ᠡᠵᠡᠨ᠎ᠡ ᠬᠤᠰᠢᠭᠤ ᠬᠦᠴᠢᠷᠳᠡᠯᠲᠠᠢ ᠤᠯᠠᠨ ᠲᠦᠮᠡᠨ ᠳᠤ ᠲᠦᠷ ᠴᠠᠭ ᠤᠨ ᠨᠦᠬᠦᠪᠦᠷᠢ ᠤᠯᠭᠤᠪᠠ
ᠨᠡᠶᠢᠲᠡᠯᠡᠭᠰᠡᠨ ᠴᠠᠭ᠄
2019-08-26
       ᠬᠦᠴᠢᠷᠳᠡᠯᠲᠠᠢ ᠤᠯᠠᠨ ᠲᠦᠮᠡᠨ ᠤ ᠠᠮᠢᠳᠤᠷᠠᠯ ᠤᠨ ᠪᠠᠳᠣᠯᠠᠭ᠎ᠠ ᠶᠢᠨ ᠠᠵᠢᠯ ᠢ ᠰᠠᠶᠢᠲᠤᠷ ᠬᠢᠬᠦ ᠶᠢᠨ ᠲᠦᠯᠦᠭᠡ᠂ ᠤᠶᠢᠷ᠎ᠠ ᠶᠢᠨ ᠡᠳᠦᠷ᠂ ᠡᠵᠡᠨ᠎ᠡ ᠬᠤᠰᠢᠭᠤ ᠪᠦᠬᠦ ᠬᠤᠰᠢᠭᠤᠨ ᠤ ᠪᠠᠨ ᠳᠤᠤᠷ᠎ᠠ ᠪᠠᠲᠤᠯᠠᠭᠠᠲᠤ ᠡᠷᠦᠬᠡ᠂ ᠤᠨᠴᠠ ᠬᠦᠴᠢᠷᠳᠡᠯᠲᠠᠢ ᠬᠦᠮᠦᠰ᠂ ᠦᠨᠦᠴᠢᠨ ᠬᠡᠤᠬᠡᠳ᠂ ᠲᠤᠭᠲᠠᠮᠠᠯ ᠬᠤᠭᠤᠴᠠᠭ᠎ᠠ ᠲᠠᠢ ᠪᠠᠷ ᠤᠯᠤᠰ ᠤᠨ ᠠᠰᠠᠷᠠᠮᠵᠢ ᠶᠢᠨ ᠮᠦᠩᠬᠦ ᠬᠦᠷᠲᠡᠭᠰᠡᠳ᠂ ᠠᠵᠢᠯ ᠠᠯᠳᠠᠭᠰᠠᠳ ᠤᠨ ᠳᠠᠭᠠᠳᠬᠠᠯ ᠠᠪᠤᠭᠰᠠᠳ ᠵᠢᠴᠢ ᠶᠡᠭᠡ ᠳᠡᠭᠡᠳᠤ ᠰᠤᠷᠭᠠᠭᠤᠯᠢ ᠶᠢᠨ ᠭᠡᠷ ᠪᠦᠯᠢ ᠶᠢᠨ ᠠᠮᠢᠳᠤᠷᠠᠯ ᠵᠦᠳᠡᠭᠦᠦ ᠤᠶᠤᠲᠠᠳ ᠵᠡᠷᠭᠡ ᠳᠤ ᠲᠦᠷ ᠴᠠᠭ ᠤᠨ ᠨᠦᠬᠦᠪᠦᠷᠢ ᠤᠯᠭᠤᠪᠡ᠃        ᠲᠤᠰ ᠬᠤᠰᠢᠭᠤ ᠡᠨᠡ ᠤᠳᠠᠭᠠᠨ ᠤ ᠲᠦᠷ ᠴᠠᠭ ᠤᠨ ᠨᠦᠬᠦᠪᠦᠷᠢ ᠪᠠᠨ ᠬᠤᠲᠠ ᠪᠠᠯᠭᠠᠰᠤᠨ ᠤ ᠬᠦᠮᠦᠨ ᠪᠦᠷᠢ ᠳᠤ ᠰᠠᠷ᠎ᠠ ᠶᠢᠨ 30 ᠲᠦᠭᠦᠷᠢᠭ᠂ ᠮᠠᠯᠵᠢᠬᠤ ᠲᠠᠷᠢᠶᠠᠯᠠᠬᠤ ᠤᠷᠤᠨ ᠤ ᠬᠦᠮᠦᠨ ᠪᠦᠷᠢ ᠳᠤ ᠰᠠᠷ᠎ᠠ ᠶᠢᠨ  15.78 ᠲᠦᠭᠦᠷᠢᠭ ᠤᠨ ᠪᠠᠷᠢᠮᠵᠢᠶ᠎ᠠ ᠪᠠᠷ ᠪᠤᠳᠤᠵᠤ᠂ 1 — 5 ᠰᠠᠷ᠎ᠠ ᠶᠢᠨ 5613.12 ᠲᠦᠭᠦᠷᠢᠭ ᠨᠦᠬᠦᠪᠦᠷᠢ ᠶᠢ ᠪᠦᠷᠢᠨ ᠴᠢᠳᠠᠮᠵᠢᠲᠤ ᠺᠠᠷᠲ ᠢᠶᠠᠷ ᠪᠠᠭᠤᠯᠭᠠᠭᠠᠳ᠂ ᠪᠦᠬᠦ ᠬᠤᠰᠢᠭᠤᠨ ᠤ 189 ᠨᠡᠷ᠎ᠡ ᠬᠦᠴᠢᠷᠳᠡᠯᠲᠠᠢ ᠤᠯᠠᠨ ᠲᠦᠮᠡᠨ ᠳᠤ ᠪᠤᠳᠠᠲᠤ ᠠᠰᠢᠭ ᠬᠦᠷᠲᠡᠭᠡᠭᠰᠡᠨ ᠪᠠᠶᠢᠨ᠎ᠠ᠃                                                            (ᠵᠣᠬᠢᠶᠠᠭᠴᠢ᠄ ᠴᠠᠭᠠᠨᠬᠦᠦ)
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号