| | ᠡᠷᠳᠠᠨᠢᠳᠠᠯᠠᠢ ᠮᠠᠯᠴᠢᠤᠨ ᠲᠠᠢ ᠬᠠᠮᠳᠤ᠃ | | | ︽ᠡᠷᠳᠡᠨᠢᠳᠠᠯᠠᠢ ᠱᠦᠵᠢ ᠪᠤᠯ ᠠᠵᠢᠯ ᠠᠯᠪᠠ ᠳᠠᠭᠠᠨ ᠰᠢᠷᠭᠠᠭᠤ ᠴᠢᠷᠮᠠᠶᠢᠯᠭ᠎ᠠ ᠲᠠᠢ᠂ ᠠᠷᠠᠳ | ᠲᠦᠮᠡᠨ ᠳᠡᠭᠡᠨ ᠦᠨᠡᠨᠴᠢ ᠰᠢᠳᠤᠷᠭᠤ ᠵᠢᠳᠭᠦᠳᠡᠭ ᠰᠢᠯᠢᠳᠡᠭ ᠨᠠᠮ ᠤᠨ ᠭᠡᠰᠢᠭᠦᠨ᠂ ᠲᠡᠭᠦᠨ ᠤ ᠲᠡᠮᠵᠢᠯᠭᠡ ᠪᠠᠷ ᠪᠢ | ᠮᠠᠯᠴᠢᠨ ᠠᠶᠢᠯ ᠤᠨ ᠵᠢᠭᠤᠯᠴᠢᠯᠠᠯ ᠡᠷᠬᠢᠯᠡᠭᠡᠳ ᠤᠷᠤᠯᠭ᠎ᠠ ᠲᠡᠭᠡᠭᠰᠢᠯᠡᠵᠦ ᠠᠮᠢᠳᠤᠷᠠᠯ ᠴᠢᠨᠡᠭᠡᠯᠢᠭᠵᠢᠭᠰᠡᠨ᠂ ᠵᠢᠯ | ᠪᠤᠯᠭᠠᠨ ᠤ ᠲᠤᠤᠷᠠᠢ ᠶᠢᠨ ᠨᠠᠶᠢᠷ ᠢᠶᠠᠷ ᠮᠠᠨᠠᠶᠢᠬᠢᠨ ᠤ ᠮᠠᠯᠴᠢᠨ ᠠᠶᠢᠯ ᠤᠨ ᠵᠢᠭᠤᠯᠴᠢᠯᠠᠯ ᠤᠨ ᠤᠷᠤᠯᠭ᠎ᠠ ᠠᠷᠪᠠᠭᠠᠳ | ᠲᠦᠮᠡᠨ ᠲᠦᠭᠦᠷᠢᠭ ᠲᠤ ᠬᠦᠷᠳᠡᠭ᠃ ᠡᠷᠳᠡᠨᠢᠳᠠᠯᠠᠢ ᠭᠤᠸᠠᠢ ᠭᠠᠴᠠᠭᠠᠨ ᠤ ᠠᠵᠤ ᠠᠬᠤᠢ ᠪᠠᠨ ᠬᠦᠭᠵᠢᠭᠦᠯᠵᠦ᠂ | ᠮᠠᠯᠴᠢᠨ ᠲᠦᠮᠡᠨ ᠢᠶᠠᠨ ᠶᠠᠳᠠᠭᠤ ᠠᠴᠠ ᠠᠩᠬᠢᠵᠢᠷᠠᠭᠤᠯᠵᠤ ᠪᠠᠶᠠᠵᠢᠨ ᠴᠢᠨᠡᠭᠡᠯᠢᠭᠵᠢᠭᠦᠯᠬᠦ ᠳᠤ ᠦᠨᠠᠭᠡᠷ ᠡᠷᠳᠡᠮ | ᠴᠢᠳᠠᠪᠤᠷᠢ᠂ ᠠᠷᠭ᠎ᠠ ᠤᠬᠠᠭᠠᠨ ᠢᠶᠠᠨ ᠰᠢᠪᠬᠠᠵᠤ ᠪᠠᠶᠢᠨ᠎ᠠ︾ ᠭᠡᠵᠦ ᠡᠵᠡᠨ᠎ᠡ ᠬᠤᠰᠢᠭᠤᠨ ᠤ ᠲᠠᠯᠠᠶᠢᠬᠦ᠋ᠪ | ᠪᠠᠯᠭᠠᠰᠤᠨ ᠤ ᠤᠯᠠᠭᠠᠨᠭᠡᠷᠡᠯ ᠭᠠᠴᠠᠭᠠᠨ ᠤ ᠮᠠᠯᠴᠢᠨ ᠨᠠᠴᠤᠭ ᠶᠠᠷᠢᠨ᠎ᠠ᠃ | 2014 ᠤᠨ ᠳᠤ ᠨᠠᠴᠤᠭ ᠤᠨ ᠠᠮᠢᠳᠤᠷᠠᠯ ᠶᠠᠳᠠᠭᠤ ᠬᠦᠴᠢᠷᠳᠡᠯᠳᠡᠢ ᠠᠴᠠ ᠪᠤᠯᠵᠤ᠂ ᠭᠠᠴᠠᠭᠠᠨ ᠤ | ᠬᠤᠶᠠᠷ ᠵᠦᠪᠯᠡᠯ ᠠᠴᠠ ᠲᠡᠳᠡᠨᠡᠶᠢᠬᠢᠨ ᠢ ᠡᠵᠡᠨ᠎ᠡ ᠬᠤᠰᠢᠭᠤᠨ ᠤ ᠠᠮᠢᠳᠤᠷᠠᠯ ᠬᠦᠴᠢᠷᠳᠡᠯᠳᠡᠢ ᠡᠷᠦᠬᠡ ᠶᠢᠨ ᠲᠠᠩᠰᠠ ᠳᠤ | ᠤᠷᠤᠭᠤᠯᠵᠡᠢ᠃ ᠨᠠᠴᠤᠭ ᠤᠨ ᠦᠢᠯᠡᠳᠪᠦᠷᠢᠯᠡᠯ ᠠᠮᠢᠳᠤᠷᠠᠯ ᠢ ᠶᠠᠭᠠᠬᠢᠵᠤ ᠦᠭᠡᠷᠡᠴᠢᠯᠡᠨ ᠬᠤᠪᠢᠷᠠᠭᠤᠯᠵᠤ᠂ | ᠶᠠᠳᠠᠭᠤ ᠠᠴᠠ ᠠᠩᠭᠢᠵᠢᠷᠠᠭᠤᠯᠬᠤ ᠨᠢ ᠭᠠᠴᠠᠭᠠᠨ ᠤ ᠤᠳᠤᠷᠢᠳᠤᠯᠭ᠎ᠠ ᠨᠠᠷ ᠤᠨ ᠭᠤᠤᠯ ᠡᠭᠦᠷᠭᠡ ᠪᠤᠯᠵᠡᠢ᠃ ᠡᠶᠢᠨᠬᠦ | ᠲᠠᠯᠠᠶᠢᠬᠦ᠋ᠪ ᠪᠠᠯᠭᠠᠰᠤᠨ ᠤ ᠨᠠᠮ ᠤᠨ ᠬᠤᠷᠢᠶ᠎ᠠ᠂ ᠵᠠᠰᠠᠬ ᠤᠨ ᠤᠷᠳᠤᠨ᠂ ᠤᠯᠠᠭᠠᠨᠭᠡᠷᠡᠯ ᠭᠠᠴᠠᠭᠠᠨ ᠤ ᠨᠠᠮ ᠤᠨ | ᠡᠭᠦᠷ ᠤᠨ ᠬᠢᠨ ᠨᠠᠴᠤᠭ ᠤᠨ ᠭᠡᠷ ᠰᠠᠭᠤᠷᠢᠰᠢᠯ ᠨᠢ ᠲᠤᠤᠷᠠᠢ ᠶᠢᠨ ᠤᠢ ᠶᠢᠨ ᠵᠠᠮ ᠲᠠᠭᠠᠤ ᠪᠠᠶᠢᠬᠤ ᠲᠠᠪᠠᠭᠤᠯᠢᠬ | ᠨᠦᠭᠦᠴᠡᠯ ᠳᠤ ᠲᠤᠬᠢᠷᠠᠭᠤᠯᠤᠨ ᠵᠢᠭᠤᠯᠴᠢᠯᠠᠯ ᠤᠨ ᠦᠢᠯᠡᠰ ᠡᠷᠬᠢᠯᠡᠬᠦ ᠨᠢ ᠬᠠᠮᠤᠬ ᠤᠨ ᠵᠦᠪ ᠤᠨᠤᠪᠴᠢᠳᠠᠢ ᠠᠷᠭ᠎ᠠ | ᠪᠠᠶᠢᠬᠤ ᠶᠢ ᠦᠢᠯᠠᠭᠠᠵᠤ ᠮᠡᠳᠡᠭᠡᠳ ᠲᠤᠤᠷᠠᠢ ᠶᠢᠨ ᠤᠢ ᠶᠢᠨ ᠵᠢᠭᠤᠯᠴᠢᠯᠠᠯ ᠤᠨ ᠺᠤᠮᠫᠠᠨᠢ ᠲᠠᠢ ᠬᠠᠷᠢᠴᠠᠵᠤ᠂ 20 | ᠲᠦᠮᠡᠨ ᠲᠦᠭᠦᠷᠢᠭ ᠤᠨ ᠪᠡᠯᠡ ᠮᠦᠩᠭᠦ ᠤᠷᠤᠭᠤᠯᠤᠨ ᠨᠠᠴᠤᠭ ᠤᠨ ᠬᠢᠨ ᠳᠤ 13 ᠮᠤᠩᠭᠤᠯ ᠭᠡᠷ ᠪᠠᠷᠢᠵᠤ᠂ ᠤᠷᠤᠨ | ᠰᠠᠭᠤᠴᠠ᠂ ᠡᠷᠬᠢᠨ ᠲᠤᠭᠤᠷᠢᠨ ᠢ ᠦᠨᠳᠦᠰᠦᠳᠡᠨ ᠤ ᠤᠨᠴᠠᠯᠢᠬ ᠢᠶᠠᠷ ᠵᠠᠰᠠᠨ ᠴᠢᠮᠡᠵᠦ᠂ ᠮᠤᠩᠭᠤᠯ ᠦᠨᠳᠦᠰᠦᠳᠡᠨ ᠤ | ᠢᠳᠡᠭᠡᠨ ᠤᠮᠳᠠᠭᠠᠨ ᠢᠶᠠᠷ ᠭᠤᠤᠯᠯᠠᠬᠰᠠᠨ ᠮᠠᠯᠴᠢᠨ ᠠᠶᠢᠯ ᠤᠨ ᠵᠢᠭᠤᠯᠴᠢᠯᠠᠯ ᠤᠨ ᠦᠢᠯᠡᠰ ᠡᠷᠬᠢᠯᠡᠭᠰᠠᠨ ᠢᠶᠠᠷ᠂ | 2016 ᠤᠨ ᠪᠤᠯᠬᠤ ᠳᠤ ᠨᠠᠴᠤᠭ ᠤᠨ ᠬᠢᠨ ᠤ ᠶᠠᠳᠠᠭᠤ ᠬᠦᠴᠢᠷᠳᠡᠯᠳᠡᠢ ᠠᠮᠢᠳᠤᠷᠠᠯ ᠤᠨ ᠪᠠᠶᠢᠳᠠᠯ ᠳᠤᠨᠢ | ᠬᠤᠪᠢᠷᠠᠯᠳᠠ ᠭᠠᠷᠤᠭᠰᠠᠨ ᠪᠠᠶᠢᠨ᠎ᠠ᠃ | ᠭᠠᠩᠭᠠᠨᠠᠵᠦ ᠭᠤᠩᠭᠠᠨᠠᠬᠰᠠᠨ ᠭᠠᠯᠠᠭᠤᠳ ᠤᠨ ᠨᠡᠭᠦᠳᠡᠯ ᠨᠢ ᠬᠢᠷᠢ ᠵᠡᠷᠭᠡ ᠦᠨᠳᠦᠷ ᠲᠡᠭᠦᠯᠢᠵᠦ᠂ ᠬᠡᠳᠦᠢ | ᠬᠤᠯᠠ ᠨᠢᠰᠬᠦ ᠳᠤ ᠪᠠᠶᠢᠬᠤ ᠪᠢᠰᠢ᠂ ᠬᠠᠷᠢᠨ ᠲᠦᠷᠦᠭᠦᠴᠢ ᠭᠠᠯᠠᠭᠤ ᠶᠢᠨ ᠵᠠᠮᠴᠢᠯᠠᠬᠤ ᠳᠤ ᠲᠦᠰᠢᠭᠯᠡᠳᠡᠭ᠃ | ᠡᠷᠳᠡᠨᠢᠳᠠᠯᠠᠢ ᠱᠦᠵᠢ ᠪᠤᠯ ᠲᠠᠷᠤᠢ ᠤᠯᠠᠭᠠᠨᠭᠡᠷᠡᠯ ᠭᠠᠴᠠᠭᠠᠨ ᠤ ᠮᠠᠯᠴᠢᠨ ᠲᠦᠮᠡᠨ ᠢᠶᠠᠨ ᠶᠠᠳᠠᠭᠤ ᠠᠴᠠ | ᠠᠩᠭᠢᠵᠢᠷᠠᠭᠤᠯᠵᠦ ᠪᠠᠶᠠᠵᠢᠯ ᠵᠦᠭ ᠲᠡᠮᠡᠦᠯᠡᠬᠦ ᠶᠡᠭᠡ ᠠᠶᠠᠨ ᠤ ᠲᠦᠷᠦᠭᠦᠴᠢ ᠭᠠᠯᠠᠭᠤ ᠨᠢ ᠪᠠᠶᠢᠯ᠎ᠠ᠃ ᠡᠷᠳᠡᠨᠢᠳᠠᠯᠠᠢ | 27 ᠨᠠᠰᠤᠳᠠᠢ ᠳᠠᠭᠠᠨ ᠭᠠᠴᠠᠭᠠᠨ ᠤ ᠠᠵᠢᠯ ᠳᠤ ᠤᠷᠤᠯᠴᠠᠵᠤ᠂ 2009 ᠤᠨ ᠳᠤ ᠤᠤᠯ ᠤᠨ ᠵᠢᠷᠭᠠᠯᠠᠩᠳᠤ | ᠭᠠᠴᠠᠭᠠᠨ ᠤ ᠲᠠᠷᠤᠭ᠎ᠠ ᠪᠠᠷ ᠠᠵᠢᠯᠯᠠᠨ᠂ 2012 ᠤᠨ ᠳᠤ ᠤᠯᠠᠭᠠᠨᠭᠡᠷᠡᠯ ᠭᠠᠴᠠᠭᠠᠨ ᠤ ᠨᠠᠮ ᠤᠨ ᠡᠭᠦᠷ ᠤᠨ | ᠱᠦᠵᠢ ᠶᠢᠨ ᠲᠤᠰᠢᠶᠠᠯ ᠢ ᠡᠭᠦᠷᠭᠡᠯᠡᠨ᠂ ᠡᠨᠡ ᠵᠢᠯ ᠪᠤᠯᠬᠤ ᠳᠤ ᠭᠠᠴᠠᠭᠠᠨ ᠤ ᠨᠠᠮ ᠤᠨ ᠡᠭᠦᠷ ᠤᠨ ᠱᠦᠵᠢ ᠶᠢᠨ | ᠭᠤᠷᠪᠠᠳᠠᠬᠢ ᠡᠭᠡᠯᠵᠢᠨ ᠳᠤ ᠠᠵᠢᠯᠯᠠᠵᠤ ᠪᠠᠶᠢᠨ᠎ᠠ᠃ ︽ᠮᠠᠨ ᠤ ᠭᠠᠴᠠᠭ᠎ᠠ ᠤᠤᠯ ᠠᠴᠠ ᠪᠠᠨ ᠮᠠᠯ ᠮᠠᠯᠵᠢᠬᠤ ᠪᠠᠷ | ᠭᠤᠤᠯ ᠪᠤᠯᠭᠠᠵᠤ᠂ ᠬᠤᠷ᠎ᠠ ᠲᠤᠨᠤᠳᠠᠰᠤ ᠴᠦᠭᠡᠨ᠂ ᠪᠡᠯᠴᠢᠭᠡᠷ ᠤᠨ ᠲᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠠᠴᠠ | ᠪᠤᠯᠵᠤ᠂ ᠪᠠᠶᠢᠷᠢ ᠪᠡᠯᠴᠢᠭᠡᠷ ᠤᠨ ᠡᠯᠡᠰᠦᠷᠬᠡᠭᠵᠢᠯ ᠲᠠᠴᠢᠷᠳᠠᠯ ᠵᠢᠯ ᠲᠤᠳᠤᠮ ᠬᠡᠴᠡᠭᠦᠳᠡᠵᠦ᠂ ᠮᠠᠯ ᠤᠨ ᠲᠠᠷᠭᠤ ᠬᠦᠴᠦ | ᠮᠠᠭᠤᠳᠠᠨ᠂ ᠮᠠᠯ ᠲᠦᠯ ᠤᠨ ᠤᠨᠳᠤᠷᠤᠯᠭ᠎ᠠ ᠲᠦᠢᠯ ᠤᠨ ᠳᠤᠤᠷ᠎ᠠ ᠪᠠᠶᠢᠵᠤ᠂ ᠮᠠᠯᠴᠢᠳ ᠤᠨ ᠤᠷᠤᠯᠭ᠎ᠠ ᠠᠮᠢᠳᠤᠷᠠᠯ | ᠬᠦᠴᠢᠷᠳᠡᠯᠳᠡᠢ ᠪᠠᠶᠢᠯ᠎ᠠ᠃ ᠪᠢ ᠭᠠᠴᠠᠭᠠᠨ ᠤ ᠨᠠᠮ ᠤᠨ ᠡᠭᠦᠷ ᠤᠨ ᠱᠦᠵᠢ ᠶᠢᠨ ᠲᠤᠰᠢᠶᠠᠯ ᠡᠭᠦᠷᠭᠡᠯᠡᠬᠦ ᠦᠶ᠎ᠡ ᠳᠤ | ᠤᠯᠠᠭᠠᠨᠭᠡᠷᠡᠯ ᠭᠠᠴᠠᠭ᠎ᠠ ᠨᠢ ᠪᠦᠬᠦ ᠬᠤᠰᠢᠭᠤᠨ ᠳᠠᠭᠠᠨ ᠬᠠᠮᠤᠭ ᠤᠨ ᠶᠠᠳᠠᠭᠤ ᠬᠤᠴᠤᠷᠤᠩᠭᠤᠢ ᠭᠠᠴᠠᠭᠠᠨ ᠤ ᠨᠡᠷ᠎ᠡ | ᠶᠢᠨ ᠳᠠᠩᠰᠠᠨ ᠳᠤ ᠤᠷᠤᠬᠰᠠᠨ ᠢ ᠦᠵᠡᠭᠡᠳ ᠶᠠᠮᠠᠷ ᠴᠤ ᠠᠷᠭ᠎ᠠ ᠪᠠᠷ ᠪᠤᠯᠤᠬ᠂ ᠶᠠᠳᠠᠭᠤ ᠭᠡᠬᠦ ᠨᠡᠷ᠎ᠡ ᠠᠴᠠ ᠨᠢ | ᠰᠠᠯᠭᠠᠵᠤ᠂ ᠮᠠᠯᠴᠢᠨ ᠲᠦᠮᠡᠨ ᠢᠶᠠᠨ ᠰᠠᠶᠢᠬᠠᠨ ᠠᠮᠢᠳᠤᠷᠠᠭᠤᠯᠬᠤ ᠵᠤᠷᠢᠭ ᠰᠢᠭᠤᠳᠴᠤ᠂ ᠮᠠᠯᠴᠢᠳ ᠲᠠᠭᠠᠨ | ᠠᠮᠠᠯᠳᠠᠯᠭ᠎ᠠ ᠬᠢᠭᠰᠡᠨ ᠶᠤᠮ᠂ ᠡᠨᠡ ᠠᠮᠠᠯᠳᠠᠯᠭ᠎ᠠ ᠮᠢᠨᠢ ᠤᠳᠤ ᠪᠡᠶᠡᠯᠡᠭᠳᠡᠵᠦ ᠪᠠᠶᠢᠨ᠎ᠠ︾ ᠭᠡᠵᠦ ᠡᠷᠳᠡᠨᠢᠳᠠᠯᠠᠢ ᠶᠠᠷᠢᠵᠤ | ᠪᠠᠶᠢᠯ᠎ᠠ᠃ | ᠡᠷᠳᠡᠨᠢᠳᠠᠯᠠᠢ ᠠᠮᠢᠳᠤᠷᠠᠯ ᠬᠦᠴᠢᠷᠳᠡᠯᠳᠡᠢ ᠡᠷᠦᠬᠡ ᠶᠢ ᠶᠠᠳᠠᠭᠤ ᠠᠴᠠ ᠠᠩᠭᠢᠵᠢᠷᠠᠭᠤᠯᠬᠤ ᠠᠵᠢᠯ ᠢ | ᠭᠠᠴᠠᠭᠠᠨ ᠤ ᠬᠠᠮᠤᠬ ᠭᠤᠤᠯ ᠠᠵᠢᠯ ᠪᠤᠯᠭᠠᠨ ᠠᠳᠬᠤᠵᠤ᠂ ︽ᠵᠢᠭᠤᠯᠴᠢᠯᠠᠯ + ᠠᠵᠤ ᠠᠬᠤᠢᠢᠯᠠᠯ + ᠮᠠᠯᠴᠢᠨ︾ | ᠬᠡᠯᠪᠡᠷᠢ ᠪᠠᠷ ᠶᠠᠳᠠᠭᠤ ᠬᠦᠴᠢᠷᠳᠡᠯᠳᠡᠢ ᠡᠷᠦᠬᠡ ᠶᠢ ᠬᠠᠪᠰᠤᠷᠤᠨ ᠶᠠᠳᠠᠭᠤ ᠠᠴᠠ ᠠᠩᠭᠢᠵᠢᠷᠠᠭᠤᠯᠬᠤ ᠳᠤ ᠪᠦᠬᠦ | ᠬᠦᠴᠦ ᠪᠠᠨ ᠲᠠᠯᠪᠢᠵᠤ ᠠᠵᠢᠯᠯᠠᠵᠡᠢ᠃ ᠭᠠᠴᠠᠭᠠᠨ ᠤ ᠪᠠᠨ ᠮᠠᠯᠴᠢᠨ ᠲᠦᠮᠡᠨ ᠢᠶᠠᠨ ᠲᠠᠶᠢᠴᠢᠯᠠᠨ ᠶᠠᠳᠠᠭᠤ ᠠᠴᠠ | ᠠᠩᠬᠢᠵᠢᠷᠠᠭᠤᠯᠵᠦ ᠪᠠᠶᠠᠵᠢᠯ ᠤᠨ ᠵᠠᠮ ᠳᠤ ᠤᠷᠤᠭᠤᠯᠬᠤ ᠶᠢ ᠬᠦᠳᠦᠯᠦᠨ ᠲᠠᠶᠢᠴᠢᠯᠠᠬᠤ ᠲᠤᠮᠳᠠ ᠡᠷᠳᠡᠨᠢᠳᠠᠯᠠᠢ ᠭᠤᠸᠠᠢ | ᠮᠠᠯᠴᠢᠳ ᠮᠠᠯ ᠲᠡᠮᠡᠭᠡ ᠮᠠᠯᠵᠢᠬᠤ ᠤᠯᠠᠮᠵᠢᠯᠠᠯᠳᠤ ᠠᠷᠭ᠎ᠠ ᠶᠢ ᠪᠠᠷᠢᠮᠳᠠᠯᠠᠬᠤ ᠨᠢ ᠵᠤᠬᠢᠰ ᠦᠭᠡᠢ ᠭᠡᠰᠡᠨ ᠢ ᠮᠡᠳᠡᠵᠦ᠂ | ᠡᠷᠬᠡᠪᠰᠢ ᠰᠢᠨ᠎ᠡ ᠴᠠᠬ ᠦᠶ᠎ᠡ ᠶᠢᠨ ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠱᠠᠭᠠᠷᠳᠠᠯᠭ᠎ᠠ ᠪᠤᠯᠤᠨ ᠤᠯᠤᠰ᠂ | ᠤᠷᠤᠨ᠂ ᠠᠶᠢᠮᠠᠬ᠂ ᠬᠤᠰᠢᠭᠤᠨ ᠤ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠭᠦᠢᠴᠡᠳ ᠠᠰᠢᠬᠯᠠᠵᠤ᠂ ᠮᠠᠯᠴᠢᠨ | ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠠᠷᠭ᠎ᠠ ᠬᠡᠯᠪᠡᠷᠢ ᠶᠢ ᠰᠢᠨ᠎ᠡ ᠪᠠᠷ ᠦᠭᠡᠷᠡᠴᠢᠯᠡᠨ ᠬᠤᠪᠢᠷᠠᠭᠤᠯᠵᠤ᠂ | ᠤᠷᠤᠨ ᠨᠤᠳᠤᠭ ᠤᠨ ᠪᠤᠳᠠᠳᠤ ᠪᠠᠶᠢᠳᠠᠯ ᠳᠤ ᠲᠤᠬᠢᠷᠠᠬᠰᠠᠨ ᠠᠵᠤ ᠦᠢᠯᠡᠰ ᠢ ᠨᠡᠭᠡᠭᠡᠨ ᠬᠦᠭᠵᠢᠭᠦᠯᠬᠦ ᠵᠠᠮ ᠢ ᠬᠠᠶᠢᠨ | ᠰᠦᠪᠡᠭᠴᠢᠯᠡᠵᠦ᠂ ᠵᠠᠬ ᠲᠠᠷᠢᠬᠤ ᠨᠢ ᠵᠠᠬ᠎ᠠ ᠲᠡᠯᠭᠡᠭᠦᠷ ᠤᠨ ᠦᠨ᠎ᠡ ᠦᠷᠳᠡᠭ ᠪᠠ ᠠᠮᠢ ᠠᠬᠤᠢ ᠶᠢᠨ ᠦᠨ᠎ᠡ ᠦᠷᠳᠡᠭ | ᠦᠨᠳᠦᠷ ᠪᠠᠶᠢᠬᠤ ᠶᠢ ᠦᠵᠡᠵᠦ ᠭᠠᠷᠤᠭᠠᠳ ᠦᠢᠵᠢᠭᠤᠯᠤᠯᠳᠠ ᠬᠢᠵᠦ ᠡᠯᠡᠰᠦᠨ ᠤ ᠠᠵᠤ ᠦᠢᠯᠡᠰ ᠢ ᠬᠦᠭᠵᠢᠭᠦᠯᠬᠦ | ᠰᠢᠨ᠎ᠡ ᠠᠷᠭ᠎ᠠ ᠵᠠᠮ ᠢ ᠵᠤᠷᠢᠬᠳᠠᠢ ᠡᠷᠢᠯᠬᠢᠯᠡᠵᠦ ᠡᠬᠢᠯᠡᠭᠰᠡᠨ ᠪᠠᠶᠢᠨ᠎ᠠ᠃ ᠡᠵᠡᠨ᠎ᠡ ᠬᠤᠰᠢᠭᠤᠨ ᠤ ᠬᠠᠮᠢᠶ᠎ᠠ ᠪᠦᠬᠦᠢ | ᠪᠠᠶᠢᠭᠤᠯᠭ᠎ᠠ ᠪᠤᠯᠤᠨ ᠲᠠᠯᠠᠶᠢᠬᠦ᠋ᠪ ᠪᠠᠯᠭᠠᠰᠤᠨ ᠤ ᠨᠠᠮ ᠤᠨ ᠬᠤᠷᠢᠶ᠎ᠠ᠂ ᠵᠠᠰᠠᠬ ᠤᠨ ᠤᠷᠳᠤᠨ ᠤ ᠲᠡᠮᠵᠢᠯᠭᠡ ᠪᠠᠷ | ᠡᠷᠳᠡᠨᠢᠳᠠᠯᠠᠢ ᠵᠠᠬ ᠲᠠᠷᠢᠬᠤ ᠲᠠᠯ᠎ᠠ ᠪᠠᠷ ᠲᠤᠷᠰᠢᠯᠭ᠎ᠠ ᠲᠠᠢ ᠬᠦᠮᠦᠰ ᠢ ᠤᠷᠢᠬᠤ ᠶᠢᠨ ᠬᠠᠮᠳᠤ ᠵᠠᠬ ᠲᠠᠷᠢᠵᠤ | ᠦᠢᠵᠢᠭᠤᠯᠤᠯᠳᠠ ᠬᠢᠬᠦ ᠨᠤᠮ ᠲᠡᠪᠳᠡᠷ ᠬᠤᠳᠠᠯᠳᠤᠨ ᠠᠪᠴᠤ᠂ ᠭᠠᠴᠠᠭᠠᠨ ᠤ ᠮᠠᠯᠴᠢᠨ ᠲᠦᠮᠡᠨ ᠳᠤ ᠠᠬᠤᠢ | ᠲᠠᠯᠠᠪᠠᠢ ᠶᠢᠨ ᠪᠤᠯᠪᠠᠰᠤᠷᠠᠯ ᠬᠦᠷᠳᠡᠭᠡᠨ᠂ ᠡᠯᠡᠰᠦᠨ ᠤ ᠠᠵᠤ ᠦᠢᠯᠡᠰ ᠢᠶᠠᠷ ᠮᠠᠯᠴᠢᠳ ᠤᠨ ᠤᠷᠤᠯᠭ᠎ᠠ ᠠᠮᠢᠳᠤᠷᠠᠯ ᠢ | ᠲᠡᠭᠡᠭᠰᠢᠯᠡᠭᠦᠯᠬᠦ ᠶᠢ ᠲᠠᠶᠢᠴᠢᠯᠡᠵᠡᠢ᠃ ᠤᠳᠤ ᠪᠤᠯᠬᠤ ᠳᠤ ᠤᠯᠠᠭᠠᠨᠭᠡᠷᠡᠯ ᠭᠠᠴᠠᠭᠠᠨ ᠤ ᠪᠢᠳᠡᠭᠦᠮᠵᠢᠯᠡᠨ | ᠦᠢᠵᠢᠭᠤᠯᠤᠬᠰᠠᠨ ᠪᠤᠯᠤᠨ ᠬᠦᠮᠦᠨ ᠤ ᠬᠦᠴᠦ ᠪᠠᠷ ᠦᠢᠵᠢᠭᠤᠯᠤᠬᠰᠠᠨ ᠵᠠᠬ ᠤᠨ ᠲᠠᠯᠠᠪᠠᠢ 10000 ᠮᠦ ᠳᠤ | ᠬᠦᠷᠴᠦ᠂ ᠵᠠᠬ ᠤᠨ ᠡᠬᠢ ᠪᠠᠶᠠᠯᠢᠬ ᠢ ᠬᠠᠮᠠᠭᠠᠯᠠᠵᠤ ᠴᠢᠳᠠᠬᠰᠠᠨ ᠤ ᠬᠠᠮᠳᠤ ᠬᠦᠮᠦᠨ ᠤ ᠬᠦᠴᠦ ᠪᠠᠷ ᠵᠠᠬ ᠤᠨ | ᠦᠨᠳᠦᠰᠦᠨ ᠳᠤ ᠴᠠᠭᠠᠨ ᠭᠤᠶᠤᠤ ᠲᠦᠯᠵᠢᠬᠦᠯᠬᠦ ᠮᠡᠷᠭᠡᠵᠢᠯ ᠢ ᠲᠦᠭᠡᠮᠡᠯᠵᠢᠭᠦᠯᠦᠨ ᠠᠰᠢᠬᠯᠠᠭᠠᠳ ᠠᠮᠵᠢᠯᠳᠠ ᠤᠯᠵᠤ᠂ | ᠡᠯᠡᠰᠦᠨ ᠤ ᠠᠵᠤ ᠦᠢᠯᠡᠰ ᠠᠴᠠ ᠠᠵᠤ ᠠᠬᠤᠢ᠂ ᠨᠡᠶᠢᠬᠡᠮ ᠪᠤᠯᠤᠨ ᠠᠮᠢ ᠠᠬᠤᠢ ᠭᠤᠷᠪᠠᠨ ᠲᠠᠯ᠎ᠠ ᠶᠢᠨ ᠪᠤᠳᠠᠳᠤ | ᠠᠰᠢᠬ ᠬᠦᠷᠳᠡᠵᠦ᠂ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠤᠨ ᠤᠯᠠᠮᠵᠢᠯᠠᠯᠳᠤ ᠠᠷᠭ᠎ᠠ ᠶᠢ ᠦᠭᠡᠷᠡᠴᠢᠯᠡᠵᠦ | ᠴᠢᠳᠠᠭᠰᠠᠨ ᠪᠠᠶᠢᠨ᠎ᠠ᠃ | ᠡᠷᠳᠡᠨᠢᠳᠠᠯᠠᠢ ᠭᠠᠴᠠᠭᠠᠨ ᠤ ᠮᠠᠯᠴᠢᠳ ᠢᠶᠠᠨ ᠲᠠᠶᠢᠴᠢᠯᠠᠨ ᠵᠠᠬ ᠦᠢᠵᠢᠭᠤᠯᠤᠨ᠂ ᠴᠠᠭᠠᠨ ᠭᠤᠶᠤᠤ ᠲᠠᠷᠢᠵᠦ᠂ | ᠡᠯᠡᠰᠦᠨ ᠤ ᠠᠵᠤ ᠦᠢᠯᠡᠰ ᠢ ᠬᠦᠭᠵᠢᠭᠦᠯᠬᠦ ᠰᠠᠭᠤᠷᠢᠨ ᠲᠡᠭᠡᠷ᠎ᠡ ᠤᠯᠠᠭᠠᠨᠭᠡᠷᠡᠯ ᠭᠠᠴᠠᠭᠠᠨ ᠤ ᠪᠤᠳᠠᠳᠤ ᠪᠠᠶᠢᠳᠠᠯ | ᠪᠤᠯᠤᠨ ᠮᠠᠯᠴᠢᠳ ᠤᠨ ᠠᠮᠢᠳᠤᠷᠠᠯ ᠦᠢᠯᠡᠳᠪᠦᠷᠢᠯᠡᠯ ᠤᠨ ᠲᠠᠳᠬᠠᠯ ᠢ ᠦᠨᠳᠦᠰᠦᠯᠡᠨ ᠠᠯᠠᠱᠠ ᠶᠢᠨ ᠬᠤᠤᠰ ᠪᠦᠬᠦᠳᠦ | ᠲᠡᠮᠡᠭᠡᠨ ᠤ ᠠᠰᠢᠬ ᠰᠢᠮ᠎ᠡ ᠶᠢᠨ ᠨᠡᠭᠡᠭᠡᠯᠳᠡ ᠬᠢᠵᠦ᠂ ᠠᠵᠤ ᠠᠬᠤᠢ ᠶᠢᠨ ᠤᠷᠤᠯᠭ᠎ᠠ ᠪᠠᠨ ᠨᠡᠮᠡᠭᠳᠡᠭᠦᠯᠬᠦ ᠶᠢ | ᠪᠤᠳᠤᠯᠬᠢᠯᠠᠵᠤ᠂ ᠤᠷᠢᠳ ᠬᠤᠵᠢᠳ ᠪᠤᠰᠤᠳ ᠬᠤᠰᠢᠭᠤ᠂ ᠰᠤᠮᠤ ᠪᠠᠯᠭᠠᠰᠤ ᠵᠢᠴᠢ ᠭᠠᠳᠠᠷ ᠮᠤᠵᠢ ᠤᠷᠤᠨ ᠳᠤ | ᠬᠦᠷᠴᠦ ᠰᠤᠷᠤᠯᠴᠠᠯᠭ᠎ᠠ ᠰᠤᠯᠢᠯᠴᠠᠭ᠎ᠠ ᠬᠢᠭᠰᠡᠨ ᠤ ᠰᠠᠭᠤᠷᠢᠨ ᠲᠡᠭᠡᠷ᠎ᠡ ᠬᠤᠷᠰᠢᠶᠡᠵᠢᠯ ᠪᠠᠶᠢᠭᠤᠯᠬᠤ ᠪᠠᠷ ᠮᠠᠯᠴᠢᠳ ᠢ | ᠵᠤᠷᠢᠬᠵᠢᠭᠤᠯᠤᠨ ᠲᠡᠮᠡᠭᠡ ᠮᠠᠯᠵᠢᠬᠤ ᠵᠢᠴᠢ ᠲᠡᠮᠡᠭᠡᠨ ᠤ ᠰᠦ ᠰᠠᠭᠠᠯᠢ᠂ ᠮᠢᠬ᠎ᠠ᠂ ᠶᠠᠰᠤ᠂ ᠨᠤᠤᠰᠤ ᠵᠡᠷᠭᠡ ᠳᠤ | ᠨᠡᠭᠡᠭᠡᠯᠳᠡ ᠬᠢᠵᠦ᠂ ᠰᠢᠨ᠎ᠡ ᠪᠦᠳᠦᠭᠡᠭᠳᠡᠭᠦᠨ ᠦᠢᠯᠡᠳᠪᠦᠷᠢᠯᠡᠨ ᠭᠠᠷᠭᠠᠬᠤ ᠶᠢ ᠭᠠᠴᠠᠭᠠᠨ ᠤ ᠠᠵᠤ ᠠᠬᠤᠢ ᠪᠤᠯᠤᠨ | ᠮᠠᠯᠴᠢᠳ ᠤᠨ ᠤᠷᠤᠯᠭ᠎ᠠ ᠶᠢ ᠨᠡᠮᠡᠭᠳᠡᠭᠦᠯᠬᠦ ᠪᠠᠰᠠ ᠨᠢᠭᠡ ᠰᠢᠨ᠎ᠡ ᠠᠵᠤ ᠦᠢᠯᠡᠰ ᠪᠤᠯᠭᠠᠵᠡᠢ᠃ ᠡᠭᠦᠨ ᠠᠴᠠ ᠭᠠᠳᠠᠨ᠎ᠠ | ᠭᠠᠴᠠᠭᠠᠨ ᠤ ᠤᠷᠤᠨ ᠪᠠᠶᠢᠷᠢᠰᠢᠯ ᠤᠨ ᠲᠠᠪᠠᠭᠤᠯᠢᠬ ᠢ ᠠᠰᠢᠬᠯᠠᠨ ᠵᠢᠭᠤᠯᠴᠢᠯᠠᠯ ᠤᠨ ᠦᠢᠯᠡᠰ ᠡᠷᠬᠢᠯᠡᠬᠦ ᠨᠢ | ᠮᠠᠯᠴᠢᠳ ᠤᠨ ᠤᠷᠤᠯᠭ᠎ᠠ ᠶᠢ ᠨᠡᠮᠡᠭᠳᠡᠭᠦᠯᠵᠦ ᠴᠢᠳᠠᠬᠤ ᠴᠢᠬᠤᠯᠠ ᠠᠷᠭ᠎ᠠ ᠵᠠᠮ ᠮᠥᠨ ᠭᠡᠳᠡᠭ ᠢ ᠦᠢᠯᠠᠭᠠᠵᠤ ᠮᠡᠳᠡᠭᠡᠳ | ᠲᠤᠤᠷᠠᠢ ᠶᠢᠨ ᠨᠠᠶᠢᠷ᠂ ᠨᠠᠭᠠᠳᠤᠮ ᠤᠨ ᠬᠤᠷᠠᠯ ᠵᠡᠷᠭᠡ ᠲᠤᠮᠤ ᠨᠠᠶᠢᠷ ᠢ ᠲᠤᠬᠢᠶᠠᠯᠳᠤᠭᠤᠯᠤᠨ ᠲᠡᠮᠡᠭᠡ ᠪᠠᠷ ᠭᠤᠤᠯ | ᠰᠡᠳᠦᠪ ᠪᠤᠯᠭᠠᠬᠰᠠᠨ ᠬᠡᠷᠡᠯ ᠵᠢᠷᠤᠬ ᠰᠡᠭᠦᠳᠡᠷᠯᠡᠬᠦ᠂ ᠲᠡᠮᠡᠭᠡᠨ ᠰᠤᠶᠤᠯ ᠤᠨ ᠦᠵᠡᠭᠦᠯᠦᠯᠭᠡ ᠭᠠᠷᠭᠠᠬᠤ᠂ ᠲᠡᠮᠡᠭᠡ | ᠤᠨᠤᠵᠤ ᠵᠢᠷᠤᠬ ᠲᠠᠳᠠᠬᠤ ᠤᠯᠠᠨ ᠵᠦᠢᠯ ᠤᠨ ᠠᠷᠭ᠎ᠠ ᠬᠡᠯᠪᠡᠷᠢ ᠪᠠᠷ ᠮᠠᠯᠴᠢᠳ ᠢ ᠵᠢᠭᠤᠯᠴᠢᠯᠠᠯ ᠤᠨ ᠦᠢᠯᠡᠰ ᠲᠤ | ᠤᠷᠤᠯᠴᠠᠭᠤᠯᠬᠤ ᠶᠢ ᠤᠷᠢᠶᠠᠯᠠᠨ ᠲᠠᠶᠢᠴᠢᠯᠠᠵᠤ ᠴᠢᠳᠠᠵᠡᠢ᠃ | ᠠᠯᠳᠠᠨᠰᠦ᠋ᠬᠡ ᠶᠢᠨ ᠬᠢᠨ ᠤᠤᠯ ᠳᠠᠭᠠᠨ ᠲᠤᠰ ᠭᠠᠴᠠᠭᠠᠨ ᠤ ᠶᠠᠳᠠᠭᠤ ᠬᠦᠴᠢᠷᠳᠡᠯᠳᠡᠢ ᠡᠷᠦᠬᠡ ᠶᠢᠨ ᠨᠢᠭᠡ | ᠪᠠᠶᠢᠵᠡᠢ᠃ 2014 ᠤᠨ ᠳᠤ ᠡᠷᠳᠡᠨᠢᠳᠠᠯᠠᠢ ᠱᠦᠵᠢ ᠶᠢᠨ ᠬᠠᠪᠰᠤᠷᠤᠯᠭ᠎ᠠ ᠲᠡᠮᠵᠢᠯᠭᠡ ᠲᠤᠤᠷ᠎ᠠ ᠲᠡᠳᠡᠨᠡᠶᠢᠬᠢᠨ | ᠦᠪᠡᠷᠳᠡᠭᠡᠨ ᠵᠠᠰᠠᠬᠤ ᠤᠷᠤᠨ ᠤ ︽ᠨᠢᠬᠡ ᠣᠴᠢᠷ ᠢ ᠨᠢᠬᠡ ᠵᠦᠪᠯᠡᠬᠦ︾ ᠡᠳ᠋ ᠤᠨ ᠵᠠᠰᠠᠬ ᠤᠨ ᠨᠦᠬᠦᠪᠦᠷᠢ ᠬᠦᠷᠳᠡᠭᠡᠬᠦ | ᠲᠦᠷᠦᠯ ᠵᠦᠢᠯ᠂ ︽ᠦᠵᠡᠰᠭᠦᠯᠡᠩᠳᠤ ᠰᠠᠶᠢᠬᠠᠨ ᠬᠦᠳᠡᠭᠡ ᠲᠤᠰᠬᠤᠨ ᠢ ᠪᠠᠶᠢᠭᠤᠯᠬᠤ︾ ᠲᠦᠷᠦᠯ ᠵᠦᠢᠯ᠂ ︽ | ᠭᠤᠷᠪᠠ ᠶᠢ ᠲᠤᠰᠬᠤᠨ ᠳᠤ ᠬᠦᠷᠭᠡᠬᠦ ᠭᠤᠷᠪᠠ ᠶᠢ ᠡᠷᠦᠬᠡ ᠳᠤ ᠬᠦᠷᠭᠡᠬᠦ︾ ᠲᠦᠷᠦᠯ ᠵᠦᠢᠯ ᠤᠨ ᠪᠡᠯᠡ ᠮᠦᠩᠭᠦ ᠶᠢᠨ | ᠬᠠᠷᠠᠭᠠᠯᠵᠠᠯ ᠢ ᠬᠦᠷᠳᠡᠵᠦ᠂ ᠭᠡᠷ ᠪᠠᠶᠢᠰᠢᠩ ᠢᠶᠠᠨ ᠰᠢᠨᠡᠳᠭᠡᠨ᠂ ᠦᠢᠯᠡᠳᠪᠦᠷᠢᠯᠡᠯ ᠤᠨ ᠠᠷᠭ᠎ᠠ ᠬᠡᠯᠪᠡᠷᠢ ᠪᠠᠨ | ᠬᠤᠪᠢᠷᠠᠭᠤᠯᠤᠨ᠂ ᠵᠢᠭᠤᠯᠴᠢᠯᠠᠯ ᠤᠨ ᠦᠢᠯᠡᠰ ᠡᠷᠬᠢᠯᠡᠬᠦ ᠳᠤ ᠤᠷᠤᠯᠴᠠᠬᠰᠠᠨ ᠠᠴᠠ ᠠᠮᠢᠳᠤᠷᠠᠯ ᠨᠢ ᠴᠢᠨᠡᠭᠡᠯᠢᠭᠵᠢᠵᠦ᠂ | 2018 ᠤᠨ ᠤ 1 ᠰᠠᠷ᠎ᠠ ᠳᠤ ᠶᠠᠳᠠᠭᠤ ᠠᠴᠠ ᠠᠩᠬᠢᠵᠢᠷᠠᠵᠠᠢ᠃ ︽ᠡᠷᠳᠡᠨᠢᠳᠠᠯᠠᠢ ᠱᠦᠵᠢ ᠲᠡᠮᠵᠢᠯᠭᠡ | ᠦᠵᠡᠭᠦᠯᠦᠭᠰᠡᠨ ᠦᠭᠡᠢ ᠪᠤᠯ ᠮᠠᠨ ᠤ ᠭᠡᠷ ᠤᠨ ᠬᠢᠨ ᠡᠶᠢᠮᠦ ᠰᠠᠶᠢᠬᠠᠨ ᠠᠮᠢᠳᠤᠷᠠᠯ ᠡᠳ᠋ᠯᠡᠵᠦ ᠴᠢᠳᠠᠬᠤ ᠦᠭᠡᠢ᠂ | ᠱᠦᠵᠢ ᠮᠠᠨᠢ ᠪᠢᠳᠠᠨ ᠢ ᠦᠪᠡᠷ ᠤᠨ ᠠᠬ᠎ᠠ ᠲᠡᠭᠦᠦ ᠲᠦᠷᠦᠯ ᠰᠠᠳᠤᠨ ᠠᠴᠠ ᠪᠠᠨ ᠢᠯᠡᠭᠦᠦ ᠬᠠᠯᠠᠮᠵᠢᠯᠠᠨ ᠦᠵᠡᠵᠦ᠂ | ᠬᠡᠵᠢᠶ᠎ᠡ ᠴᠤ ᠭᠡᠰᠡᠨ ᠠᠮᠢᠳᠤᠷᠠᠯ ᠴᠢᠨᠢ ᠶᠠᠭᠠᠬᠢᠵᠤ ᠪᠠᠶᠢᠨ᠎ᠠ᠂ ᠶᠠᠮᠠᠷ ᠠᠰᠠᠭᠤᠳᠠᠯ ᠬᠦᠴᠢᠷᠳᠡᠯ ᠪᠠᠶᠢᠨ᠎ᠠ ᠭᠡᠳ | ᠠᠰᠠᠭᠤᠵᠤ ᠪᠤᠯᠭᠤᠭᠠᠳᠠᠬ᠂ ᠮᠠᠯᠴᠢᠨ ᠲᠦᠮᠡᠨ ᠳᠡᠭᠡᠨ ᠡᠷᠳᠡᠨᠢ ᠡᠪᠦᠷᠯᠡᠭᠦᠯᠵᠦ᠂ ᠪᠤᠶᠠᠨ ᠦᠢᠯᠡᠳᠦᠭᠰᠡᠨ ᠲᠠᠯᠠᠢ ᠰᠢᠬ | ᠰᠡᠳᠭᠢᠯ ᠲᠠᠢ ᠰᠠᠶᠢᠨ ᠱᠦᠵᠢ ᠰᠢᠤ ᠳ᠋ᠠ︾ ᠭᠡᠵᠦ ᠠᠯᠳᠠᠨᠰᠦ᠋ᠬᠡ ᠰᠡᠳᠭᠢᠯ ᠲᠤᠬᠳᠤᠯᠵᠤ ᠶᠠᠷᠢᠨ᠎ᠠ᠃ ᠤᠳᠤ | ᠪᠤᠯᠬᠤ ᠳᠤ᠂ ᠲᠤᠰ ᠭᠠᠴᠠᠭᠠᠨ ᠤ ᠮᠠᠯᠴᠢᠨ ᠲᠦᠮᠡᠨ ᠡᠷᠳᠡᠨᠢᠳᠠᠯᠠᠢ ᠱᠦᠵᠢ ᠶᠢᠨ ᠲᠠᠶᠢᠴᠢᠯᠠᠭ᠎ᠠ ᠲᠠᠭᠠᠭᠤᠯᠭ᠎ᠠ ᠲᠤᠤᠷ᠎ᠠ | ᠡᠯᠡᠰᠦᠨ ᠤ ᠠᠵᠤ ᠦᠢᠯᠡᠰ᠂ ᠲᠡᠮᠡᠭᠡᠨ ᠤ ᠠᠵᠤ ᠦᠢᠯᠡᠰ ᠢ ᠡᠷᠬᠢᠯᠡᠬᠦ ᠳᠤ ᠤᠷᠤᠯᠴᠠᠬᠤ ᠠᠴᠠ ᠭᠠᠳᠠᠨ᠎ᠠ ᠪᠠᠭᠤᠳᠠᠯ᠂ | ᠬᠤᠭᠤᠯᠠᠨ ᠭᠡᠷ᠂ ᠮᠠᠯᠴᠢᠨ ᠠᠶᠢᠯ ᠤᠨ ᠵᠢᠭᠤᠯᠴᠢᠯᠠᠯ ᠵᠡᠷᠭᠡ ᠭᠤᠷᠪᠠᠳᠤᠭᠠᠷ ᠠᠵᠤ ᠦᠢᠯᠡᠰ ᠲᠤ ᠢᠳᠡᠪᠬᠢᠳᠡᠢ | ᠤᠷᠤᠯᠴᠠᠵᠤ᠂ ᠤᠷᠤᠯᠭ᠎ᠠ ᠪᠠᠨ ᠨᠡᠮᠡᠭᠳᠡᠭᠦᠯᠦᠭᠰᠡᠨ ᠢᠶᠠᠷ ᠪᠠᠷᠠᠬᠤ ᠦᠭᠡᠢ ᠭᠠᠴᠠᠭᠠᠨ ᠤ ᠬᠠᠮᠳᠤ ᠨᠡᠶᠢᠳᠡ ᠶᠢᠨ ᠠᠵᠤ | ᠠᠬᠤᠢ ᠶᠢᠨ ᠤᠷᠤᠯᠭ᠎ᠠ ᠶᠢ ᠴᠤ ᠲᠡᠭᠡᠭᠰᠢᠯᠡᠭᠦᠯᠵᠦ ᠴᠢᠳᠠᠬᠰᠠᠨ ᠪᠠᠶᠢᠨ᠎ᠠ᠃ | ᠡᠨᠡ ᠵᠢᠯ ᠠᠴᠠ ᠨᠠᠰᠢ᠂ ᠡᠷᠳᠡᠨᠢᠳᠠᠯᠠᠢ ᠱᠦᠵᠢ ᠭᠠᠴᠠᠭᠠᠨ ᠤ ᠪᠠᠨ ᠶᠠᠳᠠᠭᠤ ᠶᠢ ᠲᠡᠳᠬᠦᠬᠦ ᠠᠵᠢᠯ ᠢᠶᠠᠨ | ᠰᠢᠨ᠎ᠡ ᠠᠷᠭ᠎ᠠ ᠵᠠᠮ ᠢᠶᠠᠷ ᠦᠷᠭᠦᠯᠵᠢᠯᠡᠭᠦᠯᠵᠦ ᠪᠠᠶᠢᠨ᠎ᠠ᠃ ᠲᠠᠷᠤᠢ ᠬᠦᠳᠡᠭᠡ ᠲᠤᠰᠬᠤᠨ ᠢ ᠬᠦᠭᠵᠢᠭᠦᠯᠦᠨ | ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠶᠠᠳᠠᠭᠤ ᠶᠢ ᠲᠡᠳᠬᠦᠬᠦ ᠲᠠᠢ ᠨᠢᠬᠳᠠ ᠤᠶᠠᠯᠳᠤᠭᠤᠯᠤᠨ᠂ ᠭᠠᠴᠠᠭᠠᠨ ᠤ ᠪᠠᠨ | ᠬᠠᠮᠢᠶᠠᠷᠤᠯᠳᠠ ᠶᠢᠨ ᠠᠷᠭ᠎ᠠ ᠳᠠᠭᠠᠨ ᠰᠢᠨ᠎ᠡ ᠶᠢ ᠡᠭᠦᠳᠴᠦ᠂ ᠨᠠᠮ ᠤᠨ ᠭᠡᠰᠢᠭᠦᠨ ᠮᠠᠯᠴᠢᠳ ᠤᠨ ᠲᠠᠭᠤᠷᠢᠶᠠᠯ | ᠦᠵᠡᠭᠦᠯᠵᠦ ᠲᠠᠶᠢᠴᠢᠯᠠᠬᠤ ᠦᠢᠯᠡᠳᠦᠯ ᠢ ᠪᠠᠳᠠᠷᠠᠭᠤᠯᠤᠨ᠂ ᠰᠡᠳᠭᠢᠯ ᠨᠢᠭᠡᠳᠡᠢ ᠪᠦᠯᠬᠦᠮᠳᠡᠨ ᠨᠢᠬᠳᠠᠷᠠᠵᠤ᠂ ᠠᠷᠭ᠎ᠠ | ᠲᠤᠷᠰᠢᠯᠭ᠎ᠠ ᠪᠠᠨ ᠰᠤᠯᠢᠯᠴᠠᠵᠤ ᠬᠠᠷᠢᠯᠴᠠᠨ ᠬᠠᠪᠰᠤᠷᠤᠯᠴᠠᠬᠤ ᠶᠢ ᠴᠢᠩᠭ᠎ᠠ ᠠᠳᠬᠤᠵᠦ᠂ ᠭᠠᠴᠠᠭᠠᠨ ᠤ ᠪᠠᠨ ᠦᠩᠭᠡ | ᠲᠦᠷᠬᠦ ᠶᠢ ᠤᠯᠠᠮ ᠨᠢᠬᠡ ᠠᠯᠬᠤᠮ ᠰᠢᠨᠡᠳᠭᠡᠬᠦ ᠶᠢᠨ ᠬᠠᠮᠳᠤ ᠠᠵᠤ ᠦᠢᠯᠡᠰ ᠪᠤᠯᠤᠨ ᠲᠦᠷᠦᠯ ᠵᠦᠢᠯ ᠢᠶᠠᠷ | ᠶᠠᠳᠠᠭᠤ ᠶᠢ ᠲᠡᠳᠬᠦᠵᠦ᠂ ᠬᠦᠳᠡᠭᠡ ᠨᠤᠳᠤᠭ ᠢᠶᠠᠨ ᠬᠦᠭᠵᠢᠭᠦᠯᠦᠨ ᠮᠠᠨᠳᠤᠭᠤᠯᠬᠤ ᠶᠢ ᠨᠢᠭᠡᠳᠦᠭᠡᠷ ᠡᠭᠦᠷᠭᠡ ᠪᠤᠯᠭᠠᠵᠤ᠂ | ᠰᠠᠭᠤᠷᠢ ᠲᠦᠭᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢᠨ ᠬᠢᠷᠢ ᠲᠦᠪᠰᠢᠨ ᠢᠶᠠᠨ ᠲᠠᠰᠤᠷᠠᠯᠳᠠ ᠦᠭᠡᠢ | ᠦᠭᠡᠷᠡᠴᠢᠯᠡᠨ ᠰᠠᠶᠢᠵᠢᠷᠠᠭᠤᠯᠤᠬᠰᠠᠨ ᠠᠴᠠ ᠮᠠᠯᠴᠢᠨ ᠲᠦᠮᠡᠨ ᠪᠠᠶᠠᠵᠢᠨ ᠴᠢᠨᠡᠭᠡᠯᠢᠭᠵᠢᠵᠦ᠂ ᠤᠯᠠᠭᠠᠨᠭᠡᠷᠡᠯ ᠭᠠᠴᠠᠭ᠎ᠠ | ᠤᠷᠭᠤᠬᠤ ᠨᠠᠷᠠᠨ ᠤ ᠠᠯᠳᠠᠨ ᠰᠠᠴᠤᠷᠠᠬ ᠰᠢᠬ ᠬᠦᠭᠵᠢᠯ ᠴᠡᠴᠡᠭᠯᠡᠯ ᠤᠨ ᠰᠢᠨ᠎ᠡ ᠵᠠᠮ ᠢᠶᠠᠨ ᠤᠬᠳᠤᠨ ᠠᠪᠴᠤ | ᠪᠠᠶᠢᠨ᠎ᠠ᠃ ᠡᠨᠡ ᠪᠦᠬᠦᠨ ᠢ ᠬᠠᠷᠠᠭᠠᠳ ᠡᠷᠳᠡᠨᠢᠳᠠᠯᠠᠢ ᠰᠡᠳᠬᠢᠯ ᠬᠠᠨᠤᠭᠰᠠᠨ ᠦᠭᠡᠢ᠂ ᠰᠢᠨ᠎ᠡ ᠡᠭᠡᠯᠵᠢ ᠶᠢᠨ | ᠬᠤᠭᠤᠴᠠᠭ᠎ᠠ ᠰᠤᠯᠢᠬᠤ ᠰᠤᠩᠭᠤᠭᠤᠯᠢ ᠪᠠᠷ ᠭᠠᠴᠠᠭᠠᠨ ᠤ ᠨᠠᠮ ᠤᠨ ᠡᠭᠦᠷ ᠤᠨ ᠱᠦᠵᠢ ᠶᠢᠨ ᠲᠤᠰᠢᠶᠠᠯ ᠢ | ᠦᠷᠭᠦᠯᠵᠢᠯᠡᠨ ᠡᠭᠦᠷᠭᠡᠯᠡᠨ ᠬᠠᠷᠢᠭᠤᠴᠠᠬᠤ ᠪᠤᠯᠤᠬᠰᠠᠨ ᠨᠢ ᠰᠢᠨ᠎ᠡ ᠲᠠᠷᠤᠭᠠᠰᠤ ᠨᠡᠮᠡᠭᠳᠡᠭᠰᠡᠨ ᠲᠠᠢ ᠠᠳᠠᠯᠢ ᠪᠤᠯᠵᠤ᠂ | ᠮᠠᠯᠴᠢᠨ ᠲᠦᠮᠡᠨ ᠤ ᠬᠦᠰᠡᠯ ᠨᠠᠶᠢᠳᠠᠯᠭ᠎ᠠ᠂ ᠢᠳᠡᠭᠡᠯ ᠬᠦᠨᠳᠦ ᠶᠢ ᠬᠦᠰᠡᠷᠳᠡᠭᠦᠯᠬᠦ ᠦᠭᠡᠢ ᠶᠢᠨ ᠲᠦᠯᠦᠭᠡ ᠲᠡᠷᠡ | ᠰᠢᠨ᠎ᠡ ᠴᠠᠬ ᠦᠶ᠎ᠡ ᠶᠢᠨ ᠰᠢᠨ᠎ᠡ ᠱᠠᠭᠠᠷᠳᠠᠯᠭ᠎ᠠ ᠪᠠᠷ ᠰᠢᠨ᠎ᠡ ᠠᠮᠵᠢᠯᠳᠠ ᠭᠠᠷᠭᠠᠬᠤ ᠪᠠᠷ ᠴᠢᠷᠮᠠᠶᠢᠨ ᠠᠵᠢᠯᠯᠠᠨ᠎ᠠ᠃ | ︵ᠵᠣᠬᠢᠶᠠᠭᠴᠢ᠄ ᠰᠡᠴᠡᠨᠪᠠᠳᠤ ᠬᠤᠩᠭᠤᠷᠵᠤᠯᠠ︶ |