2018 ᠤᠨ ᠪᠤᠯ ᠪᠦᠬᠦ ᠬᠤᠰᠢᠭᠤᠨ ᠤ ᠭᠠᠴᠠᠭᠠᠨ ︵ᠨᠡᠶᠢᠬᠡᠮ ᠲᠤᠭᠤᠷᠢᠭ︶ ᠤ ᠨᠠᠮ ᠤᠨ ᠵᠤᠬᠢᠶᠠᠨ | ᠪᠠᠶᠢᠭᠤᠯᠤᠯᠳᠠ ᠪᠠ ᠭᠠᠴᠠᠭ᠎ᠠ ᠲᠤᠰᠬᠤᠨ ᠤ ᠠᠷᠠᠳ ᠤᠨ ᠵᠦᠪᠯᠡᠯ ︵ᠨᠡᠶᠢᠬᠡᠮ ᠲᠤᠭᠤᠷᠢᠭ ᠤᠨ ᠰᠠᠭᠤᠭᠠᠯᠢ ᠠᠷᠠᠳ | ᠤᠨ ᠵᠦᠪᠯᠡᠯ︶ ᠤᠨ ᠲᠤᠰᠢᠶᠠᠯ ᠤᠨ ᠬᠤᠭᠤᠴᠠᠭ᠎ᠠ ᠲᠠᠭᠤᠰᠴᠤ᠂ ᠬᠠᠤᠯᠢ ᠲᠤᠭᠳᠠᠭᠠᠯ ᠶᠤᠰᠤᠭᠠᠷ ᠬᠤᠭᠤᠴᠠᠭ᠎ᠠ | ᠰᠤᠯᠢᠵᠤ ᠰᠤᠩᠭᠤᠭᠤᠯᠢ ᠬᠢᠬᠦ ᠴᠢᠬᠤᠯᠳᠠᠢ᠃ | ᠠᠷᠪᠠᠨ ᠶᠢᠰᠦᠳᠦᠬᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ᠂ ᠰᠢ | ᠶᠢᠨ ᠫᠢᠩ ᠤᠨ ᠰᠢᠨ᠎ᠠ ᠴᠠᠭ ᠦᠶ᠎ᠡ ᠳᠠᠬᠢ ᠲᠤᠮᠳᠠᠳᠤ ᠤᠯᠤᠰ ᠤᠨ ᠤᠨᠴᠠᠯᠢᠭᠳᠤ ᠨᠡᠶᠢᠬᠡᠮ ᠵᠢᠷᠤᠮ ᠤᠨ ᠦᠵᠡᠯ | ᠰᠠᠨᠠᠭ᠎ᠠ ᠶᠢ ᠦᠨᠳᠤᠰᠤᠨ ᠱᠠᠳᠤᠨ ᠳᠤ ᠬᠦᠨᠵᠡᠬᠡᠢ ᠤᠬᠠᠭᠤᠯᠤᠨ ᠬᠡᠷᠡᠭᠵᠢᠬᠦᠯᠬᠦ ᠶᠢ ᠠᠬᠢᠭᠤᠯᠵᠤ᠂ ᠰᠢᠨ᠎ᠠ ᠨᠢᠬᠡᠨ | ᠡᠬᠡᠯᠵᠢ ᠶᠢᠨ ᠭᠠᠴᠠᠭᠠᠨ ᠤ ᠨᠡᠮ ᠤᠨ ᠵᠤᠬᠢᠶᠠᠨ ᠪᠠᠶᠢᠭᠤᠯᠤᠯᠳᠠ᠂ ᠨᠡᠶᠢᠬᠡᠮ ᠲᠤᠭᠤᠷᠢᠭ ᠤᠨ ᠨᠠᠮ ᠤᠨ ᠵᠤᠬᠢᠶᠠᠨ | ᠪᠠᠶᠢᠭᠤᠯᠤᠯᠳᠠ ᠪᠤᠯᠤᠨ ᠠᠷᠪᠠᠳᠤᠭᠠᠷ ᠬᠤᠭᠤᠴᠠᠭᠠᠨ ᠤ ᠭᠠᠴᠠᠭ᠎ᠠ ᠲᠤᠰᠬᠤᠨ ᠤ ᠠᠷᠠᠳ ᠤᠨ ᠵᠦᠪᠯᠡᠯ᠂ ᠨᠡᠶᠢᠬᠡᠮ | ᠶᠠᠪᠤᠭᠳᠠᠭᠤᠯᠬᠤ ᠶᠢᠨ ᠲᠤᠰᠠᠳᠠ᠂ ︽ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠷᠢᠮ︾᠂ ︽ᠲᠤᠮᠳᠠᠳᠤ | ᠤᠯᠤᠰ ᠤᠨ ᠡᠪ ᠬᠠᠮᠳᠤ ᠨᠠᠮ ᠤᠨ ᠲᠤᠰᠬᠤᠨ ᠤ ᠦᠨᠳᠦᠰᠦᠨ ᠱᠠᠳᠤᠨ ᠤ ᠵᠤᠬᠢᠶᠠᠨ ᠪᠠᠶᠢᠭᠤᠯᠤᠯᠳᠠ ᠶᠢᠨ ᠠᠵᠢᠯ | ᠤᠨ ᠲᠦᠷᠢᠮ︾᠂ ︽ᠲᠤᠮᠳᠠᠳᠤ ᠤᠯᠤᠰ ᠤᠨ ᠡᠪ ᠬᠠᠮᠳᠤ ᠨᠠᠮ ᠤᠨ ᠦᠨᠳᠦᠰᠦᠨ ᠱᠠᠳᠤᠨ ᠤ ᠵᠤᠬᠢᠶᠠᠨ | ᠪᠠᠶᠢᠭᠤᠯᠤᠯᠳᠠ ᠶᠢᠨ ᠰᠤᠩᠭᠤᠭᠤᠯᠢ ᠶᠢᠨ ᠠᠵᠢᠯ ᠤᠨ ᠲᠦᠷ ᠬᠡᠷᠡᠭᠵᠢᠬᠦᠯᠬᠦ ᠲᠦᠷᠢᠮ︾᠂ ︽ᠪᠦᠬᠦᠳᠠ ᠨᠠᠶᠢᠷᠠᠮᠳᠠᠬᠤ | ᠲᠤᠮᠳᠠᠳᠤ ᠠᠷᠠᠳ ᠤᠯᠤᠰ ᠤᠨ ᠲᠤᠰᠬᠤᠨ ᠤ ᠠᠷᠠᠳ ᠤᠨ ᠵᠦᠪᠯᠡᠯ ᠤᠨ ᠵᠤᠬᠢᠶᠠᠨ ᠪᠠᠶᠢᠭᠤᠯᠤᠯᠳᠠ ᠶᠢᠨ ᠠᠷᠭ᠎ᠠ︾᠂ | ︽ᠪᠦᠬᠦᠳᠠ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠬᠤᠳᠠ ᠶᠢᠨ ᠰᠠᠭᠤᠭᠠᠯᠢ ᠠᠷᠠᠳ ᠤᠨ ᠵᠦᠪᠯᠡᠯ ᠤᠨ | ᠵᠤᠬᠢᠶᠠᠨ ᠪᠠᠶᠢᠭᠤᠯᠤᠯᠳᠠ ᠶᠢᠨ ᠠᠷᠭ᠎ᠠ︾ ᠵᠡᠷᠬᠡ ᠨᠠᠮ ᠤᠨ ᠲᠤᠳᠤᠭᠠᠳᠤ ᠶᠢᠨ ᠬᠠᠤᠯᠢ ᠲᠤᠭᠳᠠᠭᠠᠯ ᠪᠤᠯᠤᠨ ᠠᠶᠢᠮᠠᠭ | ᠤᠨ ᠨᠠᠮ ᠤᠨ ᠬᠤᠷᠢᠶᠠᠨ ᠤ ᠠᠯᠪᠠᠨ ᠬᠡᠷ᠂ ᠠᠶᠢᠮᠠᠭ ᠤᠨ ᠵᠠᠬᠢᠷᠭᠠᠨ ᠤ ᠠᠯᠪᠠᠨ ᠬᠡᠷ ᠤᠨ ︽ᠠᠯᠠᠱᠠ ᠠᠶᠢᠮᠠᠭ ᠤᠨ | ᠭᠠᠴᠠᠭ᠎ᠠ ᠲᠤᠰᠬᠤᠨ ︵ᠨᠡᠶᠢᠬᠡᠮ ᠲᠤᠭᠤᠷᠢᠭ︶ ᠤ ᠨᠠᠮ ᠤᠨ ᠵᠤᠬᠢᠶᠠᠨ ᠪᠠᠶᠢᠭᠤᠯᠤᠯᠳᠠ ᠪᠠ ᠭᠠᠴᠠᠭ᠎ᠠ ᠲᠤᠰᠬᠤᠨ ᠤ | ᠠᠷᠠᠳ ᠤᠨ ᠵᠦᠪᠯᠡᠯ ︵ᠨᠡᠶᠢᠬᠡᠮ ᠲᠤᠭᠤᠷᠢᠭ ᠤᠨ ᠰᠠᠭᠤᠭᠠᠯᠢ ᠠᠷᠠᠳ ᠤᠨ ᠵᠦᠪᠯᠡᠯ︶ ᠤᠨ ᠬᠤᠭᠤᠴᠠᠭ᠎ᠠ ᠰᠤᠯᠢᠵᠤ | ᠰᠤᠩᠭᠤᠭᠤᠯᠢ ᠬᠢᠬᠦ ᠠᠵᠢᠯ ᠤᠨ ᠬᠡᠷᠡᠭᠵᠢᠬᠦᠯᠬᠦ ᠰᠠᠨᠠᠯ︾ ︵ ᠠᠯᠠᠱᠠ ᠨᠠᠮ ᠠᠯᠪᠠᠨ ᠲᠠᠷᠬᠠᠭᠠᠭᠰᠠᠨ ﹇2018﹈ 7 | ᠳ᠋ᠤᠭᠠᠷ︶ ᠤᠨ ᠵᠤᠷᠢᠭ ᠰᠠᠨᠠᠭ᠎ᠠ ᠶᠢ ᠦᠨᠳᠤᠰᠤᠯᠡᠨ᠂ ᠮᠠᠨ ᠤ ᠬᠤᠰᠢᠭᠤᠨ ᠤ ᠪᠤᠳᠠᠳᠤ ᠪᠠᠶᠢᠳᠠᠯ ᠲᠠᠢ | ᠤᠶᠠᠯᠳᠤᠭᠤᠯᠤᠨ ᠡᠨᠡᠬᠦ ᠬᠡᠷᠡᠭᠵᠢᠬᠦᠯᠬᠦ ᠲᠦᠰᠦᠯ ᠢ ᠲᠤᠭᠳᠠᠭᠠᠪᠠ᠄ | ᠨᠢᠬᠡ᠂ ᠶᠡᠷᠤᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠠ ᠴᠠᠭ ᠦᠶ᠎ᠡ ᠳᠠᠬᠢ ᠲᠤᠮᠳᠠᠳᠤ ᠤᠯᠤᠰ ᠤᠨ ᠤᠨᠴᠠᠯᠢᠭᠳᠤ ᠨᠡᠶᠢᠬᠡᠮ ᠵᠢᠷᠤᠮ | ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠡᠷᠢᠮᠳᠠᠯᠠᠨ᠂ ᠨᠠᠮ ᠤᠨ ᠠᠷᠪᠠᠨ ᠶᠢᠰᠤᠳᠤᠬᠡᠷ ᠶᠡᠭᠡ | ᠬᠤᠷᠠᠯ ᠤᠨ ᠵᠤᠷᠢᠭ ᠰᠠᠨᠠᠭ᠎ᠠ ᠶᠢ ᠬᠢᠨᠠᠮᠠᠭᠠᠢ ᠬᠡᠷᠡᠭᠵᠢᠬᠦᠯᠵᠤ᠂ ᠰᠢ ᠶᠢᠨ ᠫᠢᠩ ᠤᠨ ᠦᠪᠦᠷ ᠮᠤᠩᠭᠤᠯ ᠳᠠᠬᠢ | ᠲᠤᠭᠤᠷᠢᠨ ᠪᠠᠶᠢᠴᠠᠭᠠᠯᠳᠠ ᠶᠢᠨ ᠴᠢᠬᠤᠯᠠ ᠶᠡᠷᠢᠶ᠎ᠠ ᠪᠤᠯᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ | ᠤᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠨᠢᠬᠡᠳᠤᠬᠡᠷ ᠤᠳᠠᠭᠠᠨ ᠤ ᠬᠤᠷᠠᠯᠳᠤᠭᠠᠨ ᠤ ᠦᠪᠦᠷ | ᠮᠤᠩᠭᠤᠯ ᠤᠨ ᠲᠦᠯᠦᠬᠡᠯᠡᠭᠴᠢᠳ ᠤᠨ ᠪᠦᠯᠬᠦᠮ ᠲᠡᠬᠡᠷ᠎ᠡ ᠬᠢᠨᠠᠨ ᠵᠦᠪᠯᠡᠬᠦ ᠦᠶᠡᠰ ᠲᠠᠯᠪᠢᠭᠰᠠᠨ ᠴᠢᠬᠤᠯᠠ ᠶᠡᠷᠢᠶᠠᠨ | ᠤ ᠵᠤᠷᠢᠭ ᠰᠠᠨᠠᠭ᠎ᠠ ᠶᠢ ᠬᠦᠨᠵᠡᠬᠡᠢ ᠲᠤᠤᠱᠯᠠᠭᠤᠯᠤᠨ᠂ ᠨᠠᠮ ᠠᠴᠠ ᠤᠳᠤᠷᠢᠳᠬᠤ᠂ ᠠᠷᠠᠳᠴᠢᠯᠠᠯ ᠢ ᠪᠠᠳᠠᠷᠠᠭᠤᠯᠬᠤ᠂ | ᠬᠠᠤᠯᠢ ᠶᠤᠰᠤᠭᠠᠷ ᠤᠴᠢᠷ ᠪᠡᠶᠡᠯᠡᠬᠦᠯᠬᠦ ᠭᠤᠷᠪᠠ ᠶᠢᠨ ᠤᠶᠠᠯᠳᠤᠯ ᠢ ᠪᠠᠷᠢᠮᠳᠠᠯᠠᠵᠤ᠂ ᠰᠢᠨ᠎ᠠ ᠴᠠᠭ ᠦᠶ᠎ᠡ ᠳᠠᠬᠢ ᠨᠠᠮ | ᠤᠨ ᠪᠠᠶᠢᠭᠤᠯᠤᠯᠳᠠ ᠶᠢᠨ ᠶᠡᠷᠤᠩᠬᠡᠢ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ᠂ ᠨᠠᠮ ᠠᠴᠠ | ᠤᠳᠤᠷᠢᠳᠬᠤ᠂ ᠤᠯᠤᠰ ᠲᠦᠷᠦ ᠶᠢᠨ ᠪᠠᠷᠢᠮᠵᠢᠶ᠎ᠡ ᠶᠢ ᠲᠤᠪᠤᠶᠢᠯᠭᠠᠬᠤ᠂ ᠠᠷᠠᠳᠴᠢᠯᠠᠯ ᠢ ᠬᠦᠢᠴᠡᠳ ᠪᠠᠳᠠᠷᠠᠭᠤᠯᠬᠤ᠂ | ᠬᠠᠤᠯᠢ ᠶᠤᠰᠤᠭᠠᠷ ᠤᠴᠢᠷ ᠪᠡᠶᠡᠯᠡᠬᠦᠯᠬᠦ᠂ ᠨᠢᠬᠡᠳᠤᠯᠳᠡᠢ ᠲᠦᠯᠦᠪᠯᠡᠨ ᠵᠤᠬᠢᠴᠠᠭᠤᠯᠬᠤ ᠶᠢ ᠪᠡᠷᠢᠮᠳᠠᠯᠠᠬᠤ ᠬᠡᠬᠦ ᠠᠵᠢᠯ | ᠤᠨ ᠲᠠᠪᠤᠨ ᠵᠠᠷᠴᠢᠮ ᠢ ᠨᠠᠷᠢᠯᠢᠭ ᠤᠬᠠᠨ ᠡᠵᠡᠮᠰᠢᠵᠤ᠂ ᠰᠠᠶᠢᠨ ᠤᠳᠤᠷᠢᠳᠬᠤ ᠪᠠᠭ ᠢ ᠰᠤᠩᠭᠤᠨ ᠭᠠᠷᠭᠠᠵᠤ᠂ | ᠴᠢᠳᠠᠮᠠᠭ ᠡᠩᠨᠡᠭᠡ ᠶᠢ ᠲᠤᠬᠢᠷᠠᠭᠤᠯᠵᠤ ᠬᠦᠴᠦᠷᠬᠡᠭᠵᠢᠬᠦᠯᠦᠨ᠂ ᠰᠠᠶᠢᠬᠠᠨ ᠠᠬᠤᠢ ᠪᠠᠶᠢᠳᠠᠯ ᠢ ᠪᠤᠢ ᠪᠤᠯᠭᠠᠵᠤ᠂ | ᠰᠢᠯᠢᠳᠡᠭ ᠬᠡᠪ ᠰᠤᠷᠳᠠᠯ ᠢ ᠪᠦᠷᠢᠯᠳᠦᠬᠦᠯᠦᠨ᠂ ᠰᠠᠶᠢᠨ ᠲᠤᠭᠳᠠᠴᠠ ᠶᠢ ᠪᠦᠷᠢᠨᠰᠢᠬᠦᠯᠵᠤ᠂ ᠭᠠᠴᠠᠭᠠᠨ ︵ᠨᠡᠶᠢᠬᠡᠮ | ᠲᠤᠭᠤᠷᠢᠭ︶ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠤᠯᠤᠰ ᠲᠦᠷᠦ ᠶᠢᠨ ᠴᠢᠳᠠᠮᠵᠢ ᠶᠢ ᠦᠨᠡᠨᠬᠦ ᠴᠢᠩᠭᠠᠳᠬᠠᠨ | ᠂ ᠵᠤᠬᠢᠶᠠᠨ ᠪᠠᠶᠢᠭᠤᠯᠬᠤ ᠬᠦᠴᠦᠨ ᠢ ᠲᠡᠬᠡᠭᠰᠢᠯᠡᠬᠦᠯᠵᠤ᠂ ᠨᠠᠮ ᠤᠨ ᠵᠤᠷᠢᠯᠳᠠ ᠶᠢ ᠤᠯᠠᠮ ᠰᠠᠶᠢᠨ ᠰᠤᠷᠳᠠᠯᠴᠢᠯᠠᠨ᠂ | ᠨᠠᠮ ᠤᠨ ᠰᠢᠢᠳᠪᠤᠷᠢ ᠶᠢ ᠤᠯᠠᠮ ᠰᠠᠶᠢᠨ ᠲᠤᠤᠱᠯᠠᠭᠤᠯᠤᠨ᠂ ᠦᠨᠳᠤᠰᠤᠨ ᠱᠠᠳᠤᠨ ᠤ ᠴᠡᠭᠴᠡᠯᠡᠯᠳᠡ ᠶᠢ ᠤᠯᠠᠮ | ᠰᠠᠶᠢᠨ ᠤᠳᠤᠷᠢᠳᠴᠤ᠂ ᠤᠯᠠᠨ ᠲᠦᠮᠡᠨ ᠢ ᠤᠯᠠᠮ ᠰᠠᠶᠢᠨ ᠪᠦᠯᠬᠦᠮᠳᠡᠬᠦᠯᠦᠨ ᠲᠠᠶᠢᠴᠢᠯᠠᠵᠤ᠂ ᠦᠬᠡᠷᠡᠴᠢᠯᠡᠯᠳᠡ | ᠬᠦᠭᠵᠢᠯᠳᠡ ᠶᠢ ᠤᠯᠠᠮ ᠰᠠᠶᠢᠨ ᠠᠬᠢᠭᠤᠯᠤᠨ᠂ ᠨᠠᠮ ᠠᠴᠠ ᠵᠠᠰᠠᠭ ᠶᠠᠪᠤᠭᠤᠯᠬᠤ ᠶᠢᠨ ᠤᠯᠤᠰ ᠲᠦᠷᠦ ᠶᠢᠨ ᠰᠠᠭᠤᠷᠢ | ᠂ ᠵᠤᠬᠢᠶᠠᠨ ᠪᠠᠶᠢᠭᠤᠯᠤᠯᠳᠠ ᠶᠢᠨ ᠰᠠᠭᠤᠷᠢ᠂ ᠠᠷᠠᠳ ᠲᠦᠮᠡᠨ ᠤ ᠰᠠᠭᠤᠷᠢ ᠶᠢ ᠪᠠᠳᠤᠳᠬᠠᠵᠤ᠂ ᠰᠢᠨ᠎ᠠ ᠴᠠᠭ ᠦᠶ᠎ᠡ | ᠶᠢᠨ ᠭᠤᠶᠤ ᠦᠵᠡᠰᠬᠦᠯᠡᠩᠳᠤ ᠪᠠᠶᠠᠨ ᠴᠢᠨᠡᠭᠡᠯᠢᠭ ᠴᠢᠯᠤᠬᠡᠳᠤ ᠨᠡᠬᠡᠬᠡᠯᠳᠡᠢ ᠡᠶ᠎ᠡ ᠨᠠᠶᠢᠷᠠᠮᠳᠠᠭᠤ ᠡᠵᠡᠨ᠎ᠡ ᠶᠢ ᠪᠦᠳᠦᠬᠡᠨ | ᠪᠠᠶᠢᠭᠤᠯᠬᠤ ᠳᠤ ᠪᠠᠳᠤ ᠪᠠᠬᠢ ᠵᠤᠬᠢᠶᠠᠨ ᠪᠠᠶᠢᠭᠤᠯᠤᠯᠳᠠ ᠶᠢᠨ ᠪᠠᠳᠤᠯᠠᠭ᠎ᠠ ᠶᠢ ᠬᠠᠩᠭᠠᠨ᠎ᠠ᠃ | ᠬᠤᠶᠠᠷ᠂ ᠠᠷᠭ᠎ᠠ ᠪᠠᠷᠢᠯ ᠠᠯᠬᠤᠮ ᠲᠠᠷᠠᠭ᠎ᠠ | ᠪᠦᠬᠦ ᠬᠤᠰᠢᠭᠤᠨ ᠤ ᠭᠠᠴᠠᠭᠠᠨ ︵ᠨᠡᠶᠢᠬᠡᠮ ᠲᠤᠭᠤᠷᠢᠭ︶ ᠤ ︽ᠬᠤᠶᠠᠷ ᠵᠦᠪᠯᠡᠯ︾ ᠤᠨ ᠬᠤᠭᠤᠴᠠᠭ᠎ᠠ | ᠰᠤᠯᠢᠵᠤ ᠰᠤᠩᠭᠤᠭᠤᠯᠢ ᠬᠢᠬᠦ ᠠᠵᠢᠯ 2018 ᠤᠨ ᠤ 4 ᠳ᠋ᠤᠭᠠᠷ ᠰᠠᠷ᠎ᠠ ᠠᠴᠠ ᠡᠬᠢᠯᠡᠨ᠂ ᠭᠠᠴᠠᠭᠠᠨ ︵ᠨᠡᠶᠢᠬᠡᠮ | ᠲᠤᠭᠤᠷᠢᠭ︶ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠬᠤᠭᠤᠴᠠᠭ᠎ᠠ ᠰᠤᠯᠢᠵᠤ ᠰᠤᠩᠭᠤᠭᠤᠯᠢ ᠬᠢᠬᠦ ᠠᠵᠢᠯ ᠢ 6 | ᠰᠠᠷ᠎ᠠ ᠶᠢᠨ10 ᠠᠴᠠ ᠡᠮᠤᠨ᠎ᠡ ᠲᠠᠭᠤᠰᠬᠠᠨ᠎ᠠ︔ ᠭᠠᠴᠠᠭ᠎ᠠ ᠲᠤᠰᠬᠤᠨ ᠤ ᠠᠷᠠᠳ ᠤᠨ ᠵᠦᠪᠯᠡᠯ ︵ᠨᠡᠶᠢᠬᠡᠮ | ᠲᠤᠭᠤᠷᠢᠭ ᠤᠨ ᠰᠠᠭᠤᠭᠠᠯᠢ ᠠᠷᠠᠳ ᠤᠨ ᠵᠦᠪᠯᠡᠯ︶ ᠤᠨ ᠬᠤᠭᠤᠴᠠᠭ᠎ᠠ ᠰᠤᠯᠢᠵᠤ ᠰᠤᠩᠭᠤᠭᠤᠯᠢ ᠬᠢᠬᠦ ᠠᠵᠢᠯ ᠢ | ᠵᠠᠷᠴᠢᠮ ᠲᠡᠬᠡᠷ᠎ᠡ ᠪᠠᠨ ᠲᠤᠰᠢᠶᠠᠯ ᠤᠨ ᠬᠤᠭᠤᠴᠠᠭ᠎ᠠ ᠲᠠᠭᠤᠰᠤᠩᠭᠤᠳᠠ ᠡᠬᠢᠯᠡᠬᠦᠯᠵᠤ᠂ 9 ᠰᠠᠷ᠎ᠠ ᠶᠢᠨ10 ᠠᠴᠠ | ᠡᠮᠤᠨ᠎ᠡ ᠲᠠᠭᠤᠰᠬᠠᠨ᠎ᠠ᠃ ᠨᠠᠮ ᠤᠨ ᠵᠤᠬᠢᠶᠠᠨ ᠪᠠᠶᠢᠭᠤᠯᠤᠯᠳᠠ ᠪᠤᠯᠤᠨ ᠭᠠᠴᠠᠭ᠎ᠠ ᠲᠤᠰᠬᠤᠨ ᠤ ᠠᠷᠠᠳ ᠤᠨ ᠵᠦᠪᠯᠡᠯ | ︵ᠨᠡᠶᠢᠬᠡᠮ ᠲᠤᠭᠤᠷᠢᠭ ᠤᠨ ᠰᠠᠭᠤᠭᠠᠯᠢ ᠠᠷᠠᠳ ᠤᠨ ᠵᠦᠪᠯᠡᠯ︶ ᠤᠨ ᠬᠤᠭᠤᠴᠠᠭ᠎ᠠ ᠰᠤᠯᠢᠬᠤ ᠴᠠᠭ ᠢ 1 ᠰᠠᠷ᠎ᠠ ᠶᠢᠨ | ᠬᠤᠭᠤᠴᠠᠭ᠎ᠠ ᠪᠠᠷ ᠬᠢᠵᠠᠭᠠᠷᠯᠠᠨ᠎ᠠ᠃ ᠭᠠᠴᠠᠭ᠎ᠠ ︵ᠨᠡᠶᠢᠬᠡᠮ ᠲᠤᠭᠤᠷᠢᠭ︶ ᠪᠦᠷᠢ ᠳᠤ ᠪᠤᠳᠠᠳᠠᠶᠢᠵᠢᠭᠤᠯᠵᠤ᠂ ᠴᠠᠭ | ᠬᠤᠭᠤᠴᠠᠭ᠎ᠠ ᠪᠠᠨ ᠲᠦᠪᠯᠡᠷᠡᠬᠦᠯᠦᠨ᠂ ᠬᠦᠢᠴᠡᠳ ᠲᠤᠤᠱᠳᠠᠢ ᠠᠬᠢᠭᠤᠯᠤᠨ᠎ᠠ᠃ ᠪᠦᠬᠦ ᠬᠤᠰᠢᠭᠤᠨ ᠤ ᠭᠠᠴᠠᠭᠠᠨ ︵ | ᠨᠡᠶᠢᠬᠡᠮ ᠲᠤᠭᠤᠷᠢᠭ︶ ᠤ ︽ᠬᠤᠶᠠᠷ ᠵᠦᠪᠯᠡᠯ︾ ᠤᠨ ᠬᠤᠭᠤᠴᠠᠭ᠎ᠠ ᠰᠤᠯᠢᠵᠤ ᠰᠤᠩᠭᠤᠭᠤᠯᠢ ᠬᠢᠬᠦ ᠠᠵᠢᠯ ᠢ | ᠭᠤᠷᠪᠠᠨ ᠱᠠᠳᠤ ᠬᠤᠪᠢᠶᠠᠨ ᠶᠠᠪᠤᠭᠳᠠᠭᠤᠯᠤᠨ᠎ᠠ᠃ | ︵ᠨᠢᠬᠡ︶ ᠪᠡᠯᠡᠳᠬᠡᠯ ᠱᠠᠳᠤ ︵5 ᠰᠠᠷ᠎ᠠ ᠶᠢᠨ 10 ᠤ ᠡᠳᠦᠷ ᠠᠴᠠ ᠡᠮᠤᠨ᠎ᠠ︶ | ⒈ᠤᠳᠤᠷᠢᠳᠬᠤ ᠪᠠᠶᠢᠭᠤᠯᠤᠮᠵᠢ ᠶᠢ ᠪᠠᠶᠢᠭᠤᠯᠤᠨ᠎ᠠ᠃ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ | ᠤᠷᠳᠤᠨ ᠠᠴᠠ ᠪᠦᠬᠦ ᠬᠤᠰᠢᠭᠤᠨ ᠤ ᠭᠠᠴᠠᠭᠠᠨ ︵ᠨᠡᠶᠢᠬᠡᠮ ᠲᠤᠭᠤᠷᠢᠭ︶ ᠤ ︽ᠬᠤᠶᠠᠷ ᠵᠦᠪᠯᠡᠯ︾ ᠤᠨ | ᠬᠤᠭᠤᠴᠠᠭ᠎ᠠ ᠰᠤᠯᠢᠵᠤ ᠰᠤᠩᠭᠤᠭᠤᠯᠢ ᠬᠢᠬᠦ ᠠᠵᠢᠯ ᠤᠨ ᠤᠳᠤᠷᠢᠳᠬᠤ ᠲᠤᠭᠤᠷᠢᠯᠠᠩ ᠢ ᠪᠠᠶᠢᠭᠤᠯᠵᠤ᠂ ᠬᠤᠭᠤᠴᠠᠭ᠎ᠠ | ᠰᠤᠯᠢᠬᠤ ᠠᠵᠢᠯ ᠤᠨ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠶᠢ ᠴᠢᠩᠭᠠᠳᠬᠠᠬᠤ ᠬᠡᠷᠡᠭᠳᠠᠢ᠃ ᠡᠯ᠎ᠡ ᠰᠤᠮᠤ | ᠪᠠᠯᠭᠠᠰᠤ ᠲᠤᠰ ᠱᠠᠳᠤᠨ ᠤ ᠪᠠᠨ ᠭᠠᠴᠠᠭᠠᠨ ︵ᠨᠡᠶᠢᠬᠡᠮ ᠲᠤᠭᠤᠷᠢᠭ︶ ᠤ ︽ᠬᠤᠶᠠᠷ ᠵᠦᠪᠯᠡᠯ︾ ᠤᠨ | ᠬᠤᠭᠤᠴᠠᠭ᠎ᠠ ᠰᠤᠯᠢᠵᠤ ᠰᠤᠩᠭᠤᠭᠤᠯᠢ ᠬᠢᠬᠦ ᠠᠵᠢᠯ ᠤᠨ ᠤᠳᠤᠷᠢᠳᠬᠤ ᠲᠤᠭᠤᠶᠢᠯᠠᠩ ᠢ ᠪᠠᠶᠢᠭᠤᠯᠤᠨ᠂ ᠭᠠᠴᠠᠭᠠᠨ ︵ | ᠨᠡᠶᠢᠬᠡᠮ ᠲᠤᠭᠤᠷᠢᠭ︶ ᠤ ︽ᠬᠤᠶᠠᠷ ᠵᠦᠪᠯᠡᠯ︾ ᠤᠨ ᠬᠤᠭᠤᠴᠠᠭ᠎ᠠ ᠰᠤᠯᠢᠵᠤ ᠰᠤᠩᠭᠤᠭᠤᠯᠢ ᠬᠢᠬᠦ ᠠᠵᠢᠯ ᠢ | ᠰᠠᠶᠢᠳᠤᠷ ᠤᠳᠤᠷᠢᠳᠤᠨ ᠵᠢᠯᠤᠭᠤᠳᠴᠤ᠂ ᠬᠤᠭᠤᠴᠠᠭ᠎ᠠ ᠰᠤᠯᠢᠵᠤ ᠰᠤᠩᠭᠤᠭᠤᠯᠢ ᠬᠢᠬᠦ ᠲᠤᠮᠳᠠ ᠲᠤᠯᠭᠠᠷᠠᠭᠰᠠᠨ | ᠴᠢᠬᠤᠯᠨ ᠶᠡᠭᠡ ᠠᠰᠠᠭᠤᠳᠠᠯ ᠢ ᠰᠤᠳᠤᠯᠤᠨ ᠰᠢᠢᠳᠪᠦᠷᠢᠯᠡᠬᠦ ᠬᠡᠷᠡᠭᠳᠠᠢ᠃ ᠤᠳᠤᠷᠢᠳᠬᠤ ᠲᠤᠭᠤᠶᠢᠯᠠᠩ ᠨᠢ ᠲᠤᠰᠬᠠᠢ | ᠠᠯᠪᠠᠨ ᠭᠡᠷ ᠲᠤᠬᠢᠷᠠᠭᠤᠯᠤᠨ᠂ ᠭᠠᠴᠠᠭᠠᠨ ︵ᠨᠡᠶᠢᠬᠡᠮ ᠲᠤᠭᠤᠷᠢᠭ︶ ᠤ ︽ᠬᠤᠶᠠᠷ ᠵᠦᠪᠯᠡᠯ︾ ᠤᠨ ᠬᠤᠭᠤᠴᠠᠭ᠎ᠠ | ᠰᠤᠯᠢᠵᠤ ᠰᠤᠩᠭᠤᠭᠤᠯᠢ ᠬᠢᠬᠦ ᠡᠳᠦᠷ ᠲᠤᠳᠤᠮ ᠤᠨ ᠠᠵᠢᠯ ᠢ ᠬᠠᠷᠢᠭᠤᠴᠠᠵᠤ᠂ ᠬᠤᠷᠠᠯ ᠲᠤᠬᠢᠷᠠᠭᠤᠯᠬᠤ᠂ ᠴᠢᠬᠤᠯᠨ | ᠶᠡᠭᠡ ᠠᠰᠠᠭᠤᠳᠠᠯ ᠢ ᠮᠡᠳᠡᠬᠦᠯᠬᠦ᠂ ᠪᠠᠶᠢᠳᠠᠯ ᠢ ᠮᠡᠳᠡᠭᠡᠯᠡᠬᠦ ᠂ ᠱᠠᠭᠠᠷᠳᠠᠨ ᠪᠠᠶᠢᠴᠠᠭᠠᠵᠤ ᠰᠤᠳᠤᠯᠬᠤ᠂ ᠶᠡᠷᠢᠶ᠎ᠡ | ᠬᠡᠯᠡᠯᠴᠡᠬᠡᠨ ᠶᠢ ᠬᠢᠨᠠᠨ ᠡᠵᠡᠮᠳᠡᠬᠦ᠂ ᠰᠤᠷᠠᠭ ᠴᠢᠮᠡᠭᠡ ᠨᠡᠶᠢᠳᠡᠯᠡᠬᠦ ᠵᠡᠷᠬᠡ ᠠᠵᠢᠯ ᠤᠨ ᠲᠦᠷᠢᠮ ᠢ ᠲᠡᠬᠦᠯᠳᠡᠷᠵᠢᠬᠦᠯᠦᠨ᠂ | ᠲᠤᠪᠤᠶᠢᠮ᠎ᠠ ᠠᠰᠠᠭᠤᠳᠠᠯ ᠢ ᠴᠠᠭ ᠲᠤᠬᠠᠢ ᠳᠤᠨᠢ ᠢᠯᠡᠷᠡᠬᠦᠯᠬᠦ ᠪᠠ ᠰᠤᠳᠤᠯᠤᠨ ᠰᠢᠢᠳᠪᠤᠷᠢᠯᠡᠵᠤ᠂ ᠱᠠᠳᠣ ᠱᠠᠳᠤ ᠪᠠᠷ | ᠡᠷᠬᠡᠪᠰᠢ ᠬᠦᠮᠦᠨ ᠨᠢᠬᠡᠪᠤᠷᠢ ᠶᠢ ᠪᠠᠭᠳᠠᠭᠠᠨ᠂ ᠪᠠᠶᠢᠳᠠᠯ ᠪᠤᠯᠤᠨ ᠠᠰᠠᠭᠤᠳᠠᠯ ᠢ ᠲᠤᠳᠤᠷᠬᠠᠢ ᠤᠶᠢᠯᠠᠭᠠᠵᠤ᠂ | ᠲᠤᠩᠭᠠᠨ ᠪᠤᠳᠤᠯᠬᠢᠯᠡᠵᠤ ᠪᠤᠳᠠᠳᠠᠢ ᠠᠵᠢᠯᠯᠠᠨ᠂ ᠬᠢᠵᠤ ᠪᠦᠳᠦᠬᠡᠬᠦ ᠠᠷᠭ᠎ᠠ ᠪᠠᠷᠢᠯ ᠲᠠᠢ ᠪᠠᠶᠢᠬᠤ ᠬᠡᠷᠡᠭᠳᠠᠢ᠃ | ⒉ᠠᠵᠢᠯ ᠤᠨ ᠲᠦᠰᠦᠯ ᠲᠤᠭᠳᠠᠭᠠᠨ᠎ᠠ᠃ ᠡᠯ᠎ᠡ ᠰᠤᠮᠤ ᠪᠠᠯᠭᠠᠰᠤ ᠡᠷᠬᠡᠪᠰᠢ ᠪᠤᠳᠠᠳᠠᠢ ᠬᠡᠷᠡᠭᠵᠢᠬᠦᠯᠬᠦ | ᠲᠦᠰᠦᠯ ᠲᠤᠭᠳᠠᠭᠠᠵᠤ᠂ ᠦᠪᠡᠷ ᠤᠨ ᠪᠠᠶᠢᠳᠠᠯ ᠲᠠᠢ ᠪᠠᠨ ᠤᠶᠠᠯᠳᠤᠭᠤᠯᠤᠨ ᠠᠯᠬᠤᠮ ᠲᠠᠷᠠᠭᠠᠯᠠᠯ ᠪᠤᠯᠤᠨ ᠠᠵᠢᠯ ᠤᠨ | ᠶᠠᠪᠤᠴᠠ᠂ ᠪᠠᠭ ᠤᠨ ᠲᠤᠰᠢᠶᠠᠯ ᠤᠨ ᠲᠤᠭ᠎ᠠ ᠵᠢᠴᠢ ᠪᠦᠳᠦᠴᠡ ᠶᠢᠨ ᠱᠠᠭᠠᠷᠳᠠᠯᠭ᠎ᠠ᠂ ᠨᠡᠷ᠎ᠡ ᠲᠤᠷᠠᠳᠬᠤ ᠵᠢᠴᠢ | ᠪᠧᠯᠧᠲ ᠦᠭᠬᠦ ᠰᠤᠩᠭᠤᠭᠤᠯᠢ ᠶᠢᠨ ᠠᠷᠭ᠎ᠠ ᠵᠡᠷᠬᠡ ︽ᠭᠤᠷᠪᠠᠨ ᠠᠭᠤᠯᠭ᠎ᠠ︾ ᠶᠢ ᠲᠤᠳᠤᠳᠬᠠᠵᠤ᠂ ᠴᠠᠭ | ᠬᠤᠭᠤᠴᠠᠭ᠎ᠠ ᠶᠢ ᠡᠳᠤᠷ ᠢᠶᠠᠷ ᠨᠢᠬᠡᠴᠡᠯᠡᠨ ᠲᠤᠳᠤᠷᠠᠭᠤᠯᠵᠤ᠂ ᠡᠬᠦᠷᠬᠡ ᠶᠢ ᠬᠠᠷᠢᠭᠤᠴᠠᠬᠤ ᠶᠤᠰᠤᠳᠠᠢ ᠬᠦᠮᠦᠨ ᠳᠤᠨᠢ | ᠲᠤᠰᠢᠶᠠᠨ ᠦᠭᠬᠦ ᠬᠡᠷᠡᠭᠳᠡᠢ᠃ ᠭᠠᠴᠠᠭ᠎ᠠ ︵ᠨᠡᠶᠢᠬᠡᠮ ᠲᠤᠭᠤᠷᠢᠭ︶ ᠠᠴᠠ ᠨᠠᠮ ᠤᠨ ᠵᠤᠬᠢᠶᠠᠨ ᠪᠠᠶᠢᠭᠤᠯᠤᠯᠳᠠ | ᠪᠤᠯᠤᠨ ᠭᠠᠴᠠᠭ᠎ᠠ ᠲᠤᠰᠬᠤᠨ ᠤ ᠠᠷᠠᠳ ᠤᠨ ᠵᠦᠪᠯᠡᠯ ︵ᠨᠡᠶᠢᠬᠡᠮ ᠲᠤᠭᠤᠷᠢᠭ ᠤᠨ ᠰᠠᠭᠤᠭᠠᠯᠢ ᠠᠷᠠᠳ ᠤᠨ ᠵᠦᠪᠯᠡᠯ | ︶ ᠤᠨ ᠰᠤᠩᠭᠤᠭᠤᠯᠢ ᠶᠢᠨ ᠲᠦᠰᠦᠯ ᠢ ᠬᠠᠤᠯᠢ ᠶᠤᠰᠤᠭᠠᠷ ᠲᠤᠭᠳᠠᠭᠠᠵᠤ᠂ ᠭᠠᠴᠠᠭᠠᠨ ︵ᠨᠡᠶᠢᠬᠡᠮ ᠲᠤᠭᠤᠷᠢᠭ︶ ᠤ | ᠨᠠᠮ ᠤᠨ ᠬᠡᠰᠢᠬᠦᠨ ᠤ ᠶᠡᠭᠡ ᠬᠤᠷᠠᠯ᠂ ᠭᠠᠴᠠᠭ᠎ᠠ ︵ᠨᠡᠶᠢᠬᠡᠮ ᠲᠤᠭᠤᠷᠢᠭ︶ ᠲᠤᠰᠬᠤᠨ ︵ᠰᠠᠭᠤᠭᠠᠯᠢ︶ ᠤ ᠠᠷᠠᠳ | ᠤᠨ ᠬᠤᠷᠠᠯ ᠢᠶᠠᠷ ᠲᠤᠰᠪᠤᠷᠢ ᠦᠩᠬᠡᠷᠡᠬᠦᠯᠬᠦ ᠬᠡᠷᠡᠭᠳᠡᠢ᠃ ᠰᠤᠮᠤ ᠪᠠᠯᠭᠠᠰᠤ ᠭᠠᠴᠠᠭᠠᠨ ︵ᠨᠡᠶᠢᠬᠡᠮ ᠲᠤᠭᠤᠷᠢᠭ︶ ᠤ | ︽ᠬᠤᠶᠠᠷ ᠵᠦᠪᠯᠡᠯ︾ ᠤᠨ ᠬᠤᠭᠤᠴᠠᠭ᠎ᠠ ᠰᠤᠯᠢᠵᠤ ᠰᠤᠩᠭᠤᠭᠤᠯᠢ ᠬᠢᠬᠦ ᠬᠡᠷᠡᠭᠵᠢᠬᠦᠯᠦᠯᠳᠡ ᠶᠢᠨ ᠲᠦᠰᠦᠯ ᠢ | ᠡᠷᠬᠡᠪᠰᠢ ᠬᠤᠰᠢᠭᠤᠨ ᠤ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠬᠡᠯᠳᠡᠰ ᠲᠤ ᠲᠤᠰᠢᠶᠠᠵᠤ ᠬᠢᠨᠠᠭᠤᠯᠤᠨ | ᠲᠠᠩᠰᠠᠯᠠᠭᠤᠯᠵᠤ᠂ ᠡᠯ᠎ᠡ ᠭᠠᠴᠠᠭᠠᠨ ︵ᠨᠡᠶᠢᠬᠡᠮ ᠲᠤᠭᠤᠷᠢᠭ︶ ᠤ ︽ᠬᠤᠶᠠᠷ ᠵᠦᠪᠯᠡᠯ︾ ᠤᠨ ᠬᠤᠭᠤᠴᠠᠭ᠎ᠠ | ᠰᠤᠯᠢᠵᠤ ᠰᠤᠩᠭᠤᠭᠤᠯᠢ ᠬᠢᠬᠦ ᠬᠡᠷᠡᠭᠵᠢᠬᠦᠯᠦᠯᠳᠡ ᠶᠢᠨ ᠲᠦᠰᠦᠯ ᠢ ᠰᠤᠮᠤ ᠪᠠᠯᠭᠠᠰᠤᠨ ᠤ ᠨᠠᠮ ᠤᠨ ᠬᠤᠷᠢᠶᠠᠨ ᠳᠤ | ᠲᠤᠰᠢᠶᠠᠨ ᠬᠢᠨᠠᠭᠤᠯᠵᠤ ᠲᠠᠩᠰᠠᠯᠠᠭᠤᠯᠬᠤ ᠪᠠ ᠲᠦᠰᠦᠯ ᠨᠢ ᠬᠢᠨᠠᠨ ᠵᠦᠪᠰᠢᠶᠡᠷᠡᠭᠳᠡᠭᠰᠡᠨ ᠦᠬᠡᠢ ᠪᠤᠯ ᠬᠤᠭᠤᠴᠠᠭ᠎ᠠ | ᠰᠤᠯᠢᠬᠤ ᠠᠵᠢᠯ ᠢ ᠶᠠᠭᠠᠬᠢᠭᠰᠠᠨ ᠴᠤ ᠦᠷᠨᠢᠬᠦᠯᠵᠤ ᠪᠤᠯᠬᠤ ᠦᠬᠡᠢ᠃ ᠬᠡᠬᠦ ᠳᠤ ᠡᠯ᠎ᠡ ᠰᠤᠮᠤ ᠪᠠᠯᠭᠠᠰᠤ ᠡᠷᠬᠡᠪᠰᠢ 5 | ᠰᠠᠷ᠎ᠠ ᠶᠢᠨ 10 ᠠᠴᠠ ᠡᠮᠤᠨ᠎ᠡ ᠬᠤᠭᠤᠴᠠᠭ᠎ᠠ ᠰᠤᠯᠢᠵᠤ ᠰᠤᠩᠭᠤᠭᠤᠯᠢ ᠬᠢᠬᠦ ᠠᠵᠢᠯ ᠢ ᠡᠬᠢᠯᠡᠬᠦᠯᠦᠭᠰᠡᠨ ᠪᠠᠶᠢᠬᠤ | ᠬᠡᠷᠡᠭᠳᠡᠢ᠃ | ⒊ ᠪᠦᠬᠦ ᠲᠠᠯ᠎ᠠ ᠪᠠᠷ ᠵᠠᠳᠠᠯᠤᠨ ᠰᠤᠳᠤᠯᠤᠨ᠎ᠠ᠃ ᠰᠤᠮᠤ ᠪᠠᠯᠭᠠᠰᠤ ᠪᠠᠷ ᠨᠢᠬᠡᠴᠡ ᠪᠤᠯᠭᠠᠵᠤ᠂ ᠬᠦᠮᠦᠰ ᠢ | ᠵᠤᠬᠢᠶᠠᠨ ᠪᠠᠶᠢᠭᠤᠯᠵᠤ ᠬᠠᠷᠢᠶ᠎ᠠ ᠪᠦᠬᠦᠢ ᠭᠠᠴᠠᠭ᠎ᠠ ︵ᠨᠡᠶᠢᠬᠡᠮ ᠲᠤᠭᠤᠷᠢᠭ︶ ᠳᠤ ᠰᠦᠯᠵᠢᠯᠳᠦᠬᠦᠯᠵᠤ ᠪᠦᠬᠦᠨ ᠢ | ᠬᠠᠮᠤᠷᠤᠭᠰᠠᠨ ᠪᠠᠶᠢᠴᠠᠭᠠᠯᠳᠠ ᠶᠠᠪᠤᠭᠤᠯᠤᠨ᠂ ᠦᠨᠳᠤᠰᠤᠨ ᠪᠠᠶᠢᠳᠠᠯ ᠢ ᠤᠨᠤᠪᠴᠢᠳᠠᠢ ᠪᠠᠷ ᠤᠶᠢᠯᠠᠭᠠᠨ ᠡᠵᠡᠮᠰᠢᠵᠤ᠂ | ︽ᠵᠢᠷᠭᠤᠭᠠᠨ ᠵᠤᠶᠢᠯ ᠳᠤ ᠰᠡᠳᠬᠢᠯ ᠲᠤᠳᠤᠷ᠎ᠠ ᠪᠠᠨ ᠲᠤᠭᠠᠳᠠᠢ︾ ᠪᠠᠶᠢᠬᠤ᠂ ᠲᠠᠷᠤᠢ ᠭᠠᠴᠠᠭ᠎ᠠ ᠨᠡᠶᠢᠬᠡᠮ ᠲᠤᠭᠤᠷᠢᠭ | ᠤᠨ ᠦᠨᠳᠤᠰᠤᠨ ᠪᠠᠶᠢᠳᠠᠯ ᠪᠤᠯᠤᠨ ᠨᠠᠮ ᠤᠨ ᠬᠡᠰᠢᠬᠦᠨ ᠤᠯᠠᠨ ᠲᠦᠮᠡᠨ ᠤ ᠦᠵᠡᠯ ᠪᠤᠳᠤᠯ ᠤᠨ ᠪᠠᠶᠢᠳᠠᠯ ᠳᠤ | ᠰᠠᠳᠬᠢᠯ ᠲᠤᠳᠤᠷ᠎ᠠ ᠪᠠᠨ ᠲᠤᠭᠠᠳᠠᠢ᠂ ᠲᠤᠰᠢᠶᠠᠯ ᠳᠤ ᠪᠠᠶᠢᠭ᠎ᠠ ︽ᠬᠤᠶᠠᠷ ᠵᠦᠪᠯᠡᠯ︾ ᠤᠨ ᠪᠠᠭ ᠤᠨ ᠦᠨᠳᠤᠰᠤᠨ | ᠪᠠᠶᠢᠳᠠᠯ ᠳᠤ ᠲᠤᠭᠠᠳᠠᠢ᠂ ᠰᠤᠩᠭᠤᠭᠳᠠᠬᠤ ᠪᠡᠯᠡᠳᠬᠡᠯ ᠬᠦᠮᠦᠨ ᠤ ᠪᠠᠶᠢᠳᠠᠯ ᠳᠤ ᠰᠡᠳᠬᠢᠯ ᠲᠤᠳᠤᠷ᠎ᠠ ᠪᠠᠨ ᠲᠤᠭᠠᠳᠠᠢ᠂ | ᠬᠤᠭᠤᠴᠠᠭ᠎ᠠ ᠰᠤᠯᠢᠬᠤ ᠠᠵᠢᠯ ᠢ ᠨᠦᠯᠦᠬᠡᠯᠡᠬᠦ ᠠᠰᠢᠭ ᠦᠬᠡᠢ ᠡᠯᠧᠮᠧᠨ᠋ᠲ ᠲᠤ ᠰᠡᠳᠬᠢᠯ ᠲᠤᠳᠤᠷ᠎ᠠ ᠪᠠᠨ ᠲᠤᠭᠠᠳᠠᠢ | ᠂ ᠠᠰᠠᠭᠤᠳᠠᠯ ᠠᠮᠠᠷᠬᠠᠨ ᠭᠠᠷᠬᠤ ᠭᠠᠴᠠᠭ᠎ᠠ ᠨᠡᠶᠢᠬᠡᠮ ᠲᠤᠭᠤᠷᠢᠭ ᠲᠤ ᠰᠡᠳᠬᠢᠯ ᠲᠤᠳᠤᠷ᠎ᠠ ᠪᠠᠨ ᠲᠤᠭᠠᠳᠠᠢ᠂ | ᠬᠤᠭᠤᠴᠠᠭ᠎ᠠ ᠰᠤᠯᠢᠬᠤ ᠠᠵᠢᠯ ᠢ ᠰᠠᠶᠢᠳᠤᠷ ᠵᠤᠬᠢᠶᠠᠨ ᠪᠠᠶᠢᠭᠤᠯᠬᠤ ᠠᠷᠭ᠎ᠠ ᠪᠤᠳᠤᠯᠭ᠎ᠠ ᠳᠤ ᠰᠡᠳᠬᠢᠯ ᠲᠤᠳᠤᠷ᠎ᠠ ᠪᠠᠨ | ᠲᠤᠭᠠᠳᠠᠢ ᠪᠠᠶᠢᠵᠤ᠂ ᠤᠨᠤᠪᠴᠢᠳᠠᠢ ᠪᠠᠷ ᠪᠤᠳᠤᠯᠭ᠎ᠠ ᠬᠡᠷᠡᠭᠵᠢᠬᠦᠯᠬᠦ ᠶᠢ ᠪᠡᠷᠢᠮᠳᠠᠯᠠᠨ᠂ ᠲᠦᠰᠦᠪ ᠢᠶᠠᠨ ᠤᠷᠢᠳᠴᠢᠯᠡᠨ | ᠲᠤᠭᠳᠠᠭᠠᠵᠤ᠂ ᠪᠡᠯᠡᠳᠬᠡᠯ ᠰᠠᠶᠢᠨᠳᠡᠢ ᠪᠠᠶᠢᠬᠤ ᠬᠡᠷᠡᠭᠳᠡᠢ᠃ ᠤᠵᠢᠭᠤᠷ ᠠᠴᠠ ᠦᠯᠡᠳᠡᠭᠰᠡᠨ ᠠᠰᠠᠭᠤᠳᠠᠯ ᠠᠷᠪᠢᠨ᠂ | ᠵᠦᠷᠢᠴᠡᠯ ᠲᠤᠪᠤᠶᠢᠮ᠎ᠠ᠂ ᠰᠤᠩᠭᠤᠭᠤᠯᠢ ᠶᠢᠨ ᠬᠦᠴᠢᠷᠳᠡᠯ ᠶᠡᠭᠡ ᠪᠠᠶᠢᠭ᠎ᠠ ᠭᠤᠤᠯᠳᠠᠯᠠᠭᠠᠳᠤ ᠲᠤᠰᠬᠤᠨ᠂ | ᠬᠦᠴᠢᠷᠳᠡᠯᠳᠤ ᠲᠤᠰᠬᠤᠨ ᠤ ᠲᠤᠪᠤᠶᠢᠮ᠎ᠠ ᠠᠰᠠᠭᠤᠳᠠᠯ ᠢ ᠴᠡᠭᠴᠡᠯᠡᠨ ᠪᠠᠶᠢᠴᠠᠭᠠᠵᠤ᠂ ᠰᠢᠯᠳᠠᠭᠠᠨ ᠢ ᠨᠠᠷᠢᠯᠢᠭ | ᠵᠠᠳᠠᠯᠤᠨ᠂ ︽ᠨᠢᠬᠡ ᠲᠤᠰᠬᠤᠨ ᠨᠢᠬᠡ ᠪᠤᠳᠤᠯᠭ᠎ᠠ︾ ᠶᠢ ᠪᠡᠶᠡᠯᠡᠬᠦᠯᠦᠨ ᠬᠦᠢᠴᠡᠬᠡᠵᠤ᠂ ᠬᠠᠨᠳᠤᠯᠭᠠᠳᠤ ᠴᠢᠨᠠᠷᠳᠠᠢ ᠪᠠᠷ | ᠰᠢᠢᠳᠪᠤᠷᠢᠯᠡᠬᠦ ᠠᠷᠭ᠎ᠠ ᠠᠪᠴᠠᠯ ᠢ ᠰᠤᠳᠤᠯᠤᠨ ᠲᠤᠭᠳᠠᠭᠠᠨ᠎ᠠ᠃ | ⒋ ᠲᠦᠪᠯᠡᠷᠡᠩᠬᠦᠢ ᠴᠡᠭᠴᠡᠯᠡᠨ ᠵᠠᠰᠠᠨ᠎ᠠ᠃ ᠰᠤᠮᠤ ᠪᠠᠯᠭᠠᠰᠤ ᠪᠠᠷ ᠨᠢᠬᠡᠴᠡ ᠪᠠ ᠭᠤᠤᠯ ᠴᠤᠭᠴᠠ | ᠪᠤᠯᠭᠠᠵᠤ᠂ ᠪᠠᠶᠢᠴᠭᠠᠠᠨ ᠤᠶᠢᠯᠠᠭᠠᠵᠤ ᠵᠠᠳᠠᠯᠤᠨ ᠰᠤᠳᠤᠯᠤᠭᠰᠠᠨ ᠰᠠᠭᠤᠷᠢᠨ ᠲᠡᠬᠡᠷ᠎ᠡ᠂ ᠤᠳᠤᠷᠢᠳᠬᠤ ᠪᠠᠭ ᠤᠨ | ᠠᠵᠢᠯ ᠳᠠᠭᠠᠨ ᠬᠦᠴᠦᠯᠡᠬᠦ ᠦᠬᠡᠢ ᠪᠠᠶᠢᠬᠤ ᠪᠠ ᠨᠠᠮ ᠤᠨ ᠵᠤᠬᠢᠶᠠᠨ ᠪᠠᠶᠢᠭᠤᠯᠤᠯᠳᠠ ᠶᠢᠨ ᠱᠦᠵᠢ ᠶᠢᠨ ᠲᠤᠰᠢᠶᠠᠯ ᠳᠤ | ᠲᠤᠬᠢᠷᠠᠮᠵᠢᠳᠡᠢ ᠬᠦᠮᠦᠨ ᠦᠬᠡᠢ ᠪᠠᠶᠢᠬᠤ᠂ ᠦᠩᠬᠡᠷᠡᠭᠰᠡᠨ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ ᠳᠤ | ᠢᠯᠳᠡᠷ ᠬᠠᠶᠠᠵᠤ ᠰᠤᠩᠭᠤᠭᠤᠯᠢ ᠳᠤ ᠬᠠᠭ᠋ᠤᠤᠯᠢᠳᠠᠬᠤ ᠠᠰᠠᠭᠤᠳᠠᠯ ᠲᠤᠪᠤᠶᠢᠮ᠎ᠠ᠂ ᠱᠠᠰᠢᠨ ᠰᠤᠷᠳᠠᠬᠤᠨ ᠤ ᠨᠦᠯᠦᠬᠡ | ᠬᠦᠴᠦ ᠬᠡᠴᠡᠬᠦᠤ᠂ ᠺᠠᠳ᠋ᠷ ᠤᠯᠠᠨ ᠲᠦᠮᠡᠨ ᠤ ᠬᠤᠭᠤᠷᠤᠨᠳᠤ ᠶᠢᠨ ᠵᠦᠷᠢᠴᠡᠯ ᠢᠯᠡᠷᠬᠡᠢ᠂ ᠨᠡᠶᠢᠬᠡᠮ ᠤᠨ ᠠᠮᠤᠷ | ᠲᠤᠭᠳᠠᠭᠤᠨ ᠤ ᠠᠰᠠᠭᠤᠳᠠᠯ ᠪᠤᠯᠤᠨ ᠵᠡᠬᠢᠳᠡᠯ ᠰᠤᠷᠪᠤᠯᠵᠢᠯᠠᠭ᠎ᠠ ᠶᠢᠨ ᠵᠦᠷᠢᠴᠡᠯ ᠨᠠᠯᠢᠶᠡᠳ ᠲᠦᠪᠯᠡᠷᠡᠩᠬᠦᠢ ᠵᠡᠷᠬᠡ | ᠪᠠᠶᠢᠳᠠᠯ ᠳᠤ ᠴᠢᠭᠯᠡᠬᠦᠯᠦᠨ᠂ ᠴᠢᠳᠠᠮᠠᠭᠠᠢ ᠬᠦᠮᠦᠰ ᠢ ᠵᠤᠬᠢᠶᠠᠨ ᠪᠠᠶᠢᠭᠤᠯᠵᠤ᠂ ᠲᠤᠰᠬᠠᠢ ᠴᠡᠭᠴᠡᠯᠡᠯᠳᠡ ᠶᠢ | ᠲᠦᠪᠯᠡᠷᠡᠩᠬᠦᠢ ᠦᠷᠨᠢᠬᠦᠯᠦᠨ᠎ᠠ᠃ ᠴᠡᠭᠴᠡᠯᠡᠯᠳᠡ ᠶᠢᠨ ᠠᠵᠢᠯ ᠢᠶᠠᠨ ᠨᠠᠮ ᠤᠨ ᠵᠤᠬᠢᠶᠠᠨ ᠪᠠᠶᠢᠭᠤᠯᠤᠯᠳᠠ ᠶᠢ | ᠴᠡᠭᠴᠡᠯᠡᠬᠦ ᠠᠴᠠ ᠡᠬᠢᠯᠡᠬᠦᠯᠵᠤ᠂ ᠠᠵᠢᠯ ᠤᠨ ᠲᠤᠭᠤᠶᠢᠯᠠᠩ ᠢ ᠲᠤᠮᠢᠯᠠᠨ ᠰᠠᠭᠤᠯᠭᠠᠬᠤ᠂ ᠵᠢᠭᠠᠨ ᠵᠢᠯᠤᠭᠤᠳᠤᠭᠴᠢ ᠶᠢ | ᠲᠤᠮᠢᠯᠠᠨ ᠤᠴᠢᠭᠤᠯᠬᠤ᠂ ᠺᠠᠳ᠋ᠷ ᠠᠴᠠ ᠬᠠᠷᠢᠴᠠᠵᠤ ᠡᠬᠦᠷᠬᠡᠯᠡᠬᠦ ᠴᠢᠭ ᠢ ᠪᠠᠶᠢᠭᠤᠯᠬᠤ ᠬᠡᠬᠦ ᠮᠡᠳᠤ ᠶᠢᠨ ᠠᠪᠤᠴᠠᠯᠳᠤᠨ | ᠬᠠᠮᠵᠢᠵᠤ ᠲᠡᠳᠬᠦᠬᠦ᠂ ᠤᠳᠤᠷᠢᠳᠴᠤ ᠱᠠᠭᠠᠷᠳᠠᠨ ᠪᠡᠶᠡᠯᠡᠬᠦᠯᠬᠦ᠂ ᠲᠤᠰᠬᠠᠢ ᠴᠡᠭᠴᠡᠯᠡᠨ ᠵᠠᠰᠠᠬᠤ ᠵᠡᠷᠬᠡ ᠠᠷᠭ᠎ᠠ ᠪᠠᠷᠢᠯ | ᠢᠶᠠᠷ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠭᠡ ᠮᠡᠷᠬᠡᠵᠢᠯ᠂ ᠠᠷᠠᠳ ᠤᠨ ᠶᠠᠪᠤᠳᠠᠯ᠂ ᠵᠡᠬᠢᠳᠠᠯ ᠰᠤᠷᠪᠤᠯᠵᠢᠯᠠᠭ᠎ᠠ | ᠵᠡᠷᠬᠡ ᠰᠠᠯᠠᠭ᠎ᠠ ᠮᠦᠴᠢᠷ ᠵᠢᠴᠢ ᠲᠤᠮᠢᠯᠠᠨ ᠰᠠᠭᠤᠯᠭᠠᠭᠰᠠᠨ ᠨᠢᠬᠡᠳᠤᠬᠡᠷ ᠱᠦᠵᠢ᠂ ᠬᠠᠮᠵᠢᠨ ᠲᠡᠳᠬᠦᠬᠦ ᠪᠠᠶᠢᠭᠤᠯᠭ᠎ᠠ | ᠶᠢᠨ ᠨᠠᠮ ᠤᠨ ᠬᠡᠰᠢᠬᠦᠨ ᠺᠠᠳ᠋ᠷ ᠤᠨ ᠤᠶᠢᠯᠡᠳᠤᠯ ᠢ ᠪᠠᠳᠠᠷᠠᠭᠤᠯᠤᠨ᠂ ᠴᠡᠭᠴᠡᠯᠡᠯᠳᠡ ᠶᠢᠨ ᠠᠵᠢᠯ ᠢ ᠬᠠᠮᠳᠤᠪᠠᠷ | ᠬᠦᠴᠦᠯᠡᠨ ᠠᠬᠢᠭᠤᠯᠵᠤ᠂ ᠠᠰᠠᠭᠤᠳᠠᠯ ᠬᠦᠴᠢᠷᠳᠡᠯ ᠢ ᠬᠤᠭᠤᠴᠠᠭ᠎ᠠ ᠰᠤᠯᠢᠵᠤ ᠰᠤᠩᠭᠤᠭᠤᠯᠢ ᠬᠢᠬᠦ ᠠᠴᠠ ᠡᠮᠤᠨ᠎ᠡ | ᠰᠢᠢᠳᠪᠤᠷᠢᠯᠡᠭᠰᠡᠨ ᠪᠠᠶᠢᠬᠤ ᠬᠡᠷᠡᠭᠳᠡᠢ᠃ | ⒌ ᠡᠳ᠋ ᠤᠨ ᠶᠠᠪᠤᠳᠠᠯ ᠤᠨ ᠬᠢᠨᠠᠨ ᠪᠤᠳᠤᠯᠳᠠ ᠶᠠᠪᠤᠭᠤᠯᠤᠨ᠎ᠠ᠃ ᠤᠷᠢᠳᠤᠪᠠᠷ ᠬᠢᠨᠠᠨ ᠪᠤᠳᠤᠵᠤ ᠲᠠᠷᠠᠭ᠎ᠠ | ᠨᠢ ᠬᠤᠭᠤᠴᠠᠭ᠎ᠠ ᠰᠤᠯᠢᠬᠤ ᠵᠠᠷᠴᠢᠮ ᠢ ᠪᠠᠷᠢᠮᠳᠠᠯᠠᠵᠤ᠂ ᠭᠠᠴᠠᠭᠠᠨ ︵ᠨᠡᠶᠢᠬᠡᠮ ᠲᠤᠭᠤᠷᠢᠭ︶ ᠤ ︽ᠬᠤᠶᠠᠷ ᠵᠦᠪᠯᠡᠯ︾ | ᠬᠤᠭᠤᠴᠠᠭ᠎ᠠ ᠰᠤᠯᠢᠵᠤ ᠰᠤᠩᠭᠤᠭᠤᠯᠢ ᠬᠢᠬᠦ ᠠᠴᠠ ᠡᠮᠤᠨ᠎ᠠ᠂ ᠬᠤᠰᠢᠭᠤᠨ ᠤ ᠬᠢᠨᠠᠨ ᠪᠤᠳᠤᠯᠳᠠ᠂ ᠡᠳ᠋ ᠤᠨ | ᠶᠠᠪᠤᠳᠠᠯ᠂ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠭᠡ ᠮᠡᠷᠬᠡᠵᠢᠯ ᠵᠡᠷᠬᠡ ᠰᠠᠯᠠᠭ᠎ᠠ ᠮᠦᠴᠢᠷ ᠠᠴᠠ ︽ᠲᠤᠰᠬᠤᠨ | ᠤ ᠶᠠᠪᠤᠳᠠᠯ ᠢ ᠢᠯᠡ ᠨᠡᠶᠢᠳᠡᠯᠡᠬᠦ ᠪᠠ ᠠᠷᠠᠳᠴᠢᠯᠠᠭᠰᠠᠨ ᠬᠠᠮᠢᠶᠠᠷᠤᠯᠳᠠ ᠶᠢᠨ ᠲᠦᠷᠢᠮ ᠤᠨ ᠲᠤᠬᠠᠢ ᠲᠤᠮᠳᠠᠳᠤ | ᠤᠯᠤᠰ ᠤᠨ ᠡᠪ ᠬᠠᠮᠳᠤ ᠨᠠᠮ ᠤᠨ ᠲᠦᠪ ᠬᠤᠷᠢᠶᠠᠨ ᠤ ᠠᠯᠪᠠᠨ ᠲᠢᠩᠬᠢᠮ᠂ ᠲᠦᠷᠦ ᠶᠢᠨ ᠶᠠᠪᠤᠳᠠᠯ ᠤᠨ ᠬᠤᠷᠢᠶᠠᠨ | ᠤ ᠠᠯᠪᠠᠨ ᠲᠢᠩᠬᠢᠮ ᠤᠨ ᠰᠠᠨᠠᠯ︾ ︵ᠲᠦᠪ ᠠᠯᠪᠠᠨ ᠲᠠᠷᠬᠠᠭᠠᠭᠰᠠᠨ ﹇2004﹈17 ᠳ᠋ᠤᠭᠠᠷ︶ ᠵᠡᠷᠬᠡ ᠪᠢᠴᠢᠭ | ᠮᠡᠲ᠋ᠧᠷᠢᠶᠠᠯ ᠤᠨ ᠱᠠᠭᠠᠷᠳᠠᠯᠭ᠎ᠠ ᠶᠢ ᠦᠨᠳᠤᠰᠤᠯᠡᠨ᠂ ᠭᠠᠴᠠᠭ᠎ᠠ ᠨᠡᠶᠢᠭᠡᠮ ᠲᠤᠭᠤᠷᠢᠭ ᠤᠨ ᠡᠳ᠋ ᠤᠨ ᠶᠠᠪᠤᠳᠠᠯ ᠤᠨ | ᠴᠡᠭᠴᠡᠯᠡᠯᠳᠡ ᠪᠤᠯᠤᠨ ︽ᠬᠤᠶᠠᠷ ᠵᠦᠪᠯᠡᠯ︾ ᠤᠨ ᠬᠡᠰᠢᠬᠦᠳ ᠤᠨ ᠲᠤᠰᠢᠶᠠᠯ ᠤᠨ ᠬᠤᠭᠤᠴᠠᠭᠠᠨ ᠤ ᠬᠢᠨᠠᠨ | ᠪᠤᠳᠤᠯᠳᠠ ᠶᠢᠨ ᠠᠵᠢᠯ ᠢ ᠰᠠᠶᠢᠳᠤᠷ ᠬᠦᠢᠴᠡᠳᠬᠡᠬᠦ ᠬᠡᠷᠡᠭᠳᠡᠢ᠃ ᠭᠠᠴᠭᠠᠨ ᠤ ᠡᠳ᠋ ᠤᠨ ᠶᠠᠪᠤᠳᠠᠯ ᠤᠨ ᠵᠠᠷᠤᠳᠠᠯ ᠳᠤ | ᠰᠢᠯᠵᠢᠬᠦᠯᠦᠭᠰᠡᠨ ᠪᠡᠯᠡ ᠮᠦᠩᠬᠦᠨ ᠤ ᠪᠠᠶᠢᠳᠠᠯ᠂ ᠬᠠᠮᠳᠤ ᠨᠡᠶᠢᠳᠡ ᠶᠢᠨ ︽ᠭᠤᠷᠪᠠᠨ ᠪᠡᠯᠡ ᠮᠦᠩᠬᠦ︾ ᠶᠢ | ᠬᠠᠮᠢᠶᠠᠷᠴᠤ ᠬᠡᠷᠡᠭᠯᠡᠭᠰᠡᠨ ᠪᠠᠶᠢᠳᠠᠯ᠂ ᠵᠠᠰᠠᠭ ᠤᠨ ᠤᠷᠳᠤᠨ ᠠᠴᠠ ᠪᠠᠭᠤᠯᠭᠠᠨ ᠦᠭᠬᠦᠭᠰᠡᠨ ᠪᠤᠯᠤᠨ ᠨᠡᠶᠢᠬᠡᠮ ᠠᠴᠠ | ᠬᠠᠨᠳᠢᠪᠯᠡᠭᠰᠡᠨ ᠪᠡᠯᠡ ᠮᠦᠩᠬᠦ᠂ ᠡᠳ᠋ ᠪᠤᠳᠠᠰ ᠢ ᠬᠠᠮᠢᠶᠠᠷᠴᠤ ᠬᠡᠷᠡᠭᠯᠡᠭᠰᠡᠨ ᠪᠠᠶᠢᠳᠠᠯ᠂ ᠤᠶᠢᠯᠡᠳᠪᠤᠷᠢᠯᠡᠯ ᠡᠵᠡᠩᠨᠡᠯᠳᠡ | ᠪᠤᠯᠤᠨ ᠪᠦᠳᠦᠬᠡᠨ ᠪᠠᠶᠢᠭᠤᠯᠤᠯᠳᠠ ᠶᠢᠨ ᠲᠦᠷᠦᠯ ᠵᠤᠶᠢᠯ ᠤᠨ ᠲᠠᠭᠠᠭᠠᠴᠢᠯᠠᠯᠳᠠ ᠵᠢᠴᠢ ᠬᠠᠮᠢᠶᠠᠷᠤᠯᠳᠠ ᠶᠢᠨ ᠪᠠᠶᠢᠳᠠᠯ᠂ | ᠭᠠᠵᠠᠷ ᠰᠢᠷᠤᠢ ᠶᠢᠨ ᠨᠦᠬᠦᠪᠤᠷᠢ ᠬᠤᠪᠢᠶᠠᠷᠢᠯᠠᠯᠳᠠ ᠵᠢᠴᠢ ᠬᠡᠷᠡᠭᠯᠡᠯᠳᠡ ᠶᠢᠨ ᠪᠠᠶᠢᠳᠠᠯ᠂ ᠭᠠᠴᠠᠭ᠎ᠠ ᠲᠤᠰᠬᠤᠨ | ᠱᠠᠳᠤᠨ ᠤ ᠦᠷᠢ ᠦᠭᠴᠡᠬᠡᠨ ᠤ ᠪᠠᠶᠢᠳᠠᠯ᠂ ᠮᠠᠯᠴᠢᠨ ᠲᠠᠷᠢᠶᠠᠴᠢᠨ ᠤᠯᠠᠨ ᠲᠦᠮᠡᠨ ᠠᠴᠠ ᠲᠦᠪᠯᠡᠷᠡᠩᠬᠦᠢ ᠲᠤᠰᠬᠠᠵᠤ | ᠴᠢᠩᠭ᠎ᠠ ᠪᠠᠷ ᠱᠠᠭᠠᠷᠳᠠᠵᠤ ᠪᠠᠶᠢᠭ᠎ᠠ ᠬᠢᠨᠠᠨ ᠪᠤᠳᠤᠯᠳᠠ ᠶᠢᠨ ᠪᠤᠰᠤᠳ ᠠᠭᠤᠯᠭ᠎ᠠ ᠵᠡᠷᠬᠡ ᠶᠢ ᠬᠢᠨᠠᠨ ᠪᠤᠳᠤᠬᠤ | ᠬᠡᠪᠴᠢᠶᠠᠨ ᠳᠤ ᠤᠷᠤᠭᠤᠯᠬᠤ ᠬᠡᠷᠡᠭᠳᠡᠢ᠃ ᠬᠢᠨᠠᠨ ᠪᠤᠳᠤᠯᠳᠠ ᠪᠠᠷ ᠤᠯᠤᠭᠰᠠᠨ ᠠᠰᠠᠭᠤᠳᠠᠯ ᠢ ᠬᠠᠮᠢᠶ᠎ᠠ ᠪᠦᠬᠦᠢ | ᠲᠤᠭᠳᠠᠭᠠᠯ ᠶᠤᠰᠤᠭᠠᠷ ᠲᠠᠷᠤᠢ ᠲᠤᠤᠷ᠎ᠠ ᠨᠢ ᠪᠦᠳᠦᠮᠵᠢᠳᠡᠢ ᠰᠢᠢᠳᠪᠤᠷᠢᠯᠡᠬᠦ ᠬᠡᠷᠡᠭᠳᠡᠢ᠃ ᠬᠢᠨᠠᠨ ᠪᠤᠳᠤᠯᠳᠠ | ᠶᠠᠪᠤᠭᠤᠯᠤᠭᠰᠠᠨ ᠦᠬᠡᠢ ᠭᠠᠴᠠᠭ᠎ᠠ ᠨᠡᠶᠢᠬᠡᠮ ᠲᠤᠭᠤᠷᠢᠭ ᠬᠤᠭᠤᠴᠠᠭ᠎ᠠ ᠰᠤᠯᠢᠵᠤ ᠰᠤᠩᠭᠤᠭᠤᠯᠢ ᠬᠢᠬᠦ ᠠᠵᠢᠯ ᠢ | ᠡᠬᠢᠯᠡᠬᠦᠯᠵᠤ ᠪᠤᠯᠬᠤ ᠦᠬᠡᠢ᠃ | ⒍ ᠪᠤᠯᠪᠠᠰᠤᠷᠠᠯ ᠢ ᠵᠤᠬᠢᠶᠠᠨ ᠪᠠᠶᠢᠭᠤᠯᠵᠤ ᠦᠷᠨᠢᠬᠦᠯᠦᠨ᠎ᠠ᠃ ᠱᠠᠳᠤ ᠲᠠᠪᠬᠤᠷᠭ᠎ᠠ ᠬᠤᠪᠢᠶᠠᠨ ᠪᠤᠯᠪᠠᠰᠤᠷᠠᠯ | ᠶᠠᠪᠤᠭᠤᠯᠵᠤ᠂ ᠡᠯ᠎ᠡ ᠰᠤᠮᠤ ᠪᠠᠯᠭᠠᠰᠤ ᠬᠤᠷᠠᠯ ᠢᠶᠠᠷ ᠪᠤᠯᠪᠠᠰᠤᠷᠠᠯ ᠢ ᠤᠷᠤᠯᠠᠬᠤ᠂ ᠲᠤᠰᠬᠠᠢ ᠰᠡᠳᠤᠪ ᠢᠶᠠᠷ | ᠪᠤᠯᠪᠠᠰᠤᠷᠠᠬᠤ᠂ ᠠᠵᠢᠯ ᠤᠨ ᠭᠠᠷ ᠠᠪᠤᠯᠭ᠎ᠠ ᠬᠢᠬᠦ ᠵᠡᠷᠬᠡ ᠬᠡᠯᠪᠡᠷᠢ ᠪᠠᠷ ᠬᠤᠭᠤᠴᠠᠭ᠎ᠠ ᠰᠤᠯᠢᠬᠤ ᠰᠤᠩᠭᠤᠭᠤᠯᠢ ᠶᠢᠨ | ᠠᠵᠢᠯᠳᠠᠳ᠂ ᠭᠠᠴᠠᠭᠠᠨ ︵ᠨᠡᠶᠢᠬᠡᠮ ᠲᠤᠭᠤᠷᠢᠭ︶ ᠤ ︽ᠬᠤᠶᠠᠷ ᠵᠦᠪᠯᠡᠯ︾ ᠤᠨ ᠺᠠᠳ᠋ᠷ ᠪᠤᠯᠤᠨ ᠭᠠᠴᠠᠭ᠎ᠠ ︵ | ᠨᠡᠶᠢᠬᠡᠮ ᠲᠤᠭᠤᠷᠢᠭ︶ ᠲᠤᠰᠬᠤᠨ ︵ᠰᠠᠭᠤᠭᠠᠯᠢ︶ ᠤ ᠠᠷᠠᠳ ᠤᠨ ᠰᠤᠩᠭᠤᠭᠤᠯᠢ ᠶᠢᠨ ᠵᠦᠪᠯᠡᠯ ᠤᠨ ᠬᠡᠰᠢᠬᠦᠳ | ᠲᠤ ᠪᠤᠯᠪᠠᠰᠤᠷᠠᠯ ᠬᠦᠷᠳᠡᠬᠡᠵᠤ᠂ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠷᠭ᠎ᠠ ᠶᠠᠪᠤᠴᠠ ᠶᠢ ᠲᠤᠳᠤᠷᠬᠠᠢ | ᠤᠶᠢᠯᠠᠭᠤᠯᠤᠨ ᠡᠵᠡᠮᠰᠢᠬᠦᠯᠵᠤ᠂ ᠬᠠᠤᠯᠢ ᠶᠤᠰᠤᠭᠠᠷ ᠶᠠᠪᠤᠳᠠᠯ ᠪᠠᠶᠡᠯᠡᠬᠦᠯᠵᠤ᠂ ᠬᠤᠭᠤᠴᠠᠭ᠎ᠠ ᠰᠤᠯᠢᠬᠤ ᠰᠤᠩᠭᠤᠭᠤᠯᠢ | ᠶᠢᠨ ᠠᠵᠢᠯ ᠢ ᠤᠨᠤᠪᠴᠢᠳᠡᠢ ᠵᠢᠯᠤᠭᠤᠳᠬᠤ ᠶᠢᠨ ᠲᠦᠯᠦᠬᠡ ᠰᠠᠭᠤᠷᠢ ᠶᠢ ᠰᠠᠶᠢᠳᠤᠷ ᠲᠠᠯᠪᠢᠬᠤ ᠬᠡᠷᠡᠭᠳᠡᠢ᠃ ᠰᠤᠮᠤ | ᠪᠠᠯᠭᠠᠰᠤ ᠠᠴᠠ ᠠᠳᠠᠯᠢ ᠪᠤᠰᠤ ᠬᠡᠯᠪᠡᠷᠢ ᠪᠠᠷ ᠲᠠᠮᠵᠢᠭᠤᠯᠤᠨ ᠨᠠᠮ ᠤᠨ ᠬᠡᠰᠢᠬᠦᠨ᠂ ᠠᠷᠠᠳ ᠲᠦᠮᠡᠨ ᠤ ᠪᠤᠯᠪᠠᠰᠤᠷᠠᠯ | ᠢ ᠵᠤᠬᠢᠶᠠᠨ ᠪᠠᠶᠢᠭᠤᠯᠵᠤ᠂ ᠬᠢᠵᠠᠭᠠᠷᠯᠠᠵᠤ ᠬᠦᠮᠦᠵᠢᠬᠦᠯᠬᠦ ᠶᠢ ᠤᠶᠠᠯᠳᠤᠭᠤᠯᠤᠭᠰᠠᠨ ᠠᠷᠭ᠎ᠠ ᠪᠠᠷ ᠠᠷᠠᠳᠴᠢᠯᠠᠯ ᠤᠨ | ᠤᠬᠠᠮᠰᠠᠷ᠂ ᠬᠠᠤᠯᠢ ᠴᠠᠭᠠᠵᠠ ᠶᠢᠨ ᠤᠬᠠᠮᠰᠠᠷ ᠪᠤᠯᠤᠨ ᠤᠷᠤᠯᠴᠠᠬᠤ ᠤᠬᠠᠮᠰᠠᠷ ᠢ ᠲᠡᠬᠡᠭᠰᠢᠯᠡᠬᠦᠯᠦᠨ᠎ᠠ᠃ ᠭᠠᠴᠠᠭᠠᠨ | ︵ᠨᠡᠶᠢᠬᠡᠮ ᠲᠤᠭᠤᠷᠢᠭ︶ ᠤ ︽ᠬᠤᠶᠠᠷ ᠵᠦᠪᠯᠡᠯ︾ ᠤᠨ ᠬᠤᠭᠤᠴᠠᠭ᠎ᠠ ᠰᠤᠯᠢᠬᠤ ᠰᠤᠩᠭᠤᠭᠤᠯᠢ ᠶᠢᠨ ᠬᠠᠤᠯᠢ | ᠴᠠᠭᠠᠵᠠ ᠪᠤᠯᠤᠨ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠮᠡᠳᠡᠵᠤ ᠡᠵᠡᠮᠰᠢᠬᠡ ᠦᠬᠡᠢ ᠺᠠᠳ᠋ᠷ ᠠᠴᠠ ᠤᠯᠠᠨ | ᠲᠦᠮᠡᠨ ᠤ ᠠᠰᠠᠭᠤᠨ ᠯᠠᠪᠯᠠᠯᠳᠠ ᠶᠢ ᠬᠠᠷᠢᠭᠤᠯᠬᠤ ᠪᠠ ᠲᠤᠰᠬᠤᠨ ᠳᠤ ᠪᠠᠭᠤᠵᠤ ᠵᠢᠯᠤᠭᠤᠳᠬᠤ ᠳᠤ ᠲᠤᠬᠢᠷᠠᠮᠵᠢ | ᠦᠬᠡᠢ︔ ᠭᠤᠤᠯ ᠬᠦᠴᠦᠨ ᠤ ᠪᠤᠯᠪᠠᠰᠤᠷᠠᠯ ᠦᠷᠨᠢᠬᠦᠯᠦᠭᠰᠡᠨ ᠦᠬᠡᠢ ᠭᠠᠵᠠᠷ ᠬᠤᠭᠤᠴᠠᠭ᠎ᠠ ᠰᠤᠯᠢᠬᠤ ᠰᠤᠩᠭᠤᠭᠤᠯᠢ | ᠶᠢ ᠶᠠᠭᠠᠷᠠᠤ ᠶᠠᠪᠤᠭᠳᠠᠭᠤᠯᠵᠤ ᠪᠤᠯᠬᠤ ᠦᠬᠡᠢ᠃ | ⒎ ᠦᠷᠬᠡᠨ ᠢᠶᠠᠷ ᠤᠬᠠᠭᠤᠯᠤᠨ ᠲᠠᠶᠢᠴᠢᠯᠠᠨ᠎ᠠ᠃ ᠡᠯ᠎ᠡ ᠰᠤᠮᠤ ᠪᠠᠯᠭᠠᠰᠤ ᠡᠷᠬᠡᠪᠰᠢ ᠤᠯᠠᠨ ᠬᠡᠯᠪᠡᠷᠢ ᠶᠢᠨ | ᠤᠬᠠᠭᠤᠯᠭ᠎ᠠ ᠬᠦᠮᠦᠵᠢᠯ ᠢ ᠦᠷᠨᠢᠬᠦᠯᠵᠤ᠂ ᠺᠠᠳ᠋ᠷ ᠤᠯᠠᠨ ᠲᠦᠮᠡᠨ ᠤ ᠠᠷᠠᠳᠴᠢᠯᠠᠯ ᠬᠠᠤᠯᠢ ᠶᠢᠨ ᠤᠬᠠᠮᠰᠠᠷ ᠢ | ᠴᠢᠩᠭᠠᠳᠬᠠᠨ᠂ ᠷᠠᠳᠢᠤ᠋᠂ ᠲᠧᠯᠸᠢᠰ᠂ ᠰᠠᠳᠬᠦᠯ᠂ ᠰᠦᠯᠵᠢᠶ᠎ᠡ᠂ ᠨᠡᠶᠢᠳᠡᠯᠡᠬᠦ ᠰᠠᠮᠪᠠᠷ᠎ᠠ᠂ ᠤᠷᠢᠶ᠎ᠡ ᠯᠤᠽᠦ᠋ᠩ ᠵᠡᠷᠬᠡ | ᠤᠯᠠᠨ ᠬᠡᠯᠪᠡᠷᠢ ᠪᠠᠷ ᠲᠠᠮᠵᠢᠭᠤᠯᠤᠨ᠂ ᠦᠷᠬᠡᠨ ᠤᠯᠠᠨ ᠲᠦᠮᠡᠨ ᠳᠤ ᠭᠠᠴᠠᠭᠠᠨ ︵ᠨᠡᠶᠢᠬᠡᠮ ᠲᠤᠭᠤᠷᠢᠭ︶ ᠤ ︽ | ᠬᠤᠶᠠᠷ ᠵᠦᠪᠯᠡᠯ︾ ᠤᠨ ᠬᠤᠭᠤᠴᠠᠭ᠎ᠠ ᠰᠤᠯᠢᠬᠤ ᠰᠤᠩᠭᠤᠭᠤᠯᠢ ᠶᠢᠨ ᠴᠢᠬᠤᠯᠠ ᠤᠳᠬ᠎ᠠ ᠠᠭᠤᠯᠭ᠎ᠠ ᠪᠤᠯᠤᠨ ᠬᠠᠤᠯᠢ | ᠲᠤᠭᠳᠠᠭᠠᠯ ᠲᠦᠷᠦ ᠶᠢᠨ ᠪᠤᠳᠤᠯᠭ᠎ᠠ ᠶᠢ ᠬᠦᠨᠵᠡᠬᠡᠶᠢᠷᠡᠬᠦᠯᠦᠨ ᠤᠬᠠᠭᠤᠯᠵᠤ᠂ ᠭᠠᠴᠠᠭ᠎ᠠ ︵ᠨᠡᠶᠢᠬᠡᠮ ᠲᠤᠭᠤᠷᠢᠭ︶ | ᠲᠤᠰᠬᠤᠨ ︵ᠰᠠᠭᠤᠭᠠᠯᠢ︶ ᠤ ᠠᠷᠠᠳ ᠠᠴᠠ ᠦᠪᠡᠷ ᠤᠨ ᠢᠶᠠᠨ ᠠᠷᠠᠳᠴᠢᠯᠠᠯ ᠤᠨ ᠡᠷᠬᠡ ᠠᠰᠢᠭ ᠢ ᠨᠠᠨᠳᠢᠩᠨᠠᠬᠤ ᠪᠠ | ᠵᠦᠪ ᠢᠶᠠᠷ ᠬᠡᠷᠭᠯᠡᠵᠤ᠂ ᠦᠨᠡᠨᠬᠦ ᠰᠠᠶᠢᠨ ᠲᠤᠷ᠎ᠠ ᠠᠴᠠ ᠪᠠᠨ ᠰᠤᠩᠭᠤᠭᠤᠯᠢ ᠳᠤ ᠪᠧᠯᠧᠲ ᠦᠭᠬᠦ ᠶᠢ ᠨᠢ | ᠵᠢᠯᠤᠭᠤᠳᠴᠤ᠂ ᠭᠠᠴᠠᠭᠠᠨ ︵ᠨᠡᠶᠢᠬᠡᠮ ᠲᠤᠭᠤᠷᠢᠭ︶ ᠤ ᠺᠠᠳ᠋ᠷ ᠤᠯᠠᠨ ᠲᠦᠮᠡᠨ ᠢ ᠵᠤᠬᠢᠶᠠᠨ ᠪᠠᠶᠢᠭᠤᠯᠤᠨ | ᠬᠤᠭᠤᠴᠠᠭ᠎ᠠ ᠰᠤᠯᠢᠬᠤ ᠰᠤᠩᠭᠤᠭᠤᠯᠢ ᠶᠢᠨ ᠬᠠᠮᠢᠶ᠎ᠠ ᠪᠦᠬᠦᠢ ᠪᠢᠴᠢᠭ ᠮᠡᠲ᠋ᠧᠷᠢᠶᠠᠯ ᠲᠦᠷᠦ ᠶᠢᠨ ᠪᠤᠳᠤᠯᠭ᠎ᠠ ᠶᠢᠨ | ᠲᠤᠭᠳᠠᠭᠠᠯ ᠢ ᠨᠠᠷᠢᠯᠢᠭ ᠰᠤᠷᠤᠯᠴᠠᠭᠤᠯᠵᠤ᠂ ᠦᠷᠬᠡᠨ ᠤᠯᠠᠨ ᠨᠠᠮ ᠤᠨ ᠬᠡᠰᠢᠬᠦᠨ ᠺᠠᠳ᠋ᠷ ᠪᠤᠯᠤᠨ ᠠᠷᠠᠳ ᠲᠦᠮᠡᠨ᠂ | ᠤᠨᠴᠠᠭᠠᠶᠢᠯᠠᠨ ᠰᠤᠩᠭᠤᠭᠤᠯᠢ ᠳᠤ ᠤᠷᠤᠯᠴᠠᠭᠴᠢ ᠳᠤ ᠰᠤᠩᠭᠤᠭᠤᠯᠢ ᠶᠢᠨ ᠡᠯ᠎ᠡ ᠲᠦᠷᠦᠯ ᠤᠨ ᠭᠤᠭᠴᠤᠭ᠎ᠠ ᠪᠤᠯᠤᠨ | ᠪᠧᠯᠧᠲ ᠦᠭᠬᠦ ᠱᠠᠭᠠᠷᠳᠠᠯᠭ᠎ᠠ ᠶᠢ ᠲᠤᠳᠤᠷᠬᠠᠢ ᠮᠡᠳᠡᠬᠦᠯᠵᠤ᠂ ᠰᠤᠩᠭᠤᠭᠤᠯᠢ ᠶᠢᠨ ᠵᠢᠮ᠎ᠠ ᠶᠤᠰᠤ ᠶᠢ ᠤᠬᠠᠮᠰᠠᠷ ᠠᠴᠠ | ᠨᠢ ᠵᠢᠷᠤᠮᠯᠠᠭᠤᠯᠤᠨ᠎ᠠ᠃ | ︵ᠬᠤᠶᠠᠷ︶ ᠬᠡᠷᠡᠭᠵᠢᠬᠦᠯᠬᠦ ᠱᠠᠳᠤ ︵5 ᠰᠠᠷ᠎ᠠ ᠶᠢᠨ 1 ᠤ ᠡᠳᠤᠷ ᠠᠴᠠ 9 ᠰᠠᠷ᠎ᠠ ᠶᠢᠨ 10 ᠤ | ᠡᠳᠤᠷ︶ | ⒈ ᠺᠠᠳ᠋ᠷ ᠤᠨ ᠡᠩᠨᠡᠬᠡᠨ ᠤ ᠪᠦᠳᠦᠴᠡ ᠶᠢ ᠰᠢᠯᠢᠭᠳᠡᠵᠢᠬᠦᠯᠦᠨᠠ᠃ ᠨᠠᠮ ᠤᠨ ᠪᠦᠬᠦ ᠲᠠᠯ᠎ᠠ ᠶᠢᠨ | ᠤᠳᠤᠷᠢᠳᠤᠯᠭ᠎ᠠ ᠶᠢ ᠪᠠᠷᠢᠮᠳᠠᠯᠠᠵᠤ ᠴᠢᠩᠭᠠᠳᠬᠠᠬᠤ ᠳᠤ ᠠᠰᠢᠭᠳᠠᠢ ᠪᠠᠶᠢᠬᠤ ᠡᠬᠦᠳᠡᠨ ᠠᠴᠠ᠂ ᠰᠢᠯᠢᠳᠡᠭ ᠠᠪᠰᠠᠷ | ᠦᠨᠳᠤᠷ ᠪᠦᠳᠦᠮᠵᠢᠳᠡᠢ ᠪᠠᠶᠢᠬᠤ ᠵᠠᠷᠴᠢᠮ ᠢ ᠦᠨᠳᠤᠰᠤᠯᠡᠨ᠂ ᠭᠠᠴᠠᠭᠠᠨ ᠤ ︽ᠬᠤᠶᠠᠷ ᠵᠦᠪᠯᠡᠯ︾ ᠤᠨ | ᠤᠳᠤᠷᠢᠳᠬᠤ ᠪᠠᠭ ᠤᠨ ᠬᠡᠰᠢᠬᠦᠳ ᠤᠨ ᠲᠤᠭ᠎ᠠ ᠶᠢ ᠰᠢᠨᠵᠢᠯᠡᠬᠦ ᠤᠬᠠᠭᠠᠨᠴᠢ ᠪᠠᠷ ᠲᠤᠭᠳᠠᠭᠠᠵᠤ᠂ ᠡᠬᠦᠨ ᠳᠤ ᠡᠳ᠋ | ᠤᠨ ᠶᠠᠪᠤᠳᠠᠯ ᠤᠨ ᠨᠦᠬᠦᠪᠤᠷᠢᠯᠡᠬᠦ ᠬᠡᠪᠴᠢᠶᠠᠨ ᠳᠤ ᠤᠷᠤᠬᠤ ᠭᠠᠴᠠᠭᠠᠨ ᠤ ︽ᠬᠤᠶᠠᠷ ᠵᠦᠪᠯᠡᠯ︾ ᠤᠨ | ᠤᠳᠤᠷᠢᠳᠬᠤ ᠪᠠᠭ ᠤᠨ ᠬᠡᠰᠢᠬᠦᠳ ᠤᠨ ᠲᠤᠭ᠎ᠠ ᠶᠡᠷᠤ ᠳᠡᠭᠡᠨ 3 — 5 ᠬᠦᠮᠦᠨ ᠪᠠᠶᠢᠵᠤ᠂ ᠬᠠᠮᠤᠭ ᠤᠯᠠᠨ ᠳᠠᠭᠠᠨ | 7 ᠬᠦᠮᠦᠨ ᠠᠴᠠ ᠬᠡᠳᠤᠷᠡᠬᠦ ᠦᠬᠡᠢ᠃ ᠭᠠᠴᠠᠭᠠᠨ ᠤ ︽ᠬᠤᠶᠠᠷ ᠵᠦᠪᠯᠡᠯ︾ ᠤᠨ ᠪᠠᠭ ᠤᠨ ᠨᠠᠰᠤ ᠵᠢᠯ᠂ ᠰᠤᠶᠤᠯ | ᠵᠡᠷᠬᠡ ᠪᠦᠳᠦᠴᠡ ᠶᠢ ᠰᠢᠯᠢᠳᠡᠭᠵᠢᠬᠦᠯᠵᠤ᠂45 ᠨᠠᠰᠤ ᠶᠢᠨ ᠬᠠᠪᠢᠳᠠᠭᠤ ᠬᠦᠮᠦᠰ ᠢᠶᠠᠷ ᠭᠤᠤᠯ ᠴᠤᠭᠴᠠ ᠪᠤᠯᠭᠠᠵᠤ᠂ | 35 ᠨᠠᠰᠤᠨ ᠤ ᠬᠠᠪᠢᠳᠠᠭᠤ ᠬᠦᠮᠦᠰ ᠵᠤᠬᠢᠬᠤ ᠬᠠᠷᠢᠴᠠᠯ ᠡᠵᠡᠯᠡᠭᠰᠡᠨ ᠲᠤᠬᠢᠷᠠᠭᠤᠯᠤᠯᠳᠠ ᠶᠢᠨ ᠪᠦᠳᠦᠴᠡ ᠶᠢ | ᠴᠢᠷᠮᠠᠶᠢᠨ ᠪᠠᠶᠢᠭᠤᠯᠵᠤ᠂ ᠦᠨᠳᠤᠷ ᠲᠤᠮᠳᠠᠳᠤ ᠠᠴᠠ ᠲᠡᠬᠡᠭᠰᠢᠬᠢ ᠰᠤᠶᠤᠯ ᠤᠨ ᠬᠡᠮᠵᠢᠶ᠎ᠡ ᠲᠠᠢ ᠭᠠᠴᠠᠭᠠᠨ ᠺᠠᠳ᠋ᠷ ᠢ | ᠢᠯᠡᠷᠬᠡᠢ ᠨᠡᠮᠡᠭᠳᠡᠬᠦᠯᠬᠦ ᠬᠡᠷᠡᠭᠳᠡᠢ᠃ ᠡᠯ᠎ᠡ ᠰᠤᠮᠤ ᠪᠠᠯᠭᠠᠰᠤ ᠪᠤᠳᠠᠳᠠᠢ ᠲᠠᠢ ᠪᠠᠨ ᠤᠶᠠᠯᠳᠤᠭᠤᠯᠤᠨ᠂ ᠵᠠᠯᠭᠠᠪᠠᠷ | ᠰᠤᠩᠭᠤᠭᠳᠠᠵᠤ ᠲᠤᠰᠢᠶᠠᠯ ᠡᠬᠦᠷᠬᠡᠯᠡᠬᠦ ᠪᠠ ᠰᠢᠨ᠎ᠠ ᠪᠠᠷ ᠨᠠᠷ᠎ᠡ ᠲᠤᠷᠠᠳᠤᠭᠳᠠᠭᠰᠠᠨ ᠭᠠᠴᠠᠭᠠᠨ ᠤ ᠨᠠᠮ ᠤᠨ ᠵᠤᠬᠢᠶᠠᠨ | ᠪᠠᠶᠢᠭᠤᠯᠤᠯᠳᠠ ᠶᠢᠨ ᠱᠦᠵᠢ᠂ ᠭᠠᠴᠠᠭᠠᠨ ᠤ ᠲᠤᠰᠬᠤᠨ ᠤ ᠵᠦᠪᠯᠡᠯ ᠤᠨ ᠡᠷᠬᠢᠯᠡᠭᠴᠢ ᠶᠢᠨ ᠵᠢᠩᠬᠢᠨᠢ | ᠰᠤᠩᠭᠤᠭᠳᠠᠭᠴᠢ ᠶᠢᠨ ᠲᠤᠰᠢᠶᠡᠯ ᠡᠬᠦᠷᠬᠡᠯᠡᠬᠦ ᠨᠦᠬᠦᠴᠡᠯ ᠢ ᠲᠤᠳᠤᠷᠬᠠᠶᠢᠯᠠᠵᠤ᠂ ᠨᠠᠮ ᠤᠨ ᠵᠤᠬᠢᠶᠠᠨ ᠪᠠᠶᠢᠭᠤᠯᠤᠯᠳᠠ | ᠶᠢᠨ ᠱᠦᠵᠢ ᠪᠠᠷ ᠵᠢᠩᠬᠢᠨᠢ ᠨᠡᠷ᠎ᠡ ᠲᠤᠷᠠᠳᠤᠭᠳᠠᠭᠴᠢ ᠶᠡᠷᠤ ᠳᠡᠭᠡᠨ ᠪᠦᠬᠦᠯᠢ 60 ᠨᠠᠰᠤᠨ ᠠᠴᠠ ᠬᠡᠳᠤᠷᠴᠤ ᠪᠤᠯᠬᠤ | ᠦᠬᠡᠢ ᠪᠠᠶᠢᠵᠤ᠂ ᠦᠨᠳᠤᠷ ᠲᠤᠮᠳᠠ᠂ ᠲᠤᠮᠳᠠᠳᠤ ᠵᠡᠷᠬᠡ ᠵᠢᠴᠢ ᠲᠡᠬᠡᠭᠰᠢᠬᠢ ᠰᠤᠶᠤᠯ ᠤᠨ ᠬᠡᠮᠵᠢᠶ᠎ᠡ ᠲᠠᠢ ᠪᠠᠶᠢᠬᠤ | ᠶᠤᠰᠤᠳᠠᠢ᠃ ᠤᠨᠴᠠᠭᠠᠢ ᠰᠢᠯᠢᠳᠡᠭ ᠬᠦᠮᠦᠰ ᠤᠨ ᠰᠤᠶᠤᠯ ᠤᠨ ᠬᠡᠮᠵᠢᠶᠡᠨ ᠤ ᠲᠠᠯ᠎ᠠ ᠪᠠᠷ ᠬᠢ ᠱᠠᠭᠠᠷᠠᠳᠠᠯᠭᠠ ᠶᠢ | ᠵᠤᠬᠢᠰᠳᠡᠢ ᠪᠠᠭᠤᠷᠠᠭᠤᠯᠵᠤ ᠪᠤᠯᠤᠨ᠎ᠠ᠃ ᠡᠮᠡᠭᠳᠡᠢ ᠺᠠᠳ᠋ᠷ ᠢ ᠭᠤᠤᠯᠳᠠᠯᠭ᠎ᠠ ᠲᠠᠢ ᠪᠤᠶᠢᠵᠢᠭᠤᠯᠤᠨ ᠬᠡᠷᠡᠭᠯᠡᠵᠤ᠂ ᠬᠠᠤᠯᠢ | ᠳᠤ ᠲᠤᠭᠳᠠᠭᠰᠠᠨ ᠲᠠᠷᠠᠭᠠᠯᠠᠯ ᠶᠤᠰᠤᠭᠠᠷ ᠵᠦᠪᠯᠡᠯ ᠤᠨ ᠬᠡᠰᠢᠬᠦᠨ ᠤ ᠤᠷᠤᠨ ᠲᠤᠭ᠎ᠠ ᠶᠢ ᠲᠤᠳᠤᠷᠠᠭᠤᠯᠤᠨ᠂ ︽ | ᠲᠤᠰᠬᠠᠢ ᠲᠤᠰᠢᠶᠠᠯ ᠳᠤ ᠲᠤᠰᠬᠠᠢ ᠰᠤᠩᠭᠤᠵᠤ᠂ ᠤᠷᠤᠨ ᠲᠤᠭ᠎ᠠ ᠶᠢ ᠲᠤᠭᠳᠠᠭᠠᠨ ᠰᠤᠩᠭᠤᠬᠤ︾ ᠵᠡᠷᠬᠡ ᠠᠷᠭ᠎ᠠ | ᠪᠠᠷ ᠭᠠᠴᠠᠭ᠎ᠠ ᠲᠤᠰᠬᠤᠨ ᠤ ᠵᠦᠪᠯᠡᠯ ᠤᠨ ᠬᠡᠰᠢᠬᠦᠳ ᠲᠤᠮᠳᠠ ᠠᠳᠠᠭ ᠲᠠᠭᠠᠨ 1 ᠡᠮᠡᠭᠳᠡᠢ ᠪᠠᠶᠢᠬᠤ ᠶᠢ ᠪᠠᠳᠤᠯᠠᠬᠤ | ᠬᠡᠷᠡᠭᠳᠡᠢ᠃ | ⒉ᠦᠷᠬᠡᠨ ᠠᠷᠭ᠎ᠠ ᠵᠠᠮ ᠢᠶᠠᠷ ᠬᠦᠮᠦᠨ ᠰᠤᠩᠭᠤᠨ᠎ᠠ᠃ ᠡᠯ᠎ᠡ ᠰᠤᠮᠤ ᠪᠠᠯᠭᠠᠰᠤ ᠡᠷᠬᠡᠪᠰᠢ ᠬᠦᠳᠡᠭᠡ | ᠲᠤᠰᠬᠤᠨ ᠢ ᠬᠦᠭᠵᠢᠬᠡᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠪᠤᠯᠤᠨ ᠮᠠᠯᠵᠢᠬᠤ ᠲᠠᠷᠢᠶᠠᠯᠠᠬᠤ ᠤᠷᠤᠨ ᠤ | ᠬᠦᠭᠵᠢᠯᠳᠡ ᠶᠢᠨ ᠱᠠᠭᠠᠷᠳᠠᠯᠭ᠎ᠠ ᠳᠤ ᠰᠠᠭᠤᠷᠢᠯᠠᠨ᠂ ᠭᠠᠳᠠᠭᠰᠢ ᠶᠠᠪᠤᠭᠰᠠᠨ ᠴᠢᠳᠠᠪᠤᠷᠢᠳᠡᠳ ᠨᠤᠳᠤᠭ ᠲᠠᠭᠠᠨ | ᠪᠤᠴᠠᠵᠤ ᠰᠤᠩᠭᠤᠭᠤᠯᠢ ᠳᠤ ᠤᠷᠤᠯᠴᠠᠬᠤ ᠳᠤᠨᠢ ᠰᠠᠶᠢᠨ ᠠᠬᠤᠢ ᠤᠷᠴᠢᠨ ᠢ ᠪᠦᠷᠢᠯᠳᠤᠬᠦᠯᠦᠨ᠂ ᠲᠠᠪᠴᠠᠩ ᠲᠠᠶᠢᠰᠠ | ᠶᠢ ᠪᠠᠶᠢᠭᠤᠯᠵᠤ᠂ ᠨᠦᠬᠦᠴᠡᠯ ᠪᠤᠯᠤᠮᠵᠢ ᠶᠢ ᠡᠬᠦᠳᠤᠨ᠂ ᠭᠠᠳᠠᠭᠰᠢ ᠶᠠᠪᠤᠵᠤ ᠠᠵᠢᠯ ᠤᠯᠤᠨ ᠬᠤᠳᠠᠯᠳᠤᠭ᠎ᠠ | ᠡᠷᠬᠢᠯᠡᠭᠴᠢᠳ᠂ ᠶᠡᠭᠡ ᠰᠤᠷᠭᠠᠭᠤᠯᠢ ᠲᠡᠬᠦᠰᠦᠬᠡᠳ ᠭᠠᠳᠠᠭᠰᠢ ᠶᠠᠪᠤᠭᠰᠠᠨ ᠨᠤᠳᠤᠭ ᠤᠨ ᠤᠶᠤᠳᠠᠳ ᠲᠤᠳᠤᠷ᠎ᠠ | ᠠᠴᠠ ᠨᠢᠬᠡ ᠪᠦᠯᠦᠭ᠂ ᠠᠯᠪᠠᠨ ᠪᠠᠶᠢᠭᠤᠯᠭ᠎ᠠ ᠠᠵᠢᠯ ᠤᠶᠢᠯᠡᠰ ᠤᠨ ᠨᠢᠬᠡᠴᠡ ᠶᠢᠨ ᠬᠤᠶᠠᠳᠤᠭᠠᠷ ᠱᠤᠭᠤᠮ ᠳᠤ | ᠪᠠᠭᠤᠭᠰᠠᠨ ᠪᠤᠶᠤ ᠠᠵᠢᠯ ᠠᠴᠠ ᠪᠠᠨ ᠠᠮᠠᠷᠠᠭᠰᠠᠨ ᠠᠯᠪᠠᠨ ᠠᠵᠢᠯᠳᠡᠳ ᠠᠴᠠ ᠨᠢᠬᠡ ᠪᠦᠯᠦᠭ᠂ ᠶᠡᠭᠡ ᠰᠤᠷᠭᠠᠭᠤᠯᠢ | ᠲᠡᠬᠦᠰᠦᠭᠰᠡᠨ ᠲᠤᠰᠬᠤᠨ ᠤ ᠲᠠᠷᠤᠭ᠎ᠠ᠂ ᠴᠡᠷᠢᠭ ᠠᠴᠠ ᠬᠠᠯᠠᠭᠳᠠᠭᠰᠠᠳ᠂ ᠲᠤᠰᠬᠤᠨ ᠤ ᠡᠮᠴᠢ ᠪᠠᠭᠰᠢ ᠨᠠᠷ ᠠᠴᠠ | ᠨᠢᠬᠡ ᠪᠦᠯᠦᠭ᠂ ᠪᠠᠯᠡᠳᠬᠡᠯ ᠺᠠᠳ᠋ᠷ᠂ ᠨᠠᠮ ᠤᠨ ᠬᠡᠰᠢᠬᠦᠨ ᠤ ᠭᠤᠤᠯᠳᠠᠯᠠᠭᠠᠳᠤ ᠡᠷᠤᠬᠡ᠂ ᠪᠠᠶᠠᠵᠢᠨ ᠴᠢᠨᠡᠬᠡᠯᠢᠭᠵᠢᠬᠦ | ᠬᠦᠳᠦᠯᠦᠭᠴᠢ ᠬᠦᠮᠦᠨ ᠤ ᠲᠤᠳᠤᠷ᠎ᠠ ᠠᠴᠠ ᠨᠢᠬᠡ ᠪᠦᠯᠦᠭ᠂ ᠲᠤᠰᠬᠤᠨ ᠳᠤ ᠤᠷᠤᠵᠤ ᠰᠠᠭᠤᠭᠰᠠᠨ ᠺᠠᠳ᠋ᠷᠴᠤᠳ | ᠲᠤᠳᠤᠷ᠎ᠠ ᠠᠴᠠ ᠨᠢᠬᠡ ᠪᠦᠯᠦᠭ ︵ᠲᠦᠬᠦᠮᠴᠢᠯᠡᠬᠡᠳ ︽ᠲᠠᠪᠤᠨ ᠨᠢᠬᠡ ᠪᠦᠯᠦᠭ︾ ᠬᠡᠨ᠎ᠡ︶ ᠢ ᠰᠤᠩᠭᠤᠨ᠂ ᠤᠯᠠᠨ | ᠠᠷᠭ᠎ᠠ ᠵᠠᠮ ᠤᠯᠠᠨ ᠲᠠᠰ ᠲᠠᠪᠬᠤᠷᠭ᠎ᠠ ᠠᠴᠠ ᠬᠦᠮᠦᠨ ᠬᠡᠷᠡᠭᠯᠡᠨ᠎ᠡ᠃ ᠨᠡᠶᠢᠬᠡᠮ ᠲᠤᠭᠤᠷᠢᠭ ᠠᠴᠠ ᠠᠯᠪᠠᠨ | ᠪᠠᠶᠢᠭᠤᠯᠭ᠎ᠠ ᠠᠵᠢᠯ ᠤᠶᠢᠯᠡᠰ ᠤᠨ ᠨᠢᠬᠡᠴᠡ ᠠᠵᠢᠯᠳᠠᠨ᠂ ᠨᠡᠶᠢᠬᠡᠮ ᠤᠨ ᠠᠵᠢᠯᠳᠠᠨ᠂ ᠠᠷᠠᠳ ᠤᠨ ᠠᠮᠢᠳᠤᠷᠠᠯ ᠤᠨ | ᠰᠠᠶᠢᠨ ᠲᠤᠷ᠎ᠠ ᠶᠢᠨ ᠤᠶᠢᠯᠡᠴᠢᠯᠡᠭᠴᠢ᠂ ᠴᠡᠷᠢᠭ ᠠᠴᠠ ᠬᠠᠯᠠᠭᠰᠠᠳ ᠲᠤᠮᠢᠯᠠᠨ ᠪᠠᠭᠤᠯᠭᠠᠬᠤ ᠶᠢ ᠵᠤᠷᠢᠭᠵᠢᠭᠤᠯᠤᠨ᠂ | ᠰᠤᠩᠭᠤᠭᠤᠯᠢ ᠪᠠᠷ ᠲᠠᠮᠵᠢᠨ ᠲᠡᠳᠡᠨ ᠢ ᠨᠡᠶᠢᠬᠡᠮ ᠲᠤᠭᠤᠷᠢᠭ ᠤᠨ ︽ᠬᠤᠶᠠᠷ ᠵᠦᠪᠯᠡᠯ︾ ᠤᠨ ᠬᠡᠰᠢᠬᠦᠨ ᠤ ᠲᠤᠰᠢᠶᠠᠯ | ᠡᠬᠦᠷᠬᠡᠯᠡᠬᠦᠯᠦᠨᠠ᠃ ᠭᠠᠴᠠᠭᠠᠨ ᠤ ᠨᠠᠮ ᠤᠨ ᠡᠬᠦᠷ ᠤᠨ ᠱᠦᠵᠢ ᠶᠢᠨ ᠲᠤᠰᠢᠶᠠᠯ ᠳᠤ ᠵᠤᠬᠢᠮᠵᠢᠳᠡᠢ ᠬᠦᠮᠦᠨ | ᠤᠯᠳᠠᠭᠳᠠᠬᠤ ᠦᠬᠡᠢ ᠪᠤᠯ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠦᠴᠢᠷ ᠪᠤᠯᠤᠨ ᠰᠤᠮᠤ ᠪᠠᠯᠭᠠᠰᠤᠨ ᠤ | ᠠᠯᠪᠠᠨ ᠪᠠᠶᠢᠭᠤᠯᠭ᠎ᠠ ᠶᠢᠨ ᠰᠢᠯᠢᠳᠡᠭ ᠨᠠᠮ ᠤᠨ ᠬᠡᠰᠢᠬᠦᠨ ᠺᠠᠳ᠋ᠷ ᠲᠤᠳᠤᠷ᠎ᠠ ᠠᠴᠠ ᠰᠤᠩᠭᠤᠨ ᠲᠤᠮᠢᠯᠠᠨ᠎ᠠ︔ | ᠲᠤᠰᠬᠤᠨ ᠤ ᠪᠠᠶᠢᠳᠠᠯ ᠪᠤᠳᠤᠯᠢᠶᠠᠨᠳᠠᠢ᠂ ᠵᠦᠷᠢᠴᠡᠯ ᠤᠯᠠᠨ᠂ ᠶᠠᠳᠠᠭᠤ ᠠᠴᠠ ᠠᠩᠬᠢᠵᠢᠷᠠᠭᠤᠯᠬᠤ ᠡᠬᠦᠷᠬᠡ ᠬᠦᠨᠳᠤ | ᠪᠠᠶᠢᠭ᠎ᠠ ᠭᠠᠴᠠᠭᠠᠨ ᠤ ᠬᠢ ᠪᠤᠯ᠂ ᠲᠤᠮᠢᠯᠠᠭᠳᠠᠨ ᠪᠠᠭᠤᠭᠰᠠᠨ ᠲᠤᠰᠬᠤᠨ ᠳᠤ ᠰᠠᠭᠤᠭ᠎ᠠ ᠺᠠᠳ᠋ᠷ ᠲᠤᠳᠤᠷ᠎ᠠ ᠠᠴᠠ | ᠰᠤᠩᠭᠤᠨ ᠲᠤᠮᠢᠯᠠᠬᠤ ᠬᠡᠯᠪᠡᠷᠢ ᠪᠠᠷ ᠨᠠᠮ ᠤᠨ ᠵᠤᠬᠢᠶᠠᠨ ᠪᠠᠶᠢᠭᠤᠯᠤᠯᠳᠠ ᠶᠢᠨ ᠱᠦᠵᠢ ᠶᠢᠨ ᠲᠤᠰᠢᠶᠠᠯ | ᠡᠬᠦᠷᠬᠡᠯᠡᠬᠦᠯᠦᠨᠠ︔ ᠲᠠᠷᠤᠢ ᠲᠤᠤᠷ᠎ᠠ ᠪᠠᠨ ᠲᠤᠬᠢᠷᠠᠮᠵᠢᠳᠡᠢ ᠬᠦᠮᠦᠨ ᠤᠯᠵᠤ ᠲᠠᠶᠢᠯᠬᠦ ᠦᠬᠡᠢ ᠪᠠᠶᠢᠭ᠎ᠠ ᠭᠠᠴᠠᠭ᠎ᠠ | ᠡᠷᠬᠡᠪᠰᠢ ᠤᠷᠤᠨ ᠬᠡᠪᠴᠢᠶ᠎ᠡ ᠪᠠ ᠪᠠᠶ᠎ᠠ ᠭᠠᠷᠤᠯ ᠤᠨ ᠬᠢᠵᠠᠭᠠᠷᠯᠠᠯ ᠢ ᠵᠤᠷᠢᠭᠳᠠᠢ ᠬᠡᠳᠦᠯᠦᠨ ᠲᠠᠪᠠᠵᠤ᠂ ᠲᠤᠰᠬᠤᠨ ᠳᠤ | ᠤᠯᠠᠨ ᠵᠢᠯ ᠲᠠᠪᠳᠠᠨ ᠪᠤᠯᠪᠠᠰᠤᠷᠠᠵᠤ᠂ ᠤᠶᠢᠯᠡᠳᠤᠯᠬᠡ ᠲᠤᠷᠰᠢᠯᠭ᠎ᠠ ᠡᠯᠪᠡᠭ᠂ ᠦᠷ᠎ᠡ ᠪᠦᠳᠦᠮᠵᠢ ᠪᠠᠷ ᠨᠠᠯᠢᠶᠡᠳ | ᠰᠠᠶᠢᠨ ᠪᠠᠶᠢᠭ᠎ᠠ ᠨᠠᠮ ᠤᠨ ᠵᠤᠬᠢᠶᠠᠨ ᠪᠠᠶᠢᠭᠤᠯᠤᠯᠳᠠ ᠶᠢᠨ ᠱᠦᠵᠢ ᠲᠤᠰᠬᠤᠨ ᠠᠯᠤᠰᠯᠠᠨ ᠰᠤᠯᠢᠵᠤ ᠲᠤᠰᠢᠶᠠᠯ | ᠡᠬᠦᠷᠬᠡᠯᠡᠬᠦ ᠶᠢ ᠰᠠᠨᠠᠭᠠᠴᠢᠯᠠᠵᠤ᠂ ᠴᠢᠳᠠᠪᠤᠷᠢᠳᠡᠨ ᠤ ᠴᠢᠳᠠᠪᠤᠷᠢ ᠶᠢ ᠬᠤᠪᠢᠶᠠᠯᠴᠠᠨ ᠬᠦᠷᠳᠡᠨ᠎ᠡ︔ ᠶᠠᠳᠠᠭᠤ ᠭᠠᠴᠠᠭ᠎ᠠ | ᠨᠢ ᠡᠷᠬᠡᠪᠰᠢ ᠰᠢᠯᠢᠳᠡᠭ ᠴᠢᠳᠠᠪᠤᠷᠢᠳᠡᠢ ᠬᠦᠳᠦᠯᠦᠨ ᠲᠠᠭᠠᠭᠤᠯᠤᠭᠴᠢ ᠰᠤᠩᠭᠤᠬᠤ ᠶᠢ ᠬᠤᠭᠤᠴᠠᠭ᠎ᠠ ᠰᠤᠯᠢᠬᠤ ᠠᠵᠢᠯ | ᠤᠨ ᠬᠠᠮᠤᠭ ᠲᠤᠮᠤ ᠴᠢᠬᠤᠯᠠ ᠶᠠᠪᠤᠳᠠᠯ ᠢᠶᠠᠷ ᠦᠵᠡᠬᠦ ᠬᠡᠷᠡᠭᠳᠡᠢ ᠪᠠᠶᠢᠵᠤ᠂ ᠰᠤᠩᠭᠤᠨ ᠬᠡᠷᠡᠭᠯᠡᠬᠦ ᠬᠦᠮᠦᠨ ᠤ ᠬᠡᠪ | ᠴᠢᠨᠠᠷ ᠴᠢᠳᠠᠪᠤᠷᠢ ᠴᠢᠳᠠᠮᠵᠢ ᠨᠢ ᠶᠠᠳᠠᠭᠤ ᠠᠴᠠ ᠠᠩᠬᠢᠵᠢᠷᠠᠭᠤᠯᠬᠤ ᠠᠵᠢᠯ ᠪᠤᠯᠤᠨ ᠬᠦᠳᠡᠭᠡ ᠲᠤᠰᠬᠤᠨ ᠢ | ᠬᠦᠭᠵᠢᠬᠡᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠡᠬᠦᠷᠬᠡ ᠶᠢ ᠡᠬᠦᠷᠬᠡᠯᠡᠵᠤ ᠴᠢᠳᠠᠬᠤ ᠶᠢ ᠪᠠᠳᠤᠯᠠᠬᠤ ᠬᠡᠷᠡᠭᠳᠡᠢ | ᠃ | ⒊ ︽ᠭᠠᠭᠴᠠ ᠬᠦᠮᠦᠨ ᠡᠬᠦᠷᠬᠡᠯᠡᠬᠦ︾ ᠬᠠᠷᠢᠴᠠᠯ ᠢ ᠲᠡᠬᠡᠭᠰᠢᠯᠡᠬᠦᠯᠦᠨ᠎ᠠ᠃ ᠬᠤᠭᠤᠴᠠᠭ᠎ᠠ ᠰᠤᠯᠢᠬᠤ | ᠲᠤᠬᠢᠷᠠᠭᠤᠯᠤᠯᠳᠠ ᠪᠠᠶᠢᠷᠢᠰᠢᠭᠤᠯᠤᠯᠳᠠ ᠶᠢ ᠴᠢᠩᠭᠠᠳᠬᠠᠵᠤ᠂ ᠺᠠᠳ᠋ᠷ ᠤᠯᠠᠨ ᠲᠦᠮᠡᠨ ᠤ ᠰᠤᠩᠭᠤᠭᠤᠯᠢ ᠶᠢᠨ ᠰᠠᠨᠠᠯ | ᠪᠤᠳᠤᠯ ᠢ ᠬᠦᠨᠳᠤᠳᠬᠡᠵᠤ᠂ ᠬᠠᠤᠯᠢ ᠶᠤᠰᠤᠨ ᠤ ᠲᠠᠷᠠᠭᠠᠯᠠᠯ ᠢ ᠴᠢᠩᠭ᠎ᠠ ᠵᠢᠷᠤᠮᠯᠠᠭᠰᠠᠨ ᠤᠷᠢᠳᠠᠯ ᠲᠤᠤᠷ᠎ᠠ᠂ ᠡᠯ᠎ᠡ | ᠰᠤᠮᠤ ᠪᠠᠯᠭᠠᠰᠤ ᠭᠠᠵᠠᠷ ᠤᠷᠤᠨ ᠤ ᠤᠨᠴᠠᠯᠢᠭ᠂ ᠲᠤᠰᠬᠤᠨ ᠤ ᠪᠠᠶᠢᠳᠠᠯ ᠳᠠᠭᠠᠨ ᠲᠤᠬᠢᠷᠠᠭᠤᠯᠤᠨ᠂ ᠪᠤᠳᠠᠳᠠᠢ | ᠠᠰᠠᠭᠤᠳᠠᠯ ᠢ ᠪᠤᠳᠠᠳᠠᠢ ᠵᠠᠳᠠᠯᠵᠤ᠂ ᠭᠠᠴᠠᠭᠠᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠱᠦᠵᠢ᠂ ᠲᠤᠰᠬᠤᠨ ᠤ | ᠵᠦᠪᠯᠡᠯ ᠤᠨ ᠡᠷᠬᠢᠯᠡᠭᠴᠢ ︽ᠭᠠᠭᠴᠠ ᠬᠦᠮᠦᠨ ᠡᠬᠦᠷᠬᠡᠯᠡᠬᠦ︾ ᠪᠤᠯᠤᠨ ︽ᠬᠤᠶᠠᠷ ᠵᠦᠪᠯᠡᠯ︾ ᠤᠨ ᠬᠡᠰᠢᠬᠦᠳ | ᠬᠤᠭᠤᠷᠤᠨᠳᠤ ᠪᠠᠨ ᠰᠤᠯᠪᠢᠴᠡᠨ ᠲᠤᠰᠢᠶᠠᠯ ᠡᠬᠦᠷᠬᠡᠯᠡᠬᠦ ᠶᠢ ᠬᠦᠴᠦᠯᠡᠨ ᠰᠠᠨᠠᠭᠠᠴᠢᠯᠠᠨ᠎ᠠ᠃ ᠭᠠᠴᠠᠭᠠᠨ ᠤ ᠨᠠᠮ ᠤᠨ | ᠵᠤᠬᠢᠶᠠᠨ ᠪᠠᠶᠢᠭᠤᠯᠤᠯᠳᠠ ᠶᠢᠨ ᠱᠦᠵᠢ ᠬᠠᠤᠯᠢ ᠶᠤᠰᠤᠭᠠᠷ ᠭᠠᠴᠠᠭ᠎ᠠ ᠲᠤᠰᠬᠤᠨ ᠤ ᠵᠦᠪᠯᠡᠯ ᠤᠨ ᠡᠷᠬᠢᠯᠡᠭᠴᠢ ᠪᠠᠷ | ᠰᠤᠩᠭᠤᠭᠳᠠᠬᠤ ᠶᠢ ᠠᠬᠢᠭᠤᠯᠵᠤ᠂ ᠮᠠᠯᠵᠢᠬᠤ ᠤᠷᠤᠨ ᠳᠤ ᠪᠠᠶᠢᠭ᠎ᠠ ᠭᠠᠴᠠᠭ᠎ᠠ ᠪᠤᠯᠤᠨ ᠠᠯᠤᠰ ᠪᠦᠢᠳᠡ ᠪᠠᠶᠢᠷᠢᠰᠢᠵᠤ᠂ | ᠠᠵᠢᠯ ᠪᠠᠭ᠎ᠠ᠂ ᠬᠦᠮᠦᠨ ᠠᠮᠠ 300 ᠠᠴᠠ ᠴᠦᠬᠡᠨ ᠭᠠᠴᠠᠭ᠎ᠠ᠂ ᠡᠷᠬᠢᠯᠡᠭᠴᠢ ᠶᠢᠨ ᠲᠤᠰᠢᠶᠠᠯ ᠳᠤ ᠵᠤᠬᠢᠮᠵᠢᠳᠡᠢ | ᠬᠦᠮᠦᠨ ᠤᠯᠳᠠᠬᠤ ᠦᠬᠡᠢ ᠪᠠᠶᠢᠭ᠎ᠠ ᠭᠠᠴᠠᠭ᠎ᠠ᠂ ᠺᠠᠷᠲᠯᠠᠵᠤ ᠲᠠᠩᠰᠠᠯᠠᠭᠰᠠᠨ ᠶᠠᠳᠠᠭᠤ ᠬᠦᠴᠢᠷᠳᠡᠯᠳᠡᠢ ᠭᠠᠴᠠᠭ᠎ᠠ ᠪᠤᠯ | ᠵᠠᠷᠴᠢᠮ ᠲᠡᠬᠡᠷ᠎ᠡ ︽ᠭᠠᠭᠴᠠᠭᠠᠷ ᠡᠬᠦᠷᠬᠡᠯᠡᠨ᠎ᠡ︾᠃ ᠡᠯ᠎ᠡ ᠰᠤᠮᠤ ᠪᠠᠯᠭᠠᠰᠤᠨ ᠤ ᠭᠠᠴᠠᠭ᠎ᠠ ᠲᠤᠰᠬᠤᠨ ᠤ ᠨᠠᠮ ᠤᠨ | ᠵᠤᠬᠢᠶᠠᠨ ᠪᠠᠶᠢᠭᠤᠯᠤᠯᠳᠠ ᠶᠢᠨ ᠱᠦᠵᠢ᠂ ᠭᠠᠴᠠᠭ᠎ᠠ ᠲᠤᠰᠬᠤᠨ ᠤ ᠵᠦᠪᠯᠡᠯ ᠤᠨ ᠡᠷᠬᠢᠯᠡᠭᠴᠢ ᠶᠢᠨ ︽ᠭᠠᠭᠴᠠᠭᠠᠷ | ᠡᠬᠦᠷᠬᠡᠯᠡᠬᠦ︾ ᠬᠠᠷᠢᠴᠠᠯ ᠢ ᠶᠡᠬᠡᠪᠡᠷ ᠲᠡᠬᠡᠭᠰᠢᠯᠡᠬᠦᠯᠵᠤ᠂ ︽ᠬᠤᠶᠠᠷ ᠵᠦᠪᠯᠡᠯ︾ ᠤᠨ ᠬᠡᠰᠢᠬᠦᠳ ᠰᠤᠯᠪᠢᠴᠡᠨ | ᠲᠤᠰᠢᠶᠠᠯ ᠡᠬᠦᠷᠬᠡᠯᠡᠬᠦ ᠬᠠᠷᠢᠴᠠᠯ ᠢ ᠴᠤ ᠢᠯᠡᠷᠬᠡᠢ ᠲᠡᠬᠡᠭᠰᠢᠯᠡᠬᠦᠯᠬᠦ ᠪᠦᠬᠡᠳ ᠡᠨᠡᠬᠦ ᠬᠠᠷᠢᠴᠠᠯ ᠨᠢ ︽ᠭᠠᠭᠴᠠᠭᠠᠷ | ᠡᠬᠦᠷᠬᠡᠯᠡᠬᠦ︾ ᠬᠠᠷᠢᠴᠠᠯ ᠠᠴᠠ ᠦᠨᠳᠤᠷ ᠪᠠᠶᠢᠬᠤ ᠬᠡᠷᠡᠭᠳᠡᠢ᠃ ᠭᠠᠴᠠᠭ᠎ᠠ ᠲᠤᠰᠬᠤᠨ ᠤ ᠨᠠᠮ ᠤᠨ ᠵᠤᠬᠢᠶᠠᠨ | ᠪᠠᠶᠢᠭᠤᠯᠤᠯᠳᠠ ᠶᠢᠨ ᠱᠦᠵᠢ᠂ ᠲᠤᠰᠬᠤᠨ ᠤ ᠵᠦᠪᠯᠡᠯ ᠤᠨ ᠡᠷᠬᠢᠯᠡᠭᠴᠢ ᠠᠴᠠ ︽ᠭᠠᠭᠴᠠᠭᠠᠷ ᠡᠬᠦᠷᠬᠡᠯᠡᠬᠦ︾ | ᠪᠠᠶᠢᠳᠠᠯ ᠢ ᠭᠠᠴᠠᠭ᠎ᠠ ᠲᠤᠰᠬᠤᠨ ᠤ ᠺᠠᠳ᠋ᠷ ᠤᠨ ᠴᠠᠯᠢᠩ ᠬᠦᠯᠦᠰᠤ ᠶᠢ ᠲᠡᠬᠡᠭᠰᠢᠯᠡᠬᠦᠯᠬᠦ ᠶᠠᠪᠤᠳᠠᠯ ᠲᠠᠢ | ᠤᠶᠠᠯᠳᠤᠭᠤᠯᠤᠨ᠂ ︽ᠭᠠᠭᠴᠠᠭᠠᠷ ᠡᠬᠦᠷᠬᠡᠯᠡᠵᠤ︾ ᠪᠠᠶᠢᠭ᠎ᠠ ᠱᠦᠵᠢ᠂ ᠡᠷᠬᠢᠯᠡᠭᠴᠢ ᠶᠢᠨ ᠴᠠᠯᠢᠩ ᠬᠦᠯᠦᠰᠤ ᠶᠢ ᠨᠢ | ᠨᠠᠮ ᠤᠨ ᠵᠤᠬᠢᠶᠠᠨ ᠪᠠᠶᠢᠭᠤᠯᠤᠯᠳᠠ ᠶᠢᠨ ᠱᠦᠵᠢ ᠶᠢᠨ ᠰᠠᠭᠤᠷᠢ ᠴᠠᠯᠢᠩ ᠤᠨ 1.5 ᠲᠡᠬᠢᠨ ᠠᠴᠠ ᠬᠡᠳᠤᠷᠡᠬᠦ ᠦᠬᠡᠢ | ᠪᠡᠷᠢᠮᠵᠢᠶ᠎ᠡ ᠪᠠᠷ ᠲᠤᠬᠢᠷᠠᠮᠵᠢᠳᠡᠢ ᠲᠡᠬᠡᠭᠰᠢᠯᠡᠬᠦᠯᠦᠨ᠎ᠠ᠃ ︽ᠭᠠᠭᠴᠠᠭᠠᠷ ᠡᠬᠦᠷᠬᠡᠯᠡᠬᠦ︾ ᠶᠢ ᠬᠡᠷᠡᠭᠵᠢᠬᠦᠯᠵᠤ ᠪᠠᠶᠢᠭ᠎ᠠ | ᠭᠠᠴᠠᠭ᠎ᠠ ᠲᠤᠰᠬᠤᠨ᠂ ᠠᠵᠢᠯ ᠤᠨ ᠬᠡᠷᠡᠭᠴᠡᠭᠡ ᠱᠠᠭᠠᠷᠳᠠᠯᠭ᠎ᠠ ᠪᠠᠨ ᠦᠨᠳᠤᠰᠤᠯᠡᠨ 1 ᠲᠡᠳ᠋ ᠱᠦᠵᠢ ᠲᠤᠬᠢᠷᠠᠭᠤᠯᠵᠤ | ᠂ ᠨᠠᠮ ᠤᠨ ᠠᠵᠢᠯ ᠤᠨ ᠴᠢᠳᠠᠪᠤᠷᠢ ᠶᠢ ᠲᠡᠬᠡᠭᠰᠢᠯᠡᠬᠦᠯᠦᠨ᠎ᠠ᠃ | ⒋ ᠵᠢᠩᠬᠢᠨᠢ ᠪᠠᠷ ᠨᠡᠷ᠎ᠡ ᠵᠢᠱᠢᠭᠳᠡᠭᠰᠡᠳ ᠤᠨ ᠬᠢᠷᠢ ᠬᠡᠮ ᠤᠨ ᠨᠦᠬᠦᠴᠡᠯ ᠢ ᠴᠢᠩᠭ᠎ᠠ ᠱᠠᠭᠠᠷᠳᠠᠨ᠎ᠠ᠃ | ᠰᠤᠮᠤ ᠪᠠᠯᠭᠠᠰᠤ ᠪᠠᠷ ᠨᠢᠬᠡᠴᠡ ᠪᠤᠯᠭᠠᠵᠤ᠂ ᠮᠤᠷᠠᠯ ᠴᠢᠳᠠᠪᠤᠷᠢ ᠬᠤᠤᠰᠯᠠᠭᠰᠠᠨ᠂ ᠮᠤᠷᠠᠯ ᠢ ᠲᠡᠷᠢᠬᠦᠨ ᠳᠤ ᠦᠵᠡᠵᠤ | ᠴᠢᠬᠤᠯᠴᠢᠯᠠᠬᠤ ᠵᠠᠷᠴᠢᠮ ᠢ ᠦᠨᠳᠤᠰᠤᠯᠡᠨ᠂ ᠭᠠᠴᠭᠠᠨ ︵ᠨᠡᠶᠢᠬᠡᠮ ᠲᠤᠭᠤᠷᠢᠭ︶ ᠤ ︽ᠬᠤᠶᠠᠷ ᠵᠦᠪᠯᠡᠯ︾ ᠤᠨ | ᠪᠠᠭ ᠤᠨ ᠬᠡᠰᠢᠬᠦᠨ ᠢᠶᠠᠷ ᠨᠡᠷ᠎ᠡ ᠵᠢᠱᠢᠭᠳᠡᠭᠰᠡᠳ ᠤᠨ ᠬᠢᠷᠢ ᠬᠡᠮ ᠨᠦᠬᠦᠴᠡᠯ ᠢ ᠬᠠᠤᠯᠢ ᠶᠤᠰᠤᠭᠠᠷ ᠲᠤᠳᠤᠳᠬᠠᠵᠤ | ᠨᠠᠷᠢᠯᠢᠭᠵᠢᠭᠤᠯᠤᠨ᠎ᠠ᠂ ᠲᠠᠷᠠᠭᠠᠬᠢ ᠨᠦᠬᠦᠴᠡᠯ ᠳᠤ ᠨᠡᠶᠢᠴᠡᠬᠦ ᠬᠦᠮᠦᠰ ᠢ ᠭᠠᠴᠭᠠᠨ ︵ᠨᠡᠶᠢᠬᠡᠮ ᠲᠤᠭᠤᠷᠢᠭ︶ ᠤ ︽ | ᠬᠤᠶᠠᠷ ᠵᠦᠪᠯᠡᠯ︾ ᠤᠨ ᠪᠠᠭ ᠤᠨ ᠬᠡᠰᠢᠬᠦᠨ ᠤ ᠵᠢᠩᠬᠢᠨᠢ ᠨᠡᠷ᠎ᠡ ᠵᠢᠱᠢᠭᠳᠡᠭᠰᠡᠳ ᠪᠠᠷ ᠰᠤᠩᠭᠤᠨ᠎ᠠ᠄⑴ ᠤᠯᠤᠰ | ᠲᠦᠷᠦ ᠶᠢᠨ ᠬᠡᠪ ᠴᠢᠨᠠᠷ ᠴᠢᠩᠭ᠎ᠠ᠂ ᠰᠢ ᠶᠢᠨ ᠫᠢᠩ ᠨᠦᠬᠦᠷ ᠢᠶᠠᠷ ᠭᠤᠤᠯ ᠴᠦᠮ᠎ᠠ ᠪᠤᠯᠭᠠᠭᠰᠠᠨ ᠨᠠᠮ ᠤᠨ ᠲᠦᠪ | ᠬᠤᠷᠢᠶᠠᠨ ᠤ ᠡᠷᠬᠡ ᠰᠦᠷ ᠪᠤᠯᠤᠨ ᠨᠢᠬᠡᠳᠤᠯᠳᠡᠢ ᠤᠳᠤᠷᠢᠳᠤᠯᠭ᠎ᠠ ᠶᠢ ᠡᠷᠡᠰ ᠬᠦᠷᠢᠶᠡᠯᠡᠵᠤ᠂ ᠨᠠᠮ ᠤᠨ ᠤᠯᠤᠰ | ᠲᠦᠷᠦ ᠶᠢᠨ ᠰᠠᠬᠢᠯᠭ᠎ᠠ ᠪᠠᠳᠤ᠂ ᠶᠤᠰᠤ ᠵᠢᠷᠤᠮ ᠢ ᠴᠢᠩᠭ᠎ᠠ ᠵᠢᠷᠤᠮᠯᠠᠨ᠂ ᠨᠠᠮ ᠤᠨ ᠱᠤᠭᠤᠮ ᠴᠢᠭᠯᠡᠯᠳᠠ ᠲᠦᠷᠦ ᠶᠢᠨ | ᠪᠤᠳᠤᠯᠭ᠎ᠠ ᠶᠢ ᠬᠢᠨᠠᠮᠠᠭᠠᠢ ᠲᠤᠤᠱᠯᠠᠭᠤᠯᠤᠨ ᠬᠡᠷᠡᠭᠵᠢᠬᠦᠯᠳᠡᠭ︔⑵ ᠬᠦᠭᠵᠢᠯᠳᠡ ᠶᠢᠨ ᠴᠢᠳᠠᠪᠤᠷᠢ ᠪᠠᠷ ᠰᠦᠷᠡᠬᠡᠢ᠂ | ᠦᠵᠡᠯᠳᠡ ᠲᠠᠨᠢᠯᠳᠡ ᠲᠠᠢ᠂ ᠤᠬᠠᠭᠠᠨ ᠪᠤᠳᠤᠯᠭ᠎ᠠ ᠲᠠᠢ᠂ ᠭᠠᠪᠰᠢᠭᠠᠶᠢᠯᠠᠨ ᠵᠢᠳᠬᠦᠬᠦ ᠡᠷᠴᠢ ᠲᠠᠢ᠂ ᠬᠦᠳᠡᠭᠡ | ᠲᠤᠰᠬᠤᠨ ᠢ ᠬᠦᠭᠵᠢᠬᠡᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠳᠤ ᠲᠤᠬᠢᠷᠠᠵᠤ | ᠴᠢᠳᠠᠬᠤ᠂ ᠤᠯᠠᠨ ᠲᠦᠮᠡᠨ ᠢ ᠲᠠᠭᠠᠭᠤᠯᠤᠨ ᠭᠤᠶᠤ ᠰᠠᠶᠢᠬᠠᠨ ᠠᠮᠢᠳᠤᠷᠠᠯ ᠢ ᠬᠠᠮᠳᠤᠪᠠᠷ ᠴᠤᠭᠴᠠᠯᠠᠵᠤ ᠴᠢᠳᠠᠬᠤ︔ | ⑶ ᠵᠤᠬᠢᠴᠠᠭᠤᠯᠬᠤ ᠴᠢᠳᠠᠪᠤᠷᠢ ᠪᠠᠷ ᠰᠦᠷᠡᠬᠡᠢ᠂ ᠠᠷᠠᠳᠴᠢᠯᠠᠯ ᠢ ᠡᠷᠬᠢᠮᠯᠡᠳᠡᠭ᠂ ᠠᠷᠠᠳ ᠲᠦᠮᠡᠨ ᠤ ᠠᠵᠢᠯ ᠪᠤᠯᠤᠨ | ᠪᠤᠳᠤᠯᠢᠶᠠᠨᠳᠤ ᠵᠦᠷᠢᠴᠡᠯ ᠢ ᠰᠢᠢᠳᠪᠤᠷᠢᠯᠡᠬᠦ ᠳᠡᠭᠡᠨ ᠴᠢᠳᠠᠮᠠᠭᠠᠢ︔⑷ ᠤᠶᠢᠯᠡᠴᠢᠯᠡᠬᠦ ᠴᠢᠳᠠᠪᠤᠷᠢ ᠪᠠᠷ ᠰᠦᠷᠡᠬᠡᠢ᠂ | ᠨᠡᠯᠢᠶᠡᠳ ᠴᠢᠩᠭ᠎ᠠ ᠬᠠᠷᠠᠯᠳᠠ ᠵᠤᠷᠢᠯᠳᠡ ᠶᠢᠨ ᠤᠬᠠᠮᠰᠠᠷ ᠪᠤᠯᠤᠨ ᠵᠢᠳᠬᠦᠯ ᠭᠠᠷᠭᠠᠬᠤ ᠵᠤᠷᠢᠭ ᠰᠠᠨᠠᠭ᠎ᠠ ᠲᠠᠢ᠂ ᠠᠷᠠᠳ | ᠲᠦᠮᠡᠨ ᠳᠤ ᠬᠠᠶᠢᠷ᠎ᠠ ᠰᠡᠳᠬᠢᠯᠬᠡ ᠲᠠᠢ᠂ ᠠᠷᠠᠳ ᠲᠦᠮᠡᠨ ᠳᠤ ᠰᠠᠨᠠᠭᠠᠴᠢᠯᠠᠭ᠎ᠠ ᠠᠴᠠ ᠪᠠᠨ ᠪᠤᠳᠠᠳᠠᠢ ᠰᠠᠶᠢᠨ | ᠶᠠᠪᠤᠳᠠᠯ ᠪᠦᠳᠦᠬᠡᠵᠤ ᠦᠭᠳᠡᠭ︔⑸ ᠬᠡᠪ ᠰᠤᠷᠳᠠᠯ ᠰᠢᠯᠢᠳᠡᠭ᠂ ᠲᠦᠪ ᠭᠤᠤᠯᠴᠢ᠂ ᠤᠴᠢᠷ ᠪᠦᠳᠦᠬᠡᠬᠦ ᠳᠤ | ᠴᠢᠬᠡᠴᠢ᠂ ᠪᠡᠶ᠎ᠡ ᠪᠠᠨ ᠴᠢᠩᠭ᠎ᠠ ᠱᠠᠭᠠᠷᠳᠠᠵᠤ᠂ ᠬᠠᠤᠯᠢ ᠰᠠᠬᠢᠵᠤ ᠰᠠᠬᠢᠯᠭ᠎ᠠ ᠵᠢᠷᠤᠮᠯᠠᠨ᠂ ᠵᠤᠷᠢᠭᠳᠠᠢ ᠬᠠᠷᠢᠭᠤᠴᠠᠨ | ᠡᠬᠦᠷᠬᠡᠯᠡᠳᠡᠭ ᠰᠠᠶᠢᠨ ᠰᠠᠶᠢᠠᠬᠨ ᠲᠦᠷᠢ ᠨᠦᠯᠦᠬᠡ ᠲᠠᠢ᠃ | ᠲᠠᠷᠠᠭᠠᠬᠢ ᠪᠠᠶᠢᠳᠠᠯ ᠲᠠᠢ ᠬᠦᠮᠦᠰ ᠢ ᠭᠠᠴᠭᠠᠨ ︵ᠨᠡᠶᠢᠬᠡᠮ ᠲᠤᠭᠤᠷᠢᠭ︶ ᠤ ︽ᠬᠤᠶᠠᠷ ᠵᠦᠪᠯᠡᠯ︾ ᠤᠨ | ᠪᠠᠭ ᠤᠨ ᠬᠡᠰᠢᠬᠦᠨ ᠤ ᠨᠡᠷ᠎ᠡ ᠵᠢᠱᠢᠭᠳᠡᠭᠰᠡᠳ ᠪᠠᠷ ᠰᠤᠩᠭᠤᠵᠤ ᠪᠤᠯᠬᠤ ᠦᠬᠡᠢ᠄⑴ ᠡᠷᠡᠬᠦᠤ ᠶᠢᠨ ᠰᠢᠳᠬᠡᠯ | ᠬᠦᠷᠳᠡᠵᠤ ᠦᠩᠬᠡᠷᠡᠭᠰᠡᠨ᠂ ᠪᠤᠳᠠᠳᠤ ᠢᠯᠡᠷᠡᠯ ᠢᠶᠠᠷ ᠠᠨᠠᠢ︔⑵ ᠠᠷᠠᠳ ᠲᠦᠮᠡᠨ ᠢ ᠲᠠᠷᠤᠯᠠᠵᠤ᠂ ᠲᠤᠷ᠎ᠠ ᠵᠤᠷᠢᠭ | ᠢᠶᠠᠷ ᠬᠡᠷᠴᠡᠬᠡᠢ ᠠᠭᠠᠰᠢᠯᠠᠨ᠂ ᠠᠷᠠᠳ ᠲᠦᠮᠡᠨ ᠤ ᠲᠤᠰᠬᠠᠯ ᠴᠢᠩᠭ᠎ᠠ ᠪᠠᠶᠢᠭ᠎ᠠ᠂ ︽ᠲᠤᠰᠬᠤᠨ ᠤ ᠡᠵᠡᠷᠬᠡᠭᠴᠢ︾᠂ | ᠱᠠᠰᠢᠨ ᠤ ᠭᠠᠵᠢᠭᠤ ᠬᠦᠴᠦᠨ᠂ ᠬᠠᠷ᠎ᠠ ᠪᠦᠯᠦᠭ ᠳᠤ ᠬᠤᠯᠪᠤᠭ᠎ᠠ ᠲᠠᠢ︔⑶ ᠭᠠᠵᠢᠭᠤ ᠱᠠᠰᠢᠨ ᠤ ᠵᠤᠬᠢᠶᠠᠨ | ᠪᠠᠶᠢᠭᠤᠯᠤᠯᠳᠠ᠂ ᠬᠠᠤᠯᠢ ᠪᠤᠰᠤ ᠱᠠᠰᠢᠨ ᠤ ᠬᠦᠳᠡᠯᠬᠡᠬᠡᠨ ᠳᠤ ᠤᠷᠤᠯᠴᠠᠵᠤ᠂ ᠹᠸᠤᠳᠠᠯ ᠱᠠᠰᠢᠨ ᠤ ᠬᠦᠳᠡᠯᠬᠡᠬᠡᠨ ᠢ | ᠵᠤᠬᠢᠶᠠᠨ ᠪᠠᠶᠢᠭᠤᠯᠳᠠᠭ︔⑷ ᠨᠠᠮ ᠵᠠᠰᠠᠭ ᠤᠨ ᠰᠠᠬᠢᠯᠭ᠎ᠠ ᠲᠦᠷᠢᠮ ᠤᠨ ᠰᠢᠳᠬᠡᠯ ᠬᠦᠷᠳᠡᠵᠤ᠂ ᠬᠠᠮᠢᠶ᠎ᠠ ᠪᠦᠬᠦᠢ | ᠲᠤᠭᠳᠠᠭᠠᠯ ᠢᠶᠠᠷ ᠪᠤᠯ ᠨᠡᠷ᠎ᠡ ᠵᠢᠱᠢᠬᠦ ᠳᠤ ᠲᠤᠬᠢᠷᠠᠬᠤ ᠦᠬᠡᠢ ᠪᠠᠶᠢᠭ᠎ᠠ ᠵᠢᠴᠢ ᠬᠦᠨᠳᠤ ᠬᠡᠴᠡᠬᠦᠤ ᠬᠠᠤᠯᠢ ᠴᠠᠭᠠᠵᠠ | ᠲᠦᠷᠢᠮ ᠲᠤᠭᠳᠠᠭᠠᠯ ᠵᠦᠷᠢᠴᠡᠵᠤ ᠶᠠᠭ ᠬᠡᠷᠡᠭ ᠲᠠᠩᠰᠠᠯᠠᠭᠤᠯᠤᠨ ᠪᠠᠶᠢᠴᠠᠯᠭᠠᠵᠤ ᠪᠠᠶᠢᠭ᠎ᠠ︔⑸ ᠦᠪᠡᠷ ᠤᠨ ᠪᠡᠶ᠎ᠡ | ᠪᠠᠷ ᠪᠤᠶᠤ ᠪᠤᠰᠤᠳ ᠬᠦᠮᠦᠨ ᠢ ᠬᠠᠳᠬᠤᠨ ᠦᠳᠡᠬᠡᠵᠤ ᠬᠦᠴᠦᠷᠬᠡᠭᠯᠡᠯ᠂ ᠰᠦᠷᠳᠡᠬᠦᠯᠦᠯ᠂ ᠮᠡᠬᠡᠯᠡᠯ᠂ ᠬᠠᠭ᠋ᠤᠤᠯᠢ | ᠵᠡᠷᠬᠡ ᠬᠠᠤᠯᠢ ᠪᠤᠰᠤ ᠠᠷᠭ᠎ᠠ ᠪᠠᠷ ᠲᠠᠮᠵᠢᠨ ᠰᠤᠩᠭᠤᠭᠤᠯᠢ ᠳᠤ ᠤᠷᠤᠯᠴᠠᠭᠰᠠᠨ︔⑹ ᠤᠷᠳᠤ ᠬᠤᠭᠤᠴᠠᠭ᠎ᠠ ᠶᠤᠰᠤ | ᠪᠤᠰᠤ ᠪᠠᠷ ᠰᠤᠷᠪᠤᠯᠵᠢᠯᠭ᠎ᠠ ᠬᠢᠭᠰᠡᠨ ᠪᠤᠶᠤ ᠠᠷᠠᠳ ᠲᠦᠮᠡᠨ ᠢ ᠦᠳᠡᠬᠡᠵᠤ ᠰᠤᠷᠪᠤᠯᠵᠢᠯᠠᠭ᠎ᠠ ᠵᠤᠬᠢᠶᠠᠨ ᠪᠠᠶᠢᠭᠤᠯᠤᠨ᠂ | ᠨᠡᠶᠢᠬᠡᠮ ᠤᠨ ᠲᠤᠭᠳᠠᠭᠤᠨ ᠢ ᠨᠦᠯᠦᠬᠡᠯᠡᠭᠰᠡᠨ︔⑺ ᠮᠠᠭᠤ ᠰᠠᠨᠠᠭᠠᠨ ᠤ ᠡᠬᠦᠳᠡᠨ ᠠᠴᠠ ᠢᠳᠡᠬᠡᠯ ᠠᠯᠳᠠᠭᠰᠠᠨ | ᠠᠵᠢᠯᠯᠠᠭ᠎ᠠ ᠦᠷᠨᠢᠬᠦᠯᠦᠭᠰᠡᠨ ᠪᠦᠬᠡᠳ ᠰᠢᠬᠦᠬᠦ ᠬᠤᠷᠢᠶᠠᠨ ᠤ ᠢᠳᠡᠬᠡᠯ ᠠᠯᠳᠠᠭᠰᠠᠨ ᠬᠦᠮᠦᠰ ᠤᠨ ᠵᠢᠭᠰᠠᠭᠠᠯᠳᠠ ᠳᠤ | ᠨᠢᠬᠡᠨᠳᠡ ᠵᠢᠭᠰᠠᠭᠠᠭᠳᠠᠭᠰᠠᠨ︔⑻ ᠮᠤᠷᠠᠯ ᠰᠤᠷᠳᠠᠯ ᠠᠨᠠᠢ᠂ ᠠᠷᠠᠳ ᠲᠦᠮᠡᠨ ᠤ ᠲᠤᠳᠤᠷ᠎ᠠ ᠨᠦᠯᠦᠬᠡ ᠮᠠᠭᠤᠳᠠᠢ︔ | ⑼ ᠭᠠᠴᠭᠠᠠᠨ ᠤ ᠤᠤᠯ ᠤᠨ ᠺᠠᠳ᠋ᠷ ᠤᠶᠢᠷ᠎ᠡ ᠶᠢᠨ ᠭᠤᠷᠪᠠᠨ ᠵᠢᠯ ᠲᠤᠳᠤᠷ᠎ᠠ ᠵᠠᠷᠯᠢᠭ ᠢᠶᠠᠷ ᠲᠤᠰᠢᠶᠠᠯ ᠠᠴᠠ ᠪᠠᠨ | ᠤᠭᠴᠠᠷᠠᠭᠤᠯᠤᠭᠰᠠᠨ ᠪᠠ ᠠᠷᠠᠳᠴᠢᠯᠠᠭᠰᠠᠨ ᠦᠨᠡᠯᠡᠯᠳᠡ ᠳᠤ ᠵᠠᠯᠭᠠᠪᠠᠷ ᠬᠤᠶᠠᠷ ᠤᠳᠠᠭ᠎ᠠ ᠲᠤᠰᠢᠶᠠᠯ ᠳᠠᠭᠠᠨ ᠬᠢᠷᠢ | ᠲᠡᠩᠴᠡᠭᠰᠡᠨ ᠦᠬᠡᠢ ᠪᠠᠶᠢᠳᠠᠯ ᠲᠠᠢ︔⑽ ᠡᠷᠡᠬᠦᠯ ᠴᠢᠬᠢᠷᠠᠭ ᠤᠨ ᠠᠰᠠᠭᠤᠳᠠᠯ ᠠᠴᠠ ᠪᠤᠯᠵᠤ ᠬᠡᠪ ᠢᠶᠠᠷ ᠠᠵᠢᠯᠯᠠᠵᠤ | ᠴᠢᠳᠠᠬᠤ ᠦᠬᠡᠢ ᠵᠡᠷᠬᠡ ᠪᠤᠰᠤᠳ ᠨᠡᠷ᠎ᠡ ᠵᠢᠱᠢᠬᠦ ᠳᠤ ᠵᠤᠬᠢᠰ ᠦᠬᠡᠢ ᠬᠦᠮᠦᠰ᠃ | ᠭᠠᠴᠭᠠᠨ ︵ᠨᠡᠶᠢᠬᠡᠮ ᠲᠤᠭᠤᠷᠢᠭ︶ ᠤ ︽ᠬᠤᠶᠠᠷ ᠵᠦᠪᠯᠡᠯ︾ ᠤᠨ ᠪᠠᠭ ᠤᠨ ᠬᠡᠰᠢᠬᠦᠨ ᠤ ᠨᠡᠷ᠎ᠡ | ᠵᠢᠱᠢᠭᠳᠡᠭᠰᠡᠳ ᠤᠨ ᠪᠤᠳᠠᠳᠤ ᠬᠢᠷᠢ ᠬᠡᠮ ᠨᠦᠬᠦᠴᠡᠯ ᠢ ᠭᠠᠴᠭᠠᠨ ᠤ ︽ᠬᠤᠶᠠᠷ ᠵᠦᠪᠯᠡᠯ︾ ᠤᠨ ᠨᠡᠷ᠎ᠡ ᠵᠢᠱᠢᠭᠳᠡᠭᠰᠡᠳ | ᠢ ᠲᠤᠷᠠᠳᠬᠤ ᠠᠴᠠ ᠡᠮᠤᠨ᠎ᠡ᠂ ᠰᠤᠮᠤ ᠪᠠᠭᠠᠰᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠠᠴᠠ ᠪᠤᠳᠠᠳᠤ | ᠪᠠᠶᠢᠳᠠᠯ ᠲᠠᠢ ᠪᠠᠨ ᠤᠶᠠᠯᠳᠤᠭᠤᠯᠤᠨ ᠭᠠᠴᠠᠭ᠎ᠠ ᠲᠤᠰᠬᠤᠨ ᠤ ᠠᠷᠠᠳ ᠤᠨ ᠬᠤᠷᠠᠯ ᠢ ᠵᠢᠯᠤᠭᠤᠳᠤᠨ ᠬᠤᠭᠤᠴᠠᠭ᠎ᠠ | ᠰᠤᠯᠢᠬᠤ ᠰᠤᠩᠭᠤᠭᠤᠯᠢ ᠶᠢᠨ ᠲᠦᠰᠦᠯ ᠳᠤ ᠪᠢᠴᠢᠵᠤ᠂ ᠨᠡᠷ᠎ᠡ ᠵᠢᠱᠢᠭᠳᠡᠭᠰᠡᠳ ᠤᠨ ᠨᠦᠬᠦᠴᠡᠯ ᠵᠢᠴᠢ ᠵᠢᠩᠬᠢᠨᠢ ᠨᠡᠷ᠎ᠡ | ᠵᠢᠱᠢᠭᠳᠡᠭᠰᠡᠳ ᠢᠶᠠᠷ ᠰᠤᠩᠭᠤᠭᠳᠠᠵᠤ ᠪᠤᠯᠬᠤ ᠦᠬᠡᠢ ᠪᠠᠶᠢᠳᠠᠯ ᠢ ᠤᠨᠴᠠᠭᠠᠶᠢᠯᠠᠨ ᠲᠤᠳᠤᠳᠬᠠᠵᠤ ᠨᠠᠷᠢᠯᠢᠭᠵᠢᠭᠤᠯᠬᠤ | ᠴᠢᠬᠤᠯᠠᠳᠠᠢ ᠪᠠ ᠬᠤᠷᠠᠯ ᠢᠶᠠᠷ ᠶᠡᠷᠢᠯᠴᠠᠨ ᠲᠤᠭᠳᠠᠬᠤ ᠬᠡᠷᠡᠭᠳᠡᠢ᠃ | ⒌ ᠭᠠᠴᠭᠠᠠᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠬᠤᠭᠤᠴᠠᠭ᠎ᠠ ᠰᠤᠯᠢᠬᠤ ᠰᠤᠩᠭᠤᠭᠤᠯᠢ ︵6 | ᠰᠠᠷ᠎ᠠ ᠶᠢᠨ 10 ᠤ ᠡᠳᠤᠷ ᠠᠴᠠ ᠡᠮᠤᠨ᠎ᠡ︶᠃ ᠨᠠᠮ ᠤᠨ ᠲᠦᠷᠢᠮ ᠲᠤᠭᠳᠠᠭᠠᠯ ᠢ ᠴᠢᠩᠭ᠎ᠠ ᠵᠢᠷᠤᠮᠯᠠᠨ᠂ | ᠠᠷᠠᠳᠴᠢᠯᠠᠯ ᠢ ᠬᠦᠢᠴᠡᠳ ᠪᠠᠳᠠᠷᠠᠭᠤᠯᠵᠤ᠂ ᠪᠤᠳᠠᠳᠠᠢ ᠲᠠᠢ ᠤᠶᠠᠯᠳᠤᠭᠤᠯᠤᠨ ︽ᠬᠤᠶᠠᠷ ᠲᠠᠨᠢᠯᠴᠠᠭᠤᠯᠭ᠎ᠠ ᠨᠢᠬᠡ | ᠰᠤᠩᠭᠤᠭᠤᠯᠢ︾ ᠶᠢᠨ ᠠᠷᠭ᠎ᠠ ᠶᠢ ᠪᠠᠷᠢᠮᠳᠠᠯᠠᠨ ᠲᠡᠬᠦᠯᠳᠡᠷᠵᠢᠬᠦᠯᠵᠤ᠂ ᠨᠠᠮ ᠤᠨ ᠵᠤᠬᠢᠶᠠᠨ ᠪᠠᠶᠢᠭᠤᠯᠤᠯᠳᠠ ᠶᠢᠨ | ᠬᠠᠷᠢᠭᠤᠴᠠᠯᠭᠠᠳᠠᠨ ᠠᠴᠠ ᠰᠢᠭᠤᠳ ᠰᠤᠩᠭᠤᠬᠤ ᠶᠢ ᠢᠳᠡᠪᠬᠢᠳᠡᠢ ᠯᠠᠪᠳᠠᠭᠤᠨ ᠢᠶᠠᠷ ᠠᠬᠢᠭᠤᠯᠤᠨ᠂ ᠲᠠᠷᠠᠭᠠᠬᠢ | ᠲᠤᠭᠳᠠᠭᠠᠯ ᠲᠠᠷᠠᠭᠠᠯᠠᠯ ᠢ ᠡᠷᠡᠰ ᠵᠢᠷᠤᠮᠯᠠᠬᠤ ᠬᠡᠷᠡᠭᠳᠡᠢ᠃ | — — ᠨᠠᠮ ᠤᠨ ᠬᠡᠰᠢᠬᠦᠨ ᠤ ᠲᠠᠶᠢᠴᠢᠯᠠᠯᠳᠠ ᠶᠢ ᠰᠠᠶᠢᠳᠤᠷ ᠬᠢᠨ᠎ᠠ᠃ ᠰᠤᠷᠳᠠᠯᠴᠢᠯᠠᠵᠤ | ᠲᠠᠶᠢᠴᠢᠯᠠᠬᠤ ᠠᠵᠢᠯ ᠢ ᠴᠢᠩᠭᠠᠳᠬᠠᠵᠤ᠂ ᠨᠠᠮ ᠤᠨ ᠬᠡᠰᠢᠬᠦᠳ ᠤᠨ ᠦᠵᠡᠯᠳᠡ ᠲᠠᠨᠢᠯᠳᠠ ᠶᠢ ᠨᠢᠬᠡᠳᠬᠡᠨ᠂ | ᠰᠤᠩᠭᠤᠭᠤᠯᠢ ᠳᠤ ᠢᠳᠡᠪᠬᠢᠯᠡᠨ ᠤᠷᠤᠯᠴᠠᠭᠤᠯᠤᠨ᠎ᠠ᠃ ᠵᠤᠬᠢᠶᠠᠨ ᠪᠠᠶᠢᠭᠤᠯᠤᠯᠳᠠ ᠶᠢᠨ ᠬᠠᠷᠢᠴᠠᠭ᠎ᠠ ᠨᠢ ᠲᠤᠰ | ᠭᠠᠴᠠᠭᠠᠨ ᠳᠤ ᠪᠠᠶᠢᠭ᠎ᠠ ᠪᠦᠬᠡᠳ ᠲᠤᠰ ᠭᠠᠴᠠᠭᠠᠨ ᠳᠤ ᠤᠳᠠᠭᠠᠨ ᠬᠤᠭᠤᠴᠠᠭ᠎ᠠ ᠰᠠᠭᠤᠷᠢᠰᠢᠵᠤ ᠪᠠᠶᠢᠭ᠎ᠠ ᠨᠠᠮ ᠤᠨ | ᠬᠡᠰᠢᠬᠦᠨ ᠢ ᠲᠦᠪᠯᠡᠷᠡᠩᠬᠦᠢ ᠬᠦᠢᠴᠡᠳᠬᠡᠬᠦ᠂ ᠡᠷᠤᠬᠡ ᠳᠤ ᠤᠷᠤᠬᠤ ᠵᠡᠷᠬᠡ ᠠᠷᠭ᠎ᠠ ᠪᠠᠷ ᠲᠠᠮᠵᠢᠨ᠂ ᠬᠦᠮᠦᠨ ᠨᠢᠬᠡᠪᠤᠷᠢ | ᠶᠢ ᠰᠤᠷᠳᠠᠯᠴᠢᠯᠠᠨ ᠲᠠᠶᠢᠴᠢᠯᠠᠵᠤ ᠰᠤᠩᠭᠤᠭᠤᠯᠢ ᠶᠢᠨ ᠠᠷᠠᠳ ᠢ ᠲᠠᠩᠰᠠᠯᠠᠨ ᠪᠦᠷᠢᠳᠬᠡᠨ᠎ᠡ︔ ᠵᠤᠬᠢᠶᠠᠨ | ᠪᠠᠶᠢᠭᠤᠯᠤᠯᠳ ᠶᠢᠨ ᠬᠠᠷᠢᠴᠠᠭ᠎ᠠ ᠨᠢ ᠲᠤᠰ ᠭᠠᠴᠠᠭᠠᠨ ᠳᠤ ᠪᠠᠶᠢᠭ᠎ᠠ ᠪᠤᠯᠪᠠᠴᠤ ᠭᠠᠳᠠᠭᠰᠢ ᠭᠠᠷᠴᠤ ᠠᠵᠢᠯ ᠤᠯᠤᠨ | ᠠᠷᠠᠯᠵᠢᠶ᠎ᠠ ᠬᠢᠵᠤ ᠪᠠᠶᠢᠭ᠎ᠠ ᠨᠠᠮ ᠶᠢᠨ ᠬᠡᠰᠢᠬᠦᠨ ᠶᠢ ᠵᠠᠷ ᠮᠡᠳᠡᠭᠡ᠂ ᠤᠳᠠᠰᠤ ᠪᠤᠯᠤᠨ ᠵᠠᠬᠢᠳᠠᠯ ᠵᠡᠷᠬᠡ ᠠᠷᠭ᠎ᠠ ᠪᠠᠷ | ᠮᠡᠳᠡᠭᠳᠡᠵᠤ᠂ ᠲᠡᠳᠡᠨ ᠢ ᠲᠠᠶᠢᠴᠢᠯᠠᠨ ᠨᠤᠳᠤᠭ ᠲᠠᠭᠠᠨ ᠬᠠᠷᠢᠵᠤ ᠰᠤᠩᠭᠤᠭᠤᠯᠢ ᠶᠢᠨ ᠪᠧᠯᠧᠲ ᠦᠭᠬᠦ ᠪᠤᠶᠤ ᠪᠤᠰᠤᠳ | ᠲᠤ ᠨᠠᠶᠢᠳᠠᠨ ᠪᠧᠯᠧᠲ ᠦᠭᠬᠦᠬᠦᠯᠦᠨᠠ︔ ︽ᠲᠠᠪᠤᠨ ᠨᠢᠬᠡ ᠪᠦᠯᠦᠭ︾ ᠬᠦᠮᠦᠰ ᠤᠨ ᠭᠠᠴᠠᠭᠠᠨ ᠳᠠᠭᠠᠨ ᠪᠤᠴᠠᠵᠤ | ᠰᠤᠩᠭᠤᠭᠤᠯᠢ ᠳᠤ ᠤᠷᠤᠯᠴᠠᠬᠤ ᠶᠢ ᠨᠢ ᠵᠤᠷᠢᠭᠵᠢᠭᠤᠯᠤᠨ᠎ᠠ᠃ | — — ᠵᠤᠬᠢᠶᠠᠨ ᠪᠠᠶᠢᠭᠤᠯᠤᠯᠳᠠ ᠶᠢᠨ ᠠᠮᠢᠳᠤᠷᠠᠯ ᠤᠨ ᠬᠤᠷᠠᠯ ᠢ ᠬᠤᠷᠠᠯᠳᠤᠨ᠎ᠠ᠃ ᠵᠢᠩᠬᠢᠨᠢ ᠨᠡᠷ᠎ᠡ | ᠵᠢᠱᠢᠭᠳᠡᠭᠰᠡᠳ ᠢ ᠲᠤᠷᠠᠳᠬᠤ ᠠᠴᠠ ᠡᠮᠤᠨ᠎ᠡ᠂ ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶ᠎ᠠ ᠭᠠᠴᠠᠭᠠᠨ ᠤ ᠨᠠᠮ | ᠤᠨ ᠡᠬᠦᠷ ᠢ ᠵᠢᠯᠤᠭᠤᠳᠤᠨ ᠵᠤᠬᠢᠶᠠᠨ ᠪᠠᠶᠢᠭᠤᠯᠤᠯᠳᠠ ᠶᠢᠨ ᠠᠮᠢᠳᠤᠷᠠᠯ ᠤᠨ ᠬᠤᠷᠠᠯ ᠬᠤᠷᠠᠯᠳᠤᠵᠤ᠂ ᠬᠤᠷᠠᠯ ᠠᠴᠠ | ᠡᠮᠤᠨ᠎ᠡ ︽ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠷᠢᠮ︾᠂ ︽ᠲᠤᠮᠳᠠᠳᠤ ᠤᠯᠤᠰ ᠤᠨ ᠡᠪ ᠬᠠᠮᠳᠤ | ᠨᠠᠮ ᠤᠨ ᠬᠦᠳᠡᠭᠡ ᠲᠤᠰᠬᠤᠨ ᠤ ᠦᠨᠳᠤᠰᠤᠨ ᠱᠠᠳᠤᠨ ᠤ ᠵᠤᠬᠢᠶᠠᠨ ᠪᠠᠶᠢᠭᠤᠯᠤᠯᠳᠠ ᠤᠨ ᠠᠵᠢᠯ ᠤᠨ ᠲᠦᠷᠢᠮ︾᠂ | ︽ ᠲᠤᠮᠳᠠᠳᠤ ᠤᠯᠤᠰ ᠤᠨ ᠡᠪ ᠬᠠᠮᠳᠤ ᠨᠠᠮ ᠤᠨ ᠦᠨᠳᠤᠰᠤᠨ ᠱᠠᠳᠤᠨ ᠤ ᠵᠤᠬᠢᠶᠠᠨ ᠪᠠᠶᠢᠭᠤᠯᠤᠯᠳᠠ ᠶᠢᠨ | ᠰᠤᠩᠭᠤᠭᠤᠯᠢ ᠶᠢᠨ ᠠᠵᠢᠯ ᠤᠨ ᠲᠦᠷ ᠬᠡᠷᠡᠭᠵᠢᠬᠦᠯᠬᠦ ᠲᠦᠷᠢᠮ︾᠂ ︽ᠲᠤᠮᠳᠠᠳᠤ ᠤᠯᠤᠰ ᠤᠨ ᠡᠪ ᠬᠠᠮᠳᠤ ᠨᠠᠮ | ᠤᠨ ᠲᠤᠰᠬᠤᠨ ᠤ ᠠᠷᠠᠳ ᠤᠨ ᠵᠦᠪᠯᠡᠯ ᠤᠨ ᠵᠤᠬᠢᠶᠠᠨ ᠪᠠᠶᠢᠭᠤᠯᠬᠤ ᠠᠷᠭ᠎ᠠ︾ ᠵᠡᠷᠬᠡ ᠬᠠᠮᠢᠶ᠎ᠡ ᠪᠦᠬᠦᠢ ᠬᠠᠤᠯᠢ | ᠴᠠᠭᠠᠵᠠ ᠲᠦᠷᠢᠮ ᠲᠤᠭᠳᠠᠭᠠᠯ ᠪᠤᠯᠤᠨ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ︽ᠪᠦᠬᠦ ᠤᠷᠤᠨ ᠤ | ᠭᠠᠴᠠᠭ᠎ᠠ ᠲᠤᠰᠬᠤᠨ ᠤ ︿ᠬᠤᠶᠠᠷ ᠵᠦᠪᠯᠡᠯ﹀ ᠤᠨ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ ᠢ ᠨᠠᠷᠢᠯᠢᠭ | ᠶᠠᠪᠤᠭᠤᠯᠬᠤ ᠲᠤᠬᠠᠢ ᠵᠢᠯᠤᠭᠤᠳᠬᠤ ᠰᠠᠨᠠᠯ︾ ᠵᠡᠷᠬᠡ ᠪᠢᠴᠢᠭ ᠮᠲ᠋ᠧᠷᠢᠶᠠᠯ ᠢ ᠭᠤᠤᠯᠳᠠᠯᠠᠭ᠎ᠠ ᠲᠠᠢ ᠰᠤᠷᠤᠯᠴᠠᠨ᠎ᠠ᠃ | ᠰᠡᠳᠬᠢᠯ ᠢᠶᠠᠨ ᠶᠡᠷᠢᠯᠴᠠᠬᠤ ᠠᠵᠢᠯ ᠢ ᠰᠠᠶᠢᠳᠤᠷ ᠦᠷᠨᠢᠬᠦᠯᠵᠤ᠂ ᠨᠠᠮ ᠤᠨ ᠵᠤᠬᠢᠶᠠᠨ ᠪᠠᠶᠢᠭᠤᠯᠤᠯᠳᠠ ᠶᠢᠨ ᠪᠠᠭ ᠤᠨ | ᠬᠡᠰᠢᠬᠦᠳ ᠬᠤᠭᠤᠷᠤᠨᠳᠤ ᠪᠠᠨ᠂ ᠪᠠᠭ ᠤᠨ ᠬᠡᠰᠢᠬᠦᠳ ᠪᠤᠯᠤᠨ ᠨᠠᠮ ᠤᠨ ᠬᠡᠰᠢᠬᠦᠳ ᠬᠤᠭᠤᠷᠤᠨᠳᠤ ᠪᠠᠨ᠂ ᠨᠠᠮ ᠤᠨ | ᠬᠡᠰᠢᠬᠦᠳ ᠪᠤᠯᠤᠨ ᠨᠠᠮ ᠤᠨ ᠬᠡᠰᠢᠬᠦᠳ ᠬᠤᠭᠤᠷᠤᠨᠳᠤ ᠪᠠᠨ ᠪᠠᠶᠢᠩᠭᠤ ᠶᠢᠨ ᠴᠢᠨᠠᠷᠳᠠᠢ ᠰᠡᠳᠬᠢᠯ ᠢᠶᠠᠨ ᠶᠡᠷᠢᠯᠴᠠᠵᠤ᠂ | ᠦᠨᠡᠨᠴᠢ ᠪᠠᠷ ᠬᠠᠨᠳᠤᠵᠤ᠂ ᠪᠤᠳᠤᠯ ᠢᠶᠠᠨ ᠲᠡᠯᠬᠡᠵᠤ᠂ ᠰᠠᠨᠠᠯ ᠦᠵᠡᠯ ᠢᠶᠠᠨ ᠰᠤᠯᠢᠯᠴᠠᠨ᠎ᠠ᠃ ᠰᠢᠬᠦᠮᠵᠢᠯᠡᠯ ᠪᠤᠯᠤᠨ | ᠦᠪᠡᠷ ᠤᠨ ᠰᠢᠬᠦᠮᠵᠢᠯᠡᠯ ᠢ ᠦᠷᠨᠢᠬᠦᠯᠵᠤ᠂ ᠦᠪᠡᠷ ᠤᠨ ᠪᠠᠶ᠎ᠠ ᠪᠠᠷ ᠪᠠᠨ ᠬᠤᠭᠤᠴᠠᠭ᠎ᠠ ᠰᠤᠯᠢᠬᠤ ᠠᠵᠢᠯ ᠤᠨ | ᠲᠦᠷᠢᠮ ᠲᠤᠭᠳᠠᠭᠠᠯ᠂ ᠵᠢᠷᠤᠮᠯᠠᠬᠤ᠂ ᠨᠠᠮ ᠤᠨ ᠵᠤᠬᠢᠶᠠᠨ ᠪᠠᠶᠢᠭᠤᠯᠤᠯᠳᠠ ᠶᠢᠨ ᠪᠠᠭ ᠤᠨ ᠤᠶᠢᠯᠡᠳᠤᠯ ᠢ ᠬᠦᠢᠴᠡᠳ | ᠪᠠᠳᠠᠷᠠᠭᠤᠯᠬᠤ᠂ ᠨᠠᠮ ᠤᠨ ᠬᠡᠰᠢᠬᠦᠨ ᠤ ᠡᠷᠬᠡ ᠠᠰᠢᠭ ᠪᠤᠯᠤᠨ ᠬᠠᠷᠢᠭᠤᠴᠠᠯᠭ᠎ᠠ᠂ ᠬᠦᠳᠡᠭᠡ ᠲᠤᠰᠬᠤᠨ ᠢ ᠬᠦᠭᠵᠢᠬᠡᠨ | ᠮᠠᠨᠳᠤᠭᠤᠯᠬᠤ ᠪᠠᠶᠢᠯᠳᠤᠬᠤ ᠪᠤᠳᠤᠯᠭ᠎ᠠ ᠵᠡᠷᠬᠡ ᠠᠭᠤᠯᠭ᠎ᠠ ᠪᠠᠷ ᠭᠤᠤᠯᠯᠠᠭᠤᠯᠤᠨ ᠰᠢᠬᠦᠮᠵᠢᠯᠡᠯ ᠪᠤᠯᠤᠨ ᠦᠪᠡᠷ ᠤᠨ | ᠰᠢᠬᠦᠮᠵᠢᠯᠠᠯ ᠦᠷᠨᠢᠬᠦᠯᠦᠨ᠂ ᠦᠵᠡᠯ ᠪᠤᠳᠤᠯ ᠢᠶᠠᠨ ᠬᠤᠭᠤᠭᠠ ᠰᠤᠯᠢᠬᠤ ᠰᠤᠩᠭᠤᠭᠤᠯᠢ ᠶᠢᠨ ᠡᠯ᠎ᠡ ᠲᠦᠷᠦᠯ ᠤᠨ | ᠠᠵᠢᠯ ᠤᠨ ᠡᠬᠦᠷᠬᠡ ᠲᠡᠬᠡᠷ᠎ᠡ ᠨᠢᠬᠡᠳᠤᠬᠦᠯᠵᠤ ᠴᠠᠭᠠᠰᠢ ᠨᠢ ᠨᠡᠶᠢᠳᠡᠪᠤᠷᠢᠵᠢᠭᠤᠯᠤᠨ᠎ᠠ᠃ ᠵᠤᠬᠢᠶᠠᠨ ᠪᠠᠶᠢᠭᠤᠯᠤᠯᠳᠠ ᠶᠢᠨ | ᠠᠮᠢᠳᠤᠷᠠᠯ ᠤᠨ ᠬᠤᠷᠠᠯ ᠠᠴᠠ ᠪᠠᠶᠢᠴᠠᠭᠠᠨ ᠭᠠᠷᠭᠠᠭᠰᠠᠨ ᠠᠰᠠᠭᠤᠳᠠᠯ ᠨᠢ ᠨᠠᠮ ᠤᠨ ᠬᠡᠰᠢᠬᠦᠨ ᠪᠤᠯᠤᠨ ᠰᠢᠨ᠎ᠠ ᠨᠢᠬᠡᠨ | ᠡᠬᠡᠯᠵᠢ ᠶᠢᠨ ᠨᠠᠮ ᠤᠨ ᠵᠤᠬᠢᠶᠠᠨ ᠪᠠᠶᠢᠭᠤᠯᠤᠯᠳᠠ ᠶᠢᠨ ᠴᠡᠭᠴᠡᠯᠡᠨ ᠵᠠᠰᠠᠬᠤ ᠭᠤᠤᠯᠳᠠᠯᠠᠭᠠᠳᠤ ᠠᠭᠤᠯᠭ᠎ᠠ ᠪᠤᠯᠤᠨ᠎ᠠ᠃ | — — ᠨᠡᠷ᠎ᠡ ᠵᠢᠱᠢᠭᠳᠡᠭᠰᠡᠳ ᠤᠨ ᠬᠢᠨᠠᠯᠳᠠ ᠶᠢᠨ ᠪᠡᠷᠢᠮᠵᠢᠶ᠎ᠠ ᠶᠢ ᠴᠢᠩᠭᠠᠳᠬᠠᠨ᠎ᠠ᠃ ᠭᠠᠴᠭᠠᠨ ᠤ | ᠵᠤᠬᠢᠶᠠᠨ ᠪᠠᠶᠢᠭᠤᠯᠤᠯᠳᠠ ᠶᠢᠨ ᠪᠠᠭ ᠤᠨ ᠬᠡᠰᠢᠬᠦᠳ ᠤᠨ ᠬᠤᠭᠤᠴᠠᠭ᠎ᠠ ᠰᠤᠯᠢᠬᠤ ᠰᠤᠩᠭᠤᠭᠤᠯᠢ ᠶᠢᠨ ︽ᠬᠤᠶᠠᠷ | ᠲᠠᠨᠢᠯᠴᠠᠭᠤᠯᠭ᠎ᠠ ᠨᠢᠬᠡ ᠰᠤᠩᠭᠤᠭᠤᠯᠢ︾ ᠶᠢᠨ ᠠᠷᠭ᠎ᠠ ᠶᠢ ᠪᠦᠬᠦ ᠲᠠᠯ᠎ᠠ ᠪᠠᠷ ᠬᠡᠷᠡᠭᠵᠢᠬᠦᠯᠵᠤ᠂ ᠨᠡᠷ᠎ᠡ ᠵᠢᠱᠢᠳᠡᠭᠰᠡᠳ | ᠤᠨ ᠪᠡᠯᠡᠳᠬᠡᠯ ᠰᠤᠩᠭᠤᠳᠠᠭᠴᠢ ᠶᠢ ᠰᠤᠩᠭᠤᠨ ᠭᠠᠷᠭᠠᠬᠤ ᠳᠤ᠂ ᠰᠤᠮᠤ ᠪᠠᠯᠭᠠᠰᠤᠨ ᠤ ᠨᠠᠮ ᠤᠨ ᠬᠤᠷᠢᠶᠠᠨ ᠤ | ᠤᠳᠤᠷᠢᠳᠤᠯᠭ᠎ᠠ ᠪᠤᠯᠤᠨ ᠵᠢᠯᠤᠭᠤᠳᠤᠯᠭ᠎ᠠ ᠲᠤᠤᠷ᠎ᠠ᠂ ᠨᠠᠮ ᠤᠨ ᠬᠡᠰᠢᠬᠦᠨ ᠪᠤᠯᠤᠨ ᠭᠠᠴᠭᠠᠠᠨ ᠤ ᠮᠠᠯᠴᠢᠨ ᠲᠠᠷᠢᠶᠠᠴᠢᠨ | ᠲᠦᠯᠦᠬᠡᠯᠡᠭᠴᠢᠳ ᠢ ᠲᠤᠰᠪᠤᠷᠢ ᠵᠤᠬᠢᠶᠠᠨ ᠪᠠᠶᠢᠭᠤᠯᠵᠤ ᠲᠤᠬᠢᠷᠠᠮᠵᠢᠳᠡᠢ ᠬᠦᠮᠦᠨ ᠰᠤᠩᠭᠤᠨ ᠲᠠᠨᠢᠯᠴᠠᠭᠤᠯᠤᠨ᠎ᠠ᠃ | ᠨᠢᠬᠡ ᠳᠤ ᠨᠠᠮ ᠤᠨ ᠬᠡᠰᠢᠬᠦᠨ ᠠᠴᠠ ᠲᠠᠨᠢᠯᠴᠠᠭᠤᠯᠬᠤ᠃ ᠨᠠᠮ ᠤᠨ ᠬᠡᠰᠢᠬᠦᠨ ᠤ ᠶᠡᠭᠡ ᠬᠤᠷᠠᠯ ᠢ ᠬᠤᠷᠠᠯᠳᠤᠵᠤ᠂ | ᠭᠠᠴᠠᠭᠠᠨ ︵ᠨᠡᠶᠢᠬᠡᠮ ᠲᠤᠭᠤᠷᠢᠭ︶ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠪᠦᠬᠦ ᠨᠠᠮ ᠤᠨ ᠬᠡᠰᠢᠬᠦᠨ ᠠᠴᠠ | ᠨᠠᠮ ᠤᠨ ᠵᠤᠬᠢᠶᠠᠨ ᠪᠠᠶᠢᠭᠤᠯᠤᠯᠳᠠ ᠶᠢᠨ ᠪᠠᠭ ᠤᠨ ᠬᠡᠰᠢᠬᠦᠳ ᠤᠨ ᠲᠤᠰᠢᠶᠠᠯ ᠢᠶᠠᠨ ᠲᠤᠭᠠᠴᠢᠭᠰᠠᠨ ᠮᠡᠳᠡᠬᠦᠯᠦᠯᠳᠡ | ᠳᠤ ᠦᠨᠡᠯᠡᠯᠳᠡ ᠬᠢᠵᠤ᠂ ᠰᠢᠨ᠎ᠠ ᠨᠢᠬᠡᠨ ᠡᠬᠡᠯᠵᠢ ᠶᠢᠨ ᠨᠠᠮ ᠤᠨ ᠵᠤᠬᠢᠶᠠᠨ ᠪᠠᠶᠢᠭᠤᠯᠤᠯᠳᠠ ᠶᠢᠨ ᠬᠡᠰᠢᠬᠦᠨ ᠢᠶᠠᠷ | ᠠᠩᠬ᠎ᠠ ᠨᠡᠷ᠎ᠡ ᠵᠢᠱᠢᠭᠳᠡᠭᠴᠢ ᠶᠢ ᠲᠠᠨᠢᠯᠴᠠᠭᠤᠯᠤᠨ᠎ᠠ᠃ ᠲᠠᠨᠢᠯᠴᠠᠭᠤᠯᠤᠭᠰᠠᠨ ᠨᠠᠮ ᠤᠨ ᠬᠡᠰᠢᠬᠦᠨ ᠨᠠᠮ ᠤᠨ ᠵᠤᠬᠢᠶᠠᠨ | ᠪᠠᠶᠢᠭᠤᠯᠤᠯᠳᠠ ᠶᠢᠨ ᠪᠦᠬᠦ ᠨᠠᠮ ᠤᠨ ᠬᠡᠰᠢᠬᠦᠨ ᠤ ᠭᠤᠷᠪᠠᠨ ᠤ ᠬᠤᠶᠠᠷ ᠠᠴᠠ ᠲᠡᠬᠡᠭᠰᠢ ᠪᠠᠶᠢᠬᠤ ᠬᠡᠷᠡᠭᠳᠡᠢ᠃ | ᠬᠤᠶᠠᠷ ᠲᠤ᠂ ᠠᠷᠠᠳ ᠲᠦᠮᠡᠨ ᠠᠴᠠ ᠲᠠᠨᠢᠯᠴᠠᠭᠤᠯᠬᠤ᠃ ᠲᠤᠰᠬᠤᠨ ︵ᠰᠠᠭᠤᠭᠠᠯᠢ︶ ᠤ ᠪᠦᠬᠦ ᠠᠷᠠᠳ ᠠᠴᠠ | ᠲᠠᠨᠢᠯᠴᠠᠭᠤᠯᠵᠤ ᠪᠤᠯᠤᠨ᠎ᠠ᠂ ᠡᠰᠡᠪᠠᠯ ᠲᠤᠰᠬᠤᠨ ︵ᠰᠠᠭᠤᠭᠠᠯᠢ︶ ᠤ ᠠᠷᠠᠳ ᠤᠨ ᠲᠦᠯᠦᠬᠡᠯᠡᠭᠴᠢᠳ ᠠᠴᠠ | ᠲᠠᠨᠢᠯᠴᠠᠭᠤᠯᠵᠤ ᠪᠤᠯᠤᠨ᠎ᠠ᠃ ᠲᠠᠨᠢᠯᠴᠠᠭᠤᠯᠤᠭᠰᠠᠨ ᠬᠦᠮᠦᠨ ᠨᠢ ᠦᠷᠬᠡᠨ ᠲᠡᠯᠬᠡᠷ ᠲᠦᠯᠦᠬᠡᠯᠡᠬᠦ ᠴᠢᠨᠠᠷᠳᠠᠢ ᠪᠠᠶᠢᠬᠤ ᠶᠢ | ᠪᠠᠳᠤᠯᠠᠬᠤ ᠶᠢᠨ ᠲᠦᠯᠦᠬᠡ᠂ ᠲᠠᠨᠢᠯᠴᠠᠭᠤᠯᠬᠤ ᠳᠤ ᠲᠠᠷᠠᠭᠠᠬᠢ ᠬᠦᠮᠦᠰ ᠤᠷᠤᠯᠴᠠᠬᠤ ᠴᠢᠬᠤᠯᠠᠳᠠᠢ᠄ ᠲᠡᠬᠡᠷ᠎ᠡ | ᠬᠤᠭᠤᠴᠠᠭᠠᠨ ᠳᠤ ᠰᠤᠩᠭᠤᠭᠤᠯᠢ ᠪᠠᠷ ᠢᠯᠡᠷᠡᠭᠰᠡᠨ ᠲᠤᠰᠬᠤᠨ ︵ᠰᠠᠭᠤᠭᠠᠯᠢ︶ ᠤ ᠠᠷᠠᠳ ᠤᠨ ᠲᠦᠯᠦᠬᠡᠯᠡᠭᠴᠢ᠂ ︽ | ᠬᠤᠶᠠᠷ ᠵᠦᠪᠯᠡᠯ︾ ᠤᠨ ᠬᠡᠰᠢᠬᠦᠳ ᠵᠢᠴᠢ ᠪᠤᠰᠤᠳ ᠠᠵᠢᠯᠳᠠᠳ᠂ ᠲᠤᠰᠬᠤᠨ ︵ᠰᠠᠭᠤᠭᠠᠯᠢ︶ ᠤᠠᠷᠠᠳ ᠤᠨ ᠪᠠᠭ᠎ᠠ | ᠲᠤᠭᠤᠶᠢᠯᠡᠩ ᠤᠨ ᠲᠦᠪ ᠲᠡᠳ᠋ ᠲᠠᠷᠤᠭ᠎ᠠ᠂ ᠬᠤᠷᠰᠢᠭᠰᠠᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠶᠢᠨ | ᠬᠠᠷᠢᠭᠤᠴᠠᠯᠭᠠᠳᠠᠨ ᠵᠢᠴᠢ ᠪᠤᠰᠤᠳ ᠤᠷᠤᠯᠴᠠᠬᠤ ᠶᠤᠰᠤᠳᠠᠢ ᠬᠦᠮᠦᠰ᠃ ᠭᠤᠷᠪᠠ ᠳᠤ᠂ ᠰᠤᠮᠤ ᠪᠠᠯᠭᠠᠰᠤᠨ ᠤ ᠨᠠᠮ | ᠤᠨ ᠬᠤᠷᠢᠶᠠᠨ ᠠᠴᠠ ᠵᠢᠩᠬᠢᠨᠢ ᠨᠡᠷ᠎ᠡ ᠵᠢᠱᠢᠭᠳᠡᠭᠰᠡᠳ ᠢ ᠲᠤᠭᠳᠠᠭᠠᠬᠤ᠃ ᠰᠤᠮᠤ ᠪᠠᠯᠭᠠᠰᠤᠨ ᠤ ᠨᠠᠮ ᠤᠨ ᠬᠤᠷᠢᠶ᠎ᠠ | ᠨᠢ ᠲᠠᠨᠢᠯᠴᠠᠭᠤᠯᠭ᠎ᠠ ᠶᠢᠨ ᠪᠠᠶᠢᠳᠠᠯ ᠢ ᠦᠨᠳᠤᠰᠤᠯᠡᠨ᠂ ᠭᠠᠴᠠᠭᠠᠨ ︵ᠨᠡᠶᠢᠬᠡᠮ ᠲᠤᠭᠤᠷᠢᠭ︶ ᠤ ᠨᠠᠮ ᠤᠨ ᠵᠤᠬᠢᠶᠠᠨ | ᠪᠠᠶᠢᠭᠤᠯᠤᠯᠳᠠ ᠶᠢᠨ ᠲᠤᠰᠢᠶᠠᠯ ᠤᠨ ᠤᠷᠤᠨ ᠲᠤᠭ᠎ᠠ ᠠᠴᠠ 2 ᠲᠠᠬᠢᠨ ᠬᠦᠮᠦᠨ ᠤ ᠲᠤᠭ᠎ᠠ ᠪᠠᠷ ᠠᠩᠬ᠎ᠠ ᠨᠡᠷ᠎ᠡ | ᠵᠢᠱᠢᠭᠳᠡᠭᠰᠡᠳ ᠢ ᠲᠤᠭᠳᠠᠭᠠᠵᠤ᠂ ᠬᠦᠮᠦᠰ ᠢ ᠵᠤᠬᠢᠶᠠᠨ ᠪᠠᠶᠢᠭᠤᠯᠵᠤ ᠠᠩᠬ᠎ᠠ ᠨᠡᠷ᠎ᠡ ᠵᠢᠱᠢᠭᠳᠡᠭᠰᠡᠳ ᠢᠶᠠᠷ | ᠲᠤᠳᠤᠷᠠᠭᠰᠠᠨ ᠬᠦᠮᠦᠨᠰ ᠲᠤ ᠪᠠᠶᠢᠴᠠᠭᠠᠯᠳᠠ ᠶᠠᠪᠤᠭᠤᠯᠤᠨ᠎ᠠ᠃ ︽ᠬᠤᠶᠠᠷ ᠬᠤᠯᠪᠤᠭᠠᠯᠠᠨ ᠬᠢᠨᠠᠨ ᠪᠠᠶᠢᠴᠠᠭᠠᠬᠤ︾ | ᠲᠦᠷᠢᠮ ᠢ ᠴᠢᠩᠭ᠎ᠠ ᠵᠢᠷᠤᠮᠯᠠᠨ᠂ ᠭᠠᠴᠠᠭᠠᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠪᠠᠭ ᠤᠨ ᠬᠡᠰᠢᠬᠦᠳ ᠢᠶᠠᠷ | ᠵᠢᠩᠬᠢᠨᠢ ᠨᠡᠷ᠎ᠡ ᠵᠢᠱᠢᠭᠳᠡᠭᠰᠡᠳ ᠢ ᠰᠤᠮᠤ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠴᠠ ᠠᠩᠬ᠎ᠠ | ᠠᠯᠬᠤᠮ ᠪᠠᠶᠢᠴᠠᠭᠠᠭᠰᠠᠨ ᠰᠠᠭᠤᠷᠢᠨ ᠲᠡᠬᠡᠷ᠎ᠡ᠂ ᠬᠤᠰᠢᠭᠤᠨ ᠤ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ | ᠬᠡᠯᠳᠡᠰ ᠲᠤ ᠮᠡᠳᠡᠬᠦᠯᠤᠨ ᠲᠠᠩᠰᠠᠯᠠᠭᠤᠯᠵᠤ᠂ ᠲᠠᠷᠠᠭ᠎ᠠ ᠨᠢ ᠬᠤᠰᠢᠭᠤᠨ ᠤ ᠨᠠᠮ ᠤᠨ ᠬᠤᠷᠢᠶᠠᠨ ᠤ ᠵᠤᠬᠢᠶᠠᠨ | ᠪᠠᠶᠢᠭᠤᠯᠬᠤ ᠬᠡᠯᠳᠡᠰ ᠠᠴᠠ ᠲᠤᠰ ᠱᠠᠳᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠪᠠ ᠲᠤᠳᠤᠭᠠᠳᠤ ᠶᠢ | ᠬᠠᠮᠠᠭᠠᠯᠠᠬᠤ ᠲᠤᠪᠴᠢᠶ᠎ᠠ᠂ ᠰᠢᠬᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠲᠠᠷᠢᠶᠠᠯᠠᠩ ᠮᠠᠯ ᠠᠵᠤ ᠠᠬᠤᠢ ᠪᠠ | ᠰᠢᠨᠵᠢᠯᠡᠬᠦ ᠤᠬᠠᠭᠠᠨ ᠲᠧᠭᠨᠢᠭ ᠮᠡᠷᠬᠡᠵᠢᠯ᠂ ᠵᠠᠬᠢᠳᠠᠯ ᠰᠤᠷᠪᠤᠯᠵᠢᠯᠠᠭ᠎ᠠ ᠵᠡᠷᠬᠡ ᠰᠠᠯᠠᠭ᠎ᠠ ᠮᠦᠴᠢᠷ ᠤᠨ ᠰᠠᠨᠠᠯ ᠢ ᠪᠢᠴᠢᠭ | ᠤᠨ ᠬᠡᠯᠪᠡᠷᠢ ᠪᠠᠷ ᠬᠤᠷᠢᠶᠠᠵᠤ᠂ ᠬᠦᠮᠦᠨ ᠰᠤᠩᠭᠤᠬᠤ ᠤᠯᠤᠰ ᠲᠦᠷᠦ᠂ ᠴᠢᠳᠠᠪᠤᠷᠢ᠂ ᠬᠠᠤᠯᠢ ᠰᠠᠬᠢᠯᠭ᠎ᠠ᠂ | ᠠᠷᠢᠭᠤᠨ ᠴᠢᠬᠡᠴᠢ᠂ ᠤᠯᠠᠨ ᠤ ᠲᠤᠰᠬᠠᠯ ᠵᠡᠷᠬᠡ ᠪᠡᠷᠢᠮᠵᠢᠶ᠎ᠡ ᠶᠢ ᠴᠢᠩᠭ᠎ᠠ ᠠᠳᠬᠤᠵᠤ᠂ ᠨᠦᠬᠦᠴᠡᠯ ᠳᠤ ᠨᠡᠶᠢᠴᠡᠬᠦ | ᠦᠬᠡᠢ ᠬᠦᠮᠦᠰ ᠤᠨ ︽ᠬᠤᠶᠠᠷ ᠵᠦᠪᠯᠡᠯ︾ ᠤᠨ ᠪᠠᠭ ᠲᠤ ᠤᠷᠤᠬᠤ ᠶᠢ ᠰᠡᠷᠬᠡᠶᠢᠯᠡᠬᠦ ᠬᠡᠷᠡᠭᠳᠡᠢ᠃ ᠰᠠᠬᠢᠯᠭ᠎ᠠ ᠪᠠᠳᠤ | ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ ᠠᠴᠠ ᠰᠠᠬᠢᠯᠭ᠎ᠠ ᠪᠠᠳᠤ ᠶᠢᠨ ᠬᠢᠨᠠᠨ ᠪᠠᠶᠢᠴᠠᠭᠠᠯᠳᠠ ᠬᠦᠷᠳᠡᠵᠤ | ᠦᠩᠬᠡᠷᠡᠭᠰᠡᠨ ᠡᠰᠡᠬᠦ᠂ ᠨᠠᠮ ᠤᠨ ᠲᠤᠳᠤᠭᠠᠳᠤ ᠳᠤ ᠰᠠᠬᠢᠯᠭ᠎ᠠ ᠵᠦᠷᠢᠴᠡᠨ ᠰᠢᠢᠳᠬᠡᠭᠳᠡᠵᠤ ᠦᠩᠬᠡᠷᠡᠭᠰᠡᠨ ᠡᠰᠡᠬᠦ ᠶᠢᠨ | ᠲᠠᠯ᠎ᠠ ᠪᠠᠷ ᠭᠤᠤᠯᠳᠠᠯᠠᠭ᠎ᠠ ᠲᠠᠢ ᠬᠢᠨᠠᠯᠳᠠ ᠶᠠᠪᠤᠭᠤᠯᠤᠨ᠎ᠠ︔ ᠰᠢᠬᠦᠬᠦ ᠪᠠᠶᠢᠴᠠᠭᠠᠬᠤ ᠬᠤᠶᠠᠷ ᠬᠤᠷᠢᠶ᠎ᠠ ᠠᠴᠠ ᠡᠷᠡᠬᠦᠤ | ᠶᠢᠨ ᠬᠠᠤᠯᠢ ᠵᠦᠷᠢᠴᠡᠵᠤ ᠦᠩᠬᠡᠷᠡᠭᠰᠡᠨ ᠡᠰᠡᠬᠦ᠂ ᠦᠷᠢ ᠰᠢᠷᠢ ᠪᠠᠨ ᠲᠦᠯᠦᠳᠡᠭ ᠡᠰᠡᠬᠦ ᠪᠠ ᠢᠳᠡᠬᠡᠯ ᠢᠶᠠᠨ ᠠᠯᠳᠠᠵᠤ | ᠪᠤᠳᠠᠳᠠᠢ ᠠᠷᠭ᠎ᠠ ᠠᠪᠴᠠᠯ ᠬᠡᠷᠡᠭᠵᠢᠬᠦᠯᠬᠦ ᠶᠤᠰᠤᠳᠠᠢ ᠪᠠᠶᠢᠭ᠎ᠠ ᠬᠦᠮᠦᠨ ᠮᠦᠨ ᠡᠰᠡᠬᠦ ᠶᠢ ᠭᠤᠤᠯᠳᠠᠯᠠᠭ᠎ᠠ ᠲᠠᠢ ᠬᠢᠨᠠᠨ᠎ᠠ | ︔ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠠᠴᠠ ︽ᠲᠤᠰᠬᠤᠨ ᠤ ᠡᠵᠡᠷᠬᠡᠭᠴᠢ︾ ᠪᠠ ᠬᠠᠷ᠎ᠠ ᠪᠦᠯᠦᠭ ᠤᠨ ᠬᠡᠷᠡᠭ | ᠲᠤ ᠬᠤᠯᠪᠤᠭᠳᠠᠬᠤ ᠡᠰᠡᠬᠦ᠂ ᠭᠠᠵᠢᠭᠤ ᠱᠠᠰᠢᠨ ᠤ ᠵᠤᠬᠢᠶᠠᠨ ᠪᠠᠶᠢᠭᠤᠯᠤᠯᠳᠠ᠂ ᠬᠠᠤᠯᠢ ᠪᠤᠰᠤ ᠱᠠᠰᠢᠨ ᠤ | ᠬᠦᠳᠡᠯᠬᠡᠬᠡᠨ ᠳᠤ ᠤᠷᠤᠯᠴᠠᠭᠰᠠᠨ ᠡᠰᠡᠬᠦ ᠶᠢ ᠭᠤᠤᠯᠳᠠᠯᠠᠭ᠎ᠠ ᠲᠠᠢ ᠬᠢᠨᠠᠨ᠎ᠠ︔ ᠵᠠᠬᠢᠳᠠᠯ ᠰᠤᠷᠪᠤᠯᠵᠢᠯᠠᠭ᠎ᠠ ᠶᠢᠨ | ᠰᠠᠯᠠᠭ᠎ᠠ ᠮᠦᠴᠢᠷ ᠠᠴᠠ ᠤᠷᠳᠤ ᠬᠤᠭᠤᠴᠠᠭ᠎ᠠ ᠪᠠᠷ ᠶᠤᠰᠤ ᠪᠤᠰᠤ ᠪᠠᠷ ᠰᠤᠷᠪᠤᠯᠵᠢᠯᠠᠭ᠎ᠠ ᠬᠢᠭᠰᠡᠨ ᠡᠰᠡᠬᠦ᠂ ᠱᠠᠳᠤ | ᠠᠯᠤᠰᠯᠠᠨ ᠰᠤᠷᠪᠤᠯᠵᠢᠯᠠᠭ᠎ᠠ ᠬᠢᠭᠰᠡᠨ ᠪᠤᠶᠤ ᠠᠷᠠᠳ ᠲᠦᠮᠡᠨ ᠢ ᠦᠳᠦᠬᠡᠨ ᠵᠤᠬᠢᠶᠠᠨ ᠪᠠᠶᠢᠭᠤᠯᠵᠤ ᠰᠤᠷᠪᠤᠯᠵᠢᠯᠠᠭ᠎ᠠ | ᠬᠢᠭᠰᠡᠨ ᠡᠰᠡᠬᠦ᠂ ᠨᠡᠶᠢᠬᠡᠮ ᠤᠨ ᠲᠤᠭᠳᠠᠭᠤᠨ ᠢ ᠨᠦᠯᠦᠬᠡᠯᠡᠭᠰᠡᠨ ᠡᠰᠡᠬᠦ ᠵᠡᠷᠬᠡ ᠪᠠᠶᠢᠳᠠᠯ ᠢ ᠭᠤᠤᠯᠳᠠᠯᠠᠭ᠎ᠠ ᠲᠠᠢ | ᠬᠢᠨᠠᠨ᠎ᠠ᠃ | — — ᠰᠤᠩᠭᠤᠭᠤᠯᠢ ᠠᠴᠠ ᠡᠮᠤᠨᠡᠬᠢ ᠶᠠᠷᠢᠯᠴᠠᠭ᠎ᠠ ᠶᠢ ᠦᠷᠨᠢᠬᠦᠯᠦᠨ᠎ᠠ᠃ ᠰᠤᠮᠤ ᠪᠠᠯᠭᠠᠰᠤᠨ ᠤ | ᠨᠠᠮ ᠤᠨ ᠬᠤᠷᠢᠶᠠᠨ ᠤ ᠬᠠᠷᠢᠭᠤᠴᠠᠯᠭᠠᠳᠠᠨ ᠠᠴᠠ ᠭᠠᠴᠭᠠᠠᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠱᠦᠵᠢ | ᠪᠠᠷ ᠵᠢᠩᠬᠢᠨᠢ ᠨᠡᠷ᠎ᠡ ᠵᠢᠱᠢᠭᠳᠡᠭᠰᠡᠳ ᠲᠠᠢ ᠰᠤᠩᠭᠤᠭᠤᠯᠢ ᠠᠴᠠ ᠡᠮᠤᠨᠡᠬᠢ ᠶᠡᠷᠢᠯᠴᠠᠭ᠎ᠠ ᠦᠷᠨᠢᠬᠦᠯᠦᠨ᠎ᠠ᠃ ᠭᠠᠴᠠᠭᠠᠨ ᠤ | ᠨᠠᠮ ᠤᠨ ᠵᠤᠬᠢᠶᠠᠨ ᠪᠠᠶᠢᠭᠤᠯᠤᠯᠳᠠ ᠠᠴᠠ ᠡᠷᠬᠡᠪᠰᠢ ᠬᠢᠨᠠᠨ ᠪᠠᠶᠢᠴᠠᠭᠠᠯᠳᠠ ᠶᠢ ᠦᠩᠬᠡᠷᠡᠭᠡ ᠦᠬᠡᠢ ᠬᠦᠮᠦᠰ ᠤᠨ | ᠤᠯᠤᠰ ᠲᠦᠷᠦ ᠦᠵᠡᠯ ᠰᠠᠨᠠᠭᠠᠨ ᠤ ᠠᠵᠢᠯ ᠢ ᠡᠷᠬᠡᠪᠰᠢ ᠬᠢᠨᠠᠮᠠᠭᠠᠢ ᠮᠦᠷᠳᠡᠬᠡᠨ ᠬᠦᠨᠵᠡᠬᠡᠶᠢᠷᠡᠬᠦᠯᠦᠨ ᠶᠠᠪᠤᠭᠤᠯᠵᠤ᠂ | ᠲᠡᠬᠦᠨ ᠢ ᠢᠳᠬᠠᠵᠤ ᠪᠠᠶᠢᠭᠠᠳ ᠰᠤᠩᠭᠤᠭᠤᠯᠢ ᠠᠴᠠ ᠭᠠᠷᠭᠠᠨ᠎ᠠ᠃ ᠭᠠᠴᠠᠭᠠᠨ ᠤ ᠨᠠᠮ ᠤᠨ ᠵᠤᠬᠢᠶᠠᠨ | ᠪᠠᠶᠢᠭᠤᠯᠤᠯᠳᠠ ᠶᠢᠨ ᠨᠡᠷ᠎ᠡ ᠵᠢᠱᠢᠭᠳᠡᠭᠰᠡᠳ ᠢ ᠰᠤᠮᠤ ᠪᠠᠯᠭᠠᠰᠤᠨ ᠤ ᠨᠠᠮ ᠤᠨ ᠬᠤᠷᠢᠶᠠᠨ ᠳᠤ ᠮᠡᠳᠡᠬᠦᠯᠵᠤ ᠬᠢᠨᠠᠨ | ᠵᠦᠪᠰᠢᠶᠡᠷᠡᠬᠦᠯᠵᠤ᠂ ᠭᠠᠴᠠᠭᠠᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠱᠦᠵᠢ ᠪᠠᠷ ᠨᠡᠷ᠎ᠡ ᠵᠢᠱᠢᠭᠳᠡᠭᠰᠡᠳ ᠢ | ᠬᠤᠰᠢᠭᠤᠨ ᠤ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠬᠡᠯᠳᠡᠰ ᠲᠤ ᠮᠡᠳᠡᠬᠦᠯᠵᠤ ᠬᠢᠨᠠᠨ ᠵᠦᠪᠰᠢᠶᠡᠷᠡᠬᠦᠯᠦᠨ᠎ᠠ᠃ | | — — ᠵᠤᠬᠢᠶᠠᠨ ᠪᠠᠶᠢᠭᠤᠯᠵᠤ ᠰᠤᠩᠭᠤᠭᠤᠯᠢ ᠶᠠᠪᠤᠭᠤᠯᠤᠨ᠎ᠠ᠃ ᠭᠠᠴᠠᠭᠠᠨ ᠤ ᠨᠠᠮ ᠤᠨ ᠵᠤᠬᠢᠶᠠᠨ | ᠪᠠᠶᠢᠭᠤᠯᠤᠯᠳᠠ ᠶᠢᠨ ᠬᠤᠭᠤᠴᠠᠭ᠎ᠠ ᠰᠤᠯᠢᠬᠤ ᠰᠤᠩᠭᠤᠭᠤᠯᠢ ᠶᠢᠨ ᠵᠤᠬᠢᠶᠠᠨ ᠪᠠᠶᠢᠭᠤᠯᠤᠯᠳᠠ ᠶᠢᠨ ᠠᠵᠢᠯ ᠢ ᠰᠤᠮᠤ | ᠪᠠᠯᠭᠠᠰᠤᠨ ᠤ ᠰᠤᠩᠭᠤᠭᠤᠯᠢ ᠶᠢᠨ ᠠᠵᠢᠯ ᠤᠨ ᠤᠳᠤᠷᠢᠳᠬᠤ ᠲᠤᠭᠤᠶᠢᠯᠠᠩ ᠤᠨ ᠤᠳᠤᠷᠢᠳᠤᠯᠭ᠎ᠠ ᠲᠤᠤᠷ᠎ᠠ | ᠭᠠᠴᠠᠭᠠᠨ ᠤ ᠨᠠᠮ ᠤᠨ ᠵᠤᠬᠢᠶᠠᠨ ᠪᠠᠶᠢᠭᠤᠯᠤᠯᠳᠠ ᠠᠴᠠ ᠡᠷᠬᠢᠯᠡᠨ ᠶᠠᠪᠤᠭᠤᠯᠤᠨ᠎ᠠ᠃ ᠪᠦᠬᠦ ᠶᠠᠪᠤᠴᠠ ᠳᠤ ᠠᠮᠠᠯᠳᠤᠵᠤ | ᠪᠠᠳᠤᠯᠠᠬᠤ ᠲᠦᠷᠢᠮ ᠢ ᠬᠡᠷᠡᠭᠵᠢᠬᠦᠯᠦᠨ᠂ ᠴᠢᠬᠤᠯᠠ ᠭᠤᠭᠴᠤᠭ᠎ᠠ ᠵᠠᠩᠬᠢᠯᠭ᠎ᠠ ᠶᠢᠨ ᠬᠡᠰᠡᠭ ᠲᠤ ᠪᠦᠬᠦ ᠶᠠᠪᠤᠴᠠ ᠶᠢᠨ | ᠬᠢᠨᠠᠯᠳᠠ ᠶᠠᠪᠤᠭᠤᠯᠵᠤ᠂ ᠵᠢᠩᠬᠢᠨᠢ ᠨᠡᠷ᠎ᠡ ᠵᠢᠱᠢᠭᠳᠡᠭᠰᠡᠳ ᠤᠨ ᠬᠠᠤᠯᠢ ᠶᠤᠰᠤᠭᠠᠷ᠂ ᠢᠯᠡ ᠲᠤᠳᠤ᠂ ᠡᠷᠬᠡ ᠲᠡᠭᠰᠢ᠂ | ᠲᠦᠪ ᠭᠤᠤᠯᠴᠢ ᠪᠠᠷ ᠰᠤᠩᠭᠤᠭᠤᠯᠢ ᠳᠤ ᠤᠷᠤᠯᠴᠠᠬᠤ ᠶᠢ ᠨᠢ ᠵᠢᠯᠤᠭᠤᠳᠤᠨ᠎ᠠ᠃ ᠨᠠᠮ ᠤᠨ ᠬᠡᠰᠢᠬᠦᠳ ᠤᠨ ᠶᠡᠭᠡ | ᠬᠤᠷᠠᠯ ᠢ ᠬᠤᠷᠠᠯᠳᠤᠵᠤ ᠭᠠᠴᠠᠭᠠᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠵᠦᠪᠯᠡᠯ ᠤᠨ ᠬᠡᠰᠢᠬᠦᠨ ᠰᠤᠩᠭᠤᠬᠤ | ᠳᠤ᠂ ᠲᠡᠬᠡᠷ᠎ᠡ ᠬᠤᠭᠤᠴᠠᠭᠠᠨ ᠤ ᠨᠠᠮ ᠤᠨ ᠵᠤᠬᠢᠶᠠᠨ ᠪᠠᠶᠢᠭᠤᠯᠤᠯᠳᠠ ᠠᠴᠠ ᠲᠤᠰᠢᠶᠠᠯ ᠤᠨ ᠬᠤᠭᠤᠴᠭᠠᠨ ᠳᠠᠬᠢ | ᠠᠵᠢᠯ ᠤᠨ ᠪᠠᠶᠢᠳᠠᠯ ᠢ ᠮᠡᠳᠡᠬᠦᠯᠬᠦ᠂ ᠨᠡᠷ᠎ᠡ ᠵᠢᠱᠢᠭᠳᠡᠭᠰᠡᠳ ᠢ ᠶᠡᠷᠢᠯᠴᠠᠨ ᠰᠤᠳᠤᠯᠬᠤ᠂ ᠨᠡᠷ᠎ᠡ ᠵᠢᠱᠢᠭᠳᠡᠭᠰᠡᠳ | ᠦᠷᠢᠰᠦᠯᠳᠦᠨ ᠶᠡᠷᠢᠶ᠎ᠠ ᠲᠠᠯᠪᠢᠬᠤ᠂ ᠨᠠᠮ ᠤᠨ ᠬᠡᠰᠢᠬᠦᠨ ᠪᠧᠯᠧᠲ ᠪᠢᠴᠢᠬᠦ ᠪᠧᠯᠧᠲ ᠦᠭᠬᠦ᠂ ᠢᠯᠡ ᠪᠠᠷ ᠪᠧᠯᠧᠲ | ᠨᠡᠶᠢᠳᠡᠯᠡᠵᠤ ᠪᠦᠷᠢᠳᠬᠡᠬᠦ᠂ ᠰᠤᠩᠭᠤᠭᠤᠯᠢ ᠶᠢᠨ ᠦᠷ᠎ᠡ ᠳ᠋ᠦᠩ ᠢ ᠨᠡᠶᠢᠳᠡᠯᠡᠬᠦ ᠵᠡᠷᠬᠡ ᠶᠠᠪᠤᠴᠠ ᠲᠠᠷᠠᠭᠠᠯᠠᠯ ᠢ | ᠦᠩᠬᠡᠷᠡᠬᠡᠵᠤ᠂ ᠬᠠᠮᠢᠶ᠎ᠠ ᠪᠦᠬᠦᠢ ᠲᠤᠭᠳᠠᠭᠠᠯ ᠢ ᠦᠨᠳᠤᠰᠤᠯᠡᠨ ᠪᠧᠯᠧᠲ ᠦᠭᠴᠤ ᠰᠤᠩᠭᠤᠭᠤᠯᠢ ᠶᠠᠪᠤᠭᠤᠯᠤᠨ᠎ᠠ᠃ | |