ᠨᠢᠭᠡ᠄ ᠬᠡᠷᠡᠭ ᠢ ᠬᠦᠯᠢᠶᠡᠨ ᠠᠪᠬᠤ ᠪᠠ ᠰᠢᠢᠳᠪᠦᠷᠢᠯᠡᠬᠦ ᠠᠵᠢᠯ ᠤᠨ ᠲᠤᠰᠢᠶᠠᠯ ᠬᠠᠷᠢᠭᠤᠴᠠᠯᠭ᠎ᠠ | ⒈ᠨᠢᠭᠡᠳᠦᠭᠡᠷ ᠰᠢᠭᠦᠯᠲᠡ ᠶᠢᠨ ᠢᠷᠭᠡᠨ ᠤ ᠬᠡᠷᠡᠭ᠂ ᠵᠠᠰᠠᠭ ᠵᠠᠬᠢᠷᠭᠠᠨ ᠤ ᠬᠡᠷᠡᠭ ᠵᠢᠴᠢ ᠡᠷᠡᠭᠦᠦ ᠶᠢᠨ | ᠦᠪᠡᠷ ᠢᠶᠠᠨ ᠵᠠᠭᠠᠯᠳᠤᠬᠤ ᠬᠡᠷᠡᠭ ᠤᠨ ᠵᠠᠭᠠᠯᠳᠤᠯᠭ᠎ᠠ ᠶᠢ ᠪᠠᠶᠢᠴᠠᠭᠠᠵᠤ᠂ ᠬᠡᠷᠡᠭ ᠢ ᠳᠠᠩᠰᠠᠯᠠᠬᠤ ᠪᠤᠶᠤ ᠦᠯᠦ | ᠬᠦᠯᠢᠶᠡᠨ ᠠᠪᠬᠤ ᠶᠢ ᠬᠢᠨᠨᠠ ᠲᠤᠭᠲᠠᠭᠠᠨ᠎ᠠ︔ ᠢᠷᠭᠡᠨ ᠤ ᠬᠡᠷᠡᠭ᠂ ᠵᠠᠰᠠᠭ ᠵᠠᠬᠢᠷᠭᠠᠨ ᠤ ᠬᠡᠷᠡᠭ ᠤᠨ ᠭᠦᠢᠴᠡᠳᠭᠡᠬᠦ | ᠭᠤᠶᠤᠴᠢᠯᠠᠯ ᠢ ᠪᠠᠶᠢᠴᠠᠭᠠᠨ᠂ ᠬᠡᠷᠡᠭ ᠢ ᠳᠠᠩᠰᠠᠯᠠᠬᠤ ᠡᠰᠡᠬᠦ ᠶᠢ ᠲᠤᠭᠲᠠᠭᠠᠨ᠎ᠠ︔ ᠡᠷᠡᠭᠦᠦ ᠶᠢᠨ ᠠᠯᠪᠠᠨ | ᠵᠠᠭᠠᠯᠳᠤᠯᠭ᠎ᠠ ᠶᠢᠨ ᠬᠡᠷᠡᠭ᠂ ᠭᠦᠢᠴᠡᠳᠭᠡᠬᠦ ᠬᠡᠷᠡᠭ ᠢ ᠳᠠᠩᠰᠠᠯᠠᠵᠤ ᠲᠡᠮᠲᠡᠭᠯᠡᠨ᠎ᠡ᠃ | ⒉ᠳᠡᠭᠡᠲᠦ ᠱᠠᠲᠤᠨ ᠤ ᠠᠷᠠᠳ ᠤᠨ ᠰᠢᠭᠦᠬᠦ ᠬᠤᠷᠢᠶᠠᠨ ᠤ ᠲᠤᠭᠲᠠᠭᠠᠭᠰᠠᠨ ᠬᠠᠷᠢᠶᠠᠯᠠᠯᠲᠠ ᠪᠤᠶᠤ ᠠᠳᠠᠯᠢ | ᠱᠠᠲᠤᠨ ᠤ ᠠᠷᠠᠳ ᠤᠨ ᠰᠢᠭᠦᠬᠦ ᠬᠤᠷᠢᠶᠠᠨ ᠤ ᠬᠠᠷᠢᠶᠠᠯᠠᠯᠲᠠ ᠰᠢᠯᠵᠢᠭᠦᠯᠦᠭᠰᠡᠨ ᠡᠯ᠎ᠡ ᠲᠦᠷᠦᠯ ᠤᠨ ᠬᠡᠷᠡᠭ ᠢ | ᠳᠠᠩᠰᠠᠯᠠᠬᠤ ᠠᠵᠢᠯ ᠢ ᠬᠠᠷᠢᠭᠤᠴᠠᠨ᠎ᠠ᠃ | ⒊ᠲᠤᠬᠠᠢ ᠶᠢᠨ ᠬᠦᠮᠦᠨ ᠤ ᠳᠠᠬᠢᠨ ᠰᠢᠭᠦᠬᠦ ᠪᠠᠷ ᠭᠤᠶᠤᠴᠢᠯᠠᠭᠰᠠᠨ ᠬᠡᠷᠡᠭ ᠲᠤ ᠬᠦᠯᠢᠶᠡᠨ ᠠᠪᠬᠤ ᠡᠰᠡᠬᠦ | ᠰᠢᠢᠳᠪᠦᠷᠢ ᠶᠢ ᠭᠠᠷᠭᠠᠨ᠎ᠠ᠃ | ⒋ᠲᠤᠰ ᠬᠤᠷᠢᠶᠠᠨ ᠤ ᠳᠠᠬᠢᠨ ᠰᠢᠭᠦᠬᠦ ᠪᠠᠷ ᠲᠤᠭᠲᠠᠭᠠᠭᠰᠠᠨ᠂ ᠳᠡᠭᠡᠲᠦ ᠱᠠᠲᠤᠨ ᠤ ᠰᠢᠭᠦᠬᠦ ᠬᠤᠷᠢᠶᠠᠨ | ᠤ ᠳᠠᠬᠢᠨ ᠰᠢᠭᠦᠯᠭᠡᠬᠦ ᠪᠠᠷ ᠵᠢᠭᠠᠪᠤᠷᠢᠯᠠᠭᠰᠠᠨ ᠪᠠ ᠠᠷᠠᠳ ᠤᠨ ᠪᠠᠶᠢᠴᠠᠭᠠᠬᠤ ᠬᠤᠷᠢᠶᠠᠨ ᠤ ᠰᠢᠭᠦᠨ ᠲᠠᠰᠤᠯᠤᠯᠲᠠ ᠳᠤ | ᠬᠢᠨᠠᠯᠲᠠ ᠲᠠᠯᠪᠢᠬᠤ ᠵᠢᠷᠤᠮ ᠢᠶᠠᠷ ᠡᠰᠡᠷᠭᠦᠴᠡᠭᠰᠡᠨ ᠵᠠᠭᠠᠯᠳᠤᠯᠭ᠎ᠠ ᠳᠤᠷᠠᠳᠤᠭᠰᠠᠨ ᠬᠡᠷᠡᠭ ᠲᠤ ᠳᠠᠬᠢᠨ ᠰᠢᠭᠦᠬᠦ ᠬᠢᠨᠠᠨ | ᠲᠤᠭᠲᠠᠭᠠᠯᠲᠠ ᠶᠢᠨ ᠪᠢᠴᠢᠭ ᠭᠠᠷᠭᠠᠬᠤ ᠶᠢ ᠬᠠᠷᠢᠭᠤᠴᠠᠨ᠎ᠠ᠃ | ⒌ᠬᠡᠷᠡᠭ ᠳᠠᠩᠰᠠᠯᠠᠬᠤ ᠳᠤ ᠡᠶᠡᠳᠡᠭᠦᠯᠬᠦ ᠪᠠ ᠲᠢᠩᠬᠢᠮ ᠤᠨ ᠡᠮᠦᠨ᠎ᠡ ᠡᠶᠡᠳᠡᠭᠦᠯᠬᠦ ︵ᠪᠠᠭ᠎ᠠ ᠲᠤᠭᠠᠨ ᠤ | ᠵᠠᠷᠭᠤ︶ ᠶᠢ ᠬᠠᠷᠢᠭᠤᠴᠠᠨ᠎ᠠ᠃ | ⒍ᠳᠡᠭᠡᠭᠰᠢ ᠵᠠᠭᠠᠯᠳᠤᠭᠰᠠᠨ ᠬᠡᠷᠡᠭ ᠢ ᠲᠡᠮᠲᠡᠭᠯᠡᠨ᠂ ᠨᠢᠭᠡᠳᠦᠭᠡᠷ ᠰᠢᠭᠦᠯᠲᠡ ᠶᠢᠨ ᠳᠡᠭᠡᠭᠰᠢ ᠵᠠᠭᠠᠯᠳᠤᠭᠰᠠᠨ | ᠬᠡᠷᠡᠭ ᠤᠨᠲ᠋ᠤᠭ᠎ᠠ ᠪᠠ ᠦᠷ᠎ᠡ ᠳ᠋ᠦᠩ ᠢ ᠳᠠᠩᠰᠠᠯᠠᠵᠤ᠂ ᠬᠤᠷᠢᠶᠠᠨ ᠳᠤ ᠪᠦᠷᠢᠳᠭᠡᠯ ᠤᠨ ᠲᠤᠭ᠎ᠠ ᠪᠠᠷᠢᠮᠳᠠ ᠶᠢ | ᠬᠠᠩᠭᠠᠨ᠎ᠠ᠃ | ⒎ᠲᠤᠬᠠᠢ ᠶᠢᠨ ᠬᠦᠮᠦᠨ ᠤ ᠳᠤᠷᠠᠳᠤᠭᠰᠠᠨ ᠡᠳ᠋ ᠬᠦᠷᠦᠩᠭᠡ ᠶᠢ ᠪᠠᠲᠤᠯᠠᠬᠤ ᠭᠤᠶᠤᠴᠢᠯᠠᠯ ᠢ ᠪᠠᠶᠢᠴᠠᠭᠠᠨ᠂ | ᠬᠢᠨᠠᠨ ᠲᠤᠭᠲᠠᠭᠠᠯᠲᠠ ᠭᠠᠷᠭᠠᠵᠤ ᠭᠦᠢᠴᠡᠳᠭᠡᠨ᠎ᠡ᠃ | ⒏ ᠲᠤᠬᠠᠢ ᠶᠢᠨ ᠬᠦᠮᠦᠨ ᠤ ᠦᠭᠭᠦᠭᠦᠯᠬᠦ ᠵᠠᠷᠯᠢᠭ ᠤᠨ ᠭᠤᠶᠤᠴᠢᠯᠠᠯ ᠪᠠ ᠵᠠᠷᠯᠠᠨ ᠮᠡᠳᠡᠭᠳᠡᠭᠦᠯᠬᠦ | ᠭᠤᠶᠤᠴᠢᠯᠠᠯ ᠳᠤ ᠪᠠᠶᠢᠴᠠᠭᠠᠯᠲᠠ ᠬᠢᠬᠦ ᠪᠦᠭᠡᠳ ᠲᠠᠰᠤᠯᠤᠨ ᠲᠤᠭᠲᠠᠭᠠᠨ᠎ᠠ᠃ | ⒐ᠬᠡᠷᠡᠭ ᠢ ᠬᠦᠯᠢᠶᠡᠨ ᠰᠢᠢᠳᠪᠦᠷᠢᠯᠡᠬᠦ ᠤᠷᠢᠳᠴᠢᠯᠠᠨ ᠲᠤᠰᠢᠶᠠᠬᠤ ᠰᠦᠢᠳᠭᠡᠯ᠂ ᠡᠳ᠋ ᠬᠦᠷᠦᠩᠭᠡ ᠶᠢ | ᠪᠠᠲᠤᠯᠠᠬᠤ ᠰᠦᠢᠳᠭᠡᠯ ᠵᠡᠷᠭᠡ ᠶᠢ ᠪᠤᠳᠤᠵᠤ ᠲᠤᠬᠠᠢ ᠶᠢᠨ ᠬᠦᠮᠦᠨ ᠳᠤ ᠮᠡᠳᠡᠭᠳᠡᠨ᠂ ᠵᠠᠷᠭᠤ ᠶᠢᠨ ᠰᠦᠢᠳᠭᠡᠯ ᠢ | ᠠᠯᠭᠤᠷᠯᠠᠬᠤ᠂ ᠬᠠᠰᠤᠬᠤ᠂ ᠬᠡᠯᠲᠤᠷᠢᠭᠦᠯᠬᠦ ᠭᠤᠶᠤᠴᠢᠯᠠᠯ ᠤᠨ ᠬᠠᠮᠢᠶ᠎ᠠ ᠪᠦᠬᠦᠢ ᠮᠠᠲ᠋ᠧᠷᠢᠶᠠᠯ ᠢ ᠪᠠᠶᠢᠴᠠᠭᠠᠵᠤ᠂ ᠬᠠᠦᠯᠢ | ᠴᠠᠭᠠᠵᠠ ᠶᠢᠨ ᠳᠡᠮᠵᠢᠯᠭᠡ ᠶᠢᠨ ᠨᠦᠭᠦᠴᠡᠯ ᠳᠤ ᠨᠡᠶᠢᠴᠡᠭᠰᠡᠨ ᠳᠤᠨᠢ ᠪᠤᠲᠠᠲᠠᠢ ᠰᠠᠨᠠᠯ ᠳᠤᠷᠠᠳᠴᠤ᠂ ᠬᠤᠷᠢᠶᠠᠨ ᠤ | ᠤᠳᠤᠷᠢᠳᠤᠯᠭ᠎ᠠ ᠳᠤ ᠮᠡᠳᠡᠭᠳᠡᠵᠦ ᠬᠢᠨᠠᠨ ᠵᠦᠪᠰᠢᠶᠡᠷᠡᠭᠦᠯᠦᠨ᠎ᠡ᠃ | ᠬᠤᠶᠠᠷ᠄ ᠵᠠᠷᠭᠤ ᠳᠤ ᠬᠤᠯᠪᠤᠭᠳᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠤᠰᠢᠶᠠᠯ | ᠬᠠᠷᠢᠭᠤᠴᠠᠯᠭ᠎ᠠ | ⒈ ᠵᠠᠬᠢᠳᠠᠯ ᠢᠷᠡᠭᠦᠯᠬᠦ᠂ ᠰᠤᠷᠪᠤᠯᠵᠢᠯᠠᠬᠤ ᠪᠠᠷ ᠢᠷᠡᠬᠦ ᠶᠢ ᠬᠠᠷᠢᠭᠤᠴᠠᠨ ᠰᠢᠢᠳᠪᠦᠷᠢᠯᠡᠵᠦ᠂ ᠬᠤᠷᠢᠶᠠᠨ | ᠳᠠᠷᠤᠭ᠎ᠠ ᠶᠢ ᠬᠠᠪᠰᠤᠷᠤᠨ ᠬᠡᠷᠡᠭ ᠬᠦᠯᠢᠶᠡᠨ ᠠᠪᠬᠤ ᠡᠳᠦᠷ ᠤᠨ ᠠᠵᠢᠯ ᠢ ᠰᠠᠶᠢᠲᠤᠷ ᠬᠢᠨ᠎ᠡ᠃ | ⒉ ᠵᠠᠬᠢᠳᠠᠯ ᠰᠤᠷᠪᠤᠯᠵᠢᠯᠠᠭ᠎ᠠ ᠶᠢᠨ ᠤᠴᠢᠷ ᠢ ᠰᠢᠢᠳᠪᠦᠷᠢᠯᠡᠵᠦ᠂ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ | ᠠᠪᠬᠤ᠂ ᠳᠠᠩᠰᠠᠯᠠᠵᠤ ᠲᠡᠮᠳᠡᠭᠯᠡᠬᠦ ᠵᠡᠷᠭᠡ ᠠᠵᠢᠯ ᠢ ᠰᠠᠶᠢᠲᠤᠷ ᠬᠢᠨ᠎ᠡ᠃ | ⒊ᠬᠡᠷᠡᠭ ᠳᠠᠩᠰᠠᠯᠠᠬᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠪᠠᠶᠢᠳᠠᠯ ᠢ ᠲᠤᠭᠲᠠᠭᠰᠠᠨ | ᠬᠤᠭᠤᠴᠠᠭ᠎ᠠ ᠲᠠᠢ ᠵᠠᠳᠠᠯᠤᠯᠲᠠ ᠬᠢᠵᠦ᠂ ᠠᠵᠢᠯ ᠤᠨ ᠳᠤᠮᠳᠠ ᠮᠡᠳᠡᠭᠰᠡᠨ ᠰᠢᠨ᠎ᠡ ᠪᠠᠶᠢᠳᠠᠯ᠂ ᠰᠢᠨ᠎ᠡ ᠠᠰᠠᠭᠤᠳᠠᠯ ᠢ | ᠪᠠᠶᠢᠴᠠᠭᠠᠨ ᠰᠤᠳᠤᠯᠵᠤ᠂ ᠲᠤᠷᠰᠢᠯᠭ᠎ᠠ ᠪᠠᠨ ᠬᠤᠷᠢᠶᠠᠩᠭᠤᠶᠢᠯᠠᠬᠤ ᠶᠢᠨ ᠬᠠᠮᠳᠤ ᠪᠠᠶᠢᠳᠠᠯ ᠢ ᠴᠠᠭ ᠲᠤᠬᠠᠢ ᠳᠤᠨᠢ | ᠬᠤᠷᠢᠶᠠᠨ ᠤ ᠤᠳᠤᠷᠢᠳᠤᠯᠭ᠎ᠠ ᠬᠢᠭᠡᠳ ᠬᠠᠮᠢᠶ᠎ᠠ ᠪᠦᠬᠦᠢ ᠰᠠᠯᠠᠭ᠎ᠠ ᠮᠦᠴᠢᠷ ᠲᠤ ᠮᠡᠳᠡᠭᠦᠯᠦᠨ ᠬᠦᠷᠭᠡᠨ᠎ᠡ᠃ | ᠭᠤᠷᠪᠠ᠄ ᠰᠢᠭᠦᠨ ᠲᠠᠰᠤᠯᠬᠤ ᠴᠤᠪᠤᠷᠠᠯ ᠤᠨ ᠬᠠᠮᠢᠶᠠᠷᠤᠯᠲᠠ ᠶᠢᠨ ᠠᠵᠢᠯ ᠤᠨ ᠲᠤᠰᠢᠶᠠᠯ ᠬᠠᠷᠢᠭᠤᠴᠠᠯᠭ᠎ᠠ | ⒈ᠡᠯ᠎ᠡ ᠲᠦᠷᠦᠯ ᠤᠨ ᠬᠡᠷᠡᠭ ᠤᠨ ᠳ᠋ᠤᠭᠠᠷᠯᠠᠯ ᠢ ᠨᠢᠭᠡᠲᠦᠯᠲᠡᠢ ᠨᠠᠶᠢᠷᠠᠭᠤᠯᠤᠨ ᠲᠡᠮᠲᠡᠭᠯᠡᠨ᠎ᠡ᠃ | ⒉ᠬᠡᠷᠡᠭ ᠤᠨ ᠲᠢᠩᠬᠢᠮ ᠨᠡᠬᠡᠭᠡᠬᠦ ᠬᠤᠭᠤᠴᠠᠭ᠎ᠠ ᠶᠢ ᠲᠤᠬᠢᠷᠠᠭᠤᠯᠤᠨ᠂ ᠲᠢᠩᠬᠢᠮ ᠨᠡᠬᠡᠭᠡᠬᠦ ᠴᠠᠭ᠂ ᠭᠠᠵᠠᠷ | ᠢ ᠲᠤᠭᠲᠠᠭᠠᠬᠤ ᠠᠵᠢᠯ ᠢ ᠬᠠᠨᠷᠢᠭᠤᠴᠠᠨᠠ᠃ | ⒊ ᠰᠢᠭᠦᠨ ᠲᠠᠰᠤᠯᠬᠤ ᠴᠤᠪᠤᠷᠠᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ⒋ᠡᠯ᠎ᠡ ᠲᠦᠷᠦᠯ ᠤᠨ ᠬᠡᠷᠡᠭ ᠤᠨ ᠬᠡᠷᠡᠭ ᠳᠠᠩᠰᠠᠯᠠᠬᠤ ᠬᠤᠭᠤᠴᠠᠭ᠎ᠠ ᠬᠢᠭᠡᠳ ᠢᠷᠭᠡᠨ ᠤ ᠪᠠ | ᠬᠤᠳᠠᠯᠳᠤᠭᠠᠨ ᠤ ᠶᠠᠪᠤᠳᠠᠯ ᠤᠨ ᠬᠡᠷᠡᠭ ᠤᠨ ᠲᠢᠩᠬᠢᠮ ᠠᠴᠠ ᠡᠮᠦᠨᠡᠬᠢ ᠪᠡᠯᠡᠳᠭᠡᠬᠦ ᠬᠤᠭᠤᠴᠠᠭᠠᠨ ᠳᠠᠬᠢ ᠬᠡᠷᠡᠭ ᠤᠨ | ᠮᠡᠳᠡᠭᠡ ᠵᠠᠩᠭᠢ ᠶᠢ ᠴᠤᠪᠤᠷᠠᠭᠤᠯᠬᠤ ᠠᠵᠢᠯ ᠢ ᠬᠠᠷᠢᠭᠤᠴᠠᠨ᠎ᠠ᠃ | ⒌ ᠬᠡᠷᠡᠭ ᠳᠠᠩᠰᠠᠯᠠᠬᠤ᠂ ᠵᠠᠬᠢᠳᠠᠯ ᠰᠤᠷᠪᠤᠯᠵᠢᠯᠠᠭ᠎ᠠ᠂ ᠴᠤᠪᠤᠷᠠᠯ ᠤᠨ ᠬᠠᠮᠢᠶᠠᠷᠤᠯᠲᠠ ᠵᠡᠷᠭᠡ ᠠᠵᠢᠯ ᠤᠨ | ᠲᠤᠷᠰᠢᠯᠭ᠎ᠠ ᠶᠢ ᠴᠠᠭ ᠲᠤᠬᠠᠢ ᠳᠤᠨᠢ ᠬᠤᠷᠢᠶᠠᠩᠭᠤᠶᠢᠯᠠᠨ᠂ ᠬᠡᠷᠡᠭ ᠳᠠᠩᠰᠠᠯᠠᠬᠤ᠂ ᠵᠠᠬᠢᠳᠠᠯ ᠰᠤᠷᠪᠤᠯᠵᠢᠯᠠᠭ᠎ᠠ᠂ | ᠴᠤᠪᠤᠷᠠᠯ ᠤᠨ ᠬᠠᠮᠢᠶᠠᠷᠤᠯᠲᠠ ᠵᠡᠷᠭᠡ ᠠᠵᠢᠯ ᠤᠨ ᠳᠤᠮᠳᠠ ᠭᠠᠷᠤᠭᠰᠠᠨ ᠰᠢᠨ᠎ᠡ ᠪᠠᠶᠢᠳᠠᠯ᠂ ᠰᠢᠨ᠎ᠡ ᠠᠰᠠᠭᠤᠳᠠᠯ ᠳᠤ | ᠪᠠᠶᠢᠴᠠᠭᠠᠨ ᠰᠤᠳᠤᠯᠤᠯᠲᠠ ᠬᠢᠵᠦ᠂ ᠲᠠᠰᠤᠷᠠᠯᠲᠠ ᠦᠭᠡᠢ ᠪᠦᠷᠢᠨ ᠲᠡᠭᠦᠯᠳᠡᠷᠵᠢᠭᠦᠯᠦᠨ᠎ᠡ᠃ | ⒍ᠲᠤᠰ ᠬᠤᠷᠢᠶᠠᠨ ᠤ ᠳᠡᠭᠡᠭᠰᠢ ᠵᠠᠭᠠᠯᠳᠤᠭᠰᠠᠨ ᠬᠡᠷᠡᠭ ᠵᠢᠴᠢ ᠬᠤᠶᠠᠳᠤᠭᠠᠷ ᠰᠢᠭᠦᠯᠲᠡ ᠶᠢᠨ ᠦᠷ᠎ᠡ | ᠳ᠋ᠦᠩ ᠢ ᠳᠠᠩᠰᠠᠯᠠᠨ ᠲᠡᠮᠲᠡᠭᠯᠡᠵᠦ᠂ ᠰᠠᠷ᠎ᠠ ᠪᠦᠷᠢ ᠪᠦᠷᠢᠳᠭᠡᠭᠰᠡᠨ ᠪᠠᠶᠢᠳᠠᠯ ᠢᠶᠠᠨ ᠬᠤᠷᠢᠶᠠᠨ ᠤ ᠤᠳᠤᠷᠢᠳᠤᠯᠭ᠎ᠠ | ᠬᠢᠭᠡᠳ ᠡᠯ᠎ᠡ ᠰᠠᠯᠠᠭ᠎ᠠ ᠮᠦᠴᠢᠷ ᠲᠤ ᠮᠡᠳᠡᠭᠦᠯᠵᠤ ᠬᠦᠷᠭᠡᠨ᠎ᠡ᠃ | ᠳᠦᠷᠪᠡ᠄ ᠪᠤᠰᠤᠳ ᠠᠵᠢᠯ ᠤᠨ ᠲᠤᠰᠢᠶᠠᠯ ᠬᠠᠷᠢᠭᠤᠴᠠᠯᠭ᠎ᠠ | ⒈ᠵᠠᠷᠭᠤ ᠶᠢᠨ ᠵᠢᠯᠤᠭᠤᠳᠤᠯᠭ᠎ᠠ᠂ ᠵᠠᠷᠭᠤ ᠶᠢᠨ ᠲᠦᠭᠰᠢᠭᠦᠷᠢ ᠶᠢ ᠮᠡᠳᠡᠭᠳᠡᠬᠦ ᠵᠡᠷᠭᠡ ᠠᠵᠢᠯ ᠢ ᠢᠳᠡᠪᠬᠢᠲᠡᠢ | ᠪᠠᠷ ᠦᠷᠨᠢᠭᠦᠯᠵᠦ᠂ ᠲᠤᠬᠠᠢ ᠶᠢᠨ ᠬᠦᠮᠦᠨ ᠤ ᠵᠠᠷᠭᠤ ᠶᠢᠨ ᠡᠷᠬᠡ ᠪᠠᠨ ᠬᠠᠦᠯᠢ ᠶᠤᠰᠤᠭᠠᠷ᠂ ᠪᠦᠷᠢᠨ ᠭᠦᠢᠴᠡᠳ᠂ | ᠦᠷ᠎ᠡ ᠪᠦᠲᠦᠮᠵᠢᠲᠡᠢ ᠪᠠᠷ ᠶᠠᠪᠤᠭᠤᠯᠬᠤ ᠳᠤ ᠦᠢᠯᠡᠴᠢᠯᠡᠭᠡ ᠬᠠᠩᠭᠠᠨ᠎ᠠ᠃ | ⒉ ᠡᠳᠦᠷ ᠲᠤᠳᠤᠮ ᠤᠨ ᠬᠦᠯᠢᠶᠡᠨ ᠠᠪᠬᠤ ᠪᠠ ᠵᠠᠬᠢᠳᠠᠯ ᠰᠤᠷᠪᠤᠯᠵᠢᠯᠠᠭ᠎ᠠ ᠶᠢᠨ ᠬᠦᠯᠢᠶᠡᠨ ᠠᠪᠬᠤ ᠠᠵᠢᠯ | ᠢ ᠰᠠᠶᠢᠲᠤᠷ ᠬᠢᠵᠦ᠂ ᠬᠠᠦᠯᠢ ᠴᠠᠭᠠᠵᠠ ᠳᠦᠷᠢᠮ ᠲᠤᠭᠲᠠᠭᠠᠯ ᠢ ᠤᠬᠠᠭᠤᠯᠤᠨ᠂ ᠲᠤᠬᠠᠢ ᠶᠢᠨ ᠬᠦᠮᠦᠨ ᠬᠢᠭᠡᠳ | ᠬᠠᠮᠢᠶ᠎ᠠ ᠪᠦᠬᠦᠢ ᠬᠦᠮᠦᠨ ᠤ ᠳᠤᠷᠠᠳᠤᠭᠰᠠᠨ ᠬᠠᠦᠯᠢ ᠴᠠᠭᠠᠵᠠ ᠶᠢᠨ ᠠᠰᠠᠭᠤᠳᠠᠯ ᠢ ᠬᠦᠯᠢᠴᠡᠩᠭᠦᠢ ᠪᠠᠷ ᠬᠠᠷᠢᠭᠤᠯᠵᠤ᠂ | ᠲᠤᠬᠠᠢ ᠶᠢᠨ ᠬᠦᠮᠦᠨ ᠢ ᠢᠳᠬᠠᠨ ᠰᠤᠷᠭᠠᠬᠤ ᠪᠠ ᠲᠠᠰᠤᠯᠤᠯᠲᠠ ᠶᠢ ᠳᠠᠭᠠᠵᠤ ᠵᠠᠷᠭᠤ ᠪᠠᠨ ᠵᠣᠭᠰᠤᠭᠠᠬᠤ ᠠᠵᠢᠯ ᠢ | ᠰᠠᠶᠢᠲᠤᠷ ᠬᠢᠨ᠎ᠡ᠃ | ⒊ᠡᠷᠬᠡ ᠲᠤᠰᠢᠶᠠᠯ ᠢᠶᠠᠨ ᠭᠦᠢᠴᠡᠳᠭᠡᠬᠦ ᠪᠠᠷ ᠳᠠᠮᠵᠢᠨ᠂ ᠨᠡᠶᠢᠭᠡᠮ ᠤᠨ ᠠᠮᠤᠷ ᠲᠦᠪᠰᠢᠨ ᠢ | ᠶᠡᠷᠥᠩᠬᠡᠶᠢᠯᠡᠨ ᠵᠠᠰᠠᠬᠤ ᠠᠵᠢᠯ ᠳᠤ ᠤᠷᠤᠯᠴᠠᠨ᠂ ᠬᠠᠦᠯᠢ ᠴᠠᠭᠠᠵᠠ ᠶᠢᠨ ᠦᠢᠯᠡᠴᠢᠯᠡᠭᠡᠨ ᠤ ᠠᠵᠢᠯᠯᠠᠭ᠎ᠠ ᠶᠢ | ᠦᠷᠨᠢᠭᠦᠯᠦᠨ᠎ᠡ᠃ | ⒋ ᠲᠤᠰ ᠰᠠᠯᠠᠭᠠᠨ ᠤ ᠪᠠᠨ ᠪᠤᠰᠤᠳ ᠠᠵᠢᠯ ᠲᠣᠰᠢᠶᠠᠯ ᠢ ᠭᠦᠢᠴᠡᠳᠭᠡᠨ᠂ ᠬᠤᠷᠢᠶᠠᠨ ᠤ ᠨᠠᠮ ᠤᠨ | ᠤᠳᠤᠷᠢᠳᠬᠤ ᠪᠠᠭ ᠤᠨ ᠲᠤᠰᠢᠶᠠᠵᠤ ᠥᠭᠭᠦᠭᠰᠡᠨ ᠪᠤᠰᠤᠳ ᠠᠵᠢᠯ ᠢ ᠢᠳᠡᠪᠬᠢᠲᠡᠢ᠂ ᠬᠢᠨᠠᠮᠠᠭᠠᠢ᠂ ᠦᠨᠳᠦᠷ | ᠪᠦᠳᠦᠮᠵᠢᠲᠡᠢ ᠪᠠᠷ ᠪᠡᠶᠡᠯᠡᠭᠦᠯᠦᠨ᠎ᠡ᠃ |