ᠡᠵᠡᠨ᠎ᠡ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ 15  ᠳ᠋ᠤᠭᠠᠷ ᠲᠣᠭᠠᠲᠤ ᠠᠯᠪᠠᠨ ᠵᠠᠷᠯᠠᠯ
ᠨᠡᠶᠢᠲᠡᠯᠡᠭᠰᠡᠨ ᠴᠠᠭ᠄
2021/10/18
     ᠱᠠᠩᠬᠠᠶ ᠨᠤᠲᠤᠭ ᠲᠠᠢ ᠵᠤᠭᠠᠴᠠᠭᠴᠢ ᠶᠠᠨ ᠣᠪᠣᠭᠲᠤ᠂ ᠵᠢᠶᠠᠩ ᠣᠪᠣᠭᠲᠤ ᠶᠢᠨ ᠡᠵᠡᠨ᠎ᠡ ᠬᠤᠰᠢᠭᠤᠨ ᠳᠠᠬᠢ ᠠᠶᠠᠯᠠᠯ ᠤᠨ ᠵᠠᠮ ᠳᠤ ᠴᠢᠭᠯᠡᠭᠦᠯᠦᠨ᠂ ᠮᠠᠨ ᠤ ᠬᠤᠰᠢᠭᠤᠨ ᠤ ᠬᠢᠨ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠬᠠᠮᠤᠭ ᠤᠨ ᠲᠦᠷᠦᠭᠦᠨ ᠳᠤ ᠡᠬᠢᠯᠡᠨ ᠬᠡᠷᠡᠭᠵᠢᠭᠦᠯᠵᠦ᠂ ᠲᠡᠳᠡᠨ ᠲᠠᠢ ᠣᠶᠢᠷᠠᠳᠤᠭᠰᠠᠳ ᠢ ᠮᠥᠷᠳᠡᠨ ᠪᠠᠶᠢᠴᠠᠭᠠᠵᠤ᠂ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠪᠠ ᠲᠤᠰᠠᠭᠠᠷᠯᠠᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ  ᠬᠡᠷᠡᠭᠵᠢᠭᠦᠯᠪᠡ᠃ ᠮᠠᠨ ᠤ ᠬᠤᠰᠢᠭᠤᠨ ᠤ ᠡᠪᠡᠳᠴᠢᠨ ᠡᠮᠭᠡᠭ ᠰᠡᠷᠭᠡᠶᠢᠯᠡᠨ ᠡᠵᠡᠮᠳᠡᠬᠦ ᠰᠠᠯᠠᠭ᠎ᠠ ᠮᠥᠴᠢᠷ ᠤᠨ ᠪᠦᠭᠡᠮ ᠬᠦᠴᠢᠯ ᠤᠨ ᠪᠠᠶᠢᠴᠠᠭᠠᠯᠲᠠ ᠪᠠᠷ ᠳᠠᠮᠵᠢᠭᠠᠳ᠂ ᠠᠩᠬᠠᠨ ᠤ ᠰᠢᠯᠢᠯᠲᠡ ᠶᠢᠨ ᠠᠷᠭ᠎ᠠ ᠴᠢᠨᠠᠷᠲᠠᠶ ᠪᠠᠶᠢᠳᠠᠯ ᠢᠯᠡᠷᠡᠵᠦ᠂ ᠤᠯᠠᠮ ᠨᠢᠭᠡ ᠠᠯᠬᠤᠮ ᠳᠠᠬᠢᠨ ᠪᠠᠶᠢᠴᠠᠭᠠᠵᠤ ᠪᠠᠶᠢᠨ᠎ᠠ᠃ ᠰᠢ ᠶᠢᠨ ᠫᠢᠩ ᠶᠡᠷᠦᠩᠬᠡᠶ ᠱᠦᠵᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ ᠪᠠ ᠠᠯᠠᠱᠠ ᠠᠶᠢᠮᠠᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠭᠠᠳᠠᠨ᠎ᠠ ᠠᠴᠠ ᠣᠷᠤᠬᠤ ᠶᠢ ᠰᠡᠷᠭᠡᠶᠢᠯᠡᠬᠦ ᠪᠠ ᠲᠤᠲᠤᠷ᠎ᠠ ᠪᠠᠨ ᠳᠠᠬᠢᠨ ᠰᠡᠷᠭᠦᠬᠦ ᠶᠢ ᠰᠡᠷᠭᠡᠶᠢᠯᠡᠬᠦ ᠡᠯ᠎ᠡ ᠵᠦᠢᠯ ᠤᠨ ᠠᠵᠢᠯ ᠢ       ᠵᠢᠭᠠᠬᠠᠨ ᠴᠦ ᠰᠤᠯᠠᠷᠠᠭᠤᠯᠤᠯ ᠥᠬᠡᠶ ᠰᠠᠶᠢᠲᠤᠷ ᠠᠳᠬᠤᠬᠤ ᠶᠢᠨ ᠲᠤᠰᠠᠳᠠ᠂ ᠡᠳᠦᠭᠡ ᠬᠤᠯᠪᠣᠭᠳᠠᠯ ᠪᠥᠬᠦᠶ ᠠᠵᠢᠯ ᠢ ᠳᠣᠤᠷᠠᠬᠢ ᠮᠡᠲᠦ ᠵᠠᠷᠯᠠᠶ᠎ᠠ᠄      ᠨᠢᠭᠡ᠂ ᠣᠳᠣ ᠠᠴᠠ ᠡᠬᠢᠯᠡᠨ᠂ ᠡᠵᠡᠨ᠎ᠡ ᠬᠤᠰᠢᠭᠤᠨ ᠤ ᠵᠠᠰᠠᠭ ᠵᠠᠬᠢᠷᠭᠠᠨ ᠤ ᠣᠷᠣᠨ ᠳᠤ 48 ᠴᠠᠭ ᠪᠢᠲᠡᠭᠦᠮᠵᠢᠯᠡᠭᠰᠡᠨ ᠬᠠᠮᠢᠶᠠᠲᠤᠯᠲᠠ ᠶᠢ ᠬᠡᠷᠡᠭᠵᠢᠭᠦᠯᠵᠦ᠂ ᠡᠯ᠎ᠡ ᠵᠠᠮ ᠬᠠᠷᠢᠯᠴᠠᠭᠠᠨ ᠤ ᠣᠷᠣᠵᠤ ᠭᠠᠷᠬᠤ ᠭᠠᠵᠠᠷ ᠲᠤ ᠵᠠᠮ ᠬᠠᠷᠢᠯᠴᠠᠭᠠᠨ ᠤ ᠬᠠᠮᠢᠶᠠᠷᠤᠯᠲᠠ ᠶᠠᠪᠤᠭᠤᠯᠵᠤ᠂ ᠪᠤᠢ ᠪᠦᠬᠦᠢ ᠦᠵᠡᠮᠵᠢ ᠶᠢᠨ ᠣᠷᠣᠨ ᠢ ᠬᠠᠭᠠᠵᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠵᠠᠮ ᠢ ᠪᠢᠲᠡᠭᠦᠮᠵᠢᠯᠡᠨ ᠡᠵᠡᠮᠳᠡᠬᠦ ᠪᠠ ᠦᠵᠡᠮᠵᠢ ᠶᠢᠨ ᠣᠷᠣᠨ ᠢ ᠬᠠᠮᠢᠶᠠᠷᠤᠨ ᠡᠵᠡᠮᠳᠡᠬᠦ ᠠᠵᠢᠯ ᠶᠢ ᠰᠠᠶᠢᠲᠤᠷ ᠬᠢᠵᠦ᠂ ᠰᠠᠭᠤᠭᠠᠯᠢ ᠠᠷᠠᠳ ᠤᠯᠠᠨ ᠲᠥᠮᠡᠨ ᠶᠠᠪᠤᠵᠤ ᠰᠠᠭᠤᠬᠤ ᠪᠠᠨ ᠵᠣᠬᠢᠰᠲᠠᠢ ᠲᠤᠬᠢᠷᠠᠭᠤᠯᠵᠤ᠂ ᠭᠠᠳᠠᠭᠰᠢ ᠲᠤᠳᠤᠭᠰᠢ ᠶᠠᠪᠤᠬᠤ ᠶᠢ ᠪᠠᠭᠠᠰᠬᠠᠵᠤ᠂ ᠰᠢᠨᠵᠢᠯᠡᠬᠦ ᠤᠬᠠᠭᠠᠨᠴᠢ ᠪᠠᠷ ᠠᠮᠠᠪᠴᠢ ᠵᠡᠭᠦᠵᠦ᠂ ᠠᠮᠤᠷ ᠲᠦᠪᠰᠢᠨ ᠨᠡᠶᠢᠭᠡᠮ ᠤᠨ ᠬᠠᠷᠢᠯᠴᠠᠭᠠᠨ ᠤ ᠵᠠᠢ ᠪᠣᠯᠤᠨ ᠰᠠᠶᠢᠨ ᠰᠠᠶᠢᠬᠠᠨ ᠠᠮᠢᠳᠤᠷᠠᠯ ᠤᠨ ᠳᠠᠳᠬᠠᠯ ᠢ ᠪᠠᠲᠤᠯᠠᠬᠤ ᠬᠡᠷᠡᠭᠲᠡᠢ᠃      ᠬᠤᠶᠠᠷ᠂ ᠡᠵᠡᠨ᠎ᠡ ᠬᠤᠰᠢᠭᠤᠨ ᠤ ᠳᠠᠯᠠᠶᠢᠬᠦ᠋ᠪ ᠪᠠᠯᠭᠠᠰᠤᠨ ᠤ ᠬᠤᠲᠠ ᠶᠢᠨ ᠲᠣᠭᠤᠷᠢᠭ ᠲᠠᠬᠢ ᠬᠥᠮᠦᠰ ᠲᠤ᠂ ᠨᠢᠭᠡᠳᠦᠯᠲᠡᠶ ᠲᠣᠬᠢᠷᠠᠭᠤᠯᠤᠯᠲᠠ ᠶᠢ ᠦᠨᠳᠦᠰᠦᠯᠡᠨ᠂ 10 ᠳ᠋ᠤᠭᠠᠷ ᠰᠠᠷ᠎ᠠ ᠶᠢᠨ 18᠎ ᠤ ᠡᠳᠦᠷ ᠤᠨ 9᠄ 00᠎ ᠠᠴᠠ ᠡᠬᠢᠯᠡᠨ᠂ ᠨᠡᠯᠢᠶᠡᠳ ᠶᠡᠭᠡ ᠬᠡᠪᠴᠢᠶᠡᠨ ᠤ ᠪᠥᠭᠡᠮ ᠬᠦᠴᠢᠯ ᠤᠨ ᠥᠯᠢᠭᠡᠷ ᠠᠪᠴᠤ ᠰᠢᠯᠭᠠᠨ ᠪᠠᠶᠢᠴᠠᠭᠠᠬᠤ ᠠᠵᠢᠯ ᠶᠢ ᠡᠮᠬᠢ ᠵᠢᠷᠤᠮ ᠲᠠᠢ ᠶᠠᠪᠤᠭᠳᠠᠭᠤᠯᠤᠨ᠎ᠠ᠃      ᠭᠤᠷᠪᠠ᠂ ᠡᠵᠡᠨ᠎ᠡ ᠬᠤᠰᠢᠭᠤᠨ ᠤ ᠬᠢᠨ ᠭᠠᠳᠠᠨ᠎ᠠ ᠣᠷᠣᠨ ᠤ ᠵᠤᠭᠠᠴᠠᠭᠰᠠᠳ ᠢ ᠲᠣᠬᠢᠲᠠᠶ ᠲᠥᠪᠬᠢᠨᠡᠭᠦᠯᠵᠦ᠂ ᠥᠷᠭᠡᠨ ᠣᠯᠠᠨ ᠲᠦᠮᠡᠨ ᠴᠤᠤᠷᠬᠠᠯ ᠢ ᠢᠲᠡᠭᠡᠬᠦ ᠥᠬᠡᠶ᠂ ᠴᠤᠤᠷᠬᠠᠯ ᠢ ᠲᠠᠷᠬᠠᠭᠠᠬᠤ ᠥᠬᠡᠶ᠂ ᠨᠠᠩ ᠴᠤ ᠠᠶᠤᠵᠤ ᠰᠠᠨᠳᠤᠷᠬᠤ ᠬᠡᠷᠡᠭ ᠥᠬᠡᠶ᠂ ᠰᠡᠳᠬᠢᠯ ᠰᠠᠨᠠᠭ᠎ᠠ ᠪᠠᠨ ᠲᠠᠶᠢᠪᠣᠩ ᠪᠠᠶᠢᠯᠭᠠᠵᠤ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠵᠢᠯ ᠯᠤᠭ᠎ᠠ ᠬᠠᠮᠵᠢᠯᠴᠠᠭᠠᠷᠠᠢ᠃      ᠳᠡᠭᠡᠷ᠎ᠡ ᠳᠤᠷᠠᠳᠤᠭᠰᠠᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠳᠤ ᠬᠢᠵᠢᠭ ᠤᠨ ᠪᠠᠶᠢᠳᠠᠯ ᠢ ᠦᠨᠳᠦᠰᠦᠯᠡᠨ ᠴᠠᠭ ᠲᠤᠬᠠᠶ ᠳᠤᠨᠢ ᠲᠣᠬᠢᠷᠠᠭᠤᠯᠤᠯᠲᠠ ᠬᠢᠵᠦ᠂ ᠬᠤᠰᠢᠭᠤᠨ ᠤ ᠷᠠᠳᠢᠣ᠋ ᠨᠡᠪᠲᠡᠷᠡᠭᠦᠯᠭᠡ᠂ ᠲᠧᠯᠸᠢᠰ᠂ ᠸᠢᠴᠠᠲ᠂ ᠪᠢᠴᠢᠯ ᠪᠦᠷᠭᠡ ᠵᠡᠷᠭᠡ ᠠᠷᠭ᠎ᠠ ᠵᠠᠮ ᠢᠶᠠᠷ ᠬᠠᠮᠤᠭ ᠤᠨ ᠲᠡᠷᠢᠭᠦᠨ ᠳᠤ ᠬᠠᠮᠢᠶ᠎ᠠ ᠪᠥᠬᠦᠶ ᠮᠡᠳᠡᠭᠡ ᠵᠠᠩᠭᠢ ᠶᠢ ᠨᠡᠶᠢᠲᠡᠯᠡᠬᠦ ᠪᠣᠯᠤᠨ᠎ᠠ᠃                             ᠡᠵᠡᠨ᠎ᠡ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ                             ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                             2021 ᠣᠨ ᠤ 10 ᠳ᠋ᠤᠭᠠᠷ ᠰᠠᠷ᠎ᠠ ᠶᠢᠨ 18᠎ ᠤ ᠡᠳᠦᠷ    
 
ᠢᠷᠡᠯᠲᠡ᠄ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号