ᠦᠨᠳᠦᠰᠦᠳᠡᠨ ᠤ ᠲᠤᠬᠠᠢ ᠦᠨᠳᠦᠰᠦᠨ ᠮᠡᠳᠡᠯᠭᠡ
ᠨᠡᠶᠢᠲᠡᠯᠡᠭᠰᠡᠨ ᠴᠠᠭ᠄
2020-05-29
    9. ᠦᠨᠳᠦᠰᠦᠳᠡᠨ ᠤ ᠪᠦᠳᠦᠬᠡᠨ ᠪᠠᠶᠢᠭᠤᠯᠤᠯᠳᠠ ᠶᠢᠨ ᠠᠵᠢᠯᠯᠠᠭ᠎ᠠ ᠶᠢ ᠰᠦᠮ᠎ᠠ ᠬᠡᠶᠢᠳ ᠲᠤ ᠤᠷᠤᠭᠤᠯᠬᠤ ᠬᠡᠳᠡᠭ ᠨᠢ ᠭᠤᠤᠯᠳᠠᠭᠤ ᠠᠯᠢ ᠬᠡᠳᠦᠨ ᠲᠠᠯ᠎ᠠ ᠶᠢ ᠵᠢᠭᠠᠵᠤ ᠪᠠᠶᠢᠬᠤ ᠪᠤᠢ︖    ᠬᠠᠷᠢᠭᠤᠯᠳᠠ᠄ ᠨᠢᠬᠡ ᠳᠤ ᠤᠯᠤᠰ ᠢᠶᠠᠨ ᠬᠠᠶᠢᠷᠠᠯᠠᠵᠤ᠂ ᠱᠠᠰᠢᠨ ᠢᠶᠠᠨ ᠬᠠᠶᠢᠷᠠᠯᠠᠵᠤ᠂ ᠬᠠᠤᠯᠢ ᠶᠢ ᠰᠤᠷᠤᠯᠴᠠᠵᠤ ᠬᠠᠤᠯᠢ ᠶᠢ ᠰᠡᠬᠢᠬᠤ᠃ ᠬᠤᠶᠠᠷ ᠲᠤ᠂ ᠠᠮᠤᠷ ᠲᠤᠬᠳᠠᠭᠤᠨ ᠪᠦᠯᠬᠦᠮᠳᠠᠯ ᠲᠠᠢ᠂ ᠱᠠᠰᠢᠨ ᠰᠤᠷᠳᠠᠬᠤᠨ ᠲᠦᠪ ᠴᠢᠬᠡᠴᠢ ᠃ ᠭᠤᠷᠪᠠ ᠳᠤ ᠬᠠᠮᠢᠶᠠᠷᠤᠯᠳᠠ ᠶᠢ ᠲᠦᠷᠢᠮᠵᠢᠬᠦᠯᠵᠤ ᠨᠡᠶᠢᠬᠡᠮ ᠳᠤ ᠦᠢᠯᠡᠴᠢᠯᠡᠨ᠎ᠠ᠃    10. ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠠᠵᠢᠯ ᠤᠨ ᠢᠯᠡᠳᠬᠡᠯ ᠳᠠᠬᠢ ᠰᠢ ᠶᠢᠨ ᠫᠢᠡᠭ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠶᠢᠨ ᠦᠨᠳᠦᠰᠦᠳᠡᠨ ᠤ ᠠᠵᠢᠯ ᠤᠨ ᠬᠡᠪᠴᠢᠶᠠᠨ ᠳᠠᠬᠢ ᠪᠤᠳᠠᠳᠠᠢ ᠢᠯᠡᠷᠡᠯ ᠨᠢ ᠶᠠᠭᠤ ᠪᠤᠢ︖    ᠬᠠᠷᠢᠭᠤᠯᠳᠠ᠄ ︽ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠲᠠᠨᠢᠯᠳᠠ ᠶᠢ ᠪᠠᠳᠤ ᠡᠵᠡᠮᠰᠢᠬᠦ︾᠎ ᠶᠢ ᠨᠢᠬᠡᠳᠦᠬᠡᠷ ᠤᠳᠠᠭᠠᠨ ᠤ ᠨᠠᠮ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠠᠵᠢᠯ ᠤᠨ ᠢᠯᠠᠤᠠᠭᠡᠯ ᠪᠠ ᠰᠢᠨ᠎ᠠ ᠪᠠᠷ ᠵᠠᠰᠠᠪᠤᠷᠢ ᠤᠷᠤᠭᠤᠯᠤᠬᠰᠠᠨ ︽ᠨᠠᠮ ᠤᠨ ᠲᠦᠷᠢᠮ︾᠎ ᠳᠤ ᠪᠢᠴᠢᠨ ᠤᠷᠤᠭᠤᠯᠵᠤ᠂ ᠦᠨᠳᠦᠰᠦᠳᠡᠨ ᠤ ᠠᠵᠢᠯ ᠳᠤ ᠰᠢᠨ᠎ᠠ ᠠᠭᠤᠯᠤᠬᠳᠠᠬᠤᠨ ᠪᠠ ᠬᠦᠨᠳᠦ ᠴᠢᠬᠤᠯᠠ ᠲᠡᠦᠬᠡ ᠶᠢᠨ ᠡᠬᠦᠷᠬᠡ ᠲᠤᠰᠢᠶᠠᠯ ᠢ ᠤᠯᠭᠤᠬᠰᠠᠨ ᠪᠠᠶᠢᠨ᠎ᠠ᠂ ᠡᠨᠡ ᠨᠢ ᠰᠢ ᠶᠢᠨ ᠫᠢᠡᠭ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠦᠵᠡᠯ ᠰᠠᠨᠠᠭᠠᠨ ᠤ ᠦᠨᠳᠦᠰᠦᠳᠡᠨ ᠤ ᠠᠵᠢᠯ ᠤᠨ ᠬᠡᠪᠴᠢᠶᠠᠨ ᠳᠠᠬᠢ ᠪᠤᠳᠠᠳᠠᠢ ᠢᠯᠡᠷᠡᠯ ᠮᠦᠨ᠃    11. ᠶᠠᠭᠤ ᠶᠢ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠦᠵᠡᠯ ᠤᠬᠠᠮᠰᠠᠷ ᠬᠡᠬᠦ ᠪᠤᠢ︖    ᠬᠠᠷᠢᠭᠤᠯᠳᠠ᠄ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠨᠢ ᠲᠡᠦᠬᠡᠨ ᠲᠡᠬᠡᠷ᠎ᠠ ᠡᠯ᠎ᠠ ᠦᠨᠳᠦᠰᠦᠳᠡᠨ ᠤᠯᠤᠰ ᠲᠦᠷᠦ᠂ ᠠᠵᠤ ᠠᠬᠤᠢ᠂ ᠰᠤᠶᠤᠯ᠂ ᠵᠡᠷᠭᠡ ᠲᠠᠯ᠎ᠠ ᠪᠠᠷ ᠬᠠᠷᠢᠯᠴᠠᠨ ᠶᠠᠪᠤᠯᠴᠠᠬᠤ ᠶᠢᠨ ᠬᠡᠷᠡᠴᠢᠯᠠᠯ ᠮᠦᠨ ᠪᠦᠬᠡᠳ 56 ᠦᠨᠳᠦᠰᠦᠳᠡᠨ ᠬᠠᠮᠳᠤ ᠶᠢᠨ ᠬᠦᠰᠡᠯ ᠵᠤᠷᠢᠯᠳᠠ ᠪᠠᠨ ᠡᠪᠤᠷᠯᠡᠵᠤ᠂ ᠬᠠᠮᠳᠤᠪᠠᠷ ᠬᠦᠴᠢᠷ ᠪᠡᠷᠬᠡᠰᠢᠶᠠᠯ ᠢ ᠲᠠᠪᠠᠵᠤ᠂ ︽ᠬᠠᠷᠢᠯᠴᠠᠨ ᠪᠦᠯᠬᠦᠮᠳᠡᠯ ᠲᠠᠢ᠂ ᠠᠯᠢ ᠨᠢ ᠴᠤ ᠲᠤᠳᠠᠵᠤ ᠪᠤᠯᠤᠰᠢ ᠦᠬᠡᠢ︾ ᠬᠠᠮᠳᠤ ᠶᠢᠨ ᠴᠤᠬᠴᠠ ᠪᠤᠯᠬᠤ ᠶᠤᠮ᠃    12 . ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠭᠤᠤᠯᠳᠠᠯᠭ᠎ᠠ ᠨᠢ ᠶᠠᠭᠤ ᠪᠤᠢ︖ᠬᠠᠷᠢᠭᠤᠯᠳᠠ᠄ ᠭᠤᠤᠯᠳᠠᠯᠭ᠎ᠠ ᠨᠢ ︽ᠡᠯ᠎ᠠ ᠦᠨᠳᠦᠰᠦᠳᠡᠨ ᠬᠠᠷᠢᠯᠴᠠᠨ ᠪᠦᠯᠬᠦᠮᠳᠡᠯ ᠲᠠᠢ᠂ ᠠᠯᠢ ᠨᠢ ᠴᠤ ᠲᠤᠳᠠᠵᠤ ᠪᠤᠯᠬᠤ ᠦᠬᠡᠢ︾ ᠬᠠᠮᠳᠤ ᠶᠢᠨ ᠴᠤᠬᠴᠠ ᠪᠤᠯᠤᠨ᠎ᠠ᠃    13. ᠤᠳᠤᠬᠠᠨ ᠤ ᠪᠠ ᠬᠤᠶᠢᠰᠢᠳᠠ ᠶᠢᠨ ᠨᠢᠬᠡ ᠬᠤᠭᠤᠴᠠᠭᠠᠨ ᠳᠠᠬᠢ ᠦᠨᠳᠦᠰᠦᠳᠡᠨ ᠤ ᠠᠵᠢᠯ ᠤᠨ ᠬᠠᠮᠤᠭ ᠤᠨ ᠭᠤᠤᠯ ᠪᠤᠯᠬᠤ ᠡᠬᠦᠷᠬᠡ ᠨᠢ ᠶᠠᠭᠤ ᠪᠤᠢ︖    ᠬᠠᠷᠢᠭᠤᠯᠳᠠ᠄ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠪᠤᠯᠤᠨ ᠲᠦᠪ ᠬᠤᠷᠢᠶᠠᠨ ᠤ ᠦᠨᠳᠦᠰᠦᠳᠡᠨ ᠤ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠬᠦᠨᠵᠡᠬᠡᠢ ᠰᠤᠷᠤᠯᠴᠠᠨ ᠤᠢᠢᠯᠠᠭᠠᠵᠤ᠂ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃    14. ᠮᠠᠨ ᠤ ᠤᠯᠤᠰ ᠤᠨ ᠴᠦᠬᠡᠨ ᠲᠤᠭᠠᠳᠤ ᠦᠨᠳᠦᠰᠦᠳᠡᠨ ᠠᠯᠢ ᠬᠡᠳᠦᠨ ᠲᠠᠯ᠎ᠠ ᠶᠢᠨ ᠤᠨᠴᠠᠯᠢᠭ ᠲᠠᠢ ᠪᠤᠢ︖ᠬᠠᠷᠢᠭᠤᠯᠳᠠ᠄ ᠴᠦᠬᠡᠨ ᠲᠤᠭᠠᠳᠤ ᠦᠨᠳᠦᠰᠦᠳᠡᠨ ᠤ ᠤᠷᠤᠨ ᠨᠤᠳᠤᠭ ᠦᠷᠬᠡᠨ ᠠᠭᠤᠳᠠᠮ᠂ ᠡᠬᠢ ᠰᠤᠷᠪᠤᠯᠵᠢ ᠡᠯᠪᠡᠭ ᠪᠠᠶᠠᠯᠢᠭ︔ ᠡᠯ᠎ᠠ ᠦᠨᠳᠦᠰᠦᠳᠡᠨ ᠤ ᠲᠠᠷᠬᠠᠯᠳᠠ ᠨᠢ ᠶᠡᠬᠡᠪᠡᠷ ᠬᠤᠯᠢᠯᠳᠤᠨ ᠰᠠᠭᠤᠷᠢᠰᠢᠵᠤ᠂ ᠪᠠᠭ᠎ᠠ ᠪᠠᠷ ᠲᠦᠪᠯᠡᠷᠡᠨ ᠰᠠᠭᠤᠷᠢᠰᠢᠬᠰᠠᠨ ᠤᠨᠴᠠᠯᠢᠭ ᠲᠠᠢ︔ ᠡᠯ᠎ᠠ ᠦᠨᠳᠦᠰᠦᠳᠡᠨ ᠨᠢ ᠦᠨᠢ ᠤᠳᠠᠭᠠᠨ ᠲᠡᠦᠬᠡ ᠲᠠᠢ ᠪᠠᠶᠢᠵᠤ᠂ ᠠᠳᠠᠯᠢ ᠪᠤᠰᠤ ᠰᠤᠶᠤᠯ ᠪᠤᠯᠪᠠᠰᠤᠷᠠᠯ ᠵᠠᠩ ᠵᠠᠩᠰᠢᠯ ᠲᠠᠢ︔ ᠱᠠᠰᠢᠨ ᠰᠤᠷᠳᠠᠬᠤᠨ ᠨᠢ ᠮᠠᠨ ᠤ ᠤᠯᠤᠰ ᠤᠨ ᠴᠦᠬᠡᠨ ᠲᠤᠭᠠᠳᠤ ᠦᠨᠳᠦᠰᠦᠳᠡᠨ ᠤ ᠲᠤᠮᠳᠠ ᠨᠠᠯᠢᠶᠠᠳ ᠦᠷᠬᠡᠨ ᠲᠡᠯᠬᠡᠷᠡᠩᠬᠦᠢ ᠬᠦᠨ ᠬᠦᠨᠵᠡᠬᠡᠢ ᠨᠦᠯᠦᠬᠡ ᠲᠠᠢ᠃                                         ︵ᠦᠷᠬᠦᠯᠵᠢᠯᠠᠯ ᠪᠤᠢ︶
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号