ᠦᠨᠳᠦᠰᠦᠳᠡᠨ ᠤ ᠲᠤᠬᠠᠢ ᠦᠨᠳᠦᠰᠦᠨ ᠮᠡᠳᠡᠯᠭᠡ
ᠨᠡᠶᠢᠲᠡᠯᠡᠭᠰᠡᠨ ᠴᠠᠭ᠄
2020-05-29
  15. ︽ᠨᠢᠬᠡ ᠪᠦᠰᠠ ᠨᠢᠬᠡ ᠵᠠᠮ︾᠎ ᠤᠨ ᠪᠠᠶᠢᠯᠳᠤᠬᠤ ᠪᠤᠳᠤᠯᠭ᠎ᠠ ᠨᠢ ᠶᠠᠭᠤ ᠪᠤᠢ︖    ᠬᠠᠷᠢᠭᠤᠯᠳᠠ᠄ ︽ᠨᠢᠬᠡ ᠪᠦᠰᠠ ᠨᠢᠬᠡ ᠵᠠᠮ︾᠎ ᠨᠢ ᠴᠢᠯᠦᠬᠡᠳᠡᠢ ᠶᠠᠪᠤᠯᠴᠠᠵᠤ ᠠᠵᠤ ᠠᠬᠤᠢ ᠶᠢᠨ ᠲᠤᠬᠳᠠᠯᠴᠠᠭ᠎ᠠ ᠶᠢ ᠲᠡᠬᠦᠯᠳᠡᠷᠵᠢᠬᠦᠯᠬᠦ ᠶᠢᠨ ᠴᠢᠬᠤᠯᠠ ᠪᠠᠶᠢᠯᠳᠤᠬᠤ ᠪᠤᠳᠤᠯᠭ᠎ᠠ ᠪᠠᠶᠢᠵᠤ᠂ ︽ᠨᠢᠬᠡ ᠪᠦᠰᠠ︾᠎ ᠨᠢ ᠠᠵᠤ ᠠᠬᠤᠢ ᠶᠢᠨ ᠲᠤᠷᠭᠠᠨ ᠵᠠᠮ ᠢ ᠵᠢᠭᠠᠵᠤ᠂ ︽ᠨᠢᠬᠡ ᠵᠠᠮ︾᠎ ᠨᠢ ᠬᠤᠷᠢᠨ ᠨᠢᠬᠡᠳᠦᠬᠡᠷ ᠵᠠᠭᠤᠨ ᠤ ᠲᠠᠯᠠᠢ ᠶᠢᠨ ᠲᠤᠷᠭᠠᠨ ᠵᠠᠮ ᠢ ᠵᠢᠭᠠᠨ᠎ᠠ᠃    16. ᠲᠤᠮᠳᠠᠳᠤ ᠶᠢᠨ ᠦᠨᠳᠦᠰᠦᠳᠡᠨ ᠤ ᠤᠯᠠᠨ ᠲᠠᠯ᠎ᠠ ᠶᠢᠨ ᠨᠢᠬᠡᠳᠦᠮᠠᠯ ᠴᠤᠬᠴᠠ ᠶᠢᠨ ᠪᠦᠳᠦᠴᠡ ᠨᠢ ᠶᠠᠭᠤ ᠪᠤᠢ︖    ᠬᠠᠷᠢᠭᠤᠯᠳᠠ᠄ ᠮᠠᠨ ᠤ ᠤᠯᠤᠰ ᠤᠨ ᠡᠯ᠎ᠠ ᠦᠨᠳᠦᠰᠦᠳᠡᠨ ᠤ ᠲᠠᠷᠬᠠᠯᠳᠠ ᠨᠢ ᠰᠦᠯᠵᠢᠯᠳᠦᠨ ᠬᠤᠯᠢᠯᠳᠤᠨ ᠰᠠᠭᠤᠵᠤ᠂ ᠰᠤᠶᠤᠯ ᠪᠤᠯᠪᠠᠰᠤᠨ ᠢᠶᠠᠨ ᠬᠠᠳᠠᠭᠠᠯᠠᠨ᠂ ᠠᠵᠤ ᠠᠬᠤᠢ ᠲᠡᠭᠡᠷ᠎ᠠ ᠬᠠᠷᠢᠯᠴᠠᠨ ᠲᠦᠰᠢᠯᠴᠡᠵᠤ᠂ ᠬᠠᠶᠢᠷ᠎ᠠ ᠰᠡᠳᠬᠢᠯᠬᠡ ᠲᠡᠬᠡᠷ᠎ᠠ ᠬᠠᠷᠢᠯᠴᠠᠨ ᠬᠠᠯᠠᠮᠵᠢᠯᠠᠨ᠂ ᠠᠯᠢ ᠨᠢ ᠴᠤ ᠲᠤᠳᠠᠵᠤ ᠪᠤᠯᠤᠰᠢ ᠦᠬᠡᠢ ᠤᠯᠠᠨ ᠨᠢᠬᠡᠳᠦᠮᠠᠯ ᠴᠤᠬᠴᠠ ᠶᠢᠨ ᠪᠦᠳᠦᠴᠡ ᠶᠢ ᠪᠤᠢ ᠪᠤᠯᠭᠠᠵᠠᠢ᠃    17. ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢ ᠶᠠᠭᠠᠬᠢᠵᠤ ᠤᠢᠢᠯᠠᠭᠠᠬᠤ ᠪᠤᠢ︖    ᠬᠠᠷᠢᠭᠤᠯᠳᠠ᠄ ︽ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠦᠨᠳᠦᠰᠦᠨ ᠵᠤᠷᠢᠭ ᠰᠠᠨᠠᠭ᠎ᠠ ︾᠎ ᠶᠢ ᠡᠷᠡᠰ ᠪᠠᠷᠢᠮᠳᠠᠯᠠᠬᠤ ᠨᠢ ᠲᠤᠮᠳᠠᠳᠤ ᠶᠢᠨ ᠤᠨᠴᠠᠯᠢᠬᠳᠤ ᠦᠨᠳᠦᠰᠦᠳᠡᠨ ᠤ ᠠᠰᠠᠭᠤᠳᠠᠯ ᠢ ᠵᠦᠪ ᠢᠶᠠᠷ ᠰᠢᠢᠳᠪᠤᠷᠢᠯᠡᠬᠦ ᠠᠭᠤᠯᠭ᠎ᠠ ᠶᠢᠨ ᠨᠢᠬᠡ ᠬᠡᠰᠡᠭ ᠪᠤᠯᠤᠨ᠎ᠠ᠃ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠨᠢ ︽ᠤᠯᠠᠨ ᠲᠠᠯ᠎ᠠ ᠨᠢᠬᠡᠳᠦᠮᠠᠯ ᠴᠤᠬᠴᠠ︾᠎ ᠲᠠᠢ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠪᠠᠶᠢᠵᠤ᠂ ᠮᠦᠨ ᠴᠤ ᠰᠤᠶᠤᠯ ᠪᠤᠯᠪᠠᠰᠤᠷᠠᠯ ᠢᠶᠠᠷ ᠭᠤᠤᠯ ᠲᠦᠪ ᠪᠤᠯᠭᠠᠬᠰᠠᠨ ᠰᠤᠶᠤᠯ ᠪᠤᠯᠪᠠᠰᠤᠷᠠᠯ ᠤᠨ ᠬᠠᠮᠳᠤ ᠶᠢᠨ ᠴᠤᠬᠴᠠ ᠪᠤᠯᠤᠨ᠎ᠠ᠃ ᠨᠢᠬᠡᠨ ᠴᠢᠰᠦ ᠮᠢᠬᠠᠨ ᠤ ᠬᠠᠷᠢᠴᠠᠭ᠎ᠠ ᠲᠠᠢ᠂ ᠬᠠᠷᠢᠯᠴᠠᠨ ᠬᠤᠯᠪᠤᠭᠠᠯᠠᠬᠰᠠᠨ᠂ ᠤᠯᠤᠰ ᠲᠦᠷᠦ ᠶᠢᠨ ᠲᠠᠨᠢᠯ ᠨᠢᠬᠡᠳᠡᠢ ᠪᠤᠳᠤᠯᠢᠶᠠᠨᠳᠤ ᠴᠤᠬᠴᠠ ᠮᠦᠨ᠂ ᠮᠦᠨᠴᠤ ᠨᠠᠷ᠎ᠠ ᠠᠰᠢᠭ ᠵᠤᠪᠠᠭᠤᠷᠢ ᠵᠦᠳᠡᠬᠦᠷᠢ ᠪᠠᠨ ᠬᠠᠮᠳᠤᠳᠬᠠᠬᠰᠠᠨ ᠬᠠᠮᠳᠤ ᠶᠢᠨ ᠴᠤᠬᠴᠠ ᠪᠤᠯᠬᠤ ᠶᠤᠮ᠃    18. ᠦᠨᠳᠦᠰᠦᠳᠡᠨ ᠤ ᠡᠷᠭᠡ ᠲᠡᠭᠰᠢ ᠪᠠᠶᠢᠬᠤ ᠲᠦᠷᠦ ᠶᠢᠨ ᠪᠤᠳᠤᠯᠭ᠎ᠠ ᠶᠢᠨ ᠦᠨᠳᠦᠰᠦᠨ ᠠᠭᠤᠯᠭ᠎ᠠ ᠨᠢ ᠠᠯᠢ ᠬᠡᠳᠦᠨ ᠲᠠᠯ᠎ᠠ ᠶᠢᠨ ᠭᠤᠤᠯ ᠠᠭᠤᠯᠭ᠎ᠠ ᠶᠢ ᠪᠠᠭᠳᠠᠭᠠᠬᠤ ᠪᠤᠢ︖    ᠬᠠᠷᠢᠭᠤᠯᠳᠠ᠄ ᠦᠨᠳᠦᠰᠦᠳᠡᠨ ᠢ ᠶᠡᠭᠡ ᠪᠠᠭ᠎ᠠ ᠬᠡᠵᠤ ᠬᠤᠪᠢᠶᠠᠬᠤ ᠦᠬᠡᠢ᠂ ᠪᠦᠷ ᠡᠷᠭᠡ ᠲᠡᠭᠰᠢ︔ ᠡᠯ᠎ᠠ ᠦᠨᠳᠦᠰᠦᠳᠡᠨ ᠠᠯᠢᠪᠠ ᠡᠷᠭᠡ ᠲᠡᠭᠡᠷ᠎ᠠ ᠪᠦᠷ ᠡᠷᠭᠡ ᠲᠡᠭᠰᠢ︔ ᠦᠨᠳᠦᠰᠦᠳᠡᠨ ᠤ ᠠᠯᠢᠪᠠ ᠪᠦᠬᠦᠨ ᠢ ᠡᠷᠭᠡ ᠲᠡᠭᠰᠢ ᠪᠠᠶᠢᠬᠤ ᠶᠢ ᠪᠠᠳᠤᠯᠠᠵᠤ᠂ ᠪᠠᠭ᠎ᠠ ᠪᠠᠭᠤᠷᠠᠢ ᠦᠨᠳᠦᠰᠦᠳᠡᠨ ᠤ ᠠᠰᠢᠭ ᠲᠤᠰᠠ ᠪᠠ ᠡᠷᠭᠡ ᠲᠡᠭᠰᠢ ᠪᠠᠶᠢᠬᠤ ᠶᠢ ᠤᠨᠴᠠᠭᠠᠢ ᠬᠠᠷᠠᠭᠠᠯᠵᠠᠨ᠎ᠠ︔ ᠡᠯ᠎ᠠ ᠦᠨᠳᠦᠰᠦᠳᠡᠨ ᠨᠦᠭᠦᠳ ᠵᠡᠪᠡᠯ ᠠᠳᠠᠯᠢ ᠠᠯᠪᠠᠨ ᠵᠢᠷᠤᠮ ᠤᠨ ᠡᠬᠦᠷᠬᠡ ᠶᠢ ᠬᠦᠢᠴᠡᠳᠬᠡᠨ᠎ᠠ᠃    19. ᠮᠠᠨ ᠤ ᠤᠯᠤᠰ ᠤᠨ ᠡᠯ᠎ᠠ ᠦᠨᠳᠦᠰᠦᠳᠡᠨ ᠤ ᠠᠷᠠᠳ ᠢᠷᠬᠡᠨ ᠤ ᠠᠮᠢᠨ ᠰᠤᠳᠠᠰᠤ ᠨᠢ ᠶᠠᠭᠤ ᠪᠤᠢ︖    ᠬᠠᠷᠢᠭᠤᠯᠳᠠ᠄ ᠦᠨᠳᠦᠰᠦᠳᠡᠨ ᠤ ᠪᠦᠯᠬᠦᠮᠳᠡᠯ ᠨᠢ ᠮᠠᠨ ᠤ ᠤᠯᠤᠰ ᠤᠨ ᠡᠯ᠎ᠠ ᠦᠨᠳᠦᠰᠦᠳᠡᠨ ᠤ ᠠᠷᠠᠳ ᠢᠷᠬᠡᠨ ᠤ ᠠᠮᠢᠨ ᠰᠤᠳᠠᠰᠤ ᠪᠤᠯᠤᠨ᠎ᠠ᠃    20. ᠮᠠᠷᠺᠰ ᠤᠨ ᠦᠨᠳᠦᠰᠦᠳᠡᠨ ᠤ ᠦᠵᠡᠯ ᠤᠨ ᠭᠤᠤᠯ ᠠᠭᠤᠯᠭ᠎ᠠ ᠨᠢ ᠶᠠᠭᠤ ᠪᠤᠢ︖    ᠬᠠᠷᠢᠭᠤᠯᠳᠠ᠄ ᠦᠨᠳᠦᠰᠦᠳᠡᠨ ᠪᠤᠯ ᠨᠢᠬᠡᠨ ᠲᠡᠦᠬᠡ ᠶᠢᠨ ᠠᠢ ᠮᠦᠨ᠃ ᠲᠠᠷᠠ ᠨᠢ ᠦᠪᠡᠷ ᠤᠨ ᠡᠬᠦᠰᠦᠯ᠂ ᠬᠦᠭᠵᠢᠯᠳᠠ᠂ ᠮᠦᠬᠦᠬᠦ ᠶᠢᠨ ᠪᠤᠰᠤᠳᠴᠢ ᠵᠢᠮ᠎ᠠ ᠶᠤᠰᠤ ᠲᠠᠢ︔ ᠦᠨᠳᠦᠰᠦᠳᠡᠨ ᠪᠤᠯᠤᠨ ᠠᠩᠬᠢ ᠨᠢ ᠬᠤᠶᠠᠷ ᠠᠳᠠᠯᠢ ᠪᠤᠰᠤ ᠨᠡᠶᠢᠬᠡᠮ ᠤᠨ ᠲᠡᠦᠬᠡᠳᠦ ᠪᠠᠶᠢᠳᠠᠯ ᠪᠠᠶᠢᠵᠤ᠂ ᠦᠨᠳᠦᠰᠦᠳᠡᠨ ᠤ ᠠᠰᠠᠭᠤᠳᠠᠯ ᠪᠠ ᠠᠩᠬᠢ ᠶᠢᠨ ᠠᠰᠠᠭᠤᠳᠠᠯ ᠨᠢ ᠬᠤᠶᠠᠷ ᠠᠳᠠᠯᠢ ᠪᠤᠰᠤ ᠰᠢᠨᠵᠢ ᠴᠢᠨᠠᠷ ᠲᠠᠢ ᠠᠰᠠᠭᠤᠳᠠᠯ ᠪᠤᠯᠤᠨ᠎ᠠ︔ ᠦᠨᠳᠦᠰᠦᠳᠡᠨ ᠤ ᠠᠰᠠᠭᠤᠳᠠᠯ ᠨᠢ ᠨᠡᠶᠢᠬᠡᠮ ᠤᠨ ᠬᠦᠭᠵᠢᠯᠳᠡ ᠶᠢᠨ ᠦᠨᠳᠦᠰᠦᠨ ᠠᠰᠠᠭᠤᠳᠠᠯ ᠤᠨ ᠨᠢᠬᠡ ᠬᠡᠰᠡᠭ ᠪᠠᠶᠢᠵᠤ᠂ ᠵᠦᠪᠬᠡᠨ ᠨᠡᠶᠢᠬᠡᠮ ᠤᠨ ᠬᠦᠭᠵᠢᠯᠳᠡ ᠦᠨᠳᠦᠰᠦᠨ ᠠᠰᠠᠭᠤᠳᠠᠯ ᠢ ᠰᠢᠢᠳᠪᠤᠷᠢᠯᠡᠪᠡᠯ ᠰᠠᠶ᠋ᠢ ᠦᠨᠳᠦᠰᠦᠳᠡᠨ ᠤ ᠠᠰᠠᠭᠤᠳᠠᠯ ᠢ ᠰᠢᠢᠳᠪᠤᠷᠢᠯᠠᠵᠤ ᠴᠢᠳᠠᠨ᠎ᠠ︔ ᠡᠯ᠎ᠠ ᠦᠨᠳᠦᠰᠦᠳᠡᠨ ᠤ ᠡᠷᠭᠡ ᠲᠡᠭᠰᠢ ᠶᠢ ᠬᠠᠮᠳᠤᠷᠠᠭᠤᠯᠵᠤ᠂ ᠦᠨᠳᠦᠰᠦᠳᠡᠨ ᠤ ᠭᠠᠳᠠᠭᠤᠷᠴᠢᠯᠠᠯ ᠪᠤᠯᠤᠨ ᠲᠠᠷᠤᠯᠠᠯ ᠢ ᠡᠰᠡᠷᠬᠦᠴᠡᠬᠦ ᠨᠢ ᠦᠨᠳᠦᠰᠦᠳᠡᠨ ᠤ ᠠᠰᠠᠭᠤᠳᠠᠯ ᠢ ᠰᠢᠢᠳᠪᠤᠷᠢᠯᠡᠬᠦ ᠦᠨᠳᠦᠰᠦᠨ ᠵᠠᠷᠴᠢᠮ ᠪᠤᠯᠤᠨ᠎ᠠ᠃ ︵ᠥᠷᠬᠦᠯᠵᠢᠯᠡᠯ ᠪᠤᠢ︶
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号