| | —2020 ᠣᠨ ᠤ 1 ᠰᠠᠷ᠎ᠠ ᠶᠢᠨ 8 ᠤ ᠡᠳᠦᠷ ᠡᠵᠡᠨ᠎ᠡ ᠬᠤᠰᠢᠭᠤᠨ ᠤ ᠠᠷᠪᠠᠨ ᠲᠣᠯᠣᠳᠣᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠭᠤᠷᠪᠠᠳᠠᠬᠢ ᠬᠤᠷᠠᠯᠳᠤᠭᠠᠨ ᠳᠡᠭᠡᠷ᠎ᠡ | ᠸᠠᠩ ᠰᠢᠶᠦ᠋ᠩ | ᠲᠥᠯᠥᠭᠡᠯᠡᠭᠴᠢᠳ ᠡ᠄ | ᠣᠳᠤ᠂ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢᠶᠠᠨ ᠲᠥᠯᠥᠭᠡᠯᠡᠵᠤ᠂ ᠶᠡᠭᠡ ᠬᠤᠷᠠᠯ ᠳᠤ | ᠠᠵᠢᠯ ᠤᠨ ᠢᠯᠡᠳᠭᠡᠯ ᠬᠢᠶ᠎ᠡ᠂ ᠬᠢᠨᠠᠨ ᠵᠥᠪᠯᠡᠬᠦ ᠪᠣᠯᠪᠠᠣ᠃ ᠲᠡᠭᠦᠨᠴᠢᠯᠡᠨ ᠤᠯᠤᠰ ᠲᠥᠷᠦ ᠶᠢᠨ ᠵᠥᠪᠯᠡᠯᠭᠡᠨ ᠤ | ᠭᠡᠰᠢᠭᠦᠳ ᠪᠣᠯᠣᠨ ᠬᠤᠷᠠᠯ ᠳᠤ ᠰᠤᠯᠠ ᠣᠷᠣᠯᠴᠠᠭᠰᠠᠳ ᠴᠤ ᠰᠠᠨᠠᠯ ᠢᠶᠠᠨ ᠳᠡᠪᠰᠢᠬᠦᠯᠭᠦ ᠪᠣᠯᠪᠠᠤ᠃ | ᠨᠢᠭᠡ᠂ 2019 ᠣᠨ ᠤ ᠠᠵᠢᠯ ᠤᠨ ᠡᠷᠭᠢᠴᠡᠭᠦᠯᠦᠯ | ᠥᠩᠭᠡᠷᠡᠭᠰᠡᠨ ᠨᠢᠭᠡ ᠵᠢᠯ ᠪᠣᠯ᠂ ᠡᠵᠡᠨ᠎ᠡ ᠬᠤᠰᠢᠭᠤᠨ ᠤ ᠥᠭᠡᠷᠡᠴᠢᠯᠡᠯᠲᠡ ᠭᠦᠭᠵᠢᠬᠦᠯᠦᠯᠲᠡ ᠶᠢᠨ | ᠶᠠᠪᠤᠴᠠ ᠳᠤ ᠥᠷᠢᠰᠦᠯᠳᠦᠭᠡᠨ ᠣᠯᠠᠨ ᠮᠥᠷᠲᠡᠭᠡᠨ ᠮᠠᠰᠢ ᠦᠷ᠎ᠡ ᠪᠥᠳᠦᠮᠵᠢ ᠲᠠᠢ ᠨᠢᠭᠡ ᠵᠢᠯ ᠪᠣᠯᠣᠨ᠎ᠠ᠃ | ᠤᠯᠤᠰ ᠤᠨ ᠳᠤᠳᠤᠭᠠᠳᠤ ᠭᠠᠳᠠᠭᠠᠳᠤ ᠶᠢᠨ ᠠᠶᠤᠯ ᠲᠦᠭᠰᠢᠬᠦᠷᠢ ᠪᠠ ᠥᠷᠢᠰᠦᠯᠳᠦᠭᠡᠨ ᠮᠡᠳᠡᠭᠳᠡᠭᠦᠶᠢᠴᠡ | ᠳᠡᠭᠡᠭᠰᠢᠯᠡᠭᠰᠡᠨ ᠪᠣᠳᠣᠯᠢᠶᠠᠨᠳᠤ ᠪᠠᠶᠢᠳᠠᠯ᠂ ᠰᠢᠨ᠎ᠡ ᠴᠠᠭ ᠦᠶ᠎ᠡ ᠳᠠᠬᠢ ᠮᠠᠨ ᠤ ᠬᠤᠰᠢᠭᠤᠨ ᠤ ᠬᠡᠯᠪᠡᠷᠢ ᠪᠠᠨ | ᠦᠭᠡᠷᠡᠴᠢᠯᠡᠨ ᠬᠦᠭᠵᠢᠵᠤ ᠪᠠᠶᠢᠭ᠎ᠠ ᠨᠢᠭᠡ ᠣᠯᠠᠨ ᠭᠦᠨᠵᠡᠭᠡᠢ ᠬᠤᠪᠢᠰᠤᠯᠲᠠ ᠳᠤ ᠴᠢᠭᠯᠡᠨ᠂ ᠪᠢᠳᠡ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠬᠡᠮ ᠵᠢᠷᠤᠮ ᠤᠨ ᠦᠵᠡᠯ | ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠰᠢ ᠶᠢᠨ ᠫᠢᠩ ᠶᠡᠷᠦᠩᠬᠡᠢ ᠱᠦᠵᠢ ᠥᠪᠦᠷ ᠮᠣᠩᠭᠤᠯ ᠢ ᠪᠠᠶᠢᠴᠠᠭᠠᠬᠤ | ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠲᠣᠭᠳᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠳᠠᠯᠠᠨ᠂ ᠰᠢᠨ᠎ᠡ | ᠬᠦᠭᠵᠢᠯᠲᠡ ᠶᠢᠨ ᠦᠢᠯᠠᠭᠠᠭᠲᠠᠬᠤᠨ ᠢᠶᠠᠷ ᠤᠳᠤᠷᠢᠳᠤᠯᠭ᠎ᠠ ᠪᠤᠯᠭᠠᠵᠤ᠂ ᠬᠠᠩᠭᠠᠯᠭ᠎ᠠ ᠶᠢᠨ ᠲᠠᠯ᠎ᠠ ᠶᠢᠨ ᠪᠥᠳᠦᠴᠡ ᠶᠢᠨ | ᠴᠢᠨᠠᠷᠳᠠᠢ ᠥᠭᠡᠷᠡᠴᠢᠯᠡᠯᠲᠡ ᠪᠠᠷ ᠭᠤᠣᠯ ᠰᠥᠪᠡᠭᠴᠢ ᠪᠠᠨ ᠪᠤᠯᠭᠠᠨ᠂ ᠪᠦᠬᠦ ᠬᠦᠴᠦ ᠪᠠᠷ ᠢᠶᠠᠨ ᠨᠡᠮᠡᠭᠳᠡᠯ ᠢ | ᠲᠤᠭᠲᠠᠪᠤᠷᠢᠵᠢᠭᠤᠯᠤᠨ᠂ ᠦᠭᠡᠷᠡᠴᠢᠯᠡᠯᠲᠡ ᠶᠢ ᠠᠬᠢᠭᠤᠯᠵᠤ᠂ ᠪᠦᠲᠦᠴᠡ ᠪᠠᠨ ᠲᠤᠬᠢᠷᠠᠭᠤᠯᠤᠨ᠂ ᠠᠷᠠᠳ ᠲᠤ ᠠᠰᠢᠭ | ᠬᠦᠷᠲᠡᠭᠡᠵᠦ᠂ ᠲᠦᠭᠰᠢᠭᠦᠷᠢ ᠠᠴᠠ ᠰᠡᠷᠭᠡᠶᠢᠯᠡᠨ᠂ ᠲᠤᠭᠲᠠᠭᠤᠨ ᠢ ᠪᠠᠲᠤᠯᠠᠪᠠ᠃ ᠴᠢᠨᠠᠷ ᠰᠠᠶᠢᠳᠠᠢ ᠭᠦᠭᠵᠢᠯᠲᠡ ᠪᠠᠨ | ᠯᠠᠪᠳᠠᠭᠤᠨ ᠢᠶᠠᠷ ᠠᠬᠢᠭᠤᠯᠤᠭᠠᠳ᠂ ᠬᠤᠰᠢᠭᠤᠨ ᠤ ᠠᠷᠪᠠᠨ ᠲᠣᠯᠣᠳᠣᠭᠠᠷ ᠬᠤᠭᠤᠴᠠᠭᠠᠨ ᠤ ᠬᠤᠶᠠᠳᠠᠬᠢ | ᠬᠤᠷᠠᠯᠳᠤᠭᠠᠨ ᠠᠴᠠ ᠲᠣᠭᠳᠠᠭᠠᠭᠰᠠᠨ ᠬᠠᠷᠠᠯᠳᠠᠳᠤ ᠡᠭᠦᠷᠭᠡ ᠪᠠᠨ ᠨᠡᠯᠢᠶᠡᠳ ᠰᠠᠶᠢᠨ ᠪᠡᠶᠡᠯᠡᠬᠦᠯᠪᠡ᠃ 2019 | ᠣᠨ ᠳᠤ᠂ ᠵᠢᠱᠢᠯᠲᠡ ᠪᠠᠷ ᠪᠥᠬᠦ ᠬᠤᠰᠢᠭᠤᠨ ᠤ ᠣᠷᠣᠨ ᠨᠣᠲᠤᠭ ᠤᠨ ᠦᠢᠯᠡᠳᠪᠤᠷᠢᠯᠡᠯ ᠤᠨ ᠶᠡᠷᠦᠩᠬᠡᠢ ᠥᠷᠲᠡᠭ ᠨᠢ | ᠠᠳᠠᠯᠢ ᠬᠤᠭᠤᠴᠠᠭᠠᠨ ᠤ ᠬᠢ ᠠᠴᠠ 5% ᠪᠠᠷ ᠨᠡᠮᠡᠭᠳᠡᠵᠦ︔ ᠪᠥᠬᠦ ᠨᠡᠶᠢᠬᠡᠮ ᠤᠨ ᠲᠣᠭᠳᠠᠮᠠᠯ ᠬᠦᠷᠦᠩᠭᠡ ᠶᠢᠨ ᠪᠡᠯᠡ | ᠣᠷᠣᠭᠤᠯᠣᠯᠲᠠ ᠠᠳᠠᠯᠢ ᠬᠤᠭᠤᠴᠠᠭᠠᠨ ᠤ ᠬᠢ ᠠᠴᠠ 7.7% ᠪᠠᠷ ᠨᠡᠮᠡᠭᠳᠡᠪᠡ︔ ᠡᠩ ᠤᠨ ᠣᠯᠠᠨ ᠨᠡᠶᠢᠲᠡ ᠶᠢᠨ | ᠲᠥᠰᠥᠪ ᠤᠨ ᠣᠷᠣᠯᠭ᠎ᠠ ᠶᠢ 3.7 ᠳ᠋ᠦᠩᠰᠢᠭᠤᠷ ᠲᠥᠬᠦᠷᠢᠭ ᠢ ᠪᠡᠶᠡᠯᠡᠬᠦᠯᠵᠤ᠂ ᠠᠳᠠᠯᠢ ᠬᠤᠭᠤᠴᠠᠭᠠᠨ ᠤ ᠬᠢ ᠠᠴᠠ | 16% ᠪᠠᠷ ᠨᠡᠮᠡᠭᠳᠡᠪᠡ︔ ᠨᠡᠶᠢᠬᠡᠮ ᠤᠨ ᠬᠡᠷᠡᠭᠯᠡᠭᠡᠨ ᠤ ᠪᠤᠳᠠᠰ ᠤᠨ ᠬᠡᠰᠡᠭᠯᠡᠨ ᠪᠣᠷᠣᠯᠠᠭᠤᠯᠤᠯᠲᠠ ᠶᠢᠨ ᠶᠡᠷᠦᠩᠬᠡᠢ | ᠲᠤᠭ᠎ᠠ ᠨᠢ 15.7 ᠳ᠋ᠦᠩᠰᠢᠭᠤᠷ ᠲᠥᠬᠦᠷᠢᠭ ᠢ ᠪᠡᠶᠡᠯᠡᠬᠦᠯᠵᠤ᠂ ᠠᠳᠠᠯᠢ ᠬᠤᠭᠤᠴᠠᠭᠠᠨ ᠤ ᠬᠢ ᠠᠴᠠ 7% ᠪᠠᠷ | ᠨᠡᠮᠡᠭᠳᠡᠪᠡ︔ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠦᠮᠦᠨ ᠪᠥᠷᠢ ᠶᠢᠨ ᠳᠤᠮᠳᠠᠴᠢ ᠡᠵᠡᠮᠳᠡᠵᠤ ᠪᠣᠯᠬᠤ | ᠣᠷᠣᠯᠭ᠎ᠠ ᠶᠢ 44352 ᠲᠥᠬᠦᠷᠢᠭ ᠢ ᠪᠡᠶᠡᠯᠡᠬᠦᠯᠵᠤ᠂ ᠠᠳᠠᠯᠢ ᠬᠤᠭᠤᠴᠠᠭᠠᠨ ᠤ ᠬᠢ ᠠᠴᠠ 7.5% ᠨᠡᠮᠡᠭᠳᠡᠪᠡ︔ | ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠬᠦᠮᠦᠨ ᠪᠥᠷᠢ ᠶᠢᠨ ᠳᠤᠮᠳᠠᠴᠢ ᠡᠵᠡᠮᠳᠡᠵᠤ ᠪᠣᠯᠬᠤ | ᠣᠷᠣᠯᠭ᠎ᠠ ᠶᠢ 25235 ᠲᠥᠭᠦᠷᠢᠭ ᠢ ᠪᠡᠶᠡᠯᠡᠬᠦᠯᠵᠤ᠂ ᠠᠳᠠᠯᠢ ᠬᠤᠭᠤᠴᠠᠭᠠᠨ ᠤ ᠬᠢ ᠠᠴᠠ 9% ᠨᠡᠮᠡᠭᠳᠡᠭᠰᠡᠨ | ᠪᠠᠶᠢᠨ᠎ᠠ᠃ | ︵ᠨᠢᠭᠡ︶ ᠠᠵᠤ ᠦᠢᠯᠡᠰ ᠤᠨ ᠪᠥᠳᠦᠴᠡ ᠪᠠᠨ ᠦᠷᠭᠦᠯᠵᠢᠯᠡᠨ ᠰᠢᠯᠢᠳᠡᠭᠵᠢᠭᠦᠯᠵᠦ᠂ ᠬᠦᠭᠵᠢᠯᠲᠡ ᠶᠢᠨ | ᠴᠢᠨᠠᠷᠵᠢᠯ ᠢᠶᠠᠨ ᠲᠠᠰᠤᠷᠠᠯ ᠦᠭᠡᠢ ᠳᠡᠭᠡᠭᠰᠢᠯᠡᠬᠦᠯᠵᠡᠢ | ᠮᠠᠯ ᠲᠠᠷᠢᠶᠠᠯᠠᠩ ᠤᠨ ᠦᠢᠯᠡᠰ ᠦᠷᠭᠦᠯᠵᠢᠯᠡᠭᠡᠳ ᠲᠤᠭᠲᠠᠪᠤᠷᠢᠵᠢᠪᠠ᠃ ᠪᠥᠬᠦ ᠬᠤᠰᠢᠭᠤᠨ ᠤ ᠲᠠᠷᠢᠮᠠᠯ ᠤᠨ | ᠶᠡᠷᠦᠩᠬᠡᠢ ᠲᠠᠯᠠᠪᠠᠢ ᠶᠢ 6 ᠲᠥᠮᠡᠨ ᠮᠦ ᠳᠤ ᠲᠣᠭᠳᠠᠪᠤᠷᠢᠵᠢᠭᠤᠯᠵᠤ᠂ ᠮᠠᠯ ᠤᠨ ᠲᠤᠭ᠎ᠠ ᠲᠤᠯᠤᠭᠠᠢ ᠶᠢ 10 | ᠲᠥᠮᠡ ᠳᠤ ᠲᠣᠭᠳᠠᠪᠤᠷᠢᠵᠢᠭᠤᠯᠪᠠ᠃ ᠨᠠᠷᠢᠯᠢᠭ ᠵᠢᠮᠢᠰᠤᠨ ᠣᠢ ᠶᠢᠨ ᠲᠤᠷᠰᠢᠯᠲᠠ ᠶᠢᠨ ᠵᠢᠱᠢᠶ᠎ᠡ ᠦᠵᠡᠬᠦᠯᠬᠦ | ᠰᠠᠭᠤᠷᠢᠨ ᠢ ᠡᠷᠢᠯᠬᠢᠯᠡᠨ ᠪᠠᠶᠢᠭᠤᠯᠵᠤ᠂ ᠠᠮᠢ ᠠᠬᠤᠢ ᠤᠨ ᠦᠷ᠎ᠡ ᠠᠰᠢᠭ ᠪᠠ ᠠᠵᠤ ᠠᠬᠤᠢ ᠶᠢᠨ ᠦᠷ᠎ᠡ ᠠᠰᠢᠭ | ᠬᠤᠶᠠᠭᠤᠯᠠ ᠢᠯᠠᠯᠲᠠ ᠣᠯᠬᠤ ᠶᠢ ᠠᠯᠬᠤᠮ ᠠᠯᠬᠤᠮ ᠢᠶᠠᠷ ᠪᠡᠶᠡᠯᠡᠬᠦᠯᠦᠯ᠎ᠡ᠃ ᠮᠠᠯ ᠲᠠᠷᠢᠶᠠᠯᠠᠩ ᠤᠨ ᠦᠢᠯᠡᠰ ᠤᠨ | ᠠᠵᠤ ᠦᠢᠯᠡᠳᠪᠤᠷᠢᠵᠢᠬᠦ ᠬᠤᠯᠪᠤᠭᠠᠳᠤ ᠴᠣᠭᠴᠠ 3 ᠡᠷᠦᠬᠡ ᠶᠢ ᠢᠳᠡᠪᠬᠢᠳᠡᠢ ᠪᠣᠶᠢᠵᠢᠭᠤᠯᠣᠨ 1.4 ᠳ᠋ᠦᠩᠰᠢᠭᠤᠷ | ᠲᠥᠬᠦᠷᠢᠭ ᠤᠨ ᠡᠵᠡᠩᠨᠡᠯᠲᠡ ᠶᠢᠨ ᠣᠷᠣᠯᠭ᠎ᠠ ᠶᠢ ᠣᠯᠵᠡᠢ᠃ ︽ᠡᠵᠡᠨ᠎ᠡ ᠶᠢᠨ ᠠᠮᠳᠠᠳᠤ ᠬᠡᠮᠬᠡ︾᠂ ︽ᠲᠣᠣᠷᠠᠶᠢᠲᠤ | ᠪᠥᠰᠡᠭᠦᠢ︾᠂ ︽ᠵᠢᠤᠢ ᠶᠡᠨ ᠾᠥᠩ︾ ᠮᠡᠲᠤ ᠶᠢᠨ ᠰᠢᠯᠢᠳᠡᠭ ᠮᠠᠯ ᠲᠠᠷᠢᠶᠠᠯᠠᠩ ᠤᠨ ᠪᠥᠳᠦᠭᠡᠭᠳᠡᠭᠦᠨ ᠨᠢ | ᠠᠭᠠᠵᠢᠮ ᠳᠠᠭᠠᠨ ᠨᠡᠷᠡᠳᠤ ᠪᠠᠷᠠᠭᠠᠨ ᠤ ᠵᠢᠱᠢᠶ᠎ᠡ ᠦᠵᠡᠬᠦᠯᠵᠤ ᠲᠠᠶᠢᠴᠢᠯᠠᠬᠤ ᠨᠥᠯᠥᠭᠡᠯᠡᠯ ᠢ ᠪᠣᠢ ᠪᠣᠯᠭᠠᠵᠡᠢ᠃ | ᠲᠤᠯᠤᠳᠤᠭᠠᠷ ᠬᠤᠭᠤᠴᠠᠭᠠᠨ ᠤ ᠲᠡᠮᠡᠭᠡᠨ ᠤ ᠠᠵᠤ ᠦᠢᠯᠡᠰ ᠢ ᠬᠦᠭᠵᠢᠬᠦᠯᠬᠦ ᠶᠡᠭᠡ ᠬᠤᠷᠠᠯ ᠢ ᠠᠮᠵᠢᠯᠲᠠ ᠲᠠᠢ | ᠡᠷᠬᠢᠯᠡᠵᠤ᠂ ᠬᠢᠮᠢ ᠶᠢᠨ ᠪᠣᠷᠳᠤᠭᠤᠷ᠂ ᠲᠠᠷᠢᠶᠠᠯᠠᠩ ᠤᠨ ᠡᠮ ᠤᠨ ᠬᠡᠷᠡᠭᠯᠡᠭᠡ ᠪᠠᠨ ᠬᠠᠰᠤᠵᠤ ᠦᠷ᠎ᠡ ᠠᠰᠢᠭ ᠢ | ᠨᠡᠮᠡᠭᠳᠡᠭᠦᠯᠬᠦ ᠪᠥᠳᠦᠮᠵᠢ ᠨᠢ ᠢᠯᠡᠷᠬᠡᠢ ᠪᠣᠯᠵᠤ᠂ ᠰᠦᠩ ᠬᠠᠯᠢᠶ᠎ᠠ᠂ ᠦᠶᠡᠷ ᠤᠨ ᠤᠰᠤ᠂ ᠭᠠᠩ ᠬᠠᠭᠰᠠᠷᠠᠭ᠎ᠠ ᠶᠢ | ᠰᠡᠷᠭᠡᠶᠢᠯᠡᠬᠦ᠂ ᠠᠷᠢᠶᠠᠳᠠᠨ ᠠᠮᠢᠳᠠᠨ ᠤ ᠬᠢᠵᠢᠭ ᠲᠠᠬᠤᠯ ᠢ ᠰᠡᠷᠭᠡᠶᠢᠯᠡᠨ ᠬᠢᠵᠠᠭᠠᠷᠯᠠᠬᠤ᠂ ᠣᠢ ᠰᠢᠭᠤᠢ᠂ ᠨᠤᠲᠤᠭ | ᠪᠡᠯᠴᠢᠭᠡᠷ ᠤᠨ ᠭᠠᠯ ᠢ ᠰᠡᠷᠭᠡᠶᠢᠯᠡᠬᠦ ᠵᠡᠷᠭᠡ ᠶᠢᠨ ᠠᠷᠭ᠎ᠠ ᠪᠠᠷᠢᠯ ᠨᠢ ᠬᠦᠴᠦᠨ ᠲᠠᠢ ᠪᠠᠶᠢᠵᠤ᠂ ᠲᠠᠷᠢᠶᠠᠯᠠᠩ ᠮᠠᠯ ᠠᠵᠤ | ᠠᠬᠤᠢ ᠶᠢᠨ ᠦᠢᠯᠡᠳᠪᠤᠷᠢᠯᠡᠯ ᠨᠢ ᠠᠮᠤᠷ ᠲᠣᠭᠳᠠᠭᠤᠨ ᠪᠣᠯᠪᠠ᠃ | ᠠᠵᠤ ᠦᠢᠯᠡᠳᠪᠤᠷᠢᠯᠡᠯ ᠤᠨ ᠠᠵᠤ ᠠᠬᠤᠢ ᠨᠢ ᠠᠭᠠᠵᠢᠮ ᠳᠠᠭᠠᠨ ᠲᠣᠭᠳᠠᠪᠤᠷᠢᠵᠢᠪᠠ᠃ ᠪᠥᠬᠦ | ᠬᠤᠰᠢᠭᠤᠨ ᠤ ᠭᠤᠣᠯᠳᠠᠯᠭᠠᠳᠤ ᠠᠵᠤ ᠦᠢᠯᠡᠳᠪᠤᠷᠢ᠂ ᠠᠵᠤ ᠠᠬᠤᠶᠢᠯᠠᠯ ᠨᠢ ᠬᠡᠪ ᠢᠶᠠᠷ ᠢᠶᠠᠨ ᠦᠢᠯᠡᠳᠪᠤᠷᠢᠯᠡᠵᠤ᠂ | ᠦᠢᠯᠡᠳᠪᠤᠷᠢᠯᠡᠯ ᠤᠨ ᠨᠡᠮᠡᠭᠳᠡᠯ ᠥᠷᠲᠡᠭ ᠢ 23.6 ᠳ᠋ᠦᠩᠰᠢᠭᠤᠷ ᠲᠥᠬᠦᠷᠢᠭ ᠪᠡᠶᠡᠯᠡᠬᠦᠯᠦᠨ᠂ ᠠᠳᠠᠯᠢ | ᠬᠤᠭᠤᠴᠠᠭᠠᠨ ᠤ ᠬᠢ ᠠᠴᠠ 1.2% ᠨᠡᠮᠡᠭᠳᠡᠪᠡ᠃ ᠴᠢᠨ ᠬᠤᠸᠠ ᠶᠢᠨ 2×50 ᠰᠠᠶ᠎ᠠ ᠸᠠᠲ ᠢᠯᠴᠢ ᠴᠠᠬᠢᠯᠭᠠᠨ | ᠬᠠᠮᠳᠤᠳᠬᠠᠨ ᠦᠢᠯᠡᠳᠪᠤᠷᠢᠯᠡᠬᠦ ᠲᠥᠷᠦᠯ ᠵᠦᠢᠯ ᠠᠵᠢᠯ ᠢᠶᠠᠨ ᠰᠡᠷᠭᠦᠭᠡᠬᠦ ᠪᠠᠶᠢᠭᠤᠯᠤᠯᠲᠠ ᠪᠠᠨ ᠬᠢᠵᠤ᠂ ᠵᠠᠰᠠᠭ ᠠᠵᠤ | ᠠᠬᠤᠶᠢᠯᠠᠯ ᠬᠤᠷᠰᠢᠭᠰᠠᠨ 5 ᠲᠥᠮᠡᠨ ᠲᠣᠨ ᠤ LNG ᠲᠥᠷᠦᠯ ᠵᠦᠢᠯ ᠨᠢ ᠪᠠᠶᠢᠭᠤᠯᠤᠭᠳᠠᠨ ᠪᠥᠳᠦᠭᠡᠭᠳᠡᠬᠦᠨ ᠢᠶᠠᠨ | ᠭᠠᠷᠭᠠᠵᠤ᠂ ᠬᠤᠶᠢᠳᠣ ᠠᠭᠤᠯᠠ ᠶᠢᠨ ᠠᠭᠤᠷᠬᠠᠢ ᠶᠢᠨ ᠪᠥᠰᠡ ᠶᠢᠨ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠢ | ᠥᠪᠡᠷᠳᠡᠭᠡᠨ ᠵᠠᠰᠠᠬᠤ ᠣᠷᠣᠨ ᠭᠤᠣᠯᠳᠠᠯᠭ᠎ᠠ ᠲᠠᠢ ᠬᠠᠶᠢᠨ ᠪᠠᠶᠢᠴᠠᠭᠠᠬᠤ ᠲᠥᠷᠦᠯ ᠵᠦᠢᠯ ᠳᠤ ᠣᠷᠣᠭᠤᠯᠵᠡᠢ᠃ | ᠦᠨᠡᠭᠡᠳᠤ ᠶᠢᠨ ᠰᠣᠷᠢᠨᠵᠢᠨ ᠲᠡᠮᠦᠷ ᠠᠭᠤᠷᠬᠠᠢ᠂ ᠬᠤᠢ ᠱᠢ ᠠᠭᠤᠯᠠ ︵ᠬᠤᠶᠠᠷ ᠬᠤᠳᠳᠤᠭ︶ ᠶᠢᠨ ᠨᠢᠶᠣᠪᠢ | ᠲᠡᠮᠦᠷ ᠤᠨ ᠬᠦᠳᠡᠷ ᠤᠨ ᠠᠭᠤᠷᠬᠠᠢ᠂ ᠭᠤᠷᠪᠠᠨ ᠲᠣᠶᠢᠭ ᠤᠨ ᠵᠡᠰ ᠴᠠᠶᠢᠷ ᠤᠨ ᠠᠭᠤᠷᠬᠠᠢ ᠵᠡᠷᠭᠡ ᠶᠢᠨ ᠬᠠᠶᠢᠨ | ᠰᠢᠨᠵᠢᠯᠡᠯᠲᠡ ᠨᠢ ᠲᠣᠮᠣ ᠰᠢᠪᠳᠤᠯᠤᠯᠲᠠ ᠲᠠᠢ ᠪᠣᠯᠵᠣ᠂ ᠰᠤᠬᠠᠶᠢᠳᠤ ᠪᠤᠯᠠᠭ ᠤᠨ ᠨᠡᠭᠦᠷᠠᠰᠤᠨ ᠠᠭᠤᠷᠬᠠᠢ᠂ ᠵᠣᠣ ᠶᠢᠨ | ᠪᠥᠯᠥᠭᠯᠡᠯ ᠤᠨ ᠵᠠᠭ ᠤᠨ ᠬᠤᠳᠳᠤᠭ ᠣᠯᠠᠨ ᠲᠡᠮᠦᠷᠯᠢᠭ ᠤᠨ ᠠᠭᠤᠷᠬᠠᠢ᠂ ᠬᠤᠢ ᠯᠢᠶᠠᠨ ᠺᠣᠮᠫᠠᠨᠢ ᠶᠢᠨ ᠴᠠᠬᠢᠭᠤᠷ | ᠴᠢᠯᠠᠭᠤᠨ ᠤ ᠠᠭᠤᠷᠬᠠᠢ ᠵᠡᠷᠭᠡ ᠳᠤ ᠲᠣᠬᠢᠷᠠᠭᠤᠯᠤᠯᠲᠠ ᠬᠢᠭᠡᠳ ᠪᠤᠳᠠᠳᠠᠢ ᠠᠬᠢᠴᠠ ᠲᠠᠢ ᠪᠣᠯᠪᠠ᠃ ᠰᠢᠳᠠᠮᠠᠬᠠᠢ | ᠬᠡᠢ ᠶᠢᠨ ᠬᠠᠶᠢᠨ ᠰᠢᠨᠵᠢᠯᠡᠯᠲᠡ ᠶᠢᠨ ᠬᠡᠳᠤ ᠲᠥᠯᠥᠪ ᠨᠢ ᠪᠠᠶᠠᠷᠯᠠᠭᠤᠰᠢᠳᠠᠢ ᠪᠠᠶᠢᠵᠤ᠂ ᠰᠢᠨ᠎ᠡ ᠨᠡᠮᠡᠭᠳᠡᠭᠰᠡᠨ | ᠬᠢᠵᠠᠭᠠᠷᠯᠠᠬᠤ ᠴᠢᠯᠠᠭᠤᠨ ᠲᠤᠰᠤᠨ ᠤ ᠨᠥᠭᠡᠴᠡ 1136 ᠲᠥᠮᠡᠨ ᠲᠣᠨ᠂ ᠰᠢᠳᠠᠮᠠᠬᠠᠢ ᠬᠡᠢ ᠶᠢᠨ ᠨᠥᠭᠡᠴᠡ 19.4 | ᠳ᠋ᠦᠩᠰᠢᠭᠤᠷ ᠪᠣᠰᠤᠭ᠎ᠠ ᠲᠥᠷᠪᠡᠯᠵᠢᠨ ᠮᠧᠲᠷ ᠪᠠᠶᠢᠨ᠎ᠠ᠃ ᠡᠬᠢ ᠪᠠᠶᠠᠯᠢᠭ ᠤᠨ ᠡᠯᠧᠮᠧᠨ᠋ᠲ ᠤᠨ ᠳᠠᠪᠠᠭᠤᠯᠢᠭ ᠢᠶᠠᠨ | ᠲᠠᠪᠬᠤᠴᠠᠭᠤᠯᠤᠨ ᠶᠡᠬᠡᠰᠭᠡᠵᠤ᠂ ᠠᠯᠠᠱᠠ ᠶᠢᠨ ᠳᠡᠭᠡᠳᠤ ᠰᠢᠨ᠎ᠡ ᠮᠡᠷᠭᠡᠵᠢᠯ ᠤᠨ ᠨᠡᠭᠡᠭᠡᠯᠳᠡ ᠶᠢᠨ ᠣᠷᠣᠨ ᠲᠠᠢ ᠬᠠᠷᠢᠶ᠎ᠠ | ᠭᠠᠵᠠᠷ ᠢ ᠰᠤᠨᠳᠠᠯᠠᠭᠰᠠᠨ ᠠᠵᠤ ᠠᠬᠤᠢ ᠶᠢᠨ ᠪᠠᠶᠢᠯᠳᠤᠬᠤ ᠪᠣᠳᠣᠯᠭ᠎ᠠ ᠶᠢᠨ ᠬᠤᠷᠰᠢᠬᠤ ᠪᠣᠷᠣ ᠲᠥᠯᠥᠪ ᠲᠤ ᠭᠠᠷ ᠤᠨ | ᠦᠰᠦᠭ ᠵᠢᠷᠣᠵᠣ᠂ ᠣᠷᠣᠨ ᠲᠣᠭᠤᠷᠢᠭ ᠤᠨ ᠠᠵᠤ ᠦᠢᠯᠡᠰ ᠤᠨ ᠬᠠᠮᠵᠢᠯᠴᠠᠨ ᠬᠦᠭᠵᠢᠬᠦ ᠰᠢᠨ᠎ᠡ ᠬᠠᠭᠤᠳᠠᠰᠤ | ᠨᠡᠭᠡᠭᠡᠪᠡ᠃ | ᠭᠤᠷᠪᠠᠳᠤᠭᠠᠷ ᠠᠵᠤ ᠦᠢᠯᠡᠰ ᠨᠢ ᠪᠠᠳᠠᠷᠠᠩᠭᠤᠢ ᠬᠦᠭᠵᠢᠪᠡ᠃ 2 ᠳ᠋ᠦᠩᠰᠢᠭᠤᠷ ᠲᠥᠬᠦᠷᠢᠭ ᠤᠨ ᠪᠡᠯᠡ | ᠣᠷᠣᠭᠤᠯᠵᠣ᠂ 5A ᠤᠨ ᠳᠡᠰ ᠤᠨ ᠪᠠᠷᠢᠮᠵᠢᠶ᠎ᠡ ᠪᠠᠷ ᠡᠯ᠎ᠡ ᠦᠵᠡᠮᠵᠢ ᠶᠢᠨ ᠣᠷᠣᠨ ᠤ ᠰᠠᠭᠤᠷᠢ ᠲᠥᠭᠦᠭᠡᠷᠤᠮᠵᠢ ᠶᠢ | ᠦᠷᠭᠦᠯᠵᠢᠯᠡᠨ ᠲᠡᠭᠦᠯᠳᠡᠷᠵᠢᠬᠦᠯᠵᠤ᠂ ᠦᠵᠡᠮᠵᠢ ᠶᠢᠨ ᠣᠷᠣᠨ ᠤ ᠶᠠᠰᠤ ᠴᠢᠨᠠᠷ ᠨᠢ ᠲᠠᠰᠤᠷᠠᠯᠳᠠ ᠦᠭᠡᠢ ᠳᠡᠭᠡᠭᠰᠢᠯᠡᠵᠤ | ᠪᠠᠶᠢᠨ᠎ᠠ᠃ ᠪᠥᠬᠦ ᠨᠤᠳᠤᠭ ᠤᠨ ᠵᠢᠭᠤᠯᠴᠢᠯᠠᠯ ᠤᠨ ᠵᠢᠱᠢᠶ᠎ᠡ ᠦᠵᠡᠬᠦᠯᠬᠦ ᠲᠣᠭᠤᠷᠢᠭ ᠤᠨ ᠪᠠᠶᠢᠭᠤᠯᠤᠯᠲᠠ ᠨᠢ | ᠥᠪᠡᠷᠳᠡᠭᠡᠨ ᠵᠠᠰᠠᠬᠤ ᠣᠷᠣᠨ ᠤ ᠠᠩᠬᠠᠨ ᠤ ᠦᠨᠡᠯᠡᠯᠲᠡ ᠶᠢ ᠥᠩᠭᠡᠷᠡᠭᠡᠵᠤ᠂ ᠲᠣᠣᠷᠠᠢ ᠶᠢᠨ ᠣᠢ ᠶᠢᠨ | ᠦᠵᠡᠮᠵᠢ ᠶᠢᠨ ᠣᠷᠣᠨ ᠤ 5A ᠳᠡᠰ ᠢ ᠠᠮᠵᠢᠯᠲᠠ ᠲᠠᠢ ᠡᠭᠦᠳᠦᠨ ᠪᠠᠶᠢᠭᠤᠯᠵᠤ᠂ ᠰᠤᠪᠨᠠᠭᠤᠷ ᠤᠨ ᠦᠵᠡᠮᠵᠢ ᠶᠢᠨ | ᠣᠷᠣᠨ᠂ ᠴᠡᠭᠡ ᠪᠣᠭᠤᠮᠲᠠ ᠶᠢᠨ ᠣᠯᠠᠨ ᠤᠯᠤᠰ ᠤᠨ ᠰᠤᠶᠤᠯ ᠵᠢᠭᠤᠯᠴᠢᠯᠠᠯ ᠤᠨ ᠣᠷᠣᠨ ᠨᠢ 3A ᠲᠡᠰ ᠤᠨ | ᠦᠵᠡᠮᠵᠢ ᠶᠢᠨ ᠣᠷᠣᠨ ᠳᠤ ᠳᠠᠪᠰᠢᠪᠠ᠃ ᠳᠡᠯᠡᠬᠡᠢ ᠶᠢᠨ ᠴᠡᠴᠡᠷᠯᠢᠭ ᠤᠨ ᠮᠡᠷᠭᠡᠵᠢᠯ ᠤᠨ ᠦᠵᠡᠰᠬᠦᠯᠡᠩ · ᠡᠵᠡᠨ᠎ᠡ | ᠭᠤᠣᠯ ᠰᠡᠳᠤᠪᠳᠤ ᠡᠳᠦᠷ᠂ ᠵᠢᠣᠢ ᠶᠠᠨ ᠤ ᠪᠠᠭᠤᠷᠢ ᠶᠢᠨ ᠣᠯᠠᠨ ᠤᠯᠤᠰ ᠤᠨ ᠡᠷᠳᠡᠮ ᠰᠢᠨᠵᠢᠯᠡᠭᠡᠨ ᠤ ᠲᠠᠪᠴᠠᠩ᠂ | ᠥᠪᠦᠷ ᠮᠣᠩᠭᠤᠯ ᠤᠨ ᠠᠮᠳᠠᠳᠤ ᠢᠳᠡᠭᠡᠨ ᠢ ᠨᠡᠶᠢᠳᠡᠯᠡᠬᠦ ᠪᠠ ᠠᠮᠳᠠᠯᠠᠵᠣ ᠰᠢᠨᠵᠢᠬᠦ ᠬᠤᠷᠠᠯ ᠵᠡᠷᠭᠡ ᠬᠦᠳᠡᠯᠭᠡᠭᠡᠨ ᠢ | ᠡᠭᠦᠳᠦᠨ ᠡᠷᠬᠢᠯᠡᠵᠤ᠂ ︽ᠲᠣᠣᠷᠠᠢ ᠶᠢᠨ ᠣᠢ ᠶᠢ ᠲᠣᠭᠤᠷᠢᠭᠰᠠᠨ︾ ᠣᠯᠠᠨ ᠤᠯᠤᠰ ᠤᠨ ᠳᠤᠭᠤᠢ ᠲᠡᠷᠭᠡᠨ ᠤ | ᠤᠷᠢᠯᠭᠠᠳᠤ ᠮᠥᠷᠦᠶᠢᠴᠡᠭᠡᠨ᠂ ᠮᠠᠷᠠᠽᠤᠨ ᠤᠷᠤᠯᠳᠤᠭᠠᠨ ᠵᠡᠷᠭᠡ ᠨᠡᠷᠡᠲᠤ ᠤᠷᠤᠯᠳᠤᠭᠠᠨ ᠢ ᠦᠷᠭᠦᠯᠵᠢᠯᠡᠨ | ᠶᠠᠪᠤᠭᠳᠠᠭᠤᠯᠵᠤ᠂ ᠡᠵᠡᠨ᠎ᠡ ᠶᠢᠨ ᠭᠠᠳᠠᠭᠠᠳᠤ ᠳᠠᠬᠢ ᠠᠯᠳᠠᠷᠰᠢᠯ ᠪᠠ ᠨᠥᠯᠦᠭᠡᠯᠡᠬᠦ ᠬᠦᠴᠦᠨ ᠨᠢ ᠲᠠᠰᠤᠷᠠᠯ ᠦᠭᠡᠢ | ᠨᠡᠮᠡᠭᠳᠡᠭᠰᠡᠭᠡᠷ ᠪᠠᠶᠢᠨ᠎ᠠ᠃ ᠬᠦᠳᠡᠭᠡ ᠲᠤᠰᠬᠤᠨ ᠤ ᠵᠢᠭᠤᠯᠴᠢᠯᠠᠯ ᠤᠨ ᠰᠠᠭᠤᠷᠢ ᠲᠥᠬᠦᠭᠡᠷᠤᠮᠵᠢ ᠶᠢ | ᠲᠡᠭᠦᠯᠳᠡᠷᠵᠢᠬᠦᠯᠦᠨ᠂ ᠠᠲᠠᠷ ᠬᠠᠭᠠᠯᠪᠤᠷᠢᠯᠠᠯᠲᠠ ᠶᠢᠨ ᠭᠤᠣᠯ ᠰᠡᠳᠤᠪᠳᠤ ᠴᠡᠴᠡᠷᠯᠢᠭ ᠢ ᠪᠠᠶᠢᠭᠤᠯᠵᠤ᠂ ᠬᠦᠷᠢᠶ᠎ᠡ | ᠬᠠᠰᠢᠶᠠᠨ ᠤ ᠠᠵᠤ ᠠᠬᠤᠢ ᠶᠢ ᠬᠦᠭᠵᠢᠬᠦᠯᠦᠭᠡᠳ᠂ ᠮᠠᠯᠴᠢᠨ ᠲᠠᠷᠢᠶᠠᠴᠢᠨ ᠵᠢᠭᠤᠯᠴᠢᠯᠠᠯ ᠠᠴᠠ 377 ᠲᠥᠮᠡᠨ | ᠲᠥᠬᠦᠷᠢᠭ ᠤᠨ ᠠᠰᠢᠭ ᠣᠯᠵᠠᠪᠣᠷᠢ ᠶᠢ ᠬᠦᠷᠳᠡᠵᠡᠢ᠃ 2019 ᠣᠨ ᠳᠤ᠂ ᠵᠢᠭᠤᠯᠴᠢᠯᠠᠵᠤ ᠢᠷᠡᠭᠰᠡᠨ ᠬᠦᠮᠦᠨ | 810 ᠲᠥᠮᠡ ᠶᠢ ᠳᠠᠪᠠᠵᠤ᠂ ᠠᠳᠠᠯᠢ ᠬᠤᠭᠤᠴᠠᠭᠠᠨ ᠤ ᠬᠢ ᠠᠴᠠ 15% ᠪᠠᠷ ᠨᠡᠮᠡᠭᠳᠡᠪᠡ᠃ ᠵᠢᠭᠤᠯᠴᠢᠯᠠᠯ ᠤᠨ | ᠶᠡᠷᠦᠩᠬᠡᠶᠢᠯᠡᠭᠰᠡᠨ ᠣᠷᠣᠯᠭ᠎ᠠ ᠨᠢ 78 ᠳ᠋ᠦᠩᠰᠢᠭᠤᠷ ᠲᠥᠬᠦᠷᠢᠭ ᠲᠤ ᠬᠦᠷᠴᠤ᠂ ᠠᠳᠠᠯᠢ ᠬᠤᠭᠤᠴᠠᠭᠠᠨ ᠤ | ᠬᠢ ᠠᠴᠠ 14% ᠪᠠᠷ ᠨᠡᠮᠡᠭᠳᠡᠪᠡ᠃ ᠵᠢᠭᠤᠯᠴᠢᠯᠠᠯ ᠤᠨ ᠦᠢᠯᠡᠰ ᠤᠨ ᠳᠠᠶᠢᠴᠢᠯᠠᠭ᠎ᠠ ᠪᠠᠷ ᠵᠠᠮ ᠬᠠᠷᠢᠯᠴᠠᠭ᠎ᠠ | ᠪᠠᠷᠠᠭᠠᠨ ᠤ ᠬᠦᠢᠯᠭᠡᠭᠡ᠂ ᠢᠳᠡᠭᠡᠨ ᠤᠮᠳᠠᠭᠠᠨ᠂ ᠬᠤᠨᠤᠵᠤ ᠰᠠᠭᠤᠬᠤ᠂ ᠠᠷᠠᠯᠵᠢᠶ᠎ᠠ ᠲᠠᠸᠠᠷ ᠤᠨ ᠬᠦᠢᠯᠭᠡᠭᠡ ᠵᠡᠷᠭᠡ | ᠦᠢᠯᠡᠴᠢᠯᠡᠭᠡᠨ ᠤ ᠦᠢᠯᠡᠰ ᠦᠷᠬᠦᠯᠵᠢᠯᠡᠨ ᠬᠠᠯᠠᠮᠰᠢᠯ ᠳᠠᠭᠠᠨ ᠪᠠᠶᠢᠨ᠎ᠠ᠃ ᠰᠢᠤᠳᠠᠨ᠂ ᠱᠦᠨ ᠹᠧᠩ ᠵᠡᠷᠭᠡ ᠲᠠᠪᠴᠠᠩ | ᠨᠢ ᠢᠨᠲ᠋ᠧᠷᠨᠧᠲ ᠰᠦᠯᠵᠢᠶ᠎ᠡ ᠳᠡᠭᠡᠷ᠎ᠡ ᠪᠤᠶᠤ ᠰᠦᠯᠵᠢᠶ᠎ᠡ ᠠᠴᠠ ᠭᠠᠳᠠᠨ᠎ᠠ ᠵᠡᠷᠭᠡ ᠪᠠᠷ ᠬᠦᠴᠦᠯᠡᠵᠤ᠂ ᠨᠧᠲ ᠢᠶᠠᠷ | ᠠᠮᠳᠠᠳᠤ ᠬᠡᠮᠬᠡ᠂ ᠬᠥᠯᠳᠡᠭᠡᠭᠰᠡᠨ ᠰᠢᠨ᠎ᠡ ᠮᠢᠬ᠎ᠠ ᠵᠡᠷᠭᠡ ᠶᠢ 150 ᠲᠣᠨ ᠪᠣᠷᠣᠯᠠᠭᠤᠯᠵᠡᠢ᠃ ᠪᠥᠬᠦ ᠵᠢᠯ ᠳᠡᠭᠡᠨ | ᠵᠢᠱᠢᠯᠲᠡ ᠪᠠᠷ ᠵᠠᠰᠠᠮᠠᠯ ᠵᠠᠮ ᠤᠨ ᠪᠠᠷᠠᠭᠠᠨ ᠤ ᠲᠡᠭᠡᠭᠡᠪᠣᠷᠢ ᠶᠢ 767 ᠲᠥᠮᠡᠨ ᠲᠣᠨ ᠪᠡᠶᠡᠯᠡᠬᠦᠯᠵᠤ᠂ ᠵᠠᠰᠠᠮᠠᠯ | ᠵᠠᠮ ᠤᠨ ᠠᠶᠠᠨᠴᠢᠳ ᠨᠢ 53.3 ᠲᠥᠮᠡᠨ ᠬᠦᠮᠦᠨ ︵ᠤᠳᠠᠭ᠎ᠠ︶ ᠳᠤ ᠬᠦᠷᠪᠡ᠃ ᠲᠡᠮᠦᠷ ᠵᠠᠮ ᠤᠨ ᠪᠠᠷᠠᠭᠠᠨ ᠤ | ᠲᠡᠭᠡᠭᠡᠪᠤᠷᠢ ᠨᠢ 1085.3 ᠲᠥᠮᠡᠨ ᠲᠣᠨ ᠳᠤ ᠬᠦᠷᠴᠤ᠂ ᠲᠡᠮᠦᠷ ᠵᠠᠮ ᠤᠨ ᠠᠶᠠᠨᠴᠢᠳ 11.6 ᠲᠥᠮᠡᠨ ᠬᠦᠮᠦᠨ | ︵ᠤᠳᠠᠭ᠎ᠠ︶ ᠳᠤ ᠬᠦᠷᠴᠡᠢ᠃ ᠠᠭᠠᠷ ᠠᠶᠠᠯᠠᠯ ᠤᠨ ᠠᠶᠠᠨᠴᠢᠳ ᠤᠨ ᠵᠥᠭᠡᠭᠡᠪᠤᠷᠢ ᠶᠢᠨ ᠬᠡᠮᠵᠢᠶ᠎ᠡ ᠨᠢ 2 ᠲᠥᠮᠡᠨ | ᠬᠦᠮᠦᠨ ︵ᠤᠳᠠᠭ᠎ᠠ︶ ᠳᠤ ᠬᠦᠷᠪᠡ᠃ | ︵ᠬᠤᠶᠠᠷ︶ ᠠᠮᠢ ᠠᠬᠤᠢ ᠶᠢᠨ ᠬᠠᠮᠠᠭᠠᠯᠠᠯᠲᠠ ᠶᠢᠨ ᠪᠠᠶᠢᠭᠤᠯᠤᠯᠲᠠ ᠶᠢ ᠨᠢᠭᠡᠳᠦᠯᠳᠡᠢ ᠲᠥᠯᠥᠪᠯᠡᠵᠤ᠂ | ᠬᠤᠲᠠ ᠬᠦᠳᠡᠭᠡ ᠶᠢᠨ ᠣᠷᠴᠢᠨ ᠲᠤᠭᠤᠷᠢᠨ ᠮᠡᠳᠡᠭᠳᠡᠭᠦᠶᠢᠴᠡ ᠰᠠᠶᠢᠵᠢᠷᠠᠪᠠ | ᠠᠮᠢ ᠠᠬᠤᠢ ᠶᠢᠨ ᠣᠷᠴᠢᠨ ᠲᠣᠭᠤᠷᠢᠨ ᠨᠢ ᠦᠷᠬᠦᠯᠵᠢᠯᠡᠨ ᠰᠢᠯᠢᠳᠡᠭᠰᠢᠪᠡ᠃ ᠨᠤᠳᠤᠭ ᠪᠡᠯᠴᠢᠭᠡᠷ ᠤᠨ | ᠨᠥᠬᠦᠪᠣᠷᠢ ᠱᠠᠩᠨᠠᠯ᠂ ᠣᠢ ᠰᠢᠭᠤᠢ ᠠᠮᠢ ᠠᠬᠤᠢ ᠶᠢᠨ ᠦᠷ᠎ᠡ ᠠᠰᠢᠭ ᠤᠨ ᠨᠥᠬᠦᠪᠤᠷᠢ ᠵᠡᠷᠭᠡ ᠲᠥᠷᠢᠮ ᠢ ᠪᠥᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠡᠯ᠎ᠡ ᠲᠥᠷᠦᠯ ᠤᠨ ᠨᠥᠬᠦᠪᠤᠷᠢ ᠱᠠᠩᠨᠠᠯ ᠤᠨ ᠪᠡᠯᠡ 1.5 ᠳ᠋ᠦᠩᠰᠢᠭᠤᠷ | ᠲᠥᠬᠦᠷᠢᠭ ᠢ ᠲᠠᠷᠬᠠᠭᠠᠵᠡᠢ᠃ ᠭᠤᠣᠯᠳᠠᠯᠭᠠᠳᠤ ᠠᠮᠢ ᠠᠬᠤᠢ ᠶᠢᠨ ᠪᠠᠶᠢᠭᠤᠯᠤᠯᠲᠠ ᠶᠢᠨ ᠢᠨᠵᠧᠨᠧᠷᠢᠩ ᠢ | ᠦᠷᠬᠦᠯᠵᠢᠯᠡᠨ ᠬᠡᠷᠡᠭᠵᠢᠬᠦᠯᠵᠤ᠂ ᠨᠤᠲᠤᠭ ᠪᠡᠯᠴᠢᠭᠡᠷ ᠤᠨ ᠪᠠᠶᠢᠭᠤᠯᠤᠯᠲᠠ 213 ᠲᠥᠮᠡᠨ ᠮᠦ᠂ ᠬᠦᠮᠦᠨ ᠤ | ᠬᠦᠴᠦ ᠪᠠᠷ ᠣᠶᠢᠵᠢᠭᠤᠯᠣᠭᠰᠠᠨ 70 ᠲᠥᠮᠡᠨ ᠮᠦ᠂ ᠣᠢ ᠰᠢᠭᠤᠢ ᠡᠪᠡᠰᠤ ᠪᠡᠯᠴᠢᠭᠡᠷ ᠤᠨ ᠬᠦᠨᠦᠭᠡᠯᠲᠡᠢ ᠠᠮᠢᠳᠤ | ᠪᠤᠳᠠᠰ ᠤᠨ ᠰᠡᠷᠭᠡᠶᠢᠯᠡᠯᠲᠡ 204 ᠲᠥᠮᠡᠨ ᠮᠦ ᠶᠢ ᠪᠡᠶᠡᠯᠡᠬᠦᠯᠵᠡᠢ᠃ ︽ᠭᠤᠣᠯ ︵ᠨᠠᠭᠤᠷ︶ ᠤᠨ ᠲᠠᠷᠤᠭ᠎ᠠ ᠶᠢᠨ | ᠲᠥᠷᠢᠮ︾ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠢᠯ ᠳᠡᠭᠡᠨ 9.7 ᠳ᠋ᠦᠩᠰᠢᠭᠤᠷ ᠪᠣᠰᠤᠭ᠎ᠠ ᠲᠥᠷᠪᠡᠯᠵᠢᠨ | ᠮᠧᠲᠷ ᠤᠰᠤ ᠶᠢ ᠵᠣᠬᠢᠴᠠᠭᠤᠯᠵᠤ᠂ 110.4 ᠲᠥᠮᠡᠨ ᠮᠦ ᠨᠤᠲᠤᠭ ᠪᠡᠯᠴᠢᠭᠡᠷ ᠢᠶᠠᠨ ᠤᠰᠤᠵᠢᠭᠤᠯᠪᠠ᠃ 120 | ᠲᠥᠮᠡᠨ ᠲᠥᠬᠦᠷᠢᠭ ᠤᠨ ᠪᠡᠯᠡ ᠣᠷᠣᠭᠤᠯᠵᠣ᠂ ᠰᠣᠪᠨᠠᠭᠤᠷ ᠤᠨ ᠣᠰᠣᠨ ᠤ ᠥᠪᠡᠷ ᠢᠶᠠᠨ ᠬᠢᠨᠠᠨ ᠰᠢᠯᠭᠠᠬᠤ | ᠥᠷᠳᠡᠭᠡ ᠶᠢ ᠪᠠᠶᠢᠭᠤᠯᠤᠭᠠᠳ᠂ ᠡᠵᠡᠨ᠎ᠡ ᠭᠤᠣᠯ ᠤᠨ ᠡᠯ᠎ᠡ ᠬᠡᠰᠡᠭ ᠤᠨ ᠣᠰᠣᠨ ᠤ ᠴᠢᠨᠠᠷ ᠢ ᠭᠤᠷᠪᠠᠳᠤᠭᠠᠷ | ᠲᠥᠷᠦᠯ ᠤᠨ ᠪᠠᠷᠢᠮᠵᠢᠶ᠎ᠠ ᠳᠤ ᠲᠣᠭᠳᠠᠪᠤᠷᠢᠵᠢᠭᠤᠯᠤᠭᠰᠠᠨ ᠪᠠᠶᠢᠨ᠎ᠠ᠃ ᠬᠠᠮᠤᠭ ᠴᠢᠩᠭ᠎ᠠ ᠣᠰᠣᠨ ᠤ ᠡᠬᠢ | ᠪᠠᠶᠠᠯᠢᠭ ᠤᠨ ᠬᠠᠮᠢᠶᠠᠷᠤᠯᠲᠠ ᠶᠢᠨ ᠲᠥᠷᠢᠮ ᠢ ᠨᠠᠶᠢᠳᠠᠪᠤᠷᠢᠵᠢᠭᠤᠯᠵᠤ᠂ 18 ᠮᠠᠰᠢᠨᠳᠤ ᠴᠠᠬᠢᠯᠭᠠᠨ ᠬᠤᠳᠳᠤᠭ ᠢ | ᠪᠢᠳᠡᠭᠦᠮᠵᠢᠯᠡᠪᠡ᠃ ᠨᠠᠮᠤᠭ ᠭᠠᠵᠠᠷ ᠤᠨ ᠠᠮᠢ ᠠᠬᠤᠢ ᠶᠢ ᠬᠠᠮᠠᠭᠠᠯᠠᠬᠤ ᠪᠠ ᠤᠰᠤᠨ ᠤ ᠡᠬᠢ ᠪᠠᠶᠠᠯᠢᠭ ᠢ ᠬᠠᠮᠢᠶᠠᠷᠬᠤ | ᠠᠷᠭ᠎ᠠ ᠶᠢ ᠲᠣᠭᠳᠠᠭᠠᠵᠤ᠂ ᠨᠠᠮᠤᠭ ᠭᠠᠵᠠᠷ ᠢ ᠬᠠᠮᠠᠭᠠᠯᠠᠬᠤ ᠬᠠᠤᠯᠢ ᠶᠢ ᠬᠡᠷᠡᠭᠵᠢᠬᠦᠯᠬᠦ ᠶᠡᠭᠡ ᠠᠩᠭᠢ ᠶᠢ ᠪᠠᠶᠢᠭᠤᠯᠵᠤ᠂ | ᠨᠠᠮᠤᠭ ᠭᠠᠵᠠᠷ ᠤᠨ ᠠᠮᠢ ᠠᠬᠤᠢ ᠶᠢ ᠬᠠᠮᠢᠶᠠᠷᠴᠤ ᠬᠠᠮᠠᠭᠠᠯᠠᠬᠤ ᠪᠠᠨ ᠲᠠᠰᠤᠷᠠᠯ ᠦᠭᠡᠢ ᠴᠢᠩᠭᠠᠳᠬᠠᠪᠠ᠃ ᠣᠷᠴᠢᠨ | ᠲᠤᠭᠤᠷᠢᠨ ᠤ ᠬᠠᠮᠠᠭᠠᠯᠠᠯᠲᠠ ᠶᠢᠨ ᠲᠣᠪᠣᠶᠢᠮ᠎ᠠ ᠠᠰᠠᠭᠤᠳᠠᠯ ᠢ ᠬᠦᠴᠦ ᠣᠷᠣᠭᠤᠯᠣᠨ ᠰᠢᠢᠳᠪᠤᠷᠢᠯᠡᠵᠤ᠂ ᠲᠥᠪ ᠤᠨ | ᠠᠮᠢ ᠠᠬᠤᠢ ᠶᠢᠨ ᠣᠷᠴᠢᠨ ᠲᠣᠭᠤᠷᠢᠨ ᠤ ᠱᠠᠯᠠᠪᠳᠠᠭᠤᠯᠤᠨ ᠪᠠᠶᠢᠴᠠᠭᠠᠬᠤ ᠲᠣᠭᠤᠶᠢᠯᠠᠩ ᠲᠤᠰᠬᠠᠭᠰᠠᠨ 14 | ᠵᠦᠢᠯ ᠤᠨ ᠠᠰᠠᠭᠤᠳᠠᠯ ᠢ ᠪᠥᠷ ᠴᠡᠭᠴᠡᠯᠡᠨ ᠵᠠᠰᠠᠵᠤ ᠳᠠᠭᠤᠰᠬᠠᠭᠠᠳ᠂ ᠪᠣᠬᠢᠷᠳᠤᠯ ᠢ ᠵᠠᠰᠠᠬᠤ ᠠᠵᠢᠯ ᠱᠠᠳᠤᠴᠢ | ᠴᠢᠨᠠᠷᠳᠠᠢ ᠦᠷ᠎ᠡ ᠪᠥᠳᠦᠮᠵᠢ ᠶᠢ ᠣᠯᠪᠠ᠃ | ᠬᠤᠲᠠ ᠬᠦᠳᠡᠭᠡ ᠶᠢᠨ ᠪᠠᠶᠢᠭᠤᠯᠤᠯᠲᠠ ᠬᠠᠮᠢᠶᠠᠷᠤᠯᠲᠠ ᠨᠢ ᠵᠣᠬᠢᠴᠠᠩᠭᠤᠢ ᠪᠠᠷ ᠠᠬᠢᠪᠠ᠃ 1.5 | ᠳ᠋ᠦᠩᠰᠢᠭᠤᠷ ᠲᠥᠬᠦᠷᠢᠭ ᠤᠨ ᠪᠡᠯᠡ ᠣᠷᠣᠭᠤᠯᠵᠣ᠂ ᠳᠠᠯᠠᠶᠢᠬᠦ᠋ᠪ ᠪᠠᠯᠭᠠᠰᠤᠨ ᠤ ᠪᠣᠬᠢᠷ ᠤᠰᠤ ᠶᠢ ᠰᠢᠢᠳᠪᠤᠷᠢᠯᠡᠬᠦ | ᠦᠢᠯᠡᠳᠪᠤᠷᠢ ᠶᠢ ᠥᠷᠭᠡᠳᠭᠡᠭᠦ ᠢᠨᠵᠧᠨᠧᠷᠢᠩ ᠢ ᠡᠬᠢᠯᠡᠬᠦᠯᠵᠤ᠂ 1143 ᠮᠧᠲᠷ ᠤᠨ ᠬᠤᠲᠠ ᠶᠢᠨ ᠵᠠᠮ᠂ 1600 | ᠮᠧᠲᠷ ᠤᠨ ᠰᠢᠳᠠᠮᠠᠬᠠᠢ ᠬᠡᠢ ᠶᠢᠨ ᠬᠤᠭᠤᠯᠠᠢ᠂ 5600 ᠮᠧᠲᠷ ᠤᠨ ᠢᠯᠴᠢ ᠬᠠᠩᠭᠠᠬᠤ ᠬᠤᠭᠤᠯᠠᠢ ᠶᠢ ᠰᠢᠨ᠎ᠡ ᠪᠠᠷ | ᠵᠠᠰᠠᠬᠤ ᠪᠠ ᠤᠭᠰᠠᠷᠠᠵᠤ᠂ ᠵᠠᠮ ᠤᠨ ᠬᠠᠵᠠᠭᠤ ᠶᠢᠨ ᠳ᠋ᠧᠩ ᠤᠨ ᠤᠳᠠᠰᠤ ᠶᠢ 1.7 ᠲᠥᠮᠡᠨ ᠮᠧᠲᠷ ᠰᠡᠯᠪᠢᠵᠤ᠂ | ᠵᠠᠮ ᠤᠨ ᠳ᠋ᠧᠩ ᠤᠨ ᠭᠡᠷᠡᠯ ᠤᠨ ᠰᠤᠷᠪᠤᠯᠵᠢ 1460 ᠢᠵᠢ ᠶᠢ ᠰᠣᠯᠢᠵᠤ᠂ ᠪᠠᠯᠭᠠᠰᠤᠨ ᠤ ᠲᠣᠭᠤᠷᠢᠭ ᠳᠠᠬᠢ 11 | ᠵᠠᠮ ᠤᠨ ᠠᠭᠤᠯᠵᠠᠷ ᠪᠠ ᠬᠡᠰᠡᠭ ᠶᠠᠪᠠᠭᠠᠨ ᠬᠦᠮᠦᠨ ᠤ ᠵᠠᠮ ᠤᠨ ᠪᠠᠯᠴᠢᠷ ᠲᠤ ᠰᠠᠭᠠᠳ ᠦᠭᠡᠢ ᠨᠡᠪᠳᠡᠷᠡᠬᠦ | ᠥᠭᠡᠷᠡᠴᠢᠯᠡᠯᠲᠡ ᠶᠢ ᠬᠢᠪᠡ᠃ 530 ᠲᠥᠮᠡᠨ ᠲᠥᠬᠦᠷᠢᠭ ᠤᠨ ᠪᠡᠯᠡ ᠣᠷᠣᠭᠤᠯᠵᠣ᠂ ᠨᠤᠭᠤᠭᠠᠷᠠᠭᠤᠯᠤᠭᠰᠠᠨ | ᠦᠵᠡᠮᠵᠢ 1 ᠭᠠᠵᠠᠷ᠂ ᠠᠮᠢ ᠠᠬᠤᠢ ᠶᠢᠨ ᠵᠡᠭᠡᠯᠢ ᠭᠤᠳᠤᠮᠵᠢ 3 ᠭᠠᠵᠠᠷ ᠪᠠᠶᠢᠭᠤᠯᠵᠤ᠂ 1.3 ᠲᠥᠮᠡᠨ ᠲᠡᠭᠰᠢ | ᠲᠥᠷᠪᠡᠯᠵᠢᠨ ᠮᠧᠲᠷ ᠤᠨ ᠨᠤᠭᠤᠭᠠᠷᠠᠭᠤᠯᠤᠭᠰᠠᠨ ᠲᠠᠯᠠᠪᠠᠢ ᠶᠢ ᠰᠢᠨ᠎ᠡ ᠨᠡᠮᠡᠪᠡ᠃ 2.3 ᠳ᠋ᠦᠩᠰᠢᠭᠤᠷ ᠲᠥᠬᠦᠷᠢᠭ ᠤᠨ | ᠪᠡᠯᠡ ᠣᠷᠣᠭᠤᠯᠵᠤ᠂ 113 ᠡᠷᠦᠬᠡ ᠳᠥᠬᠦᠮ ᠪᠥᠳᠤᠴᠡᠳᠤ ᠣᠷᠣᠨ ᠰᠠᠭᠤᠴᠠ ᠶᠢ ᠥᠭᠡᠷᠡᠴᠢᠯᠡᠵᠤ᠂ | ᠥᠭᠡᠷᠡᠴᠢᠯᠡᠵᠤ ᠪᠠᠷᠢᠬᠤ ᠰᠠᠭᠤᠭᠠᠯᠢ ᠬᠤᠷᠢᠶᠠᠯᠠᠯ 13 ᠬᠡᠰᠡᠭ ᠢ ᠪᠠᠶᠢᠭᠤᠯᠵᠤ᠂ ᠰᠢᠨ᠎ᠡ ᠪᠠᠷᠢᠯᠭ᠎ᠠ ᠶᠢᠨ ᠲᠠᠯᠠᠪᠠᠢ 16. | 4 ᠲᠥᠮᠡᠨ ᠲᠡᠭᠰᠢ ᠲᠥᠷᠪᠡᠯᠵᠢᠨ ᠮᠧᠲᠷ ᠨᠡᠮᠡᠭᠳᠡᠨ᠂ 215 ᠰᠠᠭᠤᠭᠠᠯᠢ ᠠᠷᠠᠳ ᠲᠤ ᠲᠣᠭᠳᠠᠮᠠᠯ ᠬᠦᠷᠦᠩᠭᠡ ᠶᠢᠨ | ᠳᠠᠩᠰᠠᠯᠠᠬᠤ ᠭᠠᠷ ᠬᠦᠢᠴᠡᠳᠭᠡᠯ ᠤᠨ ᠦᠯᠡᠳᠡᠭᠳᠡᠯ ᠠᠰᠠᠭᠤᠳᠠᠯ ᠢ ᠰᠢᠢᠳᠪᠤᠷᠢᠯᠡᠵᠡᠢ᠃ ᠬᠤᠲᠠ ᠪᠠᠯᠭᠠᠰᠤᠨ ᠤ | ᠨᠠᠷᠢᠪᠴᠢᠯᠠᠬᠤ ᠬᠠᠮᠢᠶᠠᠷᠤᠯᠲᠠ ᠪᠣᠯᠣᠨ ᠠᠳᠠᠯ ᠠᠬᠤᠢ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠴᠢᠨᠠᠷ ᠢ | ᠳᠡᠭᠡᠭᠰᠢᠯᠡᠬᠦᠯᠬᠦ ᠣᠨ ᠤ ᠬᠦᠳᠡᠯᠭᠡᠭᠡᠨ ᠢ ᠭᠦᠨᠵᠡᠭᠡᠢ ᠦᠷᠨᠢᠭᠦᠯᠦᠨ᠂ ᠰᠢᠨ᠎ᠡ ᠪᠠᠷ 445 ᠵᠦᠢᠯ ᠤᠨ ᠣᠷᠴᠢᠨ | ᠲᠣᠭᠤᠷᠢᠨ ᠤ ᠡᠷᠡᠭᠦᠯ ᠬᠠᠮᠠᠭᠠᠯᠠᠯ ᠤᠨ ᠲᠥᠬᠦᠭᠡᠷᠣᠮᠵᠢ ᠶᠢ ᠨᠡᠮᠡᠵᠤ᠂ ᠨᠢᠭᠡ ᠳᠡᠯᠭᠡᠭᠦᠷ ᠨᠢ ᠣᠯᠠᠨ ᠫᠠᠶᠢᠰᠠ ᠲᠠᠢ᠂ | ᠵᠠᠮ ᠡᠵᠡᠷᠭᠡᠨ ᠪᠠᠷᠠᠭ᠎ᠠ ᠬᠤᠳᠠᠯᠳᠤᠬᠤ᠂ ᠬᠠᠮᠢᠶ᠎ᠠ ᠨᠠᠮᠢᠶ᠎ᠠ ᠦᠭᠡᠢ ᠫᠧᠩ ᠪᠣᠰᠬᠠᠬᠤ ᠵᠡᠷᠭᠡ ᠦᠢᠯᠡ ᠶᠠᠪᠤᠳᠠᠯ ᠢ | ᠬᠦᠴᠦᠳᠡᠢ ᠬᠢᠵᠠᠭᠠᠷᠯᠠᠪᠠ᠃ ᠬᠦᠳᠡᠭᠡ ᠲᠤᠰᠬᠤᠨ ᠮᠠᠯᠵᠢᠬᠤ ᠣᠷᠣᠨ ᠤ ᠬᠦᠮᠦᠨ ᠰᠠᠭᠤᠴᠠᠨ ᠤ ᠣᠷᠴᠢᠨ | ᠲᠣᠭᠤᠷᠢᠨ ᠤ ᠴᠡᠭᠴᠡᠯᠡᠯᠲᠡ ᠨᠢ ᠲᠢᠭᠯᠢᠮ ᠲᠠᠢ ᠶᠠᠪᠤᠭᠳᠠᠵᠤ᠂ 335 ᠡᠷᠦᠬᠡ ᠶᠢᠨ ᠵᠣᠷᠯᠣᠩ ᠢ ᠥᠭᠡᠷᠡᠴᠢᠯᠡᠵᠤ᠂ | ᠬᠦᠳᠡᠷᠵᠢᠬᠦᠯᠬᠦ ᠲᠦᠷᠭᠡᠨ ᠠᠭᠤᠷᠰᠢᠯᠲᠠ ᠶᠢᠨ ᠵᠤᠤᠬ᠎ᠠ 3 ᠶᠢ ᠪᠠᠷᠢᠵᠤ᠂ ᠬᠤᠭ ᠨᠣᠪᠰᠢ ᠴᠤᠭᠯᠠᠭᠤᠯᠬᠤ ᠥᠷᠳᠡᠭᠡ | 3 ᠶᠢ ᠪᠠᠶᠢᠭᠤᠯᠪᠠ᠃ 3479 ᠲᠥᠮᠡᠨ ᠲᠥᠬᠦᠷᠢᠭ ᠤᠨ ᠪᠡᠯᠡ ᠣᠷᠣᠭᠤᠯᠵᠣ᠂ ︽ᠨᠢᠭᠡ ᠬᠡᠷᠡᠭ ᠢ ᠨᠢᠭᠡ ᠵᠥᠪᠯᠡᠬᠦ︾ | ᠂ ᠶᠠᠳᠠᠭᠤ ᠶᠢ ᠲᠡᠳᠭᠦᠨ ᠨᠡᠭᠡᠭᠡᠯᠲᠡ ᠬᠢᠬᠦ᠂ ᠬᠢᠯᠢ ᠪᠠᠨ ᠭᠦᠭᠵᠢᠬᠦᠯᠵᠤ ᠠᠷᠠᠳ ᠢᠶᠠᠨ ᠪᠠᠶᠠᠵᠢᠭᠤᠯᠬᠤ ᠵᠡᠷᠭᠡ 48 | ᠲᠥᠷᠦᠯ ᠵᠦᠢᠯ ᠢ ᠬᠡᠷᠡᠭᠵᠢᠬᠦᠯᠦᠭᠡᠳ᠂ ᠭᠤᠶᠣ ᠰᠠᠶᠢᠬᠠᠨ ᠭᠠᠴᠠᠭ᠎ᠠ ᠲᠤᠰᠬᠤᠨ ᠤ ᠪᠠᠶᠢᠭᠤᠯᠤᠯᠲᠠ ᠨᠢ ᠦᠷ᠎ᠡ | ᠪᠥᠳᠦᠮᠵᠢ ᠪᠠᠷ ᠲᠥᠬᠦᠷᠡᠩ ᠪᠣᠯᠵᠡᠢ᠃ ᠡᠭᠦᠳᠦᠨ ᠪᠥᠳᠦᠭᠡᠬᠦ ᠪᠠᠶᠢᠭᠤᠯᠤᠯᠲᠠ ᠨᠢ ᠦᠷ᠎ᠡ ᠪᠥᠳᠦᠮᠵᠢ ᠪᠠᠷ ᠲᠣᠪᠣᠶᠢᠮ᠎ᠠ | ᠪᠠᠶᠢᠵᠤ᠂ ᠮᠠᠨ ᠤ ᠬᠤᠰᠢᠭᠤ ᠨᠢ ᠥᠪᠡᠷᠳᠡᠭᠡᠨ ᠵᠠᠰᠠᠬᠤ ᠣᠷᠣᠨ ᠤ ᠪᠣᠯᠪᠠᠰᠤᠨ ᠬᠤᠲᠠ ᠪᠠᠷ ᠦᠨᠡᠯᠡᠭᠳᠡᠵᠤ᠂ | ᠰᠠᠶᠢᠬᠠᠨᠲᠣᠣᠷᠠᠢ ᠰᠤᠮᠤ᠂ ᠪᠠᠶᠠᠨᠳᠣᠣᠷᠠᠢ ᠰᠤᠮᠤ᠂ ᠵᠢᠷᠭᠠᠯᠠᠩᠳᠤ ᠭᠠᠴᠠᠭ᠎ᠠ ᠨᠢ ᠥᠪᠡᠷᠳᠡᠭᠡᠨ ᠵᠠᠰᠠᠬᠤ ᠣᠷᠣᠨ ᠤ | ᠪᠣᠯᠪᠠᠰᠤᠨ ᠲᠤᠰᠬᠤᠨ ᠢᠶᠠᠷ ᠦᠨᠡᠯᠡᠭᠳᠡᠨ᠂ ᠤᠯᠤᠰ ᠤᠨ ᠳᠡᠰ ᠤᠨ ᠡᠷᠡᠭᠦᠯ ᠬᠠᠮᠠᠭᠠᠯᠠᠯ ᠤᠨ ᠰᠢᠶᠡᠨ ᠬᠤᠲᠠ ᠶᠢ | ᠡᠭᠦᠳᠬᠦ ᠪᠠᠶᠢᠭᠤᠯᠤᠯᠲᠠ ᠨᠢ ᠦᠨᠡᠯᠡᠨ ᠬᠢᠨᠠᠬᠤ ᠰᠢᠯᠭᠠᠯᠳᠠ ᠶᠢ ᠥᠩᠭᠡᠷᠡᠭᠡᠪᠡ᠃ | ᠰᠠᠭᠤᠷᠢ ᠲᠥᠬᠦᠭᠡᠷᠤᠮᠵᠢ ᠨᠢ ᠲᠠᠰᠤᠷᠠᠯᠲᠠ ᠦᠭᠡᠢ ᠰᠠᠶᠢᠵᠢᠷᠠᠪᠠ᠃ G331 ᠱᠣᠭᠤᠮ ᠤᠨ ᠨᠣᠭᠤᠭᠠᠨ | ᠳᠡᠯ ᠠᠴᠠ ᠵᠠᠮ ᠤᠨ ᠬᠤᠳᠳᠤᠭ ᠬᠦᠷᠬᠦ ᠬᠡᠰᠡᠭ ᠤᠨ ᠵᠠᠰᠠᠮᠠᠯ ᠵᠠᠮ ᠪᠠ ᠬᠢᠯᠢ ᠶᠢᠨ ᠰᠡᠷᠭᠡᠶᠢᠯᠡᠯᠲᠡ ᠶᠢᠨ ᠵᠠᠰᠠᠮᠠᠯ ᠵᠠᠮ | ᠠᠵᠢᠯ ᠢᠶᠠᠨ ᠡᠬᠢᠯᠡᠬᠦᠯᠵᠦ᠂ ᠨᠢᠭᠡᠨᠲᠡ 6.4 ᠳ᠋ᠦᠩᠰᠢᠭᠤᠷ ᠲᠥᠬᠦᠷᠢᠭ ᠤᠨ ᠪᠡᠯᠡ ᠤᠷᠤᠭᠤᠯᠵᠡᠢ᠃ G213 | ᠱᠣᠭᠤᠮ ᠤᠨ ᠳᠠᠯᠠᠶᠢᠬᠦ᠋ᠪ ᠠᠴᠠ ᠳ᠋ᠦᠩ ᠹᠧᠩ ᠰᠠᠨᠰᠠᠷ ᠤᠨ ᠬᠤᠲᠠ ᠬᠦᠷᠬᠦ ᠬᠡᠰᠡᠭ ᠤᠨ ᠵᠠᠰᠠᠮᠠᠯ ᠵᠠᠮ ᠨᠢ | ᠳᠠᠭᠠᠭᠠᠴᠢᠯᠠᠯᠲᠠ ᠵᠠᠷᠯᠠᠬᠤ ᠪᠠ ᠬᠦᠯᠢᠶᠡᠬᠦ ᠭᠠᠷᠳᠠᠮ ᠢᠶᠠᠨ ᠭᠦᠢᠴᠡᠳᠭᠡᠵᠡᠢ᠃ 6141 ᠲᠥᠮᠡᠨ ᠲᠥᠬᠦᠷᠢᠭ ᠤᠨ | ᠪᠡᠯᠡ ᠣᠷᠣᠭᠤᠯᠵᠣ᠂ ᠮᠠᠯᠵᠢᠬᠤ ᠣᠷᠣᠨ ᠤ ᠵᠠᠰᠠᠮᠠᠯ ᠵᠠᠮ ᠢ ᠪᠠᠶᠢᠭᠤᠯᠬᠤ᠂ ᠬᠠᠮᠢᠶᠠᠷᠬᠤ᠂ ᠡᠵᠡᠩᠨᠡᠬᠦ᠂ ᠬᠠᠮᠠᠭᠠᠯᠠᠬᠤ | ᠠᠵᠢᠯ ᠢᠶᠠᠨ ᠴᠢᠩᠭᠠᠳᠬᠠᠵᠤ᠂ ᠰᠢᠨ᠎ᠡ ᠪᠠᠷ 46.4 ᠺᠢᠯᠤᠮᠧᠲᠷ ᠤᠨ ᠵᠠᠮ ᠵᠠᠰᠠᠵᠤ᠂ 69.2 ᠺᠢᠯᠤᠮᠧᠲᠷ ᠤᠨ ᠵᠠᠮ ᠢ | ᠰᠡᠯᠪᠢᠨ ᠵᠠᠰᠠᠭᠠᠳ᠂ ᠮᠠᠨ ᠤ ᠬᠤᠰᠢᠭᠤ ᠨᠢ ᠥᠪᠡᠷᠳᠡᠭᠡᠨ ᠵᠠᠰᠠᠬᠤ ᠣᠷᠣᠨ ᠤ ᠳᠡᠰ ᠤᠨ ︽ᠲᠥᠷᠪᠡ ᠰᠠᠶᠢᠨ | ᠬᠦᠳᠡᠭᠡ ᠲᠣᠰᠬᠤᠨ ᠤ ᠵᠠᠮ︾ ᠤᠨ ᠵᠢᠱᠢᠶ᠎ᠡ ᠦᠵᠡᠬᠦᠯᠬᠦ ᠬᠤᠰᠢᠭᠤ ᠪᠠᠷ ᠦᠨᠡᠯᠡᠭᠳᠡᠵᠡᠢ᠃1008 ᠲᠥᠮᠡᠨ | ᠲᠥᠬᠦᠷᠢᠭ ᠪᠡᠯᠡ ᠣᠷᠣᠭᠤᠯᠵᠣ᠂ ᠬᠦᠳᠡᠭᠡ ᠲᠤᠰᠬᠤᠨ ᠤ ᠤᠤᠭᠤᠬᠤ ᠤᠰᠤᠨ ᠤ ᠠᠮᠤᠷ ᠲᠥᠪᠰᠢᠨ ᠤ | ᠢᠨᠵᠧᠨᠧᠷᠢᠩ ᠢ ᠪᠡᠶᠡᠯᠡᠬᠦᠯᠦᠭᠡᠳ᠂ 244 ᠡᠷᠦᠬᠡ ᠮᠠᠯᠴᠢᠨ ᠲᠠᠷᠢᠶᠠᠴᠢᠨ ᠠᠰᠢᠭ ᠬᠦᠷᠳᠡᠵᠡᠢ᠃ 2982 ᠲᠥᠮᠡᠨ | ᠲᠥᠬᠦᠷᠢᠭ ᠤᠨ ᠪᠡᠯᠡ ᠤᠷᠤᠭᠤᠯᠵᠤ᠂ ᠲᠠᠷᠢᠶᠠᠯᠠᠩ ᠤᠨ ᠴᠠᠬᠢᠯᠭᠠᠨ ᠲᠤᠤᠷᠵᠢᠯ ᠤᠨ ᠥᠭᠡᠷᠡᠴᠢᠯᠡᠯᠲᠡ ᠵᠡᠷᠭᠡ 25 | ᠵᠦᠢᠯ ᠢ ᠪᠡᠶᠡᠯᠡᠬᠦᠯᠵᠤ᠂ ᠴᠠᠬᠢᠯᠭᠠᠨ ᠬᠠᠩᠭᠠᠬᠤ ᠪᠠᠳᠤᠯᠠᠮᠵᠢ ᠪᠠ ᠦᠢᠯᠡᠴᠢᠯᠡᠭᠡᠨ ᠤ ᠲᠥᠪᠰᠢᠨ ᠪᠥᠬᠦ ᠲᠠᠯ᠎ᠠ ᠪᠠᠷ | ᠳᠡᠭᠡᠭᠰᠢᠯᠡᠵᠡᠢ᠃ ᠰᠦᠯᠵᠢᠶᠡᠨ ᠤ ᠬᠤᠷᠳᠤᠴᠠ ᠶᠢ ᠨᠡᠮᠡᠭᠳᠡᠬᠦᠯᠦᠨ ᠰᠦᠢᠳᠭᠡᠯ ᠢᠶᠠᠨ ᠪᠠᠭᠤᠷᠠᠭᠤᠯᠬᠤ ᠲᠥᠷᠦ ᠶᠢᠨ | ᠪᠣᠳᠣᠯᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ 83 ᠰᠠᠤᠷᠢ ᠬᠤᠯᠪᠣᠭᠠᠨ ᠤ ᠰᠠᠭᠤᠷᠢ ᠥᠷᠳᠡᠭᠡ ᠶᠢ | ᠰᠢᠨ᠎ᠡ ᠪᠠᠷ ᠪᠠᠶᠢᠭᠤᠯᠵᠤ ᠳᠡᠰ ᠥᠰᠭᠡᠨ᠂ 723 ᠺᠢᠯᠤᠮᠧᠲᠷ ᠤᠨ ᠭᠡᠷᠡᠯ ᠲᠠᠳᠠᠯᠭ᠎ᠠ ᠶᠢᠨ ᠤᠳᠠᠰᠤ ᠶᠢ ᠵᠠᠯᠭᠠᠵᠤ᠂ | ᠬᠤᠯᠪᠣᠭ᠎ᠠ ᠵᠠᠯᠭᠠᠯᠳᠤᠬᠤ ᠴᠢᠨᠠᠷ ᠨᠢ ᠤᠯᠠᠮ ᠨᠢᠭᠡ ᠠᠯᠬᠤᠮ ᠳᠡᠭᠡᠭᠰᠢᠯᠡᠪᠡ᠃ | ︵ᠭᠤᠷᠪᠠ ) ᠥᠭᠡᠷᠡᠴᠢᠯᠡᠯᠲᠡ ᠨᠡᠭᠡᠭᠡᠯᠲᠡ ᠪᠠᠨ ᠪᠥᠬᠦ ᠲᠠᠯ᠎ᠠ ᠪᠠᠷ ᠥᠷᠭᠡᠳᠭᠡᠵᠤ᠂ ᠬᠦᠭᠵᠢᠬᠦᠯᠦᠯᠲᠡ ᠶᠢᠨ | ᠬᠦᠴᠦᠨ ᠨᠢ ᠦᠷᠭᠦᠯᠵᠢᠯᠡᠨ ᠴᠢᠩᠭᠠᠷᠠᠵᠤ ᠪᠠᠶᠢᠨ᠎ᠠ | ᠥᠭᠡᠷᠡᠴᠢᠯᠡᠯᠲᠡ ᠬᠢᠵᠤ ᠰᠢᠨ᠎ᠡ ᠶᠢ ᠡᠬᠦᠳᠭᠦ ᠨᠢ ᠣᠯᠠᠨ ᠲᠠᠯ᠎ᠠ ᠶᠢᠨ ᠰᠢᠪᠳᠤᠯᠤᠯᠲᠠ ᠲᠠᠢ ᠪᠣᠯᠪᠠ᠃ ︽ | ᠲᠠᠯᠪᠢᠬᠤ᠂ ᠬᠠᠮᠢᠶᠠᠷᠬᠤ᠂ ᠦᠢᠯᠡᠴᠢᠯᠡᠬᠦ︾ ᠥᠭᠡᠷᠡᠴᠢᠯᠡᠯᠲᠡ ᠶᠢ ᠬᠦᠨᠵᠡᠭᠡᠶᠢᠷᠡᠭᠦᠯᠵᠤ᠂ 2500 ᠲᠥᠮᠡᠨ | ᠲᠥᠬᠦᠷᠢᠭ ᠤᠨ ᠪᠡᠯᠡ ᠣᠷᠣᠭᠤᠯᠵᠣ᠂ ᠰᠢᠨ᠎ᠡ ᠪᠠᠷ ᠡᠵᠡᠨ᠎ᠡ ᠶᠢᠨ ᠬᠤᠲᠠ ᠶᠢᠨ ᠢᠷᠭᠡᠳ ᠤᠨ ᠦᠢᠯᠡᠴᠢᠯᠡᠭᠡᠨ ᠤ | ᠲᠥᠪ ᠢ ᠪᠠᠶᠢᠭᠤᠯᠤᠭᠰᠠᠨ ᠪᠠ ᠬᠡᠷᠡᠭᠯᠡᠯᠲᠡ ᠳᠤ ᠣᠷᠣᠭᠤᠯᠵᠣ᠂ ᠠᠵᠤ ᠠᠬᠤᠶᠢᠯᠠᠯ ᠪᠠ ᠣᠯᠠᠨ ᠲᠥᠮᠡᠨ ᠤᠴᠢᠷ | ᠪᠡᠶᠡᠯᠡᠬᠦᠯᠬᠦ ᠳᠤ ᠨᠡᠩ ᠳᠥᠬᠦᠮ ᠪᠣᠯᠭᠠᠵᠠᠢ᠃ ︽ᠢᠨᠲ᠋ᠧᠷᠨᠧᠲ ᠰᠦᠯᠵᠢᠶ᠎ᠡ + ᠵᠠᠰᠠᠭ ᠤᠨ ᠶᠠᠪᠤᠳᠠᠯ ᠤᠨ | ᠦᠢᠯᠡᠴᠢᠯᠡᠭᠡ︾ ᠶᠢᠨ ᠪᠠᠶᠢᠭᠤᠯᠤᠯᠲᠠ ᠶᠢ ᠠᠬᠢᠭᠤᠯᠵᠤ᠂ ᠥᠪᠡᠷᠳᠡᠭᠡᠨ ᠵᠠᠰᠠᠬᠤ ᠣᠷᠣᠨ ᠤ ᠨᠢᠭᠡ | ᠴᠣᠭᠴᠠᠵᠢᠯᠲᠠ ᠶᠢᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ | ᠠᠰᠢᠭᠯᠠᠯᠲᠠ ᠳᠤ ᠣᠷᠣᠭᠤᠯᠵᠣ᠂ ᠪᠥᠬᠦ ᠬᠤᠰᠢᠭᠤᠨ ᠤ 604 ᠲᠥᠷᠦᠯ ᠤᠨ ᠵᠠᠰᠠᠭ ᠵᠠᠬᠢᠷᠭᠠᠨ ᠤ ᠡᠷᠬᠡ ᠪᠠ | ᠨᠡᠶᠢᠲᠡ ᠶᠢᠨ ᠦᠢᠯᠡᠴᠢᠯᠡᠭᠡᠨ ᠤ ᠵᠦᠢᠯᠡᠰ ᠢ ᠲᠥᠪᠯᠡᠷᠡᠭᠦᠯᠦᠨ ᠰᠢᠢᠳᠪᠤᠷᠢᠯᠡᠬᠦ ᠶᠢ ᠪᠡᠶᠡᠯᠡᠬᠦᠯᠵᠤ᠂ 480 ᠵᠦᠢᠯ ᠤᠨ | ᠤᠴᠢᠷ ᠢ ᠰᠦᠯᠵᠢᠶ᠎ᠡ ᠪᠠᠷ ᠬᠦᠢᠴᠡᠳᠭᠡᠬᠦ ᠪᠣᠯᠪᠠ᠃ ︽ᠭᠡᠷᠡᠴᠢ ᠳᠡᠮᠳᠡᠭ᠂ ᠦᠨᠡᠮᠯᠡᠯ ᠰᠢᠯᠭᠠᠬᠤ︾ ᠶᠢ ᠪᠥᠬᠦ | ᠲᠠᠯ᠎ᠠ ᠪᠠᠷ ᠬᠡᠷᠡᠭᠵᠢᠬᠦᠯᠵᠤ᠂ ︽ᠲᠥᠷᠪᠡᠨ ᠬᠦᠢᠴᠡᠳᠭᠡᠬᠦ︾ ᠵᠦᠢᠯᠡᠰ ᠤᠨ ᠪᠥᠷᠬᠦᠴᠡ ᠶᠢ ᠤᠯᠠᠮ ᠨᠢᠭᠡ ᠠᠯᠬᠤᠮ ᠳᠤ | ᠥᠷᠭᠡᠳᠭᠡᠨ᠂ ᠦᠨᠡᠮᠯᠡᠯ ᠣᠯᠭᠤᠬᠤ ᠬᠤᠭᠤᠴᠠᠭ᠎ᠠ ᠶᠢ 50% ᠠᠴᠠ ᠳᠡᠭᠡᠭᠰᠢ ᠲᠦᠷᠭᠡᠳᠭᠡᠨ᠂ 1007 ᠵᠠᠬ᠎ᠠ | ᠳᠡᠯᠭᠡᠬᠦᠷ ᠲᠠᠬᠢ ᠪᠡᠶᠡᠴᠢ ᠴᠣᠭᠴᠠ ᠰᠢᠨ᠎ᠡ ᠪᠠᠷ ᠨᠡᠮᠡᠭᠳᠡᠪᠡ᠃ ᠬᠤᠲᠠ ᠶᠢᠨ ᠪᠠᠶᠢᠭᠤᠯᠤᠯᠲᠠ ᠶᠢᠨ ᠡᠷᠬᠡ | ᠬᠠᠷᠢᠭᠤᠴᠠᠯᠭ᠎ᠠ ᠶᠢᠨ ᠬᠠᠷᠢᠴᠠᠭ᠎ᠠ ᠶᠢ ᠰᠢᠭᠤᠳᠬᠠᠨ᠂ ᠬᠤᠲᠠ ᠶᠢᠨ ᠬᠠᠮᠢᠶᠠᠷᠤᠯᠲᠠ ᠶᠢᠨ ᠶᠡᠷᠤᠩᠬᠡᠶᠢᠯᠡᠭᠰᠡᠨ ᠬᠠᠤᠯᠢ ᠶᠢ | ᠬᠡᠷᠡᠭᠵᠢᠬᠦᠯᠬᠦ ᠰᠢᠰᠲ᠋ᠧᠮ ᠤᠨ ᠥᠭᠡᠷᠡᠴᠢᠯᠡᠯᠲᠡ ᠶᠢ ᠪᠡᠶᠡᠯᠡᠬᠦᠯᠵᠡᠢ᠃ ᠭᠠᠶᠢᠯᠢ ᠬᠠᠰᠤᠵᠤ ᠰᠦᠢᠳᠭᠡᠯ ᠪᠠᠭᠤᠷᠠᠭᠤᠯᠬᠤ | ᠲᠥᠷᠦ ᠶᠢᠨ ᠪᠣᠳᠣᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠳᠤ ᠬᠤᠯᠪᠣᠭᠳᠠᠬᠤ ᠰᠦᠢᠳᠭᠡᠯ ᠢ | ᠴᠡᠪᠡᠷᠯᠡᠨ ᠲᠥᠷᠢᠮᠵᠢᠬᠦᠯᠵᠤ᠂ ᠠᠵᠤ ᠠᠬᠤᠶᠢᠯᠠᠯ ᠳᠤ 1.3 ᠳ᠋ᠦᠩᠰᠢᠭᠤᠷ ᠲᠥᠬᠦᠷᠢᠭ ᠤᠨ ᠲᠠᠷᠤᠭᠠᠰᠤ ᠶᠢ | ᠬᠦᠩᠭᠡᠯᠡᠨ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠳᠤᠯᠢᠭ ᠬᠦᠴᠦᠨ ᠢ ᠨᠡᠩ ᠶᠡᠭᠡ ᠪᠠᠷ ᠲᠠᠶᠢᠴᠢᠯᠠᠭᠰᠠᠨ | ᠪᠠᠶᠢᠨ᠎ᠠ᠃ | ᠭᠠᠳᠠᠭᠠᠳᠤ ᠨᠡᠭᠡᠭᠡᠯᠲᠡ ᠨᠢ ᠭᠦᠨᠵᠡᠭᠡᠶᠢᠷᠡᠨ ᠠᠬᠢᠪᠠ᠃ ᠤᠯᠤᠰ ᠤᠨ ᠰᠢᠨ᠎ᠡ ᠨᠢᠭᠡ ᠤᠳᠠᠭᠠᠨ ᠤ ᠦᠨᠳᠦᠷ | ᠲᠥᠪᠰᠢᠨᠳᠤ ᠭᠠᠳᠠᠭᠠᠳᠤ ᠨᠡᠭᠡᠭᠡᠯᠲᠡ ᠶᠢ ᠠᠬᠢᠭᠤᠯᠬᠤ ᠰᠢᠨ᠎ᠡ ᠲᠣᠬᠢᠶᠠᠯ ᠢ ᠠᠰᠢᠭᠯᠠᠵᠤ᠂ ︽ᠡᠵᠡᠨ᠎ᠡ ᠥᠪᠡᠷᠳᠡᠭᠡᠨ | ᠵᠠᠰᠠᠬᠤ ᠣᠷᠣᠨ ᠤ ᠳᠡᠰ ᠤᠨ ᠭᠤᠣᠯᠳᠠᠯᠭ᠎ᠠ ᠲᠠᠢ ᠨᠡᠭᠡᠭᠡᠯᠲᠡ ᠶᠢᠨ ᠲᠤᠷᠰᠢᠯᠲᠠ ᠶᠢᠨ ᠲᠣᠭᠤᠷᠢᠭ ᠤᠨ ᠬᠡᠷᠡᠭᠵᠢᠬᠦᠯᠬᠦ | ᠲᠥᠰᠦᠯ︾ ᠢ ᠳᠤᠭᠤᠷᠪᠢᠨ ᠮᠡᠳᠡᠭᠦᠯᠵᠤ᠂ ᠪᠥᠬᠦ ᠣᠷᠣᠨ ᠪᠠᠶᠢᠷᠢ ᠶᠢᠨ ︽ᠶᠡᠭᠡ ᠨᠡᠭᠡᠭᠡᠯᠲᠡ︾ ᠶᠢᠨ ᠪᠠᠶᠢᠳᠠᠯ ᠢ ᠪᠣᠢ | ᠪᠣᠯᠭᠠᠬᠤ ᠪᠠᠨ ᠲᠦᠷᠭᠡᠳᠭᠡᠯᠡ᠃ 8.8 ᠳ᠋ᠦᠩᠰᠢᠭᠤᠷ ᠲᠥᠮᠡᠨ ᠲᠥᠬᠦᠷᠢᠭ ᠤᠨ ᠪᠡᠯᠡ ᠣᠷᠣᠭᠤᠯᠵᠣ᠂ ᠣᠶᠣᠨᠳᠣ | ᠪᠣᠭᠤᠮᠳᠠ ᠶᠢᠨ ᠲᠠᠪᠴᠠᠩ᠂ ᠰᠤᠶᠤᠯ ᠵᠢᠭᠤᠯᠴᠢᠯᠠᠯ ᠤᠨ ᠲᠠᠯᠠᠪᠠᠢ᠂ ᠵᠠᠮ ᠵᠡᠭᠡᠯᠢ ᠳᠠᠬᠢ ᠦᠵᠡᠮᠵᠢ ᠶᠢᠨ | ᠥᠭᠡᠷᠡᠴᠢᠯᠡᠯᠲᠡ᠂ ᠬᠤᠶᠠᠳᠠᠬᠢ ᠤᠰᠤᠨ ᠤ ᠡᠬᠢ ᠭᠠᠵᠠᠷ᠂ ᠣᠷᠴᠢᠨ ᠲᠤᠭᠤᠷᠢᠨ ᠤ ᠬᠠᠮᠠᠭᠠᠯᠠᠯᠲᠠ ᠶᠢᠨ ᠬᠠᠯᠬᠠᠪᠴᠢ | ᠬᠦᠮᠦᠷᠭᠡ ᠶᠢᠨ ᠪᠠᠶᠢᠭᠤᠯᠤᠯᠲᠠ ᠵᠡᠷᠭᠡ ᠲᠥᠷᠦᠯ ᠵᠦᠢᠯ ᠢ ᠬᠡᠷᠡᠭᠵᠢᠬᠦᠯᠵᠤ᠂ ︽ᠵᠢᠷᠭᠤᠭ᠎ᠠ ᠣᠷᠣᠭᠤᠯᠵᠤ᠂ ᠲᠥᠷᠪᠡ | ᠭᠠᠷᠭᠠᠬᠤ︾ ᠨᠡᠭᠦᠷᠡᠰᠦᠨ ᠵᠥᠭᠡᠭᠡᠪᠤᠷᠢ ᠶᠢᠨ ᠨᠡᠪᠳᠡᠷᠡᠬᠦ ᠵᠠᠮ ᠢ ᠪᠠᠶᠢᠭᠤᠯᠤᠨ᠂ ᠮᠢᠬᠠᠨ ᠤ ᠲᠥᠷᠦᠯ ᠢ | ᠭᠠᠳᠠᠭᠠᠳᠤ ᠠᠴᠠ ᠲᠣᠭᠳᠠᠭᠰᠠᠨ ᠪᠣᠭᠤᠮᠲᠠ ᠪᠠᠷ ᠣᠷᠣᠭᠤᠯᠬᠤ ᠤᠴᠢᠷ ᠨᠢ ᠬᠢᠯᠢ ᠶᠢᠨ ᠪᠣᠭᠤᠮᠳᠠ ᠶᠢᠨ ᠶᠡᠷᠦᠩᠬᠡᠢ | ᠵᠠᠬᠢᠷᠭ᠎ᠠ ᠶᠢᠨ ᠬᠢᠨᠠᠨ ᠰᠢᠯᠭᠠᠯᠲᠠ ᠶᠢ ᠥᠩᠭᠡᠷᠡᠭᠡᠪᠡ᠃ 2019 ᠣᠨ ᠳᠤ ᠵᠢᠱᠢᠯᠲᠡ ᠪᠠᠷ ᠣᠷᠣᠭᠤᠯᠵᠣ ᠭᠠᠷᠭᠠᠭᠰᠠᠨ | ᠪᠠᠷᠠᠭ᠎ᠠ ᠨᠢ 1240 ᠲᠥᠮᠡᠨ ᠲᠣᠨ ᠳᠤ ᠬᠦᠷᠴᠤ᠂ ᠠᠳᠠᠯᠢ ᠬᠤᠭᠤᠴᠠᠭᠠᠨ ᠤ ᠬᠢ ᠠᠴᠠ 12% ᠪᠠᠷ ᠪᠠᠭᠤᠷᠠᠵᠠᠢ | ᠃ ᠳᠤᠮᠳᠠᠳᠤ ᠮᠣᠩᠭᠤᠯ ᠤᠨ ᠣᠯᠠᠨ ᠤᠯᠤᠰ ᠤᠨ ᠲᠠᠸᠠᠷ ᠤᠨ ᠦᠵᠡᠭᠦᠯᠦᠯᠭᠡ ᠶᠢᠨ ᠶᠠᠷᠢᠯᠴᠠᠭᠠᠨ ᠤ ᠬᠤᠷᠠᠯ ᠤᠨ | ᠬᠡᠪᠴᠢᠶ᠎ᠡ ᠪᠠ ᠲᠥᠪᠰᠢᠨ ᠨᠢ ᠰᠢᠨ᠎ᠡ ᠰᠢᠪᠳᠤᠯᠤᠯᠲᠠ ᠲᠠᠢ ᠪᠣᠯᠵᠣ᠂ ᠬᠢᠯᠢ ᠰᠣᠨᠳᠠᠯᠠᠭᠰᠠᠨ ᠵᠢᠭᠤᠯᠴᠢᠯᠠᠯ ᠤᠨ | ᠬᠤᠷᠰᠢᠶᠠᠯᠠᠯ ᠨᠢ ᠰᠢᠨ᠎ᠡ ᠠᠯᠬᠤᠴᠠ ᠲᠠᠢ ᠪᠣᠯᠵᠣ᠂ ᠬᠤᠶᠠᠷ ᠲᠠᠯ᠎ᠠ ᠶᠢᠨ ᠬᠢᠨ ᠤ ᠰᠣᠯᠢᠯᠴᠠᠭ᠎ᠠ᠂ ᠬᠠᠷᠢᠯᠴᠠᠨ | ᠠᠰᠢᠭᠳᠠᠢ ᠬᠠᠮᠳᠤᠷᠠᠯᠴᠠᠭ᠎ᠠ ᠨᠢ ᠰᠢᠨ᠎ᠡ ᠳᠡᠭᠳᠡᠷ ᠲᠤ ᠭᠠᠷᠴᠠᠢ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ | ᠠᠵᠢᠯ ᠨᠢ ᠰᠢᠨ᠎ᠡ ᠪᠥᠳᠦᠮᠵᠢ ᠶᠢ ᠣᠯᠵᠣ᠂ 13 ᠲᠥᠷᠦᠯ ᠤᠨ ᠭᠡᠷ᠎ᠡ ᠲᠣᠭᠳᠠᠭᠠᠵᠤ᠂ 77.6 ᠳ᠋ᠦᠩᠰᠢᠭᠤᠷ | ᠲᠥᠬᠦᠷᠢᠭ ᠤᠨ ᠭᠡᠷᠡᠲᠦ ᠪᠡᠯᠡ ᠶᠢ ᠣᠷᠣᠭᠤᠯᠵᠤ ᠢᠷᠡᠪᠡ᠃ | ︵ᠲᠥᠷᠪᠡ︶ ᠠᠷᠠᠳ ᠤᠨ ᠠᠮᠢᠳᠤᠷᠠᠯ ᠤᠨ ᠪᠠᠲᠤᠯᠠᠭᠠᠨ ᠤ ᠰᠠᠶᠢᠵᠢᠷᠠᠯᠲᠠ ᠳᠤ ᠬᠦᠴᠦ ᠵᠠᠷᠤᠴᠠᠭᠤᠯᠤᠨ᠂ | ᠠᠷᠠᠳ ᠤᠨ ᠠᠮᠢᠳᠤᠷᠠᠯ ᠤᠨ ᠶᠠᠰᠤ ᠴᠢᠨᠠᠷ ᠢ ᠲᠠᠰᠤᠷᠠᠯᠳᠠ ᠦᠭᠡᠢ ᠨᠡᠮᠡᠭᠳᠡᠭᠦᠯᠪᠡ | ᠨᠡᠶᠢᠬᠡᠮ ᠤᠨ ᠪᠠᠲᠤᠯᠠᠭ᠎ᠠ ᠤᠯᠠᠮ ᠬᠦᠴᠦᠳᠡᠢ ᠪᠣᠯᠪᠠ᠃ 2019 ᠣᠨ ᠳᠤ᠂ ᠪᠥᠬᠦ ᠬᠤᠰᠢᠭᠤᠨ ᠤ | ᠠᠷᠠᠳ ᠤᠨ ᠠᠮᠢᠳᠤᠷᠠᠯ ᠤᠨ ᠬᠦᠷᠢᠶ᠎ᠡ ᠳᠤ 11.9 ᠳ᠋ᠦᠩᠰᠢᠭᠤᠷ ᠲᠥᠬᠦᠷᠢᠭ ᠵᠠᠷᠤᠴᠠᠭᠤᠯᠵᠤ᠂ ᠨᠡᠶᠢᠳᠡ ᠶᠢᠨ | ᠡᠳ᠋ ᠤᠨ ᠵᠠᠰᠠᠭ ᠤᠨ ᠲᠥᠰᠥᠪ ᠤᠨ ᠵᠠᠷᠣᠳᠠᠯ ᠤᠨ 76.7% ᠶᠢ ᠡᠵᠡᠯᠡᠵᠤ᠂ ᠵᠢᠯ ᠤᠨ ᠡᠬᠢᠨ ᠳᠤ ᠠᠮᠠᠯᠳᠠᠭᠰᠠᠨ | ᠠᠷᠠᠳ ᠲᠤ ᠬᠢᠬᠦ ᠪᠤᠳᠠᠳᠠᠢ ᠬᠡᠷᠡᠭ ᠢ ᠪᠥᠷ ᠨᠠᠶᠢᠳᠠᠪᠤᠷᠢᠵᠢᠭᠤᠯᠪᠠ᠃ ᠶᠠᠳᠠᠭᠤ ᠠᠴᠠ ᠠᠩᠭᠢᠵᠢᠷᠠᠭᠤᠯᠬᠤ | ᠰᠢᠪᠳᠤᠯᠤᠯᠲᠠ ᠶᠢᠨ ᠳᠠᠭᠠᠭᠠᠮᠠᠭᠠᠢ ᠲᠣᠭᠳᠠᠯᠴᠠᠭ᠎ᠠ ᠶᠢ ᠪᠠᠶᠢᠭᠤᠯᠤᠨ ᠳᠡᠭᠦᠯᠳᠡᠷᠵᠢᠬᠦᠯᠵᠤ᠂ ᠲᠠᠩᠰᠠ ᠪᠠᠶᠢᠭᠤᠯᠤᠨ | ᠺᠠᠷᠲ ᠭᠠᠷᠭᠠᠵᠤ ᠶᠠᠳᠠᠭᠤ ᠡᠷᠦᠬᠡ ᠶᠢ ᠭᠦᠳᠡᠯᠦᠩᠬᠦᠢ ᠪᠠᠷ ᠬᠠᠮᠢᠶᠠᠷᠬᠤ ᠶᠢ ᠴᠢᠩᠭᠠᠳᠬᠠᠭᠠᠳ᠂ ᠰᠢᠨ᠎ᠡ ᠪᠠᠷ ᠨᠡᠮᠡᠭᠳᠡᠬᠦ | ᠪᠤᠶᠤ ᠶᠠᠳᠠᠭᠤ ᠳᠤ ᠡᠭᠡᠭᠰᠡᠨ ᠬᠦᠮᠦᠰ ᠪᠠᠶᠢᠬᠤ ᠦᠭᠡᠢ᠃ ᠦᠢᠯᠡᠰ ᠪᠥᠳᠦᠭᠡᠬᠦ ᠪᠠᠷ ᠠᠵᠢᠯ ᠣᠯᠭᠤᠯᠲᠠ ᠶᠢ | ᠲᠠᠶᠢᠴᠢᠯᠠᠵᠤ᠂ ᠦᠢᠯᠡᠰ ᠪᠥᠳᠦᠭᠡᠬᠦ ᠪᠠᠳᠤᠯᠭᠠᠳᠤ ᠵᠢᠭᠡᠯᠡᠯᠭᠡ 1086 ᠲᠥᠮᠡᠨ ᠲᠥᠬᠦᠷᠢᠭ ᠢ ᠲᠠᠷᠬᠠᠭᠠᠵᠤ᠂ 258 | ᠬᠦᠮᠦᠨ ᠬᠤᠲᠠ ᠪᠠᠯᠭᠠᠰᠤᠨ ᠳᠤ ᠰᠢᠨ᠎ᠡ ᠪᠠᠷ ᠠᠵᠢᠯ ᠣᠯᠵᠣ᠂ 559 ᠮᠠᠯᠴᠢᠨ ᠲᠠᠷᠢᠶᠠᠴᠢᠨ ᠰᠢᠯᠵᠢᠨ ᠠᠵᠢᠯ | ᠣᠯᠵᠣ᠂ ᠶᠡᠭᠡ ᠰᠤᠷᠭᠠᠭᠤᠯᠢ ᠠᠴᠠ ᠲᠡᠭᠦᠰᠦᠭᠰᠡᠨ 312 ᠬᠦᠮᠦᠨ ᠠᠵᠢᠯ ᠣᠯᠵᠡᠢ᠃ ᠪᠥᠬᠦ ᠠᠷᠠᠳ ᠢᠶᠠᠷ ᠢᠶᠠᠨ | ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠤᠲᠠ ᠬᠦᠳᠡᠭᠡ ᠶᠢᠨ | ᠰᠠᠭᠤᠭᠠᠯᠢ ᠠᠷᠠᠳ ᠤᠨ ᠨᠠᠰᠤᠵᠢᠯ ᠤᠨ ᠮᠥᠩᠬᠦ ᠶᠢᠨ ᠬᠠᠷᠠᠭᠠᠯᠵᠠᠯᠳᠤ ᠬᠦᠮᠦᠰ ᠲᠡᠭᠰᠢᠳᠭᠡᠭᠡᠳ 10% ᠪᠠᠷ | ᠳᠡᠭᠡᠭᠰᠢᠯᠡᠵᠤ᠂ ᠠᠵᠤ ᠠᠬᠤᠶᠢᠯᠠᠯ ᠤᠨ ᠠᠵᠢᠯ ᠠᠴᠠ ᠠᠮᠠᠷᠠᠭᠰᠠᠳ ᠤᠨ ᠨᠠᠰᠤᠵᠢᠯ ᠤᠨ ᠮᠥᠩᠬᠦ ᠶᠢ ︽15 ᠵᠢᠯ | ᠵᠠᠯᠭᠠᠭ᠎ᠠ ᠪᠠᠷ ᠥᠰᠭᠡᠪᠡ︾᠃ ᠡᠮᠨᠡᠯᠬᠡ ᠶᠢᠨ ᠲᠠᠭᠠᠳᠬᠠᠯ ᠢ ᠥᠭᠬᠦ ᠮᠠᠶ᠋ᠢᠭ ᠤᠨ ᠥᠭᠡᠷᠡᠴᠢᠯᠡᠯᠲᠡ ᠪᠠᠨ ᠢᠳᠡᠪᠬᠢᠲᠡᠢ | ᠠᠬᠢᠭᠤᠯᠵᠤ᠂ ᠨᠡᠩ ᠥᠷᠭᠡᠨ ᠬᠡᠪᠴᠢᠶᠡᠨ ᠤ ᠥᠭᠡᠷ᠎ᠡ ᠭᠠᠵᠠᠷ ᠲᠤ ᠡᠪᠡᠳᠴᠢᠨ ᠦᠵᠡᠭᠦᠯᠦᠭᠡᠳ ᠰᠢᠭᠤᠳ ᠳ᠋ᠦᠩᠨᠡᠨ | ᠪᠤᠳᠤᠵᠤ ᠴᠢᠳᠠᠬᠤ ᠶᠢ ᠪᠡᠶᠡᠯᠡᠬᠦᠯᠪᠡ᠃ ᠨᠡᠶᠢᠬᠡᠮ ᠤᠨ ᠠᠪᠤᠷᠠᠨ ᠲᠤᠰᠠᠯᠠᠯᠲᠠ ᠶᠢᠨ ᠬᠦᠴᠦᠯᠡᠴᠡ ᠪᠠᠨ ᠦᠷᠭᠦᠯᠵᠢᠯᠡᠨ | ᠶᠡᠬᠡᠰᠬᠡᠵᠤ᠂ ᠪᠥᠬᠦ ᠵᠢᠯ ᠳᠤ 300 ᠲᠥᠮᠡᠨ ᠲᠥᠬᠦᠷᠢᠭ ᠤᠨ ᠡᠯ᠎ᠡ ᠲᠥᠷᠦᠯ ᠤᠨ ᠠᠪᠤᠷᠠᠨ ᠲᠤᠰᠠᠯᠠᠬᠤ ᠮᠥᠩᠬᠦ ᠶᠢ | ᠲᠠᠷᠬᠠᠭᠠᠨ᠂ ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠬᠡᠷᠡᠭᠴᠡᠭᠡ ᠶᠢ ᠦᠨᠡᠨᠬᠦ ᠪᠠᠳᠤᠯᠠᠪᠠ᠃ | ᠨᠡᠶᠢᠬᠡᠮ ᠤᠨ ᠦᠢᠯᠡᠰ ᠪᠥᠬᠦ ᠲᠠᠯ᠎ᠠ ᠪᠠᠷ ᠲᠠᠪᠰᠢᠪᠠ᠃ 4082 ᠲᠥᠮᠡᠨ ᠲᠥᠬᠦᠷᠢᠭ ᠤᠨ ᠪᠡᠯᠡ | ᠣᠷᠣᠭᠤᠯᠵᠣ᠂ ᠬᠤᠶᠠᠳᠤᠭᠠᠷ ᠬᠡᠣᠭᠡᠳ ᠤᠨ ᠴᠡᠴᠡᠷᠯᠢᠭ᠂ ᠨᠡᠶᠢᠲᠡ ᠶᠢᠨ ᠪᠡᠶ᠎ᠡ ᠲᠠᠮᠢᠷ ᠤᠨ ᠲᠠᠯᠠᠪᠤᠷ᠂ ᠪᠥᠬᠦ | ᠠᠷᠠᠳ ᠤᠨ ᠪᠡᠶ᠎ᠡ ᠴᠢᠬᠢᠷᠠᠭᠵᠢᠭᠤᠯᠬᠤ ᠲᠥᠪ ᠤᠨ ᠪᠠᠶᠢᠭᠤᠯᠤᠯᠲᠠ ᠶᠢ ᠡᠬᠢᠯᠡᠬᠦᠯᠵᠤ᠂ ᠬᠤᠰᠢᠭᠤᠨ ᠤ ᠪᠠᠭ᠎ᠠ | ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠶᠡᠷᠦᠩᠬᠡᠶᠢᠯᠡᠭᠰᠡᠨ ᠠᠰᠠᠷ ᠪᠠ ᠰᠤᠷᠭᠠᠭᠤᠯᠢ ᠶᠢᠨ ᠪᠠᠶᠢᠷᠢ ᠶᠢ ᠵᠠᠰᠠᠵᠤ | ᠥᠭᠡᠷᠡᠴᠢᠯᠡᠬᠦ ᠠᠵᠢᠯ ᠢ ᠪᠡᠶᠡᠯᠡᠬᠦᠯᠵᠤ᠂ ᠵᠢᠭᠠᠨ ᠰᠤᠷᠭᠠᠯᠲᠠ ᠶᠢᠨ ᠲᠥᠬᠦᠭᠡᠷᠤᠮᠵᠢ 1500 ᠢᠵᠢ ᠬᠤᠳᠠᠯᠳᠤᠨ | ᠠᠪᠴᠠᠢ᠃ ᠪᠠᠭᠰᠢᠯᠠᠭᠴᠢᠳ ᠤᠨ ᠬᠦᠴᠦᠨ ᠢ ᠤᠯᠠᠮ ᠨᠢᠭᠡ ᠠᠯᠬᠤᠮ ᠴᠢᠩᠭᠠᠳᠬᠠᠵᠤ᠂ 57 ᠪᠠᠭᠰᠢ ᠶᠢ ᠤᠷᠢᠨ | ᠢᠷᠡᠭᠦᠯᠵᠤ᠂ 88 ᠪᠥᠯᠥᠭ 144 ᠬᠦᠮᠦᠨ ᠢ ᠭᠠᠳᠠᠭᠰᠢ ᠶᠠᠪᠤᠭᠤᠯᠵᠤ ᠪᠣᠯᠪᠠᠰᠤᠷᠠᠭᠤᠯᠵᠡᠢ᠃ 2019 ᠣᠨ ᠳᠤ | ᠪᠥᠬᠦ ᠬᠤᠰᠢᠭᠤᠨ ᠤ ᠶᠡᠭᠡ ᠰᠤᠷᠭᠠᠭᠤᠯᠢ ᠳᠤ ᠰᠢᠯᠭᠠᠭᠤᠯᠤᠭᠰᠠᠨ ᠬᠢᠷᠢ ᠪᠥᠳᠦᠮᠵᠢ ᠨᠢ ᠲᠡᠤᠬᠡ ᠶᠢᠨ ᠰᠢᠨ᠎ᠡ ᠶᠢ | ᠡᠭᠦᠳᠴᠤ᠂ ᠵᠢᠩᠬᠢᠨᠢ ᠠᠩᠬᠢ ᠶᠢᠨ ᠬᠤᠪᠢ ᠳᠤ ᠬᠦᠷᠦᠭᠰᠡᠳ ᠤᠨ ᠨᠣᠷᠮ᠎ᠠ ᠨᠢ ᠳᠡᠭᠡᠷ᠎ᠡ ᠵᠢᠯ ᠤᠨ ᠬᠢ ᠠᠴᠠ 7. | 5% ᠪᠠᠷ ᠨᠡᠮᠡᠭᠳᠡᠵᠡᠢ᠃ ᠠᠯᠪᠠᠨ ᠵᠢᠷᠣᠮ ᠤᠨ ᠰᠤᠷᠭᠠᠨ ᠬᠦᠮᠦᠵᠢᠯ ᠨᠢ ᠲᠡᠩᠴᠡᠭᠦᠷᠢᠳᠡᠢ ᠭᠦᠭᠵᠢᠵᠤ᠂ ᠠᠶᠢᠮᠠᠭ ᠤᠨ | ᠱᠠᠳᠤᠨ ᠤ ᠦᠨᠡᠯᠡᠯᠲᠡ ᠪᠠᠶᠢᠴᠠᠭᠠᠯᠲᠠ ᠶᠢ ᠥᠩᠭᠡᠷᠡᠭᠡᠵᠤ᠂ ᠤᠯᠤᠰ ᠤᠨ ᠭᠤᠷᠪᠠᠳᠤᠭᠠᠷ ᠲᠥᠷᠦᠯ ᠤᠨ ᠬᠢᠲᠠᠳ ᠦᠭᠡ | ᠬᠡᠯᠡ ᠦᠰᠦᠭ ᠪᠢᠴᠢᠭ ᠤᠨ ᠠᠵᠢᠯ ᠨᠢ ᠥᠪᠡᠷᠳᠡᠭᠡᠨ ᠵᠠᠰᠠᠬᠤ ᠣᠷᠣᠨ ᠤ ᠦᠨᠡᠯᠡᠯᠲᠡ ᠰᠢᠯᠭᠠᠯᠳᠠ ᠶᠢ ᠥᠩᠭᠡᠷᠡᠭᠡᠵᠡᠢ | ᠃ 5400 ᠲᠥᠮᠡᠨ ᠲᠥᠬᠦᠷᠢᠭ ᠤᠨ ᠪᠡᠯᠡ ᠣᠷᠣᠭᠤᠯᠵᠣ᠂ ᠡᠮᠨᠡᠯᠭᠡ ᠶᠢᠨ ᠲᠥᠬᠦᠭᠡᠷᠤᠮᠵᠢ 26 ᠢᠵᠢ ᠬᠤᠳᠠᠯᠳᠤᠨ | ᠠᠪᠴᠤ᠂ 6 ᠮᠣᠩᠭᠤᠯ ︵ᠬᠢᠲᠠᠳ︶ ᠡᠮᠨᠡᠯᠭᠡ ᠶᠢᠨ ᠭᠠᠵᠠᠷ ᠢ ᠪᠠᠶᠢᠭᠤᠯᠪᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ | ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠦᠢᠳᠭᠡᠯ ᠬᠤᠷᠢᠶᠠᠬᠤ ᠦᠭᠡᠢ ᠴᠢᠭᠯᠡᠯᠲᠤ | ᠰᠤᠷᠤᠭᠴᠢ 27 ᠬᠦᠮᠦᠨ ᠤ ᠭᠡᠷ᠎ᠡ ᠲᠣᠭᠳᠠᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠴᠢᠳᠠᠪᠤᠷᠢᠳᠠᠨ 62 | ᠬᠦᠮᠦᠨ ᠢ ᠤᠷᠢᠨ ᠠᠪᠴᠢᠷᠠᠵᠠᠢ᠃ ᠬᠠᠮᠳᠤᠷᠠᠨ ᠰᠡᠷᠭᠡᠶᠢᠯᠡᠵᠤ ᠬᠤᠷᠢᠭᠯᠠᠬᠤ ᠲᠣᠭᠳᠠᠯᠴᠠᠭ᠎ᠠ ᠪᠠᠨ ᠳᠡᠭᠦᠯᠳᠡᠷᠵᠢᠭᠦᠯᠵᠤ᠂ | 643 ᠲᠥᠮᠡᠨ ᠲᠥᠬᠦᠷᠢᠭ ᠤᠨ ᠪᠡᠯᠡ ᠣᠷᠣᠭᠤᠯᠵᠣ᠂ ᠡᠪᠡᠳᠴᠢᠨ ᠤ ᠵᠠᠭᠤᠴᠢ ᠠᠮᠢᠳᠤ ᠪᠣᠳᠠᠰ ᠢ ᠰᠡᠷᠭᠡᠶᠢᠯᠡᠬᠦ | ᠠᠵᠢᠯ ᠢ ᠦᠷᠨᠢᠬᠦᠯᠵᠤ᠂ ᠵᠢᠬᠦᠷᠳᠡᠨ ᠤ ᠲᠠᠭᠰᠢᠭᠤᠷ᠂ ᠬᠤᠯᠤᠭᠠᠨ᠎ᠠ ᠶᠢᠨ ᠬᠢᠵᠢᠭ ᠤᠨ ᠪᠠᠶᠢᠳᠠᠯ ᠳᠡᠯᠭᠡᠷᠡᠬᠦ ᠶᠢ | ᠪᠥᠳᠦᠮᠵᠢᠳᠡᠢ ᠬᠢᠵᠠᠭᠠᠷᠯᠠᠭᠠᠳ᠂ ᠪᠥᠬᠦ ᠬᠦᠴᠦᠨ ᠢᠶᠠᠷ ᠢᠶᠠᠨ ᠠᠷᠠᠳ ᠣᠯᠠᠨ ᠤ ᠡᠷᠡᠭᠦᠯ ᠮᠡᠨᠳᠤ ᠪᠠ ᠨᠡᠶᠢᠲᠡ ᠶᠢᠨ | ᠡᠷᠡᠭᠦᠯ ᠬᠠᠮᠠᠭᠠᠯᠠᠯ ᠤᠨ ᠠᠮᠤᠷ ᠲᠥᠪᠰᠢᠨ ᠢ ᠪᠠᠳᠤᠯᠠᠪᠠ᠃ ᠲᠡᠤᠬᠡ ᠶᠢᠨ ᠲᠤᠷᠠᠰᠬᠠᠯᠳᠤ ᠵᠦᠢᠯᠡᠰ ᠪᠣᠯᠣᠨ ᠪᠤᠳᠠᠰ ᠤᠨ | ᠪᠤᠰᠤ ᠰᠤᠶᠤᠯ ᠤᠨ ᠥᠪ ᠢ ᠬᠠᠮᠠᠭᠠᠯᠠᠬᠤ ᠬᠦᠴᠦᠯᠡᠴᠡ ᠪᠠᠨ ᠶᠡᠬᠡᠰᠬᠡᠵᠤ᠂ ᠬᠠᠷ᠎ᠠ ᠬᠤᠲᠠ ᠶᠢᠨ ᠪᠠᠭᠤᠷᠢ᠂ | ᠠᠭᠲᠠ ᠶᠢᠨ ᠬᠦᠷᠢᠶ᠎ᠡ ᠶᠢᠨ ᠪᠠᠭᠤᠷᠢ ᠶᠢ ᠬᠠᠮᠠᠭᠠᠯᠠᠵᠤ ᠠᠰᠢᠭᠯᠠᠬᠤ ᠪᠠ ᠵᠠᠪᠳᠤᠨ ᠠᠪᠤᠷᠠᠵᠤ ᠪᠠᠬᠢᠯᠡᠬᠦ ᠢᠨᠵᠧᠨᠧᠷᠢᠩ ᠢ | ᠬᠡᠷᠡᠭᠵᠢᠬᠦᠯᠵᠡᠢ᠃ ᠪᠥᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ | ᠪᠡᠯᠭᠡᠯᠡᠬᠦ ᠰᠢᠷᠢᠰ ᠬᠦᠳᠡᠯᠭᠡᠭᠡᠨ ᠢ ᠥᠪᠡᠳᠡᠭᠰᠢ ᠶᠡᠭᠡ ᠪᠠᠷ ᠶᠠᠪᠤᠭᠳᠠᠭᠤᠯᠵᠤ᠂ ︽ᠠᠷᠪᠠᠨ ᠲᠥᠷᠪᠡᠳᠤᠭᠡᠷ ᠡᠪᠤᠯ ᠤᠨ | ᠲᠠᠮᠢᠷ︾ ᠤᠨ ᠭᠠᠯ ᠪᠠᠮᠪᠠᠷ ᠳᠠᠮᠵᠢᠭᠤᠯᠬᠤ ᠬᠦᠳᠡᠯᠭᠡᠭᠡᠨ ᠢ ᠠᠮᠵᠢᠯᠲᠠ ᠲᠠᠢ ᠡᠷᠬᠢᠯᠡᠵᠤ᠂ ᠪᠥᠬᠦ ᠠᠷᠠᠳ ᠢᠶᠠᠷ ᠪᠡᠶ᠎ᠡ | ᠴᠢᠬᠢᠷᠠᠭᠵᠢᠭᠤᠯᠬᠤ ᠪᠠ ᠰᠤᠶᠤᠯ ᠢᠶᠠᠷ ᠠᠷᠠᠳ ᠢᠶᠠᠨ ᠬᠠᠷᠠᠭᠠᠯᠵᠠᠬᠤ ᠬᠦᠳᠡᠯᠬᠡᠬᠡᠨ ᠢ ᠬᠦᠨᠵᠡᠭᠡᠢ ᠦᠷᠨᠢᠭᠦᠯᠦᠨ᠂ | ᠤᠯᠠᠭᠠᠨᠮᠥ᠋ᠴᠢᠷ ᠨᠢ ᠪᠥᠬᠦ ᠣᠷᠣᠨ ᠤ ᠨᠠᠢᠮᠠᠳᠤᠭᠠᠷ ᠬᠤᠭᠤᠴᠠᠭᠠᠨ ᠤ ᠤᠯᠠᠭᠠᠨᠮᠥ᠋ᠴᠢᠷ ᠤᠨ ᠤᠷᠠᠯᠢᠭ ᠤᠨ ᠨᠠᠶᠢᠷ | ᠳᠡᠭᠡᠷ᠎ᠡ 8 ᠲᠥᠷᠦᠯ ᠤᠨ ᠱᠠᠩᠨᠠᠯ ᠢ ᠬᠦᠷᠳᠡᠵᠡᠢ᠃ ᠭᠤᠷᠪᠠᠳᠤᠭᠠᠷ ᠤᠳᠠᠭᠠᠨ ᠤ ᠤᠯᠤᠰ ᠤᠨ ᠨᠤᠳᠤᠭ ᠲᠡᠪᠢᠰᠭᠡᠷ ᠤᠨ | ᠪᠠᠶᠢᠴᠠᠭᠠᠯᠲᠠ ᠨᠢ ᠱᠠᠳᠤᠴᠢ ᠴᠢᠨᠠᠷ ᠲᠠᠢ ᠦᠷ᠎ᠡ ᠪᠥᠳᠦᠮᠵᠢ ᠶᠢ ᠣᠯᠵᠣ᠂ ᠲᠥᠷᠪᠡᠳᠤᠭᠡᠷ ᠤᠳᠠᠭᠠᠨ ᠤ ᠠᠵᠤ | ᠠᠬᠤᠢ ᠶᠢᠨ ᠨᠡᠶᠢᠳᠡᠮ ᠪᠠᠶᠢᠴᠠᠭᠠᠯᠲᠠ ᠨᠢ ᠤᠷᠤᠭᠰᠢᠳᠠᠢ ᠪᠡᠶᠡᠯᠡᠭᠳᠡᠵᠡᠢ᠃ ᠠᠵᠢᠯᠴᠢᠨ ᠤ ᠡᠪᠯᠡᠯ᠂ ᠵᠠᠯᠠᠭᠤᠴᠣᠳ ᠤᠨ | ᠡᠪᠯᠡᠯ ᠤᠨ ᠬᠤᠷᠢᠶ᠎ᠠ᠂ ᠡᠮᠡᠭᠳᠡᠶᠢᠴᠤᠳ ᠤᠨ ᠬᠤᠯᠪᠣᠭ᠎ᠠ᠂ ᠤᠯᠠᠭᠠᠨ ᠵᠠᠭᠠᠯᠮᠠᠶᠢᠲᠠᠨ ᠤ ᠨᠡᠶᠢᠬᠡᠮᠯᠢᠭ᠂ ᠵᠡᠮᠳᠡᠭᠴᠣᠳ ᠤᠨ | ᠠᠵᠢᠯ ᠦᠢᠯᠡᠰ ᠨᠢ ᠰᠢᠨ᠎ᠡ ᠠᠬᠢᠴᠠ ᠶᠢ ᠣᠯᠣᠨ᠂ ᠳᠠᠩᠰᠠ ᠡᠪᠬᠡᠮᠡᠯ ᠲᠡᠤᠬᠡ ᠦᠢᠯᠠᠯᠭ᠎ᠠ᠂ ᠠᠮᠤ ᠬᠦᠨᠡᠰᠤ᠂ ᠴᠠᠭ | ᠠᠭᠤᠷ᠂ ᠴᠢᠯᠠᠭᠤᠨ ᠲᠣᠰᠣ᠂ ᠨᠠᠪᠴᠢᠨ ᠲᠠᠮᠠᠬᠢ᠂ ᠮᠥᠩᠬᠦᠨ ᠭᠦᠢᠯᠭᠡᠭᠡ᠂ ᠳᠠᠭᠠᠳᠬᠠᠯ᠂ ᠰᠢᠣᠳᠠᠨ᠂ ᠬᠤᠯᠪᠣᠭ᠎ᠠ | ᠨᠡᠪᠳᠡᠷᠡᠭᠦᠯᠭᠡ ᠵᠡᠷᠭᠡ ᠰᠠᠯᠠᠭ᠎ᠠ ᠮᠥᠴᠢᠷ ᠨᠢ ᠮᠠᠨ ᠤ ᠬᠤᠰᠢᠭᠤᠨ ᠤ ᠠᠵᠤ ᠠᠬᠤᠢ ᠶᠢᠨ ᠬᠦᠭᠵᠢᠯᠲᠡ ᠳᠤ ᠰᠢᠨ᠎ᠡ | ᠬᠤᠪᠢ ᠨᠡᠮᠡᠷᠢ ᠪᠠᠨ ᠦᠵᠡᠭᠦᠯᠦᠭᠰᠡᠨ ᠪᠠᠶᠢᠨ᠎ᠠ᠃ | ᠤᠯᠤᠰ ᠤᠨ ᠪᠠᠳᠤᠯᠠᠨ ᠬᠠᠮᠠᠭᠠᠯᠠᠯᠲᠠ ᠶᠢᠨ ᠪᠠᠶᠢᠭᠤᠯᠤᠯᠲᠠ ᠳᠤ ᠦᠢᠯᠡᠴᠢᠯᠡᠬᠦ ᠶᠢ ᠢᠳᠡᠪᠬᠢᠳᠡᠢ ᠳᠡᠮᠵᠢᠪᠡ᠃ | 9400 ᠳ᠋ᠦᠩᠰᠢᠭᠤᠷ ᠲᠥᠬᠦᠷᠢᠭ ᠤᠨ ᠪᠡᠯᠡ ᠣᠷᠣᠭᠤᠯᠵᠣ᠂ ᠬᠤᠶᠠᠷ ᠲᠣᠮᠣ ᠰᠠᠭᠤᠷᠢᠨ ᠭᠠᠵᠠᠷ ᠤᠨ ᠬᠤᠲᠠ ᠶᠢᠨ | ᠵᠠᠮ᠂ ᠢᠳᠡᠬᠦ ᠤᠰᠤᠨ ᠤ ᠠᠮᠤᠷ ᠲᠥᠪᠰᠢᠨ᠂ ᠬᠤᠭ ᠨᠣᠪᠰᠢ ᠶᠢᠨ ᠴᠡᠪᠡᠷᠯᠡᠯᠲᠡ᠂ ᠪᠣᠬᠢᠷ ᠤᠰᠤ ᠰᠢᠢᠳᠪᠤᠷᠢᠯᠡᠬᠦ | ᠵᠡᠷᠭᠡ ᠰᠠᠭᠤᠷᠢ ᠲᠥᠬᠦᠭᠡᠷᠤᠮᠵᠢ ᠶᠢᠨ ᠪᠠᠶᠢᠭᠤᠯᠤᠯᠲᠠ ᠶᠢᠨ 11ᠲᠥᠷᠦᠯ ᠵᠦᠢᠯ ᠢ ᠨᠢᠭᠡᠳᠤᠯᠳᠡᠢ ᠲᠥᠯᠥᠪᠯᠡᠨ | ᠬᠡᠷᠡᠭᠵᠢᠬᠦᠯᠪᠡ᠃ ᠴᠡᠷᠢᠭ ᠠᠩᠬᠢ ᠶᠢᠨ ᠥᠭᠡᠷᠡᠴᠢᠯᠡᠯᠲᠡ ᠳᠤᠮᠳᠠ ᠰᠠᠯᠭᠠᠵᠤ ᠭᠠᠷᠭᠠᠭᠰᠠᠨ ᠨᠡᠶᠢᠬᠡᠮ ᠤᠨ | ᠦᠢᠯᠡᠴᠢᠯᠡᠭᠡᠨ ᠤ ᠴᠢᠳᠠᠪᠬᠢ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ ᠠᠪᠴᠤ᠂ ᠠᠭᠠᠷ ᠤᠨ ᠴᠡᠷᠢᠭ ᠤᠨ ᠰᠠᠭᠤᠷᠢᠨ | ᠭᠠᠵᠠᠷ ᠤᠨ ᠢᠯᠴᠢ ᠬᠠᠩᠭᠠᠬᠤ ᠪᠠ ᠪᠠᠶᠢᠭᠤᠯᠤᠯᠭ᠎ᠠ ᠶᠢᠨ ᠠᠳᠠᠯ ᠠᠬᠤᠢ ᠶᠢᠨ ᠦᠢᠯᠡᠴᠢᠯᠡᠭᠡ ᠶᠢ ᠲᠤᠰᠴᠤ ᠠᠪᠣᠨ᠂ | ᠰᠠᠭᠤᠭ᠎ᠠ ᠴᠡᠷᠢᠭ ᠠᠩᠭᠢ ᠳᠤ 108 ᠣᠷᠣᠨ ᠲᠤᠭ᠎ᠠ ᠂ 332 ᠨᠡᠶᠢᠳᠡ ᠶᠢᠨ ᠠᠰᠠᠷᠠᠮᠵᠢᠳᠤ ᠠᠵᠢᠯ ᠤᠨ ᠪᠠᠶᠢᠷᠢ ᠶᠢ | ᠣᠯᠵᠤ ᠥᠭᠭᠦᠭᠡᠳ᠂ ᠴᠡᠷᠢᠭ ᠢᠶᠠᠨ ᠳᠠᠭᠠᠭᠰᠠᠨ ᠭᠡᠷ ᠪᠥᠯᠢ ᠶᠢᠨ 72 ᠭᠦᠮᠦᠨ ᠳᠤ ᠠᠵᠢᠯ ᠣᠯᠭᠤᠵᠣ᠂ ᠴᠡᠷᠢᠭ | ᠠᠩᠬᠢ ᠶᠢᠨ ᠪᠢᠴᠢᠭ ᠤᠨ ᠲᠣᠰᠢᠶᠠᠯᠳᠠᠳ ᠢ ᠨᠡᠶᠢᠬᠡᠮ ᠤᠨ ᠳᠠᠭᠠᠳᠬᠠᠯ ᠤᠨ ᠬᠦᠷᠢᠶ᠎ᠡ ᠬᠡᠪᠴᠢᠶ᠎ᠡ ᠳᠤ ᠣᠷᠣᠭᠤᠯᠪᠠ᠃ | ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ ᠳᠡᠭᠦᠯᠳᠡᠷᠵᠢᠭᠦᠯᠵᠤ᠂ | ᠡᠯ᠎ᠡ ᠲᠥᠷᠦᠯ ᠤᠨ ᠬᠠᠷᠠᠭᠠᠯᠵᠠᠯ ᠤᠨ ᠲᠥᠷᠦ ᠶᠢᠨ ᠪᠣᠳᠣᠯᠭ᠎ᠠ ᠶᠢ ᠬᠦᠴᠦᠳᠡᠢ ᠨᠠᠶᠢᠳᠠᠪᠤᠷᠢᠵᠢᠭᠤᠯᠵᠤ᠂ ᠬᠤᠶᠠᠷ ᠢ | ᠬᠦᠷᠢᠶᠡᠯᠡᠬᠦ ᠬᠠᠷᠠᠭᠠᠯᠵᠠᠯ ᠪᠠ ᠰᠠᠶᠢᠰᠢᠶᠠᠨ ᠮᠠᠭᠲᠠᠵᠤ ᠲᠣᠷᠠᠰᠬᠠᠬᠤ ᠠᠵᠢᠯ ᠢ ᠰᠠᠶᠢᠳᠤᠷ ᠯᠠᠪᠳᠠᠭᠤᠯᠤᠨ ᠬᠢᠵᠤ᠂ | 183 ᠨᠡᠷᠡᠰ ᠥᠪᠡᠰᠤᠪᠡᠨ ᠠᠵᠢᠯ ᠰᠣᠩᠭᠤᠵᠤ ᠴᠡᠷᠢᠭ ᠠᠴᠠ ᠪᠠᠨ ᠺᠠᠳ᠋ᠷ ᠪᠣᠯᠣᠭᠰᠠᠳ ᠪᠣᠯᠣᠨ ᠴᠡᠷᠢᠭ ᠢᠶᠠᠨ | ᠳᠠᠭᠠᠭᠰᠠᠨ ᠭᠡᠷ ᠪᠥᠯᠢ ᠶᠢ ᠨᠤᠳᠤᠭᠰᠢᠯᠠᠭᠤᠯᠵᠤ᠂ 1391 ᠲᠥᠮᠡᠨ ᠲᠥᠬᠦᠷᠢᠭ ᠤᠨ ᠡᠯ᠎ᠡ ᠲᠥᠷᠦᠯ ᠤᠨ ᠨᠥᠬᠦᠪᠤᠷᠢ | ᠮᠥᠩᠬᠦ ᠶᠢ ᠲᠠᠷᠬᠠᠭᠠᠵᠤ᠂ ᠴᠡᠷᠢᠭ ᠵᠠᠰᠠᠭ ᠴᠡᠷᠢᠭ ᠠᠷᠠᠳ ᠤᠨ ᠬᠠᠷᠢᠴᠠᠭ᠎ᠠ ᠮᠠᠰᠢ ᠰᠠᠶᠢᠨ ᠠᠭᠤᠰᠤᠯᠴᠠᠪᠠ᠃ | ᠨᠡᠶᠢᠬᠡᠮ ᠤᠨ ᠵᠠᠰᠠᠯᠲᠠ ᠲᠠᠰᠤᠷᠠᠯ ᠦᠭᠡᠢ ᠰᠢᠨ᠎ᠡ ᠶᠢ ᠡᠭᠦᠳᠴᠡᠢ᠃ ᠨᠠᠮ ᠤᠨ ᠠᠷᠪᠠᠨ ᠶᠢᠰᠦᠳᠦᠭᠡᠷ | ᠬᠤᠭᠤᠴᠠᠭᠠᠨ ᠤ ᠲᠥᠷᠪᠡᠳᠦᠭᠡᠷ ᠪᠥᠭᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ | ᠲᠤᠤᠱᠯᠠᠭᠤᠯᠵᠤ᠂ ︽ᠲᠣᠯᠣᠳᠣᠭᠠᠷ ᠲᠠᠪᠤᠨ ᠵᠢᠯ ᠤᠨ ᠬᠠᠤᠯᠢ ᠲᠥᠭᠡᠮᠡᠯᠵᠢᠬᠦᠯᠬᠦ︾ ᠠᠵᠢᠯ ᠢ ᠯᠠᠪᠳᠠᠭᠤᠨ ᠬᠢᠵᠤ᠂ | ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠠᠵᠢᠯ ᠢ ᠨᠢᠭᠡᠳᠤᠯᠳᠡᠢ ᠲᠥᠯᠥᠪᠯᠡᠵᠤ ᠠᠬᠢᠭᠤᠯᠪᠠ᠃ ᠠᠵᠢᠯ | ᠲᠥᠷᠦᠯ ᠤᠨ ᠰᠠᠮᠠᠭᠤᠨ ᠢ ᠵᠠᠰᠠᠬᠤ᠂ ᠮᠥᠷᠯᠡᠬᠦᠯᠦᠨ ᠪᠠᠶᠢᠴᠠᠭᠠᠬᠤ᠂ ᠴᠡᠭᠴᠡᠯᠡᠯᠲᠡ ᠬᠢᠬᠦ ᠠᠵᠢᠯ ᠢᠶᠠᠨ ᠪᠥᠬᠦ | ᠲᠠᠯ᠎ᠠ ᠪᠠᠷ ᠦᠷᠨᠢᠬᠦᠯᠵᠤ᠂ ᠬᠠᠷ᠎ᠠ ᠪᠥᠯᠥᠭᠳᠡᠨ ᠬᠠᠷᠬᠢᠰ ᠬᠦᠴᠦᠨ ᠤ ᠬᠠᠤᠯᠢ ᠵᠥᠷᠢᠴᠡᠭᠰᠡᠨ ᠶᠠᠯᠠᠳᠤ ᠠᠵᠢᠯᠯᠠᠭ᠎ᠠ ᠳᠤ | ᠬᠦᠴᠦᠳᠡᠢ ᠴᠣᠬᠢᠯᠲᠠ ᠥᠭᠭᠦᠨ᠂ ᠲᠣᠰᠬᠠᠢ ᠲᠡᠮᠡᠴᠡᠯ ᠨᠢ ᠱᠠᠳᠤᠴᠢ ᠴᠢᠨᠠᠷ ᠲᠠᠢ ᠦᠷ᠎ᠡ ᠪᠥᠳᠦᠭᠡᠯ ᠢ ᠣᠯᠪᠠ᠃ | 1870 ᠲᠥᠮᠡᠨ ᠲᠥᠬᠦᠷᠢᠭ ᠤᠨ ᠪᠡᠯᠡ ᠣᠷᠣᠭᠤᠯᠵᠣ᠂ ︽ᠠᠮᠤᠭᠤᠯᠠᠩ ᠬᠤᠲᠠ︾ ᠶᠢᠨ ᠭᠤᠷᠪᠠᠳᠠᠬᠢ | ᠬᠤᠭᠤᠴᠠᠭ᠎ᠠ᠂ ᠬᠠᠷ᠎ᠠ ᠪᠥᠷᠬᠦᠳ ᠤᠨ ᠠᠭᠤᠯᠠ ᠪᠣᠯᠣᠨ ᠬᠤᠶᠠᠳᠤᠭᠠᠷ ᠬᠢᠮᠡᠯ ᠠᠭᠤᠯᠠ ᠶᠢᠨ ᠳᠤᠳᠤᠭᠠᠳᠤ ᠶᠢ | ᠬᠠᠮᠠᠭᠠᠯᠠᠬᠤ ᠪᠠᠶᠢᠴᠠᠭᠠᠬᠤ ᠥᠷᠳᠡᠭᠡᠨ ᠤ ᠪᠠᠷᠢᠮᠵᠢᠶᠠᠳᠤ ᠪᠠᠶᠢᠭᠤᠯᠤᠯᠲᠠ ᠶᠢ ᠡᠬᠢᠯᠡᠬᠦᠯᠵᠤ᠂ ᠨᠤᠳᠤᠭ ᠲᠠᠭᠠᠨ | ᠰᠠᠭᠤᠷᠢᠰᠢᠵᠤ ᠬᠢᠯᠢ ᠪᠠᠨ ᠬᠠᠮᠠᠭᠠᠯᠠᠬᠤ᠂ ᠬᠢᠯᠢ ᠣᠷᠣᠨ ᠢᠶᠠᠨ ᠬᠠᠮᠢᠶᠠᠷᠴᠤ ᠬᠠᠷᠠᠬᠤ ᠴᠢᠳᠠᠪᠤᠷᠢ ᠪᠠᠨ ᠯᠠᠪᠳᠠᠭᠤᠨ ᠢᠶᠠᠷ | ᠳᠡᠭᠡᠭᠰᠢᠯᠡᠬᠦᠯᠵᠡᠢ᠃ ᠵᠥᠷᠢᠴᠡᠯ ᠵᠢᠭᠤᠷᠠᠯᠳᠤᠭᠠᠨ ᠢ ᠪᠠᠶᠢᠴᠠᠭᠠᠬᠤ ᠪᠠᠨ ᠨᠠᠷᠢᠨ ᠬᠢᠨᠠᠮᠠᠭᠠᠢ ᠦᠷᠨᠢᠬᠦᠯᠵᠤ᠂ ᠥᠷᠢ | ᠰᠢᠷᠢ ᠶᠢ ᠴᠡᠪᠡᠷᠯᠡᠵᠤ᠂ ᠥᠭᠴᠡᠭᠡ ᠠᠪᠤᠴᠠᠭ᠎ᠠ ᠶᠢ ᠪᠠᠳᠤᠯᠠᠬᠤ ᠬᠦᠴᠦᠯᠡᠴᠡ ᠪᠠᠨ ᠶᠡᠬᠡᠰᠬᠡᠨ᠂ ᠨᠡᠶᠢᠬᠡᠮ ᠤᠨ ᠶᠡᠭᠡ | ᠪᠠᠶᠢᠳᠠᠯ ᠨᠢ ᠡᠶ᠎ᠡ ᠵᠣᠬᠢᠴᠠᠩᠭᠤᠢ ᠲᠣᠭᠳᠠᠭᠤᠨ ᠪᠣᠯᠪᠠ᠃ ᠠᠶᠤᠯᠬᠦᠢ ᠦᠢᠯᠡᠳᠪᠤᠷᠢᠯᠡᠯ ᠤᠨ ᠬᠠᠷᠢᠭᠤᠴᠠᠯᠭ᠎ᠠ ᠶᠢ | ᠴᠢᠩᠭ᠎ᠠ ᠪᠠᠷ ᠨᠠᠶᠢᠳᠠᠪᠤᠷᠢᠵᠢᠭᠤᠯᠵᠤ᠂ ᠠᠶᠤᠯ ᠲᠦᠭᠰᠢᠬᠦᠷᠢ ᠶᠢ ᠬᠢᠵᠠᠭᠠᠷᠯᠠᠬᠤ ᠪᠠ ᠳᠠᠯᠳᠠ ᠭᠡᠮ ᠢ ᠵᠠᠰᠠᠬᠤ ᠪᠠᠨ | ᠴᠢᠩᠭᠠᠳᠬᠠᠨ᠂ ᠠᠶᠤᠯᠭᠦᠢ ᠦᠢᠯᠡᠳᠪᠤᠷᠢᠯᠡᠯ ᠤᠨ ᠪᠠᠶᠢᠳᠠᠯ ᠨᠢ ᠦᠷᠭᠦᠯᠵᠢᠯᠡᠨ ᠰᠠᠶᠢᠨ ᠪᠣᠯᠵᠣ ᠪᠠᠶᠢᠨ᠎ᠠ᠃ ᠢᠲᠡᠭᠡᠯ | ᠲᠠᠢ ᠪᠠᠶᠢᠬᠤ ᠶᠢ ᠵᠣᠷᠢᠭᠵᠢᠭᠤᠯᠬᠤ ᠪᠠ ᠢᠲᠡᠭᠡᠯ ᠢᠶᠠᠨ ᠠᠯᠳᠠᠭᠰᠠᠳ ᠢ ᠬᠤᠯᠪᠣᠭᠠᠯᠠᠨ ᠵᠠᠯᠬᠠᠭᠠᠨ ᠴᠡᠭᠡᠷᠯᠡᠬᠦᠯᠬᠦ | ᠲᠤᠭᠳᠠᠴᠠ ᠶᠢ ᠲᠡᠭᠦᠯᠳᠡᠷᠵᠢᠭᠦᠯᠵᠤ᠂ ᠵᠠᠬ᠎ᠠ ᠳᠡᠯᠭᠡᠭᠦᠷ ᠤᠨ ᠠᠵᠤ ᠠᠬᠤᠢ ᠶᠢᠨ ᠡᠮᠬᠢ ᠲᠢᠭᠯᠢᠮ ᠢ ᠬᠦᠴᠦᠳᠡᠢ | ᠲᠥᠷᠢᠮᠵᠢᠬᠦᠯᠵᠤ᠂ ᠢᠳᠡᠭᠡᠨ ᠤᠮᠳᠠᠭᠠᠨ ᠡᠮ ᠤᠨ ᠵᠦᠢᠯᠡᠰ ᠤᠨ ᠠᠮᠤᠷ ᠲᠥᠪᠰᠢᠨ ᠤ ᠰᠡᠷᠭᠡᠶᠢᠯᠡᠯᠲᠡ ᠶᠢ ᠯᠠᠪᠳᠠᠭᠤᠨ | ᠪᠠᠳᠤᠳᠠᠢ ᠪᠣᠯᠭᠠᠪᠠ᠃ ᠨᠡᠶᠢᠭᠡᠮ ᠲᠤᠭᠤᠷᠢᠭ ᠤᠨ ᠠᠯᠪᠠᠯᠠᠬᠤ ᠣᠷᠴᠢᠨ ᠲᠣᠭᠤᠷᠢᠨ ᠢ ᠲᠠᠰᠤᠷᠠᠯ ᠦᠭᠡᠢ | ᠰᠠᠶᠢᠵᠢᠷᠠᠭᠤᠯᠵᠤ᠂ ᠨᠠᠷᠢᠨᠭᠤᠣᠯ ᠨᠡᠶᠢᠬᠡᠮ ᠲᠣᠭᠤᠷᠢᠭ ᠲᠤ ᠠᠯᠪᠠᠨ ᠠᠰᠠᠷ ᠪᠠᠷᠢᠵᠤ ᠬᠡᠷᠡᠭᠯᠡᠯᠳᠡ ᠳᠤ ᠣᠷᠣᠪᠠ᠃ | ᠨᠡᠶᠢᠬᠡᠮ ᠲᠤᠭᠤᠷᠢᠭ ᠤᠨ ᠡᠩᠨᠡᠭᠡ ᠶᠢ ᠲᠣᠭᠳᠠᠪᠤᠷᠢᠵᠢᠭᠤᠯᠵᠤ᠂ ᠵᠠᠰᠠᠭ ᠤᠨ ᠣᠷᠳᠤᠨ ᠬᠤᠳᠠᠯᠳᠤᠨ ᠠᠪᠬᠤ | ᠦᠢᠯᠡᠴᠢᠯᠡᠭᠡᠨ ᠤ ᠬᠡᠯᠪᠡᠷᠢ ᠪᠠᠷ 28 ᠠᠵᠢᠯᠲᠠᠨ ᠤ ᠣᠯᠭᠤᠮᠵᠢ ᠶᠢ ᠰᠢᠢᠳᠪᠤᠷᠢᠯᠡᠨ᠂ ᠨᠡᠶᠢᠬᠡᠮ ᠲᠤᠭᠤᠷᠢᠭ ᠤᠨ | ᠵᠠᠰᠠᠯᠲᠠ ᠶᠢᠨ ᠲᠥᠪᠰᠢᠨ ᠤᠯᠠᠮ ᠨᠢᠭᠡ ᠠᠯᠬᠤᠮ ᠦᠨᠳᠦᠷᠵᠢᠪᠡ᠃ ᠨᠠᠮ ᠤᠨ ᠦᠨᠳᠦᠰᠦᠲᠡᠨ ᠤ ᠲᠥᠷᠦ ᠶᠢᠨ | ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠮᠣᠩᠭᠤᠯ ᠦᠭᠡ ᠬᠡᠯᠡ ᠦᠰᠦᠭ ᠪᠢᠴᠢᠭ ᠢ | ᠲᠥᠷᠢᠮᠵᠢᠬᠦᠯᠦᠨ ᠬᠡᠷᠡᠭᠯᠡᠭᠡᠳ᠂ ᠳᠤᠮᠳᠠᠳᠣ ᠶᠢᠨ ᠦᠨᠳᠦᠰᠦᠲᠡᠨ ᠤ ᠬᠠᠮᠳᠤ ᠶᠢᠨ ᠴᠣᠭᠴᠠ ᠶᠢᠨ ᠦᠵᠡᠯ ᠤᠬᠠᠮᠰᠠᠷ ᠢ | ᠪᠠᠳᠤ ᠪᠣᠢ ᠪᠤᠯᠭᠠᠨ᠂ ᠮᠠᠨ ᠤ ᠬᠤᠰᠢᠭᠤ ᠨᠢ ︽ᠪᠥᠬᠦ ᠤᠯᠤᠰ ᠤᠨ ᠦᠨᠳᠦᠰᠦᠲᠡᠨ ᠤ ᠪᠥᠯᠬᠦᠮᠳᠡᠯ ᠲᠠᠪᠰᠢᠯᠲᠠ ᠶᠢᠨ | ᠵᠢᠱᠢᠶᠡᠴᠢ ᠲᠤᠭᠤᠷᠢᠭ︾ ᠢᠶᠠᠷ ᠨᠡᠷᠡᠶᠢᠳᠦᠭᠳᠡᠵᠤ᠂ ᠳ᠋ᠦᠩ ᠹᠧᠩ ᠪᠠᠯᠭᠠᠰᠤ ᠨᠢ ︽ᠦᠨᠳᠦᠰᠦᠲᠡᠨ ᠤ ᠪᠥᠯᠬᠦᠮᠳᠡᠯ | ᠳᠠᠪᠰᠢᠯᠲᠠ ᠶᠢᠨ ᠲᠡᠷᠢᠬᠦᠨ ᠤ ᠬᠠᠮᠳᠤ︾ ᠪᠠᠷ ᠦᠨᠡᠯᠡᠭᠳᠡᠨ᠂ ᠵᠢᠷᠭᠠᠯᠠᠩᠳᠤ ᠭᠠᠴᠠᠭ᠎ᠠ ᠨᠢ ︽ᠳᠤᠮᠳᠠᠳᠤ ᠤᠯᠤᠰ ᠤᠨ | ᠴᠥᠬᠡᠨ ᠲᠤᠭᠠᠳᠤ ᠦᠨᠳᠦᠰᠦᠲᠡᠨ ᠤ ᠣᠨᠴᠠᠯᠢᠭᠳᠤ ᠬᠦᠳᠡᠭᠡ ᠲᠤᠰᠬᠤᠨ︾ ᠤ ᠴᠣᠯᠠ ᠶᠢ ᠬᠦᠷᠲᠡᠪᠡ᠃ | ︵ᠲᠠᠪᠤ︶ ᠦᠢᠯᠡᠴᠢᠯᠡᠭᠡᠨ ᠤ ᠢᠳᠡ ᠬᠦᠴᠦ ᠪᠠᠨ ᠪᠥᠬᠦ ᠲᠠᠯ᠎ᠠ ᠪᠠᠷ ᠲᠡᠭᠡᠭᠰᠢᠯᠡᠬᠦᠯᠵᠤ᠂ ᠵᠠᠰᠠᠭ ᠪᠠᠷᠢᠬᠤ | ᠲᠥᠪᠰᠢᠨ ᠨᠢ ᠮᠡᠳᠡᠭᠳᠡᠬᠦᠶᠢᠴᠡ ᠦᠨᠳᠦᠷᠵᠢᠪᠡ | ᠬᠠᠤᠯᠢ ᠪᠠᠷ ᠵᠠᠰᠠᠬᠤ ᠰᠡᠳᠭᠢᠬᠦᠢ ᠶᠢ ᠪᠠᠳᠤ ᠪᠣᠢ ᠪᠣᠯᠭᠠᠵᠤ᠂ ᠵᠠᠰᠠᠭ ᠤᠨ ᠣᠷᠳᠤᠨ ᠤ ᠠᠵᠢᠯ ᠤᠨ | ᠲᠥᠷᠢᠮ ᠪᠣᠯᠣᠨ ᠲᠣᠮᠣ ᠴᠢᠬᠤᠯᠠ ᠰᠢᠢᠳᠪᠤᠷᠢᠳᠤ ᠪᠣᠳᠣᠯᠭ᠎ᠠ ᠶᠢᠨ ᠶᠠᠪᠤᠴᠠ ᠲᠠᠷᠠᠭᠠᠯᠠᠯ᠂ ᠳᠦᠷᠢᠮ ᠲᠤᠭᠲᠠᠭᠠᠯ ᠢ | ᠴᠢᠩᠭ᠎ᠠ ᠪᠠᠷ ᠬᠦᠢᠴᠡᠳᠭᠡᠵᠤ᠂ ᠤᠬᠠᠮᠰᠠᠷ ᠠᠴᠠ ᠪᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ | ᠲᠥᠷᠦ ᠶᠢᠨ ᠵᠥᠪᠯᠡᠯᠭᠡᠨ ᠪᠤᠯᠤᠨ ᠨᠡᠶᠢᠬᠡᠮ ᠤᠨ ᠬᠢᠨᠠᠯᠲᠠ ᠶᠢ ᠬᠦᠯᠢᠶᠡᠵᠤ᠂ ᠪᠥᠬᠦ ᠵᠢᠯ ᠳᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠰᠠᠨᠠᠭᠤᠯᠭ᠎ᠠ ᠪᠠ ᠤᠯᠤᠰ ᠲᠥᠷᠦ ᠶᠢᠨ ᠵᠥᠪᠯᠡᠯᠡᠭᠡᠨ ᠤ ᠳᠤᠷᠠᠳᠤᠯᠭ᠎ᠠ | 129 ᠵᠦᠢᠯ ᠰᠢᠢᠳᠪᠤᠷᠢᠯᠡᠪᠡ᠃ ᠵᠠᠰᠠᠭ ᠤᠨ ᠶᠠᠪᠤᠳᠠᠯ ᠢ ᠢᠯᠡ ᠪᠣᠯᠭᠠᠬᠤ ᠪᠠ ᠬᠢᠨᠠᠨ ᠪᠣᠳᠣᠯᠳᠠ ᠶᠢᠨ ᠬᠢᠨᠠᠯᠲᠠ ᠶᠢᠨ | ᠬᠦᠴᠦᠯᠡᠴᠡ ᠪᠠᠨ ᠤᠯᠠᠮ ᠨᠢᠭᠡ ᠠᠯᠬᠤᠮ ᠶᠡᠬᠡᠰᠬᠡᠵᠤ᠂ ᠤᠯᠤᠰ ᠤᠨ ᠥᠮᠴᠢᠯᠡᠯᠳᠤ ᠬᠥᠷᠦᠩᠭᠡ᠂ ᠤᠯᠤᠰ ᠤᠨ ᠡᠬᠢ | ᠪᠠᠶᠠᠯᠢᠭ ᠢ ᠰᠢᠢᠳᠪᠤᠷᠢᠯᠡᠬᠦ ᠶᠠᠪᠤᠴᠠ ᠳᠠᠷᠠᠭᠠᠯᠠᠯ ᠢ ᠲᠥᠷᠢᠮᠵᠢᠬᠦᠯᠵᠤ᠂ ᠨᠡᠶᠢᠳᠡ ᠶᠢᠨ ᠡᠬᠢ ᠪᠠᠶᠠᠯᠢᠭ ᠤᠨ | ᠰᠣᠯᠢᠯᠴᠠᠭᠠᠨ ᠤ ᠪᠥᠬᠦ ᠶᠠᠪᠤᠴᠠ ᠶᠢ ᠡᠯᠧᠺᠲᠷᠣᠨᠴᠢᠯᠠᠵᠤ᠂ ᠡᠳ᠋ ᠤᠨ ᠵᠠᠰᠠᠭ ᠤᠨ ᠪᠡᠯᠡ ᠮᠥᠩᠬᠦ ᠶᠢ ᠨᠡᠶᠢᠲᠡ 8036 | ᠲᠥᠮᠡᠨ ᠲᠥᠬᠦᠷᠢᠭ ᠠᠷᠪᠢᠯᠠᠪᠠ᠃ ᠵᠠᠰᠠᠭ ᠤᠨ ᠣᠷᠳᠤᠨ ᠤ ᠥᠷᠢ ᠥᠭᠴᠡᠭᠡᠨ ᠤ ᠬᠠᠮᠢᠶᠠᠷᠤᠯᠲᠠ ᠬᠢᠵᠠᠭᠠᠷᠯᠠᠯ ᠢᠶᠠᠨ | ᠴᠢᠩᠭᠠᠳᠬᠠᠵᠤ᠂ ᠲᠣᠮᠣ ᠶᠡᠭᠡ ᠲᠦᠭᠰᠢᠬᠦᠷᠢ ᠶᠢ ᠦᠭᠡᠶᠢᠰᠭᠡᠵᠤ ᠰᠡᠷᠭᠡᠶᠢᠯᠡᠬᠦ ᠳᠡᠭᠡᠷ᠎ᠡ ᠬᠦᠴᠦ ᠵᠠᠷᠣᠴᠠᠭᠤᠯᠪᠠ᠃ | ᠵᠠᠰᠠᠭ ᠤᠨ ᠰᠢᠰᠲ᠋ᠧᠮ ᠳᠠᠬᠢ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠪᠠᠨ ᠪᠥᠬᠦ ᠲᠠᠯ᠎ᠠ ᠪᠠᠷ | ᠴᠢᠩᠭᠠᠳᠬᠠᠵᠤ᠂ ︽ᠤᠭ ᠰᠠᠨᠠᠭ᠎ᠠ ᠪᠠᠨ ᠮᠠᠷᠲᠠᠯ ᠦᠭᠡᠢ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ | ᠭᠤᠣᠯ ᠰᠡᠳᠤᠪᠳᠤ ᠬᠦᠮᠦᠵᠢᠯ ᠢ ᠯᠠᠪᠳᠠᠭᠤᠨ ᠦᠷᠨᠢᠭᠦᠯᠵᠤ᠂ ᠥᠷᠭᠡᠨ ᠣᠯᠠᠨ ᠺᠠᠳ᠋ᠷᠴᠤᠳ ᠤᠨ ᠤᠯᠤᠰ ᠲᠥᠷᠥ ᠶᠢᠨ | ᠤᠬᠠᠮᠰᠠᠷ᠂ ᠠᠵᠢᠯ ᠤᠨ ᠰᠤᠷᠲᠠᠯ ᠪᠣᠯᠣᠨ ᠲᠤᠰᠢᠶᠠᠯ ᠢᠶᠠᠨ ᠬᠦᠢᠴᠡᠳᠭᠡᠬᠦ ᠴᠢᠳᠠᠪᠤᠷᠢ ᠤᠯᠠᠮ ᠨᠢᠭᠡ ᠠᠯᠬᠤᠮ | ᠳᠡᠭᠡᠭᠰᠢᠯᠡᠵᠡᠢ᠃ | ᠲᠥᠯᠥᠭᠡᠯᠡᠭᠴᠢᠳ ᠡ᠂ ᠨᠢᠭᠡ ᠵᠢᠯ ᠤᠨ ᠲᠤᠷᠰᠢ᠂ ᠡᠯ᠎ᠡ ᠱᠠᠳᠣᠨ ᠤ ᠲᠣᠭᠤᠷᠢᠨ ᠪᠠᠶᠢᠴᠠᠭᠠᠯᠲᠠ ᠪᠣᠯᠣᠨ | ᠲᠥᠷᠦ ᠶᠢᠨ ᠶᠠᠪᠤᠳᠠᠯ ᠤᠨ ᠬᠤᠷᠢᠶᠠᠨ ᠤ ᠶᠡᠭᠡ ᠬᠢᠨᠠᠨ ᠪᠠᠶᠢᠴᠠᠭᠠᠯᠲᠠ ᠶᠢᠨ ᠤᠯᠤᠰ ᠲᠥᠷᠦ ᠶᠢᠨ ᠰᠢᠯᠭᠠᠯᠳᠠ ᠶᠢᠨ | ᠡᠮᠦᠨ᠎ᠡ᠂ ᠪᠢᠳᠡ ᠦᠨᠳᠦᠷ ᠵᠤᠭᠰᠣᠴᠠ ᠳᠡᠭᠡᠷ᠎ᠡ ᠭᠠᠷᠴᠣ᠂ ᠳᠠᠭᠠᠭᠠᠮᠠᠭᠠᠢ ᠳᠠᠭᠠᠨ ᠠᠮᠵᠢᠯᠲᠠ ᠭᠠᠷᠭᠠᠨ᠂ ᠪᠢᠳᠡᠨᠡᠷ ᠤᠨ | ᠠᠰᠠᠭᠤᠳᠠᠯ ᠪᠠᠶᠢᠪᠠᠯ ᠵᠠᠶᠢᠯᠠᠬᠤ ᠦᠭᠡᠢ᠂ ᠴᠡᠭᠴᠡᠯᠡᠨ ᠥᠭᠡᠷᠡᠴᠢᠯᠡᠬᠦ ᠬᠠᠷᠢᠭᠤᠴᠠᠯᠭ᠎ᠠ ᠪᠠᠨ ᠡᠭᠦᠷᠬᠡᠯᠡᠵᠤ ᠴᠢᠳᠠᠨ᠎ᠠ | ᠭᠡᠳᠡᠭ ᠢᠶᠠᠨ ᠬᠠᠷᠠᠭᠤᠯᠪᠠ᠃ ᠪᠥᠬᠦ ᠲᠠᠯ᠎ᠠ ᠪᠠᠷ ᠴᠢᠨᠡᠭᠡᠯᠢᠭ ᠨᠡᠶᠢᠬᠡᠮ ᠢ ᠪᠠᠶᠢᠭᠤᠯᠬᠤ ᠭᠤᠷᠪᠠᠨ ᠲᠣᠮᠣ | ᠰᠢᠪᠳᠤᠯᠤᠯᠲᠠ ᠶᠢᠨ ᠲᠠᠶᠢᠨ ᠤ ᠪᠡᠷᠭᠡᠰᠢᠶᠡᠯᠳᠤ ᠡᠭᠦᠷᠭᠡ ᠶᠢᠨ ᠡᠮᠦᠨ᠎ᠡ᠂ ᠪᠢᠳᠡ ᠬᠦᠴᠢᠷ ᠤᠨ ᠡᠮᠦᠨ᠎ᠡ ᠠᠴᠠ ᠲᠦᠷᠢᠵᠤ | ᠂ ᠰᠡᠳᠭᠢᠯ ᠵᠣᠷᠢᠭ ᠢᠶᠠᠨ ᠬᠦᠪᠴᠢᠯᠡᠨ᠂ ᠪᠢᠳᠡᠨᠡᠷ ᠤᠨ ᠬᠠᠲᠠᠭᠤ ᠲᠠᠶᠢᠨ ᠬᠢᠵᠤ ᠳᠡᠶᠢᠯᠬᠦ᠂ ᠲᠠᠶᠢᠨ ᠤ ᠢᠯᠠᠯᠲᠠ ᠶᠢ | ᠣᠯᠵᠤ ᠴᠢᠳᠠᠬᠤ ᠰᠥᠰᠦ ᠵᠣᠷᠢᠭ ᠪᠠ ᠵᠣᠷᠢᠭ ᠰᠢᠢᠳᠦᠭᠰᠡᠨ ᠢᠶᠠᠨ ᠢᠯᠡᠷᠡᠭᠦᠯᠦᠯ᠎ᠡ᠃ ᠠᠵᠤ ᠠᠬᠤᠢ ᠤᠷᠤᠭᠤᠳᠠᠵᠤ | ᠪᠠᠶᠢᠬᠤ ᠪᠠ ᠬᠡᠯᠪᠡᠷᠢ ᠪᠠᠨ ᠦᠭᠡᠷᠡᠴᠢᠯᠡᠵᠦ ᠳᠡᠰ ᠳᠡᠪᠰᠢᠬᠦ ᠲᠠᠪᠬᠤᠷ ᠲᠠᠷᠤᠯᠲᠠ ᠶᠢᠨ ᠡᠮᠦᠨ᠎ᠡ᠂ ᠪᠢᠳᠡ ᠲᠥᠮᠡᠨ ᠤ | ᠵᠣᠷᠢᠭ ᠢ ᠨᠢᠭᠳᠠᠷᠠᠭᠤᠯᠵᠤ᠂ ᠴᠠᠭ ᠢ ᠠᠮᠵᠢᠨ ᠬᠦᠳᠡᠯᠦᠯᠴᠡᠨ᠂ ᠴᠢᠨᠠᠷ ᠰᠠᠶᠢᠳᠠᠢ ᠬᠦᠭᠵᠢᠯᠲᠡ ᠳᠤ ᠬᠦᠳᠡᠯᠭᠡᠬᠦ ᠬᠦᠴᠦ | ᠪᠣᠯᠣᠭᠰᠠᠨ ᠥᠭᠰᠤᠭᠦᠤ ᠳᠠᠪᠰᠢᠯᠲᠠ ᠶᠢ ᠪᠡᠶᠡᠯᠡᠬᠦᠯᠪᠡ᠃ ᠡᠳᠡᠭᠡᠷ ᠠᠮᠵᠢᠯᠲᠠ ᠶᠢ ᠣᠯᠣᠭᠰᠠᠨ ᠨᠢ᠂ ᠠᠶᠢᠮᠠᠭ ᠤᠨ | ᠨᠠᠮ ᠤᠨ ᠬᠤᠷᠢᠶ᠎ᠠ᠂ ᠵᠠᠬᠢᠷᠭ᠎ᠠ ᠪᠣᠯᠣᠨ ᠬᠤᠰᠢᠭᠤᠨ ᠤ ᠨᠠᠮ ᠤᠨ ᠬᠤᠷᠢᠶᠠᠨ ᠤ ᠣᠨᠣᠪᠴᠢᠳᠠᠢ ᠤᠳᠤᠷᠢᠳᠤᠯᠭ᠎ᠠ᠂ | ᠰᠢᠨᠵᠢᠯᠡᠬᠦ ᠤᠬᠠᠭᠠᠭᠴᠢ ᠰᠢᠢᠳᠪᠤᠷᠢᠳᠤ ᠪᠣᠳᠣᠯᠭ᠎ᠠ ᠶᠢᠨ ᠦᠷ᠎ᠡ ᠳ᠋ᠦᠩ ᠮᠥᠨ︔ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ᠂ ᠤᠯᠤᠰ ᠲᠥᠷᠦ ᠶᠢᠨ ᠵᠥᠪᠯᠡᠯᠭᠡᠨ ᠤ ᠪᠥᠳᠦᠮᠵᠢᠳᠡᠢ ᠬᠢᠨᠠᠯᠲᠠ᠂ ᠬᠦᠴᠦᠳᠡᠢ ᠳᠡᠮᠵᠢᠯᠭᠡ ᠶᠢᠨ ᠦᠷ᠎ᠡ | ᠳ᠋ᠦᠩ ᠮᠥᠨ︔ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠥᠮᠡᠨ ᠤ ᠰᠠᠬᠢᠨ ᠪᠠᠷᠠᠯᠠᠵᠤ | ᠬᠠᠷᠢᠯᠴᠠᠨ ᠬᠠᠪᠰᠤᠷᠠᠯᠴᠠᠨ᠂ ᠪᠥᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ︔ ᠬᠤᠰᠢᠭᠤᠨ ᠳᠤ ᠰᠠᠭᠤᠭ᠎ᠠ | ᠥᠷᠭᠡᠨ ᠣᠯᠠᠨ ᠴᠡᠷᠢᠭ ᠴᠠᠭᠳᠠᠭ᠎ᠠ ᠲᠠᠷᠤᠭ᠎ᠠ ᠪᠠᠶᠢᠯᠳᠤᠭᠴᠢᠳ ᠤᠨ ᠲᠤᠰᠢᠶᠠᠯ ᠳᠠᠭᠠᠨ ᠦᠨᠡᠨᠴᠢ᠂ ᠬᠠᠷᠠᠮ ᠦᠭᠡᠢ | ᠵᠢᠳᠭᠦᠯ ᠭᠠᠷᠭᠠᠭᠰᠠᠨ ᠤ ᠦᠷ᠎ᠡ ᠳ᠋ᠦᠩ ᠮᠥᠨ᠃ ᠠᠳᠡ ᠪᠢ᠂ ᠬᠤᠰᠢᠭᠤᠨ ᠤ ᠠᠷᠠᠳ ᠤᠨ ᠵᠠᠰᠠᠭ ᠣᠷᠳᠤᠨ ᠢᠶᠠᠨ | ᠲᠥᠯᠥᠭᠡᠯᠡᠨ᠂ ᠡᠵᠡᠨ᠎ᠡ ᠶᠢᠨ ᠪᠥᠳᠦᠭᠡᠨ ᠪᠠᠶᠢᠭᠤᠯᠤᠯᠲᠠ ᠪᠠ ᠬᠦᠭᠵᠢᠯᠲᠡ ᠳᠤ ᠬᠤᠪᠢ ᠨᠡᠮᠡᠬᠦᠷᠢ ᠪᠠᠨ ᠡᠷᠭᠦᠭᠰᠡᠨ | ᠪᠥᠬᠦ ᠨᠥᠬᠦᠳ ᠨᠠᠶᠢᠵᠠ ᠨᠡᠷ ᠲᠤ ᠴᠢᠩ ᠰᠡᠳᠭᠢᠯ ᠤᠨ ᠲᠠᠯᠠᠷᠬᠠᠯ ᠢᠶᠠᠨ ᠢᠯᠡᠷᠬᠡᠶᠢᠯᠡᠬᠦ ᠶᠢᠨ ᠬᠠᠮᠳᠤ᠂ ᠬᠠᠮᠤᠭ ᠡᠷᠬᠢᠮ | ᠳᠡᠭᠡᠳᠤ ᠬᠦᠨᠳᠦᠳᠭᠡᠯ ᠢᠶᠠᠨ ᠳᠡᠪᠰᠢᠬᠦᠯᠵᠤ ᠪᠠᠶᠢᠨ᠎ᠠ︕ | ᠲᠥᠯᠥᠭᠡᠯᠡᠭᠴᠢᠳ ᠡ᠂ ᠠᠮᠵᠢᠯᠲᠠ ᠪᠥᠳᠦᠭᠡᠯ ᠨᠢ ᠬᠦᠮᠦᠰ ᠢ ᠵᠣᠷᠢᠭᠵᠢᠭᠤᠯᠤᠨᠠᠮ᠂ ᠬᠦᠭᠵᠢᠯᠲᠡ ᠶᠢᠨ | ᠡᠭᠦᠷᠭᠡ ᠮᠥᠨᠬᠦ ᠬᠦᠨᠳᠤ ᠨᠥᠰᠡᠷ ᠪᠠᠶᠢᠭᠰᠠᠭᠠᠷ᠃ ᠪᠢᠳᠡ ᠶᠠᠰᠤ ᠴᠢᠨᠠᠷᠲᠠᠢ ᠬᠡᠯᠪᠡᠷᠢ ᠪᠠᠨ ᠥᠭᠡᠷᠡᠳᠡᠭᠦᠯᠦᠨ | ᠬᠦᠭᠵᠢᠬᠦᠯᠬᠦ ᠶᠠᠪᠤᠴᠠ ᠳᠤ᠂ ᠪᠠᠰᠠ ᠠᠷᠪᠢᠨ ᠬᠦᠴᠢᠷ ᠪᠠ ᠬᠦᠷᠦᠯᠴᠡᠬᠦ ᠦᠭᠡᠢ ᠲᠠᠯ᠎ᠠ ᠪᠠᠶᠢᠬᠤ ᠪᠠᠨ ᠡᠷᠬᠡᠪᠰᠢ | ᠰᠡᠷᠭᠡᠭ ᠢᠶᠠᠷ ᠲᠠᠨᠢᠵᠤ ᠮᠡᠳᠡᠬᠦ ᠬᠡᠷᠡᠭᠳᠡᠢ᠃ ᠨᠢᠭᠡ ᠳᠤ᠂ ᠲᠥᠷᠦᠯ ᠵᠦᠢᠯ ᠢ ᠠᠳᠬᠤᠬᠤ ᠤᠬᠠᠮᠰᠠᠷ ᠪᠣᠯᠣᠨ ᠪᠡᠶᠡᠴᠢ | ᠴᠢᠳᠠᠮᠠᠭᠠᠢ ᠴᠢᠨᠠᠷ ᠰᠤᠯᠠ ᠪᠠᠶᠢᠵᠤ᠂ ᠲᠥᠷᠦᠯ ᠵᠦᠢᠯ ᠨᠢ ᠠᠵᠤ ᠦᠢᠯᠡᠰ ᠤᠨ ᠬᠦᠭᠵᠢᠯᠲᠡ ᠳᠤ ᠲᠤᠯᠭᠠᠭᠤᠷᠢᠯᠠᠬᠤ | ᠬᠦᠴᠦᠨ ᠨᠢ ᠮᠠᠰᠢ ᠬᠦᠷᠦᠯᠴᠡᠬᠦ ᠦᠭᠡᠢ ᠪᠠᠶᠢᠵᠤ᠂ ᠬᠦᠳᠡᠯᠭᠡᠭᠡᠨ ᠤ ᠡᠨᠧᠷᠭᠢ ᠶᠢ ᠤᠯᠠᠷᠢᠭᠤᠯᠬᠤ ᠠᠰᠢᠭᠯᠠᠮᠵᠢ ᠶᠢ | ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ᠃ ᠬᠤᠶᠠᠷ ᠲᠤ᠂ ᠠᠵᠤ ᠠᠬᠤᠢ ᠤᠷᠤᠭᠤᠳᠠᠬᠤ ᠲᠠᠷᠤᠭᠠᠰᠤ ᠮᠥᠨ ᠯᠠ ᠶᠡᠭᠡ | ᠪᠠᠶᠢᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠪᠡᠯᠡ ᠮᠥᠩᠬᠦ ᠣᠷᠣᠭᠤᠯᠬᠤ ᠣᠷᠴᠢᠨ ᠲᠤᠭᠤᠷᠢᠨ ᠨᠢ | ᠪᠠᠴᠢᠭᠤ ᠪᠣᠯᠵᠣ᠂ ᠪᠥᠬᠦ ᠨᠡᠶᠢᠬᠡᠮ ᠤᠨ ᠲᠣᠭᠳᠠᠮᠠᠯ ᠬᠦᠷᠥᠩᠭᠡ ᠶᠢᠨ ᠪᠡᠯᠡ ᠣᠷᠣᠭᠤᠯᠣᠯᠲᠠ ᠪᠠ ᠦᠢᠯᠡᠳᠪᠤᠷᠢᠯᠡᠯ ᠤᠨ | ᠴᠢᠨᠠᠷᠳᠠᠢ ᠪᠡᠯᠡ ᠣᠷᠣᠭᠤᠯᠣᠯᠲᠠ ᠨᠢ ᠬᠠᠷᠢᠴᠠᠩᠭᠤᠢ ᠪᠠᠷ ᠳᠤᠳᠠᠭᠳᠠᠵᠤ ᠪᠠᠶᠢᠨ᠎ᠠ᠃ ᠭᠤᠷᠪᠠ ᠳᠤ᠂ ᠡᠳ᠋ ᠤᠨ | ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠨᠢ ᠲᠣᠪᠣᠶᠢᠮ᠎ᠠ ᠪᠠᠶᠢᠵᠤ᠂ ᠨᠡᠶᠢᠲᠡ ᠶᠢᠨ ᠦᠢᠯᠡᠴᠢᠯᠡᠭᠡ ᠪᠠ | ᠪᠠᠳᠤᠯᠠᠪᠤᠷᠢ ᠶᠢᠨ ᠴᠢᠳᠠᠪᠤᠷᠢ ᠨᠢ ᠪᠠᠭᠤᠷᠠᠢ ᠪᠣᠯᠵᠣ ᠪᠠᠶᠢᠨ᠎ᠠ᠃ ᠲᠥᠷᠪᠡ ᠳᠤ᠂ ᠠᠮᠢ ᠠᠬᠤᠢ ᠣᠷᠴᠢᠨ ᠲᠤᠭᠤᠷᠢᠨ ᠤ | ᠬᠠᠮᠠᠭᠠᠯᠠᠯᠲᠠ᠂ ᠠᠶᠤᠯᠬᠦᠢ ᠦᠢᠯᠡᠳᠪᠤᠷᠢᠯᠡᠯ ᠤᠨ ᠬᠠᠮᠤᠭ ᠲᠤᠤᠷ᠎ᠠ ᠬᠢᠵᠠᠭᠠᠷᠯᠠᠯ ᠤᠨ ᠰᠡᠳᠭᠢᠭᠴᠢ ᠪᠠ | ᠦᠢᠯᠡᠳᠪᠤᠷᠢᠯᠡᠯ ᠤᠨ ᠠᠷᠭ᠎ᠠ ᠪᠠᠷᠢᠯ ᠢᠶᠠᠨ ᠲᠠᠰᠤᠷᠠᠯᠲᠠ ᠦᠭᠡᠢ ᠴᠢᠩᠭᠠᠷᠠᠭᠤᠯᠬᠤ ᠬᠡᠷᠡᠭᠳᠡᠢ ᠪᠠᠶᠢᠨ᠎ᠠ᠃ ᠲᠠᠪᠤ ᠳᠤ᠂ | ᠰᠤᠷᠭᠠᠨ ᠬᠦᠮᠦᠵᠢᠯ᠂ ᠡᠮᠴᠢᠯᠡᠭᠡ ᠡᠷᠡᠭᠦᠯ ᠬᠠᠮᠠᠭᠠᠯᠠᠯ ᠵᠡᠷᠭᠡ ᠠᠵᠢᠯ ᠲᠦᠷᠦᠯ ᠪᠠ ᠴᠠᠷ᠎ᠠ ᠬᠦᠷᠢᠶᠠᠨ ᠳᠤ | ᠴᠢᠳᠠᠪᠤᠷᠢᠳᠠᠨ ᠳᠤᠳᠠᠭᠳᠠᠵᠤ ᠪᠠᠶᠢᠭ᠎ᠠ ᠨᠢ ᠮᠦᠨ ᠯᠡ ᠪᠢᠳᠡᠨ ᠤ ᠴᠢᠨᠠᠷ ᠰᠠᠶᠢᠲᠠᠢ ᠬᠦᠭᠵᠢᠯᠲᠡ ᠶᠢᠨ ᠬᠦᠷᠦᠯᠴᠡᠬᠦ | ᠦᠭᠡᠢ ᠲᠠᠯ᠎ᠠ ᠪᠠᠶᠢᠵᠤ᠂ ᠥᠷᠭᠡᠨ ᠣᠯᠠᠨ ᠺᠠᠳ᠋ᠷᠴᠤᠳ ᠶᠢᠨ ᠠᠵᠢᠯ ᠬᠦᠢᠴᠡᠳᠭᠡᠬᠦ ᠴᠢᠳᠠᠪᠤᠷᠢ᠂ ᠨᠠᠶᠢᠳᠠᠪᠤᠷᠢᠵᠢᠭᠤᠯᠬᠤ | ᠴᠢᠳᠠᠪᠤᠷᠢ ᠪᠠᠭᠤᠷᠠᠢ ᠪᠠᠶᠢᠵᠤ᠂ ᠬᠠᠷᠢᠭᠤᠴᠠᠯᠭ᠎ᠠ᠂ ᠡᠭᠦᠷᠭᠡᠯᠡᠯ᠂ ᠭᠦᠭᠵᠢᠬᠦᠯᠬᠦ᠂ ᠦᠢᠯᠡᠴᠢᠯᠡᠬᠦ ᠤᠬᠠᠮᠰᠠᠷ ᠢ | ᠳᠡᠭᠡᠭᠰᠢᠯᠡᠬᠦᠯᠬᠦ ᠬᠡᠷᠡᠭᠳᠡᠢ ᠪᠠᠶᠢᠨ᠎ᠠ᠃ ᠡᠬᠦᠨ ᠢ ᠪᠢᠳᠡ ᠵᠠᠪᠠᠯ ᠳᠡᠭᠡᠳᠤ ᠬᠡᠮᠵᠢᠶ᠎ᠡ ᠪᠠᠷ ᠬᠦᠨᠳᠦᠳᠭᠡᠨ ᠦᠵᠡᠵᠤ᠂ | ᠪᠥᠳᠦᠮᠵᠢᠳᠡᠢ ᠠᠷᠭ᠎ᠠ ᠪᠠᠷᠢᠯ ᠠᠪᠴᠤ᠂ ᠨᠠᠷᠢᠨ ᠬᠢᠨᠠᠮᠠᠭᠠᠢ ᠰᠢᠢᠳᠪᠤᠷᠢᠯᠡᠬᠦ ᠬᠡᠷᠡᠭᠳᠡᠢ ᠪᠠᠶᠢᠭ᠎ᠠ ᠶᠤᠮ᠃ | ᠬᠤᠶᠠᠷ᠂ 2020 ᠣᠨ ᠤ ᠠᠵᠢᠯ ᠤᠨ ᠲᠣᠬᠢᠷᠠᠭᠤᠯᠣᠯᠲᠠ | 2020 ᠣᠨ ᠪᠣᠯ ᠴᠢᠨᠡᠭᠡᠯᠢᠭ ᠨᠡᠶᠢᠬᠡᠮ ᠢ ᠪᠥᠬᠦ ᠲᠠᠯ᠎ᠠ ᠪᠠᠷ ᠪᠠᠶᠢᠭᠤᠯᠬᠤ ᠪᠠ ︽ᠠᠷᠪᠠᠨ ᠭᠤᠷᠪᠠᠳᠣᠭᠠᠷ | ᠲᠠᠪᠣᠨ ᠵᠢᠯ︾ ᠤᠨ ᠲᠥᠯᠥᠪᠵᠢᠭᠦᠯᠭᠡ ᠶᠢ ᠪᠡᠶᠡᠯᠡᠭᠦᠯᠬᠦ ᠵᠢᠯ ᠪᠣᠯᠣᠨ᠎ᠠ᠂ ᠪᠠᠰᠠᠴᠣ ᠨᠢᠭᠡᠳᠤᠭᠡᠷ ᠵᠠᠭᠤᠨ ᠵᠢᠯ ᠤᠨ | ᠲᠡᠮᠡᠴᠡᠬᠦ ᠬᠠᠷᠠᠯᠲᠠ ᠶᠢ ᠪᠡᠶᠡᠯᠡᠭᠦᠯᠵᠥ᠂ ︽ᠠᠷᠪᠠᠨ ᠳᠥᠷᠪᠡᠳᠥᠭᠡᠷ ᠲᠠᠪᠣᠨ ᠵᠢᠯ︾ ᠤᠨ ᠲᠥᠯᠥᠪᠵᠢᠭᠦᠯᠭᠡ ᠶᠢ | ᠨᠡᠯᠢᠶᠡᠳ ᠰᠠᠶᠢᠨ ᠡᠬᠢᠯᠡᠭᠦᠯᠬᠦ ᠪᠠ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠬᠦᠯᠬᠦ ᠳᠤ ᠨᠡᠩ | ᠰᠠᠶᠢᠨ ᠰᠠᠭᠤᠷᠢ ᠶᠢ ᠲᠠᠯᠪᠢᠵᠣ ᠥᠭᠬᠦ ᠵᠠᠩᠭᠢᠯᠠᠭ᠎ᠠ ᠶᠢᠨ ᠵᠢᠯ ᠪᠣᠯᠣᠨ᠎ᠠ᠃ ᠪᠢᠳᠠ ᠡᠷᠬᠡᠪᠰᠢ ᠴᠢᠨᠠᠷ ᠰᠠᠶᠢᠲᠠᠢ | ᠬᠥᠭᠵᠢᠯᠲᠡ ᠶᠢ ᠲᠥᠷᠭᠡᠳᠭᠡᠬᠦ ᠨᠢ ᠨᠢᠭᠡᠨᠲᠡ ᠲᠣᠳᠣᠷᠠᠬᠠᠢ ᠪᠣᠯᠣᠭᠰᠠᠨ ᠭᠡᠳᠡᠭ ᠲᠤ ᠭᠥᠢᠴᠡᠳ ᠲᠠᠨᠢᠯᠲᠠ ᠲᠠᠢ | ᠪᠠᠶᠢᠵᠣ᠂ ᠰᠢ ᠶᠢᠨ ᠫᠢᠩ ᠶᠡᠷᠥᠩᠬᠡᠢ ᠱᠥᠵᠢ ᠶᠢᠨ ᠥᠪᠥᠷ ᠮᠣᠩᠭᠤᠯ ᠤᠨ ᠪᠠᠶᠢᠳᠠᠯ ᠳᠤ ᠵᠣᠬᠢᠴᠠᠭᠤᠯᠣᠨ | ᠲᠣᠭᠲᠠᠭᠠᠭᠰᠠᠨ ᠠᠵᠢᠯᠯᠠᠭᠠᠨ ᠤ ᠵᠥᠭᠯᠡᠭᠦᠷ ᠨᠢ ᠪᠢᠳᠠᠨ ᠤ ᠬᠤᠶᠢᠰᠢᠳᠠ ᠶᠢᠨ ᠬᠥᠭᠵᠢᠯᠲᠡ ᠳᠤ ᠣᠯᠣᠰ ᠲᠥᠷᠥ ᠶᠢᠨ | ᠵᠢᠷᠣᠮᠯᠠᠨ ᠮᠥᠷᠳᠡᠬᠦ ᠶᠢ ᠬᠠᠩᠭᠠᠨ ᠥᠭᠴᠥ᠂ ᠣᠷᠣᠭᠰᠢᠯᠠᠬᠤ ᠴᠢᠭᠯᠡᠯ ᠢ ᠲᠣᠳᠣ ᠵᠢᠭᠠᠨ ᠥᠭᠴᠡᠢ︔ ᠴᠢᠨᠠᠷ ᠰᠠᠶᠢᠳᠠᠢ | ᠬᠥᠭᠵᠢᠯᠲᠡ ᠶᠢ ᠲᠥᠷᠭᠡᠳᠭᠡᠬᠦ ᠴᠠᠭ ᠥᠶ᠎ᠡ ᠨᠢᠭᠡᠨᠲᠡ ᠬᠥᠷᠴᠥ ᠢᠷᠡᠵᠡᠢ᠂ ᠮᠠᠨ ᠤ ᠬᠤᠰᠢᠭᠤ ᠨᠢ ᠥᠪᠡᠷᠲᠡᠭᠡᠨ | ᠵᠠᠰᠠᠬᠤ ᠣᠷᠣᠨ ᠤ ᠳᠡᠰ ᠤᠨ ᠭᠤᠥᠯᠳᠠᠯᠭ᠎ᠠ ᠲᠠᠢ ᠨᠡᠭᠡᠭᠡᠨ ᠬᠥᠭᠵᠢᠭᠦᠯᠵᠥ ᠴᠢᠯᠥᠭᠡᠲᠡᠢ ᠪᠣᠯᠭᠠᠬᠤ ᠲᠣᠷᠰᠢᠯᠲᠠ ᠶᠢᠨ | ᠣᠷᠣᠨ ᠳᠤ ᠵᠢᠭᠰᠠᠭᠠᠭᠳᠠᠨ ᠣᠷᠣᠵᠣ᠂ ᠪᠢᠳᠠᠨ ᠤ ᠳᠡᠭᠡᠳᠥ ᠬᠢᠷᠢ ᠬᠡᠮᠵᠢᠶᠡᠨ ᠤ ᠴᠢᠯᠥᠭᠡᠲᠡᠢ ᠪᠣᠯᠭᠠᠬᠤ ᠪᠠᠨ | ᠥᠷᠭᠡᠳᠬᠡᠬᠦ᠂ ᠭᠠᠵᠠᠷ ᠨᠣᠲᠤᠭ ᠤᠨ ᠬᠥᠭᠵᠢᠯᠲᠡ ᠶᠢᠨ ᠶᠡᠭᠡ ᠪᠠᠶᠢᠷᠢᠯᠠᠭᠤᠯᠣᠯᠲᠠ ᠳᠤ ᠨᠡᠶᠢᠯᠡᠬᠦ ᠳᠤ ᠬᠤᠪᠣᠷ | ᠲᠣᠬᠢᠶᠠᠯ ᠢ ᠬᠠᠩᠭᠠᠪᠠ︔ ᠴᠢᠨᠠᠷ ᠰᠠᠶᠢᠲᠠᠢ ᠬᠥᠭᠵᠢᠯᠲᠡ ᠶᠢ ᠲᠥᠷᠭᠡᠳᠭᠡᠬᠦ ᠰᠠᠭᠤᠷᠢ ᠶᠢ ᠨᠢᠭᠡᠨᠲᠡ ᠲᠠᠯᠪᠢᠵᠣ᠂ | ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠠ ᠬᠤᠰᠢᠭᠤᠨ ᠤ ᠨᠠᠮ ᠤᠨ ᠬᠤᠷᠢᠶ᠎ᠠ ᠲᠣᠭᠲᠠᠭᠠᠭᠰᠠᠨ | ᠬᠥᠭᠵᠢᠭᠦᠯᠥᠯᠲᠡ ᠶᠢᠨ ᠰᠡᠳᠭᠢᠴᠡ ᠪᠣᠯᠣᠨ ᠬᠠᠷᠠᠯᠲᠠ ᠡᠭᠦᠷᠭᠡ ᠳᠤ ᠰᠡᠳᠭᠢᠯ ᠢᠶᠠᠨ ᠲᠥᠪᠯᠡᠷᠡᠭᠦᠯᠥᠨ ᠬᠥᠴᠥ ᠪᠠᠨ | ᠨᠢᠭᠡᠳᠬᠡᠨ᠂ ᠰᠢᠨ᠎ᠡ ᠬᠠᠭᠤᠴᠢᠨ ᠬᠥᠳᠡᠯᠭᠡᠭᠡᠨ ᠤ ᠡᠨᠧᠷᠬᠢ ᠵᠠᠯᠭᠠᠨ ᠥᠷᠭᠦᠯᠵᠢᠯᠡᠵᠥ ᠰᠣᠯᠢᠭᠳᠠᠨ ᠬᠠᠯᠠᠭᠳᠠᠵᠣ᠂ | ᠬᠥᠭᠵᠢᠯᠲᠡ ᠶᠢᠨ ᠣᠷᠴᠢᠨ ᠲᠣᠭᠤᠷᠢᠨ ᠥᠷᠭᠦᠯᠵᠢᠯᠡᠨ ᠰᠠᠶᠢᠵᠢᠷᠠᠵᠣ᠂ ᠪᠢᠳᠠᠨ ᠤ ᠴᠢᠨᠡᠭᠡᠯᠢᠭ ᠨᠡᠶᠢᠬᠡᠮ ᠢ ᠪᠥᠬᠦ ᠲᠠᠯ᠎ᠠ | ᠪᠠᠷ ᠪᠠᠶᠢᠭᠤᠯᠬᠤ ᠳᠤ ᠪᠠᠲᠣ ᠪᠠᠬᠢ ᠰᠠᠭᠤᠷᠢ ᠶᠢ ᠲᠠᠯᠪᠢᠵᠡᠢ᠃ ᠪᠢᠳᠠᠨ ᠵᠥᠪᠬᠡᠨ ᠢᠳᠡᠪᠬᠢᠲᠥ ᠴᠢᠨᠠᠷ ᠢᠶᠠᠨ ᠠᠳᠬᠤᠵᠣ | ᠂ ᠴᠢᠳᠠᠮᠠᠭᠠᠢ ᠬᠢᠵᠥ ᠰᠠᠶᠢᠨ ᠪᠥᠲᠥᠭᠡᠳᠡᠭ ᠯᠠ ᠶᠣᠮ ᠪᠣᠯ ᠯᠠᠪᠲᠠᠢ ᠭᠤᠶᠣ ᠰᠠᠶᠢᠬᠠᠨ᠂ ᠪᠠᠶᠠᠨ ᠴᠢᠨᠡᠭᠡᠯᠢᠭ᠂ | ᠴᠢᠯᠥᠭᠡᠲᠡᠢ᠂ ᠡᠶ᠎ᠡ ᠵᠣᠬᠢᠴᠠᠩᠭᠤᠢ ᠡᠵᠡᠨ᠎ᠡ ᠶᠢᠨ ᠰᠢᠨ᠎ᠡ ᠪᠠᠶᠢᠳᠠᠯ ᠢ ᠡᠭᠦᠳᠥᠨ ᠨᠡᠭᠡᠭᠡᠵᠥ ᠴᠢᠳᠠᠬᠤ ᠶᠣᠮ᠃ | ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠥᠩᠬᠡᠢ ᠱᠠᠭᠠᠷᠳᠠᠯᠭ᠎ᠠ ᠪᠣᠯ᠄ ᠰᠢ ᠶᠢᠨ ᠫᠢᠩ ᠤᠨ | ᠰᠢᠨ᠎ᠡ ᠴᠠᠭ ᠥᠶ᠎ᠡ ᠶᠢᠨ ᠳᠣᠮᠳᠠᠳᠣ ᠣᠯᠣᠰ ᠤᠨ ᠣᠨᠴᠠᠯᠢᠭ ᠲᠠᠢ ᠨᠡᠶᠢᠬᠡᠮ ᠵᠢᠷᠣᠮ ᠤᠨ ᠥᠵᠡᠯ ᠰᠠᠨᠠᠭ᠎ᠠ ᠪᠠᠷ | ᠵᠢᠯᠣᠭᠤᠳᠣᠯᠭ᠎ᠠ ᠪᠣᠯᠭᠠᠨ᠂ ᠨᠠᠮ ᠤᠨ ᠠᠷᠪᠠᠨ ᠶᠢᠰᠥᠳᠥᠭᠡᠷ ᠶᠡᠭᠡ ᠬᠤᠷᠠᠯ ᠪᠣᠯᠣᠨ ᠠᠷᠪᠠᠨ ᠶᠢᠰᠥᠳᠥᠭᠡᠷ | ᠬᠤᠭᠤᠴᠠᠭᠠᠨ ᠤ ᠲᠥᠪ ᠬᠤᠷᠢᠶᠠᠨ ᠤ ᠬᠤᠶᠠᠳᠣᠭᠠᠷ᠂ ᠭᠤᠷᠪᠠᠳᠣᠭᠠᠷ᠂ ᠳᠥᠷᠪᠡᠳᠥᠭᠡᠷ ᠪᠥᠭᠦᠳᠡ ᠬᠤᠷᠠᠯ ᠤᠨ ᠵᠣᠷᠢᠭ | ᠰᠠᠨᠠᠭ᠎ᠠ ᠶᠢ ᠪᠥᠬᠦ ᠲᠠᠯ᠎ᠠ ᠪᠠᠷ ᠲᠣᠥᠱᠯᠠᠭᠤᠯᠣᠨ ᠨᠠᠶᠢᠳᠠᠪᠣᠷᠢᠵᠢᠭᠤᠯᠵᠣ᠂ ᠶᠡᠷᠥᠩᠬᠡᠢ ᠱᠥᠵᠢ ᠰᠢ ᠶᠢᠨ ᠫᠢᠩ ᠤᠨ | ᠥᠪᠥᠷ ᠮᠣᠩᠭᠤᠯ ᠢ ᠪᠠᠶᠢᠴᠠᠭᠠᠬᠤ ᠥᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠣᠷᠢ ᠶᠢᠨ ᠵᠣᠷᠢᠭ ᠰᠠᠨᠠᠭ᠎ᠠ ᠶᠢ | ᠭᠥᠨᠵᠡᠭᠡᠢ ᠨᠠᠶᠢᠳᠠᠪᠣᠷᠢᠵᠢᠭᠤᠯᠣᠨ᠂ ᠲᠣᠭᠲᠠᠭᠤᠨ ᠤ ᠳᠣᠮᠳᠠ ᠣᠷᠣᠭᠰᠢᠯᠠᠨ ᠳᠠᠪᠰᠢᠬᠤ ᠠᠵᠢᠯ ᠤᠨ ᠶᠡᠷᠥᠩᠬᠡᠢ ᠬᠥᠭ | ᠠᠶᠠᠰ ᠢ ᠪᠠᠷᠢᠮᠲᠠᠯᠠᠵᠣ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠣ᠂ ᠬᠠᠩᠭᠠᠯᠭ᠎ᠠ ᠶᠢᠨ ᠲᠠᠯ᠎ᠠ ᠶᠢᠨ | ᠪᠥᠲᠥᠴᠡ ᠶᠢᠨ ᠴᠢᠨᠠᠷᠲᠠᠢ ᠥᠭᠡᠷᠡᠴᠢᠯᠡᠯᠲᠡ ᠪᠠᠷ ᠭᠤᠥᠯ ᠱᠣᠭᠤᠮ ᠪᠣᠯᠭᠠᠬᠤ ᠶᠢ ᠪᠠᠷᠢᠮᠲᠠᠯᠠᠨ᠂ ᠥᠭᠡᠷᠡᠴᠢᠯᠡᠯᠲᠡ | ᠨᠡᠭᠡᠭᠡᠯᠲᠡ ᠪᠠᠷ ᠬᠥᠳᠡᠯᠭᠡᠬᠦ ᠬᠥᠴᠥᠨ ᠪᠣᠯᠭᠠᠬᠤ ᠶᠢ ᠪᠠᠷᠢᠮᠲᠠᠯᠠᠵᠣ᠂ ᠴᠢᠨᠠᠷ ᠰᠠᠶᠢᠲᠠᠢ ᠬᠥᠭᠵᠢᠯᠲᠡ ᠶᠢ ᠲᠥᠯᠬᠢᠨ | ᠠᠬᠢᠭᠤᠯᠵᠣ᠂ ᠭᠤᠷᠪᠠᠨ ᠲᠣᠮᠣ ᠪᠣᠭᠤᠮᠲᠠ ᠰᠢᠪᠲᠣᠯᠬᠤ ᠳᠠᠶᠢᠯᠠᠯᠳᠣᠭᠠᠨ ᠢ ᠡᠷᠡᠰ ᠲᠡᠮᠡᠴᠡᠨ ᠢᠯᠠᠵᠣ᠂ ︽ | ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠪᠥᠬᠦ ᠲᠠᠯ᠎ᠠ ᠪᠠᠷ ᠰᠠᠶᠢᠲᠣᠷ ᠬᠢᠵᠥ᠂ ᠨᠡᠮᠡᠭᠳᠡᠯ ᠢ | ᠲᠣᠭᠲᠠᠪᠣᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠥᠲᠥᠴᠡ ᠶᠢ ᠲᠣᠬᠢᠷᠠᠭᠤᠯᠬᠤ᠂ ᠠᠷᠠᠳ ᠤᠨ | ᠠᠮᠢᠳᠣᠷᠠᠯ ᠳᠤ ᠠᠰᠢᠭ ᠬᠥᠷᠲᠡᠭᠡᠬᠦ᠂ ᠲᠥᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠢ ᠪᠠᠲᠣᠯᠠᠬᠤ ᠶᠢ ᠨᠢᠭᠡᠳᠥᠯᠲᠡᠢ | ᠲᠥᠯᠥᠪᠯᠡᠨ ᠠᠬᠢᠭᠤᠯᠵᠣ᠂ ᠵᠠᠰᠠᠭ ᠤᠨ ᠣᠷᠳᠣᠨ ᠤ ᠵᠠᠰᠠᠯᠲᠠ ᠶᠢᠨ ᠰᠢᠰᠲ᠋ᠧᠮ ᠢ ᠳᠡᠭᠦᠯᠳᠡᠷᠵᠢᠬᠦᠯᠵᠤ᠂ ᠵᠠᠰᠠᠬᠤ | ᠴᠢᠳᠠᠪᠬᠢ ᠶᠢ ᠳᠡᠭᠡᠭᠰᠢᠯᠡᠬᠦᠯᠦᠨ᠂ ᠠᠵᠤ ᠠᠬᠤᠢ ᠶᠢᠨ ᠬᠡᠮᠵᠢᠶ᠎ᠡ ᠶᠢᠨ ᠵᠣᠬᠢᠰᠳᠠᠢ ᠨᠡᠮᠡᠭᠳᠡᠯ ᠬᠢᠭᠡᠳ ᠴᠢᠨᠠᠷ ᠤᠨ | ᠲᠣᠭᠳᠠᠭᠤᠨ ᠢᠶᠠᠷ ᠨᠡᠮᠡᠭᠳᠡᠬᠦ ᠶᠢ ᠲᠦᠯᠬᠢᠨ ᠠᠬᠢᠭᠤᠯᠵᠤ᠂ ᠴᠢᠨᠡᠭᠡᠯᠢᠭ ᠨᠡᠶᠢᠬᠡᠮ ᠢ ᠪᠥᠬᠦ ᠲᠠᠯ᠎ᠠ ᠪᠠᠷ ᠪᠠᠶᠡᠯᠡᠭᠦᠯᠬᠦ ᠪᠠ | ︽ᠠᠷᠪᠠᠨ ᠭᠤᠷᠪᠠᠳᠣᠭᠠᠷ ᠲᠠᠪᠣᠨ ᠵᠢᠯ︾ ᠤᠨ ᠲᠥᠯᠥᠪᠵᠢᠭᠦᠯᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ | ᠪᠠᠲᠣᠯᠠᠨ᠎ᠠ︕ | ᠭᠤᠥᠯ ᠵᠢᠱᠢᠭᠰᠡᠨ ᠬᠠᠷᠠᠯᠲᠠ᠄ ᠪᠦᠬᠦ ᠬᠤᠰᠢᠭᠤᠨ ᠤ ᠣᠷᠣᠨ ᠨᠣᠲᠤᠭ ᠤᠨ ᠥᠢᠯᠡᠳᠪᠥᠷᠢᠯᠡᠯ ᠤᠨ | ᠶᠡᠷᠥᠩᠬᠡᠢ ᠥᠷᠲᠡᠭ ᠤᠨ ᠨᠡᠮᠡᠭᠳᠡᠯ ᠢ 7%︔ ᠪᠥᠬᠦ ᠨᠡᠶᠢᠬᠡᠮ ᠤᠨ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠣᠯᠲᠠ ᠶᠢᠨ ᠨᠡᠮᠡᠭᠳᠡᠯ ᠢ 10%︔ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢᠨ | ᠨᠡᠮᠡᠭᠳᠡᠯ ᠢ 8%︔ ᠨᠡᠶᠢᠬᠡᠮ ᠤᠨ ᠬᠡᠷᠡᠭᠯᠡᠭᠡᠨ ᠤ ᠪᠣᠳᠠᠰ ᠤᠨ ᠬᠡᠰᠡᠭᠯᠡᠨ ᠪᠣᠷᠣᠯᠠᠭᠤᠯᠬᠤ ᠶᠡᠷᠥᠩᠬᠡᠢ ᠥᠨ᠎ᠡ ᠶᠢᠨ | ᠨᠡᠮᠡᠭᠳᠡᠯ ᠢ 5%︔ ᠬᠤᠲᠠ ᠪᠠᠯᠭᠠᠰᠣ ᠪᠠ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠬᠥᠮᠥᠨ | ᠪᠦᠷᠢ ᠶᠢᠨ ᠳᠣᠮᠳᠠᠴᠢ ᠡᠵᠡᠮᠳᠡᠵᠥ ᠪᠣᠯᠬᠤ ᠣᠷᠣᠯᠭ᠎ᠠ ᠶᠢᠨ ᠨᠡᠮᠡᠭᠳᠡᠯ ᠢ ᠲᠣᠰᠪᠣᠷᠢ 7% ᠪᠠ 8% ᠳᠤ ᠬᠥᠷᠭᠡᠨ᠎ᠡ︔ | ᠡᠯ᠎ᠡ ᠵᠥᠢᠯ ᠤᠨ ᠭᠥᠢᠴᠡᠳᠭᠡᠯ ᠲᠤᠭ᠎ᠠ ᠶᠢ ᠳᠡᠭᠡᠷ᠎ᠡ ᠱᠠᠲᠣᠨ ᠠᠴᠠ ᠲᠣᠭᠲᠠᠭᠠᠭᠰᠠᠨ ᠪᠠᠷᠢᠮᠵᠢᠶᠠᠨ ᠳᠣᠲᠣᠷ᠎ᠠ | ᠬᠢᠵᠠᠭᠠᠷᠯᠠᠨ᠎ᠠ᠃ | ᠳᠡᠭᠡᠷ᠎ᠡ ᠳᠣᠷᠠᠳᠣᠭᠰᠠᠨ ᠲᠡᠮᠡᠴᠡᠬᠦ ᠬᠠᠷᠠᠯᠲᠠ ᠶᠢᠨ ᠲᠣᠭᠤᠷᠢᠨ ᠳᠤ᠂ ᠪᠢᠳᠠ ᠳᠠᠷᠠᠭᠠᠬᠢ ᠲᠠᠪᠣᠨ | ᠲᠠᠯ᠎ᠠ ᠶᠢᠨ ᠠᠵᠢᠯ ᠢ ᠭᠤᠥᠯᠳᠠᠯᠭ᠎ᠠ ᠲᠠᠢ ᠰᠠᠶᠢᠲᠣᠷ ᠬᠢᠨ᠎ᠡ᠄ | ︵ᠨᠢᠭᠡ︶ ᠴᠢᠨᠠᠷ ᠰᠠᠶᠢᠲᠠᠢ ᠬᠥᠭᠵᠢᠯᠲᠡ ᠶᠢᠨ ᠬᠢᠷᠢ ᠲᠥᠪᠰᠢᠨ ᠢ ᠳᠡᠭᠡᠭᠰᠢᠯᠡᠭᠦᠯᠬᠦ ᠶᠢᠨ ᠲᠣᠭᠤᠷᠢᠨ ᠳᠤ᠂ | ᠠᠵᠣ ᠥᠢᠯᠡᠰ ᠤᠨ ᠬᠡᠯᠪᠡᠷᠢ ᠪᠠᠨ ᠥᠭᠡᠷᠡᠴᠢᠯᠡᠵᠤ ᠳᠡᠰ ᠳᠡᠪᠰᠢᠬᠦ ᠶᠢ ᠲᠥᠯᠬᠢᠨ ᠣᠷᠣᠭᠰᠢᠯᠠᠭᠤᠯᠬᠤ ᠶᠢ | ᠲᠥᠷᠭᠡᠳᠬᠡᠨ᠎ᠡ | ᠮᠠᠯᠵᠢᠬᠤ ᠲᠠᠷᠢᠶᠠᠯᠠᠬᠤ ᠠᠵᠣ ᠥᠢᠯᠡᠰ ᠤᠨ ᠪᠤᠬᠢᠷᠳᠤᠯ ᠦᠭᠡᠢ ᠬᠥᠭᠵᠢᠯᠲᠡ ᠶᠢ ᠬᠥᠴᠥᠲᠡᠢ ᠲᠥᠯᠬᠢᠨ | ᠣᠷᠣᠭᠰᠢᠯᠠᠭᠤᠯᠣᠨ᠎ᠠ᠃ ᠮᠠᠯᠵᠢᠬᠤ ᠲᠠᠷᠢᠶᠠᠯᠠᠬᠤ ᠠᠵᠣ ᠥᠢᠯᠡᠰ ᠤᠨ ᠬᠠᠩᠭᠠᠯᠭ᠎ᠠ ᠶᠢᠨ ᠲᠠᠯ᠎ᠠ ᠶᠢᠨ ᠪᠥᠲᠥᠴᠡ ᠶᠢᠨ | ᠴᠢᠨᠠᠷᠲᠠᠢ ᠥᠭᠡᠷᠡᠴᠢᠯᠡᠯᠲᠡ ᠪᠠᠷ ᠭᠤᠥᠯ ᠱᠣᠭᠤᠮ ᠪᠣᠯᠭᠠᠬᠤ ᠶᠢ ᠪᠠᠷᠢᠮᠲᠠᠯᠠᠨ᠂ ᠬᠥᠳᠡᠭᠡ ᠲᠣᠰᠬᠤᠨ ᠢ ᠬᠥᠭᠵᠢᠭᠦᠯᠥᠨ | ᠮᠠᠨᠳᠣᠭᠤᠯᠬᠤ ᠪᠠ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠪᠠᠷ ᠰᠢᠵᠢᠮᠯᠡᠨ᠂ ᠥᠪᠡᠷᠮᠢᠴᠡ | ᠣᠨᠴᠠᠯᠢᠭ ᠤᠨ ᠳᠠᠪᠠᠭᠤᠯᠢᠭ ᠢ ᠪᠣᠵᠠᠭᠠᠶᠢᠷᠠᠭᠤᠯᠣᠨ᠂ ᠬᠠᠩᠭᠠᠯᠭ᠎ᠠ ᠶᠢᠨ ᠶᠠᠰᠣ ᠴᠢᠨᠠᠷ ᠢ ᠳᠡᠭᠡᠭᠰᠢᠯᠡᠭᠦᠯᠵᠥ᠂ ᠮᠠᠯᠵᠢᠬᠤ | ᠲᠠᠷᠢᠶᠠᠯᠠᠬᠤ ᠠᠵᠣ ᠥᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠥᠬᠦ ᠬᠥᠴᠥᠨ ᠢᠶᠠᠷ ᠲᠥᠯᠬᠢᠨ | ᠣᠷᠣᠭᠰᠢᠯᠠᠭᠤᠯᠣᠨ᠎ᠠ᠃ ᠲᠠᠷᠢᠮᠠᠯ ᠤᠨ ᠶᠡᠷᠥᠩᠬᠡᠢ ᠲᠠᠯᠠᠪᠠᠢ ᠶᠢ ᠴᠢᠩᠭ᠎ᠠ ᠬᠢᠵᠠᠭᠠᠷᠯᠠᠵᠣ᠂ ᠲᠣᠣᠷᠠᠢ ᠶᠢᠨ ᠣᠢ | ᠬᠠᠮᠠᠭᠠᠯᠠᠯᠲᠠ ᠶᠢᠨ ᠣᠷᠣᠨ ᠤ ᠲᠠᠷᠢᠶᠠᠯᠠᠬᠤ ᠶᠢ ᠵᠣᠭᠰᠣᠭᠠᠭᠰᠠᠨ ᠦᠷ᠎ᠡ ᠪᠥᠳᠦᠮᠵᠢ ᠶᠢ ᠴᠢᠨᠠᠭᠰᠢᠳᠠ ᠪᠠᠳᠤᠳᠬᠠᠨ | ᠭᠦᠨᠵᠡᠭᠡᠶᠢᠷᠡᠬᠦᠯᠵᠤ᠂ ᠡᠭᠡᠯᠵᠢᠯᠡᠨ ᠲᠠᠷᠢᠬᠤ ᠪᠠ ᠲᠡᠵᠢᠭᠡᠯ ᠪᠣᠷᠳᠤᠭᠠᠨ ᠤ ᠭᠠᠵᠠᠷ ᠤᠨ ᠲᠠᠷᠢᠬᠤ ᠶᠢ ᠵᠣᠭᠰᠤᠭᠠᠵᠤ᠂ | ᠡᠪᠡᠰᠤᠨ ᠬᠦᠷᠢᠶᠡᠨ ᠤ ᠤᠤᠯ ᠤᠨ ᠦᠢᠯᠡᠳᠤᠯ ᠢ ᠨᠢ ᠰᠡᠷᠭᠦᠭᠡᠨ᠎ᠡ᠃ ᠣᠷᠭᠠᠨᠢᠭ᠂ ᠣᠨᠴᠠᠯᠢᠭ ᠲᠠᠢ᠂ ᠣᠰᠣ | ᠠᠷᠪᠢᠯᠠᠭᠰᠠᠨ ᠲᠠᠷᠢᠶᠠᠯᠠᠩ ᠤᠨ ᠠᠵᠣ ᠥᠢᠯᠡᠰ ᠢ ᠬᠥᠴᠥᠯᠡᠨ ᠳᠡᠯᠭᠡᠷᠡᠭᠦᠯᠵᠥ᠂ ᠳᠡᠭᠡᠳᠥ ᠪᠠᠷᠢᠮᠵᠢᠶᠠᠲᠣ ᠲᠠᠷᠢᠶᠠᠨ | ᠭᠠᠵᠠᠷ ᠢ1.1 ᠲᠥᠮᠡᠨ ᠮᠣ᠋ ᠪᠥᠲᠥᠭᠡᠨ ᠪᠠᠶᠢᠭᠤᠯᠵᠣ᠂ ᠨᠣᠭᠤᠭᠠᠨ ᠪᠣᠷᠳᠣᠭᠤᠷ ᠢ ᠲᠠᠷᠢᠶᠠᠨ ᠭᠠᠵᠠᠷ ᠲᠤ ᠪᠣᠴᠠᠭᠠᠨ᠂ | ᠣᠷᠭᠠᠨᠢᠭ ᠪᠣᠷᠳᠣᠭᠤᠷ ᠣᠷᠣᠭᠤᠯᠣᠭᠰᠠᠨ ᠲᠠᠯᠠᠪᠠᠢ ᠶᠢ 2 ᠲᠥᠮᠡᠨ ᠮᠣ᠋ ᠠᠴᠠ ᠳᠡᠭᠡᠭᠰᠢ ᠪᠣᠯᠭᠠᠨ᠎ᠠ᠃ ᠮᠠᠯ ᠤᠨ | ᠲᠥᠷᠥᠯ ᠤᠨ ᠪᠥᠲᠥᠴᠡ ᠶᠢ ᠨᠢ ᠰᠠᠶᠢᠵᠢᠷᠠᠭᠤᠯᠬᠤ ᠶᠢ ᠲᠥᠷᠭᠡᠳᠬᠡᠵᠥ᠂ ᠲᠣᠰ ᠨᠣᠲᠤᠭ ᠤᠨ ᠰᠠᠶᠢᠨ ᠶᠠᠰᠣ ᠴᠢᠨᠠᠷ | ᠲᠠᠢ ᠮᠠᠯ ᠤᠨ ᠲᠥᠷᠥᠯ ᠢ ᠰᠣᠩᠭᠤᠨ ᠥᠰᠭᠡᠬᠦ ᠶᠢ ᠴᠢᠩᠭᠠᠳᠬᠠᠨ᠂ ᠪᠤᠷᠤᠯᠠᠭᠤᠯᠵᠤ ᠨᠢᠳᠣᠯᠬᠤ ᠨᠣᠷᠮ᠎ᠠ ᠶᠢ | ᠳᠡᠭᠡᠭᠰᠢᠯᠡᠭᠦᠯᠥᠨ᠂ ᠮᠠᠯ ᠤᠨ ᠲᠤᠭ᠎ᠠ ᠲᠣᠯᠣᠭᠠᠢ ᠶᠢ 10 ᠲᠥᠮᠡ ᠳᠣᠲᠣᠷ᠎ᠠ ᠲᠣᠭᠲᠠᠪᠣᠷᠢᠲᠠᠢ ᠪᠠᠶᠢᠯᠭᠠᠨ᠎ᠠ᠃ ᠭᠠᠭ᠋ᠠᠢ | ᠲᠡᠵᠢᠬᠡᠬᠦ ᠲᠠᠯᠠᠪᠠᠢ ᠶᠢ ᠪᠠᠶᠢᠭᠤᠯᠬᠤ ᠶᠢ ᠲᠦᠷᠭᠡᠳᠭᠡᠨ᠂ ᠲᠣᠰ ᠭᠠᠵᠠᠷ ᠤᠨ ᠮᠢᠬᠠᠨ ᠤ ᠲᠥᠷᠥᠯ ᠤᠨ ᠬᠠᠩᠭᠠᠯᠭ᠎ᠠ ᠶᠢᠨ | ᠠᠮᠣᠷ ᠲᠥᠪᠰᠢᠨ ᠲᠣᠭᠲᠠᠭᠤᠨ ᠪᠠᠶᠢᠬᠤ ᠶᠢ ᠪᠠᠲᠣᠯᠠᠨ᠎ᠠ᠃ ᠠᠮᠢ ᠠᠬᠤᠢ ᠶᠢᠨ ᠠᠵᠣ ᠠᠬᠤᠢ ᠶᠢ ᠶᠡᠬᠡᠪᠡᠷ | ᠬᠦᠭᠵᠢᠭᠦᠯᠦᠨ᠂ ᠪᠣᠬᠢᠷᠳᠤᠯ ᠦᠭᠡᠢ ᠠᠵᠣ ᠥᠢᠯᠡᠰ ᠤᠨ ᠰᠢᠰᠲ᠋ᠧᠮ ᠢ ᠴᠣᠭᠴᠠᠯᠠᠨ ᠪᠠᠶᠢᠭᠤᠯᠵᠣ᠂ 25 ᠲᠥᠮᠡᠨ | ᠮᠣ᠋ ᠶᠢ ᠬᠥᠮᠥᠨ ᠤ ᠬᠥᠴᠥ ᠪᠠᠷ ᠣᠶᠢᠵᠢᠭᠤᠯᠣᠨ᠂ 5 ᠲᠥᠮᠡᠨ ᠮᠣ᠋ ᠶᠢ ᠪᠢᠲᠡᠭᠦᠮᠵᠢᠯᠡᠨ ᠪᠣᠶᠢᠵᠢᠭᠤᠯᠵᠣ᠂ ᠴᠠᠭᠠᠨ | ᠭᠤᠶᠣᠥ᠂ ᠣᠯᠠᠭᠠᠨ ᠭᠤᠶᠣᠥ᠂ ᠨᠣᠬᠠᠢ ᠶᠢᠨ ᠬᠠᠷᠮᠠᠭ ᠤᠨ ᠰᠠᠶᠢᠨ ᠡᠭᠦᠯᠳᠡᠷ ᠤᠨ ᠥᠷ᠎ᠡ ᠬᠠᠩᠭᠠᠬᠤ ᠰᠠᠭᠤᠷᠢᠨ | ᠭᠠᠵᠠᠷ ᠤᠨ ᠪᠥᠲᠥᠭᠡᠨ ᠪᠠᠶᠢᠭᠤᠯᠣᠯᠲᠠ ᠶᠢ ᠲᠥᠯᠬᠢᠨ ᠠᠬᠢᠭᠤᠯᠣᠨ᠎ᠠ᠃ ᠮᠠᠯᠵᠢᠬᠤ ᠲᠠᠷᠢᠶᠠᠯᠠᠬᠤ ᠠᠵᠣ ᠥᠢᠯᠡᠰ ᠤᠨ | ᠰᠢᠨ᠎ᠡ ᠠᠵᠣ ᠥᠢᠯᠡᠰ ᠤᠨ ᠰᠢᠨ᠎ᠡ ᠠᠵᠢᠯ ᠤᠨ ᠪᠠᠶᠢᠳᠠᠯ ᠢ ᠢᠳᠡᠪᠬᠢᠲᠠᠢ ᠪᠣᠢ ᠪᠣᠯᠭᠠᠵᠣ᠂ ᠲᠠᠷᠢᠶᠠᠯᠠᠩ ᠮᠠᠯ ᠠᠵᠣ | ᠠᠬᠤᠢ ᠶᠢᠨ ᠪᠥᠲᠥᠭᠡᠭᠳᠡᠭᠦᠨ ᠤ ᠬᠡᠪᠴᠢᠶᠡᠵᠢᠭᠦᠯᠬᠦ᠂ ᠪᠠᠷᠢᠮᠵᠢᠶᠠᠵᠢᠭᠤᠯᠬᠤ᠂ ᠨᠡᠷ᠎ᠡ ᠲᠡᠮᠳᠡᠭᠲᠥ ᠬᠥᠭᠵᠢᠯᠲᠡ ᠶᠢ | ᠥᠷᠭᠦᠯᠵᠢᠯᠡᠭᠦᠯᠥᠨ ᠲᠥᠯᠬᠢᠨ ᠣᠷᠣᠭᠰᠢᠯᠠᠭᠤᠯᠵᠣ᠂ ᠥᠬᠡᠷ ᠬᠤᠨᠢ ᠢᠮᠠᠭ᠎ᠠ ᠲᠡᠮᠡᠭᠡᠨ ᠤ ᠮᠢᠬ᠎ᠠ ᠶᠢ ᠰᠠᠯᠭᠠᠨ | ᠪᠣᠭᠤᠳᠠᠯᠯᠠᠬᠤ᠂ ᠮᠢᠬᠠᠨ ᠬᠡᠯᠬᠢᠶ᠎ᠠ ᠶᠢ ᠣᠷᠢᠳᠴᠢᠯᠠᠨ ᠥᠢᠯᠡᠳᠬᠦ ᠪᠣᠯᠪᠠᠰᠣᠷᠠᠭᠤᠯᠬᠤ ᠪᠠ ᠬᠥᠯᠳᠡᠭᠡᠬᠦ ᠬᠥᠮᠥᠷᠭᠡᠯᠡᠬᠦ | ᠲᠣᠬᠢᠷᠠᠭᠤᠯᠣᠨ ᠬᠥᠷᠭᠡᠬᠦ ᠶᠢ ᠪᠡᠶᠡᠯᠡᠭᠦᠯᠥᠨ᠎ᠡ᠃ ᠮᠠᠯᠵᠢᠬᠤ ᠲᠠᠷᠢᠶᠠᠯᠠᠬᠤ ᠣᠷᠣᠨ ᠤ ᠡᠯᠧᠺᠲᠷᠣᠨ ᠬᠤᠳᠠᠯᠳᠤᠭ᠎ᠠ ᠶᠢᠨ | ᠥᠢᠯᠡᠴᠢᠯᠡᠭᠡᠨ ᠤ ᠰᠢᠰᠲ᠋ᠧᠮ ᠢ ᠣᠯᠠᠮ ᠨᠢᠭᠡ ᠠᠯᠬᠤᠮ ᠰᠠᠶᠢᠵᠢᠷᠠᠭᠤᠯᠵᠣ᠂ ᠲᠠᠷᠢᠶᠠᠯᠠᠩ ᠮᠠᠯ ᠠᠵᠣ ᠠᠬᠤᠢ ᠶᠢᠨ | ᠪᠥᠲᠥᠭᠡᠭᠳᠡᠭᠦᠨ ᠢ ᠪᠣᠷᠣᠯᠠᠭᠤᠯᠬᠤ ᠠᠷᠭ᠎ᠠ ᠵᠠᠮ ᠢ ᠥᠷᠭᠡᠳᠬᠡᠵᠥ᠂ ᠮᠠᠯᠴᠢᠨ ᠲᠠᠷᠢᠶᠠᠴᠢᠨ ᠠᠷᠠᠳ ᠤᠨ ᠣᠯᠠᠨ | ᠴᠡᠭ ᠲᠤ ᠥᠷᠭᠦᠯᠵᠢᠯᠡᠭᠦᠯᠥᠨ ᠣᠷᠣᠯᠭ᠎ᠠ ᠪᠠᠨ ᠨᠡᠮᠡᠭᠳᠡᠭᠦᠯᠬᠦ ᠶᠢ ᠲᠥᠯᠬᠢᠨ ᠠᠬᠢᠭᠤᠯᠣᠨ᠎ᠠ᠃ ᠮᠠᠯᠵᠢᠬᠤ ᠲᠠᠷᠢᠶᠠᠯᠠᠬᠤ | ᠣᠷᠣᠨ ᠤ ᠥᠭᠡᠷᠡᠴᠢᠯᠡᠯᠲᠡ ᠶᠢ ᠥᠷᠭᠦᠯᠵᠢᠯᠡᠭᠦᠯᠥᠨ ᠭᠥᠨᠵᠡᠭᠡᠶᠢᠷᠡᠭᠦᠯᠵᠥ᠂ ︽ᠪᠡᠯᠡ ᠦᠭᠡᠢ ᠬᠤᠷᠰᠢᠶ᠎ᠠ︾ ᠶᠢ | ᠠᠷᠢᠯᠭᠠᠨ ᠴᠡᠭᠴᠡᠯᠡᠬᠦ ᠶᠢ ᠴᠢᠩᠭ᠎ᠠ ᠠᠳᠬᠤᠵᠣ᠂ ᠭᠡᠷ ᠪᠥᠯᠢ ᠶᠢᠨ ᠮᠠᠯᠵᠢᠯ ᠲᠠᠷᠢᠶᠠᠯᠠᠩ ᠤᠨ ᠲᠠᠯᠠᠪᠠᠢ᠂ ᠮᠠᠯᠴᠢᠨ | ᠲᠠᠷᠢᠶᠠᠴᠢᠨ ᠤ ᠲᠣᠰᠬᠠᠢ ᠬᠤᠷᠰᠢᠶᠠᠵᠢᠯ᠂ ᠲᠠᠷᠢᠵᠣ ᠲᠡᠵᠢᠭᠡᠬᠦ ᠲᠣᠮᠣ ᠡᠷᠥᠬᠡ ᠵᠡᠷᠭᠡ ᠰᠢᠨ᠎ᠡ ᠬᠡᠯᠪᠡᠷᠢ ᠶᠢᠨ | ᠡᠵᠡᠩᠨᠡᠯᠲᠡ ᠶᠢᠨ ᠭᠤᠥᠯ ᠴᠣᠭᠴᠠ ᠶᠢ ᠲᠡᠳᠭᠦᠨ ᠳᠡᠮᠵᠢᠨ᠎ᠡ᠃ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ | ᠡᠵᠡᠮᠳᠡᠬᠦ ᠬᠥᠴᠥᠯᠡᠴᠡ ᠶᠢ ᠴᠢᠩᠭᠠᠳᠬᠠᠵᠣ᠂ ᠣᠢ ᠰᠢᠭᠤᠢ ᠨᠣᠲᠤᠭ ᠪᠡᠯᠴᠢᠭᠡᠷ ᠤᠨ ᠣᠷᠭᠤᠮᠠᠯ ᠤᠨ ᠪᠥᠷᠬᠦᠴᠡ ᠶᠢ | ᠬᠠᠮᠠᠭᠠᠯᠠᠬᠤ ᠬᠢᠭᠡᠳ ᠭᠠᠯ ᠢ ᠰᠡᠷᠭᠡᠶᠢᠯᠡᠬᠦ ᠠᠵᠢᠯ ᠢ ᠪᠥᠬᠦ ᠲᠠᠯ᠎ᠠ ᠪᠠᠷ ᠰᠠᠶᠢᠲᠣᠷ ᠬᠢᠨ᠎ᠡ᠃ | ᠠᠵᠣ ᠥᠢᠯᠡᠳᠪᠥᠷᠢ ᠶᠢᠨ ᠬᠡᠯᠪᠡᠷᠢ ᠪᠠᠨ ᠦᠭᠡᠷᠡᠴᠢᠯᠡᠵᠦ ᠳᠡᠰ ᠳᠡᠪᠰᠢᠬᠦ ᠶᠢ ᠬᠥᠴᠥᠲᠡᠢ ᠲᠥᠯᠬᠢᠨ | ᠣᠷᠣᠭᠰᠢᠯᠠᠭᠤᠯᠣᠨ᠎ᠠ᠃ ᠴᠡᠭᠡ ᠪᠣᠭᠤᠮᠲᠠ᠂ ᠬᠤᠶᠢᠲᠣ ᠠᠭᠤᠯᠠᠨ ᠤ ᠠᠭᠤᠷᠬᠠᠢ ᠶᠢᠨ ᠪᠥᠰᠡ ᠬᠢᠭᠡᠳ ᠡᠯᠪᠡᠭ ᠲᠡᠯᠪᠡᠭ | ᠭᠠᠵᠠᠷ ᠰᠢᠷᠣᠢ᠂ ᠰᠢᠲᠠᠮᠠᠬᠠᠢ ᠬᠡᠢ᠂ ᠨᠠᠷᠠ ᠰᠠᠯᠬᠢᠨ ᠡᠨᠧᠷᠬᠢ ᠵᠡᠷᠭᠡ ᠳᠠᠪᠠᠭᠤᠯᠢᠭ ᠡᠬᠢ ᠪᠠᠶᠠᠯᠢᠭ ᠲᠤ ᠪᠠᠨ | ᠲᠥᠰᠢᠭᠯᠡᠨ᠂ ᠠᠭᠤᠷᠬᠠᠢ ᠶᠢᠨ ᠡᠷᠬᠡ ᠶᠢ ᠨᠢᠭᠡᠳᠥᠭᠦᠯᠥᠨ ᠨᠡᠭᠡᠭᠡᠨ ᠬᠥᠭᠵᠢᠭᠦᠯᠬᠦ᠂ ᠨᠡᠭᠦᠷᠡᠰᠥ ᠪᠠᠭᠤᠯᠭᠠᠨ ᠣᠭᠢᠶᠠᠨ | ᠰᠣᠩᠭᠤᠵᠤ ᠵᠦᠭᠡᠭᠡᠬᠦ᠂ ᠲᠣᠬᠢᠷᠠᠭᠤᠯᠤᠨ ᠬᠦᠷᠭᠡᠬᠦ ᠰᠢᠲᠠᠮᠠᠬᠠᠢ ᠬᠡᠢ ᠶᠢ ᠪᠣᠯᠪᠠᠰᠤᠷᠠᠭᠤᠯᠤᠨ ᠡᠵᠡᠩᠨᠡᠬᠦ ᠵᠡᠷᠭᠡ ᠣᠯᠠᠨ | ᠴᠡᠭ ᠠᠴᠠ ᠲᠤᠯᠭᠠᠭᠤᠷᠢᠯᠠᠭᠰᠠᠨ ᠠᠵᠣ ᠥᠢᠯᠡᠳᠪᠥᠷᠢ ᠶᠢᠨ ᠬᠥᠭᠵᠢᠯᠲᠡ ᠶᠢᠨ ᠰᠢᠨ᠎ᠡ ᠪᠠᠶᠢᠳᠠᠯ ᠢ ᠬᠥᠴᠥᠯᠡᠨ | ᠴᠣᠭᠴᠠᠯᠠᠵᠣ᠂ ᠠᠵᠤ ᠦᠢᠯᠡᠳᠪᠦᠷᠢ ᠶᠢᠨ ᠶᠡᠷᠦᠩᠬᠡᠢ ᠬᠡᠮᠵᠢᠶ᠎ᠡ ᠪᠠ ᠬᠡᠪᠴᠢᠶ᠎ᠡ ᠶᠢ ᠥᠷᠭᠡᠳᠭᠡᠨ ᠬᠦᠴᠦᠷᠭᠡᠭᠵᠢᠭᠦᠯᠵᠤ᠂ | ᠴᠢᠨᠠᠷ ᠪᠣᠯᠣᠨ ᠦᠷ᠎ᠡ ᠪᠥᠳᠦᠮᠵᠢ ᠶᠢ ᠲᠠᠰᠤᠷᠠᠯ ᠦᠭᠡᠢ ᠳᠡᠭᠡᠭᠰᠢᠯᠡᠬᠦᠯᠦᠨ᠎ᠡ᠃ ᠬᠤᠶᠢᠲᠣ ᠠᠭᠤᠯᠠᠨ ᠤ | ᠠᠭᠤᠷᠬᠠᠢ ᠶᠢᠨ ᠪᠥᠰᠡ ᠶᠢᠨ ᠡᠬᠢ ᠪᠠᠶᠠᠯᠢᠭ ᠢ ᠬᠠᠶᠢᠨ ᠰᠢᠨᠵᠢᠯᠡᠬᠦ ᠶᠢ ᠲᠥᠷᠭᠡᠳᠬᠡᠨ᠂ 5 ᠲᠥᠪᠯᠡᠷᠡᠭᠦᠯᠥᠨ | ᠪᠣᠯᠪᠠᠰᠣᠷᠠᠭᠤᠯᠬᠤ ᠲᠣᠭᠤᠷᠢᠭ ᠤᠨ ᠣᠰᠣ᠂ ᠴᠠᠬᠢᠯᠭᠠᠨ᠂ ᠵᠠᠮ ᠤᠨ ᠲᠣᠣᠷᠵᠢᠯ ᠤᠨ ᠲᠥᠯᠥᠪᠵᠢᠬᠦᠯᠭᠡ ᠶᠢᠨ | ᠪᠠᠶᠢᠭᠤᠯᠣᠯᠲᠠ ᠶᠢ ᠡᠬᠢᠯᠡᠭᠦᠯᠵᠥ᠂ ᠲᠣᠭᠲᠠᠪᠣᠷᠢᠲᠠᠢ ᠥᠷᠭᠦᠯᠵᠢᠯᠡᠬᠦ ᠣᠷᠣᠨ ᠨᠣᠲᠤᠭ ᠤᠨ ᠡᠳ᠋ ᠮᠥᠩᠭᠦᠨ ᠤ ᠡᠬᠢ | ᠰᠣᠷᠪᠣᠯᠵᠢ ᠶᠢ ᠴᠢᠷᠮᠠᠶᠢᠨ ᠪᠣᠢ ᠪᠣᠯᠭᠠᠨ᠎ᠠ᠃ ᠣᠯᠠᠮᠵᠢᠯᠠᠯᠲᠣ ᠠᠵᠣ ᠥᠢᠯᠡᠰ ᠤᠨ ᠦᠢᠯᠡᠳᠪᠤᠷᠢᠯᠡᠯ ᠤᠨ ᠬᠡᠯᠪᠡᠷᠢ | ᠮᠠᠶ᠋ᠢᠭ ᠤᠨ ᠥᠭᠡᠷᠡᠴᠢᠯᠡᠯᠲᠡ᠂ ᠴᠢᠩ ᠬᠤᠸᠠ᠂ ᠺᠠᠩ ᠳ᠋ᠠ ᠲᠡᠮᠥᠷ ᠤᠨ ᠠᠭᠤᠷᠬᠠᠢ ᠪᠠ ᠰᠣᠬᠠᠶᠢᠲᠣ ᠪᠣᠯᠠᠭ | ᠨᠡᠭᠦᠷᠡᠰᠥᠨ ᠠᠭᠤᠷᠬᠠᠢ ᠶᠢᠨ ᠭᠥᠨ ᠠᠭᠤᠷᠬᠠᠢ ᠮᠠᠯᠲᠠᠬᠤ ᠶᠢ ᠢᠳᠡᠪᠬᠢᠲᠡᠢ ᠠᠬᠢᠭᠤᠯᠵᠣ᠂ ᠵᠣᠰᠠᠯᠠᠩ ᠬᠠᠶᠢᠷᠬᠠᠨ᠂ | ᠭᠤᠷᠪᠠᠨ ᠬᠤᠳᠳᠤᠭ ᠣᠯᠠᠨ ᠲᠡᠮᠦᠷᠯᠢᠭ ᠤᠨ ᠠᠭᠤᠷᠬᠠᠢ ᠪᠠ ᠳ᠋ᠦᠩ ᠱᠠᠨ ᠬᠠᠶᠢᠯᠣᠭᠤᠷ ᠵᠣᠩᠰᠢ ᠶᠢᠨ ᠺᠣᠮᠫᠠᠨᠢ᠂ | ᠲᠧᠩ ᠹᠧᠢ ᠠᠭᠤᠷᠬᠠᠢ ᠶᠢᠨ ᠥᠢᠯᠡᠰ ᠤᠨ ᠺᠣᠮᠫᠠᠨᠢ ᠶᠢᠨ ᠬᠠᠶᠢᠯᠣᠭᠤᠷ ᠵᠣᠩᠰᠢ ᠰᠣᠩᠭᠤᠬᠤ ᠲᠥᠷᠥᠯ ᠵᠥᠢᠯ ᠢ | ᠨᠡᠭᠡᠭᠡᠨ ᠪᠠᠶᠢᠭᠤᠯᠵᠣ᠂ ᠬᠤᠢ ᠯᠢᠶᠠᠨ ᠠᠭᠤᠷᠬᠠᠢ ᠶᠢᠨ ᠥᠢᠯᠡᠰ ᠤᠨ ᠲᠥᠷᠥᠯ ᠵᠥᠢᠯ ᠤᠨ ᠠᠰᠢᠭᠯᠠᠯᠲᠠ ᠳᠤ ᠣᠷᠣᠵᠣ | ᠥᠷ᠎ᠡ ᠠᠰᠢᠭ ᠲᠠᠢ ᠪᠣᠯᠬᠤ ᠶᠢ ᠬᠥᠴᠥᠯᠡᠨ ᠠᠬᠢᠭᠤᠯᠣᠨ᠎ᠠ᠃ ︽ᠬᠠᠷᠢᠶ᠎ᠠ ᠭᠠᠵᠠᠷ ᠢ ᠰᠣᠨᠳᠠᠯᠠᠭᠰᠠᠨ ᠠᠵᠣ ᠠᠬᠤᠢ︾ | ᠶᠢᠨ ᠬᠥᠭᠵᠢᠯᠲᠡ ᠶᠢ ᠲᠥᠷᠭᠡᠳᠬᠡᠵᠥ᠂ ᠠᠯᠠᠱᠠ ᠶᠢᠨ ᠳᠡᠭᠡᠳᠥ ᠰᠢᠨ᠎ᠡ ᠮᠡᠷᠭᠡᠵᠢᠯ ᠤᠨ ᠨᠡᠭᠡᠭᠡᠯᠲᠡ ᠶᠢᠨ ᠣᠷᠣᠨ ᠳᠠᠬᠢ | ᠡᠵᠡᠨ᠎ᠡ ᠬᠤᠰᠢᠭᠤᠨ ᠤ ᠠᠵᠣ ᠥᠢᠯᠡᠰ ᠤᠨ ᠬᠥᠷᠢᠶᠡᠯᠡᠩ ᠤᠨ ᠣᠰᠣ᠂ ᠴᠠᠬᠢᠯᠭᠠᠨ᠂ ᠵᠠᠮ᠂ ᠰᠢᠳᠠᠮᠠᠬᠠᠢ ᠬᠡᠢ᠂ | ᠢᠯᠴᠢ ᠬᠠᠩᠭᠠᠬᠤ ᠰᠠᠭᠤᠷᠢ ᠲᠥᠬᠦᠭᠡᠷᠤᠮᠵᠢ ᠶᠢᠨ ᠡᠯᠧᠮᠧᠨ᠋ᠲ ᠪᠣᠯᠣᠨ ᠭᠠᠳᠠᠷ ᠣᠷᠴᠢᠨ ᠤ ᠲᠣᠥᠷ ᠰᠥᠯᠵᠢᠶ᠎ᠡ ᠶᠢᠨ | ᠬᠠᠷᠢᠯᠴᠡᠨ ᠬᠤᠯᠪᠣᠯᠳᠣᠵᠣ ᠬᠠᠷᠢᠯᠴᠠᠨ ᠨᠡᠪᠲᠡᠷᠡᠯᠴᠡᠬᠦ ᠶᠢ ᠰᠠᠶᠢᠲᠣᠷ ᠬᠢᠵᠣ᠂ ᠳᠣᠮᠳᠠᠳᠣ ᠣᠷᠣᠨ ᠤ ᠴᠢᠯᠠᠭᠤᠨ | ᠲᠣᠰᠣᠨ ᠤ ᠬᠤᠪᠢᠶᠠᠷᠢ ᠺᠣᠮᠫᠠᠨᠢ ᠶᠢᠨ ᠲᠥᠭᠦᠬᠡᠢ ᠴᠢᠯᠠᠭᠤᠨ ᠲᠣᠰᠣ ᠬᠠᠶᠢᠯᠣᠭᠤᠯᠬᠤ ᠮᠡᠷᠭᠡᠵᠢᠯ᠂ ᠯᠢ ᠶᠠᠩ ᠴᠢᠩ | ᠹᠧᠩ ᠺᠣᠮᠫᠠᠨᠢ ᠶᠢᠨ ᠡᠮ ᠡᠮᠨᠡᠯᠭᠡ ᠤᠨ ᠵᠠᠪᠰᠠᠷ ᠤᠨ ᠴᠣᠭᠴᠠ᠂ ᠬᠤᠸᠠᠢ ᠠᠨ ᠳ᠋ᠥᠸᠧ ᠳ᠋ᠧ ᠡᠯ ᠺᠣᠮᠫᠠᠨᠢ ᠶᠢᠨ | ᠨᠠᠷᠢᠯᠢᠭ ᠬᠢᠮᠢ ᠶᠢᠨ ᠠᠵᠣ ᠥᠢᠯᠡᠳᠪᠥᠷᠢ ᠶᠢᠨ ᠪᠥᠲᠥᠭᠡᠭᠳᠡᠭᠦᠨ ᠵᠡᠷᠭᠡ ᠲᠥᠷᠥᠯ ᠵᠥᠢᠯ ᠢ ᠨᠠᠶᠢᠳᠠᠪᠤᠷᠢᠵᠢᠭᠤᠯᠬᠤ ᠶᠢ | ᠲᠥᠯᠬᠢᠨ ᠠᠬᠢᠭᠤᠯᠣᠨ᠎ᠠ᠃ ᠰᠢᠲᠠᠮᠠᠬᠠᠢ ᠬᠡᠢ ᠶᠢᠨ ᠵᠣᠬᠢᠴᠠᠭᠤᠯᠬᠤ ᠥᠢᠯᠡᠴᠢᠯᠡᠭᠡ ᠪᠣᠯᠣᠨ ᠬᠠᠶᠢᠨ ᠰᠢᠨᠵᠢᠯᠡᠬᠦ ᠨᠡᠭᠡᠭᠡᠨ | ᠬᠥᠭᠵᠢᠭᠦᠯᠥᠯᠲᠡ ᠶᠢᠨ ᠬᠥᠴᠥᠯᠡᠴᠡ ᠶᠢ ᠥᠷᠭᠦᠯᠵᠢᠯᠡᠨ ᠴᠢᠩᠭᠠᠳᠬᠠᠵᠣ᠂ ᠰᠢᠲᠠᠮᠠᠬᠠᠢ ᠬᠡᠢ ᠶᠢᠨ ᠠᠵᠢᠯ ᠥᠢᠯᠡᠰ ᠤᠨ | ᠬᠥᠷᠢᠶ᠎ᠡ ᠬᠡᠪᠴᠢᠶᠡᠨ ᠳᠠᠬᠢ ᠡᠵᠡᠩᠨᠡᠬᠦ ᠬᠠᠮᠵᠢᠯᠴᠠᠭ᠎ᠠ ᠶᠢ ᠴᠢᠩᠭᠠᠳᠬᠠᠨ᠂ ᠠᠯᠬᠤᠮ ᠠᠯᠬᠤᠮ ᠢᠶᠠᠷ ᠳᠠᠩ ᠭᠠᠭᠴᠠ | ᠰᠢᠲᠠᠮᠠᠬᠠᠢ ᠬᠡᠢ ᠶᠢ ᠬᠠᠶᠢᠨ ᠰᠢᠨᠵᠢᠯᠡᠵᠥ ᠨᠡᠭᠡᠭᠡᠨ ᠭᠠᠳᠠᠭᠰᠢ ᠭᠠᠷᠭᠠᠬᠤ ᠶᠢ ᠬᠤᠪᠢᠷᠠᠭᠤᠯᠣᠨ ᠲᠣᠰ ᠭᠠᠵᠠᠷ ᠲᠠᠭᠠᠨ | ᠪᠣᠯᠪᠠᠰᠣᠷᠠᠭᠤᠯᠣᠨ ᠡᠵᠡᠩᠨᠡᠬᠦ ᠶᠢ ᠪᠡᠶᠡᠯᠡᠭᠦᠯᠥᠨ᠎ᠡ᠃ ︽ᠨᠢᠭᠡ ᠠᠵᠣ ᠠᠬᠤᠶᠢᠯᠠᠯ ᠳᠤ ᠨᠢᠭᠡ ᠪᠣᠳᠣᠯᠭ᠎ᠠ ︾ ᠶᠢᠨ ᠠᠷᠭ᠎ᠠ | ᠪᠠᠷᠢᠯ ᠢ ᠣᠨᠣᠴᠢᠲᠠᠢ ᠬᠡᠷᠡᠭᠵᠢᠭᠦᠯᠵᠥ᠂ ᠠᠵᠣ ᠠᠬᠤᠶᠢᠯᠠᠯ ᠤᠨ ᠬᠥᠭᠵᠢᠯᠲᠡ ᠶᠢᠨ ᠳᠣᠮᠳᠠᠬᠢ ᠬᠥᠴᠢᠷ ᠠᠰᠠᠭᠤᠳᠠᠯ ᠢ | ᠬᠥᠴᠥᠯᠡᠨ ᠰᠢᠢᠳᠪᠥᠷᠢᠯᠡᠵᠥ᠂ ᠬᠤᠪᠢ ᠶᠢᠨ ᠠᠵᠣ ᠠᠬᠤᠢ ᠬᠢᠭᠡᠳ ᠠᠷᠠᠳ ᠠᠴᠠ ᠡᠵᠡᠩᠨᠡᠭᠰᠡᠨ ᠠᠵᠣ ᠠᠬᠤᠶᠢᠯᠠᠯ | ᠬᠡᠪᠴᠢᠶ᠎ᠡ ᠪᠠᠨ ᠥᠷᠭᠡᠳᠬᠡᠨ ᠳᠡᠰ ᠳᠡᠪᠰᠢᠬᠦ ᠶᠢ ᠨᠢᠭᠡᠳᠥᠭᠦᠯᠥᠨ ᠲᠥᠯᠬᠢᠨ ᠣᠷᠣᠭᠰᠢᠯᠠᠭᠤᠯᠵᠣ᠂ ᠶᠠᠨ ᠬᠣ᠋ ᠵᠢᠶᠠ | ᠮᠸᠢ ᠵᠡᠷᠭᠡ ᠶᠢᠨ ᠨᠥᠭᠦᠴᠡᠯ ᠲᠠᠢ ᠠᠵᠣ ᠠᠬᠤᠶᠢᠯᠠᠯ ᠵᠠᠬ᠎ᠠ ᠳᠡᠯᠭᠡᠭᠦᠷ ᠲᠤ ᠭᠠᠷᠴᠣ ᠪᠡᠯᠡ ᠮᠥᠩᠭᠦ ᠣᠷᠣᠭᠤᠯᠬᠤ ᠶᠢ | ᠪᠥᠬᠦ ᠬᠥᠴᠥᠨ ᠢᠶᠠᠷ ᠳᠡᠮᠵᠢᠨ᠎ᠡ᠃ ᠪᠡᠯᠡ ᠣᠷᠣᠭᠤᠯᠣᠯᠲᠠ ᠶᠢᠨ ᠠᠵᠣ ᠠᠬᠤᠢ ᠶᠢᠨ ᠨᠡᠮᠡᠭᠳᠡᠯ ᠳᠠᠬᠢ ᠵᠠᠩᠭᠢᠯᠠᠭ᠎ᠠ ᠶᠢᠨ | ᠴᠢᠨᠠᠷᠲᠠᠢ ᠬᠥᠲᠥᠯᠥᠨ ᠳᠠᠶᠢᠴᠢᠯᠠᠬᠤ ᠥᠢᠯᠡᠳᠥᠯ ᠢ ᠭᠥᠢᠴᠡᠳ ᠪᠠᠳᠠᠷᠠᠭᠤᠯᠵᠣ᠂ 2020 ᠣᠨ ᠳᠤ᠂ ᠪᠥᠬᠦ | ᠬᠤᠰᠢᠭᠤᠨ ᠳᠤ ᠶᠠᠪᠣᠭᠳᠠᠭᠤᠯᠬᠤ ᠪᠠᠷ ᠲᠥᠯᠥᠪᠯᠡᠵᠥ ᠪᠠᠶᠢᠬᠤ ᠭᠤᠥᠯᠳᠠᠯᠭᠠᠲᠠᠢ ᠪᠥᠲᠥᠭᠡᠨ ᠪᠠᠶᠢᠭᠤᠯᠣᠯᠲᠠ ᠶᠢᠨ | ᠲᠥᠷᠥᠯ ᠵᠥᠢᠯ 51 ᠵᠥᠢᠯ ᠪᠠᠶᠢᠵᠣ᠂ ᠶᠡᠷᠥᠩᠬᠡᠢ ᠪᠡᠯᠡ ᠣᠷᠣᠭᠤᠯᠣᠯᠲᠠ ᠨᠢ 167.2 ᠳ᠋ᠥᠩᠰᠢᠭᠤᠷ ᠲᠥᠭᠦᠷᠢᠭ᠂ | ᠵᠢᠯ ᠤᠨ ᠳᠣᠲᠣᠷ᠎ᠠ 33.6 ᠳ᠋ᠥᠩᠰᠢᠭᠤᠷ ᠲᠥᠭᠦᠷᠢᠭ ᠤᠨ ᠪᠡᠯᠡ ᠣᠷᠣᠭᠤᠯᠣᠯᠲᠠ ᠶᠢ ᠪᠡᠶᠡᠯᠡᠭᠦᠯᠥᠨ᠎ᠡ᠃ | ᠪᠥᠬᠦ ᠨᠣᠲᠤᠭ ᠤᠨ ᠵᠢᠭᠤᠯᠴᠢᠯᠠᠯ ᠤᠨ ᠰᠢᠨ᠎ᠡ ᠪᠠᠶᠢᠳᠠᠯ ᠢ ᠪᠥᠬᠦ ᠬᠥᠴᠥᠨ ᠢᠶᠠᠷ ᠡᠭᠦᠳᠥᠨ ᠨᠡᠭᠡᠭᠡᠨ᠎ᠡ᠃ | ᠣᠯᠠᠨ ᠣᠯᠣᠰ ᠤᠨ ᠵᠢᠭᠤᠯᠴᠢᠯᠠᠯ | ᠰᠡᠯᠡᠭᠦᠴᠡᠯ ᠤᠨ ᠬᠠᠷᠠᠯᠲᠠᠲᠣ ᠭᠠᠵᠠᠷ ᠢ ᠴᠣᠭᠴᠠᠯᠠᠨ ᠪᠠᠶᠢᠭᠤᠯᠬᠤ ᠬᠠᠷᠠᠯᠲᠠ ᠶᠢ ᠪᠠᠷᠢᠮᠲᠠᠯᠠᠨ᠂ ᠰᠣᠶᠣᠯ ᠢ ᠠᠭᠤᠳᠠᠯᠬᠤ | ᠂ ᠪᠥᠲᠥᠭᠡᠭᠳᠡᠭᠦᠨ ᠢ ᠨᠡᠭᠡᠭᠡᠨ ᠬᠥᠭᠵᠢᠭᠦᠯᠬᠦ᠂ ᠥᠢᠯᠡᠴᠢᠯᠡᠭᠡ ᠶᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠣᠨᠣᠴᠢᠲᠠᠢ | ᠠᠷᠭ᠎ᠠ ᠬᠡᠷᠡᠭᠯᠡᠨ᠂ ᠪᠥᠬᠦ ᠨᠣᠲᠤᠭ ᠤᠨ ᠵᠢᠭᠤᠯᠴᠢᠯᠠᠯ ᠤᠨ ᠵᠢᠱᠢᠶ᠎ᠡ ᠥᠵᠡᠭᠦᠯᠬᠦ ᠲᠣᠭᠤᠷᠢᠭ ᠤᠨ ᠡᠭᠦᠳᠥᠨ | ᠪᠠᠶᠢᠭᠤᠯᠣᠯᠲᠠ ᠶᠢ ᠪᠥᠬᠦ ᠬᠥᠴᠥᠨ ᠢᠶᠠᠷ ᠲᠥᠯᠬᠢᠨ ᠠᠬᠢᠭᠤᠯᠣᠨ᠎ᠠ᠃ 5A ᠳᠡᠰ ᠤᠨ ᠲᠣᠥᠷᠠᠢ ᠶᠢᠨ ᠣᠢ ᠶᠢᠨ | ᠥᠵᠡᠮᠵᠢ ᠶᠢᠨ ᠣᠷᠣᠨ ᠤ ᠵᠢᠱᠢᠶ᠎ᠡ ᠥᠵᠡᠭᠦᠯᠬᠦ ᠬᠥᠲᠥᠯᠥᠨ ᠳᠠᠭᠠᠭᠤᠯᠬᠤ ᠥᠢᠯᠡᠳᠥᠯ ᠢ ᠭᠦᠢᠴᠡᠳ ᠪᠠᠳᠠᠷᠠᠭᠤᠯᠵᠣ᠂ | ᠡᠯ᠎ᠡ ᠥᠵᠡᠮᠵᠢ ᠶᠢᠨ ᠣᠷᠣᠨ ᠤ ᠥᠢᠯᠡᠴᠢᠯᠡᠭᠡ ᠪᠠᠨ ᠰᠠᠶᠢᠵᠢᠷᠠᠭᠤᠯᠵᠣ᠂ ᠴᠢᠨᠠᠷ ᠴᠢᠨᠰᠠᠭ᠎ᠠ ᠪᠠᠨ ᠳᠡᠭᠡᠭᠰᠢᠯᠡᠭᠦᠯᠥᠨ | ᠳᠡᠰ ᠳᠡᠪᠰᠢᠵᠥ᠂ ᠰᠣᠪᠨᠠᠭᠤᠷ᠂ ᠶᠡᠭᠡ ᠮᠠᠩᠬᠠᠨ ᠲᠣᠥᠷᠠᠢ᠂ ᠬᠠᠷ᠎ᠠ ᠬᠤᠲᠠ· ᠷᠥᠸᠧ ᠱᠥᠢ ᠰᠢᠷᠭᠠᠯ ᠡᠯᠡᠰᠥᠨ | ᠲᠣᠬᠤᠢ ᠵᠡᠷᠭᠡ ᠥᠵᠡᠮᠵᠢ ᠶᠢᠨ ᠣᠷᠣᠨ ᠤ A ᠳᠡᠰ ᠲᠤ ᠳᠡᠪᠰᠢᠨ ᠵᠡᠷᠭᠡ ᠳᠡᠰ ᠢᠶᠠᠨ ᠳᠡᠭᠡᠭᠰᠢᠯᠡᠭᠦᠯᠬᠦ ᠠᠵᠢᠯ ᠢ | ᠢᠳᠡᠪᠬᠢᠲᠡᠢ ᠲᠥᠯᠬᠢᠨ ᠠᠬᠢᠭᠤᠯᠵᠣ᠂ ᠬᠥᠴᠥ ᠪᠠᠨ ᠰᠢᠪᠬᠠᠨ A ᠳᠡᠰ ᠤᠨ ᠥᠵᠡᠮᠵᠢ ᠶᠢᠨ ᠣᠷᠣᠨ ᠤ ᠪᠥᠯᠥᠭ ᠢ | ᠴᠣᠭᠴᠠᠯᠠᠨ ᠪᠠᠶᠢᠭᠤᠯᠣᠨ᠎ᠠ᠃ ᠵᠢᠭᠤᠯᠴᠢᠯᠠᠯ ᠤᠨ ᠪᠥᠲᠥᠭᠡᠭᠳᠡᠭᠦᠨ ᠤ ᠬᠠᠩᠭᠠᠯᠭ᠎ᠠ ᠶᠢ ᠲᠠᠰᠣᠷᠠᠯᠲᠠ ᠦᠭᠡᠢ | ᠪᠠᠶᠠᠯᠢᠭᠵᠢᠭᠤᠯᠵᠣ᠂ ᠥᠪᠡᠰᠥᠪᠡᠨ ᠮᠠᠰᠢᠨ ᠵᠢᠯᠣᠭᠤᠳᠣᠨ ᠵᠢᠭᠤᠯᠴᠢᠯᠠᠬᠤ᠂ ᠶᠠᠪᠠᠭᠠᠨ ᠵᠢᠭᠤᠯᠴᠢᠯᠠᠬᠤ᠂ ᠰᠣᠳᠣᠯᠣᠨ | ᠰᠣᠷᠣᠯᠴᠠᠬᠤ ᠵᠢᠭᠤᠯᠴᠢᠯᠠᠯ ᠵᠡᠷᠭᠡ ᠵᠢᠭᠤᠯᠴᠢᠯᠠᠯ ᠤᠨ ᠪᠥᠲᠥᠭᠡᠭᠳᠡᠭᠦᠨ ᠤ ᠨᠡᠭᠡᠭᠡᠨ ᠬᠥᠭᠵᠢᠭᠦᠯᠥᠯᠲᠡ ᠶᠢ ᠲᠥᠷᠭᠡᠳᠬᠡᠨ | ᠂ ᠶᠡᠭᠡ ᠮᠠᠩᠬᠠᠨ ᠲᠣᠥᠷᠠᠢ ᠥᠵᠡᠮᠵᠢ ᠶᠢᠨ ᠣᠷᠣᠨ᠂ ᠬᠠᠷ᠎ᠠ ᠬᠤᠲᠠ ᠶᠢᠨ ᠰᠣᠶᠣᠯ ᠢ ᠪᠡᠶ᠎ᠡ ᠪᠠᠷ ᠢᠶᠠᠨ ᠣᠶᠢᠯᠠᠭᠠᠨ | ᠮᠡᠳᠡᠬᠦ ᠬᠥᠷᠢᠶᠡᠯᠡᠩ᠂ ᠮᠠᠰᠢᠨ ᠵᠢᠯᠣᠭᠤᠳᠣᠨ ᠲᠣᠥᠷᠡᠢ ᠶᠢᠨ ᠣᠢ ᠳᠤ ᠵᠢᠭᠤᠯᠴᠢᠯᠠᠬᠤ ᠲᠥᠷᠥᠯ ᠵᠥᠢᠯ ᠤᠨ ᠪᠥᠲᠥᠭᠡᠨ | ᠪᠠᠶᠢᠭᠤᠯᠣᠯᠲᠠ ᠶᠢ ᠪᠡᠶᠡᠯᠡᠭᠦᠯᠵᠥ᠂ ᠮᠠᠩᠬᠠᠨ ᠳᠣᠮᠳᠠᠬᠢ ᠲᠣᠥᠷᠠᠢ᠂ ᠡᠷᠲᠡᠨ ᠤ ᠵᠢᠥᠢ ᠶᠠᠨ ᠨᠠᠮᠤᠭ ᠢ ᠪᠡᠶ᠎ᠡ ᠪᠠᠷ ᠢᠶᠠᠨ | ᠣᠶᠢᠯᠠᠭᠠᠨ ᠮᠡᠳᠡᠬᠦ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠥ᠂ ᠬᠤᠪᠢᠰᠬᠠᠯ ᠤᠨ ᠲᠡᠥᠬᠡ ᠰᠣᠶᠣᠯ ᠤᠨ ᠵᠢᠭᠤᠯᠴᠢᠯᠠᠯ | ᠪᠠ ᠵᠢᠥᠢ ᠶᠠᠨ ᠡᠷᠲᠡᠨ ᠤ ᠵᠠᠮ ᠤᠨ ᠰᠣᠳᠣᠯᠣᠨ ᠰᠣᠷᠣᠯᠴᠠᠬᠤ ᠵᠡᠷᠭᠡ ᠱᠣᠭᠤᠮ ᠳᠤ ᠭᠥᠨᠵᠡᠭᠡᠢ ᠨᠡᠭᠡᠭᠡᠨ | ᠬᠥᠭᠵᠢᠭᠦᠯᠥᠯᠲᠡ ᠬᠢᠨ᠎ᠡ᠃ ᠰᠣᠮᠣ ᠭᠠᠴᠠᠭᠠᠨ ᠤ ᠵᠢᠭᠤᠯᠴᠢᠯᠠᠯ ᠢ ᠯᠠᠪᠳᠠᠭᠤᠨ ᠪᠠᠲᠣᠲᠠᠢ ᠲᠥᠯᠬᠢᠨ ᠠᠬᠢᠭᠤᠯᠵᠣ᠂ | ᠣᠳᠣ ᠪᠠᠶᠢᠭ᠎ᠠ ᠭᠠᠴᠠᠭᠠᠨ ᠤ ᠰᠠᠭᠤᠷᠢ ᠲᠥᠬᠦᠭᠡᠷᠥᠮᠵᠢ᠂ ᠲᠠᠷᠢᠶᠠᠨ ᠭᠠᠵᠠᠷ ᠵᠡᠷᠭᠡ ᠡᠬᠢ ᠪᠠᠶᠠᠯᠢᠭ ᠢ ᠭᠥᠢᠴᠡᠳ | ᠠᠰᠢᠭᠯᠠᠨ᠂ ᠵᠣᠷᠯᠣᠩ᠂ ᠬᠤᠭ ᠨᠣᠪᠰᠢ ᠪᠣᠬᠢᠷ ᠣᠰᠣ ᠶᠢ ᠰᠢᠢᠳᠪᠥᠷᠢᠯᠡᠬᠦ ᠵᠡᠷᠭᠡ ᠢᠵᠢ ᠲᠥᠬᠦᠭᠡᠷᠥᠮᠵᠢ ᠶᠢ | ᠪᠥᠷᠢᠳᠥᠭᠦᠯᠥᠨ ᠰᠠᠶᠢᠵᠢᠷᠠᠭᠤᠯᠵᠣ᠂ ᠰᠡᠯᠡᠭᠦᠴᠡᠨ ᠲᠣᠭᠤᠷᠢᠬᠤ ᠲᠠᠷᠢᠶᠠᠯᠠᠩ ᠠᠵᠣ ᠠᠬᠤᠢ᠂ ᠰᠣᠮᠣ ᠭᠠᠴᠠᠭᠠᠨ ᠤ | ᠴᠣᠭᠯᠠᠭ᠎ᠠ ᠮᠠᠶᠢᠮᠠᠢ᠂ ᠲᠠᠷᠢᠶᠠᠯᠠᠬᠤ ᠠᠶᠢᠯ ᠤᠨ ᠵᠢᠭᠤᠯᠴᠢᠯᠠᠯ᠂ ᠮᠠᠯᠵᠢᠬᠤ ᠠᠶᠢᠯ ᠤᠨ ᠵᠢᠭᠤᠯᠴᠢᠯᠠᠯ ᠬᠢᠭᠡᠳ | ᠥᠨᠳᠥᠰᠥᠲᠡᠨ ᠤ ᠵᠠᠩ ᠥᠢᠯᠡ ᠶᠢᠨ ᠥᠢᠯᠡᠴᠢᠯᠡᠭᠡ ᠵᠡᠷᠭᠡ ᠰᠠᠭᠤᠷᠢᠰᠢᠯ ᠤᠨ ᠠᠵᠣ ᠠᠬᠤᠢ ᠶᠢ ᠶᠡᠬᠡᠪᠡᠷ ᠬᠥᠴᠥᠯᠡᠨ | ᠬᠥᠭᠵᠢᠭᠦᠯᠥᠨ᠎ᠡ᠃ ︽ᠵᠢᠭᠤᠯᠴᠢᠯᠠᠯ+ ᠪᠡᠶ᠎ᠡ ᠲᠠᠮᠢᠷ︾ ᠤᠨ ᠰᠢᠷᠢᠰ ᠠᠵᠢᠯᠯᠠᠭᠠᠨ ᠢ ᠠᠮᠢᠳᠣᠯᠢᠭ ᠬᠢᠵᠥ ᠬᠥᠭᠵᠢᠭᠡᠨ | ᠂ ︽ᠲᠣᠥᠷᠠᠢ ᠶᠢᠨ ᠣᠢ ᠶᠢ ᠲᠣᠭᠤᠷᠢᠭᠰᠠᠨ︾ ᠳᠣᠭᠤᠢ ᠲᠡᠷᠭᠡᠨ ᠤ ᠤᠷᠢᠯᠭᠠᠳᠤ ᠣᠷᠣᠯᠳᠣᠭᠠᠨ᠂ ᠮᠠᠷᠠᠽᠤᠨ | ᠣᠷᠣᠯᠳᠣᠭᠠᠨ ᠢ ᠳᠡᠰ ᠳᠡᠪᠰᠢᠭᠦᠯᠥᠨ ᠣᠯᠣᠰ ᠤᠨ ᠳᠡᠭᠡᠳᠥ ᠳᠡᠰ ᠤᠨ ᠣᠷᠣᠯᠳᠣᠭᠠᠨ ᠴᠣᠭᠯᠠᠭᠠᠨ ᠪᠣᠯᠭᠠᠵᠣ᠂ | ᠡᠯᠡᠰᠥᠨ ᠴᠥᠯ᠂ ᠭᠤᠪᠢ ᠭᠠᠵᠠᠷ ᠶᠠᠪᠠᠭᠠᠨ ᠵᠢᠭᠤᠯᠴᠢᠯᠠᠬᠤ ᠬᠢᠭᠡᠳ ᠬᠡᠭᠡᠷᠡᠯᠡᠭᠴᠢ ᠮᠠᠰᠢᠨ ᠤ ᠥᠷᠢᠰᠥᠯᠳᠥᠬᠦ | ᠣᠷᠣᠯᠳᠣᠭᠠᠨ ᠤ ᠨᠡᠷ᠎ᠡ ᠲᠡᠮᠳᠡᠭᠲᠥ ᠲᠥᠷᠥᠯ ᠵᠥᠢᠯ ᠢ ᠥᠷᠭᠡᠳᠬᠡᠨ ᠪᠣᠶᠢᠵᠢᠭᠤᠯᠵᠣ᠂ ᠣᠨᠴᠠᠯᠢᠭᠲᠣ ᠪᠡᠶ᠎ᠡ ᠶᠢᠨ | ᠲᠠᠮᠢᠷ ᠤᠨ ᠵᠢᠵᠢᠭ ᠪᠠᠯᠭᠠᠰᠣ ᠶᠢᠨ ᠪᠥᠲᠥᠭᠡᠨ ᠪᠠᠶᠢᠭᠤᠯᠣᠯᠲᠠ ᠶᠢ ᠨᠢᠭᠡᠳᠥᠯᠲᠡᠢ ᠲᠥᠯᠥᠪᠵᠢᠭᠦᠯᠥᠨ ᠲᠥᠯᠬᠢᠨ | ᠠᠬᠢᠭᠤᠯᠵᠣ᠂ ᠣᠯᠠᠨ ᠡᠰᠢᠵᠢᠭᠦᠯᠥᠭᠰᠡᠨ᠂ ᠵᠠᠬ᠎ᠠ ᠳᠡᠯᠭᠡᠭᠦᠷᠵᠢᠭᠰᠡᠨ᠂ ᠠᠵᠣ ᠥᠢᠯᠡᠰᠵᠢᠭᠰᠡᠨ ᠬᠥᠭᠵᠢᠯᠲᠡ ᠶᠢᠨ | ᠬᠡᠯᠪᠡᠷᠢ ᠮᠠᠶ᠋ᠢᠭ ᠢ ᠪᠣᠢ ᠪᠣᠯᠭᠠᠨ᠎ᠠ᠃ ᠣᠯᠣᠰ ᠤᠨ ᠳᠣᠲᠣᠭᠠᠳᠣ ᠶᠢᠨ ᠳᠡᠭᠡᠳᠥ ᠳᠡᠰ ᠤᠨ ᠡᠷᠲᠡᠨ ᠤ ᠳᠣᠷᠠᠰᠬᠠᠯᠲᠣ | ᠵᠥᠢᠯ ᠢ ᠰᠢᠨᠵᠢᠯᠡᠨ ᠰᠣᠳᠣᠯᠬᠤ ᠪᠠᠶᠢᠭᠤᠯᠣᠮᠵᠢ᠂ ᠳᠡᠭᠡᠳᠥ ᠵᠡᠷᠭᠡ ᠶᠢᠨ ᠶᠡᠭᠡ ᠰᠣᠷᠭᠠᠭᠤᠯᠢ ᠬᠢᠭᠡᠳ ᠨᠡᠷᠡᠲᠥ ᠲᠣᠰᠬᠠᠢ | ᠮᠡᠷᠭᠡᠵᠢᠯᠲᠡᠨ ᠰᠣᠳᠣᠯᠭᠠᠲᠠᠨ ᠲᠠᠢ ᠬᠠᠮᠵᠢᠯᠴᠠᠬᠤ ᠶᠢ ᠴᠢᠩᠭᠠᠳᠬᠠᠨ᠂ ᠵᠢᠥᠢ ᠶᠠᠨ ᠤ ᠡᠷᠲᠡᠨ ᠤ ᠥᠯᠡᠳᠡᠭᠳᠡᠯ ᠤᠨ | ᠬᠠᠮᠠᠭᠠᠯᠠᠯᠲᠠ ᠰᠣᠳᠣᠯᠣᠯᠲᠠ ᠶᠢᠨ ᠡᠷᠳᠡᠮ ᠰᠢᠨᠵᠢᠯᠡᠭᠡᠨ ᠤ ᠥᠪᠡᠳᠡᠭᠰᠢ ᠴᠣᠭᠯᠠᠭᠠᠨ ᠢ ᠪᠥᠬᠦ ᠬᠥᠴᠥᠨ ᠢᠶᠠᠷ | ᠡᠭᠦᠳᠥᠨ ᠪᠥᠲᠥᠭᠡᠵᠥ᠂ ᠲᠡᠥᠬᠡ ᠰᠣᠶᠣᠯ ᠢ ᠣᠯᠠᠮ ᠨᠢᠭᠡ ᠠᠯᠬᠤᠮ ᠪᠠᠳᠠᠷᠠᠭᠤᠯᠵᠣ᠂ ᠰᠣᠶᠣᠯ ᠵᠢᠭᠤᠯᠴᠢᠯᠠᠯ ᠤᠨ | ᠬᠥᠭᠵᠢᠯᠲᠡ ᠶᠢᠨ ᠥᠢᠯᠡᠰ ᠢ ᠲᠥᠯᠬᠢᠨ ᠠᠬᠢᠭᠤᠯᠣᠨ᠎ᠠ᠃ ᠲᠥᠪ ᠤᠨ ᠲᠧᠯᠸᠢᠰ ᠬᠤᠷᠢᠶ᠎ᠠ ᠵᠡᠷᠭᠡ ᠭᠤᠥᠯ | ᠵᠠᠭᠤᠴᠢᠯᠠᠭᠤᠷ ᠬᠥᠴᠥᠨ ᠲᠠᠢ ᠬᠠᠮᠴᠢᠯᠴᠠᠬᠤ ᠶᠢ ᠴᠢᠩᠭᠠᠳᠬᠠᠨ᠂ ᠸᠢᠴᠠᠲ᠂ ᠳ᠋ᠧᠦ ᠶᠢᠨ ᠵᠡᠷᠭᠡ ᠰᠢᠨ᠎ᠡ ᠬᠡᠯᠪᠡᠷᠢ ᠶᠢᠨ | ᠵᠠᠭᠤᠴᠢᠯᠠᠭᠤᠷ ᠲᠠᠪᠴᠠᠩ ᠢ ᠰᠠᠶᠢᠲᠣᠷ ᠠᠰᠢᠭᠯᠠᠨ᠂ ᠰᠥᠯᠵᠢᠶᠡᠨ ᠤ ᠬᠥᠭᠵᠢᠶᠡᠨᠲᠥ ᠠᠵᠣ ᠠᠬᠤᠢ ᠶᠢ ᠬᠥᠭᠵᠢᠭᠦᠯᠥᠨ᠂ | ᠰᠥᠯᠵᠢᠶᠡᠨ ᠢᠶᠠᠷ ᠪᠣᠷᠣᠯᠠᠭᠤᠯᠬᠤ ᠶᠢ ᠥᠷᠭᠡᠳᠬᠡᠨ᠂ ᠡᠵᠡᠨ᠎ᠡ ᠶᠢᠨ ᠠᠯᠳᠠᠷᠰᠢᠯ ᠪᠠ ᠰᠣᠶᠣᠯ ᠵᠢᠭᠤᠯᠴᠢᠯᠠᠯ ᠤᠨ | ᠠᠮᠢᠵᠢᠷᠠᠯ ᠤᠨ ᠬᠥᠴᠥᠨ ᠢ ᠨᠡᠮᠡᠭᠳᠡᠭᠦᠯᠥᠨ᠎ᠡ᠃ ᠵᠣᠴᠢᠳ ᠤᠨ ᠢᠷᠡᠯᠲᠡ ᠶᠢᠨ ᠭᠤᠥᠯ ᠭᠠᠵᠠᠷ ᠪᠠ ᠵᠠᠮ | ᠬᠠᠷᠢᠯᠴᠠᠭᠠᠨ ᠤ ᠵᠠᠩᠭᠢᠯᠠᠭ᠎ᠠ ᠶᠢᠨ ᠬᠤᠲᠠ ᠪᠠᠷ ᠭᠤᠥᠯᠳᠠᠯᠭ᠎ᠠ ᠪᠣᠯᠭᠠᠬᠤ ᠶᠢ ᠪᠠᠷᠢᠮᠲᠠᠯᠠᠨ᠂ ᠤᠯᠠᠮᠵᠢᠯᠠᠯᠳᠤ ᠵᠠᠬ᠎ᠠ | ᠳᠡᠯᠭᠡᠬᠦᠷ ᠢ ᠲᠤᠭᠳᠠᠪᠤᠷᠢᠵᠢᠭᠤᠯᠵᠤ᠂ ᠰᠢᠨ᠎ᠡ ᠪᠠᠷ ᠬᠦᠭᠵᠢᠵᠤ ᠪᠠᠶᠢᠭ᠎ᠠ ᠳᠠᠯᠳᠠ ᠬᠥᠴᠥᠨ ᠤ ᠵᠠᠬ᠎ᠠ ᠳᠡᠯᠭᠡᠭᠦᠷ ᠢ | ᠥᠷᠭᠡᠳᠬᠡᠨ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠥᠷᠭᠦᠯᠵᠢᠳᠡ ᠲᠣᠭᠲᠠᠭᠤᠨ ᠨᠡᠯᠢᠶᠡᠳ ᠲᠥᠷᠭᠡᠨ | ᠬᠥᠭᠵᠢᠬᠦ ᠶᠢ ᠬᠥᠴᠥᠲᠡᠢ ᠲᠥᠯᠬᠢᠨ ᠠᠬᠢᠭᠤᠯᠵᠣ᠂ ᠵᠢᠭᠤᠯᠴᠢᠳ ᠤᠨ ᠲᠤᠭ᠎ᠠ ᠶᠢ 900 ᠲᠥᠮᠡᠨ ᠬᠥᠮᠥᠨ | ᠣᠳᠠᠭ᠎ᠠ ᠳᠤ ᠬᠥᠷᠭᠡᠬᠦ ᠪᠠᠷ ᠴᠢᠷᠮᠠᠶᠢᠨ᠎ᠠ᠃ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠴᠡᠭᠴᠡᠯᠡᠯᠲᠡ ᠶᠢᠨ | ᠬᠥᠴᠥᠯᠡᠴᠡ ᠶᠢ ᠶᠡᠬᠡᠰᠬᠡᠵᠤ᠂ ᠰᠣᠶᠣᠯ ᠵᠢᠭᠤᠯᠴᠢᠯᠠᠯ ᠤᠨ ᠥᠢᠯᠡᠴᠢᠯᠡᠭᠡᠨ ᠤ ᠴᠢᠨᠠᠷ ᠴᠢᠨᠰᠠᠭ᠎ᠠ ᠪᠠ ᠬᠢᠷᠢ | ᠲᠥᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠥᠨ᠎ᠡ᠃ ᠲᠡᠤᠬᠡ ᠶᠢᠨ ᠳᠣᠷᠠᠰᠬᠠᠯᠲᠣ ᠵᠥᠢᠯ ᠢ ᠬᠠᠮᠠᠭᠠᠯᠠᠬᠤ | ᠪᠠ ᠴᠠᠭᠳᠠᠨ ᠪᠠᠶᠢᠴᠠᠭᠠᠬᠤ ᠬᠥᠴᠥᠯᠡᠴᠡ ᠶᠢ ᠣᠯᠠᠮ ᠨᠢᠭᠡ ᠠᠯᠬᠤᠮ ᠴᠢᠩᠭᠠᠳᠬᠠᠵᠣ᠂ ᠪᠣᠳᠠᠰ ᠤᠨ ᠪᠣᠰᠣ | ᠰᠣᠶᠣᠯ ᠤᠨ ᠥᠪ ᠢ ᠣᠯᠠᠮᠵᠢᠯᠠᠨ ᠬᠠᠮᠠᠭᠠᠯᠠᠬᠤ ᠪᠠ ᠣᠯᠠᠨ ᠲᠥᠮᠡᠨᠴᠢ ᠴᠢᠨᠠᠷᠲᠠᠢ ᠰᠣᠶᠣᠯ ᠤᠨ ᠠᠵᠢᠯᠯᠠᠭᠠᠨ ᠢ ᠨᠠᠷᠢᠨ | ᠬᠢᠨᠠᠮᠠᠭᠠᠢ ᠰᠠᠶᠢᠲᠣᠷ ᠠᠳᠬᠤᠨ᠎ᠠ᠃ 1000 ᠲᠥᠮᠡᠨ ᠲᠥᠭᠦᠷᠢᠭ ᠤᠨ ᠪᠡᠯᠡ ᠣᠷᠣᠭᠤᠯᠵᠣ᠂ ᠣᠯᠠᠭᠠᠨᠮᠥ᠋ᠴᠢᠷ ᠤᠨ | ᠳᠠᠳᠬᠠᠯ ᠪᠣᠯᠪᠠᠰᠣᠷᠠᠯ ᠤᠨ ᠣᠷᠳᠣᠨ ᠢ ᠪᠠᠶᠢᠭᠤᠯᠵᠤ ᠳᠠᠭᠤᠰᠬᠠᠨ᠎ᠠ᠃ ᠵᠠᠬ᠎ᠠ ᠳᠡᠯᠭᠡᠭᠦᠷ ᠤᠨ ᠢᠳᠡᠪᠬᠢ ᠬᠥᠴᠥᠨ ᠢ | ᠴᠢᠩᠭᠠᠳᠬᠠᠵᠣ᠂ ᠬᠡᠷᠡᠭᠯᠡᠭᠡᠨ ᠤ ᠳᠠᠯᠳᠠ ᠬᠥᠴᠥᠨ ᠢ ᠶᠡᠬᠡᠪᠡᠷ ᠠᠭᠤᠳᠠᠯᠯᠠᠨ᠂ ᠥᠢᠯᠡᠴᠢᠯᠡᠭᠡᠨ ᠤ ᠥᠢᠯᠡᠰ ᠤᠨ ᠠᠵᠣ | ᠠᠬᠤᠢ ᠶᠢᠨ ᠨᠡᠮᠡᠭᠳᠡᠯ ᠳᠤ ᠥᠵᠡᠭᠦᠯᠬᠦ ᠬᠤᠪᠢ ᠨᠡᠮᠡᠭᠦᠷᠢ ᠶᠢᠨ ᠨᠣᠷᠮ᠎ᠠ ᠶᠢ ᠲᠠᠰᠣᠷᠠᠯᠲᠠ ᠦᠭᠡᠢ ᠳᠡᠭᠡᠭᠰᠢᠯᠡᠭᠦᠯᠥᠨ᠎ᠡ᠃ | | ︵ᠬᠤᠶᠠᠷ︶ ᠴᠢᠨᠠᠷ ᠰᠠᠶᠢᠲᠠᠢ ᠬᠦᠭᠵᠢᠯᠲᠡ ᠶᠢᠨ ᠰᠠᠭᠤᠷᠢ ᠶᠢ ᠪᠠᠬᠢᠵᠢᠭᠦᠯᠬᠦ ᠶᠢᠨ ᠲᠤᠭᠤᠷᠢᠨ ᠳᠤ᠂ | ᠬᠤᠲᠠ ᠬᠦᠳᠡᠭᠡᠨ ᠤ ᠤᠷᠤᠨ ᠨᠤᠲᠤᠭ ᠤᠨ ᠵᠤᠬᠢᠴᠠᠩᠭᠤᠢ ᠬᠦᠭᠵᠢᠯᠲᠡ ᠶᠢ ᠲᠦᠷᠭᠡᠳᠬᠡᠨ᠎ᠡ | ᠠᠮᠢ ᠠᠬᠤᠢ ᠶᠢ ᠬᠠᠮᠠᠭᠠᠯᠠᠨ ᠰᠡᠷᠭᠦᠭᠡᠬᠦ ᠶᠢ ᠡᠷᠴᠢᠮᠵᠢᠭᠦᠯᠦᠨ᠎ᠡ᠃ ︽ᠬᠦᠬᠡ ᠠᠭᠤᠯᠠ ᠬᠦᠬᠡᠮᠳᠦᠭ ᠤᠰᠤ | ᠪᠤᠯ ᠳᠠᠷᠤᠢ ᠠᠯᠲᠠ ᠮᠦᠩᠭᠦᠨ ᠠᠭᠤᠯᠠ ᠮᠦᠨ︾ ᠬᠡᠬᠦ ᠦᠢᠯᠠᠭᠠᠭᠳᠠᠬᠤᠨ ᠢ ᠬᠦᠨᠵᠡᠭᠡᠢ ᠦᠢᠯᠡᠳᠦᠯᠭᠡᠵᠢᠭᠦᠯᠵᠦ᠂ | ᠠᠮᠢ ᠠᠬᠤᠢ ᠶᠢᠨ ᠪᠤᠯᠪᠠᠰᠤᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠤᠳᠤᠯᠭ᠎ᠠ ᠶᠢᠨ | ᠪᠠᠷᠢᠮᠲᠠᠯᠠᠯ ᠢ ᠢᠮᠠᠭᠲᠠ ᠪᠠᠷᠢᠮᠲᠠᠯᠠᠨ᠂ ᠠᠮᠢ ᠠᠬᠤᠢ ᠶᠢ ᠲᠡᠷᠢᠭᠦᠨ ᠪᠠᠶᠢᠷᠢᠨ ᠳᠤ ᠲᠠᠯᠪᠢᠨ ᠪᠤᠬᠢᠷᠳᠤᠯ ᠦᠭᠡᠢ | ᠬᠦᠭᠵᠢᠬᠦ ᠵᠠᠮ ᠢᠶᠠᠷ ᠡᠷᠡᠰ ᠵᠠᠮᠨᠠᠨ᠎ᠠ᠃ ᠡᠬᠡ ᠤᠯᠤᠰ ᠤᠨ ᠤᠮᠠᠷᠠᠲᠤ ᠬᠢᠯᠢ ᠪᠠᠨ ᠨᠡᠩ ᠭᠤᠶᠤ ᠦᠵᠡᠰᠭᠦᠯᠡᠩ ᠪᠤᠯᠭᠠᠨ | ᠪᠠᠶᠢᠭᠤᠯᠤᠨ᠎ᠠ᠃ ᠨᠤᠲᠤᠭ ᠪᠡᠯᠴᠢᠭᠡᠷ ᠤᠨ ᠠᠮᠢ ᠠᠬᠤᠢ ᠶᠢᠨ ᠨᠦᠬᠦᠪᠦᠷᠢ ᠱᠠᠩᠨᠠᠯ ᠤᠨ ᠲᠦᠷᠦ ᠶᠢᠨ ᠪᠤᠳᠤᠯᠭ᠎ᠠ | ᠪᠤᠯᠤᠨ ᠤᠢ ᠰᠢᠭᠤᠢ ᠶᠢᠨ ᠠᠮᠢ ᠠᠬᠤᠢ ᠶᠢᠨ ᠦᠷ᠎ᠡ ᠠᠰᠢᠭ ᠤᠨ ᠨᠦᠬᠦᠪᠦᠷᠢ ᠶᠢᠨ ᠲᠦᠷᠦ ᠶᠢᠨ ᠪᠤᠳᠤᠯᠭ᠎ᠠ ᠶᠢ | ᠬᠢᠨᠠᠮᠠᠭᠠᠢ ᠲᠤᠤᠱᠯᠠᠭᠤᠯᠤᠨ᠂ ︽ᠭᠤᠷᠪᠠᠨ ᠤᠮᠠᠷᠠᠲᠤ︾ ᠶᠢᠨ ᠬᠠᠯᠬᠠᠪᠴᠢ ᠤᠢ᠂ ᠲᠠᠷᠢᠶᠠᠯᠠᠬᠤ ᠶᠢ ᠵᠣᠭᠰᠣᠭᠠᠨ | ᠣᠢ ᠶᠢ ᠰᠡᠷᠭᠦᠭᠡᠬᠦ᠂ ᠮᠠᠯᠵᠢᠬᠤ ᠶᠢ ᠵᠤᠭᠰᠤᠭᠠᠨ ᠪᠡᠯᠴᠢᠭᠡᠷ ᠰᠡᠷᠭᠦᠭᠡᠬᠦ ᠵᠡᠷᠭᠡ ᠠᠮᠢ ᠠᠬᠤᠢ ᠶᠢᠨ ᠪᠦᠲᠦᠭᠡᠨ | ᠪᠠᠶᠢᠭᠤᠯᠤᠯᠲᠠ ᠶᠢᠨ ᠢᠨᠵᠧᠨᠧᠷᠢᠩ ᠢ ᠦᠷᠭᠦᠯᠵᠢᠯᠡᠨ ᠶᠠᠪᠤᠭᠳᠠᠭᠤᠯᠵᠤ᠂ 370 ᠲᠦᠮᠡᠨ ᠮᠤ᠋ ᠨᠤᠲᠤᠭ ᠪᠡᠯᠴᠢᠭᠡᠷ ᠤᠨ | ᠪᠠᠶᠢᠭᠤᠯᠤᠯᠲᠠ᠂ 50 ᠲᠦᠮᠡᠨ ᠮᠤ᠋ ᠤᠢ ᠰᠢᠭᠤᠢ ᠶᠢᠨ ᠦᠢᠯᠡᠰ ᠤᠨ ᠪᠠᠶᠢᠭᠤᠯᠤᠯᠲᠠ ᠶᠢ ᠪᠡᠶᠡᠯᠡᠭᠦᠯᠦᠨ᠎ᠡ᠃ | ᠳᠤᠮᠳᠠᠳᠤ ᠤᠯᠤᠰ ᠤᠨ ᠨᠤᠭᠤᠭᠠᠷᠠᠭᠤᠯᠤᠯᠲᠠ ᠶᠢᠨ ᠰᠠᠭᠤᠷᠢ ᠮᠦᠩᠭᠦᠨ ᠤ ᠨᠡᠶᠢᠭᠡᠮᠯᠢᠭ ᠯᠤᠭ᠎ᠠ ᠶᠢᠨ ᠬᠠᠮᠲᠤᠷᠠᠯᠴᠠᠭ᠎ᠠ | ᠪᠠᠨ ᠦᠷᠭᠦᠯᠵᠢᠯᠡᠨ ᠴᠢᠩᠭᠠᠳᠬᠠᠵᠤ᠂ 4600 ᠲᠦᠮᠡᠨ ᠲᠦᠭᠦᠷᠢᠭ ᠤᠨ ᠪᠡᠯᠡ ᠤᠷᠤᠭᠤᠯᠤᠨ᠂ ᠲᠠᠯᠠᠶᠢᠬᠦ᠋ᠪ | ᠪᠠᠯᠭᠠᠰᠤᠨ ᠤ ᠲᠤᠭᠤᠷᠢᠨ ᠳᠤ ︽ᠨᠤᠭᠤᠭᠠᠷᠠᠭᠤᠯᠤᠯᠲᠠ ᠶᠢᠨ ᠬᠦᠷᠢᠶᠠᠨ︾ ᠤ ᠢᠨᠵᠧᠨᠧᠷᠢᠩ ᠢ ᠲᠠᠰᠤᠷᠠᠯᠲᠠ ᠦᠭᠡᠢ | ᠬᠡᠷᠡᠭᠵᠢᠭᠦᠯᠵᠦ᠂ ᠳᠠᠯᠠᠶᠢᠬᠦ᠋ᠪ ᠪᠠᠯᠭᠠᠰᠤᠨ ᠤ ᠰᠠᠭᠤᠷᠢᠰᠢᠬᠤ ᠤᠷᠴᠢᠨ ᠢ ᠦᠨᠡᠨᠬᠦ ᠨᠤᠭᠤᠭᠠᠷᠠᠭᠤᠯᠵᠤ | ᠭᠤᠸᠠᠯᠢᠭᠵᠢᠭᠤᠯᠤᠨᠠ᠃ ᠬᠠᠮᠤᠭ ᠴᠢᠩᠭ᠎ᠠ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠳᠦᠷᠢᠮ ᠢ ᠢᠮᠠᠭᠲᠠ | ᠪᠠᠷᠢᠮᠲᠠᠯᠠᠨ᠂ ︽ᠭᠤᠤᠯ ︵ᠨᠠᠭᠤᠷ︶ ᠤᠨ ᠳᠠᠷᠤᠭ᠎ᠠ︾ ᠶᠢᠨ ᠬᠠᠷᠢᠭᠤᠴᠠᠯᠭ᠎ᠠ ᠶᠢ ᠪᠤᠳᠠᠳᠠᠢ ᠡᠭᠦᠷᠭᠡᠯᠡᠭᠦᠯᠵᠦ᠂ | ᠰᠤᠪᠨᠠᠭᠤᠷ ᠤᠨ ᠤᠰᠤᠨ ᠤ ᠡᠷᠭᠢᠯᠲᠡ ᠶᠢᠨ ᠠᠮᠢ ᠠᠬᠤᠢ ᠶᠢᠨ ᠰᠢᠰᠲ᠋ᠧᠮ ᠢ ᠬᠤᠷᠳᠤᠬᠠᠨ ᠪᠠᠶᠢᠭᠤᠯᠤᠨ᠂ ᠭᠠᠰᠢᠭᠤᠨ | ᠨᠠᠭᠤᠷ᠂ ᠦᠩᠲᠦᠭᠤᠤᠯ᠂ ᠭᠤᠷᠤᠨᠠᠢ ᠵᠡᠷᠭᠡ ᠨᠠᠭᠤᠷ ᠭᠤᠤᠯ᠂ ᠨᠠᠮᠤᠭ ᠭᠠᠵᠠᠷ ᠤᠨ ᠰᠡᠷᠭᠦᠭᠡᠯᠲᠡ ᠪᠤᠯᠤᠨ | ᠬᠠᠮᠠᠭᠠᠯᠠᠯᠲᠠ ᠶᠢ ᠯᠠᠪᠳᠠᠭᠤᠨ ᠠᠬᠢᠭᠤᠯᠵᠤ᠂ ᠨᠠᠮᠤᠭ ᠭᠠᠵᠠᠷ ᠤᠨ ᠠᠮᠢ ᠠᠬᠤᠢ ᠶᠢᠨ ᠠᠮᠦᠷ ᠲᠦᠪᠰᠢᠨ ᠤ | ᠬᠠᠯᠬᠠᠪᠴᠢ ᠶᠢ ᠪᠠᠲᠤ ᠪᠠᠬᠢ ᠴᠤᠭᠴᠠᠯᠠᠨ᠎ᠠ᠃ ᠰᠤᠪᠨᠠᠭᠤᠷ ᠤᠨ ᠠᠮᠢ ᠠᠬᠤᠢ ᠶᠢᠨ ᠵᠠᠰᠠᠯᠲᠠ ᠶᠢᠨ ᠦᠵᠡᠭᠦᠯᠦᠯᠭᠡ ᠶᠢᠨ | ᠤᠷᠳᠤᠨ ᠢ ᠡᠬᠢᠯᠡᠨ ᠪᠠᠶᠢᠭᠤᠯᠵᠤ᠂ ᠳᠠᠭᠠᠤ ᠳᠤ ᠨᠢ ᠬᠠᠷ᠎ᠠ ᠭᠤᠤᠯ ᠤᠨ ᠡᠵᠡᠨ᠎ᠡ ᠳᠠᠬᠢ ᠤᠰᠤᠨ ᠤ ᠡᠬᠢ ᠪᠠᠶᠠᠯᠢᠭ | ᠪᠤᠯᠤᠨ ᠠᠮᠢ ᠠᠬᠤᠢ ᠶᠢᠨ ᠬᠠᠮᠠᠭᠠᠯᠠᠯᠲᠠ ᠶᠢᠨ ᠰᠤᠳᠤᠯᠬᠤ ᠲᠦᠪ ᠢ ᠪᠠᠶᠢᠭᠤᠯᠤᠨ᠂ ᠤᠯᠤᠰ ᠠᠴᠠ ᠬᠠᠷ᠎ᠠ ᠭᠤᠤᠯ ᠤᠨ | ᠤᠷᠤᠰᠬᠠᠯ ᠤᠨ ᠰᠠᠪᠠ ᠭᠠᠵᠠᠷ ᠢ ᠬᠠᠮᠠᠭᠠᠯᠠᠵᠤ ᠬᠠᠮᠢᠶᠠᠷᠬᠤ ᠬᠠᠤᠯᠢ ᠲᠤᠭᠲᠠᠭᠠᠬᠤ ᠶᠢ ᠲᠦᠯᠬᠢᠨ ᠠᠬᠢᠭᠤᠯᠤᠨ᠎ᠠ᠃ | ᠠᠮᠢ ᠠᠬᠤᠢ ᠶᠢ ᠬᠠᠮᠠᠭᠠᠯᠠᠬᠤ ᠭᠤᠤᠯ ᠴᠤᠭᠴᠠ ᠶᠢᠨ ᠬᠠᠷᠢᠭᠤᠴᠠᠯᠭ᠎ᠠ ᠶᠢ ᠴᠢᠩᠭ᠎ᠠ ᠭᠦᠢᠴᠡᠳᠭᠡᠨ᠂ ᠬᠠᠮᠢᠶ᠎ᠠ ᠪᠦᠬᠦᠢ | ᠵᠠᠰᠠᠯᠲᠠ ᠶᠢᠨ ᠪᠠᠶᠢᠭᠤᠯᠤᠮᠵᠢ ᠶᠢ ᠲᠡᠭᠦᠯᠳᠡᠷᠵᠢᠭᠦᠯᠵᠦ᠂ ᠪᠤᠬᠢᠷᠳᠦᠯ ᠢ ᠰᠡᠷᠭᠡᠶᠢᠯᠡᠨ ᠵᠠᠰᠠᠬᠤ ᠬᠦᠨᠳᠦ ᠡᠭᠦᠷᠭᠡ ᠶᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠤᠨ᠂ ᠠᠮᠢ ᠠᠬᠤᠢ ᠶᠢᠨ ᠬᠠᠮᠠᠭᠠᠯᠠᠯᠲᠠ ᠶᠢᠨ ᠬᠤᠷᠢᠭ᠎ᠠ ᠱᠤᠭᠤᠮ᠂ ᠤᠷᠴᠢᠨ | ᠲᠤᠭᠤᠷᠢᠨ ᠤ ᠴᠢᠨᠠᠷ ᠴᠢᠨᠰᠠᠭ᠎ᠠ ᠶᠢᠨ ᠳᠣᠣᠷᠠᠳᠤ ᠬᠢᠵᠠᠭᠠᠷ᠂ ᠡᠬᠢ ᠪᠠᠶᠠᠯᠢᠭ ᠢ ᠠᠰᠢᠭᠯᠠᠬᠤ ᠳᠡᠭᠡᠳᠦ ᠵᠠᠬ᠎ᠠ ᠢ ᠪᠠᠲᠤ | ᠰᠠᠬᠢᠨ᠎ᠠ᠃ | ᠬᠤᠲᠠ ᠬᠦᠳᠡᠭᠡᠨ ᠤ ᠬᠦᠭᠵᠢᠯᠲᠡ ᠶᠢᠨ ᠴᠢᠨᠠᠷ ᠴᠢᠨᠰᠠᠭ᠎ᠠ ᠶᠢ ᠬᠦᠴᠦᠯᠡᠨ ᠳᠡᠭᠡᠭᠰᠢᠯᠡᠭᠦᠯᠦᠨ᠎ᠡ᠃ | ᠬᠤᠲᠠ ᠬᠦᠳᠡᠭᠡ ᠶᠢ ᠨᠢᠭᠡᠳᠦᠯᠲᠡᠢ | ᠵᠤᠬᠢᠴᠠᠭᠤᠯᠬᠤ ᠬᠦᠭᠵᠢᠯᠲᠡ ᠶᠢᠨ ᠣᠶᠢᠯᠠᠭᠠᠭᠲᠠᠬᠤᠨ ᠢ ᠪᠠᠷᠢᠮᠲᠠᠯᠠᠨ᠂ ᠤᠷᠤᠰᠢᠨ ᠰᠠᠭᠤᠬᠤ ᠳᠤ ᠳᠠᠭᠠᠯᠠᠮᠵᠢᠳᠠᠢ᠂ | ᠦᠢᠯᠡᠰ ᠪᠦᠳᠦᠭᠡᠬᠦ ᠳᠤ ᠳᠤᠬᠢᠷᠠᠮᠵᠢᠳᠠᠢ᠂ ᠳᠤᠭᠤᠷᠢᠨ ᠵᠤᠭᠠᠴᠠᠬᠤ ᠳᠤ ᠳᠠᠭᠠᠳᠠᠢ ᠬᠤᠳᠠ ᠬᠦᠳᠡᠭᠡ ᠶᠢᠨ ᠬᠦᠮᠦᠨ | ᠨᠡᠶᠢᠬᠡᠮ ᠤᠨ ᠠᠮᠢ ᠠᠬᠤᠢ ᠶᠢᠨ ᠣᠷᠴᠢᠮ ᠲᠤᠭᠤᠷᠢᠨ ᠢ ᠪᠦᠷᠢᠯᠳᠦᠭᠦᠯᠵᠦ᠂ ᠦᠪᠡᠷᠲᠡᠭᠡᠨ ᠵᠠᠰᠠᠬᠤ ᠣᠷᠣᠨ ᠤ | ᠴᠡᠴᠡᠷᠯᠢᠭᠵᠢᠭᠰᠡᠨ ᠬᠤᠰᠢᠭᠤ ᠶᠢ ᠴᠢᠷᠮᠠᠶᠢᠨ ᠪᠠᠶᠢᠭᠤᠯᠤᠨ᠎ᠠ᠃ ᠴᠢᠬᠤᠯᠠ ᠵᠡᠭᠡᠯᠢ ᠭᠤᠳᠤᠮᠵᠢ ᠶᠢᠨ ᠦᠵᠡᠮᠵᠢ ᠶᠢᠨ | ᠲᠦᠯᠦᠪᠯᠡᠭᠡ ᠶᠢ ᠰᠠᠶᠢᠳᠤᠷ ᠠᠳᠬᠤᠵᠤ᠂ ︽ᠪᠢᠴᠢᠯ ᠴᠡᠴᠡᠷᠯᠢᠭ︾ ᠢ ᠪᠠᠶᠢᠭᠤᠯᠤᠨ᠂ ︽ᠬᠤᠲᠠ ᠶᠢᠨ ᠲᠠᠪᠢᠯᠭ᠎ᠠ︾ ᠶᠢ | ᠤᠯᠠᠰᠢᠷᠠᠭᠤᠯᠵᠤ᠂ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠴᠢᠷᠮᠠᠶᠢᠨ ᠳᠡᠭᠡᠭᠰᠢᠯᠡᠭᠦᠯᠵᠦ᠂ | ᠥᠷᠭᠡᠨ ᠤᠯᠠᠨ ᠰᠠᠭᠤᠭᠠᠯᠢ ᠠᠷᠠᠳ ᠪᠤᠯᠤᠨ ᠵᠤᠭᠠᠴᠠᠭᠰᠠᠳ ᠲᠤ ᠨᠡᠩ ᠬᠡᠭᠡᠨᠴᠢᠷ᠂ ᠨᠡᠩ ᠳᠦᠭᠦᠮ᠂ ᠨᠡᠩ | ᠳᠤᠬᠢᠯᠢᠭ ᠵᠤᠭᠠᠴᠠᠨ ᠰᠠᠭᠤᠷᠢᠰᠢᠬᠤ ᠣᠷᠴᠢᠨ ᠲᠣᠭᠤᠷᠢᠨ ᠢ ᠬᠠᠩᠭᠠᠨ᠎ᠠ᠃ ᠬᠡᠷᠡᠭᠴᠡᠭᠡ ᠪᠤᠯᠤᠨ ᠬᠠᠩᠭᠠᠯᠭ᠎ᠠ ᠶᠢ | ᠵᠤᠬᠢᠴᠠᠭᠤᠯᠬᠤ ᠶᠢ ᠪᠠᠷᠢᠮᠲᠠᠯᠠᠵᠤ᠂ ᠰᠠᠶᠢᠵᠢᠷᠠᠭᠤᠯᠤᠭᠰᠠᠨ ᠮᠠᠶ᠋ᠢᠭ ᠤᠨ ᠪᠤᠯᠤᠨ ᠳᠦᠷᠢᠶᠡᠰᠦᠨ ᠤᠷᠤᠨ ᠰᠠᠭᠤᠴᠠ ᠶᠢᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠬᠠᠭᠤᠴᠢᠨ ᠬᠤᠷᠢᠶᠠᠯᠠᠯ ᠢ ᠦᠷᠭᠦᠯᠵᠢᠯᠡᠨ ᠰᠢᠨᠡᠳᠬᠡᠨ ᠵᠠᠰᠠᠵᠤ᠂ ︽ | ᠦᠢᠯᠡᠰ ᠪᠤᠰᠬᠠᠭᠴᠢᠳ ᠤᠨ ᠭᠡᠷ︾ ᠨᠡᠶᠢᠲᠡ ᠶᠢᠨ ᠪᠠᠶᠢᠷᠢ ᠪᠤᠯᠤᠨ ᠰᠠᠨᠰᠠᠷ ᠠᠶᠠᠯᠠᠯ ᠤᠨ ᠵᠤᠷᠢᠭ ᠰᠠᠨᠠᠭᠠᠨ ᠤ ᠨᠠᠮᠴᠢ | ᠴᠢᠨᠠᠷ ᠤᠨ ᠬᠦᠮᠦᠵᠢᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠦᠨ᠂ 200 ᠪᠠᠶᠢᠰᠢᠩ ᠢ | ᠵᠠᠰᠠᠨ ᠰᠠᠶᠢᠵᠢᠷᠠᠭᠤᠯᠵᠤ ᠴᠢᠨᠠᠷ ᠢ ᠳᠡᠭᠡᠭᠰᠢᠯᠡᠭᠦᠯᠦᠨ ᠪᠦᠷᠢᠨ ᠲᠦᠭᠦᠷᠵᠢᠭᠦᠯᠬᠦ ᠢᠨᠵᠧᠨᠧᠷᠢᠩ ᠢ ᠶᠠᠪᠤᠭᠳᠠᠭᠤᠯᠵᠤ᠂ | ᠨᠤᠲᠤᠭ ᠤᠰᠤᠨ ᠤ ᠬᠠᠭᠤᠴᠢᠨ ᠳᠤᠷᠠᠰᠤᠮᠵᠢ ᠶᠢ ᠬᠠᠳᠠᠭᠠᠯᠠᠨ᠎ᠠ᠃ ︽ᠡᠵᠡᠩᠨᠡᠯᠲᠡ ᠶᠢᠨ ᠴᠢᠨᠠᠷᠲᠠᠢ ᠬᠤᠲᠠ︾ ᠶᠢᠨ | ᠣᠶᠢᠯᠠᠭᠠᠭᠲᠠᠬᠤᠨ ᠢ ᠪᠠᠬᠢᠵᠢᠭᠦᠯᠦᠨ᠂ ᠤᠯᠠᠨ ᠡᠰᠢᠴᠢᠯᠡᠭᠰᠡᠨ᠂ ᠤᠯᠠᠨ ᠠᠷᠭ᠎ᠠ ᠵᠠᠮ ᠢᠶᠠᠷ ᠬᠤᠲᠠ ᠬᠦᠳᠡᠭᠡᠨ ᠤ | ᠪᠦᠲᠦᠭᠡᠨ ᠪᠠᠶᠢᠭᠤᠯᠤᠯᠲᠠ ᠶᠢᠨ ᠭᠤᠣᠯ ᠴᠣᠭᠴᠠ ᠶᠢ ᠪᠦᠷᠢᠯᠳᠦᠭᠦᠯᠵᠦ᠂ ᠨᠡᠶᠢᠲᠡ ᠶᠢᠨ ᠦᠢᠯᠡᠴᠢᠯᠡᠭᠡᠨ ᠤ | ᠬᠠᠩᠭᠠᠯᠭ᠎ᠠ ᠶᠢᠨ ᠳᠤᠲᠠᠭᠲᠠᠯ ᠢ ᠦᠨᠡᠨᠬᠦ ᠨᠦᠬᠦᠪᠦᠷᠢᠯᠡᠨ᠂ ᠳᠤᠬᠢᠯᠢᠭ᠂ ᠪᠠᠭᠳᠠᠭᠠᠮᠵᠢᠳᠠᠢ᠂ ᠴᠡᠪᠡᠷ ᠲᠤᠩᠭᠠᠯᠠᠭ | ᠬᠤᠲᠠ ᠬᠦᠳᠡᠭᠡ ᠶᠢᠨ ᠤᠷᠤᠨ ᠵᠠᠢ ᠶᠢᠨ ᠪᠠᠶᠢᠷᠢᠯᠠᠭᠤᠯᠤᠯᠲᠠ ᠶᠢ ᠬᠦᠴᠦᠯᠡᠨ ᠪᠠᠶᠢᠭᠤᠯᠤᠨ᠎ᠠ᠃ ᠳᠠᠯᠠᠶᠢᠬᠦ᠋ᠪ | ᠪᠠᠯᠭᠠᠰᠤᠨ ᠤ ᠬᠤᠶᠠᠳᠠᠬᠢ ᠤᠰᠤᠨ ᠤ ᠡᠬᠢ ᠭᠠᠵᠠᠷ᠂ ᠪᠤᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠵᠠᠰᠠᠨ | ᠰᠠᠶᠢᠵᠢᠷᠠᠭᠤᠯᠬᠤ ᠵᠢᠴᠢ ᠤᠰᠤ ᠢᠯᠴᠢ ᠬᠠᠩᠭᠠᠬᠤ᠂ ᠪᠤᠬᠢᠷ ᠪᠤᠳᠠᠰ ᠢ ᠭᠠᠳᠠᠭᠰᠢᠯᠠᠭᠤᠯᠬᠤ ᠵᠡᠷᠭᠡ ᠢᠵᠢ ᠪᠦᠷᠢᠨ | ᠲᠤᠤᠷᠵᠢᠯ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠦᠨ᠂ ᠴᠢᠩ ᠬᠤᠸᠠ ᠶᠢᠨ 2×50 ᠰᠠᠶ᠎ᠠ ᠸᠠᠲ ᠢᠯᠴᠢ | ᠴᠠᠬᠢᠯᠭᠠᠨ ᠢ ᠬᠠᠮᠳᠤᠳᠬᠠᠨ ᠦᠢᠯᠠᠳᠪᠤᠷᠢᠯᠡᠬᠦ ᠲᠦᠷᠦᠯ ᠵᠦᠢᠯ ᠤᠨ ᠳᠦᠪᠯᠡᠷᠡᠩᠭᠦᠢ ᠢᠯᠴᠢ ᠬᠠᠩᠭᠠᠬᠤ ᠶᠢ ᠪᠠᠲᠤᠯᠠᠨ᠎ᠠ | ᠃ ᠨᠠᠮ ᠵᠠᠰᠠᠭ ᠤᠨ ᠪᠠᠶᠢᠭᠤᠯᠤᠯᠭ᠎ᠠ᠂ ᠰᠤᠷᠭᠠᠭᠤᠯᠢ ᠶᠢᠨ ᠠᠮᠢᠳᠤᠷᠠᠯ ᠤᠨ ᠬᠤᠭ ᠨᠤᠪᠰᠢ ᠶᠢᠨ ᠠᠩᠭᠢᠯᠠᠯ ᠢ | ᠭᠡᠷᠡᠭᠵᠢᠬᠦᠯᠦᠨ᠂ ᠡᠮᠴᠢᠯᠡᠭᠡᠨ ᠤ ᠬᠠᠶᠠᠭᠳᠠᠮᠠᠯ ᠪᠤᠳᠠᠰ᠂ ᠬᠤᠭᠤᠯᠠᠨ ᠭᠡᠷ ᠤᠨ ᠬᠤᠭ᠂ ᠪᠠᠷᠢᠯᠭ᠎ᠠ ᠶᠢᠨ ᠬᠠᠶᠠᠭᠳᠠᠮᠠᠯ ᠢ | ᠰᠢᠢᠳᠪᠦᠷᠢᠯᠡᠬᠦ ᠶᠢ ᠳᠦᠷᠢᠮᠵᠢᠭᠦᠯᠵᠦ᠂ ᠰᠢᠨ᠎ᠡ ᠪᠠᠷ 5 ᠰᠠᠤᠷᠢ ᠤᠰᠤ ᠪᠠᠷ ᠴᠡᠪᠡᠷᠯᠡᠬᠦ ᠮᠠᠶ᠋ᠢᠭ ᠤᠨ ᠨᠡᠶᠢᠲᠡ ᠶᠢᠨ | ᠵᠤᠷᠯᠤᠩ ᠪᠠᠶᠢᠭᠤᠯᠤᠨ᠎ᠠ᠃ ᠠᠳᠠᠯ ᠠᠬᠤᠢ ᠶᠢᠨ ᠬᠠᠮᠢᠶᠠᠷᠤᠯᠲᠠ ᠪᠤᠯᠤᠨ ᠬᠤᠲᠠ ᠲᠤᠭᠤᠷᠢᠭ ᠤᠨ ᠠᠩᠬᠠᠷᠤᠭᠳᠠᠬᠤ | ᠦᠭᠡᠢ ᠪᠤᠯᠤᠩ ᠤᠨ ᠤᠷᠴᠢᠨ ᠲᠤᠭᠤᠷᠢᠨ ᠤ ᠴᠡᠭᠴᠡᠯᠡᠯᠲᠡ ᠶᠢ ᠴᠢᠩᠭᠠᠳᠬᠠᠨ᠂ ᠰᠠᠭᠤᠭᠠᠯᠢ ᠲᠤᠭᠤᠷᠢᠭ ᠤᠨ | ᠠᠷᠢᠭᠤᠨ ᠴᠡᠪᠡᠷ᠂ ᠵᠠᠳᠠᠭᠠᠢ ᠵᠠᠷ᠂ ᠵᠠᠮ ᠡᠵᠡᠯᠡᠨ ᠡᠵᠡᠩᠨᠡᠬᠦ᠂ ᠵᠠᠮ ᠬᠠᠷᠢᠯᠴᠠᠭᠠᠨ ᠤ ᠡᠮᠬᠢ ᠳᠢᠭᠯᠢᠮ᠂ ᠳᠤᠷ᠎ᠠ | ᠲᠠᠪᠠ ᠪᠠᠷ ᠪᠠᠷᠢᠯᠭ᠎ᠠ ᠪᠠᠷᠢᠬᠤ ᠵᠡᠷᠭᠡ ᠲᠤᠰᠬᠠᠢ ᠵᠠᠰᠠᠯᠲᠠ ᠶᠢ ᠦᠷᠭᠦᠯᠵᠢᠯᠡᠨ ᠶᠠᠪᠤᠭᠳᠠᠭᠤᠯᠵᠤ᠂ ︽ᠲᠠᠪᠤ ᠶᠢ ᠬᠠᠮᠲᠤ | ᠪᠠᠷ ᠪᠦᠷᠢᠳᠦᠭᠦᠯᠦᠭᠰᠡᠨ ᠬᠤᠲᠠ︾ ᠤᠨ ᠦᠷ᠎ᠡ ᠪᠦᠲᠦᠭᠡᠯ ᠢ ᠲᠠᠰᠤᠷᠠᠯᠲᠠ ᠦᠭᠡᠢ ᠪᠠᠬᠢᠵᠢᠭᠦᠯᠦᠨ᠎ᠡ᠃ ᠡᠩᠭᠦᠷᠡᠢ | ᠠᠮᠢᠲᠠᠨ ᠪᠤᠯᠤᠨ ᠲᠡᠨᠦᠭᠦᠯ ᠨᠤᠬᠠᠢ ᠶᠢᠨ ᠬᠠᠮᠢᠶᠠᠷᠤᠯᠲᠠ ᠶᠢ ᠴᠢᠩᠭᠠᠳᠬᠠᠨ᠂ ᠲᠡᠨᠦᠭᠦᠯ ᠨᠤᠬᠠᠢ ᠶᠢ ᠠᠪᠤᠷᠠᠨ | ᠲᠤᠰᠠᠯᠠᠬᠤ ᠲᠦᠪ ᠢ ᠪᠠᠶᠢᠭᠤᠯᠬᠤ ᠪᠠᠷ ᠲᠦᠯᠦᠪᠯᠡᠨ᠎ᠡ᠃ ︽ᠨᠢᠭᠡ ᠬᠡᠷᠡᠭ ᠢ ᠨᠢᠭᠡ ᠵᠦᠪᠯᠡᠬᠦ︾᠂ ᠶᠠᠳᠠᠭᠤ ᠶᠢ | ᠳᠡᠳᠬᠦᠨ ᠨᠡᠭᠡᠭᠡᠵᠦ ᠬᠦᠭᠵᠢᠭᠦᠯᠬᠦ᠂ ᠬᠢᠯᠢ ᠪᠠᠨ ᠬᠦᠭᠵᠢᠭᠦᠯᠦᠨ ᠠᠷᠠᠳ ᠢᠶᠠᠨ ᠪᠠᠶᠠᠵᠢᠭᠤᠯᠬᠤ ᠵᠡᠷᠭᠡ ᠲᠦᠷᠦᠯ | ᠵᠦᠢᠯ ᠤᠨ ᠪᠡᠯᠡ ᠮᠦᠩᠭᠦ ᠶᠢ ᠠᠮᠢᠳᠤᠯᠢᠭ ᠢᠶᠠᠷ ᠰᠠᠶᠢᠳᠤᠷ ᠬᠡᠷᠡᠭᠯᠡᠨ᠂ ᠮᠠᠯᠵᠢᠬᠤ ᠲᠠᠷᠢᠶᠠᠯᠠᠬᠤ ᠤᠷᠤᠨ ᠤ ᠰᠠᠭᠤᠷᠢ | ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠤᠯᠤᠨ ᠠᠵᠤ ᠦᠢᠯᠡᠰ ᠢ ᠰᠢᠯᠢᠳᠡᠭᠵᠢᠭᠦᠯᠬᠦ ᠶᠢ ᠳᠡᠮᠵᠢᠵᠦ᠂ | ᠬᠦᠳᠡᠭᠡ ᠲᠤᠰᠬᠤᠨ ᠤ ᠬᠦᠭᠵᠢᠯᠲᠡ ᠮᠠᠨᠳᠤᠯᠲᠠ ᠶᠢᠨ ᠭᠦᠨᠵᠡᠭᠡᠶᠢᠷᠡᠨ ᠬᠦᠭᠵᠢᠬᠦ ᠳᠤ ᠬᠦᠴᠦ ᠨᠡᠮᠡᠨ᠎ᠡ᠃ ᠮᠠᠯᠵᠢᠬᠤ | ᠲᠠᠷᠢᠶᠠᠯᠠᠬᠤ ᠤᠷᠤᠨ ᠤ ᠣᠷᠣᠰᠢᠨ ᠰᠠᠭᠤᠷᠢᠰᠢᠬᠤ ᠤᠷᠴᠢᠨ ᠲᠤᠭᠤᠷᠢᠨ ᠤ ᠴᠡᠭᠴᠡᠯᠡᠯᠲᠡ ᠶᠢ ᠯᠠᠪᠳᠠᠭᠤᠨ | ᠶᠠᠪᠤᠭᠳᠠᠭᠤᠯᠵᠤ᠂ ᠰᠠᠭᠤᠷᠢ ᠲᠦᠭᠦᠭᠡᠷᠦᠮᠵᠢ᠂ ᠨᠡᠶᠢᠲᠡ ᠶᠢᠨ ᠦᠢᠯᠡᠴᠢᠯᠡᠭᠡ ᠨᠢ ᠨᠦᠭᠦᠴᠡᠯ ᠪᠦᠷᠢᠳᠦᠭᠰᠡᠨ ᠭᠠᠴᠠᠭ᠎ᠠ | ᠵᠦᠭ ᠦᠷᠭᠡᠳᠬᠦ ᠶᠢ ᠠᠬᠢᠭᠤᠯᠤᠨ᠂ ᠬᠤᠭ ᠨᠣᠪᠰᠢ ᠶᠢ ᠪᠣᠬᠢᠷᠳᠤᠯ ᠦᠭᠡᠢ ᠰᠢᠢᠳᠪᠦᠷᠢᠯᠡᠬᠦ ᠦᠷᠲᠡᠭᠡ ᠶᠢ 7 ᠰᠠᠤᠷᠢ | ᠪᠠᠶᠢᠭᠤᠯᠵᠤ᠂ ᠮᠠᠯᠵᠢᠬᠤ ᠲᠠᠷᠢᠶᠠᠯᠠᠬᠤ ᠤᠷᠤᠨ ᠤ 336 ᠡᠷᠦᠬᠡ ᠶᠢᠨ ᠭᠡᠷ ᠤᠨ ᠵᠤᠷᠯᠤᠩ ᠢ ᠵᠠᠰᠠᠨ ᠰᠢᠨᠡᠳᠬᠡᠨ᠎ᠡ᠃ | ᠮᠠᠯᠴᠢᠨ ᠲᠠᠷᠢᠶᠠᠴᠢᠳ ᠢ ᠵᠢᠯᠤᠭᠤᠳᠤᠨ ᠤᠷᠴᠢᠨ ᠲᠤᠭᠤᠷᠢᠨ ᠤ ᠴᠡᠭᠴᠡᠯᠡᠯᠲᠡ᠂ ᠲᠤᠨᠤᠭ ᠲᠦᠭᠦᠭᠡᠷᠦᠮᠵᠢ ᠶᠢᠨ | ᠬᠠᠮᠢᠶᠠᠷᠤᠯᠲᠠ ᠵᠡᠷᠭᠡ ᠭᠠᠴᠠᠭᠠᠨ ᠤ ᠳᠡᠰ ᠤᠨ ᠬᠡᠷᠡᠭ ᠶᠠᠪᠤᠳᠠᠯ ᠳᠤ ᠣᠷᠣᠯᠴᠠᠭᠤᠯᠤᠨ᠂ ᠮᠠᠯᠵᠢᠬᠤ ᠲᠠᠷᠢᠶᠠᠯᠠᠬᠤ | ᠤᠷᠤᠨ ᠤ ᠤᠷᠴᠢᠨ ᠲᠤᠭᠤᠷᠢᠨ ᠤ ᠴᠡᠭᠴᠡᠯᠡᠯᠲᠡ ᠶᠢᠨ ᠪᠠᠶᠢᠩᠭᠤ ᠶᠢᠨ ᠲᠤᠭᠲᠠᠯᠴᠠᠭ᠎ᠠ ᠶᠢ ᠪᠠᠶᠢᠭᠤᠯᠤᠨ | ᠲᠡᠭᠦᠯᠳᠡᠷᠵᠢᠭᠦᠯᠵᠦ᠂ ᠬᠤᠲᠠ ᠬᠦᠳᠡᠭᠡᠨ ᠤ ᠤᠷᠴᠢᠨ ᠲᠤᠭᠤᠷᠢᠨ ᠢ ᠨᠡᠩ ᠭᠤᠶᠤ ᠰᠠᠶᠢᠬᠠᠨ᠂ ᠠᠷᠠᠳ ᠤᠨ | ᠠᠮᠢᠳᠤᠷᠠᠯ ᠢ ᠨᠡᠩ ᠵᠤᠯ ᠵᠢᠷᠭᠠᠯ ᠲᠠᠢ ᠪᠤᠯᠭᠠᠨ᠎ᠠ᠃ | ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠷᠮᠠᠶᠢᠨ ᠠᠬᠢᠭᠤᠯᠤᠨ᠎ᠠ᠃ ᠤᠯᠠᠨ ᠠᠷᠭ᠎ᠠ | ᠵᠠᠮ ᠪᠠᠷ ᠪᠡᠯᠡ ᠤᠷᠤᠭᠤᠯᠬᠤ ᠪᠠᠲᠤᠯᠠᠭ᠎ᠠ ᠶᠢᠨ ᠲᠤᠭᠲᠠᠯᠴᠠᠭ᠎ᠠ ᠶᠢ ᠲᠡᠭᠦᠯᠳᠡᠷᠵᠢᠭᠦᠯᠵᠦ᠂ ᠭᠤᠤᠯᠳᠠᠯᠭ᠎ᠠ ᠲᠠᠢ ᠰᠠᠭᠤᠷᠢ | ᠲᠦᠭᠦᠭᠡᠷᠦᠮᠵᠢ ᠶᠢ ᠪᠦᠲᠦᠭᠡᠨ ᠪᠠᠶᠢᠭᠤᠯᠬᠤ ᠠᠯᠬᠤᠴᠠ ᠪᠠᠨ ᠲᠦᠷᠭᠡᠳᠬᠡᠨ᠂ ᠠᠵᠤ ᠠᠬᠤᠢ ᠤᠨ ᠴᠢᠨᠠᠷᠯᠢᠭ | ᠬᠦᠭᠵᠢᠯᠲᠡ ᠳᠤ ᠬᠦᠴᠦᠲᠤ ᠲᠤᠯᠭᠠᠭᠤᠷᠢ ᠬᠠᠩᠭᠠᠨ᠎ᠠ᠃ ᠵᠣᠬᠢᠴᠠᠭᠤᠯᠤᠨ ᠦᠢᠯᠡᠴᠢᠯᠡᠬᠦ ᠬᠦᠴᠦᠯᠡᠴᠡ ᠪᠠᠨ | ᠶᠡᠬᠡᠰᠬᠡᠵᠤ᠂ G331 ᠱᠤᠭᠤᠮ ᠤᠨ ᠨᠣᠭᠤᠭᠠᠨ ᠳᠡᠯ ᠠᠴᠠ ᠵᠠᠮ ᠤᠨ ᠬᠤᠳᠳᠤᠭ ᠬᠦᠷᠲᠡᠯᠡᠬᠢ ᠵᠠᠰᠠᠮᠠᠯ ᠵᠠᠮ ᠤᠨ | ᠠᠵᠢᠯ ᠢ ᠡᠮᠬᠢ ᠴᠡᠭᠴᠡ ᠲᠠᠢ ᠶᠠᠪᠤᠭᠳᠠᠭᠤᠯᠬᠤ ᠶᠢ ᠪᠦᠬᠦ ᠬᠦᠴᠦ ᠪᠠᠷ ᠪᠠᠲᠤᠯᠠᠨ᠂ G213 ᠱᠤᠭᠤᠮ ᠤᠨ | ᠳᠠᠯᠠᠶᠢᠬᠦ᠋ᠪ ᠠᠴᠠ ᠳ᠋ᠦᠩ ᠹᠧᠩ ᠰᠠᠨᠰᠠᠷ ᠤᠨ ᠬᠤᠲᠠ ᠬᠦᠷᠲᠡᠯᠡᠬᠢ ᠵᠠᠰᠠᠮᠠᠯ ᠵᠠᠮ ᠢ ᠵᠠᠰᠠᠬᠤ ᠠᠵᠢᠯ ᠢ ᠡᠬᠢᠯᠡᠭᠦᠯᠦᠨ᠎ᠡ᠃ | G213 ᠱᠤᠭᠤᠮ ᠤᠨ ᠳ᠋ᠦᠩ ᠹᠧᠩ ᠰᠠᠨᠰᠠᠷ ᠤᠨ ᠬᠤᠲᠠ ᠠᠴᠠ 14 ᠳ᠋ᠦ᠋ᠭᠡᠷ ᠰᠠᠭᠤᠷᠢᠨ ᠬᠦᠷᠲᠡᠯᠡᠬᠢ ᠵᠠᠰᠠᠮᠠᠯ | ᠵᠠᠮ᠂ ᠡᠵᠡᠨ᠎ᠡ ᠠᠴᠠ ᠵᠢᠤᠴᠢᠦᠸᠠᠨ ᠬᠦᠷᠬᠦ ᠲᠡᠮᠦᠷ ᠵᠠᠮ᠂ ᠲᠤᠤᠷᠠᠢ ᠨᠢᠰᠭᠡᠯ ᠤᠨ ᠪᠠᠭᠤᠳᠠᠯ ᠢ ᠳᠡᠰ ᠥᠰᠭᠡᠨ | ᠦᠭᠡᠷᠡᠴᠢᠯᠡᠬᠦ ᠵᠡᠷᠭᠡ ᠲᠦᠷᠦᠯ ᠵᠦᠢᠯ ᠢ ᠡᠷᠳᠡᠭᠡᠨ ᠨᠠᠶᠢᠳᠠᠪᠤᠷᠢᠵᠢᠭᠤᠯᠬᠤ ᠪᠠᠷ ᠴᠢᠷᠮᠠᠶᠢᠨ᠎ᠠ᠃ ᠳ᠋ᠦᠩ ᠹᠧᠩ | ᠰᠠᠨᠰᠠᠷ ᠤᠨ ᠬᠤᠲᠠ ᠠᠴᠠ ᠮᠠᠽᠦ᠋ᠩᠱᠠᠨ ᠬᠦᠷᠲᠡᠯᠡᠬᠢ ᠵᠠᠰᠠᠮᠠᠯ ᠵᠠᠮ ᠢ ᠦᠷᠭᠡᠳᠬᠡᠬᠦ ᠪᠠ ᠣᠨᠴᠠ ᠶᠢᠨ ᠭᠤᠣᠯ᠂ ᠯᠠᠩ | ᠰᠢᠨ ᠱᠠᠨ ᠠᠭᠤᠯᠠᠨ ᠤ ᠨᠤᠷᠠᠬᠤ ᠠᠶᠤᠯᠳᠠᠢ ᠬᠥᠬᠦᠷᠭᠡ ᠶᠢ ᠵᠠᠰᠠᠨ ᠰᠠᠶᠢᠵᠢᠷᠠᠭᠤᠯᠬᠤ ᠵᠡᠷᠭᠡ ᠲᠦᠷᠦᠯ ᠵᠦᠢᠯ ᠢ | ᠰᠠᠶᠢᠲᠤᠷ ᠠᠳᠬᠤᠵᠤ᠂ ᠮᠠᠯᠵᠢᠬᠤ ᠲᠠᠷᠢᠶᠠᠯᠠᠬᠤ ᠤᠷᠤᠨ ᠤ ᠵᠠᠮ ᠬᠠᠷᠢᠯᠴᠠᠭᠠᠨ ᠤ ᠨᠦᠭᠦᠴᠡᠯ ᠢ ᠠᠯᠬᠤᠮ ᠠᠯᠬᠤᠮ | ᠢᠶᠠᠷ ᠰᠠᠶᠢᠵᠢᠷᠠᠭᠤᠯᠤᠨ᠎ᠠ᠃ ᠤᠯᠤᠰ ᠤᠨ ᠪᠤᠯᠤᠨ ᠤᠷᠤᠨ ᠤ ᠭᠤᠣᠯ ᠵᠠᠮ ᠱᠤᠭᠤᠮ᠂ ᠬᠤᠰᠢᠭᠤ᠂ ᠰᠤᠮᠤ᠂ | ᠭᠠᠴᠠᠭᠠᠨ ᠤ ᠵᠠᠰᠠᠮᠠᠯ ᠵᠠᠮ ᠪᠤᠯᠤᠨ ᠬᠤᠶᠢᠳᠤ ᠠᠭᠤᠯᠠ ᠶᠢᠨ ᠠᠭᠤᠷᠬᠠᠢ ᠶᠢᠨ ᠪᠦᠰᠡ ᠶᠢᠨ ᠡᠬᠢ ᠪᠠᠶᠠᠯᠢᠭ ᠤᠨ ᠵᠠᠮ᠂ | ᠵᠢᠭᠤᠯᠴᠢᠯᠠᠯ ᠤᠨ ᠤᠷᠤᠨ ᠤ ᠵᠤᠭᠠᠴᠠᠯ ᠤᠨ ᠵᠠᠮ ᠢ ᠵᠤᠯᠭᠠᠭᠤᠯᠵᠤ ᠪᠦᠲᠦᠭᠡᠨ ᠪᠠᠶᠢᠭᠤᠯᠬᠤ ᠶᠢ ᠨᠢᠭᠡᠳᠦᠯᠲᠡᠢ | ᠲᠦᠯᠦᠪᠯᠡᠨ᠂ ᠵᠠᠮ ᠬᠠᠷᠢᠯᠴᠠᠭᠠᠨ ᠤ ᠦᠢᠯᠡᠴᠢᠯᠡᠭᠡᠨ ᠤ ᠪᠠᠲᠤᠯᠠᠭ᠎ᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠬᠠᠷ᠎ᠠ | ᠭᠤᠣᠯ ᠤᠨ ᠳᠣᠣᠷᠠᠳᠤ ᠤᠷᠤᠰᠬᠠᠯ ᠤᠨ ᠰᠤᠪᠨᠠᠭᠤᠷ ᠬᠦᠷᠬᠦ ᠭᠤᠤᠯ ᠢ ᠵᠠᠰᠠᠬᠤ ᠢᠨᠵᠧᠨᠧᠷᠢᠩ ᠢᠶᠠᠨ ᠡᠬᠢᠯᠡᠬᠦᠯᠦᠨ᠂ | ᠬᠠᠷ᠎ᠠ ᠭᠤᠤᠯ ᠤᠨ ᠤᠰᠤ ᠦᠩᠭᠡᠷᠡᠬᠦ᠂ ᠦᠶᠡᠷ ᠠᠴᠠ ᠰᠡᠷᠭᠡᠶᠢᠯᠡᠬᠦ ᠴᠢᠳᠠᠪᠤᠷᠢ ᠶᠢ ᠲᠠᠰᠤᠷᠠᠯᠲᠠ ᠦᠭᠡᠢ | ᠳᠡᠭᠡᠭᠰᠢᠯᠡᠭᠦᠯᠦᠨ᠎ᠡ᠂ ᠬᠦᠳᠡᠭᠡ ᠲᠤᠰᠬᠤᠨ ᠤ ᠤᠤᠭᠤᠬᠤ ᠤᠰᠤᠨ ᠤ ᠠᠮᠤᠷ ᠲᠦᠪᠰᠢᠨ ᠢ ᠪᠠᠬᠢᠵᠢᠬᠦᠯᠦᠨ | ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠲᠥᠪᠯᠡᠷᠡᠩᠬᠦᠢ ᠤᠰᠤ ᠬᠠᠩᠭᠠᠨ᠂ ᠮᠠᠯᠴᠢᠨ ᠲᠠᠷᠢᠶᠠᠴᠢᠳ ᠤᠨ | ᠤᠤᠭᠤᠬᠤ ᠤᠰᠤᠨ ᠤ ᠠᠮᠤᠷ ᠳᠦᠪᠰᠢᠨ ᠤ ᠠᠰᠠᠭᠤᠳᠠᠯ ᠢ ᠪᠦᠬᠦ ᠲᠠᠯ᠎ᠠ ᠪᠠᠷ ᠰᠢᠢᠳᠪᠦᠷᠢᠯᠡᠨ᠎ᠡ᠃ | ᠠᠯᠳ᠋ᠬᠠᠣᠪᠣᠭ᠎ᠠ ᠠᠴᠠ ᠡᠵᠡᠨ᠎ᠡ ᠬᠦᠷᠬᠦ ᠬᠤᠶᠠᠳᠤᠭᠠᠷ ᠴᠠᠬᠢᠯᠭᠠᠨ ᠤ ᠰᠤᠷᠪᠤᠯᠵᠢ ᠶᠢᠨ ᠪᠦᠲᠦᠭᠡᠨ ᠪᠠᠶᠢᠭᠤᠯᠤᠯᠲᠠ᠂ | ᠭᠤᠣᠯ ᠪᠣᠯᠬᠤ ᠠᠭᠤᠷᠬᠠᠢ ᠶᠢᠨ ᠤᠷᠤᠨ ᠤ ᠴᠠᠬᠢᠯᠭᠠᠨ ᠤ ᠲᠤᠤᠷᠵᠢᠯ ᠢ ᠳᠡᠰ ᠳᠡᠪᠰᠢᠭᠦᠯᠬᠦ᠂ ᠮᠠᠯᠵᠢᠬᠤ ᠲᠠᠷᠢᠶᠠᠯᠠᠬᠤ | ᠣᠷᠣᠨ ᠤ ᠴᠠᠬᠢᠯᠭᠠᠨ ᠲᠤᠤᠷᠵᠢᠯ ᠢ ᠦᠭᠡᠷᠡᠴᠢᠯᠡᠬᠦ᠂ ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠭᠢ ᠳᠤ ᠴᠠᠬᠢᠯᠭᠠᠨ | ᠨᠡᠪᠲᠡᠷᠡᠭᠦᠯᠬᠦ ᠵᠡᠷᠭᠡ ᠲᠦᠷᠦᠯ ᠵᠦᠢᠯ ᠢ ᠲᠦᠷᠭᠡᠳᠬᠡᠨ ᠠᠬᠢᠭᠤᠯᠵᠤ᠂ ᠭᠠᠵᠠᠷ ᠤᠷᠤᠨ ᠤ ᠴᠠᠬᠢᠯᠭᠠᠨ ᠬᠠᠩᠭᠠᠬᠤ | ᠪᠠᠲᠤᠯᠠᠭᠠᠨ ᠤ ᠴᠢᠳᠠᠪᠤᠷᠢ ᠶᠢ ᠦᠨᠡᠨᠬᠦ ᠳᠡᠭᠡᠭᠰᠢᠯᠡᠭᠦᠯᠦᠨ᠎ᠡ᠃ ᠬᠤᠯᠪᠣᠭᠠᠨ ᠤ ᠳᠤᠬᠢᠶᠠᠨ ᠪᠦᠷᠬᠦᠴᠡ ᠶᠢᠨ ᠴᠢᠨᠠᠷ | ᠴᠢᠨᠰᠠᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ 7 ᠰᠠᠤᠷᠢ 5G ᠤᠨ ᠰᠠᠭᠤᠷᠢ ᠦᠷᠲᠡᠭᠡ᠂ 3 ᠰᠠᠤᠷᠢ | 4G ᠤᠨ ᠰᠠᠭᠤᠷᠢ ᠦᠷᠲᠡᠭᠡ ᠶᠢ ᠰᠢᠨ᠎ᠡ ᠪᠠᠷ ᠪᠠᠶᠢᠭᠤᠯᠤᠨ᠂ ᠮᠠᠯᠵᠢᠬᠤ ᠳᠠᠷᠢᠶᠠᠯᠠᠬᠤ ᠤᠷᠤᠨ ᠤ ᠰᠤᠷᠠᠭ | ᠵᠠᠩᠭᠢᠴᠢᠯᠠᠯᠲᠠ ᠶᠢᠨ ᠰᠠᠭᠤᠷᠢ ᠶᠢ ᠪᠦᠬᠦ ᠬᠦᠴᠦᠨ ᠢᠶᠠᠷ ᠪᠠᠲᠤᠵᠢᠭᠤᠯᠤᠨ᠎ᠠ᠃ | ︵ᠭᠤᠷᠪᠠ︶ ᠴᠢᠨᠠᠷ ᠰᠠᠶᠢᠳᠠᠢ ᠬᠦᠭᠵᠢᠯᠲᠡ ᠶᠢᠨ ᠰᠢᠨ᠎ᠡ ᠬᠦᠳᠡᠯᠭᠡᠬᠦ ᠬᠦᠴᠦ ᠶᠢ ᠪᠤᠶᠢᠵᠢᠭᠤᠯᠬᠤ ᠶᠢᠨ | ᠲᠤᠭᠤᠷᠢᠨ ᠳᠤ᠂ ᠰᠢᠯᠢᠳᠡᠭ ᠬᠦᠭᠵᠢᠯᠲᠡ ᠶᠢᠨ ᠤᠷᠴᠢᠨ ᠲᠤᠭᠤᠷᠢᠨ ᠢ ᠲᠦᠷᠭᠡᠳᠬᠡᠨ ᠪᠠᠶᠢᠭᠤᠯᠤᠨ᠎ᠠ | ᠭᠤᠤᠯᠳᠠᠯᠭᠠᠲᠤ ᠬᠦᠷᠢᠶᠠᠨ ᠤ ᠦᠭᠡᠷᠡᠴᠢᠯᠡᠯᠲᠡ ᠶᠢ ᠬᠦᠴᠦᠯᠡᠨ ᠠᠬᠢᠭᠤᠯᠤᠨ᠎ᠠ᠃ ︽ᠠᠷᠪᠠᠨ | ᠳᠦᠷᠪᠡᠳᠦᠭᠡᠷ ᠲᠠᠪᠤᠨ ᠵᠢᠯ︾ ᠤᠨ ᠲᠦᠯᠦᠪᠯᠡᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠤᠬᠢᠶᠠᠵᠤ᠂ | ᠡᠵᠡᠨ᠎ᠡ ᠬᠤᠰᠢᠭᠤᠨ ᠤ ᠬᠦᠭᠵᠢᠯᠲᠡ ᠶᠢᠨ ᠰᠢᠨ᠎ᠡ ᠲᠦᠰᠦᠪ ᠢ ᠴᠢᠨᠠᠷᠯᠢᠭ ᠲᠦᠰᠦᠪᠯᠡᠨ᠎ᠡ᠃ ︽ᠲᠠᠯᠪᠢᠬᠤ᠂ | ᠬᠠᠮᠢᠶᠠᠷᠬᠤ᠂ ᠦᠢᠯᠡᠴᠢᠯᠡᠬᠦ︾ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ︽ᠵᠦᠭᠡᠯᠡᠨ ᠤᠷᠴᠢᠨ ᠠᠬᠤᠢ︾ ᠶᠢᠨ | ᠪᠦᠲᠦᠭᠡᠨ ᠪᠠᠶᠢᠭᠤᠯᠤᠯᠲᠠ ᠶᠢ ᠰᠠᠶᠢᠳᠤᠷ ᠠᠳᠬᠤᠵᠤ᠂ ᠪᠦᠬᠦ ᠤᠷᠤᠨ ᠨᠢᠭᠡ ᠴᠤᠭᠴᠠᠵᠢᠭᠰᠠᠨ ᠰᠦᠯᠵᠢᠶᠠᠨ ᠳᠡᠭᠡᠷᠡᠬᠢ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠳᠡᠪᠴᠡᠩ ᠤᠨ ᠰᠦᠯᠵᠢᠶᠡᠨ ᠳᠡᠭᠡᠷ᠎ᠡ ᠠᠵᠢᠯᠯᠠᠬᠤ ᠶᠢ ᠪᠡᠶᠡᠯᠡᠭᠦᠯᠦᠨ᠂ | ᠵᠠᠰᠠᠭ ᠤᠨ ᠶᠠᠪᠤᠳᠠᠯ ᠤᠨ ᠦᠢᠯᠡᠴᠢᠯᠡᠭᠡ ᠲᠦᠷᠭᠡᠨ ᠬᠦᠭᠵᠢᠬᠦ ᠳᠤ ᠬᠦᠴᠦ ᠨᠡᠮᠡᠷᠢᠯᠡᠨ᠎ᠡ᠃ ᠵᠠᠰᠠᠭ ᠵᠠᠬᠢᠷᠭᠠᠨ ᠤ ᠬᠢᠨᠠᠨ | ᠵᠦᠪᠰᠢᠶᠡᠷᠡᠯ ᠨᠢ ᠠᠷᠠᠳ ᠲᠤ ᠳᠦᠭᠦᠮ ᠪᠣᠯᠬᠤ ᠶᠢ ᠦᠷᠭᠦᠯᠵᠢᠯᠡᠨ ᠠᠬᠢᠭᠤᠯᠵᠤ᠂ ︽ᠲᠥᠷᠪᠡᠨ ᠭᠦᠢᠴᠡᠳᠭᠡᠭᠦ︾ | ᠬᠢᠨᠠᠨ ᠵᠥᠪᠰᠢᠶᠡᠷᠡᠯ ᠤᠨ ᠦᠢᠯᠡᠴᠢᠯᠡᠭᠡᠨ ᠤ ᠨᠠᠷᠢᠨ ᠳᠠᠩᠰᠠ ᠶᠢ ᠪᠦᠬᠦ ᠲᠠᠯ᠎ᠠ ᠪᠠᠷ ᠡᠮᠬᠢᠯᠡᠨ᠂ ᠡᠷᠬᠡ ᠶᠢ ᠲᠦᠢᠯ | ᠳᠤ ᠨᠢ ᠲᠤᠯᠲᠠᠯ᠎ᠠ ᠳᠠᠯᠪᠢᠵᠤ᠂ ᠱᠠᠭᠠᠷᠳᠠᠯᠭ᠎ᠠ ᠳᠤ ᠨᠡᠶᠢᠴᠡᠲᠡᠯᠡ ᠬᠠᠮᠢᠶᠠᠷᠤᠨ᠂ ᠨᠢᠭᠡ ᠯᠠ ᠤᠳᠠᠭ᠎ᠠ ᠬᠦᠶᠦᠯᠭᠡᠬᠦ ᠪᠠᠷ | ᠴᠢᠷᠮᠠᠶᠢᠨ᠎ᠠ᠃ ︽ᠬᠤᠶᠠᠷ ᠢ ᠳᠤᠬᠢᠶᠠᠯᠳᠤᠮᠵᠢ ᠪᠠᠷ ᠰᠤᠩᠭᠤᠵᠤ᠂ ᠨᠢᠭᠡ ᠶᠢ ᠢᠯᠠ ᠨᠡᠶᠢᠳᠡᠯᠡᠬᠦ︾ ᠬᠢᠨᠠᠯᠲᠠ | ᠬᠠᠮᠢᠶᠠᠷᠤᠯᠲᠠ ᠶᠢ ᠴᠢᠩᠭ᠎ᠠ ᠬᠡᠷᠡᠭᠵᠢᠭᠦᠯᠦᠨ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ | ᠴᠢᠩᠭᠠᠳᠬᠠᠨ᠂ ᠡᠷᠬᠡ ᠲᠡᠭᠰᠢ ᠪᠠᠷ ᠦᠷᠢᠰᠦᠯᠳᠦᠬᠦ ᠵᠠᠬ᠎ᠠ ᠳᠡᠯᠭᠡᠭᠦᠷ ᠤᠨ ᠤᠷᠴᠢᠨ ᠲᠤᠭᠤᠷᠢᠨ ᠢ ᠪᠤᠢ ᠪᠤᠯᠭᠠᠨ᠎ᠠ᠃ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠦᠭᠡᠷᠡᠴᠢᠯᠡᠯᠲᠡ᠂ ᠠᠵᠢᠯ ᠦᠢᠯᠡᠰ ᠤᠨ | ᠪᠠᠶᠢᠭᠤᠯᠤᠯᠭ᠎ᠠ ᠶᠢᠨ ᠦᠭᠡᠷᠡᠴᠢᠯᠡᠯᠲᠡ ᠪᠣᠯᠣᠨ ᠮᠡᠷᠭᠡᠵᠢᠯ ᠤᠨ ᠴᠤᠯᠠ ᠶᠢᠨ ᠥᠭᠡᠷᠡᠴᠢᠯᠡᠯᠲᠡ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠦᠨᠳᠦᠰᠦᠨ ᠱᠠᠲᠤᠨ ᠤ ᠬᠢᠨᠠᠨ ᠵᠦᠪᠰᠢᠶᠡᠷᠡᠬᠦ ᠦᠢᠯᠡᠴᠢᠯᠡᠭᠡᠨ ᠤ ᠬᠠᠤᠯᠢ ᠬᠡᠷᠡᠭᠵᠢᠭᠦᠯᠬᠦ | ᠬᠦᠴᠦᠨ ᠢᠶᠠᠨ ᠨᠢᠭᠡᠳᠦᠭᠦᠯᠬᠦ ᠶᠢ ᠢᠳᠡᠪᠬᠢᠲᠡᠢ ᠠᠬᠢᠭᠤᠯᠤᠨ᠂ ᠠᠵᠤ ᠠᠬᠤᠢ ᠶᠢ ᠤᠳᠤᠷᠢᠳᠤᠨ ᠴᠢᠨᠠᠷ ᠰᠠᠶᠢᠳᠠᠢ | ᠭᠦᠭᠵᠢᠬᠦ ᠶᠢᠨ ᠪᠠᠶᠢᠭᠤᠯᠤᠮᠵᠢ ᠶᠢᠨ ᠲᠣᠭᠳᠠᠯᠴᠠᠭ᠎ᠠ ᠶᠢ ᠰᠢᠮᠳᠠᠨ ᠪᠦᠷᠢᠯᠳᠦᠭᠦᠯᠦᠨ᠎ᠡ᠃ ᠲᠦᠪ ᠤᠨ ᠭᠠᠶᠢᠯᠢ | ᠬᠦᠩᠭᠡᠯᠡᠵᠦ ᠰᠦᠢᠳᠬᠡᠯ ᠪᠠᠭᠤᠷᠠᠭᠤᠯᠬᠤ ᠪᠤᠯᠤᠨ ᠨᠠᠶᠢᠲᠡ ᠶᠢᠨ ᠦᠮᠴᠢᠯᠡᠯ ᠤᠨ ᠪᠤᠰᠤ ᠠᠵᠤ ᠠᠬᠤᠢ ᠶᠢᠨ | ᠬᠦᠭᠵᠢᠯᠲᠡ ᠶᠢ ᠳᠡᠮᠵᠢᠬᠦ ᠲᠦᠷᠦ ᠶᠢᠨ ᠪᠤᠳᠤᠯᠭ᠎ᠠ ᠶᠢᠨ ᠠᠷᠭ᠎ᠠ ᠪᠠᠷᠢᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ | ᠬᠡᠷᠡᠭᠯᠡᠭᠡᠨ ᠤ ᠭᠠᠵᠠᠷ᠂ ᠪᠡᠯᠡ ᠮᠦᠩᠭᠦ ᠵᠡᠷᠭᠡ ᠡᠯᠧᠮᠧᠨ᠋ᠲ ᠤᠨ ᠪᠠᠲᠤᠯᠠᠭ᠎ᠠ ᠶᠢ ᠪᠠᠲᠤᠳᠬᠠᠵᠤ᠂ ᠠᠵᠤ ᠠᠬᠤᠶᠢᠯᠠᠯ ᠤᠨ | ᠦᠪᠡᠷ ᠤᠨ ᠦᠷᠲᠡᠭ ᠢ ᠤᠯᠠᠮ ᠨᠢᠭᠡ ᠠᠯᠬᠤᠮ ᠪᠠᠭᠠᠰᠬᠠᠨ᠂ ᠠᠵᠤ ᠠᠬᠤᠶᠢᠯᠠᠯ ᠳᠤ ᠨᠡᠩ ᠶᠡᠭᠡ ᠬᠦᠷᠲᠡᠮᠵᠢ ᠶᠢᠨ | ᠲᠦᠷᠦᠭᠳᠡᠯ ᠢ ᠣᠯᠭᠤᠨ᠎ᠠ᠃ ᠵᠠᠰᠠᠭ ᠤᠨ ᠣᠷᠳᠤᠨ᠂ ᠪᠠᠩᠬᠢ᠂ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠦᠨ᠂ ︽ᠪᠠᠳᠤᠯᠭᠠᠳᠤ ᠵᠢᠬᠡᠯᠡᠯᠭᠡ︾ ᠶᠢᠨ ᠬᠡᠪᠴᠢᠶ᠎ᠡ ᠶᠢ ᠦᠷᠭᠡᠳᠬᠡᠵᠦ᠂ ᠠᠷᠠᠳ ᠤᠨ | ᠡᠵᠡᠩᠨᠡᠯᠳᠠ ᠶᠢᠨ ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ ᠳᠤ ᠬᠦᠴᠢᠷᠲᠡᠢ᠂ ᠦᠨᠡᠲᠡᠢ ᠠᠰᠠᠭᠤᠳᠠᠯ ᠢ | ᠬᠦᠴᠦᠯᠡᠨ ᠰᠢᠢᠳᠪᠦᠷᠢᠯᠡᠨ᠎ᠡ᠃ ᠵᠠᠰᠠᠭ ᠤᠨ ᠣᠷᠳᠣᠨ ᠪᠤᠯᠤᠨ ᠵᠠᠬ᠎ᠠ ᠳᠡᠯᠭᠡᠭᠦᠷ ᠤᠨ ᠬᠠᠷᠢᠴᠠᠭ᠎ᠠ ᠶᠢ ᠰᠠᠶᠢᠲᠤᠷ | ᠰᠢᠯᠣᠭᠤᠳᠬᠠᠨ᠂ ᠵᠠᠬ᠎ᠠ ᠳᠡᠯᠭᠡᠭᠦᠷ ᠵᠤᠬᠢᠴᠠᠭᠤᠯᠵᠤ ᠴᠢᠳᠠᠬᠤ ᠶᠢ ᠨᠢ ᠪᠦᠷ ᠵᠠᠬ᠎ᠠ ᠳᠡᠯᠭᠡᠭᠦᠷ ᠢᠶᠠᠷ ᠵᠤᠬᠢᠴᠠᠭᠤᠯᠵᠤ᠂ | ᠠᠵᠤ ᠠᠬᠤᠶᠢᠯᠠᠯ ᠰᠢᠢᠳᠪᠦᠷᠢᠯᠡᠵᠦ ᠴᠢᠳᠠᠬᠤ ᠶᠢ ᠨᠢ ᠪᠦᠷ ᠠᠵᠤ ᠠᠬᠤᠶᠢᠯᠠᠯ ᠢᠶᠠᠷ ᠰᠢᠢᠳᠪᠦᠷᠢᠯᠡᠭᠦᠯᠦᠨ᠂ ᠠᠷᠠᠳ ᠤᠨ | ᠡᠵᠡᠩᠨᠡᠯᠳᠡ ᠶᠢᠨ ᠠᠵᠤ ᠠᠬᠤᠶᠢᠯᠠᠯ ᠤᠨ ᠰᠠᠭᠤᠷᠢ ᠲᠦᠭᠦᠭᠡᠷᠦᠮᠵᠢ ᠪᠤᠯᠤᠨ ᠨᠡᠶᠢᠭᠡᠮ ᠪᠠ ᠠᠷᠠᠳ ᠤᠨ ᠠᠮᠢᠳᠤᠷᠠᠯ | ᠵᠡᠷᠭᠡ ᠬᠦᠷᠢᠶ᠎ᠡ ᠴᠠᠷᠠᠭ᠎ᠠ ᠳᠤ ᠤᠷᠤᠯᠴᠠᠬᠤ ᠶᠢ ᠵᠤᠷᠢᠭᠵᠢᠭᠤᠯᠤᠨ ᠳᠡᠮᠵᠢᠨ᠎ᠡ᠃ ᠡᠷᠬᠡ ᠲᠡᠭᠰᠢ ᠦᠷᠢᠰᠦᠯᠳᠦᠬᠦ ᠵᠠᠬ᠎ᠠ | ᠳᠡᠯᠭᠡᠭᠦᠷ ᠤᠨ ᠤᠷᠴᠢᠨ ᠲᠤᠭᠤᠷᠢᠨ ᠢ ᠰᠢᠯᠢᠳᠡᠭᠵᠢᠭᠦᠯᠦᠨ᠂ ᠤᠨᠤᠪᠴᠢᠲᠠᠢ ᠪᠦᠲᠦᠮᠵᠢᠲᠡᠢ ᠲᠦᠷᠦ ᠶᠢᠨ | ᠪᠤᠳᠤᠯᠭ᠎ᠠ ᠶᠢᠨ ᠤᠷᠴᠢᠨ ᠲᠤᠭᠤᠷᠢᠨ ᠪᠠ ᠡᠷᠬᠡ ᠲᠡᠭᠰᠢ ᠬᠠᠮᠠᠭᠠᠯᠠᠬᠤ ᠬᠠᠤᠯᠢ ᠪᠠᠷ ᠵᠠᠰᠠᠬᠤ ᠤᠷᠴᠢᠨ ᠢ | ᠲᠡᠭᠦᠯᠳᠡᠷᠵᠢᠭᠦᠯᠵᠦ᠂ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠨ᠂ ᠦᠢᠯᠡᠴᠢᠯᠡᠭᠡᠨ ᠤ ᠪᠦᠲᠦᠮᠵᠢ ᠪᠠᠨ | ᠳᠡᠭᠡᠭᠰᠢᠯᠡᠬᠦᠯᠵᠦ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠭᠤᠤᠯ ᠴᠤᠭᠴᠠ ᠰᠡᠳᠬᠢᠯ ᠲᠠᠶᠢᠪᠤᠭᠤ ᠡᠵᠡᠩᠨᠡᠨ᠂ | ᠰᠠᠨᠠᠭ᠎ᠠ ᠠᠮᠤᠷ ᠪᠡᠯᠡ ᠤᠷᠤᠭᠤᠯᠵᠤ᠂ ᠨᠢᠭᠡ ᠯᠡ ᠰᠡᠳᠬᠢᠯ ᠢᠶᠠᠷ ᠦᠢᠯᠡᠰ ᠪᠤᠰᠬᠠᠬᠤ ᠠᠷᠠᠯᠵᠢᠶ᠎ᠠ ᠡᠵᠡᠩᠨᠡᠯᠲᠡ ᠶᠢᠨ | ᠣᠷᠴᠢᠨ ᠨᠦᠭᠦᠴᠡᠯ ᠢ ᠪᠦᠷᠢᠯᠳᠦᠭᠦᠯᠦᠨ᠎ᠡ᠃ | ᠨᠡᠩ ᠨᠡᠭᠡᠭᠡᠯᠲᠡ ᠲᠠᠢ ᠭᠡᠪ ᠪᠠᠶᠢᠳᠠᠯ ᠢ ᠴᠢᠷᠮᠠᠶᠢᠨ ᠪᠦᠷᠢᠳᠦᠭᠦᠯᠦᠨ᠎ᠡ᠃ ︽ᠨᠢᠭᠡ ᠪᠦᠰᠡ ᠨᠢᠭᠡ ᠵᠠᠮ︾ | ᠪᠤᠯᠤᠨ ᠳᠤᠮᠳᠠᠳᠤ ᠤᠷᠤᠰ ᠮᠤᠩᠭᠤᠯ ᠤᠨ ᠠᠵᠤ ᠠᠬᠤᠢ ᠶᠢᠨ ᠪᠦᠰᠡ ᠶᠢᠨ ᠪᠦᠲᠦᠭᠡᠨ ᠪᠠᠶᠢᠭᠤᠯᠤᠯᠲᠠ ᠳᠤ | ᠭᠦᠨᠵᠡᠭᠡᠶᠢᠷᠡᠨ ᠠᠭᠤᠰᠤᠯᠳᠤᠵᠤ᠂ ᠴᠡᠭᠡ ᠪᠠᠯᠭᠠᠰᠤ ᠶᠢ ᠪᠠᠶᠢᠭᠤᠯᠬᠤ ᠶᠢ ᠵᠤᠬᠢᠴᠠᠭᠤᠯᠤᠨ ᠠᠬᠢᠭᠤᠯᠵᠤ᠂ ᠲᠦᠷᠦ ᠶᠢᠨ | ᠪᠤᠳᠤᠯᠭ᠎ᠠ ᠶᠢ ᠨᠠᠶᠢᠳᠠᠪᠤᠷᠢᠵᠢᠭᠤᠯᠬᠤ ᠪᠠ ᠦᠪᠡᠷᠲᠡᠭᠡᠨ ᠵᠠᠰᠠᠬᠤ ᠤᠷᠤᠨ ᠤ ᠭᠤᠤᠯᠳᠠᠯᠭ᠎ᠠ ᠲᠠᠢ ᠨᠡᠭᠡᠭᠡᠨ ᠬᠦᠭᠵᠢᠭᠦᠯᠬᠦ | ᠲᠤᠷᠰᠢᠯᠲᠠ ᠶᠢᠨ ᠤᠷᠤᠨ ᠢ ᠲᠦᠯᠦᠪᠯᠡᠨ ᠪᠠᠶᠢᠭᠤᠯᠬᠤ ᠶᠢ ᠪᠦᠬᠦ ᠬᠦᠴᠦᠨ ᠢᠶᠠᠷ ᠰᠠᠶᠢᠳᠤᠷ ᠠᠳᠬᠤᠵᠤ᠂ ᠴᠡᠭᠡ | ᠪᠤᠭᠤᠮᠲᠠ ᠶᠢ ᠵᠡᠷᠭᠡ ᠳᠡᠪᠰᠢᠭᠦᠯᠦᠨ ᠤᠯᠠᠨ ᠤᠯᠤᠰ ᠤᠨ ᠴᠢᠨᠠᠷᠲᠠᠢ ᠪᠤᠭᠤᠮᠲᠠ ᠪᠤᠯᠭᠠᠬᠤ ᠪᠠᠷ ᠴᠢᠷᠮᠠᠶᠢᠨ᠎ᠠ᠃ ᠴᠡᠭᠡ | ᠪᠤᠭᠤᠮᠲᠠ ᠶᠢᠨ ᠨᠡᠭᠦᠷᠡᠰᠦ ᠨᠠᠷᠢᠯᠢᠭ ᠡᠳ᠋ᠰᠢᠭᠦᠯᠬᠦ᠂ ᠨᠡᠭᠦᠷᠡᠰᠦ ᠶᠢ ᠪᠢᠳᠡᠭᠦᠯᠡᠨ ᠬᠠᠳᠠᠭᠠᠯᠠᠵᠤ ᠵᠦᠭᠡᠭᠡᠪᠦᠷᠢᠯᠡᠬᠦ᠂ ᠢ | ᠵᠣᠣ ᠽᠢ ᠶᠤᠸᠠᠨ ᠬᠢᠵᠠᠭᠠᠷᠲᠤ ᠺᠤᠮᠫᠠᠨᠢ ᠶᠢᠨ 300 ᠲᠦᠮᠡᠨ ᠲᠤᠨ ᠨᠡᠭᠦᠷᠡᠰᠦ ᠤᠭᠢᠶᠠᠬᠤ ᠦᠢᠯᠡᠳᠪᠦᠷᠢ ᠵᠡᠷᠭᠡ | ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠴᠡᠭᠡ ᠪᠤᠭᠤᠮᠲᠠ ᠶᠢᠨ ᠪᠤᠬᠢᠷ | ᠤᠰᠤ ᠰᠢᠢᠳᠪᠦᠷᠢᠯᠡᠬᠦ ᠪᠤᠯᠤᠨ ᠬᠤᠶᠠᠳᠤᠭᠠᠷ ᠤᠰᠤᠨ ᠤ ᠡᠬᠢ ᠭᠠᠵᠠᠷ ᠵᠡᠷᠭᠡ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠪᠡᠶᠡᠯᠡᠭᠦᠯᠦᠨ᠎ᠡ᠃ ᠴᠡᠭᠡ ᠪᠤᠭᠤᠮᠲᠠ ᠶᠢ ᠳᠠᠩ ᠴᠢᠳᠠᠮᠵᠢ ᠠᠴᠠ ᠶᠡᠷᠦᠩᠬᠡᠶᠢᠯᠡᠭᠰᠡᠨ ᠴᠢᠳᠠᠮᠵᠢ ᠵᠦᠭ | ᠢᠳᠡᠪᠬᠢᠲᠡᠢ ᠦᠷᠭᠡᠳᠬᠡᠨ ᠬᠦᠭᠵᠢᠭᠦᠯᠵᠦ᠂ ᠮᠤᠩᠭᠤᠯ ᠤᠯᠤᠰ ᠤᠨ ᠮᠢᠬᠠᠨ ᠤ ᠲᠦᠷᠦᠯ ᠢ ᠤᠷᠤᠭᠤᠯᠵᠤ | ᠪᠤᠯᠪᠠᠰᠤᠷᠠᠭᠤᠯᠬᠤ ᠪᠤᠯᠤᠨ ᠬᠢᠯᠢ ᠠᠯᠤᠰᠯᠠᠭᠰᠠᠨ ᠵᠢᠭᠤᠯᠴᠢᠯᠠᠯ ᠢ ᠪᠠᠶᠢᠩᠭᠤᠵᠢᠭᠤᠯᠬᠤ ᠪᠠᠷ ᠴᠢᠷᠮᠠᠶᠢᠨ᠂ ᠨᠡᠭᠦᠷᠡᠰᠦ | ᠬᠤᠯᠢᠵᠦ ᠡᠳ᠋ᠰᠢᠭᠦᠯᠬᠦ ᠶᠢ ᠰᠦᠪᠡᠭᠴᠢᠯᠡᠵᠦ᠂ ᠲᠦᠷ ᠴᠠᠭ ᠤᠨ ᠠᠵᠤ ᠠᠬᠤᠢ ᠠᠴᠠ ᠲᠤᠬᠠᠢ ᠶᠢᠨ ᠭᠠᠵᠠᠷ ᠤᠨ ᠠᠵᠤ | ᠠᠬᠤᠢ ᠵᠦᠭ ᠬᠤᠪᠢᠰᠬᠤ ᠶᠢ ᠠᠬᠢᠭᠤᠯᠤᠨ᠂ ᠪᠤᠭᠤᠮᠲᠠ ᠶᠢᠨ ᠠᠵᠤ ᠠᠬᠤᠢ ᠤᠯᠠᠨ ᠡᠰᠢᠵᠢᠵᠦ ᠬᠦᠭᠵᠢᠬᠦ ᠶᠢ | ᠲᠦᠯᠬᠢᠨ ᠤᠷᠤᠭᠰᠢᠯᠠᠭᠤᠯᠤᠨ᠎ᠠ᠃ ᠪᠤᠭᠤᠮᠲᠠ ᠦᠩᠭᠡᠷᠡᠬᠦ ᠤᠷᠴᠢᠨ ᠲᠤᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ | ᠨᠡᠭᠦᠷᠡᠰᠦ ᠶᠢ ᠬᠠᠳᠠᠭᠠᠯᠠᠨ ᠵᠦᠭᠡᠭᠡᠪᠦᠷᠢᠯᠡᠵᠦ ᠪᠤᠷᠤᠯᠠᠭᠤᠯᠬᠤ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ | ᠭᠠᠳᠠᠭᠠᠳᠤ ᠠᠴᠠ ᠤᠷᠤᠭᠤᠯᠬᠤ ᠪᠠ ᠭᠠᠳᠠᠭᠠᠳᠤ ᠳᠤ ᠭᠠᠷᠭᠠᠬᠤ ᠪᠠᠷᠠᠭ᠎ᠠ ᠲᠡᠭᠡᠭᠡᠪᠦᠷᠢ ᠶᠢᠨ ᠬᠡᠮᠵᠢᠶ᠎ᠡ ᠶᠢ 1500 | ᠲᠦᠮᠡᠨ ᠲᠤᠨ ᠳᠤ ᠬᠦᠷᠭᠡᠬᠦ ᠶᠢ ᠪᠠᠲᠤᠯᠠᠵᠤ᠂ 1600 ᠲᠦᠮᠡᠨ ᠲᠤᠨ ᠢ ᠳᠠᠪᠠᠭ᠋ᠤ ᠪᠠᠷ ᠴᠢᠷᠮᠠᠶᠢᠨ᠎ᠠ᠃ ᠳᠤᠲᠤᠭᠠᠳᠤ | ᠨᠡᠭᠡᠭᠡᠯᠲᠡ ᠶᠢᠨ ᠲᠦᠪᠰᠢᠨ ᠢᠶᠠᠨ ᠪᠦᠬᠦ ᠲᠠᠯ᠎ᠠ ᠪᠠᠷ ᠳᠡᠭᠡᠭᠰᠢᠯᠡᠬᠦᠯᠵᠦ᠂ ᠬᠦᠷᠰᠢ ᠵᠡᠷᠭᠡᠯᠡᠳᠡᠭᠡ ᠮᠤᠵᠢ ᠤᠷᠤᠨ ᠲᠠᠢ | ᠠᠮᠢ ᠠᠬᠤᠢ ᠶᠢᠨ ᠬᠠᠮᠠᠭᠠᠯᠠᠯᠲᠠ᠂ ᠵᠢᠭᠤᠯᠴᠢᠯᠠᠯ ᠨᠡᠭᠡᠭᠡᠯᠲᠡ᠂ ᠡᠨᠧᠷᠭᠢ ᠶᠢᠨ ᠠᠰᠢᠭᠯᠠᠯᠲᠠ᠂ ᠵᠠᠮ ᠬᠠᠷᠢᠯᠴᠠᠭᠠᠨ ᠤ | ᠲᠣᠣᠷ ᠰᠦᠯᠵᠢᠶ᠎ᠡ᠂ ᠨᠡᠶᠢᠭᠡᠮ ᠤᠨ ᠴᠡᠭᠴᠡᠯᠡᠯᠲᠡ ᠵᠡᠷᠭᠡ ᠲᠠᠯ᠎ᠠ ᠪᠠᠷ ᠬᠠᠮᠵᠢᠯᠴᠠᠨ ᠬᠦᠭᠵᠢᠵᠦ ᠬᠠᠮᠲᠤᠪᠠᠷ ᠠᠰᠢᠭ | ᠤᠯᠬᠤ ᠪᠠᠷ ᠴᠢᠷᠮᠠᠶᠢᠨ᠎ᠠ᠃ ᠦᠵᠡᠭᠦᠯᠦᠯᠭᠡ ᠴᠢᠭᠤᠯᠭᠠᠨ ᠤ ᠠᠵᠤ ᠠᠬᠤᠢ ᠶᠢ ᠬᠦᠴᠦᠯᠡᠨ ᠬᠦᠭᠵᠢᠭᠦᠯᠵᠦ᠂ ︽ | ᠡᠵᠡᠨ᠎ᠡ · ᠳᠤᠮᠳᠠᠳᠤ ᠮᠤᠩᠭᠤᠯ ᠤᠨ ᠤᠯᠠᠨ ᠤᠯᠤᠰ ᠤᠨ ᠪᠠᠷᠠᠭ᠎ᠠ ᠲᠠᠸᠠᠷ ᠤᠨ ᠦᠵᠡᠭᠦᠯᠦᠯᠭᠡ ᠶᠢᠨ ᠶᠠᠷᠢᠯᠴᠠᠭᠠᠨ ᠤ | ᠬᠤᠷᠠᠯ︾ ᠢ ᠦᠷᠭᠦᠯᠵᠢᠯᠡᠨ ᠰᠠᠶᠢᠲᠤᠷ ᠡᠷᠬᠢᠯᠡᠵᠦ᠂ ᠦᠪᠡᠷᠲᠡᠭᠡᠨ ᠵᠠᠰᠠᠬᠤ ᠤᠷᠤᠨ᠂ ᠴᠢᠨᠠᠭᠰᠢᠯᠠᠨ ᠪᠦᠬᠦ | ᠤᠯᠤᠰ ᠤᠨ ᠴᠢᠨᠠᠷᠲᠠᠢ ᠬᠤᠷᠠᠯ ᠴᠢᠭᠤᠯᠭᠠᠨ ᠤ ᠬᠦᠳᠡᠯᠭᠡᠭᠡᠨ ᠢ ᠬᠦᠯᠢᠶᠠᠨ ᠠᠪᠴᠤ ᠵᠤᠬᠢᠶᠠᠨ ᠪᠠᠶᠢᠭᠤᠯᠤᠨ᠂ ᠡᠯ᠎ᠡ | ᠲᠦᠷᠦᠯ ᠤᠨ ᠦᠵᠡᠭᠦᠯᠦᠯᠭᠡ ᠬᠦᠳᠡᠯᠭᠡᠭᠡᠨ ᠤ ᠬᠡᠪᠴᠢᠶ᠎ᠡ ᠪᠤᠯᠤᠨ ᠨᠦᠯᠦᠭᠡᠯᠡᠬᠦ ᠬᠦᠴᠦ ᠶᠢ ᠲᠠᠰᠤᠷᠠᠯᠲᠠ ᠦᠭᠡᠢ | ᠶᠡᠭᠡᠰᠭᠡᠨ᠎ᠡ᠃ ᠤᠯᠤᠰ ᠤᠨ ᠬᠦᠨᠳᠦ ᠴᠢᠬᠤᠯᠠ ᠤᠷᠤᠨ ᠬᠡᠪᠴᠢᠶᠠᠨ ᠤ ᠬᠦᠭᠵᠢᠯᠲᠡ ᠶᠢᠨ ᠪᠠᠶᠢᠯᠳᠤᠬᠤ ᠪᠤᠳᠤᠯᠭ᠎ᠠ | ᠲᠠᠢ ᠪᠦᠬᠦ ᠲᠠᠯ᠎ᠠ ᠪᠠᠷ ᠵᠠᠯᠭᠠᠯᠳᠤᠨ᠂ ᠣᠯᠣᠰ ᠠᠴᠠ ᠬᠢᠯᠢ ᠬᠢᠵᠠᠭᠠᠷ ᠤᠨ ᠴᠦᠭᠡᠨ ᠲᠣᠭᠠᠲᠤ ᠦᠨᠳᠦᠰᠦᠲᠡᠨ ᠤ | ᠭᠠᠵᠠᠷ ᠤᠷᠤᠨ ᠢ ᠬᠦᠭᠵᠢᠭᠦᠯᠬᠦ ᠶᠢ ᠳᠡᠮᠵᠢᠬᠦ ᠲᠦᠷᠦ ᠶᠢᠨ ᠪᠤᠳᠤᠯᠭ᠎ᠠ ᠶᠢᠨ ᠲᠤᠬᠢᠶᠠᠯ ᠢ ᠢᠳᠡᠪᠬᠢᠲᠡᠢ ᠠᠳᠬᠤᠵᠤ᠂ | ᠠᠵᠤ ᠦᠢᠯᠡᠰ ᠤᠨ ᠬᠦᠭᠵᠢᠯᠲᠡ᠂ ᠰᠠᠭᠤᠷᠢ ᠲᠦᠭᠦᠭᠡᠷᠦᠮᠵᠢ᠂ ᠠᠮᠢ ᠠᠬᠤᠢ ᠶᠢᠨ ᠣᠷᠴᠢᠨ ᠲᠤᠭᠤᠷᠢᠨ᠂ ᠨᠡᠶᠢᠭᠡᠮ | ᠪᠠ ᠠᠷᠠᠳ ᠤᠨ ᠠᠮᠢᠳᠤᠷᠠᠯ ᠵᠡᠷᠭᠡ ᠬᠦᠷᠢᠶ᠎ᠡ ᠴᠠᠷᠠᠭᠠᠨ ᠤ ᠬᠦᠷᠦᠯᠴᠡᠬᠦ ᠦᠭᠡᠢ ᠲᠠᠯ᠎ᠠ ᠶᠢᠨ ᠲᠤᠭᠤᠷᠢᠨ ᠳᠤ᠂ ᠲᠦᠷᠦᠯ | ᠵᠦᠢᠯ ᠤᠨ ᠨᠦᠭᠡᠴᠡ ᠶᠢᠨ ᠬᠦᠮᠦᠷᠭᠡ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠳᠡᠭᠡᠭᠰᠢ ᠭᠦᠶᠦᠵᠦ | ᠲᠦᠷᠦᠯ ᠵᠦᠢᠯ ᠤᠯᠬᠤ ᠡᠷᠴᠢᠮ ᠢᠶᠠᠨ ᠴᠢᠩᠭᠠᠳᠬᠠᠨ᠂ ᠴᠢᠨᠠᠷ ᠰᠠᠶᠢᠲᠠᠢ ᠬᠦᠭᠵᠢᠯᠲᠡ ᠶᠢᠨ ᠱᠠᠭᠠᠷᠳᠠᠯᠭ᠎ᠠ ᠳᠤ | ᠨᠡᠶᠢᠴᠡᠬᠦ᠂ ᠬᠡᠯᠪᠡᠷᠢ ᠶᠢ ᠦᠭᠡᠷᠡᠴᠢᠯᠡᠨ ᠪᠦᠲᠦᠴᠡ ᠶᠢ ᠬᠤᠪᠢᠷᠠᠭᠤᠯᠬᠤ ᠳᠤ ᠠᠰᠢᠭᠲᠠᠢ ᠨᠢᠭᠡ ᠪᠦᠯᠦᠭ ᠲᠣᠮᠤ | ᠲᠦᠷᠦᠯ ᠵᠦᠢᠯ᠂ ᠰᠠᠶᠢᠨ ᠲᠦᠷᠦᠯ ᠵᠦᠢᠯ ᠢ ᠨᠢᠮᠪᠠᠢ ᠰᠦᠪᠡᠭᠴᠢᠯᠡᠨ ᠬᠡᠷᠡᠭᠵᠢᠭᠦᠯᠦᠨ᠎ᠡ᠃ ᠲᠦᠷᠦᠯ ᠵᠦᠢᠯ ᠢ | ᠠᠳᠬᠤᠬᠤ᠂ ᠠᠷᠠᠯᠵᠢᠶᠠᠴᠢᠨ ᠤᠷᠢᠬᠤ ᠶᠢ ᠠᠳᠬᠤᠬᠤ ᠪᠤᠯ ᠳᠠᠷᠤᠢ ᠠᠵᠤ ᠠᠬᠤᠢ᠂ ᠬᠦᠭᠵᠢᠯᠲᠡ ᠶᠢ ᠠᠳᠬᠤᠬᠤ | ᠬᠡᠬᠦ ᠤᠬᠠᠮᠰᠠᠷ ᠢ ᠪᠠᠲᠤ ᠪᠤᠢ ᠪᠤᠯᠭᠠᠵᠤ᠂ ᠠᠷᠠᠯᠵᠢᠶᠠᠴᠢᠨ ᠤᠷᠢᠬᠤ ᠠᠷᠭ᠎ᠠ ᠵᠠᠮ ᠢᠶᠠᠨ ᠦᠷᠭᠡᠳᠬᠡᠨ᠂ ᠠᠷᠭ᠎ᠠ | ᠪᠠᠷᠢᠯ ᠢᠶᠠᠨ ᠦᠭᠡᠷᠡᠴᠢᠯᠡᠵᠦ᠂ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠪᠤᠳᠠᠲᠠᠢ ᠠᠬᠢᠴᠠ ᠪᠤᠯᠤᠨ | ᠰᠢᠪᠲᠤᠯᠤᠯᠲᠠ ᠶᠢᠨ ᠦᠷ᠎ᠡ ᠪᠦᠲᠦᠮᠵᠢ ᠶᠢ ᠤᠯᠤᠨ᠎ᠠ᠃ | ︵ᠳᠥᠷᠪᠡ︶ ᠴᠢᠨᠠᠷ ᠰᠠᠶᠢᠲᠠᠢ ᠬᠦᠭᠵᠢᠯᠲᠡ ᠶᠢᠨ ᠦᠨᠳᠦᠰᠦᠨ ᠪᠠᠷᠢᠮᠵᠢᠶ᠎ᠠ ᠶᠢ ᠪᠠᠬᠢᠵᠢᠭᠦᠯᠬᠦ ᠶᠢᠨ | ᠲᠤᠭᠤᠷᠢᠨ ᠳᠤ᠂ ᠬᠦᠭᠵᠢᠯᠲᠡ ᠶᠢᠨ ᠦᠷ᠎ᠡ ᠪᠦᠲᠦᠮᠵᠢ ᠪᠠᠨ ᠬᠠᠮᠲᠤᠪᠠᠷ ᠡᠳ᠋ᠯᠡᠬᠦ ᠶᠢ ᠲᠦᠷᠭᠡᠳᠬᠡᠨ ᠠᠬᠢᠭᠤᠯᠤᠨ᠎ᠠ | ᠨᠡᠶᠢᠭᠡᠮ ᠤᠨ ᠪᠠᠲᠤᠯᠠᠭᠠᠨ ᠤ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠠᠷᠠᠳ | ᠲᠦᠮᠡᠨ ᠢᠶᠠᠷ ᠭᠤᠤᠯ ᠪᠤᠯᠭᠠᠬᠤ ᠶᠢ ᠪᠠᠷᠢᠮᠲᠠᠯᠠᠵᠤ᠂ ᠠᠵᠤ ᠦᠢᠯᠡᠰ ᠢᠶᠠᠷ ᠶᠠᠳᠠᠭᠤ ᠶᠢ ᠳᠡᠳᠬᠦᠬᠦ ᠪᠠᠷ ᠠᠳᠬᠤᠴᠠ | ᠪᠤᠯᠭᠠᠨ᠂ ᠳᠠᠬᠢᠨ ᠶᠠᠳᠠᠭᠤᠷᠠᠬᠤ ᠶᠢ ᠬᠢᠨᠠᠨ ᠰᠡᠷᠭᠡᠶᠢᠯᠡᠬᠦ ᠪᠤᠯᠤᠨ ᠬᠦᠳᠡᠯᠦᠩᠭᠦᠢ ᠲᠤᠰᠠᠯᠠᠨ ᠳᠡᠳᠬᠦᠬᠦ ᠲᠤᠭᠲᠠᠴᠠ ᠶᠢ | ᠪᠦᠷᠢᠨ ᠳᠡᠭᠦᠯᠳᠡᠷᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠠᠵᠢᠯ ᠤᠨ ᠢᠯᠠᠯᠲᠠ ᠶᠢ | ᠡᠷᠡᠰ ᠲᠡᠮᠡᠴᠡᠨ ᠤᠯᠤᠨ᠎ᠠ᠃ ᠠᠵᠢᠯ ᠣᠯᠵᠤ ᠦᠢᠯᠡᠰ ᠪᠣᠰᠬᠠᠬᠤ ᠪᠤᠯᠪᠠᠰᠤᠷᠠᠯ ᠢ ᠴᠢᠩᠭᠠᠳᠬᠠᠨ᠂ ᠶᠡᠭᠡ ᠰᠤᠷᠭᠠᠭᠤᠯᠢ | ᠲᠡᠭᠦᠰᠦᠭᠰᠡᠨ ᠤᠶᠤᠲᠠᠳ᠂ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠢ ᠡᠷᠦᠭᠡ᠂ ᠨᠡᠭᠦᠨ ᠰᠢᠯᠵᠢᠭᠰᠡᠨ | ᠮᠠᠯᠴᠢᠨ ᠲᠠᠷᠢᠶᠠᠴᠢᠳ᠂ ᠴᠡᠷᠢᠭ ᠤᠨ ᠠᠯᠪᠠᠨ ᠠᠴᠠ ᠬᠠᠯᠠᠭᠳᠠᠭᠰᠠᠳ᠂ ᠵᠡᠮᠳᠡᠭᠴᠦᠳ ᠵᠡᠷᠭᠡ ᠬᠦᠮᠦᠰ ᠤᠨ ᠠᠵᠢᠯ | ᠤᠯᠭᠤᠯᠲᠠ ᠶᠢ ᠤᠯᠠᠨ ᠠᠷᠭ᠎ᠠ ᠵᠠᠮ ᠢᠶᠠᠷ ᠰᠠᠶᠢᠳᠦᠷ ᠬᠢᠵᠦ᠂ ᠪᠦᠬᠦ ᠵᠢᠯ ᠳᠤ ᠬᠤᠲᠠ ᠪᠠᠯᠭᠠᠰᠤᠨ ᠳᠤ 200 ᠠᠵᠢᠯ | ᠤᠯᠤᠭᠰᠠᠳ ᠢ ᠰᠢᠨ᠎ᠡ ᠪᠠᠷ ᠨᠡᠮᠡᠭᠳᠡᠭᠦᠯᠦᠨ᠂ 550 ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠤᠯᠭᠤᠵᠤ᠂ | 600 ᠲᠦᠮᠡᠨ ᠲᠦᠭᠦᠷᠢᠭ ᠠᠴᠠ ᠳᠡᠭᠡᠭᠰᠢᠬᠢ ᠦᠢᠯᠡᠰ ᠪᠣᠰᠬᠠᠬᠤ ᠪᠠᠲᠤᠯᠠᠭᠠᠲᠤ ᠵᠢᠭᠡᠯᠡᠯᠭᠡ ᠲᠠᠷᠬᠠᠭᠠᠨ᠎ᠠ᠃ ᠭᠡᠷ | ᠡᠷᠦᠬᠡ ᠪᠠᠷ ᠰᠠᠭᠤᠷᠢ ᠪᠤᠯᠭᠠᠭᠰᠠᠨ᠂ ᠨᠡᠶᠢᠭᠡᠮ ᠲᠤᠭᠤᠷᠢᠭ ᠢᠶᠠᠷ ᠲᠦᠰᠢᠭ ᠪᠤᠯᠭᠠᠭᠰᠠᠨ᠂ ᠪᠠᠶᠢᠭᠤᠯᠤᠮᠵᠢ ᠪᠠᠷ | ᠨᠦᠬᠦᠪᠦᠷᠢ ᠪᠤᠯᠭᠠᠭᠰᠠᠨ᠂ ᠡᠮᠴᠢᠯᠡᠭᠡ ᠠᠰᠠᠷᠠᠮᠵᠢ ᠶᠢ ᠤᠶᠠᠯᠳᠤᠭᠤᠯᠤᠭᠰᠠᠨ ᠨᠠᠶᠢᠭᠡᠮᠴᠢᠯᠡᠭᠰᠡᠨ ᠨᠠᠰᠤᠵᠢᠯ ᠤᠨ | ᠠᠰᠠᠷᠠᠮᠵᠢ ᠵᠢᠨᠦᠢᠯᠡᠴᠢᠯᠡᠭᠡᠨ ᠤ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠳᠦᠯᠬᠢᠨ ᠠᠬᠢᠭᠤᠯᠤᠨ᠎ᠠ᠃ | ᠨᠡᠶᠢᠭᠡᠮ ᠳᠤᠭᠤᠷᠢᠭ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠦᠭᠦᠭᠡᠷᠦᠮᠵᠢ ᠪᠤᠯᠤᠨ ᠬᠡᠦᠬᠡᠳ ᠤᠨ ᠴᠡᠴᠡᠷᠯᠢᠭ ᠲᠤ | ᠲᠦᠰᠢᠭᠯᠡᠨ᠂ ᠨᠢᠯᠬ᠎ᠠ ᠬᠡᠦᠬᠡᠳ ᠢ ᠠᠰᠠᠷᠠᠨ ᠬᠠᠷᠠᠭᠠᠯᠵᠠᠬᠤ ᠵᠢᠱᠢᠶ᠎ᠡ ᠦᠵᠡᠬᠦᠯᠬᠦ ᠪᠦᠲᠦᠭᠡᠨ ᠪᠠᠶᠢᠭᠤᠯᠤᠯᠲᠠ ᠶᠢ | ᠦᠷᠨᠢᠬᠦᠯᠦᠨ᠎ᠡ᠃ ᠨᠡᠶᠢᠭᠡᠮ ᠤᠨ ᠠᠪᠤᠷᠠᠨ ᠲᠤᠰᠠᠯᠠᠯᠲᠠ᠂ ᠨᠡᠶᠢᠭᠡᠮ ᠤᠨ ᠠᠰᠠᠷᠠᠮᠵᠢ᠂ ᠨᠢᠭᠦᠯᠡᠰᠦᠩᠭᠦᠢ ᠦᠢᠯᠡᠰ᠂ | ᠬᠠᠯᠠᠮᠵᠢᠯᠠᠵᠤ ᠳᠦᠪᠬᠢᠨᠡᠭᠦᠯᠬᠦ ᠵᠡᠷᠭᠡ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠨᠢᠭᠡᠳᠦᠯᠲᠡᠢ ᠲᠦᠯᠦᠪᠯᠡᠨ | ᠲᠡᠭᠦᠯᠳᠡᠷᠵᠢᠭᠦᠯᠵᠦ᠂ ᠵᠡᠮᠳᠡᠭᠴᠦᠳ ᠢ ᠳᠠᠭᠠᠭᠠᠨ ᠠᠰᠠᠷᠠᠬᠤ ᠲᠦᠪ ᠢ ᠡᠬᠢᠯᠡᠨ ᠪᠠᠶᠢᠭᠤᠯᠵᠤ᠂ ᠠᠷᠠᠳ ᠤᠨ | ᠠᠮᠢᠳᠤᠷᠠᠯ ᠤᠨ ᠪᠠᠲᠤᠯᠠᠭᠠᠨ ᠤ ᠦᠨᠳᠦᠰᠦᠨ ᠪᠠᠷᠢᠮᠵᠢᠶ᠎ᠠ ᠶᠢ ᠴᠢᠩᠭ᠎ᠠ ᠠᠳᠬᠤᠨ᠎ᠠ᠃ ᠡᠮᠨᠡᠯᠭᠡ ᠶᠢᠨ ᠳᠠᠭᠠᠳᠬᠠᠯ ᠤᠨ | ᠰᠠᠭᠤᠷᠢ ᠮᠦᠩᠭᠦᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠠᠷᠠᠳ ᠲᠤ ᠠᠰᠢᠭ ᠬᠦᠷᠲᠡᠭᠡᠬᠦ ᠲᠦᠷᠦ ᠶᠢᠨ | ᠪᠤᠳᠤᠯᠭ᠎ᠠ ᠶᠢ ᠰᠠᠶᠢᠳᠤᠷ ᠠᠰᠢᠭᠯᠠᠵᠤ᠂ ᠡᠮᠨᠡᠯᠭᠡ ᠶᠢᠨ ᠳᠠᠭᠠᠳᠬᠠᠯ ᠢ ᠲᠣᠭᠠᠴᠠᠬᠤ ᠠᠷᠭ᠎ᠠ ᠬᠡᠯᠪᠡᠷᠢ ᠶᠢᠨ | ᠦᠭᠡᠷᠡᠴᠢᠯᠡᠯᠲᠡ ᠲᠠᠢ ᠳᠠᠭᠠᠯᠳᠤᠨ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠤᠯ ᠵᠢᠷᠭᠠᠯᠲᠤ | ᠲᠦᠷᠦᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | ᠨᠡᠶᠢᠲᠡ ᠶᠢᠨ ᠦᠢᠯᠡᠴᠢᠯᠡᠭᠡᠨ ᠤ ᠰᠢᠯᠢᠳᠡᠭ ᠬᠠᠩᠭᠠᠯᠭ᠎ᠠ ᠶᠢ ᠴᠢᠷᠮᠠᠶᠢᠨ ᠠᠬᠢᠭᠤᠯᠤᠨ᠎ᠠ᠃ ᠰᠤᠷᠭᠠᠨ | ᠬᠦᠮᠦᠵᠢᠯ ᠤᠨ ᠲᠤᠬᠢᠷᠠᠭᠤᠯᠤᠯᠲᠠ ᠶᠢ ᠨᠢᠭᠡᠳᠦᠯᠲᠡᠢ ᠲᠦᠯᠦᠪᠯᠡᠨ ᠰᠢᠯᠢᠳᠡᠭᠵᠢᠭᠦᠯᠵᠦ᠂ ᠬᠤᠶᠠᠳᠤᠭᠠᠷ ᠬᠡᠦᠬᠡᠳ ᠤᠨ | ᠴᠡᠴᠡᠷᠯᠢᠭ᠂ ᠨᠡᠶᠢᠲᠡ ᠶᠢᠨ ᠪᠡᠶ᠎ᠡ ᠲᠠᠮᠢᠷ ᠤᠨ ᠲᠠᠯᠠᠪᠤᠷ᠂ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠲᠦᠪ ᠢ | ᠴᠢᠷᠮᠠᠶᠢᠨ ᠪᠠᠶᠢᠭᠤᠯᠵᠤ ᠬᠡᠷᠡᠭᠯᠡᠭᠡ ᠳᠤ ᠤᠷᠤᠭᠤᠯᠤᠨ᠂ ᠬᠤᠶᠠᠳᠤᠭᠠᠷ ᠬᠢᠲᠠᠳ ᠪᠠᠭ᠎ᠠ ᠰᠤᠷᠭᠠᠭᠤᠯᠢ ᠶᠢ ᠡᠬᠢᠯᠡᠨ | ᠪᠠᠶᠢᠭᠤᠯᠤᠨ᠎ᠠ᠃ ᠦᠨᠳᠦᠰᠦᠲᠡᠨ ᠤ ᠰᠤᠷᠭᠠᠨ ᠬᠦᠮᠦᠵᠢᠯ ᠢ ᠲᠡᠷᠢᠭᠦᠨ ᠳᠤ ᠭᠤᠤᠯᠳᠠᠯᠭ᠎ᠠ ᠲᠠᠢ ᠭᠦᠭᠵᠢᠭᠦᠯᠵᠦ᠂ ᠬᠡᠪ | ᠴᠢᠨᠠᠷ ᠤᠨ ᠰᠤᠷᠭᠠᠨ ᠬᠦᠮᠦᠵᠢᠯ ᠢ ᠬᠡᠷᠡᠭᠵᠢᠭᠦᠯᠦᠨ᠂ ᠰᠤᠷᠬᠤ ᠨᠠᠰᠤᠨ ᠠᠴᠠ ᠡᠮᠦᠨᠡᠬᠢ ᠬᠦᠮᠦᠵᠢᠯ ᠢ ᠰᠠᠶᠢᠲᠤᠷ ᠬᠢᠵᠦ | ᠂ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠦᠮᠦᠵᠢᠯ ᠢ ᠲᠦᠭᠡᠮᠡᠯᠵᠢᠭᠦᠯᠦᠨ᠂ ᠠᠵᠢᠯ | ᠮᠡᠷᠭᠡᠵᠢᠯ ᠤᠨ ᠪᠤᠯᠪᠠᠰᠤᠷᠠᠯ ᠢ ᠲᠡᠭᠦᠯᠳᠡᠷᠵᠢᠭᠦᠯᠵᠦ᠂ ᠬᠤᠪᠢ ᠪᠠᠷ ᠡᠷᠬᠢᠯᠡᠭᠰᠡᠨ ᠰᠤᠷᠭᠠᠭᠤᠯᠢ ᠶᠢ ᠲᠤᠰᠠᠯᠠᠵᠤ | ᠳᠦᠷᠢᠮᠵᠢᠭᠦᠯᠦᠨ᠂ ᠰᠤᠷᠭᠠᠨ ᠬᠦᠮᠦᠵᠢᠯ ᠤᠨ ᠵᠤᠬᠢᠴᠠᠩᠭᠤᠢ ᠬᠦᠭᠵᠢᠯᠲᠡ ᠶᠢ ᠠᠬᠢᠭᠤᠯᠤᠨ᠎ᠠ᠃ ᠪᠠᠭᠰᠢ ᠶᠢᠨ ᠬᠡᠪ | ᠰᠤᠷᠲᠠᠯ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠰᠤᠷᠭᠠᠭᠤᠯᠢ ᠶᠢᠨ ᠵᠠᠬᠢᠷᠤᠯ᠂ ᠪᠠᠭᠰᠢ᠂ | ᠵᠢᠭᠠᠬᠤ ᠶᠢ ᠰᠤᠳᠤᠯᠬᠤ᠂ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠺᠠᠳ᠋ᠷ ᠵᠡᠷᠭᠡ ᠳᠦᠷᠪᠡᠨ ᠡᠩᠨᠡᠭᠡᠨ ᠤ | ᠪᠦᠲᠦᠭᠡᠨ ᠪᠠᠶᠢᠭᠤᠯᠤᠯᠲᠠ ᠶᠢ ᠤᠨᠴᠠᠭᠠᠶᠢᠯᠠᠨ ᠰᠠᠶᠢᠳᠤᠷ ᠠᠳᠬᠤᠵᠤ᠂ ᠴᠡᠴᠡᠷᠯᠢᠭ ᠤᠨ ᠪᠠᠭᠰᠢ ᠶᠢᠨ ᠡᠬᠢ ᠪᠠᠶᠠᠯᠢᠭ ᠢ | ᠬᠠᠮᠲᠤᠪᠠᠷ ᠬᠤᠪᠢᠶᠠᠯᠴᠠᠬᠤ ᠶᠢ ᠰᠦᠪᠡᠭᠴᠢᠯᠡᠨ᠂ ᠪᠠᠭᠰᠢ ᠶᠢᠨ ᠪᠦᠲᠦᠴᠡ ᠶᠢᠨ ᠴᠢᠨᠠᠷᠲᠠᠢ ᠣᠷᠣᠨ ᠲᠤᠭ᠎ᠠ | ᠳᠤᠲᠠᠭᠳᠠᠵᠤ ᠪᠠᠶᠢᠭ᠎ᠠ ᠠᠰᠠᠭᠤᠳᠠᠯ ᠢ ᠴᠢᠷᠮᠠᠶᠢᠨ ᠰᠢᠢᠳᠪᠦᠷᠢᠯᠡᠨ᠎ᠡ᠃ ᠪᠦᠬᠦ ᠠᠷᠠᠳ ᠢᠶᠠᠷ ᠪᠡᠶ᠎ᠡ ᠴᠢᠬᠢᠷᠠᠭᠵᠢᠭᠤᠯᠬᠤ | ᠰᠢᠷᠢᠰ ᠬᠦᠳᠡᠯᠭᠡᠭᠡᠨ ᠢ ᠦᠷᠭᠡᠨ ᠢᠶᠠᠷ ᠦᠷᠨᠢᠭᠦᠯᠦᠨ᠂ ᠠᠷᠠᠳ ᠲᠦᠮᠡᠨ ᠤ ᠵᠤᠯ ᠵᠢᠷᠭᠠᠯ ᠤᠨ ᠵᠢᠭᠠᠯᠲᠠ ᠲᠤᠭ᠎ᠠ ᠶᠢ | ᠤᠯᠠᠮ ᠳᠡᠭᠡᠭᠰᠢᠯᠡᠭᠦᠯᠦᠨ᠎ᠡ᠃ ︽ᠶᠡᠭᠡ ᠬᠡᠪᠴᠢᠶᠡᠨ ᠤ ᠡᠷᠡᠭᠦᠯ ᠬᠠᠮᠠᠭᠠᠯᠠᠯ᠂ ᠶᠡᠭᠡ ᠬᠡᠪᠴᠢᠶᠡᠨ ᠤ ᠡᠷᠡᠭᠦᠯ ᠮᠡᠨᠳᠦ︾ | ᠶᠢᠨ ᠤᠶᠢᠯᠠᠭᠠᠭᠲᠠᠬᠤᠨ ᠢ ᠪᠠᠷᠢᠮᠲᠠᠯᠠᠨ᠂ ︽ᠡᠷᠡᠭᠦᠯ ᠡᠩᠭᠡ ᠡᠵᠡᠨ᠎ᠡ︾ ᠶᠢᠨ ᠪᠦᠲᠦᠭᠡᠨ ᠪᠠᠶᠢᠭᠤᠯᠤᠯᠲᠠ ᠶᠢ | ᠭᠦᠨᠵᠡᠭᠡᠶᠢᠷᠡᠭᠦᠯᠦᠨ ᠠᠬᠢᠭᠤᠯᠵᠤ᠂ ᠪᠦᠬᠦ ᠲᠠᠯ᠎ᠠ ᠪᠦᠬᠦᠶᠢᠯᠡ ᠬᠤᠭᠤᠴᠠᠭ᠎ᠠ ᠪᠠᠷ ᠠᠷᠠᠳ ᠲᠦᠮᠡᠨ ᠤ ᠡᠷᠡᠭᠦᠯ ᠮᠡᠨᠳᠦ | ᠶᠢ ᠪᠠᠲᠤᠯᠠᠨ᠎ᠠ᠃ ᠮᠤᠩᠭᠤᠯ ᠡᠮᠨᠡᠯᠭᠡ ᠶᠢᠨ ᠬᠤᠷᠢᠶ᠎ᠠ ᠶᠢ ᠨᠡᠭᠦᠯᠭᠡᠨ᠂ ᠰᠤᠪᠨᠠᠭᠤᠷ ᠰᠤᠮᠤᠨ ᠤ ᠡᠷᠡᠭᠦᠯ ᠬᠠᠮᠠᠭᠠᠯᠠᠯ ᠤᠨ | ᠬᠤᠷᠢᠶ᠎ᠠ ᠶᠢ ᠪᠠᠶᠢᠭᠤᠯᠤᠨ ᠳᠠᠭᠤᠰᠬᠠᠵᠤ᠂ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢ ᠦᠷᠭᠡᠳᠬᠡᠨ | ᠵᠠᠰᠠᠬᠤ ᠪᠠ ᠡᠬᠡ ᠨᠢᠯᠬᠠᠰ ᠤᠨ ᠡᠷᠡᠭᠦᠯᠵᠢᠯ᠂ ᠲᠦᠯᠦᠪᠯᠡᠭᠡᠲᠦ ᠬᠦᠩᠭᠡᠵᠢᠯ ᠤᠨ ᠦᠢᠯᠡᠴᠢᠯᠡᠭᠡᠨ ᠤ ᠲᠦᠪ ᠤᠨ | ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠲᠦᠷᠭᠡᠳᠬᠡᠨ ᠠᠬᠢᠭᠤᠯᠤᠨ᠎ᠠ᠃ ᠡᠪᠡᠳᠴᠢᠨ ᠤ ᠪᠠᠶᠢᠳᠠᠯ ᠢᠶᠠᠷ ᠳᠡᠰ | ᠬᠤᠪᠢᠶᠠᠵᠤ ᠣᠨᠣᠰᠢᠯᠠᠨ ᠡᠮᠴᠢᠯᠡᠬᠦ ᠪᠤᠯᠤᠨ ᠡᠮᠨᠡᠯᠭᠡ ᠶᠢᠨ ᠬᠠᠮᠲᠤᠷᠠᠭᠰᠠᠨ ᠴᠤᠭᠴᠠ᠂ ᠬᠤᠯᠪᠤᠭᠠᠲᠤ ᠴᠤᠭᠴᠠ ᠶᠢᠨ | ᠪᠠᠶᠢᠭᠤᠯᠤᠯᠲᠠ ᠶᠢ ᠲᠡᠭᠦᠯᠳᠡᠷᠵᠢᠭᠦᠯᠦᠨ᠂ ᠡᠮ ᠡᠮᠨᠡᠯᠭᠡ ᠶᠢ ᠠᠪᠤᠴᠠᠯᠳᠤᠭᠤᠯᠤᠨ ᠳᠡᠳᠬᠦᠬᠦ ᠬᠦᠴᠦᠯᠡᠴᠡ ᠪᠠᠨ | ᠶᠡᠭᠡᠰᠭᠡᠵᠦ᠂ ᠰᠢᠯᠢᠳᠡᠭ ᠡᠮᠴᠢᠯᠡᠭᠡᠨ ᠤ ᠡᠬᠢ ᠪᠠᠶᠠᠯᠢᠭ ᠢ ᠬᠠᠮᠲᠤᠪᠠᠷ ᠡᠳ᠋ᠯᠡᠬᠦ ᠶᠢ ᠠᠬᠢᠭᠤᠯᠤᠨ᠎ᠠ᠃ ᠪᠦᠬᠦ ᠰᠠᠯᠠᠭᠠᠨ | ᠳᠤ ᠨᠡᠪᠳᠡᠷᠡᠭᠰᠡᠨᠡᠮᠴᠢ ᠶᠢᠨ ᠡᠩᠨᠡᠭᠡᠨ ᠤ ᠪᠤᠯᠪᠠᠰᠤᠷᠠᠯ ᠢ ᠠᠬᠢᠭᠤᠯᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ | ᠴᠢᠳᠠᠪᠤᠷᠢᠲᠠᠨ ᠤ ᠳᠤᠲᠠᠭᠤᠳᠠᠯ ᠢ ᠬᠦᠴᠦᠯᠡᠨ ᠨᠦᠬᠦᠪᠦᠷᠢᠯᠡᠨ᠎ᠡ᠃ ᠮᠤᠩᠭᠤᠯ ᠡᠮ ᠡᠮᠨᠡᠯᠭᠡ ᠵᠢᠴᠢ ᠮᠤᠩᠭᠤᠯ | ᠡᠮᠨᠡᠯᠭᠡ ᠶᠢᠨ ᠤᠨᠴᠠᠯᠢᠭᠲᠤ ᠲᠤᠰᠬᠠᠢ ᠰᠠᠯᠠᠭ᠎ᠠ ᠲᠠᠰᠤᠭ ᠢ ᠬᠦᠴᠦᠯᠡᠨ ᠬᠦᠭᠵᠢᠭᠦᠯᠵᠦ᠂ ᠮᠤᠩᠭᠤᠯ ᠬᠢᠳᠠᠳ | ᠡᠮᠨᠡᠯᠭᠡ ᠶᠢᠨ ᠡᠮᠴᠢᠯᠡᠭᠡᠨ ᠤ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠬᠦᠩᠭᠡᠵᠢᠯ ᠤᠨ | ᠲᠦᠷᠦ ᠶᠢᠨ ᠪᠤᠳᠤᠯᠭ᠎ᠠ ᠶᠢ ᠬᠢᠨᠠᠮᠠᠭᠠᠢ ᠲᠤᠤᠱᠯᠠᠭᠤᠯᠵᠤ᠂ ᠬᠦᠮᠦᠨ ᠠᠮᠠ ᠶᠢᠨ ᠴᠢᠨᠠᠷ ᠴᠢᠨᠰᠠᠭ᠎ᠠ ᠶᠢ ᠴᠢᠷᠮᠠᠶᠢᠨ | ᠳᠡᠭᠡᠭᠰᠢᠯᠡᠭᠦᠯᠦᠨ᠎ᠡ᠃ ᠡᠬᠡ ᠤᠷᠤᠨᠴᠢ ᠡᠷᠡᠭᠦᠯ ᠬᠠᠮᠠᠭᠠᠯᠠᠯ ᠪᠤᠯᠤᠨ ᠪᠦᠬᠦ ᠠᠷᠠᠳ ᠢᠶᠠᠷ ᠪᠡᠶ᠎ᠡ ᠴᠢᠬᠢᠷᠠᠭᠵᠢᠭᠤᠯᠬᠤ | ᠬᠦᠮᠦᠵᠢᠯ ᠢ ᠦᠷᠭᠡᠨ ᠢᠶᠠᠷ ᠦᠷᠨᠢᠭᠦᠯᠵᠦ᠂ ᠡᠪᠡᠳᠴᠢᠨᠡᠮᠭᠡᠭ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠨ᠂ | ᠨᠡᠶᠢᠲᠡ ᠶᠢᠨ ᠡᠷᠡᠭᠦᠯ ᠬᠠᠮᠠᠭᠠᠯᠠᠯ ᠪᠤᠯᠤᠨ ᠵᠢᠭᠦᠷᠲᠡᠨ ᠤ ᠲᠠᠭᠰᠢᠭᠤᠷ᠂ ᠬᠤᠯᠤᠭᠠᠨ᠎ᠠ ᠶᠢᠨ ᠬᠢᠵᠢᠭ ᠵᠡᠷᠭᠡ ᠬᠦᠨᠳᠦ | ᠨᠤᠴᠢᠲᠠᠢ ᠬᠠᠯᠳᠠᠪᠤᠷᠢᠲᠤ ᠡᠪᠡᠳᠴᠢᠨ ᠢ ᠰᠡᠷᠭᠡᠶᠢᠯᠡᠬᠦ ᠰᠢᠰᠲ᠋ᠧᠮ ᠢ ᠪᠦᠷᠢᠨ ᠲᠡᠭᠦᠯᠳᠡᠷᠵᠢᠭᠦᠯᠵᠦ᠂ ᠬᠤᠰᠢᠭᠤᠨ ᠤ | ᠬᠢᠵᠢᠭ ᠢ ᠰᠡᠷᠭᠡᠶᠢᠯᠡᠨ ᠬᠢᠵᠠᠭᠠᠷᠯᠠᠬᠤ ᠲᠦᠪ ᠤᠨ ᠮᠣᠯᠧᠺᠦ᠋ᠯ ᠤᠨ ᠠᠮᠢᠳᠤ ᠪᠤᠳᠠᠰ ᠤᠨ ᠰᠤᠳᠤᠯᠤᠯ ᠤᠨ ᠰᠢᠯᠭᠠᠨ | ᠪᠠᠶᠢᠴᠠᠭᠠᠬᠤ ᠲᠤᠷᠰᠢᠯᠲᠠ ᠶᠢᠨ ᠳᠠᠰᠤᠭ ᠢ ᠪᠠᠶᠢᠭᠤᠯᠤᠨ ᠳᠠᠭᠤᠰᠬᠠᠵᠤ᠂ ᠤᠯᠤᠰ ᠤᠨ ︽ᠡᠷᠡᠭᠦᠯ ᠮᠡᠨᠳᠦ ᠶᠢ | ᠠᠬᠢᠭᠤᠯᠤᠭᠰᠠᠨ ᠬᠤᠰᠢᠭᠤ︾ ᠪᠤᠯᠤᠨ ᠤᠷᠤᠨ ᠤ ︽ᠠᠷᠬᠠᠭ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠬᠦ ᠵᠢᠱᠢᠶ᠎ᠡ | ᠦᠵᠡᠭᠦᠯᠬᠦ ᠤᠷᠤᠨ︾ ᠢ ᠴᠢᠷᠮᠠᠶᠢᠨ ᠪᠦᠲᠦᠭᠡᠨ᠎ᠡ᠃ | ᠤᠯᠤᠰ ᠤᠨ ᠪᠠᠲᠤᠯᠠᠨ ᠬᠠᠮᠠᠭᠠᠯᠠᠯᠲᠠ ᠪᠤᠯᠤᠨ ᠴᠡᠷᠢᠭ ᠠᠩᠭᠢ ᠶᠢᠨ ᠪᠠᠶᠢᠭᠤᠯᠤᠯᠲᠠ ᠶᠢ ᠴᠢᠷᠮᠠᠶᠢᠨ | ᠳᠡᠮᠵᠢᠨ᠎ᠡ᠃ ᠰᠢ ᠶᠢᠨ ᠫᠢᠩ ᠤᠨ ᠴᠡᠷᠢᠭ ᠢᠶᠠᠨ ᠬᠦᠴᠦᠷᠭᠡᠭᠵᠢᠭᠦᠯᠬᠦ ᠦᠵᠡᠯ ᠰᠠᠨᠠᠭ᠎ᠠ ᠶᠢ ᠬᠦᠨᠵᠡᠭᠡᠢ ᠲᠤᠤᠱᠯᠠᠭᠤᠯᠤᠨ | ᠂ ᠤᠯᠤᠰ ᠤᠨ ᠠᠮᠤᠷ ᠲᠦᠪᠰᠢᠨ ᠪᠤᠯᠤᠨ ᠬᠦᠭᠵᠢᠯᠲᠡ ᠶᠢᠨ ᠪᠠᠶᠢᠯᠳᠤᠬᠤ ᠪᠤᠳᠤᠯᠭ᠎ᠠ ᠶᠢᠨ ᠪᠦᠬᠦ ᠲᠠᠯ᠎ᠠ ᠶᠢᠨ | ᠬᠠᠷᠠᠭᠠᠰᠤ ᠠᠴᠠ ᠤᠯᠤᠰ ᠤᠨ ᠪᠠᠲᠤᠯᠠᠨ ᠬᠠᠮᠠᠭᠠᠯᠠᠯᠲᠠ ᠪᠤᠯᠤᠨ ᠴᠡᠷᠢᠭ ᠠᠩᠭᠢ ᠶᠢᠨ ᠪᠠᠶᠢᠭᠤᠯᠤᠯᠲᠠ ᠶᠢ ᠳᠡᠮᠵᠢᠵᠦ᠂ | ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠪᠤᠯᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ | ᠪᠠᠶᠢᠭᠤᠯᠤᠯᠲᠠ ᠶᠢᠨ ᠳᠤᠮᠳᠠ ᠪᠦᠬᠦ ᠬᠦᠴᠦᠨ ᠵᠦᠢᠯ᠂ ᠤᠯᠠᠨ ᠬᠦᠷᠢᠶ᠎ᠡ ᠴᠠᠷ᠎ᠠ᠂ ᠦᠨᠳᠦᠷ ᠦᠷ᠎ᠡ ᠠᠰᠢᠭ ᠢ | ᠤᠶᠠᠯᠳᠤᠭᠤᠯᠤᠭᠰᠠᠨ ᠬᠦᠭᠦᠷᠭᠡ ᠶᠢ ᠳᠡᠪᠢᠰᠦᠨ᠂ ᠴᠡᠷᠢᠭ ᠠᠷᠠᠳ ᠠᠭᠤᠰᠤᠯᠴᠠᠵᠤ ᠭᠦᠨᠵᠡᠭᠡᠶᠢᠷᠡᠨ ᠬᠦᠭᠵᠢᠬᠦ ᠳᠤ | ᠪᠠᠲᠤ ᠪᠠᠬᠢ ᠰᠠᠭᠤᠷᠢ ᠶᠢ ᠲᠠᠯᠪᠢᠨ᠎ᠠ᠃ ᠦᠷᠬᠦᠯᠵᠢᠯᠡᠨ ᠬᠤᠶᠠᠷ ᠲᠤᠮᠤ ᠴᠡᠷᠢᠭ ᠤᠨ ᠰᠠᠭᠤᠷᠢᠨ ᠳᠤ ᠲᠦᠭᠡᠭᠡᠯ | ᠤᠰᠤ ᠶᠢ ᠦᠷᠭᠡᠳᠬᠡᠨ ᠪᠠᠶᠢᠭᠤᠯᠬᠤ᠂ ᠬᠤᠲᠠ ᠶᠢᠨ ᠵᠠᠮ ᠵᠡᠭᠡᠯᠢ᠂ ᠬᠤᠭ ᠨᠤᠪᠰᠢ ᠪᠤᠬᠢᠷ ᠤᠰᠤ ᠶᠢ ᠰᠢᠢᠳᠪᠦᠷᠢᠯᠡᠬᠦ᠂ | ᠲᠤᠨᠤᠭ ᠲᠦᠭᠦᠭᠡᠷᠦᠮᠵᠢ ᠮᠠᠲ᠋ᠧᠷᠢᠶᠠᠯ ᠤᠨ ᠲᠦᠪ᠂ ᠳᠤᠮᠳᠠᠳᠤ ᠪᠠᠭ᠎ᠠ ᠰᠤᠷᠭᠠᠭᠤᠯᠢ ᠶᠢ ᠨᠢᠭᠡ ᠴᠤᠭᠴᠠᠵᠢᠭᠤᠯᠤᠭᠰᠠᠨ | ᠰᠤᠷᠭᠠᠭᠤᠯᠢ ᠵᠡᠷᠭᠡ ᠲᠦᠷᠦᠯ ᠵᠦᠢᠯ ᠢ ᠬᠡᠷᠡᠭᠵᠢᠭᠦᠯᠵᠦ᠂ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠦᠷᠦᠯ | ᠵᠦᠢᠯ ᠤᠨ ᠤᠯᠤᠰ ᠤᠨ ᠪᠠᠲᠤᠯᠠᠨ ᠬᠠᠮᠠᠭᠠᠯᠠᠯᠲᠠ᠂ ᠠᠵᠤ ᠠᠬᠤᠢ᠂ ᠨᠡᠶᠢᠭᠡᠮ ᠤᠨ ᠤᠯᠠᠨ ᠲᠠᠯ᠎ᠠ ᠶᠢᠨ ᠠᠰᠢᠭ | ᠲᠤᠰᠠ ᠶᠢ ᠰᠠᠶᠢᠳᠤᠷ ᠪᠠᠳᠠᠷᠠᠭᠤᠯᠤᠨ᠎ᠠ᠃ ᠬᠤᠶᠠᠷ ᠲᠤᠮᠤ ᠴᠡᠷᠢᠭ ᠤᠨ ᠰᠠᠭᠤᠷᠢᠨ ᠤ ᠳᠠᠶᠢᠨ ᠤ ᠪᠡᠯᠡᠳᠬᠡᠯ ᠤᠨ | ᠵᠢᠵᠢᠭᠦᠷ᠂ ᠪᠤᠯᠪᠠᠰᠤᠷᠠᠯ ᠰᠤᠷᠢᠯᠳᠠ᠂ ᠰᠢᠨᠵᠢᠯᠡᠭᠡ ᠲᠤᠷᠰᠢᠯᠲᠠ ᠵᠡᠷᠭᠡ ᠤᠯᠠᠨ ᠶᠠᠩᠵᠤ ᠶᠢᠨ ᠴᠡᠷᠢᠭ ᠤᠨ | ᠶᠠᠪᠤᠳᠠᠯ ᠤᠨ ᠡᠭᠦᠷᠭᠡ ᠶᠢ ᠢᠳᠡᠪᠬᠢᠲᠡᠢ ᠳᠡᠮᠵᠢᠵᠦ᠂ ᠴᠡᠷᠢᠭ ᠤᠨ ᠶᠠᠪᠤᠳᠠᠯ ᠤᠨ ᠲᠤᠨᠤᠭ ᠲᠦᠭᠦᠭᠡᠷᠦᠮᠵᠢ ᠶᠢ | ᠬᠠᠮᠠᠭᠠᠯᠠᠬᠤ᠂ ᠴᠢᠬᠤᠯᠠ ᠡᠭᠦᠷᠭᠡ ᠶᠢᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ᠂ ᠨᠡᠶᠢᠭᠡᠮ ᠤᠨ ᠡᠭᠦᠷᠭᠡ | ᠴᠢᠳᠠᠪᠬᠢ ᠶᠢ ᠬᠦᠯᠢᠶᠡᠨ ᠠᠪᠬᠤ ᠵᠡᠷᠭᠡ ᠠᠵᠢᠯ ᠢ ᠪᠦᠬᠦ ᠬᠦᠴᠦᠨ ᠢᠶᠠᠷ ᠪᠠᠶᠡᠯᠡᠭᠦᠯᠦᠨ᠎ᠡ᠃ ᠳ᠋ᠦᠩ ᠹᠧᠩ ᠰᠠᠨᠰᠠᠷ ᠤᠨ | ᠬᠤᠲᠠ ᠶᠢᠨ ᠤᠯᠤᠰ ᠤᠨ ᠳᠡᠰ ᠤᠨ ᠴᠡᠷᠢᠭ ᠠᠷᠠᠳ ᠠᠭᠤᠰᠤᠯᠴᠠᠬᠤ ᠵᠢᠱᠢᠶ᠎ᠡ ᠦᠵᠡᠭᠦᠯᠬᠦ ᠪᠠᠶᠢᠭᠤᠯᠤᠯᠲᠠ ᠳᠤ | ᠢᠳᠡᠪᠬᠢᠲᠡᠢ ᠤᠷᠤᠯᠴᠠᠵᠤ᠂ ᠴᠡᠷᠢᠭ ᠪᠠ ᠭᠠᠵᠠᠷ ᠤᠷᠤᠨ ᠤ ᠡᠬᠢ ᠪᠠᠶᠠᠯᠢᠭ ᠢ ᠬᠠᠮᠲᠤᠪᠠᠷ ᠪᠠᠶᠢᠭᠤᠯᠤᠨ ᠬᠠᠮᠲᠤᠪᠠᠷ | ᠡᠳ᠋ᠯᠡᠬᠦ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠪᠦᠲᠦᠭᠡᠨ ᠪᠠᠶᠢᠭᠤᠯᠤᠯᠲᠠ ᠪᠤᠯᠤᠨ ᠭᠠᠵᠠᠷ ᠤᠷᠤᠨ ᠤ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ | ᠵᠤᠬᠢᠴᠠᠩᠭᠤᠢ᠂ ᠲᠡᠩᠴᠡᠭᠦᠷᠢᠲᠡᠢ᠂ ᠲᠤᠬᠢᠷᠠᠨ ᠬᠦᠭᠵᠢᠬᠦ ᠶᠢ ᠪᠠᠶᠡᠯᠡᠭᠦᠯᠦᠨ᠎ᠡ᠃ ᠬᠤᠶᠠᠷ ᠢ ᠬᠦᠷᠢᠶᠡᠯᠡᠬᠦ ᠠᠵᠢᠯ | ᠪᠤᠯᠤᠨ ᠴᠡᠷᠢᠭ ᠠᠷᠠᠳ ᠬᠠᠮᠲᠤᠪᠠᠷ ᠪᠦᠲᠦᠭᠡᠨ ᠪᠠᠶᠢᠭᠤᠯᠬᠤ ᠲᠤᠭᠲᠠᠴᠠ ᠶᠢ ᠰᠢᠨᠡᠳᠬᠡᠨ ᠲᠡᠭᠦᠯᠳᠡᠷᠵᠢᠭᠦᠯᠵᠦ᠂ | ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠦᠢᠯᠡᠴᠢᠯᠡᠭᠡ ᠬᠠᠮᠢᠶᠠᠷᠤᠯᠲᠠ ᠶᠢ ᠯᠠᠪᠳᠠᠭᠤᠨ ᠰᠠᠶᠢᠳᠤᠷ ᠬᠢᠵᠦ᠂ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠦᠮᠦᠵᠢᠯ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠳᠠᠶᠢᠴᠢᠯᠠᠯᠲᠠ ᠪᠤᠯᠤᠨ ᠨᠦᠭᠡᠴᠡ ᠬᠦᠴᠦᠨ ᠤ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠲᠠᠰᠤᠷᠠᠯᠲᠠ | ᠦᠭᠡᠢ ᠳᠡᠭᠡᠭᠰᠢᠯᠡᠭᠦᠯᠦᠨ᠂ ᠴᠡᠷᠢᠭ ᠵᠠᠰᠠᠭ᠂ ᠴᠡᠷᠢᠭ ᠠᠷᠠᠳ ᠪᠦᠯᠬᠦᠮᠳᠡᠭᠰᠡᠨ ᠰᠠᠶᠢᠨ ᠠᠬᠤᠢ ᠪᠠᠶᠢᠳᠠᠯ ᠢ | ᠪᠠᠲᠤᠳᠬᠠᠨ᠎ᠠ᠃ ︽ᠪᠦᠬᠦ ᠤᠯᠤᠰ ᠤᠨ ᠬᠤᠶᠠᠷ ᠢ ᠬᠦᠷᠢᠶᠠᠯᠠᠬᠦ ᠵᠢᠱᠢᠶᠡᠴᠢ ᠰᠢᠶᠠᠨ︾ ᠢ ᠵᠠᠯᠭᠠᠪᠠᠷ ᠵᠢᠷᠭᠤᠭ᠎ᠠ | ᠤᠳᠠᠭ᠎ᠠ᠂ ︽ᠦᠪᠡᠷᠲᠡᠭᠡᠨ ᠵᠠᠰᠠᠬᠤ ᠤᠷᠤᠨ ᠤ ᠳᠡᠰ ᠦᠨᠬᠤᠶᠠᠷ ᠢ ᠬᠦᠷᠢᠶᠡᠯᠡᠬᠦ ᠵᠢᠱᠢᠶᠡᠴᠢ ᠬᠤᠰᠢᠭᠤ︾ ᠶᠢ | ᠵᠠᠯᠭᠠᠪᠠᠷ ᠶᠢᠰᠦ ᠤᠳᠠᠭ᠎ᠠ ᠲᠡᠮᠡᠴᠡᠨ ᠤᠯᠬᠤ ᠪᠠᠷ ᠪᠦᠬᠦ ᠬᠦᠴᠦᠨ ᠢᠶᠠᠷ ᠴᠢᠷᠮᠠᠶᠢᠨ᠎ᠠ᠃ | ᠨᠡᠶᠢᠭᠡᠮ ᠦᠨᠵᠠᠰᠠᠯᠲᠠ ᠶᠢ ᠴᠢᠩᠭᠠᠳᠬᠠᠤ ᠪᠠ ᠰᠢᠨᠡᠴᠢᠯᠡᠬᠦ ᠪᠠᠷ ᠴᠢᠷᠮᠠᠶᠢᠨ᠎ᠠ᠃ ᠨᠡᠶᠢᠭᠡᠮ ᠤᠨ ᠵᠠᠰᠠᠯᠲᠠ ᠶᠢᠨ | ᠰᠢᠰᠲ᠋ᠧᠮ ᠢ ᠪᠦᠷᠢᠨ ᠲᠡᠭᠦᠯᠳᠡᠷᠵᠢᠭᠦᠯᠵᠦ᠂ ᠳᠦᠷᠢᠮ ᠤᠨ ᠰᠢᠨᠡᠴᠢᠯᠡᠯᠲᠡ ᠪᠤᠯᠤᠨ ᠵᠠᠰᠠᠨ ᠴᠡᠭᠴᠡᠯᠡᠬᠦ ᠴᠢᠳᠠᠪᠤᠷᠢ ᠶᠢᠨ | ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠠᠮᠤᠷ ᠲᠤᠭᠲᠠᠭᠤᠨ ᠡᠵᠡᠨ᠎ᠡ ᠶᠢᠨ ᠪᠦᠳᠦᠭᠡᠨ ᠪᠠᠶᠢᠭᠤᠯᠤᠯᠳᠠ ᠰᠢᠨ᠎ᠡ | ᠳᠦᠪᠰᠢᠨ ᠳᠤ ᠭᠠᠷᠬᠤ ᠶᠢ ᠳᠦᠯᠬᠢᠨ ᠠᠬᠢᠭᠤᠯᠵᠤ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠤᠭᠲᠠᠭᠤᠨ ᠤ | ᠬᠠᠯᠬᠠᠪᠴᠢ ᠶᠢ ᠦᠨᠡᠨᠬᠦ ᠪᠠᠬᠢᠵᠢᠭᠦᠯᠦᠨ᠎ᠡ᠃ ᠬᠠᠤᠯᠢ ᠪᠠᠷ ᠵᠠᠰᠠᠬᠤ ᠵᠠᠰᠠᠭ ᠤᠨ ᠤᠷᠳᠤᠨ ᠤ ᠪᠦᠲᠦᠭᠡᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠠᠤᠯᠢ ᠪᠠᠷ ᠵᠠᠰᠠᠬᠤ ᠤᠬᠠᠭᠤᠯᠭ᠎ᠠ ᠬᠦᠮᠦᠵᠢᠯ ᠢ ᠦᠷᠭᠡᠨ ᠢᠶᠠᠷ | ᠦᠷᠨᠢᠭᠦᠯᠦᠨ᠂ ︽ᠳᠤᠯᠤᠳᠤᠭᠠᠷ ᠲᠠᠪᠤᠨ ᠵᠢᠯ︾ ᠤᠨ ᠬᠠᠤᠯᠢ ᠳᠦᠬᠡᠮᠡᠯᠵᠢᠬᠦᠯᠬᠦ ᠠᠵᠢᠯ ᠬᠢᠷᠢ ᠲᠡᠩᠴᠡᠵᠦ ᠰᠢᠯᠭᠠᠨ | ᠪᠠᠶᠢᠴᠠᠭᠠᠯᠲᠠ ᠶᠢ ᠦᠩᠭᠡᠷᠡᠬᠦ ᠶᠢ ᠪᠠᠲᠤᠯᠠᠨ᠎ᠠ᠃ ᠬᠠᠷ᠎ᠠ ᠪᠦᠯᠦᠭᠲᠡᠨ ᠬᠠᠷᠬᠢᠰ ᠬᠦᠴᠦᠨ ᠢ ᠠᠷᠢᠯᠭᠠᠬᠤ ᠲᠤᠰᠬᠠᠢ | ᠲᠡᠮᠡᠴᠡᠯ ᠤᠨ ᠦᠨᠳᠦᠷ ᠳᠠᠷᠤᠴᠠᠲᠤ ᠪᠠᠶᠢᠳᠠᠯ ᠢᠶᠠᠨ ᠦᠷᠭᠦᠯᠵᠢᠯᠡᠨ ᠪᠠᠷᠢᠮᠲᠠᠯᠠᠵᠤ᠂ ᠭᠦᠨᠵᠡᠭᠡᠢ ᠤᠬᠤᠵᠤ | ᠦᠨᠳᠦᠰᠦ ᠠᠴᠠ ᠨᠢ ᠵᠠᠰᠠᠬᠤ ᠶᠢ ᠪᠠᠷᠢᠮᠲᠠᠯᠠᠨ᠂ ᠤᠷᠳᠤ ᠬᠤᠭᠤᠴᠠᠭ᠎ᠠ ᠪᠠᠷ ᠦᠷ᠎ᠡ ᠪᠦᠳᠦᠮᠵᠢᠳᠠᠢ ᠪᠠᠶᠢᠩᠭᠤ ᠵᠠᠰᠠᠨ | ᠴᠡᠭᠴᠡᠯᠡᠵᠦ᠂ ᠬᠠᠷ᠎ᠠ ᠪᠦᠯᠦᠭᠲᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠪᠦᠬᠦ ᠲᠠᠯ᠎ᠠ ᠶᠢᠨ | ᠢᠯᠠᠯᠲᠠ ᠶᠢ ᠲᠡᠮᠡᠴᠡᠨ ᠤᠯᠤᠨ᠎ᠠ᠃ ᠨᠠᠶᠢᠭᠡᠮ ᠤᠨ ᠵᠦᠷᠢᠴᠡᠯ ᠵᠢᠭᠤᠷᠠᠭᠠᠨ ᠢ ᠶᠡᠬᠡᠪᠡᠷ ᠪᠠᠶᠢᠴᠠᠭᠠᠨ ᠰᠢᠢᠳᠪᠦᠷᠢᠯᠡᠵᠦ᠂ | ᠣᠯᠠᠨ ᠲᠦᠮᠡᠨ ᠤ ᠵᠦᠢ ᠵᠤᠬᠢᠰᠲᠠᠢ ᠰᠠᠨᠠᠯ ᠭᠤᠶᠤᠴᠢᠯᠠᠭ᠎ᠠ ᠶᠢ ᠴᠠᠭ ᠲᠤᠬᠠᠢ ᠳᠤ ᠨᠢ ᠰᠢᠢᠳᠪᠦᠷᠢᠯᠡᠨ᠎ᠡ᠃ | ᠳᠠᠷᠢᠶᠠᠴᠢᠨ ᠠᠵᠢᠯᠴᠢᠨ ᠤ ᠬᠦᠯᠦᠰᠦ ᠮᠦᠩᠭᠦ ᠶᠢ ᠦᠷᠢᠲᠦᠬᠦ ᠶᠢ ᠴᠡᠭᠴᠡᠯᠡᠨ ᠵᠠᠰᠠᠵᠤ᠂ ᠴᠠᠯᠢᠩ ᠢ ᠨᠢ ᠪᠠᠳᠤᠯᠠᠬᠤ | ᠪᠠᠶᠢᠩᠭᠤ ᠶᠢᠨ ᠲᠤᠭᠲᠠᠯᠴᠠᠭ᠎ᠠ ᠶᠢ ᠪᠦᠷᠢᠨᠰᠢᠭᠦᠯᠦᠨ᠂ ᠬᠦᠯᠦᠰᠦ ᠮᠦᠩᠭᠦ ᠦᠷᠢᠲᠦᠬᠦ ᠳᠠᠯᠳᠠ ᠭᠡᠮ ᠢ ᠬᠦᠴᠦᠯᠡᠨ | ᠰᠢᠢᠳᠪᠦᠷᠢᠯᠡᠵᠦ᠂ ᠡᠶ᠎ᠡ ᠵᠤᠬᠢᠴᠠᠩᠭᠤᠢ ᠬᠦᠳᠡᠯᠮᠦᠷᠢ ᠶᠢᠨ ᠬᠠᠷᠢᠴᠠᠭ᠎ᠠ ᠶᠢ ᠢᠳᠡᠪᠬᠢᠲᠡᠢ ᠪᠠᠶᠢᠭᠤᠯᠤᠨ᠎ᠠ᠃ ᠠᠶᠤᠯᠭᠦᠢ | ᠦᠢᠯᠡᠳᠪᠦᠷᠢᠯᠡᠯ ᠪᠤᠯᠤᠨ ᠪᠠᠴᠢᠮ ᠪᠠᠶᠢᠳᠠᠯ ᠠᠴᠠ ᠠᠪᠤᠷᠠᠨ ᠲᠤᠰᠠᠯᠠᠬᠤ ᠴᠢᠳᠠᠪᠤᠷᠢ ᠶᠢᠨ ᠪᠠᠶᠢᠭᠤᠯᠤᠯᠲᠠ ᠶᠢ | ᠯᠠᠪᠳᠠᠭᠤᠨ ᠪᠠᠳᠤᠳᠠᠢ ᠬᠢᠵᠦ᠂ ᠡᠯ᠎ᠡ ᠲᠦᠷᠦᠯ ᠤᠨ ᠠᠶᠤᠯ ᠠᠳᠡᠯ ᠭᠠᠷᠬᠤ ᠶᠢ ᠡᠷᠡᠰ ᠰᠡᠷᠭᠡᠶᠢᠯᠡᠵᠦ ᠬᠤᠷᠢᠭᠯᠠᠨ᠎ᠠ᠃ | ᠴᠢᠨᠠᠷ ᠴᠢᠨᠰᠠᠭ᠎ᠠ ᠪᠠᠷ ᠬᠤᠰᠢᠭᠤ ᠪᠠᠨ ᠬᠦᠴᠦᠷᠭᠡᠭᠵᠢᠭᠦᠯᠬᠦ ᠠᠯᠬᠤᠴᠠ ᠪᠠᠨ ᠲᠦᠷᠭᠡᠳᠬᠡᠨ᠂ ᠵᠠᠬ᠎ᠠ ᠳᠡᠯᠭᠡᠭᠦᠷ ᠪᠤᠯᠤᠨ | ᠢᠳᠡᠭᠡᠨ ᠤᠮᠳᠠᠭᠠᠨ᠂ ᠡᠮ ᠤᠨ ᠵᠦᠢᠯᠡᠰ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠤᠯᠠᠨ ᠲᠦᠮᠡᠨ ᠤ | ᠬᠡᠷᠡᠭᠯᠡᠭᠡᠨ ᠤ ᠡᠷᠬᠡ ᠠᠰᠢᠭ ᠪᠤᠯᠤᠨ ᠢᠳᠡᠭᠡᠨ ᠤᠮᠳᠠᠭᠠᠨ᠂ ᠡᠮ ᠤᠨ ᠵᠦᠢᠯᠡᠰ ᠤᠨ ᠠᠮᠤᠷ ᠲᠦᠪᠰᠢᠨ ᠢ ᠪᠠᠲᠤᠯᠠᠨ᠎ᠠ᠃ | ᠲᠦᠷᠭᠡᠨ ᠭᠤᠪᠢᠭᠤᠯᠭ᠎ᠠ ᠶᠢᠨ ᠦᠢᠯᠡᠰ ᠤᠨ ᠡᠮᠬᠢ ᠳᠢᠭᠯᠢᠮ ᠢ ᠳᠦᠷᠢᠮᠵᠢᠭᠦᠯᠵᠦ᠂ ᠢᠯᠡᠭᠡᠨ ᠭᠤᠪᠢᠭᠤᠯᠬᠤ ᠠᠵᠤ | ᠠᠬᠤᠶᠢᠯᠠᠯ ᠢ ᠤᠳᠤᠷᠢᠳᠤᠨ ᠲᠦᠪᠯᠡᠷᠡᠩᠭᠦᠢ ᠡᠵᠡᠩᠨᠡᠭᠦᠯᠦᠨ᠎ᠡ᠃ ᠨᠠᠮ ᠤᠨ ᠦᠨᠳᠦᠰᠦᠲᠡᠨ ᠤ ᠲᠦᠷᠦ ᠶᠢᠨ | ᠪᠤᠳᠤᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠡᠯ᠎ᠡ ᠦᠨᠳᠦᠰᠦᠲᠠᠨ ᠤ ᠠᠷᠠᠳ ᠲᠦᠮᠡᠨ ᠪᠦᠯᠬᠦᠮᠳᠡᠨ | ᠲᠡᠮᠡᠴᠡᠬᠦ ᠬᠠᠮᠲᠤ ᠶᠢᠨ ᠦᠵᠡᠯ ᠰᠠᠨᠠᠭᠠᠨ ᠤ ᠰᠠᠭᠤᠷᠢ ᠪᠤᠯᠤᠨ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠵᠢᠱᠢᠶ᠎ᠡ ᠦᠵᠡᠭᠦᠯᠬᠦ ᠤᠷᠤᠨ ᠢ ᠡᠭᠦᠳᠦᠨ ᠪᠠᠶᠢᠭᠤᠯᠤᠭᠰᠠᠨ ᠦᠷ᠎ᠡ ᠪᠦᠲᠦᠮᠵᠢ ᠶᠢ ᠪᠠᠬᠢᠵᠢᠭᠦᠯᠦᠨ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠤᠭᠴᠠ ᠶᠢᠨ ᠤᠬᠠᠮᠰᠠᠷ ᠢ ᠦᠨᠡᠨᠬᠦ ᠪᠠᠲᠤᠳᠬᠠᠨ᠎ᠠ᠃ ᠨᠡᠶᠢᠭᠡᠮ | ᠲᠤᠭᠤᠷᠢᠭ ᠤᠨ ᠵᠠᠰᠠᠯᠲᠠ ᠶᠢᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠤᠨ | ᠤᠷᠳᠤᠨ ᠤ ᠵᠠᠰᠠᠯᠲᠠ ᠪᠤᠯᠤᠨ ᠨᠡᠶᠢᠭᠡᠮ ᠤᠨ ᠡᠶᠡᠳᠡᠭᠦᠯᠦᠭᠡ᠂ ᠰᠠᠭᠤᠭᠠᠯᠢ ᠠᠷᠠᠳ ᠤᠨ ᠦᠪᠡᠷᠲᠡᠭᠡᠨ ᠵᠠᠰᠠᠬᠤ ᠶᠢ | ᠬᠠᠷᠢᠯᠴᠠᠨ ᠡᠷᠡᠭᠦᠯ ᠢᠶᠠᠷ ᠦᠢᠯᠡᠳᠦᠯᠴᠡᠬᠦ ᠶᠢ ᠪᠡᠶᠡᠯᠡᠭᠦᠯᠦᠨ᠎ᠡ᠃ ᠬᠢᠯᠢ ᠬᠢᠵᠠᠭᠠᠷ ᠢᠶᠠᠨ ᠲᠤᠭᠲᠠᠪᠤᠷᠢᠵᠢᠭᠤᠯᠵᠤ᠂ | ᠡᠵᠡᠮᠳᠡᠵᠦ᠂ ᠪᠠᠬᠢᠵᠢᠭᠦᠯᠬᠦ ᠶᠢ ᠴᠢᠩᠭᠠᠳᠬᠠᠨ᠂ ᠬᠢᠯᠢ ᠶᠢᠨ ᠠᠮᠤᠷ ᠲᠤᠭᠲᠠᠭᠤᠨ ᠢ ᠦᠨᠡᠨᠬᠦ ᠰᠠᠬᠢᠨ ᠬᠠᠮᠠᠭᠠᠯᠠᠨ᠎ᠠ᠃ | ᠳᠤᠯᠤᠳᠤᠭᠠᠷ ᠤᠳᠠᠭᠠᠨ ᠤ ᠪᠦᠬᠦ ᠤᠯᠤᠰ ᠤᠨ ᠬᠦᠮᠦᠨ ᠠᠮᠠ ᠶᠢᠨ ᠨᠡᠶᠢᠳᠡᠮ ᠪᠠᠶᠢᠴᠠᠭᠠᠯᠳᠠ ᠪᠤᠯᠤᠨ ᠭᠤᠷᠪᠠᠳᠤᠭᠠᠷ | ᠤᠳᠠᠭᠠᠨ ᠤ ᠤᠯᠤᠰ ᠤᠨ ᠨᠤᠲᠤᠭ ᠳᠡᠪᠢᠰᠭᠡᠷ ᠤᠨ ᠪᠠᠶᠢᠴᠠᠭᠠᠯᠲᠠ ᠶᠢᠨ ᠦᠷ᠎ᠡ ᠪᠦᠲᠦᠮᠵᠢ ᠶᠢᠨ ᠤᠯᠠᠷᠢᠯᠲᠠ ᠶᠢ | ᠢᠳᠡᠪᠬᠢᠲᠡᠢ ᠬᠦᠢᠴᠡᠳᠬᠡᠵᠦ᠂ ᠭᠠᠳᠠᠭᠠᠳᠤ ᠶᠠᠪᠤᠳᠠᠯ᠂ ᠳᠠᠩᠰᠠ ᠡᠪᠬᠡᠮᠡᠯ ᠲᠡᠦᠭᠡ ᠤᠶᠢᠯᠠᠯᠭ᠎ᠠ᠂ ᠠᠮᠤ ᠬᠦᠨᠡᠰᠦᠨ ᠤ | ᠨᠦᠭᠡᠴᠡ᠂ ᠴᠠᠭ ᠠᠭᠤᠷ᠂ ᠳᠠᠭᠠᠳᠬᠠᠯ᠂ ᠰᠢᠤᠳᠠᠨ ᠵᠡᠷᠭᠡ ᠠᠵᠢᠯ ᠢ ᠯᠠᠪᠳᠠᠭᠤᠨ ᠠᠬᠢᠭᠤᠯᠵᠤ᠂ ᠡᠮᠡᠭᠲᠡᠶᠢᠴᠦᠳ | ᠪᠤᠯᠤᠨ ᠬᠡᠦᠬᠡᠳ ᠪᠠᠭᠠᠴᠤᠳ᠂ ᠠᠵᠢᠯᠴᠢᠨ ᠤ ᠡᠪᠯᠡᠯ᠂ ᠵᠠᠯᠠᠭᠤᠴᠤᠳ ᠤᠨ ᠡᠪᠯᠡᠯ᠂ ᠤᠯᠠᠭᠠᠨ ᠵᠠᠭᠠᠯᠮᠠᠶᠢᠲᠠᠨ ᠤ | ᠨᠡᠶᠢᠭᠡᠮᠯᠢᠭ ᠪᠤᠯᠤᠨ ᠵᠡᠮᠳᠡᠭᠴᠦᠳ ᠵᠡᠷᠭᠡ ᠠᠵᠢᠯ ᠢ ᠬᠠᠯᠠᠮᠵᠢᠯᠠᠵᠤ ᠲᠤᠰᠠᠯᠠᠨ᠂ ᠡᠯ᠎ᠡ ᠲᠦᠷᠦᠯ ᠤᠨ ᠨᠡᠶᠢᠭᠡᠮ ᠤᠨ | ᠠᠵᠢᠯ ᠦᠢᠯᠡᠰ ᠢ ᠰᠢᠨ᠎ᠡ ᠳᠡᠭᠲᠡᠷ ᠲᠤ ᠲᠦᠯᠬᠢᠨ ᠭᠠᠷᠭᠠᠨ᠎ᠠ᠃ | ᠲᠦᠯᠦᠭᠡᠯᠡᠭᠴᠢᠳ ᠡ᠂ ᠡᠨᠡ ᠵᠢᠯ ᠬᠤᠰᠢᠭᠤᠨ ᠤ ᠵᠠᠰᠠᠭ ᠤᠨ ᠤᠷᠳᠤᠨ ᠤᠯᠠᠨ ᠲᠦᠮᠡᠨ ᠤ ᠬᠦᠰᠡᠯ | ᠡᠷᠡᠮᠡᠯᠵᠡᠯ ᠢ ᠦᠷᠭᠡᠨ ᠢᠶᠠᠷ ᠬᠦᠯᠢᠶᠠᠨ ᠰᠤᠨᠤᠰᠤᠭᠰᠠᠨ ᠰᠠᠭᠤᠷᠢᠨ ᠳᠡᠭᠡᠷ᠎ᠡ᠂ ᠠᠷᠠᠳ ᠤᠨ ᠠᠮᠢᠳᠤᠷᠠᠯ ᠳᠤ | ᠬᠤᠯᠪᠤᠭᠳᠠᠯ ᠲᠠᠢ 11 ᠲᠦᠷᠦᠯ ᠤᠨ ᠪᠤᠳᠠᠲᠤ ᠶᠠᠪᠤᠳᠠᠯ ᠢ ᠬᠢᠬᠦ ᠪᠠᠷ ᠲᠦᠯᠦᠪᠯᠡᠪᠡ᠄ ᠨᠢᠭᠡ ᠳᠤ᠂ 24 ᠴᠠᠭ ᠢᠶᠠᠷ | ᠨᠡᠭᠡᠭᠡᠬᠦ ᠵᠡᠭᠡᠯᠢ ᠳᠠᠬᠢ ᠤᠶᠤᠨᠴᠢᠯᠠᠭᠰᠠᠨ ᠨᠤᠮ ᠤᠨ ᠰᠠᠩ ᠨᠢᠭᠡ ᠶᠢ ᠪᠠᠶᠢᠭᠤᠯᠤᠨ᠎ᠠ᠃ ᠬᠤᠶᠠᠷ ᠲᠤ᠂ 1440 | ᠲᠡᠭᠰᠢ ᠳᠦᠷᠪᠡᠯᠵᠢᠨ ᠮᠧᠲᠷ ᠤᠨ ᠡᠭᠦᠳᠡᠨ ᠪᠦᠮᠪᠦᠭᠡ ᠶᠢᠨ ᠲᠠᠯᠠᠪᠤᠷ ᠢ ᠪᠠᠶᠢᠭᠤᠯᠵᠤ᠂ ᠤᠯᠠᠨ ᠲᠦᠮᠡᠨ ᠤ ᠰᠤᠶᠤᠯ | ᠲᠠᠮᠢᠷ ᠤᠨ ᠬᠦᠳᠡᠯᠭᠡᠭᠡᠨ ᠤ ᠬᠡᠷᠡᠭᠴᠡᠭᠡ ᠶᠢ ᠬᠠᠩᠭᠠᠨ᠎ᠠ᠃ ᠭᠤᠷᠪᠠ ᠳᠤ᠂ ᠪᠦᠬᠦ ᠬᠤᠰᠢᠭᠤᠨ ᠤ ᠳᠤᠮᠳᠠᠳᠤ ᠪᠠᠭ᠎ᠠ | ᠰᠤᠷᠭᠠᠭᠤᠯᠢ᠂ ᠬᠡᠦᠭᠡᠳ ᠤᠨ ᠴᠡᠴᠡᠷᠯᠢᠭ ᠤᠨ ᠴᠠᠭᠳᠠᠭᠠᠨ ᠶᠠᠪᠤᠳᠠᠯ ᠤᠨ ᠲᠠᠰᠤᠭ ᠢ ᠪᠠᠷᠢᠮᠵᠢᠶᠠᠵᠢᠭᠤᠯᠤᠨ | ᠦᠭᠡᠷᠡᠴᠢᠯᠡᠨ ᠵᠠᠰᠠᠵᠤ᠂ ᠰᠡᠷᠡᠮᠵᠢ ᠶᠢᠨ ᠳᠣᠬᠢᠶ᠎ᠠ ᠪᠤᠯᠤᠨ ᠴᠠᠭᠳᠠᠨ ᠡᠭᠡᠯᠵᠢᠯᠡᠬᠦ ᠰᠢᠰᠲ᠋ᠧᠮ ᠢ ᠤᠭᠰᠠᠷᠠᠨ᠂ | ᠰᠤᠷᠭᠠᠭᠤᠯᠢ ᠶᠢᠨ ᠬᠦᠷᠢᠶᠠᠨ ᠤ ᠠᠮᠤᠷ ᠲᠦᠪᠰᠢᠨ ᠢ ᠪᠠᠲᠤᠯᠠᠨ᠎ᠠ᠃ ᠳᠦᠷᠪᠡ ᠳᠤ᠂ ᠪᠦᠬᠦ ᠬᠤᠰᠢᠭᠤᠨ ᠤ ᠵᠢᠷᠮᠦᠰᠦᠨ | ᠡᠮᠡᠭᠲᠡᠢ ᠵᠢᠴᠢ ᠰᠠᠶ᠋ᠢ ᠭᠠᠷᠤᠭᠰᠠᠨ ᠨᠢᠯᠬ᠎ᠠ ᠬᠡᠦᠬᠡᠳ ᠲᠤ ᠵᠡᠷᠡᠮᠳᠡᠭ ᠬᠡᠦᠭᠡᠳ ᠲᠦᠷᠦᠬᠦ ᠠᠴᠠ ᠰᠡᠷᠭᠡᠶᠢᠯᠡᠬᠦ | ᠪᠠᠶᠢᠴᠠᠭᠠᠯᠲᠠ ᠬᠢᠨ᠎ᠡ᠃ ᠲᠠᠪᠤ ᠳᠤ᠂ ᠳᠠᠯᠠᠶᠢᠬᠦ᠋ᠪ ᠪᠠᠯᠭᠠᠰᠤ ᠵᠢᠴᠢ ᠡᠷᠬᠢᠨ ᠲᠤᠭᠤᠷᠢᠨ ᠤ ᠭᠠᠵᠠᠷ ᠤᠷᠤᠨ ᠳᠤ | ᠡᠪᠡᠳᠴᠢᠨ ᠤ ᠵᠠᠭᠤᠴᠢ ᠶᠢ ᠰᠡᠷᠭᠡᠶᠢᠯᠡᠨ ᠬᠤᠷᠢᠭᠯᠠᠬᠤ ᠠᠵᠢᠯ ᠢ ᠦᠷᠨᠢᠭᠦᠯᠦᠨ᠎ᠡ᠃ ᠵᠢᠷᠭᠤᠭ᠎ᠠ ᠳᠤ᠂ ᠬᠦᠳᠡᠭᠡ | ᠲᠤᠰᠬᠤᠨ ᠤ ᠵᠠᠰᠠᠮᠠᠯ ᠵᠠᠮ ᠳᠤ ᠫᠠᠶᠢᠰᠠ ᠲᠡᠮᠳᠡᠭ ᠤᠭᠰᠠᠷᠠᠬᠤ ᠵᠡᠷᠭᠡ ᠠᠮᠢ ᠨᠠᠰᠤᠨ ᠤ ᠠᠮᠤᠷ ᠲᠦᠪᠰᠢᠨ ᠢ | ᠬᠠᠮᠠᠭᠠᠯᠠᠬᠤ ᠢᠨᠵᠧᠨᠧᠷᠢᠩ ᠢ ᠶᠠᠪᠤᠭᠳᠠᠭᠤᠯᠤᠨ᠎ᠠ᠃ ᠳᠤᠯᠤᠭ᠎ᠠ ᠳᠤ᠂ ᠪᠦᠬᠦ ᠬᠤᠰᠢᠭᠤᠨ ᠤ ᠰᠤᠮᠤ ᠪᠠᠯᠭᠠᠰᠤᠨ ᠳᠤ | ᠵᠠᠰᠠᠮᠠᠯ ᠵᠠᠮ ᠠᠷᠠᠴᠢᠯᠠᠬᠤ ᠪᠠᠭ᠎ᠠ ᠬᠡᠯᠪᠡᠷᠢ ᠶᠢᠨ ᠮᠠᠯᠲᠠᠵᠤ ᠰᠠᠪᠠᠯᠠᠬᠤ ᠨᠢᠭᠡᠴᠢᠯᠡᠭᠰᠡᠨ ᠮᠠᠰᠢᠨ ᠲᠤᠬᠢᠷᠠᠭᠤᠯᠤᠨ᠎ᠠ᠃ | ᠨᠠᠢᠮᠠ ᠳᠤ᠂ 7 ᠬᠠᠭᠤᠴᠢᠨ ᠬᠤᠷᠢᠶᠠᠯᠠᠯ ᠳᠤ ᠬᠢᠨᠠᠨ ᠡᠵᠡᠮᠳᠡᠭᠦᠷ ᠤᠭᠰᠠᠷᠠᠬᠤ᠂ ᠭᠡᠷ ᠪᠠᠷᠢᠯᠭ᠎ᠠ ᠶᠢᠨ ᠤᠰᠤᠨ ᠠᠴᠠ | ᠰᠡᠷᠭᠡᠶᠢᠯᠡᠬᠦ ᠵᠡᠷᠭᠡ ᠢᠨᠵᠧᠨᠧᠷᠢᠩ ᠢ ᠶᠠᠪᠤᠭᠳᠠᠭᠤᠯᠤᠨ᠎ᠠ᠃ ᠶᠢᠰᠦ ᠳᠤ᠂ ᠳᠠᠯᠠᠶᠢᠭᠦ᠋ᠪ ᠪᠠᠯᠭᠠᠰᠤ ᠶᠢᠨ ᠲᠤᠭᠤᠷᠢᠨ ᠳᠤ | ᠨᠡᠶᠢᠲᠡ ᠶᠢᠨ ᠲᠡᠷᠭᠡᠨ ᠵᠤᠭᠰᠤᠭᠠᠯ ᠬᠤᠶᠠᠷ ᠢ ᠰᠢᠨ᠎ᠡ ᠪᠠᠷ ᠪᠠᠶᠢᠭᠤᠯᠤᠨ᠎ᠠ᠃ ᠠᠷᠪᠠ ᠳᠤ᠂ ᠠᠷᠠᠳ ᠲᠤ ᠳᠦᠭᠦᠮ | ᠦᠵᠡᠬᠦᠯᠬᠦ ᠵᠠᠬ᠎ᠠ ᠳᠡᠯᠭᠡᠭᠦᠷ ᠢ ᠰᠢᠨ᠎ᠡ ᠪᠠᠷ ᠪᠠᠶᠢᠭᠤᠯᠤᠨ᠎ᠠ᠃ ᠠᠷᠪᠠᠨ ᠨᠢᠭᠡ ᠳᠤ᠂ ᠭᠠᠴᠠᠭᠠᠨ ᠳᠤ ᠲᠦᠪᠯᠡᠷᠡᠨ | ᠰᠠᠭᠤᠷᠢᠰᠢᠵᠤ ᠪᠠᠶᠢᠭ᠎ᠠ ᠮᠠᠯᠴᠢᠨ ᠲᠠᠷᠢᠶᠠᠴᠢᠳ ᠪᠤᠯᠤᠨ ᠬᠡᠰᠡᠭ ᠲᠠᠷᠠᠬᠠᠢ ᠰᠠᠭᠤᠷᠢᠰᠢᠵᠦ ᠪᠠᠶᠢᠭ᠎ᠠ ᠡᠷᠦᠭᠡ ᠳᠤ ᠤᠰᠤ | ᠴᠡᠪᠡᠷᠰᠢᠭᠦᠯᠬᠦ ᠲᠦᠭᠦᠭᠡᠷᠦᠮᠵᠢ ᠶᠢ ᠲᠠᠷᠬᠠᠭᠠᠨ᠎ᠠ᠂ ᠪᠠᠶᠠᠨᠲᠤᠬᠤᠢ ᠰᠤᠮᠤᠨ ᠳᠤ ᠰᠢᠨ᠎ᠡ ᠪᠠᠷ ᠮᠠᠰᠢᠨ ᠬᠤᠳᠳᠤᠭ | ᠮᠠᠯᠲᠠᠵᠤ᠂ ᠬᠤᠳᠳᠤᠭ ᠤᠨ ᠪᠠᠶᠢᠰᠢᠩ᠂ ᠬᠤᠭᠤᠯᠠᠢ ᠶᠢᠨ ᠲᠤᠤᠷᠵᠢᠯ ᠵᠢᠴᠢ ᠤᠰᠤ ᠴᠡᠪᠡᠷᠰᠢᠭᠦᠯᠬᠦ ᠲᠦᠭᠦᠭᠡᠷᠦᠮᠵᠢ ᠶᠢ | ᠢᠵᠢ ᠪᠦᠷᠢᠳᠦᠭᠦᠯᠦᠨ ᠪᠠᠶᠢᠭᠤᠯᠤᠨ᠎ᠠ᠃ ᠡᠯ᠎ᠡ ᠲᠦᠯᠦᠭᠡᠯᠡᠭᠴᠢᠳ ᠬᠤᠷᠠᠯ ᠤᠨ ᠳᠠᠷᠠᠭ᠎ᠠ ᠰᠠᠨᠠᠯ ᠢᠶᠠᠨ | ᠳᠡᠪᠰᠢᠭᠦᠯᠦᠭᠡᠷᠡᠢ᠃ | ︵ᠲᠠᠪᠤ︶ ᠴᠢᠨᠠᠷ ᠰᠠᠶᠢᠲᠠᠢ ᠬᠦᠭᠵᠢᠯᠲᠡ ᠶᠢᠨ ᠤᠷᠴᠢᠨ ᠲᠤᠭᠤᠷᠢᠨ ᠢ ᠰᠢᠯᠢᠳᠡᠭᠵᠢᠭᠦᠯᠬᠦ ᠶᠢᠨ | ᠲᠤᠭᠤᠷᠢᠨ ᠳᠤ᠂ ᠠᠷᠠᠳ ᠲᠦᠮᠡᠨ ᠬᠠᠨᠤᠮᠵᠢᠲᠠᠢ ᠵᠠᠰᠠᠭ ᠤᠨ ᠤᠷᠳᠤᠨ ᠢ ᠲᠦᠷᠭᠡᠳᠭᠡᠨ ᠪᠠᠶᠢᠭᠤᠯᠤᠨ᠎ᠠ | ᠬᠠᠤᠯᠢ ᠪᠠᠷ ᠵᠠᠰᠠᠬᠤ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠨ᠎ᠠ᠃ ᠬᠠᠤᠯᠢ ᠳᠤ | ᠲᠤᠭᠲᠠᠭᠠᠭᠰᠠᠨ ᠡᠷᠬᠡ ᠮᠡᠳᠡᠯ ᠢᠶᠠᠨ ᠴᠢᠩᠭ᠎ᠠ ᠪᠠᠷᠢᠮᠲᠠᠯᠠᠨ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠦᠪᠯᠡᠯᠭᠡᠨ ᠵᠢᠴᠢ ᠨᠡᠶᠢᠭᠡᠮ ᠤᠨ ᠡᠯ᠎ᠡ | ᠡᠲᠡᠭᠡᠳ ᠤᠨ ᠬᠢᠨᠠᠯᠲᠡ ᠶᠢ ᠤᠬᠠᠮᠰᠠᠷ ᠠᠴᠠ ᠪᠠᠨ ᠬᠦᠯᠢᠶᠠᠨ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠰᠠᠨᠠᠭᠤᠯᠭ᠎ᠠ᠂ ᠤᠯᠤᠰ ᠲᠦᠷᠦ ᠶᠢᠨ ᠵᠦᠪᠯᠡᠯᠭᠡᠨ ᠤ ᠳᠤᠷᠠᠳᠤᠯᠭ᠎ᠠ ᠶᠢ ᠭᠦᠢᠴᠡᠳᠬᠡᠬᠦ ᠴᠢᠨᠠᠷ ᠴᠢᠨᠰᠠᠭ᠎ᠠ ᠶᠢ | ᠳᠡᠭᠡᠭᠰᠢᠯᠡᠭᠦᠯᠦᠨ᠎ᠡ᠃ ᠲᠤᠮᠤ ᠴᠢᠬᠤᠯᠠ ᠵᠠᠰᠠᠭ ᠵᠠᠬᠢᠷᠭᠠᠨ ᠤ ᠰᠢᠢᠳᠪᠦᠷᠢ ᠶᠢ ᠭᠦᠢᠴᠡᠳᠭᠡᠬᠦ ᠬᠠᠤᠯᠢ ᠳᠤ | ᠲᠤᠭᠲᠠᠭᠠᠭᠰᠠᠨ ᠳᠠᠷᠠᠭᠠᠯᠠᠯ ᠢ ᠡᠷᠴᠢᠮᠵᠢᠭᠦᠯᠵᠦ᠂ ᠬᠠᠤᠯᠢ ᠶᠢᠨ ᠵᠦᠪᠯᠡᠭᠴᠢ᠂ ᠰᠢᠢᠳᠪᠦᠷᠢ ᠶᠢᠨ ᠵᠦᠪᠯᠡᠯᠭᠡ᠂ | ᠮᠠᠷᠭᠡᠵᠢᠯᠲᠡᠨ ᠤ ᠦᠨᠡᠯᠡᠯᠭᠡ᠂ ᠵᠠᠷᠯᠠᠵᠤ ᠨᠡᠶᠢᠲᠡᠯᠡᠬᠦ᠂ ᠭᠡᠷᠡᠴᠢᠯᠡᠯᠲᠡ ᠰᠤᠨᠤᠰᠬᠤ ᠵᠡᠷᠭᠡ ᠳᠦᠷᠢᠮ ᠢ | ᠲᠡᠭᠦᠯᠳᠡᠷᠵᠢᠭᠦᠯᠦᠨ᠂ ᠡᠭᠦᠷᠭᠡ ᠬᠠᠷᠢᠭᠤᠴᠠᠯᠭ᠎ᠠ ᠲᠤᠳᠤᠷᠬᠠᠢ᠂ ᠬᠠᠤᠯᠢ ᠶᠤᠰᠤᠭᠠᠷ ᠵᠠᠰᠠᠭ ᠪᠠᠷᠢᠭᠰᠠᠨ ᠵᠠᠰᠠᠭ ᠤᠨ | ᠤᠷᠳᠤᠨ ᠤ ᠴᠡᠭᠴᠡᠯᠡᠯᠲᠡ ᠶᠢᠨ ᠰᠢᠰᠲ᠋ᠧᠮ ᠢ ᠪᠠᠶᠢᠭᠤᠯᠤᠨ᠎ᠠ᠃ ᠵᠠᠰᠠᠭ ᠤᠨ ᠶᠠᠪᠤᠳᠠᠯ ᠢ ᠢᠯᠡ ᠪᠤᠯᠭᠠᠬᠤ ᠶᠢ | ᠪᠠᠷᠢᠮᠵᠢᠶᠠᠵᠢᠭᠤᠯᠵᠤ᠂ ᠳᠦᠷᠢᠮᠵᠢᠭᠦᠯᠬᠦ ᠶᠢ ᠪᠦᠬᠦ ᠲᠠᠯ᠎ᠠ ᠪᠠᠷ ᠠᠬᠢᠭᠤᠯᠤᠨ᠂ ᠨᠡᠶᠢᠭᠡᠮ ᠤᠨ ᠬᠠᠯᠠᠮᠵᠢᠯᠠᠵᠤ ᠪᠠᠶᠢᠭ᠎ᠠ | ᠠᠰᠠᠭᠤᠳᠠᠯ ᠳᠤ ᠴᠠᠭ ᠲᠤᠬᠠᠢ ᠳᠤ ᠨᠢ ᠬᠠᠷᠢᠭᠤ ᠦᠭᠴᠦ᠂ ᠵᠠᠰᠠᠭ ᠵᠠᠬᠢᠷᠭᠠᠨ ᠤ ᠡᠷᠬᠡ ᠶᠢ ᠢᠮᠠᠭᠳᠠ ᠬᠠᠤᠯᠢ | ᠶᠤᠰᠤᠭᠠᠷ᠂ ᠢᠯᠡ ᠪᠠᠷ ᠶᠠᠪᠤᠭᠳᠠᠭᠤᠯᠤᠨ᠎ᠠ᠃ | ᠴᠢᠳᠠᠪᠬᠢ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠨ᠎ᠠ᠃ ︽ᠡᠮᠦᠨ᠎ᠡ ᠹᠷᠣᠨᠲ ᠳᠤ | ᠠᠵᠢᠯᠯᠠᠬᠤ ᠠᠷᠭ᠎ᠠ︾ ᠶᠢ ᠶᠠᠬᠡᠪᠡᠷ ᠬᠡᠷᠡᠭᠵᠢᠭᠦᠯᠦᠨ᠂ ︽ᠬᠠᠳᠠᠭᠠᠰᠤ ᠬᠠᠳᠠᠬᠤ︾ ᠵᠤᠷᠢᠭ ᠰᠠᠨᠠᠭ᠎ᠠ ᠶᠢ ᠪᠠᠳᠠᠷᠠᠭᠤᠯᠵᠤ | ᠂ ᠲᠤᠭᠲᠠᠭᠠᠭᠰᠠᠨ ᠬᠠᠷᠠᠯᠲᠠ᠂ ᠲᠤᠬᠢᠷᠠᠭᠤᠯᠤᠭᠰᠠᠨ ᠡᠭᠦᠷᠭᠡ ᠢ ᠲᠤᠯᠤᠭᠠᠶᠢᠯᠠᠬᠤ ᠤᠳᠤᠷᠢᠳᠤᠯᠭ᠎ᠠ᠂ ᠬᠠᠷᠢᠭᠤᠴᠠᠬᠤ | ᠪᠠᠶᠢᠭᠤᠯᠤᠯᠭ᠎ᠠ ᠪᠤᠯᠤᠨ ᠪᠤᠲᠠᠲᠠᠢ ᠬᠠᠷᠢᠭᠤᠴᠠᠭᠴᠢ ᠳᠤ ᠨᠢᠭᠡ ᠨᠢᠭᠡ ᠪᠠᠷ ᠬᠤᠪᠢᠶᠠᠨ ᠳᠠᠭᠠᠭᠠᠯᠭᠠᠵᠤ᠂ ᠠᠵᠢᠯ ᠢ | ᠦᠨᠳᠦᠷ ᠪᠠᠷᠢᠮᠵᠢᠶ᠎ᠠ ᠪᠠᠷ ᠠᠬᠢᠭᠤᠯᠤᠨ᠂ ᠦᠨᠳᠦᠷ ᠦᠷ᠎ᠡ ᠠᠰᠢᠭ ᠲᠠᠢ ᠪᠡᠶᠡᠯᠡᠭᠦᠯᠬᠦ ᠶᠢ ᠪᠠᠲᠤᠯᠠᠨ᠎ᠠ᠃ ᠵᠠᠰᠠᠭ ᠤᠨ | ᠶᠠᠪᠤᠳᠠᠯ ᠤᠨ ᠬᠢᠨᠠᠯᠲᠠ ᠶᠢᠨ ᠬᠦᠴᠦᠯᠡᠴᠡ ᠶᠢ ᠶᠠᠭᠡᠰᠭᠡᠨ᠂ ᠪᠦᠬᠦ ᠶᠠᠪᠤᠴᠠ ᠳᠤ ᠮᠦᠷᠳᠡᠵᠦ ᠦᠷ᠎ᠡ ᠪᠦᠲᠦᠮᠵᠢ ᠶᠢ ᠨᠢ | ᠠᠰᠠᠭᠤᠨ᠎ᠠ᠃ ᠵᠠᠰᠠᠭ ᠤᠨ ᠤᠷᠳᠤᠨ ᠤ ᠦᠷᠢ ᠦᠭᠴᠡᠭᠡᠨ ᠤ ᠶᠠᠪᠤᠳᠠᠯ ᠢ ᠢᠳᠡᠪᠬᠢᠲᠡᠢ ᠮᠦᠷᠲᠡᠭᠡᠨ ᠯᠠᠪᠳᠠᠭᠤᠨ | ᠰᠢᠢᠳᠪᠦᠷᠢᠯᠡᠵᠦ᠂ ᠮᠦᠩᠭᠦᠨ ᠭᠦᠢᠯᠭᠡᠭᠡᠨ ᠤ ᠦᠢᠯᠡᠰ ᠤᠨ ᠲᠦᠭᠰᠢᠭᠦᠷᠢ ᠶᠢ ᠴᠢᠩᠭ᠎ᠠ ᠨᠢᠮᠪᠠᠢ ᠰᠡᠷᠭᠡᠶᠢᠯᠡᠵᠦ ᠡᠵᠡᠮᠳᠡᠨ | ᠂ ᠰᠢᠰᠲ᠋ᠧᠮᠲᠦ ᠴᠢᠨᠠᠷ ᠲᠠᠢ ᠠᠶᠤᠯ ᠲᠦᠭᠰᠢᠭᠦᠷᠢ ᠡᠭᠦᠰᠭᠡᠬᠦ ᠦᠭᠡᠢ ᠶᠢ ᠡᠷᠡᠰ ᠪᠠᠲᠤᠯᠠᠨ᠎ᠠ᠃ | ᠰᠤᠷᠲᠠᠯ ᠤᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠨ᠎ᠠ᠃ ᠵᠠᠰᠠᠭ ᠤᠨ ᠤᠷᠳᠤᠨ ᠤ | ᠰᠢᠰᠲ᠋ᠧᠮ ᠤᠨ ᠨᠠᠮ ᠢᠶᠠᠨ ᠴᠢᠩᠭ᠎ᠠ ᠵᠠᠰᠠᠬᠤ ᠪᠡᠶᠡᠴᠢ ᠴᠤᠭᠴᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠤᠨ᠂ ᠲᠦᠪ ᠤᠨ ︽ᠨᠠᠢᠮᠠᠨ ᠵᠤᠷᠪᠤᠰ ᠲᠤᠭᠲᠠᠭᠠᠯ︾ ᠤᠨ ᠵᠤᠷᠢᠭ ᠰᠠᠨᠠᠭ᠎ᠠ ᠶᠢ ᠴᠢᠩᠭ᠎ᠠ | ᠬᠡᠷᠡᠭᠵᠢᠭᠦᠯᠵᠦ᠂ ︽ᠳᠦᠷᠪᠡᠨ ᠰᠤᠷᠲᠠᠯ︾ ᠢ ᠵᠤᠭᠰᠤᠯᠲᠠ ᠦᠭᠡᠢ ᠴᠡᠭᠴᠡᠯᠡᠨ ᠵᠠᠰᠠᠨ᠎ᠠ᠃ ᠡᠳ᠋ ᠤᠨ ᠵᠠᠰᠠᠭ ᠤᠨ | ᠪᠡᠯᠡ ᠮᠦᠩᠭᠦ ᠶᠢ ᠰᠢᠨᠵᠢᠯᠡᠬᠦ ᠤᠬᠠᠭᠠᠨᠴᠢ᠂ ᠵᠦᠢ ᠵᠤᠬᠢᠰᠲᠠᠢ ᠵᠤᠬᠢᠴᠠᠭᠤᠯᠵᠤ᠂ ︽ᠭᠤᠷᠪᠠᠨ ᠠᠯᠪᠠᠨ ᠤ ᠵᠠᠷᠤᠳᠠᠯ︾ | ᠢ ᠴᠢᠩᠭ᠎ᠠ ᠬᠢᠵᠠᠭᠠᠷᠯᠠᠨ᠂ ᠵᠠᠰᠠᠭ ᠵᠠᠬᠢᠷᠭᠠᠨ ᠤ ᠡᠷᠭᠢᠯᠲᠡ ᠶᠢᠨ ᠦᠪᠡᠷ ᠤᠨ ᠦᠷᠲᠡᠭ ᠢ ᠪᠠᠭᠠᠰᠬᠠᠵᠤ᠂ ᠨᠠᠩ ᠤᠯᠠᠨ | ᠡᠳ᠋ ᠮᠦᠩᠭᠦ ᠶᠢ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠬᠦᠭᠵᠢᠯᠲᠡ ᠶᠢ ᠠᠬᠢᠭᠤᠯᠬᠤ ᠳᠤ | ᠵᠠᠷᠤᠴᠠᠭᠤᠯᠤᠨ᠎ᠠ᠃ ᠬᠢᠨᠠᠨ ᠪᠤᠳᠤᠯᠲᠠ ᠶᠢᠨ ᠬᠢᠨᠠᠯᠲᠠ ᠶᠢ ᠴᠢᠩᠭᠠᠳᠬᠠᠨ ᠲᠡᠭᠦᠯᠳᠡᠷᠵᠢᠭᠦᠯᠵᠦ᠂ ᠨᠡᠶᠢᠲᠡ ᠶᠢᠨ ᠪᠡᠯᠡ | ᠮᠦᠩᠭᠦ᠂ ᠤᠯᠤᠰ ᠤᠨ ᠬᠦᠷᠦᠩᠭᠡ᠂ ᠤᠯᠤᠰ ᠤᠨ ᠡᠬᠢ ᠪᠠᠶᠠᠯᠢᠭ ᠪᠤᠯᠤᠨ ᠤᠳᠤᠷᠢᠳᠬᠤ ᠺᠠᠳ᠋ᠷ ᠤᠨ ᠠᠵᠤ | ᠠᠬᠤᠢ ᠶᠢᠨ ᠬᠠᠷᠢᠭᠤᠴᠠᠯᠭ᠎ᠠ ᠳᠤ ᠬᠢᠨᠠᠨ ᠪᠤᠳᠤᠯᠲᠠ ᠶᠢᠨ ᠬᠢᠨᠠᠯᠲᠠ ᠶᠢ ᠪᠦᠷᠬᠦᠭᠦᠯᠬᠦ ᠶᠢ ᠪᠡᠶᠡᠯᠡᠭᠦᠯᠦᠨ᠂ ᠲᠦᠪ | ᠭᠤᠤᠯᠴᠢ ᠠᠷᠢᠭᠤᠨ ᠴᠢᠭᠡᠴᠢ᠂ ᠠᠵᠢᠯ ᠬᠢᠵᠦ ᠦᠢᠯᠡᠰ ᠪᠤᠰᠬᠠᠭᠰᠠᠨ ᠤᠯᠤᠰ ᠲᠦᠷᠦ ᠶᠢᠨ ᠠᠮᠢ ᠠᠬᠤᠢ ᠶᠢ | ᠴᠢᠷᠮᠠᠶᠢᠨ ᠪᠤᠢ ᠪᠤᠯᠭᠠᠨ᠎ᠠ᠃ | ᠲᠦᠯᠦᠭᠡᠯᠡᠭᠴᠢᠳ ᠡ︕ ᠴᠦᠬᠦᠷᠡᠰᠢ ᠦᠭᠡᠢ ᠲᠡᠮᠡᠴᠡᠯ ᠢᠶᠠᠷ ᠠᠭᠤᠤ ᠦᠢᠯᠡᠰ ᠢ ᠪᠦᠲᠦᠭᠡᠵᠦ᠂ | ᠰᠢᠷᠭᠠᠭᠤ ᠠᠵᠢᠯᠯᠠᠬᠤ ᠪᠠᠷ ᠰᠠᠴᠤᠷᠠᠩᠭᠤᠢ ᠢᠷᠡᠭᠡᠳᠦᠢ ᠶᠢ ᠴᠤᠭᠴᠠᠯᠠᠳᠠᠭ︕ ᠪᠢᠳᠠ ᠰᠢ ᠶᠢᠨ ᠫᠢᠩ ᠨᠦᠬᠦᠷ ᠢᠶᠠᠷ | ᠭᠤᠤᠯᠯᠠᠭᠤᠯᠤᠭᠰᠠᠨ ᠨᠠᠮ ᠤᠨ ᠲᠦᠪ ᠬᠤᠷᠢᠶᠠᠨ ᠤ ᠲᠤᠭᠤᠷᠢᠨ ᠳᠤ ᠤᠯᠠᠮ ᠨᠢᠭᠲᠠᠷᠠᠨ ᠪᠦᠯᠬᠦᠮᠳᠡᠵᠦ᠂ ᠠᠶᠢᠮᠠᠭ ᠤᠨ | ᠨᠠᠮ ᠤᠨ ᠬᠤᠷᠢᠶ᠎ᠠ᠂ ᠵᠠᠬᠢᠷᠭ᠎ᠠ ᠪᠤᠯᠤᠨ ᠬᠤᠰᠢᠭᠤᠨ ᠤ ᠨᠠᠮ ᠤᠨ ᠬᠤᠷᠢᠶᠠᠨ ᠤ ᠬᠦᠴᠦᠲᠡᠢ ᠤᠳᠤᠷᠢᠳᠤᠯᠭ᠎ᠠ ᠳᠤᠤᠷ᠎ᠠ᠂ | ᠪᠦᠬᠦ ᠬᠤᠰᠢᠭᠤᠨ ᠤ ᠡᠯ᠎ᠡ ᠦᠨᠳᠦᠰᠦᠲᠡᠨ ᠤ ᠠᠷᠠᠳ ᠲᠦᠮᠡᠨ ᠢ ᠪᠦᠯᠬᠦᠮᠳᠡᠬᠦᠯᠦᠨ ᠳᠠᠭᠠᠭᠤᠯᠵᠤ᠂ ᠪᠣᠳᠠᠲᠠᠢ ᠶᠢ | ᠡᠷᠬᠢᠮᠯᠡᠨ᠂ ᠰᠢᠭᠤᠷᠬᠠᠢ ᠳᠠᠪᠰᠢᠵᠦ᠂ ᠡᠵᠡᠨ᠎ᠡ ᠬᠤᠰᠢᠭᠤᠨ ᠤ ᠴᠢᠨᠠᠷ ᠰᠠᠶᠢᠲᠠᠢ ᠬᠦᠭᠵᠢᠯᠲᠡ ᠶᠢᠨ ᠰᠢᠨ᠎ᠡ ᠠᠬᠤᠢ | ᠪᠠᠶᠢᠳᠠᠯ ᠢ ᠡᠭᠦᠳᠦᠨ ᠪᠦᠲᠦᠭᠡᠬᠦ ᠪᠠᠷ ᠴᠢᠷᠮᠠᠶᠢᠨ ᠲᠡᠮᠡᠴᠡᠵᠡᠭᠡᠶ᠎ᠡ︕ | 【 ᠨᠡᠷ᠎ᠡ ᠦᠭᠡᠰ ᠤᠨ ᠲᠠᠶᠢᠯᠪᠤᠷᠢ 】 | ᠵᠢᠷᠭᠤᠭ᠎ᠠ ᠶᠢ ᠲᠤᠭᠲᠠᠭᠤᠨ ᠪᠠᠶᠢᠯᠭᠠᠬᠤ᠄ ᠠᠵᠢᠯ ᠤᠯᠭᠤᠯᠲᠠ ᠶᠢ ᠲᠤᠭᠲᠠᠪᠤᠷᠢᠵᠢᠭᠤᠯᠬᠤ᠂ ᠮᠦᠩᠭᠦᠨ | ᠭᠦᠢᠯᠭᠡᠭᠡ ᠶᠢ ᠲᠤᠭᠲᠠᠪᠤᠷᠢᠵᠢᠭᠤᠯᠬᠤ᠂ ᠭᠠᠳᠠᠭᠠᠳᠤ ᠠᠷᠠᠯᠵᠢᠶ᠎ᠠ ᠶᠢ ᠲᠤᠭᠲᠠᠪᠤᠷᠢᠵᠢᠭᠤᠯᠬᠤ᠂ ᠪᠡᠯᠡ | ᠤᠷᠤᠭᠤᠯᠤᠯᠲᠠ ᠶᠢ ᠲᠤᠭᠲᠠᠪᠤᠷᠢᠵᠢᠭᠤᠯᠬᠤ᠂ ᠤᠷᠢᠳᠴᠢᠯᠡᠨ ᠵᠢᠱᠢᠯᠲᠠ ︵ᠲᠦᠰᠦᠭᠡᠯᠡᠯᠲᠡ︶ ᠶᠢ | ᠲᠤᠭᠲᠠᠪᠤᠷᠢᠵᠢᠭᠤᠯᠬᠤ᠃ | ᠬᠠᠷᠢᠶ᠎ᠠ ᠭᠠᠵᠠᠷ ᠢ ᠰᠤᠨᠳᠠᠯᠠᠭᠰᠠᠨ ᠠᠵᠤ ᠠᠬᠤᠢ᠄ ᠠᠵᠤ ᠠᠬᠤᠢ ᠶᠢᠨ ᠬᠦᠭᠵᠢᠯᠲᠡ ᠶᠢᠨ ᠶᠠᠪᠤᠴᠠ | ᠳᠤᠮᠲᠠ᠂ ᠬᠠᠷᠢᠯᠴᠠᠨ ᠪᠡᠶ᠎ᠡ ᠪᠠᠨ ᠳᠠᠭᠠᠭᠠᠭᠰᠠᠨ᠂ ᠠᠵᠤ ᠠᠬᠤᠢ ᠶᠢᠨ ᠬᠦᠭᠵᠢᠯᠲᠡ ᠨᠢ ᠵᠦᠷᠢᠶᠠᠨᠲᠠᠢ ᠪᠠᠶᠢᠭ᠎ᠠ | ᠬᠤᠶᠠᠷ ᠵᠠᠰᠠᠭ ᠵᠠᠬᠢᠷᠭᠠᠨ ᠤ ᠤᠷᠤᠨ ᠤᠤᠯ ᠤᠨ ᠵᠠᠰᠠᠭ ᠵᠠᠬᠢᠷᠭᠠᠨ ᠤ ᠬᠤᠪᠢᠶᠠᠷᠢᠯᠠᠯᠲᠠ ᠶᠢᠨ ᠬᠢᠵᠠᠭᠠᠷᠯᠠᠯ ᠢ ᠡᠪᠳᠡᠵᠦ | ᠂ ᠤᠷᠤᠨ ᠵᠠᠢ ᠶᠢ ᠠᠯᠤᠰᠯᠠᠭᠰᠠᠨ ᠵᠠᠰᠠᠭ ᠵᠠᠬᠢᠷᠭᠠᠨ ᠤ ᠬᠠᠮᠢᠶᠠᠷᠤᠯᠲᠠ ᠪᠤᠯᠤᠨ ᠠᠵᠤ ᠠᠬᠤᠢ ᠶᠢᠨ | ᠬᠦᠭᠵᠢᠭᠦᠯᠦᠯᠲᠡ ᠪᠠᠷ ᠳᠠᠮᠵᠢᠵᠦ᠂ ᠬᠤᠶᠠᠷ ᠭᠠᠵᠠᠷ ᠡᠬᠢ ᠪᠠᠶᠠᠯᠢᠭ ᠢᠶᠠᠨ ᠬᠠᠷᠢᠯᠴᠠᠨ ᠨᠦᠬᠦᠪᠦᠷᠢᠯᠡᠵᠦ᠂ ᠠᠵᠤ | ᠠᠬᠤᠢ ᠵᠤᠬᠢᠴᠠᠩᠭᠤᠢ ᠬᠦᠭᠵᠢᠬᠦ ᠨᠢᠭᠡᠨ ᠵᠦᠢᠯ ᠤᠨ ᠠᠵᠤ ᠠᠬᠤᠢ ᠶᠢᠨ ᠬᠠᠮᠲᠤᠷᠠᠯᠴᠠᠭᠠᠨ ᠤ ᠬᠡᠯᠪᠡᠷᠢ ᠮᠠᠶ᠋ᠢᠭ | ᠪᠤᠯᠤᠨ᠎ᠠ᠃ | ᠬᠦᠷᠢᠶ᠎ᠡ ᠬᠠᠰᠢᠶᠠᠨ ᠤ ᠠᠵᠤ ᠠᠬᠤᠢ᠄ ᠮᠠᠯᠴᠢᠳ ᠲᠠᠷᠢᠶᠠᠴᠢᠳ ᠦᠪᠡᠷ ᠤᠨ ᠤᠷᠤᠨ ᠰᠠᠭᠤᠴᠠ ᠬᠦᠷᠢᠶ᠎ᠡ | ᠬᠠᠰᠢᠶ᠎ᠠ ᠵᠢᠴᠢ ᠡᠷᠬᠢᠨ ᠲᠤᠭᠤᠷᠢᠨ ᠳᠠᠭᠠᠨ ᠰᠠᠭᠤᠷᠢᠯᠠᠵᠤ᠂ ᠭᠡᠷ ᠪᠦᠯᠢ ᠪᠠᠷ ᠦᠢᠯᠡᠳᠪᠦᠷᠢᠯᠡᠯ ᠪᠤᠯᠤᠨ | ᠡᠵᠡᠩᠨᠡᠯᠲᠡ ᠶᠢᠨ ᠨᠢᠭᠡᠴᠢ ᠪᠤᠯᠭᠠᠭᠰᠠᠨ᠂ ᠣᠨᠴᠠ ᠭᠠᠷᠤᠯᠲᠠ ᠪᠤᠯᠤᠨ ᠬᠠᠮᠢᠶ᠎ᠠ ᠪᠦᠬᠦᠢ ᠦᠢᠯᠡᠴᠢᠯᠡᠭᠡ ᠶᠢ | ᠨᠡᠶᠢᠭᠡᠮ ᠳᠤ ᠬᠠᠩᠭᠠᠳᠠᠭ ᠠᠵᠤ ᠠᠬᠤᠢ ᠶᠢ ᠵᠢᠭᠠᠨ᠎ᠠ᠃ | ᠬᠦᠳᠡᠷᠵᠢᠭᠦᠯᠬᠦ ᠲᠦᠷᠭᠡᠨ ᠠᠭᠤᠷᠰᠢᠯᠲᠠ ᠶᠢᠨ ᠵᠤᠤᠬ᠎ᠠ᠄ ᠪᠤᠯᠤᠳ ᠵᠤᠤᠬᠠᠨ ᠳᠤᠲᠤᠷ᠎ᠠ ᠠᠮᠢᠳᠤᠷᠠᠯ ᠤᠨ | ᠬᠤᠭ ᠨᠤᠪᠰᠢ ᠶᠢ ᠲᠦᠷᠭᠡᠨ ᠠᠭᠤᠷᠰᠢᠭᠤᠯᠵᠤ ᠬᠦᠳᠡᠷᠵᠢᠭᠦᠯᠦᠨ᠂ ᠬᠤᠤᠷ ᠬᠦᠨᠦᠭᠡᠯ ᠦᠭᠡᠶᠢᠲᠡᠭᠦᠯᠦᠨ | ᠰᠢᠢᠳᠪᠦᠷᠢᠯᠡᠬᠦ ᠶᠢ ᠵᠢᠭᠠᠨ᠎ᠠ᠃ | ᠰᠦᠯᠵᠢᠶᠠᠨ ᠤᠳᠤ ᠶᠢᠨ ᠠᠵᠤ ᠠᠬᠤᠢ᠄ ᠰᠢᠨ᠎ᠡ ᠤᠷᠤᠰᠬᠠᠯ ᠤᠨ ᠰᠤᠳᠤᠨ ᠬᠦᠮᠦᠨ ᠤ ᠲᠦᠯᠦᠪ | ᠪᠠᠶᠢᠳᠠᠯ ᠢᠶᠠᠷ ᠨᠡᠶᠢᠭᠡᠮ ᠤᠨ ᠬᠠᠷᠢᠯᠴᠠᠭᠠᠨ ᠤ ᠵᠠᠭᠤᠴᠢ ᠳᠡᠭᠡᠷ᠎ᠡ ᠬᠦᠮᠦᠰ ᠤᠨ ᠬᠠᠷᠠᠭ᠎ᠠ ᠶᠢ ᠲᠠᠲᠠᠵᠤ᠂ ᠨᠦᠰᠡᠷ ᠲᠤᠮᠤ | ᠳᠠᠭᠠᠭᠰᠠᠳ ᠤᠨ ᠪᠦᠯᠬᠦᠮ ᠳᠡᠭᠡᠨ ᠲᠦᠰᠢᠭᠯᠡᠨ ᠬᠠᠨᠳᠤᠯᠭ᠎ᠠ ᠲᠠᠢ ᠪᠠᠷ ᠪᠤᠷᠤᠯᠠᠭᠤᠯᠬᠤ ᠠᠵᠤ ᠠᠬᠤᠢ ᠶᠢᠨ | ᠠᠵᠢᠯᠯᠠᠭ᠎ᠠ ᠶᠢ ᠵᠢᠭᠠᠵᠤ ᠪᠤᠢ᠃ | ᠪᠢᠴᠢᠯ ᠴᠡᠴᠡᠷᠯᠢᠭ᠄ ᠨᠡᠯᠢᠶᠠᠳ ᠵᠢᠵᠢᠭ ᠭᠠᠵᠠᠷ ᠲᠤ ᠨᠤᠭᠤᠭᠠᠷᠠᠭᠤᠯᠤᠯᠲᠠ ᠬᠢᠵᠦ᠂ ᠰᠠᠨᠳᠠᠯᠢ ᠰᠠᠭᠤᠳᠠᠯ | ᠵᠡᠷᠭᠡ ᠠᠷᠠᠳ ᠲᠤ ᠳᠦᠭᠦᠮ ᠦᠵᠡᠭᠦᠯᠦᠭᠰᠡᠨ ᠦᠢᠯᠡᠴᠢᠯᠡᠭᠡᠨ ᠤ ᠲᠤᠨᠤᠭ ᠲᠦᠭᠦᠭᠡᠷᠦᠮᠵᠢ ᠢ ᠤᠭᠰᠠᠷᠠᠨ᠂ | ᠲᠤᠬᠠᠢ ᠶᠢᠨ ᠭᠠᠵᠠᠷ ᠤᠨ ᠰᠠᠭᠤᠭᠠᠯᠢ ᠠᠷᠠᠳ ᠲᠤ ᠦᠢᠯᠡᠴᠢᠯᠡᠬᠦ ᠶᠢ ᠵᠢᠭᠠᠨ᠎ᠠ᠃ ᠬᠤᠲᠠ ᠳᠤᠲᠤᠷᠠᠬᠢ ᠡᠯ᠎ᠡ | ᠵᠦᠢᠯ ᠤᠨ ᠪᠠᠭ᠎ᠠ ᠬᠡᠯᠪᠡᠷᠢ ᠶᠢᠨ ᠨᠤᠭᠤᠭᠠᠷᠠᠭᠤᠯᠤᠭᠰᠠᠨ ᠭᠠᠵᠠᠷ᠂ ᠵᠢᠵᠢᠭ ᠴᠡᠴᠡᠷᠯᠢᠭ᠂ ᠨᠡᠶᠢᠭᠡᠮ ᠲᠤᠭᠤᠷᠢᠭ ᠤᠨ | ᠪᠠᠭ᠎ᠠ ᠬᠡᠯᠪᠡᠷᠢ ᠶᠢᠨ ᠬᠦᠳᠡᠯᠭᠡᠭᠡᠨ ᠤ ᠲᠠᠯᠠᠪᠤᠷ ᠵᠡᠷᠭᠡ ᠨᠢ ᠪᠦᠷ ᠪᠢᠳᠠᠨ ᠤ ᠳᠡᠷᠭᠡᠳᠡ ᠪᠠᠶᠢᠩᠭᠤ ᠦᠵᠡᠭᠳᠡᠳᠡᠭ ᠪᠢᠴᠢᠯ | ᠴᠡᠴᠡᠷᠯᠢᠭ ᠪᠤᠯᠤᠨ᠎ᠠ᠃ | ᠬᠤᠲᠠ ᠵᠢᠨᠲ᠋ᠠᠪᠢᠯᠭᠠ᠄ ᠬᠤᠲᠠ ᠲᠤᠲᠤᠷᠠᠬᠢ ᠡᠯ᠎ᠡ ᠲᠦᠷᠦᠯ ᠤᠨ ᠭᠡᠷ ᠤᠨ ᠭᠠᠳᠠᠨᠠᠬᠢ ᠤᠷᠴᠢᠨ ᠤ ︵ | ᠵᠡᠭᠡᠯᠢ ᠶᠢᠨ︶ ᠲᠦᠭᠦᠭᠡᠷᠦᠮᠵᠢ ᠶᠢ ᠵᠢᠭᠠᠨ᠎ᠠ᠃ ᠠᠷᠢᠭᠤᠨ ᠴᠡᠪᠡᠷ᠂ ᠠᠮᠤᠷ ᠲᠦᠪᠰᠢᠨ᠂ ᠴᠡᠩᠭᠡᠭᠦᠨ ᠦᠢᠯᠡᠴᠢᠯᠡᠭᠡ᠂ | ᠵᠠᠮ ᠬᠠᠷᠢᠯᠴᠠᠭᠠᠨ ᠤ ᠲᠦᠭᠦᠭᠡᠷᠦᠮᠵᠢ ᠵᠢᠴᠢ ᠦᠵᠡᠮᠵᠢ ᠵᠡᠷᠭᠡ ᠶᠢ ᠪᠠᠭᠲᠠᠭᠠᠨ᠎ᠠ᠃ | |