—— 2018 ᠤᠨ ᠤ 1 ᠰᠠᠷ᠎ᠠ ᠡᠵᠡᠨ᠎ᠡ ᠬᠤᠰᠢᠭᠤᠨ ᠤ ᠠᠷᠪᠠᠨ ᠳᠣᠯᠤᠳᠤᠭᠠᠷ ᠬᠤᠭᠤᠴᠠᠭᠠᠨ ᠤ ᠠᠷᠠᠳ ᠤᠨ | ᠲᠦᠯᠦᠬᠡᠯᠡᠭᠴᠢᠳ ᠤᠨ ᠶᠡᠭᠡ ᠬᠤᠷᠠᠯ ᠤᠨ ᠨᠢᠭᠡᠳᠦᠭᠡᠷ ᠬᠤᠷᠠᠯᠳᠤᠭᠠᠨ ᠲᠡᠬᠡᠷ᠎ᠡ | | ᠸᠠᠩ ᠰᠢᠶᠦ᠋ᠩ | | ᠲᠦᠯᠦᠬᠡᠯᠡᠭᠴᠢᠳ ᠡ᠄ | ᠤᠳᠤ ᠪᠢ᠂ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠢ ᠲᠦᠯᠦᠭᠡᠯᠡᠨ ᠶᠡᠭᠡ ᠬᠤᠷᠠᠯ ᠳᠤ ᠠᠵᠢᠯ | ᠤᠨ ᠢᠯᠡᠳᠬᠡᠯ ᠬᠢᠶ᠎ᠡ᠂ ᠬᠢᠨᠠᠨ ᠵᠦᠪᠯᠡᠬᠦ ᠪᠤᠯᠪᠠᠤ᠃ ᠲᠡᠭᠦᠨᠴᠢᠯᠡᠨ᠂ ᠤᠯᠤᠰ ᠲᠦᠷᠦ ᠶᠢᠨ ᠵᠦᠪᠯᠡᠯᠬᠡᠨ ᠤ ᠬᠡᠰᠢᠬᠦᠳ | ᠪᠤᠯᠤᠨ ᠬᠤᠷᠠᠯ ᠳᠤ ᠰᠤᠯᠠ ᠤᠷᠤᠯᠴᠠᠭᠰᠡᠳ ᠰᠠᠨᠠᠯ ᠢᠶᠠᠨ ᠲᠡᠪᠰᠢᠬᠦᠯᠬᠦ ᠪᠤᠯᠪᠠᠤ᠃ | ᠨᠢᠬᠡ᠂ ᠦᠩᠭᠡᠷᠡᠭᠰᠡᠨ ᠲᠠᠪᠤᠨ ᠵᠢᠯ ᠤᠨ ᠠᠵᠢᠯ ᠤᠨ ᠡᠷᠬᠢᠴᠡᠭᠦᠯᠦᠯ | ᠦᠩᠭᠡᠷᠡᠭᠰᠡᠨ ᠲᠠᠪᠤᠨ ᠵᠢᠯ ᠪᠤᠯ᠂ ᠮᠠᠨ ᠤ ᠬᠤᠰᠢᠭᠤ ᠬᠦᠭᠵᠢᠯᠲᠡ ᠶᠢᠨ ᠠᠬᠢᠴᠠ ᠪᠠᠷ ᠲᠦᠢᠯ ᠤᠨ ᠶᠡᠷᠦ | ᠪᠤᠰᠤ ᠶᠢᠨ ᠲᠠᠪᠤᠨ ᠵᠢᠯ ᠪᠠᠶᠢᠯ᠎ᠠ᠃ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠤᠯᠤᠨ ᠬᠤᠰᠢᠭᠤ ᠨᠠᠮ ᠤᠨ | ᠬᠤᠷᠢᠶᠠᠨ ᠤ ᠵᠦᠪ ᠤᠨᠤᠪᠴᠢᠲᠠᠢ ᠤᠳᠤᠷᠢᠳᠦᠯᠭ᠎ᠠ ᠲᠤᠤᠷ᠎ᠠ᠂ ᠬᠤᠰᠢᠭᠤᠨ ᠤ ᠠᠷᠠᠳ ᠤᠨ ᠲᠦᠯᠦᠬᠡᠯᠡᠭᠴᠢᠳ ᠤᠨ | ᠶᠡᠭᠡ ᠬᠤᠷᠠᠯ ᠪᠤᠯᠤᠨ ᠤᠯᠤᠰ ᠲᠦᠷᠦ ᠶᠢᠨ ᠵᠦᠪᠯᠡᠯᠬᠡᠨ ᠤ ᠬᠢᠨᠠᠯᠲᠠ ᠳᠡᠮᠵᠢᠯᠬᠡ ᠲᠤᠤᠷ᠎ᠠ᠂ ᠰᠢᠨ᠎ᠡ ᠦᠷᠢᠰᠦᠯᠳᠦᠭᠡᠨ | ᠢ ᠢᠳᠡᠪᠬᠢᠲᠡᠢ ᠤᠭᠲᠤᠵᠤ᠂ ᠰᠢᠨ᠎ᠡ ᠠᠬᠤᠢ ᠪᠠᠶᠢᠳᠠᠯ ᠳᠤ ᠪᠤᠳᠠᠳᠠᠢ ᠪᠠᠷ ᠵᠤᠬᠢᠴᠠᠨ᠂ ᠰᠢᠨ᠎ᠡ ᠦᠵᠡᠯᠲᠡ | ᠤᠶᠢᠯᠠᠭᠠᠭᠲᠠᠬᠤᠨ ᠢ ᠤᠬᠠᠮᠰᠠᠷ ᠠᠴᠠ ᠪᠠᠨ ᠲᠤᠤᠱᠯᠠᠭᠤᠯᠵᠤ᠂ ᠪᠦᠬᠦ ᠬᠤᠰᠢᠭᠤᠨ ᠤ ᠡᠯ᠎ᠡ ᠦᠨᠳᠦᠰᠦᠲᠡᠨ ᠤ ᠠᠷᠠᠳ | ᠲᠦᠮᠡᠨ ᠲᠠᠢ ᠪᠦᠯᠬᠦᠮᠳᠡᠨ ᠲᠦᠰᠢᠭᠯᠡᠵᠦ᠂ ᠡᠷᠡᠰ ᠴᠢᠩᠭ᠎ᠠ ᠢᠲᠡᠭᠡᠯ ᠵᠤᠷᠢᠭ ᠢᠶᠠᠷ ᠬᠦᠴᠢᠷ ᠪᠡᠷᠬᠡᠰᠢᠶᠡᠯ ᠢ ᠢᠯᠠᠨ | ᠳᠠᠪᠠᠵᠤ᠂ ᠵᠤᠷᠢᠭᠲᠠᠢ ᠰᠡᠳᠦᠨ ᠢᠳᠡᠪᠬᠢᠯᠡᠨ ᠳᠠᠪᠰᠢᠵᠤ᠂ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ | ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠠᠴᠠ ᠲᠤᠭᠲᠠᠭᠠᠭᠰᠠᠨ ᠬᠠᠷᠠᠯᠲᠠ ᠡᠭᠦᠷᠭᠡ ᠶᠢ ᠨᠡᠯᠢᠶᠡᠳ ᠰᠠᠶᠢᠨ | ᠢᠶᠠᠷ ᠪᠡᠶᠡᠯᠡᠭᠦᠯᠦᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠪᠠᠲᠤ ᠰᠠᠭᠤᠷᠢ ᠶᠢ | ᠲᠠᠯᠪᠢᠭᠰᠠᠨ ᠪᠠᠶᠢᠨ᠎ᠠ᠃ | ︵ᠨᠢᠬᠡ︶ ᠠᠷᠭ᠎ᠠ ᠬᠡᠯᠪᠡᠷᠢ ᠪᠠᠨ ᠦᠭᠡᠷᠡᠴᠢᠯᠡᠵᠦ᠂ ᠪᠦᠲᠦᠴᠡ ᠪᠠᠨ ᠲᠤᠬᠢᠷᠠᠭᠤᠯᠬᠤ ᠶᠢ ᠪᠠᠷᠢᠮᠲᠠᠯᠠᠨ᠂ | ᠶᠡᠷᠦᠩᠬᠡᠶᠢᠯᠡᠭᠰᠡᠨ ᠪᠤᠲᠠᠲᠤ ᠬᠦᠴᠦᠨ ᠲᠤᠭᠲᠠᠭᠤᠨ ᠢᠶᠠᠷ ᠳᠡᠭᠡᠭᠰᠢᠯᠡᠪᠡ | — — ᠠᠵᠤ ᠠᠬᠤᠢ ᠶᠢᠨ ᠪᠤᠳᠠᠳᠤ ᠬᠦᠴᠦᠨ ᠮᠡᠳᠡᠭᠳᠡᠮ᠎ᠡ ᠴᠢᠩᠭᠠᠷᠠᠪᠠ᠃ 2017 ᠤᠨ ᠳᠤ᠂ | ᠪᠦᠬᠦ ᠬᠤᠰᠢᠭᠤᠨ ᠤ ᠤᠷᠤᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠲᠡᠭ 45.6 ᠳ᠋ᠦᠩᠰᠢᠭᠤᠷ | ᠲᠦᠬᠦᠷᠢᠭ ᠢ ᠪᠡᠶᠡᠯᠡᠬᠦᠯᠵᠤ᠂ ᠠᠳᠠᠯᠢ ᠬᠤᠭᠤᠴᠠᠭᠠᠨ ᠤ ᠬᠢ ᠠᠴᠠ 3% ᠪᠠᠷ ᠨᠡᠮᠡᠭᠳᠡᠨ᠂ 2012 ᠤᠨ ᠤ 1.4 | ᠳᠠᠬᠢᠨ ᠪᠤᠯᠵᠤ᠂ ᠵᠢᠯ ᠤᠨ ᠳᠤᠮᠳᠠᠴᠢ ᠨᠡᠮᠡᠭᠳᠡᠯ 7.4% ᠳᠤ ᠬᠦᠷᠪᠡ︔ ᠲᠤᠭᠲᠠᠮᠠᠯ ᠬᠦᠷᠦᠩᠬᠡ ᠶᠢᠨ ᠪᠡᠯᠡ | ᠤᠷᠤᠭᠤᠯᠤᠯᠲᠠ 82.4 ᠳ᠋ᠥᠩᠰᠢᠭᠤᠷ ᠲᠦᠬᠦᠷᠢᠭ ᠢ ᠪᠡᠶᠡᠯᠡᠬᠦᠯᠵᠤ᠂ ᠠᠳᠠᠯᠢ ᠬᠤᠭᠤᠴᠠᠭᠠᠨ ᠤ ᠬᠢ ᠠᠴᠠ 14% | ᠪᠠᠷ ᠨᠠᠮᠡᠭᠳᠡᠨ᠂ 2012 ᠤᠨ ᠤ 2.7 ᠳᠠᠬᠢᠨ ᠪᠤᠯᠵᠤ᠂ ᠵᠢᠯ ᠤᠨ ᠳᠤᠮᠳᠠᠴᠢ ᠨᠡᠮᠡᠭᠳᠡᠯ 21.9% ᠳᠤ ᠬᠦᠷᠪᠡ︔ | ᠠᠵᠤ ᠠᠬᠤᠢ ᠶᠢᠨ ᠳᠤᠷᠤᠭᠰᠢᠯᠠᠬᠤ ᠳᠠᠷᠤᠯᠲᠠ ᠪᠤᠯᠤᠨ ᠠᠭᠤᠷᠬᠠᠢ ᠶᠢᠨ ᠪᠦᠲᠦᠭᠡᠭᠲᠡᠭᠦᠨ ᠤ ᠦᠨ᠎ᠡ ᠬᠠᠩᠰᠢ ᠶᠢᠨ | ᠪᠠᠭᠤᠷᠠᠯᠲᠠ ᠵᠡᠷᠭᠡ ᠤᠷᠴᠢᠨ ᠠᠬᠤᠢ ᠶᠢᠨ ᠨᠦᠯᠦᠭᠡ ᠪᠠᠷ ᠡᠩ ᠤᠨ ᠤᠯᠠᠨ ᠨᠠᠶᠢᠲᠡ ᠶᠢᠨ ᠲᠦᠰᠦᠪ ᠤᠨ ᠤᠷᠤᠯᠭ᠎ᠠ | ᠪᠠᠷᠤᠭᠴᠠᠭᠠᠯᠠᠪᠠᠯ 2.9 ᠳ᠋ᠦᠩᠰᠢᠭᠤᠷ ᠲᠦᠬᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 54.1% | ᠪᠠᠷ ᠪᠠᠭᠤᠷᠠᠪᠠ︔ ᠨᠡᠶᠢᠬᠡᠮ ᠤᠨ ᠬᠡᠷᠡᠭᠯᠡᠬᠡᠨ ᠤ ᠪᠤᠳᠠᠰ ᠤᠨ ᠬᠡᠰᠡᠭᠯᠡᠨ ᠪᠤᠷᠤᠯᠠᠭᠤᠯᠤᠭᠰᠠᠨ ᠶᠡᠷᠦᠩᠬᠡᠢ ᠦᠨ᠎ᠡ 14. | 7 ᠳ᠋ᠥᠩᠰᠢᠭᠤᠷ ᠲᠦᠬᠦᠷᠢᠭ ᠢ ᠪᠡᠶᠡᠯᠡᠭᠦᠯᠵᠤ᠂ ᠠᠳᠠᠯᠢ ᠬᠤᠭᠤᠴᠠᠭᠠᠨ ᠤ ᠬᠢ ᠠᠴᠠ 9% ᠪᠠᠷ ᠨᠡᠮᠡᠭᠳᠡᠨ᠂ | 2012 ᠤᠨ ᠤ 1.6 ᠳᠠᠬᠢᠨ ᠪᠤᠯᠵᠤ᠂ ᠵᠢᠯ ᠤᠨ ᠳᠤᠮᠳᠠᠴᠢ ᠨᠡᠮᠡᠭᠳᠡᠯ 9.8% ᠳᠤ ᠬᠦᠷᠪᠡ︔ ᠬᠤᠲᠠ | ᠪᠠᠯᠭᠠᠰᠦᠨ ᠤ ᠰᠠᠭᠤᠭᠠᠯᠢ ᠠᠷᠠᠳ ᠤᠨ ᠬᠦᠮᠦᠨ ᠳᠤᠮᠳᠠᠴᠢ ᠶᠢᠨ ᠡᠵᠡᠮᠳᠡᠵᠤ ᠪᠤᠯᠬᠤ ᠤᠷᠤᠯᠭ᠎ᠠ 38356 | ᠲᠦᠬᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8% ᠪᠠᠷ ᠨᠡᠮᠡᠭᠳᠡᠨ᠂ 2012 ᠤᠨ ᠤ 1.5 | ᠳᠠᠭᠢᠨ ᠪᠤᠯᠵᠤ᠂ ᠵᠢᠯ ᠤᠨ ᠳᠤᠮᠳᠠᠴᠢ ᠨᠡᠮᠡᠭᠳᠡᠯ 8.6% ᠳᠤ ᠬᠦᠷᠪᠡ︔ ᠮᠠᠯᠵᠢᠬᠤ ᠲᠠᠷᠢᠶᠠᠯᠠᠬᠤ ᠤᠷᠤᠨ ᠤ | ᠰᠠᠭᠤᠭᠠᠯᠢ ᠠᠷᠠᠳ ᠤᠨ ᠬᠦᠮᠦᠨ ᠳᠤᠮᠳᠠᠴᠢ ᠶᠢᠨ ᠡᠵᠡᠮᠳᠡᠵᠤ ᠪᠤᠯᠬᠤ ᠤᠷᠤᠯᠭ᠎ᠠ 21026 ᠲᠦᠬᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 8.5% ᠪᠠᠷ ᠨᠡᠮᠡᠭᠳᠡᠨ᠂ 2012 ᠤᠨ ᠤ 1.6 ᠳᠠᠬᠢᠨ ᠪᠤᠯᠵᠤ᠂ | ᠵᠢᠯ ᠤᠨ ᠳᠤᠮᠳᠠᠴᠢ ᠨᠡᠮᠡᠭᠳᠡᠯ 9.6% ᠳᠤ ᠬᠦᠷᠦᠭᠰᠡᠨ ᠪᠠᠶᠢᠨ᠎ᠠ᠃ | — — ᠠᠵᠤ ᠦᠢᠯᠡᠰ ᠤᠨ ᠪᠦᠲᠦᠴᠡ ᠲᠠᠰᠤᠷᠠᠯᠲᠠ ᠦᠭᠡᠢ ᠰᠢᠯᠢᠳᠡᠭᠵᠢᠪᠡ᠃ ᠭᠤᠷᠪᠠᠨ ᠠᠵᠤ | ᠦᠢᠯᠡᠰ ᠤᠨ ᠪᠦᠲᠦᠴᠡ 2012 ᠤᠨ ᠤ 4᠄ 47᠄ 49 ᠠᠴᠠ 2017 ᠤᠨ ᠤ 4᠄ 41᠄ 55 ᠶᠢᠨ | ᠬᠠᠷᠢᠴᠠᠯ ᠲᠤ ᠬᠦᠷᠴᠤ᠂ ᠵᠢᠭᠤᠯᠴᠢᠯᠠᠯ ᠤᠨ ᠠᠵᠤ ᠦᠢᠯᠡᠰ ᠤᠨ ᠬᠦᠲᠦᠯᠬᠦ ᠪᠠᠶᠢᠷᠢ ᠰᠠᠭᠤᠷᠢ ᠤᠯᠠᠮ ᠨᠢᠭᠡ ᠠᠯᠬᠤᠮ | ᠪᠠᠳᠤᠵᠢᠨ᠂ ᠠᠵᠤ ᠦᠢᠯᠡᠰ ᠤᠨ ᠪᠦᠲᠦᠴᠡ ᠤᠯᠠᠮ ᠢᠶᠠᠷ ᠰᠢᠯᠢᠳᠡᠭᠵᠢᠪᠡ᠃ ᠵᠢᠭᠤᠯᠴᠢᠯᠠᠯ ᠤᠨ ᠦᠢᠯᠡᠰ ᠤᠨ ᠶᠠᠰᠤ | ᠴᠢᠨᠠᠷ ᠰᠠᠶᠢᠵᠢᠷᠠᠵᠤ ᠦᠷ᠎ᠡ ᠠᠰᠢᠭ ᠳᠡᠭᠡᠭᠰᠢᠯᠡᠪᠡ᠃ ᠲᠠᠪᠤᠨ ᠵᠢᠯ ᠤᠨ ᠲᠤᠷᠰᠢ᠂ ᠨᠡᠶᠢᠲᠡ 13.6 ᠳ᠋ᠦᠩᠰᠢᠭᠤᠷ | ᠲᠦᠬᠦᠷᠢᠭ ᠤᠨ ᠪᠡᠯᠡ ᠣᠷᠤᠭᠤᠯᠵᠤ᠂ 5A ᠳᠡᠰ ᠤᠨ ᠪᠠᠷᠢᠮᠵᠢᠶ᠎ᠠ ᠪᠠᠷ ᠡᠯ᠎ᠡ ᠦᠵᠡᠮᠵᠢ ᠶᠢᠨ ᠤᠷᠤᠨ ᠤ | ᠬᠠᠷᠠᠭᠠᠯᠵᠠᠭᠰᠠᠨ ᠰᠠᠭᠤᠷᠢ ᠲᠦᠬᠦᠬᠡᠷᠦᠮᠵᠢ ᠶᠢᠨ ᠵᠡᠷᠭᠡ ᠳᠡᠰ ᠢ ᠳᠡᠭᠡᠭᠰᠢᠯᠡᠭᠦᠯᠦᠨ᠂ ᠲᠤᠤᠷᠠᠢ ᠶᠢᠨ ᠤᠢ ᠶᠢᠨ | ᠦᠵᠡᠮᠵᠢ ᠶᠢᠨ ᠤᠷᠤᠨ᠂ ᠳ᠋ᠠ ᠮᠦᠸᠧ ᠬᠤ᠋ ᠶᠠᠩ ᠦᠵᠡᠮᠵᠢ ᠶᠢᠨ ᠤᠷᠤᠨ ᠪᠤᠯᠤᠨ ᠳ᠋ᠦᠩᠹᠧᠩ ᠰᠠᠨᠰᠠᠷ ᠤᠨ ᠬᠤᠲᠠ | ᠶᠢ ᠤᠯᠤᠰ ᠤᠨ 4A ᠳᠡᠰ ᠤᠨ ᠵᠢᠭᠤᠯᠴᠢᠯᠠᠯ ᠤᠨ ᠦᠵᠡᠮᠵᠢ ᠶᠢᠨ ᠤᠷᠤᠨ ᠢᠶᠠᠷ ᠴᠤᠭᠴᠠᠯᠠᠨ ᠪᠠᠶᠢᠭᠤᠯᠪᠠ᠃ | ᠠᠯᠲᠠᠨ ᠰᠢᠷᠭᠠᠯ ᠲᠤᠤᠷᠠᠢ ᠶᠢᠨ ᠠᠮᠢ ᠠᠬᠤᠢ ᠶᠢᠨ ᠤᠯᠠᠨ ᠤᠯᠤᠰ ᠤᠨ ᠵᠢᠭᠤᠯᠴᠢᠯᠠᠯ ᠤᠨ ᠨᠠᠶᠢᠷ᠂ ᠲᠤᠤᠷᠠᠢ ᠶᠢᠨ | ᠤᠢ ᠶᠢ ᠲᠤᠭᠤᠷᠢᠭᠰᠠᠨ ᠤᠯᠠᠨ ᠤᠯᠤᠰ ᠤᠨ ᠳᠤᠭᠤᠢ ᠲᠡᠷᠭᠡᠨ ᠤ ᠤᠷᠢᠯᠭᠠᠲᠤ ᠮᠦᠷᠦᠶᠢᠴᠡᠭᠡᠨ ᠵᠡᠷᠭᠡ ᠨᠡᠷ᠎ᠡ | ᠳᠡᠮᠳᠡᠭᠲᠦ ᠬᠦᠳᠡᠯᠭᠡᠭᠡᠨ ᠢ ᠵᠠᠯᠭᠠᠪᠡᠷ ᠠᠮᠵᠢᠯᠲᠠ ᠲᠠᠢ ᠵᠤᠬᠢᠶᠠᠨ ᠪᠠᠶᠢᠭᠤᠯᠵᠤ᠂ ︽ᠮᠠᠩᠬᠠᠨ ᠳᠤᠮᠤᠭᠲᠤ ᠡᠵᠡᠨ᠎ᠡ︾ | ᠶᠢᠨ ᠨᠡᠷ᠎ᠡ ᠠᠯᠳᠠᠷ ᠢ ᠳᠠᠶᠠᠩ ᠳᠤ ᠲᠠᠭᠤᠷᠢᠰᠬᠠᠯᠠ᠃ 2017 ᠤᠨ ᠳᠤ᠂ ᠵᠢᠭᠤᠯᠴᠢᠳ ᠤᠨ ᠬᠦᠮᠦᠨ ᠤᠳᠠᠭ᠎ᠠ | ᠪᠤᠯᠤᠨ ᠵᠢᠭᠤᠯᠴᠢᠯᠠᠯ ᠤᠨ ᠤᠷᠤᠯᠭ᠎ᠠ ᠲᠤᠰᠪᠦᠷᠢ 500 ᠲᠦᠮᠡ ᠪᠠ 50 ᠳ᠋ᠦᠩᠰᠢᠭᠤᠷ ᠲᠦᠬᠦᠷᠢᠭ ᠤᠨ ᠶᠡᠭᠡ | ᠳᠠᠪᠠᠭ᠎ᠠ ᠶᠢ ᠰᠢᠪᠲᠤᠯᠵᠤ᠂ ᠠᠳᠠᠯᠢ ᠬᠤᠭᠤᠴᠠᠭᠠᠨ ᠤ ᠬᠢ ᠠᠴᠠ ᠲᠤᠰᠪᠦᠷᠢ 220% ᠪᠠ 134% ᠪᠠᠷ ᠨᠡᠮᠡᠭᠳᠡᠨ | ᠂ ᠡᠨᠡ ᠨᠢ 2012 ᠤᠨ ᠤ 7.5 ᠳᠠᠬᠢᠨ ᠪᠤᠯᠤᠨ 8.8 ᠳᠠᠬᠢᠨ ᠳᠤ ᠬᠦᠷᠦᠭᠰᠡᠨ ᠪᠠᠶᠢᠨ᠎ᠠ᠃ ᠵᠢᠭᠤᠯᠴᠢᠯᠠᠯ ᠤᠨ | ᠦᠢᠯᠡᠰ ᠤᠨ ᠳᠠᠭᠠᠭᠤᠯᠭ᠎ᠠ ᠪᠠᠷ ᠵᠠᠮ ᠨᠡᠪᠲᠡᠷᠡᠭᠦᠯᠭᠡ᠂ ᠪᠠᠷᠠᠭ᠎ᠠ ᠲᠡᠭᠡᠭᠡᠪᠦᠷᠢ᠂ ᠢᠳᠡᠭᠡᠨ ᠤᠮᠳᠠᠭᠠᠨ᠂ ᠬᠤᠨᠤᠭ | ᠰᠠᠭᠤᠴᠠ᠂ ᠬᠤᠳᠠᠯᠳᠤᠭ᠎ᠠ ᠭᠦᠢᠯᠭᠡᠭᠡ ᠵᠡᠷᠭᠡ ᠦᠢᠯᠡᠴᠢᠯᠡᠭᠡᠨ ᠤ ᠦᠢᠯᠡᠰ ᠦᠷᠨᠢᠬᠦᠨ ᠬᠦᠭᠵᠢᠪᠡ᠃ ᠲᠠᠪᠦᠨ ᠵᠢᠯ ᠤᠨ | ᠲᠤᠷᠰᠢ᠂ ᠵᠠᠰᠠᠮᠠᠯ ᠵᠠᠮ ᠤᠨ ᠠᠶᠠᠨᠴᠢᠳ ᠤᠨ ᠵᠦᠭᠡᠭᠡᠪᠦᠷᠢ ᠶᠢᠨ ᠬᠡᠮᠵᠢᠶ᠎ᠡ 239 ᠲᠦᠮᠡᠨ ᠬᠦᠮᠦᠨ ︵ᠤᠳᠠᠭ᠎ᠠ︶᠂ | ᠪᠠᠷᠠᠭᠠᠨ ᠤ ᠲᠠᠭᠡᠭᠡᠪᠦᠷᠢ ᠶᠢᠨ ᠬᠡᠮᠵᠢᠶ᠎ᠡ 3346.3 ᠲᠦᠮᠡᠨ ᠳᠤᠨ᠂ ᠲᠡᠮᠦᠷ ᠵᠠᠮ ᠤᠨ ᠠᠶᠠᠨᠴᠢᠳ ᠤᠨ | ᠵᠦᠬᠡᠬᠡᠪᠦᠷᠢ ᠶᠢᠨ ᠬᠡᠮᠵᠢᠶ᠎ᠡ 28.2 ᠲᠦᠮᠡᠨ ᠬᠦᠮᠦᠨ ︵ᠤᠳᠠᠭ᠎ᠠ︶᠂ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ | 2489.4 ᠲᠦᠮᠡᠨ ᠳᠤᠨ᠂ ᠠᠭᠠᠷ ᠠᠶᠠᠯᠠᠯ ᠤᠨ ᠠᠶᠠᠨᠴᠢᠳ ᠤᠨ ᠵᠦᠭᠡᠭᠡᠪᠦᠷᠢ ᠶᠢᠨ ᠬᠡᠮᠵᠢᠶ᠎ᠡ 10.4 ᠲᠦᠮᠡᠨ | ᠬᠦᠮᠦᠨ ︵ᠤᠳᠠᠭ᠎ᠠ︶ ᠳᠤ ᠬᠦᠷᠴᠡᠢ᠃ ᠲᠠᠷᠢᠶᠠᠯᠠᠩ ᠮᠠᠯ ᠠᠵᠤ ᠠᠬᠤᠢ ᠲᠤᠭᠲᠠᠭᠤᠨ ᠢᠶᠠᠷ ᠬᠦᠭᠵᠢᠪᠡ᠃ | ᠲᠠᠷᠢᠶᠠᠯᠠᠩ ᠠᠵᠤ ᠦᠢᠯᠡᠰ ᠢ ᠴᠤᠮᠬᠠᠳᠬᠠᠨ ᠬᠦᠭᠵᠢᠭᠦᠯᠵᠦ᠂ ᠲᠤᠤᠷᠠᠢ ᠶᠢᠨ ᠤᠢ ᠶᠢᠨ ᠪᠠᠶᠢᠭᠠᠯᠢ ᠶᠢᠨ ᠬᠠᠮᠠᠭᠠᠯᠠᠯᠲᠠ | ᠶᠢᠨ ᠤᠷᠤᠨ ᠤ 4470 ᠮᠤ᠋ ᠭᠠᠵᠠᠷ ᠲᠤ ᠲᠠᠷᠢᠶᠠᠯᠠᠬᠤ ᠶᠢ ᠵᠤᠭᠰᠤᠭᠠᠵᠤ᠂ ᠪᠦᠬᠦ ᠬᠤᠰᠢᠭᠤᠨ ᠤ ᠲᠠᠷᠢᠮᠠᠯ ᠤᠨ | ᠲᠠᠯᠠᠪᠠᠢ ᠶᠢ 6.5 ᠲᠦᠮᠡᠨ ᠮᠤ᠋ ᠳᠤ ᠬᠢᠵᠠᠭᠠᠷᠯᠠᠨ᠂ ᠡᠭᠦᠨ ᠤ ᠳᠣᠲᠤᠷ᠎ᠠ 6.1 ᠲᠦᠮᠡᠨ ᠮᠤ᠋ ᠲᠠᠷᠢᠶᠠᠨ ᠭᠠᠵᠠᠷ ᠲᠤ | ᠠᠷᠪᠢᠯᠠᠬᠤ ᠤᠰᠤᠵᠢᠭᠤᠯᠤᠯᠲᠠ ᠶᠠᠪᠤᠭᠤᠯᠪᠠ᠃ ᠮᠠᠯᠵᠢᠯ ᠤᠨ ᠦᠢᠯᠡᠰ ᠢ ᠵᠤᠬᠢᠰᠲᠠᠢ ᠬᠦᠭᠵᠢᠭᠦᠯᠵᠦ᠂ ᠮᠠᠯ ᠤᠨ | ᠲᠤᠭ᠎ᠠ ᠲᠤᠯᠤᠭᠠᠢ ᠶᠢ 10 ᠲᠦᠮᠡ ᠳᠤ ᠲᠤᠭᠲᠠᠪᠤᠷᠢᠵᠢᠭᠤᠯᠪᠠ᠃ ᠡᠯᠡᠰᠦᠨ ᠤ ᠠᠵᠤ ᠦᠢᠯᠡᠰ ᠢ ᠬᠡᠪᠴᠢᠶᠡᠵᠢᠭᠦᠯᠦᠨ | ᠬᠦᠭᠵᠢᠭᠦᠯᠵᠦ᠂ ᠪᠠᠶᠢᠭᠠᠯᠢᠯᠢᠭ ᠵᠠᠭ ᠤᠨ ᠤᠢ ᠶᠢ 52.8 ᠲᠦᠮᠡᠨ ᠮᠤ᠋᠂ ᠨᠤᠬᠠᠢ ᠶᠢᠨ ᠬᠠᠷᠮᠠᠭ ᠢ 3 ᠲᠦᠮᠡᠨ ᠮᠤ᠋ | ᠪᠢᠲᠡᠭᠦᠮᠵᠢᠯᠡᠨ ᠰᠡᠷᠭᠦᠭᠡᠵᠦ᠂ 10 ᠲᠦᠮᠡᠨ ᠮᠤ᠋ ᠴᠠᠭᠠᠨ ᠭᠤᠶᠤᠤ ᠲᠠᠷᠢᠪᠠ᠃ ᠨᠠᠷᠢᠯᠢᠭ ᠵᠢᠮᠢᠰ ᠤᠨ ᠦᠢᠯᠡᠰ ᠢ | ᠬᠦᠴᠦᠯᠡᠨ ᠬᠦᠭᠵᠢᠭᠦᠯᠵᠦ᠂ 5600 ᠮᠤ᠋ ᠨᠠᠷᠢᠯᠢᠭ ᠵᠢᠮᠢᠰᠦᠨ ᠤᠢ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ | ᠪᠠᠶᠢᠭᠤᠯᠪᠠ᠃ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠭᠤᠤᠯ ᠴᠤᠭᠴᠠ ᠶᠢ ᠢᠳᠡᠪᠬᠢᠲᠡᠢ | ᠬᠦᠮᠦᠵᠢᠭᠦᠯᠦᠨ᠂ ᠠᠵᠤ ᠦᠢᠯᠡᠰᠵᠢᠭᠰᠡᠨ ᠲᠤᠯᠤᠭᠠᠶᠢᠯᠠᠭᠴᠢ ᠠᠵᠤ ᠠᠬᠤᠶᠢᠯᠠᠯ ᠢ ᠰᠢᠨ᠎ᠡ ᠪᠠᠷ 4 ᠨᠡᠮᠡᠭᠳᠡᠭᠦᠯᠵᠦ᠂ | ᠮᠠᠯᠴᠢᠳ ᠲᠠᠷᠢᠶᠠᠴᠢᠳ ᠤᠨ ᠭᠡᠷ ᠪᠦᠯᠢ ᠶᠢᠨ ᠳᠦᠷᠢᠮᠵᠢᠭᠰᠡᠨ ᠲᠤᠰᠬᠠᠢ ᠬᠤᠷᠰᠢᠶᠠᠵᠢᠯ ᠢ 96 ᠡᠷᠦᠬᠡ᠂ ᠲᠠᠷᠢᠶᠠᠯᠠᠩ | ᠮᠠᠯᠵᠢᠯ ᠤᠨ ᠲᠠᠯᠠᠪᠠᠢ ᠶᠢ 56 ᠡᠷᠦᠬᠡ ᠪᠤᠯᠲᠠᠯ᠎ᠠ ᠬᠦᠭᠵᠢᠭᠦᠯᠦᠨ᠂ ᠬᠤᠤᠰ ᠪᠦᠭᠦᠲᠦ ᠳᠡᠮᠡᠭᠡ᠂ ᠴᠠᠭᠠᠨ ᠨᠤᠤᠯᠤᠷᠲᠤ | ᠢᠮᠠᠭ᠎ᠠ ᠵᠡᠷᠭᠡ ᠠᠵᠤ ᠦᠢᠯᠡᠰᠵᠢᠭᠰᠡᠨ ᠲᠦᠷᠦᠯ ᠵᠦᠢᠯ ᠢ ᠡᠮᠬᠢ ᠳᠠᠷᠠᠭᠠᠯᠠᠯ ᠲᠠᠢ ᠠᠬᠢᠭᠤᠯᠪᠠ᠃ ᠠᠵᠤ ᠦᠢᠯᠡᠳᠪᠦᠷᠢ | ᠪᠡᠷᠭᠡᠰᠢᠶᠡᠯ ᠳᠤᠮᠳᠠ ᠤᠷᠤᠭᠰᠢᠯᠠᠪᠠ᠃ ᠲᠠᠪᠤᠨ ᠵᠢᠯ ᠤᠨ ᠲᠤᠷᠰᠢ᠂ ᠬᠠᠷ᠎ᠠ ᠲᠡᠮᠦᠷᠯᠢᠭ ᠤᠨ ᠠᠭᠤᠷᠬᠠᠢ ᠶᠢᠨ | ᠨᠡᠭᠡᠭᠡᠯᠲᠡ ᠪᠠ ᠰᠤᠩᠭᠤᠯᠲᠠ ᠶᠢᠨ ᠲᠦᠷᠦᠯ ᠵᠦᠢᠯ ᠢ ᠨᠡᠶᠢᠲᠡ 7 ᠪᠠᠶᠢᠭᠤᠯᠵᠤ᠂ ᠵᠢᠯ ᠳᠤ 320 ᠲᠦᠮᠡᠨ ᠲᠤᠨ | ᠲᠡᠮᠦᠷ ᠤᠨ ᠬᠦᠳᠡᠷ᠂ 270 ᠲᠦᠮᠡᠨ ᠲᠤᠨ ᠲᠡᠮᠦᠷ ᠤᠨ ᠨᠠᠷᠢᠯᠢᠭ ᠬᠦᠳᠡᠷ ᠦᠢᠯᠡᠳᠪᠦᠷᠢᠯᠡᠵᠦ ᠴᠢᠳᠠᠬᠤ | ᠦᠢᠯᠡᠳᠪᠦᠷᠢᠯᠡᠯ ᠤᠨ ᠬᠡᠪᠴᠢᠶ᠎ᠡ ᠶᠢ ᠪᠦᠷᠢᠯᠳᠦᠭᠦᠯᠪᠡ᠃ ᠶᠤᠸᠠᠨ ᠲᠤᠩ ᠠᠭᠤᠷᠬᠠᠢ ᠶᠢᠨ ᠡᠬᠢ ᠪᠠᠶᠠᠯᠢᠭ ᠤᠨ | ᠨᠢᠭᠡᠳᠦᠭᠰᠡᠨ ᠨᠡᠭᠡᠭᠡᠨ ᠠᠰᠢᠭᠯᠠᠯᠲᠠ ᠨᠢ ᠠᠩᠬ᠎ᠠ ᠠᠯᠬᠤᠮ ᠬᠡᠪᠴᠢᠶᠡᠵᠦ᠂ ᠴᠢᠩ ᠬᠤᠸᠠ ᠮᠠ ᠺᠧ᠂ ᠰᠢᠩ ᠴᠧᠩ | ᠨᠡᠭᠦᠷᠡᠰᠦᠨ ᠠᠵᠤ ᠦᠢᠯᠡᠰ ᠵᠡᠷᠭᠡ ᠨᠡᠭᠦᠷᠡᠰᠦ ᠤᠬᠢᠶᠠᠵᠤ ᠰᠤᠩᠭᠤᠬᠤ ᠲᠦᠷᠦᠯ ᠵᠦᠢᠯ ᠢ ᠡᠬᠢᠯᠡᠭᠦᠯᠦᠨ | ᠬᠡᠷᠡᠭᠵᠢᠭᠦᠯᠵᠦ᠂ 110 ᠲᠦᠮᠡᠨ ᠲᠤᠨ ᠳᠠᠪᠤᠰᠤ ᠬᠤᠵᠢᠷ ᠤᠨ ᠠᠭᠤᠷᠬᠠᠢ ᠶᠢᠨ ᠨᠡᠭᠡᠭᠡᠨ ᠠᠰᠢᠭᠯᠠᠯᠲᠠ ᠵᠢᠴᠢ | ᠶᠡᠷᠦᠩᠬᠡᠶᠢᠯᠡᠭᠰᠡᠨ ᠠᠰᠢᠭᠯᠠᠯᠲᠠ ᠶᠢᠨ ᠲᠦᠷᠦᠯ ᠵᠦᠢᠯ᠂ ᠪᠢᠩ ᠰᠢᠦᠸᠠᠢ ᠵᠢᠮᠢᠰ ᠤᠨ ᠦᠢᠯᠡᠰ ᠤᠨ 6 ᠲᠦᠮᠡᠨ ᠲᠤᠨ | ᠨᠠᠷᠢᠯᠢᠭ ᠡᠳ᠋ᠰᠢᠭᠦᠯᠦᠯᠲᠡ ᠶᠢᠨ ᠲᠦᠷᠦᠯ ᠵᠦᠢᠯ ᠪᠠᠶᠢᠭᠤᠯᠤᠭᠳᠠᠨ ᠦᠢᠯᠡᠳᠪᠦᠷᠢᠯᠡᠯ ᠢᠶᠠᠨ ᠡᠬᠢᠯᠡᠭᠦᠯᠪᠡ᠃ ᠰᠢᠨ᠎ᠡ | ᠡᠨᠧᠷᠬᠢ ᠤᠨ ᠠᠵᠤ ᠦᠢᠯᠡᠰ ᠤᠨ ᠬᠡᠪᠴᠢᠶ᠎ᠡ ᠲᠠᠰᠤᠷᠠᠯᠲᠠ ᠦᠭᠡᠢ ᠪᠤᠵᠠᠭᠠᠶᠢᠷᠠᠵᠤ᠂ ᠰᠠᠯᠬᠢ ᠨᠠᠷᠠ ᠪᠠᠷ ᠴᠠᠬᠢᠯᠭᠠᠨ | ᠭᠠᠷᠭᠠᠬᠤ ᠲᠦᠬᠦᠭᠡᠷᠦᠮᠵᠢ ᠶᠢ ᠤᠭᠰᠠᠷᠠᠭᠰᠠᠨ ᠬᠡᠪᠴᠢᠶ᠎ᠡ 90 ᠰᠠᠶ᠎ᠠ ᠸᠠᠲ ᠲᠤ ᠬᠦᠷᠪᠡ᠃ ᠴᠢᠯᠠᠭᠤᠨ ᠲᠤᠰᠤ ᠪᠠ | ᠰᠢᠲᠠᠮᠠᠬᠠᠢ ᠭᠡᠢ᠂ ᠲᠡᠮᠦᠷᠯᠢᠭ᠂ ᠲᠡᠮᠦᠷᠯᠢᠭ ᠪᠤᠰᠤ ᠶᠢᠨ ᠡᠬᠢ ᠪᠠᠶᠠᠯᠢᠭ ᠤᠨ ᠬᠠᠶᠢᠨ ᠰᠢᠨᠵᠢᠯᠡᠯᠲᠡ ᠴᠢᠬᠤᠯᠠ | ᠰᠢᠪᠲᠤᠯᠤᠯᠲᠠ ᠶᠢ ᠳᠠᠪᠠᠵᠤ᠂ ᠡᠬᠢ ᠪᠠᠶᠠᠯᠢᠭ ᠤᠨ ᠦᠷᠭᠦᠯᠵᠢᠯᠡᠨ ᠬᠦᠭᠵᠢᠬᠦ ᠴᠢᠳᠠᠪᠤᠷᠢ ᠢᠯᠡᠷᠬᠡᠢ ᠴᠢᠩᠭᠠᠷᠠᠪᠠ᠃ | ᠤᠯᠤᠰ ᠤᠨ ᠭᠠᠵᠠᠷ ᠰᠢᠷᠦᠢ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠵᠦ ᠬᠡᠷᠡᠭᠯᠡᠭᠰᠡᠨ ᠦᠷ᠎ᠡ ᠪᠦᠲᠦᠮᠵᠢ | ᠳᠤᠪᠤᠶᠢᠮ᠎ᠠ ᠪᠠᠶᠢᠵᠤ᠂ ︽ᠪᠦᠬᠦ ᠤᠯᠤᠰ ᠤᠨ ᠤᠯᠤᠰ ᠤᠨ ᠭᠠᠵᠠᠷ ᠰᠢᠷᠦᠢ ᠶᠢᠨ ᠡᠬᠢ ᠪᠠᠶᠠᠯᠢᠭ ᠢ ᠠᠷᠪᠢᠯᠠᠵᠤ | ᠡᠷᠴᠢᠮᠵᠢᠬᠦᠯᠦᠨ ᠬᠡᠷᠡᠭᠯᠡᠭᠰᠡᠨ ᠵᠢᠱᠢᠶᠡᠴᠢ ᠬᠤᠰᠢᠭᠤ︾ ᠪᠠᠷ ᠴᠤᠯᠠᠯᠠᠭᠳᠠᠪᠠ᠃ | ︵ᠬᠤᠶᠠᠷ︶ ᠰᠠᠭᠤᠷᠢ ᠪᠠᠨ ᠪᠠᠬᠢᠵᠢᠬᠦᠯᠦᠨ ᠤᠷᠴᠢᠨ ᠲᠤᠭᠤᠷᠢᠨ ᠢᠶᠠᠨ ᠰᠠᠶᠢᠵᠢᠷᠠᠭᠤᠯᠬᠤ ᠶᠢ ᠪᠠᠲᠤᠯᠠᠵᠤ᠂ | ᠬᠤᠲᠠ ᠪᠠᠯᠭᠠᠰᠤᠨ ᠤ ᠳᠦᠷᠢ ᠳᠦᠷᠬᠦ ᠡᠳᠦᠷ ᠢᠷᠡᠬᠦᠶ᠎ᠡ ᠰᠢᠨᠡᠴᠢᠯᠡᠭᠳᠡᠪᠡ | — — ᠠᠮᠢ ᠠᠬᠤᠢ ᠶᠢᠨ ᠤᠷᠴᠢᠨ ᠲᠤᠭᠤᠷᠢᠨ ᠦᠷᠭᠦᠯᠵᠢᠯᠡᠨ ᠰᠠᠶᠢᠵᠢᠷᠠᠪᠠ᠃ ᠨᠤᠲᠤᠭ ᠪᠡᠯᠴᠢᠭᠡᠷ | ᠤᠨ ᠠᠮᠢ ᠠᠬᠤᠢ ᠶᠢᠨ ᠨᠦᠬᠦᠪᠦᠷᠢ ᠱᠠᠩᠨᠠᠯ ᠤᠨ ᠲᠦᠷᠦ ᠶᠢᠨ ᠪᠤᠳᠤᠯᠭ᠎ᠠ᠂ ᠤᠢ ᠰᠢᠭᠤᠢ ᠶᠢᠨ ᠠᠮᠢ ᠠᠬᠤᠢ ᠶᠢᠨ | ᠦᠷ᠎ᠡ ᠠᠰᠢᠭ ᠢ ᠨᠦᠬᠦᠪᠦᠷᠢᠯᠡᠬᠦ ᠳᠦᠷᠢᠮ ᠵᠡᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠭᠤᠷᠪᠠᠨ | ᠤᠮᠠᠷᠠᠲᠤ︾ ᠶᠢᠨ ᠬᠠᠯᠬᠠᠪᠴᠢ ᠤᠢ᠂ ᠲᠠᠷᠢᠶᠠᠯᠠᠬᠤ ᠶᠢ ᠵᠤᠭᠰᠤᠭᠠᠵᠤ ᠤᠢ ᠰᠡᠷᠭᠦᠭᠡᠬᠦ᠂ ᠮᠠᠯᠵᠢᠬᠤ ᠶᠢ ᠵᠤᠭᠰᠤᠭᠠᠵᠤ | ᠪᠡᠯᠴᠢᠭᠡᠷ ᠰᠡᠷᠭᠦᠭᠡᠬᠦ ᠵᠡᠷᠭᠡ ᠭᠤᠤᠯ ᠴᠢᠬᠤᠯᠠ ᠠᠮᠢ ᠠᠬᠤᠢ ᠶᠢᠨ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ | ᠪᠦᠬᠦ ᠬᠤᠰᠢᠭᠤᠨ ᠤ 1486.6 ᠲᠦᠮᠡᠨ ᠮᠤ᠋ ᠨᠤᠲᠤᠭ ᠪᠡᠯᠴᠢᠭᠡᠷ᠂ 193 ᠲᠦᠮᠡᠨ ᠮᠤ᠋ ᠤᠢ ᠰᠢᠭᠤᠢ ᠶᠢ | ᠪᠦᠲᠦᠭᠡᠨ ᠪᠠᠶᠢᠭᠤᠯᠵᠤ᠂ ᠮᠠᠨ ᠤ ᠬᠤᠰᠢᠭᠤ ᠨᠢ ᠤᠯᠤᠰ ᠤᠨ ᠭᠤᠤᠯᠳᠠᠯᠭᠠᠲᠤ ᠠᠮᠢ ᠠᠬᠤᠢ ᠶᠢᠨ ᠴᠢᠳᠠᠪᠬᠢᠲᠦ | ᠤᠷᠤᠨ ᠢᠶᠠᠷ ᠵᠢᠭᠰᠠᠭᠠᠭᠳᠠᠪᠠ᠃ ᠬᠠᠷ᠎ᠠ ᠭᠤᠤᠯ ᠤᠨ ᠤᠰᠤᠨ ᠤ ᠲᠤᠬᠢᠷᠠᠭᠤᠯᠤᠯᠲᠠ ᠲᠡᠦᠬᠡᠲᠦ ᠴᠢᠨᠠᠷᠲᠠᠢ | ᠰᠢᠪᠲᠤᠯᠤᠯᠲᠠ ᠶᠢ ᠤᠯᠵᠤ᠂ ᠰᠤᠪᠨᠠᠭᠤᠷ 13 ᠵᠢᠯ ᠳᠠᠷᠠᠭᠠᠯᠠᠨ ᠤᠮᠳᠠᠯᠠᠭᠳᠠᠵᠤ᠂ ᠮᠦᠷᠡᠨ ᠭᠤᠤᠯ ᠤᠨ ᠨᠤᠭᠤᠭᠠᠨ | ᠪᠦᠷᠢᠳᠦ ᠶᠢᠨ ᠵᠠᠬ᠎ᠠ ᠤᠷᠤᠨ ᠤ ᠨᠤᠲᠤᠭ ᠪᠡᠯᠴᠢᠭᠡᠷ ᠪᠦᠲᠦᠮᠵᠢᠲᠡᠢ ᠤᠰᠤᠯᠠᠭᠳᠠᠪᠠ᠃ ︽ᠭᠤᠤᠯ ᠤᠨ ᠳᠠᠷᠤᠭ᠎ᠠ ᠶᠢᠨ | ᠳᠦᠷᠢᠮ︾ ᠢ ᠪᠦᠬᠦ ᠲᠠᠯ᠎ᠠ ᠪᠠᠷ ᠶᠠᠪᠤᠭᠳᠠᠭᠤᠯᠵᠤ᠂ ᠲᠠᠷᠢᠶᠠᠯᠠᠩ ᠠᠵᠤ ᠦᠢᠯᠡᠰ ᠤᠨ ᠤᠰᠤᠨ ᠤ ᠡᠷᠬᠡ᠂ ᠤᠰᠤᠨ ᠤ | ᠦᠨ᠎ᠡ ᠶᠢᠨ ᠶᠡᠷᠦᠩᠬᠡᠶᠢᠯᠡᠭᠰᠡᠨ ᠦᠭᠡᠷᠡᠴᠢᠯᠡᠯᠲᠡ ᠶᠢᠨ ᠲᠤᠷᠰᠢᠯᠲᠠ ᠶᠢᠨ ᠠᠵᠢᠯ ᠢ ᠡᠬᠢᠯᠡᠭᠦᠯᠪᠡ᠃ ᠭᠤᠤᠯᠳᠠᠯᠭᠠᠲᠤ | ᠤᠷᠤᠨ ᠬᠡᠪᠴᠢᠶᠡᠨ ᠤ ᠤᠷᠴᠢᠨ ᠲᠤᠭᠤᠷᠢᠨ ᠤ ᠵᠠᠰᠠᠨ ᠴᠡᠭᠴᠡᠯᠡᠯᠲᠡ ᠶᠢᠨ ᠦᠷ᠎ᠡ ᠪᠦᠲᠦᠮᠵᠢ ᠶᠢ ᠪᠠᠲᠤᠳᠬᠠᠨ᠂ | ᠤᠷᠴᠢᠨ ᠲᠤᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠳᠠᠬᠢ ᠬᠡᠮ ᠰᠤᠭᠤᠭ ᠤᠨ ᠠᠰᠠᠭᠤᠳᠠᠯ ᠢ | ᠴᠡᠭᠴᠡᠯᠡᠨ ᠵᠠᠰᠠᠬᠤ ᠠᠵᠢᠯ ᠯᠠᠪᠳᠠᠭᠤᠨ ᠠᠬᠢᠵᠤ᠂ ᠮᠠᠯᠵᠢᠬᠤ ᠲᠠᠷᠢᠶᠠᠯᠠᠬᠤ ᠤᠷᠤᠨ ᠤ ᠤᠯᠠᠨ ᠡᠬᠢᠲᠤ ᠪᠤᠬᠢᠷᠳᠦᠯ ᠢ | ᠰᠡᠷᠭᠡᠶᠢᠯᠡᠨ ᠵᠠᠰᠠᠬᠤ ᠠᠵᠢᠯ ᠱᠠᠲᠤᠴᠢ ᠴᠢᠨᠠᠷᠲᠠᠢ ᠦᠷ᠎ᠡ ᠪᠦᠲᠦᠮᠵᠢ ᠶᠢ ᠤᠯᠤᠭᠰᠠᠨ ᠪᠠᠶᠢᠨ᠎ᠠ᠃ ᠠᠭᠠᠷ ᠮᠠᠨᠳᠠᠯ᠂ | ᠤᠰᠤ᠂ ᠬᠦᠷᠦᠰᠦᠨ ᠤ ︽ᠪᠤᠬᠢᠷᠳᠤᠯ ᠢ ᠰᠡᠷᠭᠡᠶᠢᠯᠡᠬᠦ ᠠᠵᠢᠯᠯᠠᠭᠠᠨ ᠤ ᠲᠦᠯᠦᠪᠯᠡᠭᠡ︾ ᠶᠢ ᠨᠠᠷᠢᠯᠢᠭ ᠬᠡᠷᠡᠭᠵᠢᠭᠦᠯᠵᠦ᠂ | ᠭᠤᠤᠯ ᠪᠤᠯᠬᠤ ᠪᠤᠬᠢᠷᠳᠦᠯ ᠪᠤᠳᠠᠰ ᠢ ᠭᠠᠳᠠᠭᠰᠢᠯᠠᠭᠤᠯᠬᠤ ᠬᠡᠮᠵᠢᠶ᠎ᠡ ᠶᠢ ᠳᠡᠭᠡᠳᠦ ᠱᠠᠲᠤᠨ ᠠᠴᠠ ᠲᠤᠭᠳᠠᠭᠠᠭᠰᠠᠨ | ᠭᠦᠢᠴᠡᠳᠬᠡᠯ ᠲᠤᠭᠠᠨ ᠳᠣᠲᠣᠷ᠎ᠠ ᠬᠢᠵᠠᠭᠠᠷᠯᠠᠵᠤ ᠴᠢᠳᠠᠵᠠᠢ᠃ | — — ᠬᠤᠲᠠ ᠬᠦᠳᠡᠭᠡᠨ ᠤ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠦᠯᠦᠪᠵᠢᠭᠦᠯᠦᠨ | ᠵᠡᠷᠭᠡᠪᠡᠷ ᠶᠠᠪᠤᠭᠳᠠᠭᠤᠯᠪᠠ᠃ ᠲᠦᠯᠦᠪᠵᠢᠭᠦᠯᠦᠯᠲᠡ ᠪᠠᠷ ᠵᠢᠯᠤᠭᠤᠳᠤᠭᠤᠯᠬᠤ ᠪᠠᠨ ᠪᠠᠷᠢᠮᠲᠠᠯᠠᠵᠤ᠂ ᠰᠠᠷᠠᠭᠤᠯ ᠲᠠᠷᠳᠠᠩ | ᠂ ᠬᠡᠪ ᠨᠠᠮᠪᠠᠭᠠᠯᠢᠭ᠂ ᠰᠠᠭᠤᠷᠢᠰᠢᠵᠤ ᠵᠤᠭᠠᠴᠠᠬᠤ ᠳᠤ ᠲᠠᠪᠠᠲᠠᠢ ᠦᠪᠡᠷᠮᠢᠴᠡ ᠤᠨᠴᠠᠯᠢᠭᠳᠤ ᠵᠢᠭᠤᠯᠴᠢᠯᠠᠯ ᠤᠨ ᠬᠤᠳᠠ | ᠪᠠᠯᠭᠠᠰᠤ ᠪᠤᠯᠭᠠᠨ ᠪᠦᠲᠦᠭᠡᠨ ᠪᠠᠶᠢᠭᠤᠯᠬᠤ ᠬᠠᠷᠠᠯᠲᠠ ᠶᠢᠨ ᠲᠤᠭᠤᠷᠢᠨ ᠳᠤ᠂ 10 ᠲᠤᠰᠬᠠᠢ ᠲᠦᠷᠦᠯ ᠤᠨ | ᠲᠦᠯᠦᠪᠵᠢᠭᠦᠯᠦᠯᠲᠡ ᠪᠤᠯᠤᠨ ᠰᠤᠮᠤ ᠪᠠᠯᠭᠠᠰᠤ ᠭᠠᠴᠠᠭᠠᠨ ᠤ ᠬᠦᠭᠵᠢᠯᠲᠡ ᠶᠢᠨ ᠲᠦᠯᠦᠪᠵᠢᠭᠦᠯᠭᠡ ᠶᠢ ᠨᠠᠶᠢᠷᠠᠭᠤᠯᠤᠨ | ᠂ ᠬᠤᠲᠠ ᠭᠦᠲᠡᠬᠡᠨ ᠤ ᠲᠦᠯᠦᠪᠵᠢᠭᠦᠯᠦᠯᠲᠡ ᠶᠢᠨ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ | ᠲᠠᠪᠤᠨ ᠵᠢᠯ ᠤᠨ ᠲᠤᠷᠰᠢ᠂ ᠨᠡᠶᠢᠲᠡ 45.4 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠤᠨ᠂ ᠬᠤᠲᠠ | ᠪᠠᠯᠭᠠᠰᠤᠨ ᠤ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠵᠤ᠂ 24 | ᠵᠤᠷᠪᠤᠰ ᠵᠠᠬ᠎ᠠ ᠵᠡᠭᠡᠯᠢ ᠤᠨ ᠦᠵᠡᠮᠵᠢ ᠶᠢ ᠦᠭᠡᠷᠡᠴᠢᠯᠡᠨ ᠰᠠᠶᠢᠵᠢᠷᠠᠭᠤᠯᠬᠤ ᠢᠨᠵᠧᠨᠧᠷᠢᠩ ᠢ ᠪᠡᠶᠡᠯᠡᠭᠦᠯᠦᠨ᠂ 5 | ᠲᠠᠰᠤᠷᠬᠠᠢ ᠵᠠᠮ ᠢ ᠵᠠᠰᠠᠨ ᠨᠡᠪᠲᠡᠷᠡᠭᠦᠯᠵᠦ᠂ ᠬᠤᠲᠠ ᠪᠠᠯᠭᠠᠰᠤᠨ ᠤ ᠴᠢᠳᠠᠮᠵᠢ ᠪᠠᠶᠢᠷᠢᠯᠠᠭᠤᠯᠤᠯᠲᠠ ᠲᠠᠰᠤᠷᠠᠯᠲᠠ | ᠦᠭᠡᠢ ᠲᠡᠭᠦᠯᠳᠡᠷᠵᠢᠨ᠂ ᠶᠡᠷᠦᠩᠬᠡᠶᠢᠯᠡᠭᠰᠡᠨ ᠵᠡᠷᠭᠡ ᠳᠡᠰ ᠣᠯᠠᠮ ᠨᠢᠭᠡ ᠠᠯᠬᠤᠮ ᠳᠡᠭᠡᠭᠰᠢᠯᠡᠪᠡ᠃ ᠨᠡᠶᠢᠲᠠ 14.9 | ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠤᠨ᠂ ᠳᠦᠭᠦᠮ ᠪᠦᠲᠦᠴᠡᠲᠦ ᠤᠷᠤᠨ ᠰᠠᠭᠤᠴᠠ ᠶᠢᠨ | ᠦᠭᠡᠷᠡᠴᠢᠯᠡᠯᠲᠡ ᠶᠢᠨ ᠢᠨᠵᠧᠨᠧᠷᠢᠩ ᠢ ᠬᠡᠷᠡᠭᠵᠢᠭᠦᠯᠵᠦ᠂ 2000 ᠡᠷᠦᠬᠡ ᠰᠠᠭᠤᠭᠠᠯᠢ ᠠᠷᠠᠳ ᠤᠨ ᠠᠮᠢᠳᠤᠷᠠᠯ ᠤᠨ | ᠨᠦᠭᠦᠴᠡᠯ ᠢ ᠢᠯᠡᠳᠲᠡ ᠰᠠᠶᠢᠵᠢᠷᠠᠭᠤᠯᠪᠠ᠃ ᠨᠡᠶᠢᠲᠡ 10 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠤᠨ᠂ | ᠦᠵᠡᠰᠭᠦᠯᠡᠩᠲᠦ ᠰᠠᠶᠢᠬᠠᠨ ᠬᠦᠳᠡᠭᠡ ᠲᠤᠰᠬᠤᠨ ᠪᠠ ︽ᠨᠢᠭᠡ ᠬᠡᠷᠡᠭ ᠢ ᠨᠢᠭᠡ ᠵᠦᠪᠯᠡᠬᠦ︾ ᠲᠦᠷᠦᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠯᠠᠪᠳᠠᠭᠤᠨ ᠠᠬᠢᠭᠤᠯᠵᠤ᠂ ᠬᠦᠳᠡᠭᠡ ᠲᠤᠰᠬᠤᠨ ᠮᠠᠯᠵᠢᠬᠤ ᠤᠷᠤᠨ ᠤ ᠳᠦᠷᠢ ᠳᠦᠷᠬᠦ | ᠮᠡᠳᠡᠭᠳᠡᠮ᠎ᠡ ᠰᠢᠨᠡᠴᠢᠯᠡᠭᠳᠡᠵᠦ᠂ ᠬᠤᠲᠠ ᠬᠦᠳᠡᠭᠡᠨ ᠤ ᠵᠦᠷᠢᠶ᠎ᠡ ᠠᠭᠠᠵᠢᠮ ᠢᠶᠠᠷ ᠪᠠᠭᠠᠰᠪᠠ᠃ ᠡᠶᠢᠨᠬᠦ ᠳᠠᠯᠠᠶᠢᠬᠦ᠋ᠪ | ᠪᠠᠯᠭᠠᠰᠤ ᠨᠢ ᠤᠷᠢᠳ ᠬᠤᠵᠢᠳ ᠪᠦᠬᠦ ᠤᠯᠤᠰ ᠤᠨ ᠭᠤᠤᠯᠳᠠᠯᠭᠠᠲᠤ ᠪᠠᠯᠭᠠᠰᠤ᠂ ᠪᠦᠬᠦ ᠤᠯᠤᠰ ᠤᠨ ᠤᠨᠴᠠᠯᠢᠭᠲᠤ | ᠵᠢᠭᠤᠯᠴᠢᠯᠠᠯ ᠤᠨ ᠦᠵᠡᠮᠵᠢ ᠶᠢᠨ ᠨᠡᠷᠡᠲᠦ ᠪᠠᠯᠭᠠᠰᠤ ᠪᠠ ᠤᠷᠤᠨ ᠤ ᠳᠡᠰ ᠤᠨ ᠰᠠᠭᠤᠷᠢᠰᠢᠬᠤ ᠳᠤ ᠳᠤᠬᠢᠯᠢᠭ | ᠦᠵᠡᠰᠭᠦᠯᠡᠩᠲᠦ ᠪᠠᠯᠭᠠᠰᠤ ᠪᠠᠷ ᠦᠨᠡᠯᠡᠭᠳᠡᠭᠰᠡᠨ ᠪᠠᠶᠢᠨ᠎ᠠ᠃ | — — ᠰᠠᠭᠤᠷᠢ ᠲᠦᠭᠦᠭᠡᠷᠦᠮᠵᠢ ᠡᠳᠦᠷ ᠢᠷᠡᠬᠦᠶ᠎ᠡ ᠲᠡᠭᠦᠯᠳᠡᠷᠵᠢᠪᠡ᠃ ᠵᠠᠮ ᠬᠠᠷᠢᠯᠴᠠᠭᠠᠨ ᠤ | ᠲᠤᠤᠷᠵᠢᠯ ᠤᠨ ᠪᠦᠲᠦᠴᠡ ᠶᠢ ᠪᠦᠬᠦ ᠲᠠᠯ᠎ᠠ ᠪᠠᠷ ᠬᠦᠴᠦᠯᠡᠨ ᠠᠬᠢᠭᠤᠯᠵᠤ᠂ ᠨᠡᠶᠢᠲᠡ 182.2 ᠳ᠋ᠦᠩᠰᠢᠭᠤᠷ | ᠲᠦᠭᠦᠷᠢᠭ ᠤᠨ ᠪᠡᠯᠡ ᠤᠷᠤᠭᠤᠯᠤᠨ᠂ ᠪᠡᠭᠡᠵᠢᠩ ᠠᠴᠠ ᠰᠢᠨᠵᠢᠶᠠᠩ ᠬᠦᠷᠬᠦ ᠦᠨᠳᠦᠷ ᠬᠤᠷᠳᠤᠴᠠᠲᠦ ᠵᠠᠰᠠᠮᠠᠯ ᠵᠠᠮ᠂ | ᠳᠠᠯᠠᠶᠢᠬᠦ᠋ᠪ ᠠᠴᠠ ᠴᠡᠭᠡ ᠬᠦᠷᠲᠡᠯᠡᠬᠢ ᠨᠢᠬᠡᠳᠦᠭᠡᠷ ᠳᠡᠰ ᠤᠨ ᠵᠠᠰᠠᠮᠠᠯ ᠵᠠᠮ᠂ ᠡᠵᠡᠨ᠎ᠡ ᠠᠴᠠ ᠬᠠᠮᠢ ᠬᠦᠷᠳᠡᠯᠡᠬᠢ ᠲᠡᠮᠦᠷ | ᠵᠠᠮ᠂ ᠲᠤᠤᠷᠠᠢ ᠨᠢᠰᠭᠡᠯ ᠤᠨ ᠲᠠᠯᠠᠪᠠᠢ ᠵᠡᠷᠭᠡ ᠶᠢ ᠠᠮᠵᠢᠯᠲᠠᠲᠠᠢ ᠪᠠᠶᠢᠭᠤᠯᠤᠨ ᠠᠰᠢᠭᠯᠠᠯᠲᠠ ᠳᠤ ᠤᠷᠤᠭᠤᠯᠵᠤ᠂ | ᠰᠠᠶᠢᠬᠠᠨ ᠵᠠᠪᠠᠢ ᠪᠤᠭᠤᠮᠲᠠ ᠠᠴᠠ ᠴᠡᠭᠡ ᠬᠦᠷᠬᠦ ᠲᠡᠮᠦᠷ ᠵᠠᠮ ᠤᠨ ᠴᠢᠳᠡᠮᠵᠢ ᠶᠢ ᠰᠠᠶᠢᠵᠢᠷᠠᠭᠤᠯᠤᠨ ᠦᠷᠭᠡᠳᠬᠡᠨ | ᠵᠠᠰᠠᠵᠤ᠂ ᠭᠠᠳᠠᠭᠰᠢ ᠨᠡᠪᠲᠡᠷᠡᠬᠦ ᠴᠢᠳᠠᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠤᠰᠤᠨ ᠠᠰᠢᠭᠯᠠᠯᠲᠠ | ᠶᠢᠨ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠠᠷ᠎ᠠ ᠭᠤᠤᠯ ᠤᠨ | ᠳᠣᠣᠷᠠᠳᠤ ᠤᠷᠤᠰᠬᠠᠯ ᠤᠨ ᠵᠠᠰᠠᠯᠲᠠ ᠬᠠᠮᠢᠶᠠᠷᠤᠯᠲᠠ᠂ ᠮᠦᠷᠡᠨ ᠭᠤᠤᠯ ᠤᠨ ᠪᠤᠷᠤᠠᠭᠤᠯᠠ ᠳᠠᠬᠢ ᠤᠷᠤᠰᠬᠠᠯ ᠤᠨ | ᠡᠷᠭᠢ ᠬᠠᠮᠠᠭᠠᠯᠠᠬᠤ ᠢᠨᠵᠧᠨᠧᠷᠢᠩ ᠢ ᠠᠮᠵᠢᠯᠲᠠᠲᠠᠢ ᠳᠠᠭᠤᠰᠬᠠᠪᠠ᠃ ᠨᠡᠶᠢᠲᠡ 4.4 ᠳ᠋ᠦᠩᠰᠢᠭᠤᠷ ᠲᠦᠭᠦᠷᠢᠭ ᠤᠨ | ᠪᠡᠯᠡ ᠤᠷᠤᠭᠤᠯᠤᠨ᠂ ᠬᠦᠳᠡᠭᠡ ᠲᠤᠰᠬᠤᠨ ᠤ ᠴᠠᠬᠢᠯᠭᠠᠨ ᠲᠤᠤᠷᠵᠢᠯ ᠢ ᠦᠭᠡᠷᠡᠴᠢᠯᠡᠨ ᠳᠡᠰ ᠳᠡᠪᠰᠢᠭᠦᠯᠬᠦ | ᠢᠨᠵᠧᠨᠧᠷᠢᠩ ᠢ 40 ᠲᠦᠷᠦᠯ ᠭᠡᠷᠡᠭᠵᠢᠭᠦᠯᠵᠦ᠂ ᠡᠯ᠎ᠡ ᠰᠤᠮᠤ ᠪᠠᠯᠭᠠᠰᠤ ᠭᠠᠴᠠᠭᠠᠨ ᠤ ᠲᠦᠪ ᠲᠤ ᠴᠠᠬᠢᠯᠭᠠᠨ ᠢ | ᠨᠡᠶᠢᠳᠡᠮ ᠨᠡᠪᠲᠡᠷᠡᠭᠦᠯᠵᠦ᠂ ᠮᠠᠽᠦ᠋ᠩᠱᠠᠨ ᠵᠡᠷᠭᠡ ᠬᠢᠵᠠᠭᠠᠷ ᠤᠷᠤᠨ ᠤ ᠮᠠᠯᠴᠢᠳ ᠲᠠᠷᠢᠶᠠᠴᠢᠳ ᠤᠨ ᠴᠢᠮᠡᠭᠡ | ᠬᠤᠯᠪᠤᠭ᠎ᠠ᠂ ᠵᠠᠮ ᠨᠡᠪᠲᠡᠷᠡᠭᠦᠯᠭᠡ᠂ ᠤᠤᠭᠤᠬᠤ ᠤᠰᠤ ᠵᠡᠷᠭᠡ ᠠᠮᠢᠳᠤᠷᠠᠯ ᠤᠨ ᠨᠦᠭᠦᠴᠡᠯ ᠢ ᠶᠡᠭᠡᠪᠡᠷ | ᠰᠠᠶᠢᠵᠢᠷᠠᠭᠤᠯᠵᠡᠢ᠃ | ︵ᠭᠤᠷᠪᠠ︶ ᠦᠭᠡᠷᠡᠴᠢᠯᠡᠯᠲᠡ ᠶᠢ ᠠᠳᠬᠤᠵᠤ ᠨᠡᠭᠡᠭᠡᠯᠲᠡ ᠶᠢ ᠠᠬᠢᠭᠤᠯᠬᠤ ᠪᠠᠨ ᠪᠠᠷᠢᠮᠲᠠᠯᠠᠨ᠂ | ᠬᠦᠭᠵᠢᠯᠲᠡ ᠶᠢᠨ ᠡᠷᠴᠢ ᠬᠦᠴᠦᠨ ᠮᠡᠳᠡᠭᠳᠡᠮ᠎ᠡ ᠴᠢᠩᠭᠠᠷᠠᠪᠠ | — — ᠦᠭᠡᠷᠡᠴᠢᠯᠡᠯᠲᠡ ᠰᠢᠨᠡᠴᠢᠯᠡᠯᠲᠡ ᠶᠢᠨ ᠦᠷ᠎ᠡ ᠪᠦᠲᠦᠮᠵᠢ ᠮᠡᠳᠡᠭᠳᠡᠮ᠎ᠡ᠃ ᠲᠠᠪᠤᠨ ᠵᠢᠯ ᠤᠨ | ᠲᠤᠷᠰᠢ᠂ ᠨᠡᠶᠢᠲᠡ 825 ᠲᠦᠷᠦᠯ ᠤᠨ ᠦᠭᠡᠷᠡᠴᠢᠯᠡᠯᠲᠡ ᠶᠢᠨ ᠡᠭᠦᠷᠭᠡ ᠶᠢ ᠡᠬᠢᠯᠡᠭᠦᠯᠦᠨ ᠬᠡᠷᠡᠭᠵᠢᠭᠦᠯᠵᠦ᠂ 578 | ᠲᠦᠷᠦᠯ ᠦᠭᠡᠷᠡᠴᠢᠯᠡᠯᠲᠡ ᠶᠢᠨ ᠦᠷ᠎ᠡ ᠪᠦᠲᠦᠮᠵᠢ ᠶᠢ ᠤᠯᠪᠠ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ | ᠴᠢᠨᠠᠷᠲᠠᠢ ᠦᠭᠡᠷᠡᠴᠢᠯᠡᠯᠲᠡ ᠶᠢ ᠶᠠᠪᠤᠭᠳᠠᠭᠤᠯᠵᠤ᠂ ︽ᠭᠤᠷᠪᠠ ᠶᠢ ᠪᠠᠭᠠᠰᠬᠠᠵᠤ ᠨᠢᠭᠡ ᠶᠢ ᠪᠠᠭᠤᠷᠠᠭᠤᠯᠤᠨ ᠨᠢᠭᠡ ᠶᠢ | ᠨᠦᠬᠦᠪᠦᠷᠢᠯᠡᠬᠦ︾ ᠠᠷᠭ᠎ᠠ ᠠᠪᠴᠠᠯ ᠦᠷ᠎ᠡ ᠪᠦᠲᠦᠮᠵᠢ ᠪᠠᠷ ᠢᠯᠡᠷᠬᠡᠢ ᠪᠠᠶᠢᠵᠤ᠂ ᠨᠡᠶᠢᠲᠡ 10.4 ᠲᠦᠮᠡᠨ ᠺᠦᠸᠠᠳ᠋ | ᠮᠧᠲᠷ ᠤᠨ 824 ᠢᠵᠢ ᠦᠯᠡᠭᠦᠳᠡᠮᠡᠯ ᠬᠤᠳᠠᠯᠳᠤᠭᠠᠨ ᠤ ᠭᠡᠷ ᠪᠠᠶᠢᠰᠢᠩ ᠢ ᠠᠰᠢᠭᠯᠠᠯᠲᠠ ᠳᠤ ᠤᠷᠤᠭᠤᠯᠪᠠ᠃ | ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠳᠦᠷᠢᠮ ᠤᠨ ᠦᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ | ᠵᠠᠰᠠᠭ ᠤᠨ ᠶᠠᠪᠤᠳᠠᠯ ᠤᠨ ︽ᠨᠢᠭᠡ ᠦᠷᠲᠡᠭᠡᠲᠦ︾ ᠦᠢᠯᠡᠴᠢᠯᠡᠭᠡᠨ ᠤ ᠲᠦᠪ ᠤᠨ ᠴᠢᠳᠠᠮᠵᠢ ᠶᠢ ᠭᠦᠢᠴᠡᠳ | ᠪᠠᠳᠠᠷᠠᠭᠤᠯᠤᠨ᠂ ᠠᠷᠠᠳ ᠲᠦᠮᠡᠨ ᠤ ᠬᠡᠷᠡᠭᠯᠡᠭᠡᠨ ᠳᠤ ᠤᠯᠠᠨ ᠳᠦᠭᠦᠮ ᠦᠵᠡᠭᠦᠯᠪᠡ᠃ ︽ᠤᠯᠠᠨ ᠦᠨᠡᠮᠯᠡᠯ ᠢ | ᠨᠢᠭᠡᠳᠦᠭᠦᠯᠬᠦ︾᠂ ︽ᠨᠢᠭᠡ ᠦᠨᠡᠮᠯᠡᠯ ᠨᠢᠭᠡ ᠨᠤᠮᠧᠷ︾ ᠦᠢᠯᠡᠳᠪᠦᠷᠢ ᠬᠤᠳᠠᠯᠳᠤᠭᠠᠨ ᠤ ᠬᠡᠷᠡᠭ ᠤᠨ ᠳᠦᠷᠢᠮ ᠢ | ᠦᠷᠭᠦᠯᠵᠢᠯᠡᠨ ᠭᠦᠨᠵᠡᠭᠡᠶᠢᠷᠡᠭᠦᠯᠦᠨ ᠦᠭᠡᠷᠡᠴᠢᠯᠡᠵᠦ᠂ ᠵᠠᠰᠠᠭ ᠤᠨ ᠤᠷᠳᠤᠨ ᠤ ᠪᠡᠯᠡ ᠤᠷᠤᠭᠤᠯᠵᠤ ᠪᠡᠯᠡ | ᠨᠡᠶᠢᠯᠡᠭᠦᠯᠬᠦ ᠳᠠᠪᠴᠠᠩ ᠤᠨ ᠬᠡᠪ ᠤᠨ ᠡᠷᠬᠢᠯᠲᠡ ᠶᠢ ᠪᠠᠲᠤᠯᠠᠨ᠂ ᠵᠠᠬ᠎ᠠ ᠳᠡᠯᠭᠡᠭᠦᠷ ᠤᠨ ᠪᠡᠶᠡᠴᠢ ᠴᠤᠭᠴᠠ ᠪᠤᠯᠤᠨ | ᠰᠢᠨ᠎ᠡ ᠶᠢ ᠡᠭᠦᠳᠴᠦ ᠦᠢᠯᠡᠰ ᠪᠤᠰᠬᠠᠬᠤ ᠠᠮᠢᠵᠢᠷᠠᠯ ᠤᠨ ᠬᠦᠴᠦᠨ ᠢ ᠢᠯᠡᠷᠬᠡᠢ ᠴᠢᠩᠭᠠᠷᠠᠭᠤᠯᠪᠠ᠃ ᠲᠤᠭᠲᠠᠮᠠᠯ | ᠬᠦᠷᠦᠩᠭᠡ ᠶᠢ ᠨᠢᠭᠡᠳᠦᠯᠲᠡᠢ ᠳᠠᠩᠰᠠᠯᠠᠬᠤ᠂ ᠬᠢᠨᠠᠨ ᠪᠠᠶᠢᠴᠠᠭᠠᠬᠤ ᠪᠠᠶᠢᠭᠤᠯᠤᠮᠵᠢ ᠶᠢ ᠲᠤᠮᠢᠯᠠᠬᠤ᠂ ᠠᠯᠪᠠᠨ | ᠪᠠᠶᠢᠭᠤᠯᠤᠯᠭ᠎ᠠ ᠨᠢᠭᠡᠴᠡ ᠶᠢᠨ ᠨᠠᠰᠤᠵᠢᠯ ᠤᠨ ᠳᠠᠭᠠᠳᠬᠠᠯ ᠠᠪᠬᠤ᠂ ᠠᠯᠪᠠᠨ ᠳᠡᠷᠭᠡ ᠶᠢ ᠬᠡᠷᠡᠭᠯᠡᠬᠦ ᠵᠡᠷᠭᠡ | ᠦᠭᠡᠷᠡᠴᠢᠯᠡᠯᠲᠡ ᠶᠢᠨ ᠠᠵᠢᠯ ᠢ ᠭᠦᠢᠴᠡᠳ ᠲᠣᠣᠱᠯᠠᠭᠤᠯᠵᠤ᠂ ᠮᠠᠯᠵᠢᠬᠤ ᠲᠠᠷᠢᠶᠠᠯᠠᠬᠤ ᠤᠷᠤᠨ᠂ ᠡᠳ᠋ ᠤᠨ ᠵᠠᠰᠠᠭ | ᠭᠠᠶᠢᠯᠢ ᠲᠠᠲᠠᠪᠦᠷᠢ ᠶᠢᠨ ᠪᠠᠶᠢᠭᠤᠯᠤᠯ ᠵᠡᠷᠬᠡ ᠭᠤᠤᠯᠳᠠᠯᠭᠠᠲᠤ ᠴᠠᠷ᠎ᠠ ᠬᠦᠷᠢᠶᠠᠨ ᠤ ᠦᠭᠡᠷᠡᠴᠢᠯᠡᠯᠲᠡ ᠱᠠᠲᠤᠴᠢ | ᠴᠢᠨᠠᠷᠲᠠᠢ ᠦᠷ᠎ᠡ ᠪᠦᠲᠦᠮᠵᠢ ᠶᠢ ᠤᠯᠵᠤ᠂ ᠦᠭᠡᠷᠡᠴᠢᠯᠡᠯᠲᠡ ᠶᠢᠨ ᠠᠰᠢᠭ ᠤᠯᠵᠠᠪᠤᠷᠢ ᠨᠢ ᠠᠭᠠᠵᠢᠮ ᠢᠶᠠᠷ | ᠬᠦᠭᠵᠢᠯᠲᠡ ᠶᠢᠨ ᠰᠢᠨ᠎ᠡ ᠬᠦᠳᠡᠯᠭᠡᠬᠦ ᠬᠦᠴᠦᠨ ᠪᠤᠯᠤᠨ ᠬᠤᠪᠢᠷᠠᠵᠡᠢ᠃ | — — ᠭᠠᠳᠠᠭᠰᠢ ᠨᠡᠭᠡᠭᠡᠯᠲᠡ ᠶᠢᠨ ᠠᠯᠬᠤᠴᠠ ᠲᠦᠷᠭᠡᠰᠪᠡ᠃ ᠲᠠᠪᠤᠨ ᠵᠢᠯ ᠤᠨ ᠬᠤᠭᠤᠴᠠᠭᠠᠨ ᠳᠤ | ᠂ ᠨᠡᠶᠢᠲᠡ 20 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠤᠨ᠂ ᠴᠡᠭᠡ ᠪᠤᠭᠤᠮᠲᠠ ᠶᠢᠨ ᠤᠰᠤ᠂ ᠴᠠᠬᠢᠯᠭᠠᠨ᠂ | ᠵᠠᠮ ᠨᠡᠪᠲᠡᠷᠡᠭᠦᠯᠭᠡ᠂ ᠴᠢᠮᠡᠭᠡ ᠬᠤᠯᠪᠤᠭ᠎ᠠ ᠵᠡᠷᠭᠡ ᠰᠠᠭᠤᠷᠢ ᠲᠦᠭᠦᠭᠡᠷᠦᠮᠵᠢ ᠶᠢ ᠲᠡᠭᠦᠯᠳᠡᠷᠵᠢᠭᠦᠯᠵᠦ᠂ ︽ᠳᠦᠷᠪᠡ | ᠤᠷᠤᠵᠤ ᠳᠦᠷᠪᠡ ᠭᠠᠷᠬᠤ︾ ᠡᠳ᠋ ᠪᠠᠷᠠᠭᠠᠨ ᠤ ᠨᠡᠪᠲᠡᠷᠡᠯᠴᠡᠭᠡᠨ ᠤ ᠰᠤᠪᠠᠭ᠂ ᠳᠤᠮᠳᠠᠳᠤ ᠮᠤᠩᠭᠤᠯ ᠤᠨ ᠬᠢᠯᠢ ᠶᠢᠨ | ᠬᠤᠳᠠᠯᠳᠤᠭᠠᠨ ᠤ ᠵᠠᠬ᠎ᠠ᠂ ᠵᠠᠰᠠᠮᠠᠯ ᠵᠠᠮ ᠲᠡᠮᠦᠷ ᠵᠠᠮ ᠤᠨ ᠰᠤᠯᠪᠢᠴᠠᠯ ᠵᠡᠷᠭᠡ ᠲᠦᠷᠦᠯ ᠵᠦᠢᠯ ᠢ ᠪᠠᠶᠢᠭᠤᠯᠤᠨ | ᠠᠰᠢᠭᠯᠠᠯᠲᠠ ᠳᠤ ᠤᠷᠤᠭᠤᠯᠵᠤ᠂ ᠴᠡᠭᠡ ᠪᠤᠭᠤᠮᠲᠠ ᠶᠢᠨ ᠲᠡᠮᠦᠷ ᠵᠠᠮ ᠵᠢᠴᠢ ᠤᠯᠤᠰ ᠤᠨ ᠳᠤᠲᠤᠭᠠᠳᠤᠭᠢ | ᠠᠩᠬᠠᠳᠠᠭᠴᠢ ᠬᠢᠯᠢ ᠠᠯᠤᠰᠯᠠᠭᠰᠠᠨ ᠲᠡᠮᠦᠷ ᠵᠠᠮ ᠢ ᠡᠬᠢᠯᠡᠨ ᠪᠠᠶᠢᠭᠤᠯᠵᠤ᠂ ᠴᠡᠭᠡ ᠪᠤᠭᠤᠮᠲᠠ ᠨᠢ ᠮᠠᠨ ᠤ ᠤᠯᠤᠰ | ᠠᠴᠠ ᠮᠤᠩᠭᠤᠯ ᠳᠤ ᠬᠠᠨᠳᠤᠭᠤᠯᠤᠭᠰᠠᠨ ᠮᠢᠬᠠᠨ ᠲᠦᠷᠦᠯ ᠢ ᠤᠷᠤᠭᠤᠯᠬᠤ ᠲᠤᠭᠲᠠᠮᠠᠯ ᠪᠤᠭᠤᠮᠲᠠ ᠪᠠᠷ | ᠲᠤᠭᠲᠠᠭᠠᠭᠳᠠᠵᠤ᠂ ᠤᠯᠠᠨ ᠤᠯᠤᠰ ᠤᠨ ᠴᠢᠨᠠᠷᠲᠠᠢ ᠪᠤᠭᠤᠮᠲᠠ ᠪᠠᠷ ᠳᠡᠰ ᠳᠡᠪᠰᠢᠭᠦᠯᠬᠦ ᠪᠠ ᠦᠪᠡᠷᠲᠡᠭᠡᠨ ᠵᠠᠰᠠᠬᠤ | ᠤᠷᠤᠨ ᠤ ᠭᠤᠤᠯᠳᠠᠯᠭ᠎ᠠ ᠲᠠᠢ ᠪᠠᠷ ᠨᠡᠭᠡᠭᠡᠨ ᠠᠰᠢᠭᠯᠠᠬᠤ ᠲᠤᠷᠰᠢᠯᠲᠠ ᠶᠢᠨ ᠤᠷᠤᠨ ᠪᠠᠷ ᠪᠦᠲᠦᠭᠡᠨ ᠪᠠᠶᠢᠭᠤᠯᠬᠤ | ᠠᠵᠢᠯ ᠢ ᠰᠢᠮᠳᠠᠨ ᠠᠬᠢᠭᠤᠯᠪᠠ᠃ ᠪᠤᠭᠤᠮᠲᠠ ᠶᠢᠨ ᠰᠤᠯᠢᠯᠴᠠᠭᠠᠨ ᠤ ᠨᠤᠷᠮ᠎ᠠ ᠢᠯᠡᠷᠬᠡᠢ ᠳᠡᠭᠡᠭᠰᠢᠯᠡᠨ᠂ ᠬᠢᠯᠢ ᠪᠠᠷ | ᠤᠷᠤᠵᠤ ᠭᠠᠷᠤᠭᠰᠠᠨ ᠪᠠᠷᠠᠭ᠎ᠠ ᠲᠠᠸᠠᠷ ᠨᠡᠶᠢᠲᠡ 4770.8 ᠲᠦᠮᠡᠨ ᠲᠤᠨ᠂ ᠠᠷᠠᠯᠵᠢᠶ᠎ᠠ ᠬᠤᠳᠠᠯᠳᠤᠭᠠᠨ ᠤ | ᠶᠡᠷᠦᠩᠬᠡᠢ ᠦᠷᠳᠡᠭ 16 ᠳ᠋ᠦᠩᠰᠢᠭᠤᠷ ᠳ᠋ᠣᠯᠯᠠᠷ ᠪᠠᠶᠢᠵᠤ᠂ ᠲᠤᠰᠪᠦᠷᠢ 2012 ᠤᠨ ᠤ 5.3 ᠳᠠᠬᠢᠨ ᠪᠠ 2.7 | ᠳᠠᠬᠢᠨ ᠳᠤ ᠬᠦᠷᠦᠭᠰᠡᠨ ᠪᠠᠶᠢᠨ᠎ᠠ᠃ ᠭᠠᠳᠠᠭᠠᠲᠤ ᠲᠠᠢ ᠬᠠᠮᠲᠤᠷᠠᠨ ᠠᠵᠢᠯᠯᠠᠬᠤ ᠬᠦᠴᠦᠯᠡᠴᠡ ᠪᠠᠨ ᠲᠠᠰᠤᠷᠠᠯᠲᠠ | ᠦᠭᠡᠢ ᠳᠡᠭᠡᠭᠰᠢᠯᠡᠭᠦᠯᠦᠨ᠂ ᠡᠵᠡᠨ᠎ᠡ ᠠᠴᠠ ᠮᠤᠩᠭᠤᠯ ᠤᠯᠤᠰ ᠤᠨ ᠭᠤᠷᠪᠠᠨᠳᠡᠰ ᠰᠤᠮᠤ ᠬᠦᠷᠲᠡᠯᠡᠬᠢ ᠤᠯᠠᠨ ᠤᠯᠤᠰ | ᠤᠨ ᠠᠶᠠᠨᠴᠢᠨ ᠤ ᠮᠠᠰᠢᠨ ᠢ ᠨᠡᠪᠲᠡᠷᠡᠭᠦᠯᠵᠦ᠂ ᠮᠤᠩᠭᠤᠯ ᠤᠯᠤᠰ ᠲᠠᠢ ᠰᠤᠷᠭᠠᠨ ᠬᠦᠮᠦᠵᠢᠯ᠂ ᠡᠷᠡᠭᠦᠯ ᠬᠠᠮᠠᠭᠠᠯᠠᠯ | ᠵᠡᠷᠭᠡ ᠦᠷᠭᠡᠨ ᠴᠠᠷ᠎ᠠ ᠬᠦᠷᠢᠶᠠᠨ ᠳᠠᠬᠢ ᠬᠠᠮᠲᠤᠷᠠᠯᠴᠠᠭ᠎ᠠ ᠶᠢ ᠡᠳᠦᠷ ᠢᠷᠡᠬᠦᠶ᠎ᠡ ᠡᠷᠴᠢᠮᠵᠢᠭᠦᠯᠪᠡ᠃ ᠤᠯᠤᠰ ᠤᠨ ︽ | ᠨᠢᠭᠡ ᠪᠦᠰᠡ ᠨᠢᠭᠡ ᠵᠠᠮ︾ ᠤᠨ ᠬᠦᠭᠵᠢᠯᠲᠡ ᠶᠢᠨ ᠪᠠᠶᠢᠯᠳᠦᠬᠤ ᠪᠤᠳᠤᠯᠭ᠎ᠠ ᠶᠢ ᠢᠳᠡᠪᠬᠢᠲᠠᠢ ᠲᠤᠤᠱᠯᠠᠭᠤᠯᠵᠤ᠂ | ᠱᠠᠨᠰᠢ᠂ ᠭᠠᠨᠰᠦ᠂ ᠨᠢᠩᠰᠢᠶᠠ᠂ ᠬᠦᠬᠡᠨᠠᠭᠤᠷ ᠵᠡᠷᠭᠡ ᠬᠦᠷᠰᠢ ᠮᠤᠵᠢ ᠤᠷᠤᠨ ᠲᠠᠢ ᠡᠬᠢ ᠪᠠᠶᠠᠯᠢᠭ ᠢᠶᠠᠨ ᠬᠠᠮᠳᠦᠪᠠᠷ | ᠡᠳ᠋ᠯᠡᠬᠦ᠂ ᠳᠠᠪᠠᠭᠤᠯᠢᠭ ᠢᠶᠠᠨ ᠬᠠᠷᠢᠯᠴᠠᠨ ᠨᠦᠬᠦᠪᠦᠷᠢᠯᠡᠬᠦ ᠵᠡᠷᠭᠡ ᠲᠠᠯ᠎ᠠ ᠪᠠᠷ ᠰᠤᠯᠢᠯᠴᠠᠭ᠎ᠠ ᠬᠠᠮᠳᠤᠷᠠᠯᠴᠠᠭ᠎ᠠ ᠪᠠᠨ | ᠴᠢᠩᠭᠠᠳᠬᠠᠨ᠂ ᠤᠯᠠᠨ ᠡᠰᠢᠴᠢᠯᠡᠭᠰᠡᠨ ᠬᠦᠭᠵᠢᠯᠲᠡ ᠶᠢ ᠪᠡᠶᠡᠯᠡᠭᠦᠯᠪᠡ᠃ ᠠᠷᠠᠯᠵᠢᠶᠠᠴᠢᠨ ᠤᠷᠢᠵᠤ ᠪᠡᠯᠡ | ᠤᠷᠤᠭᠤᠯᠬᠤ ᠠᠵᠢᠯ ᠰᠢᠨ᠎ᠡ ᠦᠷ᠎ᠡ ᠪᠦᠲᠦᠮᠵᠢ ᠤᠯᠵᠤ᠂ 79.7 ᠳ᠋ᠦᠩᠰᠢᠭᠤᠷ ᠲᠦᠭᠦᠷᠢᠭ ᠤᠨ ᠪᠡᠯᠡ ᠮᠦᠩᠭᠦ ᠶᠢ | ᠬᠡᠷᠡᠭᠯᠡᠭᠡᠨ ᠳᠤ ᠤᠷᠤᠭᠤᠯᠤᠨ᠂ 34 ᠲᠦᠷᠦᠯ ᠵᠦᠢᠯ ᠢ ᠬᠡᠷᠡᠭᠵᠢᠬᠦᠯᠦᠭᠰᠡᠨ ᠪᠠᠶᠢᠨ᠎ᠠ᠃ | ︵ᠳᠦᠷᠪᠡ︶ ᠪᠠᠲᠤᠯᠠᠭ᠎ᠠ ᠶᠢ ᠴᠢᠩᠭᠠᠳᠬᠠᠵᠤ᠂ ᠠᠷᠠᠳ ᠲᠤ ᠠᠰᠢᠭ ᠬᠦᠷᠲᠡᠭᠡᠬᠦ ᠶᠢ ᠪᠠᠷᠢᠮᠲᠠᠯᠠᠨ᠂ | ᠠᠷᠠᠳ ᠲᠦᠮᠡᠨ ᠤ ᠠᠮᠢᠳᠤᠷᠠᠯ ᠤᠨ ᠶᠠᠰᠤ ᠴᠢᠨᠠᠷ ᠲᠠᠰᠤᠷᠠᠯᠲᠠ ᠦᠭᠡᠢ ᠰᠠᠶᠢᠵᠢᠷᠠᠪᠠ | — — ᠠᠷᠠᠳ ᠤᠨ ᠠᠮᠢᠳᠤᠷᠠᠯ ᠤᠨ ᠪᠠᠲᠤᠯᠠᠭ᠎ᠠ ᠤᠯᠠᠮ ᠢᠶᠠᠷ ᠴᠢᠩᠭᠠᠷᠠᠪᠠ᠃ ᠲᠠᠪᠤᠨ ᠵᠢᠯ ᠤᠨ | ᠲᠤᠷᠰᠢ᠂ ᠪᠦᠬᠦ ᠬᠤᠰᠢᠭᠤᠨ ᠤ ᠠᠷᠠᠳ ᠤᠨ ᠠᠮᠢᠳᠤᠷᠠᠯ ᠤᠨ ᠴᠠᠷ᠎ᠠ ᠬᠦᠷᠢᠶᠡᠨ ᠳᠤ ᠨᠡᠶᠢᠲᠡ 44.4 ᠳ᠋ᠦᠩᠰᠢᠭᠤᠷ | ᠲᠦᠭᠦᠷᠢᠭ ᠢ ᠵᠠᠷᠤᠴᠠᠭᠤᠯᠵᠤ᠂ ᠤᠯᠠᠨ ᠨᠡᠶᠢᠲᠡ ᠶᠢᠨ ᠡᠳ᠋ ᠤᠨ ᠵᠠᠰᠠᠭ ᠤᠨ ᠵᠠᠷᠤᠯᠭ᠎ᠠ ᠶᠢᠨ ᠲᠦᠰᠦᠪ ᠤᠨ 72. | 9% ᠶᠢ ᠡᠵᠡᠯᠡᠭᠰᠡᠨ ᠪᠠᠶᠢᠨ᠎ᠠ᠃ ᠦᠢᠯᠡᠰ ᠪᠤᠰᠬᠠᠬᠤ ᠪᠠᠷ ᠠᠵᠢᠯ ᠤᠯᠭᠤᠬᠤ ᠶᠢ ᠳᠠᠶᠢᠴᠢᠯᠠᠬᠤ ᠪᠠᠨ ᠪᠠᠷᠢᠮᠲᠠᠯᠠᠨ᠂ | ᠨᠡᠶᠢᠲᠡ 2810 ᠬᠦᠮᠦᠨ ᠳᠤ ᠰᠢᠨ᠎ᠡ ᠪᠠᠷ ᠠᠵᠢᠯ ᠤᠯᠭᠤᠵᠤ᠂ ᠠᠵᠢᠯ ᠠᠯᠳᠠᠬᠤ ᠨᠤᠷᠮ᠎ᠠ ᠶᠢ 1.7% ᠳᠤᠲᠤᠷ᠎ᠠ | ᠬᠢᠵᠠᠭᠠᠷᠯᠠᠵᠤ ᠴᠢᠳᠠᠪᠠ᠃ ᠤᠨᠤᠪᠴᠢᠲᠠᠢ ᠪᠠᠷ ᠶᠠᠳᠠᠭᠤ ᠶᠢ ᠳᠡᠳᠭᠦᠬᠦ ᠠᠵᠢᠯ ᠯᠠᠪᠳᠠᠭᠤᠨ ᠠᠬᠢᠵᠤ᠂ ᠤᠷᠤᠨ ᠤ ᠳᠡᠰ | ᠤᠨ ᠶᠠᠳᠠᠭᠤ ᠬᠦᠴᠢᠷᠳᠡᠯᠲᠡᠢ ᠬᠤᠶᠠᠷ ᠭᠠᠴᠠᠭ᠎ᠠ ᠪᠤᠯᠤᠨ ᠺᠠᠷᠲᠯᠠᠵᠤ ᠳᠠᠩᠰᠠᠯᠠᠭᠰᠠᠨ ᠶᠠᠳᠠᠭᠤ ᠬᠦᠴᠢᠷᠳᠡᠯᠲᠡᠢ 342 | ᠡᠷᠦᠬᠡ ᠶᠢᠨ 804 ᠬᠦᠮᠦᠨ ᠢ ᠪᠦᠬᠦ ᠲᠠᠯ᠎ᠠ ᠪᠠᠷ ᠶᠠᠳᠠᠭᠤ ᠠᠴᠠ ᠠᠩᠭᠢᠵᠢᠷᠠᠭᠤᠯᠤᠨ᠂ ᠬᠦᠳᠡᠯᠦᠩᠭᠦᠢ ᠬᠠᠮᠢᠶᠠᠷᠤᠯᠲᠠ | ᠶᠢ ᠶᠠᠪᠤᠭᠤᠯᠤᠭᠰᠠᠨ ᠪᠦᠭᠡᠳ ᠶᠠᠳᠠᠭᠤ ᠬᠦᠴᠢᠷᠳᠡᠯᠲᠡᠢ ᠬᠦᠮᠦᠨ ᠠᠮᠠ ᠰᠢᠨ᠎ᠡ ᠪᠠᠷ ᠨᠡᠮᠡᠭᠳᠡᠭᠰᠡᠨ ᠦᠭᠡᠢ ᠪᠠᠶᠢᠨ᠎ᠠ᠃ | ᠨᠡᠶᠢᠭᠡᠮ ᠤᠨ ᠪᠠᠲᠤᠯᠠᠭᠠᠨ ᠤ ᠰᠢᠰᠲ᠋ᠧᠮ ᠲᠠᠰᠤᠷᠠᠯᠲᠠ ᠦᠭᠡᠢ ᠲᠡᠭᠦᠯᠳᠡᠷᠵᠢᠵᠦ᠂ ᠪᠠᠲᠤᠯᠠᠭ᠎ᠠ ᠤᠯᠭᠤᠬᠤ ᠶᠤᠰᠤᠲᠠᠢ | ᠪᠤᠯᠭᠠᠨ ᠳᠤᠨᠢ ᠪᠠᠲᠤᠯᠠᠭ᠎ᠠ ᠬᠠᠩᠭᠠᠵᠤ᠂ ᠬᠤᠲᠠ ᠬᠦᠳᠡᠭᠡᠨ ᠤ ᠬᠠᠮᠤᠭ ᠳᠤᠤᠷ᠎ᠠ ᠠᠮᠢᠳᠤᠷᠠᠯ ᠤᠨ ᠪᠠᠲᠤᠯᠠᠭᠠᠨ ᠤ | ᠪᠠᠷᠢᠮᠵᠢᠶ᠎ᠠ ᠶᠢ ᠦᠷᠭᠦᠯᠵᠢᠯᠡᠨ ᠲᠠᠪᠤᠨ ᠵᠢᠯ ᠳᠡᠭᠡᠭᠰᠢᠯᠡᠭᠦᠯᠪᠡ︔ ᠠᠪᠤᠷᠠᠨ ᠲᠤᠰᠠᠯᠠᠬᠤ ᠲᠤᠭᠲᠠᠯᠴᠠᠭ᠎ᠠ ᠨᠢ ᠳᠤᠤᠷ᠎ᠠ | ᠪᠠᠲᠤᠯᠠᠭᠠᠨ ᠤ ᠬᠢᠷᠢ ᠲᠦᠪᠰᠢᠨ ᠢ ᠦᠨᠳᠦᠷᠵᠢᠭᠦᠯᠵᠦ᠂ ᠪᠠᠴᠢᠮ ᠬᠦᠴᠢᠷᠳᠡᠯᠳᠡᠢ ᠳᠤ ᠲᠤᠰᠠᠯᠠᠨ᠂ | ᠦᠷᠭᠦᠯᠵᠢᠯᠡᠬᠦᠶᠢᠴᠡ ᠪᠠᠶᠢᠳᠠᠯ ᠢ ᠪᠠᠶᠡᠯᠡᠭᠦᠯᠪᠡ᠃ ᠪᠠᠲᠤᠯᠠᠪᠤᠷᠢ ᠶᠢᠨ ᠴᠢᠨᠠᠷᠲᠠᠢ ᠤᠷᠤᠨ ᠰᠠᠭᠤᠴᠠ ᠨᠡᠶᠢᠲᠡ 540 | ᠢᠵᠢ ᠶᠢ ᠪᠠᠶᠢᠭᠤᠯᠤᠨ᠂ ᠬᠤᠲᠠ ᠪᠠᠯᠭᠠᠰᠤᠨ ᠤ ᠤᠷᠤᠨ ᠰᠠᠭᠤᠴᠠ ᠪᠠᠷ ᠬᠦᠴᠢᠷᠳᠡᠯᠲᠡᠢ ᠪᠠᠶᠢᠭ᠎ᠠ ᠭᠡᠷ ᠪᠦᠯᠢ ᠳᠤ | ᠪᠠᠲᠤᠯᠠᠪᠤᠷᠢ ᠶᠢᠨ ᠴᠢᠨᠠᠷᠲᠠᠢ ᠤᠷᠤᠨ ᠰᠠᠭᠤᠴᠠ ᠬᠠᠩᠭᠠᠵᠤ᠂ ᠡᠨᠡᠬᠦ ᠠᠵᠢᠯᠯᠠᠭ᠎ᠠ ᠪᠠᠨ ᠠᠭᠠᠵᠢᠮ ᠢᠶᠠᠷ ᠮᠠᠯᠴᠢᠳ | ᠲᠠᠷᠢᠶᠠᠴᠢᠳ ᠤᠨ ᠭᠡᠷ ᠪᠦᠯᠢ ᠳᠤ ᠴᠦ ᠬᠠᠨᠳᠤᠭᠤᠯᠤᠭᠰᠠᠨ ᠪᠠᠶᠢᠨ᠎ᠠ᠃ ᠶᠡᠷᠦᠩᠬᠡᠢ ᠠᠰᠠᠷᠠᠮᠵᠢ ᠶᠢᠨ ᠲᠦᠪ᠂ | ᠨᠠᠰᠤᠲᠠᠶᠢᠴᠤᠤᠯ ᠤᠨ ᠬᠦᠳᠡᠯᠭᠡᠭᠡᠨ ᠤ ᠲᠦᠪ᠂ ᠵᠡᠮᠳᠡᠭᠴᠦᠦᠯ ᠤᠨ ᠡᠷᠡᠭᠦᠯᠵᠢᠯ ᠤᠨ ᠲᠦᠪ ᠵᠡᠷᠭᠡ ᠶᠢ ᠪᠠᠶᠢᠭᠤᠯᠤᠨ | ᠬᠡᠷᠡᠭᠯᠡᠭᠡᠨ ᠳᠤ ᠤᠷᠤᠭᠤᠯᠵᠤ᠂ ᠨᠡᠶᠢᠭᠡᠮ ᠲᠤᠭᠤᠷᠢᠭ ᠠᠴᠠ ᠡᠳᠦᠷ ᠢᠶᠠᠷ ᠠᠰᠠᠷᠠᠵᠤ ᠬᠠᠷᠠᠭᠠᠯᠵᠠᠬᠤ᠂ ᠨᠡᠶᠢᠭᠡᠮ ᠠᠴᠠ | ᠲᠦᠪᠯᠡᠷᠡᠭᠦᠯᠦᠨ ᠠᠰᠠᠷᠠᠨ ᠬᠠᠷᠠᠭᠠᠯᠵᠠᠬᠤ ᠵᠡᠷᠭᠡ ᠨᠠᠰᠤᠲᠠᠳ ᠢ ᠠᠰᠠᠷᠠᠬᠤ ᠠᠵᠢᠯ ᠤᠨ ᠰᠢᠰᠲ᠋ᠧᠮ ᠢ ᠲᠠᠰᠤᠷᠠᠯᠲᠠ | ᠦᠭᠡᠢ ᠲᠡᠭᠦᠯᠳᠡᠷᠵᠢᠭᠦᠯᠪᠡ᠃ | — — ᠨᠡᠶᠢᠭᠡᠮ ᠤᠨ ᠦᠢᠯᠡᠰ ᠪᠦᠬᠦ ᠲᠠᠯ᠎ᠠ ᠪᠠᠷ ᠳᠠᠪᠰᠢᠪᠠ᠃ ᠲᠠᠪᠤᠨ ᠵᠢᠯ ᠤᠨ ᠲᠤᠷᠰᠢ᠂ ᠨᠡᠶᠢᠲᠡ | 9500 ᠲᠦᠮᠡᠨ ᠲᠦᠭᠦᠷᠢᠭ ᠤᠨ ᠪᠡᠯᠡ ᠤᠷᠤᠭᠤᠯᠤᠨ᠂ ᠰᠤᠷᠭᠠᠭᠤᠯᠢ ᠶᠢᠨ ᠬᠦᠷᠢᠶ᠎ᠡ ᠶᠢ ᠦᠭᠡᠷᠡᠴᠢᠯᠡᠨ ᠵᠠᠰᠠᠵᠤ᠂ | ᠭᠤᠶᠤ ᠦᠵᠡᠰᠭᠦᠯᠡᠩᠲᠡᠢ ᠪᠤᠯᠭᠠᠨ ᠴᠣᠭᠴᠠᠯᠠᠵᠤ᠂ ᠡᠵᠡᠨ᠎ᠡ ᠬᠤᠰᠢᠭᠤᠨ ᠤ ᠬᠦᠯ ᠪᠦᠮᠪᠦᠭᠡᠨ ᠤᠷᠳᠤᠨ᠂ ᠪᠦᠬᠦ | ᠠᠷᠠᠳ ᠪᠠᠷ ᠪᠡᠶ᠎ᠡ ᠴᠢᠬᠢᠷᠠᠭᠵᠢᠭᠤᠯᠬᠤ ᠠᠭᠤᠳᠠᠮ ᠲᠠᠯᠠᠪᠠᠢ ᠪᠤᠯᠤᠨ ᠴᠡᠭᠡ ᠪᠤᠭᠤᠮᠲᠠ ᠶᠢᠨ ᠤᠯᠠᠨ ᠤᠯᠤᠰ ᠤᠨ | ᠬᠡᠦᠭᠡᠳ ᠤᠨ ᠴᠡᠴᠡᠷᠯᠢᠭ ᠢ ᠪᠠᠶᠢᠭᠤᠯᠤᠨ ᠠᠰᠢᠭᠯᠠᠯᠲᠠ ᠳᠤ ᠤᠷᠤᠭᠤᠯᠵᠤ᠂ ᠰᠤᠷᠭᠠᠭᠤᠯᠢ ᠡᠷᠬᠢᠯᠡᠬᠦ ᠨᠦᠬᠦᠴᠡᠯ | ᠪᠤᠯᠤᠨ ᠲᠠᠮᠢᠷ ᠰᠫᠤᠷᠲ ᠤᠨ ᠲᠦᠬᠦᠭᠡᠷᠦᠮᠵᠢ ᠢᠯᠡᠷᠭᠡᠢ ᠰᠠᠶᠢᠵᠢᠷᠠᠪᠠ᠃ ᠨᠡᠶᠢᠲᠡ 525 ᠲᠦᠮᠡᠨ ᠲᠦᠭᠦᠷᠢᠭ ᠤᠨ | ᠪᠡᠯᠡ ᠤᠷᠤᠭᠤᠯᠤᠨ᠂ ᠳᠤᠮᠳᠠᠳᠤ ᠪᠠᠭ᠎ᠠ ᠰᠤᠷᠭᠠᠭᠤᠯᠢ ᠶᠢᠨ ᠦᠷᠯᠦᠭᠡᠨ ᠤ ᠬᠤᠭᠤᠯᠠ ᠶᠢᠨ ᠲᠦᠯᠦᠪᠯᠡᠭᠡ ᠶᠢ ᠪᠦᠬᠦ | ᠲᠠᠯ᠎ᠠ ᠪᠠᠷ ᠬᠡᠷᠡᠭᠵᠢᠭᠦᠯᠵᠦ᠂ ᠰᠤᠷᠤᠭᠴᠢᠳ ᠤᠨ ᠡᠷᠡᠭᠦᠯ ᠡᠩᠬᠡ ᠦᠰᠦᠨ ᠪᠦᠢᠵᠢᠯᠲᠡ ᠶᠢ ᠠᠬᠢᠭᠤᠯᠪᠠ᠃ ᠪᠠᠭᠰᠢ | ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ 40 ᠪᠠᠭᠰᠢ ᠶᠢ ᠡᠯᠰᠡᠨ ᠬᠡᠷᠡᠭᠯᠡᠵᠦ᠂ ᠪᠠᠭᠰᠢ ᠠᠵᠢᠯᠲᠠᠨ ᠤ | ᠬᠦᠯᠦᠰᠦ ᠤᠯᠭᠤᠮᠵᠢ ᠶᠢ ᠶᠡᠭᠡᠪᠡᠷ ᠳᠡᠭᠡᠭᠰᠢᠯᠡᠭᠦᠯᠦᠨ᠂ ᠤᠯᠤᠰ ᠤᠨ ᠠᠯᠪᠠᠨ ᠵᠢᠷᠤᠮ ᠤᠨ ᠰᠤᠷᠭᠠᠨ ᠬᠦᠮᠦᠵᠢᠯ ᠤᠨ | ᠬᠦᠭᠵᠢᠯᠲᠡ ᠶᠢ ᠦᠨᠳᠦᠰᠦᠨ ᠳᠡᠭᠡᠨ ᠲᠡᠩᠴᠡᠭᠦᠷᠢᠰᠢᠭᠦᠯᠦᠭᠰᠡᠨ ᠬᠠᠷᠠᠯᠲᠠ ᠶᠢ ᠪᠦᠬᠦ ᠠᠶᠢᠮᠠᠭ ᠲᠤ ᠲᠡᠷᠢᠭᠦᠯᠡᠨ | ᠪᠡᠶᠡᠯᠡᠭᠦᠯᠪᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠲᠤᠭᠲᠠᠴᠠ ᠶᠢᠨ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ | ᠠᠬᠢᠭᠤᠯᠵᠤ᠂ ᠪᠦᠬᠦ ᠲᠠᠯ᠎ᠠ ᠪᠠᠷ ᠡᠮ ᠢ ᠲᠡᠭ ᠵᠦᠷᠢᠶ᠎ᠡ ᠪᠠᠷ ᠪᠤᠷᠤᠯᠠᠭᠤᠯᠪᠠ᠃ ᠨᠡᠶᠢᠲᠡ 1.9 ᠳ᠋ᠦᠩᠰᠢᠭᠤᠷ | ᠲᠦᠭᠦᠷᠢᠭ ᠤᠨ ᠪᠡᠯᠡ ᠤᠷᠤᠭᠤᠯᠤᠨ᠂ ᠡᠮᠨᠡᠯᠭᠡ ᠡᠷᠡᠭᠦᠯ ᠬᠠᠮᠠᠭᠠᠯᠠᠯ ᠤᠨ ᠴᠢᠳᠠᠪᠦᠷᠢ ᠶᠢᠨ ᠪᠦᠲᠦᠭᠡᠨ ᠪᠠᠶᠢᠭᠤᠯᠤᠯᠲᠠ | ᠶᠢ ᠴᠢᠩᠭᠠᠳᠬᠠᠵᠤ᠂ ᠬᠤᠲᠠ ᠬᠦᠳᠡᠭᠡᠨ ᠤ ᠡᠮᠨᠡᠯᠭᠡ ᠶᠢᠨ ᠦᠢᠯᠡᠴᠢᠯᠡᠭᠡᠨ ᠤ ᠲᠤᠭᠲᠠᠯᠴᠠᠭ᠎ᠠ ᠶᠢ ᠠᠯᠭᠤᠷ | ᠲᠡᠭᠦᠯᠳᠡᠷᠵᠢᠭᠦᠯᠪᠡ᠃ ᠰᠤᠶᠤᠯ ᠢᠶᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ ᠭᠦᠨᠵᠡᠭᠡᠶᠢᠷᠡᠭᠦᠯᠦᠨ | ᠦᠷᠨᠢᠭᠦᠯᠵᠦ᠂ ᠰᠤᠶᠤᠯ ᠤᠨ ᠦᠪ ᠢ ᠠᠭᠤᠳᠠᠯᠠᠬᠤ ᠪᠤᠯᠤᠨ ᠬᠠᠮᠠᠭᠠᠯᠠᠬᠤ ᠪᠠᠨ ᠴᠢᠩᠭᠠᠳᠬᠠᠭᠰᠠᠨ ᠠᠴᠠ ᠮᠠᠨ ᠤ | ᠬᠤᠰᠢᠭᠤ ᠠᠮᠵᠢᠯᠲᠠᠲᠠᠢ ᠪᠠᠷ ᠤᠷᠤᠨ ᠤ ᠳᠡᠰ ᠤᠨ ᠨᠢᠭᠡᠳᠦᠭᠡᠷ ᠪᠦᠯᠦᠭ ︽ᠲᠤᠷᠭᠤᠳ ᠰᠤᠶᠤᠯ ᠤᠨ ᠠᠮᠢ ᠠᠬᠤᠢ | ᠶᠢᠨ ᠬᠠᠮᠠᠭᠠᠯᠠᠯᠲᠠ ᠶᠢᠨ ᠤᠷᠤᠨ︾ ᠪᠠ ︽ᠲᠤᠷᠭᠤᠳ ᠠᠷᠠᠳ ᠤᠨ ᠳᠠᠭᠤᠤ ᠤᠷᠠᠯᠢᠭ ᠤᠨ ᠦᠯᠦᠭᠡᠢ︾ ᠳᠤ | ᠵᠢᠭᠰᠠᠭᠠᠭᠳᠠᠵᠤ᠂ ᠬᠠᠷ᠎ᠠ ᠬᠤᠲᠠ ᠶᠢᠨ ᠪᠠᠭᠤᠷᠢ ᠨᠢ ᠦᠪᠡᠷᠲᠡᠭᠡᠨ ᠵᠠᠰᠠᠬᠤ ᠤᠷᠤᠨ ᠤ ᠠᠩᠬᠠᠳᠠᠭᠴᠢ ᠪᠦᠯᠦᠭ | ᠬᠠᠭᠤᠴᠢ ᠰᠤᠳᠤᠯᠭᠠᠨ ᠤ ᠪᠠᠭᠤᠷᠢ ᠪᠠᠷ ᠪᠦᠷᠢᠳᠬᠡᠭᠳᠡᠨ᠂ ᠬᠤᠰᠢᠭᠤᠨ ᠤ ᠤᠯᠠᠭᠠᠨᠮᠦ᠋ᠴᠢᠷ ᠨᠢ ᠪᠦᠬᠦ ᠤᠷᠤᠨ ᠤ | ᠠᠷᠪᠠᠨ ᠰᠢᠯᠢᠳᠡᠭ ᠤᠯᠠᠭᠠᠨᠮᠦ᠋ᠴᠢᠷ ᠤᠨ ᠨᠢᠭᠡ ᠪᠠᠷ ᠦᠨᠡᠯᠡᠭᠳᠡᠪᠡ᠃ ᠪᠣᠰᠣᠳ ᠲᠠᠯ᠎ᠠ ᠶᠢᠨ ᠠᠵᠢᠯ ᠢ ᠨᠢᠭᠡᠳᠦᠯᠲᠡᠢ | ᠲᠦᠯᠦᠪᠯᠡᠨ ᠰᠠᠶᠢᠳᠦᠷ ᠬᠢᠵᠦ᠂ ᠠᠵᠢᠯᠴᠢᠨ ᠤ ᠡᠪᠯᠡᠯ᠂ ᠵᠠᠯᠠᠭᠤᠴᠤᠳ ᠤᠨ ᠡᠪᠯᠡᠯ᠂ ᠡᠮᠡᠭᠲᠡᠶᠢᠴᠤᠳ ᠤᠨ ᠬᠤᠯᠪᠤᠭ᠎ᠠ | ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠵᠡᠮᠳᠡᠭᠴᠤᠳ ᠤᠨ ᠠᠵᠢᠯ ᠦᠢᠯᠡᠰ ᠰᠢᠨ᠎ᠡ ᠠᠬᠢᠴᠠ ᠶᠢ ᠤᠯᠤᠨ᠂ | ᠳᠠᠩᠰᠠ ᠡᠪᠬᠡᠮᠡᠯ᠂ ᠲᠡᠦᠬᠡ ᠦᠢᠯᠠᠯᠭ᠎ᠠ᠂ ᠠᠮᠤ ᠬᠦᠨᠡᠰᠦ᠂ ᠴᠠᠭ ᠠᠭᠤᠷ᠂ ᠴᠢᠯᠠᠭᠤᠨ ᠲᠤᠰᠤ᠂ ᠨᠠᠪᠴᠢᠨ ᠲᠠᠮᠠᠬᠢ᠂ | ᠮᠦᠩᠭᠦᠨ ᠭᠦᠢᠯᠭᠡᠭᠡ᠂ ᠳᠠᠭᠠᠳᠬᠠᠯ᠂ ᠰᠢᠦᠳᠠᠨ᠂ ᠴᠢᠮᠡᠭᠡ ᠨᠡᠪᠲᠡᠷᠡᠭᠦᠯᠭᠡ ᠵᠡᠷᠭᠡ ᠰᠠᠯᠠᠭ᠎ᠠ ᠮᠦᠴᠢᠷ ᠮᠠᠨ ᠤ | ᠬᠤᠰᠢᠭᠤᠨ ᠤ ᠠᠵᠦ ᠠᠬᠤᠢ ᠨᠡᠶᠢᠭᠡᠮ ᠤᠨ ᠬᠦᠭᠵᠢᠯᠲᠡ ᠳᠤ ᠰᠢᠨ᠎ᠡ ᠬᠤᠪᠢ ᠨᠡᠮᠡᠷᠢ ᠪᠠᠨ ᠦᠵᠡᠭᠦᠯᠦᠭᠰᠡᠨ ᠪᠠᠶᠢᠨ᠎ᠠ᠃ | | — — ᠨᠡᠶᠢᠭᠡᠮ ᠤᠨ ᠠᠬᠤᠢ ᠪᠠᠶᠢᠳᠠᠯ ᠡᠶ᠎ᠡ ᠵᠤᠬᠢᠴᠠᠩᠭᠤᠢ ᠠᠮᠤᠷ ᠲᠤᠭᠲᠠᠭᠤᠨ᠃ ᠠᠮᠤᠷ | ᠲᠤᠭᠲᠠᠭᠤᠨ ᠢ ᠪᠠᠲᠤᠯᠠᠬᠤ ᠶᠢ ᠤᠯᠤᠰ ᠲᠦᠷᠦ ᠶᠢᠨ ᠴᠢᠬᠤᠯᠠ ᠡᠭᠦᠷᠭᠡ ᠪᠤᠯᠭᠠᠨ᠂ ᠬᠦᠨᠳᠤ ᠴᠤᠬᠢᠯᠲᠠ ᠦᠭᠴᠦ | ᠴᠢᠩᠭ᠎ᠠ ᠰᠡᠷᠭᠡᠶᠢᠯᠡᠬᠦ ᠠᠷᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠡᠶᠢᠭᠡᠮ ᠤᠨ ᠲᠠᠯ᠎ᠠ ᠪᠠᠷ ᠬᠢ | ᠰᠡᠷᠭᠡᠶᠢᠯᠡᠨ ᠡᠵᠡᠮᠳᠡᠬᠦ ᠪᠤᠯᠤᠨ ᠬᠢᠯᠢ ᠬᠢᠵᠠᠭᠠᠷ ᠢ ᠬᠠᠮᠢᠶᠠᠷᠤᠨ ᠡᠵᠡᠮᠳᠡᠬᠦ ᠴᠢᠳᠠᠪᠤᠷᠢ ᠶᠢ ᠦᠨᠡᠨᠬᠦ ᠳᠡᠭᠡᠭᠰᠢᠯᠡᠭᠦᠯᠪᠡ᠃ | ᠦᠪᠦᠷ ᠮᠤᠩᠭᠤᠯ ᠭᠠᠨᠰᠤ ᠶᠢᠨ ᠵᠠᠭᠠᠭ ᠤᠷᠤᠨ ᠤ ᠬᠠᠤᠯᠢ ᠪᠤᠰᠤ ᠪᠠᠷ ᠠᠲᠠᠷ ᠬᠠᠭᠠᠯᠪᠤᠷᠢᠯᠠᠬᠤ᠂ ᠬᠤᠯᠠᠭᠠᠢ ᠪᠠᠷ | ᠮᠠᠯᠲᠠᠵᠤ ᠲᠡᠭᠦᠬᠦ ᠵᠡᠷᠭᠡ ᠠᠵᠢᠯᠯᠠᠭ᠎ᠠ ᠳᠤ ᠬᠠᠤᠯᠢ ᠬᠡᠷᠡᠭᠵᠢᠭᠦᠯᠬᠦ ᠬᠦᠴᠦᠯᠡᠴᠡ ᠪᠠᠨ ᠨᠡᠮᠡᠭᠳᠡᠭᠦᠯᠵᠦ᠂ ᠪᠦᠬᠦ ᠠᠷᠠᠳ | ᠢᠶᠠᠷ ᠬᠢᠯᠢ ᠬᠢᠵᠠᠭᠠᠷ ᠢᠶᠠᠨ ᠰᠠᠬᠢᠨ ᠬᠠᠮᠠᠭᠠᠯᠠᠬᠤ ᠠᠰᠤᠷᠤ ᠰᠠᠶᠢᠨ ᠠᠭᠤᠷ ᠠᠮᠢᠰᠬᠤᠯ ᠢ ᠪᠦᠷᠢᠯᠳᠦᠭᠦᠯᠵᠡᠢ᠃ ᠨᠠᠮ | ᠤᠨ ᠦᠨᠳᠦᠰᠦᠲᠡᠨ ᠱᠠᠰᠢᠨ ᠰᠤᠷᠲᠠᠬᠤᠨ ᠤ ᠲᠦᠷᠦ ᠶᠢᠨ ᠪᠤᠳᠤᠯᠭ᠎ᠠ ᠤᠯᠠᠨ ᠤ ᠰᠡᠳᠬᠢᠯ ᠳᠤ ᠲᠠᠭᠠᠯᠠᠭᠳᠠᠵᠤ᠂ | ᠪᠦᠬᠦ ᠬᠤᠰᠢᠭᠤᠨ ᠤ ᠡᠯ᠎ᠡ ᠦᠨᠳᠦᠰᠦᠲᠡᠨ ᠤ ᠠᠷᠠᠳ ᠲᠦᠮᠡᠨ ᠬᠠᠷᠢᠯᠴᠠᠨ ᠬᠠᠪᠰᠤᠷᠤᠯᠴᠠᠨ ᠪᠦᠯᠬᠦᠮᠳᠡᠵᠦ᠂ | ᠦᠨᠳᠦᠰᠦᠲᠡᠨ ᠱᠠᠰᠢᠨ ᠰᠤᠷᠲᠠᠬᠤᠨ ᠤ ᠠᠵᠢᠯ ᠪᠤᠯᠤᠨ ᠮᠤᠩᠭᠤᠯ ᠦᠭᠡ ᠬᠡᠯᠡ ᠦᠰᠦᠭ ᠪᠢᠴᠢᠭ ᠤᠨ ᠬᠡᠷᠡᠭᠯᠡᠯᠲᠡ | ᠬᠠᠮᠢᠶᠠᠷᠤᠯᠲᠠ ᠤᠯᠠᠮ ᠨᠢᠭᠡ ᠠᠯᠬᠤᠮ ᠴᠢᠩᠭᠠᠷᠠᠪᠠ᠃ ︽ᠵᠢᠷᠭᠤᠳᠤᠭᠠᠷ ᠲᠠᠪᠤᠨ ᠵᠢᠯ︾ ᠤᠨ ᠬᠠᠤᠯᠢ | ᠲᠦᠭᠡᠮᠡᠯᠵᠢᠭᠦᠯᠦᠯᠲᠡ ᠶᠢ ᠰᠢᠯᠭᠠᠨ ᠪᠠᠶᠢᠴᠠᠭᠠᠬᠤ ᠠᠵᠢᠯ ᠤᠷᠤᠭᠰᠢᠲᠠᠢ ᠪᠠᠶᠡᠯᠡᠭᠳᠡᠨ᠂ ︽ᠳᠤᠯᠤᠳᠤᠭᠠᠷ ᠲᠠᠪᠤᠨ ᠵᠢᠯ︾ | ᠤᠨ ᠬᠠᠤᠯᠢ ᠲᠦᠭᠡᠮᠡᠯᠵᠢᠭᠦᠯᠦᠯᠲᠡ ᠶᠢ ᠪᠦᠬᠦ ᠲᠠᠯ᠎ᠠ ᠪᠠᠷ ᠡᠬᠢᠯᠡᠭᠦᠯᠵᠦ᠂ ᠪᠦᠬᠦ ᠠᠷᠠᠳ ᠤᠨ ᠬᠠᠤᠯᠢ ᠪᠠᠷ ᠵᠠᠰᠠᠬᠤ | ᠤᠬᠠᠮᠰᠠᠷ ᠲᠠᠰᠤᠷᠠᠯᠲᠠ ᠦᠭᠡᠢ ᠳᠡᠭᠡᠭᠰᠢᠯᠡᠪᠡ᠃ ᠠᠶᠤᠯᠭᠦᠢ ᠦᠢᠯᠡᠳᠪᠦᠷᠢᠯᠡᠯ᠂ ᠢᠳᠡᠭᠡᠨ ᠤᠮᠳᠠᠭᠠᠨ ᠤ ᠠᠮᠤᠷ | ᠲᠦᠪᠰᠢᠨ᠂ ᠣᠷᠴᠢᠨ ᠲᠤᠭᠤᠷᠢᠨ ᠤ ᠬᠠᠮᠠᠭᠠᠯᠠᠯᠲᠠ᠂ ᠵᠠᠬᠢᠳᠠᠯ ᠰᠤᠷᠪᠤᠯᠵᠢᠯᠠᠭ᠎ᠠ ᠠᠮᠤᠷ ᠲᠤᠭᠲᠠᠭᠤᠨ ᠤ | ᠬᠠᠷᠢᠭᠤᠴᠠᠯᠭᠠᠲᠤ ᠳᠦᠷᠢᠮ ᠢ ᠴᠢᠩᠭ᠎ᠠ ᠭᠡᠷᠡᠭᠵᠢᠭᠦᠯᠦᠨ᠂ ᠨᠢᠭᠡ ᠪᠦᠯᠦᠭ ᠭᠡᠮ ᠰᠤᠭᠤᠭ ᠤᠷᠤᠰᠢᠵᠦ ᠪᠠᠶᠢᠭᠰᠠᠨ | ᠠᠰᠠᠭᠤᠳᠠᠯ ᠢ ᠪᠦᠬᠦ ᠲᠠᠯ᠎ᠠ ᠪᠠᠷ ᠴᠡᠭᠴᠡᠯᠡᠨ ᠵᠠᠰᠠᠭᠰᠠᠨ ᠠᠴᠠ ᠨᠡᠶᠢᠭᠡᠮ ᠤᠨ ᠪᠠᠶᠢᠳᠠᠯ ᠶᠡᠷᠦᠩᠬᠡᠢ ᠳᠡᠭᠡᠨ | ᠲᠤᠭᠲᠠᠪᠤᠷᠢᠵᠢᠪᠠ᠃ ᠠᠷᠠᠳ ᠢᠶᠠᠨ ᠬᠠᠶᠢᠷᠠᠯᠠᠵᠤ ᠬᠢᠯᠢ ᠪᠠᠨ ᠪᠠᠬᠢᠵᠢᠭᠦᠯᠬᠦ ᠪᠠ ᠬᠤᠶᠠᠷ ᠢ ᠬᠦᠷᠢᠶᠡᠯᠡᠵᠦ ᠬᠠᠮᠲᠤ ᠪᠠᠷ | ᠴᠤᠭᠴᠠᠯᠠᠬᠤ ᠠᠵᠢᠯ ᠤᠨ ᠬᠢᠷᠢ ᠪᠦᠲᠦᠮᠵᠢ ᠢᠯᠡᠷᠬᠡᠢ ᠪᠠᠶᠢᠵᠤ᠂ ᠵᠠᠯᠭᠠᠪᠠᠷ ᠨᠠᠢᠮᠠ ᠤᠳᠠᠭ᠎ᠠ ︽ᠦᠪᠡᠷᠲᠡᠭᠡᠨ ᠵᠠᠰᠠᠬᠤ | ᠤᠷᠤᠨ ᠤ ᠳᠡᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠰᠢᠭᠤ︾ ᠪᠤᠯᠤᠭᠰᠠᠨ ᠪᠠ ᠲᠠᠪᠤᠨ ᠵᠢᠯ ᠳᠠᠷᠠᠭᠠᠯᠠᠨ ︽ | ᠪᠦᠬᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠰᠢᠶᠠᠨ︾ ᠤ ᠢᠷᠠᠭᠤ ᠠᠯᠳᠠᠷ ᠢ ᠬᠦᠷᠲᠡᠭᠰᠡᠨ ᠪᠠᠶᠢᠨ᠎ᠠ᠃ | ︵ᠲᠠᠪᠤ︶ ᠰᠤᠷᠲᠠᠯ ᠢᠶᠠᠨ ᠬᠤᠪᠢᠷᠠᠭᠤᠯᠤᠨ ᠴᠢᠳᠠᠪᠬᠢ ᠪᠠᠨ ᠳᠡᠭᠡᠭᠰᠢᠯᠡᠭᠦᠯᠬᠦ ᠶᠢ ᠪᠠᠷᠢᠮᠲᠠᠯᠠᠵᠤ᠂ ᠬᠤᠪᠢ | ᠪᠡᠶ᠎ᠡ ᠶᠢᠨ ᠪᠦᠲᠦᠭᠡᠨ ᠪᠠᠶᠢᠭᠤᠯᠤᠯᠲᠠ ᠪᠦᠬᠦ ᠲᠠᠯ᠎ᠠ ᠪᠠᠷ ᠴᠢᠩᠭᠠᠷᠠᠪᠠ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠤᠯᠤᠨ ᠪᠠᠶᠢᠩᠭᠤ ᠶᠢᠨ ᠬᠤᠷᠠᠯ ᠤᠨ ᠡᠯ᠎ᠡ ᠲᠦᠷᠦᠯ | ᠤᠨ ᠰᠢᠢᠳᠪᠦᠷᠢ ᠶᠢ ᠬᠠᠤᠯᠢ ᠶᠤᠰᠤᠭᠠᠷ ᠶᠠᠪᠤᠭᠳᠠᠭᠤᠯᠤᠨ᠂ ᠤᠯᠤᠰ ᠲᠦᠷᠦ ᠶᠢᠨ ᠵᠦᠪᠯᠡᠯᠭᠡᠨ ᠤ ᠠᠷᠠᠳᠴᠢᠯᠠᠭᠰᠠᠨ | ᠬᠢᠨᠠᠯᠲᠠ ᠪᠤᠯᠤᠨ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠠᠨ ᠠᠪᠬᠤ ᠶᠢᠨ | ᠬᠠᠮᠲᠤ᠂ ᠠᠷᠠᠳ ᠤᠨ ᠲᠦᠯᠦᠭᠡᠯᠡᠭᠴᠢᠳ ᠤᠨ ᠵᠦᠪᠯᠡᠯᠭᠡ ᠰᠠᠨᠠᠭᠤᠯᠤᠮᠵᠢ ᠪᠤᠯᠤᠨ ᠤᠯᠤᠰ ᠲᠦᠷᠦ ᠶᠢᠨ ᠵᠦᠪᠯᠡᠯᠭᠡᠨ | ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠨᠡᠶᠢᠲᠡ 618 ᠵᠦᠢᠯ ᠰᠢᠢᠳᠪᠦᠷᠢᠯᠡᠨ ᠭᠦᠢᠴᠡᠳᠬᠡᠪᠡ᠃ ᠬᠠᠤᠯᠢ ᠶᠢᠨ | ᠵᠦᠪᠯᠡᠭᠴᠢ ᠪᠤᠯᠤᠨ ᠬᠦᠨᠳᠦ ᠴᠢᠬᠤᠯᠠ ᠰᠢᠢᠳᠪᠦᠷᠢᠲᠦ ᠪᠤᠳᠤᠯᠭ᠎ᠠ ᠶᠢᠨ ᠳᠦᠷᠢᠮ ᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠤᠨ᠂ ᠵᠠᠰᠠᠭ ᠤᠨ ᠶᠠᠪᠤᠳᠠᠯ ᠢ ᠢᠯᠡ ᠪᠤᠯᠭᠠᠬᠤ ᠬᠦᠴᠦᠯᠡᠴᠡ ᠪᠠᠨ ᠨᠡᠮᠡᠭᠳᠡᠬᠦᠯᠵᠦ᠂ ᠵᠠᠰᠠᠭ ᠤᠨ | ᠤᠷᠳᠤᠨ ᠤ ᠬᠠᠥᠯᠢ ᠶᠤᠰᠤᠭᠠᠷ ᠠᠵᠢᠯ ᠭᠦᠢᠴᠡᠳᠭᠡᠬᠦ ᠴᠢᠳᠠᠪᠤᠷᠢ ᠪᠤᠯᠤᠨ ᠠᠵᠢᠯ ᠭᠦᠢᠴᠡᠳᠭᠡᠬᠦ ᠠᠰᠢᠭ ᠨᠤᠷᠮ᠎ᠠ ᠶᠢ | ᠲᠠᠰᠤᠷᠠᠯᠲᠠ ᠦᠭᠡᠢ ᠳᠡᠭᠡᠭᠰᠢᠯᠡᠭᠦᠯᠪᠡ᠃ ᠬᠢᠨᠠᠨ ᠪᠤᠲᠤᠯᠲᠠ ᠶᠢᠨ ᠬᠢᠨᠠᠯᠲᠠ ᠪᠤᠯᠤᠨ ᠵᠠᠰᠠᠭ ᠵᠠᠭᠢᠷᠭᠠᠨ ᠤ ᠬᠢᠨᠠᠨ | ᠪᠠᠶᠢᠴᠠᠭᠠᠯᠲᠠ ᠶᠢ ᠴᠢᠩᠭᠠᠳᠬᠠᠨ᠂ ᠤᠳᠤᠷᠢᠳᠤᠯᠭ᠎ᠠ ᠺᠠᠳ᠋ᠷᠴᠤᠳ ᠤᠨ ᠠᠵᠤ ᠠᠬᠤᠢ ᠶᠢᠨ ᠬᠠᠷᠢᠭᠤᠴᠠᠯᠭ᠎ᠠ ᠶᠢᠨ | ᠬᠢᠨᠠᠨ ᠪᠤᠳᠤᠯᠲᠠ ᠪᠤᠯᠤᠨ ᠭᠤᠤᠯᠳᠠᠯᠭᠠᠲᠤ ᠪᠡᠯᠡ ᠮᠦᠩᠭᠦ᠂ ᠲᠦᠷᠦᠯ ᠵᠦᠢᠯ ᠢ ᠬᠢᠨᠠᠨ ᠪᠤᠳᠤᠬᠤ ᠬᠦᠴᠦᠯᠡᠴᠡ ᠪᠠᠨ | ᠨᠡᠮᠡᠭᠳᠡᠭᠦᠯᠵᠦ᠂ ᠡᠳ᠋ ᠶᠢᠨ ᠵᠠᠰᠠᠭ ᠤᠨ ᠪᠡᠯᠡ ᠮᠦᠩᠭᠦ ᠶᠢ ᠨᠡᠶᠢᠲᠡ 3.9 ᠳ᠋ᠦᠩᠰᠢᠭᠤᠷ ᠲᠦᠭᠦᠷᠢᠭ ᠠᠷᠪᠢᠯᠠᠭᠰᠠᠨ | ᠪᠠᠶᠢᠨ᠎ᠠ᠃ ᠲᠦᠪ ᠤᠨ ︽ᠨᠠᠢᠮᠠᠨ ᠵᠤᠷᠪᠤᠰ ᠲᠤᠭᠲᠠᠭᠠᠯ︾ ᠤᠨ ᠵᠤᠷᠢᠭ ᠰᠠᠨᠠᠭ᠎ᠠ ᠶᠢ ᠲᠤᠤᠱᠯᠠᠭᠤᠯᠤᠨ | ᠬᠡᠷᠡᠭᠵᠢᠭᠦᠯᠵᠦ᠂ ᠨᠠᠮ ᠤᠨ ᠰᠤᠷᠳᠠᠯ ᠴᠢᠭᠡᠴᠢ ᠵᠠᠰᠠᠭ ᠤᠨ ᠪᠦᠲᠦᠭᠡᠨ ᠪᠠᠶᠢᠭᠤᠯᠤᠯᠲᠠ ᠶᠢᠨ ᠪᠡᠶᠡᠴᠢ ᠴᠤᠭᠴᠠ ᠶᠢᠨ | ᠬᠠᠷᠢᠭᠤᠴᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ︽ᠭᠤᠷᠪᠠᠨ ᠵᠦᠢᠯ ᠤᠨ ᠠᠯᠪᠠᠨ ᠵᠠᠷᠤᠳᠠᠯ︾ ᠢ ᠴᠢᠩᠭ᠎ᠠ | ᠬᠢᠵᠠᠭᠠᠷᠯᠠᠵᠤ᠂ ᠠᠯᠪᠠᠨ ᠭᠡᠷ ᠪᠤᠯᠤᠨ ᠠᠯᠪᠠᠨ ᠲᠡᠷᠭᠡᠨ ᠤ ᠬᠡᠷᠡᠭᠯᠡᠯᠲᠡ ᠶᠢ ᠳᠦᠷᠢᠮᠵᠢᠭᠦᠯᠪᠡ᠃ ᠰᠤᠮᠤ ᠪᠠᠯᠭᠠᠰᠤ ᠨᠢ | ᠵᠠᠰᠠᠭ ᠤᠨ ᠤᠷᠳᠤᠨ ᠤ ᠬᠤᠭᠤᠴᠠᠭ᠎ᠠ ᠰᠤᠯᠢᠬᠤ ᠠᠵᠢᠯ ᠢᠶᠠᠨ ᠤᠷᠤᠭᠰᠢᠲᠠᠢ ᠬᠦᠢᠴᠡᠳᠭᠡᠵᠦ᠂ ᠦᠨᠳᠦᠰᠦᠨ ᠱᠠᠲᠤᠨ | ᠤ ᠵᠠᠰᠠᠭ ᠤᠨ ᠡᠷᠭᠡ ᠣᠯᠠᠮ ᠨᠢᠭᠡ ᠠᠯᠬᠤᠮ ᠪᠠᠬᠢᠵᠢᠪᠡ᠃ ᠨᠠᠮ ᠤᠨ ᠤᠯᠠᠨ ᠲᠦᠮᠡᠨᠴᠢ ᠱᠣᠭᠤᠮ ᠤᠨ ᠬᠦᠮᠦᠵᠢᠯ | ᠦᠢᠯᠡᠳᠦᠯᠭᠡ ᠶᠢᠨ ᠠᠵᠢᠯᠯᠠᠭ᠎ᠠ᠂ ︽ᠭᠤᠷᠪᠠᠨ ᠴᠢᠩᠭ᠎ᠠ ᠭᠤᠷᠪᠠᠨ ᠪᠤᠳᠠᠲᠠᠢ︾ ᠲᠤᠰᠬᠠᠢ ᠰᠡᠳᠦᠪᠲᠦ ᠬᠦᠮᠦᠵᠢᠯ᠂ ︽ | ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠬᠡᠰᠢᠬᠦᠨ ᠪᠤᠯᠬᠤ︾ ᠰᠤᠷᠤᠯᠴᠠᠯᠭ᠎ᠠ ᠬᠦᠮᠦᠵᠢᠯ ᠢ | ᠭᠦᠨᠵᠡᠭᠡᠶᠢᠷᠡᠭᠦᠯᠦᠨ ᠦᠷᠨᠢᠭᠦᠯᠵᠦ᠂ ᠲᠤᠭᠤᠷᠢᠨ ᠪᠠᠶᠢᠴᠠᠭᠠᠵᠤ ᠵᠠᠰᠠᠨ ᠴᠡᠭᠴᠡᠯᠡᠬᠦ ᠠᠵᠢᠯ ᠢ ᠯᠠᠪᠳᠠᠭᠤᠨ | ᠶᠠᠪᠤᠭᠳᠠᠭᠤᠯᠤᠨ᠂ ᠵᠠᠰᠠᠭ ᠤᠨ ᠤᠷᠳᠤᠨ ᠤ ᠠᠵᠢᠯ ᠭᠦᠢᠴᠡᠳᠬᠡᠬᠦ ᠴᠢᠳᠠᠪᠤᠷᠢ ᠪᠦᠬᠦ ᠲᠠᠯ᠎ᠠ ᠪᠠᠷ ᠳᠡᠭᠡᠭᠰᠢᠯᠡᠪᠡ᠃ | ᠲᠦᠯᠦᠭᠡᠯᠡᠭᠴᠢᠳ ᠡ᠂ ᠲᠠᠪᠤᠨ ᠵᠢᠯ ᠤᠨ ᠲᠤᠷᠰᠢ᠂ ᠪᠢᠳᠠᠨ ᠤ ᠤᠴᠠᠷᠠᠭᠰᠠᠨ ᠬᠦᠴᠢᠷᠳᠡᠯ ᠲᠦᠰᠦᠪᠯᠡᠭᠰᠡᠨ | ᠠᠴᠠ ᠶᠡᠭᠡ ᠪᠠᠶᠢᠭ᠎ᠠ ᠪᠤᠯᠪᠠᠴᠤ ᠤᠯᠤᠭᠰᠠᠨ ᠠᠮᠵᠢᠯᠲᠠ ᠨᠡᠩ ᠡᠯᠪᠡᠭ ᠪᠠᠶᠢᠨ᠎ᠠ᠃ ᠡᠳᠡᠭᠡᠷ ᠪᠦᠲᠦᠮᠵᠢ ᠨᠢ ᠠᠶᠢᠮᠠᠭ | ᠤᠨ ᠨᠠᠮ ᠤᠨ ᠬᠤᠷᠢᠶ᠎ᠠ᠂ ᠵᠠᠬᠢᠷᠭ᠎ᠠ ᠪᠤᠯᠤᠨ ᠬᠤᠰᠢᠭᠤᠨ ᠤ ᠨᠠᠮ ᠤᠨ ᠬᠤᠷᠢᠶᠠᠨ ᠤ ᠵᠦᠪ ᠤᠨᠤᠪᠴᠢᠲᠠᠢ | ᠤᠳᠤᠷᠢᠳᠤᠯᠭ᠎ᠠ᠂ ᠰᠢᠨᠵᠢᠯᠡᠬᠦ ᠤᠬᠠᠭᠠᠨᠴᠢ ᠰᠢᠢᠳᠪᠦᠷᠢᠲᠦ ᠪᠤᠳᠤᠯᠭ᠎ᠠ ᠶᠢᠨ ᠦᠷ᠎ᠡ ᠳ᠋ᠦᠩ ᠮᠦᠨ︔ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠦᠪᠯᠡᠯᠭᠡᠨ ᠤ ᠪᠦᠲᠦᠮᠵᠢᠲᠡᠢ ᠬᠢᠨᠠᠯᠲᠠ ᠪᠤᠯᠤᠨ ᠪᠦᠬᠦ | ᠬᠦᠴᠦ ᠪᠠᠷ ᠢᠶᠠᠨ ᠳᠡᠮᠵᠢᠯᠭᠡ ᠦᠵᠡᠭᠦᠯᠦᠭᠰᠡᠨ ᠤ ᠦᠷ᠎ᠡ ᠳ᠋ᠦᠩ ᠮᠦᠨ︔ ᠪᠦᠬᠦ ᠬᠤᠰᠢᠭᠤᠨ ᠤ ᠡᠯ᠎ᠡ | ᠦᠨᠳᠦᠰᠦᠲᠡᠨ ᠤ ᠠᠷᠠᠳ ᠲᠦᠮᠡᠨ ᠪᠦᠯᠬᠦᠮᠳᠡᠨ ᠨᠢᠭᠡᠳᠴᠦ᠂ ᠬᠠᠮᠲᠤᠷᠠᠨ ᠲᠡᠮᠡᠴᠡᠭᠰᠡᠨ ᠤ ᠦᠷ᠎ᠡ ᠳ᠋ᠦᠩ ᠮᠦᠨ︔ | ᠮᠦᠨᠴᠦ ᠬᠤᠰᠢᠭᠤᠨ ᠳᠤ ᠰᠠᠭᠤᠭ᠎ᠠ ᠦᠷᠭᠡᠨ ᠤᠯᠠᠨ ᠴᠡᠷᠢᠭ ᠴᠠᠭᠳᠠᠭ᠎ᠠ ᠳᠠᠷᠤᠭ᠎ᠠ ᠪᠠᠶᠢᠯᠳᠤᠭᠴᠢᠳ ᠦᠨᠡᠨᠴᠢ | ᠰᠢᠳᠤᠷᠭᠤ ᠪᠠᠷ ᠲᠤᠰᠢᠶᠠᠯ ᠢᠶᠠᠨ ᠰᠠᠬᠢᠵᠦ᠂ ᠬᠤᠪᠢ ᠨᠡᠮᠡᠷᠢ ᠪᠠᠨ ᠬᠠᠷᠠᠮ ᠦᠭᠡᠢ ᠵᠤᠷᠢᠭᠤᠯᠤᠭᠰᠠᠨ ᠤ ᠦᠷ᠎ᠡ ᠳ᠋ᠦᠩ | ᠮᠦᠨ᠃ ᠠᠳᠡ ᠪᠢ᠂ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠢ ᠲᠦᠯᠦᠭᠡᠯᠡᠨ᠂ ᠡᠵᠡᠨ᠎ᠡ ᠬᠤᠰᠢᠭᠤᠨ ᠤ | ᠪᠦᠲᠦᠭᠡᠨ ᠪᠠᠶᠢᠭᠤᠯᠤᠯᠲᠠ ᠪᠠ ᠬᠦᠭᠵᠢᠯᠲᠡ ᠳᠤ ᠬᠤᠪᠢ ᠨᠡᠮᠡᠷᠢ ᠪᠠᠨ ᠦᠵᠡᠭᠦᠯᠦᠭᠰᠡᠨ ᠪᠦᠬᠦ ᠨᠦᠬᠦᠳ᠂ ᠨᠠᠶᠢᠵᠠ | ᠨᠠᠷ ᠲᠤ ᠬᠦᠨᠳᠦᠳᠬᠡᠯ ᠳᠡᠪᠰᠢᠭᠦᠯᠦᠨ᠂ ᠴᠢᠩ ᠰᠡᠳᠬᠢᠯ ᠤᠨ ᠲᠠᠯᠠᠷᠬᠠᠯ ᠢᠶᠠᠨ ᠡᠷᠭᠦᠵᠦ ᠪᠠᠶᠢᠨ᠎ᠠ︕ | ᠠᠮᠵᠢᠯᠲᠠ ᠪᠦᠲᠦᠭᠡᠯ ᠢᠶᠠᠨ ᠤᠯᠵᠤ ᠬᠠᠷᠠᠬᠤ ᠶᠢᠨ ᠬᠠᠮᠲᠦ᠂ ᠤᠳᠤᠬᠠᠨ ᠳᠤ ᠮᠠᠨ ᠤ ᠬᠤᠰᠢᠭᠤᠨ ᠤ ᠠᠵᠤ | ᠠᠬᠤᠢ ᠶᠢᠨ ᠬᠦᠭᠵᠢᠯᠲᠡ ᠳᠤᠮᠳᠠ ᠪᠠᠰᠠ ᠮᠠᠰᠢ ᠤᠯᠠᠨ ᠬᠦᠴᠢᠷ ᠪᠡᠷᠬᠡᠰᠢᠶᠡᠯ ᠪᠤᠯᠤᠨ ᠠᠰᠠᠭᠤᠳᠠᠯ ᠤᠷᠤᠰᠢᠭᠰᠠᠭᠠᠷ | ᠪᠠᠶᠢᠭ᠎ᠠ ᠶᠢ ᠪᠢᠳᠠ ᠲᠠᠨᠢᠵᠤ ᠮᠡᠳᠡᠬᠦ ᠬᠡᠷᠡᠭᠲᠡᠢ ᠪᠠᠶᠢᠨ᠎ᠠ᠄ ᠨᠢᠭᠡ ᠳᠤ᠂ ᠠᠵᠤ ᠠᠬᠤᠢ ᠶᠢᠨ ᠶᠡᠷᠦᠩᠬᠡᠢ ᠬᠡᠮᠵᠢᠶ᠎ᠡ | ᠳᠤᠤᠷ᠎ᠠ᠂ ᠠᠵᠤ ᠦᠢᠯᠡᠰ ᠤᠨ ᠪᠦᠲᠦᠴᠡ ᠲᠤᠬᠢᠷᠠᠮᠵᠢ ᠦᠭᠡᠢ᠂ ᠰᠢᠨ᠎ᠡ ᠶᠢ ᠡᠭᠦᠳᠬᠦ ᠳᠤᠲᠤᠭᠠᠳᠤ ᠬᠦᠴᠦᠨ | ᠪᠠᠭᠤᠷᠠᠢ᠃ ᠬᠤᠶᠠᠷ ᠲᠤ᠂ ᠭᠠᠵᠠᠷ ᠰᠢᠷᠦᠢ᠂ ᠤᠷᠴᠢᠨ ᠲᠤᠭᠤᠷᠢᠨ ᠵᠡᠷᠭᠡ ᠬᠦᠭᠵᠢᠯᠲᠡ ᠶᠢᠨ ᠴᠢᠬᠤᠯᠠ ᠡᠯᠧᠮᠧᠨ᠋ᠲ | ᠬᠤᠮᠰᠠᠳᠠᠵᠤ᠂ ᠠᠵᠤ ᠦᠢᠯᠡᠳᠪᠦᠷᠢ ᠶᠢᠨ ᠲᠤᠳᠠᠭᠳᠠᠯ ᠮᠦᠨᠬᠦ ᠢᠯᠡᠷᠭᠡᠢ ᠪᠠᠶᠢᠵᠤ᠂ ᠠᠵᠤ ᠠᠬᠤᠢ ᠶᠢᠨ ᠰᠢᠨ᠎ᠡ | ᠨᠡᠮᠡᠭᠳᠡᠯ ᠴᠡᠭ ᠪᠤᠯᠵᠤ ᠪᠦᠷᠢᠯᠳᠦᠬᠦ ᠳᠤ ᠬᠦᠴᠢᠷᠳᠡᠨ᠂ ᠡᠳ᠋ ᠤᠨ ᠵᠠᠰᠠᠭ ᠤᠨ ᠨᠡᠮᠡᠭᠳᠡᠯ ᠬᠦᠴᠦᠨ ᠳᠤᠲᠠᠮᠠᠭ᠂ | ᠤᠷᠤᠯᠭ᠎ᠠ ᠵᠠᠷᠤᠯᠭ᠎ᠠ ᠶᠢᠨ ᠵᠦᠷᠢᠴᠡᠯ ᠳᠤᠪᠤᠶᠢᠮ᠎ᠠ᠂ ᠦᠷᠢ ᠦᠭᠴᠡᠭᠡ ᠬᠦᠨᠳᠦ ᠬᠡᠴᠡᠭᠦᠦ᠂ ᠪᠠᠲᠤᠯᠠᠪᠤᠷᠢ ᠶᠢᠨ | ᠴᠢᠳᠠᠪᠤᠷᠢ ᠪᠠᠷ ᠰᠤᠯᠠ ᠳᠤᠷᠤᠢ ᠪᠠᠶᠢᠭ᠎ᠠ᠃ ᠭᠤᠷᠪᠠ ᠳᠤ᠂ ᠵᠢᠭᠤᠯᠴᠢᠯᠠᠯ ᠤᠨ ᠦᠢᠯᠡᠰ ᠢ ᠳᠡᠰ ᠳᠡᠪᠰᠢᠭᠦᠯᠬᠦ ᠪᠤᠯᠤᠨ | ᠤᠷᠤᠨ ᠵᠠᠢ ᠶᠢ ᠨᠢ ᠲᠡᠯᠡᠨ ᠦᠷᠭᠡᠳᠬᠡᠬᠦ ᠲᠠᠯ᠎ᠠ ᠪᠠᠷ ᠲᠦᠢᠯ ᠤᠨ ᠬᠦᠷᠦᠯᠴᠡᠬᠦ ᠦᠭᠡᠢ᠂ ᠰᠤᠶᠤᠯ ᠵᠢᠭᠤᠯᠴᠢᠯᠠᠯ | ᠬᠠᠷᠢᠯᠴᠠᠨ ᠠᠭᠤᠰᠤᠯᠴᠠᠬᠤ ᠪᠠᠷ ᠠᠨᠠᠢ᠂ ᠤᠯᠠᠨ ᠤᠯᠤᠰ ᠤᠨ ᠵᠢᠭᠤᠯᠴᠢᠯᠠᠯ ᠰᠡᠯᠡᠭᠦᠴᠡᠯ ᠤᠨ ᠵᠤᠷᠢᠯᠲᠠᠲᠤ ᠤᠷᠤᠨ | ᠪᠤᠯᠭᠠᠨ ᠴᠤᠭᠴᠠᠯᠠᠬᠤ ᠬᠠᠷᠠᠯᠲᠠ ᠠᠴᠠ ᠬᠤᠯᠠ ᠪᠠᠶᠢᠭᠰᠠᠭᠠᠷ᠃ ᠳᠦᠷᠪᠡ ᠳᠤ᠂ ᠲᠠᠷᠢᠶᠠᠯᠠᠩ ᠮᠠᠯ ᠠᠵᠤ ᠠᠬᠤᠢ ᠶᠢᠨ | ᠪᠦᠲᠦᠭᠡᠭᠳᠡᠭᠦᠨ ᠤ ᠪᠦᠲᠦᠴᠡ᠂ ᠦᠢᠯᠡᠳᠪᠦᠷᠢᠯᠡᠯ ᠤᠨ ᠬᠡᠯᠪᠡᠷᠢ᠂ ᠬᠦᠭᠵᠢᠯᠲᠡ ᠶᠢᠨ ᠤᠶᠢᠯᠠᠭᠠᠭᠲᠠᠬᠤᠨ ᠢ | ᠰᠢᠯᠢᠳᠡᠭᠵᠢᠭᠦᠯᠵᠦ᠂ ᠲᠤᠬᠢᠷᠠᠭᠤᠯᠵᠤ᠂ ᠦᠭᠡᠷᠡᠴᠢᠯᠡᠬᠦ ᠴᠢᠬᠤᠯᠠᠲᠠᠢ ᠪᠠᠶᠢᠵᠤ᠂ ᠬᠡᠯᠪᠡᠷᠢ ᠪᠠᠨ ᠦᠭᠡᠷᠡᠴᠢᠯᠡᠨ ᠳᠡᠰ | ᠳᠡᠪᠰᠢᠬᠦ ᠠᠵᠢᠯ ᠡᠭᠦᠷᠭᠡ ᠬᠦᠨᠳᠦ ᠵᠠᠮ ᠬᠤᠯᠠ ᠪᠠᠶᠢᠭᠰᠠᠭᠠᠷ᠃ ᠲᠠᠪᠤ ᠳᠤ᠂ ᠵᠠᠰᠠᠭ ᠤᠨ ᠤᠷᠳᠤᠨ ᠤ ᠬᠠᠮᠢᠶ᠎ᠠ | ᠪᠦᠬᠦᠢ ᠰᠠᠯᠠᠭ᠎ᠠ ᠮᠦᠴᠢᠷ ᠤᠨ ᠶᠡᠭᠡ ᠲᠠᠯ᠎ᠠ ᠶᠢᠨ ᠤᠬᠠᠮᠰᠠᠷ᠂ ᠬᠠᠷᠢᠭᠤᠴᠠᠬᠤ ᠤᠬᠠᠮᠰᠠᠷ ᠪᠤᠯᠤᠨ ᠰᠢᠨ᠎ᠡ ᠶᠢ ᠡᠭᠦᠳᠬᠦ | ᠴᠢᠳᠠᠪᠤᠷᠢ ᠴᠢᠩᠭ᠎ᠠ ᠪᠤᠰᠤ᠂ ᠠᠵᠢᠯ ᠤᠨ ᠢᠳᠡᠪᠬᠢ ᠴᠢᠨᠠᠷ ᠪᠤᠯᠤᠨ ᠤᠬᠠᠮᠰᠠᠷᠲᠤ ᠴᠢᠨᠠᠷ ᠢ ᠤᠯᠠᠮ ᠨᠢᠭᠡ ᠠᠯᠬᠤᠮ | ᠳᠡᠭᠡᠭᠰᠢᠯᠡᠭᠦᠯᠬᠦ ᠴᠢᠬᠤᠯᠠᠲᠠᠢ ᠪᠠᠶᠢᠭᠰᠠᠭᠠᠷ᠃ ᠡᠳᠡᠭᠡᠷ ᠠᠰᠠᠭᠤᠳᠠᠯ ᠪᠤᠯᠤᠨ ᠳᠤᠲᠠᠭᠳᠠᠯ ᠢ ᠪᠢᠳᠠ ᠵᠦᠪ ᠲᠠᠨᠢᠵᠤ᠂ | ᠴᠠᠭ ᠢ ᠵᠠᠪᠳᠤᠨ ᠤᠯᠠᠮ ᠢᠳᠡᠪᠬᠢ ᠪᠦᠲᠦᠮᠵᠢᠲᠡᠢ ᠠᠷᠭ᠎ᠠ ᠠᠪᠴᠠᠯ ᠢᠶᠠᠷ᠂ ᠦᠨᠡᠨᠬᠦ ᠰᠠᠶᠢᠳᠦᠷ ᠰᠢᠢᠳᠪᠦᠷᠢᠯᠡᠨ | ᠪᠡᠶᠡᠯᠡᠭᠦᠯᠦᠨ᠎ᠡ᠃ | ᠲᠦᠯᠦᠭᠡᠯᠡᠭᠴᠢᠳ ᠡ᠂ ᠦᠩᠭᠡᠷᠡᠭᠰᠡᠨ ᠲᠠᠪᠤᠨ ᠵᠢᠯ ᠤᠨ ᠲᠡᠮᠡᠴᠡᠯ ᠤᠨ ᠵᠠᠮ ᠪᠠᠨ ᠡᠷᠬᠢᠴᠡᠭᠦᠯᠦᠨ ᠪᠤᠳᠤᠵᠤ | ᠂ ᠦᠭᠡᠷᠡᠴᠢᠯᠡᠯᠲᠡ ᠬᠦᠭᠵᠢᠯᠲᠡ ᠶᠢᠨ ᠲᠤᠷᠰᠢᠯᠭ᠎ᠠ ᠰᠤᠷᠭᠠᠮᠵᠢ ᠪᠠᠨ ᠳ᠋ᠦᠩᠨᠡᠨ᠂ ᠠᠯᠤᠰ ᠢᠷᠡᠭᠡᠳᠦᠢ ᠪᠠᠨ | ᠰᠠᠷᠠᠪᠴᠢᠯᠠᠨ ᠪᠠᠷᠠᠯᠠᠬᠤ ᠳᠤ᠂ ᠪᠢᠳᠠ ᠬᠦᠨᠵᠡᠬᠡᠢ ᠲᠠᠨᠢᠨ ᠤᠯᠤᠭᠰᠠᠨ ᠨᠢ᠄ ᠡᠵᠡᠨ᠎ᠡ ᠬᠤᠰᠢᠭᠤᠨ ᠤ ᠰᠢᠨᠵᠢᠯᠡᠬᠦ | ᠤᠬᠠᠭᠠᠨᠴᠢ ᠬᠦᠭᠵᠢᠯᠳᠡ ᠶᠢ ᠪᠡᠶᠡᠯᠡᠭᠦᠯᠬᠦ ᠳᠤ ᠡᠷᠬᠡᠪᠰᠢ ᠦᠵᠡᠯ ᠰᠠᠨᠠᠭ᠎ᠠ ᠪᠠᠨ ᠴᠢᠯᠦᠭᠡᠯᠡᠵᠦ᠂ ᠦᠨᠳᠦᠷ ᠲᠤ | ᠵᠤᠭᠰᠤᠨ ᠠᠯᠤᠰ ᠢ ᠪᠠᠷᠠᠯᠠᠬᠤ ᠴᠢᠬᠤᠯᠠᠲᠠᠢ᠃ ᠰᠢᠨ᠎ᠡ ᠴᠠᠭ ᠦᠶ᠎ᠡ ᠳᠤ ᠪᠢᠳᠡ ᠵᠦᠪᠬᠡᠨ ᠪᠤᠰᠤᠳᠴᠢ ᠲᠠᠯ᠎ᠠ ᠠᠴᠠ | ᠡᠵᠡᠨ᠎ᠡ ᠶᠢ ᠬᠠᠷᠠᠵᠤ᠂ ᠪᠦᠬᠦ ᠤᠷᠤᠨ ᠲᠠᠢ ᠬᠠᠷᠢᠴᠠᠭᠤᠯᠤᠨ᠂ ᠪᠦᠬᠦ ᠣᠯᠣᠰ ᠤᠨ ᠦᠨᠳᠦᠷᠴᠡ ᠠᠴᠠ᠂ ᠪᠦᠬᠦ | ᠳᠡᠯᠡᠬᠡᠢ ᠳᠤ ᠬᠠᠨᠳᠤᠨ᠂ ᠪᠠᠶᠢᠯᠳᠤᠭᠠᠨ ᠤ ᠰᠡᠳᠬᠢᠴᠡ᠂ ᠨᠡᠭᠡᠭᠡᠯᠲᠡᠲᠦ ᠪᠤᠳᠤᠯᠭ᠎ᠠ ᠪᠤᠯᠤᠨ ᠳᠡᠯᠡᠭᠡᠢ ᠶᠢᠨ ᠬᠠᠷᠠᠭᠠᠰᠤ | ᠠᠴᠠ ᠬᠦᠭᠵᠢᠯᠲᠡ ᠶᠢ ᠲᠦᠯᠦᠪᠯᠡᠪᠡᠯ ᠰᠠᠶ᠋ᠢ ᠡᠵᠡᠨ᠎ᠡ ᠪᠠᠨ ᠤᠯᠠᠮ ᠦᠨᠳᠦᠷ ᠵᠡᠷᠭᠡ ᠳᠡᠰ᠂ ᠤᠯᠠᠮ ᠦᠨᠳᠦᠷ ᠬᠢᠷᠢ | ᠲᠦᠪᠰᠢᠨ ᠳᠤ ᠬᠦᠷᠭᠡᠵᠦ ᠴᠢᠳᠠᠨ᠎ᠠ᠃ ᠡᠷᠭᠡᠪᠰᠢ ᠴᠠᠭ ᠦᠶ᠎ᠡ ᠲᠠᠢ ᠬᠠᠮᠲᠤᠪᠠᠷ ᠤᠷᠤᠭᠰᠢᠯᠠᠵᠤ᠂ ᠵᠤᠷᠢᠭᠲᠠᠢ ᠪᠠᠷ | ᠰᠢᠨ᠎ᠡ ᠶᠢ ᠡᠭᠦᠳᠬᠦ ᠴᠢᠬᠤᠯᠠᠲᠠᠢ᠃ ᠰᠢᠨ᠎ᠡ ᠬᠡᠪ ᠪᠠᠶᠢᠳᠠᠯ ᠤᠨ ᠡᠮᠦᠨ᠎ᠡ᠂ ᠵᠦᠪᠬᠡᠨ ᠬᠤᠰᠢᠭᠤᠨ ᠤ ᠪᠠᠶᠢᠳᠠᠯ ᠤᠨ | ᠲᠤᠬᠠᠢ ᠲᠠᠨᠢᠯᠲᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠦᠢᠯᠡᠳᠦᠯᠭᠡ ᠰᠦᠪᠡᠭᠴᠢᠯᠡᠯᠲᠡ ᠳᠤᠮᠳᠠ | ᠬᠦᠭᠵᠢᠯᠲᠡ ᠶᠢᠨ ᠰᠡᠳᠬᠢᠴᠡ ᠪᠤᠳᠤᠯᠭ᠎ᠠ ᠪᠠᠨ ᠲᠡᠭᠦᠯᠳᠡᠷᠵᠢᠭᠦᠯᠦᠨ᠂ ᠲᠤᠮᠤ ᠠᠬᠤᠢ ᠪᠠᠶᠢᠳᠠᠯ ᠳᠤ ᠵᠤᠬᠢᠴᠠᠵᠤ᠂ | ᠶᠡᠭᠡ ᠲᠠᠯ᠎ᠠ ᠳᠤ ᠰᠠᠭᠤᠷᠢᠯᠠᠨ᠂ ᠵᠢᠮ᠎ᠡ ᠶᠤᠰᠤ ᠶᠢ ᠣᠶᠢᠯᠠᠭᠠᠪᠠᠯ ᠰᠠᠶ᠋ᠢ ᠦᠭᠡᠷᠡᠴᠢᠯᠡᠯᠲᠡ ᠬᠦᠭᠵᠢᠯᠲᠡ ᠶᠢᠨ ᠰᠢᠨ᠎ᠡ | ᠠᠶᠠᠨ ᠵᠠᠮ ᠳᠤᠮᠳᠠ ᠡᠵᠡᠨ᠎ᠡ ᠬᠤᠰᠢᠭᠤ ᠶᠢ ᠬᠦᠳᠡᠯᠦᠩᠭᠦᠢ ᠪᠠᠶᠢᠷᠢᠨ ᠳᠤ ᠤᠷᠤᠭᠤᠯᠬᠤ ᠶᠢ ᠳᠦᠯᠬᠢᠨ ᠠᠬᠢᠭᠤᠯᠵᠤ | ᠴᠢᠳᠠᠨ᠎ᠠ᠃ ᠡᠷᠬᠡᠪᠰᠢ ᠢᠲᠡᠭᠡᠯ ᠵᠤᠷᠢᠭ ᠢᠶᠠᠨ ᠬᠦᠪᠴᠢᠯᠡᠨ᠂ ᠳᠡᠰᠪᠦᠷᠢ ᠳᠠᠭᠠᠭᠠᠴᠠ ᠲᠠᠢ ᠤᠷᠤᠭᠰᠢᠯᠠᠬᠤ ᠬᠡᠷᠡᠭᠲᠡᠢ᠃ | ᠰᠢᠨ᠎ᠡ ᠠᠬᠤᠢ ᠪᠠᠶᠢᠳᠠᠯ ᠤᠨ ᠡᠮᠦᠨ᠎ᠡ᠂ ᠵᠦᠪᠬᠡᠨ ᠬᠦᠭᠵᠢᠯᠲᠡ ᠶᠢ ᠨᠢᠭᠡᠳᠦᠭᠡᠷ ᠡᠭᠦᠷᠭᠡ ᠪᠠᠨ ᠪᠤᠯᠭᠠᠵᠤ᠂ | ᠬᠦᠭᠵᠢᠯᠲᠡ ᠶᠢᠨ ᠰᠢᠨ᠎ᠡ ᠤᠶᠢᠯᠠᠭᠠᠭᠲᠠᠬᠤᠨ ᠢ ᠪᠠᠲᠤᠵᠢᠭᠤᠯᠤᠨ᠂ ᠬᠠᠷᠢᠭᠤᠴᠠᠬᠤ ᠠᠴᠠ ᠲᠦᠲᠡᠭᠡᠯᠵᠡᠬᠦ ᠦᠭᠡᠢ᠂ | ᠪᠡᠷᠬᠡᠰᠢᠶᠠᠯ ᠠᠴᠠ ᠠᠶᠤᠬᠤ ᠦᠭᠡᠢ᠂ ᠳᠠᠷᠤᠭᠠᠰᠤ ᠠᠴᠠ ᠬᠠᠯᠠᠰᠢᠷᠠᠬᠤ ᠦᠭᠡᠢ᠂ ᠲᠡᠰᠪᠦᠷᠢ ᠳᠡᠪᠴᠢᠶᠡᠷᠢ ᠲᠠᠢ | ᠰᠢᠷᠭᠠᠭᠤ ᠲᠡᠮᠡᠴᠡᠪᠡᠯ ᠰᠠᠶ᠋ᠢ ᠡᠵᠡᠨ᠎ᠡ ᠬᠤᠰᠢᠭᠤᠨ ᠤ ᠡᠷᠡᠭᠦᠯ ᠮᠦᠷᠲᠡᠭᠡᠨ ᠦᠷᠭᠦᠯᠵᠢᠯᠡᠭᠰᠡᠨ ᠬᠦᠭᠵᠢᠯᠲᠡ ᠶᠢ | ᠲᠦᠯᠬᠢᠨ ᠠᠬᠢᠭᠤᠯᠵᠦ ᠴᠢᠳᠠᠨ᠎ᠠ᠃ ᠡᠷᠬᠡᠪᠰᠢ ᠵᠤᠷᠢᠭᠲᠠᠢ ᠡᠭᠦᠷᠭᠡᠯᠡᠨ᠂ ᠦᠨᠡᠨᠬᠦ ᠠᠳᠬᠤᠵᠦ ᠪᠤᠳᠠᠲᠠᠢ ᠠᠵᠢᠯᠯᠠᠬᠤ | ᠴᠢᠬᠤᠯᠠᠲᠠᠢ᠃ ᠰᠢᠨ᠎ᠡ ᠱᠠᠭᠠᠷᠳᠠᠯᠭ᠎ᠠ ᠶᠢᠨ ᠡᠮᠦᠨ᠎ᠡ᠂ ᠵᠦᠪᠬᠡᠨ ᠬᠦᠴᠢᠷ ᠠᠴᠠ ᠵᠢᠷᠤᠬᠡᠰᠢᠶᠡᠬᠦ ᠦᠭᠡᠢ᠂ ᠵᠤᠷᠢᠭᠲᠠᠢ | ᠬᠠᠷᠢᠭᠤᠴᠠᠵᠤ᠂ ᠰᠢᠨ᠎ᠡ ᠶᠢ ᠡᠭᠦᠳᠦᠨ᠂ ᠰᠠᠶᠢᠳᠤᠷ ᠠᠳᠬᠤᠨ ᠨᠠᠶᠢᠳᠠᠪᠤᠷᠢᠵᠢᠭᠤᠯᠪᠠᠯ ᠰᠠᠶ᠋ᠢ ᠨᠠᠮ ᠠᠷᠠᠳ ᠢ | ᠬᠦᠰᠡᠷᠳᠡᠭᠦᠯᠬᠦ ᠦᠭᠡᠢ ᠰᠡᠳᠬᠢᠯ ᠬᠠᠨᠤᠮᠵᠢᠲᠠᠢ ᠲᠡᠦᠬᠡᠨ ᠦᠷ᠎ᠡ ᠪᠦᠲᠦᠮᠵᠢ ᠶᠢ ᠡᠭᠦᠳᠴᠦ ᠴᠢᠳᠠᠨ᠎ᠠ᠃ ᠡᠷᠬᠡᠪᠰᠢ | ᠪᠦᠯᠬᠦᠮᠳᠡᠨ ᠨᠢᠭᠡᠳᠴᠦ᠂ ᠬᠦᠴᠢᠷ ᠪᠡᠷᠬᠡ ᠶᠢ ᠬᠠᠮᠲᠤ ᠪᠠᠷ ᠲᠤᠭᠤᠯᠬᠤ ᠴᠢᠬᠤᠯᠠᠲᠠᠢ᠃ ᠰᠢᠨ᠎ᠡ ᠡᠭᠦᠷᠭᠡ ᠶᠢᠨ ᠡᠮᠦᠨ᠎ᠡ | ᠪᠢᠳᠡ ᠵᠦᠪᠬᠡᠨ ᠠᠯᠬᠤᠴᠠ ᠪᠠᠨ ᠨᠢᠭᠡᠳᠦᠭᠦᠯᠵᠤ᠂ ᠮᠦᠷᠦ ᠵᠡᠷᠭᠡᠴᠡᠨ᠂ ᠨᠡᠶᠢᠲᠡ ᠶᠢᠨ ᠬᠠᠷᠠᠯᠲᠠ ᠵᠦᠭ ᠬᠠᠮᠲᠤᠪᠡᠷ | ᠤᠷᠤᠭᠰᠢᠯᠠᠵᠤ᠂ ᠮᠠᠷᠭᠠᠰᠢ ᠶᠢᠨ ᠬᠦᠭᠵᠢᠯᠲᠡ ᠶᠢ ᠬᠠᠮᠲᠤᠪᠠᠷ ᠵᠦᠪᠳᠡᠯᠴᠡᠪᠡᠯ ᠰᠠᠶ᠋ᠢ ᠤᠯᠠᠨ ᠪᠦᠭᠦᠲᠡ ᠶᠢ | ᠪᠦᠯᠭᠦᠮᠳᠡᠭᠦᠯᠦᠨ᠂ ᠬᠠᠨᠳᠤᠭᠰᠠᠨ ᠵᠦᠭ ᠲᠤ ᠢᠯᠡᠯᠲᠡ ᠳᠦᠭᠦᠷᠡᠩ ᠶᠠᠪᠤᠵᠤ ᠴᠢᠳᠠᠨ᠎ᠠ᠃ ᠡᠳᠡᠭᠡᠷ ᠲᠠᠨᠢᠯᠲᠠ | ᠤᠶᠢᠯᠠᠭᠠᠯᠲᠠ ᠶᠢ ᠪᠢᠳᠠ ᠤᠬᠠᠨ ᠡᠵᠡᠮᠰᠢᠵᠦ᠂ ᠪᠤᠳᠠᠲᠤ ᠦᠢᠯᠡᠳᠦᠯᠬᠡ ᠳᠤᠮᠳᠠ ᠲᠠᠰᠤᠷᠠᠯᠲᠠ ᠦᠭᠡᠢ | ᠪᠠᠶᠠᠯᠢᠭᠵᠢᠭᠤᠯᠤᠨ ᠬᠦᠭᠵᠢᠭᠦᠯᠬᠦ ᠬᠡᠷᠡᠭᠲᠡᠢ ᠶᠤᠮ᠃ | ᠬᠤᠶᠠᠷ ᠊ ᠬᠤᠶᠢᠰᠢᠳᠠ ᠶᠢᠨ ᠲᠠᠪᠤᠨ ᠵᠢᠯ ᠤᠨ ᠬᠦᠭᠵᠢᠯᠲᠡ ᠶᠢᠨ ᠰᠡᠳᠬᠢᠴᠡ᠂ ᠲᠡᠮᠡᠴᠡᠬᠦ ᠬᠠᠷᠠᠯᠲᠠ ᠵᠢᠴᠢ | ᠭᠤᠤᠯᠳᠠᠯᠭᠠᠳᠤ ᠠᠵᠢᠯ | ᠨᠠᠮ ᠤᠨ ᠠᠷᠪᠠᠨ ᠶᠢᠰᠦᠳᠦᠭᠡᠷ ᠶᠡᠭᠡ ᠬᠤᠷᠠᠯ ᠨᠢ ᠢᠷᠡᠭᠡᠳᠦᠢ ᠶᠢᠨ ᠬᠦᠭᠵᠢᠯᠲᠡ ᠶᠢᠨ ᠠᠭᠤᠤ ᠲᠦᠰᠦᠪ ᠢ | ᠲᠤᠭᠲᠠᠭᠠᠵᠤ᠂ ᠪᠢᠳᠠᠨ ᠤ ᠰᠢᠨᠵᠢᠯᠡᠬᠦ ᠤᠬᠠᠭᠠᠨᠴᠢ ᠬᠦᠭᠵᠢᠯᠲᠡ᠂ ᠰᠢᠨ᠎ᠡ ᠶᠢ ᠡᠭᠦᠳᠬᠦ ᠬᠦᠭᠵᠢᠯᠲᠡ᠂ ᠡᠶ᠎ᠡ | ᠵᠤᠬᠢᠴᠠᠩᠭᠤᠢ ᠬᠦᠭᠵᠢᠯᠲᠡ ᠳᠤ ᠲᠤᠩ ᠴᠢᠬᠤᠯᠠ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠠᠵᠠ ᠵᠠᠪᠰᠢᠶᠠᠨ ᠢ | ᠤᠯᠭᠤᠨ ᠦᠭᠴᠡᠢ᠃ ᠬᠤᠶᠢᠰᠢᠳᠠ ᠶᠢᠨ ᠲᠠᠪᠤᠨ ᠵᠢᠯ ᠳᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ | ᠬᠦᠭᠵᠢᠯᠲᠡ ᠶᠢᠨ ᠶᠡᠷᠦᠩᠬᠡᠢ ᠰᠡᠳᠬᠢᠴᠡ ᠪᠤᠯ᠄ ᠨᠠᠮ ᠤᠨ ᠠᠷᠪᠠᠨ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ | ᠶᠢ ᠪᠦᠬᠦ ᠲᠠᠯ᠎ᠠ ᠪᠠᠷ ᠲᠤᠤᠱᠯᠠᠭᠤᠯᠤᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠤᠨᠴᠠᠯᠢᠭᠲᠤ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠭᠤᠯᠵᠤ᠂ ᠮᠠᠨ ᠤ ᠤᠯᠤᠰ ᠤᠨ ᠨᠡᠶᠢᠭᠡᠮ ᠤᠨ | ᠭᠤᠤᠯ ᠵᠦᠷᠢᠴᠡᠯ ᠤᠨ ᠬᠤᠪᠢᠷᠠᠯᠲᠠ ᠶᠢ ᠰᠡᠷᠭᠡᠭ ᠮᠡᠳᠡᠷᠡᠨ᠂ ᠦᠨᠳᠦᠷ ᠶᠠᠰᠤ ᠴᠢᠨᠠᠷ ᠲᠠᠢ ᠬᠦᠭᠵᠢᠯᠲᠡ ᠶᠢᠨ | ᠱᠠᠭᠠᠷᠳᠠᠯᠭ᠎ᠠ ᠶᠤᠰᠤᠭᠠᠷ ︽ᠲᠠᠪᠤ ᠶᠢ ᠨᠢᠭᠡ ᠴᠤᠭᠴᠠᠵᠢᠭᠤᠯᠬᠤ︾ ᠶᠠᠷᠦᠩᠬᠡᠢ ᠪᠠᠶᠢᠷᠢᠰᠢᠯᠠᠭᠤᠯᠤᠯᠲᠠ ᠶᠢ ᠨᠢᠭᠡᠳᠦᠯᠲᠡᠢ | ᠲᠦᠯᠦᠪᠯᠡᠨ ᠠᠬᠢᠭᠤᠯᠵᠤ᠂ ︽ᠳᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠲᠤᠬᠢᠷᠠᠭᠤᠯᠭ᠎ᠠ ᠶᠢ | ᠵᠤᠬᠢᠴᠠᠩᠭᠤᠢ ᠠᠬᠢᠭᠤᠯᠤᠨ᠂ ᠦᠪᠡᠷᠲᠡᠭᠡᠨ ᠵᠠᠰᠠᠬᠤ ᠤᠷᠤᠨ ᠤ ᠬᠦᠭᠵᠢᠯᠲᠡ ᠶᠢᠨ ᠰᠡᠳᠬᠢᠴᠡ ᠪᠤᠯᠤᠨ ᠠᠶᠢᠮᠠᠭ ᠤᠨ | ᠨᠠᠮ ᠤᠨ ᠬᠤᠷᠢᠶ᠎ᠠ᠂ ᠵᠠᠬᠢᠷᠭᠠᠨ ᠤ ᠪᠤᠳᠤᠯᠭ᠎ᠠ ᠪᠠᠶᠢᠷᠢᠰᠢᠯᠠᠭᠤᠯᠤᠯᠲᠠ ᠶᠢᠨ ᠲᠤᠭᠤᠷᠢᠨ ᠳᠤ ᠬᠤᠰᠢᠭᠤ ᠨᠠᠮ ᠤᠨ | ᠬᠤᠷᠢᠶᠠᠨ ᠤ ᠵᠦᠪ ᠤᠨᠤᠪᠴᠢᠲᠠᠢ ᠤᠳᠤᠷᠢᠳᠤᠯᠭ᠎ᠠ ᠳᠤᠤᠷ᠎ᠠ᠂ ᠯᠠᠪᠳᠠᠭᠤᠨ ᠤ ᠳᠤᠮᠳᠠ ᠪᠦᠲᠦᠮᠵᠢ ᠭᠠᠷᠭᠠᠨ | ᠤᠷᠤᠭᠰᠢᠯᠡᠨ ᠳᠡᠪᠰᠢᠵᠦ᠂ ᠰᠢᠨ᠎ᠡ ᠬᠦᠭᠵᠢᠯᠲᠡ ᠶᠢᠨ ᠤᠶᠢᠯᠠᠭᠠᠭᠲᠠᠬᠤᠨ ᠢ ᠲᠤᠤᠱᠯᠠᠭᠤᠯᠤᠨ᠂ ᠬᠠᠩᠭᠠᠯᠭ᠎ᠠ ᠶᠢᠨ | ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠪᠠᠷ ᠭᠤᠤᠯ ᠱᠤᠭᠤᠮ ᠪᠤᠯᠭᠠᠵᠤ᠂ ᠠᠮᠢ ᠠᠬᠤᠢ ᠶᠢ | ᠬᠠᠮᠠᠭᠠᠯᠠᠬᠤ᠂ ᠦᠭᠡᠷᠡᠴᠢᠯᠡᠯᠲᠡ ᠬᠢᠵᠦ ᠴᠢᠯᠦᠭᠡᠲᠡᠢ ᠶᠠᠪᠤᠯᠴᠠᠬᠤ᠂ ᠴᠡᠷᠢᠭ ᠠᠷᠠᠳ ᠤᠶᠠᠯᠳᠤᠬᠤ᠂ ᠬᠤᠲᠠ ᠬᠦᠳᠡᠭᠡ | ᠶᠢ ᠬᠦᠭᠵᠢᠭᠦᠯᠬᠦ᠂ ᠠᠵᠤ ᠦᠢᠯᠡᠰ ᠢ ᠳᠡᠰ ᠳᠡᠪᠰᠢᠭᠦᠯᠬᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠨᠡᠶᠢᠭᠡᠮ | ᠤᠨ ᠬᠠᠮᠢᠶᠠᠷᠤᠯᠲᠠ ᠶᠢ ᠶᠠᠪᠤᠭᠤᠯᠬᠤ᠂ ᠦᠪᠡᠷ ᠢ ᠪᠠᠨ ᠪᠦᠲᠦᠭᠡᠨ ᠪᠠᠶᠢᠭᠤᠯᠬᠤ ᠵᠡᠷᠭᠡ ᠲᠠᠯ᠎ᠠ ᠪᠠᠷ ᠰᠢᠨ᠎ᠡ | ᠰᠢᠪᠲᠤᠯᠤᠯᠲᠠ ᠶᠢ ᠭᠠᠷᠭᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠢᠳᠪᠦᠷᠢᠲᠦ | ᠴᠢᠨᠠᠷᠲᠠᠢ ᠢᠯᠡᠯᠲᠡ ᠶᠢ ᠤᠯᠤᠨ᠂ ᠡᠵᠡᠨ᠎ᠡ ᠬᠤᠰᠢᠭᠤ ᠪᠠᠨ ᠤᠯᠠᠮ ᠭᠤᠶᠤ ᠦᠵᠡᠰᠭᠦᠯᠡᠩ᠂ ᠪᠠᠶᠠᠨ ᠴᠢᠨᠡᠭᠡᠯᠢᠭ᠂ | ᠴᠢᠯᠦᠭᠡᠲᠦ ᠨᠡᠭᠡᠭᠡᠯᠲᠡᠲᠡᠢ᠂ ᠡᠶ᠎ᠡ ᠵᠤᠬᠢᠴᠠᠩᠭᠤᠢ ᠪᠤᠯᠭᠠᠨ ᠪᠦᠲᠦᠭᠡᠨ ᠪᠠᠶᠢᠭᠤᠯᠤᠨ᠎ᠠ᠃ | ᠨᠠᠮ ᠤᠨ ᠠᠷᠪᠠᠨ ᠶᠢᠰᠦᠳᠦᠭᠡᠷ ᠶᠡᠭᠡ ᠬᠤᠷᠠᠯ ᠨᠢ ᠢᠷᠡᠭᠡᠳᠦᠢ ᠶᠢᠨ ᠨᠢᠭᠡ ᠬᠡᠰᠡᠭ ᠬᠤᠭᠤᠴᠠᠭᠠᠨ ᠳᠠᠬᠢ | ᠨᠠᠮ ᠪᠤᠯᠤᠨ ᠤᠯᠤᠰ ᠤᠨ ᠠᠵᠢᠯ ᠦᠢᠯᠡᠰ ᠤᠨ ᠬᠦᠭᠵᠢᠯᠲᠡ ᠶᠢᠨ ᠲᠤᠮᠤ ᠪᠤᠳᠤᠯᠭ᠎ᠠ ᠴᠢᠭᠯᠡᠯᠲᠡ᠂ ᠠᠵᠢᠯᠯᠠᠭᠠᠨ ᠤ | ᠬᠦᠲᠦᠯᠪᠦᠷᠢ ᠪᠤᠯᠤᠨ ᠠᠯᠤᠰ ᠬᠡᠲᠦ ᠶᠢᠨ ᠬᠠᠷᠠᠯᠲᠠ ᠶᠢ ᠲᠤᠳᠤᠳᠬᠠᠵᠤ᠂ ᠪᠢᠳᠠᠨ ᠤ ᠰᠢᠨ᠎ᠡ ᠲᠡᠦᠬᠡᠲᠦ ᠨᠦᠭᠦᠴᠡᠯ | ᠳᠤᠤᠷᠠᠬᠢ ᠰᠢᠨ᠎ᠡ ᠬᠦᠭᠵᠢᠯᠲᠡ ᠶᠢ ᠠᠬᠢᠭᠤᠯᠤᠨ ᠦᠢᠯᠡᠳᠦᠯᠭᠡᠵᠢᠭᠦᠯᠬᠦ᠂ ᠠᠵᠢᠯ ᠦᠢᠯᠡᠰ ᠤᠨ ᠰᠢᠨ᠎ᠡ ᠢᠯᠡᠯᠲᠡ ᠶᠢ | ᠲᠡᠮᠡᠴᠡᠨ ᠤᠯᠬᠤ ᠳᠤ ᠦᠨᠳᠦᠰᠦᠨ ᠵᠢᠷᠤᠮᠯᠠᠯ ᠢ ᠬᠠᠩᠭᠠᠭᠰᠠᠨ ᠪᠠᠶᠢᠨ᠎ᠠ᠃ ᠬᠤᠶᠢᠰᠢᠳᠠ ᠶᠢᠨ ᠨᠢᠭᠡ ᠬᠡᠰᠡᠭ | ᠬᠤᠭᠤᠴᠠᠭᠠᠨ ᠤ ᠡᠯ᠎ᠡ ᠲᠦᠷᠦᠯ ᠤᠨ ᠠᠵᠢᠯ ᠢ ᠰᠠᠶᠢᠲᠤᠷ ᠭᠦᠢᠴᠡᠳᠭᠡᠬᠦ ᠳᠤ᠂ ᠪᠢᠳᠠ ᠡᠷᠬᠡᠪᠰᠢ ᠪᠠᠶᠢᠯᠳᠤᠬᠤ | ᠪᠤᠳᠤᠯᠭ᠎ᠠ ᠶᠢᠨ ᠦᠨᠳᠦᠷᠴᠡ ᠳᠤ ᠵᠤᠭᠰᠤᠨ᠂ ᠶᠡᠭᠡ ᠲᠠᠯ᠎ᠠ ᠶᠢ ᠲᠠᠨᠢᠵᠤ ᠶᠡᠷᠦᠩᠬᠡᠢ ᠪᠠᠶᠢᠳᠠᠯ ᠢ ᠤᠶᠢᠯᠠᠭᠠᠨ᠂ | ᠬᠤᠰᠢᠭᠤᠨ ᠤ ᠪᠤᠳᠠᠲᠤ ᠪᠠᠶᠢᠳᠠᠯ ᠲᠠᠢ ᠤᠶᠠᠯᠳᠤᠭᠤᠯᠵᠤ᠂ ᠠᠵᠢᠯ ᠤᠨ ᠭᠠᠷᠳᠠᠴᠠ ᠶᠢ ᠤᠨᠤᠪᠴᠢᠲᠠᠢ ᠡᠷᠢᠯᠬᠢᠯᠡᠨ᠂ | ᠠᠷᠪᠠᠨ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠡᠵᠡᠨ᠎ᠡ ᠨᠤᠲᠤᠭ ᠲᠤ ᠪᠦᠬᠦ ᠲᠠᠯ᠎ᠠ ᠪᠠᠷ | ᠲᠦᠭᠡᠮᠡᠯᠵᠢᠭᠦᠯᠵᠦ᠂ ᠦᠷ᠎ᠡ ᠪᠦᠲᠦᠮᠵᠢ ᠤᠯᠬᠤ ᠶᠢ ᠠᠬᠢᠭᠤᠯᠤᠨ᠎ᠠ᠃ | ᠬᠤᠶᠢᠰᠢᠲᠠ ᠶᠢᠨ ᠲᠠᠪᠤᠨ ᠵᠢᠯ ᠳᠤ᠂ ᠪᠢᠳᠠᠨ ᠤ ᠭᠤᠤᠯᠳᠠᠯᠭ᠎ᠠ ᠲᠠᠢ ᠴᠢᠷᠮᠠᠶᠢᠬᠤ ᠴᠢᠭᠯᠡᠯ ᠪᠤᠯ᠄ | — — ᠠᠮᠢ ᠠᠬᠤᠢ ᠶᠢ ᠰᠠᠶᠢᠳᠤᠷ ᠬᠠᠮᠠᠭᠠᠯᠠᠨ ᠪᠦᠲᠦᠭᠡᠨ ᠪᠠᠶᠢᠭᠤᠯᠵᠤ᠂ ᠤᠯᠤᠰ ᠤᠨ ᠤᠮᠠᠷᠠᠲᠤ | ᠬᠢᠵᠠᠭᠠᠷ ᠤᠨ ᠭᠤᠶᠤ ᠦᠵᠡᠰᠭᠦᠯᠡᠩᠲᠦ ᠦᠵᠡᠮᠵᠢ ᠶᠢᠨ ᠤᠷᠤᠨ ᠪᠤᠯᠭᠠᠨ ᠴᠤᠭᠴᠠᠯᠠᠬᠤ ᠪᠠ ᠦᠵᠡᠰᠭᠦᠯᠡᠩᠲᠦ | ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠳᠤ ᠬᠤᠪᠢ ᠨᠡᠮᠡᠷᠢ ᠪᠠᠨ ᠦᠵᠡᠭᠦᠯᠦᠨ᠎ᠡ︔ | — — ᠤᠯᠤᠰ ᠤᠨ ᠪᠠᠲᠤᠯᠠᠨ ᠬᠠᠮᠠᠭᠠᠯᠠᠯᠲᠠ ᠶᠢ ᠳᠡᠮᠵᠢᠬᠦ ᠪᠦᠭᠡᠳ ᠰᠠᠶᠢᠳᠤᠷ ᠦᠢᠯᠡᠴᠢᠯᠡᠨ᠂ | ᠴᠡᠷᠢᠭ ᠠᠷᠠᠳ ᠠᠭᠤᠰᠤᠯᠴᠠᠭᠰᠠᠨ ᠬᠦᠭᠵᠢᠯᠲᠡ ᠶᠢᠨ ᠪᠤᠳᠤᠯᠭ᠎ᠠ ᠶᠢ ᠬᠦᠴᠦᠯᠡᠨ ᠬᠡᠷᠡᠭᠵᠢᠭᠦᠯᠵᠦ᠂ ᠤᠯᠤᠰ ᠤᠨ | ᠴᠡᠷᠢᠭ ᠢᠶᠠᠨ ᠬᠦᠴᠦᠷᠭᠡᠭᠵᠢᠭᠦᠯᠬᠦ ᠬᠠᠷᠠᠯᠲᠠ ᠳᠤ ᠬᠤᠪᠢ ᠨᠡᠮᠡᠷᠢ ᠪᠠᠨ ᠳᠡᠪᠰᠢᠭᠦᠯᠦᠨ᠎ᠡ︔ | — — ᠴᠡᠭᠡ ᠪᠤᠭᠤᠮᠲᠠ ᠳᠤ ᠲᠦᠰᠢᠭᠯᠡᠨ᠂ ᠭᠠᠳᠠᠭᠰᠢ ᠨᠡᠭᠡᠭᠡᠯᠲᠡ ᠶᠢᠨ ᠬᠦᠴᠦᠯᠡᠴᠡ ᠪᠠᠨ | ᠶᠡᠭᠡᠰᠬᠡᠵᠦ᠂ ᠪᠤᠭᠤᠮᠲᠠ ᠶᠢᠨ ᠪᠠᠷᠠᠭ᠎ᠠ ᠲᠠᠸᠠᠷ ᠤᠨ ᠭᠦᠢᠯᠭᠡᠭᠡ ᠪᠤᠯᠤᠨ ᠠᠷᠠᠯᠵᠢᠶ᠎ᠠ ᠬᠤᠳᠠᠯᠳᠤᠭ᠎ᠠ ᠶᠢ ᠬᠦᠴᠦᠯᠡᠨ | ᠬᠦᠭᠵᠢᠭᠦᠯᠵᠦ᠂ ᠤᠯᠤᠰ ᠤᠨ ︽ᠨᠢᠭᠡ ᠪᠦᠰᠡ ᠨᠢᠭᠡ ᠵᠠᠮ︾ ᠪᠠᠶᠢᠯᠳᠤᠬᠤ ᠪᠤᠳᠤᠯᠭ᠎ᠠ ᠶᠢ ᠠᠬᠢᠭᠤᠯᠬᠤ ᠳᠤ ᠬᠤᠪᠢ | ᠨᠡᠮᠡᠷᠢ ᠪᠠᠨ ᠳᠡᠪᠰᠢᠭᠦᠯᠦᠨ᠎ᠡ︔ | — — ᠰᠤᠶᠤᠯ ᠵᠢᠭᠤᠯᠴᠢᠯᠠᠯ ᠤᠨ ᠦᠢᠯᠡᠰ ᠢᠶᠠᠷ ᠲᠤᠯᠭᠠᠭᠤᠷᠢ ᠪᠤᠯᠭᠠᠭᠰᠠᠨ ᠠᠵᠤ ᠦᠢᠯᠡᠰ ᠤᠨ | ᠭᠤᠤᠯᠯᠠᠬᠤ ᠬᠦᠴᠦᠨ ᠢ ᠰᠠᠶᠢᠳᠤᠷ ᠠᠳᠬᠤᠨ᠂ ᠬᠢᠯᠢ ᠪᠠᠨ ᠮᠠᠨᠳᠤᠭᠤᠯᠤᠨ ᠠᠷᠠᠳ ᠢᠶᠠᠨ ᠪᠠᠶᠠᠵᠢᠭᠤᠯᠬᠤ᠂ | ᠦᠨᠳᠦᠰᠦᠲᠡᠨ ᠤᠯᠠᠨ ᠢ ᠪᠦᠯᠬᠦᠮᠳᠡᠭᠦᠯᠬᠦ᠂ ᠬᠢᠯᠢ ᠬᠢᠵᠠᠭᠠᠷ ᠢ ᠲᠤᠭᠲᠠᠪᠤᠷᠢᠵᠢᠭᠤᠯᠬᠤ᠂ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠪᠦᠲᠦᠭᠡᠨ ᠪᠠᠶᠢᠭᠤᠯᠤᠨ ᠰᠢᠢᠳᠪᠦᠷᠢᠲᠦ ᠴᠢᠨᠠᠷᠲᠠᠢ ᠢᠯᠡᠯᠲᠡ ᠤᠯᠬᠤ ᠳᠤ ᠬᠤᠪᠢ ᠨᠡᠮᠡᠷᠢ ᠪᠠᠨ | ᠳᠡᠪᠰᠢᠭᠦᠯᠦᠨ᠎ᠡ᠃ | ᠬᠤᠶᠢᠰᠢᠲᠠ ᠶᠢᠨ ᠲᠠᠪᠤᠨ ᠵᠢᠯ ᠤᠨ ᠵᠢᠱᠢᠭᠰᠡᠨ ᠬᠠᠷᠠᠯᠲᠠ ᠪᠤᠯ᠄ ᠤᠷᠤᠨ ᠨᠤᠲᠤᠭ ᠤᠨ ᠦᠢᠯᠡᠳᠪᠦᠷᠢᠯᠡᠯ | ᠤᠨ ᠶᠡᠷᠦᠩᠬᠡᠢ ᠦᠷᠲᠡᠭ ᠤᠨ ᠵᠢᠯ ᠤᠨ ᠳᠤᠮᠳᠠᠴᠢ ᠨᠡᠮᠡᠭᠳᠡᠯ ᠢ 8%︔ ᠡᠩ ᠤᠨ ᠤᠯᠠᠨ ᠨᠡᠶᠢᠲᠡ ᠶᠢᠨ ᠲᠦᠰᠦᠪ | ᠤᠨ ᠤᠷᠤᠯᠭ᠎ᠠ ᠶᠢᠨ ᠵᠢᠯ ᠤᠨ ᠳᠤᠮᠳᠠᠴᠢ ᠨᠡᠮᠡᠭᠳᠡᠯ ᠢ 9.2%︔ ᠲᠤᠭᠳᠠᠮᠠᠯ ᠬᠦᠷᠦᠩᠭᠡ ᠶᠢᠨ ᠪᠡᠯᠡ | ᠤᠷᠤᠭᠤᠯᠤᠯᠲᠠ ᠶᠢᠨ ᠵᠢᠯ ᠤᠨ ᠳᠤᠮᠳᠠᠴᠢ ᠨᠡᠮᠡᠭᠳᠡᠯ ᠢ 10%︔ ᠨᠡᠶᠢᠭᠡᠮ ᠤᠨ ᠬᠡᠷᠡᠭᠯᠡᠭᠡᠨ ᠤ ᠪᠤᠳᠠᠰ ᠤᠨ | ᠬᠡᠰᠡᠭᠯᠡᠨ ᠪᠤᠷᠤᠯᠠᠭᠤᠯᠬᠤ ᠶᠡᠷᠦᠩᠭᠡᠢ ᠦᠨ᠎ᠡ ᠶᠢᠨ ᠵᠢᠯ ᠤᠨ ᠳᠤᠮᠳᠠᠴᠢ ᠨᠡᠮᠡᠭᠳᠡᠯ ᠢ 9%︔ ᠬᠤᠲᠠ ᠪᠠᠯᠭᠠᠰᠤ ᠪᠠ | ᠮᠠᠯᠵᠢᠬᠤ ᠲᠠᠷᠢᠶᠠᠯᠠᠬᠤ ᠤᠷᠤᠨ ᠤ ᠰᠠᠭᠤᠭᠠᠯᠢ ᠠᠷᠠᠳ ᠤᠨ ᠬᠦᠮᠦᠨ ᠳᠤᠮᠳᠠᠴᠢ ᠶᠢᠨ ᠡᠵᠡᠮᠳᠡᠵᠦ ᠪᠤᠯᠬᠤ ᠤᠷᠤᠯᠭ᠎ᠠ | ᠶᠢᠨ ᠵᠢᠯ ᠤᠨ ᠳᠤᠮᠳᠠᠴᠢ ᠨᠡᠮᠡᠭᠳᠡᠯ ᠢ ᠲᠤᠰᠪᠦᠷᠢ 8.5% ᠪᠠ 9% ᠳᠤ ᠬᠦᠷᠭᠡᠵᠦ᠂ ᠵᠢᠭᠤᠯᠴᠢᠳ ᠤᠨ ᠲᠤᠭ᠎ᠠ | ᠪᠤᠯᠤᠨ ᠵᠢᠭᠤᠯᠴᠢᠯᠠᠯ ᠤᠨ ᠶᠡᠷᠦᠩᠭᠡᠢ ᠤᠷᠤᠯᠭ᠎ᠠ ᠶᠢ ᠲᠤᠰ ᠲᠤᠰ 1500 ᠲᠦᠮᠡᠨ ᠬᠦᠮᠦᠨ ᠤᠳᠠᠭ᠎ᠠ ᠪᠤᠯᠤᠨ | 150 ᠳ᠋ᠦᠩᠰᠢᠭᠤᠷ ᠲᠦᠭᠦᠷᠢᠭ ᠠᠴᠠ ᠳᠠᠪᠠᠭᠤᠯᠤᠨ᠎ᠠ᠃ | 2018 ᠤᠨ ᠤ ᠵᠢᠱᠢᠭᠰᠡᠨ ᠬᠠᠷᠠᠯᠲᠠ ᠪᠤᠯ᠄ ᠤᠷᠤᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ | ᠦᠷᠲᠡᠭ ᠤᠨ ᠨᠡᠮᠡᠭᠳᠡᠯ ᠢ 8%᠂ 51.2 ᠳ᠋ᠦᠩᠰᠢᠭᠤᠷ ᠲᠦᠭᠦᠷᠢᠭ ᠲᠤ ᠬᠦᠷᠭᠡᠨ᠎ᠡ︔ ᠡᠩ ᠤᠨ ᠤᠯᠠᠨ ᠨᠡᠶᠢᠲᠡ | ᠶᠢᠨ ᠲᠦᠰᠦᠪ ᠤᠨ ᠤᠷᠤᠯᠭ᠎ᠠ ᠶᠢᠨ ᠨᠡᠮᠡᠭᠳᠡᠯ ᠢ 8%᠂ 3.1 ᠳ᠋ᠦᠩᠰᠢᠭᠤᠷ ᠲᠦᠭᠦᠷᠢᠭ ᠲᠤ ᠬᠦᠷᠭᠡᠨ᠎ᠡ︔ | ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠲᠠ ᠶᠢᠨ ᠨᠡᠮᠡᠭᠳᠡᠯ ᠢ 10%᠂ 90.6 ᠳ᠋ᠦᠩᠰᠢᠭᠤᠷ ᠲᠦᠭᠦᠷᠢᠭ | ᠲᠤ ᠬᠦᠷᠭᠡᠨ᠎ᠡ︔ ᠨᠡᠶᠢᠭᠡᠮ ᠤᠨ ᠬᠡᠷᠡᠭᠯᠡᠭᠡᠨ ᠤ ᠪᠤᠳᠠᠰ ᠤᠨ ᠬᠡᠰᠡᠭᠯᠡᠨ ᠪᠤᠷᠤᠯᠠᠭᠤᠯᠬᠤ ᠶᠡᠷᠦᠩᠭᠡᠢ ᠦᠨ᠎ᠡ ᠶᠢᠨ | ᠨᠡᠮᠡᠭᠳᠡᠯ ᠢ 9%᠂ 16 ᠳ᠋ᠦᠩᠰᠢᠭᠤᠷ ᠲᠦᠭᠦᠷᠢᠭ ᠲᠤ ᠬᠦᠷᠭᠡᠨ᠎ᠡ︔ ᠬᠤᠲᠠ ᠪᠠᠯᠭᠠᠰᠤ ᠪᠠ ᠮᠠᠯᠵᠢᠬᠤ ᠲᠠᠷᠢᠶᠠᠯᠠᠬᠤ | ᠤᠷᠤᠨ ᠤ ᠰᠠᠭᠤᠭᠠᠯᠢ ᠠᠷᠠᠳ ᠤᠨ ᠬᠦᠮᠦᠨ ᠳᠤᠮᠳᠠᠴᠢ ᠶᠢᠨ ᠡᠵᠡᠮᠳᠡᠵᠦ ᠪᠤᠯᠬᠤ ᠤᠷᠤᠯᠭ᠎ᠠ ᠶᠢᠨ ᠨᠡᠮᠡᠭᠳᠡᠯ ᠢ | ᠲᠤᠰᠪᠦᠷᠢ 8.5% ᠪᠠ 9%᠂ 41616 ᠲᠦᠭᠦᠷᠢᠭ ᠪᠠ 22918 ᠲᠦᠭᠦᠷᠢᠭ ᠲᠤ ᠬᠦᠷᠭᠡᠨ᠎ᠡ︔ | ᠵᠢᠭᠤᠯᠴᠢᠳ ᠤᠨ ᠲᠤᠭ᠎ᠠ ᠪᠤᠯᠤᠨ ᠵᠢᠭᠤᠯᠴᠢᠯᠠᠯ ᠤᠨ ᠶᠡᠷᠦᠩᠬᠡᠢ ᠤᠷᠤᠯᠭ᠎ᠠ ᠶᠢ ᠲᠤᠰᠪᠦᠷᠢ 680 ᠲᠦᠮᠡᠨ ᠬᠦᠮᠦᠨ | ᠤᠳᠠᠭ᠎ᠠ ᠪᠤᠯᠤᠨ 62 ᠳ᠋ᠦᠩᠰᠢᠭᠤᠷ ᠲᠦᠭᠦᠷᠢᠭ ᠲᠤ ᠬᠦᠷᠭᠡᠵᠦ᠂ ᠡᠯ᠎ᠡ ᠲᠦᠷᠦᠯ ᠤᠨ ᠭᠦᠢᠴᠡᠳᠬᠡᠯ ᠲᠤᠭ᠎ᠠ ᠶᠢ | ᠳᠡᠭᠡᠷ᠎ᠡ ᠱᠠᠲᠣᠨ ᠠᠴᠠ ᠲᠤᠭᠲᠠᠭᠠᠭᠰᠠᠨ ᠪᠠᠷᠢᠮᠵᠢᠶᠠᠨ ᠳᠣᠲᠤᠷ᠎ᠠ ᠬᠢᠵᠠᠭᠠᠷᠯᠠᠨ᠎ᠠ᠃ | ᠳᠡᠭᠡᠷ᠎ᠡ ᠳᠣᠷᠠᠳᠣᠭᠰᠠᠨ ᠬᠠᠷᠠᠯᠲᠠ ᠶᠢᠨ ᠲᠤᠭᠤᠷᠢᠨ ᠳᠤ᠂ ᠪᠢᠳᠠ ᠡᠷᠭᠡᠪᠰᠢ ᠦᠵᠡᠯ ᠰᠠᠨᠠᠭ᠎ᠠ ᠪᠠᠨ | ᠴᠢᠯᠦᠭᠡᠯᠡᠨ᠂ ᠪᠦᠬᠦ ᠲᠠᠯ᠎ᠠ ᠶᠢ ᠨᠢᠭᠡᠳᠦᠯᠲᠡᠢ ᠲᠦᠯᠦᠪᠵᠢᠭᠦᠯᠵᠦ᠂ ᠭᠤᠤᠯᠳᠠᠯᠭ᠎ᠠ ᠶᠢ ᠳᠤᠪᠤᠶᠢᠯᠭᠠᠨ᠂ ᠳᠠᠷᠠᠭᠠᠬᠢ | ᠲᠠᠪᠤᠨ ᠲᠠᠯ᠎ᠠ ᠶᠢᠨ ᠠᠵᠢᠯ ᠢ ᠯᠠᠪᠳᠠᠭᠤᠨ ᠢᠶᠠᠷ ᠪᠡᠶᠡᠯᠡᠭᠦᠯᠦᠨ᠎ᠡ᠄ | ︵ᠨᠢᠭᠡ︶ ᠳᠠᠪᠠᠭᠤᠯᠢᠭ ᠲᠠᠭᠠᠨ ᠲᠦᠰᠢᠭᠯᠡᠨ᠂ ᠬᠡᠯᠪᠡᠷᠢ ᠪᠠᠨ ᠲᠦᠷᠭᠡᠳᠬᠡᠨ ᠦᠭᠡᠷᠡᠴᠢᠯᠡᠵᠦ᠂ ᠠᠵᠤ | ᠠᠬᠤᠢ ᠶᠢᠨ ᠨᠡᠮᠡᠭᠳᠡᠯ ᠤᠨ ᠰᠢᠨ᠎ᠡ ᠬᠦᠳᠡᠯᠭᠡᠭᠴᠢ ᠬᠦᠴᠦᠨ ᠢ ᠬᠦᠴᠦᠯᠡᠨ ᠪᠤᠶᠢᠵᠢᠭᠤᠯᠤᠨ᠎ᠠ | — — ᠰᠤᠶᠤᠯ ᠵᠢᠭᠤᠯᠴᠢᠯᠠᠯ ᠤᠨ ᠠᠵᠤ ᠦᠢᠯᠡᠰ ᠢ ᠪᠤᠵᠠᠭᠠᠶᠢᠷᠠᠭᠤᠯᠤᠨ ᠬᠦᠭᠵᠢᠭᠦᠯᠦᠨ᠎ᠡ᠃ | ᠲᠦᠯᠦᠪᠯᠡᠨ ᠵᠢᠯᠤᠭᠤᠳᠬᠤ ᠪᠠᠨ ᠪᠠᠷᠢᠮᠲᠠᠯᠠᠵᠤ᠂ ᠨᠡᠷ᠎ᠡ ᠲᠡᠮᠳᠡᠭᠲᠦ ᠶᠢᠨ ᠤᠨᠴᠠᠯᠢᠭ ᠢᠶᠠᠨ ᠳᠤᠪᠤᠶᠢᠯᠭᠠᠨ᠂ ᠤᠯᠠᠨ | ᠤᠯᠤᠰ ᠤᠨ ᠵᠢᠭᠤᠯᠴᠢᠯᠠᠯ ᠰᠡᠯᠡᠭᠦᠴᠡᠯ ᠤᠨ ᠵᠤᠷᠢᠯᠲᠡᠲᠤ ᠤᠷᠤᠨ ᠪᠠ ᠪᠦᠬᠦᠶᠢᠯᠡ ᠴᠠᠷ᠎ᠠ ᠬᠦᠷᠢᠶᠠᠨ ᠤ ᠵᠢᠭᠤᠯᠴᠢᠯᠠᠯ | ᠤᠨ ᠵᠢᠱᠢᠶ᠎ᠡ ᠦᠵᠡᠭᠦᠯᠬᠦ ᠤᠷᠤᠨ ᠪᠤᠯᠭᠠᠨ ᠪᠦᠲᠦᠭᠡᠨ ᠪᠠᠶᠢᠭᠤᠯᠬᠤ ᠪᠠᠨ ᠲᠦᠷᠭᠡᠳᠬᠡᠵᠦ᠂ ᠰᠤᠶᠤᠯ ᠵᠢᠭᠤᠯᠴᠢᠯᠠᠯ ᠤᠨ | ᠠᠵᠤ ᠦᠢᠯᠡᠰ ᠢ ᠪᠦᠬᠦ ᠬᠤᠰᠢᠭᠤᠨ ᠤ ᠪᠦᠲᠦᠭᠡᠨ ᠪᠠᠶᠢᠭᠤᠯᠤᠯᠲᠠ ᠶᠢᠨ ᠤᠳᠤᠬᠢᠴᠢᠯᠠᠭᠰᠠᠨ ᠠᠵᠤ ᠠᠬᠤᠢ ᠶᠢᠨ | ᠰᠢᠰᠲ᠋ᠧᠮ ᠲᠠᠬᠢ ᠲᠡᠷᠢᠭᠦᠯᠡᠬᠦ ᠠᠵᠤ ᠦᠢᠯᠡᠰ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ | ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠵᠤᠯ ᠵᠢᠷᠭᠠᠯᠲᠤ ᠠᠵᠤ ᠦᠢᠯᠡᠰ᠂ ᠬᠦᠮᠦᠨ ᠪᠤᠯᠤᠨ ᠪᠠᠶᠢᠭᠠᠯᠢ | ᠶᠢᠨ ᠡᠶ᠎ᠡ ᠵᠤᠬᠢᠴᠠᠯ ᠢ ᠠᠬᠢᠭᠤᠯᠬᠤ ᠭᠤᠶᠤ ᠰᠠᠶᠢᠬᠠᠨ ᠠᠵᠤ ᠦᠢᠯᠡᠰ ᠪᠤᠯᠭᠠᠨ ᠬᠦᠴᠦᠯᠡᠨ ᠪᠠᠶᠢᠭᠤᠯᠤᠨ᠎ᠠ᠃ 5A | ᠶᠢᠨ ᠪᠠᠷᠢᠮᠵᠢᠶ᠎ᠠ ᠶᠢ ᠴᠢᠩᠭ᠎ᠠ ᠪᠠᠷᠢᠮᠲᠠᠯᠠᠵᠤ᠂ ᠤᠳᠤᠬᠢ ᠪᠠᠶᠢᠭ᠎ᠠ ᠰᠠᠭᠤᠷᠢᠨ ᠳᠡᠭᠡᠷ᠎ᠡ ᠠᠮᠢ ᠠᠬᠤᠢ ᠤᠷᠴᠢᠨ | ᠲᠤᠭᠤᠷᠢᠨ᠂ ᠬᠦᠮᠦᠨ ᠰᠤᠶᠤᠯ ᠲᠡᠦᠬᠡ᠂ ᠤᠨᠴᠠᠯᠢᠭᠲᠤ ᠰᠤᠶᠤᠯ ᠵᠡᠷᠭᠡ ᠡᠯᠧᠮᠧᠨ᠋ᠲ ᠢ ᠠᠭᠤᠰᠬᠠᠨ ᠤᠷᠤᠭᠤᠯᠵᠤ᠂ | ᠵᠢᠭᠤᠯᠴᠢᠯᠠᠯ ᠤᠨ ᠡᠯ᠎ᠡ ᠦᠵᠡᠮᠵᠢ ᠶᠢᠨ ᠤᠷᠤᠨ ᠢ ᠳᠡᠰ ᠳᠡᠪᠰᠢᠭᠦᠯᠦᠨ ᠤᠷᠤᠨ ᠵᠠᠢ ᠶᠢ ᠨᠢ ᠲᠡᠯᠡᠨ ᠦᠷᠭᠡᠳᠬᠡᠵᠦ᠂ | ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠤᠯᠤᠨ ᠲᠦᠭᠦᠷᠵᠢᠭᠰᠡᠨ ᠦᠢᠯᠡᠴᠢᠯᠡᠭᠡᠨ ᠤ ᠴᠢᠳᠠᠮᠵᠢ ᠶᠢ | ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠨᠡᠷ᠎ᠡ ᠳᠡᠮᠳᠡᠭᠳᠦ ᠦᠵᠡᠮᠵᠢ ᠶᠢᠨ ᠤᠷᠤᠨ ᠤ ᠪᠦᠲᠦᠭᠡᠨ ᠪᠠᠶᠢᠭᠤᠯᠤᠯᠲᠠ | ᠶᠢ ᠪᠦᠬᠦ ᠲᠠᠯ᠎ᠠ ᠪᠠᠷ ᠰᠠᠶᠢᠳᠤᠷ ᠬᠢᠨ᠎ᠡ᠃ ᠦᠪᠡᠷᠮᠢᠴᠡ ᠤᠨᠴᠠᠯᠢᠭ ᠪᠦᠬᠦᠢ ᠰᠤᠶᠤᠯ ᠵᠢᠭᠤᠯᠴᠢᠯᠠᠯ ᠤᠨ ᠡᠬᠢ ᠪᠠᠶᠠᠯᠢᠭ | ᠢ ᠬᠦᠨᠵᠡᠭᠡᠢ ᠠᠭᠤᠳᠠᠯᠯᠠᠨ᠂ ᠨᠢᠭᠡ ᠪᠦᠯᠦᠭ ᠬᠢᠷᠢ ᠲᠦᠪᠰᠢᠨ ᠢᠶᠠᠷ ᠦᠨᠳᠦᠷ᠂ ᠰᠤᠶᠤᠯ ᠤᠨ ᠠᠭᠤᠷ ᠠᠮᠢᠰᠬᠤᠯ ᠢᠶᠠᠷ | ᠦᠳᠬᠡᠨ᠂ ᠲᠠᠳᠠᠬᠤ ᠬᠦᠴᠦᠨ ᠴᠢᠩᠭ᠎ᠠ ᠵᠢᠭᠤᠯᠴᠢᠯᠠᠯ ᠤᠨ ᠲᠦᠷᠦᠯ ᠵᠦᠢᠯ ᠢ ᠲᠦᠯᠦᠪᠯᠡᠨ ᠪᠠᠶᠢᠭᠤᠯᠵᠤ᠂ ᠰᠤᠳᠤᠨ | ᠰᠢᠯᠢᠳᠡᠭ ᠵᠢᠭᠤᠯᠴᠢᠯᠠᠯ ᠤᠨ ᠵᠠᠮ ᠱᠤᠭᠤᠮ ᠢ ᠬᠦᠴᠦᠯᠠᠨ ᠴᠤᠭᠴᠠᠯᠠᠵᠤ᠂ 2018 ᠤᠨ ᠳᠤ ᠵᠢᠦᠢ ᠶᠠᠨ ᠮᠦᠽᠸᠢ᠂ | ᠬᠠᠷ᠎ᠠ ᠬᠤᠲᠠ ᠮᠦᠽᠸᠢ᠂ ᠲᠤᠤᠷᠠᠢ ᠶᠢᠨ ᠤᠷᠠᠯᠢᠭ ᠤᠨ ᠤᠷᠳᠤᠨ ᠢ ᠰᠢᠨ᠎ᠡ ᠪᠠᠷ ᠪᠠᠶᠢᠭᠤᠯᠵᠤ᠂ ᠰᠤᠪᠨᠠᠭᠤᠷ᠂ ᠵᠢᠦᠢ | ᠶᠠᠨ ᠽᠧ᠂ ᠭᠠᠰᠢᠭᠤᠨ ᠨᠠᠭᠤᠷ ᠤᠨ ᠪᠠᠭ᠎ᠠ ᠨᠠᠭᠤᠷ᠂ ᠭᠤᠷᠤᠨᠠᠢ ᠨᠤᠭᠤ ᠭᠠᠵᠠᠷ ᠤᠨ ᠴᠡᠴᠡᠷᠯᠢᠭ᠂ ᠰᠠᠶᠢᠠᠬᠠᠳᠤᠤᠷᠠᠢ | ᠶᠢᠨ ᠤᠨᠴᠠᠯᠢᠭᠳᠤ ᠲᠤᠤᠷᠠᠢ ᠶᠢᠨ ᠦᠵᠡᠮᠵᠢ᠂ ᠨᠠᠢᠮᠠᠳᠤᠭᠠᠷ ᠬᠦᠬᠦᠷᠬᠡ ᠶᠢᠨ ᠮᠠᠩᠬᠠᠨ ᠲᠤᠮᠳᠠᠬᠢ ᠲᠤᠤᠷᠠᠢ ᠵᠡᠷᠭᠡ | ᠰᠤᠶᠤᠯ ᠵᠢᠭᠤᠯᠴᠢᠯᠠᠯ ᠤᠨ ᠰᠢᠨ᠎ᠡ ᠲᠦᠷᠦᠯ ᠵᠦᠢᠯ ᠢ ᠰᠦᠪᠡᠭᠴᠢᠯᠡᠨ ᠰᠡᠳᠦᠵᠦ᠂ ᠰᠠᠨᠰᠠᠷ ᠠᠶᠠᠯᠠᠯ ᠤᠨ ᠰᠢᠨᠵᠢᠯᠡᠬᠦ | ᠤᠬᠠᠭᠠᠨ ᠤ ᠪᠡᠶᠡᠲᠡᠨ ᠤᠶᠢᠯᠠᠭᠠᠬᠤ ᠲᠦᠪ᠂ ᠬᠠᠷ᠎ᠠ ᠬᠤᠲᠠ ᠶᠢᠨ ᠪᠠᠭᠤᠷᠢ ᠶᠢ ᠰᠡᠷᠭᠦᠭᠡᠨ ᠵᠠᠰᠠᠬᠤ ᠠᠵᠢᠯ ᠢ | ᠴᠢᠷᠮᠠᠶᠢᠨ ᠬᠡᠷᠡᠭᠵᠢᠭᠦᠯᠵᠦ᠂ ᠬᠤᠯᠪᠤᠯᠳᠤᠨ ᠴᠤᠭᠴᠠᠵᠢᠵᠦ᠂ ᠨᠢᠭᠡᠳᠦᠯᠲᠡᠢ ᠨᠡᠭᠡᠭᠡᠨ ᠠᠰᠢᠭᠯᠠᠵᠤ᠂ ᠬᠠᠮᠲᠤ ᠳᠤᠨᠢ | ᠵᠤᠬᠢᠴᠠᠭᠤᠯᠤᠭᠰᠠᠨ ᠪᠦᠬᠦᠶᠢᠯᠡ ᠴᠠᠷ᠎ᠠ ᠬᠦᠷᠢᠶᠠᠨ ᠤ ᠵᠢᠭᠤᠯᠴᠢᠯᠠᠯ ᠤᠨ ᠰᠢᠨ᠎ᠡ ᠲᠤᠭᠲᠠᠴᠠ ᠶᠢ ᠪᠦᠷᠢᠯᠳᠦᠭᠦᠯᠦᠨ᠎ᠡ᠃ | ᠦᠵᠡᠮᠵᠢ ᠶᠢᠨ ᠤᠷᠤᠨ ᠤ ᠪᠠᠶᠢᠭᠤᠯᠤᠯᠲᠠ ᠨᠢ ᠪᠠᠷᠢᠮᠵᠢᠶᠠᠨ ᠳᠤ ᠬᠦᠷᠬᠦ ᠦᠭᠡᠢ ᠪᠤᠯ ᠤᠬᠤᠷᠢᠨ ᠭᠠᠷᠬᠤ ᠲᠤᠭᠲᠠᠴᠠ | ᠶᠢ ᠪᠠᠶᠢᠭᠤᠯᠵᠤ᠂ ︽ᠬᠡᠲᠦᠷᠡᠭᠦᠯᠦᠨ ᠦᠨᠡᠯᠡᠵᠦ ᠰᠤᠯᠠ ᠬᠠᠮᠢᠶᠠᠷᠬᠤ︾ ᠪᠤᠯᠤᠨ ︽ᠡᠵᠡᠯᠡᠨ ᠠᠪᠤᠭᠠᠳ ᠪᠠᠶᠢᠭᠤᠯᠬᠤ | ᠦᠭᠡᠢ︾ ᠵᠡᠷᠭᠡ ᠦᠵᠡᠭᠳᠡᠯ ᠠᠴᠠ ᠵᠠᠶᠢᠯᠠᠰᠬᠢᠨ᠂ ᠡᠭᠦᠨ ᠤ ᠤᠯᠠᠮ ᠢᠶᠠᠷ ᠦᠵᠡᠮᠵᠢ ᠶᠢᠨ ᠤᠷᠤᠨ ᠤ ᠶᠡᠷᠦᠩᠬᠡᠢ | ᠴᠤᠭᠴᠠ ᠶᠢᠨ ᠦᠢᠯᠡᠴᠢᠯᠡᠭᠡ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ ︽ᠵᠢᠭᠤᠯᠴᠢᠯᠠᠯ +︾ | ᠬᠦᠭᠵᠢᠯᠲᠡ ᠶᠢᠨ ᠰᠢᠨ᠎ᠡ ᠵᠠᠭᠪᠤᠷ ᠢ ᠭᠦᠨᠵᠡᠭᠡᠶᠢᠷᠡᠭᠦᠯᠦᠨ ᠶᠠᠪᠤᠭᠳᠠᠭᠤᠯᠵᠤ᠂ ᠰᠡᠯᠡᠭᠦᠴᠡᠨ ᠠᠮᠠᠷᠠᠬᠤ᠂ ᠲᠤᠭᠤᠷᠢᠨ | ᠵᠤᠭᠠᠴᠠᠬᠤ᠂ ᠠᠷᠠᠳ ᠤᠨ ᠵᠠᠩ ᠦᠢᠯᠡ ᠶᠢ ᠪᠡᠶᠡᠲᠡᠨ ᠤᠶᠢᠯᠠᠭᠠᠬᠤ ᠵᠡᠷᠭᠡ ᠶᠢ ᠨᠢᠭᠡᠳᠦᠭᠦᠯᠦᠭᠰᠡᠨ ᠲᠡᠨᠢᠭᠦᠨ ᠬᠦᠳᠡᠭᠡ | ᠳᠠᠬᠢ ᠴᠡᠩᠭᠡᠯᠲᠦ ᠵᠢᠭᠤᠯᠴᠢᠯᠠᠯ ᠤᠨ ᠶᠡᠷᠦᠩᠬᠡᠢ ᠴᠤᠭᠴᠠ ᠶᠢ ᠠᠬᠢᠭᠤᠯᠤᠨ ᠲᠡᠭᠦᠯᠳᠡᠷᠵᠢᠭᠦᠯᠵᠦ᠂ ᠵᠢᠭᠤᠯᠴᠢᠯᠡᠯ ᠤᠨ | ᠲᠤᠰᠬᠠᠢ ᠬᠤᠷᠰᠢᠶᠠᠵᠢᠯ ᠪᠠᠶᠢᠭᠤᠯᠬᠤ ᠶᠢ ᠵᠤᠷᠢᠭᠵᠢᠭᠤᠯᠤᠨ᠂ ᠵᠢᠭᠤᠯᠴᠢᠯᠠᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ | ᠴᠢᠳᠠᠪᠤᠷᠢ ᠶᠢ ᠳᠡᠭᠡᠭᠰᠢᠯᠡᠭᠦᠯᠦᠨ᠎ᠡ᠃ ᠤᠷᠤᠨ ᠨᠤᠲᠤᠭ ᠤᠨ ᠵᠢᠭᠤᠯᠴᠢᠯᠠᠯ ᠤᠨ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠦᠨ᠂ ᠤᠬᠠᠭᠠᠤᠯᠵᠤ ᠡᠵᠡᠩᠨᠡᠨ ᠪᠤᠷᠤᠯᠠᠭᠤᠯᠬᠤ ᠠᠷᠭ᠎ᠠ ᠪᠠᠷᠢᠯ ᠢ ᠰᠢᠨ᠎ᠡ ᠪᠠᠷ ᠡᠭᠦᠳᠴᠦ᠂ ᠰᠢ ᠠᠨ᠂ | ᠵᠠᠩ ᠶᠧ᠂ ᠳ᠋ᠦᠨᠬᠤᠸᠠᠩ ᠵᠡᠷᠭᠡ ᠦᠢᠷ᠎ᠠ ᠬᠠᠪᠢ ᠶᠢᠨ ᠵᠢᠭᠤᠯᠴᠢᠳ ᠤᠨ ᠵᠠᠬ᠎ᠠ ᠳᠡᠯᠭᠡᠭᠦᠷ ᠲᠤ ᠰᠠᠭᠤᠷᠢᠯᠠᠵᠤ | ᠪᠠᠬᠢᠵᠢᠭᠦᠯᠦᠨ᠂ ᠪᠡᠭᠡᠵᠢᠩ᠂ ᠲᠢᠶᠠᠨᠵᠢᠨ᠂ ᠡᠾᠧᠪᠸᠢ᠂ ᠬᠦᠬᠡ ᠮᠦᠷᠡᠨ ᠤ ᠭᠤᠷᠪᠠᠯᠵᠢᠨ ᠬᠤᠶᠢᠭ᠂ ᠵᠦᠵᠢᠶᠠᠩ | ᠮᠦᠷᠡᠨ ᠤ ᠭᠤᠷᠪᠠᠯᠵᠢᠨ ᠬᠤᠶᠢᠭ ᠵᠡᠷᠭᠡ ᠵᠡᠭᠦᠨ ᠡᠮᠦᠨᠡᠲᠦ ᠳᠠᠯᠠᠢ ᠳᠠᠭᠠᠤ ᠬᠦᠭᠵᠢᠭᠰᠡᠨ ᠭᠠᠵᠠᠷ ᠤᠷᠤᠨ ᠤ | ᠵᠢᠭᠤᠯᠴᠢᠳ ᠤᠨ ᠵᠠᠬ᠎ᠠ ᠳᠡᠯᠭᠡᠭᠦᠷ ᠢ ᠠᠩᠬᠠᠷᠤᠨ ᠦᠷᠭᠡᠳᠬᠡᠵᠦ᠂ ᠦᠵᠡᠮᠵᠢ ᠶᠢᠨ ᠤᠷᠤᠨ ᠬᠠᠷᠢᠯᠴᠠᠨ | ᠠᠬᠢᠭᠤᠯᠴᠠᠬᠤ᠂ ᠵᠢᠭᠤᠯᠴᠢᠳ ᠢ ᠬᠠᠷᠢᠯᠴᠠᠨ ᠰᠢᠯᠵᠢᠭᠦᠯᠬᠦ᠂ ᠰᠤᠷᠠᠭ ᠴᠢᠮᠡᠭᠡ ᠪᠠᠨ ᠬᠠᠷᠢᠯᠴᠠᠨ ᠬᠤᠪᠢᠶᠠᠯᠴᠠᠬᠤ ᠪᠠ | ᠵᠢᠭᠤᠯᠴᠢᠯᠠᠯ ᠤᠨ ᠲᠤᠰᠬᠠᠢ ᠭᠠᠯᠲᠤ ᠲᠡᠷᠭᠡ ᠨᠡᠮᠡᠬᠦ ᠵᠡᠷᠬᠡ ᠵᠢᠭᠤᠯᠴᠢᠯᠠᠯ ᠤᠨ ᠬᠠᠮᠲᠤᠷᠠᠯᠴᠠᠭᠠᠨ ᠤ ᠰᠢᠨ᠎ᠡ ᠲᠤᠭᠲᠠᠴᠠ | ᠶᠢ ᠪᠠᠶᠢᠭᠤᠯᠤᠨ᠎ᠠ᠃ ᠤᠯᠠᠨ ᠤᠯᠤᠰ ᠤᠨ ᠵᠢᠭᠤᠯᠴᠢᠯᠠᠯ ᠤᠨ ᠵᠠᠬ᠎ᠠ ᠳᠡᠯᠭᠡᠭᠦᠷ ᠢ ᠢᠳᠡᠪᠬᠢᠲᠡᠢ ᠨᠡᠭᠡᠭᠡᠨ ᠦᠷᠭᠡᠳᠬᠡᠵᠦ | ᠂ ᠮᠤᠩᠭᠤᠯ ᠤᠯᠤᠰ ᠤᠨ ᠬᠡᠷᠡᠭ ᠡᠷᠬᠢᠯᠡᠬᠦ ᠪᠠᠶᠢᠭᠤᠯᠤᠮᠵᠢ ᠶᠢ ᠪᠠᠶᠢᠭᠤᠯᠬᠤ ᠪᠠᠷ ᠴᠢᠷᠮᠠᠶᠢᠨ᠂ ᠳᠤᠮᠳᠠᠳᠤ ᠮᠤᠩᠭᠤᠯ ᠤᠨ | ᠬᠢᠯᠢ ᠠᠯᠤᠰᠯᠠᠭᠰᠠᠨ ᠵᠢᠭᠤᠯᠴᠢᠯᠠᠯ ᠤᠨ ᠰᠠᠭᠤᠷᠢ ᠶᠢ ᠰᠠᠶᠢᠳᠦᠷ ᠪᠠᠬᠢᠵᠢᠭᠦᠯᠦᠨ᠎ᠡ᠃ ᠵᠢᠭᠤᠯᠴᠢᠯᠠᠯ ᠤᠨ | ᠬᠦᠭᠵᠢᠭᠦᠯᠦᠯᠲᠡ ᠶᠢᠨ ᠵᠦᠪᠯᠡᠯ ᠢ ᠪᠠᠶᠢᠭᠤᠯᠤᠨ᠂ ᠰᠤᠶᠤᠯ ᠵᠢᠭᠤᠯᠴᠢᠯᠠᠯ ᠤᠨ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠬᠦ ᠠᠩᠭᠢ ᠶᠢ ᠵᠤᠬᠢᠶᠠᠨ ᠪᠠᠶᠢᠭᠤᠯᠵᠤ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ | ᠬᠢᠨᠡᠯᠲᠡ ᠬᠠᠮᠢᠶᠠᠷᠤᠯᠲᠠ ᠶᠢ ᠴᠢᠩᠭᠠᠳᠬᠠᠨ᠎ᠠ᠃ ᠲᠡᠦᠬᠡ ᠰᠤᠶᠤᠯ ᠤᠨ ᠡᠬᠢ ᠪᠠᠶᠠᠯᠢᠭ ᠢ ᠬᠦᠨᠵᠡᠭᠡᠢ ᠠᠭᠤᠳᠠᠯᠯᠠᠨ᠂ | ᠶᠡᠭᠡ ᠲᠤᠬᠤᠢ ᠶᠢᠨ ᠪᠠᠭᠤᠷᠢ ᠶᠢᠨ ᠭᠤᠤᠯ ᠤᠨ ᠡᠷᠭᠢ ᠶᠢ ᠬᠠᠮᠠᠭᠠᠯᠠᠬᠤ ᠢᠨᠵᠧᠨᠧᠷᠢᠩ᠂ ᠲᠤᠷᠭᠤᠳ ᠸᠠᠩ ᠤᠨ | ᠤᠷᠳᠤᠨ ᠢ ᠰᠡᠷᠭᠦᠭᠡᠨ ᠵᠠᠰᠠᠬᠤ ᠢᠨᠵᠧᠨᠧᠷᠢᠩ᠂ ᠠᠭᠲᠠ ᠶᠢᠨ ᠬᠦᠷᠢᠶ᠎ᠡ ᠪᠤᠯᠤᠨ ᠤᠯᠠᠭᠠᠨ ᠬᠤᠲᠠ ᠶᠢ ᠠᠪᠤᠷᠠᠨ | ᠵᠠᠰᠠᠬᠤ ᠢᠨᠵᠧᠨᠧᠷᠢᠩ ᠢ ᠰᠠᠶᠢᠲᠤᠷ ᠬᠡᠷᠡᠭᠵᠢᠭᠦᠯᠦᠨ᠎ᠡ᠃ ᠡᠭᠦᠨ ᠤ ᠬᠠᠮᠲᠤ᠂ ᠵᠢᠦᠢ ᠶᠠᠨ ᠤ ᠪᠠᠭᠤᠷᠢ ᠶᠢᠨ | ᠬᠠᠮᠠᠭᠠᠯᠠᠯᠲᠠ ᠵᠢᠴᠢ ᠲᠡᠭᠦᠨ ᠢ ᠳᠡᠯᠡᠬᠡᠢ ᠶᠢᠨ ᠰᠤᠶᠤᠯ ᠤᠨ ᠦᠪ ᠢᠶᠠᠷ ᠭᠤᠶᠤᠴᠢᠯᠠᠬᠤ ᠠᠵᠢᠯ ᠢ ᠰᠠᠶᠢᠳᠦᠷ | ᠬᠦᠢᠴᠡᠳᠬᠡᠵᠤ᠂ ᠵᠢᠦᠢ ᠶᠠᠨ ᠤ ᠰᠤᠶᠤᠯ ᠢ ᠲᠤᠷᠭᠠᠨ ᠵᠠᠮ ︵ᠳ᠋ᠦᠩᠬᠤᠸᠠᠩ︶ ᠤᠨ ᠤᠯᠠᠨ ᠤᠯᠤᠰ ᠤᠨ ᠰᠤᠶᠤᠯ | ᠤᠨ ᠦᠵᠡᠰᠭᠦᠯᠡᠩ ᠳᠤ ᠴᠢᠷᠮᠠᠶᠢᠨ ᠠᠭᠤᠰᠤᠯᠴᠠᠭᠤᠯᠤᠨ᠎ᠠ᠃ ᠰᠢ ᠶᠢᠨ ᠫᠢᠩ ᠶᠡᠷᠦᠩᠬᠡᠢ ᠱᠦᠵᠢ ᠶᠢᠨ ᠬᠦᠰᠡᠯ | ᠨᠠᠶᠢᠳᠠᠯᠭ᠎ᠠ ᠶᠢ ᠪᠠᠲᠤ ᠴᠡᠭᠡᠵᠢᠯᠡᠵᠦ᠂ ᠤᠯᠠᠭᠠᠨᠮᠦ᠋ᠴᠢᠷ ᠢ ᠲᠡᠳᠬᠦᠬᠦ ᠪᠠ ᠪᠠᠲᠤᠯᠠᠬᠤ ᠬᠦᠴᠦᠯᠡᠴᠡ ᠶᠢ | ᠴᠢᠩᠭᠠᠷᠠᠭᠤᠯᠤᠨ᠎ᠠ᠃ ᠪᠦᠬᠦᠶᠢᠯᠡ ᠴᠠᠭ ᠬᠤᠭᠤᠴᠠᠭᠠᠨ ᠳᠤ ᠲᠡᠩᠴᠡᠭᠦᠷᠢᠲᠡᠢ ᠵᠢᠭᠤᠯᠴᠢᠯᠠᠯ ᠤᠨ ᠰᠢᠨ᠎ᠡ ᠰᠢᠰᠲ᠋ᠧᠮ ᠢ | ᠴᠤᠭᠴᠠᠯᠠᠵᠤ᠂ ᠵᠠᠬ᠎ᠠ ᠳᠡᠯᠭᠡᠭᠦᠷ ᠤᠨ ᠵᠠᠮ ᠬᠦᠭᠦᠷᠭᠡ ᠶᠢ ᠪᠠᠶᠢᠭᠤᠯᠤᠨ᠂ ᠰᠤᠶᠤᠯ ᠵᠢᠭᠤᠯᠴᠢᠯᠠᠯ ᠤᠨ ᠬᠦᠳᠡᠯᠭᠡᠭᠡᠨ ᠢ | ᠵᠠᠬ᠎ᠠ ᠳᠡᠯᠭᠡᠭᠦᠷᠴᠢᠯᠡᠵᠦ᠂ ︽ᠲᠤᠤᠷᠠᠢ ᠶᠢᠨ ᠤᠢ ᠶᠢ ᠲᠤᠭᠤᠷᠢᠭᠰᠠᠨ︾ ᠤᠯᠠᠨ ᠤᠯᠤᠰ ᠤᠨ ᠳᠤᠭᠤᠢ ᠲᠡᠷᠭᠡᠨ ᠤ | ᠤᠷᠤᠯᠳᠤᠭᠠᠨ᠂ ᠮᠠᠷᠠᠽᠤᠨ ᠤᠷᠤᠯᠳᠤᠭᠠᠨ ᠪᠤᠯᠤᠨ ᠮᠠᠰᠢᠨ ᠲᠡᠷᠭᠡᠨ ᠤ ᠲᠡᠰᠭᠡᠯ ᠤᠷᠤᠯᠳᠤᠭᠠᠨ ᠵᠡᠷᠭᠡ ᠨᠡᠷ᠎ᠡ | ᠲᠡᠮᠳᠡᠭᠲᠦ ᠬᠦᠳᠡᠯᠭᠡᠭᠡᠨ ᠤ ᠬᠡᠪᠴᠢᠶ᠎ᠡ ᠪᠤᠯᠤᠨ ᠨᠦᠯᠦᠭᠡᠯᠡᠬᠦ ᠬᠦᠴᠦᠨ ᠢ ᠲᠠᠰᠤᠷᠠᠯᠲᠠ ᠦᠭᠡᠢ ᠶᠡᠬᠡᠰᠬᠡᠨ᠂ ︽ | ᠤᠭᠲᠠᠷᠭᠤᠢ ᠠᠴᠠ ᠲᠤᠤᠷᠠᠢ ᠶᠢ ᠰᠤᠨᠢᠷᠬᠠᠬᠤ︾᠂ ᠮᠦᠩᠭᠦᠨ ᠡᠪᠦᠯ ᠤᠨ ᠲᠤᠤᠷᠠᠢ ᠶᠢᠨ ᠨᠠᠶᠢᠷ᠂ ᠤᠯᠠᠨ ᠤᠯᠤᠰ | ᠤᠨ ᠠᠶᠠᠯᠭᠤ ᠬᠦᠭᠵᠢᠮ ᠠᠮᠲᠠᠲᠤ ᠢᠳᠡᠭᠡᠨ ᠤ ᠨᠠᠶᠢᠷ ᠵᠡᠷᠭᠡ ᠬᠦᠳᠡᠯᠭᠡᠭᠡᠨ ᠢ ᠢᠳᠡᠪᠬᠢᠲᠡᠢ ᠭᠠᠷᠳᠠᠨ᠂ ᠵᠢᠭᠤᠯᠴᠢᠯᠠᠯ | ᠤᠨ ᠬᠤᠭᠤᠴᠠᠭ᠎ᠠ ᠤᠬᠤᠷ ᠮᠦᠷᠲᠡᠭᠡᠨ ᠲᠡᠩᠴᠡᠭᠦᠷᠢ ᠦᠭᠡᠢ ᠪᠠᠶᠢᠭ᠎ᠠ ᠲᠠᠯ᠎ᠠ ᠶᠢ ᠨᠦᠬᠦᠪᠦᠷᠢᠯᠡᠵᠦ᠂ ᠡᠵᠡᠨ᠎ᠡ | ᠬᠤᠰᠢᠭᠤᠨ ᠤ ᠳᠦᠷᠪᠡᠨ ᠤᠯᠠᠷᠢᠯ ᠤᠨ ᠵᠢᠭᠤᠯᠴᠢᠯᠠᠯ ᠢ ᠲᠡᠩᠴᠡᠭᠦᠷᠢᠰᠢᠭᠦᠯᠦᠨ᠎ᠡ᠃ | — — ᠲᠠᠷᠢᠶᠠᠯᠠᠩ ᠮᠠᠯ ᠠᠵᠤ ᠦᠢᠯᠡᠰ ᠤᠨ ᠤᠨᠴᠠᠯᠢᠭ ᠪᠤᠯᠤᠨ ᠳᠠᠪᠠᠭᠤᠯᠢᠭ ᠢ ᠠᠳᠬᠤᠨ᠎ᠠ᠃ | ᠠᠮᠢ ᠠᠬᠤᠢ ᠶᠢᠨ ᠦᠷ᠎ᠡ ᠠᠰᠢᠭ ᠪᠤᠯᠤᠨ ᠠᠵᠤ ᠠᠬᠤᠢ ᠶᠢᠨ ᠦᠷ᠎ᠡ ᠠᠰᠢᠭ ᠢ ᠵᠡᠷᠭᠡ ᠠᠳᠬᠤᠬᠤ ᠪᠠᠨ ᠪᠠᠷᠢᠮᠲᠠᠯᠠᠵᠤ | ᠂ ᠬᠦᠳᠡᠭᠡ ᠲᠤᠰᠬᠤᠨ ᠢ ᠬᠦᠭᠵᠢᠭᠡᠨ ᠮᠠᠨᠳᠦᠭᠤᠯᠬᠤ ᠪᠤᠳᠤᠯᠭ᠎ᠠ ᠶᠢ ᠪᠦᠬᠦ ᠲᠠᠯ᠎ᠠ ᠪᠠᠷ ᠶᠠᠪᠤᠭᠤᠯᠤᠨ᠂ ᠮᠠᠯᠵᠢᠬᠤ | ᠲᠠᠷᠢᠶᠠᠯᠠᠬᠤ ᠦᠢᠯᠡᠰ ᠤᠨ ᠤᠳᠤᠬᠢᠴᠢᠯᠠᠭᠰᠠᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠲᠡᠵᠢᠬᠡᠯ | ᠲᠠᠷᠢᠮᠠᠯ ᠤᠨ ᠠᠷᠭ᠎ᠠ ᠬᠡᠯᠪᠡᠷᠢ ᠶᠢ ᠬᠦᠴᠦᠯᠡᠨ ᠦᠭᠡᠷᠡᠴᠢᠯᠡᠵᠦ᠂ ᠮᠠᠯᠵᠢᠬᠤ ᠲᠠᠷᠢᠶᠠᠯᠠᠬᠤ ᠦᠢᠯᠡᠰ ᠤᠨ ᠶᠠᠰᠤ ᠴᠢᠨᠠᠷ | ᠤᠨ ᠳᠡᠭᠡᠭᠰᠢᠯᠡᠯᠲᠡ᠂ ᠦᠷ᠎ᠡ ᠠᠰᠢᠭ ᠤᠨ ᠨᠡᠮᠡᠭᠳᠡᠯ ᠪᠠ ᠮᠠᠯᠴᠢᠳ ᠲᠠᠷᠢᠶᠠᠴᠢᠳ ᠤᠨ ᠦᠢᠯᠡᠳᠪᠦᠷᠢᠯᠡᠯ ᠤᠨ | ᠦᠭᠡᠷᠡᠴᠢᠯᠡᠯᠲᠡ᠂ ᠤᠷᠤᠯᠭ᠎ᠠ ᠶᠢᠨ ᠨᠡᠮᠡᠭᠳᠡᠯ ᠢ ᠴᠢᠷᠮᠠᠶᠢᠨ ᠪᠡᠶᠡᠯᠡᠭᠦᠯᠦᠨ᠎ᠡ᠃ ᠲᠠᠷᠢᠶᠠᠯᠠᠬᠤ ᠦᠢᠯᠡᠰ ᠢ ᠴᠤᠮᠬᠠᠳᠬᠠᠨ | ᠬᠦᠭᠵᠢᠭᠦᠯᠵᠦ᠂ ᠲᠠᠷᠢᠮᠠᠯ ᠤᠨ ᠲᠠᠯᠠᠪᠠᠢ ᠶᠢ ᠴᠢᠩᠭ᠎ᠠ ᠬᠢᠵᠠᠭᠠᠷᠯᠠᠨ᠂ ᠲᠤᠤᠷᠠᠢ ᠶᠢᠨ ᠤᠢ ᠶᠢᠨ ᠪᠠᠶᠢᠭᠠᠯᠢᠯᠢᠭ | ᠬᠠᠮᠠᠭᠠᠯᠠᠯᠲᠠ ᠶᠢᠨ ᠤᠷᠤᠨ ᠳᠠᠬᠢ ᠲᠠᠷᠢᠶᠠᠯᠠᠬᠤ ᠶᠢ ᠵᠤᠭᠰᠤᠭᠠᠬᠤ ᠬᠡᠪᠴᠢᠶ᠎ᠡ ᠶᠢ ᠦᠷᠭᠦᠯᠵᠢᠯᠡᠨ ᠦᠷᠭᠡᠳᠬᠡᠨ᠎ᠡ᠃ | ᠪᠡᠯᠴᠢᠭᠡᠷ ᠤᠨ ᠳᠠᠭᠠᠭᠠᠴᠠ ᠪᠠᠷ ᠮᠠᠯ ᠤᠨ ᠲᠤᠭ᠎ᠠ ᠶᠢ ᠲᠤᠭᠲᠠᠭᠠᠵᠤ᠂ ᠮᠠᠯᠵᠢᠬᠤ ᠦᠢᠯᠡᠰ ᠢ ᠲᠤᠬᠢᠷᠠᠮᠵᠢᠲᠡᠢ | ᠬᠦᠭᠵᠢᠭᠦᠯᠦᠨ᠂ ᠮᠠᠯ ᠤᠨ ᠲᠤᠭ᠎ᠠ ᠶᠢ 10 ᠲᠦᠮᠡ ᠳᠤᠲᠤᠷ᠎ᠠ ᠲᠤᠭᠲᠠᠪᠤᠷᠢᠲᠠᠢ ᠬᠢᠵᠠᠭᠠᠷᠯᠠᠨ᠎ᠠ᠃ ᠴᠠᠭᠠᠨ | ᠨᠤᠤᠯᠤᠷᠲᠤ ᠢᠮᠠᠭᠠᠨ ᠤ ᠨᠡᠷ᠎ᠡ ᠲᠡᠮᠳᠡᠭᠲᠦ ᠶᠢ ᠬᠠᠮᠠᠭᠠᠯᠠᠬᠤ ᠬᠦᠴᠦᠯᠡᠴᠡ ᠪᠠᠨ ᠴᠢᠩᠭᠠᠳᠬᠠᠵᠤ᠂ ᠮᠠᠯ ᠤᠨ ᠪᠤᠳᠠᠭᠠᠯᠢ | ᠪᠡᠶ᠎ᠡ ᠶᠢᠨ ᠭᠠᠷᠤᠯᠲᠠ ᠶᠢᠨ ᠴᠢᠳᠠᠮᠵᠢ ᠪᠤᠯᠤᠨ ᠪᠦᠬᠦ ᠰᠦᠷᠦᠭ ᠤᠨ ᠭᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ | ᠂ ᠮᠠᠯ ᠢ ᠪᠤᠷᠤᠯᠠᠭᠤᠯᠬᠤ ᠨᠢᠳᠤᠯᠬᠤ ᠪᠠ ᠡᠷᠭᠢᠯᠳᠦᠭᠦᠯᠬᠦ ᠨᠤᠷᠮ᠎ᠠ ᠶᠢ ᠲᠦᠷᠭᠡᠳᠬᠡᠨ᠂ ᠮᠠᠯᠴᠢᠳ ᠲᠠᠷᠢᠶᠠᠴᠢᠳ ᠤᠨ | ᠤᠷᠤᠯᠭ᠎ᠠ ᠶᠢ ᠦᠨᠡᠨᠬᠦ ᠨᠡᠮᠡᠭᠳᠡᠭᠦᠯᠦᠨ᠎ᠡ᠃ ︽ᠺᠤᠮᠫᠠᠨᠢ + ᠬᠤᠷᠰᠢᠶᠠᠵᠢᠯ + ᠲᠠᠷᠢᠶᠠᠯᠠᠬᠤ ᠡᠷᠦᠬᠡ︾ ᠬᠡᠯᠪᠡᠷᠢ ᠶᠢᠨ | ᠠᠰᠢᠭ ᠲᠤᠰᠠ ᠶᠢᠨ ᠬᠤᠯᠪᠤᠭᠠᠯᠠᠭᠰᠠᠨ ᠲᠤᠭᠲᠠᠴᠠ ᠶᠢ ᠲᠡᠭᠦᠯᠳᠡᠷᠵᠢᠭᠦᠯᠦᠨ᠂ ᠬᠡᠷ ᠪᠦᠯᠢ ᠶᠢᠨ ᠲᠠᠷᠢᠶᠠᠯᠩ ᠤᠨ | ᠲᠠᠯᠠᠪᠠᠢ᠂ ᠲᠠᠷᠢᠵᠤ ᠲᠡᠵᠢᠭᠡᠬᠦ ᠲᠤᠮᠤ ᠡᠷᠦᠬᠡ᠂ ᠮᠠᠯᠴᠢᠨ ᠲᠠᠷᠢᠶᠠᠴᠢᠨ ᠤ ᠬᠤᠷᠰᠢᠶᠠᠵᠢᠯ ᠵᠡᠷᠭᠡ ᠰᠢᠨ᠎ᠡ ᠮᠠᠶ᠋ᠢᠭ ᠤᠨ | ᠡᠵᠡᠩᠨᠡᠯᠲᠡ ᠶᠢᠨ ᠭᠤᠤᠯ ᠴᠤᠭᠴᠠ ᠶᠢ ᠪᠤᠢ ᠪᠤᠯᠭᠠᠵᠤ᠂ ᠮᠠᠯᠴᠢᠳ ᠲᠠᠷᠢᠶᠠᠴᠢᠳ ᠲᠤ ᠠᠵᠤ ᠦᠢᠯᠡᠰ ᠤᠨ | ᠡᠵᠡᠩᠨᠡᠯᠲᠡ ᠳᠤᠮᠳᠠ ᠠᠴᠠ ᠤᠯᠠᠮ ᠶᠡᠭᠡ ᠠᠰᠢᠭ ᠬᠦᠷᠲᠡᠭᠡᠨ᠎ᠡ᠃ ᠦᠨᠳᠦᠷ ᠬᠢᠷᠢ ᠲᠦᠪᠰᠢᠨ ᠤ᠂ ᠦᠪᠡᠷᠮᠢᠴᠡ | ᠤᠨᠴᠠᠯᠢᠭ ᠲᠠᠢ᠂ ᠨᠠᠷᠢᠯᠢᠭᠵᠢᠭᠰᠠᠨ ᠰᠢᠨ᠎ᠡ ᠶᠢ ᠡᠭᠦᠳᠬᠦ ᠬᠦᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠨ᠂ | ᠬᠠᠷᠮᠠᠭ ᠤᠨ ᠢᠰᠭᠡᠭᠦᠷ᠂ ᠪᠠᠯᠲᠤ ᠬᠡᠮᠬᠡ ᠶᠢᠨ ᠵᠢᠮᠢᠰ ᠤᠨ ᠠᠷᠢᠬᠢ᠂ ᠴᠠᠭᠠᠨ ᠭᠤᠶᠤᠤ ᠤᠯᠠᠭᠠᠨ ᠭᠤᠶᠤᠤ᠂ ᠢᠩᠭᠡᠨ | ᠤ ᠰᠦ ᠵᠡᠷᠭᠡ ᠤᠨᠴᠠᠯᠢᠭᠲᠦ ᠲᠠᠷᠢᠶᠠᠯᠠᠩ ᠤᠨ ᠪᠦᠲᠦᠭᠡᠭᠳᠡᠬᠦᠨ ᠪᠠ ᠮᠠᠯ ᠤᠨ ᠠᠰᠢᠭ ᠰᠢᠮ᠎ᠡ ᠨᠠᠷᠢᠯᠢᠭ | ᠪᠤᠯᠪᠠᠰᠤᠷᠠᠭᠤᠯᠬᠤ ᠰᠠᠭᠤᠷᠢᠨ ᠭᠠᠵᠠᠷ ᠢ ᠬᠦᠴᠦᠯᠡᠨ ᠪᠠᠶᠢᠭᠤᠯᠵᠤ᠂ ᠡᠯ᠎ᠡ ᠲᠦᠷᠦᠯ ᠤᠨ ᠲᠠᠷᠢᠶᠠᠯᠠᠩ ᠤᠨ | ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠬᠡᠪᠴᠢᠶᠡᠵᠢᠭᠦᠯᠦᠨ ᠬᠦᠭᠵᠢᠬᠦᠯᠬᠦ ᠪᠦᠭᠡᠳ ᠵᠠᠬ᠎ᠠ ᠳᠡᠯᠭᠡᠭᠦᠷ ᠲᠤ | ᠭᠠᠷᠭᠠᠬᠤ ᠶᠢ ᠠᠬᠢᠭᠤᠯᠤᠨ᠎ᠠ᠃ ᠮᠠᠯᠵᠢᠬᠤ ᠲᠠᠷᠢᠶᠠᠯᠠᠬᠤ ᠠᠵᠤ ᠤᠶᠢᠯᠡᠰ ᠤᠨ ᠪᠦᠲᠦᠴᠡ ᠶᠢ ᠰᠢᠯᠢᠳᠡᠭᠵᠢᠭᠦᠯᠦᠨ | ᠲᠤᠬᠢᠷᠠᠭᠤᠯᠵᠤ᠂ ᠡᠯᠡᠰᠦᠨ ᠤ ᠠᠵᠤ ᠦᠢᠯᠡᠰ ᠢ ᠵᠤᠷᠢᠭᠵᠢᠭᠤᠯᠤᠨ ᠬᠦᠭᠵᠢᠭᠦᠯᠵᠦ᠂ ᠮᠠᠯᠴᠢᠳ ᠲᠠᠷᠢᠶᠠᠴᠢᠳ ᠵᠠᠭ | ᠪᠤᠯᠤᠨ ᠴᠠᠭᠠᠨ ᠭᠤᠶᠤᠤ ᠲᠠᠷᠢᠬᠤ ᠲᠠᠯᠠᠪᠠᠢ ᠪᠠᠨ ᠶᠡᠭᠡ ᠬᠡᠪᠴᠢᠶ᠎ᠡ ᠪᠠᠷ ᠦᠷᠭᠡᠳᠬᠡᠬᠦ ᠶᠢ ᠨᠢ ᠲᠡᠳᠬᠦᠨ ᠲᠤᠰᠠᠯᠠᠵᠤ᠂ | ᠲᠠᠷᠢᠶᠠᠯᠠᠩ ᠮᠠᠯ ᠠᠵᠤ ᠦᠢᠯᠡᠰ ᠤᠨ ᠳᠠᠪᠬᠤᠷ ᠦᠷ᠎ᠡ ᠠᠰᠢᠭ ᠢ ᠳᠡᠭᠡᠭᠰᠢᠯᠡᠭᠦᠯᠦᠨ᠎ᠡ᠃ 2018 ᠤᠨ ᠳᠤ | ᠪᠠᠶᠢᠭᠠᠯᠢᠯᠢᠭ ᠵᠠᠭ ᠤᠨ ᠤᠢ ᠶᠢ 12 ᠲᠦᠮᠡᠨ ᠮᠤ᠋᠂ ᠨᠤᠬᠠᠢ ᠶᠢᠨ ᠬᠠᠷᠮᠠᠭ ᠢ 3000 ᠮᠤ᠋ ᠪᠢᠲᠡᠭᠦᠮᠵᠢᠯᠡᠵᠦ᠂ | ᠬᠦᠮᠦᠨ ᠤ ᠬᠦᠴᠦ ᠪᠠᠷ 48 ᠲᠦᠮᠡᠨ ᠮᠤ᠋ ᠵᠠᠭ ᠦᠢᠵᠢᠭᠤᠯᠤᠨ᠂ 1 ᠲᠦᠮᠡᠨ ᠮᠤ᠋ ᠴᠠᠭᠠᠨ ᠭᠤᠶᠤᠤ ᠲᠠᠷᠢᠨ᠎ᠠ︔ | 5000 ᠮᠤ᠋ ᠵᠢᠮᠢᠰᠦᠨ ᠤᠢ ᠲᠠᠷᠢᠬᠤ ᠪᠠᠷ ᠦᠷᠭᠦᠯᠵᠢᠯᠡᠨ ᠲᠦᠯᠦᠪᠯᠡᠵᠦ᠂ ᠲᠦᠮᠡᠨ ᠮᠤ᠋ ᠨᠠᠷᠢᠯᠢᠭ ᠵᠢᠮᠢᠰ ᠤᠨ | ᠦᠢᠯᠡᠰ ᠤᠨ ᠰᠠᠭᠤᠷᠢᠨ ᠭᠠᠵᠠᠷ ᠢ ᠲᠦᠪᠯᠡᠷᠡᠩᠭᠦᠢ ᠪᠠᠶᠢᠭᠤᠯᠤᠨ᠎ᠠ᠃ ᠪᠤᠬᠢᠷᠳᠤᠯ ᠦᠭᠡᠢ ᠪᠠᠶᠢᠭᠠᠯᠢᠯᠢᠭ ᠪᠠ ᠤᠷᠭᠠᠨᠢᠭ | ᠲᠠᠷᠢᠶᠠᠯᠠᠩ ᠤᠨ ᠪᠦᠲᠦᠭᠡᠭᠳᠡᠭᠦᠨ ᠢ ᠮᠡᠳᠡᠷᠡᠨ ᠨᠤᠲᠠᠯᠠᠬᠤ ᠵᠢᠴᠢ ᠲᠠᠸᠠᠷ ᠤᠨ ᠲᠡᠮᠳᠡᠭ ᠳᠠᠩᠰᠠᠯᠠᠬᠤ ᠶᠢ ᠳᠡᠳᠬᠦᠨ᠂ | ᠭᠠᠵᠠᠷ ᠵᠦᠢ ᠶᠢᠨ ᠲᠠᠸᠠᠷ ᠤᠨ ᠲᠡᠮᠳᠡᠭ ᠤᠨ ᠨᠤᠲᠠᠯᠠᠯᠲᠠ ᠶᠢ ᠢᠳᠡᠪᠬᠢᠲᠡᠢ ᠴᠢᠷᠮᠠᠶᠢᠨ ᠤᠯᠤᠨ᠎ᠠ᠃ ︽ᠡᠯᠧᠺᠲᠷᠤᠨ | ᠬᠤᠳᠠᠯᠳᠤᠭᠠᠨ ᠤ ᠳᠡᠪᠴᠡᠩ + ᠬᠡᠰᠡᠭᠯᠡᠨ ᠪᠤᠷᠤᠯᠠᠭᠤᠯᠬᠤ ᠳᠡᠯᠭᠡᠭᠦᠷ︾ ᠤᠨ ᠰᠢᠭᠤᠳ ᠬᠠᠩᠭᠠᠨ ᠪᠤᠷᠤᠯᠠᠭᠤᠯᠬᠤ | ᠳᠠᠪᠴᠠᠩ ᠢ ᠲᠦᠷᠭᠡᠳᠬᠡᠨ ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠬᠦᠭᠵᠢᠬᠦ ᠡᠷᠴᠢᠮ ᠬᠦᠴᠦ ᠶᠢ | ᠨᠡᠮᠡᠭᠳᠡᠭᠦᠯᠦᠨ᠎ᠡ᠃ ᠠᠮᠢᠳᠠᠨ ᠤ ᠬᠢᠵᠢᠭ ᠢ ᠰᠡᠷᠭᠡᠶᠢᠯᠡᠬᠦ ᠬᠦᠴᠦᠯᠡᠴᠡ ᠪᠠᠨ ᠴᠢᠩᠭᠠᠳᠬᠠᠵᠤ᠂ ᠤᠢ ᠰᠢᠭᠤᠢ ᠡᠪᠡᠰᠦ | ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠪᠦᠬᠦ ᠭᠦᠴᠦᠨ ᠢᠶᠠᠷ ᠰᠠᠶᠢᠳᠦᠷ ᠭᠦᠢᠴᠡᠳᠬᠡᠨ᠎ᠡ᠃ | — — ᠠᠵᠤ ᠦᠢᠯᠡᠳᠪᠦᠷᠢ ᠶᠢᠨ ᠠᠵᠤ ᠠᠬᠤᠢ ᠶᠢ ᠠᠮᠢᠳᠤᠯᠢᠭ ᠮᠦᠷᠲᠡᠭᠡᠨ ᠨᠠᠷᠢᠯᠢᠭ | ᠬᠦᠭᠵᠢᠬᠦᠯᠦᠨ᠎ᠠ᠃ ᠰᠢᠨ᠎ᠡ ᠶᠢ ᠡᠭᠦᠳᠬᠦ ᠶᠢ ᠪᠠᠷᠢᠮᠲᠠᠯᠠᠨ᠂ ᠡᠬᠢ ᠪᠠᠶᠠᠯᠢᠭ ᠤᠨ ᠨᠢᠭᠡᠲᠦᠯ ᠢ ᠳᠤᠪᠤᠶᠢᠯᠭᠠᠵᠤ᠂ | ᠬᠡᠯᠪᠡᠷᠢ ᠪᠠᠨ ᠦᠭᠡᠷᠡᠴᠢᠯᠡᠨ ᠳᠡᠰ ᠳᠡᠪᠰᠢᠬᠦ ᠶᠢ ᠲᠦᠷᠭᠡᠳᠬᠡᠨ᠂ ᠠᠵᠤ ᠦᠢᠯᠡᠳᠪᠦᠷᠢ ᠶᠢᠨ ᠠᠵᠤ ᠠᠬᠤᠢ ᠶᠢᠨ | ᠲᠦᠪᠯᠡᠷᠡᠩᠭᠦᠢ᠂ ᠪᠤᠬᠢᠷᠳᠦᠯ ᠦᠭᠡᠢ᠂ ᠦᠷᠭᠦᠯᠵᠢᠯᠡᠭᠰᠡᠨ ᠬᠦᠭᠵᠢᠯᠲᠡ ᠶᠢ ᠠᠬᠢᠭᠤᠯᠤᠨ᠎ᠠ᠃ ᠵᠤᠬᠢᠴᠠᠭᠤᠯᠤᠨ | ᠦᠢᠯᠡᠴᠢᠯᠡᠬᠦ ᠬᠦᠴᠦᠯᠡᠴᠡ ᠪᠠᠨ ᠨᠡᠮᠡᠭᠳᠡᠭᠦᠯᠵᠦ᠂ ᠴᠢᠩ ᠬᠤᠸᠠ ᠶᠢᠨ 2 × 50 ᠰᠠᠶ᠎ᠠ ᠸᠠᠲ ᠢᠯᠴᠢ ᠴᠠᠬᠢᠯᠭᠠᠨ | ᠬᠠᠮᠲᠤᠳᠬᠠᠨ ᠦᠢᠯᠡᠳᠪᠦᠷᠢᠯᠡᠬᠦ᠂ ᠪᠦᠸᠧ ᠶᠤᠸᠠᠨ ᠤ ᠵᠢᠯ ᠤᠨ ᠭᠠᠷᠤᠯᠲᠠ ᠨᠢ 300 ᠲᠦᠮᠡᠨ ᠲᠤᠨ ᠨᠡᠭᠦᠷᠡᠰᠦ ᠶᠢ | ᠨᠠᠷᠢᠯᠢᠭ ᠪᠤᠯᠪᠠᠰᠤᠷᠠᠭᠤᠯᠬᠤ᠂ ᠶᠠᠨ ᠬᠤ᠋ ᠮᠸᠢ ᠵᠢᠶᠠ ᠶᠢᠨ ᠵᠢᠯ ᠤᠨ ᠭᠠᠷᠤᠯᠲᠠ 6 ᠲᠦᠮᠡᠨ ᠲᠤᠨ ᠪᠤᠯᠬᠤ | ᠤᠰᠤᠳᠦ᠋ᠷᠦᠭᠴᠢᠲᠦ ᠬᠦᠴᠢᠯ ᠤᠨ ᠮᠠᠭᠨᠢ᠂ ᠰᠢᠩ ᠴᠧᠨ ᠨᠡᠭᠦᠷᠡᠰᠦᠨ ᠦᠢᠯᠡᠰ ᠤᠨ 20 ᠰᠠᠶ᠎ᠠ ᠸᠠᠲ ᠭᠡᠷᠡᠯ ᠸᠤᠯᠲ | ᠢᠶᠠᠷ ᠴᠠᠬᠢᠯᠭᠠᠨ ᠭᠠᠷᠭᠠᠬᠤ᠂ 120 ᠲᠦᠮᠡᠨ ᠲᠤᠨ ᠨᠡᠭᠦᠷᠡᠰᠦ ᠶᠢᠨ ᠶᠠᠰᠤ ᠴᠢᠨᠠᠷ ᠢ ᠳᠡᠭᠡᠭᠰᠢᠯᠡᠭᠦᠯᠬᠦ ᠵᠡᠷᠭᠡ ᠲᠦᠷᠦᠯ | ᠵᠦᠢᠯ ᠢ ᠵᠢᠯ ᠤᠨ ᠳᠤᠲᠤᠷ᠎ᠠ ᠦᠢᠯᠡᠳᠪᠦᠷᠢᠯᠡᠯ ᠢ ᠨᠢ ᠡᠬᠢᠯᠡᠭᠦᠯᠦᠨ ᠦᠷ᠎ᠡ ᠠᠰᠢᠭ ᠤᠯᠤᠨ᠎ᠠ᠃ ᠠᠭᠤᠷᠬᠠᠢ ᠬᠠᠶᠢᠬᠤ | ᠡᠷᠬᠡ ᠶᠢ ᠠᠭᠤᠷᠬᠠᠢ ᠮᠠᠯᠲᠠᠬᠤ ᠡᠷᠬᠡ ᠪᠠᠷ ᠬᠤᠪᠢᠷᠠᠭᠤᠯᠬᠤ ᠬᠦᠴᠦᠯᠡᠴᠡ ᠪᠠᠨ ᠶᠡᠬᠡᠰᠭᠡᠨ᠂ ᠢᠷᠭᠠᠢ ᠡᠵᠡᠨ᠎ᠡ ᠶᠢᠨ | ᠬᠤᠲᠤᠭᠤᠷ ᠭᠠᠵᠠᠷ᠂ ᠬᠠᠭᠤᠴᠢᠨ ᠪᠠᠷᠠᠭᠤᠨ ᠰᠦᠮ᠎ᠡ ᠶᠢᠨ ᠴᠢᠯᠠᠭᠤᠨ ᠲᠤᠰᠤ ᠰᠢᠳᠠᠮᠠᠬᠠᠢ ᠭᠡᠢ ᠶᠢ ᠬᠠᠶᠢᠨ | ᠪᠠᠶᠢᠴᠠᠭᠠᠬᠤ ᠲᠦᠷᠦᠯ ᠵᠦᠢᠯ ᠢ ᠴᠢᠷᠮᠠᠶᠢᠨ ᠠᠬᠢᠭᠤᠯᠵᠤ᠂ ᠪᠦᠬᠦ ᠬᠤᠰᠢᠭᠤᠨ ᠤ ᠠᠵᠤ ᠠᠬᠤᠢ ᠶᠢᠨ | ᠦᠷᠭᠦᠯᠵᠢᠯᠡᠬᠦᠶᠢᠴᠡ ᠬᠦᠭᠵᠢᠯᠲᠡ ᠳᠤ ᠡᠬᠢ ᠪᠠᠶᠠᠯᠢᠭ ᠤᠨ ᠪᠠᠲᠤᠯᠠᠭ᠎ᠠ ᠬᠠᠩᠭᠠᠨ᠎ᠠ᠃ ᠠᠵᠤ ᠠᠬᠤᠢ ᠶᠢᠨ ᠡᠷᠬᠢᠯᠲᠡ | ᠪᠤᠯᠤᠨ ᠬᠢᠨᠠᠨ ᠬᠡᠮᠵᠢᠯᠲᠡ ᠶᠢ ᠰᠠᠶᠢᠳᠦᠷ ᠠᠳᠬᠤᠨ᠂ ᠭᠤᠤᠯᠳᠠᠯᠭᠠᠲᠤ ᠲᠦᠷᠦᠯ ᠵᠦᠢᠯ ᠤᠨ ᠦᠢᠯᠡᠴᠢᠯᠡᠭᠡ | ᠬᠠᠮᠢᠶᠠᠷᠤᠯᠲᠠ ᠶᠢ ᠴᠢᠩᠭᠠᠳᠬᠠᠵᠤ᠂ ᠲᠦᠷᠦᠯ ᠵᠦᠢᠯ ᠤᠨ ᠪᠠᠶᠢᠭᠤᠯᠤᠯᠲᠠ ᠶᠢᠨ ᠠᠶᠤᠯᠭᠦᠢ᠂ ᠴᠢᠨᠠᠷ ᠰᠠᠶᠢᠨ᠂ | ᠦᠨᠳᠦᠷ ᠪᠦᠲᠦᠮᠵᠢ ᠶᠢ ᠪᠠᠲᠤᠯᠠᠨ᠎ᠠ᠃ ᠤᠯᠤᠰ ᠤᠨ ᠭᠤᠤᠯᠳᠠᠯᠭ᠎ᠠ ᠲᠠᠢ ᠴᠡᠷᠢᠭ ᠠᠷᠠᠳ ᠤᠶᠠᠯᠳᠤᠭᠰᠠᠨ ᠰᠠᠨᠰᠠᠷ | ᠠᠶᠠᠯᠠᠯ ᠤᠨ ᠰᠠᠭᠤᠷᠢᠨ ᠢ ᠲᠦᠯᠦᠪᠯᠡᠨ ᠪᠠᠶᠢᠭᠤᠯᠵᠤ᠂ ᠴᠡᠷᠢᠭ ᠤᠨ ᠶᠠᠪᠤᠳᠠᠯ ᠤᠨ ᠮᠡᠷᠭᠡᠵᠢᠯ ᠤᠨ ᠦᠷ᠎ᠡ ᠪᠦᠲᠦᠮᠵᠢ | ᠶᠢ ᠤᠯᠠᠷᠢᠭᠤᠯᠤᠨ ᠬᠤᠪᠢᠷᠠᠭᠠᠬᠤ ᠪᠠᠨ ᠲᠦᠷᠭᠡᠳᠬᠡᠵᠦ᠂ ᠳᠡᠭᠡᠳᠦ ᠵᠡᠷᠭᠡ ᠳᠡᠰ ᠤᠨ ᠲᠤᠨᠤᠭ ᠤᠭᠰᠠᠷᠠᠮᠵᠢ ᠦᠢᠯᠡᠳᠬᠦ | ᠦᠢᠯᠡᠰ ᠢ ᠢᠳᠡᠪᠬᠢᠲᠡᠢ ᠪᠤᠢ ᠪᠤᠯᠭᠠᠵᠤ ᠬᠦᠭᠵᠢᠭᠦᠯᠦᠨ᠂ ᠠᠵᠤ ᠠᠬᠤᠢ ᠶᠢᠨ ᠬᠦᠭᠵᠢᠯᠲᠡ ᠳᠤ ᠰᠢᠨ᠎ᠡ ᠠᠮᠢᠵᠢᠷᠠᠯ | ᠤᠨ ᠬᠦᠴᠦᠨ ᠢ ᠨᠡᠮᠡᠷᠢᠯᠡᠨ᠎ᠡ᠃ ᠲᠦᠷᠦᠯ ᠵᠦᠢᠯ ᠢ ᠬᠦᠮᠦᠷᠭᠡᠯᠡᠨ ᠪᠡᠯᠡᠳᠬᠡᠬᠦ ᠬᠦᠴᠦᠯᠡᠴᠡ ᠪᠠᠨ ᠶᠡᠭᠡᠰᠭᠡᠨ᠂ ᠨᠡᠩ | ᠤᠯᠠᠨ ᠲᠦᠷᠦᠯ ᠵᠦᠢᠯ ᠢ ᠴᠢᠷᠮᠠᠶᠢᠨ ᠪᠠᠶᠢᠭᠤᠯᠤᠨ᠎ᠠ᠃ 2018 ᠤᠨ ᠳᠤ ᠪᠦᠬᠦ ᠬᠤᠰᠢᠭᠤ᠂ ᠭᠤᠤᠯᠳᠠᠯᠭ᠎ᠠ ᠲᠠᠢ | ᠪᠦᠲᠦᠭᠡᠨ ᠪᠠᠶᠢᠭᠤᠯᠤᠯᠲᠠ ᠶᠢᠨ 64 ᠲᠦᠷᠦᠯ ᠵᠦᠢᠯ ᠢ ᠲᠦᠯᠦᠪᠯᠡᠨ ᠬᠡᠷᠡᠭᠵᠢᠭᠦᠯᠵᠦ᠂ 36.7 ᠳ᠋ᠦᠩᠰᠢᠭᠤᠷ | ᠲᠦᠭᠦᠷᠢᠭ ᠤᠨ ᠪᠡᠯᠡ ᠤᠷᠤᠭᠤᠯᠤᠨ᠂ ᠠᠷᠠᠯᠵᠢᠶᠠᠴᠢᠨ ᠤᠷᠢᠬᠤ᠂ ᠲᠦᠷᠦᠯ ᠵᠦᠢᠯ ᠲᠤᠭᠲᠠᠭᠠᠬᠤ᠂ ᠪᠡᠯᠡ | ᠤᠷᠤᠭᠤᠯᠬᠤ ᠭᠤᠷᠪᠠ ᠶᠢ ᠤᠶᠠᠯᠳᠤᠭᠤᠯᠤᠨ ᠬᠦᠴᠦᠯᠡᠵᠦ᠂ ᠬᠤᠰᠢᠭᠤ ᠤᠷᠤᠨ ᠤ ᠠᠵᠤ ᠠᠬᠤᠢ ᠶᠢᠨ ᠨᠡᠮᠡᠭᠳᠡᠯ ᠢ | ᠪᠦᠳᠦᠮᠵᠢᠲᠡᠢ ᠳᠠᠶᠢᠴᠢᠯᠠᠨ᠎ᠠ᠃ | ︵ᠬᠤᠶᠠᠷ︶ ᠠᠮᠢ ᠠᠬᠤᠢ ᠶᠢ ᠬᠠᠮᠠᠭᠠᠯᠠᠨ᠂ ᠤᠷᠴᠢᠨ ᠠᠬᠤᠢ ᠶᠢ ᠰᠢᠯᠢᠳᠡᠭᠵᠢᠭᠦᠯᠵᠦ᠂ ᠵᠤᠬᠢᠴᠠᠩᠭᠤᠢ | ᠬᠦᠭᠵᠢᠯ ᠤᠨ ᠰᠢᠨ᠎ᠡ ᠲᠤᠭᠲᠠᠴᠠ ᠶᠢ ᠬᠦᠴᠦᠯᠡᠨ ᠪᠠᠶᠢᠭᠤᠯᠤᠨ᠎ᠠ | — — ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠪᠠᠨ ᠪᠠᠬᠢᠵᠢᠭᠦᠯᠦᠨ᠎ᠡ᠃ | ᠠᠮᠢ ᠠᠬᠤᠢ ᠶᠢᠨ ᠪᠤᠯᠪᠠᠰᠤᠨ ᠤ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠭᠦᠶᠢᠴᠡ ᠬᠦᠭᠵᠢᠯᠲᠡ ᠶᠢᠨ ᠵᠠᠭᠤᠨ | ᠵᠢᠯ ᠤᠨ ᠲᠤᠮᠤ ᠲᠦᠯᠦᠪᠯᠡᠭᠡᠨ ᠳᠤ ᠤᠷᠤᠭᠤᠯᠤᠨ᠂ ᠨᠡᠶᠢᠭᠡᠮ ᠵᠢᠷᠤᠮ ᠤᠨ ᠠᠮᠢ ᠠᠬᠤᠢ ᠶᠢᠨ ᠪᠤᠯᠪᠠᠰᠤᠨ ᠤ | ᠦᠵᠡᠯᠲᠡ ᠶᠢ ᠪᠠᠲᠤᠲᠠᠢ ᠪᠤᠢ ᠪᠤᠯᠭᠠᠵᠤ᠂ ᠬᠦᠮᠦᠨ ᠪᠤᠯᠤᠨ ᠪᠠᠶᠢᠭᠠᠯᠢ ᠶᠢᠨ ᠡᠶ᠎ᠡ ᠵᠤᠬᠢᠴᠠᠯ᠂ ᠠᠵᠤ ᠠᠬᠤᠢ ᠨᠡᠶᠢᠭᠡᠮ | ᠪᠤᠯᠤᠨ ᠠᠮᠢ ᠠᠬᠤᠢ ᠤᠷᠴᠢᠨ ᠲᠤᠭᠤᠷᠢᠨ ᠤ ᠵᠤᠬᠢᠴᠠᠯᠲᠦ ᠬᠦᠭᠵᠢᠯ ᠢ ᠴᠢᠷᠮᠠᠶᠢᠨ ᠪᠡᠶᠡᠯᠡᠭᠦᠯᠦᠨ᠎ᠡ᠃ ᠤᠯᠤᠰ ᠤᠨ | ᠭᠤᠤᠯᠳᠠᠯᠭᠠᠲᠤ ᠠᠮᠢ ᠠᠬᠤᠢ ᠶᠢᠨ ᠴᠢᠳᠠᠮᠵᠢ ᠶᠢᠨ ᠤᠷᠤᠨ ᠤ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠠᠮᠢ ᠠᠬᠤᠢ ᠶᠢᠨ ᠬᠤᠷᠢᠭ᠎ᠠ ᠱᠤᠭᠤᠮ ᠢ ᠲᠤᠭᠳᠠᠭᠠᠨ᠂ ᠠᠮᠢ ᠠᠬᠤᠢ ᠶᠢᠨ ᠰᠠᠭᠤᠷᠢ | ᠱᠤᠭᠤᠮ ᠢ ᠪᠠᠲᠤ ᠰᠠᠬᠢᠨ᠂ ᠡᠬᠢ ᠡᠭᠦᠰᠦᠯ ᠢ ᠴᠢᠩᠭ᠎ᠠ ᠰᠡᠷᠭᠡᠶᠢᠯᠡᠬᠦ᠂ ᠪᠦᠬᠦ ᠶᠠᠪᠤᠴᠠ ᠶᠢ ᠴᠢᠩᠭ᠎ᠠ ᠬᠠᠮᠢᠶᠠᠷᠬᠤ᠂ | ᠦᠷ᠎ᠡ ᠳ᠋ᠦᠩ ᠢ ᠴᠢᠩᠭ᠎ᠠ ᠰᠢᠳᠬᠡᠬᠦ ᠶᠢ ᠪᠠᠷᠢᠮᠲᠠᠯᠠᠵᠤ᠂ ᠬᠠᠮᠤᠭ ᠶᠡᠭᠡ ᠬᠡᠮᠵᠢᠶ᠎ᠡ ᠪᠠᠷ ᠠᠮᠢ ᠠᠬᠤᠢ ᠶᠢᠨ ᠬᠦᠷᠦᠩᠭᠡ | ᠶᠢ ᠨᠡᠮᠡᠭᠳᠡᠭᠦᠯᠵᠦ᠂ ᠤᠷᠴᠢᠨ ᠲᠤᠭᠤᠷᠢᠨ ᠤ ᠲᠠᠷᠤᠭᠠᠰᠤ ᠶᠢ ᠬᠦᠩᠭᠡᠯᠡᠨ᠎ᠡ᠃ ᠨᠤᠲᠤᠭ ᠪᠡᠯᠴᠢᠭᠡᠷ ᠤᠨ ᠠᠮᠢ ᠠᠬᠤᠢ | ᠶᠢᠨ ᠨᠦᠬᠦᠪᠦᠷᠢ ᠱᠠᠩᠨᠠᠯ ᠤᠨ ᠲᠦᠷᠦ ᠶᠢᠨ ᠪᠤᠳᠤᠯᠭ᠎ᠠ ᠪᠤᠯᠤᠨ ᠤᠢ ᠰᠢᠭᠤᠢ ᠶᠢᠨ ᠠᠮᠢ ᠠᠬᠤᠢ ᠶᠢᠨ ᠦᠷ᠎ᠡ ᠠᠰᠢᠭ | ᠤᠨ ᠨᠦᠬᠦᠪᠦᠷᠢ ᠶᠢᠨ ᠳᠦᠷᠢᠮ ᠢ ᠨᠠᠷᠢᠯᠢᠭ ᠲᠤᠤᠱᠯᠠᠭᠤᠯᠵᠤ᠂ ︽ᠭᠤᠷᠪᠠᠨ ᠤᠮᠠᠷᠠᠲᠤ︾ ᠶᠢᠨ ᠬᠠᠯᠬᠠᠪᠴᠢ ᠤᠢ ᠪᠠ | ᠲᠠᠷᠢᠶᠠᠯᠠᠬᠤ ᠶᠢ ᠵᠤᠭᠰᠤᠭᠠᠨ ᠤᠢ ᠰᠢᠭᠤᠢ ᠶᠢ ᠰᠡᠷᠭᠦᠭᠡᠬᠦ᠂ ᠮᠠᠯᠵᠢᠬᠤ ᠶᠢ ᠵᠤᠭᠰᠤᠭᠠᠨ ᠪᠡᠯᠴᠢᠭᠡᠷ ᠰᠡᠷᠭᠦᠭᠡᠬᠦ᠂ | ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠢ ᠪᠦᠲᠦᠭᠡᠨ ᠪᠠᠶᠢᠭᠤᠯᠬᠤ᠂ ᠬᠠᠷ᠎ᠠ ᠬᠤᠲᠠ ᠶᠢᠨ ᠤᠶᠢᠷ᠎ᠠ ᠬᠠᠪᠢ ᠶᠢᠨ | ᠠᠮᠢ ᠠᠬᠤᠢ ᠶᠢ ᠵᠠᠰᠠᠬᠤ ᠵᠡᠷᠭᠡ ᠭᠤᠤᠯᠳᠠᠯᠭ᠎ᠠ ᠲᠠᠢ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ | ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠪᠤᠯᠤᠨ ᠮᠠᠯᠴᠢᠳ | ᠲᠠᠷᠢᠶᠠᠴᠢᠳ ᠤᠨ ᠤᠷᠤᠯᠭ᠎ᠠ ᠶᠢᠨ ᠨᠡᠮᠡᠭᠳᠡᠯ ᠤᠨ ᠬᠦᠢᠴᠡᠳ ᠤᠶᠠᠯᠳᠤᠯ ᠢ ᠠᠬᠢᠭᠤᠯᠤᠨ᠂ ᠠᠮᠢ ᠠᠬᠤᠢ ᠶᠢᠨ ᠦᠷ᠎ᠡ | ᠠᠰᠢᠭ ᠢ ᠠᠵᠤ ᠠᠬᠤᠢ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ ᠲᠠᠢ ᠬᠦᠨᠵᠡᠭᠡᠢ ᠠᠭᠤᠰᠤᠯᠴᠠᠭᠤᠯᠤᠨ᠎ᠠ᠃ | 2018 ᠤᠨ ᠳᠤ᠂ 50 ᠲᠦᠮᠡᠨ ᠮᠤ᠋ ᠭᠠᠵᠠᠷ ᠲᠤ ᠮᠠᠯᠵᠢᠬᠤ ᠶᠢ ᠵᠤᠭᠰᠤᠭᠠᠨ ᠪᠢᠲᠡᠭᠦᠮᠵᠢᠯᠡᠵᠦ᠂ 9 ᠲᠦᠮᠡᠨ ᠮᠤ᠋ | ᠲᠠᠷᠢᠵᠤ ᠦᠢᠵᠢᠭᠤᠯᠤᠨᠠ᠃ ︽ᠭᠤᠤᠯ ᠤᠨ ᠳᠠᠷᠤᠭ᠎ᠠ ᠶᠢᠨ ᠳᠦᠷᠢᠮ︾ ᠤᠨ ᠤᠰᠤᠨ ᠤ ᠠᠮᠢ ᠠᠬᠤᠢ ᠶᠢᠨ | ᠬᠠᠮᠠᠭᠠᠯᠠᠯᠲᠠ ᠶᠢᠨ ᠳᠦᠷᠢᠮ ᠢ ᠬᠢᠨᠠᠮᠠᠭᠠᠢ ᠬᠡᠷᠡᠭᠵᠢᠬᠦᠯᠦᠨ᠂ ᠤᠰᠤᠨ ᠤ ᠡᠬᠢ ᠰᠤᠷᠪᠤᠯᠵᠢ ᠶᠢ ᠠᠰᠢᠭᠯᠠᠬᠤ ᠶᠡᠷᠦᠩᠬᠡᠢ | ᠲᠦᠯᠦᠪᠵᠢᠭᠦᠯᠦᠯᠲᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠲᠤᠭᠲᠠᠭᠠᠵᠤ᠂ ᠳᠡᠭᠡᠷ᠎ᠡ ᠱᠠᠲᠤ ᠪᠤᠯᠤᠨ | ᠪᠤᠰᠤᠳ ᠭᠠᠵᠠᠷ ᠤᠷᠤᠨ ᠯᠤᠭ᠎ᠠ ᠶᠢᠨ ᠬᠠᠷᠢᠯᠴᠠᠭ᠎ᠠ ᠬᠤᠯᠪᠤᠭ᠎ᠠ ᠪᠠᠨ ᠵᠤᠬᠢᠴᠠᠯᠳᠤᠭᠤᠯᠤᠨ᠂ ᠬᠠᠷ᠎ᠠ ᠭᠤᠤᠯ ᠤᠨ | ᠤᠰᠤᠨ ᠤ ᠠᠮᠢ ᠠᠬᠤᠢ ᠶᠢᠨ ᠦᠷ᠎ᠡ ᠠᠰᠢᠭ ᠢ ᠬᠠᠮᠤᠭ ᠶᠡᠭᠡ ᠬᠡᠮᠵᠢᠶᠡᠨ ᠳᠤ ᠴᠢᠷᠮᠠᠶᠢᠨ ᠪᠡᠶᠡᠯᠡᠭᠦᠯᠵᠦ᠂ ᠨᠤᠭᠤᠭᠠᠨ | ᠪᠦᠷᠢᠲᠦ ᠶᠢᠨ ᠠᠮᠢ ᠠᠬᠤᠢ ᠶᠢᠨ ᠰᠡᠷᠭᠦᠯᠲᠡ ᠶᠢ ᠠᠬᠢᠭᠤᠯᠤᠨ᠎ᠠ᠃ ᠬᠠᠮᠤᠭ ᠴᠢᠩᠭ᠎ᠠ ᠤᠰᠤᠨ ᠤ ᠡᠬᠢ ᠪᠠᠶᠠᠯᠢᠭ ᠤᠨ | ᠬᠠᠮᠢᠶᠠᠷᠤᠯᠲᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠬᠦᠯᠦᠨ᠂ ᠲᠤᠭᠲᠠᠮᠠᠯ ᠬᠡᠮᠵᠢᠶ᠎ᠡ ᠪᠠᠷ ᠤᠰᠤ ᠬᠡᠷᠡᠭᠯᠡᠬᠦ | ᠬᠠᠮᠢᠶᠠᠷᠤᠯᠲᠠ ᠪᠤᠯᠤᠨ ᠬᠡᠲᠦᠷᠡᠭᠦᠯᠦᠨ ᠬᠡᠷᠡᠭᠯᠡᠪᠡᠯ ᠦᠨ᠎ᠡ ᠶᠢ ᠨᠢ ᠦᠰᠭᠡᠬᠦ ᠳᠦᠷᠢᠮ ᠢ ᠶᠠᠪᠤᠭᠳᠠᠭᠤᠯᠵᠤ᠂ ᠪᠦᠬᠦ | ᠨᠡᠶᠢᠭᠡᠮ ᠢᠶᠠᠷ ᠢᠶᠠᠨ ᠤᠰᠤ ᠠᠷᠪᠢᠯᠠᠬᠤ ᠦᠵᠡᠯ ᠤᠬᠠᠮᠰᠠᠷ ᠢ ᠦᠨᠡᠨᠬᠦ ᠴᠢᠩᠭᠠᠳᠬᠠᠨ᠎ᠠ᠃ ᠤᠰᠤᠨ ᠠᠰᠢᠭᠯᠠᠯᠲᠠ ᠶᠢᠨ | ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠠᠷ᠎ᠠ ᠭᠤᠤᠯ ᠢ ᠵᠠᠰᠠᠬᠤ᠂ | ᠠᠶᠤᠯᠲᠠᠢ ᠤᠰᠤᠨ ᠬᠠᠰᠢᠯᠭ᠎ᠠ ᠶᠢ ᠪᠠᠬᠢᠵᠢᠭᠦᠯᠬᠦ᠂ ᠭᠤᠤᠯ ᠪᠤᠯᠤᠨ ᠨᠠᠭᠤᠷ ᠢ ᠨᠡᠪᠲᠡᠷᠡᠭᠦᠯᠬᠦ ᠵᠡᠷᠭᠡ ᠢᠨᠵᠧᠨᠧᠷᠢᠩ ᠢ | ᠬᠡᠷᠡᠭᠵᠢᠭᠦᠯᠦᠨ᠂ ᠬᠠᠷ᠎ᠠ ᠭᠤᠤᠯ ᠤᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠴᠢᠷᠮᠠᠶᠢᠨ ᠡᠬᠢᠯᠡᠭᠦᠯᠵᠦ᠂ | ᠬᠠᠷ᠎ᠠ ᠭᠤᠤᠯ ᠤᠨ ᠤᠷᠤᠰᠬᠠᠯ ᠤᠨ ᠦᠶᠡᠷ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠴᠡᠭᠡ ᠪᠤᠭᠤᠮᠲᠠ ᠶᠢᠨ | ᠤᠷᠴᠢᠨ ᠲᠤᠭᠤᠷᠢᠨ ᠬᠠᠮᠠᠭᠠᠯᠠᠬᠤ ᠴᠢᠨᠠᠷᠲᠠᠢ ᠨᠡᠭᠦᠷᠡᠰᠦᠨ ᠤ ᠬᠦᠮᠦᠷᠭᠡ ᠶᠢᠨ ᠪᠠᠶᠢᠭᠤᠯᠤᠯᠲᠠ ᠶᠢ ᠬᠦᠴᠦᠯᠡᠨ | ᠠᠬᠢᠭᠤᠯᠵᠤ᠂ ᠪᠤᠭᠤᠮᠲᠠ ᠶᠢᠨ ᠨᠡᠭᠦᠷᠡᠰᠦᠨ ᠤ ᠪᠤᠬᠢᠷᠳᠦᠯ ᠢ ᠪᠦᠲᠦᠮᠵᠢᠲᠡᠢ ᠵᠠᠰᠠᠨ᠎ᠠ᠃ ᠠᠮᠢ ᠠᠬᠤᠶᠢᠵᠢᠭᠰᠠᠨ | ᠠᠭᠤᠷᠬᠠᠢ ᠶᠢᠨ ᠪᠠᠶᠢᠭᠤᠯᠤᠯᠲᠠ ᠶᠢ ᠶᠡᠭᠡᠪᠡᠷ ᠠᠬᠢᠭᠤᠯᠵᠤ᠂ ᠳᠤᠷ᠎ᠠ ᠲᠠᠪᠠ ᠪᠠᠷ ᠤᠭᠲᠤᠯᠵᠤ ᠮᠠᠯᠲᠠᠬᠤ᠂ ᠬᠠᠤᠯᠢ | ᠪᠤᠰᠤ ᠪᠠᠷ ᠦᠢᠲᠤ ᠭᠠᠵᠠᠷ᠂ ᠡᠪᠡᠰᠦ ᠪᠡᠯᠴᠢᠭᠡᠷ ᠢ ᠲᠠᠳᠠᠪᠤᠷᠢᠯᠡᠨ ᠡᠵᠡᠯᠡᠬᠦ᠂ ᠲᠤᠭᠲᠠᠭᠠᠯ ᠵᠦᠷᠢᠴᠡᠨ ᠴᠢᠯᠠᠭᠤ | ᠮᠠᠯᠲᠠᠬᠤ᠂ ᠡᠯᠡᠰᠦ ᠬᠠᠶᠢᠷ ᠠᠪᠬᠤ ᠪᠠ ᠠᠭᠤᠷᠬᠠᠢ ᠮᠠᠯᠲᠠᠬᠤ ᠵᠡᠷᠭᠡ ᠠᠮᠢ ᠠᠬᠤᠢ ᠶᠢ ᠡᠪᠳᠡᠭᠰᠡᠨ ᠬᠠᠤᠯᠢ ᠪᠤᠰᠤ | ᠠᠵᠢᠯᠯᠠᠭ᠎ᠠ ᠳᠤ ᠴᠢᠩᠭ᠎ᠠ ᠴᠤᠬᠢᠯᠲᠠ ᠦᠭᠭᠦᠨ᠎ᠡ᠃ ᠪᠤᠭᠢᠷᠳᠤᠯ ᠦᠭᠡᠢ ᠤᠷᠭᠠᠨᠢᠭ ᠬᠦᠭᠵᠢᠯᠲᠡ ᠶᠢᠨ ᠵᠠᠮ ᠢ | ᠪᠠᠷᠢᠮᠲᠠᠯᠠᠨ᠂ ᠬᠢᠮᠢ ᠶᠢᠨ ᠪᠤᠷᠳᠤᠭᠤᠷ᠂ ᠲᠠᠷᠢᠶᠠᠨ ᠡᠮ ᠬᠡᠷᠡᠭᠯᠡᠬᠦ ᠬᠡᠮᠵᠢᠶ᠎ᠡ ᠶᠢ ᠦᠷᠭᠦᠯᠵᠢᠯᠡᠨ ᠪᠠᠭᠠᠰᠬᠠᠨ᠎ᠠ᠃ | ᠮᠠᠯᠵᠢᠬᠤ ᠲᠠᠷᠢᠶᠠᠯᠠᠬᠤ ᠤᠷᠤᠨ ᠤ ᠤᠷᠴᠢᠨ ᠲᠤᠭᠤᠷᠢᠨ ᠤ ᠶᠡᠷᠦᠩᠬᠡᠢ ᠵᠠᠰᠠᠯᠲᠠ ᠶᠢ ᠲᠦᠷᠭᠡᠳᠬᠡᠨ ᠠᠬᠢᠭᠤᠯᠵᠤ᠂ | ᠲᠠᠷᠢᠶᠠᠯᠠᠬᠤ ᠦᠢᠯᠡᠰ ᠤᠨ ᠤᠯᠠᠨ ᠡᠬᠢᠲᠦ ᠪᠤᠬᠢᠷᠳᠦᠯ ᠤᠨ ᠰᠡᠷᠭᠡᠶᠢᠯᠡᠨ ᠵᠠᠰᠠᠯᠲᠠ ᠶᠢ ᠮᠠᠯᠴᠢᠳ ᠲᠠᠷᠢᠶᠠᠴᠢᠳ ᠤᠨ | ᠲᠦᠷᠦ ᠶᠢᠨ ᠪᠤᠳᠤᠯᠭ᠎ᠠ ᠶᠢᠨ ᠴᠢᠨᠠᠷᠲᠠᠢ ᠤᠷᠤᠯᠭ᠎ᠠ ᠯᠤᠭ᠎ᠠ ᠬᠤᠯᠪᠤᠬᠤ ᠲᠤᠭᠲᠠᠴᠠ ᠶᠢ ᠪᠦᠬᠦ ᠲᠠᠯ᠎ᠠ ᠪᠠᠷ | ᠬᠡᠷᠡᠭᠵᠢᠬᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠪᠤᠬᠢᠷᠳᠦᠯ ᠦᠭᠡᠢ ᠬᠦᠭᠵᠢᠯᠲᠡ ᠶᠢ | ᠠᠬᠢᠭᠤᠯᠤᠨ᠎ᠠ᠃ | — — ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ | ᠬᠤᠲᠠ ᠬᠦᠳᠡᠭᠡ ᠶᠢ ᠨᠢᠭᠡᠳᠦᠯᠲᠡᠢ ᠲᠦᠯᠦᠪᠯᠡᠵᠦ ᠬᠦᠭᠵᠢᠭᠦᠯᠬᠦ ᠶᠢ ᠪᠠᠷᠢᠮᠲᠠᠯᠠᠨ᠂ ︽ᠰᠠᠷᠠᠭᠤᠯ ᠳᠠᠷᠲᠠᠩ᠂ ᠬᠡᠪ | ᠨᠠᠮᠪᠠᠭᠠᠯᠢᠭ᠂ ᠴᠡᠪᠡᠷ ᠲᠤᠩᠭᠠᠯᠠᠭ ᠮᠦᠷᠲᠡᠭᠡᠨ ᠤᠷᠤᠰᠢᠨ ᠰᠠᠭᠤᠷᠢᠰᠢᠬᠤ ᠪᠠ ᠵᠤᠭᠠᠴᠠᠨ ᠰᠠᠯᠡᠬᠦᠴᠡᠬᠦ ᠳᠤ ᠲᠠᠪᠠᠲᠠᠢ︾ | ᠪᠠᠶᠢᠬᠤ ᠵᠠᠷᠴᠢᠮ ᠤᠨ ᠲᠤᠭᠤᠷᠢᠨ ᠳᠤ᠂ ᠳᠠᠯᠠᠶᠢᠬᠦ᠋ᠪ ᠪᠠᠯᠭᠠᠰᠤᠨ ᠤ ᠳᠦᠭᠦᠮ ᠪᠦᠲᠦᠴᠡᠲᠦ ᠤᠷᠤᠨ ᠤ ᠬᠤᠲᠠ ᠶᠢᠨ | ᠲᠦᠯᠦᠪᠯᠡᠭᠡ ᠶᠢ ᠪᠡᠶᠡᠯᠡᠭᠦᠯᠦᠨ᠂ ᠰᠤᠮᠤ ᠪᠠᠯᠭᠠᠰᠤ᠂ ᠭᠠᠴᠠᠭᠠᠨ ᠤ ᠲᠦᠯᠦᠪᠵᠢᠭᠦᠯᠦᠯᠲᠡ ᠶᠢᠨ ᠭᠤᠶᠤᠴᠢᠯᠠᠯᠲᠠ᠂ | ᠬᠢᠨᠠᠨ ᠵᠦᠪᠰᠢᠶᠡᠷᠡᠬᠦ ᠳᠦᠷᠢᠮ ᠢ ᠴᠢᠩᠭᠠᠷᠠᠭᠤᠯᠵᠤ᠂ ᠰᠢᠨ᠎ᠡ ᠮᠠᠯᠵᠢᠬᠤ ᠲᠠᠷᠢᠶᠠᠯᠠᠬᠤ ᠤᠷᠤᠨ ᠤ ᠦᠢᠯᠡᠳᠪᠦᠷᠢᠯᠡᠯ ᠤᠨ | ᠬᠦᠭᠵᠢᠯᠲᠡ ᠶᠢᠨ ᠲᠦᠯᠦᠪᠵᠢᠭᠦᠯᠦᠯᠲᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ ᠦᠭᠡᠷᠡᠴᠢᠯᠡᠬᠦ | ᠴᠢᠬᠤᠯᠠᠲᠠᠢ ᠲᠦᠭᠦᠮ ᠪᠦᠲᠦᠴᠡᠲᠦ ᠤᠷᠤᠨ ᠪᠤᠯᠤᠨ ᠤᠳᠤᠬᠢ ᠬᠤᠲᠠ ᠶᠢᠨ ᠤᠷᠤᠨ ᠵᠠᠢ ᠶᠢ ᠰᠢᠨᠵᠢᠯᠡᠬᠦ ᠤᠬᠠᠭᠠᠨᠴᠢ | ᠪᠠᠷ ᠲᠦᠯᠦᠪᠯᠡᠨ᠂ ᠵᠠᠰᠠᠭ ᠤᠨ ᠤᠷᠳᠤᠨ ᠤ ᠬᠤᠷᠸ᠎ᠠ ᠲᠤᠬᠢᠷᠠᠭᠤᠯᠭ᠎ᠠ ᠪᠠᠷ ᠳᠠᠮᠵᠢᠵᠤ᠂ ᠤᠯᠠᠨ ᠭᠤᠤᠯ ᠴᠤᠭᠴᠠ | ᠠᠴᠠ ᠬᠠᠩᠭᠠᠬᠤ᠂ ᠤᠯᠠᠨ ᠠᠷᠭ᠎ᠠ ᠪᠠᠷᠢᠯ ᠢᠶᠠᠷ ᠪᠠᠲᠤᠯᠠᠬᠤ᠂ ᠲᠦᠷᠢᠶᠡᠰᠦᠯᠡᠬᠦ ᠬᠤᠳᠠᠯᠳᠤᠬᠤ ᠶᠢ ᠵᠡᠷᠭᠡᠪᠡᠷ | ᠶᠠᠪᠤᠭᠤᠯᠬᠤ ᠤᠷᠤᠨ ᠰᠠᠭᠤᠴᠠ ᠶᠢᠨ ᠳᠦᠷᠢᠮ ᠢ ᠲᠦᠷᠭᠡᠳᠬᠡᠨ ᠪᠠᠶᠢᠭᠤᠯᠵᠤ᠂ ᠪᠦᠬᠦ ᠬᠤᠰᠢᠭᠤᠨ ᠤ ᠤᠷᠤᠨ | ᠰᠠᠭᠤᠴᠠ ᠶᠢᠨ ᠬᠠᠩᠭᠠᠯᠭ᠎ᠠ ᠬᠡᠷᠡᠭᠴᠡᠭᠡᠨ ᠤ ᠶᠡᠷᠦᠩᠭᠡᠢ ᠲᠡᠩᠴᠡᠭᠦᠷᠢ ᠶᠢ ᠪᠠᠲᠤᠯᠠᠨ᠂ ᠦᠯᠡᠭᠦᠳᠡᠮᠡᠯ ᠤᠷᠤᠨ | ᠰᠠᠭᠤᠴᠠ ᠶᠢᠨ ᠰᠢᠨ᠎ᠡ ᠪᠠᠷ ᠪᠤᠢ ᠪᠤᠯᠬᠤ ᠪᠠ ᠦᠨ᠎ᠡ ᠬᠠᠩᠰᠢ ᠶᠢᠨ ᠦᠰᠦᠯᠲᠡ ᠬᠤᠪᠢᠷᠠᠯᠲᠠ ᠶᠢ ᠰᠡᠷᠭᠡᠶᠢᠯᠡᠨ᠎ᠡ᠃ | 2018 ᠤᠨ ᠳᠤ᠂ ᠳᠦᠬᠦᠮ ᠪᠦᠲᠦᠴᠡᠲᠦ ᠤᠷᠤᠨ ᠰᠠᠭᠤᠴᠠ ᠶᠢᠨ ᠲᠤᠭᠤᠷᠢᠭ ᠤᠨ 500 ᠡᠷᠦᠭᠡ ᠶᠢ | ᠦᠭᠡᠷᠡᠴᠢᠯᠡᠨ ᠵᠠᠰᠠᠨ᠎ᠠ᠃ ︽ᠠᠯᠪᠠᠨ ᠠᠴᠠ ᠨᠤᠷᠠᠭᠠᠵᠤ ᠦᠪᠡᠷᠰᠡᠳ ᠢᠶᠠᠨ ᠪᠠᠷᠢᠬᠤ︾ ᠬᠡᠯᠪᠡᠷᠢ ᠪᠠᠷ ᠨᠠᠷᠢᠡᠭᠤᠤᠯ | ᠰᠢᠨ᠎ᠡ ᠲᠤᠭᠤᠷᠢᠭ ᠤᠨ 700 ᠡᠷᠦᠬᠡ ︽ᠲᠤᠤᠷᠠᠶᠢᠲᠤ ᠠᠶᠢᠯ︾ ᠢ ᠵᠢᠯᠤᠭᠤᠳᠤᠨ ᠨᠡᠭᠦᠯᠭᠡᠵᠦ ᠦᠭᠡᠷᠡᠴᠢᠯᠡᠨ | ᠵᠠᠰᠠᠨ᠎ᠠ᠃ ︽ᠬᠤᠲᠠ ᠪᠠᠯᠭᠠᠰᠤᠨ ᠤ ᠲᠦᠬᠦᠭᠡᠷᠦᠮᠵᠢ + ᠰᠤᠶᠤᠯ ᠤᠨ ᠴᠢᠳᠠᠪᠬᠢ + ᠵᠢᠭᠤᠯᠴᠢᠯᠠᠯ ᠤᠨ ᠨᠡᠷ᠎ᠡ | ᠳᠡᠮᠳᠡᠭ︾ ᠠᠭᠤᠰᠤᠯᠴᠠᠭᠰᠠᠨ ᠬᠦᠭᠵᠢᠯᠲᠡ ᠶᠢᠨ ᠦᠵᠡᠯᠲᠡ ᠶᠢ ᠦᠨᠳᠦᠰᠦᠯᠡᠨ᠂ ᠬᠤᠲᠠ ᠪᠠᠯᠭᠠᠰᠤᠨ ᠤ ᠵᠠᠬ᠎ᠠ | ᠵᠡᠭᠡᠯᠢ ᠶᠢᠨ ᠨᠤᠭᠤᠭᠠᠷᠠᠭᠤᠯᠤᠯᠲᠠ᠂ ᠦᠵᠡᠮᠵᠢ ᠶᠢᠨ ᠦᠭᠡᠷᠡᠴᠢᠯᠡᠯᠲᠡ ᠵᠡᠷᠭᠡ ᠦᠷᠭᠦᠯᠵᠢᠯᠡᠨ ᠪᠠᠶᠢᠭᠤᠯᠬᠤ | ᠢᠨᠵᠧᠨᠧᠷᠢᠩ ᠢ ᠰᠠᠶᠢᠳᠦᠷ ᠠᠳᠬᠤᠵᠤ᠂ ᠳᠠᠯᠠᠶᠢᠬᠦ᠋ᠪ ᠪᠠᠯᠭᠠᠰᠤᠨ ᠤ ᠭᠤᠤᠯ ᠵᠡᠭᠡᠯᠢ ᠭᠤᠳᠤᠮᠵᠢ ᠶᠢᠨ ᠴᠠᠬᠢᠯᠭᠠᠨ | ᠲᠤᠤᠷᠵᠢᠯ ᠢ ᠭᠠᠵᠠᠷ ᠳᠤᠤᠷ᠎ᠠ ᠤᠭᠰᠠᠷᠠᠬᠤ ᠵᠡᠷᠭᠡ ᠢᠨᠵᠧᠨᠧᠷᠢᠩ ᠢ ᠡᠬᠢᠯᠡᠭᠦᠯᠦᠨ᠂ ᠬᠤᠲᠠ ᠪᠠᠯᠭᠠᠰᠤᠨ ᠤ | ᠦᠢᠯᠡᠴᠢᠯᠡᠭᠡᠨ ᠤ ᠴᠢᠳᠠᠮᠵᠢ ᠪᠤᠯᠤᠨ ᠲᠦᠭᠦᠷᠵᠢᠭᠰᠡᠨ ᠲᠦᠭᠦᠭᠡᠷᠦᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠎ᠡ᠃ | ᠠᠵᠤ ᠦᠢᠯᠡᠰ ᠪᠤᠯᠤᠨ ᠬᠤᠲᠠ ᠤᠶᠠᠯᠳᠤᠭᠰᠠᠨ ᠬᠦᠭᠵᠢᠯᠲᠡ ᠶᠢᠨ ᠦᠵᠡᠯᠲᠡ ᠰᠡᠳᠬᠢᠴᠡ ᠶᠢ ᠤᠯᠠᠮ ᠨᠢᠭᠡ | ᠠᠯᠬᠤᠮ ᠡᠮᠬᠢᠯᠡᠨ ᠲᠤᠳᠤᠷᠬᠠᠶᠢᠯᠠᠵᠤ᠂ ᠬᠤᠲᠠ ᠶᠢᠨ ᠳᠤᠲᠤᠷᠠᠬᠢ ᠮᠠᠰᠢᠨ ᠲᠤᠨᠤᠭ᠂ ᠪᠠᠷᠢᠯᠭ᠎ᠠ ᠶᠢᠨ ᠮᠠᠲ᠋ᠧᠷᠢᠶᠠᠯ᠂ | ᠲᠠᠷᠢᠶᠠᠯᠠᠩ ᠤᠨ ᠬᠡᠷᠡᠭᠯᠡᠭᠡ᠂ ᠬᠠᠶᠠᠭᠳᠠᠮᠠᠯ ᠪᠤᠳᠠᠰ ᠢ ᠬᠤᠷᠢᠶᠠᠬᠤ ᠵᠡᠷᠭᠡ ᠦᠢᠯᠡᠰ ᠢ ᠬᠤᠲᠠ ᠶᠢᠨ ᠵᠠᠬ᠎ᠠ ᠳᠤ | ᠰᠢᠯᠵᠢᠭᠦᠯᠦᠨ ᠲᠦᠪᠯᠡᠷᠡᠭᠦᠯᠦᠨ ᠬᠦᠭᠵᠢᠭᠦᠯᠵᠦ᠂ ᠤᠮᠠᠷᠠᠲᠤ ᠬᠤᠲᠠ ᠲᠤᠭᠤᠷᠢᠭᠰᠠᠨ ᠵᠠᠮ᠂ ᠰᠤᠪᠨᠠᠭᠤᠷ ᠵᠠᠮ ᠤᠨ | ᠬᠤᠶᠢᠲᠦ ᠬᠡᠰᠡᠭ ᠲᠤ ᠵᠢᠭᠤᠯᠴᠢᠯᠠᠯ ᠤᠨ ᠲᠦᠭᠦᠷᠵᠢᠭᠰᠡᠨ ᠦᠢᠯᠡᠴᠢᠯᠡᠭᠡᠨ ᠤ ᠠᠵᠤ ᠦᠢᠯᠡᠰ ᠢ ᠲᠦᠪᠯᠡᠷᠡᠭᠦᠯᠦᠨ | ᠬᠦᠭᠵᠢᠭᠦᠯᠦᠨ᠎ᠡ᠃ ︽ᠨᠠᠷᠢᠯᠢᠭ᠂ ᠭᠤᠶᠤ᠂ ᠤᠨᠴᠠᠯᠢᠭ ᠲᠠᠢ︾ ᠪᠠᠶᠢᠬᠤ ᠵᠠᠷᠴᠢᠮ ᠤᠨ ᠲᠤᠭᠤᠷᠢᠨ ᠳᠤ᠂ ᠠᠮᠢ | ᠠᠬᠤᠢ ᠶᠢᠨ ᠤᠷᠴᠢᠨ ᠲᠤᠭᠤᠷᠢᠨ ᠰᠠᠶᠢᠨ᠂ ᠰᠤᠶᠤᠯ ᠤᠨ ᠤᠨᠴᠠᠯᠢᠭ ᠳᠤᠪᠤᠶᠢᠮ᠎ᠠ᠂ ᠬᠦᠳᠡᠭᠡ ᠲᠤᠰᠬᠤᠨ ᠤ | ᠦᠪᠡᠷᠮᠢᠴᠡ ᠲᠦᠷᠬᠦ ᠲᠤᠳᠤᠷᠬᠠᠢ ᠪᠦᠭᠡᠳ ᠬᠦᠳᠡᠭᠡ ᠶᠢᠨ ᠦᠩᠭᠡ ᠠᠶᠠᠰ ᠢᠶᠠᠨ ᠬᠠᠳᠠᠭᠠᠯᠠᠭᠰᠠᠨ ᠨᠢᠭᠡ ᠪᠦᠯᠦᠭ | ᠭᠤᠶᠤ ᠦᠵᠡᠰᠭᠦᠯᠡᠩᠲᠦ ᠬᠦᠳᠡᠭᠡ ᠲᠤᠰᠬᠤᠨ ᠢ ᠪᠦᠲᠦᠭᠡᠨ ᠴᠤᠭᠴᠠᠯᠠᠵᠤ᠂ ᠬᠤᠲᠠ ᠪᠤᠯᠤᠨ ᠪᠠᠯᠭᠠᠰᠤ ᠲᠤᠰᠬᠤᠨ | ᠬᠤᠯᠪᠤᠯᠳᠤᠨ ᠰᠦᠯᠵᠢᠯᠳᠦᠭᠰᠡᠨ᠂ ᠬᠠᠮᠲᠤᠪᠠᠷ ᠪᠠᠶᠢᠭᠤᠯᠵᠤ ᠬᠠᠷᠢᠯᠴᠠᠨ ᠠᠬᠢᠭᠤᠯᠤᠭᠰᠠᠨ ᠬᠦᠭᠵᠢᠯᠲᠡ ᠶᠢᠨ | ᠲᠤᠭᠲᠠᠴᠠ ᠶᠢ ᠲᠦᠯᠬᠢᠨ ᠠᠬᠢᠭᠤᠯᠤᠨ᠎ᠠ᠃ ᠦᠪᠡᠷᠲᠡᠭᠡᠨ ᠵᠠᠰᠠᠬᠤ ᠤᠷᠤᠨ ᠨᠢ ᠤᠯᠤᠰ ᠤᠨ ᠲᠤᠮᠤ ᠳ᠋ᠠᠶᠢᠲ᠋ᠠ ᠶᠢᠨ | ᠶᠡᠷᠦᠩᠬᠡᠶᠢᠯᠡᠭᠰᠡᠨ ᠲᠤᠷᠰᠢᠯᠲᠠ ᠶᠢᠨ ᠤᠷᠤᠨ ᠤ ᠪᠦᠲᠦᠭᠡᠨ ᠪᠠᠶᠢᠭᠤᠯᠤᠯᠲᠠ ᠳᠤ ᠵᠢᠭᠰᠠᠭᠠᠭᠳᠠᠭᠰᠠᠨ ᠠᠵᠠ ᠵᠠᠪᠰᠢᠶᠠᠨ | ᠢ ᠠᠳᠬᠤᠨ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠴᠢᠳᠠᠪᠤᠷᠢ ᠶᠢ | ᠲᠠᠰᠤᠷᠠᠯᠲᠠ ᠦᠭᠡᠢ ᠳᠡᠭᠡᠭᠰᠢᠯᠡᠭᠦᠯᠵᠦ᠂ ︽ᠤᠶᠤᠨᠴᠢ ᠡᠵᠡᠨ᠎ᠡ︾ ᠪᠠ ᠪᠤᠯᠪᠠᠰᠤᠨ ᠬᠤᠲᠠ ᠪᠠᠯᠭᠠᠰᠤᠨ ᠤ | ᠪᠠᠶᠢᠭᠤᠯᠤᠯᠲᠠ ᠶᠢ ᠠᠬᠢᠭᠤᠯᠤᠨ᠎ᠠ᠃ ᠬᠤᠲᠠ ᠶᠢᠨ ᠳᠦᠷᠢ ᠳᠦᠷᠬᠦ᠂ ᠤᠷᠴᠢᠨ ᠲᠤᠭᠤᠷᠢᠨ ᠤ ᠠᠷᠢᠭᠤᠨ ᠴᠡᠪᠡᠷ᠂ | ᠵᠠᠮ ᠬᠠᠷᠢᠯᠴᠠᠭᠠᠨ ᠤ ᠡᠮᠬᠢ ᠳᠢᠭᠯᠢᠮ᠂ ᠭᠡᠷ ᠤᠨ ᠭᠠᠳᠠᠨᠠᠬᠢ ᠵᠠᠷ ᠮᠡᠳᠡᠭᠡ ᠵᠡᠷᠭᠡ ᠶᠢᠨ ᠲᠤᠰᠬᠠᠢ ᠴᠡᠭᠴᠡᠯᠡᠯᠲᠡ ᠶᠢ | ᠭᠦᠨᠵᠡᠭᠡᠶᠢᠷᠡᠭᠦᠯᠦᠨ᠂ ᠠᠵᠢᠯ ᠲᠦᠷᠦᠯ ᠢᠶᠠᠷ ᠨᠢ ᠬᠤᠪᠢᠶᠠᠨ ᠳᠦᠷᠢᠮᠵᠢᠭᠦᠯᠵᠦ ᠪᠠᠶᠢᠭᠤᠯᠤᠭᠰᠠᠨ ᠪᠠ ᠲᠡᠷᠭᠡ ᠤᠨᠤᠭ᠎ᠠ | ᠡᠮᠬᠢ ᠳᠢᠭᠯᠢᠮ ᠲᠠᠢ᠂ ᠵᠠᠮ ᠵᠡᠭᠡᠯᠢ ᠴᠡᠪᠡᠷ ᠰᠠᠶᠢᠬᠠᠨ ᠤᠷᠴᠢᠨ ᠲᠤᠭᠤᠷᠢᠨ ᠢ ᠪᠤᠢ ᠪᠤᠯᠭᠠᠵᠤ᠂ ᠬᠤᠲᠠ ᠪᠠᠯᠭᠠᠰᠤᠨ ᠤ | ᠳᠦᠷᠢᠮᠵᠢᠭᠰᠡᠨ᠂ ᠤᠶᠤᠨᠴᠢᠯᠠᠭᠰᠠᠨ᠂ ᠨᠠᠷᠢᠯᠢᠭᠵᠢᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | | — — ᠰᠠᠭᠤᠷᠢ ᠪᠠᠲᠤᠯᠠᠭᠠᠨ ᠤ ᠴᠢᠳᠠᠪᠤᠷᠢ ᠪᠠᠨ ᠪᠠᠬᠢᠵᠢᠭᠦᠯᠦᠨ᠎ᠡ᠃ ᠵᠠᠮ ᠨᠡᠪᠲᠡᠷᠡᠭᠦᠯᠬᠡ᠂ ᠤᠰᠤᠨ | ᠠᠰᠢᠭᠯᠠᠯᠲᠠ᠂ ᠬᠤᠲᠠ ᠶᠢᠨ ᠶᠠᠪᠤᠳᠠᠯ᠂ ᠰᠤᠷᠠᠭ ᠴᠢᠮᠡᠭᠡ ᠵᠡᠷᠭᠡ ᠰᠠᠭᠤᠷᠢ ᠲᠦᠭᠦᠭᠡᠷᠦᠮᠵᠢ ᠶᠢᠨ ᠪᠠᠶᠢᠭᠤᠯᠤᠯᠲᠠ ᠶᠢ | ᠪᠦᠬᠦ ᠲᠠᠯ᠎ᠠ ᠪᠠᠷ ᠠᠬᠢᠭᠤᠯᠵᠤ᠂ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠪᠠᠲᠤᠯᠠᠭᠠᠨ ᠤ ᠴᠢᠳᠠᠪᠤᠷᠢ ᠶᠢ | ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ G213 ᠱᠤᠭᠤᠮ ᠤᠨ ᠳᠠᠯᠠᠶᠢᠬᠦ᠋ᠪ ᠪᠠᠯᠭᠠᠰᠤᠨ ᠠᠴᠠ ᠳ᠋ᠦᠩᠹᠧᠩ | ᠰᠠᠨᠰᠠᠷ ᠤᠨ ᠬᠤᠲᠠ ᠬᠦᠷᠲᠡᠯᠡᠬᠢ ᠨᠢᠭᠡᠳᠦᠭᠡᠷ ᠳᠡᠰ ᠤᠨ ᠵᠠᠰᠠᠮᠠᠯ ᠵᠠᠮ᠂ G213 ᠱᠤᠭᠤᠮ ᠤᠨ ᠳ᠋ᠦᠩᠹᠧᠩ | ᠰᠠᠨᠰᠠᠷ ᠤᠨ ᠬᠤᠲᠠ ᠠᠴᠠ ᠠᠷᠪᠠᠨ ᠳᠦᠷᠪᠡᠳᠦᠭᠡᠷ ᠴᠡᠷᠢᠭ ᠤᠨ ᠰᠠᠭᠤᠷᠢᠨ ᠬᠦᠷᠲᠡᠯᠡᠬᠢ ᠵᠠᠰᠠᠮᠠᠯ ᠵᠠᠮ᠂ G331 | ᠱᠤᠭᠤᠮ ᠤᠨ ᠨᠤᠭᠤᠭᠠᠨ ᠳᠡᠯ ᠠᠴᠠ ᠵᠠᠮ ᠤᠨ ᠬᠤᠳᠳᠤᠭ ᠬᠦᠷᠲᠡᠯᠡᠬᠢ ᠬᠡᠰᠡᠭ ᠤᠨ ᠲᠦᠷᠦᠯ ᠵᠦᠢᠯ ᠤᠨ | ᠪᠠᠶᠢᠭᠤᠯᠤᠯᠳᠠ ᠶᠢ ᠲᠦᠷᠭᠡᠳᠭᠡᠨ ᠠᠬᠢᠭᠤᠯᠤᠨ᠎ᠠ᠃ ᠭᠤᠤᠯ ᠪᠤᠯᠬᠤ ᠵᠠᠮ ᠱᠤᠭᠤᠮ ᠳᠤ ᠲᠦᠰᠢᠭᠯᠡᠨ᠂ ᠲᠤᠰᠬᠤᠨ ᠳᠤ | ᠨᠡᠪᠲᠡᠷᠡᠬᠦ ᠵᠠᠰᠠᠮᠠᠯ ᠵᠠᠮ ᠢ ᠲᠤᠬᠢᠷᠠᠭᠤᠯᠵᠤ᠂ ᠨᠡᠩ ᠤᠯᠠᠨ ᠭᠤᠤᠯ ᠳᠡᠳ᠋ ᠵᠠᠮ ᠱᠤᠭᠤᠮ ᠨᠡᠪᠲᠡᠷᠡᠨ ᠵᠠᠯᠭᠠᠯᠳᠤᠭᠰᠠᠨ | ᠵᠢᠭᠤᠯᠴᠢᠯᠠᠯ ᠤᠨ ᠵᠠᠰᠠᠮᠠᠯ ᠵᠠᠮ ᠢ ᠵᠠᠰᠠᠨ ᠪᠠᠶᠢᠭᠤᠯᠤᠨ᠎ᠠ᠃ ᠡᠵᠡᠨ᠎ᠡ ᠠᠴᠠ ᠬᠠᠮᠢ ᠬᠦᠷᠬᠦ ᠭᠠᠯᠲᠤ ᠲᠡᠷᠭᠡ ᠶᠢ | ᠴᠢᠷᠮᠠᠶᠢᠨ ᠨᠡᠪᠲᠡᠷᠡᠭᠦᠯᠵᠦ᠂ ᠡᠵᠡᠨ᠎ᠡ ᠠᠴᠠ ᠵᠢᠦᠴᠢᠦᠸᠠᠨ ᠬᠦᠷᠬᠦ ᠲᠡᠮᠦᠷ ᠵᠠᠮ ᠤᠨ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠠᠵᠢᠯ ᠢ ᠡᠷᠲᠡᠬᠡᠨ ᠡᠬᠢᠯᠡᠭᠦᠯᠦᠨ᠎ᠡ᠃ ᠠᠶᠠᠨᠴᠢᠨ ᠤ ᠨᠢᠰᠭᠡᠯ ᠤᠨ ᠵᠠᠮ ᠱᠤᠭᠤᠮ ᠤᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠨ᠂ ᠲᠤᠤᠷᠠᠢ ᠨᠢᠰᠭᠡᠯ ᠤᠨ ᠲᠠᠯᠠᠪᠠᠢ ᠶᠢ ᠳᠡᠰ ᠳᠡᠪᠰᠢᠭᠦᠯᠦᠨ ᠦᠭᠡᠷᠡᠴᠢᠯᠡᠬᠦ ᠶᠢ | ᠪᠡᠶᠡᠯᠡᠭᠦᠯᠵᠦ᠂ ᠠᠭᠠᠷ ᠠᠶᠠᠯᠠᠯ ᠤᠨ ᠵᠦᠭᠡᠭᠡᠪᠦᠷᠢ ᠶᠢᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | ᠠᠮᠤᠷ ᠲᠦᠪᠰᠢᠨ ᠤᠤᠭᠤᠬᠤ ᠤᠰᠤᠨ ᠤ ᠴᠢᠨᠠᠷ ᠢ ᠳᠡᠭᠡᠭᠰᠢᠯᠡᠭᠦᠯᠦᠨ ᠪᠠᠷᠢᠮᠵᠢᠶᠠᠨ ᠳᠤ ᠬᠦᠷᠭᠡᠬᠦ ᠲᠦᠷᠦᠯ ᠵᠦᠢᠯ ᠢ | ᠪᠦᠬᠦ ᠲᠠᠯ᠎ᠠ ᠪᠠᠷ ᠬᠡᠷᠡᠭᠵᠢᠭᠦᠯᠵᠦ᠂ ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ ᠤᠨ ᠪᠠᠶᠢᠭᠤᠯᠤᠯᠲᠠ | ᠪᠤᠯᠤᠨ ᠡᠷᠬᠢᠯᠲᠡ᠂ ᠬᠠᠮᠢᠶᠠᠷᠤᠯᠲᠠ ᠬᠠᠮᠠᠭᠠᠯᠠᠯᠲᠠ ᠶᠢᠨ ᠰᠢᠰᠲ᠋ᠧᠮ ᠢ ᠠᠯᠭᠤᠷ ᠪᠦᠲᠦᠭᠡᠨ ᠪᠠᠶᠢᠭᠤᠯᠤᠨ᠎ᠠ᠃ ᠬᠤᠲᠠ | ᠶᠢᠨ ᠶᠠᠪᠤᠳᠠᠯ ᠤᠨ ᠰᠠᠭᠤᠷᠢ ᠲᠦᠭᠦᠭᠡᠷᠦᠮᠵᠢ ᠶᠢ ᠲᠡᠭᠦᠯᠳᠡᠷᠵᠢᠭᠦᠯᠦᠨ᠂ ᠪᠤᠬᠢᠷ ᠤᠰᠤ ᠰᠢᠢᠳᠪᠦᠷᠢᠯᠡᠬᠦ ᠦᠢᠯᠡᠳᠪᠦᠷᠢ | ᠶᠢᠨ ᠴᠢᠳᠠᠮᠵᠢ ᠪᠠᠨ ᠦᠷᠭᠡᠳᠭᠡᠬᠦ᠂ ᠭᠠᠵᠠᠷ ᠲᠤᠤᠷᠠᠬᠢ ᠲᠤᠤᠷᠵᠢᠯ ᠬᠤᠭᠤᠯᠠᠢ ᠶᠢ ᠰᠡᠯᠪᠢᠨ ᠵᠠᠰᠠᠬᠤ᠂ ᠲᠦᠪᠯᠡᠷᠡᠩᠭᠦᠢ | ᠪᠠᠷ ᠲᠤᠯᠠᠭᠠᠨ ᠬᠠᠩᠭᠠᠬᠤ ᠵᠡᠷᠭᠡ ᠲᠦᠷᠦᠯ ᠵᠦᠢᠯ ᠢ ᠭᠤᠤᠯᠳᠠᠯᠭ᠎ᠠ ᠲᠠᠢ ᠠᠬᠢᠭᠤᠯᠵᠤ᠂ ᠬᠤᠲᠠ ᠶᠢᠨ ᠦᠢᠯᠡᠴᠢᠯᠡᠭᠡᠨ | ᠤ ᠴᠢᠳᠠᠪᠤᠷᠢ ᠶᠢ ᠳᠡᠭᠡᠭᠰᠢᠯᠡᠬᠦᠯᠦᠨ᠎ᠡ᠃ ᠴᠠᠬᠢᠯᠭᠠᠨ ᠲᠤᠤᠷᠵᠢᠯ ᠤᠨ ᠪᠦᠲᠦᠭᠡᠨ ᠪᠠᠶᠢᠭᠤᠯᠤᠯᠲᠠ ᠶᠢ ᠲᠦᠯᠬᠢᠨ | ᠠᠬᠢᠭᠤᠯᠵᠤ᠂ 220 ᠺᠢᠯᠤᠸᠤᠯᠲ ᠬᠦᠴᠦᠳᠡᠯ ᠦᠭᠡᠷᠡᠴᠢᠯᠡᠬᠦ ᠴᠠᠬᠢᠯᠭᠠᠨ ᠦᠷᠲᠡᠭᠡᠨ ᠠᠴᠠ ᠴᠡᠭᠡ 110 | ᠺᠢᠯᠤᠸᠤᠯᠲ ᠬᠦᠴᠦᠳᠡᠯ ᠦᠭᠡᠷᠡᠴᠢᠯᠡᠬᠦ ᠴᠠᠬᠢᠯᠭᠠᠨ ᠦᠷᠲᠡᠭᠡ ᠬᠦᠷᠬᠦ Ⅱ ᠬᠤᠤᠰ ᠴᠢᠭᠯᠡᠯᠲᠦ ᠴᠠᠬᠢᠯᠭᠠᠨ ᠬᠦᠷᠭᠡᠬᠦ | ᠱᠤᠭᠤᠮ᠂ ᠴᠡᠭᠡ ᠶᠢᠨ 35 ᠺᠢᠯᠤᠸᠤᠯᠲ ᠬᠦᠴᠦᠳᠡᠯ ᠦᠭᠡᠷᠡᠴᠢᠯᠡᠬᠦ ᠴᠠᠬᠢᠯᠭᠠᠨ ᠦᠷᠲᠡᠭᠡᠨ ᠠᠴᠠ ᠪᠤᠰᠤᠳ ᠭᠠᠵᠠᠷ | ᠲᠤ ᠬᠦᠴᠦᠳᠡᠯ ᠦᠭᠡᠷᠡᠴᠢᠯᠡᠵᠦ ᠴᠠᠬᠢᠯᠭᠠᠨ ᠬᠦᠷᠭᠡᠬᠦ ᠢᠨᠵᠧᠨᠧᠷᠢᠩ ᠢ ᠪᠡᠶᠡᠯᠡᠭᠦᠯᠦᠨ᠂ ᠴᠠᠬᠢᠯᠭᠠᠨ ᠬᠠᠩᠭᠠᠬᠤ | ᠪᠠᠲᠤᠯᠠᠭᠠᠨ ᠤ ᠴᠢᠳᠠᠪᠤᠷᠢ ᠪᠤᠯᠤᠨ ᠳᠠᠭᠠᠭᠠᠴᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠴᠢᠮᠡᠭᠡ | ᠬᠤᠯᠪᠤᠭᠠᠨ ᠤ ᠳᠤᠬᠢᠶᠠᠨ ᠪᠦᠷᠭᠦᠴᠡ ᠶᠢ ᠤᠯᠠᠮ ᠦᠷᠬᠡᠳᠬᠡᠵᠤ᠂ ᠮᠠᠯᠴᠢᠳ ᠲᠠᠷᠢᠶᠠᠴᠢᠳ ᠤᠨ ᠲᠦᠪᠯᠡᠷᠡᠨ | ᠰᠠᠭᠤᠷᠢᠰᠢᠭ᠎ᠠ ᠭᠠᠵᠠᠷ ᠤᠨ ᠰᠦᠯᠵᠢᠶᠠᠨ ᠳᠤᠬᠢᠶᠠᠨ ᠤ ᠠᠰᠠᠭᠤᠳᠠᠯ ᠢ ᠰᠢᠢᠳᠪᠦᠷᠢᠯᠡᠨ᠂ ᠬᠤᠲᠠ ᠳᠤᠲᠤᠷᠠᠬᠢ | ᠭᠡᠷᠡᠯᠯᠢᠭ ᠰᠢᠷᠬᠡᠭ ᠤᠨ ᠡᠷᠦᠬᠡ ᠳᠤ ᠨᠤᠭᠳᠠᠬᠤ ᠨᠤᠷᠮ᠎ᠠ ᠶᠢ 500 ᠰᠠᠶ᠎ᠠ ᠠᠴᠠ ᠪᠠᠭᠤᠯᠭᠠᠬᠤ ᠦᠭᠡᠢ ᠪᠠᠶᠢᠵᠦ᠂ | ᠴᠡᠴᠡᠷᠯᠢᠭ᠂ ᠠᠭᠤᠳᠠᠮ ᠲᠠᠯᠠᠪᠠᠢ᠂ ᠦᠵᠡᠮᠵᠢ ᠶᠢᠨ ᠤᠷᠤᠨ ᠵᠡᠷᠭᠡ ᠬᠤᠲᠠ ᠬᠦᠳᠡᠭᠡᠨ ᠤ ᠤᠯᠠᠨ ᠨᠠᠶᠢᠲᠡ ᠶᠢᠨ | ᠲᠠᠯᠠᠪᠠᠢ ᠳᠤ ᠳᠤᠯᠬᠢᠶᠠᠨ ᠰᠦᠯᠵᠢᠶ᠎ᠡ ᠶᠢ ᠨᠡᠶᠢᠳᠡᠮ ᠪᠦᠷᠬᠦᠭᠦᠯᠦᠨ᠎ᠡ᠃ | ︵ᠭᠤᠷᠪᠠ︶ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠴᠢᠯᠦᠭᠡᠲᠤ ᠨᠡᠭᠡᠭᠡᠯᠲᠡ ᠶᠢ ᠦᠷᠭᠡᠳᠬᠡᠵᠦ᠂ | ᠠᠵᠤ ᠠᠬᠤᠢ ᠶᠢᠨ ᠬᠦᠭᠵᠢᠯᠲᠡ ᠶᠢᠨ ᠰᠢᠨ᠎ᠡ ᠠᠮᠢᠵᠢᠷᠠᠯ ᠤᠨ ᠬᠦᠴᠦᠨ ᠢ ᠴᠢᠷᠮᠠᠶᠢᠨ ᠬᠦᠭᠵᠢᠭᠡᠨ᠎ᠡ | — — ᠪᠦᠬᠦ ᠲᠠᠯ᠎ᠠ ᠪᠠᠷ ᠬᠦᠨᠵᠡᠭᠡᠶᠢᠷᠡᠭᠦᠯᠦᠨ ᠦᠭᠡᠷᠡᠴᠢᠯᠡᠬᠦ ᠶᠢ ᠪᠠᠷᠢᠮᠲᠠᠯᠠᠨ᠎ᠠ᠃ ᠡᠯ᠎ᠡ ᠲᠦᠷᠦᠯ | ᠤᠨ ᠦᠭᠡᠷᠡᠴᠢᠯᠡᠯᠲᠡ ᠶᠢᠨ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠵᠡᠨ᠎ᠡ ᠶᠢᠨ ᠬᠦᠭᠵᠢᠯ ᠲᠠᠢ | ᠨᠢᠭᠲᠠ ᠬᠤᠯᠪᠤᠭᠳᠠᠬᠤ ᠨᠢᠭᠡ ᠪᠦᠯᠦᠭ ᠵᠠᠩᠭᠢᠯᠠᠭ᠎ᠠ ᠶᠢᠨ ᠪᠠ ᠰᠠᠭᠤᠷᠢ ᠴᠢᠨᠠᠷᠲᠠᠢ ᠦᠭᠡᠷᠡᠴᠢᠯᠡᠯᠲᠡ ᠶᠢ ᠲᠦᠷᠭᠡᠳᠬᠡᠨ | ᠠᠬᠢᠭᠤᠯᠵᠤ᠂ ᠠᠵᠤ ᠠᠬᠤᠢ ᠶᠢ ᠤᠯᠠᠮ ᠯᠠᠪᠳᠠᠭᠤᠨ ᠬᠦᠭᠵᠢᠭᠦᠯᠦᠨ᠂ ᠤᠷᠤᠭᠰᠢᠯᠠᠯᠲᠠ ᠶᠢᠨ ᠬᠦᠴᠦᠨ ᠢ | ᠡᠷᠴᠢᠮᠵᠢᠭᠦᠯᠦᠨ᠎ᠡ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠬᠡᠷᠡᠭ | ᠶᠠᠪᠤᠳᠠᠯ ᠤᠨ ᠶᠠᠪᠤᠴᠠ ᠳᠤᠮᠳᠠᠬᠢ ᠪᠤᠯᠤᠨ ᠬᠦᠢᠴᠡᠳᠭᠡᠭᠰᠡᠨ ᠤ ᠳᠠᠷᠠᠭᠠᠬᠢ ᠬᠢᠨᠠᠯᠲᠠ ᠬᠠᠮᠢᠶᠠᠷᠤᠯᠲᠠ ᠶᠢ | ᠴᠢᠩᠭᠠᠳᠬᠠᠵᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠪᠤᠯᠤᠨ ᠨᠡᠶᠢᠭᠡᠮ ᠤᠨ ᠰᠢᠨ᠎ᠡ ᠶᠢ ᠡᠭᠦᠳᠬᠦ | ᠴᠢᠳᠠᠪᠦᠷᠢ ᠶᠢ ᠪᠠᠳᠠᠷᠠᠭᠤᠯᠤᠨ᠎ᠠ᠃ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠳᠦᠷᠢᠮ ᠤᠨ ᠦᠭᠡᠷᠡᠴᠢᠯᠡᠯᠲᠡ ᠶᠢ | ᠭᠦᠨᠵᠡᠭᠡᠶᠢᠷᠡᠭᠦᠯᠦᠨ᠂ ᠦᠢᠯᠡᠴᠢᠯᠡᠭᠡᠨ ᠤ ᠳᠠᠪᠴᠠᠩ ᠢ ᠰᠢᠯᠢᠳᠡᠭᠵᠢᠭᠦᠯᠵᠦ᠂ ᠬᠡᠷᠡᠭ ᠭᠦᠢᠴᠡᠳᠬᠡᠬᠦ ᠠᠯᠬᠤᠮ | ᠳᠠᠷᠠᠭᠠᠯᠠᠯ ᠢ ᠳᠦᠭᠦᠮᠴᠢᠯᠡᠨ᠂ ᠠᠵᠤ ᠠᠬᠤᠶᠢᠯᠠᠯ ᠪᠤᠯᠤᠨ ᠠᠷᠠᠳ ᠲᠦᠮᠡᠨ ᠳᠤ ᠨᠡᠩ ᠳᠦᠭᠦᠮ ᠮᠦᠷᠲᠡᠭᠡᠨ ᠦᠨᠳᠦᠷ | ᠦᠷ᠎ᠡ ᠠᠰᠢᠭ ᠲᠠᠢ ᠦᠢᠯᠡᠴᠢᠯᠡᠭᠡ ᠶᠢ ᠬᠠᠩᠭᠠᠨ᠎ᠠ᠃ ᠤᠬᠢ ᠰᠢᠯᠢᠳᠡᠭ᠂ ᠦᠪᠡᠷᠮᠢᠴᠡ ᠤᠨᠴᠠᠯᠢᠭ ᠲᠠᠢ ᠵᠢᠭᠤᠯᠴᠢᠯᠠᠯ | ᠤᠨ ᠡᠬᠢ ᠪᠠᠶᠠᠯᠢᠭ ᠪᠤᠯᠤᠨ ᠪᠠᠶᠢᠭᠠᠯᠢ ᠶᠢᠨ ᠡᠬᠢ ᠪᠠᠶᠠᠯᠢᠭ ᠲᠠᠭᠠᠨ ᠲᠦᠰᠢᠭᠯᠡᠨ᠂ ᠵᠠᠰᠠᠭ ᠤᠨ ᠤᠷᠳᠤᠨ ᠤ | ᠲᠦᠯᠦᠪᠵᠢᠭᠦᠯᠦᠯᠲᠡ᠂ ᠪᠦᠲᠦᠭᠡᠨ ᠪᠠᠶᠢᠭᠤᠯᠤᠯᠲᠠ ᠪᠤᠯᠤᠨ ᠡᠵᠡᠩᠨᠡᠯᠲᠡ ᠪᠠᠷ ᠳᠠᠮᠵᠢᠵᠤ ᠡᠬᠢ ᠪᠠᠶᠠᠯᠢᠭ ᠢ | ᠬᠤᠪᠢᠷᠠᠭᠠᠨ ᠬᠦᠷᠦᠩᠭᠡ ᠪᠤᠯᠭᠠᠨ᠂ ᠬᠦᠷᠦᠩᠭᠡ ᠪᠠᠨ ᠡᠳ᠋ ᠮᠦᠩᠭᠦ ᠪᠤᠯᠭᠠᠨ ᠬᠤᠪᠢᠷᠠᠭᠠᠬᠤ ᠠᠷᠭ᠎ᠠ ᠵᠠᠮ ᠢ | ᠬᠤᠷᠳᠤᠬᠠᠨ ᠨᠡᠪᠲᠡᠷᠡᠭᠦᠯᠵᠦ᠂ ᠬᠤᠰᠢᠭᠤ ᠳᠡᠰ ᠤᠨ ᠤᠯᠤᠰ ᠤᠨ ᠦᠮᠴᠢᠯᠡᠯᠲᠦ ᠺᠤᠮᠫᠠᠨᠢ ᠶᠢᠨ ᠬᠦᠷᠦᠩᠭᠡ ᠶᠢᠨ | ᠰᠠᠭᠤᠷᠢ ᠶᠢ ᠪᠠᠳᠤᠳᠬᠠᠨ᠂ ᠠᠵᠤ ᠠᠬᠤᠢ ᠶᠢᠨ ᠬᠦᠭᠵᠢᠯᠲᠡ ᠳᠤ ᠰᠢᠨ᠎ᠡ ᠬᠦᠳᠡᠯᠭᠡᠭᠴᠢ ᠬᠦᠴᠦᠨ ᠢ ᠨᠡᠮᠡᠷᠢᠯᠡᠨ᠎ᠡ᠃ | ᠡᠳ᠋ ᠤᠨ ᠵᠠᠰᠠᠭ ᠤᠨ ᠵᠠᠷᠤᠯᠭ᠎ᠠ ᠶᠢᠨ ᠪᠦᠲᠦᠴᠡ ᠶᠢ ᠲᠤᠬᠢᠷᠠᠭᠤᠯᠤᠨ ᠰᠢᠯᠢᠳᠡᠭᠵᠢᠭᠦᠯᠵᠦ᠂ ᠳᠡᠭᠡᠷ᠎ᠡ ᠱᠠᠲᠤᠨ ᠠᠴᠠ | ᠰᠢᠯᠵᠢᠭᠦᠯᠦᠨ ᠪᠠᠭᠤᠯᠭᠠᠬᠤ ᠲᠡᠳᠬᠦᠪᠦᠷᠢ ᠶᠢᠨ ᠪᠡᠯᠡ ᠮᠦᠩᠭᠦ ᠶᠢ ᠲᠡᠮᠡᠴᠡᠨ ᠤᠯᠵᠤ᠂ ᠨᠡᠶᠢᠭᠡᠮ ᠤᠨ ᠪᠡᠯᠡ | ᠤᠷᠤᠭᠤᠯᠤᠯᠲᠡ ᠶᠢᠨ ᠵᠤᠬᠢᠰᠲᠡᠢ ᠨᠡᠮᠡᠭᠳᠡᠯ ᠢ ᠠᠬᠢᠭᠤᠯᠤᠨ᠂ ᠲᠤᠰ ᠱᠠᠲᠤᠨ ᠤ ᠪᠡᠯᠡ ᠤᠷᠤᠭᠤᠯᠤᠯᠲᠠ ᠶᠢ | ᠪᠠᠭᠤᠷᠠᠭᠤᠯᠵᠤ ᠪᠠᠭᠠᠰᠬᠠᠨ᠂ ᠬᠦᠨᠳᠦ ᠶᠡᠭᠡ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠦᠷᠢ ᠦᠭᠴᠡᠬᠡᠨ ᠤ | ᠬᠠᠮᠢᠶᠠᠷᠤᠯᠲᠠ ᠶᠢ ᠦᠨᠡᠨᠬᠦ ᠴᠢᠩᠭᠠᠳᠬᠠᠨ᠎ᠠ᠃ ᠵᠠᠰᠠᠭ ᠠᠴᠠ ᠤᠯᠠᠨ ᠨᠡᠶᠢᠲᠡ ᠶᠢᠨ ᠦᠢᠯᠡᠴᠢᠯᠡᠭᠡ ᠶᠢ ᠬᠤᠳᠠᠯᠳᠤᠨ | ᠠᠪᠬᠤ᠂ ︽PPP︾᠂ ᠵᠠᠰᠠᠭ ᠠᠴᠠ ᠪᠡᠯᠡ ᠤᠷᠤᠭᠤᠯᠬᠤ ᠰᠠᠭᠤᠷᠢ ᠮᠦᠩᠬᠦ ᠵᠡᠷᠭᠡ ᠬᠡᠯᠪᠡᠷᠢ ᠶᠢ ᠳᠦᠷᠢᠮᠵᠢᠭᠦᠯᠦᠨ | ᠠᠰᠢᠭᠯᠠᠵᠤ᠂ ᠨᠡᠶᠢᠬᠡᠮ ᠤᠨ ᠡᠳ᠋ ᠬᠦᠷᠦᠩᠭᠡ ᠨᠢ ᠰᠠᠭᠤᠷᠢ ᠲᠦᠭᠦᠬᠡᠷᠦᠮᠵᠢ᠂ ᠨᠡᠶᠢᠲᠡ ᠶᠢᠨ ᠦᠢᠯᠡᠰ ᠵᠡᠷᠭᠡ ᠴᠠᠷ᠎ᠠ | ᠬᠦᠷᠢᠶᠠᠨ ᠳᠤ ᠦᠢᠯᠡᠴᠢᠯᠡᠬᠦ ᠶᠢ ᠵᠤᠷᠢᠭᠵᠢᠭᠤᠯᠤᠨ ᠳᠡᠮᠵᠢᠵᠦ᠂ ᠪᠤᠲᠠᠳᠤ ᠴᠤᠭᠴᠠ ᠶᠢᠨ ᠠᠵᠤ ᠠᠬᠤᠢ ᠳᠤ | ᠬᠦᠴᠦᠯᠡᠨ ᠦᠢᠯᠡᠴᠢᠯᠡᠵᠦ᠂ ᠦᠮᠴᠢᠯᠡᠯ ᠤᠨ ᠡᠷᠬᠡ ᠲᠤᠳᠤᠷᠬᠠᠢ᠂ ᠲᠤᠰᠢᠶᠠᠯ ᠬᠠᠷᠢᠭᠤᠴᠠᠯᠭ᠎ᠠ ᠲᠤᠳᠤᠷᠬᠠᠢ᠂ | ᠬᠠᠮᠢᠶᠠᠷᠤᠯᠲᠠ ᠰᠢᠨᠵᠢᠯᠡᠬᠦ ᠤᠬᠠᠭᠠᠨᠴᠢ᠂ ᠤᠳᠤᠬᠢᠴᠢᠯᠠᠭᠰᠠᠨ ᠠᠵᠤ ᠠᠬᠤᠶᠢᠯᠠᠯ ᠤᠨ ᠳᠦᠷᠢᠮ ᠢ ᠪᠦᠷᠢᠯᠳᠦᠭᠦᠯᠦᠨ᠎ᠡ᠃ | ᠨᠤᠲᠤᠭ ᠪᠡᠯᠴᠢᠭᠡᠷ ᠭᠠᠵᠠᠷ ᠰᠢᠷᠦᠢ ᠶᠢᠨ ︽ᠭᠤᠷᠪᠠᠨ ᠡᠷᠬᠡ ᠶᠢ ᠰᠠᠯᠭᠠᠬᠤ︾ ᠪᠤᠯᠤᠨ ︽ᠭᠡᠷ ᠤᠨ ᠦᠨᠡᠮᠯᠡᠯ ᠢ | ᠨᠢᠭᠡᠳᠦᠭᠦᠯᠬᠦ︾ ᠳᠠᠩᠰᠠᠯᠠᠯᠲᠠ ᠶᠢᠨ ᠠᠵᠢᠯ ᠢ ᠪᠡᠶᠡᠯᠡᠭᠦᠯᠦᠨ᠂ ᠰᠢᠨ᠎ᠡ ᠬᠡᠯᠪᠡᠷᠢ ᠶᠢᠨ ᠮᠠᠯᠵᠢᠬᠤ ᠲᠠᠷᠢᠶᠠᠯᠠᠬᠤ ᠦᠢᠯᠡᠰ | ᠤᠨ ᠡᠵᠡᠩᠨᠡᠯᠲᠡ ᠶᠢᠨ ᠰᠢᠰᠲ᠋ᠧᠮ ᠢ ᠲᠦᠷᠭᠡᠳᠬᠡᠨ ᠪᠠᠶᠢᠭᠤᠯᠤᠨ᠎ᠠ᠃ ᠲᠠᠷᠢᠶᠠᠯᠠᠩ ᠠᠵᠤ ᠦᠢᠯᠡᠰ ᠤᠨ ᠤᠰᠤᠨ ᠤ | ᠡᠷᠬᠡ᠂ ᠤᠰᠤᠨ ᠤ ᠦᠨ᠎ᠡ ᠬᠠᠩᠰᠢ ᠶᠢᠨ ᠦᠭᠡᠷᠡᠴᠢᠯᠡᠯᠲᠡ ᠶᠢ ᠠᠬᠢᠭᠤᠯᠤᠨ᠂ ᠤᠰᠤᠨ ᠤ ᠡᠷᠭᠡ ᠶᠢ ᠬᠤᠷᠢᠶᠠᠵᠤ | ᠬᠠᠳᠠᠭᠠᠯᠠᠬᠤ ᠰᠤᠯᠢᠯᠴᠠᠭᠠᠨ ᠤ ᠲᠦᠪ ᠪᠠᠶᠢᠭᠤᠯᠤᠨ᠎ᠠ᠃ ᠬᠠᠤᠯᠢ ᠴᠠᠭᠠᠵᠠ ᠶᠢᠨ ᠰᠢᠰᠲ᠋ᠧᠮ ᠤᠨ ᠶᠡᠷᠦᠩᠬᠡᠶᠢᠯᠡᠭᠰᠡᠨ | ᠰᠢᠷᠢᠰ ᠦᠭᠡᠷᠡᠴᠢᠯᠡᠯᠲᠡ ᠪᠠ ᠳᠤᠲᠤᠭᠠᠳᠤ ᠶᠢ ᠬᠠᠮᠠᠭᠠᠯᠠᠬᠤ ᠦᠭᠡᠷᠡᠴᠢᠯᠡᠯᠲᠡ ᠶᠢ ᠨᠢᠭᠡᠳᠦᠯᠲᠡᠢ ᠲᠦᠯᠦᠪᠯᠡᠨ | ᠠᠬᠢᠭᠤᠯᠵᠤ᠂ ᠨᠡᠶᠢᠭᠡᠮ ᠤᠨ ᠶᠡᠭᠡ ᠲᠠᠯ᠎ᠠ ᠶᠢᠨ ᠲᠤᠭᠲᠠᠭᠤᠨ ᠢ ᠬᠠᠮᠠᠭᠠᠯᠠᠬᠤ᠂ ᠡᠷᠬᠡ ᠲᠡᠭᠰᠢ ᠲᠦᠪ ᠭᠤᠤᠯᠴᠢ ᠶᠢ | ᠠᠬᠢᠭᠤᠯᠬᠤ᠂ ᠠᠷᠠᠳ ᠤᠨ ᠠᠮᠤᠷ ᠲᠤᠭᠲᠠᠭᠤᠨ ᠠᠮᠢᠳᠤᠷᠠᠯ ᠦᠢᠯᠡᠳᠪᠦᠷᠢᠯᠡᠯ ᠢ ᠪᠠᠲᠤᠯᠠᠬᠤ ᠵᠡᠷᠭᠡ ᠴᠢᠳᠠᠪᠤᠷᠢ ᠶᠢ | ᠦᠨᠡᠨᠬᠦ ᠳᠡᠭᠡᠭᠰᠢᠯᠡᠭᠦᠯᠦᠨ᠎ᠡ᠃ ᠪᠡᠯᠡ ᠬᠦᠷᠦᠩᠭᠡ ᠤᠷᠤᠭᠤᠯᠬᠤ᠂ ᠪᠡᠯᠡ ᠮᠦᠩᠭᠦ ᠬᠤᠷᠠᠮᠳᠤᠭᠤᠯᠬᠤ ᠠᠵᠢᠯ ᠢ | ᠰᠢᠨᠡᠴᠢᠯᠡᠨ᠂ ᠬᠤᠲᠠ ᠶᠢᠨ ᠪᠦᠲᠦᠭᠡᠨ ᠪᠠᠶᠢᠭᠤᠯᠤᠯᠲᠠ᠂ ᠰᠤᠶᠤᠯ ᠵᠢᠭᠤᠯᠴᠢᠯᠠᠯ ᠤᠨ ᠦᠢᠯᠡᠰ ᠵᠡᠷᠭᠡ ᠪᠡᠯᠡ | ᠬᠦᠷᠦᠩᠭᠡ ᠤᠷᠤᠭᠤᠯᠵᠤ ᠪᠡᠯᠡ ᠮᠦᠩᠭᠦ ᠬᠤᠷᠠᠮᠳᠤᠭᠤᠯᠬᠤ ᠭᠤᠤᠯᠳᠠᠯᠭ᠎ᠠ ᠲᠠᠢ ᠦᠢᠯᠡᠰ ᠤᠨ ᠬᠦᠭᠵᠢᠬᠦ ᠴᠢᠳᠠᠪᠬᠢ ᠶᠢ | ᠳᠡᠭᠡᠭᠰᠢᠯᠡᠭᠦᠯᠦᠨ᠎ᠡ᠃ ᠪᠡᠯᠡ ᠤᠷᠤᠭᠤᠯᠵᠤ ᠡᠵᠡᠩᠨᠡᠬᠦ ᠶᠢ ᠬᠤᠷᠢᠭᠯᠠᠵᠤ ᠬᠢᠵᠠᠭᠠᠷᠯᠠᠭᠰᠠᠨ ᠠᠵᠢᠯ ᠲᠦᠷᠦᠯ ᠤᠨ | ᠵᠢᠭᠰᠠᠭᠠᠯᠲᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠬᠦ ᠪᠦᠭᠡᠳ ᠲᠠᠰᠤᠷᠠᠯᠲᠠ ᠦᠭᠡᠢ ᠲᠡᠭᠦᠯᠳᠡᠷᠵᠢᠭᠦᠯᠦᠨ᠂ | ᠭᠠᠳᠠᠭᠤᠷᠴᠢᠯᠠᠭᠰᠠᠨ ᠴᠢᠨᠠᠷᠲᠠᠢ ᠬᠢᠵᠠᠭᠠᠷᠯᠠᠯ ᠪᠤᠯᠤᠨ ᠡᠯ᠎ᠡ ᠵᠦᠢᠯ ᠤᠨ ᠳᠡᠯᠳᠡ ᠬᠠᠷᠰᠢ ᠶᠢ ᠠᠷᠢᠯᠭᠠᠨ᠂ | ᠲᠤᠳᠤᠨᠤᠰᠤᠭ ᠮᠦᠷᠳᠡᠬᠡᠨ ᠠᠷᠢᠭᠤᠨ ᠴᠢᠭᠡᠴᠢ ᠰᠢᠨ᠎ᠡ ᠬᠡᠯᠪᠡᠷᠢ ᠶᠢᠨ ᠵᠠᠰᠠᠭ ᠪᠠ ᠠᠷᠠᠯᠵᠢᠶᠠᠨ ᠤ ᠬᠢᠨ ᠤ ᠬᠠᠷᠢᠴᠠᠭ᠎ᠠ | ᠶᠢ ᠲᠦᠷᠭᠡᠳᠬᠡᠨ ᠪᠠᠶᠢᠭᠤᠯᠤᠨ᠎ᠠ᠃ | — — ᠪᠦᠬᠦ ᠲᠠᠯ᠎ᠠ ᠶᠢᠨ ᠭᠠᠳᠠᠭᠰᠢ ᠨᠡᠭᠡᠭᠡᠯᠲᠡ ᠶᠢ ᠪᠠᠷᠢᠮᠲᠠᠯᠠᠨ᠎ᠠ᠃ ᠴᠡᠭᠡ ᠪᠤᠭᠤᠮᠲᠠ ᠶᠢᠨ | ᠬᠦᠭᠵᠢᠯᠲᠡ ᠶᠢ ᠪᠦᠬᠦ ᠲᠠᠯ᠎ᠠ ᠪᠠᠷ ᠳᠡᠮᠵᠢᠨ᠂ ᠴᠡᠭᠡ ᠪᠤᠭᠤᠮᠲᠠ ᠶᠢᠨ ᠤᠯᠠᠮ ᠰᠠᠶᠢᠨ ᠤᠯᠠᠮ ᠲᠦᠷᠭᠡᠨ ᠬᠦᠭᠵᠢᠯᠲᠡ | ᠶᠢ ᠳᠡᠮᠵᠢᠬᠦ ᠬᠡᠷᠡᠭᠵᠢᠭᠦᠯᠦᠯᠲᠡ ᠶᠢᠨ ᠰᠠᠨᠠᠯ ᠢ ᠰᠤᠳᠤᠯᠤᠨ ᠲᠤᠭᠲᠠᠭᠠᠵᠤ᠂ ᠲᠤᠭᠲᠠᠴᠠ ᠪᠠᠶᠢᠭᠤᠯᠤᠮᠵᠢ ᠶᠢ ᠤᠯᠠᠮ | ᠨᠢᠬᠡ ᠠᠯᠬᠤᠮ ᠬᠤᠪᠢᠶᠠᠷᠢᠯᠠᠨ ᠲᠤᠳᠤᠳᠬᠠᠵᠤ᠂ ᠴᠡᠭᠡ ᠪᠤᠭᠤᠮᠲᠠ ᠶᠢᠨ ᠬᠦᠭᠵᠢᠯᠲᠡ ᠶᠢᠨ ᠬᠠᠮᠤᠭ ᠶᠡᠭᠡ ᠤᠷᠤᠨ ᠵᠠᠢ | ᠪᠤᠯᠤᠨ ᠨᠦᠭᠡᠴᠡ ᠬᠦᠴᠦᠨ ᠢ ᠪᠠᠲᠤᠯᠠᠨ ᠪᠠᠳᠠᠷᠠᠭᠤᠯᠵᠤ᠂ ᠴᠡᠭᠡ ᠪᠤᠭᠤᠮᠲᠠ ᠶᠢ ᠢᠷᠡᠭᠡᠳᠦᠢ ᠶᠢᠨ ᠬᠦᠭᠵᠢᠯᠲᠡ ᠶᠢᠨ | ᠰᠢᠨ᠎ᠡ ᠨᠡᠮᠡᠭᠳᠡᠯ ᠬᠦᠴᠦᠨ ᠪᠠ ᠭᠤᠤᠯ ᠹᠷᠣᠨᠲ ᠪᠤᠯᠭᠠᠨ ᠴᠤᠭᠴᠠᠯᠠᠬᠤ ᠪᠠᠷ ᠴᠢᠷᠮᠠᠶᠢᠨ᠎ᠠ᠃ ︽ᠲᠤᠷᠭᠠᠨ ᠵᠠᠮ ᠤᠨ | ᠠᠵᠤ ᠠᠬᠤᠢ ᠶᠢᠨ ᠪᠦᠰᠡ︾ ᠪᠤᠯᠤᠨ ᠳᠤᠮᠳᠠᠲᠤ ᠮᠤᠩᠭᠤᠯ ᠤᠷᠤᠰ ᠤᠨ ᠠᠵᠤ ᠠᠬᠤᠢ ᠶᠢᠨ ᠨᠡᠪᠲᠡᠷᠡᠯᠴᠡᠭᠡᠨ ᠤ | ᠴᠢᠬᠤᠯᠠ ᠪᠦᠲᠦᠭᠡᠨ ᠪᠠᠶᠢᠭᠤᠯᠤᠯᠲᠠ ᠳᠤ ᠢᠳᠡᠪᠬᠢᠯᠡᠨ ᠤᠷᠤᠯᠴᠠᠵᠤ᠂ ᠤᠷᠤᠰ ᠮᠤᠩᠭᠤᠯ ᠵᠢᠴᠢ ᠬᠦᠷᠰᠢ ᠵᠡᠷᠭᠡᠯᠡᠳᠡᠭᠡ | ᠭᠠᠵᠠᠷ ᠤᠷᠤᠨ ᠤ ᠬᠤᠭᠤᠷᠤᠨᠳᠤᠬᠢ ᠤᠯᠠᠨ ᠴᠠᠷ᠎ᠠ ᠬᠦᠷᠢᠶᠠᠨ ᠤ ᠬᠠᠮᠲᠤᠷᠠᠯᠴᠠᠭ᠎ᠠ ᠰᠤᠯᠢᠯᠴᠠᠭ᠎ᠠ ᠶᠢ ᠪᠦᠬᠦ ᠲᠠᠯ᠎ᠠ ᠪᠠᠷ | ᠬᠦᠨᠵᠡᠭᠡᠶᠢᠷᠡᠭᠦᠯᠦᠨ᠂ ᠤᠯᠠᠮ ᠦᠨᠳᠦᠷ ᠬᠢᠷᠢ ᠲᠦᠪᠰᠢᠨ᠂ ᠤᠯᠠᠮ ᠲᠤᠮᠤ ᠬᠦᠷᠢᠶ᠎ᠡ ᠬᠡᠪᠴᠢᠶᠠᠨ ᠤ ᠬᠠᠮᠲᠤᠷᠠᠯᠴᠠᠭᠠᠨ | ᠳᠤ ᠢᠳᠡᠪᠬᠢᠲᠡᠢ ᠤᠷᠤᠯᠴᠠᠨ᠎ᠠ᠃ ᠪᠤᠭᠤᠮᠲᠠ ᠶᠢᠨ ᠶᠡᠷᠦᠩᠬᠡᠶᠢᠯᠡᠭᠰᠡᠨ ᠭᠠᠶᠢᠯᠢ ᠭᠡᠯᠳᠦᠷᠢᠭᠦᠯᠦᠨ ᠬᠦᠮᠦᠷᠭᠡᠯᠡᠨ | ᠬᠠᠳᠠᠭᠠᠯᠠᠬᠤ ᠤᠷᠤᠨ ᠪᠠ ᠬᠢᠯᠢ ᠠᠯᠤᠰᠯᠠᠭᠰᠠᠨ ᠠᠵᠤ ᠠᠬᠤᠢ ᠶᠢᠨ ᠬᠠᠮᠲᠤᠷᠠᠯᠴᠠᠭᠠᠨ ᠤ ᠤᠷᠤᠨ ᠢ ᠪᠦᠲᠦᠭᠡᠨ | ᠪᠠᠶᠢᠭᠤᠯᠬᠤ᠂ ᠴᠡᠭᠡ ᠪᠤᠭᠤᠮᠲᠠ ᠶᠢ ᠳᠡᠰ ᠳᠡᠪᠰᠢᠭᠦᠯᠦᠨ ᠤᠯᠠᠨ ᠤᠯᠤᠰ ᠤᠨ ᠴᠢᠨᠠᠷᠲᠠᠢ ᠪᠤᠭᠤᠮᠲᠠ ᠪᠤᠯᠭᠠᠬᠤ᠂ | ᠦᠪᠡᠷᠲᠡᠭᠡᠨ ᠵᠠᠰᠠᠬᠤ ᠤᠷᠤᠨ ᠤ ᠭᠤᠤᠯᠳᠠᠯᠭ᠎ᠠ ᠲᠠᠢ ᠨᠡᠭᠡᠭᠡᠨ ᠬᠦᠭᠵᠢᠭᠦᠯᠬᠦ ᠲᠤᠷᠰᠢᠯᠲᠠ ᠶᠢᠨ ᠤᠷᠤᠨ ᠢ ᠪᠦᠲᠦᠭᠡᠨ | ᠪᠠᠶᠢᠭᠤᠯᠬᠤ ᠵᠡᠷᠭᠡ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ ᠤᠯᠠᠨ ᠤᠯᠤᠰ ᠤᠨ ᠵᠠᠰᠠᠮᠠᠯ ᠵᠠᠮ ᠲᠡᠮᠦᠷ | ᠵᠠᠮ ᠤᠨ ᠪᠠᠷᠠᠭ᠎ᠠ ᠭᠦᠢᠯᠭᠡᠭᠡᠨ ᠤ ᠬᠦᠷᠢᠶᠡᠯᠡᠩ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ | ᠂ ᠲᠡᠮᠦᠷ ᠵᠠᠮ ᠤᠨ ᠪᠤᠭᠤᠮᠲᠠ ᠪᠤᠯᠤᠨ ᠮᠢᠬᠠᠨ ᠤ ᠲᠦᠷᠦᠯ ᠤᠨ ᠪᠤᠭᠤᠮᠲᠠ ᠶᠢᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠨ᠂ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢ ᠪᠤᠯᠪᠠᠰᠤᠷᠠᠭᠤᠯᠬᠤ ᠦᠢᠯᠡᠰ ᠤᠨ | ᠬᠦᠷᠢᠶᠡᠯᠡᠩ ᠢ ᠲᠦᠯᠦᠪᠯᠡᠨ ᠪᠠᠶᠢᠭᠤᠯᠵᠤ᠂ ᠪᠤᠭᠢᠷᠳᠦᠯ ᠦᠭᠡᠢ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ | ᠰᠢᠮ᠎ᠡ ᠶᠢ ᠪᠤᠯᠪᠠᠰᠤᠷᠠᠭᠤᠯᠬᠤ ᠠᠵᠢᠯ ᠢ ᠵᠢᠯ ᠤᠨ ᠳᠤᠲᠤᠷ᠎ᠠ ᠪᠤᠳᠠᠲᠠᠶᠢᠵᠢᠭᠤᠯᠤᠨ ᠪᠡᠶᠡᠯᠡᠭᠦᠯᠦᠨ᠎ᠡ᠃ ᠬᠢᠨᠠᠯᠲᠠ | ᠬᠠᠮᠢᠶᠠᠷᠤᠯᠲᠠ ᠪᠠᠨ ᠬᠠᠷᠢᠯᠴᠠᠨ ᠮᠡᠳᠡᠷᠡᠭᠦ᠂ ᠬᠠᠤᠯᠢ ᠬᠡᠷᠡᠭᠵᠢᠭᠦᠯᠬᠦ ᠳᠤ ᠬᠠᠷᠢᠯᠴᠠᠨ ᠬᠠᠪᠰᠤᠷᠬᠤ᠂ ᠰᠤᠷᠠᠭ ᠴᠢᠮᠡᠭᠡ | ᠪᠠᠨ ᠬᠠᠷᠢᠯᠴᠠᠨ ᠰᠤᠯᠢᠯᠴᠠᠬᠤ ᠪᠤᠭᠤᠮᠲᠠ ᠨᠡᠪᠲᠡᠷᠡᠬᠦ ᠪᠠᠶᠢᠭᠤᠯᠤᠯᠲᠠ ᠢ ᠲᠦᠷᠭᠡᠳᠬᠡᠨ ᠠᠬᠢᠭᠤᠯᠵᠤ᠂ ᠰᠢᠯᠭᠠᠨ | ᠪᠠᠶᠢᠴᠠᠭᠠᠬᠤ ᠲᠦᠭᠦᠭᠡᠷᠦᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠪᠤᠭᠤᠮᠲᠡ ᠨᠡᠪᠲᠡᠷᠡᠬᠦ ᠤᠷᠴᠢᠨ | ᠠᠬᠤᠢ ᠶᠢ ᠰᠢᠯᠢᠳᠡᠭᠵᠢᠭᠦᠯᠦᠨ᠂ ᠪᠤᠭᠤᠮᠲᠠ ᠪᠠᠷ ᠨᠡᠪᠲᠡᠷᠡᠬᠦ ᠪᠠᠷᠠᠭᠠᠨ ᠤ ᠬᠡᠮᠵᠢᠶ᠎ᠡ ᠶᠢ ᠵᠢᠯ ᠳᠠᠷᠠᠭᠠᠯᠠᠨ ᠲᠤᠭᠲᠠᠭᠤᠨ | ᠳᠡᠭᠡᠭᠰᠢᠯᠡᠭᠦᠯᠬᠦ ᠪᠠᠷ ᠴᠢᠷᠮᠠᠶᠢᠨ᠎ᠠ᠃ ᠳᠤᠲᠤᠭᠠᠲᠤ ᠬᠠᠮᠵᠢᠯᠴᠠᠭ᠎ᠠ ᠪᠠᠨ ᠴᠢᠩᠭᠠᠳᠬᠠᠵᠤ᠂ ᠰᠤᠯᠢᠯᠴᠠᠭ᠎ᠠ | ᠬᠠᠮᠲᠤᠷᠠᠯᠴᠠᠭᠠᠨ ᠤ ᠲᠤᠭᠲᠠᠴᠠ ᠶᠢ ᠲᠡᠭᠦᠯᠳᠡᠷᠵᠢᠭᠦᠯᠦᠨ᠂ ᠰᠠᠭᠤᠷᠢ ᠲᠦᠭᠦᠭᠡᠷᠦᠮᠵᠢ ᠪᠠᠷ ᠬᠠᠷᠢᠯᠴᠠᠨ ᠬᠤᠯᠪᠤᠭᠠᠯᠠᠵᠤ | ᠬᠠᠷᠢᠯᠴᠠᠨ ᠨᠡᠪᠲᠡᠷᠡᠬᠦ᠂ ᠠᠵᠤ ᠦᠢᠯᠡᠰ ᠢᠶᠠᠨ ᠬᠠᠷᠢᠯᠴᠠᠨ ᠠᠪᠤᠴᠠᠯᠳᠤᠭᠤᠯᠵᠤ ᠬᠠᠷᠢᠯᠴᠠᠨ ᠨᠦᠬᠦᠪᠦᠷᠢᠯᠡᠬᠦ᠂ ᠠᠮᠢ | ᠠᠬᠤᠢ ᠶᠢ ᠬᠠᠮᠳᠤᠪᠠᠷ ᠵᠠᠰᠠᠵᠤ ᠬᠠᠮᠳᠤᠪᠠᠷ ᠠᠰᠢᠭ ᠬᠦᠷᠲᠡᠬᠦ ᠶᠢ ᠲᠦᠯᠬᠢᠨ ᠠᠬᠢᠭᠤᠯᠵᠤ᠂ ᠭᠠᠵᠠᠷ ᠤᠷᠤᠨ ᠤ ᠡᠶ᠎ᠡ | ᠵᠤᠬᠢᠴᠠᠩᠭᠤᠢ ᠬᠠᠮᠲᠦ ᠶᠢᠨ ᠬᠦᠭᠵᠢᠯᠲᠡ ᠶᠢ ᠪᠡᠶᠡᠯᠡᠭᠦᠯᠦᠨ᠎ᠡ᠃ | ︵ᠳᠦᠷᠪᠡ︶ ᠠᠷᠠᠳ ᠤᠨ ᠠᠮᠢᠳᠤᠷᠠᠯ ᠢ ᠪᠠᠲᠤᠯᠠᠵᠤ᠂ ᠬᠠᠮᠲᠤᠪᠠᠷ ᠪᠠᠶᠢᠭᠤᠯᠤᠨ ᠬᠠᠮᠲᠤᠪᠠᠷ ᠠᠰᠢᠭ | ᠬᠦᠷᠲᠡᠵᠦ᠂ ᠦᠵᠡᠰᠭᠦᠯᠡᠩᠲᠦ ᠰᠠᠶᠢᠬᠠᠨ ᠡᠶ᠎ᠡ ᠵᠤᠬᠢᠴᠠᠯᠲᠦ ᠰᠢᠨ᠎ᠡ ᠭᠡᠷ ᠤᠷᠤᠨ ᠢᠶᠠᠨ ᠬᠦᠴᠦᠯᠡᠨ ᠴᠤᠭᠴᠠᠯᠠᠨ᠎ᠠ | ᠠᠷᠠᠳ ᠲᠦᠮᠡᠨ ᠢᠶᠠᠷ ᠭᠤᠤᠯᠳᠠᠯᠭ᠎ᠠ ᠪᠤᠯᠭᠠᠬᠤ ᠬᠦᠭᠵᠢᠯᠲᠡ ᠶᠢᠨ ᠦᠵᠡᠯ ᠢ ᠪᠠᠷᠢᠮᠳᠠᠯᠠᠨ᠂ ᠠᠷᠠᠳ ᠤᠨ | ᠠᠰᠢᠭ ᠲᠤᠰᠠ ᠶᠢ ᠬᠠᠮᠤᠭ ᠳᠡᠭᠡᠲᠦ ᠪᠠᠶᠢᠷᠢᠨ ᠳᠤ ᠲᠠᠯᠪᠢᠵᠤ᠂ ᠦᠭᠡᠷᠡᠴᠢᠯᠡᠯᠲᠡ ᠬᠦᠭᠵᠢᠯᠲᠡ ᠶᠢᠨ ᠦᠷ᠎ᠡ | ᠪᠦᠲᠦᠮᠵᠢ ᠶᠢ ᠤᠯᠠᠮ ᠶᠡᠭᠡ ᠤᠯᠠᠮ ᠡᠷᠬᠡ ᠲᠡᠭᠰᠢ ᠪᠠᠷ ᠠᠷᠠᠳ ᠲᠦᠮᠡᠨ ᠳᠤ ᠬᠦᠷᠲᠡᠭᠡᠵᠦ᠂ ᠲᠡᠳᠡᠨ ᠤ ᠬᠠᠨᠤᠮᠵᠢ | ᠶᠢᠨ ᠪᠠᠶᠢᠳᠠᠯ᠂ ᠵᠤᠯ ᠵᠢᠷᠭᠠᠯ᠂ ᠠᠮᠤᠷ ᠲᠦᠪᠰᠢᠨ ᠰᠡᠳᠬᠢᠯᠬᠡ ᠶᠢ ᠨᠢ ᠤᠯᠠᠮ ᠶᠡᠭᠡ ᠪᠠᠷ ᠪᠠᠶᠢᠩᠭᠤ ᠪᠠᠲᠤᠯᠠᠨ᠂ | ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠨᠢ ᠲᠠᠰᠤᠷᠠᠯᠲᠠ ᠦᠭᠡᠢ | ᠬᠠᠩᠭᠠᠨ᠎ᠠ᠃ | — — ᠨᠡᠶᠢᠭᠡᠮ ᠤᠨ ᠦᠢᠯᠡᠰ ᠢ ᠲᠡᠩᠴᠡᠭᠦᠷᠢᠲᠡᠢ ᠪᠠᠷ ᠬᠦᠭᠵᠢᠭᠦᠯᠦᠨ᠎ᠡ᠃ ᠠᠷᠠᠳ ᠲᠦᠮᠡᠨ | ᠬᠠᠨᠤᠮᠵᠢᠲᠠᠢ ᠰᠤᠷᠭᠠᠨ ᠬᠦᠮᠦᠵᠢᠯ ᠢ ᠰᠠᠶᠢᠳᠤᠷ ᠠᠳᠬᠤᠨ ᠪᠠᠷᠢᠮᠲᠠᠯᠠᠵᠤ᠂ ᠶᠤᠰᠤ ᠮᠤᠷᠠᠯ ᠤᠨ ᠬᠦᠮᠦᠵᠢᠯ ᠢᠶᠠᠷ | ᠦᠨᠳᠦᠰᠦ ᠪᠤᠯᠭᠠᠨ᠂ ᠬᠡᠪ ᠴᠢᠨᠠᠷ ᠤᠨ ᠰᠤᠷᠭᠠᠨ ᠬᠦᠮᠦᠵᠢᠯ ᠢ ᠬᠦᠭᠵᠢᠭᠦᠯᠵᠦ᠂ ᠰᠤᠷᠬᠤ ᠨᠠᠰᠤᠨ ᠠᠴᠠ ᠡᠮᠦᠨᠡᠬᠢ | ᠬᠦᠮᠦᠵᠢᠯ ᠢ ᠰᠠᠶᠢᠳᠤᠷ ᠶᠠᠪᠤᠭᠤᠯᠤᠨ᠂ ᠳᠡᠭᠡᠳᠦ ᠳᠤᠮᠳᠠᠳᠤ ᠶᠢᠨ ᠰᠤᠷᠭᠠᠨ ᠬᠦᠮᠦᠵᠢᠯ ᠢ ᠲᠦᠭᠡᠮᠡᠯᠵᠢᠭᠦᠯᠵᠦ᠂ ᠠᠵᠢᠯ | ᠮᠡᠷᠭᠡᠵᠢᠯ ᠤᠨ ᠰᠤᠷᠭᠠᠨ ᠬᠦᠮᠦᠵᠢᠯ ᠢ ᠲᠡᠭᠦᠯᠳᠡᠷᠵᠢᠭᠦᠯᠦᠨ᠂ ᠦᠨᠳᠦᠰᠦᠲᠡᠨ ᠤ ᠰᠤᠷᠭᠠᠨ ᠬᠦᠮᠦᠵᠢᠯ ᠢ ᠡᠩ | ᠲᠡᠷᠢᠭᠦᠨ ᠳᠤ ᠭᠤᠤᠯᠳᠠᠯᠭ᠎ᠠ ᠲᠠᠢ ᠬᠦᠭᠵᠢᠭᠦᠯᠵᠦ᠂ ᠠᠷᠠᠳ ᠠᠴᠠ ᠡᠷᠬᠢᠯᠡᠭᠰᠡᠨ ᠰᠤᠷᠭᠠᠨ ᠬᠦᠮᠦᠵᠢᠯ ᠢ ᠳᠡᠳᠬᠦᠨ | ᠳᠦᠷᠢᠮᠵᠢᠭᠦᠯᠵᠦ᠂ ᠰᠤᠷᠭᠠᠨ ᠬᠦᠮᠦᠵᠢᠯ ᠤᠨ ᠡᠷᠬᠡ ᠲᠡᠭᠰᠢ ᠬᠦᠭᠵᠢᠯᠲᠡ ᠶᠢ ᠠᠬᠢᠭᠤᠯᠤᠨ᠎ᠠ᠃ ᠰᠤᠷᠭᠠᠭᠤᠯᠢ ᠶᠢᠨ | ᠪᠠᠶᠢᠷᠢᠯᠠᠭᠤᠯᠤᠯᠲᠠ ᠶᠢ ᠵᠤᠬᠢᠮᠵᠢᠲᠠᠢ ᠲᠦᠯᠦᠪᠯᠡᠨ᠂ ᠰᠤᠷᠭᠠᠭᠤᠯᠢ ᠡᠷᠬᠢᠯᠡᠬᠦ ᠨᠦᠭᠦᠴᠡᠯ ᠢ ᠬᠦᠴᠦᠯᠡᠨ | ᠰᠠᠶᠢᠵᠢᠷᠠᠭᠤᠯᠵᠤ᠂ ᠪᠠᠭ᠎ᠠ ᠰᠤᠷᠭᠠᠭᠤᠯᠢ᠂ ᠴᠡᠴᠡᠷᠯᠢᠭ ᠢ ᠲᠤᠰᠪᠦᠷᠢ ᠨᠢᠭᠡ ᠰᠢᠨ᠎ᠡ ᠪᠠᠷ ᠪᠠᠶᠢᠭᠤᠯᠬᠤ ᠪᠠᠷ | ᠲᠦᠯᠦᠪᠯᠡᠨ᠎ᠡ᠃ ᠴᠢᠳᠠᠪᠤᠷᠢᠲᠠᠨ ᠢ ᠤᠷᠢᠨ ᠬᠡᠷᠡᠭᠯᠡᠬᠦ ᠤᠯᠠᠮ ᠢᠳᠡᠪᠬᠢᠲᠡᠢ᠂ ᠨᠡᠭᠡᠭᠡᠯᠲᠡᠲᠡᠢ᠂ ᠪᠦᠲᠦᠮᠵᠢᠲᠡᠢ ᠲᠦᠷᠦ | ᠶᠢᠨ ᠪᠤᠳᠤᠯᠭ᠎ᠠ ᠶᠢ ᠬᠡᠷᠡᠭᠵᠢᠭᠦᠯᠵᠦ᠂ ᠪᠠᠭᠰᠢ ᠶᠢᠨ ᠮᠤᠷᠠᠯ ᠰᠤᠷᠲᠠᠯ ᠤᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠨ᠂ ᠬᠢᠵᠠᠭᠠᠷᠯᠠᠬᠤ ᠪᠠ ᠵᠤᠷᠢᠭᠵᠢᠭᠤᠯᠬᠤ ᠬᠤᠤᠰᠯᠠᠭᠰᠠᠨ ᠬᠢᠨᠠᠨ ᠰᠢᠯᠭᠠᠬᠤ ᠲᠤᠭᠲᠠᠴᠠ ᠶᠢ ᠪᠠᠶᠢᠭᠤᠯᠵᠤ᠂ | ᠵᠢᠭᠠᠨ ᠰᠤᠷᠭᠠᠯᠲᠠ ᠶᠢᠨ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠂ ᠪᠦᠬᠦ ᠨᠡᠶᠢᠭᠡᠮ ᠢᠶᠠᠷ ᠪᠠᠭᠰᠢ ᠶᠢ | ᠬᠦᠨᠳᠦᠳᠭᠡᠨ ᠵᠢᠭᠠᠨ ᠰᠤᠷᠭᠠᠯᠲᠠ ᠶᠢ ᠴᠢᠬᠤᠯᠠᠴᠢᠯᠠᠬᠤ ᠶᠢ ᠤᠷᠢᠶᠠᠯᠠᠨ᠎ᠠ᠃ ᠰᠤᠷᠭᠠᠭᠤᠯᠢ ᠶᠢᠨ ᠬᠦᠷᠢᠶᠠᠨ ᠤ ᠬᠦᠯ | ᠪᠦᠮᠪᠦᠭᠡᠨ ᠬᠦᠳᠡᠯᠭᠡᠭᠡᠨ ᠢ ᠶᠡᠭᠡᠪᠡᠷ ᠦᠷᠨᠢᠭᠦᠯᠵᠦ᠂ ᠬᠦᠯ ᠪᠦᠮᠪᠦᠭᠡ ᠶᠢᠨ ᠬᠦᠳᠡᠯᠭᠡᠭᠡᠨ ᠤ ᠬᠢᠷᠢ ᠲᠦᠪᠰᠢᠨ ᠢ | ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠵᠠᠯᠠᠭᠤ ᠪᠠᠭᠠᠴᠤᠳ ᠤᠨ ᠬᠦᠳᠡᠯᠭᠡᠭᠡᠨ ᠤ ᠲᠦᠪ ᠤᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠨ᠂ ᠵᠠᠯᠠᠭᠤ ᠪᠠᠭᠠᠴᠤᠳ ᠲᠤ ᠤᠷ᠎ᠠ ᠠᠪᠢᠶᠠᠰ ᠢᠶᠠᠨ ᠳᠡᠯᠭᠡᠨ ᠬᠠᠷᠠᠭᠤᠯᠬᠤ ᠳᠡᠪᠴᠡᠩ | ᠢ ᠪᠠᠶᠢᠭᠤᠯᠤᠨ ᠦᠭᠭᠦᠨ᠎ᠡ᠃ ᠪᠦᠬᠦ ᠠᠷᠠᠳ ᠢᠶᠠᠷ ᠪᠡᠶ᠎ᠡ ᠴᠢᠬᠢᠷᠠᠭᠵᠢᠭᠤᠯᠬᠤ ᠰᠢᠷᠢᠰ ᠬᠦᠳᠡᠯᠭᠡᠭᠡᠨ ᠢ ᠦᠷᠭᠡᠨ ᠢᠶᠠᠷ | ᠦᠷᠨᠢᠭᠦᠯᠵᠦ᠂ ᠠᠷᠠᠳ ᠲᠦᠮᠡᠨ ᠤ ᠪᠡᠶ᠎ᠡ ᠲᠠᠮᠢᠷ ᠰᠤᠶᠤᠯ ᠤᠨ ᠠᠮᠢᠳᠤᠷᠠᠯ ᠢ ᠲᠠᠰᠤᠷᠠᠯᠲᠠ ᠦᠭᠡᠢ ᠡᠯᠪᠡᠭᠵᠢᠭᠦᠯᠦᠨ᠎ᠡ᠃ | ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠠᠯᠪᠠᠨ | ᠠᠴᠠ ᠪᠠᠶᠢᠭᠤᠯᠤᠭᠰᠠᠨ ᠡᠮᠨᠡᠯᠭᠡ ᠶᠢᠨ ᠶᠡᠷᠦᠩᠭᠡᠶᠢᠯᠡᠭᠰᠡᠨ ᠦᠭᠡᠷᠡᠴᠢᠯᠡᠯᠲᠡ ᠶᠢᠨ ᠬᠦᠴᠦᠯᠡᠴᠡ ᠶᠢ ᠶᠡᠭᠡᠰᠭᠡᠵᠦ᠂ | ᠬᠤᠲᠠ ᠬᠦᠳᠡᠭᠡ ᠶᠢ ᠬᠠᠮᠤᠷᠤᠭᠰᠠᠨ ᠦᠨᠳᠦᠰᠦᠨ ᠡᠮ ᠤᠨ ᠵᠦᠢᠯ ᠤᠨ ᠳᠦᠷᠢᠮ ᠢ ᠪᠦᠬᠦ ᠲᠠᠯ᠎ᠠ ᠪᠠᠷ ᠪᠠᠶᠢᠭᠤᠯᠤᠨ᠎ᠠ᠃ | ᠦᠨᠳᠦᠰᠦᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠪᠤᠯᠤᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠲᠤᠮᠤ ᠴᠢᠬᠤᠯᠠ ᠲᠦᠷᠦᠯ ᠵᠦᠢᠯ ᠢ ᠶᠡᠭᠡᠪᠡᠷ ᠬᠡᠷᠡᠭᠵᠢᠭᠦᠯᠵᠦ᠂ ᠦᠢᠯᠡᠴᠢᠯᠡᠭᠡᠨ ᠤ ᠲᠡᠩᠴᠡᠭᠦᠷᠢᠰᠢᠯ | ᠢ ᠠᠬᠢᠭᠤᠯᠤᠨ᠎ᠠ᠃ ᠬᠦᠨᠳᠦ ᠶᠡᠭᠡ ᠬᠠᠯᠳᠠᠪᠤᠷᠢᠲᠦ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠳᠤᠷ ᠬᠢᠵᠤ᠂ | ᠪᠦᠬᠦ ᠠᠷᠠᠳ ᠤᠨ ᠡᠷᠡᠭᠦᠯ ᠬᠠᠮᠠᠭᠠᠯᠠᠯ ᠤᠨ ᠬᠦᠮᠦᠵᠢᠯ ᠪᠤᠯᠤᠨ ᠡᠷᠡᠭᠦᠯ ᠬᠠᠮᠠᠭᠠᠯᠠᠯ ᠢ ᠠᠬᠢᠭᠤᠯᠬᠤ ᠠᠵᠢᠯᠯᠠᠭ᠎ᠠ ᠶᠢ | ᠦᠷᠭᠡᠨ ᠢᠶᠠᠷ ᠶᠠᠪᠤᠭᠳᠠᠭᠤᠯᠤᠨ᠂ ᠡᠷᠡᠭᠦᠯ ᠬᠠᠮᠠᠭᠠᠯᠠᠯ᠂ ᠲᠦᠯᠦᠪᠯᠡᠭᠡᠲᠦ ᠬᠦᠩᠭᠡᠵᠢᠯ ᠤᠨ ᠶᠠᠷᠦᠩᠭᠡᠶᠢᠯᠡᠭᠰᠡᠨ ᠬᠠᠤᠯᠢ | ᠬᠡᠷᠡᠭᠵᠢᠭᠦᠯᠬᠦ ᠬᠢᠨᠠᠯᠲᠠ ᠶᠢ ᠴᠢᠩᠭᠠᠳᠬᠠᠨ᠎ᠠ᠃ ︽ᠨᠢᠭᠡ ᠬᠠᠤᠯᠢ ᠬᠤᠶᠠᠷ ᠬᠦᠲᠦᠯᠪᠦᠷᠢ︾ ᠶᠢ ᠨᠠᠷᠢᠯᠢᠭ | ᠬᠡᠷᠡᠭᠵᠢᠭᠦᠯᠦᠨ᠂ ᠡᠬᠡ ᠨᠢᠯᠬᠠᠰ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ ᠴᠢᠷᠮᠠᠶᠢᠨ ᠳᠦᠷᠢᠮᠵᠢᠭᠦᠯᠦᠨ᠎ᠡ᠃ | ᠬᠦᠷᠰᠢ ᠵᠡᠷᠭᠡᠯᠡᠳᠡᠭᠡ ᠭᠠᠵᠠᠷ ᠤᠷᠤᠨ ᠤ ᠨᠡᠷᠡᠲᠦ ᠰᠢᠯᠢᠳᠡᠭ ᠡᠮᠨᠡᠯᠭᠡ ᠲᠠᠢ ᠬᠠᠮᠳᠤᠷᠠᠯᠴᠠᠭ᠎ᠠ ᠪᠠᠨ ᠢᠳᠡᠪᠬᠢᠲᠡᠢ ᠪᠠᠷ | ᠬᠦᠨᠵᠡᠬᠡᠶᠢᠷᠡᠬᠦᠯᠦᠨ᠂ ᠠᠯᠤᠰ ᠡᠵᠡᠮᠳᠡᠭᠦᠷ ᠢᠶᠠᠷ ᠤᠨᠤᠰᠢᠯᠠᠨ ᠡᠮᠴᠢᠯᠡᠬᠦ ᠪᠠ ᠬᠦᠮᠦᠨ ᠠᠮᠠ ᠶᠢᠨ ᠡᠷᠡᠭᠦᠯ ᠮᠡᠨᠳᠦ ᠶᠢᠨ | ᠰᠤᠷᠠᠭ ᠵᠠᠩᠭᠢᠴᠢᠯᠠᠭᠰᠠᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠬᠦᠭᠵᠢᠭᠦᠯᠵᠦ᠂ ᠪᠦᠬᠦ ᠰᠠᠯᠠᠭᠠᠨ ᠳᠤ | ᠨᠡᠪᠲᠡᠷᠡᠭᠰᠡᠨ ᠦᠨᠳᠦᠷ ᠬᠢᠷᠢ ᠲᠦᠪᠰᠢᠨ ᠲᠠᠢ ᠡᠮᠴᠢ ᠪᠤᠯᠤᠨ ᠡᠮᠴᠢᠯᠡᠭᠡᠨ ᠤ ᠲᠤᠯᠭᠠᠭᠤᠷᠢ ᠬᠦᠴᠦᠨ ᠢ ᠭᠤᠤᠯᠳᠠᠯᠭ᠎ᠠ | ᠲᠠᠢ ᠪᠤᠶᠢᠵᠢᠭᠤᠯᠤᠨ᠂ ᠡᠮ ᠡᠮᠨᠡᠯᠭᠡ ᠶᠢᠨ ᠦᠢᠯᠡᠴᠢᠯᠡᠭᠡᠨ ᠤ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ | ᠬᠢᠲᠠᠳ ᠮᠤᠩᠭᠤᠯ ᠡᠸᠦ᠋ᠷᠤᠫᠠ ᠡᠮᠨᠡᠯᠭᠡ ᠶᠢ ᠵᠡᠷᠭᠡ ᠴᠢᠬᠤᠯᠠᠴᠢᠯᠠᠬᠤ ᠪᠠᠨ ᠪᠠᠷᠢᠮᠲᠠᠯᠠᠨ᠂ ᠮᠤᠩᠭᠤᠯ ᠡᠮᠨᠡᠯᠭᠡ᠂ | ᠬᠢᠲᠠᠳ ᠡᠮᠨᠡᠯᠭᠡ ᠶᠢᠨ ᠭᠤᠤᠯᠳᠠᠯᠭᠠᠲᠤ ᠲᠤᠰᠬᠠᠢ ᠮᠡᠷᠭᠡᠵᠢᠯ ᠤᠨ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠢ | ᠳᠡᠭᠡᠭᠰᠢᠯᠡᠭᠦᠯᠦᠨ᠎ᠡ᠃ ᠡᠪᠡᠳᠴᠢᠨ ᠤ ᠪᠠᠶᠢᠳᠠᠯ ᠢᠶᠠᠷ ᠳᠡᠰ ᠬᠤᠪᠢᠶᠠᠨ ᠤᠨᠤᠰᠢᠯᠠᠨ ᠡᠮᠴᠢᠯᠡᠬᠦ ᠬᠤᠰᠢᠭᠤᠨ ᠤ ᠪᠠᠶᠢᠳᠠᠯ | ᠲᠠᠢ ᠲᠤᠬᠢᠷᠠᠬᠤ ᠳᠦᠷᠢᠮ ᠢ ᠪᠠᠶᠢᠭᠤᠯᠵᠤ᠂ ᠦᠨᠳᠦᠰᠦᠨ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ ᠡᠷᠭᠡ | ᠲᠡᠭᠰᠢ ᠬᠦᠷᠲᠡᠭᠡᠬᠦ ᠶᠢ ᠦᠨᠡᠨᠬᠦ ᠠᠬᠢᠭᠤᠯᠤᠨ᠎ᠠ᠃ ᠪᠦᠬᠦ ᠲᠠᠯ᠎ᠠ ᠪᠠᠷ ᠬᠤᠶᠠᠷ ᠬᠡᠦᠭᠡᠳ ᠲᠦᠷᠦᠬᠦ ᠲᠦᠷᠦ ᠶᠢᠨ | ᠪᠤᠳᠤᠯᠭ᠎ᠠ ᠶᠢ ᠨᠠᠶᠢᠳᠠᠪᠤᠷᠢᠵᠢᠭᠤᠯᠤᠨ᠂ ᠬᠦᠮᠦᠨ ᠠᠮᠠ ᠶᠢᠨ ᠤᠷᠲᠤ ᠬᠤᠭᠤᠴᠠᠭᠠᠨ ᠤ ᠲᠡᠩᠴᠡᠭᠦᠷᠢᠲᠦ ᠬᠦᠭᠵᠢᠯ ᠢ | ᠠᠬᠢᠭᠤᠯᠤᠨ᠎ᠠ᠃ | — — ᠨᠠᠶᠢᠭᠡᠮ ᠤᠨ ᠪᠠᠲᠤᠯᠠᠪᠤᠷᠢ ᠶᠢ ᠰᠠᠶᠢᠳᠤᠷ ᠶᠠᠪᠤᠭᠳᠠᠭᠤᠯᠤᠨ᠎ᠠ᠃ ᠤᠨᠤᠪᠴᠢᠲᠠᠢ ᠪᠠᠷ ᠶᠠᠳᠠᠭᠤ | ᠶᠢ ᠳᠡᠳᠭᠦᠬᠦ᠂ ᠤᠨᠤᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠶᠢ ᠪᠠᠷᠢᠮᠲᠠᠯᠠᠨ᠂ ᠶᠠᠳᠠᠭᠤ ᠶᠢ ᠳᠡᠳᠭᠦᠬᠦ | ᠲᠤᠮᠤ ᠲᠤᠭᠲᠠᠴᠠ ᠶᠢᠨ ᠳᠠᠪᠠᠭᠤᠯᠢᠭ ᠢ ᠴᠢᠬᠤᠯᠠᠴᠢᠯᠠᠨ ᠪᠠᠳᠠᠷᠠᠭᠤᠯᠵᠤ᠂ ᠮᠠᠯᠵᠢᠬᠤ ᠲᠠᠷᠢᠶᠠᠯᠠᠬᠤ ᠤᠷᠤᠨ ᠤ ᠶᠠᠳᠠᠭᠤ | ᠬᠦᠴᠢᠷᠳᠡᠯᠲᠡᠢ ᠬᠦᠮᠦᠨ ᠠᠮᠠ ᠶᠢ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠮᠵᠢ ᠪᠠᠨ ᠪᠠᠲᠤᠳᠬᠠᠭᠰᠠᠨ | ᠰᠠᠭᠤᠷᠢᠨ ᠳᠡᠭᠡᠷ᠎ᠡ᠂ ᠬᠤᠲᠠ ᠪᠠᠯᠭᠠᠰᠤᠨ ᠤ ᠳᠤᠤᠷ᠎ᠠ ᠤᠷᠤᠯᠭ᠎ᠠ ᠲᠠᠢ ᠶᠠᠳᠠᠭᠤ ᠬᠦᠴᠢᠷᠳᠡᠯᠲᠦ ᠬᠦᠮᠦᠰ ᠢ ᠳᠡᠳᠭᠦᠬᠦ | ᠠᠵᠢᠯ ᠢ ᠡᠬᠢᠯᠡᠬᠦᠯᠵᠦ᠂ ᠭᠦᠴᠢᠷᠳᠡᠯᠲᠡᠢ ᠠᠷᠠᠳ ᠤᠨ ᠶᠠᠳᠠᠭᠤ ᠠᠴᠠ ᠠᠩᠭᠢᠵᠢᠷᠠᠨ ᠪᠠᠶᠠᠵᠢᠨ ᠴᠢᠨᠠᠭᠡᠯᠢᠭᠵᠢᠬᠦ | ᠠᠯᠬᠤᠴᠠ ᠶᠢ ᠲᠦᠷᠭᠡᠰᠭᠡᠨᠡ᠃ ᠦᠢᠯᠡᠰ ᠪᠤᠰᠬᠠᠬᠤ ᠪᠠᠷ ᠠᠵᠢᠯ ᠤᠯᠭᠤᠬᠤ ᠶᠢ ᠳᠠᠶᠢᠴᠢᠯᠠᠬᠤ ᠶᠢ ᠵᠤᠷᠢᠭᠵᠢᠭᠤᠯᠤᠨ᠂ | ᠦᠢᠯᠡᠰ ᠪᠤᠰᠬᠠᠬᠤ ᠬᠦᠷᠢᠶᠡᠯᠡᠩ ᠪᠠ ᠦᠢᠯᠡᠰ ᠪᠤᠰᠬᠠᠬᠤ ᠵᠡᠭᠡᠯᠢ᠂ ᠦᠢᠯᠡᠰ ᠪᠤᠰᠬᠠᠭᠴᠢᠳ ᠢ ᠲᠡᠳᠬᠦᠨ | ᠪᠦᠢᠵᠢᠭᠤᠯᠬᠤ ︵ᠨᠠᠪᠴᠢᠯᠲᠡ ᠶᠢᠨ︶ ᠰᠠᠭᠤᠷᠢᠨ ᠤ ᠴᠢᠳᠠᠮᠵᠢ ᠶᠢ ᠳᠡᠭᠡᠭᠰᠢᠯᠡᠭᠦᠯᠦᠨ᠂ ᠨᠡᠭᠦᠨ ᠰᠢᠯᠵᠢᠵᠦ | ᠦᠢᠯᠡᠳᠪᠦᠷᠢᠯᠡᠯ ᠢᠶᠠᠨ ᠦᠭᠡᠷᠡᠴᠢᠯᠡᠭᠰᠡᠨ ᠮᠠᠯᠴᠢᠳ ᠲᠠᠷᠢᠶᠠᠴᠢᠳ᠂ ᠳᠡᠭᠡᠳᠦ ᠳᠤᠮᠳᠠ ᠲᠤᠰᠬᠠᠢ ᠮᠡᠷᠭᠡᠵᠢᠯ ᠤᠨ | ᠰᠤᠷᠭᠠᠭᠤᠯᠢ ᠠᠴᠠ ᠲᠡᠭᠦᠰᠦᠭᠰᠡᠳ᠂ ᠪᠦᠷᠢᠯᠳᠦᠭᠦᠨ ᠪᠣᠯᠭᠠᠨ ᠠᠵᠢᠯ ᠤᠨ ᠪᠠᠶᠢᠷᠢ ᠦᠭᠡᠢ ᠭᠡᠷ ᠪᠦᠯᠢ᠂ ᠴᠡᠷᠢᠭ ᠠᠴᠠ | ᠬᠠᠯᠠᠭᠳᠠᠭᠰᠠᠳ ᠵᠡᠷᠭᠡ ᠭᠤᠤᠯᠳᠠᠯᠭ᠎ᠠ ᠲᠠᠢ ᠬᠦᠮᠦᠰ ᠤᠨ ᠠᠵᠢᠯ ᠤᠯᠬᠤ ᠠᠰᠠᠭᠤᠳᠠᠯ ᠢ ᠰᠠᠶᠢᠳᠦᠷ ᠰᠢᠢᠳᠪᠦᠷᠢᠯᠡᠨ᠂ | ᠭᠠᠳᠠᠭᠰᠢ ᠶᠠᠪᠤᠵᠤ ᠠᠵᠢᠯ ᠡᠷᠢᠭᠰᠡᠨ ᠬᠦᠮᠦᠰ ᠤᠨ ᠨᠤᠲᠤᠭ ᠲᠠᠭᠠᠨ ᠪᠤᠴᠠᠵᠤ ᠦᠢᠯᠡᠰ ᠪᠤᠰᠬᠠᠬᠤ ᠶᠢ ᠨᠢ | ᠵᠤᠷᠢᠭᠵᠢᠭᠤᠯᠤᠨ᠎ᠠ᠃ ᠴᠡᠷᠢᠭ ᠤᠨ ᠠᠯᠪᠠᠨ ᠠᠴᠠ ᠰᠢᠯᠵᠢᠵᠦ ᠺᠠᠳ᠋ᠷ ᠪᠤᠯᠬᠤ᠂ ᠴᠡᠷᠢᠭ ᠤᠨ ᠭᠡᠷ ᠪᠦᠯᠢ ᠶᠢ | ᠳᠦᠪᠬᠢᠨᠡᠭᠦᠯᠬᠦ ᠠᠵᠢᠯ ᠢ ᠢᠳᠡᠪᠬᠢᠲᠡᠢ ᠪᠡᠶᠡᠯᠡᠭᠦᠯᠦᠨ᠎ᠡ᠃ ᠬᠠᠷᠢᠴᠠᠯ ᠢ ᠦᠨᠳᠦᠰᠦᠯᠡᠨ ᠵᠡᠮᠳᠡᠭ ᠬᠦᠮᠦᠰ ᠲᠤ ᠠᠵᠢᠯ | ᠤᠯᠭᠤᠬᠤ ᠲᠦᠷᠦ ᠶᠢᠨ ᠪᠤᠳᠤᠯᠭ᠎ᠠ ᠶᠢ ᠬᠢᠨᠠᠮᠠᠭᠠᠢ ᠲᠤᠤᠱᠯᠠᠭᠤᠯᠵᠤ᠂ ᠵᠡᠮᠳᠡᠭ ᠬᠦᠮᠦᠰ ᠤᠨ ᠠᠵᠢᠯ ᠤᠯᠭᠤᠯᠲᠠ ᠶᠢ | ᠢᠳᠡᠪᠬᠢᠲᠡᠢ ᠠᠬᠢᠭᠤᠯᠤᠨ᠎ᠠ᠃ 2018 ᠣᠨ ᠳᠤ᠂ 1000 ᠠᠵᠢᠯ ᠤᠨ ᠪᠠᠶᠢᠷᠢ ᠶᠢ ᠬᠠᠩᠭᠠᠵᠤ᠂ 310 ᠬᠦᠮᠦᠰ | ᠲᠤ ᠰᠢᠨ᠎ᠡ ᠪᠠᠷ ᠠᠵᠢᠯ ᠤᠯᠭᠤᠨ᠂ ᠬᠤᠲᠠ ᠪᠠᠯᠭᠠᠰᠤᠨ ᠤ ᠠᠵᠢᠯ ᠠᠯᠳᠠᠯᠲᠠ ᠶᠢᠨ ᠨᠤᠷᠮ᠎ᠠ ᠶᠢ 3% ᠳᠤᠲᠤᠷ᠎ᠠ | ᠬᠢᠵᠠᠭᠠᠷᠯᠠᠨ᠎ᠠ᠃ ᠬᠦᠳᠡᠯᠮᠦᠷᠢ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠪᠤᠯᠤᠨ ᠠᠵᠤ | ᠠᠬᠤᠶᠢᠯᠠᠯ ᠠᠵᠢᠯᠴᠢᠨ ᠬᠡᠷᠡᠭᠯᠡᠬᠦ ᠠᠵᠢᠯᠯᠠᠭ᠎ᠠ ᠶᠢ ᠳᠦᠷᠢᠮᠵᠢᠭᠦᠯᠦᠨ᠂ ᠡᠶ᠎ᠡ ᠵᠤᠬᠢᠴᠠᠯᠲᠤ ᠬᠦᠳᠡᠯᠮᠦᠷᠢ ᠶᠢᠨ | ᠬᠠᠷᠢᠴᠠᠭ᠎ᠠ ᠶᠢ ᠴᠢᠷᠮᠠᠶᠢᠨ ᠪᠠᠶᠢᠭᠤᠯᠤᠨ᠎ᠠ᠃ ᠭᠠᠳᠠᠨ᠎ᠠ ᠠᠴᠠ ᠢᠷᠡᠭᠰᠡᠨ ᠦᠢᠯᠡᠰ ᠪᠤᠰᠬᠠᠭᠴᠢᠳ ᠪᠠ ᠠᠵᠢᠯᠴᠢᠳ ᠲᠤ | ᠴᠢᠭᠯᠡᠭᠦᠯᠦᠨ᠂ ᠳᠠᠯᠠᠶᠢᠬᠦ᠋ᠪ ᠪᠠᠯᠭᠠᠰᠤᠨ ᠤ ᠬᠤᠲᠠ ᠶᠢᠨ ᠲᠤᠭᠤᠷᠢᠭ ᠲᠤ ᠨᠡᠶᠢᠲᠡ ᠶᠢᠨ ᠪᠡᠶᠢᠷᠢ ᠲᠦᠯᠦᠪᠯᠡᠨ | ᠪᠠᠶᠢᠭᠤᠯᠤᠨ᠎ᠠ᠃ ᠬᠢᠨᠠᠬᠤ ᠪᠤᠯᠤᠨ ᠢᠯᠡ ᠨᠡᠶᠢᠳᠡᠯᠡᠬᠦ ᠬᠦᠴᠦᠯᠡᠴᠡ ᠪᠠᠨ ᠶᠡᠭᠡᠰᠭᠡᠨ᠂ ᠬᠤᠲᠠ ᠬᠦᠳᠡᠭᠡᠨ ᠤ ᠲᠤᠤᠷ᠎ᠠ | ᠪᠠᠲᠤᠯᠠᠭ᠎ᠠ᠂ ᠨᠦᠬᠦᠪᠦᠷᠢ ᠶᠢᠨ ᠲᠠᠷᠬᠠᠭᠠᠯᠲᠠ ᠵᠡᠷᠭᠡ ᠠᠷᠠᠳ ᠲᠦᠮᠡᠨ ᠤ ᠠᠰᠢᠭ ᠲᠤᠰᠠ ᠲᠠᠢ ᠨᠢᠭᠲᠠ | ᠬᠤᠯᠪᠤᠭᠳᠠᠭᠰᠠᠨ ᠪᠠᠲᠤᠯᠠᠭᠠᠨ ᠤ ᠠᠵᠢᠯ ᠢ ᠪᠤᠲᠠᠲᠠᠢ ᠠᠳᠬᠤᠨ᠎ᠠ᠃ ᠬᠤᠲᠠ ᠬᠦᠳᠡᠭᠡᠨ ᠤ ᠰᠠᠭᠤᠭᠠᠯᠢ ᠠᠷᠠᠳ ᠢ | ᠬᠠᠮᠤᠷᠤᠭᠰᠠᠨ ᠨᠡᠶᠢᠭᠡᠮ ᠤᠨ ᠪᠠᠲᠤᠯᠠᠭᠠᠨ ᠤ ᠰᠢᠰᠲ᠋ᠧᠮ ᠢ ᠲᠡᠭᠦᠯᠳᠡᠷᠵᠢᠭᠦᠯᠦᠨ᠂ ᠨᠡᠶᠢᠭᠡᠮ ᠤᠨ ᠳᠠᠭᠠᠳᠬᠠᠯ ᠤᠨ | ᠨᠡᠶᠢᠳᠡᠮ ᠪᠦᠷᠬᠦᠴᠡ ᠶᠢ ᠲᠠᠰᠤᠷᠠᠯᠲᠠ ᠦᠭᠡᠢ ᠶᠡᠭᠡᠰᠭᠡᠨ᠎ᠡ᠃ ᠨᠡᠶᠢᠭᠡᠮ ᠤᠨ ᠶᠠᠳᠠᠷᠠᠭᠤ ᠬᠦᠮᠦᠰ ᠢ ᠳᠡᠭᠡᠳᠦ ᠬᠡᠮᠵᠢᠶ᠎ᠡ | ᠪᠠᠷ ᠠᠩᠬᠠᠷᠤᠨ᠂ ᠬᠦᠴᠢᠷᠳᠡᠯ ᠲᠠᠢ ᠬᠦᠮᠦᠰ ᠤᠨ ᠦᠢᠯᠡᠳᠪᠦᠷᠢᠯᠡᠯ ᠠᠮᠢᠳᠤᠷᠠᠯ ᠳᠤᠮᠳᠠᠬᠢ ᠪᠣᠳᠠᠲᠤ ᠠᠰᠠᠭᠤᠳᠠᠯ ᠢ | ᠨᠢ ᠳᠠᠷᠤᠢ ᠳᠤᠤᠷ᠎ᠠ ᠰᠢᠢᠳᠪᠦᠷᠢᠯᠡᠨ᠎ᠡ᠃ ᠨᠠᠰᠤᠲᠠᠶᠢᠴᠤᠤᠯ ᠤᠨ ᠬᠦᠳᠡᠯᠭᠡᠭᠡᠨ ᠤ ᠲᠦᠪ᠂ ᠨᠡᠶᠢᠭᠡᠮ ᠲᠤᠭᠤᠷᠢᠭ ᠤᠨ | ᠭᠦᠳᠡᠯᠭᠡᠭᠡᠨ ᠤ ᠲᠠᠯᠠᠪᠤᠷ ᠤᠨ ᠦᠢᠯᠡᠴᠢᠯᠡᠭᠡᠨ ᠤ ᠴᠢᠳᠠᠮᠵᠢ ᠶᠢ ᠦᠷᠭᠦᠯᠵᠢᠯᠡᠨ ᠪᠠᠳᠠᠷᠠᠭᠤᠯᠵᠤ᠂ ᠨᠠᠰᠤᠲᠠᠶᠢᠴᠤᠤᠯ | ᠤᠨ ᠠᠮᠢᠳᠤᠷᠠᠯ ᠢ ᠤᠯᠠᠮ ᠡᠷᠡᠭᠦᠯ ᠡᠩᠭᠡ ᠪᠠᠶᠠᠯᠢᠭᠵᠢᠭᠤᠯᠤᠨ᠎ᠠ᠃ ᠬᠦᠨᠳᠦ ᠡᠪᠡᠳᠴᠢᠨ ᠢ ᠠᠪᠤᠷᠠᠨ ᠲᠤᠰᠠᠯᠠᠬᠤ | ᠳᠦᠷᠢᠮ ᠢ ᠲᠡᠭᠦᠯᠳᠡᠷᠵᠢᠭᠦᠯᠦᠨ᠂ ᠬᠤᠲᠠ ᠪᠠᠯᠭᠠᠰᠤᠨ ᠤ ᠲᠤᠤᠷ᠎ᠠ ᠪᠠᠲᠤᠯᠠᠭ᠎ᠠ ᠲᠠᠢ ᠠᠪᠤᠴᠠᠯᠳᠤᠭᠤᠯᠤᠨ | ᠬᠤᠯᠪᠤᠭᠰᠠᠨ ᠲᠦᠷ ᠴᠠᠭ ᠤᠨ ᠠᠪᠤᠷᠠᠨ ᠲᠤᠰᠠᠯᠠᠯᠲᠠ ᠶᠢ ᠴᠢᠩᠭᠠᠳᠬᠠᠵᠤ᠂ ᠠᠷᠠᠳ ᠲᠦᠮᠡᠨ ᠤ ᠪᠠᠴᠢᠮ ᠬᠦᠴᠢᠷᠳᠡᠯ | ᠢ ᠰᠢᠢᠳᠪᠦᠷᠢᠯᠡᠨ ᠠᠷᠢᠯᠭᠠᠨ᠎ᠠ᠃ | — — ᠨᠡᠶᠢᠭᠡᠮ ᠤᠨ ᠬᠠᠮᠢᠶᠠᠷᠤᠯᠲᠠ ᠶᠢᠨ ᠰᠢᠨᠡᠴᠢᠯᠡᠯᠲᠡ ᠶᠢ ᠴᠢᠩᠭᠠᠳᠬᠠᠨ᠎ᠠ᠃ ︽ᠳᠤᠯᠤᠳᠤᠭᠠᠷ | ᠲᠠᠪᠤᠨ ᠵᠢᠯ︾ ᠤᠨ ᠬᠠᠤᠯᠢ ᠲᠦᠭᠡᠮᠡᠯᠵᠢᠭᠦᠯᠦᠯᠲᠡ ᠶᠢ ᠯᠠᠪᠳᠠᠭᠤᠨ ᠦᠷᠨᠢᠭᠦᠯᠵᠦ᠂ ᠠᠷᠠᠳ ᠤᠨ ᠵᠦᠷᠢᠴᠡᠯ ᠤᠨ | ᠡᠶᠡᠳᠡᠬᠦᠯᠬᠡ᠂ ᠬᠠᠤᠯᠢ ᠶᠢᠨ ᠵᠦᠪᠯᠡᠭᠴᠢ᠂ ᠠᠯᠪᠠᠨ ᠭᠡᠷᠡᠴᠢᠯᠡᠭᠡ᠂ ᠬᠠᠤᠯᠢ ᠴᠠᠭᠠᠵᠠ ᠶᠢᠨ ᠲᠤᠰᠠᠯᠠᠮᠵᠢ ᠪᠤᠯᠤᠨ | ᠨᠡᠶᠢᠭᠡᠮ ᠲᠤᠭᠤᠷᠢᠭ ᠤᠨ ᠬᠦᠮᠦᠵᠢᠭᠦᠯᠦᠨ ᠵᠠᠯᠠᠷᠠᠭᠤᠯᠬᠤ ᠳᠦᠷᠢᠮ ᠢ ᠲᠡᠭᠦᠯᠳᠡᠷᠵᠢᠭᠦᠯᠦᠨ᠎ᠡ᠃ ᠠᠷᠠᠳ ᠲᠦᠮᠡᠨ | ᠪᠤᠳᠤᠯ ᠰᠠᠨᠠᠯ ᠢᠶᠠᠨ ᠳᠡᠯᠭᠡᠨ ᠶᠠᠷᠢᠬᠤ᠂ ᠰᠠᠨᠠᠯ ᠭᠡᠷᠡᠴᠢᠯᠡᠭᠡ ᠶᠢ ᠰᠤᠨᠤᠰᠴᠤ ᠵᠦᠪᠳᠡᠯᠴᠡᠨ ᠶᠠᠷᠢᠯᠴᠠᠬᠤ ᠵᠡᠷᠭᠡ | ᠳᠦᠷᠢᠮ ᠢ ᠲᠡᠭᠦᠯᠳᠡᠷᠵᠢᠭᠦᠯᠦᠨ᠂ ᠬᠤᠲᠠ ᠬᠦᠳᠡᠭᠡ ᠨᠡᠶᠢᠭᠡᠮ ᠲᠤᠭᠤᠷᠢᠭ ᠤᠨ ᠵᠠᠰᠠᠨ ᠴᠡᠭᠴᠡᠯᠡᠯᠲᠡ ᠪᠤᠯᠤᠨ | ᠦᠨᠳᠦᠰᠦᠨ ᠱᠠᠳᠤᠨ ᠤ ᠤᠯᠠᠨ ᠨᠡᠶᠢᠲᠡ ᠶᠢᠨ ᠬᠡᠷᠡᠭ ᠶᠠᠪᠤᠳᠠᠯ ᠳᠤᠮᠳᠠᠬᠢ ᠠᠷᠠᠳ ᠲᠦᠮᠡᠨ ᠤ ᠦᠪᠡᠷ ᠪᠡᠶ᠎ᠡ ᠶᠢᠨ | ᠬᠠᠮᠢᠶᠠᠷᠤᠯᠲᠠ᠂ ᠦᠢᠯᠡᠴᠢᠯᠡᠭᠡ᠂ ᠬᠢᠨᠠᠯᠲᠠ ᠶᠢ ᠠᠬᠢᠭᠤᠯᠤᠨ᠎ᠠ᠃ ᠨᠡᠶᠢᠭᠡᠮ ᠤᠨ ᠢᠲᠡᠭᠡᠮᠵᠢ ᠶᠢᠨ ᠪᠠᠶᠢᠭᠤᠯᠤᠯᠲᠠ ᠶᠢ | ᠴᠢᠩᠭᠠᠳᠬᠠᠵᠤ᠂ ᠬᠠᠤᠯᠢ ᠰᠠᠬᠢᠵᠤ ᠢᠳᠡᠬᠡᠯ ᠪᠠᠷᠢᠮᠳᠠᠯᠠᠭᠰᠠᠨ ᠠᠵᠢᠯᠯᠠᠭ᠎ᠠ ᠶᠢ ᠱᠠᠩᠨᠠᠬᠤ ᠪᠠ ᠬᠠᠤᠯᠢ ᠵᠦᠷᠢᠴᠠᠨ | ᠢᠲᠡᠭᠡᠯ ᠠᠯᠳᠠᠭᠰᠠᠨ ᠠᠵᠢᠯᠯᠠᠭ᠎ᠠ ᠶᠢ ᠰᠢᠳᠭᠡᠬᠦ ᠲᠤᠭᠲᠠᠴᠠ ᠶᠢ ᠲᠡᠭᠦᠯᠳᠡᠷᠵᠢᠭᠦᠯᠦᠨ᠎ᠡ᠃ ᠵᠠᠬᠢᠳᠠᠯ ᠰᠤᠷᠪᠤᠯᠵᠢᠯᠠᠭ᠎ᠠ | ᠶᠢ ᠬᠠᠤᠯᠢ ᠶᠤᠰᠤᠭᠠᠷ ᠬᠦᠢᠴᠡᠳᠭᠡᠨ ᠰᠢᠢᠳᠪᠦᠷᠢᠯᠡᠬᠦ ᠳᠦᠷᠢᠮ ᠢ ᠨᠠᠶᠢᠳᠠᠪᠤᠷᠢᠵᠢᠭᠤᠯᠤᠨ᠂ ᠵᠠᠬᠢᠳᠠᠯ ᠰᠤᠷᠪᠤᠯᠵᠢᠯᠠᠭ᠎ᠠ | ᠶᠢᠨ ᠬᠠᠷᠢᠭᠤᠴᠠᠯᠭ᠎ᠠ ᠨᠡᠬᠡᠮᠵᠢᠯᠡᠬᠦ ᠬᠦᠴᠦᠯᠡᠴᠡ ᠶᠢ ᠴᠢᠩᠭᠠᠳᠬᠠᠵᠤ᠂ ᠤᠯᠠᠨ ᠲᠦᠮᠡᠨ ᠬᠠᠤᠯᠢ ᠶᠤᠰᠤᠭᠠᠷ ᠡᠷᠭᠡ | ᠠᠰᠢᠭ ᠢᠶᠠᠨ ᠬᠡᠷᠡᠭᠵᠢᠭᠦᠯᠵᠦ᠂ ᠬᠦᠰᠡᠯ ᠱᠠᠭᠠᠷᠳᠠᠯᠭ᠎ᠠ ᠪᠠᠨ ᠢᠯᠡᠳᠬᠡᠨ᠂ ᠮᠦᠷᠬᠦᠯᠳᠦᠬᠡᠨ ᠵᠢᠭᠤᠷᠠᠭᠠᠨ | ᠰᠢᠢᠳᠪᠦᠷᠢᠯᠡᠬᠦ ᠶᠢ ᠨᠢ ᠵᠢᠯᠤᠭᠤᠳᠤᠨ᠂ ᠨᠡᠶᠢᠭᠡᠮ ᠤᠨ ᠡᠯ᠎ᠡ ᠲᠦᠷᠦᠯ ᠤᠨ ᠵᠦᠷᠢᠴᠡᠯ ᠢ ᠵᠤᠬᠢᠰᠲᠠᠢ ᠰᠢᠢᠳᠪᠦᠷᠢᠯᠡᠨ᠎ᠡ᠃ | ᠨᠠᠶᠢᠭᠡᠮ ᠤᠨ ᠠᠮᠤᠷ ᠢ ᠬᠠᠮᠠᠭᠠᠯᠠᠬᠤ ᠶᠡᠷᠦᠩᠬᠡᠢ ᠵᠠᠰᠠᠯᠲᠠ ᠶᠢ ᠴᠢᠩᠭᠠᠳᠬᠠᠵᠤ᠂ ᠡᠯ᠎ᠡ ᠲᠦᠷᠦᠯ ᠤᠨ ᠬᠠᠤᠯᠢ | ᠵᠦᠷᠢᠴᠡᠭᠰᠡᠨ ᠶᠠᠯᠠᠲᠤ ᠠᠵᠢᠯᠯᠠᠭᠠᠨ ᠳᠤ ᠬᠦᠴᠦᠲᠡᠢ ᠴᠤᠬᠢᠯᠲᠠ ᠦᠭᠭᠦᠨ᠎ᠡ᠃ ᠢᠳᠡᠭᠡᠨ ᠪᠠ ᠡᠮ ᠤᠨ ᠵᠦᠢᠯ ᠤᠨ | ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠠᠷᠠᠳ | ᠲᠦᠮᠡᠨ ᠤ ᠢᠳᠡᠭᠡᠨ ᠤᠮᠳᠠᠭᠠᠨ ᠪᠠ ᠡᠮ ᠤᠨ ᠵᠦᠢᠯ ᠤᠨ ᠠᠮᠤᠷ ᠲᠦᠪᠰᠢᠨ ᠢ ᠪᠠᠲᠤᠯᠠᠨ᠎ᠠ᠃ ︽ᠨᠠᠮ ᠵᠠᠰᠠᠭ | ᠬᠠᠮᠲᠤᠪᠠᠷ ᠬᠠᠷᠢᠭᠤᠴᠠᠬᠤ᠂ ᠨᠢᠭᠡ ᠲᠤᠰᠢᠶᠠᠯ ᠬᠤᠤᠰ ᠬᠠᠷᠢᠭᠤᠴᠠᠯᠭ᠎ᠠ᠂ ᠬᠠᠷᠢᠭᠤᠴᠠᠯᠭ᠎ᠠ ᠠᠯᠳᠠᠪᠠᠯ ᠠᠰᠠᠭᠤᠨ | ᠨᠡᠬᠡᠮᠵᠢᠯᠡᠬᠦ︾ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠭᠡᠮ | ᠰᠤᠭᠤᠭ ᠤᠨ ᠪᠠᠶᠢᠴᠠᠭᠠᠨ ᠴᠡᠭᠴᠡᠯᠡᠯᠲᠡ ᠶᠢ ᠦᠷᠭᠦᠯᠵᠢᠯᠡᠨ ᠦᠷᠨᠢᠭᠦᠯᠵᠦ᠂ ᠦᠢᠯᠡᠳᠪᠦᠷᠢᠯᠡᠯ ᠳᠤᠮᠳᠠᠬᠢ ᠨᠡᠯᠢᠶᠠᠳ | ᠲᠤᠮᠤ ᠠᠶᠤᠯ ᠬᠡᠨᠡᠲᠡᠯ ᠢ ᠡᠷᠡᠰ ᠳᠡᠪᠴᠢᠨ᠎ᠡ᠃ ᠳᠦᠷᠪᠡᠳᠦᠭᠡᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ | ᠨᠠᠶᠢᠳᠠᠮ ᠪᠠᠶᠢᠴᠠᠭᠠᠯᠲᠠ ᠶᠢᠨ ᠠᠵᠢᠯ ᠢ ᠨᠠᠷᠢᠯᠢᠭ ᠵᠤᠬᠢᠶᠠᠨ ᠪᠠᠶᠢᠭᠤᠯᠤᠨ᠎ᠠ᠃ ᠨᠠᠮ ᠤᠨ ᠦᠨᠳᠦᠰᠦᠲᠡᠨ ᠱᠠᠰᠢᠨ | ᠰᠤᠷᠲᠠᠬᠤᠨ ᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ᠂ ᠮᠤᠩᠭᠤᠯ ᠦᠭᠡ ᠬᠡᠯᠡ ᠦᠰᠦᠭ | ᠪᠢᠴᠢᠭ ᠤᠨ ᠪᠠᠷᠢᠮᠵᠢᠶᠠᠵᠢᠭᠰᠠᠨ ᠭᠡᠷᠡᠭᠯᠡᠯᠲᠡ ᠶᠢ ᠳᠦᠷᠢᠮᠵᠢᠭᠦᠯᠵᠦ᠂ ᠴᠦᠭᠡᠨ ᠲᠤᠭᠠᠲᠤ ᠦᠨᠳᠦᠰᠦᠲᠡᠨ ᠤ ᠡᠯ᠎ᠡ | ᠲᠦᠷᠦᠯ ᠤᠨ ᠠᠵᠢᠯ ᠦᠢᠯᠡᠰ ᠢ ᠠᠬᠢᠭᠤᠯᠤᠨ ᠬᠦᠭᠵᠢᠭᠦᠯᠦᠨ᠎ᠡ᠃ ᠤᠯᠤᠰ ᠤᠨ ᠠᠮᠤᠷ ᠲᠦᠪᠰᠢᠨ ᠰᠤᠷᠭᠠᠨ | ᠬᠦᠮᠦᠵᠢᠯ ᠢ ᠴᠢᠩᠭᠠᠳᠬᠠᠵᠤ᠂ ᠠᠮᠤᠷ ᠲᠦᠪᠰᠢᠨ ᠤ ᠦᠵᠡᠯᠲᠡ ᠶᠢ ᠴᠢᠩᠭᠠᠷᠠᠭᠤᠯᠤᠨ᠂ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠳᠠᠶᠢᠴᠢᠯᠠᠯᠲᠠ ᠪᠤᠯᠤᠨ ᠴᠡᠷᠢᠭ ᠴᠠᠭᠳᠠᠭ᠎ᠠ ᠠᠷᠠᠳ ᠤᠨ ᠬᠢᠯᠢ ᠪᠠᠨ ᠬᠠᠮᠠᠭᠠᠯᠠᠬᠤ ᠰᠢᠰᠲ᠋ᠧᠮ ᠤᠨ | ᠪᠠᠶᠢᠭᠤᠯᠤᠯᠲᠠ ᠶᠢ ᠠᠬᠢᠭᠤᠯᠵᠤ᠂ ᠬᠢᠯᠢ ᠤᠷᠤᠨ ᠢ ᠶᠡᠷᠦᠩᠭᠡᠶᠢᠯᠡᠨ ᠬᠠᠮᠢᠶᠠᠷᠤᠨ ᠡᠵᠡᠮᠳᠡᠬᠦ ᠴᠢᠳᠠᠪᠦᠷᠢ ᠶᠢ | ᠳᠡᠭᠡᠭᠰᠢᠯᠡᠭᠦᠯᠦᠨ᠂ ᠤᠷᠤᠨ ᠨᠤᠲᠤᠭ ᠤᠨ ᠡᠶ᠎ᠡ ᠵᠤᠬᠢᠴᠠᠩᠭᠤᠢ ᠠᠮᠤᠭᠤᠯᠠᠩ ᠲᠤᠭᠲᠠᠭᠤᠨ ᠢ ᠪᠦᠬᠦ ᠬᠦᠴᠦ ᠪᠠᠷ | ᠬᠠᠮᠠᠭᠠᠯᠠᠨ᠎ᠠ᠃ ᠴᠡᠷᠢᠭ ᠠᠷᠠᠳ ᠠᠭᠤᠰᠤᠯᠴᠠᠭᠰᠠᠨ ᠬᠦᠭᠵᠢᠯᠲᠡ ᠶᠢ ᠴᠢᠩᠭᠠᠳᠬᠠᠨ᠂ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠪᠤᠯᠤᠨ ᠴᠡᠷᠢᠭ ᠠᠩᠭᠢ ᠶᠢᠨ ᠦᠭᠡᠷᠡᠴᠢᠯᠡᠯᠲᠡ ᠶᠢ ᠳᠡᠮᠵᠢᠵᠦ᠂ | ᠡᠵᠡᠨ᠎ᠡ ᠬᠤᠰᠢᠭᠤᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢ ᠳᠡᠮᠵᠢᠭᠰᠡᠨ ᠵᠢᠷᠠᠨ ᠵᠢᠯ ᠤᠨ ᠤᠢ ᠶᠢ ᠪᠡᠯᠭᠡᠯᠡᠬᠦ | ᠬᠦᠳᠡᠯᠭᠡᠭᠡᠨ ᠢ ᠰᠠᠶᠢᠲᠤᠷ ᠶᠠᠪᠤᠭᠳᠠᠭᠤᠯᠵᠤ᠂ ᠬᠤᠶᠠᠷ ᠢ ᠬᠦᠷᠢᠶᠡᠯᠡᠵᠦ ᠬᠠᠮᠲᠤᠪᠠᠷ ᠪᠠᠶᠢᠭᠤᠯᠬᠤ ᠦᠷ᠎ᠡ ᠪᠦᠲᠦᠮᠵᠢ ᠶᠢ | ᠦᠨᠡᠨᠬᠦ ᠪᠠᠬᠢᠵᠢᠭᠦᠯᠦᠨ᠎ᠡ᠃ ᠬᠢᠯᠢ ᠬᠢᠵᠠᠭᠠᠷ ᠢᠶᠠᠨ ᠰᠠᠬᠢᠭᠰᠠᠨ ᠮᠠᠯᠴᠢᠳ ᠲᠠᠷᠢᠶᠠᠴᠢᠳ ᠤᠨ ᠦᠢᠯᠡᠳᠪᠦᠷᠢᠯᠡᠯ | ᠠᠮᠢᠳᠤᠷᠠᠯ ᠤᠨ ᠨᠦᠭᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠤᠨ᠂ ᠲᠡᠳᠡᠨ ᠤ ᠬᠢᠯᠢ ᠬᠢᠵᠠᠭᠠᠷ ᠢᠶᠠᠨ ᠰᠠᠬᠢᠨ | ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠢᠳᠡᠭᠡᠯ ᠵᠤᠷᠢᠭ ᠢ ᠨᠢ ᠬᠦᠪᠴᠢᠯᠡᠨ᠎ᠡ᠃ ᠭᠠᠳᠠᠭᠠᠳᠤ ᠶᠠᠪᠤᠳᠠᠯ | ᠬᠠᠷᠢᠶᠠᠲᠤ ᠶᠢᠨ ᠠᠵᠢᠯ᠂ ᠳᠠᠩᠰᠠ ᠡᠪᠬᠡᠮᠡᠯ ᠲᠡᠦᠬᠡ ᠦᠢᠯᠡᠯᠭ᠎ᠠ᠂ ᠠᠮᠤ ᠬᠦᠨᠡᠰᠦᠨ ᠤ ᠨᠦᠭᠡᠴᠡ᠂ ᠴᠠᠭ ᠠᠭᠤᠷ᠂ | ᠳᠠᠭᠠᠳᠬᠠᠯ᠂ ᠰᠢᠦᠳᠠᠨ ᠵᠡᠷᠭᠡ ᠠᠵᠢᠯ ᠢ ᠯᠠᠪᠳᠠᠭᠤᠨ ᠠᠬᠢᠭᠤᠯᠵᠤ᠂ ᠡᠮᠡᠭᠲᠡᠶᠢᠴᠤᠳ ᠪᠤᠯᠤᠨ ᠭᠡᠦᠭᠡᠳ ᠪᠠᠭᠠᠴᠤᠳ᠂ | ᠠᠵᠢᠯᠴᠢᠨ ᠤ ᠡᠪᠯᠡᠯ᠂ ᠵᠠᠯᠠᠭᠤᠴᠤᠳ ᠤᠨ ᠡᠪᠯᠡᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠪᠤᠯᠤᠨ ᠵᠡᠮᠳᠡᠭᠴᠦᠳ | ᠵᠡᠷᠭᠡ ᠠᠵᠢᠯ ᠦᠢᠯᠡᠰ ᠢ ᠬᠠᠯᠠᠮᠵᠢᠯᠠᠨ ᠲᠤᠰᠠᠯᠠᠨ᠎ᠠ᠃ | — — ᠠᠷᠠᠳ ᠲᠤ ᠠᠰᠢᠭ ᠬᠦᠷᠲᠡᠭᠡᠬᠦ ᠪᠤᠳᠠᠲᠤ ᠶᠠᠪᠤᠳᠠᠯ ᠢ ᠬᠦᠴᠦᠯᠡᠨ ᠪᠡᠶᠡᠯᠡᠭᠦᠯᠦᠨ᠎ᠡ᠃ ᠴᠢᠳᠠᠯ | ᠤᠨ ᠬᠢᠷᠢ ᠪᠠᠷ ᠪᠠᠨ ᠠᠵᠢᠯᠯᠠᠬᠤ ᠵᠠᠷᠴᠢᠮ ᠢ ᠪᠠᠷᠢᠮᠲᠠᠯᠠᠨ᠂ 2018 ᠤᠨ ᠳᠤ᠂ ᠬᠤᠰᠢᠭᠤ ᠵᠠᠰᠠᠭ ᠤᠨ ᠤᠷᠳᠤᠨ | ᠠᠴᠠ ᠨᠡᠶᠢᠲᠡ 6500 ᠲᠦᠮᠡᠨ ᠲᠦᠭᠦᠷᠢᠭ ᠤᠨ ᠪᠡᠯᠡ ᠤᠷᠤᠭᠤᠯᠵᠤ᠂ ᠠᠷᠠᠳ ᠲᠦᠮᠡᠨ ᠬᠠᠮᠤᠭ ᠬᠠᠯᠠᠮᠵᠢᠯᠠᠵᠤ | ᠪᠠᠶᠢᠭ᠎ᠠ᠂ ᠪᠠᠴᠢᠮ ᠲᠤᠯᠭᠠᠮ᠎ᠠ᠂ ᠪᠤᠳᠠᠳᠠᠢ ᠠᠰᠢᠭ ᠲᠤᠰᠠ ᠶᠢᠨ ᠠᠰᠠᠭᠤᠳᠠᠯ ᠳᠤ ᠠᠩᠬᠠᠷᠤᠯ ᠲᠠᠯᠪᠢᠨ᠂ ᠬᠦᠴᠦ ᠪᠠᠨ | ᠲᠦᠪᠯᠡᠷᠡᠭᠦᠯᠵᠦ ᠤᠯᠠᠨ ᠲᠦᠮᠡᠨ ᠳᠤ ︽8 ᠪᠤᠳᠠᠲᠤ ᠶᠠᠪᠤᠳᠠᠯ︾ ᠢ ᠰᠠᠶᠢᠳᠦᠷ ᠪᠡᠶᠡᠯᠡᠭᠦᠯᠦᠨ᠎ᠡ᠄ ᠨᠢᠭᠡ ᠳᠤ ᠰᠢᠨ᠎ᠡ | ᠡᠨᠧᠷᠭᠢ ᠪᠠᠷ ᠴᠠᠬᠢᠯᠭᠠᠨ ᠭᠠᠷᠭᠠᠬᠤ ᠨᠦᠭᠦᠴᠡᠯ ᠳᠤ ᠲᠤᠬᠢᠷᠠᠭᠰᠠᠨ ᠠᠯᠤᠰ ᠪᠤᠶᠢᠲᠠ ᠮᠠᠯᠴᠢᠨ ᠲᠠᠷᠢᠶᠠᠴᠢᠨ ᠡᠷᠦᠭᠡ | ᠳᠤ ᠴᠠᠬᠢᠯᠭᠠᠨ ᠲᠤᠤᠷᠵᠢᠯ ᠢ ᠨᠡᠪᠲᠡᠷᠡᠭᠦᠯᠦᠨ᠎ᠡ᠃ ᠬᠤᠶᠠᠷ ᠲᠤ ᠪᠦᠬᠦ ᠬᠤᠰᠢᠭᠤᠨ ᠤ ᠰᠤᠷᠭᠠᠭᠤᠯᠢ ᠳᠤ ᠪᠠᠶᠢᠭ᠎ᠠ | ᠰᠤᠷᠤᠭᠴᠢᠳ ︵ᠴᠡᠴᠡᠷᠯᠢᠭ ᠢ ᠪᠠᠭᠲᠠᠭᠠᠨ᠎ᠠ︶ ᠲᠤ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠡᠮᠨᠡᠯᠭᠡ ᠶᠢᠨ | ᠳᠠᠭᠠᠳᠬᠠᠯ ᠲᠤᠰᠢᠶᠠᠨ᠎ᠠ᠃ ᠭᠤᠷᠪᠠ ᠳᠤ ᠨᠡᠶᠢᠭᠡᠮ ᠲᠤᠭᠤᠷᠢᠭ᠂ ᠭᠠᠯᠲᠤ ᠲᠡᠷᠭᠡᠨ ᠦᠷᠲᠡᠭᠡ᠂ ᠨᠤᠮ ᠤᠨ ᠰᠠᠩ | ᠵᠡᠷᠭᠡ ᠨᠠᠶᠢᠲᠠ ᠶᠢᠨ ᠲᠠᠯᠠᠪᠤᠷ ᠲᠤ ᠡᠯᠧᠺᠲᠷᠤᠨ ᠤᠩᠰᠢᠯᠭ᠎ᠠ ᠶᠢᠨ ᠮᠠᠰᠢᠨ ᠢ ᠬᠤᠳᠠᠯᠳᠤᠨ ᠠᠪᠴᠤ ᠤᠭᠰᠠᠷᠠᠨ᠎ᠠ᠃ | ᠳᠦᠷᠪᠡ ᠳᠤ ᠳᠠᠯᠠᠶᠢᠭᠦ᠋ᠪ ᠤᠨ ᠰᠢᠲᠠᠮᠠᠬᠠᠢ ᠬᠡᠢ ᠶᠢ ᠡᠷᠦᠭᠡ ᠳᠤ ᠤᠷᠤᠭᠤᠯᠤᠨ ᠬᠡᠷᠡᠭᠯᠡᠬᠦᠯᠬᠦ ᠢᠨᠵᠧᠨᠧᠷᠢᠩ ᠢ | ᠬᠡᠷᠡᠭᠵᠢᠭᠦᠯᠦᠨ᠎ᠡ᠃ ᠲᠠᠪᠤ ᠳᠤ ᠳᠠᠯᠠᠶᠢᠬᠦ᠋ᠪ ᠪᠠᠯᠭᠠᠰᠤᠨ ᠤ ᠵᠡᠭᠦᠨ ᠡᠮᠦᠨ᠎ᠡ ᠬᠡᠰᠡᠭ ᠲᠠᠬᠢ ᠪᠤᠲᠠ ᠮᠤᠳᠤᠨ ᠤᠢ ᠶᠢ | ᠴᠡᠭᠴᠡᠯᠡᠨ ᠵᠠᠰᠠᠵᠤ᠂ ᠰᠡᠯᠡᠭᠦᠴᠡᠨ ᠵᠤᠭᠠᠴᠠᠬᠤ ᠪᠤᠯᠤᠨ ᠪᠡᠶ᠎ᠡ ᠴᠢᠬᠢᠷᠠᠭᠵᠢᠭᠤᠯᠬᠤ ᠴᠢᠳᠠᠮᠵᠢ ᠶᠢ ᠨᠢᠭᠡᠳᠦᠭᠦᠯᠦᠭᠰᠡᠨ | ᠬᠤᠲᠠ ᠶᠢᠨ ᠴᠡᠴᠡᠷᠯᠢᠭ ᠪᠤᠯᠭᠠᠨ ᠪᠠᠶᠢᠭᠤᠯᠤᠨ᠎ᠠ᠃ ᠵᠢᠷᠭᠤᠭ᠎ᠠ ᠳᠤ ᠬᠢᠯᠢ ᠬᠢᠵᠠᠭᠠᠷ ᠢᠶᠠᠨ ᠰᠠᠭᠢᠭᠰᠠᠨ 104 | ᠮᠠᠯᠴᠢᠨ ᠡᠷᠦᠭᠡ ᠶᠢᠨ ᠠᠮᠢᠳᠤᠷᠠᠯ ᠤᠨ ᠨᠦᠬᠦᠪᠦᠷᠢ ᠶᠢᠨ ᠪᠠᠷᠢᠮᠵᠢᠶ᠎ᠠ ᠶᠢ ᠤᠤᠯ ᠤᠨ ᠬᠢ ᠠᠴᠠ 5000 ᠲᠦᠭᠦᠷᠢᠭ | ᠦᠰᠭᠡᠨ᠎ᠡ᠃ ᠳᠤᠯᠤᠭ᠎ᠠ ᠳᠤ ᠡᠵᠡᠨ᠎ᠡ ᠬᠤᠰᠢᠭᠤᠨ ᠤ ᠡᠳᠦᠷ ᠳᠤᠲᠤᠮ ᠤᠨ ᠬᠡᠷᠡᠭᠯᠡᠭᠡᠨ ᠤ ᠪᠤᠳᠠᠰ ᠢ ᠲᠤᠬᠢᠷᠠᠭᠤᠯᠤᠨ | ᠬᠦᠷᠭᠡᠬᠦ ᠲᠦᠪ ᠲᠤ ᠲᠦᠰᠢᠭᠯᠡᠨ᠂ ᠡᠳᠦᠷ ᠳᠤᠲᠤᠮ ᠤᠨ ᠬᠡᠷᠡᠭᠯᠡᠭᠡᠨ ᠤ ᠪᠤᠳᠠᠰ ᠢ ᠲᠤᠭᠲᠠᠮᠠᠯ ᠦᠨ᠎ᠡ ᠪᠠᠷ | ᠲᠤᠬᠢᠷᠠᠭᠤᠯᠤᠨ ᠬᠦᠷᠭᠡᠬᠦ ᠦᠢᠯᠡᠴᠢᠯᠡᠭᠡ ᠶᠢ ᠦᠷᠨᠢᠭᠦᠯᠦᠨ᠎ᠡ᠃ ᠨᠠᠢᠮᠠ ᠳᠤ ᠪᠦᠬᠦ ᠬᠤᠰᠢᠭᠤᠨ ᠤ 45 ᠨᠠᠰᠤᠨ ᠠᠴᠠ | ᠳᠡᠭᠡᠭᠰᠢᠬᠢ ᠰᠠ ᠡᠪᠡᠳᠴᠢᠨ ᠤ ᠲᠦᠭᠰᠢᠭᠦᠷᠢ ᠲᠠᠢ ᠬᠦᠮᠦᠰ ᠲᠤ ᠦᠨ᠎ᠡ ᠲᠦᠯᠦᠪᠦᠷᠢ ᠦᠭᠡᠢ ᠪᠠᠶᠢᠴᠠᠭᠠᠯᠲᠠ | ᠶᠠᠪᠤᠭᠤᠯᠤᠨ᠎ᠠ᠃ | ︵ᠲᠠᠪᠤ︶ ᠬᠠᠤᠯᠢ ᠶᠤᠰᠤᠭᠠᠷ ᠵᠠᠰᠠᠭ ᠶᠠᠪᠤᠭᠤᠯᠵᠤ᠂ ᠦᠨᠳᠦᠷ ᠪᠦᠲᠦᠮᠵᠢᠲᠡᠢ ᠪᠠᠷ ᠦᠢᠯᠡᠴᠢᠯᠡᠭᠡ ᠬᠠᠩᠭᠠᠨ | ᠂ ᠠᠵᠢᠯ ᠪᠡᠶᠡᠯᠡᠭᠦᠯᠵᠦ ᠦᠢᠯᠡᠰ ᠪᠤᠰᠬᠠᠬᠤ ᠰᠢᠨ᠎ᠡ ᠤᠷᠴᠢᠨ ᠠᠬᠤᠢ ᠶᠢ ᠴᠢᠷᠮᠠᠶᠢᠨ ᠪᠦᠷᠢᠯᠳᠦᠭᠦᠯᠦᠨ᠎ᠡ | ᠰᠢᠨ᠎ᠡ ᠴᠠᠭ ᠦᠶ᠎ᠡ᠂ ᠰᠢᠨ᠎ᠡ ᠡᠬᠢᠯᠡᠯᠲᠡ᠂ ᠰᠢᠨ᠎ᠡ ᠠᠶᠠᠨ ᠵᠠᠮ ᠠᠴᠠ ᠵᠠᠰᠠᠭ ᠤᠨ ᠠᠵᠢᠯ ᠳᠤ ᠰᠢᠨ᠎ᠡ | ᠱᠠᠭᠠᠷᠳᠠᠯᠭ᠎ᠠ ᠳᠣᠷᠠᠳᠤᠨ ᠭᠠᠷᠭᠠᠪᠠ᠃ ᠬᠤᠶᠢᠰᠢᠲᠠ ᠶᠢᠨ ᠲᠠᠪᠤᠨ ᠵᠢᠯ ᠤᠨ ᠠᠵᠢᠯ ᠢ ᠰᠠᠶᠢᠳᠤᠷ ᠪᠡᠶᠡᠯᠡᠭᠦᠯᠵᠦ᠂ | ᠵᠠᠰᠠᠭ ᠤᠨ ᠪᠠᠶᠢᠭᠤᠯᠤᠯᠲᠠ ᠶᠢ ᠴᠢᠩᠭᠠᠳᠬᠠᠬᠤ ᠪᠤᠯ ᠪᠠᠲᠤᠯᠠᠭ᠎ᠠ ᠪᠤᠯᠤᠨ᠎ᠠ᠃ ᠪᠢᠳᠠ ᠡᠷᠬᠡᠪᠰᠢ ᠠᠮᠢᠵᠢᠷᠠᠯ ᠤᠨ | ᠬᠦᠴᠦᠨ ᠪᠢᠯᠬᠠᠮ᠎ᠠ᠂ ᠡᠭᠦᠷᠭᠡ ᠲᠤᠰᠢᠶᠠᠯ ᠳᠠᠭᠠᠨ ᠬᠠᠷᠢᠭᠤᠴᠠᠯᠭ᠎ᠠ ᠲᠠᠢ᠂ ᠦᠨᠢᠲᠡ ᠴᠦᠬᠦᠷᠡᠰᠢ ᠦᠭᠡᠢ ᠵᠤᠷᠢᠭ | ᠰᠠᠨᠠᠭ᠎ᠠ ᠪᠤᠯᠤᠨ ᠣᠷᠣᠭᠰᠢᠯᠡᠨ ᠲᠡᠮᠡᠴᠡᠬᠦ ᠪᠠᠶᠢᠳᠠᠯ ᠢᠶᠠᠷ ᠰᠢᠨ᠎ᠡ ᠨᠢᠭᠡᠨ ᠬᠤᠭᠤᠴᠠᠭᠠᠨ ᠤ ᠵᠠᠰᠠᠭ ᠤᠨ ᠰᠢᠨ᠎ᠡ ᠳᠦᠷᠬᠦ | ᠪᠠᠶᠢᠳᠠᠯ᠂ ᠰᠢᠨ᠎ᠡ ᠠᠵᠢᠯ ᠪᠦᠲᠦᠮᠵᠢ ᠶᠢ ᠳᠡᠯᠭᠡᠨ ᠬᠠᠷᠠᠭᠤᠯᠤᠨ᠎ᠠ᠃ | — — ᠬᠠᠤᠯᠢ ᠪᠠᠷ ᠵᠠᠰᠠᠬᠤ ᠵᠠᠰᠠᠭ ᠢ ᠬᠦᠴᠦᠯᠡᠨ ᠪᠠᠶᠢᠭᠤᠯᠤᠨ᠎ᠠ᠃ ᠬᠠᠤᠯᠢ ᠳᠤ ᠲᠤᠭᠲᠠᠭᠠᠭᠰᠠᠨ | ᠡᠷᠭᠡ ᠪᠤᠯᠤᠨ ᠠᠯᠬᠤᠮ ᠳᠠᠷᠠᠭᠠᠯᠠᠯ ᠢ ᠴᠢᠩᠭ᠎ᠠ ᠦᠨᠳᠦᠰᠦᠯᠡᠵᠦ᠂ ᠵᠠᠰᠠᠭ ᠤᠨ ᠴᠢᠳᠠᠪᠬᠢ ᠪᠠᠨ ᠶᠠᠪᠤᠭᠳᠠᠭᠤᠯᠤᠨ᠂ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠦᠪᠯᠡᠯᠭᠡᠨ ᠵᠢᠴᠢ ᠨᠡᠶᠢᠭᠡᠮ ᠤᠨ ᠡᠯ᠎ᠡ | ᠡᠲᠡᠭᠡᠳ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ | ᠤᠨ ᠲᠦᠯᠦᠭᠡᠯᠡᠭᠴᠢ᠂ ᠤᠯᠤᠰ ᠲᠦᠷᠦ ᠶᠢᠨ ᠵᠦᠪᠯᠡᠯᠭᠡᠨ ᠤ ᠬᠡᠰᠢᠭᠦᠨ ᠪᠤᠯᠤᠨ ᠦᠢᠯᠡᠳᠪᠦᠷᠢ ᠬᠤᠳᠠᠯᠳᠤᠭᠠᠨ ᠤ | ᠬᠤᠯᠪᠤᠭ᠎ᠠ᠂ ᠨᠠᠮ ᠪᠦᠯᠦᠭ ᠤᠨ ᠪᠤᠰᠤ ᠬᠦᠮᠦᠰ ᠤᠨ ᠰᠠᠨᠠᠯ ᠢ ᠬᠢᠨᠠᠮᠠᠭᠠᠢ ᠰᠤᠨᠤᠰᠤᠨ ᠬᠦᠯᠢᠶᠡᠵᠦ᠂ ᠬᠡᠷᠡᠭ ᠵᠦᠪᠳᠡᠬᠦ | ᠰᠠᠨᠠᠯ ᠵᠦᠪᠯᠡᠯᠭᠡ ᠪᠤᠯᠤᠨ ᠳᠤᠷᠠᠳᠤᠯᠭ᠎ᠠ ᠶᠢ ᠨᠠᠷᠢᠯᠢᠭ ᠰᠢᠢᠳᠪᠦᠷᠢᠯᠡᠨ ᠪᠡᠶᠡᠯᠡᠭᠦᠯᠦᠨ᠎ᠡ᠃ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠰᠢᠰᠲ᠋ᠧᠮ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠦᠯᠲᠡ ᠶᠢ ᠪᠦᠬᠦ ᠲᠠᠯ᠎ᠠ ᠪᠠᠷ ᠠᠬᠢᠭᠤᠯᠤᠨ᠎ᠠ᠃ ᠨᠠᠶᠢᠭᠡᠮ ᠤᠨ ᠬᠢᠨᠠᠯᠲᠠ ᠪᠤᠯᠤᠨ ᠶᠠᠷᠢᠶ᠎ᠠ ᠬᠡᠯᠡᠯᠴᠡᠭᠡᠨ ᠤ | ᠬᠢᠨᠠᠯᠲᠠ ᠶᠢᠨ ᠲᠤᠭᠲᠠᠴᠠ ᠶᠢ ᠲᠡᠭᠦᠯᠳᠡᠷᠵᠢᠭᠦᠯᠦᠨ᠂ ᠵᠠᠰᠠᠭ ᠤᠨ ᠶᠠᠪᠤᠳᠠᠯ ᠢ ᠨᠠᠶᠢᠲᠡᠯᠡᠬᠦ ᠠᠵᠢᠯ ᠢ ᠰᠠᠶᠢᠳᠤᠷ ᠬᠢᠵᠦ᠂ | ᠠᠯᠢᠪᠠ ᠡᠷᠭᠡ ᠶᠢ ᠬᠠᠤᠯᠢ ᠶᠤᠰᠤᠭᠠᠷ ᠳᠦᠷᠢᠮᠵᠢᠭᠦᠯᠦᠨ ᠶᠠᠪᠤᠭᠳᠠᠭᠤᠯᠬᠤ ᠶᠢ ᠪᠠᠲᠤᠯᠠᠨ᠎ᠠ᠃ | — — ᠴᠢᠳᠠᠪᠬᠢᠲᠦ ᠵᠠᠰᠠᠭ ᠢ ᠪᠦᠬᠦ ᠲᠠᠯ᠎ᠠ ᠪᠠᠷ ᠪᠠᠶᠢᠭᠤᠯᠤᠨ᠎ᠠ᠃ ︽ᠬᠤᠶᠠᠷ ᠢ ᠰᠤᠷᠤᠯᠴᠠᠵᠤ ᠬᠢᠷᠢ | ᠲᠡᠩᠴᠡᠭᠰᠡᠨ ᠨᠠᠮ ᠤᠨ ᠬᠡᠰᠢᠬᠦᠨ ᠪᠤᠯᠬᠤ︾ ᠰᠤᠷᠤᠯᠴᠠᠯᠭ᠎ᠠ ᠬᠦᠮᠦᠵᠢᠯ ᠤᠨ ᠪᠠᠶᠢᠩᠭᠤᠵᠢᠯᠲᠠ ᠳᠦᠷᠢᠮᠵᠢᠯᠲᠡ ᠶᠢ | ᠬᠦᠨᠵᠡᠭᠡᠢ ᠠᠬᠢᠭᠤᠯᠵᠤ᠂ ︽ᠤᠭ ᠰᠠᠨᠠᠭ᠎ᠠ ᠪᠠᠨ ᠮᠠᠷᠲᠠᠬᠤ ᠦᠭᠡᠢ᠂ ᠡᠭᠦᠷᠭᠡ ᠬᠠᠷᠢᠭᠤᠴᠠᠯᠭ᠎ᠠ ᠪᠠᠨ ᠪᠠᠲᠤ | ᠴᠡᠭᠡᠵᠢᠯᠡᠬᠦ︾ ᠭᠤᠤᠯ ᠰᠡᠳᠦᠪᠲᠦ ᠬᠦᠮᠦᠵᠢᠯ ᠢ ᠯᠠᠪᠳᠠᠭᠤᠨ ᠦᠷᠨᠢᠭᠦᠯᠵᠦ᠂ ᠤᠶᠤᠨ ᠰᠠᠨᠠᠭᠠᠨ ᠳᠤ ᠲᠡᠵᠢᠭᠡᠯ | ᠨᠦᠬᠦᠪᠦᠷᠢᠯᠡᠨ᠂ ᠦᠵᠡᠯ ᠰᠠᠨᠠᠭ᠎ᠠ ᠶᠢ ᠴᠡᠭᠴᠡᠯᠡᠨ ᠪᠠᠲᠤᠳᠬᠠᠵᠤ᠂ ᠰᠢᠳᠤᠷᠭᠤ ᠴᠢᠬᠡᠴᠢ ᠬᠠᠷᠢᠭᠤᠴᠠᠯᠭ᠎ᠠ ᠲᠠᠢ ᠤᠪᠤᠷ | ᠢᠶᠠᠷ ᠵᠠᠰᠠᠭ ᠤᠨ ᠠᠵᠢᠯ ᠭᠦᠢᠴᠡᠳᠭᠡᠬᠦ ᠴᠢᠳᠠᠪᠦᠷᠢ ᠪᠠᠨ ᠳᠡᠭᠡᠭᠰᠢᠯᠡᠭᠦᠯᠦᠨ᠎ᠡ᠃ ᠵᠠᠰᠠᠭ ᠢ ᠴᠤᠮᠬᠠᠳᠬᠠᠨ ᠡᠷᠭᠡ ᠶᠢ | ᠲᠠᠯᠪᠢᠬᠤ ᠪᠠᠨ ᠶᠡᠭᠡᠪᠡᠷ ᠠᠬᠢᠭᠤᠯᠤᠨ᠂ ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠤᠶᠢᠯᠡᠴᠢᠯᠡᠬᠡᠨ ᠤ | ᠬᠤᠯᠪᠤᠭ᠎ᠠ ᠶᠢ ᠲᠦᠭᠡᠮᠡᠯᠵᠢᠭᠦᠯᠦᠨ᠂ ᠦᠢᠯᠡᠴᠢᠯᠡᠭᠡᠨ ᠤ ᠠᠰᠢᠭ ᠨᠤᠷᠮ᠎ᠠ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ | ᠠᠵᠢᠯ ᠭᠦᠢᠴᠡᠳᠭᠡᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ ᠵᠠᠰᠠᠭ ᠤᠨ ᠬᠠᠷᠠᠯᠲᠠᠲᠤ ᠬᠠᠮᠢᠶᠠᠷᠤᠯᠲᠠ | ᠶᠢ ᠬᠡᠷᠡᠭᠵᠢᠬᠦᠯᠵᠤ᠂ ᠰᠠᠯᠠᠭ᠎ᠠ ᠮᠦᠴᠢᠷ ᠤᠨ ᠬᠤᠭᠤᠷᠤᠨᠳᠤ ᠰᠣᠷᠠᠭ ᠵᠠᠩᠭᠢ ᠬᠠᠮᠲᠤᠪᠡᠷ ᠡᠳ᠋ᠯᠡᠬᠦ ᠪᠠ ᠬᠠᠮᠵᠢᠯᠴᠠᠬᠤ | ᠲᠤᠭᠲᠠᠴᠠ ᠶᠢ ᠪᠠᠶᠢᠭᠤᠯᠤᠨ᠎ᠠ᠃ ᠵᠠᠰᠠᠭ ᠵᠠᠬᠢᠷᠭᠠᠨ ᠤ ᠬᠠᠷᠢᠭᠤᠴᠠᠯᠭ᠎ᠠ ᠨᠡᠬᠡᠮᠵᠢᠯᠡᠬᠦ ᠪᠤᠯᠤᠨ ᠴᠢᠳᠠᠪᠬᠢ ᠶᠢᠨ ᠬᠢᠨᠠᠯᠲᠠ | ᠶᠢ ᠴᠢᠩᠭᠠᠳᠬᠠᠨ᠂ ᠠᠵᠢᠯ ᠬᠦᠢᠴᠡᠳᠬᠡᠬᠦ ᠦᠭᠡᠢ᠂ ᠬᠤᠶᠢᠷᠭᠤᠰᠢᠨ ᠤᠳᠠᠭᠠᠰᠢᠷᠠᠬᠤ ᠪᠤᠯᠤᠨ ᠳᠤᠷ᠎ᠠ ᠲᠠᠪᠠ ᠪᠠᠷ | ᠠᠭᠠᠰᠢᠯᠠᠬᠤ ᠵᠡᠷᠭᠡ ᠠᠰᠠᠭᠤᠳᠠᠯ ᠢ ᠴᠢᠩᠭ᠎ᠠ ᠵᠠᠰᠠᠨ ᠴᠡᠭᠴᠡᠯᠡᠨ᠎ᠡ᠃ ᠬᠤᠷᠠᠯ ᠪᠤᠯᠤᠨ ᠪᠢᠴᠢᠭ ᠮᠠᠲ᠋ᠧᠷᠢᠶᠠᠯ ᠢ ᠤᠯᠠᠮ | ᠨᠢᠭᠡ ᠠᠯᠬᠤᠮ ᠨᠠᠷᠢᠯᠢᠭᠵᠢᠭᠤᠯᠤᠨ ᠴᠤᠮᠬᠠᠳᠬᠠᠵᠤ᠂ ᠪᠦᠲᠦᠮᠵᠢᠲᠡᠢ ᠠᠵᠢᠯ ᠢ ᠪᠡᠶᠡᠯᠡᠭᠦᠯᠦᠨ᠂ ᠪᠤᠳᠠᠲᠠᠢ ᠬᠤᠷᠠᠯ ᠢ | ᠬᠤᠷᠠᠯᠳᠤᠭᠤᠯᠵᠤ᠂ ᠬᠡᠷᠡᠭᠴᠡᠭᠡᠲᠡᠢ ᠮᠠᠲ᠋ᠧᠷᠢᠶᠠᠯ ᠢ ᠲᠠᠷᠬᠠᠭᠠᠨ᠎ᠠ᠃ ᠬᠢᠨᠠᠨ ᠪᠠᠶᠢᠴᠠᠭᠠᠯᠲᠠ ᠶᠢᠨ ᠬᠦᠴᠦᠯᠡᠴᠡ ᠪᠠᠨ | ᠴᠢᠩᠭᠠᠳᠬᠠᠵᠤ᠂ ᠬᠠᠷᠠᠯᠲᠠ ᠡᠭᠦᠷᠭᠡ ᠶᠢ ᠰᠦᠷᠬᠡᠦ ᠬᠢᠨᠠᠨ ᠰᠢᠯᠭᠠᠬᠤ ᠳᠦᠷᠢᠮ ᠢ ᠴᠢᠩᠭ᠎ᠠ ᠬᠡᠷᠡᠭᠵᠢᠭᠦᠯᠦᠨ᠂ ᠡᠯ᠎ᠡ | ᠲᠦᠷᠦᠯ ᠤᠨ ᠠᠵᠢᠯ ᠤᠨ ᠴᠢᠨᠠᠷ᠂ ᠬᠤᠷᠳᠤᠴᠠ᠂ ᠪᠦᠲᠦᠮᠵᠢ ᠶᠢ ᠲᠦᠯᠬᠢᠨ ᠠᠬᠢᠭᠤᠯᠤᠨ᠎ᠠ᠃ | — — ᠬᠠᠷᠢᠭᠤᠴᠠᠯᠭᠠᠲᠤ ᠵᠠᠰᠠᠭ ᠢ ᠪᠦᠬᠦ ᠲᠠᠯ᠎ᠠ ᠪᠠᠷ ᠪᠠᠶᠢᠭᠤᠯᠤᠨ᠎ᠠ᠃ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭᠲᠦ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠤᠭᠤᠳᠤᠭᠤᠯᠬᠤ ᠪᠠᠨ ᠪᠠᠷᠢᠮᠲᠠᠯᠠᠵᠤ᠂ ᠠᠷᠠᠳ ᠲᠦᠮᠡᠨ ᠤ ᠡᠳᠦᠷ ᠢᠷᠡᠭᠦᠶ᠎ᠡ ᠨᠡᠮᠡᠭᠳᠡᠵᠦ ᠪᠠᠶᠢᠭ᠎ᠠ ᠭᠤᠶᠤ ᠰᠠᠶᠢᠬᠠᠨ | ᠠᠮᠢᠳᠤᠷᠠᠯ ᠤᠨ ᠱᠠᠭᠠᠷᠳᠠᠯᠭ᠎ᠠ ᠪᠤᠯᠤᠨ ᠲᠡᠩᠴᠡᠭᠦᠷᠢ ᠦᠭᠡᠢ ᠪᠦᠷᠢᠨ ᠪᠤᠰᠤ ᠬᠦᠭᠵᠢᠯᠲᠠ ᠶᠢᠨ ᠬᠤᠭᠤᠷᠤᠨᠳᠤ | ᠤᠷᠤᠰᠢᠵᠤ ᠪᠠᠶᠢᠭ᠎ᠠ ᠨᠡᠶᠢᠭᠡᠮ ᠤᠨ ᠭᠤᠤᠯ ᠵᠦᠷᠢᠴᠡᠯ ᠤᠨ ᠲᠤᠭᠤᠷᠢᠨ ᠳᠤ ᠠᠵᠢᠯ ᠢᠶᠠᠨ ᠦᠷᠨᠢᠭᠦᠯᠵᠦ᠂ ᠨᠠᠮ ᠤᠨ | ᠠᠷᠪᠠᠨ ᠶᠢᠰᠦᠳᠦᠭᠡᠷ ᠶᠡᠭᠡ ᠬᠤᠷᠠᠯ ᠠᠴᠠ ᠲᠤᠭᠲᠠᠭᠠᠭᠰᠠᠨ ᠠᠭᠤᠤ ᠶᠡᠭᠡ ᠵᠢᠷᠤᠭ ᠲᠦᠯᠦᠪᠯᠡᠭᠡ ᠶᠢ ᠡᠵᠡᠨ᠎ᠡ | ᠬᠤᠰᠢᠭᠤᠨ ᠳᠤ ᠠᠮᠢᠳᠤᠯᠢᠭ ᠢᠶᠠᠷ ᠪᠤᠳᠠᠲᠠᠶᠢᠵᠢᠭᠤᠯᠤᠨ᠎ᠠ᠃ ᠰᠤᠷᠲᠠᠯ ᠴᠡᠭᠴᠡᠯᠡᠬᠦ ᠠᠵᠢᠯᠯᠠᠭ᠎ᠠ ᠪᠤᠯᠤᠨ ᠲᠤᠰᠬᠠᠢ | ᠲᠦᠷᠦᠯ ᠤᠨ ᠴᠡᠭᠴᠡᠯᠡᠯᠲᠡ ᠶᠢ ᠭᠦᠨᠵᠡᠭᠡᠶᠢᠷᠡᠭᠦᠯᠦᠨ ᠦᠷᠨᠢᠭᠦᠯᠵᠦ᠂ ᠠᠷᠠᠳ ᠲᠦᠮᠡᠨ ᠤ ᠠᠰᠢᠭ ᠲᠤᠰᠠ ᠶᠢ | ᠬᠤᠬᠢᠷᠠᠭᠤᠯᠤᠭᠰᠠᠨ ᠲᠦᠪ ᠪᠤᠰᠤ ᠰᠤᠷᠲᠠᠯ ᠪᠤᠯᠤᠨ ᠳᠤᠪᠤᠶᠢᠮ᠎ᠠ ᠠᠰᠠᠭᠤᠳᠠᠯ ᠳᠤ ᠴᠤᠬᠢᠯᠲᠠ ᠦᠭᠬᠦ ᠪᠠᠨ | ᠪᠠᠷᠢᠮᠲᠠᠯᠠᠨ᠎ᠠ᠃ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠪᠠᠶᠢᠭᠤᠯᠤᠯᠲᠠ ᠶᠢ ᠬᠦᠴᠦᠯᠡᠨ ᠠᠬᠢᠭᠤᠯᠵᠤ᠂ ᠵᠠᠰᠠᠭ | ᠤᠨ ᠠᠮᠠᠯᠠᠯᠲᠠ ᠶᠢ ᠬᠢᠨᠠᠮᠠᠭᠠᠢ ᠪᠡᠶᠡᠯᠡᠭᠦᠯᠦᠨ᠎ᠡ᠃ ︽ᠭᠤᠷᠪᠠᠨ ᠴᠢᠬᠤᠯᠠ ᠨᠢᠭᠡ ᠲᠤᠮᠤ︾ ᠳᠦᠷᠢᠮ ᠢ ᠴᠢᠩᠭ᠎ᠠ | ᠬᠡᠷᠡᠭᠵᠢᠭᠦᠯᠵᠦ᠂ ︽ᠭᠤᠷᠪᠠᠨ ᠠᠯᠪᠠᠨ ᠤ ᠵᠠᠷᠤᠳᠠᠯ︾ ᠢ ᠴᠢᠩᠭ᠎ᠠ ᠬᠢᠵᠠᠭᠠᠷᠯᠠᠨ᠂ ᠠᠷᠠᠳ ᠤᠨ ᠠᠮᠢᠳᠤᠷᠠᠯ ᠢ | ᠰᠠᠶᠢᠵᠢᠷᠠᠭᠤᠯᠬᠤ ᠪᠠ ᠬᠦᠴᠢᠷᠳᠡᠯᠲᠡᠢ ᠠᠷᠠᠳ ᠢ ᠲᠤᠰᠠᠯᠠᠬᠤ ᠳᠤ ᠤᠯᠠᠮ ᠶᠡᠭᠡ ᠡᠳ᠋ ᠤᠨ ᠬᠦᠴᠦ ᠶᠢ ᠲᠦᠪᠯᠡᠷᠡᠭᠦᠯᠦᠨ | ᠬᠡᠷᠡᠭᠯᠡᠨ᠎ᠡ᠃ | — — ᠠᠷᠢᠭᠤᠨ ᠴᠢᠭᠡᠴᠢ ᠵᠠᠰᠠᠭ ᠢ ᠪᠦᠬᠦ ᠬᠦᠴᠦ ᠪᠠᠷ ᠪᠠᠶᠢᠭᠤᠯᠤᠨ᠎ᠠ᠃ ᠬᠢᠨᠠᠨ ᠪᠠᠶᠢᠴᠠᠭᠠᠯᠲᠠ | ᠶᠢᠨ ᠲᠤᠭᠲᠠᠴᠠ ᠶᠢᠨ ᠦᠭᠡᠷᠡᠴᠢᠯᠡᠯᠲᠡ ᠪᠠᠷ ᠲᠤᠬᠢᠶᠠᠯ ᠪᠤᠯᠭᠠᠨ᠂ ︽ᠵᠠᠷᠴᠢᠮ︾ ᠪᠤᠯᠤᠨ ︽ ᠳᠦᠷᠢᠮ︾ ᠢ | ᠤᠬᠠᠮᠰᠠᠷ ᠠᠴᠠ ᠪᠠᠨ ᠬᠡᠷᠡᠭᠵᠢᠭᠦᠯᠵᠦ᠂ ᠰᠠᠬᠢᠯᠭ᠎ᠠ ᠵᠢᠷᠤᠮ ᠪᠤᠯᠤᠨ ᠳᠦᠷᠢᠮ ᠲᠤᠭᠲᠠᠭᠠᠯ ᠢ ᠲᠤᠵᠢ ᠳᠠᠭᠠᠨ | ᠪᠠᠷᠢᠮᠲᠠᠯᠠᠨ᠎ᠠ᠃ ᠨᠠᠮ ᠤᠨ ᠰᠤᠷᠲᠠᠯ ᠴᠢᠭᠡᠴᠢ ᠵᠠᠰᠠᠭ ᠤᠨ ᠪᠦᠲᠦᠭᠡᠨ ᠪᠠᠶᠢᠭᠤᠯᠤᠯᠲᠠ ᠶᠢᠨ ᠭᠤᠤᠯ ᠴᠤᠭᠴᠠ ᠶᠢᠨ | ᠬᠠᠷᠢᠭᠤᠴᠠᠯᠭ᠎ᠠ ᠪᠠ ︽ᠨᠢᠭᠡ ᠲᠤᠰᠢᠶᠠᠯ ᠬᠤᠤᠰ ᠬᠠᠷᠢᠭᠤᠴᠠᠯᠭ᠎ᠠ︾ ᠶᠢ ᠴᠢᠩᠭ᠎ᠠ ᠨᠠᠶᠢᠳᠠᠪᠤᠷᠢᠵᠢᠭᠤᠯᠵᠤ᠂ ᠠᠮᠢ | ᠠᠬᠤᠢ ᠶᠢᠨ ᠬᠠᠮᠠᠭᠠᠯᠠᠯᠲᠠ᠂ ᠡᠬᠢ ᠪᠠᠶᠠᠯᠢᠭ ᠤᠨ ᠲᠤᠬᠢᠷᠠᠭᠤᠯᠤᠯᠲᠠ᠂ ᠭᠠᠵᠠᠷ ᠰᠢᠷᠦᠢ ᠶᠢᠨ ᠰᠢᠯᠵᠢᠭᠦᠯᠦᠯᠲᠡ᠂ | ᠢᠨᠵᠧᠨᠧᠷᠢᠩ ᠤᠨ ᠪᠠᠶᠢᠭᠤᠯᠤᠯᠲᠠ᠂ ᠶᠠᠳᠠᠭᠤ ᠶᠢ ᠳᠡᠳᠬᠦᠬᠦ᠂ ᠠᠷᠠᠳ ᠤᠨ ᠠᠮᠢᠳᠤᠷᠠᠯ ᠵᠡᠷᠭᠡ ᠭᠤᠤᠯᠳᠠᠯᠭᠠᠲᠠᠢ ᠴᠠᠷ᠎ᠠ | ᠬᠦᠷᠢᠶᠡᠨ ᠤ ᠬᠢᠨᠠᠯᠲᠠ ᠬᠠᠮᠢᠶᠠᠷᠤᠯᠲᠠ ᠶᠢ ᠦᠨᠡᠨᠬᠦ ᠴᠢᠩᠭᠠᠳᠬᠠᠵᠤ᠂ ᠡᠯ᠎ᠡ ᠲᠦᠷᠦᠯ ᠤᠨ ᠬᠠᠤᠯᠢ ᠳᠦᠷᠢᠮ | ᠵᠦᠷᠢᠴᠡᠭᠰᠡᠨ ᠬᠡᠷᠡᠭ ᠲᠤ ᠦᠴᠦᠬᠡᠨ ᠴᠦ ᠢᠯᠳᠡᠷ ᠬᠠᠶᠠᠬᠤ ᠦᠭᠡᠢ ᠪᠠᠶᠢᠵᠤ᠂ ᠴᠢᠩᠭ᠎ᠠ ᠰᠢᠳᠬᠡᠨ ᠵᠠᠰᠠᠨ᠎ᠠ᠃ ᠬᠢᠨᠠᠨ | ᠪᠤᠳᠤᠬᠤ ᠬᠦᠴᠦᠯᠡᠴᠡ ᠪᠠᠨ ᠶᠡᠭᠡᠰᠬᠡᠵᠦ᠂ ᠨᠠᠶᠢᠲᠡ ᠶᠢᠨ ᠪᠡᠯᠡ ᠮᠦᠩᠭᠦ᠂ ᠤᠯᠤᠰ ᠤᠨ ᠦᠮᠴᠢᠯᠡᠯᠲᠦ ᠡᠳ᠋ | ᠬᠦᠷᠦᠩᠭᠡ᠂ ᠡᠬᠢ ᠪᠠᠶᠠᠯᠢᠭ ᠪᠤᠯᠤᠨ ᠤᠳᠤᠷᠢᠳᠤᠯᠭ᠎ᠠ ᠺᠠᠳ᠋ᠷ ᠤᠨ ᠠᠵᠤ ᠠᠬᠤᠢ ᠶᠢᠨ ᠬᠠᠷᠢᠭᠤᠴᠠᠯᠭ᠎ᠠ ᠭᠦᠢᠴᠡᠳᠭᠡᠬᠦ | ᠪᠠᠶᠢᠳᠠᠯ ᠳᠤ ᠪᠦᠬᠦ ᠲᠠᠯ᠎ᠠ ᠪᠠᠷ ᠬᠢᠨᠠᠨ ᠪᠤᠳᠤᠯᠲᠠ ᠶᠠᠪᠤᠭᠤᠯᠤᠨ᠎ᠠ᠃ ᠳᠦᠷᠢᠮ ᠲᠤᠭᠲᠠᠭᠠᠯ ᠢᠶᠠᠷ ᠡᠷᠬᠡ᠂ ᠬᠡᠷᠡᠭ | ᠶᠠᠪᠤᠳᠠᠯ ᠪᠤᠯᠤᠨ ᠬᠦᠮᠦᠨ ᠬᠠᠮᠢᠶᠠᠷᠬᠤ ᠶᠢ ᠪᠠᠷᠢᠮᠲᠠᠯᠠᠵᠤ᠂ ᠬᠡᠪ ᠰᠤᠷᠲᠠᠯ ᠤᠨ ᠪᠦᠲᠦᠭᠡᠨ ᠪᠠᠶᠢᠭᠤᠯᠤᠯᠲᠠ ᠶᠢ | ᠰᠠᠶᠢᠳᠤᠷ ᠠᠳᠬᠤᠨ᠂ ᠺᠠᠳ᠋ᠷ ᠲᠦᠪ ᠴᠢᠭᠡᠴᠢ᠂ ᠵᠠᠰᠠᠭ ᠠᠷᠢᠭᠤᠨ ᠴᠢᠭᠡᠴᠢ᠂ ᠤᠯᠤᠰ ᠲᠦᠷᠦ ᠭᠡᠭᠡᠨ ᠰᠠᠷᠠᠭᠤᠯ | ᠪᠠᠶᠢᠬᠤ ᠶᠢ ᠦᠨᠡᠨᠬᠦ ᠪᠡᠶᠡᠯᠡᠭᠦᠯᠦᠨ᠎ᠡ᠃ | ᠲᠦᠯᠦᠬᠡᠯᠡᠭᠴᠢᠳ ᠡ᠂ ᠰᠢᠨ᠎ᠡ ᠵᠢᠷᠤᠭ ᠲᠦᠯᠦᠪᠯᠡᠭᠡ ᠨᠢ ᠰᠢᠨ᠎ᠡ ᠬᠦᠰᠡᠯ ᠪᠤᠳᠤᠯ ᠢ ᠠᠴᠢᠶᠠᠯᠠᠵᠤ᠂ | ᠰᠢᠨ᠎ᠡ ᠴᠠᠭ ᠦᠶ᠎ᠡ ᠠᠴᠠ ᠰᠢᠨ᠎ᠡ ᠡᠭᠦᠷᠭᠡ ᠬᠠᠷᠢᠭᠤᠴᠠᠯᠭ᠎ᠠ ᠶᠢ ᠤᠯᠭᠤᠪᠠ᠃ ᠪᠢᠳᠡ ᠪᠦᠭᠦᠳᠡᠭᠡᠷ ᠠᠶᠢᠮᠠᠭ ᠤᠨ ᠨᠠᠮ | ᠤᠨ ᠬᠤᠷᠢᠶ᠎ᠠ᠂ ᠵᠠᠬᠢᠷᠭ᠎ᠠ ᠪᠤᠯᠤᠨ ᠬᠤᠰᠢᠭᠤ ᠨᠠᠮ ᠤᠨ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠲᠤᠤᠷ᠎ᠠ᠂ | ᠤᠭ ᠰᠠᠨᠠᠭ᠎ᠠ ᠪᠠᠨ ᠮᠠᠷᠲᠠᠬᠤ ᠦᠭᠡᠢ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠨ᠂ ᠦᠨᠡᠨ ᠠᠳᠬᠤᠵᠤ | ᠪᠤᠳᠠᠲᠠᠢ ᠠᠵᠢᠯᠯᠠᠨ᠂ ᠪᠡᠷᠬᠡ ᠶᠢ ᠲᠤᠭᠤᠯᠤᠨ ᠡᠷᠡᠮᠡᠭᠡᠶᠢᠯᠡᠨ ᠤᠷᠤᠭᠰᠢᠯᠠᠵᠤ᠂ ᠪᠦᠬᠦ ᠲᠠᠯ᠎ᠠ ᠪᠠᠷ ᠴᠢᠨᠡᠭᠡᠯᠢᠭ ᠨᠡᠶᠢᠭᠡᠮ | ᠢ ᠪᠠᠶᠢᠭᠤᠯᠬᠤ ᠬᠠᠷᠠᠯᠲᠠ ᠶᠢ ᠪᠡᠶᠡᠯᠡᠭᠦᠯᠵᠦ᠂ ᠡᠵᠡᠨ᠎ᠡ ᠬᠤᠰᠢᠭᠤ ᠪᠠᠨ ᠤᠯᠠᠮ ᠦᠵᠡᠰᠬᠦᠯᠡᠩᠲᠦ ᠰᠠᠶᠢᠬᠠᠨ᠂ ᠪᠠᠶᠠᠨ | ᠴᠢᠨᠡᠭᠡᠯᠢᠭ᠂ ᠴᠢᠯᠦᠭᠡᠲᠤ ᠨᠡᠭᠡᠭᠡᠯᠲᠡᠲᠡᠢ᠂ ᠡᠶ᠎ᠡ ᠨᠠᠶᠢᠷᠠᠮᠳᠠᠭᠤ ᠪᠤᠯᠭᠠᠨ ᠴᠤᠭᠴᠠᠯᠠᠬᠤ ᠪᠠᠷ ᠴᠢᠷᠮᠠᠶᠢᠨ ᠲᠡᠮᠡᠴᠡᠵᠡᠭᠡᠶ᠎ᠡ ︕ | | | ᠨᠡᠷ᠎ᠡ ᠦᠭᠡᠰ ᠤᠨ ᠲᠠᠶᠢᠯᠪᠤᠷᠢ | ᠨᠢᠭᠡ᠂ ︽ᠭᠤᠤᠯ ᠤᠨ ᠳᠠᠷᠤᠭ᠎ᠠ ᠶᠢᠨ ᠳᠦᠷᠢᠮ︾᠄ ᠡᠯ᠎ᠡ ᠱᠠᠲᠤᠨ ᠤ ᠨᠠᠮ ᠵᠠᠰᠠᠭ ᠤᠨ ᠭᠤᠤᠯ | ᠬᠠᠷᠢᠭᠤᠴᠠᠯᠭᠠᠲᠠᠨ ᠠᠴᠠ ︽ᠭᠤᠤᠯ ᠤᠨ ᠳᠠᠷᠤᠭ᠎ᠠ︾ ᠤᠨ ᠲᠤᠰᠢᠶᠠᠯ ᠢ ᠡᠭᠦᠷᠭᠡᠯᠡᠵᠦ᠂ ᠬᠠᠷᠢᠶᠠᠲᠤ ᠤᠷᠤᠨ ᠤ ᠪᠠᠨ | ᠭᠤᠤᠯ ᠤᠷᠤᠰᠬᠠᠯ ᠤᠨ ᠪᠤᠭᠢᠷᠳᠦᠯ ᠢ ᠬᠠᠷᠢᠭᠤᠴᠠᠨ ᠵᠠᠰᠠᠨ᠎ᠠ᠃ | ᠬᠤᠶᠠᠷ᠂ ︽ᠭᠤᠷᠪᠠ ᠶᠢ ᠪᠠᠭᠠᠰᠬᠠᠵᠤ ᠨᠢᠭᠡ ᠶᠢ ᠪᠠᠭᠤᠷᠠᠭᠤᠯᠤᠨ ᠨᠢᠭᠡ ᠶᠢ ᠨᠦᠬᠦᠪᠦᠷᠢᠯᠡᠬᠦ︾᠄ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢ ᠦᠨᠳᠦᠰᠦᠯᠡᠵᠦ ᠳᠤᠷᠠᠳᠤᠨ | ᠭᠠᠷᠭᠠᠭᠰᠠᠨ ᠲᠠᠪᠤᠨ ᠭᠤᠤᠯ ᠡᠭᠦᠷᠭᠡ ᠪᠤᠯᠤᠨ᠎ᠠ᠃ ᠳᠠᠷᠤᠢ ᠦᠯᠡᠭᠦᠳᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ | ᠢᠳᠡᠪᠬᠢᠲᠡᠢ ᠲᠤᠭᠲᠠᠭᠤᠨ ᠢᠶᠠᠷ ᠪᠠᠭᠠᠰᠬᠠᠬᠤ᠂ ᠬᠤᠲᠠ ᠶᠢᠨ ᠬᠢᠨᠢ ᠪᠠᠶᠢᠳᠠᠯ ᠳᠤ ᠲᠤᠭᠢᠷᠠᠭᠤᠯᠤᠨ ᠠᠷᠭ᠎ᠠ ᠪᠤᠳᠤᠯᠭ᠎ᠠ | ᠬᠡᠷᠡᠭᠵᠢᠭᠦᠯᠵᠦ ᠬᠦᠮᠦᠷᠭᠡᠯᠡᠯᠲᠡ ᠶᠢ ᠪᠠᠭᠠᠰᠬᠠᠬᠤ᠂ ᠠᠶᠤᠯ ᠲᠦᠭᠰᠢᠭᠦᠷᠢ ᠶᠢ ᠰᠡᠷᠭᠡᠶᠢᠯᠡᠨ ᠭᠦᠰᠢᠭᠦᠷᠭᠡ ᠶᠢ | ᠪᠠᠭᠠᠰᠬᠠᠬᠤ᠂ ᠣᠯᠠᠨ ᠵᠦᠢᠯ ᠤᠨ ᠠᠷᠭ᠎ᠠ ᠪᠠᠷ ᠦᠪᠡᠷ ᠤᠨ ᠦᠷᠲᠡᠭ ᠢ ᠪᠠᠭᠤᠷᠠᠭᠤᠯᠬᠤ᠂ ᠳᠤᠲᠠᠭᠤᠳᠠᠯ ᠢᠶᠠᠨ | ᠨᠦᠬᠦᠪᠦᠷᠢᠯᠡᠬᠦ ᠵᠡᠷᠭᠡ ᠳᠠᠪᠤᠨ ᠶᠡᠭᠡ ᠡᠭᠦᠷᠭᠡ ᠶᠢ ᠵᠢᠭᠠᠵᠤ ᠪᠤᠢ᠃ | ᠭᠤᠷᠪᠠ᠂ ︽ᠨᠢᠭᠡ ᠬᠠᠤᠯᠢ ᠬᠤᠶᠠᠷ ᠬᠦᠲᠦᠯᠪᠦᠷᠢ︾᠄ ︽ᠪᠦᠭᠦᠳᠠ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠡᠬᠡ ᠨᠢᠯᠬᠠᠰ ᠤᠨ ᠡᠷᠡᠭᠦᠯᠵᠢᠯ ᠤᠨ ᠬᠠᠤᠯᠢ︾᠂ ︽ᠳᠤᠮᠳᠠᠳᠤ ᠤᠯᠤᠰ ᠤᠨ ᠡᠮᠡᠭᠲᠡᠶᠢᠴᠦᠳ ᠤᠨ | ᠬᠦᠭᠵᠢᠯᠲᠡ ᠶᠢᠨ ᠬᠦᠲᠦᠯᠪᠦᠷᠢ︾᠂ ︽ᠳᠤᠮᠳᠠᠳᠤ ᠤᠯᠤᠰ ᠤᠨ ᠬᠡᠦᠭᠡᠳ ᠤᠨ ᠬᠦᠭᠵᠢᠯᠲᠡ ᠶᠢᠨ ᠬᠦᠲᠦᠯᠪᠦᠷᠢ︾ | ᠮᠦᠨ᠃ | ᠳᠦᠷᠪᠡ᠂ ︽ᠭᠤᠷᠪᠠᠨ ᠡᠷᠭᠡ ᠶᠢ ᠰᠠᠯᠭᠠᠬᠤ︾᠄ ᠬᠦᠳᠡᠭᠡ ᠲᠤᠰᠬᠤᠨ ᠤ ᠭᠠᠵᠠᠷ ᠰᠢᠷᠦᠢ ᠨᠢ ᠨᠡᠶᠢᠲᠡ | ᠶᠢᠨ ᠦᠮᠴᠢᠯᠡᠯ ᠢ ᠪᠠᠷᠢᠮᠲᠠᠯᠠᠬᠤ ᠤᠷᠢᠳᠠᠯ ᠳᠤᠤᠷ᠎ᠠ᠂ ᠳᠠᠭᠠᠭᠠᠴᠢᠯᠠᠯᠲᠠ ᠶᠢᠨ ᠡᠷᠭᠡ ᠪᠤᠯᠤᠨ ᠡᠵᠡᠩᠨᠡᠯᠲᠡ ᠶᠢᠨ ᠡᠷᠭᠡ | ᠶᠢ ᠰᠠᠯᠭᠠᠨ᠂ ᠦᠮᠴᠢᠯᠡᠯ ᠤᠨ ᠡᠷᠬᠡ᠂ ᠳᠠᠭᠠᠭᠠᠴᠢᠯᠠᠯᠲᠠ ᠶᠢᠨ ᠡᠷᠬᠡ᠂ ᠡᠵᠡᠩᠨᠡᠯᠲᠡ ᠶᠢᠨ ᠡᠷᠬᠡ ᠶᠢ ᠬᠤᠪᠢᠶᠠᠷᠢᠯᠠᠬᠤ | ᠪᠠ ᠡᠵᠡᠩᠨᠡᠯᠲᠡ ᠶᠢᠨ ᠡᠷᠬᠡ ᠶᠢ ᠰᠢᠯᠵᠢᠭᠦᠯᠬᠦ ᠲᠤᠭᠲᠠᠴᠠ ᠶᠢ ᠪᠦᠷᠢᠯᠳᠦᠭᠦᠯᠦᠨ᠎ᠡ᠃ | ᠲᠠᠪᠤ᠂ ︽ᠨᠢᠭᠡ ᠦᠨᠡᠮᠯᠡᠯ ᠨᠢᠭᠡ ᠨᠤᠮᠧᠷ︾᠄ ︽ᠨᠢᠭᠡ ᠦᠨᠡᠮᠯᠡᠯ︾ ᠨᠢ ᠳᠠᠷᠤᠢ ᠡᠵᠡᠩᠨᠡᠯᠲᠡ ᠶᠢᠨ | ᠦᠨᠡᠮᠯᠡᠯ᠂ ︽ᠨᠢᠭᠡ ᠨᠤᠮᠧᠷ︾ ᠨᠢ ᠳᠠᠷᠤᠢ ᠨᠡᠶᠢᠭᠡᠮ ᠤᠨ ᠢᠲᠡᠭᠡᠮᠵᠢᠲᠦ ᠨᠢᠭᠡᠳᠦᠮᠡᠯ ᠺᠤᠳ᠋ ᠮᠦᠨ ᠪᠠᠶᠢᠵᠤ᠂ | ᠠᠷᠠᠯᠵᠢᠶᠠᠨ ᠤ ᠶᠠᠪᠤᠳᠠᠯ ᠤᠨ ᠪᠡᠶᠡᠴᠢ ᠴᠤᠭᠴᠠ ᠨᠢ ᠠᠵᠢᠯ ᠭᠦᠢᠴᠡᠳᠬᠡᠨ ᠪᠦᠷᠢᠳᠬᠡᠭᠦᠯᠬᠦ ᠦᠶᠡᠰ ᠲᠤ ᠵᠦᠪᠬᠡᠨ | ᠨᠡᠶᠢᠭᠡᠮ ᠤᠨ ᠢᠲᠡᠭᠡᠮᠵᠢᠲᠦ ᠨᠢᠭᠡᠳᠦᠮᠡᠯ ᠺᠤᠳ᠋ ᠪᠠᠶᠢᠭ᠎ᠠ ᠡᠵᠡᠩᠨᠡᠯᠲᠡ ᠶᠢᠨ ᠦᠨᠡᠮᠯᠡᠯ ᠢ ᠲᠠᠷᠬᠠᠭᠠᠨ ᠦᠭᠭᠦᠨ᠎ᠡ᠃ | |