ᠡᠵᠡᠨ᠎ᠡ ᠬᠤᠰᠢᠭᠤ ᠨᠠᠮ ᠤᠨ ᠪᠠᠶᠢᠭᠤᠯᠣᠯᠲᠡ ᠪᠠᠷ ︽ᠬᠥᠬᠦᠷᠭᠡ︾ ᠪᠣᠯᠭᠠᠨ ᠵᠢᠭᠤᠯᠴᠢᠯᠠᠯ ᠤᠨ ᠣᠶᠢᠯᠠᠰ ᠢᠶᠠᠷ ︽ᠵᠠᠭᠤᠴᠢᠯᠠᠭᠤᠯᠵᠣ︾ ᠬᠦᠳᠡᠭᠡ ᠲᠣᠰᠬᠤᠨ ᠢ ᠬᠦᠭᠵᠢᠭᠦᠯᠦᠨ ᠮᠠᠨᠳᠣᠭᠤᠯᠬᠤ ᠪᠠ ᠤᠨᠤᠪᠴᠢᠳᠠᠢ ᠪᠠᠷ ᠶᠡᠳᠠᠭᠤ ᠶᠢ ᠲᠡᠳᠭᠦᠬᠦ ᠶᠢ ᠬᠦᠴᠦᠲᠠᠢ ᠠᠬᠢᠭᠤᠯᠵᠣ ᠪᠠᠶᠢᠨ᠎ᠠ
ᠨᠡᠶᠢᠲᠡᠯᠡᠭᠰᠡᠨ ᠴᠠᠭ᠄
2018-06-29
        ᠣᠷᠴᠢᠮ ᠤᠨ ᠵᠢᠯ ᠤᠳ ᠲᠤ᠂ ᠡᠵᠡᠨ᠎ᠡ ᠬᠤᠰᠢᠭᠤ ︽ᠦᠨᠳᠦᠰᠦᠨ ᠱᠠᠳᠣᠨ ᠤ ᠨᠠᠮ ᠤᠨ ᠵᠣᠬᠢᠶᠡᠨ ᠪᠠᠶᠢᠭᠤᠯᠣᠯᠲᠡ ᠪᠠᠷ ᠴᠢᠨᠡᠭᠡᠯᠢᠭᠵᠢᠯ ᠢ ᠳᠠᠶᠢᠴᠢᠯᠠᠨ ᠵᠢᠯᠣᠭᠤᠳᠴᠣ ᠳᠠᠭᠠᠭᠤᠯᠬᠤ︾᠎ ᠪᠠᠷ ᠠᠴᠢᠶᠠᠯᠠᠪᠣᠷᠢ ᠪᠣᠯᠭᠠᠨ ︽ᠨᠠᠮ ᠤᠨ ᠪᠠᠶᠢᠭᠤᠯᠣᠯᠲᠡ + ᠵᠢᠭᠤᠯᠴᠢᠯᠠᠯ︾᠎ ᠤᠨ ᠵᠬᠠᠪᠣᠷ ᠢᠶᠠᠷ᠂ ᠭᠠᠴᠠᠭ᠎ᠠ ᠲᠣᠰᠬᠤᠨ ᠤ ᠵᠢᠭᠤᠯᠴᠢᠯᠠᠯ ᠤᠨ ᠣᠶᠢᠯᠠᠰ ᠢ ᠶᠡᠭᠡᠪᠡᠷ ᠬᠦᠭᠵᠢᠭᠦᠯᠦᠨ᠂ ᠬᠦᠳᠡᠭᠡ ᠲᠣᠰᠬᠤᠨ ᠢ ᠬᠦᠭᠵᠢᠭᠦᠯᠦᠨ ᠮᠠᠨᠳᠤᠭᠤᠯᠬᠤ ᠪᠠ ᠤᠨᠤᠪᠴᠢᠳᠠᠢ ᠪᠠᠷ ᠶᠡᠳᠡᠭᠤ ᠶᠢ ᠲᠡᠳᠬᠦᠬᠦ ᠶᠢ ᠬᠦᠴᠦᠲᠠᠢ ᠠᠬᠢᠭᠤᠯᠵᠣ ᠪᠠᠶᠢᠨ᠎ᠠ᠃         ᠣᠶᠢᠷ᠎ᠠ ᠶᠢᠨ ᠵᠢᠯ ᠳᠤ᠂ ᠲᠣᠰ ᠬᠤᠰᠢᠭᠤ ᠣᠳᠣᠷᠢᠳᠬᠤ ᠺᠠᠳ᠋ᠷ ᠴᠡᠭ ᠬᠠᠷᠢᠭᠤᠴᠠᠵᠣ᠂ ᠠᠵᠤ ᠠᠬᠤᠶᠢᠯᠠᠯ ᠠᠵᠢᠯ ᠣᠶᠢᠯᠠᠰ ᠤᠨ ᠨᠢᠭᠡᠴᠨ ᠬᠠᠪᠰᠣᠷᠤᠯᠴᠠᠬᠤ᠂ ᠰᠣᠮᠣ ᠪᠠᠯᠭᠠᠰᠣᠨ ᠤ ᠺᠠᠳ᠋ᠷ ᠬᠤᠯᠪᠣᠭᠠᠯᠠᠵᠣ᠂ ᠭᠠᠴᠠᠭ᠎ᠠ ᠲᠣᠰᠬᠤᠨ ᠤ ᠬᠤᠶᠠᠷ ᠵᠦᠪᠯᠨᠯ ᠢ ᠬᠠᠪᠰᠣᠷᠬᠤ ᠪᠠ ᠴᠡᠷᠢᠭ ᠠᠷᠠᠳ ᠠᠭᠤᠰᠣᠯᠴᠠᠨ ᠬᠠᠷᠢᠯᠴᠠᠨ ᠬᠠᠪᠰᠣᠷᠤᠯᠴᠠᠬᠤ ᠵᠡᠷᠭᠡ ᠬᠠᠪᠰᠣᠷᠣᠯᠴᠠᠭᠠᠨ ᠤ ᠲᠣᠠᠨᠲᠠᠯᠴᠠᠭ᠎ᠠ ᠪᠠᠷ ᠳᠠᠮᠵᠢᠨ᠂ ᠪᠦᠬᠦ ᠨᠠᠶᠢᠬᠡᠮ ᠤᠨ ᠬᠦᠴᠦ ᠶᠢ ᠨᠢᠭᠡᠳᠬᠡᠨ ᠳᠠᠶᠢᠴᠢᠯᠠᠵᠣ ᠂ ᠬᠠᠮᠲᠦ ᠶᠢᠨ ᠠᠵᠣ ᠠᠬᠤᠢ ᠶᠢ ᠪᠤᠶᠢᠵᠢᠭᠤᠯᠵᠣ ᠪᠣᠵᠠᠭᠠᠶᠢᠷᠠᠭᠤᠯᠬᠤ ᠠᠵᠢᠯᠯᠠᠭ᠎ᠠ ᠶᠢ ᠢᠳᠡᠪᠬᠢᠲᠠᠢ ᠶᠠᠪᠤᠠᠨᠳᠠᠭᠤᠯᠵᠣ᠂ ︽ᠨᠠᠮ ᠤᠨ ᠡᠭᠦᠷ + ᠰᠠᠭᠤᠷᠢᠨ ᠭᠠᠵᠠᠷ︾᠂ ︽ᠭᠠᠴᠠᠭ᠎ᠠ + ᠬᠤᠷᠰᠢᠶ᠎ᠡ︾᠂ ︽ᠠᠮᠢ ᠠᠬᠤᠢ + ᠵᠢᠭᠤᠯᠴᠢᠯᠠᠯ︾᠂ ︽ᠭᠠᠴᠠᠭ᠎ᠠ + ᠬᠤᠷᠰᠢᠶ᠎ᠡ + ᠠᠵᠣ ᠠᠬᠤᠶᠢᠯᠠᠯ + ᠮᠠᠯᠴᠢᠨ ᠲᠠᠷᠢᠶᠠᠴᠢᠨ︾ ᠭᠡᠬᠦ ᠵᠡᠷᠭᠡ ᠬᠦᠭᠵᠢᠯᠲᠡ ᠶᠢᠨ ᠵᠬᠠᠪᠣᠷ ᠢ ᠵᠣᠷᠢᠠᠨᠲᠠᠢ ᠰᠦᠪᠡᠭᠴᠢᠯᠡᠵᠣ᠂ ᠣᠨᠴᠠᠯᠢᠠᠨᠲᠦ ᠳᠠᠷᠢᠵᠦ ᠳᠡᠵᠢᠬᠡᠬᠦ ᠦᠢᠯᠡᠰ ᠪᠠ ᠵᠢᠭᠤᠯᠴᠢᠯᠠᠯ ᠵᠡᠷᠭᠡ ᠣᠯᠠᠨ ᠡᠰᠢᠵᠢᠭᠰᠡᠨ ᠠᠵᠣ ᠣᠶᠢᠯᠠᠰ ᠤᠨ ᠣᠷᠣᠯᠭ᠎ᠠ ᠨᠡᠮᠡᠭᠳᠡᠭᠦᠯᠬᠦ ᠵᠠᠮ ᠮᠦᠷ ᠢ ᠨᠡᠭᠡᠭᠡᠨ᠂ ᠭᠠᠴᠠᠭᠠᠨ ᠤ ᠬᠠᠮᠲᠦ ᠶᠢᠨ ᠠᠵᠣ ᠠᠬᠤᠢ ᠶᠢᠨ ᠬᠦᠭᠵᠢᠯᠲᠡ ᠶᠢ ᠦᠨᠡᠨᠬᠦ ᠬᠦᠴᠦᠲᠠᠢ ᠲᠦᠯᠭᠢᠨ ᠠᠬᠢᠭᠤᠯᠣᠭᠰᠠᠭᠠᠷ ᠢᠷᠠᠵᠠᠢ᠂ ᠢᠡᠭᠬᠢᠭᠰᠡᠨ ᠢᠶᠠᠷ ᠡᠳᠣᠭᠡ ᠪᠦᠬᠦ ᠬᠤᠰᠢᠭᠤᠨ ᠤ 19 ᠭᠠᠴᠠᠭᠠᠨ ᠲᠣᠲᠣᠷᠠᠬᠢ 10 ᠭᠠᠴᠠᠭ᠎ᠠ ᠨᠢ ᠬᠦᠳᠡᠭᠡ ᠲᠣᠰᠬᠤᠨ ᠤ ᠵᠢᠭᠤᠯᠴᠢᠯᠠᠯ ᠤᠨ ᠣᠶᠢᠯᠠᠰ ᠡᠷᠬᠢᠯᠡᠬᠦ ᠪᠣᠯᠵᠣ᠂ ᠨᠢᠭᠡᠨᠲᠡ 1218 ᠡᠷᠦᠬᠡ ᠶᠢᠨ 2601 ᠮᠠᠯᠴᠢᠨ ᠲᠠᠷᠢᠶᠠᠴᠢᠨ ᠢ ᠳᠠᠶᠢᠴᠢᠯᠠᠨ ᠳᠠᠭᠠᠭᠤᠯᠵᠦ᠂ ᠵᠢᠭᠤᠯᠴᠢᠯᠠᠯ ᠤᠨ ᠡᠵᠡᠩᠨᠡᠯᠲᠡ ᠳᠤ ᠰᠢᠭᠤᠳ ᠣᠷᠣᠯᠴᠠᠭᠤᠯᠵᠣ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠯ ᠤᠨ ᠬᠠᠷᠭᠤᠢ ᠪᠠᠷ ᠵᠠᠮᠨᠠᠭᠤᠯᠬᠤ ᠪᠣᠯᠵᠡᠢ᠃        ᠡᠭᠦᠨ ᠤ ᠳᠠᠭᠠᠦ ᠲᠣᠰ ᠬᠤᠰᠢᠭᠤ ᠪᠠᠰᠨ ︽ᠨᠠᠮ ᠤᠨ ᠵᠤᠬᠢᠶᠠᠨ ᠪᠠᠶᠢᠭᠤᠯᠣᠯᠲᠡ + ᠬᠤᠷᠰᠢᠶ᠎ᠡ + ᠨᠠᠮ ᠤᠨ ᠬᠡᠰᠢᠬᠦᠨ︾᠂ ︽ᠨᠠᠮ ᠤᠨ ᠵᠣᠬᠢᠶᠡᠨ ᠪᠠᠶᠢᠭᠤᠯᠣᠯᠲᠡ + ᠡᠯᠧᠺᠳ᠋ᠷᠤᠨ ᠬᠤᠳᠠᠯᠳᠤᠭ᠎ᠠ + ᠶᠡᠳᠡᠭᠤ ᠬᠦᠴᠢᠷᠲᠠᠯᠲᠠᠢ ᠡᠷᠦᠬᠡ︾ ᠵᠡᠷᠭᠡ ᠵᠬᠠᠪᠣᠷ ᠢ ᠭᠡᠷᠩᠵᠢᠭᠦᠯᠵᠦ᠂ ᠲᠣᠦᠷᠠᠢ ᠶᠢᠨ ᠣᠢ ᠶᠢᠨ ᠠᠮᠢ ᠠᠬᠤᠢ ᠶᠢᠨ ᠵᠢᠭᠤᠯᠴᠢᠯᠠᠯ ᠤᠨ ᠡᠬᠢ ᠪᠠᠶᠠᠯᠢᠭ ᠲᠠᠭᠠᠨ ᠲᠦᠰᠢᠭᠯᠡᠨ᠂ ᠵᠢᠭᠤᠯᠴᠢᠯᠠᠯ ᠤᠨ ᠲᠣᠰᠬᠠᠢ ᠬᠤᠷᠰᠢᠶ᠎ᠠ ᠡᠭᠦᠳᠦᠨ ᠪᠠᠶᠢᠭᠤᠯᠬᠤ᠂ ᠮᠠᠯᠴᠢᠨ ᠲᠠᠷᠢᠶᠠᠴᠢᠨ ᠠᠶᠢᠯ ᠤᠨ ᠪᠠᠶᠠᠰᠣᠯᠲᠦ ᠵᠢᠭᠤᠯᠴᠢᠯᠠᠯ᠂ ᠲᠣᠦᠷᠠᠶᠢᠲᠦ ᠠᠶᠢᠯ ᠤᠨ ᠭᠡᠷ ᠪᠦᠯᠢ ᠶᠢᠨ ᠪᠠᠭᠤᠳᠠᠯ᠂ ᠨᠡᠬᠦᠳᠡᠯ ᠰᠣᠶᠣᠯ ᠤᠨ ᠮᠦᠽᠸᠢ ᠡᠷᠬᠢᠯᠡᠬᠦ ᠪᠠᠷ ᠳᠠᠮᠵᠢᠨ᠂ ᠮᠠᠯᠴᠢᠨ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠵᠦ ᠴᠢᠨᠡᠭᠡᠯᠢᠭᠵᠢᠬᠦ ᠳᠤ ᠲᠠᠰᠣᠷᠠᠯᠲᠡ ᠦᠭᠡᠢ ᠬᠦᠴᠦ ᠨᠡᠮᠡᠷᠢᠯᠡᠵᠦ ᠢᠷᠡᠭᠰᠡᠨ ᠠᠴᠠ ᠡᠳᠣᠭᠡ ᠪᠦᠬᠦ ᠬᠤᠰᠢᠭᠤᠨ ᠤ ᠡᠵᠡᠩᠨᠡᠯᠲᠡ ᠶᠢᠨ ᠦᠷ᠎ᠡ ᠠᠰᠢᠭ ᠢᠶᠠᠷ ᠰᠠᠶᠢᠨ᠂ ᠳᠠᠭᠠᠭᠤᠯᠬᠤ ᠴᠢᠳᠠᠪᠣᠷᠢ ᠪᠠᠷ ᠴᠢᠩᠭ᠎ᠠ ᠵᠢᠭᠤᠯᠴᠢᠯᠠᠯ ᠤᠨ ᠲᠣᠰᠬᠠᠢ ᠬᠤᠷᠰᠢᠶ᠎ᠡ 7 ᠪᠣᠯᠵᠣ᠂ ᠡᠭᠦᠨ ᠳᠤ ᠨᠠᠮ ᠤᠨ ᠬᠡᠰᠢᠭᠦᠨ ᠤ ᠡᠭᠦᠳᠦᠨ ᠪᠠᠶᠢᠭᠤᠯᠣᠠᠨᠰᠠᠨ ᠪᠣᠶᠣ ᠳᠠᠭᠠᠭᠤᠯᠣᠨ ᠪᠠᠶᠢᠭᠤᠯᠣᠠᠨᠰᠠᠨ ᠲᠣᠰᠬᠠᠢ ᠬᠤᠷᠰᠢᠶ᠎ᠡ 4 ᠪᠠᠶᠢᠨ᠎ᠠ᠂ ᠮᠠᠯᠴᠢᠨ ᠲᠠᠷᠢᠶᠠᠴᠢᠨ ᠠᠶᠢᠯ ᠤᠨ ᠵᠢᠭᠤᠯᠴᠢᠯᠠᠯ ᠤᠨ ᠡᠵᠡᠩᠨᠡᠯᠲᠡ ᠶᠢᠨ ᠴᠡᠭ 59 ᠪᠠᠶᠢᠵᠣ᠂ ᠡᠭᠦᠨ ᠳᠤ ᠣᠳᠣᠨ ᠳᠡᠰ ᠤᠨ ᠭᠠᠴᠠᠭ᠎ᠠ ᠲᠣᠰᠭᠤᠨ ᠤ ᠵᠢᠭᠤᠯᠴᠢᠯᠠᠯ ᠤᠨ ᠬᠦᠯᠢᠶᠡᠨ ᠵᠣᠴᠢᠯᠠᠬᠤ ᠡᠷᠦᠬᠡ 16 ᠪᠣᠢ᠃ ᠲᠣᠦᠷᠠᠶᠢᠲᠦ ᠠᠶᠢᠯ ᠤᠨ ᠬᠡᠷ ᠪᠦᠯᠢ ᠶᠢᠨ ᠪᠠᠭᠤᠳᠠᠯ 420 ᠪᠣᠯᠵᠣ᠂ ᠵᠢᠭᠤᠯᠴᠢᠯᠠᠯ ᠤᠨ ᠠᠵᠣ ᠣᠶᠢᠯᠠᠰ ᠭᠢᠵᠣ ᠪᠠᠶᠢᠬᠤ ᠳᠡᠩᠰᠡᠯᠡᠵᠣ ᠺᠠᠷᠳ᠋ᠯᠬᠠᠰᠠᠨ ᠶᠡᠳᠡᠭᠤ ᠬᠦᠴᠢᠷᠲᠠᠯᠲᠠᠢ ᠡᠷᠦᠬᠡ ᠶᠢᠨ 146 ᠬᠦᠮᠦᠨ ᠪᠠᠶᠢᠵᠣ᠂ ᠡᠷᠦᠭᠡ ᠪᠦᠷᠢ ᠵᠢᠯ ᠳᠤ ᠲᠣᠮᠳᠠᠴᠢ ᠪᠠᠷ 13637 ᠲᠦᠭᠦᠷᠢᠭ ᠣᠯᠵᠣ᠂ ᠬᠦᠮᠦᠨ ᠪᠦᠷᠢ ᠵᠢᠯ ᠳᠤ ᠲᠣᠮᠳᠠᠴᠢ ᠪᠠᠷ 5885 ᠲᠦᠭᠦᠷᠢᠭ ᠤᠨ ᠣᠷᠣᠯᠭ᠎ᠠ ᠨᠡᠮᠡᠭᠳᠡᠬᠦ ᠪᠣᠯᠵᠡᠢ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号