ᠡᠵᠡᠨ᠎ᠡ ᠬᠤᠰᠢᠭᠤᠨ ᠤ ᠰᠢᠨ᠎ᠡ ᠳᠢᠳᠢᠮᠯᠢᠭ ᠠᠭᠤᠰᠬᠢᠨ ᠥᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ 8 ᠳ᠋ᠤᠭᠠᠷ ᠨᠣᠮᠧᠷᠲᠤ ᠠᠯᠪᠠᠨ ᠵᠠᠷᠯᠠᠯ
ᠨᠡᠶᠢᠲᠡᠯᠡᠭᠰᠡᠨ ᠴᠠᠭ᠄
2021/1/29
       ᠴᠠᠭᠠᠨ ᠰᠠᠷ᠎ᠠ ᠶᠢᠨ ᠬᠤᠭᠤᠴᠠᠭᠠᠨ ᠳᠠᠬᠢ ᠮᠠᠨ ᠤ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠳᠤᠷ ᠬᠢᠵᠦ᠂ ᠠᠷᠠᠳ ᠣᠯᠠᠨ ᠠᠮᠤᠷ ᠲᠥᠪᠰᠢᠨ᠂ ᠠᠮᠤᠷ ᠠᠮᠤᠭᠤᠯᠠᠩ ᠪᠠᠷ ᠪᠠᠶᠠᠷ ᠤᠨ ᠡᠳᠦᠷ ᠢᠶᠠᠨ ᠥᠩᠭᠡᠷᠡᠭᠦᠯᠬᠦ ᠶᠢ ᠪᠠᠳᠤᠯᠠᠬᠤ ᠶᠢᠨ ᠲᠥᠯᠥᠭᠡ᠂ ᠣᠳᠣ ᠬᠤᠯᠪᠣᠭᠳᠠᠯ ᠪᠥᠬᠦᠢ ᠵᠦᠢᠯᠡᠰ ᠢ ᠳᠤᠤᠷᠠᠬᠢ ᠮᠡᠲᠤ ᠮᠡᠳᠡᠭᠳᠡᠶ᠎ᠡ᠃        ᠨᠢᠭᠡ᠂ ᠬᠢᠯᠢ ᠶᠢᠨ ᠭᠠᠳᠠᠨᠠᠬᠢ ᠪᠠ ᠤᠯᠤᠰ ᠤᠨ ᠳᠣᠳᠤᠭᠠᠳᠤ ᠶᠢᠨ ᠳᠤᠮᠳᠠ ᠥᠨᠳᠥᠷ ᠳᠡᠰ ᠤᠨ ᠲᠥᠭᠰᠢᠬᠦᠷᠢᠳᠡᠢ ᠭᠠᠵᠠᠷ ᠣᠷᠣᠨ ᠤ ᠬᠦᠮᠦᠰ ᠴᠢᠬᠤᠯᠠᠴᠢᠯᠠᠭ᠎ᠠ ᠦᠭᠡᠢ ᠪᠣᠯ ᠮᠠᠨ ᠤ ᠬᠤᠰᠢᠭᠤᠨ ᠳᠤ ᠢᠷᠡᠵᠤ ︵ᠪᠤᠴᠠᠬᠤ︶᠎ ᠪᠠᠨ ᠲᠦᠷ ᠬᠤᠶᠢᠰᠢᠯᠠᠭᠤᠯᠬᠤ ᠬᠡᠷᠡᠭᠳᠡᠢ᠃ ᠥᠷᠭᠡᠨ ᠣᠯᠠᠨ ᠲᠥᠮᠡᠨ ᠠᠯᠢ ᠴᠢᠳᠠᠬᠤ ᠪᠠᠷ ᠲᠤᠬᠠᠢ ᠶᠢᠨ ᠭᠠᠵᠠᠷ ᠲᠠᠭᠠᠨ ᠰᠢᠨᠡᠯᠡᠵᠦ᠂ ᠴᠢᠬᠤᠯᠠᠴᠢᠯᠠᠭ᠎ᠠ ᠦᠭᠡᠢ ᠪᠣᠯ ᠭᠠᠳᠠᠭᠰᠢ ᠭᠠᠷᠬᠤ ᠦᠭᠡᠢ᠂ ᠬᠢᠯᠢ ᠠᠴᠠ ᠭᠠᠷᠬᠤ ᠦᠭᠡᠢ᠂ ᠤᠯᠤᠰ ᠤᠨ ᠳᠣᠳᠤᠭᠠᠳᠤ ᠶᠢᠨ ᠳᠤᠮᠳᠠ ᠥᠨᠳᠦᠷ ᠳᠡᠰ ᠤᠨ ᠲᠥᠭᠰᠢᠬᠦᠷᠢᠳᠡᠢ ᠭᠠᠵᠠᠷ ᠣᠷᠣᠨ ᠳᠤ ᠣᠴᠢᠬᠤ ᠦᠭᠡᠢ ᠪᠠᠶᠢᠬᠤ ᠬᠡᠷᠡᠭᠳᠡᠢ᠃ ᠡᠯ᠎ᠡ ᠱᠠᠳᠣᠨ ᠤ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠶᠢᠨ ᠺᠠᠳ᠋ᠷ ᠠᠵᠢᠯᠳᠠᠨ ᠲᠣᠯᠣᠭᠠᠶᠢᠯᠠᠨ ᠲᠣᠬᠠᠢ ᠶᠢᠨ ᠭᠠᠵᠠᠷ ᠲᠠᠭᠠᠨ ᠰᠢᠨᠡᠯᠡᠵᠦ᠂ ᠬᠦᠮᠦᠰ ᠤᠨ ᠨᠠᠰᠢ ᠴᠠᠰᠢ ᠰᠥᠯᠵᠢᠯᠳᠦᠬᠦ ᠠᠴᠠ ᠪᠣᠯᠵᠣ ᠡᠬᠦᠰᠦᠭᠰᠡᠨ ᠬᠢᠵᠢᠭ ᠬᠠᠯᠳᠠᠪᠤᠷᠢᠯᠠᠬᠤ ᠠᠶᠤᠯ ᠲᠥᠭᠰᠢᠬᠦᠷᠢ ᠶᠢ ᠠᠯᠢ ᠴᠢᠳᠠᠬᠤ ᠪᠠᠷ ᠪᠠᠭᠠᠰᠬᠠᠬᠤ ᠬᠡᠷᠡᠭᠳᠡᠢ᠃ ᠦᠨᠡᠨᠬᠦ ᠭᠠᠳᠠᠭᠰᠢ ᠭᠠᠷᠬᠤ ᠴᠢᠬᠤᠯᠠᠳᠠᠢ ᠪᠣᠯ᠂ ᠡᠷᠬᠡᠪᠰᠢ ᠪᠠᠶᠢᠭ᠎ᠠ ᠪᠠᠶᠢᠭᠤᠯᠭ᠎ᠠ ᠳᠠᠭᠠᠨ ᠤᠷᠢᠳᠴᠢᠯᠠᠨ ᠮᠡᠳᠡᠭᠦᠯᠵᠦ ᠳᠠᠩᠰᠠᠯᠠᠭᠤᠯᠤᠨ᠂ ᠬᠤᠪᠢ ᠪᠡᠶ᠎ᠡ ᠶᠢᠨ ᠬᠠᠮᠠᠭᠠᠯᠠᠯᠳᠠ ᠪᠠᠨ ᠰᠠᠶᠢᠳᠤᠷ ᠬᠢᠵᠦ᠂ ᠥᠪᠡᠷ ᠤᠨ ᠠᠵᠢᠯᠯᠠᠭᠠᠨ ᠤ ᠵᠠᠮ ᠮᠥᠷ ᠢᠶᠠᠨ ᠣᠨᠣᠪᠴᠢᠳᠠᠢ ᠰᠠᠶᠢᠨ ᠳᠡᠮᠳᠡᠭᠯᠡᠬᠦ ᠬᠡᠷᠡᠭᠳᠡᠢ᠃       ᠬᠤᠶᠠᠷ᠂ ᠬᠢᠯᠢ ᠶᠢᠨ ᠭᠠᠳᠠᠨ᠎ᠠ ᠠᠴᠠ ᠮᠠᠨ ᠤ ᠬᠤᠰᠢᠭᠤᠨ ᠳᠤ ᠪᠤᠴᠠᠵᠤ ᠢᠷᠡᠬᠦ ᠴᠢᠬᠤᠯᠠ ᠲᠠᠢ ᠬᠦᠮᠦᠰ ︽14 ᠡᠳᠦᠷ ᠲᠥᠪᠯᠡᠷᠡᠭᠦᠯᠦᠨ ᠲᠣᠰᠭᠠᠷᠯᠠᠬᠤ + 7 ᠡᠳᠦᠷ ᠭᠡᠷ ᠲᠡᠭᠡᠨ ᠲᠣᠰᠭᠠᠷᠯᠠᠬᠤ ︵ᠭᠡᠷ ᠲᠡᠭᠡᠨ ᠲᠤᠰᠠᠭᠠᠷᠯᠠᠬᠤ ᠨᠥᠬᠦᠴᠡᠯ ᠪᠠᠷᠢᠮᠵᠢᠶ᠎ᠠ ᠳᠤ ᠨᠡᠶᠢᠴᠡᠬᠦ ᠦᠭᠡᠢ ᠶᠢ ᠦᠷᠭᠦᠯᠵᠢᠯᠡᠨ ᠲᠥᠪᠯᠡᠷᠡᠭᠦᠯᠦᠨ ᠲᠣᠰᠭᠠᠷᠯᠠᠨ᠎ᠠ︶ +3 ᠤᠳᠠᠭ᠎ᠠ ᠪᠥᠭᠡᠮ ᠬᠦᠴᠢᠯ ᠤᠨ ᠪᠠᠶᠢᠴᠠᠭᠠᠨ ᠬᠡᠮᠵᠢᠯᠳᠠ ᠬᠢᠬᠦ ︵ᠲᠤᠰ ᠲᠤᠰ1᠂14᠂21 ᠡᠳᠦᠷ ᠲᠤ ᠪᠠᠶᠢᠴᠠᠭᠠᠨ ᠬᠡᠮᠵᠢᠯᠳᠠ ᠬᠢᠬᠦ︶︾ ᠬᠠᠮᠢᠶᠠᠷᠤᠨ ᠡᠵᠡᠮᠳᠡᠬᠦ ᠠᠷᠭ᠎ᠠ ᠶᠢ ᠬᠡᠷᠡᠭᠵᠢᠬᠦᠯᠦᠨ᠎ᠡ᠃       ᠭᠤᠷᠪᠠ᠂ ᠤᠯᠤᠰ ᠤᠨ ᠳᠣᠳᠤᠭᠠᠳᠤ ᠶᠢᠨ ᠥᠨᠳᠥᠷ ᠳᠡᠰ ᠤᠨ ᠲᠥᠭᠰᠢᠬᠦᠷᠢᠳᠡᠢ ᠭᠠᠵᠠᠷ ᠣᠷᠣᠨ ᠤ ᠬᠦᠮᠦᠰ ᠪᠤᠶᠤ ᠣᠶᠢᠷ᠎ᠠ ᠶᠢᠨ 14 ᠡᠳᠦᠷ ᠲᠤ ᠤᠯᠤᠰ ᠤᠨ ᠳᠣᠳᠤᠭᠠᠳᠤ ᠶᠢᠨ ᠥᠨᠳᠥᠷ ᠳᠡᠰ ᠤᠨ ᠲᠥᠭᠰᠢᠬᠦᠷᠢᠳᠡᠢ ᠭᠠᠵᠠᠷ ᠤᠷᠤᠨ ᠳᠤ ᠵᠢᠭᠤᠯᠴᠢᠯᠠᠨ ᠰᠠᠭᠤᠭᠰᠠᠨ ᠤᠯᠠ ᠮᠥᠷ ᠲᠠᠢ ᠬᠦᠮᠦᠰ ᠲᠤ ︽14 ᠡᠳᠦᠷ ᠲᠥᠪᠯᠡᠷᠡᠭᠦᠯᠦᠨ ᠲᠤᠰᠠᠭᠠᠷᠯᠠᠬᠤ +2 ᠤᠳᠠᠭ᠎ᠠ ᠪᠥᠭᠡᠮ ᠬᠦᠴᠢᠯ ᠤᠨ ᠪᠠᠶᠢᠴᠠᠭᠠᠨ ᠬᠡᠮᠵᠢᠯᠳᠡ ᠬᠢᠬᠦ︾ ᠬᠠᠮᠢᠶᠠᠷᠤᠨ ᠡᠵᠡᠮᠳᠡᠬᠦ ᠠᠷᠭ᠎ᠠ ᠶᠢ ᠬᠡᠷᠡᠭᠵᠢᠬᠦᠯᠦᠨ᠎ᠡ᠃       ᠲᠥᠷᠪᠡ᠂ ᠤᠯᠤᠰ ᠤᠨ ᠳᠣᠳᠤᠭᠠᠳᠤ ᠶᠢᠨ ᠳᠣᠮᠳᠠ ᠵᠡᠷᠭᠡ ᠶᠢᠨ ᠳᠡᠰ ᠤᠨ ᠲᠥᠭᠰᠢᠬᠦᠷᠢᠳᠡᠢ ᠭᠠᠵᠠᠷ ᠣᠷᠣᠨ ᠠᠴᠠ ᠮᠠᠨ ᠤ ᠬᠤᠰᠢᠭᠤᠨ ᠳᠤ ᠣᠷᠣᠵᠣ ᠢᠷᠡᠭᠰᠡᠨ ᠬᠦᠮᠦᠰ ᠪᠥᠬᠦᠨ 7 ᠡᠳᠦᠷ ᠤᠨ ᠳᠣᠳᠤᠷᠠᠬᠢ ᠪᠥᠭᠡᠮ ᠬᠦᠴᠢᠯ ᠤᠨ ᠪᠠᠶᠢᠴᠠᠭᠠᠯᠳᠠ ᠬᠢᠭᠰᠡᠨ ᠪᠢᠯᠢᠭ ᠴᠢᠨᠠᠷ ᠤᠨ ᠭᠡᠷᠡᠴᠢᠯᠡᠭᠡ ᠶᠢ ᠠᠪᠴᠤ᠂ ︽14 ᠡᠳᠦᠷ ᠭᠡᠷ ᠲᠡᠭᠡᠨ ᠲᠣᠰᠭᠠᠷᠯᠠᠬᠤ ︵ᠭᠡᠷ ᠲᠡᠭᠡᠨ ᠲᠤᠰᠠᠭᠠᠷᠯᠠᠬᠤ ᠨᠥᠬᠦᠴᠡᠯ ᠪᠠᠷᠢᠮᠵᠢᠶ᠎ᠠ ᠳᠤ ᠨᠡᠶᠢᠴᠡᠬᠦ ᠦᠭᠡᠢ ᠶᠢ ᠦᠷᠭᠦᠯᠵᠢᠯᠡᠨ ᠲᠥᠪᠯᠡᠷᠡᠭᠦᠯᠦᠨ ᠲᠣᠰᠭᠠᠷᠯᠠᠨ᠎ᠠ︶ +2 ᠤᠳᠠᠭ᠎ᠠ ᠪᠥᠭᠡᠮ ᠬᠦᠴᠢᠯ ᠤᠨ ᠪᠠᠶᠢᠴᠠᠭᠠᠨ ᠬᠡᠮᠵᠢᠯᠳᠠ ᠬᠢᠬᠦ ︵ᠲᠤᠰ ᠲᠤᠰ 7᠂14  ᠡᠳᠦᠷ ᠲᠤ ᠪᠠᠶᠢᠴᠠᠭᠠᠨ ᠬᠡᠮᠵᠢᠯᠳᠠ ᠬᠢᠬᠦ︶︾ ᠬᠠᠮᠢᠶᠠᠷᠤᠨ ᠡᠵᠡᠮᠳᠡᠬᠦ ᠠᠷᠭ᠎ᠠ ᠶᠢ ᠬᠡᠷᠡᠭᠵᠢᠬᠦᠯᠦᠨ᠎ᠡ᠃ ᠬᠡᠷᠪᠡ 7 ᠡᠳᠦᠷ ᠤᠨ ᠳᠣᠳᠤᠷᠠᠬᠢ ᠪᠥᠭᠡᠮ ᠬᠦᠴᠢᠯ ᠤᠨ ᠪᠠᠶᠢᠴᠠᠭᠠᠯᠳᠠ ᠬᠢᠭᠰᠡᠨ ᠪᠢᠯᠢᠭ ᠴᠢᠨᠠᠷ ᠤᠨ ᠭᠡᠷᠡᠴᠢᠯᠡᠭᠡ ᠶᠢ ᠬᠠᠩᠭᠠᠵᠤ ᠲᠡᠶᠢᠯᠡᠬᠦ ᠦᠭᠡᠢ ᠪᠣᠯ ᠬᠤᠰᠢᠭᠤᠨ ᠳᠤ ᠪᠤᠴᠠᠵᠤ ᠢᠷᠡᠭᠰᠡᠨ ᠴᠠᠭ ᠳᠠᠷᠤᠢ ᠳᠤᠨᠢ ᠲᠥᠪᠯᠡᠷᠡᠭᠦᠯᠦᠨ ᠲᠤᠰᠠᠭᠠᠷᠯᠠᠭᠤᠯᠬᠤ ᠶᠢᠨ ᠬᠠᠮᠳᠤ ᠪᠥᠬᠡᠮ ᠬᠦᠴᠢᠯ ᠤᠨ ᠪᠠᠶᠢᠴᠠᠭᠠᠯᠳᠠ ᠬᠢᠨ᠎ᠡ᠂ ᠪᠠᠶᠢᠴᠠᠭᠠᠯᠳᠠ ᠶᠢᠨ ᠳ᠋ᠦᠩ ᠳᠤ ᠪᠢᠯᠢᠭ ᠴᠢᠨᠠᠷ ᠤᠨ ᠬᠡᠷᠡᠴᠢᠯᠡᠭᠡ ᠲᠠᠢ ᠪᠣᠯ ᠳᠠᠬᠢᠨ ︽14 ᠡᠳᠥᠷ ᠭᠡᠷ ᠲᠡᠭᠡᠨ ᠲᠣᠰᠭᠠᠷᠯᠠᠬᠤ ︵ᠭᠡᠷ ᠲᠡᠭᠡᠨ ᠲᠤᠰᠠᠭᠠᠷᠯᠠᠬᠤ ᠨᠥᠬᠦᠴᠡᠯ ᠪᠠᠷᠢᠮᠵᠢᠶ᠎ᠠ ᠳᠤ ᠨᠡᠶᠢᠴᠡᠬᠦ ᠦᠭᠡᠢ ᠶᠢ ᠦᠷᠭᠦᠯᠵᠢᠯᠡᠨ ᠲᠥᠪᠯᠡᠷᠡᠭᠦᠯᠦᠨ ᠲᠣᠰᠭᠠᠷᠯᠠᠨ᠎ᠠ︶ ᠪᠠ +2 ᠤᠳᠠᠭ᠎ᠠ ᠪᠥᠭᠡᠮ ᠬᠦᠴᠢᠯ ᠤᠨ ᠪᠠᠶᠢᠴᠠᠭᠠᠨ ᠬᠡᠮᠵᠢᠯᠳᠠ ᠬᠢᠬᠦ ︵ᠲᠤᠰ ᠲᠤᠰ 7᠂14  ᠡᠳᠦᠷ ᠲᠤ ᠪᠠᠶᠢᠴᠠᠭᠠᠨ ᠬᠡᠮᠵᠢᠯᠳᠠ ᠬᠢᠬᠦ︶︾ ᠬᠠᠮᠢᠶᠠᠷᠤᠨ ᠡᠵᠡᠮᠳᠡᠬᠦ ᠠᠷᠭ᠎ᠠ ᠶᠢ ᠬᠡᠷᠡᠭᠵᠢᠬᠦᠯᠦᠨ᠎ᠡ᠃ ᠬᠤᠰᠢᠭᠤᠨ ᠳᠤ ᠪᠤᠴᠠᠵᠤ ᠢᠷᠡᠭᠰᠡᠨ ᠬᠦᠮᠦᠰ ᠤᠨ ᠪᠥᠭᠡᠮ ᠬᠦᠴᠢᠯ ᠤᠨ ᠪᠠᠶᠢᠴᠠᠭᠠᠯᠳᠠ ᠶᠢ ᠪᠠᠶᠢᠭ᠎ᠠ ᠰᠤᠮᠤ ᠪᠠᠯᠭᠠᠰᠤ ︵ᠭᠠᠴᠠᠭ᠎ᠠ︶᠂ ᠨᠡᠶᠢᠬᠡᠮ ᠲᠤᠭᠤᠷᠢᠭ ᠠᠴᠠ ᠬᠠᠷᠢᠭᠤᠴᠠᠵᠤ᠂ ᠴᠠᠭ ᠲᠤᠬᠠᠢ ᠳᠤᠨᠢ ᠲᠥᠷᠢᠮ ᠶᠤᠰᠤᠭᠠᠷ ᠪᠥᠭᠡᠮ ᠬᠦᠴᠢᠯ ᠤᠨ ᠪᠠᠶᠢᠴᠠᠭᠠᠯᠳᠠ ᠶᠢᠨ ᠤᠳᠠᠭ᠎ᠠ ᠲᠤᠭ᠎ᠠ ᠶᠢᠨ ᠬᠦᠢᠴᠡᠳᠭᠡᠬᠦ ᠶᠢ ᠱᠠᠯᠠᠪᠳᠠᠭᠤᠯᠤᠨ᠎ᠠ᠃        ᠲᠠᠪᠤ᠂ ᠡᠯ᠎ᠡ ᠱᠠᠳᠣᠨ ᠤ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠲᠣᠮᠣ ᠬᠡᠯᠪᠡᠷᠢ ᠶᠢᠨ ᠬᠤᠷᠠᠯ ᠴᠤᠭᠯᠠᠭᠠᠨ ᠤ ᠬᠠᠮᠢᠶᠠᠷᠤᠯᠳᠠ ᠶᠢ ᠴᠢᠩᠭᠠᠳᠬᠠᠵᠤ᠂ ᠵᠠᠷᠴᠢᠮ ᠳᠡᠭᠡᠷ᠎ᠡ ᠪᠠᠨ ᠶᠡᠭᠡ ᠬᠡᠪᠴᠢᠶᠡᠨ ᠤ ᠴᠤᠭᠯᠠᠷᠠᠯ ᠤᠨ ᠴᠢᠨᠠᠷᠳᠠᠢ ᠬᠤᠷᠠᠯ ᠴᠤᠭᠯᠠᠭᠠᠨ ᠢ ᠡᠷᠬᠢᠯᠡᠬᠦ ᠦᠭᠡᠢ ᠪᠠᠶᠢᠬᠤ ᠬᠡᠷᠡᠭᠳᠡᠢ᠂ ᠦᠨᠡᠨᠬᠦ ᠡᠷᠬᠢᠯᠡᠬᠦ ᠴᠢᠬᠤᠯᠠ ᠲᠠᠢ ᠪᠣᠯ ᠰᠦᠯᠵᠢᠶ᠎ᠡ᠂ ᠸᠢᠳᠢᠤ᠋᠂ ᠰᠦᠯᠵᠢᠶᠡᠨ ᠳᠡᠭᠡᠷᠡᠬᠢ ᠲᠠᠪᠴᠠᠩ ᠵᠡᠷᠭᠡ ᠬᠡᠯᠪᠡᠷᠢ ᠪᠠᠷ ᠡᠷᠬᠢᠯᠡᠬᠦ ᠶᠢ ᠰᠠᠨᠠᠭᠠᠴᠢᠯᠠᠨ᠎ᠠ᠂ 50 ᠬᠦᠮᠦᠨ ᠠᠴᠠ ᠳᠡᠭᠡᠭᠰᠢᠬᠢ ᠬᠤᠷᠠᠯ ᠴᠤᠭᠯᠠᠭᠠᠨ ᠡᠷᠬᠢᠯᠡᠪᠡᠯ ᠭᠤᠣᠯᠯᠠᠨ ᠡᠷᠬᠢᠯᠡᠬᠦ ᠲᠠᠯ᠎ᠠ ᠨᠢ ᠬᠤᠰᠢᠭᠤᠨ ᠤ ᠰᠢᠨ᠎ᠡ ᠳᠢᠳᠢᠮᠯᠢᠭ ᠠᠭᠤᠰᠬᠢᠨ ᠥᠷᠪᠢᠰᠥᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠡᠮᠴᠢᠯᠡᠭᠡᠨ ᠤ ᠰᠡᠷᠭᠡᠶᠢᠯᠡᠨ ᠡᠵᠡᠮᠳᠡᠬᠦ ᠳᠣᠭᠤᠶᠢᠯᠠᠩ ᠤᠨ ᠵᠢᠯᠤᠭᠤᠳᠤᠯᠭ᠎ᠠ ᠳᠣᠣᠷ᠎ᠠ ᠰᠡᠷᠭᠡᠶᠢᠯᠡᠨ ᠡᠵᠡᠮᠳᠡᠬᠦ ᠲᠥᠰᠥᠪ ᠲᠣᠭᠳᠠᠭᠠᠬᠤ ᠶᠢᠨ ᠬᠠᠮᠳᠤ ᠬᠤᠯᠪᠤᠭᠳᠠᠯ ᠪᠥᠬᠦᠢ ᠰᠡᠷᠭᠡᠶᠢᠯᠡᠨ ᠡᠵᠡᠮᠳᠡᠬᠦ ᠠᠷᠭ᠎ᠠ ᠪᠠᠷᠢᠯ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠳᠡᠢ᠃       ᠵᠢᠷᠭᠤᠭ᠎ᠠ᠂ ᠡᠯ᠎ᠡ ᠪᠠᠶᠢᠭᠤᠯᠭ᠎ᠠ ᠨᠢ ᠬᠠᠮᠳᠤ ᠶᠢᠨ ᠵᠣᠯᠭᠠᠯᠳᠠ ᠪᠠ ᠲᠣᠮᠣ ᠬᠡᠯᠪᠡᠷᠢ ᠶᠢᠨ ᠲᠤᠬᠤᠨᠢᠭᠤᠯᠬᠤ ᠠᠵᠢᠯᠯᠠᠭ᠎ᠠ᠂ ᠬᠠᠮᠳᠤᠷᠠᠭᠰᠠᠨ ᠨᠠᠶᠢᠷ ᠴᠤᠭᠯᠠᠭᠠᠨ᠂ ᠬᠠᠮᠲᠤ ᠶᠢᠨ ᠬᠤᠭᠤᠯᠠ᠂ ᠪᠣᠯᠪᠠᠰᠤᠷᠠᠯ ᠬᠢᠬᠦ ᠵᠡᠷᠭᠡ ᠠᠵᠢᠯᠯᠠᠭ᠎ᠠ ᠶᠢ ᠪᠥᠬᠦᠨ ᠢ ᠵᠣᠭᠰᠤᠭᠠᠬᠤ ᠬᠡᠷᠡᠭᠳᠡᠢ᠃ ᠰᠥᠮ᠎ᠡ ᠬᠡᠶᠢᠳ ᠤᠨ ᠬᠤᠷᠠᠯ ᠴᠤᠭᠯᠠᠭᠠᠨ᠂ ᠪᠡᠶ᠎ᠡ ᠶᠢᠨ ᠲᠠᠮᠢᠷ ᠤᠨ ᠤᠷᠤᠯᠳᠤᠭᠠᠨ᠂ ᠣᠨ ᠤ ᠬᠤᠷᠠᠯ ᠪᠤᠶᠤ ᠴᠤᠭᠯᠠᠭᠠᠨ ᠵᠡᠷᠭᠡ ᠲᠣᠮᠣ ᠬᠡᠯᠪᠡᠷᠢ ᠶᠢᠨ ᠠᠵᠢᠯᠯᠠᠭ᠎ᠠ ᠶᠢ ᠪᠥᠬᠦᠨ ᠢ ᠵᠣᠭᠰᠤᠭᠠᠵᠤ᠂ ᠡᠯ᠎ᠡ ᠲᠥᠷᠥᠯ ᠤᠨ ᠰᠦᠯᠵᠢᠶᠡᠨ ᠭᠠᠳᠠᠨᠠᠬᠢ ᠲᠣᠮᠣ ᠬᠡᠯᠪᠡᠷᠢ ᠶᠢᠨ ᠴᠤᠭᠯᠠᠷᠠᠯ ᠤᠨ ᠴᠢᠨᠠᠷᠳᠠᠢ ᠳᠡᠯᠭᠡᠨ ᠪᠣᠷᠤᠯᠠᠭᠤᠯᠭ᠎ᠠ᠂ ᠪᠤᠷᠤᠯᠠᠭᠤᠯᠭ᠎ᠠ ᠠᠬᠢᠭᠤᠯᠬᠤ ᠵᠡᠷᠭᠡ ᠠᠵᠢᠯᠯᠠᠭ᠎ᠠ ᠶᠢ ᠡᠷᠬᠢᠯᠡᠵᠦ ᠪᠣᠯᠬᠤ ᠦᠭᠡᠢ᠃ ︽ᠪᠠᠶᠠᠷ ᠤᠨ ᠶᠠᠪᠤᠳᠠᠯ ᠢ ᠬᠤᠶᠢᠰᠢᠯᠠᠭᠤᠯᠤᠨ ᠬᠢᠵᠦ᠂ ᠣᠷᠣᠰᠢᠭᠤᠯᠭ᠎ᠠ ᠶᠢᠨ ᠶᠠᠪᠤᠳᠠᠯ ᠢ ᠳᠥᠭᠦᠮᠴᠢᠯᠡᠵᠦ᠂ ᠳᠠᠶᠢᠯᠠᠯᠭ᠎ᠠ ᠶᠢᠨ ᠨᠠᠶᠢᠷ ᠢ ᠬᠢᠬᠦ ᠦᠭᠡᠢ︾ ᠪᠠᠶᠢᠬᠤ ᠶᠢ ᠰᠠᠨᠠᠭᠠᠴᠢᠯᠠᠨ᠎ᠠ᠃      ᠳᠣᠯᠤᠭ᠎ᠠ᠂ ᠵᠢᠭᠤᠯᠴᠢᠯᠠᠯ ᠤᠨ ᠣᠷᠣᠨ᠂ ᠰᠦᠯᠵᠢᠶᠡᠨ ᠪᠠᠭᠠᠷ᠂ ᠳᠠᠭᠤᠤ ᠪᠥᠵᠢᠭ ᠵᠤᠭ᠎ᠠ ᠴᠡᠩᠭᠡᠯ ᠤᠨ ᠲᠠᠯᠠᠪᠤᠷ ᠭᠠᠵᠠᠷ ᠤᠨ ᠬᠡᠷᠡᠭᠯᠡᠭᠴᠢᠳ ᠤᠨ ᠬᠦᠮᠦᠨ ᠤ ᠲᠤᠭ᠎ᠠ ᠶᠢ ᠬᠢᠨᠠᠨ ᠲᠣᠭᠳᠠᠭᠠᠭᠰᠠᠨ ᠬᠦᠮᠦᠨ ᠤ ᠲᠤᠭ᠎ᠠ ᠶᠢᠨ 75 %᠎ ᠠᠴᠠ ᠬᠡᠳᠦᠷᠡᠬᠦᠯᠵᠦ ᠪᠣᠯᠬᠤ ᠦᠭᠡᠢ᠂ ᠣᠭᠢᠶᠠᠯᠭ᠎ᠠ ᠶᠢᠨ ᠭᠠᠵᠠᠷ᠂ ᠪᠡᠶ᠎ᠡ ᠤᠭᠢᠶᠠᠬᠤ ᠭᠠᠵᠠᠷ ᠵᠡᠷᠭᠡ ᠨᠢᠭᠲᠠ ᠪᠢᠳᠡᠭᠦᠮᠵᠢᠯᠡᠭᠰᠡᠨ ᠲᠠᠯᠠᠪᠤᠷ ᠭᠠᠵᠠᠷ ᠤᠨ ᠬᠡᠷᠡᠭᠯᠡᠭᠴᠢᠳ ᠤᠨ ᠬᠦᠮᠦᠨ ᠤ ᠲᠤᠭ᠎ᠠ ᠶᠢ ᠬᠦᠯᠢᠶᠡᠨ ᠠᠪᠬᠤ ᠵᠣᠬᠢᠰᠳᠠᠢ ᠬᠦᠮᠦᠨ ᠤ ᠲᠤᠭ᠎ᠠ ᠶᠢᠨ 50%᠎ ᠠᠴᠠ ᠬᠡᠳᠦᠷᠡᠭᠦᠯᠵᠦ ᠪᠣᠯᠬᠤ ᠦᠭᠡᠢ᠃ ᠭᠡᠷ ᠪᠥᠯᠢ ᠪᠠ ᠬᠤᠪᠢ ᠬᠦᠮᠦᠨ ᠤ ᠴᠤᠭᠯᠠᠭᠠᠨ ᠨᠠᠶᠢᠷ ᠨᠢ 10 ᠬᠦᠮᠦᠨ ᠠᠴᠠ ᠳᠣᠷᠤᠭᠰᠢ ᠬᠢᠵᠠᠭᠠᠷᠯᠠᠬᠤ ᠬᠡᠷᠡᠭᠳᠡᠢ᠂ ᠬᠤᠭᠤᠯᠠ ᠣᠮᠳᠠᠭᠠᠨ ᠤ ᠦᠢᠯᠡᠴᠢᠯᠡᠭᠡᠨ ᠤ ᠭᠠᠵᠠᠷ ᠨᠢ 50 ᠭᠦᠮᠦᠨ ᠠᠴᠠ ᠳᠡᠭᠡᠭᠰᠢᠬᠢ ᠳᠠᠶᠢᠯᠠᠯᠭ᠎ᠠ ᠶᠢ ᠬᠦᠯᠢᠶᠡᠨ ᠠᠪᠬᠤ᠂ ᠬᠦᠳᠡᠭᠡ ᠲᠣᠰᠬᠤᠨ ᠳᠤ 50 ᠬᠦᠮᠦᠨ ᠠᠴᠠ ᠳᠡᠭᠡᠭᠰᠢ ᠴᠤᠭᠯᠠᠷᠠᠵᠤ ᠬᠤᠭᠤᠯᠠᠯᠠᠬᠤ ᠳᠤ ᠡᠷᠬᠡᠪᠰᠢ 3 ᠡᠳᠦᠷ ᠤᠨ ᠡᠮᠦᠨ᠎ᠡ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠳᠠ ᠶᠢᠨ ᠰᠠᠯᠠᠭ᠎ᠠ ᠮᠥᠴᠢᠷ ᠲᠤ ᠮᠡᠳᠡᠭᠦᠯᠬᠦ ᠶᠢᠨ ᠬᠠᠮᠳᠤ ᠬᠦᠯᠢᠶᠡᠨ ᠠᠪᠬᠤ ᠰᠢᠷᠡᠭᠡᠨ ᠤ ᠲᠤᠭ᠎ᠠ ᠶᠢ 10᠎ ᠠᠴᠠ ᠬᠡᠳᠦᠷᠡᠭᠦᠯᠵᠦ ᠪᠣᠯᠬᠤ ᠦᠭᠡᠢ᠂ ᠵᠠᠷᠴᠢᠮ ᠳᠡᠭᠡᠷ᠎ᠡ ᠪᠠᠨ 100 ᠬᠦᠮᠦᠨ ᠠᠴᠠ ᠳᠡᠭᠡᠭᠰᠢᠬᠢ ᠳᠠᠶᠢᠯᠠᠯᠭ᠎ᠠ ᠶᠢᠨ ᠠᠵᠢᠯᠯᠠᠭ᠎ᠠ ᠶᠢ ᠵᠥᠪᠰᠢᠶᠡᠷᠡᠬᠦ ᠦᠭᠡᠢ᠂ 1 ᠰᠠᠷ᠎ᠠ ᠶᠢᠨ ᠳᠣᠳᠤᠷ᠎ᠠ ᠬᠢᠯᠢ ᠶᠢᠨ ᠭᠠᠳᠠᠨ᠎ᠠ ᠪᠤᠯᠤᠨ ᠤᠯᠤᠰ ᠤᠨ ᠳᠤᠳᠤᠭᠠᠳᠤ ᠶᠢᠨ ᠳᠣᠮᠳᠠ ᠥᠨᠳᠥᠷ ᠳᠡᠰ ᠤᠨ ᠲᠥᠭᠰᠢᠬᠦᠷᠢᠳᠡᠢ ᠭᠠᠵᠠᠷ ᠤᠷᠤᠨ ᠠᠴᠠ ᠪᠤᠴᠠᠵᠤ ᠢᠷᠡᠭᠰᠡᠨ ᠬᠦᠮᠦᠰ ᠢ ᠳᠠᠶᠢᠯᠠᠯᠭ᠎ᠠ ᠳᠤ ᠪᠠᠨ ᠤᠷᠢᠵᠤ ᠣᠷᠤᠯᠴᠠᠭᠤᠯᠵᠤ ᠪᠣᠯᠬᠤ ᠦᠭᠡᠢ᠃      ᠨᠠᠢᠮᠠ᠂ ᠬᠤᠳᠠᠯᠳᠤᠭᠠᠨ ᠤ ᠬᠡᠳᠤ ᠳᠡᠯᠭᠡᠭᠦᠷ᠂ ᠨᠤᠭᠤᠭ᠎ᠠ ᠵᠢᠮᠢᠰ ᠤᠨ ᠳᠡᠯᠭᠡᠭᠦᠷ᠂ ᠢᠳᠡᠭᠡᠨ ᠤᠮᠳᠠᠭᠠᠨ ᠬᠤᠨᠤᠭ ᠪᠠᠭᠤᠳᠠᠯ᠂ ᠲᠠᠷᠢᠶᠠᠯᠠᠩ ᠤᠨ ᠠᠷᠠᠯᠵᠢᠶᠠᠨ ︵ᠴᠤᠭᠯᠠᠭ᠎ᠠ ᠮᠠᠶᠢᠮᠠᠢ︶᠎ ᠤ ᠵᠠᠬ᠎ᠠ ᠳᠡᠯᠭᠡᠭᠦᠷ᠂ ᠮᠠᠰᠢᠨ ᠲᠡᠷᠭᠡ ᠰᠡᠯᠪᠢᠨ ᠵᠠᠰᠠᠬᠤ ᠭᠠᠵᠠᠷ᠂ ᠲᠤᠰᠤ ᠨᠡᠮᠡᠬᠦ ᠥᠷᠲᠡᠭᠡ᠂ ᠰᠤᠶᠤᠯ ᠵᠤᠭ᠎ᠠ ᠴᠡᠩᠭᠡᠯ ᠵᠡᠷᠭᠡ ᠭᠤᠣᠯᠳᠠᠯᠭ᠎ᠠ ᠲᠠᠢ ᠲᠠᠯᠠᠪᠤᠷ ᠵᠢᠴᠢ ᠨᠢᠰᠭᠡᠯ ᠤᠨ ᠪᠠᠭᠤᠳᠠᠯ᠂ ᠭᠠᠯᠳᠤ ᠲᠡᠷᠭᠡᠨ ᠥᠷᠲᠡᠭᠡ᠂ ᠮᠠᠰᠢᠨ ᠲᠡᠷᠭᠡᠨ ᠤ ᠥᠷᠲᠡᠭᠡ ᠵᠡᠷᠭᠡ ᠣᠯᠠᠨ ᠨᠡᠶᠢᠲᠡ ᠶᠢᠨ ᠲᠠᠯᠠᠪᠤᠷ ᠨᠢ ᠲᠦᠷ ᠵᠠᠭᠤᠷ᠎ᠠ ᠶᠢᠨ ᠬᠦᠮᠦᠰ ᠤᠨ ᠣᠷᠣᠵᠣ ᠭᠠᠷᠬᠤ ᠲᠤᠭ᠎ᠠ ᠬᠡᠮᠵᠢᠶ᠎ᠡ ᠶᠢ ᠡᠵᠡᠮᠳᠡᠬᠦ ᠪᠠᠨ ᠴᠢᠩᠭᠠᠳᠬᠠᠵᠤ᠂ ᠰᠠᠯᠬᠢ ᠨᠡᠪᠳᠡᠷᠡᠭᠦᠯᠬᠦ᠂ ᠠᠷᠢᠭᠤᠳᠬᠠᠬᠤ᠂ ᠠᠷᠢᠭᠤᠨ ᠴᠡᠪᠡᠷ ᠪᠠᠶᠢᠯᠭᠠᠬᠤ᠂ ᠲᠠᠯᠠᠪᠤᠷ ᠲᠤ ᠣᠷᠤᠬᠤ ᠳᠤ ᠪᠡᠶ᠎ᠡ ᠶᠢᠨ ᠳᠤᠯᠠᠭᠠᠨ ᠢ ᠪᠠᠶᠢᠴᠠᠭᠠᠨ ᠬᠡᠮᠵᠢᠬᠦ᠂ ᠠᠮᠠᠪᠴᠢ ᠵᠡᠬᠦᠬᠦ᠂ ︽ᠡᠷᠡᠭᠦᠯ ᠮᠡᠨᠳᠤ ᠶᠢᠨ ᠺᠤᠳ᠋ ᠢ ᠪᠠᠶᠢᠴᠠᠭᠠᠨ ᠰᠢᠯᠭᠠᠬᠤ︾ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠳᠡᠢ᠃ ᠡᠯ᠎ᠡ ᠵᠣᠴᠢᠳ ᠤᠨ ᠪᠠᠭᠤᠳᠠᠯ ᠡᠷᠬᠡᠪᠰᠢ ᠣᠷᠤᠵᠤ ᠰᠠᠭᠤᠬᠤ ᠬᠦᠮᠦᠰ ᠤᠨ ᠵᠢᠭᠤᠯᠴᠢᠯᠠᠨ ᠶᠠᠪᠤᠭᠰᠠᠨ ᠵᠠᠮ ᠤᠨ ᠺᠦ᠋ᠳ᠋ ᠢ ᠪᠠᠶᠢᠴᠠᠭᠠᠨ ᠰᠢᠯᠭᠠᠬᠤ ᠬᠡᠷᠡᠭᠳᠡᠢ᠃     ᠶᠢᠰᠦ᠂ ᠥᠷᠭᠡᠨ ᠣᠯᠠᠨ ᠲᠥᠮᠡᠨ ᠬᠦᠢᠳᠡᠨ ᠬᠡᠯᠬᠢᠶᠡᠳᠤ ᠢᠳᠡᠭᠡᠨ᠂ ᠳᠠᠯᠠᠢ ᠶᠢᠨ ᠢᠳᠡᠭᠡᠨ ᠤ ᠪᠥᠳᠦᠭᠡᠭᠳᠡᠭᠦᠨ ᠢ ᠬᠤᠳᠠᠯᠳᠤᠨ ᠠᠪᠬᠤ ᠦᠶᠡᠰ ᠲᠤ ︽ᠲᠥᠷᠪᠡᠨ ᠭᠡᠷᠡᠴᠢ︾ ︵ᠨᠡᠬᠡᠮᠵᠢᠯᠡᠬᠦ ᠭᠡᠷᠡᠴᠢ᠂ ᠬᠢᠯᠢ ᠪᠠᠷ ᠣᠷᠣᠭᠤᠯᠵᠣ ᠢᠷᠡᠭᠰᠡᠨ ᠪᠠᠷᠠᠭᠠᠨ ᠤ ᠬᠢᠵᠢᠭ ᠤᠨ ᠪᠠᠶᠢᠴᠠᠭᠠᠯᠳᠠ ᠶᠢᠨ ᠭᠡᠷᠡᠴᠢ᠂ ᠪᠥᠭᠡᠮ ᠬᠦᠴᠢᠯ ᠤᠨ ᠪᠠᠶᠢᠴᠠᠭᠠᠯᠳᠠ ᠶᠢᠨ ᠭᠡᠷᠡᠴᠢ᠂ ᠠᠷᠢᠭᠤᠳᠬᠠᠯ ᠤᠨ ᠭᠡᠷᠡᠴᠢ︶᠎ ᠢ ᠰᠢᠯᠭᠠᠨ ᠪᠠᠶᠢᠴᠠᠭᠠᠬᠤ ᠪᠠᠨ ᠠᠩᠬᠠᠷᠴᠤ᠂ ︽ᠲᠥᠷᠪᠡᠨ ᠭᠡᠷᠡᠴᠢ ᠭᠦᠢᠴᠡᠳ ᠪᠤᠰᠤ︾ ᠭᠠᠳᠠᠭᠠᠳᠤ ᠠᠴᠠ ᠤᠷᠤᠭᠤᠯᠤᠭᠰᠠᠨ ᠬᠦᠢᠳᠡᠨ ᠬᠡᠯᠬᠢᠶᠡᠳᠤ ᠢᠳᠡᠭᠡᠨ ᠤ ᠵᠦᠢᠯ ᠪᠣᠶᠣ ᠰᠦᠯᠵᠢᠶᠡᠨ ᠳᠡᠭᠡᠷ᠎ᠡ ᠠᠴᠠ ᠬᠦᠢᠳᠡᠨ ᠬᠡᠯᠬᠢᠶᠡᠳᠤ ᠢᠳᠡᠭᠡᠨ ᠢ ᠬᠤᠳᠠᠯᠳᠤᠨ ᠠᠪᠴᠤ ᠪᠣᠯᠬᠤ ᠦᠭᠡᠢ᠃ ᠪᠤᠳᠠᠲᠤ ᠢᠯᠡᠭᠡᠮᠵᠢ᠂ ᠲᠦᠷᠭᠡᠨ ᠬᠦᠷᠭᠡᠯᠲᠡ ᠶᠢᠨ ᠪᠣᠭᠤᠳᠠᠯ ᠢ ᠲᠤᠰᠴᠤ ᠠᠪᠬᠤ ᠳᠠᠭᠠᠨ ᠠᠷᠢᠭᠤᠳᠬᠠᠬᠤ ᠠᠵᠢᠯ ᠢ ᠰᠠᠶᠢᠳᠤᠷ ᠬᠢᠵᠦ᠂ ᠬᠦᠷᠦᠯᠴᠡᠬᠦ ᠪᠠᠷ ᠳᠠᠮᠵᠢᠨ ᠬᠢᠵᠢᠭ ᠲᠤ ᠨᠡᠷᠪᠡᠭᠳᠡᠬᠦ ᠠᠴᠠ ᠪᠣᠯᠭᠤᠮᠵᠢᠯᠠᠬᠤ ᠬᠡᠷᠡᠭᠳᠡᠢ᠃       ᠠᠷᠪᠠ᠂ ᠥᠷᠭᠡᠨ ᠣᠯᠠᠨ ᠲᠥᠮᠡᠨ ︽ᠠᠮᠠᠪᠴᠢ ᠵᠡᠬᠦᠬᠦ ︵ᠢᠯᠠᠩᠭᠤᠶ᠎ᠠ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠳᠤ ᠰᠠᠭᠤᠬᠤ ᠪᠠ ᠣᠯᠠᠨ ᠨᠡᠶᠢᠲᠡ ᠶᠢᠨ ᠲᠠᠯᠠᠪᠤᠷ ᠲᠤ ᠠᠵᠢᠯᠯᠠᠭ᠎ᠠ ᠬᠢᠬᠦ ᠦᠶᠡᠰ︶᠎ ᠶᠢ ᠪᠠᠷᠢᠮᠳᠠᠯᠠᠨ᠂ ᠭᠠᠷ ᠢᠶᠠᠨ ᠦᠷᠭᠦᠯᠵᠢ ᠣᠭᠢᠶᠠᠨ᠂ ᠦᠷᠭᠦᠯᠵᠢ ᠠᠷᠢᠭᠤᠳᠬᠠᠯ ᠬᠢᠵᠦ᠂ ᠰᠠᠯᠬᠢ ᠠᠭᠠᠷ ᠨᠡᠪᠳᠡᠷᠡᠭᠦᠯᠦᠨ᠂ ᠴᠥᠬᠡᠨ ᠴᠤᠭᠯᠠᠷᠠᠵᠤ᠂ ᠨᠢᠭᠡ ᠮᠧᠲᠷ ᠤᠨ ᠵᠠᠢ᠂ ᠨᠡᠶᠢᠲᠡ ᠶᠢᠨ ᠰᠠᠪᠬ᠎ᠠ᠂ ᠬᠤᠪᠢᠳᠠᠨ ᠬᠤᠭᠤᠯᠠᠯᠠᠬᠤ ᠳᠥᠷᠢᠮ︾ ᠵᠡᠷᠭᠡ ᠰᠠᠶᠢᠨ ᠰᠠᠶᠢᠬᠠᠨ ᠡᠷᠡᠭᠦᠯ ᠬᠠᠮᠠᠭᠠᠯᠠᠯ ᠤᠨ ᠳᠠᠳᠬᠠᠯ ᠢ ᠪᠠᠷᠢᠮᠳᠠᠯᠠᠬᠤ ᠬᠡᠷᠡᠭᠳᠡᠢ᠃ ᠲᠥᠷᠥᠯ ᠰᠠᠳᠤᠨ ᠨᠠᠶᠢᠵᠠ ᠨᠥᠬᠦᠳ ᠢᠶᠠᠨ ᠡᠷᠭᠢᠵᠦ ᠦᠵᠡᠬᠦ ᠶᠢ ᠪᠠᠭᠠᠰᠬᠠᠵᠤ᠂ ᠴᠤᠭᠯᠠᠷᠠᠬᠤ ᠦᠭᠡᠢ ᠪᠠᠶᠢᠵᠤ᠂ ᠬᠦᠮᠦᠨ ᠣᠯᠠᠨ ᠲᠠᠢ ᠲᠠᠯᠠᠪᠤᠷ ᠲᠤ ᠣᠴᠢᠬᠤ ᠠᠴᠠ ᠵᠠᠶᠢᠯᠠᠰᠬᠢᠨ᠎ᠠ᠃ ᠬᠡᠷᠪᠡ ᠬᠠᠯᠠᠭᠤᠷᠠᠬᠤ᠂ ᠬᠠᠨᠢᠶᠠᠬᠤ᠂ ᠰᠠᠭᠤᠯᠭᠠᠬᠤ᠂ ᠲᠠᠮᠢᠷᠳᠠᠬᠤ ᠵᠡᠷᠭᠡ ᠡᠪᠡᠳᠴᠢᠨ ᠤ ᠪᠠᠶᠢᠳᠠᠯ ᠢᠯᠡᠷᠡᠪᠡᠯ᠂ ᠠᠮᠠᠪᠴᠢ ᠪᠠᠨ ᠰᠠᠶᠢᠨ ᠵᠡᠬᠦᠵᠦ᠂ ᠴᠠᠭ ᠲᠤᠬᠠᠢ ᠳᠤᠨᠢ ᠣᠶᠢᠷ᠎ᠠ ᠬᠠᠪᠢ ᠶᠢᠨ ᠡᠮᠴᠢᠯᠡᠭᠡᠨ ᠤ ᠪᠠᠶᠢᠭᠤᠯᠤᠮᠵᠢ ᠳᠤ ᠬᠦᠷᠴᠤ ᠪᠠᠶᠢᠴᠠᠯᠭᠠᠨ ᠣᠨᠣᠰᠢᠯᠠᠭᠤᠯᠵᠤ᠂ ᠡᠮᠨᠡᠬᠦᠯᠬᠦ ᠶᠠᠪᠤᠴᠠ ᠳᠤ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ ᠠᠴᠠ ᠠᠯᠢ ᠴᠢᠳᠠᠬᠤ ᠪᠠᠷ ᠵᠠᠶᠢᠯᠠᠰᠬᠢᠬᠦ ᠬᠡᠷᠡᠭᠲᠡᠢ᠃      ᠠᠷᠪᠠᠨ ᠨᠢᠭᠡ᠂ ᠥᠷᠭᠡᠨ ᠣᠯᠠᠨ ᠲᠥᠮᠡᠨ ᠴᠤᠤᠷᠬᠠᠯ ᠵᠣᠬᠢᠶᠠᠬᠤ ᠦᠭᠡᠢ᠂ ᠴᠤᠤᠷᠬᠠᠯ ᠢ ᠢᠳᠡᠭᠡᠬᠦ ᠦᠭᠡᠢ᠂ ᠴᠤᠤᠷᠬᠠᠯ ᠲᠠᠷᠬᠠᠭᠠᠬᠤ ᠦᠭᠡᠢ᠂ ᠠᠯᠪᠠᠨ ᠠᠴᠠ ᠭᠡᠷᠡᠴᠢᠯᠡᠭᠰᠡᠨ ᠦᠭᠡᠢ ᠠᠯᠢᠪᠠ ᠬᠤᠳᠠᠯ ᠬᠠᠭᠤᠷᠮᠠᠭ ᠮᠡᠳᠡᠭᠡ ᠵᠠᠩᠭᠢ ᠪᠤᠯᠤᠨ ᠦᠭᠡ ᠶᠠᠷᠢᠶ᠎ᠠ ᠶᠢ ᠨᠡᠶᠢᠳᠡᠯᠡᠬᠦ ᠦᠭᠡᠢ ᠪᠠᠶᠢᠵᠤ᠂ ᠨᠡᠶᠢᠬᠡᠮ ᠤᠨ ᠡᠶ᠎ᠡ ᠨᠠᠶᠢᠷᠠᠮᠳᠠᠭᠤ᠂ ᠠᠮᠤᠷ ᠲᠤᠭᠳᠠᠭᠤᠨ ᠢ ᠬᠠᠮᠳᠤ ᠪᠠᠷ ᠬᠠᠮᠠᠭᠠᠯᠠᠶ᠎ᠠ᠃        ᠡᠵᠡᠨ᠎ᠡ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠤ ᠶᠢᠨ ᠵᠥᠪᠯᠡᠯ         0483-6521923      ᠡᠵᠡᠨ᠎ᠡ ᠬᠤᠰᠢᠭᠤᠨ ᠤ ᠬᠢᠵᠢᠭ ᠢ ᠰᠡᠷᠭᠡᠶᠢᠯᠡᠬᠦ ᠲᠥᠪ      0483-3963016                       ᠡᠵᠡᠨ᠎ᠡ ᠬᠤᠰᠢᠭᠤᠨ ᠤ ᠰᠢᠨ᠎ᠡ ᠬᠡᠯᠪᠡᠷᠢ ᠶᠢᠨ ᠳᠢᠳᠢᠮᠯᠢᠭ ᠠᠭᠤᠰᠬᠢᠨ ᠥᠷᠪᠢᠰᠥᠯ ᠢ                       ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ                       2021ᠣᠨ ᠤ 1 ᠰᠠᠷ᠎ᠠ ᠶᠢᠨ 27᠎ ᠤ ᠡᠳᠦᠷ
 
ᠢᠷᠡᠯᠲᠡ᠄ ᠡᠵᠡᠨ᠎ᠡ ᠬᠤᠰᠢᠭᠤᠨ ᠤ ᠰᠢᠨ᠎ᠡ ᠬᠡᠯᠪᠡᠷᠢ ᠶᠢᠨ ᠳᠢᠳᠢᠮᠯᠢᠭ ᠠᠭᠤᠰᠬᠢᠨ ᠥᠷᠪᠢᠰᠥᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠ᠊
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号