ᠲᠡᠤᠬᠡ ᠶᠢᠨ ᠳᠤᠷᠠᠰᠬᠠᠯᠲᠤ ᠵᠦᠢᠯᠡᠰ ᠪᠤᠯ ᠳᠠᠬᠢᠵᠤ ᠠᠮᠢᠯᠠᠬᠤ ᠦᠭᠡᠢ ᠦᠨᠡᠲᠤ ᠴᠤᠬᠠᠭ ᠦᠪ ᠬᠦᠷᠦᠩᠭᠡ | ᠪᠤᠯᠬᠤ ᠲᠤᠯᠠ ᠲᠡᠭᠦᠨ ᠢ ᠦᠪᠯᠡᠨ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠪᠤᠯ ᠬᠤᠶᠢᠴᠢ ᠦᠶ᠎ᠡ ᠪᠤᠯᠤᠭᠰᠠᠳ ᠤᠨ | ᠬᠢᠨᠢ ᠬᠤᠶᠢᠰᠢᠯᠠᠭᠤᠯᠵᠤ ᠲᠦᠯᠬᠢᠵᠤ ᠪᠤᠯᠤᠰᠢ ᠦᠭᠡᠢ ᠳᠠᠷᠬᠠᠨ ᠡᠭᠦᠷᠭᠡ ᠬᠠᠷᠢᠭᠤᠴᠠᠯᠭ᠎ᠠ ᠪᠤᠯᠬᠤ ᠶᠤᠮ᠃ ᠡᠵᠡᠨ᠎ᠡ | ᠬᠤᠰᠢᠭᠤᠨ ᠤ ᠵᠢᠤᠢ ᠶᠠᠨ ᠤ ᠦᠯᠡᠳᠡᠭᠳᠡᠯ ᠪᠠᠭᠤᠷᠢ ᠶᠢ ᠬᠠᠮᠠᠭᠠᠯᠠᠬᠤ ᠲᠦᠪ ᠤᠨ ᠬᠢᠨ ︽ᠤᠭ ᠰᠠᠨᠠᠭ᠎ᠠ ᠪᠠᠨ ᠮᠠᠷᠳᠠᠯ | ᠦᠬᠡᠢ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠤᠪᠲᠤ ᠬᠦᠮᠦᠵᠢᠯ ᠢ ᠦᠷᠨᠢᠭᠦᠯᠬᠦ ᠳᠤᠮᠳᠠ᠂ | ᠤᠯᠠᠨ ᠤ ᠰᠠᠨᠠᠯ ᠢᠶᠠᠷ ᠬᠤᠰᠢᠭᠤᠨ ᠤ ᠪᠠᠨ ᠡᠷᠲᠡᠨ ᠤ ᠰᠦᠮ᠎ᠡ ᠬᠡᠶᠢᠳ ᠤᠨ ᠪᠠᠷᠢᠯᠭ᠎ᠠ ᠶᠢ ᠡᠪᠡᠳᠴᠢᠨ ᠬᠤᠷᠤᠬᠠᠢ ᠶᠢᠨ | ᠬᠦᠨᠦᠭᠡᠯ ᠠᠴᠠ ᠰᠡᠷᠭᠡᠶᠢᠯᠡᠬᠦ ᠠᠵᠢᠯ ᠢ ᠢᠳᠡᠪᠬᠢᠲᠠᠢ ᠦᠷᠨᠢᠭᠦᠯᠦᠭᠡᠳ᠂ ᠨᠡᠶᠢᠬᠡᠮ ᠤᠨ ᠰᠠᠶᠢᠨ ᠨᠦᠯᠦᠭᠡ ᠲᠤᠰᠬᠠᠯ ᠢ | ᠤᠯᠵᠤ ᠪᠠᠶᠢᠨ᠎ᠠ᠃ | ᠤᠶᠢᠯᠠᠭᠠᠭᠰᠠᠨ ᠢᠶᠠᠷ᠂ ᠲᠤᠰ ᠲᠦᠪ ᠤᠨ ᠬᠢᠨ ᠡᠨᠡ ᠬᠠᠪᠤᠷ ᠠᠴᠠ ᠨᠠᠰᠢ᠂ ᠠᠵᠢᠯᠲᠠᠨ ᠢᠶᠠᠨ ᠵᠤᠬᠢᠶᠠᠨ | ᠪᠠᠶᠢᠭᠤᠯᠵᠤ᠂ ᠤᠷᠢᠳ ᠬᠤᠵᠢᠳ ᠬᠤᠰᠢᠭᠤᠨ ᠤ ᠪᠠᠨ ᠡᠳᠦᠭᠡ ᠦᠯᠡᠳᠡᠵᠤ ᠪᠠᠶᠢᠬᠤ ᠵᠠᠩᠴᠤᠪᠨᠠᠮᠳᠡᠯᠢᠭ᠂ | ᠳ᠋ᠠᠮᠪᠠᠳᠠᠷᠵᠢᠶᠡ᠂ ᠡᠤ ᠲᠤᠬᠤᠢ ᠵᠡᠷᠭᠡ ᠭᠤᠷᠪᠠᠨ ᠡᠷᠲᠡᠨ ᠤ ᠲᠡᠤᠬᠡᠲᠤ ᠰᠦᠮ᠎ᠡ ᠬᠡᠶᠢᠳ ᠢᠶᠠᠷ ᠭᠦᠨᠵᠡᠭᠡᠶᠢᠷᠡᠵᠤ᠂ ᠨᠢᠭᠡ | ᠤᠳᠠᠭᠠᠨ ᠤ ᠱᠦᠬᠦᠷᠳᠡᠯᠲᠡ ᠶᠢᠨ ᠴᠢᠨᠠᠷᠲᠠᠢ ᠡᠪᠡᠳᠴᠢᠨ ᠬᠤᠷᠤᠬᠠᠢ ᠶᠢᠨ ᠬᠦᠨᠦᠭᠡᠯ ᠠᠴᠠ ᠰᠡᠷᠭᠡᠶᠢᠯᠡᠬᠦ ︽ᠠᠷᠢᠭᠤᠨ | ᠴᠡᠪᠡᠷ ᠤᠨ ᠬᠦᠳᠡᠯᠭᠡᠭᠡᠨ︾ ᠦᠷᠨᠢᠭᠦᠯᠦᠭᠡᠳ᠂ ᠡᠳᠡᠭᠡᠷ ᠮᠤᠳᠤᠨ ᠮᠠᠲ᠋ᠧᠷᠢᠶᠠᠯ ᠢᠶᠠᠷ ᠭᠤᠤᠯᠳᠠᠭᠰᠠᠨ ᠪᠠᠷᠢᠯᠭ᠎ᠠ ᠶᠢᠨ | ᠤᠳᠠᠭᠠᠨ ᠵᠢᠯ ᠨᠠᠷᠠ ᠰᠠᠯᠬᠢᠨ ᠳᠤ ᠴᠤᠬᠢᠭᠳᠠᠵᠤ᠂ ᠠᠶᠠᠨᠳᠠᠭᠠᠨ ᠦᠬᠢᠷᠡᠵᠤ ᠬᠡᠪᠡᠷᠡᠭᠰᠢᠵᠤ ᠪᠠᠶᠢᠬᠤ ᠠᠴᠠ ᠭᠠᠳᠠᠨ᠎ᠠ | ᠪᠠᠰᠠ ᠡᠪᠡᠳᠴᠢᠨ ᠬᠤᠷᠤᠬᠠᠢ ᠶᠢᠨ ᠬᠦᠨᠦᠭᠡᠯ ᠳᠤ ᠤᠴᠠᠷᠠᠵᠤ ᠰᠦᠢᠳᠴᠤ ᠪᠠᠶᠢᠬᠤ ᠦᠵᠡᠭᠳᠡᠯ ᠴᠦ ᠵᠦᠩᠳᠡᠭᠡᠨ | ᠤᠷᠤᠰᠢᠵᠤ ᠪᠠᠶᠢᠬᠤ ᠠᠰᠠᠭᠤᠳᠠᠯ ᠢ ᠵᠤᠬᠢᠬᠤ ᠬᠡᠮᠵᠢᠶ᠎ᠡ ᠪᠠᠷ ᠨᠠᠮᠳᠠᠭᠤᠯᠵᠤ ᠴᠢᠳᠠᠵᠠᠢ᠃ |