ᠪᠥᠬᠦ ᠬᠤᠰᠢᠭᠤᠨ ᠤ ᠥᠷᠭᠡᠨ ᠣᠯᠠᠨ ᠬᠡᠷᠡᠭᠯᠡᠭᠴᠢ᠄ | 2021 — 2022 ᠣᠨ ᠤ ᠳᠤᠯᠠᠭᠠᠯᠠᠭ᠎ᠠ ᠶᠢᠨ ᠤᠯᠠᠷᠢᠯ ᠣᠶᠢᠷᠠᠳᠴᠤ᠂ ᠮᠠᠨ ᠤ ᠺᠣᠮᠫᠠᠨᠢ 2021 | ᠣᠨ ᠤ 9 ᠳ᠋ᠦ᠋ᠭᠡᠷ ᠰᠠᠷ᠎ᠠ ᠶᠢᠨ 22 ᠤᠨ ᠡᠳᠦᠷ ᠠᠴᠠ ᠡᠬᠢᠯᠡᠨ ᠳᠤᠯᠠᠭᠠᠯᠠᠭ᠎ᠠ ᠶᠢᠨ ᠰᠦᠢᠳᠭᠡᠯ ᠬᠤᠷᠢᠶᠠᠬᠤ᠂ | ᠳᠤᠯᠠᠭᠠᠯᠠᠭ᠎ᠠ ᠪᠠᠨ ᠵᠣᠭᠰᠣᠭᠠᠬᠤ ᠪᠠᠷ ᠮᠡᠳᠡᠭᠦᠯᠬᠦ ᠵᠡᠷᠭᠡ ᠠᠵᠢᠯ ᠢ ᠭᠠᠷᠳᠠᠨ ᠭᠦᠢᠴᠡᠳᠭᠡᠵᠦ ᠪᠠᠶᠢᠨ᠎ᠠ᠃ ᠡᠳᠦᠭᠡ | ᠬᠤᠯᠪᠣᠭᠳᠠᠯ ᠪᠥᠬᠦᠶ ᠤᠴᠢᠷ ᠢ ᠳᠣᠤᠷᠠᠬᠢ ᠮᠡᠲᠦ ᠮᠡᠳᠡᠭᠳᠡᠶ᠎ᠡ᠄ | ᠨᠢᠭᠡ᠂ ᠲᠤᠬᠠᠶᠢᠯᠠᠭᠰᠠᠨ ᠠᠵᠢᠯ ᠢ ᠭᠦᠢᠴᠡᠳᠬᠡᠬᠦ ᠴᠠᠭ | 1. 2021 ᠣᠨ ᠤ 9 ᠳ᠋ᠦ᠋ᠭᠡᠷ ᠰᠠᠷ᠎ᠠ ᠶᠢᠨ 22 ᠤᠨ ᠡᠳᠦᠷ ᠠᠴᠠ ᠡᠬᠢᠯᠡᠨ ᠳᠤᠯᠠᠭᠠᠯᠠᠭ᠎ᠠ ᠶᠢᠨ ᠰᠦᠢᠳᠭᠡᠯ | ᠬᠤᠷᠢᠶᠠᠬᠤ ᠠᠵᠢᠯ ᠢ ᠭᠠᠷᠳᠠᠨ ᠭᠦᠢᠴᠡᠳᠭᠡᠨ᠎ᠡ᠃ 2022 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠨ | ᠲᠣᠰ ᠬᠤᠭᠤᠴᠠᠭᠠᠨ ᠤ ᠳᠤᠯᠠᠭᠠᠯᠠᠭ᠎ᠠ ᠶᠢᠨ ᠰᠦᠢᠳᠭᠡᠯ ᠢᠶᠠᠨ ᠲᠤᠰᠢᠶᠠᠭᠠᠳᠤᠶ ᠬᠡᠷᠡᠭᠯᠡᠭᠴᠢ ᠠᠴᠠ ︽ᠡᠵᠡᠨ᠎ᠡ | ᠬᠤᠰᠢᠭᠤᠨ ᠤ ᠬᠤᠲᠠ ᠪᠠᠯᠭᠠᠰᠤᠨ ᠤ ᠳᠤᠯᠠᠭᠠᠯᠠᠭ᠎ᠠ ᠬᠠᠩᠭᠠᠬᠤ ᠬᠠᠮᠢᠶᠠᠷᠤᠯᠲᠠ ᠶᠢᠨ ᠠᠷᠭ᠎ᠠ︾ ᠶᠢᠨ ᠲᠣᠭᠲᠠᠭᠠᠯ ᠢ | ᠦᠨᠳᠦᠰᠦᠯᠡᠨ ᠳᠤᠯᠠᠭᠠᠯᠠᠭ᠎ᠠ ᠶᠢᠨ ᠰᠦᠢᠳᠭᠡᠯ ᠤᠨ ᠶᠡᠷᠦᠩᠬᠡᠶ ᠲᠣᠭᠠᠨ ᠤ 1‰ ᠪᠠᠷ ᠡᠳᠦᠷ ᠢᠶᠠᠷ ᠪᠤᠳᠤᠵᠤ | ᠬᠤᠭᠤᠴᠠᠭ᠎ᠠ ᠰᠠᠭᠠᠲᠠᠭᠤᠯᠤᠭᠰᠠᠨ ᠲᠣᠷᠭᠠᠭᠤᠯᠢ ᠶᠢᠨ ᠮᠥᠩᠭᠦ ᠬᠤᠷᠢᠶᠠᠨ᠎ᠠ᠃ | 2. ᠳᠤᠯᠠᠭᠠᠯᠠᠭ᠎ᠠ ᠬᠡᠷᠡᠭᠯᠡᠬᠦ ᠦᠭᠡᠢ ᠬᠡᠷᠡᠭᠯᠡᠭᠴᠢᠳ 2021 ᠣᠨ ᠤ 9 ᠳ᠋ᠦ᠋ᠭᠡᠷ ᠰᠠᠷ᠎ᠠ ᠶᠢᠨ 30 ᠤ | ᠡᠳᠦᠷ ᠠᠴᠠ ᠡᠮᠦᠨ᠎ᠡ ᠳᠤᠯᠠᠭᠠᠯᠠᠭ᠎ᠠ ᠬᠡᠷᠡᠭᠯᠡᠬᠦ ᠦᠭᠡᠢ ᠪᠠᠨ ᠮᠡᠳᠡᠭᠦᠯᠦᠨ᠂ ᠵᠣᠭᠰᠣᠭᠠᠬᠤ ᠭᠠᠷ ᠬᠦᠢᠴᠡᠳᠭᠡᠯ ᠢᠶᠠᠨ | ᠬᠢᠬᠦ ᠬᠡᠷᠡᠭᠲᠡᠶ᠂ ᠬᠤᠭᠤᠴᠠᠭ᠎ᠠ ᠨᠢ ᠬᠡᠲᠦᠷᠡᠪᠡᠯ ᠲᠣᠰ ᠳᠤᠯᠠᠭᠠᠯᠠᠭ᠎ᠠ ᠶᠢᠨ ᠤᠯᠠᠷᠢᠯ ᠳᠤ ᠳᠤᠯᠠᠭᠠᠯᠠᠭ᠎ᠠ ᠬᠡᠷᠡᠭᠯᠡᠬᠦ ᠪᠠᠷ | ᠦᠵᠡᠵᠦ᠂ ᠬᠡᠪ ᠤᠨ ᠪᠠᠶᠢᠳᠠᠯ ᠢᠶᠠᠷ ᠲᠤᠯᠠᠭᠠᠯᠠᠭ᠎ᠠ ᠶᠢᠨ ᠰᠦᠢᠳᠭᠡᠯ ᠬᠤᠷᠢᠶᠠᠨ᠎ᠠ᠃ | ᠬᠤᠶᠠᠷ᠂ ᠰᠦᠢᠳᠬᠡᠯ ᠬᠤᠷᠢᠶᠠᠬᠤ ᠪᠠᠷᠢᠮᠵᠢᠶ᠎ᠠ | ᠰᠠᠭᠤᠬᠤ ᠭᠡᠷ ᠪᠠᠶᠢᠰᠢᠩ ᠲᠡᠭᠰᠢ ᠳᠥᠷᠪᠡᠯᠵᠢᠨ ᠮᠧᠲᠷ ᠪᠦᠷᠢ ᠳᠤ ᠪᠠᠨ 21.50 ᠲᠥᠭᠦᠷᠢᠭ᠂ ᠪᠤᠰᠤᠳ ᠭᠡᠷ | ᠪᠠᠶᠢᠰᠢᠩ ᠲᠡᠭᠰᠢ ᠳᠥᠷᠪᠡᠯᠵᠢᠨ ᠮᠧᠲᠷ ᠪᠦᠷᠢ ᠳᠤ 30.50 ᠲᠥᠭᠦᠷᠢᠭ ︵ᠲᠠᠩ ᠭᠠᠭᠴᠠ ᠳᠤᠯᠠᠭᠠᠯᠠᠭ᠎ᠠ ᠶᠢᠨ | ᠬᠤᠭᠤᠴᠠᠭ᠎ᠠ︶᠃ | ᠭᠤᠷᠪᠠ᠂ ᠬᠠᠷᠠᠭᠠᠯᠵᠠᠯ ᠤᠨ ᠲᠥᠷᠥ ᠶᠢᠨ ᠪᠣᠳᠣᠯᠭ᠎ᠠ | 2021 ᠣᠨ ᠤ 9 ᠳ᠋ᠦ᠋ᠭᠡᠷ ᠰᠠᠷ᠎ᠠ ᠶᠢᠨ 22 ᠤᠨ ᠡᠳᠦᠷ ᠠᠴᠠ 2021 ᠣᠨ ᠤ 10 ᠳ᠋ᠤᠭᠠᠷ ᠰᠠᠷ᠎ᠠ ᠶᠢᠨ | 31 ᠤ ᠡᠳᠦᠷ ᠪᠤᠯᠳᠠᠯ᠎ᠠ ᠰᠦᠢᠳᠭᠡᠯ ᠢᠶᠠᠨ ᠲᠤᠰᠢᠶᠠᠭᠰᠠᠨ ᠬᠡᠷᠡᠭᠯᠡᠭᠴᠢ ᠪᠦᠬᠦᠨ ᠳᠤ ᠲᠡᠭᠰᠢ ᠳᠥᠷᠪᠡᠯᠵᠢᠨ ᠮᠧᠲᠷ | ᠪᠦᠷᠢ ᠳᠤ 1 ᠲᠥᠭᠦᠷᠢᠭ ᠤᠨ ᠬᠠᠷᠠᠭᠠᠯᠵᠠᠯ ᠦᠵᠡᠭᠦᠯᠦᠨ᠎ᠡ᠂ ᠲᠤᠰ ᠬᠤᠭᠤᠴᠠᠭ᠎ᠠ ᠠᠴᠠ ᠬᠤᠶᠢᠰᠢ ᠰᠦᠢᠳᠭᠡᠯ ᠢᠶᠠᠨ | ᠲᠤᠰᠢᠶᠠᠬᠤ ᠵᠢᠴᠢ ᠳᠤᠯᠠᠭᠠᠯᠠᠭ᠎ᠠ ᠵᠤᠭᠰᠤᠭᠠᠬᠤ ᠪᠠᠨ ᠮᠡᠳᠡᠭᠦᠯᠦᠭᠰᠡᠨ ᠬᠡᠷᠡᠭᠯᠡᠭᠴᠢ ᠲᠣᠰ ᠵᠦᠢᠯ ᠤᠨ ᠬᠠᠷᠠᠭᠠᠯᠵᠠᠯ ᠢ | ᠭᠥᠷᠳᠡᠬᠦ ᠥᠬᠡᠶ᠃ | ᠳᠥᠷᠪᠡ᠂ ᠰᠦᠢᠳᠭᠡᠯ ᠲᠤᠰᠢᠶᠠᠬᠤ ᠠᠷᠭ᠎ᠠ ᠮᠠᠶ᠋ᠢᠭ᠄ | 1. ᠰᠦᠯᠵᠢᠶᠡᠨ ᠠᠴᠠ ᠭᠠᠳᠠᠨ᠎ᠠ ᠰᠦᠢᠳᠭᠡᠯ ᠲᠤᠰᠢᠶᠠᠬᠤ᠄ ᠬᠤᠰᠢᠭᠤᠨ ᠤ ᠲᠤᠯᠠᠭᠠᠨ ᠳᠤᠯᠠᠭᠠᠯᠠᠭ᠎ᠠ ᠬᠠᠩᠭᠠᠬᠤ | ᠺᠣᠮᠫᠠᠨᠢ ᠶᠢᠨ ᠨᠢᠭᠡᠳᠦᠭᠡᠷ ᠳᠠᠪᠬᠤᠷᠯᠢᠭ ᠤᠨ ᠰᠦᠢᠳᠭᠡᠯ ᠬᠤᠷᠢᠶᠠᠬᠤ ᠲᠢᠩᠬᠢᠮ ︵ᠬᠤᠰᠢᠭᠤᠨ ᠤ ᠵᠠᠮ ᠬᠠᠷᠢᠯᠴᠠᠭᠠᠨ ᠤ | ᠲᠣᠪᠴᠢᠶ᠎ᠠ ᠶᠢᠨ ᠪᠠᠷᠠᠭᠤᠨ ᠲᠠᠯ᠎ᠠ︶︔ ᠡᠵᠡᠨ᠎ᠡ ᠬᠤᠰᠢᠭᠤᠨ ᠤ ᠵᠠᠰᠠᠭ ᠵᠠᠬᠢᠷᠭᠠᠨ ᠤ ᠦᠢᠯᠡᠴᠢᠯᠡᠭᠡᠨ ᠤ ᠶᠡᠭᠡ | ᠲᠢᠩᠬᠢᠮ ᠤᠨ ᠲᠤᠯᠠᠭᠠᠯᠠᠭ᠎ᠠ ᠬᠠᠩᠭᠠᠯᠭ᠎ᠠ ᠶᠢᠨ ᠰᠦᠢᠳᠭᠡᠯ ᠬᠤᠷᠢᠶᠠᠬᠤ ᠴᠣᠩᠬᠤ ︵ᠨᠠᠮ ᠪᠠ ᠣᠯᠠᠨ ᠲᠦᠮᠡᠨ ᠤ | ᠦᠢᠯᠡᠴᠢᠯᠡᠭᠡᠨ ᠤ ᠲᠥᠪ ᠤᠨ ᠡᠰᠡᠷᠭᠦ ᠲᠠᠯ᠎ᠠ︶︔ | 2. ᠰᠦᠯᠵᠢᠶᠡᠨ ᠳᠡᠭᠡᠷ᠎ᠡ ᠰᠦᠢᠳᠭᠡᠯ ᠲᠤᠰᠢᠶᠠᠬᠤ᠄ ᠸᠢᠴᠠᠲ ᠤᠨ ᠬᠠᠶᠢᠯᠲᠠ ᠬᠢᠬᠦ ᠶᠢᠨ ᠬᠠᠮᠲᠤ ︽ᠡᠵᠡᠨ᠎ᠡ | ᠬᠤᠰᠢᠭᠤᠨ ᠤ ᠳᠣᠯᠠᠭᠠᠨ ᠲᠤᠯᠠᠭᠠᠯᠠᠭ᠎ᠠ ᠬᠠᠩᠭᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ︾ ᠶᠢᠨ ᠨᠡᠶᠢᠲᠡ ᠶᠢᠨ | ᠳ᠋ᠤᠭᠠᠷ ᠲᠤ ᠠᠩᠬᠠᠷᠤᠯ ᠢᠶᠠᠨ ᠬᠠᠨᠳᠤᠭᠤᠯᠤᠨ᠎ᠠ᠂ ᠲᠠᠷᠠᠭᠠᠴᠢ ᠶᠢᠨ ᠵᠢᠷᠤᠭ ᠲᠤ ᠸᠢᠴᠠᠲ ᠤᠨ ᠰᠦᠢᠳᠭᠡᠯ ᠲᠤᠰᠢᠶᠠᠬᠤ | ᠶᠠᠪᠤᠴᠠ ᠶᠢ ᠨᠠᠷᠢᠨ ᠦᠵᠡᠭᠡᠷᠡᠶ᠃ | ᠲᠠᠪᠤ᠂ ᠠᠩᠬᠠᠷᠬᠤ ᠵᠦᠢᠯ᠄ | 1. ᠲᠤᠯᠠᠭᠠᠯᠠᠭ᠎ᠠ ᠪᠠᠨ ᠵᠤᠭᠰᠤᠭᠠᠬᠤ ᠪᠠᠷ ᠮᠡᠳᠡᠭᠦᠯᠦᠭᠰᠡᠨ ᠬᠤᠭᠤᠴᠠᠭ᠎ᠠ ᠨᠢ ᠨᠢᠭᠡ ᠳᠤᠯᠠᠭᠠᠯᠠᠭ᠎ᠠ ᠶᠢᠨ | ᠬᠤᠭᠤᠴᠠᠭ᠎ᠠ ᠪᠣᠯᠤᠨ᠎ᠠ᠂ ᠳᠠᠷᠠᠭ᠎ᠠ ᠨᠢᠭᠡ ᠳᠤᠯᠠᠭᠠᠯᠠᠭ᠎ᠠ ᠶᠢᠨ ᠬᠤᠭᠤᠴᠠᠭ᠎ᠠ ᠦᠷᠭᠦᠯᠵᠢᠯᠡᠨ ᠭᠦᠢᠴᠡᠳᠭᠡᠬᠦ ᠭᠡᠪᠡᠯ᠂ | ᠳᠠᠷᠠᠭ᠎ᠠ ᠨᠢᠭᠡ ᠳᠤᠯᠠᠭᠠᠯᠠᠭ᠎ᠠ ᠶᠢᠨ ᠬᠤᠭᠤᠴᠠᠭ᠎ᠠ ᠡᠬᠢᠯᠡᠬᠦ ᠠᠴᠠ ᠡᠮᠦᠨ᠎ᠡ ᠳᠠᠭᠢᠵᠤ ᠭᠤᠶᠤᠴᠢᠯᠠᠬᠤ ᠬᠡᠷᠡᠭᠲᠡᠶ᠃ | 2. ᠬᠡᠷᠡᠭᠯᠡᠭᠴᠢ ᠳᠤᠯᠠᠭᠠᠯᠠᠬᠤ ᠪᠠᠨ ᠵᠤᠭᠰᠤᠭᠠᠬᠤ ᠪᠠᠷ ᠮᠡᠳᠡᠭᠦᠯᠦᠭᠰᠡᠨ ᠤ ᠳᠠᠷᠠᠭ᠎ᠠ ᠭᠡᠷ ᠳᠣᠲᠣᠷᠠᠬᠢ | ᠲᠥᠬᠦᠭᠡᠷᠦᠮᠵᠢ ᠵᠢᠴᠢ ᠡᠳ᠋ ᠪᠣᠳᠠᠰ ᠡᠪᠳᠡᠷᠡᠨ ᠰᠦᠢᠳᠦᠭᠰᠡᠨ ᠪᠠᠶᠢᠪᠠᠯ᠂ ᠲᠤᠰ ᠺᠣᠮᠫᠠᠨᠢ ᠬᠠᠷᠢᠭᠤᠴᠠᠯᠭ᠎ᠠ ᠡᠭᠦᠷᠭᠡᠯᠡᠬᠦ | ᠦᠭᠡᠶ᠃ | 3. ᠲᠣᠰ ᠳᠤᠯᠠᠭᠠᠯᠠᠭ᠎ᠠ ᠶᠢᠨ ᠬᠤᠭᠤᠴᠠᠭᠠᠨ ᠳᠤ ᠲᠤᠯᠠᠭᠠᠯᠠᠭ᠎ᠠ ᠵᠣᠭᠰᠣᠭᠠᠬᠤ ᠪᠠᠷ ᠮᠡᠳᠡᠭᠦᠯᠦᠭᠰᠡᠨ ᠡᠷᠦᠭᠡ | ᠳᠠᠬᠢᠨ ᠲᠤᠯᠠᠭᠠᠯᠠᠭ᠎ᠠ ᠬᠡᠷᠡᠭᠯᠡᠬᠦ ᠴᠢᠬᠤᠯᠠᠲᠠᠶ ᠪᠣᠯ᠂ ᠲᠣᠰ ᠳᠤᠯᠠᠭᠠᠯᠠᠭ᠎ᠠ ᠶᠢᠨ ᠬᠤᠭᠤᠴᠠᠭᠠᠨ ᠤ ᠪᠥᠬᠦ | ᠳᠤᠯᠠᠭᠠᠯᠠᠭ᠎ᠠ ᠶᠢᠨ ᠰᠦᠢᠳᠭᠡᠯ ᠢ ᠨᠥᠬᠦᠪᠦᠷᠢᠯᠡᠵᠦ ᠲᠤᠰᠢᠶᠠᠬᠤ ᠬᠡᠷᠡᠭᠲᠡᠶ᠃ | ᠵᠢᠷᠭᠤᠭ᠎ᠠ᠂ ᠰᠦᠢᠳᠬᠡᠯ ᠲᠤᠰᠢᠶᠠᠬᠤ ᠲᠤᠬᠠᠢ ᠯᠠᠪᠯᠠᠬᠤ ᠤᠲᠠᠰᠤ᠄ 0483-6522359᠂ | 15714830145 | 24 ᠴᠠᠭ ᠤᠨ ᠵᠠᠪᠳᠤᠨ ᠵᠠᠰᠠᠬᠤ ᠤᠲᠠᠰᠤ᠄ 13654837748᠂ 13948011915 | |