1. ᠨᠢᠭᠡᠳᠦᠯᠲᠡᠢ ᠨᠠᠶᠢᠷᠠᠭᠤᠯᠣᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠪᠣᠯ ᠨᠠᠮ ᠪᠠ ᠵᠠᠰᠠᠭ ᠤᠨ ᠣᠷᠳᠣᠨ ᠤ | ᠴᠢᠬᠤᠯᠠ ᠶᠡᠭᠡ ᠲᠦᠷᠦ ᠶᠢᠨ ᠪᠣᠳᠣᠯᠭ᠎ᠠ ᠮᠦᠨ ᠶᠡᠷᠣᠩᠬᠡᠢ ᠱᠦᠵᠢ ᠰᠢ ᠶᠢᠨ ᠫᠢᠩ ᠠᠴᠠ ᠰᠣᠷᠭᠠᠨ ᠬᠦᠮᠦᠵᠢᠯ ᠪᠣᠯ | ᠣᠯᠣᠰ ᠤᠨ ᠶᠡᠭᠡ ᠪᠣᠳᠣᠯᠭ᠎ᠠ᠂ ᠨᠠᠮ ᠤᠨ ᠶᠡᠭᠡ ᠪᠣᠳᠣᠯᠭ᠎ᠠ ᠮᠦᠨ᠃ ᠵᠢᠭᠠᠬᠤ ᠮᠠᠲ᠋ᠧᠷᠢᠶᠠᠯ ᠤᠨ ᠪᠠᠶᠢᠭᠤᠯᠣᠯᠲᠠ ᠪᠣᠯ | ᠲᠦᠷᠦ ᠶᠢᠨ ᠠᠵᠢᠯ ᠡᠷᠬᠡ ᠮᠦᠨ ᠭᠡᠵᠦ ᠵᠢᠭᠠᠵᠤ ᠭᠠᠷᠭᠠᠪᠠ᠃ ᠨᠠᠮ ᠤᠨ ᠲᠦᠪ ᠬᠤᠷᠢᠶ᠎ᠠ᠂ ᠲᠦᠷᠦ ᠶᠢᠨ | ᠶᠠᠪᠣᠳᠠᠯ ᠤᠨ ᠬᠤᠷᠢᠶ᠎ᠠ ᠠᠴᠠ ᠵᠢᠭᠠᠬᠤ ᠮᠠᠲ᠋ᠧᠷᠢᠶᠠᠯ ᠤᠨ ᠠᠵᠢᠯ ᠢ ᠲᠦᠢᠯ ᠢᠶᠠᠷ ᠴᠢᠬᠤᠯᠠᠴᠢᠯᠠᠨ ᠦᠵᠡᠵᠦ᠂ ᠵᠢᠭᠠᠬᠤ | ᠮᠠᠲ᠋ᠧᠷᠢᠶᠠᠯ ᠤᠨ ᠪᠠᠶᠢᠭᠤᠯᠣᠯᠲᠠ ᠶᠢ ᠣᠯᠣᠰ ᠤᠨ ᠰᠠᠭᠤᠷᠢᠯᠠᠬᠤ ᠴᠢᠨᠠᠷᠲᠠᠢ᠂ ᠪᠠᠶᠢᠯᠳᠦᠬᠤ ᠪᠣᠳᠣᠯᠭ᠎ᠠ ᠶᠢᠨ ᠴᠢᠨᠠᠷᠲᠠᠢ | ᠢᠨᠵᠧᠨᠧᠷᠢᠩ ᠪᠤᠯᠭᠠᠵᠤ᠂ 2017 ᠣᠨ ᠤ 7 ᠳ᠋ᠤᠭᠠᠷ ᠰᠠᠷ᠎ᠠ ᠳᠤ ᠣᠯᠣᠰ ᠤᠨ ᠵᠢᠭᠠᠬᠤ ᠮᠠᠲ᠋ᠧᠷᠢᠶᠠᠯ ᠤᠨ ᠵᠦᠪᠯᠡᠯ ᠢ | ᠪᠠᠶᠢᠭᠤᠯᠣᠭᠠᠳ᠂ ᠶᠡᠭᠡ ᠰᠤᠷᠭᠠᠭᠤᠯᠢ ᠲᠣᠮᠳᠠᠳᠣ ᠪᠠᠭ᠎ᠠ ᠰᠣᠷᠭᠠᠭᠤᠯᠢ ᠶᠢᠨ ᠵᠢᠭᠠᠬᠤ ᠮᠠᠲ᠋ᠧᠷᠢᠶᠠᠯ ᠤᠨ | ᠪᠠᠶᠢᠭᠤᠯᠣᠯᠲᠠ ᠶᠢᠨ ᠬᠠᠮᠢᠶᠠᠷᠦᠯᠲᠠ ᠪᠠ ᠲᠦᠷᠦ ᠶᠢᠨ ᠠᠵᠢᠯ ᠡᠷᠬᠡ ᠶᠢᠨ ᠬᠡᠷᠡᠭᠯᠡᠯᠲᠡ ᠶᠢ ᠣᠯᠠᠮ ᠨᠢᠭᠡ ᠠᠯᠬᠤᠮ | ᠴᠢᠩᠭᠠᠳᠬᠠᠵᠤ᠂ ᠪᠠᠶᠢᠯᠳᠣᠬᠤ ᠪᠣᠳᠣᠯᠭ᠎ᠠ ᠶᠢᠨ ᠠᠷᠭ᠎ᠠ ᠰᠦᠪᠡᠭᠴᠢᠯᠡᠯᠲᠡ ᠪᠠ ᠨᠢᠭᠡᠳᠦᠯᠲᠡᠢ ᠵᠢᠯᠦᠭᠤᠳᠣᠯᠭ᠎ᠠ ᠶᠢ | ᠴᠢᠩᠭᠠᠳᠬᠠᠨ᠂ ᠣᠯᠣᠰ ᠤᠨ ᠪᠠᠶᠢᠯᠳᠣᠬᠤ ᠪᠣᠳᠣᠯᠭ᠎ᠠ ᠳᠤ ᠦᠢᠯᠡᠴᠢᠯᠡᠭᠦᠯᠪᠡ᠃ ᠨᠠᠮ ᠤᠨ ᠲᠦᠪ ᠬᠤᠷᠢᠶᠠᠨ ᠤ | ᠪᠠᠶᠢᠷᠢᠯᠠᠭᠤᠯᠤᠯᠲᠠ ᠶᠣᠰᠣᠭᠠᠷ᠂ ᠣᠯᠣᠰ ᠤᠨ ᠵᠢᠭᠠᠬᠤ ᠮᠠᠲ᠋ᠧᠷᠢᠶᠠᠯ ᠤᠨ ᠵᠦᠪᠯᠡᠯ ᠠᠴᠠ ᠲᠣᠰᠬᠠᠢ ᠬᠦᠴᠦᠨ ᠢ | ᠵᠣᠬᠢᠶᠡᠨ ᠪᠠᠶᠢᠭᠤᠯᠣᠨ ᠳᠣᠮᠳᠠᠳᠦ ᠪᠠᠭ᠎ᠠ ᠰᠣᠷᠭᠠᠭᠤᠯᠢ ᠶᠢᠨ ᠬᠡᠯᠡ ᠪᠢᠴᠢᠭ᠂ ᠣᠯᠣᠰ ᠲᠦᠷᠦ ︵ᠶᠣᠰᠣ ᠮᠣᠷᠠᠯ | ᠬᠢᠭᠡᠳ ᠬᠠᠣᠯᠢ ᠪᠠᠷ ᠵᠠᠰᠠᠬᠤ︶᠂ ᠲᠡᠣᠬᠡ ᠵᠡᠷᠭᠡ ᠭᠤᠷᠪᠠᠨ ᠲᠦᠷᠦᠯ ᠤᠨ ᠬᠢᠴᠢᠶᠡᠯ ᠢ ᠣᠯᠣᠰ ᠤᠨ ᠨᠢᠭᠡᠳᠦᠯᠲᠡᠢ | ᠨᠠᠶᠢᠷᠠᠭᠤᠯᠣᠭᠰᠠᠨ ᠵᠢᠭᠠᠬᠤ ᠮᠠᠲ᠋ᠧᠷᠢᠶᠠᠯ ᠪᠤᠯᠭᠠᠨ ᠨᠠᠶᠢᠷᠠᠭᠤᠯᠤᠭᠠᠳ᠂ 2017 ᠣᠨ ᠤ 9 ᠳ᠋ᠤᠭᠡᠷ ᠰᠠᠷ᠎ᠠ ᠠᠴᠠ | ᠪᠦᠬᠦ ᠣᠯᠣᠰ ᠤᠨ ᠪᠣᠢ ᠪᠦᠬᠦᠢ ᠳᠣᠮᠳᠠᠳᠦ ᠪᠠᠭ᠎ᠠ ᠰᠣᠷᠭᠠᠭᠤᠯᠢ ᠳᠤ ᠨᠢᠭᠡᠳᠦᠯᠲᠡᠢ ᠬᠡᠷᠡᠭᠯᠡᠭᠦᠯᠵᠡᠢ᠃ ᠮᠠᠨ ᠤ | ᠣᠷᠣᠨ ᠤ ᠬᠢᠳᠠᠳ ᠬᠡᠯᠡ ᠪᠠᠷ ᠬᠢᠴᠢᠶᠡᠯᠯᠡᠵᠦ ᠪᠠᠶᠢᠭ᠎ᠠ ᠳᠣᠮᠳᠠᠳᠦ ᠪᠠᠭ᠎ᠠ ᠰᠣᠷᠭᠠᠭᠤᠯᠢ ᠨᠤᠭᠤᠳ ᠮᠦᠨ ᠬᠦ | ᠵᠡᠷᠭᠡ ᠳᠤᠨᠢ ᠬᠡᠷᠡᠭᠯᠡᠭᠰᠡᠨ ᠶᠣᠮ᠃ ᠨᠢᠭᠡᠳᠦᠯᠲᠡᠢ ᠨᠠᠶᠢᠷᠠᠭᠤᠯᠣᠭᠰᠠᠨ ᠵᠢᠭᠠᠬᠤ ᠮᠠᠲ᠋ᠧᠷᠢᠶᠠᠯ ᠪᠣᠯ ᠣᠯᠣᠰ ᠤᠨ ᠲᠡᠰ ᠤᠨ | ᠂ ᠦᠨᠳᠦᠷ ᠬᠢᠷᠢ ᠬᠡᠮᠵᠢᠶ᠎ᠡ ᠪᠦᠬᠦᠢ ᠡᠷᠬᠡ ᠰᠦᠷᠲᠦ ᠴᠢᠨᠠᠷᠲᠠᠢ ᠵᠢᠭᠠᠬᠤ ᠮᠠᠲ᠋ᠧᠷᠢᠶᠠᠯ ᠪᠣᠯᠬᠤ ᠶᠣᠮ᠃ | ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ ᠰᠢᠨᠵᠢᠶᠠᠩ 2017 ᠣᠨ ᠠᠴᠠ ᠡᠬᠢᠯᠡᠨ᠂ ᠠᠯᠪᠠᠨ | ᠵᠢᠷᠦᠮ ᠤᠨ ᠰᠣᠷᠭᠠᠨ ᠬᠦᠮᠦᠵᠢᠯ ᠤᠨ ᠱᠠᠳᠣᠨ ᠤ ᠡᠬᠢᠯᠡᠯᠲᠡ ᠶᠢᠨ ᠣᠨ ᠨᠤᠭᠤᠳ ᠠᠴᠠ ᠡᠬᠢᠯᠡᠨ ᠭᠤᠷᠪᠠᠨ | ᠲᠦᠷᠦᠯ ᠤᠨ ᠬᠢᠴᠢᠶᠡᠯ ᠤᠨ ᠨᠢᠭᠡᠳᠦᠯᠲᠡᠢ ᠨᠠᠶᠢᠷᠠᠭᠤᠯᠣᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠭᠰᠡᠨ ᠤ ᠬᠠᠮᠲᠦ᠂ | ᠣᠯᠣᠰ ᠤᠨ ᠨᠠᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠵᠢᠭᠠᠨ ᠰᠣᠷᠭᠠᠯᠲᠠ ᠶᠢ ᠶᠠᠪᠣᠭᠳᠠᠭᠤᠯᠪᠠ᠃ | ᠲᠦᠪᠡᠳ 2018 ᠣᠨ ᠠᠴᠠ ᠡᠬᠢᠯᠡᠨ ᠠᠯᠪᠠᠨ ᠵᠢᠷᠦᠮ ᠤᠨ ᠰᠣᠷᠭᠠᠨ ᠬᠦᠮᠦᠵᠢᠯ ᠤᠨ ᠱᠠᠳᠣᠨ ᠤ ᠡᠬᠢᠯᠡᠯᠲᠡ ᠶᠢᠨ | ᠣᠨ ᠨᠤᠭᠤᠳ ᠠᠴᠠ ᠡᠬᠢᠯᠡᠨ ᠭᠤᠷᠪᠠᠨ ᠲᠦᠷᠦᠯ ᠤᠨ ᠬᠢᠴᠢᠶᠡᠯ ᠤᠨ ᠨᠢᠭᠡᠳᠦᠯᠳᠡᠢ ᠨᠠᠶᠢᠷᠠᠭᠤᠯᠣᠭᠰᠠᠨ ᠵᠢᠭᠠᠬᠤ | ᠮᠠᠲ᠋ᠧᠷᠢᠶᠠᠯ ᠢ ᠬᠡᠷᠡᠭᠯᠡᠭᠰᠡᠨ ᠤ ᠬᠠᠮᠲᠦ᠂ ᠣᠯᠣᠰ ᠤᠨ ᠨᠠᠶᠢᠳᠠᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠵᠢᠭᠠᠨ | ᠰᠣᠷᠭᠠᠯᠲᠠ ᠶᠢ ᠶᠠᠪᠣᠭᠳᠠᠭᠤᠯᠵᠠᠢ᠃ ᠲᠦᠪ ᠬᠤᠷᠢᠶᠠᠨ ᠤ ᠨᠢᠭᠡᠳᠦᠯᠲᠡᠢ ᠪᠠᠶᠢᠷᠢᠯᠠᠭᠤᠯᠣᠯᠲᠠ ᠶᠣᠰᠣᠭᠠᠷ᠂ ᠦᠪᠦᠷ | ᠮᠣᠩᠭᠤᠯ᠂ ᠭᠠᠨᠰᠦ᠂ ᠭᠢᠷᠢᠨ᠂ ᠯᠢᠶᠣᠣᠨᠢᠩ᠂ ᠬᠦᠬᠡᠨᠠᠭᠤᠷ᠂ ᠰᠧᠴᠣᠸᠠᠨ ᠵᠡᠷᠭᠡ 6 ᠮᠣᠵᠢ ᠣᠷᠣᠨ ᠤ | ᠦᠨᠳᠦᠰᠦᠲᠡᠨ ᠤ ᠬᠡᠯᠡ ᠪᠠᠷ ᠢᠶᠠᠨ ᠬᠢᠴᠢᠶᠡᠯᠯᠡᠵᠤ ᠪᠠᠶᠢᠭ᠎ᠠ ᠰᠣᠷᠭᠠᠭᠤᠯᠢ ᠨᠤᠭᠤᠳ ᠨᠢ ᠡᠨᠡ ᠵᠢᠯ ᠤᠨ ᠨᠠᠮᠣᠷ ᠤᠨ | ᠣᠯᠠᠷᠢᠯ ᠠᠴᠠ ᠡᠬᠢᠯᠡᠨ ᠭᠤᠷᠪᠠᠨ ᠲᠦᠷᠦᠯ ᠤᠨ ᠨᠢᠭᠡᠳᠦᠯᠲᠡᠢ ᠨᠠᠶᠢᠷᠠᠭᠤᠯᠣᠭᠰᠠᠨ ᠵᠢᠭᠠᠬᠤ ᠮᠠᠲ᠋ᠧᠷᠢᠶᠠᠯ ᠢ | ᠬᠡᠷᠡᠭᠯᠡᠭᠦᠯᠬᠦ ᠪᠠᠷ ᠪᠣᠯᠪᠠ᠃ ᠦᠪᠦᠷ ᠮᠣᠩᠭᠤᠯ ᠵᠢᠱᠢᠶᠡᠴᠢ ᠦᠪᠡᠷᠲᠡᠭᠡᠨ ᠵᠠᠰᠠᠬᠤ ᠣᠷᠣᠨ ᠪᠣᠯᠬᠤᠷ ᠣᠯᠣᠰ ᠤᠨ | ᠵᠢᠭᠠᠬᠤ ᠮᠠᠲ᠋ᠧᠷᠢᠶᠠᠯ ᠢ ᠨᠠᠶᠢᠷᠠᠭᠤᠯᠬᠤ ᠵᠦᠪᠯᠡᠯ ᠤᠨ ᠠᠵᠢᠯ ᠤᠨ ᠲᠣᠬᠢᠷᠠᠭᠤᠯᠣᠯᠲᠠ ᠶᠢ ᠦᠨᠳᠦᠰᠦᠯᠡᠵᠦ᠂ | ᠦᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠭᠤᠣᠯᠴᠢ ᠪᠦᠭᠡᠳ ᠴᠢᠨᠠᠷᠵᠢᠭᠤᠨ ᠢᠶᠠᠷ | ᠦᠨᠳᠦᠰᠦᠲᠡᠨ ᠤ ᠰᠣᠷᠭᠠᠨ ᠬᠦᠮᠦᠵᠢᠯ ᠢ ᠡᠷᠬᠢᠯᠡᠬᠦ ᠳᠡᠭᠡᠳᠦ ᠬᠡᠮᠵᠢᠶᠡᠨ ᠤ ᠬᠠᠷᠢᠭᠤᠴᠠᠯᠭᠠᠳᠦ ᠵᠣᠷᠢᠭ ᠰᠠᠨᠠᠭ᠎ᠠ ᠪᠠᠷ | ᠣᠳᠣᠬᠠᠨ ᠤ ᠣᠯᠣᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠣᠷᠭᠠᠨ ᠬᠦᠮᠦᠵᠢᠯ ᠤᠨ ᠬᠢᠷᠢ | ᠬᠡᠮᠵᠢᠶ᠎ᠡ ᠪᠣᠯᠣᠨ ᠦᠨᠳᠦᠰᠦᠲᠡᠨ ᠤ ᠬᠡᠯᠡ ᠪᠠᠷ ᠢᠶᠠᠨ ᠬᠢᠴᠢᠶᠡᠯᠯᠡᠵᠤ ᠪᠠᠶᠢᠭ᠎ᠠ ᠰᠣᠷᠭᠠᠭᠤᠯᠢ ᠨᠤᠭᠤᠳ ᠤᠨ ᠪᠤᠳᠠᠳᠠᠢ | ᠪᠠᠶᠢᠳᠠᠯ ᠢ ᠭᠦᠢᠴᠡᠳ ᠪᠤᠳᠤᠯᠬᠢᠯᠠᠵᠤ᠂ ᠮᠠᠨ ᠤ ᠤᠷᠤᠨ ᠳᠤ ᠭᠤᠷᠪᠠᠨ ᠲᠦᠷᠦᠯ ᠤᠨ ᠬᠢᠴᠢᠶᠡᠯ ᠤᠨ ᠨᠢᠭᠡᠳᠦᠯᠳᠡᠢ | ᠨᠠᠶᠢᠷᠠᠭᠤᠯᠤᠭᠰᠠᠨ ᠵᠢᠭᠠᠬᠤ ᠮᠠᠲ᠋ᠧᠷᠢᠶᠡᠯ ᠢ ᠭᠤᠷᠪᠠᠨ ᠵᠢᠯ ᠬᠤᠪᠢᠶᠠᠨ ᠯᠠᠪᠳᠠᠭᠤᠨ ᠢᠶᠠᠷ ᠠᠬᠢᠭᠤᠯᠬᠤ ᠠᠵᠢᠯ ᠤᠨ | ᠰᠠᠨᠠᠭᠤᠯᠭ᠎ᠠ ᠲᠤᠷᠠᠳᠴᠤ᠂ ᠤᠯᠤᠰ ᠤᠨ ᠰᠤᠷᠭᠠᠨ ᠬᠦᠮᠦᠵᠢᠯ ᠤᠨ ᠶᠠᠮᠤᠨ ᠢᠶᠠᠷ ᠵᠦᠪᠰᠢᠶᠡᠷᠡᠭᠦᠯᠵᠤ᠂ 2020 | ᠤᠨ ᠤ ᠨᠠᠮᠤᠷ ᠤᠨ ᠤᠯᠠᠷᠢᠯ ᠠᠴᠠ ᠡᠬᠢᠯᠡᠨ ᠪᠠᠭ᠎ᠠ ᠰᠤᠷᠭᠠᠭᠤᠯᠢ ᠶᠢᠨ ᠨᠢᠭᠡᠳᠦᠭᠡᠷ ᠤᠨ ᠬᠢᠭᠡᠳ ᠠᠩᠬ᠎ᠠ ᠵᠡᠷᠭᠡ ᠶᠢᠨ | ᠲᠤᠮᠲᠠᠳᠤ ᠰᠤᠷᠭᠠᠭᠤᠯᠢ ᠶᠢᠨ ᠨᠢᠭᠡᠳᠦᠭᠡᠷ ᠤᠨ ᠳᠤ ᠨᠢᠭᠡᠳᠦᠯᠲᠡᠢ ᠨᠠᠶᠢᠷᠠᠭᠤᠯᠤᠭᠰᠠᠨ ︽ᠬᠡᠯᠡ ᠪᠢᠴᠢᠭ︾ ᠤᠨ | ᠵᠢᠭᠠᠬᠤ ᠮᠠᠲ᠋ᠧᠷᠢᠶᠡᠯ ᠢ ᠬᠡᠷᠡᠭᠯᠡᠨ᠎ᠡ᠃ 2021 ᠤᠨ ᠳᠤ ᠪᠠᠭ᠎ᠠ ᠰᠤᠷᠭᠠᠭᠤᠯᠢ ᠶᠢᠨ ᠨᠢᠭᠡᠳᠦᠭᠡᠷ ᠤᠨ ᠬᠢᠭᠡᠳ ᠠᠩᠬ᠎ᠠ | ᠵᠡᠷᠭᠡ ᠶᠢᠨ ᠲᠤᠮᠲᠠᠳᠤ ᠰᠤᠷᠭᠠᠭᠤᠯᠢ ᠶᠢᠨ ᠨᠢᠭᠡᠳᠦᠭᠡᠷ ᠤᠨ ᠳᠤ ᠨᠢᠭᠡᠲᠦᠯᠳᠡᠢ ᠨᠠᠶᠢᠷᠠᠭᠤᠯᠤᠭᠰᠠᠨ ︽ᠶᠤᠰᠤ ᠮᠤᠷᠠᠯ | ᠬᠢᠭᠡᠳ ᠬᠠᠤᠯᠢ ᠪᠠᠷ ᠵᠠᠰᠠᠬᠤ︾ ︵ᠤᠯᠤᠰ ᠲᠦᠷᠦ︶ ᠶᠢᠨ ᠵᠢᠭᠠᠬᠤ ᠮᠠᠲ᠋ᠧᠷᠢᠶᠠᠯ ᠢ ᠬᠡᠷᠡᠭᠯᠡᠨ᠎ᠡ᠃ 2022 ᠤᠨ ᠳᠤ | ᠠᠩᠬ᠎ᠠ ᠵᠡᠷᠭᠡ ᠶᠢᠨ ᠲᠤᠮᠲᠠᠳᠤ ᠰᠤᠷᠭᠠᠭᠤᠯᠢ ᠶᠢᠨ ᠨᠢᠭᠡᠳᠦᠭᠡᠷ ᠤᠨ ᠳᠤ ᠨᠢᠭᠡᠳᠦᠯᠳᠡᠢ ᠨᠠᠶᠢᠷᠠᠭᠤᠯᠤᠭᠰᠠᠨ ︽ᠲᠡᠥᠭᠡ︾ | ᠶᠢᠨ ᠵᠢᠭᠠᠬᠤ ᠮᠠᠲ᠋ᠧᠷᠢᠶᠠᠯ ᠢ ᠬᠡᠷᠡᠭᠯᠡᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ | ᠬᠢᠴᠢᠶᠡᠯᠯᠡᠬᠦ ᠶᠢᠨ ᠤᠯᠠᠮ ᠠᠴᠠ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠳᠤᠨ ᠤ ᠭᠤᠷᠪᠠᠨ ᠲᠦᠷᠦᠯ ᠤᠨ | ᠬᠢᠴᠢᠶᠡᠯ ᠤᠨ ᠨᠢᠭᠡᠳᠦᠯᠳᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠨᠡᠶᠢᠳᠡᠮ ᠳᠤᠨᠢ ᠪᠦᠷᠭᠦᠭᠦᠯᠭᠦ ᠶᠢ | ᠪᠡᠶᠡᠯᠡᠭᠦᠯᠦᠨ᠎ᠡ᠃ ᠡᠨᠡᠬᠦ ᠰᠢᠢᠳᠪᠦᠷᠢᠲᠦ ᠪᠤᠳᠤᠯᠭ᠎ᠠ ᠳᠤ ᠦᠪᠡᠷᠳᠡᠭᠡᠨ ᠵᠠᠰᠠᠬᠤ ᠤᠷᠤᠨ ᠤ ᠠᠵᠢᠯ ᠤᠨ ᠪᠤᠳᠠᠳᠤ | ᠪᠠᠶᠢᠳᠠᠯ ᠢ ᠪᠤᠳᠤᠯᠬᠢᠯᠠᠭᠰᠠᠨ ᠤ ᠬᠠᠮᠳᠤ᠂ ᠨᠠᠮ ᠪᠠ ᠤᠯᠤᠰ ᠠᠴᠠ ᠮᠠᠨ ᠤ ᠤᠷᠤᠨ ᠢ ᠰᠡᠳᠬᠢᠯ ᠲᠠᠯᠪᠢᠨ ᠬᠠᠯᠠᠮᠵᠢᠯᠠᠵᠤ | ᠪᠠᠶᠢᠬᠤ ᠶᠢ ᠬᠦᠢᠴᠡᠳ ᠢᠯᠡᠷᠡᠭᠦᠯᠦᠭᠰᠡᠨ ᠪᠠᠶᠢᠨ᠎ᠠ᠃ ᠡᠭᠦᠨ ᠢ ᠦᠨᠳᠤᠰᠦᠯᠡᠨ᠂ ᠦᠪᠡᠷᠳᠡᠭᠡᠨ ᠵᠠᠰᠠᠬᠤ ᠤᠷᠤᠨ ᠤ | ᠵᠠᠰᠠᠭ ᠤᠨ ᠤᠷᠳᠤᠨ ᠤ ᠵᠦᠪᠰᠢᠶᠡᠷᠡᠯ ᠢᠶᠠᠷ ᠰᠤᠷᠭᠠᠨ ᠬᠦᠮᠦᠵᠢᠯ ᠤᠨ ᠲᠢᠩᠬᠢᠮ ᠠᠴᠠ ︽ᠪᠦᠬᠦ ᠤᠷᠤᠨ ᠤ | ᠦᠨᠳᠦᠰᠦᠳᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠶᠢᠨ ᠪᠠᠭ᠎ᠠ ᠰᠤᠷᠭᠠᠭᠤᠯᠢ ᠶᠢᠨ ᠨᠢᠭᠡᠳᠦᠭᠡᠷ ᠤᠨ | ᠬᠢᠭᠡᠳ ᠠᠩᠬ᠎ᠠ ᠵᠡᠷᠭᠡ ᠶᠢᠨ ᠲᠤᠮᠲᠠᠳᠤ ᠰᠣᠷᠭᠠᠭᠤᠯᠢ ᠶᠢᠨ ᠨᠢᠭᠡᠳᠦᠭᠡᠷ ᠤᠨ ᠳᠤ ᠤᠯᠤᠰ ᠤᠨ ᠨᠢᠭᠡᠳᠦᠯᠳᠡᠢ | ᠨᠠᠶᠢᠷᠠᠭᠤᠯᠤᠭᠰᠠᠨ ︿ᠬᠡᠯᠡ ᠪᠢᠴᠢᠭ﹀ ᠤᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢᠨ ᠬᠡᠷᠡᠭᠵᠢᠭᠦᠯᠬᠦ ᠲᠦᠰᠦᠯ︾ ᠢ | ᠲᠤᠭᠲᠠᠭᠠᠵᠤ ᠲᠠᠷᠦᠮᠠᠯᠯᠠᠨ ᠲᠠᠷᠬᠠᠭᠠᠪᠠ᠃ ᠡᠨᠡ ᠪᠣᠯ ᠣᠯᠣᠰ ᠪᠠ ᠦᠪᠡᠷᠲᠡᠭᠡᠨ ᠵᠠᠰᠠᠬᠤ ᠣᠷᠣᠨ ᠠᠴᠠ ᠰᠣᠷᠭᠠᠨ | ᠬᠦᠮᠦᠵᠢᠯ ᠤᠨ ᠠᠵᠢᠯ ᠳᠤ ᠬᠢᠭᠰᠡᠨ ᠴᠢᠬᠤᠯᠠ ᠲᠣᠬᠢᠷᠠᠭᠤᠯᠣᠯᠲᠠ ᠪᠣᠯᠬᠤ ᠶᠣᠮ᠃ ᠵᠢᠭᠠᠬᠤ ᠮᠠᠲ᠋ᠧᠷᠢᠶᠠᠯ ᠪᠣᠯ ᠨᠠᠮ | ᠪᠠ ᠲᠦᠷᠦ ᠶᠢᠨ ᠵᠤᠷᠢᠯᠲᠠ ᠶᠢ ᠢᠯᠡᠷᠡᠭᠦᠯᠦᠨ᠂ ᠠᠷᠠᠳ ᠲᠦᠮᠡᠨ ᠤ ᠴᠢᠬᠤᠯᠠ ᠶᠡᠭᠡ ᠠᠩᠬᠠᠷᠣᠯ ᠢ ᠳᠣᠰᠬᠠᠵᠣ᠂ | ᠳᠣᠮᠳᠠᠳᠣ ᠶᠢᠨ ᠰᠢᠯᠢᠳᠡᠭ ᠰᠣᠶᠣᠯ ᠪᠠ ᠬᠦᠮᠦᠨ ᠲᠦᠷᠦᠯᠬᠢᠲᠡᠨ ᠤ ᠪᠣᠯᠪᠠᠰᠣᠨ ᠤ ᠲᠠᠪᠰᠢᠯᠲᠠ ᠶᠢᠨ ᠦᠷ᠎ᠡ | ᠪᠦᠳᠦᠮᠵᠢ ᠶᠢ ᠣᠯᠠᠮᠵᠢᠯᠡᠨ ᠵᠠᠯᠭᠠᠮᠵᠢᠯᠠᠭᠤᠯᠵᠦ᠂ ᠶᠠᠮᠠᠷ ᠬᠦᠮᠦᠨ ᠬᠦᠮᠦᠵᠢᠭᠦᠯᠬᠦ᠂ ᠶᠠᠭᠠᠬᠢᠵᠤ ᠬᠦᠮᠦᠨ ᠬᠦᠮᠦᠵᠢᠭᠦᠯᠬᠦ᠂ | ᠬᠡᠨ ᠤ ᠲᠦᠯᠦᠭᠡ ᠬᠦᠮᠦᠨ ᠬᠦᠮᠦᠵᠢᠬᠦᠯᠬᠦ ᠭᠡᠳᠡᠭ ᠡᠨᠡᠬᠦ ᠦᠨᠳᠦᠰᠦᠨ ᠠᠰᠠᠭᠤᠳᠠᠯ ᠤᠨ ᠴᠢᠬᠤᠯᠠ ᠠᠴᠢᠶᠠᠯᠠᠪᠦᠷᠢ | ᠪᠠᠶᠢᠵᠦ᠂ ᠨᠠᠮ ᠤᠨ ᠰᠣᠷᠭᠠᠨ ᠬᠦᠮᠦᠵᠢᠯ ᠤᠨ ᠴᠢᠭᠯᠡᠯᠲᠡ ᠶᠢ ᠨᠠᠶᠢᠳᠠᠪᠣᠷᠢᠵᠢᠭᠤᠯᠬᠤ ᠪᠠ ᠰᠣᠷᠭᠠᠨ ᠬᠦᠮᠦᠵᠢᠯ ᠤᠨ | ᠬᠠᠷᠠᠯᠲᠠ ᠶᠢ ᠪᠡᠶᠡᠯᠡᠭᠦᠯᠬᠦ ᠲᠠᠢ ᠰᠢᠭᠤᠳ ᠬᠤᠯᠪᠣᠭᠳᠠᠬᠤ ᠶᠣᠮ᠃ ᠦᠨᠳᠦᠰᠦᠲᠡᠨ ᠤ ᠬᠡᠯᠡ ᠪᠠᠷ ᠬᠢᠴᠢᠶᠡᠯᠯᠡᠵᠦ | ᠪᠠᠶᠢᠭ᠎ᠠ ᠳᠣᠮᠳᠠᠳᠣ ᠪᠠᠭ᠎ᠠ ᠰᠣᠷᠭᠠᠭᠤᠯᠢ ᠳᠤ ᠨᠢᠭᠡᠳᠦᠯᠲᠡᠢ ᠨᠠᠶᠢᠷᠠᠭᠤᠯᠤᠬᠰᠠᠨ ︽ᠬᠡᠯᠡ ᠪᠢᠴᠢᠭ︾ ᠤᠨ ᠵᠢᠭᠠᠬᠤ | ᠮᠠᠲ᠋ᠧᠷᠢᠶᠠᠯ ᠢ ᠬᠡᠷᠡᠭᠯᠡᠭᠦᠯᠬᠦ ᠪᠣᠯ ᠨᠠᠮ ᠤᠨ ᠲᠦᠪ ᠬᠤᠷᠢᠶ᠎ᠠ ᠠᠴᠠ ᠭᠠᠷᠭᠠᠭᠰᠠᠨ ᠦᠨᠳᠦᠰᠦᠲᠡᠨ ᠤ ᠭᠠᠵᠠᠷ ᠣᠷᠣᠨ ᠳᠤ | ᠣᠯᠣᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠣᠷᠭᠠᠨ ᠬᠦᠮᠦᠵᠢᠯ ᠢ ᠴᠢᠩᠭᠠᠳᠬᠠᠬᠤ | ᠲᠠᠯ᠎ᠠ ᠪᠠᠷ ᠬᠢ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠣᠯᠲᠠ ᠮᠦᠨ᠂ ᠣᠯᠣᠰ ᠤᠨ ᠵᠢᠭᠠᠬᠤ | ᠮᠠᠲ᠋ᠧᠷᠢᠶᠠᠯ ᠢ ᠬᠡᠷᠡᠭᠯᠡᠵᠦ ᠬᠠᠮᠢᠶᠠᠷᠬᠤ ᠳᠤ ᠠᠪᠤᠭᠰᠠᠨ ᠴᠢᠬᠤᠯᠠ ᠶᠡᠭᠡ ᠦᠭᠡᠷᠡᠴᠢᠯᠡᠯᠲᠡ ᠶᠢᠨ ᠠᠷᠭ᠎ᠠ ᠪᠠᠷᠢᠯ ᠮᠦᠨ᠂ | ᠦᠨᠳᠦᠰᠦᠲᠡᠨ ᠤ ᠰᠣᠷᠭᠠᠭᠤᠯᠢ ᠨᠤᠭᠤᠳ ᠲᠤ ᠣᠯᠣᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ | ᠬᠡᠷᠡᠭᠯᠡᠭᠡᠨ ᠤ ᠬᠢᠷᠢ ᠲᠦᠪᠰᠢᠨ ᠢ ᠲᠠᠰᠣᠷᠠᠯᠲᠠ ᠦᠭᠡᠢ ᠲᠡᠭᠡᠭᠰᠢᠯᠡᠭᠦᠯᠵᠦ᠂ ᠦᠨᠳᠦᠰᠦᠲᠡᠨ ᠤ ᠰᠣᠷᠭᠠᠨ ᠬᠦᠮᠦᠵᠢᠯ ᠢ | ᠦᠨᠳᠦᠷ ᠴᠢᠨᠠᠷ ᠴᠢᠨᠰᠠᠭ᠎ᠠ ᠲᠠᠢ ᠬᠦᠭᠵᠢᠭᠦ ᠶᠢ ᠠᠬᠢᠭᠤᠯᠬᠤ ᠲᠦᠷᠢᠮ ᠤᠨ ᠲᠣᠬᠢᠷᠠᠭᠤᠯᠣᠯᠲᠠ ᠮᠦᠷᠲᠡᠭᠡᠨ | ᠦᠨᠳᠦᠰᠦᠲᠡᠨ ᠤ ᠭᠠᠵᠠᠷ ᠣᠷᠣᠨ ᠤ ᠦᠷᠭᠡᠨ ᠣᠯᠠᠨ ᠲᠦᠮᠡᠨ ᠪᠠ ᠰᠣᠷᠣᠭᠴᠢᠳ ᠤᠨ ᠪᠤᠳᠠᠳᠤ ᠱᠠᠭᠠᠷᠳᠠᠯᠭ᠎ᠠ ᠮᠦᠨ | ᠃ ᠣᠯᠣᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠣᠷᠭᠠᠨ ᠬᠦᠮᠦᠵᠢᠯ ᠪᠠ ᠵᠢᠭᠠᠬᠤ | ᠮᠠᠲ᠋ᠧᠷᠢᠶᠠᠯ ᠤᠨ ᠪᠠᠶᠢᠭᠤᠯᠣᠯᠲᠠ ᠶᠢ ᠬᠦᠴᠦᠲᠡᠢ ᠠᠬᠢᠭᠤᠯᠬᠤ ᠨᠢ ᠦᠨᠳᠦᠰᠦᠲᠡᠨ ᠤ ᠭᠠᠵᠠᠷ ᠣᠷᠣᠨ ᠤ ᠣᠯᠠᠨ | ᠲᠦᠮᠡᠨ ᠳᠤ ᠨᠠᠩ ᠭᠤᠣᠯᠴᠢ᠂ ᠨᠡᠩ ᠴᠢᠨᠠᠷᠵᠢᠭᠤᠨ ᠰᠣᠷᠭᠠᠨ ᠬᠦᠮᠦᠵᠢᠯ ᠬᠦᠷᠲᠡᠭᠡᠬᠦ ᠳᠤ ᠠᠰᠢᠭᠲᠠᠢ ᠪᠦᠭᠡᠳ | ᠴᠢᠬᠤᠯᠠ ᠶᠡᠭᠡ ᠪᠠᠶᠢᠯᠳᠣᠬᠤ ᠪᠣᠳᠣᠯᠭ᠎ᠠ ᠶᠢᠨ ᠠᠴᠢ ᠬᠤᠯᠪᠣᠭᠳᠠᠯ ᠪᠠ ᠠᠯᠣᠰ ᠬᠡᠳᠦ ᠶᠢᠨ ᠲᠡᠣᠬᠡᠳᠦ ᠠᠴᠢ | ᠬᠤᠯᠪᠣᠭᠳᠠᠯ ᠲᠠᠢ ᠶᠣᠮ᠃ | 2. ᠮᠠᠨ ᠤ ᠤᠷᠤᠨ ᠳᠠᠬᠢ ᠤᠳᠤᠬᠠᠨ ᠤ ᠬᠤᠤᠰ ᠬᠡᠯᠡᠨ ᠤ ᠵᠢᠭᠠᠨ ᠰᠤᠷᠭᠠᠯᠲᠠ ᠶᠢᠨ ᠰᠢᠰᠲ᠋ᠧᠮ ᠢ | ᠦᠭᠡᠷᠡᠴᠢᠯᠡᠭᠦ ᠦᠦ︖ ᠮᠤᠩᠭᠤᠯ ᠬᠡᠯᠡ ᠪᠢᠴᠢᠭ ᠤᠨ ᠬᠢᠴᠢᠶᠡᠯ ᠢ ᠬᠠᠰᠤᠬᠤ ᠦᠦ︖ 2020 ᠣᠨ ᠤ ᠨᠠᠮᠣᠷ ᠤᠨ | ᠣᠯᠠᠷᠢᠯ ᠤᠨ ᠰᠣᠷᠣᠯᠭ᠎ᠠ ᠶᠢᠨ ᠬᠤᠭᠤᠴᠠᠭ᠎ᠠ ᠠᠴᠠ ᠡᠬᠢᠯᠡᠨ᠂ ᠪᠦᠬᠦ ᠣᠷᠣᠨ ᠤ ᠦᠨᠳᠦᠰᠦᠲᠡᠨ ᠤ ᠬᠡᠯᠡ ᠪᠠᠷ | ᠬᠢᠴᠢᠶᠡᠯᠯᠡᠳᠡᠭ ᠰᠣᠷᠭᠠᠭᠤᠯᠢ ᠨᠤᠭᠤᠳ ᠤᠨ ᠪᠠᠭ᠎ᠠ ᠰᠤᠷᠭᠠᠭᠤᠯᠢ ᠶᠢᠨ ᠨᠢᠭᠡᠳᠦᠭᠡᠷ ᠣᠨ ᠪᠠ ᠠᠩᠬ᠎ᠠ ᠵᠡᠷᠭᠡ ᠶᠢᠨ | ᠳᠣᠮᠳᠠᠳᠦ ᠰᠣᠷᠭᠠᠭᠤᠯᠢ ᠶᠢᠨ ᠨᠢᠭᠡᠳᠦᠭᠡᠷ ᠣᠨ ᠠᠴᠠ ᠡᠬᠢᠯᠡᠨ ᠣᠯᠣᠰ ᠤᠨ ᠨᠢᠭᠡᠳᠦᠯᠲᠡᠢ ᠨᠠᠶᠢᠷᠠᠭᠤᠯᠤᠬᠰᠠᠨ ︽ᠬᠡᠯᠡ | ᠪᠢᠴᠢᠭ︾ ᠤᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢᠨ ᠬᠠᠮᠲᠦ᠂ ᠣᠯᠣᠰ ᠤᠨ ᠨᠡᠶᠢᠳᠡᠮ ᠬᠡᠷᠡᠭᠯᠡᠬᠦ ᠦᠭᠡ ᠬᠡᠯᠡ | ᠦᠰᠦᠭ ᠪᠢᠴᠢᠭ ᠢᠶᠠᠷ ᠬᠢᠴᠢᠶᠡᠯᠯᠡᠭᠦᠯᠦᠨᠡ᠃ ᠦᠩᠭᠡᠷᠡᠭᠰᠡᠨ ᠵᠢᠯ ᠤᠳ ᠲᠠᠢ ᠠᠳᠠᠯᠢᠳᠬᠠᠪᠠᠯ᠂ ᠤᠤᠯ ᠤᠨ ᠪᠠᠭ᠎ᠠ | ᠰᠣᠷᠭᠠᠭᠤᠯᠢ ᠶᠢᠨ ᠬᠤᠶᠠᠳᠣᠭᠠᠷ ᠣᠨ ᠠᠴᠠ ᠡᠬᠢᠯᠠᠨ ᠵᠢᠭᠠᠵᠤ ᠪᠠᠶᠢᠭᠰᠠᠨ ︽ᠬᠢᠳᠠᠳ ᠬᠡᠯᠡᠨ︾ ᠤ ᠬᠢᠴᠢᠶᠡᠯ ᠢ ᠪᠠᠭ᠎ᠠ | ᠰᠣᠷᠭᠠᠭᠤᠯᠢ ᠶᠢᠨ ᠨᠢᠭᠡᠳᠦᠭᠡᠷ ᠣᠨ ᠠᠴᠠ ᠡᠬᠢᠯᠡᠨ ᠣᠯᠣᠰ ᠤᠨ ᠨᠢᠭᠡᠳᠦᠯᠲᠠᠢ ᠨᠠᠶᠢᠷᠠᠭᠤᠯᠣᠭᠰᠠᠨ ︽ᠬᠡᠯᠡ ᠪᠢᠴᠢᠭ︾ | ᠤᠨ ᠬᠢᠴᠢᠶᠡᠯ ᠪᠣᠯᠭᠠᠨ ᠦᠭᠡᠷᠡᠴᠢᠯᠡᠵᠦ᠂ ᠠᠩᠬ᠎ᠠ ᠵᠡᠷᠭᠡ ᠶᠢᠨ ᠳᠣᠮᠳᠠᠳᠦ ᠰᠣᠷᠭᠠᠭᠤᠯᠢ ᠶᠢᠨ ᠨᠢᠭᠡᠳᠦᠭᠡᠷ ᠣᠨ ᠤ | ᠣᠣᠯ ᠤᠨ ︽ᠬᠢᠳᠡᠳ ᠬᠡᠯᠡᠨ︾ ᠤ ᠬᠢᠴᠢᠶᠡᠯ ᠢ ᠣᠯᠣᠰ ᠤᠨ ᠨᠢᠭᠡᠳᠦᠯᠲᠠᠢ ᠨᠠᠶᠢᠷᠠᠭᠤᠯᠣᠭᠰᠠᠨ ︽ᠬᠡᠯᠡ ᠪᠢᠴᠢᠭ︾ | ᠤᠨ ᠬᠢᠴᠢᠶᠡᠯ ᠢᠶᠠᠷ ᠦᠭᠡᠷᠡᠴᠢᠯᠡᠨ᠎ᠡ᠃ ᠪᠣᠰᠣᠳ ᠬᠢᠴᠢᠶᠡᠯ ᠲᠦᠷᠦᠯ ᠪᠠ ᠪᠣᠰᠣᠳ ᠣᠨ ᠨᠤᠭᠤᠳ ᠤᠨ | ᠬᠢᠴᠢᠶᠡᠯ ᠤᠨ ᠲᠣᠬᠢᠷᠠᠭᠤᠯᠣᠯᠲᠠ ᠶᠢ ᠬᠤᠪᠢᠷᠠᠭᠠᠬᠤ ᠦᠭᠡᠢ᠂ ᠬᠡᠷᠡᠭᠯᠡᠵᠦ ᠪᠠᠶᠢᠭ᠎ᠠ ᠵᠢᠭᠠᠬᠤ ᠮᠠᠲ᠋ᠧᠷᠢᠶᠠᠯ ᠢ | ᠬᠤᠪᠢᠷᠠᠭᠤᠯᠬᠤ ᠦᠭᠡᠢ᠂ ᠬᠢᠴᠢᠶᠡᠯᠯᠡᠵᠦ ᠵᠢᠭᠠᠬᠤ ᠦᠭᠡ ᠬᠡᠯᠡ ᠦᠰᠦᠭ ᠪᠢᠴᠢᠭ ᠢ ᠬᠤᠪᠢᠷᠠᠭᠠᠬᠤ ᠦᠭᠡᠢ᠂ | ᠮᠣᠩᠭᠤᠯ ᠬᠡᠯᠡ ᠪᠢᠴᠢᠭ᠂ ᠰᠣᠯᠣᠩᠭᠤᠰ ᠬᠡᠯᠡ ᠪᠢᠴᠢᠭ ᠤᠨ ᠬᠢᠴᠢᠶᠡᠯ ᠤᠨ ᠴᠠᠭ ᠢ ᠬᠤᠪᠢᠷᠠᠭᠤᠯᠬᠤ ᠦᠭᠡᠢ᠃ | ᠭᠤᠷᠪᠠᠨ ᠲᠦᠷᠦᠯ ᠤᠨ ᠨᠢᠭᠡᠳᠦᠯᠳᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠡᠯ ᠢ ᠪᠦᠭᠦ ᠲᠠᠯ᠎ᠠ ᠪᠠᠷ | ᠲᠡᠯᠭᠡᠷᠡᠭᠦᠯᠦᠭᠰᠡᠨ ᠤ ᠲᠠᠷᠠᠭ᠎ᠠ᠂ ᠦᠨᠳᠦᠰᠦᠳᠡᠨ ᠤ ᠬᠡᠯᠡ ᠪᠠᠷ ᠬᠢᠴᠢᠶᠡᠯᠯᠡᠳᠡᠭ ᠲᠤᠮᠲᠠᠳᠤ ᠪᠠᠭ᠎ᠠ ᠰᠤᠷᠭᠠᠭᠤᠯᠢ ᠶᠢᠨ | ᠪᠤᠰᠤᠳ ᠬᠢᠴᠢᠶᠡᠯ ᠲᠦᠷᠦᠯ ᠤᠨ ᠬᠢᠴᠢᠶᠡᠯ ᠤᠨ ᠲᠤᠬᠢᠷᠠᠭᠤᠯᠤᠯᠲᠠ ᠶᠢ ᠬᠤᠪᠢᠷᠠᠭᠠᠬᠤ ᠦᠭᠡᠢ᠂ ᠬᠡᠷᠡᠭᠯᠡᠵᠤ ᠪᠠᠶᠢᠭ᠎ᠠ | ᠵᠢᠭᠠᠬᠤ ᠮᠠᠲ᠋ᠧᠷᠢᠶᠠᠯ ᠢ ᠬᠤᠪᠢᠷᠠᠭᠠᠬᠤ ᠦᠭᠡᠢ᠂ ᠬᠢᠴᠢᠶᠡᠯᠯᠡᠭᠡ ᠶᠢᠨ ᠦᠭᠡ ᠬᠡᠯᠡ ᠦᠰᠦᠭ ᠪᠢᠴᠢᠭ ᠢ ᠬᠤᠪᠢᠷᠠᠭᠤᠯᠬᠤ | ᠦᠭᠡᠢ᠂ ᠮᠤᠩᠭᠤᠯ ᠬᠡᠯᠡ ᠪᠢᠴᠢᠭ᠂ ᠰᠤᠯᠤᠩᠭᠤᠰ ᠬᠡᠯᠡ ᠪᠢᠴᠢᠭ ᠤᠨ ᠬᠢᠴᠢᠶᠡᠯ ᠤᠨ ᠴᠠᠭ ᠢ ᠬᠤᠪᠢᠷᠠᠭᠤᠯᠬᠤ ᠦᠭᠡᠢ | ᠶᠣᠮ᠃ ᠡᠶᠢᠮᠦ ᠠᠴᠠ ᠤᠳᠤᠬᠠᠨ ᠤ ᠬᠤᠤᠰ ᠬᠡᠯᠡᠨ ᠤ ᠰᠤᠷᠭᠠᠨ ᠬᠦᠮᠦᠵᠢᠯ ᠤᠨ ᠰᠢᠰᠲ᠋ᠧᠮ ᠢ ᠬᠤᠪᠢᠷᠠᠭᠤᠯᠤᠭᠰᠠᠨ | ᠪᠢᠰᠢ ᠶᠤᠮ᠃ | 3. ᠨᠢᠭᠡᠳᠦᠯᠲᠠᠢ ᠨᠠᠶᠢᠷᠠᠭᠤᠯᠣᠭᠰᠠᠨ ︽ᠬᠡᠯᠡ ᠪᠢᠴᠢᠭ︾ ᠤᠨ ᠵᠢᠭᠠᠬᠤ ᠮᠠᠲ᠋ᠧᠷᠢᠶᠠᠯ ᠢ ᠬᠡᠷᠡᠭᠯᠡᠬᠦ ᠨᠢ | ᠰᠣᠷᠣᠭᠴᠢᠳ ᠲᠤ ᠰᠠᠶᠢᠨ ᠲᠠᠢ ᠤᠤ︖ ᠶᠡᠷᠦᠩᠬᠡᠢ ᠱᠦᠵᠢ ᠰᠢ ᠶᠢᠨ ᠫᠢᠩ ᠠᠴᠠ ᠬᠡᠯᠡᠨ ᠤ ᠨᠡᠪᠲᠡᠷᠡᠯᠴᠡᠭᠡ ᠪᠣᠯ | ᠬᠦᠮᠦᠨ ᠬᠦᠮᠦᠨ ᠤ ᠬᠤᠭᠤᠷᠣᠨᠳᠦᠬᠢ ᠬᠠᠷᠢᠯᠴᠠᠭᠠᠨ ᠤ ᠴᠢᠬᠤᠯᠠ ᠭᠤᠭᠴᠤᠭ᠎ᠠ ᠪᠣᠯᠬᠤ ᠶᠣᠮ᠂ ᠦᠭᠡ ᠬᠡᠯᠡ | ᠨᠡᠪᠲᠡᠷᠡᠯᠴᠡᠬᠦ ᠦᠭᠡᠢ ᠳᠤ ᠬᠦᠷᠪᠡᠯ ᠬᠠᠷᠢᠯᠴᠠᠨ ᠮᠡᠳᠡᠯᠴᠡᠬᠦ ᠳᠤ ᠪᠡᠷᠬᠡᠲᠡᠢ᠂ ᠨᠡᠪᠲᠡᠷᠡᠯᠴᠡᠵᠦ ᠮᠡᠳᠡᠯᠴᠡᠬᠦ ᠦᠭᠡᠢ ᠳᠤ | ᠬᠦᠷᠪᠡᠯ ᠣᠶᠢᠯᠠᠭᠠᠯᠴᠠᠭ᠎ᠠ ᠪᠠᠨ ᠣᠯᠬᠤ ᠳᠤ ᠲᠦᠪᠡᠭᠲᠡᠢ ᠪᠣᠯᠬᠤ ᠲᠣᠯᠠ ᠮᠡᠳᠡᠷᠡᠮᠵᠢ ᠶᠢ ᠪᠣᠢ ᠪᠣᠯᠭᠠᠬᠤ ᠳᠤ ᠪᠡᠷᠬᠡᠲᠡᠬᠦ | ᠶᠣᠮ ᠭᠡᠵᠦ ᠴᠢᠬᠤᠯᠠᠴᠢᠯᠠᠪᠠ᠃ ᠴᠦᠬᠡᠨ ᠲᠣᠭᠠᠳᠦ ᠦᠨᠳᠦᠰᠦᠲᠡᠨ ᠤ ᠰᠣᠷᠣᠭᠴᠢᠳ ᠨᠢ ᠣᠯᠣᠰ ᠤᠨ ᠨᠡᠶᠢᠳᠡᠮ | ᠬᠡᠷᠡᠭᠯᠡᠬᠦ ᠦᠭᠡ ᠬᠡᠯᠡ ᠶᠢ ᠰᠠᠶᠢᠳᠦᠷ ᠰᠣᠷᠬᠤ ᠨᠢ ᠠᠵᠢᠯ ᠣᠯᠬᠤ᠂ ᠣᠳᠣ ᠦᠶ᠎ᠡ ᠶᠢᠨ ᠰᠢᠨᠵᠢᠯᠡᠬᠦ ᠣᠬᠠᠭᠠᠨ | ᠰᠣᠶᠣᠯ ᠤᠨ ᠮᠡᠳᠡᠯᠭᠡ ᠶᠢ ᠬᠦᠯᠢᠶᠡᠨ ᠠᠪᠬᠤ᠂ ᠨᠡᠶᠢᠭᠡᠮ ᠨᠡᠶᠢᠲᠡ ᠲᠠᠢ ᠠᠭᠤᠰᠣᠯᠴᠠᠬᠤ ᠳᠤ ᠴᠦᠮ ᠠᠰᠢᠭᠲᠠᠢ | ᠪᠠᠶᠢᠳᠠᠭ ᠶᠣᠮ᠃ ᠣᠯᠣᠰ ᠤᠨ ᠨᠢᠭᠡᠳᠦᠯᠲᠡᠢ ᠨᠠᠶᠢᠷᠠᠭᠤᠯᠣᠭᠰᠠᠨ ︽ᠬᠡᠯᠡ ᠪᠢᠴᠢᠭ︾ ᠤᠨ ᠵᠢᠭᠠᠬᠤ ᠮᠠᠲ᠋ᠧᠷᠢᠶᠠᠯ ᠨᠢ | ᠬᠡᠯᠡ ᠪᠢᠴᠢᠭ ᠤᠨ ᠬᠢᠴᠢᠶᠡᠯ ᠤᠨ ᠦᠭᠡᠷᠡᠴᠢᠯᠡᠯᠲᠡ ᠶᠢᠨ ᠰᠢᠯᠢᠳᠡᠭ ᠦᠷ᠎ᠡ ᠪᠦᠳᠦᠭᠡᠯ ᠢ ᠳ᠋ᠦᠩᠨᠡᠭᠰᠡᠨ ᠤ ᠬᠠᠮᠲᠦ | ᠰᠢᠩᠭᠡᠭᠡᠨ ᠠᠪᠴᠦ᠂ ᠬᠢᠴᠢᠶᠡᠯ ᠤᠨ ᠦᠭᠡᠷᠡᠴᠢᠯᠡᠯᠲᠡ ᠶᠢᠨ ᠲᠠᠪᠰᠢᠩᠭᠤᠢ ᠤᠢᠢᠯᠠᠭᠠᠭᠳᠠᠬᠤᠨ ᠪᠠ ᠪᠦᠳᠦᠮᠵᠢᠲᠡᠢ | ᠲᠣᠷᠰᠢᠯᠭ᠎ᠠ ᠶᠢ ᠰᠢᠭᠰᠢᠨ ᠲᠣᠩᠭᠠᠭᠠᠵᠦ᠂ ᠰᠣᠷᠣᠭᠴᠢᠳ ᠤᠨ ᠰᠢᠨ᠎ᠡ ᠡᠭᠦᠳᠦᠯᠲᠡ ᠶᠢᠨ ᠵᠣᠷᠢᠭ ᠰᠠᠨᠠᠭ᠎ᠠ ᠪᠣᠯᠣᠨ | ᠦᠢᠯᠡᠳᠦᠯᠭᠡ ᠶᠢᠨ ᠴᠢᠳᠠᠪᠦᠷᠢ ᠶᠢ ᠬᠦᠮᠦᠵᠢᠭᠦᠯᠬᠦ ᠶᠢ ᠠᠩᠬᠠᠷᠤᠨ ᠴᠢᠬᠤᠯᠠᠴᠢᠯᠠᠵᠤ᠂ ᠪᠡᠶ᠎ᠡ ᠪᠠᠨ ᠳᠠᠭᠠᠭᠠᠬᠤ᠂ | ᠬᠠᠪᠰᠣᠷᠣᠯᠴᠠᠬᠤ᠂ ᠬᠠᠶᠢᠨ ᠰᠦᠪᠡᠭᠴᠢᠯᠡᠵᠦ ᠰᠣᠷᠣᠯᠴᠠᠬᠤ ᠠᠷᠭ᠎ᠠ ᠬᠡᠯᠪᠡᠷᠢ ᠶᠢ ᠰᠠᠨᠠᠭᠠᠴᠢᠯᠠᠨ ᠰᠡᠳᠦᠵᠦ᠂ ᠦᠭᠡ | ᠬᠡᠯᠡ ᠦᠰᠦᠭ ᠪᠢᠴᠢᠭ ᠤᠨ ᠬᠡᠷᠡᠭᠯᠡᠯᠲᠡ ᠶᠢ ᠴᠢᠨᠠᠭᠰᠢᠲᠠ ᠴᠢᠩᠭᠠᠳᠬᠠᠨ᠂ ᠬᠡᠯᠡ ᠪᠢᠴᠢᠭ ᠪᠠ ᠠᠮᠢᠳᠦᠷᠠᠯ ᠤᠨ | ᠣᠶᠠᠯᠳᠤᠭ᠎ᠠ ᠶᠢ ᠴᠢᠩᠭᠠᠳᠬᠠᠵᠤ᠂ ᠰᠣᠷᠣᠭᠴᠢᠳ ᠤᠨ ᠬᠡᠯᠡ ᠪᠢᠴᠢᠭ ᠤᠨ ᠬᠡᠪ ᠪᠣᠯᠪᠠᠰᠣᠷᠠᠯ ᠢ ᠲᠡᠭᠡᠭᠰᠢᠯᠡᠭᠦᠯᠬᠦ ᠪᠠᠷ | ᠵᠤᠷᠢᠭᠰᠠᠨ ᠶᠤᠮ᠃ ᠣᠯᠣᠰ ᠤᠨ ᠨᠢᠭᠡᠳᠦᠯᠲᠡᠢ ᠨᠠᠶᠢᠷᠠᠭᠤᠯᠣᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠨᠢ | ᠦᠨᠳᠦᠰᠦᠲᠡᠨ ᠤ ᠬᠡᠯᠡ ᠪᠠᠷ ᠬᠢᠴᠢᠶᠡᠯᠯᠡᠳᠡᠭ ᠰᠣᠷᠣᠭᠴᠢᠳ ᠬᠢᠭᠡᠳ ᠪᠣᠰᠣᠳ ᠦᠨᠳᠦᠰᠦᠲᠡᠨ ᠨᠦᠭᠦᠳ ᠤᠨ | ᠰᠣᠷᠣᠭᠴᠢᠳ ᠤᠨ ᠰᠣᠯᠢᠯᠴᠠᠭ᠎ᠠ᠂ ᠬᠠᠷᠢᠯᠴᠠᠭ᠎ᠠ᠂ ᠠᠭᠤᠰᠣᠯᠴᠠᠭ᠎ᠠ ᠶᠢ ᠠᠬᠢᠭᠤᠯᠬᠤ ᠪᠠ ᠬᠤᠶᠢᠰᠢᠲᠡ ᠶᠢᠨ ᠬᠤᠪᠢ | ᠪᠡᠶ᠎ᠡ ᠶᠢᠨ ᠬᠢᠨᠢ ᠦᠰᠦᠯᠲᠡ ᠪᠤᠶᠢᠵᠢᠯᠲᠠ ᠪᠤᠯᠤᠨ ᠰᠣᠷᠭᠠᠭᠤᠯᠢ ᠳᠤ ᠲᠠᠪᠰᠢᠵᠦ ᠠᠵᠢᠯ ᠣᠯᠬᠤ ᠠᠷᠭ᠎ᠠ ᠵᠠᠮ ᠢ ᠨᠢ | ᠦᠷᠭᠡᠳᠭᠡᠬᠦ ᠳᠤ ᠠᠰᠢᠭᠲᠠᠢ ᠪᠠᠶᠢᠳᠠᠭ ᠶᠣᠮ᠃ | 4. ᠣᠯᠣᠰ ᠤᠨ ᠨᠢᠭᠡᠳᠦᠯᠲᠡᠢ ᠨᠠᠶᠢᠷᠠᠭᠤᠯᠣᠭᠰᠠᠨ ︽ᠬᠡᠯᠡ ᠪᠢᠴᠢᠭ︾ ᠤᠨ ᠵᠢᠭᠠᠬᠤ ᠮᠠᠲ᠋ᠧᠷᠢᠶᠠᠯ ᠨᠢ | ᠰᠣᠷᠣᠭᠴᠢᠳ ᠤᠨ ᠬᠢᠴᠢᠶᠡᠯ ᠤᠨ ᠲᠠᠷᠦᠭᠠᠰᠦ ᠶᠢ ᠬᠦᠨᠳᠦᠷᠠᠭᠦᠯᠦᠭᠰᠡᠨ ᠤᠤ︖ ᠣᠯᠣᠰ ᠤᠨ ᠨᠢᠭᠡᠳᠦᠯᠲᠡᠢ | ᠱᠠᠭᠠᠷᠳᠠᠯᠭ᠎ᠠ ᠪᠠᠷ᠂ ᠠᠯᠪᠠᠨ ᠵᠢᠷᠦᠮ ᠤᠨ ᠰᠣᠷᠭᠠᠨ ᠬᠦᠮᠦᠵᠢᠯ ᠤᠨ ᠱᠠᠳᠣᠨ ᠳᠤ ᠣᠯᠣᠰ ᠤᠨ ᠬᠢᠴᠢᠶᠡᠯ᠂ ᠣᠷᠣᠨ | ᠨᠣᠳᠤᠭ ᠤᠨ ᠬᠢᠴᠢᠶᠡᠯ ᠪᠠ ᠰᠣᠷᠭᠠᠭᠤᠯᠢ ᠶᠢᠨ ᠬᠢᠴᠢᠶᠡᠯ ᠭᠡᠬᠦ ᠭᠤᠷᠪᠠᠨ ᠱᠠᠲᠣᠨ ᠤ ᠬᠠᠮᠢᠶᠠᠷᠦᠯᠲᠠ ᠶᠢ | ᠬᠡᠷᠡᠭᠵᠢᠭᠦᠯᠦᠨ᠎ᠡ᠃ ᠣᠯᠣᠰ ᠤᠨ ︽ᠠᠯᠪᠠᠨ ᠵᠢᠷᠦᠮ ᠤᠨ ᠰᠣᠷᠭᠠᠨ ᠬᠦᠮᠦᠵᠢᠯ ᠤᠨ ᠬᠢᠴᠢᠶᠡᠯ ᠤᠨ | ᠲᠣᠬᠢᠷᠠᠭᠤᠯᠣᠯᠲᠠ ᠶᠢᠨ ᠲᠦᠰᠦᠪ︾ ᠲᠤ᠂ ᠠᠯᠪᠠᠨ ᠵᠢᠷᠦᠮ ᠤᠨ ᠰᠣᠷᠭᠠᠨ ᠬᠦᠮᠦᠵᠢᠯ ᠳᠤ ᠶᠢᠰᠦᠨ ᠵᠢᠯ ᠤᠨ | ᠴᠣᠭᠴᠠᠵᠢᠭᠤᠯᠣᠯᠲᠠ ᠶᠢ ᠬᠡᠷᠡᠭᠵᠢᠭᠦᠯᠵᠦ᠂ ᠬᠢᠴᠢᠶᠡᠯ ᠢ ᠲᠡᠩᠴᠡᠭᠦᠷᠢᠲᠡᠢ ᠲᠣᠬᠢᠷᠠᠭᠤᠯᠣᠨ᠂ ᠬᠠᠷᠢᠴᠠᠯ ᠲᠠᠢ ᠪᠠᠷ | ᠬᠢᠴᠢᠶᠡᠯ ᠤᠨ ᠴᠠᠭ ᠢ ᠲᠣᠬᠢᠷᠠᠭᠤᠯᠣᠨ᠎ᠠ ᠭᠡᠵᠦ ᠲᠤᠳᠤᠷᠬᠠᠢ ᠲᠤᠭᠲᠠᠭᠠᠪᠠ᠃ ᠣᠳᠣᠬᠠᠨ ᠳᠤ᠂ ᠮᠠᠨ ᠤ ᠣᠷᠣᠨ ᠤ | ᠠᠯᠪᠠᠨ ᠵᠢᠷᠦᠮ ᠤᠨ ᠰᠣᠷᠭᠠᠨ ᠬᠦᠮᠦᠵᠢᠯ ᠤᠨ ᠱᠠᠳᠣᠨ ᠳᠠᠬᠢ ᠣᠯᠣᠰ ᠤᠨ ᠬᠢᠴᠢᠶᠡᠯ ᠤᠨ ᠬᠢᠴᠢᠶᠡᠯᠯᠡᠬᠦ ᠴᠠᠭ ᠤᠨ | ᠬᠠᠷᠢᠴᠠᠯ ᠨᠢ 75 — 80 % ᠶᠢ ᠡᠵᠡᠯᠡᠵᠦ᠂ ᠣᠷᠣᠨ ᠨᠣᠳᠤᠭ ᠤᠨ ᠬᠢᠴᠢᠶᠡᠯ ᠬᠢᠭᠡᠳ ᠰᠣᠷᠭᠠᠭᠤᠯᠢ ᠶᠢᠨ | ᠬᠢᠴᠢᠶᠡᠯ ᠤᠨ ᠬᠢᠴᠢᠶᠡᠯᠯᠡᠬᠦ ᠴᠠᠭ ᠤᠨ ᠬᠠᠷᠢᠴᠠᠯ ᠨᠢ 20 — 25 ᠶᠢ ᠡᠵᠡᠯᠡᠵᠦ ᠪᠠᠶᠢᠳᠠᠭ᠃ ᠭᠠᠷᠠᠭ ᠪᠦᠷᠢ ᠶᠢᠨ | ᠶᠡᠷᠦᠩᠬᠡᠢ ᠬᠢᠴᠢᠶᠡᠯ ᠤᠨ ᠴᠠᠭ ᠢ ᠪᠠᠭ᠎ᠠ ᠰᠣᠷᠭᠠᠭᠤᠯᠢ ᠳᠤ 25 — 33 ᠬᠢᠴᠢᠶᠡᠯ ᠤᠨ ᠴᠠᠭ᠂ ᠠᠩᠬ᠎ᠠ | ᠵᠡᠷᠭᠡ ᠶᠢᠨ ᠳᠣᠮᠳᠠᠳᠦ ᠰᠤᠷᠭᠠᠭᠤᠯᠢ ᠳᠤ 32 — 36 ᠬᠢᠴᠢᠶᠡᠯ ᠤᠨ ᠴᠠᠭ ᠢᠶᠠᠷ ᠲᠣᠬᠢᠷᠠᠭᠤᠯᠵᠤ ᠪᠠᠶᠢᠨ᠎ᠠ᠃ | ᠡᠨᠡ ᠵᠢᠯ ᠤᠨ ᠨᠠᠮᠣᠷ ᠤᠨ ᠣᠯᠠᠷᠢᠯ ᠳᠤ ᠪᠢᠳᠡ ᠦᠨᠳᠦᠰᠦᠲᠡᠨ ᠤ ᠦᠭᠡ ᠬᠡᠯᠡ ᠦᠰᠦᠭ ᠪᠢᠴᠢᠭ ᠢᠶᠠᠷ ᠬᠢᠴᠢᠶᠡᠯᠯᠡᠳᠡᠭ | ᠪᠠᠭ᠎ᠠ ᠰᠣᠷᠭᠠᠭᠤᠯᠢ ᠪᠠ ᠠᠩᠬ᠎ᠠ ᠵᠡᠷᠭᠡ ᠶᠢᠨ ᠳᠣᠮᠳᠠᠳᠦ ᠰᠤᠷᠭᠠᠭᠤᠯᠢ ᠶᠢᠨ ᠨᠢᠭᠡᠳᠦᠭᠡᠷ ᠣᠨ ᠤ ᠬᠢᠴᠢᠶᠡᠯ ᠤᠨ | ᠴᠠᠭ ᠲᠤ ᠲᠣᠬᠢᠷᠠᠭᠤᠯᠣᠯᠲᠠ ᠬᠢᠬᠦ ᠳᠡᠭᠡᠨ ᠣᠷᠣᠨ ᠨᠣᠳᠤᠭ ᠤᠨ ᠬᠢᠴᠢᠶᠡᠯ ᠪᠠ ᠰᠣᠷᠭᠠᠭᠤᠯᠢ ᠶᠢᠨ ᠬᠢᠴᠢᠶᠡᠯ ᠤᠨ | ᠬᠢᠴᠢᠶᠡᠯᠯᠡᠬᠦ ᠴᠠᠭ ᠢ ᠵᠤᠬᠢᠬᠤ ᠬᠡᠮᠵᠢᠶ᠎ᠡ ᠪᠠᠷ ᠬᠠᠰᠣᠪᠠ᠃ ᠣᠯᠣᠰ ᠤᠨ ᠨᠢᠭᠡᠳᠦᠯᠲᠠᠢ ᠨᠠᠶᠢᠷᠠᠭᠤᠯᠣᠭᠰᠠᠨ ︽ᠬᠡᠯᠡ | ᠪᠢᠴᠢᠭ︾ ᠤᠨ ᠬᠢᠴᠢᠶᠡᠯ ᠢ ᠡᠳᠦᠷ ᠪᠦᠷᠢ ᠨᠢᠭᠡ ᠬᠢᠴᠢᠶᠡᠯ ᠤᠨ ᠴᠠᠭ ᠢᠶᠠᠷ ᠲᠣᠬᠢᠷᠠᠭᠤᠯᠵᠦ᠂ ᠰᠣᠷᠣᠭᠴᠢᠳ ᠤᠨ ᠪᠡᠶ᠎ᠡ | ᠰᠡᠳᠬᠢᠯ ᠤᠨ ᠦᠰᠦᠯᠲᠡ ᠪᠤᠶᠢᠵᠢᠯᠲᠠ ᠶᠢᠨ ᠵᠢᠮ᠎ᠡ ᠶᠤᠰᠤ ᠪᠠ ᠰᠢᠨᠵᠢᠯᠡᠬᠦ ᠣᠬᠠᠭᠠᠨ ᠤ ᠮᠡᠳᠡᠯᠭᠡ ᠶᠢᠨ ᠲᠤᠳᠤᠭᠠᠳᠤ | ᠯᠤᠬᠢᠭ ᠢ ᠬᠦᠢᠴᠡᠳ ᠪᠤᠳᠤᠯᠬᠢᠯᠠᠨ᠂ ᠲᠤᠤᠷ᠎ᠠ ᠤᠨ ᠠᠴᠠ ᠲᠡᠭᠡᠷ᠎ᠡ ᠤᠨ ᠬᠦᠷᠳᠡᠯ᠎ᠡ ᠠᠯᠬᠤᠮ ᠠᠯᠬᠤᠮ ᠢᠶᠠᠷ | ᠨᠡᠮᠡᠭᠳᠡᠭᠦᠯᠭᠦ ᠦᠨᠳᠦᠰᠦᠨ ᠱᠠᠭᠠᠷᠳᠠᠯᠭ᠎ᠠ ᠶᠢ ᠲᠤᠰᠬᠠᠭᠰᠠᠨ ᠪᠠᠶᠢᠨ᠎ᠠ᠃ ᠲᠤᠬᠢᠷᠠᠭᠤᠯᠤᠯᠲᠠ ᠬᠢᠭᠰᠡᠨ ᠤ ᠲᠠᠷᠠᠭ᠎ᠠ᠂ | ᠡᠯ᠎ᠡ ᠬᠢᠴᠢᠶᠡᠯ ᠲᠦᠷᠦᠯ ᠤᠨ ᠬᠢᠴᠢᠶᠡᠯ ᠤᠨ ᠴᠠᠭ ᠤᠨ ᠬᠠᠷᠢᠴᠠᠯ ᠢ ᠤᠯᠤᠰ ᠤᠨ ᠬᠢᠴᠢᠶᠡᠯ ᠤᠨ ᠲᠤᠬᠢᠷᠠᠭᠤᠯᠤᠲᠠ ᠶᠢᠨ | ᠲᠦᠰᠦᠪ ᠤᠨ ᠱᠠᠭᠠᠷᠳᠠᠯᠭ᠎ᠠ ᠲᠠᠢ ᠨᠡᠶᠢᠴᠡᠭᠦᠯᠵᠤ᠂ ᠰᠤᠷᠤᠯᠭ᠎ᠠ ᠶᠢᠨ ᠤᠨ ᠤ ᠬᠢᠴᠢᠶᠡᠯ ᠤᠨ ᠴᠠᠭ ᠤᠨ ᠶᠡᠷᠦᠩᠭᠡᠢ | ᠲᠤᠭ᠎ᠠ ᠪᠠ ᠭᠠᠷᠠᠭ ᠤᠨ ᠬᠢᠴᠢᠶᠡᠯ ᠤᠨ ᠴᠠᠭ ᠤᠨ ᠲᠤᠭ᠎ᠠ ᠶᠢ ᠤᠯᠤᠰ ᠤᠨ ᠲᠤᠭᠲᠠᠭᠠᠯ ᠤᠨ ᠬᠦᠷᠢᠶ᠎ᠡ ᠬᠡᠪᠴᠢᠶᠡᠨ ᠤ | ᠲᠤᠳᠤᠷ᠎ᠠ ᠬᠢᠵᠠᠭᠠᠷᠯᠠᠨ᠎ᠠ᠃ ᠡᠭᠦᠨ ᠤ ᠬᠠᠮᠲᠤ᠂ ᠪᠤᠳᠠᠳᠠᠢ ᠬᠡᠷᠡᠭᠵᠢᠭᠦᠯᠬᠦ ᠶᠠᠪᠤᠴᠠ ᠳᠠᠭᠠᠨ ᠡᠯ᠎ᠡ ᠭᠠᠵᠠᠷ ᠤᠷᠤᠨ ᠨᠢ | ᠪᠠᠰᠠ ᠬᠢᠴᠢᠶᠡᠯ ᠤᠨ ᠪᠠᠷᠢᠮᠵᠢᠶ᠎ᠠ ᠶᠢᠨ ᠦᠨᠳᠦᠰᠦᠨ ᠱᠠᠭᠠᠷᠳᠠᠯᠭ᠎ᠠ ᠪᠠ ᠦᠪᠡᠷᠳᠡᠭᠡᠨ ᠵᠠᠰᠠᠬᠤ ᠤᠷᠤᠨ ᠠᠴᠠ | ᠲᠤᠭᠲᠠᠭᠠᠭᠰᠠᠨ ᠵᠢᠭᠠᠨ ᠰᠤᠷᠭᠠᠬᠤ ᠰᠠᠨᠠᠭᠤᠯᠭ᠎ᠠ ᠶᠤᠰᠤᠭᠠᠷ᠂ ᠰᠤᠷᠭᠠᠭᠤᠯᠢ ᠶᠢᠨ ᠪᠤᠳᠠᠳᠤ ᠪᠠᠶᠢᠳᠠᠯ ᠲᠠᠢ ᠪᠠᠨ | ᠤᠶᠠᠯᠳᠤᠭᠤᠯᠤᠨ ᠵᠤᠬᠢᠰᠲᠠᠢ ᠪᠠᠷ ᠲᠤᠬᠢᠷᠠᠭᠤᠯᠵᠤ ᠪᠤᠯᠤᠨ᠎ᠠ᠃ | 5. ᠨᠢᠭᠡᠳᠦᠯᠳᠡᠢ ᠨᠠᠶᠢᠷᠠᠭᠤᠯᠤᠭᠰᠠᠨ ︽ᠬᠡᠯᠡ ᠪᠢᠴᠢᠭ︾ ᠤᠨ ᠬᠢᠴᠢᠶᠡᠯ ᠲᠦᠷᠦᠯ ᠤᠨ ᠪᠠᠭᠰᠢ ᠲᠤᠲᠠᠭᠳᠠᠵᠤ | ᠪᠠᠶᠢᠭ᠎ᠠ ᠠᠰᠠᠭᠤᠳᠠᠯ ᠢ ᠬᠡᠷᠬᠢᠨ ᠰᠢᠢᠳᠪᠦᠷᠢᠯᠡᠬᠦ ᠪᠤᠢ︖ ᠶᠡᠷᠦᠩᠬᠡᠢ ᠪᠠᠶᠢᠳᠠᠯ ᠠᠴᠠ ᠨᠢ ᠦᠵᠡᠪᠡᠯ᠂ ᠪᠠᠭ᠎ᠠ | ᠰᠤᠷᠭᠠᠭᠤᠯᠢ ᠶᠢᠨ ᠨᠢᠭᠡᠳᠦᠭᠡᠷ ᠤᠨ ᠪᠠ ᠠᠩᠬ᠎ᠠ ᠵᠡᠷᠭᠡ ᠶᠢᠨ ᠲᠤᠮᠳᠠᠳᠤ ᠰᠤᠷᠭᠠᠭᠤᠯᠢ ᠶᠢᠨ ᠨᠢᠭᠡᠳᠦᠭᠡᠷ ᠤᠨ ᠤ ᠬᠡᠯᠡ | ᠪᠢᠴᠢᠭ ᠤᠨ ᠪᠠᠭᠰᠢ ᠲᠡᠮᠡᠢ ᠶᠡᠭᠡ ᠲᠤᠳᠠᠭᠳᠠᠵᠤ ᠦᠭᠡᠢ᠃ ᠭᠤᠤᠯᠳᠠᠭᠤ ᠭᠤᠷᠪᠠᠨ ᠲᠠᠯ᠎ᠠ ᠶᠢᠨ ᠠᠷᠭ᠎ᠠ ᠬᠡᠯᠪᠡᠷᠢ ᠪᠠᠷ | ᠬᠤᠪᠢᠶᠠᠷᠢᠯᠠᠨ ᠲᠤᠬᠢᠷᠠᠭᠤᠯᠤᠨ᠎ᠠ᠄ ᠨᠢᠭᠡ ᠳᠤ᠂ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ | ᠮᠦᠴᠢᠷ ᠠᠴᠠ ᠲᠤᠰ ᠭᠠᠵᠠᠷ ᠤᠷᠤᠨ ᠤ ᠪᠠᠨ ᠦᠨᠳᠦᠰᠦᠳᠡᠨ ᠤ ᠬᠡᠯᠡ ᠪᠠᠷ ᠬᠢᠴᠢᠶᠡᠯᠯᠡᠵᠤ ᠪᠠᠶᠢᠭ᠎ᠠ ᠲᠤᠮᠳᠠᠳᠤ ᠪᠠᠭ᠎ᠠ | ᠰᠤᠷᠭᠠᠭᠤᠯᠢ ᠶᠢ ᠵᠢᠯᠤᠭᠤᠳᠴᠤ ᠪᠠᠶᠢᠭᠠᠳ ᠳᠤᠳᠤᠭᠠᠲᠤ ᠲᠤᠬᠢᠷᠠᠭᠤᠯᠭ᠎ᠠ ᠪᠠᠷ ᠳᠠᠮᠵᠢᠭᠤᠯᠵᠤ᠂ ᠤᠯᠤᠰ ᠤᠨ | ᠨᠢᠭᠡᠳᠦᠯᠳᠡᠢ ᠨᠠᠶᠢᠷᠠᠭᠤᠯᠤᠭᠰᠠᠨ ︽ᠬᠡᠯᠡ ᠪᠢᠴᠢᠭ︾ ᠤᠨ ᠬᠢᠴᠢᠶᠡᠯ ᠲᠦᠷᠦᠯ ᠤᠨ ᠪᠠᠭᠰᠢ ᠶᠢ ᠤᠷᠢᠳ ᠢᠶᠠᠷ | ᠲᠤᠬᠢᠷᠠᠭᠤᠯᠬᠤ ᠶᠢ ᠪᠠᠳᠤᠯᠠᠨ᠎ᠠ︔ ᠬᠤᠶᠠᠷ ᠲᠤ᠂ ᠦᠨᠡᠨ ᠬᠦ ᠬᠦᠴᠢᠷᠳᠡᠯ ᠲᠠᠢ ᠰᠤᠷᠭᠠᠭᠤᠯᠢ ᠳᠤ ᠬᠤᠰᠢᠭᠤ | ᠰᠢᠶᠠᠨ ᠤ ᠬᠡᠪᠴᠢᠶᠡᠨ ᠤ ᠲᠤᠳᠤᠷᠠᠬᠢ ᠰᠤᠷᠭᠠᠭᠤᠯᠢ ᠨᠤᠭᠤᠳ ᠤᠨ ᠬᠤᠭᠤᠷᠤᠨᠳᠤᠬᠢ ᠬᠠᠷᠢᠯᠴᠠᠭ᠎ᠠ ᠪᠠᠷ ᠳᠠᠮᠵᠢᠵᠤ | ᠰᠢᠢᠳᠪᠦᠷᠢᠯᠡᠨ᠎ᠡ︔ ᠭᠤᠷᠪᠠ ᠳᠤ᠂ ᠪᠠᠭᠰᠢ ᠶᠢᠨ ᠬᠦᠴᠦᠨ ᠤᠨᠴᠠ ᠶᠡᠭᠡ ᠪᠠᠷ ᠲᠤᠳᠠᠭᠳᠠᠵᠤ ᠪᠠᠶᠢᠭ᠎ᠠ ᠭᠠᠵᠠᠷ | ᠤᠷᠤᠨ ᠳᠤ ᠠᠶᠢᠮᠠᠭ ᠬᠤᠳᠠ ᠪᠠᠷ ᠨᠢᠭᠡᠴᠢ ᠪᠤᠯᠭᠠᠨ ᠲᠤᠬᠠᠢ ᠶᠢᠨ ᠭᠠᠵᠠᠷ ᠤᠷᠤᠨ ᠠᠴᠠ ᠨᠢ ᠠᠵᠢᠯ ᠤᠨ ᠪᠠᠶᠢᠷᠢᠨ ᠳᠤ | ᠪᠠᠶᠢᠭ᠎ᠠ ᠪᠤᠶᠤ ᠤᠶᠢᠷ᠎ᠠ ᠶᠢᠨ ᠲᠠᠪᠤᠨ ᠵᠢᠯ ᠳᠤ ᠠᠵᠢᠯ ᠠᠴᠠ ᠪᠠᠨ ᠠᠮᠠᠷᠠᠭᠰᠠᠨ ᠪᠠᠭᠰᠢ᠂ ᠵᠢᠭᠠᠬᠤ ᠶᠢ ᠰᠤᠳᠤᠯᠤᠭᠴᠢ | ᠵᠢᠴᠢ ᠵᠢᠭᠠᠨ ᠰᠤᠷᠭᠠᠯᠲᠠ ᠶᠢᠨ ᠱᠠᠭᠠᠷᠳᠠᠯᠭ᠎ᠠ ᠶᠢ ᠡᠭᠦᠷᠭᠡᠯᠡᠵᠤ ᠲᠡᠶᠢᠯᠬᠦ ᠪᠤᠰᠤᠳ ᠰᠤᠷᠭᠠᠨ ᠬᠦᠮᠦᠵᠢᠯ ᠤᠨ | ᠠᠵᠢᠯᠳᠠᠳ ᠢ ᠦᠨᠳᠦᠰᠦᠳᠡᠨ ᠤ ᠰᠤᠷᠭᠠᠭᠤᠯᠢ ᠳᠤ ᠲᠠᠬᠢᠨᠲᠠ ᠤᠷᠢᠵᠦ ᠰᠤᠷᠭᠠᠨ ᠬᠦᠮᠦᠵᠢᠯ ᠢ ᠲᠡᠮᠵᠢᠭᠦᠯᠦᠨᠡ᠃ | 6. ᠵᠢᠭᠠᠨ ᠰᠣᠷᠭᠠᠯᠲᠠ ᠶᠢᠨ ᠱᠠᠭᠠᠷᠳᠠᠯᠭ᠎ᠠ ᠳᠤ ᠲᠦᠷ ᠴᠠᠭ ᠨᠡᠶᠢᠴᠡᠬᠦ ᠦᠭᠡᠢ ᠪᠠᠭᠰᠢ ᠨᠠᠷ ᠤᠨ ᠬᠠᠷᠠᠭᠠᠯᠵᠠᠯ | ᠨᠦᠯᠦᠭᠡᠯᠡᠭᠳᠡᠬᠦ ᠤᠤ︖ ᠰᠣᠷᠭᠠᠨ ᠬᠦᠮᠦᠵᠢᠯ ᠤᠨ ᠲᠢᠩᠬᠢᠮ ᠠᠴᠠ ᠲᠠᠷᠦᠮᠠᠯᠯᠠᠨ ᠲᠠᠷᠬᠠᠭᠠᠭᠰᠠᠨ ︽ᠬᠡᠷᠡᠭᠵᠢᠭᠦᠯᠬᠦ | ᠲᠦᠰᠦᠯ︾ ᠳᠤ᠂ ᠨᠢᠭᠡᠳᠦᠯᠲᠡᠢ ᠨᠠᠶᠢᠷᠠᠭᠤᠯᠣᠭᠰᠠᠨ ︽ᠬᠡᠯᠡ ᠪᠢᠴᠢᠭ︾ ᠤᠨ ᠵᠢᠭᠠᠨ ᠰᠣᠷᠭᠠᠯᠲᠠ ᠶᠢᠨ | ᠱᠠᠭᠠᠷᠳᠠᠯᠭ᠎ᠠ ᠳᠤ ᠲᠦᠷ ᠴᠠᠭ ᠨᠡᠶᠢᠴᠡᠬᠦ ᠦᠭᠡᠢ ᠪᠠᠭᠰᠢ ᠨᠠᠷ ᠢ ᠬᠤᠪᠢ ᠬᠦᠮᠦᠨ ᠤ ᠬᠢᠨᠢ ᠬᠦᠰᠡᠯᠲᠡ ᠶᠢ | ᠬᠦᠨᠳᠦᠳᠭᠡᠵᠦ᠂ ᠣᠨᠳᠣᠣ ᠪᠠᠶᠢᠷᠢ ᠳᠤ ᠬᠤᠪᠢᠶᠠᠷᠢᠯᠠᠬᠤ ᠪᠣᠶᠣ ᠣᠣᠯ ᠠᠵᠢᠯ ᠤᠨ ᠪᠠᠶᠢᠷᠢ ᠳᠠᠭᠠᠨ ᠲᠠᠭᠠᠵᠦ | ᠪᠣᠯᠪᠠᠰᠣᠷᠠᠬᠤ ᠶᠢ ᠰᠣᠩᠭᠤᠭᠤᠯᠵᠦ᠂ ᠪᠠᠭᠰᠢ ᠨᠠᠷ ᠤᠨ ᠠᠵᠢᠯᠲᠡᠨ ᠤ ᠶᠠᠪᠤᠳᠠᠯ ᠤᠨ ᠪᠡᠶ᠎ᠡ ᠶᠢᠨ ᠭᠠᠷᠦᠯ᠂ ᠡᠭᠦᠷᠭᠡ | ᠲᠣᠰᠢᠶᠡᠯ ᠮᠡᠷᠭᠡᠵᠢᠯ ᠤᠨ ᠴᠣᠯᠠ᠂ ᠴᠠᠯᠢᠩ ᠮᠦᠩᠭᠦ ᠶᠢᠨ ᠤᠯᠭᠤᠮᠵᠢ ᠵᠡᠷᠭᠡ ︽ᠭᠤᠷᠪᠠ ᠶᠢ ᠬᠤᠪᠢᠷᠠᠭᠤᠯᠬᠤ ᠦᠭᠡᠢ︾ | ᠶᠢ ᠦᠨᠡᠨ ᠬᠦ ᠪᠠᠳᠣᠯᠠᠵᠦ᠂ ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠪᠠᠭᠰᠢ ᠨᠠᠷ ᠤᠨ ᠬᠠᠣᠯᠢ ᠶᠣᠰᠣᠨ ᠤ ᠡᠷᠬᠡ | ᠠᠰᠢᠭ ᠢ ᠪᠠᠳᠣᠯᠠᠨ᠎ᠠ᠃ | 7. ᠰᠣᠷᠭᠠᠭᠤᠯᠢ ᠡᠬᠢᠯᠡᠮᠡᠷ ᠪᠣᠯᠣᠭᠰᠠᠨ ᠪᠠᠶᠢᠳᠠᠯ ᠳᠤ ᠨᠢᠭᠡᠳᠦᠯᠲᠡᠢ ᠨᠠᠶᠢᠷᠠᠭᠤᠯᠣᠭᠰᠠᠨ ︽ᠬᠡᠯᠡ ᠪᠢᠴᠢᠭ︾ | ᠤᠨ ᠵᠢᠭᠠᠬᠤ ᠮᠠᠲ᠋ᠧᠷᠢᠶᠠᠯ ᠢ ᠴᠠᠭ ᠲᠤ ᠪᠠᠨ ᠠᠮᠵᠢᠵᠦ ᠰᠤᠷᠤᠭᠴᠢᠳ ᠲᠤ ᠤᠯᠭᠤᠵᠤ ᠴᠢᠳᠠᠬᠤ ᠤᠤ︖ ︽ᠦᠪᠦᠷ | ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠳᠣᠮᠳᠠᠳᠣ ᠪᠠᠭ᠎ᠠ | ᠰᠣᠷᠭᠠᠭᠤᠯᠢ ᠶᠢᠨ ᠵᠢᠭᠠᠨ ᠰᠣᠷᠭᠠᠯᠲᠠ ᠶᠢᠨ ᠨᠣᠮ ᠤᠨ ᠭᠠᠷᠴᠠᠭ︾ ᠢ ᠦᠨᠳᠦᠰᠦᠯᠡᠵᠦ᠂ ᠡᠯ᠎ᠡ ᠠᠶᠢᠮᠠᠭ ᠬᠤᠲᠠ᠂ | ᠬᠤᠰᠢᠭᠤ ᠰᠢᠶᠠᠨ ᠤ ᠰᠣᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠨᠢ ᠬᠠᠷᠢᠶᠠᠯᠠᠭᠳᠠᠬᠤ ᠭᠠᠵᠠᠷ | ᠣᠷᠣᠨ ᠤ ᠪᠠᠨ ᠳᠣᠮᠳᠠᠳᠣ ᠪᠠᠭ᠎ᠠ ᠰᠣᠷᠭᠠᠭᠤᠯᠢ ᠶᠢᠨ ᠨᠢᠭᠡᠳᠦᠯᠲᠡᠢ ᠨᠠᠶᠢᠷᠠᠭᠤᠯᠣᠭᠰᠠᠨ ︽ᠬᠡᠯᠡ ᠪᠢᠴᠢᠭ︾ ᠤᠨ | ᠬᠢᠴᠢᠶᠡᠯ ᠤᠨ ᠬᠡᠷᠡᠭᠯᠡᠬᠦ ᠨᠣᠮ ᠤᠨ ᠲᠤᠭ᠎ᠠ ᠶᠢ ᠨᠢᠭᠡᠨᠲᠡ ᠨᠠᠷᠢᠨ ᠬᠢᠨᠠᠮᠠᠭᠠᠢ ᠬᠠᠷᠭᠤᠭᠤᠯᠵᠦ᠂ ᠵᠢᠭᠠᠨ ᠰᠣᠷᠭᠠᠯᠲᠠ ᠳᠤ | ᠬᠡᠷᠡᠭᠯᠡᠬᠦ ᠨᠣᠮ ᠵᠠᠬᠢᠶᠠᠯᠠᠬᠤ ᠠᠵᠢᠯ ᠢ ᠪᠡᠶᠡᠯᠡᠭᠦᠯᠵᠡᠢ᠃ ᠪᠠᠭ᠎ᠠ ᠰᠣᠷᠭᠠᠭᠤᠯᠢ ᠶᠢᠨ ᠨᠢᠭᠡᠳᠦᠭᠡᠷ ᠣᠨ᠂ ᠠᠩᠬ᠎ᠠ | ᠵᠡᠷᠭᠡ ᠶᠢᠨ ᠳᠣᠮᠳᠠᠳᠦ ᠰᠣᠷᠭᠠᠭᠤᠯᠢ ᠶᠢᠨ ᠨᠢᠭᠡᠳᠦᠭᠡᠷ ᠣᠨ ᠳᠤ ᠬᠡᠷᠡᠭᠯᠡᠬᠦ ᠣᠯᠣᠰ ᠤᠨ ᠨᠢᠭᠡᠳᠦᠯᠲᠡᠢ | ᠨᠠᠶᠢᠷᠠᠭᠤᠯᠣᠭᠰᠠᠨ ︽ᠬᠡᠯᠡ ᠪᠢᠴᠢᠭ︾ ᠤᠨ ᠵᠢᠭᠠᠬᠤ ᠮᠠᠲ᠋ᠧᠷᠢᠶᠠᠯ ᠢ 8 ᠳ᠋ᠣᠭᠠᠷ ᠰᠠᠷ᠎ᠠ ᠶᠢᠨ 15 ᠳᠤ ᠪᠦᠬᠦᠨ ᠢ | ᠲᠠᠷᠬᠠᠭᠠᠬᠤ ᠪᠠᠶᠢᠭᠤᠯᠤᠮᠵᠢ ᠳᠤ ᠨᠢᠭᠡᠨᠲᠡ ᠲᠣᠰᠢᠶᠠᠵᠦ᠂ ᠬᠢᠴᠢᠶᠡᠯᠯᠡᠬᠦ ᠠᠴᠠ ᠡᠮᠣᠨ᠎ᠡ ᠰᠤᠷᠤᠭᠴᠢ ᠪᠦᠷᠢ ᠳᠤ | ᠬᠢᠴᠢᠶᠡᠯ ᠤᠨ ᠪᠢᠴᠢᠭ ᠲᠠᠢ ᠭᠡᠳᠡᠭ ᠢ ᠪᠠᠳᠣᠯᠠᠵᠦ ᠴᠢᠳᠠᠨ᠎ᠠ᠃ | 8. ᠨᠢᠭᠡᠳᠦᠯᠲᠡᠢ ᠨᠠᠶᠢᠷᠠᠭᠤᠯᠣᠭᠰᠠᠨ ︽ᠬᠡᠯᠡ ᠪᠢᠴᠢᠭ︾ ᠤᠨ ᠪᠠᠭᠰᠢ ᠶᠢ ᠬᠦᠳᠡᠯᠦᠩᠭᠦᠢ ᠪᠠᠷ ᠨᠦᠬᠦᠪᠦᠷᠢᠯᠡᠬᠦ | ᠠᠵᠢᠯ ᠢ ᠶᠠᠭᠠᠬᠢᠵᠦ ᠰᠠᠶᠢᠨ ᠬᠢᠬᠦ ᠪᠣᠢ︖ ᠠᠯᠪᠠᠨ ᠵᠠᠷᠦᠳᠠᠯ ᠢᠶᠠᠷ ᠪᠠᠭᠰᠢ ᠪᠣᠯᠪᠠᠰᠣᠷᠠᠭᠤᠯᠬᠤ ᠲᠦᠯᠦᠪᠯᠡᠭᠡ ᠶᠢ | ᠬᠡᠷᠡᠭᠵᠢᠭᠦᠯᠦᠨ᠎ᠡ᠃ 2021 ᠣᠨ ᠠᠴᠠ ᠡᠬᠢᠯᠡᠨ ᠦᠪᠡᠷᠲᠡᠭᠡᠨ ᠵᠠᠰᠠᠬᠤ ᠣᠷᠣᠨ ᠤ ᠠᠯᠪᠠᠨ ᠵᠠᠷᠦᠳᠠᠯ ᠢᠶᠠᠷ ᠪᠠᠭᠰᠢ | ᠬᠦᠮᠦᠵᠢᠭᠦᠯᠬᠦ ᠲᠦᠯᠦᠪᠯᠡᠭᠡ ᠶᠢ ᠵᠣᠬᠢᠶᠠᠨ ᠪᠠᠶᠢᠭᠤᠯᠣᠨ ᠬᠡᠷᠡᠭᠵᠢᠭᠦᠯᠵᠦ᠂ ᠬᠡᠯᠡ ᠪᠢᠴᠢᠭ ᠤᠨ ᠬᠢᠴᠢᠶᠡᠯ ᠲᠦᠷᠦᠯ ᠤᠨ | ᠠᠯᠪᠠᠨ ᠵᠠᠷᠦᠳᠠᠯ ᠢᠶᠠᠷ ︽ᠬᠤᠣᠰ ᠬᠡᠯᠡᠨ︾ ᠤ ᠪᠠᠭᠰᠢ ᠬᠦᠮᠦᠵᠢᠭᠦᠯᠬᠦ ᠳᠤ ᠵᠤᠷᠢᠭᠤᠯᠤᠭᠰᠠᠨ ᠰᠤᠷᠤᠭᠴᠢ ᠡᠯᠰᠡᠬᠦ | ᠲᠦᠯᠦᠪᠯᠡᠭᠡ ᠶᠢ ᠲᠣᠰᠬᠠᠢ ᠲᠣᠬᠢᠷᠠᠭᠤᠯᠣᠨ᠎ᠠ᠃ ᠣᠯᠣᠰ ᠤᠨ ᠰᠣᠷᠭᠠᠨ ᠬᠦᠮᠦᠵᠢᠯ ᠤᠨ ᠶᠠᠮᠣᠨ ᠤ ᠲᠡᠮᠵᠢᠯᠭᠡ ᠶᠢ | ᠣᠯᠵᠦ᠂ ᠶᠠᠮᠣᠨ ᠤ ᠬᠠᠷᠢᠶᠠᠲᠦ ᠪᠠᠭᠰᠢ ᠶᠢᠨ ᠶᠡᠭᠡ ᠰᠣᠷᠭᠠᠭᠤᠯᠢ ᠶᠢᠨ ᠬᠡᠯᠡ ᠪᠢᠴᠢᠭ ᠤᠨ ᠬᠢᠴᠢᠶᠡᠯ ᠲᠦᠷᠦᠯ ᠤᠨ ︽ | ᠬᠤᠣᠰ ᠬᠡᠯᠡᠨ︾ ᠤ ᠪᠠᠭᠰᠢ ᠶᠢᠨ ᠰᠣᠷᠣᠭᠴᠢ ᠡᠯᠰᠡᠬᠦ ᠲᠦᠯᠦᠪᠯᠡᠭᠡ ᠶᠢ ᠨᠡᠮᠡᠭᠳᠡᠭᠦᠯᠵᠦ᠂ ᠬᠡᠯᠡ ᠪᠢᠴᠢᠭ ᠤᠨ ᠬᠢᠴᠢᠶᠡᠯ | ᠲᠦᠷᠦᠯ ᠤᠨ ︽ᠬᠤᠣᠰ ᠬᠡᠯᠡᠨ︾ ᠤ ᠪᠠᠭᠰᠢ ᠬᠦᠮᠦᠵᠢᠭᠦᠯᠬᠦ ᠶᠢ ᠲᠦᠷᠭᠡᠳᠭᠡᠨ᠎ᠡ᠃ ᠦᠨᠳᠦᠰᠦᠲᠡᠨ ᠤ ᠬᠡᠯᠡ ᠪᠠᠷ | ᠬᠢᠴᠢᠶᠡᠯᠯᠡᠬᠦ ᠳᠣᠮᠳᠠᠳᠦ ᠪᠠᠭ᠎ᠠ ᠰᠣᠷᠭᠠᠭᠤᠯᠢ ᠳᠤ ᠣᠯᠣᠰ ᠤᠨ ᠨᠢᠭᠡᠳᠦᠯᠲᠡᠢ ᠨᠠᠶᠢᠷᠠᠭᠤᠯᠣᠭᠰᠠᠨ ︽ᠬᠡᠯᠡ ᠪᠢᠴᠢᠭ︾ | ᠤᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠤᠨ ᠠᠬᠢᠴᠠ ᠶᠢᠨ ᠴᠠᠭ ᠤᠨ ᠬᠤᠪᠢᠶᠠᠷᠢᠯᠠᠯ ᠢ ᠦᠨᠳᠦᠰᠦᠯᠡᠵᠦ᠂ ᠡᠯ᠎ᠠ | ᠱᠠᠲᠤᠨ ᠤ ᠤᠷᠤᠨ ᠲᠤᠭ᠎ᠠ ᠶᠢᠨ ᠪᠠᠶᠢᠭᠤᠯᠣᠮᠵᠢ ᠨᠢ ᠪᠠᠭᠰᠢ ᠶᠢᠨ ᠣᠷᠣᠨ ᠲᠤᠭ᠎ᠠ ᠶᠢ ᠵᠣᠬᠢᠰᠲᠠᠢ ᠲᠣᠬᠢᠷᠠᠭᠤᠯᠤᠨ᠎ᠠ᠃ | ᠬᠦᠮᠦᠨ ᠤ ᠬᠦᠴᠦᠨ ᠤ ᠡᠬᠢ ᠰᠤᠷᠪᠤᠯᠵᠢ ᠪᠠ ᠨᠡᠶᠢᠭᠡᠮ ᠤᠨ ᠪᠠᠳᠤᠯᠠᠭ᠎ᠠ ᠶᠢᠨ ᠰᠠᠯᠠᠭ᠎ᠠ ᠮᠦᠴᠢᠷ ᠤᠳ | ᠦᠨᠳᠦᠰᠦᠳᠡᠨ ᠤ ᠬᠡᠯᠡ ᠪᠠᠷ ᠬᠢᠴᠢᠶᠡᠯᠯᠡᠬᠦ ᠲᠤᠮᠳᠠᠳᠤ ᠪᠠᠭ᠎ᠠ ᠰᠤᠷᠭᠠᠭᠤᠯᠢ ᠶᠢᠨ ᠬᠡᠯᠡ ᠪᠢᠴᠢᠭ ᠤᠨ ᠬᠢᠴᠢᠶᠡᠯ | ᠲᠦᠷᠦᠯ ᠤᠨ ︽ᠬᠤᠤᠰ ᠬᠡᠯᠡᠨ︾ ᠤ ᠪᠠᠭᠰᠢ ᠤᠷᠢᠵᠤ ᠨᠦᠭᠦᠪᠦᠷᠢᠯᠡᠬᠦ ᠠᠵᠢᠯ ᠢ ᠵᠤᠬᠢᠰᠲᠠᠢ ᠲᠤᠬᠢᠷᠠᠭᠤᠯᠵᠤ᠂ ᠬᠡᠯᠡ | ᠪᠢᠴᠢᠭ ᠤᠨ ᠪᠠᠭᠰᠢ ᠨᠠᠷ ᠤᠨ ᠤᠷᠤᠨ ᠲᠤᠭ᠎ᠠ ᠶᠢ ᠬᠦᠢᠴᠡᠳ ᠬᠠᠩᠭᠠᠨ ᠲᠤᠬᠢᠷᠠᠭᠤᠯᠬᠤ ᠬᠡᠷᠡᠭᠳᠡᠢ᠃ | 9. ᠨᠢᠭᠡᠳᠦᠯᠳᠡᠢ ᠨᠠᠶᠢᠷᠠᠭᠤᠯᠤᠭᠰᠠᠨ ︽ᠬᠡᠯᠡ ᠪᠢᠴᠢᠭ︾ ᠤᠨ ᠲᠠᠯ᠎ᠠ ᠪᠠᠷ ᠬᠢ ᠰᠤᠷᠭᠠᠨ ᠬᠦᠮᠦᠵᠢᠯ ᠢ | ᠲᠠᠮᠵᠢᠨ ᠲᠤᠰᠠᠯᠠᠬᠤ ᠪᠠᠭᠰᠢ ᠶᠢᠨ ᠬᠤᠯᠪᠤᠭᠳᠠᠯ ᠪᠦᠬᠦᠢ ᠬᠠᠷᠠᠭᠠᠯᠵᠠᠯ ᠢ ᠶᠠᠭᠠᠬᠢᠵᠤ ᠪᠠᠳᠤᠯᠠᠬᠤ ᠪᠤᠢ︖ ᠡᠯᠰᠡᠵᠤ | ᠢᠷᠡᠭᠰᠡᠨ ᠰᠤᠷᠭᠠᠨ ᠬᠦᠮᠦᠵᠢᠯ ᠢ ᠲᠡᠮᠵᠢᠨ ᠲᠤᠰᠠᠯᠠᠬᠤ ᠪᠠᠭᠰᠢ ᠶᠢᠨ ᠠᠵᠢᠯ ᠤᠨ ᠵᠠᠷᠤᠳᠠᠯ ᠪᠤᠯᠤᠨ ᠠᠮᠢᠳᠤᠷᠠᠯ ᠤᠨ | ᠬᠠᠷᠠᠭᠠᠯᠵᠠᠯ ᠢ ᠤᠯᠤᠰ ᠤᠨ ︽ᠪᠣᠭᠤᠷᠣᠯᠴᠣᠳ ᠤᠨ ᠬᠢᠴᠢᠶᠡᠯ ᠬᠦᠮᠦᠵᠢᠯ ᠤᠨ ᠲᠠᠪᠴᠠᠩ ᠤᠨ ᠲᠦᠯᠦᠪᠯᠡᠭᠡ︾ ᠶᠢᠨ | ᠲᠤᠭᠲᠠᠭᠠᠭᠰᠠᠨ ᠪᠠᠷᠢᠮᠵᠢᠶ᠎ᠠ ᠠᠴᠠ ᠦᠨᠳᠦᠷ ᠪᠠᠶᠢᠯᠭᠠᠵᠤ᠂ ᠲᠤᠰᠠᠯᠠᠮᠵᠢ ᠬᠦᠯᠢᠶᠡᠭᠰᠡᠨ ᠰᠤᠷᠭᠠᠭᠤᠯᠢ ᠨᠤᠭᠤᠳ ᠤᠷᠤᠨ | ᠰᠠᠭᠤᠴᠠ ᠶᠢᠨ ᠬᠡᠷᠡᠭᠴᠡᠭᠡ ᠱᠠᠭᠠᠷᠳᠠᠯᠭ᠎ᠠ ᠲᠠᠢ ᠪᠠᠭᠰᠢ ᠨᠠᠷ ᠲᠤ ᠲᠦᠷ ᠴᠠᠭ ᠰᠠᠭᠤᠬᠤ ᠪᠠᠶᠢᠷᠢ ᠲᠤᠬᠢᠷᠠᠭᠤᠯᠵᠤ᠂ | ᠠᠮᠢᠳᠤᠷᠠᠯ ᠤᠨ ᠬᠡᠷᠡᠭᠯᠡᠵᠦ ᠵᠠᠷᠤᠬᠤ ᠲᠦᠭᠦᠭᠡᠷᠦᠮᠵᠢ ᠶᠢ ᠨᠢ ᠲᠤᠬᠢᠷᠠᠭᠤᠯᠵᠤ ᠦᠭᠭᠦᠨ᠎ᠡ᠃ | 10. ᠨᠢᠭᠡᠳᠦᠯᠲᠡᠢ ᠨᠠᠶᠢᠷᠠᠭᠤᠯᠤᠭᠰᠠᠨ ︽ᠬᠡᠯᠡ ᠪᠢᠴᠢᠭ︾ ᠤᠨ ᠵᠢᠭᠠᠬᠤ ᠮᠠᠲ᠋ᠧᠷᠢᠶᠠᠯ ᠢ ᠬᠡᠷᠡᠭᠯᠡᠭᠰᠡᠨ ᠤ | ᠲᠠᠷᠠᠭ᠎ᠠ᠂ ᠡᠨᠡ ᠬᠤᠭᠤᠴᠠᠭᠠᠨ ᠤ ᠰᠤᠷᠤᠭᠴᠢᠳ ᠲᠡᠭᠦᠰᠭᠦ ᠪᠠ ᠰᠤᠷᠭᠠᠭᠤᠯᠢ ᠳᠤ ᠲᠡᠪᠰᠢᠬᠦ ᠲᠦᠷᠦ ᠶᠢᠨ | ᠪᠤᠳᠤᠯᠭ᠎ᠠ ᠨᠢ ᠨᠦᠯᠦᠭᠡᠯᠡᠭᠳᠡᠨ᠎ᠡ ᠤᠤ︖ ᠨᠢᠭᠡᠳᠦᠯᠲᠡᠢ ᠨᠠᠶᠢᠷᠠᠭᠤᠯᠤᠭᠰᠠᠨ ︽ᠬᠡᠯᠡ ᠪᠢᠴᠢᠭ︾ ᠤᠨ ᠵᠢᠭᠠᠬᠤ | ᠮᠠᠲ᠋ᠧᠷᠢᠶᠠᠯ ᠢ ᠬᠡᠷᠡᠭᠯᠡᠭᠰᠡᠨ ᠤ ᠲᠠᠷᠠᠭ᠎ᠠ᠂ ᠴᠡᠴᠡᠷᠯᠢᠭ ᠠᠴᠠ ᠪᠠᠭ᠎ᠠ ᠰᠤᠷᠭᠠᠭᠤᠯᠢ ᠳᠤ ᠲᠡᠪᠰᠢᠬᠦ᠂ ᠪᠠᠭ᠎ᠠ | ᠰᠤᠷᠭᠠᠭᠤᠯᠢ ᠠᠴᠠ ᠠᠩᠬ᠎ᠠ ᠵᠡᠷᠭᠡ ᠶᠢᠨ ᠲᠤᠮᠳᠠᠳᠤ ᠰᠤᠷᠭᠠᠭᠤᠯᠢ ᠳᠤ ᠲᠠᠪᠰᠢᠬᠦ᠂ ᠠᠩᠬ᠎ᠠ ᠵᠡᠷᠭᠡ ᠶᠢᠨ ᠲᠤᠮᠲᠠᠳᠤ | ᠰᠤᠷᠭᠠᠭᠤᠯᠢ ᠠᠴᠠ ᠦᠨᠳᠦᠷ ᠵᠡᠷᠭᠡ ᠶᠢᠨ ᠳᠣᠮᠳᠠᠳᠣ ᠰᠣᠷᠭᠠᠭᠤᠯᠢ ᠳᠤ ᠲᠡᠪᠰᠢᠬᠦ᠂ ᠲᠤᠮᠲᠠᠳᠤ ᠰᠤᠷᠭᠠᠭᠤᠯᠢ ᠪᠤᠯᠤᠨ | ᠶᠡᠭᠡ ᠰᠤᠷᠭᠠᠭᠤᠯᠢ ᠶᠢᠨ ᠰᠢᠯᠭᠠᠯᠲᠠ ᠶᠢᠨ ᠲᠦᠷᠦ ᠶᠢᠨ ᠪᠤᠳᠤᠯᠭ᠎ᠠ ᠲᠤᠭᠲᠠᠭᠤᠨ ᠪᠠᠶᠢᠬᠤ ᠶᠢ ᠦᠨᠡᠨ ᠬᠦ ᠪᠠᠳᠤᠯᠠᠵᠤ᠂ | ᠰᠤᠷᠤᠭᠴᠢᠳ ᠤᠨ ᠲᠤᠰ ᠪᠡᠶ᠎ᠡ ᠶᠢᠨ ᠠᠰᠢᠭ ᠲᠤᠰᠠ ᠶᠢ ᠪᠠᠳᠤᠯᠠᠨ᠎ᠠ᠃ ᠤᠯᠤᠰ ᠤᠨ ᠲᠦᠷᠦ ᠶᠢᠨ ᠪᠤᠳᠤᠯᠭ᠎ᠠ ᠶᠢᠨ | ᠲᠡᠮᠵᠢᠯᠭᠡ ᠶᠢ ᠤᠯᠵᠤ᠂ ᠮᠠᠯᠵᠢᠬᠤ ᠲᠠᠷᠢᠶᠠᠯᠠᠬᠤ ᠤᠷᠤᠨ ᠪᠤᠯᠤᠨ ᠶᠠᠳᠠᠭᠤ ᠬᠦᠴᠢᠷᠳᠡᠯ ᠲᠠᠢ ᠤᠷᠤᠨ ᠠᠴᠠ ᠰᠤᠷᠤᠭᠴᠢ | ᠡᠯᠰᠡᠭᠦ ᠲᠤᠰᠬᠠᠢ ᠲᠦᠯᠦᠪᠯᠡᠭᠡ ᠶᠢ ᠦᠷᠭᠦᠯᠵᠢᠯᠡᠨ ᠬᠡᠷᠡᠭᠵᠢᠭᠦᠯᠵᠤ᠂ ᠦᠨᠳᠦᠰᠦᠳᠡᠨ ᠤ ᠬᠡᠯᠡ ᠪᠠᠷ ᠬᠢᠴᠢᠶᠡᠯᠯᠡᠬᠦ | ᠰᠤᠷᠤᠭᠴᠢᠳ ᠲᠤ ᠬᠡᠯᠪᠠᠶᠢᠯᠭᠡᠨ᠎ᠡ᠃ | 11. ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠳᠤ ᠰᠤᠷᠭᠠᠨ ᠬᠦᠮᠦᠵᠢᠯ ᠵᠢᠭᠠᠨ | ᠰᠤᠷᠭᠠᠯᠲᠠ ᠶᠢᠨ ᠴᠢᠨᠠᠷ ᠴᠢᠨᠰᠠᠭ᠎ᠠ ᠶᠢ ᠶᠠᠭᠠᠬᠢᠵᠤ ᠪᠠᠳᠤᠯᠠᠬᠤ ᠪᠤᠢ︖ ᠪᠠᠭᠰᠢ ᠨᠠᠷ ᠤᠨ ᠵᠢᠭᠠᠨ ᠰᠤᠷᠭᠠᠯᠲᠠ ᠪᠤᠯᠤᠨ | ᠰᠤᠷᠤᠭᠴᠢᠳ ᠤᠨ ᠰᠤᠷᠤᠯᠭ᠎ᠠ ᠲᠠᠢ ᠤᠶᠠᠯᠳᠤᠭᠤᠯᠵᠤ᠂ ᠭᠤᠤᠯᠳᠠᠭᠤ ᠲᠤᠤᠷᠠᠬᠢ ᠲᠦᠷᠪᠡᠨ ᠲᠠᠯ᠎ᠠ ᠶᠢᠨ ᠠᠵᠢᠯ ᠢ | ᠰᠠᠶᠢᠳᠦᠷ ᠬᠢᠨ᠎ᠡ᠄ ᠨᠢᠭᠡ ᠳᠤ᠂ ᠪᠠᠭᠰᠢ ᠶᠢᠨ ᠪᠤᠯᠪᠠᠰᠤᠷᠠᠯ ᠢ ᠴᠢᠩᠭᠠᠳᠬᠠᠨ᠎ᠠ᠃ ᠰᠤᠷᠭᠠᠭᠤᠯᠢ ᠡᠬᠢᠯᠡᠬᠦ ᠠᠴᠠ ᠡᠮᠦᠨ᠎ᠡ | ᠂ ᠡᠯ᠎ᠡ ᠠᠶᠢᠮᠠᠭ ᠬᠤᠳᠠ ᠲᠡᠷᠢᠭᠦᠯᠡᠨ ᠬᠢᠴᠢᠶᠡᠯ ᠤᠨ ᠪᠠᠷᠢᠮᠵᠢᠶ᠎ᠠ ᠪᠤᠯᠤᠨ ᠵᠢᠭᠠᠬᠤ ᠮᠠᠲ᠋ᠧᠷᠢᠶᠡᠯ ᠤᠨ ᠪᠤᠯᠪᠠᠰᠤᠷᠠᠯ ᠤᠨ | ᠠᠵᠢᠯ ᠢ ᠵᠤᠬᠢᠶᠠᠨ ᠪᠠᠶᠢᠭᠤᠯᠵᠤ᠂ ᠪᠠᠭᠰᠢ ᠨᠠᠷ ᠤᠨ ᠬᠢᠴᠢᠶᠡᠯ ᠤᠨ ᠪᠠᠷᠢᠮᠵᠢᠶ᠎ᠠ ᠶᠢ ᠬᠦᠨᠵᠡᠭᠡᠢ ᠰᠤᠳᠤᠯᠬᠤ ᠶᠢ ᠨᠢ | ᠠᠬᠢᠭᠤᠯᠵᠤ᠂ ᠵᠢᠭᠠᠬᠤ ᠮᠠᠲ᠋ᠧᠷᠢᠶᠠᠯ ᠨᠠᠶᠢᠷᠠᠭᠤᠯᠤᠭᠰᠠᠨ ᠤᠶᠢᠯᠠᠭᠠᠭᠳᠠᠬᠤᠨ᠂ ᠨᠠᠶᠢᠷᠠᠭᠤᠯᠵᠤ ᠪᠢᠴᠢᠭᠰᠡᠨ ᠰᠲ᠋ᠢᠯᠢ᠂ | ᠪᠤᠳᠠᠳᠤ ᠠᠭᠤᠯᠭ᠎ᠠ ᠪᠠ ᠱᠠᠭᠠᠷᠳᠠᠯᠭ᠎ᠠ ᠶᠢ ᠨᠡᠪᠲᠡᠷᠭᠡᠢ ᠡᠵᠡᠮᠰᠢᠭᠦᠯᠦᠨ᠎ᠡ᠃ ᠡᠬᠦᠨ ᠤ ᠬᠠᠮᠳᠤ ᠰᠦᠯᠵᠢᠶᠡᠨ ᠠᠴᠠ | ᠭᠠᠳᠠᠭᠤᠷ ᠲᠦᠪᠯᠡᠷᠡᠭᠦᠯᠵᠦ ᠪᠤᠯᠪᠠᠰᠤᠷᠠᠭᠤᠯᠬᠤ᠂ ᠰᠦᠯᠵᠢᠶ᠎ᠡ ᠪᠠᠷ ᠪᠤᠯᠪᠠᠰᠤᠷᠠᠭᠤᠯᠬᠤ᠂ ᠰᠤᠷᠭᠠᠭᠤᠯᠢ ᠶᠢᠨ ᠲᠤᠳᠤᠷ᠎ᠠ | ᠰᠤᠳᠤᠯᠵᠤ ᠪᠤᠯᠪᠠᠰᠤᠷᠠᠭᠤᠯᠬᠤ᠂ ᠬᠦᠳᠡᠭᠡ ᠲᠤᠰᠬᠤᠨ ᠳᠤ ᠤᠴᠢᠵᠤ ᠵᠢᠭᠠᠵᠤ ᠪᠤᠯᠪᠠᠰᠤᠷᠠᠭᠤᠯᠬᠤ ᠵᠢᠴᠢ ︽ᠨᠢᠭᠡ ᠳᠤ | ᠨᠢᠭᠡ ᠶᠢ ᠲᠤᠬᠢᠷᠠᠭᠤᠯᠤᠨ︾ ᠠᠵᠢᠯ ᠤᠨ ᠪᠠᠶᠢᠷᠢ ᠳᠤᠨᠢ ᠲᠠᠭᠠᠭᠤᠯᠣᠨ ᠪᠣᠯᠪᠠᠰᠣᠷᠠᠭᠤᠯᠬᠤ ᠵᠡᠷᠭᠡ ᠤᠯᠠᠨ ᠭᠡᠯᠪᠡᠷᠢ ᠪᠠᠷ | ᠪᠠᠭᠰᠢ ᠶᠢᠨ ᠲᠤᠰᠬᠠᠢ ᠪᠤᠯᠪᠠᠰᠤᠷᠠᠯ ᠢ ᠦᠷᠨᠢᠭᠦᠯᠦᠨ᠎ᠡ᠃ ᠲᠤᠰᠬᠠᠢ ᠪᠤᠯᠪᠠᠰᠤᠷᠠᠯ ᠲᠠᠭᠤᠰᠤᠭᠰᠠᠨ ᠤ ᠲᠠᠷᠠᠭ᠎ᠠ᠂ | ᠪᠠᠭᠰᠢ ᠨᠠᠷ ᠤᠨ ᠵᠢᠭᠠᠨ ᠰᠤᠷᠭᠠᠯᠲᠠ ᠶᠢᠨ ᠴᠢᠳᠠᠪᠤᠷᠢ ᠪᠤᠯᠤᠨ ᠪᠤᠯᠪᠠᠰᠤᠷᠠᠬᠤ ᠬᠡᠷᠡᠭᠴᠡᠭᠡ ᠱᠠᠭᠠᠷᠳᠠᠯᠭ᠎ᠠ ᠶᠢ ᠰᠢᠨᠵᠢᠯᠡᠬᠦ | ᠤᠬᠠᠭᠠᠨᠴᠢ ᠪᠠᠷ ᠰᠢᠨᠵᠢᠯᠡᠨ ᠲᠤᠭᠲᠠᠭᠠᠵᠤ᠂ ᠲᠠᠷᠠᠭᠠᠴᠢ ᠶᠢᠨ ᠠᠯᠬᠤᠮ ᠤᠨ ᠪᠤᠯᠪᠠᠰᠤᠷᠠᠯ ᠢ ᠦᠪᠡᠷᠳᠡᠭᠡᠨ ᠵᠠᠰᠠᠬᠤ | ᠤᠷᠤᠨ ᠤ ᠲᠤᠮᠲᠠᠳᠤ ᠪᠠᠭ᠎ᠠ ᠰᠤᠷᠭᠠᠭᠤᠯᠢ ᠶᠢᠨ ᠪᠠᠭᠰᠢ ᠨᠠᠷ ᠤᠨ ᠪᠤᠯᠪᠠᠰᠤᠷᠠᠯ ᠤᠨ ᠪᠦᠬᠦᠯᠢ ᠴᠤᠭᠴᠠᠳᠤ | ᠲᠦᠯᠦᠪᠵᠢᠭᠦᠯᠭᠡ ᠳᠤ ᠨᠢᠭᠡᠳᠦᠯᠳᠡᠢ ᠲᠦᠯᠦᠪᠯᠡᠨ ᠵᠤᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠬᠤᠶᠠᠷ ᠲᠤ᠂ ︽ | ᠵᠡᠷᠭᠡᠴᠡᠭᠡ ᠬᠢᠴᠢᠶᠡᠯᠯᠡᠭᠡ︾ ᠶᠢ ᠪᠠᠶᠢᠭᠤᠯᠵᠤ ᠬᠡᠷᠡᠭᠵᠢᠭᠦᠯᠦᠨ᠎ᠡ᠃ ᠨᠡᠷᠡᠲᠦ ᠪᠠᠭᠰᠢ᠂ ᠰᠢᠯᠢᠳᠡᠭ ᠪᠠᠭᠰᠢ᠂ | ᠭᠤᠤᠯᠯᠠᠭᠴᠢ ᠪᠠᠭᠰᠢ ᠶᠢ ᠵᠤᠬᠢᠶᠠᠨ ᠪᠠᠶᠢᠭᠤᠯᠵᠤ᠂ ᠦᠪᠡᠷᠳᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ | ᠡᠭᠦᠯᠡᠨ ᠲᠠᠪᠴᠠᠩ ᠢ ᠠᠰᠢᠭᠯᠠᠵᠤ᠂ ᠮᠤᠩᠭᠤᠯ ᠬᠡᠯᠡᠨ ᠤ ᠡᠬᠢ ᠪᠠᠶᠠᠯᠢᠭ ᠤᠨ ᠰᠦᠯᠵᠢᠶ᠎ᠡ ᠪᠤᠯᠤᠨ ᠦᠪᠦᠷ | ᠮᠤᠩᠭᠤᠯ ᠤᠨ ᠤᠳᠠᠰᠣᠳᠣ ᠲᠧᠯᠸᠢᠰ ᠢᠶᠠᠷ ︽ᠵᠡᠷᠭᠡᠴᠡᠭᠡ ᠬᠢᠴᠢᠶᠡᠯᠯᠡᠭᠡ︾ ᠶᠢ ᠨᠡᠪᠳᠡᠷᠡᠭᠦᠯᠵᠤ᠂ ︽ | ᠰᠠᠭᠤᠷᠢ ᠠᠴᠠ ᠨᠢ ᠳᠠᠭᠠᠭᠠᠨ ᠪᠠᠲᠤᠯᠠᠬᠤ︾ ᠴᠢᠨᠠᠷᠲᠠᠢ ᠵᠢᠭᠠᠨ ᠰᠤᠷᠭᠠᠯᠲᠠ ᠶᠢᠨ ᠡᠬᠢ ᠪᠠᠶᠠᠯᠢᠭ ᠪᠤᠯᠭᠠᠵᠤ᠂ | ᠰᠤᠷᠤᠭᠴᠢᠳ ᠤᠨ ᠪᠡᠶ᠎ᠡ ᠪᠠᠨ ᠳᠠᠭᠠᠭᠠᠵᠤ ᠦᠪᠡᠰᠦᠪᠡᠨ ᠰᠤᠷᠬᠤ ᠪᠠ ᠪᠠᠭᠰᠢ ᠨᠠᠷ ᠤᠨ ᠪᠤᠯᠪᠠᠰᠤᠷᠠᠯ ᠳᠤ ᠬᠡᠷᠡᠭᠯᠡᠨ᠂ | ᠭᠠᠵᠠᠷ ᠤᠷᠤᠨ᠂ ᠰᠤᠷᠭᠠᠭᠤᠯᠢ᠂ ᠰᠤᠷᠤᠯᠭ᠎ᠠ ᠶᠢᠨ ᠭᠡᠰᠡᠭᠯᠡᠯ ᠤᠨ ᠪᠦᠬᠦ ᠲᠠᠯ᠎ᠠ ᠶᠢ ᠬᠠᠮᠣᠷᠬᠤ ᠪᠠᠷ ᠴᠢᠷᠮᠠᠶᠢᠨ᠎ᠠ᠃ | ᠭᠤᠷᠪᠠ ᠳᠤ᠂ ᠵᠢᠭᠠᠬᠤ ᠶᠢ ᠰᠤᠳᠤᠯᠬᠤ ᠵᠢᠯᠤᠭᠤᠳᠤᠮᠵᠢ ᠶᠢ ᠴᠢᠩᠭᠠᠳᠬᠠᠨ᠎ᠠ᠃ ᠦᠪᠡᠷᠳᠡᠭᠡᠨ ᠵᠠᠰᠠᠬᠤ ᠤᠷᠤᠨ ᠤ | ᠲᠦᠪᠰᠢᠨ ᠳᠤ᠂ ᠲᠤᠰᠬᠠᠢ ᠮᠡᠷᠭᠡᠵᠢᠯᠳᠡᠨ ᠤ ᠡᠩᠨᠡᠭᠡ ᠶᠢ ᠵᠤᠬᠢᠶᠠᠨ ᠪᠠᠶᠢᠭᠤᠯᠵᠤ᠂ ᠤᠯᠤᠰ ᠤᠨ ᠨᠢᠭᠡᠳᠦᠯᠲᠡᠢ | ᠨᠠᠶᠢᠷᠠᠭᠤᠯᠤᠭᠰᠠᠨ ᠬᠡᠯᠡ ᠪᠢᠴᠢᠭ ᠤᠨ ᠵᠢᠭᠠᠬᠤ ᠮᠠᠲ᠋ᠧᠷᠢᠶᠠᠯ ᠳᠤ ᠵᠠᠳᠠᠯᠤᠨ ᠰᠢᠨᠵᠢᠯᠡᠭᠦ ᠠᠵᠢᠯ ᠢ ᠰᠠᠶᠢᠲᠤᠷ ᠬᠢᠵᠤ᠂ | ᠵᠢᠭᠠᠬᠤ ᠮᠠᠲ᠋ᠧᠷᠢᠶᠠᠯ ᠨᠠᠶᠢᠷᠠᠭᠤᠯᠣᠨ ᠪᠢᠴᠢᠭᠰᠡᠨ ᠰᠢᠰᠲ᠋ᠧᠮ ᠪᠤᠯᠤᠨ ᠪᠦᠳᠦᠴᠡ ᠶᠢᠨ ᠠᠭᠤᠯᠭ᠎ᠠ ᠶᠢ ᠦᠨᠳᠦᠰᠦᠯᠡᠨ᠂ | ᠨᠢᠭᠡᠴᠢ ᠬᠤᠪᠢᠶᠠᠵᠤ ᠵᠢᠭᠠᠨ ᠰᠤᠷᠭᠠᠯᠲᠠ ᠶᠢᠨ ᠵᠢᠯᠤᠭᠤᠳᠬᠤ ᠰᠠᠨᠠᠯ ᠢ ᠲᠤᠭᠲᠠᠭᠠᠨ᠎ᠠ᠃ ᠡᠬᠦᠨ ᠤ ᠬᠠᠮᠳᠤ᠂ ᠡᠯ᠎ᠡ | ᠭᠠᠵᠠᠷ ᠤᠨ ᠵᠢᠭᠠᠬᠤ ᠶᠢ ᠰᠤᠳᠤᠯᠬᠤ ᠰᠠᠯᠠᠭ᠎ᠠ ᠮᠦᠴᠢᠷ ᠢ ᠵᠢᠭᠠᠨ ᠵᠢᠯᠤᠭᠤᠳᠴᠤ ᠪᠠᠶᠢᠭᠠᠳ ᠰᠣᠷᠣᠯᠴᠠᠯᠭ᠎ᠠ ᠶᠢᠨ | ᠪᠠᠶᠢᠳᠠᠯ ᠳᠤ ᠵᠠᠳᠠᠯᠤᠨ ᠰᠢᠨᠵᠢᠯᠡᠯᠲᠡ ᠶᠢ ᠬᠢᠨᠠᠮᠠᠭᠠᠢ ᠦᠷᠨᠢᠭᠦᠯᠵᠤ᠂ ᠬᠢᠴᠢᠶᠡᠯ ᠤᠨ ᠲᠠᠩᠬᠢᠮ ᠤᠨ ᠵᠢᠭᠠᠨ | ᠰᠤᠷᠭᠠᠯᠲᠠ ᠳᠤ ᠴᠠᠭ ᠲᠣᠬᠠᠢ ᠳᠤᠨᠢ ᠦᠨᠡᠯᠡᠮᠵᠢ ᠬᠢᠵᠦ᠂ ᠵᠢᠭᠠᠨ ᠰᠤᠷᠭᠠᠯᠲᠠ ᠶᠢᠨ ᠠᠬᠢᠴᠠ ᠶᠢ ᠰᠢᠨᠵᠢᠯᠡᠬᠦ | ᠤᠬᠠᠭᠠᠨᠴᠢ ᠪᠠᠷ ᠲᠤᠬᠢᠷᠠᠭᠤᠯᠵᠤ᠂ ᠵᠢᠭᠠᠨ ᠰᠤᠷᠭᠠᠬᠤ ᠴᠢᠨᠠᠷ ᠴᠢᠨᠰᠠᠭ᠎ᠠ ᠶᠢ ᠦᠨᠡᠨ ᠬᠦ ᠪᠠᠳᠤᠯᠠᠨ᠎ᠠ᠃ ᠲᠦᠷᠪᠡ ᠳᠤ᠂ | ᠦᠨᠡᠯᠡᠯᠲᠡ ᠬᠢᠬᠦ ᠪᠠᠷᠢᠮᠵᠢᠶ᠎ᠠ ᠶᠢ ᠲᠤᠬᠢᠷᠠᠭᠤᠯᠤᠨ᠎ᠠ᠃ ᠰᠤᠷᠤᠭᠴᠢᠳ ᠤᠨ ᠮᠡᠳᠡᠯᠭᠡ ᠶᠢᠨ ᠲᠦᠪᠰᠢᠨ ᠪᠠ ᠬᠢᠴᠢᠶᠡᠯ ᠤᠨ | ᠴᠠᠭ ᠤᠨ ᠪᠦᠳᠦᠴᠡ ᠶᠢ ᠦᠨᠳᠦᠰᠦᠯᠡᠵᠤ᠂ ᠵᠢᠭᠠᠨ ᠰᠤᠷᠭᠠᠬᠤ ᠬᠠᠷᠠᠯᠲᠠ ᠪᠠᠨ ᠰᠢᠨᠵᠢᠯᠡᠬᠦ ᠤᠬᠠᠭᠠᠨᠴᠢ ᠪᠠᠷ | ᠲᠤᠭᠲᠠᠭᠠᠵᠤ᠂ ᠬᠢᠴᠢᠶᠡᠯ ᠤᠨ ᠬᠡᠯᠪᠡᠷᠢ ᠶᠢ ᠠᠮᠢᠳᠤᠯᠢᠭ ᠢᠶᠠᠷ ᠪᠠᠶᠢᠷᠢᠰᠢᠭᠤᠯᠤᠨ᠂ ᠰᠢᠯᠭᠠᠯᠲᠠ ᠪᠠᠷ ᠦᠨᠡᠯᠡᠯᠲᠡ ᠬᠢᠬᠦ | ᠪᠠᠷᠢᠮᠵᠢᠶ᠎ᠠ ᠳᠤ ᠵᠤᠬᠢᠬᠤ ᠲᠤᠬᠢᠷᠠᠭᠤᠯᠤᠯᠲᠠ ᠬᠢᠨ᠎ᠡ᠃ | 12. ᠨᠢᠭᠡᠳᠦᠯᠲᠡᠢ ᠨᠠᠶᠢᠷᠠᠭᠤᠯᠤᠭᠰᠠᠨ ︽ᠬᠡᠯᠡ ᠪᠢᠴᠢᠭ︾ ᠤᠨ ᠰᠤᠷᠭᠠᠨ ᠬᠦᠮᠦᠵᠢᠯ ᠤᠨ ᠡᠬᠢ ᠪᠠᠶᠠᠯᠢᠭ ᠢ | ᠶᠠᠭᠠᠬᠢᠵᠤ ᠦᠷ᠎ᠡ ᠪᠦᠳᠦᠮᠵᠢ ᠲᠠᠢ ᠬᠠᠩᠭᠠᠬᠤ ᠪᠤᠢ︖ ᠦᠪᠡᠷᠳᠡᠭᠡᠨ ᠵᠠᠰᠠᠬᠤ ᠤᠷᠤᠨ ᠤ ᠵᠢᠭᠠᠬᠤ ᠶᠢ ᠰᠤᠳᠤᠯᠬᠤ | ᠲᠠᠰᠤᠭ᠂ ᠮᠡᠳᠡᠭᠡ ᠵᠠᠩᠬᠢ ᠶᠢᠨ ᠲᠦᠪ ᠠᠴᠠ ︽ᠬᠡᠯᠡ ᠪᠢᠴᠢᠭ︾ ᠤᠨ ᠵᠡᠷᠭᠡᠴᠡᠭᠡ ᠬᠢᠴᠢᠶᠡᠯᠯᠡᠭᠡ ᠶᠢᠨ ᠰᠢᠩᠭᠡᠭᠡᠨ | ᠦᠢᠯᠡᠳᠭᠦ ᠠᠵᠢᠯ ᠢ ᠦᠷᠨᠢᠭᠦᠯᠵᠤ᠂ ᠰᠤᠷᠭᠠᠭᠤᠯᠢ ᠡᠬᠢᠯᠡᠬᠦ ᠠᠴᠠ ᠡᠮᠦᠨ᠎ᠡ ᠰᠤᠷᠭᠠᠨ ᠬᠦᠮᠦᠵᠢᠯ ᠤᠨ ᠡᠭᠦᠯᠡᠨ | ᠲᠡᠪᠴᠠᠩ᠂ ᠮᠤᠩᠭᠤᠯ ᠬᠡᠯᠡᠨ ᠤ ᠡᠬᠢ ᠪᠠᠶᠠᠯᠢᠭ ᠤᠨ ᠰᠦᠯᠵᠢᠶ᠎ᠡ ᠪᠤᠯᠤᠨ ᠦᠪᠦᠷ ᠮᠤᠩᠭᠤᠯ ᠤᠨ ᠤᠳᠠᠰᠤᠳᠤ | ᠲᠧᠯᠸᠢᠰ ᠢᠶᠠᠷ ︽ᠵᠡᠷᠭᠡᠴᠡᠭᠡ ᠬᠢᠴᠢᠶᠡᠯᠯᠡᠭᠡ︾ ᠶᠢᠨ ᠨᠡᠪᠳᠡᠷᠡᠭᠦᠯᠭᠡ ᠬᠢᠵᠤ᠂ ᠭᠠᠵᠠᠷ ᠤᠷᠤᠨ᠂ ᠰᠤᠷᠭᠠᠭᠤᠯᠢ᠂ | ᠰᠤᠷᠤᠯᠭ᠎ᠠ ᠶᠢᠨ ᠬᠡᠰᠡᠭᠯᠡᠯ ᠢ ᠪᠦᠷᠢᠨ ᠬᠠᠮᠤᠷᠬᠤ ᠶᠢ ᠪᠠᠳᠤᠯᠠᠬᠤ ᠪᠤᠯᠤᠨ᠎ᠠ᠃ | 13. ᠨᠢᠭᠡᠳᠦᠯᠲᠡᠢ ᠨᠠᠶᠢᠷᠠᠭᠤᠯᠤᠭᠰᠠᠨ ︽ᠬᠡᠯᠡ ᠪᠢᠴᠢᠭ︾ ᠤᠨ ᠪᠠᠭᠰᠢ ᠶᠢᠨ ᠪᠤᠯᠪᠠᠰᠤᠷᠠᠯ ᠵᠢᠴᠢ ᠰᠤᠷᠭᠠᠨ | ᠬᠦᠮᠦᠵᠢᠯ ᠤᠨ ᠡᠬᠢ ᠪᠠᠶᠠᠯᠢᠭ ᠤᠨ ᠵᠠᠷᠤᠳᠠᠯ ᠢ ᠶᠠᠭᠠᠬᠢᠵᠤ ᠪᠠᠳᠤᠯᠠᠬᠤ ᠪᠤᠢ︖ ᠡᠯ᠎ᠡ ᠱᠠᠳᠤᠨ ᠤ ᠡᠳ᠋ ᠤᠨ | ᠵᠠᠰᠠᠭ ᠤᠨ ᠰᠠᠯᠠᠭ᠎ᠠ ᠮᠦᠴᠢᠷ ᠠᠴᠠ ᠲᠤᠰᠬᠠᠢ ᠵᠠᠷᠤᠳᠠᠯ ᠮᠦᠩᠬᠦ ᠲᠤᠬᠢᠷᠠᠭᠤᠯᠵᠤ᠂ ᠤᠯᠤᠰ ᠤᠨ ᠨᠡᠶᠢᠳᠡᠮ ᠬᠡᠷᠡᠭᠯᠡᠬᠦ | ᠦᠭᠡ ᠬᠡᠯᠡ ᠦᠰᠦᠭ ᠪᠢᠴᠢᠭ ᠤᠨ ᠤᠯᠤᠰ ᠠᠴᠠ ᠨᠢᠭᠡᠳᠦᠯᠲᠡᠢ ᠨᠠᠶᠢᠷᠠᠭᠤᠯᠤᠭᠰᠠᠨ ︽ᠬᠡᠯᠡ ᠪᠢᠴᠢᠭ︾ ᠤᠨ ᠵᠢᠭᠠᠬᠤ | ᠮᠠᠲ᠋ᠧᠷᠢᠶᠠᠯ ᠳᠤ ᠬᠤᠯᠪᠤᠭᠳᠠᠭᠰᠠᠨ ᠪᠠᠭᠰᠢ ᠶᠢᠨ ᠪᠤᠯᠪᠠᠰᠤᠷᠠᠯ᠂ ᠵᠢᠭᠠᠨ ᠰᠤᠷᠭᠠᠯᠲᠠ ᠶᠢᠨ ᠡᠬᠢ ᠪᠠᠶᠠᠯᠢᠭ ᠢ ᠨᠡᠭᠡᠭᠡᠨ | ᠠᠰᠢᠭᠯᠠᠬᠤ ᠵᠡᠷᠭᠡ ᠳᠤ ᠬᠡᠷᠡᠭᠰᠡᠭᠦ ᠲᠤᠰᠬᠠᠢ ᠵᠠᠷᠤᠳᠠᠯ ᠭᠠᠷᠭᠠᠵᠤ᠂ ᠪᠠᠳᠤᠯᠠᠬᠤ ᠵᠤᠬᠢᠰᠲᠠᠢ ᠶᠢ ᠡᠷᠭᠡᠪᠰᠢ ᠪᠠᠳᠤᠯᠠᠬᠤ | ᠬᠡᠷᠡᠭᠳᠡᠢ᠃ ᠡᠨᠡ ᠵᠢᠯ ᠦᠪᠡᠷᠳᠡᠭᠡᠨ ᠵᠠᠰᠠᠬᠤ ᠤᠷᠤᠨ ᠠᠴᠠ ᠲᠤᠷᠤᠭᠰᠢ ᠪᠠᠭᠤᠯᠭᠠᠭᠰᠠᠨ ᠲᠦᠪ ᠤᠨ ᠦᠨᠳᠦᠰᠦᠳᠡᠨ ᠤ | ᠰᠤᠷᠭᠠᠨ ᠬᠦᠮᠦᠵᠢᠯ ᠤᠨ ᠲᠤᠰᠬᠠᠢ ᠵᠠᠷᠤᠳᠠᠯ ᠮᠦᠩᠬᠦ ᠶᠢ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ︽ᠬᠡᠯᠡ | ᠪᠢᠴᠢᠭ︾ ᠤᠨ ᠵᠢᠭᠠᠬᠤ ᠮᠠᠲ᠋ᠧᠷᠢᠶᠠᠯ ᠳᠤ ᠤᠷᠢᠳ ᠢᠶᠠᠷ ᠬᠡᠷᠡᠭᠯᠡᠬᠦ ᠶᠢ ᠪᠠᠳᠤᠯᠠᠬᠤ ᠬᠡᠷᠡᠭᠳᠡᠢ᠃ | ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠬᠢᠮ |