ᠪᠤᠷᠤᠠᠭᠤᠯᠠ ᠭᠠᠴᠠᠭ᠎ᠠ᠄ ᠴᠡᠷᠢᠭ ᠠᠷᠠᠤᠨ ᠤᠨ ᠠᠭᠤᠰᠤᠯᠴᠠᠯ ᠴᠢᠨᠠᠭᠡᠯᠢᠭᠵᠢᠯ ᠤᠨ ᠵᠠᠮ ᠢ ᠦᠷᠭᠡᠤᠠᠭᠡᠨ᠎ᠠ
ᠨᠡᠶᠢᠲᠡᠯᠡᠭᠰᠡᠨ ᠴᠠᠭ᠄
2018-05-29
       ᠵᠢᠷᠤᠭ ᠪᠤᠯ᠂ ᠳ᠋ᠦᠡᠭᠹᠸᠡᠭ ᠰᠠᠨᠰᠡᠷ ᠤᠨ ᠬᠤᠳᠠ ᠶᠢᠨ ᠰᠠᠭᠤᠷᠢᠨ ᠭᠠᠵᠠᠷ ᠤᠨ ᠴᠡᠷᠢᠭ ᠪᠠᠶᠢᠯᠳᠤᠭᠴᠢᠳ ᠲᠤᠬᠠᠢ ᠶᠢᠨ ᠭᠠᠵᠡᠷ ᠤᠨ ᠮᠠᠯᠴᠢᠨ ᠲᠠᠷᠢᠶᠠᠴᠢᠳ ᠤᠨ ᠤᠷᠤᠯᠭ᠎ᠠ ᠪᠠᠨ ᠨᠡᠮᠡᠭᠳᠡᠬᠦᠯᠬᠦ ᠳᠤ ᠵᠢᠯᠤᠭᠤᠳᠤᠯᠭ᠎ᠠ ᠬᠠᠨᠭ᠍ᠭᠠᠨ᠎ᠠ᠃ ︵ᠪᠤᠤ ᠶᠦᠨ ᠹᠸᠡᠭ ᠰᠡᠬᠦᠳᠡᠷᠯᠡᠪᠡ︶        ᠤᠷᠴᠢᠮ ᠤᠨ ᠵᠢᠯ ᠠᠴᠠ᠂ ᠡᠵᠡᠨ᠎ᠠ ᠬᠤᠰᠢᠭᠤᠨ ᠤ ᠳ᠋ᠦᠡᠭᠹᠸᠡᠭ ᠰᠠᠨᠰᠡᠷ ᠤᠨ ᠬᠤᠳᠠ ᠶᠢᠨ ᠰᠠᠭᠤᠷᠢᠨ ᠭᠠᠵᠠᠷ ᠤᠨ ᠴᠡᠷᠢᠭ ᠠᠩᠬᠢ ᠶᠢᠨ ᠬᠢᠨ ᠲᠤᠬᠠᠢ ᠶᠢᠨ ᠭᠠᠵᠡᠷ ᠤᠨ ᠤᠯᠠᠨ ᠲᠦᠮᠡᠨ ᠲᠠᠢ ᠬᠠᠷᠢᠯᠴᠠᠭ᠎ᠠ ᠬᠤᠯᠪᠤᠭ᠎ᠠ ᠪᠠᠨ ᠴᠢᠩᠭᠠᠳᠬᠠᠭᠰᠠᠭᠠᠷ ᠢᠷᠡᠵᠦ᠂ ᠨᠡᠩ ᠴᠦ ᠡᠨᠡ ᠵᠢᠯ ᠠᠴᠠ ᠲᠤᠬᠠᠢ ᠶᠢᠨ ᠭᠠᠵᠡᠷ ᠤᠨ ᠮᠠᠯᠴᠢᠨ ᠲᠠᠷᠢᠶᠠᠴᠢᠳ ᠲᠤ ᠤᠨᠴᠠᠯᠢᠠᠠᠲᠦ ᠲᠠᠷᠢᠶᠠᠯᠡᠩ ᠤᠨ ᠮᠡᠷᠬᠡᠵᠢᠯ ᠤᠨ ᠲᠠᠯ᠎ᠠ ᠪᠠᠷ ᠲᠡᠮᠵᠢᠯᠬᠡ ᠦᠵᠡᠬᠦᠯᠵᠦ᠂ ᠲᠡᠳᠡᠨᠡᠷ ᠤᠨ ᠤᠷᠤᠯᠭ᠎ᠠ ᠪᠠᠨ ᠨᠡᠮᠡᠭᠳᠡᠬᠦᠯᠬᠦ ᠳᠤ ᠵᠢᠯᠤᠭᠤᠳᠤᠯᠭ᠎ᠠ ᠪᠤᠯᠤᠭᠰᠠᠨ ᠪᠠᠶᠢᠨ᠎ᠠ᠃        ᠡᠨᠡ ᠵᠢᠯ ᠤᠨ ᠲᠠᠷᠢᠶᠠᠯᠠᠭ᠎ᠠ ᠶᠢᠨ ᠦᠶ᠎ᠠ ᠪᠠᠷ᠂ ᠡᠵᠡᠨ᠎ᠠ ᠬᠤᠰᠢᠭᠤᠨ ᠤ ᠳ᠋ᠦᠡᠭᠹᠸᠡᠭ ᠪᠠᠯᠭᠠᠰᠤᠨ ᠤ ᠪᠤᠷᠤᠠᠭᠤᠯᠠ ᠭᠠᠴᠠᠭ᠎ᠠ ᠤᠯᠠᠨ ᠲᠦᠮᠡᠨ ᠤ ᠤᠷᠤᠯᠭ᠎ᠠ ᠶᠢ ᠨᠡᠮᠡᠭᠳᠡᠬᠦᠯᠬᠦ ᠶᠢᠨ ᠲᠤᠰᠠᠳᠠ ᠭᠠᠴᠠᠭᠠᠨ ᠤ ᠰᠤᠯᠠ ᠤᠷᠬᠢᠭᠰᠠᠨ 4 ᠰᠠᠭᠤᠷᠢ ᠬᠦᠯᠡᠮᠵᠢ ᠶᠢ ᠠᠰᠢᠭᠯᠠᠨ ᠤᠨᠴᠠᠯᠢᠠᠠᠲᠦ ᠲᠠᠷᠢᠶᠠᠯᠠᠩ ᠤᠨ ᠦᠢᠯᠡᠰ ᠡᠷᠬᠢᠯᠡᠬᠦ ᠪᠠᠷ ᠰᠢᠢᠳᠥᠭᠰᠡᠨ ᠪᠤᠯᠪᠠᠴᠦ ᠲᠠᠷᠢᠶᠠᠯᠠᠭ᠎ᠠ ᠶᠢᠨ ᠮᠡᠷᠬᠡᠵᠢᠯ ᠮᠡᠬᠦᠰ ᠪᠤᠯᠬᠤᠷ ᠭᠠᠴᠢᠭᠳᠠᠵᠦ ᠪᠠᠶᠢᠵᠠᠢ᠃ ᠡᠨᠡᠬᠦ ᠪᠠᠶᠢᠳᠠᠯ ᠢ ᠮᠡᠳᠡᠭᠰᠡᠨ ᠳ᠋ᠦᠡᠭᠹᠸᠡᠭ ᠰᠠᠨᠰᠡᠷ ᠤᠨ ᠬᠤᠳᠠ ᠶᠢᠨ ᠰᠠᠭᠤᠷᠢᠨ ᠭᠠᠵᠠᠷ ᠤᠨ ᠴᠡᠷᠢᠭ ᠠᠩᠬᠢ ᠶᠢᠨ ᠬᠢᠨ ᠭᠠᠴᠠᠭᠠᠨ ᠤ ︽ᠬᠤᠶᠡᠷ ᠵᠦᠪᠯᠡᠯ︾᠎ ᠲᠠᠢ ᠬᠠᠷᠢᠴᠠᠵᠦ ᠪᠠᠶᠢᠭᠠᠳ ᠲᠠᠷᠢᠶᠠᠯᠠᠩ ᠤᠨ ᠮᠡᠷᠬᠡᠵᠢᠯ ᠤᠨ ᠲᠠᠯ᠎ᠠ ᠪᠠᠷ ᠵᠢᠯᠤᠭᠤᠳᠤᠯᠭ᠎ᠠ ᠪᠤᠯᠬᠤ ᠪᠠᠷ ᠲᠤᠭᠳᠠᠭᠰᠠᠨ ᠪᠠᠶᠢᠨ᠎ᠠ᠃ 2013 ᠤᠨ ᠠᠴᠠ ᠨᠠᠰᠢ᠂ ᠳ᠋ᠦᠡᠭᠹᠸᠡᠭ ᠰᠠᠨᠰᠡᠷ ᠤᠨ ᠬᠤᠳᠠ ᠶᠢᠨ ᠰᠠᠭᠤᠷᠢᠨ ᠭᠠᠵᠠᠷ ᠤᠨ ᠴᠡᠷᠢᠭ ᠪᠠᠶᠢᠯᠳᠤᠭᠴᠢᠳ ᠲᠤᠬᠠᠢ ᠶᠢᠨ ᠭᠠᠵᠡᠷ ᠤᠨ ᠮᠠᠯᠴᠢᠨ ᠲᠠᠷᠢᠶᠠᠴᠢᠳ ᠢ ᠲᠠᠮᠵᠢᠨ ᠲᠠᠷᠢᠶᠠᠯᠠᠩ ᠤᠨ ᠪᠦᠲᠦᠬᠡᠭᠳᠡᠬᠦᠨ ᠢ ᠬᠤᠷᠢᠶᠠᠬᠤ᠂ ᠮᠠᠰᠢᠨ ᠲᠤᠨᠤᠭᠯᠠᠯ ᠢ ᠨᠢ ᠵᠠᠰᠠᠬᠤ᠂ ᠪᠡᠶ᠎ᠠ ᠶᠢᠨ ᠪᠠᠶᠢᠴᠠᠭᠠᠯᠳᠠ ᠬᠢᠬᠦ᠂ ᠮᠤᠳᠤ ᠲᠠᠷᠢᠬᠤ ᠵᠡᠷᠬᠡ ᠠᠵᠢᠯᠯᠠᠭ᠎ᠠ ᠦᠷᠨᠢᠬᠦᠯᠵᠦ᠂ ᠴᠡᠷᠢᠭ ᠠᠷᠠᠳ ᠤᠨ ︽ᠵᠢᠭᠠᠰᠤ ᠤᠰᠤᠨ ᠤ ᠬᠠᠷᠢᠴᠠᠭ᠎ᠠ︾ ᠎ ᠶᠢ ᠨᠢᠠᠠᠳᠠᠷᠠᠭᠤᠯᠤᠭᠰᠠᠭᠠᠷ ᠢᠷᠡᠵᠠᠢ᠃ ᠭᠠᠴᠠᠭᠠᠨ ᠤ ᠨᠠᠮ ᠤᠨ ᠡᠬᠦᠷ ᠤᠨ ᠱᠦᠵᠢ ᠬᠡᠯᠡᠬᠦ ᠳᠡᠭᠡᠨ᠂ ᠴᠡᠷᠢᠭ ᠪᠠᠶᠢᠯᠳᠤᠭᠴᠢᠳ ᠪᠢᠳᠠᠨ ᠤ ᠬᠦᠯᠡᠮᠵᠢ ᠪᠠᠷ ᠲᠤᠭᠳᠠᠮᠠᠯ ᠬᠤᠭᠤᠴᠠᠭ᠎ᠠ ᠲᠠᠢ ᠪᠠᠷ ᠢᠷᠡᠵᠦ ᠤᠷᠭᠤᠯᠳᠠ ᠶᠢᠨ ᠪᠠᠶᠢᠳᠠᠯ ᠢ ᠪᠠᠶᠢᠴᠠᠭᠠᠵᠦ ᠪᠤᠢ᠂ ᠲᠡᠳᠡᠨᠡᠷ ᠤᠨ ᠵᠢᠯᠤᠭᠤᠳᠤᠯᠭ᠎ᠠ ᠪᠠᠷ ᠪᠢᠳᠠᠨ ᠤ ᠲᠠᠷᠢᠭᠰᠠᠨ ᠬᠦᠮᠡᠯᠢ ᠶᠢᠨ ᠤᠷᠭᠤᠯᠳᠠ ᠶᠢᠨ ᠪᠠᠶᠢᠳᠠᠯ ᠤᠨᠴᠠ ᠰᠠᠶᠢᠨ ᠪᠤᠯᠵᠦ᠂ ᠤᠨᠳᠤᠷᠤᠯᠳᠠ ᠶᠢᠨ ᠨᠤᠷᠮ᠎ᠠ 100%᠎ ᠳᠤ ᠬᠦᠷᠴᠠᠢ ᠭᠡᠮᠡᠨ ᠱᠠᠭᠰᠢᠵᠦ ᠪᠠᠶᠢᠯ᠎ᠠ᠃        ᠭᠠᠴᠠᠭᠠᠨ ᠤ ︽ᠬᠤᠶᠡᠷ ᠵᠦᠪᠯᠡᠯ︾᠎ ᠤᠨ ᠲᠦᠰᠦᠪᠯᠡᠭᠰᠡᠨ ᠢᠶᠠᠷ᠂ ᠬᠦᠯᠡᠮᠵᠢ ᠪᠦᠷᠢ ᠠᠴᠠ ᠰᠠᠷ᠎ᠠ ᠪᠤᠯᠭᠠᠨ 1000 ᠵᠢᠩ ᠬᠦᠮᠡᠯᠢ ᠬᠤᠷᠢᠶᠠᠵᠦ᠂ ᠵᠢᠩ ᠪᠦᠷᠢ ᠶᠢ 5 ᠲᠦᠬᠦᠷᠢᠭ ᠢᠶᠠᠷ ᠬᠤᠳᠠᠯᠳᠤᠵᠦ᠂ ᠤᠷᠤᠯᠭ᠎ᠠ ᠶᠢᠨ ᠲᠠᠯ᠎ᠠ ᠪᠠᠷ ᠬᠠᠷᠢᠴᠠᠩᠭᠤᠢ ᠨᠡᠮᠡᠭᠳᠡᠬᠦ ᠪᠤᠯᠤᠨ᠎ᠠ ᠬᠡᠨ᠎ᠠ᠃ ᠳ᠋ᠦᠡᠭᠹᠸᠡᠭ ᠰᠠᠨᠰᠡᠷ ᠤᠨ ᠬᠤᠳᠠ ᠶᠢᠨ ᠰᠠᠭᠤᠷᠢᠨ ᠭᠠᠵᠠᠷ ᠤᠨ ᠴᠡᠷᠢᠭ ᠠᠩᠬᠢ ᠶᠢᠨ ᠲᠤᠷᠰᠢᠯᠭ᠎ᠠ ᠪᠠᠷ᠂ ᠨᠢᠬᠡ ᠬᠦᠯᠡᠮᠵᠢ ᠶᠢᠨ ᠬᠦᠮᠡᠯᠢ ᠶᠢ ᠵᠢᠯ ᠳᠤ 5᠎ ᠠᠴᠠ 6 ᠤᠳᠠᠭ᠎ᠠ ᠬᠤᠷᠢᠶᠠᠵᠦ᠂ 4 ᠬᠦᠯᠡᠮᠵᠢ ᠶᠢᠨ ᠪᠤᠷᠤ ᠤᠷᠤᠯᠭ᠎ᠠ 10᠎ ᠠᠴᠠ 12 ᠲᠦᠮᠡᠨ ᠲᠦᠬᠦᠷᠢᠭ ᠲᠤ ᠬᠦᠷᠴᠦ᠂ ᠴᠡᠪᠡᠷ ᠤᠷᠤᠯᠭ᠎ᠠ 2᠎ ᠠᠴᠠ 4 ᠲᠦᠮᠡᠨ ᠲᠦᠬᠦᠷᠢᠭ ᠲᠤ ᠬᠦᠷᠴᠦ᠂ ᠮᠠᠯᠴᠢᠨ ᠲᠠᠷᠢᠶᠠᠴᠢᠳ 60%᠎ ᠶᠢᠨ ᠠᠰᠢᠭ ᠬᠦᠷᠳᠡᠬᠦ ᠪᠤᠯᠤᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ ᠤ ᠮᠣᠩᠭᠤᠯ ᠬᠡᠪᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号