ᠭᠤᠶᠤᠴᠢᠯᠠᠯ ᠤᠨ ᠰᠤᠶᠢᠳᠭᠡᠯ ᠲᠤᠰᠢᠶᠠᠬᠤ ᠪᠠᠷᠢᠮᠵᠢᠶ᠎ᠠ
ᠨᠡᠶᠢᠲᠡᠯᠡᠭᠰᠡᠨ ᠴᠠᠭ᠄
2018-12-06
        ᠨᠢᠭᠡ᠂ ᠠᠷᠠᠳ ᠤᠨ ᠰᠢᠭᠦᠬᠦ ᠬᠤᠷᠢᠶᠠᠨ ᠤ ᠬᠠᠤᠯᠢ ᠶᠢᠨ ᠬᠦᠴᠦᠨ ᠲᠠᠢ ᠪᠤᠯᠤᠭᠰᠠᠨ ᠰᠢᠭᠦᠨ ᠲᠠᠰᠤᠯᠤᠯᠲᠠ᠂ ᠬᠢᠨᠠᠨ ᠲᠤᠭᠲᠠᠭᠠᠯᠲᠠ᠂ ᠡᠶᠡᠲᠡᠭᠦᠯᠭᠡ ᠶᠢᠨ ᠪᠢᠴᠢᠭ᠂ ᠬᠦᠨᠳᠡᠯᠡᠨ  ᠎ ᠠᠴᠠ ᠲᠠᠰᠤᠯᠬᠤ ᠪᠠᠶᠢᠭᠤᠯᠭ᠎ᠠ ᠎ ᠶᠢᠨ ᠭᠠᠷᠭᠠᠭᠰᠠᠨ ᠲᠠᠰᠤᠯᠤᠨ ᠲᠤᠭᠲᠠᠭᠠᠯᠲᠠ ᠪᠠ ᠡᠶᠡᠲᠡᠭᠦᠯᠭᠡ ᠶᠢᠨ ᠪᠢᠴᠢᠭ᠂ ᠠᠯᠪᠠᠨ ᠭᠡᠷᠡᠴᠢᠯᠡᠭᠡᠨ ᠤ ᠪᠠᠶᠢᠭᠤᠯᠭ᠎ᠠ ᠎ ᠠᠴᠠ ᠬᠠᠤᠯᠢ ᠶᠤᠰᠤᠭᠠᠷ ᠤᠯᠭᠤᠭᠰᠠᠨ ᠠᠯᠪᠠᠨ ᠭᠦᠢᠴᠡᠳᠭᠡᠯᠲᠡ ᠶᠢᠨ ᠬᠦᠴᠦᠨ ᠲᠠᠢ ᠠᠪᠴᠠᠭᠠᠨ ᠤ ᠪᠢᠴᠢᠭ ᠢ ᠠᠷᠠᠳ ᠤᠨ ᠰᠢᠭᠦᠬᠦ ᠬᠤᠷᠢᠶᠠᠨ ᠠᠴᠠ ᠬᠠᠤᠯᠢ ᠶᠤᠰᠤᠭᠠᠷ ᠭᠦᠢᠴᠡᠳᠭᠡᠬᠦ ᠶᠢ ᠭᠤᠶᠤᠴᠢᠯᠠᠬᠤ ᠳᠤ ᠳᠤᠤᠷᠠᠬᠢ ᠪᠠᠷᠢᠮᠵᠢᠶ᠎ᠠ ᠪᠠᠷ ᠰᠦᠢᠳᠭᠡᠯ ᠲᠤᠰᠢᠶᠠᠨ᠎ᠠ᠄         ︵ ᠨᠢᠭᠡ︶ ᠭᠦᠢᠴᠡᠳᠭᠡᠬᠦ ᠵᠤᠭᠤᠰ ᠤᠨ ᠲᠤᠭ᠎ᠠ ᠪᠤᠶᠤ ᠦᠨ᠎ᠡ ᠦᠭᠡᠢ ᠪᠤᠯ᠂ ᠬᠡᠷᠡᠭ ᠪᠦᠷᠢ 50 ᠲᠦᠭᠦᠷᠢᠭ ᠠᠴᠠ 500 ᠲᠦᠭᠦᠷᠢᠭ ᠤᠨ ᠬᠤᠭᠤᠷᠤᠨᠳᠤ ᠰᠤᠶᠢᠳᠭᠡᠯ ᠲᠤᠰᠢᠶᠠᠨ᠎ᠠ᠃         ︵ᠬᠤᠶᠠᠷ︶ ᠭᠦᠢᠴᠡᠳᠭᠡᠬᠦ ᠵᠤᠭᠤᠰ ᠤᠨ ᠲᠤᠭ᠎ᠠ ᠪᠤᠶᠤ ᠦᠨ᠎ᠡ ᠦᠷᠲᠡᠭ ᠨᠢ 1 ᠲᠦᠮᠡᠨ ᠲᠦᠭᠦᠷᠢᠭ ᠎ ᠠᠴᠠ ᠬᠡᠲᠦᠷᠡᠬᠦ ᠦᠭᠡᠢ ᠪᠤᠯ᠂ ᠬᠡᠷᠡᠭ ᠪᠦᠷᠢ 50 ᠲᠦᠭᠦᠷᠢᠭ ᠲᠤᠰᠢᠶᠠᠨ᠎ᠠ︔ 1 ᠲᠦᠮᠡᠨ ᠲᠦᠭᠦᠷᠢᠭ ᠠᠴᠠ 50 ᠲᠦᠮᠡᠨ ᠲᠦᠭᠦᠷᠢᠭ ᠤᠨ ᠬᠤᠭᠤᠷᠤᠨᠳᠤᠬᠢ ᠬᠡᠰᠡᠭ ᠢ 1.5%᠎ ᠶᠢᠨ ᠬᠠᠷᠢᠴᠠᠯ ᠢᠶᠠᠷ ᠲᠤᠰᠢᠶᠠᠨ᠎ᠠ︔ 50 ᠲᠦᠮᠠᠨ ᠲᠥᠭᠦᠷᠢᠭ ᠠᠴᠠ 500 ᠲᠦᠮᠡᠨ ᠲᠦᠭᠦᠷᠢᠭ ᠤᠨ ᠬᠤᠭᠤᠷᠤᠨᠳᠤᠬᠢ ᠬᠡᠰᠡᠭ ᠢ 1%᠎ ᠶᠢᠨ ᠬᠠᠷᠢᠴᠠᠯ ᠢᠶᠠᠷ ᠲᠤᠰᠢᠶᠠᠨ᠎ᠠ︔ 500 ᠲᠦᠮᠠᠨ ᠲᠦᠭᠦᠷᠢᠭ ᠠᠴᠠ 1000 ᠲᠦᠮᠡᠨ ᠲᠦᠭᠦᠷᠢᠭ ᠤᠨ ᠬᠤᠭᠤᠷᠤᠨᠳᠤᠬᠢ ᠬᠡᠰᠡᠭ ᠢ 0.5%᠎ ᠶᠢᠨ ᠬᠠᠷᠢᠴᠠᠯ ᠢᠶᠠᠷ ᠲᠤᠰᠢᠶᠠᠨ᠎ᠠ︔1000 ᠲᠦᠮᠡᠨ ᠲᠦᠭᠦᠷᠢᠭ ᠠᠴᠠ ᠬᠡᠳᠤᠷᠡᠭᠰᠡᠨ ᠬᠡᠰᠡᠭ ᠢ 0.1% ᠎ ᠶᠢᠨ ᠬᠠᠷᠢᠴᠠᠯ ᠢᠶᠠᠷ ᠲᠤᠰᠢᠶᠠᠨ᠎ᠠ᠃         ᠬᠤᠶᠠᠷ᠂ ᠪᠠᠳᠤᠯᠠᠨ ᠬᠠᠮᠠᠭᠠᠯᠠᠬᠤ ᠠᠷᠭ᠎ᠠ ᠠᠪᠴᠢᠯ ᠠᠪᠬᠤ ᠪᠠᠷ ᠭᠤᠶᠤᠴᠢᠯᠠᠭᠰᠠᠨ ᠢ ᠪᠤᠲᠠᠲᠠᠢ ᠪᠠᠲᠤᠯᠠᠨ ᠬᠠᠮᠠᠭᠠᠯᠠᠬᠤ ᠡᠳ᠋ ᠬᠦᠷᠦᠩᠭᠡ ᠶᠢᠨ ᠲᠤᠭ᠎ᠠ ᠶᠢ ᠦᠨᠳᠤᠰᠤᠯᠡᠵᠤ᠂ ᠲᠤᠤᠷᠠᠬᠢ ᠪᠠᠷᠢᠮᠵᠢᠶ᠎ᠠ ᠪᠠᠷ ᠰᠤᠶᠢᠳᠭᠡᠯ ᠲᠤᠰᠢᠶᠠᠨ᠎ᠠ᠄         ᠡᠳ᠋ ᠬᠦᠷᠦᠩᠭᠡ ᠶᠢᠨ ᠲᠤᠭ᠎ᠠ ᠨᠢ 1000 ᠲᠦᠭᠦᠷᠢᠭ ᠶᠢ ᠬᠡᠲᠦᠷᠡᠬᠦ ᠦᠭᠡᠢ ᠪᠤᠶᠤ ᠡᠳ᠋ ᠬᠦᠷᠦᠩᠭᠡ ᠎ ᠶᠢᠨ ᠲᠤᠭ᠎ᠠ ᠬᠤᠯᠪᠤᠭᠳᠠᠬᠤ ᠦᠭᠡᠢ ᠦᠶᠡᠰ᠂ ᠬᠡᠷᠡᠭ ᠪᠦᠷᠢ 30 ᠲᠦᠭᠦᠷᠢᠭ ᠲᠤᠰᠢᠶᠠᠨ᠎ᠠ︔ 1000 ᠲᠦᠭᠦᠷᠢᠭ ᠎ ᠠᠴᠠ 10 ᠲᠦᠮᠡᠨ ᠲᠦᠭᠦᠷᠢᠭ ᠤᠨ ᠬᠤᠭᠤᠷᠤᠨᠳᠤᠬᠢ ᠬᠡᠰᠡᠭ ᠢ 1%᠎ ᠶᠢᠨ ᠬᠠᠷᠢᠴᠠᠯ ᠢᠶᠠᠷ ᠲᠤᠰᠢᠶᠠᠨ᠎ᠠ︔ 10 ᠲᠦᠮᠡᠨ ᠲᠦᠭᠦᠷᠢᠭ ᠠᠴᠠ ᠬᠡᠲᠤᠷᠡᠭᠰᠡᠨ ᠬᠡᠰᠡᠭ ᠢ 0.5%᠎ ᠶᠢᠨ ᠬᠠᠷᠢᠴᠠᠯ ᠢᠶᠠᠷ ᠲᠤᠰᠢᠶᠠᠨ᠎ᠠ᠃ ᠭᠡᠳᠡᠯ᠎ᠡ ᠪᠠᠳᠤᠯᠠᠨ ᠬᠠᠮᠠᠭᠠᠯᠠᠬᠤ ᠠᠷᠭ᠎ᠠ ᠠᠪᠴᠢᠯ ᠠᠪᠬᠤ ᠪᠠᠷ ᠭᠤᠶᠤᠴᠢᠯᠠᠭᠰᠠᠨ ᠰᠤᠶᠢᠳᠭᠡᠯ ᠨᠢ ᠬᠠᠮᠤᠭ ᠢᠯᠡᠭᠦᠦ ᠳᠡᠭᠡᠨ 5000 ᠲᠦᠭᠦᠷᠢᠭ ᠠᠴᠠ ᠬᠡᠳᠤᠷᠡᠬᠦ ᠦᠭᠡᠢ᠃        ᠭᠤᠷᠪᠠ᠂ ᠦᠭᠭᠦᠭᠦᠯᠬᠦ ᠵᠠᠷᠯᠢᠭ ᠤᠨ ᠭᠤᠶᠤᠴᠢᠯᠠᠯ ᠨᠢ ᠡᠳ᠋ ᠬᠦᠷᠦᠩᠭᠡ ᠶᠢᠨ ᠬᠡᠷᠡᠭ ᠤᠨ ᠬᠦᠯᠢᠶᠡᠨ ᠰᠢᠢᠳᠪᠦᠷᠢᠯᠡᠬᠦ ᠰᠦᠢᠳᠭᠡᠯ ᠤᠨ ᠪᠠᠷᠢᠮᠵᠢᠶ᠎ᠠ ᠶᠢᠨ 1/3᠎ ᠲᠠᠢ ᠬᠠᠷᠢᠴᠠᠭᠤᠯᠵᠤ ᠰᠤᠶᠢᠳᠭᠡᠯ ᠲᠤᠰᠢᠶᠠᠨ᠎ᠠ᠃        ᠳᠦᠷᠪᠡ᠂ ᠬᠠᠤᠯᠢ ᠶᠤᠰᠤᠭᠠᠷ ᠵᠠᠷᠯᠠᠵᠦ ᠱᠠᠭᠠᠷᠳᠠᠨ ᠮᠡᠳᠡᠭᠳᠡᠬᠦ ᠪᠠᠷ ᠭᠤᠶᠤᠴᠢᠯᠠᠭᠰᠠᠨ ᠬᠡᠷᠡᠭ ᠪᠦᠷᠢ 100 ᠲᠦᠭᠦᠷᠢᠭ ᠲᠤᠰᠢᠶᠠᠨ᠎ᠠ᠃        ᠲᠠᠪᠤ᠂ ᠲᠠᠮᠫᠤᠷᠠᠯ ᠤᠨ ᠬᠡᠷᠡᠭ ᠨᠢ ᠲᠠᠮᠫᠤᠷᠠᠬᠤ ᠡᠳ᠋ ᠬᠦᠷᠦᠩᠭᠡ ᠤᠨ ᠶᠡᠷᠤᠩᠬᠡᠢ ᠬᠡᠮᠵᠢᠶ᠎ᠡ ᠶᠢ ᠦᠨᠳᠤᠰᠦᠯᠡᠵᠤ ᠪᠤᠳᠤᠠ᠂ ᠡᠳ᠋ ᠬᠦᠷᠦᠩᠭᠡ ᠶᠢᠨ ᠬᠡᠷᠡᠭ ᠤᠨ  ᠬᠦᠯᠢᠶᠡᠨ ᠰᠢᠢᠳᠪᠦᠷᠢᠯᠡᠬᠦ ᠰᠦᠢᠳᠭᠡᠯ ᠤᠨ ᠪᠠᠷᠢᠮᠵᠢᠶ᠎ᠠ ᠶᠢᠨ ᠬᠠᠭᠠᠰ ᠪᠠᠷ ᠲᠤᠰᠢᠶᠠᠨ᠎ᠠ᠂ ᠭᠡᠲᠡᠯ᠎ᠡ ᠬᠠᠮᠤᠭ ᠥᠨᠳᠦᠷ ᠲᠡᠭᠡᠨ 30 ᠲᠦᠮᠡᠨ ᠲᠦᠭᠦᠷᠢᠭ ᠠᠴᠠ ᠬᠡᠳᠤᠷᠡᠬᠦ ᠦᠭᠡᠢ᠃        ᠵᠢᠷᠭᠤᠭ᠎ᠠ᠂ ᠡᠶᠡᠲᠡᠭᠦᠯᠭᠡ ᠶᠢᠨ ᠬᠡᠯᠪᠡᠷᠢ ᠢᠶᠠᠷ ᠬᠡᠷᠡᠭ ᠳᠠᠭᠤᠰᠤᠭᠰᠠᠨ ᠪᠤᠶᠤ ᠲᠤᠬᠠᠢ ᠶᠢᠨ ᠬᠦᠮᠤᠨ ᠵᠠᠷᠭᠤ ᠎ ᠪᠠᠨ ᠪᠤᠴᠠᠭᠠᠬᠤ ᠪᠠᠷ ᠭᠤᠶᠤᠴᠢᠯᠠᠭᠰᠠᠨ᠂ ᠳᠦᠭᠦᠮ ᠵᠢᠷᠤᠮ ᠢ ᠬᠡᠷᠡᠭᠯᠡᠨ ᠰᠢᠭᠦᠭᠰᠡᠨ ᠬᠡᠷᠡᠭ ᠤᠳ ᠴᠦᠮ ᠬᠦᠯᠢᠶᠡᠨ ᠰᠢᠢᠳᠪᠦᠷᠢᠯᠡᠬᠦ ᠰᠦᠢᠳᠭᠡᠯ ᠢ ᠬᠠᠭᠠᠰ ᠢᠶᠠᠷ ᠲᠤᠰᠢᠶᠠᠨ᠎ᠠ᠃       ᠳᠤᠯᠤᠭ᠎ᠠ᠄ ᠵᠠᠭᠠᠯᠳᠤᠭᠳᠠᠭᠴᠢ ᠭᠡᠳᠡᠷᠭᠦ ᠵᠠᠭᠠᠯᠳᠤᠭᠰᠠᠨ᠂ ᠲᠤᠰᠠᠭᠠᠷ ᠭᠤᠶᠤᠴᠢᠯᠠᠬᠤ ᠡᠷᠬᠡ ᠲᠠᠢ ᠭᠤᠷᠪᠠᠳᠡᠬᠢ ᠡᠳᠡᠭᠡᠳ ᠲᠤᠰ ᠬᠡᠷᠡᠭ ᠲᠤ ᠬᠤᠯᠪᠤᠭᠳᠠᠭᠰᠠᠨ ᠵᠠᠷᠭᠤ ᠶᠢᠨ ᠭᠤᠶᠤᠴᠢᠯᠠᠯ ᠲᠤᠷᠠᠳᠤᠭᠰᠠᠨ ᠬᠡᠷᠡᠭ ᠢ ᠠᠷᠠᠳ ᠤᠨ ᠰᠢᠭᠦᠬᠦ ᠬᠤᠷᠢᠶ᠎ᠠ ᠬᠠᠮᠲᠤ ᠪᠠᠷ ᠰᠢᠭᠦᠬᠦ ᠪᠠᠷ ᠲᠣᠭᠲᠠᠭᠰᠠᠨ ᠪᠣᠯ᠂ ᠬᠡᠷᠡᠭ ᠤᠨ  ᠬᠦᠯᠢᠶᠡᠨ ᠰᠢᠢᠳᠪᠦᠷᠢᠯᠡᠬᠦ ᠰᠦᠢᠳᠭᠡᠯ ᠢ ᠬᠠᠭᠠᠰ ᠪᠠᠷ ᠲᠤᠰᠢᠶᠠᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号