ᠪᠠᠶᠠᠨᠲᠣᠣᠷᠠᠢ ᠰᠤᠮᠤ᠄ ︽ᠨᠠᠮ ᠤᠨ ᠪᠠᠶᠢᠭᠤᠯᠤᠯᠲᠠ + ᠵᠢᠭᠤᠯᠴᠢᠯᠠᠯ︾ ᠢᠶᠠᠷ ᠬᠦᠳᠡᠭᠡ ᠲᠤᠰᠬᠤᠨ ᠢ  ᠬᠦᠭᠵᠢᠬᠦᠯᠦᠨ ᠮᠠᠨᠳᠤᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2019-08-05
      ᠯᠥᠸᠧ ᠢᠤᠢ ᠬᠠᠰᠢᠶᠠᠨ ᠤ ᠪᠠᠨ ᠨᠤᠭᠤᠭ᠎ᠠ ᠶᠢ ᠲᠡᠬᠦᠵᠤ ᠪᠠᠶᠢᠨ᠎ᠠ᠃ ︵ᠫᠸᠡᠭ ᠶᠡᠨ ᠰᠡᠬᠦᠳᠡᠷᠯᠡᠪᠡ︶      ᠡᠵᠡᠨ᠎ᠡ ᠬᠤᠰᠢᠭᠤᠨ ᠤ ᠪᠠᠶᠠᠨᠲᠣᠣᠷᠠᠢ ᠰᠤᠮᠤᠨ ᠳᠤ ᠬᠦᠷᠬᠦ ᠳᠤ᠂ ᠮᠥᠷ ᠮᠥᠷ ᠲᠣᠭᠤᠰᠬᠠᠨ ᠭᠡᠷ ᠬᠠᠷᠠᠭᠠᠨ ᠳᠤ ᠣᠷᠤᠵᠤ᠂ ᠰᠠᠷᠠᠭᠤᠯ ᠳᠠᠷᠳᠠᠩ ᠵᠠᠮ ᠠᠯᠤᠰ ᠲᠤ ᠦᠷᠭᠦᠯᠵᠢᠯᠡᠵᠦ᠂ ᠵᠡᠭᠡᠯᠢ ᠶᠢᠨ ᠬᠤᠶᠠᠷ ᠬᠠᠵᠠᠭᠤ ᠶᠢᠨ ᠮᠣᠳᠤ ᠵᠥᠭᠡᠯᠡᠨ ᠰᠠᠯᠬᠢᠨ ᠤ ᠠᠶ᠎ᠠ ᠪᠠᠷ ᠱᠠᠷ ᠱᠠᠷ ᠳᠤᠤᠭᠠᠷᠤᠨ᠎ᠠ᠃ ᠬᠥᠬᠡ ᠲᠡᠭᠷᠢ ᠴᠠᠭᠠᠨ ᠡᠭᠦᠯᠡ ᠨᠢ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠲᠠᠢ ᠤᠷᠭᠠᠨᠢᠭ ᠢᠶᠠᠷ ᠤᠶᠠᠯᠳᠤᠵᠤ ᠭᠤᠶᠣ ᠰᠠᠶᠢᠬᠠᠨ ᠦᠵᠡᠮᠵᠢ ᠶᠢᠨ ᠵᠢᠷᠤᠭ ᠪᠣᠯᠵᠤ ᠪᠦᠷᠢᠯᠳᠦᠨ᠎ᠡ᠃      ︽ᠣᠷᠤᠵᠤ ᠢᠷᠡᠵᠦ ᠦᠵᠡᠭᠡᠷᠡᠢ᠂ ᠡᠨᠡ ᠪᠣᠯ ᠳᠠᠷᠤᠢ ᠠᠷᠠᠳ ᠤᠨ ᠰᠠᠭᠤᠴᠠ᠃ ᠣᠳᠣ ᠮᠠᠰᠢ ᠣᠯᠠᠨ ᠵᠤᠭᠠᠴᠠᠬᠰᠠᠳ ᠠᠳᠡ ᠢᠷᠡᠵᠤ ᠬᠤᠨᠤᠭᠯᠠᠨ᠂ ᠬᠥᠳᠡᠭᠡ ᠶᠢᠨ ᠬᠤᠭᠤᠯᠨ ᠪᠤᠳᠠᠭ᠎ᠠ ᠠᠮᠰᠠᠵᠤ᠂ ᠬᠥᠳᠡᠭᠡ ᠶᠢᠨ ᠠᠮᠢᠳᠤᠷᠠᠯ ᠢ ᠥᠩᠭᠡᠷᠡᠭᠦᠯᠳᠡᠭ︾ ᠬᠡᠵᠤ ᠪᠠᠶᠠᠨᠲᠣᠣᠷᠠᠢ ᠰᠤᠮᠤ ᠶᠢᠨ ᠠᠩᠴᠢᠨᠲᠣᠣᠷᠠᠢ ᠭᠠᠴᠠᠭᠠᠨ ᠤ ᠨᠠᠮ ᠤᠨ ᠡᠭᠦᠷ ᠤᠨ ᠱᠦᠵᠢ᠂ ᠴᠢ ᠰᠢᠨ ᠴᠢ ᠢ ᠵᠢᠭᠤᠯᠴᠢᠯᠠᠯ ᠤᠨ ᠬᠤᠷᠰᠢᠶᠠᠵᠢᠯ ᠤᠨ ᠵᠥᠪᠯᠡᠯ ᠤᠨ ᠲᠡᠷᠢᠭᠦᠯᠡᠭᠴᠢ ᠯᠢᠶᠤᠤ ᠶᠦᠨ ᠺᠦᠨ ᠪᠢᠳᠡᠨ ᠢ ᠳᠠᠭᠠᠭᠤᠯᠤᠨ ᠬᠤᠷᠰᠢᠶᠠᠵᠢᠯ ᠤᠨ ᠡᠵᠡᠩᠨᠡᠵᠦ ᠪᠠᠶᠢᠭ᠎ᠠ ᠠᠷᠠᠳ ᠤᠨ ᠰᠠᠭᠤᠴᠠ ᠳᠤ ᠣᠷᠤᠯ᠎ᠠ᠃ ᠡᠭᠦᠳᠡ ᠪᠠᠷ ᠨᠢ ᠣᠷᠤᠬᠤ ᠳᠤ᠂ ᠴᠠᠭᠠᠨ ᠬᠡᠷᠡᠮ ᠨᠢ ᠬᠦᠮᠦᠨ ᠳᠤ ᠴᠡᠪᠡᠷ ᠲᠠᠭᠠᠯᠠᠮᠵᠢᠲᠠᠢ ᠲᠥᠷᠦᠭᠳᠡᠯ ᠥᠭᠭᠦᠨ᠎ᠡ᠂ ᠡᠨᠡ ᠨᠢ ᠨᠢᠭᠡ ᠲᠠᠰᠤᠯᠭ᠎ᠠ ᠬᠤᠶᠠᠷ ᠥᠷᠦᠬᠡ ᠨᠢᠭᠡ ᠲᠢᠩᠬᠢᠮ ᠨᠢᠭᠡ ᠲᠠᠰᠤᠭ ᠲᠠᠢ ᠰᠠᠭᠤᠴᠠ ᠪᠠᠶᠢᠵᠤ᠂ ᠪᠠᠷᠠᠭᠤᠨ ᠭᠠᠷ ᠤᠨ ᠥᠷᠤᠭᠡᠨ ᠳᠤ ᠨᠢ ᠨᠢᠭᠡ ᠲᠣᠮᠤ ᠣᠷᠤ ᠲᠠᠢ ᠪᠠᠶᠢᠯ᠎ᠠ᠃ ︽ᠪᠢᠳᠡᠨ ᠤ ᠵᠠᠷᠢᠮ ᠦᠷᠤᠭᠡ ᠨᠢ ᠲᠣᠮᠤ ᠣᠷᠤ ᠲᠠᠢ᠂ ᠵᠠᠷᠢᠮ ᠨᠢ ᠪᠠᠷᠢᠮᠵᠢᠶ᠎ᠠ ᠡᠷᠦᠭᠡ᠂ ᠵᠤᠭᠠᠴᠠᠬᠰᠠᠳ ᠦᠪᠡᠷ ᠤᠨ ᠪᠠᠶᠢᠳᠠᠯ ᠢᠶᠠᠨ ᠦᠨᠳᠦᠰᠦᠯᠠᠵᠤ ᠰᠤᠩᠭᠤᠵᠤ ᠪᠤᠯᠤᠨ᠎ᠠ︾ ᠭᠡᠵᠦ ᠯᠢᠶᠣᠣ ᠶᠦᠨ ᠺᠦᠨ ᠬᠡᠯᠡᠨ᠎ᠡ᠃      ᠯᠢᠶᠣᠣ ᠶᠦᠨ ᠺᠦᠨ᠂ ︽ᠴᠢ ᠰᠢᠨ ᠴᠢ ᠢ ᠵᠢᠭᠤᠯᠴᠢᠯᠠᠯ ᠤᠨ ᠬᠤᠷᠰᠢᠶᠠᠵᠢᠯ︾ ᠤᠨ ᠪᠠᠶᠢᠭᠤᠯᠤᠭᠳᠠᠭᠰᠠᠨ ᠨᠢ ᠭᠠᠴᠠᠭᠠᠨ ᠤ ᠨᠠᠮ ᠤᠨ ᠡᠭᠦᠷ ᠤᠨ ᠳᠡᠮᠵᠢᠯᠭᠡ ᠪᠠ ᠳᠠᠶᠢᠴᠢᠯᠠᠯᠲᠠ ᠠᠴᠠ ᠰᠠᠯᠵᠤ ᠴᠢᠳᠠᠬᠤ ᠦᠭᠡᠢ ᠬᠡᠵᠤ ᠪᠠᠶᠢᠯ᠎ᠠ᠃ ᠭᠠᠴᠠᠭᠠᠨ ᠤ ᠨᠠᠮ ᠤᠨ ᠡᠭᠦᠷ ᠤᠨ ᠤᠳᠤᠷᠢᠳᠤᠯᠭ᠎ᠠ ᠳᠣᠣᠷ᠎ᠠ᠂ ᠬᠤᠷᠰᠢᠶᠠᠵᠢᠯ ᠨᠢ ᠠᠩᠴᠢᠨᠲᠣᠣᠷᠠᠢ ᠭᠠᠴᠠᠭᠠᠨ ᠤ ᠡᠷᠭᠢᠨ ᠲᠣᠭᠤᠷᠢᠨ ᠤ ᠲᠣᠣᠷᠠᠢ ᠶᠢᠨ ᠣᠢ ᠶᠢᠨ ᠵᠢᠭᠤᠯᠴᠢᠯᠠᠯ ᠤᠨ ᠡᠬᠢ ᠪᠠᠶᠠᠯᠢᠭ ᠲᠤ ᠲᠦᠰᠢᠭᠯᠡᠵᠦ᠂ ᠵᠣᠷᠢᠭᠲᠠᠢ ᠪᠠᠷ ᠠᠷᠠᠳ ᠤᠨ ᠰᠠᠭᠤᠴᠠ ᠶᠢ ᠡᠵᠡᠩᠨᠡᠨ᠂ ᠭᠠᠴᠠᠭᠠᠨ ᠤ ᠮᠠᠯᠴᠢᠨ ᠲᠦᠮᠡᠨ ᠢ ᠬᠥᠳᠡᠭᠡ ᠲᠣᠰᠬᠤᠨ ᠤ ᠵᠢᠭᠤᠯᠴᠢᠯᠠᠯ ᠢᠶᠠᠷ ᠪᠠᠶᠠᠵᠢᠬᠤ ᠵᠠᠮ ᠤᠷᠤᠭᠤ ᠳᠠᠭᠠᠭᠤᠯᠤᠭᠰᠠᠨ ᠪᠠᠶᠢᠨ᠎ᠠ᠃ 2018 ᠣᠨ ᠳᠤ᠂ 80 ᠡᠷᠦᠬᠡ ᠵᠢᠭᠤᠯᠴᠢᠯᠠᠯ ᠤᠨ ᠦᠢᠯᠡᠰ ᠡᠷᠬᠢᠯᠡᠨ᠂᠂ ᠡᠭᠦᠨ ᠳᠤ 10 ᠶᠠᠳᠠᠭᠤ ᠬᠦᠴᠢᠷᠳᠡᠯᠳᠡᠢ ᠡᠷᠦᠬᠡ ᠶᠢ ᠲᠠᠶᠢᠴᠢᠯᠠᠨ ᠤᠷᠤᠯᠴᠠᠭᠤᠯᠪᠠ᠃ ᠲᠣᠣᠷᠠᠢ ᠶᠢᠨ ᠨᠠᠶᠢᠷ ᠤᠨ ᠬᠤᠭᠤᠴᠠᠭᠠᠨ ᠳᠤ ᠨᠡᠶᠢᠲᠡ 5000 ᠭᠠᠷᠤᠢ ᠵᠤᠭᠠᠴᠠᠬᠰᠠᠳ ᠢ ᠬᠦᠯᠢᠶᠠᠨ ᠠᠪᠴᠤ᠂ ᠵᠢᠭᠤᠯᠴᠢᠯᠠᠯ ᠤᠨ ᠣᠷᠤᠯᠭ᠎ᠠ 60 ᠭᠠᠷᠤᠢ ᠲᠦᠮᠡᠨ ᠲᠦᠬᠦᠷᠢᠭ ᠲᠤ ᠬᠦᠷᠴᠦ᠂ ᠡᠷᠦᠬᠡ ᠪᠦᠷᠢ 7500 ᠲᠥᠭᠦᠷᠢᠭ ᠤᠨ ᠣᠷᠤᠯᠭ᠎ᠠ ᠨᠡᠮᠡᠭᠳᠡᠭᠰᠡᠨ ᠪᠠᠶᠢᠨ᠎ᠠ᠃      ︽ᠬᠠᠰᠢᠶᠠᠨ ᠳᠤ ᠲᠠᠷᠢᠭᠰᠠᠨ ᠥᠷᠭᠡᠰᠦᠲᠦ ᠬᠡᠮᠬᠡ᠂ ᠬᠠᠰᠢ᠂ ᠲᠥᠪᠡᠳ ᠬᠠᠰᠢ᠂ ᠪᠤᠷᠴᠠᠭ ᠢᠶᠠᠨ ᠪᠢᠳᠠ ᠥᠪᠡᠷ ᠢᠶᠠᠨ ᠢᠳᠡᠬᠦ ᠪᠠᠷ ᠪᠠᠷᠠᠬᠤ ᠦᠭᠡᠢ᠂ ᠵᠤᠭᠠᠴᠠᠬᠰᠠᠳ ᠤᠨ ᠲᠡᠭᠦᠬᠦ ᠶᠢ ᠴᠤ ᠬᠠᠩᠭᠠᠨ᠂ ᠵᠡᠭᠡᠯᠢ ᠵᠠᠬ᠎ᠠ ᠳᠤ ᠪᠠᠰᠠ ᠬᠡᠰᠡᠭ ᠢ ᠨᠢ ᠬᠤᠳᠠᠯᠳᠤᠳᠠᠭ᠃ ᠡᠨᠡ ᠬᠠᠰᠢᠶᠠᠨ ᠠᠴᠠ ᠵᠢᠯ ᠳᠡᠭᠡᠨ 2000 ᠲᠥᠭᠦᠷᠢᠭ ᠤᠨ ᠣᠷᠤᠯᠭ᠎ᠠ ᠣᠯᠳᠠᠭ︾ ᠬᠡᠵᠤ ᠠᠩᠴᠢᠨᠲᠣᠣᠷᠠᠢ ᠭᠠᠴᠠᠭᠠᠨ ᠤ ᠠᠷᠠᠳ ᠯᠦᠸᠧ ᠢᠦᠢ ᠶᠠᠷᠢᠨ᠎ᠠ᠃ ᠬᠤᠷᠰᠢᠶᠠᠵᠢᠯ ᠤᠨ ᠤᠳᠤᠷᠢᠳᠤᠯᠭ᠎ᠠ ᠳᠣᠣᠷ᠎ᠠ ᠭᠠᠴᠠᠭᠠᠨ ᠤ ᠠᠷᠠᠳ ᠭᠡᠷ ᠬᠦᠷᠢᠶᠡᠯᠡᠩ ᠤᠨ ᠠᠵᠤ ᠠᠬᠤᠢ ᠶᠢ ᠡᠷᠬᠢᠯᠡᠵᠦ ᠲᠠᠬᠢᠶ᠎ᠠ᠂ ᠨᠤᠭᠤᠰᠤ᠂ ᠭᠠᠯᠠᠭᠤ ᠲᠡᠵᠢᠭᠡᠨ᠂ ᠪᠠᠶᠢᠭᠠᠯᠢᠯᠢᠭ ᠢᠳᠡᠰᠢᠨ ᠨᠣᠭᠤᠭ᠎ᠠ ᠲᠠᠷᠢᠵᠤ᠂ ︽ᠬᠤᠲᠠ ᠶᠢᠨ ᠳᠡᠭᠦᠷᠭᠡ ᠪᠠᠷ ᠨᠢᠭᠡ ᠡᠳᠦᠷ ᠵᠤᠭᠠᠴᠠᠨ᠂ ᠬᠥᠳᠡᠭᠡ ᠶᠢᠨ ᠠᠶᠢᠯ ᠳᠤ ᠨᠢᠭᠡ ᠬᠤᠨᠤᠬᠤ︾ ᠪᠠᠶᠠᠴᠢᠯᠠᠨ ᠤᠢᠢᠯᠠᠭᠠᠬᠤ ᠬᠦᠳᠡᠯᠭᠡᠭᠡᠨ ᠦᠷᠨᠢᠭᠦᠯᠵᠦ᠂ ᠵᠤᠭᠠᠴᠠᠬᠴᠢ ᠬᠥᠳᠡᠭᠡ ᠠᠶᠢᠯ ᠳᠤ ᠬᠤᠨᠤᠬᠤ ᠦᠶᠡᠰ᠂ ᠦᠪᠡᠷ ᠢᠶᠠᠨ ᠭᠠᠷ ᠬᠦᠳᠡᠯᠦᠨ ᠨᠣᠭᠤᠭ᠎ᠠ ᠲᠡᠭᠦᠵᠦ᠂ ᠬᠤᠭᠤᠯᠠ ᠪᠤᠳᠠᠭ᠎ᠠ ᠪᠠᠵᠠᠭᠠᠵᠤ᠂ ᠲᠡᠭᠦᠭᠦ + ᠰᠡᠯᠡᠭᠦᠴᠡᠬᠦ + ᠲᠣᠭᠤᠷᠢᠬᠤ ᠶᠢ ᠨᠢᠭᠡ ᠴᠣᠭᠴᠠᠵᠢᠯᠠᠭᠰᠠᠨ ᠠᠮᠢ ᠠᠬᠤᠢ ᠶᠢᠨ ᠵᠢᠭᠤᠯᠴᠢᠯᠠᠯ ᠤᠨ ᠬᠡᠪ ᠵᠠᠭᠪᠤᠷ ᠢ ᠪᠠᠶᠢᠭᠤᠯᠪᠠ᠃      ᠪᠠᠶᠠᠨᠲᠣᠣᠷᠠᠢ ᠰᠤᠮᠤ ᠨᠢ ᠡᠵᠡᠨ᠎ᠠ ᠬᠤᠰᠢᠭᠤᠨ ᠤ ᠲᠣᠣᠷᠠᠢ ᠶᠢᠨ ᠣᠢ ᠶᠢᠨ ᠭᠤᠣᠯ ᠬᠡᠰᠡᠭ ᠲᠤ ᠪᠠᠶᠢᠷᠢᠯᠠᠵᠤ᠂ ᠬᠠᠷᠢᠶᠠᠨ ᠳᠤᠨᠢ 6 ᠭᠠᠴᠠᠭ᠎ᠠ ᠲᠠᠢ᠃ ᠪᠠᠶᠠᠨᠲᠣᠣᠷᠠᠢ ᠰᠤᠮᠤ ᠶᠢᠨ ᠳᠡᠳ᠋ ᠳᠠᠷᠤᠭ᠎ᠠ ᠬᠠᠰᠬᠭᠤᠯᠠ ᠰᠤᠷᠪᠤᠯᠵᠢᠯᠠᠭᠴᠢ ᠳᠤ ᠂ ᠰᠤᠮᠤᠨ ᠤ ᠨᠠᠮ ᠤᠨ ᠬᠤᠷᠢᠶ᠎ᠠ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠥᠷᠦ ᠶᠢᠨ ᠤᠳᠤᠷᠢᠳᠬᠤ ᠴᠢᠳᠠᠪᠤᠷᠢ ᠶᠢ ᠴᠢᠬᠤᠯᠠᠴᠢᠯᠠᠨ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ︽ᠨᠠᠮ ᠤᠨ ᠵᠣᠬᠢᠶᠠᠨ ᠪᠠᠶᠢᠭᠤᠯᠤᠯᠲᠠ + ᠬᠤᠷᠰᠢᠶᠠᠵᠢᠯ + ᠮᠠᠯᠴᠢᠨ ᠲᠠᠷᠢᠶᠠᠴᠢᠨ ᠡᠷᠦᠬᠡ︾ ᠶᠢᠨ ᠬᠡᠯᠪᠡᠷᠢ ᠪᠠᠷ ᠨᠠᠮ ᠤᠨ ᠭᠡᠰᠢᠭᠦᠨ ᠢ ᠲᠦᠰᠢᠬᠦ᠂ ᠡᠩᠨᠡᠭᠡ ᠪᠠᠶᠢᠭᠤᠯᠬᠤ᠂ ᠳᠠᠭᠤᠷᠢᠶᠠᠯ ᠵᠢᠱᠢᠶ᠎ᠡ ᠦᠵᠡᠭᠦᠯᠬᠦ᠂ ᠬᠤᠷᠰᠢᠶᠠᠵᠢᠯ ᠤᠨ ᠭᠡᠰᠢᠭᠦᠨ ᠢᠶᠠᠨ ᠳᠠᠭᠠᠭᠤᠯᠬᠤ ᠵᠡᠷᠭᠡ ᠳᠤ ᠲᠦᠰᠢᠭᠯᠡᠵᠦ᠂ ᠪᠦᠬᠦ ᠰᠤᠮᠤᠨ ᠤ 6 ᠭᠠᠴᠠᠭ᠎ᠠ ᠶᠢ ᠳᠠᠭᠠᠭᠤᠯᠵᠤ 1951 ᠬᠦᠮᠦᠨ ᠢ ᠬᠥᠳᠡᠭᠡ ᠲᠣᠰᠬᠤᠨ ᠢ ᠬᠦᠭᠵᠢᠬᠦᠯᠦᠨ ᠮᠠᠨᠳᠤᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠳᠤ ᠣᠷᠤᠯᠴᠠᠭᠤᠯᠵᠤ᠂ ᠬᠥᠳᠡᠭᠡ ᠲᠣᠰᠬᠤᠨ ᠤ ᠵᠢᠭᠤᠯᠴᠢᠯᠠᠯ ᠢ ᠡᠷᠬᠢᠯᠡᠬᠦᠯᠵᠤ᠂ ᠣᠷᠤᠯᠭ᠎ᠠ ᠶᠢ ᠨᠢ ᠨᠡᠮᠡᠭᠳᠡᠭᠦᠯᠦᠭᠰᠡᠨ ᠪᠠᠶᠢᠨ᠎ᠠ ᠭᠡᠵᠤ ᠲᠠᠨᠢᠯᠴᠠᠭᠤᠯᠤᠯ᠎ᠠ᠃      ᠬᠠᠰᠬᠭᠤᠯᠠ ᠰᠤᠷᠪᠤᠯᠵᠢᠯᠠᠬᠴᠢ ᠳᠤ᠄ ︽ᠣᠳᠣ ᠪᠣᠯᠲᠠᠯ᠎ᠠ ᠰᠤᠮᠤᠨ ᠤ 6 ᠭᠠᠴᠠᠭ᠎ᠠ ᠬᠥᠳᠡᠭᠡ ᠲᠤᠰᠬᠤᠨ ᠤ ᠵᠢᠭᠤᠯᠴᠢᠯᠠᠯ ᠢ ᠬᠥᠭᠵᠢᠭᠦᠯᠦᠨ᠂ 6 ᠵᠢᠭᠤᠯᠴᠢᠯᠠᠯ ᠤᠨ ᠬᠤᠷᠰᠢᠶᠠᠵᠢᠯ ᠢ ᠪᠠᠶᠢᠭᠤᠯᠤᠨ᠂ ᠠᠷᠠᠳ ᠤᠨ ᠰᠠᠭᠤᠴᠠ ᠡᠵᠡᠩᠨᠡᠵᠤ ᠪᠠᠶᠢᠭ᠎ᠠ ᠡᠷᠦᠬᠡ 200 ᠭᠠᠷᠤᠢ ᠳᠤ ᠬᠦᠷᠴᠦ᠂ ᠵᠤᠭᠠᠴᠠᠬᠰᠠᠳ ᠲᠤ ᠲᠡᠮᠡᠭᠡ ᠤᠨᠤᠭᠤᠯᠬᠤ ᠡᠵᠡᠩᠨᠡᠯᠳᠡ ᠬᠢᠵᠤ ᠪᠠᠶᠢᠭ᠎ᠠ ᠡᠷᠦᠬᠡ 79 ᠳᠤ ᠬᠦᠷᠴᠦ᠂ ᠮᠠᠯᠴᠢᠨ ᠠᠶᠢᠯ ᠤᠨ ᠵᠤᠭᠠᠴᠠᠯ᠂ ᠲᠠᠷᠢᠶᠠᠴᠢᠨ ᠠᠶᠢᠯ ᠤᠨ ᠵᠤᠭᠠᠴᠠᠯ ᠡᠷᠬᠢᠯᠡᠵᠤ ᠪᠠᠶᠢᠭ᠎ᠠ ᠡᠷᠦᠬᠡ ᠲᠠᠰᠤᠷᠠᠯᠲᠠ ᠦᠭᠡᠢ ᠨᠡᠮᠡᠭᠳᠡᠵᠤ ᠪᠠᠶᠢᠨ᠎ᠠ︾ ᠬᠡᠪᠡ᠃ ᠨᠢᠳᠦᠨᠦᠨ ᠵᠢᠯ ᠤᠨ ᠲᠣᠣᠷᠠᠢ ᠶᠢᠨ ᠨᠠᠶᠢᠷ ᠤᠨ ᠬᠤᠭᠤᠴᠠᠭᠠᠨ ᠳᠤ᠂ ︽ᠨᠠᠮ ᠤᠨ ᠵᠣᠬᠢᠶᠠᠨ ᠪᠠᠶᠢᠭᠤᠯᠤᠯᠲᠠ + ᠬᠤᠷᠰᠢᠶᠠᠵᠢᠯ + ᠮᠠᠯᠴᠢᠨ ᠲᠠᠷᠢᠶᠠᠴᠢᠨ ᠡᠷᠦᠬᠡ︾ ᠶᠢᠨ ᠬᠡᠯᠪᠡᠷᠢ ᠪᠠᠷ 360 ᠡᠷᠦᠬᠡ ᠬᠥᠳᠡᠭᠡ ᠲᠣᠰᠬᠤᠨ ᠤ ᠵᠢᠭᠤᠯᠴᠢᠯᠠᠯ ᠳᠤ ᠣᠷᠤᠯᠴᠠᠵᠤ᠂ ᠨᠡᠶᠢᠲᠡ 4 ᠲᠦᠮᠡᠨ ᠵᠤᠭᠠᠴᠠᠬᠴᠢ ᠶᠢ ᠬᠦᠯᠢᠶᠠᠨ ᠠᠪᠴᠤ᠂ ᠪᠦᠬᠦ ᠣᠷᠤᠯᠭ᠎ᠠ 560 ᠲᠦᠮᠡᠨ ᠲᠥᠭᠦᠷᠢᠭ ᠲᠤ ᠬᠦᠷᠴᠦ᠂ ᠡᠷᠦᠬᠡ ᠪᠦᠷᠢ 6400 ᠲᠥᠭᠦᠷᠢᠭ ᠤᠨ ᠵᠢᠭᠤᠯᠴᠢᠯᠠᠯ ᠤᠨ ᠣᠷᠤᠯᠭ᠎ᠠ ᠣᠯᠵᠡᠢ᠃      ᠰᠤᠮᠤᠨ‌ᠡᠴᠠ ᠪᠠᠰᠠ ︽ᠪᠠᠶᠠᠨᠲᠣᠣᠷᠠᠢ ᠰᠤᠮᠤᠨ ᠤ ᠬᠥᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠣᠳᠤᠯᠭ᠎ᠠ ᠶᠢᠨ ᠬᠥᠭᠵᠢᠯᠲᠡ ᠶᠢᠨ ᠲᠥᠯᠥᠪᠵᠢᠬᠦᠯᠭᠡ︾ ᠲᠣᠭᠲᠠᠭᠠᠵᠤ᠂ 6 ᠭᠠᠴᠠᠭ᠎ᠠ ᠶᠢ ᠬᠠᠮᠲᠤᠷᠠᠭᠤᠯᠤᠨ ᠠᠵᠤ ᠦᠢᠯᠡᠰ ᠢ ᠨᠢ ᠬᠥᠭᠵᠢᠭᠦᠯᠬᠦ ᠠᠵᠢᠯ ᠬᠢᠵᠡᠢ᠃ ᠮᠠᠯᠴᠢᠨ ᠲᠠᠷᠢᠶᠠᠴᠢᠨ ᠢ ᠵᠣᠬᠢᠶᠠᠨ ᠪᠠᠶᠢᠭᠤᠯᠵᠤ ᠮᠠᠯᠴᠢᠨ ᠲᠠᠷᠢᠶᠠᠴᠢᠨ ᠳᠤ ᠤᠷᠭᠠᠨᠢᠭ ᠪᠣᠷᠳᠤᠭᠤᠷ ᠵᠠᠷᠤᠬᠤ᠂ ᠬᠥᠷᠦᠰᠦ ᠦᠭᠡᠢ ᠪᠠᠷ ᠲᠠᠷᠢᠬᠤ᠂ ᠰᠡᠯᠡᠬᠦᠴᠡᠯ ᠲᠠᠷᠢᠶᠠᠯᠠᠩ᠂ ᠵᠤᠭᠠᠴᠠᠯ ᠤᠨ ᠦᠢᠯᠡᠰ ᠢ ᠬᠦᠭᠵᠢᠬᠦᠯᠬᠦ ᠵᠡᠷᠭᠡ ᠲᠤᠷᠰᠢᠯᠭ᠎ᠠ ᠶᠢ ᠰᠤᠷᠤᠯᠴᠠᠭᠤᠯᠪᠠ᠃ ᠲᠠᠷᠢᠶᠠᠴᠢᠨ ᠢ ᠪᠤᠬᠢᠷᠳᠤᠯ ᠦᠭᠡᠢ ᠪᠡᠯᠳᠦ ᠬᠡᠮᠬᠡ ᠲᠠᠷᠢᠬᠤ ᠶᠢ ᠤᠷᠢᠶᠠᠯᠠᠵᠤ᠂ ᠰᠡᠯᠭᠦᠵᠦ ᠲᠠᠷᠢᠬᠤ᠂ ᠬᠢᠮᠢ ᠶᠢᠨ ᠪᠣᠷᠳᠤᠭᠤᠷ ᠢ ᠬᠠᠰᠤᠵᠤ ᠤᠷᠭᠠᠨᠢᠭ ᠪᠣᠷᠳᠤᠭᠤᠷ ᠣᠷᠤᠭᠤᠯᠬᠤ ᠵᠡᠷᠭᠡ ᠲᠠᠷᠢᠬᠤ ᠮᠡᠷᠭᠡᠵᠢᠯ ᠢ ᠬᠡᠷᠡᠭᠯᠡᠬᠦᠯᠵᠠᠢ᠃ ᠲᠠᠷᠢᠶᠠᠯᠠᠩ ᠦᠢᠯᠡᠳᠪᠦᠷᠢᠯᠡᠯ ᠤᠨ ᠠᠵᠢᠯ ᠢ ᠨᠢᠭᠡᠳᠦᠯᠲᠡᠢ ᠲᠥᠯᠦᠪᠯᠡᠵᠦ᠂ ᠤᠰᠤ ᠠᠷᠪᠢᠯᠠᠬᠤ ᠠᠷᠭ᠎ᠠ ᠬᠡᠮᠵᠢᠶ᠎ᠡ ᠶᠢ ᠠᠪᠴᠤ᠂ ᠪᠦᠷᠬᠦᠪᠴᠢᠨ ᠲᠤᠤᠷ᠎ᠠ ᠲᠤᠰᠤᠯᠭᠠᠨ ᠤᠰᠤᠯᠠᠬᠤ ᠲᠠᠷᠢᠶ᠎ᠠ ᠶᠢ 8000 ᠭᠠᠷᠤᠢ ᠮᠤ᠋ ᠳᠤ ᠬᠦᠷᠬᠡᠨ᠂ ᠥᠪᠡᠷᠮᠢᠴᠡ ᠣᠨᠴᠠᠯᠢᠭ ᠪᠦᠬᠦᠢ ᠪᠡᠯᠳᠦ ᠬᠡᠮᠬᠡ ᠶᠢ ᠲᠦᠮᠡ ᠭᠠᠷᠤᠢ ᠮᠤ᠋ ᠲᠠᠷᠢᠵᠤ᠂ ᠲᠥᠰᠥᠪᠯᠡᠬᠦ ᠪᠠᠷ ᠦᠢᠯᠡᠳᠬᠦᠨ ᠤ ᠥᠷᠲᠡᠭ 4573.7 ᠲᠦᠮᠡᠨ ᠲᠥᠭᠦᠷᠢᠭ ᠲᠤ ᠬᠦᠷᠦᠨ᠎ᠠ᠃      ᠰᠤᠷᠪᠤᠯᠵᠢᠯᠠᠭ᠎ᠠ ᠲᠡᠭᠦᠰᠬᠦ ᠦᠶᠡᠰ ᠰᠤᠮᠤᠨ ᠤ ᠨᠠᠮ ᠤᠨ ᠬᠤᠷᠢᠶᠠᠨ ᠤ ᠱᠦᠵᠢ ᠽᠤᠤ ᠴᠢᠩ ᠲᠠᠢ ᠵᠣᠯᠭᠠᠯ᠎ᠠ᠃ ᠽᠤᠤ ᠱᠦᠵᠢ ᠪᠡᠶᠡᠨ ᠳᠡᠭᠡᠷᠡᠬᠢ ᠲᠤᠭᠤᠰᠤ ᠪᠠᠨ ᠬᠥᠪᠢᠭᠰᠡᠭᠡᠷ᠂ ︽ᠡᠨᠡ ᠬᠡᠳᠦᠨ ᠡᠳᠦᠷ ᠰᠤᠮᠤᠨ ᠳᠡᠭᠡᠷ᠎ᠡ ᠶᠠᠭ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯ ᠢ ᠴᠡᠭᠴᠡᠯᠡᠵᠦ᠂ ᠣᠯᠠᠨ ᠢᠶᠠᠷ ᠢᠶᠠᠨ ᠪᠦᠷ ᠭᠠᠴᠠᠭᠠᠨ ᠳᠤ ᠢᠷᠡᠵᠦ᠂ ᠠᠷᠠᠳ ᠢ ᠬᠠᠪᠰᠤᠷᠴᠤ ᠡᠷᠦᠢ ᠬᠤᠷᠤᠢ ᠦᠭᠡᠢ ᠪᠠᠷᠢᠭᠰᠠᠨ ᠬᠤᠪᠢ ᠶᠢᠨ ᠬᠠᠰᠢᠶ᠎ᠠ ᠶᠢ ᠨᠤᠷᠠᠭᠠᠵᠤ ᠵᠠᠰᠠᠵᠤ ᠪᠠᠶᠢᠨ᠎ᠠ︾ ᠭᠡᠵᠦ ᠪᠠᠶᠢᠯ᠎ᠠ᠃ ᠪᠦᠬᠦ ᠪᠡᠶ᠎ᠡ ᠰᠢᠷᠣᠢ ᠲᠠᠢ ᠽᠤᠤ ᠱᠦᠵᠢ ᠰᠠᠶ᠋ᠢᠬᠠᠨ ᠦᠳᠡ ᠶᠢᠨ ᠡᠮᠦᠨ᠎ᠡ ᠶᠢᠨ ᠠᠵᠢᠯ ᠠᠴᠠ ᠢᠷᠡᠵᠦ᠂ ᠡᠨᠡ ᠦᠶ᠎ᠡ ᠳᠤ ᠨᠢᠭᠡᠨᠲᠡ ᠦᠳᠡ ᠶᠢᠨ ᠨᠢᠭᠡ ᠴᠠᠭ ᠪᠣᠯᠤᠭᠰᠠᠨ ᠪᠠᠶᠢᠯ᠎ᠠ᠃      ᠭᠠᠴᠠᠭᠠᠨ ᠤ ᠣᠷᠴᠢᠨ ᠲᠣᠭᠤᠷᠢᠨ ᠢ ᠰᠠᠶᠢᠵᠢᠷᠠᠭᠤᠯᠬᠤ ᠶᠢᠨ ᠲᠥᠯᠦᠭᠡ᠂ ᠰᠤᠮᠤᠨ ᠤ ᠨᠠᠮ ᠤᠨ ᠭᠡᠰᠢᠭᠦᠨ ᠺᠠᠳ᠋ᠷ ᠪᠦᠭᠦᠳᠡᠭᠡᠷ ᠢᠶᠠᠨ ᠬᠥᠳᠡᠯᠤᠯᠴᠡᠵᠦ᠂ ᠭᠠᠴᠠᠭᠠᠨ ᠳᠤ ᠪᠠᠭᠤᠵᠤ᠂ ᠠᠶᠢᠯ ᠡᠷᠦᠬᠡ ᠪᠠᠷ ᠶᠠᠪᠤᠵᠤ᠂ ᠲᠤᠰᠬᠤᠨ ᠤ ᠠᠷᠠᠳ ᠤᠨ ᠣᠷᠴᠢᠨ ᠲᠣᠭᠤᠷᠢᠨ ᠢᠶᠠᠨ ᠴᠡᠪᠡᠷᠯᠡᠬᠦ ᠳᠤ ᠤᠷᠤᠯᠴᠠᠬᠤ ᠢᠳᠡᠪᠬᠢᠵᠢᠯ ᠢ ᠳᠠᠶᠢᠴᠢᠯᠠᠵᠤ᠂ ᠬᠠᠮᠲᠤ ᠪᠠᠷ ᠢᠶᠠᠨ ᠬᠤᠬ ᠨᠤᠪᠰᠢ ᠴᠡᠪᠡᠷᠯᠡᠬᠦ ᠠᠵᠢᠯᠯᠠᠭ᠎ᠠ ᠳᠤ ᠤᠷᠤᠯᠴᠠᠪᠠ᠃      ᠬᠠᠰᠠᠠᠭᠤᠯᠠ᠄ ︽ᠭᠠᠴᠠᠭᠠᠨ ᠤ ᠤᠷᠴᠢᠨ ᠲᠤᠭᠤᠷᠢᠨ ᠴᠠᠪᠠᠷ ᠰᠠᠶᠢᠬᠠᠨ ᠪᠣᠯ ᠲᠤᠭᠤᠷᠢᠨ ᠵᠤᠭᠠᠴᠠᠬᠤ ᠪᠠᠷ ᠢᠷᠡᠬᠦ ᠬᠦᠮᠦᠨ ᠡᠳᠦᠷ ᠢᠷᠡᠬᠦᠶ᠎ᠡ ᠨᠡᠮᠡᠭᠳᠡᠵᠦ᠂ ᠮᠠᠯᠴᠢᠨ ᠲᠠᠷᠢᠶᠠᠴᠢᠨ ᠤ ᠣᠷᠤᠯᠭ᠎ᠠ ᠠᠶᠠᠨᠳᠠᠭᠠᠨ ᠨᠡᠮᠡᠭᠳᠡᠨ᠎ᠠ︾ ᠬᠡᠵᠤ ᠶᠠᠷᠢᠨ᠎ᠠ᠃
 
ᠢᠷᠡᠯᠲᠡ᠄ ᠠᠯᠠᠱᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号