ᠤᠢᠢᠷ᠎ᠠ ᠳᠤ᠂ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ | ᠲᠤᠭᠲᠠᠴᠠ ᠰᠤᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠤᠢᠢᠷ᠎ᠠ ᠶᠢᠨ ᠬᠤᠭᠤᠴᠠᠭᠠᠨ ᠤ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠤᠯᠤᠨ ᠡᠮᠴᠢᠯᠡᠭᠡᠨ ᠤ | ᠠᠪᠤᠷᠠᠨ ᠡᠮᠨᠡᠬᠦ ᠲᠠᠢ ᠬᠤᠯᠪᠤᠭᠳᠠᠭᠰᠠᠨ ᠪᠠᠶᠢᠳᠠᠯ ᠢ ᠲᠠᠨᠢᠯᠴᠠᠭᠤᠯᠵᠤ᠂ ᠴᠠᠭᠠᠨ ᠰᠠᠷ᠎ᠠ ᠶᠢᠨ ᠬᠤᠭᠤᠴᠠᠭᠠᠨ ᠳᠤ | ᠬᠢᠵᠢᠭ ᠤᠨ ᠪᠠᠶᠢᠳᠠᠯ ᠳᠠᠬᠢᠨ ᠡᠭᠦᠰᠬᠦ ᠡᠰᠡᠬᠦ᠂ 14 ᠡᠳᠦᠷ ᠲᠤᠰᠠᠭᠠᠷᠯᠠᠭᠰᠠᠨ ᠤ ᠳᠠᠷᠠᠭ᠎ᠠ ᠪᠠᠰᠠ ᠸᠢᠷᠦ᠋ᠰ | ᠪᠠᠶᠢᠴᠠᠭᠠᠨ ᠢᠯᠡᠷᠡᠭᠦᠯᠦᠭᠰᠡᠨ ᠵᠡᠷᠭᠡ ᠠᠰᠠᠭᠤᠯᠲᠠ ᠳᠤ ᠬᠠᠷᠢᠭᠤᠯᠲᠠ ᠦᠭᠪᠡ᠃ | ᠤᠯᠤᠰ ᠤᠨ ᠳᠤᠲᠤᠭᠠᠳᠤᠬᠢ ᠲᠤᠰ ᠡᠭᠡᠯᠵᠢ ᠶᠢᠨ ᠬᠢᠵᠢᠭ ᠤᠨ ᠪᠠᠶᠢᠳᠠᠯ ᠶᠠᠮᠠᠷ ᠤᠨᠴᠠᠯᠢᠭ ᠲᠠᠢ ᠪᠤᠢ︖ | ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠤᠨ ᠰᠤᠨᠢᠨ ᠮᠡᠳᠡᠭᠡᠨ ᠤ ᠦᠭᠦᠯᠡᠭᠴᠢ ᠮᠢ ᠹᠧᠩ | ᠂ ᠤᠯᠤᠰ ᠤᠨ ᠳᠤᠲᠤᠭᠠᠳᠤ ᠶᠢᠨ ᠤᠯᠠᠨ ᠭᠠᠵᠠᠷ ᠲᠠᠷᠠᠬᠠᠢ ᠪᠤᠳᠠᠷᠬᠠᠢ ᠪᠤᠯᠤᠨ ᠲᠦᠪᠯᠡᠷᠡᠭᠰᠡᠨ ᠴᠢᠨᠠᠷᠲᠠᠢ ᠬᠢᠵᠢᠭ ᠤᠨ | ᠪᠠᠶᠢᠳᠠᠯ ᠡᠬᠦᠰᠦᠭᠰᠡᠨ ᠢ ᠮᠡᠳᠡᠭᠦᠯᠪᠡ᠂ ᠬᠢᠵᠢᠭ ᠤᠨ ᠪᠠᠶᠢᠳᠠᠯ ᠨᠢ ᠦᠷᠭᠦᠯᠵᠢᠯᠡᠬᠦ ᠬᠤᠭᠤᠴᠠᠭ᠎ᠠ ᠤᠷᠲᠤ᠂ ᠬᠠᠮᠤᠷᠬᠤ | ᠬᠦᠷᠢᠶ᠎ᠡ ᠬᠡᠪᠴᠢᠶ᠎ᠡ ᠦᠷᠭᠡᠨ᠂ ᠬᠠᠯᠳᠠᠪᠤᠷᠢᠯᠠᠬᠤ ᠬᠤᠷᠳᠤᠴᠠ ᠲᠦᠷᠭᠡᠨ᠂ ᠬᠠᠯᠳᠠᠪᠤᠷᠢᠯᠠᠭᠰᠠᠳ ᠤᠨ ᠨᠠᠰᠤ ᠵᠢᠯ | ᠦᠨᠳᠦᠷ᠂ ᠬᠦᠳᠡᠭᠡ ᠲᠤᠰᠬᠤᠨ ᠳᠠᠬᠢ ᠬᠠᠷᠢᠴᠠᠯ ᠦᠨᠳᠦᠷ ᠵᠡᠷᠭᠡ ᠤᠨᠴᠠᠯᠢᠭ ᠢᠯᠡᠷᠡᠵᠦ᠂ ᠵᠠᠷᠢᠮ ᠭᠠᠵᠠᠷ ᠲᠤ | ᠨᠡᠶᠢᠭᠡᠮ ᠲᠤᠭᠤᠷᠢᠭ ᠲᠤ ᠬᠠᠯᠳᠠᠪᠤᠷᠢᠯᠠᠨ ᠲᠠᠷᠬᠠᠬᠤ᠂ ᠦᠶ᠎ᠡ ᠲᠠᠮᠵᠢᠨ ᠬᠠᠯᠳᠠᠪᠤᠷᠢᠯᠠᠨ ᠲᠠᠷᠬᠠᠬᠤ ᠪᠠᠶᠢᠳᠠᠯ ᠢᠯᠡᠷᠡᠪᠡ | ᠭᠡᠵᠦ ᠢᠯᠡᠳᠬᠡᠪᠡ᠃ | ᠴᠠᠭᠠᠨ ᠰᠠᠷ᠎ᠠ ᠶᠢᠨ ᠬᠤᠭᠤᠴᠠᠭᠠᠨ ᠳᠤ ᠬᠢᠵᠢᠭ ᠤᠯᠠᠮ ᠢᠶᠠᠷ ᠦᠷᠪᠢᠰᠦᠨ ᠳᠡᠯᠭᠡᠷᠡᠨ᠎ᠡ ᠤᠤ︖ | ᠳᠤᠮᠳᠠᠳᠤ ᠤᠯᠤᠰ ᠤᠨ ᠡᠪᠡᠳᠴᠢᠨ ᠡᠮᠬᠡᠭ ᠢ ᠰᠡᠷᠭᠡᠶᠢᠯᠡᠨ ᠡᠵᠡᠮᠳᠡᠬᠦ ᠲᠦᠪ ᠤᠨ ᠡᠷᠬᠢᠯᠡᠭᠴᠢ ᠹᠧᠩ ᠽᠢ ᠵᠢᠶᠠᠨ | ᠂ ᠮᠠᠨ ᠤ ᠤᠯᠤᠰ ᠤᠨ ᠬᠢᠵᠢᠭ ᠤᠨ ᠪᠠᠶᠢᠳᠠᠯ ᠤᠯᠠᠨ ᠭᠠᠵᠠᠷ ᠤᠷᠤᠨ ᠤ ᠬᠡᠰᠡᠭ ᠭᠠᠵᠠᠷ ᠲᠤ ᠦᠷᠪᠢᠰᠦᠨ ᠳᠡᠯᠭᠡᠷᠡᠬᠦ | ᠪᠤᠶᠤ ᠠᠳᠡ ᠲᠡᠨᠳᠡ ᠡᠭᠦᠰᠬᠦ ᠪᠠᠶᠢᠳᠠᠯ ᠢᠯᠡᠷᠡᠪᠡ᠂ ᠡᠨᠡ ᠪᠤᠯ ᠡᠪᠦᠯ ᠪᠤᠯᠵᠤ ᠪᠦᠬᠦ ᠪᠦᠮᠪᠦᠷᠴᠡᠭ ᠤᠨ ᠬᠢᠵᠢᠭ ᠤᠨ | ᠪᠠᠶᠢᠳᠠᠯ ᠶᠡᠭᠡ ᠪᠠᠷ ᠬᠡᠴᠡᠭᠦᠳᠡᠭᠰᠡᠨ ᠤ ᠳᠠᠷᠠᠭ᠎ᠠ᠂ ᠮᠠᠨ ᠤ ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠳᠤ ᠲᠤᠯᠭᠠᠷᠠᠭᠰᠠᠨ ᠯᠤᠲᠤ ᠶᠡᠭᠡ ᠳᠠᠷᠤᠯᠲᠠ ᠶᠢᠨ ᠨᠢᠭᠡ ᠵᠦᠢᠯ ᠤᠨ ᠢᠯᠡᠷᠡᠯ ᠪᠤᠯᠤᠨ᠎ᠠ᠃ | ᠴᠠᠭᠠᠨ ᠰᠠᠷ᠎ᠠ ᠶᠢᠨ ᠬᠤᠭᠤᠴᠠᠭᠠᠨ ᠳᠤ᠂ ᠨᠠᠭᠠᠰᠢ ᠴᠠᠭᠠᠰᠢ ᠶᠠᠪᠤᠬᠤ ᠬᠦᠮᠦᠨ ᠬᠠᠷ᠎ᠠ ᠤᠯᠠᠰᠢᠷᠠᠬᠤ ᠨᠢ | ᠬᠢᠵᠢᠭ ᠤᠨ ᠪᠠᠶᠢᠳᠠᠯ ᠬᠠᠯᠳᠠᠪᠤᠷᠢᠯᠠᠨ ᠲᠠᠷᠬᠠᠬᠤ ᠠᠶᠤᠯ ᠲᠦᠭᠰᠢᠭᠦᠷᠢ ᠶᠢ ᠨᠡᠮᠡᠭᠳᠡᠭᠦᠯᠦᠨ᠎ᠡ︔ ᠪᠠᠷᠠᠭᠠᠨ ᠤ | ᠭᠦᠢᠯᠭᠡᠭᠡᠨ ᠤ ᠬᠡᠮᠵᠢᠶ᠎ᠡ ᠨᠡᠮᠡᠭᠳᠡᠵᠦ᠂ ᠳᠤᠤᠷ᠎ᠠ ᠳᠤᠯᠠᠭᠠᠨ ᠳᠤ ᠭᠠᠳᠠᠭᠠᠳᠤ ᠠᠴᠠ ᠤᠷᠤᠭᠤᠯᠬᠤ ᠬᠦᠯᠳᠡᠭᠦᠦ ᠪᠠᠷ | ᠵᠦᠭᠡᠭᠡᠪᠦᠷᠢᠯᠡᠬᠦ ᠢᠳᠡᠭᠡᠨ ᠪᠤᠯᠤᠨ ᠪᠤᠰᠤᠳ ᠡᠳ᠋ ᠪᠠᠷᠠᠭ᠎ᠠ ᠶᠢᠨ ᠸᠢᠷᠦ᠋ᠰ ᠲᠤ ᠬᠠᠯᠳᠠᠪᠤᠷᠢᠯᠠᠬᠤ ᠠᠶᠤᠯ | ᠲᠦᠭᠰᠢᠭᠦᠷᠢ ᠠᠴᠠ ᠰᠡᠷᠡᠮᠵᠢᠯᠡᠬᠦ ᠬᠡᠷᠡᠭᠲᠡᠢ᠃ ᠬᠠᠮᠢᠶ᠎ᠡ ᠪᠦᠬᠦᠢ ᠠᠷᠭ᠎ᠠ ᠬᠡᠮᠵᠢᠶ᠎ᠡ ᠶᠢ ᠰᠠᠶᠢᠲᠤᠷ | ᠨᠠᠶᠢᠳᠠᠪᠤᠷᠢᠵᠢᠭᠤᠯᠬᠤ ᠳᠤ ᠬᠦᠷᠪᠡᠯ᠂ ᠶᠡᠭᠡ ᠬᠡᠪᠴᠢᠶᠡᠨ ᠤ ᠬᠢᠵᠢᠭ ᠤᠨ ᠪᠠᠶᠢᠳᠠᠯ ᠳᠠᠬᠢᠨ ᠳᠡᠯᠭᠡᠷᠡᠬᠦ ᠦᠭᠡᠢ | ᠪᠠᠶᠢᠬᠤ ᠶᠢ ᠪᠠᠲᠤᠯᠠᠵᠤ ᠳᠡᠶᠢᠯᠦᠨ᠎ᠡ ᠭᠡᠵᠦ ᠢᠯᠡᠳᠭᠡᠪᠡ᠃ | 14 ᠡᠳᠦᠷ ᠲᠤᠰᠠᠭᠠᠷᠯᠠᠭᠰᠠᠨ ᠤ ᠳᠠᠷᠠᠭ᠎ᠠ ᠶᠠᠭᠠᠬᠢᠭᠠᠳ ᠪᠠᠰᠠ ᠸᠢᠷᠦ᠋ᠰ ᠢ ᠪᠠᠶᠢᠴᠠᠭᠠᠨ ᠢᠯᠡᠷᠡᠭᠦᠯᠦᠭᠰᠡᠨ ᠪᠤᠢ︖ | | ᠤᠢᠢᠷ᠎ᠠ ᠳᠤ ᠢᠯᠡᠷᠡᠭᠰᠡᠨ 14 ᠡᠳᠦᠷ ᠲᠤᠰᠠᠭᠠᠷᠯᠠᠭᠰᠠᠨ ᠤ ᠳᠠᠷᠠᠭ᠎ᠠ ᠰᠢᠨ᠎ᠡ ᠲᠢᠳᠢᠮᠯᠢᠭ ᠠᠭᠤᠰᠬᠢᠨ | ᠦᠷᠪᠢᠰᠦᠯ ᠳᠤ ᠬᠠᠯᠳᠠᠪᠤᠷᠢᠯᠠᠭᠳᠠᠭᠰᠠᠨ ᠢ ᠪᠠᠶᠢᠴᠠᠭᠠᠨ ᠢᠯᠡᠷᠡᠭᠦᠯᠦᠭᠰᠡᠨ ᠦᠵᠡᠭᠳᠡᠯ ᠳᠤ ᠴᠢᠭᠯᠡᠭᠦᠯᠵᠦ᠂ | ᠪᠡᠭᠡᠵᠢᠩ ᠤᠨ ᠨᠢᠭᠡᠳᠦᠭᠡᠷ ᠡᠮᠨᠡᠯᠭᠡ ᠶᠢᠨ ᠬᠤᠷᠢᠶᠠᠨ ᠤ ᠬᠠᠯᠳᠠᠪᠤᠷᠢᠲᠤ ᠡᠪᠡᠳᠴᠢᠨ ᠤ ᠬᠡᠯᠲᠡᠰ ᠤᠨ ᠡᠷᠬᠢᠯᠡᠭᠴᠢ ᠸᠠᠩ | ᠭᠦᠢ ᠴᠢᠶᠠᠩ᠂ ᠨᠢᠭᠤᠭᠳᠠᠮᠠᠯ ᠬᠤᠭᠤᠴᠠᠭ᠎ᠠ ᠬᠡᠳᠦ ᠤᠷᠲᠤ ᠪᠤᠯᠬᠤ ᠨᠢ ᠴᠦᠬᠡᠨ ᠲᠤᠬᠢᠶᠠᠯᠳᠤᠳᠠᠭ ᠦᠵᠡᠭᠳᠡᠯ | ᠪᠤᠯᠤᠨ᠎ᠠ᠂ ᠨᠢᠭᠤᠭᠳᠠᠮᠠᠯ ᠬᠤᠭᠤᠴᠠᠭ᠎ᠠ ᠨᠢ ᠨᠡᠩ ᠤᠷᠲᠤ ᠪᠤᠯᠬᠤ ᠡᠰᠡᠬᠦ ᠶᠢ ᠮᠠᠭᠠᠳᠯᠠᠬᠤ ᠴᠢᠬᠤᠯᠠᠲᠠᠢ᠃ | ᠤᠳᠤᠬᠠᠨ ᠳᠤ ᠵᠠᠷᠢᠮ ᠭᠠᠵᠠᠷ ᠤᠨ ᠬᠢᠨ 14+7 ᠡᠳᠦᠷ ᠤᠨ ᠲᠤᠰᠠᠭᠠᠷᠯᠠᠬᠤ ᠠᠷᠭ᠎ᠠ ᠬᠡᠮᠵᠢᠶ᠎ᠡ ᠠᠪᠤᠭᠰᠠᠨ ᠨᠢ | ᠨᠢᠭᠤᠭᠳᠠᠮᠠᠯ ᠠᠶᠤᠯ ᠲᠦᠭᠰᠢᠭᠦᠷᠢ ᠠᠴᠠ ᠬᠠᠮᠤᠭ ᠶᠡᠭᠡ ᠬᠡᠮᠵᠢᠶ᠎ᠡ ᠪᠠᠷ ᠵᠠᠶᠢᠯᠠᠰᠬᠢᠬᠤ ᠶᠢᠨ ᠲᠦᠯᠦᠭᠡ ᠶᠤᠮ ᠭᠡᠪᠡ᠃ | ᠲᠡᠷᠡ ᠪᠠᠰᠠ᠂ ᠭᠡᠷ ᠲᠡᠭᠡᠨ ᠰᠠᠭᠤᠵᠤ ᠲᠤᠰᠠᠭᠠᠷᠯᠠᠬᠤ ᠳᠠᠭᠠᠨ ᠪᠠᠰᠠ ᠡᠯ᠎ᠡ ᠵᠦᠢᠯ ᠤᠨ ᠰᠡᠷᠭᠡᠶᠢᠯᠡᠯᠳᠡ | ᠬᠠᠮᠠᠭᠠᠯᠠᠯᠲᠠ ᠶᠢ ᠰᠠᠶᠢᠲᠤᠷ ᠬᠢᠬᠦ ᠬᠡᠷᠡᠭᠲᠡᠢ ᠭᠡᠵᠦ ᠰᠠᠨᠠᠭᠤᠯᠪᠠ᠃ | ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠶᠢᠨ ᠬᠠᠯᠳᠠᠭᠠᠬᠤ ᠴᠢᠨᠠᠷ ᠨᠢ ᠲᠤᠳᠤᠯᠠᠭᠰᠠᠨ | ᠡᠪᠡᠳᠴᠢᠲᠡᠨ ᠠᠴᠠ ᠪᠠᠭ᠎ᠠ ᠤᠤ︖ | ᠳᠤᠮᠳᠠᠳᠤ ᠤᠯᠤᠰ ᠤᠨ ᠡᠪᠡᠳᠴᠢᠨ ᠡᠮᠬᠡᠭ ᠢ ᠰᠡᠷᠭᠡᠢᠯᠡᠨ ᠡᠵᠡᠮᠳᠡᠬᠦ ᠲᠦᠪ ᠤᠨ ᠡᠷᠬᠢᠯᠡᠭᠴᠢ ᠹᠧᠩ ᠽᠢ ᠵᠢᠶᠠᠨ᠂ | ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠨᠢ ᠬᠠᠯᠳᠠᠭᠠᠬᠤ ᠴᠢᠨᠠᠷ ᠲᠠᠢ᠂ ᠭᠡᠪᠡᠴᠦ ᠬᠠᠯᠳᠠᠭᠠᠬᠤ ᠬᠡᠮᠵᠢᠶ᠎ᠡ | ᠲᠡᠶᠢᠮᠦ ᠦᠨᠳᠦᠷ ᠪᠢᠰᠢ ᠪᠠᠶᠢᠵᠤ᠂ ᠡᠪᠡᠳᠴᠢᠨ ᠤ ᠢᠯᠡᠷᠡᠯ ᠲᠠᠢ ᠡᠪᠡᠳᠴᠢᠲᠡᠨ ᠲᠠᠢ ᠬᠠᠷᠢᠴᠠᠭᠤᠯᠪᠠᠯ᠂ ᠲᠡᠭᠦᠨ ᠤ | ᠬᠠᠯᠳᠠᠭᠠᠬᠤ ᠴᠢᠨᠠᠷ ᠨᠢ ᠳᠦᠷᠪᠡᠨ ᠤ ᠨᠢᠭᠡ ᠪᠤᠶᠤ ᠭᠤᠷᠪᠠᠨ ᠤ ᠨᠢᠭᠡ ᠤᠷᠴᠢᠮ ᠪᠠᠶᠢᠳᠠᠭ᠃ ᠭᠡᠪᠡᠴᠦ᠂ ᠡᠪᠡᠳᠴᠢᠨ ᠤ | ᠢᠯᠡᠷᠡᠯ ᠦᠭᠡᠢ ᠬᠠᠯᠳᠠᠪᠤᠷᠢᠯᠠᠭᠳᠠᠭᠴᠢ ᠨᠢ ᠸᠢᠷᠦ᠋ᠰ ᠬᠠᠯᠳᠠᠪᠤᠷᠢᠯᠠᠨ ᠲᠠᠷᠬᠠᠬᠤ ᠶᠠᠪᠤᠴᠠ ᠳᠤ ᠮᠦᠨ ᠴᠢᠬᠤᠯᠠ | ᠳᠦᠷᠢ ᠶᠢ ᠲᠤᠭᠯᠠᠵᠤ ᠪᠠᠶᠢᠳᠠᠭ᠃ ᠡᠶᠢᠮᠦ ᠠᠴᠠ᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠪᠤᠯᠤᠨ | ᠳᠤᠳᠤᠯᠠᠭᠰᠠᠨ ᠡᠪᠡᠳᠴᠢᠲᠡᠨ ᠳᠤ ᠪᠢᠳᠡ ᠡᠭᠡᠭᠡ ᠠᠳᠠᠯᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠠᠪᠤᠨ᠎ᠠ ᠭᠡᠵᠦ | ᠢᠯᠡᠳᠭᠡᠪᠡ᠃ | ᠠᠶᠤᠯ ᠲᠦᠭᠰᠢᠭᠦᠷᠢ ᠢᠶᠠᠷ ᠦᠨᠳᠦᠷ ᠪᠤᠶᠤ ᠳᠤᠮᠳᠠ ᠵᠡᠷᠭᠡ ᠶᠢᠨ ᠠᠶᠤᠯ ᠲᠦᠭᠰᠢᠭᠦᠷᠢ ᠲᠠᠢ ᠭᠠᠵᠠᠷ ᠤᠷᠤᠨ ᠤ | ᠠᠷᠠᠳ ᠤᠯᠠᠨ ᠸᠠᠺᠼᠢᠨ ᠲᠠᠷᠢᠭᠰᠠᠨ ᠤ ᠳᠠᠷᠠᠭ᠎ᠠ ᠪᠠᠰᠠ ᠲᠤᠰᠠᠭᠠᠷᠯᠠᠬᠤ ᠴᠢᠬᠤᠯᠠᠲᠠᠢ ᠤᠤ︖ | ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠤᠨ ᠡᠪᠡᠳᠴᠢᠨ ᠡᠮᠬᠡᠭ ᠢ ᠰᠡᠷᠭᠡᠶᠢᠯᠡᠨ | ᠡᠵᠡᠮᠳᠡᠬᠦ ᠲᠤᠪᠴᠢᠶᠠᠨ ᠤ ᠬᠢᠨᠠᠨ ᠪᠠᠶᠢᠴᠠᠭᠠᠬᠤ ᠲᠤᠰᠬᠠᠢ ᠲᠤᠰᠢᠶᠠᠯᠳᠠᠨ ᠸᠠᠩ ᠪᠢᠨ᠂ ᠰᠢᠨ᠎ᠡ ᠲᠢᠳᠢᠮᠯᠢᠭ ᠠᠭᠤᠰᠬᠢᠨ | ᠦᠷᠪᠢᠰᠦᠯ ᠤᠨ ᠸᠠᠺᠼᠢᠨ ᠲᠠᠷᠢᠭᠰᠠᠨ ᠤ ᠳᠠᠷᠠᠭ᠎ᠠ᠂ ᠤᠯᠠᠩᠬᠢ ᠬᠦᠮᠦᠰ ᠤᠨ ᠪᠡᠶ᠎ᠡ ᠳᠤ ᠴᠠᠷᠤᠭᠴᠢ ᠡᠭᠦᠰᠦᠨ᠎ᠡ᠂ | ᠭᠡᠪᠡᠴᠦ ᠴᠦᠬᠡᠨ ᠲᠤᠭᠠᠨ ᠤ ᠲᠠᠷᠢᠯᠭ᠎ᠠ ᠲᠠᠷᠢᠭᠰᠠᠳ ᠪᠠᠰᠠ ᠬᠠᠯᠳᠠᠪᠤᠷᠢᠯᠠᠭᠳᠠᠬᠤ ᠠᠶᠤᠯ ᠲᠦᠭᠰᠢᠭᠦᠷᠢ ᠲᠠᠢ ᠶᠤᠮ᠃ | ᠡᠭᠦᠨ ᠠᠴᠠ ᠭᠠᠳᠠᠨ᠎ᠠ᠂ ᠤᠯᠠᠩᠬᠢ ᠬᠦᠮᠦᠰ ᠨᠢᠭᠡ ᠯᠡ ᠤᠳᠠᠭ᠎ᠠ ᠲᠠᠷᠢᠯᠭ᠎ᠠ ᠬᠢᠭᠰᠡᠨ ᠪᠠᠶᠢᠵᠤ᠂ ᠸᠠᠺᠼᠢᠨ ᠤ | ᠬᠠᠮᠠᠭᠠᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ ᠳᠡᠶᠢᠯᠬᠦ ᠦᠭᠡᠢ ᠪᠠᠶᠢᠳᠠᠭ᠃ ᠬᠦᠮᠦᠨ ᠬᠠᠷ᠎ᠠ ᠨᠠᠭᠠᠰᠢ ᠴᠠᠭᠠᠰᠢ | ᠶᠠᠪᠤᠵᠤ ᠰᠠᠭᠤᠬᠤ ᠳᠤ ᠯᠡ ᠬᠦᠷᠪᠡᠯ᠂ ᠲᠤᠬᠠᠢ ᠶᠢᠨ ᠭᠠᠵᠠᠷ ᠤᠨ ᠬᠠᠮᠢᠶ᠎ᠠ ᠪᠦᠬᠦᠢ ᠰᠡᠷᠭᠡᠶᠢᠯᠡᠨ ᠡᠵᠡᠮᠳᠡᠬᠦ | ᠱᠠᠭᠠᠷᠳᠠᠯᠭ᠎ᠠ ᠪᠤᠯᠤᠨ ᠲᠤᠭᠲᠠᠭᠠᠯ ᠢ ᠵᠢᠷᠤᠮᠯᠠᠬᠤ ᠶᠢ ᠰᠠᠨᠠᠭᠤᠯᠵᠤ ᠪᠠᠶᠢᠨ᠎ᠠ ᠭᠡᠵᠦ ᠢᠯᠡᠳᠭᠡᠪᠡ᠃ | ᠸᠠᠺᠼᠢᠨ ᠲᠠᠷᠢᠬᠤ ᠳᠤ ᠨᠠᠰᠤᠨ ᠤ ᠬᠢᠵᠠᠭᠠᠷ ᠲᠠᠢ ᠤᠤ︖ | ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠤᠨ ᠡᠪᠡᠳᠴᠢᠨ ᠡᠮᠬᠡᠭ ᠢ ᠰᠡᠷᠭᠡᠶᠢᠯᠡᠨ | ᠡᠵᠡᠮᠳᠡᠬᠦ ᠲᠤᠪᠴᠢᠶᠠᠨ ᠤ ᠬᠢᠨᠠᠨ ᠪᠠᠶᠢᠴᠠᠭᠠᠬᠤ ᠲᠤᠰᠬᠠᠢ ᠲᠤᠰᠢᠶᠠᠯᠳᠠᠨ ᠸᠠᠩ ᠪᠢᠨ᠂ ᠤᠳᠤᠬᠠᠨ ᠤ ᠲᠠᠷᠢᠯᠭ᠎ᠠ | ᠲᠠᠷᠢᠬᠤ ᠭᠤᠤᠯᠳᠠᠯᠭ᠎ᠠ ᠲᠠᠢ ᠬᠦᠮᠦᠰ ᠪᠤᠯ 18 ᠠᠴᠠ 59 ᠨᠠᠰᠤᠨ ᠤ ᠠᠶᠤᠯ ᠲᠦᠭᠰᠢᠭᠦᠷᠢ ᠢᠶᠠᠷ ᠦᠨᠳᠦᠷ ᠪᠠ | ᠬᠠᠯᠳᠠᠪᠤᠷᠢᠯᠠᠭᠳᠠᠵᠤ ᠮᠡᠳᠡᠬᠦ ᠨᠤᠷᠮ᠎ᠠ ᠪᠠᠷ ᠦᠨᠳᠦᠷ ᠬᠦᠮᠦᠰ ᠪᠠᠶᠢᠵᠤ᠂ ᠸᠠᠺᠼᠢᠨ ᠤ ᠡᠮᠴᠢᠯᠡᠭᠡᠨ ᠤ ᠰᠤᠳᠤᠯᠭᠠᠨ ᠤ | ᠲᠤᠭ᠎ᠠ ᠪᠠᠷᠢᠮᠲᠠ ᠶᠢᠨ ᠲᠠᠰᠤᠷᠠᠯᠲᠠ ᠦᠭᠡᠢ ᠲᠡᠭᠦᠯᠳᠡᠷᠵᠢᠬᠦ᠂ ᠰᠡᠷᠭᠡᠶᠢᠯᠡᠨ ᠡᠵᠡᠮᠳᠡᠬᠦ ᠠᠵᠢᠯ ᠤᠨ ᠱᠠᠭᠠᠷᠳᠠᠯᠭ᠎ᠠ ᠵᠢᠴᠢ | ᠸᠠᠺᠼᠢᠨ ᠤ ᠬᠠᠨᠭ᠍ᠭᠠᠯᠭ᠎ᠠ ᠶᠢᠨ ᠬᠡᠮᠵᠢᠶ᠎ᠡ ᠨᠡᠮᠡᠭᠳᠡᠬᠦ ᠵᠡᠷᠭᠡ ᠶᠢ ᠳᠠᠭᠠᠯᠳᠤᠨ᠂ ᠳᠤᠮᠳᠠᠳᠤ ᠤᠯᠤᠰ ᠤᠨ ᠬᠢᠨ ᠸᠠᠺᠼᠢᠨ | ᠲᠠᠷᠢᠬᠤ ᠬᠠᠷᠠᠯᠲᠠᠳᠤ ᠬᠦᠮᠦᠰ ᠢ ᠦᠷᠭᠡᠳᠭᠡᠵᠦ᠂ 60 ᠨᠠᠰᠤ ᠵᠢᠴᠢ ᠲᠡᠭᠦᠨ ᠠᠴᠠ ᠳᠡᠭᠡᠭᠰᠢᠬᠢ ᠨᠠᠰᠤᠲᠠᠶᠢᠴᠤᠳ ᠢ | ᠪᠠᠭᠲᠠᠭᠠᠬᠤ ᠪᠤᠯᠤᠨ᠎ᠠ ᠭᠡᠵᠦ ᠢᠯᠡᠳᠭᠡᠪᠡ᠃ |