ᠡᠵᠡᠨ᠎ᠡ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ 16 ᠳ᠋ᠤᠭᠠᠷ ᠲᠣᠭᠠᠲᠤ ᠠᠯᠪᠠᠨ ᠵᠠᠷ
ᠨᠡᠶᠢᠲᠡᠯᠡᠭᠰᠡᠨ ᠴᠠᠭ᠄
2021/10/20
     2021 ᠣᠨ ᠤ 10 ᠳ᠋ᠤᠭᠠᠷ ᠰᠠᠷ᠎ᠠ ᠶᠢᠨ 18᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠶᠡᠷᠦᠩᠬᠡᠶᠢᠯᠡᠭᠰᠡᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠱᠠᠨᠰᠢ ᠮᠤᠵᠢ ᠶᠢᠨ ᠭᠠᠳᠠᠨ᠎ᠠ ᠠᠴᠠ ᠢᠷᠡᠭᠰᠡᠨ ᠵᠤᠭᠠᠴᠠᠭᠴᠢ ᠶᠠᠨ ᠣᠪᠣᠭᠲᠤ᠂ ᠵᠢᠶᠠᠩ ᠣᠪᠣᠭᠲᠤ ᠶᠢᠨ ᠪᠥᠭᠡᠮ ᠬᠦᠴᠢᠯ ᠤᠨ ᠪᠠᠶᠢᠴᠠᠭᠠᠯᠲᠠ ᠶᠢᠨ ᠠᠷᠭ᠎ᠠ ᠴᠢᠨᠠᠷ ᠤᠨ ᠲᠤᠬᠠᠶ ᠮᠡᠳᠡᠭᠳᠡᠯ ᠢ ᠣᠯᠤᠭᠰᠠᠨ ᠤ ᠳᠠᠷᠠᠭ᠎ᠠ᠂ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠠᠴᠠ ᠪᠠᠴᠢᠮ ᠪᠠᠶᠢᠷᠢᠯᠠᠭᠤᠯᠤᠯᠲᠠ ᠬᠢᠵᠦ᠂ ᠶᠠᠨ ᠣᠪᠣᠭᠲᠤ᠂ ᠵᠢᠶᠠᠩ ᠣᠪᠣᠭᠲᠤ ᠵᠡᠷᠭᠡ 8 ᠬᠥᠮᠦᠨ ᠤ ᠮᠠᠨ ᠤ ᠬᠤᠰᠢᠭᠤᠨ ᠳᠠᠬᠢ ᠠᠶᠠᠯᠠᠯ ᠵᠢᠴᠢ ᠨᠢᠭᠲᠠ ᠣᠶᠢᠷᠠᠲᠤᠭᠰᠠᠳ ᠪᠠ ᠳᠡᠳ᠋ ᠣᠶᠢᠷᠠᠲᠤᠭᠰᠠᠳ ᠤᠨ ᠪᠠᠶᠢᠳᠠᠯ ᠢ ᠪᠠᠶᠢᠴᠠᠭᠠᠨ ᠰᠢᠢᠳᠪᠦᠷᠢᠯᠡᠪᠡ᠃ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠪᠠ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠪᠣᠯᠣᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠲᠤᠰᠬᠠᠶ ᠮᠡᠷᠭᠡᠵᠢᠯᠲᠡᠨ ᠤ ᠣᠨᠣᠰᠢᠯᠠᠯᠲᠠ ᠪᠠᠷ ᠳᠡᠮᠵᠢᠨ᠂ 10 ᠳ᠋ᠤᠭᠠᠷ ᠰᠠᠷ᠎ᠠ ᠶᠢᠨ 19᠎ ᠤ ᠡᠳᠦᠷ ᠤᠨ 0᠄ 40 ᠪᠣᠯᠲᠠᠯ᠎ᠠ᠂ ᠠᠭᠤᠰᠬᠢᠨ ᠦᠷᠪᠢᠰᠦᠯ ᠢᠶᠠᠷ ᠣᠨᠣᠰᠢᠯᠠᠭᠰᠠᠨ 5 ᠡᠪᠡᠳᠴᠢᠨ ᠤ ᠵᠢᠱᠢᠶ᠎ᠡ ᠶᠢ ᠨᠢᠭᠡᠨᠲᠡ ᠳᠣᠲᠣᠯᠠᠵᠠᠶ᠃ ᠡᠭᠦᠨ ᠤ ᠵᠡᠷᠭᠡ ᠳᠤ᠂  ᠠᠩᠬᠠᠨ ᠤ ᠰᠢᠯᠢᠯᠲᠡ ᠶᠢᠨ ᠪᠥᠭᠡᠮ ᠬᠦᠴᠢᠯ ᠤᠨ ᠪᠠᠶᠢᠴᠠᠭᠠᠯᠲᠠ ᠶᠢᠨ ᠠᠷᠭ᠎ᠠ ᠴᠢᠨᠠᠷᠲᠠᠶ 2 ᠬᠥᠮᠦᠨ ᠢ ᠣᠲᠣ ᠶᠠᠭ ᠳᠠᠬᠢᠨ ᠬᠢᠨᠠᠵᠤ ᠪᠠᠶᠢᠨ᠎ᠠ᠃ ᠳᠡᠭᠡᠷᠡᠬᠢ 7 ᠬᠥᠮᠦᠨ ᠢ ᠴᠥᠮ ᠲᠣᠭᠲᠠᠮᠠᠯ ᠴᠡᠭ ᠤᠨ ᠡᠮᠨᠡᠯᠭᠡ ᠶᠢᠨ ᠬᠤᠷᠢᠶᠠᠨ ᠤ ᠰᠥᠭᠡᠷᠭᠦ ᠳᠠᠷᠤᠯᠲᠠ ᠶᠢᠨ ᠡᠪᠡᠳᠴᠢᠲᠡᠨ ᠤ ᠥᠷᠥᠭᠡᠨ ᠳᠤ ᠬᠦᠷᠭᠡᠵᠦ ᠲᠤᠰᠠᠭᠠᠷᠯᠠᠨ ᠡᠮᠨᠡᠬᠦ ᠪᠠ ᠠᠵᠢᠭᠯᠠᠵᠤ᠂ ᠬᠤᠯᠪᠣᠭᠳᠠᠯ ᠪᠦᠬᠦᠢ ᠵᠢᠭᠰᠠᠭᠠᠨ ᠪᠠᠶᠢᠴᠠᠭᠠᠬᠤ ᠪᠠ ᠬᠠᠮᠢᠶᠠᠷᠤᠨ ᠡᠵᠡᠮᠳᠡᠬᠦ ᠠᠵᠢᠯ ᠢ ᠶᠠᠭ ᠭᠦᠨᠵᠡᠭᠡᠶ ᠳᠥᠯᠭᠢᠨ ᠠᠬᠢᠭᠤᠯᠵᠤ ᠪᠠᠶᠢᠨ᠎ᠠ᠃      ᠪᠥᠬᠦ ᠬᠤᠰᠢᠭᠤᠨ ᠤ ᠥᠷᠭᠡᠨ ᠣᠯᠠᠨ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠦᠨᠡᠨ ᠬᠦ ᠬᠠᠮᠠᠭᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠶ ᠥᠷᠨᠢᠭᠦᠯᠬᠦ ᠶᠢᠨ ᠲᠥᠯᠥᠭᠡ᠂ ᠡᠵᠡᠨ᠎ᠡ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠠᠴᠠ ᠰᠤᠳᠤᠯᠤᠨ ᠲᠣᠭᠲᠠᠭᠠᠭᠠᠳ᠂ 10 ᠳ᠋ᠤᠭᠠᠷ ᠰᠠᠷ᠎ᠠ ᠶᠢᠨ 19᠎ ᠤ ᠡᠳᠦᠷ ᠤᠨ 9᠄ 00 ᠴᠠᠭ ᠠᠴᠠ ᠡᠬᠢᠯᠡᠨ᠂ ᠪᠥᠬᠦ ᠬᠤᠰᠢᠭᠤᠨ ᠤ ᠬᠡᠪᠴᠢᠶᠡᠨ ᠳᠤ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠠᠵᠢᠯ ︵ᠪᠠᠶᠢᠩᠭᠤ ᠰᠠᠭᠤᠭ᠎ᠠ ᠬᠥᠮᠦᠨ ᠠᠮᠠ᠂ ᠨᠡᠭᠦᠳᠡᠯ ᠬᠥᠮᠦᠨ       ᠠᠮᠠ᠂ ᠲᠦᠷ ᠰᠠᠭᠤᠬᠤ ᠬᠥᠮᠦᠨ ᠠᠮᠠ ᠵᠡᠷᠭᠡ ᠪᠠᠭᠲᠠᠨ᠎ᠠ︶᠎ ᠢ ᠥᠷᠨᠢᠭᠦᠯᠦᠨ᠎ᠡ᠃ ᠣᠳᠣᠬᠠᠨ ᠳᠤ ᠡᠵᠡᠨ᠎ᠡ ᠬᠤᠰᠢᠭᠤᠨ ᠤ ᠳᠠᠯᠠᠶᠢᠬᠦ᠋ᠪ ᠪᠠᠯᠭᠠᠰᠤᠨ ᠤ ᠪᠦᠬᠦ ᠬᠥᠮᠦᠰ ᠤᠬᠠᠮᠰᠠᠷ ᠠᠴᠠ ᠪᠠᠨ ᠬᠠᠮᠢᠶ᠎ᠠ ᠪᠦᠬᠦᠢ ᠪᠠᠶᠢᠭᠤᠯᠤᠯᠭ᠎ᠠ᠂ ᠨᠡᠶᠢᠭᠡᠮ ᠲᠣᠭᠤᠷᠢᠭ ᠪᠣᠯᠤᠨ ᠦᠯᠢᠭᠡᠷ ᠠᠪᠬᠤ ᠭᠠᠵᠠᠷ ᠤᠨ ᠲᠤᠬᠠᠢ ᠶᠢᠨ ᠲᠠᠯᠠᠪᠠᠢ ᠶᠢᠨ ᠠᠵᠢᠯᠲᠠᠳ ᠤᠨ ᠳᠤᠬᠢᠷᠠᠭᠤᠯᠭ᠎ᠠ ᠶᠢ ᠳᠠᠭᠠᠵᠤ᠂ ᠲᠣᠭᠲᠠᠭᠰᠠᠨ ᠬᠤᠭᠤᠴᠠᠭᠠᠨ ᠳᠤ ᠲᠣᠭᠲᠠᠭᠰᠠᠨ ᠦᠯᠢᠭᠡᠷ ᠠᠪᠬᠤ ᠭᠠᠵᠠᠷ ᠲᠤ ᠬᠦᠷᠴᠦ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠬᠦᠯᠢᠶᠡᠵᠦ᠂ ᠬᠠᠷᠢᠯᠴᠠᠨ ᠳᠠᠮᠵᠢᠭᠤᠯᠵᠤ᠂ ᠰᠠᠨᠠᠭᠠᠴᠢᠯᠠᠭ᠎ᠠ ᠠᠴᠠ ᠪᠠᠨ ᠬᠠᠮᠵᠢᠯᠴᠠᠵᠤ᠂ ᠪᠠᠶᠢᠴᠠᠭᠠᠬᠤ ᠶᠣᠰᠣᠲᠠᠢ ᠶᠢ ᠨᠢ ᠪᠦᠬᠦᠨ ᠢ ᠪᠠᠶᠢᠴᠠᠭᠠᠵᠤ᠂ ᠨᠢᠭᠡ ᠡᠷᠦᠬᠡ ᠶᠢ ᠴᠦ ᠣᠷᠬᠢᠭᠳᠠᠭᠤᠯᠬᠤ ᠦᠭᠡᠢ᠂ ᠨᠢᠭᠡ ᠬᠥᠮᠦᠨ ᠢ ᠴᠦ ᠣᠷᠬᠢᠭᠳᠠᠭᠤᠯᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃      ᠣᠳᠣᠬᠠᠨ ᠳᠤ᠂ ᠡᠵᠡᠨ᠎ᠡ ᠬᠤᠰᠢᠭᠤᠨ ᠤ ᠡᠳ᠋ ᠪᠣᠳᠠᠰ ᠤᠨ ᠨᠥᠭᠡᠴᠡ ᠭᠦᠢᠴᠡᠳ᠂ ᠨᠡᠶᠢᠭᠡᠮ ᠤᠨ ᠡᠮᠬᠢ ᠵᠢᠷᠤᠮ ᠬᠡᠪ ᠤᠨ ᠪᠠᠶᠢᠵᠤ᠂ ᠡᠯ᠎ᠡ ᠵᠦᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠶᠠᠭ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ᠃ ᠥᠷᠭᠡᠨ ᠤᠯᠠᠨ ᠰᠠᠭᠤᠭᠠᠯᠢ ᠠᠷᠠᠳ ᠪᠣᠯᠤᠨ ᠵᠤᠭᠠᠴᠠᠭᠰᠠᠳ ᠴᠤᠤᠷᠬᠠᠯ ᠢ ᠢᠲᠡᠭᠡᠬᠦ ᠦᠭᠡᠢ᠂ ᠴᠤᠤᠷᠬᠠᠯ ᠢ ᠲᠠᠷᠬᠠᠭᠠᠬᠤ ᠦᠭᠡᠢ᠂ ᠠᠶᠤᠬᠤ ᠰᠠᠨᠳᠤᠷᠬᠤ ᠦᠭᠡᠢ ᠪᠠᠷ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠳᠤ ᠢᠳᠡᠪᠬᠢᠲᠡᠢ ᠬᠠᠮᠵᠢᠯᠴᠠᠵᠤ᠂ ᠴᠠᠭ ᠤᠨ ᠪᠡᠷᠬᠡ ᠶᠢ ᠬᠠᠮᠲᠤᠪᠠᠷ ᠲᠤᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠬᠠᠮᠲᠤᠪᠠᠷ ᠢᠶᠠᠨ ᠣᠯᠣᠶ᠎ᠠ᠃      ᠳᠠᠯᠠᠶᠢᠬᠦ᠋ᠪ ᠪᠠᠯᠭᠠᠰᠤᠨ ᠤ ᠪᠥᠭᠡᠮ ᠬᠦᠴᠢᠯ ᠢ ᠰᠢᠯᠭᠠᠨ ᠪᠠᠶᠢᠴᠠᠭᠠᠵᠤ ᠦᠯᠢᠭᠡᠷ ᠠᠪᠬᠤ ᠴᠡᠭ ᠤᠨ ᠬᠠᠶ᠋ᠢᠭ ᠲᠠᠭᠠᠯᠳᠤᠭᠤᠯᠤᠯ      ᠬᠤᠰᠢᠭᠤᠨ ᠤ ᠰᠤᠶᠤᠯ ᠲᠠᠮᠢᠷ ᠤᠨ ᠣᠷᠳᠣᠨ ᠳᠠᠬᠢ ᠦᠯᠢᠭᠡᠷ ᠠᠪᠬᠤ ᠴᠡᠭ ᠤᠨ ᠬᠠᠷᠢᠯᠴᠠᠬᠤ       ᠣᠳᠠᠰᠤ᠄13634731652      ᠬᠤᠰᠢᠭᠤᠨ ᠤ ᠮᠣᠩᠭᠤᠯ ᠰᠤᠷᠭᠠᠭᠤᠯᠢ ᠶᠢᠨ ᠬᠥᠯ ᠪᠦᠮᠪᠦᠭᠡᠨ ᠣᠷᠳᠣᠨ ᠳᠠᠬᠢ ᠦᠯᠢᠭᠡᠷ ᠠᠪᠬᠤ ᠴᠡᠭ ᠤᠨ ᠬᠠᠷᠢᠯᠴᠠᠬᠤ ᠣᠳᠠᠰᠤ᠄13948022962      ᠬᠤᠰᠢᠭᠤᠨ ᠤ ᠲᠤᠮᠳᠠᠳᠤ ᠰᠣᠷᠭᠠᠭᠤᠯᠢ ᠶᠢᠨ ᠲᠠᠮᠢᠷ ᠤᠨ ᠣᠷᠳᠤᠨ ᠳᠠᠬᠢ ᠦᠯᠢᠭᠡᠷ ᠠᠪᠬᠤ ᠴᠡᠭ ᠤᠨ ᠬᠠᠷᠢᠯᠴᠠᠬᠤ ᠣᠳᠠᠰᠤ᠄13948017071      ᠭᠠᠶᠢᠯᠢ ᠶᠢᠨ ᠲᠤᠪᠴᠢᠶᠠᠨ ᠤ ᠪᠡᠶ᠎ᠡ ᠲᠠᠮᠢᠷ ᠤᠨ ᠣᠷᠳᠣᠨ ᠳᠠᠬᠢ ᠦᠯᠢᠭᠡᠷ ᠠᠪᠬᠤ ᠴᠡᠭ ᠤᠨ ᠬᠠᠷᠢᠯᠴᠠᠬᠤ ᠣᠳᠠᠰᠤ᠄13804795281      ᠰᠢᠨ᠎ᠡ ᠮᠣᠩᠭᠤᠯ ᠡᠮᠨᠡᠯᠭᠡ ᠶᠢᠨ ᠬᠤᠷᠢᠶᠠᠨ ᠤ ᠬᠠᠷᠢᠯᠴᠠᠬᠤ ᠤᠲᠠᠰᠤ᠄13948039459      ᠪᠤᠭᠤᠮᠲᠠ ᠶᠢᠨ ᠪᠡᠶ᠎ᠡ ᠲᠠᠮᠢᠷ ᠤᠨ ᠣᠷᠳᠣᠨ ᠳᠠᠬᠢ ᠦᠯᠢᠭᠡᠷ ᠠᠪᠬᠤ ᠴᠡᠭ ᠤᠨ ᠬᠠᠷᠢᠯᠴᠠᠬᠤ             ᠣᠳᠠᠰᠤ᠄13948016210      ᠰᠢᠤᠳᠠᠨ ᠲᠤᠪᠴᠢᠶᠠᠨ ᠤ ᠲᠠᠯᠠᠪᠤᠷ ᠤᠨ ᠬᠠᠵᠠᠭᠤᠳᠠᠬᠢ ᠠᠵᠢᠯᠳᠠᠨ ᠤ ᠦᠷᠦᠭᠡ ᠳᠠᠬᠢ ᠦᠯᠢᠭᠡᠷ ᠠᠪᠬᠤ       ᠴᠡᠭ ᠤᠨ ᠬᠠᠷᠢᠯᠴᠠᠬᠤ ᠣᠳᠠᠰᠤ᠄ 13804735331      ᠵᠢᠦᠢ ᠶᠠᠨ ᠰᠣᠶᠣᠯ ᠤᠨ ᠦᠵᠡᠭᠦᠯᠦᠯᠭᠡ ᠶᠢᠨ ᠣᠷᠳᠣᠨ ᠳᠠᠬᠢ ᠦᠯᠢᠭᠡᠷ ᠠᠪᠬᠤ ᠴᠡᠭ ᠤᠨ ᠬᠠᠷᠢᠯᠴᠠᠬᠤ ᠤᠲᠠᠰᠤ᠄18804877044      ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠳᠠᠬᠢ ᠦᠯᠢᠭᠡᠷ ᠠᠪᠬᠤ ᠴᠡᠭ ᠤᠨ ᠬᠠᠷᠢᠯᠴᠠᠬᠤ ᠤᠲᠠᠰᠤ᠄15904835252      ᠲᠡᠷᠭᠡᠨ ᠥᠷᠲᠡᠭᠡᠨ ᠤ ᠶᠡᠭᠡ ᠲᠢᠩᠬᠢᠮ ᠳᠠᠬᠢ ᠦᠯᠢᠭᠡᠷ ᠠᠪᠬᠤ ᠴᠡᠭ ᠤᠨ ᠬᠠᠷᠢᠯᠴᠠᠬᠤ             ᠣᠳᠠᠰᠤ᠄13634733397      ᠪᠦᠬᠦ ᠠᠷᠠᠳ ᠤᠨ ᠪᠡᠶ᠎ᠡ ᠪᠣᠯᠪᠠᠰᠤᠷᠠᠬᠤ ᠲᠥᠪ ᠳᠠᠬᠢ ᠦᠯᠢᠭᠡᠷ ᠠᠪᠬᠤ ᠴᠡᠭ ᠤᠨ ᠬᠠᠷᠢᠯᠴᠠᠬᠤ             ᠣᠳᠠᠰᠤ᠄13948003172      ᠶᠠᠩ ᠭᠤᠸᠠᠩ ᠰᠠᠭᠤᠭᠠᠯᠢ ᠲᠤᠭᠤᠷᠢᠭ ᠲᠠᠬᠢ ᠦᠯᠢᠭᠡᠷ ᠠᠪᠬᠤ ᠴᠡᠭ ᠤᠨ ᠬᠠᠷᠢᠯᠴᠠᠬᠤ             ᠤᠲᠠᠰᠤ᠄13948017180                    ᠡᠵᠡᠨ᠎ᠡ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ                    ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                    2021 ᠣᠨ ᠤ 10 ᠳ᠋ᠤᠭᠠᠷ ᠰᠠᠷ᠎ᠠ ᠶᠢᠨ 19᠎ ᠤ ᠡᠳᠦᠷ
 
ᠢᠷᠡᠯᠲᠡ᠄ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号