ᠰᠤᠷᠪᠤᠯᠵᠢᠯᠠᠭᠴᠢ ᠡᠵᠡᠨ᠎ᠠ ᠬᠤᠰᠢᠭᠤᠨ ᠤ ᠵᠢᠭᠤᠯᠴᠢᠯᠠᠯ ᠤᠨ ᠲᠤᠪᠴᠢᠶᠠᠨ ᠠᠴᠠ ᠤᠢᠢᠯᠠᠭᠠᠭᠰᠠᠨ ᠢᠶᠠᠷ᠂ | 1 ᠠᠴᠠ 10 ᠰᠠᠷ᠎ᠠ ᠶᠢᠨ ᠬᠤᠭᠤᠴᠠᠭᠠᠨ ᠳᠤ᠂ ᠡᠵᠡᠨ᠎ᠠ ᠬᠤᠰᠢᠭᠤ ᠨᠠᠶᠢᠳᠠ 676.85 ᠲᠦᠮᠡᠨ ᠲᠤᠭᠤᠷᠢᠨ | ᠵᠤᠭᠠᠴᠠᠭᠰᠠᠳ ︵ᠤᠳᠠᠭ᠎ᠠ︶ ᠢ ᠬᠦᠯᠢᠶᠠᠨ ᠵᠤᠴᠢᠯᠠᠵᠦ᠂ ᠠᠳᠠᠯᠢ ᠬᠤᠭᠤᠴᠠᠭ᠎ᠠ ᠠᠴᠠ ᠪᠠᠨ 37% ᠪᠠᠷ ᠨᠡᠮᠡᠭᠳᠡᠨ᠂ | ᠵᠢᠭᠤᠯᠴᠢᠯᠠᠯ ᠤᠨ ᠶᠡᠷᠦᠩᠬᠡᠶᠢᠯᠡᠭᠰᠡᠨ ᠤᠷᠤᠯᠭ᠎ᠠ 65.45 ᠳ᠋ᠦᠡᠭᠰᠢᠭᠤᠷ ᠲᠦᠬᠦᠷᠢᠭ ᠲᠤ ᠬᠦᠷᠴᠦ᠂ ᠠᠳᠠᠯᠢ | ᠬᠤᠭᠤᠴᠠᠭ᠎ᠠ ᠠᠴᠠ ᠪᠠᠨ 30% ᠪᠠᠷ ᠨᠡᠮᠡᠭᠳᠡᠭᠰᠡᠨ ᠪᠠᠶᠢᠨ᠎ᠠ᠃ | ᠡᠵᠡᠨ᠎ᠡ ᠬᠤᠰᠢᠭᠤ ᠤᠯᠤᠰ ᠤᠨ ᠪᠦᠬᠦ ᠬᠢᠵᠠᠭᠠᠷ ᠤᠨ ᠵᠢᠭᠤᠯᠴᠢᠯᠠᠯ ᠤᠨ ᠵᠢᠱᠢᠶ᠎ᠠ ᠦᠵᠡᠬᠦᠯᠬᠦ ᠤᠷᠤᠨ ᠢ | ᠪᠦᠲᠦᠬᠡᠨ ᠪᠠᠶᠢᠭᠤᠯᠬᠤ ᠠᠵᠠ ᠲᠤᠬᠢᠶᠠᠯ ᠢ ᠠᠰᠢᠭᠯᠠᠨ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠦᠬᠦ | ᠬᠢᠵᠠᠭᠠᠷ ᠤᠨ ᠵᠢᠭᠤᠯᠴᠢᠯᠠᠯ ᠤᠨ ᠵᠢᠱᠢᠶ᠎ᠠ ᠦᠵᠡᠬᠦᠯᠬᠦ ᠤᠷᠤᠨ ᠢ ᠴᠤᠭᠴᠠᠯᠠᠬᠤ ᠤᠳᠤᠷᠢᠳᠬᠤ ᠲᠤᠭᠤᠢᠢᠯᠡᠩ ᠤᠨ | ᠲᠠᠷᠤᠭ᠎ᠠ ᠶᠢᠨ ᠲᠤᠰᠢᠶᠠᠯ ᠢ ᠬᠠᠷᠢᠭᠤᠴᠠᠬᠤ ᠶᠢᠨ ᠬᠠᠮᠲᠦ᠂ ᠡᠯ᠎ᠠ ᠵᠢᠭᠤᠯᠴᠢᠯᠠᠯ ᠤᠨ ᠤᠷᠤᠨ ᠢ ᠠᠮᠢ ᠠᠬᠤᠢ ᠶᠢᠨ | ᠬᠠᠮᠠᠭᠠᠯᠠᠯᠳᠠ᠂ ᠵᠢᠭᠤᠯᠴᠢᠯᠠᠯ ᠢ ᠨᠡᠬᠡᠬᠡᠨ ᠬᠦᠭᠵᠢᠬᠦᠯᠬᠦ ᠪᠠ ᠡᠶ᠎ᠡ ᠵᠤᠬᠢᠴᠠᠩᠭᠤᠢ ᠬᠦᠭᠵᠢᠯᠳᠠ ᠶᠢ ᠤᠶᠠᠯᠳᠤᠭᠤᠯᠤᠨ | ᠬᠦᠭᠵᠢᠬᠦᠯᠬᠦ ᠬᠡᠷᠡᠭᠳᠡᠢ ᠬᠡᠵᠦ ᠱᠠᠭᠠᠷᠳᠠᠵᠠᠢ᠃ ᠡᠬᠦᠨ ᠤ ᠬᠠᠮᠲᠦ᠂ ᠵᠠᠰᠠᠭ ᠤᠨ ᠤᠷᠳᠤᠨ ᠤ ᠤᠳᠤᠷᠢᠳᠬᠤ | ᠪᠠᠭ ᠤᠨ ᠬᠢᠨ ᠵᠢᠭᠤᠯᠴᠢᠯᠠᠯ ᠤᠨ ᠤᠷᠤᠨ ᠢ ᠬᠤᠯᠪᠤᠭᠠᠯᠠᠨ ᠬᠠᠮᠢᠶᠠᠷᠬᠤ ᠲᠦᠷᠢᠮ ᠢ ᠬᠡᠷᠡᠭᠵᠢᠬᠦᠯᠵᠦ᠂ | ᠵᠢᠭᠤᠯᠴᠢᠯᠠᠯ ᠤᠨ ᠤᠷᠤᠨ ᠤ ᠬᠦᠭᠵᠢᠯᠳᠠ ᠲᠤᠮᠳᠡᠬᠢ ᠡᠯ᠎ᠠ ᠵᠦᠢᠯ ᠤᠨ ᠬᠦᠴᠢᠷᠳᠠᠯ ᠪᠤᠯᠤᠨ ᠤᠷᠤᠰᠢᠵᠦ ᠪᠠᠶᠢᠭ᠎ᠠ | ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠠᠢ᠃ ᠤᠳᠤ ᠪᠤᠯᠳᠠᠯ᠎ᠠ᠂ ᠲᠤᠰ ᠬᠤᠰᠢᠭᠤᠨ ᠤ 12 | ᠵᠢᠭᠤᠯᠴᠢᠯᠠᠯ ᠤᠨ ᠤᠷᠤᠨ ᠳᠤ ᠨᠠᠶᠢᠳᠠ 7.03 ᠳ᠋ᠦᠡᠭᠰᠢᠭᠤᠷ ᠲᠦᠬᠦᠷᠢᠭ ᠤᠨ ᠪᠡᠯᠡ ᠤᠷᠤᠭᠤᠯᠤᠭᠰᠠᠨ ᠪᠠᠶᠢᠨ᠎ᠠ᠃ | ᠡᠨᠡ ᠵᠢᠯ᠂ ᠡᠵᠡᠨ᠎ᠡ ᠬᠤᠰᠢᠭᠤ ᠮᠦᠰᠦ ᠴᠠᠰᠤᠨ ᠤ ᠲᠤᠤᠷᠡᠢ ᠶᠢᠨ ᠨᠠᠶᠢᠷ᠂ ᠤᠯᠠᠨ ᠤᠯᠤᠰ ᠤᠨ | ᠲᠤᠤᠷᠡᠢ ᠶᠢᠨ ᠤᠢ ᠶᠢᠨ ᠠᠮᠢ ᠠᠬᠤᠢ ᠶᠢᠨ ᠨᠠᠶᠢᠷ᠂ ᠲᠤᠮᠳᠠᠲᠦ ᠮᠤᠩᠭᠤᠯ ᠤᠨ ᠪᠠᠷᠠᠭ᠎ᠠ ᠲᠠᠸᠡᠷ ᠤᠨ ᠲᠡᠯᠬᠡᠨ | ᠪᠤᠷᠤᠯᠠᠭᠤᠯᠭ᠎ᠠ ᠵᠢᠴᠢ ᠬᠠᠴᠢᠨ ᠴᠢᠯᠠᠭᠤᠨ ᠤ ᠰᠤᠶᠤᠯ ᠵᠢᠭᠤᠯᠴᠢᠯᠠᠯ ᠤᠨ ᠨᠠᠶᠢᠷ᠂ ᠲᠤᠤᠷᠡᠢ ᠶᠢᠨ ᠤᠢ ᠶᠢ ᠲᠤᠭᠤᠷᠢᠬᠤ | ᠮᠠᠷᠠᠽᠤᠨ ᠤᠷᠤᠯᠳᠤᠭᠠᠨ᠂ ᠨᠢᠳᠤᠷᠭᠠᠨ ᠲᠡᠮᠡᠴᠡᠬᠡᠨ᠂ ᠲᠤᠤᠷᠡᠢ ᠶᠢᠨ ᠤᠢ ᠶᠢ ᠲᠤᠭᠤᠷᠢᠬᠤ ᠲᠤᠭᠤᠢ ᠲᠡᠷᠬᠡᠨ ᠤ | ᠤᠷᠤᠯᠳᠤᠭᠠᠨ ᠵᠡᠷᠬᠡ ᠡᠯ᠎ᠠ ᠵᠦᠢᠯ ᠤᠨ ᠨᠠᠶᠢᠷ ᠨᠠᠭᠠᠳᠤᠮ ᠢ ᠲᠤᠤᠱᠳᠡᠢ ᠵᠤᠬᠢᠶᠠᠨ ᠪᠠᠶᠢᠭᠤᠯᠵᠦ᠂ ᠵᠢᠭᠤᠯᠴᠢᠯᠠᠯ ᠤᠨ | ᠦᠢᠯᠡᠰ ᠤᠨ ᠨᠡᠷ᠎ᠠ ᠠᠯᠳᠡᠷᠰᠢᠯ ᠪᠤᠯᠤᠨ ᠬᠦᠷᠢᠶ᠎ᠠ ᠬᠡᠪᠴᠢᠶ᠎ᠠ ᠶᠢ ᠲᠠᠰᠤᠷᠠᠯᠳᠠ ᠦᠬᠡᠢ ᠦᠷᠬᠡᠳᠬᠡᠵᠠᠢ᠃ | ᠤᠨᠴᠠᠭᠠᠢᠢᠯᠠᠨ᠂ ᠡᠨᠡ ᠵᠢᠯ ᠤᠨ ᠲᠤᠮᠳᠠᠲᠦ ᠮᠤᠩᠭᠤᠯ ᠤᠯᠠᠨ ᠤᠯᠤᠰ ᠤᠨ ᠪᠠᠷᠠᠭ᠎ᠠ ᠲᠠᠸᠡᠷ ᠤᠨ ᠲᠡᠯᠬᠡᠨ | ᠪᠤᠷᠤᠯᠠᠭᠤᠯᠭ᠎ᠠ ᠪᠤᠯᠤᠨ ᠲᠤᠮᠳᠠᠲᠦ ᠮᠤᠩᠭᠤᠯ ᠤᠯᠠᠨ ᠤᠯᠤᠰ ᠤᠨ ᠬᠠᠴᠢᠨ ᠴᠢᠯᠠᠭᠤᠨ ᠤ ᠰᠤᠶᠤᠯ ᠤᠨ ᠨᠠᠶᠢᠷ ᠨᠢ | ᠮᠤᠩᠭᠤᠯ᠂ ᠤᠷᠤᠰ᠂ ᠡᠨᠡᠳᠬᠡᠭ᠂ ᠶᠠᠫᠤᠨ᠂ ᠨᠧᠫᠡᠯ ᠵᠡᠷᠭᠡ ᠤᠯᠤᠰ ᠤᠷᠤᠨ ᠤ ᠲᠤᠭᠤᠷᠢᠨ ᠵᠤᠭᠠᠴᠠᠭᠰᠠᠳ ᠪᠤᠯᠤᠨ | ᠠᠷᠠᠯᠵᠢᠶᠠᠴᠢᠳ ᠤᠨ ᠰᠤᠨᠢᠷᠬᠠᠯ ᠢ ᠲᠠᠳᠠᠵᠦ᠂ ᠤᠬᠤᠷᠬᠠᠨ ᠬᠤᠭᠤᠴᠠᠭᠠᠨ ᠳᠤ 1000 ᠲᠦᠮᠡᠨ ᠲᠦᠬᠦᠷᠢᠭ ᠤᠨ | ᠡᠵᠡᠩᠨᠡᠯᠳᠠ ᠶᠢᠨ ᠤᠷᠤᠯᠭ᠎ᠠ ᠡᠬᠦᠳᠦᠭᠰᠡᠨ ᠪᠠᠶᠢᠨ᠎ᠠ᠃ | ᠡᠬᠦᠨ ᠠᠴᠠ ᠭᠠᠳᠠᠨ᠎ᠠ᠂ ᠡᠵᠡᠨ᠎ᠠ ᠬᠤᠰᠢᠭᠤ ᠵᠢᠭᠤᠯᠴᠢᠯᠠᠯ ᠤᠨ ᠦᠢᠯᠡᠰ ᠤᠨ ᠤᠬᠠᠭᠤᠯᠭ᠎ᠠ ᠶᠢ | ᠴᠢᠩᠭᠠᠳᠬᠠᠵᠦ᠂ ᠤᠯᠤᠰ ᠤᠨ ᠲᠤᠳᠤᠭᠠᠲᠦ ᠳᠤ ᠶᠠᠪᠤᠭᠳᠠᠭᠰᠠᠨ ᠡᠯ᠎ᠠ ᠵᠦᠢᠯ ᠤᠨ ᠲᠠᠨᠢᠯᠴᠠᠭᠤᠯᠭ᠎ᠠ ᠶᠢᠨ ᠬᠤᠷᠠᠯ ᠳᠤ | ᠢᠳᠡᠪᠬᠢᠳᠡᠢ ᠤᠷᠤᠯᠴᠠᠵᠦ᠂ ᠡᠵᠡᠨ᠎ᠠ ᠬᠤᠰᠢᠭᠤ ᠶᠢ ᠤᠯᠠᠮ ᠨᠢᠬᠡ ᠠᠯᠬᠤᠮ ᠤᠬᠠᠭᠤᠯᠵᠦ᠂ ᠤᠯᠤᠰ ᠤᠨ ᠲᠤᠳᠤᠭᠠᠲᠦ | ᠭᠠᠳᠠᠭᠠᠲᠦ ᠶᠢᠨ ᠲᠤᠭᠤᠷᠢᠨ ᠵᠤᠭᠠᠴᠠᠭᠰᠠᠳ ᠪᠤᠯᠤᠨ ᠰᠤᠨᠢᠨ ᠮᠡᠳᠡᠬᠡᠨ ᠤ ᠵᠠᠭᠤᠴᠢᠯᠠᠭᠤᠷ ᠤᠨ ᠰᠤᠨᠢᠷᠬᠠᠯ ᠢ ᠲᠠᠳᠠᠵᠦ | ᠴᠢᠳᠠᠵᠠᠢ᠃ ᠡᠬᠦᠨ ᠤ ᠬᠠᠮᠲᠦ ᠲᠤᠰ ᠬᠤᠰᠢᠭᠤᠨ ᠤ ᠬᠢᠨ ᠪᠤᠯᠪᠠᠰᠤᠷᠠᠯ ᠪᠤᠯᠤᠨ ᠵᠢᠭᠤᠯᠴᠢᠯᠠᠯ ᠤᠨ ᠤᠷᠤᠨ ᠤ ᠬᠢᠨᠠᠨ | ᠬᠠᠮᠢᠶᠠᠷᠤᠯᠳᠠ ᠶᠢ ᠴᠢᠩᠭᠠᠳᠬᠠᠵᠦ᠂ ᠵᠢᠭᠤᠯᠴᠢᠯᠠᠯ ᠤᠨ ᠦᠢᠯᠡᠰ ᠤᠨ ᠦᠷᠨᠢᠩᠬᠦᠢ ᠬᠦᠭᠵᠢᠬᠦ ᠶᠢ ᠠᠬᠢᠭᠤᠯᠤᠭᠰᠠᠨ | ᠪᠠᠶᠢᠨ᠎ᠠ᠃ |