— — 2017 ᠣᠨ ᠤ 1 ᠰᠠᠷ᠎ᠠ ᠶᠢᠨ 20 ᠤ ᠡᠳᠦᠷ ᠡᠵᠡᠨ᠎ᠡ ᠬᠤᠰᠢᠭᠤᠨ ᠤ ᠠᠷᠪᠠᠨ ᠵᠢᠷᠭᠤᠳᠤᠭᠠᠷ | ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠳᠡᠭᠡᠷ᠎ᠡ | | ᠸᠠᠩ ᠰᠢᠶᠦ᠋ᠩ | | ᠬᠦᠨᠳᠦᠲᠦ ᠲᠦᠯᠦᠭᠡᠯᠡᠭᠴᠢᠳ ᠡ᠄ | ᠣᠳᠣ ᠪᠢ᠂ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠢ ᠲᠦᠯᠦᠭᠡᠯᠡᠨ ᠶᠡᠭᠡ ᠬᠤᠷᠠᠯ ᠳᠤ | ᠠᠵᠢᠯ ᠤᠨ ᠢᠯᠡᠳᠬᠡᠯ ᠬᠢᠶ᠎ᠡ᠂ ᠬᠢᠨᠠᠨ ᠵᠦᠪᠯᠡᠬᠦ ᠪᠣᠯᠪᠠᠤ᠃ ᠲᠡᠭᠦᠨᠴᠢᠯᠡᠨ᠂ ᠤᠯᠤᠰ ᠲᠦᠷᠦ ᠶᠢᠨ ᠵᠦᠪᠯᠡᠯᠭᠡᠨ ᠤ | ᠭᠡᠰᠢᠭᠦᠳ ᠪᠣᠯᠤᠨ ᠬᠤᠷᠠᠯ ᠳᠤ ᠰᠤᠯᠠ ᠣᠷᠣᠯᠴᠠᠭᠰᠠᠳ ᠰᠠᠨᠠᠯ ᠢᠶᠠᠨ ᠳᠡᠪᠰᠢᠭᠦᠯᠬᠦ ᠪᠣᠯᠪᠠᠤ᠃ | ᠨᠢᠭᠡ᠂ 2016 ᠣᠨ ᠤ ᠠᠵᠢᠯ ᠤᠨ ᠡᠷᠭᠢᠴᠡᠭᠦᠯᠦᠯ | ᠰᠠᠶ᠋ᠢᠬᠠᠨ ᠦᠩᠭᠡᠷᠡᠭᠰᠡᠨ 2016 ᠣᠨ ᠪᠣᠯ ᠮᠠᠨ ᠤ ᠬᠤᠰᠢᠭᠤᠨ ᠤ ᠠᠵᠤ ᠠᠬᠤᠢ ᠯᠤᠲᠤ ᠶᠡᠭᠡ | ᠰᠢᠯᠭᠠᠯᠲᠠ ᠶᠢ ᠦᠩᠭᠡᠷᠡᠭᠡᠵᠦ ᠦᠨᠳᠦᠷ ᠠᠮᠵᠢᠯᠲᠠ ᠣᠯᠣᠭᠰᠠᠨ ᠨᠢᠭᠡ ᠵᠢᠯ ᠶᠤᠮ᠃ ᠵᠢᠯ ᠤᠨ ᠲᠤᠷᠰᠢ᠂ ᠠᠶᠢᠮᠠᠭ | ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠪᠤᠯᠤᠨ ᠬᠤᠰᠢᠭᠤᠨ ᠤ ᠨᠠᠮ ᠤᠨ ᠬᠤᠷᠢᠶᠠᠨ ᠤ ᠲᠦᠪ ᠴᠢᠩᠭ᠎ᠠ | ᠤᠳᠤᠷᠢᠳᠤᠯᠭ᠎ᠠ ᠳᠤᠤᠷ᠎ᠠ᠂ ᠵᠠᠰᠠᠭ ᠤᠨ ᠣᠷᠳᠤᠨ ᠨᠢ ᠰᠢᠨ᠎ᠡ ᠣᠶᠢᠯᠭᠠᠭᠲᠠᠬᠤᠨ ᠢᠶᠠᠷ ᠠᠵᠤ ᠠᠬᠤᠢ ᠶᠢᠨ | ᠬᠦᠭᠵᠢᠯᠲᠠ ᠶᠢᠨ ᠰᠢᠨ᠎ᠡ ᠭᠡᠪ ᠪᠠᠶᠢᠳᠠᠯ ᠢ ᠳᠠᠶᠢᠴᠢᠯᠠᠵᠤ᠂ ᠡᠯ᠎ᠡ ᠵᠦᠢᠯ ᠤᠨ ᠠᠰᠢᠭ ᠦᠭᠡᠢ ᠡᠯᠧᠮᠧᠨ᠋ᠲ ᠪᠤᠯᠤᠨ | ᠰᠣᠷᠢᠯᠲᠠ ᠶᠢ ᠢᠳᠡᠪᠬᠢᠲᠡᠢ ᠠᠷᠭᠠᠴᠠᠭᠠᠨ᠂ ᠢᠳᠡᠭᠡᠯ ᠵᠤᠷᠢᠭ ᠢᠶᠠᠨ ᠬᠦᠪᠴᠢᠯᠡᠵᠦ᠂ ᠪᠤᠳᠠᠳᠠᠢ ᠠᠵᠢᠯᠯᠠᠨ᠂ | ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠳᠦᠷᠪᠡᠳᠦᠭᠡᠷ ᠬᠤᠷᠠᠯᠳᠤᠭᠠᠨ ᠳᠡᠭᠡᠷ᠎ᠡ ᠲᠣᠭᠳᠠᠭᠠᠭᠰᠠᠨ ᠬᠠᠷᠠᠯᠳᠠ ᠡᠭᠦᠷᠭᠡ ᠶᠢ ᠠᠮᠵᠢᠯᠲᠠ ᠲᠠᠢ ᠪᠡᠶᠡᠯᠡᠬᠦᠯᠵᠣ᠂ ︽ | ᠠᠷᠪᠠᠨ ᠭᠤᠷᠪᠠᠳᠤᠭᠠᠷ ᠲᠠᠪᠤᠨ ᠵᠢᠯ︾ ᠤᠨ ᠰᠢᠨ᠎ᠡ ᠡᠬᠢᠯᠡᠯᠳᠡ ᠶᠢ ᠤᠭᠳᠤᠨ ᠠᠪᠴᠢᠷᠠᠪᠠ᠃ ᠪᠠᠷᠤᠭᠴᠠᠭᠠᠯᠠᠪᠠᠯ᠂ | ᠪᠦᠬᠦ ᠬᠤᠰᠢᠭᠤᠨ ᠤ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠲᠡᠭ 46.8 ᠳ᠋ᠦᠩᠰᠢᠭᠤᠷ | ᠲᠦᠭᠦᠷᠢᠭ ᠲᠤ ᠬᠥᠷᠴᠣ᠂ ᠠᠳᠠᠯᠢ ᠬᠤᠭᠤᠴᠠᠭᠠᠨ ᠤ ᠬᠢ ᠠᠴᠠ 7.8 % ᠪᠠᠷ ᠨᠡᠮᠡᠭᠳᠡᠪᠡ︔ ᠪᠦᠬᠦ ᠨᠡᠶᠢᠬᠡᠮ ᠤᠨ | ᠲᠣᠭᠲᠠᠮᠠᠯ ᠬᠦᠷᠦᠩᠬᠡ ᠶᠢᠨ ᠪᠡᠯᠡ ᠣᠷᠤᠭᠤᠯᠤᠯᠲᠠ 72.3 ᠳ᠋ᠦᠩᠰᠢᠭᠤᠷ ᠲᠦᠭᠦᠷᠢᠭ ︵ᠡᠭᠦᠨ ᠳᠤ ᠪᠡᠭᠡᠵᠢᠩ ᠠᠴᠠ | ᠰᠢᠨᠵᠢᠶᠠᠩ ᠬᠦᠷᠬᠦ ᠲᠦᠷᠭᠡᠨ ᠬᠤᠷᠳᠣᠴᠠᠲᠤ ᠵᠠᠰᠠᠮᠠᠯ ᠵᠠᠮ ᠤᠨ ᠡᠵᠡᠨ᠎ᠡ ᠳᠠᠬᠢ ᠬᠡᠰᠡᠭ ᠤᠨ ᠪᠡᠯᠡ ᠣᠷᠤᠭᠤᠯᠤᠯᠲᠠ | ᠨᠢ 51.7 ᠳ᠋ᠦᠩᠰᠢᠭᠤᠷ ᠲᠥᠬᠦᠷᠢᠭ︶ ᠲᠤ ᠬᠥᠷᠴᠣ᠂ ᠠᠳᠠᠯᠢ ᠬᠤᠭᠤᠴᠠᠭᠠᠨ ᠤ ᠬᠢ ᠠᠴᠠ 41.4% ᠪᠠᠷ | ᠨᠡᠮᠡᠭᠳᠡᠨ᠂ ᠦᠰᠦᠯᠲᠡ ᠨᠢ ᠪᠦᠬᠦ ᠠᠶᠢᠮᠠᠭ ᠤᠨ ᠲᠡᠷᠢᠭᠦᠨ ᠳᠤ ᠵᠢᠭᠰᠠᠭᠠᠭᠳᠠᠪᠠ︔ ᠡᠩ ᠤᠨ ᠣᠯᠠᠨ ᠨᠡᠶᠢᠲᠡ ᠶᠢᠨ | ᠲᠦᠰᠦᠪ ᠤᠨ ᠣᠷᠤᠯᠭ᠎ᠠ 6.3 ᠳ᠋ᠦᠩᠰᠢᠭᠤᠷ ᠲᠦᠭᠦᠷᠢᠭ ᠲᠤ ᠬᠥᠷᠴᠣ᠂ ᠠᠳᠠᠯᠢ ᠬᠤᠭᠤᠴᠠᠭᠠᠨ ᠤ ᠬᠢ ᠠᠴᠠ | 7% ᠪᠠᠷ ᠨᠡᠮᠡᠭᠳᠡᠪᠡ︔ ᠬᠤᠲᠠ ᠪᠠᠯᠭᠠᠰᠤ ᠪᠣᠯᠣᠨ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ | ᠬᠦᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠤᠯᠭ᠎ᠠ ᠲᠤᠰᠪᠦᠷᠢ 35580 ᠲᠦᠭᠦᠷᠢᠭ ᠪᠣᠯᠤᠨ 19685 | ᠲᠦᠭᠦᠷᠢᠭ ᠲᠤ ᠬᠥᠷᠴᠣ᠂ ᠠᠳᠠᠯᠢ ᠬᠤᠭᠤᠴᠠᠭᠠᠨ ᠤ ᠬᠢ ᠠᠴᠠ 8% ᠪᠤᠯᠤᠨ 9% ᠪᠠᠷ ᠨᠡᠮᠡᠭᠳᠡᠭᠰᠡᠨ ᠪᠠᠶᠢᠨ᠎ᠠ᠃ | ︵ᠨᠢᠭᠡ︶ ᠠᠵᠤ ᠦᠢᠯᠡᠰ ᠤᠨ ᠪᠦᠲᠦᠴᠠ ᠲᠠᠰᠤᠷᠠᠯᠲᠠ ᠦᠭᠡᠢ ᠰᠢᠯᠢᠳᠡᠭᠵᠢᠨ᠂ ᠬᠦᠭᠵᠢᠯᠲᠡ ᠶᠢᠨ ᠶᠠᠰᠤ | ᠴᠢᠨᠠᠷ ᠲᠣᠭᠳᠠᠭᠤᠨ ᠢᠶᠠᠷ ᠳᠡᠭᠡᠭᠰᠢᠯᠡᠪᠡ | ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠥᠯᠳᠠ ᠶᠢ ᠲᠦᠷᠭᠡᠳᠬᠡᠨ ᠬᠤᠪᠢᠷᠠᠭᠤᠯᠵᠣ᠂ ᠳᠠᠪᠠᠭᠤᠯᠢᠭ | ᠣᠨᠴᠠᠯᠢᠭᠲᠤ ᠠᠵᠤ ᠦᠢᠯᠡᠰ ᠢ ᠪᠣᠶᠢᠵᠢᠭᠤᠯᠥᠨ ᠪᠣᠵᠠᠭᠠᠶᠢᠷᠠᠭᠤᠯᠵᠣ᠂ ᠭᠤᠷᠪᠠᠨ ᠠᠵᠤ ᠦᠢᠯᠡᠰ ᠤᠨ ᠪᠦᠲᠦᠴᠡ ᠶᠢᠨ | ᠬᠠᠷᠢᠴᠠᠯ ᠢ 4.1᠄ 42.4᠄ 53.5 ᠠᠴᠠ 4᠄ 41᠄ 55 ᠪᠣᠯᠭᠠᠨ ᠲᠣᠬᠢᠷᠠᠭᠤᠯᠵᠤ᠂ ᠭᠤᠷᠪᠠᠳᠤᠭᠠᠷ ᠠᠵᠤ | ᠦᠢᠯᠡᠰ ᠨᠢ ᠬᠤᠶᠠᠷ ᠵᠢᠯ ᠳᠠᠷᠠᠭᠠᠯᠠᠨ ᠬᠠᠭᠠᠰ ᠠᠴᠠ ᠢᠯᠡᠭᠦᠦ ᠬᠠᠷᠢᠴᠠᠯ ᠢ ᠡᠵᠡᠯᠡᠨ᠂ ᠠᠵᠤ ᠠᠬᠤᠢ ᠶᠢᠨ ᠪᠦᠲᠦᠴᠡ | ᠨᠢ ᠨᠡᠩ ᠵᠣᠬᠢᠰᠳᠡᠢ ᠪᠣᠯᠵᠤ᠂ ᠬᠡᠯᠪᠡᠷᠢ ᠪᠠᠨ ᠬᠤᠪᠢᠷᠠᠭᠤᠯᠤᠭᠰᠠᠨ ᠬᠦᠭᠵᠢᠯᠲᠡ ᠶᠢᠨ ᠲᠣᠲᠤᠭᠠᠳᠤ ᠬᠥᠳᠡᠯᠬᠡᠬᠦ | ᠬᠦᠴᠦᠨ ᠪᠣᠯᠤᠨ ᠦᠷᠭᠦᠯᠵᠢᠯᠡᠬᠦᠶᠢᠴᠡ ᠴᠢᠨᠠᠷ ᠤᠯᠠᠮ ᠨᠢᠭᠡ ᠠᠯᠬᠤᠮ ᠨᠡᠮᠡᠭᠳᠡᠪᠡ᠃ | ᠲᠠᠷᠢᠶᠠᠯᠠᠩ ᠮᠠᠯ ᠠᠵᠤ ᠠᠬᠤᠢ ᠲᠣᠭᠲᠠᠭᠤᠨ ᠢᠶᠠᠷ ᠬᠦᠭᠵᠢᠪᠡ᠃ ᠲᠠᠷᠢᠶᠠᠯᠠᠬᠤ ᠶᠢ ᠴᠣᠮᠬᠠᠣᠨᠬᠠᠨ | ᠬᠦᠭᠵᠢᠭᠦᠯᠵᠦ᠂ ᠮᠠᠯᠵᠢᠬᠤ ᠶᠢ ᠵᠣᠬᠢᠮᠵᠢᠳᠡᠢ ᠬᠦᠭᠵᠢᠭᠦᠯᠦᠨ᠂ ᠪᠦᠬᠦ ᠬᠤᠰᠢᠭᠤᠨ ᠤ ᠲᠠᠷᠢᠮᠠᠯ ᠤᠨ ᠲᠠᠯᠠᠪᠠᠢ ᠶᠢ 6.7 | ᠲᠦᠮᠡᠨ ᠮᠦ ᠳᠤ ᠬᠢᠵᠠᠭᠠᠷᠯᠠᠵᠤ᠂ ᠮᠠᠯ ᠤᠨ ᠲᠤᠭ᠎ᠠ ᠲᠣᠯᠣᠭᠠᠢ ᠶᠢ 10 ᠲᠦᠮᠡ ᠣᠷᠴᠢᠮ ᠳᠤ ᠲᠤᠭᠳᠠᠪᠤᠷᠢᠵᠢᠭᠤᠯᠪᠠ | ᠃ ᠲᠠᠷᠢᠮᠠᠯ ᠤᠨ ᠪᠦᠲᠦᠴᠡ ᠶᠢ ᠲᠤᠬᠢᠷᠠᠭᠤᠯᠤᠨ ᠰᠢᠯᠢᠳᠡᠭᠵᠢᠭᠦᠯᠵᠦ᠂ ᠪᠣᠬᠢᠷᠳᠣᠯ ᠥᠬᠡᠢ ᠪᠠᠯᠳᠣ ᠬᠡᠮᠬᠡ ᠶᠢ | ᠲᠡᠯᠬᠡᠷᠡᠬᠦᠯᠥᠨ 3 ᠲᠦᠮᠡᠨ ᠮᠦ ᠲᠠᠷᠢᠵᠣ᠂ ᠣᠰᠣ ᠠᠷᠪᠢᠯᠠᠬᠤ ᠲᠠᠷᠢᠶᠠᠨ ᠭᠠᠵᠠᠷ ᠢ 1.3 ᠲᠥᠮᠡᠨ ᠮᠣ᠋ ᠰᠢᠨ᠎ᠡ ᠪᠠᠷ | ᠨᠡᠮᠡᠭᠳᠡᠬᠦᠯᠪᠡ᠃ 12 ᠲᠦᠮᠡᠨ ᠮᠦ ᠪᠠᠶᠢᠭᠠᠯᠢᠯᠢᠭ ᠵᠠᠭ ᠤᠨ ᠣᠢ᠂ 3 ᠲᠦᠮᠡᠨ ᠮᠦ ᠬᠡᠭᠡᠷ᠎ᠡ ᠶᠢᠨ ᠨᠣᠬᠠᠢ ᠶᠢᠨ | ᠬᠠᠷᠠᠮᠠᠭ ᠢ ᠪᠢᠳᠡᠬᠦᠮᠵᠢᠯᠡᠨ ᠬᠠᠮᠠᠭᠠᠯᠠᠵᠤ᠂ ᠴᠠᠭᠠᠨ ᠭᠤᠶᠣᠣ᠂ ᠤᠯᠠᠭᠠᠨ ᠭᠤᠶᠣᠣ ᠶᠢ 2 ᠲᠦᠮᠡᠨ ᠮᠦ ᠵᠠᠯᠭᠠᠨ | ᠰᠠᠭᠤᠯᠭᠠᠨᠨᠰᠠᠨ ᠪᠠᠶᠢᠨ᠎ᠠ᠃ ᠬᠦᠮᠦᠨ ᠤ ᠬᠦᠴᠦ ᠪᠠᠷ ᠨᠣᠬᠠᠢ ᠶᠢᠨ ᠬᠠᠷᠠᠮᠠᠭ 3000 ᠮᠦ᠂ ᠴᠢᠨ᠋ᠸ᠎ᠠ ᠶᠢᠨ ᠬᠠᠷᠠᠮᠠᠭ | 1500 ᠮᠦ ᠲᠠᠷᠢᠵᠤ᠂ ᠤᠯᠠᠭᠠᠨ ᠴᠢᠪᠠᠭ᠎ᠠ ᠶᠢᠨ ᠰᠠᠭᠤᠷᠢᠨ ᠭᠠᠵᠠᠷ 500 ᠮᠦ ᠪᠦᠲᠦᠭᠡᠨ ᠪᠠᠶᠢᠭᠤᠯᠪᠠ᠃ | ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠭᠰᠡᠨ ᠡᠵᠡᠩᠨᠡᠯᠲᠡ ᠶᠢ ᠲᠦᠷᠭᠡᠳᠬᠡᠨ᠂ ᠬᠤᠤᠰ ᠪᠦᠬᠦᠲᠦ | ᠲᠡᠮᠡᠭᠡᠨ ᠤ ᠠᠮᠢ ᠠᠬᠤᠢ ᠶᠢᠨ ᠮᠠᠯᠵᠢᠯ ᠤᠨ ᠲᠠᠯᠠᠪᠠᠢ 10᠂ ᠴᠠᠭᠠᠨ ᠨᠣᠣᠯᠣᠷᠲᠤ ᠢᠮᠠᠭᠠᠨ ᠤ ᠵᠢᠱᠢᠶ᠎ᠡ ᠦᠵᠡᠭᠦᠯᠦᠨ | ᠲᠡᠵᠢᠭᠡᠨ ᠦᠷᠡᠵᠢᠭᠦᠯᠬᠦ ᠰᠠᠭᠤᠷᠢᠨ ᠭᠠᠵᠠᠷ 1᠂ ᠠᠮᠢ ᠠᠬᠤᠢ ᠶᠢᠨ ᠮᠠᠯᠵᠢᠯ ᠤᠨ ᠲᠠᠯᠠᠪᠠᠢ 100 ᠶᠢ ᠪᠦᠲᠦᠭᠡᠨ | ᠪᠠᠶᠢᠭᠤᠯᠪᠠ᠃ | ᠠᠵᠤ ᠦᠢᠯᠡᠳᠪᠦᠷᠢ ᠶᠢᠨ ᠠᠵᠤ ᠠᠬᠤᠢ ᠬᠡᠯᠪᠡᠷᠢ ᠪᠠᠨ ᠦᠬᠡᠷᠡᠴᠢᠯᠡᠨ ᠬᠦᠭᠵᠢᠪᠠ᠃ ︽ᠲᠠᠪᠤᠨ ᠨᠢᠬᠡ | ᠪᠦᠯᠦᠭ︾ ᠲᠦᠷᠦ ᠶᠢᠨ ᠪᠣᠳᠤᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ 18 ᠠᠵᠤ ᠠᠬᠤᠶᠢᠯᠠᠯ ᠤᠨ ᠬᠡᠯᠪᠡᠷᠢ | ᠶᠢ ᠨᠢ ᠦᠭᠡᠷᠡᠴᠢᠯᠡᠨ ᠳᠡᠰ ᠲᠡᠪᠰᠢᠬᠦᠯᠵᠤ᠂ 8 ᠠᠵᠤ ᠠᠬᠤᠶᠢᠯᠠᠯ ᠢ ᠨᠢᠭᠡᠳᠦᠭᠦᠯᠵᠦ ᠳᠠᠬᠢᠨ ᠪᠠᠶᠢᠭᠤᠯᠥᠨ᠂ 3 ᠠᠵᠤ | ᠠᠬᠤᠶᠢᠯᠠᠯ ᠢ ᠮᠦᠩᠭᠦᠨ ᠭᠦᠢᠯᠭᠡᠭᠡ ᠪᠠᠷ ᠲᠡᠣᠨᠬᠦᠨ ᠲᠣᠰᠠᠯᠠᠵᠣ᠂ 2ᠬᠤᠴᠤᠷᠤᠩᠭᠤᠢ ᠠᠵᠤ ᠠᠬᠤᠶᠢᠯᠠᠯ ᠤᠨ ᠡᠬᠦᠳᠡ | ᠶᠢ ᠬᠠᠭᠠᠪᠠ᠃ ᠶᠦ᠋ᠸᠠᠨ ᠲᠦᠩ ᠠᠭᠤᠷᠬᠠᠢ ᠶᠢᠨ ᠡᠬᠢ ᠪᠠᠶᠠᠯᠢᠭ ᠢ ᠶᠡᠷᠦᠩᠬᠡᠶᠢᠯᠡᠨ ᠨᠡᠭᠡᠭᠡᠨ ᠠᠰᠢᠭᠯᠠᠬᠤ ᠵᠢᠴᠢ | ᠪᠣᠴᠠᠭᠠᠨ ᠠᠰᠢᠭᠯᠠᠬᠤ ᠲᠦᠷᠦᠯ ᠵᠦᠢᠯ᠂ ᠪᠢᠩ ᠰᠢᠤᠸᠠᠢ ᠵᠢᠮᠢᠰ ᠤᠨ ᠦᠢᠯᠡᠰ ᠤᠨ 6 ᠲᠦᠮᠡᠨ ᠲᠣᠨ ᠨᠠᠷᠢᠯᠢᠭ | ᠪᠣᠯᠪᠠᠰᠤᠷᠠᠭᠤᠯᠬᠤ ᠲᠦᠷᠦᠯ ᠵᠦᠢᠯ ᠪᠣᠯᠤᠨ ᠺᠠᠢ ᠹᠧᠩ ᠠᠭᠤᠷᠬᠠᠢ ᠶᠢᠨ ᠦᠢᠯᠡᠳᠪᠦᠷᠢ ᠶᠢᠨ ᠴᠢᠯᠠᠭᠤᠨ ᠮᠠᠲ᠋ᠧᠷᠢᠶᠠᠯ ᠢ | ᠪᠣᠯᠪᠠᠰᠤᠷᠠᠭᠤᠯᠬᠤ ᠲᠦᠷᠦᠯ ᠵᠦᠢᠯ ᠢ ᠠᠯᠬᠤᠮ ᠳᠠᠷᠠᠭ᠎ᠠ ᠲᠠᠢ ᠲᠦᠯᠬᠢᠨ ᠠᠬᠢᠭᠤᠯᠪᠠ᠃ ᠤᠯᠠᠨ ᠲᠡᠮᠦᠷᠯᠢᠭ ᠢ ᠬᠠᠶᠢᠨ | ᠪᠠᠶᠢᠴᠠᠭᠠᠬᠤ ᠪᠠ ᠢᠷᠭᠠᠢ — ᠡᠵᠡᠨ᠎ᠡ ᠶᠢᠨ ᠬᠤᠲᠤᠭᠤᠷ ᠭᠠᠵᠠᠷ ᠲᠠᠬᠢ ᠡᠪ ᠲᠤᠬᠤᠢ ᠶᠢᠨ ᠴᠢᠯᠡᠭᠤᠨ ᠲᠤᠰᠤ᠂ | ᠰᠢᠲᠠᠮᠠᠬᠠᠢ ᠬᠡᠢ ᠶᠢ ᠬᠠᠶᠢᠨ ᠪᠠᠶᠢᠴᠠᠭᠠᠬᠤ ᠲᠦᠷᠦᠯ ᠵᠤᠶᠢᠯ ᠯᠤᠲᠤ ᠶᠡᠭᠡ ᠠᠮᠵᠢᠯᠲᠠ ᠣᠯᠵᠤ᠂ ᠡᠬᠢ ᠪᠠᠶᠠᠯᠢᠭ ᠤᠨ | ᠦᠷᠭᠦᠯᠵᠢᠯᠡᠨ ᠬᠦᠭᠵᠢᠬᠦ ᠴᠢᠳᠠᠪᠤᠷᠢ ᠮᠡᠳᠡᠭᠳᠡᠮ᠎ᠡ ᠴᠢᠩᠭᠠᠷᠠᠪᠠ᠃ ᠪᠦᠬᠦ ᠵᠢᠯ ᠳᠤ ᠬᠡᠪᠴᠢᠶᠡᠵᠢᠯᠲᠠ ᠠᠴᠠ ᠳᠡᠭᠡᠭᠰᠢᠬᠢ | ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠨᠡᠮᠡᠭᠳᠡᠯ ᠦᠷᠲᠡᠭ ᠪᠠᠷᠤᠭ 16.1 ᠳ᠋ᠦᠩᠰᠢᠭᠤᠷ ᠲᠦᠭᠦᠷᠢᠭ ᠢ | ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 9% ᠪᠠᠷ ᠨᠡᠮᠡᠭᠳᠡᠵᠡᠢ᠃ | ᠵᠢᠭᠤᠯᠴᠢᠯᠠᠯ ᠤᠨ ᠦᠢᠯᠡᠰ ᠢᠳᠡ ᠬᠦᠴᠦᠳᠡᠢ ᠪᠠᠷ ᠬᠦᠭᠵᠢᠪᠡ᠃ ᠳᠡᠯᠡᠬᠡᠢ ᠶᠢᠨ ᠰᠠᠯᠠᠬᠦᠴᠡᠨ | ᠵᠢᠭᠤᠯᠴᠢᠯᠠᠬᠤ ᠬᠠᠷᠠᠯᠳᠠᠳᠤ ᠤᠷᠤᠨ ᠪᠣᠯᠤᠨ ᠤᠯᠤᠰ ᠤᠨ ᠪᠥᠬᠦ ᠬᠦᠷᠢᠶ᠎ᠡ ᠴᠡᠷ᠎ᠠ ᠶᠢᠨ ᠵᠢᠭᠤᠯᠴᠢᠯᠠᠯ ᠤᠨ ᠵᠢᠱᠢᠶ᠎ᠠ | ᠦᠵᠡᠭᠦᠯᠬᠦ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠥᠷᠬᠡᠣᠨᠬᠡᠨ ᠠᠬᠢᠭᠤᠯᠵᠤ ᠴᠢᠳᠠᠭᠰᠠᠨ ᠪᠠ | ᠲᠣᠣᠷᠠᠢ ᠶᠢᠨ ᠣᠢ ᠶᠢᠨ ᠠᠮᠢ ᠠᠬᠤᠢ ᠶᠢᠨ ᠵᠢᠭᠤᠯᠴᠢᠯᠠᠯ ᠤᠨ ᠣᠷᠣᠨ ᠨᠢ ᠣᠯᠣᠰ ᠤᠨ ᠪᠦᠲᠦᠭᠡᠨ | ᠪᠠᠶᠢᠭᠤᠯᠤᠯᠲᠠ ᠶᠢᠨ ᠲᠦᠯᠦᠪᠯᠡᠭᠡᠨ ᠳᠤ ᠵᠢᠭᠰᠠᠭᠠᠭᠳᠠᠨ ᠂ ᠳ᠋ᠠ ᠮᠦᠸᠧ ᠬᠤ᠋ ᠶᠠᠩ ᠦᠵᠡᠮᠵᠢ ᠶᠢᠨ ᠤᠷᠤᠨ ᠨᠢ | ᠤᠯᠤᠰ ᠤᠨ 4A ᠳᠡᠰ ᠤᠨ ᠦᠵᠡᠮᠵᠢ ᠶᠢᠨ ᠤᠷᠤᠨ ᠢᠶᠠᠷ ᠦᠨᠡᠯᠡᠭᠳᠡᠵᠦ᠂ ᠵᠢᠦᠢ ᠶᠠᠨ — ᠬᠠᠷ᠎ᠠ ᠬᠤᠲᠠ ᠶᠢᠨ | ᠪᠠᠭᠤᠷᠢ ᠨᠢ ᠦᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠪᠦᠯᠦᠭ ᠬᠠᠭᠤᠴᠢ ᠰᠤᠳᠤᠯᠭᠠᠨ ᠤ ᠪᠠᠭᠤᠷᠢ ᠪᠠᠷ | ᠪᠥᠷᠢᠣᠨᠬᠡᠭᠳᠡᠪᠡ᠃ 3.4 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠤᠨ᠂ ᠭᠤᠤᠯᠳᠠᠯᠭᠠᠲᠤ ᠵᠢᠭᠤᠯᠴᠢᠯᠠᠯ ᠤᠨ | ᠣᠷᠣᠨ ᠢ 5A ᠳᠡᠰ ᠤᠨ ᠪᠠᠷᠢᠮᠵᠢᠶ᠎ᠠ ᠪᠠᠷ ᠲᠡᠰ ᠲᠡᠪᠰᠢᠬᠦᠯᠥᠨ ᠥᠬᠡᠷᠡᠴᠢᠯᠡᠵᠣ᠂ ᠳ᠋ᠠ ᠮᠦᠸᠧ ᠬᠤ᠋ ᠶᠠᠩ ᠦᠵᠡᠮᠵᠢ | ᠶᠢᠨ ᠤᠷᠤᠨ ᠪᠤᠯᠤᠨ ᠷᠦᠸᠧ ᠱᠦᠢ᠂ ᠶᠢᠨ ᠱᠠ ᠸᠠᠨ ᠦᠵᠡᠮᠵᠢ ᠶᠢᠨ ᠤᠷᠤᠨ ᠤ ᠵᠢᠭᠤᠯᠴᠢᠳ ᠤᠨ ᠤᠶᠢᠯᠡᠴᠢᠯᠡᠭᠡᠨ | ᠤ ᠲᠦᠪ ᠢ ᠰᠢᠨ᠎ᠡ ᠪᠠᠷ ᠪᠠᠶᠢᠭᠤᠯᠤᠨ᠂ ᠵᠤᠷᠯᠤᠩ 21 ᠵᠠᠰᠠᠵᠤ᠂ ᠬᠤᠭ ᠤᠨ ᠰᠠᠪᠠ 230 ᠶᠢ ᠪᠠᠶᠢᠷᠢᠯᠠᠭᠤᠯᠤᠨ᠂ | ᠦᠵᠡᠮᠵᠢ ᠶᠢᠨ ᠤᠷᠤᠨ ᠤ ᠵᠤᠭᠠᠴᠠᠬᠤ ᠶᠢ ᠤᠳᠤᠷᠢᠳᠬᠤ ᠰᠢᠰᠲ᠋ᠧᠮᠳᠤ ᠢᠯᠡᠷᠭᠡᠶᠢᠯᠡᠯ ᠫᠠᠶᠢᠰᠠ 150 ᠶᠢ ᠪᠤᠰᠬᠠᠵᠤ᠂ | ᠵᠢᠭᠤᠯᠴᠢᠯᠠᠯ ᠤᠨ ᠲᠦᠬᠦᠷ ᠦᠢᠯᠡᠴᠢᠯᠡᠭᠡᠨ ᠤ ᠴᠢᠳᠡᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ ᠴᠡᠷᠢᠭ | ᠠᠷᠠᠳ ᠤᠶᠠᠯᠳᠤᠭᠰᠠᠨ ᠰᠡᠨᠰᠡᠷ ᠢᠶᠠᠷ ᠠᠶᠠᠯᠠᠬᠤ ᠵᠢᠭᠤᠯᠴᠢᠯᠠᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ | ᠰᠢᠨ᠎ᠡ ᠠᠬᠢᠴᠠ ᠲᠠᠢ ᠪᠣᠯᠵᠣ᠂ ᠳ᠋ᠦᠩᠹᠧᠩ ᠰᠠᠨᠰᠠᠷ ᠵᠢᠭᠤᠯᠴᠢᠯᠠᠯ ᠤᠨ ᠲᠤᠷᠰᠢᠨ ᠵᠤᠭᠠᠴᠠᠬᠤ ᠲᠦᠷᠦᠯ ᠵᠤᠶᠢᠯ ᠤᠨ | ᠵᠢᠷᠤᠭ ᠲᠥᠯᠥᠪᠯᠡᠭᠡ ᠠᠮᠵᠢᠯᠳᠠ ᠲᠠᠢ ᠬᠢᠨᠠᠨ ᠥᠨᠡᠯᠡᠭᠳᠡᠵᠣ᠂ ᠬᠤᠶᠠᠳᠤᠭᠠᠷ ᠬᠠᠷᠪᠣᠯᠲᠠ ᠶᠢᠨ ᠲᠠᠯᠠᠪᠠᠢ ᠶᠢ ᠵᠠᠰᠠᠨ | ᠰᠢᠨᠡᠳᠬᠡᠵᠤ ᠲᠠᠭᠤᠰᠬᠠᠨᠨᠰᠠᠨ ᠪᠠᠶᠢᠨ᠎ᠠ᠃ ᠳᠠᠯᠠᠶᠢᠬᠦ᠋ᠪ ᠪᠠᠯᠭᠠᠰᠤᠨ ᠤ ᠵᠢᠭᠤᠯᠴᠢᠳ ᠢ ᠲᠦᠪᠯᠡᠷᠡᠭᠦᠯᠦᠨ ᠲᠠᠷᠬᠠᠭᠠᠬᠤ | ᠲᠦᠪ᠂ ᠳ᠋ᠦᠩᠹᠧᠩ ᠪᠠᠯᠭᠠᠰᠤ ᠪᠣᠯᠥᠨ ᠴᠡᠭᠡ ᠪᠤᠭᠤᠮᠲᠠ ᠶᠢᠨ ᠦᠢᠯᠡᠴᠢᠯᠡᠭᠡᠨ ᠤ ᠰᠠᠭᠤᠷᠢᠨ᠂ ᠶᠠᠭᠠᠨ ᠵᠡᠷᠭᠡ | ᠵᠢᠭᠤᠯᠴᠢᠯᠠᠯ ᠤᠨ ᠦᠷᠲᠡᠭᠡ ᠪᠠᠶᠢᠭᠤᠯᠤᠭᠳᠠᠨ ᠠᠰᠢᠭᠯᠠᠯᠲᠠ ᠳᠤ ᠣᠷᠤᠪᠠ᠃ ︽ᠰᠤᠶᠤᠯ + ᠵᠢᠭᠤᠯᠴᠢᠯᠠᠯ + ᠪᠡᠶ᠎ᠡ | ᠲᠠᠮᠢᠷ︾ ᠤᠨ ᠬᠦᠭᠵᠢᠯᠲᠡ ᠶᠢᠨ ᠵᠠᠭᠪᠤᠷ ᠢ ᠢᠳᠡᠪᠬᠢᠲᠡᠢ ᠡᠷᠢᠯᠬᠢᠯᠡᠨ᠂ ᠲᠣᠣᠷᠠᠢ ᠶᠢᠨ ᠣᠢ ᠳᠠᠬᠢ ᠣᠯᠠᠨ ᠤᠯᠤᠰ ᠤᠨ | ᠳᠤᠭᠤᠢ ᠲᠡᠷᠭᠡᠨ ᠤ ᠤᠷᠢᠯᠭᠠᠲᠤ ᠮᠦᠷᠦᠶᠢᠴᠡᠭᠡᠨ᠂ ᠮᠠᠷᠠᠽᠤᠨ ᠤᠷᠤᠯᠳᠤᠭᠠᠨ᠂ ᠮᠠᠰᠢᠨ ᠲᠡᠷᠭᠡᠨ ᠤ ᠲᠡᠰᠭᠡᠯ | ᠤᠷᠤᠯᠳᠤᠭᠠᠨ ᠪᠣᠯᠤᠨ ︽ᠣᠭᠲᠠᠷᠭᠤᠢ ᠠᠴᠠ ᠲᠣᠣᠷᠠᠢ ᠶᠢ ᠰᠣᠨᠢᠷᠬᠠᠬᠤ︾ ᠵᠡᠷᠭᠡ ᠰᠢᠷᠢᠰ ᠬᠦᠳᠡᠯᠭᠡᠭᠡᠨ ᠢ | ᠰᠢᠨ᠎ᠡ ᠪᠠᠷ ᠡᠭᠦᠳᠦᠨ ᠶᠠᠪᠤᠭᠳᠠᠭᠤᠯᠵᠤ᠂ ᠨᠡᠷ᠎ᠡ ᠲᠡᠮᠳᠡᠭᠲᠦ ᠤᠷᠤᠯᠳᠤᠭᠠᠨ ᠤ ᠭᠠᠳᠠᠭᠰᠢ ᠨᠦᠯᠦᠭᠡᠯᠡᠬᠦ ᠬᠦᠴᠦᠨ ᠢ | ᠦᠷᠭᠦᠯᠵᠢᠯᠡᠨ ᠨᠡᠮᠡᠭᠳᠡᠭᠦᠯᠪᠡ᠃ ᠪᠦᠬᠦ ᠵᠢᠯ ᠳᠤ ᠤᠯᠤᠰ ᠤᠨ ᠳᠣᠲᠤᠭᠠᠳᠤ ᠭᠠᠳᠠᠭᠠᠳᠣ ᠶᠢᠨ ᠵᠢᠭᠤᠯᠴᠢᠳ ᠢ 160. | 1ᠲᠦᠮᠡᠨ ᠬᠦᠮᠦᠨ ︵ᠤᠳᠠᠭ᠎ᠠ︶ ᠬᠦᠯᠢᠶᠡᠨ ᠠᠪᠴᠣ᠂ ᠠᠳᠠᠯᠢ ᠬᠤᠭᠤᠴᠠᠭᠠᠨ ᠤ ᠬᠢ ᠠᠴᠠ 45% ᠪᠠᠷ ᠨᠡᠮᠡᠭᠳᠡᠨ | ᠂ ᠶᠡᠷᠦᠩᠬᠡᠶᠢᠯᠡᠭᠰᠡᠨ ᠣᠷᠤᠯᠭ᠎ᠠ 22.4 ᠳ᠋ᠦᠩᠰᠢᠭᠤᠷ ᠲᠦᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ | ᠬᠢ ᠠᠴᠠ 53% ᠪᠠᠷ ᠨᠡᠮᠡᠭᠳᠡᠵᠡᠢ᠃ ᠵᠢᠭᠤᠯᠴᠢᠯᠠᠯ ᠤᠨ ᠦᠢᠯᠡᠰ ᠤᠨ ᠲᠦᠷᠭᠡᠨ ᠬᠦᠭᠵᠢᠯᠲᠡ ᠨᠢ ᠢᠳᠡᠭᠡᠨ | ᠤᠮᠳᠠᠭᠠᠨ᠂ ᠪᠠᠭᠤᠳᠠᠯ ᠰᠠᠭᠤᠴᠠ᠂ ᠠᠷᠠᠯᠵᠢᠶ᠎ᠠ ᠬᠤᠳᠠᠯᠳᠤᠭ᠎ᠠ᠂ ᠪᠠᠷᠠᠭ᠎ᠠ ᠭᠦᠢᠯᠭᠡᠭᠡ ᠵᠡᠷᠭᠡ ᠤᠯᠠᠮᠵᠢᠯᠠᠯᠲᠤ | ᠦᠢᠯᠡᠴᠢᠯᠡᠭᠡᠨ ᠤ ᠦᠢᠯᠡᠰ ᠤᠨ ᠦᠷᠨᠢᠨ ᠬᠦᠭᠵᠢᠯᠳᠡ ᠶᠢ ᠲᠠᠶᠢᠴᠢᠯᠡᠵᠤ ᠴᠢᠳᠠᠭᠰᠠᠨ ᠢᠶᠠᠷ ᠳᠣᠲᠣᠭᠠᠳᠣ ᠬᠡᠷᠡᠭᠴᠡᠭᠡᠨ | ᠤ ᠨᠡᠮᠡᠭᠳᠡᠯ ᠢ ᠳᠠᠭᠠᠭᠤᠯᠬᠤ ᠭᠤᠣᠯᠳᠠᠯᠭᠠᠲᠤ ᠠᠵᠤ ᠦᠢᠯᠡᠰ ᠪᠠ ᠠᠵᠢᠯ ᠣᠯᠭᠤᠯᠲᠠ ᠶᠢ ᠠᠬᠢᠭᠤᠯᠬᠤ ᠲᠤᠯᠭᠠᠭᠤᠷᠢ | ᠠᠵᠤ ᠦᠢᠯᠡᠰ ᠪᠤᠯᠤᠨ ᠬᠤᠪᠢᠷᠠᠵᠤ᠂ ᠬᠤᠲᠠ ᠬᠦᠳᠡᠭᠡᠨ ᠤ ᠰᠠᠭᠤᠭᠠᠯᠢ ᠠᠷᠠᠳ ᠤᠨ ᠣᠷᠣᠯᠭ᠎ᠠ ᠶᠢᠨ ᠠᠷᠭ᠎ᠠ ᠵᠠᠮ | ᠴᠤ ᠲᠠᠰᠤᠷᠠᠯᠲᠠ ᠦᠭᠡᠢ ᠦᠷᠭᠡᠵᠢᠨ᠂ ᠤᠷᠤᠯᠭ᠎ᠠ ᠶᠢᠨ ᠪᠦᠲᠦᠴᠡ ᠰᠢᠯᠢᠳᠡᠭᠵᠢᠨ ᠰᠠᠶᠢᠵᠢᠷᠠᠯ᠎ᠠ᠃ ᠪᠦᠬᠦ ᠵᠢᠯ ᠳᠤ | ᠵᠠᠰᠠᠮᠠᠯ ᠵᠠᠮ ᠤᠨ ᠲᠡᠭᠡᠭᠡᠪᠦᠷᠢ ᠶᠢᠨ ᠬᠡᠮᠵᠢᠶ᠎ᠡ 582.6 ᠲᠦᠮᠡᠨ ᠲᠤᠨ ᠳᠤ ᠬᠦᠷᠴᠦ᠂ ᠠᠳᠠᠯᠢ ᠬᠤᠭᠤᠴᠠᠭᠠᠨ ᠤ | ᠬᠢ ᠠᠴᠠ 9% ᠪᠠᠷ ᠨᠡᠮᠡᠭᠳᠡᠪᠡ︔ ᠲᠡᠮᠦᠷ ᠵᠠᠮ ᠤᠨ ᠲᠡᠭᠡᠭᠡᠪᠦᠷᠢ ᠶᠢᠨ ᠬᠡᠮᠵᠢᠶ᠎ᠡ 732.3 ᠲᠦᠮᠡᠨ ᠲᠤᠨ ᠳᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 77.6% ᠪᠠᠷ ᠨᠡᠮᠡᠭᠳᠡᠪᠡ︔ ᠵᠠᠰᠠᠮᠠᠯ ᠵᠠᠮ ᠤᠨ ᠠᠶᠠᠨᠴᠢᠳ ᠤᠨ | ᠵᠦᠭᠡᠭᠡᠪᠦᠷᠢ ᠶᠢᠨ ᠬᠡᠮᠵᠢᠶ᠎ᠡ 47.6 ᠲᠦᠮᠡᠨ ᠬᠦᠮᠦᠨ ︵ᠤᠳᠠᠭ᠎ᠠ︶᠂ ᠠᠭᠠᠷ ᠠᠶᠠᠯᠠᠯ ᠤᠨ ᠠᠶᠠᠨᠴᠢᠳ ᠤᠨ | ᠵᠦᠭᠡᠭᠡᠪᠦᠷᠢ ᠶᠢᠨ ᠬᠡᠮᠵᠢᠶ᠎ᠡ 1.7 ᠲᠦᠮᠡᠨ ᠬᠦᠮᠦᠨ ︵ᠤᠳᠠᠭ᠎ᠠ︶ ᠳᠤ ᠬᠥᠷᠴᠡᠢ᠃ ᠪᠠᠷᠤᠭᠴᠠᠭᠠᠯᠠᠪᠠᠯ 2016 | ᠣᠨ ᠳᠤ᠂ ᠨᠡᠶᠢᠬᠡᠮ ᠤᠨ ᠬᠡᠷᠡᠭᠯᠡᠭᠡᠨ ᠤ ᠪᠣᠳᠠᠰ ᠤᠨ ᠰᠣᠯᠠ ᠪᠣᠷᠣᠯᠠᠭᠤᠯᠬᠤ ᠶᠡᠷᠦᠩᠬᠡᠢ ᠦᠨ᠎ᠡ 13.5 ᠳ᠋ᠦᠩᠰᠢᠭᠤᠷ | ᠲᠦᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.5% ᠪᠠᠷ ᠨᠡᠮᠡᠭᠳᠡᠭᠰᠡᠨ ᠪᠠᠶᠢᠨ᠎ᠠ᠃ | ︵ᠬᠤᠶᠠᠷ︶ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠡᠳᠦᠷ ᠢᠷᠡᠬᠦᠶ᠎ᠡ ᠲᠡᠭᠦᠯᠳᠡᠷᠵᠢᠨ᠂ | ᠬᠦᠭᠵᠢᠯᠲᠡ ᠶᠢᠨ ᠣᠷᠴᠢᠨ ᠲᠣᠭᠤᠷᠢᠨ ᠮᠡᠳᠡᠭᠳᠡᠮ᠎ᠡ ᠰᠠᠶᠢᠵᠢᠷᠠᠪᠠ | ᠠᠮᠢ ᠠᠬᠤᠢ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠪᠠ᠃ ᠠᠮᠢ ᠠᠬᠤᠢ ᠶᠢᠨ ᠪᠦᠲᠦᠭᠡᠨ | ᠪᠠᠶᠢᠭᠤᠯᠤᠯᠲᠠ ᠶᠢ ᠬᠠᠮᠤᠭ ᠲᠤᠮᠤ ᠰᠠᠭᠤᠷᠢ ᠲᠦᠬᠦᠭᠡᠷᠦᠮᠵᠢ ᠪᠣᠯᠭᠠᠨ ᠴᠢᠬᠤᠯᠴᠢᠯᠠᠬᠤ ᠶᠢ ᠪᠠᠷᠢᠮᠲᠠᠯᠠᠨ᠂ ᠣᠢ | ᠰᠢᠭᠤᠢ ᠶᠢᠨ ᠠᠮᠢ ᠠᠬᠤᠢ ᠶᠢᠨ ᠦᠷ᠎ᠡ ᠠᠰᠢᠭ ᠤᠨ ᠨᠦᠬᠦᠪᠦᠷᠢ ᠶᠢᠨ ᠳᠦᠷᠢᠮ ᠢ ᠬᠢᠨᠠᠮᠠᠭᠠᠢ ᠲᠤᠤᠱᠯᠠᠭᠤᠯᠵᠤ᠂ | ᠰᠢᠨ᠎ᠡ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠨᠦᠬᠦᠪᠦᠷᠢᠯᠡᠨ ᠱᠠᠩᠨᠠᠬᠤ ᠲᠥᠷᠦ ᠶᠢᠨ ᠪᠣᠳᠤᠯᠭ᠎ᠠ ᠶᠢ | ᠡᠬᠢᠯᠡᠨ ᠬᠡᠷᠡᠭᠵᠢᠭᠦᠯᠵᠦ᠂ ᠮᠠᠯᠴᠢᠳ ᠲᠠᠷᠢᠶᠠᠴᠢᠳ ᠲᠤ ᠠᠰᠢᠭ ᠬᠦᠷᠲᠡᠭᠡᠬᠦ ᠡᠯ᠎ᠡ ᠲᠦᠷᠦᠯ ᠤᠨ ᠨᠦᠬᠦᠪᠦᠷᠢ ᠮᠦᠩᠭᠦ | ᠶᠢ ᠨᠡᠶᠢᠲᠡ 5310 ᠲᠦᠮᠡᠨ ᠲᠦᠭᠦᠷᠢᠭ ᠲᠠᠷᠬᠠᠭᠠᠪᠠ᠃ ︽ᠭᠤᠷᠪᠠᠨ ᠤᠮᠠᠷᠠᠲᠤ︾ ᠶᠢᠨ ᠬᠠᠯᠬᠠᠪᠴᠢ ᠣᠢ᠂ | ᠮᠠᠯᠵᠢᠬᠤ ᠶᠢ ᠵᠣᠭᠰᠤᠭᠠᠵᠤ ᠪᠡᠯᠴᠢᠭᠡᠷ ᠰᠡᠷᠭᠦᠭᠡᠬᠦ᠂ ᠵᠠᠭᠤᠨ ᠲᠦᠮᠡᠨ ᠮᠦ ᠤᠢ ᠰᠢᠭᠤᠢ ᠡᠯᠡᠰᠦᠨ ᠠᠵᠣ ᠦᠢᠯᠡᠰ ᠤᠨ | ᠬᠦᠭᠵᠢᠯᠲᠡ ᠶᠢᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠵᠡᠷᠭᠡ ᠭᠤᠣᠯᠳᠠᠯᠭ᠎ᠠ ᠲᠠᠢ ᠢᠨᠵᠧᠨᠧᠷᠢᠩ ᠢ | ᠶᠠᠪᠤᠭᠳᠠᠭᠤᠯᠪᠠ᠃ ᠣᠢ ᠰᠢᠭᠤᠢ ᠶᠢᠨ ᠤᠶᠢᠯᠡᠰ ᠤᠨ ᠪᠦᠲᠦᠭᠡᠨ ᠪᠠᠶᠢᠭᠤᠯᠤᠯᠲᠠ 36 ᠲᠦᠮᠡᠨ ᠮᠦ᠂ ᠨᠤᠲᠤᠭ | ᠪᠡᠯᠴᠢᠭᠡᠷ ᠤᠨ ᠪᠦᠲᠦᠭᠡᠨ ᠪᠠᠶᠢᠭᠤᠯᠤᠯᠲᠠ 408 ᠲᠦᠮᠡᠨ ᠮᠦ ᠶᠢ ᠪᠡᠶᠡᠯᠡᠬᠦᠯᠵᠣ᠂ ᠪᠦᠬᠦ ᠬᠤᠰᠢᠭᠤᠨ ᠤ ᠨᠣᠲᠤᠭ | ᠪᠡᠯᠴᠢᠭᠡᠷ ᠤᠨ ᠤᠷᠭᠤᠮᠠᠯ ᠤᠨ ᠪᠦᠷᠬᠦᠴᠡ᠂ ᠣᠢ ᠰᠢᠭᠤᠢ ᠶᠢᠨ ᠪᠦᠷᠬᠦᠴᠡ ᠶᠢ ᠲᠣᠰ ᠪᠦᠷᠢ 10% ᠪᠣᠯᠤᠨ 4. | 3% ᠪᠤᠯᠲᠠᠯ᠎ᠠ ᠲᠡᠬᠡᠭᠰᠢᠯᠡᠬᠦᠯᠥᠭᠰᠡᠨ ᠪᠠᠶᠢᠨ᠎ᠠ᠃ ᠬᠠᠷ᠎ᠠ ᠭᠤᠣᠯ ᠤᠨ ᠤᠰᠤ ᠲᠠᠳᠠᠬᠤ ᠠᠵᠢᠯ ᠲᠡᠦᠬᠡᠲᠦ | ᠰᠢᠪᠲᠤᠯᠤᠯᠲᠠ ᠣᠯᠵᠤ᠂ ᠵᠢᠯ ᠳᠡᠭᠡᠨ 9.83 ᠳ᠋ᠦᠩᠰᠢᠭᠤᠷ ᠪᠣᠰᠤᠭ᠎ᠠ ᠳᠦᠷᠪᠡᠯᠵᠢᠨ ᠮᠧᠲᠷ ᠣᠰᠣ ᠲᠠᠳᠡᠨ᠂ | ᠠᠳᠠᠯᠢ ᠬᠤᠭᠤᠴᠠᠭᠠᠨ ᠤ ᠬᠢ ᠠᠴᠠ 50.5% ᠪᠠᠷ ᠨᠡᠮᠡᠭᠳᠡᠪᠡ᠃ ᠰᠤᠪᠨᠠᠭᠤᠷ ᠤᠨ ᠤᠰᠤᠨ ᠤ ᠲᠠᠯᠠᠪᠠᠢ 42 | ᠬᠠᠪᠲᠠᠭᠠᠢ ᠳᠦᠷᠪᠡᠯᠵᠢᠨ ᠺᠢᠯᠤᠮᠧᠲᠷ ᠲᠤ ᠬᠦᠷᠴᠦ᠂ ᠰᠢᠷᠭᠢᠭᠡᠳ ᠤᠳᠠᠭᠰᠠᠨ ᠭᠠᠰᠢᠭᠤᠨ ᠨᠠᠭᠤᠷ ᠲᠤ 130 | ᠬᠠᠪᠲᠠᠭᠠᠢ ᠳᠦᠷᠪᠡᠯᠵᠢᠨ ᠺᠢᠯᠤᠮᠧᠲᠷ ᠤᠨ ᠤᠰᠤ ᠣᠷᠣᠭᠤᠯᠥᠨ᠂ ᠨᠣᠭᠤᠭᠠᠨ ᠪᠦᠷᠢᠳᠤ ᠶᠢᠨ ᠠᠮᠢ ᠠᠬᠤᠢ | ᠲᠠᠰᠤᠷᠠᠯᠲᠠ ᠦᠭᠡᠢ ᠰᠠᠶᠢᠵᠢᠷᠠᠵᠤ᠂ ᠡᠵᠡᠨ᠎ᠡ ᠬᠤᠰᠢᠭᠤ ᠤᠯᠤᠰ ᠤᠨ ᠭᠤᠣᠯᠳᠠᠯᠭ᠎ᠠ ᠲᠠᠢ ᠠᠮᠢ ᠠᠬᠤᠢ ᠶᠢᠨ | ᠴᠢᠳᠠᠪᠬᠢᠲᠤ ᠣᠷᠣᠨ ᠤ ᠡᠩᠨᠡᠭᠡᠨ ᠳᠤ ᠵᠢᠨᠨᠰᠠᠭᠠᠨᠨᠳᠠᠵᠡᠢ᠃ ᠣᠷᠴᠢᠨ ᠠᠬᠤᠢ ᠶᠢ ᠬᠠᠮᠠᠭᠠᠯᠠᠬᠤ ᠠᠷᠭ᠎ᠠ ᠠᠪᠴᠠᠯ ᠢᠶᠠᠨ | ᠴᠢᠩᠭ᠎ᠠ ᠨᠠᠶᠢᠳᠠᠪᠤᠷᠢᠵᠢᠭᠤᠯᠵᠤ᠂ ᠤᠰᠤᠨ ᠤ ᠡᠬᠢ ᠪᠠᠶᠠᠯᠢᠭ ᠤᠨ ᠪᠣᠬᠢᠷᠳᠤᠯ ᠢ ᠰᠡᠷᠭᠡᠶᠢᠯᠡᠨ ᠵᠠᠰᠬᠤ ᠲᠦᠰᠦᠪ ᠪᠣᠯᠣᠨ | ᠴᠠᠭᠠᠨ ᠤ ᠪᠣᠬᠢᠷᠳᠤᠯ ᠢ ᠵᠠᠰᠠᠬᠤ ᠲᠦᠷ ᠬᠡᠷᠡᠭᠵᠢᠭᠦᠯᠬᠦ ᠠᠷᠭ᠎ᠠ ᠶᠢ ᠲᠤᠭᠲᠠᠭᠠᠨ ᠨᠡᠶᠢᠲᠡᠯᠡᠵᠦ᠂ ᠪᠣᠬᠢᠷ ᠤᠰᠤ | ᠰᠢᠢᠳᠪᠦᠷᠢᠯᠡᠬᠦ ᠲᠦᠬᠦᠭᠡᠷᠦᠮᠵᠢ ᠶᠢ ᠳᠡᠰ ᠳᠡᠪᠰᠢᠭᠦᠯᠦᠨ ᠦᠭᠡᠷᠡᠴᠢᠯᠡᠬᠦ ᠢᠨᠵᠧᠨᠧᠷᠢᠩ ᠢ ᠠᠰᠢᠭᠯᠠᠯᠲᠠ ᠳᠤ | ᠣᠷᠣᠭᠤᠯᠣᠨ᠂ ᠴᠡᠪᠡᠷᠰᠢᠭᠦᠯᠦᠭᠰᠡᠨ ᠤᠰᠤᠨ ᠤ ᠣᠷᠴᠢᠯᠲᠣ ᠠᠰᠢᠭᠯᠠᠯᠲᠠ ᠶᠢᠨ ᠢᠨᠵᠧᠨᠧᠷᠢᠩ ᠢ ᠤᠳᠤ ᠶᠠᠭ | ᠶᠠᠪᠤᠭᠳᠠᠭᠤᠯᠵᠤ ᠪᠤᠢ᠃ ᠡᠬᠦᠨ ᠠᠴᠠ ᠭᠠᠳᠠᠨ᠎ᠠ ᠳᠠᠯᠠᠶᠢᠬᠦ᠋ᠪ ᠪᠠᠯᠭᠠᠰᠤᠨ ᠤ ᠨᠡᠭᠦᠷᠡᠰᠦ ᠰᠢᠲᠠᠭᠠᠬᠤ 11 | ᠳᠤᠯᠠᠭᠠᠯᠭ᠎ᠠ ᠶᠢᠨ ᠵᠤᠤᠬ᠎ᠠ ᠶᠢ ᠬᠠᠣᠯᠢ ᠶᠣᠰᠤᠭᠠᠷ ᠠᠯᠪᠠᠳᠠᠨ ᠵᠣᠭᠰᠤᠭᠠᠵᠤ᠂ ᠭᠤᠣᠯᠳᠠᠯᠭ᠎ᠠ ᠲᠠᠢ ᠪᠣᠬᠢᠷᠳᠤᠯ ᠪᠣᠳᠠᠰ | ᠢ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠪᠣᠯᠣᠨ ᠡᠨᠧᠷᠬᠢ ᠶᠢᠨ ᠬᠤᠷᠣᠭᠳᠠᠯ ᠤᠨ ᠬᠡᠮᠵᠢᠶ᠎ᠡ ᠶᠢ ᠳᠡᠭᠡᠷ᠎ᠡ | ᠱᠠᠲᠤᠨ ᠠᠴᠠ ᠪᠠᠭᠤᠯᠭᠠᠭᠰᠠᠨ ᠲᠤᠭ᠎ᠠ ᠪᠠᠷᠢᠮᠵᠢᠶᠠᠨ ᠳᠤ ᠬᠢᠵᠠᠭᠠᠷᠯᠠᠭᠰᠠᠨ ᠪᠠᠶᠢᠨ᠎ᠠ᠃ | ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠠᠯᠬᠤᠴᠠ ᠲᠦᠷᠬᠡᠰᠪᠡ᠃ 9 ᠲᠦᠷᠦᠯ ᠤᠨ | ᠬᠤᠲᠠ ᠪᠠᠯᠭᠠᠰᠤᠨ ᠤ ᠴᠢᠳᠠᠮᠵᠢ ᠶᠢᠨ ᠲᠣᠰᠬᠠᠢ ᠲᠦᠯᠦᠪᠵᠢᠭᠦᠯᠦᠯᠲᠡ ᠶᠢ ᠨᠠᠶᠢᠷᠠᠭᠤᠯᠤᠨ ᠭᠠᠷᠭᠠᠵᠤ᠂ ᠬᠤᠲᠠ | ᠪᠠᠯᠭᠠᠰᠤᠨ ᠤ ᠲᠦᠯᠦᠪᠵᠢᠭᠦᠯᠦᠯᠲᠡ ᠶᠢᠨ ᠰᠢᠰᠲ᠋ᠧᠮ ᠢ ᠪᠦᠷᠢᠨ ᠲᠡᠭᠦᠯᠳᠡᠷᠵᠢᠭᠦᠯᠪᠡ᠃ 11.7 ᠳ᠋ᠦᠩᠰᠢᠭᠤᠷ | ᠲᠦᠭᠦᠷᠢᠭ ᠤᠨ ᠪᠡᠯᠡ ᠤᠷᠤᠭᠤᠯᠵᠤ᠂ ᠬᠠᠭᠤᠴᠢᠨ ᠪᠠᠯᠭᠠᠰᠤᠨ ᠤ ᠳᠦᠭᠦᠮ ᠪᠦᠲᠦᠴᠡᠲᠦ ᠣᠷᠣᠨ ᠰᠠᠭᠤᠴᠠ ᠶᠢ | ᠦᠬᠡᠷᠡᠴᠢᠯᠡᠨ ᠵᠠᠰᠠᠬᠤ ᠢᠨᠵᠧᠨᠧᠷᠢᠩ ᠢ ᠡᠬᠢᠯᠡᠬᠦᠯᠥᠨ᠂ ᠬᠡᠷᠡᠭᠯᠡᠭᠡᠨ ᠳᠤ ᠣᠷᠣᠭᠠᠳᠤᠢ ᠪᠠᠶᠢᠭᠰᠠᠨ 554 ᠭᠡᠷ | ᠪᠠᠶᠢᠰᠢᠩ ᠢ ᠲᠣᠬᠢᠷᠠᠭᠤᠯᠤᠨ ᠪᠠᠷᠠᠭᠠᠵᠤ᠂ 912 ᠡᠷᠦᠬᠡ ᠰᠠᠭᠤᠭᠠᠯᠢ ᠠᠷᠠᠳ ᠤᠨ ᠣᠶᠢᠯᠡᠣᠨᠪᠣᠷᠢᠯᠡᠯ ᠠᠮᠢᠳᠤᠷᠠᠯ ᠤᠨ | ᠨᠦᠭᠦᠴᠡᠯ ᠢ ᠰᠠᠶᠢᠵᠢᠷᠠᠭᠤᠯᠪᠠ᠃ 6 ᠳ᠋ᠦᠩᠰᠢᠭᠤᠷ ᠲᠦᠭᠦᠷᠢᠭ ᠤᠨ ᠪᠡᠯᠡ ᠣᠷᠤᠭᠤᠯᠵᠤ᠂ ᠲᠠᠯᠠᠶᠢᠭᠥ᠋ᠪ ᠪᠠᠯᠭᠠᠰᠣᠨ | ᠤ 5 ᠵᠤᠷᠪᠤᠰ ᠵᠠᠮ ᠤᠨ ᠭᠠᠳᠠᠷᠭᠤ ᠶᠢ ᠲᠡᠭᠰᠢᠯᠡᠨ ᠵᠠᠰᠠᠬᠤ᠂ 19 ᠵᠤᠷᠪᠤᠰ ᠵᠠᠮ ᠤᠨ ᠬᠦᠪᠡᠭᠡᠨ ᠤ ᠴᠢᠯᠠᠭᠤ ᠶᠢ | ᠰᠤᠯᠢᠨ ᠰᠢᠨᠡᠳᠭᠡᠬᠦ᠂ ᠡᠵᠡᠨ᠎ᠡ ᠴᠡᠴᠡᠷᠯᠢᠭ ᠪᠣᠯᠤᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠦᠭᠡᠷᠡᠴᠢᠯᠡᠨ | ᠵᠠᠰᠠᠬᠤ ᠵᠡᠷᠭᠡ 73 ᠵᠦᠢᠯ ᠤᠨ ᠬᠤᠲᠠ ᠪᠠᠯᠭᠠᠰᠤᠨ ᠤ ᠰᠠᠭᠤᠷᠢ ᠲᠦᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢᠨ ᠢᠨᠵᠧᠨᠧᠷᠢᠩ ᠢ ᠶᠠᠪᠤᠭᠳᠠᠭᠤᠯᠤᠨ᠂ ᠴᠡᠪᠡᠷ ᠲᠤᠬᠢᠯᠢᠭ ᠰᠠᠭᠤᠷᠢᠰᠢᠬᠤ ᠣᠷᠴᠢᠨ ᠪᠤᠯᠤᠨ ᠭᠤᠶᠣ | ᠰᠠᠶᠢᠬᠠᠨ ᠳᠦᠷᠢ ᠲᠦᠷᠬᠦ ᠶᠢ ᠱᠤᠭᠤᠭᠰᠠᠨ ᠪᠠᠶᠢᠨ᠎ᠠ᠃ ᠵᠠᠮ ᠤᠨ ᠳ᠋ᠧᠩ ᠪᠣᠯᠥᠨ ᠴᠢᠮᠡᠭᠯᠡᠨ ᠭᠡᠷᠡᠯᠲᠦᠭᠦᠯᠦᠭᠴᠢ ᠶᠢ | ᠨᠡᠶᠢᠳᠡ 320 ᠤᠭᠰᠠᠷᠠᠨ᠂ 2 ᠲᠦᠮᠡᠨ ᠮᠧᠲᠷ ᠴᠠᠬᠢᠯᠭᠠᠨ ᠤᠲᠠᠰᠤ ᠶᠢ ᠰᠢᠨᠡᠳᠬᠡᠵᠣ᠂ ᠳᠡᠯᠠᠶᠢᠬᠦ᠋ᠪ ᠪᠠᠯᠭᠠᠰᠤᠨ ᠤ | ᠭᠤᠤᠯ ᠵᠡᠭᠡᠯᠢ ᠶᠢᠨ ᠭᠡᠷᠡᠯᠲᠦᠭᠦᠯᠦᠭᠴᠢ ᠶᠢ ᠰᠡᠯᠪᠢᠨ ᠵᠠᠰᠠᠵᠡᠢ᠃ ᠣᠷᠴᠢᠨ ᠲᠣᠭᠤᠷᠢᠨ ᠢ ᠴᠡᠪᠡᠷᠯᠡᠬᠦ ᠮᠠᠰᠢᠨ 35 | ᠰᠠᠤᠷᠢ ᠬᠤᠳᠠᠯᠳᠤᠨ ᠠᠪᠴᠤ᠂ ᠵᠠᠮ ᠤᠨ ᠴᠠᠭᠳᠠᠭ᠎ᠠ ᠠᠵᠢᠯᠯᠠᠬᠤ᠂ ATM ᠣᠶᠢᠯᠡᠴᠢᠯᠡᠭᠡ ᠬᠠᠩᠭᠠᠬᠤ᠂ ᠣᠷᠴᠢᠨ | ᠲᠤᠭᠤᠷᠢᠨ ᠤ ᠴᠡᠪᠡᠷᠯᠡᠭᠴᠢ ᠠᠮᠠᠷᠠᠬᠤ ᠵᠡᠷᠬᠡ ᠭᠤᠷᠪᠠᠨ ᠴᠢᠳᠡᠮᠵᠢ ᠶᠢ ᠨᠢᠭᠡᠳᠦᠭᠦᠯᠦᠭᠰᠡᠨ ᠦᠷᠦᠭᠡ 3᠂ ᠨᠡᠶᠢᠲᠡ ᠶᠢᠨ | ᠳᠤᠭᠤᠢ ᠲᠡᠷᠭᠡᠨ ᠤ ᠦᠢᠯᠡᠴᠢᠯᠡᠭᠡᠨ ᠤ ᠭᠠᠵᠠᠷ 4 ᠶᠢ ᠰᠢᠨ᠎ᠡ ᠪᠠᠷ ᠪᠠᠶᠢᠭᠤᠯᠣᠨ᠂ ᠨᠡᠶᠢᠲᠡ ᠶᠢᠨ ᠵᠣᠷᠯᠤᠩ 5 ᠶᠢ | ᠰᠡᠯᠪᠢᠨ ᠵᠠᠰᠠᠵᠣ᠂ ᠬᠤᠲᠠ ᠪᠠᠯᠭᠠᠰᠤᠨ ᠤ ᠲᠦᠬᠦᠷ ᠦᠢᠯᠡᠴᠢᠯᠡᠭᠡᠨ ᠤ ᠴᠢᠳᠠᠮᠵᠢ ᠶᠢ ᠤᠯᠠᠮ ᠨᠢᠭᠡ ᠠᠯᠬᠤᠮ | ᠲᠡᠬᠡᠭᠰᠢᠯᠡᠬᠦᠯᠥᠭᠰᠡᠨ ᠪᠠ ᠳᠠᠯᠠᠶᠢᠬᠦ᠋ᠪ ᠪᠠᠯᠭᠠᠰᠤ ᠨᠢ ᠣᠷᠣᠨ ᠤ ᠳᠡᠰ ᠤᠨ ᠰᠠᠭᠤᠷᠢᠰᠢᠬᠤ ᠳᠤ ᠲᠣᠬᠢᠯᠢᠭ | ᠦᠵᠡᠰᠭᠦᠯᠡᠩᠲᠦ ᠪᠠᠯᠭᠠᠰᠤ ᠪᠠᠷ ᠥᠨᠡᠯᠡᠭᠳᠡᠭᠰᠡᠨ ᠪᠠᠶᠢᠨ᠎ᠠ᠃ | ᠬᠦᠭᠵᠢᠯᠲᠡ ᠶᠢᠨ ᠰᠠᠭᠤᠷᠢ ᠲᠠᠰᠤᠷᠠᠯᠲᠠ ᠦᠭᠡᠢ ᠪᠠᠬᠢᠵᠢᠪᠡ᠃ ᠵᠠᠮ ᠬᠠᠷᠢᠯᠴᠠᠭᠠᠨ ᠤ ᠪᠦᠲᠦᠭᠡᠨ | ᠪᠠᠶᠢᠭᠤᠯᠤᠯᠲᠠ ᠯᠣᠲᠣ ᠶᠡᠭᠡ ᠰᠢᠪᠲᠤᠯᠤᠯᠲᠠ ᠶᠢ ᠤᠯᠵᠤ᠂ 53 ᠳ᠋ᠦᠩᠰᠢᠭᠤᠷ ᠲᠦᠭᠦᠷᠢᠭ ᠤᠨ ᠪᠡᠯᠡ ᠣᠷᠤᠭᠤᠯᠤᠨ᠂ | 724 ᠺᠢᠯᠤᠮᠧᠲᠷ ᠵᠠᠰᠠᠮᠠᠯ ᠵᠠᠮ ᠢ ᠰᠢᠨ᠎ᠡ ᠪᠠᠷ ᠵᠠᠰᠠᠵᠤ᠂ 75 ᠺᠢᠯᠤᠮᠧᠲᠷ ᠬᠠᠭᠤᠴᠢᠨ ᠵᠠᠮ ᠢ ᠰᠢᠨᠡᠳᠭᠡᠨ᠂ 21 | ᠺᠢᠯᠤᠮᠧᠲᠷ ᠵᠡᠭᠡᠯᠢ ᠭᠤᠳᠤᠮᠵᠢ ᠶᠢ ᠬᠠᠳᠠᠭᠤᠷᠠᠭᠤᠯᠪᠠ᠃ ᠪᠡᠭᠡᠵᠢᠩ — ᠰᠢᠨᠵᠢᠶᠠᠩ ᠬᠦᠷᠬᠦ ᠲᠦᠷᠬᠡᠨ | ᠬᠤᠷᠳᠤᠴᠠᠲᠤ ᠵᠠᠰᠠᠮᠠᠯ ᠵᠠᠮ ᠤᠨ ᠯᠢᠨ ᠾᠧ ᠠᠴᠠ ᠴᠠᠭᠠᠨ ᠲᠣᠯᠤᠭᠠᠢ ᠬᠦᠷᠬᠦ ᠬᠡᠰᠡᠭ ᠪᠦᠬᠦ ᠱᠤᠭᠤᠮ ᠢᠶᠠᠷ | ᠨᠡᠪᠲᠡᠷᠡᠵᠦ᠂ ᠳᠠᠯᠠᠶᠢᠬᠦ᠋ᠪ ᠪᠠᠯᠭᠠᠰᠣ — ᠭᠤᠷᠤᠨᠠᠢ᠂ ᠲᠤᠶᠢᠭ ᠰᠢᠯᠢ ᠵᠡᠷᠭᠡ 13 ᠵᠤᠷᠪᠤᠰ ᠬᠦᠳᠡᠭᠡ ᠲᠣᠰᠬᠤᠨ ᠤ | ᠵᠠᠰᠠᠮᠠᠯ ᠵᠠᠮ ᠢ ᠪᠦᠲᠦᠭᠡᠨ ᠪᠠᠶᠢᠭᠤᠯᠵᠤ ᠬᠡᠷᠡᠭᠯᠡᠭᠡᠨ ᠳᠤ ᠤᠷᠤᠭᠤᠯᠤᠨ᠂ ᠰᠣᠮᠣ ᠪᠠᠯᠭᠠᠰᠣᠨ ᠳᠤ ᠨᠡᠪᠲᠡᠷᠡᠬᠦ ᠵᠠᠰᠠᠮᠠᠯ | ᠵᠠᠮ ᠪᠤᠯᠤᠨ ᠭᠠᠴᠠᠭ᠎ᠠ ᠲᠣᠰᠬᠤᠨ ᠤ ᠵᠡᠭᠡᠯᠢ ᠭᠤᠳᠤᠮᠵᠢ ᠶᠢ ᠨᠠᠶᠢᠳᠠᠮ ᠬᠠᠳᠠᠷᠠᠭᠤᠯᠪᠠ᠃ ᠤᠰᠤᠨ ᠠᠰᠢᠭᠯᠠᠯᠲᠠ ᠶᠢᠨ | ᠰᠠᠭᠤᠷᠢ ᠲᠦᠬᠦᠭᠡᠷᠦᠮᠵᠢ ᠤᠯᠠᠮ ᠨᠢᠭᠡ ᠠᠯᠬᠤᠮ ᠲᠡᠭᠦᠯᠳᠡᠷᠵᠢᠵᠦ ᠂ ᠬᠠᠷ᠎ᠠ ᠭᠤᠣᠯ ᠤᠨ ᠳᠣᠣᠷᠠᠳᠤ ᠤᠷᠤᠰᠬᠠᠯ ᠢ | ᠵᠠᠰᠠᠬᠤ ᠢᠨᠵᠧᠨᠧᠷᠢᠩ ᠠᠵᠢᠯ ᠢᠶᠠᠨ ᠠᠮᠵᠢᠯᠲᠠ ᠲᠠᠢ ᠲᠠᠭᠤᠰᠬᠠᠯ᠎ᠠ᠃ ᠲᠣᠶᠢᠭ ᠰᠢᠯᠢ ᠶᠢᠨ ᠬᠢᠯᠢ ᠶᠢᠨ | ᠬᠠᠮᠠᠭᠠᠯᠠᠯᠲᠠ ᠶᠢᠨ ᠲᠣᠮᠢᠯᠬᠠᠨᠰᠠᠨ ᠰᠠᠯᠪᠣᠷᠢ ᠳᠤ ᠴᠠᠬᠢᠯᠭᠠᠨ ᠨᠡᠪᠲᠡᠷᠡᠵᠦ᠂ ᠮᠠᠽᠦ᠋ᠩᠱᠠᠨ ᠰᠤᠮᠤᠨ ᠳᠤ ᠴᠠᠬᠢᠯᠭᠠᠨ | ᠨᠡᠪᠲᠡᠷᠡᠬᠦ ᠪᠠᠷ ᠪᠡᠯᠡᠨ ᠪᠣᠯᠣᠨᠨᠰᠠᠨ ᠪᠥᠬᠡᠣᠨ ᠰᠤᠮᠤ ᠪᠠᠯᠭᠠᠰᠣᠨ ᠤ ᠲᠥᠪ ᠪᠦᠭᠦᠨ ᠳᠤ ᠴᠠᠬᠢᠯᠭᠠᠨ ᠢ ᠨᠡᠪᠳᠡᠷᠡᠪᠡ᠃ | ᠪᠠᠶᠠᠨᠨᠢᠷᠤᠭᠤᠨ ᠠᠴᠠ ᠡᠵᠡᠨ᠎ᠡ ᠬᠦᠷᠬᠦ ᠴᠡᠬᠢᠯᠭᠠᠨ ᠱᠤᠭᠤᠮ ᠤᠨ ᠳᠠᠯᠠᠶᠢᠬᠦ᠋ᠪ ᠤᠨ ᠬᠡᠰᠡᠭ ᠢ ᠨᠡᠬᠦᠯᠬᠡᠬᠦ ᠵᠡᠷᠭᠡ 3 | ᠲᠦᠷᠦᠯ ᠤᠨ ᠴᠠᠬᠢᠯᠭᠠᠨ ᠲᠣᠣᠷ ᠢ ᠦᠭᠡᠷᠡᠴᠢᠯᠡᠨ ᠵᠠᠰᠠᠬᠤ ᠢᠨᠵᠧᠨᠧᠷᠢᠩ ᠠᠵᠢᠯ ᠢᠶᠠᠨ ᠳᠠᠭᠤᠰᠬᠠᠵᠤ᠂ ᠪᠠᠯᠭᠠᠰᠤᠨ ᠤ | ᠴᠠᠬᠢᠯᠭᠠᠨ ᠬᠠᠩᠭᠠᠬᠤ ᠪᠠᠶᠢᠷᠢᠯᠠᠭᠤᠯᠤᠯᠲᠠ ᠨᠡᠩ ᠵᠣᠬᠢᠰᠳᠡᠢ ᠪᠣᠯᠤᠭᠰᠠᠨ ᠪᠠᠶᠢᠨ᠎ᠠ᠃ ᠬᠤᠯᠪᠤᠭ᠎ᠠ ᠰᠦᠯᠵᠢᠶᠡᠨ ᠤ | ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ 44 ᠰᠢᠨ᠎ᠡ ᠰᠠᠭᠤᠷᠢ ᠥᠷᠳᠡᠭᠡ ᠶᠢ ᠪᠠᠶᠢᠭᠤᠯᠤᠨ᠂ 690 | ᠺᠢᠯᠤᠮᠧᠲᠷ ᠭᠡᠷᠡᠯᠯᠢᠭ ᠰᠢᠷᠬᠡᠭ ᠤᠲᠠᠰᠤ ᠶᠢ ᠳᠡᠪᠢᠰᠴᠤ᠂ ᠬᠢᠯᠢ ᠳᠤ ᠰᠠᠭᠤᠭ᠎ᠠ ᠮᠠᠯᠴᠢᠳ ᠲᠠᠷᠢᠶᠠᠴᠢᠳ ᠲᠤ 393 | ᠭᠠᠷ ᠤᠲᠠᠰᠤ ᠲᠠᠷᠬᠠᠭᠠᠨ᠂ ᠮᠠᠽᠦ᠋ᠩᠱᠠᠨ ᠵᠡᠷᠭᠡ ᠬᠢᠵᠠᠭᠠᠷ ᠤᠷᠤᠨ ᠤ ᠮᠠᠯᠴᠢᠳ ᠲᠠᠷᠢᠶᠠᠴᠢᠳ ᠤᠨ ᠴᠢᠮᠡᠭᠡ | ᠬᠤᠯᠪᠣᠭᠠᠨ ᠤ ᠨᠦᠭᠦᠴᠡᠯ ᠢ ᠰᠠᠶᠢᠵᠢᠷᠠᠭᠤᠯᠵᠠᠢ᠃ | ︵ᠭᠤᠷᠪᠠ︶ ᠦᠭᠡᠷᠡᠴᠢᠯᠡᠯᠲᠡ ᠨᠡᠭᠡᠭᠡᠯᠲᠡ ᠶᠢ ᠲᠠᠰᠤᠷᠠᠯᠲᠠ ᠥᠬᠡᠢ ᠬᠦᠨᠵᠡᠭᠡᠶᠢᠷᠡᠭᠦᠯᠵᠦ᠂ | ᠬᠦᠭᠵᠢᠯᠲᠡ ᠶᠢᠨ ᠠᠮᠢᠵᠢᠷᠠᠯ ᠤᠨ ᠬᠦᠴᠦᠨ ᠨᠡᠮᠡᠭᠳᠡᠪᠡ | ᠢᠳᠡᠪᠬᠢᠲᠡᠢ ᠯᠠᠪᠳᠠᠭᠤᠨ ᠢᠶᠠᠷ ᠦᠭᠡᠷᠡᠴᠢᠯᠡᠯᠲᠡ ᠶᠢ ᠲᠦᠯᠬᠢᠨ ᠠᠬᠢᠭᠤᠯᠪᠠ᠃ ᠬᠠᠩᠭᠠᠯᠭ᠎ᠠ ᠶᠢᠨ ᠲᠠᠯ᠎ᠠ | ᠶᠢᠨ ᠪᠦᠲᠦᠴᠡ ᠶᠢᠨ ᠴᠢᠨᠠᠷ ᠲᠠᠢ ᠦᠭᠡᠷᠡᠴᠢᠯᠡᠯᠲᠡ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠨᠡᠶᠢᠲᠡ 348 | ᠲᠥᠷᠣᠯ ᠤᠨ ᠦᠭᠡᠷᠡᠴᠢᠯᠡᠯᠲᠡ ᠶᠢ ᠡᠬᠢᠯᠡᠭᠦᠯᠦᠨ᠂ 164 ᠲᠥᠷᠣᠯ ᠨᠢ ᠦᠷ᠎ᠡ ᠪᠦᠲᠦᠮᠵᠢ ᠣᠯᠣᠭᠰᠠᠨ ᠪᠠᠶᠢᠨ᠎ᠠ᠃ | ︽ᠵᠠᠰᠠᠭ ᠢ ᠴᠣᠮᠬᠠᠳᠬᠠᠵᠤ ᠡᠷᠬᠡ ᠶᠢ ᠲᠠᠯᠪᠢᠨ᠂ ᠪᠠᠭᠤᠯᠭᠠᠵᠤ ᠬᠠᠮᠢᠶᠠᠷᠬᠤ ᠶᠢ ᠤᠶᠠᠯᠳᠤᠭᠤᠯᠤᠨ᠂ ᠤᠶᠢᠯᠡᠴᠢᠯᠡᠭᠡ | ᠶᠢ ᠰᠢᠯᠢᠳᠡᠭᠵᠢᠬᠦᠯᠬᠦ︾ ᠦᠬᠡᠷᠡᠴᠢᠯᠡᠯᠳᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠬᠤᠰᠢᠭᠤ ᠳᠡᠰ ᠤᠨ | ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠬᠡᠷᠡᠭ ᠲᠦᠷᠦᠯ ᠢ ᠴᠣᠮᠬᠠᠳᠬᠠᠭᠰᠠᠨ ᠬᠡᠮᠵᠢᠶ᠎ᠡ 57% ᠳᠤ ᠬᠥᠷᠪᠡ᠃ | ᠬᠤᠳᠠᠯᠳᠤᠭᠠᠨ ᠤ ᠶᠠᠪᠤᠳᠠᠯ ᠤᠨ ᠲᠥᠷᠢᠮ ᠤᠨ ᠦᠭᠡᠷᠡᠴᠢᠯᠡᠯᠲᠡ ᠶᠢ ᠢᠳᠡᠪᠬᠢᠳᠡᠢ ᠲᠦᠯᠬᠢᠨ ᠠᠬᠢᠭᠤᠯᠵᠤ᠂ ︽ᠲᠠᠪᠤᠨ | ᠦᠨᠡᠮᠯᠡᠯ ᠢ ᠨᠢᠭᠡᠳᠭᠡᠬᠦ︾᠂ ︽ᠨᠢᠭᠡ ᠦᠨᠡᠮᠯᠡᠯ ᠨᠢᠭᠡ ᠺᠤᠳ᠋︾᠂ ︽ᠬᠤᠶᠠᠷ ᠦᠨᠡᠮᠯᠡᠯ ᠢ ᠨᠢᠭᠡᠳᠭᠡᠬᠦ︾ ᠵᠡᠷᠭᠡ | ᠪᠦᠷᠢᠳᠭᠡᠨ ᠲᠠᠩᠰᠠᠯᠠᠬᠤ ᠳᠦᠷᠢᠮ ᠢ ᠪᠦᠬᠦ ᠲᠠᠯ᠎ᠠ ᠪᠠᠷ ᠬᠡᠷᠡᠭᠵᠢᠬᠦᠯᠥᠨ᠂ ᠵᠠᠬ᠎ᠠ ᠳᠡᠯᠭᠡᠭᠦᠷ ᠤᠨ ᠠᠮᠢᠵᠢᠷᠠᠯ ᠤᠨ | ᠬᠦᠴᠦᠨ ᠴᠢᠩᠭᠠᠷᠠᠭᠰᠠᠨ ᠪᠠᠶᠢᠨ᠎ᠠ᠃ ᠨᠠᠮ ᠵᠠᠰᠠᠭ ᠤᠨ ᠪᠠᠶᠢᠭᠤᠯᠭ᠎ᠠ ᠶᠢᠨ ᠠᠯᠪᠠᠨ ᠲᠡᠷᠭᠡᠨ ᠤ ᠬᠡᠷᠡᠭᠯᠡᠯᠲᠡ ᠶᠢᠨ | ᠦᠭᠡᠷᠡᠴᠢᠯᠡᠯᠲᠡ᠂ ᠬᠤᠲᠠ ᠪᠠᠯᠭᠠᠰᠤᠨ ᠤ ᠡᠮᠨᠡᠯᠭᠡ ᠶᠢᠨ ᠳᠠᠭᠠᠳᠬᠠᠯ ᠪᠣᠯᠥᠨ ᠰᠢᠨ᠎ᠡ ᠬᠦᠳᠡᠭᠡ ᠲᠣᠰᠬᠤᠨ ᠤ | ᠬᠠᠮᠲᠤᠷᠠᠭᠰᠠᠨ ᠡᠮᠨᠡᠯᠭᠡ ᠶᠢ ᠬᠤᠭᠤᠷᠤᠨᠳᠤ ᠨᠢ ᠨᠢᠬᠡᠳᠣᠬᠦᠯᠬᠦ ᠠᠵᠢᠯ ᠢ ᠪᠦᠬᠦ ᠲᠠᠯ᠎ᠠ ᠪᠠᠷ ᠪᠡᠶᠡᠯᠡᠭᠦᠯᠪᠡ᠃ ᠬᠠᠤᠯᠢ | ᠴᠠᠭᠠᠵᠠ ᠶᠢᠨ ᠪᠠᠶᠢᠭᠤᠯᠤᠮᠵᠢ᠂ ᠰᠤᠶᠤᠯ ᠰᠤᠷᠭᠠᠨ ᠬᠦᠮᠦᠵᠢᠯ᠂ ᠡᠮ ᠡᠮᠨᠡᠯᠭᠡ ᠡᠷᠡᠭᠦᠯ ᠬᠠᠮᠠᠭᠠᠯᠠᠯ᠂ ᠠᠵᠢᠯ | ᠣᠯᠭᠤᠵᠤ ᠦᠢᠯᠡᠰ ᠪᠤᠰᠬᠠᠬᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠵᠡᠷᠭᠡ ᠵᠠᠩᠭᠢᠯᠠᠭ᠎ᠠ ᠶᠢᠨ ᠬᠦᠷᠢᠶ᠎ᠡ | ᠴᠡᠷ᠎ᠠ ᠶᠢᠨ ᠦᠭᠡᠷᠡᠴᠢᠯᠡᠯᠲᠡ ᠯᠣᠳᠣ ᠶᠡᠭᠡ ᠠᠬᠢᠴᠠ ᠶᠢ ᠤᠯᠤᠭᠰᠠᠨ ᠪᠠᠶᠢᠨ᠎ᠠ᠃ | ᠪᠣᠭᠤᠮᠲᠠ ᠶᠢᠨ ᠠᠵᠤ ᠠᠬᠤᠢ ᠡᠳᠦᠷ ᠢᠷᠡᠬᠦᠶ᠎ᠡ ᠪᠤᠵᠠᠭᠠᠶᠢᠷᠠᠪᠠ᠃ ᠪᠣᠭᠤᠮᠲᠠ ᠶᠢᠨ ᠰᠠᠭᠤᠷᠢ | ᠲᠦᠬᠦᠭᠡᠷᠦᠮᠵᠢ ᠶᠢ ᠲᠡᠬᠦᠯᠳᠡᠷᠵᠢᠬᠦᠯᠵᠤ᠂ ᠵᠠᠰᠠᠮᠠᠯ ᠵᠠᠮ ᠪᠣᠯᠤᠨ ᠲᠡᠮᠦᠷ ᠵᠠᠮ ᠤᠨ ᠰᠤᠯᠪᠢᠴᠠᠯ ᠤᠨ ᠬᠤᠶᠠᠳᠠᠬᠢ | ᠬᠤᠭᠤᠴᠠᠭᠠᠨ ᠤ ᠠᠵᠢᠯ᠂ ᠮᠣᠩᠭᠤᠯ ᠰᠤᠶᠤᠯ ᠤᠨ ᠤᠨᠴᠠᠯᠢᠭᠳᠤ ᠶᠡᠷᠦᠩᠬᠡᠶᠢᠯᠡᠭᠰᠡᠨ ᠲᠠᠯᠠᠪᠠᠢ᠂ ᠳᠤᠮᠳᠠᠳᠤ | ᠮᠣᠩᠭᠤᠯ ᠤᠨ ᠵᠠᠯᠠᠭᠤᠴᠤᠳ ᠤᠨ ᠠᠵᠢᠯ ᠤᠶᠢᠯᠡᠰ ᠤᠨ ᠬᠦᠷᠢᠶᠡᠯᠡᠩ᠂ ᠬᠤᠯᠪᠤᠭᠠᠯᠠᠨ ᠪᠠᠶᠢᠴᠠᠭᠠᠬᠤ | ᠪᠠᠶᠢᠭᠤᠯᠤᠮᠵᠢ ᠶᠢᠨ ᠠᠰᠠᠷ ᠢ ᠦᠭᠡᠷᠡᠴᠢᠯᠡᠨ ᠵᠠᠰᠠᠬᠤ ᠵᠡᠷᠭᠡ ᠢᠨᠵᠧᠨᠧᠷᠢᠩ ᠢ ᠭᠤᠣᠯᠳᠠᠯᠭ᠎ᠠ ᠲᠠᠢ ᠬᠡᠷᠡᠭᠵᠢᠬᠦᠯᠦᠨ᠂ | ᠪᠣᠭᠤᠮᠲᠠ ᠥᠩᠬᠡᠷᠡᠬᠦ ᠳᠤ ᠨᠡᠩ ᠳᠦᠭᠦᠮ ᠳᠦᠲᠡ ᠪᠣᠯᠵᠤ᠂ ᠬᠦᠭᠵᠢᠯᠲᠡ ᠶᠢᠨ ᠣᠷᠴᠢᠨ ᠢ ᠣᠯᠠᠮ | ᠰᠢᠯᠢᠳᠡᠭᠵᠢᠭᠦᠯᠪᠡ᠃ ᠪᠤᠭᠤᠮᠲᠠ ᠶᠢᠨ ᠤᠯᠠᠨ ᠡᠰᠢᠴᠢᠯᠡᠭᠰᠡᠨ ᠬᠦᠭᠵᠢᠯᠲᠡ ᠶᠢ ᠲᠦᠷᠭᠡᠳᠬᠡᠨ᠂ ᠴᠡᠭᠡ ᠨᠢ ᠮᠣᠩᠭᠤᠯ | ᠤᠯᠤᠰ ᠤᠨ ᠮᠠᠯ ᠤᠨ ᠮᠢᠬ᠎ᠠ ᠶᠢ ᠪᠦᠭᠡᠮ ᠢᠶᠠᠷ ᠣᠷᠤᠭᠤᠯᠬᠤ ᠪᠣᠭᠤᠮᠲᠠ ᠪᠠᠷ ᠲᠤᠰᠬᠠᠢ ᠵᠢᠭᠠᠭᠳᠠᠵᠤ᠂ ᠲᠤᠮᠳᠠᠳᠤ | ᠮᠣᠩᠭᠤᠯ ᠬᠠᠷᠢᠯᠴᠠᠨ ᠨᠡᠪᠲᠡᠷᠡᠬᠦ ᠬᠠᠮᠤᠭ ᠠᠩᠬᠠᠨ ᠤ ᠪᠠᠷᠢᠮᠵᠢᠶᠠᠲᠤ ᠲᠡᠮᠦᠷ ᠵᠠᠮ — ᠴᠡᠭᠡ ᠪᠣᠭᠤᠮᠲᠠ ᠶᠢᠨ ᠬᠢᠯᠢ | ᠠᠯᠤᠰᠯᠠᠭᠰᠠᠨ ᠲᠡᠮᠦᠷ ᠵᠠᠮ ᠵᠠᠰᠠᠬᠤ ᠠᠵᠢᠯ ᠢ ᠡᠬᠢᠯᠡᠬᠦᠯᠦᠨ᠂ ᠴᠡᠭᠡ ᠪᠣᠭᠤᠮᠲᠠ ᠨᠢ ᠤᠯᠠᠨ ᠤᠯᠤᠰ ᠤᠨ ᠪᠣᠭᠤᠮᠲᠠ | ᠪᠠᠷ ᠳᠡᠪᠰᠢᠬᠦ ᠳᠤ ᠪᠤᠳᠠᠳᠤ ᠠᠬᠢᠴᠠ ᠶᠢ ᠤᠯᠤᠭᠰᠠᠨ ᠪᠦᠬᠡᠳ ᠣᠷᠤᠨ ᠤ ᠳᠡᠰ ᠤᠨ ᠭᠤᠣᠯᠳᠠᠯᠭᠠᠲᠤ ᠨᠡᠭᠡᠭᠡᠨ | ᠬᠦᠭᠵᠢᠭᠦᠯᠬᠦ ᠲᠤᠷᠰᠢᠯᠲᠠ ᠶᠢᠨ ᠤᠷᠤᠨ ᠢᠶᠠᠷ ᠵᠢᠭᠰᠠᠭᠠᠭᠳᠠᠪᠠ᠃ ᠭᠠᠳᠠᠭᠠᠳᠣ ᠠᠷᠠᠯᠵᠢᠶ᠎ᠠ ᠪᠠ ᠬᠢᠯᠢ ᠠᠯᠤᠰᠯᠠᠭᠰᠠᠨ | ᠵᠢᠭᠤᠯᠴᠢᠯᠠᠯ ᠤᠨ ᠬᠠᠮᠲᠤᠷᠠᠯᠴᠠᠭᠠᠨ ᠤ ᠬᠦᠴᠦᠯᠡᠴᠡ ᠪᠠᠨ ᠤᠯᠠᠮ ᠨᠢᠭᠡ ᠠᠯᠬᠤᠮ ᠨᠡᠮᠡᠭᠳᠡᠭᠦᠯᠵᠦ᠂ ᠬᠤᠶᠠᠷ ᠲᠠᠯ᠎ᠠ | ᠶᠢᠨ ᠰᠣᠶᠤᠯ ᠰᠤᠷᠭᠠᠨ ᠬᠦᠮᠦᠵᠢᠯ᠂ ᠡᠮ ᠡᠮᠨᠡᠯᠭᠡ ᠶᠢᠨ ᠬᠠᠷᠢᠯᠴᠠᠭ᠎ᠠ ᠰᠣᠯᠢᠯᠴᠠᠭ᠎ᠠ ᠡᠳᠦᠷ ᠢᠷᠡᠬᠦᠶ᠎ᠡ ᠡᠷᠴᠢᠮᠵᠢᠨ᠂ | ᠳᠤᠮᠳᠠᠳᠤ ᠮᠣᠩᠭᠤᠯ ᠤᠨ ᠣᠨᠴᠠᠯᠢᠭᠲᠤ ᠲᠠᠸᠠᠷ ᠤᠨ ᠳᠡᠯᠭᠡᠨ ᠪᠣᠷᠣᠯᠠᠭᠤᠯᠭ᠎ᠠ ᠪᠣᠯᠤᠨ ᠬᠢᠯᠢ ᠶᠢᠨ ᠠᠷᠠᠳ ᠤᠨ | ᠠᠷᠠᠯᠵᠢᠶ᠎ᠠ ᠬᠤᠳᠠᠯᠳᠤᠭ᠎ᠠ ᠪᠠᠶᠢᠩᠭᠤ ᠶᠢᠨ ᠴᠢᠨᠠᠷᠲᠠᠢ ᠶᠠᠪᠤᠭᠳᠠᠭᠰᠠᠨ ᠪᠠᠶᠢᠨ᠎ᠠ᠃ ᠴᠡᠭᠡ ᠪᠤᠭᠤᠮᠲᠠ ᠶᠢᠨ ᠪᠠᠷᠠᠭ᠎ᠠ | ᠨᠡᠪᠲᠡᠷᠡᠭᠰᠡᠨ ᠬᠡᠮᠵᠢᠶ᠎ᠡ ᠰᠢᠨ᠎ᠡ ᠲᠡᠮᠳᠡᠭᠯᠡᠯ ᠢ ᠲᠡᠬᠢᠨᠳᠡ ᠡᠬᠦᠳᠣᠨ᠂ ᠭᠠᠳᠠᠭᠠᠳᠤ ᠠᠴᠠ ᠣᠷᠤᠭᠤᠯᠤᠭᠰᠠᠨ ᠪᠠᠷᠠᠭ᠎ᠠ | ᠨᠡᠶᠢᠲᠡ 1257 ᠲᠦᠮᠡᠨ ᠲᠣᠨ ᠬᠦᠷᠴᠦ᠂ 65% ᠪᠠᠷ ᠨᠡᠮᠡᠭᠳᠡᠪᠡ︔ ᠠᠷᠠᠯᠵᠢᠶᠠᠨ ᠤ ᠣᠷᠣᠭᠤᠯᠣᠯᠲᠠ | ᠭᠠᠷᠭᠠᠯᠲᠠ ᠶᠢᠨ ᠦᠷᠲᠡᠭ 22.6 ᠳ᠋ᠦᠩᠰᠢᠭᠤᠷ ᠲᠦᠮᠡᠨ ᠲᠦᠭᠦᠷᠢᠭ ᠲᠤ ᠬᠦᠷᠴᠦ᠂ 71% ᠪᠠᠷ ᠨᠡᠮᠡᠭᠳᠡᠨ᠂ | ᠨᠠᠮᠡᠭᠳᠡᠯ ᠬᠤᠷᠳᠤᠴᠠ ᠨᠢ ᠪᠦᠬᠦ ᠤᠯᠤᠰ ᠤᠨ ᠬᠠᠭᠤᠷᠠᠢ ᠵᠠᠮ ᠤᠨ ᠪᠣᠭᠤᠮᠲᠠ ᠶᠢᠨ ᠮᠠᠩᠯᠠᠢ ᠳᠤ ᠲᠣᠳᠤᠷᠠᠪᠠ᠃ | ︵ᠳᠦᠷᠪᠡ︶ ᠨᠡᠶᠢᠭᠡᠮ ᠤᠨ ᠪᠦᠲᠦᠭᠡᠨ ᠪᠠᠶᠢᠭᠤᠯᠤᠯᠲᠠ ᠪᠦᠬᠦ ᠲᠠᠯ᠎ᠠ ᠪᠠᠷ ᠴᠢᠩᠭᠠᠷᠠᠵᠤ᠂ ᠠᠷᠠᠳ ᠲᠦᠮᠡᠨ | ᠤ ᠠᠮᠢᠳᠤᠷᠠᠯ ᠮᠡᠳᠡᠭᠳᠡᠬᠦᠶᠢᠴᠡ ᠰᠠᠶᠢᠵᠢᠷᠠᠪᠠ | ᠶᠠᠳᠠᠭᠤ ᠠᠴᠠ ᠠᠩᠭᠢᠵᠢᠷᠠᠭᠤᠯᠬᠤ ᠠᠵᠢᠯ ᠰᠢᠪᠲᠤᠯᠤᠯᠲᠠ ᠶᠢᠨ ᠴᠢᠨᠠᠷᠲᠠᠢ ᠠᠮᠵᠢᠯᠳᠠ ᠣᠯᠪᠠ᠃ 5.2 | ᠳ᠋ᠦᠩᠰᠢᠭᠤᠷ ᠲᠦᠭᠦᠷᠢᠭ ᠤᠨ ᠪᠡᠯᠡ ᠣᠷᠤᠭᠤᠯᠤᠨ᠂ ︽ᠠᠷᠪᠠ ᠶᠢ ᠪᠦᠷᠬᠦᠭᠦᠯᠬᠦ︾ ᠢᠨᠵᠧᠨᠧᠷᠢᠩ ᠬᠢᠭᠡᠳ | ᠦᠵᠡᠰᠭᠦᠯᠡᠩᠲᠦ ᠬᠦᠳᠡᠭᠡ ᠲᠣᠰᠬᠤᠨ ᠤ ᠪᠠᠶᠢᠭᠤᠯᠥᠯᠳᠠ ᠶᠢ ᠪᠡᠶᠡᠯᠡᠬᠦᠯᠵᠣ᠂ ᠮᠠᠯᠵᠢᠬᠤ ᠲᠠᠷᠢᠶᠠᠯᠠᠬᠤ ᠣᠷᠤᠨ ᠤ | ᠣᠷᠣᠨ ᠰᠠᠭᠤᠴᠠ᠂ ᠤᠤᠭᠤᠬᠤ ᠤᠰᠤ᠂ ᠵᠠᠮ ᠬᠠᠷᠢᠯᠴᠠᠭ᠎ᠠ᠂ ᠴᠠᠬᠢᠯᠭᠠᠨ ᠬᠦᠴᠦ ᠵᠡᠷᠭᠡ ᠰᠠᠭᠤᠷᠢ | ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠶᠡᠭᠡ ᠪᠠᠷ ᠰᠠᠶᠢᠵᠢᠷᠠᠭᠤᠯᠥᠨ᠂ 2192 ᠡᠷᠦᠬᠡ ᠶᠢᠨ 5792 | ᠬᠦᠮᠦᠨ ᠳᠤ ᠰᠢᠭᠤᠳ ᠠᠰᠢᠭ ᠬᠥᠷᠳᠡᠬᠡᠪᠡ᠃ ᠠᠵᠤ ᠦᠢᠯᠡᠰ ᠢᠶᠠᠷ ᠲᠡᠣᠨᠬᠦᠬᠦ᠂ ᠲᠦᠷᠦ ᠶᠢᠨ ᠪᠣᠳᠤᠯᠭ᠎ᠠ ᠪᠠᠷ | ᠲᠡᠣᠨᠬᠦᠬᠦ᠂ ᠠᠵᠢᠯ ᠣᠯᠭᠤᠯᠲᠠ ᠪᠠᠷ ᠲᠡᠣᠨᠬᠦᠬᠦ᠂ ᠵᠠᠰᠠᠭ ᠠᠴᠠ ᠪᠠᠲᠤᠯᠠᠬᠤ ᠵᠡᠷᠭᠡ ᠣᠨᠤᠪᠴᠢᠲᠠᠢ ᠪᠠᠷ ᠶᠠᠳᠠᠭᠤ ᠶᠢ | ᠲᠡᠳᠬᠦᠬᠦ ᠠᠷᠭ᠎ᠠ ᠪᠠᠷᠢᠯ ᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠵᠣ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ | ᠲᠠᠯᠠᠪᠠᠢ ᠵᠢᠴᠢ ᠡᠯ᠎ᠡ ᠵᠦᠢᠯ ᠤᠨ ᠲᠡᠵᠢᠭᠡᠨ ᠦᠷᠡᠵᠢᠭᠦᠯᠬᠦ ᠲᠤᠰᠬᠠᠢ ᠬᠤᠷᠰᠢᠭᠰᠠᠨ ᠵᠣᠬᠢᠶᠠᠨ ᠪᠠᠶᠢᠭᠤᠯᠤᠯᠲᠠ ᠶᠢ | ᠨᠡᠶᠢᠲᠡ 67 ᠪᠠᠶᠢᠭᠤᠯᠥᠨ᠂ ᠮᠠᠯᠵᠢᠬᠤ ᠲᠠᠷᠢᠶᠠᠯᠠᠬᠤ ᠣᠷᠤᠨ ᠤ ᠠᠵᠤ ᠦᠢᠯᠡᠰ ᠤᠨ ᠬᠦᠭᠵᠢᠯᠲᠡ ᠶᠢᠨ ᠰᠠᠭᠤᠷᠢ ᠶᠢ | ᠲᠠᠰᠤᠷᠠᠯᠲᠠ ᠦᠭᠡᠢ ᠪᠠᠬᠢᠵᠢᠬᠦᠯᠪᠡ᠃ ᠣᠷᠣᠨ ᠤ ᠳᠡᠰ ᠤᠨ 2 ᠶᠠᠳᠠᠭᠤ ᠭᠠᠴᠠᠭ᠎ᠠ ᠪᠣᠯᠣᠨ ᠳᠠᠩᠰᠠᠯᠠᠵᠤ | ᠺᠠᠷᠲᠯᠠᠭᠰᠠᠨ 216 ᠡᠷᠦᠬᠡ ᠶᠢᠨ 449 ᠬᠦᠮᠦᠨ ᠢ ᠶᠠᠳᠠᠭᠤ ᠠᠴᠠ ᠤᠷᠢᠳᠴᠢᠯᠠᠨ ᠠᠩᠬᠢᠵᠢᠷᠠᠭᠤᠯᠥᠨᠨᠰᠠᠨ ᠪᠠᠶᠢᠨ᠎ᠠ᠃ | | ᠨᠡᠶᠢᠬᠡᠮ ᠤᠨ ᠠᠵᠢᠯ ᠦᠢᠯᠡᠰ ᠤᠨ ᠬᠦᠭᠵᠢᠯᠲᠡ ᠲᠦᠷᠬᠡᠰᠪᠠ᠃ ᠠᠵᠤ ᠠᠬᠤᠢ ᠪᠠᠭᠤᠷᠠᠬᠤ ᠲᠠᠷᠤᠯᠳᠠ | ᠲᠤᠤᠷ᠎ᠠ ᠠᠷᠠᠳ ᠤᠨ ᠠᠮᠢᠳᠤᠷᠠᠯ ᠤᠨ ᠣᠷᠣᠭᠤᠯᠤᠯᠲᠠ ᠶᠢ ᠪᠦᠬᠦ ᠬᠦᠴᠦ ᠪᠠᠷ ᠪᠠᠲᠤᠯᠠᠪᠠ᠃ ᠪᠦᠬᠦ ᠬᠤᠰᠢᠭᠤᠨ ᠤ | ᠠᠷᠠᠳ ᠤᠨ ᠠᠮᠢᠳᠤᠷᠠᠯ ᠤᠨ ᠵᠠᠷᠤᠯᠭ᠎ᠠ 3.4 ᠳ᠋ᠦᠩᠰᠢᠭᠤᠷ ᠲᠦᠭᠦᠷᠢᠭ ᠲᠤ ᠬᠥᠷᠴᠣ᠂ ᠨᠡᠶᠢᠲᠡ ᠶᠢᠨ ᠡᠳ᠋ ᠤᠨ | ᠵᠠᠰᠠᠭ ᠤᠨ ᠲᠦᠰᠦᠪ ᠤᠨ ᠵᠠᠷᠤᠯᠭ᠎ᠠ ᠶᠢᠨ 48% ᠶᠢ ᠡᠵᠡᠯᠡᠵᠡᠢ᠃ ᠰᠤᠷᠭᠠᠨ ᠬᠦᠮᠦᠵᠢᠯ ᠤᠨ ᠣᠷᠴᠢᠨ ᠲᠣᠭᠤᠷᠢᠨ | ᠢ ᠲᠠᠰᠤᠷᠠᠯᠲᠠ ᠦᠭᠡᠢ ᠰᠠᠶᠢᠵᠢᠷᠠᠭᠤᠯᠵᠤ᠂ ᠬᠤᠰᠢᠭᠤᠨ ᠤ ᠬᠥᠯ ᠪᠦᠮᠪᠦᠭᠡᠨ ᠤ ᠣᠷᠳᠤᠨ ᠢ ᠪᠦᠲᠦᠭᠡᠨ ᠪᠠᠶᠢᠭᠤᠯᠬᠤ | ᠪᠣᠯᠤᠨ ᠰᠤᠷᠭᠠᠭᠤᠯᠢ ᠨᠤᠭᠤᠳ ᠢ ᠵᠠᠰᠠᠨ ᠰᠢᠨᠡᠣᠨᠬᠡᠬᠦ ᠢᠨᠵᠧᠨᠧᠷᠢᠩ ᠢ ᠠᠯᠬᠤᠮ ᠳᠠᠷᠠᠭᠠᠯᠠᠯ ᠲᠠᠢ ᠲᠦᠯᠬᠢᠨ | ᠠᠬᠢᠭᠤᠯᠵᠤ᠂ ᠴᠡᠭᠡ ᠪᠣᠭᠤᠮᠲᠠ ᠶᠢᠨ ᠣᠯᠠᠨ ᠤᠯᠤᠰ ᠤᠨ ᠬᠡᠦᠭᠡᠳ ᠤᠨ ᠴᠡᠴᠡᠷᠯᠢᠭ ᠢ ᠠᠰᠢᠭᠯᠠᠯᠲᠠ ᠳᠤ | ᠣᠷᠣᠭᠤᠯᠪᠠ᠃ ᠪᠠᠭᠰᠢ ᠶᠢᠨ ᠡᠩᠨᠡᠭᠡᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠨᠡᠶᠢᠲᠡ 27 ᠪᠠᠭᠰᠢ ᠳᠤ | ᠮᠡᠷᠭᠡᠵᠢᠯ ᠤᠨ ᠴᠣᠯᠠ ᠶᠢᠨ ᠬᠦᠯᠦᠰᠦ ᠣᠯᠭᠤᠮᠵᠢ ᠬᠦᠷᠳᠡᠬᠡᠵᠤ᠂ ᠪᠠᠭᠰᠢ ᠨᠠᠷ ᠤᠨ ᠭᠠᠳᠠᠭᠰᠢ ᠭᠠᠷᠴᠤ ᠪᠣᠯᠪᠠᠰᠣᠷᠠᠯ | ᠬᠥᠷᠳᠡᠭᠰᠡᠨ ᠨᠣᠷᠮ᠎ᠠ 40% ᠠᠴᠠ ᠳᠡᠭᠡᠭᠰᠢ ᠬᠦᠷᠪᠡ᠃ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶᠠᠨ ᠤ | ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠬᠤᠷᠢᠶᠠᠨ ᠳᠠᠷᠤᠭ᠎ᠠ ᠶᠢ ᠢᠯᠡ ᠪᠠᠷ ᠦᠷᠢᠰᠦᠯᠳᠦᠭᠦᠯᠦᠨ ᠣᠷᠢᠨ | ᠬᠡᠷᠡᠭᠯᠡᠵᠣ᠂ ᠡᠮ ᠢ ᠲᠡᠭ ᠵᠦᠷᠢᠶ᠎ᠡ ᠪᠠᠷ ᠬᠤᠳᠠᠯᠳᠤᠬᠤ ᠶᠢ ᠪᠦᠬᠦ ᠲᠠᠯ᠎ᠠ ᠪᠠᠷ ᠠᠬᠢᠭᠤᠯᠤᠨ᠂ ᠡᠪᠡᠳᠴᠢᠲᠡᠨ ᠳᠤ | 385 ᠲᠦᠮᠡᠨ ᠲᠦᠭᠦᠷᠢᠭ ᠤᠨ ᠠᠰᠢᠭ ᠬᠦᠷᠲᠡᠭᠡᠭᠰᠡᠨ ᠪᠠᠶᠢᠨ᠎ᠠ᠃ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶ᠎ᠠ | ᠪᠣᠯᠣᠨ ᠴᠡᠭᠡ ᠪᠣᠭᠤᠮᠲᠠ ᠶᠢᠨ ᠮᠣᠩᠭᠤᠯ ᠡᠮᠨᠡᠯᠭᠡ ᠶᠢᠨ ᠬᠤᠷᠢᠶᠠᠨ ᠤ ᠪᠦᠲᠦᠭᠡᠨ ᠪᠠᠶᠢᠭᠤᠯᠤᠯᠲᠠ ᠶᠢ ᠤᠷᠤᠭᠰᠢᠲᠠᠢ | ᠠᠬᠢᠭᠤᠯᠵᠦ᠂ ᠲᠤᠰ ᠬᠤᠰᠢᠭᠤᠨ ᠤ ᠡᠷᠦᠬᠡ ᠠᠮᠠ ᠶᠢᠨ ᠳᠠᠩᠰᠠ ᠪᠦᠬᠦᠢ1855 ᠬᠦᠮᠦᠨ ᠳᠤ ᠲᠦᠯᠤᠪᠦᠷᠢ ᠦᠭᠡᠢ | ᠡᠷᠡᠭᠦᠯ ᠮᠡᠨᠳᠦ ᠶᠢᠨ ᠪᠠᠶᠢᠴᠠᠭᠠᠯᠲᠠ ᠬᠢᠵᠡᠢ᠃ ᠦᠢᠯᠡᠰ ᠪᠣᠰᠬᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠪᠠᠨ | ᠪᠠᠷᠢᠮᠲᠠᠯᠠᠵᠤ᠂ ᠬᠤᠲᠠ ᠪᠠᠯᠭᠠᠰᠤᠨ ᠤ 301 ᠬᠦᠮᠦᠨ ᠳᠤ ᠰᠢᠨ᠎ᠡ ᠪᠠᠷ ᠠᠵᠢᠯ ᠤᠨ ᠪᠠᠶᠢᠷᠢ ᠲᠤᠬᠢᠷᠠᠭᠤᠯᠤᠨ᠂ | ᠠᠵᠢᠯ ᠠᠯᠳ᠋ᠬᠠᠰᠠᠨ ᠨᠣᠷᠮ᠎ᠠ ᠶᠢ 2.1% ᠲᠣᠲᠣᠷ᠎ᠠ ᠬᠢᠵᠠᠭᠠᠷᠯᠠᠪᠠ᠃ ᠪᠦᠬᠦ ᠠᠷᠠᠳ ᠢᠶᠠᠷ ᠢᠶᠠᠨ ᠳᠠᠭᠠᠳᠬᠠᠯ ᠳᠤ | ᠣᠷᠤᠬᠤ ᠲᠦᠯᠦᠪᠯᠡᠭᠡ ᠶᠢ ᠬᠡᠷᠡᠭᠵᠢᠭᠦᠯᠵᠦ᠂ ᠨᠠᠰᠣᠵᠢᠯ ᠤᠨ ᠳᠠᠭᠠᠳᠬᠠᠯ ᠳᠤ ᠤᠷᠤᠭᠰᠠᠨ ᠨᠣᠷᠮ᠎ᠠ 90% ᠠᠴᠠ | ᠳᠡᠭᠡᠭᠰᠢ ᠬᠥᠷᠥᠭᠰᠡᠨ ᠪᠥᠬᠡᠣᠨ ᠡᠮ ᠡᠮᠨᠡᠯᠭᠡ ᠶᠢᠨ ᠦᠨᠳᠦᠰᠦᠨ ᠳᠠᠭᠠᠳᠬᠠᠯ ᠢ ᠪᠦᠬᠦ ᠲᠠᠯ᠎ᠠ ᠪᠠᠷ ᠪᠡᠶᠡᠯᠡᠭᠦᠯᠪᠡ᠃ | ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢᠨ ᠳᠠᠬᠢ ᠬᠦᠮᠦᠰ ᠤᠨ ᠨᠡᠶᠢᠭᠡᠮ ᠤᠨ ᠪᠠᠲᠤᠯᠠᠭ᠎ᠠ ᠪᠤᠯᠤᠨ | ᠠᠵᠢᠯ ᠤᠨ ᠪᠠᠶᠢᠷᠢᠨ ᠤ ᠨᠦᠭᠦᠪᠦᠷᠢ ᠶᠢ 1800 ᠲᠦᠭᠦᠷᠢᠭ ᠠᠴᠠ ᠳᠡᠭᠡᠭᠰᠢ ᠬᠦᠷᠬᠡᠪᠡ᠃ ᠤᠷᠤᠨ ᠰᠠᠭᠤᠴᠠ ᠶᠢᠨ | ᠲᠠᠯ᠎ᠠ ᠪᠠᠷ ᠬᠦᠴᠢᠷᠲᠡᠢ ᠬᠤᠳᠠ ᠶᠢᠨ ᠬᠡᠷ ᠪᠥᠯᠢ ᠳᠤ ᠪᠠᠲᠤᠯᠠᠭᠠᠲᠤ ᠴᠢᠨᠠᠷᠲᠠᠢ ᠣᠷᠣᠨ ᠰᠠᠭᠤᠴᠠ ᠶᠢ ᠤᠯᠭᠤᠵᠤ᠂ | ᠡᠨᠡᠭᠦ ᠠᠵᠢᠯᠯᠠᠭ᠎ᠠ ᠪᠠᠨ ᠠᠭᠠᠵᠢᠮ ᠪᠠᠷ ᠮᠠᠯᠴᠢᠳ ᠲᠠᠷᠢᠶᠠᠴᠢᠳ ᠤᠨ ᠭᠡᠷ ᠪᠦᠯᠢ ᠳᠤ ᠴᠦ ᠬᠠᠨᠳᠤᠭᠤᠯᠤᠭᠰᠠᠨ ᠪᠠᠶᠢᠨ᠎ᠠ | ᠃ ᠪᠦᠬᠦ ᠠᠷᠠᠳ ᠤᠨ ᠡᠷᠡᠭᠦᠯ ᠮᠡᠨᠳᠦ ᠶᠢᠨ ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠪᠤᠯᠤᠨ ᠰᠤᠶᠤᠯ ᠢᠶᠠᠷ | ᠠᠷᠠᠳ ᠲᠤ ᠠᠰᠢᠭ ᠬᠦᠷᠳᠡᠭᠡᠬᠦ ᠬᠦᠳᠡᠯᠭᠡᠭᠡᠨ ᠢ ᠭᠦᠨᠵᠡᠭᠡᠢ ᠦᠷᠨᠢᠭᠦᠯᠵᠦ᠂ ᠮᠤᠷᠢᠨ ᠤᠷᠤᠯᠳᠤᠭᠠᠨ᠂ ᠲᠡᠮᠡᠭᠡᠨ | ᠤᠷᠤᠯᠳᠤᠭᠠᠨ ᠵᠡᠷᠭᠡ ᠦᠨᠳᠦᠰᠦᠲᠡᠨ ᠤ ᠲᠠᠮᠢᠷ ᠤᠨ ᠬᠦᠳᠡᠯᠭᠡᠭᠡᠨ ᠢ ᠪᠠᠶᠢᠩᠭᠤ ᠶᠢᠨ ᠴᠢᠨᠠᠷᠲᠠᠢ ᠥᠷᠨᠢᠬᠦᠯᠥᠨ᠂ ᠪᠦᠬᠦ | ᠵᠢᠯ ᠳᠤ ᠡᠯ᠎ᠡ ᠵᠦᠢᠯ ᠤᠨ ᠰᠤᠶᠤᠯ ᠲᠠᠮᠢᠷ ᠤᠨ ᠬᠦᠳᠡᠯᠭᠡᠭᠡᠨ ᠢ 210 ᠭᠠᠷᠤᠢ ᠡᠷᠬᠢᠯᠡᠨ ᠶᠠᠪᠤᠭᠳᠠᠭᠤᠯᠪᠠ᠃ | ᠨᠠᠰᠤᠲᠠᠶᠢᠴᠣᠣᠯ ᠳᠤ ᠦᠢᠯᠡᠴᠢᠯᠡᠬᠦ ᠠᠵᠢᠯ ᠢ ᠴᠢᠩᠭᠠᠳᠬᠠᠵᠤ᠂ ᠮᠠᠨ ᠤ ᠬᠤᠰᠢᠭᠤᠨ ᠤ ᠠᠩᠬᠠᠳᠠᠭᠴᠢ | ᠨᠠᠰᠤᠲᠠᠶᠢᠴᠣᠳ ᠤᠨ ᠬᠦᠳᠡᠯᠭᠡᠭᠡᠨ ᠤ ᠲᠥᠪ ᠪᠠᠶᠢᠭᠤᠯᠤᠭᠳᠠᠨ ᠠᠰᠢᠭᠯᠠᠯᠲᠠ ᠳᠤ ᠣᠷᠣᠪᠠ᠃ ᠬᠤᠶᠠᠷ ᠢ ᠬᠦᠷᠢᠶᠡᠯᠡᠬᠦ | ᠠᠵᠢᠯ ᠤᠨ ᠦᠷ᠎ᠡ ᠪᠦᠲᠦᠮᠵᠢ ᠥᠨᠳᠣᠷ ᠪᠠᠶᠢᠵᠣ᠂ ᠡᠵᠡᠨ᠎ᠡ ᠬᠤᠰᠢᠭᠤ ᠵᠠᠯᠭᠠᠪᠠᠷ ᠲᠠᠪᠤᠳᠠᠬᠢ ᠤᠳᠠᠭ᠎ᠠ ᠪᠠᠨ ᠪᠦᠬᠦ | ᠤᠯᠤᠰ ᠤᠨ ︽ᠬᠤᠶᠠᠷ ᠢ ᠬᠦᠷᠢᠶᠡᠯᠡᠬᠦ ᠵᠢᠱᠢᠶᠡᠴᠢ ᠰᠢᠶᠡᠨ︾ ᠢᠶᠠᠷ ᠴᠤᠯᠠᠯᠠᠭᠳᠠᠵᠤ᠂ ᠮᠦᠨ ᠵᠠᠯᠭᠠᠪᠠᠷ ᠨᠡᠢᠮᠠᠳᠠᠬᠢ | ᠤᠳᠠᠭ᠎ᠠ ᠪᠠᠨ ᠪᠦᠬᠦ ᠣᠷᠤᠨ ᠤ ︽ᠬᠤᠶᠠᠷ ᠢ ᠬᠦᠷᠢᠶᠡᠯᠡᠬᠦ ᠵᠢᠱᠢᠶᠡᠴᠢ ᠬᠤᠰᠢᠭᠤ︾ ᠶᠢᠨ ᠢᠷᠠᠭᠤ ᠠᠯᠳᠠᠷ | ᠢ ᠬᠥᠷᠳᠡᠭᠰᠡᠨ ᠪᠠᠶᠢᠨ᠎ᠠ᠃ | ᠨᠡᠶᠢᠬᠡᠮ ᠤᠨ ᠠᠬᠤᠢ ᠪᠠᠶᠢᠳᠠᠯ ᠡᠶ᠎ᠡ ᠵᠤᠬᠢᠴᠠᠩᠭᠤᠢ ᠠᠮᠤᠷ ᠲᠤᠭᠲᠠᠭᠤᠨ᠃ ︽ᠠᠮᠤᠭᠤᠯᠠᠩ ᠡᠵᠡᠨ᠎ᠡ︾ | ᠶᠢᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠲᠦᠷᠭᠡᠳᠬᠡᠨ ᠠᠬᠢᠭᠤᠯᠵᠤ᠂ ᠠᠶᠤᠯᠭᠦᠢ ᠦᠢᠯᠡᠳᠪᠦᠷᠢᠯᠡᠯ | ᠂ ᠣᠷᠴᠢᠨ ᠲᠣᠭᠤᠷᠢᠨ ᠤ ᠬᠠᠮᠠᠭᠠᠯᠠᠯᠲᠠ᠂ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭᠠᠲᠤ ᠳᠦᠷᠢᠮ ᠢ ᠴᠢᠩᠭ᠎ᠠ | ᠲᠤᠤᠱᠯᠠᠭᠤᠯᠤᠨ ᠬᠡᠷᠡᠭᠵᠢᠭᠦᠯᠵᠦ᠂ ᠭᠤᠣᠯᠳᠠᠯᠭᠠᠳᠣ ᠠᠵᠢᠯ ᠲᠦᠷᠦᠯ᠂ ᠭᠤᠣᠯᠳᠠᠯᠭᠠᠳᠣ ᠬᠦᠷᠢᠶ᠎ᠡ ᠴᠠᠷ᠎ᠠ ᠶᠢᠨ ᠭᠡᠮ | ᠰᠤᠭᠤᠭ ᠢ ᠪᠠᠶᠢᠴᠠᠭᠠᠬᠤ ᠬᠦᠳᠡᠯᠭᠡᠭᠡᠨ ᠪᠣᠯᠤᠨ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠳᠠ ᠶᠢ | ᠲᠦᠪᠯᠡᠷᠡᠭᠦᠯᠦᠨ ᠶᠠᠪᠤᠭᠳᠠᠭᠤᠯᠵᠤ᠂ ᠨᠢᠭᠡ ᠪᠦᠯᠦᠭ ᠠᠰᠠᠭᠤᠳᠠᠯ ᠳᠤ ᠪᠦᠬᠦ ᠲᠠᠯ᠎ᠠ ᠪᠠᠷ ᠴᠤᠬᠢᠯᠳᠠ ᠦᠭᠭᠦᠭᠰᠡᠨ ᠠᠴᠠ | ᠠᠶᠤᠯᠭᠦᠢ ᠦᠢᠯᠡᠳᠪᠦᠷᠢᠯᠡᠯ᠂ ᠣᠷᠴᠢᠨ ᠲᠤᠭᠤᠷᠢᠨ ᠤ ᠬᠠᠮᠠᠭᠠᠯᠠᠯᠲᠠ ᠪᠣᠯᠤᠨ ᠢᠳᠡᠭᠡᠨ ᠤᠮᠳᠠᠭᠠᠨ ᠤ ᠠᠮᠤᠷ | ᠲᠦᠪᠰᠢᠨ ᠤ ᠪᠠᠶᠢᠳᠠᠯ ᠶᠡᠷᠦᠩᠬᠡᠢ ᠳᠡᠭᠡᠨ ᠲᠣᠭᠲᠠᠭᠤᠨ ᠪᠣᠯᠪᠠ᠃ ︽ᠢᠳᠡᠭᠡᠨ ᠪᠠ ᠡᠮ ᠤᠨ ᠵᠦᠢᠯᠡᠰ ᠤᠨ ᠠᠮᠤᠷ | ᠲᠦᠪᠰᠢᠨ ᠡᠵᠡᠨ᠎ᠡ︾ ᠶᠢᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠲᠦᠯᠬᠢᠨ ᠠᠬᠢᠭᠤᠯᠵᠤ᠂ 400 | ᠲᠦᠮᠡᠨ ᠲᠦᠬᠦᠷᠢᠭ ᠤᠨ ᠪᠡᠯᠡ ᠤᠷᠤᠭᠤᠯᠵᠤ᠂ ᠶᠢᠨ ᠹᠧᠩ ᠶᠤᠸᠠᠨ᠂ ᠴᠢᠩᠭᠢᠰ ᠨᠡᠷᠡᠮᠵᠢᠳᠣ ᠲᠠᠷᠢᠶᠠᠯᠠᠩ ᠤᠨ | ᠪᠦᠳᠦᠬᠡᠭᠳᠡᠬᠦᠨ ᠤ ᠵᠠᠬ᠎ᠠ ᠳᠡᠯᠭᠡᠭᠦᠷ ᠢ ᠦᠭᠡᠷᠡᠴᠢᠯᠡᠨ ᠵᠠᠰᠠᠵᠤ᠂ ᠢᠳᠡᠭᠡᠨ ᠤᠮᠳᠠᠭᠠᠨ ᠢ ᠰᠢᠯᠭᠠᠨ ᠪᠠᠶᠢᠴᠠᠭᠠᠬᠤ | ᠲᠦᠪ ᠪᠠᠶᠢᠭᠤᠯᠥᠨ᠂ ᠠᠷᠠᠳ ᠲᠦᠮᠡᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠦᠨᠡᠨᠬᠦ ᠪᠠᠲᠤᠯᠠᠪᠠ᠃ | ᠠᠷᠠᠳ ᠤᠨ ᠵᠦᠷᠢᠴᠡᠯ ᠢ ᠡᠶᠡᠳᠡᠭᠦᠯᠬᠦ ᠠᠵᠢᠯ ᠢ ᠴᠢᠩᠭᠠᠳᠬᠠᠵᠤ᠂ ᠵᠠᠬᠢᠲᠠᠯ ᠰᠣᠷᠪᠣᠯᠵᠢᠯᠠᠭ᠎ᠠ ᠶᠢᠨ | ᠰᠡᠢᠳᠪᠤᠷᠢᠯᠡᠭᠳᠡᠬᠡᠳᠦᠢ ᠬᠡᠷᠡᠭ ᠢ ᠰᠢᠬᠦᠨ ᠲᠠᠰᠤᠯᠠᠵᠤ᠂ ᠠᠷᠠᠳ ᠲᠦᠮᠡᠨ ᠤ ᠵᠦᠢ ᠶᠣᠰᠤᠨ ᠤ ᠭᠤᠶᠤᠴᠢᠯᠠᠯᠲᠠ ᠶᠢ | ᠴᠠᠭ ᠲᠣᠬᠠᠢ ᠳᠤᠨᠢ ᠵᠣᠬᠢᠰᠲᠠᠢ ᠰᠢᠢᠳᠪᠦᠷᠢᠯᠡᠭᠰᠡᠨ ᠪᠠᠶᠢᠨ᠎ᠠ᠃ ︽ᠵᠢᠷᠭᠤᠳᠤᠭᠠᠷ ᠲᠠᠪᠤᠨ ᠵᠢᠯ︾ ᠤᠨ ᠬᠠᠤᠯᠢ | ᠲᠦᠬᠡᠮᠡᠯᠵᠢᠬᠦᠯᠦᠯᠳᠡ ᠶᠢ ᠰᠢᠯᠭᠠᠨ ᠪᠠᠶᠢᠴᠠᠭᠠᠬᠤ ᠠᠵᠢᠯ ᠤᠷᠤᠭᠰᠢᠳᠡᠢ ᠪᠠᠶᠡᠯᠩᠳᠡᠵᠣ᠂ ᠪᠦᠬᠦ ᠠᠷᠠᠳ ᠤᠨ ᠬᠠᠤᠯᠢ | ᠪᠠᠷ ᠵᠠᠰᠠᠬᠤ ᠤᠬᠠᠮᠰᠠᠷ ᠲᠠᠰᠤᠷᠠᠯᠲᠠ ᠦᠭᠡᠢ ᠳᠡᠭᠡᠭᠰᠢᠯᠡᠪᠡ᠃ ᠦᠪᠦᠷ ᠮᠣᠩᠭᠤᠯ ᠪᠣᠯᠣᠨ ᠭᠠᠨᠰᠣ ᠶᠢᠨ | ᠬᠤᠭᠤᠷᠤᠨᠳᠤᠬᠢ ᠵᠠᠭᠠᠭ ᠲᠣᠭᠲᠠᠭᠠᠬᠤ ᠡᠮᠦᠨᠡᠬᠢ ᠬᠤᠭᠤᠴᠠᠭᠠᠨ ᠤ ᠰᠠᠭᠤᠷᠢ ᠠᠵᠢᠯ ᠢ ᠳᠠᠭᠤᠰᠬᠠᠵᠤ᠂ ᠵᠠᠭᠠᠭ | ᠲᠣᠭᠲᠠᠭᠠᠳᠤᠢ ᠭᠠᠵᠠᠷ ᠣᠷᠣᠨ ᠳᠤ ᠬᠠᠤᠯᠢ ᠪᠤᠰᠤ ᠪᠠᠷ ᠨᠡᠬᠡᠬᠡᠨ ᠠᠰᠢᠨᠨᠯᠬᠠᠰᠠᠨ ᠠᠵᠢᠯᠯᠠᠭ᠎ᠠ ᠶᠢ ᠪᠥᠳᠣᠮᠵᠢᠳᠡᠢ | ᠬᠤᠷᠢᠭᠯᠠᠨ ᠵᠣᠨᠨᠰᠣᠭᠠᠨᠨᠰᠠᠨ ᠪᠠᠶᠢᠨ᠎ᠠ᠃ ᠡᠯ᠎ᠡ ᠵᠦᠢᠯ ᠤᠨ ᠶᠠᠯᠠᠳᠤ ᠠᠵᠢᠯᠯᠠᠭ᠎ᠠ ᠶᠢ ᠬᠠᠤᠯᠢ ᠶᠣᠰᠤᠭᠠᠷ ᠰᠡᠷᠭᠡᠶᠢᠯᠡᠨ | ᠬᠦᠨᠳᠦ ᠴᠣᠬᠢᠯᠲᠠ ᠦᠭᠴᠦ᠂ ᠨᠡᠶᠢᠬᠡᠮ ᠤᠨ ᠠᠮᠤᠷ ᠲᠣᠭᠲᠠᠭᠤᠨ᠂ ᠬᠢᠯᠢ ᠶᠢᠨ ᠡᠩᠭᠡ ᠲᠠᠶᠢᠪᠤᠩ ᠢ ᠤᠯᠠᠮ ᠨᠢᠭᠡ | ᠠᠯᠬᠤᠮ ᠪᠠᠬᠢᠵᠢᠬᠦᠯᠪᠡ᠃ ᠦᠨᠳᠦᠰᠦᠲᠡᠨ ᠱᠠᠰᠢᠨ ᠰᠤᠷᠲᠠᠬᠤᠨ᠂ ᠪᠠᠴᠢᠮ ᠠᠪᠤᠷᠠᠯᠲᠠ᠂ ᠠᠭᠠᠷ ᠤᠨ ᠰᠡᠷᠭᠡᠶᠢᠯᠡᠯᠲᠡ᠂ | ᠨᠠᠶᠢᠲᠡ ᠶᠢᠨ ᠦᠮᠴᠢᠯᠡᠯ ᠤᠨ ᠪᠤᠰᠤ ᠠᠵᠤ ᠠᠬᠤᠢ᠂ ᠡᠮᠡᠭᠲᠡᠶᠢᠴᠦᠳ ᠪᠠ ᠬᠡᠤᠬᠡᠳ ᠪᠠᠭᠠᠴᠤᠤᠯ᠂ ᠵᠡᠮᠳᠡᠭᠴᠦᠳ ᠤᠨ | ᠠᠵᠢᠯ ᠦᠢᠯᠡᠰ ᠰᠢᠨ᠎ᠡ ᠠᠮᠵᠢᠯᠲᠠ ᠶᠢ ᠣᠯᠣᠭᠰᠠᠨ ᠪᠠᠶᠢᠨ᠎ᠠ᠃ | ︵ᠲᠠᠪᠤ︶ ᠬᠠᠤᠯᠢ ᠪᠠᠷ ᠵᠠᠰᠠᠭ ᠶᠠᠪᠤᠭᠤᠯᠬᠤ ᠪᠠᠨ ᠴᠢᠩᠭᠠᠳᠬᠠᠨ᠂ ᠵᠠᠰᠠᠭ ᠤᠨ ᠤᠷᠳᠤᠨ ᠤ ᠲᠣᠰ ᠪᠡᠶ᠎ᠡ | ᠶᠢᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠢ ᠲᠡᠬᠡᠭᠰᠢᠯᠡᠬᠦᠯᠪᠡ᠃ | ︽ᠬᠠᠤᠯᠢ ᠶᠤᠰᠤᠭᠠᠷ ᠬᠤᠰᠢᠭᠤ ᠪᠠᠨ ᠵᠠᠰᠠᠬᠤ︾ ᠶᠢ ᠬᠦᠨᠵᠡᠬᠡᠶᠢᠷᠡᠬᠦᠯᠦᠨ ᠠᠬᠢᠭᠤᠯᠵᠤ᠂ ᠬᠠᠣᠯᠢ ᠶᠢᠨ | ᠵᠦᠪᠯᠡᠭᠴᠢ ᠪᠠ ᠲᠤᠮᠤ ᠴᠢᠬᠤᠯᠠ ᠰᠢᠢᠳᠪᠦᠷᠢ ᠲᠤᠭᠲᠠᠭᠠᠯ ᠢ ᠪᠦᠲᠦᠮᠵᠢᠲᠡᠢ ᠨᠠᠶᠢᠳᠠᠪᠤᠷᠢᠵᠢᠭᠤᠯᠣᠨ᠂ ᠵᠠᠰᠠᠭ ᠤᠨ | ᠣᠷᠳᠤᠨ ᠤ ᠬᠠᠤᠯᠢ ᠪᠠᠷ ᠵᠠᠰᠠᠭ ᠶᠠᠪᠤᠭᠤᠯᠬᠤ ᠬᠢᠷᠢ ᠲᠦᠪᠰᠢᠨ ᠢ ᠲᠠᠰᠤᠷᠠᠯᠲᠠ ᠦᠭᠡᠢ ᠲᠡᠬᠡᠭᠰᠢᠯᠡᠬᠦᠯᠪᠡ᠃ ᠠᠷᠠᠳ | ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠬᠠᠤᠯᠢ ᠶᠢᠨ ᠬᠢᠨᠠᠯᠳᠠ ᠪᠤᠯᠤᠨ ᠤᠯᠤᠰ ᠲᠦᠷᠦ ᠶᠢᠨ ᠵᠦᠪᠯᠡᠯᠬᠡᠨ ᠤ | ᠠᠷᠠᠳᠴᠢᠯᠠᠭᠰᠠᠨ ᠬᠢᠨᠠᠯᠳᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ᠂ ᠠᠷᠠᠳ ᠤᠨ ᠶᠡᠭᠡ ᠬᠤᠷᠠᠯ ᠤᠨ | ᠲᠦᠯᠦᠬᠡᠯᠡᠭᠴᠢ ᠪᠤᠯᠤᠨ ᠤᠯᠤᠰ ᠲᠦᠷᠦ ᠶᠢᠨ ᠵᠦᠪᠯᠡᠯᠬᠡᠨ ᠤ ᠭᠡᠰᠢᠭᠦᠳ ᠤᠨ ᠰᠠᠨᠠᠯ ᠪᠣᠳᠤᠯᠭ᠎ᠠ ᠶᠢ ᠨᠠᠷᠢᠯᠢᠭ | ᠰᠣᠨᠣᠰᠴᠣ᠂ ᠲᠡᠳᠡᠨ ᠤ 116 ᠰᠠᠨᠠᠯ ᠲᠤᠷᠠᠳᠤᠯᠭ᠎ᠠ ᠶᠢ ᠬᠦᠢᠴᠡᠳᠬᠡᠨ᠂ ᠪᠠᠶᠠᠯᠡᠬᠦᠯᠦᠭᠰᠡᠨ ᠨᠤᠷᠮ᠎ᠠ 100%᠂ | ᠬᠠᠨᠤᠮᠵᠢ ᠶᠢᠨ ᠨᠤᠷᠮ᠎ᠠ 97% ᠳᠤ ᠬᠦᠷᠴᠡᠢ᠃ ᠨᠠᠮ ᠤᠨ ᠰᠤᠷᠳᠠᠯ ᠴᠢᠬᠡᠴᠢ ᠵᠠᠰᠠᠭ ᠤᠨ ᠪᠠᠶᠢᠭᠤᠯᠤᠯᠳᠠ ᠶᠢᠨ | ᠪᠡᠶᠡᠴᠢ ᠴᠤᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠡᠶᠢᠳᠡᠪᠤᠷᠢᠵᠢᠭᠤᠯᠤᠨ᠂ ᠲᠦᠪ ᠤᠨ ︽ᠨᠠᠢᠮᠠᠨ ᠵᠤᠷᠪᠤᠰ | ᠲᠤᠭᠳᠠᠭᠠᠯ︾ ᠢ ᠬᠢᠨᠠᠮᠠᠭᠠᠢ ᠬᠡᠷᠡᠭᠵᠢᠬᠦᠯᠵᠤ᠂ ᠠᠯᠪᠠᠨ ᠵᠤᠴᠢᠯᠠᠭ᠎ᠠ ᠶᠢᠨ ᠵᠠᠷᠤᠳᠠᠯ ᠢ ᠬᠢᠵᠠᠭᠠᠷᠯᠠᠬᠤ᠂ ᠠᠯᠪᠠᠨ | ᠶᠠᠪᠤᠳᠠᠯ ᠤᠨ ᠺᠠᠷᠲ ᠢᠶᠠᠷ ᠲᠠᠩᠰᠠᠯᠠᠬᠤ ᠵᠡᠷᠬᠡ ᠲᠦᠷᠢᠮ ᠢ ᠪᠦᠬᠦ ᠲᠠᠯ᠎ᠠ ᠪᠠᠷ ᠲᠦᠯᠬᠢᠨ ᠠᠬᠢᠭᠤᠯᠪᠠ᠃ | ᠭᠤᠣᠯᠳᠠᠯᠭᠠᠳᠣ ᠬᠦᠷᠢᠶ᠎ᠡ ᠴᠡᠷ᠎ᠡ᠂ ᠭᠤᠣᠯᠳᠠᠯᠠᠭᠠᠳᠣ ᠪᠡᠯᠡ ᠮᠦᠩᠬᠦ᠂ ᠭᠤᠣᠯᠳᠠᠯᠠᠭᠠᠳᠣ ᠲᠦᠷᠦᠯ ᠵᠤᠶᠢᠯ ᠤᠨ | ᠬᠢᠨᠠᠯᠳᠠ ᠪᠠ ᠬᠢᠨᠠᠨ ᠪᠤᠳᠤᠯᠳᠠ ᠶᠢ ᠴᠢᠩᠭᠠᠳᠬᠠᠵᠤ᠂ ᠡᠳ᠋ ᠤᠨ ᠵᠠᠰᠠᠭ ᠤᠨ ᠪᠡᠯᠡ ᠮᠦᠩᠬᠦ ᠶᠢ ᠨᠡᠶᠢᠲᠡ 7700 | ᠲᠦᠮᠡᠨ ᠲᠦᠬᠦᠷᠢᠭ ᠠᠷᠪᠢᠯᠠᠪᠠ᠃ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠬᠡᠰᠢᠬᠦᠨ ᠪᠤᠯᠬᠤ︾ | ᠰᠤᠷᠤᠯᠴᠠᠯᠭ᠎ᠠ ᠬᠦᠮᠦᠵᠢᠯ ᠢ ᠯᠠᠪᠳᠠᠭᠤᠨ ᠦᠷᠨᠢᠬᠦᠯᠵᠤ᠂ ᠠᠵᠢᠯ ᠤᠨ ᠬᠡᠪ ᠰᠤᠷᠲᠠᠯ ᠤᠯᠠᠮ ᠨᠢᠭᠡ ᠠᠯᠬᠤᠮ | ᠰᠠᠶᠢᠵᠢᠷᠠᠨ᠂ ᠠᠷᠠᠳ ᠲᠦᠮᠡᠨ ᠤ ᠠᠰᠢᠭ ᠲᠤᠰᠠ ᠲᠠᠢ ᠬᠤᠯᠪᠤᠭᠳᠠᠭᠰᠠᠨ ᠳᠣᠪᠤᠶᠢᠮ᠎ᠠ ᠠᠰᠠᠭᠤᠳᠠᠯ ᠪᠦᠲᠦᠮᠵᠢᠲᠡᠢ | ᠰᠢᠢᠳᠪᠦᠷᠢᠯᠡᠭᠳᠡᠨ᠂ ᠠᠷᠠᠳ ᠲᠤ ᠠᠮᠠᠯᠠᠭᠰᠠᠨ ᠪᠤᠳᠠᠳᠤ ᠠᠵᠢᠯ ᠤᠨ 9 ᠢ ᠪᠦᠬᠦ ᠲᠠᠯ᠎ᠠ ᠪᠠᠷ ᠬᠡᠷᠡᠭᠵᠢᠬᠦᠯᠵᠣ᠂ 1 ᠶᠢ | ᠨᠢ ᠶᠠᠭ ᠱᠠᠯᠠᠪᠳᠠᠨ ᠬᠦᠢᠴᠡᠳᠬᠡᠵᠤ ᠪᠤᠢ᠃ ᠠᠷᠠᠳ ᠤᠨ ᠲᠦᠯᠦᠬᠡ ᠠᠵᠢᠯᠴᠢ ᠬᠢᠴᠢᠶᠡᠩᠬᠦᠢ ᠪᠠᠷ ᠵᠠᠰᠠᠭ ᠶᠠᠪᠣᠭᠤᠯᠬᠤ | ᠬᠡᠪ ᠰᠤᠷᠳᠠᠯ᠂ ᠠᠷᠢᠭᠤᠨ ᠴᠢᠬᠡᠴᠢ ᠥᠨᠳᠣᠷ ᠪᠦᠳᠦᠮᠵᠢᠳᠡᠢ ᠠᠵᠢᠯ ᠤᠨ ᠰᠣᠷᠳᠠᠯ᠂ ᠦᠨᠡᠨ ᠪᠤᠳᠠᠳᠠᠢ ᠶᠢ ᠡᠷᠬᠢᠮᠯᠡᠬᠦ | ᠤᠪᠤᠷ ᠰᠤᠷᠳᠠᠯ ᠢᠯᠡᠷᠬᠡᠢ ᠰᠠᠶᠢᠵᠢᠷᠬᠠᠰᠠᠨ ᠪᠠᠶᠢᠨ᠎ᠠ᠃ | ᠲᠦᠯᠦᠬᠡᠯᠡᠭᠴᠢᠳ ᠡ︕ ᠦᠩᠭᠡᠷᠡᠭᠰᠡᠨ ᠨᠢᠭᠡ ᠵᠢᠯ ᠳᠤ ᠪᠢᠳᠠ ᠥᠷᠬᠦᠯᠵᠢᠯᠡᠨ ᠰᠢᠨ᠎ᠡ ᠶᠢ ᠡᠭᠦᠳᠴᠦ᠂ | ᠬᠦᠭᠵᠢᠯᠲᠡ ᠶᠢᠨ ᠳᠤᠮᠳᠠ ᠰᠢᠪᠲᠤᠯᠤᠯᠲᠠ ᠭᠠᠷᠭᠠᠨ᠂ ᠡᠷᠢᠯᠬᠢᠯᠡᠯ ᠳᠤᠮᠳᠠ ᠤᠷᠤᠭᠰᠢᠯᠠᠵᠣ᠂ ᠪᠦᠬᠦ ᠬᠤᠰᠢᠭᠤᠨ ᠤ | ᠡᠯ᠎ᠡ ᠲᠦᠷᠦᠯ ᠤᠨ ᠠᠵᠢᠯ ᠦᠢᠯᠡᠰ ᠰᠢᠨ᠎ᠡ ᠦᠷ᠎ᠡ ᠪᠦᠲᠦᠮᠵᠢ ᠶᠢ ᠤᠯᠤᠭᠰᠠᠨ ᠪᠠᠶᠢᠨ᠎ᠠ᠃ ᠡᠨᠡ ᠪᠤᠯ ᠬᠤᠰᠢᠭᠤ ᠨᠠᠮ | ᠤᠨ ᠬᠤᠷᠢᠶ᠎ᠠ ᠪᠦᠬᠦ ᠲᠠᠯ᠎ᠠ ᠶᠢ ᠬᠠᠮᠤᠷᠴᠦ ᠵᠥᠪ ᠣᠳᠣᠷᠢᠳᠣᠭᠰᠠᠨ ᠤ ᠦᠷ᠎ᠡ ᠳ᠋ᠦᠩ᠂ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠦᠪᠯᠡᠯᠭᠡᠨ ᠤ ᠪᠦᠲᠦᠮᠵᠢᠲᠠᠢ ᠬᠢᠨᠠᠵᠤ ᠬᠦᠴᠦᠲᠡᠢ | ᠳᠡᠮᠵᠢᠭᠰᠡᠨ ᠤ ᠦᠷ᠎ᠡ ᠳ᠋ᠦᠩ︔ ᠺᠠᠳ᠋ᠷ ᠲᠦᠮᠡᠨ ᠰᠠᠳᠬᠢᠯ ᠨᠢᠬᠡᠳᠴᠤ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ︔ | ᠦᠷᠭᠡᠨ ᠤᠯᠠᠨ ᠰᠠᠭᠤᠭ᠎ᠠ ᠴᠡᠷᠢᠭ ᠠᠩᠭᠢ᠂ ᠲᠤᠲᠤᠭᠠᠳᠤ ᠶᠢ ᠬᠠᠮᠠᠭᠠᠯᠠᠬᠤ ᠴᠠᠭᠳᠠᠭ᠎ᠠ᠂ ᠵᠡᠪᠰᠡᠭᠲᠤ ᠴᠠᠭᠳᠠᠭᠠᠨ ᠤ | ᠳᠠᠷᠤᠭ᠎ᠠ ᠪᠠᠶᠢᠯᠳᠤᠭᠴᠢᠳ ᠥᠨᠡᠨᠴᠢ ᠰᠢᠳᠣᠷᠭᠤ ᠪᠠᠷ ᠠᠵᠢᠯᠯᠠᠨ᠂ ᠬᠤᠪᠢ ᠨᠡᠮᠡᠷᠢ ᠪᠠᠨ ᠬᠠᠷᠠᠮ ᠥᠬᠡᠢ | ᠵᠣᠷᠢᠭᠤᠯᠥᠨᠨᠰᠠᠨ ᠤ ᠦᠷ᠎ᠡ ᠳ᠋ᠦᠩ ᠮᠦᠨ︔ ᠠᠳᠡ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠢ | ᠲᠦᠯᠦᠭᠡᠯᠡᠨ᠂ ᠡᠵᠡᠨ᠎ᠡ ᠬᠤᠰᠢᠭᠤᠨ ᠤ ᠪᠦᠲᠦᠭᠡᠨ ᠪᠠᠶᠢᠭᠤᠯᠤᠯᠲᠠ ᠪᠠ ᠬᠦᠭᠵᠢᠯᠲᠡ ᠳᠤ ᠬᠥᠴᠣ ᠨᠡᠮᠡᠷᠢ ᠪᠠᠨ | ᠡᠷᠬᠦᠭᠰᠡᠨ ᠪᠦᠬᠦ ᠨᠦᠭᠦᠳ᠂ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠬᠦᠨᠳᠦᠳᠭᠡᠯ ᠢᠶᠠᠨ ᠳᠡᠪᠰᠢᠭᠦᠯᠵᠦ | ᠪᠠᠶᠢᠨ᠎ᠠ᠃ | ᠥᠨᠣᠳᠣᠷ ᠪᠢᠳᠠ ᠠᠮᠵᠢᠯᠳᠡ ᠪᠦᠳᠦᠮᠵᠢ ᠪᠠᠨ ᠳ᠋ᠦᠩᠨᠡᠬᠦ ᠶᠢᠨ ᠵᠡᠷᠬᠡᠪᠡᠷ᠂ ᠮᠠᠨ ᠤ ᠬᠤᠰᠢᠭᠤᠨ ᠤ ᠠᠵᠤ | ᠠᠬᠤᠢ ᠨᠡᠶᠢᠬᠡᠮ ᠤᠨ ᠬᠦᠭᠵᠢᠯᠳᠡ ᠲᠤᠮᠳᠠ ᠬᠦᠴᠢᠷᠳᠡᠯ ᠪᠤᠯᠤᠨ ᠠᠰᠠᠭᠤᠳᠠᠯ ᠤᠷᠤᠰᠢᠭᠰᠠᠭᠠᠷ ᠪᠠᠶᠢᠭ᠎ᠠ ᠶᠢ ᠡᠷᠬᠡᠪᠰᠢ | ᠤᠯᠵᠤ ᠲᠠᠨᠢᠬᠤ ᠬᠡᠷᠡᠭᠳᠡᠢ᠃ ᠨᠢᠬᠡ ᠳᠤ ᠠᠵᠤ ᠠᠬᠤᠢ ᠶᠢᠨ ᠪᠦᠳᠦᠴᠡ ᠳᠠᠩ ᠴᠤᠯᠭᠤᠢ᠂ ᠪᠦᠲᠦᠭᠡᠭᠳᠡᠬᠦᠨ ᠤ | ᠨᠡᠮᠡᠯᠲᠡ ᠦᠷᠲᠡᠭ ᠳᠤᠤᠷ᠎ᠠ᠂ ᠠᠵᠤ ᠦᠢᠯᠡᠰ ᠤᠨ ᠪᠦᠲᠦᠴᠡ ᠶᠢᠨ ᠲᠤᠬᠢᠷᠠᠭᠤᠯᠤᠯᠲᠠ ᠶᠢᠨ ᠡᠭᠦᠷᠭᠡ ᠮᠦᠨᠬᠦ ᠨᠦᠰᠡᠷ | ᠬᠦᠨᠳᠤ︔ ᠬᠤᠶᠠᠷ ᠲᠤ ᠰᠤᠶᠤᠯ ᠪᠠ ᠵᠢᠭᠤᠯᠴᠢᠯᠠᠯ ᠤᠨ ᠤᠶᠠᠯᠳᠤᠯ ᠭᠦᠨᠵᠡᠭᠡᠢ ᠪᠢᠰᠢ᠂ ᠵᠢᠭᠤᠯᠴᠢᠯᠠᠯ ᠤᠨ | ᠠᠭᠤᠯᠬᠤᠨ ᠪᠠᠶᠠᠯᠢᠭ ᠪᠤᠰᠤ᠂ ᠵᠢᠭᠤᠯᠴᠢᠯᠠᠯ ᠤᠨ ᠬᠤᠭᠤᠴᠠᠭ᠎ᠠ ᠣᠬᠤᠷ ᠵᠡᠷᠭᠡ ᠠᠰᠠᠭᠤᠳᠠᠯ ᠦᠨᠳᠦᠰᠦᠨ ᠠᠴᠠ ᠪᠠᠨ | ᠰᠢᠢᠳᠪᠦᠷᠢᠯᠡᠭᠳᠡᠭᠡᠳᠦᠢ︔ ᠭᠤᠷᠪᠠ ᠳᠤ ᠬᠤᠲᠠ ᠪᠠᠯᠭᠠᠰᠤᠨ ᠤ ᠰᠠᠭᠤᠷᠢ ᠲᠦᠬᠦᠭᠡᠷᠦᠮᠵᠢ᠂ ᠦᠢᠯᠡᠴᠢᠯᠡᠭᠡᠨ ᠤ | ᠴᠢᠳᠠᠮᠵᠢ ᠪᠤᠯᠤᠨ ᠪᠦᠳᠦᠭᠡᠨ ᠪᠠᠶᠢᠭᠤᠯᠤᠯᠳᠠ ᠶᠢᠨ ᠬᠢᠷᠢ ᠲᠦᠪᠰᠢᠨ ᠢ ᠤᠯᠠᠮ ᠨᠢᠬᠡ ᠠᠯᠬᠤᠮ ᠳᠡᠭᠡᠭᠰᠢᠯᠡᠭᠦᠯᠬᠦ | ᠴᠢᠬᠤᠯᠠᠳᠡᠢ ᠪᠠᠶᠢᠭ᠎ᠠ︔ ᠲᠦᠷᠪᠡ ᠳᠤ ᠨᠠᠶᠢᠭᠡᠮ ᠤᠨ ᠬᠠᠮᠢᠶᠠᠷᠤᠯᠲᠠ ᠳᠤᠮᠳᠠ ᠬᠦᠷᠦᠯᠴᠡᠬᠦ ᠦᠬᠡᠢ ᠲᠠᠯ᠎ᠠ | ᠣᠷᠣᠰᠢᠭᠰᠠᠭᠠᠷ ᠪᠦᠭᠡᠳ ᠰᠤᠷᠭᠠᠨ ᠬᠦᠮᠦᠵᠢᠯ᠂ ᠡᠮ ᠡᠮᠨᠡᠯᠭᠡ ᠶᠢᠨ ᠦᠢᠯᠡᠴᠢᠯᠡᠭᠡᠨ ᠤ ᠬᠢᠷᠢ ᠲᠦᠪᠰᠢᠨ ᠨᠢ ᠠᠷᠠᠳ | ᠲᠦᠮᠡᠨ ᠤ ᠱᠠᠭᠠᠷᠳᠠᠯᠭ᠎ᠠ ᠳᠤ ᠬᠦᠷᠴᠤ ᠲᠡᠶᠢᠯᠬᠦ ᠦᠬᠡᠢ ᠪᠠᠶᠢᠭᠰᠠᠭᠠᠷ︔ ᠲᠠᠪᠤ ᠳᠤ ᠨᠡᠶᠢᠬᠡᠮ ᠤᠨ ᠪᠡᠯᠡ | ᠣᠷᠤᠭᠤᠯᠤᠯᠲᠠ ᠶᠢᠨ ᠬᠡᠮᠵᠢᠶ᠎ᠡ ᠬᠦᠷᠦᠯᠴᠠᠬᠦ ᠦᠬᠡᠢ᠂ ᠡᠳ᠋ ᠤᠨ ᠵᠠᠰᠠᠭ ᠤᠨ ᠬᠦᠴᠢᠷᠳᠡᠯ ᠲᠤᠪᠤᠶᠢᠮ᠎ᠠ᠂ ᠠᠷᠠᠳ ᠤᠨ | ᠠᠮᠢᠳᠤᠷᠠᠯ ᠵᠡᠷᠬᠡ ᠪᠠᠶᠢᠩᠭᠤ ᠶᠢᠨ ᠵᠠᠷᠤᠯᠭ᠎ᠠ ᠦᠷᠬᠦᠯᠵᠢᠯᠡᠨ ᠨᠡᠮᠡᠭᠳᠡᠵᠤ᠂ ᠤᠷᠤᠯᠭ᠎ᠠ ᠵᠠᠷᠤᠯᠭ᠎ᠠ ᠶᠢᠨ ᠵᠦᠷᠢᠴᠡᠯ | ᠢᠯᠡᠷᠬᠡᠢ︔ ᠵᠢᠷᠭᠤᠭ᠎ᠠ ᠳᠤ ᠵᠡᠷᠢᠮ ᠺᠠᠳ᠋ᠷ ᠤᠨ ᠦᠵᠡᠯ ᠰᠤᠷᠳᠠᠯ᠂ ᠬᠡᠪ ᠴᠢᠨᠠᠷ ᠪᠣᠯᠥᠨ ᠴᠢᠳᠠᠪᠤᠷᠢ ᠨᠢ ᠤᠳᠤᠬᠠᠨ ᠤ | ᠦᠬᠡᠷᠡᠴᠢᠯᠡᠯᠳᠡ ᠰᠢᠨ᠎ᠠ ᠶᠢ ᠡᠬᠦᠳᠬᠦ ᠱᠠᠭᠠᠷᠳᠠᠯᠭ᠎ᠠ ᠲᠠᠢ ᠪᠠᠰᠠ ᠯᠡ ᠲᠤᠬᠢᠷᠠᠯᠴᠠᠬᠤ ᠦᠬᠡᠢ ᠪᠠᠶᠢᠵᠤ᠂ ᠡᠬᠦᠷᠬᠡᠯᠡᠬᠦ | ᠵᠤᠷᠢᠭ ᠰᠠᠨᠠᠭ᠎ᠠ ᠪᠤᠯᠤᠨ ᠬᠠᠷᠢᠭᠤᠴᠠᠬᠤ ᠤᠬᠠᠮᠰᠠᠷ ᠢᠶᠠᠨ ᠮᠦᠨᠬᠦ ᠴᠢᠩᠭᠠᠳᠬᠠᠬᠤ ᠴᠢᠬᠤᠯᠠᠳᠠᠢ ᠪᠠᠶᠢᠭᠰᠠᠭᠠᠷ᠃ | ᠬᠤᠶᠢᠰᠢᠲᠠ ᠶᠢᠨ ᠠᠵᠢᠯ ᠳᠤᠮᠳᠠ ᠪᠠᠨ ᠪᠢᠳᠠ ᠡᠳᠡᠬᠡᠷ ᠠᠰᠠᠭᠤᠳᠠᠯ ᠪᠤᠯᠤᠨ ᠬᠦᠷᠦᠯᠴᠡᠬᠦ ᠦᠬᠡᠢ ᠲᠠᠯ᠎ᠠ ᠳᠤ | ᠬᠠᠨᠳᠤᠭᠤᠯᠤᠨ ᠦᠨᠡᠨᠬᠦ ᠶᠠᠪᠤᠭᠤᠰᠢᠳᠡᠢ ᠠᠷᠭ᠎ᠠ ᠠᠪᠴᠠᠯ ᠠᠪᠴᠤ ᠨᠠᠷᠢᠨ ᠬᠢᠨᠠᠮᠠᠭᠠᠢ ᠰᠤᠳᠤᠯᠤᠨ ᠰᠡᠢᠳᠪᠤᠷᠢᠯᠡᠬᠦ | ᠬᠡᠷᠡᠭᠳᠡᠢ ᠪᠠᠶᠢᠨ᠎ᠠ᠃ | ᠦᠩᠬᠡᠷᠡᠭᠰᠡᠨ ᠨᠢᠬᠡ ᠵᠢᠯ ᠳᠤ ᠬᠦᠴᠢᠷᠳᠡᠯ ᠪᠠ ᠬᠦᠰᠡᠯ ᠡᠷᠡᠮᠡᠯᠵᠡᠯ ᠵᠡᠷᠭᠡᠴᠡᠨ᠂ ᠰᠤᠷᠢᠯᠳᠠ ᠪᠤᠯᠤᠨ ᠠᠵᠠ | ᠲᠤᠬᠢᠶᠠᠯ ᠴᠤᠭ ᠤᠷᠤᠰᠢᠵᠤ ᠪᠠᠶᠢᠯ᠎ᠠ᠃ ᠢᠩᠬᠢᠭᠦ ᠳᠤ ᠪᠢᠳᠠ ᠨᠢᠭᠡ ᠵᠢᠯ ᠤᠨ ᠦᠢᠯᠡᠳᠦᠯᠭᠡ ᠠᠴᠠ ᠬᠦᠨᠵᠡᠬᠡᠢ | ᠮᠡᠳᠡᠷᠡᠨ ᠤᠯᠤᠭᠰᠠᠨ ᠨᠢ᠄ ᠡᠵᠡᠨ᠎ᠡ ᠶᠢᠨ ᠬᠦᠭᠵᠢᠯᠳᠡ ᠶᠢ ᠠᠬᠢᠭᠤᠯᠬᠤ ᠳᠤ ᠡᠷᠬᠡᠪᠰᠢ ᠦᠵᠡᠯ ᠰᠠᠨᠠᠭ᠎ᠠ ᠪᠠᠨ | ᠴᠢᠯᠦᠭᠡᠯᠡᠵᠦ᠂ ᠦᠵᠡᠯᠲᠡ ᠲᠠᠨᠢᠯᠲᠠ ᠪᠠᠨ ᠰᠢᠨᠡᠳᠭᠡᠨ᠂ ᠰᠢᠨ᠎ᠡ ᠰᠡᠳᠬᠢᠬᠦᠢ᠂ ᠰᠢᠨ᠎ᠡ ᠤᠶᠢᠯᠠᠭᠠᠭᠲᠠᠬᠤᠨ᠂ ᠰᠢᠨ᠎ᠡ | ᠠᠷᠭ᠎ᠠ ᠠᠪᠴᠠᠯ ᠢᠶᠠᠷ ᠬᠦᠭᠵᠢᠯᠲᠡ ᠶᠢ ᠠᠬᠢᠭᠤᠯᠵᠤ᠂ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠳᠤ | ᠨᠢᠷᠣᠭᠤᠪᠴᠢ ᠪᠣᠯᠬᠤ ᠨᠢᠬᠡ ᠪᠦᠯᠦᠭ ᠠᠵᠤ ᠠᠬᠤᠢ ᠶᠢᠨ ᠨᠡᠮᠡᠭᠳᠡᠯ ᠬᠦᠴᠦᠨ ᠢ ᠪᠤᠶᠢᠵᠢᠭᠤᠯᠤᠨ᠂ ᠶᠠᠰᠤ ᠴᠢᠨᠠᠷ ᠢᠶᠠᠷ | ᠤᠯᠠᠮ ᠰᠠᠶᠢᠨ᠂ ᠪᠦᠲᠦᠴᠡ ᠪᠠᠷ ᠤᠯᠠᠮ ᠰᠢᠯᠢᠳᠡᠭ᠂ ᠦᠷ᠎ᠡ ᠠᠰᠢᠭ ᠢᠶᠠᠷ ᠤᠯᠠᠮ ᠦᠨᠳᠦᠷ ᠪᠤᠯᠬᠤ ᠠᠮᠢ ᠠᠬᠤᠢ | ᠤᠷᠴᠢᠨ ᠲᠤᠭᠤᠷᠢᠨ ᠢ ᠬᠠᠮᠠᠭᠠᠯᠠᠬᠤ ᠬᠦᠭᠵᠢᠯᠲᠡ ᠶᠢᠨ ᠰᠢᠨ᠎ᠡ ᠵᠠᠮ ᠢᠶᠠᠷ ᠲᠡᠮᠡᠦᠯᠡᠬᠦ ᠬᠡᠷᠡᠭᠲᠡᠢ ᠪᠠᠶᠢᠭ᠎ᠠ᠃ ᠡᠷᠬᠡᠪᠰᠢ | ᠠᠵᠠ ᠳᠤᠬᠢᠶᠠᠯ ᠢ ᠵᠠᠪᠳᠤᠨ ᠠᠳᠬᠤᠵᠤ᠂ ᠢᠳᠡᠭᠡᠯ ᠵᠤᠷᠢᠭ ᠢᠶᠠᠨ ᠬᠦᠪᠴᠢᠯᠡᠨ᠂ ᠤᠯᠤᠰ ᠤᠨ ︽ᠨᠢᠭᠡ ᠪᠦᠰᠡ | ᠨᠢᠭᠡ ᠵᠠᠮ︾ ᠪᠤᠯᠤᠨ ᠦᠪᠡᠷᠲᠡᠭᠡᠨ ᠵᠠᠰᠠᠬᠤ ᠤᠷᠤᠨ ᠤ ᠣᠷᠣᠰ ᠮᠣᠩᠭᠤᠯ ᠯᠤᠭ᠎ᠠ ᠤᠨ ᠬᠤᠷᠰᠢᠯᠴᠠᠭ᠎ᠠ | ᠬᠠᠮᠳᠤᠷᠠᠯᠴᠠᠭ᠎ᠠ ᠵᠡᠷᠭᠡ ᠪᠠᠶᠢᠯᠳᠤᠬᠤ ᠪᠤᠳᠤᠯᠭ᠎ᠠ ᠶᠢᠨ ᠲᠤᠬᠢᠶᠠᠯ ᠢ ᠪᠠᠲᠤ ᠡᠵᠡᠮᠰᠢᠵᠦ᠂ ᠡᠬᠢ ᠪᠠᠶᠠᠯᠢᠭ ᠤᠨ | ᠳᠠᠪᠠᠭᠤᠯᠢᠭ᠂ ᠵᠠᠮ ᠨᠡᠪᠲᠡᠷᠡᠭᠦᠯᠬᠡ ᠶᠢᠨ ᠪᠠᠶᠢᠷᠢᠰᠢᠯ᠂ ᠲᠦᠷᠦ ᠶᠢᠨ ᠪᠤᠳᠤᠯᠭ᠎ᠠ ᠶᠢᠨ ᠣᠷᠴᠢᠨ ᠵᠡᠷᠭᠡ ᠠᠰᠢᠭᠳᠤ | ᠨᠦᠬᠦᠴᠡᠯ ᠢᠶᠠᠨ ᠬᠦᠢᠴᠡᠳ ᠪᠠᠳᠠᠷᠠᠭᠤᠯᠬᠤ ᠬᠡᠷᠡᠭᠲᠡᠢ ᠪᠠᠶᠢᠭ᠎ᠠ᠃ ᠡᠷᠭᠡᠪᠰᠢ ᠵᠤᠷᠢᠭᠲᠠᠢ ᠡᠭᠦᠷᠭᠡᠯᠡᠨ ᠪᠤᠳᠠᠳᠠᠢ | ᠠᠵᠢᠯᠯᠠᠵᠤ᠂ ᠬᠦᠭᠵᠢᠯᠲᠡ ᠪᠠᠷ ᠨᠢᠭᠡᠳᠦᠭᠡᠷ ᠡᠭᠦᠷᠭᠡ ᠪᠤᠯᠭᠠᠬᠤ ᠶᠢ ᠡᠷᠡᠰ ᠪᠠᠷᠢᠮᠲᠠᠯᠠᠨ᠂ ᠣᠷᠬᠢᠯᠤᠮ᠎ᠠ ᠬᠠᠯᠠᠭᠤᠨ | ᠰᠡᠳᠬᠢᠯᠭᠡ ᠪᠠᠷ ᠠᠵᠢᠯ ᠦᠢᠯᠡᠰ ᠰᠠᠳᠤᠨ ᠪᠤᠰᠬᠠᠵᠤ᠂ ᠯᠠᠪᠳᠠᠭᠤᠨ ᠪᠠᠳᠤᠳᠠᠢ ᠠᠵᠢᠯᠯᠠᠨ᠂ ᠡᠷᠡᠰ ᠴᠢᠩᠭ᠎ᠠ | ᠠᠳᠬᠤᠵᠤ᠂ ᠡᠵᠡᠨ᠎ᠡ ᠶᠢᠨ ᠡᠯ᠎ᠡ ᠲᠦᠷᠦᠯ ᠤᠨ ᠠᠵᠢᠯ ᠦᠢᠯᠡᠰ ᠢ ᠬᠦᠭᠵᠢᠨ ᠮᠠᠨᠳᠤᠭᠤᠯᠬᠤ ᠬᠡᠷᠡᠭᠳᠡᠢ ᠪᠠᠶᠢᠭ᠎ᠠ᠃ | ᠡᠷᠬᠡᠪᠰᠢ ᠪᠦᠯᠬᠦᠮᠳᠡᠨ ᠬᠠᠮᠵᠢᠯᠴᠠᠵᠤ᠂ ᠰᠡᠳᠬᠢᠯ ᠢᠶᠠᠨ ᠨᠢᠭᠡᠳᠬᠡᠨ᠂ ᠤᠯᠠᠨ ᠲᠦᠮᠡᠨ ᠤ ᠤᠢ ᠪᠢᠯᠢᠭ ᠬᠦᠴᠦᠨ | ᠴᠢᠳᠠᠯ ᠢ ᠬᠠᠮᠳᠤᠷᠠᠭᠤᠯᠤᠨ᠂ ᠠᠵᠢᠯ᠂ ᠪᠦᠲᠦᠭᠡᠨ ᠪᠠᠶᠢᠭᠤᠯᠤᠯᠲᠠ᠂ ᠬᠦᠭᠵᠢᠯᠲᠡ ᠶᠢᠨ ᠬᠦᠴᠦᠷᠭᠡᠭ ᠶᠡᠭᠡ ᠬᠠᠮᠲᠤᠷᠠᠯ | ᠬᠦᠴᠦᠨ ᠢ ᠲᠦᠯᠬᠢᠨ ᠠᠬᠢᠭᠤᠯᠬᠤ ᠬᠡᠷᠡᠭᠳᠡᠢ ᠪᠠᠶᠢᠭ᠎ᠠ᠃ ᠡᠳᠡᠭᠡᠷ ᠲᠤᠷᠰᠢᠯᠭ᠎ᠠ ᠰᠡᠩᠬᠡᠷᠡᠬᠦᠯᠦᠯ ᠪᠤᠯ ᠤᠯᠳᠠᠰᠢ ᠦᠭᠡᠢ | ᠨᠠᠨᠳᠢᠨ ᠦᠪ᠂ ᠪᠢᠳᠠ ᠡᠷᠬᠡᠪᠰᠢ ᠲᠠᠬᠢᠨ ᠢᠶᠠᠷ ᠡᠷᠬᠢᠮᠯᠡᠨ ᠨᠠᠨᠳᠢᠩᠨᠠᠵᠤ᠂ ᠬᠦᠭᠵᠢᠬᠦᠯᠦᠨ ᠪᠠᠳᠠᠷᠠᠭᠤᠯᠬᠤ ᠬᠡᠷᠡᠭᠲᠡᠢ᠃ | ᠬᠤᠶᠠᠷ᠂ 2017 ᠤᠨ ᠤ ᠠᠵᠢᠯ ᠤᠨ ᠲᠤᠬᠢᠷᠠᠭᠤᠯᠤᠯᠲᠠ | 2017 ᠤᠨ ᠤ ᠵᠠᠰᠠᠭ ᠤᠨ ᠤᠷᠳᠤᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠤᠯ᠄ ᠦᠪᠡᠷᠲᠡᠭᠡᠨ | ᠵᠠᠰᠠᠬᠤ ᠤᠷᠤᠨ ᠤ ᠠᠷᠪᠠᠳᠤᠭᠠᠷ ᠤᠳᠠᠭᠠᠨ ᠤ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ᠂ ᠠᠶᠢᠮᠠᠭ ᠤᠨ ᠨᠠᠮ | ᠤᠨ ᠬᠤᠷᠢᠶᠠᠨ ᠤ ︵ᠦᠷᠭᠡᠳᠬᠡᠭᠰᠡᠨ︶ ᠬᠤᠷᠠᠯᠳᠤᠭᠠᠨ ᠪᠤᠯᠤᠨ ᠬᠤᠰᠢᠭᠤ ᠨᠠᠮ ᠤᠨ ᠬᠤᠷᠢᠶᠠᠨ ᠤ ︵ | ᠦᠷᠭᠡᠳᠭᠡᠭᠰᠡᠨ︶ ᠬᠤᠷᠠᠯᠳᠤᠭᠠᠨ ᠤ ᠵᠤᠷᠢᠭ ᠰᠠᠨᠠᠭ᠎ᠠ ᠶᠢ ᠬᠦᠨᠵᠡᠭᠡᠢ ᠲᠤᠤᠱᠯᠠᠭᠤᠯᠤᠨ᠂ ᠠᠮᠢ ᠠᠬᠤᠢ ᠶᠢᠨ | ᠬᠠᠮᠠᠭᠠᠯᠠᠯᠲᠠ᠂ ᠰᠤᠶᠤᠯ ᠵᠢᠭᠤᠯᠴᠢᠯᠠᠯ᠂ ᠪᠣᠭᠤᠮᠲᠠ ᠶᠢᠨ ᠴᠢᠯᠦᠭᠡᠲᠦ ᠨᠡᠭᠡᠭᠡᠯᠲᠡ ᠪᠠ ᠤᠯᠤᠰ ᠤᠨ ᠪᠠᠳᠤᠯᠠᠨ | ᠬᠠᠮᠠᠭᠠᠯᠠᠯᠳᠠ ᠬᠢᠯᠢ ᠬᠢᠵᠠᠭᠠᠷ ᠤᠨ ᠬᠠᠮᠠᠭᠠᠯᠠᠯᠳᠠ ᠵᠡᠷᠬᠡ ᠳᠦᠷᠪᠡᠨ ᠲᠠᠯ᠎ᠠ ᠶᠢᠨ ᠭᠤᠤᠯᠳᠠᠯᠭᠠᠳᠤ ᠠᠵᠢᠯ ᠢ ᠰᠠᠶᠢᠲᠤᠷ | ᠠᠳᠬᠤᠵᠤ᠂ ᠠᠵᠤ ᠦᠢᠯᠡᠰ ᠤᠨ ᠪᠦᠲᠦᠴᠡ ᠶᠢ ᠪᠦᠬᠦ ᠬᠦᠴᠦ ᠪᠠᠷ ᠲᠤᠬᠢᠷᠠᠭᠤᠯᠤᠨ ᠰᠢᠯᠢᠳᠡᠭᠵᠢᠭᠦᠯᠵᠦ᠂ ᠬᠤᠲᠠ | ᠬᠦᠳᠡᠭᠡᠨ ᠤ ᠪᠦᠲᠦᠭᠡᠨ ᠪᠠᠶᠢᠭᠤᠯᠤᠯᠲᠠ ᠪᠤᠯᠤᠨ ᠲᠤᠮᠤ ᠴᠢᠬᠤᠯᠠ ᠰᠠᠭᠤᠷᠢ ᠲᠦᠭᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢ ᠬᠦᠴᠦ ᠪᠠᠨ ᠬᠠᠮᠲᠤᠳᠬᠠᠨ ᠴᠢᠩᠭᠠᠳᠬᠠᠵᠤ᠂ ᠦᠭᠡᠷᠡᠴᠢᠯᠡᠯᠲᠡ ᠰᠢᠨᠡᠴᠢᠯᠡᠯᠲᠡ ᠶᠢ ᠢᠳᠡᠪᠬᠢᠲᠡᠢ | ᠯᠠᠪᠳᠠᠭᠤᠨ ᠢᠶᠠᠷ ᠲᠦᠯᠬᠢᠨ ᠠᠬᠢᠭᠤᠯᠵᠤ᠂ ᠣᠷᠣᠨ ᠪᠦᠰᠡ ᠶᠢᠨ ᠴᠢᠯᠦᠭᠡᠲᠤ ᠨᠡᠭᠡᠭᠡᠯᠲᠡ ᠪᠤᠯᠤᠨ ᠬᠠᠮᠳᠦᠷᠠᠯᠴᠠᠭ᠎ᠠ ᠶᠢ | ᠭᠦᠨᠵᠡᠭᠡᠶᠢᠷᠡᠭᠦᠯᠦᠨ᠂ ᠠᠷᠭ᠎ᠠ ᠪᠦᠭᠦᠨ ᠢ ᠰᠦᠪᠡᠭᠴᠢᠯᠡᠵᠤ᠂ ᠬᠤᠲᠠ ᠬᠦᠳᠡᠭᠡᠨ ᠤ ᠰᠠᠭᠤᠭᠠᠯᠢ ᠠᠷᠠᠳ ᠤᠨ | ᠤᠷᠤᠯᠭ᠎ᠠ ᠶᠢ ᠲᠤᠭᠲᠠᠭᠤᠨ ᠢᠶᠠᠷ ᠪᠠᠳᠤᠯᠠᠨ᠂ ᠨᠡᠶᠢᠭᠡᠮ ᠤᠨ ᠡᠶ᠎ᠡ ᠵᠤᠬᠢᠴᠠᠯ ᠢ ᠬᠠᠮᠠᠭᠠᠯᠠᠨ᠂ ᠡᠵᠡᠨ᠎ᠡ ᠬᠤᠰᠢᠭᠤ ᠪᠠᠨ | ᠲᠣᠷᠭᠠᠨ ᠵᠠᠮ ᠤᠨ ᠠᠵᠤ ᠠᠬᠤᠢ ᠶᠢᠨ ᠪᠦᠰᠡ ᠪᠣᠯᠤᠨ ᠲᠤᠮᠳᠠᠳᠤ ᠣᠷᠣᠰ ᠮᠣᠩᠭᠤᠯ ᠤᠨ ᠠᠵᠤ ᠠᠬᠤᠢ ᠶᠢᠨ | ᠨᠡᠪᠲᠡᠷᠡᠯᠴᠡᠭᠡᠨ ᠳᠡᠭᠡᠷᠡᠬᠢ ᠭᠡᠷᠡᠯᠲᠦ ᠰᠤᠪᠤᠳ ᠪᠣᠯᠭᠠᠨ ᠱᠤᠭᠤᠨ ᠴᠤᠭᠴᠠᠯᠠᠨ᠎ᠠ᠃ | ᠭᠤᠤᠯ ᠵᠢᠱᠢᠭᠰᠡᠨ ᠬᠠᠷᠠᠯᠲᠠ ᠪᠤᠯ᠄ ᠪᠦᠬᠦ ᠬᠤᠰᠢᠭᠤᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ ᠢ | 50.4 ᠳ᠋ᠦᠩᠰᠢᠭᠤᠷ ᠲᠦᠭᠦᠷᠢᠭ ᠲᠤ ᠬᠦᠷᠭᠡᠵᠦ᠂ 7.8% ᠪᠠᠷ ᠨᠡᠮᠡᠭᠳᠡᠭᠦᠯᠦᠨ᠎ᠡ︔ ᠡᠩ ᠤᠨ ᠤᠯᠠᠨ ᠨᠠᠶᠢᠲᠠ | ᠶᠢᠨ ᠲᠦᠰᠦᠪ ᠤᠨ ᠤᠷᠤᠯᠭ᠎ᠠ ᠶᠢ 6.45 ᠳ᠋ᠦᠩᠰᠢᠭᠤᠷ ᠲᠦᠭᠦᠷᠢᠭ ᠲᠤ ᠬᠦᠷᠭᠡᠵᠦ᠂ 16.8% ᠪᠠᠷ | ᠨᠡᠮᠡᠭᠳᠡᠭᠦᠯᠦᠨ᠎ᠡ︔ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠲᠠ ᠶᠢ 82.4 ᠳ᠋ᠦᠩᠰᠢᠭᠤᠷ ᠲᠦᠭᠦᠷᠢᠭ ᠲᠤ | ᠬᠦᠷᠭᠡᠵᠦ᠂ 14% ᠪᠠᠷ ᠨᠡᠮᠡᠭᠳᠡᠭᠦᠯᠦᠨ᠎ᠡ︔ ᠨᠡᠶᠢᠭᠡᠮ ᠤᠨ ᠬᠡᠷᠡᠭᠯᠡᠭᠡᠨ ᠤ ᠪᠤᠳᠠᠰ ᠤᠨ ᠰᠤᠯᠠ ᠪᠤᠷᠤᠯᠠᠭᠤᠯᠬᠤ | ᠶᠡᠷᠦᠩᠬᠡᠢ ᠦᠨ᠎ᠡ ᠶᠢ 14.7 ᠳ᠋ᠦᠩᠰᠢᠭᠤᠷ ᠲᠦᠭᠦᠷᠢᠭ ᠲᠤ ᠬᠦᠷᠭᠡᠵᠦ᠂ 9% ᠪᠠᠷ ᠨᠡᠮᠡᠭᠳᠡᠭᠦᠯᠦᠨ᠎ᠡ︔ ᠬᠤᠳᠠ | ᠪᠠᠯᠭᠠᠰᠤᠨ ᠤ ᠰᠠᠭᠤᠭᠠᠯᠢ ᠠᠷᠠᠳ ᠤᠨ ᠬᠦᠮᠦᠨ ᠲᠤᠮᠳᠠᠴᠢ ᠶᠢᠨ ᠡᠵᠡᠮᠳᠡᠵᠦ ᠪᠤᠯᠬᠤ ᠤᠷᠤᠯᠭ᠎ᠠ ᠶᠢ 38426 | ᠲᠦᠭᠦᠷᠢᠭ ᠲᠤ ᠬᠦᠷᠭᠡᠵᠦ᠂ 8% ᠪᠠᠷ ᠨᠡᠮᠡᠭᠳᠡᠭᠦᠯᠦᠨ᠂ ᠮᠠᠯᠵᠢᠬᠤ ᠲᠡᠷᠢᠶᠠᠯᠠᠬᠤ ᠤᠷᠤᠨ ᠤ ᠰᠠᠭᠤᠭᠠᠯᠢ ᠠᠷᠠᠳ ᠤᠨ | ᠬᠦᠮᠦᠨ ᠲᠤᠮᠳᠠᠴᠢ ᠶᠢᠨ ᠡᠵᠡᠮᠳᠡᠵᠦ ᠪᠤᠯᠬᠤ ᠤᠷᠤᠯᠭ᠎ᠠ ᠶᠢ 21358 ᠲᠦᠭᠦᠷᠢᠭ ᠲᠤ ᠬᠦᠷᠭᠡᠵᠦ᠂ 8.5% ᠪᠠᠷ | ᠨᠡᠮᠡᠭᠳᠡᠭᠦᠯᠦᠨ᠎ᠡ᠃ ᠡᠯ᠎ᠡ ᠲᠦᠷᠦᠯ ᠤᠨ ᠬᠢᠵᠠᠭᠠᠷᠯᠠᠯ ᠤᠨ ᠴᠢᠨᠠᠷᠲᠠᠢ ᠵᠢᠭᠠᠯᠲᠠ ᠨᠤᠷᠮ᠎ᠠ ᠶᠢ ᠳᠡᠭᠡᠳᠦ ᠱᠠᠲᠤᠨ ᠠᠴᠠ | ᠲᠤᠭᠲᠠᠭᠠᠭᠰᠠᠨ ᠵᠢᠭᠠᠯᠲᠠ ᠨᠤᠷᠮ᠎ᠠ ᠶᠢᠨ ᠬᠡᠪᠴᠢᠶᠠᠨ ᠳᠤ ᠬᠢᠵᠠᠭᠠᠷᠯᠠᠨ᠎ᠠ᠃ | ᠳᠡᠭᠡᠷᠡᠬᠢ ᠬᠠᠷᠠᠯᠲᠠ ᠶᠢ ᠪᠡᠶᠡᠯᠡᠭᠦᠯᠬᠦ ᠶᠢᠨ ᠲᠤᠯᠠᠳᠠ᠂ ᠦᠨᠦ ᠵᠢᠯ ᠪᠢᠳᠠ ᠳᠤᠤᠷᠠᠬᠢ ᠠᠵᠢᠯ ᠤᠳ ᠢ | ᠭᠤᠣᠯᠳᠠᠯᠠᠭ᠎ᠠ ᠲᠠᠢ ᠠᠳᠬᠤᠨ᠎ᠠ᠃ | ︵ᠨᠢᠭᠡ︶ ᠰᠢᠨ᠎ᠡ ᠶᠢ ᠡᠭᠦᠳᠬᠦ ᠬᠦᠭᠵᠢᠯᠲᠡ ᠶᠢ ᠪᠠᠷᠢᠮᠲᠠᠯᠠᠨ᠂ ᠠᠵᠤ ᠠᠬᠤᠢ ᠶᠢᠨ ᠬᠡᠯᠪᠡᠷᠢ ᠶᠢ | ᠬᠤᠪᠢᠷᠠᠭᠤᠯᠤᠨ ᠳᠡᠰ ᠳᠡᠪᠰᠢᠭᠦᠯᠬᠦ ᠲᠠᠯ᠎ᠠ ᠪᠠᠷ ᠰᠢᠪᠲᠤᠯᠤᠯᠲᠠ ᠤᠯᠤᠨ᠎ᠠ | ᠰᠢᠨ᠎ᠡ ᠶᠢ ᠡᠭᠦᠳᠬᠦ ᠪᠠᠷ ᠬᠦᠳᠡᠯᠭᠡᠭᠦᠷ ᠪᠤᠯᠭᠠᠬᠤ ᠬᠦᠭᠵᠢᠯᠲᠡ ᠶᠢᠨ ᠪᠠᠶᠢᠯᠳᠤᠬᠤ ᠪᠤᠳᠤᠯᠭ᠎ᠠ ᠶᠢ | ᠬᠦᠴᠦᠯᠡᠨ ᠬᠡᠷᠡᠭᠵᠢᠭᠦᠯᠵᠦ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠲᠡᠪᠰᠢᠬᠦᠯᠬᠦ ᠪᠠᠷ ᠭᠤᠤᠯ | ᠴᠢᠭᠯᠡᠯ ᠢᠶᠠᠨ ᠪᠤᠯᠭᠠᠨ᠂ ᠬᠦᠭᠵᠢᠯᠲᠡ ᠶᠢᠨ ᠠᠷᠭ᠎ᠠ ᠪᠠᠷᠢᠯ ᠢᠶᠠᠨ ᠴᠢᠷᠮᠠᠶᠢᠨ ᠦᠬᠡᠷᠡᠴᠢᠯᠡᠵᠤ᠂ ᠬᠦᠭᠵᠢᠯᠲᠡ ᠶᠢᠨ | ᠬᠦᠳᠡᠯᠭᠡᠭᠴᠢ ᠬᠦᠴᠦ ᠶᠢ ᠬᠤᠪᠢᠷᠠᠭᠠᠨ᠂ ᠶᠠᠰᠤ ᠴᠢᠨᠡᠷ ᠢᠶᠠᠷ ᠤᠯᠠᠮ ᠰᠠᠶᠢᠨ᠂ ᠨᠦᠭᠡᠴᠡ ᠬᠦᠴᠦᠨ ᠢᠶᠠᠷ ᠤᠯᠠᠮ | ᠶᠡᠭᠡ᠂ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠭᠰᠠᠨ ᠬᠦᠭᠵᠢᠯᠲᠡ ᠶᠢᠨ ᠰᠢᠨ᠎ᠡ ᠵᠠᠮ ᠢᠶᠠᠷ ᠴᠢᠷᠮᠠᠶᠢᠨ ᠵᠠᠮᠨᠠᠨ᠎ᠠ᠃ | ᠠᠮᠢ ᠠᠬᠤᠢ ᠶᠢᠨ ᠲᠠᠷᠢᠶᠠᠯᠠᠩ ᠮᠠᠯ ᠠᠵᠤ ᠠᠬᠤᠢ ᠶᠢ ᠲᠦᠷᠭᠡᠳᠭᠡᠨ ᠬᠦᠭᠵᠢᠭᠦᠯᠦᠨ᠎ᠡ᠃ ᠭᠠᠵᠠᠷ ᠰᠢᠷᠦᠢ | ᠶᠢᠨ ᠡᠵᠡᠩᠨᠡᠯᠲᠡ ᠶᠢᠨ ᠡᠷᠭᠡ ᠶᠢᠨ ᠰᠢᠯᠵᠢᠯᠲᠡ᠂ ᠲᠤᠰᠬᠠᠶᠢᠵᠢᠭᠰᠠᠨ ᠬᠤᠷᠰᠢᠶᠠᠵᠢᠯ ᠪᠤᠯᠤᠨ ᠬᠦᠳᠦᠯᠦᠭᠴᠢ ᠠᠵᠤ | ᠠᠬᠤᠶᠢᠯᠠᠯ ᠢᠶᠠᠷ ᠳᠠᠶᠢᠴᠢᠯᠠᠭᠤᠯᠤᠭᠰᠠᠨ ᠲᠠᠷᠢᠶᠠᠯᠠᠩ ᠮᠠᠯ ᠠᠵᠤ ᠠᠬᠤᠢ ᠶᠢᠨ ᠬᠦᠭᠵᠢᠯᠲᠡ ᠶᠢᠨ ᠰᠢᠨ᠎ᠡ ᠵᠠᠭᠪᠤᠷ ᠢ | ᠬᠦᠴᠦᠯᠡᠨ ᠠᠬᠢᠭᠤᠯᠵᠤ᠂ ᠲᠠᠷᠢᠵᠤ ᠲᠡᠵᠢᠭᠡᠨ ᠦᠷᠡᠵᠢᠭᠦᠯᠬᠦ ᠪᠦᠲᠦᠴᠡ ᠶᠢ ᠲᠤᠬᠢᠷᠠᠭᠤᠯᠤᠨ ᠰᠢᠯᠢᠳᠡᠭᠵᠢᠭᠦᠯᠵᠦ᠂ | ᠪᠤᠬᠢᠷᠳᠤᠯ ᠦᠭᠡᠢ᠂ ᠤᠷᠭᠠᠨᠢᠭ᠂ ᠠᠮᠢ ᠠᠬᠤᠢ ᠶᠢᠨ ᠲᠠᠷᠢᠶᠠᠯᠠᠩ ᠮᠠᠯ ᠠᠵᠤ ᠠᠬᠤᠢ ᠶᠢ ᠴᠢᠷᠮᠠᠶᠢᠨ ᠬᠦᠭᠵᠢᠭᠦᠯᠦᠨ᠎ᠡ᠃ | ᠲᠠᠷᠢᠶᠠᠯᠠᠩ ᠦᠢᠯᠡᠰ ᠢ ᠴᠣᠮᠬᠠᠳᠬᠠᠨ ᠬᠦᠭᠵᠢᠭᠦᠯᠵᠦ᠂ ᠤᠰᠤ ᠠᠷᠪᠢᠯᠠᠬᠤ ᠪᠠᠷ ᠵᠠᠷᠴᠢᠮ ᠪᠤᠯᠭᠠᠨ᠂ ᠦᠨᠳᠦᠷ | ᠠᠰᠢᠭᠯᠠᠮᠵᠢᠲᠤ ᠤᠰᠤ ᠠᠷᠪᠢᠯᠠᠬᠤ ᠲᠠᠯᠠᠪᠠᠢ ᠶᠢ 1 ᠲᠦᠮᠡᠨ ᠮᠤ᠋ ᠰᠢᠨ᠎ᠡ ᠪᠠᠷ ᠨᠡᠮᠡᠭᠳᠡᠭᠦᠯᠦᠨ᠎ᠡ᠃ ᠨᠠᠷᠢᠯᠢᠭ ᠤᠢ | ᠵᠢᠮᠢᠰ ᠤᠨ ᠲᠠᠷᠢᠯᠳᠠ ᠶᠢᠨ ᠲᠦᠷᠦᠯ ᠵᠦᠢᠯ ᠢ ᠬᠡᠷᠡᠭᠵᠢᠭᠦᠯᠦᠨ᠂ ᠬᠠᠪᠲᠠᠭᠠᠢ ᠲᠤᠭᠤᠷ ᠵᠡᠷᠭᠡ ᠲᠠᠷᠢᠮᠠᠯ ᠢ 5000 ᠮᠤ᠋ | ᠲᠦᠯᠦᠪᠯᠡᠨ ᠲᠠᠷᠢᠵᠤ᠂ ᠠᠮᠢ ᠠᠬᠤᠢ ᠶᠢᠨ ᠦᠷ᠎ᠡ ᠠᠰᠢᠭ᠂ ᠠᠵᠤ ᠠᠬᠤᠢ ᠶᠢᠨ ᠦᠷ᠎ᠡ ᠠᠰᠢᠭ ᠪᠤᠯᠤᠨ ᠨᠡᠶᠢᠭᠡᠮ ᠤᠨ | ᠦᠷ᠎ᠡ ᠠᠰᠢᠭ ᠢ ᠤᠷᠭᠠᠨᠢᠭ ᠤᠶᠠᠯᠳᠤᠭᠤᠯᠤᠨ᠎ᠠ᠃ ᠮᠠᠯ ᠠᠵᠤ ᠠᠬᠤᠢ ᠶᠢ ᠵᠤᠬᠢᠰᠲᠠᠢ ᠬᠦᠭᠵᠢᠭᠦᠯᠵᠦ᠂ ᠪᠡᠯᠴᠢᠭᠡᠷ ᠤᠨ | ᠪᠠᠶᠢᠳᠠᠯ ᠢᠶᠠᠷ ᠮᠠᠯ ᠤᠨ ᠲᠤᠭ᠎ᠠ ᠲᠣᠯᠤᠭᠠᠢ ᠶᠢ ᠲᠤᠭᠲᠠᠭᠠᠨ᠂ ᠡᠪᠡᠰᠤ ᠪᠡᠯᠴᠢᠭᠡᠷ ᠤᠨ ᠲᠡᠩᠴᠡᠬᠦᠷᠢ ᠶᠢ ᠪᠠᠲᠤᠯᠠᠵᠤ᠂ | ᠮᠠᠯ ᠠᠵᠤ ᠠᠬᠤᠢ ᠶᠢᠨ ᠠᠵᠤ ᠦᠢᠯᠡᠰᠵᠢᠭᠰᠡᠨ ᠬᠦᠭᠵᠢᠯᠲᠡ ᠶᠢ ᠲᠦᠷᠭᠡᠳᠬᠡᠨ ᠠᠬᠢᠭᠤᠯᠤᠨ᠎ᠠ᠃ ᠴᠡᠭᠡ ᠪᠤᠭᠤᠮᠲᠠ | ᠨᠢ ᠮᠢᠬᠠᠨ ᠤ ᠲᠦᠷᠦᠯ ᠢ ᠤᠷᠤᠭᠤᠯᠬᠤ ᠪᠤᠭᠤᠮᠲᠠ ᠢᠶᠠᠷ ᠵᠦᠪᠰᠢᠶᠡᠷᠡᠭᠳᠡᠭᠰᠡᠨ ᠠᠰᠢᠭᠳᠤ ᠲᠤᠬᠢᠶᠠᠯ ᠲᠠᠢ | ᠤᠶᠠᠯᠳᠤᠭᠤᠯᠤᠨ᠂ ᠲᠠᠷᠢᠶᠠᠯᠠᠬᠤ ᠤᠷᠤᠨ ᠤ ᠪᠠᠷᠢᠮᠵᠢᠶᠠᠵᠢᠭᠰᠠᠨ᠂ ᠬᠡᠪᠴᠢᠶᠡᠵᠢᠭᠰᠡᠨ ᠲᠡᠵᠢᠭᠡᠨ ᠦᠷᠡᠵᠢᠬᠦᠯᠬᠦ | ᠤᠶᠢᠯᠡᠰ ᠢ ᠡᠷᠲᠡᠬᠡᠨ ᠲᠦᠯᠦᠪᠯᠡᠨ᠎ᠡ᠃ ᠭᠠᠵᠠᠷ ᠤᠷᠤᠨ ᠤ ᠪᠠᠶᠢᠳᠠᠯ ᠳᠤ ᠪᠠᠨ ᠲᠣᠬᠢᠷᠠᠭᠤᠯᠤᠨ ᠮᠠᠯ ᠤᠨ ᠡᠭᠦᠯᠳᠡᠷ ᠢ | ᠰᠠᠶᠢᠵᠢᠷᠠᠭᠤᠯᠵᠤ᠂ ᠠᠯᠠᠱᠠ ᠶᠢᠨ ᠬᠤᠣᠰ ᠪᠦᠬᠦᠲᠦ ᠲᠡᠮᠡᠭᠡ᠂ ᠴᠠᠭᠠᠨ ᠨᠣᠣᠯᠤᠷᠲᠤ ᠢᠮᠠᠭ᠎ᠠ ᠵᠡᠷᠭᠡ ᠰᠢᠯᠢᠳᠡᠭ | ᠮᠠᠯ ᠤᠨ ᠡᠭᠦᠯᠳᠡᠷ ᠢ ᠡᠷᠯᠢᠰᠵᠢᠬᠦᠯᠦᠨ ᠰᠠᠶᠢᠵᠢᠷᠠᠭᠤᠯᠬᠤ ᠶᠢ ᠴᠢᠷᠮᠠᠶᠢᠨ ᠳᠡᠯᠭᠡᠷᠡᠭᠦᠯᠦᠨ᠎ᠡ᠃ ᠡᠯᠡᠰᠦᠨ ᠠᠵᠤ | ᠠᠬᠤᠢ ᠶᠢ ᠬᠡᠪᠴᠢᠶᠡᠵᠢᠭᠦᠯᠦᠨ ᠬᠦᠭᠵᠢᠭᠦᠯᠵᠦ᠂ ᠮᠠᠯᠴᠢᠳ ᠲᠠᠷᠢᠶᠠᠴᠢᠳ ᠢ ᠵᠤᠷᠢᠭᠵᠢᠭᠤᠯᠤᠨ ᠵᠠᠭ᠂ ᠴᠠᠭᠠᠨ ᠭᠤᠶᠤᠤ | ᠂ ᠤᠯᠠᠭᠠᠨ ᠭᠤᠶᠣᠣ ᠵᠡᠷᠭᠡ ᠡᠯᠡᠰᠦᠨ ᠤᠷᠭᠤᠮᠠᠯ ᠢ ᠲᠠᠷᠢᠭᠤᠯᠵᠤ᠂ ᠦᠨᠳᠦᠷ ᠵᠡᠷᠭᠡ ᠶᠢᠨ ᠲᠡᠬᠡᠳᠤ ᠰᠤᠷᠭᠠᠭᠤᠯᠢ᠂ | ᠰᠢᠨᠵᠢᠯᠡᠬᠦ ᠤᠬᠠᠭᠠᠨ ᠤ ᠰᠣᠳᠣᠯᠭᠠᠨ ᠤ ᠭᠠᠵᠠᠷ ᠲᠠᠢ ᠰᠣᠯᠢᠯᠴᠠᠭ᠎ᠠ ᠬᠠᠮᠳᠤᠷᠠᠯᠴᠠᠭ᠎ᠠ ᠪᠠᠨ ᠴᠢᠩᠭᠠᠳᠬᠠᠨ᠂ | ᠬᠡᠷᠡᠭᠴᠡᠭᠡᠨ ᠳᠤ ᠲᠣᠬᠢᠷᠠᠬᠤ ᠮᠡᠷᠭᠡᠵᠢᠯ ᠢ ᠰᠠᠶᠢᠲᠤᠷ ᠳᠡᠯᠭᠡᠷᠡᠭᠦᠯᠦᠨ ᠬᠡᠷᠡᠭᠯᠡᠵᠦ᠂ ᠰᠢᠨᠵᠢᠯᠡᠭᠡ ᠮᠡᠷᠭᠡᠵᠢᠯ ᠤᠨ ᠦᠷ᠎ᠡ | ᠪᠦᠲᠦᠭᠡᠯ ᠤᠨ ᠬᠤᠪᠢᠷᠠᠯᠲᠠ ᠶᠢ ᠠᠬᠢᠭᠤᠯᠤᠨ᠎ᠠ᠃ ᠠᠮᠢ ᠠᠬᠤᠢ ᠶᠢᠨ ᠬᠠᠮᠠᠭᠠᠯᠠᠯᠲᠠ ᠪᠤᠯᠤᠨ ᠨᠠᠷᠢᠯᠢᠭ | ᠪᠣᠯᠪᠠᠰᠤᠷᠠᠭᠤᠯᠤᠯᠲᠠ ᠶᠢᠨ ᠲᠣᠭᠤᠷᠢᠨ ᠳᠤ᠂ ᠲᠤᠰᠬᠠᠶᠢᠵᠢᠭᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ ᠢ | ᠪᠠᠶᠢᠭᠤᠯᠤᠨ᠂ ᠡᠵᠡᠨ᠎ᠡ ᠶᠢᠨ ᠡᠯᠡᠰᠦᠨ ᠠᠵᠤ ᠦᠢᠯᠡᠰ ᠤᠨ ᠪᠤᠬᠢᠷᠳᠦᠯ ᠦᠭᠡᠢ ᠨᠡᠷᠡᠲᠦ ᠲᠡᠮᠳᠡᠭ ᠪᠤᠯᠤᠨ ᠭᠠᠵᠠᠷ ᠵᠦᠢ | ᠶᠢᠨ ᠲᠠᠸᠠᠷ ᠤᠨ ᠲᠡᠮᠳᠡᠭ ᠢ ᠴᠣᠭᠴᠠᠯᠠᠨ ᠪᠠᠶᠢᠭᠤᠯᠤᠨ᠎ᠠ᠃ | ᠠᠵᠤ ᠦᠢᠯᠡᠳᠪᠦᠷᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠲᠦᠯᠬᠢᠨ ᠠᠬᠢᠭᠤᠯᠤᠨ᠎ᠠ᠃ | ᠪᠦᠬᠦ ᠬᠤᠰᠢᠭᠤᠨ ᠤ ᠠᠵᠤ ᠦᠢᠯᠡᠳᠪᠦᠷᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ ᠠᠵᠤ | ᠦᠢᠯᠡᠳᠪᠦᠷᠢ ᠶᠢᠨ ᠲᠦᠷᠦᠯ ᠵᠦᠢᠯ ᠢ ᠬᠦᠲᠦᠯᠦᠨ ᠴᠡᠭᠡ ᠪᠤᠭᠤᠮᠲᠠ ᠵᠦᠭ ᠲᠦᠪᠯᠡᠷᠡᠭᠦᠯᠵᠦ᠂ ᠪᠠᠷᠠᠭ᠎ᠠ ᠭᠦᠢᠯᠭᠡᠭᠡ᠂ | ᠴᠡᠪᠡᠷ ᠡᠨᠧᠷᠭᠢ᠂ ᠨᠡᠭᠦᠷᠡᠰᠤᠨ ᠤ ᠨᠠᠷᠢᠯᠢᠭ ᠪᠤᠯᠪᠠᠰᠤᠷᠠᠭᠤᠯᠤᠯᠳᠠ᠂ ᠮᠢᠬᠠᠨ ᠤ ᠲᠦᠷᠦᠯ ᠢ ᠬᠢᠯᠢ ᠪᠠᠷ ᠤᠷᠤᠭᠤᠯᠤᠨ | ᠡᠳ᠋ᠰᠢᠭᠦᠯᠬᠦ ᠪᠠᠷ ᠭᠤᠣᠯᠯᠠᠭᠰᠠᠨ ᠠᠵᠤ ᠦᠢᠯᠡᠰ ᠤᠨ ᠪᠦᠭᠡᠮᠨᠡᠷᠡᠭᠰᠡᠨ ᠬᠦᠭᠵᠢᠯᠲᠡ ᠶᠢ ᠲᠦᠯᠬᠢᠨ ᠠᠬᠢᠭᠤᠯᠤᠨ᠎ᠠ᠃ | ᠠᠭᠤᠷᠬᠠᠢ ᠶᠢᠨ ᠪᠠᠶᠠᠯᠢᠭ ᠢ ᠪᠤᠯᠪᠠᠰᠤᠷᠠᠭᠤᠯᠬᠤ ᠤᠯᠠᠮᠵᠢᠯᠠᠯᠳᠤ ᠮᠡᠷᠭᠡᠵᠢᠯ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ | ᠪᠦᠲᠦᠭᠡᠭᠳᠡᠭᠦᠨ ᠤ ᠨᠡᠮᠡᠯᠲᠡ ᠦᠷᠲᠡᠭ ᠢ ᠨᠡᠮᠡᠭᠳᠡᠭᠦᠯᠦᠨ᠎ᠡ᠃ ᠳᠠᠪᠠᠭᠤᠯᠢᠭ ᠠᠵᠤ ᠠᠬᠤᠶᠢᠯᠠᠯ ᠤᠨ ᠡᠬᠢ ᠪᠠᠶᠠᠯᠢᠭ ᠢ | ᠨᠢᠭᠡᠳᠤᠭᠦᠯᠭᠦ ᠶᠢ ᠵᠤᠷᠢᠭᠵᠢᠭᠤᠯᠤᠨ᠂ ᠶᠤᠸᠠᠨ ᠲᠦᠩ ᠨᠡᠭᠦᠷᠡᠰᠦᠨ ᠦᠢᠯᠡᠰ ᠤᠨ ᠡᠬᠢ ᠪᠠᠶᠠᠯᠢᠭ ᠢ ᠬᠠᠶᠢᠨ | ᠪᠠᠶᠢᠴᠠᠭᠠᠬᠤ᠂ ᠶᠡᠷᠦᠩᠬᠡᠶᠢᠯᠡᠨ ᠨᠡᠭᠡᠭᠡᠨ ᠮᠠᠯᠲᠠᠬᠤ ᠵᠢᠴᠢ ᠳᠠᠬᠢᠨ ᠠᠰᠢᠭᠯᠠᠬᠤ᠂ ᠰᠠᠨ ᠾᠧ ᠺᠣᠮᠫᠠᠨᠢ ᠶᠢᠨ 110 | ᠲᠦᠮᠡᠨ ᠲᠣᠨ ᠳᠠᠪᠤᠰᠤ ᠬᠤᠵᠢᠷ ᠤᠨ ᠬᠢᠮᠢ ᠶᠢᠨ ᠠᠵᠤ ᠦᠢᠯᠡᠳᠪᠦᠷᠢ᠂ ᠴᠢᠩ ᠬᠤᠸᠠ 2 × 50 ᠰᠠᠶ᠎ᠠ ᠸᠠᠲ | ᠢᠯᠴᠢ ᠴᠠᠬᠢᠯᠭᠠᠨ ᠬᠠᠮᠲᠤᠳᠬᠠᠨ ᠦᠢᠯᠡᠳᠪᠦᠷᠢᠯᠡᠬᠦ ᠵᠡᠷᠬᠡ ᠲᠦᠷᠦᠯ ᠵᠦᠢᠯ ᠤᠨ ᠠᠵᠢᠯ ᠢ ᠳᠠᠭᠤᠰᠬᠠᠨ ᠠᠰᠢᠭᠯᠠᠯᠲᠠ | ᠳᠤ ᠣᠷᠣᠭᠤᠯᠣᠨ᠎ᠠ᠃ ᠰᠢᠨ᠎ᠡ ᠡᠨᠧᠷᠭᠢ ᠶᠢᠨ ᠬᠦᠭᠵᠢᠯᠲᠡ ᠶᠢᠨ ᠲᠦᠯᠦᠪᠵᠢᠭᠦᠯᠬᠡ ᠶᠢ ᠲᠡᠭᠦᠯᠳᠡᠷᠵᠢᠭᠦᠯᠵᠦ᠂ | ᠰᠠᠶᠢᠬᠠᠨᠳᠤᠤᠷᠠᠢ ᠰᠤᠮᠤ᠂ ᠴᠡᠭᠡ ᠪᠤᠭᠤᠮᠲᠠ ᠶᠢ ᠴᠡᠪᠡᠷ ᠡᠨᠧᠷᠭᠢ ᠬᠠᠩᠭᠠᠬᠤ ᠰᠠᠭᠤᠷᠢᠨ ᠭᠠᠵᠠᠷ ᠪᠤᠯᠭᠠᠨ ᠪᠠᠶᠢᠭᠤᠯᠵᠤ᠂ | ᠴᠠᠬᠢᠯᠭᠠᠨ ᠢ ᠭᠠᠳᠠᠭᠰᠢ ᠭᠠᠷᠭᠠᠬᠤ ᠵᠠᠮ ᠱᠤᠭᠤᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠰᠢᠩ ᠴᠧᠨ | ᠨᠡᠭᠦᠷᠡᠰᠦᠨ ᠦᠢᠯᠡᠰ ᠤᠨ 20 ᠰᠠᠶ᠎ᠠ ᠸᠠᠲ ᠭᠡᠷᠡᠯ ᠸᠣᠯᠲ ᠢᠶᠠᠷ ᠴᠠᠬᠢᠯᠭᠠᠨ ᠭᠠᠷᠭᠠᠬᠤ ᠲᠦᠷᠦᠯ ᠵᠦᠢᠯ ᠤᠨ ᠠᠵᠢᠯ | ᠢᠶᠠᠨ ᠡᠬᠢᠯᠡᠭᠦᠯᠭᠦ ᠶᠢ ᠠᠬᠢᠭᠤᠯᠤᠨ᠎ᠠ᠃ ᠴᠢᠯᠠᠭᠤᠨ ᠲᠤᠰᠤ ᠪᠠ ᠰᠢᠲᠠᠮᠠᠬᠠᠢ ᠬᠡᠢ ᠶᠢ ᠬᠠᠶᠢᠨ ᠰᠢᠨᠵᠢᠯᠡᠭᠦ | ᠤᠶᠢᠯᠡᠴᠢᠯᠡᠭᠡᠨ ᠤ ᠬᠦᠴᠦᠯᠡᠴᠡ ᠪᠠᠨ ᠨᠡᠮᠡᠭᠳᠡᠭᠦᠯᠦᠨ᠂ ᠡᠷᠲᠡᠬᠡᠨ ᠨᠡᠭᠡᠭᠡᠨ ᠠᠰᠢᠭᠯᠠᠬᠤ ᠪᠠᠷ ᠴᠢᠷᠮᠠᠶᠢᠨ᠎ᠠ᠃ | ᠠᠷᠠᠯᠵᠢᠶ᠎ᠠ ᠪᠠᠷ ᠠᠷᠠᠯᠵᠢᠶᠠᠴᠢᠨ ᠤᠷᠢᠬᠤ᠂ ᠠᠷᠠᠯᠵᠢᠶᠠᠴᠢᠨ ᠢ ᠤᠨᠤᠪᠴᠢᠲᠠᠢ ᠤᠷᠢᠬᠤ ᠪᠠᠨ ᠴᠢᠩᠭᠠᠳᠬᠠᠨ᠂ ᠲᠦᠷᠦᠯ | ᠵᠦᠢᠯ ᠤᠨ ᠠᠵᠢᠯ ᠢᠶᠠᠨ ᠡᠬᠢᠯᠡᠬᠦᠯᠵᠤ ᠡᠷᠬᠢᠯᠳᠡ ᠳᠤ ᠤᠷᠤᠬᠤ ᠲᠤᠭᠲᠠᠴᠠ ᠶᠢ ᠲᠡᠭᠦᠯᠳᠡᠷᠵᠢᠭᠦᠯᠦᠨ᠂ ᠵᠠᠰᠠᠮᠠᠯ ᠵᠠᠮ | ᠲᠡᠮᠦᠷ ᠵᠠᠮ ᠤᠨ ᠬᠠᠮᠳᠤᠷᠠᠭᠰᠠᠨ ᠪᠠᠷᠠᠭ᠎ᠠ ᠭᠦᠢᠯᠭᠡᠭᠡᠨ ᠤ ᠲᠤᠭᠤᠷᠢᠭ ᠵᠡᠷᠭᠡ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠡᠷᠲᠡᠭᠡᠨ ᠡᠬᠢᠯᠡᠭᠦᠯᠦᠨ᠎ᠡ᠃ ᠲᠦᠷᠦᠯ ᠵᠦᠢᠯ ᠤᠨ ᠬᠦᠮᠦᠷᠭᠡ ᠶᠢᠨ ᠪᠦᠲᠦᠭᠡᠨ ᠪᠠᠶᠢᠭᠤᠯᠤᠯᠲᠠ ᠶᠢ | ᠰᠠᠶᠢᠳᠤᠷ ᠠᠳᠬᠤᠨ᠂ ᠤᠯᠤᠰ ᠤᠨ ᠠᠵᠤ ᠦᠢᠯᠡᠰ ᠤᠨ ᠲᠦᠷᠦ ᠶᠢᠨ ᠪᠤᠳᠤᠯᠭ᠎ᠠ ᠶᠢᠨ ᠤᠳᠤᠷᠢᠳᠤᠮᠵᠢ ᠪᠣᠯᠣᠨ ᠪᠡᠯᠡ | ᠣᠷᠣᠭᠤᠯᠤᠯᠲᠠ ᠶᠢᠨ ᠬᠠᠨᠳᠤᠰᠢ ᠶᠢ ᠨᠠᠷᠢᠯᠢᠭ ᠰᠤᠳᠤᠯᠤᠨ᠂ ᠲᠦᠷᠦᠯ ᠵᠦᠢᠯ ᠤᠨ ᠪᠡᠯᠡᠳᠭᠡᠯ ᠪᠤᠯᠤᠨ | ᠭᠤᠶᠤᠴᠢᠯᠠᠯᠳᠠ ᠶᠢᠨ ᠬᠦᠴᠦᠯᠡᠴᠡ ᠪᠠᠨ ᠨᠡᠮᠡᠭᠳᠡᠭᠦᠯᠦᠨ᠂ ᠨᠡᠩ ᠤᠯᠠᠨ ᠲᠦᠷᠦᠯ ᠵᠦᠢᠯ ᠢ ᠤᠯᠤᠰ᠂ ᠤᠷᠤᠨ᠂ | ᠠᠶᠢᠮᠠᠭ ᠤᠨ ᠲᠦᠯᠦᠪᠯᠡᠭᠡᠨ ᠳᠤ ᠤᠷᠤᠭᠤᠯᠬᠤ ᠪᠠᠷ ᠴᠢᠷᠮᠠᠶᠢᠨ᠎ᠠ᠃ ᠵᠠᠰᠠᠭ ᠤᠨ ᠤᠷᠳᠤᠨ ᠨᠡᠶᠢᠬᠡᠮ ᠤᠨ ᠬᠦᠷᠦᠩᠭᠡ | ᠲᠠᠢ ᠬᠤᠷᠰᠢᠬᠤ ︵PPP︶ ᠪᠡᠯᠡ ᠴᠤᠭᠯᠠᠭᠤᠯᠬᠤ ᠵᠠᠭᠪᠤᠷ ᠢ ᠰᠠᠶᠢᠲᠤᠷ ᠠᠰᠢᠭᠯᠠᠵᠤ᠂ ᠨᠡᠶᠢᠭᠡᠮ ᠤᠨ | ᠬᠦᠷᠦᠩᠭᠡ ᠶᠢ ᠰᠠᠭᠤᠷᠢ ᠪᠦᠲᠦᠭᠡᠨ ᠪᠠᠶᠢᠭᠤᠯᠤᠯᠲᠠ ᠪᠤᠯᠤᠨ ᠨᠡᠶᠢᠳᠡ ᠶᠢᠨ ᠦᠢᠯᠡᠴᠢᠯᠡᠭᠡᠨ ᠳᠤ ᠤᠷᠤᠭᠤᠯᠤᠨ᠂ | ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢᠨ ᠴᠢᠳᠠᠪᠤᠷᠢ ᠪᠤᠯᠤᠨ ᠬᠢᠷᠢ ᠲᠦᠪᠰᠢᠨ ᠢ ᠴᠢᠷᠮᠠᠶᠢᠨ | ᠳᠡᠭᠡᠭᠰᠢᠯᠡᠭᠦᠯᠦᠨ᠎ᠡ᠃ ᠪᠦᠬᠦ ᠵᠢᠯ ᠳᠤ 212.8 ᠳ᠋ᠦᠩᠰᠢᠭᠤᠷ ᠲᠦᠭᠦᠷᠢᠭ ᠤᠨ ᠶᠡᠷᠦᠩᠬᠡᠢ ᠪᠡᠯᠡ ᠣᠷᠣᠭᠤᠯᠣᠯᠲᠠ | ᠲᠠᠢ 83 ᠲᠦᠷᠦᠯ ᠵᠦᠢᠯ ᠤᠨ ᠠᠵᠢᠯ ᠡᠬᠢᠯᠡᠭᠦᠯᠵᠦ᠂ ᠲᠤᠰ ᠵᠢᠯ ᠳᠤ 52.3 ᠳ᠋ᠦᠩᠰᠢᠭᠤᠷ ᠲᠦᠭᠦᠷᠢᠭ ᠤᠨ ᠪᠡᠯᠡ | ᠤᠷᠤᠭᠤᠯᠤᠯᠲᠠ ᠶᠢ ᠪᠡᠶᠡᠯᠡᠭᠦᠯᠦᠨ᠎ᠡ᠃ | ᠵᠢᠭᠤᠯᠴᠢᠯᠠᠯ ᠤᠨ ᠦᠢᠯᠡᠰ ᠢᠶᠠᠷ ᠲᠣᠯᠤᠭᠠᠶᠢᠯᠠᠭᠰᠠᠨ ᠦᠢᠯᠡᠴᠢᠯᠡᠭᠡᠨ ᠤ ᠦᠢᠯᠡᠰ ᠢ ᠪᠤᠶᠢᠵᠢᠭᠤᠯᠤᠨ | ᠪᠤᠵᠠᠭᠠᠶᠢᠷᠠᠭᠤᠯᠤᠨ᠎ᠠ᠃ ᠵᠢᠭᠤᠯᠴᠢᠯᠠᠯ ᠤᠨ ᠲᠤᠮᠤ ᠲᠣᠭᠲᠠᠴᠠ ᠶᠢ ᠲᠦᠷᠭᠡᠳᠬᠡᠨ ᠪᠠᠶᠢᠭᠤᠯᠵᠤ᠂ ︽ᠡᠵᠡᠨ᠎ᠡ | ᠬᠤᠰᠢᠭᠤ ᠨᠢ ᠤᠯᠤᠰ ᠤᠨ ᠪᠦᠬᠦ ᠬᠦᠷᠢᠶ᠎ᠡ ᠴᠡᠷ᠎ᠠ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠤᠷᠤᠨ ᠢ ᠡᠭᠦᠳᠦᠨ | ᠪᠠᠶᠢᠭᠤᠯᠬᠤ ᠲᠦᠯᠦᠪᠵᠢᠭᠦᠯᠬᠡ︾ ᠶᠢ ᠨᠠᠶᠢᠷᠠᠭᠤᠯᠤᠨ ᠳᠠᠭᠤᠰᠬᠠᠵᠤ᠂ ᠵᠢᠭᠤᠯᠴᠢᠯᠠᠯ ᠤᠨ ᠦᠵᠡᠮᠵᠢ ᠶᠢ ᠪᠦᠬᠦ ᠬᠦᠷᠢᠶ᠎ᠡ | ᠴᠡᠷ᠎ᠠ ᠪᠠᠷ ᠰᠢᠯᠢᠳᠡᠭᠵᠢᠭᠦᠯᠭᠦ᠂ ᠵᠢᠭᠤᠯᠴᠢᠯᠠᠯ ᠤᠨ ᠦᠢᠯᠡᠴᠢᠯᠡᠭᠡ ᠶᠢ ᠪᠦᠬᠦ ᠬᠦᠷᠢᠶ᠎ᠡ ᠴᠡᠷ᠎ᠠ ᠪᠠᠷ ᠪᠥᠷᠢᠯᠳᠣᠬᠦᠯᠬᠦ᠂ | ᠵᠢᠭᠤᠯᠴᠢᠯᠠᠯ ᠤᠨ ᠦᠢᠯᠡᠰ ᠢᠶᠠᠷ ᠪᠦᠬᠦ ᠬᠦᠷᠢᠶ᠎ᠡ ᠴᠡᠷ᠎ᠠ ᠳᠤ ᠬᠠᠮᠲᠤᠷᠠᠨ ᠠᠵᠢᠯᠯᠠᠬᠤ᠂ ᠵᠢᠭᠤᠯᠴᠢᠯᠠᠯ ᠤᠨ | ᠳᠦᠷᠢᠮᠵᠢᠯ ᠢ ᠪᠦᠬᠦ ᠬᠦᠷᠢᠶ᠎ᠡ ᠴᠡᠷ᠎ᠠ ᠪᠠᠷ ᠪᠦᠷᠬᠦᠭᠦᠯᠬᠦ᠂ ᠵᠢᠭᠤᠯᠴᠢᠯᠠᠯ ᠤᠨ ᠦᠷ᠎ᠡ ᠪᠦᠲᠦᠭᠡᠯ ᠢ ᠪᠦᠬᠦ | ᠠᠷᠠᠳ ᠢᠶᠠᠷ ᠢᠶᠠᠨ ᠬᠤᠪᠢᠶᠠᠯᠴᠠᠬᠤ ᠶᠢ ᠲᠦᠯᠬᠢᠨ ᠠᠬᠢᠭᠤᠯᠵᠤ᠂ ᠮᠠᠨ ᠤ ᠬᠤᠰᠢᠭᠤ ᠪᠠᠨ ᠨᠠᠷ᠎ᠡ ᠨᠢᠳᠠᠷ ᠲᠡᠭᠡᠨ | ᠨᠡᠶᠢᠴᠡᠭᠰᠡᠨ ᠣᠯᠠᠨ ᠤᠯᠤᠰ ᠤᠨ ᠵᠢᠭᠤᠯᠴᠢᠯᠠᠯ ᠤᠨ ᠵᠣᠷᠢᠯᠲᠠᠲᠤ ᠤᠷᠤᠨ ᠪᠤᠯᠭᠠᠨ ᠪᠦᠲᠦᠭᠡᠨ ᠪᠠᠶᠢᠭᠤᠯᠵᠤ᠂ | ᠵᠢᠭᠤᠯᠴᠢᠯᠠᠯ ᠤᠨ ᠦᠢᠯᠡᠰ ᠢ ᠣᠷᠤᠯᠭ᠎ᠠ ᠶᠢᠨ ᠪᠦᠲᠦᠴᠡ ᠶᠢ ᠰᠢᠯᠢᠳᠡᠭᠵᠢᠬᠦᠯᠬᠦ ᠪᠤᠯᠤᠨ ᠤᠷᠤᠯᠭ᠎ᠠ ᠶᠢ ᠨᠡᠮᠡᠭᠳᠡᠭᠦᠯᠬᠦ | ᠭᠤᠣᠯᠯᠠᠭᠴᠢ ᠠᠵᠣ ᠣᠶᠢᠯᠡᠰ ᠪᠣᠯᠭᠠᠨ᠎ᠠ᠃ ᠦᠵᠡᠮᠵᠢ ᠶᠢᠨ ᠣᠷᠣᠨ ᠤ ᠴᠢᠨᠠᠷ ᠢ ᠳᠡᠭᠡᠭᠰᠢᠯᠡᠭᠦᠯᠬᠦ ᠶᠢ ᠲᠦᠷᠭᠡᠳᠬᠡᠨ᠎ᠡ | ᠃ ᠠᠮᠢ ᠠᠬᠤᠢ ᠶᠢᠨ ᠬᠠᠮᠠᠭᠠᠯᠠᠯᠲᠠ ᠪᠤᠯᠤᠨ ᠣᠷᠴᠢᠨ ᠲᠤᠭᠤᠷᠢᠨ ᠤ ᠬᠠᠮᠠᠭᠠᠯᠠᠯᠲᠠ ᠶᠢᠨ ᠪᠠᠷᠢᠮᠵᠢᠶ᠎ᠡ ᠶᠤᠰᠤᠭᠠᠷ᠂ 4. | 4 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠵᠤ᠂ ᠡᠯ᠎ᠡ ᠦᠵᠡᠮᠵᠢ ᠶᠢᠨ ᠤᠷᠤᠨ ᠤ ᠦᠢᠯᠡᠴᠢᠯᠡᠭᠡ ᠪᠤᠯᠤᠨ | ᠴᠢᠳᠠᠮᠵᠢᠲᠤ ᠲᠦᠬᠦᠭᠡᠷᠦᠮᠵᠢ ᠶᠢ 5A ᠳᠡᠰ ᠤᠨ ᠪᠠᠷᠢᠮᠵᠢᠶ᠎ᠠ ᠶᠤᠰᠤᠭᠠᠷ ᠪᠦᠬᠦ ᠲᠠᠯ᠎ᠠ ᠪᠠᠷ ᠦᠭᠡᠷᠡᠴᠢᠯᠡᠨ | ᠰᠠᠶᠢᠵᠢᠷᠠᠭᠤᠯᠤᠨ᠎ᠠ᠃ ᠲᠣᠣᠷᠠᠢ ᠶᠢᠨ ᠣᠢ ᠶᠢᠨ 5A ᠳᠡᠰ ᠤᠨ ᠦᠵᠡᠮᠵᠢ ᠶᠢᠨ ᠣᠷᠤᠨ ᠪᠤᠯᠤᠨ ᠰᠤᠪᠨᠠᠭᠤᠷ ᠵᠡᠷᠭᠡ | 3A ᠳᠡᠰ ᠤᠨ 3 ᠦᠵᠡᠮᠵᠢ ᠶᠢᠨ ᠤᠷᠤᠨ ᠢ ᠴᠤᠭᠴᠠᠯᠠᠨ ᠪᠠᠶᠢᠭᠤᠯᠬᠤ ᠪᠠᠨ ᠲᠦᠷᠭᠡᠳᠬᠡᠨ᠎ᠡ᠃ ᠴᠡᠭᠡ ᠪᠤᠭᠤᠮᠲᠠ | ᠶᠢᠨ ᠬᠢᠯᠢ ᠶᠢᠨ ᠵᠢᠭᠤᠯᠴᠢᠯᠠᠯ ᠤᠨ ᠲᠤᠷᠰᠢᠯᠲᠠ ᠶᠢᠨ ᠤᠷᠤᠨ ᠢ ᠭᠤᠶᠤᠴᠢᠯᠠᠨ ᠮᠡᠳᠡᠭᠦᠯᠬᠦ ᠶᠢ ᠢᠳᠡᠪᠬᠢᠲᠡᠢ | ᠠᠬᠢᠭᠤᠯᠵᠤ᠂ ᠳ᠋ᠦᠩᠹᠧᠩ ᠰᠠᠨᠰᠠᠷ ᠠᠶᠠᠯᠠᠯ ᠤᠨ ᠲᠤᠷᠰᠢᠨ ᠵᠤᠭᠠᠴᠠᠬᠤ ᠲᠦᠪ ᠪᠤᠯᠤᠨ ᠲᠤᠷᠭᠠᠨ ᠵᠠᠮ ᠳᠡᠭᠡᠷᠡᠬᠢ | ᠵᠢᠦᠢ ᠶᠠᠨ ᠤ ᠲᠡᠤᠭᠡᠨ ᠵᠠᠮ ᠤᠨ ᠰᠤᠳᠤᠯᠤᠯ ᠵᠢᠭᠤᠯᠴᠢᠯᠠᠯ ᠤᠨ ᠲᠦᠷᠦᠯ ᠵᠦᠢᠯ ᠢ ᠡᠬᠢᠯᠡᠭᠦᠯᠵᠦ᠂ ᠤᠨᠴᠠᠯᠢᠭᠲᠦ | ᠰᠢᠯᠢᠳᠡᠭ ᠵᠢᠭᠤᠯᠴᠢᠯᠠᠯ ᠤᠨ ᠵᠠᠮ ᠱᠤᠭᠤᠮ ᠢ ᠪᠤᠢ ᠪᠤᠯᠭᠠᠨ᠎ᠠ᠃ ᠵᠢᠦᠢ ᠶᠠᠨ ᠤ ᠰᠣᠶᠣᠯ ᠤᠨ ᠮᠦᠽᠸᠢ ᠶᠢ | ᠲᠦᠯᠦᠪᠯᠡᠨ ᠪᠠᠶᠢᠭᠤᠯᠵᠤ᠂ ᠵᠢᠦᠢ ᠶᠠᠨ ᠰᠤᠶᠤᠯ ᠤᠨ ᠬᠤᠲᠠ ᠶᠢᠨ ᠵᠢᠭᠤᠯᠴᠢᠳ ᠲᠤ ᠦᠢᠯᠡᠴᠢᠯᠡᠬᠦ ᠲᠦᠪ ᠢ | ᠲᠦᠷᠭᠡᠳᠬᠡᠨ ᠪᠠᠶᠢᠭᠤᠯᠵᠤ᠂ ᠵᠢᠭᠤᠯᠴᠢᠯᠠᠯ ᠤᠨ ᠦᠢᠯᠡᠴᠢᠯᠡᠭᠡᠨ ᠤ ᠴᠢᠳᠠᠮᠵᠢ ᠶᠢ ᠲᠠᠰᠤᠷᠠᠯᠲᠠ ᠦᠭᠡᠢ | ᠰᠠᠶᠢᠵᠢᠷᠠᠭᠤᠯᠤᠨ᠎ᠠ᠃ ᠵᠢᠭᠤᠯᠴᠢᠯᠠᠯ ᠤᠨ ᠬᠡᠯᠪᠡᠷᠢ ᠪᠠᠶᠢᠳᠠᠯ ᠢ ᠪᠠᠶᠠᠯᠢᠭᠵᠢᠭᠤᠯᠤᠨ᠎ᠠ᠃ ᠵᠢᠭᠤᠯᠴᠢᠯᠠᠯ ᠤᠨ ᠠᠵᠤ | ᠦᠢᠯᠡᠰ ᠢ ᠱᠠᠩᠨᠠᠨ ᠲᠡᠳᠭᠦᠬᠦ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠦᠨ᠂ ᠦᠨᠳᠦᠰᠦᠲᠡᠨ ᠤ ᠵᠠᠩ ᠳᠠᠳᠬᠠᠯ | ᠢ ᠤᠶᠢᠯᠭᠠᠬᠤ᠂ ᠰᠡᠯᠡᠭᠦᠴᠡᠨ ᠠᠮᠠᠷᠠᠬᠤ᠂ ᠢᠩᠭᠡᠨ ᠰᠦ ᠶᠢᠨ ᠰᠤᠪᠢᠯᠠᠯᠳᠠ᠂ ᠰᠤᠶᠤᠯ ᠤᠨ ᠰᠢᠨ᠎ᠡ ᠪᠦᠲᠦᠭᠡᠭᠳᠡᠭᠦᠨ ᠢ | ᠡᠭᠦᠳᠬᠦ ᠵᠡᠷᠭᠡ ᠤᠯᠠᠨ ᠵᠦᠢᠯ ᠤᠨ ᠵᠢᠭᠤᠯᠴᠢᠯᠠᠯ ᠤᠨ ᠰᠢᠨ᠎ᠡ ᠵᠠᠭᠪᠤᠷ ᠢ ᠲᠦᠷᠭᠡᠳᠬᠡᠨ ᠬᠦᠭᠵᠢᠭᠦᠯᠦᠨ᠎ᠡ᠃ ︽ | ᠵᠢᠭᠤᠯᠴᠢᠯᠠᠯ ᠤᠨ ᠠᠵᠤ ᠠᠬᠤᠶᠢᠯᠡᠯ + ᠭᠠᠴᠠᠭ᠎ᠠ + ᠮᠠᠯᠴᠢᠳ ᠲᠡᠷᠢᠶᠠᠴᠢᠳ︾ ᠠᠰᠢᠭ ᠲᠤᠰᠠ ᠶᠢᠨ ᠬᠤᠯᠪᠤᠭᠠᠯᠠᠯ | ᠤᠨ ᠲᠤᠭᠳᠠᠴᠠ ᠶᠢ ᠪᠠᠶᠢᠭᠤᠯᠵᠤ᠂ ᠭᠤᠤᠯ ᠲᠠᠭᠠᠤ᠂ ᠵᠠᠮ ᠲᠠᠭᠠᠤ ᠮᠠᠯᠴᠢᠳ ᠲᠡᠷᠢᠶᠡᠴᠢᠳ ᠢ ᠬᠦᠳᠦᠯᠦᠨ | ᠵᠢᠯᠤᠭᠤᠳᠴᠤ᠂ ᠡᠬᠢ ᠪᠠᠶᠠᠯᠢᠭ ᠤᠨ ᠲᠠᠪᠠᠭᠤᠯᠢᠭ ᠪᠠ ᠲᠦᠭᠦᠷᠵᠢᠭᠰᠡᠨ ᠲᠦᠬᠦᠷᠦᠮᠵᠢ ᠳᠤ ᠲᠦᠰᠢᠭᠯᠡᠨ᠂ ᠠᠵᠤ | ᠤᠶᠢᠯᠡᠰ ᠢᠶᠠᠨ ᠬᠤᠪᠢᠷᠠᠭᠤᠯᠤᠨ ᠬᠦᠳᠡᠭᠡ ᠲᠤᠰᠬᠤᠨ ᠤ ᠵᠢᠭᠤᠯᠴᠢᠯᠠᠯ ᠤᠨ ᠠᠵᠤ ᠤᠶᠢᠯᠡᠰ ᠢ ᠬᠦᠭᠵᠢᠬᠦᠯᠵᠤ᠂ | ᠭᠠᠴᠠᠭᠠᠨ ᠤ ᠬᠠᠮᠳᠤ ᠶᠢᠨ ᠠᠵᠤ ᠠᠬᠤᠢ ᠶᠢ ᠪᠤᠵᠠᠭᠠᠶᠢᠷᠠᠭᠤᠯᠤᠨ᠂ ᠮᠠᠯᠴᠢᠳ ᠲᠠᠷᠢᠶᠠᠴᠢᠳ ᠤᠨ ᠤᠷᠤᠯᠭ᠎ᠠ ᠶᠢᠨ | ᠨᠡᠮᠡᠭᠳᠡᠯ ᠢ ᠲᠤᠭᠳᠠᠭᠤᠨ ᠢᠶᠠᠷ ᠪᠠᠳᠤᠯᠠᠨ᠎ᠠ᠃ ᠮᠠᠯᠴᠢᠨ ᠲᠠᠷᠢᠶᠠᠴᠢᠨ ᠠᠶᠢᠯ ᠤᠨ ᠵᠤᠭᠠᠴᠠᠯ ᠤᠨ ᠴᠢᠭ ᠤᠨ | ᠬᠠᠮᠢᠶᠠᠷᠤᠯᠲᠠ ᠶᠢᠨ ᠠᠷᠭ᠎ᠠ ᠶᠢ ᠲᠤᠭᠲᠠᠭᠠᠨ ᠨᠡᠶᠢᠲᠡᠯᠡᠵᠦ᠂ ᠤᠳᠤᠨ ᠳᠡᠰ ᠤᠨ ᠵᠤᠴᠢᠳ ᠤᠨ ᠪᠠᠭᠤᠳᠠᠯ᠂ ᠬᠦᠳᠡᠭᠡ | ᠲᠤᠰᠬᠤᠨ ᠤ ᠵᠤᠭᠠᠴᠠᠯ ᠤᠨ ᠠᠶᠢᠯ ᠡᠷᠤᠭᠡ ᠶᠢ ᠪᠦᠳᠤᠭᠡᠨ ᠪᠠᠶᠢᠭᠤᠯᠵᠤ ᠦᠨᠡᠯᠡᠨ ᠲᠤᠭᠲᠠᠭᠠᠬᠤ ᠠᠵᠢᠯ ᠢ | ᠠᠬᠢᠭᠤᠯᠤᠨ᠂ ᠵᠢᠭᠤᠯᠴᠢᠯᠠᠯ ᠤᠨ ᠨᠠᠷᠢᠯᠢᠭᠵᠢᠭᠰᠡᠨ ᠬᠠᠮᠢᠶᠠᠷᠤᠯᠲᠠ᠂ ᠪᠠᠷᠢᠮᠵᠢᠶᠠᠵᠢᠭᠰᠠᠨ ᠦᠢᠯᠡᠴᠢᠯᠡᠭᠡᠨ ᠤ ᠬᠢᠷᠢ | ᠲᠦᠪᠰᠢᠨ ᠢ ᠳᠡᠭᠡᠭᠰᠢᠯᠡᠭᠦᠯᠦᠨ᠎ᠡ᠃ ᠵᠢᠭᠤᠯᠴᠢᠯᠠᠯ ᠤᠨ ᠬᠦᠯᠢᠶᠡᠨ ᠵᠤᠴᠢᠯᠠᠬᠤ ᠤᠶᠢᠯᠡᠴᠢᠯᠡᠬᠡᠨ ᠤ ᠴᠢᠳᠠᠪᠤᠷᠢ ᠶᠢᠨ | ᠪᠦᠳᠦᠬᠡᠨ ᠪᠠᠶᠢᠭᠤᠯᠤᠯᠳᠠ ᠶᠢ ᠴᠢᠩᠭᠠᠳᠬᠠᠵᠤ᠂ ᠪᠡᠬᠡᠵᠢᠩ ᠠᠴᠠ ᠰᠢᠨᠵᠢᠶᠠᠩ ᠬᠦᠷᠬᠦ ᠲᠦᠷᠬᠡᠨ ᠬᠤᠷᠳᠤᠴᠠᠳᠤ | ᠵᠠᠰᠠᠮᠠᠯ ᠵᠠᠮ ᠨᠡᠪᠳᠡᠷᠡᠭᠰᠡᠨ ᠤ ᠲᠠᠷᠠᠭᠠᠬᠢ ᠵᠢᠭᠤᠯᠴᠢᠳ ᠢ ᠬᠦᠯᠢᠶᠡᠨ ᠠᠪᠬᠤ ᠠᠵᠢᠯ ᠢ ᠢᠳᠡᠪᠬᠢᠳᠡᠢ ᠰᠢᠮᠳᠠᠨ ᠬᠢᠨ᠎ᠠ᠃ | ᠵᠢᠭᠤᠯᠴᠢᠯᠠᠯ ᠤᠨ ᠪᠤᠷᠤᠯᠠᠭᠤᠯᠭ᠎ᠠ ᠶᠢᠨ ᠠᠷᠭ᠎ᠠ ᠶᠢ ᠰᠢᠨᠡᠴᠢᠯᠡᠨ᠎ᠡ᠃ ︽ᠮᠠᠩᠬᠠᠨ ᠲᠤᠮᠤᠭᠳᠤ ᠡᠵᠡᠨ᠎ᠡ︾ ᠶᠢᠨ | ᠭᠤᠤᠯ ᠰᠡᠳᠤᠪᠳᠤ ᠲᠦᠷᠬᠦ ᠶᠢ ᠰᠠᠶᠢᠳᠤᠷ ᠤᠬᠠᠭᠤᠯᠵᠤ᠂ ︽ᠲᠤᠤᠷᠠᠢ ᠶᠢᠨ ᠠᠮᠢ ᠠᠬᠤᠢ︾᠂ ︽ᠪᠤᠭᠤᠮᠳᠠ ᠶᠢᠨ | ᠴᠢᠯᠤᠬᠡᠳᠤ ᠨᠡᠬᠡᠬᠡᠯᠳᠡ ︾᠂ ︽ᠰᠠᠨᠰᠠᠷ ᠠᠶᠠᠯᠠᠯ ᠤᠯᠤᠰ ᠤᠨ ᠪᠠᠳᠤᠯᠠᠨ ᠬᠠᠮᠠᠭᠠᠯᠠᠯᠳᠠ︾᠂ ︽ᠵᠢᠤᠢ ᠶᠠᠨ ᠤ | ᠰᠤᠶᠤᠯ︾ ᠵᠡᠷᠬᠡ 4 ᠲᠤᠮᠤ ᠨᠡᠷᠡᠳᠤ ᠲᠡᠮᠳᠡᠭ ᠪᠠᠷ ᠭᠤᠤᠯᠳᠠᠯᠭ᠎ᠠ ᠪᠤᠯᠭᠠᠨ᠎ᠠ᠃ ᠲᠡᠦᠬᠡ ᠰᠤᠶᠤᠯ ᠤᠨ ᠡᠬᠢ | ᠪᠠᠶᠠᠯᠢᠭ ᠢ ᠬᠦᠨᠵᠡᠬᠡᠢ ᠠᠭᠤᠳᠠᠯᠵᠤ᠂ ᠵᠢᠦᠢ ᠶᠠᠨ ᠤ ᠪᠠᠭᠤᠷᠢ ᠶᠢᠨ ᠤᠯᠠᠨ ᠤᠯᠤᠰ ᠤᠨ ᠡᠷᠳᠡᠮ ᠰᠢᠨᠵᠢᠯᠡᠭᠡᠨ ᠤ | ᠰᠤᠳᠤᠯᠤᠨ ᠶᠠᠷᠢᠯᠴᠠᠬᠤ ᠬᠤᠷᠠᠯ ᠢ ᠡᠷᠬᠢᠯᠡᠨ᠂ ᠵᠢᠤᠢ ᠶᠠᠨ ᠤ ᠪᠠᠭᠤᠷᠢ ᠶᠢ ᠲᠡᠯᠡᠬᠡᠢ ᠶᠢᠨ ᠰᠤᠶᠤᠯ ᠤᠨ ᠦᠪ ᠲᠤ | ᠭᠤᠶᠤᠴᠢᠯᠡᠨ ᠮᠡᠳᠡᠬᠦᠯᠬᠦ ᠶᠢ ᠲᠦᠷᠬᠡᠳᠬᠡᠨ ᠠᠬᠢᠭᠤᠯᠤᠨ᠎ᠠ᠃ ︽ᠲᠤᠤᠷᠠᠢ ᠶᠢᠨ ᠤᠢ ᠳᠠᠬᠢ︾ ᠣᠯᠠᠨ ᠤᠯᠤᠰ ᠤᠨ | ᠳᠤᠭᠤᠢ ᠲᠡᠷᠭᠡᠨ ᠤ ᠤᠷᠤᠯᠳᠤᠭᠠᠨ᠂ ᠮᠠᠷᠠᠽᠤᠨ ᠤᠷᠤᠯᠳᠤᠭᠠᠨ᠂ ᠮᠠᠰᠢᠨ ᠲᠡᠷᠬᠡᠨ ᠤ ᠲᠡᠰᠬᠡᠯ ᠤᠷᠤᠯᠳᠤᠭᠠᠨ ᠵᠡᠷᠬᠡ | ᠨᠡᠷ᠎ᠡ ᠲᠡᠮᠳᠡᠭᠳᠤ ᠤᠷᠤᠯᠳᠤᠭᠠᠨ ᠤ ᠬᠡᠪᠴᠢᠶ᠎ᠡ ᠪᠤᠯᠤᠨ ᠨᠦᠯᠦᠬᠡᠯᠡᠬᠦ ᠬᠦᠴᠦᠨ ᠢ ᠦᠷᠬᠦᠯᠵᠢᠯᠡᠨ ᠦᠷᠭᠡᠳᠭᠡᠵᠤ᠂ ︽ | ᠤᠭᠳᠠᠷᠭᠤᠢ ᠠᠴᠠ ᠲᠤᠤᠷᠠᠢ ᠶᠢ ᠰᠤᠨᠢᠷᠬᠠᠬᠤ︾᠂ ᠮᠦᠩᠬᠦᠨ ᠡᠪᠤᠯ ᠤᠨ ᠲᠤᠤᠷᠠᠢ ᠶᠢᠨ ᠨᠠᠶᠢᠷ ᠵᠡᠷᠬᠡ ᠬᠦᠳᠡᠯᠬᠡᠬᠡᠨ | ᠢ ᠰᠠᠶᠢᠳᠤᠷ ᠡᠷᠬᠢᠯᠡᠵᠤ᠂ ᠲᠦᠷᠪᠡᠨ ᠤᠯᠠᠷᠢᠯ ᠤᠨ ᠲᠤᠤᠷᠠᠢ ᠶᠢᠨ ᠰᠤᠶᠤᠯ ᠢ ᠱᠤᠭᠤᠨ ᠤᠬᠠᠭᠤᠯᠤᠨ᠂ ᠵᠢᠭᠤᠯᠴᠢᠯᠠᠯ | ᠤᠨ ᠬᠤᠭᠤᠴᠠᠭ᠎ᠠ ᠶᠢ ᠴᠢᠷᠮᠠᠶᠢᠨ ᠤᠷᠳᠤᠳᠬᠠᠨ᠎ᠠ᠃ ᠵᠢᠭᠤᠯᠴᠢᠳ ᠤᠨ ᠡᠬᠢ ᠰᠤᠷᠪᠤᠯᠵᠢ ᠶᠢᠨ ᠵᠠᠬ᠎ᠠ ᠲᠡᠯᠬᠡᠬᠦᠷ ᠢ | ᠦᠷᠬᠡᠳᠬᠡᠨ᠎ᠡ᠃ ᠲᠡᠮᠤᠷ ᠵᠠᠮ ᠤᠨ ᠰᠠᠯᠠᠭ᠎ᠠ ᠮᠦᠴᠢᠷ ᠲᠠᠢ ᠢᠳᠡᠪᠬᠢᠳᠡᠢ ᠬᠠᠷᠢᠯᠴᠠᠵᠤ᠂ ᠵᠢᠭᠤᠯᠴᠢᠳ ᠤᠨ ᠲᠤᠰᠬᠠᠢ | ᠭᠠᠯᠳᠤ ᠲᠡᠷᠬᠡ ᠶᠢ ᠨᠡᠮᠡᠵᠤ᠂ ᠵᠢᠭᠤᠯᠴᠢᠳ ᠤᠨ ᠵᠠᠮ ᠬᠠᠷᠢᠯᠴᠠᠭᠠᠨ ᠤ ᠱᠠᠭᠠᠷᠳᠠᠯᠭ᠎ᠠ ᠶᠢ ᠬᠠᠩᠭᠠᠨ᠎ᠠ᠃ ᠠᠯᠠᠱᠠ | ᠵᠡᠭᠦᠨ ᠬᠤᠰᠢᠭᠤ᠂ ᠠᠯᠠᠱᠠ ᠪᠠᠷᠠᠭᠤᠨ ᠬᠤᠰᠢᠭᠤ ᠵᠢᠴᠢ ᠵᠠᠩ ᠶᠧ᠂ ᠳ᠋ᠦᠩᠬᠤᠸᠠᠩ ᠵᠡᠷᠭᠡ ᠬᠦᠷᠰᠢ ᠵᠡᠷᠭᠡᠯᠳᠡᠭᠡ | ᠵᠢᠭᠤᠯᠴᠢᠯᠠᠯ ᠤᠨ ᠵᠠᠬ᠎ᠠ ᠳᠡᠯᠭᠡᠭᠦᠷ ᠲᠠᠢ ᠨᠢᠭᠲᠠ ᠬᠠᠷᠢᠯᠴᠠᠵᠣ᠂ ᠵᠢᠭᠤᠯᠴᠢᠯᠠᠯ ᠤᠨ ᠱᠤᠭᠤᠮ ᠢ ᠦᠷᠭᠡᠳᠭᠡᠨ᠂ | ᠵᠢᠭᠤᠯᠴᠢᠳ ᠢ ᠴᠢᠯᠤᠭᠡᠳᠠᠢ ᠨᠠᠪᠳᠡᠷᠡᠭᠦᠯᠦᠨᠡ᠃ ᠪᠦᠬᠦ ᠵᠢᠯ ᠳᠤ ᠤᠯᠤᠰ ᠤᠨ ᠲᠤᠲᠤᠭᠠᠳᠤ ᠭᠠᠳᠠᠭᠠᠳᠤ ᠶᠢᠨ | ᠵᠢᠭᠤᠯᠴᠢᠳ ᠢ ᠬᠦᠯᠢᠶᠡᠨ ᠵᠤᠴᠢᠯᠠᠭᠰᠠᠨ ᠲᠤᠭ᠎ᠠ ᠪᠤᠯᠤᠨ ᠵᠢᠭᠤᠯᠴᠢᠯᠠᠯ ᠤᠨ ᠶᠡᠷᠤᠩᠬᠡᠢ ᠤᠷᠤᠯᠭ᠎ᠠ ᠶᠢ ᠰᠢᠪᠳᠤᠯᠤᠯᠳᠠ | ᠶᠢᠨ ᠴᠢᠨᠠᠷᠳᠠᠢ ᠨᠡᠮᠡᠭᠳᠡᠬᠦᠯᠬᠦ ᠪᠠᠷ ᠴᠢᠷᠮᠠᠶᠢᠨ᠎ᠠ᠃ | ᠦᠭᠡᠷᠡᠴᠢᠯᠡᠯᠳᠡ ᠶᠢ ᠪᠥᠬᠦ ᠲᠠᠯ᠎ᠠ ᠪᠠᠷ ᠬᠥᠨᠵᠡᠬᠡᠶᠢᠷᠡᠬᠦᠯᠥᠨᠡ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ | ᠶᠢᠨ ᠴᠢᠨᠠᠷᠲᠠᠢ ᠦᠭᠡᠷᠡᠴᠢᠯᠡᠯᠲᠡ ᠪᠠᠷ ᠶᠠᠷᠦᠩᠬᠡᠶᠢᠯᠡᠨ ᠬᠠᠮᠤᠷᠬᠤ ᠶᠢ ᠪᠠᠷᠢᠮᠲᠠᠯᠠᠵᠤ᠂ ︽ᠭᠤᠷᠪᠠ ᠶᠢ ᠪᠠᠭᠠᠰᠬᠠᠵᠤ | ᠨᠢᠬᠡ ᠶᠢ ᠪᠠᠭᠤᠷᠠᠭᠤᠯᠤᠨ ᠨᠢᠬᠡ ᠶᠢ ᠨᠥᠬᠦᠪᠣᠷᠢᠯᠡᠬᠦ︾ ᠨᠢ ᠪᠣᠳᠠᠲᠤ ᠠᠮᠵᠢᠯᠲᠠ ᠪᠦᠲᠦᠭᠡᠯ ᠤᠯᠬᠤ ᠶᠢ ᠪᠠᠲᠤᠯᠠᠨ᠎ᠠ᠃ | ︽ᠵᠠᠰᠠᠭ ᠢ ᠴᠤᠮᠬᠠᠳᠬᠠᠨ ᠡᠷᠬᠡ ᠶᠢ ᠲᠠᠯᠪᠢᠵᠤ᠂ ᠲᠠᠯᠪᠢᠬᠤ ᠬᠠᠮᠢᠶᠠᠷᠬᠤ ᠶᠢ ᠤᠶᠠᠯᠳᠤᠭᠤᠯᠤᠨ᠂ ᠦᠢᠯᠡᠴᠢᠯᠡᠭᠡ ᠶᠢ | ᠰᠢᠯᠢᠳᠡᠭᠵᠢᠭᠦᠯᠬᠦ︾ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ︽ᠬᠤᠶᠠᠷ ᠢ ᠳᠤᠬᠢᠶᠠᠯᠳᠤᠮᠵᠢ ᠪᠠᠷ ᠰᠤᠩᠭᠤᠵᠤ᠂ | ᠨᠢᠭᠡ ᠶᠢ ᠤᠯᠠᠨ ᠳᠤ ᠨᠡᠶᠢᠲᠡᠯᠡᠬᠦ︾ ᠪᠤᠯᠤᠨ ︽ᠢᠨᠲ᠋ᠧᠷ ᠰᠦᠯᠵᠢᠶ᠎ᠡ + ᠵᠠᠰᠠᠭ ᠤᠨ ᠤᠷᠳᠤᠨ ᠤ ᠦᠢᠯᠡᠴᠢᠯᠡᠭᠡ︾ | ᠶᠢᠨ ᠦᠭᠡᠷᠡᠴᠢᠯᠡᠯᠲᠡ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶ᠎ᠠ᠂ | ᠨᠠᠰᠤᠲᠠᠶᠢᠴᠤᠤᠯ ᠢ ᠠᠰᠠᠷᠠᠬᠤ ᠦᠢᠯᠡᠴᠢᠯᠡᠭᠡ᠂ ᠭᠠᠵᠠᠷ ᠰᠢᠷᠦᠢ ᠨᠤᠲᠤᠭ ᠪᠡᠯᠴᠢᠭᠡᠷ ᠤᠨ ᠦᠮᠴᠢᠯᠡᠯ ᠤᠨ ᠡᠷᠬᠡ ᠶᠢ | ᠲᠣᠳᠤᠳᠬᠠᠬᠤ ᠪᠠ ᠡᠵᠡᠩᠨᠡᠬᠦ ᠡᠷᠬᠡ ᠶᠢ ᠰᠢᠯᠵᠢᠭᠦᠯᠬᠦ ᠵᠡᠷᠭᠡ ᠲᠤᠷᠰᠢᠬᠤ ᠴᠡᠭ ᠤᠨ ᠦᠭᠡᠷᠡᠴᠢᠯᠡᠯᠲᠡ ᠶᠢᠨ ᠡᠭᠦᠷᠭᠡ ᠶᠢ | ᠯᠠᠪᠳᠠᠭᠤᠨ ᠢᠶᠠᠷ ᠠᠬᠢᠭᠤᠯᠤᠨ᠎ᠠ᠃ ᠬᠤᠳᠠᠯᠳᠤᠭᠠᠨ ᠤ ᠶᠠᠪᠤᠳᠠᠯ ᠤᠨ ᠳᠦᠷᠢᠮ ᠶᠢᠨ ᠥᠬᠡᠷᠡᠴᠢᠯᠡᠯᠳᠡ ᠢ | ᠭᠦᠨᠵᠡᠭᠡᠶᠢᠷᠡᠭᠦᠯᠦᠨ᠂ ᠵᠠᠬ᠎ᠠ ᠳᠡᠯᠭᠡᠭᠦᠷ ᠲᠤ ᠭᠤᠶᠤᠴᠢᠯᠠᠨ ᠤᠷᠤᠬᠤ ᠬᠢᠨᠠᠨ ᠵᠦᠪᠰᠢᠶᠡᠷᠡᠯᠳᠡ ᠶᠢ ᠦᠷᠭᠡᠳᠬᠡᠨ᠂ | ᠨᠡᠶᠢᠲᠡ ᠶᠢᠨ ᠦᠮᠴᠢᠯᠡᠯ ᠤᠨ ᠪᠤᠰᠤ ᠠᠵᠤ ᠠᠬᠤᠢ ᠶᠢᠨ ᠬᠦᠭᠵᠢᠯᠲᠡ ᠶᠢ ᠳᠡᠮᠵᠢᠨ᠎ᠡ᠃ ᠨᠡᠶᠢᠲᠡ ᠶᠢᠨ ᠡᠬᠢ | ᠪᠠᠶᠠᠯᠢᠭ ᠤᠨ ᠰᠤᠯᠢᠯᠴᠠᠭᠠᠨ ᠤ ᠳᠡᠪᠴᠡᠩ ᠤᠨ ᠬᠠᠮᠢᠶᠠᠷᠤᠯᠲᠠ ᠡᠷᠭᠢᠯᠲᠡ ᠶᠢ ᠤᠯᠠᠮ ᠨᠢᠭᠡ ᠠᠯᠬᠤᠮ ᠳᠦᠷᠢᠮᠵᠢᠭᠦᠯᠵᠦ | ᠂ ᠨᠡᠶᠢᠲᠡ ᠶᠢᠨ ᠡᠬᠢ ᠪᠠᠶᠠᠯᠢᠭ ᠤᠨ ᠵᠠᠬ᠎ᠠ ᠳᠡᠯᠭᠡᠭᠦᠷᠴᠢᠯᠡᠭᠰᠡᠨ ᠬᠤᠪᠢᠶᠠᠷᠢᠯᠠᠯᠲᠠ ᠶᠢ ᠠᠬᠢᠭᠤᠯᠤᠨ᠎ᠠ᠃ ᠡᠳ᠋ ᠤᠨ | ᠵᠠᠰᠠᠭ ᠭᠠᠶᠢᠯᠢ ᠶᠢᠨ ᠶᠠᠪᠤᠳᠠᠯ ᠤᠨ ᠲᠤᠭᠳᠠᠯᠴᠠᠭᠠᠨ ᠤ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠳ᠋ | ᠬᠦᠷᠦᠩᠭᠡ ᠶᠢᠨ ᠰᠤᠷᠪᠤᠯᠵᠢ ᠶᠢ ᠪᠦᠢᠵᠢᠭᠤᠯᠬᠤ ᠬᠦᠴᠦᠯᠡᠴᠡ ᠪᠠᠨ ᠨᠡᠮᠡᠭᠳᠡᠭᠦᠯᠦᠨ᠂ ᠵᠠᠰᠠᠭ ᠤᠨ ᠤᠷᠳᠤᠨ ᠤ | ᠬᠤᠷᠠᠮᠳᠤᠯ ᠦᠷᠢ ᠶᠢ ᠢᠳᠡᠪᠬᠢᠳᠡᠢ ᠠᠷᠭᠠᠴᠠᠨ ᠰᠢᠢᠳᠪᠤᠷᠢᠯᠡᠵᠤ᠂ ᠡᠳ᠋ ᠤᠨ ᠵᠠᠰᠠᠭ ᠤᠨ ᠪᠠᠲᠤᠯᠠᠭᠠᠨ ᠤ ᠲᠦᠪᠰᠢᠨ ᠢ | ᠳᠡᠭᠡᠭᠰᠢᠯᠡᠭᠦᠯᠦᠨ᠎ᠡ᠃ ᠵᠠᠰᠠᠭ ᠤᠨ ᠤᠷᠳᠤᠨ ᠤ ᠪᠡᠯᠡ ᠬᠤᠷᠠᠮᠳᠤᠭᠤᠯᠬᠤ ᠳᠡᠪᠴᠡᠩ ᠤᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠨ᠂ ᠦᠷ᠎ᠡ ᠪᠦᠲᠦᠮᠵᠢ ᠶᠢᠨ ᠬᠢᠨᠠᠨ ᠰᠢᠯᠭᠠᠯᠲᠠ ᠶᠢᠨ ᠬᠠᠮᠢᠶᠠᠷᠤᠯᠲᠠ ᠶᠢᠨ ᠠᠷᠭ᠎ᠠ ᠶᠢ | ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠠᠰᠠᠭ ᠤᠨ ᠤᠷᠳᠤᠨ ᠤ ᠪᠡᠯᠡ ᠬᠤᠷᠠᠮᠳᠤᠭᠤᠯᠬᠤ ᠳᠡᠪᠴᠡᠩ ᠤᠨ ᠪᠡᠯᠡ | ᠬᠦᠷᠦᠩᠭᠡ ᠶᠢ ᠡᠷᠭᠢᠯᠳᠦᠭᠦᠯᠦᠨ ᠠᠵᠢᠯᠯᠠᠭᠤᠯᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠵᠠᠰᠠᠭ ᠤᠨ ᠤᠷᠳᠤᠨ᠂ | ᠪᠠᠩᠭᠢ᠂ ᠠᠵᠤ ᠠᠬᠤᠶᠢᠯᠠᠯ ᠤᠨ ᠬᠠᠷᠢᠯᠴᠠᠭᠠᠨ ᠤ ᠳᠡᠪᠴᠡᠩ ᠢ ᠢᠳᠡᠪᠬᠢᠲᠡᠢ ᠪᠠᠶᠢᠭᠤᠯᠤᠨ᠂ ᠪᠠᠯᠡ ᠬᠤᠷᠠᠮᠳᠤᠭᠤᠯᠬᠤ | ᠲᠦᠷᠦᠯ ᠵᠦᠢᠯ ᠤᠨ ᠬᠦᠮᠦᠷᠭᠡ ᠶᠢ ᠲᠠᠰᠤᠷᠠᠯᠲᠠ ᠦᠭᠡᠢ ᠰᠢᠨᠡᠳᠬᠡᠵᠦ᠂ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢ | ᠵᠣᠬᠢᠴᠠᠭᠤᠯᠤᠨ᠂ ᠦᠨᠳᠤᠷ ᠠᠰᠢᠭ ᠤᠯᠬᠤ ᠲᠡᠩᠴᠡᠬᠦᠷᠢᠳᠤ ᠬᠦᠰᠢᠬᠦᠷᠬᠡᠨ ᠳᠠᠬᠢ ᠦᠪᠡᠷ ᠤᠨ ᠦᠷᠳᠡᠭ ᠢ | ᠪᠠᠭᠤᠷᠠᠭᠤᠯᠤᠨ᠂ ᠠᠰᠢᠭᠲᠠᠢ ᠢᠲᠡᠭᠡᠮᠵᠢᠲᠦ ᠵᠢᠭᠡᠯᠡᠯᠭᠡ ᠶᠢ ᠥᠷᠬᠡᠣᠨᠬᠡᠨᠡ᠃ | ︵ᠬᠤᠶᠠᠷ︶ ᠵᠣᠬᠢᠴᠠᠩᠭᠤᠢ ᠬᠥᠭᠵᠢᠯᠳᠡ ᠶᠢ ᠪᠠᠷᠢᠮᠳᠠᠯᠠᠨ᠂ ᠬᠤᠳᠠ ᠬᠥᠳᠡᠭᠡ ᠶᠢ ᠨᠢᠬᠡᠳᠣᠯᠳᠡᠢ | ᠲᠦᠯᠦᠪᠵᠢᠭᠦᠯᠬᠦ ᠲᠠᠯ᠎ᠠ ᠪᠠᠷ ᠰᠢᠨ᠎ᠡ ᠰᠢᠪᠲᠤᠯᠤᠯᠲᠠ ᠣᠯᠣᠨ᠎ᠠ | ᠰᠢᠨᠵᠢᠯᠡᠬᠦ ᠣᠬᠠᠭᠠᠨᠴᠢ ᠲᠥᠯᠥᠪᠵᠢᠬᠦᠯᠬᠡ ᠪᠠᠷ ᠣᠳᠣᠷᠢᠳᠣᠮᠵᠢ ᠪᠣᠯᠭᠠᠨ᠂ ᠰᠠᠭᠤᠷᠢ ᠲᠥᠬᠦᠬᠡᠷᠣᠮᠵᠢ ᠪᠠᠷ | ᠲᠣᠯᠭᠠᠭᠤᠷᠢᠯᠠᠬᠤ ᠶᠢ ᠪᠠᠷᠢᠮᠳᠠᠯᠠᠵᠣ᠂ ︽ᠰᠠᠭᠤᠷᠢᠰᠢᠬᠤ ᠳᠤ ᠳᠤᠬᠢᠯᠢᠭ᠂ ᠠᠵᠢᠯᠯᠠᠬᠤ ᠳᠤ ᠲᠥᠬᠦᠮ᠂ ᠵᠢᠭᠤᠯᠴᠢᠯᠠᠬᠤ | ᠳᠤ ᠲᠠᠭᠠᠳᠡᠢ︾᠂ ᠣᠷᠴᠢᠨ ᠲᠣᠭᠤᠷᠢᠨ ᠥᠵᠡᠰᠬᠦᠯᠡᠩ᠂ ᠣᠨᠴᠠᠯᠢᠭ ᠢᠯᠡ ᠲᠣᠳᠣ᠂ ᠡᠶ᠎ᠡ ᠨᠠᠶᠢᠷᠠᠮᠳᠠᠭᠤ ᠬᠤᠳᠠ | ᠬᠦᠳᠡᠭᠡᠨ ᠤ ᠨᠢᠬᠡ ᠴᠣᠨᠨᠴᠠᠵᠢᠨᠨᠰᠠᠨ ᠠᠬᠢᠴᠡ ᠶᠢ ᠲᠦᠷᠭᠡᠳᠬᠡᠨ᠎ᠡ᠃ | ᠬᠤᠲᠠ ᠬᠦᠳᠡᠭᠡᠨ ᠤ ᠪᠠᠶᠢᠭᠤᠯᠤᠯᠲᠠ ᠶᠢ ᠲᠦᠷᠬᠡᠳᠬᠡᠨ᠎ᠡ᠃ ᠵᠢᠭᠤᠯᠴᠢᠯᠠᠯ ᠤᠨ ᠬᠤᠳᠠ ᠪᠠᠯᠭᠠᠰᠤ ᠪᠤᠯᠭᠠᠨ | ᠴᠤᠭᠴᠠᠯᠠᠬᠤ ᠪᠠᠷ ᠰᠠᠭᠤᠷᠢ ᠪᠤᠯᠭᠠᠵᠤ᠂ ᠲᠦᠯᠦᠪᠵᠢᠬᠦᠯᠬᠡ ᠨᠢ ᠤᠯᠠᠮ ᠰᠢᠨᠵᠢᠯᠡᠬᠦ ᠤᠬᠠᠭᠠᠨᠴᠢ᠂ | ᠪᠠᠶᠢᠷᠢᠰᠢᠭᠤᠯᠤᠯᠲᠠ ᠨᠢ ᠤᠯᠠᠮ ᠵᠤᠬᠢᠰᠳᠡᠢ᠂ ᠴᠢᠳᠠᠮᠵᠢ ᠨᠢ ᠤᠯᠠᠮ ᠲᠡᠬᠦᠯᠳᠡᠷ ᠬᠤᠳᠠ ᠬᠦᠳᠡᠭᠡᠨ ᠤ ᠲᠤᠮᠤ | ᠲᠤᠭᠳᠠᠴᠠ ᠶᠢ ᠢᠳᠡᠪᠬᠢᠳᠡᠢ ᠴᠤᠭᠴᠠᠯᠠᠨ ᠪᠠᠶᠢᠭᠤᠯᠤᠨ᠎ᠠ᠃ ᠲᠠᠯᠠᠶᠢᠬᠦ᠋ᠪ ᠤᠨ ᠡᠵᠡᠮᠰᠢᠯᠳᠤ ᠴᠢᠨᠠᠷ ᠪᠦᠬᠦᠢ ᠨᠠᠷᠢᠯᠢᠭ | ᠲᠦᠯᠦᠪᠵᠢᠬᠦᠯᠬᠡ ᠪᠤᠯᠤᠨ ᠭᠤᠤᠯᠳᠠᠯᠭᠠᠳᠤ ᠵᠡᠬᠡᠯᠢ ᠶᠢ ᠵᠠᠰᠠᠨ ᠪᠠᠶᠢᠭᠤᠯᠬᠤ ᠨᠠᠷᠢᠯᠢᠭ ᠲᠦᠯᠦᠪᠵᠢᠬᠦᠯᠬᠡ ᠶᠢ ᠤᠯᠠᠮ | ᠨᠢᠬᠡ ᠠᠯᠬᠤᠮ ᠵᠠᠰᠠᠪᠤᠷᠢᠯᠠᠨ ᠨᠠᠶᠢᠷᠠᠭᠤᠯᠵᠤ᠂ ᠲᠠᠯᠠᠶᠢᠬᠦ᠋ᠪ ᠪᠠᠯᠭᠠᠰᠤᠨ ᠤ ᠨᠡᠬᠡᠬᠡᠨ ᠬᠦᠭᠵᠢᠬᠦᠯᠬᠦ ᠵᠠᠭᠠᠭ ᠢ | ᠲᠤᠭᠲᠠᠭᠠᠵᠤ᠂ ᠴᠢᠳᠠᠮᠵᠢ ᠶᠢᠨ ᠪᠠᠶᠢᠷᠢᠰᠢᠭᠤᠯᠥᠯᠳᠠ᠂ ᠠᠰᠢᠭᠯᠠᠬᠤ ᠭᠠᠵᠠᠷ ᠤᠨ ᠬᠡᠪᠴᠢᠶ᠎ᠡ ᠪᠤᠯᠤᠨ ᠮᠡᠷᠬᠡᠵᠢᠯ ᠤᠨ | ᠬᠦᠢᠴᠡᠳᠬᠡᠯ ᠲᠤᠭ᠎ᠠ ᠶᠢ ᠵᠤᠬᠢᠰᠳᠡᠢ ᠲᠤᠭᠲᠠᠭᠠᠨ᠂ ᠵᠢᠭᠤᠯᠴᠢᠯᠠᠯ ᠤᠨ ᠦᠪᠡᠷᠮᠢᠴᠡ ᠤᠨᠴᠠᠯᠢᠭ ᠢ ᠪᠦᠷᠢᠳᠦᠬᠦᠯᠦᠭᠰᠡᠨ | ᠬᠤᠳᠠ ᠪᠠᠯᠭᠠᠰᠤᠨ ᠤ ᠤᠷᠤᠨ ᠵᠠᠢ ᠶᠢᠨ ᠬᠡᠯᠪᠡᠷᠢ ᠪᠠᠶᠢᠳᠠᠯ᠂ ᠲᠦᠬᠦᠬᠡᠷᠦᠮᠵᠢ ᠶᠢᠨ ᠬᠡᠯᠪᠡᠷᠢ ᠪᠠᠶᠢᠳᠠᠯ ᠪᠤᠯᠤᠨ | ᠪᠡᠷᠢᠯᠭ᠎ᠠ ᠶᠢᠨ ᠬᠡᠯᠪᠡᠷᠢ ᠪᠠᠶᠢᠳᠠᠯ ᠢ ᠬᠦᠴᠦᠯᠡᠨ ᠪᠠᠶᠢᠭᠤᠯᠤᠨ᠎ᠠ᠃ ᠣᠯᠠᠨ ᠤᠯᠤᠰ ᠤᠨ ᠵᠢᠭᠤᠯᠴᠢᠯᠠᠯ ᠤᠨ ᠵᠣᠷᠢᠯᠲᠠᠲᠤ | ᠣᠷᠣᠨ ᠪᠣᠯᠭᠠᠨ ᠪᠦᠳᠦᠬᠡᠨ ᠪᠠᠶᠢᠭᠤᠯᠬᠤ ᠬᠠᠷᠠᠯᠳᠠ ᠶᠢᠨ ᠲᠤᠭᠤᠷᠢᠨ ᠳᠤ᠂ ᠤᠷᠤᠨ ᠵᠠᠢ ᠶᠢᠨ ᠲᠠᠯ᠎ᠠ ᠪᠠᠷ᠂ ︽ | ᠲᠦᠪ ᠪᠠᠯᠭᠠᠰᠤ᠂ ᠤᠨᠴᠠᠯᠢᠭᠳᠤ ᠰᠤᠮᠤ ᠪᠠᠯᠭᠠᠰᠤ ᠪᠣᠯᠤᠨ ᠦᠵᠡᠰᠭᠦᠯᠡᠩᠲᠦ ᠬᠦᠳᠡᠭᠡ ᠲᠣᠰᠬᠤᠨ︾ ᠵᠤᠬᠢᠴᠠᠩᠭᠤᠢ | ᠬᠦᠭᠵᠢᠭᠰᠡᠨ ᠰᠢᠨ᠎ᠠ ᠬᠡᠯᠪᠡᠷᠢ ᠶᠢᠨ ᠬᠤᠳᠠ ᠬᠦᠳᠡᠬᠡᠨ ᠤ ᠰᠢᠰᠲ᠋ᠧᠮ ᠢ ᠪᠦᠳᠦᠬᠡᠨ ᠪᠠᠶᠢᠭᠤᠯᠤᠨ᠎ᠠ︔ ᠠᠵᠤ ᠤᠶᠢᠯᠡᠰ | ᠤᠨ ᠲᠠᠯ᠎ᠠ ᠪᠠᠷ ᠬᠤᠳᠠ ᠪᠠᠯᠭᠠᠰᠤ ᠶᠢ ᠵᠢᠭᠤᠯᠴᠢᠯᠠᠯ ᠤᠨ ᠤᠶᠢᠯᠡᠴᠢᠯᠡᠬᠡᠨ ᠤ ᠠᠴᠢᠶᠠᠯᠠᠭᠴᠢ ᠪᠤᠯᠭᠠᠨ ᠴᠤᠭᠴᠠᠯᠠᠵᠤ᠂ | ᠬᠤᠳᠠ ᠪᠠᠯᠭᠠᠰᠤᠨ ᠤ ᠡᠯ᠎ᠡ ᠵᠤᠶᠢᠯ ᠤᠨ ᠴᠢᠳᠠᠮᠵᠢ ᠨᠢ ᠵᠢᠭᠤᠯᠴᠢᠯᠠᠯ ᠤᠨ ᠠᠵᠤ ᠤᠶᠢᠯᠡᠰ ᠲᠤ ᠤᠶᠢᠯᠡᠴᠢᠯᠡᠬᠦ ᠶᠢ | ᠠᠬᠢᠭᠤᠯᠤᠨ᠎ᠠ᠃ ᠪᠠᠯᠭᠠᠰᠤᠨ ᠲᠤᠳᠤᠷᠠᠬᠢ ᠮᠠᠰᠢᠨ ᠲᠡᠷᠭᠡ ᠰᠠᠯᠪᠢᠨ ᠵᠠᠰᠠᠬᠤ᠂ ᠪᠡᠷᠢᠯᠭ᠎ᠠ ᠶᠢᠨ ᠮᠡᠲ᠋ᠧᠷᠢᠶᠠᠯ | ᠪᠤᠷᠤᠯᠠᠭᠤᠯᠬᠤ᠂ ᠬᠠᠶᠠᠭᠳᠠᠮᠠᠯ ᠪᠤᠳᠠᠰ ᠬᠤᠷᠢᠶᠠᠬᠤ ᠵᠡᠷᠬᠡ ᠤᠶᠢᠯᠡᠰ ᠢ ᠬᠤᠳᠠ ᠶᠢᠨ ᠭᠠᠳᠠᠨ᠎ᠠ ᠰᠢᠯᠵᠢᠭᠦᠯᠦᠨ | ᠨᠢᠬᠡᠳᠤᠯᠳᠡᠢ ᠪᠠᠶᠢᠷᠢᠯᠠᠭᠤᠯᠤᠨ᠎ᠠ᠃ 4.4 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠨ᠂ 1000 ᠡᠷᠤᠬᠡ | ᠶᠢᠨ ᠲᠦᠬᠦᠮ ᠪᠦᠳᠦᠴᠡᠳᠤ ᠤᠷᠤᠨ ᠰᠠᠭᠤᠴᠠ ᠶᠢᠨ ᠲᠤᠭᠤᠷᠢᠭ ᠢ ᠦᠬᠡᠷᠡᠴᠢᠯᠡᠨ ᠵᠠᠰᠠᠬᠤ ᠢᠨᠵᠧᠨᠧᠷᠢᠩ ᠢ | ᠦᠷᠬᠦᠯᠵᠢᠯᠡᠨ ᠬᠡᠷᠡᠭᠵᠢᠭᠦᠯᠬᠦ ᠰᠠᠭᠤᠷᠢᠨ ᠳᠡᠭᠡᠷ᠎ᠡ ᠦᠨᠳᠦᠷ ᠪᠠᠷᠢᠮᠵᠢᠶ᠎ᠠ ᠪᠠᠷ ᠲᠦᠯᠦᠪᠵᠢᠭᠦᠯᠵᠦ᠂ ᠠᠷᠠᠳ ᠤᠨ | ᠲᠤᠮᠳᠠᠬᠢ ᠪᠡᠯᠡ ᠬᠦᠷᠦᠩᠬᠡ ᠶᠢ ᠵᠢᠭᠤᠯᠴᠢᠯᠠᠯ ᠤᠨ ᠤᠶᠢᠯᠡᠴᠢᠯᠡᠭᠡ ᠪᠤᠯᠤᠨ ᠦᠨᠳᠦᠷ ᠵᠡᠷᠬᠡ ᠶᠢᠨ ᠭᠠᠵᠠᠷ ᠬᠦᠷᠦᠩᠭᠡ | ᠶᠢᠨ ᠲᠦᠷᠦᠯ ᠵᠤᠶᠢᠯ ᠳᠤ ᠲᠠᠳᠠᠨ ᠬᠡᠷᠡᠭᠯᠡᠵᠤ᠂ ᠲᠤᠭᠤᠷᠢᠨ ᠵᠤᠭᠠᠴᠠᠬᠤ᠂ ᠰᠤᠶᠤᠯ ᠢ ᠮᠦᠷᠳᠡᠭᠦ᠂ ᠵᠤᠭᠠᠯᠠᠨ | ᠲᠤᠭᠯᠠᠬᠤ᠂ ᠬᠡᠭᠡᠷ᠎ᠡ ᠶᠢᠨ ᠬᠦᠳᠡᠯᠬᠡᠬᠡᠨ ᠵᠡᠷᠬᠡ ᠲᠠᠯ᠎ᠠ ᠪᠠᠷ ᠬᠢ ᠬᠤᠳᠠ ᠪᠠᠯᠭᠠᠰᠤᠨ ᠤ ᠴᠢᠳᠠᠮᠵᠢ ᠳᠤ ᠤᠷᠤᠰᠢᠵᠤ | ᠪᠠᠶᠢᠭ᠎ᠠ ᠲᠤᠳᠠᠮᠠᠭ ᠢ ᠨᠦᠬᠦᠪᠤᠷᠢᠯᠡᠨ᠎ᠡ᠃ ᠤᠷᠤᠨ ᠤ ᠲᠠᠰ ᠤᠨ ᠴᠡᠴᠡᠷᠯᠢᠭᠳᠦ ᠬᠤᠳᠠ ᠪᠠᠯᠭᠠᠰᠤ ᠶᠢ ᠬᠦᠴᠦᠯᠡᠨ | ᠪᠠᠶᠢᠭᠤᠯᠬᠤ ᠪᠠᠷ ᠵᠤᠷᠢᠯᠳᠠ ᠪᠤᠯᠭᠠᠨ᠂ ᠵᠠᠰᠠᠭ ᠪᠤᠯᠤᠨ ᠨᠡᠶᠢᠬᠡᠮ ᠠᠴᠠ ᠬᠠᠮᠳᠤᠷᠠᠨ ᠡᠵᠡᠩᠨᠡᠵᠤ ᠪᠡᠯᠡ ᠬᠦᠷᠦᠩᠬᠡ | ᠨᠡᠶᠢᠯᠡᠬᠦᠯᠬᠦ ᠬᠡᠯᠪᠡᠷᠢ ᠪᠠᠷ 13 ᠳ᠋ᠦᠩᠰᠢᠭᠤᠷ ᠲᠦᠬᠦᠷᠢᠭ ᠪᠡᠯᠡ ᠤᠷᠤᠭᠤᠯᠵᠤ᠂ ᠬᠤᠳᠠ ᠪᠠᠯᠭᠠᠰᠤᠨ ᠤ | ᠨᠣᠭᠤᠭᠠᠷᠠᠭᠤᠯᠤᠯᠲᠠ᠂ ᠭᠤᠶᠤᠵᠢᠭᠤᠯᠤᠯᠲᠠ᠂ ᠭᠡᠷᠡᠯᠲᠦᠭᠦᠯᠭᠡ ᠵᠡᠷᠭᠡ ᠬᠤᠲᠠ ᠶᠢᠨ ᠦᠵᠡᠮᠵᠢ ᠶᠢ ᠦᠭᠡᠷᠡᠴᠢᠯᠡᠨ | ᠰᠠᠶᠢᠵᠢᠷᠠᠭᠤᠯᠬᠤ ᠲᠦᠷᠦᠯ ᠵᠦᠢᠯ ᠢ ᠶᠡᠬᠡᠪᠡᠷ ᠬᠡᠷᠡᠭᠵᠢᠭᠦᠯᠦᠨ᠎ᠡ᠃ 6.5 ᠺᠢᠯᠤᠮᠧᠲᠷ ᠬᠤᠳᠠ ᠶᠢᠨ ᠵᠠᠮ ᠢ | ᠦᠬᠡᠷᠡᠴᠢᠯᠡᠨ᠂ 2.2 ᠺᠢᠯᠤᠮᠧᠲᠷ ᠤᠨ ᠵᠠᠰᠠᠵᠤ ᠲᠠᠭᠤᠰᠬᠠᠭᠠ ᠦᠬᠡᠢ ᠵᠠᠮ ᠢ ᠨᠡᠪᠳᠡᠷᠡᠬᠦᠯᠵᠤ᠂ 24.8 ᠲᠦᠮᠡᠨ | ᠬᠠᠪᠳᠠᠭᠠᠢ ᠲᠦᠷᠪᠡᠯᠵᠢᠨ ᠮᠧᠲᠷ ᠵᠠᠮ ᠢ ᠴᠠᠷᠳᠠᠨ ᠰᠢᠨᠡᠳᠬᠡᠵᠤ᠂ ᠴᠡᠪᠡᠷ ᠲᠠᠷᠳᠠᠩ ᠵᠠᠮ ᠤᠨ ᠲᠤᠤᠷᠵᠢᠭᠰᠠᠨ | ᠪᠦᠳᠦᠴᠡ ᠶᠢ ᠪᠦᠷᠢᠯᠳᠦᠬᠦᠯᠦᠨ᠎ᠠ᠃ 4000 ᠲᠦᠮᠡᠨ ᠲᠦᠬᠦᠷᠢᠭ ᠪᠡᠯᠡ ᠤᠷᠤᠭᠤᠯᠵᠤ᠂ ᠳᠠᠯᠠᠶᠢᠬᠦ᠋ᠪ ᠪᠠᠯᠭᠠᠰᠤᠨ ᠤ | ᠲᠤᠯᠠᠭᠠᠯᠭ᠎ᠠ ᠶᠢᠨ ᠬᠠᠩᠭᠠᠯᠳᠠ ᠶᠢᠨ ᠴᠢᠳᠠᠪᠤᠷᠢ ᠪᠠᠨ ᠶᠡᠬᠡᠰᠬᠡᠬᠦ᠂ ᠪᠤᠬᠢᠷ ᠤᠰᠤᠨ ᠤ ᠬᠦᠬᠡᠷᠬᠡ ᠶᠢᠨ ᠦᠷᠳᠡᠭᠡ ᠵᠢᠴᠢ | ᠲᠤᠤᠷᠵᠢᠯ ᠬᠤᠭᠤᠯᠠᠢ ᠶᠢ ᠵᠠᠰᠠᠬᠤ ᠢᠨᠵᠧᠨᠧᠷᠢᠩ ᠢ ᠬᠡᠷᠡᠭᠵᠢᠬᠦᠯᠦᠨ᠂ ᠤᠷᠴᠢᠨ ᠲᠤᠭᠤᠷᠢᠨ ᠤ ᠠᠷᠢᠭᠤᠨ ᠴᠡᠪᠡᠷ ᠪᠠ | ᠰᠠᠭᠤᠭᠠᠯᠢ ᠠᠷᠠᠳ ᠤᠨ ᠲᠣᠭᠤᠷᠢᠭ ᠤᠨ ᠨᠤᠭᠤᠭᠠᠷᠠᠭᠤᠯᠤᠯᠳᠠ᠂ ᠬᠠᠳᠠᠭᠤᠷᠠᠭᠤᠯᠤᠯᠳᠠ ᠵᠡᠷᠬᠡ ᠲᠦᠬᠦᠷ | ᠤᠶᠢᠯᠡᠴᠢᠯᠡᠬᠡᠨ ᠤ ᠲᠦᠬᠦᠬᠡᠷᠦᠮᠵᠢ ᠶᠢ ᠲᠡᠭᠦᠯᠳᠡᠷᠵᠢᠭᠦᠯᠵᠤ᠂ ᠬᠤᠳᠠ ᠪᠠᠯᠭᠠᠰᠤᠨ ᠤ ᠲᠠᠭᠠᠭᠠᠴᠠ ᠪᠤᠯᠤᠨ ᠰᠠᠭᠤᠭᠠᠯᠢ | ᠠᠷᠠᠳ ᠤᠨ ᠬᠠᠨᠤᠮᠵᠢ ᠶᠢᠨ ᠬᠡᠮᠵᠢᠶ᠎ᠡ ᠶᠢ ᠲᠠᠰᠤᠷᠠᠯᠳᠠ ᠦᠬᠡᠢ ᠲᠡᠬᠡᠭᠰᠢᠯᠡᠬᠦᠯᠦᠨ᠎ᠠ᠃ ᠬᠤᠳᠠ ᠶᠢᠨ ᠶᠡᠷᠤᠩᠬᠡᠶᠢᠯᠡᠭᠰᠡᠨ | ᠬᠠᠮᠢᠶᠠᠷᠤᠯᠳᠠ ᠶᠢᠨ ᠬᠠᠤᠯᠢ ᠬᠡᠷᠡᠭᠵᠢᠬᠦᠯᠬᠦ ᠲᠤᠪᠴᠢᠶ᠎ᠡ ᠶᠢ ᠪᠠᠶᠢᠭᠤᠯᠤᠨ᠂ ᠲᠠᠯᠠᠶᠢᠬᠦ᠋ᠪ ᠪᠠᠯᠭᠠᠰᠤᠨ ᠤ ᠬᠤᠳᠠ ᠶᠢᠨ | ᠬᠠᠮᠢᠶᠠᠷᠤᠯᠳᠠ ᠶᠢᠨ ᠠᠷᠭ᠎ᠠ ᠶᠢ ᠲᠤᠭᠳᠠᠭᠠᠨ ᠨᠡᠶᠢᠲᠡᠯᠡᠵᠦ᠂ ᠬᠤᠳᠠ ᠶᠢᠨ ᠠᠷᠠᠳ ᠤᠨ ᠪᠤᠯᠪᠠᠰᠤᠨ ᠬᠡᠪ ᠴᠢᠨᠠᠷ ᠢ | ᠲᠡᠬᠡᠭᠰᠢᠯᠡᠬᠦᠯᠬᠦ ᠢᠨᠵᠧᠨᠧᠷᠢᠩ ᠢ ᠦᠷᠨᠢᠬᠦᠯᠦᠨ᠂ ᠵᠢᠯᠤᠭᠤᠳᠬᠤ ᠪᠤᠯᠤᠨ ᠪᠠᠶᠢᠴᠠᠭᠠᠨ ᠰᠢᠢᠳᠪᠤᠷᠢᠯᠡᠭᠦ ᠶᠢ ᠨᠢᠬᠡᠳᠬᠡᠵᠤ | ᠂ ᠦᠩᠬᠡᠨ ᠲᠠᠯ᠎ᠠ ᠪᠠ ᠦᠨᠳᠤᠰᠤ ᠰᠤᠷᠪᠤᠯᠵᠢ ᠠᠴᠠ ᠨᠢ ᠵᠡᠷᠬᠡᠪᠡᠷ ᠵᠠᠰᠠᠬᠤ ᠶᠢ ᠪᠠᠷᠢᠮᠳᠠᠯᠠᠨ᠂ ᠲᠦᠬᠦᠬᠡᠷᠦᠮᠵᠢ ᠶᠢᠨ | ᠪᠠᠶᠢᠭᠤᠯᠤᠯᠳᠠ ᠠᠴᠠ ᠪᠤᠯᠪᠠᠰᠤᠨ ᠤ ᠬᠡᠮᠵᠢᠶᠠᠨ ᠳᠤ ᠬᠦᠷᠳᠡᠯ᠎ᠡ ᠤᠯᠠᠨ ᠤᠯᠤᠰ ᠤᠨ ᠵᠢᠭᠤᠯᠴᠢᠯᠠᠯ ᠤᠨ ᠬᠤᠳᠠ | ᠪᠠᠯᠭᠠᠰᠤᠨ ᠤ ᠪᠡᠷᠢᠮᠵᠢᠶᠠᠨ ᠳᠤ ᠬᠦᠷᠬᠡᠨ᠎ᠡ᠃ | ᠰᠠᠭᠤᠷᠢ ᠲᠦᠭᠦᠭᠡᠷᠦᠮᠵᠢ ᠶᠢᠨ ᠪᠠᠶᠢᠭᠤᠯᠤᠯᠲᠠ ᠶᠢ ᠲᠦᠷᠭᠡᠳᠬᠡᠨ ᠪᠠᠶᠢᠭᠤᠯᠤᠨ᠎ᠠ᠃ ︽ᠲᠤᠯᠤᠭᠠᠨ | ᠲᠤᠤᠷᠵᠢᠯ︾ ᠤᠨ ᠪᠦᠳᠦᠬᠡᠨ ᠪᠠᠶᠢᠭᠤᠯᠤᠯᠳᠠ ᠶᠢ ᠪᠦᠬᠦ ᠬᠦᠴᠦᠨ ᠢᠶᠠᠷ ᠲᠦᠯᠬᠢᠨ ᠠᠬᠢᠭᠤᠯᠤᠨ᠎ᠠ᠃ ᠲᠡᠮᠤᠷ ᠵᠠᠮ ᠤᠨ | ᠲᠤᠤᠷᠵᠢᠯ ᠤᠨ ᠲᠠᠯ᠎ᠠ ᠪᠠᠷ᠂ ᠰᠠᠶᠢᠬᠠᠨ ᠵᠠᠪᠠᠢ ᠪᠤᠭᠤᠮᠳᠠ ᠠᠴᠠ ᠴᠡᠭᠡ ᠬᠦᠷᠬᠦ ᠲᠡᠮᠤᠷ ᠵᠠᠮ ᠤᠨ ᠴᠢᠳᠠᠮᠵᠢ ᠶᠢ | ᠲᠡᠭᠡᠭᠰᠢᠯᠡᠭᠦᠯᠦᠨ ᠦᠷᠬᠡᠳᠬᠡᠨ ᠵᠠᠰᠠᠬᠤ᠂ ᠡᠵᠡᠨ᠎ᠡ ᠭᠠᠯᠳᠤ ᠲᠡᠷᠬᠡᠨ ᠦᠷᠳᠡᠬᠡᠨ ᠤ ᠦᠷᠳᠡᠬᠡᠨ ᠬᠡᠷ ᠵᠢᠴᠢ ᠦᠷᠳᠡᠬᠡᠨ | ᠡᠮᠤᠨᠡᠬᠢ ᠠᠭᠤᠳᠠᠮ ᠲᠠᠯᠠᠪᠠᠢ ᠶᠢ ᠦᠷᠬᠡᠳᠬᠡᠨ ᠵᠠᠰᠠᠬᠤ ᠠᠵᠢᠯ ᠢ ᠬᠦᠢᠴᠡᠳᠬᠡᠵᠤ᠂ ᠡᠵᠡᠨ᠎ᠡ ᠠᠴᠠ ᠵᠢᠤᠴᠢᠤᠸᠠᠨ | ᠬᠦᠷᠬᠦ ᠲᠡᠮᠤᠷ ᠵᠠᠮ ᠤᠨ ᠠᠵᠢᠯ ᠪᠤᠳᠠᠲᠤ ᠠᠬᠢᠴᠠ ᠤᠯᠬᠤ ᠶᠢ ᠠᠬᠢᠭᠤᠯᠤᠨ᠎ᠠ᠃ ᠡᠵᠡᠨ᠎ᠡ — ᠬᠠᠮᠢ ᠬᠦᠷᠬᠦ ᠲᠡᠮᠦᠷ | ᠵᠠᠮ᠂ ᠰᠠᠶᠢᠬᠠᠨ ᠵᠠᠪᠠᠢ ᠪᠤᠭᠤᠮᠳᠠ — ᠴᠡᠭᠡ ᠬᠦᠷᠬᠦ ᠲᠡᠮᠤᠷ ᠵᠠᠮ ᠤᠨ ᠠᠶᠠᠨᠴᠢᠳ ᠤᠨ ᠵᠦᠭᠡᠭᠡᠪᠦᠷᠢ ᠶᠢ | ᠪᠡᠶᠡᠯᠡᠭᠦᠯᠦᠨ᠎ᠡ᠃ ᠵᠠᠰᠠᠮᠠᠯ ᠵᠠᠮ ᠤᠨ ᠲᠤᠤᠷᠵᠢᠯ ᠤᠨ ᠲᠠᠯ᠎ᠠ ᠪᠠᠷ᠂ ᠪᠡᠬᠡᠵᠢᠩ — ᠰᠢᠨᠵᠢᠶᠠᠩ ᠬᠦᠷᠬᠦ ᠲᠦᠷᠬᠡᠨ | ᠬᠤᠷᠳᠤᠴᠠᠳᠤ ᠵᠠᠰᠠᠮᠠᠯ ᠵᠠᠮ ᠤᠨ ᠯᠢᠨ ᠡᠾᠧ ᠠᠴᠠ ᠴᠠᠭᠠᠨ ᠲᠤᠯᠤᠭᠠᠢ ᠶᠢᠨ ᠬᠡᠰᠡᠭ ᠤᠨ ᠪᠦᠬᠦ ᠱᠤᠭᠤᠮ ᠢᠶᠠᠷ | ᠲᠡᠷᠬᠡ ᠨᠡᠪᠳᠡᠷᠡᠬᠦ ᠶᠢ ᠪᠠᠳᠤᠯᠠᠨ᠎ᠠ᠃ G213 ᠱᠤᠭᠤᠮ ᠤᠨ ᠲᠠᠯᠠᠶᠢᠬᠦ᠋ᠪ — ᠳ᠋ᠦᠩᠹᠧᠩ ᠰᠠᠨᠰᠠᠷ ᠤᠨ ᠬᠤᠳᠠ | — ᠠᠭᠠᠷ ᠤᠨ ᠴᠡᠷᠢᠭ ᠤᠨ ᠰᠠᠭᠤᠷᠢᠨ ᠬᠦᠷᠬᠦ ᠨᠢᠬᠡᠳᠤᠬᠡᠷ ᠲᠡᠰ ᠤᠨ ᠵᠠᠰᠠᠮᠠᠯ ᠵᠠᠮ᠂ G331ᠱᠤᠭᠤᠮ ᠤᠨ | ᠨᠤᠭᠤᠭᠠᠨ ᠳᠡᠯ — ᠵᠠᠮ ᠤᠨ ᠬᠤᠳᠳᠤᠭ ᠬᠡᠰᠡᠭ ᠤᠨ ᠬᠤᠶᠠᠳᠤᠭᠠᠷ ᠲᠡᠰ ᠤᠨ ᠵᠠᠰᠠᠮᠠᠯ ᠵᠠᠮ᠂ ᠬᠠᠷ᠎ᠠ ᠬᠤᠳᠠ | ᠶᠢᠨ ᠠᠮᠢ ᠠᠬᠤᠢ ᠶᠢᠨ ᠤᠢ ᠶᠢᠨ ᠵᠠᠰᠠᠮᠠᠯ ᠵᠠᠮ ᠵᠡᠷᠬᠡ ᠲᠦᠷᠦᠯ ᠵᠤᠶᠢᠯ ᠤᠨ ᠪᠦᠳᠦᠬᠡᠨ ᠪᠠᠶᠢᠭᠤᠯᠤᠯᠳᠠ ᠶᠢ | ᠡᠬᠢᠯᠡᠬᠦᠯᠵᠤ᠂ ᠬᠠᠩ ᠲᠢᠶᠠᠨ ᠵᠠᠮ — ᠪᠠᠶᠠᠨᠪᠤᠭᠳᠠ ᠤᠰᠤᠨ ᠬᠠᠰᠢᠯᠭ᠎ᠠ ᠬᠦᠷᠬᠦ ᠵᠠᠰᠠᠮᠠᠯ ᠵᠠᠮ ᠢ ᠦᠷᠬᠡᠳᠬᠡᠨ | ᠵᠠᠰᠠᠨ᠎ᠠ᠃ ᠲᠣᠣᠷᠠᠢ ᠶᠢᠨ ᠣᠢ ᠶᠢᠨ ᠭᠠᠯ ᠠᠴᠠ ᠰᠡᠷᠭᠡᠶᠢᠯᠡᠬᠦ ᠵᠠᠰᠠᠮᠠᠯ ᠵᠠᠮ᠂ ᠬᠤᠲᠠ ᠶᠢᠨ ᠬᠤᠶᠢᠲᠤ ᠲᠤᠭᠤᠷᠢᠯᠲᠠ | ᠶᠢᠨ ᠵᠠᠮ ᠵᠡᠷᠭᠡ 7 ᠵᠣᠷᠪᠤᠰ ᠬᠠᠭᠤᠴᠢᠨ ᠵᠠᠮ ᠢ ᠰᠡᠷᠭᠦᠭᠡᠨ ᠵᠠᠰᠠᠨ᠎ᠠ᠃ ᠰᠠᠶᠢᠬᠠᠨ ᠵᠠᠪᠠᠢ ᠪᠤᠭᠤᠮᠳᠠ — ᠬᠠᠷ᠎ᠠ | ᠬᠤᠳᠠ ᠬᠦᠷᠬᠦ ᠵᠠᠮ ᠱᠤᠭᠤᠮ ᠤᠨ ᠡᠮᠤᠨᠡᠬᠢ ᠬᠤᠭᠤᠴᠠᠭᠠᠨ ᠤ ᠠᠵᠢᠯ ᠢ ᠲᠦᠷᠬᠡᠳᠬᠡᠨ᠂ ᠡᠷᠢᠶᠠᠨ ᠴᠤᠨᠵᠢ ᠶᠢᠨ | ᠨᠠᠭᠤᠷ — ᠴᠡᠭᠡ ᠬᠦᠷᠬᠦ ᠵᠠᠮ ᠱᠤᠭᠤᠮ ᠤᠨ ᠠᠵᠢᠯ ᠢ ᠡᠷᠳᠡᠬᠡᠨ ᠰᠡᠷᠭᠦᠭᠡᠵᠤ ᠡᠬᠢᠯᠡᠬᠦᠯᠬᠦ ᠪᠠᠷ ᠰᠢᠮᠳᠠᠨ᠎ᠠ᠃ | ᠵᠢᠭᠤᠯᠴᠢᠯᠠᠯ ᠤᠨ ᠵᠠᠮ᠂ ᠶᠠᠳᠠᠭᠤ ᠶᠢ ᠲᠡᠳᠬᠦᠬᠦ ᠵᠠᠮ ᠵᠡᠷᠬᠡ ᠬᠦᠳᠡᠭᠡ ᠲᠤᠰᠬᠤᠨ ᠤ ᠵᠠᠰᠠᠮᠠᠯ ᠵᠠᠮ ᠤᠨ | ᠨᠡᠪᠳᠡᠷᠡᠯᠴᠡᠬᠡᠨ ᠤ ᠲᠤᠤᠷᠵᠢᠯ ᠤᠨ ᠲᠦᠯᠦᠪᠵᠢᠬᠦᠯᠦᠯᠳᠡ ᠶᠢ ᠰᠠᠶᠢᠳᠤᠷ ᠬᠢᠵᠤ᠂ ᠦᠪᠡᠷᠲᠡᠭᠡᠨ ᠵᠠᠰᠠᠬᠤ ᠤᠷᠤᠨ ᠤ | ᠲᠦᠷᠦᠯ ᠵᠤᠶᠢᠯ ᠤᠨ ᠬᠦᠮᠦᠷᠬᠡ ᠳᠤ ᠡᠷᠲᠡᠬᠡᠨ ᠵᠢᠭᠰᠠᠭᠠᠭᠳᠠᠵᠤ ᠪᠡᠯᠡ ᠤᠷᠤᠭᠤᠯᠤᠨ ᠪᠠᠶᠢᠭᠤᠯᠬᠤ ᠶᠢ ᠪᠡᠶᠡᠯᠡᠬᠦᠯᠦᠨ᠎ᠠ᠃ | ᠠᠭᠠᠷ ᠠᠶᠠᠯᠠᠯ ᠤᠨ ᠲᠤᠤᠷᠵᠢᠯ ᠤᠨ ᠲᠠᠯ᠎ᠠ ᠪᠠᠷ᠂ ᠲᠤᠤᠷᠠᠢ ᠨᠢᠰᠬᠡᠯ ᠤᠨ ᠪᠠᠭᠤᠳᠠᠯ ᠤᠨ ᠨᠢᠰᠤᠯᠳᠡ ᠶᠢᠨ | ᠬᠡᠪᠴᠢᠶᠠᠨ ᠤ ᠦᠭᠡᠷᠡᠴᠢᠯᠡᠯᠳᠡ ᠶᠢᠨ ᠲᠦᠯᠦᠪᠵᠢᠭᠦᠯᠭᠡ ᠶᠢ ᠵᠠᠰᠠᠨ ᠨᠠᠶᠢᠷᠠᠭᠤᠯᠵᠤ᠂ ᠲᠤᠤᠷᠠᠢ ᠨᠢᠰᠬᠡᠯ ᠤᠨ ᠪᠠᠭᠤᠳᠠᠯ | ᠢ ᠲᠡᠰ ᠲᠡᠪᠰᠢᠬᠦᠯᠬᠦ ᠪᠠᠷ ᠴᠢᠷᠮᠠᠶᠢᠨ᠎ᠠ᠃ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠤᠨ᠂ ᠵᠢᠭᠤᠯᠴᠢᠯᠠᠯ ᠤᠨ ᠰᠢᠨ᠎ᠡ | ᠠᠶᠠᠯᠠᠯ ᠤᠨ ᠱᠤᠭᠤᠮ ᠢ ᠢᠳᠡᠪᠬᠢᠲᠡᠢ ᠴᠢᠷᠮᠠᠶᠢᠨ ᠨᠡᠪᠲᠡᠷᠡᠭᠦᠯᠦᠨ᠎ᠡ᠃ ᠤᠰᠤᠨ ᠠᠰᠢᠭᠯᠠᠯᠳᠠ ᠶᠢᠨ ᠲᠤᠤᠷᠵᠢᠯ ᠤᠨ | ᠲᠠᠯ᠎ᠠ ᠪᠠᠷ᠂ ᠤᠨᠴᠠ ᠶᠢᠨ ᠭᠤᠤᠯ᠂ ᠬᠠᠷ᠎ᠠ ᠰᠤᠬᠠᠢ᠂ ᠴᠡᠴᠡᠭ ᠤᠪᠤᠭ᠎ᠠ ᠭᠤᠷᠪᠠᠨ ᠰᠠᠭᠤᠷᠢ ᠲᠤᠮᠳᠠ ᠬᠡᠯᠪᠡᠷᠢ ᠶᠢᠨ | ᠤᠰᠤᠨ ᠬᠠᠰᠢᠯᠭ᠎ᠠ ᠰᠠᠯᠪᠢᠨ ᠪᠠᠬᠢᠵᠢᠬᠦᠯᠬᠦ ᠢᠨᠵᠧᠨᠧᠷᠢᠩ ᠢ ᠪᠡᠶᠡᠯᠡᠭᠦᠯᠦᠨ᠎ᠡ᠃ ᠬᠤᠳᠠ ᠶᠢᠨ ᠶᠠᠪᠤᠳᠠᠯ ᠤᠨ | ᠲᠤᠤᠷᠵᠢᠯ ᠤᠨ ᠲᠠᠯ᠎ᠠ ᠪᠠᠷ᠂ ᠭᠠᠵᠠᠷ ᠲᠤᠤᠷᠠᠬᠢ ᠬᠤᠭᠤᠯᠠᠢ ᠱᠤᠭᠤᠮ ᠤᠨ ᠶᠡᠷᠤᠩᠬᠡᠢ ᠬᠤᠩᠬᠢᠯ ᠤᠨ ᠪᠠᠶᠢᠭᠤᠯᠤᠯᠳᠠ | ᠲᠦᠯᠦᠪᠵᠢᠬᠦᠯᠦᠯᠳᠡ ᠶᠢ ᠨᠠᠶᠢᠷᠠᠭᠤᠯᠤᠨ ᠲᠠᠭᠤᠰᠬᠠᠵᠤ᠂ ᠭᠠᠵᠠᠷ ᠲᠤᠤᠷᠠᠬᠢ ᠬᠤᠭᠤᠯᠠᠢ ᠶᠢᠨ ᠲᠤᠤᠷᠵᠢᠯ ᠤᠨ | ᠪᠠᠶᠢᠭᠤᠯᠤᠯᠳᠠ ᠬᠠᠮᠢᠶᠠᠷᠤᠯᠳᠠ ᠶᠢᠨ ᠠᠷᠭ᠎ᠠ ᠶᠢ ᠲᠤᠭᠳᠠᠭᠠᠨ ᠨᠡᠶᠢᠳᠡᠯᠡᠵᠤ᠂ ᠪᠠᠯᠭᠠᠰᠤᠨ ᠤ ᠬᠡᠪᠴᠢᠶᠠᠨ ᠳᠠᠬᠢ ᠤᠰᠤ᠂ | ᠴᠠᠬᠢᠯᠭᠠᠨ᠂ ᠲᠤᠯᠠᠭᠠᠯᠭ᠎ᠠ᠂ ᠴᠢᠮᠡᠭᠡ ᠨᠡᠪᠳᠡᠷᠡᠬᠦᠯᠬᠡ ᠵᠡᠷᠬᠡ ᠭᠠᠵᠠᠷ ᠳᠣᠣᠷᠠᠬᠢ ᠬᠤᠭᠤᠯᠠᠢ ᠱᠤᠭᠤᠮ ᠤᠨ | ᠪᠠᠶᠢᠭᠤᠯᠤᠯᠳᠠ ᠶᠢ ᠤᠯᠠᠮ ᠨᠢᠬᠡ ᠠᠯᠬᠤᠮ ᠲᠦᠷᠢᠮᠵᠢᠬᠦᠯᠦᠨ᠎ᠠ᠃ ᠡᠨᠧᠷᠬᠢ ᠶᠢᠨ ᠲᠤᠤᠷᠵᠢᠯ ᠤᠨ ᠲᠠᠯ᠎ᠠ ᠪᠠᠷ᠂ | ᠠᠯᠳ᠋ᠬᠠᠤᠪᠤᠭ᠎ᠠ ᠠᠴᠠ ᠡᠵᠡᠨ᠎ᠡ ᠶᠢᠨ ᠴᠠᠬᠢᠯᠭᠠᠨ ᠨᠡᠬᠡᠬᠡᠯᠬᠡ ᠬᠠᠭᠠᠯᠭ᠎ᠠ ᠡᠵᠡᠮᠳᠡᠬᠦ ᠦᠷᠳᠡᠭᠡ ᠬᠦᠷᠳᠡᠯᠡᠬᠢ ᠴᠡᠬᠢᠯᠭᠠᠨ | ᠬᠦᠷᠬᠡᠵᠤ ᠬᠦᠴᠦᠳᠡᠯ ᠦᠬᠡᠷᠡᠴᠢᠯᠡᠬᠦ ᠱᠤᠭᠤᠮ ᠤᠨ ᠲᠠᠩ ᠪᠢᠳᠡᠬᠦᠤ ᠬᠡᠯᠬᠢᠶᠠᠨ ᠤ ᠢᠨᠵᠧᠨᠧᠷᠢᠩ ᠢ ᠲᠦᠯᠬᠢᠨ | ᠠᠬᠢᠭᠤᠯᠵᠤ᠂ ᠰᠢᠨ᠎ᠠ ᠡᠨᠧᠷᠬᠢ ᠶᠢᠨ ᠭᠠᠳᠠᠭᠰᠢ ᠬᠦᠷᠬᠡᠯᠳᠡ ᠶᠢ ᠨᠡᠪᠲᠡᠷᠡᠭᠦᠯᠦᠨ᠎ᠡ᠃ ᠳ᠋ᠦᠩᠹᠧᠩ ᠪᠠᠯᠭᠠᠰᠤ ᠶᠢᠨ | 35 ᠺᠢᠯᠤᠸᠤᠯᠲ ᠬᠦᠴᠦᠳᠡᠯ ᠦᠬᠡᠷᠡᠴᠢᠯᠡᠬᠦ ᠦᠷᠳᠡᠬᠡᠨ ᠤ 2 ᠨᠤᠮᠧᠷᠳᠤ ᠭᠤᠣᠯ ᠬᠦᠴᠦᠳᠡᠯ ᠦᠭᠡᠷᠡᠴᠢᠯᠡᠭᠴᠢ ᠶᠢ | ᠦᠷᠭᠡᠳᠬᠡᠨ ᠪᠠᠶᠢᠭᠤᠯᠬᠤ ᠢᠨᠵᠧᠨᠧᠷᠢᠩ ᠢ ᠬᠡᠷᠡᠭᠵᠢᠭᠦᠯᠦᠨ᠎ᠡ᠃ ᠰᠤᠷᠠᠭ ᠴᠢᠮᠡᠭᠡ ᠨᠡᠪᠳᠡᠷᠡᠬᠦ ᠲᠤᠤᠷᠵᠢᠯ ᠤᠨ ᠲᠠᠯ᠎ᠠ | ᠪᠠᠷ᠂ ︽ᠤᠶᠤᠨᠴᠢ ᠡᠵᠡᠨ᠎ᠡ︾ ᠶᠢ ᠪᠦᠬᠦ ᠲᠠᠯ᠎ᠠ ᠪᠠᠷ ᠪᠦᠲᠦᠭᠡᠨ ᠪᠠᠶᠢᠭᠤᠯᠵᠤ᠂ ᠦᠵᠡᠮᠵᠢ ᠶᠢᠨ ᠤᠷᠤᠨ ᠤ | ᠤᠶᠤᠨᠴᠢᠯᠠᠭᠰᠠᠨ ᠵᠢᠭᠤᠯᠴᠢᠯᠠᠯ ᠤᠨ ᠰᠢᠰᠲ᠋ᠧᠮ ᠢ ᠲᠡᠭᠦᠯᠳᠡᠷᠵᠢᠭᠦᠯᠦᠨ᠂ ᠴᠡᠭᠡ ᠡᠯᠧᠺᠲᠷᠣᠨᠴᠢᠯᠠᠭᠰᠠᠨ ᠪᠤᠭᠤᠮᠳᠠ | ᠶᠢᠨ ᠲᠤᠮᠤ ᠳ᠋ᠠᠶᠢᠲ᠋ᠠ ᠲᠦᠪ ᠤᠨ ᠲᠦᠷᠦᠯ ᠵᠤᠶᠢᠯ ᠢ ᠪᠡᠶᠡᠯᠡᠭᠦᠯᠵᠦ᠂ ᠨᠡᠶᠢᠳᠡ ᠶᠢᠨ ᠠᠮᠤᠷ ᠲᠦᠪᠰᠢᠨ ᠢ ᠬᠠᠷᠠᠭᠠᠨ | ᠲᠠᠪᠳᠠᠮᠵᠢ ᠶᠢᠨ ᠡᠵᠡᠮᠳᠡᠬᠦᠷ ᠢᠶᠠᠷ ᠬᠢᠨᠠᠨ ᠡᠵᠡᠮᠳᠡᠬᠦ ᠪᠠᠶᠢᠭᠤᠯᠤᠯᠲᠠ ᠶᠢ ᠨᠢᠬᠡᠳᠤᠯᠳᠡᠢ ᠲᠦᠯᠦᠪᠯᠡᠨ ᠬᠡᠷᠡᠭᠵᠢᠬᠦᠯᠵᠤ᠂ | ᠬᠤᠳᠠ ᠶᠢᠨ ᠶᠠᠪᠤᠳᠠᠯ ᠤᠨ ᠬᠠᠮᠢᠶᠠᠷᠤᠯᠳᠠ ᠳᠤ ᠤᠶᠢᠯᠡᠴᠢᠯᠡᠬᠦ᠂ ᠨᠡᠶᠢᠬᠡᠮ ᠤᠨ ᠠᠮᠤᠷ ᠲᠦᠪᠰᠢᠨ ᠤ ᠵᠠᠰᠠᠯᠳᠠ ᠶᠢ | ᠰᠢᠨᠡᠳᠬᠡᠬᠦ ᠵᠡᠷᠬᠡ ᠲᠠᠯ᠎ᠠ ᠪᠠᠷ ᠬᠢ ᠬᠡᠷᠡᠭᠯᠡᠯᠳᠡ ᠪᠠᠨ ᠴᠢᠩᠭᠠᠳᠬᠠᠨ᠂ ᠬᠤᠳᠠ ᠪᠠᠯᠭᠠᠰᠤᠨ ᠤ ᠤᠶᠤᠨᠴᠢᠯᠠᠭᠰᠠᠨ | ᠬᠠᠮᠢᠶᠠᠷᠤᠯᠳᠠ ᠶᠢᠨ ᠬᠢᠷᠢ ᠲᠦᠪᠰᠢᠨ ᠪᠠᠨ ᠦᠨᠡᠨᠬᠦ ᠲᠡᠬᠡᠭᠰᠢᠯᠡᠬᠦᠯᠤᠨ᠎ᠠ᠃ ᠡᠯᠧᠺᠲᠷᠣᠨᠴᠢᠯᠠᠭᠰᠠᠨ ᠬᠤᠳᠠᠯᠳᠤᠭᠠᠨ ᠤ | ᠶᠠᠪᠤᠳᠠᠯ ᠤᠨ ᠬᠦᠭᠵᠢᠯᠳᠡ ᠶᠢ ᠲᠦᠷᠬᠡᠳᠬᠡᠨ᠂ ᠡᠯᠧᠺᠲᠷᠣᠨᠴᠢᠯᠠᠭᠰᠠᠨ ᠬᠤᠳᠠᠯᠳᠤᠭᠠᠨ ᠤ ᠤᠶᠢᠯᠡᠰ ᠤᠨ ᠬᠦᠷᠢᠶᠡᠯᠡᠩ | ᠂ ᠡᠯᠧᠺᠲᠷᠣᠨᠴᠢᠯᠠᠭᠰᠠᠨ ᠬᠤᠳᠠᠯᠳᠤᠭᠠᠨ ᠤ ᠡᠵᠡᠩᠨᠡᠯᠳᠡ ᠶᠢᠨ ᠤᠶᠢᠯᠡᠴᠢᠯᠡᠬᠡᠨ ᠤ ᠲᠦᠪ ᠵᠢᠴᠢ ᠰᠤᠮᠤ ᠪᠠᠯᠭᠠᠰᠤᠨ ᠤ | ᠡᠯᠧᠺᠲᠷᠤᠨᠴᠢᠯᠠᠭᠰᠠᠨ ᠬᠤᠳᠠᠯᠳᠤᠭᠠᠨ ᠤ ᠤᠶᠢᠯᠡᠴᠢᠯᠡᠬᠡᠨ ᠤ ᠦᠷᠳᠡᠭᠡ ᠶᠢ ᠪᠠᠶᠢᠭᠤᠯᠤᠨ᠎ᠠ᠃ ᠠᠯᠤᠰ ᠪᠦᠢᠳᠡ | ᠤᠷᠤᠨ ᠤ ᠰᠤᠷᠠᠭ ᠴᠢᠮᠡᠬᠡᠨ ᠤ ᠨᠡᠪᠳᠡᠷᠡᠯᠴᠡᠬᠡᠨ ᠤ ᠪᠠᠶᠢᠭᠤᠯᠤᠯᠳᠠ ᠶᠢ ᠴᠢᠩᠭᠠᠳᠬᠠᠨ᠂ ᠰᠤᠷᠠᠭ ᠴᠢᠮᠡᠬᠡᠨ ᠤ | ᠲᠤᠬᠢᠶᠠᠨ ᠴᠢᠨᠠᠷ ᠪᠤᠯᠤᠨ ᠲᠤᠬᠢᠶᠠᠨ ᠪᠦᠷᠬᠦᠴᠡ ᠶᠢᠨ ᠬᠡᠪᠴᠢᠶ᠎ᠡ ᠶᠢ ᠤᠯᠠᠮ ᠨᠢᠬᠡ ᠠᠯᠬᠤᠮ ᠲᠡᠬᠡᠭᠰᠢᠯᠡᠬᠦᠯᠦᠨ᠎ᠠ᠃ | ︵ᠭᠤᠷᠪᠠ︶ ᠪᠤᠬᠢᠷᠳᠤᠯ ᠦᠭᠡᠢ ᠬᠦᠭᠵᠢᠯᠲᠡ ᠶᠢ ᠪᠠᠷᠢᠮᠲᠠᠯᠠᠨ᠂ ᠬᠦᠭᠵᠢᠯᠲᠡ ᠶᠢᠨ ᠤᠷᠴᠢᠨ ᠲᠤᠭᠤᠷᠢᠨ ᠢ | ᠬᠦᠴᠦᠯᠡᠨ ᠰᠢᠯᠢᠳᠡᠭᠵᠢᠭᠦᠯᠦᠨ᠎ᠡ | ᠠᠮᠢ ᠠᠬᠤᠢ ᠶᠢ ᠬᠠᠮᠠᠭᠠᠯᠠᠬᠤ ᠨᠢ ᠤᠯᠤᠰ ᠲᠤ ᠠᠰᠢᠭᠲᠠᠢ ᠮᠦᠷᠲᠡᠭᠡᠨ ᠪᠢᠳᠠᠨ ᠤ ᠴᠢᠬᠤᠯᠠ | ᠬᠠᠷᠢᠭᠤᠴᠠᠯᠭ᠎ᠠ ᠮᠦᠨ᠃ ᠪᠢᠳᠠ ᠤᠷᠴᠢᠨ ᠲᠤᠭᠤᠷᠢᠨ ᠢ ᠬᠠᠮᠠᠭᠠᠯᠠᠬᠤ ᠪᠠᠷ ᠪᠦᠲᠦᠭᠡᠨ ᠪᠠᠶᠢᠭᠤᠯᠤᠯᠲᠠ ᠪᠣᠯᠤᠨ | ᠬᠦᠭᠵᠢᠯᠲᠡ ᠶᠢᠨ ᠰᠠᠭᠤᠷᠢ ᠱᠤᠭᠤᠮ ᠪᠤᠯᠭᠠᠵᠤ᠂ ᠬᠦᠭᠵᠢᠯᠲᠡ ᠪᠤᠯᠤᠨ ᠬᠠᠮᠠᠭᠠᠯᠠᠯᠲᠠ ᠶᠢᠨ ᠬᠠᠷᠢᠴᠠᠭ᠎ᠠ ᠶᠢ ᠵᠦᠪ | ᠰᠢᠢᠳᠪᠦᠷᠢᠯᠡᠨ᠂ ᠠᠮᠢ ᠠᠬᠤᠢ ᠶᠢ ᠲᠡᠷᠢᠭᠦᠨ ᠳᠤ ᠲᠠᠯᠪᠢᠭᠰᠠᠨ ᠪᠣᠬᠢᠷᠳᠤᠯ ᠦᠭᠡᠢ ᠬᠦᠭᠵᠢᠯᠲᠡ ᠶᠢᠨ ᠵᠠᠮ ᠢᠶᠠᠷ ᠡᠷᠡᠰ | ᠰᠢᠭᠤᠷᠬᠠᠢ ᠵᠠᠮᠨᠠᠨ᠂ ᠠᠮᠢ ᠠᠬᠤᠢ ᠶᠢᠨ ᠲᠤᠮᠤ ᠲᠣᠭᠲᠠᠴᠠ ᠶᠢ ᠲᠦᠷᠭᠡᠳᠬᠡᠨ ᠪᠠᠶᠢᠭᠤᠯᠤᠨ᠎ᠠ᠃ ᠤᠯᠤᠰ ᠤᠨ ᠭᠤᠣᠯ | ᠪᠤᠯᠬᠤ ᠠᠮᠢ ᠠᠬᠤᠢ ᠶᠢᠨ ᠴᠢᠳᠠᠪᠬᠢᠲᠤ ᠵᠢᠱᠢᠶ᠎ᠡ ᠦᠵᠡᠭᠦᠯᠬᠦ ᠣᠷᠣᠨ ᠤ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠦᠨ᠂ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠡᠶᠡᠴᠢ ᠬᠠᠷᠢᠭᠤᠴᠠᠯᠭ᠎ᠠ ᠪᠣᠯᠣᠨ ᠬᠢᠨᠠᠯᠲᠠ ᠲᠠᠯᠪᠢᠬᠤ ᠬᠠᠷᠢᠭᠤᠴᠠᠯᠭ᠎ᠠ ᠶᠢ | ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠮᠢ ᠠᠬᠤᠢ ᠶᠢ ᠬᠠᠮᠠᠭᠠᠯᠠᠬᠤ ᠪᠠ ᠪᠦᠲᠦᠭᠡᠨ ᠪᠠᠶᠢᠭᠤᠯᠬᠤ ᠤᠷᠲᠤ | ᠬᠤᠭᠤᠴᠠᠭᠠᠨ ᠤ ᠪᠠᠶᠢᠭᠤᠯᠤᠮᠵᠢ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠨᠤᠲᠤᠭ ᠪᠡᠯᠴᠢᠭᠡᠷ ᠠᠮᠢ ᠠᠬᠤᠢ ᠶᠢᠨ | ᠱᠠᠩᠨᠠᠯ ᠨᠦᠬᠦᠪᠦᠷᠢ᠂ ᠤᠢ ᠰᠢᠭᠤᠢ ᠠᠮᠢ ᠠᠬᠤᠢ ᠶᠢᠨ ᠦᠷ᠎ᠡ ᠠᠰᠢᠭ ᠤᠨ ᠨᠦᠬᠦᠪᠦᠷᠢ ᠵᠡᠷᠭᠡ ᠲᠦᠷᠦ ᠶᠢᠨ | ᠪᠤᠳᠤᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠮᠠᠯᠵᠢᠬᠤ ᠶᠢ ᠵᠤᠭᠰᠤᠭᠠᠵᠤ ᠪᠡᠯᠴᠢᠭᠡᠷ ᠰᠡᠷᠭᠦᠭᠡᠭᠦ᠂ ︽ | ᠭᠤᠷᠪᠠᠨ ᠤᠮᠠᠷᠠᠲᠤ︾ ᠶᠢᠨ ᠬᠠᠯᠬᠠᠪᠴᠢ ᠤᠢ ᠶᠢ ᠬᠦᠮᠦᠨ ᠤ ᠬᠦᠴᠦ ᠪᠠᠷ ᠤᠶᠢᠵᠢᠭᠤᠯᠬᠤ ᠪᠦᠲᠦᠭᠡᠨ | ᠪᠠᠶᠢᠭᠤᠯᠤᠯᠲᠠ ᠵᠡᠷᠭᠡ ᠭᠤᠤᠯ ᠪᠤᠯᠬᠤ ᠠᠮᠢ ᠠᠬᠤᠢ ᠶᠢᠨ ᠢᠨᠵᠧᠨᠧᠷᠢᠩ ᠢ ᠰᠠᠶᠢᠲᠤᠷ ᠬᠡᠷᠡᠭᠵᠢᠭᠦᠯᠦᠨ᠂ ᠲᠤᠰ ᠵᠢᠯ | ᠳᠡᠭᠡᠨ ᠬᠦᠮᠦᠨ ᠤ ᠬᠦᠴᠦ ᠪᠠᠷ 30 ᠲᠦᠮᠡᠨ ᠮᠤ᠋ ᠣᠶᠢᠵᠢᠭᠤᠯᠵᠤ᠂ ᠡᠯᠡᠰᠦ ︵ᠠᠭᠤᠯᠠ︶ ᠶᠢ 5 ᠲᠦᠮᠡᠨ ᠮᠤ᠋ | ᠲᠤᠭᠲᠠᠭᠠᠵᠤ ᠨᠤᠭᠤᠭᠠᠷᠠᠭᠤᠯᠤᠨ᠂ 15 ᠲᠦᠮᠡᠨ ᠮᠤ᠋ ᠡᠯᠡᠰᠦᠷᠬᠡᠭᠵᠢᠭᠰᠡᠨ ᠭᠠᠵᠠᠷ ᠢ ᠪᠢᠲᠡᠭᠦᠮᠵᠢᠯᠡᠨ᠎ᠡ᠃ ᠮᠠᠯᠴᠢᠳ | ᠲᠠᠷᠢᠶᠠᠴᠢᠳ ᠤᠨ ᠨᠤᠲᠤᠭ ᠪᠡᠯᠴᠢᠭᠡᠷ ᠤᠨ ᠱᠠᠩᠨᠠᠯ ᠨᠦᠬᠦᠪᠦᠷᠢ ᠲᠠᠢ ᠠᠪᠤᠴᠠᠯᠳᠤᠭᠤᠯᠤᠭᠰᠠᠨ ᠪᠠᠶᠢᠭᠤᠯᠤᠮᠵᠢ ᠶᠢ | ᠪᠠᠶᠢᠭᠤᠯᠤᠨ᠂ ᠲᠣᠣᠷᠠᠢ ᠶᠢᠨ ᠣᠢ ᠳᠤ ᠲᠠᠷᠢᠶᠠᠯᠠᠬᠤ ᠶᠢ ᠵᠤᠭᠰᠤᠭᠠᠵᠤ ᠤᠢ ᠰᠢᠭᠤᠢ ᠶᠢ ᠰᠡᠷᠭᠦᠭᠡᠬᠦ ᠲᠦᠷᠦᠯ ᠵᠦᠢᠯ ᠢ | ᠶᠠᠪᠤᠭᠳᠠᠭᠤᠯᠵᠤ᠂ ᠲᠣᠣᠷᠠᠢ ᠶᠢᠨ ᠤᠢ ᠶᠢᠨ ᠲᠦᠪ ᠤᠷᠤᠨ᠂ ᠵᠠᠪᠰᠠᠷ ᠤᠨ ᠤᠷᠤᠨ ᠤ 1 ᠲᠦᠮᠡᠨ ᠮᠤ᠋ ᠲᠠᠷᠢᠶᠠᠯᠠᠩ ᠢ | ᠵᠤᠭᠰᠤᠭᠠᠨ᠎ᠠ᠃ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠬᠡᠷᠡᠭᠯᠡᠯᠲᠡ ᠶᠢ ᠴᠢᠩᠭᠠᠳᠬᠠᠨ᠂ ᠤᠰᠤᠨ ᠤ ᠡᠬᠢ | ᠪᠠᠶᠠᠯᠢᠭ ᠤᠨ ᠬᠤᠪᠢᠶᠠᠷᠢᠯᠠᠯᠲᠠ ᠶᠢ ᠰᠢᠯᠢᠳᠡᠭᠵᠢᠭᠦᠯᠵᠤ᠂ ᠭᠤᠣᠯ ᠳᠠᠭᠠᠤ ᠰᠤᠮᠤ ᠪᠠᠯᠭᠠᠰᠤ ᠬᠠᠷ᠎ᠠ ᠭᠤᠣᠯ ᠤᠨ ᠤᠰᠤ | ᠪᠠᠷ ᠲᠠᠷᠢᠶ᠎ᠠ ᠤᠰᠤᠯᠠᠬᠤ ᠶᠢ ᠪᠦᠬᠦ ᠲᠠᠯ᠎ᠠ ᠪᠠᠷ ᠴᠠᠭᠠᠵᠠᠯᠠᠨ᠂ ᠬᠠᠷ᠎ᠠ ᠭᠤᠣᠯ ᠤᠨ ᠤᠰᠤᠨ ᠤ ᠡᠬᠢ ᠪᠠᠶᠠᠯᠢᠭ ᠢ | ᠨᠤᠭᠤᠭᠠᠨ ᠪᠦᠷᠢᠳᠦ ᠶᠢᠨ ᠠᠮᠢ ᠠᠬᠤᠢ ᠶᠢ ᠰᠡᠷᠭᠦᠭᠡᠬᠦ ᠳᠤ ᠬᠡᠷᠡᠭᠯᠡᠬᠦ ᠪᠠᠷ ᠴᠢᠷᠮᠠᠶᠢᠨ᠎ᠠ᠃ ︽ᠡᠵᠡᠨ᠎ᠡ ᠬᠤᠰᠢᠭᠤᠨ ᠤ | ᠲᠠᠷᠢᠶᠠᠯᠠᠩ ᠦᠢᠯᠡᠰ ᠤᠨ ᠤᠰᠤᠨ ᠤ ᠡᠷᠬᠡ᠂ ᠤᠰᠤᠨ ᠤ ᠦᠨ᠎ᠡ ᠶᠢ ᠶᠡᠷᠦᠩᠭᠡᠶᠢᠯᠡᠨ ᠦᠭᠡᠷᠡᠴᠢᠯᠡᠬᠦ | ᠬᠡᠷᠡᠭᠵᠢᠬᠦᠯᠦᠯᠳᠡ ᠶᠢᠨ ᠲᠦᠰᠦᠯ︾ ᠢ ᠨᠠᠶᠢᠷᠠᠭᠤᠯᠤᠨ ᠭᠠᠷᠭᠠᠵᠤ᠂ ᠲᠠᠷᠢᠶᠠᠯᠠᠩ ᠳᠤ ᠬᠡᠷᠡᠭᠯᠡᠬᠦ ᠬᠤᠳᠳᠤᠭ ᠲᠤ | ᠤᠶᠤᠨᠯᠢᠭ ᠬᠡᠮᠵᠢᠭᠦᠷ ᠤᠭᠰᠠᠷᠠᠨ᠂ ᠤᠰᠤᠨ ᠤ ᠦᠨ᠎ᠡ ᠶᠢ ᠱᠠᠳᠤᠴᠢ ᠪᠠᠷ ᠪᠤᠳᠤᠬᠤ ᠠᠷᠭ᠎ᠠ ᠶᠢ ᠬᠡᠷᠡᠭᠯᠡᠵᠦ᠂ ᠭᠠᠵᠠᠷ | ᠳᠣᠣᠷᠠᠬᠢ ᠤᠰᠤᠨ ᠤ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠬᠡᠷᠡᠭᠯᠡᠬᠦ ᠶᠢ ᠠᠬᠢᠭᠤᠯᠤᠨ᠎ᠠ᠃ ︽ | ᠭᠤᠤᠯ ᠮᠦᠷᠡᠨ ᠤ ᠬᠠᠮᠢᠶᠠᠷᠤᠯᠲᠠ ᠶᠢᠨ ᠳᠠᠷᠤᠭ᠎ᠠ ᠶᠢᠨ ᠳᠦᠷᠢᠮ︾ ᠢ ᠬᠡᠷᠡᠭᠵᠢᠭᠦᠯᠦᠨ᠂ ᠡᠵᠡᠨ᠎ᠡ ᠭᠤᠣᠯ ᠤᠨ ᠰᠠᠪᠠ | ᠤᠷᠤᠨ ᠤ ᠰᠠᠶᠢᠨ ᠰᠠᠶᠢᠬᠠᠨ ᠠᠮᠢ ᠠᠬᠤᠢ ᠶᠢᠨ ᠤᠷᠴᠢᠨ ᠲᠤᠭᠤᠷᠢᠨ ᠢ ᠨᠠᠨᠳᠢᠩᠨᠠᠨ ᠬᠠᠮᠠᠭᠠᠯᠠᠨ᠎ᠠ᠃ ᠤᠯᠠᠨ | ᠲᠦᠮᠡᠨ ᠤ ᠬᠠᠯᠠᠮᠵᠢᠯᠠᠵᠤ ᠪᠠᠶᠢᠭ᠎ᠠ ᠪᠠᠶᠢᠭᠠᠯᠢ ᠤᠷᠴᠢᠨ ᠤ ᠠᠰᠠᠭᠤᠳᠠᠯ ᠢ ᠴᠢᠬᠤᠯᠠᠴᠢᠯᠠᠨ ᠰᠢᠢᠳᠪᠦᠷᠢᠯᠡᠵᠦ᠂ | ᠲᠠᠷᠢᠶᠠᠯᠠᠩ ᠤᠨ ᠣᠯᠠᠨ ᠡᠬᠢᠲᠦ ᠪᠤᠬᠢᠷᠳᠦᠯ ᠪᠤᠯᠤᠨ ᠴᠡᠭᠡ ᠪᠤᠭᠤᠮᠲᠠ ᠶᠢᠨ ᠲᠣᠭᠤᠰᠤᠨ ᠤ ᠪᠤᠬᠢᠷᠳᠤᠯ ᠢ ᠴᠢᠷᠮᠠᠶᠢᠨ | ᠵᠠᠰᠠᠵᠤ᠂ ᠪᠣᠬᠢᠷ ᠤᠰᠤ᠂ ᠠᠭᠠᠷ ᠮᠠᠨᠳᠠᠯ ᠤᠨ ᠪᠤᠬᠢᠷᠳᠤᠯ ᠪᠤᠳᠠᠰ ᠢ ᠲᠤᠭᠲᠠᠭᠰᠠᠨ ᠪᠠᠷᠢᠮᠵᠢᠶ᠎ᠠ ᠲᠣᠲᠤᠷ᠎ᠠ | ᠬᠢᠵᠠᠭᠠᠷᠯᠠᠬᠤ ᠶᠢ ᠪᠠᠲᠤᠯᠠᠨ᠎ᠠ᠃ | ︵ ᠲᠦᠷᠪᠡ︶ ᠴᠢᠯᠦᠭᠡᠲᠦ ᠬᠦᠭᠵᠢᠯᠳᠡ ᠶᠢ ᠪᠠᠷᠢᠮᠳᠠᠯᠠᠨ᠂ ᠭᠠᠳᠠᠭᠰᠢ ᠬᠠᠨᠳᠤᠯᠲᠠ ᠶᠢᠨ ᠠᠵᠤ ᠠᠬᠤᠢ ᠶᠢ | ᠬᠦᠭᠵᠢᠭᠦᠯᠭᠦ ᠲᠠᠯ᠎ᠠ ᠪᠠᠷ ᠰᠢᠨ᠎ᠠ ᠰᠢᠪᠳᠤᠯᠳᠠ ᠶᠢ ᠤᠯᠤᠨ᠎ᠠ | ᠲᠤᠷᠭᠠᠨ ᠵᠠᠮ ᠤᠨ ᠠᠵᠤ ᠠᠬᠤᠢ ᠶᠢᠨ ᠪᠦᠰᠡ ᠪᠤᠯᠤᠨ ᠲᠤᠮᠳᠠᠳᠤ ᠤᠷᠤᠰ ᠮᠤᠩᠭᠤᠯ ᠤᠨ ᠨᠡᠪᠳᠡᠷᠡᠯᠴᠡᠭᠡᠨ | ᠤ ᠪᠦᠳᠤᠭᠡᠨ ᠪᠠᠶᠢᠭᠤᠯᠤᠯᠳᠠ ᠲᠠᠢ ᠬᠦᠨᠵᠡᠭᠡᠢ ᠤᠶᠠᠯᠳᠤᠨ᠂ ᠮᠤᠩᠭᠤᠯ ᠤᠯᠤᠰ ᠲᠠᠢ ᠴᠢᠯᠤᠭᠡᠳᠠᠢ ᠶᠠᠪᠤᠯᠴᠠᠬᠤ ᠪᠤᠯᠤᠨ | ᠤᠷᠤᠨ ᠪᠦᠰᠡ ᠶᠢᠨ ᠬᠠᠮᠳᠤᠷᠠᠯᠴᠠᠭ᠎ᠠ ᠶᠢ ᠬᠦᠨᠵᠡᠭᠡᠶᠢᠷᠡᠭᠦᠯᠵᠤ᠂ ᠲᠠᠪᠠᠭᠤᠯᠢᠭ ᠢᠶᠠᠨ ᠨᠦᠭᠦᠪᠦᠷᠢᠯᠡᠨ᠂ ᠬᠤᠯᠪᠤᠭᠠᠯᠠᠨ | ᠬᠦᠭᠵᠢᠵᠤ᠂ ᠴᠢᠯᠤᠭᠡᠳᠤ ᠨᠡᠭᠡᠭᠡᠯᠳᠡ ᠶᠢᠨ ᠲᠤᠮᠤ ᠲᠤᠭᠳᠠᠴᠠ ᠶᠢ ᠲᠦᠷᠭᠡᠳᠭᠡᠨ ᠪᠠᠶᠢᠭᠤᠯᠤᠨ᠎ᠠ᠃ ᠪᠤᠭᠤᠮᠳᠠ ᠶᠢᠨ | ᠪᠦᠳᠤᠭᠡᠨ ᠪᠠᠶᠢᠭᠤᠯᠤᠯᠳᠠ ᠪᠤᠯᠤᠨ ᠬᠦᠭᠵᠢᠯᠳᠡ ᠶᠢ ᠪᠦᠭᠦ ᠬᠦᠴᠦ ᠪᠠᠷ ᠲᠡᠮᠵᠢᠨ᠂ ᠴᠡᠭᠡ ᠪᠤᠭᠤᠮᠳᠠ ᠶᠢᠨ | ᠬᠠᠮᠢᠶᠠᠷᠴᠤ ᠠᠵᠢᠯᠯᠠᠬᠤ ᠤᠤᠯ ᠤᠨ ᠲᠤᠭᠳᠠᠴᠠ ᠶᠢ ᠬᠤᠪᠢᠷᠠᠭᠤᠯᠬᠤ ᠦᠭᠡᠢ ᠪᠠᠶᠢᠳᠠᠯ ᠲᠤᠤᠷ᠎ᠠ᠂ ᠡᠷᠭᠡ | ᠬᠠᠷᠢᠭᠤᠴᠠᠯᠭ᠎ᠠ ᠠᠰᠢᠭ ᠲᠤᠰᠠ ᠶᠢ ᠨᠢᠭᠡᠳᠤᠭᠦᠯᠭᠦ ᠵᠠᠷᠴᠢᠮ ᠢ ᠦᠨᠳᠤᠰᠤᠯᠡᠨ᠂ ᠠᠶᠤᠯᠭᠦᠢ ᠤᠶᠢᠯᠡᠳᠪᠤᠷᠢᠯᠡᠯ᠂ | ᠤᠷᠴᠢᠨ ᠲᠤᠭᠤᠷᠢᠨ ᠤ ᠬᠠᠮᠠᠭᠠᠯᠠᠯᠳᠠ ᠪᠤᠯᠤᠨ ᠵᠠᠬᠢᠳᠠᠯ ᠰᠤᠷᠪᠤᠯᠵᠢᠯᠠᠭ᠎ᠠ ᠠᠮᠤᠷ ᠲᠤᠭᠳᠠᠭᠤᠨ ᠤ ᠲᠠᠯ᠎ᠠ ᠶᠢᠨ | ᠬᠢᠨᠠᠯᠳᠠ ᠬᠠᠮᠢᠶᠠᠷᠤᠯᠳᠠ ᠶᠢᠨ ᠡᠷᠭᠡ ᠪᠤᠯᠤᠨ ᠬᠠᠷᠢᠭᠤᠴᠠᠯᠭ᠎ᠠ ᠶᠢ ᠴᠡᠭᠡ ᠪᠤᠭᠤᠮᠳᠠ ᠳᠤ ᠲᠤᠰᠢᠶᠠᠨ ᠦᠭᠴᠤ᠂ | ᠪᠤᠭᠤᠮᠳᠠ ᠶᠢᠨ ᠬᠦᠭᠵᠢᠯᠳᠡ ᠶᠢᠨ ᠤᠷᠤᠨ ᠵᠠᠢ ᠶᠢ ᠦᠷᠭᠡᠳᠭᠡᠨ᠎ᠡ᠃ ᠴᠡᠭᠡ ᠪᠤᠭᠤᠮᠳᠠ ᠶᠢᠨ ᠰᠠᠭᠤᠷᠢ | ᠲᠦᠭᠦᠭᠡᠷᠤᠮᠵᠢ ᠪᠤᠯᠤᠨ ᠨᠡᠪᠳᠡᠷᠡᠯᠴᠡᠭᠡᠨ ᠤ ᠪᠦᠳᠤᠭᠡᠨ ᠪᠠᠶᠢᠭᠤᠯᠤᠯᠳᠠ ᠶᠢ ᠲᠦᠷᠭᠡᠳᠭᠡᠵᠤ᠂ ᠲᠡᠮᠤᠷ ᠵᠠᠮ ᠤᠨ | ᠪᠤᠭᠤᠮᠳᠠ ᠶᠢᠨ ᠰᠠᠭᠤᠷᠢ ᠲᠦᠭᠦᠭᠡᠷᠤᠮᠵᠢ᠂ ᠬᠢᠯᠢ ᠠᠯᠤᠰᠯᠠᠭᠰᠠᠨ ᠪᠠᠷᠢᠮᠵᠢᠶᠠᠳᠤ ᠲᠡᠮᠤᠷ ᠵᠠᠮ ᠤᠨ ᠲᠡᠭᠡᠭᠡᠪᠤᠷᠢ ᠶᠢᠨ | ᠱᠤᠭᠤᠮ ᠪᠤᠯᠤᠨ ᠲᠡᠮᠤᠷ ᠵᠠᠮ ᠤᠨ ᠵᠠᠯᠭᠠᠭᠠᠰᠤ ᠶᠢᠨ ᠲᠦᠷᠦᠯ ᠵᠤᠶᠢᠯ ᠢ ᠪᠡᠶᠡᠯᠡᠭᠦᠯᠵᠤ᠂ ᠮᠦᠨ ᠵᠢᠯ ᠳᠡᠭᠡᠨ | ᠪᠤᠭᠤᠮᠲᠠ ᠪᠠᠷ ᠨᠡᠪᠳᠡᠷᠡᠬᠦ ᠶᠢ ᠴᠢᠷᠮᠠᠶᠢᠨ ᠪᠠᠶᠡᠯᠡᠭᠦᠯᠦᠨ᠎ᠡ᠃ ᠴᠡᠭᠡ ᠠᠴᠠ ᠮᠤᠩᠭᠤᠯ ᠤᠯᠤᠰ ᠤᠨ ᠨᠠᠷᠢᠨᠰᠤᠬᠠᠶᠢᠲᠤ | ᠬᠦᠷᠲᠡᠯᠡᠬᠢ ᠲᠡᠮᠦᠷ ᠵᠠᠮ᠂ ᠴᠡᠭᠡ ᠠᠴᠠ ᠡᠮᠦᠨᠡᠭᠤᠪᠢ ᠠᠶᠢᠮᠠᠭ ᠬᠦᠷᠲᠡᠯᠡᠬᠢ ᠵᠠᠰᠠᠮᠠᠯ ᠵᠠᠮ᠂ ᠴᠡᠭᠡ ᠠᠴᠠ | ᠪᠠᠶᠠᠨᠬᠤᠩᠭᠤᠷ ᠠᠶᠢᠮᠠᠭ ᠬᠦᠷᠲᠡᠯᠡᠬᠢ ᠵᠠᠰᠠᠮᠠᠯ ᠵᠠᠮ ᠵᠡᠷᠭᠡ ᠤᠯᠤᠰ ᠠᠴᠠ ᠲᠤᠰᠠᠯᠠᠨ ᠪᠠᠶᠢᠭᠤᠯᠬᠤ ᠨᠢᠭᠡ ᠪᠦᠯᠦᠭ | ᠲᠣᠮᠤ ᠴᠢᠬᠤᠯᠠ ᠨᠡᠪᠲᠡᠷᠡᠯᠴᠡᠭᠡᠨ ᠤ ᠲᠦᠷᠦᠯ ᠵᠦᠢᠯ ᠢ ᠢᠳᠡᠪᠬᠢᠲᠡᠢ ᠠᠬᠢᠭᠤᠯᠤᠨ᠎ᠠ᠃ ᠮᠢᠬᠠᠨ ᠤ ᠲᠦᠷᠦᠯ ᠢ | ᠭᠠᠳᠠᠭᠠᠳᠤ ᠠᠴᠠ ᠤᠷᠤᠭᠤᠯᠬᠤ ᠲᠣᠭᠲᠠᠮᠠᠯ ᠪᠤᠭᠤᠮᠳᠠ ᠶᠢ ᠲᠦᠷᠭᠡᠳᠬᠡᠨ ᠪᠠᠶᠢᠭᠤᠯᠵᠤ᠂ ᠲᠠᠷᠢᠶᠠᠯᠠᠩ ᠤᠨ | ᠪᠦᠳᠦᠬᠡᠭᠳᠡᠬᠦᠨ ᠪᠠ ᠮᠠᠯᠵᠢᠯ ᠤᠨ ᠠᠰᠢᠭ ᠰᠢᠮ᠎ᠡ ᠶᠢ ᠡᠳ᠋ᠰᠢᠭᠦᠯᠬᠦ ᠠᠵᠤ ᠦᠢᠯᠡᠰ ᠤᠨ ᠬᠦᠷᠢᠶᠡᠯᠡᠩ ᠢ | ᠲᠦᠯᠦᠪᠵᠢᠭᠦᠯᠵᠦ ᠰᠢᠨ᠎ᠡ ᠪᠠᠷ ᠪᠠᠶᠢᠭᠤᠯᠤᠨ᠂ ᠳᠣᠣᠷ᠎ᠠ ᠳᠤᠯᠠᠭᠠᠨ ᠳᠤ ᠪᠠᠶᠢᠴᠠᠭᠠᠨ ᠰᠢᠯᠭᠠᠬᠤ ᠪᠠ ᠬᠠᠳᠠᠭᠠᠯᠠᠬᠤ ᠶᠢ | ᠨᠢᠭᠡ ᠴᠣᠭᠴᠠᠵᠢᠭᠤᠯᠤᠭᠰᠠᠨ ᠲᠦᠬᠦᠭᠡᠷᠦᠮᠵᠢ ᠶᠢ ᠢᠵᠢ ᠪᠦᠷᠢᠳᠦᠭᠦᠯᠵᠦ᠂ ᠲᠤᠰ ᠵᠢᠯ ᠳᠡᠭᠡᠨ ᠬᠦᠯᠳᠡᠭᠦᠦ ᠰᠤᠷᠭᠤᠭ | ᠮᠢᠬᠠᠨ ᠤ ᠣᠷᠤᠭᠤᠯᠤᠯᠲᠠ ᠶᠢ ᠴᠢᠷᠮᠠᠶᠢᠨ ᠪᠡᠶᠡᠯᠡᠭᠦᠯᠦᠨ᠎ᠡ᠃ ᠦᠪᠡᠷᠲᠡᠭᠡᠨ ᠵᠠᠰᠠᠬᠤ ᠤᠷᠤᠨ ᠤ ᠭᠤᠤᠯᠳᠠᠯᠭᠠᠳᠤ | ᠨᠡᠭᠡᠭᠡᠨ ᠬᠦᠭᠵᠢᠭᠦᠯᠬᠦ ᠲᠤᠷᠰᠢᠯᠲᠠ ᠶᠢᠨ ᠤᠷᠤᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠴᠡᠭᠡ | ᠪᠤᠭᠤᠮᠲᠠ ᠶᠢᠨ ᠲᠡᠰ ᠳᠡᠪᠰᠢᠨ ᠤᠯᠠᠨ ᠤᠯᠤᠰ ᠤᠨ ᠴᠢᠨᠠᠷᠲᠠᠢ ᠪᠤᠭᠤᠮᠲᠠ ᠪᠤᠯᠬᠤ ᠶᠢ ᠠᠬᠢᠭᠤᠯᠤᠨ᠂ ᠳᠤᠮᠳᠠᠳᠤ | ᠮᠤᠩᠭᠤᠯ ᠤᠨ ᠴᠡᠭᠡ — ᠰᠢᠪᠡᠭᠡ ᠬᠦᠷᠡᠩ ᠤᠨ ᠬᠢᠯᠢ ᠠᠯᠤᠰᠯᠠᠭᠰᠠᠨ ᠠᠵᠤ ᠠᠬᠤᠢ ᠶᠢᠨ ᠬᠠᠮᠲᠤᠷᠠᠯᠴᠠᠭᠠᠨ ᠤ | ᠤᠷᠤᠨ ᠵᠦᠪᠰᠢᠶᠡᠷᠡᠭᠳᠡᠨ ᠪᠠᠶᠢᠭᠤᠯᠤᠭᠳᠠᠬᠤ ᠶᠢ ᠠᠬᠢᠭᠤᠯᠤᠨ᠎ᠠ᠃ ︽ᠨᠢᠩᠰᠢᠶᠠ᠂ ᠦᠪᠦᠷ ᠮᠤᠩᠭᠤᠯ᠂ ᠱᠠᠨᠰᠢ᠂ | ᠭᠠᠨᠰᠤ︾᠂ ︽ᠬᠦᠬᠡᠬᠤᠲᠠ᠂ ᠪᠤᠭᠤᠲᠤ᠂ ᠢᠷᠭᠠᠢ᠂ ᠢᠦᠢ ᠯᠢᠨ︾ ᠤ ᠠᠵᠤ ᠠᠬᠤᠢ ᠶᠢᠨ ᠬᠠᠮᠳᠤᠷᠠᠯᠴᠠᠬᠤ | ᠤᠷᠤᠨ ᠤ ᠪᠦᠷᠢᠯᠳᠤᠭᠦᠨ ᠤ ᠬᠤᠭᠤᠷᠤᠨᠳᠤᠬᠢ ᠪᠤᠳᠠᠲᠤ ᠰᠤᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠂ | ᠠᠰᠢᠭ ᠤᠯᠬᠤ ᠬᠠᠮᠳᠤᠷᠠᠯᠴᠠᠭᠠᠨ ᠤ ᠤᠯᠠᠮ ᠭᠦᠨ ᠲᠦᠪᠰᠢᠨ᠂ ᠤᠯᠠᠮ ᠦᠷᠭᠡᠨ ᠬᠦᠷᠢᠶ᠎ᠡ ᠴᠠᠷ᠎ᠠ ᠵᠦᠭ | ᠬᠦᠭᠵᠢᠬᠦ ᠶᠢ ᠠᠬᠢᠭᠤᠯᠤᠨ᠎ᠠ᠃ | ︵ᠲᠠᠪᠤ︶ ᠬᠦᠭᠵᠢᠯᠳᠡ ᠶᠢ ᠬᠠᠮᠳᠤ ᠪᠠᠷ ᠡᠳ᠋ᠯᠡᠭᠦ ᠶᠢ ᠪᠠᠷᠢᠮᠳᠠᠯᠠᠨ᠂ ᠠᠷᠠᠳ ᠤᠨ ᠠᠮᠢᠳᠤᠷᠠᠯ ᠢ ᠪᠠᠳᠤᠯᠠᠨ | ᠰᠠᠶᠢᠵᠢᠷᠠᠭᠤᠯᠬᠤ ᠲᠠᠯ᠎ᠠ ᠪᠠᠷ ᠰᠢᠨ᠎ᠠ ᠰᠢᠪᠳᠤᠯᠳᠠ ᠤᠯᠤᠨ᠎ᠠ | ᠬᠦᠭᠵᠢᠯᠳᠡ ᠶᠢᠨ ᠦᠨᠳᠤᠰᠤᠨ ᠵᠤᠷᠢᠯᠭ᠎ᠠ ᠪᠤᠯ ᠠᠷᠠᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠬᠤ | ᠪᠤᠯᠤᠨ᠎ᠠ᠂ ᠪᠢᠳᠠ ᠡᠷᠭᠡᠪᠰᠢ ᠠᠷᠠᠳ ᠤᠨ ᠠᠮᠢᠳᠤᠷᠠᠯ ᠤᠨ ᠠᠵᠢᠯ ᠢ ᠯᠠᠪᠳᠠᠭᠤᠨ ᠪᠦᠳᠤᠮᠵᠢᠳᠠᠢ ᠰᠠᠶᠢᠳᠤᠷ ᠬᠢᠵᠤ᠂ | ᠰᠤᠷᠭᠠᠨ ᠬᠦᠮᠦᠵᠢᠯ᠂ ᠡᠷᠡᠭᠦᠯ ᠬᠠᠮᠠᠭᠠᠯᠠᠯ᠂ ᠠᠵᠢᠯ ᠤᠯᠭᠤᠯᠳᠠ᠂ ᠨᠠᠰᠤᠳᠠᠨ ᠢ ᠠᠰᠠᠷᠠᠬᠤ ᠵᠡᠷᠭᠡ ᠲᠠᠯ᠎ᠠ ᠶᠢ | ᠬᠠᠮᠤᠷᠤᠭᠰᠠᠨ ᠨᠡᠶᠢᠳᠡ ᠶᠢᠨ ᠤᠶᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠳᠠ ᠶᠢ ᠪᠦᠭᠦ ᠲᠠᠯ᠎ᠠ ᠪᠠᠷ ᠴᠢᠩᠭᠠᠳᠬᠠᠨ᠂ | ᠦᠷᠭᠡᠨ ᠤᠯᠠᠨ ᠠᠷᠠᠳ ᠲᠦᠮᠡᠨ ᠤ ᠬᠠᠨᠤᠮᠵᠢᠲᠠᠢ ᠰᠡᠳᠭᠢᠯᠭᠡ ᠶᠢ ᠲᠠᠰᠤᠷᠠᠯᠳᠠ ᠦᠭᠡᠢ ᠲᠡᠭᠡᠭᠰᠢᠯᠡᠭᠦᠯᠵᠤ᠂ ᠠᠷᠠᠳ | ᠤᠨ ᠠᠮᠢᠳᠤᠷᠠᠯ ᠤᠨ ᠲᠤᠮᠤ ᠲᠤᠭᠳᠠᠴᠠ ᠶᠢ ᠲᠦᠷᠭᠡᠳᠭᠡᠨ ᠪᠠᠶᠢᠭᠤᠯᠤᠨ᠎ᠠ᠃ | ᠠᠷᠠᠳ ᠤᠨ ᠠᠮᠢᠳᠤᠷᠠᠯ ᠤᠨ ᠪᠠᠳᠤᠯᠠᠭᠠᠨ ᠤ ᠲᠦᠪᠰᠢᠨ ᠢ ᠬᠦᠴᠦᠯᠡᠨ ᠲᠡᠬᠡᠭᠰᠢᠯᠡᠬᠦᠯᠦᠨ᠎ᠠ᠃ | ᠤᠨᠤᠪᠴᠢᠳᠠᠢ ᠪᠠᠷ ᠶᠠᠳᠠᠭᠤ ᠶᠢ ᠲᠡᠳᠭᠦᠭᠦ ᠠᠷᠭ᠎ᠠ ᠠᠪᠴᠠᠯ ᠢ ᠦᠷᠭᠦᠯᠵᠢᠯᠡᠨ ᠭᠡᠷᠡᠭᠵᠢᠭᠦᠯᠵᠤ᠂ ᠶᠠᠳᠠᠭᠤ ᠠᠴᠠ | ᠠᠩᠬᠢᠵᠢᠷᠠᠭᠤᠯᠤᠭᠰᠠᠨ ᠦᠷ᠎ᠡ ᠪᠦᠳᠦᠬᠡᠯ ᠢᠶᠠᠨ ᠪᠠᠬᠢᠵᠢᠭᠦᠯᠦᠨ᠎ᠡ᠃ ᠲᠠᠪᠠᠭᠤᠯᠢᠭ ᠡᠬᠢ ᠪᠠᠶᠠᠯᠢᠭ ᠢᠶᠠᠨ ᠨᠢᠬᠡᠳᠤᠬᠦᠯᠵᠤ | ᠂ ᠤᠶᠢᠯᠡᠰ ᠪᠤᠰᠬᠠᠵᠤ ᠠᠵᠢᠯ ᠣᠯᠭᠤᠬᠤ ᠳᠠᠪᠴᠠᠩ ᠢ ᠪᠠᠶᠢᠭᠤᠯᠤᠨ᠂ ᠦᠢᠯᠡᠰ ᠪᠤᠰᠬᠠᠬᠤ ᠪᠠᠷ ᠠᠵᠢᠯ ᠣᠯᠭᠤᠯᠲᠠ ᠶᠢ | ᠳᠠᠶᠢᠴᠢᠯᠠᠵᠤ᠂ ᠬᠤᠳᠠ ᠪᠠᠯᠭᠠᠰᠤᠨ ᠤ 260 ᠬᠦᠮᠦᠨ ᠳᠤ ᠰᠢᠨ᠎ᠠ ᠪᠠᠷ ᠠᠵᠢᠯ ᠣᠯᠭᠤᠬᠤ ᠶᠢ ᠪᠡᠶᠡᠯᠡᠬᠦᠯᠦᠨ᠂ | ᠪᠦᠷᠢᠳᠬᠡᠬᠦᠯᠦᠭᠰᠡᠨ ᠠᠵᠢᠯ ᠠᠯᠳᠠᠬᠤ ᠨᠤᠷᠮ᠎ᠠ ᠶᠢ 3% ᠲᠤᠳᠤᠷ᠎ᠠ ᠬᠢᠵᠠᠭᠠᠷᠯᠠᠨ᠎ᠠ᠃ ᠪᠦᠬᠦ ᠠᠷᠠᠳ ᠢᠶᠠᠷ | ᠲᠠᠭᠠᠳᠬᠠᠯ ᠳᠤ ᠤᠷᠤᠬᠤ ᠲᠦᠯᠦᠪᠯᠡᠭᠡ ᠶᠢ ᠦᠷᠬᠦᠯᠵᠢᠯᠡᠨ ᠠᠬᠢᠭᠤᠯᠵᠤ᠂ ᠨᠡᠶᠢᠬᠡᠮ ᠤᠨ ᠲᠠᠭᠠᠳᠬᠠᠯ ᠤᠨ ᠪᠦᠷᠬᠦᠴᠡ | ᠶᠢ ᠤᠯᠠᠮ ᠨᠢᠬᠡ ᠠᠯᠬᠤᠮ ᠦᠷᠬᠡᠳᠬᠡᠨ᠎ᠡ᠃ ᠨᠠᠰᠤᠳᠠᠳ ᠢ ᠠᠰᠠᠷᠠᠬᠤ ᠤᠶᠢᠯᠡᠴᠢᠯᠡᠬᠡᠨ ᠤ ᠲᠦᠬᠦᠬᠡᠷᠦᠮᠵᠢ ᠶᠢᠨ | ᠪᠠᠶᠢᠭᠤᠯᠤᠯᠳᠠ ᠶᠢ ᠴᠢᠩᠭᠠᠳᠬᠠᠨ᠂ ᠬᠡᠷ ᠲᠤᠨᠢ ᠤᠶᠢᠯᠡᠴᠢᠯᠡᠭᠡ ᠬᠦᠷᠬᠡᠬᠦ ᠪᠠᠷ ᠭᠤᠤᠯᠳᠠᠭᠤᠯᠤᠨ ᠠᠰᠠᠷᠠᠬᠤ ᠪᠤᠯᠤᠨ | ᠨᠡᠶᠢᠬᠡᠮ ᠲᠤᠭᠤᠷᠢᠭ ᠠᠴᠠ ᠬᠠᠷᠠᠭᠠᠯᠵᠠᠨ ᠠᠰᠠᠷᠠᠬᠤ ᠵᠡᠷᠬᠡ ᠨᠠᠰᠤᠳᠠᠳ ᠢ ᠠᠰᠠᠷᠠᠬᠤ ᠬᠡᠯᠪᠡᠷᠢ ᠶᠢ ᠶᠡᠭᠡ ᠪᠠᠷ | ᠬᠦᠭᠵᠢᠬᠦᠯᠦᠨ᠂ ᠬᠠᠷᠠᠭᠠᠯᠵᠠᠯᠳᠤ ᠲᠦᠷᠦ ᠶᠢᠨ ᠪᠤᠳᠤᠯᠭ᠎ᠠ ᠶᠢ ᠰᠤᠳᠤᠯᠤᠨ ᠲᠤᠭᠳᠠᠭᠠᠵᠤ ᠨᠡᠶᠢᠳᠡᠯᠡᠨ᠂ ︽ᠠᠷᠠᠳ | ᠠᠴᠠ ᠡᠵᠡᠩᠨᠡᠵᠤ ᠠᠯᠪᠠᠨ ᠠᠴᠠ ᠨᠦᠬᠦᠪᠤᠷᠢᠯᠡᠬᠦ︾ ᠠᠷᠭ᠎ᠠ ᠪᠠᠷ ᠲᠠᠮᠵᠢᠨ᠂ ᠨᠡᠶᠢᠬᠡᠮ ᠤᠨ ᠬᠦᠷᠦᠩᠬᠡ ᠪᠠᠷ | ᠨᠠᠰᠤᠳᠠᠳ ᠢ ᠠᠰᠠᠷᠠᠬᠤ ᠪᠠᠶᠢᠭᠤᠯᠤᠮᠵᠢ ᠪᠠᠶᠢᠭᠤᠯᠬᠤ ᠶᠢ ᠲᠦᠯᠬᠢᠨ ᠠᠬᠢᠭᠤᠯᠤᠨ᠎ᠠ᠃ ᠬᠤᠳᠠ ᠬᠦᠳᠡᠬᠡᠨ ᠤ ᠲᠤᠤᠷ᠎ᠠ | ᠪᠠᠳᠤᠯᠠᠭᠠᠳᠤ ᠡᠷᠤᠬᠡ᠂ ᠤᠨᠴᠠ ᠶᠠᠳᠠᠭᠤ ᠬᠦᠴᠢᠷᠳᠡᠯᠳᠡᠢ ᠬᠦᠮᠦᠰ ᠢ ᠠᠰᠠᠷᠠᠨ ᠲᠡᠵᠢᠬᠡᠬᠦ᠂ ᠡᠮ ᠡᠮᠨᠡᠯᠬᠡ ᠪᠠᠷ | ᠠᠪᠤᠷᠠᠨ ᠲᠤᠰᠠᠯᠠᠬᠤ᠂ ᠲᠦᠷ ᠴᠠᠭ ᠠᠪᠤᠷᠠᠨ ᠲᠤᠰᠠᠯᠠᠬᠤ᠂ ᠪᠠᠶᠢᠭᠠᠯᠢ ᠶᠢᠨ ᠭᠠᠮᠰᠢᠭ ᠠᠴᠠ ᠪᠠᠴᠢᠮ ᠠᠪᠤᠷᠠᠨ | ᠲᠤᠰᠠᠯᠠᠬᠤ ᠵᠡᠷᠬᠡ ᠪᠠᠷ ᠰᠠᠭᠤᠷᠢ ᠪᠤᠯᠭᠠᠵᠤ᠂ ᠨᠢᠬᠦᠯᠡᠰᠦᠩᠬᠦᠢ ᠲᠤᠰᠠᠯᠠᠮᠵᠢ ᠪᠠᠷ ᠨᠦᠬᠦᠪᠤᠷᠢ ᠪᠤᠯᠭᠠᠭᠰᠠᠨ ᠨᠡᠶᠢᠬᠡᠮ | ᠤᠨ ᠰᠢᠨ᠎ᠠ ᠬᠡᠯᠪᠡᠷᠢ ᠶᠢᠨ ᠠᠪᠤᠷᠠᠨ ᠲᠤᠰᠠᠯᠠᠬᠤ ᠰᠢᠰᠲ᠋ᠧᠮ ᠢ ᠲᠡᠬᠦᠯᠳᠡᠷᠵᠢᠬᠦᠯᠦᠨ᠎ᠠ᠃ ᠲᠤᠭᠲᠠᠮᠠᠯ ᠦᠨᠡᠲᠦ | ᠨᠤᠭᠤᠭᠠᠨ ᠤ ᠲᠡᠯᠭᠡᠭᠦᠷ ᠢᠶᠠᠷ ᠵᠠᠬ᠎ᠠ ᠳᠡᠯᠭᠡᠭᠦᠷ ᠤᠨ ᠨᠤᠭᠤᠭᠠᠨ ᠤ ᠦᠨ᠎ᠡ ᠶᠢ ᠲᠤᠭᠲᠠᠪᠤᠷᠢᠵᠢᠭᠤᠯᠬᠤ᠂ ᠪᠠᠳᠤᠯᠠᠨ | ᠬᠠᠩᠭᠠᠬᠤ ᠵᠡᠷᠭᠡ ᠲᠠᠯ᠎ᠠ ᠶᠢᠨ ᠦᠢᠯᠡᠳᠤᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠠᠷᠠᠳ ᠲᠦᠮᠡᠨ ᠤ | ᠦᠨᠳᠤᠰᠤᠨ ᠠᠮᠢᠳᠤᠷᠠᠯ ᠤᠨ ᠦᠪᠡᠷ ᠤᠨ ᠦᠷᠳᠡᠭ ᠢ ᠪᠠᠭᠤᠷᠠᠭᠤᠯᠤᠨ᠎ᠠ᠃ | ᠨᠡᠶᠢᠬᠡᠮ ᠤᠨ ᠠᠵᠢᠯ ᠦᠢᠯᠡᠰ ᠢ ᠨᠢᠬᠡᠳᠤᠯᠳᠡᠢ ᠲᠦᠯᠦᠪᠯᠡᠨ ᠬᠦᠭᠵᠢᠭᠦᠯᠦᠨ᠎ᠡ᠃ ᠰᠤᠷᠭᠠᠨ ᠬᠦᠮᠦᠵᠢᠯ ᠢ | ᠶᠠᠭᠤᠨ ᠤ ᠲᠡᠷᠢᠭᠦᠨ ᠳᠤ ᠬᠦᠭᠵᠢᠬᠦᠯᠬᠦ ᠶᠢ ᠪᠡᠷᠢᠮᠳᠠᠯᠠᠨ᠂ ᠡᠵᠡᠨ᠎ᠡ ᠬᠤᠰᠢᠭᠤᠨ ᠤ ᠬᠦᠯ ᠪᠦᠮᠪᠦᠭᠡ ᠶᠢᠨ ᠤᠷᠳᠤᠨ᠂ | ᠮᠤᠩᠭᠤᠯ ᠰᠤᠷᠭᠠᠭᠤᠯᠢ ᠶᠢᠨ ᠤᠷᠠᠯᠢᠭ ᠤᠨ ᠶᠡᠷᠤᠩᠬᠡᠢ ᠠᠰᠠᠷ ᠪᠤᠯᠤᠨ ᠮᠤᠩᠭᠤᠯ ᠬᠡᠤᠬᠡᠳ ᠤᠨ ᠴᠡᠴᠡᠷᠯᠢᠭ ᠤᠨ | ᠭᠠᠳᠠᠷ ᠦᠵᠡᠮᠵᠢ ᠶᠢ ᠦᠬᠡᠷᠡᠴᠢᠯᠡᠨ ᠵᠠᠰᠠᠬᠤ ᠲᠦᠷᠦᠯ ᠵᠤᠶᠢᠯ ᠢ ᠲᠠᠭᠤᠰᠬᠠᠵᠤ᠂ ᠰᠤᠷᠭᠠᠨ ᠬᠦᠮᠦᠵᠢᠯ ᠤᠨ ᠤᠷᠴᠢᠨ | ᠲᠤᠭᠤᠷᠢᠨ ᠢ ᠤᠯᠠᠮ ᠨᠢᠬᠡ ᠠᠯᠬᠤᠮ ᠰᠡᠶᠢᠵᠢᠷᠠᠭᠤᠯᠤᠨᠠ᠃ ︽ᠵᠢᠭᠠᠨ ᠰᠤᠷᠭᠠᠯᠳᠠ ᠶᠢᠨ ᠶᠠᠰᠤ ᠴᠢᠨᠠᠷ ᠢ | ᠲᠡᠬᠡᠭᠰᠢᠯᠡᠬᠦᠯᠬᠦ ᠵᠢᠯ︾ ᠤᠨ ᠠᠵᠢᠯᠯᠠᠭ᠎ᠠ ᠶᠢ ᠦᠷᠨᠢᠬᠦᠯᠵᠤ᠂ ᠰᠢᠯᠢᠳᠡᠭ ᠪᠠᠭᠰᠢ ᠶᠢᠨ ᠡᠩᠨᠡᠭᠡ ᠪᠤᠯᠤᠨ ᠵᠢᠭᠠᠨ | ᠰᠤᠳᠤᠯᠬᠤ ᠬᠦᠮᠦᠰ ᠤᠨ ᠡᠩᠨᠡᠭᠡᠨ ᠤ ᠪᠦᠳᠤᠭᠡᠨ ᠪᠠᠶᠢᠭᠤᠯᠤᠯᠳᠠ ᠶᠢ ᠰᠠᠶᠢᠳᠤᠷ ᠠᠳᠬᠤᠨ᠂ ᠵᠢᠯ ᠤᠨ ᠲᠤᠳᠤᠷ᠎ᠠ | ᠭᠠᠳᠠᠭᠰᠢ ᠭᠠᠷᠴᠤ ᠪᠤᠯᠪᠠᠰᠤᠷᠠᠯ ᠬᠦᠷᠳᠡᠬᠦ ᠨᠤᠷᠮ᠎ᠠ ᠶᠢ 45% ᠠᠴᠠ ᠲᠡᠭᠡᠭᠰᠢ ᠬᠦᠷᠭᠡᠨ᠎ᠡ᠃ ᠬᠢᠴᠢᠶᠡᠯ ᠤᠨ | ᠲᠢᠩᠬᠢᠮ ᠤᠨ ᠵᠢᠭᠠᠨ ᠰᠤᠷᠭᠠᠯᠳᠠ ᠶᠢᠨ ᠦᠭᠡᠷᠡᠴᠢᠯᠡᠯᠳᠡ ᠶᠢ ᠬᠦᠨᠵᠡᠭᠡᠶᠢᠷᠡᠭᠦᠯᠦᠨ᠂ ᠢᠵᠢᠯ ᠰᠤᠪᠠᠭ ᠢᠶᠠᠷ | ᠬᠠᠷᠢᠯᠴᠠᠬᠤ ᠵᠡᠷᠭᠡ ᠠᠯᠤᠰ ᠡᠵᠡᠮᠳᠡᠭᠦᠷ ᠤᠨ ᠰᠤᠷᠭᠠᠨ ᠬᠦᠮᠦᠵᠢᠯ ᠤᠨ ᠵᠠᠭᠪᠤᠷ ᠢ ᠬᠦᠭᠵᠢᠭᠦᠯᠵᠤ᠂ ᠵᠢᠭᠠᠯᠳᠠ | ᠰᠤᠷᠭᠠᠯᠳᠠ ᠶᠢᠨ ᠶᠠᠰᠤ ᠴᠢᠨᠠᠷ ᠢ ᠪᠦᠬᠦ ᠲᠠᠯ᠎ᠠ ᠪᠠᠷ ᠲᠡᠭᠡᠭᠰᠢᠯᠡᠭᠦᠯᠦᠨ᠎ᠡ᠃ ᠡᠮ ᠡᠮᠨᠡᠯᠬᠡ ᠡᠷᠡᠬᠦᠯ ᠬᠠᠮᠠᠭᠠᠯᠠᠯ ᠤᠨ | ᠪᠠᠶᠢᠭᠤᠯᠤᠮᠵᠢ ᠶᠢᠨ ᠦᠬᠡᠷᠡᠴᠢᠯᠡᠯᠳᠡ ᠶᠢ ᠬᠦᠨᠵᠡᠬᠡᠶᠢᠷᠡᠬᠦᠯᠦᠨ ᠠᠬᠢᠭᠤᠯᠵᠤ᠂ ᠮᠤᠩᠭᠤᠯ ᠡᠮᠨᠡᠯᠬᠡ ᠶᠢᠨ ᠬᠤᠷᠢᠶ᠎ᠠ ᠶᠢ | ᠪᠠᠶᠢᠭᠤᠯᠵᠤ ᠲᠠᠭᠤᠰᠬᠠᠨ᠂ ᠡᠷᠡᠬᠦᠯᠵᠢᠯ ᠤᠨ ᠠᠨᠠᠭᠠᠬᠤ ᠤᠬᠠᠭᠠᠨ ᠤ ᠰᠠᠯᠪᠤᠷᠢ ᠪᠠᠶᠢᠭᠤᠯᠵᠤ᠂ ᠠᠷᠠᠳ ᠤᠯᠠᠨ ᠤ | ᠡᠪᠡᠳᠴᠢᠨ ᠦᠵᠡᠬᠦᠯᠬᠦ ᠨᠦᠬᠦᠴᠡᠯ ᠢ ᠰᠠᠶᠢᠵᠢᠷᠠᠭᠤᠯᠤᠨ᠎ᠠ᠃ ᠰᠧᠴᠤᠸᠠᠨ ᠤ ᠬᠤᠸᠠ ᠰᠢ ᠡᠮᠨᠡᠯᠬᠡ ᠶᠢᠨ ᠬᠤᠷᠢᠶ᠎ᠠ | ᠵᠡᠷᠬᠡ ᠨᠡᠷᠡᠳᠤ ᠡᠮᠨᠡᠯᠬᠡ ᠶᠢᠨ ᠬᠤᠷᠢᠶᠠᠨ ᠤ ᠬᠤᠭᠤᠷᠤᠨᠳᠤᠬᠢ ᠲᠤᠰᠠᠯᠠᠮᠵᠢ ᠬᠠᠮᠳᠤᠷᠠᠯᠴᠠᠭ᠎ᠠ ᠪᠠᠨ ᠴᠢᠩᠭᠠᠳᠬᠠᠨ᠂ | ᠠᠯᠤᠰ ᠠᠴᠠ ᠤᠨᠤᠰᠢᠯᠡᠨ ᠡᠮᠴᠢᠯᠡᠬᠦ ᠡᠮᠴᠢᠯᠡᠭᠡ ᠶᠢ ᠲᠦᠷᠬᠡᠳᠬᠡᠨ ᠬᠦᠭᠵᠢᠬᠦᠯᠵᠤ᠂ ᠦᠨᠳᠤᠷ ᠬᠢᠷᠢ ᠲᠦᠪᠰᠢᠨ ᠲᠠᠢ | ᠪᠦᠬᠦ ᠰᠠᠯᠠᠭᠠᠨ ᠳᠤ ᠨᠡᠪᠳᠡᠷᠡᠭᠰᠡᠨ ᠡᠮᠴᠢ ᠪᠤᠯᠤᠨ ᠲᠤᠯᠭᠠᠭᠤᠷᠢ ᠬᠦᠴᠦᠨ ᠢ ᠪᠤᠶᠢᠵᠢᠭᠤᠯᠤᠨ᠂ ᠡᠮᠴᠢᠯᠡᠬᠡᠨ ᠤ | ᠮᠡᠷᠬᠡᠵᠢᠯ ᠤᠨ ᠬᠢᠷᠢ ᠲᠦᠪᠰᠢᠨ ᠪᠤᠯᠤᠨ ᠤᠶᠢᠯᠡᠴᠢᠯᠡᠬᠦ ᠴᠢᠳᠠᠪᠤᠷᠢ ᠶᠢ ᠤᠯᠠᠮ ᠨᠢᠬᠡ ᠠᠯᠬᠤᠮ ᠲᠡᠬᠡᠭᠰᠢᠯᠡᠬᠦᠯᠦᠨ᠎ᠠ᠃ | ᠲᠦᠯᠦᠪᠯᠡᠬᠡᠳᠤ ᠦᠷᠡᠵᠢᠯ ᠤᠨ ᠡᠯ᠎ᠡ ᠲᠦᠷᠦᠯ ᠤᠨ ᠵᠤᠷᠢᠭᠵᠢᠭᠤᠯᠤᠨ ᠱᠠᠩᠨᠠᠬᠤ ᠲᠦᠷᠦ ᠶᠢᠨ ᠪᠤᠳᠤᠯᠭ᠎ᠠ ᠶᠢ ᠪᠦᠬᠦ | ᠲᠠᠯ᠎ᠠ ᠪᠠᠷ ᠨᠡᠶᠢᠳᠡᠪᠤᠷᠢᠵᠢᠭᠤᠯᠵᠤ᠂ ᠲᠦᠷᠦᠵᠢᠯ ᠤᠨ ᠶᠠᠰᠤ ᠴᠢᠨᠠᠷ ᠢ ᠲᠡᠬᠡᠭᠰᠢᠯᠡᠬᠦᠯᠦᠨ᠂ ᠬᠦᠮᠦᠨ ᠠᠮᠠ ᠶᠢᠨ ᠤᠷᠳᠤ | ᠬᠤᠭᠤᠴᠠᠭᠠᠨ ᠤ ᠲᠡᠩᠴᠡᠬᠦᠷᠢᠳᠤ ᠬᠦᠭᠵᠢᠯ ᠢ ᠠᠬᠢᠭᠤᠯᠤᠨ᠎ᠠ᠃ ᠰᠤᠶᠤᠯ ᠢᠶᠠᠷ ᠠᠷᠠᠳ ᠲᠤ ᠠᠰᠢᠭ ᠬᠦᠷᠳᠡᠭᠦ | ᠢᠨᠵᠧᠨᠧᠷᠢᠩ ᠢ ᠭᠡᠷᠡᠭᠵᠢᠭᠦᠯᠦᠨ᠂ ᠰᠤᠶᠤᠯ ᠤᠨ ᠠᠵᠢᠯ ᠤᠶᠢᠯᠡᠰ ᠢ ᠶᠡᠭᠡ ᠪᠠᠷ ᠬᠦᠭᠵᠢᠭᠦᠯᠵᠤ᠂ ᠤᠯᠠᠨ ᠨᠡᠶᠢᠲᠡ ᠳᠤ | ᠲᠠᠭᠠᠯᠠᠭᠳᠠᠭᠰᠠᠨ ᠰᠣᠳᠣᠨ ᠪᠦᠲᠦᠭᠡᠯ ᠢ ᠵᠤᠬᠢᠶᠠᠨ ᠡᠭᠦᠳᠤᠨ᠎ᠡ᠃ ᠰᠤᠶᠤᠯ ᠤᠨ ᠦᠪ ᠢ ᠬᠠᠮᠠᠭᠠᠯᠠᠬᠤ ᠬᠦᠴᠦᠯᠡᠴᠡ | ᠪᠠᠨ ᠴᠢᠩᠭᠠᠳᠬᠠᠨ᠂ ᠦᠨᠳᠤᠰᠤᠳᠡᠨ ᠤ ᠰᠢᠯᠢᠳᠡᠭ ᠠᠷᠠᠳ ᠤᠨ ᠵᠠᠩ ᠰᠤᠶᠤᠯ ᠢ ᠠᠭᠤᠳᠠᠯᠠᠨ ᠬᠠᠮᠠᠭᠠᠯᠠᠵᠤ | ᠤᠯᠠᠮᠵᠢᠯᠠᠨ᠎ᠠ᠃ ᠪᠦᠭᠦ ᠤᠯᠤᠰ ᠤᠨ ᠭᠤᠷᠪᠠᠳᠤᠭᠠᠷ ᠤᠳᠠᠭᠠᠨ ᠤ ᠲᠠᠷᠢᠶᠠᠯᠠᠩ ᠤᠨ ᠨᠡᠶᠢᠳᠡᠮ ᠪᠠᠶᠢᠴᠠᠭᠠᠯᠳᠠ ᠶᠢ | ᠯᠠᠪᠳᠠᠭᠤᠨ ᠢᠶᠠᠷ ᠦᠷᠨᠢᠭᠦᠯᠵᠤ᠂ ᠭᠠᠳᠠᠭᠠᠳᠤ ᠬᠠᠷᠢᠯᠴᠠᠭ᠎ᠠ ᠬᠠᠷᠢᠶᠠᠳᠤ ᠶᠢᠨ ᠶᠠᠪᠤᠳᠠᠯ᠂ ᠲᠠᠩᠰᠠ ᠡᠪᠬᠡᠮᠡᠯ ᠲᠡᠤᠬᠡ | ᠤᠶᠢᠯᠠᠯᠭ᠎ᠠ᠂ ᠠᠮᠤ ᠬᠦᠨᠡᠰᠦᠨ ᠤ ᠨᠦᠬᠡᠴᠡ᠂ ᠴᠠᠭ ᠠᠭᠤᠷ᠂ ᠲᠠᠭᠠᠳᠬᠠᠯ᠂ ᠰᠢᠤᠳᠡᠨ ᠵᠡᠷᠬᠡ ᠠᠵᠢᠯ ᠢ ᠯᠠᠪᠳᠠᠭᠤᠨ | ᠢᠶᠠᠷ ᠲᠦᠯᠬᠢᠨ ᠠᠬᠢᠭᠤᠯᠵᠤ᠂ ᠡᠮᠡᠭᠳᠡᠶᠢᠴᠤᠳ ᠪᠤᠯᠤᠨ ᠬᠡᠤᠬᠡᠳ ᠪᠠᠭᠠᠴᠤᠳ᠂ ᠠᠵᠢᠯᠴᠢᠠ ᠤ ᠡᠪᠯᠡᠯ᠂ ᠵᠠᠯᠠᠭᠤᠴᠤᠳ | ᠤᠨ ᠡᠪᠯᠡᠯ᠂ ᠤᠯᠠᠭᠠᠨ ᠵᠠᠭᠠᠯᠮᠠᠶᠢᠳᠠᠨ ᠤ ᠨᠡᠶᠢᠬᠡᠮᠯᠢᠭ ᠪᠤᠯᠤᠨ ᠵᠠᠮᠳᠡᠭᠴᠤᠳ ᠤᠨ ᠬᠤᠯᠪᠤᠭ᠎ᠠ ᠵᠡᠷᠬᠡ ᠠᠵᠢᠯ ᠤᠶᠢᠯᠡᠰ | ᠢ ᠠᠩᠬᠠᠷᠤᠨ ᠬᠠᠯᠠᠮᠵᠢᠯᠠᠨ᠎ᠠ᠃ | ᠨᠡᠶᠢᠭᠡᠮ ᠤᠨ ᠠᠮᠤᠷ ᠲᠤᠭᠳᠠᠭᠤᠨ ᠡᠶ᠎ᠡ ᠵᠤᠬᠢᠴᠠᠯ ᠢ ᠬᠠᠮᠠᠭᠠᠯᠠᠨ᠎ᠠ᠃ ︽ᠴᠤᠬᠢᠬᠤ ᠰᠡᠷᠭᠡᠶᠢᠯᠡᠭᠦ | ᠬᠠᠮᠢᠶᠠᠷᠬᠤ ᠡᠵᠡᠮᠳᠡᠭᠦ︾ ᠶᠢ ᠨᠢᠭᠡ ᠴᠤᠭᠴᠠᠵᠢᠭᠤᠯᠤᠭᠰᠠᠨ ᠪᠠᠶᠢᠭᠤᠯᠤᠯᠳᠠ ᠶᠢ ᠬᠦᠨᠵᠡᠭᠡᠶᠢᠷᠡᠭᠦᠯᠦᠨ᠂ ᠴᠡᠷᠢᠭ | ᠴᠠᠭᠳᠠᠭ᠎ᠠ ᠠᠷᠠᠳ ᠤᠨ ᠬᠤᠯᠪᠤᠭᠠᠯᠠᠨ ᠰᠡᠷᠭᠡᠶᠢᠯᠡᠵᠤ ᠠᠵᠢᠯᠯᠠᠬᠤ ᠪᠠ ᠲᠤᠮᠳᠠᠳᠤ ᠮᠤᠩᠭᠤᠯ ᠬᠤᠶᠠᠷ ᠲᠠᠯ᠎ᠠ ᠶᠢᠨ | ᠴᠠᠭᠳᠠᠭᠠᠨ ᠶᠠᠪᠤᠳᠠᠯ ᠤᠨ ᠬᠠᠮᠵᠢᠯᠴᠠᠭᠠᠨ ᠤ ᠲᠤᠭᠳᠠᠴᠠ ᠶᠢ ᠲᠡᠭᠦᠯᠳᠡᠷᠵᠢᠭᠦᠯᠦᠨ᠂ ᠦᠪᠦᠷ ᠮᠤᠩᠭᠤᠯ ᠪᠤᠯᠤᠨ | ᠭᠠᠨᠰᠤ ᠶᠢᠨ ᠵᠠᠭᠠᠭ ᠤᠷᠤᠨ ᠤ ᠠᠮᠤᠷ ᠲᠤᠭᠳᠠᠭᠤᠨ ᠢ ᠬᠠᠮᠠᠭᠠᠯᠠᠬᠤ ᠠᠵᠢᠯ ᠢ ᠰᠠᠶᠢᠳᠤᠷ ᠬᠢᠵᠤ᠂ ᠬᠢᠯᠢ ᠬᠢᠵᠠᠭᠠᠷ | ᠲᠠᠭᠠᠤ ᠮᠠᠯᠴᠢᠳ ᠲᠠᠷᠢᠶᠠᠴᠢᠳ ᠤᠨ ᠪᠤᠳᠠᠳᠤ ᠤᠶᠢᠯᠡᠰ ᠢᠶᠠᠷ ᠬᠢᠵᠠᠭᠠᠷ ᠢᠶᠠᠨ ᠪᠠᠬᠢᠵᠢᠭᠦᠯᠭᠦ ᠰᠠᠭᠤᠷᠢ ᠶᠢ ᠪᠠᠳᠤᠳᠬᠠᠨ | ᠂ ᠬᠢᠯᠢ ᠬᠢᠵᠠᠭᠠᠷ ᠤᠷᠤᠨ ᠤ ᠠᠮᠤᠷ ᠲᠤᠭᠳᠠᠭᠤᠨ ᠡᠶ᠎ᠡ ᠵᠤᠬᠢᠴᠠᠯ ᠢ ᠬᠦᠴᠦᠯᠡᠨ ᠬᠠᠮᠠᠭᠠᠯᠠᠵᠤ᠂ ᠠᠮᠤᠷ ᠲᠦᠪᠰᠢᠨ ᠤ | ᠲᠤᠮᠤ ᠲᠤᠭᠳᠠᠴᠠ ᠶᠢ ᠲᠦᠷᠭᠡᠳᠭᠡᠨ ᠪᠠᠶᠢᠭᠤᠯᠤᠨ᠎ᠠ᠃ ᠴᠡᠷᠢᠭ ᠠᠷᠠᠳ ᠤᠶᠠᠯᠳᠤᠭᠰᠠᠨ ᠬᠦᠭᠵᠢᠯᠳᠡ ᠶᠢ | ᠴᠢᠩᠭᠠᠳᠬᠠᠨ᠂ ᠬᠤᠶᠠᠷ ᠲᠤᠮᠤ ᠴᠡᠷᠢᠭ ᠤᠨ ᠰᠠᠭᠤᠷᠢᠨ ᠭᠠᠵᠠᠷ ᠲᠤ ᠵᠤᠬᠢᠶᠠᠨ ᠪᠠᠶᠢᠭᠤᠯᠤᠯᠳᠠ ᠶᠢᠨ ᠪᠠᠶᠢᠭᠤᠯᠤᠮᠵᠢ | ᠪᠠᠶᠢᠭᠤᠯᠬᠤ ᠠᠵᠢᠯ ᠤᠨ ᠪᠤᠳᠠᠳᠤ ᠴᠢᠨᠠᠷ ᠲᠠᠢ ᠠᠮᠵᠢᠯᠳᠠ ᠤᠯᠬᠤ ᠶᠢ ᠠᠬᠢᠭᠤᠯᠤᠨ᠂ ᠬᠤᠶᠠᠷ ᠢ ᠬᠦᠷᠢᠶᠡᠯᠡᠵᠤ | ᠬᠠᠮᠳᠤ ᠪᠠᠷ ᠴᠤᠭᠴᠠᠯᠠᠬᠤ ᠦᠷ᠎ᠡ ᠪᠦᠳᠤᠮᠵᠢ ᠶᠢ ᠪᠠᠬᠢᠵᠢᠭᠦᠯᠵᠤ᠂ ᠤᠯᠤᠰ ᠤᠨ ᠪᠠᠳᠤᠯᠠᠨ ᠬᠠᠮᠠᠭᠠᠯᠠᠯᠳᠠ ᠶᠢᠨ | ᠪᠦᠳᠤᠭᠡᠨ ᠪᠠᠶᠢᠭᠤᠯᠤᠯᠳᠠ ᠪᠤᠯᠤᠨ ᠴᠡᠷᠢᠭ ᠠᠩᠬᠢ ᠶᠢᠨ ᠦᠭᠡᠷᠡᠴᠢᠯᠡᠯᠳᠡ ᠶᠢ ᠪᠦᠭᠦ ᠬᠦᠴᠦ ᠪᠠᠷ ᠲᠡᠮᠵᠢᠨ᠎ᠡ᠃ ︽ | ᠨᠠᠮ ᠵᠠᠰᠠᠭ ᠬᠠᠮᠳᠤ ᠪᠠᠷ ᠬᠠᠷᠢᠭᠤᠴᠠᠬᠤ᠂ ᠨᠢᠬᠡ ᠲᠤᠰᠢᠶᠠᠯ ᠢᠶᠠᠷ ᠬᠤᠤᠰ ᠬᠠᠷᠢᠭᠤᠴᠠᠬᠤ᠂ ᠬᠠᠮᠳᠤ ᠳᠤᠨᠢ | ᠠᠳᠬᠤᠵᠤ ᠨᠡᠶᠢᠳᠡ ᠳᠤᠨᠢ ᠬᠠᠮᠢᠶᠠᠷᠬᠤ᠂ ᠠᠯᠳᠠᠭᠳᠠᠯ ᠭᠠᠷᠪᠠᠯ ᠬᠠᠷᠢᠭᠤᠴᠠᠯᠭ᠎ᠠ ᠨᠡᠬᠡᠮᠵᠢᠯᠡᠬᠦ︾ ᠵᠡᠷᠬᠡ ᠠᠮᠤᠷ | ᠲᠦᠪᠰᠢᠨ ᠤᠶᠢᠯᠡᠳᠪᠤᠷᠢᠯᠡᠯ ᠤᠨ ᠬᠠᠷᠢᠭᠤᠴᠠᠯᠭ᠎ᠠ ᠶᠢᠨ ᠰᠢᠰᠲ᠋ᠧᠮ ᠢ ᠡᠷᠡᠰ ᠨᠡᠶᠢᠳᠡᠪᠤᠷᠢᠵᠢᠭᠤᠯᠵᠤ᠂ ᠡᠯ᠎ᠡ ᠬᠦᠷᠢᠶ᠎ᠡ | ᠴᠠᠷ᠎ᠠ ᠶᠢᠨ ᠠᠮᠤᠷ ᠲᠦᠪᠰᠢᠨ ᠤ ᠬᠢᠨᠠᠯᠳᠠ ᠬᠠᠮᠢᠶᠠᠷᠤᠯᠳᠠ ᠶᠢ ᠪᠦᠬᠦ ᠲᠠᠯ᠎ᠠ ᠪᠠᠷ ᠴᠢᠩᠭᠠᠳᠬᠠᠨ᠂ ᠡᠯ᠎ᠡ ᠵᠤᠶᠢᠯ ᠤᠨ | ᠠᠶᠤᠯᠭᠦᠢ ᠤᠶᠢᠯᠡᠳᠪᠤᠷᠢᠯᠡᠯ ᠤᠨ ᠬᠡᠨᠡᠳᠡᠯ ᠡᠬᠦᠰᠬᠦ ᠠᠴᠠ ᠡᠷᠡᠰ ᠰᠡᠷᠬᠡᠶᠢᠯᠡᠨ᠎ᠡ᠃ ︽ᠢᠳᠡᠬᠡᠨ ᠪᠠ ᠡᠮ ᠤᠨ | ᠵᠤᠶᠢᠯᠡᠰ ᠠᠮᠤᠷ ᠲᠦᠪᠰᠢᠨ ᠡᠵᠡᠨ᠎ᠡ︾ ᠶᠢᠨ ᠪᠦᠳᠦᠬᠡᠨ ᠪᠠᠶᠢᠭᠤᠯᠤᠯᠳᠠ ᠶᠢᠨ ᠡᠬᠦᠷᠬᠡ ᠶᠢ ᠬᠦᠢᠴᠡᠳᠬᠡᠨ᠂ | ᠪᠠᠶᠢᠩᠭᠤᠵᠢᠭᠰᠠᠨ ᠬᠢᠨᠠᠯᠳᠠ ᠬᠠᠮᠢᠶᠠᠷᠤᠯᠳᠠ ᠶᠢ ᠨᠡᠶᠢᠳᠡᠪᠤᠷᠢᠵᠢᠭᠤᠯᠵᠤ᠂ ᠠᠷᠠᠳ ᠲᠦᠮᠡᠨ ᠤ ᠢᠳᠡᠬᠡᠨ ᠤᠮᠳᠠᠭᠠᠨ ᠪᠠ | ᠡᠮ ᠬᠡᠷᠡᠭᠯᠡᠬᠦ ᠠᠮᠤᠷ ᠲᠦᠪᠰᠢᠨ ᠢ ᠪᠠᠳᠤᠯᠠᠨ᠎ᠠ᠃ ᠵᠠᠬᠢᠳᠠᠯ ᠰᠤᠷᠪᠤᠯᠵᠢᠯᠠᠯᠭ᠎ᠠ ᠶᠢᠨ ᠠᠰᠠᠭᠤᠳᠠᠯ ᠤᠨ ᠡᠬᠢ ᠡᠬᠦᠰᠪᠤᠷᠢ | ᠶᠢᠨ ᠵᠠᠰᠠᠯᠳᠠ ᠪᠠᠨ ᠴᠢᠩᠭᠠᠳᠬᠠᠨ᠂ ᠵᠦᠷᠢᠴᠡᠯ ᠵᠢᠭᠤᠷᠠᠭᠠᠨ ᠢ ᠰᠠᠨᠠᠭᠠᠴᠢᠯᠠᠭ᠎ᠠ ᠠᠴᠠ ᠪᠠᠨ ᠰᠡᠷᠬᠡᠶᠢᠯᠡᠬᠦ ᠪᠠ | ᠪᠠᠶᠢᠴᠠᠭᠠᠨ ᠰᠢᠢᠳᠪᠦᠷᠢᠯᠡᠵᠦ᠂ ᠵᠠᠬᠢᠳᠠᠯ ᠰᠤᠷᠪᠤᠯᠵᠢᠯᠠᠯᠭ᠎ᠠ ᠶᠢᠨ ᠡᠮᠬᠢ ᠲᠢᠭᠯᠢᠮ ᠢ ᠲᠦᠷᠢᠮᠵᠢᠬᠦᠯᠦᠨ᠂ ︽ᠢᠯᠡ | ᠶᠠᠪᠤᠭᠤᠯᠬᠤ ᠵᠠᠬᠢᠳᠠᠯ ᠰᠤᠷᠪᠤᠯᠵᠢᠯᠠᠯᠭ᠎ᠠ︾ ᠪᠤᠯᠤᠨ ︽ᠬᠠᠤᠯᠢ ᠪᠠᠷ ᠵᠠᠰᠠᠬᠤ ᠵᠠᠬᠢᠳᠠᠯ ᠰᠤᠷᠪᠤᠯᠵᠢᠯᠠᠯᠭ᠎ᠠ︾ ᠶᠢ | ᠴᠤᠭᠴᠠᠯᠠᠨ᠎ᠠ᠃ ︽ᠲᠤᠯᠤᠳᠤᠭᠠᠷ ᠲᠠᠪᠤᠨ ᠵᠢᠯ︾ ᠤᠨ ᠬᠠᠤᠯᠢ ᠲᠦᠬᠡᠮᠡᠯᠵᠢᠬᠦᠯᠦᠯᠳᠡ ᠶᠢ ᠬᠦᠨᠵᠡᠬᠡᠢ ᠦᠷᠨᠢᠬᠦᠯᠤᠨ᠂ | ᠪᠦᠬᠦ ᠨᠡᠶᠢᠬᠡᠮ ᠢᠶᠠᠷ ᠢᠶᠠᠨ ᠬᠠᠤᠯᠢ ᠴᠠᠭᠠᠵᠠ ᠶᠢ ᠬᠦᠨᠳᠤᠳᠭᠡᠭᠦ᠂ ᠰᠤᠷᠬᠤ᠂ ᠰᠠᠬᠢᠬᠤ᠂ ᠭᠡᠷᠡᠭᠯᠡᠭᠦ ᠬᠠᠤᠯᠢ ᠪᠠᠷ | ᠵᠠᠰᠠᠬᠤ ᠤᠷᠴᠢᠨ ᠲᠤᠭᠤᠷᠢᠨ ᠢ ᠪᠦᠷᠢᠯᠳᠦᠬᠦᠯᠦᠨ᠎ᠠ᠃ ᠦᠨᠳᠤᠰᠤᠳᠡᠨ ᠱᠠᠰᠢᠨ ᠰᠤᠷᠳᠠᠬᠤᠨ ᠤ ᠨᠠᠮ ᠤᠨ ᠲᠦᠷᠦ | ᠶᠢᠨ ᠪᠤᠳᠤᠯᠭ᠎ᠠ ᠶᠢ ᠬᠢᠨᠠᠮᠠᠭᠠᠢ ᠲᠤᠤᠱᠯᠠᠭᠤᠯᠵᠤ᠂ ᠮᠤᠩᠭᠤᠯ ᠦᠬᠡ ᠬᠡᠯᠡ ᠦᠰᠦᠭ ᠪᠢᠴᠢᠭ ᠤᠨ ᠪᠡᠷᠢᠮᠵᠢᠶᠠᠵᠢᠭᠰᠠᠨ | ᠬᠡᠷᠡᠭᠯᠡᠯᠳᠡ ᠶᠢ ᠲᠦᠷᠢᠮᠵᠢᠭᠦᠯᠦᠨ᠂ ᠬᠤᠳᠠ ᠶᠢᠨ ᠦᠨᠳᠤᠰᠤᠳᠡᠨ ᠤ ᠠᠵᠢᠯ ᠢ ᠴᠢᠩᠭᠠᠳᠬᠠᠨ᠂ ᠦᠨᠳᠤᠰᠤᠳᠡᠨ ᠤ | ᠪᠦᠯᠬᠦᠮᠳᠡᠯ ᠲᠠᠪᠰᠢᠯᠳᠠ ᠶᠢᠨ ᠰᠠᠶᠢᠨ ᠰᠠᠶᠢᠬᠠᠨ ᠪᠠᠶᠢᠳᠠᠯ ᠢ ᠬᠠᠮᠠᠭᠠᠯᠠᠨ᠎ᠠ᠃ | 2017 ᠤᠨ ᠳᠤ᠂ ᠵᠠᠰᠠᠭ ᠤᠨ ᠤᠷᠳᠤᠨ 7100 ᠲᠦᠮᠡᠨ ᠲᠦᠭᠦᠷᠢᠭ ᠪᠡᠯᠡ ᠤᠷᠤᠭᠤᠯᠤᠨ᠂ | ᠠᠷᠠᠳ ᠲᠤ ᠠᠰᠢᠭ ᠬᠦᠷᠲᠡᠭᠡᠬᠦ ︽ᠨᠠᠢᠮᠠᠨ ᠪᠤᠲᠠᠲᠤ ᠠᠵᠢᠯ︾ ᠢ ᠰᠠᠶᠢᠲᠤᠷ ᠬᠢᠭᠦ ᠪᠠᠨ ᠠᠮᠠᠯᠳᠤᠶᠠ᠄ | ᠨᠢᠭᠡ ᠳᠤ ᠳᠠᠯᠠᠶᠢᠬᠦ᠋ᠪ ᠪᠠᠯᠭᠠᠰᠤᠨ ᠠᠴᠠ ᠦᠩᠳᠦᠭᠤᠣᠯ ᠰᠤᠮᠤ᠂ ᠮᠠᠽᠦ᠋ᠩᠱᠠᠨ ᠰᠤᠮᠤ᠂ ᠬᠠᠷ᠎ᠠ | ᠪᠦᠷᠭᠦᠳ ᠤᠨ ᠠᠭᠤᠯᠠ ᠪᠠᠯᠭᠠᠰᠤ ᠬᠦᠷᠲᠡᠯᠡᠬᠢ ᠠᠶᠠᠨᠴᠢᠳ ᠤᠨ ᠮᠠᠰᠢᠨ ᠲᠡᠷᠭᠡ ᠶᠢ ᠨᠡᠪᠳᠡᠷᠡᠭᠦᠯᠵᠤ᠂ ᠰᠤᠮᠤ | ᠪᠠᠯᠭᠠᠰᠤ ᠪᠦᠷᠢ ᠳᠤ ᠰᠠᠷ᠎ᠠ ᠪᠤᠯᠭᠠᠨ 3 ᠤᠳᠠᠭ᠎ᠠ᠂ ᠲᠤᠮᠳᠠᠴᠢ ᠪᠠᠷ 10 ᠡᠳᠤᠷ ᠲᠤ ᠨᠢᠭᠡ ᠡᠭᠡᠯᠵᠢ | ᠲᠤᠬᠢᠷᠠᠭᠤᠯᠤᠨ᠎ᠠ᠃ ᠬᠤᠶᠠᠷ ᠲᠤ ᠪᠠᠭᠠᠴᠤᠳ ᠭᠡᠤᠭᠡᠳ ᠤᠨ ᠴᠡᠩᠭᠡᠯ ᠤᠨ ᠤᠷᠳᠤᠨ ᠢ ᠪᠠᠶᠢᠭᠤᠯᠵᠤ᠂ ᠲᠠᠯᠠᠶᠢᠭᠦ᠋ᠪ | ᠪᠠᠯᠭᠠᠰᠤᠨ ᠤ ᠵᠢᠤᠢ ᠶᠠᠨ ᠵᠡᠭᠦᠨ ᠵᠡᠬᠡᠯᠢ ᠳᠤ 784 ᠬᠠᠪᠳᠠᠭᠠᠢ ᠲᠦᠷᠪᠡᠯᠵᠢᠨ ᠮᠧᠲᠷ ᠤᠨ ᠪᠠᠭᠠᠴᠤᠳ ᠭᠡᠤᠭᠡᠳ ᠤᠨ | ᠴᠡᠩᠭᠡᠯ ᠤᠨ ᠤᠷᠳᠤᠨ ᠢ ᠪᠠᠶᠢᠭᠤᠯᠤᠨ᠂ ᠬᠠᠮᠢᠶ᠎ᠠ ᠪᠦᠭᠦᠢ ᠲᠦᠭᠦᠭᠡᠷᠤᠮᠵᠢ ᠶᠢ ᠪᠦᠷᠢᠨᠰᠢᠭᠦᠯᠦᠨ᠎ᠡ᠃ ᠭᠤᠷᠪᠠ ᠳᠤ | ᠬᠠᠭᠤᠴᠢᠨ ᠵᠠᠰᠠᠭ ᠤᠨ ᠤᠷᠳᠤᠨ ᠤ ᠶᠤᠰᠤᠯᠠᠯ ᠤᠨ ᠲᠢᠩᠬᠢᠮ ᠢ ᠦᠭᠡᠷᠡᠴᠢᠯᠡᠭᠦ ᠢᠨᠵᠧᠨᠧᠷᠢᠩ ᠢ ᠭᠡᠷᠡᠭᠵᠢᠭᠦᠯᠦᠨ᠎ᠡ᠃ | ︽ᠲᠤᠷᠠᠰᠤᠮᠵᠢ ᠪᠠᠨ ᠬᠠᠳᠠᠭᠠᠯᠠᠨ᠂ ᠡᠷᠬᠢᠴᠡᠭᠦᠯᠦᠯ ᠢᠶᠠᠨ ᠦᠯᠡᠳᠡᠭᠡᠭᠦ︾ ᠵᠠᠷᠴᠢᠮ ᠶᠤᠰᠤᠭᠠᠷ᠂ ᠺᠢᠨᠣ᠋ ᠵᠦᠴᠦᠭᠡ ᠶᠢᠨ | ᠤᠷᠳᠤᠨ ᠤ ᠴᠢᠳᠠᠮᠵᠢ ᠶᠢ ᠨᠢᠭᠡᠳᠤᠭᠦᠯᠦᠭᠰᠡᠨ ᠲᠤᠮᠤ ᠵᠦᠴᠦᠭᠡ ᠶᠢᠨ ᠬᠦᠷᠢᠶᠡᠯᠡᠩ ᠢ ᠪᠠᠶᠢᠭᠤᠯᠤᠨ᠎ᠠ᠃ ᠲᠦᠷᠪᠡ ᠳᠤ | ᠵᠠᠰᠠᠭ ᠠᠴᠠ ᠨᠦᠭᠦᠪᠦᠷᠢᠯᠡᠭᠦ ᠲᠤᠭᠳᠠᠴᠠ ᠶᠢ ᠪᠠᠶᠢᠭᠤᠯᠵᠤ᠂ ᠲᠤᠭᠳᠠᠮᠠᠯ ᠦᠨᠡᠳᠤ ᠬᠡᠳᠤ ᠲᠡᠯᠭᠡᠭᠦᠷ ᠤᠨ ᠭᠡᠪᠴᠢᠶ᠎ᠡ ᠶᠢ | ᠦᠷᠭᠡᠳᠭᠡᠨ᠂ ᠨᠤᠭᠤᠭ᠎ᠠ ᠵᠢᠮᠢᠰ ᠵᠡᠷᠭᠡ ᠢᠳᠡᠭᠡᠨ ᠤ ᠦᠨ᠎ᠡ ᠶᠢ ᠲᠤᠬᠢᠷᠠᠭᠤᠯᠤᠨ᠎ᠠ᠃ ᠲᠠᠪᠤ ᠳᠤ ᠲᠠᠯᠠᠶᠢᠭᠦ᠋ᠪ ᠤᠨ | ᠤᠤᠭᠤᠬᠤ ᠤᠰᠤᠨ ᠤ ᠴᠢᠨᠠᠷ ᠢ ᠪᠠᠷᠢᠮᠵᠢᠶᠠᠨ ᠳᠤ ᠬᠦᠷᠭᠡᠭᠦ ᠢᠨᠵᠧᠨᠧᠷᠢᠩ ᠢ ᠭᠡᠷᠡᠭᠵᠢᠭᠦᠯᠵᠤ᠂ ᠰᠠᠭᠤᠭᠠᠯᠢ | ᠠᠷᠠᠳ ᠤᠨ ᠤᠤᠭᠤᠬᠤ ᠤᠰᠤᠨ ᠤ ᠴᠢᠨᠠᠷ ᠢ ᠳᠡᠭᠡᠭᠰᠢᠯᠡᠭᠦᠯᠦᠨ᠎ᠡ︔ ᠵᠢᠷᠭᠤᠭ᠎ᠠ ᠳᠤ ᠭᠠᠷ ᠬᠦᠢᠴᠡᠳᠭᠡᠯ ᠢ | ᠪᠡᠯᠡᠳᠬᠡᠵᠦ᠂ ᠪᠠᠷᠢᠯᠭ᠎ᠠ ᠶᠢᠨ ᠠᠵᠢᠯ ᠤᠨ ᠠᠬᠢᠴᠠ ᠶᠢ ᠲᠦᠷᠭᠡᠳᠭᠡᠨ᠂ ᠵᠢᠯ ᠤᠨ ᠲᠤᠳᠤᠷ᠎ᠠ ᠨᠤᠮ ᠤᠨ ᠰᠠᠩ | ᠠᠰᠢᠭᠯᠠᠯᠳᠠ ᠳᠤ ᠤᠷᠤᠬᠤ ᠶᠢ ᠪᠠᠳᠤᠯᠠᠨ᠎ᠠ᠃ ᠲᠤᠰ ᠨᠤᠮ ᠤᠨ ᠰᠠᠩ ᠤᠨ ᠭᠤᠤᠯ ᠴᠤᠭᠴᠠ ᠶᠢᠨ ᠪᠠᠷᠢᠯᠭ᠎ᠠ ᠶᠢ | 2016 ᠤᠨ ᠳᠤ ᠨᠢᠭᠡᠨᠳᠡ ᠲᠠᠭᠤᠰᠬᠠᠨ᠂ 2017 ᠤᠨ ᠳᠤ ᠲᠦᠭᠦᠷᠵᠢᠭᠰᠡᠨ ᠲᠠᠭᠠᠯᠳᠠ ᠲᠦᠭᠦᠭᠡᠷᠤᠮᠵᠢ ᠶᠢᠨ | ᠪᠦᠳᠤᠭᠡᠨ ᠪᠠᠶᠢᠭᠤᠯᠤᠯᠳᠠ ᠪᠤᠯᠤᠨ ᠪᠦᠭᠦᠯᠢ ᠴᠤᠭᠴᠠ ᠶᠢᠨ ᠵᠠᠰᠠᠯᠳᠠ ᠶᠢ ᠭᠡᠷᠡᠭᠵᠢᠭᠦᠯᠦᠨ᠎ᠡ᠃ ᠲᠤᠯᠤᠭ᠎ᠠ ᠳᠤ | ᠲᠤᠰᠬᠠᠢ ᠮᠡᠷᠬᠡᠵᠢᠯᠳᠡᠨ ᠤᠷᠢᠨ ᠭᠡᠷᠡᠭᠯᠡᠵᠤ᠂ ᠪᠠᠶᠢᠴᠠᠭᠠᠯᠳᠠ ᠶᠢᠨ ᠲᠦᠭᠦᠭᠡᠷᠤᠮᠵᠢ ᠶᠢ ᠲᠡᠭᠦᠯᠳᠡᠷᠵᠢᠭᠦᠯᠦᠨ᠂ ᠢᠳᠡᠭᠡᠨ | ᠤ ᠠᠮᠤᠷ ᠲᠦᠪᠰᠢᠨ ᠤ ᠪᠠᠶᠢᠴᠠᠭᠠᠯᠳᠠ ᠶᠢᠨ ᠲᠦᠪ ᠢ ᠵᠢᠩᠬᠢᠨᠢ ᠪᠠᠷ ᠠᠰᠢᠭᠯᠠᠵᠤ᠂ ᠠᠷᠠᠳ ᠲᠦᠮᠡᠨ ᠤ ᠢᠳᠡᠭᠡᠨ | ᠤᠮᠳᠠᠭᠠᠨ ᠤ ᠠᠮᠤᠷ ᠲᠦᠪᠰᠢᠨ ᠢ ᠪᠠᠳᠤᠯᠠᠨ᠎ᠠ᠃ ᠨᠠᠢᠮᠠ ᠳᠤ ᠪᠢᠨ ᠡᠾᠧ ᠵᠠᠮ ᠤᠨ ᠪᠠᠷᠠᠭᠤᠨ᠂ ᠪᠦᠯᠬᠦᠮᠳᠡᠯ | ᠰᠠᠭᠤᠭᠠᠯᠢ ᠠᠷᠠᠳ ᠤᠨ ᠲᠤᠭᠤᠷᠢᠭ ᠤᠨ ᠡᠮᠦᠨ᠎ᠡ ᠡᠭᠦᠳᠡ᠂ ᠬᠤᠸᠠ ᠳ᠋ᠦᠩ ᠪᠠᠭᠤᠳᠠᠯ ᠪᠠ ᠬᠡᠦᠭᠡᠳ ᠤᠨ ᠬᠢᠳᠠᠳ | ᠴᠡᠴᠡᠷᠯᠢᠭ ᠤᠨ ᠡᠰᠡᠷᠭᠦ᠂ ᠬᠠᠭᠤᠴᠢᠨ ᠵᠠᠰᠠᠭ ᠤᠨ ᠤᠷᠳᠤᠨ ᠤ ᠶᠤᠰᠤᠯᠠᠯ ᠤᠨ ᠲᠠᠩᠬᠢᠮ ᠤᠨ ᠡᠮᠦᠨ᠎ᠡ ᠵᠡᠷᠭᠡ ᠭᠠᠵᠠᠷ | ᠤᠳ ᠲᠤ ᠠᠷᠠᠳ ᠲᠤ ᠳᠦᠭᠦᠮ ᠦᠵᠡᠭᠦᠯᠬᠦ ᠲᠡᠷᠭᠡᠨ ᠵᠤᠭᠰᠤᠭᠠᠯ 5 ᠶᠢ ᠪᠠᠶᠢᠭᠤᠯᠤᠨ᠎ᠠ᠃ | ︵ᠵᠢᠷᠭᠤᠭ᠎ᠠ︶ ᠬᠠᠤᠯᠢ ᠶᠤᠰᠤᠭᠠᠷ ᠵᠠᠰᠠᠭ ᠶᠠᠪᠤᠭᠤᠯᠬᠤ ᠶᠢ ᠳᠦᠷᠢᠮᠵᠢᠭᠦᠯᠦᠨ᠂ ᠵᠠᠰᠠᠭ ᠤᠨ ᠤᠷᠳᠤᠨ ᠤ | ᠴᠢᠳᠠᠪᠬᠢ ᠶᠢ ᠬᠦᠴᠦᠯᠡᠨ ᠳᠡᠭᠡᠭᠰᠢᠯᠡᠭᠦᠯᠦᠨ᠎ᠡ | ᠬᠠᠤᠯᠢ ᠶᠤᠰᠤᠭᠠᠷ ᠵᠠᠰᠠᠭ ᠶᠠᠪᠤᠭᠤᠯᠬᠤ ᠶᠢ ᠪᠠᠷᠢᠮᠲᠠᠯᠠᠨ᠂ ᠨᠡᠶᠢᠲᠡ ᠶᠢᠨ ᠢᠳᠡᠭᠡᠮᠵᠢ ᠬᠦᠴᠦᠨ ᠢ ᠦᠨᠡᠨᠬᠦ | ᠴᠢᠩᠭᠠᠳᠬᠠᠨ᠎ᠠ᠃ ᠵᠠᠰᠠᠭ ᠤᠨ ᠤᠷᠳᠤᠨ ᠤ ᠪᠠᠶᠢᠭᠤᠯᠤᠯᠲᠠ ᠶᠢᠨ ᠠᠵᠢᠯᠯᠠᠬᠤ ᠳᠦᠷᠢᠮ ᠪᠤᠯᠤᠨ ᠠᠵᠢᠯ ᠭᠦᠢᠴᠡᠳᠭᠡᠬᠦ | ᠶᠠᠪᠤᠴᠠ ᠶᠢ ᠲᠤᠭᠲᠠᠭᠠᠨ ᠲᠡᠭᠦᠯᠳᠡᠷᠵᠢᠭᠦᠯᠵᠦ᠂ ᠲᠤᠭᠳᠠᠭᠰᠠᠨ ᠠᠯᠬᠤᠮ ᠳᠠᠷᠠᠭᠠᠯᠠᠯ ᠢᠶᠠᠷ ᠠᠵᠢᠯ ᠬᠦᠢᠴᠡᠳᠬᠡᠬᠦ᠂ | ᠳᠦᠷᠢᠮ ᠶᠤᠰᠤᠭᠠᠷ ᠠᠵᠢᠯ ᠢᠶᠠᠨ ᠭᠦᠢᠴᠡᠳᠬᠡᠬᠦ ᠦᠵᠡᠯᠲᠡ ᠶᠢ ᠪᠠᠲᠤ ᠪᠠᠬᠢ ᠪᠤᠢ ᠪᠤᠯᠭᠠᠨ᠎ᠠ᠃ ︽ᠭᠤᠷᠪᠠᠨ | ᠴᠢᠬᠤᠯᠠ ᠨᠢᠭᠡ ᠲᠤᠮᠤ︾ ᠵᠡᠷᠭᠡ ᠬᠠᠮᠲᠤ ᠨᠡᠶᠢᠲᠡ ᠪᠠᠷ ᠰᠤᠳᠤᠯᠤᠨ ᠰᠢᠢᠳᠪᠦᠷᠢᠯᠡᠬᠦ ᠴᠢᠬᠤᠯᠠᠲᠠᠢ ᠶᠠᠪᠤᠳᠠᠯ ᠤᠳ ᠢ | ᠡᠷᠬᠡᠪᠰᠢ ᠬᠤᠰᠢᠭᠤ ᠨᠠᠮ ᠤᠨ ᠬᠤᠷᠢᠶ᠎ᠠ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠵᠠᠰᠠᠭ ᠤᠨ | ᠤᠷᠳᠤᠨ ᠤ ᠬᠠᠮᠢᠶ᠎ᠠ ᠪᠦᠬᠦᠢ ᠬᠤᠷᠠᠯ ᠳᠤ ᠳᠡᠪᠰᠢᠭᠦᠯᠦᠨ ᠰᠤᠳᠤᠯᠤᠭᠤᠯᠤᠨ᠎ᠠ︔ ᠬᠤᠲᠠ ᠬᠦᠳᠡᠭᠡᠨ ᠤ ᠪᠦᠲᠦᠭᠡᠨ | ᠪᠠᠶᠢᠭᠤᠯᠤᠯᠲᠠ᠂ ᠰᠤᠶᠤᠯ ᠵᠢᠭᠤᠯᠴᠢᠯᠠᠯ ᠵᠡᠷᠭᠡ ᠲᠠᠯ᠎ᠠ ᠳᠤ ᠬᠤᠯᠪᠤᠭᠳᠠᠭᠰᠠᠨ ᠢᠨᠵᠧᠨᠧᠷᠢᠩ ᠲᠦᠷᠦᠯ ᠵᠦᠢᠯ ᠢ | ᠡᠷᠬᠡᠪᠰᠢ ᠬᠤᠰᠢᠭᠤᠨ ᠤ ᠬᠤᠲᠠ ᠬᠦᠳᠡᠭᠡᠨ ᠤ ᠲᠦᠯᠦᠪᠵᠢᠬᠦᠯᠦᠯᠳᠡ ᠶᠢᠨ ᠵᠦᠪᠯᠡᠯ ᠳᠤ ᠳᠡᠪᠰᠢᠭᠦᠯᠦᠨ | ᠰᠤᠳᠤᠯᠤᠭᠤᠯᠵᠤ ᠬᠢᠨᠠᠨ ᠦᠨᠡᠯᠡᠭᠦᠯᠦᠨᠡ︔ ᠠᠯᠢᠪᠠ ᠡᠳ᠋ ᠤᠨ ᠵᠠᠰᠠᠭ ᠤᠨ ᠪᠡᠯᠡ ᠤᠷᠤᠭᠤᠯᠤᠯᠲᠠ ᠶᠢᠨ ᠲᠦᠷᠦᠯ | ᠵᠦᠢᠯ ᠤᠨ ᠲᠠᠯ᠎ᠠ ᠪᠠᠷ᠂ ᠮᠡᠳᠡᠭᠦᠯᠦᠨ ᠵᠦᠪᠰᠢᠶᠡᠷᠡᠭᠦᠯᠬᠦ ᠭᠠᠷ ᠭᠦᠢᠴᠡᠳᠬᠡᠯ ᠪᠤᠯᠤᠨ ᠢᠨᠵᠧᠨᠧᠷᠢᠩ ᠤᠨ ᠦᠨᠳᠦᠰᠦᠨ | ᠪᠠᠶᠢᠭᠤᠯᠤᠯᠲᠠ ᠶᠢᠨ ᠠᠯᠬᠤᠮ ᠳᠠᠷᠠᠭᠠᠯᠠᠯ ᠢ ᠵᠠᠪᠠᠯ ᠭᠦᠢᠴᠡᠳᠬᠡᠨ᠎ᠡ᠃ ᠬᠠᠤᠯᠢ ᠴᠠᠭᠠᠵᠠ ᠳᠦᠷᠢᠮ ᠲᠤᠭᠲᠠᠭᠠᠯ | ᠶᠤᠰᠤᠭᠠᠷ ᠠᠵᠢᠯ ᠢᠶᠠᠨ ᠭᠦᠢᠴᠡᠳᠬᠡᠬᠦ ᠶᠢᠨ ᠰᠠᠭᠤᠷᠢᠨ ᠳᠡᠭᠡᠷ᠎ᠡ᠂ ᠬᠤᠪᠢᠷᠠᠯᠲᠠ ᠶᠢ ᠴᠢᠳᠠᠮᠠᠭᠠᠢ ᠠᠷᠭᠠᠴᠠᠭᠠᠵᠤ᠂ | ᠠᠵᠢᠯ ᠤᠨ ᠪᠦᠲᠦᠮᠵᠢ ᠪᠠᠨ ᠳᠡᠭᠡᠭᠰᠢᠯᠡᠭᠦᠯᠦᠨ᠎ᠡ᠃ | ᠪᠤᠳᠠᠳᠠᠢ ᠡᠭᠦᠷᠭᠡᠯᠡᠬᠦ ᠶᠢ ᠪᠠᠷᠢᠮᠲᠠᠯᠠᠨ᠂ ᠬᠦᠢᠴᠡᠳᠭᠡᠬᠦ ᠴᠢᠳᠠᠪᠤᠷᠢ ᠶᠢ ᠦᠨᠡᠨᠬᠦ ᠴᠢᠩᠭᠠᠳᠬᠠᠨ᠎ᠠ᠃ | ᠭᠤᠤᠯᠳᠠᠯᠠᠭᠠᠳᠤ ᠠᠵᠢᠯ ᠤᠨ ᠲᠦᠷᠦᠯ ᠵᠤᠶᠢᠯ ᠤᠨ ᠬᠠᠮᠢᠶᠠᠷᠤᠯᠲᠠ ᠶᠢ ᠬᠡᠷᠡᠭᠵᠢᠭᠦᠯᠦᠨ᠂ ᠡᠯ᠎ᠡ ᠵᠦᠢᠯ ᠤᠨ ᠰᠢᠢᠳᠪᠦᠷᠢ | ᠲᠣᠬᠢᠷᠠᠭᠤᠯᠤᠯᠲᠠ ᠶᠢ ᠲᠤᠬᠠᠶᠢᠯᠠᠭᠰᠠᠨ ᠠᠵᠢᠯ᠂ ᠬᠦᠮᠦᠨ᠂ ᠪᠤᠳᠠᠲᠠᠢ ᠠᠷᠭ᠎ᠠ ᠬᠡᠮᠵᠢᠶ᠎ᠡ᠂ ᠴᠠᠭ ᠵᠠᠢ ᠳᠤ ᠬᠦᠷᠲᠡᠯ᠎ᠡ | ᠨᠠᠶᠢᠳᠠᠪᠤᠷᠢᠵᠢᠭᠤᠯᠵᠤ᠂ ᠲᠤᠭᠲᠠᠭᠰᠠᠨ ᠴᠠᠭ ᠲᠠᠭᠠᠨ ᠴᠢᠨᠠᠷᠯᠢᠭ ᠪᠡᠶᠡᠯᠡᠭᠦᠯᠬᠦ ᠶᠢ ᠪᠠᠲᠤᠯᠠᠨ᠎ᠠ᠃ ᠡᠷᠡᠯᠭᠡᠭᠯᠡᠨ | ᠲᠡᠮᠡᠴᠡᠵᠤ ᠵᠤᠷᠢᠭᠳᠠᠢ ᠬᠠᠷᠢᠭᠤᠴᠠᠵᠤ᠂ ᠤᠨᠴᠠᠭᠠᠶᠢᠯᠠᠨ ᠪᠦᠬᠦ ᠬᠤᠰᠢᠭᠤᠨ ᠤ ᠠᠰᠢᠭ ᠲᠤᠰᠠ ᠳᠤ ᠬᠤᠯᠪᠤᠭᠳᠠᠭᠰᠠᠨ | ᠠᠰᠠᠭᠤᠳᠠᠯ ᠳᠤ᠂ ᠪᠦᠬᠦ ᠲᠠᠯ᠎ᠠ ᠶᠢ ᠬᠠᠮᠤᠷᠤᠭᠰᠠᠨ ᠦᠨᠳᠤᠷᠴᠡ ᠠᠴᠠ ᠰᠤᠳᠤᠯᠤᠨ ᠮᠠᠭᠠᠳᠯᠠᠬᠤ ᠪᠠ ᠬᠦᠢᠴᠡᠳᠭᠡᠨ | ᠰᠢᠢᠳᠪᠦᠷᠢᠯᠡᠵᠦ᠂ ᠬᠦᠴᠢᠷ ᠪᠡᠷᠬᠡᠰᠢᠶᠡᠯ ᠠᠴᠠ ᠠᠶᠤᠬᠤ ᠦᠭᠡᠢ᠂ ᠠᠰᠠᠭᠤᠳᠠᠯ ᠲᠤᠯᠭᠠᠷᠠᠪᠠᠯ ᠲᠦᠯᠬᠢᠬᠦ ᠦᠭᠡᠢ᠂ | ᠵᠦᠷᠢᠴᠠᠯ ᠮᠦᠷᠭᠦᠯᠳᠤᠭᠡᠨ ᠠᠴᠠ ᠵᠠᠶᠢᠯᠠᠬᠤ ᠦᠭᠡᠢ ᠪᠠᠶᠢᠬᠤ ᠭᠡᠷᠡᠭᠳᠡᠢ᠃ ᠲᠦᠭᠰᠢᠭᠦᠷᠢ ᠶᠢ ᠬᠠᠮᠲᠤᠪᠡᠷ ᠡᠭᠦᠷᠭᠡᠯᠡᠬᠦ | ᠲᠤᠭᠲᠠᠴᠠ ᠶᠢ ᠲᠡᠭᠦᠯᠳᠡᠷᠵᠢᠭᠦᠯᠦᠨ ᠪᠠᠶᠢᠭᠤᠯᠵᠤ᠂ ᠵᠦᠪ ᠵᠦᠭ ᠤᠷᠮᠠᠰᠢᠭᠤᠯᠤᠨ ᠲᠠᠭᠠᠭᠤᠯᠵᠤ᠂ ᠵᠣᠷᠢᠭᠲᠠᠢ | ᠡᠭᠦᠷᠭᠡᠯᠡᠨ᠂ ᠴᠢᠷᠮᠠᠶᠢᠨ ᠪᠡᠶᠡᠯᠡᠭᠦᠯᠬᠦ ᠠᠵᠢᠯ ᠤᠨ ᠠᠭᠤᠷ ᠠᠮᠢᠰᠬᠤᠯ ᠢ ᠪᠤᠢ ᠪᠤᠯᠭᠠᠨ᠎ᠠ᠃ | ᠠᠷᠢᠭᠤᠨ ᠴᠢᠭᠡᠴᠢ ᠪᠠᠷ ᠵᠠᠰᠠᠭ ᠶᠠᠪᠤᠭᠤᠯᠬᠤ ᠶᠢ ᠪᠠᠷᠢᠮᠲᠠᠯᠠᠵᠤ᠂ ᠬᠤᠪᠢ ᠪᠡᠶ᠎ᠡ ᠶᠢᠨ ᠡᠵᠡᠮᠳᠡᠭᠦ ᠴᠢᠳᠠᠪᠤᠷᠢ | ᠶᠢ ᠦᠨᠡᠨᠬᠦ ᠴᠢᠩᠭᠠᠳᠬᠠᠨ᠎ᠠ᠃ ᠰᠠᠬᠢᠯᠭ᠎ᠠ ᠪᠠᠲᠤ ᠪᠤᠯᠤᠨ ᠵᠤᠷᠰᠢᠯ ᠵᠢᠷᠤᠮ ᠢ ᠴᠠᠭ ᠢᠮᠠᠭᠳᠠ ᠪᠠᠷᠢᠮᠳᠠᠯᠠᠵᠤ᠂ | ᠨᠠᠮ ᠤᠨ ᠰᠤᠷᠲᠠᠯ ᠴᠢᠭᠡᠴᠢ ᠵᠠᠰᠠᠭ ᠤᠨ ᠪᠦᠲᠦᠭᠡᠨ ᠪᠠᠶᠢᠭᠤᠯᠤᠯᠲᠠ ᠶᠢᠨ ᠪᠡᠶᠡᠴᠢ ᠴᠣᠭᠴᠠ ᠶᠢᠨ ᠬᠠᠷᠢᠭᠤᠴᠠᠯᠭ᠎ᠠ | ᠪᠤᠯᠤᠨ ︽ᠨᠢᠭᠡ ᠲᠤᠰᠢᠶᠠᠯ ᠬᠤᠤᠰ ᠬᠠᠷᠢᠭᠤᠴᠠᠯᠭ᠎ᠠ︾ ᠶᠢ ᠴᠢᠩᠭ᠎ᠠ ᠨᠠᠶᠢᠳᠠᠪᠤᠷᠢᠵᠢᠭᠤᠯᠤᠨ᠂ ᠵᠠᠰᠠᠭ ᠤᠨ ᠤᠷᠳᠤᠨ | ᠤ ᠰᠢᠰᠲ᠋ᠧᠮ ᠤᠨ ᠢᠯᠵᠢᠷᠡᠯ ᠢ ᠡᠰᠡᠷᠭᠦᠴᠡᠵᠦ᠂ ᠠᠷᠢᠭᠤᠨ ᠴᠢᠭᠡᠴᠢ ᠶᠢ ᠡᠷᠬᠢᠮᠯᠡᠭᠦ ᠠᠵᠢᠯ ᠢ ᠯᠠᠪᠳᠠᠭᠤᠨ | ᠠᠬᠢᠭᠤᠯᠤᠨ᠎ᠠ᠃ ᠭᠤᠤᠯᠳᠠᠯᠭᠠᠲᠤ ᠬᠦᠷᠢᠶ᠎ᠡ ᠴᠠᠷ᠎ᠠ᠂ ᠭᠤᠤᠯᠳᠠᠯᠭᠠᠲᠤ ᠲᠤᠭᠤᠷᠢᠨ᠂ ᠭᠤᠣᠯᠳᠠᠯᠭᠠᠲᠤ ᠤᠷᠤᠨ ᠪᠠᠶᠢᠷᠢ | ᠪᠤᠯᠤᠨ ᠵᠠᠩᠭᠢᠯᠠᠭ᠎ᠠ ᠶᠢᠨ ᠠᠵᠢᠯ ᠤᠨ ᠪᠠᠶᠢᠷᠢ ᠶᠢᠨ ᠴᠢᠭᠡᠴᠢ ᠵᠠᠰᠠᠭ ᠤᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ | ᠴᠢᠩᠭᠠᠳᠬᠠᠨ᠂ ᠢᠯᠵᠢᠷᠠᠯ ᠢ ᠡᠬᠢ ᠡᠬᠦᠰᠪᠦᠷᠢ ᠠᠴᠠ ᠨᠢ ᠰᠡᠷᠭᠡᠶᠢᠯᠡᠨ᠎ᠡ᠃ ᠵᠠᠰᠠᠭ ᠵᠠᠬᠢᠷᠭᠠᠨ ᠤ ᠬᠢᠨᠠᠨ ᠪᠠᠶᠢᠴᠠᠭᠠᠯᠲᠠ | ᠪᠤᠯᠤᠨ ᠬᠢᠨᠠᠨ ᠪᠤᠳᠤᠯᠲᠠ ᠶᠢᠨ ᠬᠠᠮᠢᠶᠠᠷᠤᠯᠲᠠ ᠶᠢ ᠴᠢᠩᠭᠠᠳᠬᠠᠨ᠂ ᠡᠳ᠋ ᠤᠨ ᠵᠠᠰᠠᠭ ᠪᠤᠯᠤᠨ ᠶᠠᠳᠠᠭᠤ ᠶᠢ ᠲᠡᠳᠬᠦᠬᠦ | ᠪᠡᠯᠡ ᠮᠦᠩᠭᠦᠨ ᠤ ᠬᠡᠷᠡᠭᠯᠡᠯᠲᠡ᠂ ᠨᠡᠶᠢᠲᠡ ᠶᠢᠨ ᠡᠬᠢ ᠪᠠᠶᠠᠯᠢᠭ ᠤᠨ ᠰᠤᠯᠢᠯᠴᠠᠭ᠎ᠠ᠂ ᠤᠯᠤᠰ ᠤᠨ ᠦᠮᠴᠢᠯᠡᠯᠲᠦ ᠡᠳ᠋ | ᠬᠦᠷᠦᠩᠭᠡ ᠶᠢᠨ ᠡᠵᠡᠩᠨᠡᠯᠲᠡ ᠬᠠᠮᠢᠶᠠᠷᠤᠯᠲᠠ ᠶᠢᠨ ᠬᠢᠨᠠᠯᠳᠠ ᠶᠢ ᠴᠢᠩᠭᠠᠳᠬᠠᠵᠤ᠂ ᠢᠯᠵᠢᠷᠡᠯ ᠢ ᠦᠨᠴᠦᠭ ᠪᠤᠯᠤᠩ | ᠦᠬᠡᠢ᠂ ᠪᠦᠭᠦ ᠲᠠᠯ᠎ᠠ ᠪᠠᠷ᠂ ᠡᠶ᠎ᠡ ᠨᠠᠶᠢᠷ ᠦᠯᠡᠳᠡᠭᠡᠯ ᠦᠭᠡᠢ ᠴᠡᠭᠴᠡᠯᠡᠨ ᠵᠠᠰᠠᠬᠤ ᠶᠢ ᠪᠠᠷᠢᠮᠳᠠᠯᠠᠵᠤ᠂ ᠵᠠᠰᠠᠭ ᠤᠨ | ᠡᠷᠭᠡ ᠶᠢ ᠢᠯᠡ ᠲᠤᠳᠤ ᠶᠠᠪᠤᠭᠳᠠᠭᠤᠯᠤᠨ᠎ᠠ᠃ | ᠲᠦᠯᠦᠭᠡᠯᠡᠭᠴᠢᠳ ᠡ︕ ᠦᠵᠡᠰᠭᠦᠯᠡᠩᠲᠦ ᠰᠠᠶᠢᠬᠠᠨ ᠵᠢᠷᠤᠭ ᠲᠦᠯᠦᠪᠯᠡᠭᠡ ᠬᠦᠮᠦᠰ ᠤᠨ ᠰᠠᠳᠬᠢᠯ ᠢ | ᠳᠣᠭᠳᠤᠯᠠᠭᠤᠯᠵᠤ᠂ ᠰᠠᠶᠢᠨ ᠰᠠᠶᠢᠬᠠᠨ ᠢᠷᠡᠭᠡᠳᠦᠢ ᠶᠢᠨ ᠬᠦᠰᠡᠯ ᠪᠢᠳᠠᠨ ᠢ ᠰᠢᠮᠳᠠᠭᠤᠯᠤᠨ ᠤᠷᠤᠭᠰᠢᠯᠠᠭᠤᠯᠵᠤ | ᠪᠠᠶᠢᠨ᠎ᠠ᠃ ᠪᠢᠳᠠ ᠰᠢ ᠶᠢᠨ ᠫᠢᠩ ᠶᠡᠷᠦᠩᠭᠡᠢ ᠱᠦᠵᠢ ᠪᠠᠷ ᠭᠤᠤᠯᠯᠠᠭᠰᠠᠨ ᠨᠠᠮ ᠤᠨ ᠲᠦᠪ ᠬᠤᠷᠢᠶᠠᠨ ᠤ | ᠲᠤᠭᠤᠷᠢᠨ ᠳᠤ ᠨᠢᠭᠲᠠᠷᠠᠨ ᠪᠦᠯᠬᠦᠮᠳᠡᠵᠦ᠂ ᠳᠤᠮᠳᠠᠳᠤ ᠤᠯᠤᠰ ᠤᠨ ᠤᠨᠴᠠᠯᠢᠭᠲᠤ ᠨᠡᠶᠢᠭᠡᠮ ᠵᠢᠷᠤᠮ ᠤᠨ ᠠᠤᠭ᠎ᠠ | ᠲᠤᠭ ᠢ ᠦᠨᠳᠦᠷ ᠮᠠᠨᠳᠤᠭᠤᠯᠤᠨ᠂ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠪᠤᠯᠤᠨ ᠬᠤᠰᠢᠭᠤ | ᠨᠠᠮ ᠤᠨ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠳᠣᠣᠷ᠎ᠠ᠂ ᠰᠡᠳᠬᠢᠯ ᠢᠶᠠᠨ ᠨᠢᠭᠡᠳᠬᠡᠨ ᠬᠦᠴᠦ ᠪᠠᠨ | ᠬᠠᠮᠲᠤᠳᠬᠠᠵᠤ᠂ ᠬᠠᠷᠢᠭᠤᠴᠠᠯᠭ᠎ᠠ ᠲᠠᠢ ᠭᠤᠣᠯᠴᠢ ᠪᠠᠶᠢᠬᠤ ᠶᠢ ᠪᠠᠷᠢᠮᠲᠠᠯᠠᠨ᠂ ᠤᠤᠯ ᠵᠤᠷᠢᠯᠲᠠ ᠪᠠᠨ ᠮᠠᠷᠲᠠᠬᠤ ᠦᠭᠡᠢ | ᠂ ᠪᠦᠬᠦ ᠬᠦᠴᠦ ᠪᠠᠷ ᠴᠢᠷᠮᠠᠶᠢᠨ ᠤᠷᠤᠭᠰᠢᠯᠠᠵᠤ᠂ ᠪᠤᠳᠠᠲᠤ ᠠᠵᠢᠯᠯᠠᠭ᠎ᠠ ᠪᠤᠯᠤᠨ ᠰᠢᠯᠢᠳᠡᠭ ᠪᠦᠲᠦᠮᠵᠢ ᠪᠠᠷ ᠨᠠᠮ ᠤᠨ | ᠠᠷᠪᠠᠨ ᠶᠢᠰᠦᠳᠦᠭᠡᠷ ᠤᠳᠠᠭᠠᠨ ᠤ ᠪᠦᠬᠦ ᠤᠯᠤᠰ ᠤᠨ ᠲᠦᠯᠦᠭᠡᠯᠡᠭᠴᠢᠳ ᠤᠨ ᠶᠡᠭᠡ ᠬᠤᠷᠠᠯ᠂ ᠦᠪᠡᠷᠲᠡᠭᠡᠨ ᠵᠠᠰᠠᠬᠤ | ᠤᠷᠤᠨ ᠪᠠᠶᠢᠭᠤᠯᠤᠭᠳᠠᠭᠰᠠᠨ ᠳᠠᠯᠠᠨ ᠵᠢᠯ ᠤᠨ ᠤᠢ ᠶᠢ ᠤᠭᠲᠤᠨ ᠠᠪᠤᠶ᠎ᠠ︕ | | | ᠨᠡᠷ᠎ᠡ ᠦᠭᠡᠰ ᠤᠨ ᠲᠠᠶᠢᠯᠪᠤᠷᠢ | ᠨᠢᠭᠡ᠂ ︽ᠲᠠᠪᠤᠨ ᠨᠢᠬᠡ ᠪᠦᠯᠦᠭ︾᠄ ᠨᠢᠬᠡ ᠪᠦᠯᠦᠭ ᠢ ᠮᠡᠷᠬᠡᠵᠢᠯ ᠢᠶᠠᠷ ᠦᠬᠡᠷᠡᠴᠢᠯᠡᠨ ᠲᠡᠰ | ᠲᠡᠪᠰᠢᠬᠦᠯᠵᠤ᠂ ᠨᠢᠬᠡ ᠪᠦᠯᠦᠭ ᠢ ᠨᠢᠬᠡᠳᠤᠬᠦᠯᠵᠤ ᠲᠠᠬᠢᠨ ᠵᠤᠬᠢᠶᠠᠨ ᠪᠠᠶᠢᠭᠤᠯᠵᠤ ᠴᠡᠭᠴᠡᠯᠡᠨ᠂ ᠨᠢᠬᠡ ᠪᠦᠯᠦᠭ ᠢ | ᠭᠠᠳᠠᠭᠰᠢ ᠪᠡᠯᠡ ᠤᠷᠤᠭᠤᠯᠤᠨ ᠰᠢᠯᠵᠢᠬᠦᠯᠵᠤ᠂ ᠨᠢᠬᠡ ᠪᠦᠯᠦᠭ ᠢ ᠴᠢᠩᠭ᠎ᠠ ᠪᠡᠷᠢᠮᠵᠢᠶ᠎ᠡ ᠪᠠᠷ ᠰᠢᠭᠰᠢᠨ ᠬᠠᠶᠠᠵᠤ᠂ | ᠨᠢᠬᠡ ᠪᠦᠯᠦᠭ ᠢ ᠲᠦᠷᠦ ᠶᠢᠨ ᠪᠤᠳᠤᠯᠭ᠎ᠠ ᠪᠠᠷ ᠲᠡᠳᠬᠦᠬᠦ ᠶᠢ ᠲᠡᠬᠦᠯᠳᠡᠷᠵᠢᠬᠦᠯᠬᠦ ᠠᠷᠭ᠎ᠠ ᠪᠠᠷ ᠲᠡᠮᠵᠢᠨ | ᠦᠯᠡᠬᠦᠳᠡᠭᠰᠡᠨ ᠤᠶᠢᠯᠡᠳᠪᠤᠷᠢᠯᠡᠯ ᠤᠨ ᠬᠦᠴᠦᠨ ᠠᠷᠢᠯᠭᠠᠬᠤ ᠳᠤ ᠠᠪᠤᠭᠰᠠᠨ ᠪᠤᠳᠠᠳᠤ ᠠᠷᠭ᠎ᠠ ᠠᠪᠴᠠᠯ ᠢ ᠵᠢᠭᠠᠨ᠎ᠠ᠃ | | ᠬᠤᠶᠠᠷ᠂ ᠪᠦᠬᠦ ᠬᠦᠷᠢᠶ᠎ᠡ ᠴᠡᠷ᠎ᠠ ᠶᠢᠨ ᠵᠢᠭᠤᠯᠴᠢᠯᠠᠯ᠄ ᠲᠤᠭᠳᠠᠭᠰᠠᠨ ᠬᠦᠷᠢᠶ᠎ᠡ ᠴᠠᠷ᠎ᠠ ᠳᠤ᠂ ᠵᠢᠭᠤᠯᠴᠢᠯᠠᠯ | ᠤᠨ ᠤᠶᠢᠯᠡᠰ ᠢᠶᠠᠷ ᠲᠠᠪᠠᠭᠤᠯᠢᠭ ᠠᠵᠤ ᠤᠶᠢᠯᠡᠰ ᠪᠤᠯᠭᠠᠵᠤ᠂ ᠬᠦᠷᠢᠶ᠎ᠡ ᠴᠠᠷ᠎ᠠ ᠶᠢᠨ ᠠᠵᠤ ᠠᠬᠤᠢ ᠨᠡᠶᠢᠬᠡᠮ ᠤᠨ ᠡᠬᠢ | ᠪᠠᠶᠠᠯᠢᠭ ᠤᠨᠴᠠᠭᠠᠶᠢᠯᠠᠨ ᠵᠢᠭᠤᠯᠴᠢᠯᠠᠯ ᠤᠨ ᠡᠬᠢ ᠪᠠᠶᠠᠯᠢᠭ᠂ ᠬᠠᠮᠢᠶ᠎ᠠ ᠪᠦᠬᠦᠢ ᠠᠵᠤ ᠤᠶᠢᠯᠡᠰ᠂ ᠠᠮᠢ ᠠᠬᠤᠢ | ᠤᠷᠴᠢᠨ ᠲᠤᠭᠤᠷᠢᠨ᠂ ᠨᠡᠶᠢᠳᠡ ᠶᠢᠨ ᠤᠶᠢᠯᠡᠴᠢᠯᠡᠭᠡ᠂ ᠪᠠᠶᠢᠭᠤᠯᠤᠮᠵᠢ ᠲᠤᠭᠳᠠᠴᠠ᠂ ᠲᠦᠷᠦ ᠶᠢᠨ ᠪᠤᠳᠤᠯᠭ᠎ᠠ | ᠬᠠᠤᠯᠢ ᠴᠠᠭᠠᠵᠠ᠂ ᠪᠤᠯᠪᠠᠰᠤᠨ ᠬᠡᠪ ᠴᠢᠨᠠᠷ ᠵᠡᠷᠬᠡ ᠶᠢ ᠪᠦᠬᠦ ᠲᠠᠯ᠎ᠠ ᠪᠠᠷ ᠰᠢᠰᠲ᠋ᠧᠮᠵᠢᠭᠤᠯᠤᠨ ᠰᠠᠶᠢᠵᠢᠷᠠᠭᠤᠯᠬᠤ ᠪᠠᠷ | ᠳᠠᠮᠵᠢᠨ᠂ ᠬᠦᠷᠢᠶ᠎ᠡ ᠴᠠᠷ᠎ᠠ ᠶᠢᠨ ᠡᠬᠢ ᠪᠠᠶᠠᠯᠢᠭ ᠤᠨ ᠤᠷᠭᠠᠨᠢᠭ ᠨᠢᠬᠡᠳᠤᠯ᠂ ᠠᠵᠤ ᠤᠶᠢᠯᠡᠰ ᠤᠨ ᠠᠭᠤᠰᠤᠯᠴᠠᠭᠰᠠᠨ | ᠬᠦᠭᠵᠢᠯᠳᠡ᠂ ᠨᠡᠶᠢᠬᠡᠮ ᠤᠨ ᠬᠠᠮᠳᠤᠷᠠᠨ ᠪᠠᠶᠢᠭᠤᠯᠵᠤ ᠬᠠᠮᠳᠤᠪᠠᠷ ᠡᠳ᠋ᠯᠡᠬᠦ ᠶᠢ ᠪᠠᠶᠡᠯᠡᠭᠦᠯᠦᠨ᠂ ᠵᠢᠭᠤᠯᠴᠢᠯᠠᠯ ᠤᠨ | ᠤᠶᠢᠯᠡᠰ ᠢᠶᠠᠷ ᠠᠵᠤ ᠠᠬᠤᠢ ᠨᠡᠶᠢᠬᠡᠮ ᠤᠨ ᠵᠤᠬᠢᠴᠠᠩᠭᠤᠢ ᠬᠦᠭᠵᠢᠯᠳᠡ ᠶᠢ ᠲᠠᠶᠢᠴᠢᠯᠠᠨ ᠠᠬᠢᠭᠤᠯᠬᠤ ᠨᠢᠬᠡᠨ ᠵᠤᠶᠢᠯ | ᠤᠨ ᠤᠷᠤᠨ ᠬᠡᠪᠴᠢᠶᠠᠨ ᠤ ᠵᠤᠬᠢᠴᠠᠩᠭᠤᠢ ᠬᠦᠭᠵᠢᠯᠳᠡ ᠶᠢᠨ ᠰᠢᠨ᠎ᠠ ᠤᠶᠢᠯᠠᠭᠠᠳᠠᠬᠤᠨ ᠪᠤᠯᠤᠨ ᠵᠠᠭᠪᠤᠷ ᠮᠦᠨ᠃ | ᠭᠤᠷᠪᠠ᠂ ᠵᠠᠮ ᠤᠨ ᠴᠠᠭᠳᠠᠭ᠎ᠠ ᠠᠵᠢᠯᠯᠠᠬᠤ᠂ ATM ᠣᠶᠢᠯᠡᠴᠢᠯᠡᠭᠡ ᠬᠠᠩᠭᠠᠬᠤ᠂ ᠣᠷᠴᠢᠨ | ᠲᠤᠭᠤᠷᠢᠨ ᠤ ᠴᠡᠪᠡᠷᠯᠡᠭᠴᠢ ᠠᠮᠠᠷᠠᠬᠤ ᠵᠡᠷᠬᠡ ᠭᠤᠷᠪᠠᠨ ᠴᠢᠳᠡᠮᠵᠢ ᠶᠢ ᠨᠢᠭᠡᠳᠦᠭᠦᠯᠦᠭᠰᠡᠨ ᠦᠷᠦᠭᠡ᠄ ᠵᠠᠮ ᠤᠨ | ᠴᠠᠭᠳᠠᠭ᠎ᠠ ᠠᠵᠢᠯᠯᠠᠬᠤ᠂ ATM ᠣᠶᠢᠯᠡᠴᠢᠯᠡᠭᠡ ᠬᠠᠩᠭᠠᠬᠤ᠂ ᠣᠷᠴᠢᠨ ᠲᠤᠭᠤᠷᠢᠨ ᠤ ᠴᠡᠪᠡᠷᠯᠡᠭᠴᠢ ᠠᠮᠠᠷᠠᠬᠤ | ᠵᠡᠷᠬᠡ ᠭᠤᠷᠪᠠᠨ ᠴᠢᠳᠡᠮᠵᠢ ᠶᠢ ᠨᠢᠭᠡᠳᠦᠭᠦᠯᠦᠭᠰᠡᠨ ᠠᠷᠠᠳ ᠲᠤ ᠶᠡᠷᠤᠩᠬᠡᠶᠢᠯᠡᠨ ᠲᠦᠬᠦᠮ ᠦᠵᠡᠬᠦᠯᠬᠦ ᠲᠦᠬᠦᠬᠡᠷᠦᠮᠵᠢ | ᠶᠢ ᠵᠢᠭᠠᠨ᠎ᠠ᠃ | ᠲᠦᠷᠪᠠ᠂ ᠬᠠᠩᠭᠠᠯᠭ᠎ᠠ ᠶᠢᠨ ᠴᠢᠨᠠᠷᠳᠠᠢ ᠪᠦᠳᠦᠴᠡ ᠶᠢᠨ ᠦᠬᠡᠷᠡᠴᠢᠯᠡᠯᠳᠡ᠄ ᠬᠠᠩᠭᠠᠯᠭ᠎ᠠ ᠶᠢᠨ ᠲᠠᠯ᠎ᠠ | ᠬᠡᠳᠡᠭ ᠨᠢ ᠭᠤᠤᠯ ᠨᠢ ᠬᠦᠳᠡᠯᠮᠤᠷᠢ ᠬᠦᠴᠦ᠂ ᠭᠠᠵᠠᠷ ᠰᠢᠷᠤᠢ᠂ ᠡᠳ᠋ ᠬᠦᠷᠦᠩᠬᠡ᠂ ᠲᠦᠷᠢᠮ ᠤᠨ ᠡᠬᠦᠳᠦᠯᠳᠡ᠂ | ᠰᠢᠨᠡᠴᠢᠯᠡᠯᠳᠡ ᠵᠡᠷᠬᠡ ᠡᠯᠧᠮᠧᠨ᠋ᠲ ᠶᠢ ᠵᠢᠭᠠᠵᠤ᠂ ᠬᠡᠷᠡᠭᠴᠡᠬᠡᠨ ᠤ ᠲᠠᠯ᠎ᠠ ᠬᠡᠳᠡᠭ ᠨᠢ ᠭᠤᠤᠯ ᠨᠢ ᠪᠡᠯᠡ ᠤᠷᠤᠭᠤᠯᠤᠯᠳᠠ | ᠂ ᠬᠡᠷᠡᠭᠯᠡᠭᠡ᠂ ᠭᠠᠷᠭᠠᠯᠳᠠ ᠶᠢ ᠵᠢᠭᠠᠨ᠎ᠠ᠃ ᠲᠡᠯᠡᠬᠡᠢ ᠶᠢᠨ ᠠᠵᠤ ᠠᠬᠤᠢ ᠶᠢᠨ ᠬᠦᠭᠵᠢᠯᠳᠡ ᠶᠢᠨ ᠰᠢᠨ᠎ᠠ ᠪᠠᠶᠢᠳᠠᠯ ᠳᠤ | ᠲᠤᠬᠢᠷᠠᠬᠤ ᠶᠢᠨ ᠲᠦᠯᠦᠬᠡ᠂ ᠤᠯᠤᠰ ᠠᠴᠠ ᠬᠠᠩᠭᠠᠯᠭ᠎ᠠ ᠪᠤᠯᠤᠨ ᠬᠡᠷᠡᠭᠴᠡᠭᠡ ᠬᠡᠬᠦ ᠬᠤᠶᠠᠷ ᠲᠠᠯ᠎ᠠ ᠠᠴᠠ ᠡᠬᠢ | ᠪᠠᠶᠠᠯᠢᠭ ᠤᠨ ᠲᠤᠬᠢᠷᠭᠤᠯᠤᠯᠳᠠ ᠶᠢ ᠰᠢᠯᠢᠳᠡᠭᠵᠢᠬᠦᠯᠦᠨ᠂ ᠬᠠᠩᠭᠠᠯᠭ᠎ᠠ ᠶᠢᠨ ᠪᠦᠳᠦᠴᠡ ᠶᠢ ᠲᠤᠬᠢᠷᠠᠭᠤᠯᠳᠠᠭ᠃ | ᠬᠠᠩᠭᠠᠯᠭ᠎ᠠ ᠶᠢᠨ ᠴᠢᠨᠠᠷᠳᠠᠢ ᠪᠦᠳᠦᠴᠡ ᠶᠢᠨ ᠦᠬᠡᠷᠡᠴᠢᠯᠡᠯᠳᠡ ᠨᠢ ᠮᠦᠨ ᠴᠢᠨᠠᠷ ᠲᠡᠬᠡᠷ᠎ᠡ ᠪᠠᠨ ᠠᠵᠤ ᠠᠬᠤᠢ ᠶᠢᠨ | ᠪᠦᠳᠦᠴᠡ ᠶᠢ ᠰᠢᠯᠢᠳᠡᠭᠵᠢᠬᠦᠯᠬᠦ ᠪᠠᠷ ᠵᠤᠷᠢᠵᠤ᠂ ᠠᠵᠤ ᠠᠬᠤᠢ ᠨᠡᠶᠢᠬᠡᠮ ᠤᠨ ᠡᠷᠡᠬᠦᠯ ᠬᠦᠭᠵᠢᠯᠳᠡ ᠶᠢ ᠪᠡᠶᠡᠯᠡᠬᠦᠯᠬᠦ | ᠠᠵᠤ ᠠᠬᠤᠢ ᠶᠢᠨ ᠴᠠᠷ᠎ᠠ ᠬᠦᠷᠢᠶᠠᠨ ᠤ ᠲᠤᠮᠤ ᠴᠢᠬᠤᠯᠠ ᠦᠬᠡᠷᠡᠴᠢᠯᠡᠯᠳᠡ ᠮᠦᠨ᠃ | ᠲᠠᠪᠤ᠂ ᠲᠠᠯᠪᠢᠬᠤ ᠬᠠᠮᠢᠶᠠᠷᠬᠤ ᠤᠶᠢᠯᠡᠴᠢᠯᠡᠬᠦ᠄ ᠵᠠᠰᠠᠭ ᠤᠨ ᠡᠷᠬᠡ ᠶᠢ ᠴᠤᠮᠬᠠᠳᠬᠠᠨ ᠲᠠᠯᠪᠢᠵᠤ᠂ ᠲᠠᠯᠪᠢᠬᠤ | ᠬᠠᠮᠢᠶᠠᠷᠬᠤ ᠶᠢ ᠤᠶᠠᠯᠳᠤᠭᠤᠯᠤᠨ᠂ ᠤᠶᠢᠯᠡᠴᠢᠯᠡᠭᠡ ᠶᠢ ᠰᠢᠯᠢᠳᠡᠭᠵᠢᠬᠦᠯᠬᠦ ᠶᠢᠨ ᠲᠦᠬᠦᠮᠴᠢᠯᠡᠯ ᠮᠦᠨ ᠪᠠᠶᠢᠵᠤ᠂ | ᠵᠠᠰᠠᠭ ᠤᠨ ᠤᠷᠳᠤᠨ ᠴᠢᠳᠠᠪᠬᠢ ᠪᠠᠨ ᠬᠤᠪᠢᠷᠠᠭᠤᠯᠤᠨ᠂ ᠠᠵᠢᠯ ᠤᠨ ᠴᠢᠳᠠᠪᠤᠷᠢ ᠶᠢ ᠲᠡᠬᠡᠭᠰᠢᠯᠡᠬᠦᠯᠵᠤ᠂ ᠬᠦᠭᠵᠢᠯᠳᠡ | ᠶᠢᠨ ᠤᠷᠴᠢᠨ ᠢ ᠰᠠᠶᠢᠵᠢᠷᠠᠭᠤᠯᠤᠨ᠂ ᠵᠠᠬ᠎ᠠ ᠲᠡᠯᠬᠡᠬᠦᠷ ᠤᠨ ᠠᠮᠢᠵᠢᠷᠠᠯ ᠢ ᠰᠡᠷᠬᠦᠬᠡᠬᠦ ᠨᠢᠬᠡᠨ ᠲᠦᠷᠦᠯ ᠤᠨ ᠲᠤᠮᠤ | ᠴᠢᠬᠤᠯᠠ ᠠᠵᠤ ᠠᠬᠤᠢ ᠨᠡᠶᠢᠬᠡᠮ ᠤᠨ ᠦᠬᠡᠷᠡᠴᠢᠯᠡᠯᠳᠡ ᠮᠦᠨ᠃ | ᠵᠢᠷᠭᠤᠭ᠎ᠠ᠂ ᠲᠠᠪᠤᠨ ᠦᠨᠡᠮᠯᠡᠯ ᠢ ᠨᠢᠬᠡᠳᠤᠬᠦᠯᠬᠦ᠄ ᠠᠵᠤ ᠠᠬᠤᠶᠢᠯᠠᠯ ᠪᠤᠶᠤ ᠮᠠᠯᠴᠢᠳ ᠲᠡᠷᠢᠶᠠᠴᠢᠳ ᠤᠨ | ᠲᠤᠰᠬᠠᠶᠢᠵᠢᠭᠰᠠᠨ ᠬᠤᠷᠰᠢᠶᠡᠵᠢᠯ ᠲᠠᠩᠰᠠᠯᠠᠭᠤᠯᠬᠤ ᠦᠶᠡᠰ ᠤᠶᠢᠯᠡᠳᠪᠤᠷᠢ ᠬᠤᠳᠠᠯᠳᠤᠭ᠎ᠠ᠂ ᠶᠠᠰᠤ ᠴᠢᠨᠠᠷ ᠢ ᠬᠢᠨᠠᠨ | ᠰᠢᠯᠭᠠᠬᠤ᠂ ᠤᠯᠤᠰ ᠤᠨ ᠭᠠᠶᠢᠯᠢ᠂ ᠤᠷᠤᠨ ᠨᠤᠳᠤᠭ ᠤᠨ ᠭᠠᠶᠢᠯᠢ᠂ ᠨᠡᠶᠢᠬᠡᠮ ᠤᠨ ᠪᠠᠳᠤᠯᠠᠭ᠎ᠠ᠂ ᠪᠦᠷᠢᠳᠬᠡᠯ ᠵᠡᠷᠬᠡ | ᠰᠠᠯᠠᠭ᠎ᠠ ᠮᠦᠴᠢᠷ ᠠᠴᠠ ᠲᠤᠰᠪᠤᠷᠢ ᠲᠠᠷᠬᠠᠭᠠᠨ ᠦᠭᠳᠡᠭ ᠡᠵᠡᠩᠨᠡᠯᠳᠡ ᠶᠢᠨ ᠦᠨᠡᠮᠯᠡᠯ᠂ ᠵᠤᠬᠢᠶᠠᠨ ᠪᠠᠶᠢᠭᠤᠯᠤᠮᠵᠢ ᠶᠢᠨ | ᠺᠤᠳ᠋ᠳᠤ ᠦᠨᠠᠮᠯᠠᠯ᠂ ᠭᠠᠶᠢᠯᠢ ᠶᠢᠨ ᠶᠠᠪᠤᠳᠠᠯ ᠤᠨ ᠲᠠᠩᠰᠠᠯᠠᠯ ᠤᠨ ᠦᠨᠡᠮᠯᠡᠯ᠂ ᠨᠡᠶᠢᠬᠡᠮ ᠤᠨ ᠪᠠᠳᠤᠯᠠᠭᠠᠨ ᠤ ᠲᠠᠩᠰᠠᠯᠠᠯ | ᠤᠨ ᠦᠨᠡᠮᠯᠡᠯ ᠪᠤᠯᠤᠨ ᠪᠦᠷᠢᠳᠬᠡᠯ ᠤᠨ ᠲᠠᠩᠰᠠᠯᠠᠯ ᠤᠨ ᠦᠨᠡᠮᠯᠡᠯ ᠢ ᠤᠶᠢᠯᠡᠳᠪᠤᠷᠢ ᠬᠤᠳᠠᠯᠳᠤᠭᠠᠨ ᠤ ᠰᠠᠯᠠᠭ᠎ᠠ | ᠮᠦᠴᠢᠷ ᠠᠴᠠ ᠨᠢᠬᠡᠳᠤᠯᠳᠡᠢ ᠬᠦᠯᠢᠶᠡᠨ ᠰᠡᠢᠳᠪᠤᠷᠢᠯᠡᠵᠤ᠂ ᠬᠢᠨᠠᠨ ᠬᠠᠷᠭᠤᠭᠤᠯᠵᠤ᠂ ᠲᠠᠷᠬᠠᠭᠠᠳᠠᠭ ᠨᠡᠶᠢᠬᠡᠮ ᠤᠨ | ᠢᠳᠡᠬᠡᠮᠵᠢᠳᠤ ᠺᠤᠳ᠋ᠳᠤ ᠡᠵᠡᠩᠨᠡᠯᠳᠡ ᠶᠢᠨ ᠦᠨᠡᠮᠯᠡᠯ ᠢ ᠵᠢᠭᠠᠨ᠎ᠠ᠃ | ᠲᠤᠯᠤᠭ᠎ᠠ᠂ ︽ᠨᠢᠭᠡ ᠦᠨᠡᠮᠯᠡᠯ ᠨᠢᠭᠡ ᠨᠤᠮᠧᠷ︾᠄ ︽ᠨᠢᠬᠡ ᠦᠨᠡᠮᠯᠡᠯ︾ ᠨᠢ ᠲᠠᠷᠤᠢ ᠡᠵᠡᠩᠨᠡᠯᠳᠡ ᠶᠢᠨ | ᠦᠨᠠᠮᠯᠠᠯ᠂ ︽ᠨᠢᠬᠡ ᠨᠤᠮᠧᠷ︾ ᠨᠢ ᠲᠠᠷᠤᠢ ᠨᠡᠶᠢᠬᠡᠮ ᠤᠨ ᠢᠳᠡᠬᠡᠮᠵᠢᠳᠤ ᠨᠢᠬᠡᠳᠤᠮᠡᠯ ᠺᠤᠳ᠋ ᠮᠦᠨ ᠪᠠᠶᠢᠵᠤ᠂ | ᠠᠷᠠᠯᠵᠢᠶᠠᠨ ᠤ ᠶᠠᠪᠤᠳᠠᠯ ᠤᠨ ᠪᠠᠶᠠᠴᠢ ᠴᠤᠭᠴᠠ ᠨᠢ ᠠᠵᠢᠯ ᠬᠦᠢᠴᠡᠳᠬᠡᠨ ᠪᠦᠷᠢᠳᠬᠡᠬᠦᠯᠬᠦ ᠦᠶᠡᠰ ᠲᠤ ᠵᠦᠪᠬᠡᠨ | ᠯᠡ ᠨᠡᠶᠢᠬᠡᠮ ᠤᠨ ᠢᠳᠡᠬᠡᠮᠵᠢᠳᠤ ᠨᠢᠬᠡᠳᠤᠮᠡᠯ ᠺᠤᠳ᠋ ᠪᠠᠶᠢᠭ᠎ᠠ ᠡᠵᠡᠩᠨᠡᠯᠳᠡ ᠶᠢᠨ ᠦᠨᠡᠮᠯᠡᠯ ᠢ ᠲᠠᠷᠬᠠᠭᠠᠨ ᠦᠭᠬᠦᠨ᠎ᠠ᠃ | ᠨᠠᠢᠮᠠ᠂ ᠬᠤᠶᠠᠷ ᠦᠨᠡᠮᠯᠡᠯ ᠢ ᠨᠢᠭᠡᠳᠭᠡᠬᠦ᠄ ᠬᠤᠪᠢ ᠪᠠᠷ ᠦᠢᠯᠡᠳᠪᠦᠷᠢ ᠬᠤᠳᠠᠯᠳᠤᠭ᠎ᠠ ᠡᠷᠬᠢᠯᠡᠭᠰᠡᠨ ᠡᠷᠦᠬᠡ | ᠪᠦᠷᠢᠳᠬᠡᠨ ᠳᠠᠩᠰᠠᠯᠠᠬᠤ ᠦᠶᠡᠰ ᠦᠢᠯᠡᠳᠪᠦᠷᠢ ᠬᠤᠳᠠᠯᠳᠤᠭᠠᠨ ᠤ ᠰᠠᠯᠠᠭ᠎ᠠ ᠮᠦᠴᠢᠷ ᠬᠢᠨᠠᠨ ᠲᠠᠷᠬᠠᠭᠠᠭᠰᠠᠨ | ᠡᠵᠡᠩᠨᠡᠯᠲᠡ ᠶᠢᠨ ᠦᠨᠡᠮᠯᠡᠯ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠦᠴᠢᠷ ᠠᠴᠠ ᠬᠢᠨᠠᠨ ᠲᠠᠷᠬᠠᠭᠠᠭᠰᠠᠨ | ᠭᠠᠶᠢᠯᠢ ᠶᠢᠨ ᠶᠠᠪᠤᠳᠠᠯ ᠢ ᠪᠦᠷᠢᠳᠬᠡᠬᠦ ᠦᠨᠡᠮᠯᠡᠯ ᠢ ᠦᠢᠯᠡᠳᠪᠦᠷᠢ ᠬᠤᠳᠠᠯᠳᠤᠭᠠᠨ ᠤ ᠰᠠᠯᠠᠭ᠎ᠠ ᠮᠦᠴᠢᠷ ᠤᠨ | ᠨᠡᠶᠢᠭᠡᠮ ᠤᠨ ᠢᠳᠡᠭᠡᠮᠵᠢᠳᠤ ᠨᠢᠭᠡᠳᠤᠮᠡᠯ ᠺᠤᠳ᠋ ᠲᠠᠢ ᠡᠵᠡᠩᠨᠡᠯᠲᠡ ᠶᠢᠨ ᠦᠨᠡᠮᠯᠡᠯ ᠪᠤᠯᠭᠠᠨ ᠨᠢᠭᠡᠳᠦᠭᠦᠯᠦᠨ | ᠰᠢᠢᠳᠪᠦᠷᠢᠯᠡᠵᠦ᠂ ᠬᠢᠨᠠᠨ ᠰᠢᠯᠭᠠᠵᠤ᠂ ᠲᠠᠷᠬᠠᠭᠠᠨ᠂ ︽ᠨᠢᠭᠡ ᠬᠦᠰᠦᠨᠦᠭ ᠢᠶᠠᠷ ᠭᠤᠶᠤᠴᠢᠯᠠᠬᠤ᠂ ᠨᠢᠭᠡ ᠴᠤᠩᠬᠤ | ᠠᠴᠠ ᠬᠦᠯᠢᠶᠡᠨ ᠰᠢᠢᠳᠪᠦᠷᠢᠯᠡᠬᠦ᠂ ᠨᠢᠭᠡ ᠦᠨᠡᠮᠯᠡᠯ ᠬᠢᠨᠠᠨ ᠲᠠᠷᠬᠠᠭᠠᠬᠤ᠂ ᠰᠤᠷᠠᠭ ᠵᠠᠩᠭᠢ ᠶᠢ ᠬᠠᠮᠲᠤᠪᠠᠷ ᠡᠳ᠋ᠯᠡᠬᠦ︾ | ᠶᠢ ᠪᠡᠶᠡᠯᠡᠭᠦᠯᠦᠨ᠂ ᠬᠤᠪᠢ ᠪᠠᠷ ᠦᠢᠯᠡᠳᠪᠦᠷᠢ ᠬᠤᠳᠠᠯᠳᠤᠭ᠎ᠠ ᠡᠷᠬᠢᠯᠡᠭᠰᠡᠨ ᠡᠷᠦᠬᠡ ᠶᠢᠨ ᠪᠦᠷᠢᠳᠭᠡᠬᠦᠯᠬᠦ | ᠶᠠᠪᠤᠴᠠ ᠶᠢ ᠳᠦᠭᠦᠮᠴᠢᠯᠡᠬᠦ ᠶᠢ ᠵᠢᠭᠠᠵᠤ ᠪᠠᠶᠢᠨ᠎ᠠ᠃ | ᠶᠢᠰᠤ᠂ ᠵᠠᠰᠠᠭ ᠤᠨ ᠣᠷᠳᠣᠨ ᠪᠣᠯᠣᠨ ᠨᠡᠶᠢᠭᠡᠮ ᠬᠦᠷᠦᠩᠭᠡ ᠨᠡᠶᠢᠯᠡᠭᠦᠯᠦᠨ ᠬᠤᠷᠰᠢᠬᠤ ︵ppp︶ ᠪᠡᠯᠡ | ᠬᠤᠷᠠᠮᠳᠤᠭᠤᠯᠬᠤ ᠵᠠᠭᠪᠤᠷ᠄ ᠵᠠᠰᠠᠭ ᠤᠨ ᠤᠷᠳᠤᠨ ᠪᠤᠯᠤᠨ ᠨᠠᠶᠢᠭᠡᠮ ᠤᠨ ᠵᠤᠬᠢᠶᠠᠨ ᠪᠠᠶᠢᠭᠤᠯᠤᠯᠲᠠ ᠶᠢᠨ ᠬᠤᠭᠤᠷᠤᠨᠳᠤ | ᠬᠤᠲᠠ ᠶᠢᠨ ᠰᠠᠭᠤᠷᠢ ᠲᠦᠭᠦᠭᠡᠷᠦᠮᠵᠢ ᠶᠢᠨ ᠲᠦᠷᠦᠯ ᠵᠦᠢᠯ ᠢ ᠬᠤᠷᠰᠢᠨ ᠪᠠᠶᠢᠭᠤᠯᠬᠤ ᠪᠤᠶᠤ ᠶᠠᠮᠠᠷ ᠨᠢᠭᠡᠨ | ᠵᠦᠢᠯ ᠤᠨ ᠨᠡᠶᠢᠲᠡ ᠶᠢᠨ ᠡᠳ᠋ ᠬᠤᠭᠰᠢᠯ ᠪᠤᠯᠤᠨ ᠦᠢᠯᠡᠴᠢᠯᠡᠭᠡ ᠶᠢ ᠬᠠᠩᠭᠠᠬᠤ ᠶᠢᠨ ᠲᠦᠯᠦᠭᠡ᠂ ᠤᠴᠠᠭᠠᠢ | ᠵᠦᠪᠰᠢᠶᠡᠷᠡᠭᠰᠡᠨ ᠡᠷᠬᠡ ᠶᠢᠨ ᠲᠤᠬᠢᠷᠠᠯᠴᠠᠭ᠎ᠠ ᠪᠠᠷ ᠰᠠᠭᠤᠷᠢ ᠪᠤᠯᠭᠠᠵᠤ᠂ ᠬᠠᠷᠢᠯᠴᠠᠨ ᠬᠠᠮᠳᠤᠷᠠᠬᠤ ᠬᠠᠷᠢᠴᠠᠭ᠎ᠠ ᠶᠢ | ᠪᠦᠷᠢᠯᠳᠦᠭᠦᠯᠦᠨ᠂ ᠭᠡᠷ᠎ᠡ ᠲᠤᠭᠲᠠᠨ ᠬᠤᠶᠠᠷ ᠲᠠᠯ᠎ᠠ ᠶᠢᠨ ᠡᠷᠬᠡ ᠠᠰᠢᠭ ᠪᠤᠯᠤᠨ ᠡᠭᠦᠷᠭᠡ ᠶᠢ ᠲᠤᠳᠤᠷᠬᠠᠶᠢᠯᠠᠵᠤ᠂ | ᠬᠠᠮᠲᠤᠷᠠᠯᠴᠠᠭᠠᠨ ᠤ ᠤᠷᠤᠭᠰᠢᠲᠠᠢ ᠪᠡᠶᠡᠯᠡᠭᠳᠡᠬᠦ ᠶᠢ ᠪᠠᠲᠤᠯᠠᠨ᠂ ᠡᠴᠦᠰ ᠲᠡᠭᠡᠨ ᠬᠠᠮᠲᠤᠷᠠᠭᠰᠠᠨ ᠡᠯ᠎ᠡ | ᠡᠲᠡᠭᠡᠳ ᠦᠨᠵᠢᠱᠢᠭᠰᠡᠨ ᠳᠤᠰᠠᠭᠠᠷ ᠠᠵᠢᠯᠯᠠᠭ᠎ᠠ ᠠᠴᠠ ᠨᠡᠩ ᠠᠰᠢᠭᠲᠠᠢ ᠦᠷ᠎ᠡ ᠳ᠋ᠦᠩ ᠳᠤ ᠬᠦᠷᠬᠦ ᠶᠢ ᠵᠢᠭᠠᠵᠤ ᠪᠤᠢ᠃ | ᠲᠤᠰ ᠵᠠᠭᠪᠤᠷ ᠨᠢ ᠵᠠᠰᠠᠭ ᠤᠨ ᠤᠷᠳᠤᠨ ᠤ ᠬᠡᠰᠡᠭ ᠬᠠᠷᠢᠭᠤᠴᠠᠯᠭ᠎ᠠ ᠶᠢ ᠤᠨᠴᠠᠭᠠᠢ ᠵᠦᠪᠰᠢᠶᠡᠷᠡᠭᠰᠡᠨ | ᠡᠵᠡᠩᠨᠡᠯᠲᠡ ᠶᠢᠨ ᠡᠷᠬᠡ ᠶᠢᠨ ᠠᠷᠭ᠎ᠠ ᠪᠠᠷᠢᠯ ᠢᠶᠠᠷ ᠨᠠᠶᠢᠭᠡᠮ ᠤᠨ ᠭᠤᠤᠯ ᠴᠤᠭᠴᠠ ᠳᠤ ᠰᠢᠯᠵᠢᠭᠦᠯᠦᠨ ᠦᠭᠴᠦ᠂ | ᠵᠠᠰᠠᠭ ᠤᠨ ᠤᠷᠳᠤᠨ ᠪᠤᠯᠤᠨ ᠨᠡᠶᠢᠭᠡᠮ ᠤᠨ ᠭᠤᠤᠯ ᠴᠤᠭᠴᠠ ︽ᠠᠰᠢᠭ ᠢ ᠬᠤᠪᠢᠶᠠᠯᠴᠠᠨ᠂ ᠲᠦᠭᠰᠢᠭᠦᠷᠢ ᠶᠢ ᠬᠠᠮᠲᠦ | ᠡᠭᠦᠷᠭᠡᠯᠡᠵᠦ᠂ ᠪᠦᠬᠦ ᠶᠠᠪᠤᠴᠠ ᠳᠤ ᠬᠤᠷᠰᠢᠬᠤ︾ ᠨᠢᠭᠡᠳᠦᠮᠡᠯ ᠬᠠᠷᠢᠴᠠᠭ᠎ᠠ ᠶᠢ ᠪᠠᠶᠢᠭᠤᠯᠤᠨ᠂ ᠵᠠᠰᠠᠭ ᠤᠨ ᠤᠷᠳᠤᠨ ᠤ | ᠡᠳ᠋ ᠤᠨ ᠵᠠᠰᠠᠭ ᠳᠠᠷᠤᠭᠠᠰᠤ ᠶᠢ ᠬᠦᠩᠭᠡᠯᠡᠵᠦ᠂ ᠨᠡᠶᠢᠭᠡᠮ ᠤᠨ ᠭᠤᠤᠯ ᠴᠤᠭᠴᠠ ᠶᠢᠨ ᠪᠡᠯᠡ ᠤᠷᠤᠭᠤᠯᠬᠤ | ᠲᠦᠭᠰᠢᠭᠦᠷᠢ ᠶᠢ ᠪᠠᠭᠠᠰᠬᠠᠨ᠎ᠠ᠃ | ᠠᠷᠪᠠ᠂ ᠭᠤᠷᠪᠠ ᠶᠢ ᠪᠠᠭᠠᠰᠬᠠᠵᠤ ᠨᠢᠭᠡ ᠶᠢ ᠪᠠᠭᠤᠷᠠᠭᠤᠯᠵᠤ ᠨᠢᠭᠡ ᠶᠢ ᠨᠦᠬᠦᠪᠦᠷᠢᠯᠡᠬᠦ᠄ ᠰᠢ ᠶᠢᠨ ᠫᠢᠩ | ᠶᠡᠷᠦᠩᠬᠡᠢ ᠱᠦᠵᠢ ᠶᠢᠨ ᠳᠤᠷᠠᠳᠤᠭᠰᠠᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠲᠤᠬᠢᠷᠠᠭᠤᠯᠤᠯᠳᠠ ᠶᠢᠨ | ᠴᠢᠨᠠᠷᠲᠠᠢ ᠦᠭᠡᠷᠡᠴᠢᠯᠡᠯᠲᠡ ᠶᠢ ᠦᠨᠳᠦᠰᠦᠯᠡᠵᠦ ᠳᠤᠷᠠᠳᠤᠨ ᠭᠠᠷᠭᠠᠭᠰᠠᠨ ᠲᠠᠪᠤᠨ ᠭᠤᠤᠯ ᠡᠭᠦᠷᠭᠡ᠂ ᠳᠠᠷᠤᠢ | ᠦᠯᠡᠬᠦᠳᠡᠭᠰᠡᠨ ᠦᠢᠯᠡᠳᠪᠦᠷᠢᠯᠡᠯ ᠤᠨ ᠴᠢᠳᠠᠪᠦᠷᠢ ᠶᠢ ᠢᠳᠡᠪᠬᠢᠲᠡᠢ ᠲᠤᠭᠲᠠᠭᠤᠨ ᠢᠶᠠᠷ ᠪᠠᠭᠠᠰᠬᠠᠬᠤ᠂ ᠬᠤᠲᠠ ᠶᠢᠨ | ᠬᠢᠨᠢ ᠪᠠᠶᠢᠳᠠᠯ ᠳᠤ ᠲᠤᠬᠢᠷᠠᠭᠤᠯᠤᠨ ᠠᠷᠭ᠎ᠠ ᠪᠤᠳᠤᠯᠭ᠎ᠠ ᠬᠡᠷᠡᠭᠵᠢᠭᠦᠯᠵᠦ ᠬᠦᠮᠦᠷᠭᠡᠯᠡᠯᠲᠡ ᠶᠢ ᠪᠠᠭᠠᠰᠬᠠᠬᠤ᠂ ᠠᠶᠤᠯ | ᠲᠦᠭᠰᠢᠭᠦᠷᠢ ᠶᠢ ᠰᠡᠷᠭᠡᠶᠢᠯᠡᠨ ᠬᠦᠰᠢᠭᠦᠷᠭᠡ ᠶᠢ ᠪᠠᠭᠠᠰᠬᠠᠵᠤ᠂ ᠤᠯᠠᠨ ᠵᠦᠢᠯ ᠤᠨ ᠠᠷᠭ᠎ᠠ ᠪᠠᠷ ᠦᠪᠡᠷ ᠤᠨ | ᠦᠷᠲᠡᠭ ᠢ ᠪᠠᠭᠤᠷᠠᠭᠤᠯᠵᠤ᠂ ᠳᠤᠲᠠᠭᠳᠠᠯ ᠢᠶᠠᠨ ᠨᠦᠬᠦᠪᠦᠷᠢᠯᠡᠬᠦ ᠵᠡᠷᠭᠡ ᠲᠠᠪᠤᠨ ᠶᠡᠭᠡ ᠡᠭᠦᠷᠭᠡ ᠶᠢ ᠵᠢᠭᠠᠵᠤ ᠪᠤᠢ᠃ | ᠠᠷᠪᠠᠨ ᠨᠢᠭᠡ᠂ ᠬᠤᠶᠠᠷ ᠢ ᠳᠣᠬᠢᠶᠠᠯᠳᠤᠮᠵᠢ ᠪᠠᠷ ᠰᠣᠩᠭᠤᠵᠦ ᠨᠢᠭᠡ ᠶᠢ ᠢᠯᠡ ᠨᠡᠶᠢᠲᠡᠯᠡᠬᠦ᠄ ᠬᠢᠨᠠᠨ | ᠬᠠᠮᠢᠶᠠᠷᠬᠤ ᠶᠠᠪᠤᠴᠠ ᠳᠤᠮᠳᠠ ᠪᠠᠶᠢᠴᠠᠭᠠᠭᠲᠠᠬᠤ ᠡᠳᠡᠭᠡᠳ ᠢ ᠳᠤᠬᠢᠶᠠᠯᠳᠤᠮᠵᠢ ᠪᠠᠷ ᠰᠤᠭᠤᠯᠤᠨ ᠰᠤᠩᠭᠤᠵᠤ᠂ ᠬᠠᠤᠯᠢ | ᠬᠡᠷᠡᠭᠵᠢᠭᠦᠯᠦᠨ ᠪᠠᠶᠢᠴᠠᠭᠠᠬᠤ ᠠᠵᠢᠯᠲᠠᠨ ᠢ ᠳᠤᠬᠢᠶᠠᠯᠳᠤᠮᠵᠢ ᠪᠠᠷ ᠰᠤᠩᠭᠤᠨ ᠲᠣᠮᠢᠯᠠᠵᠤ᠂ ᠰᠤᠩᠭᠤᠨ ᠪᠠᠶᠢᠴᠠᠭᠠᠭᠰᠠᠨ | ᠪᠠᠶᠢᠳᠠᠯ ᠪᠣᠯᠤᠨ ᠪᠠᠶᠢᠴᠠᠭᠠᠨ ᠰᠢᠢᠳᠪᠦᠷᠢᠯᠡᠭᠰᠡᠨ ᠦᠷ᠎ᠡ ᠳ᠋ᠦᠩ ᠢ ᠴᠠᠭ ᠲᠤᠬᠠᠢ ᠳᠤᠨᠢ ᠨᠡᠶᠢᠭᠡᠮ ᠳᠤ ᠨᠡᠶᠢᠲᠡᠯᠡᠬᠦ | ᠨᠢᠭᠡ ᠵᠦᠢᠯ ᠤᠨ ᠬᠢᠨᠠᠨ ᠬᠠᠮᠢᠶᠠᠷᠬᠤ ᠵᠠᠭᠪᠤᠷ ᠢ ᠵᠢᠭᠠᠵᠤ ᠪᠤᠢ᠃ | ᠠᠷᠪᠠᠨ ᠬᠤᠶᠠᠷ᠂ ᠭᠤᠤᠯ ᠮᠦᠷᠡᠨ ᠤ ᠬᠠᠮᠢᠶᠠᠷᠤᠯᠲᠠ ᠶᠢᠨ ᠳᠠᠷᠤᠭ᠎ᠠ ᠶᠢᠨ ᠳᠦᠷᠢᠮ᠄ ᠡᠯ᠎ᠡ ᠱᠠᠲᠤᠨ ᠤ | ᠨᠠᠮ ᠵᠠᠰᠠᠭ ᠤᠨ ᠭᠤᠤᠯ ᠬᠠᠷᠢᠭᠤᠴᠠᠬᠤ ᠬᠦᠮᠦᠨ ︽ᠭᠤᠣᠯ ᠮᠦᠷᠡᠨ ᠤ ᠬᠠᠮᠢᠶᠠᠷᠤᠯᠲᠠ ᠶᠢᠨ ᠳᠠᠷᠤᠭ᠎ᠠ︾ ᠶᠢ | ᠡᠭᠦᠷᠭᠡᠯᠡᠵᠦ᠂ ᠬᠠᠷᠢᠶ᠎ᠠ ᠭᠠᠵᠠᠷ ᠲᠠᠬᠢ ᠭᠤᠣᠯ ᠮᠦᠷᠡᠨ ᠤ ᠪᠤᠬᠢᠷᠳᠦᠯ ᠢ ᠰᠡᠷᠭᠡᠶᠢᠯᠡᠨ ᠵᠠᠰᠠᠬᠤ ᠶᠢ ᠵᠢᠭᠠᠵᠤ ᠪᠠᠶᠢᠨ᠎ᠠ᠃ | ᠠᠷᠪᠠᠨ ᠭᠤᠷᠪᠠ᠂ ᠠᠷᠠᠳ ᠠᠴᠠ ᠡᠷᠬᠢᠯᠡᠵᠦ ᠠᠯᠪᠠᠨ ᠠᠴᠠ ᠲᠤᠰᠠᠯᠠᠬᠤ᠄ ᠠᠷᠠᠳ ᠲᠦᠮᠡᠨ ᠢᠶᠠᠷ ᠭᠤᠣᠯ | ᠴᠤᠭᠴᠠ ᠪᠤᠯᠭᠠᠵᠤ᠂ ᠡᠯ᠎ᠡ ᠵᠦᠢᠯ ᠤᠨ ᠨᠡᠶᠢᠭᠡᠮ ᠤᠨ ᠠᠵᠤ ᠦᠢᠯᠡᠰ ᠢ ᠦᠷᠨᠢᠭᠦᠯᠦᠨ᠂ ᠵᠠᠰᠠᠭ ᠤᠨ ᠣᠷᠳᠤᠨ ᠠᠴᠠ | ᠵᠤᠬᠢᠬᠤ ᠬᠡᠮᠵᠢᠶᠡᠨ ᠤ ᠪᠡᠯᠡ ᠮᠦᠩᠭᠦᠨ ᠤ ᠳᠡᠮᠵᠢᠯᠭᠡ ᠦᠵᠡᠭᠦᠯᠦᠭᠰᠡᠨ ᠨᠢᠭᠡ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠬᠡᠯᠪᠡᠷᠢ ᠪᠤᠯᠤᠨ᠎ᠠ᠃ |