ᠡᠨᠡ ᠵᠢᠯ᠂ ᠴᠡᠭᠡ ᠪᠤᠭᠤᠮᠲᠠ ᠲᠤᠬᠠᠢ ᠶᠢᠨ ᠭᠠᠵᠠᠷ ᠤᠷᠤᠨ ᠤ ᠪᠤᠳᠠᠲᠦ ᠪᠠᠶᠢᠳᠠᠯ ᠢᠶᠠᠨ ᠦᠨᠳᠦᠰᠦᠯᠠᠨ᠂ | ᠤᠷᠤᠨ ᠨᠤᠲᠤᠭ ᠤᠨ ᠤᠨᠴᠠᠯᠢᠭᠲᠤ ᠠᠵᠤ ᠠᠬᠤᠢ ᠶᠢᠨ ᠬᠦᠭᠵᠢᠯᠲᠠ ᠳᠤ ᠢᠳᠡᠪᠬᠢᠲᠠᠢ ᠰᠢᠨ᠎ᠡ ᠬᠤᠪᠢ ᠨᠡᠮᠡᠷᠢ | ᠦᠵᠡᠭᠦᠯᠬᠦ ᠶᠢᠨ ᠲᠤᠰᠠᠳᠠ᠂ 4A ᠲᠡᠰ ᠤᠨ ᠦᠵᠡᠮᠵᠢ ᠶᠢᠨ ᠤᠷᠤᠨ ᠢ ᠴᠤᠭᠴᠠᠯᠠᠨ ᠪᠠᠶᠢᠭᠤᠯᠬᠤ ᠬᠦᠴᠦᠯᠡᠴᠡ ᠪᠠᠨ | ᠪᠦᠬᠦ ᠲᠠᠯ᠎ᠠ ᠪᠠᠷ ᠨᠡᠮᠡᠭᠳᠡᠬᠦᠯᠦᠭᠰᠡᠨ ᠪᠠᠶᠢᠨ᠎ᠠ᠃ ᠡᠨᠡ ᠵᠢᠯ ᠲᠤᠰ ᠪᠤᠭᠤᠮᠲᠠ ᠵᠤᠴᠢᠳ ᠤᠨ ᠪᠠᠭᠤᠳᠠᠯ᠂ ᠬᠤᠭᠤᠯᠠᠨ | ᠲᠢᠩᠬᠢᠮ ᠤᠨ ᠵᠡᠷᠬᠡ ᠲᠡᠰ᠂ ᠬᠦᠯᠢᠶᠡᠨ ᠵᠤᠴᠢᠯᠠᠬᠤ ᠬᠢᠷᠢ ᠲᠦᠪᠰᠢᠨ ᠢ ᠨᠡᠶᠢᠳᠡᠮ ᠳᠡᠭᠡᠭᠰᠢᠯᠡᠭᠦᠯᠵᠤ᠂ | ᠵᠤᠭᠠᠴᠠᠭᠰᠠᠳ ᠲᠤ ᠪᠤᠭᠤᠮᠲᠠ ᠶᠢ ᠪᠡᠶᠡᠳᠡᠨ ᠤᠶᠢᠯᠠᠭᠠᠬᠤ ᠳᠤ ᠰᠢᠯᠢᠳᠡᠭ ᠤᠷᠴᠢᠨ ᠲᠤᠭᠤᠷᠢᠨ ᠢ ᠬᠠᠩᠭᠠᠬᠤ᠂ | ᠲᠤᠮᠳᠠᠲᠦ ᠮᠤᠩᠭᠤᠯ ᠬᠤᠶᠡᠷ ᠤᠯᠤᠰ ᠤᠨ ᠤᠯᠠᠨ ᠲᠦᠮᠡᠨ ᠤ ᠠᠷᠠᠯᠵᠢᠶ᠎ᠠ ᠬᠤᠳᠠᠯᠳᠤᠭᠠᠨ ᠤ ᠵᠠᠬ᠎ᠠ ᠳᠡᠯᠭᠡᠭᠦᠷ ᠤᠨ | ᠪᠠᠶᠢᠭᠤᠯᠤᠯᠲᠠ ᠶᠢ ᠪᠦᠷᠢᠨᠰᠢᠭᠦᠯᠦᠨ ᠲᠡᠭᠦᠯᠳᠡᠷᠵᠢᠭᠦᠯᠬᠦ᠂ ᠵᠤᠭᠠᠴᠠᠭᠰᠠᠳ ᠢ ᠬᠦᠯᠢᠶᠡᠨ ᠵᠤᠴᠢᠯᠠᠬᠤ ᠲᠦᠪ ᠪᠠᠶᠢᠭᠤᠯᠬᠤ | ᠪᠠ ᠬᠤᠳᠠᠯᠳᠤᠭᠠᠨ ᠤ ᠵᠡᠭᠡᠯᠢ ᠶᠢᠨ ᠫᠠᠶᠢᠰᠠ ᠢᠯᠡᠷᠬᠡᠶᠢᠯᠡᠯ᠂ ᠵᠠᠩᠭᠢᠯᠠᠭ᠎ᠠ ᠶᠢᠨ ᠴᠡᠭ ᠲᠠᠬᠢ ᠱᠤᠭᠤᠮᠠᠯ᠂ ᠲᠡᠷᠭᠡᠨ | ᠵᠤᠭᠰᠤᠭᠠᠯ᠂ ᠨᠡᠶᠢᠲᠡ ᠶᠢᠨ ᠵᠤᠷᠯᠤᠩ ᠵᠡᠷᠭᠡ ᠵᠢᠭᠤᠯᠴᠢᠯᠠᠯ ᠤᠨ ᠰᠠᠭᠤᠷᠢ ᠲᠦᠬᠦᠭᠡᠷᠦᠮᠵᠢ ᠪᠠᠨ ᠪᠦᠬᠦ ᠲᠠᠯ᠎ᠠ ᠪᠠᠷ | ᠵᠠᠰᠠᠵᠤ ᠰᠢᠨᠡᠳᠬᠡᠬᠦ ᠵᠢᠴᠢ ᠡᠯ᠎ᠠ ᠵᠢᠭᠤᠯᠴᠢᠯᠠᠯ ᠤᠨ ᠬᠤᠷᠢᠶ᠎ᠠ ᠶᠢ ᠲᠠᠲᠠᠨ ᠤᠷᠤᠭᠤᠯᠵᠤ ᠴᠡᠭᠡ ᠪᠤᠭᠤᠮᠲᠠ ᠳᠤ | ᠬᠤᠪᠢᠶᠠᠷᠢ ᠬᠤᠷᠢᠶ᠎ᠠ ᠭᠠᠷᠭᠠᠬᠤ᠂ ᠬᠢᠯᠢ ᠠᠯᠤᠰᠯᠠᠭᠰᠠᠨ ᠵᠢᠭᠤᠯᠴᠢᠯᠠᠯ ᠤᠨ ᠱᠤᠭᠤᠮ ᠨᠡᠭᠡᠭᠡᠬᠦ ᠵᠡᠷᠭᠡ ᠰᠢᠷᠢᠰ ᠠᠵᠢᠯ ᠢ | ᠭᠠᠷᠳᠠᠨ ᠭᠦᠢᠴᠡᠳᠬᠡᠬᠦ ᠪᠠᠷ ᠲᠦᠰᠦᠪᠯᠡᠵᠦ ᠪᠤᠢ᠃ ᠡᠭᠦᠨ ᠤ ᠬᠠᠮᠲᠦ᠂ ᠲᠤᠰ ᠪᠤᠭᠤᠮᠲᠠ ᠪᠠᠰᠠ ᠡᠬᠢ ᠪᠠᠶᠠᠯᠢᠭ ᠢᠶᠠᠨ | ᠬᠦᠢᠴᠡᠳ ᠠᠰᠢᠭᠯᠠᠨ᠂ ᠳᠤᠮᠳᠠᠳᠤ ᠮᠤᠩᠭᠤᠯ ᠤᠨ ᠰᠤᠶᠤᠯ ᠲᠠᠮᠢᠷ ᠤᠨ ᠰᠤᠯᠢᠯᠴᠠᠭᠠᠨ ᠤ ᠠᠵᠢᠯᠯᠠᠭ᠎ᠠ ᠪᠠ | ᠵᠢᠭᠤᠯᠴᠢᠯᠠᠯ ᠤᠨ ᠳᠤᠷᠠᠰᠬᠠᠯ ᠤᠨ ᠪᠤᠳᠠᠰ ᠰᠤᠳᠤᠯᠦᠨ ᠦᠢᠯᠡᠳᠬᠦ ᠵᠡᠷᠭᠡ ᠠᠵᠢᠯᠯᠠᠭ᠎ᠠ ᠶᠢ ᠵᠤᠬᠢᠶᠠᠨ ᠪᠠᠶᠢᠭᠤᠯᠵᠤ᠂ | ᠲᠤᠬᠠᠢ ᠶᠢᠨ ᠭᠠᠵᠠᠷ ᠤᠷᠤᠨ ᠤ ᠵᠢᠭᠤᠯᠴᠢᠯᠠᠯ ᠤᠨ ᠠᠭᠤᠯᠭ᠎ᠠ ᠶᠢ ᠪᠠᠶᠡᠯᠢᠠᠠᠵᠢᠭᠤᠯᠵᠤ᠂ ᠬᠦᠭᠵᠢᠯᠲᠠ ᠶᠢᠨ ᠶᠠᠰᠤ | ᠴᠢᠨᠠᠷ ᠢ ᠳᠡᠭᠡᠭᠰᠢᠯᠡᠭᠦᠯᠦᠨ᠂ ᠪᠤᠭᠤᠮᠲᠠ ᠪᠠᠨ 4A ᠳᠡᠰ ᠤᠨ ᠦᠵᠡᠮᠵᠢ ᠶᠢᠨ ᠤᠷᠤᠨ ᠢᠶᠠᠷ ᠴᠤᠭᠴᠠᠯᠠᠨ ᠪᠠᠶᠢᠭᠤᠯᠬᠤ | ᠠᠵᠢᠯ ᠤᠨ ᠤᠷᠤᠭᠰᠢᠲᠠᠢ ᠶᠠᠪᠤᠭᠳᠠᠬᠤ ᠳᠤ ᠢᠳᠡᠪᠬᠢ ᠦᠢᠯᠡᠳᠦᠯ ᠦᠵᠡᠭᠦᠯᠵᠤ ᠪᠤᠢ᠃ |