2019 ᠲᠤᠮᠳᠠᠲᠦ ᠤᠯᠤᠰ · ᠡᠵᠡᠨ᠎ᠠ ᠬᠤᠰᠢᠭᠤᠨ ᠤ ᠲᠡᠮᠡᠬᠡᠨ ᠰᠤᠶᠤᠯ ᠤᠨ ᠨᠠᠶᠢᠷ ᠶᠠᠪᠤᠭᠳᠠᠯ᠎ᠠ
ᠨᠡᠶᠢᠲᠡᠯᠡᠭᠰᠡᠨ ᠴᠠᠭ᠄
2019-11-29

    ᠵᠢᠷᠤᠭ ᠪᠤᠯ᠂ ᠲᠡᠮᠡᠬᠡᠨ ᠰᠤᠶᠤᠯ ᠤᠨ ᠨᠠᠶᠢᠷ ᠤᠨ ᠠᠬᠤᠢ ᠲᠠᠯᠠᠪᠠᠢ᠃ ︵ᠱᠢ ᠰᠢᠶᠠ ᠮᠸᠡᠭ ᠰᠡᠬᠦᠳᠡᠷᠯᠡᠪᠡ︶

   11 ᠰᠠᠷ᠎ᠠ ᠶᠢᠨ 27 — 28᠎ ᠤ ᠡᠳᠦᠷ᠂ 2019 ᠲᠤᠮᠳᠠᠲᠦ ᠤᠯᠤᠰ · ᠡᠵᠡᠨ᠎ᠠ ᠬᠤᠰᠢᠭᠤᠨ ᠤ ᠲᠡᠮᠡᠬᠡᠨ

ᠰᠤᠶᠤᠯ ᠤᠨ ᠨᠠᠶᠢᠷ ᠡᠵᠡᠨ᠎ᠠ ᠬᠤᠰᠢᠭᠤᠨ ᠳᠤ ᠬᠥᠭᠵᠢᠶᠡᠨᠳᠡᠢ ᠶᠠᠪᠤᠬᠳᠠᠪᠠ᠃

   ᠡᠬᠢᠯᠡᠬᠦ ᠶᠤᠰᠤᠯᠠᠯ ᠳᠤ᠂ ᠲᠤᠮᠳᠠᠲᠦ ᠤᠯᠤᠰ ᠤᠨ ᠮᠠᠯ ᠠᠵᠦ ᠠᠬᠤᠢ ᠶᠢᠨ ᠨᠡᠶᠢᠬᠡᠮᠯᠢᠭ ᠤᠨ ᠨᠠᠷᠢᠨ ᠪᠢᠴᠢᠭ ᠤᠨ

ᠲᠠᠷᠤᠭ᠎ᠠ ᠡᡁᠧ ᠰᠢᠨ ᠲᠢᠶᠠᠨ ᠠᠵᠢᠯᠯᠠᠭ᠎ᠠ ᠳᠤ ᠤᠷᠤᠯᠴᠠᠵᠦ᠂ ᠠᠶᠢᠮᠠᠭ ᠤᠨ ᠤᠯᠤᠰ ᠲᠦᠷᠦ ᠶᠢᠨ ᠵᠦᠪᠯᠡᠯᠬᠡᠨ ᠤ

ᠲᠡᠷᠢᠬᠦᠯᠡᠭᠴᠢ ᠸᠧᠢ ᠭᠦᠸᠧ ᠴᠢᠤᠸᠠᠨ ᠨᠠᠶᠢᠷ ᠡᠬᠢᠯᠡᠬᠦ ᠶᠢ ᠵᠡᠷᠯᠡᠪᠠ᠃ ᠠᠶᠢᠮᠠᠭ ᠤᠨ ᠨᠠᠮ ᠤᠨ ᠬᠤᠷᠢᠶᠠᠨ ᠤ ᠬᠡᠰᠢᠬᠦᠨ

᠂ ᠠᠶᠢᠮᠠᠭ ᠤᠨ ᠲᠡᠳ᠋ ᠲᠠᠷᠤᠭ᠎ᠠ ᠰᠦᠨ ᠮᠢᠩ ᠴᠢᠤᠸᠠᠨ᠂ ᠲᠤᠮᠳᠠᠲᠦ ᠤᠯᠤᠰ ᠤᠨ ᠮᠠᠯ ᠠᠵᠦ ᠠᠬᠤᠢ ᠶᠢᠨ

ᠨᠠᠶᠢᠬᠡᠮᠯᠢᠭ ᠤᠨ ᠲᠡᠮᠡᠬᠡᠨ ᠤ ᠬᠤᠪᠢᠶᠡᠷᠢ ᠨᠡᠶᠢᠬᠡᠮᠯᠢᠭ ᠤᠨ ᠬᠦᠢᠴᠡᠳᠬᠡᠭᠴᠢ ᠲᠠᠷᠤᠭ᠎ᠠ ᠪᠠᠳᠤᠴᠢᠯᠠᠭᠤ᠂ ᠠᠶᠢᠮᠠᠭ ᠤᠨ

ᠤᠳᠤᠷᠢᠳᠤᠯᠭ᠎ᠠ ᠵᠤᠤ ᠬᠤᠨᠭ᠌ ᠶᠠᠨ᠂ ᠮᠦᠡᠭᠬᠡᠴᠢᠯᠠᠭᠤ ᠵᠢᠴᠢ ᠤᠯᠤᠰ ᠤᠨ ᠲᠤᠳᠤᠭᠠᠲᠦ ᠭᠠᠳᠠᠭᠠᠲᠦ ᠶᠢᠨ ᠲᠡᠮᠡᠬᠡᠨ ᠤ

ᠰᠤᠳᠤᠯᠭᠠᠳᠠᠳ᠂ ᠦᠪᠡᠷᠳᠡᠬᠡᠨ ᠵᠠᠰᠠᠬᠤ ᠤᠷᠤᠨ ᠤ ᠬᠡᠰᠡᠭ ᠠᠶᠢᠮᠠᠭ ᠬᠤᠳᠠ ᠶᠢᠨ ᠬᠢᠨ ᠡᠬᠢᠯᠠᠯᠳᠠ ᠶᠢᠨ

ᠶᠤᠰᠤᠯᠠᠯ ᠳᠤ ᠤᠷᠤᠯᠴᠠᠵᠠᠢ᠃

   ᠦᠪᠦᠷ ᠮᠤᠩᠭᠤᠯ᠂ ᠨᠢᠩᠰᠢᠶᠠ᠂ ᠬᠦᠬᠡᠨᠠᠭᠤᠷ᠂ ᠭᠠᠨᠰᠦ᠂ ᠰᠢᠨᠵᠢᠶᠠᠩ ᠵᠡᠷᠬᠡ ᠭᠠᠵᠡᠷ ᠤᠷᠤᠨ ᠤ ᠮᠠᠯᠴᠢᠳ

6000 ᠭᠠᠷᠤᠢ ᠲᠡᠮᠡᠭᠡ ᠪᠠᠨ ᠬᠦᠳᠦᠯᠦᠨ ᠨᠠᠶᠢᠷ ᠲᠤ ᠤᠷᠤᠯᠴᠠᠵᠦ᠂ ᠡᠵᠡᠨ᠎ᠠ ᠬᠤᠰᠢᠭᠤᠨ ᠤ ᠤᠢᠢᠷ᠎ᠠ ᠶᠢᠨ 20

ᠵᠢᠯ ᠤᠨ ᠲᠤᠷᠰᠢ ᠬᠦᠷᠢᠶ᠎ᠠ ᠬᠡᠪᠴᠢᠶ᠎ᠠ ᠪᠠᠷ ᠬᠠᠮᠤᠭ ᠦᠷᠬᠡᠨ ᠲᠡᠮᠡᠬᠡᠨ ᠰᠤᠶᠤᠯ ᠤᠨ ᠨᠠᠶᠢᠷ ᠪᠤᠯᠵᠠᠢ᠃ ᠨᠠᠶᠢᠷ ᠤᠨ

ᠬᠤᠭᠤᠴᠠᠭᠠᠨ ᠳᠤ᠂ 680 ᠭᠠᠷᠤᠢ ᠤᠷᠤᠯᠴᠠᠭᠴᠢ ᠬᠤᠷᠳᠤᠨ ᠲᠡᠮᠡᠬᠡᠨ ᠤ ᠤᠷᠤᠯᠳᠤᠭᠠᠨ᠂ ᠲᠡᠮᠡᠬᠡᠨ ᠨᠤᠮᠤ ᠨᠡᠮᠨᠠᠬᠤ

᠂ ᠭᠠᠨᠭ᠍ᠭᠠᠡᠭ ᠲᠡᠮᠡᠬᠡᠨ ᠤ ᠠᠳᠠᠯᠢᠳᠬᠠᠯ᠂ ᠲᠡᠮᠡᠬᠡᠨ ᠰᠤᠶᠤᠯ ᠤᠨ ᠰᠤᠯᠢᠯᠴᠠᠭ᠎ᠠ ᠵᠡᠷᠬᠡ 18 ᠲᠦᠷᠦᠯ ᠤᠨ

ᠤᠷᠤᠯᠳᠤᠭᠠᠨ ᠳᠤ ᠤᠷ᠎ᠠ ᠠᠪᠢᠶᠡᠰ ᠢᠶᠠᠨ ᠰᠤᠷᠢᠬᠰᠠᠨ ᠪᠠᠶᠢᠨ᠎ᠠ᠃


 
ᠢᠷᠡᠯᠲᠡ᠄ ᠠᠯᠠᠱᠠ ᠶᠢᠨ ᠮᠤᠩᠭᠤᠯ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号