2016 ᠤᠨ ᠤ ᠵᠠᠰᠠᠭ ᠤᠨ ᠤᠷᠳᠤᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2018-12-04
—— 2016 ᠤᠨ ᠤ 1 ᠰᠠᠷ᠎ᠠ ᠶᠢᠨ 13  ᠎ ᠤ ᠡᠳᠤᠷ ᠡᠵᠡᠨ᠎ᠡ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠳᠦᠷᠪᠡᠳᠦᠭᠡᠷ ᠬᠤᠷᠠᠯᠳᠤᠭᠠᠨ ᠲᠡᠬᠡᠷ᠎ᠡ                                                                ᠸᠠᠩ ᠰᠢᠶᠦ᠋ᠩ ᠲᠦᠯᠦᠬᠡᠯᠡᠭᠴᠢᠳ ᠡ᠄        ᠤᠳᠤ ᠪᠢ᠂ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠡᠮᠤᠨ᠎ᠡ ᠠᠴᠠ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠡ᠂  ᠬᠢᠨᠠᠨ ᠵᠦᠪᠯᠡᠬᠦ ᠪᠤᠯᠪᠠᠤ᠃ ᠲᠡᠭᠦᠨᠴᠢᠯᠡᠨ᠂ ᠤᠯᠤᠰ ᠲᠦᠷᠦ ᠶᠢᠨ ᠵᠦᠪᠯᠡᠯᠬᠡᠨ ᠤ ᠬᠡᠰᠢᠬᠦᠳ ᠪᠤᠯᠤᠨ ᠬᠤᠷᠠᠯ ᠳᠤ ᠰᠤᠯᠠ ᠤᠷᠤᠯᠴᠠᠭᠰᠡᠳ ᠰᠠᠨᠠᠯ ᠢᠶᠠᠨ ᠲᠡᠪᠰᠢᠬᠦᠯᠬᠦ ᠪᠤᠯᠪᠠᠤ᠃        ᠨᠢᠬᠡ᠂ ︽ᠠᠷᠪᠠᠨ ᠬᠤᠶᠠᠳᠤᠭᠠᠷ ᠲᠠᠪᠤᠨ ᠵᠢᠯ︾ ᠵᠢᠴᠢ 2015 ᠤᠨ ᠤ ᠠᠵᠢᠯ ᠤᠨ ᠡᠷᠬᠢᠴᠡᠭᠦᠯᠦᠯ        ︽ᠠᠷᠪᠠᠨ ᠬᠤᠶᠠᠳᠤᠭᠠᠷ ᠲᠠᠪᠤᠨ ᠵᠢᠯ︾᠎ ᠤᠨ ᠬᠤᠭᠤᠴᠠᠭᠠᠨ ᠳᠤ᠂ ᠬᠤᠰᠢᠭᠤᠨ ᠤ ᠠᠷᠠᠳ ᠤᠨ ᠵᠠᠰᠠᠭ ᠎ ᠤᠨ ᠤᠷᠳᠤᠨ ᠨᠢ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠤᠯᠤᠨ ᠬᠤᠰᠢᠭᠤ ᠨᠠᠮ ᠤᠨ ᠬᠤᠷᠢᠶᠠᠨ ᠤ ᠵᠦᠪ ᠤᠨᠤᠪᠴᠢᠲᠠᠢ ᠤᠳᠤᠷᠢᠳᠦᠯᠭ᠎ᠠ ᠲᠤᠤᠷ᠎ᠠ᠂ ᠬᠤᠰᠢᠭᠤᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠪᠤᠯᠤᠨ ᠤᠯᠤᠰ ᠲᠦᠷᠦ ᠶᠢᠨ ᠵᠦᠪᠯᠡᠯᠬᠡᠨ ᠤ ᠬᠢᠨᠠᠯᠲᠠ ᠳᠡᠮᠵᠢᠯᠬᠡ ᠲᠤᠤᠷ᠎ᠠ᠂ ᠪᠦᠬᠦ ᠬᠤᠰᠢᠭᠤᠨ ᠤ ᠡᠯ᠎ᠡ ᠦᠨᠳᠦᠰᠦᠲᠡᠨ ᠤ ᠺᠠᠳ᠋ᠷ ᠤᠯᠠᠨ ᠲᠦᠮᠡᠨ ᠢ ᠪᠦᠯᠬᠦᠮᠳᠡᠬᠦᠯᠦᠨ ᠳᠠᠶᠢᠴᠢᠯᠠᠵᠤ᠂ ᠰᠢᠨᠵᠢᠯᠡᠬᠦ ᠤᠬᠠᠭᠠᠨᠴᠢ ᠬᠦᠭᠵᠢᠯᠲᠡ ᠶᠢᠨ ᠦᠵᠡᠯ ᠢ ᠬᠦᠨᠵᠡᠭᠡᠢ ᠲᠤᠤᠱᠯᠠᠭᠤᠯᠤᠨ᠂ ᠠᠵᠤ ᠠᠬᠤᠢ ᠶᠢᠨ ᠬᠦᠭᠵᠢᠯᠲᠡ ᠶᠢᠨ ᠰᠢᠨ᠎ᠡ ᠠᠬᠤᠢ ᠪᠠᠶᠢᠳᠠᠯ ᠳᠤ ᠢᠳᠡᠪᠬᠢᠲᠠᠢ ᠵᠤᠬᠢᠴᠠᠵᠤ᠂ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠪᠦᠬᠦ ᠬᠦᠴᠦ ᠪᠠᠷ ᠢᠶᠠᠨ ᠦᠷ᠎ᠡ ᠪᠦᠳᠦᠮᠵᠢ ᠡᠭᠦᠳᠦᠨ᠂ ᠠᠵᠤ ᠠᠬᠤᠢ ᠶᠢ ᠯᠠᠪᠳᠠᠭᠤᠨ ᠪᠠᠷ ᠬᠦᠭᠵᠢᠭᠦᠯᠵᠦ᠂ ᠦᠭᠡᠷᠡᠴᠢᠯᠡᠯᠲᠡ ᠨᠡᠭᠡᠭᠡᠯᠲᠡ ᠶᠢᠨ ᠠᠮᠢᠵᠢᠷᠠᠯ ᠤᠨ ᠬᠦᠴᠦᠨ ᠨᠡᠮᠡᠭᠳᠡᠭᠦᠯᠦᠨ᠂ ᠠᠵᠤ ᠦᠢᠯᠡᠰ ᠤᠨ ᠪᠦᠳᠦᠴᠡ ᠶᠢ ᠰᠢᠯᠢᠳᠡᠭᠵᠢᠭᠦᠯᠵᠦ᠂ ᠬᠤᠳᠠ ᠬᠦᠳᠡᠭᠡ ᠢᠯᠡᠷᠬᠡᠢ ᠬᠦᠭᠵᠢᠨ᠂ ᠰᠠᠭᠤᠷᠢ ᠪᠦᠳᠦᠭᠡᠨ ᠪᠠᠶᠢᠭᠤᠯᠤᠯᠲᠠ ᠲᠠᠰᠤᠷᠠᠯᠲᠠ ᠦᠭᠡᠢ ᠪᠠᠬᠢᠵᠢᠵᠦ᠂ ᠠᠷᠠᠳ ᠤᠨ ᠠᠮᠢᠳᠤᠷᠠᠯ ᠦᠷᠭᠦᠯᠵᠢᠯᠡᠨ ᠰᠠᠶᠢᠵᠢᠷᠠᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃        ︵ᠨᠢᠬᠡ︶ ᠰᠢᠨᠵᠢᠯᠡᠬᠦ ᠤᠬᠠᠭᠠᠨᠴᠢ ᠪᠠᠷ ᠬᠦᠭᠵᠢᠬᠦ ᠶᠢ ᠪᠠᠷᠢᠮᠲᠠᠯᠠᠨ᠂ ᠶᠡᠷᠦᠩᠬᠡᠢ ᠪᠤᠳᠠᠲᠤ ᠬᠦᠴᠦᠨ ᠰᠢᠨ᠎ᠡ ᠳᠡᠭᠳᠡᠷ ᠲᠤ ᠭᠠᠷᠪᠠ        2015 ᠤᠨ ᠳᠤ᠂ ᠪᠦᠬᠦ ᠬᠤᠰᠢᠭᠤᠨ ᠤ ᠤᠷᠤᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠲᠡᠭ 40.4 ᠳ᠋ᠦᠩᠰᠢᠭᠤᠷ ᠲᠦᠬᠦᠷᠢᠭ ᠢ ᠪᠡᠶᠡᠯᠡᠬᠦᠯᠵᠤ᠂ ᠠᠳᠠᠯᠢ ᠬᠤᠭᠤᠴᠠᠭᠠᠨ ᠤ ᠬᠢ ᠠᠴᠠ 8 %᠎ ᠪᠠᠷ ᠨᠡᠮᠡᠭᠳᠡᠨ᠂ ᠵᠢᠯ ᠳᠤᠮᠳᠠᠴᠢ ᠶᠢᠨ ᠨᠡᠮᠡᠭᠳᠡᠯ 11.2 %᠎ ᠲᠤ ᠬᠦᠷᠪᠡ᠃ ᠡᠩ ᠤᠨ ᠤᠯᠠᠨ ᠨᠠᠶᠢᠲᠡ ᠶᠢᠨ ᠲᠦᠰᠦᠪ ᠎ ᠤᠨ ᠤᠷᠤᠯᠭ᠎ᠠ 5.9 ᠳ᠋ᠦᠩᠰᠢᠭᠤᠷ ᠲᠦᠬᠦᠷᠢᠭ ᠢ ᠪᠡᠶᠡᠯᠡᠬᠦᠯᠵᠤ᠂ ᠠᠳᠠᠯᠢ ᠬᠤᠭᠤᠴᠠᠭ᠎ᠠ ᠠᠴᠠ 8.8%᠎ ᠪᠠᠷ ᠨᠡᠮᠡᠭᠳᠡᠨ᠂ 2010 ᠤᠨ ᠤ 2.6 ᠳᠠᠬᠢᠨ ᠪᠠᠶᠢᠵᠤ᠂ ᠵᠢᠯ ᠳᠤᠮᠳᠠᠴᠢ ᠶᠢᠨ ᠨᠡᠮᠡᠭᠳᠡᠯ 20.7%᠎ ᠳᠤ ᠬᠦᠷᠪᠡ᠃ ᠲᠤᠭᠲᠠᠮᠠᠯ ᠬᠦᠷᠦᠩᠬᠡ ᠶᠢᠨ ᠪᠡᠯᠡ ᠤᠷᠤᠭᠤᠯᠤᠯᠲᠠ 52 ᠳ᠋ᠥᠩᠰᠢᠭᠤᠷ ᠲᠦᠬᠦᠷᠢᠭ ᠢ ᠪᠡᠶᠡᠯᠡᠬᠦᠯᠵᠤ᠂ ᠠᠳᠠᠯᠢ ᠬᠤᠭᠤᠴᠠᠭ᠎ᠠ ᠠᠴᠠ 40.7%᠎ ᠪᠠᠷ ᠨᠠᠮᠡᠭᠳᠡᠨ᠂ 2010 ᠤᠨ ᠤ 2.6 ᠳᠠᠬᠢᠨ ᠪᠠᠶᠢᠵᠤ᠂ ᠵᠢᠯ ᠳᠤᠮᠳᠠᠴᠢ ᠶᠢᠨ ᠨᠡᠮᠡᠭᠳᠡᠯ 20.7%᠎ ᠳᠤ ᠬᠦᠷᠴᠡᠢ᠃ ᠨᠡᠶᠢᠬᠡᠮ ᠤᠨ ᠬᠡᠷᠡᠭᠯᠡᠬᠡᠨ ᠤ ᠪᠤᠳᠠᠰ ᠤᠨ ᠬᠡᠰᠡᠭᠯᠡᠨ ᠪᠤᠷᠤᠯᠠᠭᠤᠯᠤᠭᠰᠠᠨ ᠶᠡᠷᠦᠩᠬᠡᠢ ᠦᠨ᠎ᠡ 12.5 ᠳ᠋ᠥᠩᠰᠢᠭᠤᠷ ᠲᠦᠬᠦᠷᠢᠭ ᠢ ᠪᠡᠶᠡᠯᠡᠭᠦᠯᠵᠤ᠂ ᠠᠳᠠᠯᠢ ᠬᠤᠭᠤᠴᠠᠭ᠎ᠠ ᠠᠴᠠ 7.5 %᠎ ᠪᠠᠷ ᠨᠡᠮᠡᠭᠳᠡᠨ᠂ 2010 ᠤᠨ ᠤ 1.9 ᠳᠠᠬᠢᠨ ᠪᠠᠶᠢᠵᠤ᠂ ᠵᠢᠯ ᠳᠤᠮᠳᠠᠴᠢ ᠶᠢᠨ ᠨᠡᠮᠡᠭᠳᠡᠯ 13.1%᠎ ᠳᠤ ᠬᠦᠷᠪᠡ᠃ ᠬᠤᠲᠠ ᠪᠠᠯᠭᠠᠰᠦᠨ ᠤ ᠰᠠᠭᠤᠭᠠᠯᠢ ᠠᠷᠠᠳ ᠤᠨ ᠬᠦᠮᠦᠨ ᠳᠤᠮᠳᠠᠴᠢ ᠶᠢᠨ ᠡᠵᠡᠮᠳᠡᠵᠤ ᠪᠤᠯᠬᠤ ᠤᠷᠤᠯᠭ᠎ᠠ 33317 ᠲᠦᠬᠦᠷᠢᠭ ᠲᠤ ᠬᠦᠷᠴᠦ᠂ ᠠᠳᠠᠯᠢ ᠬᠤᠭᠤᠴᠠᠭ᠎ᠠ ᠠᠴᠠ 9 %᠎ ᠪᠠᠷ ᠨᠡᠮᠡᠭᠳᠡᠨ᠂ 2010 ᠤᠨ ᠤ 1.7 ᠳᠠᠭᠢᠨ ᠪᠠᠶᠢᠵᠤ᠂ ᠵᠢᠯ ᠳᠤᠮᠳᠠᠴᠢ ᠶᠢᠨ ᠨᠡᠮᠡᠭᠳᠡᠯ 10.6%᠎ ᠳᠤ ᠬᠦᠷᠪᠡ︔ ᠮᠠᠯᠵᠢᠬᠤ ᠲᠠᠷᠢᠶᠠᠯᠠᠬᠤ ᠤᠷᠤᠨ ᠤ ᠰᠠᠭᠤᠭᠠᠯᠢ ᠠᠷᠠᠳ ᠤᠨ ᠬᠦᠮᠦᠨ ᠳᠤᠮᠳᠠᠴᠢ ᠶᠢᠨ ᠡᠵᠡᠮᠳᠡᠵᠤ ᠪᠤᠯᠬᠤ ᠤᠷᠤᠯᠭ᠎ᠠ 18481 ᠲᠦᠬᠦᠷᠢᠭ ᠢ ᠪᠡᠶᠡᠯᠡᠭᠦᠯᠵᠤ᠂ ᠠᠳᠠᠯᠢ ᠬᠤᠭᠤᠴᠠᠭᠠᠨ ᠠᠴᠠ 10 %᠎ ᠪᠠᠷ ᠨᠡᠮᠡᠭᠳᠡᠨ᠂ 2010 ᠤᠨ ᠤ 1.8 ᠳᠠᠬᠢᠨ ᠪᠠᠶᠢᠵᠤ᠂ ᠵᠢᠯ ᠳᠤᠮᠳᠠᠴᠢ ᠎ ᠶᠢᠨ ᠨᠡᠮᠡᠭᠳᠡᠯ 13 %᠎ ᠳᠤ ᠬᠦᠷᠦᠭᠰᠡᠨ ᠪᠠᠶᠢᠨ᠎ᠠ᠃        ︵ᠬᠤᠶᠠᠷ︶  ᠬᠦᠭᠵᠢᠯᠳᠡ ᠶᠢᠨ ᠬᠡᠯᠪᠡᠷᠢ ᠪᠠᠨ ᠦᠭᠡᠷᠡᠴᠢᠯᠡᠬᠦ ᠶᠢ ᠪᠠᠷᠢᠮᠲᠠᠯᠠᠨ᠂ ᠪᠦᠳᠤᠴᠨ ᠶᠢᠨ ᠲᠤᠬᠢᠷᠠᠭᠤᠯᠤᠯᠳᠠ ᠶᠢ ᠰᠢᠨ᠎ᠡ ᠲᠦᠪᠰᠢᠨ ᠳᠤ ᠬᠦᠷᠬᠡᠪᠡ        ᠲᠠᠪᠤᠨ ᠵᠢᠯ ᠤᠨ ᠲᠤᠷᠰᠢ᠂ ᠭᠤᠷᠪᠠᠨ ᠠᠵᠤ ᠦᠢᠯᠡᠰ ᠤᠨ ᠪᠦᠲᠦᠴᠡ ᠶᠢ 2010 ᠤᠨ ᠤ 4᠄ 58᠄ 38᠎ ᠶᠢᠨ ᠬᠠᠷᠢᠴᠠᠯ ᠠᠴᠠ 2᠄ 47᠄ 51᠎ ᠶᠢᠨ ᠬᠠᠷᠢᠴᠠᠯ ᠪᠤᠯᠭᠠᠨ ᠲᠤᠬᠢᠷᠠᠭᠤᠯᠵᠤ᠂ ᠭᠤᠷᠪᠠᠳᠤᠭᠠᠷ ᠠᠵᠤ ᠦᠢᠯᠡᠰ ᠠᠩᠬᠠᠳᠤᠭᠠᠷ ᠤᠳᠠᠭ᠎ᠠ ᠬᠤᠶᠠᠳᠤᠭᠠᠷ ᠠᠵᠤ ᠦᠢᠯᠡᠰ ᠠᠴᠠ ᠳᠠᠪᠠᠭᠰᠠᠨ ᠪᠠᠶᠢᠨ᠎ᠠ᠃ ᠲᠠᠷᠢᠶᠠᠯᠠᠩ ᠮᠠᠯ ᠠᠵᠤ ᠠᠬᠤᠢ ᠶᠢᠨ ᠪᠦᠲᠦᠴᠠ ᠶᠢᠨ ᠲᠤᠬᠢᠷᠠᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ᠤᠰᠤ ᠠᠷᠪᠢᠯᠠᠬᠤ ᠦᠨᠳᠦᠷ ᠠᠰᠢᠭᠯᠠᠮᠵᠢᠲᠤ ᠲᠠᠷᠢᠶᠠᠯᠠᠩ ᠢ ᠢᠳᠡᠪᠬᠢᠲᠡᠢ ᠲᠦᠭᠡᠮᠡᠯᠵᠢᠭᠦᠯᠵᠦ᠂ ᠠᠷᠪᠢᠯᠠᠬᠤ ᠤᠰᠤᠵᠢᠭᠤᠯᠤᠯᠲᠠ ᠶᠢ 60%᠎ ᠠᠴᠠ ᠳᠡᠭᠡᠭᠰᠢ ᠬᠦᠷᠭᠡᠪᠡ︔ ᠬᠤᠤᠰ ᠪᠦᠭᠦᠲᠦ ᠳᠡᠮᠡᠭᠡ᠂ ᠴᠠᠭᠠᠨ ᠨᠤᠤᠯᠤᠷᠲᠤ ᠢᠮᠠᠭᠠᠨ ᠤ ᠬᠦᠭᠵᠢᠯᠲᠡ ᠶᠢ ᠭᠦᠴᠦᠯᠡᠨ ᠳᠡᠳᠭᠦᠵᠦ᠂ ᠰᠢᠯᠢᠳᠡᠭ ᠮᠠᠯ ᠤᠨ ᠡᠭᠦᠯᠳᠡᠷ 90%᠎ ᠠᠴᠠ ᠳᠡᠭᠡᠭᠰᠢ ᠬᠦᠷᠦᠭᠰᠡᠨ ᠪᠠᠶᠢᠨ᠎ᠠ᠃ ᠤᠨᠴᠠᠯᠢᠭᠲᠤ ᠡᠯᠡᠰᠦᠨ ᠠᠵᠤ ᠦᠢᠯᠡᠰ ᠬᠦᠭᠵᠢᠭᠦᠯᠬᠦ ᠶᠢ ᠵᠤᠷᠢᠭᠵᠢᠭᠤᠯᠤᠨ᠂ ᠴᠠᠭᠠᠨ ᠭᠤᠶᠤᠤ᠂ ᠨᠤᠬᠠᠢ ᠶᠢᠨ ᠬᠠᠷᠮᠠᠭ᠂ ᠤᠯᠠᠭᠠᠨ ᠴᠢᠪᠠᠭ᠎ᠠ ᠎ ᠪᠠᠷ ᠲᠦᠯᠦᠭᠡᠯᠡᠭᠦᠯᠦᠭᠰᠡᠨ ᠡᠯᠡᠰᠦᠨ ᠠᠵᠤ ᠦᠢᠯᠡᠰ ᠢ ᠰᠠᠶᠢᠲᠤᠷ ᠬᠦᠭᠵᠢᠬᠦᠯᠦᠨ᠂ ᠵᠢᠱᠢᠶ᠎ᠡ ᠦᠵᠡᠭᠦᠯᠬᠦ ᠦᠢᠯᠡᠳᠦᠯ ᠢ ᠎ ᠨᠢ ᠪᠠᠳᠠᠷᠠᠭᠤᠯᠪᠠ᠃ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠭᠰᠡᠨ ᠡᠵᠡᠩᠨᠡᠯᠲᠡ ᠶᠢ ᠲᠦᠷᠭᠡᠳᠭᠡᠨ᠂ 53 ᠲᠤᠰᠬᠠᠢ ᠬᠤᠷᠰᠢᠭᠰᠠᠨ ᠠᠵᠤ ᠠᠬᠤᠢ ᠶᠢᠨ ᠵᠤᠬᠢᠶᠠᠨ ᠪᠠᠶᠢᠭᠤᠯᠤᠯᠲᠠ ᠶᠢ ᠬᠦᠭᠵᠢᠭᠦᠯᠵᠦ᠂ ᠲᠠᠷᠢᠯᠭ᠎ᠠ ᠲᠡᠵᠢᠭᠡᠯ ᠎ ᠤᠨ ᠲᠤᠮᠤ ᠡᠷᠦᠭᠡ ᠶᠢ ᠬᠦᠮᠦᠵᠢᠬᠦᠯᠦᠨ᠂ ᠲᠠᠷᠢᠶᠠᠯᠠᠩ ᠤᠨ ᠪᠦᠲᠦᠭᠡᠭᠳᠡᠭᠦᠨ ᠢ ᠲᠦᠪᠯᠡᠷᠡᠬᠦᠯᠦᠨ ᠲᠠᠷᠬᠠᠭᠠᠬᠤ ᠪᠠᠷᠠᠭ᠎ᠠ ᠬᠦᠢᠯᠬᠡᠬᠡᠨ ᠤ ᠲᠤᠭᠤᠷᠢᠭ᠂ ᠪᠠᠯᠲᠤ ᠬᠡᠮᠬᠡ ᠨᠠᠷᠢᠯᠢᠭ ᠪᠤᠯᠪᠠᠰᠤᠷᠠᠭᠤᠯᠬᠤ ᠵᠡᠷᠭᠡ ᠲᠦᠷᠦᠯ ᠵᠦᠢᠯ ᠢ ᠬᠡᠷᠡᠭᠵᠢᠬᠦᠯᠦᠨ ᠠᠰᠢᠭᠯᠠᠯᠲᠠ ᠳᠤ ᠤᠷᠤᠭᠤᠯᠪᠠ᠃ ᠮᠠᠯᠴᠢᠳ ᠲᠠᠷᠢᠶᠠᠴᠢᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠵᠤ᠂ ᠡᠯ᠎ᠡ ᠲᠦᠷᠦᠯ ᠤᠨ ᠨᠦᠬᠦᠪᠦᠷᠢ ᠶᠢ ᠨᠡᠶᠢᠲᠡ 4.8 ᠳ᠋ᠦᠩᠰᠢᠭᠤᠷ ᠲᠦᠬᠦᠷᠢᠭ ᠲᠠᠷᠬᠠᠭᠠᠭᠰᠠᠨ ᠪᠠᠶᠢᠨ᠎ᠠ᠃ ᠦᠢᠯᠡᠳᠪᠦᠷᠢ ᠶᠢᠨ ᠠᠵᠤ ᠠᠬᠤᠢ ᠲᠤᠭᠲᠠᠭᠤᠨ ᠢᠶᠠᠷ ᠳᠡᠭᠡᠭᠰᠢᠯᠡᠵᠦ᠂ ᠲᠡᠮᠦᠷ ᠎ ᠤᠨ ᠬᠦᠳᠡᠷ᠂ ᠲᠡᠮᠦᠷ ᠤᠨ ᠨᠠᠷᠢᠯᠢᠭ ᠬᠦᠳᠡᠷ᠂ ᠴᠢᠯᠠᠭᠤᠨ ᠮᠠᠲ᠋ᠧᠷᠢᠶᠠᠯ ᠤᠨ ᠵᠢᠯ ᠤᠨ ᠦᠢᠯᠡᠳᠪᠦᠷᠢᠯᠡᠬᠦ ᠴᠢᠳᠡᠪᠦᠷᠢ ᠲᠤᠰᠪᠦᠷᠢ 310 ᠲᠦᠮᠡᠨ ᠲᠤᠨ᠂ 200 ᠲᠦᠮᠡᠨ ᠲᠤᠨ᠂1300 ᠲᠦᠮᠡᠨ ᠬᠠᠪᠳᠠᠭᠠᠢ ᠳᠦᠷᠪᠡᠯᠵᠢᠨ ᠮᠧᠲᠷ ᠲᠤ ᠬᠦᠷᠴᠦ᠂ ᠴᠢᠩ ᠬᠤᠸᠠ᠂ ᠲᠢᠶᠠᠨ ᠹᠧᠩ ᠵᠡᠷᠭᠡ ᠰᠢᠨ᠎ᠡ ᠡᠨᠧᠷᠬᠢ ᠤᠨ ᠲᠦᠷᠦᠯ ᠵᠦᠢᠯ ᠠᠮᠵᠢᠯᠲᠠ ᠲᠠᠢ ᠪᠠᠷ ᠴᠠᠬᠢᠯᠭᠠᠨ ᠬᠠᠩᠭᠠᠵᠤ᠂ ᠮᠠᠨ ᠤ ᠬᠤᠰᠢᠭᠤᠨ ᠤ ᠰᠢᠨ᠎ᠡ ᠡᠨᠧᠷᠬᠢ ᠪᠠᠷ ᠴᠠᠬᠢᠯᠭᠠᠨ ᠭᠠᠷᠭᠠᠬᠤ ᠴᠠᠷ᠎ᠠ ᠬᠦᠷᠢᠶᠠᠨ ᠳᠠᠬᠢ ᠬᠤᠭᠤᠰᠦᠨ ᠢ ᠨᠦᠬᠦᠪᠦᠷᠢᠯᠡᠪᠡ᠃ ᠭᠠᠵᠠᠷ ᠰᠢᠨᠵᠢᠯᠡᠬᠡᠨ ᠤ ᠬᠦᠴᠦᠯᠡᠴᠡ ᠤᠯᠠᠮ ᠨᠢᠬᠡ ᠠᠯᠬᠤᠮ ᠨᠡᠮᠡᠭᠳᠡᠵᠤ᠂ ᠴᠢᠯᠠᠭᠤᠨ ᠲᠤᠰᠤ ᠪᠠ ᠰᠢᠲᠠᠮᠠᠬᠠᠢ ᠭᠡᠢ᠂ ᠲᠡᠮᠦᠷᠯᠢᠭ᠂ ᠲᠡᠮᠦᠷᠯᠢᠭ ᠪᠤᠰᠤ ᠶᠢᠨ ᠡᠬᠢ ᠪᠠᠶᠠᠯᠢᠭ ᠤᠨ ᠬᠠᠶᠢᠨ ᠰᠢᠨᠵᠢᠯᠡᠯᠲᠡ ᠴᠢᠬᠤᠯᠠ ᠢᠯᠡᠷᠡᠬᠦᠯᠦᠯᠲᠡ ᠶᠢ ᠤᠯᠤᠭᠰᠡᠨ ᠪᠠᠶᠢᠨ᠎ᠠ᠃ ᠤᠯᠤᠰ ᠤᠨ ᠭᠠᠵᠠᠷ ᠰᠢᠷᠦᠢ ᠶᠢᠨ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠵᠦ ᠬᠡᠷᠡᠭᠯᠡᠭᠰᠡᠨ ᠦᠷ᠎ᠡ ᠪᠦᠲᠦᠮᠵᠢ ᠳᠤᠪᠤᠶᠢᠮ᠎ᠠ ᠪᠠᠶᠢᠵᠤ᠂ ︽ᠪᠦᠬᠦ ᠤᠯᠤᠰ ᠤᠨ ᠤᠯᠤᠰ ᠤᠨ ᠭᠠᠵᠠᠷ ᠰᠢᠷᠦᠢ ᠶᠢᠨ ᠡᠬᠢ ᠪᠠᠶᠠᠯᠢᠭ ᠢ ᠠᠷᠪᠢᠯᠠᠵᠤ ᠡᠷᠴᠢᠮᠵᠢᠬᠦᠯᠦᠨ ᠬᠡᠷᠡᠭᠯᠡᠭᠰᠡᠨ ᠵᠢᠱᠢᠶᠡᠴᠢ ᠬᠤᠰᠢᠭᠤ︾᠎ ᠪᠠᠷ ᠴᠤᠯᠠᠯᠠᠭᠳᠠᠪᠠ᠃ ᠵᠢᠭᠤᠯᠴᠢᠯᠠᠯ ᠤᠨ ᠦᠢᠯᠡᠰ ᠰᠢᠨ᠎ᠡ ᠰᠢᠪᠲᠤᠯᠲᠠ ᠤᠯᠵᠤ᠂ 7.3 ᠳ᠋ᠦᠩᠰᠢᠭᠤᠷ ᠲᠦᠬᠦᠷᠢᠭ ᠎ ᠤᠨ ᠪᠡᠯᠡ ᠤᠷᠤᠭᠤᠯᠤᠨ᠂ ᠵᠢᠭᠤᠯᠴᠢᠯᠠᠯ ᠤᠨ ᠦᠵᠡᠮᠵᠢ ᠶᠢᠨ ᠤᠷᠤᠨ ᠤ ᠰᠠᠭᠤᠷᠢ ᠲᠦᠬᠦᠬᠡᠷᠦᠮᠵᠢ ᠶᠢ ᠲᠠᠰᠤᠷᠠᠯᠲᠠ ᠦᠬᠡᠢ ᠲᠡᠬᠦᠯᠳᠡᠷᠵᠢᠬᠦᠯᠵᠤ᠂ ᠵᠢᠭᠤᠯᠴᠢᠯᠠᠯ ᠤᠨ ᠶᠡᠷᠦᠩᠬᠡᠢ ᠳᠠᠭᠠᠭᠠᠴᠠ ᠮᠠᠳᠡᠭᠳᠡᠮ᠎ᠡ ᠳᠡᠭᠡᠭᠰᠢᠯᠡᠵᠦ᠂ ᠲᠤᠤᠷᠠᠢ ᠶᠢᠨ ᠤᠢ ᠶᠢᠨ ᠦᠵᠡᠮᠵᠢ ᠶᠢᠨ ᠤᠷᠤᠨ ᠨᠢ ᠤᠯᠤᠰ ᠤᠨ 4A ᠳᠡᠰ ᠤᠨ ᠵᠢᠭᠤᠯᠴᠢᠯᠠᠯ ᠤᠨ ᠦᠵᠡᠮᠵᠢ ᠶᠢᠨ ᠤᠷᠤᠨ ᠢᠶᠠᠷ ᠦᠨᠡᠯᠡᠭᠳᠡᠪᠡ᠃ ᠠᠯᠲᠠᠨ ᠰᠢᠷᠭᠠᠯ ᠲᠤᠤᠷᠠᠢ ᠶᠢᠨ ᠨᠠᠶᠢᠷ ᠢᠶᠠᠷ ᠳᠡᠪᠴᠡᠩ ᠪᠤᠯᠭᠠᠵᠤ᠂ ᠤᠯᠠᠨ ᠤᠯᠤᠰ ᠤᠨ ᠭᠡᠷᠡᠯ ᠵᠢᠷᠤᠭ ᠤᠨ ᠤᠷᠤᠯᠳᠤᠭᠠᠨ᠂ ᠬᠠᠰ ᠡᠷᠳᠡᠨᠢ ᠦᠵᠡᠮᠦᠷᠢ ᠶᠢᠨ ᠴᠢᠯᠠᠭᠤᠨ ᠤ ᠦᠵᠡᠬᠦᠯᠦᠯᠬᠡ᠂ ᠲᠤᠤᠷᠠᠢ ᠶᠢᠨ ᠤᠢ ᠶᠢ ᠲᠤᠭᠤᠷᠢᠭᠰᠠᠨ ᠤᠯᠠᠨ ᠤᠯᠤᠰ ᠤᠨ ᠳᠤᠭᠤᠢ ᠲᠡᠷᠭᠡᠨ ᠤ ᠨᠦᠭᠦᠷᠰᠡᠭ ᠤᠷᠤᠯᠳᠤᠭᠠᠨ ᠵᠡᠷᠭᠡ ᠬᠦᠳᠡᠯᠬᠡᠬᠡᠨ ᠢ ᠦᠷᠨᠢᠭᠦᠯᠦᠨ᠂ ᠬᠤᠰᠢᠭᠤ ᠨᠤᠳᠤᠭ ᠢᠶᠠᠨ ᠨᠡᠩ ᠠᠯᠳᠠᠷᠰᠢᠭᠤᠯᠪᠠ᠃ ᠪᠤᠳᠠᠲᠤ ᠬᠦᠴᠦᠨ ᠲᠠᠢ ᠠᠵᠤ ᠠᠬᠤᠶᠢᠯᠠᠯ ᠢ ᠤᠷᠢᠨ ᠵᠠᠯᠠᠵᠤ᠂ ᠵᠢᠭᠤᠯᠴᠢᠯᠠᠯ ᠤᠨ ᠦᠵᠡᠮᠵᠢ ᠶᠢᠨ ᠤᠷᠤᠨ ᠤ ᠪᠦᠲᠦᠬᠡᠨ ᠪᠠᠶᠢᠭᠤᠯᠤᠯᠲᠠ ᠪᠠ ᠡᠵᠡᠩᠨᠡᠯᠲᠡ ᠳᠤ ᠤᠷᠤᠯᠴᠠᠭᠤᠯᠤᠨ᠂ ᠰᠤᠶᠤᠯ ᠵᠢᠭᠤᠯᠴᠢᠯᠠᠯ ᠤᠨ ᠪᠠᠯᠡ ᠤᠷᠤᠭᠤᠯᠬᠤ ᠬᠠᠮᠢᠶᠠᠷᠦᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢ ᠪᠠᠶᠢᠭᠤᠯᠵᠤ᠂ ︽ᠲᠠᠯ᠎ᠠ ᠤᠨ ᠤᠳᠤ︾ ᠵᠢᠭᠤᠯᠴᠢᠯᠠᠯ ᠤᠨ ᠭᠠᠯᠲᠤ ᠲᠡᠷᠭᠡ ᠪᠠ ᠨᠢᠰᠬᠡᠯ ᠬᠦᠯᠦᠰᠦᠯᠡᠨ ᠵᠢᠭᠤᠯᠴᠢᠯᠠᠬᠤ ᠦᠢᠯᠡᠴᠢᠯᠡᠭᠡ ᠶᠢ ᠨᠡᠪᠲᠡᠷᠡᠭᠦᠯᠵᠤ᠂ ᠵᠢᠭᠤᠯᠴᠢᠯᠠᠯ ᠤᠨ ᠦᠢᠯᠡᠴᠢᠯᠡᠭᠡᠨ ᠤ ᠴᠢᠳᠠᠪᠦᠷᠢ ᠶᠢ ᠮᠠᠳᠡᠭᠳᠡᠮ᠎ᠡ ᠳᠡᠭᠡᠭᠰᠢᠯᠡᠭᠦᠯᠦᠭᠰᠡᠨ ᠪᠠᠶᠢᠨ᠎ᠠ᠃ 2015 ᠤᠨ ᠳᠤ᠂ ᠤᠯᠤᠰ ᠤᠨ ᠲᠤᠲᠤᠭᠠᠳᠤ ᠭᠠᠳᠠᠭᠠᠳᠤ ᠶᠢᠨ ᠵᠢᠭᠤᠯᠴᠢᠳ 110.6 ᠲᠦᠮᠡᠨ ᠬᠦᠮᠦᠨ ︵ᠤᠳᠠᠭ᠎ᠠ︶᠎ ᠢ ᠵᠤᠴᠢᠯᠠᠵᠤ᠂ ᠠᠳᠠᠯᠢ ᠬᠤᠭᠤᠴᠠᠭᠠᠨ ᠤ ᠎ ᠬᠢ ᠠᠴᠠ 20%᠎ ᠪᠠᠷ ᠨᠡᠮᠡᠭᠳᠡᠨ᠂ 2010 ᠤᠨ ᠤ 2.5 ᠳᠠᠬᠢᠨ᠂ ᠵᠢᠯ ᠳᠤᠮᠳᠠᠴᠢ ᠶᠢᠨ ᠨᠡᠮᠡᠭᠳᠡᠯ 20.8%︔ ᠵᠢᠭᠤᠯᠴᠢᠯᠠᠯ ᠤᠨ ᠶᠡᠷᠦᠩᠬᠡᠢ ᠤᠷᠤᠯᠭ᠎ᠠ14.6 ᠳ᠋ᠦᠩᠰᠢᠭᠤᠷ ᠲᠦᠬᠦᠷᠢᠭ᠂ ᠠᠳᠠᠯᠢ ᠬᠤᠭᠤᠴᠠᠭᠠᠨ ᠤ ᠬᠢ ᠠᠴᠠ 25%᠎ ᠪᠠᠷ ᠨᠡᠮᠡᠭᠳᠡᠨ᠂ 2010 ᠤᠨ ᠤ 4.4 ᠳᠠᠬᠢᠨ᠂ ᠵᠢᠯ ᠳᠤᠮᠳᠠᠴᠢ ᠶᠢᠨ ᠨᠡᠮᠡᠭᠳᠡᠯ 35.2%᠎ ᠲᠤ ᠬᠦᠷᠴᠡᠢ ᠃ ᠵᠢᠭᠤᠯᠴᠢᠯᠠᠯ ᠤᠨ ᠦᠢᠯᠡᠰ ᠨᠢ ᠵᠠᠮ ᠬᠠᠷᠢᠯᠴᠠᠭ᠎ᠠ᠂ ᠪᠠᠷᠠᠭ᠎ᠠ ᠲᠡᠭᠡᠭᠡᠪᠦᠷᠢ᠂ ᠢᠳᠡᠭᠡᠨ ᠤᠮᠳᠠᠭᠠᠨ᠂ ᠬᠤᠨᠤᠬᠤ ᠰᠠᠭᠤᠬᠤ᠂ ᠬᠤᠳᠠᠯᠳᠤᠭ᠎ᠠ ᠭᠦᠢᠯᠭᠡᠭᠡ ᠵᠡᠷᠭᠡ ᠦᠢᠯᠡᠴᠢᠯᠡᠭᠡᠨ ᠤ ᠦᠢᠯᠡᠰ ᠢ ᠳᠠᠶᠢᠴᠢᠯᠠᠵᠤ ᠦᠷᠨᠢᠬᠦᠨ ᠢᠶᠠᠷ ᠬᠦᠭᠵᠢᠭᠦᠯᠪᠡ᠃ ᠲᠠᠪᠦᠨ ᠵᠢᠯ ᠤᠨ ᠲᠤᠷᠰᠢ᠂ ᠵᠠᠰᠠᠮᠠᠯ ᠵᠠᠮ ᠤᠨ ᠠᠶᠠᠨᠴᠢᠳ ᠤᠨ ᠵᠦᠭᠡᠭᠡᠪᠦᠷᠢ ᠶᠢᠨ ᠬᠡᠮᠵᠢᠶ᠎ᠡ 229.7 ᠲᠦᠮᠡᠨ ᠬᠦᠮᠦᠨ ︵ᠤᠳᠠᠭ᠎ᠠ︶᠂ ᠪᠠᠷᠠᠭᠠᠨ ᠤ ᠲᠠᠭᠡᠭᠡᠪᠦᠷᠢ ᠶᠢᠨ ᠬᠡᠮᠵᠢᠶ᠎ᠡ 3958 ᠲᠦᠮᠡᠨ ᠳᠤᠨ᠂ ᠲᠡᠮᠦᠷ ᠵᠠᠮ ᠤᠨ ᠠᠶᠠᠨᠴᠢᠳ ᠤᠨ ᠵᠦᠬᠡᠬᠡᠪᠦᠷᠢ ᠶᠢᠨ ᠬᠡᠮᠵᠢᠶ᠎ᠡ 19.9 ᠲᠦᠮᠡᠨ ᠬᠦᠮᠦᠨ ︵ᠤᠳᠠᠭ᠎ᠠ︶᠂ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 1406.3 ᠲᠦᠮᠡᠨ ᠳᠤᠨ᠂ ᠠᠭᠠᠷ ᠠᠶᠠᠯᠠᠯ ᠤᠨ ᠠᠶᠠᠨᠴᠢᠳ ᠢ ᠵᠦᠬᠡᠬᠡᠪᠦᠷᠢᠯᠡᠭᠰᠡᠨ ᠬᠡᠮᠵᠢᠶ᠎ᠡ 4.9 ᠲᠦᠮᠡᠨ ᠬᠦᠮᠦᠨ ︵ᠤᠳᠠᠭ᠎ᠠ︶᠎ ᠳᠤ ᠬᠦᠷᠴᠦ︔ ᠬᠤᠳᠠᠯᠳᠤᠭᠠᠨ ᠤ ᠬᠤᠪᠢᠶᠠᠷᠢ 3 ᠪᠠᠩᠬᠢ᠂ ᠪᠠᠭ᠎ᠠ ᠲᠤᠭᠠᠨ ᠤ ᠪᠠᠲᠤᠯᠠᠭᠠᠲᠤ ᠵᠢᠬᠡᠯᠡᠯᠬᠡ ᠶᠢᠨ 2 ᠺᠣᠮᠫᠠᠨᠢ ᠰᠢᠨ᠎ᠡ ᠪᠠᠷ ᠨᠡᠮᠡᠭᠳᠡᠪᠡ᠃        ︵ᠭᠤᠷᠪᠠ︶ ᠠᠮᠢ ᠠᠬᠤᠢ ᠶᠢ ᠲᠡᠷᠢᠬᠦᠨ ᠳᠤ ᠲᠠᠯᠪᠢᠬᠤ ᠶᠢ ᠪᠠᠷᠢᠮᠲᠠᠯᠠᠨ᠂ ᠰᠠᠭᠤᠷᠢ ᠪᠦᠲᠦᠬᠡᠨ ᠪᠠᠶᠢᠭᠤᠯᠤᠯᠲᠠ ᠰᠢᠨ᠎ᠡ ᠰᠢᠪᠲᠤᠯᠤᠯᠲᠠ ᠲᠠᠢ ᠪᠤᠯᠪᠠ        ᠲᠠᠪᠦᠨ ᠵᠢᠯ ᠳᠤ᠂ ᠬᠠᠷ᠎ᠠ ᠭᠤᠤᠯ ᠤᠨ ᠳᠤᠤᠷᠠᠳᠤ ᠤᠷᠤᠰᠬᠠᠯ ᠢ ᠶᠡᠷᠦᠩᠬᠡᠶᠢᠯᠡᠨ ᠵᠠᠰᠠᠬᠤ᠂ ᠠᠶᠤᠯᠳᠠᠢ ᠤᠰᠤᠨ ᠴᠦᠬᠦᠷᠤᠮ ᠢ ᠵᠠᠰᠠᠨ ᠪᠠᠬᠢᠯᠡᠬᠦ ᠵᠡᠷᠭᠡ ᠢᠨᠵᠧᠨᠧᠷᠢᠩ ᠢ ᠬᠡᠷᠡᠭᠵᠢᠬᠦᠯᠦᠨ᠂ 31.1 ᠳ᠋ᠦᠩᠰᠢᠭᠤᠷ ᠪᠤᠰᠤᠭ᠎ᠠ ᠲᠦᠷᠪᠡᠯᠵᠢᠨ ᠮᠧᠲᠷ ᠤᠰᠤ ᠬᠤᠪᠢᠶᠠᠷᠢᠯᠠᠵᠤ᠂ ᠵᠢᠯ ᠳᠤᠮᠳᠠᠴᠢ ᠶᠢᠨ ᠬᠡᠮᠵᠢᠶ᠎ᠡ 6.2 ᠳ᠋ᠦᠩᠰᠢᠭᠤᠷ ᠪᠤᠰᠤᠭ᠎ᠠ ᠳᠦᠷᠪᠡᠯᠵᠢᠨ ᠮᠧᠲᠷ ᠲᠤ ᠬᠦᠷᠴᠤ᠂ ᠡᠮᠤᠨ᠎ᠡ ᠭᠤᠤᠯ᠂ ᠮᠦᠷᠡᠨ ᠭᠤᠤᠯ ᠪᠦᠬᠦᠨ ᠢᠶᠠᠷ ᠤᠷᠤᠰᠬᠠᠯ ᠨᠡᠪᠲᠡᠷᠡᠨ᠂ ᠠᠮᠢ ᠠᠬᠤᠢ ᠶᠢᠨ ᠪᠠᠭᠤᠷᠠᠢ ᠤᠷᠤᠨ ᠢ ᠪᠦᠲᠦᠮᠵᠢᠲᠠᠢ ᠤᠰᠤᠯᠠᠵᠤ ᠴᠢᠳᠠᠭᠰᠠᠨ ᠪᠠᠶᠢᠨ᠎ᠠ᠃ ᠨᠤᠲᠤᠭ ᠪᠡᠯᠴᠢᠭᠡᠷ ᠤᠨ ᠠᠮᠢ ᠠᠬᠤᠢ ᠶᠢᠨ ᠨᠦᠬᠦᠪᠦᠷᠢ ᠱᠠᠩᠨᠠᠯ ᠤᠨ ᠲᠦᠷᠦ ᠶᠢᠨ ᠪᠤᠳᠤᠯᠭ᠎ᠠ᠂ ᠤᠢ ᠰᠢᠭᠤᠢ ᠶᠢᠨ ᠠᠮᠢ ᠠᠬᠤᠢ ᠶᠢᠨ ᠦᠷ᠎ᠡ ᠠᠰᠢᠭ ᠢ ᠨᠦᠭᠦᠪᠦᠷᠢᠯᠡᠬᠦ ᠳᠦᠷᠢᠮ ᠢ ᠬᠢᠨᠠᠮᠠᠭᠠᠢ ᠨᠠᠶᠢᠳᠠᠪᠤᠷᠢᠵᠢᠭᠤᠯᠵᠤ᠂ ᠬᠦᠮᠦᠨ ᠤ ᠬᠦᠴᠦ ᠪᠠᠷ ᠤᠶᠢᠵᠢᠭᠤᠯᠤᠭᠰᠠᠨ ᠤᠢ 7.7 ᠲᠦᠮᠡᠨ ᠮᠦ᠂ ᠮᠠᠩᠬ᠎ᠠ ᠪᠢᠲᠡᠭᠦᠮᠵᠢᠯᠡᠨ ᠤᠶᠢᠵᠢᠭᠤᠯᠤᠭᠰᠠᠨ ᠤᠢ 23.7 ᠲᠦᠮᠡᠨ ᠮᠦ᠂ ᠪᠡᠯᠴᠢᠭᠡᠷ ᠤᠨ ᠤᠷᠭᠤᠮᠠᠯ ᠤᠨ ᠪᠦᠷᠭᠦᠴᠡ᠂ ᠤᠢ ᠰᠢᠭᠤᠢ ᠶᠢᠨ ᠪᠦᠷᠭᠦᠴᠡ ᠲᠤᠰ ᠪᠦᠷᠢ 10% ᠪᠠ 4.3%᠎ ᠳᠤ ᠬᠦᠷᠲᠡᠯ᠎ᠡ ᠨᠡᠮᠡᠭᠳᠡᠭᠰᠡᠨ ᠪᠠᠶᠢᠨ᠎ᠠ᠃ 10 ᠲᠤᠨ ᠠᠴᠠ ᠲᠤᠷᠤᠭᠰᠢ ᠨᠡᠬᠦᠷᠡᠰᠦᠨ ᠰᠢᠲᠠᠯᠲᠠ ᠲᠠᠢ 14 ᠳᠤᠯᠠᠭᠠᠯᠠᠭ᠎ᠠ ᠶᠢᠨ ᠵᠤᠤᠬ᠎ᠠ ᠶᠢ ᠬᠡᠷᠡᠭᠯᠡᠬᠡᠨ ᠠᠴᠠ ᠨᠢ ᠵᠤᠭᠰᠤᠭᠠᠵᠤ᠂ ᠭᠤᠤᠯ ᠪᠤᠬᠢᠷᠳᠤᠯ ᠤᠨ ᠪᠤᠳᠠᠰ ᠪᠤᠯᠬᠤ ᠬᠦᠬᠦᠷ ᠤᠨ ᠳᠠᠪᠬᠤᠷ ᠢᠰᠦᠯ ᠢ 246 ᠲᠤᠨ᠂ ᠠᠽᠤᠲ ᠢᠰᠦᠯ ᠢ 1084 ᠲᠤᠨ᠂ ᠬᠢᠮᠢ ᠶᠢᠨ ᠬᠦᠴᠢᠯᠳᠦ᠋ᠷᠦᠭᠴᠢ ᠬᠡᠷᠡᠭᠰᠡᠬᠦ ᠬᠡᠮᠵᠢᠶ᠎ᠡ ᠎ ᠶᠢ 17 ᠲᠤᠨ ᠪᠠᠭᠠᠰᠬᠠᠵᠡᠢ᠃ ᠵᠠᠮ ᠨᠡᠪᠲᠡᠷᠡᠭᠦᠯᠬᠡ ᠲᠦᠬᠦᠮ ᠦᠭᠡᠢ ᠪᠠᠶᠢᠳᠠᠯ ᠢ ᠢᠳᠡᠪᠬᠢᠲᠠᠢ ᠰᠢᠢᠳᠪᠦᠷᠢᠯᠡᠵᠤ᠂ 158.1 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠤᠨ᠂ ᠡᠵᠡᠨ᠎ᠡ ᠠᠴᠠ ᠬᠠᠮᠢ ᠬᠦᠷᠳᠡᠯᠡᠬᠢ ᠲᠡᠮᠦᠷ ᠵᠠᠮ᠂ ᠲᠤᠤᠷᠠᠢ ᠨᠢᠰᠭᠡᠯ ᠤᠨ ᠪᠠᠭᠤᠳᠠᠯ᠂ ᠳᠠᠯᠠᠶᠢᠬᠦ᠋ᠪ ᠠᠴᠠ ᠴᠡᠭᠡ ᠬᠦᠷᠲᠡᠯᠡᠬᠢ ᠨᠢᠬᠡᠳᠦᠭᠡᠷ ᠳᠡᠰ ᠤᠨ ᠵᠠᠰᠠᠮᠠᠯ ᠵᠠᠮ᠂ ᠮᠠᠽᠦ᠋ᠩᠱᠠᠨ ᠰᠤᠮᠤᠨ ᠤ ᠴᠠᠷᠳᠠᠮᠠᠯ ᠵᠠᠮ ᠵᠢᠴᠢ ᠵᠡᠭᠦᠨ ᠭᠤᠪᠢ᠂ ᠦᠳᠦᠷᠯᠢᠭ ᠭᠠᠵᠠᠷ ᠤᠷᠤᠨ ᠤ ᠬᠠᠶᠢᠷ ᠴᠢᠯᠠᠭᠤᠨ ᠵᠠᠮ ᠢ ᠪᠠᠶᠢᠭᠤᠯᠤᠨ ᠲᠡᠷᠭᠡ ᠨᠡᠪᠲᠡᠷᠡᠭᠦᠯᠵᠦ᠂ S315 ᠱᠤᠭᠤᠮ ᠤᠨ ᠳᠠᠯᠠᠶᠢᠬᠦ᠋ᠪ ᠠᠴᠠ ᠨᠢᠬᠡᠳᠦᠭᠡᠷ ᠠᠭᠤᠯᠠ ᠬᠦᠷᠲᠡᠯᠡᠬᠢ ᠵᠠᠰᠠᠮᠠᠯ ᠵᠠᠮ ᠤᠨ ᠦᠭᠡᠷᠡᠴᠢᠯᠡᠯᠲᠡ ᠶᠢ ᠪᠡᠶᠡᠯᠡᠭᠦᠯᠦᠨ᠂ ᠪᠡᠭᠡᠵᠢᠩ ᠠᠴᠠ ᠰᠢᠨᠵᠢᠶᠠᠩ ᠬᠦᠷᠲᠡᠯᠡᠬᠢ ᠦᠨᠳᠦᠷ ᠬᠤᠷᠳᠤᠴᠠᠲᠤ ᠵᠠᠰᠠᠮᠠᠯ ᠵᠠᠮ ᠤᠨ ᠠᠵᠢᠯ ᠢ ᠡᠬᠢᠯᠡᠭᠦᠯᠵᠦ᠂ ᠭᠠᠳᠠᠭᠰᠢ ᠨᠡᠪᠲᠡᠷᠡᠬᠦ ᠴᠢᠳᠠᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ 4.9 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠤ᠂ ᠴᠡᠭᠡ᠂ ᠦᠩᠳᠦᠭᠤᠤᠯ᠂ ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠭᠢ ᠵᠡᠷᠭᠡ ᠭᠠᠵᠠᠷ ᠤᠨ ᠴᠠᠬᠢᠯᠭᠠᠨ ᠬᠦᠷᠭᠡᠵᠦ ᠬᠦᠴᠦᠳᠡᠯ ᠦᠭᠡᠷᠡᠴᠢᠯᠡᠬᠦ ᠢᠨᠵᠧᠨᠧᠷᠢᠩ 34 ᠲᠦᠷᠦᠯ ᠢ ᠤᠷᠢᠳ ᠬᠤᠵᠢᠳ ᠬᠡᠷᠡᠭᠵᠢᠭᠦᠯᠦᠨ᠂ ᠪᠦᠬᠦ ᠬᠤᠰᠢᠭᠤᠨ ᠤ ᠠᠵᠤ ᠠᠬᠤᠢ ᠨᠠᠶᠢᠬᠡᠮ ᠤᠨ ᠬᠦᠭᠵᠢᠯᠲᠡ ᠳᠤ ᠴᠠᠬᠢᠯᠭᠠᠨ ᠬᠦᠴᠦᠨ ᠤ ᠪᠠᠲᠤᠯᠠᠭ᠎ᠠ ᠬᠠᠩᠭᠠᠪᠠ᠃ 20.7 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠨ᠂ ᠬᠤᠲᠠ ᠪᠠᠯᠭᠠᠰᠤᠨ ᠤ ᠰᠠᠭᠤᠷᠢ ᠲᠦᠭᠦᠬᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠬᠤᠲᠠ ᠪᠠᠯᠭᠠᠰᠤᠴᠢᠯᠠᠯᠲᠠ ᠶᠢᠨ ᠨᠤᠷᠮ᠎ᠠ 85%᠂ ᠰᠠᠭᠤᠭᠠᠯᠢ ᠠᠷᠠᠳ ᠤᠨ ᠲᠦᠬᠡᠬᠡᠯ ᠤᠰᠤᠨ ᠤ ᠬᠡᠷᠡᠭᠯᠡᠯᠲᠡ ᠶᠢ ᠲᠦᠭᠡᠮᠡᠯᠵᠢᠭᠦᠯᠦᠭᠰᠡᠨ ᠨᠤᠷᠮ᠎ᠠ 99 %᠂ ᠪᠤᠬᠢᠷ ᠤᠰᠤ ᠰᠢᠢᠳᠪᠦᠷᠢᠯᠡᠭᠰᠡᠨ ᠨᠤᠷᠮ᠎ᠠ 85%᠂ ᠠᠮᠢᠳᠤᠷᠠᠯ ᠤᠨ ᠬᠤᠭ ᠨᠤᠪᠰᠢ ᠶᠢ ᠰᠢᠢᠳᠪᠦᠷᠢᠯᠡᠭᠰᠡᠨ ᠨᠤᠷᠮ᠎ᠠ 97.2%᠂ ᠨᠢᠭᠡᠨᠲᠠ ᠪᠠᠶᠢᠭᠤᠯᠤᠭᠰᠠᠨ ᠤᠷᠤᠨ ᠰᠠᠭᠤᠴᠠ ᠶᠢᠨ ᠲᠤᠭᠤᠷᠢᠭ ᠲᠤ ᠲᠦᠪᠯᠡᠷᠡᠭᠦᠯᠦᠨ ᠢᠯᠴᠢ ᠬᠠᠩᠭᠠᠭᠰᠠᠨ ᠨᠤᠷᠮ᠎ᠠ 100%᠎ ᠳᠤ ᠬᠦᠷᠴᠦ᠂ ᠤᠷᠤᠨ ᠰᠠᠭᠤᠴᠠ ᠶᠢᠨ ᠲᠠᠯᠠᠪᠠᠢ ᠬᠦᠮᠦᠨ ᠪᠦᠷᠢ ᠳᠤ ᠲᠡᠭᠰᠢᠳᠬᠡᠭᠡᠳ 34.9 ᠬᠠᠪᠲᠠᠭᠠᠢ ᠳᠦᠷᠪᠡᠯᠵᠢᠨ ᠮᠧᠲᠷ᠂ ᠴᠡᠴᠡᠷᠯᠢᠭ ᠤᠨ ᠨᠤᠭᠤᠭᠠᠷᠠᠭᠤᠯᠤᠭᠰᠠᠨ ᠲᠠᠯᠠᠪᠠᠢ ᠬᠦᠮᠦᠨ ᠪᠦᠷᠢ ᠳᠤ ᠲᠡᠭᠰᠢᠳᠬᠡᠬᠡᠳ 15.8 ᠬᠠᠪᠲᠠᠭᠠᠢ ᠳᠦᠷᠪᠡᠯᠵᠢᠨ ᠮᠧᠲᠷ ᠲᠤ ᠬᠦᠷᠴᠦ᠂ ᠳᠠᠯᠠᠶᠢᠬᠦ᠋ᠪ ᠪᠠᠯᠭᠠᠰᠤ ᠨᠢ ︽ᠪᠦᠬᠦ ᠤᠯᠤᠰ ᠤᠨ ᠤᠨᠴᠠᠯᠢᠭᠲᠤ ᠦᠵᠡᠮᠵᠢ ᠶᠢᠨ ᠵᠢᠭᠤᠯᠴᠢᠯᠠᠯ ᠤᠨ ᠨᠠᠷᠠᠲᠤ ᠪᠠᠯᠭᠠᠰᠤ︾ ᠪᠠ ︽ᠪᠦᠭᠦ ᠤᠯᠤᠰ ᠤᠨ ᠪᠤᠯᠪᠠᠰᠤᠨ ᠪᠠᠯᠭᠠᠰᠤ︾᠎ ᠪᠠᠷ ᠦᠨᠡᠯᠡᠭᠳᠡᠭᠰᠡᠨ ᠪᠠᠶᠢᠨ᠎ᠠ᠃        ︵ᠳᠦᠷᠪᠡ︶  ᠭᠠᠳᠠᠭᠠᠳᠤ ᠲᠠᠢ ᠴᠢᠯᠤᠭᠡᠲᠠᠢ ᠶᠠᠪᠤᠯᠴᠠᠬᠤ ᠶᠢ ᠪᠠᠷᠢᠮᠲᠠᠯᠠᠨ᠂ ᠪᠤᠭᠤᠮᠲᠠ ᠶᠢᠨ ᠠᠵᠤ ᠠᠬᠤᠢ ᠦᠷᠨᠢᠩᠬᠦᠢ ᠬᠦᠭᠵᠢᠪᠡ        ᠲᠠᠪᠤᠨ ᠵᠢᠯ ᠤᠨ ᠲᠤᠷᠰᠢ᠂ 42 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠤᠨ᠂ ᠴᠡᠭᠡ ᠪᠤᠭᠤᠮᠲᠠ ᠶᠢᠨ ᠤᠰᠤ᠂ ᠴᠠᠬᠢᠯᠭᠠᠨ᠂ ᠵᠠᠮ ᠬᠠᠷᠢᠯᠴᠠᠭ᠎ᠠ᠂ ᠴᠢᠮᠡᠭᠡ ᠨᠡᠪᠲᠡᠷᠡᠭᠦᠯᠬᠡ ᠵᠡᠷᠭᠡ ᠰᠠᠭᠤᠷᠢ ᠪᠠᠶᠢᠭᠤᠯᠤᠯᠲᠠ ᠶᠢ  ᠲᠡᠬᠦᠯᠳᠡᠷᠵᠢᠬᠦᠯᠵᠤ᠂ ᠳᠦᠷᠪᠡ ᠤᠷᠤᠵᠤ ᠳᠦᠷᠪᠡ ᠭᠠᠷᠬᠤ ᠡᠳ᠋ ᠪᠠᠷᠠᠭᠠᠨ ᠤ ᠨᠡᠪᠲᠡᠷᠡᠬᠦ ᠵᠠᠮ᠂ ᠲᠤᠮᠳᠠᠳᠤ ᠮᠤᠩᠭᠤᠯ ᠤᠨ ᠬᠢᠯᠢ ᠶᠢᠨ ᠠᠷᠠᠳ ᠤᠨ ᠬᠤᠳᠠᠯᠳᠤᠭᠠᠨ ᠤ ᠵᠠᠬ᠎ᠠ᠂ ᠵᠠᠰᠠᠮᠠᠯ ᠵᠠᠮ ᠪᠠ ᠲᠠᠮᠦᠷ ᠵᠠᠮ ᠤᠨ ᠰᠤᠯᠪᠢᠴᠠᠯ ᠵᠡᠷᠭᠡ ᠶᠢ ᠳᠠᠷᠠᠭᠠᠯᠠᠨ ᠪᠠᠶᠢᠭᠤᠯᠵᠤ ᠠᠰᠢᠭᠯᠠᠯᠲᠠ ᠳᠤ ᠤᠷᠤᠭᠤᠯᠤᠨ᠂ ᠲᠡᠮᠦᠷ ᠵᠠᠮ ᠤᠨ ᠪᠤᠭᠤᠮᠲᠠ ᠪᠠᠷ ᠬᠢᠯᠢ ᠳᠠᠪᠠᠭ᠋ᠤ ᠴᠡᠭ ᠢ ᠲᠤᠭᠲᠠᠭᠠᠵᠤ᠂ ᠪᠤᠭᠤᠮᠲᠠ ᠦᠩᠬᠡᠷᠡᠬᠦ ᠠᠰᠢᠭ ᠨᠤᠷᠮ᠎ᠠ ᠢᠯᠡᠷᠭᠡᠢ ᠳᠡᠭᠡᠭᠰᠢᠯᠡᠨ᠂ ᠡᠳ᠋ ᠪᠠᠷᠠᠭᠠᠨ ᠤ ᠤᠷᠤᠭᠤᠯᠤᠯᠲᠠ ᠭᠠᠷᠭᠠᠯᠲᠠ ᠶᠢᠨ ᠶᠡᠷᠦᠩᠬᠡᠢ ᠬᠡᠮᠵᠢᠶ᠎ᠡ 4200 ᠲᠦᠮᠡᠨ ᠳᠤᠨ᠂ ᠬᠤᠳᠠᠯᠳᠤᠭ᠎ᠠ ᠭᠦᠢᠯᠭᠡᠭᠡᠨ ᠤ ᠶᠡᠷᠦᠩᠬᠡᠢ ᠦᠷᠲᠡᠭ 21.7 ᠳ᠋ᠦᠩᠰᠢᠭᠤᠷ ᠳ᠋ᠤᠯᠯᠠᠷ ᠲᠤ ᠬᠦᠷᠴᠦ᠂ ᠲᠤᠰᠪᠦᠷᠢ ︽ᠠᠷᠪᠡᠨ ᠨᠢᠬᠡᠳᠦᠭᠡᠷ ᠲᠠᠪᠦᠨ ᠵᠢᠯ︾᠎ ᠤᠨ 2.5 ᠳᠠᠬᠢᠨ ᠪᠤᠯᠤᠨ 10 ᠳᠠᠬᠢᠨ ᠳᠤ ᠬᠦᠷᠦᠭᠰᠡᠨ ᠪᠠᠶᠢᠨ᠎ᠠ᠃ ᠭᠠᠳᠠᠭᠠᠲᠤ ᠲᠠᠢ ᠬᠠᠮᠲᠤᠷᠠᠨ ᠠᠵᠢᠯᠯᠠᠬᠤ ᠬᠦᠴᠦᠯᠡᠴᠡ ᠪᠠᠨ ᠲᠠᠰᠤᠷᠠᠯᠲᠠ ᠦᠭᠡᠢ ᠶᠡᠭᠡᠰᠭᠡᠨ᠂ ᠳᠤᠮᠳᠠᠳᠤ ᠮᠤᠩᠭᠤᠯ ᠤᠨ ᠰᠤᠶᠤᠯ ᠤᠨ ᠰᠤᠯᠢᠯᠴᠠᠭᠠᠨ ᠤ ᠰᠠᠷ᠎ᠠ᠂ ᠳᠤᠮᠳᠠᠳᠤ ᠮᠤᠩᠭᠤᠯ ᠤᠨ ᠪᠠᠷᠠᠭ᠎ᠠ ᠲᠠᠸᠠᠷ ᠤᠨ ᠳᠡᠯᠭᠡᠨ ᠪᠤᠷᠤᠯᠠᠭᠤᠯᠭ᠎ᠠ ᠪᠤᠯᠤᠨ ᠬᠢᠯᠢ ᠶᠢᠨ ᠠᠷᠠᠳ ᠤᠨ ᠬᠤᠳᠠᠯᠳᠤᠭᠠᠨ ᠤ ᠵᠠᠬ᠎ᠠ ᠶᠢ ᠠᠮᠵᠢᠯᠲᠠᠲᠠᠢ ᠡᠷᠬᠢᠯᠡᠵᠤ᠂ ︽ᠳᠤᠮᠳᠠᠳᠤ ᠮᠤᠩᠭᠤᠯ ᠤᠨ ᠦᠵᠡᠮᠦᠷᠢ ᠶᠢᠨ ᠴᠢᠯᠠᠭᠤᠨ ᠤ ᠨᠦᠬᠦᠷᠰᠡᠭ ᠬᠤᠲᠠ︾᠎ ᠪᠠᠷ ᠴᠤᠯᠠᠯᠠᠭᠳᠠᠨ᠂ ᠡᠵᠡᠨ᠎ᠡ ᠠᠴᠠ ᠮᠤᠩᠭᠤᠯ ᠤᠯᠤᠰ ᠤᠨ ᠭᠤᠷᠪᠠᠨᠳᠡᠰ ᠬᠦᠷᠲᠡᠯᠡᠬᠢ ᠤᠯᠠᠨ ᠤᠯᠤᠰ ᠤᠨ ᠠᠶᠠᠨᠴᠢᠳ ᠤᠨ ᠮᠠᠰᠢᠨ ᠢ ᠨᠡᠪᠲᠡᠷᠡᠭᠦᠯᠵᠦ᠂ ᠰᠤᠷᠭᠠᠨ ᠬᠦᠮᠦᠵᠢᠯ᠂ ᠡᠷᠡᠭᠦᠯ ᠬᠠᠮᠠᠭᠠᠯᠠᠯ᠂ ᠰᠤᠶᠤᠯ ᠪᠤᠯᠪᠠᠰᠤᠷᠠᠯ ᠵᠡᠷᠭᠡ ᠤᠯᠠᠨ ᠴᠠᠷ᠎ᠠ ᠬᠦᠷᠢᠶᠡᠨ ᠳᠠᠬᠢ ᠬᠠᠮᠳᠤᠷᠠᠯᠴᠠᠭ᠎ᠠ ᠤᠯᠠᠮ ᠢᠶᠠᠷ ᠭᠦᠨᠵᠡᠭᠡᠶᠢᠷᠡᠪᠡ᠃ ᠤᠯᠤᠰ ᠤᠨ ︽ᠨᠢᠭᠡ ᠪᠦᠰᠡ ᠨᠢᠭᠡ ᠵᠠᠮ︾᠎ ᠤᠨ ᠬᠦᠭᠵᠢᠯᠲᠡ ᠶᠢᠨ ᠪᠠᠶᠢᠯᠳᠦᠬᠤ ᠪᠤᠳᠤᠯᠭ᠎ᠠ ᠳᠤ ᠢᠳᠡᠪᠬᠢᠲᠠᠢ ᠤᠷᠤᠯᠴᠠᠵᠤ᠂ ᠱᠠᠨᠰᠢ᠂ ᠭᠠᠨᠰᠦ᠂ ᠨᠢᠩᠰᠢᠶᠠ᠂ ᠬᠦᠬᠡᠨᠠᠭᠤᠷ ᠵᠡᠷᠭᠡ ᠬᠦᠷᠰᠢ ᠮᠤᠵᠢ ᠤᠷᠤᠨ ᠲᠠᠢ ᠡᠬᠢ ᠪᠠᠶᠠᠯᠢᠭ ᠢᠶᠠᠨ ᠬᠠᠷᠢᠯᠴᠠᠨ ᠨᠦᠭᠦᠪᠦᠷᠢᠯᠡᠬᠦ᠂ ᠬᠠᠮᠳᠦᠪᠠᠷ ᠡᠳ᠋ᠯᠡᠵᠦ ᠬᠦᠭᠵᠢᠬᠦ ᠲᠠᠯ᠎ᠠ ᠪᠠᠷ ᠰᠤᠯᠢᠯᠴᠠᠭ᠎ᠠ ᠬᠠᠮᠳᠤᠷᠠᠯᠴᠠᠭ᠎ᠠ ᠪᠠᠨ ᠴᠢᠩᠭᠠᠳᠬᠠᠨ᠂ ᠤᠷᠢᠳ ᠬᠤᠵᠢᠳ ᠱᠠᠨᠳᠦ᠋ᠩ ᠮᠤᠵᠢ ᠶᠢᠨ ᠵᠣᠣ ᠶᠤᠸᠠᠨ ᠬᠤᠲᠠ᠂ ᠭᠠᠨᠰᠦ ᠮᠤᠵᠢ ᠶᠢᠨ ᠢᠦᠢ ᠮᠧᠨ ᠬᠤᠲᠠ ᠲᠠᠢ ᠨᠦᠬᠦᠷᠰᠡᠭ ᠬᠠᠷᠢᠴᠠᠭ᠎ᠠ ᠪᠠᠶᠢᠭᠤᠯᠵᠤ᠂ ᠡᠬᠢ ᠪᠠᠶᠠᠯᠢᠭ ᠤᠨ ᠨᠠᠬᠡᠬᠡᠯᠲᠡ ᠪᠠ ᠵᠠᠬ᠎ᠠ ᠳᠡᠯᠭᠡᠬᠦᠷ ᠤᠨ ᠦᠷᠭᠡᠳᠬᠡᠯ ᠳᠤ ᠰᠢᠨ᠎ᠡ ᠰᠢᠪᠲᠤᠯᠤᠯᠲᠠ ᠶᠢ ᠤᠯᠵᠡᠢ᠃ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠲᠠᠯ᠎ᠠ ᠪᠠᠷ ᠰᠢᠨ᠎ᠡ ᠦᠷ᠎ᠡ ᠪᠦᠲᠦᠮᠵᠢ ᠤᠯᠵᠤ᠂ 73.2 ᠳ᠋ᠦᠩᠰᠢᠭᠤᠷ ᠲᠦᠭᠦᠷᠢᠭ ᠤᠨ ᠪᠡᠯᠡ ᠮᠦᠩᠭᠦ ᠎ ᠶᠢ ᠬᠡᠷᠡᠭᠯᠡᠭᠡᠨ ᠳᠤ ᠤᠷᠤᠭᠤᠯᠤᠨ᠂ 72 ᠲᠦᠷᠦᠯ ᠵᠦᠢᠯ ᠢ ᠬᠡᠷᠡᠭᠵᠢᠭᠦᠯᠪᠡ᠃        ︵ᠲᠠᠪᠦ︶ ᠦᠭᠡᠷᠡᠴᠢᠯᠡᠯᠲᠡ ᠶᠢ ᠬᠦᠨᠵᠡᠬᠡᠶᠢᠷᠡᠬᠦᠯᠬᠦ ᠪᠠᠨ ᠪᠠᠷᠢᠮᠲᠠᠯᠠᠨ᠂ ᠬᠤᠰᠢᠭᠤ ᠴᠠᠷ᠎ᠠ ᠶᠢᠨ ᠠᠵᠤ ᠠᠬᠤᠢ ᠠᠮᠢᠵᠢᠷᠠᠯ ᠤᠨ ᠬᠦᠴᠦᠨ ᠢᠶᠠᠷ ᠪᠢᠯᠬᠠᠪᠠ        ᠦᠭᠡᠷᠡᠴᠢᠯᠡᠯᠲᠡ ᠶᠢ ᠬᠦᠨᠵᠡᠬᠡᠶᠢᠷᠡᠬᠦᠯᠬᠦ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ 209 ᠲᠦᠷᠦᠯ ᠤᠨ ᠭᠤᠤᠯᠳᠠᠯᠠᠭᠠᠲᠤ ᠦᠭᠡᠷᠡᠴᠢᠯᠡᠯᠲᠡ ᠶᠢ ᠡᠬᠢᠯᠡᠭᠦᠯᠦᠨ᠂ ᠦᠷ᠎ᠡ ᠪᠦᠲᠦᠮᠵᠢ ᠤᠯᠤᠭᠰᠡᠨ ᠨᠢ 114 ᠲᠦᠷᠦᠯ ᠪᠤᠢ᠃ ᠡᠷᠬᠡ ᠪᠠᠨ ᠦᠷᠭᠡᠳᠬᠡᠨ ᠰᠢᠶᠠᠨ ᠢ ᠬᠦᠴᠦᠷᠭᠡᠭᠵᠢᠬᠦᠯᠬᠦ ᠲᠤᠷᠰᠢᠯᠲᠠ ᠶᠢᠨ ᠴᠡᠭ ᠤᠨ ᠬᠠᠮᠢᠶᠠᠷᠦᠯᠲᠠ ᠶᠢᠨ ᠡᠷᠬᠡ ᠶᠢᠨ ᠬᠡᠪᠴᠢᠶᠡᠨ ᠤ 59 ᠲᠦᠷᠦᠯ ᠢ ᠢᠳᠡᠪᠬᠢᠲᠡᠢ ᠲᠠᠭᠠᠭᠠᠴᠢᠯᠠᠵᠤ᠂ ᠬᠤᠰᠢᠭᠤ ᠴᠠᠷ᠎ᠠ ᠶᠢᠨ ᠠᠵᠤ ᠠᠬᠤᠢ ᠶᠢᠨ ᠪᠡᠶ᠎ᠡ ᠪᠠᠨ ᠳᠠᠭᠠᠭᠠᠵᠤ ᠬᠦᠭᠵᠢᠬᠦ ᠴᠢᠳᠠᠪᠦᠷᠢ ᠤᠯᠠᠮ ᠨᠢᠬᠡ ᠠᠯᠬᠤᠮ ᠴᠢᠩᠭᠠᠷᠠᠪᠠ᠃ ᠵᠠᠰᠠᠭ ᠤᠨ ᠤᠷᠳᠤᠨ ᠤ ᠪᠠᠶᠢᠭᠤᠯᠤᠮᠵᠢ ᠶᠢᠨ ᠦᠭᠡᠷᠡᠴᠢᠯᠡᠯᠲᠡ ᠢ ᠠᠯᠬᠤᠮ ᠳᠠᠷᠠᠭᠠᠯᠠᠯ ᠲᠠᠢ ᠲᠦᠯᠬᠢᠨ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪ ᠪᠤᠯᠤᠨ ᠨᠡᠶᠢᠲᠡ ᠶᠢᠨ ᠡᠬᠢ ᠪᠠᠶᠠᠯᠢᠭ ᠤᠨ ᠰᠤᠯᠢᠯᠴᠠᠭᠠᠨ ᠤ ᠲᠦᠪ ᠢ ᠪᠠᠶᠢᠭᠤᠯᠵᠤ ᠠᠰᠢᠭᠯᠠᠯᠲᠠ ᠳᠤ ᠤᠷᠤᠭᠤᠯᠤᠨ᠂ ᠵᠠᠰᠠᠭ ᠵᠠᠬᠢᠷᠭᠠᠨ ᠤ ᠴᠢᠳᠠᠪᠬᠢ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠳᠦᠷᠢᠮ ᠤᠨ ᠦᠭᠡᠷᠡᠴᠢᠯᠡᠯᠲᠡ ᠶᠢ ᠬᠦᠨᠵᠡᠭᠡᠶᠢᠷᠡᠭᠦᠯᠵᠦ᠂ ᠡᠷᠭᠡ ᠲᠤᠰᠢᠶᠠᠯ ᠢ ᠬᠤᠪᠢᠶᠠᠷᠢᠯᠠᠨ ᠳᠤᠳᠤᠳᠬᠠᠵᠤ᠂ ᠵᠠᠰᠠᠭ ᠵᠠᠬᠢᠷᠭᠠᠨ ᠤ ᠵᠦᠪᠰᠢᠶᠡᠷᠡᠭᠰᠡᠨ ᠵᠦᠢᠯᠡᠰ 228 ᠲᠦᠷᠦᠯ ᠢ ᠦᠯᠡᠳᠡᠭᠡᠪᠡ᠃ ᠵᠠᠬ᠎ᠠ ᠳᠡᠯᠭᠡᠬᠦᠷ ᠤᠨ ᠭᠤᠤᠯ ᠴᠤᠭᠴᠠ ᠶᠢᠨ ︽ᠭᠤᠷᠪᠠᠨ ᠦᠨᠡᠮᠡᠯ ᠢ ᠨᠢᠬᠡᠳᠦᠬᠦᠯᠬᠦ︾᠂ ︽ᠨᠢᠭᠡ ᠦᠨᠡᠮᠯᠡᠯ ᠨᠢᠭᠡ ᠨᠤᠮᠧᠷ︾᠎ ᠤᠨ ᠲᠦᠷᠢᠮ ᠢ ᠬᠡᠷᠡᠭᠵᠢᠭᠦᠯᠦᠨ᠂ ᠡᠯ᠎ᠡ ᠲᠦᠷᠦᠯ ᠤᠨ ᠵᠠᠬ᠎ᠠ ᠳᠡᠯᠭᠡᠬᠦᠷ ᠤᠨ ᠭᠤᠤᠯ ᠴᠤᠭᠴᠠ ᠪᠠ ᠳᠠᠩᠰᠠᠯᠠᠭᠤᠯᠤᠭᠰᠠᠨ ᠬᠦᠷᠦᠩᠬᠡ ᠲᠤᠰᠪᠦᠷᠢ 27.4% ᠪᠠ 15%᠎ ᠪᠠᠷ ᠨᠠᠮᠡᠭᠳᠡᠪᠡ᠃ ᠬᠤᠪᠢ ᠶᠢᠨ ᠡᠵᠡᠩᠨᠡᠯᠲᠡ ᠶᠢᠨ ᠠᠵᠤ ᠠᠬᠤᠶᠢᠯᠠᠯ 3244 ᠡᠷᠦᠬᠡ ᠳᠤ ᠬᠦᠷᠴᠤ᠂ ᠠᠵᠢᠯᠯᠠᠵᠤ ᠪᠠᠶᠢᠭ᠎ᠠ ᠬᠦᠮᠦᠰ 11795 ᠪᠠᠶᠢᠵᠤ᠂ ᠰᠢᠨ᠎ᠡ ᠲᠡᠮᠳᠡᠭᠯᠡᠯ ᠢ ᠡᠭᠦᠳᠴᠡᠢ᠃ ᠲᠤᠭᠲᠠᠮᠠᠯ ᠬᠦᠷᠦᠩᠭᠡ ᠶᠢᠨ ᠨᠢᠭᠡᠳᠦᠯᠲᠡᠢ ᠳᠠᠩᠰᠠᠯᠠᠯᠲᠠ ᠶᠢ ᠡᠬᠢᠯᠡᠨ ᠬᠡᠷᠡᠭᠵᠢᠭᠦᠯᠵᠦ᠂ ᠡᠳ᠋ ᠤᠨ ᠵᠠᠰᠠᠭ ᠭᠠᠶᠢᠯᠢ ᠲᠠᠲᠠᠪᠦᠷᠢ᠂ ᠰᠤᠷᠭᠠᠨ ᠬᠦᠮᠦᠵᠢᠯ᠂ ᠡᠮ ᠡᠮᠨᠡᠯᠭᠡ ᠡᠷᠡᠬᠦᠯ ᠬᠠᠮᠠᠭᠠᠯᠠᠯ ᠤᠨ ᠪᠠᠶᠢᠭᠤᠯᠤᠯ ᠤᠨ ᠦᠭᠡᠷᠡᠴᠢᠯᠡᠯᠲᠡ ᠱᠠᠲᠤᠴᠢ ᠴᠢᠨᠠᠷ ᠲᠠᠢ ᠦᠷ᠎ᠡ ᠪᠦᠲᠦᠮᠵᠢ ᠤᠯᠤᠨ᠂ ᠦᠭᠡᠷᠡᠴᠢᠯᠡᠯᠲᠡ ᠶᠢᠨ ᠠᠰᠢᠭ ᠤᠯᠵᠠᠪᠦᠷᠢ ᠠᠭᠠᠵᠢᠮ ᠢᠶᠠᠷ ᠬᠦᠭᠵᠢᠯᠲᠡ ᠶᠢᠨ ᠰᠢᠨ᠎ᠡ ᠬᠦᠳᠡᠯᠬᠡᠬᠦ ᠬᠦᠴᠦᠨ ᠪᠤᠯᠪᠠ᠃        ︵ᠵᠢᠷᠭᠤᠭ᠎ᠠ︶ ᠬᠦᠮᠦᠨ ᠢᠶᠠᠷ ᠦᠨᠳᠦᠰᠦ ᠪᠤᠯᠭᠠᠬᠤ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠢ ᠰᠢᠨ᠎ᠡ ᠲᠦᠪᠰᠢᠨ ᠳᠤ ᠬᠦᠷᠬᠡᠪᠡ        ᠲᠠᠪᠤᠨ ᠵᠢᠯ ᠤᠨ ᠲᠤᠷᠰᠢ᠂ ᠠᠷᠠᠳ ᠤᠨ ᠠᠮᠢᠳᠤᠷᠠᠯ ᠤᠨ ᠨᠡᠶᠢᠲᠡ ᠵᠠᠷᠤᠯᠭ᠎ᠠ 16.1 ᠳ᠋ᠦᠩᠰᠢᠭᠤᠷ ᠲᠦᠭᠦᠷᠢᠭ ᠲᠤ ᠬᠦᠷᠴᠦ᠂ ᠬᠤᠲᠠ ᠬᠦᠳᠡᠭᠡᠨ ᠤ ᠰᠠᠭᠤᠷᠢ ᠲᠦᠭᠦᠭᠡᠷᠦᠮᠵᠢ᠂ ᠨᠠᠶᠢᠭᠡᠮ ᠤᠨ ᠪᠠᠳᠤᠯᠠᠭ᠎ᠠ᠂ ᠰᠤᠷᠭᠠᠨ ᠬᠦᠮᠦᠵᠢᠯ᠂ ᠡᠷᠡᠭᠦᠯ ᠬᠠᠮᠠᠭᠠᠯᠠᠯ ᠵᠡᠷᠬᠡ ᠨᠢᠬᠡ ᠪᠦᠯᠦᠭ ᠠᠷᠠᠳ ᠤᠨ ᠠᠮᠢᠳᠤᠷᠠᠯ ᠤᠨ ᠢᠨᠵᠧᠨᠧᠷᠢᠩ ᠨᠢ ᠦᠷᠭᠡᠨ ᠤᠯᠠᠨ ᠠᠷᠠᠳ ᠲᠦᠮᠡᠨ ᠤ ᠬᠦᠷᠢᠶᠡᠯᠡᠯ ᠲᠠᠭᠠᠰᠢᠶᠠᠯ ᠢ ᠤᠯᠤᠭᠰᠠᠨ ᠪᠠᠶᠢᠨ᠎ᠠ᠃ ᠦᠢᠯᠡᠰ ᠪᠤᠰᠬᠠᠬᠤ ᠪᠠᠷ ᠠᠵᠢᠯ ᠤᠯᠤᠯᠲᠠ ᠶᠢ ᠳᠠᠶᠢᠴᠢᠯᠠᠬᠤ ᠶᠢ ᠪᠠᠷᠢᠮᠲᠠᠯᠠᠨ᠂ ᠨᠡᠶᠢᠲᠠ 2850 ᠬᠦᠮᠦᠨ ᠠᠵᠢᠯ ᠤᠯᠵᠤ᠂ ᠡᠭᠦᠨ ᠤ ᠳᠤᠲᠤᠷ᠎ᠠ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ 487 ᠬᠦᠮᠦᠨ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢᠨ ᠳᠤ 175 ᠬᠦᠮᠦᠨ ᠰᠢᠨ᠎ᠡ ᠪᠠᠷ ᠡᠯᠰᠡᠪᠡ᠃ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠲᠠᠰᠤᠷᠠᠯᠲᠠ ᠦᠭᠡᠢ ᠲᠡᠭᠦᠯᠳᠡᠷᠵᠢᠨ᠂ ᠪᠠᠲᠤᠯᠠᠭ᠎ᠠ ᠤᠯᠬᠤ ᠶᠤᠰᠤᠲᠠᠢ ᠪᠦᠬᠦᠨ ᠳᠤᠨᠢ ᠪᠠᠲᠤᠯᠠᠭ᠎ᠠ ᠬᠠᠩᠭᠠᠵᠤ᠂ ᠠᠪᠤᠷᠠᠨ ᠳᠡᠳᠬᠦᠬᠦ ᠰᠢᠰᠲ᠋ᠧᠮ ᠢ ᠠᠭᠠᠵᠢᠮ ᠢᠶᠠᠷ ᠲᠡᠭᠦᠯᠳᠡᠷᠵᠢᠭᠦᠯᠦᠨ᠂ ᠳᠤᠤᠷ᠎ᠠ ᠪᠠᠲᠤᠯᠠᠭᠠᠨ ᠤ ᠬᠢᠷᠢ ᠲᠦᠪᠰᠢᠨ ᠢ ᠦᠨᠳᠦᠷᠵᠢᠭᠦᠯᠵᠦ᠂ ᠪᠠᠴᠢᠮ ᠬᠦᠴᠢᠷᠳᠡᠯᠳᠡᠢ ᠳᠤ ᠲᠤᠰᠠᠯᠠᠨ᠂ ᠦᠷᠭᠦᠯᠵᠢᠯᠡᠬᠦᠶᠢᠴᠡ ᠪᠠᠶᠢᠳᠠᠯ ᠢ ᠪᠤᠢ ᠪᠤᠯᠭᠠᠪᠠ᠃ ᠪᠦᠬᠦ ᠲᠠᠯ᠎ᠠ ᠪᠠᠷ ᠶᠠᠳᠠᠭᠤ ᠶᠢ ᠳᠡᠳᠬᠦᠨ᠂ 3755 ᠲᠦᠮᠡᠨ ᠲᠦᠭᠦᠷᠢᠭ ᠤᠨ ᠪᠡᠯᠡ ᠤᠷᠤᠭᠤᠯᠤᠨ᠂ ᠨᠡᠶᠢᠲᠡ 1199 ᠬᠦᠮᠦᠨ ᠢ ᠶᠠᠳᠠᠭᠤ ᠠᠴᠠ ᠠᠩᠭᠢᠵᠢᠷᠠᠭᠤᠯᠪᠠ᠃ 1454 ᠪᠠᠳᠤᠯᠠᠭᠠᠨ ᠤ ᠴᠢᠨᠠᠷᠲᠠᠢ ᠤᠷᠤᠨ ᠰᠠᠭᠤᠴᠠ ᠶᠢ 8.3 ᠲᠦᠮᠡᠨ ᠬᠠᠪᠲᠠᠭᠠᠢ ᠳᠦᠷᠪᠡᠯᠵᠢᠨ ᠮᠧᠲᠷ ᠪᠠᠶᠢᠭᠤᠯᠵᠤ᠂ ᠲᠦᠭᠦᠮ ᠪᠦᠲᠦᠴᠡᠲᠦ ᠤᠷᠤᠨ ᠰᠠᠭᠤᠴᠠ ᠶᠢ 1480 ᠡᠷᠦᠬᠡ 15.5 ᠲᠦᠮᠡᠨ ᠬᠠᠪᠲᠠᠭᠠᠢ ᠳᠦᠷᠪᠡᠯᠵᠢᠨ ᠮᠧᠲᠷ ᠦᠭᠡᠷᠡᠴᠢᠯᠡᠪᠡ᠃ ᠦᠵᠡᠰᠭᠦᠯᠡᠩᠲᠦ ᠰᠠᠶᠢᠬᠠᠨ ᠬᠦᠳᠡᠭᠡ ᠲᠤᠰᠬᠤᠨ᠂ ᠨᠢᠭᠡ ᠶᠠᠪᠤᠳᠠᠯ ᠢ ᠨᠢᠭᠡ ᠵᠦᠪᠯᠡᠬᠦ᠂ ︽ᠭᠤᠷᠪᠠ ᠶᠢ ᠲᠤᠰᠬᠤᠨ ᠳᠤ ᠬᠦᠷᠭᠡᠵᠤ᠂ ᠭᠤᠷᠪᠠ ᠶᠢ ᠡᠷᠤᠬᠡ ᠳᠤ ᠬᠦᠷᠬᠡᠬᠦ︾ ᠵᠡᠷᠭᠡ ᠲᠦᠷᠦᠯ ᠵᠦᠢᠯ ᠤᠨ ᠪᠡᠯᠡ ᠮᠦᠩᠭᠦ 2.1 ᠳ᠋ᠦᠩᠰᠢᠭᠤᠷ ᠲᠦᠭᠦᠷᠢᠭ ᠢ ᠨᠢᠭᠡᠳᠦᠯᠲᠡᠢ ᠲᠦᠯᠦᠪᠯᠡᠨ ᠬᠤᠷᠠᠮᠳᠤᠭᠤᠯᠵᠤ᠂ ︽ᠠᠷᠪᠠ ᠶᠢ ᠪᠦᠷᠭᠦᠭᠦᠯᠬᠦ︾ ᠢᠨᠵᠧᠨᠧᠷᠢᠩ ᠱᠠᠲᠤᠴᠢ ᠴᠢᠨᠠᠷᠲᠠᠢ ᠦᠷ᠎ᠡ ᠪᠦᠲᠦᠭᠡᠯ ᠤᠯᠤᠨ᠂ 522 ᠨᠤᠷᠠᠬᠤ ᠠᠶᠤᠯᠲᠠᠢ ᠭᠡᠷ ᠪᠠᠶᠢᠰᠢᠩ ᠢ ᠦᠭᠡᠷᠡᠴᠢᠯᠡᠨ ᠵᠠᠰᠠᠵᠤ᠂ ᠭᠠᠴᠠᠭᠠᠨ ᠤ ᠵᠡᠭᠡᠯᠢ ᠭᠤᠳᠤᠮᠵᠢ ᠎ ᠶᠢ 48.6 ᠺᠢᠯᠤᠮᠧᠲᠷ ᠬᠠᠲᠠᠭᠤᠷᠠᠭᠤᠯᠤᠨ᠂ 1461 ᠬᠦᠮᠦᠨ ᠤ ᠠᠮᠤᠷ ᠲᠦᠪᠰᠢᠨ ᠤᠤᠭᠤᠬᠤ ᠤᠰᠤᠨ ᠤ ᠠᠰᠠᠭᠤᠳᠠᠯ ᠢ ᠰᠢᠢᠳᠪᠦᠷᠢᠯᠡᠵᠦ᠂ ᠲᠤᠰᠬᠤᠨ ᠪᠤᠯᠭᠠᠨ ᠳᠤ ᠷᠠᠳᠢᠣ᠋ ᠲᠧᠯᠸᠢᠰ ᠨᠡᠪᠲᠡᠷᠡᠭᠦᠯᠬᠦ ᠪᠠ ᠭᠠᠴᠠᠭ᠎ᠠ ᠲᠤᠰᠬᠤᠨ ᠎ ᠤ ᠰᠣᠶᠤᠯ ᠤᠨ ᠬᠦᠳᠡᠯᠭᠡᠭᠡᠨ ᠤ ᠦᠷᠦᠭᠡ᠂ ᠮᠠᠯᠵᠢᠬᠤ ᠲᠠᠷᠢᠶᠠᠯᠠᠬᠤ ᠤᠷᠤᠨ ᠤ ᠰᠠᠭᠤᠭᠠᠯᠢ ᠠᠷᠠᠳ ᠤᠨ ᠨᠠᠰᠤᠵᠢᠯ᠂ ᠡᠮ ᠡᠮᠨᠡᠯᠭᠡ᠂ ᠲᠤᠤᠷ᠎ᠠ ᠪᠠᠲᠤᠯᠠᠭ᠎ᠠ ᠵᠡᠷᠭᠡ ᠢᠨᠵᠧᠨᠧᠷᠢᠩ ᠤᠨ ᠨᠡᠶᠢᠳᠡᠮ ᠪᠦᠷᠬᠦᠴᠡ ᠶᠢ ᠪᠠᠶᠡᠯᠡᠭᠦᠯᠪᠡ︔ ᠭᠠᠵᠠᠷ ᠤᠷᠤᠨ ᠤ ᠪᠠᠶᠢᠳᠠᠯ ᠳᠠᠭᠠᠨ ᠲᠤᠬᠢᠷᠠᠭᠤᠯᠤᠨ᠂ ᠦᠢᠯᠡᠴᠢᠯᠡᠭᠡ ᠪᠠᠨ ᠰᠢᠨᠡᠳᠭᠡᠵᠦ᠂ ᠠᠯᠤᠰ ᠪᠦᠢᠳᠠ ᠤᠷᠤᠨ ᠳᠤ ᠲᠠᠷᠬᠠᠢ ᠰᠠᠭᠤᠷᠢᠰᠢᠵᠤ ᠪᠠᠶᠢᠭ᠎ᠠ ᠡᠷᠦᠬᠡ ᠳᠤ ᠰᠠᠯᠬᠢ ᠨᠠᠷᠠᠨ ᠤ ᠡᠨᠧᠷᠬᠢ ᠪᠠᠷ ᠴᠠᠬᠢᠯᠭᠠᠨ ᠭᠠᠷᠭᠠᠬᠤ ᠲᠦᠭᠦᠭᠡᠷᠦᠮᠵᠢ ᠎ ᠶᠢ ᠤᠭᠰᠠᠷᠠᠨ᠂ ᠴᠠᠬᠢᠯᠭᠠᠨ ᠬᠠᠳᠠᠭᠠᠯᠠᠬᠤ ᠪᠠᠭᠲᠠᠭᠠᠮᠵᠢ ᠶᠢ ᠶᠡᠭᠡᠰᠭᠡᠵᠦ᠂ ᠳᠠᠭᠠᠭᠤᠯᠢ ᠤᠳᠤᠨ ᠭᠠᠷ ᠤᠳᠠᠰᠤ ᠲᠠᠷᠬᠠᠭᠠᠨ᠂ ᠰᠢᠯᠵᠢᠮᠡᠯ ᠳ᠋ᠢᠶᠠᠩᠬᠤᠸᠠ ᠶᠢ ᠤᠭᠰᠠᠷᠠᠵᠤ ᠰᠦᠢᠳᠭᠡᠯ ᠢ ᠨᠢ ᠨᠦᠭᠦᠪᠦᠷᠢᠯᠡᠨ᠂ ᠨᠠᠬᠦᠳᠠᠯ ᠦᠢᠯᠡᠴᠢᠯᠡᠭᠡᠨ ᠎ ᠤ ᠲᠡᠷᠭᠡ ᠬᠤᠳᠠᠯᠳᠤᠨ ᠠᠪᠴᠤ ᠲᠤᠬᠢᠷᠠᠭᠤᠯᠤᠨ᠂ ᠲᠤᠭᠳᠠᠭᠰᠠᠨ ᠭᠠᠵᠠᠷ ᠲᠤ ᠬᠤᠭᠤᠴᠠᠭ᠎ᠠ ᠲᠤᠭᠳᠠᠨ ᠡᠷᠡᠭᠦᠯ ᠬᠠᠮᠠᠭᠠᠯᠠᠯ᠂ ᠰᠤᠶᠤᠯ᠂ ᠪᠠᠷᠠᠭ᠎ᠠ ᠲᠠᠸᠠᠷ ᠬᠦᠷᠭᠡᠨ ᠤᠴᠢᠬᠤ ᠪᠠᠷ ᠳᠠᠮᠵᠢᠭᠤᠯᠤᠨ᠂ ᠠᠯᠤᠰ ᠪᠦᠢᠳᠠ ᠭᠠᠵᠠᠷ ᠤᠨ ᠮᠠᠯᠴᠢᠳ  ᠲᠠᠷᠢᠶᠠᠴᠢᠳ ᠤᠨ ᠡᠳᠦᠷ ᠳᠤᠲᠤᠮ ᠤᠨ ᠦᠢᠯᠡᠳᠪᠦᠷᠢᠯᠡᠯ ᠠᠮᠢᠳᠤᠷᠠᠯ ᠤᠨ ᠬᠦᠴᠢᠷᠳᠠᠯ ᠢ ᠦᠨᠡᠨᠬᠦ ᠰᠢᠢᠳᠪᠦᠷᠢᠯᠡᠪᠡ᠃ 1.3 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠤᠨ᠂ ᠬᠤᠰᠢᠭᠤᠨ ᠤ ᠬᠢᠳᠠᠳ ᠳᠤᠮᠳᠠᠳᠤ ᠰᠤᠷᠭᠠᠭᠤᠯᠢ ᠶᠢᠨ ᠰᠢᠨ᠎ᠡ ᠲᠤᠭᠤᠷᠢᠭ ᠪᠠ ᠮᠤᠩᠭᠤᠯ ᠴᠡᠴᠡᠷᠯᠢᠭ ᠢ ᠰᠢᠨ᠎ᠠ ᠪᠠᠷ ᠪᠠᠶᠢᠭᠤᠯᠵᠦ᠂ ᠰᠤᠷᠭᠠᠭᠤᠯᠢ ᠶᠢᠨ ᠪᠠᠶᠢᠷᠢ ᠶᠢᠨ ᠠᠮᠤᠷ ᠲᠦᠪᠰᠢᠨ ᠤ ᠦᠭᠡᠷᠡᠴᠢᠯᠡᠨ ᠵᠠᠰᠠᠯᠲᠠ ᠪᠤᠯᠤᠨ ᠦᠵᠡᠰᠭᠦᠯᠡᠩᠲᠦ ᠲᠡᠶᠢᠪᠤᠩ ᠰᠤᠷᠭᠠᠭᠤᠯᠢ ᠶᠢᠨ ᠬᠦᠷᠢᠶᠠᠨ ᠤ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠨ᠂ ᠰᠤᠷᠭᠠᠭᠤᠯᠢ ᠡᠷᠬᠢᠯᠡᠬᠦ ᠨᠦᠭᠦᠴᠡᠯ ᠢᠯᠡᠳᠲᠡ ᠰᠠᠶᠢᠵᠢᠷᠠᠪᠠ︔ ᠪᠠᠭᠰᠢ ᠶᠢᠨ ᠡᠩᠨᠡᠭᠡᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ 53 ᠨᠡᠷᠡᠰ ᠪᠠᠭᠰᠢ ᠡᠯᠰᠡᠨ᠂ ᠰᠤᠷᠭᠠᠨ ᠬᠦᠮᠦᠵᠢᠯ ᠢ ᠬᠢᠨᠠᠨ ᠵᠢᠯᠤᠭᠤᠳᠬᠤ᠂ ᠪᠠᠭᠰᠢ ᠶᠢᠨ ᠪᠤᠯᠪᠠᠰᠤᠷᠠᠯ᠂ ᠵᠢᠭᠠᠨ ᠰᠤᠳᠤᠯᠬᠤ ᠲᠤᠰᠬᠠᠢ ᠲᠦᠷᠦᠯ ᠤᠨ ᠵᠠᠷᠤᠳᠠᠯ ᠪᠤᠯᠤᠨ ᠠᠩᠭᠢ ᠶᠢᠨ ᠡᠷᠬᠢᠯᠡᠭᠴᠢ ᠶᠢᠨ ᠨᠦᠬᠦᠪᠦᠷᠢ ᠮᠦᠩᠭᠦ ᠶᠢ ᠶᠡᠭᠡ ᠪᠠᠷ ᠨᠡᠮᠡᠭᠳᠡᠭᠦᠯᠦᠨ᠂ ᠳᠤᠮᠳᠠᠳᠤ ᠪᠠᠭ᠎ᠠ ᠰᠤᠷᠭᠠᠭᠤᠯᠢ ᠶᠢᠨ ᠰᠢᠮ᠎ᠡ ᠲᠡᠵᠢᠭᠡᠯᠲᠦ ᠦᠷᠯᠦᠭᠡᠨ ᠤ ᠬᠤᠭᠤᠯᠠ ᠶᠢᠨ ᠲᠦᠯᠦᠪᠯᠡᠭᠡ ᠶᠢ ᠬᠡᠷᠡᠭᠵᠢᠭᠦᠯᠵᠦ᠂ ᠤᠯᠤᠰ ᠤᠨ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠬᠦᠭᠵᠢᠯᠲᠡ ᠨᠢ ᠦᠨᠳᠦᠰᠦᠨ ᠳᠡᠭᠡᠨ ᠲᠡᠩᠴᠡᠭᠦᠷᠢᠰᠢᠭᠰᠡᠨ  ᠬᠠᠷᠠᠯᠲᠠ ᠶᠢ ᠪᠦᠬᠦ ᠠᠶᠢᠮᠠᠭ ᠲᠤ ᠲᠡᠷᠢᠭᠦᠯᠡᠨ ᠪᠡᠶᠡᠯᠡᠭᠦᠯᠪᠡ᠃ ᠡᠮ ᠢ ᠲᠡᠭ ᠵᠦᠷᠢᠶ᠎ᠡ ᠪᠠᠷ ᠬᠤᠳᠠᠯᠳᠤᠬᠤ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ ᠡᠪᠳᠴᠢᠳᠡᠨ ᠳᠤ ᠨᠡᠶᠢᠳᠠ 337.6 ᠲᠦᠮᠡᠨ ᠲᠦᠭᠦᠷᠢᠭ ᠤᠨ ᠠᠰᠢᠭ ᠤᠯᠭᠤᠪᠠ︔ 1990 ᠲᠦᠮᠡᠨ ᠲᠦᠭᠦᠷᠢᠭ ᠤᠨ ᠪᠡᠯᠡ ᠤᠷᠤᠭᠤᠯᠤᠨ᠂ ᠮᠤᠩᠭᠤᠯ ᠡᠮᠨᠡᠯᠭᠡ ᠎ ᠶᠢᠨ ᠬᠤᠷᠢᠶᠠᠨ ᠤ ᠮᠤᠩᠭᠤᠯ ᠡᠮ ᠨᠠᠶᠢᠷᠠᠭᠤᠯᠬᠤ ᠠᠰᠠᠷ᠂ ︽120︾ ᠲᠦᠷᠭᠡᠨ ᠠᠪᠤᠷᠠᠯᠲᠠ ᠶᠢᠨ ᠰᠢᠰᠲ᠋ᠧᠮ ᠵᠢᠴᠢ 7 ᠰᠤᠮᠤ ᠪᠠᠯᠭᠠᠰᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠪᠠᠷᠢᠮᠵᠢᠶᠠᠵᠢᠭᠰᠠᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠬᠤᠲᠠ ᠬᠦᠳᠡᠭᠡᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠢ ᠠᠩᠬ᠎ᠠ ᠠᠯᠬᠤᠮ ᠪᠦᠷᠢᠯᠳᠦᠭᠦᠯᠪᠡ᠃ ᠦᠪᠡᠷᠲᠡᠭᠡᠨ ᠵᠠᠰᠠᠬᠤ ᠤᠷᠤᠨ ᠤ ᠤᠯᠠᠨ ᠤᠯᠤᠰ ᠤᠨ ᠮᠤᠩᠭᠤᠯ ᠡᠮᠨᠡᠯᠭᠡ ᠶᠢᠨ ᠬᠤᠷᠢᠶ᠎ᠠ᠂ ᠴᠢᠯᠦᠭᠡᠯᠡᠬᠦ ᠴᠡᠷᠢᠭ ᠤᠨ 513 ᠡᠮᠨᠡᠯᠭᠡ ᠶᠢᠨ ᠬᠤᠷᠢᠶ᠎ᠠ ᠵᠡᠷᠭᠡ 4 ᠨᠠᠷᠡᠲᠤ ᠡᠮᠨᠡᠯᠭᠡ ᠶᠢᠨ ᠬᠤᠷᠢᠶ᠎ᠠ ᠲᠠᠢ ᠡᠮ ᠡᠮᠨᠡᠯᠭᠡ ᠶᠢᠨ ᠬᠠᠷᠠᠭᠠᠯᠵᠠᠭᠰᠠᠨ ᠳᠡᠮᠵᠢᠯᠭᠡ ᠦᠵᠡᠭᠦᠯᠬᠦ ᠬᠠᠮᠳᠤᠷᠠᠯᠴᠠᠭ᠎ᠠ ᠶᠢ ᠪᠠᠶᠢᠭᠤᠯᠤᠨ᠂ ᠡᠮᠴᠢᠯᠡᠭᠡᠨ ᠤ ᠮᠡᠷᠭᠡᠵᠢᠯ ᠤᠨ ᠬᠢᠷᠢ ᠲᠦᠪᠰᠢᠨ ᠢ ᠪᠦᠲᠦᠮᠵᠢᠲᠡᠢ ᠳᠠᠶᠢᠴᠢᠯᠠᠨ ᠳᠡᠭᠡᠭᠰᠢᠯᠡᠭᠦᠯᠵᠦ᠂ ᠤᠯᠠᠨ ᠲᠦᠮᠡᠨ ᠤ ᠡᠪᠡᠳᠴᠢᠨ ᠦᠵᠡᠭᠦᠯᠬᠦ ᠳᠤ ᠬᠦᠴᠢᠷ᠂ ᠡᠮᠴᠢᠯᠡᠭᠡᠨ ᠤ ᠵᠠᠷᠤᠳᠠᠯ ᠦᠨᠳᠦᠷ ᠵᠡᠷᠭᠡ ᠠᠰᠠᠭᠤᠳᠠᠯ ᠢ ᠪᠦᠲᠦᠮᠵᠢᠲᠡᠢ ᠬᠦᠩᠭᠡᠷᠡᠭᠦᠯᠦᠭᠰᠡᠨ ᠪᠠᠶᠢᠨ᠎ᠠ᠃ 1.3 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠤᠨ᠂ ᠬᠠᠷ᠎ᠠ ᠬᠤᠲᠠ ᠶᠢᠨ ᠪᠠᠭᠤᠷᠢ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠵᠦ᠂ ᠮᠦᠽᠧᠢ᠂ ᠲᠤᠤᠷᠠᠢ ᠶᠢᠨ ᠪᠠᠭᠠᠲᠤᠷ ᠺᠢᠨᠤ᠋ ᠲᠧᠯᠸᠢᠰ ᠰᠡᠭᠦᠳᠡᠷᠯᠡᠬᠦ ᠰᠠᠭᠤᠷᠢᠨ ᠵᠡᠷᠭᠡ ᠨᠢᠭᠡ ᠪᠦᠯᠦᠭ ᠲᠦᠯᠦᠭᠡᠯᠡᠬᠦ ᠴᠢᠨᠠᠷᠲᠠᠢ ᠰᠣᠶᠣᠯ ᠤᠨ ᠲᠦᠭᠦᠭᠡᠷᠦᠮᠵᠢ ᠶᠢ ᠪᠠᠶᠢᠭᠤᠯᠵᠤ ᠠᠰᠢᠭᠯᠠᠯᠲᠠ ᠳᠤ ᠤᠷᠤᠭᠤᠯᠤᠨ᠂ ᠮᠠᠨ ᠤ ᠬᠤᠰᠢᠭᠤ ᠠᠮᠵᠢᠯᠲᠠ ᠲᠠᠢ ᠪᠠᠷ ᠤᠷᠤᠨ ᠤ ᠳᠡᠰ ᠤᠨ ᠨᠢᠭᠡᠳᠦᠭᠡᠷ ᠪᠦᠯᠦᠭ ︽ᠲᠤᠷᠭᠤᠳ ᠰᠤᠶᠤᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠤᠷᠤᠨ︾ ᠪᠤᠯᠤᠨ ︽ᠲᠤᠷᠭᠤᠳ ᠠᠷᠠᠳ ᠤᠨ ᠳᠠᠭᠤᠤ ᠤᠷᠠᠯᠢᠭ ᠤᠨ ᠦᠯᠦᠭᠡᠢ︾᠎ ᠳᠤ ᠵᠢᠭᠰᠠᠭᠠᠭᠳᠠᠪᠠ᠃ ᠨᠠᠶᠢᠭᠡᠮ ᠤᠨ ᠰᠢᠨᠡᠴᠢᠯᠡᠯᠲᠠ ᠬᠠᠮᠢᠶᠠᠷᠤᠯᠲᠠ ᠶᠢᠨ ᠬᠦᠴᠦᠯᠡᠴᠡ ᠶᠢ ᠴᠢᠩᠭᠠᠳᠬᠠᠨ᠂ 5 ᠨᠡᠶᠢᠭᠡᠮ ᠲᠤᠭᠤᠷᠢᠭ ᠤᠨ ᠬᠦᠳᠡᠯᠭᠡᠭᠡᠨ ᠤ ᠲᠠᠯᠠᠪᠤᠷ ᠢ ᠦᠷᠭᠡᠳᠭᠡᠨ ᠵᠠᠰᠠᠵᠤ᠂ ᠵᠢᠷᠭᠠᠯᠠᠩᠲᠤ ᠨᠡᠶᠢᠭᠡᠮ ᠲᠤᠭᠤᠷᠢᠭ ᠨᠢ ︽ᠪᠦᠬᠦ ᠤᠯᠤᠰ ᠤᠨ ᠡᠶ᠎ᠡ ᠵᠤᠬᠢᠴᠠᠯᠲᠤ ᠨᠡᠶᠢᠭᠡᠮ ᠲᠤᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠨᠢᠭᠡᠴᠢ︾᠎ ᠪᠠᠷ ᠴᠤᠯᠠᠯᠠᠭᠳᠠᠭᠰᠠᠨ ᠪᠠᠶᠢᠨ᠎ᠠ᠃ ︽ᠠᠮᠤᠷ ᠲᠤᠭᠳᠠᠭᠤᠨ ᠡᠵᠡᠨ᠎ᠡ ᠬᠤᠰᠢᠭᠤᠨ︾᠎ ᠤ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠨ ᠠᠬᠢᠭᠤᠯᠵᠦ᠂ ᠬᠤᠶᠠᠳᠤᠭᠠᠷ ᠠᠭᠤᠯᠠᠨ ᠤ ᠲᠤᠳᠤᠭᠠᠳᠤ ᠶᠢ ᠬᠠᠮᠠᠭᠠᠯᠠᠬᠤ ᠪᠠᠶᠢᠴᠠᠭᠠᠯᠲᠠ ᠶᠢᠨ ᠦᠷᠲᠡᠭᠡ ᠪᠤᠯᠤᠨ ᠠᠮᠤᠷ ᠢ ᠪᠠᠲᠤᠯᠠᠬᠤ ᠲᠤᠤᠷᠵᠢᠭᠰᠠᠨ ᠢᠨᠵᠧᠨᠧᠷᠢᠩ ᠢ ᠪᠠᠶᠢᠭᠤᠯᠵᠤ ᠠᠰᠢᠭᠯᠠᠯᠲᠠ ᠳᠤ ᠤᠷᠤᠭᠤᠯᠵᠡᠢ᠃ ᠰᠢᠨᠵᠢᠯᠡᠬᠦ ᠤᠬᠠᠭᠠᠨᠴᠢ ᠬᠦᠭᠵᠢᠯᠲᠡ ᠶᠢᠨ ᠳᠠᠯᠳᠠ ᠭᠡᠮ ᠢ ᠠᠷᠢᠯᠭᠠᠨ ᠪᠠᠶᠢᠴᠠᠭᠠᠬᠤ ᠠᠵᠢᠯ ᠢ ᠪᠦᠲᠦᠮᠵᠢᠲᠡᠢ ᠶᠠᠪᠤᠭᠳᠠᠭᠤᠯᠵᠤ᠂ ᠪᠠᠴᠢᠮ ᠢ ᠠᠷᠭᠠᠴᠠᠬᠤ ᠬᠠᠮᠢᠶᠠᠷᠤᠯᠲᠠ ᠎ ᠶᠢᠨ ᠲᠤᠭᠲᠠᠴᠠ ᠶᠢ ᠲᠡᠭᠦᠯᠳᠡᠷᠵᠢᠭᠦᠯᠪᠡ᠃ ︽ᠵᠢᠷᠭᠤᠳᠤᠭᠠᠷ ᠲᠠᠪᠤᠨ ᠵᠢᠯ︾᠎ ᠤᠨ ᠬᠠᠥᠯᠢ ᠲᠦᠭᠡᠮᠡᠯᠵᠢᠭᠦᠯᠬᠦ ᠠᠵᠢᠯ ᠎ ᠢ ᠭᠦᠨᠵᠡᠭᠡᠶᠢᠷᠡᠭᠦᠯᠦᠨ ᠦᠷᠨᠢᠭᠦᠯᠵᠦ᠂ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠤ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠯᠠᠪᠳᠠᠭᠤᠨ ᠢᠶᠠᠷ ᠠᠬᠢᠭᠤᠯᠪᠠ᠃ ᠨᠠᠮ ᠶᠢᠨ ᠦᠨᠳᠦᠰᠦᠲᠡᠨ ᠱᠠᠰᠢᠨ ᠰᠤᠷᠲᠠᠬᠤᠨ ᠤ ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠦᠨᠳᠦᠰᠦᠲᠡᠨ᠂ ᠱᠠᠰᠢᠨ ᠰᠤᠷᠲᠠᠬᠤᠨ ᠪᠤᠯᠤᠨ ᠮᠤᠩᠭᠤᠯ ᠦᠭᠡ ᠬᠡᠯᠡ ᠦᠰᠦᠭ ᠪᠢᠴᠢᠭ ᠤᠨ ᠬᠡᠷᠡᠭᠯᠡᠯᠲᠡ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠡᠢ᠃ ᠦᠪᠦᠷ ᠮᠤᠩᠭᠤᠯ ᠭᠠᠨᠰᠤ ᠶᠢᠨ ᠬᠢᠵᠠᠭᠠᠷ ᠤᠷᠤᠨ ᠳᠤ ᠬᠠᠤᠯᠢ ᠪᠤᠰᠤ ᠪᠠᠷ ᠠᠳᠠᠷ ᠬᠠᠭᠠᠯᠪᠤᠷᠢᠯᠠᠬᠤ᠂ ᠬᠤᠯᠠᠭᠠᠢ ᠪᠠᠷ ᠮᠠᠯᠳᠠᠵᠤ ᠲᠡᠭᠦᠬᠦ ᠵᠡᠷᠭᠡ ᠬᠠᠤᠯᠢ ᠠᠴᠠ ᠵᠦᠷᠢᠴᠡᠭᠰᠡᠨ ᠠᠵᠢᠯᠯᠠᠭᠠᠨ ᠳᠤ ᠴᠤᠬᠢᠯᠲᠠ ᠦᠭᠬᠦ ᠬᠦᠴᠦᠯᠡᠴᠡ ᠪᠠᠨ ᠨᠡᠮᠡᠭᠳᠡᠭᠦᠯᠦᠨ᠂ ᠴᠠᠬᠢᠯᠳᠠᠭ ᠤᠨ ᠬᠤᠳᠳᠤᠭ ᠤᠨ ︽12.6︾᠎ ᠤ ᠬᠡᠷᠡᠭ ᠢ ᠢᠳᠡᠪᠬᠢᠲᠡᠢ ᠠᠷᠭᠠᠴᠠᠭᠠᠵᠤ᠂ ᠪᠦᠬᠦ ᠠᠷᠠᠳ ᠢᠶᠠᠷ ᠢᠶᠠᠨ ᠬᠢᠯᠢ ᠪᠠᠨ ᠰᠠᠬᠢᠵᠦ ᠬᠢᠵᠠᠭᠠᠷ ᠢᠶᠠᠨ ᠬᠠᠮᠠᠭᠠᠯᠠᠬᠤ ᠠᠰᠤᠷᠤ ᠰᠠᠶᠢᠨ ᠠᠬᠤᠢ ᠪᠠᠶᠢᠳᠠᠯ ᠢ ᠪᠦᠷᠢᠯᠳᠦᠭᠦᠯᠦᠭᠰᠡᠨ ᠪᠠᠶᠢᠨ᠎ᠠ᠃ ᠠᠷᠠᠳ ᠢᠶᠠᠨ ᠬᠠᠶᠢᠷᠠᠯᠠᠵᠤ ᠬᠢᠯᠢ ᠪᠠᠨ ᠪᠠᠬᠢᠵᠢᠭᠦᠯᠬᠦ ᠠᠵᠢᠯ ᠤᠨ ᠬᠢᠷᠢ ᠪᠦᠲᠦᠮᠵᠢ ᠢᠯᠡᠷᠬᠡᠢ ᠪᠠᠶᠢᠵᠤ᠂ ᠤᠷᠤᠨ ᠤ ᠳᠡᠰ ᠤᠨ ︽ᠠᠷᠠᠳ ᠢᠶᠠᠨ ᠬᠠᠶᠢᠷᠠᠯᠠᠵᠤ ᠬᠢᠯᠢ ᠪᠠᠨ ᠪᠠᠬᠢᠵᠢᠭᠦᠯᠦᠭᠰᠡᠨ ᠵᠢᠱᠢᠶᠡᠴᠢ ᠬᠤᠰᠢᠭᠤ︾᠎ ᠪᠠᠷ ᠴᠤᠯᠠᠯᠠᠭᠳᠠᠪᠠ᠃ ᠬᠤᠤᠰ ᠬᠦᠷᠢᠶᠡᠯᠡᠯ ᠢ ᠬᠠᠮᠲᠤ ᠳᠠᠭᠠᠨ ᠪᠠᠶᠢᠭᠤᠯᠤᠭᠰᠠᠨ ᠦᠷ᠎ᠡ ᠪᠦᠲᠦᠮᠵᠢ ᠲᠤᠪᠤᠶᠢᠮ᠎ᠠ ᠪᠠᠶᠢᠵᠤ᠂ ᠵᠠᠯᠭᠠᠭ᠎ᠠ ᠪᠠᠷ ᠳᠤᠯᠤᠭ᠎ᠠ ᠤᠳᠠᠭ᠎ᠠ ︽ᠦᠪᠡᠷᠲᠡᠭᠡᠨ ᠵᠠᠰᠠᠬᠤ ᠤᠷᠤᠨ ᠤ ᠳᠡᠰ ᠤᠨ ᠬᠤᠤᠰ ᠬᠦᠷᠢᠶᠡᠯᠡᠯ ᠤᠨ ᠵᠢᠱᠢᠶᠡᠴᠢ ᠬᠤᠰᠢᠭᠤ︾᠂ ᠵᠠᠯᠭᠠᠭ᠎ᠠ ᠪᠠᠷ ᠳᠦᠷᠪᠡ ᠤᠳᠠᠭ᠎ᠠ ︽ᠪᠦᠬᠦ ᠤᠯᠤᠰ ᠤᠨ ᠬᠤᠤᠰ ᠬᠦᠷᠢᠶᠡᠯᠡᠯ ᠤᠨ ᠵᠢᠱᠢᠶᠡᠴᠢ ᠰᠢᠶᠠᠨ︾᠎ ᠤ ᠢᠷᠠᠭᠤ ᠠᠯᠳᠠᠷ ᠢ ᠬᠦᠷᠲᠡᠭᠰᠡᠨ ᠪᠠᠶᠢᠨ᠎ᠠ᠃ ᠨᠢᠭᠡᠳᠦᠯᠲᠡᠢ ᠲᠦᠯᠦᠪᠯᠡᠵᠦ ᠨᠡᠶᠢᠲᠡ ᠳᠤᠨᠢ ᠬᠠᠷᠠᠭᠠᠯᠵᠠᠨ᠂ ᠡᠯ᠎ᠡ ᠲᠠᠯ᠎ᠠ ᠶᠢᠨ ᠠᠵᠢᠯ ᠢ ᠰᠠᠶᠢᠲᠤᠷ ᠵᠤᠬᠢᠴᠠᠭᠤᠯᠤᠨ ᠭᠦᠢᠴᠡᠳᠭᠡᠵᠤ᠂ ᠠᠵᠢᠯᠴᠢᠨ ᠎ ᠤ ᠡᠪᠯᠡᠯ᠂ ᠵᠠᠯᠠᠭᠤᠴᠤᠳ ᠤᠨ ᠡᠪᠯᠡᠯ᠂ ᠡᠮᠡᠭᠲᠡᠶᠢᠴᠤᠳ ᠤᠨ ᠬᠤᠯᠪᠤᠭ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠵᠡᠮᠳᠡᠭᠴᠤᠳ ᠤᠨ ᠠᠵᠢᠯ ᠦᠢᠯᠡᠰ ᠰᠢᠨ᠎ᠡ ᠠᠬᠢᠴᠠ ᠲᠠᠢ ᠪᠤᠯᠵᠦ᠂ ᠳᠠᠩᠰᠠ ᠡᠪᠬᠡᠮᠡᠯ᠂ ᠲᠡᠦᠬᠡ ᠦᠢᠯᠠᠯᠭ᠎ᠠ᠂ ᠠᠮᠤ ᠬᠦᠨᠡᠰᠦ᠂ ᠴᠠᠭ ᠠᠭᠤᠷ᠂ ᠴᠢᠯᠠᠭᠤᠨ ᠲᠤᠰᠤ᠂ ᠨᠠᠪᠴᠢᠨ ᠲᠠᠮᠠᠬᠢ᠂ ᠳᠠᠭᠠᠳᠬᠠᠯ᠂ ᠰᠢᠦᠳᠠᠨ᠂ ᠴᠢᠮᠡᠭᠡ ᠨᠡᠪᠲᠡᠷᠡᠭᠦᠯᠭᠡ ᠵᠡᠷᠭᠡ ᠰᠠᠯᠠᠭ᠎ᠠ ᠮᠦᠴᠢᠷ ᠮᠠᠨ ᠤ ᠬᠤᠰᠢᠭᠤᠨ ᠤ ᠠᠵᠦ ᠠᠬᠤᠢ ᠨᠡᠶᠢᠭᠡᠮ ᠤᠨ ᠬᠦᠭᠵᠢᠯᠲᠡ ᠳᠤ ᠰᠢᠨ᠎ᠡ ᠬᠤᠪᠢ ᠨᠡᠮᠡᠷᠢ ᠪᠠᠨ ᠦᠵᠡᠭᠦᠯᠪᠡ᠃        ︵ᠳᠤᠯᠤᠭ᠎ᠠ︶ ᠬᠠᠤᠯᠢ ᠶᠣᠰᠤᠭᠠᠷ ᠵᠠᠰᠠᠭ ᠶᠠᠪᠤᠭᠤᠯᠬᠤ ᠶᠢ ᠪᠠᠷᠢᠮᠲᠠᠯᠠᠵᠤ᠂  ᠬᠤᠪᠢ ᠪᠡᠶ᠎ᠡ ᠶᠢᠨ ᠪᠦᠲᠦᠭᠡᠨ ᠪᠠᠶᠢᠭᠤᠯᠤᠯᠲᠠ ᠰᠢᠨ᠎ᠡ ᠦᠷ᠎ᠡ ᠪᠦᠲᠦᠮᠵᠢ ᠶᠢ ᠤᠯᠪᠠ        ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠤᠯᠤᠨ ᠪᠠᠶᠢᠩᠭᠤ ᠶᠢᠨ ᠬᠤᠷᠠᠯ ᠤᠨ ᠡᠯ᠎ᠡ ᠲᠦᠷᠦᠯ ᠎ ᠤᠨ ᠰᠢᠢᠳᠪᠦᠷᠢ ᠶᠢ ᠬᠠᠤᠯᠢ ᠶᠤᠰᠤᠭᠠᠷ ᠶᠠᠪᠤᠭᠳᠠᠭᠤᠯᠤᠨ᠂ ᠤᠯᠤᠰ ᠲᠦᠷᠦ ᠶᠢᠨ ᠵᠦᠪᠯᠡᠯᠭᠡᠨ ᠤ ᠠᠷᠠᠳᠴᠢᠯᠠᠭᠰᠠᠨ ᠬᠢᠨᠠᠯᠲᠠ ᠪᠤᠯᠤᠨ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠠᠨ ᠠᠪᠬᠤ ᠶᠢᠨ ᠬᠠᠮᠲᠤ᠂ ᠠᠷᠠᠳ ᠤᠨ ᠲᠦᠯᠦᠭᠡᠯᠡᠭᠴᠢᠳ ᠤᠨ ᠵᠦᠪᠯᠡᠯᠭᠡ ᠰᠠᠨᠠᠭᠤᠯᠤᠮᠵᠢ ᠪᠤᠯᠤᠨ ᠤᠯᠤᠰ ᠲᠦᠷᠦ ᠶᠢᠨ ᠵᠦᠪᠯᠡᠯᠭᠡᠨ ᠎ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ 459 ᠵᠦᠢᠯ ᠰᠢᠢᠳᠪᠦᠷᠢᠯᠡᠨ ᠭᠦᠢᠴᠡᠳᠬᠡᠪᠡ᠃ ᠡᠳ᠋ ᠶᠢᠨ ᠵᠠᠰᠠᠭ ᠤᠨ ᠵᠠᠷᠤᠯᠭ᠎ᠠ᠂ ᠡᠷᠦᠬᠡ ᠠᠮᠠ ᠶᠢᠨ ᠬᠠᠮᠢᠶᠠᠷᠤᠯᠲᠠ ᠵᠡᠷᠭᠡ ᠰᠢᠷᠢᠰ ᠳᠦᠷᠢᠮ ᠲᠤᠭᠳᠠᠭᠠᠯ ᠢ ᠲᠤᠭᠲᠠᠭᠠᠨ᠂ ᠵᠠᠰᠠᠭ ᠤᠨ ᠤᠷᠳᠤᠨ ᠤ ᠬᠠᠥᠯᠢ ᠶᠤᠰᠤᠭᠠᠷ ᠠᠵᠢᠯ ᠭᠦᠢᠴᠡᠳᠭᠡᠬᠦ ᠴᠢᠳᠠᠪᠤᠷᠢ ᠪᠤᠯᠤᠨ ᠠᠵᠢᠯ ᠭᠦᠢᠴᠡᠳᠭᠡᠬᠦ ᠠᠰᠢᠭ ᠨᠤᠷᠮ᠎ᠠ ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠭᠰᠡᠨ ᠪᠠᠶᠢᠨ᠎ᠠ᠃ ᠬᠢᠨᠠᠨ ᠪᠤᠲᠤᠯᠲᠠ ᠶᠢᠨ ᠬᠢᠨᠠᠯᠲᠠ ᠪᠤᠯᠤᠨ ᠵᠠᠰᠠᠭ ᠵᠠᠭᠢᠷᠭᠠᠨ ᠤ ᠬᠢᠨᠠᠨ ᠪᠠᠶᠢᠴᠠᠭᠠᠯᠲᠠ ᠶᠢ ᠴᠢᠩᠭᠠᠳᠬᠠᠨ᠂ ᠤᠳᠤᠷᠢᠳᠤᠯᠭ᠎ᠠ ᠺᠠᠳ᠋ᠷᠴᠤᠳ ᠤᠨ ᠠᠵᠤ ᠠᠬᠤᠢ ᠶᠢᠨ ᠬᠠᠷᠢᠭᠤᠴᠠᠯᠭ᠎ᠠ ᠎ ᠶᠢᠨ ᠬᠢᠨᠠᠨ ᠪᠤᠳᠤᠯᠲᠠ ᠪᠤᠯᠤᠨ ᠭᠤᠤᠯᠳᠠᠯᠠᠭᠠᠲᠤ ᠪᠡᠯᠡ ᠮᠦᠩᠭᠦ᠂ ᠲᠦᠷᠦᠯ ᠵᠦᠢᠯ ᠤᠨ ᠬᠢᠨᠠᠨ ᠪᠤᠳᠤᠬᠤ ᠬᠦᠴᠦᠯᠡᠴᠡ ᠶᠢ ᠨᠡᠮᠡᠭᠳᠡᠭᠦᠯᠵᠦ᠂ ᠡᠳ᠋ ᠶᠢᠨ ᠵᠠᠰᠠᠭ ᠤᠨ ᠪᠡᠯᠡ ᠮᠦᠩᠭᠦ ᠶᠢ ᠨᠡᠶᠢᠲᠡ 3.5 ᠳ᠋ᠦᠩᠰᠢᠭᠤᠷ ᠲᠦᠭᠦᠷᠢᠭ ᠠᠷᠪᠢᠯᠠᠭᠰᠠᠨ ᠪᠠᠶᠢᠨ᠎ᠠ᠃ ᠵᠠᠰᠠᠭ ᠤᠨ ᠶᠠᠪᠤᠳᠠᠯ ᠤᠨ ᠪᠠᠶᠢᠴᠠᠭᠠᠯᠲᠠ᠂ ᠬᠢᠷᠢ ᠴᠢᠳᠠᠪᠬᠢ ᠶᠢᠨ ᠬᠢᠨᠠᠨ ᠪᠠᠶᠢᠴᠠᠭᠠᠯᠲᠠ ᠪᠤᠯᠤᠨ ᠦᠷ᠎ᠡ ᠪᠦᠲᠦᠮᠵᠢ ᠶᠢᠨ ᠰᠢᠯᠭᠠᠨ ᠦᠨᠡᠯᠡᠯᠲᠡ ᠶᠢ ᠴᠢᠩᠭᠠᠳᠬᠠᠨ᠂ ᠵᠠᠰᠠᠭ ᠵᠠᠬᠢᠷᠭᠠᠨ ᠤ ᠬᠢᠷᠢ ᠴᠢᠳᠠᠪᠬᠢ ᠪᠤᠯᠤᠨ ᠬᠦᠢᠴᠡᠳᠬᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠨᠠᠮ ᠤᠨ ᠰᠤᠷᠳᠠᠯ ᠴᠢᠭᠡᠴᠢ ᠵᠠᠰᠠᠭ ᠎ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠳᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠦ᠂ ︽ᠨᠢᠭᠡ ᠲᠤᠰᠢᠶᠠᠯ ᠬᠤᠤᠰ ᠬᠠᠷᠢᠭᠤᠴᠠᠯᠭ᠎ᠠ︾᠎ ᠶᠢ ᠪᠠᠷᠢᠮᠳᠠᠯᠠᠪᠠ᠃ ᠨᠠᠮ ᠤᠨ ᠤᠯᠠᠨ ᠲᠦᠮᠡᠨᠴᠢ ᠱᠣᠭᠤᠮ ᠤᠨ ᠬᠦᠮᠦᠵᠢᠯ ᠦᠢᠯᠡᠳᠦᠯᠭᠡ ᠶᠢᠨ ᠠᠵᠢᠯᠯᠠᠭ᠎ᠠ ᠪᠤᠯᠤᠨ ︽ᠭᠤᠷᠪᠠᠨ ᠴᠢᠩᠭ᠎ᠠ ᠭᠤᠷᠪᠠᠨ ᠪᠤᠳᠠᠲᠠᠢ︾ ᠲᠤᠰᠬᠠᠢ ᠰᠡᠳᠦᠪᠲᠦ ᠬᠦᠮᠦᠵᠢᠯ ᠢ ᠭᠦᠨᠵᠡᠭᠡᠶᠢᠷᠡᠭᠦᠯᠦᠨ ᠦᠷᠨᠢᠭᠦᠯᠵᠦ᠂ ᠠᠵᠢᠯ ᠤᠨ ᠰᠤᠷᠲᠠᠯ ᠤᠯᠠᠮ ᠨᠢᠭᠡ ᠠᠯᠬᠤᠮ ᠦᠭᠡᠷᠡᠴᠢᠯᠡᠭᠲᠡᠨ᠂ ᠤᠯᠠᠨ ᠲᠦᠮᠡᠨ ᠳᠤ ᠦᠢᠯᠡᠴᠢᠯᠡᠬᠦ ᠤᠬᠠᠮᠰᠠᠷ ᠢᠯᠡᠷᠬᠡᠢ ᠳᠡᠭᠡᠭᠰᠢᠯᠡᠪᠡ᠃ ᠲᠦᠪ ᠤᠨ ︽ᠨᠠᠢᠮᠠᠨ ᠵᠤᠷᠪᠤᠰ ᠲᠤᠭᠲᠠᠭᠠᠯ ︾ ᠪᠤᠯᠤᠨ ᠲᠦᠷᠦ ᠶᠢᠨ ᠶᠠᠪᠤᠳᠠᠯ ᠤᠨ ᠬᠤᠷᠢᠶᠠᠨ ᠤ ︽ᠭᠤᠷᠪᠠᠨ ᠵᠦᠢᠯ ᠤᠨ ᠰᠠᠬᠢᠯᠭ᠎ᠠ︾᠎ ᠶᠢᠨ ᠵᠤᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠵᠦ᠂ ︽ᠭᠤᠷᠪᠠᠨ ᠵᠦᠢᠯ ᠤᠨ ᠠᠯᠪᠠᠨ ᠵᠠᠷᠤᠳᠠᠯ︾᠎ ᠤᠨ ᠵᠠᠷᠤᠯᠭ᠎ᠠ ᠶᠢ ᠴᠢᠩᠭ᠎ᠠ ᠬᠢᠵᠠᠭᠠᠷᠯᠠᠨ᠂ ᠠᠯᠪᠠᠨ ᠭᠡᠷ ᠪᠤᠯᠤᠨ ᠠᠯᠪᠠᠨ ᠲᠡᠷᠭᠡ ᠶᠢᠨ ᠬᠡᠷᠡᠭᠯᠡᠭᠡᠨ ᠤ ᠴᠡᠭᠴᠡᠯᠡᠯᠲᠡ ᠶᠢ ᠭᠦᠨᠵᠡᠭᠡᠶᠢᠷᠡᠨ ᠠᠬᠢᠭᠤᠯᠵᠦ᠂ ᠵᠠᠰᠠᠭ ᠤᠨ ᠤᠷᠳᠤᠨ ᠤ ᠤᠯᠠᠨ ᠢ ᠢᠳᠡᠬᠡᠭᠦᠯᠬᠦ ᠬᠦᠴᠦᠨ᠂ ᠠᠵᠢᠯ ᠬᠦᠢᠴᠡᠳᠬᠡᠬᠦ ᠴᠢᠳᠡᠪᠦᠷᠢ ᠪᠤᠯᠤᠨ ᠦᠢᠯᠡᠴᠢᠯᠡᠭᠡᠨ ᠤ ᠬᠢᠷᠢ ᠲᠦᠪᠰᠢᠨ ᠮᠡᠳᠡᠭᠳᠡᠮ᠎ᠡ ᠲᠡᠭᠡᠭᠰᠢᠯᠡᠪᠡ᠃        ᠲᠦᠯᠦᠭᠡᠯᠡᠭᠴᠢᠳ ᠡ᠂ ︽ᠠᠷᠪᠠᠨ ᠬᠤᠶᠠᠳᠤᠭᠠᠷ ᠲᠠᠪᠤᠨ ᠵᠢᠯ︾᠎ ᠤᠨ ᠠᠮᠵᠢᠯᠲᠠ ᠪᠣᠯ ᠠᠶᠢᠮᠠᠭ ᠤᠨ ᠨᠠᠮ ᠎ ᠤᠨ ᠬᠤᠷᠢᠶ᠎ᠠ᠂ ᠵᠠᠬᠢᠷᠭ᠎ᠠ ᠪᠤᠯᠤᠨ ᠬᠤᠰᠢᠭᠤᠨ ᠤ ᠨᠠᠮ ᠤᠨ ᠬᠤᠷᠢᠶ᠎ᠠ ᠵᠦᠪ ᠤᠨᠤᠪᠴᠢᠲᠠᠢ ᠤᠳᠤᠷᠢᠳᠴᠤ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢ ᠲᠤᠭᠲᠠᠭᠠᠭᠰᠠᠨ ᠤ ᠦᠷ᠎ᠡ ᠳ᠋ᠦᠩ ᠮᠦᠨ︔ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠦᠪᠯᠡᠯᠭᠡᠨ ᠤ ᠪᠦᠲᠦᠮᠵᠢᠲᠡᠢ ᠬᠢᠨᠠᠯᠲᠠ ᠲᠠᠯᠪᠢᠵᠦ᠂ ᠪᠦᠬᠦ ᠬᠦᠴᠦ ᠪᠠᠷ ᠢᠶᠠᠨ ᠳᠡᠮᠵᠢᠭᠰᠡᠨ ᠦᠷ᠎ᠡ ᠳ᠋ᠦᠩ ᠮᠦᠨ︔ ᠨᠡᠶᠢᠭᠡᠮ ᠤᠨ ᠡᠯ᠎ᠡ ᠡᠳᠡᠭᠡᠳ ᠤᠨ ᠬᠢᠨ ᠰᠡᠳᠬᠢᠯ ᠨᠢᠭᠡᠳᠤᠨ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠦᠨ︔ ᠦᠷᠭᠡᠨ ᠤᠯᠠᠨ ᠰᠠᠭᠤᠭ᠎ᠠ ᠴᠡᠷᠢᠭ ᠠᠩᠭᠢ᠂ ᠳᠤᠲᠤᠭᠠᠳᠤ ᠶᠢ ᠬᠠᠮᠠᠭᠠᠯᠠᠬᠤ ᠴᠠᠭᠳᠠᠭ᠎ᠠ ᠪᠤᠯᠤᠨ ᠵᠡᠪᠰᠡᠭᠲᠦ ᠴᠠᠭᠳᠠᠭᠠᠨ ᠤ ᠳᠠᠷᠤᠭ᠎ᠠ ᠪᠠᠶᠢᠯᠳᠤᠭᠴᠢᠳ ᠦᠨᠡᠨᠴᠢ ᠰᠢᠳᠤᠷᠭᠤ ᠪᠠᠷ ᠲᠤᠰᠢᠶᠠᠯ ᠢᠶᠠᠨ ᠰᠠᠬᠢᠵᠦ᠂ ᠬᠤᠪᠢ ᠨᠡᠮᠡᠷᠢ ᠪᠠᠨ ᠬᠠᠷᠠᠮ ᠦᠭᠡᠢ ᠵᠤᠷᠢᠭᠤᠯᠤᠭᠰᠠᠨ ᠤ ᠦᠷ᠎ᠡ ᠳ᠋ᠦᠩ ᠮᠦᠨ᠃ ᠠᠳᠡ ᠪᠢ᠂ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠢ ᠲᠦᠯᠦᠭᠡᠯᠡᠨ᠂ ᠡᠵᠡᠨ᠎ᠡ ᠬᠤᠰᠢᠭᠤᠨ ᠤ ᠪᠦᠲᠦᠭᠡᠨ ᠪᠠᠶᠢᠭᠤᠯᠤᠯᠲᠠ ᠪᠠ ᠬᠦᠭᠵᠢᠯᠲᠡ ᠳᠤ ᠬᠤᠪᠢ ᠨᠡᠮᠡᠷᠢ ᠦᠵᠡᠭᠦᠯᠦᠭᠰᠡᠨ ᠪᠦᠬᠦ ᠨᠦᠬᠦᠳ᠂ ᠨᠠᠶᠢᠵᠠ ᠨᠠᠷ ᠎ ᠲᠤ ᠴᠢᠩ ᠰᠡᠳᠬᠢᠯ ᠤᠨ ᠬᠦᠨᠳᠦᠳᠬᠡᠯ ᠲᠠᠯᠠᠷᠬᠠᠯ ᠢᠶᠠᠨ ᠳᠡᠪᠰᠢᠭᠦᠯᠵᠤ ᠪᠠᠶᠢᠨ᠎ᠠ︕        ᠠᠮᠵᠢᠯᠲᠠ ᠪᠦᠲᠦᠭᠡᠯ ᠢᠶᠠᠨ ᠤᠯᠵᠤ ᠬᠠᠷᠠᠬᠤ ᠶᠢᠨ ᠬᠠᠮᠲᠦ᠂ ᠤᠳᠤᠬᠠᠨ ᠮᠠᠨ ᠤ ᠬᠤᠰᠢᠭᠤᠨ ᠤ ᠠᠵᠤ ᠠᠬᠤᠢ ᠶᠢᠨ ᠬᠦᠭᠵᠢᠯᠲᠡ ᠳᠤᠮᠳᠠ ᠪᠠᠰᠠ ᠮᠠᠰᠢ ᠤᠯᠠᠨ ᠬᠦᠴᠢᠷ ᠪᠡᠷᠬᠡᠰᠢᠶᠡᠯ ᠪᠤᠯᠤᠨ ᠠᠰᠠᠭᠤᠳᠠᠯ ᠤᠷᠤᠰᠢᠭᠰᠠᠭᠠᠷ ᠪᠠᠶᠢᠭ᠎ᠠ ᠶᠢ ᠪᠢᠳᠠ ᠲᠠᠨᠢᠵᠤ ᠮᠡᠳᠡᠬᠦ ᠬᠡᠷᠡᠭᠲᠡᠢ ᠪᠠᠶᠢᠨ᠎ᠠ᠃ ᠨᠢᠭᠡ ᠳᠤ᠂ ᠡᠳ᠋ ᠶᠢᠨ ᠵᠠᠰᠠᠭ ᠤᠷᠤᠯᠭ᠎ᠠ ᠪᠠᠨ ᠦᠷᠭᠦᠯᠵᠢᠯᠡᠨ ᠨᠡᠮᠡᠭᠳᠡᠭᠦᠯᠬᠦ ᠬᠦᠴᠤᠨ ᠳᠤᠲᠠᠮᠠᠭ᠂ ᠤᠷᠤᠯᠭ᠎ᠠ ᠵᠠᠷᠤᠯᠭ᠎ᠠ ᠶᠢ ᠲᠡᠩᠴᠡᠭᠦᠷᠢᠰᠢᠭᠦᠯᠬᠦ ᠳᠤ ᠬᠦᠴᠢᠷᠲᠡᠢ᠂  ᠦᠯᠡᠳᠡᠭᠳᠡᠯ ᠪᠡᠯᠡ ᠮᠦᠩᠬᠦ ᠶᠢ ᠬᠡᠷᠡᠭᠯᠡᠬᠦ ᠪᠠ ᠦᠷᠢ ᠦᠭᠴᠡᠭᠡᠨ ᠤ ᠳᠠᠷᠤᠭᠠᠰᠤ ᠬᠦᠨᠳᠦ ᠪᠠᠶᠢᠵᠤ᠂ ᠠᠵᠤ ᠠᠬᠤᠢ ᠎ ᠶᠢᠨ ᠨᠡᠮᠡᠭᠳᠡᠯ ᠢ ᠳᠠᠶᠢᠴᠢᠯᠠᠨ ᠲᠤᠯᠭᠠᠭᠤᠷᠢᠯᠠᠬᠤ ᠲᠤᠮᠤ ᠠᠵᠤ ᠠᠬᠤᠶᠢᠯᠠᠯ ᠤᠨ ᠲᠦᠷᠦᠯ ᠵᠦᠢᠯ ᠴᠦᠭᠡᠨ᠂  ᠡᠷᠭᠢᠯᠲᠡ ᠬᠦᠭᠵᠢᠯᠲᠡ᠂ ᠠᠷᠠᠳ ᠤᠨ ᠠᠮᠢᠳᠤᠷᠠᠯ ᠢ ᠪᠠᠲᠤᠯᠠᠬᠤ ᠳᠠᠷᠤᠭᠠᠰᠤ ᠨᠦᠰᠡᠷ ᠬᠦᠨᠳᠦ᠃ ᠬᠤᠶᠠᠷ ᠲᠤ᠂ ᠬᠤᠷᠸ᠎ᠠ ᠠᠵᠤ ᠠᠬᠤᠢ ᠶᠢᠨ ᠤᠷᠴᠢᠨ ᠠᠬᠤᠢ ᠬᠦᠴᠢᠷᠳᠡᠯ ᠲᠤᠯᠭᠠᠷᠠᠵᠤ᠂ ᠭᠦᠢᠯᠭᠡᠭᠡᠨ ᠳᠤ ᠤᠷᠤᠬᠤ ᠪᠦᠭᠡᠮ ᠪᠠᠷᠠᠭᠠᠨ ᠤ ᠬᠡᠷᠡᠭᠴᠡᠭᠡ ᠪᠠᠭᠠᠰᠤᠨ᠂ ᠠᠵᠤ ᠦᠢᠯᠡᠳᠪᠦᠷᠢ ᠶᠢᠨ ᠡᠬᠢ ᠪᠠᠶᠠᠯᠢᠭ ᠢ ᠬᠤᠪᠢᠷᠠᠭᠠᠨ ᠦᠷᠳᠡᠭ ᠨᠡᠮᠡᠭᠳᠡᠭᠦᠯᠬᠦ ᠨᠤᠷᠮ᠎ᠠ ᠳᠤᠤᠷ᠎ᠠ᠂ ᠪᠡᠯᠡ ᠮᠦᠩᠭᠦ ᠬᠤᠷᠠᠮᠳᠤᠭᠤᠯᠬᠤ ᠪᠠ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠬᠦᠴᠢᠷᠲᠡᠢ ᠪᠤᠯᠤᠭᠰᠠᠨ᠃ ᠭᠤᠷᠪᠠ ᠳᠤ᠂ ᠵᠢᠭᠤᠯᠴᠢᠯᠡᠯ ᠶᠢᠨ ᠬᠦᠭᠵᠢᠯᠲᠠ ᠶᠢᠨ ᠳᠡᠰ ᠳᠠᠪᠬᠤᠷᠭ᠎ᠠ ᠳᠤᠤᠷ᠎ᠠ᠂ ᠵᠢᠭᠤᠯᠴᠢᠯᠠᠯ ᠤᠨ ᠪᠦᠲᠦᠭᠡᠭᠳᠡᠭᠦᠨ ᠴᠦᠭᠡᠨ᠂ ᠰᠢᠯᠢᠳᠡᠭ ᠵᠠᠮ ᠱᠤᠭᠤᠮ ᠤᠨ ᠪᠠᠶᠢᠭᠤᠯᠤᠯᠲᠠ ᠨᠢ ᠪᠠᠷᠢᠮᠵᠢᠶᠠᠨ ᠳᠤ ᠬᠦᠷᠬᠦ ᠦᠭᠡᠢ ᠪᠠᠶᠢᠵᠤ᠂ ᠰᠠᠭᠤᠷᠢ ᠪᠦᠲᠦᠭᠡᠨ ᠪᠠᠶᠢᠭᠤᠯᠤᠯᠲᠠ ᠪᠤᠯᠤᠨ ᠲᠦᠬᠦᠷ ᠦᠢᠯᠡᠴᠢᠯᠡᠭᠡ ᠨᠢ ᠵᠢᠭᠤᠯᠴᠢᠯᠠᠯ ᠬᠦᠭᠵᠢᠯᠲᠡ ᠶᠢᠨ ᠪᠤᠳᠠᠳᠤ ᠬᠡᠷᠡᠭᠴᠡᠭᠡ ᠲᠠᠢ ᠨᠡᠯᠢᠶᠡᠳ ᠵᠦᠷᠢᠶ᠎ᠡ ᠤᠷᠤᠰᠢᠨ᠂ ᠦᠵᠡᠮᠵᠢ ᠶᠢᠨ ᠤᠷᠤᠨ ᠤ ᠬᠠᠮᠢᠶᠠᠷᠤᠯᠲᠠ ᠶᠢ ᠴᠢᠩᠭᠠᠳᠬᠠᠬᠤ ᠴᠢᠬᠤᠯᠠᠲᠠᠢ ᠪᠠᠶᠢᠭ᠎ᠠ᠃ ᠳᠦᠷᠪᠡ ᠳᠤ᠂ ᠨᠡᠶᠢᠲᠡ ᠶᠢᠨ ᠡᠬᠢ ᠪᠠᠶᠠᠯᠢᠭ ᠤᠨ ᠬᠤᠪᠢᠶᠠᠷᠢᠯᠠᠯᠲᠠ ᠵᠦᠢ ᠵᠤᠬᠢᠰ ᠦᠬᠡᠢ᠂ ᠰᠤᠷᠭᠠᠭᠤᠯᠢ ᠳᠤ ᠰᠠᠭᠤᠬᠤ᠂ ᠡᠪᠡᠳᠴᠢᠨ ᠦᠵᠡᠭᠦᠯᠬᠦ ᠵᠡᠷᠭᠡ ᠲᠠᠯ᠎ᠠ ᠪᠠᠷ ᠤᠯᠠᠨ ᠲᠦᠮᠡᠨ ᠤ ᠱᠠᠭᠠᠷᠳᠠᠯᠭ᠎ᠠ ᠲᠠᠢ ᠵᠦᠷᠢᠶᠠᠨ ᠤᠷᠤᠰᠢᠵᠤ᠂ ᠨᠡᠶᠢᠭᠡᠮ ᠤᠨ ᠬᠠᠮᠢᠶᠠᠷᠤᠯᠲᠠ ᠳᠤ ᠪᠠᠭᠤᠷᠠᠢ ᠲᠠᠯ᠎ᠠ ᠨᠢᠭᠤᠭᠳᠠᠭᠰᠠᠭᠠᠷ᠃ ᠲᠠᠪᠤ ᠳᠤ᠂ ᠵᠠᠰᠠᠭ ᠤᠨ ᠤᠷᠳᠤᠨ ᠠᠵᠢᠯ ᠤᠨ ᠴᠢᠳᠠᠪᠬᠢ ᠪᠠᠨ ᠤᠯᠠᠮ ᠨᠢᠭᠡ ᠠᠯᠬᠤᠮ ᠬᠤᠪᠢᠷᠠᠭᠤᠯᠬᠤ ᠴᠢᠬᠤᠯᠠᠲᠠᠢ ᠪᠠᠶᠢᠵᠤ᠂ ᠬᠠᠤᠯᠢ ᠪᠠᠷ ᠵᠠᠰᠠᠭᠰᠠᠨ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠤᠷᠳᠤᠨ ᠤ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠴᠢᠩᠭᠠᠳᠬᠠᠬᠤ ᠬᠡᠷᠡᠭᠲᠡᠢ ᠪᠠᠶᠢᠨ᠎ᠠ᠃ ᠡᠳᠡᠭᠡᠷ ᠪᠠᠶᠢᠳᠠᠯ ᠢ ᠪᠢᠳᠠ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠰᠢᠨᠲᠠᠷᠠᠬᠤ ᠦᠭᠡᠢ᠂ ᠵᠢᠷᠦᠬᠡᠰᠢᠶᠡᠬᠦ ᠦᠭᠡᠢ ᠎ ᠪᠠᠷ ᠰᠡᠳᠬᠢᠯ ᠰᠢᠭᠤᠳᠤᠨ ᠨᠠᠷᠢᠨ ᠬᠢᠨᠠᠮᠠᠭᠠᠢ ᠰᠢᠢᠳᠪᠦᠷᠢᠯᠡᠬᠦ ᠬᠡᠷᠡᠭᠲᠡᠢ ᠶᠤᠮ᠃        ᠬᠤᠶᠠᠷ ᠊ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠬᠦᠭᠵᠢᠯᠲᠡ ᠶᠢᠨ ᠰᠡᠳᠬᠢᠴᠡ ᠪᠤᠯᠤᠨ ᠲᠡᠮᠡᠴᠡᠬᠦ ᠬᠠᠷᠠᠯᠲᠠ        ︽ᠠᠷᠪᠠᠨ ᠭᠤᠷᠪᠠᠳᠤᠭᠠᠷ ᠲᠠᠪᠤᠨ ᠵᠢᠯ︾ ᠪᠤᠯ ᠮᠠᠨ ᠤ ᠬᠤᠰᠢᠭᠤᠨ ᠤ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠵᠠᠩᠭᠢᠯᠠᠭ᠎ᠠ ᠶᠢᠨ ᠦᠶ᠎ᠡ᠂ ᠨᠡᠩ ᠴᠦ ᠲᠤᠬᠢᠶᠠᠯ ᠢ ᠠᠳᠬᠤᠨ᠂ ᠶᠡᠭᠡ ᠪᠠᠷ ᠬᠤᠷᠠᠮᠳᠤᠭᠤᠯᠤᠨ ᠠᠭᠠᠵᠢᠮ ᠢᠶᠠᠷ ᠪᠠᠳᠠᠷᠠᠭᠤᠯᠵᠤ᠂ ᠲᠤᠮᠤ ᠦᠢᠯᠡᠰ ᠪᠦᠲᠦᠭᠡᠬᠦ ᠬᠦᠨᠳᠦ ᠴᠢᠬᠤᠯᠠ ᠪᠠᠶᠢᠯᠳᠤᠬᠤ ᠪᠤᠳᠤᠯᠭ᠎ᠠ ᠶᠢᠨ ᠠᠵᠠ ᠳᠤᠬᠢᠶᠠᠯ ᠤᠨ ᠴᠠᠭ ᠬᠤᠭᠤᠴᠠᠭ᠎ᠠ ᠪᠤᠯᠤᠨ᠎ᠠ᠃  ᠤᠯᠤᠰ ᠠᠴᠠ ︽ᠨᠢᠭᠡ ᠪᠦᠰᠡ ᠨᠢᠭᠡ ᠵᠠᠮ︾᠎ ᠤᠨ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠦᠨ᠂ ᠦᠪᠡᠷᠲᠡᠭᠡᠨ ᠵᠠᠰᠠᠬᠤ ᠤᠷᠤᠨ ᠠᠴᠠ ︽ᠳᠤᠮᠳᠠᠳᠤ ᠮᠣᠩᠭᠤᠯ ᠤᠷᠤᠰ ᠤᠨ ᠠᠵᠤ ᠠᠬᠤᠢ ᠶᠢᠨ ᠨᠡᠪᠲᠡᠷᠡᠯᠴᠡᠭᠡ︾᠎ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠮᠠᠨ ᠤ ᠬᠤᠰᠢᠭᠤᠨ ᠤ ᠪᠦᠬᠦ ᠲᠠᠯ᠎ᠠ ᠪᠠᠷ ᠭᠠᠳᠠᠭᠠᠳᠤ ᠲᠠᠢ ᠴᠢᠯᠦᠭᠡᠲᠠᠢ ᠶᠠᠪᠤᠯᠴᠠᠬᠤ ᠳᠤ ᠰᠢᠨ᠎ᠡ ᠤᠷᠤᠨ ᠵᠠᠢ ᠶᠢ ᠤᠯᠭᠤᠭᠰᠠᠨ︔ ᠲᠦᠪ᠂ ᠦᠪᠡᠷᠲᠡᠭᠡᠨ ᠵᠠᠰᠠᠬᠤ ᠤᠷᠤᠨ᠂ ᠠᠶᠢᠮᠠᠭ ᠠᠴᠠ ᠰᠢᠷᠢᠰ ᠬᠠᠨᠳᠤᠯᠭᠠᠲᠤ ᠴᠢᠨᠠᠷ ᠲᠠᠢ ᠲᠤᠬᠢᠷᠠᠭᠤᠯᠤᠨ ᠡᠵᠡᠮᠰᠢᠬᠦ ᠲᠦᠷᠦ ᠶᠢᠨ ᠪᠤᠳᠤᠯᠭ᠎ᠠ ᠶᠢ ᠲᠤᠭᠳᠠᠭᠠᠵᠤ᠂ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠲᠡ ᠳᠤ ᠰᠠᠶᠢᠨ ᠰᠠᠶᠢᠬᠠᠨ ᠲᠦᠷᠦ ᠶᠢᠨ ᠪᠤᠳᠤᠯᠭ᠎ᠠ ᠶᠢᠨ ᠤᠷᠴᠢᠨ ᠨᠦᠭᠦᠴᠡᠯ ᠢ ᠬᠠᠩᠭᠠᠨ ᠦᠭᠭᠦᠭᠰᠡᠨ︔  ᠳᠡᠭᠡᠳᠦ ᠱᠠᠲᠤᠨ ᠠᠴᠠ ᠳᠣᠣᠷᠠᠳᠤ ᠱᠠᠲᠤ ᠵᠦᠭ ᠪᠦᠬᠦ ᠲᠠᠯ᠎ᠠ ᠪᠠᠷ ᠭᠦᠨᠵᠡᠭᠡᠶᠢᠷᠡᠭᠦᠯᠦᠨ ᠦᠭᠡᠷᠡᠴᠢᠯᠡᠵᠦ᠂ ᠰᠢᠨ᠎ᠡ ᠶᠢ ᠡᠭᠦᠳᠴᠦ ᠬᠦᠭᠵᠢᠬᠦ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠦᠨ᠂ ᠤᠯᠠᠨ ᠲᠦᠮᠡᠨ ᠤ ᠦᠢᠯᠡᠰ ᠪᠤᠰᠬᠠᠨ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠵᠤ᠂ ᠮᠠᠨ ᠤ ᠬᠤᠰᠢᠭᠤᠨ ᠳᠤ ᠦᠭᠡᠷᠡᠴᠢᠯᠡᠯᠲᠡ ᠶᠢᠨ ᠦᠷ᠎ᠡ ᠠᠰᠢᠭ ᠢ ᠠᠪᠴᠢᠷᠠᠬᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠪᠢᠯᠬᠠᠭᠤᠯᠬᠤ᠂ ᠬᠦᠭᠵᠢᠯᠲᠡ ᠶᠢ ᠦᠭᠡᠷᠡᠴᠢᠯᠡᠬᠦ ᠬᠦᠳᠡᠯᠭᠡᠬᠦ ᠬᠦᠴᠦᠨ ᠤ ᠰᠢᠨ᠎ᠡ ᠠᠵᠠ ᠲᠤᠬᠢᠶᠠᠯ ᠢ ᠠᠪᠴᠢᠷᠠᠭᠰᠠᠨ︔ ᠮᠠᠨ ᠤ ᠬᠤᠰᠢᠭᠤᠨ ᠤ ᠠᠵᠤ ᠠᠬᠤᠢ ᠵᠠᠯᠭᠠᠭ᠎ᠠ ᠪᠠᠷ ᠤᠯᠠᠨ ᠵᠢᠯ ᠲᠦᠷᠭᠡᠨ ᠨᠡᠮᠡᠭᠳᠡᠵᠤ᠂ ᠰᠠᠭᠤᠷᠢ ᠲᠦᠭᠦᠭᠡᠷᠦᠮᠵᠢ ᠦᠷᠭᠦᠯᠵᠢᠯᠡᠨ ᠰᠠᠶᠢᠵᠢᠷᠠᠵᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠲᠠᠰᠤᠷᠠᠯᠲᠠ ᠦᠭᠡᠢ ᠴᠢᠩᠭᠠᠷᠠᠨ᠂ ᠬᠦᠭᠵᠢᠯᠲᠡ ᠶᠢᠨ ᠤᠷᠴᠢᠨ ᠠᠬᠤᠢ ᠠᠭᠠᠵᠢᠮ ᠢᠶᠠᠷ ᠰᠢᠯᠢᠳᠡᠭᠵᠢᠵᠦ᠂ ᠬᠦᠭᠵᠢᠯᠲᠡ ᠶᠢ ᠲᠦᠷᠭᠡᠳᠭᠡᠬᠦ ᠳᠤ ᠬᠦᠴᠦᠷᠭᠡᠭ ᠶᠡᠭᠡ ᠬᠦᠳᠡᠯᠭᠡᠬᠦ ᠬᠦᠴᠦ ᠶᠢ ᠬᠤᠷᠠᠮᠳᠤᠭᠤᠯᠤᠭᠰᠠᠨ︔ ᠪᠦᠬᠦ ᠬᠤᠰᠢᠭᠤᠨ ᠤ ᠡᠯ᠎ᠡ ᠦᠨᠳᠦᠰᠦᠲᠡᠨ ᠤ ᠺᠠᠳ᠋ᠷ ᠤᠯᠠᠨ ᠲᠦᠮᠡᠨ ᠰᠡᠳᠬᠢᠯ ᠨᠢᠭᠡᠳᠦᠨ ᠪᠦᠯᠭᠦᠮᠳᠡᠵᠦ᠂ ᠯᠠᠪᠳᠠᠭᠤᠨ ᠴᠢᠷᠮᠡᠶᠢᠯᠲᠠ ᠲᠠᠢ ᠠᠵᠢᠯᠯᠠᠨ᠂ ᠬᠦᠭᠵᠢᠯᠲᠡ ᠶᠢ ᠲᠦᠷᠭᠡᠳᠭᠡᠬᠦ ᠳᠤ ᠢᠳᠡᠪᠬᠢ ᠬᠦᠴᠦᠨ ᠎ ᠢ ᠨᠢᠭᠲᠠᠷᠠᠭᠤᠯᠤᠭᠰᠠᠨ ᠵᠡᠷᠭᠡ ᠪᠤᠳᠠᠲᠤ ᠪᠠᠶᠢᠳᠠᠯ ᠢ ᠪᠢᠳᠠ ᠡᠷᠭᠡᠪᠰᠢ ᠤᠯᠵᠤ ᠬᠠᠷᠠᠬᠤ ᠶᠤᠰᠤᠲᠠᠢ᠃ ᠰᠢᠨ᠎ᠡ ᠴᠠᠭ ᠦᠶ᠎ᠡ᠂ ᠰᠢᠨ᠎ᠡ ᠪᠠᠶᠢᠳᠠᠯ ᠳᠤᠤᠷ᠎ᠠ ᠪᠢᠳᠠ ᠡᠷᠬᠡᠪᠰᠢ ᠬᠠᠷᠢᠭᠤᠴᠠᠯᠭᠠᠲᠤ ᠤᠪᠤᠷ᠂ ᠲᠤᠯᠭᠠᠮ᠎ᠠ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠨ᠂ ᠢᠲᠡᠭᠡᠯ ᠵᠤᠷᠢᠭ ᠢᠶᠠᠨ ᠬᠦᠪᠴᠢᠯᠡᠵᠦ᠂ ᠵᠤᠷᠢᠭᠲᠠᠢ ᠡᠭᠦᠷᠭᠡᠯᠡᠨ ᠠᠵᠢᠯᠯᠠᠵᠤ᠂ ᠠᠵᠤ ᠠᠬᠤᠢ ᠨᠡᠶᠢᠭᠡᠮ ᠤᠨ ᠡᠷᠡᠭᠦᠯ ᠢᠶᠠᠷ ᠦᠷᠭᠦᠯᠵᠢᠯᠡᠨ ᠬᠦᠭᠵᠢᠬᠦ ᠶᠢ ᠪᠦᠬᠦ ᠬᠦᠴᠦ ᠪᠠᠷ ᠢᠶᠠᠨ ᠲᠦᠯᠬᠢᠨ ᠠᠬᠢᠭᠤᠯᠬᠤ ᠬᠡᠷᠡᠭᠲᠡᠢ᠃ ᠡᠨᠡ ᠪᠤᠯ ᠴᠠᠭ ᠡᠷᠢᠨ ᠠᠴᠠ ᠪᠢᠳᠠᠨ ᠳᠤ ᠳᠠᠭᠠᠭᠠᠯᠭᠠᠭᠰᠠᠨ ᠲᠡᠦᠭᠡᠲᠦ ᠡᠭᠦᠷᠭᠡ᠂ ᠪᠦᠬᠦ ᠬᠤᠰᠢᠭᠤᠨ ᠤ ᠠᠷᠠᠳ ᠲᠦᠮᠡᠨ ᠤ ᠨᠠᠨᠳᠢᠨ ᠡᠷᠡᠮᠡᠯᠵᠡᠯ᠂ ᠮᠦᠨᠴᠦ ᠵᠠᠰᠠᠭ ᠤᠨ ᠤᠷᠳᠤᠨ ᠤ ᠲᠤᠰᠢᠶᠠᠯ ᠬᠠᠷᠢᠭᠤᠴᠠᠯᠭ᠎ᠠ ᠮᠦᠨ᠃        ︽ᠠᠷᠪᠠᠨ ᠭᠤᠷᠪᠠᠳᠤᠭᠠᠷ ᠲᠠᠪᠤᠨ ᠵᠢᠯ︾  ᠎ ᠤᠨ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠶᠡᠷᠦᠩᠭᠡᠢ ᠱᠠᠭᠠᠷᠳᠠᠯᠭ᠎ᠠ ᠪᠤᠯ᠄ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ᠂ ᠳᠦᠷᠪᠡᠳᠦᠭᠡᠷ᠂ ᠲᠠᠪᠤᠳᠤᠭᠠᠷ ᠪᠦᠬᠦᠳᠡ ᠬᠤᠷᠠᠯ ᠪᠤᠯᠤᠨ ᠰᠢ ᠶᠢᠨ ᠫᠢᠩ ᠶᠡᠷᠦᠩᠭᠡᠢ ᠱᠦᠵᠢ ᠶᠢᠨ ᠰᠢᠷᠢᠰ ᠴᠢᠬᠤᠯᠠ ᠶᠠᠷᠢᠶ᠎ᠠ ᠵᠢᠴᠢ ᠦᠪᠦᠷ ᠮᠤᠩᠭᠤᠯ ᠢ ᠲᠤᠭᠤᠷᠢᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠪᠡᠷᠲᠡᠭᠡᠨ ᠵᠠᠰᠠᠬᠤ ᠤᠷᠤᠨ ᠤ ︽8337︾ ᠬᠦᠭᠵᠢᠯᠲᠡ ᠎ ᠶᠢᠨ ᠰᠡᠳᠬᠢᠴᠡ ᠪᠤᠯᠤᠨ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭᠠᠨ ᠤ ᠰᠢᠢᠳᠪᠦᠷᠢ ᠲᠤᠬᠢᠷᠠᠭᠤᠯᠤᠯᠲᠠ ᠪᠠᠷ ᠭᠤᠤᠯᠯᠠᠭᠤᠯᠤᠨ᠂  ᠬᠤᠰᠢᠭᠤ ᠨᠠᠮ ᠤᠨ ᠬᠤᠷᠢᠶᠠᠨ ᠤ ᠵᠦᠪ ᠤᠨᠤᠪᠴᠢᠲᠠᠢ ᠤᠳᠤᠷᠢᠳᠤᠯᠭ᠎ᠠ ᠳᠤᠤᠷ᠎ᠠ ᠯᠠᠪᠳᠠᠭᠤᠨ ᠎ ᠢᠶᠠᠷ ᠠᠬᠢᠭᠤᠯᠵᠤ᠂ ᠦᠷ᠎ᠡ ᠪᠦᠲᠦᠮᠵᠢ ᠤᠯᠤᠨ᠂ ︽ᠰᠢᠨ᠎ᠡ ᠶᠢ ᠡᠭᠦᠳᠬᠦ᠂ ᠵᠤᠬᠢᠴᠠᠩᠭᠤᠢ᠂ ᠪᠤᠬᠢᠷᠲᠤᠯ ᠦᠭᠡᠢ᠂ ᠴᠢᠯᠦᠭᠡᠲᠡᠢ᠂ ᠬᠠᠮᠲᠤᠪᠠᠷ ᠡᠳ᠋ᠯᠡᠬᠦ︾ ᠬᠦᠭᠵᠢᠯᠲᠡ ᠶᠢᠨ ᠦᠵᠡᠯᠲᠡ ᠶᠢ ᠭᠦᠨᠵᠡᠭᠡᠶᠢᠷᠡᠭᠦᠯᠦᠨ᠂ ᠬᠦᠭᠵᠢᠯ ᠤᠨ ᠬᠠᠨᠳᠤᠰᠢ ᠶᠢᠨ ᠳᠠᠭᠠᠤ ᠬᠦᠲᠦᠯᠦᠨ ᠵᠢᠯᠤᠭᠤᠳᠴᠤ᠂ ᠪᠠᠶᠢᠳᠠᠯ ᠢ ᠦᠵᠡᠨ ᠳᠡᠪᠰᠢᠵᠤ᠂ ᠰᠤᠶᠤᠯ ᠵᠢᠭᠤᠯᠴᠢᠯᠠᠯ᠂ ᠪᠤᠭᠤᠮᠲᠠ ᠶᠢᠨ ᠪᠠᠷᠠᠭ᠎ᠠ ᠭᠦᠢᠯᠭᠡᠭᠡ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠶᠢ ᠲᠦᠷᠭᠡᠳᠬᠡᠨ ᠠᠬᠢᠭᠤᠯᠵᠤ᠂ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ᠂ ᠤᠯᠤᠰ ᠢᠶᠠᠨ ᠬᠠᠮᠠᠭᠠᠯᠠᠵᠤ ᠬᠢᠯᠢ ᠪᠠᠨ ᠰᠠᠬᠢᠬᠤ᠂ ᠨᠡᠶᠢᠭᠡᠮ ᠤᠨ ᠬᠠᠮᠢᠶᠠᠷᠤᠯᠲᠠ ᠵᠡᠷᠭᠡ ᠲᠠᠯ᠎ᠠ ᠶᠢ ᠪᠠᠲᠤᠳᠬᠠᠨ᠂ ᠨᠡᠩ ᠦᠵᠡᠰᠭᠦᠯᠡᠩ᠂ ᠪᠠᠶᠠᠨ ᠴᠢᠨᠡᠭᠡᠯᠢᠭ᠂ ᠴᠢᠯᠦᠭᠡᠲᠦ ᠨᠡᠭᠡᠭᠡᠯᠲᠡ ᠲᠠᠢ᠂ ᠡᠶ᠎ᠡ ᠨᠠᠶᠢᠷᠠᠮᠳᠠᠭᠤ ᠡᠵᠡᠨ᠎ᠡ ᠬᠤᠰᠢᠭᠤ ᠶᠢ ᠴᠤᠭᠴᠠᠯᠠᠨ ᠪᠠᠶᠢᠭᠤᠯᠬᠤ ᠪᠠᠷ ᠴᠢᠷᠮᠠᠶᠢᠨ᠎ᠠ᠃        ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠪᠤᠯ᠄ ᠤᠷᠤᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠲᠡᠭ ᠤᠨ ᠵᠢᠯ ᠳᠤᠮᠳᠠᠴᠢ ᠶᠢᠨ ᠨᠡᠮᠡᠭᠳᠡᠯ ᠢ 8%᠂ 76.4 ᠳ᠋ᠦᠩᠰᠢᠭᠤᠷ ᠲᠦᠭᠦᠷᠢᠭ ᠲᠤ ᠬᠦᠷᠭᠡᠨ᠎ᠡ︔ ᠨᠡᠶᠢᠲᠡ ᠶᠢᠨ ᠡᠳ᠋ ᠶᠢᠨ ᠵᠠᠰᠠᠭ ᠤᠨ ᠲᠦᠰᠦᠪ ᠤᠨ ᠤᠷᠤᠯᠭ᠎ᠠ ᠶᠢᠨ ᠵᠢᠯ ᠳᠤᠮᠳᠠᠴᠢ ᠶᠢᠨ ᠨᠡᠮᠡᠭᠳᠡᠯ ᠢ 7%᠂ 8.3 ᠳ᠋ᠦᠩᠰᠢᠭᠤᠷ ᠲᠦᠭᠦᠷᠢᠭ ᠲᠤ ᠬᠦᠷᠭᠡᠨ᠎ᠡ︔ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠲᠠ ᠶᠢᠨ ᠵᠢᠯ ᠳᠤᠮᠳᠠᠴᠢ ᠎ ᠶᠢᠨ ᠨᠡᠮᠡᠭᠳᠡᠯ ᠢ 8%᠂ 75 ᠳ᠋ᠦᠩᠰᠢᠭᠤᠷ ᠲᠦᠭᠦᠷᠢᠭ ᠲᠤ ᠬᠦᠷᠭᠡᠨ᠎ᠡ︔ ᠨᠡᠶᠢᠭᠡᠮ ᠤᠨ ᠬᠡᠷᠡᠭᠯᠡᠭᠡᠨ ᠤ ᠪᠤᠳᠠᠰ ᠤᠨ ᠬᠡᠰᠡᠭᠯᠡᠨ ᠪᠤᠷᠤᠯᠠᠭᠤᠯᠬᠤ ᠶᠡᠷᠦᠩᠭᠡᠢ ᠦᠨ᠎ᠡ ᠶᠢᠨ ᠵᠢᠯ ᠳᠤᠮᠳᠠᠴᠢ ᠶᠢᠨ ᠨᠡᠮᠡᠭᠳᠡᠯ ᠢ 9%᠂ 19.2 ᠳ᠋ᠦᠩᠰᠢᠭᠤᠷ ᠎ ᠲᠤ ᠬᠦᠷᠭᠡᠨ᠎ᠡ︔ ᠬᠤᠲᠠ ᠪᠠᠯᠭᠠᠰᠤ ᠪᠠ ᠮᠠᠯᠵᠢᠬᠤ ᠲᠠᠷᠢᠶᠠᠯᠠᠬᠤ ᠤᠷᠤᠨ ᠤ ᠰᠠᠭᠤᠭᠠᠯᠢ ᠠᠷᠠᠳ ᠤᠨ ᠬᠦᠮᠦᠨ ᠳᠤᠮᠳᠠᠴᠢ ᠶᠢᠨ ᠡᠵᠡᠮᠳᠡᠵᠦ ᠪᠤᠯᠬᠤ ᠤᠷᠤᠯᠭ᠎ᠠ ᠶᠢᠨ ᠵᠢᠯ ᠳᠤᠮᠳᠠᠴᠢ ᠶᠢᠨ ᠨᠡᠮᠡᠭᠳᠡᠯ ᠢ 8%᠂ ᠲᠤᠰ ᠪᠦᠷᠢ 48954 ᠲᠦᠭᠦᠷᠢᠭ ᠪᠠ 27155 ᠲᠦᠭᠦᠷᠢᠭ ᠲᠤ ᠬᠦᠷᠭᠡᠨ᠎ᠡ᠃        ᠬᠤᠶᠢᠰᠢᠳᠠ ᠶᠢᠨ ᠲᠠᠪᠤᠨ ᠵᠢᠯ ᠳᠤ᠂ ᠪᠢᠳᠠᠨ ᠤ ᠭᠤᠤᠯ ᠲᠡᠮᠡᠴᠡᠭᠦ ᠴᠢᠭᠯᠡᠯᠲᠡ ᠪᠤᠯ᠄        ᠠᠮᠢ ᠠᠬᠤᠢ ᠶᠢᠨ ᠪᠤᠯᠪᠠᠰᠤᠨ ᠤ ᠪᠦᠲᠦᠭᠡᠨ ᠪᠠᠶᠢᠭᠤᠯᠤᠯᠲᠠ ᠶᠢᠨ ᠦᠵᠡᠯᠲᠡ ᠶᠢ ᠬᠦᠮᠦᠰ ᠤᠨ ᠰᠡᠳᠬᠢᠯ ᠎ ᠳᠤ ᠭᠦᠨᠵᠡᠭᠡᠶᠢᠷᠡᠭᠦᠯᠦᠨ᠎ᠡ᠃ ᠠᠮᠢ ᠠᠬᠤᠢ ᠶᠢᠨ ᠬᠠᠮᠠᠭᠠᠯᠠᠯᠲᠠ ᠪᠤᠯᠤᠨ ᠪᠦᠲᠦᠭᠡᠨ ᠪᠠᠶᠢᠭᠤᠯᠤᠯᠲᠠ ᠶᠢ ᠬᠦᠭᠵᠢᠯᠲᠡ ᠰᠦᠪᠡᠭᠴᠢᠯᠡᠬᠦ ᠤᠷᠢᠳᠠᠯ ᠪᠤᠯᠭᠠᠵᠤ᠂ ᠬᠦᠭᠵᠢᠯᠲᠡ ᠪᠠ ᠬᠠᠮᠠᠭᠠᠯᠠᠯᠲᠠ ᠶᠢ ᠵᠡᠷᠭᠡ ᠪᠠᠷ ᠴᠢᠬᠤᠯᠠᠴᠢᠯᠠᠨ᠂ ᠦᠵᠡᠰᠭᠦᠯᠡᠩᠲᠦ ᠰᠠᠶᠢᠬᠠᠨ ᠪᠤᠯᠤᠨ ᠬᠦᠭᠵᠢᠯᠲᠡ ᠶᠢ ᠬᠠᠮᠳᠤ ᠪᠠᠷ ᠪᠡᠶᠡᠯᠡᠭᠦᠯᠵᠦ᠂ ᠠᠵᠤ ᠦᠢᠯᠡᠰ ᠤᠨ ᠪᠦᠲᠦᠴᠡ ᠎ ᠶᠢᠨ ᠲᠤᠬᠢᠷᠠᠭᠤᠯᠤᠯᠲᠠ ᠶᠢ ᠨᠡᠮᠡᠭᠳᠡᠭᠦᠯᠦᠨ᠂ ᠠᠵᠤ ᠠᠬᠤᠢ ᠶᠢᠨ ᠬᠦᠭᠵᠢᠯᠲᠡ ᠶᠢᠨ ᠠᠷᠭ᠎ᠠ ᠪᠠᠷᠢᠯ ᠢᠶᠠᠨ ᠦᠭᠡᠷᠡᠴᠢᠯᠡᠵᠦ᠂ ᠪᠤᠭᠢᠷᠳᠤᠯ ᠦᠭᠡᠢ᠂ ᠤᠷᠴᠢᠯᠲᠤ᠂ ᠳᠤᠤᠷ᠎ᠠ ᠨᠡᠭᠦᠷᠡᠰᠦᠳᠦ᠋ᠷᠦᠭᠴᠢᠲᠤ ᠬᠦᠭᠵᠢᠯᠲᠡ ᠶᠢ ᠤᠬᠠᠮᠰᠠᠷ ᠎ ᠠᠴᠠ ᠪᠠᠨ ᠲᠦᠯᠬᠢᠨ ᠠᠬᠢᠭᠤᠯᠵᠤ᠂ ᠡᠵᠡᠨ᠎ᠡ ᠬᠤᠰᠢᠭᠤ ᠶᠢ ᠡᠬᠡ ᠤᠯᠤᠰ ᠤᠨ ᠤᠮᠠᠷᠠᠲᠤ ᠬᠢᠵᠠᠭᠠᠷ ᠶᠢᠨ ᠭᠤᠤᠯ ᠪᠤᠯᠬᠤ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠪᠤᠯᠭᠠᠬᠤ ᠪᠠᠷ ᠴᠢᠷᠮᠠᠶᠢᠨ ᠴᠤᠭᠴᠠᠯᠠᠨ᠎ᠠ᠃        ᠰᠤᠶᠤᠯ ᠵᠢᠭᠤᠯᠴᠢᠯᠠᠯ ᠤᠨ ᠠᠵᠤ ᠦᠢᠯᠡᠰ ᠤᠨ ᠳᠠᠶᠢᠴᠢᠯᠠᠬᠤ ᠦᠢᠯᠡᠳᠦᠯ ᠢ ᠤᠯᠠᠮ ᠳᠤᠪᠤᠶᠢᠯᠭᠠᠨ᠎ᠠ᠃ ᠦᠨᠳᠦᠷ ᠪᠠᠷᠢᠮᠵᠢᠶ᠎ᠠ᠂ ᠦᠨᠳᠦᠷ ᠬᠢᠷᠢ ᠲᠦᠪᠰᠢᠨ ᠢᠶᠠᠷ ᠦᠵᠡᠮᠵᠢ ᠶᠢᠨ ᠤᠷᠤᠨ ᠤ ᠲᠦᠯᠦᠪᠵᠢᠭᠦᠯᠭᠡ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠨ᠂ ᠰᠤᠶᠤᠯ ᠵᠢᠭᠤᠯᠴᠢᠯᠠᠯ ᠤᠨ ᠭᠦᠨᠵᠡᠭᠡᠢ ᠠᠭᠤᠰᠤᠯᠴᠠᠯ ᠢ ᠲᠦᠯᠬᠢᠨ ᠠᠬᠢᠭᠤᠯᠵᠤ᠂ ︽ᠮᠠᠩᠬᠠᠨ ᠭᠤᠪᠢ ᠶᠢᠨ ᠳᠤᠮᠤᠭᠲᠤ ᠡᠵᠡᠨ᠎ᠡ︾ ᠭᠡᠬᠦ ᠨᠡᠷᠡᠲᠦ ᠲᠦᠷᠦᠯ ᠲᠡᠮᠳᠡᠭᠲᠦ ᠶᠢ ᠤᠯᠠᠮ ᠢᠶᠠᠷ ᠠᠯᠳᠠᠷᠰᠢᠭᠤᠯᠤᠨ᠂ ᠦᠪᠡᠷᠮᠢᠴᠡ ᠤᠨᠴᠠᠯᠢᠭᠲᠦ ᠰᠤᠶᠤᠯ ᠵᠢᠭᠤᠯᠴᠢᠯᠠᠯ ᠤᠨ ᠡᠬᠢ ᠪᠠᠶᠠᠯᠢᠭ ᠤᠨ ᠳᠠᠪᠠᠭᠤᠯᠢᠭ ᠢ ᠬᠦᠭᠵᠢᠯᠲᠡ ᠪᠤᠯᠤᠨ ᠠᠵᠤ ᠠᠬᠤᠢ ᠶᠢᠨ ᠳᠠᠪᠠᠭᠤᠯᠢᠭ ᠪᠤᠯᠭᠠᠨ ᠬᠤᠪᠢᠷᠠᠭᠠᠵᠤ᠂ ᠰᠤᠶᠤᠯ ᠵᠢᠭᠤᠯᠴᠢᠯᠠᠯ ᠤᠨ ᠠᠵᠤ ᠦᠢᠯᠡᠰ ᠢ ᠪᠦᠬᠦ ᠬᠤᠰᠢᠭᠤᠨ ᠤ ᠠᠵᠤ ᠠᠬᠤᠢ ᠶᠢᠨ ᠦᠷ᠎ᠡ ᠠᠰᠢᠭ ᠢ ᠨᠡᠮᠡᠭᠳᠡᠭᠦᠯᠬᠦ ᠭᠤᠤᠯᠯᠠᠬᠤ ᠠᠵᠤ ᠦᠢᠯᠡᠰ᠂ ᠠᠷᠠᠳ ᠢᠷᠭᠡᠳ ᠤᠨ ᠤᠷᠤᠯᠭ᠎ᠠ ᠶᠢ ᠨᠡᠮᠡᠭᠳᠡᠭᠦᠯᠵᠦ ᠪᠠᠶᠠᠵᠢᠭᠤᠯᠬᠤ ᠠᠵᠤ ᠦᠢᠯᠡᠰ ᠪᠤᠯᠭᠠᠨ ᠪᠤᠶᠢᠵᠢᠭᠤᠯᠵᠤ᠂ ᠡᠵᠡᠨ᠎ᠡ ᠬᠤᠰᠢᠭᠤ ᠶᠢ ᠤᠯᠠᠨ ᠤᠯᠤᠰ ᠤᠨ ᠵᠢᠭᠤᠯᠴᠢᠯᠡᠯ ᠰᠡᠯᠡᠭᠦᠴᠡᠯ ᠤᠨ ᠭᠠᠵᠠᠷ ᠢᠶᠠᠷ ᠴᠤᠭᠴᠠᠯᠠᠨ ᠪᠠᠶᠢᠭᠤᠯᠤᠨ᠎ᠠ᠃        ᠤᠷᠤᠨ ᠨᠤᠲᠤᠭ ᠤᠨ ᠠᠵᠤ ᠠᠬᠤᠢ ᠶᠢᠨ ᠬᠦᠭᠵᠢᠯᠲᠡ ᠶᠢᠨ ᠨᠡᠭᠡᠭᠡᠯᠲᠡᠲᠤ ᠴᠢᠨᠠᠷ ᠪᠠ ᠪᠠᠭᠲᠠᠭᠠᠮᠵᠢᠲᠤ ᠴᠢᠨᠠᠷ ᠢ ᠤᠯᠠᠮ ᠭᠦᠨᠵᠡᠭᠡᠶᠢᠷᠡᠭᠦᠯᠦᠨ᠎ᠡ᠃ ︽ᠨᠢᠭᠡ ᠪᠦᠰᠡ ᠨᠢᠭᠡ ᠵᠠᠮ︾᠎ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠤᠷᠤᠯᠴᠠᠵᠤ᠂ ᠭᠠᠳᠠᠭᠰᠢ ᠨᠡᠭᠡᠭᠡᠬᠦ ᠴᠠᠷ᠎ᠠ ᠬᠦᠷᠢᠶ᠎ᠡ ᠶᠢ ᠤᠯᠠᠮ ᠨᠢᠭᠡ ᠠᠯᠬᠤᠮ ᠦᠷᠭᠡᠳᠭᠡᠨ᠂ ᠳᠤᠮᠳᠠᠳᠤ ᠮᠣᠩᠭᠤᠯ ᠤᠷᠤᠰ ᠤᠨ ᠠᠵᠤ ᠠᠬᠤᠢ ᠶᠢᠨ ᠨᠠᠪᠲᠠᠷᠡᠯᠴᠡᠭᠡᠨ ᠤ ᠪᠦᠲᠦᠭᠡᠨ ᠪᠠᠶᠢᠭᠤᠯᠤᠯᠲᠠ ᠳᠤᠮᠳᠠ ᠢᠳᠡᠪᠬᠢ ᠦᠢᠯᠡᠳᠦᠯ ᠪᠠᠳᠠᠷᠠᠭᠤᠯᠬᠤ ᠪᠠᠷ ᠴᠢᠷᠮᠠᠶᠢᠵᠤ᠂ ᠪᠦᠬᠦ ᠲᠠᠯ᠎ᠠ ᠶᠢᠨ ᠨᠡᠭᠡᠭᠡᠯᠲᠡ ᠶᠢᠨ ᠲᠤᠭᠲᠠᠴᠠ ᠶᠢ ᠪᠦᠷᠢᠯᠳᠦᠬᠦᠯᠦᠨ᠂ ᠦᠪᠡᠷᠳᠡᠭᠡᠨ ᠵᠠᠰᠠᠬᠤ ᠤᠷᠤᠨ ᠤ ᠪᠠᠷᠠᠭᠤᠨᠰᠢ ᠨᠡᠬᠡᠬᠡᠨ ᠬᠦᠭᠵᠢᠬᠦᠯᠬᠦ ᠴᠢᠬᠤᠯᠠ ᠤᠷᠤᠨ ᠪᠤᠯᠭᠠᠨ ᠴᠤᠭᠴᠠᠯᠠᠨ᠎ᠠ᠃ ᠬᠦᠷᠰᠢ ᠵᠡᠷᠭᠡᠯᠳᠡᠭᠡ ᠭᠠᠵᠠᠷ ᠤᠷᠤᠨ ᠤ ᠬᠤᠭᠤᠷᠤᠨᠳᠤᠬᠢ ᠪᠤᠳᠠᠳᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠵᠠᠰᠠᠮᠠᠯ ᠵᠠᠮ᠂ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠪᠣᠰᠤᠭ᠎ᠠ ᠴᠤᠭᠴᠠᠲᠤ ᠵᠠᠮ ᠬᠠᠷᠢᠯᠴᠠᠭᠠᠨ ᠤ ᠰᠦᠯᠵᠢᠶᠠᠨ ᠤ ᠪᠦᠲᠦᠴᠡ ᠶᠢ ᠲᠡᠭᠦᠯᠳᠡᠷᠵᠢᠭᠦᠯᠵᠦ᠂ ᠳᠠᠪᠠᠭᠤᠯᠢᠭ ᠢ ᠬᠠᠷᠢᠯᠴᠠᠨ ᠨᠦᠬᠦᠪᠦᠷᠢᠯᠡᠬᠦ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠪᠠ ᠬᠠᠮᠲᠤᠷᠠᠭᠰᠠᠨ ᠬᠦᠭᠵᠢᠯᠲᠡ ᠶᠢ ᠪᠡᠶᠡᠯᠡᠭᠦᠯᠦᠨ᠂ ᠡᠵᠡᠨ᠎ᠡ ᠬᠤᠰᠢᠭᠤ ᠶᠢ ᠰᠢᠨ᠎ᠡ ᠲᠣᠷᠭᠠᠨ ᠵᠠᠮ ᠳᠤ ᠤᠶᠢᠯᠡᠴᠢᠯᠡᠬᠦ ᠪᠤᠯᠤᠨ ᠳᠤᠮᠳᠠᠳᠤ ᠮᠣᠩᠭᠤᠯ ᠤᠷᠤᠰ ᠤᠨ ᠠᠵᠤ ᠠᠬᠤᠢ ᠶᠢᠨ ᠨᠠᠪᠲᠡᠷᠡᠯᠴᠡᠭᠡ ᠪᠤᠯᠭᠠᠨ ᠴᠤᠭᠴᠠᠯᠠᠨ᠎ᠠ︔ ᠲᠤᠷᠭᠠᠨ ᠵᠠᠮ ᠤᠨ ᠠᠵᠤ ᠠᠬᠤᠢ ᠶᠢᠨ ᠪᠦᠰᠡᠨ ᠳᠠᠬᠢ ᠭᠤᠤᠯ ᠪᠤᠯᠬᠤ ᠵᠠᠮ ᠬᠠᠷᠢᠯᠴᠠᠭᠠᠨ ᠤ ᠪᠠᠭᠠᠯᠵᠤᠤᠷ ᠤᠨ ᠪᠠᠶᠢᠭᠤᠯᠤᠯᠳᠠ ᠪᠠᠷ ᠭᠤᠤᠯᠳᠠᠭᠤᠯᠤᠨ᠂ ᠵᠤᠬᠢᠰᠳᠡᠢ ᠪᠠᠶᠢᠷᠢᠯᠠᠭᠤᠯᠵᠤ᠂ ᠰᠢᠨᠵᠢᠯᠡᠬᠦ ᠤᠬᠠᠭᠠᠨᠴᠢ ᠪᠠᠷ ᠲᠦᠯᠦᠪᠵᠢᠬᠦᠯᠦᠨ᠂ ᠡᠵᠡᠨ᠎ᠡ ᠬᠤᠰᠢᠭᠤ ᠪᠠᠨ ᠪᠡᠬᠡᠵᠢᠩ ᠠᠴᠠ ᠰᠢᠨᠵᠢᠶᠠᠩ ᠬᠦᠷᠳᠡᠯᠡᠬᠢ ᠬᠤᠯᠪᠤᠭ᠎ᠠ ᠨᠡᠪᠳᠡᠷᠡᠯᠴᠡᠬᠡᠨ ᠤ ᠵᠡᠮ ᠲᠡᠬᠡᠷᠡᠬᠢ ᠴᠢᠬᠤᠯᠠ ᠪᠦᠬᠦᠢ ᠪᠠᠷᠠᠭ᠎ᠠ ᠬᠦᠢᠯᠬᠡᠬᠡᠨ ᠤ ᠰᠠᠭᠤᠷᠢᠨ ᠪᠤᠯᠭᠠᠨ ᠴᠤᠭᠴᠠᠯᠠᠨ᠎ᠠ᠃        ᠬᠤᠲᠠ ᠬᠦᠳᠡᠭᠡᠨ ᠤ ᠲᠦᠷᠬᠦ ᠪᠠᠶᠢᠳᠠᠯ ᠢ ᠤᠯᠠᠮ ᠭᠤᠶᠤ ᠴᠡᠮᠴᠡᠭᠡᠷ ᠪᠤᠯᠭᠠᠨ᠎ᠠ᠃ ᠨᠢᠭᠡᠳᠦᠯᠲᠡᠢ ᠲᠦᠯᠦᠪᠯᠡᠬᠦ ᠶᠢ ᠪᠠᠷᠢᠮᠳᠠᠯᠠᠨ᠂ ᠬᠤᠲᠠ ᠪᠠᠯᠭᠠᠰᠤᠨ ᠤ ᠤᠨᠴᠠᠯᠢᠭ ᠢ ᠳᠤᠪᠤᠶᠢᠯᠭᠠᠵᠤ᠂ ᠬᠤᠲᠠ ᠬᠦᠳᠡᠭᠡᠨ ᠤ ᠰᠠᠭᠤᠷᠢ ᠲᠦᠭᠦᠭᠡᠷᠦᠮᠵᠢ ᠶᠢᠨ ᠨᠢᠭᠡ ᠴᠤᠭᠴᠠᠵᠢᠭᠰᠠᠨ ᠪᠠᠶᠢᠭᠤᠯᠤᠯᠲᠠ ᠪᠤᠯᠤᠨ ᠨᠧᠲᠴᠢᠯᠡᠭᠰᠡᠨ ᠬᠦᠭᠵᠢᠯᠲᠡ ᠶᠢ ᠲᠦᠷᠭᠡᠳᠭᠡᠨ ᠠᠬᠢᠭᠤᠯᠵᠤ᠂ ᠭᠤᠤᠯᠳᠠᠯᠠᠭᠠᠲᠤ ᠬᠤᠲᠠ ᠪᠠᠯᠭᠠᠰᠤᠨ ᠤ ᠡᠷᠴᠢᠮᠵᠢᠭᠦᠯᠦᠨ ᠳᠠᠶᠢᠴᠢᠯᠠᠬᠤ ᠴᠢᠳᠠᠪᠤᠷᠢ ᠶᠢ ᠴᠢᠩᠭᠠᠳᠬᠠᠨ᠎ᠠ︔ ᠲᠦᠪ ᠪᠠᠶᠢᠷᠢᠨ ᠳᠠᠬᠢ ᠪᠠᠯᠭᠠᠰᠤᠨ ᠤ ᠤᠷᠴᠢᠨ ᠬᠠᠪᠢ ᠶᠢᠨ ᠤᠷᠤᠨ ᠢ ᠬᠦᠳᠦᠯᠦᠨ ᠲᠠᠶᠢᠴᠢᠯᠠᠬᠤ ᠤᠶᠢᠯᠡᠳᠤᠯ ᠢ ᠨᠢ ᠬᠦᠢᠴᠡᠳ ᠪᠠᠳᠠᠷᠠᠭᠤᠯᠤᠨ᠂ ᠭᠤᠤᠯᠳᠠᠯᠠᠭᠠᠳᠤ ᠪᠠᠯᠭᠠᠰᠤ᠂ ᠬᠢᠯᠢ ᠬᠢᠵᠠᠭᠠᠷ ᠢᠶᠠᠨ ᠰᠠᠬᠢᠨ ᠬᠠᠮᠠᠭᠠᠯᠠᠭᠰᠠᠨ ᠰᠤᠮᠤ ᠪᠠᠯᠭᠠᠰᠤᠨ ᠤ ᠰᠠᠭᠤᠷᠢ ᠲᠦᠬᠦᠬᠡᠷᠦᠮᠵᠢ ᠪᠤᠯᠤᠨ ᠨᠡᠶᠢᠳᠡ ᠶᠢᠨ ᠤᠶᠢᠯᠡᠴᠢᠯᠡᠭᠡ ᠶᠢ ᠲᠡᠩᠴᠡᠭᠦᠷᠢᠰᠢᠭᠦᠯᠦᠨ᠂ ᠡᠵᠡᠨ᠎ᠡ ᠬᠤᠰᠢᠭᠤ ᠪᠠᠨ ᠰᠠᠷᠠᠭᠤᠯ ᠲᠠᠷᠳᠠᠩ᠂ ᠴᠡᠪᠡᠷ ᠲᠤᠩᠭᠠᠯᠠᠭ᠂ ᠰᠠᠭᠤᠷᠢᠰᠢᠵᠤ ᠵᠤᠭᠠᠴᠠᠬᠤ ᠳᠤ ᠲᠠᠪᠠᠲᠠᠢ ᠤᠯᠠᠨ ᠤᠯᠤᠰ ᠤᠨ ᠦᠪᠡᠷᠮᠢᠴᠡ ᠤᠨᠴᠠᠯᠢᠭᠳᠤ ᠵᠢᠭᠤᠯᠴᠢᠯᠠᠯ ᠤᠨ ᠪᠠ ᠠᠮᠢ ᠠᠬᠤᠢ ᠶᠢᠨ ᠪᠤᠯᠪᠠᠰᠤᠨ ᠬᠤᠳᠠ ᠪᠠᠯᠭᠠᠰᠤ ᠪᠤᠯᠭᠠᠬᠤ ᠪᠠᠷ ᠬᠦᠴᠦᠯᠡᠨ ᠴᠢᠷᠮᠠᠶᠢᠨ᠎ᠠ᠃        ᠠᠷᠠᠳ ᠲᠦᠮᠡᠨ ᠢ ᠨᠡᠩ ᠡᠩᠭᠡ ᠮᠡᠨᠳᠦ ᠵᠤᠯ ᠵᠢᠷᠭᠠᠯ ᠲᠠᠢ᠂ ᠨᠡᠶᠢᠭᠡᠮ ᠢ ᠨᠡᠩ ᠡᠶ᠎ᠡ ᠨᠠᠶᠢᠷᠠᠮᠳᠠᠭᠤ ᠠᠮᠤᠷ ᠲᠤᠭᠲᠠᠭᠤᠨ ᠪᠤᠯᠭᠠᠨ᠎ᠠ᠃ ᠠᠷᠠᠳ ᠲᠤ ᠠᠰᠢᠭ ᠬᠦᠷᠳᠡᠭᠡᠵᠦ ᠪᠠᠶᠠᠵᠢᠭᠤᠯᠬᠤ ᠵᠤᠷᠢᠯᠲᠠ ᠶᠢ ᠪᠠᠷᠢᠮᠳᠠᠯᠠᠨ᠂  ᠪᠦᠬᠦ ᠠᠶᠢᠮᠠᠭ ᠲᠤ ᠴᠢᠨᠡᠭᠡᠯᠢᠭ ᠨᠡᠶᠢᠭᠡᠮ ᠢ ᠲᠡᠷᠢᠬᠦᠯᠡᠨ ᠪᠠᠶᠠᠯᠡᠬᠦᠯᠬᠦ ᠬᠠᠷᠠᠯᠳᠠ ᠪᠠᠨ ᠦᠨᠳᠤᠰᠤᠯᠡᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠪᠤᠯᠤᠨ ᠰᠠᠶᠢᠵᠢᠷᠠᠯᠲᠠ ᠶᠢ ᠨᠡᠩ ᠴᠢᠬᠤᠯᠠᠴᠢᠯᠠᠨ᠂ ᠠᠷᠠᠳ ᠲᠦᠮᠡᠨ ᠳᠤ ᠦᠭᠡᠷᠡᠴᠢᠯᠡᠯᠲᠡ ᠬᠦᠭᠵᠢᠯᠲᠡ ᠶᠢᠨ ᠦᠷ᠎ᠡ ᠠᠰᠢᠭ ᠢ ᠨᠠᠩ ᠤᠯᠠᠨ᠂ ᠨᠠᠩ ᠰᠠᠶᠢᠨ ᠢᠶᠠᠷ ᠬᠤᠪᠢᠶᠠᠨ ᠬᠦᠷᠲᠡᠭᠡᠨ᠎ᠡ᠃ ᠤᠯᠤᠰ ᠢᠶᠠᠨ ᠬᠠᠶᠢᠷᠠᠯᠠᠵᠤ ᠬᠠᠷᠠᠮ ᠦᠭᠡᠢ ᠵᠤᠷᠢᠭᠤᠯᠬᠤ ᠰᠢᠯᠢᠳᠡᠭ ᠳᠠᠳᠬᠠᠯ ᠢᠶᠠᠨ ᠤᠯᠠᠮᠵᠢᠯᠠᠨ᠂ ᠴᠡᠷᠢᠭ ᠠᠷᠠᠳ ᠵᠤᠬᠢᠴᠠᠯᠳᠤᠨ ᠬᠦᠭᠵᠢᠬᠦ ᠶᠢ ᠢᠳᠡᠪᠬᠢᠲᠡᠢ ᠠᠬᠢᠭᠤᠯᠵᠤ᠂ ᠬᠤᠤᠰ ᠬᠦᠷᠢᠶᠡᠯᠡᠯ ᠢ ᠬᠠᠮᠲᠤ ᠳᠠᠭᠠᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠶᠢᠷᠡᠭᠦᠯᠦᠨ ᠶᠠᠪᠤᠭᠳᠠᠭᠤᠯᠵᠤ᠂ ᠴᠡᠷᠢᠭ ᠪᠤᠯᠤᠨ ᠵᠠᠰᠠᠭ᠂ ᠴᠡᠷᠢᠭ ᠪᠤᠯᠤᠨ ᠠᠷᠠᠳ ᠲᠦᠮᠡᠨ ᠤ ᠪᠦᠯᠬᠦᠮᠳᠡᠯ ᠎ ᠤᠨ ᠦᠷ᠎ᠡ ᠪᠦᠲᠦᠭᠡᠯ ᠢ ᠦᠷᠬᠡᠳᠬᠡᠨ᠎ᠠ᠃ ᠠᠵᠤ ᠦᠢᠯᠡᠰ ᠢᠶᠠᠷ ᠬᠢᠵᠠᠭᠠᠷ ᠢᠶᠠᠨ ᠰᠠᠬᠢᠬᠤ ᠶᠢ ᠵᠤᠷᠢᠭᠵᠢᠭᠤᠯᠤᠨ ᠳᠡᠮᠵᠢᠵᠦ᠂ ᠬᠢᠯᠢ ᠪᠠᠨ ᠰᠠᠬᠢᠵᠦ ᠬᠢᠵᠠᠭᠠᠷ ᠢᠶᠠᠨ ᠬᠠᠮᠠᠭᠠᠯᠠᠭᠰᠠᠨ ᠦᠷ᠎ᠡ ᠠᠰᠢᠭ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠂ ᠴᠡᠷᠢᠭ ᠴᠠᠭᠳᠠᠭ᠎ᠠ᠂ ᠠᠷᠠᠳ ᠲᠦᠮᠡᠨ ᠬᠦᠴᠦ ᠪᠠᠨ ᠨᠢᠭᠡᠳᠦᠭᠦᠯᠦᠨ ᠬᠢᠯᠢ ᠪᠠᠨ ᠪᠠᠬᠢᠵᠢᠭᠦᠯᠵᠦ ᠤᠯᠤᠰ ᠪᠠᠨ ᠬᠠᠮᠠᠭᠠᠯᠠᠨ᠂ ᠡᠵᠡᠨ᠎ᠡ ᠬᠤᠰᠢᠭᠤ ᠶᠢ ᠡᠬᠡ ᠤᠯᠤᠰ ᠤᠨ ᠤᠮᠠᠷᠠᠲᠤ ᠬᠢᠵᠠᠭᠠᠷ ᠤᠨ ᠭᠤᠤᠯ ᠪᠤᠯᠬᠤ ᠠᠮᠤᠷ ᠲᠤᠭᠳᠠᠭᠤᠨ ᠤ ᠬᠠᠯᠬᠠᠪᠴᠢ ᠪᠤᠯᠭᠠᠨ ᠪᠠᠶᠢᠭᠤᠯᠤᠨ᠎ᠠ᠃        ᠪᠦᠬᠦ ᠬᠤᠰᠢᠭᠤᠨ ᠤ ᠠᠷᠠᠳ ᠲᠦᠮᠡᠨ ᠤ ᠬᠠᠮᠲᠤ ᠶᠢᠨ ᠴᠢᠷᠮᠠᠶᠢᠯᠠᠭ᠎ᠠ ᠲᠤᠤᠷ᠎ᠠ᠂ ︽ᠠᠷᠪᠠᠨ ᠭᠤᠷᠪᠠᠳᠤᠭᠠᠷ ᠲᠠᠪᠤᠨ ᠵᠢᠯ︾᠂ ᠴᠢᠨᠠᠭᠰᠢᠯᠠᠨ ᠬᠤᠶᠢᠰᠢᠳᠠ ᠶᠢᠨ ᠬᠡᠰᠡᠭ ᠬᠤᠭᠤᠴᠠᠭᠠᠨ ᠳᠤ ᠵᠤᠷᠢᠭ ᠢᠶᠠᠨ ᠬᠦᠪᠴᠢᠯᠡᠨ ᠤᠷᠤᠭᠰᠢᠯᠡᠨ ᠲᠡᠮᠡᠦᠯᠡᠬᠦ ᠪᠠᠷ ᠳᠠᠮᠵᠢᠨ᠂ ᠠᠮᠢ ᠠᠬᠤᠢ ᠤᠯᠠᠮ ᠭᠤᠶᠤ ᠰᠠᠶᠢᠬᠠᠨ᠂ ᠨᠡᠩ ᠴᠢᠯᠦᠭᠡᠲᠦ ᠨᠡᠭᠡᠭᠡᠯᠲᠡ ᠲᠠᠢ᠂ ᠠᠵᠤ ᠠᠬᠤᠢ ᠤᠯᠠᠮ ᠴᠡᠴᠡᠭᠯᠡᠭᠰᠡᠨ᠂ ᠨᠡᠶᠢᠭᠡᠮ ᠨᠡᠩ ᠡᠶ᠎ᠡ ᠵᠤᠬᠢᠴᠠᠩᠭᠤᠢ᠂ ᠠᠷᠠᠳ ᠲᠦᠮᠡᠨ ᠨᠡᠩ ᠵᠤᠯ ᠵᠢᠷᠭᠠᠯ ᠲᠠᠢ᠂ ᠲᠠᠲᠠᠬᠤ ᠬᠦᠴᠦᠨ ᠢᠶᠠᠷ ᠤᠯᠠᠮ ᠶᠡᠭᠡ᠂ ᠴᠣ ᠰᠢᠨ᠎ᠡ ᠳᠦᠷᠢ ᠲᠦᠷᠬᠦ ᠲᠠᠢ ᠡᠵᠡᠨ᠎ᠡ ᠬᠤᠰᠢᠭᠤ ᠎ ᠨᠢ ᠡᠬᠡ ᠤᠯᠤᠰ ᠤᠨ ᠤᠮᠠᠷᠠᠲᠤ ᠬᠢᠵᠠᠭᠠᠷ ᠲᠤ ᠰᠦᠭᠯᠡᠶᠢᠨ ᠪᠤᠰᠤᠨ᠎ᠠ ᠭᠡᠳᠡᠭ ᠲᠤ ᠪᠢᠳᠠ ᠪᠠᠲᠤ ᠢᠲᠡᠭᠡᠯ ᠲᠠᠢ ᠪᠠᠶᠢᠨ᠎ᠠ᠃        ᠭᠤᠷᠪᠠ᠂ 2016 ᠤᠨ ᠤ ᠠᠵᠢᠯ ᠤᠨ ᠲᠤᠬᠢᠷᠠᠭᠤᠯᠤᠯᠲᠠ        2016 ᠤᠨ ᠪᠤᠯ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠦᠯᠦᠪᠵᠢᠭᠦᠯᠭᠡ ᠶᠢᠨ ᠡᠬᠢᠯᠡᠯᠲᠡ ᠎ ᠶᠢᠨ ᠵᠢᠯ᠂ ᠮᠦᠨ ᠴᠦ ᠪᠦᠬᠦ ᠬᠤᠰᠢᠭᠤ ᠪᠠᠷ ᠪᠦᠯᠬᠦᠮᠳᠡᠨ ᠴᠢᠷᠮᠠᠶᠢᠵᠤ ᠠᠬᠢᠴᠠ ᠪᠠᠨ ᠲᠦᠷᠭᠡᠳᠭᠡᠨ᠂ ᠬᠡᠯᠪᠡᠷᠢ ᠪᠠᠨ ᠦᠬᠡᠷᠡᠴᠢᠯᠡᠵᠤ᠂ ᠪᠠᠶᠢᠳᠠᠯ ᠢ ᠠᠰᠢᠭᠯᠠᠨ ᠬᠦᠭᠵᠢᠬᠦ ᠵᠠᠩᠭᠢᠯᠠᠭ᠎ᠠ ᠶᠢᠨ ᠵᠢᠯ ᠪᠤᠯᠤᠨ᠎ᠠ᠃ ᠡᠨᠡ ᠵᠢᠯ ᠤᠨ ᠡᠯ᠎ᠡ ᠲᠦᠷᠦᠯ ᠎ ᠤᠨ ᠠᠵᠢᠯ ᠢ ᠰᠠᠶᠢᠲᠤᠷ ᠬᠢᠬᠦ ᠨᠢ ᠬᠦᠨᠳᠦ ᠴᠢᠬᠤᠯᠠ ᠠᠴᠢ ᠬᠤᠯᠪᠤᠭᠳᠠᠯ ᠲᠠᠢ ᠪᠠᠶᠢᠵᠤ᠂ ᠪᠢᠳᠠ ᠤᠯᠠᠮ ᠨᠢᠭᠡ ᠠᠯᠬᠤᠮ ᠦᠵᠡᠯ ᠰᠠᠨᠠᠭ᠎ᠠ ᠪᠠᠨ ᠴᠢᠯᠦᠭᠡᠯᠡᠵᠤ᠂ ᠰᠢᠨ᠎ᠡ ᠶᠢ ᠡᠭᠦᠳᠦᠨ᠂ ᠪᠤᠳᠠᠳᠠᠢ ᠠᠵᠢᠯᠯᠠᠵᠤ᠂ ᠡᠯ᠎ᠡ ᠲᠦᠷᠤᠯ ᠤᠨ ᠠᠵᠢᠯ ᠤᠨ ᠰᠢᠨ᠎ᠡ ᠠᠬᠤᠢ ᠪᠠᠶᠢᠳᠠᠯ ᠢ ᠴᠢᠷᠮᠠᠶᠢᠨ ᠡᠭᠦᠳᠦᠨ᠎ᠡ᠃        ᠭᠤᠤᠯ ᠵᠢᠱᠢᠭᠰᠡᠨ ᠬᠠᠷᠠᠯᠲᠠ᠄ ᠪᠦᠬᠦ ᠬᠤᠰᠢᠭᠤᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ ᠢ ᠳᠡᠭᠡᠷ᠎ᠡ ᠵᠢᠯ ᠤᠨ ᠬᠢ ᠠᠴᠠ 7%᠎ ᠪᠠᠷ ᠨᠡᠮᠡᠭᠳᠡᠬᠦᠯᠦᠨ᠂ 43.2 ᠳ᠋ᠦᠩᠰᠢᠭᠤᠷ ᠲᠦᠬᠦᠷᠢᠭ ᠲᠤ ᠬᠦᠷᠬᠡᠨ᠎ᠡ︔ ᠡᠩ ᠤᠨ ᠤᠯᠠᠨ ᠨᠠᠶᠢᠲᠠ ᠶᠢᠨ ᠡᠳ᠋ ᠶᠢᠨ ᠵᠠᠰᠠᠭ ᠤᠨ ᠲᠦᠰᠦᠪ ᠤᠷᠤᠯᠭ᠎ᠠ ᠶᠢ 7%᠎ ᠪᠠᠷ ᠨᠡᠮᠡᠭᠳᠡᠬᠦᠯᠦᠨ᠂ 6.3 ᠳ᠋ᠦᠩᠰᠢᠭᠤᠷ ᠲᠦᠬᠦᠷᠢᠭ ᠲᠤ ᠬᠦᠷᠬᠡᠨ᠎ᠡ︔ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠲᠠ ᠶᠢ 13%᠎ ᠪᠠᠷ ᠨᠡᠮᠡᠭᠳᠡᠭᠦᠯᠦᠨ᠂ 58.8 ᠳ᠋ᠦᠩᠰᠢᠭᠤᠷ ᠲᠦᠬᠦᠷᠢᠭ ᠲᠤ ᠬᠦᠷᠬᠡᠨ᠎ᠡ︔ ᠨᠡᠶᠢᠭᠡᠮ ᠤᠨ ᠬᠡᠷᠡᠭᠯᠡᠭᠡᠨ ᠤ ᠪᠤᠳᠠᠰ ᠤᠨ ᠬᠡᠰᠡᠭᠯᠡᠨ ᠪᠤᠷᠤᠯᠠᠭᠤᠯᠬᠤ ᠶᠡᠷᠦᠩᠬᠡᠢ ᠦᠨ᠎ᠡ ᠶᠢ 10 %᠎ ᠪᠠᠷ ᠨᠡᠮᠡᠭᠳᠡᠬᠦᠯᠦᠨ᠂ 13.8 ᠳ᠋ᠦᠩᠰᠢᠭᠤᠷ ᠲᠦᠬᠦᠷᠢᠭ ᠎ ᠲᠤ ᠬᠦᠷᠬᠡᠨ᠎ᠡ︔ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠬᠦᠮᠦᠨ ᠲᠤᠮᠳᠠᠴᠢ ᠶᠢᠨ ᠡᠵᠡᠮᠳᠡᠵᠦ ᠪᠤᠯᠬᠤ ᠤᠷᠤᠯᠭ᠎ᠠ ᠶᠢ 9%᠎ ᠪᠠᠷ ᠨᠡᠮᠡᠭᠳᠡᠭᠦᠯᠵᠦ᠂ 36316 ᠲᠦᠬᠦᠷᠢᠭ ᠲᠤ ᠬᠦᠷᠬᠡᠨ᠎ᠡ︔  ᠮᠠᠯᠵᠢᠬᠤ ᠲᠡᠷᠢᠶᠠᠯᠠᠬᠤ ᠤᠷᠤᠨ ᠤ ᠰᠠᠭᠤᠭᠠᠯᠢ ᠠᠷᠠᠳ ᠤᠨ ᠬᠦᠮᠦᠨ ᠲᠤᠮᠳᠠᠴᠢ ᠶᠢᠨ ᠡᠵᠡᠮᠳᠡᠵᠦ ᠪᠤᠯᠬᠤ ᠤᠷᠤᠯᠭ᠎ᠠ ᠶᠢ 10%᠎ ᠪᠠᠷ ᠨᠡᠮᠡᠭᠳᠡᠭᠦᠯᠵᠦ᠂ 20329 ᠲᠦᠬᠦᠷᠢᠭ ᠲᠤ ᠬᠦᠷᠬᠡᠨ᠎ᠡ︔ ᠡᠯ᠎ᠡ ᠲᠦᠷᠦᠯ ᠤᠨ ᠬᠢᠵᠠᠭᠠᠷᠯᠠᠯ ᠤᠨ ᠴᠢᠨᠠᠷᠲᠠᠢ ᠵᠢᠭᠠᠯᠲᠠ ᠨᠤᠷᠮ᠎ᠠ ᠶᠢ ᠳᠡᠭᠡᠳᠦ ᠱᠠᠲᠤᠨ ᠠᠴᠠ ᠲᠤᠭᠲᠠᠭᠠᠭᠰᠠᠨ ᠵᠢᠭᠠᠯᠲᠠ ᠨᠤᠷᠮ᠎ᠠ ᠶᠢᠨ ᠬᠡᠪᠴᠢᠶᠠᠨ ᠳᠤ ᠬᠢᠵᠠᠭᠠᠷᠯᠠᠨ᠎ᠠ᠃        ᠳᠡᠭᠡᠷ᠎ᠡ ᠳᠤᠷᠠᠳᠤᠭᠰᠠᠨ ᠬᠠᠷᠠᠯᠲᠠ ᠶᠢᠨ ᠲᠤᠭᠤᠷᠢᠨ ᠳᠤ᠂ ᠳᠤᠤᠷᠠᠬᠢ ᠠᠵᠢᠯ ᠤᠳ ᠢ ᠭᠤᠤᠯᠳᠠᠯᠭ᠎ᠠ ᠲᠠᠢ ᠠᠳᠬᠤᠨ᠎ᠠ᠄        ︵ᠨᠢᠭᠡ︶ ᠰᠡᠳᠬᠢᠴᠡ ᠪᠠᠨ ᠵᠤᠬᠢᠴᠠᠭᠤᠯᠤᠨ᠂ ᠭᠤᠤᠯᠳᠠᠯᠭ᠎ᠠ ᠪᠠᠨ ᠳᠤᠪᠤᠶᠢᠯᠭᠠᠵᠤ᠂  ᠤᠨᠴᠠᠯᠢᠭᠲᠤ ᠠᠵᠤ ᠦᠢᠯᠡᠰ ᠢ ᠬᠦᠭᠵᠢᠭᠦᠯᠬᠦ ᠳᠤ ᠡᠷᠴᠢ ᠬᠦᠴᠦ ᠨᠡᠮᠡᠷᠢᠯᠡᠨ᠎ᠡ        ᠰᠤᠶᠤᠯ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠭᠰᠠᠨ ᠬᠦᠭᠵᠢᠯᠲᠡ ᠶᠢ ᠪᠦᠬᠦ ᠬᠦᠴᠦ ᠪᠠᠷ ᠠᠬᠢᠭᠤᠯᠤᠨ᠎ᠠ᠃ ᠵᠢᠭᠤᠯᠴᠢᠯᠡᠯ ᠤᠨ ᠦᠢᠯᠡᠰ ᠢ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠭᠤᠤᠯᠯᠠᠨ  ᠲᠤᠯᠭᠠᠭᠤᠷᠢᠯᠠᠬᠤ ᠠᠵᠤ ᠦᠢᠯᠡᠰ ᠪᠤᠯᠭᠠᠨ ᠪᠤᠶᠢᠵᠢᠭᠤᠯᠵᠤ᠂ ᠤᠯᠠᠨ ᠤᠯᠤᠰ ᠤᠨ ᠵᠢᠭᠤᠯᠴᠢᠯᠡᠯ ᠰᠡᠯᠡᠭᠦᠴᠡᠯ ᠤᠨ ᠭᠠᠵᠠᠷ ᠪᠤᠯᠭᠠᠬᠤ ᠶᠡᠷᠤᠩᠭᠡᠢ ᠬᠠᠷᠠᠯᠲᠠ ᠶᠤᠰᠤᠭᠠᠷ᠂ ᠦᠨᠳᠦᠷ ᠡᠬᠢᠯᠡᠯᠲᠡ ᠶᠢᠨ ᠴᠡᠭ᠂ ᠦᠨᠳᠦᠷ ᠪᠠᠷᠢᠮᠵᠢᠶ᠎ᠠ᠂ ᠦᠨᠳᠦᠷ ᠬᠢᠷᠢ ᠲᠦᠪᠰᠢᠨ ᠲᠠᠢ ᠪᠠᠷ ᠲᠦᠯᠦᠪᠵᠢᠭᠦᠯᠦᠨ ᠪᠠᠶᠢᠭᠤᠯᠵᠦ᠂ ︽ᠮᠠᠩᠬᠠᠨ ᠭᠤᠪᠢ ᠶᠢᠨ ᠳᠤᠮᠤᠭᠲᠤ ᠡᠵᠡᠨ᠎ᠡ︾ ᠬᠡᠭᠦ ᠨᠡᠷᠡᠲᠦ ᠲᠦᠷᠦᠯ ᠲᠡᠮᠳᠡᠭᠲᠦ ᠶᠢ ᠲᠠᠰᠤᠷᠠᠯᠲᠠ ᠦᠭᠡᠢ ᠪᠤᠵᠠᠭᠠᠶᠢᠷᠠᠭᠤᠯᠤᠨ ᠬᠦᠭᠵᠢᠭᠦᠯᠦᠨ᠎ᠡ᠃ 5A ᠎ ᠶᠢᠨ ᠪᠠᠷᠢᠮᠵᠢᠶ᠎ᠠ ᠪᠠᠷ ᠡᠬᠢᠯᠡᠯᠲᠡ ᠪᠤᠯᠭᠠᠨ᠂ 3 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠬᠤ ᠪᠠᠷ ᠲᠦᠯᠦᠪᠯᠡᠵᠤ ᠂ ᠬᠦᠭᠵᠢᠯᠳᠡ ᠶᠢᠨ ᠪᠤᠳᠠᠲᠠᠢ ᠳᠤ ᠤᠶᠠᠯᠳᠤᠭᠤᠯᠤᠨ᠂ ᠦᠵᠡᠮᠵᠢ ᠶᠢᠨ ᠤᠷᠤᠨ ᠢ A ᠳᠡᠰ ᠲᠤ ᠬᠦᠷᠬᠡᠬᠦ ᠠᠵᠢᠯ᠂ ᠤᠯᠤᠰ ᠤᠨ ᠳᠡᠰ ᠤᠨ ᠵᠢᠭᠤᠯᠴᠢᠯᠠᠯ ᠤᠨ ᠦᠢᠯᠡᠰ ᠤᠨ ᠦᠭᠡᠷᠡᠴᠢᠯᠡᠯᠲᠡ ᠰᠢᠨᠡᠴᠢᠯᠡᠯᠲᠡ ᠪᠠᠷ ᠲᠡᠷᠢᠭᠦᠯᠡᠬᠦ ᠭᠠᠵᠠᠷ ᠤᠷᠤᠨ ᠪᠠ ᠪᠦᠬᠦ ᠬᠤᠰᠢᠭᠤ ᠭᠡᠪᠴᠢᠶᠠᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠭᠠᠵᠠᠷ ᠤᠨ ᠬᠠᠮᠢᠶ᠎ᠠ ᠪᠦᠬᠦᠢ ᠲᠦᠯᠦᠪᠵᠢᠬᠦᠯᠬᠡ ᠶᠢ ᠨᠠᠶᠢᠷᠠᠭᠤᠯᠤᠨ ᠲᠤᠭᠲᠠᠭᠠᠵᠤ᠂ ᠭᠤᠶᠤᠴᠢᠯᠠᠨ ᠮᠡᠳᠡᠭᠦᠯᠵᠦ ᠡᠭᠦᠳᠦᠨ ᠪᠠᠶᠢᠭᠤᠯᠬᠤ ᠠᠵᠢᠯ ᠢ ᠰᠠᠶᠢᠲᠤᠷ ᠬᠢᠨ᠎ᠡ᠃ ᠰᠠᠨᠰᠠᠷ ᠠᠶᠠᠯᠠᠯ ᠤᠨ ᠲᠤᠷᠰᠢᠨ ᠵᠤᠭᠠᠴᠠᠬᠤ ᠲᠦᠪ᠂ ᠡᠷᠢᠶᠠᠨ ᠴᠤᠨᠵᠢ ᠶᠢᠨ ᠨᠠᠭᠤᠷ᠂ ᠵᠢᠦᠢ ᠶᠠᠨ ᠤ ᠲᠡᠦᠭᠡᠲᠦ ᠵᠠᠮ ᠪᠤᠯᠤᠨ ᠬᠠᠷ᠎ᠠ ᠬᠤᠳᠠ ᠶᠢ ᠳᠠᠭᠤᠷᠢᠶᠠᠨ ᠪᠠᠶᠢᠭᠤᠯᠬᠤ ᠠᠵᠢᠯ ᠢ ᠡᠬᠢᠯᠡᠭᠦᠯᠵᠦ᠂ ᠮᠤᠩᠭᠤᠯ ᠰᠤᠶᠤᠯ ᠤᠨ ᠵᠡᠭᠡᠯᠢ᠂ ᠰᠤᠶᠤᠯ ᠤᠨ ᠠᠭᠤᠳᠠᠮ ᠲᠠᠯᠠᠪᠠᠢ ᠵᠡᠷᠭᠡ ᠤᠨᠴᠠᠯᠢᠭᠲᠤ ᠵᠡᠭᠡᠯᠢ ᠲᠤᠭᠤᠷᠢᠭ ᠤᠨ ᠪᠠᠶᠢᠭᠤᠯᠤᠯᠲᠠ ᠎ ᠶᠢ ᠠᠬᠢᠭᠤᠯᠤᠨ᠂ ᠨᠧᠲ ᠰᠦᠯᠵᠢᠶᠡᠵᠢᠭᠰᠡᠨ ᠵᠢᠭᠤᠯᠴᠢᠯᠡᠯ ᠤᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠷᠭᠡᠳᠭᠡᠨ᠎ᠡ᠃ ︽ᠠᠷᠪᠠ ᠶᠢ ᠪᠦᠷᠬᠦᠭᠦᠯᠬᠦ︾ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠲᠠᠢ ᠤᠶᠠᠯᠳᠤᠭᠤᠯᠤᠨ᠂ ᠵᠢᠭᠤᠯᠴᠢᠯᠠᠯ ᠤᠨ ᠬᠦᠭᠵᠢᠯᠲᠡ ᠶᠢᠨ ᠰᠢᠨ᠎ᠡ ᠵᠠᠭᠪᠤᠷ ᠪᠤᠯᠤᠨ ᠵᠢᠭᠤᠯᠴᠢᠯᠠᠯ ᠢᠶᠠᠷ ᠶᠠᠳᠠᠭᠤ ᠶᠢ ᠳᠡᠳᠭᠦᠬᠦ ᠰᠢᠨ᠎ᠠ ᠠᠷᠭ᠎ᠠ ᠵᠠᠮ ᠢ ᠢᠳᠡᠪᠬᠢᠲᠡᠢ ᠰᠦᠪᠡᠭᠴᠢᠯᠡᠨ᠎ᠡ᠃ ᠰᠤᠶᠤᠯ ᠵᠢᠭᠤᠯᠴᠢᠯᠠᠯ ᠤᠨ ᠪᠡᠯᠡ ᠤᠷᠤᠭᠤᠯᠬᠤ  ᠬᠠᠮᠢᠶᠠᠷᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠶᠢᠨ ᠪᠡᠯᠡ ᠬᠦᠷᠦᠩᠭᠡ ᠤᠷᠤᠭᠤᠯᠬᠤ᠂ ᠪᠡᠯᠡ ᠮᠦᠩᠭᠦ ᠬᠤᠷᠠᠮᠳᠤᠭᠤᠯᠬᠤ ᠵᠢᠴᠢ ᠵᠢᠭᠤᠯᠴᠢᠯᠠᠯ ᠤᠨ ᠡᠬᠢ ᠪᠠᠶᠠᠯᠢᠭ ᠤᠨ ᠬᠠᠮᠢᠶᠠᠷᠤᠯᠲᠠ ᠬᠤᠪᠢᠶᠠᠷᠢᠯᠠᠯᠲᠠ ᠤᠨ ᠶᠡᠷᠤᠩᠬᠡᠶᠢᠯᠡᠨ ᠲᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠰᠤᠶᠤᠯ ᠵᠢᠭᠤᠯᠴᠢᠯᠠᠯ ᠤᠨ ᠠᠵᠤ ᠦᠢᠯᠡᠰ ᠤᠨ ᠡᠵᠡᠩᠨᠡᠯᠲᠡ ᠬᠤᠪᠢᠶᠠᠷᠢᠯᠠᠯᠲᠠ ᠶᠢᠨ ᠲᠤᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ ︽ᠡᠵᠡᠨ᠎ᠡ ᠬᠤᠰᠢᠭᠤᠨ ᠤ ᠵᠢᠭᠤᠯᠴᠢᠯᠠᠯ ᠤᠨ ᠬᠦᠯᠢᠶᠡᠨ ᠵᠤᠴᠢᠯᠠᠬᠤ ᠡᠷᠦᠭᠡ ᠶᠢᠨ ᠬᠠᠮᠢᠶᠠᠷᠤᠯᠲᠠ ᠶᠢᠨ ᠠᠷᠭ᠎ᠠ︾᠎ ᠶᠢ ᠨᠠᠶᠢᠷᠠᠭᠤᠯᠤᠨ ᠲᠤᠭᠲᠠᠭᠠᠵᠤ᠂ ᠬᠦᠳᠡᠭᠡ ᠲᠤᠰᠬᠤᠨ ᠤ ᠵᠢᠭᠤᠯᠴᠢᠯᠠᠯ ᠤᠨ ᠤᠶᠢᠯᠡᠰ ᠢ ᠶᠡᠬᠡᠪᠡᠷ ᠬᠦᠭᠵᠢᠬᠦᠯᠦᠨ᠂ ᠮᠠᠯᠴᠢᠳ ᠲᠠᠷᠢᠶᠠᠴᠢᠳ ᠢ ᠢᠳᠡᠪᠬᠢᠲᠡᠢ ᠵᠢᠯᠤᠭᠤᠳᠤᠨ ᠵᠤᠷᠢᠭᠵᠢᠭᠤᠯᠵᠤ᠂ ᠵᠢᠭᠤᠯᠴᠢᠯᠠᠯ ᠤᠨ ᠦᠢᠯᠡᠰ ᠢ ᠡᠵᠡᠩᠨᠡᠭᠦᠯᠦᠨ᠎ᠡ᠃ ︽ᠡᠵᠡᠨ᠎ᠡ ᠬᠤᠰᠢᠭᠤᠨ ᠤ ᠦᠵᠡᠮᠵᠢ ᠶᠢᠨ ᠤᠷᠤᠨ ᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾᠎ ᠶᠢ ᠲᠤᠭᠲᠠᠭᠠᠨ᠂ ᠤᠯᠠᠨ ᠰᠠᠯᠠᠭ᠎ᠠ ᠮᠦᠴᠢᠷ ᠬᠤᠯᠪᠤᠭᠠᠯᠠᠭᠰᠠᠨ ᠤᠷᠲᠤ ᠬᠤᠭᠤᠴᠠᠭ᠎ᠠ ᠬᠦᠴᠦᠨ ᠲᠠᠢ ᠬᠢᠨᠠᠨ ᠬᠠᠮᠢᠶᠠᠷᠬᠤ ᠲᠤᠭᠲᠠᠴᠠ ᠶᠢ ᠪᠠᠶᠢᠭᠤᠯᠵᠤ᠂ ᠰᠤᠶᠤᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠦᠭᠵᠢᠯᠲᠡ ᠶᠢᠨ ᠤᠷᠴᠢᠨ ᠠᠬᠤᠢ ᠎ ᠶᠢ ᠳᠦᠷᠢᠮᠵᠢᠭᠦᠯᠦᠨ᠎ᠡ᠃ ᠤᠷᠤᠨ ᠨᠤᠲᠤᠭ ᠤᠨ ᠵᠢᠭᠤᠯᠴᠢᠯᠠᠯ ᠤᠨ ᠬᠠᠮᠳᠤᠷᠠᠯᠴᠠᠭ᠎ᠠ ᠶᠢ ᠭᠦᠨᠵᠡᠭᠡᠶᠢᠷᠡᠭᠦᠯᠦᠨ᠂ ᠳ᠋ᠦᠨᠬᠤᠸᠠᠩ᠂ ᠰᠢ ᠠᠨ᠂ ᠪᠡᠭᠡᠵᠢᠩ᠂ ᠲᠢᠶᠠᠨᠵᠢᠨ᠂ ᠡᠾᠧᠪᠸᠢ᠂ ᠬᠦᠬᠡ ᠮᠦᠷᠡᠨ ᠤ ᠭᠤᠷᠪᠠᠯᠵᠢᠨ ᠬᠤᠶᠢᠭ᠂ ᠵᠦᠵᠢᠶᠠᠩ ᠮᠦᠷᠡᠨ ᠤ ᠭᠤᠷᠪᠠᠯᠵᠢᠨ ᠬᠤᠶᠢᠭ ᠵᠡᠷᠭᠡ ᠤᠯᠤᠰ ᠤᠨ ᠳᠤᠲᠤᠭᠠᠳᠤᠬᠢ ᠭᠤᠤᠯ ᠪᠤᠯᠬᠤ ᠵᠢᠭᠤᠯᠴᠢᠳ ᠤᠨ ᠵᠠᠬ᠎ᠠ ᠳᠡᠯᠭᠡᠭᠦᠷ ᠢ ᠪᠠᠬᠢᠵᠢᠭᠦᠯᠦᠨ ᠦᠷᠭᠡᠳᠭᠡᠨ᠎ᠡ᠃ ᠤᠯᠠᠨ ᠤᠯᠤᠰ ᠤᠨ ᠵᠢᠭᠤᠯᠴᠢᠯᠠᠯ ᠤᠨ ᠵᠠᠬ᠎ᠠ ᠳᠡᠯᠭᠡᠭᠦᠷ ᠢ ᠢᠳᠡᠪᠬᠢᠲᠡᠢ ᠨᠡᠭᠡᠭᠡᠨ ᠦᠷᠭᠡᠳᠭᠡᠵᠦ᠂ ᠸᠢᠰᠠ ᠦᠨᠡᠮᠯᠡᠯ ᠦᠭᠡᠢ ᠪᠠᠷ ᠵᠢᠭᠤᠯᠴᠢᠯᠠᠬᠤ ᠠᠵᠢᠯ ᠢ ᠠᠬᠢᠭᠤᠯᠤᠨ᠂ ᠮᠤᠩᠭᠤᠯ ᠤᠯᠤᠰ ᠤᠨ ᠬᠡᠷᠡᠭ ᠡᠷᠬᠢᠯᠡᠬᠦ ᠪᠠᠶᠢᠭᠤᠯᠤᠮᠵᠢ ᠶᠢ ᠪᠠᠶᠢᠭᠤᠯᠬᠤ ᠪᠠᠷ ᠴᠢᠷᠮᠠᠶᠢᠵᠤ᠂ ᠲᠤᠮᠳᠠᠳᠤ ᠮᠤᠩᠭᠤᠯ ᠤᠨ ᠬᠢᠯᠢ ᠠᠯᠤᠰᠯᠠᠭᠰᠠᠨ ᠵᠢᠭᠤᠯᠴᠢᠯᠡᠯ ᠤᠨ ᠡᠮᠦᠨᠡᠬᠢ ᠬᠤᠭᠤᠴᠠᠭᠠᠨ ᠤ ᠠᠵᠢᠯ ᠢ ᠰᠠᠶᠢᠲᠤᠷ ᠬᠢᠨ᠎ᠡ᠃ ᠰᠤᠶᠤᠯ ᠵᠢᠭᠤᠯᠴᠢᠯᠠᠯ ᠤᠨ ᠡᠬᠢ ᠪᠠᠶᠠᠯᠢᠭ ᠤᠨ ᠬᠠᠮᠠᠭᠠᠯᠠᠯᠲᠠ ᠪᠠ ᠠᠪᠤᠷᠠᠯᠲᠠ ᠶᠢ ᠴᠢᠩᠭᠠᠳᠬᠠᠨ᠂《 ᠰᠤᠶᠤᠯ ᠤᠨ ᠠᠵᠤ ᠤᠶᠢᠯᠡᠰ ᠤᠨ ᠬᠦᠭᠵᠢᠯᠳᠡ ᠲᠦᠯᠦᠪᠵᠢᠬᠦᠯᠬᠡ︾᠎ ᠶᠢ ᠲᠡᠷᠤᠢ ᠲᠦᠷᠬᠡᠨ ᠨᠠᠶᠢᠷᠠᠭᠤᠯᠤᠨ ᠲᠠᠭᠤᠰᠬᠠᠨ᠎ᠠ᠃ ᠲᠤᠤᠷᠠᠢ ᠎ ᠶᠢᠨ ᠤᠢ ᠶᠢ ᠪᠢᠲᠡᠭᠦᠮᠵᠢᠯᠡᠨ ᠨᠡᠮᠡᠵᠦ ᠦᠢᠵᠢᠭᠤᠯᠬᠤ ᠪᠤᠯᠤᠨ ᠪᠤᠳᠠᠰ ᠤᠨ ᠪᠤᠰᠤ ᠰᠤᠶᠤᠯ ᠤᠨ ᠦᠪ ᠢ ᠬᠠᠮᠠᠭᠠᠯᠠᠨ ᠤᠯᠠᠮᠵᠢᠯᠠᠵᠤ᠂ ᠰᠤᠶᠤᠯ ᠵᠢᠭᠤᠯᠴᠢᠯᠠᠯ ᠤᠨ ᠡᠬᠢ ᠪᠠᠶᠠᠯᠢᠭ ᠤᠨ ᠦᠷᠭᠦᠯᠵᠢᠯᠡᠭᠰᠡᠨ ᠨᠡᠭᠡᠭᠡᠨ ᠠᠰᠢᠭᠯᠠᠯᠲᠠ ᠶᠢ ᠪᠡᠶᠡᠯᠡᠭᠦᠯᠦᠨ᠎ᠡ᠃ ᠵᠢᠦᠢ ᠶᠠᠨ ᠤ ᠰᠤᠶᠤᠯ᠂ ᠲᠤᠷᠭᠤᠳ ᠰᠤᠶᠤᠯ ᠢ ᠭᠦᠨᠵᠡᠭᠡᠢ ᠠᠭᠤᠳᠠᠯᠵᠤ᠂ ᠭᠠᠵᠠᠷ ᠤᠷᠤᠨ ᠤ ᠤᠨᠴᠠᠯᠢᠭ ᠪᠤᠯᠤᠨ ᠢᠯᠡ ᠲᠤᠳᠤ ᠰᠤᠶᠤᠯ ᠤᠨ ᠤᠨᠴᠠᠯᠢᠭᠲᠤ ᠰᠤᠶᠤᠯ ᠵᠢᠭᠤᠯᠴᠢᠯᠠᠯ ᠤᠨ ᠪᠦᠲᠦᠭᠡᠭᠲᠡᠭᠦᠨ ᠢ ᠨᠡᠭᠡᠭᠡᠨ ᠬᠦᠭᠵᠢᠭᠦᠯᠬᠦ ᠶᠢ ᠵᠤᠷᠢᠭᠵᠢᠭᠤᠯᠤᠨ᠎ᠠ᠃ ᠠᠯᠲᠠᠨ ᠰᠢᠷᠭᠠᠯ ᠲᠤᠤᠷᠠᠢ ᠶᠢᠨ ᠨᠠᠶᠢᠷ᠂ ᠴᠡᠴᠡᠭᠳᠤ ᠰᠤᠬᠠᠢ ᠶᠢᠨ ᠨᠡᠶᠢᠷ ᠵᠡᠷᠭᠡ ᠨᠡᠷᠡᠲᠦ ᠲᠦᠷᠦᠯ ᠲᠡᠮᠳᠡᠭᠲᠦ ᠶᠢᠨ ᠨᠦᠯᠦᠭᠡᠯᠡᠬᠦ ᠬᠦᠴᠦᠨ ᠢ ᠭᠤᠤᠯᠴᠢᠯᠠᠨ ᠳᠡᠭᠡᠭᠰᠢᠯᠡᠭᠦᠯᠵᠦ᠂ ᠲᠤᠤᠷᠠᠢ ᠶᠢᠨ ᠤᠢ ᠶᠢ ᠲᠤᠭᠤᠷᠢᠭᠰᠠᠨ ᠤᠯᠠᠨ ᠤᠯᠤᠰ ᠤᠨ ᠳᠤᠭᠤᠢ ᠲᠡᠷᠭᠡᠨ ᠤ ᠵᠠᠰᠠᠮᠠᠯ ᠵᠠᠮ ᠤᠨ ᠨᠦᠭᠦᠷᠰᠡᠭ ᠤᠷᠤᠯᠳᠤᠭᠠᠨ ᠢ ᠶᠡᠬᠡᠪᠡᠷ ᠬᠦᠭᠵᠢᠬᠦᠯᠦᠨ᠂ ᠳᠤᠮᠳᠠᠳᠤ ᠮᠤᠩᠭᠤᠯ ᠤᠨ ᠬᠠᠰ ᠡᠷᠳᠡᠨᠢ ᠦᠵᠡᠮᠦᠷᠢ ᠶᠢᠨ ᠴᠢᠯᠠᠭᠤᠨ ᠤ ᠰᠤᠶᠤᠯ ᠵᠢᠭᠤᠯᠴᠢᠯᠠᠯ ᠤᠨ ᠨᠠᠶᠢᠷ᠂ ᠲᠤᠮᠳᠠᠳᠤ ᠮᠤᠩᠭᠤᠯ ᠤᠨ ᠪᠠᠷᠠᠭ᠎ᠠ ᠲᠠᠸᠠᠷ ᠤᠨ ᠳᠡᠯᠭᠡᠨ ᠪᠤᠷᠤᠯᠠᠭᠤᠯᠭ᠎ᠠ ᠵᠡᠷᠭᠡ ᠬᠦᠳᠡᠯᠭᠡᠭᠡᠨ ᠤ ᠨᠡᠷ᠎ᠡ ᠠᠯᠳᠠᠷᠰᠢᠯ ᠢ ᠲᠠᠰᠤᠷᠠᠯᠳᠠ ᠦᠬᠡᠢ ᠦᠷᠬᠡᠳᠬᠡᠵᠤ᠂ ᠲᠤᠮᠳᠠᠳᠤ ᠮᠤᠩᠭᠤᠯ ᠤᠯᠠᠨ ᠤᠯᠤᠰ ᠤᠨ ᠠᠵᠤ ᠠᠬᠤᠢ ᠰᠤᠶᠤᠯ ᠲᠠᠮᠢᠷ ᠤᠨ ᠰᠤᠯᠢᠯᠴᠠᠭᠠᠨ ᠤ ᠰᠠᠷ᠎ᠠ ᠪᠠ ᠲᠡᠮᠡᠭᠡ ᠮᠤᠷᠢᠨ ᠤ ᠤᠷᠤᠯᠳᠤᠭᠠᠨ ᠢ ᠪᠠᠶᠢᠩᠭᠤ ᠦᠷᠨᠢᠬᠦᠯᠦᠨ᠂ ᠤᠯᠠᠨ ᠤᠯᠤᠰ ᠤᠨ ᠲᠡᠮᠡᠬᠡᠨ ᠤᠷᠤᠯᠳᠤᠭᠠᠨ ᠤ ᠰᠠᠭᠤᠷᠢᠨ ᠭᠠᠵᠠᠷ ᠢ ᠭᠤᠤᠯᠳᠠᠯᠠᠭ᠎ᠠ ᠲᠠᠢ ᠡᠬᠦᠳᠤᠨ ᠪᠠᠶᠢᠭᠤᠯᠤᠨ᠎ᠠ᠃ ᠮᠦᠩᠬᠦᠨ ᠡᠪᠤᠯ ᠤᠨ ᠲᠤᠤᠷᠠᠢ ᠶᠢᠨ ᠨᠠᠶᠢᠷ᠂ ᠬᠡᠬᠡᠷ᠎ᠡ ᠲᠤᠭᠤᠯᠬᠤ ᠮᠠᠰᠢᠨ ᠤ ᠮᠠᠩᠬᠠᠨ ᠲᠤᠮᠳᠠᠬᠢ ᠤᠷᠤᠯᠳᠤᠭᠠᠨ᠂ ᠵᠤᠨ ᠤ ᠠᠮᠠᠷᠠᠯᠳᠠ ᠶᠢᠨ ᠵᠤᠰᠠᠯᠠᠩ ᠵᠡᠷᠬᠡ ᠬᠦᠳᠡᠯᠬᠡᠬᠡᠨ ᠢ ᠲᠤᠷᠰᠢᠨ ᠦᠷᠨᠢᠬᠦᠯᠵᠤ᠂ ᠡᠵᠡᠨ᠎ᠡ ᠬᠤᠰᠢᠭᠤᠨ ᠤ ᠳᠦᠷᠪᠡᠨ ᠤᠯᠠᠷᠢᠯ ᠤᠨ ᠵᠢᠭᠤᠯᠴᠢᠯᠠᠯ ᠢ ᠲᠡᠩᠴᠡᠭᠦᠷᠢᠰᠢᠭᠦᠯᠦᠨ᠎ᠡ᠃        ᠭᠠᠳᠠᠭᠠᠳᠤ ᠲᠠᠢ ᠴᠢᠯᠦᠭᠡᠲᠠᠢ ᠶᠠᠪᠤᠯᠴᠠᠬᠤ ᠬᠢᠷᠢ ᠲᠦᠪᠰᠢᠨ ᠢᠶᠠᠨ ᠬᠦᠴᠦᠯᠡᠨ ᠲᠡᠬᠡᠭᠰᠢᠯᠡᠬᠦᠯᠦᠨ᠎ᠠ᠃  ᠤᠯᠤᠰ ᠤᠨ ︽ᠨᠢᠬᠡ ᠪᠦᠰᠡ ᠨᠢᠬᠡ ᠵᠠᠮ︾ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠬᠦ ᠲᠤᠬᠢᠶᠠᠯ ᠢ ᠠᠮᠵᠢᠨ ᠠᠳᠬᠤᠵᠤ᠂ ᠬᠢᠯᠢ ᠪᠤᠭᠤᠮᠳᠠ ᠶᠢᠨ ᠤᠷᠤᠨ ᠪᠠᠶᠢᠷᠢ ᠪᠤᠯᠤᠨ ᠡᠬᠢ ᠪᠠᠶᠠᠯᠢᠭ ᠤᠨ ᠲᠠᠪᠠᠭᠤᠯᠢᠭ ᠲᠠᠭᠠᠨ ᠲᠦᠰᠢᠭᠯᠡᠨ᠂ ᠪᠤᠭᠤᠮᠳᠠ ᠳᠤ ᠲᠡᠮᠦᠷ ᠵᠠᠮ ᠨᠡᠪᠲᠡᠷᠡᠬᠦ ᠪᠦᠳᠦᠬᠡᠨ ᠪᠠᠶᠢᠭᠤᠯᠤᠯᠳᠠ ᠶᠢ ᠲᠦᠯᠬᠢᠨ ᠠᠬᠢᠭᠤᠯᠵᠤ᠂ ᠴᠡᠭᠡ ᠪᠤᠭᠤᠮᠳᠠ ᠶᠢ ᠤᠯᠠᠨ ᠤᠯᠤᠰ ᠤᠨ ᠪᠠᠶᠢᠩᠭᠤ ᠨᠡᠬᠡᠬᠡᠯᠳᠡ ᠲᠠᠢ ᠪᠠ ᠤᠯᠠᠭᠠᠨ ᠢᠳᠡᠭᠡᠨ ᠤ ᠪᠦᠲᠦᠬᠡᠭᠳᠡᠬᠦᠨ ᠢ ᠤᠷᠤᠭᠤᠯᠬᠤ ᠲᠤᠭᠳᠠᠮᠠᠯ ᠪᠤᠭᠤᠮᠳᠠ ᠪᠤᠯᠭᠠᠬᠤ ᠪᠠᠷ ᠴᠢᠷᠮᠠᠶᠢᠨ᠎ᠠ᠃ ᠪᠤᠭᠤᠮᠳᠠ ᠶᠢ ᠲᠦᠯᠦᠪᠵᠢᠬᠦᠯᠦᠨ ᠲᠤᠬᠢᠷᠠᠭᠤᠯᠬᠤ ᠪᠠᠨ ᠲᠦᠷᠬᠡᠳᠬᠡᠨ᠂ ᠲᠠᠪᠠᠭᠤᠯᠢᠭᠳᠤ ᠡᠬᠢ ᠰᠤᠷᠪᠤᠯᠵᠢ ᠶᠢ ᠪᠦᠳᠤᠮᠵᠢᠳᠡᠢ ᠴᠡᠭᠴᠡᠯᠡᠨ ᠨᠢᠬᠡᠳᠤᠬᠦᠯᠵᠤ᠂ ᠴᠡᠭᠡ ᠠᠴᠠ ᠰᠢᠪᠡᠭᠡ ᠬᠦᠷᠡᠩ ᠬᠦᠷᠳᠡᠯᠡᠬᠢ ᠲᠤᠮᠳᠠᠳᠤ ᠮᠤᠩᠭᠤᠯ ᠤᠨ ᠬᠢᠯᠢ ᠲᠠᠮᠵᠢᠭᠰᠠᠨ ᠠᠵᠤ ᠠᠬᠤᠢ ᠶᠢᠨ ᠬᠠᠮᠳᠤᠷᠠᠯᠴᠠᠭᠠᠨ ᠤ ᠲᠤᠭᠤᠷᠢᠭ ᠢ ᠦᠪᠡᠷᠳᠡᠬᠡᠨ ᠵᠠᠰᠠᠬᠤ ᠤᠷᠤᠨ ᠤ ︽ᠨᠢᠬᠡ ᠪᠦᠰᠡ ᠨᠢᠬᠡ ᠵᠠᠮ︾᠎ ᠤᠨ ᠪᠦᠳᠦᠬᠡᠨ ᠪᠠᠶᠢᠭᠤᠯᠤᠯᠳᠠ ᠶᠢᠨ ᠲᠦᠯᠦᠪᠵᠢᠬᠦᠯᠬᠡ ᠳᠤ ᠴᠢᠷᠮᠠᠶᠢᠨ ᠤᠷᠤᠭᠤᠯᠤᠨ᠎ᠠ᠃ ᠴᠡᠭᠡ ᠪᠤᠭᠤᠮᠳᠠ ᠶᠢᠨ ᠶᠡᠷᠤᠩᠬᠡᠶᠢᠯᠡᠭᠰᠡᠨ ᠭᠠᠶᠢᠯᠢ ᠬᠡᠯᠳᠦᠷᠢᠬᠦᠯᠦᠨ ᠬᠦᠮᠦᠷᠬᠡᠯᠡᠨ ᠬᠠᠳᠠᠭᠠᠯᠠᠬᠤ ᠤᠷᠤᠨ᠂ ᠶᠠᠯᠢᠳᠡ ᠪᠠᠷᠠᠭ᠎ᠠ ᠬᠦᠢᠯᠬᠡᠬᠡᠨ ᠤ ᠲᠤᠭᠤᠷᠢᠭ᠂ ᠮᠤᠩᠭᠤᠯ ᠰᠤᠶᠤᠯ ᠤᠨ ᠤᠨᠴᠠᠯᠢᠭᠳᠤ ᠶᠡᠷᠤᠩᠬᠡᠢ ᠴᠤᠭᠴᠠᠳᠤ ᠲᠦᠷᠦᠯ ᠵᠤᠶᠢᠯ ᠤᠨ ᠪᠦᠳᠦᠬᠡᠨ ᠪᠠᠶᠢᠭᠤᠯᠤᠯᠳᠠ ᠵᠡᠷᠬᠡ ᠶᠢ ᠡᠬᠢᠯᠠᠬᠦᠯᠵᠤ᠂ ᠴᠡᠭᠡ ᠠᠴᠠ ᠨᠠᠷᠢᠨ ᠰᠤᠬᠠᠶᠢᠳᠤ ᠬᠦᠷᠬᠦ ᠲᠠᠮᠤᠷ ᠵᠠᠮ᠂ ᠴᠡᠭᠡ ᠠᠴᠠ ᠪᠠᠶᠠᠨᠬᠤᠩᠭᠤᠷ ᠬᠤᠳᠠ ᠬᠦᠷᠬᠦ ᠭᠤᠷᠪᠠᠳᠤᠭᠠᠷ ᠲᠡᠰ ᠤᠨ ᠵᠠᠰᠠᠮᠠᠯ ᠵᠠᠮ᠂ ᠴᠡᠭᠡ ᠠᠴᠠ ᠡᠮᠤᠨᠡᠭᠤᠪᠢ ᠠᠶᠢᠮᠠᠭ ᠤᠨ ᠲᠠᠯᠠᠨ ᠵᠠᠳᠠᠭᠠᠶᠢᠳᠤ ᠬᠤᠳᠠ ᠬᠦᠷᠬᠦ ᠭᠤᠷᠪᠠᠳᠤᠭᠠᠷ ᠲᠡᠰ ᠤᠨ ᠵᠠᠰᠠᠮᠠᠯ ᠵᠠᠮ ᠵᠡᠷᠬᠡ ᠵᠠᠮ ᠱᠤᠭᠤᠮ ᠤᠨ ᠪᠠᠶᠢᠭᠤᠯᠤᠯᠳᠠ ᠶᠢ ᠪᠤᠳᠡᠳᠡᠢ ᠠᠬᠢᠭᠤᠯᠤᠨ᠎ᠠ ᠃ ᠪᠤᠭᠤᠮᠳᠠ ᠶᠢᠨ ᠡᠯᠧᠺᠲᠷᠤᠨᠴᠢᠯᠠᠭᠰᠠᠨ ᠪᠠᠶᠢᠭᠤᠯᠤᠯᠳᠠ ᠶᠢ ᠲᠦᠷᠬᠡᠳᠬᠡᠨ᠂ ᠪᠤᠭᠤᠮᠳᠠ ᠶᠢᠨ ᠰᠤᠷᠠᠭ ᠵᠠᠩᠬᠢ ᠶᠢᠨ ᠲᠦᠪ᠂ ᠪᠤᠭᠤᠮᠳᠠ ᠶᠢᠨ ᠰᠢᠯᠭᠠᠬᠤ ᠪᠠᠶᠢᠭᠤᠯᠤᠯᠭ᠎ᠠ ᠶᠢᠨ ᠬᠢᠨᠠᠨ ᠬᠠᠮᠢᠶᠠᠷᠬᠤ ᠲᠦᠬᠦᠬᠡᠷᠦᠮᠵᠢ ᠶᠢᠨ ᠰᠤᠷᠠᠭ ᠵᠠᠩᠬᠢᠴᠢᠯᠠᠬᠤ᠂ ᠪᠤᠭᠤᠮᠲᠠ ᠪᠠᠷ ᠵᠤᠷᠴᠢᠭᠰᠠᠳ ᠢ ᠰᠢᠯᠭᠠᠨ ᠪᠠᠶᠢᠴᠠᠭᠠᠬᠤ ᠲᠦᠬᠦᠭᠡᠷᠦᠮᠵᠢ ᠶᠢ ᠰᠢᠨᠡᠴᠢᠯᠡᠬᠦ᠂ ᠬᠢᠯᠢ ᠎ ᠪᠠᠷ ᠤᠷᠤᠵᠤ ᠭᠠᠷᠬᠤ ᠶᠢ ᠬᠢᠨᠠᠨ ᠬᠠᠮᠢᠶᠠᠷᠬᠤ ᠭᠠᠵᠠᠷ ᠢ ᠲᠦᠬᠦᠷᠵᠢᠬᠦᠯᠬᠦ ᠵᠡᠷᠬᠡ ᠲᠦᠷᠦᠯ ᠵᠤᠶᠢᠯ ᠤᠨ ᠪᠦᠳᠦᠬᠡᠨ ᠪᠠᠶᠢᠭᠤᠯᠤᠯᠳᠠ ᠶᠢ ᠲᠦᠷᠬᠡᠳᠬᠡᠨ᠎ᠡ᠃ ᠬᠤᠶᠠᠷ ᠤᠯᠤᠰ ᠤᠨ ᠬᠢᠯᠢ ᠶᠢᠨ ᠬᠤᠯᠪᠤᠭᠠᠯᠠᠭᠰᠠᠨ ᠬᠢᠨᠠᠨ ᠪᠠᠶᠢᠴᠠᠭᠠᠯᠳᠠ ᠶᠢᠨ ᠲᠦᠷᠢᠮ ᠢ ᠲᠡᠬᠦᠯᠳᠡᠷᠵᠢᠬᠦᠯᠵᠤ᠂ ᠬᠢᠯᠢ ᠪᠠᠷ ᠡᠳ᠋ ᠪᠠᠷᠠᠭ᠎ᠠ ᠪᠤᠯᠤᠨ ᠬᠦᠮᠦᠨ ᠬᠠᠷ᠎ᠠ ᠨᠡᠪᠳᠡᠷᠡᠬᠦᠯᠬᠦ ᠴᠢᠳᠠᠪᠬᠢ ᠪᠠᠨ ᠲᠠᠰᠤᠷᠠᠯᠳᠠ ᠦᠬᠡᠢ ᠲᠡᠬᠡᠭᠰᠢᠯᠡᠬᠦᠯᠦᠨ᠂ ᠪᠦᠬᠦ ᠵᠢᠯ ᠤᠨ ᠪᠠᠷᠠᠭ᠎ᠠ ᠨᠡᠪᠳᠡᠷᠡᠬᠦ ᠶᠡᠷᠤᠩᠬᠡᠢ ᠬᠡᠮᠵᠢᠶ᠎ᠡ ᠶᠢ 900 ᠲᠦᠮᠡᠨ ᠲᠤᠨ ᠳᠤ ᠬᠦᠷᠬᠡᠬᠦ ᠪᠠᠷ ᠴᠢᠷᠮᠠᠶᠢᠨ᠎ᠠ᠃ ᠭᠠᠳᠠᠭᠠᠳᠤ ᠲᠠᠢ ᠴᠢᠯᠤᠭᠡᠲᠠᠢ ᠶᠠᠪᠤᠯᠴᠠᠬᠤ ᠬᠡᠮᠵᠢᠶ᠎ᠡ ᠪᠠᠨ ᠶᠡᠬᠡᠰᠬᠡᠨ᠂ ᠮᠤᠩᠭᠤᠯ ᠤᠯᠤᠰ ᠤᠨ ᠡᠮᠤᠨᠡᠭᠤᠪᠢ᠂ ᠪᠠᠶᠠᠨᠬᠤᠩᠭᠤᠷ ᠠᠶᠢᠮᠠᠭ ᠤᠨ ᠬᠤᠭᠤᠷᠤᠨᠳᠤᠬᠢ ᠬᠠᠷᠢᠯᠴᠠᠭ᠎ᠠ ᠬᠤᠯᠪᠤᠭ᠎ᠠ ᠪᠠᠨ ᠬᠦᠨᠵᠡᠬᠡᠶᠢᠷᠡᠬᠦᠯᠦᠨ᠂ ᠠᠷᠤᠬᠠᠩᠭᠠᠢ᠂ ᠦᠪᠦᠷᠬᠠᠩᠭᠠᠢ᠂ ᠭᠤᠪᠢ ᠠᠯᠳᠠᠢ ᠠᠶᠢᠮᠠᠭ ᠯᠤᠭ᠎ᠠ ᠶᠢᠨ ᠬᠠᠷᠢᠯᠴᠠᠭ᠎ᠠ ᠰᠤᠯᠢᠯᠴᠠᠭ᠎ᠠ ᠶᠢ ᠴᠢᠩᠭᠠᠳᠬᠠᠨ᠂ ᠦᠷᠬᠡᠨ ᠴᠡᠷ᠎ᠡ ᠬᠦᠷᠢᠶᠠᠨ ᠳᠤ ᠪᠤᠳᠠᠳᠤ ᠠᠵᠢᠯᠯᠠᠭ᠎ᠠ ᠦᠷᠨᠢᠬᠦᠯᠬᠦ ᠪᠠᠷ ᠴᠢᠷᠮᠠᠶᠢᠨ᠎ᠠ ᠃ ᠪᠡᠬᠡᠵᠢᠩ ᠠᠴᠠ ᠰᠢᠨᠵᠢᠶᠠᠩ ᠬᠦᠷᠬᠦ ᠦᠨᠳᠤᠷ ᠬᠤᠷᠳᠤᠴᠠᠳᠤ ᠵᠠᠰᠠᠮᠠᠯ ᠵᠠᠮ᠂ ᠯᠢᠨ ᠡᠾᠧ ᠠᠴᠠ ᠬᠠᠮᠢ ᠬᠦᠷᠬᠦ ᠲᠠᠮᠤᠷ ᠵᠠᠮ ᠤᠨ ᠮᠤᠵᠢ ᠤᠷᠤᠨ ᠤ ᠬᠢᠯᠢ ᠲᠠᠮᠵᠢᠭᠰᠠᠨ ᠲᠠᠪᠠᠭᠤᠯᠢᠭ ᠢ ᠬᠦᠢᠴᠡᠳ ᠠᠰᠢᠭᠯᠠᠨ᠂ ᠤᠳᠤ ᠦᠶ᠎ᠡ ᠶᠢᠨ ᠪᠠᠷᠠᠭ᠎ᠠ ᠬᠦᠢᠯᠬᠡᠬᠡᠨ ᠤ ᠤᠶᠢᠯᠡᠰ ᠢ ᠶᠡᠬᠡᠪᠡᠷ ᠬᠦᠭᠵᠢᠬᠦᠯᠵᠤ᠂ ᠪᠡᠬᠡᠵᠢᠩ ᠠᠴᠠ ᠰᠢᠨᠵᠢᠶᠠᠩ ᠬᠦᠷᠳᠡᠯᠡᠬᠢ ᠬᠤᠯᠪᠤᠭ᠎ᠠ ᠨᠡᠪᠳᠡᠷᠡᠯᠴᠡᠬᠡᠨ ᠤ ᠵᠠᠮ ᠱᠤᠭᠤᠮ ᠲᠡᠬᠡᠷᠡᠬᠢ ᠴᠢᠬᠤᠯᠠ ᠪᠦᠬᠦᠢ ᠪᠠᠷᠠᠭ᠎ᠠ ᠬᠦᠢᠯᠬᠡᠬᠡᠨ ᠤ ᠰᠠᠭᠤᠷᠢᠨ ᠢ ᠬᠦᠴᠦᠯᠡᠨ ᠴᠤᠭᠴᠠᠯᠠᠨ᠎ᠠ᠃        ᠬᠤᠳᠠ ᠪᠠᠯᠭᠠᠰᠤᠨ ᠤ ᠪᠦᠳᠦᠬᠡᠨ ᠪᠠᠶᠢᠭᠤᠯᠤᠯᠳᠠ ᠶᠢᠨ ᠬᠠᠮᠢᠶᠠᠷᠤᠯᠳᠠ ᠶᠢ ᠦᠨᠡᠨᠬᠦ ᠴᠢᠩᠭᠠᠳᠬᠠᠨ᠎ᠠ᠃ ᠬᠤᠳᠠ ᠬᠦᠳᠡᠭᠡ ᠶᠢᠨ ᠨᠢᠬᠡᠳᠤᠯᠳᠡᠢ ᠲᠦᠯᠦᠪᠵᠢᠬᠦᠯᠦᠯᠳᠡ ᠶᠢ ᠪᠠᠷᠢᠮᠳᠠᠯᠠᠵᠤ᠂ ᠰᠠᠷᠠᠭᠤᠯ ᠲᠠᠷᠳᠠᠩ᠂ ᠴᠡᠪᠡᠷ ᠲᠤᠩᠭᠠᠯᠠᠭ᠂ ᠤᠷᠤᠰᠢᠨ ᠰᠠᠭᠤᠷᠢᠰᠢᠬᠤ ᠪᠠ ᠵᠤᠭᠠᠴᠠᠨ ᠰᠠᠯᠡᠬᠦᠴᠡᠬᠦ ᠳᠤ ᠲᠠᠪᠠᠲᠠᠢ ᠤᠯᠠᠨ ᠤᠯᠤᠰ ᠤᠨ ᠦᠪᠡᠷᠮᠢᠴᠡ ᠤᠨᠴᠠᠯᠢᠭᠳᠤ ᠵᠢᠭᠤᠯᠴᠢᠯᠠᠯ ᠤᠨ ᠠᠮᠢ ᠠᠬᠤᠢ ᠶᠢᠨ ᠪᠤᠯᠪᠠᠰᠤᠨ ᠬᠤᠳᠠ ᠪᠠᠯᠭᠠᠰᠤ ᠶᠢ ᠪᠦᠬᠦ ᠬᠦᠴᠦ ᠪᠠᠷ ᠪᠦᠲᠦᠭᠡᠨ ᠪᠠᠶᠢᠭᠤᠯᠤᠨ᠎ᠠ᠃ ᠬᠤᠲᠠ ᠬᠦᠳᠡᠭᠡᠨ ᠤ ᠲᠦᠯᠦᠪᠵᠢᠭᠦᠯᠦᠯᠲᠡ ᠶᠢ ᠲᠡᠭᠦᠯᠳᠡᠷᠵᠢᠭᠦᠯᠦᠨ᠂ ᠰᠤᠮᠤ ᠪᠠᠯᠭᠠᠰᠤ ᠪᠤᠯᠤᠨ ᠭᠠᠴᠠᠭᠠᠨ ᠤ ᠪᠠᠶᠢᠭᠤᠯᠤᠯᠲᠠ ᠲᠦᠯᠦᠪᠵᠢᠭᠦᠯᠭᠡ ᠶᠢ ᠨᠡᠶᠢᠳᠡᠮ ᠪᠦᠷᠭᠦᠭᠦᠯᠤᠨ᠎ᠡ᠃ ᠲᠦᠪ ᠪᠠᠶᠢᠷᠢᠨ ᠳᠠᠬᠢ ᠬᠤᠳᠠ ᠪᠠᠯᠭᠠᠰᠤᠨ ᠤ ᠪᠦᠳᠦᠬᠡᠨ ᠪᠠᠶᠢᠭᠤᠯᠤᠯᠳᠠ ᠶᠢ ᠰᠠᠶᠢᠳᠤᠷ ᠠᠳᠬᠤᠵᠤ᠂ ᠰᠢᠨ᠎ᠠ ᠬᠤᠳᠠ ᠶᠢᠨ ᠪᠦᠳᠦᠬᠡᠨ ᠪᠠᠶᠢᠭᠤᠯᠤᠯᠳᠠ ᠪᠤᠯᠤᠨ ᠬᠠᠭᠤᠴᠢᠨ ᠬᠤᠳᠠ ᠶᠢᠨ ᠦᠬᠡᠷᠡᠴᠢᠯᠡᠯᠳᠡ ᠶᠢ ᠨᠢᠬᠡᠳᠤᠯᠳᠡᠢ ᠬᠡᠷᠡᠭᠵᠢᠭᠦᠯᠦᠨ᠂ ᠲᠤᠤᠷᠠᠢ ᠵᠡᠬᠡᠯᠢ᠂ ᠴᠡᠷᠢᠭ ᠠᠷᠠᠳ ᠤᠨ ᠵᠡᠬᠡᠯᠢ ᠵᠡᠷᠬᠡ ᠬᠤᠳᠠ ᠶᠢᠨ 6 ᠵᠤᠷᠪᠤᠰ ᠵᠠᠮ ᠱᠤᠭᠤᠮ ᠢ ᠵᠠᠰᠠᠨ᠂ 177 ᠺᠢᠯᠤᠮᠧᠲᠷ ᠬᠤᠳᠠ ᠶᠢᠨ ᠵᠠᠮ ᠤᠨ ᠬᠦᠪᠡᠭᠡ ᠶᠢ ᠰᠢᠨᠡᠴᠢᠯᠡᠨ᠎ᠡ᠃ ᠪᠤᠬᠢᠷᠳᠤᠯ ᠤᠰᠤ ᠴᠡᠪᠡᠷᠰᠢᠬᠦᠯᠬᠦ ᠲᠤᠤᠷᠵᠢᠯ ᠬᠤᠭᠤᠯᠠᠢ᠂ ᠤᠰᠤ ᠬᠠᠩᠭᠠᠬᠤ ᠲᠤᠤᠷᠵᠢᠯ ᠬᠤᠭᠤᠯᠠᠢ ᠶᠢᠨ ᠦᠷᠬᠡᠵᠢᠨ ᠪᠠᠶᠢᠭᠤᠯᠤᠯᠳᠠ ᠵᠢᠴᠢ ᠪᠠᠯᠭᠠᠰᠤᠨ ᠤ ᠭᠤᠶᠤᠵᠢᠭᠤᠯᠤᠯᠳᠠ᠂ ᠨᠤᠭᠤᠭᠠᠷᠠᠭᠤᠯᠤᠯᠳᠠ᠂ ᠬᠡᠷᠡᠯᠳᠦᠬᠦᠯᠬᠡ ᠶᠢᠨ ᠪᠠᠶᠢᠭᠤᠯᠤᠯᠳᠠ ᠶᠢ ᠶᠠᠪᠤᠭᠳᠠᠭᠤᠯᠵᠤ᠂ ᠴᠢᠩ ᠬᠤᠸᠠ ᠳᠤᠯᠠᠭᠠᠯᠠᠭ᠎ᠠ ᠎ ᠶᠢᠨ ᠴᠡᠭ ᠢ ᠠᠰᠢᠭᠯᠠᠯᠲᠠ ᠳᠤ ᠴᠢᠷᠮᠠᠶᠢᠨ ᠤᠷᠤᠭᠤᠯᠤᠨ᠎ᠠ᠃ ᠡᠵᠡᠨ᠎ᠡ ᠴᠡᠴᠡᠷᠯᠢᠭ᠂ ᠤᠰᠤᠨ ᠴᠡᠩᠬᠡᠬᠡᠨ ᠤ ᠴᠡᠴᠡᠷᠯᠢᠭ ᠵᠡᠷᠬᠡ ᠲᠦᠷᠦᠯ ᠵᠤᠶᠢᠯ ᠤᠨ ᠪᠦᠳᠦᠬᠡᠨ ᠪᠠᠶᠢᠭᠤᠯᠤᠯᠳᠠ ᠶᠢ ᠡᠬᠢᠯᠡᠬᠦᠯᠦᠨ᠂ ᠷᠠᠳᠠᠷ ᠤᠨ ᠦᠷᠳᠡᠭᠡ᠂ ᠴᠠᠭ ᠠᠭᠤᠷ ᠤᠨ ᠲᠤᠪᠴᠢᠶ᠎ᠠ ᠶᠢ ᠰᠢᠯᠵᠢᠭᠦᠯᠵᠦ ᠪᠠᠶᠢᠷᠢᠯᠠᠭᠤᠯᠬᠤ ᠠᠵᠢᠯ ᠢ ᠰᠠᠶᠢᠳᠤᠷ ᠪᠠᠶᠠᠯᠠᠬᠦᠯᠦᠨ᠎ᠠ᠃ ᠮᠦᠩᠬᠦᠨ ᠬᠦᠢᠯᠬᠡᠬᠡᠨ ᠤ ᠤᠶᠢᠯᠡᠴᠢᠯᠡᠭᠡ᠂ ᠵᠠᠮ ᠤᠨ ᠴᠠᠭᠳᠠᠭ᠎ᠠ ᠵᠢᠵᠢᠬᠦᠷᠯᠡᠬᠦ᠂ ᠤᠷᠴᠢᠨ ᠲᠤᠭᠤᠷᠢᠨ ᠤ ᠠᠷᠢᠭᠤᠨ ᠴᠠᠪᠠᠷ ᠵᠡᠷᠬᠡ ᠴᠢᠳᠠᠮᠵᠢ ᠶᠢ ᠨᠢᠬᠡ ᠴᠤᠭᠴᠠᠵᠢᠭᠤᠯᠤᠭᠰᠠᠨ ᠶᠡᠷᠤᠩᠬᠡᠢ ᠤᠶᠢᠯᠡᠴᠢᠯᠡᠬᠡᠨ ᠤ ᠲᠠᠯᠠᠪᠤᠷ ᠪᠠ ᠨᠡᠶᠢᠳᠡ ᠶᠢᠨ ᠲᠤᠭᠤᠢ ᠲᠡᠷᠬᠡ ᠬᠦᠯᠦᠰᠦᠯᠡᠬᠦ ᠭᠠᠵᠠᠷ ᠢ ᠲᠤᠰ ᠲᠤᠰ 4 ᠰᠢᠨ᠎ᠠ ᠪᠠᠷ ᠪᠠᠶᠢᠭᠤᠯᠵᠤ᠂ 1.6 ᠬᠠᠪᠳᠠᠭᠠᠢ ᠲᠦᠷᠪᠡᠯᠵᠢᠨ ᠮᠧᠲᠷ ᠎ ᠤᠨ ᠲᠡᠷᠬᠡᠨ ᠵᠤᠭᠰᠤᠭᠠᠯ 1᠎ ᠶᠢ ᠵᠠᠰᠠᠨ᠂ ᠬᠦᠮᠦᠨ ᠠᠮᠠ ᠲᠦᠪᠯᠡᠷᠡᠩᠬᠦᠢ ᠲᠦᠬᠦᠮ ᠪᠦᠳᠦᠴᠡᠳᠤ ᠤᠷᠤᠨ ᠰᠠᠭᠤᠴᠠ ᠎ ᠶᠢᠨ ᠲᠤᠭᠤᠷᠢᠭ ᠲᠤ 2 ᠵᠤᠷᠯᠤᠩ ᠪᠠᠶᠢᠭᠤᠯᠤᠨ᠂ ᠬᠤᠭ ᠬᠤᠷᠢᠶᠠᠬᠤ ᠴᠡᠭ 2 ᠭᠠᠵᠠᠷ ᠲᠤᠬᠢᠷᠠᠭᠤᠯᠤᠨ᠂ ᠵᠢᠮᠢᠰ ᠤᠨ ᠬᠠᠯᠢᠰᠤ ᠬᠤᠷᠢᠶᠠᠬᠤ ᠬᠠᠶᠢᠷᠴᠠᠭ ᠲᠤᠰᠬᠠᠢ ᠪᠠᠶᠢᠷᠢᠯᠠᠭᠤᠯᠤᠨ᠎ᠠ᠃ ᠲᠦᠬᠦᠮ ᠪᠦᠳᠦᠴᠡᠳᠤ ᠤᠷᠤᠨ ᠰᠠᠭᠤᠴᠠ ᠶᠢᠨ ᠲᠤᠭᠤᠷᠢᠭ ᠢ ᠵᠠᠰᠠᠨ ᠦᠭᠡᠷᠡᠴᠢᠯᠡᠬᠦ ᠶᠢ ᠦᠯᠡᠳᠡᠭᠳᠡᠯ ᠬᠡᠷ ᠪᠠᠶᠢᠰᠢᠩ ᠤᠨ ᠬᠡᠷᠡᠭᠯᠡᠯᠲᠠ  ᠪᠤᠯᠤᠨ ᠪᠠᠳᠤᠯᠠᠪᠤᠷᠢ ᠶᠢᠨ ᠴᠢᠨᠠᠷᠳᠠᠢ ᠤᠷᠤᠨ ᠰᠠᠭᠤᠴᠠ ᠶᠢᠨ ᠪᠦᠳᠦᠬᠡᠨ ᠪᠠᠶᠢᠭᠤᠯᠤᠯᠳᠠ ᠲᠠᠢ ᠨᠢᠬᠡᠳᠤᠯᠳᠡᠢ ᠲᠦᠯᠦᠪᠵᠢᠬᠦᠯᠦᠨ ᠤᠶᠠᠯᠳᠤᠭᠤᠯᠵᠤ᠂ ᠲᠠᠯᠠᠶᠢᠬᠦ᠋ᠪ ᠪᠠᠯᠭᠠᠰᠤᠨ ᠤ ᠲᠦᠬᠦᠮ ᠪᠦᠳᠦᠴᠡᠳᠤ ᠤᠷᠤᠨ ᠰᠠᠭᠤᠴᠠ ᠶᠢᠨ ᠲᠤᠭᠤᠷᠢᠭ ᠤᠨ ᠦᠬᠡᠷᠡᠴᠢᠯᠡᠨ ᠵᠠᠰᠠᠯᠳᠠ ᠶᠢᠨ ᠢᠨᠵᠧᠨᠧᠷᠢᠩ ᠢ ᠲᠤᠭᠳᠠᠭᠤᠨ ᠢᠶᠠᠷ ᠬᠡᠷᠡᠭᠵᠢᠬᠦᠯᠦᠨ᠂ ᠵᠡᠬᠡᠯᠢ ᠲᠠᠭᠠᠤ ᠭᠤᠤᠯᠳᠠᠯᠠᠭᠠᠳᠤ ᠤᠷᠤᠨ ᠲᠤᠭᠤᠷᠢᠭ ᠤᠨ ᠰᠠᠭᠤᠭᠠᠯᠢ ᠠᠷᠠᠳ ᠤᠨ ᠬᠤᠳᠠ ᠪᠠᠯᠭᠠᠰᠤᠨ ᠤ ᠲᠦᠯᠦᠪᠵᠢᠬᠦᠯᠬᠡ ᠶᠤᠰᠤᠭᠠᠷ ᠰᠠᠶᠢᠨ ᠳᠤᠷ᠎ᠠ ᠠᠴᠠ ᠪᠠᠨ ᠨᠤᠷᠠᠭᠠᠨ ᠪᠠᠶᠢᠭᠤᠯᠬᠤ ᠶᠢ ᠵᠢᠯᠤᠭᠤᠳᠴᠤ᠂ ᠬᠡᠷ ᠪᠠᠶᠢᠰᠢᠩ ᠭᠠᠵᠠᠷ ᠬᠦᠷᠦᠩᠬᠡ ᠶᠢᠨ ᠡᠮᠬᠢ ᠲᠢᠭᠯᠢᠮ ᠲᠠᠢ ᠡᠷᠡᠬᠦᠯ ᠬᠦᠭᠵᠢᠯᠳᠡ ᠶᠢ ᠠᠬᠢᠭᠤᠯᠤᠨ᠎ᠠ᠃ ᠬᠤᠳᠠ ᠪᠠᠯᠭᠠᠰᠤᠨ ᠤ ᠶᠡᠷᠤᠩᠬᠡᠢ ᠬᠠᠤᠯᠢ ᠬᠡᠷᠡᠭᠵᠢᠬᠦᠯᠬᠦ ᠡᠬᠢ ᠪᠠᠶᠠᠯᠢᠭ ᠢ ᠨᠢᠬᠡᠳᠦᠬᠦᠯᠦᠨ᠂ ᠬᠤᠳᠠ ᠶᠢᠨ ᠬᠠᠮᠢᠶᠠᠷᠤᠯᠳᠠ ᠶᠢᠨ ᠬᠢᠷᠢ ᠲᠦᠪᠰᠢᠨ ᠢ ᠦᠨᠡᠨᠬᠦ ᠲᠡᠬᠡᠭᠰᠢᠯᠡᠬᠦᠯᠦᠨ᠎ᠠ ᠃ ᠠᠳᠠᠯ ᠠᠬᠤᠢ ᠶᠢᠨ ᠬᠠᠮᠢᠶᠠᠷᠦᠯᠲᠠ ᠶᠢᠨ ᠬᠡᠯᠪᠡᠷᠢ ᠶᠢ ᠰᠢᠨᠡᠴᠢᠯᠡᠵᠤ᠂ ᠠᠳᠠᠯ ᠠᠬᠤᠢ ᠶᠢᠨ ᠤᠶᠢᠯᠡᠴᠢᠯᠡᠬᠡᠨ ᠤ ᠴᠢᠨᠰᠠᠭ᠎ᠠ ᠶᠢ ᠦᠨᠡᠨᠬᠦ ᠲᠡᠬᠡᠭᠰᠢᠯᠡᠬᠦᠯᠦᠨ᠎ᠠ᠃  ︽ᠠᠷᠪᠠ ᠶᠢ ᠪᠦᠷᠬᠦᠬᠦᠯᠬᠦ︾ ᠢᠨᠵᠧᠨᠧᠷᠢᠩ ᠪᠠ ᠦᠵᠡᠰᠬᠦᠯᠡᠩᠳᠤ ᠰᠠᠶᠢᠬᠠᠨ ᠬᠦᠳᠡᠭᠡ ᠲᠤᠰᠬᠤᠨ ᠤ ᠪᠦᠳᠦᠬᠡᠨ ᠪᠠᠶᠢᠭᠤᠯᠤᠯᠳᠠ ᠲᠠᠢ ᠤᠶᠠᠯᠳᠤᠭᠤᠯᠤᠨ᠂ ︽ᠪᠠᠭ᠎ᠠ ᠪᠤᠯᠪᠠᠴᠤ ᠨᠠᠷᠢᠯᠢᠭ᠂ ᠭᠤᠶᠤ᠂ ᠦᠪᠡᠷᠮᠢᠴᠡ︾ ᠵᠠᠷᠴᠢᠮ ᠤᠨ ᠲᠠᠭᠠᠤ᠂ ᠭᠤᠤᠯᠳᠠᠯᠠᠭᠠᠳᠤ ᠰᠤᠮᠤ ᠪᠠᠯᠭᠠᠰᠤᠨ ᠳᠤ ᠤᠰᠤ᠂ ᠴᠠᠬᠢᠯᠭᠠᠨ᠂ ᠵᠠᠮ ᠭᠤᠷᠪᠠ ᠶᠢ ᠨᠡᠪᠳᠡᠷᠡᠬᠦᠯᠦᠨ᠂ ᠭᠤᠶᠤᠵᠢᠭᠤᠯᠤᠯᠳᠠ᠂ ᠭᠡᠷᠡᠯᠳᠦᠭᠦᠯᠭᠡ᠂ ᠨᠤᠭᠤᠭᠠᠷᠠᠭᠤᠯᠤᠯᠳᠠ᠂ ᠬᠠᠳᠠᠭᠤᠷᠠᠭᠤᠯᠤᠯᠳᠠ ᠬᠢᠵᠤ᠂ ᠠᠯᠤᠰ ᠪᠤᠶᠢᠳᠡ ᠰᠤᠮᠤ ᠪᠠᠯᠭᠠᠰᠤᠨ ᠤ ᠨᠡᠶᠢᠳᠡ ᠶᠢᠨ ᠤᠶᠢᠯᠡᠴᠢᠯᠡᠬᠡᠨ ᠤ ᠬᠠᠮᠤᠷᠬᠤ ᠬᠡᠪᠴᠢᠶ᠎ᠡ ᠶᠢ ᠦᠷᠬᠡᠳᠬᠡᠵᠤ᠂ ᠬᠤᠳᠠ ᠪᠠᠯᠭᠠᠰᠤ ᠪᠤᠯᠤᠨ ᠮᠠᠯᠵᠢᠬᠤ ᠲᠡᠷᠢᠶᠠᠯᠠᠬᠤ ᠤᠷᠤᠨ ᠬᠠᠷᠢᠯᠴᠠᠨ ᠨᠦᠯᠦᠬᠡᠯᠡᠵᠤ᠂ ᠨᠢᠬᠡᠳᠤᠯᠳᠡᠢ ᠬᠦᠭᠵᠢᠬᠦ ᠶᠢ ᠨᠢ ᠠᠬᠢᠭᠤᠯᠤᠨ᠎ᠠ᠃        ︵ᠬᠤᠶᠠᠷ︶  ᠦᠵᠡᠯᠳᠡ ᠪᠠᠨ ᠦᠬᠡᠷᠡᠴᠢᠯᠡᠨ᠂ ᠬᠠᠷᠰᠢ ᠰᠠᠭᠠᠳ ᠢ ᠠᠷᠢᠯᠭᠠᠵᠤ᠂ ᠬᠦᠭᠵᠢᠯᠳᠡ ᠶᠢᠨ ᠶᠠᠰᠤ ᠴᠢᠨᠠᠷ ᠤᠨ ᠲᠡᠬᠡᠭᠰᠢᠯᠡᠯᠳᠡ ᠳᠤ ᠰᠠᠭᠤᠷᠢ ᠲᠠᠯᠪᠢᠨ᠎ᠠ᠃        ᠠᠮᠢ ᠠᠬᠤᠢ ᠶᠢᠨ ᠪᠦᠳᠦᠬᠡᠨ ᠪᠠᠶᠢᠭᠤᠯᠤᠯᠳᠠ ᠶᠢᠨ ᠦᠷ᠎ᠡ ᠪᠦᠳᠦᠮᠵᠢ ᠶᠢ ᠴᠢᠷᠮᠠᠶᠢᠨ ᠪᠠᠬᠢᠵᠢᠬᠦᠯᠦᠨ᠎ᠠ᠃ ᠠᠮᠢ ᠠᠬᠤᠢ ᠶᠢ ᠲᠡᠷᠢᠬᠦᠨ ᠳᠤ ᠲᠠᠯᠪᠢᠬᠤ ᠶᠢ ᠨᠠᠪᠳᠠ ᠳᠡᠭᠡᠨ ᠪᠠᠷᠢᠮᠳᠠᠯᠠᠨ᠂ ᠠᠮᠢ ᠠᠬᠤᠢ ᠶᠢᠨ ᠪᠤᠯᠪᠠᠰᠤᠨ ᠪᠠᠶᠢᠭᠤᠯᠤᠯᠳᠠ ᠶᠢ ᠯᠠᠪᠳᠠᠭᠤᠨ ᠪᠠᠳᠤᠳᠠᠢ ᠲᠦᠯᠬᠢᠨ ᠠᠬᠢᠭᠤᠯᠤᠨ᠎ᠠ᠃ ᠨᠤᠳᠤᠭ ᠪᠡᠯᠴᠢᠬᠡᠷ ᠤᠨ ᠠᠮᠢ ᠠᠬᠤᠢ ᠶᠢᠨ ᠨᠦᠬᠦᠪᠦᠷᠢ ᠱᠠᠩᠨᠠᠯ ᠤᠨ ᠲᠦᠷᠦ ᠶᠢᠨ ᠪᠤᠳᠤᠯᠭ᠎ᠠ᠂ ᠤᠢ ᠰᠢᠭᠤᠢ ᠶᠢᠨ ᠠᠮᠢ ᠠᠬᠤᠢ ᠶᠢᠨ ᠦᠷ᠎ᠡ ᠠᠰᠢᠭ ᠤᠨ ᠨᠦᠬᠦᠪᠤᠷᠢ ᠶᠢᠨ ᠲᠦᠷᠢᠮ ᠢ ᠨᠠᠷᠢᠨ ᠬᠢᠨᠠᠮᠠᠭᠠᠢ ᠲᠤᠤᠱᠯᠠᠭᠤᠯᠤᠨ᠂ ᠮᠠᠯᠴᠢᠳ ᠲᠡᠷᠢᠶᠠᠴᠢᠳ ᠤᠨ ᠠᠮᠢ ᠠᠬᠤᠢ ᠶᠢᠨ ᠬᠠᠮᠠᠭᠠᠯᠠᠯᠳᠠ ᠶᠢᠨ ᠲᠦᠷᠦ ᠶᠢᠨ ᠪᠤᠳᠤᠯᠭ᠎ᠠ ᠶᠢᠨ ᠴᠢᠨᠠᠷᠳᠠᠢ ᠤᠷᠤᠯᠭ᠎ᠠ ᠶᠢ ᠲᠡᠬᠡᠭᠰᠢᠯᠡᠬᠦᠯᠵᠤ᠂ ᠨᠡᠭᠦᠨ ᠰᠢᠯᠵᠢᠵᠦ ᠦᠢᠯᠡᠳᠪᠦᠷᠢᠯᠡᠯ ᠤᠨ ᠬᠡᠯᠪᠡᠷᠢ ᠪᠠᠨ ᠬᠤᠪᠢᠷᠠᠭᠤᠯᠬᠤ ᠰᠠᠭᠤᠷᠢ ᠮᠦᠩᠬᠦ ᠶᠢ ᠪᠠᠶᠢᠭᠤᠯᠤᠨ᠎ᠠ᠃ ᠲᠤᠤᠷᠠᠢ ᠶᠢᠨ ᠤᠢ ᠶᠢᠨ ᠪᠠᠶᠢᠭᠠᠯᠢᠭ ᠬᠠᠮᠠᠭᠠᠯᠠᠯᠳᠠ ᠶᠢᠨ ᠤᠷᠤᠨ᠂ ᠰᠤᠪᠨᠠᠭᠤᠷ ᠤᠨ ᠨᠤᠭᠤ ᠭᠠᠵᠠᠷ ᠤᠨ ᠬᠠᠮᠠᠭᠠᠯᠠᠯᠳᠠ ᠵᠡᠷᠬᠡ ᠢᠨᠵᠧᠨᠧᠷᠢᠩ ᠢ ᠦᠷᠬᠦᠯᠵᠢᠯᠡᠨ ᠬᠡᠷᠡᠭᠵᠢᠬᠦᠯᠵᠤ᠂ ᠵᠠᠭᠤᠨ ᠲᠦᠮᠡᠨ ᠮᠤ᠋ ᠵᠠᠭ ᠤᠨ ᠤᠢ ᠶᠢᠨ ᠤᠶᠢᠵᠢᠭᠤᠯᠤᠯᠳᠠ ᠶᠢᠨ ᠲᠦᠷᠦᠯ ᠵᠤᠶᠢᠯ ᠎ ᠢ ᠡᠬᠢᠯᠡᠬᠦᠯᠦᠨ᠂ 5000 ᠮᠤ᠋ ᠤᠢ ᠰᠢᠭᠤᠢ ᠶᠢ ᠨᠢᠰᠬᠡᠯ ᠢᠶᠠᠷ ᠲᠠᠷᠢᠨ ᠤᠶᠢᠵᠢᠭᠤᠯᠤᠨ᠎ᠠ᠃ ᠴᠠᠬᠢᠯᠳᠠᠭ ᠤᠨ ᠬᠤᠳᠳᠤᠭ ᠤᠨ ᠤᠷᠤᠨ ᠤ ᠠᠮᠢ ᠠᠬᠤᠢ ᠶᠢᠨ ᠬᠠᠮᠠᠭᠠᠯᠠᠯᠳᠠ ᠶᠢᠨ ᠬᠠᠤᠯᠢ ᠬᠡᠷᠡᠭᠵᠢᠬᠦᠯᠦᠨ ᠪᠠᠶᠢᠴᠠᠭᠠᠬᠤ ᠬᠦᠴᠦᠯᠡᠴᠡ ᠪᠠᠨ ᠴᠢᠩᠭᠠᠳᠬᠠᠨ᠂ ᠡᠵᠡᠨ᠎ᠡ ᠭᠤᠤᠯ ᠤᠨ ᠲᠡᠬᠡᠳᠤ ᠲᠤᠮᠳᠠ ᠤᠷᠤᠰᠬᠠᠯ ᠤᠨ ᠤᠷᠤᠨ ᠤ ᠤᠰᠤᠨ ᠠᠰᠢᠭᠯᠠᠯᠳᠠ ᠶᠢᠨ ᠡᠬᠢ ᠪᠠᠶᠠᠯᠢᠭ ᠪᠤᠯᠤᠨ ᠠᠮᠢ ᠠᠬᠤᠢ ᠶᠢᠨ ᠤᠷᠴᠢᠨ ᠲᠤᠭᠤᠷᠢᠨ ᠢ ᠡᠪᠳᠡᠬᠦ ᠠᠵᠢᠯᠯᠠᠭᠠᠨ ᠳᠤ ᠡᠷᠡᠰ ᠴᠤᠬᠢᠯᠳᠠ ᠦᠭᠴᠤ ᠬᠤᠷᠢᠭᠯᠠᠨ᠎ᠠ᠃ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠤᠨ᠂ ᠬᠡᠪᠴᠢᠶ᠎ᠡ ᠬᠤᠪᠢᠶᠠᠷᠢᠯᠠᠨ ᠡᠬᠡᠯᠵᠢᠯᠡᠨ ᠤᠰᠤᠯᠠᠵᠤ᠂ ᠤᠯᠠᠮ ᠶᠡᠭᠡ ᠤᠰᠤᠨ ᠰᠤᠷᠪᠤᠯᠵᠢ ᠶᠢ ᠲᠤᠤᠷᠠᠢ ᠶᠢᠨ ᠤᠢ ᠳᠤ ᠵᠠᠯᠠᠨ ᠤᠷᠤᠭᠤᠯᠵᠤ᠂ ᠬᠠᠷ᠎ᠠ ᠭᠤᠤᠯ ᠤᠨ ᠠᠮᠢ ᠠᠬᠤᠢ ᠶᠢᠨ ᠦᠷ᠎ᠡ ᠠᠰᠢᠭ ᠢ ᠬᠠᠮᠤᠭ ᠶᠡᠭᠡ ᠬᠡᠮᠵᠢᠶᠠᠨ ᠳᠤ ᠬᠦᠷᠬᠡᠨ᠎ᠡ᠃ ᠤᠰᠤᠨ ᠠᠰᠢᠭᠯᠠᠯᠳᠠ ᠶᠢᠨ ᠰᠠᠭᠤᠷᠢ ᠲᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠶᠢ ᠴᠢᠩᠭᠠᠳᠬᠠᠨ᠂ ᠬᠠᠷ᠎ᠠ ᠭᠤᠤᠯ ᠤᠨ ᠲᠤᠤᠷᠠᠳᠤ ᠤᠷᠤᠰᠬᠠᠯ ᠢ ᠵᠠᠰᠠᠬᠤ ᠢᠨᠵᠧᠨᠧᠷᠢᠩ ᠢ ᠪᠠᠶᠠᠯᠠᠬᠦᠯᠵᠤ᠂ ᠨᠠᠷᠢᠨ ᠭᠤᠤᠯ ᠤᠨ ᠤᠷᠤᠰᠬᠠᠯ ᠢ ᠨᠠᠪᠳᠡᠷᠡᠬᠦᠯᠬᠦ ᠢᠨᠵᠧᠨᠧᠷᠢᠩ ᠢ  ᠬᠡᠷᠡᠭᠵᠢᠬᠦᠯᠦᠨ᠂ ᠴᠡᠭᠡ ᠲᠤᠤᠷᠠᠳᠤ ᠤᠷᠤᠰᠬᠠᠯ ᠤᠨ ᠴᠠᠭᠠᠨ ᠠᠮᠠ ᠤᠰᠤᠨ ᠬᠠᠰᠢᠯᠭ᠎ᠠ ᠶᠢ ᠰᠢᠨ᠎ᠠ ᠎ ᠪᠠᠷ ᠪᠠᠶᠢᠭᠤᠯᠤᠨ᠂ ᠤᠨᠴᠠ ᠶᠢᠨ ᠭᠤᠤᠯ᠂ ᠬᠠᠷ᠎ᠠ ᠰᠤᠬᠠᠢ᠂ ᠴᠡᠴᠡᠭ ᠤᠪᠤᠭ᠎ᠠ ᠭᠤᠷᠪᠠᠨ ᠲᠤᠮᠳᠠ ᠬᠡᠯᠪᠡᠷᠢ ᠶᠢᠨ ᠤᠰᠤᠨ ᠬᠠᠰᠢᠯᠭ᠎ᠠ ᠶᠢ ᠪᠠᠳᠤᠳᠬᠠᠨ ᠵᠠᠰᠠᠬᠤ ᠢᠨᠵᠧᠨᠧᠷᠢᠩ ᠢ ᠴᠢᠷᠮᠠᠶᠢᠨ ᠡᠬᠢᠯᠡᠬᠦᠯᠦᠨ᠎ᠠ᠃ ᠭᠤᠷᠪᠠᠳᠤᠭᠠᠷ ᠤᠳᠠᠭᠠᠨ ᠎ ᠤ ᠪᠦᠬᠦ ᠤᠯᠤᠰ ᠤᠨ ᠲᠡᠷᠢᠶᠠᠯᠠᠩ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠪᠠ ᠭᠠᠵᠠᠷ ᠰᠢᠷᠤᠢ ᠶᠢᠨ ᠡᠷᠬᠡ ᠶᠢ ᠲᠤᠳᠤᠳᠬᠠᠬᠤ ᠠᠵᠢᠯ ᠢ ᠰᠠᠶᠢᠳᠤᠷ ᠬᠢᠨ᠂ ᠭᠠᠵᠠᠷ ᠰᠢᠷᠤᠢ ᠶᠢᠨ ᠴᠡᠭᠴᠡᠯᠡᠨ ᠵᠠᠰᠠᠯᠳᠠ ᠶᠢ ᠬᠦᠨᠵᠡᠬᠡᠶᠢᠷᠡᠬᠦᠯᠦᠨ ᠠᠬᠢᠭᠤᠯᠵᠤ᠂ ᠬᠠᠤᠯᠢ ᠪᠤᠰᠤ ᠪᠠᠷ ᠭᠠᠵᠠᠷ ᠬᠠᠭᠠᠯᠪᠤᠷᠢᠯᠠᠵᠤ ᠲᠡᠷᠢᠶᠠᠯᠠᠬᠤ᠂ ᠲᠠᠭᠠᠭᠠᠴᠠ ᠠᠴᠠ ᠬᠡᠳᠤᠷᠡᠬᠦᠯᠦᠨ ᠮᠠᠯᠵᠢᠬᠤ᠂ ᠴᠠᠭᠠᠨ ᠦᠩᠬᠡᠳᠤ ᠪᠤᠭᠢᠷᠳᠦᠯ ᠢ ᠡᠬᠦᠰᠬᠡᠬᠦ ᠵᠡᠷᠬᠡ ᠠᠮᠢ ᠠᠬᠤᠢ ᠶᠢᠨ ᠤᠷᠴᠢᠨ ᠲᠤᠭᠤᠷᠢᠨ ᠢ ᠡᠪᠳᠡᠭᠰᠡᠨ ᠬᠠᠤᠯᠢ ᠵᠦᠷᠢᠴᠡᠭᠰᠡᠨ ᠠᠵᠢᠯᠯᠠᠭᠠᠨ ᠳᠤ ᠬᠦᠨᠳᠤ ᠴᠤᠬᠢᠯᠳᠠ ᠦᠭᠬᠦᠨ᠎ᠠ᠃ ᠤᠷᠴᠢᠨ ᠲᠤᠭᠤᠷᠢᠨ ᠤ ᠬᠠᠮᠠᠭᠠᠯᠠᠯᠳᠠ ᠎ ᠶᠢᠨ ᠲᠦᠷᠢᠮ ᠢ ᠴᠢᠩᠭ᠎ᠠ ᠬᠡᠷᠡᠭᠵᠢᠬᠦᠯᠦᠨ᠂ ᠲᠦᠷᠦᠯ ᠵᠤᠶᠢᠯ ᠢ ᠤᠯᠭᠤᠬᠤ ᠬᠢᠨᠠᠨ ᠵᠦᠪᠰᠢᠶᠡᠷᠡᠬᠦ ᠪᠠᠷᠢᠮᠵᠢᠶ᠎ᠠ ᠶᠢ ᠲᠠᠭᠡᠭᠰᠢᠯᠡᠬᠦᠯᠵᠤ᠂ ᠡᠨᠧᠷᠬᠢ ᠠᠷᠪᠢᠯᠠᠨ ᠪᠤᠬᠢᠷᠳᠤᠯ ᠪᠠᠭᠠᠰᠬᠠᠬᠤ ᠬᠠᠷᠠᠯᠳᠠᠳᠤ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠬᠡᠷᠡᠭᠵᠢᠬᠦᠯᠦᠨ᠂ ᠪᠤᠬᠢᠷᠳᠤᠯ ᠤᠰᠤ ᠰᠡᠢᠳᠪᠤᠷᠢᠯᠡᠬᠦ ᠤᠶᠢᠯᠡᠳᠪᠤᠷᠢ ᠪᠤᠯᠤᠨ ᠬᠤᠭ ᠨᠤᠪᠰᠢ ᠰᠡᠢᠳᠪᠤᠷᠢᠯᠡᠬᠦ ᠤᠶᠢᠯᠡᠳᠪᠤᠷᠢ ᠶᠢᠨ ᠠᠵᠢᠯ ᠢ ᠭᠤᠤᠯᠳᠠᠯᠠᠭ᠎ᠠ ᠲᠠᠢ ᠠᠳᠬᠤᠨ᠎ᠠ᠃ ᠶᠠᠰᠤ ᠴᠢᠨᠠᠷ ᠢᠶᠠᠷ ᠬᠤᠰᠢᠭᠤ ᠪᠠᠨ ᠮᠠᠨᠳᠤᠭᠤᠯᠬᠤ ᠪᠠ ᠠᠮᠢ ᠠᠬᠤᠢ ᠶᠢᠨ ᠰᠤᠶᠤᠯ ᠤᠨ ᠬᠦᠭᠵᠢᠬᠦᠯᠦᠯᠲᠡ ᠶᠢ ᠶᠡᠭᠡ ᠪᠠᠷ ᠠᠬᠢᠭᠤᠯᠤᠨ᠂ ᠲᠤᠤᠷ᠎ᠠ ᠨᠡᠬᠦᠷᠡᠰᠦᠳᠦ᠋ᠷᠦᠭᠴᠢᠳᠤ ᠪᠤᠬᠢᠷᠳᠤᠯ ᠦᠬᠡᠢ ᠬᠡᠷᠡᠭᠯᠡᠬᠡᠨ ᠤ ᠦᠵᠡᠯᠳᠡ ᠶᠢ ᠪᠤᠢ ᠪᠤᠯᠭᠠᠨ᠎ᠠ᠃ ᠨᠡᠶᠢᠳᠡ ᠶᠢᠨ ᠪᠠᠶᠢᠭᠤᠯᠤᠮᠵᠢ ᠶᠢᠨ ᠡᠨᠧᠷᠬᠢ ᠠᠷᠪᠢᠯᠠᠬᠤ ᠠᠵᠢᠯ ᠢ ᠬᠦᠨᠵᠡᠬᠡᠶᠢᠷᠡᠬᠦᠯᠦᠨ ᠠᠬᠢᠭᠤᠯᠵᠤ᠂ ᠪᠤᠬᠢᠷᠳᠤᠯ ᠦᠬᠡᠢ ᠬᠦᠭᠵᠢᠯᠳᠡ ᠶᠢᠨ ᠪᠠᠳᠤᠯᠠᠭᠠᠨ ᠤ ᠰᠢᠰᠲ᠋ᠧᠮ ᠢ ᠴᠤᠭᠴᠠᠯᠠᠨ ᠪᠠᠶᠢᠭᠤᠯᠤᠨ᠎ᠠ᠃        ᠮᠠᠯᠵᠢᠬᠤ ᠲᠡᠷᠢᠶᠠᠯᠠᠬᠤ ᠠᠵᠤ ᠤᠶᠢᠯᠡᠰ ᠤᠨ ᠪᠦᠳᠦᠴᠡ ᠶᠢ ᠬᠦᠴᠦᠯᠡᠨ ᠰᠢᠯᠢᠳᠡᠭᠵᠢᠬᠦᠯᠦᠨ᠎ᠠ᠃ ᠠᠮᠢ ᠠᠬᠤᠢ ᠶᠢᠨ ᠦᠷ᠎ᠡ ᠠᠰᠢᠭ ᠪᠤᠯᠤᠨ ᠠᠵᠤ ᠠᠬᠤᠢ ᠶᠢᠨ ᠦᠷ᠎ᠡ ᠠᠰᠢᠭ ᠢ ᠵᠡᠷᠬᠡᠪᠡᠷ ᠴᠢᠬᠤᠯᠠᠴᠢᠯᠠᠨ᠂ ᠲᠡᠷᠢᠶᠠᠯᠠᠩ ᠮᠠᠯ ᠠᠵᠤ ᠠᠬᠤᠢ ᠶᠢᠨ ᠤᠳᠤᠬᠢᠴᠢᠯᠠᠯᠳᠠ ᠶᠢᠨ ᠪᠦᠳᠦᠬᠡᠨ ᠪᠠᠶᠢᠭᠤᠯᠤᠯᠳᠠ ᠶᠢ ᠲᠦᠷᠭᠡᠳᠬᠡᠨ᠂ ᠲᠡᠷᠢᠶᠠᠯᠠᠩ ᠮᠠᠯ ᠠᠵᠤ ᠠᠬᠤᠢ ᠶᠢᠨ ᠬᠦᠭᠵᠢᠯᠳᠡ ᠶᠢᠨ ᠠᠷᠭ᠎ᠠ ᠬᠡᠯᠪᠡᠷᠢ ᠶᠢ ᠬᠦᠴᠦᠯᠡᠨ ᠦᠬᠡᠷᠡᠴᠢᠯᠡᠨ᠎ᠡ᠃ ᠲᠡᠷᠢᠶᠠᠨ ᠭᠠᠵᠠᠷ ᠤᠨ ᠲᠠᠯᠠᠪᠠᠢ ᠶᠢ ᠴᠢᠩᠭ᠎ᠠ ᠬᠢᠵᠠᠭᠠᠷᠯᠠᠵᠤ᠂ ᠤᠰᠤ ᠠᠷᠪᠢᠯᠠᠬᠤ ᠤᠨᠴᠠᠯᠢᠭᠳᠤ ᠲᠡᠷᠢᠶᠠᠯᠠᠩ ᠢ ᠢᠳᠡᠪᠬᠢᠳᠡᠢ ᠲᠦᠬᠡᠮᠡᠯᠵᠢᠬᠦᠯᠦᠨ᠂ ᠠᠷᠪᠢᠯᠠᠬᠤ ᠴᠢᠨᠠᠷᠳᠠᠢ ᠤᠰᠤᠵᠢᠭᠤᠯᠤᠯᠲᠠ ᠶᠢᠨ ᠲᠠᠯᠠᠪᠠᠢ ᠶᠢ 1 ᠲᠦᠮᠡᠨ ᠮᠤ᠋ ᠨᠡᠮᠡᠭᠳᠡᠬᠦᠯᠦᠨ᠂ ᠪᠤᠬᠢᠷᠳᠤᠯ ᠦᠬᠡᠢ ᠪᠠᠯᠳᠤ ᠬᠡᠮᠬᠡ 1.5 ᠲᠦᠮᠡᠨ ᠮᠤ᠋᠂ ᠨᠤᠬᠠᠢ ᠶᠢᠨ ᠬᠠᠷᠮᠠᠭ 1000 ᠮᠤ᠋᠂ ᠤᠯᠠᠭᠠᠨ ᠴᠢᠪᠠᠭ᠎ᠠ 500 ᠮᠤ᠋ ᠶᠢ ᠦᠷᠬᠡᠳᠬᠡᠨ ᠲᠠᠷᠢᠨ᠎ᠠ᠃ ᠲᠡᠷᠢᠶᠠᠯᠠᠩ ᠮᠠᠯ ᠠᠵᠤ ᠠᠬᠤᠢ ᠶᠢᠨ ᠲᠤᠯᠤᠭᠠᠶᠢᠯᠠᠬᠤ ᠠᠵᠤ ᠠᠬᠤᠶᠢᠯᠠᠯ ᠢ ᠲᠤᠰᠠᠯᠠᠨ ᠲᠡᠳᠬᠦᠬᠦ ᠬᠦᠴᠦᠯᠡᠴᠡ ᠪᠠᠨ ᠨᠡᠮᠡᠭᠳᠡᠬᠦᠯᠵᠤ᠂ ᠪᠢᠩ ᠰᠢᠦᠸᠧᠢ ᠵᠢᠮᠢᠰ ᠤᠨ ᠤᠶᠢᠯᠡᠰ ᠤᠨ ᠪᠠᠯᠳᠤ ᠬᠡᠮᠬᠡ ᠎ ᠶᠢ ᠨᠡᠷᠢᠯᠢᠭ᠋ ᠪᠤᠯᠪᠠᠰᠤᠷᠠᠭᠤᠯᠬᠤ ᠪᠦᠳᠦᠬᠡᠨ ᠪᠠᠶᠢᠭᠤᠯᠤᠯᠳᠠ ᠶᠢ ᠭᠤᠤᠯᠴᠢᠯᠠᠨ ᠠᠳᠬᠤᠵᠤ᠂ ᠮᠠᠯᠴᠢᠳ ᠲᠡᠷᠢᠶᠠᠴᠢᠳ ᠎ ᠤᠨ ᠤᠷᠤᠯᠭ᠎ᠠ ᠪᠠᠨ ᠨᠡᠮᠡᠭᠳᠡᠬᠦᠯᠬᠦ ᠠᠷᠭ᠎ᠠ ᠵᠠᠮ ᠢ ᠨᠢ ᠦᠷᠬᠡᠵᠢᠬᠦᠯᠦᠨ᠎ᠠ᠃ ᠨᠤᠳᠤᠭ ᠪᠡᠯᠴᠢᠬᠡᠷ ᠤᠨ ᠲᠠᠭᠠᠭᠠᠴᠠ ᠪᠠᠷ ᠮᠠᠯ ᠤᠨ ᠲᠤᠭ᠎ᠠ ᠶᠢ ᠲᠤᠭᠳᠠᠭᠠᠨ᠂ ᠵᠤᠬᠢᠮᠵᠢᠳᠠᠢ ᠦᠷᠡᠵᠢᠭᠦᠯᠵᠦ᠂ ᠮᠠᠯ ᠤᠨ ᠡᠬᠦᠯᠳᠡᠷ ᠢ ᠰᠠᠶᠢᠵᠢᠷᠠᠭᠤᠯᠤᠨ᠂ ᠮᠠᠯ ᠎ ᠤᠨ ᠪᠤᠷᠤᠯᠠᠭᠤᠯᠤᠯᠳᠠ ᠪᠠ ᠡᠷᠬᠢᠯᠳᠡ ᠶᠢᠨ ᠨᠤᠷᠮ᠎ᠠ ᠶᠢ ᠲᠦᠷᠬᠡᠳᠬᠡᠨ᠂ ᠮᠠᠯᠴᠢᠳ ᠲᠡᠷᠢᠶᠠᠴᠢᠳ ᠤᠨ ᠤᠷᠤᠯᠭ᠎ᠠ ᠶᠢ ᠦᠨᠡᠨᠬᠦ ᠲᠡᠬᠡᠭᠰᠢᠯᠡᠬᠦᠯᠦᠨ᠎ᠠ᠃ ︽ᠡᠯᠡᠰᠤᠨ ᠲᠡᠷᠢᠮᠡᠯ ᠤᠨ ᠠᠵᠤ ᠤᠶᠢᠯᠡᠰ ᠤᠨ ᠬᠦᠭᠵᠢᠯᠳᠡ ᠶᠢ ᠲᠡᠳᠬᠦᠬᠦ ᠬᠠᠷᠠᠭᠠᠯᠵᠠᠯ ᠤᠨ ᠠᠷᠭ᠎ᠠ︾᠎ ᠶᠢ ᠨᠠᠶᠢᠷᠠᠭᠤᠯᠤᠨ ᠲᠤᠭᠳᠠᠭᠠᠵᠤ᠂ ᠵᠠᠭ ᠪᠠ ᠴᠠᠭᠠᠨ ᠭᠤᠶᠤᠤ ᠶᠢᠨ ᠲᠠᠷᠢᠯᠳᠠ ᠶᠢ ᠶᠡᠬᠡᠰᠬᠡᠨ᠂ ᠤᠨᠴᠠᠯᠢᠭᠳᠤ ᠡᠯᠡᠰᠤᠨ ᠲᠡᠷᠢᠮᠠᠯ ᠤᠨ ᠠᠵᠤ ᠤᠶᠢᠯᠡᠰ ᠢ ᠲᠠᠰᠤᠷᠠᠯᠳᠠ ᠦᠬᠡᠢ ᠪᠤᠵᠠᠭᠠᠶᠢᠷᠠᠭᠤᠯᠤᠨ᠂ ᠮᠠᠯᠵᠢᠬᠤ ᠲᠡᠷᠢᠶᠠᠯᠠᠬᠤ ᠠᠵᠤ ᠤᠶᠢᠯᠡᠰ ᠤᠨ ᠲᠠᠪᠬᠤᠷ ᠦᠷ᠎ᠡ ᠠᠰᠢᠭ ᠢ ᠲᠡᠬᠡᠭᠰᠢᠯᠡᠬᠦᠯᠦᠨ᠎ᠠ᠃ ︽ᠠᠯᠬᠤᠵᠤ ᠭᠠᠷᠬᠤ ᠂ ᠲᠠᠲᠠᠵᠤ ᠤᠷᠤᠭᠤᠯᠬᠤ︾ ᠬᠡᠯᠪᠡᠷᠢ ᠶᠢ ᠬᠡᠷᠡᠭᠯᠡᠨ᠂ ᠮᠠᠯᠴᠢᠳ ᠲᠠᠷᠢᠶᠠᠴᠢᠳ ᠤᠨ ᠬᠡᠷᠡᠭᠯᠡᠨ ᠤ ᠮᠡᠷᠭᠡᠵᠢᠯ ᠤᠨ ᠪᠤᠯᠪᠠᠰᠤᠷᠠᠯ ᠢ ᠰᠠᠶᠢᠲᠤᠷ ᠠᠳᠬᠤᠨ᠎ᠡ᠃ ᠠᠷᠠᠯᠵᠢᠶᠠᠨ ᠤ ᠶᠠᠪᠤᠳᠠᠯ ᠤᠨ ᠵᠠᠭᠤᠴᠢᠯᠠᠭᠴᠢ ᠶᠢᠨ ᠡᠩᠨᠡᠭᠡ᠂ ᠬᠤᠷᠰᠢᠶᠠᠵᠢᠯ ᠤᠨ ᠪᠠᠶᠢᠭᠤᠯᠤᠯᠳᠠ ᠶᠢ ᠴᠢᠩᠭᠠᠳᠬᠠᠨ᠂ ︽ᠨᠧᠲ ᠰᠦᠯᠵᠢᠶ᠎ᠠ + ᠠᠵᠤ ᠠᠬᠤᠶᠢᠯᠠᠯ + ᠰᠠᠭᠤᠷᠢᠨ ᠭᠠᠵᠠᠷ + ᠰᠢᠨ᠎ᠠ ᠮᠠᠶ᠋ᠢᠭ ᠤᠨ ᠮᠠᠯᠴᠢᠨ ᠲᠡᠷᠢᠶᠠᠴᠢᠨ︾ ᠬᠡᠬᠦ ᠠᠵᠤ ᠤᠶᠢᠯᠡᠰᠵᠢᠭ᠌ᠰᠠᠨ ᠬᠦᠭᠵᠢᠯᠳᠡ ᠶᠢᠨ ᠬᠡᠯᠪᠡᠷᠢ ᠶᠢ ᠵᠢᠯᠤᠭᠤᠳᠤᠨ ᠬᠦᠭᠵᠢᠬᠦᠯᠵᠤ᠂ ᠮᠠᠯᠴᠢᠳ ᠲᠡᠷᠢᠶᠠᠴᠢᠳ ᠲᠤ ᠠᠵᠤ ᠤᠶᠢᠯᠡᠰᠵᠢᠭ᠌ᠰᠠᠨ ᠡᠵᠡᠩᠨᠡᠯᠳᠡ ᠲᠤᠮᠳᠠ ᠠᠴᠠ ᠤᠯᠠᠮ ᠶᠡᠭᠡ ᠠᠰᠢᠭ ᠬᠦᠷᠳᠡᠬᠡᠨ᠎ᠡ᠃ ᠮᠠᠯ ᠠᠮᠢᠳᠠᠨ ᠤ ᠬᠢᠵᠢᠭ ᠢ ᠰᠡᠷᠬᠡᠶᠢᠯᠡᠨ ᠡᠵᠡᠮᠳᠡᠬᠦ ᠬᠦᠴᠦᠯᠡᠴᠡ ᠪᠠᠨ ᠨᠡᠮᠡᠭᠳᠡᠬᠦᠯᠦᠨ᠂ ᠤᠢ ᠰᠢᠭᠤᠢ ᠡᠪᠡᠰᠤ ᠪᠡᠯᠴᠢᠬᠡᠷ ᠤᠨ ᠭᠠᠯ ᠠᠴᠠ ᠰᠡᠷᠬᠡᠶᠢᠯᠡᠬᠦ ᠠᠵᠢᠯ ᠢ ᠪᠦᠬᠦ ᠲᠠᠯ᠎ᠠ ᠪᠠᠷ ᠰᠠᠶᠢᠳᠤᠷ ᠬᠢᠨ᠎ᠠ᠃        ᠤᠶᠢᠯᠡᠳᠪᠤᠷᠢ ᠠᠵᠤ ᠠᠬᠤᠢ ᠶᠢᠨ ᠦᠨᠳᠤᠷ ᠠᠰᠢᠭᠯᠠᠮᠵᠢᠲᠤ ᠬᠦᠭᠵᠢᠯᠳᠡ ᠶᠢ ᠬᠦᠴᠦᠯᠡᠨ ᠠᠬᠢᠭᠤᠯᠤᠨ᠎ᠠ᠃ ᠠᠵᠤ ᠤᠶᠢᠯᠡᠰ ᠤᠨ ᠪᠦᠳᠦᠴᠡ ᠶᠢᠨ ᠲᠤᠬᠢᠷᠠᠭᠤᠯᠤᠯᠳᠠ ᠪᠠᠷ ᠭᠤᠤᠯ ᠱᠤᠭᠤᠮ ᠪᠤᠯᠭᠠᠵᠤ᠂ ᠲᠦᠷᠦᠯ ᠵᠤᠶᠢᠯ ᠤᠨ ᠪᠦᠳᠦᠬᠡᠨ ᠪᠠᠶᠢᠭᠤᠯᠤᠯᠳᠠ ᠪᠠᠷ ᠲᠤᠯᠭᠠᠭᠤᠷᠢᠯᠠᠨ᠂ ᠠᠭᠤᠷᠬᠠᠢ ᠶᠢᠨ ᠡᠬᠢ ᠪᠠᠶᠠᠯᠢᠭ ᠢ ᠪᠦᠳᠦᠮᠵᠢᠳᠡᠢ ᠴᠡᠭᠴᠡᠯᠡᠨ ᠨᠢᠬᠡᠳᠤᠬᠦᠯᠵᠤ᠂ ᠠᠵᠤ ᠤᠶᠢᠯᠡᠳᠪᠤᠷᠢ ᠶᠢᠨ ᠠᠵᠤ ᠠᠬᠤᠶᠢᠯᠠᠯ ᠪᠤᠯᠤᠨ ᠲᠦᠷᠦᠯ ᠵᠤᠶᠢᠯ ᠢ ᠢᠳᠡᠪᠬᠢᠳᠡᠢ ᠤᠳᠤᠷᠢᠳᠤᠨ ᠴᠡᠭᠡ ᠪᠤᠭᠤᠮᠳᠠ ᠲᠡᠰᠢ ᠲᠦᠪᠯᠡᠷᠡᠭᠦᠯᠵᠦ᠂ ᠠᠵᠤ ᠤᠶᠢᠯᠡᠳᠪᠤᠷᠢ ᠶᠢᠨ ᠠᠵᠤ ᠠᠬᠤᠢ ᠶᠢ ᠵᠢᠯᠤᠭᠤᠳᠤᠨ ᠪᠤᠬᠢᠷᠳᠤᠯ ᠦᠬᠡᠢ ᠬᠦᠭᠵᠢᠭᠦᠯᠦᠨ᠎ᠡ᠃ ᠤᠯᠤᠰ ᠤᠨ ᠲᠦᠷᠦ ᠶᠢᠨ ᠪᠤᠳᠤᠯᠭ᠎ᠠ ᠶᠢᠨ ᠬᠠᠨᠳᠤᠰᠢ ᠶᠢ ᠨᠠᠷᠢᠯᠢᠭ ᠰᠤᠳᠤᠯᠵᠤ᠂ ᠰᠤᠷᠠᠭ ᠵᠡᠩᠬᠢ ᠶᠢ ᠰᠠᠭᠠᠳ ᠦᠬᠡᠢ ᠨᠡᠪᠳᠡᠷᠡᠬᠦᠯᠦᠨ᠂ ᠲᠦᠷᠦᠯ ᠵᠤᠶᠢᠯ ᠪᠦᠷᠢ ᠶᠢ ᠠᠰᠢᠭᠯᠠᠯᠲᠠ ᠳᠤ ᠡᠷᠲᠡᠬᠡᠨ ᠤᠷᠤᠭᠤᠯᠬᠤ ᠪᠠᠷ ᠴᠢᠷᠮᠠᠶᠢᠨ᠎ᠠ᠃ ᠡᠨᠧᠷᠬᠢ ᠶᠢ ᠰᠢᠨ᠎ᠡ ᠬᠡᠯᠪᠡᠷᠢ ᠪᠠᠷ ᠲᠠᠷᠬᠠᠭᠠᠨ ᠬᠠᠩᠭᠠᠬᠤ ᠲᠦᠷᠦᠯ ᠵᠤᠶᠢᠯ ᠢ ᠵᠤᠷᠢᠭᠵᠢᠭᠤᠯᠤᠨ ᠦᠷᠨᠢᠬᠦᠯᠵᠤ᠂ ᠤᠶᠤᠨᠴᠢᠯᠠᠭᠰᠠᠨ ᠪᠢᠴᠢᠯ ᠴᠠᠬᠢᠯᠭᠠᠨ ᠲᠤᠤᠷᠵᠢᠯ ᠤᠨ ᠪᠦᠳᠦᠬᠡᠨ ᠪᠠᠶᠢᠭᠤᠯᠤᠯᠳᠠ ᠎ ᠶᠢ ᠲᠦᠯᠬᠢᠨ ᠠᠬᠢᠭᠤᠯᠤᠨ᠎ᠠ᠃ ᠵᠤᠬᠢᠴᠠᠭᠤᠯᠤᠨ ᠤᠶᠢᠯᠡᠴᠢᠯᠡᠬᠦ ᠬᠦᠴᠦᠯᠡᠴᠡ ᠪᠠᠨ ᠴᠢᠩᠭᠠᠳᠬᠠᠵᠤ᠂ ᠴᠢᠩ ᠬᠤᠸᠠ ᠪᠦᠯᠦᠭᠯᠡᠯ ᠤᠨ 100 ᠰᠠᠶ᠎ᠠ ᠸᠠᠲ ᠰᠠᠯᠬᠢ ᠴᠠᠬᠢᠯᠭᠠᠨ᠂ ᠡᠸ᠋ᠨ ᠹᠸᠢ ᠪᠦᠯᠦᠭᠯᠡᠯ ᠤᠨ 20 ᠰᠠᠶ᠎ᠠ ᠸᠠᠲ ᠬᠡᠷᠡᠯᠯᠢᠭ ᠴᠠᠬᠢᠯᠭᠠᠨ ᠭᠠᠷᠭᠠᠬᠤ ᠲᠦᠷᠦᠯ ᠵᠤᠶᠢᠯ ᠢ ᠡᠬᠢᠯᠡᠬᠦᠯᠵᠤ ᠪᠦᠳᠦᠬᠡᠨ ᠪᠠᠶᠢᠭᠤᠯᠬᠤ ᠶᠢ ᠨᠢ ᠠᠬᠢᠭᠤᠯᠤᠨ᠂ ᠴᠢᠩ ᠬᠤᠸᠠ 2×50 ᠰᠠᠶ᠎ᠠ ᠸᠠᠲ ᠢᠯᠴᠢ ᠴᠠᠬᠢᠯᠭᠠᠨ ᠢ ᠬᠠᠮᠳᠤᠳᠬᠠᠨ ᠤᠶᠢᠯᠡᠳᠪᠤᠷᠢᠯᠡᠬᠦ᠂ ᠺᠠᠢ ᠹᠧᠩ ᠠᠭᠤᠷᠬᠠᠢ ᠶᠢᠨ ᠠᠵᠤ ᠤᠶᠢᠯᠡᠰ ᠤᠨ 1500 ᠲᠦᠮᠡᠨ ᠬᠠᠪᠳᠠᠭᠠᠢ ᠲᠦᠷᠪᠡᠯᠵᠢᠨ ᠮᠧᠲᠷ ᠴᠢᠯᠠᠭᠤᠨ ᠮᠡᠲ᠋ᠧᠷᠢᠶᠠᠯ ᠪᠤᠯᠪᠠᠰᠤᠷᠠᠭᠤᠯᠬᠤ᠂ ᠶᠤᠸᠠᠨ ᠲᠤᠩ ᠠᠭᠤᠷᠬᠠᠢ ᠶᠢᠨ ᠠᠵᠤ ᠤᠶᠢᠯᠡᠰ ᠤᠨ ᠶᠡᠷᠤᠩᠬᠡᠶᠢᠯᠡᠨ ᠨᠡᠬᠡᠬᠡᠨ ᠮᠠᠯᠳᠠᠬᠤ ᠪᠠ ᠳᠠᠬᠢᠨ ᠠᠰᠢᠭᠯᠠᠬᠤ ᠵᠡᠷᠭᠡ ᠲᠦᠷᠦᠯ ᠵᠤᠶᠢᠯ ᠢ ᠠᠰᠢᠭᠯᠠᠯᠳᠠ ᠳᠤ ᠤᠷᠤᠭᠤᠯᠤᠨ ᠦᠷ᠎ᠡ ᠠᠰᠢᠭ ᠤᠯᠤᠨ᠎ᠠ᠃ ᠠᠵᠤ ᠠᠬᠤᠢ ᠶᠢᠨ ᠡᠷᠬᠢᠯᠳᠡ ᠪᠤᠯᠤᠨ ᠬᠢᠨᠠᠨ ᠰᠢᠯᠭᠠᠯᠳᠠ ᠶᠢ ᠰᠠᠶᠢᠳᠤᠷ ᠠᠳᠬᠤᠨ᠂ ᠭᠤᠤᠯᠳᠠᠯᠠᠭᠠᠳᠤ ᠲᠦᠷᠦᠯ ᠵᠤᠶᠢᠯ ᠤᠨ ᠤᠶᠢᠯᠡᠴᠢᠯᠡᠭᠡ ᠪᠤᠯᠤᠨ ᠬᠠᠮᠢᠶᠠᠷᠤᠯᠳᠠ ᠶᠢ ᠴᠢᠩᠭᠠᠳᠬᠠᠵᠤ᠂ ᠤᠳᠤᠷᠢᠳᠤᠯᠭ᠎ᠠ ᠺᠠᠳ᠋ᠷ ᠠᠵᠤ ᠠᠬᠤᠶᠢᠯᠡᠯ ᠲᠠᠢ ᠬᠠᠷᠢᠯᠴᠠᠬᠤ ᠲᠦᠷᠢᠮ ᠢ ᠦᠷᠬᠦᠯᠵᠢᠯᠡᠨ ᠨᠠᠶᠢᠳᠠᠪᠤᠷᠢᠵᠢᠭᠤᠯᠤᠨ᠎ᠠ᠃ ᠡᠬᠢ ᠪᠠᠶᠠᠯᠢᠭ ᠢ ᠬᠠᠶᠢᠨ ᠰᠢᠨᠵᠢᠯᠡᠬᠦ ᠪᠠ ᠨᠦᠬᠡᠴᠡᠯᠡᠬᠦ ᠬᠦᠴᠦᠯᠡᠴᠡ ᠪᠠᠨ ᠶᠡᠬᠡᠰᠬᠡᠨ᠂ ᠪᠦᠬᠦ ᠬᠤᠰᠢᠭᠤᠨ ᠤ ᠠᠵᠤ ᠠᠬᠤᠢ ᠶᠢᠨ ᠦᠷᠬᠦᠯᠵᠢᠬᠦᠶᠢᠴᠡ ᠬᠦᠭᠵᠢᠯᠳᠡ ᠳᠤ ᠡᠬᠢ ᠪᠠᠶᠠᠯᠢᠭ ᠤᠨ ᠪᠠᠳᠤᠯᠠᠭ᠎ᠠ ᠬᠠᠩᠭᠠᠨ᠎ᠠ᠃ ᠪᠡᠩᠬᠢ ᠪᠤᠯᠤᠨ ᠠᠵᠤ ᠠᠬᠤᠶᠢᠯᠠᠯ ᠤᠨ ᠬᠠᠷᠢᠯᠴᠠᠵᠤ ᠠᠪᠤᠴᠠᠯᠳᠤᠬᠤ ᠬᠦᠴᠦᠯᠡᠴᠡ ᠶᠢ ᠤᠯᠠᠮ ᠨᠢᠬᠡ ᠠᠯᠬᠤᠮ ᠶᠡᠬᠡᠰᠬᠡᠨ᠂ ᠪᠡᠯᠡ ᠬᠤᠷᠠᠮᠳᠤᠭᠤᠯᠬᠤ ᠬᠡᠯᠪᠡᠷᠢ ᠪᠠᠨ ᠰᠢᠨᠡᠴᠢᠯᠡᠵᠤ᠂ ᠪᠡᠯᠡ ᠬᠤᠷᠠᠮᠳᠤᠭᠤᠯᠬᠤ ᠠᠷᠭ᠎ᠠ ᠵᠠᠮ ᠢᠶᠠᠨ ᠦᠷᠬᠡᠳᠬᠡᠨ᠂ ᠤᠶᠢᠯᠡᠳᠪᠤᠷᠢ ᠠᠭᠤᠷᠬᠠᠢ ᠶᠢᠨ ᠠᠵᠤ ᠠᠬᠤᠶᠢᠯᠠᠯ ᠢ ᠬᠠᠪᠰᠤᠷᠤᠨ ᠤᠶᠢᠯᠡᠳᠪᠤᠷᠢᠯᠡᠯ ᠤᠨ ᠬᠦᠴᠢᠷᠳᠡᠯ ᠢ ᠨᠢ ᠰᠡᠢᠳᠪᠤᠷᠢᠯᠡᠨ᠎ᠡ᠃ 2016 ᠤᠨ ᠳᠤ᠂ ᠪᠦᠬᠦ ᠬᠤᠰᠢᠭᠤ ᠭᠤᠤᠯᠳᠠᠯᠠᠭᠠᠳᠤ ᠪᠦᠳᠦᠬᠡᠨ ᠪᠠᠶᠢᠭᠤᠯᠬᠤ ᠲᠦᠷᠦᠯ ᠵᠤᠶᠢᠯ 70᠎ ᠶᠢ ᠬᠡᠷᠡᠭᠵᠢᠬᠦᠯᠬᠦ ᠪᠠᠷ ᠲᠦᠯᠦᠪᠯᠡᠨ᠂ 26.3 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠯᠳᠠ ᠶᠢ ᠴᠢᠷᠮᠠᠶᠢᠨ ᠪᠡᠶᠡᠯᠡᠬᠦᠯᠵᠤ᠂ ᠲᠤᠭᠳᠠᠮᠠᠯ ᠬᠦᠷᠦᠩᠬᠡ ᠶᠢᠨ ᠪᠡᠯᠡ ᠤᠷᠤᠭᠤᠯᠤᠯᠳᠠ ᠶᠢ ᠲᠤᠭᠳᠠᠭᠤᠨ ᠨᠡᠮᠡᠭᠳᠡᠭᠦᠯᠦᠨ᠎ᠡ᠃        ᠦᠨᠳᠤᠰᠤᠨ ᠪᠠᠳᠤᠯᠠᠭᠠᠨ ᠤ ᠴᠢᠳᠠᠪᠤᠷᠢ ᠶᠢ ᠬᠦᠴᠦᠯᠡᠨ ᠲᠡᠬᠡᠭᠰᠢᠯᠡᠬᠦᠯᠦᠨ᠎ᠠ᠃ ︽ᠬᠢᠷᠢ ᠴᠢᠳᠠᠯ ᠢᠶᠠᠨ ᠦᠵᠡᠵᠤ᠂ ᠡᠮᠬᠢ ᠲᠠᠷᠠᠭᠠᠯᠠᠯ ᠲᠠᠢ ᠬᠦᠭᠵᠢᠬᠦ︾ ᠵᠠᠷᠴᠢᠮ ᠢ ᠪᠡᠷᠢᠮᠳᠠᠯᠠᠨ᠂ ᠵᠠᠮ ᠬᠠᠷᠢᠯᠴᠠᠭ᠎ᠠ᠂ ᠴᠠᠬᠢᠯᠭᠠᠨ ᠬᠦᠴᠦ᠂ ᠴᠢᠮᠡᠭᠡ ᠨᠡᠪᠳᠡᠷᠡᠬᠦᠯᠬᠡ ᠵᠡᠷᠬᠡ ᠰᠠᠭᠤᠷᠢ ᠲᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠶᠢ ᠲᠦᠷᠬᠡᠳᠬᠡᠨ ᠠᠬᠢᠭᠤᠯᠵᠤ᠂ ᠠᠵᠤ ᠠᠬᠤᠢ ᠨᠡᠶᠢᠬᠡᠮ ᠤᠨ ᠬᠦᠭᠵᠢᠯᠳᠡ ᠶᠢ ᠪᠠᠳᠤᠯᠠᠬᠤ ᠴᠢᠳᠠᠪᠤᠷᠢ ᠪᠠᠨ ᠲᠠᠰᠤᠷᠠᠯᠳᠠ ᠦᠬᠡᠢ ᠲᠡᠬᠡᠭᠰᠢᠯᠡᠬᠦᠯᠦᠨ᠎ᠠ᠃ ᠪᠡᠬᠡᠵᠢᠩ ᠠᠴᠠ ᠰᠢᠨᠵᠢᠶᠠᠩ ᠬᠦᠷᠬᠦ ᠦᠨᠳᠤᠷ ᠬᠤᠷᠳᠤᠴᠠᠳᠤ ᠵᠠᠰᠠᠮᠠᠯ ᠵᠡᠷᠬᠡ ᠲᠤᠮᠤ ᠴᠢᠬᠤᠯᠠ ᠲᠦᠷᠦᠯ ᠵᠤᠶᠢᠯ ᠤᠨ ᠵᠤᠬᠢᠴᠠᠭᠤᠯᠤᠯᠭ᠎ᠠ ᠤᠶᠢᠯᠡᠴᠢᠯᠡᠭᠡ ᠪᠠ ᠨᠢᠰᠬᠡᠯ ᠤᠨ ᠪᠠᠭᠤᠳᠠᠯ᠂ ᠭᠠᠯᠳᠤ ᠲᠡᠷᠬᠡᠨ ᠦᠷᠳᠡᠬᠡᠨ ᠤ ᠦᠷᠬᠡᠵᠢᠨ ᠪᠠᠶᠢᠭᠤᠯᠤᠯᠳᠠ ᠶᠢ ᠰᠠᠶᠢᠳᠤᠷ ᠠᠳᠬᠤᠨ᠂ ᠡᠵᠡᠨ᠎ᠡ ᠬᠤᠰᠢᠭᠤ ᠠᠴᠠ ᠪᠠᠷᠠᠭᠤᠨ ᠬᠤᠰᠢᠭᠤ ᠬᠦᠷᠬᠦ ᠪᠠ ᠡᠵᠡᠨ᠎ᠡ ᠬᠤᠰᠢᠭᠤ ᠠᠴᠠ ᠪᠠᠶᠠᠨᠨᠢᠷᠤᠭᠤᠨ ᠬᠦᠷᠬᠦ ᠨᠢᠬᠡᠳᠤᠬᠡᠷ ᠲᠡᠰ ᠤᠨ ᠵᠠᠰᠠᠮᠠᠯ ᠵᠠᠮ᠂ ᠡᠵᠡᠨ᠎ᠡ ᠬᠤᠰᠢᠭᠤ ᠠᠴᠠ ᠵᠢᠤᠴᠢᠤᠸᠠᠨ ᠬᠦᠷᠬᠦ ᠲᠠᠮᠤᠷ ᠵᠠᠮ ᠵᠡᠷᠬᠡ ᠲᠦᠷᠦᠯ ᠵᠤᠶᠢᠯ ᠢ ᠴᠢᠷᠮᠠᠶᠢᠨ ᠬᠢᠨᠠᠨ ᠵᠦᠪᠰᠢᠶᠡᠷᠡᠬᠦᠯᠵᠤ᠂ ᠯᠢᠨ ᠡᠾᠧ ᠎ ᠠᠴᠠ ᠬᠠᠮᠢ ᠬᠦᠷᠬᠦ ᠲᠠᠮᠤᠷ ᠵᠠᠮ ᠤᠨ ᠰᠠᠯᠪᠤᠷᠢ ᠺᠤᠮᠫᠠᠨᠢ ᠶᠢ ᠳᠠᠯᠠᠶᠢᠬᠦ᠋ᠪ ᠪᠠᠯᠭᠠᠰᠤᠨ ᠳᠤ ᠪᠠᠶᠢᠭᠤᠯᠬᠤ ᠡᠯ᠎ᠡ ᠲᠦᠷᠦᠯ ᠎ ᠤᠨ ᠪᠡᠯᠡᠳᠬᠡᠯ ᠠᠵᠢᠯ ᠢ ᠰᠠᠶᠢᠳᠤᠷ ᠬᠢᠨ᠎ᠠ᠃ ᠴᠠᠬᠢᠯᠭᠠᠨ ᠰᠤᠷᠪᠤᠯᠵᠢ ᠶᠢᠨ ᠬᠤᠶᠠᠳᠤᠭᠠᠷ ᠢᠨᠵᠧᠨᠧᠷᠢᠩ ᠤᠨ ᠡᠮᠤᠨᠡᠬᠢ ᠬᠤᠭᠤᠴᠠᠭᠠᠨ ᠤ ᠠᠵᠢᠯ ᠢ ᠲᠦᠷᠬᠡᠳᠬᠡᠨ ᠠᠬᠢᠭᠤᠯᠵᠤ᠂ ᠪᠠᠶᠠᠨᠨᠢᠷᠤᠭᠤᠨ ᠠᠴᠠ ᠡᠵᠡᠨ᠎ᠡ ᠬᠦᠷᠬᠦ 220 ᠺᠢᠯᠤᠸᠤᠯᠲ ᠴᠠᠬᠢᠯᠭᠠᠨ ᠱᠤᠭᠤᠮ᠂ ᠡᠵᠡᠨ᠎ᠡ 220 ᠺᠢᠯᠤᠸᠤᠯᠲ ᠴᠠᠬᠢᠯᠭᠠᠨ ᠦᠷᠳᠡᠭᠡ ᠠᠴᠠ ᠲᠠᠯᠠᠶᠢᠬᠦ᠋ᠪ ᠬᠦᠷᠬᠦ ᠬᠤᠤᠰ ᠴᠢᠭᠯᠡᠯᠳᠤ ᠴᠠᠬᠢᠯᠭᠠᠨ ᠬᠦᠷᠬᠡᠬᠦ ᠱᠤᠭᠤᠮ᠂ ᠡᠵᠡᠨ᠎ᠡ 220 ᠺᠢᠯᠤᠸᠤᠯᠲ ᠴᠠᠬᠢᠯᠭᠠᠨ ᠦᠷᠳᠡᠭᠡ ᠠᠴᠠ ᠲᠠᠯᠠᠶᠢᠬᠦ᠋ᠪ ᠎ ᠤᠨ ᠤᠷᠢᠳᠤ ᠵᠦᠭ ᠲᠤ ᠬᠦᠷᠬᠦ ᠬᠤᠤᠰ ᠴᠢᠭᠯᠡᠯᠳᠤ ᠴᠠᠬᠢᠯᠭᠠᠨ ᠬᠦᠷᠬᠡᠬᠦ ᠱᠤᠭᠤᠮ᠂ ᠲᠠᠯᠠᠶᠢᠬᠦ᠋ᠪ ᠤᠨ 110 ᠺᠢᠯᠤᠸᠤᠯᠲ ᠴᠠᠬᠢᠯᠭᠠᠨ ᠬᠦᠴᠦᠳᠡᠯ ᠦᠬᠡᠷᠡᠴᠢᠯᠡᠬᠦ ᠦᠷᠳᠡᠬᠡᠨ ᠤ 1ᠨᠤᠮᠧᠷᠳᠤ ᠭᠤᠤᠯ ᠴᠠᠬᠢᠯᠭᠠᠨ ᠬᠦᠶᠦᠳᠡᠯ ᠤᠨ ᠪᠠᠭᠳᠠᠭᠠᠮᠵᠢ ᠨᠡᠮᠡᠭᠳᠡᠬᠦᠯᠬᠦ ᠢᠨᠵᠧᠨᠧᠷᠢᠩ᠂ ᠲᠠᠯᠠᠶᠢᠬᠦ᠋ᠪ ᠤᠨ ᠤᠷᠢᠳᠤ ᠲᠠᠯ᠎ᠠ ᠳᠠᠬᠢ 35 ᠺᠢᠯᠤᠸᠤᠯᠲ ᠴᠠᠬᠢᠯᠭᠠᠨ ᠬᠦᠴᠦᠳᠡᠯ ᠦᠬᠡᠷᠡᠴᠢᠯᠡᠬᠦ ᠦᠷᠳᠡᠬᠡᠨ ᠤ 1 ᠪᠠ 2 ᠨᠤᠮᠧᠷᠳᠤ ᠭᠤᠤᠯ ᠴᠠᠬᠢᠯᠭᠠᠨ ᠬᠦᠶᠦᠳᠡᠯ ᠤᠨ ᠪᠠᠭᠳᠠᠭᠠᠮᠵᠢ ᠨᠡᠮᠡᠭᠳᠡᠬᠦᠯᠬᠦ ᠵᠡᠷᠬᠡ ᠢᠨᠵᠧᠨᠧᠷᠢᠩ ᠨᠦᠭᠦᠳ ᠢ ᠲᠠᠭᠤᠰᠬᠠᠵᠤ᠂ ᠴᠠᠬᠢᠯᠭᠠᠨ ᠬᠠᠩᠭᠠᠬᠤ ᠪᠠᠳᠤᠯᠠᠭᠠᠳᠤ ᠴᠢᠨᠠᠷ ᠢ ᠤᠯᠠᠮ ᠲᠡᠬᠡᠭᠰᠢᠯᠡᠬᠦᠯᠦᠨ᠎ᠠ︔ ᠮᠠᠽᠦ᠋ᠩᠱᠠᠨ ᠰᠤᠮᠤ ᠪᠤᠯᠤᠨ ᠲᠤᠶᠢᠭ ᠰᠢᠯᠢ ᠶᠢᠨ ᠲᠤᠮᠢᠯᠠᠭᠰᠠᠨ ᠰᠠᠯᠪᠤᠷᠢ ᠳᠤ ᠨᠧᠲ ᠰᠦᠯᠵᠢᠶ᠎ᠡ ᠪᠤᠯᠤᠨ ᠴᠠᠬᠢᠯᠭᠠᠨ ᠢ ᠵᠠᠯᠭᠠᠨ᠂ ᠨᠧᠲ ᠰᠦᠯᠵᠢᠶ᠎ᠡ ᠪᠤᠯᠤᠨ ᠴᠠᠬᠢᠯᠭᠠᠨ ᠨᠡᠪᠳᠡᠷᠡᠬᠦᠯᠬᠦ ᠨᠤᠷᠮ᠎ᠠ ᠶᠢ ᠤᠯᠠᠮ ᠲᠡᠬᠡᠭᠰᠢᠯᠡᠬᠦᠯᠦᠨ᠎ᠠ᠃ 4G ᠨᠧᠲ ᠰᠦᠯᠵᠢᠶᠠᠨ ᠤ ᠪᠠᠶᠢᠭᠤᠯᠤᠯᠳᠠ ᠶᠢ ᠲᠦᠷᠬᠡᠳᠬᠡᠨ᠂ ᠴᠠᠬᠢᠯᠭᠠᠨ ᠴᠢᠮᠡᠭᠡ ᠬᠤᠯᠪᠤᠭᠠᠨ ᠤ 4G ᠰᠦᠯᠵᠢᠶᠡᠨ ᠴᠡᠭ ᠢ 11 ᠭᠠᠵᠠᠷ ᠰᠢᠨ᠎ᠠ ᠪᠠᠷ ᠪᠠᠶᠢᠭᠤᠯᠤᠨ᠎ᠠ᠃ 11 ᠰᠠᠭᠤᠭᠤᠯᠢ ᠠᠷᠠᠳ ᠎ ᠤᠨ ᠲᠤᠭᠤᠷᠢᠭ ᠤᠨ ᠡᠷᠤᠬᠡ ᠪᠤᠯᠭᠠᠨ ᠳᠤ ᠬᠡᠷᠡᠯᠯᠢᠭ ᠨᠧᠲ ᠰᠦᠯᠵᠢᠶ᠎ᠡ ᠶᠢ ᠤᠷᠤᠭᠤᠯᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠲᠠᠭᠤᠰᠬᠠᠵᠤ᠂ ᠬᠡᠷᠡᠯᠯᠢᠭ ᠨᠧᠲ ᠰᠦᠯᠵᠢᠶ᠎ᠡ ᠶᠢ ᠪᠦᠷᠬᠦᠬᠦᠯᠦᠨ᠎ᠠ᠃        ︵ᠭᠤᠷᠪᠠ︶  ᠪᠠᠳᠤᠯᠠᠭ᠎ᠠ ᠪᠠᠨ ᠴᠢᠩᠭᠠᠳᠬᠠᠵᠤ᠂ ᠠᠷᠠᠳ ᠤᠨ ᠠᠮᠢᠳᠤᠷᠠᠯ ᠳᠤ ᠠᠰᠢᠭ ᠬᠦᠷᠳᠡᠬᠡᠨ᠂ ᠡᠶ᠎ᠡ ᠵᠤᠬᠢᠴᠠᠯᠳᠤ ᠨᠡᠶᠢᠬᠡᠮ ᠢ ᠴᠤᠭᠴᠠᠯᠠᠨ᠎ᠠ        ᠰᠤᠷᠭᠠᠨ ᠬᠦᠮᠦᠵᠢᠯ ᠪᠡᠶ᠎ᠡ ᠲᠠᠮᠢᠷ ᠤᠨ ᠤᠶᠢᠯᠡᠰ ᠢ ᠲᠡᠩᠴᠡᠬᠦᠷᠢᠳᠠᠢ ᠬᠦᠭᠵᠢᠬᠦᠯᠦᠨ᠎ᠠ᠃ ᠦᠨᠳᠦᠰᠦᠲᠡᠨ ᠤ ᠰᠤᠷᠭᠠᠨ ᠬᠦᠮᠦᠵᠢᠯ ᠤᠨ ᠬᠦᠭᠵᠢᠯᠲᠡ ᠶᠢ ᠲᠡᠷᠢᠭᠦᠨ ᠪᠠᠶᠢᠷᠢᠨ ᠳᠤ ᠲᠠᠯᠪᠢᠨ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠢ ᠬᠦᠴᠦᠯᠡᠨ ᠬᠦᠭᠵᠢᠭᠦᠯᠵᠦ᠂ ᠬᠡᠪ ᠴᠢᠨᠠᠷ ᠤᠨ ᠰᠤᠷᠭᠠᠨ ᠬᠦᠮᠦᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠡᠯ᠎ᠡ ᠲᠦᠷᠦᠯ ᠤᠨ ᠰᠤᠷᠭᠠᠨ ᠬᠦᠮᠦᠵᠢᠯ ᠤᠨ ᠬᠦᠭᠵᠢᠯ ᠢ ᠲᠡᠩᠴᠡᠬᠦᠷᠢᠰᠢᠬᠦᠯᠦᠨ᠎ᠡ᠃ ᠰᠤᠷᠭᠠᠨ ᠬᠦᠮᠦᠵᠢᠯ ᠤᠨ ᠰᠤᠷᠠᠭ ᠵᠠᠩᠬᠢᠴᠢᠯᠠᠭᠰᠠᠨ ᠢᠨᠵᠧᠨᠧᠷᠢᠩ ᠢ ᠶᠡᠭᠡ ᠪᠠᠷ ᠬᠡᠷᠡᠭᠵᠢᠭᠦᠯᠦᠨ᠂ ᠰᠤᠷᠭᠠᠭᠤᠯᠢ ᠶᠢᠨ ᠴᠢᠳᠠᠪᠬᠢᠳᠤ ᠲᠢᠩᠬᠢᠮ ᠤᠨ ᠲᠤᠨᠤᠭ ᠲᠦᠬᠦᠬᠡᠷᠦᠮᠵᠢ ᠶᠢ ᠲᠡᠬᠦᠯᠳᠡᠷᠵᠢᠬᠦᠯᠦᠨ᠎ᠠ᠃ ᠰᠤᠪᠨᠠᠭᠤᠷ ᠰᠤᠮᠤᠨ ᠤ ᠰᠤᠮᠤᠨ ᠲᠦᠪ ᠤᠨ ᠴᠡᠴᠡᠷᠯᠢᠭ ᠢ ᠬᠡᠷᠡᠭᠯᠡᠭᠡᠨ ᠳᠤ ᠤᠷᠤᠭᠤᠯᠤᠨ᠂ ᠬᠦᠯ ᠪᠦᠮᠪᠦᠭᠡ ᠶᠢᠨ ᠤᠷᠳᠤᠨ ᠢ ᠡᠬᠢᠯᠡᠨ ᠪᠦᠳᠦᠬᠡᠨ ᠪᠠᠶᠢᠭᠤᠯᠵᠤ᠂ ᠪᠠᠭ᠎ᠠ ᠰᠤᠷᠭᠠᠭᠤᠯᠢ ᠪᠤᠯᠤᠨ ᠴᠡᠴᠡᠷᠯᠢᠭ ᠢ ᠲᠤᠰᠪᠦᠷᠢ ᠰᠢᠨ᠎ᠡ ᠪᠠᠷ ᠨᠢᠬᠡ ᠶᠢ ᠲᠦᠯᠦᠪᠯᠡᠨ ᠪᠠᠶᠢᠭᠤᠯᠤᠨ᠎ᠠ᠃ ᠮᠤᠩᠭᠤᠯ ᠤᠯᠤᠰ ᠤᠨ ᠤᠶᠤᠳᠠᠳ ᠢ ᠬᠦᠮᠦᠵᠢᠬᠦᠯᠬᠦ ᠬᠡᠪᠴᠢᠶ᠎ᠡ ᠪᠠᠨ ᠦᠷᠭᠦᠯᠵᠢᠯᠡᠨ ᠦᠷᠭᠡᠳᠭᠡᠵᠦ ᠂ ᠮᠤᠩᠭᠤᠯ ᠤᠯᠤᠰ ᠯᠤᠭ᠎ᠠ ᠶᠢᠨ ᠰᠤᠷᠭᠠᠨ ᠬᠦᠮᠦᠵᠢᠯ ᠤᠨ ᠬᠠᠷᠢᠯᠴᠠᠭ᠎ᠠ ᠰᠤᠯᠢᠯᠴᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠎ᠡ᠃ ︽ᠰᠤᠷᠭᠠᠨ ᠬᠦᠮᠦᠵᠢᠯ ᠤᠨ ᠶᠠᠰᠤ ᠴᠢᠨᠠᠷ ᠢ ᠲᠡᠬᠡᠭᠰᠢᠯᠡᠬᠦᠯᠬᠦ ᠵᠢᠯ︾ ᠬᠡᠬᠦ ᠬᠦᠳᠡᠯᠬᠡᠬᠡᠨ ᠢ ᠬᠦᠨᠵᠡᠬᠡᠶᠢᠷᠡᠬᠦᠯᠦᠨ ᠦᠷᠨᠢᠬᠦᠯᠵᠤ᠂ ᠪᠠᠭᠰᠢ ᠶᠢᠨ ᠡᠩᠨᠡᠬᠡᠨ ᠤ ᠪᠠᠶᠢᠭᠤᠯᠤᠯᠳᠠ ᠶᠢ ᠴᠢᠩᠭᠠᠳᠬᠠᠨ᠂ ᠵᠢᠭᠠᠨ ᠰᠤᠷᠭᠠᠯᠳᠠ ᠶᠢᠨ ᠶᠠᠰᠤ ᠴᠢᠨᠠᠷ ᠢᠶᠠᠨ ᠪᠦᠬᠦ ᠲᠠᠯ᠎ᠠ ᠪᠠᠷ ᠲᠡᠬᠡᠭᠰᠢᠯᠡᠬᠦᠯᠦᠨ᠎ᠠ᠃ ᠰᠢᠯᠢᠳᠡᠭ ᠴᠢᠳᠠᠪᠤᠷᠢᠳᠡᠳ ᠢ ᠢᠳᠡᠪᠬᠢᠳᠡᠢ ᠤᠷᠢᠨ ᠤᠷᠤᠭᠤᠯᠵᠤ᠂ ᠪᠠᠭᠰᠢ ᠶᠢᠨ ᠡᠩᠨᠡᠭᠡ ᠶᠢ ᠪᠤᠵᠠᠭᠠᠶᠢᠷᠠᠭᠤᠯᠤᠨ᠂ ᠪᠠᠭᠰᠢ ᠳᠤ ᠪᠤᠯᠪᠠᠰᠤᠷᠠᠯ ᠬᠦᠷᠳᠡᠭᠡᠬᠦ ᠬᠦᠴᠦᠯᠡᠴᠡ ᠶᠢ ᠤᠯᠠᠮ ᠴᠢᠩᠭᠠᠳᠬᠠᠨ᠎ᠠ᠃ ᠰᠤᠷᠭᠠᠭᠤᠯᠢ ᠶᠢᠨ ᠬᠦᠷᠢᠶᠠᠨ ᠤ ᠠᠮᠤᠷ ᠲᠦᠪᠰᠢᠨ ᠤ ᠪᠠᠶᠢᠭᠤᠯᠤᠯᠳᠠ ᠶᠢ ᠪᠦᠬᠦ ᠲᠠᠯ᠎ᠠ ᠪᠠᠷ ᠴᠢᠩᠭᠠᠳᠬᠠᠨ᠂ ᠠᠮᠤᠭᠤᠯᠠᠩ ᠲᠦᠪᠰᠢᠨ ᠰᠤᠷᠭᠠᠭᠤᠯᠢ ᠶᠢᠨ ᠬᠦᠷᠢᠶ᠎ᠡ ᠶᠢ ᠴᠤᠭᠴᠠᠯᠠᠨ᠎ᠠ᠃ ᠰᠤᠷᠭᠠᠭᠤᠯᠢ ᠶᠢᠨ ᠬᠦᠷᠢᠶᠠᠨ ᠤ ᠬᠦᠯ ᠪᠦᠮᠪᠦᠬᠡᠨ ᠤ ᠦᠬᠡᠷᠡᠴᠢᠯᠠᠯᠳᠠ ᠶᠢ ᠬᠦᠨᠵᠡᠬᠡᠶᠢᠷᠡᠬᠦᠯᠦᠨ᠂ ᠰᠤᠷᠭᠠᠭᠤᠯᠢ ᠶᠢᠨ ᠬᠦᠷᠢᠶᠠᠨ ᠤ ᠭᠤᠷᠪᠠᠨ ᠱᠠᠲᠤᠨ ᠤ ᠬᠤᠯᠪᠤᠭᠠᠳᠤ ᠤᠷᠤᠯᠳᠤᠭᠠᠨ ᠤ ᠰᠢᠰᠲ᠋ᠧᠮ ᠢ ᠬᠦᠴᠦᠯᠡᠨ ᠪᠠᠶᠢᠭᠤᠯᠤᠨ᠎ᠠ᠃ ᠵᠠᠯᠠᠭᠤ ᠪᠠᠭᠠᠴᠤᠳ ᠤᠨ ᠰᠤᠶᠤᠯ ᠤᠨ ᠲᠦᠪ ᠤᠨ ᠰᠠᠭᠤᠷᠢᠨ ᠭᠠᠵᠠᠷ ᠤᠨ ᠤᠶᠢᠯᠡᠳᠤᠯ ᠢ ᠬᠦᠢᠴᠡᠳ ᠪᠠᠳᠠᠷᠠᠭᠤᠯᠵᠤ᠂ ᠵᠠᠯᠠᠭᠤ ᠪᠠᠭᠠᠴᠤᠳ ᠤᠨ ᠶᠡᠷᠤᠩᠬᠡᠢ ᠬᠡᠪ ᠴᠢᠨᠠᠷ ᠢ ᠳᠡᠭᠡᠭᠰᠢᠯᠡᠭᠦᠯᠦᠨ᠎ᠡ᠃ ᠪᠦᠬᠦ ᠠᠷᠠᠳ ᠎ ᠤᠨ ᠪᠠᠶ᠎ᠠ ᠴᠢᠬᠢᠷᠠᠭᠵᠢᠭᠤᠯᠬᠤ ᠰᠢᠷᠢᠰ ᠬᠦᠳᠡᠯᠭᠡᠭᠡᠨ ᠢ ᠦᠷᠭᠡᠨ ᠢᠶᠠᠷ ᠦᠷᠨᠢᠭᠦᠯᠦᠨ᠂ ᠤᠯᠠᠨ ᠲᠦᠮᠡᠨ ᠤ ᠪᠡᠶ᠎ᠡ ᠲᠠᠮᠢᠷ ᠰᠤᠶᠤᠯ ᠤᠨ ᠠᠮᠢᠳᠤᠷᠠᠯ ᠢ ᠲᠠᠰᠤᠷᠠᠯᠳᠠ ᠦᠬᠡᠢ ᠡᠯᠪᠡᠭᠵᠢᠬᠦᠯᠦᠨ᠎ᠠ᠃        ᠡᠮ ᠡᠮᠨᠡᠯᠬᠡ ᠡᠷᠡᠬᠦᠯ ᠬᠠᠮᠠᠭᠠᠯᠠᠯ ᠤᠨ ᠤᠶᠢᠯᠡᠴᠢᠯᠡᠬᠡᠨ ᠤ ᠰᠢᠰᠲ᠋ᠧᠮ ᠢ ᠲᠡᠬᠦᠯᠳᠡᠷᠵᠢᠬᠦᠯᠦᠨ᠎ᠠ᠃ ᠡᠮ ᠡᠮᠨᠡᠯᠬᠡ ᠡᠷᠡᠬᠦᠯ ᠬᠠᠮᠠᠭᠠᠯᠠᠯ ᠤᠨ ᠲᠤᠭᠳᠠᠴᠠ ᠶᠢᠨ ᠦᠬᠡᠷᠡᠴᠢᠯᠡᠯᠳᠡ ᠶᠢ ᠬᠦᠨᠵᠡᠬᠡᠶᠢᠷᠡᠬᠦᠯᠦᠨ᠂ ᠬᠤᠰᠢᠭᠤᠨ  ᠎ ᠠᠴᠠ ᠪᠠᠶᠢᠭᠤᠯᠤᠭᠰᠠᠨ ᠡᠮᠨᠡᠯᠬᠡ ᠶᠢᠨ ᠬᠤᠷᠢᠶᠠᠨ ᠤ ᠶᠡᠷᠤᠩᠬᠡᠶᠢᠯᠡᠭᠰᠡᠨ ᠦᠬᠡᠷᠡᠴᠢᠯᠡᠯᠳᠡ ᠶᠢ ᠪᠦᠬᠦ ᠬᠦᠴᠦ ᠪᠠᠷ ᠠᠬᠢᠭᠤᠯᠤᠨ᠎ᠠ᠃ ︽ᠡᠮ ᠡᠮᠨᠡᠯᠭᠡ ᠶᠢᠨ ᠦᠢᠯᠡᠴᠢᠯᠡᠭᠡᠨ ᠤ ᠶᠠᠰᠤ ᠴᠢᠨᠠᠷ ᠢ ᠲᠡᠬᠡᠭᠰᠢᠯᠡᠬᠦᠯᠬᠦ ᠵᠢᠯ︾ ᠬᠡᠭᠦ ᠬᠦᠳᠡᠯᠭᠡᠭᠡᠨ ᠢ ᠯᠠᠪᠳᠠᠭᠤᠨ ᠦᠷᠨᠢᠭᠦᠯᠵᠦ᠂ ᠶᠡᠷᠤᠩᠬᠡᠢ ᠰᠠᠯᠠᠭᠠᠨ ᠤ ᠡᠮᠴᠢ ᠪᠤᠯᠤᠨ ᠡᠮᠴᠢᠯᠡᠬᠡᠨ ᠤ ᠲᠤᠯᠭᠠᠭᠤᠷᠢ ᠬᠦᠴᠦᠨ ᠪᠦᠬᠦᠢ ᠴᠢᠳᠠᠪᠤᠷᠢᠳᠡᠳ ᠤᠨ ᠪᠤᠯᠪᠠᠰᠤᠷᠠᠯ ᠢ ᠴᠢᠩᠭᠠᠳᠬᠠᠨ᠂ ᠡᠮᠴᠢᠯᠡᠭᠡᠨ ᠤ ᠮᠡᠷᠭᠡᠵᠢᠯ ᠤᠨ ᠬᠢᠷᠢ ᠲᠦᠪᠰᠢᠨ ᠪᠤᠯᠤᠨ ᠡᠮ ᠡᠮᠨᠡᠯᠭᠡ ᠶᠢᠨ ᠦᠢᠯᠡᠴᠢᠯᠡᠭᠡᠨ ᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠬᠦᠯᠦᠨ᠎ᠡ᠃ ᠦᠨᠳᠤᠰᠤᠨ ᠪᠤᠯᠤᠨ ᠲᠤᠮᠤ ᠴᠢᠬᠤᠯᠠ ᠨᠡᠶᠢᠳᠡ ᠶᠢᠨ ᠡᠷᠡᠬᠦᠯ ᠬᠠᠮᠠᠭᠠᠯᠠᠯ ᠤᠨ ᠤᠶᠢᠯᠡᠴᠢᠯᠡᠬᠡᠨ ᠤ ᠲᠦᠷᠦᠯ ᠵᠤᠶᠢᠯ ᠢ ᠶᠡᠭᠡ ᠪᠠᠷ ᠬᠡᠷᠡᠭᠵᠢᠬᠦᠯᠦᠨ᠂ ᠦᠢᠯᠡᠴᠢᠯᠡᠭᠡ ᠶᠢ ᠲᠡᠩᠴᠡᠬᠦᠷᠢᠰᠢᠬᠦᠯᠦᠨ᠎ᠡ᠃ ᠬᠦᠨᠳᠤ ᠬᠡᠴᠡᠬᠦᠤ ᠬᠠᠯᠳᠠᠪᠤᠷᠢᠳᠤ ᠡᠪᠡᠳᠴᠢᠨ ᠢ ᠰᠡᠷᠬᠡᠶᠢᠯᠡᠬᠦ ᠠᠵᠢᠯ ᠢ ᠰᠠᠶᠢᠳᠤᠷ ᠬᠢᠵᠤ᠂ ᠪᠦᠬᠦ ᠠᠷᠠᠳ ᠤᠨ ᠡᠷᠡᠬᠦᠯ ᠮᠡᠨᠳᠤ ᠶᠢᠨ ᠰᠤᠷᠭᠠᠨ ᠬᠦᠮᠦᠵᠢᠯ ᠪᠤᠯᠤᠨ ᠡᠷᠡᠬᠦᠯ ᠮᠡᠨᠳᠦ ᠳᠤ ᠲᠤᠰᠠᠳᠠᠢ ᠠᠵᠢᠯᠯᠠᠭ᠎ᠠ ᠶᠢ ᠦᠷᠭᠡᠨ ᠢᠶᠠᠷ ᠦᠷᠨᠢᠬᠦᠯᠦᠨ᠂ ᠡᠷᠡᠬᠦᠯ ᠬᠠᠮᠠᠭᠠᠯᠠᠯ ᠲᠦᠯᠦᠪᠯᠡᠬᠡᠳᠤ ᠬᠦᠩᠬᠡᠵᠢᠯ ᠤᠨ ᠶᠡᠷᠦᠩᠬᠡᠶᠢᠯᠡᠭᠰᠡᠨ ᠠᠵᠢᠯ ᠢ ᠴᠢᠩᠭᠠᠳᠬᠠᠨ᠎ᠠ᠃ ︽ᠨᠢᠬᠡ ᠬᠠᠤᠯᠢ ᠬᠤᠶᠠᠷ ᠬᠦᠳᠦᠯᠪᠤᠷᠢ︾᠎ ᠶᠢ ᠨᠠᠷᠢᠨ ᠬᠢᠨᠠᠮᠠᠭᠠᠢ ᠲᠤᠤᠱᠯᠠᠭᠤᠯᠤᠨ᠂ ᠡᠬᠡ ᠨᠢᠯᠬᠠᠰ ᠤᠨ ᠡᠷᠡᠬᠦᠯ ᠬᠠᠮᠠᠭᠠᠯᠠᠯ ᠤᠨ ᠤᠶᠢᠯᠡᠴᠢᠯᠡᠭᠡ ᠎ ᠶᠢ ᠬᠦᠴᠦᠯᠡᠨ ᠲᠦᠷᠢᠮᠵᠢᠬᠦᠯᠦᠨ᠎ᠠ᠃ ᠬᠤᠰᠢᠭᠤᠨ ᠲᠠᠰ ᠤᠨ ᠡᠮ ᠡᠮᠨᠡᠯᠬᠡ ᠶᠢᠨ ᠪᠠᠶᠢᠭᠤᠯᠤᠮᠵᠢ ᠳᠠᠬᠢ ᠭᠤᠤᠯ ᠪᠤᠯᠬᠤ ᠲᠤᠰᠬᠠᠢ ᠰᠠᠯᠠᠭᠠᠨ ᠤ ᠮᠡᠷᠭᠡᠵᠢᠯ ᠤᠨ ᠲᠡᠬᠡᠭᠰᠢᠯᠡᠯᠳᠡ ᠪᠤᠯᠤᠨ ᠦᠨᠳᠤᠰᠤᠨ ᠱᠠᠳᠤᠨ ᠤ ᠡᠷᠡᠬᠦᠯ ᠬᠠᠮᠠᠭᠠᠯᠠᠯ ᠤᠨ ᠤᠶᠢᠯᠡᠴᠢᠯᠡᠬᠡᠨ ᠤ ᠰᠢᠰᠲ᠋ᠧᠮ ᠤᠨ ᠪᠠᠶᠢᠭᠤᠯᠤᠯᠳᠠ ᠶᠢ ᠯᠠᠪᠳᠠᠭᠤᠨ ᠬᠦᠢᠴᠡᠳᠬᠡᠵᠤ᠂ ᠰᠤᠪᠨᠠᠭᠤᠷ ᠰᠤᠮᠤᠨ ᠤ ᠡᠷᠡᠬᠦᠯ ᠬᠠᠮᠠᠭᠠᠯᠠᠯ ᠤᠨ ᠬᠤᠷᠢᠶ᠎ᠠ ᠶᠢ ᠪᠡᠷᠢᠮᠵᠢᠶᠡᠵᠢᠭᠤᠯᠬᠤ ᠠᠵᠢᠯ ᠢ ᠠᠬᠢᠭᠤᠯᠤᠨ᠂ ᠮᠤᠩᠭᠤᠯ ᠡᠮᠨᠡᠯᠬᠡ ᠶᠢᠨ ᠬᠤᠷᠢᠶᠠᠨ ᠤ ᠶᠡᠷᠤᠩᠬᠡᠶᠢᠯᠡᠭᠰᠡᠨ ᠠᠰᠠᠷ ᠤᠨ ᠲᠦᠷᠦᠯ ᠵᠤᠶᠢᠯ ᠤᠨ ᠪᠠᠶᠢᠭᠤᠯᠤᠯᠳᠠ ᠶᠢ ᠡᠬᠢᠯᠡᠬᠦᠯᠦᠨ᠂ ᠮᠤᠩᠭᠤᠯ ᠬᠢᠳᠡᠳ ᠡᠮᠨᠡᠯᠬᠡ ᠎ ᠶᠢᠨ ᠤᠶᠢᠯᠡᠰ ᠢ ᠶᠡᠭᠡ ᠪᠠᠷ ᠬᠦᠭᠵᠢᠬᠦᠯᠵᠤ᠂ ᠪᠦᠬᠦ ᠬᠤᠰᠢᠭᠤᠨ ᠤ ᠬᠤᠳᠠ ᠬᠦᠳᠡᠬᠡᠨ ᠤ ᠰᠠᠭᠤᠭᠠᠯᠢ ᠠᠷᠠᠳ ᠤᠨ ᠡᠷᠡᠬᠦᠯ ᠬᠠᠮᠠᠭᠠᠯᠠᠯ ᠤᠨ ᠪᠠᠳᠤᠯᠠᠭᠠᠨ ᠤ ᠬᠢᠷᠢ ᠲᠦᠪᠰᠢᠨ ᠢ ᠤᠯᠠᠮ ᠨᠢᠬᠡ ᠠᠯᠬᠤᠮ ᠲᠡᠬᠡᠭᠰᠢᠯᠡᠬᠦᠯᠦᠨ᠎ᠠ᠃ ᠪᠦᠬᠦ ᠲᠠᠯ᠎ᠠ ᠪᠠᠷ ᠬᠤᠶᠠᠷ ᠬᠡᠤᠬᠡᠳ ᠠᠪᠬᠤ ᠲᠦᠷᠦ ᠶᠢᠨ ᠪᠤᠳᠤᠯᠭ᠎ᠠ ᠶᠢ ᠰᠤᠷᠲᠠᠯᠴᠢᠯᠠᠨ᠂ ᠬᠦᠮᠦᠨ ᠠᠮᠠ ᠶᠢᠨ ᠤᠷᠳᠤ ᠬᠤᠭᠤᠴᠠᠭᠠᠨ ᠤ ᠲᠡᠩᠴᠡᠬᠦᠷᠢᠳᠤ ᠬᠦᠭᠵᠢᠯ ᠢ ᠲᠦᠯᠬᠢᠨ ᠠᠬᠢᠭᠤᠯᠤᠨ᠎ᠠ᠃        ᠤᠶᠢᠯᠡᠰ ᠪᠦᠳᠦᠬᠡᠬᠦ ᠪᠠᠷ ᠠᠵᠢᠯ ᠤᠯᠤᠯᠳᠠ ᠶᠢ ᠲᠠᠶᠢᠴᠢᠯᠠᠬᠤ ᠶᠢ ᠵᠤᠷᠢᠭᠵᠢᠭᠤᠯᠤᠨ᠎ᠠ᠃ ᠠᠵᠢᠯ ᠤᠯᠬᠤ ᠲᠠᠪᠴᠠᠩ ᠢ ᠪᠦᠬᠦ ᠴᠢᠳᠠᠯ ᠢᠶᠠᠷ ᠬᠦᠴᠦᠯᠡᠨ ᠪᠠᠶᠢᠭᠤᠯᠵᠤ᠂ ᠪᠦᠷᠢᠯᠳᠦᠬᠦᠨ ᠪᠤᠯᠭᠠᠨ ᠠᠵᠢᠯ ᠤᠨ ᠪᠡᠶᠢᠷᠢ ᠦᠬᠡᠢ  ᠬᠡᠷ ᠪᠦᠯᠢ᠂ ︽40᠂ 50︾ ᠨᠠᠰᠤᠨ ᠤ ᠬᠦᠮᠦᠰ᠂ ᠴᠡᠷᠢᠭ ᠠᠴᠠ ᠬᠠᠯᠠᠭᠳᠠᠭᠰᠠᠳ ᠪᠤᠯᠤᠨ ᠦᠨᠳᠤᠷ ᠳᠤᠮᠳᠠ ᠲᠤᠰᠬᠠᠢ ᠮᠡᠷᠬᠡᠵᠢᠯ ᠤᠨ ᠰᠤᠷᠭᠠᠭᠤᠯᠢ ᠠᠴᠠ ᠲᠡᠬᠦᠰᠦᠭᠰᠡᠨ ᠰᠤᠷᠤᠭᠴᠢ ᠵᠡᠷᠬᠡ ᠬᠦᠮᠦᠰ ᠤᠨ ᠠᠵᠢᠯ ᠤᠯᠬᠤ ᠠᠰᠠᠭᠤᠳᠠᠯ ᠢ ᠲᠤᠬᠢᠳᠠᠢ ᠰᠢᠢᠳᠪᠦᠷᠢᠯᠡᠨ᠂ ᠪᠦᠬᠦ ᠵᠢᠯ ᠳᠤ 1500 ᠠᠵᠢᠯ ᠤᠨ ᠪᠡᠶᠢᠷᠢ ᠬᠠᠩᠭᠠᠵᠤ᠂ 350 ᠬᠦᠮᠦᠨ ᠳᠤ ᠰᠢᠨ᠎ᠠ ᠪᠠᠷ ᠠᠵᠢᠯ ᠤᠯᠭᠤᠨ᠎ᠠ᠃ ᠤᠶᠢᠯᠡᠰ ᠪᠤᠰᠬᠠᠬᠤ ᠪᠠᠳᠤᠯᠠᠭᠠᠳᠤ ᠵᠢᠬᠡᠯᠡᠯᠬᠡ ᠶᠢᠨ ᠬᠦᠴᠦᠯᠡᠴᠡ ᠶᠢ ᠨᠡᠮᠡᠭᠳᠡᠭᠦᠯᠵᠦ᠂ ᠤᠶᠤᠳᠠᠳ ᠤᠨ ᠤᠶᠢᠯᠡᠰ ᠪᠣᠰᠬᠠᠬᠤ ᠵᠡᠬᠡᠯᠢ ᠶᠢᠨ ᠲᠠᠶᠢᠴᠢᠯᠠᠯᠳᠠ ᠶᠢᠨ ᠤᠶᠢᠯᠡᠳᠤᠯ ᠢ ᠬᠦᠢᠴᠡᠳ ᠪᠠᠳᠠᠷᠠᠭᠤᠯᠤᠨ᠂ ᠤᠶᠢᠯᠡᠰ ᠪᠤᠰᠬᠠᠬᠤ ᠪᠠᠷ ᠠᠵᠢᠯ ᠤᠯᠤᠯᠳᠠ ᠶᠢ ᠬᠦᠲᠦᠯᠦᠨ᠎ᠡ᠃ ᠲᠤᠰᠬᠠᠢ ᠠᠵᠢᠯ ᠮᠡᠷᠬᠡᠵᠢᠯ ᠤᠨ ᠪᠤᠯᠪᠠᠰᠤᠷᠠᠯ ᠤᠨ ᠬᠦᠴᠦᠯᠡᠴᠡ ᠶᠢ ᠴᠢᠩᠭᠠᠳᠬᠠᠵᠤ᠂ ᠲᠤᠰᠬᠠᠢ ᠴᠢᠭᠯᠡᠯᠲᠤ ᠪᠤᠯᠪᠠᠰᠤᠷᠠᠯ ᠢ ᠳᠤᠪᠤᠶᠢᠯᠭᠠᠨ᠂ ᠬᠦᠳᠡᠯᠮᠤᠷᠢᠴᠢᠳ ᠢ ᠤᠳᠤᠷᠢᠳᠤᠨ ᠠᠵᠢᠯ ᠤᠯᠤᠯᠳᠠ ᠶᠢᠨ ᠦᠵᠡᠯᠳᠡ ᠶᠢ ᠨᠢ ᠦᠬᠡᠷᠡᠴᠢᠯᠡᠵᠤ᠂ ᠤᠶᠢᠯᠡᠰ ᠪᠤᠰᠬᠠᠵᠤ ᠠᠵᠢᠯ ᠤᠯᠬᠤ ᠴᠢᠳᠠᠪᠤᠷᠢ ᠶᠢ ᠨᠢ ᠲᠡᠬᠡᠭᠰᠢᠯᠡᠬᠦᠯᠦᠨ᠎ᠠ᠃ ᠬᠠᠷᠢᠴᠠᠯ ᠢ ᠦᠨᠳᠤᠰᠤᠯᠡᠨ ᠵᠠᠮᠳᠡᠭᠴᠤᠳ ᠲᠤ ᠠᠵᠢᠯ ᠤᠯᠭᠤᠬᠤ ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠨᠡᠶᠢᠳᠠᠪᠤᠷᠢᠵᠢᠭᠤᠯᠤᠨ᠂ ᠵᠠᠮᠳᠡᠭᠴᠤᠳ ᠤᠨ ᠠᠵᠢᠯ ᠤᠯᠤᠯᠳᠠ ᠶᠢ ᠢᠳᠡᠪᠬᠢᠳᠡᠢ ᠠᠬᠢᠭᠤᠯᠤᠨ᠎ᠠ᠃ ᠬᠦᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠲᠡᠯᠬᠡᠬᠦᠷ ᠤᠨ ᠡᠮᠬᠢ ᠲᠢᠭᠯᠢᠮ ᠪᠤᠯᠤᠨ ᠠᠵᠤ ᠠᠬᠤᠶᠢᠯᠠᠯ ᠤᠨ ᠬᠦᠮᠦᠨ ᠬᠡᠷᠡᠭᠯᠡᠬᠦ ᠠᠵᠢᠯᠯᠠᠭ᠎ᠠ ᠢ ᠲᠦᠷᠢᠮᠵᠢᠬᠦᠯᠦᠨ᠂ ᠡᠶ᠎ᠡ ᠵᠤᠬᠢᠴᠠᠯᠳᠤ ᠬᠦᠳᠡᠯᠮᠤᠷᠢ ᠶᠢᠨ ᠬᠠᠷᠢᠴᠠᠭ᠎ᠠ ᠶᠢ ᠴᠢᠷᠮᠠᠶᠢᠨ ᠡᠬᠦᠳᠤᠨ᠎ᠠ᠃        ᠨᠡᠶᠢᠬᠡᠮ ᠤᠨ ᠪᠠᠳᠤᠯᠠᠭᠠᠨ ᠤ ᠠᠵᠢᠯ ᠢ ᠯᠠᠪᠳᠠᠭᠤᠨ ᠢᠶᠠᠷ ᠶᠠᠪᠤᠭᠳᠠᠭᠤᠯᠤᠨ᠎ᠠ᠃ ᠠᠷᠠᠳ ᠤᠨ ᠠᠮᠢᠳᠤᠷᠠᠯ ᠢ ᠪᠠᠳᠤᠯᠠᠬᠤ ᠪᠠ ᠰᠡᠶᠢᠵᠢᠷᠠᠭᠤᠯᠬᠤ ᠠᠵᠢᠯ ᠢ ᠤᠯᠠᠮ ᠲᠤᠪᠤᠶᠢᠮ᠎ᠠ ᠪᠡᠶᠢᠷᠢᠨ ᠳᠤ ᠲᠠᠯᠪᠢᠨ᠂ ᠶᠠᠳᠠᠷᠠᠭᠤ ᠬᠦᠮᠦᠰ ᠢ ᠠᠩᠬᠠᠷᠤᠨ ᠬᠠᠷᠠᠭᠠᠯᠵᠠᠵᠤ᠂ ᠲᠡᠳᠡᠨ ᠤ ᠤᠶᠢᠯᠡᠳᠪᠤᠷᠢᠯᠡᠯ ᠠᠮᠢᠳᠤᠷᠠᠯ ᠲᠤᠮᠳᠠᠬᠢ ᠬᠦᠴᠢᠷᠳᠡᠯ ᠢ ᠨᠢ ᠴᠠᠭ ᠲᠤᠬᠠᠢ ᠎ ᠳᠤᠨᠢ ᠰᠡᠶᠢᠳᠪᠤᠷᠢᠯᠡᠨ᠎ᠡ᠃ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠲᠠᠭᠠᠳᠬᠠᠯ ᠤᠨ ᠲᠦᠷᠢᠮ ᠢ ᠦᠷᠬᠦᠯᠵᠢᠯᠡᠨ ᠲᠡᠬᠦᠯᠳᠡᠷᠵᠢᠬᠦᠯᠵᠤ᠂ ᠡᠯ᠎ᠡ ᠲᠦᠷᠦᠯ ᠤᠨ ᠨᠦᠬᠦᠪᠤᠷᠢ ᠲᠠᠷᠬᠠᠭᠠᠬᠤ ᠠᠵᠢᠯ ᠢ ᠰᠠᠶᠢᠳᠤᠷ ᠬᠢᠨ᠎ᠠ᠃ ᠬᠤᠳᠠ ᠬᠦᠳᠡᠭᠡ ᠶᠢᠨ ᠲᠤᠤᠷ᠎ᠠ ᠪᠠᠳᠤᠯᠠᠭ᠎ᠠ᠂ ᠲᠠᠪᠤᠨ ᠪᠠᠳᠤᠯᠠᠭᠠᠲᠤ ᠡᠷᠦᠬᠡ ᠪᠤᠯᠤᠨ ᠤᠨᠴᠠᠭᠠᠢ ᠶᠠᠳᠠᠭᠤ ᠬᠦᠴᠢᠷᠳᠡᠯᠳᠡᠢ ᠬᠦᠮᠦᠰ ᠢ ᠲᠤᠰᠠᠯᠠᠨ ᠲᠡᠳᠬᠦᠬᠦ ᠰᠢᠰᠲ᠋ᠧᠮ ᠢ ᠲᠡᠬᠦᠯᠳᠡᠷᠵᠢᠬᠦᠯᠦᠨ᠂ ᠨᠡᠶᠢᠬᠡᠮ ᠤᠨ ᠠᠰᠠᠷᠠᠮᠵᠢ᠂ ᠨᠢᠬᠦᠯᠡᠰᠦᠩᠬᠦᠢ ᠶᠢᠨ ᠤᠶᠢᠯᠡᠰ ᠪᠠ ᠵᠠᠮᠳᠡᠭᠴᠤᠳ ᠤᠨ ᠤᠶᠢᠯᠡᠰ ᠢ ᠲᠦᠷᠬᠡᠨ ᠬᠦᠭᠵᠢᠬᠦᠯᠵᠤ᠂ ᠨᠡᠶᠢᠬᠡᠮ ᠤᠨ ᠪᠠᠳᠤᠯᠠᠭᠠᠨ ᠤ ᠴᠢᠳᠠᠪᠤᠷᠢ ᠶᠢ ᠪᠦᠬᠦ ᠲᠠᠯ᠎ᠠ ᠪᠠᠷ ᠲᠡᠬᠡᠭᠰᠢᠯᠡᠬᠦᠯᠦᠨ᠎ᠠ᠃ ᠠᠯᠪᠠᠳᠠᠨ ᠤ ᠡᠬᠦᠷᠬᠡ ᠲᠤᠰᠢᠶᠠᠯ ᠪᠤᠯᠤᠨ ᠲᠤᠰᠢᠶᠠᠯ ᠤᠨ ᠵᠡᠷᠬᠡ ᠲᠡᠰ ᠢ ᠵᠡᠷᠬᠡᠴᠡᠬᠦᠯᠦᠨ ᠶᠠᠪᠤᠭᠤᠯᠬᠤ᠂ ᠲᠤᠰᠢᠶᠠᠯ ᠤᠨ ᠵᠡᠷᠬᠡ ᠲᠠᠰ ᠪᠤᠯᠤᠨ ᠴᠠᠯᠢᠩ ᠬᠦᠯᠦᠰᠤ ᠎ ᠶᠢ ᠬᠠᠷᠢᠯᠴᠠᠨ ᠠᠪᠤᠴᠠᠯᠳᠤᠭᠤᠯᠬᠤ ᠲᠦᠷᠢᠮ ᠢ ᠢᠳᠡᠪᠬᠢᠳᠡᠢ ᠠᠬᠢᠭᠤᠯᠤᠨ᠂ ᠰᠤᠮᠤ ᠪᠠᠯᠭᠠᠰᠤᠨ ᠤ ᠠᠵᠢᠯᠳᠡᠳ ᠤᠨ ᠴᠠᠯᠢᠩ ᠬᠦᠯᠦᠰᠤ ᠶᠢ ᠲᠡᠬᠡᠭᠰᠢᠯᠡᠬᠦᠯᠦᠨ᠎ᠠ᠃ ᠶᠠᠳᠠᠭᠤ ᠶᠢ ᠤᠨᠤᠪᠴᠢᠳᠠᠢ ᠲᠡᠳᠬᠦᠬᠦ ᠤᠷᠲᠤ ᠬᠤᠭᠤᠴᠠᠭ᠎ᠠ ᠬᠦᠴᠦᠨ ᠪᠦᠬᠦᠢ ᠲᠤᠭᠲᠠᠴᠠ ᠶᠢ ᠪᠠᠶᠢᠭᠤᠯᠤᠨ ᠲᠡᠬᠦᠯᠳᠡᠷᠵᠢᠬᠦᠯᠵᠤ᠂ ᠶᠠᠳᠠᠭᠤ ᠠᠴᠠ ᠠᠩᠬᠢᠵᠢᠷᠠᠭᠤᠯᠤᠨ ᠪᠠᠶᠠᠵᠢᠨ ᠴᠢᠨᠡᠭᠡᠯᠢᠭᠵᠢᠬᠦᠯᠬᠦ ᠶᠢ ᠲᠦᠷᠬᠡᠳᠬᠡᠨ᠎ᠡ᠃ ᠨᠠᠰᠤᠳᠠᠶᠢᠴᠤᠤᠯ ᠤᠨ ᠬᠦᠳᠡᠯᠬᠡᠬᠡᠨ ᠤ ᠲᠦᠪ᠂ ᠨᠡᠶᠢᠬᠡᠮ ᠲᠤᠭᠤᠷᠢᠭ ᠤᠨ ᠬᠦᠳᠡᠯᠬᠡᠬᠡᠨ ᠤ ᠲᠠᠯᠠᠪᠠᠢ ᠶᠢᠨ ᠤᠶᠢᠯᠡᠴᠢᠯᠡᠬᠡᠨ ᠤ ᠴᠢᠳᠠᠮᠵᠢ ᠶᠢ ᠬᠦᠢᠴᠡᠳ ᠪᠠᠳᠠᠷᠠᠭᠤᠯᠤᠨ᠂ ᠨᠠᠰᠤᠳᠠᠶᠢᠴᠤᠤᠯ ᠤᠨ ᠪᠡᠶ᠎ᠡ ᠶᠢ ᠨᠢ ᠴᠢᠬᠢᠷᠠᠭᠵᠢᠭᠤᠯᠤᠨ ᠠᠮᠢᠳᠤᠷᠠᠯ ᠢ ᠪᠠᠶᠠᠯᠢᠭᠵᠢᠭᠤᠯᠤᠨ᠎ᠠ᠃ ᠤᠯᠤᠰ ᠤᠨ ᠪᠠᠳᠤᠯᠠᠨ ᠬᠠᠮᠠᠭᠠᠯᠠᠯᠳᠠ ᠶᠢᠨ ᠬᠦᠮᠦᠵᠢᠯ ᠢ ᠴᠢᠩᠭᠠᠳᠬᠠᠨ᠂ ᠲᠤᠬᠤᠨᠢᠭᠤᠯᠤᠨ ᠬᠠᠯᠠᠮᠵᠢᠯᠠᠬᠤ ᠠᠵᠢᠯ ᠢ ᠰᠠᠶᠢᠳᠤᠷ ᠬᠢᠵᠤ᠂ ᠴᠡᠷᠢᠭ ᠵᠠᠰᠠᠭ᠂ ᠴᠡᠷᠢᠭ ᠠᠷᠠᠳ ᠤᠨ ᠪᠦᠯᠬᠦᠮᠳᠡᠯ ᠢ ᠪᠠᠳᠤᠳᠬᠠᠨ᠎ᠠ᠃        ᠨᠠᠶᠢᠬᠡᠮ ᠤᠨ ᠬᠠᠮᠢᠶᠠᠷᠦᠯᠲᠠ ᠶᠢᠨ ᠰᠢᠨᠡᠴᠢᠯᠡᠯᠲᠡ ᠶᠢ ᠴᠢᠩᠭᠠᠳᠬᠠᠨ᠎ᠠ᠃ ︽ᠵᠢᠷᠭᠤᠳᠤᠭᠠᠷ ᠲᠠᠪᠤᠨ ᠵᠢᠯ︾ ᠎ ᠤᠨ ᠬᠠᠤᠯᠢ ᠲᠦᠬᠡᠮᠡᠯᠵᠢᠬᠦᠯᠦᠯᠳᠡ ᠶᠢᠨ ᠦᠷ᠎ᠡ ᠪᠦᠳᠦᠮᠵᠢ ᠶᠢ ᠪᠠᠬᠢᠵᠢᠬᠦᠯᠦᠨ᠂ ︽ᠲᠤᠯᠤᠳᠤᠭᠠᠷ ᠲᠠᠪᠤᠨ ᠵᠢᠯ︾ ᠎ ᠤᠨ ᠬᠠᠤᠯᠢ ᠲᠦᠬᠡᠮᠡᠯᠵᠢᠬᠦᠯᠦᠯᠳᠡ ᠶᠢᠨ ᠡᠮᠤᠨᠡᠬᠢ ᠬᠤᠭᠤᠴᠠᠭᠠᠨ ᠤ ᠠᠵᠢᠯ ᠢ ᠰᠠᠶᠢᠳᠤᠷ ᠭᠦᠢᠴᠡᠳᠭᠡᠵᠦ᠂ ᠬᠠᠤᠯᠢ ᠴᠠᠭᠠᠵᠠ ᠶᠢᠨ ᠡᠶᠡᠳᠡᠬᠦᠯᠦᠨ ᠵᠤᠬᠢᠴᠠᠭᠤᠯᠬᠤ ᠪᠤᠯᠤᠨ ᠨᠡᠶᠢᠬᠡᠮ ᠲᠤᠭᠤᠷᠢᠭ ᠤᠨ ᠵᠠᠯᠠᠷᠠᠭᠤᠯᠤᠨ ᠬᠦᠮᠦᠵᠢᠬᠦᠯᠬᠦ ᠠᠵᠢᠯ ᠎ ᠤᠨ ᠬᠦᠴᠦᠯᠡᠴᠡ ᠶᠢ ᠶᠡᠭᠡᠰᠭᠡᠵᠦ᠂ ᠨᠠᠶᠢᠬᠡᠮ ᠤᠨ ᠵᠦᠷᠢᠴᠠᠯ ᠢ ᠠᠷᠢᠯᠭᠠᠬᠤ ᠤᠷᠲᠤ ᠬᠤᠭᠤᠴᠠᠭ᠎ᠠ ᠬᠦᠴᠦᠨ ᠪᠦᠬᠦᠢ ᠲᠤᠭᠳᠠᠴᠠ ᠶᠢ ᠲᠡᠬᠦᠯᠳᠡᠷᠵᠢᠬᠦᠯᠦᠨ᠎ᠡ᠃ ︽ᠡᠩᠬᠡ ᠲᠠᠶᠢᠪᠦᠩ ᠡᠵᠡᠨ᠎ᠡ︾᠎ ᠶᠢᠨ ᠪᠦᠳᠦᠬᠡᠨ ᠪᠠᠶᠢᠭᠤᠯᠤᠯᠲᠠ ᠶᠢ ᠯᠠᠪᠳᠠᠭᠤᠨ ᠠᠬᠢᠭᠤᠯᠵᠤ᠂ ᠨᠠᠶᠢᠬᠡᠮ ᠤᠨ ᠠᠮᠤᠷ ᠲᠦᠪᠰᠢᠨ ᠤ ᠶᠡᠷᠦᠩᠭᠡᠢ ᠵᠠᠰᠠᠯᠲᠠ ᠶᠢᠨ ᠰᠡᠷᠭᠡᠶᠢᠯᠡᠨ ᠡᠵᠡᠮᠳᠡᠬᠦ ᠲᠤᠭᠲᠠᠯᠴᠠᠭ᠎ᠠ ᠶᠢ ᠲᠡᠬᠦᠯᠳᠡᠷᠵᠢᠬᠦᠯᠦᠨ᠂ ᠳᠠᠯᠠᠶᠢᠬᠦ᠋ᠪ ᠪᠠᠯᠭᠠᠰᠦᠨ ᠤ ᠵᠠᠮ ᠤᠨ ᠵᠢᠭᠠᠯᠲᠠ ᠢᠯᠡᠷᠬᠡᠶᠢᠯᠡᠯ ᠢ ᠵᠢᠷᠤᠵᠤ ᠪᠤᠰᠬᠠᠨ᠂ ᠠᠯᠳᠠᠨ ᠲᠤᠤᠷᠠᠢ ᠠᠭᠤᠳᠠᠮ ᠲᠠᠯᠠᠪᠠᠢ᠂ ᠴᠡᠷᠢᠭ ᠢᠶᠠᠨ ᠬᠦᠷᠢᠶᠡᠯᠡᠬᠦ ᠠᠭᠤᠳᠠᠮ ᠲᠠᠯᠠᠪᠠᠢ᠂ ᠰᠤᠪᠨᠠᠭᠤᠷ ᠴᠡᠴᠡᠷᠯᠢᠭ ᠵᠡᠷᠬᠡ ᠬᠦᠮᠦᠨ ᠬᠠᠷ᠎ᠠ ᠶᠡᠭᠡ ᠪᠠᠷ ᠴᠤᠭᠯᠠᠷᠠᠳᠠᠭ ᠤᠯᠠᠨ ᠨᠡᠶᠢᠳᠡ ᠶᠢᠨ ᠭᠠᠵᠠᠷ ᠪᠤᠯᠤᠨ ᠴᠢᠬᠤᠯᠠ ᠪᠤᠯᠬᠤ ᠤᠷᠤᠨ ᠪᠠᠶᠢᠷᠢᠰᠢᠯ ᠳᠤ ᠬᠢᠨᠠᠨ ᠡᠵᠡᠮᠳᠡᠬᠦᠷ ᠤᠨ ᠲᠦᠬᠦᠬᠡᠷᠦᠮᠵᠢ ᠤᠭᠰᠠᠷᠠᠨ᠎ᠠ᠃ ᠠᠶᠤᠯᠬᠦᠢ ᠤᠶᠢᠯᠡᠳᠪᠤᠷᠢᠯᠡᠯ ᠤᠨ ᠬᠠᠮᠢᠶᠠᠷᠤᠯᠳᠠ ᠶᠢ ᠴᠢᠩᠭᠠᠳᠬᠠᠨ᠂ ᠠᠶᠤᠯᠬᠦᠢ ᠤᠶᠢᠯᠡᠳᠪᠤᠷᠢᠯᠡᠯ ᠤᠨ ᠨᠠᠮ ᠵᠠᠰᠠᠭ ᠬᠠᠮᠳᠤ ᠪᠠᠷ ᠬᠠᠷᠢᠭᠤᠴᠠᠬᠤ ᠪᠤᠯᠤᠨ ︽ᠨᠢᠬᠡ ᠲᠤᠰᠢᠶᠠᠯ ᠬᠤᠤᠰ ᠬᠠᠷᠢᠭᠤᠴᠠᠯᠭ᠎ᠠ︾᠎ ᠶᠢᠨ ᠲᠦᠷᠢᠮ ᠢ ᠡᠷᠡᠰ ᠨᠠᠶᠢᠳᠠᠪᠤᠷᠢᠵᠢᠭᠤᠯᠵᠤ᠂ ᠢᠳᠡᠬᠡᠨ ᠤᠮᠳᠠᠭᠠᠨ ᠡᠮ ᠤᠨ ᠵᠤᠶᠢᠯᠡᠰ ᠤᠨ ᠠᠶᠤᠯ ᠦᠬᠡᠢ ᠪᠠᠶᠢᠭᠤᠯᠤᠯᠳᠠ ᠶᠢ ᠠᠬᠢᠭᠤᠯᠤᠨ᠂ ᠭᠤᠤᠯᠳᠠᠯᠠᠭᠠᠲᠤ ᠠᠵᠢᠯ ᠲᠦᠷᠦᠯ᠂ ᠤᠨᠴᠠᠭᠠᠢ ᠲᠤᠨᠤᠭᠯᠠᠯ ᠤᠨ ᠠᠮᠤᠷ ᠲᠦᠪᠰᠢᠨ ᠤ ᠪᠠᠳᠤᠯᠠᠭᠠᠨ ᠤ ᠲᠦᠬᠦᠬᠡᠷᠦᠮᠵᠢ ᠶᠢ ᠬᠢᠨᠠᠨ ᠬᠠᠮᠢᠶᠠᠷᠬᠤ ᠎ ᠪᠠᠨ ᠴᠢᠩᠭᠠᠳᠬᠠᠵᠤ᠂ ᠲᠤᠮᠤ ᠬᠦᠨᠳᠤ ᠠᠮᠤᠷ ᠲᠦᠪᠰᠢᠨ ᠤ ᠬᠡᠨᠡᠳᠡᠯ ᠢ ᠴᠢᠩᠭ᠎ᠠ ᠰᠡᠷᠬᠡᠶᠢᠯᠡᠨ᠎ᠡ᠃ ᠠᠵᠤ ᠠᠬᠤᠶᠢᠯᠠᠯ ᠎ ᠤᠨ ᠠᠶᠤᠯᠬᠦᠢ ᠤᠶᠢᠯᠡᠳᠪᠤᠷᠢᠯᠡᠯ ᠤᠨ ᠭᠤᠤᠯ ᠴᠤᠭᠴᠠ ᠶᠢᠨ ᠬᠠᠷᠢᠭᠤᠴᠠᠯᠭ᠎ᠠ ᠪᠤᠯᠤᠨ ᠠᠵᠢᠯ ᠲᠦᠷᠦᠯ ᠤᠨ ᠰᠠᠯᠠᠭ᠎ᠠ ᠮᠦᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠴᠢᠩᠭᠠᠳᠬᠠᠨ᠎ᠠ᠃ ᠪᠠᠴᠢᠮ ᠪᠠᠶᠢᠳᠠᠯ ᠢ ᠠᠪᠤᠷᠠᠨ ᠠᠷᠭᠠᠴᠠᠬᠤ ᠬᠠᠮᠢᠶᠠᠷᠦᠯᠲᠠ ᠶᠢᠨ ᠲᠤᠭᠲᠠᠴᠠ ᠪᠠ ᠲᠤᠰ ᠲᠤᠭᠲᠠᠴᠠ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠨᠠᠶᠢᠲᠡ ᠶᠢᠨ ᠬᠡᠨᠡᠳᠲᠠ ᠶᠢᠨ ᠬᠡᠷᠡᠭ ᠢ ᠰᠡᠷᠡᠮᠵᠢᠯᠡᠬᠦ ᠪᠠ ᠪᠠᠴᠢᠮ ᠠᠷᠭᠠᠴᠠᠨ ᠰᠡᠢᠳᠪᠤᠷᠢᠯᠡᠬᠦ ᠴᠢᠳᠠᠪᠦᠷᠢ ᠶᠢ ᠳᠡᠭᠡᠭᠰᠢᠯᠡᠬᠦᠯᠦᠨ᠎ᠡ᠃ ᠨᠠᠮ ᠤᠨ ᠦᠨᠳᠦᠰᠦᠲᠡᠨ ᠱᠠᠰᠢᠨ ᠰᠤᠷᠳᠠᠬᠤᠨ ᠤ ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠵᠤ᠂ ᠮᠤᠩᠭᠤᠯ ᠦᠭᠡ ᠬᠡᠯᠡ ᠦᠰᠦᠭ ᠪᠢᠴᠢᠭ ᠤᠨ ᠪᠠᠷᠢᠮᠵᠢᠶᠠᠵᠢᠭᠰᠠᠨ ᠬᠡᠷᠡᠭᠯᠡᠯᠲᠡ ᠪᠤᠯᠤᠨ ᠬᠠᠮᠢᠶᠠᠷᠤᠯᠳᠠ ᠶᠢ ᠲᠦᠷᠢᠮᠵᠢᠬᠦᠯᠤᠨ᠂ ᠦᠨᠳᠤᠰᠤᠳᠡᠨ ᠤ ᠪᠦᠯᠬᠦᠮᠳᠡᠯ ᠲᠠᠪᠰᠢᠯᠳᠠ ᠶᠢ ᠬᠠᠮᠠᠭᠠᠯᠠᠭᠰᠠᠨ ᠵᠤᠬᠢᠴᠠᠯᠳᠤ ᠪᠠᠶᠢᠳᠠᠯ ᠢ ᠡᠬᠦᠳᠦᠨ᠎ᠡ᠃ ᠭᠠᠳᠠᠭᠠᠳᠦ ᠶᠠᠪᠤᠳᠠᠯ ᠬᠠᠷᠢᠶᠠᠲᠤ ᠶᠢᠨ ᠠᠵᠢᠯ᠂ ᠳᠠᠩᠰᠠ ᠡᠪᠬᠡᠮᠡᠯ ᠲᠡᠤᠬᠡ ᠤᠶᠢᠯᠠᠯᠭ᠎ᠠ᠂ ᠬᠦᠨᠠᠰᠤᠨ ᠤ ᠬᠠᠳᠠᠭᠠᠯᠠᠭᠳᠠᠴᠠ᠂ ᠴᠠᠭ ᠠᠭᠤᠷ᠂ ᠳᠠᠭᠠᠳᠬᠠᠯ᠂ ᠰᠢᠤᠳᠠᠨ ᠵᠡᠷᠭᠡ ᠠᠵᠢᠯ ᠢ ᠯᠠᠪᠳᠠᠭᠤᠨ ᠠᠬᠢᠭᠤᠯᠵᠤ᠂ ᠡᠮᠡᠭᠲᠠᠶᠢᠴᠦᠳ ᠬᠡᠤᠬᠡᠳ ᠪᠠᠭᠠᠴᠦᠤᠯ᠂ ᠠᠵᠢᠯᠴᠢᠨ ᠤ ᠡᠪᠯᠡᠯ᠂ ᠵᠠᠯᠠᠭᠤᠴᠤᠳ ᠤᠨ ᠡᠪᠯᠡᠯ᠂ ᠤᠯᠠᠭᠠᠨ ᠵᠠᠭᠠᠯᠮᠠᠶᠢᠲᠠᠨ ᠤ ᠨᠡᠶᠢᠬᠡᠮᠯᠢᠭ ᠪᠠ ᠵᠡᠮᠳᠡᠭᠴᠦᠳ ᠤᠨ ᠠᠵᠢᠯ ᠦᠢᠯᠡᠰ ᠢ ᠰᠡᠳᠬᠢᠯ ᠲᠠᠯᠪᠢᠨ ᠲᠡᠮᠵᠢᠨ᠎ᠠ᠃        ︽ᠠᠷᠪᠠ ᠶᠢ ᠪᠦᠷᠬᠦᠭᠦᠯᠬᠦ︾ ᠢᠨᠵᠧᠨᠧᠷᠢᠩ ᠢ ᠰᠠᠶᠢᠲᠤᠷ ᠠᠳᠬᠤᠨ᠎ᠠ᠃ ᠮᠠᠯᠵᠢᠬᠤ ᠲᠠᠷᠢᠶᠠᠯᠠᠬᠤ ᠤᠷᠤᠨ ᠎ ᠤ ︽ᠠᠷᠪᠠ ᠶᠢ ᠪᠦᠷᠬᠦᠭᠦᠯᠬᠦ︾ ᠢᠨᠵᠧᠨᠧᠷᠢᠩ ᠢ ᠭᠦᠨᠵᠡᠭᠡᠶᠢᠷᠡᠭᠦᠯᠦᠨ ᠶᠠᠪᠤᠭᠳᠠᠭᠤᠯᠵᠤ᠂ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ ᠲᠦᠯᠦᠪᠯᠡᠵᠦ᠂ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠬᠤᠪᠢᠶᠠᠷᠢᠯᠠᠨ ᠲᠤᠬᠢᠷᠠᠭᠤᠯᠵᠤ ᠂ ᠲᠦᠷᠦᠯ ᠵᠦᠢᠯ ᠢ ᠵᠦᠢ ᠵᠤᠬᠢᠰᠳᠠᠢ ᠪᠠᠶᠢᠷᠢᠯᠠᠭᠤᠯᠤᠨ᠂ ᠲᠤᠰᠪᠦᠷᠢ ᠶᠢᠨ ᠦᠪᠡᠷᠮᠢᠴᠡ ᠤᠨᠴᠠᠯᠢᠭ ᠢᠶᠠᠨ ᠳᠤᠪᠤᠶᠢᠯᠭᠠᠨ᠂ ᠨᠠᠷᠢᠨ ᠨᠢᠮᠪᠠᠢ ᠵᠤᠬᠢᠶᠠᠨ ᠪᠠᠶᠢᠭᠤᠯᠵᠤ ᠬᠡᠷᠡᠭᠵᠢᠭᠦᠯᠦᠨ᠂ ᠬᠤᠶᠢᠨᠠᠬᠢ ᠬᠤᠭᠤᠴᠠᠭᠠᠨ ᠤ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠵᠤ᠂ ᠡᠨᠡᠭᠦ ᠬᠠᠮᠤᠭ ᠲᠤᠮᠤ ᠶᠡᠷᠦᠩᠭᠡᠶᠢᠯᠡᠭᠰᠡᠨ ᠴᠢᠨᠠᠷᠲᠠᠢ ᠠᠷᠠᠳ ᠤᠨ ᠠᠮᠢᠳᠤᠷᠠᠯ ᠤᠨ ᠢᠨᠵᠧᠨᠧᠷᠢᠩ ᠢ ᠴᠢᠩᠭ᠎ᠠ ᠪᠤᠳᠠᠲᠠᠢ ᠠᠳᠬᠤᠨ᠎ᠠ᠃ ᠲᠦᠯᠦᠪᠯᠡᠭᠡ ᠲᠤᠬᠢᠷᠠᠭᠤᠯᠤᠯᠲᠠ ᠶᠤᠰᠤᠭᠠᠷ᠂ ᠴᠠᠭᠠᠨ ᠰᠠᠷ᠎ᠠ ᠎ ᠠᠴᠠ ᠡᠮᠦᠨ᠎ᠡ ᠡᠯ᠎ᠡ ᠲᠦᠷᠦᠯ ᠲᠦᠯᠦᠪᠵᠢᠭᠦᠯᠭᠡ ᠶᠢᠨ ᠲᠤᠭᠲᠠᠭᠠᠯᠲᠠ᠂ ᠨᠤᠲᠠᠯᠠᠯᠲᠠ᠂ ᠬᠢᠨᠠᠨ ᠵᠦᠪᠰᠢᠶᠡᠷᠡᠯᠲᠡ ᠪᠤᠯᠤᠨ ᠰᠢᠪᠠᠷ ᠪᠠᠶᠢᠰᠢᠩ᠂ ᠨᠤᠷᠠᠬᠤ ᠠᠶᠤᠯᠲᠠᠢ ᠪᠠᠶᠢᠰᠢᠩ᠂ ᠬᠤᠭᠤᠰᠤᠨ ᠪᠠᠶᠢᠰᠢᠩ ᠢ ᠨᠤᠷᠠᠭᠠᠬᠤ ᠠᠵᠢᠯ ᠢ ᠡᠷᠭᠡᠪᠰᠢ ᠪᠡᠶᠡᠯᠡᠭᠦᠯᠦᠨ᠂ 3 ᠰᠠᠷ᠎ᠠ ᠶᠢᠨ ᠰᠡᠭᠦᠯᠴᠢ ᠪᠠᠷ ᠠᠵᠢᠯ ᠢᠶᠠᠨ ᠪᠦᠬᠦᠨ ᠢ ᠡᠬᠢᠯᠡᠭᠦᠯᠵᠦ᠂ 8 ᠰᠠᠷ᠎ᠠ ᠶᠢᠨ ᠰᠡᠭᠦᠯᠴᠢ ᠪᠤᠯᠬᠤ ᠳᠤ ᠠᠰᠢᠭᠯᠠᠯᠲᠠ ᠳᠤ ᠤᠷᠤᠭᠤᠯᠤᠨ᠎ᠠ᠃ ᠠᠷᠠᠳ ᠲᠤ ᠳᠦᠭᠦᠮ ᠦᠵᠡᠭᠦᠯᠬᠦ ᠨᠡᠭᠦᠳᠡᠯ ᠦᠢᠯᠡᠴᠢᠯᠡᠭᠡᠨ ᠤ ᠲᠡᠷᠭᠡᠨ ᠤ ᠦᠢᠯᠡᠳᠦᠯ ᠢ ᠬᠦᠢᠴᠡᠳ ᠪᠠᠳᠠᠷᠠᠭᠤᠯᠤᠨ᠂ ᠠᠯᠤᠰ ᠪᠦᠢᠳᠠ ᠤᠷᠤᠨ ᠤ ᠮᠠᠯᠴᠢᠳ ᠲᠠᠷᠢᠶᠠᠴᠢᠳ ᠲᠤ  ᠪᠠᠶᠢᠩᠭᠤᠵᠢᠭᠤᠯᠤᠭᠰᠠᠨ ᠦᠢᠯᠡᠴᠢᠯᠡᠭᠡ ᠶᠢ ᠬᠠᠩᠭᠠᠨ᠎ᠠ᠃ 293 ᠡᠷᠦᠬᠡ ︽ᠲᠤᠤᠷᠠᠶᠢᠲᠤ ᠠᠶᠢᠯ ︾᠎ ᠢ ᠦᠷᠭᠦᠯᠵᠢᠯᠡᠨ ᠴᠤᠭᠴᠠᠯᠠᠵᠤ᠂ ︽ᠲᠤᠤᠷᠠᠶᠢᠲᠤ ᠠᠶᠢᠯ︾᠎ ᠤᠨ ᠤᠨᠴᠠᠯᠢᠭᠲᠤ ᠵᠡᠭᠡᠯᠢ ᠲᠤᠭᠤᠷᠢᠭ ᠢ ᠨᠡᠶᠢᠳᠠᠮ ᠦᠭᠡᠷᠡᠴᠢᠯᠡᠨ ᠵᠠᠰᠠᠨ᠎ᠠ᠃        ᠠᠷᠠᠳ ᠲᠤ ᠠᠰᠢᠭ ᠬᠦᠷᠲᠡᠭᠡᠬᠦ ᠪᠤᠳᠠᠳᠤ ᠠᠵᠢᠯ ᠢ ᠰᠠᠶᠢᠲᠤᠷ ᠬᠢᠨ᠎ᠡ᠃ ᠡᠨᠡ ᠵᠢᠯ᠂ ᠬᠤᠰᠢᠭᠤ ᠵᠠᠰᠠᠭ ᠎ ᠤᠨ ᠤᠷᠳᠤᠨ ᠨᠢ ᠤᠯᠠᠨ ᠲᠦᠮᠡᠨ ᠤ ᠬᠠᠮᠤᠭ ᠬᠠᠯᠠᠮᠵᠢᠯᠠᠵᠤ ᠪᠠᠶᠢᠭ᠎ᠠ ᠪᠤᠳᠠᠳᠤ ᠠᠰᠢᠭ ᠲᠤᠰᠠ ᠶᠢᠨ ᠠᠰᠠᠭᠤᠳᠠᠯ ᠢ ᠦᠷᠭᠦᠯᠵᠢᠯᠡᠨ ᠠᠩᠬᠠᠷᠴᠤ᠂ ᠬᠦᠴᠦ ᠪᠠᠨ ᠲᠦᠪᠯᠡᠷᠡᠭᠦᠯᠦᠨ ᠤᠯᠠᠨ ᠲᠦᠮᠡᠨ ᠳᠤ ︽10 ᠪᠤᠳᠠᠲᠠᠢ ᠠᠵᠢᠯ︾᠎ ᠢ ᠰᠠᠶᠢᠲᠤᠷ ᠬᠢᠨ᠎ᠡ᠄ ᠨᠢᠬᠡ ᠳᠤ᠂ ᠰᠠᠯᠬᠢ ᠨᠠᠷᠠᠨ ᠤ ᠬᠠᠷᠢᠯᠴᠠᠨ ᠨᠦᠬᠦᠪᠤᠷᠢᠯᠡᠬᠦ ᠴᠠᠬᠢᠯᠭᠠᠨ ᠬᠦᠴᠦᠨ ᠤ ᠪᠠᠭᠳᠠᠭᠠᠮᠵᠢ ᠎ ᠶᠢ ᠶᠡᠬᠡᠰᠬᠡᠬᠦ ᠢᠨᠵᠧᠨᠧᠷᠢᠩ ᠢ ᠬᠡᠷᠡᠭᠵᠢᠭᠦᠯᠦᠨ᠂ ᠠᠯᠤᠰ ᠪᠤᠶᠢᠳᠡ ᠭᠠᠵᠠᠷ ᠤᠷᠤᠨ ᠤ ᠮᠠᠯᠵᠢᠬᠤ ᠲᠡᠷᠢᠶᠠᠯᠠᠬᠤ 407 ᠡᠷᠤᠬᠡ ᠶᠢᠨ ᠰᠠᠯᠬᠢ ᠨᠠᠷᠠᠨ ᠤ ᠬᠠᠷᠢᠯᠴᠠᠨ ᠨᠦᠬᠦᠪᠤᠷᠢᠯᠡᠬᠦ ᠴᠠᠬᠢᠯᠭᠠᠨ ᠲᠦᠬᠦᠬᠡᠷᠦᠮᠵᠢ ᠶᠢᠨ ᠪᠠᠭᠳᠠᠭᠠᠮᠵᠢ ᠶᠢ 2000 ᠸᠠᠲ ᠪᠤᠯᠳᠠᠯ᠎ᠠ ᠨᠡᠮᠡᠭᠳᠡᠬᠦᠯᠦᠨ᠎ᠠ᠃ ᠬᠤᠶᠠᠷ ᠲᠤ᠂ ᠨᠠᠰᠤᠳᠠᠶᠢᠴᠤᠤᠯ ᠤᠨ ᠬᠦᠳᠡᠯᠬᠡᠬᠡᠨ ᠤ ᠲᠦᠪ ᠢ ᠡᠬᠢᠯᠡᠨ ᠬᠡᠷᠡᠭᠯᠡᠵᠤ᠂ ᠨᠠᠰᠤᠳᠠᠶᠢᠴᠤᠤᠯ ᠳᠤ ᠰᠡᠯᠡᠬᠦᠴᠡᠬᠦ᠂ ᠵᠤᠭᠠᠯᠠᠬᠤ᠂ ᠪᠡᠶ᠎ᠡ ᠴᠢᠬᠢᠷᠡᠭ᠌ᠵᠢᠭᠤᠯᠬᠤ ᠶᠢ ᠨᠢᠬᠡᠨ ᠴᠤᠭᠴᠠᠵᠢᠭᠤᠯᠤᠭᠰᠠᠨ ᠬᠦᠳᠡᠯᠬᠡᠬᠡᠨ ᠤ ᠲᠠᠯᠠᠪᠤᠷ ᠢ ᠦᠨ᠎ᠡ ᠲᠦᠯᠦᠪᠤᠷᠢ ᠦᠬᠡᠢ ᠬᠠᠩᠭᠠᠨ᠎ᠠ᠃ ᠭᠤᠷᠪᠠ ᠳᠤ᠂ ᠠᠯᠤᠰ ᠪᠤᠶᠢᠳᠡ ᠤᠷᠤᠨ ᠤ ᠮᠠᠯᠵᠢᠬᠤ ᠲᠡᠷᠢᠶᠠᠯᠠᠬᠤ 89 ᠡᠷᠤᠬᠡ ᠶᠢᠨ ᠲᠠᠭᠠᠭᠤᠯᠢ ᠤᠳᠤᠨ ᠭᠠᠷ ᠤᠳᠠᠰᠤᠨ ᠤ ᠵᠠᠷᠤᠳᠠᠯ ᠤᠨ ᠨᠦᠬᠦᠪᠤᠷᠢ ᠶᠢ ᠲᠡᠬᠡᠭᠰᠢᠯᠡᠬᠦᠯᠵᠤ᠂ ᠰᠠᠷ᠎ᠠ ᠪᠦᠷᠢ ᠶᠢᠨ 100 ᠲᠦᠬᠦᠷᠢᠭ ᠪᠠᠶᠢᠭᠰᠠᠨ ᠠᠴᠠ150 ᠲᠦᠬᠦᠷᠢᠭ ᠪᠤᠯᠲᠠᠯ᠎ᠠ ᠨᠡᠮᠡᠭᠳᠡᠬᠦᠯᠦᠨ᠎ᠠ᠃ ᠲᠦᠷᠪᠡ ᠳᠤ᠂ ᠭᠠᠴᠠᠭᠠᠨ ᠤ ᠵᠠᠰᠠᠮᠠᠯ ᠵᠠᠮ ᠢ ᠤᠷᠲᠤᠳᠬᠠᠨ ᠵᠠᠰᠠᠵᠤ᠂ ᠪᠠᠶᠠᠨᠭᠤᠤᠯ᠂ ᠭᠡᠷᠡᠯᠳᠤ ᠭᠠᠴᠠᠭᠠᠨ ᠤ ᠬᠠᠶᠢᠷ ᠴᠢᠯᠠᠭᠤᠨ ᠵᠠᠮ 40 ᠺᠢᠯᠤᠮᠧᠲᠷ᠂ ᠯᠢᠴᠢᠩ ᠵᠠᠮ 10 ᠺᠢᠯᠤᠮᠧᠲᠷ ᠪᠠ ᠭᠤᠷᠤᠨᠠᠢ ᠭᠠᠴᠠᠭᠠᠨ ᠤ ᠯᠢᠴᠢᠩ ᠵᠠᠮ 53 ᠺᠢᠯᠤᠮᠧᠲᠷ ᠰᠢᠨ᠎ᠠ ᠪᠠᠷ ᠵᠠᠰᠠᠨ᠎ᠠ᠃ ᠲᠠᠪᠤ ᠳᠤ᠂ ᠨᠤᠮ ᠤᠨ ᠰᠠᠩ ᠰᠢᠨ᠎ᠡ ᠎ ᠪᠠᠷ ᠨᠢᠬᠡ ᠶᠢ ᠪᠠᠶᠢᠭᠤᠯᠵᠤ᠂ ᠵᠢᠯ ᠤᠨ ᠳᠤᠲᠤᠷ᠎ᠠ ᠠᠵᠢᠯ ᠳᠠᠭᠤᠰᠬᠠᠨ᠂ ᠭᠡᠷᠡᠭᠯᠡᠭᠡᠨ ᠳᠤ ᠤᠷᠤᠭᠤᠯᠤᠨ᠎ᠠ᠃ ᠵᠢᠷᠭᠤᠭ᠎ᠠ ᠳᠤ᠂ ᠡᠵᠡᠨ᠎ᠡ ᠴᠡᠴᠡᠷᠯᠢᠭ ᠢ ᠦᠬᠡᠷᠡᠴᠢᠯᠡᠨ ᠵᠠᠰᠠᠬᠤ ᠢᠨᠵᠧᠨᠧᠷᠢᠩ ᠢ ᠡᠬᠢᠯᠡᠬᠦᠯᠤᠨ᠂ ᠰᠡᠯᠡᠬᠦᠴᠡᠬᠦ᠂ ᠵᠤᠭᠠᠯᠠᠬᠤ᠂ ᠪᠡᠶ᠎ᠡ ᠴᠢᠬᠢᠷᠠᠭᠵᠢᠭᠤᠯᠬᠤ ᠶᠢ ᠨᠢᠬᠡᠳᠤᠬᠦᠯᠦᠭᠰᠡᠨ ᠬᠤᠳᠠ ᠶᠢᠨ ᠴᠡᠴᠡᠷᠯᠢᠭ ᠪᠤᠯᠭᠠᠨ ᠴᠤᠭᠴᠠᠯᠠᠨ᠎ᠠ᠃ ᠲᠤᠯᠤᠭ᠎ᠠ ᠳᠤ᠂ ᠲᠤᠸᠠᠨ ᠵᠢᠶᠧ᠂ ᠹᠧᠩ ᠵᠢᠩ ᠵᠡᠷᠬᠡ 7 ᠬᠠᠭᠤᠴᠢᠨ ᠲᠤᠭᠤᠷᠢᠭ ᠤᠨ ᠤᠰᠤ᠂ ᠴᠠᠬᠢᠯᠭᠠᠨ᠂ ᠲᠤᠯᠠᠭᠠᠨ ᠵᠡᠷᠬᠡ ᠰᠠᠭᠤᠷᠢ ᠲᠦᠬᠦᠬᠡᠷᠦᠮᠵᠢ ᠶᠢ ᠦᠬᠡᠷᠡᠴᠢᠯᠡᠨ ᠪᠠᠶᠢᠭᠤᠯᠤᠨ᠎ᠠ᠃ ᠨᠠᠢᠮᠠ ᠳᠤ᠂ ᠲᠡᠷᠢᠶᠠᠯᠠᠩ ᠤᠨ ᠪᠦᠳᠦᠬᠡᠭᠳᠡᠬᠦᠨ ᠢ ᠶᠡᠷᠤᠩᠬᠡᠶᠢᠯᠡᠨ ᠪᠦᠬᠡᠮ ᠢᠶᠠᠷ ᠪᠤᠷᠤᠯᠠᠭᠤᠯᠬᠤ ᠠᠷᠠᠯᠵᠢᠶᠠᠨ ᠤ ᠵᠠᠬ᠎ᠠ ᠲᠡᠯᠬᠡᠬᠦᠷ ᠢ ᠦᠷᠬᠡᠳᠬᠡᠨ ᠪᠠᠶᠢᠭᠤᠯᠵᠤ᠂ 2600 ᠬᠠᠪᠳᠠᠭᠠᠢ ᠲᠦᠷᠪᠡᠯᠵᠢᠨ ᠮᠧᠲᠷ ᠪᠠᠷᠠᠭ᠎ᠠ ᠬᠦᠢᠯᠬᠡᠬᠡᠨ ᠤ ᠰᠤᠷᠠᠭ ᠵᠠᠩᠬᠢ ᠶᠢᠨ ᠲᠦᠪ ᠢ ᠪᠦᠳᠦᠬᠡᠨ ᠪᠠᠶᠢᠭᠤᠯᠤᠨ᠎ᠠ᠃ ᠶᠢᠰᠤ ᠳᠤ᠂ ᠮᠠᠨ ᠤ ᠬᠤᠰᠢᠭᠤᠨ ᠤ ᠵᠠᠷᠢᠮ ᠨᠡᠶᠢᠳᠡ ᠶᠢᠨ ᠠᠰᠠᠷᠠᠮᠵᠢᠳᠤ ᠠᠵᠢᠯ ᠤᠨ ᠪᠡᠶᠢᠷᠢ ᠶᠢᠨ ᠠᠵᠢᠯᠳᠠᠳ ᠤᠨ ᠴᠠᠯᠢᠩ ᠬᠦᠯᠦᠰᠤ ᠶᠢ ᠦᠰᠬᠡᠵᠤ᠂ ᠰᠠᠷ᠎ᠠ ᠶᠢᠨ ᠴᠠᠯᠢᠩ ᠤᠨ ᠬᠠᠮᠤᠭ ᠲᠤᠤᠷ᠎ᠠ ᠪᠡᠷᠢᠮᠵᠢᠶ᠎ᠡ ᠶᠢ 1800 ᠲᠦᠬᠦᠷᠢᠭ ᠪᠤᠯᠳᠠᠯ᠎ᠠ ᠨᠡᠮᠡᠵᠤ᠂ ᠠᠵᠢᠯᠯᠠᠭᠰᠠᠨ ᠵᠢᠯ ᠤᠨ ᠴᠠᠯᠢᠩ ᠢ ᠨᠢᠬᠡ ᠵᠢᠯ ᠦᠩᠬᠡᠷᠡᠬᠦ ᠲᠤᠰᠤᠮ ᠳᠤ 50 ᠲᠦᠬᠦᠷᠢᠭ ᠦᠰᠬᠡᠨ᠎ᠡ᠃ ᠠᠷᠪᠠ ᠳᠤ᠂ ᠪᠦᠬᠦ ᠠᠷᠠᠳ ᠤᠨ ᠡᠷᠡᠬᠦᠯ ᠴᠢᠬᠢᠷᠠᠭ ᠤᠨ ᠲᠦᠪᠰᠢᠨ ᠢ ᠲᠡᠬᠡᠭᠰᠢᠯᠡᠬᠦᠯᠦᠨ᠂ ᠬᠤᠰᠢᠭᠤᠨ ᠤ ᠬᠢᠳᠡᠳ ᠡᠮᠨᠡᠯᠬᠡ ᠶᠢᠨ ᠬᠤᠷᠢᠶᠠᠨ ᠳᠤ ᠤᠨᠤᠰᠢᠯᠠᠨ ᠡᠮᠴᠢᠯᠡᠬᠦ ᠲᠦᠬᠦᠬᠡᠷᠦᠮᠵᠢ ᠶᠢ ᠦᠭᠴᠤ ᠲᠤᠬᠢᠷᠠᠭᠤᠯᠤᠨ᠂ ᠭᠤᠷᠪᠠᠨ ᠵᠢᠯ ᠳᠤᠲᠤᠷ᠎ᠠ ᠮᠠᠨ ᠤ ᠬᠤᠰᠢᠭᠤᠨ ᠤ ᠰᠠᠭᠤᠭᠤᠯᠢ ᠠᠷᠠᠳ ᠲᠤ ᠡᠷᠡᠬᠦᠯ ᠮᠡᠨᠳᠤ ᠶᠢᠨ ᠦᠨᠳᠤᠰᠤᠨ ᠪᠠᠶᠢᠴᠠᠭᠠᠯᠳᠠ ᠶᠢ ᠦᠨ᠎ᠡ ᠲᠦᠯᠦᠪᠤᠷᠢ ᠦᠬᠡᠢ ᠬᠢᠨ᠎ᠠ᠃        ︵ᠳᠦᠷᠪᠡ︶  ᠬᠡᠪ ᠰᠤᠷᠲᠠᠯ ᠢᠶᠠᠨ ᠦᠭᠡᠷᠡᠴᠢᠯᠡᠨ᠂ ᠤᠷᠴᠢᠨ ᠲᠤᠭᠤᠷᠢᠨ ᠢᠶᠠᠨ ᠰᠠᠶᠢᠵᠢᠷᠠᠭᠤᠯᠵᠤ᠂ ᠦᠬᠡᠳᠡᠷᠡᠭ ᠲᠠᠪᠰᠢᠩᠭᠤᠢ ᠵᠠᠰᠠᠭ ᠤᠨ ᠤᠷᠳᠤᠨ ᠤ ᠲᠦᠷᠢ ᠲᠦᠷᠬᠦ ᠶᠢ ᠱᠤᠭᠤᠨ ᠪᠤᠰᠬᠠᠨ᠎ᠠ᠃        ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠠᠤᠭ᠎ᠠ ᠬᠠᠷᠠᠯᠲᠠ ᠨᠢ ᠵᠠᠰᠠᠭ ᠤᠨ ᠤᠷᠳᠤᠨ ᠤ ᠠᠵᠢᠯ ᠳᠤ ᠨᠡᠩ ᠦᠨᠳᠦᠷ ᠱᠠᠭᠠᠷᠳᠠᠯᠭ᠎ᠠ ᠶᠢ ᠰᠢᠨ᠎ᠡ ᠪᠠᠷ ᠳᠤᠷᠠᠳᠤᠨ ᠭᠠᠷᠭᠠᠪᠠ᠃ ᠪᠢᠳᠠ ᠡᠷᠭᠡᠪᠰᠢ ᠬᠤᠪᠢ ᠪᠡᠶ᠎ᠡ ᠶᠢᠨ ᠪᠦᠲᠦᠭᠡᠨ ᠪᠠᠶᠢᠭᠤᠯᠤᠯᠲᠠ ᠪᠠ ᠤᠶᠢᠯᠡᠴᠢᠯᠡᠬᠦ ᠬᠢᠷᠢ ᠲᠦᠪᠰᠢᠨ ᠢᠶᠠᠨ ᠤᠯᠠᠮ ᠢᠶᠠᠷ ᠦᠨᠳᠦᠷᠵᠢᠬᠦᠯᠵᠤ᠂ ᠰᠢᠨᠵᠢᠯᠡᠬᠦ ᠤᠬᠠᠭᠠᠨᠴᠢ ᠬᠦᠭᠵᠢᠯᠲᠡ ᠶᠢ ᠲᠦᠯᠬᠢᠨ ᠠᠬᠢᠭᠤᠯᠬᠤ ᠴᠢᠳᠠᠪᠤᠷᠢ ᠪᠠᠨ ᠦᠨᠡᠨᠬᠦ ᠳᠡᠭᠡᠭᠰᠢᠯᠡᠭᠦᠯᠦᠨ᠂ ᠠᠷᠠᠳ ᠲᠦᠮᠡᠨ ᠤ ᠬᠠᠨᠤᠮᠵᠢᠲᠠᠢ ᠵᠠᠰᠠᠭ ᠤᠨ ᠤᠷᠳᠤᠨ ᠢ ᠴᠢᠷᠮᠠᠶᠢᠨ ᠪᠠᠶᠢᠭᠤᠯᠤᠨ᠎ᠠ᠃ ᠬᠠᠤᠯᠢ ᠶᠤᠰᠤᠭᠠᠷ ᠵᠠᠰᠠᠭ ᠪᠠᠷᠢᠵᠤ᠂ ᠬᠠᠤᠯᠢ ᠪᠠᠷ ᠵᠠᠰᠠᠬᠤ ᠵᠠᠰᠠᠭ ᠤᠨ ᠤᠷᠳᠤᠨ ᠢ ᠬᠦᠴᠦᠯᠡᠨ ᠪᠠᠶᠢᠭᠤᠯᠤᠨ᠎ᠠ᠃ ᠬᠠᠤᠯᠢ ᠎ ᠶᠢᠨ ᠦᠵᠡᠯᠲᠡ ᠪᠠᠷ ᠰᠡᠳᠬᠢᠨ᠂ ᠬᠠᠤᠯᠢ ᠪᠠᠷ ᠵᠠᠰᠠᠬᠤ ᠠᠷᠭ᠎ᠠ ᠪᠠᠷ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠬᠡᠵᠤ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠦᠪᠯᠡᠯᠬᠡᠨ ᠪᠤᠯᠤᠨ ᠨᠡᠶᠢᠭᠡᠮ ᠤᠨ ᠡᠯ᠎ᠡ ᠡᠳᠡᠭᠡᠳ ᠤᠨ ᠬᠢᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠠᠨ᠂ ᠠᠷᠠᠳ ᠤᠨ ᠶᠡᠭᠡ ᠬᠤᠷᠠᠯ ᠤᠨ ᠲᠦᠯᠦᠭᠡᠯᠡᠭᠴᠢᠳ᠂ ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ ᠪᠤᠯᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ᠂ ᠨᠠᠮ ᠤᠨ ᠭᠠᠳᠠᠨᠠᠬᠢ ᠬᠦᠮᠦᠰ ᠤᠨ ᠰᠠᠨᠠᠯ ᠢ ᠨᠠᠷᠢᠨ ᠨᠢᠮᠪᠠᠢ ᠰᠤᠨᠤᠰᠤᠨ᠎ᠠ᠃ ᠬᠠᠤᠯᠢ ᠶᠤᠰᠤᠭᠠᠷ ᠰᠢᠢᠳᠪᠦᠷᠢ ᠲᠤᠭᠲᠠᠭᠠᠬᠤ ᠲᠤᠭᠲᠠᠴᠠ ᠪᠤᠯᠤᠨ ᠵᠠᠰᠠᠭ ᠤᠨ ᠤᠷᠳᠤᠨ ᠤ ᠬᠠᠤᠯᠢ ᠳᠦᠷᠢᠮ ᠤᠨ ᠵᠦᠪᠯᠡᠭᠴᠢ ᠶᠢᠨ ᠳᠦᠷᠢᠮ ᠢ ᠲᠡᠭᠦᠯᠳᠡᠷᠵᠢᠭᠦᠯᠦᠨ᠂ ᠲᠤᠮᠤ ᠴᠢᠬᠤᠯᠠ ᠰᠢᠢᠳᠪᠦᠷᠢᠲᠦ ᠪᠤᠳᠤᠯᠭ᠎ᠠ ᠶᠢᠨ ᠬᠡᠷᠡᠴᠢᠯᠡᠯᠲᠡ ᠰᠤᠨᠤᠰᠬᠤ᠂ ᠴᠢᠬᠤᠯᠠ ᠠᠵᠢᠯ ᠲᠦᠷᠦᠯ ᠢ ᠨᠡᠶᠢᠳᠡᠯᠡᠬᠦ᠂ ᠴᠢᠬᠤᠯᠠ ᠪᠠᠶᠢᠳᠠᠯ ᠢ ᠮᠡᠳᠡᠭᠳᠡᠬᠦ ᠵᠡᠷᠭᠡ ᠲᠦᠷᠢᠮ ᠢ ᠴᠢᠩᠭ᠎ᠠ ᠬᠡᠷᠡᠭᠵᠢᠭᠦᠯᠵᠦ᠂ ᠰᠢᠨᠵᠢᠯᠡᠬᠦ ᠤᠬᠠᠭᠠᠨᠴᠢ ᠠᠷᠠᠳᠴᠢᠯᠠᠭᠰᠠᠨ ᠰᠢᠢᠳᠪᠦᠷᠢ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ ᠃ ᠡᠷᠬᠡ ᠶᠢᠨ᠂ ᠬᠠᠷᠢᠭᠤᠴᠠᠯᠭ᠎ᠠ ᠶᠢᠨ ᠪᠤᠯᠤᠨ ᠨᠠᠵᠠᠭᠠᠢ ᠲᠠᠯ᠎ᠠ ᠶᠢᠨ ᠭᠤᠷᠪᠠᠨ ᠲᠤᠳᠤᠷᠬᠠᠢ ᠬᠠᠭᠤᠳᠠᠰᠤ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠵᠠᠰᠠᠭ ᠵᠠᠬᠢᠷᠭᠠᠨ ᠤ ᠬᠠᠷᠢᠭᠤᠴᠠᠯᠭ᠎ᠠ ᠨᠡᠬᠡᠮᠵᠢᠯᠡᠬᠦ ᠬᠦᠴᠦᠯᠡᠴᠡ ᠶᠢ ᠴᠢᠩᠭᠠᠳᠬᠠᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠦᠴᠦᠨ ᠢ ᠰᠢᠯᠢᠳᠡᠭᠵᠢᠭᠦᠯᠦᠨ ᠨᠢᠭᠡᠳᠦᠭᠦᠯᠵᠦ᠂ ᠴᠢᠩᠭ᠎ᠠ ᠳᠦᠷᠢᠮᠵᠢᠭᠦᠯᠦᠨ᠂ ᠲᠦᠪ ᠭᠤᠤᠯᠴᠢ ᠪᠦᠬᠡᠳ ᠪᠤᠯᠪᠠᠰᠤᠨ ᠢᠶᠠᠷ ᠬᠠᠤᠯᠢ ᠶᠢ ᠬᠡᠷᠡᠭᠵᠢᠬᠦᠯᠦᠨ᠎ᠡ᠃ ᠠᠷᠠᠳ ᠤᠨ ᠲᠦᠯᠦᠬᠡ ᠵᠠᠰᠠᠭ ᠪᠠᠷᠢᠵᠤ᠂ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠤᠷᠳᠤᠨ ᠢ ᠬᠦᠴᠦᠯᠡᠨ ᠪᠠᠶᠢᠭᠤᠯᠤᠨ᠎ᠠ᠃ ᠠᠰᠠᠭᠤᠳᠠᠯ ᠰᠢᠢᠳᠪᠦᠷᠢᠯᠡᠬᠦ ᠪᠠᠷ ᠭᠤᠤᠯᠳᠠᠭᠤᠯᠵᠤ᠂ ᠤᠯᠠᠨ ᠲᠦᠮᠡᠨ ᠤ ᠰᠠᠨᠠᠯ ᠪᠤᠳᠤᠯ᠂ ᠠᠵᠤ ᠠᠬᠤᠶᠢᠯᠠᠯ ᠤᠨ ᠬᠦᠰᠡᠯ ᠡᠷᠡᠮᠡᠯᠵᠡᠯ ᠵᠢᠴᠢ ᠨᠡᠶᠢᠭᠡᠮ ᠤᠨ ᠠᠩᠬᠠᠷᠤᠯ ᠢ ᠦᠨᠡᠨᠬᠦ ᠴᠢᠬᠤᠯᠠᠴᠢᠯᠠᠨ᠂ ᠵᠠᠰᠠᠭ ᠤᠨ ᠤᠷᠳᠤᠨ ᠤ ᠠᠵᠢᠯ ᠤᠨ ᠬᠠᠨᠳᠤᠯᠭᠠᠲᠤ ᠴᠢᠨᠠᠷ ᠪᠤᠯᠤᠨ ᠪᠤᠳᠠᠳᠤ ᠦᠷ᠎ᠡ ᠠᠰᠢᠭ ᠢ ᠳᠡᠭᠡᠭᠰᠢᠯᠡᠭᠦᠯᠦᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠡᠩᠬᠢᠮ ᠤᠨ ᠪᠠᠶᠢᠭᠤᠯᠤᠯᠲᠠ ᠶᠢ ᠴᠢᠩᠭᠠᠳᠬᠠᠵᠤ᠂ ᠬᠢᠨᠠᠨ ᠵᠦᠪᠰᠢᠶᠡᠷᠡᠬᠦ ᠠᠵᠢᠯ ᠲᠦᠷᠦᠯ ᠳᠤ ᠬᠤᠯᠪᠤᠭᠳᠠᠬᠤ ᠪᠤᠢ ᠪᠦᠬᠦᠢ ᠰᠠᠯᠠᠭ᠎ᠠ ᠮᠦᠴᠢᠷ ᠪᠠᠶᠢᠭᠤᠯᠭ᠎ᠠ ᠨᠢᠬᠡᠴᠢ ᠶᠢ ᠲᠡᠩᠬᠢᠮ ᠳᠤ ᠲᠤᠮᠢᠯᠠᠨ ᠰᠠᠭᠤᠯᠭᠠᠨ᠎ᠠ᠃ ᠵᠠᠰᠠᠭ ᠢ ᠴᠤᠮᠬᠠᠳᠬᠠᠵᠤ ᠡᠷᠬᠡ ᠶᠢ ᠲᠠᠯᠪᠢᠬᠤ ᠬᠡᠮᠵᠢᠶ᠎ᠡ ᠶᠢ ᠶᠡᠬᠡᠰᠬᠡᠨ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠲᠦᠷᠦᠯ ᠢ 30 ᠵᠦᠢᠯ ᠳᠤᠲᠤᠷ᠎ᠠ᠂ ᠲᠦᠪᠯᠡᠷᠡᠭᠦᠯᠦᠨ ᠭᠦᠢᠴᠡᠳᠭᠡᠭᠰᠡᠨ ᠠᠷᠠᠳ ᠲᠤ ᠳᠦᠬᠦᠮ ᠦᠵᠡᠬᠦᠯᠬᠦ ᠦᠢᠯᠡᠴᠢᠯᠡᠭᠡᠨ ᠤ ᠠᠵᠢᠯ ᠲᠦᠷᠦᠯ ᠢ 40 ᠵᠦᠢᠯ ᠳᠤᠲᠤᠷ᠎ᠠ ᠰᠢᠯᠢᠨ ᠦᠯᠡᠳᠡᠭᠡᠵᠦ᠂ ᠤᠯᠠᠨ ᠲᠦᠮᠡᠨ ᠳᠤ ᠬᠠᠮᠤᠭ ᠶᠡᠭᠡ ᠬᠡᠮᠵᠢᠶ᠎ᠡ ᠪᠠᠷ ᠳᠦᠬᠦᠮ ᠦᠵᠡᠬᠦᠯᠦᠨ᠎ᠡ᠃  ᠨᠡᠶᠢᠲᠡ ᠶᠢᠨ ᠦᠢᠯᠡᠴᠢᠯᠡᠭᠡᠨ ᠤ ᠴᠢᠳᠠᠮᠵᠢ ᠪᠠᠨ ᠴᠢᠩᠭᠠᠳᠬᠠᠨ᠂ ᠨᠡᠶᠢᠲᠡ ᠶᠢᠨ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠪᠠᠨ ᠦᠷᠭᠡᠳᠭᠡᠵᠦ᠂ ᠬᠤᠳᠠᠯᠳᠤᠭᠠᠨ ᠤ ᠶᠠᠪᠤᠳᠠᠯ ᠤᠨ ᠳᠦᠷᠢᠮ ᠎ ᠤᠨ ᠦᠭᠡᠷᠡᠴᠢᠯᠡᠯᠲᠡ ᠶᠢᠨ ᠦᠷ᠎ᠡ ᠪᠦᠲᠦᠮᠵᠢ ᠶᠢ ᠪᠠᠳᠤᠳᠬᠠᠨ᠂ ︽ᠤᠯᠠᠨ ᠲᠦᠮᠡᠨ ᠢᠶᠠᠷ ᠤᠶᠢᠯᠡᠰ ᠪᠤᠰᠬᠠᠬᠤ᠂ ᠨᠡᠶᠢᠳᠡ ᠪᠦᠬᠦᠳᠡ ᠪᠠᠷ ᠰᠢᠨ᠎ᠠ ᠶᠢ ᠡᠬᠦᠳᠬᠦ︾ ᠨᠡᠶᠢᠭᠡᠮ ᠤᠨ ᠬᠦᠭᠵᠢᠯᠲᠡ ᠶᠢᠨ ᠪᠦᠲᠦᠴᠡ ᠶᠢ ᠪᠠᠶᠢᠭᠤᠯᠬᠤ ᠳᠤ ᠨᠤᠲᠤᠭ ᠤᠨ ᠰᠠᠭᠤᠭᠠᠯᠢ ᠠᠷᠠᠳ ᠲᠤ ᠠᠰᠢᠭ ᠬᠦᠷᠲᠡᠭᠡᠬᠦ ᠪᠠᠷ ᠪᠠᠷᠠᠬᠤ ᠦᠭᠡᠢ᠂ ᠨᠡᠩ ᠤᠯᠠᠨ ᠪᠡᠯᠡ ᠤᠷᠤᠭᠤᠯᠤᠭᠴᠢ᠂ ᠪᠦᠲᠦᠭᠡᠨ ᠪᠠᠶᠢᠭᠤᠯᠤᠭᠴᠢ ᠲᠠᠢ ᠦᠷ᠎ᠡ ᠪᠦᠲᠦᠮᠵᠢ ᠪᠠᠨ ᠬᠤᠪᠢᠶᠠᠯᠴᠠᠨ᠎ᠠ᠃ ᠦᠨᠡᠨ ᠢ ᠡᠷᠬᠢᠮᠯᠡᠨ ᠪᠤᠳᠠᠲᠠᠢ ᠶᠢ ᠪᠠᠷᠢᠮᠲᠠᠯᠠᠵᠤ᠂ ᠦᠨᠳᠦᠷ ᠠᠰᠢᠭᠯᠠᠮᠵᠢᠲᠤ ᠵᠠᠰᠠᠭ ᠤᠨ ᠤᠷᠳᠤᠨ ᠢ ᠬᠦᠴᠦᠯᠠᠨ ᠴᠣᠭᠴᠠᠯᠠᠨ᠎ᠠ᠃ ︽ᠭᠤᠷᠪᠠᠨ ᠴᠢᠩᠭ᠎ᠠ ᠭᠤᠷᠪᠠᠨ ᠪᠤᠳᠠᠲᠠᠢ︾ ᠲᠤᠰᠬᠠᠢ ᠬᠦᠮᠦᠵᠢᠯ ᠤᠨ ᠦᠷ᠎ᠡ ᠪᠦᠲᠦᠮᠵᠢ ᠶᠢ ᠪᠠᠲᠤᠳᠬᠠᠨ᠂ ᠬᠤᠷᠠᠯ ᠪᠤᠯᠤᠨ ᠪᠢᠴᠢᠭ ᠮᠠᠲ᠋ᠧᠷᠢᠶᠠᠯ ᠢ ᠰᠢᠯᠢᠳᠡᠭᠵᠢᠭᠦᠯᠦᠨ ᠴᠤᠮᠬᠠᠳᠬᠠᠵᠤ᠂ ᠢᠯᠡᠭᠦᠬᠡᠨ ᠲᠤᠬᠠᠢ ᠶᠢᠨ ᠭᠠᠵᠠᠷ ᠲᠤᠨᠢ ᠬᠦᠷᠴᠦ ᠰᠤᠳᠤᠯᠤᠨ ᠪᠠᠶᠢᠴᠠᠭᠠᠵᠤ᠂ ᠢᠯᠡᠭᠦᠬᠡᠨ ᠦᠨᠳᠦᠰᠦᠨ ᠱᠠᠲᠤᠨ ᠳᠤ ᠪᠠᠭᠤᠵᠤ ᠬᠦᠴᠢᠷᠳᠡᠯ ᠢ ᠰᠢᠢᠳᠪᠦᠷᠢᠯᠡᠨ᠂ ᠢᠯᠡᠭᠦᠬᠡᠨ ᠡᠷᠦᠬᠡ ᠳᠤ ᠬᠦᠷᠴᠦ ᠦᠢᠯᠡᠴᠢᠯᠡᠨ᠂ ᠤᠯᠠᠨ ᠲᠦᠮᠡᠨ ᠪᠤᠯᠤᠨ ᠪᠡᠯᠡ ᠤᠷᠤᠭᠤᠯᠤᠭᠴᠢ ᠳᠤ ᠲᠠᠭᠠᠯᠠᠮᠵᠢᠲᠠᠢ ᠦᠢᠯᠡᠳᠪᠦᠷᠢᠯᠡᠯ ᠠᠮᠢᠳᠤᠷᠠᠯ ᠤᠨ ᠤᠷᠴᠢᠨ ᠨᠦᠭᠦᠴᠡᠯ ᠢ ᠴᠢᠷᠮᠠᠶᠢᠨ ᠪᠦᠷᠢᠯᠳᠦᠭᠦᠯᠦᠨ᠎ᠡ᠃ ︽ᠨᠢᠭᠡᠨ ᠬᠤᠪᠢ ᠶᠢᠨ ᠲᠤᠬᠢᠷᠠᠭᠤᠯᠤᠯᠲᠠ᠂ ᠶᠢᠰᠦᠨ ᠬᠤᠪᠢ ᠶᠢᠨ ᠨᠠᠶᠢᠳᠠᠪᠤᠷᠢᠵᠢᠭᠤᠯᠤᠯᠲᠠ︾᠎ ᠶᠢᠨ ᠦᠵᠡᠯᠲᠡ ᠶᠢ ᠴᠢᠩᠭᠠᠳᠬᠠᠨ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠲᠤᠭᠲᠠᠭᠠᠭᠰᠠᠨ ᠬᠦᠨᠳᠦ ᠴᠢᠬᠤᠯᠠ ᠰᠢᠢᠳᠪᠦᠷᠢ ᠲᠤᠬᠢᠷᠠᠭᠤᠯᠤᠯᠲᠠ ᠪᠤᠯᠤᠨ ᠠᠵᠢᠯ ᠡᠭᠦᠷᠭᠡ ᠶᠢ ᠲᠤᠭᠲᠠᠭᠰᠠᠨ ᠴᠠᠭ ᠲᠤᠨᠢ ᠰᠠᠶᠢᠲᠤᠷ ᠪᠡᠶᠡᠯᠡᠭᠦᠯᠵᠦ᠂ ᠵᠠᠰᠠᠭ ᠤᠨ ᠵᠢᠭᠠᠪᠤᠷᠢ ᠪᠤᠳᠤᠯᠭ᠎ᠠ ᠶᠢ ᠰᠠᠭᠠᠳ ᠦᠭᠡᠢ ᠪᠡᠶᠡᠯᠡᠭᠦᠯᠦᠨ᠎ᠡ᠃ ᠰᠢᠪᠡᠭᠡᠲᠡᠨ ᠪᠠᠶᠢᠴᠠᠭᠠᠬᠤ ᠬᠦᠴᠦᠯᠡᠴᠡ ᠎ ᠪᠠᠨ ᠦᠨᠡᠨᠬᠦ ᠨᠡᠮᠡᠭᠳᠡᠭᠦᠯᠦᠨ᠂ ᠬᠠᠷᠠᠯᠲᠠᠲᠤ ᠬᠠᠷᠢᠭᠤᠴᠠᠯᠭ᠎ᠠ ᠶᠢ  ᠬᠢᠨᠠᠨ ᠰᠢᠯᠭᠠᠬᠤ ᠳᠦᠷᠢᠮ ᠢᠶᠠᠨ ᠴᠢᠩᠭ᠎ᠠ ᠭᠡᠷᠡᠭᠵᠢᠭᠦᠯᠵᠦ᠂ ᠡᠯ᠎ᠡ ᠲᠦᠷᠦᠯ ᠤᠨ ᠠᠵᠢᠯ ᠢ ᠴᠢᠨᠠᠷᠯᠢᠭ᠂ ᠲᠦᠷᠭᠡᠨ᠂ ᠦᠷ᠎ᠡ ᠪᠦᠲᠦᠮᠵᠢᠲᠡᠢ ᠪᠡᠶᠡᠯᠡᠭᠦᠯᠦᠨ᠂ ᠴᠢᠬᠡᠴᠢ ᠵᠠᠰᠠᠭ ᠤᠨ ᠤᠷᠳᠤᠨ ᠢ ᠬᠦᠴᠦᠯᠡᠨ ᠪᠠᠶᠢᠭᠤᠯᠤᠨ᠎ᠠ᠃ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠢᠭᠤᠨ ᠴᠢᠭᠡᠴᠢ ᠪᠠᠷ ᠪᠡᠶ᠎ᠡ ᠪᠠᠨ ᠪᠠᠷᠢᠬᠤ ᠵᠠᠷᠴᠢᠮ︾ ᠪᠤᠯᠤᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠭᠡᠯ ᠤᠨ ᠳᠦᠷᠢᠮ︾᠎ ᠢ ᠬᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠲᠠ ᠶᠢᠨ ᠭᠤᠤᠯ ᠬᠠᠷᠢᠭᠤᠴᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ︽ᠨᠢᠭᠡ ᠲᠤᠰᠢᠶᠠᠯ ᠬᠤᠤᠰ ᠬᠠᠷᠢᠭᠤᠴᠠᠯᠭ᠎ᠠ︾᠎ ᠶᠢᠨ ᠰᠢᠨ᠎ᠡ ᠠᠬᠤᠢ ᠪᠠᠶᠢᠳᠠᠯ ᠳᠤ ᠵᠤᠬᠢᠴᠠᠵᠤ᠂ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠭᠡᠨ᠂ ᠠᠵᠢᠯ ᠤᠨ ᠪᠠᠶᠢᠷᠢ ᠪᠠᠨ ᠪᠠᠲᠤ ᠰᠠᠬᠢᠨ᠎ᠠ᠃ ᠵᠠᠰᠠᠭ ᠵᠠᠬᠢᠷᠭᠠᠨ ᠤ ᠬᠢᠨᠠᠨ ᠪᠠᠶᠢᠴᠠᠭᠠᠯᠲᠠ ᠪᠤᠯᠤᠨ ᠬᠢᠨᠠᠨ ᠪᠤᠳᠤᠬᠤ ᠬᠢᠨᠠᠯᠲᠠ ᠶᠢ ᠴᠢᠩᠭᠠᠳᠬᠠᠨ᠂  ᠬᠠᠷᠢᠭᠤᠴᠠᠯᠭ᠎ᠠ ᠪᠠᠨ ᠠᠯᠳᠠᠵᠤ ᠲᠤᠰᠢᠶᠠᠯ ᠢᠶᠠᠨ ᠭᠤᠲᠤᠭᠠᠭᠰᠠᠨ᠂ ᠬᠡᠬᠡᠯᠢ ᠬᠠᠭ᠋ᠤᠤᠯᠢ ᠢᠳᠡᠵᠤ ᠱᠠᠮᠰᠢᠭᠰᠠᠨ᠂ ᠡᠷᠬᠡ ᠪᠠᠨ ᠠᠰᠢᠭᠯᠠᠨ ᠠᠰᠢᠭ ᠬᠦᠷᠳᠡᠭᠰᠡᠨ ᠵᠡᠷᠭᠡ ᠬᠠᠤᠯᠢ ᠲᠦᠷᠢᠮ ᠢ ᠵᠦᠷᠢᠴᠡᠭᠰᠡᠨ ᠬᠡᠷᠡᠭ ᠢ ᠡᠷᠡᠰ ᠪᠠᠶᠢᠴᠠᠭᠠᠨ ᠰᠢᠢᠳᠬᠡᠨ᠎ᠡ᠃ ᠤᠳᠤᠷᠢᠳᠤᠯᠭ᠎ᠠ ᠺᠠᠳ᠋ᠷᠴᠤᠳ ᠤᠨ ᠬᠤᠪᠢ ᠶᠢᠨ ᠶᠠᠪᠤᠳᠠᠯ ᠤᠨ ᠮᠡᠳᠡᠭᠦᠯᠦᠯᠲᠡ᠂ ᠠᠵᠤ ᠠᠬᠤᠢ ᠶᠢᠨ ᠬᠠᠷᠢᠭᠤᠴᠠᠯᠭ᠎ᠠ ᠶᠢᠨ ᠬᠢᠨᠠᠨ ᠪᠤᠲᠤᠯᠲᠠ ᠵᠡᠷᠭᠡ ᠳᠦᠷᠢᠮ ᠢ ᠴᠢᠩᠭ᠎ᠠ ᠶᠠᠪᠤᠭᠳᠠᠭᠤᠯᠵᠤ᠂ ᠵᠠᠰᠠᠭ ᠵᠠᠬᠢᠷᠭᠠᠨ ᠤ ᠡᠷᠭᠡ ᠶᠢ ᠢᠮᠠᠭᠲᠠ ᠤᠯᠠᠨ ᠲᠦᠮᠠᠨ ᠎ ᠤ ᠬᠢᠨᠠᠯᠲᠠ ᠲᠤᠤᠷ᠎ᠠ ᠬᠡᠷᠡᠭᠵᠢᠬᠦᠯᠦᠨ᠎ᠡ᠃ ᠲᠦᠪ ᠤᠨ ︽ᠨᠠᠢᠮᠠᠨ ᠵᠤᠷᠪᠤᠰ ᠲᠤᠭᠲᠠᠭᠠᠯ︾᠎ ᠢ ᠴᠢᠩᠭ᠎ᠠ ᠬᠡᠷᠡᠭᠵᠢᠭᠦᠯᠵᠦ ᠂ ᠠᠯᠪᠠᠨ ᠶᠠᠪᠤᠳᠠᠯ ᠤᠨ ᠬᠦᠯᠢᠶᠠᠨ ᠵᠤᠴᠢᠯᠠᠯᠲᠠ᠂ ᠠᠯᠪᠠᠨ ᠭᠡᠷ ᠪᠤᠯᠤᠨ ᠠᠯᠪᠠᠨ ᠲᠡᠷᠭᠡ ᠶᠢᠨ ᠬᠡᠷᠡᠭᠯᠡᠭᠡᠨ ᠤ ᠴᠡᠭᠴᠡᠯᠡᠯᠲᠡ ᠶᠢᠨ ᠦᠷ᠎ᠡ ᠪᠦᠲᠦᠮᠵᠢ ᠶᠢ ᠪᠠᠬᠢᠵᠢᠭᠦᠯᠦᠨ᠂ ᠬᠠᠮᠢᠶᠠᠷᠤᠯᠲᠠ ᠶᠢ ᠪᠠᠶᠢᠩᠭᠤᠵᠢᠭᠤᠯᠤᠨ᠎ᠠ᠃ ︽ᠭᠤᠷᠪᠠᠨ ᠵᠦᠢᠯ ᠤᠨ ᠠᠯᠪᠠᠨ ᠵᠠᠷᠤᠳᠠᠯ︾᠎ ᠤᠨ ᠵᠠᠷᠤᠯᠭ᠎ᠠ ᠶᠢ ᠴᠢᠩᠭ᠎ᠠ ᠬᠢᠵᠠᠭᠠᠷᠯᠠᠨ᠂  ᠨᠡᠩ ᠶᠡᠭᠡ ᠡᠳ᠋ ᠮᠦᠩᠭᠦ ᠶᠢ ᠨᠠᠶᠢᠭᠡᠮ ᠎ ᠤᠨ ᠪᠠᠲᠤᠯᠠᠭ᠎ᠠ ᠪᠤᠯᠤᠨ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠭᠡᠷᠡᠭᠯᠡᠨ᠂ ᠠᠷᠪᠢᠯᠠᠨ ᠭᠠᠮᠨᠠᠵᠦ᠂ ᠠᠷᠠᠳ ᠲᠦᠮᠡᠨ ᠢ ᠵᠤᠯ ᠵᠢᠷᠭᠠᠯ ᠲᠠᠢ ᠠᠮᠢᠳᠤᠷᠠᠭᠤᠯᠤᠨ᠎ᠠ᠃        ᠲᠦᠯᠦᠬᠡᠯᠡᠭᠴᠢᠳ ᠡ᠂ ᠴᠠᠭ ᠦᠶ᠎ᠡ ᠪᠢᠳᠠᠨ ᠳᠤ ᠬᠦᠨᠳᠦ ᠡᠬᠦᠷᠭᠡ ᠤᠯᠭᠤᠵᠤ᠂ ᠠᠷᠠᠳ ᠲᠦᠮᠡᠨ ᠬᠦᠰᠡᠯ ᠨᠠᠶᠢᠳᠠᠯᠭ᠎ᠠ ᠪᠠᠨ ᠲᠤᠰᠢᠶᠠᠵᠤ ᠪᠠᠶᠢᠨ᠎ᠠ᠂ ᠵᠦᠪᠬᠡᠨ ᠪᠤᠳᠠᠳᠠᠢ ᠠᠵᠢᠯᠯᠠᠵᠤ ᠴᠢᠷᠮᠠᠶᠢᠨ ᠲᠡᠮᠡᠴᠡᠪᠡᠯ ᠰᠠᠶ᠋ᠢ ᠭᠡᠷᠡᠯ ᠰᠠᠴᠤᠷᠠᠩᠭᠤᠢ ᠢᠷᠡᠭᠡᠳᠦᠢ ᠶᠢ ᠤᠭᠳᠤᠨ ᠠᠪᠴᠢᠷᠠᠵᠤ ᠴᠢᠳᠠᠨ᠎ᠠ᠃ ᠪᠢᠳᠠ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠤᠯᠤᠨ ᠬᠤᠰᠢᠭᠤ ᠨᠠᠮ ᠤᠨ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠲᠤᠤᠷ᠎ᠠ᠂ ᠪᠦᠯᠬᠦᠮᠳᠡᠨ ᠨᠢᠭᠲᠠᠷᠠᠵᠤ᠂ ᠴᠢᠷᠮᠠᠶᠢᠨ ᠲᠡᠮᠡᠴᠡᠵᠤ᠂ ᠰᠢᠨ᠎ᠡ ᠶᠢ ᠡᠬᠦᠳᠦᠨ᠂ ᠢᠳᠡᠪᠬᠢᠲᠠᠢ ᠠᠵᠢᠯᠯᠠᠵᠤ᠂ ᠦᠵᠡᠰᠬᠦᠯᠡᠩᠲᠦ ᠰᠠᠶᠢᠬᠠᠨ ᠂ ᠪᠠᠶᠠᠨ ᠴᠢᠨᠡᠭᠡᠯᠡᠭ᠂ ᠴᠢᠯᠦᠭᠡᠲᠤ ᠨᠠᠬᠡᠬᠡᠯᠲᠡ ᠲᠠᠢ᠂ ᠡᠶ᠎ᠡ ᠨᠠᠶᠢᠷᠠᠮᠳᠠᠭᠤ ᠡᠵᠡᠨ᠎ᠡ ᠶᠢ ᠪᠦᠲᠦᠬᠡᠨ ᠪᠠᠶᠢᠭᠤᠯᠬᠤ ᠪᠠ ᠪᠦᠬᠦ ᠠᠶᠢᠮᠠᠭ ᠲᠤ ᠴᠢᠨᠡᠭᠡᠯᠢᠭ ᠨᠠᠶᠢᠬᠡᠮ ᠢ ᠲᠡᠷᠢᠭᠦᠯᠡᠨ ᠪᠠᠶᠢᠭᠤᠯᠬᠤ ᠪᠠᠷ ᠤᠷᠤᠭᠰᠢᠯᠠᠨ ᠲᠡᠮᠡᠴᠡᠵᠡᠬᠡᠶ᠎ᠡ︕ᠨᠡᠷ᠎ᠡ ᠦᠭᠡᠰ ᠤᠨ ᠲᠠᠶᠢᠯᠪᠤᠷᠢᠨᠢᠭᠡ᠂ ︽ᠭᠤᠷᠪᠠᠨ ᠦᠨᠡᠮᠯᠡᠯ ᠢ ᠨᠢᠭᠡᠳᠦᠭᠦᠯᠬᠦ︾᠂ ︽ᠨᠢᠭᠡ ᠦᠨᠡᠮᠯᠡᠯ ᠨᠢᠭᠡ ᠨᠤᠮᠧᠷ︾᠎ ᠤᠨ ᠳᠦᠷᠢᠮ᠄ ᠳᠠᠷᠤᠢ ᠠᠵᠤ ᠠᠬᠤᠶᠢᠯᠠᠯ ᠢ ᠪᠦᠷᠢᠳᠬᠡᠨ ᠲᠡᠮᠳᠡᠭᠯᠡᠬᠦ ᠦᠶᠡᠰ ᠠᠷᠠᠯᠵᠢᠶ᠎ᠠ ᠬᠤᠳᠠᠯᠳᠤᠭᠠᠨ ᠤ ᠰᠠᠯᠠᠭ᠎ᠠ ᠮᠦᠴᠢᠷ ᠠᠴᠠ ᠲᠠᠷᠬᠠᠭᠠᠬᠤ ᠡᠵᠡᠩᠨᠡᠯᠲᠡ ᠶᠢᠨ ᠦᠨᠡᠮᠯᠡᠯ᠂ ᠶᠠᠰᠤ ᠴᠢᠨᠠᠷ ᠢ ᠬᠢᠨᠠᠨ ᠪᠠᠶᠢᠴᠠᠭᠠᠬᠤ ᠰᠠᠯᠠᠭ᠎ᠠ ᠮᠦᠴᠢᠷ ᠠᠴᠠ ᠲᠠᠷᠬᠠᠭᠠᠬᠤ ᠵᠤᠬᠢᠶᠠᠨ ᠪᠠᠶᠢᠭᠤᠯᠤᠮᠵᠢ ᠶᠢᠨ ᠺᠤᠳ᠋ᠳᠤ ᠦᠨᠡᠮᠯᠡᠯ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠦᠴᠢᠷ ᠠᠴᠠ ᠲᠠᠷᠬᠠᠭᠠᠬᠤ ᠭᠠᠶᠢᠯᠢ ᠶᠢᠨ ᠶᠠᠪᠤᠳᠠᠯ ᠤᠨ ᠦᠨᠡᠮᠯᠡᠯ ᠵᠡᠷᠭᠡ ᠶᠢ ᠳᠠᠷᠠᠭᠠᠯᠠᠨ ᠭᠤᠶᠤᠴᠢᠯᠠᠳᠠᠭ ᠪᠠᠶᠢᠭᠰᠠᠨ ᠠᠴᠠ ᠨᠢᠭᠡ ᠯᠠ ᠤᠳᠠᠭ᠎ᠠ ᠎ ᠳᠤ ᠭᠤᠶᠤᠴᠢᠯᠠᠬᠤ ᠪᠤᠯᠭᠠᠨ ᠬᠤᠪᠢᠷᠠᠭᠤᠯᠵᠤ᠂ ᠦᠢᠯᠡᠳᠪᠦᠷᠢ ᠬᠤᠳᠠᠯᠳᠤᠭᠠᠨ ᠤ ᠰᠠᠯᠠᠭ᠎ᠠ ᠮᠦᠴᠢᠷ ᠠᠴᠠ  ᠨᠢᠭᠡ ᠨᠢᠭᠡᠳᠦᠯᠲᠡᠢ ᠨᠠᠶᠢᠭᠡᠮ ᠤᠨ ᠢᠳᠡᠭᠡᠮᠵᠢ ᠶᠢᠨ ᠺᠤᠳ᠋ ᠶᠢ ᠨᠡᠮᠡᠭᠰᠡᠨ ᠡᠵᠡᠩᠨᠡᠯᠲᠡ ᠶᠢᠨ ᠦᠨᠡᠮᠯᠡᠯ ᠲᠠᠷᠬᠠᠭᠠᠬᠤ ᠳᠦᠷᠢᠮ ᠢ ᠵᠢᠭᠠᠨ᠎ᠠ᠃ᠬᠤᠶᠠᠷ᠂ ᠦᠯᠦ ᠬᠦᠳᠡᠯᠬᠦ ᠬᠦᠷᠦᠩᠭᠡ ᠶᠢᠨ ᠨᠢᠭᠡᠲᠦᠯᠲᠡᠢ ᠳᠠᠩᠰᠠᠯᠠᠯᠲᠠ᠄ ᠡᠷᠬᠡᠲᠦ ᠬᠦᠮᠦᠨ ᠪᠤᠶᠤ ᠠᠰᠢᠭ ᠤᠨ ᠬᠠᠷᠢᠴᠠᠭ᠎ᠠ ᠲᠠᠢ ᠬᠦᠮᠦᠨ ᠤ ᠭᠤᠶᠤᠴᠢᠯᠠᠯᠲᠠ ᠪᠠᠷ ᠳᠠᠮᠵᠢᠨ᠂ ᠤᠯᠤᠰ ᠤᠨ ᠲᠤᠰᠬᠠᠢ ᠡᠷᠭᠡ ᠲᠤᠰᠢᠶᠠᠯᠲᠤ ᠰᠠᠯᠠᠭ᠎ᠠ ᠮᠦᠴᠢᠷ ᠠᠴᠠ ᠦᠯᠦ ᠬᠦᠳᠡᠯᠬᠦ ᠬᠦᠷᠦᠩᠭᠡ ᠶᠢᠨ ᠡᠷᠬᠡ ᠵᠢᠴᠢ ᠲᠡᠭᠦᠨ ᠤ ᠬᠤᠪᠢᠷᠠᠯᠲᠠ ᠶᠢᠨ ᠪᠠᠶᠢᠳᠠᠯ ᠢ ᠳᠠᠩᠰᠠᠯᠠᠯᠲᠠ ᠶᠢᠨ ᠲᠡᠮᠳᠡᠭᠯᠡᠯ ᠳᠤ ᠪᠢᠴᠢᠵᠤ ᠲᠡᠮᠳᠡᠭᠯᠡᠬᠦ ᠶᠢ ᠵᠢᠭᠠᠨ᠎ᠠ᠃ᠭᠤᠷᠪᠠ᠂ ︽ᠭᠤᠷᠪᠠ ᠶᠢ ᠲᠤᠰᠬᠤᠨ ᠳᠤ ᠬᠦᠷᠭᠡᠵᠦ᠂ ᠭᠤᠷᠪᠠ ᠶᠢ ᠡᠷᠦᠭᠡ ᠳᠤ ᠬᠦᠷᠭᠡᠬᠦ︾᠄ ᠳᠠᠷᠤᠢ ᠲᠦᠯᠦᠪᠵᠢᠭᠦᠯᠭᠡ᠂ ᠲᠦᠷᠦᠯ ᠵᠦᠢᠯ᠂ ᠺᠠᠳ᠋ᠷ ᠭᠤᠷᠪᠠ ᠶᠢ ᠲᠤᠰᠬᠤᠨ ᠪᠠ ᠡᠷᠦᠬᠡ ᠳᠤ ᠬᠦᠷᠭᠡᠬᠦ᠃ᠳᠦᠷᠪᠡ᠂ ︽ᠨᠧᠲ ᠰᠦᠯᠵᠢᠶᠡᠵᠢᠭᠰᠡᠨ ᠵᠢᠭᠤᠯᠴᠢᠯᠠᠯ︾᠄ ᠰᠦᠯᠵᠢᠶ᠎ᠡ ᠪᠤᠳᠤᠯᠲᠠ᠂ ᠪᠠᠷᠠᠭ᠎ᠠ ᠬᠤᠯᠪᠤᠭᠠᠨ ᠤ ᠰᠦᠯᠵᠢᠶ᠎ᠡ ᠵᠡᠷᠭᠡ ᠰᠢᠨ᠎ᠡ ᠮᠡᠷᠭᠡᠵᠢᠯ ᠢ ᠠᠰᠢᠭᠯᠠᠨ᠂ ᠨᠧᠲ ᠰᠦᠯᠵᠢᠶ᠎ᠡ ᠪᠠᠷ ᠳᠠᠮᠵᠢᠭᠤᠯᠵᠤ᠂ ᠵᠢᠭᠤᠯᠴᠢᠯᠠᠯ ᠤᠨ ᠡᠬᠢ ᠪᠠᠶᠠᠯᠢᠭ᠂ ᠵᠢᠭᠤᠯᠴᠢᠯᠠᠯ ᠤᠨ ᠠᠵᠤ ᠠᠬᠤᠢ᠂ ᠵᠢᠭᠤᠯᠴᠢᠯᠠᠯ ᠤᠨ ᠬᠦᠳᠡᠯᠭᠡᠭᠡᠨ᠂ ᠵᠢᠭᠤᠯᠴᠢᠯᠠᠭᠴᠢ ᠵᠡᠷᠭᠡ ᠲᠠᠯ᠎ᠠ ᠶᠢᠨ ᠰᠤᠷᠠᠭ ᠴᠢᠮᠡᠭᠡ ᠶᠢ ᠬᠦᠳᠡᠯᠦᠩᠭᠦᠢ ᠪᠠᠷ ᠮᠡᠳᠡᠷᠡᠨ ᠤᠯᠵᠤ᠂ ᠴᠠᠭ ᠲᠤᠬᠠᠢ ᠳᠤᠨᠢ ᠨᠡᠶᠢᠲᠡᠯᠡᠨ᠂ ᠬᠦᠮᠦᠰ ᠲᠤ ᠳᠠᠷᠤᠢ ᠲᠦᠷᠭᠡᠨ ᠬᠠᠮᠢᠶ᠎ᠠ ᠪᠦᠬᠦᠢ ᠰᠤᠷᠠᠭ ᠴᠢᠮᠡᠭᠡ ᠶᠢ ᠤᠶᠢᠯᠠᠭᠠᠭᠤᠯᠵᠤ᠂ ᠠᠵᠢᠯ ᠵᠢᠭᠤᠯᠴᠢᠯᠠᠯ ᠤᠨ ᠲᠦᠯᠦᠪᠯᠡᠭᠡ ᠳᠤᠨᠢ ᠳᠠᠷᠤᠢ ᠳᠤᠤᠷ᠎ᠠ ᠨᠢ ᠲᠤᠬᠢᠷᠠᠭᠤᠯᠤᠯᠲᠠ ᠬᠢᠯᠭᠡᠨ᠂ ᠡᠬᠦᠨ ᠤ ᠤᠯᠠᠮ ᠠᠴᠠ ᠡᠯ᠎ᠡ ᠲᠦᠷᠦᠯ ᠤᠨ ᠵᠢᠭᠤᠯᠴᠢᠯᠠᠯ ᠤᠨ ᠰᠤᠷᠠᠭ ᠴᠢᠮᠡᠭᠡ ᠶᠢ ᠨᠧᠲᠴᠢᠯᠡᠨ ᠮᠡᠳᠡᠷᠡᠬᠦ ᠪᠠ ᠠᠰᠢᠭᠯᠠᠬᠤ ᠳᠤ ᠳᠦᠭᠦᠮ ᠦᠵᠡᠭᠦᠯᠦᠨ᠎ᠡ᠃ᠲᠠᠪᠤ᠂ ︽ᠭᠤᠷᠪᠠ ᠶᠢ ᠨᠡᠪᠲᠡᠷᠡᠭᠦᠯᠵᠦ ᠳᠦᠷᠪᠡ ᠶᠢ ᠪᠡᠶᠡᠯᠡᠭᠦᠯᠬᠦ︾᠄ ᠳᠠᠷᠤᠢ ᠤᠰᠤ᠂ ᠴᠠᠬᠢᠯᠭᠠᠨ᠂ ᠴᠢᠮᠡᠭᠡ ᠨᠡᠪᠲᠡᠷᠡᠭᠦᠯᠭᠡ ᠶᠢ ᠨᠡᠪᠲᠡᠷᠡᠭᠦᠯᠵᠦ᠂ ᠨᠤᠭᠤᠭᠠᠷᠠᠭᠤᠯᠤᠯᠲᠠ᠂ ᠭᠤᠶᠤᠵᠢᠭᠤᠯᠤᠯᠲᠠ᠂ ᠭᠡᠷᠡᠯᠳᠦᠭᠦᠯᠭᠡ᠂ ᠬᠠᠳᠠᠭᠤᠷᠠᠭᠤᠯᠤᠯᠲᠠ ᠶᠢ ᠪᠡᠶᠡᠯᠡᠭᠦᠯᠬᠦ᠃ᠵᠢᠷᠭᠤᠭ᠎ᠠ᠂ ︽ᠨᠢᠭᠡ ᠬᠠᠤᠯᠢ ᠬᠤᠶᠠᠷ ᠬᠦᠳᠦᠯᠪᠦᠷᠢ︾᠄ ᠳᠠᠷᠤᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠬᠡ ᠨᠢᠯᠬᠠᠰ ᠤᠨ ᠡᠷᠡᠭᠦᠯᠵᠢᠯ ᠤᠨ ᠬᠠᠤᠯᠢ︾᠂ ︽ᠳᠤᠮᠳᠠᠳᠤ ᠤᠯᠤᠰ ᠤᠨ ᠡᠮᠡᠭᠲᠡᠶᠢᠴᠤᠳ ᠤᠨ ᠬᠦᠭᠵᠢᠯᠲᠡ ᠶᠢᠨ ᠬᠦᠲᠦᠯᠪᠦᠷᠢ︾᠂ ︽ᠳᠤᠮᠳᠠᠳᠤ ᠤᠯᠤᠰ ᠤᠨ ᠬᠡᠦᠭᠡᠳ ᠪᠠᠭᠠᠴᠤᠳ ᠤᠨ ᠬᠦᠭᠵᠢᠯᠲᠡ ᠶᠢᠨ ᠬᠦᠳᠦᠯᠪᠦᠷᠢ︾᠃
 
ᠢᠷᠡᠯᠲᠡ᠄ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号