ᠣᠶᠢᠷ᠎ᠠ ᠶᠢᠨ ᠵᠢᠯ ᠳᠤ᠂ ᠡᠵᠡᠨ᠎ᠡ ᠬᠤᠰᠢᠭᠤ ᠢᠮᠠᠭᠲᠠ ︽ᠨᠠᠮ ᠤᠨ ᠪᠠᠶᠢᠭᠤᠯᠤᠯᠲᠠ ᠶᠢ ᠠᠳᠬᠤᠵᠤ | ᠬᠥᠲᠥᠯᠥᠨ ᠳᠠᠭᠠᠭᠤᠯᠬᠤ ᠶᠢ ᠠᠬᠢᠭᠤᠯᠬᠤ᠂ ᠠᠵᠤ ᠦᠶᠯᠡᠰ ᠢ ᠠᠳᠬᠤᠵᠤ ᠪᠠᠶᠠᠵᠢᠨ ᠴᠢᠨᠡᠭᠡᠯᠢᠭᠵᠢᠬᠦ ᠶᠢ ᠠᠬᠢᠭᠤᠯᠬᠤ᠂ | ᠰᠣᠶᠣᠯ ᠢ ᠠᠳᠬᠤᠵᠤ ᠬᠥᠭᠵᠢᠯ ᠴᠡᠴᠡᠭᠯᠡᠯ ᠢ ᠠᠬᠢᠭᠤᠯᠬᠤ᠂ ᠠᠮᠢ ᠠᠬᠤᠶ ᠶᠢ ᠠᠳᠬᠤᠵᠤ ᠡᠷᠡᠭᠦᠯ ᠮᠡᠨᠳᠦ ᠶᠢ | ᠠᠬᠢᠭᠤᠯᠬᠤ᠂ ᠴᠢᠳᠠᠪᠤᠷᠢᠲᠠᠨ ᠢ ᠠᠳᠬᠤᠵᠦ ᠦᠷᠭᠦᠯᠵᠢᠯᠡᠬᠦ ᠬᠥᠭᠵᠢᠯᠲᠡ ᠶᠢ ᠠᠬᠢᠭᠤᠯᠬᠤ︾ ᠳᠤ ᠰᠠᠭᠤᠷᠢᠯᠠᠵᠤ᠂ | ᠬᠦᠴᠦ ᠣᠷᠣᠭᠤᠯᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤᠮᠳᠠ ᠨᠢᠭᠡ ᠪᠦᠯᠦᠭ ᠨᠡᠶᠢᠲᠡᠯᠢᠭ | ᠲᠥᠯᠥᠭᠡᠯᠡᠭᠴᠢ ᠪᠣᠢ ᠪᠣᠯᠵᠤ᠂ ᠡᠵᠡᠨ᠎ᠡ ᠬᠤᠰᠢᠭᠤᠨ ᠤ ᠪᠠᠶᠠᠨᠲᠣᠤᠷᠠᠶ ᠰᠤᠮᠤ ᠶᠢᠨ ᠦᠵᠡᠰᠬᠦᠯᠡᠩᠲᠦ ᠰᠠᠶᠢᠬᠠᠨ | ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠨᠢ ᠢᠯᠡᠳᠲᠡ᠂ ᠦᠷ᠎ᠡ ᠪᠦᠲᠦᠮᠵᠢ ᠨᠢ | ᠲᠣᠪᠤᠶᠢᠮ᠎ᠠ ᠪᠠᠶᠢᠨ᠎ᠠ᠃ | ᠨᠢᠭᠡ᠂ ᠠᠵᠤ ᠦᠶᠯᠡᠰ ᠢᠶᠠᠷ ᠤᠳᠤᠷᠢᠳᠤᠮᠵᠢ ᠪᠣᠯᠭᠠᠵᠤ᠂ ᠠᠵᠤ ᠠᠬᠤᠢ ᠶᠢᠨ ᠬᠥᠭᠵᠢᠯᠲᠡ ᠶᠢᠨ ᠰᠢᠨ᠎ᠡ | ᠠᠮᠢᠵᠢᠷᠠᠯ ᠤᠨ ᠬᠦᠴᠦᠨ ᠢ ᠬᠦᠭᠵᠢᠬᠡᠪᠡ | ᠨᠢᠭᠡ ᠳᠤ᠂ ᠰᠤᠯᠠ ᠪᠠᠶᠢᠭ᠎ᠠ ᠭᠠᠵᠠᠷ ᠰᠢᠷᠣᠶ ᠶᠢ ᠠᠮᠢᠳᠤᠯᠢᠭ ᠪᠣᠯᠭᠠᠬᠤ ᠪᠠᠷ ᠳᠠᠮᠵᠢᠭᠤᠯᠤᠨ᠂ ᠬᠦᠷᠢᠶ᠎ᠡ | ᠬᠠᠰᠢᠶ᠎ᠠ ᠶᠢᠨ ᠠᠵᠤ ᠠᠬᠤᠶ ᠶᠢ ᠶᠡᠬᠡᠪᠡᠷ ᠬᠥᠭᠵᠢᠭᠦᠯᠵᠦ᠂ 6 ᠭᠠᠴᠠᠭᠠᠨ ᠤ 300 ᠭᠠᠷᠤᠶ ᠡᠷᠦᠬᠡ ᠮᠠᠯᠴᠢᠨ | ᠲᠠᠷᠢᠶᠠᠴᠢᠨ ᠢ, ᠮᠵᠢᠯᠳᠠ ᠲᠠᠢ ᠳᠠᠶᠢᠴᠢᠯᠠᠨ ᠭᠡᠷ ᠪᠠᠶᠢᠰᠢᠩ ᠤᠨ ᠡᠮᠦᠨ᠎ᠡ ᠬᠤᠶᠢᠨ᠎ᠠ ᠰᠤᠯᠠ ᠪᠠᠶᠢᠭ᠎ᠠ ᠭᠠᠵᠠᠷ ᠰᠢᠷᠣᠶ | ᠶᠢ ᠠᠰᠢᠭᠯᠠᠨ ᠲᠤᠭᠤᠷ᠂ ᠤᠯᠠᠭᠠᠨ ᠭᠦᠢᠯᠡᠰᠦ᠂ ᠭᠦᠢᠯᠡᠰᠦ ᠵᠡᠷᠭᠡ ᠣᠷᠣᠨ ᠨᠤᠲᠤᠭ ᠤᠨ ᠵᠢᠮᠢᠰ ᠤᠨ ᠮᠣᠳᠣ | ᠲᠠᠷᠢᠭᠰᠠᠨ ᠪᠥᠭᠡᠳ 30 ᠭᠠᠷᠤᠶ ᠲᠦᠮᠡᠨ ᠲᠥᠭᠦᠷᠢᠭ ᠤᠨ ᠠᠵᠤ ᠠᠬᠤᠢ ᠶᠢᠨ ᠦᠷ᠎ᠡ ᠠᠰᠢᠭ ᠣᠯᠵᠠᠶ᠃ ᠬᠤᠶᠠᠷ | ᠲᠤ᠂ ᠲᠡᠷᠢᠭᠦᠨ ᠤ ᠳᠠᠷᠢᠵᠦ ᠣᠷᠭᠤᠭᠤᠯᠬᠤ ᠣᠨᠣᠯᠵᠢᠬᠤᠨ ᠵᠢᠴᠢ ᠮᠡᠷᠭᠡᠵᠢᠯ ᠢ ᠢᠳᠡᠪᠬᠢᠲᠡᠢ ᠣᠷᠣᠭᠤᠯᠤᠨ | ᠠᠪᠴᠢᠷᠠᠵᠤ᠂ ᠤᠰᠤ ᠠᠷᠪᠢᠯᠠᠬᠤ ᠠᠷᠭ᠎ᠠ ᠬᠡᠮᠵᠢᠶ᠎ᠡ ᠠᠪᠴᠤ᠂ ᠪᠦᠷᠬᠦᠪᠴᠢ ᠶᠢᠨ ᠳᠣᠣᠭᠤᠷ ᠤᠰᠤᠯᠠᠬᠤ ᠲᠠᠷᠢᠶᠠᠨ | ᠭᠠᠵᠠᠷ ᠢ 8000 ᠭᠠᠷᠤᠶ ᠮᠦ᠂ ᠨᠡᠶᠢᠲᠡ ᠶᠢᠨ ᠬᠥᠨᠥᠭᠡᠯ ᠥᠬᠡᠶ ᠪᠠᠯᠳᠦ ᠬᠡᠮᠬᠡ 1 ᠳᠦᠮᠡ ᠭᠠᠷᠣᠢ ᠮᠦ ᠲᠠᠷᠢᠵᠤ᠂ | ᠦᠶᠯᠡᠳᠬᠦᠨ ᠤ ᠥᠷᠲᠡᠭ ᠨᠢ 4573.7 ᠲᠦᠮᠡᠨ ᠲᠥᠭᠦᠷᠢᠭ ᠲᠤ ᠬᠦᠷᠴᠦ᠂ ᠦᠶᠯᠡᠳᠬᠦᠨ ᠤ ᠥᠷᠲᠡᠭ ᠢ ᠠᠳᠠᠯᠢ | ᠬᠤᠭᠤᠴᠠᠭᠠᠨ ᠤ ᠬᠢ ᠠᠴᠠ 20 % ᠠᠴᠠ ᠳᠡᠭᠡᠭᠰᠢ ᠨᠡᠮᠡᠭᠳᠡᠭᠦᠯᠵᠦ᠂ ᠡᠬᠢ ᠪᠠᠶᠠᠯᠢᠭ ᠤᠨ ᠠᠰᠢᠭᠯᠠᠮᠵᠢ ᠶᠢ | ᠪᠦᠲᠦᠮᠵᠢᠲᠡᠶ ᠳᠡᠭᠡᠭᠰᠢᠯᠡᠭᠦᠯᠵᠦ᠂ ᠲᠣᠰ ᠭᠠᠵᠠᠷ ᠣᠷᠣᠨ ᠤ ᠨᠡᠶᠢᠲᠡ ᠶᠢᠨ ᠬᠥᠨᠥᠭᠡᠯ ᠥᠬᠡᠶ ᠪᠠᠯᠳᠦ ᠬᠡᠮᠬᠡ ᠲᠠᠷᠢᠬᠤ | ᠨᠡᠷᠡᠳᠦ ᠲᠡᠮᠳᠡᠭ ᠢ ᠠᠯᠳᠠᠷᠰᠢᠭᠤᠯᠪᠠ᠃ ᠭᠤᠷᠪᠠ ᠳᠤ᠂ ᠬᠥᠳᠡᠭᠡ ᠲᠣᠰᠬᠤᠨ ᠤ ᠵᠠᠬ᠎ᠠ ᠳᠡᠯᠭᠡᠭᠦᠷ ᠢ ᠠᠮᠢᠳᠤᠯᠢᠭ | ᠪᠣᠯᠭᠠᠵᠤ᠂ ᠣᠨᠴᠠᠯᠢᠭᠲᠤ ᠨᠡᠷᠡᠲᠦ ᠲᠡᠮᠳᠡᠭ ᠢ ᠠᠯᠳᠠᠷᠰᠢᠭᠤᠯᠬᠤ ᠪᠠᠷ ᠳᠠᠮᠵᠢᠨ᠂ ︽ᠴᠤᠭᠯᠠᠭ᠎ᠠ ᠮᠠᠶᠢᠮᠠᠢ ᠳᠤ | ᠣᠴᠢᠬᠤ ᠡᠳᠦᠷ︾ ᠤᠨ ᠠᠵᠢᠯᠯᠠᠭ᠎ᠠ ᠶᠢ ᠭᠤᠣᠯᠳᠠᠯᠭ᠎ᠠ ᠲᠠᠢ ᠵᠣᠬᠢᠶᠠᠨ ᠪᠠᠶᠢᠭᠤᠯᠵᠤ᠂ ᠲᠣᠰ ᠰᠤᠮᠤᠨ ᠤ | ᠦᠢᠯᠡᠳᠪᠦᠷᠢᠯᠡᠭᠰᠡᠨ ᠪᠣᠬᠢᠷᠲᠤᠯ ᠦᠭᠡᠢ ᠨᠣᠭᠤᠭ᠎ᠠ ᠵᠢᠮᠢᠰ᠂ ᠣᠨᠴᠠᠯᠢᠭᠲᠤ ᠰᠤᠯᠠ ᠢᠳᠡᠭᠡᠨ ᠵᠡᠷᠭᠡ ᠲᠠᠸᠠᠷ ᠢ ᠳᠡᠯᠭᠡᠨ | ᠪᠣᠷᠣᠯᠠᠭᠤᠯᠵᠤ᠂ 200 ᠭᠠᠷᠤᠶ ᠮᠠᠯᠴᠢᠨ ᠲᠠᠷᠢᠶᠠᠴᠢᠨ ᠢ ᠳᠠᠶᠢᠴᠢᠯᠠᠨ ᠭᠡᠷ ᠤᠨ ᠡᠭᠦᠳᠡᠨ ᠳᠡᠭᠡᠨ 20 ᠭᠠᠷᠤᠶ | ᠲᠦᠮᠡᠨ ᠲᠥᠭᠦᠷᠢᠭ ᠤᠨ ᠣᠷᠣᠯᠭ᠎ᠠ ᠶᠢ ᠡᠭᠦᠳᠪᠡ᠃ ᠳᠥᠷᠪᠡ ᠳᠤ᠂ ᠵᠠᠮ ᠳᠠᠭᠠᠤ ᠭᠠᠴᠠᠭᠠᠨ ᠤ ᠵᠢᠭᠤᠯᠴᠢᠯᠠᠯ ᠤᠨ | ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ ᠴᠢᠩᠭᠠᠳᠬᠠᠬᠤ ᠪᠠᠷ ᠳᠠᠮᠵᠢᠭᠤᠯᠤᠨ᠂ | ᠬᠤᠲᠠ ᠪᠠᠯᠭᠠᠰᠤ ᠪᠠ ᠬᠥᠳᠡᠭᠡ ᠲᠣᠰᠬᠤᠨ ᠢ ᠠᠭᠤᠰᠤᠯᠴᠠᠭᠤᠯᠤᠨ ᠬᠥᠭᠵᠢᠭᠦᠯᠬᠦ ᠵᠢᠭᠤᠯᠴᠢᠯᠠᠯ ᠤᠨ ᠵᠠᠭᠪᠤᠷ ᠢ | ᠶᠡᠬᠡᠪᠡᠷ ᠳᠡᠯᠭᠡᠷᠡᠭᠦᠯᠵᠦ᠂ 6 ᠭᠠᠴᠠᠭᠠᠨ ᠤ 200 ᠭᠠᠷᠤᠶ ᠮᠠᠯᠴᠢᠨ ᠲᠠᠷᠢᠶᠠᠴᠢᠨ ᠢ ᠳᠠᠶᠢᠴᠢᠯᠠᠨ ᠠᠷᠠᠳ ᠤᠨ ᠣᠷᠣᠨ | ᠰᠠᠭᠤᠴᠠ ᠶᠢᠨ ᠡᠵᠡᠩᠨᠡᠯᠲᠡ ᠳᠤ ᠣᠷᠣᠯᠴᠠᠭᠤᠯᠵᠤ᠂ 79 ᠡᠷᠦᠬᠡ ᠶᠢ ᠲᠡᠮᠡᠭᠡᠨ ᠤᠨᠤᠯᠭ᠎ᠠ ᠶᠢᠨ ᠡᠵᠡᠩᠨᠡᠯᠲᠡ ᠳᠤ | ᠣᠷᠣᠯᠴᠠᠭᠤᠯᠪᠠ︔ 7 ᠵᠢᠭᠤᠯᠴᠢᠯᠠᠯ ᠤᠨ ᠲᠤᠰᠬᠠᠶ ᠬᠤᠷᠰᠢᠶ᠎ᠠ ᠪᠠᠶᠢᠭᠤᠯᠵᠤ᠂ ᠵᠥᠪᠬᠡᠨ 2018 ᠣᠨ ᠤ ᠲᠣᠤᠷᠠᠶ | ᠶᠢᠨ ᠨᠠᠶᠢᠷ ᠤᠨ ᠬᠤᠭᠤᠴᠠᠭᠠᠨ ᠳᠤ ᠵᠤᠭᠠᠴᠠᠭᠰᠠᠳ ᠢ 5 ᠲᠦᠮᠡ ᠭᠠᠷᠣᠢ ᠬᠥᠮᠦᠨ ᠤᠳᠠᠭ᠎ᠠ ᠬᠦᠯᠢᠶᠡᠨ ᠵᠣᠴᠢᠯᠠᠵᠦ᠂ | ᠵᠢᠭᠤᠯᠴᠢᠯᠠᠯ ᠤᠨ ᠡᠭᠦᠳᠡᠨ ᠪᠢᠯᠧᠲ ᠤᠨ ᠣᠷᠣᠯᠭ᠎ᠠ ᠶᠢᠨ ᠪᠠᠯᠠ ᠮᠥᠩᠭᠦ 174 ᠲᠦᠮᠡᠨ ᠲᠥᠭᠦᠷᠢᠭ ᠢ ᠠᠰᠢᠭ | ᠬᠤᠪᠢᠶᠠᠷᠢᠯᠠᠵᠦ᠂ ᠡᠷᠦᠬᠡ ᠪᠦᠷᠢ ᠶᠢᠨ ᠵᠢᠭᠤᠯᠴᠢᠯᠠᠯ ᠤᠨ ᠳᠤᠮᠳᠠᠴᠢ ᠣᠷᠣᠯᠭ᠎ᠠ 6400 ᠲᠥᠭᠦᠷᠢᠭ ᠢ ᠳᠠᠪᠠᠵᠤ᠂ | ᠮᠠᠯᠴᠢᠨ ᠲᠠᠷᠢᠶᠠᠴᠢᠨ ᠤ ᠠᠰᠢᠭ ᠬᠦᠷᠳᠡᠭᠰᠡᠨ ᠬᠡᠪᠴᠢᠶ᠎ᠡ 90 % ᠠᠴᠠ ᠳᠡᠭᠡᠭᠰᠢ ᠪᠣᠯᠪᠠ᠃ | ᠬᠤᠶᠠᠷ᠂ ᠴᠢᠳᠠᠪᠤᠷᠢᠲᠠᠨ ᠢᠶᠠᠷ ᠡᠬᠢ ᠰᠣᠷᠪᠣᠯᠵᠢ ᠪᠣᠯᠭᠠᠵᠤ᠂ ᠠᠵᠤ ᠦᠢᠯᠡᠰ ᠤᠨ ᠬᠥᠭᠵᠢᠯᠲᠡ ᠶᠢᠨ | ᠰᠢᠨ᠎ᠡ ᠬᠦᠳᠡᠯᠭᠡᠭᠴᠢ ᠬᠦᠴᠦᠨ ᠢ ᠨᠡᠮᠡᠭᠳᠡᠭᠦᠯᠪᠡ | ᠨᠢᠭᠡ ᠳᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠬᠤ ᠪᠠᠷ ᠳᠠᠮᠵᠢᠨ᠂ ᠨᠤᠲᠤᠭ | ᠲᠠᠭᠠᠨ ᠪᠤᠴᠠᠭᠰᠠᠨ ᠣᠶᠤᠲᠠᠨ᠂ ᠰᠢᠯᠢᠳᠡᠭ ᠴᠡᠷᠢᠭ ᠠᠴᠠ ᠬᠠᠯᠠᠭᠳᠠᠭᠰᠠᠳ ᠤᠨ ᠲᠣᠰᠬᠤᠨ ᠳᠠᠭᠠᠨ ᠦᠯᠡᠳᠡᠵᠦ | ᠬᠥᠭᠵᠢᠬᠦ ᠶᠢ ᠶᠡᠬᠡᠪᠡᠷ ᠳᠠᠮᠵᠢᠨ ᠵᠣᠷᠢᠭᠵᠢᠭᠤᠯᠵᠤ᠂ 2018 ᠣᠨ ᠤ ᠭᠠᠴᠠᠭᠠᠨ ᠤ ︽ᠬᠤᠶᠠᠷ ᠵᠥᠪᠯᠡᠯ︾ ᠤᠨ | ᠬᠤᠭᠤᠴᠠᠭ᠎ᠠ ᠰᠣᠯᠢᠬᠤ ᠶᠠᠪᠣᠴᠠ ᠳᠤᠮᠳᠠ 2 ᠣᠶᠤᠲᠠᠨ ᠢ ᠲᠣᠰᠬᠤᠨ ᠳᠤᠨᠢ ᠬᠠᠷᠢᠭᠤᠯᠣᠨ ᠲᠤᠰᠢᠶᠠᠯ | ᠬᠠᠷᠢᠭᠤᠴᠠᠭᠤᠯᠬᠤ ᠶᠢ ᠠᠮᠵᠢᠯᠲᠠ ᠲᠠᠢ ᠬᠥᠲᠥᠯᠥᠨ ᠵᠢᠯᠣᠭᠤᠳᠴᠤ᠂ ᠭᠠᠴᠠᠭᠠᠨ ᠤ ᠪᠠᠭ ᠤᠨ ᠪᠦᠷᠢᠯᠳᠦᠬᠦᠨ ᠳᠤ | ︽ᠰᠢᠨ᠎ᠡ ᠬᠦᠴᠦᠨ︾ ᠨᠡᠮᠡᠷᠢᠯᠡᠪᠡ᠃ ᠬᠤᠶᠠᠷ ᠲᠤ ᠬᠡᠪ ᠴᠢᠨᠠᠷ ᠪᠠ ᠴᠢᠳᠠᠪᠤᠷᠢ ᠶᠢ ᠳᠡᠭᠡᠭᠰᠢᠯᠡᠭᠦᠯᠬᠦ ᠠᠩᠭᠢ ᠡᠷᠬᠢᠯᠡᠬᠦ | ᠪᠠᠷ ᠳᠠᠮᠵᠢᠭᠤᠯᠤᠨ᠂ ᠲᠠᠷᠢᠶᠠᠯᠠᠩ ᠤᠨ ᠮᠡᠷᠭᠡᠵᠢᠯ ᠤᠨ ᠵᠢᠭᠠᠨ ᠵᠢᠯᠣᠭᠤᠳᠣᠭᠴᠢ 6 ᠬᠥᠮᠦᠨ ᠢ ᠬᠦᠮᠦᠵᠢᠬᠦᠯᠵᠦ᠂ | ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ 103 ᠡᠷᠦᠬᠡ ᠶᠢ ᠳᠠᠶᠢᠴᠢᠯᠠᠪᠠ᠃ ᠲᠠᠷᠢᠶᠠᠯᠠᠩ ᠮᠠᠯ ᠠᠵᠤ | ᠠᠬᠤᠢ ᠶᠢᠨ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ ᠡᠷᠬᠢᠯᠡᠬᠦ 15 ᠡᠷᠦᠬᠡ ᠶᠢ ᠭᠤᠶᠤᠴᠢᠯᠠᠨ ᠮᠡᠳᠡᠭᠦᠯᠵᠦ᠂ | ᠠᠵᠤ ᠠᠬᠤᠶᠢᠯᠠᠯ ᠤᠨ ᠰᠢᠨ᠎ᠡ ᠶᠢ ᠡᠭᠦᠳᠦᠨ ᠠᠳᠠᠯ ᠦᠶᠯᠡᠰ ᠴᠣᠭᠴᠠᠯᠠᠭᠴᠢ 1᠂ ᠠᠯᠠᠱᠠ ᠶᠢᠨ ᠰᠣᠳᠣᠨ | ᠴᠢᠳᠠᠪᠤᠷᠢᠲᠠᠨ 1᠂ ᠵᠢᠭᠤᠯᠴᠢᠯᠠᠯ ᠤᠨ ᠲᠤᠰᠬᠠᠶ ᠬᠤᠷᠰᠢᠶ᠎ᠠ ᠶᠢᠨ ᠳᠠᠭᠠᠭᠤᠯᠤᠭᠴᠢ 7 ᠶᠢ ᠬᠥᠮᠦᠵᠢᠭᠦᠯᠵᠦ᠂ ᠨᠢᠭᠡ | ᠪᠦᠯᠦᠭ ︽ᠳᠠᠷᠢᠶᠠᠯᠠᠩ ᠤᠨ ᠮᠡᠷᠭᠡᠵᠢᠯᠳᠡᠨ︾᠂ ︽ᠨᠤᠲᠤᠭ ᠤᠨ ᠮᠡᠷᠭᠡᠵᠢᠯᠲᠡᠨ︾ ᠴᠣᠯᠭᠤᠷᠠᠨ ᠭᠠᠷᠪᠠ᠃ ᠭᠤᠷᠪᠠ | ᠳᠤ᠂ ᠭᠠᠳᠠᠭᠰᠢ ᠭᠠᠷᠴᠤ ᠰᠢᠨᠵᠢᠯᠡᠨ ᠪᠠᠶᠢᠴᠠᠭᠠᠵᠤ ᠰᠤᠷᠤᠯᠴᠠᠬᠤ ᠠᠷᠭ᠎ᠠ ᠬᠡᠯᠪᠡᠷᠢ ᠪᠠᠷ ᠳᠠᠮᠵᠢᠭᠤᠯᠤᠨ᠂ ᠮᠠᠯᠴᠢᠨ | ᠲᠠᠷᠢᠶᠠᠴᠢᠨ ᠢ ᠵᠣᠬᠢᠶᠠᠨ ᠪᠠᠶᠢᠭᠤᠯᠵᠤ ᠣᠷᠭᠠᠨᠢᠭ ᠪᠣᠷᠳᠣᠭᠤᠷ ᠲᠠᠷᠢᠵᠤ ᠤᠷᠭᠤᠭᠤᠯᠬᠤ᠂ ᠰᠢᠷᠣᠶ ᠦᠭᠡᠢ ᠪᠠᠷ | ᠲᠠᠷᠢᠵᠤ ᠤᠷᠭᠤᠭᠤᠯᠬᠤ᠂ ᠦᠵᠡᠮᠦᠷᠢ ᠶᠢᠨ ᠲᠠᠷᠢᠶᠠᠯᠠᠩ᠂ ᠵᠢᠭᠤᠯᠴᠢᠯᠠᠯ ᠤᠨ ᠬᠥᠭᠵᠢᠯᠲᠡ ᠵᠡᠷᠭᠡ ᠲᠡᠷᠢᠭᠦᠨ ᠤ | ᠲᠤᠷᠰᠢᠯᠭ᠎ᠠ ᠶᠢ 4 ᠤᠳᠠᠭ᠎ᠠ ᠪᠠᠶᠢᠴᠠᠭᠠᠨ ᠰᠤᠳᠤᠯᠵᠤ᠂ ᠮᠠᠯᠴᠢᠨ ᠲᠠᠷᠢᠶᠠᠴᠢᠨ ᠢ ᠬᠠᠪᠰᠤᠷᠤᠨ ᠲᠡᠷᠢᠭᠦᠨ ᠤ ᠲᠠᠷᠢᠵᠤ | ᠣᠷᠭᠤᠭᠤᠯᠬᠤ ᠲᠡᠵᠢᠭᠡᠨ ᠦᠷᠡᠵᠢᠭᠦᠯᠬᠦ ᠮᠡᠷᠭᠡᠵᠢᠯ ᠪᠣᠯᠤᠨ ᠬᠠᠮᠢᠶᠠᠷᠤᠯᠲᠠ ᠶᠢᠨ ᠲᠤᠷᠰᠢᠯᠭ᠎ᠠ ᠶᠢ ᠰᠤᠷᠤᠯᠴᠠᠭᠤᠯᠵᠤ᠂ | ᠬᠥᠭᠵᠢᠯᠲᠡ ᠶᠢᠨ ᠰᠡᠳᠬᠢᠴᠡ ᠪᠠᠨ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ | ᠬᠦᠴᠦᠲᠡᠶ ᠪᠠᠲᠤᠯᠠᠭ᠎ᠠ ᠬᠠᠩᠭᠠᠪᠠ᠃ | ᠭᠤᠷᠪᠠ᠂ ᠰᠣᠶᠣᠯ ᠢᠶᠠᠷ ᠰᠠᠭᠤᠷᠢ ᠪᠣᠯᠭᠠᠵᠤ᠂ ᠵᠢᠭᠤᠯᠴᠢᠯᠠᠯ ᠤᠨ ᠬᠥᠭᠵᠢᠯᠲᠡ ᠶᠢᠨ ᠰᠢᠨ᠎ᠡ | ᠠᠭᠤᠯᠤᠭᠳᠠᠬᠤᠨ ᠢ ᠪᠤᠢ ᠪᠣᠯᠭᠠᠪᠠ | ᠨᠢᠭᠡ ᠳᠤ᠂ ᠳᠣᠷᠭᠤᠳᠴᠣᠳ ᠤᠨ ᠵᠡᠬᠦᠨᠰᠢ ᠪᠣᠴᠠᠭᠰᠠᠨ ᠡᠬᠡ ᠣᠷᠣᠨᠴᠢ ᠦᠵᠡᠯ ᠤᠨ ᠰᠡᠳᠬᠢᠯ ᠵᠢᠷᠦᠬᠡ | ᠶᠢ ᠳᠣᠭᠳᠣᠯᠣᠭᠤᠯᠣᠮᠠ ᠦᠢᠯᠡ ᠶᠠᠪᠣᠳᠠᠯ ᠪᠠ ᠦᠨᠳᠦᠰᠦᠳᠡᠨ ᠤ ᠪᠦᠯᠬᠦᠮᠳᠡᠯ ᠳᠠᠪᠰᠢᠯᠳᠠ ᠬᠦᠭᠵᠢᠯᠳᠡ ᠶᠢᠨ | ᠦᠯᠢᠬᠡᠷ ᠢ ᠬᠦᠨᠵᠡᠬᠡᠢ ᠠᠭᠤᠳᠠᠯᠠᠬᠤ ᠪᠠᠷ ᠳᠠᠮᠵᠢᠭᠤᠯᠣᠨ᠂ ᠰᠣᠶᠣᠯ ᠪᠠ ᠵᠢᠭᠤᠯᠴᠢᠯᠠᠯ ᠤᠨ ᠬᠦᠨᠵᠡᠬᠡᠢ | ᠠᠭᠤᠰᠣᠯᠴᠠᠭᠰᠠᠨ ᠬᠦᠭᠵᠢᠯᠳᠡ ᠶᠢᠨ ᠰᠢᠨ᠎ᠡ ᠬᠡᠪ ᠵᠠᠭᠪᠣᠷ ᠢ ᠬᠠᠶᠢᠨ ᠰᠦᠪᠡᠭᠴᠢᠯᠡᠵᠦ᠂ ᠪᠠᠶᠠᠨᠳᠣᠣᠷᠠᠢ ᠰᠤᠮᠤ | 2016 ᠣᠨ ᠳᠤ 1300 ᠲᠦᠮᠡᠨ ᠲᠥᠭᠦᠷᠢᠭ ᠤᠨ ᠪᠡᠯᠡ ᠣᠷᠣᠭᠤᠯᠵᠤ᠂ 3.3 ᠲᠦᠮᠡᠨ ᠲᠡᠭᠰᠢ ᠳᠥᠷᠪᠡᠯᠵᠢᠨ | ᠮᠧᠲᠷ ᠢ ᠡᠵᠡᠯᠡᠭᠰᠡᠨ ᠵᠡᠭᠦᠨᠰᠢ ᠪᠤᠴᠠᠵᠤ ᠢᠷᠡᠭᠰᠡᠨ ᠳᠣᠷᠭᠤᠳ ᠦᠨᠳᠦᠰᠦᠲᠡᠨ ᠤ ᠰᠣᠶᠣᠯ ᠤᠨ ᠬᠦᠷᠢᠶᠡᠯᠡᠩ ᠢ | ᠪᠠᠶᠢᠭᠤᠯᠵᠤ᠂ ᠠᠷᠠᠳ ᠤᠨ ᠣᠷᠣᠨ ᠰᠠᠭᠤᠴᠠ ᠶᠢ ᠣᠶᠢᠯᠠᠭᠠᠬᠤ᠂ ᠣᠨᠴᠠᠯᠢᠭᠲᠤ ᠢᠳᠡᠭᠡᠨ ᠤᠮᠳᠠᠭᠠᠨ᠂ | ᠵᠢᠭᠤᠯᠴᠢᠯᠠᠬᠤ ᠶᠢᠨ ᠳᠠᠭᠠᠣ ᠪᠠᠷᠠᠭ᠎ᠠ ᠬᠤᠳᠠᠯᠳᠤᠨ ᠠᠪᠬᠤ᠂ ᠰᠣᠶᠣᠯ ᠤᠨ ᠰᠢᠨ᠎ᠡ ᠶᠢ ᠡᠭᠦᠳᠬᠦ ᠨᠡᠭᠡᠭᠡᠨ | ᠬᠥᠭᠵᠢᠭᠦᠯᠬᠦ᠂ ᠨᠡᠭᠦᠳᠡᠯ ᠮᠠᠯᠵᠢᠯ ᠤᠨ ᠠᠮᠢᠳᠤᠷᠠᠯ ᠢ ᠣᠶᠢᠯᠠᠭᠠᠬᠤ᠂ ᠰᠤᠳᠤᠯᠤᠨ ᠰᠤᠷᠤᠯᠴᠠᠬᠤ ᠶᠢ ᠨᠢᠭᠡ | ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠦᠶᠯᠡᠴᠢᠯᠡᠭᠡᠨ ᠤ ᠵᠢᠭᠤᠯᠴᠢᠯᠠᠯ ᠤᠨ ᠣᠷᠣᠨ ᠢ ᠪᠦᠷᠢᠯᠳᠦᠭᠦᠯᠵᠡᠶ᠃ ᠲᠣᠰ | ᠰᠣᠶᠣᠯ ᠤᠨ ᠬᠦᠷᠢᠶᠡᠯᠡᠩ ᠨᠢ 2018 ᠣᠨ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠰᠡᠯᠡᠭᠦᠴᠡᠯ ᠤᠨ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠵᠢᠭᠤᠯᠴᠢᠯᠠᠯ ᠤᠨ | ᠵᠢᠱᠢᠶ᠎ᠡ ᠦᠵᠡᠭᠦᠯᠬᠦ ᠬᠤᠰᠢᠭᠤ ︵ᠰᠢᠶᠠᠨ︶ ᠶᠢᠨ ᠵᠢᠱᠢᠶ᠎ᠡ ᠦᠵᠡᠭᠦᠯᠬᠦ ᠴᠡᠭ︾ ᠢᠶᠠᠷ ᠦᠨᠡᠯᠡᠭᠳᠡᠭᠰᠡᠨ ᠪᠥᠭᠡᠳ 45 | ᠡᠷᠦᠬᠡ ᠮᠠᠯᠴᠢᠨ ᠲᠠᠷᠢᠶᠠᠴᠢᠨ ᠢ ᠠᠮᠵᠢᠯᠲᠠ ᠲᠠᠢ ᠳᠠᠶᠢᠴᠢᠯᠠᠨ ᠵᠢᠭᠤᠯᠴᠢᠯᠠᠯ ᠤᠨ ᠣᠷᠣᠯᠭ᠎ᠠ ᠶᠢ 46 ᠲᠦᠮᠡᠨ | ᠲᠥᠭᠦᠷᠢᠭ᠂ ᠡᠷᠦᠬᠡ ᠪᠦᠷᠢ ᠶᠢᠨ ᠳᠤᠮᠳᠠᠴᠢ ᠣᠷᠣᠯᠭ᠎ᠠ ᠶᠢ 1.02 ᠲᠦᠮᠡᠨ ᠲᠥᠭᠦᠷᠢᠭ ᠲᠤ ᠬᠦᠷᠭᠡᠪᠡ᠃ ᠬᠤᠶᠠᠷ | ᠲᠤ ᠪᠠᠶᠠᠨᠲᠣᠤᠷᠠᠶ ᠰᠤᠮᠤ ᠶᠢᠨ ᠠᠲᠠᠷ ᠬᠠᠭᠠᠯᠪᠣᠷᠢᠯᠠᠭᠴᠢ ᠶᠢᠨ ᠠᠳᠠᠯ ᠦᠶᠯᠡᠰ ᠴᠣᠭᠴᠠᠯᠠᠬᠤ ᠵᠣᠷᠢᠭ ᠰᠠᠨᠠᠭ᠎ᠠ ᠪᠠ | ᠳᠣᠷᠭᠤᠳ ᠰᠣᠶᠣᠯ ᠢᠶᠠᠷ ᠰᠡᠳᠦᠪᠯᠡᠵᠦ᠂ ᠤᠷᠢᠳ ᠬᠤᠵᠢᠳ ᠨᠡᠭᠦᠳᠡᠯ ᠰᠣᠶᠣᠯ ᠤᠨ ᠮᠦᠽᠧᠶ ᠪᠠ ᠠᠲᠠᠷ | ᠬᠠᠭᠠᠯᠪᠤᠷᠢᠯᠠᠯᠲᠠ ᠶᠢᠨ ᠰᠣᠶᠣᠯ ᠤᠨ ᠮᠦᠽᠧᠶ ᠶᠢ ᠪᠠᠯᠠ ᠣᠷᠣᠭᠤᠯᠤᠨ ᠪᠠᠶᠢᠭᠤᠯᠵᠤ᠂ ᠡᠬᠡ ᠣᠷᠣᠨᠴᠢ ᠦᠵᠡᠯ ᠤᠨ | ᠵᠣᠷᠢᠭ ᠰᠠᠨᠠᠭ᠎ᠠ ᠪᠠ ᠰᠢᠯᠢᠳᠡᠭ ᠲᠠᠷᠢᠶᠠᠯᠠᠬᠤ ᠰᠣᠶᠣᠯ᠂ ᠨᠡᠭᠦᠳᠡᠯ ᠰᠣᠶᠣᠯ ᠤᠨ ᠣᠬᠢ ᠰᠣᠳᠣ ᠶᠢ ᠪᠦᠲᠦᠮᠵᠢᠲᠡᠶ | ᠤᠯᠠᠮᠵᠢᠯᠠᠨ ᠪᠠᠳᠠᠷᠠᠭᠤᠯᠵᠤ᠂ ᠬᠥᠳᠡᠭᠡ ᠲᠣᠰᠬᠤᠨ ᠤ ᠵᠢᠭᠤᠯᠴᠢᠯᠠᠯ ᠢ ᠬᠥᠭᠵᠢᠭᠦᠯᠬᠦ ᠳᠤ ᠰᠢᠨ᠎ᠡ ᠬᠦᠳᠡᠯᠭᠡᠭᠴᠢ | ᠡᠨᠧᠷᠬᠢ ᠨᠡᠮᠡᠷᠢᠯᠡᠵᠦ᠂ 2019 ᠣᠨ ᠪᠣᠯᠲᠠᠯ᠎ᠠ᠂ ᠬᠤᠶᠠᠷ ᠮᠦᠽᠧᠶ ᠰᠣᠷᠣᠯᠴᠠᠨ ᠰᠢᠨᠵᠢᠯᠡᠨ ᠪᠠᠶᠢᠴᠠᠭᠠᠬᠤ ᠪᠦᠯᠬᠦᠮ | ᠢ ᠨᠡᠶᠢᠲᠡ 20 ᠭᠠᠷᠤᠶ ᠤᠳᠠᠭ᠎ᠠ ᠬᠦᠯᠢᠶᠡᠨ ᠠᠪᠴᠤ᠂ ᠬᠠᠩᠭᠠᠭᠰᠠᠨ ᠦᠶᠯᠡᠴᠢᠯᠡᠭᠡ ᠨᠢ 10000 ᠬᠥᠮᠦᠨ | ᠤᠳᠠᠭ᠎ᠠ ᠶᠢ ᠳᠠᠪᠠᠵᠤ᠂ ᠪᠠᠶᠠᠨᠲᠣᠤᠷᠠᠶ ᠰᠤᠮᠤ ᠶᠢᠨ ᠬᠥᠳᠡᠭᠡ ᠲᠣᠰᠬᠤᠨ ᠤ ᠵᠢᠭᠤᠯᠴᠢᠯᠠᠯ ᠳᠤ ᠰᠣᠶᠣᠯ ᠤᠨ ᠰᠢᠨ᠎ᠡ | ᠠᠭᠤᠯᠤᠭᠳᠠᠬᠤᠨ ᠢ ᠨᠡᠮᠡᠷᠢᠯᠡᠪᠡ᠃ | ᠳᠦᠷᠪᠡ᠂ ᠠᠮᠢ ᠠᠬᠤᠶ ᠪᠠᠷ ᠦᠨᠳᠦᠰᠦ ᠪᠣᠯᠭᠠᠵᠤ᠂ ᠦᠷᠭᠦᠯᠵᠢᠯᠡᠬᠦ ᠬᠥᠭᠵᠢᠯᠲᠡ ᠶᠢᠨ ᠰᠢᠨ᠎ᠡ ᠵᠠᠭᠪᠤᠷ ᠢ | ᠰᠠᠨᠠᠭᠠᠴᠢᠯᠠᠪᠠ | ᠨᠢᠭᠡ ᠳᠤ ᠭᠤᠤᠯ ᠤᠨ ᠳᠠᠷᠤᠭ᠎ᠠ ᠶᠢᠨ ᠳᠦᠷᠢᠮ ᠢ ᠨᠠᠷᠢᠨ ᠬᠢᠨᠠᠮᠠᠭᠠᠶ ᠲᠤᠤᠱᠯᠠᠭᠤᠯᠤᠨ | ᠨᠠᠶᠢᠳᠠᠪᠣᠷᠢᠵᠢᠭᠤᠯᠪᠠ᠃ ᠵᠢᠯ ᠤᠨ ᠤᠰᠤᠨ ᠤ ᠬᠡᠮᠵᠢᠶ᠎ᠡ ᠶᠢ ᠲᠣᠬᠢᠷᠠᠭᠤᠯᠬᠤ ᠲᠥᠯᠥᠪᠯᠡᠭᠡ ᠶᠢ ᠦᠨᠳᠦᠰᠦᠯᠡᠨ᠂ | ᠰᠤᠮᠤᠨ ᠤ ᠡᠯ᠎ᠡ ᠭᠤᠤᠯ ᠤᠨ ᠳᠠᠷᠤᠭ᠎ᠠ ᠶᠢᠨ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ | 《ᠲᠥᠪᠯᠡᠷᠡᠭᠦᠯᠦᠨ ᠲᠣᠬᠢᠷᠠᠭᠤᠯᠬᠤ᠂ ᠣᠷᠣᠨ ᠬᠤᠪᠢᠶᠠᠨ ᠡᠭᠡᠯᠵᠢᠯᠡᠨ ᠤᠰᠤᠯᠠᠬᠤ 》ᠠᠷᠭ᠎ᠠ ᠮᠠᠶ᠋ᠢᠭ ᠢᠶᠠᠷ | ᠳᠠᠮᠵᠢᠭᠤᠯᠤᠨ ᠡᠷᠭᠢ ᠶᠢ ᠬᠠᠮᠠᠭᠠᠯᠠᠬᠤ᠂ ᠬᠠᠰᠢᠯᠭ᠎ᠠ ᠪᠠᠷᠢᠬᠤ᠂ ᠤᠰᠤ ᠲᠠᠲᠠᠬᠤ᠂ ᠭᠤᠤᠯ ᠢ ᠨᠡᠪᠲᠡᠷᠡᠭᠦᠯᠬᠦ ᠵᠡᠷᠭᠡ | ᠰᠢᠷᠢᠰ ᠢᠨᠵᠧᠨᠧᠷᠢᠩ ᠤᠨ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠤᠰᠤᠨ ᠤ ᠬᠡᠮᠵᠢᠶ᠎ᠡ ᠶᠢ ᠲᠣᠬᠢᠷᠠᠭᠤᠯᠬᠤ ᠬᠡᠪ ᠤᠨ | ᠡᠮᠬᠢ ᠳᠢᠭᠯᠢᠮ ᠢ ᠪᠠᠲᠤᠯᠠᠵᠤ᠂ ᠬᠤᠪᠣᠷ ᠨᠠᠨᠳᠢᠨ ᠤᠰᠤᠨ ᠤ ᠡᠬᠢ ᠪᠠᠶᠠᠯᠢᠭ ᠢ ᠬᠠᠮᠤᠭ ᠤᠨ ᠬᠡᠷᠡᠭᠴᠡᠭᠡ ᠲᠠᠢ ᠭᠠᠵᠠᠷ | ᠲᠤ ᠳᠣᠬᠢᠷᠠᠭᠤᠯᠪᠠ᠃ 2018 ᠣᠨ ᠠᠴᠠ ᠨᠠᠰᠢ᠂ ᠲᠣᠭᠲᠠᠮᠠᠯ ᠬᠤᠭᠤᠴᠠᠭ᠎ᠠ ᠲᠠᠢ ᠪᠠᠷ ᠭᠤᠤᠯ ᠮᠥᠷᠡᠨ ᠢ 70 | ᠭᠠᠷᠤᠶ ᠤᠳᠠᠭ᠎ᠠ ᠴᠠᠭᠳᠠᠵᠤ᠂ ᠦᠶᠡᠷ ᠰᠦᠩ ᠬᠠᠯᠢᠶ᠎ᠠ ᠳᠤ ᠡᠪᠳᠡᠭᠳᠡᠭᠰᠡᠨ 8 ᠭᠤᠤᠯ ᠤᠨ ᠰᠤᠪᠠᠭ ᠢ ᠰᠡᠯᠪᠢᠨ | ᠵᠠᠰᠠᠵᠤ᠂ 4 ᠰᠠᠭᠤᠷᠢ ᠬᠠᠭᠠᠯᠲᠠ ᠶᠢ ᠰᠡᠯᠪᠢᠨ ᠵᠠᠰᠠᠵᠤ᠂ 90 ᠭᠠᠷᠤᠶ ᠲᠦᠮᠡᠨ ᠮᠦ ᠣᠢ ᠰᠢᠭᠤᠶ ᠡᠪᠡᠰᠦᠲᠦ | ᠭᠠᠵᠠᠷ ᠢ ᠪᠦᠲᠦᠮᠵᠢᠲᠡᠶ ᠤᠰᠤᠯᠠᠵᠤ᠂ ᠬᠢᠵᠠᠭᠠᠷ ᠲᠠᠢ ᠤᠰᠤᠨ ᠤ ᠡᠬᠢ ᠪᠠᠶᠠᠯᠢᠭ ᠢ ᠭᠦᠶᠴᠡᠳ ᠠᠰᠢᠭᠯᠠᠪᠠ᠃ | ᠬᠤᠶᠠᠷ ᠲᠤ ᠬᠥᠳᠡᠭᠡ ᠲᠣᠰᠬᠤᠨ ᠤ ᠬᠦᠮᠦᠨ ᠠᠷᠠᠳ ᠤᠨ ᠣᠷᠣᠰᠢᠨ ᠰᠠᠭᠤᠷᠢᠰᠢᠬᠤ ᠣᠷᠴᠢᠨ ᠳᠣᠭᠤᠷᠢᠨ ᠢ | ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠦᠷᠨᠢᠬᠦᠯᠪᠡ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ᠂ | ᠡᠷᠡᠭᠦᠯ ᠡᠩᠬᠡ ᠰᠤᠮᠤᠨ ᠤ ᠠᠵᠢᠯᠯᠠᠭ᠎ᠠ ᠪᠠᠷ ᠭᠠᠷᠳᠠᠴᠠ ᠪᠣᠯᠭᠠᠵᠤ᠂ ︽ᠬᠥᠳᠡᠭᠡ ᠲᠣᠰᠬᠤᠨ ᠤ ᠬᠦᠮᠦᠨ ᠠᠷᠠᠳ ᠤᠨ | ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭᠠᠨ ᠤ ᠲᠥᠰᠦᠯ︾ | ᠢ ᠨᠠᠷᠢᠨ ᠬᠢᠨᠠᠮᠠᠭᠠᠶ ᠳᠣᠣᠱᠯᠠᠭᠤᠯᠣᠨ ᠨᠠᠶᠢᠳᠠᠪᠣᠷᠢᠵᠢᠭᠤᠯᠵᠦ᠂ 30 ᠭᠠᠷᠤᠶ ᠤᠳᠠᠭᠠᠨ ᠤ ᠣᠷᠴᠢᠨ ᠳᠣᠭᠤᠷᠢᠨ ᠢ | ᠲᠥᠪᠯᠡᠷᠡᠭᠦᠯᠦᠨ ᠴᠡᠪᠡᠷᠯᠡᠨ ᠴᠡᠭᠴᠡᠯᠡᠬᠦ ᠠᠵᠢᠯᠯᠠᠭ᠎ᠠ ᠶᠢ ᠥᠷᠨᠢᠭᠦᠯᠵᠦ᠂ ᠢᠯᠠᠩᠭᠤᠶ᠎ᠠ ᠭᠤᠤᠯᠳᠠᠯᠭ᠎ᠠ ᠲᠠᠢ ᠣᠷᠣᠨ | ᠪᠦᠰᠡ᠂ ᠭᠤᠤᠯᠳᠠᠯᠭ᠎ᠠ ᠲᠠᠢ ᠬᠡᠰᠡᠭ ᠤᠨ ᠳᠤᠷ᠎ᠠ ᠪᠠᠷ ᠢᠶᠠᠨ ᠪᠠᠶᠢᠭᠤᠯᠤᠭᠰᠠᠨ ᠪᠠ ᠲᠣᠭᠲᠠᠭᠠᠯ ᠠᠴᠠ ᠵᠦᠷᠢᠴᠡᠨ | ᠣᠪᠣᠭᠠᠯᠠᠵᠦ ᠳᠠᠯᠪᠢᠭᠰᠠᠨ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠵᠤ᠂ ᠴᠡᠪᠡᠷᠯᠡᠨ ᠳᠦᠷᠢᠮᠵᠢᠬᠦᠯᠵᠦ᠂ | ᠰᠤᠮᠤ ᠪᠠᠨ ᠢᠳᠡᠭ ᠢᠳᠡᠭ ᠢᠶᠠᠷ ᠲᠩᠷᠢ ᠨᠢ ᠴᠡᠯᠮᠡᠭ᠂ ᠬᠦᠷᠦᠰᠦ ᠨᠢ ᠠᠷᠢᠭᠤᠨ᠂ ᠤᠰᠤ ᠨᠢ ᠲᠤᠩᠭᠠᠯᠠᠭ | ᠦᠵᠡᠰᠬᠦᠯᠡᠩᠲᠦ ᠰᠠᠶᠢᠬᠠᠨ ᠰᠢᠨ᠎ᠡ ᠬᠥᠳᠡᠭᠡ ᠲᠣᠰᠬᠤᠨ ᠪᠣᠯᠭᠠᠨ ᠪᠦᠲᠦᠭᠡᠨ ᠪᠠᠶᠢᠭᠤᠯᠵᠤ᠂ ᠠᠷᠠᠳ ᠲᠦᠮᠡᠨ ᠤ ᠵᠣᠯ | ᠵᠢᠷᠭᠠᠯᠳᠦ ᠲᠥᠷᠥᠭᠳᠡᠯ ᠢᠯᠡᠳᠲᠡ ᠳᠡᠭᠡᠭᠰᠢᠯᠡᠪᠡ᠃ ᠭᠤᠷᠪᠠ ᠳᠤ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ | ᠵᠠᠰᠠᠬᠤ ᠠᠵᠢᠯ ᠢ ᠶᠡᠬᠡᠪᠡᠷ ᠦᠷᠨᠢᠬᠦᠯᠪᠡ᠃ ᠣᠷᠭᠠᠨᠢᠭ ᠬᠢᠮᠢ ᠶᠢᠨ ᠪᠣᠷᠳᠣᠭᠤᠷ᠂ ᠬᠢᠷᠢ ᠲᠡᠩᠴᠡᠭᠰᠡᠨ ᠰᠦᠯᠢᠶᠣᠣ | ᠪᠦᠷᠬᠦᠪᠴᠢ ᠶᠢ ᠢᠳᠡᠪᠬᠢᠲᠡᠶ ᠪᠠᠷ ᠳᠡᠯᠭᠡᠷᠡᠭᠦᠯᠵᠦ᠂ ᠬᠦᠬᠦᠷ ᠨᠤᠨᠲᠠᠭ ᠬᠡᠷᠡᠭᠯᠡᠬᠦ ᠶᠢ ᠡᠷᠡᠰ ᠬᠤᠷᠢᠭᠯᠠᠵᠦ᠂ ᠰᠦᠯᠢᠶᠣᠣ | ᠪᠦᠷᠬᠦᠪᠴᠢ ᠶᠢ ᠡᠭᠡᠭᠦᠯᠦᠨ ᠬᠤᠷᠢᠶᠠᠬᠤ ᠥᠷᠲᠡᠭᠡ᠂ ᠬᠤᠭ ᠨᠣᠪᠰᠢ ᠶᠢ ᠡᠭᠡᠭᠦᠯᠦᠨ ᠬᠤᠷᠢᠶᠠᠬᠤ ᠥᠷᠲᠡᠭᠡ ᠵᠡᠷᠭᠡ ᠶᠢ | ᠪᠦᠲᠦᠭᠡᠨ ᠪᠠᠶᠢᠭᠤᠯᠵᠤ᠂ ᠨᠦᠬᠡᠴᠡᠯᠡᠵᠦ ᠬᠡᠷᠡᠭᠯᠡᠭᠰᠡᠨ ᠲᠠᠷᠢᠶᠠᠯᠠᠩ ᠤᠨ ᠪᠣᠷᠳᠣᠭᠤᠷ1600 ᠲᠣᠨ ᠢ ᠳᠠᠪᠠᠵᠦ᠂ | ᠲᠠᠷᠢᠶᠠᠯᠠᠩ ᠤᠨ ᠪᠣᠷᠳᠣᠭᠤᠷ ᠢ ᠬᠡᠷᠡᠭᠯᠡᠭᠰᠡᠨ ᠲᠠᠯᠠᠪᠠᠢ ᠨᠢ 1500 ᠮᠦ ᠳᠤ ᠬᠦᠷᠴᠦ᠂ ᠪᠣᠬᠢᠷᠲᠤᠯ ᠦᠭᠡᠢ ᠬᠤᠤᠷ | ᠦᠭᠡᠢ ᠪᠠᠯᠲᠤ ᠬᠡᠮᠬᠡ ᠶᠢ ᠳᠠᠷᠢᠭᠰᠠᠨ ᠲᠠᠯᠠᠪᠠᠢ ᠨᠢ 1000 ᠮᠦ ᠨᠡᠮᠡᠭᠳᠡᠵᠦ᠂ 9 ᠰᠠᠭᠤᠷᠢ ᠰᠦᠯᠢᠶᠣᠣ ᠪᠦᠷᠬᠦᠪᠴᠢ | ᠶᠢ ᠡᠭᠡᠭᠦᠯᠦᠨ ᠬᠤᠷᠢᠶᠠᠬᠤ ᠥᠷᠲᠡᠭᠡ᠂ ᠬᠤᠭ ᠨᠣᠪᠰᠢ ᠶᠢ ᠡᠭᠡᠭᠦᠯᠦᠨ ᠬᠤᠷᠢᠶᠠᠬᠤ 13 ᠥᠷᠲᠡᠭᠡ ᠶᠢ ᠪᠠᠶᠢᠭᠤᠯᠵᠤ᠂ | ᠪᠦᠬᠦ ᠵᠢᠯ ᠳᠤ 140 ᠲᠣᠨ ᠰᠦᠯᠢᠶᠣᠣ ᠪᠦᠷᠭᠦᠪᠴᠢ ᠶᠢ ᠴᠡᠪᠡᠷᠯᠡᠨ ᠲᠡᠭᠡᠭᠡᠪᠦᠷᠢᠯᠡᠵᠦ᠂ ᠬᠤᠭ ᠨᠣᠪᠰᠢ ᠶᠢ | ᠡᠭᠡᠭᠦᠯᠦᠨ ᠬᠤᠷᠢᠶᠠᠭᠰᠠᠨ ᠨᠣᠷᠮ᠎ᠠ ᠨᠢ 85% ᠠᠴᠠ ᠳᠡᠭᠡᠭᠰᠢ ᠪᠠᠶᠢᠵᠦ᠂ ᠲᠠᠷᠢᠶᠠᠯᠠᠩ ᠤᠨ ᠣᠯᠠᠨ ᠡᠬᠢᠲᠦ | ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢᠯᠡᠣᠨᠳᠡ ᠦᠷ᠎ᠡ ᠪᠦᠳᠦᠮᠵᠢ ᠣᠯᠪᠠ᠃ | ᠲᠠᠪᠤ᠂ ᠵᠣᠬᠢᠶᠠᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠵᠤ᠂ ᠬᠥᠳᠡᠭᠡ ᠲᠣᠰᠬᠤᠨ ᠤ ᠬᠥᠭᠵᠢᠯᠲᠡ | ᠶᠢᠨ ᠰᠢᠨ᠎ᠡ ᠴᠢᠭᠯᠡᠯ ᠢ ᠵᠥᠪ ᠡᠵᠡᠮᠳᠡᠪᠡ | ︽ᠨᠠᠮ ᠤᠨ ᠡᠭᠦᠷ + ᠬᠤᠷᠰᠢᠶᠠᠵᠢᠯ + ᠰᠠᠭᠤᠷᠢᠨ ᠭᠠᠵᠠᠷ + ᠮᠠᠯᠴᠢᠨ ᠳᠠᠷᠢᠶᠠᠴᠢᠨ ᠡᠷᠦᠬᠡ︾ ᠶᠢᠨ | ᠬᠥᠭᠵᠢᠯᠲᠡ ᠶᠢᠨ ᠵᠠᠭᠪᠤᠷ ᠢᠶᠠᠷ ᠳᠠᠮᠵᠢᠭᠤᠯᠤᠨ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠳᠤᠮᠳᠠᠬᠢ ᠬᠥᠲᠥᠯᠥᠨ ᠳᠠᠭᠠᠭᠤᠯᠬᠤ ᠦᠶᠯᠡᠳᠦᠯ ᠢ ᠲᠠᠰᠤᠷᠠᠯᠲᠠ ᠥᠬᠡᠶ | ᠳᠡᠭᠡᠭᠰᠢᠯᠡᠭᠦᠯᠬᠦ ᠪᠠ ᠪᠠᠳᠠᠷᠠᠭᠤᠯᠵᠤ᠂ ᠮᠠᠯᠴᠢᠨ ᠲᠠᠷᠢᠶᠠᠴᠢᠨ ᠣᠯᠠᠨ ᠲᠦᠮᠡᠨ ᠳᠤ ᠠᠵᠤ ᠦᠢᠯᠡᠰ ᠤᠨ ᠬᠥᠭᠵᠢᠯᠲᠡ | ᠶᠢᠨ ᠶᠡᠭᠡ ᠬᠠᠨᠳᠤᠰᠢ ᠪᠠ ᠵᠠᠬ᠎ᠠ ᠳᠡᠯᠭᠡᠭᠦᠷ ᠤᠨ ᠠᠯᠤᠰ ᠢᠷᠡᠭᠡᠳᠦᠶ ᠶᠢ ᠢᠳᠡᠪᠬᠢᠲᠡᠢ ᠵᠠᠳᠠᠯᠤᠨ ᠥᠭᠴᠦ᠂ ᠪᠠᠯᠠ | ᠮᠥᠩᠭᠦ᠂ ᠬᠥᠮᠦᠨ ᠤ ᠬᠦᠴᠦᠨ᠂ ᠪᠣᠳᠠᠰ ᠤᠨ ᠬᠦᠴᠦᠨ ᠵᠡᠷᠭᠡ ᠬᠦᠴᠢᠷᠳᠡᠯ ᠢ ᠬᠠᠪᠰᠤᠷᠤᠨ ᠵᠣᠬᠢᠴᠠᠭᠤᠯᠤᠨ | ᠰᠢᠢᠳᠪᠦᠷᠢᠯᠡᠨ ᠦᠭᠴᠦ᠂ ᠳᠠᠭᠠᠣ ᠳᠤᠨᠢ᠂ ᠲᠠᠷᠢᠶᠠᠯᠠᠩ ᠮᠠᠯ ᠠᠵᠤ ᠠᠬᠤᠶ ᠵᠢᠴᠢ ᠲᠠᠷᠢᠵᠤ ᠲᠡᠵᠢᠭᠡᠬᠦ ᠮᠡᠷᠭᠡᠵᠢᠯ ᠤᠨ | ᠵᠢᠯᠣᠭᠤᠳᠣᠯᠭ᠎ᠠ ᠶᠢ ᠴᠢᠩᠭᠠᠳᠬᠠᠵᠤ᠂ ᠣᠯᠠᠨ ᠲᠦᠮᠡᠨ ᠪᠣᠯᠤᠨ ᠵᠠᠰᠠᠭ ᠤᠨ ᠣᠷᠳᠣᠨ ᠤ ᠰᠠᠨᠠᠭ᠎ᠠ ᠪᠣᠳᠣᠯ ᠢᠶᠠᠨ | ᠣᠯᠣᠯᠴᠠᠵᠦ ᠬᠠᠷᠢᠯᠴᠠᠬᠤ ᠶᠢ ᠪᠦᠲᠦᠮᠵᠢᠲᠡᠶ ᠳᠡᠭᠡᠭᠰᠢᠯᠡᠭᠦᠯᠵᠦ᠂ ᠮᠠᠯᠴᠢᠨ ᠲᠠᠷᠢᠶᠠᠴᠢᠨ ᠢ ᠠᠮᠵᠢᠯᠲᠠ ᠲᠠᠢ | ᠬᠠᠪᠰᠤᠷᠤᠨ ᠨᠢᠭᠡᠳᠦᠭᠡᠷ ᠠᠵᠤ ᠦᠢᠯᠡᠰ ᠤᠨ ᠪᠦᠲᠦᠴᠡ ᠶᠢ ᠨᠢ ᠰᠢᠯᠢᠳᠡᠭᠵᠢᠭᠦᠯᠵᠦ᠂ ᠭᠤᠷᠪᠠᠳᠣᠭᠠᠷ ᠠᠵᠦ | ᠦᠢᠯᠡᠰ ᠤᠨ ᠶᠠᠰᠣ ᠴᠢᠨᠠᠷ ᠢ ᠨᠢ ᠳᠡᠭᠡᠭᠰᠢᠯᠡᠭᠦᠯᠵᠦ᠂ ᠨᠢᠭᠡ ᠪᠦᠯᠦᠭ ᠪᠠᠶᠠᠵᠢᠯ ᠤᠨ ᠳᠠᠭᠠᠭᠤᠯᠤᠭᠴᠢ ᠶᠢ | ᠬᠥᠮᠦᠵᠢᠭᠦᠯᠪᠡ᠃ 2018 ᠣᠨ ᠳᠤ᠂ ᠰᠣᠮᠣᠨ ᠤ ᠲᠠᠷᠢᠶᠠᠯᠠᠩ ᠮᠠᠯ ᠠᠵᠤ ᠠᠬᠤᠢ ᠶᠢᠨ ᠦᠶᠯᠡᠳᠪᠦᠷᠢᠯᠡᠯ ᠤᠨ | ᠶᠡᠷᠦᠩᠬᠡᠶ ᠥᠷᠲᠡᠭ 8126.84 ᠲᠦᠮᠡᠨ ᠲᠥᠭᠦᠷᠢᠭ᠂ ᠵᠢᠭᠤᠯᠴᠢᠯᠠᠯ ᠤᠨ ᠶᠡᠷᠦᠩᠬᠡᠶ ᠣᠷᠣᠯᠭ᠎ᠠ560 ᠲᠦᠮᠡᠨ | ᠲᠥᠭᠦᠷᠢᠭ᠂ ᠮᠠᠯᠴᠢᠨ ᠲᠠᠷᠢᠶᠠᠴᠢᠨ ᠤ ᠬᠥᠮᠦᠨ ᠪᠦᠷᠢ ᠶᠢᠨ ᠳᠡᠭᠰᠢᠳᠭᠡᠭᠰᠡᠨ ᠡᠵᠡᠮᠳᠡᠵᠦ ᠪᠣᠯᠬᠤ ᠣᠷᠣᠯᠭ᠎ᠠ | 29797 ᠲᠥᠭᠦᠷᠢᠭ ᠪᠠᠶᠢᠵᠤ᠂ 2017 ᠣᠨ ᠬᠢ ᠠᠴᠠ 8 % ᠪᠠᠷ ᠨᠡᠮᠡᠭᠳᠡᠵᠦ᠂ ᠨᠠᠮ ᠤᠨ ᠵᠣᠬᠢᠶᠠᠨ | ᠪᠠᠶᠢᠭᠤᠯᠤᠯᠲᠠ ᠶᠢᠨ ᠪᠠᠶᠠᠵᠢᠯ ᠤᠨ ᠳᠠᠭᠠᠭᠤᠯᠤᠭᠴᠢ ᠦᠶᠯᠡᠳᠦᠯ ᠢᠯᠡᠳᠲᠡ ᠪᠠᠳᠠᠷᠠᠪᠠ᠃ |