠠᠨ ᠳᠤ ᠦᠭᠡᠢ ᠨᠡᠮᠡᠵᠦ ᠠᠪᠤᠭᠰᠠᠨ | ᠵᠢᠷᠭᠢᠶ᠎ᠡ ᠶᠢᠨ ᠨᠠᠶᠢᠵᠠ ᠪᠠᠶᠢᠵᠦ᠂ ᠢᠷᠡᠯ ᠭᠠᠷᠤᠯ ᠢ ᠨᠢ ᠤᠭᠲᠤᠬᠠᠨ ᠴᠤ ᠮᠡᠳᠡᠬᠦ ᠦᠭᠡᠢ ᠲᠤᠯᠠ ᠨᠢᠭᠤᠷ ᠵᠤᠯᠭᠠᠵᠦ | ᠲᠠᠨᠢᠬᠤ ᠳᠤ ᠲᠦᠪᠡᠭᠲᠠᠢ︾ ᠭᠡᠨ᠎ᠡ᠃ ᠯᠢᠦ ᠠᠪᠠᠭ᠋ᠠᠢ ᠲᠡᠭᠡᠭᠡᠳ ᠵᠢᠷᠭᠢᠶ᠎ᠠ ᠶᠢᠨ ᠦᠢᠯᠡᠴᠢᠯᠡᠬᠦ ᠳᠠᠪᠴᠠᠩ ᠳᠤ | ᠤᠲᠠᠰᠤᠳᠠᠵᠦ ᠠᠰᠠᠭᠤᠨ ᠯᠠᠪᠯᠠᠭᠰᠠᠨ ᠳᠤ᠂ ᠬᠤᠪᠢ ᠬᠦᠮᠦᠨ ᠤ ᠨᠢᠭᠤᠴᠠ ᠶᠢ ᠬᠠᠮᠠᠭᠠᠯᠠᠬᠤ ᠶᠢᠨ ᠲᠤᠰᠠᠳᠠ | ᠵᠢᠷᠭᠢᠶ᠎ᠠ ᠶᠢᠨ ᠦᠢᠯᠡᠴᠢᠯᠡᠬᠦ ᠳᠠᠪᠴᠠᠩ ᠤᠨ ᠬᠢᠨ ᠲᠡᠭᠦᠨ ᠤ ᠨᠦᠭᠦᠭᠡ ᠡᠲᠡᠭᠡᠳ ᠤᠨ ᠮᠡᠳᠡᠭᠡ ᠵᠠᠩᠬᠢ ᠶᠢ ᠠᠰᠠᠭᠤᠨ | ᠯᠠᠪᠯᠠᠬᠤ ᠭᠡᠰᠡᠨ ᠱᠠᠭᠠᠷᠳᠠᠯᠭ᠎ᠠ ᠶᠢ ᠨᠢ ᠳᠡᠪᠴᠢᠪᠡ᠃ ᠯᠢᠦ ᠠᠪᠠᠭ᠋ᠠᠢ ᠰᠢᠭᠦᠬᠦ ᠬᠤᠷᠢᠶᠠᠨ ᠳᠤ ᠵᠠᠭᠠᠯᠳᠤᠬᠤ ᠪᠠᠷ | ᠭᠤᠶᠤᠴᠢᠯᠬᠠᠰᠠᠨ ᠳᠤ ︽ᠵᠠᠭᠠᠯᠳᠤᠭᠳᠠᠭᠴᠢ ᠶᠢᠨ ᠤᠪᠤᠭ ᠨᠡᠷ᠎ᠠ ᠪᠤᠯᠤᠨ ᠪᠡᠶ᠎ᠠ ᠶᠢᠨ ᠢᠷᠡᠯ ᠭᠠᠷᠤᠯ ᠢ | ᠲᠤᠳᠤᠷᠬᠠᠢᠢᠯᠠᠬᠤ ᠴᠢᠬᠤᠯᠠ ᠲᠠᠢ︾ ᠭᠡᠵᠦ ᠵᠠᠭᠠᠯᠳᠤᠯᠭ᠎ᠠ ᠶᠢ ᠪᠤᠴᠠᠭᠠᠪᠠ᠃ | ᠬᠠᠤᠯᠢᠴᠢ ᠶᠢᠨ ᠵᠠᠳᠠᠯᠤᠯᠲᠠ | ᠨᠢᠬᠡ᠂ ᠵᠢᠷᠭᠢᠶ᠎ᠠ ᠳᠡᠭᠡᠷ᠎ᠠ ᠵᠤᠭᠤᠰ ᠢᠶᠠᠨ ᠳᠠᠩᠰᠠ ᠰᠢᠯᠵᠢᠭᠦᠯᠦᠨ ᠠᠳᠡᠬᠦᠦ ᠪᠠᠷ ᠶᠠᠪᠤᠭᠤᠯᠪᠠᠯ ᠨᠦᠭᠦᠭᠡ | ᠡᠲᠡᠭᠡᠳ ᠨᠢ ᠬᠠᠤᠯᠢ ᠴᠠᠭᠠᠵᠠ ᠶᠢᠨ ᠬᠠᠷᠢᠭᠤᠴᠠᠯᠭ᠎ᠠ ᠡᠬᠦᠷᠭᠡᠯᠡᠨ᠎ᠠ ᠤᠤ︖ | ᠵᠤᠭᠤᠰ ᠬᠤᠷᠢᠶᠠᠨ ᠤᠯᠤᠭᠴᠢ ᠶᠢᠨ ᠲᠠᠯ᠎ᠠ ᠠᠴᠠ ᠠᠪᠴᠣ ᠬᠡᠯᠡᠪᠡᠯ᠂ ᠡᠨᠡ ᠬᠦ ︽ᠵᠦᠭᠡᠷ ᠤᠯᠤᠭᠰᠠᠨ ᠡᠳ᠋ | ᠠᠰᠢᠭ︾ ᠨᠢ ᠵᠦᠢ ᠪᠤᠰᠤ ᠤᠷᠤᠯᠭ᠎ᠠ ᠳᠤ ᠲᠤᠭᠠᠴᠠᠭᠳᠠᠨ᠎ᠠ᠃ ︽ᠢᠷᠭᠡᠨ ᠤ ᠬᠡᠷᠡᠭ ᠤᠨ ᠶᠡᠷᠦᠩᠬᠡᠢ ᠳᠦᠷᠢᠮ︾ ᠤᠨ | ᠶᠡᠷᠡᠨ ᠬᠤᠶᠠᠳᠤᠭᠠᠷ ᠵᠦᠢᠯ ᠳᠤ᠄ ︽ᠬᠠᠤᠯᠢ ᠴᠠᠭᠠᠵᠠ ᠶᠢᠨ ᠦᠨᠳᠦᠰᠦᠯᠡᠯ ᠦᠭᠡᠢ ᠪᠠᠷ ᠤᠯᠤᠭᠰᠠᠨ ᠵᠦᠢ ᠪᠤᠰᠤ ᠡᠳ᠋ | ᠠᠰᠢᠭ ᠨᠢ ᠪᠤᠰᠤᠳ ᠲᠤ ᠬᠤᠬᠢᠷᠠᠯ ᠰᠦᠢᠲᠦᠯ ᠤᠴᠠᠷᠠᠭᠤᠯᠤᠭᠰᠠᠨ ᠪᠠᠶᠢᠪᠠᠯ ᠵᠦᠢ ᠪᠤᠰᠤ ᠡᠳ᠋ ᠠᠰᠢᠭ ᠢᠶᠠᠨ | ᠬᠤᠬᠢᠷᠠᠯ ᠠᠮᠰᠠᠭᠴᠢᠳ ᠲᠤ ᠪᠤᠴᠠᠭᠠᠨ ᠦᠭᠬᠦ ᠬᠡᠷᠡᠭᠲᠠᠢ︾ ᠭᠡᠵᠦ ᠲᠤᠭᠲᠠᠭᠠᠵᠠᠢ᠃ ᠬᠡᠷᠪᠡ ᠵᠢᠷᠭᠢᠶ᠎ᠠ ᠳᠡᠭᠡᠷ᠎ᠠ | ᠵᠤᠭᠤᠰ ᠮᠦᠩᠬᠦ ᠪᠠᠨ ᠠᠳᠡᠬᠦᠦ ᠪᠠᠷ ᠶᠠᠪᠤᠭᠤᠯᠤᠭᠰᠠᠨ ᠪᠠᠶᠢᠪᠠᠯ᠂ ᠮᠦᠩᠬᠦ ᠶᠢᠨ ᠡᠵᠡᠨ ᠴᠠᠭ ᠳᠠᠷᠤᠢ ᠳᠤᠨᠢ ᠨᠦᠭᠦᠭᠡ | ᠡᠲᠡᠭᠡᠳ ᠲᠠᠢ ᠬᠠᠷᠢᠴᠠᠵᠦ᠂ ᠤᠴᠢᠷ ᠪᠠᠶᠢᠳᠠᠯ ᠢᠶᠠᠨ ᠲᠤᠳᠤᠷᠬᠠᠢᠢᠯᠠᠨ᠂ ᠨᠦᠭᠦᠭᠡ ᠡᠲᠡᠭᠡᠳ ᠢᠶᠠᠨ ᠪᠤᠴᠠᠭᠠᠨ | ᠦᠭᠭᠦᠭᠦᠯᠬᠦ ᠪᠠᠷ ᠱᠠᠭᠠᠷᠳᠠᠵᠦ ᠪᠤᠯᠤᠨ᠎ᠠ᠂ ᠨᠦᠭᠦᠭᠡ ᠡᠲᠡᠭᠡᠳ ᠨᠢ ᠪᠤᠴᠠᠭᠠᠨ ᠦᠭᠬᠦ ᠡᠭᠦᠷᠭᠡ ᠲᠠᠢ ᠪᠠᠶᠢᠳᠠᠭ᠃ | ᠬᠤᠶᠠᠷ᠂ ᠨᠦᠭᠦᠭᠡ ᠡᠲᠡᠭᠡᠳ ᠤᠨ ᠢᠶᠠᠨ ᠪᠡᠶ᠎ᠠ ᠶᠢᠨ ᠢᠷᠡᠯ ᠭᠠᠷᠤᠯ ᠤᠨ ᠮᠡᠳᠡᠭᠡ ᠵᠠᠩᠬᠢ ᠶᠢ ᠮᠡᠳᠡᠬᠦ ᠦᠭᠡᠢ | ᠪᠤᠯ ᠶᠠᠭᠠᠬᠢᠵᠦ ᠵᠠᠭᠠᠯᠳᠤᠯᠭ᠎ᠠ ᠬᠢᠬᠦ ᠪᠤᠢ︖ | ᠵᠠᠭᠠᠯᠳᠤᠭᠳᠠᠭᠴᠢ ᠶᠢᠨ ᠪᠡᠶ᠎ᠠ ᠶᠢᠨ ᠢᠷᠡᠯ ᠭᠠᠷᠤᠯ ᠤᠨ ᠮᠡᠳᠡᠭᠡ ᠵᠠᠩᠬᠢ ᠶᠢ ᠲᠤᠳᠤᠷᠬᠠᠢ ᠪᠤᠯᠭᠠᠬᠤ ᠠᠷᠭ᠎ᠠ | ᠦᠭᠡᠢ ᠪᠠᠶᠢᠳᠠᠯ ᠳᠤ᠂ ᠤᠷᠢᠳᠠᠪᠠᠷ ᠨᠢᠭᠡ ᠬᠤᠪᠢ ᠵᠠᠭᠠᠯᠳᠤᠯᠭ᠎ᠠ ᠶᠢᠨ ᠪᠢᠴᠢᠭ ᠤᠨ ᠡᠬᠡ ᠨᠤᠤᠷᠠᠭ ᠢ ᠲᠤᠭᠤᠷᠪᠢᠵᠦ᠂ | ᠡᠷᠬᠡ ᠳᠤ ᠬᠠᠯᠳᠠᠭᠰᠠᠨ ᠭᠡᠷᠡᠴᠢ ᠪᠠᠷᠢᠮᠲᠠ ᠶᠢ ᠰᠠᠶᠢᠲᠤᠷ ᠴᠤᠭᠯᠠᠭᠤᠯᠬᠤ ᠬᠡᠷᠡᠭᠲᠠᠢ᠃ ᠬᠡᠳᠦ᠋ᠢᠪᠡᠷ ᠨᠦᠭᠦᠭᠡ ᠡᠲᠡᠭᠡᠳ | ᠴᠢᠨᠢ ᠲᠠᠨ ᠢ ᠵᠢᠷᠭᠢᠶ᠎ᠠ ᠶᠢᠨ ᠦᠯᠦ ᠲᠠᠨᠢᠬᠤ ᠬᠦᠮᠦᠨ ᠢᠶᠠᠷ ᠳᠡᠪᠴᠢᠵᠦ ᠬᠠᠶᠠᠭᠰᠠᠨ ᠪᠤᠯᠪᠠᠴᠤ᠂ ᠵᠤᠭᠤᠰ | ᠰᠢᠯᠵᠢᠭᠦᠯᠦᠨ ᠶᠠᠪᠤᠭᠤᠯᠤᠭᠰᠠᠨ ᠲᠡᠮᠳᠡᠭᠯᠡᠯ ᠴᠢᠨᠢ ᠬᠡᠪ ᠢᠶᠠᠷ ᠢᠶᠠᠨ ᠪᠠᠶᠢᠵᠦ᠂ ᠳᠠᠷᠤᠮᠠᠯᠯᠠᠨ ᠭᠠᠷᠭᠠᠵᠦ ᠪᠤᠯᠬᠤ ᠲᠤᠯᠠ | ᠰᠢᠬᠦᠬᠦ ᠬᠤᠷᠢᠶᠠᠨ ᠠᠴᠠ ᠵᠤᠭᠤᠰ ᠰᠢᠯᠵᠢᠭᠦᠯᠦᠭᠰᠡᠨ ᠤᠴᠢᠷ ᠶᠠᠪᠤᠳᠠᠯ ᠤᠨ ᠦᠨᠡᠨ ᠪᠤᠲᠠᠲᠠᠢ ᠤᠷᠤᠰᠢᠬᠤ ᠡᠰᠡᠬᠦ ᠶᠢ | ᠲᠤᠳᠤᠯᠠᠵᠦ ᠲᠡᠶᠢᠯᠦᠨ᠎ᠡ᠃ ᠡᠶᠢᠮᠦ ᠠᠴᠠ ᠵᠢᠷᠭᠢᠶ᠎ᠠ ᠳᠡᠭᠡᠷ᠎ᠠ ᠵᠤᠭᠤᠰ ᠰᠢᠯᠵᠢᠭᠦᠯᠦᠨ ᠶᠠᠪᠤᠭᠤᠯᠤᠭᠰᠠᠨ ᠲᠡᠮᠳᠡᠭᠯᠡᠯ | ᠪᠤᠯᠤᠨ ᠪᠠᠩᠬᠢ ᠶᠢᠨ ᠺᠠᠷᠲ ᠤᠨ ᠨᠠᠷᠢᠨ ᠳᠠᠩᠰᠠ ᠵᠡᠷᠭᠡ ᠪᠠᠨ ᠰᠠᠶᠢᠲᠤᠷ ᠬᠢᠮᠡᠭᠠᠳᠠᠵᠦ᠂ ᠭᠡᠷᠡᠴᠢ ᠪᠠᠷᠢᠮᠳᠠ ᠪᠤᠯᠭᠠᠨ | ᠳᠡᠭᠡᠭᠰᠢ ᠲᠤᠰᠢᠶᠠᠪᠠᠯ ᠵᠤᠬᠢᠨ᠎ᠠ᠃ | ᠭᠤᠷᠪᠠ᠂ ᠠᠯᠢ ᠰᠢᠬᠦᠬᠦ ᠬᠤᠷᠢᠶᠠᠨ ᠳᠤ ᠵᠠᠭᠠᠯᠳᠤᠪᠠᠯ ᠵᠤᠬᠢᠬᠤ ᠪᠤᠢ︖ | ᠶᠡᠷᠦ ᠳᠡᠭᠡᠨ ᠵᠠᠭᠠᠯᠳᠤᠭᠴᠢ ᠶᠢᠨ ᠰᠠᠭᠤᠭ᠎ᠠ ᠭᠠᠵᠠᠷ ᠲᠤ ᠪᠠᠶᠢᠭ᠎ᠠ ᠰᠢᠬᠦᠬᠦ ᠬᠤᠷᠢᠶ᠎ᠠ ᠳᠤ ᠵᠠᠭᠠᠯᠳᠤᠯᠭ᠎ᠠ | ᠬᠢᠳᠡᠭ᠃ ᠵᠠᠭᠠᠯᠳᠤᠯᠭ᠎ᠠ ᠪᠠᠨ ᠵᠦᠪᠬᠡᠨ ᠵᠠᠭᠠᠯᠳᠤᠭᠳᠠᠭᠴᠢ ᠶᠢᠨ ᠡᠷᠦᠬᠡ ᠠᠮᠠ ᠶᠢᠨ ᠳᠠᠩᠰᠠ ᠪᠠᠶᠢᠭ᠎ᠠ ᠰᠠᠭᠤᠭ᠎ᠠ | ᠭᠠᠵᠠᠷ ᠤᠨ ᠰᠢᠬᠦᠬᠦ ᠬᠤᠷᠢᠶᠠᠨ ᠳᠤ ᠳᠡᠪᠰᠢᠬᠦᠯᠦᠨᠠ ᠭᠡᠰᠡᠨ ᠯᠡ ᠤᠴᠢᠷ ᠪᠢᠰᠢ᠃ ᠵᠢᠷᠭᠢᠶ᠎ᠠ ᠳᠡᠭᠡᠷ᠎ᠠ ᠮᠦᠩᠬᠦ ᠪᠠᠨ | ᠰᠢᠯᠵᠢᠭᠦᠯᠦᠨ ᠶᠠᠪᠤᠭᠤᠯᠤᠭᠰᠠᠨ ᠠᠴᠠ ᠤᠯᠤᠭᠰᠠᠨ ᠠᠰᠢᠭ ᠨᠢ ᠵᠦᠢ ᠶᠤᠰᠤᠨ ᠤ ᠪᠤᠰᠤ ᠤᠷᠤᠯᠭ᠎ᠠ ᠳᠤ | ᠲᠤᠭᠠᠴᠠᠭᠳᠠᠵᠦ᠂ ᠵᠦᠢ ᠶᠤᠰᠤᠨ ᠤ ᠪᠤᠰᠤ ᠠᠰᠢᠭ ᠨᠢ ᠨᠢᠭᠡᠨᠲᠡ ᠨᠢᠭᠡ ᠵᠦᠢᠯ ᠤᠨ ᠬᠠᠤᠯᠢ ᠳᠤ ᠲᠤᠭᠲᠠᠭᠰᠠᠨ | ᠠᠪᠴᠠᠭ᠎ᠠ ᠦᠭᠴᠡᠭᠡᠨ ᠤ ᠬᠠᠷᠢᠴᠠᠭ᠎ᠠ ᠪᠤᠯᠣᠨ᠎ᠠ᠃ ᠡᠨᠡ ᠬᠦ ᠬᠠᠷᠢᠴᠠᠭ᠎ᠠ ᠶᠢᠨ ᠪᠦᠷᠢᠯᠳᠦᠭᠰᠡᠨ ᠨᠢ ᠤᠳᠤᠬᠠᠨ ᠤ | ᠬᠠᠤᠯᠢ ᠴᠠᠭᠠᠵᠠ ᠶᠢᠨ ᠲᠤᠭᠲᠠᠭᠠᠯ ᠢᠶᠠᠷ ᠪᠤᠯ᠂ ᠵᠠᠭᠠᠯᠳᠤᠭᠴᠢ ᠶᠢᠨ ᠰᠠᠭᠤᠭ᠎ᠠ ᠭᠠᠵᠠᠷ ᠤᠨ ᠰᠢᠬᠦᠬᠦ ᠬᠤᠷᠢᠶᠠᠨ ᠳᠤ | ᠵᠠᠭᠠᠯᠳᠤᠵᠦ ᠪᠤᠯᠤᠨ᠎ᠠ᠃ | ᠲᠦᠷᠪᠡ᠂ ᠢᠨᠲ᠋ᠧᠷ ᠰᠦᠯᠵᠢᠶᠡᠨ ᠤ ᠠᠵᠦ ᠠᠬᠤᠢᠢᠯᠠᠯ ᠢᠶᠠᠷ ᠬᠤᠬᠢᠷᠠᠯ ᠢᠶᠠᠨ ᠲᠦᠯᠦᠭᠦᠯᠵᠦ ᠪᠤᠯᠤᠨ᠎ᠠ ᠤᠤ︖ | | ᠵᠢᠷᠭᠢᠶ᠎ᠠ ᠳᠡᠭᠡᠷ᠎ᠠ ᠮᠦᠩᠬᠦ ᠪᠠᠨ ᠳᠠᠩᠰᠠ ᠰᠢᠯᠵᠢᠭᠦᠯᠵᠦ ᠠᠳᠡᠬᠦᠦ ᠶᠠᠪᠤᠭᠤᠯᠤᠭᠰᠠᠨ ᠨᠢ ᠬᠤᠬᠢᠷᠠᠭᠴᠢ ᠶᠢᠨ | ᠲᠤᠰ ᠪᠡᠶ᠎ᠠ ᠶᠢᠨ ᠤᠰᠤᠯ ᠠᠯᠳᠠᠭ᠎ᠠ ᠠᠴᠠ ᠪᠤᠯᠵᠦ ᠰᠦᠢᠲᠦᠭᠰᠡᠨ ᠬᠤᠬᠢᠷᠠᠯ ᠲᠤᠯᠠ ᠢᠨᠲ᠋ᠧᠷ ᠰᠦᠯᠵᠢᠶᠡᠨ ᠤ ᠠᠵᠦ | ᠠᠬᠤᠢᠢᠯᠠᠯ ᠳᠤ ᠤᠰᠤᠯ ᠠᠯᠳᠠᠭ᠎ᠠ ᠪᠠᠶᠢᠬᠤ ᠦᠭᠡᠢ᠃ ᠡᠶᠢᠮᠦ ᠠᠴᠠ ᠢᠨᠲ᠋ᠧᠷ ᠰᠦᠯᠵᠢᠶᠡᠨ ᠤ ᠠᠵᠦ ᠠᠬᠤᠢᠢᠯᠠᠯ ᠢᠶᠠᠷ | ᠬᠤᠬᠢᠷᠠᠯ ᠢᠶᠠᠨ ᠲᠦᠯᠦᠭᠦᠯᠬᠦ ᠪᠠᠷ ᠱᠠᠭᠠᠷᠳᠠᠬᠤ ᠨᠢ ᠡᠷᠭᠡ ᠠᠰᠢᠭ ᠢᠶᠠᠨ ᠬᠠᠮᠠᠭᠠᠯᠠᠬᠤ ᠳᠤ ᠪᠡᠷᠬᠡ᠃ |