ᠪᠠᠭ᠎ᠠ ᠲᠣᠭᠠᠨ ᠤ ᠵᠠᠷᠭᠤ ᠶᠢᠨ ᠮᠡᠳᠡᠭᠳᠡᠬᠦ ᠪᠢᠴᠢᠭ
ᠨᠡᠶᠢᠲᠡᠯᠡᠭᠰᠡᠨ ᠴᠠᠭ᠄
2018-12-06
        ᠪᠠᠭ᠎ᠠ ᠲᠣᠭᠠᠨ ᠤ ᠵᠠᠷᠭᠤ ᠶᠢᠨ ᠵᠢᠷᠣᠮ ᠪᠣᠯ ᠦᠨᠳᠦᠰᠦᠨ ᠱᠠᠳᠣᠨ ᠤ ᠰᠢᠬᠦᠬᠦ ᠬᠤᠷᠢᠶ᠎ᠠ ᠬᠠᠷᠠᠯᠳᠠᠳᠣ ᠵᠣᠭᠤᠰ ᠨᠢ ᠪᠠᠭ᠎ᠠ ᠡᠩ ᠤᠨ ᠢᠷᠭᠡᠨ ᠤ ᠬᠡᠷᠡᠭ ᠢ ᠰᠢᠬᠦᠬᠦ ᠳᠤ ᠬᠡᠷᠡᠭᠯᠡᠳᠡᠭ ᠲᠦᠬᠦᠮ ᠵᠢᠷᠣᠮ ᠠᠴᠠ ᠪᠠᠰᠠ ᠳᠦᠭᠦᠮ ᠠᠪᠰᠠᠷᠬᠠᠨ ᠵᠠᠷᠭᠤ ᠶᠢᠨ ᠵᠢᠷᠣᠮ ᠪᠣᠯᠤᠨ᠎ᠠ᠂ ᠡᠭᠦᠨ ᠤ ᠵᠣᠷᠢᠯᠭ᠎ᠠ ᠨᠢ ᠵᠠᠷᠭᠤ ᠶᠢᠨ ᠦᠷ᠎ᠡ ᠪᠦᠳᠦᠮᠵᠢ ᠶᠢ ᠲᠡᠭᠡᠭᠰᠢᠯᠡᠬᠦᠯᠦᠨ᠂ ᠲᠣᠬᠠᠢ ᠶᠢᠨ ᠬᠦᠮᠦᠨ ᠤ ᠵᠠᠷᠭᠤ ᠶᠢᠨ ᠲᠠᠷᠣᠭᠠᠰᠣ ᠶᠢ ᠬᠦᠡᠭᠭᠡᠷᠡᠭᠦᠯᠵᠤ᠂ ᠲᠡᠳᠡᠨᠡᠷ ᠤᠨ ᠬᠠᠣᠯᠢ ᠶᠣᠰᠣᠨ ᠤ ᠡᠷᠬᠡ ᠠᠰᠢᠭ ᠶᠢ ᠴᠠᠭ ᠲᠣᠬᠠᠢ ᠳᠤᠨᠢ ᠬᠠᠮᠠᠭᠠᠯᠠᠵᠦ᠂ ᠢᠷᠭᠡᠨ ᠤ ᠬᠡᠷᠡᠭ ᠤᠨ ᠬᠠᠷᠢᠴᠠᠭ᠎ᠠ ᠶᠢ ᠲᠣᠭᠳᠠᠪᠦᠷᠢᠵᠢᠭᠤᠯᠵᠤ᠂ ᠨᠡᠶᠢᠭᠡᠮ ᠤᠨ ᠡᠶ᠎ᠡ ᠨᠠᠶᠢᠷᠠᠮᠳᠠᠭᠤ ᠶᠢ ᠠᠬᠢᠭᠤᠯᠬᠤ ᠶᠢᠨ ᠲᠥᠯᠦᠭᠡ ᠶᠤᠮ᠃          ᠨᠢᠭᠡ᠂ ᠪᠠᠭ᠎ᠠ ᠲᠣᠭᠠᠨ ᠤ ᠵᠠᠷᠭᠤ ᠶᠢᠨ ᠵᠢᠷᠣᠮ ᠨᠢ ᠵᠦᠪᠬᠡᠨ ᠦᠨᠳᠦᠰᠦᠨ ᠱᠠᠳᠣᠨ ᠤ ᠰᠢᠬᠦᠬᠦ ᠬᠤᠷᠢᠶ᠎ᠠ ᠪᠠ ᠲᠡᠭᠦᠨ ᠤ ᠲᠣᠮᠢᠯᠠᠭᠰᠠᠨ ᠰᠢᠬᠦᠬᠦ ᠲᠢᠩᠬᠢᠮ ᠬᠡᠷᠡᠭ ᠰᠢᠬᠦᠨ ᠰᠢᠢᠳᠪᠦᠷᠢᠯᠡᠬᠦ ᠳᠤ ᠬᠡᠷᠡᠭᠯᠡᠭᠳᠠᠨ᠎ᠡ᠃        ᠬᠤᠶᠠᠷ᠂ ᠪᠠᠭ᠎ᠠ ᠲᠣᠭᠠᠨ ᠤ ᠵᠠᠷᠭᠤ ᠶᠢᠨ ᠵᠢᠷᠣᠮ ᠨᠢ ᠵᠦᠪᠬᠡᠨ ᠪᠣᠳᠠᠳᠣ ᠶᠠᠪᠤᠳᠠᠯ ᠨᠢ ᠲᠣᠳᠤᠷᠬᠠᠢ᠂ ᠡᠷᠭᠡ ᠡᠬᠦᠷᠭᠡ ᠶᠢᠨ ᠬᠠᠷᠢᠴᠠᠭ᠎ᠠ ᠨᠢ ᠢᠯᠡᠷᠬᠡᠢ᠂ ᠲᠣᠬᠠᠢ ᠶᠢᠨ ᠬᠦᠮᠦᠨ ᠤ ᠬᠤᠭᠤᠷᠣᠨᠳᠦᠬᠢ ᠵᠢᠭᠤᠷᠠᠯᠳᠣᠭᠠᠨ ᠨᠢ ᠶᠡᠭᠡ ᠪᠣᠰᠣ ᠢᠷᠭᠡᠨ ᠤ ᠬᠡᠷᠡᠭ ᠲᠤ ᠲᠣᠬᠢᠷᠠᠨ ᠬᠡᠷᠡᠭᠯᠡᠭᠳᠠᠨ᠎ᠡ᠃        ᠭᠤᠷᠪᠠ᠂ ᠪᠠᠭ᠎ᠠ ᠲᠣᠭᠠᠨ ᠤ ᠵᠠᠷᠭᠤ ᠶᠢᠨ ᠬᠡᠷᠡᠭ ᠤᠨ ᠬᠠᠷᠠᠯᠳᠠᠳᠣ ᠵᠣᠭᠤᠰ ᠨᠢ ᠦᠪᠡᠷᠳᠡᠭᠡᠨ ᠵᠠᠰᠠᠬᠤ ᠣᠷᠣᠨ ᠤ ᠲᠡᠭᠡᠳᠦ ᠵᠢᠯ ᠤᠨ ᠠᠵᠢᠯ ᠳᠤ ᠣᠷᠣᠭᠰᠠᠳ ᠤᠨ ᠵᠢᠯ ᠤᠨ ᠲᠡᠭᠡᠭᠰᠢᠳᠭᠡᠭᠰᠡᠨ ᠴᠠᠯᠢᠩ ᠤᠨ ᠵᠠᠭᠤᠨ ᠤ ᠭᠤᠴᠢ᠂ ᠲᠠᠷᠣᠢ 12000 ᠲᠦᠭᠦᠷᠢᠭ ᠠᠴᠠ ᠲᠣᠷᠣᠭᠰᠢ ᠪᠠᠶᠢᠵᠤ᠂ ᠰᠡᠭᠦᠯᠡᠷ ᠨᠢ ᠦᠪᠡᠷᠳᠡᠭᠡᠨ ᠵᠠᠰᠠᠬᠤ ᠣᠷᠣᠨ  ᠤ ᠲᠤᠭ᠎ᠠ ᠪᠦᠷᠢᠳᠭᠡᠯ ᠤᠨ ᠭᠠᠵᠠᠷ ᠠᠴᠠ ᠨᠡᠶᠢᠳᠡᠯᠡᠭᠰᠡᠨ ᠲᠤᠭ᠎ᠠ ᠪᠠᠷᠢᠮᠲᠠ ᠶᠢ ᠦᠨᠳᠦᠰᠦᠯᠡᠨ ᠵᠢᠯ ᠳᠠᠷᠠᠭᠠᠯᠠᠨ ᠲᠣᠬᠢᠷᠠᠭᠤᠯᠣᠨ᠎ᠠ᠃        ᠲᠦᠷᠪᠡ᠂ ᠪᠠᠭ᠎ᠠ ᠲᠣᠭᠠᠨ ᠤ ᠵᠠᠷᠭᠤ ᠶᠢ ᠨᠢᠭᠡᠳᠦᠭᠡᠷ ᠰᠢᠬᠦᠯᠳᠡ ᠪᠠᠷ ᠰᠢᠬᠦᠯᠳᠡ ᠲᠡᠭᠦᠰᠭᠡᠵᠤ᠂ ᠲᠣᠬᠠᠢ  ᠶᠢᠨ ᠬᠦᠮᠦᠨ ᠲᠡᠭᠡᠭᠰᠢ ᠵᠠᠭᠠᠯᠳᠣᠬᠤ ᠡᠷᠬᠡ ᠦᠭᠡᠢ᠃ ᠬᠡᠷᠪᠡ ᠲᠣᠬᠠᠢ ᠶᠢᠨ ᠬᠦᠮᠦᠨ ᠨᠢᠭᠡᠨᠳᠡ ᠬᠠᠣᠯᠢ ᠶᠢᠨ ᠬᠦᠴᠦᠨ  ᠲᠠᠢ ᠪᠣᠯᠣᠭᠰᠠᠨ ᠰᠢᠬᠦᠨ ᠲᠠᠰᠣᠯᠣᠯᠳᠠ᠂ ᠬᠢᠨᠠᠨ ᠲᠣᠭᠳᠠᠭᠠᠯᠳᠠ ᠪᠠ ᠡᠶᠡᠳᠡᠭᠦᠯᠭᠡ ᠶᠢᠨ ᠪᠢᠴᠢᠭ ᠲᠤ ᠪᠣᠷᠣᠭᠤ ᠲᠠᠢ ᠭᠡᠵᠤ ᠦᠵᠡᠪᠡᠯ᠂ ᠰᠢᠬᠦᠨ ᠲᠠᠰᠣᠯᠣᠯᠳᠠ ᠳᠤ ᠬᠢᠨᠠᠯᠲᠠ ᠲᠠᠯᠪᠢᠬᠤ ᠵᠢᠷᠣᠮ ᠢᠶᠠᠷ ᠳᠠᠮᠵᠢᠵᠤ ᠲᠠᠬᠢᠨ ᠰᠢᠬᠦᠯᠭᠡᠬᠦ ᠶᠢ ᠭᠤᠶᠣᠴᠢᠯᠠᠵᠤ ᠪᠣᠯᠣᠨ᠎ᠠ᠃        ᠲᠠᠪᠤ᠂ ᠪᠠᠭ᠎ᠠ ᠲᠣᠭᠠᠨ ᠤ ᠵᠠᠷᠭᠤ ᠶᠢᠨ ᠬᠡᠷᠡᠭ ᠢ ᠰᠢᠭᠦᠭᠴᠢ ᠭᠠᠭᠴᠠᠭᠠᠷ ᠢᠶᠠᠨ ᠰᠢᠭᠦᠵᠦ᠂ ᠰᠢᠬᠦᠨ ᠰᠢᠢᠳᠪᠦᠷᠢᠯᠡᠬᠦ ᠵᠢᠷᠣᠮ ᠨᠢ ᠬᠠᠷᠢᠴᠠᠩᠭᠤᠢ ᠲᠦᠭᠦᠮ᠂ ᠠᠮᠢᠳᠣᠯᠢᠭ ᠪᠠᠶᠢᠵᠤ᠂ ᠭᠤᠷᠪᠠᠨ ᠡᠳᠦᠷ ᠤᠨ ᠡᠮᠦᠨ᠎ᠡ ᠠᠴᠠ ᠰᠢᠬᠦᠯᠳᠡ ᠡᠬᠢᠯᠡᠬᠦ ᠴᠠᠭ ᠪᠠᠨ ᠮᠡᠳᠡᠭᠳᠡᠭᠦ ᠮᠡᠳᠦ ᠶᠢᠨ ᠲᠦᠷᠢᠮ ᠳᠤ ᠬᠢᠵᠠᠭᠠᠷᠯᠠᠭᠳᠠᠬᠤ ᠦᠭᠡᠢ᠃ ᠲᠣᠬᠠᠢ ᠶᠢᠨ ᠬᠦᠮᠦᠨ ᠪᠦᠬᠦ ᠭᠡᠷᠡᠴᠢ ᠪᠠᠷᠢᠮᠲᠠ ᠪᠠᠨ ᠠᠪᠴᠦ ᠲᠢᠩᠬᠢᠮ ᠳᠤ ᠣᠷᠤᠯᠴᠠᠵᠤ᠂ ᠵᠠᠷᠭᠤ ᠶᠢ ᠨᠢᠭᠡ ᠰᠠᠷ᠎ᠠ ᠶᠢᠨ ᠲᠣᠳᠣᠷ᠎ᠠ ᠰᠢᠬᠦᠨ ᠲᠠᠭᠤᠰᠬᠠᠬᠤ ᠬᠡᠷᠡᠭᠲᠠᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号