ᠨᠢᠬᠡ᠂ ᠡᠩ ᠤᠨ ᠪᠠᠶᠢᠳᠠᠯ ᠳᠤ᠂ ᠲᠠ ᠬᠡᠷᠪᠡ ᠪᠤᠰᠤᠳ ᠤᠨ ᠲᠡᠵᠢᠭᠡᠵᠦ ᠪᠠᠶᠢᠭ᠎ᠠ ᠠᠮᠢᠲᠠᠨ ᠳᠤ | ᠬᠠᠵᠠᠭᠳᠠᠨ ᠳᠠᠭᠠᠷᠢᠭᠳᠠᠭᠰᠠᠨ ᠠᠴᠠ ᠭᠡᠮᠲᠦᠵᠦ ᠰᠢᠷᠬᠠᠲᠤᠪᠠᠯ᠂ ᠠᠮᠢᠲᠠᠨ ᠢ ᠲᠡᠵᠢᠭᠡᠵᠦ ᠰᠤᠷᠭᠠᠵᠦ ᠪᠠᠶᠢᠭ᠎ᠠ ᠬᠦᠮᠦᠨ | ᠪᠤᠶᠤ ᠬᠠᠮᠢᠶᠠᠷᠴᠤ ᠪᠠᠶᠢᠭ᠎ᠠ ᠬᠦᠮᠦᠨ ᠨᠢ ᠡᠷᠡᠭᠡᠯᠵᠡᠭᠡ ᠦᠭᠡᠢ ᠪᠠᠷ ᠬᠠᠷᠢᠭᠤᠴᠠᠯᠭ᠎ᠠ ᠡᠭᠦᠷᠭᠡᠯᠡᠨ᠎ᠠ᠃ | ᠬᠤᠶᠠᠷ᠂ ᠬᠤᠬᠢᠷᠠᠯ ᠠᠮᠰᠠᠭᠴᠢ ᠶᠢᠨ ᠦᠪᠡᠷ ᠤᠨ ᠬᠢᠨᠢ ᠰᠢᠯᠲᠠᠭᠠᠨ ᠠᠴᠠ ᠪᠤᠯᠤᠭᠰᠠᠨ ᠬᠠᠷᠢᠭᠤᠴᠠᠯᠭ᠎ᠠ︔ | ᠵᠢᠱᠢᠶᠡᠯᠡᠪᠡᠯ᠂ ᠲᠠ ᠬᠡᠷᠪᠡ ᠵᠤᠷᠢᠭᠤᠳᠠ ᠪᠤᠰᠤᠳ ᠤᠨ ᠨᠤᠬᠠᠢ ᠶᠢ ᠦᠳᠦᠭᠡᠵᠦ ᠪᠠᠶᠢᠭᠠᠳ ᠬᠤᠬᠢᠷᠠᠯ | ᠠᠮᠰᠠᠪᠠᠯ ᠠᠮᠢᠲᠠᠨ ᠢ ᠲᠡᠵᠢᠭᠡᠵᠦ ᠰᠤᠷᠭᠠᠵᠦ ᠪᠠᠶᠢᠭ᠎ᠠ ᠬᠦᠮᠦᠨ ᠪᠤᠶᠤ ᠬᠠᠮᠢᠶᠠᠷᠴᠤ ᠪᠠᠶᠢᠭ᠎ᠠ ᠬᠦᠮᠦᠨ ᠨᠢ | ᠬᠠᠷᠢᠭᠤᠴᠠᠯᠭ᠎ᠠ ᠦᠯᠦ ᠡᠭᠦᠷᠭᠡᠯᠡᠬᠦ ᠪᠤᠶᠤ ᠬᠠᠷᠢᠭᠤᠴᠠᠯᠭ᠎ᠠ ᠶᠢ ᠬᠦᠡᠭᠭᠡᠨ ᠡᠭᠦᠷᠭᠡᠯᠡᠨ᠎ᠠ᠃ | ︽ᠡᠷᠬᠡ ᠳᠤ ᠬᠠᠯᠳᠠᠭᠰᠠᠨ ᠬᠠᠷᠢᠭᠤᠴᠠᠯᠭ᠎ᠠ ᠶᠢᠨ ᠬᠠᠤᠯᠢ︾ ᠶᠢᠨ ᠳᠠᠯᠠᠨ ᠨᠠᠢᠮᠠᠳᠤᠭᠠᠷ ᠵᠦᠢᠯ ᠤᠨ | ᠲᠤᠭᠲᠠᠭᠠᠯ ᠳᠤ᠂ ︽ᠲᠡᠵᠢᠭᠡᠪᠦᠷᠢ ᠠᠮᠢᠲᠠᠨ ᠪᠤᠰᠤᠳ ᠲᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠠᠮᠢᠲᠠᠨ ᠤ | ᠲᠡᠵᠢᠭᠡᠭᠴᠢ ᠪᠤᠶᠤ ᠬᠠᠮᠢᠶᠠᠷᠤᠭᠴᠢ ᠨᠢ ᠡᠷᠬᠡ ᠳᠤ ᠬᠠᠯᠳᠠᠭᠰᠠᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠠᠢ᠂ ᠭᠡᠪᠡᠴᠤ | ᠬᠤᠬᠢᠷᠠᠯ ᠨᠢ ᠡᠷᠬᠡ ᠳᠤ ᠬᠠᠯᠳᠠᠭᠳᠠᠭᠴᠢ ᠶᠢᠨ ᠵᠤᠷᠢᠭᠤᠳᠠ ᠠᠴᠠ ᠪᠤᠶᠤ ᠴᠢᠬᠤᠯᠠ ᠤᠰᠤᠯ ᠠᠴᠠ ᠪᠤᠯᠤᠭᠰᠠᠨ ᠢ | ᠭᠡᠷᠡᠴᠢᠯᠡᠵᠦ ᠳᠡᠶᠢᠯᠪᠡᠯ᠂ ᠬᠠᠷᠢᠭᠤᠴᠠᠯᠭ᠎ᠠ ᠡᠭᠦᠷᠭᠡᠯᠡᠬᠦ ᠦᠭᠡᠢ ᠪᠤᠶᠤ ᠬᠠᠷᠢᠭᠤᠴᠠᠯᠭ᠎ᠠ ᠶᠢ ᠨᠢ ᠬᠦᠡᠭᠭᠡᠷᠡᠭᠦᠯᠵᠦ | ᠪᠤᠯᠤᠨ᠎ᠠ︾ ᠭᠡᠵᠦ ᠲᠤᠭᠲᠠᠭᠠᠵᠠᠢ᠃ | ᠭᠤᠷᠪᠠ᠂ ᠪᠤᠰᠤᠳ ᠬᠦᠮᠦᠨ ᠭᠦᠷᠢᠮ ᠦᠢᠯᠡᠳᠴᠤ ᠠᠮᠢᠲᠠᠨ ᠢ ᠦᠳᠦᠭᠡᠭᠰᠡᠨ ᠠᠴᠠ ᠲᠠ ᠬᠤᠬᠢᠷᠠᠯ | ᠠᠮᠰᠠᠪᠠᠯ ᠶᠠᠭᠠᠬᠢᠳᠠᠭ ᠪᠤᠢ︖ | ᠵᠢᠱᠢᠶᠡᠯᠡᠪᠡᠯ᠄ ᠵᠡᠷᠭᠡᠯᠡᠳᠡᠭᠡ ᠭᠡᠷ ᠤᠨ A ᠤᠪᠤᠭᠲᠤ ᠠᠴᠠ B ᠤᠪᠤᠭᠲᠤ ᠶᠢᠨ ᠲᠡᠵᠢᠭᠡᠭᠰᠡᠨ ᠨᠤᠬᠠᠢ ᠶᠢ | ᠦᠳᠦᠭᠡᠵᠦ ᠬᠠᠯᠳᠠᠭᠰᠠᠨ ᠠᠴᠠ ᠪᠤᠯᠵᠦ ᠲᠠᠨ ᠢ ᠬᠠᠵᠠᠵᠦ ᠰᠢᠷᠬᠠᠳᠤᠭᠤᠯᠤᠭᠰᠠᠨ ᠪᠠᠶᠢᠪᠠᠯ ᠲᠠ B ᠤᠪᠤᠭᠲᠤ ᠶᠢ | ᠡᠷᠢᠵᠦ ᠬᠤᠬᠢᠷᠠᠯ ᠢᠶᠠᠨ ᠲᠦᠯᠦᠭᠦᠯᠦᠭᠰᠡᠨ ᠴᠤ ᠪᠤᠯᠤᠨ᠎ᠠ᠂ A ᠤᠪᠤᠭᠲᠤ ᠶᠢ ᠡᠷᠢᠵᠦ ᠬᠤᠬᠢᠷᠠᠯ ᠢᠶᠠᠨ | ᠲᠦᠯᠦᠭᠦᠯᠦᠭᠰᠡᠨ ᠴᠤ ᠪᠤᠯᠤᠨ᠎ᠠ᠃ | ︽ᠡᠷᠬᠡ ᠳᠤ ᠬᠠᠯᠳᠠᠭᠰᠠᠨ ᠬᠠᠷᠢᠭᠤᠴᠠᠯᠭ᠎ᠠ ᠶᠢᠨ ᠬᠠᠤᠯᠢ︾ ᠶᠢᠨ ᠨᠠᠶᠠᠨ ᠭᠤᠷᠪᠠᠳᠤᠭᠠᠷ ᠵᠦᠢᠯ ᠤᠨ | ᠲᠤᠭᠲᠠᠭᠠᠯ ᠳᠤ᠂ ︽ᠠᠮᠢᠲᠠᠨ ᠨᠢ ᠭᠤᠷᠪᠠᠳᠡᠬᠢ ᠬᠦᠮᠦᠨ ᠤ ᠤᠰᠤᠯ ᠠᠴᠠ ᠪᠤᠯᠵᠦ ᠪᠤᠰᠤᠳ ᠲᠤ ᠬᠤᠬᠢᠷᠠᠯ | ᠤᠴᠠᠷᠠᠭᠤᠯᠤᠭᠰᠠᠨ ᠪᠠᠶᠢᠪᠠᠯ᠂ ᠡᠷᠬᠡ ᠳᠤ ᠬᠠᠯᠳᠠᠭᠳᠠᠭᠴᠢ ᠨᠢ ᠠᠮᠢᠲᠠᠨ ᠤ ᠲᠡᠵᠢᠭᠡᠭᠴᠢ ᠪᠤᠶᠤ ᠬᠠᠮᠢᠶᠠᠷᠤᠭᠴᠢ ᠠᠴᠠ | ᠲᠦᠯᠦᠪᠦᠷᠢ ᠠᠪᠬᠤ ᠪᠠᠷ ᠭᠤᠶᠤᠴᠢᠯᠠᠵᠦ ᠪᠤᠯᠤᠨ᠎ᠠ᠂ ᠭᠤᠷᠪᠠᠳᠡᠬᠢ ᠬᠦᠮᠦᠨ ᠠᠴᠠ ᠲᠦᠯᠦᠪᠦᠷᠢ ᠠᠪᠬᠤ ᠪᠠᠷ | ᠭᠤᠶᠤᠴᠢᠯᠠᠭᠰᠠᠨ ᠴᠤ ᠪᠤᠯᠤᠨ᠎ᠠ᠂ ᠠᠮᠢᠲᠠᠨ ᠤ ᠲᠡᠵᠢᠭᠡᠭᠴᠢ ᠪᠤᠶᠤ ᠬᠠᠮᠢᠶᠠᠷᠤᠭᠴᠢ ᠨᠢ ᠬᠤᠬᠢᠷᠠᠯ ᠢ | ᠲᠦᠯᠦᠭᠰᠡᠨ ᠤ ᠪᠠᠨ ᠳᠠᠷᠠᠭ᠎ᠠ ᠭᠤᠷᠪᠠᠳᠡᠬᠢ ᠬᠦᠮᠦᠨ ᠢᠶᠠᠷ ᠨᠡᠬᠡᠮᠵᠢᠯᠡᠨ ᠲᠦᠯᠦᠭᠦᠯᠬᠦ ᠡᠷᠬᠡ ᠲᠠᠢ︾ ᠭᠡᠵᠦ | ᠲᠤᠭᠲᠠᠭᠠᠪᠠ᠃ | ᠲᠦᠷᠪᠡ᠂ ᠲᠡᠵᠢᠭᠡᠬᠦ ᠶᠢ ᠴᠠᠭᠠᠵᠠᠯᠠᠭᠰᠠᠨ ᠠᠶᠤᠯ ᠲᠠᠢ ᠠᠮᠢᠲᠠᠨ ᠬᠤᠬᠢᠷᠠᠯ ᠤᠴᠠᠷᠠᠭᠤᠯᠪᠠᠯ ᠶᠠᠭᠠᠬᠢᠳᠠᠭ ᠪᠤᠢ | ︖ | ᠵᠢᠱᠢᠶᠡᠯᠡᠪᠡᠯ᠄ ᠵᠡᠷᠭᠡᠯᠡᠳᠡᠭᠡ ᠭᠡᠷ ᠤᠨ A ᠤᠪᠤᠭᠲᠤ ᠨᠢᠭᠡᠨ ᠲᠦᠪᠡᠳ ᠭᠠᠷᠵᠢ ᠨᠤᠬᠠᠢ ᠲᠡᠵᠢᠭᠡᠪᠡ᠃ ᠡᠨᠡ | ᠭᠠᠷᠵᠢ ᠨᠤᠬᠠᠢ ᠨᠢ ᠳᠠᠷᠤᠢ ᠲᠡᠵᠢᠭᠡᠬᠦ ᠶᠢ ᠴᠠᠭᠠᠵᠠᠯᠠᠭᠰᠠᠨ ᠠᠶᠤᠯ ᠲᠠᠢ ᠠᠮᠢᠲᠠᠨ ᠳᠤ ᠬᠠᠷᠢᠶᠠᠯᠠᠭᠳᠠᠨ᠎ᠠ᠃ ᠬᠡᠷᠪᠡ ᠡᠨᠡ | ᠬᠦ ᠲᠦᠪᠡᠳ ᠭᠠᠷᠵᠢ ᠨᠤᠬᠠᠢ ᠨᠢ ᠲᠠᠨ ᠢ ᠳᠠᠭᠠᠷᠢᠨ ᠰᠦᠷᠳᠡᠭᠦᠯᠵᠦ ᠬᠤᠬᠢᠷᠠᠯ ᠠᠮᠰᠠᠭᠤᠯᠬᠤ ᠳᠤ ᠯᠠ ᠬᠦᠷᠪᠡᠯ᠂ | ᠲᠠᠨ ᠤ ᠤᠰᠤᠯ ᠠᠯᠳᠠᠭ᠎ᠠ ᠠᠴᠠ ᠪᠤᠯᠤᠭᠰᠠᠨ ᠴᠤ ᠭᠡᠰᠡᠨ A ᠤᠪᠤᠭᠲᠤ ᠠᠴᠠ ᠵᠠᠪᠠᠯ ᠲᠦᠯᠦᠪᠦᠷᠢᠯᠡᠬᠦ | ᠬᠠᠷᠢᠭᠤᠴᠠᠯᠭ᠎ᠠ ᠡᠭᠦᠷᠭᠡᠯᠡᠬᠦ ᠬᠡᠷᠡᠭᠳᠡᠢ᠃ | ︽ᠡᠷᠬᠡ ᠳᠤ ᠬᠠᠯᠳᠠᠭᠰᠠᠨ ᠬᠠᠷᠢᠭᠤᠴᠠᠯᠭ᠎ᠠ ᠶᠢᠨ ᠬᠠᠤᠯᠢ︾ ᠶᠢᠨ ᠨᠠᠶᠠᠳᠤᠭᠠᠷ ᠵᠦᠢᠯ ᠤᠨ ᠲᠤᠭᠲᠠᠭᠠᠯ ᠳᠤ᠂ | ︽ᠲᠡᠵᠢᠭᠡᠬᠦ ᠶᠢ ᠴᠠᠭᠠᠵᠠᠯᠠᠭᠰᠠᠨ ᠳᠤᠭᠰᠢᠨ ᠨᠤᠬᠠᠢ ᠵᠡᠷᠭᠡ ᠠᠶᠤᠯ ᠲᠠᠢ ᠠᠮᠢᠲᠠᠨ ᠪᠤᠰᠤᠳ ᠲᠤ ᠬᠤᠬᠢᠷᠠᠯ | ᠤᠴᠠᠷᠠᠭᠤᠯᠤᠭᠰᠠᠨ ᠪᠠᠶᠢᠪᠠᠯ᠂ ᠠᠮᠢᠲᠠᠨ ᠤ ᠲᠡᠵᠢᠭᠡᠭᠴᠢ ᠪᠤᠶᠤ ᠬᠠᠮᠢᠶᠠᠷᠤᠭᠴᠢ ᠨᠢ ᠡᠷᠬᠡ ᠳᠤ ᠬᠠᠯᠳᠠᠭᠰᠠᠨ | ᠬᠠᠷᠢᠭᠤᠴᠠᠯᠭ᠎ᠠ ᠡᠭᠦᠷᠭᠡᠯᠡᠬᠦ ᠬᠡᠷᠡᠭᠲᠠᠢ︾ ᠭᠡᠵᠦ ᠲᠤᠭᠲᠠᠭᠠᠪᠠ᠃ | ᠲᠠᠪᠤ᠂ ᠳᠡᠨᠤᠬᠦᠯ ᠨᠤᠬᠠᠢ ᠵᠡᠷᠭᠡ ᠡᠵᠡᠨ ᠦᠭᠡᠢ ᠠᠮᠢᠲᠠᠨ ᠬᠤᠬᠢᠷᠠᠯ ᠠᠮᠰᠠᠭᠤᠯᠤᠭᠰᠠᠨ ᠪᠠᠶᠢᠪᠠᠯ ᠶᠠᠭᠠᠬᠢᠳᠠᠭ | ᠪᠤᠢ︖ | ᠬᠡᠷᠪᠡ ᠡᠵᠡᠨ ᠦᠭᠡᠢ ᠳᠡᠨᠤᠬᠦᠯ ᠨᠤᠬᠠᠢ ᠲᠠᠨ ᠢ ᠬᠠᠵᠠᠵᠦ ᠰᠢᠷᠬᠠᠳᠤᠭᠤᠯᠤᠭᠰᠠᠨ ᠪᠤᠯ ᠲᠠ ᠦᠪᠡᠷ ᠢ ᠪᠠᠨ | ᠠᠵᠠ ᠦᠭᠡᠢ ᠪᠠᠷ ᠬᠠᠵᠠᠭᠳᠠᠵᠦ ᠰᠢᠷᠬᠠᠳᠤᠵᠠᠢ ᠭᠡᠳ ᠦᠡᠭᠭᠡᠷᠡᠭᠦᠯᠴᠢᠬᠡᠵᠦ ᠪᠤᠯᠬᠤ ᠦᠭᠡᠢ᠃ | ︵1︶ ᠬᠡᠷᠪᠡ ᠳᠡᠨᠦᠬᠦᠯ ᠨᠤᠬᠠᠢ ᠳᠤ ᠤᠤᠯ ᠳᠠᠭᠠᠨ ᠡᠵᠡᠨ ᠲᠠᠢ ᠪᠤᠯ ᠳᠡᠷᠡ ᠬᠦ ᠡᠵᠡᠨ ᠢ ᠨᠢ ᠡᠷᠢᠵᠦ | ᠬᠤᠬᠢᠷᠠᠯ ᠢᠶᠠᠨ ᠲᠦᠯᠦᠭᠦᠯᠪᠡᠯ ᠵᠤᠬᠢᠨ᠎ᠠ᠃ | ︵2︶ ᠬᠡᠷᠪᠡ ᠳᠡᠨᠦᠬᠦᠯ ᠨᠤᠬᠠᠢ ᠶᠢᠨ ᠡᠵᠡᠨ ᠢ ᠨᠢ ᠡᠷᠢᠭᠡᠳ ᠤᠯᠤᠭᠰᠠᠨ ᠦᠭᠡᠢ᠂ ᠭᠡᠪᠡᠴᠤ ᠡᠨᠡ ᠬᠦ | ᠳᠡᠨᠦᠬᠦᠯ ᠨᠤᠬᠠᠢ ᠶᠢ ᠬᠠᠶᠠ ᠳᠠᠭᠠᠨ ᠲᠡᠵᠢᠭᠡᠳᠡᠭ ᠬᠦᠮᠦᠨ ᠢ ᠨᠢ ᠡᠷᠢᠵᠦ ᠤᠯᠤᠭᠰᠠᠨ ᠪᠠᠶᠢᠪᠠᠯ᠂ ᠡᠭᠦᠷᠭᠡᠯᠡᠬᠦ | ᠬᠠᠷᠢᠭᠤᠴᠠᠯᠭ᠎ᠠ ᠳᠤ ᠬᠤᠶᠠᠷ ᠵᠦᠯ ᠤᠨ ᠪᠠᠶᠢᠳᠠᠯ ᠲᠠᠢ᠄ ᠬᠡᠷᠪᠡ ᠳᠡᠨᠦᠬᠦᠯ ᠨᠤᠬᠠᠢ ᠳᠤ ᠦᠷᠭᠦᠯᠵᠢ ᠢᠳᠡᠰᠢ | ᠬᠠᠨᠭ᠍ᠭᠠᠭᠰᠠᠨ ᠪᠠᠶᠢᠪᠠᠯ᠂ ᠦᠨᠡᠨ ᠳᠡᠭᠡᠨ ᠡᠨᠡ ᠨᠢ ᠨᠢᠭᠡᠨᠲᠡ ᠨᠢᠭᠡ ᠵᠦᠢᠯ ᠤᠨ ᠤᠨᠴᠠᠭᠠᠢ ᠲᠡᠵᠢᠭᠡᠬᠦ ᠬᠠᠷᠢᠴᠠᠭ᠎ᠠ | ᠪᠤᠯᠵᠦ ᠪᠦᠷᠢᠯᠳᠦᠪᠡ᠂ ᠲᠡᠭᠡᠪᠡᠯ ᠲᠡᠵᠢᠭᠡᠭᠴᠢ ᠨᠢ ᠳᠠᠷᠤᠢ ᠬᠠᠮᠢᠶ᠎ᠠ ᠪᠦᠬᠦᠢ ᠬᠠᠷᠢᠭᠤᠴᠠᠯᠭ᠎ᠠ ᠶᠢ ᠡᠷᠬᠡᠪᠰᠢ ᠡᠭᠦᠷᠭᠡᠯᠡᠨ᠎ᠠ | ︔ ᠬᠡᠷᠪᠡ ᠳᠡᠨᠦᠬᠦᠯ ᠨᠤᠬᠠᠢ ᠶᠢ ᠵᠦᠪᠬᠡᠨ ᠬᠠᠶᠠ ᠳᠠᠭᠠᠨ ᠪᠤᠶᠤ ᠲᠦᠷ ᠴᠠᠭ ᠲᠡᠵᠢᠭᠡᠭᠰᠡᠨ ᠪᠠᠶᠢᠪᠠᠯ ᠬᠠᠷᠢᠭᠤᠴᠠᠯᠭ᠎ᠠ | ᠡᠭᠦᠷᠭᠡᠯᠡᠬᠦ ᠴᠢᠬᠤᠯᠠ ᠦᠭᠡᠢ᠃ | ︵3︶ ᠬᠡᠷᠪᠡ ᠲᠠ ᠵᠤᠴᠢᠳ ᠤᠨ ᠪᠠᠭᠤᠳᠠᠯ᠂ ᠬᠤᠳᠠᠯᠳᠤᠭᠠᠨ ᠤ ᠲᠠᠯᠠᠪᠠᠢ᠂ ᠪᠠᠩᠬᠢ᠂ ᠲᠡᠷᠭᠡᠨ ᠦᠷᠲᠡᠭᠡ | ᠵᠡᠷᠭᠡ ᠤᠯᠠᠠ ᠨᠡᠶᠢᠲᠡ ᠶᠢᠨ ᠲᠠᠯᠠᠪᠤᠷ ᠲᠤ ᠳᠡᠨᠦᠬᠦᠯ ᠨᠤᠬᠠᠢ ᠶᠢᠨ ᠳᠠᠭᠠᠷᠢᠯᠲᠠ ᠳᠤ ᠤᠴᠠᠷᠠᠭᠰᠠᠨ ᠪᠠᠶᠢᠪᠠᠯ᠂ ᠡᠳᠡᠭᠡᠷ | ᠤᠯᠠᠨ ᠨᠡᠶᠢᠲᠡ ᠶᠢᠨ ᠲᠠᠯᠠᠪᠠᠢ ᠶᠢᠨ ᠬᠠᠮᠢᠶᠠᠷᠤᠭᠴᠢ ᠴᠤ ᠬᠤᠯᠪᠤᠭᠳᠠᠯ ᠪᠦᠬᠦᠢ ᠬᠠᠷᠢᠭᠤᠴᠠᠯᠭ᠎ᠠ ᠶᠢ ᠡᠭᠦᠷᠭᠡᠯᠡᠨ᠎ᠠ᠃ | ᠵᠢᠱᠢᠶᠡᠯᠡᠪᠡᠯ᠄ ᠲᠠ ᠬᠤᠭᠤᠯᠠᠨ ᠭᠡᠷ ᠲᠤ ᠬᠤᠭᠤᠯᠠ ᠢᠳᠡᠵᠦ ᠪᠠᠶᠢᠲᠠᠯ᠎ᠠ ᠭᠡᠨᠡᠳᠲᠡ ᠳᠡᠨᠦᠬᠦᠯ ᠨᠤᠬᠠᠢ ᠳᠤ | ᠬᠠᠵᠠᠭᠳᠠᠭᠰᠠᠨ ᠪᠠᠶᠢᠪᠠᠯ᠂ ᠡᠨᠡ ᠬᠦ ᠬᠤᠭᠤᠯᠠᠨ ᠭᠡᠷ ᠤᠨ ᠬᠠᠮᠢᠶᠠᠷᠤᠭᠴᠢ ᠶᠢ ᠡᠷᠢᠵᠦ ᠬᠤᠬᠢᠷᠠᠯ ᠢᠶᠠᠨ | ᠲᠦᠯᠦᠭᠦᠯᠬᠦ ᠪᠠᠷ ᠱᠠᠭᠠᠷᠳᠠᠵᠦ ᠪᠤᠯᠤᠨ᠎ᠠ᠃ | ︽ᠡᠷᠬᠡ ᠳᠤ ᠬᠠᠯᠳᠠᠭᠰᠠᠨ ᠬᠠᠷᠢᠭᠤᠴᠠᠯᠭ᠎ᠠ ᠶᠢᠨ ᠬᠠᠤᠯᠢ︾ ᠶᠢᠨ ᠭᠤᠴᠢᠨ ᠳᠤᠯᠤᠳᠤᠭᠠᠷ ᠵᠦᠢᠯ ᠤᠨ | ᠲᠤᠭᠲᠠᠭᠠᠯ ᠳᠤ᠂ ︽ᠵᠤᠴᠢᠳ ᠤᠨ ᠪᠠᠭᠤᠳᠠᠯ᠂ ᠬᠤᠳᠠᠯᠳᠤᠭᠠᠨ ᠤ ᠲᠠᠯᠠᠪᠠᠢ᠂ ᠪᠠᠩᠬᠢ᠂ ᠲᠡᠷᠭᠡᠨ ᠦᠷᠲᠡᠭᠡ᠂ ᠵᠤᠭ᠎ᠠ | ᠴᠡᠩᠬᠡᠯ ᠤᠨ ᠭᠠᠵᠠᠷ ᠵᠡᠷᠭᠡ ᠤᠯᠠᠨ ᠨᠡᠶᠢᠲᠡ ᠶᠢᠨ ᠲᠠᠯᠠᠪᠠᠢ ᠶᠢᠨ ᠬᠠᠮᠢᠶᠠᠷᠤᠭᠴᠢ ᠪᠤᠶᠤ ᠤᠯᠠᠨ ᠲᠦᠮᠡᠨᠴᠢ ᠴᠢᠨᠠᠷᠲᠠᠢ | ᠠᠵᠢᠯᠯᠠᠭ᠎ᠠ ᠶᠢᠨ ᠵᠤᠬᠢᠶᠠᠨ ᠪᠠᠶᠢᠭᠤᠯᠤᠭᠴᠢ ᠨᠢ ᠠᠮᠤᠷ ᠲᠦᠪᠰᠢᠨ ᠢ ᠪᠠᠲᠤᠯᠠᠬᠤ ᠡᠭᠦᠷᠭᠡ ᠪᠠᠨ ᠦᠯᠦ ᠭᠦᠢᠴᠡᠳᠭᠡᠵᠦ᠂ | ᠪᠤᠰᠤᠳ ᠲᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠡᠷᠬᠡ ᠳᠤ ᠬᠠᠯᠳᠠᠭᠰᠠᠨ ᠬᠠᠷᠢᠭᠤᠴᠠᠯᠭ᠎ᠠ ᠡᠭᠦᠷᠭᠡᠯᠡᠬᠦ | ᠬᠡᠷᠡᠭᠲᠠᠢ︔ ᠭᠤᠷᠪᠠᠳᠡᠬᠢ ᠬᠦᠮᠦᠨ ᠤ ᠠᠵᠢᠯᠯᠠᠭ᠎ᠠ ᠠᠴᠠ ᠪᠤᠯᠵᠦ ᠪᠤᠰᠤᠳ ᠲᠤ ᠬᠤᠬᠢᠷᠠᠯ ᠤᠴᠠᠷᠠᠭᠤᠯᠤᠭᠰᠠᠨ | ᠪᠠᠶᠢᠪᠠᠯ᠂ ᠭᠤᠷᠪᠠᠳᠡᠬᠢ ᠬᠦᠮᠦᠨ ᠨᠢ ᠡᠷᠬᠡ ᠳᠤ ᠬᠠᠯᠳᠠᠭᠰᠠᠨ ᠬᠠᠷᠢᠭᠤᠴᠠᠯᠭ᠎ᠠ ᠡᠭᠦᠷᠭᠡᠯᠡᠨ᠎ᠠ︔ ᠬᠠᠮᠢᠶᠠᠷᠤᠭᠴᠢ ᠪᠤᠶᠤ | ᠵᠤᠬᠢᠶᠠᠨ ᠪᠠᠶᠢᠭᠤᠯᠤᠭᠴᠢ ᠨᠢ ᠠᠮᠤᠷ ᠲᠦᠪᠰᠢᠨ ᠢ ᠪᠠᠲᠤᠯᠠᠬᠤ ᠡᠭᠦᠷᠭᠡ ᠪᠠᠨ ᠭᠦᠢᠴᠡᠳᠭᠡᠭᠰᠡᠨ ᠦᠭᠡᠢ ᠪᠠᠶᠢᠪᠠᠯ᠂ | ᠬᠤᠯᠪᠤᠭᠳᠠᠯ ᠪᠦᠬᠦᠢ ᠵᠤᠬᠢᠬᠤ ᠬᠡᠮᠵᠢᠶᠡᠨ ᠤ ᠨᠦᠬᠦᠪᠦᠷᠢ ᠦᠭᠬᠦ ᠬᠠᠷᠢᠭᠤᠴᠠᠯᠭ᠎ᠠ ᠶᠢ ᠡᠭᠦᠷᠭᠡᠯᠡᠨ᠎ᠠ︾ ᠭᠡᠵᠦ | ᠲᠤᠭᠲᠠᠭᠠᠪᠠ᠃ | ︽ᠡᠷᠬᠡ ᠳᠤ ᠬᠠᠯᠳᠠᠭᠰᠠᠨ ᠬᠠᠷᠢᠭᠤᠴᠠᠯᠭ᠎ᠠ ᠶᠢᠨ ᠬᠠᠤᠯᠢ︾ ᠶᠢᠨ ᠨᠠᠶᠠᠨ ᠬᠤᠶᠠᠳᠤᠭᠠᠷ ᠵᠦᠢᠯ ᠤᠨ | ᠲᠤᠭᠲᠠᠭᠠᠯ ᠳᠤ᠂ ︽ᠬᠠᠶᠠᠭᠳᠠᠭᠰᠠᠨ᠂ ᠲᠤᠲᠠᠭᠠᠭᠰᠠᠨ ᠠᠮᠢᠲᠠᠨ ᠳᠤ ᠬᠠᠵᠠᠭᠳᠠᠭᠰᠠᠨ᠂ ᠲᠤᠲᠠᠭᠠᠭᠰᠠᠨ | ᠬᠤᠭᠤᠴᠠᠭᠠᠨ ᠳᠠᠭᠠᠨ ᠪᠤᠰᠤᠳ ᠲᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠠᠮᠢᠲᠠᠨ ᠤ ᠤᠤᠯ ᠤᠨ ᠲᠡᠵᠢᠭᠡᠭᠴᠢ | ᠪᠤᠶᠤ ᠬᠠᠮᠢᠶᠠᠷᠤᠭᠴᠢ ᠨᠢ ᠡᠷᠬᠡ ᠳᠤ ᠬᠠᠯᠳᠠᠭᠰᠠᠨ ᠬᠠᠷᠢᠭᠤᠴᠠᠯᠭ᠎ᠠ ᠡᠭᠦᠷᠭᠡᠯᠡᠨ᠎ᠠ︾ ᠭᠡᠵᠦ ᠲᠤᠭᠲᠠᠭᠠᠵᠠᠢ᠃ | ︵ᠡᠬᠡ ᠪᠢᠴᠢᠭ ᠢ ︽ᠬᠠᠤᠯᠢ ᠪᠠᠷ ᠵᠠᠰᠠᠬᠤ ᠰᠦᠯᠵᠢᠶ᠎ᠠ︾ ᠠᠴᠠ ᠤᠷᠴᠢᠭᠤᠯᠤᠨ ᠨᠠᠶᠢᠷᠠᠭᠤᠯᠵᠦ ᠠᠪᠤᠪᠠ︶ |