ᠡᠵᠡᠨ᠎ᠡ ᠬᠤᠰᠢᠭᠤ ᠵᠤᠨ ᠤ ᠠᠮᠠᠷᠠᠯᠲᠠ ᠶᠢ ᠳᠤᠬᠢᠶᠠᠯᠳᠤᠭᠤᠯᠤᠨ᠂ ᠤᠷᠤᠨ ᠨᠤᠲᠤᠭ ᠤᠨ ᠢᠶᠠᠨ | ᠵᠢᠭᠤᠯᠴᠢᠯᠠᠯ ᠤᠨ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠨᠤᠭᠤᠭᠠᠨ ᠲᠤᠤᠷᠠᠢ | ᠲᠤᠭᠤᠷᠢᠨ ᠰᠤᠨᠢᠷᠬᠠᠬᠤ᠂ ᠪᠠᠶᠢᠭᠠᠯᠢᠯᠢᠭ ᠦᠵᠡᠮᠵᠢ ᠵᠢᠷᠤᠵᠤ ᠰᠡᠭᠦᠳᠡᠷᠯᠡᠬᠦ᠂ ᠡᠷᠲᠡᠨ ᠤ ᠪᠠᠭᠤᠷᠢ ᠪᠠᠷ ᠠᠶᠠᠯᠠᠵᠤ | ᠰᠢᠨᠵᠢᠬᠦ᠂ ᠰᠠᠨᠰᠠᠷ ᠤᠨ ᠮᠡᠷᠭᠡᠵᠢᠯ ᠲᠠᠢ ᠤᠶᠢᠷᠠᠤᠠᠴᠤ ᠤᠶᠢᠯᠠᠭᠠᠬᠤ ᠵᠡᠷᠭᠡ ᠦᠪᠡᠷᠮᠢᠴᠡ ᠤᠨᠴᠠᠯᠢᠭ ᠲᠠᠢ ᠮᠦᠷᠲᠡᠭᠡᠨ | ᠤᠳᠬ᠎ᠠ ᠠᠭᠤᠯᠭ᠎ᠠ ᠲᠠᠢ ᠵᠢᠭᠤᠯᠴᠢᠯᠠᠯ ᠤᠨ ᠵᠠᠮ ᠱᠤᠭᠤᠮ ᠢ ᠰᠤᠩᠭᠤᠨ ᠨᠡᠭᠡᠭᠡᠭᠰᠡᠨ ᠠᠴᠠ ᠪᠦᠬᠦ ᠤᠯᠤᠰ ᠤᠨ ᠡᠯ᠎ᠡ | ᠭᠠᠵᠠᠷ ᠤᠷᠤᠨ ᠤ ᠰᠤᠷᠤᠭᠴᠢᠳ ᠪᠠ ᠭᠡᠷ ᠤᠨ ᠠᠬᠠᠮᠠᠳ ᠤᠨ ᠲᠠᠭᠠᠰᠢᠶᠠᠯ ᠬᠦᠷᠢᠶᠡᠯᠡᠯ ᠢ ᠶᠡᠬᠡᠪᠡᠷ ᠤᠯᠵᠤ᠂ | ᠬᠤᠰᠢᠭᠤ ᠨᠤᠲᠤᠭ ᠤᠨ ᠢᠶᠠᠨ ᠵᠤᠨ ᠤ ᠤᠯᠠᠷᠢᠯ ᠤᠨ ᠵᠢᠭᠤᠯᠴᠢᠯᠠᠯ ᠤᠨ ᠬᠠᠯᠠᠭᠤᠷᠠᠯ ᠲᠠᠢ ᠪᠤᠯᠬᠤ ᠳᠤ ᠰᠠᠶᠢᠨ | ᠨᠦᠭᠦᠴᠡᠯ ᠪᠦᠷᠢᠯᠳᠤᠭᠦᠯᠵᠤ ᠦᠭᠴᠡᠢ᠃ | ᠪᠦᠷᠢᠳᠬᠡᠯ ᠢ ᠦᠨᠳᠦᠰᠦᠯᠡᠪᠡᠯ᠂ ᠵᠦᠪᠬᠡᠨ ᠡᠨᠡ ᠵᠢᠯ ᠤᠨ 7 ᠰᠠᠷ᠎ᠠ ᠶᠢᠨ 1 ᠤ ᠡᠳᠦᠷ ᠠᠴᠠ 25 ᠤ ᠡᠳᠦᠷ | ᠪᠤᠯᠲᠠᠯᠠᠬᠢ ᠰᠠᠷ᠎ᠠ ᠬᠦᠷᠬᠦ ᠦᠭᠡᠢ ᠬᠤᠭᠤᠴᠠᠭᠠᠨ ᠳᠤ ᠪᠦᠬᠦ ᠤᠯᠤᠰ ᠤᠨ ᠡᠯ᠎ᠡ ᠭᠠᠵᠠᠷ ᠤᠷᠤᠨ ᠠᠴᠠ ᠲᠤᠰᠬᠠᠶᠢᠯᠠᠨ | ᠵᠤᠷᠢᠵᠤ ᠢᠷᠡᠭᠰᠡᠨ ᠰᠤᠷᠤᠭᠴᠢᠳ ᠪᠠ ᠭᠡᠷ ᠤᠨ ᠠᠬᠠᠮᠠᠳ ᠢᠶᠠᠷ ᠭᠤᠤᠯᠳᠠᠭᠰᠠᠨ ᠵᠤᠭᠠᠴᠠᠭᠰᠠᠳ ᠢ ᠲᠤᠰ | ᠬᠤᠰᠢᠭᠤᠨ ᠤ ᠲᠤᠤᠷᠠᠢ ᠶᠢᠨ ᠤᠢ ᠶᠢᠨ ᠵᠢᠭᠤᠯᠴᠢᠯᠠᠯ ᠤᠨ ᠤᠷᠤᠨ 21480 ᠬᠦᠮᠦᠨ ︵ᠤᠳᠠᠭ᠎ᠠ︶᠂ ᠬᠠᠷ᠎ᠠ | ᠬᠤᠲᠠ ᠵᠡᠷᠭᠡ ᠡᠷᠲᠡᠨ ᠤ ᠪᠠᠭᠤᠷᠢ ᠶᠢᠨ ᠵᠢᠭᠤᠯᠴᠢᠯᠠᠯ ᠤᠨ ᠤᠷᠤᠨ ᠨᠢ 12176 ᠬᠦᠮᠦᠨ ︵ᠤᠳᠠᠭ᠎ᠠ︶ ᠬᠦᠯᠢᠶᠡᠨ | ᠠᠪᠴᠤ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ ᠲᠤᠰᠪᠦᠷᠢ 536% ᠪᠠ 204% ᠪᠠᠷ | ᠨᠡᠮᠡᠭᠳᠡᠭᠰᠡᠨ ᠪᠠᠶᠢᠨ᠎ᠠ᠃ |