ᠵᠠᠭᠠᠯᠳᠤᠬᠤ ᠳᠤ ᠡᠷᠬᠡᠪᠰᠢ ᠲᠤᠤᠷᠡᠬᠢ ᠨᠥᠬᠦᠴᠡᠯ ᠳᠤ ᠨᠡᠶᠢᠴᠡᠬᠦ ᠬᠡᠷᠡᠭᠳᠠᠢ᠄ | ᠵᠠᠭᠠᠯᠳᠤᠯᠭ᠎ᠠ ᠬᠢᠬᠦ ᠳᠡᠭᠡᠨ ᠠᠷᠠᠳ ᠤᠨ ᠰᠢᠬᠦᠬᠦ ᠬᠤᠷᠢᠶᠠᠨ ᠳᠤ ᠵᠠᠭᠠᠯᠳᠤᠯᠭ᠎ᠠ ᠶᠢᠨ ᠪᠢᠴᠢᠭ ᠲᠡᠪᠰᠢᠬᠦᠯᠬᠦ | ᠶᠢᠨ ᠬᠠᠮᠳᠤ ᠵᠠᠭᠠᠯᠳᠤᠭᠳᠠᠭᠴᠢ ᠶᠢᠨ ᠲᠤᠭ᠎ᠠ ᠪᠠᠷ ᠬᠠᠭᠤᠯᠪᠤᠷᠢ ᠲᠡᠪᠳᠠᠷ ᠲᠤᠰᠢᠶᠠᠬᠤ ᠬᠡᠷᠡᠭᠳᠠᠢ︔ ᠵᠠᠭᠠᠯᠳᠤᠯᠭ᠎ᠠ ᠶᠢᠨ | ᠪᠢᠴᠢᠭ ᠪᠢᠴᠢᠬᠦ ᠳᠤ ᠥᠨᠡᠬᠡᠷ ᠬᠥᠴᠢᠷᠳᠠᠯ ᠲᠠᠢ ᠪᠣᠯ ᠠᠮᠡ ᠪᠠᠷ ᠵᠠᠭᠠᠯᠳᠤᠯᠭ᠎ᠠ ᠬᠢᠵᠤ ᠪᠤᠯᠤᠨ᠎ᠠ᠂ ᠠᠷᠠᠳ ᠤᠨ | ᠰᠢᠬᠦᠬᠦ ᠬᠤᠷᠢᠶ᠎ᠠ ᠪᠢᠴᠢᠵᠤ ᠲᠡᠮᠳᠡᠭᠯᠡᠬᠡᠳ ᠨᠥᠬᠦᠬᠡ ᠡᠳᠡᠬᠡᠳ ᠤᠨ ᠲᠤᠬᠠᠢ ᠶᠢᠨ ᠬᠥᠮᠤᠨ ᠳᠤ ᠮᠡᠳᠡᠬᠦᠯᠥᠨ᠎ᠠ᠃ | ⒈ ᠵᠠᠭᠠᠯᠳᠤᠭᠴᠢ ᠨᠢ ᠲᠤᠰ ᠬᠡᠷᠡᠭ ᠲᠠᠢ ᠰᠢᠭᠤᠳ ᠠᠰᠢᠭ ᠬᠤᠤᠷ ᠤᠨ ᠬᠠᠷᠢᠴᠠᠭ᠎ᠠ ᠲᠠᠢ ᠠᠷᠠᠳ | ᠢᠷᠬᠡᠨ᠂ ᠬᠠᠤᠯᠢ ᠶᠢᠨ ᠡᠷᠬᠡᠳᠡᠨ ᠪᠤᠶᠤ ᠪᠤᠰᠤᠳ ᠵᠤᠬᠢᠶᠠᠨ ᠪᠠᠶᠢᠭᠤᠯᠤᠯᠳᠠ ᠪᠠᠶᠢᠬᠤ ᠬᠡᠷᠡᠭᠳᠠᠢ︔ | ⒉ ᠲᠤᠳᠤᠷᠬᠠᠢ ᠵᠠᠭᠠᠯᠳᠤᠭᠳᠠᠭᠴᠢ ᠪᠠᠶᠢᠬᠤ ᠬᠡᠷᠡᠭᠳᠠᠢ︔ | ⒊ ᠪᠤᠳᠠᠳᠠᠢ ᠵᠠᠷᠭᠤ ᠶᠢᠨ ᠭᠤᠶᠤᠴᠢᠯᠡᠯ ᠪᠠ ᠪᠤᠳᠠᠳᠤ ᠶᠠᠪᠤᠳᠠᠯ᠂ ᠤᠴᠢᠷ ᠰᠢᠯᠳᠠᠭᠠᠨ ᠪᠠᠶᠢᠬᠤ ᠬᠡᠷᠡᠭᠳᠠᠢ︔ | | ⒋ ᠠᠷᠠᠳ ᠤᠨ ᠰᠢᠬᠦᠬᠦ ᠬᠤᠷᠢᠶᠠᠨ ᠤ ᠬᠥᠯᠢᠶᠠᠨ ᠰᠢᠢᠳᠪᠤᠷᠢᠯᠡᠬᠦ ᠢᠷᠬᠡᠨ ᠤ ᠵᠠᠷᠭᠤ ᠶᠢᠨ ᠬᠡᠪᠴᠢᠶ᠎ᠠ ᠪᠠ | ᠬᠥᠯᠢᠶᠠᠨ ᠠᠪᠬᠤ ᠠᠷᠠᠳ ᠤᠨ ᠰᠢᠬᠦᠬᠦ ᠬᠤᠷᠢᠶᠠᠨ ᠤ ᠬᠠᠷᠢᠶᠠᠯᠠᠯᠲᠠ ᠳᠤ ᠪᠠᠭᠳᠠᠬᠤ ᠬᠡᠷᠡᠭᠳᠠᠢ᠃ | ᠵᠠᠭᠠᠯᠳᠤᠯᠭ᠎ᠠ ᠶᠢᠨ ᠪᠢᠴᠢᠭ ᠲᠤ ᠲᠤᠤᠷᠡᠬᠢ ᠵᠤᠶᠢᠯ ᠢ ᠲᠤᠳᠤᠷᠬᠠᠢ ᠪᠢᠴᠢᠬᠦ ᠬᠡᠷᠡᠭᠳᠠᠢ᠄ | ⒈ ᠵᠠᠭᠠᠯᠳᠤᠭᠴᠢ ᠶᠢᠨ ᠨᠡᠷ᠎ᠠ᠂ ᠴᠢᠨᠡᠷ ᠤᠨ ᠢᠯᠭᠠᠯ᠂ ᠨᠠᠰᠤ᠂ ᠥᠨᠳᠤᠰᠤᠳᠠᠨ ᠂ ᠡᠷᠬᠢᠯᠡᠭᠰᠡᠨ ᠠᠵᠢᠯ᠂ | ᠠᠵᠢᠯᠯᠠᠵᠤ ᠪᠠᠶᠢᠭ᠎ᠠ ᠨᠢᠬᠡᠴᠢ᠂ ᠰᠠᠭᠤᠭ᠎ᠠ ᠭᠠᠵᠡᠷ᠂ ᠬᠠᠷᠢᠯᠴᠠᠬᠤ ᠤᠳᠠᠰᠤ︔ ᠬᠠᠤᠯᠢ ᠶᠢᠨ ᠡᠷᠬᠡᠳᠠᠨ ᠪᠤᠶᠤ | ᠪᠤᠰᠤᠳ ᠵᠣᠬᠢᠶᠠᠨ ᠪᠠᠶᠢᠭᠤᠯᠤᠯᠳᠠ ᠶᠢᠨ ᠨᠡᠷ᠎ᠠ᠂ ᠰᠠᠭᠤᠭ᠎ᠠ ᠭᠠᠵᠡᠷ᠂ ᠬᠠᠤᠯᠢ ᠳᠤ ᠲᠤᠭᠳᠠᠭᠠᠭᠰᠡᠨ ᠲᠥᠯᠥᠬᠡᠯᠡᠭᠴᠢ | ᠪᠤᠶᠤ ᠭᠤᠤᠯ ᠬᠠᠷᠢᠭᠤᠴᠠᠯᠭᠠᠳᠠᠨ ᠤ ᠨᠡᠷ᠎ᠠ᠂ ᠲᠤᠰᠢᠶᠠᠯ᠂ ᠬᠠᠷᠢᠯᠴᠠᠬᠤ ᠤᠳᠠᠰᠤ︔ | ⒉ ᠵᠠᠭᠠᠯᠳᠤᠭᠳᠠᠭᠴᠢ ᠶᠢᠨ ᠨᠡᠷ᠎ᠠ᠂ ᠴᠢᠨᠡᠷ ᠤᠨ ᠢᠯᠭᠠᠯ᠂ ᠨᠠᠰᠤ᠂ ᠠᠵᠢᠯᠯᠠᠵᠤ ᠪᠠᠶᠢᠭ᠎ᠠ ᠨᠢᠬᠡᠴᠢ᠂ | ᠰᠠᠭᠤᠭ᠎ᠠ ᠭᠠᠵᠡᠷ ᠵᠡᠷᠬᠡ ᠵᠠᠩᠭᠢ︔ ᠬᠠᠤᠯᠢ ᠶᠢᠨ ᠡᠷᠬᠡᠳᠠᠨ ᠪᠤᠶᠤ ᠪᠤᠰᠤᠳ ᠵᠣᠬᠢᠶᠠᠨ ᠪᠠᠶᠢᠭᠤᠯᠤᠯᠳᠠ ᠶᠢᠨ ᠨᠡᠷ᠎ᠠ᠂ | ᠰᠠᠭᠤᠭ᠎ᠠ ᠭᠠᠵᠡᠷ ᠵᠡᠷᠬᠡ︔ | ⒊ ᠵᠠᠷᠭᠤ ᠶᠢᠨ ᠭᠤᠶᠤᠴᠢᠯᠡᠯ ᠪᠣᠯᠤᠨ ᠥᠨᠳᠤᠰᠤᠯᠡᠭᠰᠡᠨ ᠪᠤᠳᠠᠳᠤ ᠶᠠᠪᠤᠳᠠᠯ ᠪᠠ ᠤᠴᠢᠷ ᠰᠢᠯᠳᠠᠭᠠᠨ︔ | ⒋ ᠬᠡᠷᠡᠴᠢ ᠪᠠᠷᠢᠮᠳᠠ ᠪᠠ ᠬᠡᠷᠡᠴᠢ ᠪᠡᠷᠢᠮᠳᠠ ᠶᠢᠨ ᠢᠷᠠᠯᠳᠠ᠂ ᠬᠡᠷᠡᠴᠢᠯᠡᠭᠴᠢ ᠶᠢᠨ ᠨᠡᠷ᠎ᠡ ᠪᠠ ᠰᠠᠭᠤᠭ᠎ᠠ | ᠭᠠᠵᠡᠷ᠃ ᠲᠤᠬᠠᠢ ᠶᠢᠨ ᠬᠥᠮᠤᠨ ᠤ ᠠᠷᠠᠳ ᠤᠨ ᠰᠢᠬᠦᠬᠦ ᠬᠤᠷᠢᠶᠠᠨ ᠳᠤ ᠵᠠᠭᠠᠯᠳᠤᠭᠰᠡᠨ ᠢᠷᠬᠡᠨ ᠤ ᠬᠡᠷᠡᠭ ᠤᠨ | ᠵᠢᠭᠤᠷᠠᠯᠳᠣᠭᠠᠨ ᠢ ᠡᠶᠡᠳᠡᠬᠦᠯᠬᠦ ᠳᠤ ᠵᠤᠬᠢᠴᠠᠬᠤ ᠶᠢ ᠤᠷᠢᠳᠠᠪᠡᠷ ᠡᠶᠡᠳᠡᠬᠦᠯᠤᠨᠠ᠂ ᠭᠡᠬᠦ ᠳᠡᠭᠡᠨ ᠲᠤᠬᠠᠢ ᠶᠢᠨ ᠬᠥᠮᠤᠨ | ᠡᠶᠡᠳᠡᠬᠦᠯᠬᠦ ᠶᠢ ᠥᠯᠤ ᠬᠥᠯᠢᠶᠡᠬᠦ ᠬᠡᠷᠡᠭ ᠢ ᠪᠠᠭᠳᠠᠭᠠᠬᠤ ᠦᠭᠡᠢ᠃ | ᠵᠠᠭᠠᠯᠳᠤᠬᠤ ᠨᠥᠬᠦᠴᠡᠯ ᠳᠤ ᠨᠡᠶᠢᠴᠡᠭᠰᠡᠨ ᠪᠣᠯ᠂ ᠲᠤᠯᠤᠭᠠᠨ ᠡᠳᠤᠷ ᠤᠨ ᠲᠤᠳᠤᠷ᠎ᠠ ᠬᠡᠷᠡᠭ ᠢ ᠲᠠᠩᠰᠡᠯᠠᠵᠤ | ᠲᠤᠬᠠᠢ ᠶᠢᠨ ᠬᠥᠮᠤᠨ ᠳᠤ ᠮᠡᠳᠡᠭᠳᠡᠬᠦ ᠬᠡᠷᠡᠭᠳᠠᠢ︔ ᠵᠠᠭᠠᠯᠳᠤᠬᠤ ᠨᠥᠬᠦᠴᠡᠯ ᠳᠤ ᠨᠡᠶᠢᠴᠠᠬᠦ ᠦᠭᠡᠢ ᠪᠣᠯ ᠲᠤᠯᠤᠭᠠᠨ | ᠡᠳᠤᠷ ᠤᠨ ᠲᠤᠳᠤᠷ᠎ᠠ ᠬᠥᠯᠢᠶᠡᠨ ᠰᠢᠢᠳᠪᠤᠷᠢᠯᠡᠬᠦ ᠦᠭᠡᠢ ᠬᠡᠰᠡᠨ ᠬᠢᠨᠡᠨ ᠲᠤᠭᠳᠠᠭᠠᠯᠳᠠ ᠭᠠᠷᠭᠠᠬᠤ ᠬᠡᠷᠡᠭᠳᠠᠢ︔ | ᠵᠠᠭᠠᠯᠳᠤᠭᠴᠢ ᠬᠢᠨᠡᠨ ᠲᠤᠭᠳᠠᠭᠠᠯᠳᠠ ᠶᠢ ᠬᠦᠯᠢᠶᠡᠬᠦ ᠦᠭᠡᠢ ᠪᠣᠯ ᠲᠡᠬᠡᠭᠰᠢ ᠵᠠᠭᠠᠯᠳᠤᠵᠤ ᠪᠤᠯᠤᠨ᠎ᠠ᠃ | ᠠᠷᠠᠳ ᠤᠨ ᠰᠢᠬᠦᠬᠦ ᠬᠤᠷᠢᠶ᠎ᠠ ᠲᠤᠤᠷᠡᠬᠢ ᠵᠠᠭᠠᠯᠳᠤᠯᠭ᠎ᠠ ᠶᠢ ᠲᠤᠰ ᠲᠤᠰ ᠤᠨ ᠪᠠᠶᠢᠳᠠᠯ ᠢ ᠨᠢ | ᠦᠨᠳᠦᠰᠦᠯᠡᠵᠦ ᠰᠢᠢᠳᠪᠤᠷᠢᠯᠡᠨ᠎ᠠ᠄ | ⒈ ᠵᠠᠰᠠᠭ ᠵᠡᠬᠢᠷᠭᠠᠨ ᠤ ᠵᠠᠷᠭᠤ ᠶᠢᠨ ᠬᠠᠤᠯᠢ ᠶᠢᠨ ᠲᠤᠭᠳᠠᠭᠠᠯ ᠢᠶᠠᠷ ᠵᠠᠰᠠᠭ ᠵᠡᠬᠢᠷᠭᠠᠨ ᠤ ᠵᠠᠷᠭᠤ ᠪᠠᠷ | ᠰᠢᠢᠳᠪᠤᠷᠢᠯᠡᠬᠦ ᠬᠡᠪᠴᠢᠶᠠᠨ ᠳᠤ ᠪᠠᠶᠢᠪᠡᠯ ᠵᠠᠰᠠᠭ ᠵᠡᠬᠢᠷᠭᠠᠨ ᠤ ᠵᠠᠷᠭᠤ ᠬᠢᠪᠡᠯ ᠵᠤᠬᠢᠬᠤ ᠶᠢ ᠵᠠᠭᠠᠯᠳᠤᠭᠴᠢ ᠳᠤ ᠬᠡᠯᠡᠵᠤ | ᠮᠡᠳᠡᠭᠳᠠᠨᠠ︔ | ⒉ ᠬᠠᠤᠯᠢ ᠴᠠᠭᠠᠵᠨ ᠶᠢᠨ ᠲᠤᠭᠳᠠᠭᠠᠯ ᠢᠶᠠᠷ ᠬᠤᠶᠡᠷ ᠡᠳᠡᠬᠡᠳ ᠤᠨ ᠲᠤᠬᠠᠢ ᠶᠢᠨ ᠬᠥᠮᠤᠨ ᠪᠢᠴᠢᠭ ᠤᠨ | ᠬᠥᠨᠳᠡᠯᠡᠨ ᠲᠠᠰᠤᠯᠤᠯᠲᠠ ᠶᠢᠨ ᠬᠡᠯᠡᠯᠴᠡᠬᠡᠷ ᠲᠤᠭᠳᠠᠵᠤ ᠬᠥᠨᠳᠡᠯᠠᠨ ᠲᠠᠰᠤᠯᠤᠯᠲᠠ ᠬᠢᠯᠭᠡᠬᠦ ᠭᠤᠶᠤᠴᠢᠯᠠᠯ ᠭᠠᠷᠭᠠᠨ᠂ | ᠠᠷᠠᠳ ᠤᠨ ᠰᠢᠬᠦᠬᠦ ᠬᠤᠷᠢᠶᠠᠨ ᠳᠤ ᠵᠠᠭᠠᠯᠳᠤᠯᠭ᠎ᠠ ᠬᠢᠵᠤ ᠪᠤᠯᠬᠤ ᠦᠭᠡᠢ ᠪᠣᠯ᠂ ᠵᠠᠭᠠᠯᠳᠤᠭᠴᠢ ᠳᠤ ᠬᠥᠨᠳᠡᠯᠡᠨ | ᠲᠠᠰᠤᠯᠤᠯᠲᠠ ᠶᠢᠨ ᠪᠠᠶᠢᠭᠤᠯᠤᠮᠵᠢ ᠳᠤ ᠬᠥᠨᠳᠡᠯᠡᠨ ᠲᠠᠰᠣᠯᠣᠯᠳᠠ ᠬᠢᠯᠭᠡᠬᠦ ᠭᠤᠶᠤᠴᠢᠯᠠᠯ ᠭᠠᠷᠭᠠᠪᠠᠯ ᠵᠤᠬᠢᠨ᠎ᠠ ᠬᠡᠵᠤ | ᠮᠡᠳᠡᠭᠳᠠᠨᠠ︔ | ⒊ᠬᠠᠤᠯᠢ ᠴᠠᠭᠠᠵᠨ ᠶᠢᠨ ᠲᠤᠭᠳᠠᠭᠠᠯ ᠶᠤᠰᠤᠭᠠᠷ ᠪᠤᠰᠤᠳ ᠪᠠᠶᠢᠭᠤᠯᠭ᠎ᠠ ᠰᠢᠢᠳᠪᠤᠷᠢᠯᠡᠬᠦ ᠶᠣᠰᠤᠲᠡᠢ | ᠮᠠᠷᠭᠤᠯᠳᠤᠭᠠᠨ ᠢ ᠵᠠᠭᠠᠯᠳᠤᠭᠴᠢ ᠳᠤ ᠬᠠᠮᠢᠶ᠎ᠠ ᠪᠥᠬᠦᠢ ᠪᠠᠶᠢᠭᠤᠯᠭ᠎ᠠ ᠳᠤ ᠭᠤᠶᠤᠴᠢᠯᠠᠵᠤ ᠰᠢᠢᠳᠪᠤᠷᠢᠯᠡᠬᠦᠯᠪᠡᠯ | ᠵᠣᠬᠢᠬᠤ ᠶᠢ ᠮᠡᠳᠡᠭᠳᠠᠨᠠ︔ | ⒋ ᠮᠠᠨ ᠤ ᠬᠤᠷᠢᠶᠠᠨ ᠤ ᠬᠠᠷᠢᠶᠠᠯᠠᠯᠲᠠ ᠶᠢᠨ ᠪᠤᠰᠤ ᠬᠡᠷᠡᠭ ᠢ ᠵᠠᠭᠠᠯᠳᠤᠭᠴᠢ ᠬᠠᠷᠢᠶᠠᠯᠠᠯᠲᠠ ᠶᠢᠨ ᠡᠷᠬᠡ | ᠪᠥᠬᠦᠢ ᠠᠷᠠᠳ ᠤᠨ ᠰᠢᠬᠦᠬᠦ ᠬᠤᠷᠢᠶᠠᠨ ᠳᠤ ᠵᠠᠭᠠᠯᠳᠤᠪᠡᠯ ᠵᠤᠬᠢᠨ᠎ᠠ︔ | ⒌ᠰᠢᠬᠦᠨ ᠲᠠᠰᠤᠯᠤᠯᠳᠠ᠂ ᠬᠢᠨᠠᠨ ᠲᠤᠭᠳᠠᠭᠠᠯᠳᠠ᠂ ᠡᠶᠡᠳᠡᠬᠦᠯᠬᠡ ᠶᠢᠨ ᠪᠢᠴᠢᠭ ᠨᠢ ᠨᠢᠬᠡᠨᠳᠠ ᠬᠠᠤᠯᠢ | ᠴᠠᠭᠠᠵᠨ ᠶᠢᠨ ᠬᠥᠴᠤᠨ ᠲᠠᠢ ᠪᠤᠯᠤᠭᠰᠡᠨ ᠬᠡᠷᠡᠭ ᠢ ᠲᠤᠬᠠᠢ ᠶᠢᠨ ᠬᠥᠮᠤᠨ ᠲᠡᠬᠢᠨᠳᠠ ᠵᠠᠭᠠᠯᠳᠤᠭᠰᠡᠨ ᠪᠣᠯ᠂ ᠲᠤᠬᠠᠢ | ᠶᠢᠨ ᠬᠥᠮᠤᠨ ᠳᠤ ᠲᠡᠬᠢᠨᠳᠠ ᠰᠢᠬᠦᠬᠦ ᠶᠢ ᠭᠤᠶᠤᠴᠢᠯᠠᠬᠤ ᠬᠡᠷᠡᠭᠲᠡᠢ ᠶᠢ ᠮᠡᠳᠡᠭᠳᠠᠨᠠ᠂ ᠭᠡᠬᠦ ᠳᠡᠭᠡᠨ ᠠᠷᠠᠳ ᠤᠨ | ᠰᠢᠬᠦᠬᠦ ᠬᠤᠷᠢᠶ᠎ᠠ ᠠᠴᠠ ᠵᠠᠭᠠᠯᠳᠤᠯᠭ᠎ᠠ ᠪᠤᠴᠠᠭᠠᠬᠤ ᠶᠢ ᠵᠥᠪᠰᠢᠶᠡᠷᠡᠭᠰᠡᠨ ᠬᠢᠨᠡᠨ ᠲᠤᠭᠳᠠᠭᠠᠯᠳᠠ ᠶᠢ ᠪᠠᠭᠳᠠᠭᠠᠬᠤ | ᠦᠭᠡᠢ︔ | ⒍ ᠬᠠᠤᠯᠢ ᠴᠠᠭᠠᠵᠨ ᠶᠢᠨ ᠲᠤᠭᠳᠠᠭᠠᠯ ᠶᠤᠰᠤᠭᠠᠷ ᠲᠣᠭᠲᠠᠭᠰᠠᠨ ᠬᠤᠭᠤᠴᠠᠭᠠᠨ ᠳᠤ ᠵᠠᠭᠠᠯᠳᠤᠯᠭ᠎ᠠ ᠬᠢᠵᠤ | ᠪᠤᠯᠬᠤ ᠦᠭᠡᠢ ᠬᠡᠷᠡᠭ ᠢ ᠲᠡᠬᠡᠷᠡᠬᠢ ᠬᠤᠭᠤᠴᠠᠭᠠᠨ ᠳᠤ ᠵᠠᠭᠠᠯᠳᠤᠭᠰᠡᠨ ᠪᠠᠶᠢᠪᠡᠯ ᠬᠥᠯᠢᠶᠠᠨ ᠠᠪᠬᠤ ᠦᠭᠡᠢ︔ | ⒎ᠤᠷᠤᠭ ᠰᠠᠯᠬᠤ ᠶᠢ ᠵᠥᠪᠰᠢᠶᠡᠷᠡᠬᠦ ᠦᠭᠡᠢ ᠪᠠᠷ ᠲᠠᠰᠤᠯᠤᠭᠰᠡᠨ ᠪᠠ ᠡᠶᠡᠳᠡᠬᠦᠯᠥᠬᠡᠳ ᠡᠪᠰᠡᠭᠰᠡᠨ | ᠤᠷᠤᠭ ᠰᠠᠯᠬᠤ ᠬᠡᠷᠡᠭ ᠪᠤᠯᠤᠨ ᠡᠷᠬᠦᠨ ᠲᠡᠵᠢᠬᠡᠬᠦ ᠬᠠᠷᠢᠴᠠᠭ᠎ᠠ ᠶᠢ ᠬᠡᠪ ᠢᠶᠠᠷ ᠪᠠᠳᠤᠯᠠᠬᠤ ᠶᠢ ᠰᠢᠬᠦᠨ ᠲᠠᠰᠣᠯᠣᠭᠰᠡᠨ | ᠪᠠ ᠡᠶᠡᠳᠡᠬᠦᠯᠥᠭᠰᠡᠨ ᠬᠡᠷᠡᠭ ᠲᠤ ᠰᠢᠨ᠎ᠠ ᠪᠠᠶᠢᠳᠠᠯ᠂ ᠰᠢᠨ᠎ᠠ ᠰᠢᠯᠳᠠᠭᠠᠨ ᠦᠭᠡᠢ ᠪᠠᠷ ᠵᠠᠭᠠᠯᠳᠤᠭᠴᠢ ᠵᠢᠷᠭᠤᠭᠠᠨ | ᠰᠠᠷ᠎ᠠ ᠶᠢᠨ ᠲᠤᠳᠤᠷ᠎ᠠ ᠲᠡᠬᠢᠨ ᠵᠠᠭᠠᠯᠳᠤᠭᠰᠡᠨ ᠪᠣᠯ ᠬᠥᠯᠢᠶᠠᠨ ᠠᠪᠬᠤ ᠦᠭᠡᠢ ᠃ |