5. ᠬᠡᠷᠬᠢᠨ ᠴᠦᠬᠡᠨ ᠲᠤᠭᠠᠳᠤ ᠦᠨᠳᠦᠰᠦᠳᠡᠨ ᠤ ᠵᠠᠩ ᠵᠠᠩᠰᠢᠯ ᠢ ᠬᠦᠢᠴᠡᠳ ᠬᠦᠨᠳᠦᠳᠬᠡᠬᠦ ᠪᠤᠢ︖ | ᠬᠠᠷᠢᠭᠤᠯᠳᠠ᠄ ᠲᠤᠮᠳᠠᠳᠤ ᠤᠯᠤᠰ ᠤᠨ ᠴᠦᠬᠡᠨ ᠲᠤᠭᠠᠳᠤ ᠦᠨᠳᠦᠰᠦᠳᠡᠨ ᠨᠢ ᠴᠦᠮ ᠦᠪᠡᠷ ᠤᠨ ᠰᠤᠶᠤᠯ | ᠢᠷᠬᠡᠨᠰᠢᠯ ᠵᠠᠩ ᠵᠠᠩᠰᠢᠯ ᠲᠠᠢ ᠪᠠᠶᠢᠳᠠᠭ᠃ ᠭᠤᠤᠯᠳᠠᠭᠤ ᠬᠤᠪᠴᠠᠰᠤ ᠵᠠᠰᠠᠯ᠂ ᠢᠳᠡᠬᠡᠨ ᠤᠮᠳᠠᠭᠠᠨ᠂ ᠤᠷᠤᠨ | ᠰᠠᠭᠤᠷᠢᠰᠢᠯ᠂ ᠤᠷᠤᠭ ᠬᠤᠷᠢᠮ᠂ ᠶᠤᠰᠤ ᠵᠢᠷᠤᠮ᠂ ᠤᠷᠤᠰᠢᠭᠤᠯᠭ᠎ᠠ ᠵᠡᠷᠭᠡ ᠲᠠᠯ᠎ᠠ ᠪᠠᠷ ᠢᠯᠡᠷᠡᠳᠡᠭ᠃ ᠤᠯᠤᠰ ᠠᠴᠠ | ᠴᠦᠬᠡᠨ ᠲᠤᠭᠠᠳᠤ ᠦᠨᠳᠦᠰᠦᠳᠡᠨ ᠤ ᠵᠠᠩ ᠵᠠᠩᠰᠢᠯ ᠢ ᠬᠦᠨᠳᠦᠳᠬᠡᠨ᠂ ᠴᠦᠬᠡᠨ ᠲᠤᠭᠠᠳᠤ ᠦᠨᠳᠦᠰᠦᠳᠡᠨ ᠳᠤ | ᠦᠪᠡᠷ ᠤᠨ ᠦᠨᠳᠦᠰᠦᠳᠡᠨ ᠤ ᠵᠠᠩ ᠵᠠᠩᠰᠢᠯ ᠢᠶᠠᠨ ᠪᠠᠷᠢᠮᠳᠠᠯᠠᠬᠤ ᠪᠤᠶᠤ ᠦᠬᠡᠷᠡᠴᠢᠯᠡᠬᠦ ᠡᠷᠭᠡ ᠶᠢ ᠤᠯᠭᠤᠵᠠᠢ᠃ | ᠨᠡᠶᠢᠬᠡᠮ ᠤᠨ ᠠᠮᠢᠳᠤᠷᠠᠯ ᠤᠨ ᠲᠠᠯ᠎ᠠ ᠪᠠᠷ ᠵᠠᠰᠠᠭ ᠤᠨ ᠤᠷᠳᠤᠨ ᠠᠴᠠ ᠴᠦᠬᠡᠨ ᠲᠤᠭᠠᠳᠤ ᠦᠨᠳᠦᠰᠦᠳᠡᠨ ᠤ | ᠦᠪᠡᠷ ᠤᠨ ᠵᠠᠩ ᠵᠠᠩᠰᠢᠯ ᠢᠶᠠᠨ ᠪᠠᠷᠢᠮᠳᠠᠯᠠᠬᠤ ᠪᠤᠶᠤ ᠦᠬᠡᠷᠡᠴᠢᠯᠡᠬᠦ ᠡᠷᠭᠡ ᠶᠢ ᠬᠠᠮᠠᠭᠠᠯᠠᠨ᠎ᠠ᠃ ︵1︶ ᠴᠦᠬᠡᠨ | ᠲᠤᠭᠠᠳᠤ ᠦᠨᠳᠦᠰᠦᠳᠡᠨ ᠤ ᠢᠳᠡᠬᠡᠨ ᠤᠮᠳᠠᠭᠠᠨ ᠤ ᠵᠠᠩ ᠵᠠᠩᠰᠢᠯ ᠢ ᠬᠦᠨᠳᠦᠳᠬᠡᠨ᠎ᠠ᠃ ︵2︶ ᠴᠦᠬᠡᠨ ᠲᠤᠭᠠᠳᠤ | ᠦᠨᠳᠦᠰᠦᠳᠡᠨ ᠤ ᠪᠠᠶᠠᠷ ᠲᠤᠷᠠᠰᠬᠠᠯ ᠤᠨ ᠵᠠᠩ ᠵᠠᠩᠰᠢᠯ ᠢ ᠬᠦᠨᠳᠦᠳᠬᠡᠨ ᠬᠠᠯᠠᠮᠵᠢᠯᠠᠨ᠎ᠠ᠃ ︵3︶ ᠴᠦᠬᠡᠨ | ᠲᠤᠭᠠᠳᠤ ᠦᠨᠳᠦᠰᠦᠳᠡᠨ ᠤ ᠤᠷᠤᠭ ᠬᠤᠷᠢᠮ ᠤᠨ ᠵᠠᠩ ᠵᠠᠩᠰᠢᠯ ᠢ ᠬᠦᠨᠳᠦᠳᠬᠡᠨ᠎ᠠ᠃ ︵4︶ ᠴᠦᠬᠡᠨ ᠲᠭᠠᠳᠤ | ᠦᠨᠳᠦᠰᠦᠳᠡᠨ ᠤ ᠤᠷᠤᠰᠢᠭᠤᠯᠭ᠎ᠠ ᠶᠢᠨ ᠶᠤᠰᠤ ᠵᠠᠩᠰᠢᠯ ᠢ ᠬᠦᠨᠳᠦᠳᠬᠡᠨ᠎ᠠ᠃ ︵5︶ ᠤᠯᠠᠨ ᠨᠠᠶᠢᠳᠠ ᠶᠢᠨ ᠮᠡᠳᠡᠭᠡ | ᠵᠠᠭᠤᠴᠢᠯᠠᠭᠤᠷ ᠢᠶᠠᠷ ᠴᠦᠬᠡᠨ ᠲᠤᠭᠠᠳᠤ ᠦᠨᠳᠦᠰᠦᠳᠡᠨ ᠤ ᠶᠤᠰᠤ ᠵᠠᠩᠰᠢᠯ ᠢ ᠬᠦᠨᠳᠡᠬᠦ ᠬᠡᠷᠡᠭ ᠡᠬᠦᠰᠬᠦ ᠶᠢ | ᠰᠡᠷᠬᠡᠶᠢᠯᠡᠨ᠎ᠠ᠃ ︵6︶ ᠴᠦᠬᠡᠨ ᠲᠤᠭᠠᠳᠤ ᠦᠨᠳᠦᠰᠦᠳᠡᠨ ᠤ ᠦᠪᠡᠷ ᠤᠨ ᠶᠤᠰᠤ ᠵᠠᠩᠰᠢᠯ ᠢᠶᠠᠨ ᠬᠦᠨᠳᠦᠳᠬᠡᠬᠦ | ᠡᠷᠭᠡ ᠴᠢᠯᠦᠬᠡ ᠶᠢ ᠬᠦᠨᠳᠦᠳᠬᠡᠨ᠎ᠠ᠃ | 6. ᠶᠠᠭᠤ ᠶᠢ ᠦᠨᠳᠦᠰᠦᠳᠡᠨ ᠤ ᠪᠦᠯᠬᠦᠮᠳᠡᠯ ᠬᠡᠬᠦ ᠪᠤᠢ︖ | ᠬᠠᠷᠢᠭᠤᠯᠳᠠ᠄ ᠦᠨᠳᠦᠰᠦᠳᠡᠨ ᠤ ᠪᠦᠮᠬᠦᠮᠳᠡᠯ ᠬᠡᠳᠡᠭ ᠪᠤᠯ ᠡᠯ᠎ᠠ ᠦᠨᠳᠦᠰᠦᠳᠡᠨ ᠤ ᠬᠤᠭᠤᠷᠤᠨᠳᠤᠬᠢ ᠪᠠ | ᠦᠨᠳᠦᠰᠦᠳᠡᠨ ᠤ ᠲᠤᠳᠤᠭᠠᠳᠤᠬᠢ ᠪᠦᠯᠬᠦᠮᠳᠡᠯ ᠢ ᠬᠡᠯᠡᠨ᠎ᠠ᠃ ᠲᠠᠷᠤᠢ ᠡᠯ᠎ᠠ ᠦᠨᠳᠦᠰᠦᠳᠡᠨ ᠤ ᠠᠷᠠᠳ ᠲᠦᠮᠠᠨ ᠨᠢ | ᠬᠠᠮᠳᠤ ᠶᠢᠨ ᠠᠰᠢᠭ ᠲᠤᠰᠠ ᠳᠤ ᠰᠠᠭᠤᠷᠢᠯᠠᠨ᠂ ᠡᠷᠭᠡ ᠲᠡᠭᠰᠢ ᠪᠠᠷ ᠬᠠᠷᠢᠯᠴᠠᠵᠤ᠂ ᠨᠦᠬᠦᠷᠰᠡᠭ ᠢᠶᠠᠷ ᠶᠠᠪᠤᠯᠴᠠᠨ᠂ | ᠬᠠᠷᠢᠯᠴᠠᠨ ᠬᠦᠨᠳᠦᠳᠬᠡᠵᠤ᠂ ᠬᠠᠷᠢᠯᠴᠠᠨ ᠰᠤᠷᠤᠯᠴᠠᠨ᠂ ᠬᠠᠷᠢᠯᠴᠠᠨ ᠬᠠᠪᠰᠤᠷᠤᠯᠴᠠᠵᠤ᠂ ᠨᠡᠶᠢᠬᠡᠮ ᠵᠢᠷᠤᠮᠳᠤ | ᠤᠳᠤᠬᠢᠴᠢᠯᠡᠬᠰᠠᠨ ᠤᠯᠤᠰ ᠢ ᠪᠦᠳᠦᠬᠡᠨ ᠪᠠᠶᠢᠭᠤᠯᠬᠤ ᠪᠠᠷ ᠬᠠᠮᠳᠤ ᠪᠠᠷ ᠴᠢᠷᠮᠠᠶᠢᠨ ᠲᠠᠮᠠᠴᠠᠨ᠎ᠠ᠃ | 7. ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠡᠬᠦᠳᠦᠨ ᠪᠠᠶᠢᠭᠤᠯᠬᠤ ᠠᠵᠢᠯᠯᠠᠭ᠎ᠠ ᠶᠢᠨ ᠴᠢᠬᠤᠯᠠ | ᠠᠭᠤᠯᠭ᠎ᠠ ᠨᠢ ᠶᠠᠭᠤ ᠪᠤᠢ︖ | ᠬᠠᠷᠢᠭᠤᠯᠳᠠ᠄ ᠪᠦᠬᠦ ᠲᠠᠯ᠎ᠠ ᠪᠠᠷ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢ ᠡᠬᠦᠳᠦᠨ ᠪᠠᠶᠢᠭᠤᠯᠬᠤ | ᠠᠵᠢᠯᠯᠠᠭ᠎ᠠ ᠶᠢ ᠶᠠᠪᠤᠬᠳᠠᠭᠤᠯᠬᠤ ᠨᠢ ᠨᠠᠮ ᠪᠤᠯᠤᠨ ᠤᠯᠤᠰ ᠤᠨ ᠦᠨᠳᠦᠰᠦᠳᠡᠨ ᠤ ᠲᠦᠷᠦ ᠶᠢᠨ ᠪᠤᠳᠤᠯᠭ᠎ᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠳᠡᠨ ᠤ ᠪᠦᠯᠬᠦᠮᠳᠡᠯ᠂ ᠨᠡᠶᠢᠬᠡᠮ ᠤᠨ ᠠᠮᠤᠷ ᠲᠤᠬᠳᠠᠭᠤᠨ ᠪᠤᠯᠤᠨ | ᠡᠬᠡ ᠤᠯᠤᠰ ᠤᠨ ᠨᠢᠬᠡᠳᠦᠯ ᠢ ᠬᠠᠮᠠᠭᠠᠯᠠᠨ᠂ ᠦᠨᠳᠦᠰᠦᠳᠡᠨ ᠤ ᠤᠷᠤᠨ ᠤ ᠠᠵᠤ ᠠᠬᠤᠢ ᠨᠡᠶᠢᠬᠡᠮ ᠤᠨ | ᠬᠦᠭᠵᠢᠯᠳᠡ ᠶᠢ ᠠᠬᠢᠭᠤᠯᠬᠤ ᠳᠤ ᠮᠠᠰᠢ ᠴᠢᠬᠤᠯᠠ ᠠᠴᠢ ᠬᠤᠯᠪᠤᠬᠳᠠᠯ ᠲᠠᠢ ᠶᠤᠮ᠃ | 8. ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠡᠬᠦᠳᠦᠨ ᠪᠠᠶᠢᠭᠤᠯᠬᠤ ᠠᠵᠢᠯᠯᠠᠭ᠎ᠠ ᠦᠷᠨᠢᠬᠦᠯᠬᠦ ᠪᠤᠳᠠᠳᠠᠢ | ᠱᠠᠭᠠᠷᠳᠠᠯᠭ᠎ᠠ ᠨᠢ ᠶᠠᠭᠤ ᠪᠤᠢ︖ | ᠬᠠᠷᠢᠭᠤᠯᠳᠠ᠄ ᠭᠤᠤᠯᠳᠠᠯᠭ᠎ᠠ ᠶᠢᠨ ᠢᠶᠠᠨ ᠲᠤᠭᠤᠷᠢᠨ ᠳᠤ᠂ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠡᠬᠦᠳᠦᠨ | ᠪᠠᠶᠢᠭᠤᠯᠬᠤ ᠠᠵᠢᠯᠯᠠᠭ᠎ᠠ ᠶᠢ ᠲᠤᠰ ᠭᠠᠵᠠᠷ ᠤᠷᠤᠨ ᠪᠤᠯᠤᠨ ᠲᠤᠰ ᠭᠠᠵᠠᠷ ᠤᠷᠤᠨ ᠤ ᠰᠠᠯᠠᠭ᠎ᠠ ᠮᠦᠴᠢᠷ ᠤᠨ | ᠠᠵᠢᠯ ᠤᠨ ᠭᠤᠤᠯᠳᠠᠯᠭ᠎ᠠ ᠲᠠᠢ ᠪᠠᠨ ᠨᠢᠬᠳᠠ ᠤᠶᠠᠯᠳᠤᠭᠤᠯᠵᠤ᠂ ᠡᠬᠦᠳᠦᠨ ᠪᠠᠶᠢᠭᠤᠯᠬᠤ ᠠᠵᠢᠯᠯᠠᠭ᠎ᠠ ᠶᠢ | ᠶᠠᠪᠤᠬᠳᠠᠭᠤᠯᠬᠤ ᠪᠠᠷ ᠲᠠᠮᠵᠢᠨ ᠭᠤᠤᠯᠳᠠᠯᠭᠠᠳᠤ ᠠᠵᠢᠯ ᠳᠠᠭᠠᠨ ᠪᠦᠯᠬᠦᠮᠳᠠᠯ ᠲᠠᠢ᠂ ᠲᠤᠬᠳᠠᠭᠤᠨ ᠤᠷᠴᠢᠨ | ᠲᠤᠭᠤᠷᠢᠨ ᠢ ᠪᠤᠢ ᠪᠤᠯᠭᠠᠵᠤ᠂ ᠭᠤᠤᠯᠳᠠᠯᠭᠠᠳᠤ ᠠᠵᠢᠯ ᠤᠨ ᠢᠶᠠᠨ ᠤᠷᠤᠬᠰᠢᠳᠠᠢ ᠶᠠᠪᠤᠬᠳᠠᠬᠤ ᠶᠢ ᠠᠬᠢᠭᠤᠯᠤᠨ᠎ᠠ᠃ | ᠪᠤᠳᠠᠳᠤ ᠪᠠᠶᠢᠳᠠᠯ ᠲᠠᠢ ᠤᠶᠠᠯᠳᠤᠭᠤᠯᠬᠤ ᠳᠤ ᠡᠷᠬᠡᠪᠰᠢ ᠦᠨᠠᠨ ᠠᠴᠠ ᠵᠦᠪ ᠢ ᠡᠷᠢᠬᠦ ᠦᠵᠡᠯ ᠰᠠᠨᠠᠭ᠎ᠠ ᠶᠢ | ᠪᠠᠷᠢᠮᠳᠠᠯᠠᠵᠤ᠂ ᠪᠤᠳᠠᠳᠤ ᠪᠠᠶᠢᠳᠠᠯ ᠲᠠᠢ ᠤᠶᠠᠯᠳᠤᠭᠤᠯᠤᠨ᠂ ᠲᠦᠷᠦᠯ ᠬᠤᠪᠢᠶᠠᠨ ᠵᠢᠯᠤᠭᠤᠳᠤᠨ᠎ᠠ︔ ᠠᠳᠠᠯᠢ ᠪᠤᠰᠤ | ᠭᠠᠵᠠᠷ ᠤᠷᠤᠨ ᠪᠤᠯᠤᠨ ᠰᠠᠯᠠᠭ᠎ᠠ ᠮᠦᠴᠢᠷ ᠨᠢᠬᠡᠳᠦᠯ ᠲᠠᠢ ᠲᠦᠷᠢᠮᠵᠢᠬᠦᠯᠬᠦ ᠶᠢᠨ ᠬᠠᠮᠳᠤ ᠪᠠᠰᠠ ᠠᠳᠠᠯᠢ ᠪᠤᠰᠤ | ᠱᠠᠭᠠᠷᠳᠠᠯᠭ᠎ᠠ ᠲᠤᠷᠠᠳᠴᠤ᠂ ᠠᠵᠢᠯ ᠤᠨ ᠴᠢᠭᠯᠡᠯᠳᠦ ᠴᠢᠨᠠᠷ ᠪᠠ ᠪᠦᠳᠦᠮᠵᠢᠳᠦ ᠴᠢᠨᠠᠷ ᠢ ᠲᠡᠬᠡᠭᠰᠢᠯᠡᠬᠦᠯᠦᠨ᠎ᠠ᠃ | ᠪᠤᠳᠠᠳᠤ ᠶᠠᠪᠤᠳᠠᠯ ᠢᠶᠠᠷ ᠰᠠᠭᠤᠷᠢ ᠪᠤᠯᠭᠠᠵᠤ᠂ ᠪᠦᠬᠦ ᠲᠠᠯ᠎ᠠ ᠪᠠᠷ ᠠᠬᠢᠭᠤᠯᠬᠤ ᠶᠢᠨ ᠬᠠᠮᠳᠤ ᠠᠯᠪᠠᠨ | ᠪᠠᠶᠢᠭᠤᠯᠤᠯᠭ᠎ᠠ᠂ ᠠᠵᠤ ᠠᠬᠤᠢᠢᠯᠠᠯ᠂ ᠨᠡᠶᠢᠬᠡᠮ ᠲᠤᠭᠤᠷᠢᠭ᠂ ᠰᠤᠮᠤ ᠪᠠᠯᠭᠠᠰᠤ᠂ ᠰᠤᠷᠭᠠᠭᠤᠯᠢ᠂ ᠰᠦᠮ᠎ᠠ ᠵᠡᠷᠭᠡ ᠪᠠᠷ | ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠡᠬᠦᠳᠦᠨ ᠪᠠᠶᠢᠭᠤᠯᠬᠤ ᠠᠵᠢᠯᠯᠠᠭᠠᠨ ᠤ ᠭᠤᠤᠯ ᠰᠠᠭᠤᠷᠢᠨ ᠭᠠᠵᠠᠷ | ᠪᠠ ᠠᠷᠭ᠎ᠠ ᠪᠠᠷᠢᠯ ᠢᠶᠠᠨ ᠪᠤᠯᠭᠠᠵᠤ᠂ ᠡᠬᠦᠳᠦᠨ ᠪᠠᠶᠢᠭᠤᠯᠬᠤ ᠠᠵᠢᠯᠯᠠᠭᠠᠨ ᠢᠶᠠᠷ ᠲᠠᠮᠵᠢᠨ ᠪᠦᠬᠦ ᠨᠡᠶᠢᠬᠡᠮ ᠢᠶᠠᠷ ᠢᠶᠠᠨ | ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠬᠤ ᠰᠠᠶᠢᠨ ᠠᠬᠤᠢ ᠪᠠᠶᠢᠳᠠᠯ ᠢ ᠪᠤᠢ ᠪᠤᠯᠭᠠᠬᠰᠠᠨ ᠪᠠᠶᠢᠨ᠎ᠠ᠃ | ᠪᠤᠳᠠᠳᠤ ᠦᠢᠯᠡᠳᠦᠯ ᠢ ᠴᠢᠬᠤᠯᠠᠴᠢᠯᠠᠨ᠂ ᠡᠬᠦᠳᠦᠨ ᠪᠠᠶᠢᠭᠤᠯᠬᠤ ᠠᠵᠢᠯᠯᠠᠭᠠᠨ ᠤ ᠴᠢᠭᠯᠡᠯᠳᠦ ᠴᠢᠨᠠᠷ ᠢ | ᠲᠡᠬᠡᠭᠰᠢᠯᠡᠬᠦᠯᠵᠤ᠂ ᠡᠬᠦᠳᠦᠨ ᠪᠠᠶᠢᠭᠤᠯᠬᠤ ᠠᠭᠤᠯᠭ᠎ᠠ ᠶᠢ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠭ ᠰᠠᠨᠠᠭ᠎ᠠ᠂ | ᠤᠯᠤᠰ ᠢᠶᠠᠨ ᠬᠠᠶᠢᠷᠠᠯᠠᠬᠤ ᠦᠵᠡᠯ ᠤᠨ ᠰᠤᠷᠭᠠᠨ ᠬᠦᠮᠦᠵᠢᠯ ᠤᠨ ᠠᠵᠢᠯᠯᠠᠭ᠎ᠠ᠂ ᠨᠡᠶᠢᠬᠡᠮ ᠤᠨ ᠤᠶᠤᠨ ᠤ | ᠪᠤᠯᠪᠠᠰᠤᠨ ᠤ ᠡᠬᠦᠳᠦᠨ ᠪᠠᠶᠢᠭᠤᠯᠤᠯᠳᠠ᠂ ᠡᠷᠬᠡᠳᠦ ᠠᠷᠠᠳ ᠤᠨ ᠶᠤᠰᠤ ᠰᠤᠷᠳᠠᠬᠤᠨ ᠤ ᠡᠬᠦᠳᠦᠨ ᠪᠠᠶᠢᠭᠤᠯᠤᠯᠳᠠ᠂ | ᠦᠨᠳᠦᠰᠦᠳᠡᠨ ᠤ ᠪᠦᠯᠬᠦᠳᠡᠯ ᠤᠨ ᠤᠬᠠᠭᠤᠯᠭ᠎ᠠ ᠰᠤᠷᠭᠠᠨ ᠬᠦᠮᠦᠵᠢᠯ ᠵᠡᠷᠭᠡ ᠲᠠᠢ ᠤᠶᠠᠯᠳᠤᠭᠤᠯᠵᠤ᠂ | ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠡᠬᠦᠳᠦᠨ ᠪᠠᠶᠢᠭᠤᠯᠤᠯᠳᠠ ᠶᠢᠨ ᠠᠵᠢᠯᠯᠠᠭ᠎ᠠ ᠶᠢ ᠪᠤᠳᠠᠳᠤ ᠪᠠᠶᠢᠳᠠᠯ᠂ | ᠠᠮᠢᠳᠤᠷᠠᠯ᠂ ᠠᠷᠠᠳ ᠢᠷᠬᠡᠨ ᠲᠠᠢ ᠤᠢᠢᠷᠠᠳᠤᠭᠤᠯᠵᠤ᠂ ᠡᠬᠦᠳᠦᠨ ᠪᠠᠶᠢᠭᠤᠯᠤᠯᠳᠠ ᠶᠢᠨ ᠠᠵᠢᠯᠯᠠᠭ᠎ᠠ ᠶᠢ ᠦᠨᠠᠨ | ᠪᠤᠳᠠᠳᠠᠢ ᠪᠠᠷ ᠠᠬᠢᠭᠤᠯᠵᠤ᠂ ᠦᠨᠠᠨ ᠪᠤᠳᠠᠳᠠᠢ ᠪᠦᠳᠦᠮᠵᠢ ᠶᠢ ᠤᠯᠤᠨ᠎ᠠ᠃ | |