ᠦᠨᠳᠦᠰᠦᠳᠡᠨ ᠤ ᠲᠤᠬᠠᠢ ᠦᠨᠳᠦᠰᠦᠨ ᠮᠡᠳᠡᠯᠭᠡ
ᠨᠡᠶᠢᠲᠡᠯᠡᠭᠰᠡᠨ ᠴᠠᠭ᠄
2020-05-29
    21. ᠲᠤᠮᠳᠠᠳᠤ ᠶᠢᠨ ᠤᠨᠴᠠᠯᠢᠬᠳᠤ ᠦᠨᠳᠦᠰᠦᠳᠡᠨ ᠤ ᠠᠰᠠᠭᠤᠳᠠᠯ ᠢ ᠰᠢᠢᠳᠪᠤᠷᠢᠯᠡᠬᠦ ᠵᠦᠪ ᠠᠷᠭ᠎ᠠ ᠵᠠᠮ ᠤᠨᠤᠪᠴᠢᠳᠠᠢ ᠴᠢᠭᠯᠡᠯ ᠤᠨ ︽ᠨᠠᠢᠮᠠ ᠶᠢ ᠪᠠᠷᠢᠮᠳᠠᠯᠠᠬᠤ︾᠎ ᠶᠢᠨ ᠠᠭᠤᠯᠭ᠎ᠠ ᠨᠢ ᠶᠠᠭᠤ ᠪᠤᠢ︖    ᠬᠠᠷᠢᠭᠤᠯᠳᠠ᠄ ᠨᠠᠮ ᠤᠨ ᠤᠳᠤᠷᠢᠳᠤᠯᠭ᠎ᠠ ᠶᠢ ᠪᠠᠷᠢᠮᠳᠠᠯᠠᠬᠤ ᠨᠢ ᠲᠤᠮᠳᠠᠳᠤ ᠤᠯᠤᠰ ᠤᠨ ᠤᠨᠴᠠᠯᠢᠬᠳᠤ ᠨᠠᠶᠢᠬᠡᠮ ᠵᠢᠷᠤᠮ ᠤᠨ ᠦᠵᠡᠯ ᠤᠨ ᠬᠠᠮᠤᠭ ᠤᠨ ᠦᠨᠳᠦᠰᠦᠨ ᠤᠨᠴᠠᠯᠢᠭ ᠰᠢᠨᠵᠢ ᠪᠠᠶᠢᠵᠤ᠂ ᠮᠦᠨᠴᠤ ᠦᠨᠳᠦᠰᠦᠳᠡᠨ ᠤ ᠠᠵᠢᠯ ᠢ ᠰᠠᠶᠢᠳᠤᠷ ᠬᠢᠬᠦ ᠦᠨᠳᠦᠰᠦᠨ ᠪᠠᠳᠤᠯᠠᠭ᠎ᠠ ᠮᠦᠨ᠃ ᠲᠤᠮᠳᠠᠳᠤ ᠤᠯᠤᠰ ᠤᠨ ᠤᠨᠴᠠᠯᠢᠬᠳᠤ ᠨᠡᠶᠢᠬᠡᠮ ᠵᠢᠷᠤᠮ ᠤᠨ ᠦᠵᠡᠯ ᠤᠨ ᠵᠠᠮ ᠢ ᠪᠠᠷᠢᠮᠳᠠᠯᠠᠬᠤ ᠨᠢ ᠦᠨᠳᠦᠰᠦᠳᠡᠨ ᠤ ᠠᠵᠢᠯ ᠢ ᠴᠢᠩᠭ᠎ᠠ ᠠᠳᠬᠤᠬᠤ ᠵᠦᠪ ᠤᠨᠤᠪᠴᠢᠳᠠᠢ ᠤᠯᠤᠰ ᠲᠦᠷᠦ ᠶᠢᠨ ᠴᠢᠭᠯᠡᠯ ᠪᠤᠯᠤᠨ᠎ᠠ᠃ ᠤᠯᠤᠰ ᠤᠨ ᠨᠢᠬᠡᠳᠦᠯ ᠢ ᠪᠠᠷᠢᠮᠳᠠᠯᠠᠬᠤ ᠨᠢ ᠤᠯᠤᠰ ᠤᠨ ᠬᠠᠮᠤᠭ ᠤᠨ ᠶᠡᠭᠡ ᠠᠰᠢᠭ ᠲᠤᠰᠠ ᠮᠦᠷᠳᠡᠬᠡᠨ ᠡᠯ᠎ᠠ ᠦᠨᠳᠦᠰᠦᠳᠡᠨ ᠤ ᠬᠠᠮᠤᠭ ᠤᠨ ᠦᠨᠳᠦᠰᠦᠨ ᠠᠰᠢᠭ ᠲᠤᠰᠠ ᠪᠤᠯᠤᠨ᠎ᠠ᠃ ᠡᠯ᠎ᠠ ᠦᠨᠳᠦᠰᠦᠳᠡᠨ ᠤ ᠡᠷᠭᠡ ᠲᠡᠭᠰᠢ ᠪᠠᠶᠢᠬᠤ ᠶᠢ ᠪᠠᠷᠢᠮᠳᠠᠯᠠᠬᠤ ᠨᠢ ᠤᠯᠤᠰ ᠪᠠᠶᠢᠭᠤᠯᠤᠬᠳᠠᠬᠤ ᠶᠢᠨ ᠦᠨᠳᠦᠰᠦᠨ ᠵᠡᠷᠴᠢᠮ ᠤᠨ ᠨᠢᠬᠡ ᠪᠤᠯᠤᠨ᠎ᠠ᠃ ᠦᠨᠳᠦᠰᠦᠳᠡᠨ ᠤ ᠤᠷᠤᠨ ᠤ ᠦᠪᠡᠷᠳᠡᠬᠡᠨ ᠵᠠᠰᠠᠬᠤ ᠲᠦᠷᠢᠮ ᠢ ᠪᠠᠷᠢᠮᠳᠠᠯᠠᠬᠤ ᠪᠠ ᠲᠡᠬᠦᠯᠳᠡᠷᠵᠢᠬᠦᠯᠬᠦ ᠨᠢ ᠮᠠᠨ ᠤ ᠤᠯᠤᠰ ᠤᠨ ᠦᠨᠳᠦᠰᠦᠳᠡᠨ ᠨᠦᠭᠦᠳ ᠤᠨ ᠤᠯᠤᠰ ᠲᠦᠷᠦ ᠶᠢᠨ ᠲᠦᠷᠢᠮ ᠤᠨ ᠨᠢᠬᠡ ᠵᠤᠷᠪᠤᠰ ᠪᠤᠯᠤᠨ᠎ᠠ᠃ ᠡᠯ᠎ᠠ ᠦᠨᠳᠦᠰᠦᠳᠡᠨ ᠬᠠᠮᠳᠤᠪᠠᠷ ᠪᠦᠯᠬᠦᠮᠳᠡᠨ ᠲᠠᠮᠠᠴᠠᠵᠤ᠂ ᠬᠠᠮᠳᠤᠪᠠᠷ ᠬᠦᠭᠵᠢᠨ ᠴᠡᠴᠡᠭᠯᠡᠬᠦ ᠨᠢ ᠦᠨᠳᠦᠰᠦᠳᠡᠨ ᠤ ᠠᠵᠢᠯ ᠤᠨ ᠭᠤᠤᠯ ᠰᠡᠳᠤᠪ ᠪᠤᠯᠤᠨ᠎ᠠ᠃ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠦᠵᠡᠯ ᠰᠠᠨᠠᠭᠠᠨ ᠤ ᠰᠠᠭᠤᠷᠢ ᠶᠢ ᠪᠠᠷᠢᠮᠳᠠᠯᠠᠬᠤ ᠨᠢ ᠤᠯᠤᠰ ᠤᠨ ᠨᠢᠬᠡᠳᠦᠯ ᠤᠨ ᠰᠠᠭᠤᠷᠢ᠂ ᠦᠨᠳᠦᠰᠦᠳᠡᠨ ᠤ ᠪᠦᠯᠬᠦᠮᠳᠡᠯ ᠤᠨ ᠦᠨᠳᠦᠰᠦ᠂ ᠤᠶᠤᠨ ᠰᠠᠨᠠᠭᠠᠨ ᠤ ᠰᠦᠨᠡᠰᠦ ᠰᠦᠯᠳᠡ ᠪᠤᠯᠬᠤ ᠶᠤᠮ᠃ ᠬᠠᠤᠯᠢ ᠪᠠᠷ ᠤᠯᠤᠰ ᠢᠶᠠᠨ ᠵᠠᠰᠠᠬᠤ ᠨᠢ ᠨᠠᠮ ᠤᠨ ᠠᠷᠠᠳ ᠲᠦᠮᠠᠨ ᠢᠶᠠᠨ ᠤᠳᠤᠷᠢᠳᠤᠨ ᠤᠯᠤᠰ ᠢᠶᠠᠨ ᠴᠡᠭᠴᠡᠯᠡᠬᠦ ᠶᠢᠨ ᠦᠨᠳᠦᠰᠦᠨ ᠠᠷᠭ᠎ᠠ ᠪᠤᠳᠤᠯᠭ᠎ᠠ ᠪᠤᠯᠤᠨ᠎ᠠ᠃    22. ︽ᠬᠤᠶᠠᠷ ᠬᠠᠮᠳᠤ︾᠎ ᠶᠢᠨ ᠠᠭᠤᠯᠭ᠎ᠠ ᠨᠢ ᠶᠠᠭᠤ ᠪᠤᠢ︖    ᠬᠠᠷᠢᠭᠤᠯᠳᠠ᠄ ᠡᠯ᠎ᠠ ᠦᠨᠳᠦᠰᠦᠳᠡᠨ ᠬᠠᠮᠳᠤᠪᠠᠷ ᠪᠦᠯᠬᠦᠮᠳᠡᠨ ᠲᠠᠮᠠᠴᠠᠵᠤ ᠬᠠᠮᠳᠤᠪᠠᠷ ᠴᠡᠴᠡᠭᠯᠡᠨ ᠬᠦᠭᠵᠢᠨ᠎ᠠ᠃    23. ︽ᠭᠤᠷᠪᠠᠨ ᠰᠠᠯᠵᠤ ᠴᠢᠳᠠᠬᠤ ᠦᠬᠡᠢ︾᠎ ᠶᠢᠨ ᠠᠭᠤᠯᠭ᠎ᠠ ᠨᠢ ᠶᠠᠭᠤ ᠪᠤᠢ︖    ᠬᠠᠷᠢᠭᠤᠯᠳᠠ᠄ ᠬᠢᠳᠡᠳ ᠦᠨᠳᠦᠰᠦᠳᠡᠨ ᠨᠢ ᠴᠦᠬᠡᠨ ᠲᠤᠭᠠᠳᠤ ᠦᠨᠳᠦᠰᠦᠳᠡᠨ ᠠᠴᠠ ᠰᠠᠯᠵᠤ ᠴᠢᠳᠠᠬᠤ ᠦᠬᠡᠢ᠂ ᠴᠦᠬᠡᠨ ᠲᠤᠭᠠᠳᠤ ᠦᠨᠳᠦᠰᠦᠳᠡᠨ ᠨᠢ ᠬᠢᠳᠡᠳ ᠦᠨᠳᠦᠰᠦᠳᠡᠨ ᠠᠴᠠ ᠰᠠᠯᠵᠤ ᠴᠢᠳᠠᠬᠤ ᠦᠬᠡᠢ᠂ ᠡᠯ᠎ᠠ ᠦᠨᠳᠦᠰᠦᠳᠡᠨ ᠨᠢ ᠬᠤᠭᠤᠷᠤᠨᠳᠤ ᠪᠠᠨ ᠴᠤ ᠰᠠᠯᠵᠤ ᠴᠢᠳᠠᠬᠤ ᠦᠬᠡᠢ᠃    24. ︽ᠲᠠᠪᠤᠨ ᠲᠠᠨᠢᠯᠳᠠ ᠨᠢᠬᠡᠳᠡᠢ︾᠎ ᠶᠢᠨ ᠠᠭᠤᠯᠭ᠎ᠠ ᠨᠢ ᠶᠠᠭᠤ ᠪᠤᠢ︖    ᠬᠠᠷᠢᠭᠤᠯᠳᠠ᠄ ︽ᠲᠠᠪᠤᠨ ᠲᠠᠨᠢᠯᠳᠠ ᠨᠢᠬᠡᠳᠡᠢ︾ ᠬᠡᠳᠡᠭ ᠨᠢ ᠠᠭᠤᠤ ᠶᠡᠭᠡ ᠡᠬᠡ ᠤᠯᠤᠰ ᠤᠨ ᠲᠠᠯ᠎ᠠ ᠪᠠᠷ ᠲᠠᠨᠢᠯᠳᠠ ᠨᠢᠬᠡᠳᠡᠢ ᠪᠠᠶᠢᠬᠤ᠂ ᠲᠤᠮᠳᠠᠳᠤ ᠶᠢᠨ ᠦᠨᠳᠦᠰᠤᠳᠠᠨ ᠨᠦᠭᠦᠳ ᠤᠨ ᠲᠠᠯ᠎ᠠ ᠪᠠᠷ ᠲᠠᠨᠢᠯᠳᠠ ᠨᠢᠬᠡᠳᠡᠢ ᠪᠠᠶᠢᠬᠤ᠂ ᠲᠤᠮᠳᠠᠳᠤ ᠶᠢᠨ ᠰᠤᠶᠤᠯ ᠤᠨ ᠲᠠᠯ᠎ᠠ ᠪᠠᠷ ᠲᠠᠨᠢᠯᠳᠠ ᠨᠢᠬᠡᠳᠡᠢ ᠪᠠᠶᠢᠬᠤ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠠᠯ᠎ᠠ ᠪᠠᠷ ᠲᠠᠨᠢᠯᠳᠠ ᠨᠢᠬᠡᠳᠡᠢ ᠪᠠᠶᠢᠬᠤ᠂ ᠲᠤᠮᠳᠠᠳᠤ ᠤᠯᠤᠰ ᠤᠨ ᠤᠨᠴᠠᠯᠢᠬᠳᠤ ᠨᠡᠶᠢᠬᠡᠮ ᠵᠢᠷᠤᠮ ᠤᠨ ᠵᠠᠮᠨᠠᠯ ᠤᠨ ᠲᠠᠯ᠎ᠠ ᠪᠠᠷ ᠲᠠᠨᠢᠯᠳᠠ ᠨᠢᠬᠡᠳᠡᠢ ᠪᠠᠶᠢᠬᠤ ᠶᠢ ᠵᠢᠭᠠᠨ᠎ᠠ᠃    25. ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ︾᠎ ᠶᠢᠨ ᠠᠭᠤᠯᠤᠬᠳᠠᠬᠤᠨ ᠨᠢ ᠶᠠᠭᠤ ᠪᠤᠢ︖    ᠬᠠᠷᠢᠭᠤᠯᠳᠠ᠄ ᠰᠠᠬᠢᠬᠤ ᠬᠡᠳᠡᠭ ᠨᠢ ᠤᠷᠤᠨ ᠨᠤᠳᠤᠭ ᠢᠶᠠᠨ ᠰᠠᠶᠢᠳᠤᠷ ᠰᠠᠬᠢᠵᠤ᠂ ᠡᠬᠡ ᠤᠯᠤᠰ ᠤᠨ ᠢᠶᠠᠨ ᠬᠢᠯᠢ ᠬᠢᠵᠠᠭᠠᠷ ᠢᠶᠠᠨ ᠰᠠᠶᠢᠳᠤᠷ ᠰᠠᠬᠢᠵᠤ᠂ ᠦᠪᠦᠷ ᠮᠤᠩᠭᠤᠯ ᠤᠨ ᠴᠦᠬᠡᠨ ᠲᠤᠭᠠᠳᠤ ᠦᠨᠳᠦᠰᠦᠳᠡᠨ ᠤ ᠪᠠᠨ ᠰᠠᠶᠢᠨ ᠰᠠᠶᠢᠬᠠᠨ ᠤᠶᠤᠨ ᠰᠠᠨᠠᠭᠠᠨ ᠤ ᠬᠡᠷ ᠤᠷᠤᠨ ᠢ ᠰᠠᠶᠢᠳᠤᠷ ᠰᠠᠬᠢᠬᠤ ᠶᠢ ᠵᠢᠭᠠᠨ᠎ᠠ᠃ ᠪᠠᠷᠠᠯᠠᠬᠤ ᠬᠡᠳᠡᠭ ᠨᠢ ᠦᠨᠳᠦᠷ ᠲᠦᠪᠰᠢᠨ ᠠᠴᠠ ᠠᠯᠤᠰ ᠢ ᠪᠠᠷᠠᠯᠠᠵᠤ᠂ ᠠᠵᠢᠯ ᠦᠢᠯᠡᠰ ᠢᠶᠠᠨ ᠲᠦᠯᠦᠪᠯᠠᠨ᠂ ᠭᠠᠳᠠᠬᠰᠢ ᠭᠠᠷᠴᠤ ᠬᠠᠷᠠᠭ᠎ᠠ ᠪᠠᠨ ᠦᠷᠬᠡᠳᠭᠡᠵᠤ᠂ ᠦᠪᠡᠷ ᠤᠨ ᠲᠠᠨᠢᠯᠳᠠ ᠮᠡᠳᠡᠯᠭᠡ ᠪᠠᠨ ᠲᠡᠭᠡᠭᠰᠢᠯᠡᠬᠦᠯᠤᠨ᠂ ᠪᠦᠬᠦ ᠲᠠᠯ᠎ᠠ ᠶᠢᠨ ᠦᠵᠡᠯ ᠤᠬᠠᠮᠰᠠᠷ ᠢ ᠪᠤᠢ ᠪᠤᠯᠭᠠᠵᠤ᠂ ᠬᠦᠭᠵᠢᠯᠳᠡ ᠶᠢᠨ ᠵᠠᠮ ᠢ ᠡᠷᠢᠯᠬᠢᠯᠡᠬᠦ ᠶᠢ ᠵᠢᠭᠠᠨ᠎ᠠ᠃ ᠬᠠᠷᠢᠯᠴᠠᠨ ᠬᠠᠪᠰᠤᠷᠤᠯᠴᠠᠬᠤ ᠬᠡᠳᠡᠭ ᠨᠢ ᠡᠯ᠎ᠠ ᠦᠨᠳᠦᠰᠦᠳᠡᠨ ᠤ ᠺᠠᠳ᠋ᠷ᠂ ᠠᠷᠠᠳ ᠢᠷᠬᠡᠳ ᠡᠷᠭᠡ ᠲᠡᠭᠰᠢ ᠬᠠᠷᠢᠯᠴᠠᠨ ᠪᠦᠯᠬᠦᠮᠳᠡᠨ ᠬᠠᠷᠢᠯᠴᠠᠨ ᠬᠠᠪᠰᠤᠷᠤᠯᠴᠠᠵᠤ᠂ ᠡᠶ᠎ᠡ ᠨᠠᠶᠢᠷᠠᠮᠳᠠᠭᠤ ᠪᠠᠶᠢᠬᠤ ᠦᠵᠡᠯ ᠰᠠᠨᠠᠭ᠎ᠠ ᠶᠢ ᠪᠠᠳᠤ ᠪᠠᠬᠢ ᠪᠠᠷᠢᠮᠳᠠᠯᠠᠨ᠂ ᠡᠯ᠎ᠠ ᠦᠨᠳᠦᠰᠦᠳᠡᠨ ᠤ ᠠᠷᠠᠳ ᠲᠦᠮᠠᠨ ᠲᠠᠮᠤᠬᠰᠠᠨ ᠲᠡᠬᠡᠰᠦ ᠮᠠᠳᠤ ᠬᠠᠮᠳᠤᠪᠠᠷ ᠡᠬᠡ ᠤᠷᠤᠨ ᠤ ᠪᠠᠨ ᠬᠢᠯᠢ ᠬᠢᠵᠠᠭᠠᠷ ᠢ ᠰᠠᠬᠢᠨ ᠬᠠᠮᠠᠭᠠᠯᠠᠵᠤ᠂ ᠬᠠᠮᠳᠤᠪᠠᠷ ᠰᠠᠶᠢᠨ ᠰᠠᠶᠢᠬᠠᠨ ᠠᠮᠢᠳᠤᠷᠠᠯ ᠢ ᠡᠬᠦᠳᠦᠨ ᠪᠦᠳᠦᠬᠡᠨ᠎ᠠ᠃ ︵ᠦᠷᠬᠦᠯᠵᠢᠯᠠᠯ ᠪᠤᠢ︶
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号