| | | ᠵᠢᠷᠤᠭ ᠪᠤᠯ᠂ ᠰᠢᠨ᠎ᠠ ᠡᠨᠧᠷᠬᠢ ᠶᠢᠨ ᠨᠠᠶᠢᠳᠠ ᠶᠢᠨ ᠮᠠᠰᠢᠨ ᠲᠡᠷᠬᠡ ᠠᠰᠢᠭᠯᠠᠯᠳᠠ ᠳᠤ ᠤᠷᠤᠵᠦ ᠤᠯᠠᠨ | ᠲᠦᠮᠡᠨ ᠳᠤ ᠦᠢᠯᠡᠴᠢᠯᠡᠵᠦ ᠡᠬᠢᠯᠡᠯ᠎ᠠ᠃ ︵ᠮᠠ ᠢᠤᠢ ᠰᠡᠬᠦᠳᠡᠷᠯᠡᠨ ᠮᠡᠳᠡᠬᠡᠯᠡᠪᠡ︶ | | | | 8 ᠰᠠᠷ᠎ᠠ ᠶᠢᠨ 6 ᠤ ᠡᠳᠦᠷ᠂ ᠡᠵᠡᠨ᠎ᠠ ᠬᠤᠰᠢᠭᠤᠨ ᠤ ᠠᠩᠬᠠᠳᠠᠭᠴᠢ ᠪᠦᠯᠦᠭ ᠤᠨ ᠰᠢᠨ᠎ᠠ ᠡᠨᠧᠷᠭᠢ ᠶᠢᠨ | ᠨᠠᠶᠢᠳᠠ ᠶᠢᠨ ᠮᠠᠰᠢᠨ ᠲᠡᠷᠬᠡ ᠵᠢᠩᠬᠢᠨᠢ ᠪᠠᠷ ᠠᠰᠢᠭᠯᠠᠯᠳᠠ ᠳᠤ ᠤᠷᠤᠵᠦ᠂ ᠤᠯᠠᠨ ᠲᠦᠮᠡᠨ ᠳᠤ ᠦᠢᠯᠡᠴᠢᠯᠡᠵᠦ | ᠡᠬᠢᠯᠡᠭᠰᠡᠨ ᠪᠠᠶᠢᠨ᠎ᠠ᠃ | ᠰᠢᠨ᠎ᠠ ᠡᠨᠧᠷᠬᠢ ᠶᠢᠨ ᠮᠠᠰᠢᠨ ᠲᠡᠷᠬᠡ ᠶᠢ ᠪᠦᠬᠦ ᠲᠠᠯ᠎ᠠ ᠪᠠᠷ ᠲᠦᠬᠡᠮᠡᠯᠵᠢᠬᠦᠯᠬᠦ ᠪᠤᠯ ᠤᠳᠤᠬᠠᠨ ᠤ ᠵᠠᠮ | ᠬᠠᠷᠢᠯᠴᠠᠭᠠᠨ ᠤ ᠦᠢᠯᠡᠰ ᠤᠨ ᠬᠦᠭᠵᠢᠯᠳᠠ ᠶᠢᠨ ᠵᠠᠶᠢᠯᠠᠰᠢ ᠦᠬᠡᠢ ᠵᠠᠮ ᠮᠦᠷᠳᠡᠬᠡᠨ ᠪᠤᠬᠢᠷᠳᠤᠯ ᠦᠬᠡᠢ | ᠬᠦᠭᠵᠢᠯᠳᠠ ᠶᠢᠨ ᠲᠠᠷᠢᠬᠦᠨ ᠰᠤᠩᠭᠤᠯᠳᠠ ᠪᠤᠯᠤᠨ᠎ᠠ᠃ ᠡᠵᠡᠨ᠎ᠠ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ | ᠤᠷᠳᠤᠨ ᠰᠢᠨ᠎ᠠ ᠡᠨᠧᠷᠬᠢ ᠶᠢᠨ ᠮᠠᠰᠢᠨ ᠲᠡᠷᠬᠡ ᠶᠢ ᠠᠰᠢᠭᠯᠠᠯᠳᠠ ᠳᠤ ᠤᠷᠤᠭᠤᠯᠬᠤ ᠶᠢ 2019 ᠤᠨ ᠤ ᠠᠷᠠᠳ ᠲᠤ | ᠪᠤᠳᠠᠲᠦ ᠶᠠᠪᠤᠳᠠᠯ ᠬᠢᠬᠦ ᠲᠦᠷᠦᠯ ᠵᠦᠢᠯ ᠳᠡᠭᠡᠨ ᠬᠠᠮᠤᠷᠤᠭᠰᠠᠨ ᠪᠠᠶᠢᠨ᠎ᠠ᠃ | ᠠᠰᠢᠭᠯᠠᠯᠳᠠ ᠳᠤ ᠤᠷᠤᠭᠰᠠᠨ 3 ᠨᠠᠶᠢᠳᠠ ᠶᠢᠨ ᠮᠠᠰᠢᠨ ᠲᠡᠷᠬᠡᠨ ᠳᠤ GPS ᠬᠢᠨᠠᠨ ᠡᠵᠡᠮᠳᠡᠬᠦ | ᠲᠦᠬᠦᠬᠡᠷᠦᠮᠵᠢ ᠶᠢ ᠤᠭᠰᠠᠷᠠᠵᠦ᠂ ᠪᠤᠬᠢᠷᠳᠤᠯ ᠦᠬᠡᠢ᠂ ᠲᠠᠭᠤ ᠱᠤᠤᠬᠢᠶ᠎ᠠ ᠦᠬᠡᠢ ᠵᠡᠷᠬᠡ ᠲᠠᠪᠠᠭᠤᠯᠢᠭ ᠲᠠᠢ᠃ ᠲᠤᠰ | ᠬᠢᠨᠡᠨ ᠡᠵᠡᠮᠳᠡᠬᠦ ᠰᠢᠰᠲ᠋ᠧᠮ ᠨᠢ ᠮᠠᠰᠢᠨ ᠲᠡᠷᠬᠡᠨ ᠤ ᠴᠠᠬᠢᠯᠭᠠᠨ ᠬᠡᠷᠡᠭᠰᠡᠬᠦ ᠪᠠᠶᠢᠳᠠᠯ᠂ ᠠᠶᠠᠯᠠᠬᠤ ᠵᠠᠮ ᠤᠨ ᠪᠠᠶᠢᠳᠠᠯ ᠢ | ᠪᠦᠬᠦ ᠲᠠᠯ᠎ᠠ ᠪᠠᠷ ᠬᠢᠨᠠᠨ ᠡᠵᠡᠮᠳᠡᠵᠦ᠂ ᠤᠯᠠᠨ ᠲᠦᠮᠡᠨ ᠪᠤᠯᠤᠨ ᠮᠠᠰᠢᠨ ᠲᠡᠷᠬᠡᠨ ᠤ ᠠᠮᠦᠷ ᠲᠦᠪᠰᠢᠨ ᠢ ᠪᠠᠳᠤᠯᠠᠵᠦ | ᠴᠢᠳᠠᠬᠤ ᠪᠤᠯᠤᠨ᠎ᠠ᠃ |