ᠨᠢᠭᠡ᠂ ᠬᠡᠷᠡᠭᠵᠢᠭᠦᠯᠬᠦ ᠲᠥᠰᠦᠯ ᠢ ᠳᠣᠭᠳᠠᠭᠠᠭᠰᠠᠨ ᠴᠢᠬᠤᠯᠠ ᠴᠢᠨᠠᠷ | | ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠳᠠᠮᠵᠢᠨ᠂ ᠲᠠᠷᠢᠶᠠᠯᠠᠩ ᠮᠠᠯ ᠠᠵᠤ ᠠᠬᠤᠢ ᠶᠢᠨ | ᠬᠠᠤᠯᠢ ᠬᠡᠷᠡᠭᠵᠢᠭᠦᠯᠬᠦ ᠡᠩᠨᠡᠭᠡ ᠶᠢ ᠡᠮᠬᠢᠯᠡᠨ ᠨᠡᠶᠢᠯᠡᠭᠦᠯᠵᠦ᠂ ᠬᠠᠤᠯᠢ ᠬᠡᠷᠡᠭᠵᠢᠭᠦᠯᠬᠦ ᠡᠭᠦᠷᠭᠡ ᠴᠢᠳᠠᠪᠬᠢ ᠶᠢ | ᠰᠢᠯᠤᠭᠤᠳᠬᠠᠵᠤ᠂ ᠬᠠᠤᠯᠢ ᠬᠡᠷᠡᠭᠵᠢᠭᠦᠯᠬᠦ ᠱᠠᠳᠣ ᠳᠠᠪᠬᠤᠷᠭ᠎ᠠ ᠶᠢ ᠴᠦᠭᠡᠳᠬᠡᠵᠦ᠂ ᠬᠠᠤᠯᠢ ᠬᠡᠷᠡᠭᠵᠢᠭᠦᠯᠬᠦ | ᠪᠠᠲᠤᠯᠠᠭ᠎ᠠ ᠶᠢ ᠴᠢᠩᠭᠠᠳᠬᠠᠵᠤ᠂ ᠬᠠᠤᠯᠢ ᠬᠡᠷᠡᠭᠵᠢᠭᠦᠯᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠪᠠᠶᠢᠭᠤᠯᠤᠮᠵᠢ | ᠳᠠᠪᠬᠤᠷᠳᠠᠵᠤ᠂ ᠲᠤᠰᠢᠶᠠᠯ ᠬᠠᠷᠢᠭᠤᠴᠠᠯᠭ᠎ᠠ ᠰᠣᠯᠪᠢᠴᠠᠬᠤ ᠶᠢ ᠪᠦᠲᠦᠮᠵᠢᠲᠡᠶ ᠰᠢᠢᠳᠪᠦᠷᠢᠯᠡᠵᠦ᠂ ᠣᠯᠠᠨ ᠲᠠᠯ᠎ᠠ ᠣᠯᠠᠨ | ᠳᠠᠪᠬᠤᠷᠭ᠎ᠠ ᠠᠴᠠ ᠳᠠᠪᠬᠤᠷᠳᠠᠭᠤᠯᠣᠨ ᠬᠠᠤᠯᠢ ᠬᠡᠷᠡᠭᠵᠢᠭᠦᠯᠬᠦ ᠵᠡᠷᠭᠡ ᠠᠰᠠᠭᠤᠳᠠᠯ ᠢ ᠪᠦᠳᠦᠮᠵᠢᠳᠡᠢ ᠰᠢᠢᠳᠪᠦᠷᠢᠯᠡᠵᠦ᠂ | ᠤᠯᠤᠰ ᠲᠥᠷᠥ ᠶᠢᠨ ᠢᠳᠡᠬᠡᠯ ᠪᠢᠰᠢᠷᠡᠯ ᠪᠠᠲᠤ ᠴᠢᠩᠭ᠎ᠠ᠂ ᠲᠤᠬᠠᠶᠢᠯᠠᠭᠰᠠᠨ ᠠᠵᠢᠯ ᠤᠨ ᠮᠡᠷᠭᠡᠵᠢᠯ ᠴᠢᠳᠠᠪᠤᠷᠢ ᠶᠢᠨ | ᠳᠠᠯ᠎ᠠ ᠪᠠᠷ ᠴᠠᠭᠠᠷᠠᠭᠰᠠᠨ᠂ ᠬᠠᠤᠯᠢ ᠬᠡᠷᠡᠭᠵᠢᠬᠦᠯᠬᠦ ᠦᠢᠯᠡ ᠠᠵᠢᠯᠯᠠᠭ᠎ᠠ ᠨᠢ ᠳᠦᠷᠢᠮᠵᠢᠭᠰᠡᠨ᠂ ᠠᠷᠠᠳ ᠣᠯᠠᠨ | ᠰᠡᠳᠬᠢᠯ ᠬᠠᠨᠤᠮᠵᠢᠲᠠᠶ ᠶᠡᠷᠦᠩᠬᠡᠶᠢᠯᠡᠭᠰᠡᠨ ᠬᠠᠤᠯᠢ ᠬᠡᠷᠡᠭᠵᠢᠬᠦᠯᠬᠦ ᠡᠩᠨᠡᠭᠡ ᠶᠢ ᠪᠠᠶᠢᠭᠤᠯᠵᠦ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ᠬᠥᠳᠡᠭᠡ ᠠᠵᠤ ᠠᠬᠤᠢ ᠬᠥᠳᠡᠭᠡ | ᠲᠣᠰᠬᠤᠨ ᠤ ᠵᠠᠰᠠᠯᠲᠠ ᠶᠢᠨ ᠣᠳᠣᠬᠢᠴᠢᠯᠠᠯᠲᠠ ᠶᠢ ᠠᠬᠢᠭᠤᠯᠬᠤ ᠳᠤ ᠬᠠᠤᠯᠢᠵᠢᠯ ᠤᠨ ᠬᠦᠴᠦᠳᠦ ᠪᠠᠳᠣᠯᠠᠭ᠎ᠠ | ᠬᠠᠩᠭᠠᠨ᠎ᠠ᠃ | | ᠬᠤᠶᠠᠷ᠂ ᠲᠥᠷᠥ ᠶᠢᠨ ᠪᠣᠳᠣᠯᠭ᠎ᠠ ᠶᠢᠨ ᠦᠨᠳᠦᠰᠦᠯᠡᠯ | | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ | ᠬᠤᠷᠢᠶᠠᠨ ᠤ ᠠᠯᠪᠠᠨ ᠲᠢᠩᠬᠢᠮ ᠤᠨ ︽ᠲᠠᠷᠢᠶᠠᠯᠠᠩ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠬᠦᠯᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠵᠢᠯᠣᠭᠤᠳᠬᠤ ᠰᠠᠨᠠᠯ︾ ︵ᠲᠥᠪ ᠠᠯᠪᠠᠨ | ᠲᠠᠷᠬᠠᠭᠠᠭᠰᠠᠨ ﹇2018﹈ 61 ᠳ᠋ᠣᠭᠡᠷ ᠲᠣᠭᠠᠲᠤ︶᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ | ᠵᠠᠮ ᠬᠠᠷᠢᠯᠴᠠᠭ᠎ᠠ ᠳᠡᠭᠡᠭᠡᠪᠦᠷᠢ᠂ ᠲᠠᠷᠢᠶᠠᠯᠠᠩ ᠮᠠᠯ ᠠᠵᠤ ᠠᠬᠤᠶ᠂ ᠠᠮᠢ ᠠᠬᠤᠶ ᠣᠷᠴᠢᠨ ᠲᠣᠭᠤᠷᠢᠨ ᠤ | ᠬᠠᠮᠠᠭᠠᠯᠠᠯᠲᠠ᠂ ᠰᠣᠶᠣᠯ ᠤᠨ ᠵᠠᠬ᠎ᠠ ᠳᠡᠯᠭᠡᠭᠦᠷ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠣᠯᠳᠠ ᠶᠢᠨ ᠶᠡᠷᠦᠩᠬᠡᠶᠢᠯᠡᠭᠰᠡᠨ | ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠥᠭᠡᠷᠡᠴᠢᠯᠡᠯᠲᠡ ᠶᠢ ᠬᠦᠨᠵᠡᠭᠡᠶᠢᠷᠡᠭᠦᠯᠬᠦ ᠲᠤᠬᠠᠶ ᠬᠡᠷᠡᠭᠵᠢᠭᠦᠯᠬᠦ ᠰᠠᠨᠠᠯ︾ | ︵ᠥᠪᠥᠷ ᠨᠠᠮ ᠠᠯᠪᠠᠨ ᠳᠠᠷᠬᠠᠭᠠᠭᠰᠠᠨ ﹇2019﹈ 20 ᠳ᠋ᠤᠭᠠᠷ ᠲᠣᠭᠠᠲᠤ︶ ᠪᠣᠯᠤᠨ ︽ᠰᠤᠮᠤ ᠰᠢᠶᠠᠩ | ᠪᠠᠯᠭᠠᠰᠤ ᠪᠠ ᠵᠡᠭᠡᠯᠢ ᠭᠤᠳᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠦᠨᠳᠦᠰᠦᠨ ᠱᠠᠲᠤᠨ ᠤ ᠬᠢᠨᠠᠨ | ᠵᠥᠪᠰᠢᠶᠡᠷᠡᠬᠦ ᠦᠢᠯᠡᠴᠢᠯᠡᠬᠡᠨ ᠤ ᠬᠠᠤᠯᠢ ᠬᠡᠷᠡᠭᠵᠢᠭᠦᠯᠬᠦ ᠬᠦᠴᠦᠨ ᠢ ᠡᠮᠬᠢᠯᠡᠨ ᠨᠡᠶᠢᠯᠡᠭᠦᠯᠬᠦ ᠶᠢ ᠠᠬᠢᠭᠤᠯᠬᠤ ᠲᠤᠬᠠᠶ | ᠬᠡᠷᠡᠭᠵᠢᠭᠦᠯᠬᠦ ᠰᠠᠨᠠᠯ︾ ᠤᠨ ᠵᠣᠷᠢᠭ ᠰᠠᠨᠠᠭ᠎ᠠ ᠶᠢ ᠪᠦᠬᠦ ᠳᠠᠯ᠎ᠠ ᠪᠠᠷ ᠳᠣᠣᠱᠯᠠᠭᠤᠯᠣᠨ ᠨᠠᠶᠢᠳᠠᠪᠣᠷᠢᠵᠢᠭᠤᠯᠵᠦ᠂ ᠪᠦᠬᠦ | ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠬᠦᠷᠢᠶᠡᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠮᠠᠨ ᠤ ᠠᠶᠢᠮᠠᠭ ᠤᠨ ᠪᠣᠳᠠᠲᠤ | ᠪᠠᠶᠢᠳᠠᠯ ᠲᠠᠢ ᠤᠶᠠᠯᠳᠤᠭᠤᠯᠤᠨ᠂ ︽ᠠᠯᠠᠱᠨ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢᠨ ᠠᠵᠢᠯ ᠤᠨ ᠬᠡᠷᠡᠭᠵᠢᠭᠦᠯᠬᠦ ᠲᠥᠰᠦᠯ︾ ︵ | ᠳᠣᠷᠣᠭᠰᠢ ︽ᠬᠡᠷᠡᠭᠵᠢᠭᠦᠯᠬᠦ ᠲᠥᠰᠦᠯ︾ ᠭᠡᠵᠦ ᠲᠣᠪᠴᠢᠯᠠᠨ᠎ᠠ︶ ᠢ ᠳᠣᠭᠳᠠᠭᠠᠪᠠ᠃ | | ᠭᠤᠷᠪᠠ᠂ ᠲᠣᠭᠲᠠᠭᠠᠭᠰᠠᠨ ᠶᠠᠪᠤᠴᠠ | | ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠱᠠᠭᠠᠷᠳᠠᠯᠭ᠎ᠠ ᠶᠣᠰᠣᠭᠠᠷ᠂ | 2019 ᠣᠨ ᠤ 11 ᠰᠠᠷ᠎ᠠ ᠶᠢᠨ 30 ᠤ ᠡᠳᠦᠷ᠂ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠬᠦᠳᠡᠭᠡ | ᠳᠣᠰᠬᠤᠨ ᠮᠠᠯᠵᠢᠬᠤ ᠣᠷᠣᠨ ᠤ ᠳᠣᠪᠴᠢᠶᠠᠨ ᠤ ᠨᠠᠮ ᠤᠨ ᠳᠤᠭᠤᠶᠢᠯᠠᠩ ᠤᠨ ᠬᠤᠷᠠᠯ ᠠᠴᠠ ᠬᠡᠷᠡᠭᠵᠢᠭᠦᠯᠬᠦ ᠲᠥᠰᠦᠯ | ︵ᠰᠠᠨᠠᠯ ᠬᠤᠷᠢᠶᠠᠬᠤ ᠨᠣᠤᠷᠠᠭ︶ ᠢ ᠰᠤᠳᠤᠯᠤᠨ ᠶᠠᠷᠢᠯᠴᠠᠵᠤ ᠳᠣᠭᠤᠷᠪᠢᠨ᠂ ᠠᠶᠢᠮᠠᠭ ᠤᠨ ᠨᠠᠮ ᠤᠨ ᠬᠤᠷᠢᠶᠠᠨ ᠤ | ᠵᠣᠬᠢᠶᠠᠨ ᠪᠠᠶᠢᠭᠤᠯᠬᠤ ᠬᠡᠯᠲᠡᠰ᠂ ᠣᠷᠣᠨ ᠲᠣᠭᠠᠨ ᠤ ᠠᠯᠪᠠᠨ ᠭᠡᠷ᠂ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠳᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ | ᠵᠢᠴᠢ ᠭᠤᠷᠪᠠᠨ ᠬᠤᠰᠢᠭᠤᠨ ᠤ ᠵᠠᠰᠠᠭ ᠤᠨ ᠣᠷᠳᠣᠨ᠂ ᠳᠥᠷᠪᠡᠨ ᠣᠷᠣᠨ ᠤ ᠬᠠᠮᠢᠶᠠᠷᠤᠯᠲᠠ ᠶᠢᠨ ᠵᠥᠪᠯᠡᠯ ᠵᠡᠷᠭᠡ | ᠬᠠᠮᠢᠶ᠎ᠠ ᠪᠦᠬᠦᠢ ᠨᠢᠭᠡᠴᠡ ᠶᠢᠨ ᠰᠠᠨᠠᠯ ᠢ ᠪᠢᠴᠢᠭ ᠢᠶᠠᠷ ᠬᠤᠷᠢᠶᠠᠵᠦ᠂ ᠡᠯ᠎ᠡ ᠰᠠᠯᠠᠭ᠎ᠠ ᠮᠥᠴᠢᠷ ᠤᠨ ᠰᠠᠨᠠᠯ | ᠰᠠᠨᠠᠭᠤᠯᠭ᠎ᠠ ᠶᠢ ᠦᠨᠳᠦᠰᠦᠯᠡᠨ ᠵᠠᠰᠠᠪᠤᠷᠢ ᠣᠷᠣᠭᠤᠯᠤᠨ ᠲᠡᠭᠦᠯᠳᠡᠷᠵᠢᠭᠦᠯᠪᠡ︔ 2019 ᠣᠨ ᠤ 12 ᠰᠠᠷ᠎ᠠ ᠶᠢᠨ | 27 ᠤ ᠡᠳᠦᠷ᠂ ᠵᠠᠬᠢᠷᠭ᠎ᠠ ᠶᠢᠨ ᠬᠠᠤᠯᠢ ᠴᠠᠭᠠᠵᠠ ᠶᠢᠨ ᠶᠠᠪᠤᠳᠠᠯ ᠤᠨ ᠰᠠᠯᠠᠭᠠᠨ ᠤ ᠬᠢᠨᠠᠨ ᠬᠠᠷᠭᠤᠭᠤᠯᠤᠭᠰᠠᠨ | ᠰᠠᠨᠠᠯ ᠢ ᠦᠨᠳᠦᠰᠦᠯᠡᠨ᠂ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠬᠦᠳᠡᠭᠡ ᠳᠣᠰᠬᠤᠨ ᠮᠠᠯᠵᠢᠬᠤ ᠣᠷᠣᠨ ᠤ | ᠲᠣᠪᠴᠢᠶ᠎ᠠ ᠠᠴᠠ ︽ᠠᠯᠠᠱᠠ ᠠᠶᠢᠮᠠᠭ ᠤᠨ ᠳᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢᠨ ᠠᠵᠢᠯ ᠤᠨ ᠬᠡᠷᠡᠭᠵᠢᠭᠦᠯᠬᠦ ᠲᠥᠰᠦᠯ︾ ᠢ ᠵᠠᠰᠠᠪᠤᠷᠢ | ᠣᠷᠣᠭᠤᠯᠣᠭᠠᠳ᠂ ᠵᠠᠬᠢᠷᠭᠠᠨ ᠤ ᠬᠤᠷᠠᠯ ᠳᠤ ᠮᠡᠳᠡᠭᠦᠯᠵᠦ ᠬᠢᠨᠠᠨ ᠳᠣᠭᠳᠠᠭᠠᠯᠭᠠᠪᠠ︔ 2020 ᠣᠨ ᠤ 2 | ᠰᠠᠷ᠎ᠠ ᠶᠢᠨ 12 ᠤᠨ ᠡᠳᠦᠷ᠂ ᠠᠶᠢᠮᠠᠭ ᠤᠨ ᠳᠡᠳ᠋ ᠳᠠᠷᠤᠭ᠎ᠠ ᠴᠢᠨ ᠶᠠᠨ ᠠᠶᠢᠮᠠᠭ ᠤᠨ ᠵᠠᠬᠢᠷᠭ᠎ᠠ ᠶᠢᠨ ᠲᠤᠰᠬᠠᠶ | ᠰᠡᠳᠦᠪᠳᠦ ᠬᠤᠷᠠᠯ ᠢ ᠬᠤᠷᠠᠯᠳᠤᠭᠤᠯᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ︽ | ᠬᠡᠷᠡᠭᠵᠢᠭᠦᠯᠬᠦ ᠲᠥᠰᠦᠯ︾ ᠢ ᠣᠷᠢᠳᠴᠢᠯᠠᠨ ᠰᠣᠳᠣᠯᠵᠦ ᠪᠠᠲᠤᠯᠠᠪᠠ︔ 2020 ᠣᠨ ᠤ 2 ᠰᠠᠷ᠎ᠠ ᠶᠢᠨ 25 ᠤ | ᠡᠳᠦᠷ ᠠᠶᠢᠮᠠᠭ ᠤᠨ ᠵᠠᠬᠢᠷᠭ᠎ᠠ ᠭᠤᠷᠪᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠬᠤᠷᠠᠯᠳᠤᠭᠤᠯᠵᠤ ︽ | ᠬᠡᠷᠡᠭᠵᠢᠭᠦᠯᠬᠦ ᠲᠥᠰᠦᠯ︾ ᠢ ᠬᠢᠨᠠᠨ ᠲᠣᠭᠲᠠᠭᠠᠵᠤ ᠪᠠᠲᠤᠯᠠᠪᠠ︔ 2020 ᠣᠨ ᠤ 3 ᠰᠠᠷ᠎ᠠ ᠶᠢᠨ 31 ᠤ ᠡᠳᠦᠷ᠂ | ᠠᠶᠢᠮᠠᠭ ᠤᠨ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ | ᠲᠠᠪᠤᠳᠤᠭᠠᠷ ᠬᠤᠷᠠᠯ ᠠᠴᠠ ︽ᠬᠡᠷᠡᠭᠵᠢᠭᠦᠯᠬᠦ ᠲᠥᠰᠦᠯ︾ ᠢ ᠬᠢᠨᠠᠨ ᠲᠣᠭᠲᠠᠭᠠᠵᠤ ᠪᠠᠲᠤᠯᠠᠪᠠ︔ 2020 ᠣᠨ ᠤ | 4 ᠰᠠᠷ᠎ᠠ ᠶᠢᠨ 2 ᠤᠨ ᠡᠳᠦᠷ᠂ ᠠᠶᠢᠮᠠᠭ ᠤᠨ ᠵᠠᠬᠢᠷᠭ᠎ᠠ ᠠᠴᠠ ᠳᠠᠷᠤᠮᠠᠯᠯᠠᠨ ᠲᠠᠷᠬᠠᠭᠠᠵᠤ ᠬᠡᠷᠡᠭᠵᠢᠬᠦᠯᠪᠡ᠃ | | ᠳᠦᠷᠪᠡ᠂ ᠦᠨᠳᠦᠰᠦᠨ ᠠᠭᠤᠯᠭ᠎ᠠ | | ᠨᠡᠶᠢᠳᠡ ᠭᠤᠷᠪᠠᠨ ᠬᠡᠰᠡᠭ ᠠᠭᠤᠯᠭ᠎ᠠ ᠲᠠᠢ᠃ ᠨᠢᠭᠡᠳᠦᠭᠡᠷ ᠬᠡᠰᠡᠭ ᠨᠢ ᠶᠡᠷᠦᠩᠬᠡᠶ ᠱᠠᠭᠠᠷᠳᠠᠯᠭ᠎ᠠ ᠪᠣᠯᠣᠨ᠎ᠠ᠂ ᠡᠬᠦᠨ ᠳᠤ | ᠭᠤᠤᠯᠳᠠᠭᠤ᠄ ᠵᠢᠯᠣᠭᠤᠳᠬᠤ ᠦᠵᠡᠯ ᠰᠠᠨᠠᠭ᠎ᠠ᠂ ᠶᠡᠷᠦᠩᠬᠡᠶ ᠬᠠᠷᠠᠯᠳᠠ᠂ ᠦᠨᠳᠦᠰᠦᠨ ᠵᠠᠷᠴᠢᠮ ᠪᠠᠭᠲᠠᠨ᠎ᠠ᠃ | ᠬᠤᠶᠠᠳᠤᠭᠠᠷ ᠬᠡᠰᠡᠭ ᠨᠢ ᠭᠤᠣᠯ ᠡᠭᠦᠷᠭᠡ ᠪᠣᠯᠣᠨ᠎ᠠ᠂ ᠡᠭᠦᠨ ᠳᠤ ᠭᠤᠤᠯᠳᠠᠭᠤ᠄ ᠬᠠᠤᠯᠢ ᠬᠡᠷᠡᠭᠵᠢᠭᠦᠯᠬᠦ ᠡᠩᠨᠡᠭᠡ ᠶᠢ | ᠡᠮᠬᠢᠯᠡᠨ ᠨᠡᠶᠢᠯᠡᠬᠦᠯᠬᠦ᠂ ᠱᠠᠳᠤ ᠳᠠᠪᠬᠤᠷᠭ᠎ᠠ ᠶᠢᠨ ᠡᠭᠦᠷᠭᠡ ᠬᠠᠷᠢᠭᠤᠴᠠᠯᠭ᠎ᠠ ᠶᠢ ᠰᠢᠯᠣᠭᠤᠳᠬᠠᠬᠤ᠂ ᠬᠠᠤᠯᠢ | ᠬᠡᠷᠡᠭᠵᠢᠭᠦᠯᠬᠦ ᠦᠢᠯᠡ ᠠᠵᠢᠯᠯᠠᠭ᠎ᠠ ᠶᠢ ᠳᠦᠷᠢᠮᠵᠢᠬᠦᠯᠬᠦ᠂ ᠬᠠᠤᠯᠢ ᠬᠡᠷᠡᠭᠵᠢᠭᠦᠯᠬᠦ ᠵᠦᠢᠯᠡᠰ ᠢ ᠳᠦᠷᠢᠮᠵᠢᠬᠦᠯᠬᠦ᠂ | ᠬᠠᠤᠯᠢ ᠬᠡᠷᠡᠭᠵᠢᠭᠦᠯᠬᠦ ᠪᠠᠲᠤᠯᠠᠭ᠎ᠠ ᠶᠢ ᠴᠢᠩᠭᠠᠳᠬᠠᠬᠤ ᠵᠡᠷᠭᠡ ᠪᠠᠭᠳᠠᠨ᠎ᠠ᠃ ᠭᠤᠷᠪᠠᠳᠤᠭᠠᠷ ᠬᠡᠰᠡᠭ ᠨᠢ ᠵᠣᠬᠢᠶᠠᠨ | ᠪᠠᠶᠢᠭᠤᠯᠵᠤ ᠭᠡᠷᠡᠭᠵᠢᠬᠦᠯᠬᠦ ᠪᠣᠯᠣᠨ᠎ᠠ᠃ ᠡᠭᠦᠨ ᠳᠤ ᠭᠤᠤᠯᠳᠠᠭᠤ᠄ ᠤᠳᠤᠷᠢᠳᠤᠯᠭ᠎ᠠ ᠨᠢᠭᠡᠳᠦᠯᠲᠡᠶ ᠲᠥᠯᠥᠪᠯᠡᠨ | ᠪᠠᠶᠢᠷᠢᠯᠠᠭᠤᠯᠬᠤ ᠪᠠᠨ ᠴᠢᠩᠭᠠᠳᠬᠠᠬᠤ᠂ ᠪᠠᠲᠤᠯᠠᠬᠤ ᠠᠬᠢᠴᠠ ᠶᠢ ᠲᠦᠷᠭᠡᠳᠬᠡᠨ ᠬᠡᠷᠡᠭᠵᠢᠬᠦᠯᠬᠦ᠂ ᠰᠠᠬᠢᠯᠭ᠎ᠠ ᠪᠠᠲᠤ ᠶᠢ | ᠴᠢᠩᠳᠠᠯᠠᠵᠤ ᠨᠠᠶᠢᠳᠠᠪᠣᠷᠢᠵᠢᠭᠤᠯᠣᠯᠳᠠ ᠶᠢ ᠰᠠᠶᠢᠲᠤᠷ ᠠᠳᠬᠤᠬᠤ ᠵᠡᠷᠭᠡ ᠪᠠᠭᠳᠠᠨ᠎ᠠ᠃ | | ᠲᠠᠪᠤ᠂ ᠣᠯᠣᠭᠰᠠᠨ ᠠᠮᠵᠢᠯᠲᠠ ᠪᠦᠳᠦᠮᠵᠢ | ᠨᠢᠭᠡ ᠳᠤ ᠲᠠᠷᠢᠶᠠᠯᠠᠩ ᠮᠠᠯ ᠠᠵᠤ ᠠᠬᠤᠢ ᠶᠢᠨ ᠬᠠᠤᠯᠢ ᠬᠡᠷᠡᠭᠵᠢᠭᠦᠯᠬᠦ ᠡᠩᠨᠡᠭᠡ ᠶᠢ ᠪᠦᠬᠦ ᠲᠠᠯ᠎ᠠ ᠪᠠᠷ ᠡᠮᠬᠢᠯᠡᠪᠡ᠃ | ᠱᠠᠳᠣ ᠳᠠᠪᠬᠤᠷᠭ᠎ᠠ ᠶᠢ ᠴᠦᠭᠡᠳᠬᠡᠬᠦ᠂ ᠡᠩᠨᠡᠭᠡ ᠶᠢ ᠨᠡᠶᠢᠯᠡᠭᠦᠯᠬᠦ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ | ᠱᠠᠭᠠᠷᠳᠠᠯᠭ᠎ᠠ ᠶᠣᠰᠣᠭᠠᠷ᠂ ᠨᠢᠭᠡ ᠰᠠᠯᠠᠭ᠎ᠠ ᠮᠥᠴᠢᠷ ᠲᠤ ᠨᠢᠬᠡ ᠬᠠᠤᠯᠢ ᠬᠡᠷᠡᠭᠵᠢᠭᠦᠯᠬᠦ ᠡᠩᠨᠡᠭᠡ ᠶᠢ ᠪᠠᠶᠢᠭᠤᠯᠬᠤ | ᠱᠠᠭᠠᠷᠳᠠᠯᠭ᠎ᠠ ᠪᠠᠷ ᠲᠠᠷᠢᠶᠠᠯᠠᠩ ᠮᠠᠯ ᠠᠵᠤ ᠠᠬᠤᠶ ᠬᠦᠳᠡᠭᠡ ᠳᠣᠰᠬᠤᠨ ᠮᠠᠯᠵᠢᠬᠤ ᠣᠷᠣᠨ ᠤ ᠠᠵᠢᠯ ᠤᠨ ᠰᠠᠯᠠᠭ᠎ᠠ | ᠮᠥᠴᠢᠷ ᠤᠨ ᠳᠣᠲᠣᠭᠠᠳᠤ ᠪᠠᠶᠢᠭᠤᠯᠤᠮᠵᠢ ᠵᠢᠴᠢ ᠬᠠᠷᠢᠶ᠎ᠠ ᠨᠢᠭᠡᠴᠡ ᠶᠢᠨ ᠨᠠᠶᠢᠳᠠᠭᠰᠠᠨ ᠬᠠᠤᠯᠢ ᠬᠡᠷᠡᠭᠵᠢᠭᠦᠯᠬᠦ ᠪᠠ | ᠡᠷᠬᠡ ᠣᠯᠭᠤᠭᠰᠠᠨ ᠬᠠᠤᠯᠢ ᠬᠡᠷᠡᠭᠵᠢᠭᠦᠯᠬᠦ ᠵᠠᠰᠠᠭ ᠵᠠᠬᠢᠷᠭᠠᠨ ᠤ ᠰᠢᠳᠬᠡᠯ ᠵᠢᠴᠢ ᠵᠠᠰᠠᠭ ᠵᠠᠬᠢᠷᠭᠠᠨ ᠤ ᠰᠢᠳᠬᠡᠯ | ᠲᠣᠷᠭᠠᠭᠤᠯᠢ ᠲᠠᠢ ᠬᠤᠯᠪᠣᠭᠳᠠᠬᠤ ᠵᠠᠰᠠᠭ ᠵᠠᠬᠢᠷᠭᠠᠨ ᠤ ᠪᠠᠶᠢᠴᠠᠭᠠᠯᠲᠠ᠂ ᠵᠠᠰᠠᠭ ᠵᠠᠬᠢᠷᠭᠠᠨ ᠤ ᠠᠯᠪᠠᠳᠠᠯᠭ᠎ᠠ ᠶᠢᠨ | ᠡᠭᠦᠷᠭᠡ ᠴᠢᠳᠠᠪᠤᠷᠢ ᠶᠢ ᠪᠦᠬᠦᠨ ᠢ ᠡᠮᠬᠢᠯᠡᠨ ᠨᠡᠶᠢᠯᠡᠭᠦᠯᠵᠦ᠂ ᠰᠢᠨ᠎ᠡ ᠪᠠᠷ ᠪᠠᠶᠢᠭᠤᠯᠤᠭᠰᠠᠨ ᠶᠡᠷᠦᠩᠬᠡᠶᠢᠯᠡᠭᠰᠡᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠠᠴᠠ ᠲᠥᠪᠯᠡᠷᠡᠭᠦᠯᠦᠨ ᠨᠢᠭᠡᠳᠦᠯᠲᠡᠶ ᠬᠡᠷᠡᠭᠵᠢᠭᠦᠯᠦᠨ᠎ᠡ᠃ | ᠥᠩᠭᠡᠷᠡᠭᠰᠡᠨ ᠤ ᠰᠠᠯᠣᠩᠬᠢᠳᠠ ᠬᠠᠤᠯᠢ ᠬᠡᠷᠡᠭᠵᠢᠭᠦᠯᠬᠦ᠂ ᠤᠯᠠᠨ ᠲᠠᠯ᠎ᠠ ᠠᠴᠠ ᠬᠠᠤᠯᠢ ᠬᠡᠷᠡᠭᠵᠢᠭᠦᠯᠬᠦ᠂ | ᠳᠠᠪᠬᠤᠷᠳᠠᠭᠤᠯᠤᠨ ᠬᠠᠤᠯᠢ ᠬᠡᠷᠡᠭᠵᠢᠭᠦᠯᠬᠦ ᠵᠡᠷᠭᠡ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠪᠡ᠃ ᠬᠤᠶᠠᠷ ᠲᠤ | ᠱᠠᠳᠣ ᠳᠠᠪᠬᠤᠷᠭ᠎ᠠ ᠶᠢᠨ ᠬᠠᠤᠯᠢ ᠬᠡᠷᠡᠭᠵᠢᠭᠦᠯᠬᠦ ᠡᠷᠬᠡ ᠬᠠᠷᠢᠭᠤᠴᠠᠯᠭ᠎ᠠ ᠶᠢ ᠲᠦᠢᠯᠪᠤᠷᠢᠲᠠᠶ ᠰᠢᠯᠣᠭᠤᠳᠬᠠᠪᠠ᠃ ᠡᠷᠬᠡ | ᠲᠤᠰᠢᠶᠠᠯ ᠢ ᠬᠠᠤᠯᠢ ᠪᠠᠷ ᠲᠣᠭᠲᠠᠭᠠᠬᠤ᠂ ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ᠂ ᠭᠤᠣᠯ ᠠᠵᠢᠯ ᠢ ᠳᠣᠷᠣᠭᠰᠢ | ᠰᠢᠯᠵᠢᠭᠦᠯᠬᠦ ᠵᠠᠷᠴᠢᠮ ᠶᠣᠰᠣᠭᠠᠷ᠂ ᠥᠭᠡᠷᠡᠴᠢᠯᠡᠯᠲᠡ ᠪᠠᠷ ᠳᠠᠮᠵᠢᠨ ᠠᠶᠢᠮᠠᠭ᠂ ᠬᠤᠰᠢᠭᠤ᠂ ᠲᠣᠭᠤᠷᠢᠭ᠂ ᠰᠤᠮᠤ | ᠪᠠᠯᠭᠠᠰᠤ ᠵᠡᠭᠡᠯᠢ ᠭᠤᠳᠤᠮᠵᠢ ᠳᠥᠷᠪᠡᠨ ᠱᠠᠲᠤᠨ ᠤ ᠬᠠᠤᠯᠢ ᠬᠡᠷᠡᠭᠵᠢᠭᠦᠯᠬᠦ ᠭᠤᠤᠯ ᠴᠣᠭᠴᠠ ᠶᠢᠨ ᠬᠠᠤᠯᠢ | ᠬᠡᠷᠡᠭᠵᠢᠭᠦᠯᠬᠦ ᠡᠷᠬᠡ ᠬᠠᠷᠢᠭᠤᠴᠠᠯᠭ᠎ᠠ ᠶᠢ ᠳᠣᠳᠣᠷᠬᠠᠶᠢᠯᠠᠵᠦ᠂ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠪᠠ | ᠬᠠᠤᠯᠢ ᠬᠡᠷᠡᠭᠵᠢᠭᠦᠯᠬᠦ ᠭᠤᠤᠯᠳᠠᠯᠭ᠎ᠠ ᠶᠢ ᠳᠣᠳᠣᠷᠬᠠᠶᠢᠯᠠᠵᠦ᠂ ᠪᠠᠶᠢᠭᠤᠯᠤᠮᠵᠢ ᠳᠠᠪᠬᠤᠷᠳᠠᠭᠰᠠᠨ᠂ ᠡᠷᠬᠡ | ᠬᠠᠷᠢᠭᠤᠴᠠᠯᠭ᠎ᠠ ᠰᠣᠯᠪᠢᠴᠠᠭᠰᠠᠨ ᠵᠡᠷᠭᠡ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠪᠡ᠃ ᠭᠤᠷᠪᠠ ᠳᠤ ᠬᠠᠤᠯᠢ | ᠬᠡᠷᠡᠭᠵᠢᠭᠦᠯᠬᠦ ᠴᠢᠳᠠᠪᠤᠷᠢ ᠪᠠ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠬᠦᠯᠪᠡ᠃ ᠥᠭᠡᠷᠡᠴᠢᠯᠡᠯᠲᠡ | ᠬᠢᠭᠰᠡᠨ ᠤ ᠳᠠᠷᠠᠭ᠎ᠠ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠪᠠᠶᠢᠭᠤᠯᠤᠮᠵᠢ ᠪᠣᠯᠤᠨ ᠰᠢᠰᠲ᠋ᠧᠮ ᠤᠨ ᠳᠣᠲᠣᠷᠠᠬᠢ | ᠡᠯ᠎ᠡ ᠠᠵᠢᠯ ᠲᠥᠷᠥᠯ ᠤᠨ ᠬᠠᠮᠢᠶᠠᠷᠤᠯᠲᠠ ᠶᠢᠨ ᠨᠢᠭᠡᠴᠡ ᠶᠢᠨ ᠬᠤᠭᠤᠷᠣᠨᠳᠣᠬᠢ ᠬᠠᠷᠢᠴᠠᠭ᠎ᠠ ᠨᠢ ᠲᠣᠳᠣᠷᠬᠠᠶ ᠪᠣᠯᠵᠦ᠂ | ᠲᠤᠰ ᠲᠤᠰ ᠤᠨ ᠳᠠᠪᠠᠭᠤᠯᠢᠭ ᠢᠶᠠᠨ ᠬᠦᠢᠴᠡᠳ ᠪᠠᠳᠠᠷᠠᠭᠤᠯᠵᠤ᠂ ᠠᠵᠢᠯ ᠬᠤᠪᠢᠶᠠᠷᠢᠯᠠᠨ ᠬᠠᠷᠢᠭᠤᠴᠠᠬᠤ᠂ ᠬᠠᠷᠢᠯᠴᠠᠨ | ᠳᠡᠮᠵᠢᠬᠦ ᠠᠵᠢᠯ ᠤᠨ ᠪᠠᠶᠢᠷᠢᠰᠢᠯ ᠪᠣᠯᠤᠨ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠪᠠ᠃ ᠥᠭᠡᠷᠡᠴᠢᠯᠡᠯᠲᠡ ᠪᠠᠷ | ᠳᠠᠮᠵᠢᠭᠤᠯᠤᠨ ᠡᠷᠬᠡ ᠬᠠᠷᠢᠭᠤᠴᠠᠯᠭ᠎ᠠ ᠲᠣᠳᠣᠷᠬᠠᠶ᠂ ᠳᠡᠭᠡᠷ᠎ᠡ ᠳᠣᠤᠷ᠎ᠠ ᠱᠠᠲᠤ ᠨᠡᠪᠳᠡᠷᠡᠭᠰᠡᠨ᠂ ᠵᠢᠯᠣᠭᠤᠳᠣᠯᠭ᠎ᠠ | ᠤᠷᠤᠭᠰᠢᠲᠠᠶ᠂ ᠠᠵᠢᠯᠯᠠᠭᠠᠨ ᠨᠢ ᠥᠨᠳᠥᠷ ᠦᠷ᠎ᠡ ᠪᠦᠲᠦᠮᠵᠢᠲᠡᠶ᠂ ᠪᠠᠲᠤᠯᠠᠭ᠎ᠠ ᠨᠢ ᠡᠷᠴᠢᠮᠵᠢᠭᠰᠡᠨ ᠲᠠᠷᠢᠶᠠᠯᠠᠩ ᠮᠠᠯ | ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠣᠭᠳᠠᠯᠴᠠᠭ᠎ᠠ ᠶᠢ ᠪᠠᠶᠢᠭᠤᠯᠬᠤ | ᠬᠠᠷᠠᠯᠲᠠ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ | | ᠲᠠᠶᠢᠯᠤᠮᠵᠢ ᠬᠢᠭᠰᠡᠨ ᠨᠢ᠄ ᠠᠯᠠᠱᠠ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠶᠢᠨ ᠨᠠᠮ ᠤᠨ ᠡᠭᠦᠷ ᠤᠨ ᠱᠦᠵᠢ᠂ ᠰᠠᠯᠪᠤᠷᠢ ᠠᠩᠭᠢ ᠶᠢᠨ | ᠳᠠᠷᠤᠭ᠎ᠠ ᠯᠢ ᡁᠢ ᠶᠦᠩ ᠪᠢᠴᠢᠭ | ᠮᠠᠲ᠋ᠧᠷᠢᠶᠠᠯ ᠤᠨ ᠬᠤᠯᠪᠣᠭᠠᠰᠣ |