ᠡᠵᠡᠨ᠎ᠡ ᠬᠤᠰᠢᠭᠤᠨ ᠤ ᠣᠯᠠᠭᠠᠨᠮᠦ᠋ᠴᠢᠷ ᠣᠳᠬ᠎ᠠ ᠣᠷᠠᠯᠢᠭ ᠢ ᠬᠦᠳᠡᠭᠡ ᠬᠦᠷᠭᠡᠬᠦ ᠠᠵᠢᠯᠯᠠᠭ᠎ᠠ ᠶᠢ ᠰᠠᠶᠢᠲᠣᠷ ᠦᠷᠨᠢᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2018-06-13
        ᠪᠦᠬᠦ ᠣᠷᠣᠨ ᠤ ︽ᠠᠷᠪᠠᠨ ᠰᠢᠯᠢᠳᠡᠭ ᠣᠯᠠᠭᠠᠨᠮᠦ᠋ᠴᠢᠷ︾ ᠪᠠ ᠪᠦᠬᠦ ᠣᠯᠣᠰ ᠤᠨ ︽ᠲᠠᠷᠢᠶᠠᠴᠢᠨ ᠳᠤ ᠣᠶᠢᠯᠡᠴᠢᠯᠠᠬᠦ ᠦᠨᠳᠦᠰᠦᠨ ᠱᠠᠳᠣᠨ ᠳᠤ ᠣᠶᠢᠯᠠᠴᠢᠯᠡᠬᠦ︾ ᠰᠣᠶᠣᠯ ᠤᠨ ᠪᠦᠲᠦᠭᠡᠨ ᠪᠠᠶᠢᠭᠤᠯᠣᠯᠲᠡ ᠶᠢᠨ ᠳᠡᠷᠢᠭᠦᠨ ᠤ ᠬᠠᠮᠲᠦ ᠨᠡᠶᠢᠲᠡ ᠪᠠᠷ ᠣᠷᠢᠳ ᠬᠤᠵᠢᠳ ᠦᠩᠭᠡ ᠬᠡᠷᠡᠯᠲᠠᠢ ᠴᠣᠯᠠᠯᠬᠠᠳ᠋ᠬᠠᠰᠠᠨ ᠠᠯᠠᠱᠨ ᠠᠶᠢᠮᠠᠭ ᠤᠨ ᠨᠠᠷᠠᠲᠦ ︽ᠣᠳᠬ᠎ᠠ ᠣᠷᠠᠯᠢᠭ ᠤᠨ ᠭᠦᠩᠭᠡᠨ ᠮᠣᠷᠢᠲᠦ ᠴᠡᠷᠢᠭ︾ ᠪᠣᠯᠬᠤ ᠡᠵᠡᠨ᠎ᠡ ᠬᠤᠰᠢᠭᠤᠨ ᠤ ᠣᠯᠠᠭᠠᠨᠮᠦ᠋ᠴᠢᠷ ᠢᠷᠠᠭᠤ ᠠᠯᠳᠠᠷ ᠢᠶᠠᠷ ᠢᠶᠠᠨ ᠡᠬᠢᠯᠡᠯᠲᠡ ᠶᠢᠨ ᠴᠡᠭ ᠪᠣᠯᠭᠠᠨ᠂ ᠰᠢᠯᠢᠳᠡᠭ ᠣᠯᠠᠮᠵᠢᠯᠠᠯ ᠢᠶᠠᠨ ᠪᠠᠳᠠᠷᠠᠭᠤᠯᠵᠤ᠂ ᠣᠳᠬ᠎ᠠ ᠣᠷᠠᠯᠢᠭ ᠢ ᠬᠦᠳᠡᠭᠡ ᠬᠦᠷᠭᠡᠬᠦ ᠠᠵᠢᠯᠯᠠᠭ᠎ᠠ ᠶᠢ ᠰᠠᠶᠢᠲᠣᠷ ᠦᠷᠨᠢᠭᠦᠯᠵᠦ ᠪᠠᠶᠢᠨ᠎ᠠ᠃        5 ᠰᠠᠷ᠎ᠠ ᠶᠢᠨ ᠡᠴᠣᠰ ᠪᠣᠯᠲᠠᠯ᠎ᠠ᠂ ᠲᠣᠰ ᠣᠯᠠᠭᠠᠨᠮᠦ᠋ᠴᠢᠷ ᠴᠠᠭ ᠦᠶᠡᠴᠢ ᠴᠢᠨᠠᠷᠲᠠᠢ᠂ ᠦᠵᠡᠯ ᠰᠠᠨᠠᠭᠠᠲᠣ ᠴᠢᠨᠠᠷᠲᠠᠢ᠂ ᠣᠷᠠᠯᠢᠠᠨᠴᠢ ᠴᠢᠨᠠᠷᠲᠠᠢ ᠰᠢᠯᠢᠳᠡᠭ ᠣᠷᠠᠯᠢᠭ ᠤᠨ ᠪᠦᠲᠦᠭᠡᠯ ᠢ ᠮᠠᠯᠵᠢᠬᠤ ᠲᠠᠷᠢᠶᠠᠯᠠᠬᠤ ᠣᠷᠣᠨ ᠤ ᠮᠠᠯᠴᠢᠨ ᠲᠠᠷᠢᠶᠠᠴᠢᠳ ᠲᠤ᠂ ᠬᠢᠯᠢ ᠶᠢᠨ ᠬᠠᠮᠠᠭᠠᠯᠠᠯᠲᠡ ᠶᠢᠨ ᠲᠡᠷᠤᠭ᠎ᠠ ᠪᠠᠶᠢᠯᠳᠣᠠᠨᠴᠢᠳ ᠲᠤ᠂ ᠨᠠᠶᠢᠬᠡᠮ ᠲᠣᠭᠤᠷᠢᠭ ᠤᠨ ᠰᠠᠭᠤᠭᠠᠯᠢ ᠠᠷᠠᠳ ᠲᠤ ᠨᠠᠶᠢᠲᠡ 30 ᠲᠠᠯᠠᠪᠣᠷ ᠰᠣᠨᠢᠷᠬᠠᠭᠤᠯᠵᠣ᠂ ︽ᠬᠤᠪᠢᠰᠬᠠᠯᠲᠦ ᠣᠳᠬ᠎ᠠ ᠣᠷᠠᠯᠢᠭ ᠤᠨ ᠭᠦᠩᠭᠡᠨ ᠮᠣᠷᠢᠲᠦ ᠴᠡᠷᠢᠭ︾᠎ ᠤᠨ ᠦᠩᠭᠡ ᠬᠡᠷᠡᠯᠲᠦ ᠲᠦᠷᠢ ᠲᠦᠷᠬᠦ ᠪᠠᠨ ᠦᠨᠳᠦᠰᠦᠨ ᠱᠠᠳᠣᠨ ᠤ ᠦᠵᠡᠭᠴᠢᠳ ᠤᠨ ᠬᠠᠷᠠᠭᠠᠨ᠎ᠠ ᠣᠯᠠᠮ ᠲᠣᠲᠦ ᠱᠣᠭᠤᠵᠠᠢ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号