ᠡᠵᠡᠨ᠎ᠡ ᠬᠤᠰᠢᠭᠤᠨ ᠤ ᠵᠠᠮ ᠲᠡᠭᠡᠭᠡᠪᠦᠷᠢ ᠶᠢᠨ ᠲᠤᠪᠴᠢᠶᠠᠨ ᠠᠴᠠ ᠪᠥᠬᠦ ᠬᠤᠰᠢᠭᠤᠨ ᠤ ᠲᠡᠭᠡᠭᠡᠪᠦᠷᠢ ᠶᠢᠨ ᠲᠡᠷᠭᠡ ᠶᠢᠨ ᠡᠵᠡᠩᠨᠡᠯᠲᠡ ᠶᠢ ᠲᠦᠷ ᠵᠣᠭᠰᠣᠭᠠᠬᠤ ᠲᠤᠬᠠᠶ ᠵᠠᠷᠯᠠᠯ
ᠨᠡᠶᠢᠲᠡᠯᠡᠭᠰᠡᠨ ᠴᠠᠭ᠄
2021/10/18
     ᠣᠳᠣᠬᠠᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠦᠨᠳᠦ ᠬᠡᠴᠡᠭᠦᠦ ᠬᠠᠨᠳᠦᠰᠢ ᠶᠢ ᠠᠷᠭᠠᠴᠠᠭᠠᠨ᠂ ᠵᠠᠮ ᠲᠡᠭᠡᠭᠡᠪᠦᠷᠢ ᠶᠢᠨ ᠪᠠᠭᠠᠵᠢ ᠶᠢᠨ ᠠᠮᠤᠷ ᠲᠦᠪᠰᠢᠨ ᠪᠠ ᠡᠷᠡᠭᠦᠯ ᠬᠠᠮᠠᠭᠠᠯᠠᠯ ᠢᠶᠠᠷ ᠬᠢᠵᠢᠭ ᠢ ᠰᠡᠷᠭᠡᠶᠢᠯᠡᠬᠦ ᠠᠵᠢᠯ ᠢ ᠪᠦᠬᠦ ᠬᠦᠴᠦᠨ ᠢᠶᠠᠷ ᠰᠠᠶᠢᠲᠤᠷ ᠬᠢᠵᠦ᠂ ᠬᠥᠮᠦᠨ ᠬᠠᠷ᠎ᠠ ᠴᠤᠭᠯᠠᠷᠠᠬᠤ᠂  ᠭᠠᠳᠠᠭᠰᠢ ᠲᠤᠳᠤᠭᠰᠢ ᠭᠠᠷᠴᠦ ᠣᠷᠣᠬᠤ ᠶᠢ ᠤᠯᠠᠮ ᠨᠢᠭᠡ ᠠᠯᠬᠤᠮ ᠪᠠᠭᠠᠰᠬᠠᠵᠤ᠂ ᠬᠢᠵᠢᠭ ᠤᠨ ᠵᠠᠮ ᠬᠠᠷᠢᠯᠴᠠᠭᠠᠨ ᠤ ᠪᠠᠭᠠᠵᠢ ᠪᠠᠷ ᠲᠠᠮᠵᠢᠨ ᠲᠠᠷᠬᠠᠭᠳᠠᠬᠤ ᠶᠢ ᠪᠦᠲᠦᠮᠵᠢᠲᠡᠶ ᠪᠠᠷ ᠬᠤᠷᠢᠭᠯᠠᠬᠤ ᠶᠢᠨ ᠲᠤᠰᠠᠲᠠ᠂ ᠡᠳᠦᠭᠡ ᠬᠤᠯᠪᠣᠭᠳᠠᠯ ᠪᠦᠬᠦᠢ ᠶᠠᠪᠤᠳᠠᠯ ᠢ ᠳᠣᠣᠷᠠᠬᠢ ᠮᠡᠲᠦ ᠵᠠᠷᠯᠠᠶ᠎ᠠ᠄      2021 ᠣᠨ ᠤ 10 ᠰᠠᠷ᠎ᠠ ᠶᠢᠨ 18᠎ ᠤ ᠡᠳᠦᠷ ᠠᠴᠠ ᠡᠬᠢᠯᠡᠨ᠂ ᠪᠦᠭᠦ ᠬᠤᠰᠢᠭᠤᠨ ᠤ ᠲᠡᠭᠡᠭᠡᠪᠦᠷᠢ ᠶᠢᠨ ᠲᠡᠷᠭᠡ ︵ᠠᠶᠠᠨᠴᠢᠳ ᠤᠨ ᠲᠡᠭᠡᠭᠡᠪᠦᠷᠢ ᠶᠢᠨ ᠲᠡᠷᠭᠡ᠂ ᠬᠤᠲᠠ ᠶᠢᠨ ᠨᠡᠶᠢᠲᠡ ᠶᠢᠨ ᠮᠠᠰᠢᠨ ᠲᠡᠷᠭᠡ᠂ ᠲᠦᠷᠢᠶᠡᠰᠦᠨ ᠮᠠᠰᠢᠨ ᠲᠡᠷᠭᠡ︶᠎ ᠶᠢᠨ ᠡᠵᠡᠩᠨᠡᠯᠲᠡ ᠶᠢ ᠲᠦᠷ ᠵᠣᠭᠰᠣᠭᠠᠵᠤ᠂ ᠲᠡᠭᠡᠭᠡᠪᠦᠷᠢ ᠶᠢᠨ ᠡᠵᠡᠩᠨᠡᠯᠲᠡ ᠶᠢ ᠰᠡᠷᠭᠦᠭᠡᠬᠦ  ᠪᠣᠳᠠᠲᠠᠶ ᠴᠠᠭ ᠢ ᠬᠢᠵᠢᠭ ᠢ ᠰᠡᠷᠭᠡᠶᠢᠯᠡᠨ ᠡᠵᠡᠮᠳᠡᠭᠰᠡᠨ ᠪᠠᠶᠢᠳᠠᠯ ᠢ ᠦᠨᠳᠦᠰᠦᠯᠡᠨ ᠲᠠᠷᠠᠭᠠᠴᠢ ᠪᠠᠷ ᠲᠠᠬᠢᠨ       ᠮᠡᠳᠡᠭᠳᠡᠨ᠎ᠡ᠃ ᠡᠯ᠎ᠡ ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ ᠠᠴᠠ ᠲᠡᠷᠭᠡ ᠬᠥᠰᠬᠡ᠂ ᠠᠵᠢᠯᠲᠠᠨ ᠢᠶᠠᠨ ᠬᠠᠮᠢᠶᠠᠷᠤᠨ ᠡᠵᠡᠮᠳᠡᠬᠦ ᠪᠠᠨ ᠴᠢᠩᠭᠠᠳᠬᠠᠵᠤ᠂ ᠮᠡᠳᠡᠭᠡ ᠵᠠᠩᠭᠢ ᠶᠢ ᠨᠡᠪᠲᠡᠷᠡᠭᠦᠯᠬᠦ ᠪᠠ ᠬᠠᠮᠲᠤᠪᠠᠷ ᠬᠤᠪᠢᠶᠠᠯᠴᠠᠬᠤ ᠶᠢ ᠰᠠᠶᠢᠲᠤᠷ ᠬᠢᠵᠦ᠂ ᠠᠵᠢᠯ ᠡᠷᠭᠢᠯᠡᠭᠰᠡᠳ ᠤᠨ ᠦᠵᠡᠯ ᠰᠠᠨᠠᠭᠠᠨ ᠤ ᠬᠦᠳᠡᠯᠦᠩᠭᠦᠢ ᠪᠠᠶᠢᠳᠠᠯ᠂ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠤᠨ ᠪᠠᠶᠢᠳᠠᠯ ᠪᠠ ᠠᠵᠢᠯ ᠲᠥᠷᠥᠯ ᠤᠨ ᠦᠢᠯᠡᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠦᠳᠡᠯᠦᠩᠭᠦᠢ ᠪᠠᠶᠢᠳᠠᠯ ᠢ ᠴᠠᠭ ᠲᠤᠬᠠᠶ ᠳᠤᠨᠢ ᠪᠥᠬᠦ ᠲᠠᠯ᠎ᠠ ᠪᠠᠷ ᠡᠵᠡᠮᠰᠢᠵᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠬᠢᠨ ᠤ  ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠥᠬᠦ ᠬᠦᠴᠦᠨ ᠢᠶᠠᠷ ᠰᠠᠶᠢᠲᠤᠷ ᠬᠢᠬᠦ ᠬᠡᠷᠡᠭᠲᠡᠶ᠃      ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠥᠮᠦᠨ ᠪᠦᠬᠦᠨ ᠬᠠᠷᠢᠭᠤᠴᠠᠯᠭ᠎ᠠ ᠲᠠᠢ᠂ ᠥᠷᠭᠡᠨ ᠣᠯᠠᠨ ᠠᠶᠠᠨᠴᠢᠳ ᠵᠢᠴᠢ ᠲᠦᠷᠢᠶᠡᠰᠦᠨ ᠮᠠᠰᠢᠨ ᠲᠡᠷᠭᠡᠨ ᠤ ᠠᠵᠢᠯᠲᠠᠳ ᠤᠨ ᠪᠢᠳᠡᠨ ᠤ ᠠᠵᠢᠯ ᠢ ᠣᠶᠢᠯᠠᠭᠠᠬᠤ ᠶᠢᠨ ᠬᠠᠮᠲᠤ ᠪᠥᠬᠦ ᠬᠦᠴᠦᠨ ᠢᠶᠠᠷ ᠢᠶᠠᠨ ᠳᠡᠮᠵᠢᠨ ᠬᠠᠮᠵᠢᠯᠴᠠᠬᠤ ᠶᠢ ᠬᠦᠰᠡᠵᠦ ᠪᠠᠶᠢᠨ᠎ᠠ᠂ ᠲᠠ ᠪᠢᠳᠡᠨ ᠤ ᠠᠮᠢ ᠨᠠᠰᠤᠨ ᠤ ᠠᠮᠤᠷ ᠲᠦᠪᠰᠢᠨ ᠤ ᠲᠥᠯᠥᠭᠡ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠠᠮᠲᠤ ᠪᠠᠷ ᠢᠶᠠᠨ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ ᠲᠡᠶᠢᠨ ᠤ ᠢᠯᠠᠯᠲᠠ ᠶᠢ ᠣᠯᠣᠶ᠎ᠠ᠃                           ᠡᠵᠡᠨ᠎ᠡ ᠬᠤᠰᠢᠭᠤᠨ ᠤ ᠵᠠᠮ ᠲᠡᠭᠡᠭᠡᠪᠦᠷᠢ ᠶᠢᠨ ᠲᠣᠪᠴᠢᠶ᠎ᠠ                        2021 ᠣᠨ ᠤ 10 ᠰᠠᠷ᠎ᠠ ᠶᠢᠨ 18
 
ᠢᠷᠡᠯᠲᠡ᠄ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号