ᠡᠮᠦᠨᠡᠬᠡᠨ ᠦᠪᠡᠷᠲᠡᠭᠡᠨ ᠵᠠᠰᠠᠬᠤ ᠤᠷᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ | ᠬᠦᠭᠵᠢᠭᠦᠯᠦᠯᠲᠠ ᠦᠭᠡᠷᠡᠴᠢᠯᠡᠯᠲᠠ ᠶᠢᠨ ᠵᠦᠪᠯᠡᠯ ᠵᠡᠷᠭᠡ ᠲᠠᠪᠤᠨ ᠰᠠᠯᠠᠭ᠎ᠠ ᠮᠦᠴᠢᠷ ᠬᠠᠮᠲᠤᠷᠠᠨ ᠪᠠᠭᠤᠯᠭᠠᠬᠰᠠᠠ | ᠠᠯᠪᠠᠨ ᠪᠢᠴᠢᠭ ᠠᠴᠠ ᠦᠵᠠᠪᠠᠯ᠂ ᠡᠵᠡᠨ᠎ᠡ ᠬᠤᠰᠢᠭᠤ ᠪᠦᠬᠦ ᠤᠷᠤᠨ ᠤ ᠭᠤᠷᠪᠠᠳᠤᠭᠠᠷ ᠪᠦᠯᠦᠭ ︽ᠳᠦᠷᠪᠡᠨ | ᠰᠠᠶᠢᠨᠳᠠᠢ ᠬᠦᠳᠡᠭᠡ ᠲᠤᠰᠬᠤᠨ ᠤ ᠵᠠᠮ︾ ᠤᠨ ᠵᠢᠱᠢᠶ᠎ᠡ ᠦᠵᠡᠭᠦᠯᠬᠦ ᠬᠤᠰᠢᠭᠤ ᠰᠢᠶᠡᠨ ᠢᠶᠠᠷ ᠰᠤᠩᠭᠤᠭᠳᠠᠭᠰᠠᠨ | ᠪᠠᠶᠢᠨ᠎ᠠ᠃ | ᠤᠷᠴᠢᠮ ᠤᠨ ᠵᠢᠯ ᠠᠴᠠ ᠨᠠᠰᠢ᠂ ᠲᠤᠰ ᠬᠤᠰᠢᠭᠤ ᠪᠤᠳᠠᠲᠤ ᠪᠠᠶᠢᠳᠠᠯ ᠳᠤ ᠰᠠᠭᠤᠷᠢᠯᠠᠨ᠂ ᠰᠢ ᠶᠢᠨ ᠫᠢᠩ | ᠶᠡᠷᠦᠩᠬᠡᠢ ᠱᠦᠵᠢ ᠶᠢᠨ ︽ᠳᠦᠷᠪᠡᠨ ᠰᠠᠶᠢᠨᠳᠠᠢ ᠬᠦᠳᠡᠭᠡ ᠲᠤᠰᠬᠤᠨ ᠤ ᠵᠠᠮ︾ ᠤᠨ ᠲᠤᠬᠠᠢ ᠴᠢᠬᠤᠯᠠ | ᠵᠢᠭᠠᠪᠤᠷᠢ ᠶᠢᠨ ᠵᠤᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠦᠳᠡᠭᠡ ᠲᠤᠰᠬᠤᠨ ᠤ | ᠵᠠᠰᠠᠮᠠᠯ ᠵᠠᠮ ᠤᠨ ᠲᠤᠤᠷᠵᠢᠯ ᠤᠨ ᠪᠡᠯᠡ ᠤᠷᠤᠭᠤᠯᠤᠯᠲᠠ ᠪᠠᠨ ᠲᠠᠰᠤᠷᠠᠯᠲᠠ ᠦᠭᠡᠢ ᠨᠡᠮᠡᠭᠳᠡᠭᠦᠯᠦᠨ᠂ ᠵᠠᠰᠠᠮᠠᠯ | ᠵᠠᠮ ᠤᠨ ᠲᠤᠤᠷᠵᠢᠯ ᠤᠨ ᠪᠦᠲᠦᠴᠡ ᠪᠠᠨ ᠰᠢᠯᠢᠳᠡᠭᠵᠢᠭᠦᠯᠦᠨ ᠲᠡᠭᠦᠯᠳᠡᠷᠵᠢᠭᠦᠯᠦᠭᠰᠡᠨ ᠠᠴᠠ 2018 ᠤᠨ | ᠪᠤᠯᠬᠤ ᠳᠤ ᠪᠦᠬᠦ ᠬᠤᠰᠢᠭᠤᠨ ᠤ ᠬᠦᠳᠡᠭᠡ ᠲᠤᠰᠬᠤᠨ ᠮᠠᠯᠵᠢᠬᠤ ᠤᠷᠤᠨ ᠤ ᠵᠠᠰᠠᠮᠠᠯ ᠵᠠᠮ ᠤᠨ ᠶᠡᠷᠦᠩᠬᠡᠢ ᠤᠷᠲᠤ ᠨᠢ | 1270.6 ᠺᠢᠯᠣᠮᠧᠲᠷ ᠲᠤ ᠬᠦᠷᠴᠦ᠂ ᠬᠤᠰᠢᠭᠤᠨ ᠤ 8 ᠰᠤᠮᠦ ᠪᠠᠯᠭᠠᠰᠤ ᠪᠠ 19 ᠵᠠᠰᠠᠭ ᠵᠠᠬᠢᠷᠭᠠᠨ ᠤ ᠭᠠᠴᠠᠭ᠎ᠠ | ᠲᠤᠰᠬᠤᠨ ᠤ ᠴᠠᠷᠳᠠᠮᠠᠯ ᠵᠠᠮ ᠨᠡᠪᠲᠡᠷᠡᠭᠰᠡᠨ ᠨᠤᠷᠮ᠎ᠠ ᠪᠠ ᠪᠦᠷᠬᠦᠭᠰᠡᠨ ᠨᠤᠷᠮ᠎ᠠ ᠨᠢ ᠴᠦᠮ 100% ᠳᠤ ᠬᠦᠷᠦᠭᠰᠡᠨ | ᠪᠠᠶᠢᠨ᠎ᠠ᠃ | (ᠵᠣᠬᠢᠶᠠᠭᠴᠢ᠄ ᠴᠠᠭᠠᠨᠬᠦᠦ) |