ᠡᠵᠡᠨ᠎ᠡ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ 52 ᠳ᠋ᠤᠭᠠᠷ ᠲᠤᠭᠠᠳᠤ ᠠᠯᠪᠠᠨ ᠵᠠᠷᠯᠠᠯ
ᠨᠡᠶᠢᠲᠡᠯᠡᠭᠰᠡᠨ ᠴᠠᠭ᠄
2021/11/25
     ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ︾ ᠪᠠ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠩᠭᠤ ᠶᠢᠨ ᠴᠢᠨᠠᠷ ᠲᠠᠢ ᠰᠠᠶᠢᠲᠤᠷ ᠬᠢᠬᠦ ᠶᠢᠨ ᠲᠥᠯᠥᠭᠡ᠂ ᠣᠳᠣᠬᠠᠨ ᠤ ᠡᠵᠡᠨ᠎ᠡ ᠬᠤᠰᠢᠭᠤᠨ ᠤ ᠬᠢᠵᠢᠭ ᠤᠨ ᠪᠠᠶᠢᠳᠠᠯ ᠢ ᠦᠨᠳᠦᠰᠦᠯᠡᠨ᠂ ᠬᠤᠰᠢᠭᠤᠨ ᠤ ᠵᠢᠯᠣᠭᠤᠳᠬᠤ ᠭᠠᠵᠠᠷ ᠠᠴᠠ 11 ᠰᠠᠷ᠎ᠠ ᠶᠢᠨ 18᠎ ᠤ ᠡᠳᠦᠷ ᠤᠨ ᠲᠡᠭ ᠴᠠᠭ ᠠᠴᠠ ᠡᠬᠢᠯᠡᠨ᠂ ᠳᠠᠯᠠᠶᠢᠬᠥ᠋ᠪ ᠪᠠᠯᠭᠠᠰᠤᠨ ᠤ 149 ᠲᠤᠤᠷᠵᠢᠭᠤᠯᠤᠭᠰᠠᠨ ᠬᠠᠮᠢᠶᠠᠷᠤᠨ ᠡᠵᠡᠮᠳᠡᠬᠦ ᠴᠡᠭ ᠤᠨ ᠲᠤᠬᠠᠶ ᠶᠢᠨ ᠲᠠᠯᠠᠪᠤᠷ ᠤᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠳᠤ ᠲᠣᠬᠢᠷᠠᠭᠤᠯᠤᠯᠲᠠ ᠬᠢᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠤ ᠪᠤᠰᠤ ᠠᠷᠭ᠎ᠠ ᠬᠡᠯᠪᠡᠷᠢ ᠶᠢ ᠤᠶᠠᠯᠳᠤᠭᠤᠯᠤᠭᠰᠠᠨ ᠬᠠᠮᠢᠶᠠᠷᠤᠯᠲᠠ ᠶᠢ ᠬᠡᠷᠡᠭᠵᠢᠭᠦᠯᠬᠦ ᠪᠠᠷ ᠲᠣᠭᠲᠠᠪᠠ᠃ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠵᠠᠷᠯᠠᠶ᠎ᠠ᠄      ᠨᠢᠭᠡ᠂ ᠬᠢᠵᠢᠭ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠲᠠᠰᠤᠷᠠᠯᠲᠠ ᠥᠬᠡᠶ ᠴᠢᠩᠭᠠᠷᠠᠭᠤᠯᠬᠤ ᠪᠠ ᠬᠢᠵᠢᠭ ᠢ ᠰᠡᠷᠭᠡᠶᠢᠯᠡᠨ ᠡᠵᠡᠮᠳᠡᠬᠦ ᠪᠠᠶᠢᠳᠠᠯ ᠤᠨ ᠲᠠᠰᠤᠷᠠᠯᠲᠠ ᠥᠬᠡᠶ ᠰᠠᠶᠢᠵᠢᠷᠠᠬᠤ ᠶᠢ ᠳᠠᠭᠠᠯᠳᠤᠨ᠂ ᠳᠠᠯᠠᠶᠢᠬᠥ᠋ᠪ ᠪᠠᠯᠭᠠᠰᠤᠨ ᠤ ᠬᠡᠪᠴᠢᠶᠡᠨ ᠳᠠᠬᠢ ᠲᠣᠣᠷᠵᠢᠭᠤᠯᠤᠭᠰᠠᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠳᠤ ᠪᠠᠭ᠎ᠠ ᠪᠠᠭ᠎ᠠ ᠪᠠᠷ ᠲᠣᠬᠢᠷᠠᠭᠤᠯᠤᠯᠲᠠ ᠬᠢᠵᠦ ᠪᠢᠲᠡᠭᠦᠮᠵᠢᠯᠡᠯ ᠢ ᠪᠥᠬᠦ ᠲᠠᠯ᠎ᠠ ᠪᠠᠷ ᠲᠠᠶᠢᠯᠬᠤ ᠪᠣᠯᠤᠨ᠎ᠠ᠃ ᠠᠶᠢᠮᠠᠭ᠂ ᠬᠤᠰᠢᠭᠤ᠂ ᠰᠤᠮᠤ ᠪᠠᠯᠭᠠᠰᠤ᠂ ᠨᠡᠶᠢᠭᠡᠮ ᠲᠣᠭᠤᠷᠢᠭ ᠤᠨ ᠡᠯ᠎ᠡ ᠳᠠᠭᠠᠭᠠᠴᠢᠯᠠᠨ ᠬᠠᠷᠢᠯᠴᠠᠬᠤ ᠪᠠᠶᠢᠭᠤᠯᠭ᠎ᠠ ᠨᠢᠭᠡᠴᠢ ᠪᠠ ᠠᠵᠢᠯᠲᠠᠨ ᠵᠢᠴᠢ ᠬᠠᠮᠢᠶ᠎ᠠ ᠪᠥᠬᠦᠶ ᠠᠳᠠᠯ ᠠᠬᠤᠶ ᠶᠢᠨ ᠬᠠᠮᠢᠶᠠᠷᠤᠯᠲᠠ ᠶᠢᠨ ᠠᠵᠢᠯᠲᠠᠨ᠂ ᠣᠲᠣ ᠶᠢᠨ ᠪᠠᠶᠢᠭ᠎ᠠ ᠳᠤᠤᠷᠵᠢᠭᠤᠯᠤᠭᠰᠠᠨ ᠬᠠᠮᠢᠶᠠᠷᠤᠯᠳᠠ ᠶᠣᠰᠣᠭᠠᠷ ᠲᠣᠰ ᠲᠣᠰ ᠤᠨ ᠰᠦᠯᠵᠢᠶᠡᠨ ᠳᠡᠭᠡᠷᠡᠬᠢ ᠬᠢᠵᠢᠭ ᠤᠨ ᠪᠠᠶᠢᠳᠠᠯ ᠤᠨ ᠲᠤᠤᠷᠵᠢᠭᠤᠯᠤᠭᠰᠠᠨ ᠬᠠᠮᠢᠶᠠᠷᠤᠯᠲᠠ ᠶᠢᠨ ᠲᠤᠰᠬᠠᠶ ᠠᠩᠭᠢ ᠪᠠᠶᠢᠭᠤᠯᠵᠤ᠂ ᠲᠤᠤᠷᠵᠢᠭᠤᠯᠤᠭᠰᠠᠨ ᠬᠠᠮᠢᠶᠠᠷᠤᠯᠲᠠ ᠶᠢᠨ ᠸᠢᠴᠠᠲ ᠤᠨ ᠬᠤᠯᠪᠣᠭ᠎ᠠ ᠳᠤ ᠪᠥᠬᠦ ᠤᠯᠤᠰ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠳᠤᠮᠳᠠ ᠥᠨᠳᠥᠷ ᠲᠦᠭᠰᠢᠭᠦᠷᠢᠲᠡᠶ ᠭᠠᠵᠠᠷ ᠣᠷᠣᠨ ᠤ ᠮᠡᠳᠡᠭᠡ ᠵᠠᠩᠭᠢ᠂ ᠬᠢᠵᠢᠭ ᠢ ᠰᠡᠷᠭᠡᠶᠢᠯᠡᠨ ᠡᠵᠡᠮᠳᠡᠬᠦ ᠳᠤ ᠠᠩᠬᠠᠷᠬᠤ ᠵᠦᠢᠯ ᠪᠠ ᠬᠢᠵᠢᠭ ᠢ ᠰᠡᠷᠭᠡᠶᠢᠯᠡᠨ ᠡᠵᠡᠮᠳᠡᠬᠦ ᠬᠠᠮᠢᠶ᠎ᠠ ᠪᠥᠬᠦᠶ ᠠᠷᠭ᠎ᠠ ᠬᠡᠮᠵᠢᠶ᠎ᠡ ᠵᠡᠷᠭᠡ ᠠᠭᠤᠯᠭ᠎ᠠ ᠶᠢ ᠴᠠᠭ ᠲᠤᠬᠠᠶ ᠳᠤᠨᠢ ᠳᠠᠮᠵᠢᠭᠤᠯᠤᠨ ᠬᠦᠷᠭᠡᠬᠦ ᠬᠡᠷᠡᠭᠲᠡᠶ᠃ ᠡᠯ᠎ᠡ ᠰᠠᠭᠤᠭᠠᠯᠢ ᠬᠤᠷᠢᠶᠠᠯᠠᠯ ᠤᠨ ᠠᠳᠠᠯ ᠠᠬᠤᠶ ᠶᠢᠨ ᠬᠠᠮᠢᠶᠠᠷᠤᠯᠲᠠ ᠶᠢᠨ ᠠᠵᠢᠯᠲᠠᠨ᠂ ᠳᠠᠭᠠᠭᠠᠴᠢᠯᠠᠨ ᠬᠠᠷᠢᠯᠴᠠᠬᠤ ᠪᠠᠶᠢᠭᠤᠯᠭ᠎ᠠ ᠨᠢᠭᠡᠴᠢ ᠨᠦᠭᠦᠳ ᠰᠦᠯᠵᠢᠶᠡᠨ ᠤ ᠪᠤᠰᠤ ᠬᠠᠮᠢᠶᠠᠷᠤᠯᠲᠠ ᠪᠠᠨ ᠦᠷᠭᠦᠯᠵᠢᠯᠡᠨ ᠴᠢᠩᠭᠠᠳᠬᠠᠵᠤ᠂ ᠲᠣᠰ ᠰᠠᠭᠤᠭᠠᠯᠢ ᠬᠤᠷᠢᠶᠠᠯᠠᠯ ᠳᠤ ᠢᠷᠡᠭᠰᠡᠨ ᠭᠠᠳᠠᠨ᠎ᠠ ᠶᠢᠨ ᠬᠥᠮᠦᠰ ᠢ ᠳᠡᠩᠰᠡᠯᠡᠨ ᠲᠡᠮᠳᠡᠭᠯᠡᠵᠦ᠂ ᠪᠡᠶ᠎ᠡ ᠶᠢᠨ ᠬᠠᠯᠠᠭᠤᠨ ᠢ ᠨᠢ ᠪᠠᠶᠢᠴᠠᠭᠠᠨ ᠰᠢᠨᠵᠢᠬᠦ ᠶᠢᠨ ᠬᠠᠮᠲᠤ᠂ ᠡᠷᠡᠭᠦᠯ ᠮᠡᠨᠳᠦ ᠶᠢᠨ ᠺᠣᠳ᠋᠂ ᠠᠶᠠᠯᠠᠯ ᠤᠨ ᠺᠣᠳ᠋ ᠵᠡᠷᠭᠡ ᠮᠡᠳᠡᠭᠡ ᠵᠠᠩᠭᠢ ᠶᠢ ᠪᠠᠶᠢᠴᠠᠭᠠᠨ ᠰᠢᠯᠭᠠᠬᠤ ᠬᠡᠷᠡᠭᠲᠡᠶ᠃       ᠬᠤᠶᠠᠷ᠂ ᠬᠢᠵᠢᠭ ᠢ ᠰᠡᠷᠭᠡᠶᠢᠯᠡᠨ ᠡᠵᠡᠮᠳᠡᠬᠦ ᠨᠡᠶᠢᠭᠡᠮ ᠤᠨ ᠲᠠᠯ᠎ᠠ ᠶᠢᠨ ᠬᠠᠮᠢᠶᠠᠷᠤᠯᠲᠠ ᠡᠵᠡᠮᠳᠡᠯ ᠢ ᠦᠷᠭᠦᠯᠵᠢᠯᠡᠨ ᠴᠢᠩᠭᠠᠳᠬᠠᠵᠤ᠂ ᠬᠤᠳᠠᠯᠳᠤᠭᠠᠨ ᠤ ᠲᠠᠯᠠᠪᠤᠷ᠂ ᠬᠡᠲᠦ ᠳᠡᠯᠭᠡᠭᠦᠷ᠂ ᠬᠤᠭᠤᠯᠠᠨ ᠭᠡᠷ᠂ ᠪᠠᠭᠤᠳᠠᠯ᠂ ᠲᠠᠷᠢᠶᠠᠯᠠᠩ ᠶᠢᠨ ᠪᠥᠲᠥᠭᠡᠭᠳᠡᠭᠦᠨ ᠤ ᠵᠠᠬ᠎ᠠ ᠳᠡᠯᠭᠡᠭᠦᠷ ︵ᠴᠤᠭᠯᠠᠭ᠎ᠠ ᠮᠠᠶᠢᠮᠠᠶ︶᠂ ᠡᠮᠴᠢᠯᠡᠭᠡᠨ ᠤ ᠪᠠᠶᠢᠭᠤᠯᠤᠮᠵᠢ ᠵᠢᠴᠢ ᠨᠢᠰᠬᠡᠯ ᠤᠨ ᠪᠠᠭᠤᠳᠠᠯ ᠵᠡᠷᠭᠡ ᠣᠯᠠᠨ ᠨᠡᠶᠢᠲᠡ ᠶᠢᠨ ᠲᠠᠯᠠᠪᠤᠷ ᠲᠤ ᠴᠣᠩᠬᠤ ᠪᠠᠨ ᠨᠡᠭᠡᠭᠡᠵᠦ ᠰᠠᠯᠬᠢ ᠵᠢᠪᠠᠷ ᠨᠡᠪᠲᠡᠷᠡᠭᠦᠯᠬᠦ᠂ ᠠᠷᠢᠭᠤᠳᠬᠠᠯ ᠬᠢᠭᠦ᠂ ᠠᠷᠢᠭᠤᠨ ᠴᠡᠪᠡᠷ ᠢ ᠡᠷᠬᠢᠮᠯᠡᠬᠦ᠂ ᠪᠡᠶ᠎ᠡ ᠶᠢᠨ ᠬᠠᠯᠠᠭᠤᠨ ᠢ ᠪᠠᠶᠢᠴᠠᠭᠠᠨ       ᠬᠡᠮᠵᠢᠬᠦ᠂ ᠠᠮᠠᠪᠴᠢ ᠵᠡᠭᠦᠬᠦ᠂ ᠡᠷᠡᠭᠦᠯ ᠮᠡᠨᠳᠦ ᠶᠢᠨ ᠺᠣᠳ᠋ ᠪᠣᠯᠤᠨ ᠠᠶᠠᠯᠠᠯ ᠤᠨ ᠺᠣᠳ᠋ ᠢ ᠪᠠᠶᠢᠴᠠᠭᠠᠨ ᠰᠢᠯᠭᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠦᠷᠭᠦᠯᠵᠢᠯᠡᠨ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃      ᠭᠤᠷᠪᠠ᠂ ᠬᠤᠰᠢᠭᠤᠨ ᠤ ᠳᠣᠲᠣᠷᠠᠬᠢ ᠭᠤᠤᠯᠳᠠᠯᠭ᠎ᠠ ᠲᠠᠢ ᠲᠤᠭᠤᠷᠢᠭ ᠤᠨ ᠵᠠᠮ ᠱᠤᠭᠤᠮ ᠢ ᠦᠷᠭᠦᠯᠵᠢᠯᠡᠨ ᠬᠠᠮᠢᠶᠠᠷᠤᠨ ᠡᠵᠡᠮᠳᠡᠵᠦ᠂ ᠣᠲᠣ ᠶᠢᠨ ᠠᠰᠢᠭᠯᠠᠯᠳᠠ ᠳᠤ ᠪᠠᠶᠢᠭ᠎ᠠ ᠬᠤᠰᠢᠭᠤᠨ ᠳᠤ ᠤᠷᠤᠵᠦ ᠭᠠᠷᠬᠤ ᠡᠯ᠎ᠡ ᠵᠠᠮ ᠤᠨ ᠬᠢᠵᠢᠭ ᠢ ᠰᠡᠷᠭᠡᠶᠢᠯᠡᠨ ᠡᠵᠡᠮᠳᠡᠬᠦ ᠰᠢᠯᠭᠠᠨ ᠪᠠᠶᠢᠴᠠᠭᠠᠬᠤ ᠴᠡᠭ ᠢ ᠦᠯᠡᠳᠡᠭᠡᠵᠦ᠂ ᠬᠤᠰᠢᠭᠤᠨ ᠳᠤ ᠣᠷᠣᠬᠤ ᠲᠡᠷᠭᠡ ᠪᠣᠯᠤᠨ ᠬᠥᠮᠦᠰ ᠢ ᠪᠦᠭᠦᠳᠡ ᠶᠢ ᠲᠡᠰ ᠳᠠᠷᠠᠭᠠᠯᠠᠨ ᠳᠡᠩᠰᠡᠯᠡᠨ ᠲᠡᠮᠳᠡᠭᠯᠡᠵᠦ᠂ ᠪᠡᠶ᠎ᠡ ᠶᠢᠨ ᠬᠠᠯᠠᠭᠤᠨ ᠢ ᠨᠢ ᠪᠠᠶᠢᠴᠠᠭᠠᠨ ᠬᠡᠮᠵᠢᠵᠦ᠂ ᠠᠷᠢᠭᠤᠳᠬᠠᠯ ᠬᠢᠵᠦ᠂ 48 ᠴᠠᠭ ᠤᠨ ᠳᠣᠲᠣᠷ᠎ᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠮᠡᠳᠡᠭᠦᠯᠦᠯᠲᠡ᠂ ᠡᠷᠡᠭᠦᠯ ᠮᠡᠨᠳᠦ ᠶᠢᠨ ᠺᠣᠳ᠋᠂ ᠠᠶᠠᠯᠠᠯ ᠤᠨ ᠺᠣᠳ᠋ ᠵᠡᠷᠭᠡ ᠮᠡᠳᠡᠭᠡ ᠵᠠᠩᠭᠢ ᠶᠢ ᠪᠠᠶᠢᠴᠠᠭᠠᠨ ᠰᠢᠯᠭᠠᠨ᠎ᠠ᠃ ᠰᠤᠮᠤ ᠪᠠᠯᠭᠠᠰᠤᠨ ᠤ ᠬᠥᠮᠥᠰ ᠳᠡᠭᠡᠷ᠎ᠡ ᠳᠤᠷᠠᠳᠤᠭᠰᠠᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠠᠶᠢᠲᠤᠷ ᠬᠢᠭᠰᠡᠨ ᠤᠷᠢᠲᠠᠯ ᠳᠤᠤᠷ᠎ᠠ ᠡᠮᠬᠢ ᠵᠢᠷᠤᠮ ᠲᠠᠢ ᠪᠠᠷ ᠨᠠᠭᠠᠰᠢ ᠴᠠᠭᠠᠰᠢ ᠶᠠᠪᠤᠵᠦ ᠪᠣᠯᠤᠨ᠎ᠠ᠃      ᠳᠥᠷᠪᠡ᠂ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠬᠥᠮᠦᠰ ᠪᠠ ᠤᠯᠤᠰ ᠤᠨ ᠳᠣᠲᠣᠭᠠᠳᠤ ᠳᠠᠬᠢ ᠳᠤᠮᠳᠠ ᠥᠨᠳᠥᠷ ᠲᠦᠭᠰᠢᠭᠦᠷᠢᠲᠡᠶ ᠭᠠᠵᠠᠷ ᠣᠷᠣᠨ ᠤ ᠬᠥᠮᠦᠰ ᠡᠵᠡᠨ᠎ᠡ ᠬᠤᠰᠢᠭᠤᠨ ᠳᠤ ᠢᠷᠡᠪᠡᠯ᠂ ᠡᠷᠭᠡᠪᠰᠢ ︽14 ᠡᠳᠦᠷ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ + 7 ᠡᠳᠦᠷ ᠲᠥᠪᠯᠡᠷᠡᠭᠦᠯᠦᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠬᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠬᠠᠮᠢᠶ᠎ᠠ ᠪᠥᠬᠦᠶ ᠵᠠᠷᠤᠳᠠᠯ ᠢ ᠥᠪᠡᠰᠦᠪᠡᠨ ᠬᠠᠷᠢᠭᠤᠴᠠᠨ᠎ᠠ᠃ ᠤᠯᠤᠰ ᠤᠨ ᠳᠣᠲᠣᠭᠠᠳᠤ ᠶᠢᠨ ᠳᠤᠤᠷ᠎ᠠ ᠲᠦᠭᠰᠢᠭᠦᠷᠢᠲᠡᠢ ᠭᠠᠵᠠᠷ ᠣᠷᠣᠨ ᠤ ᠬᠥᠮᠦᠰ ᠡᠵᠡᠨ᠎ᠡ ᠬᠤᠰᠢᠭᠤᠨ ᠳᠤ ᠢᠷᠡᠭᠦ ᠳᠤ᠂ 48 ᠴᠠᠭ ᠤᠨ ᠳᠣᠲᠣᠷᠠᠬᠢ ᠪᠥᠭᠡᠮ ᠬᠦᠴᠢᠯ ᠤᠨ ᠰᠢᠯᠭᠠᠨ ᠪᠠᠶᠢᠴᠠᠭᠠᠯᠳᠠ ᠶᠢᠨ ᠪᠢᠯᠢᠭ ᠴᠢᠨᠠᠷ ᠤᠨ ᠭᠡᠷᠡᠴᠢ ᠪᠠᠶᠢᠬᠤ ᠬᠡᠷᠡᠭᠲᠡᠶ᠂ ᠬᠤᠰᠢᠭᠤᠨ ᠤ ᠬᠡᠪᠴᠢᠶᠡᠨ ᠳᠠᠬᠢ ᠨᠢᠭᠡᠳᠦᠭᠡᠷ ᠤᠴᠢᠭᠰᠠᠨ ᠭᠠᠵᠠᠷ ᠤᠨ ᠬᠠᠷᠢᠶ᠎ᠠ ᠰᠤᠮᠤ ᠪᠠᠯᠭᠠᠰᠤ᠂ ᠨᠡᠶᠢᠭᠡᠮ ᠲᠣᠭᠤᠷᠢᠭ ᠲᠤ ᠮᠡᠳᠡᠭᠦᠯᠦᠨ ᠳᠠᠩᠰᠠᠯᠠᠭᠤᠯᠵᠤ᠂ ᠢᠷᠡᠭᠰᠡᠨ ᠡᠳᠦᠷ ᠠᠴᠠ ᠡᠬᠢᠯᠡᠨ 7 ᠡᠳᠦᠷ ᠲᠥᠪᠯᠡᠷᠡᠭᠦᠯᠦᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠵᠦ᠂ ᠬᠠᠮᠢᠶ᠎ᠠ ᠪᠥᠬᠦᠶ ᠵᠠᠷᠤᠳᠠᠯ ᠢ ᠥᠪᠡᠰᠦᠪᠡᠨ ᠰᠢᠢᠳᠪᠤᠷᠢᠯᠡᠨ᠎ᠡ᠃       ᠲᠠᠪᠤ᠂ ᠬᠠᠮᠢᠶ᠎ᠠ ᠪᠥᠬᠦᠶ ᠮᠡᠳᠡᠭᠡ ᠵᠠᠩᠭᠢ ᠪᠠᠨ ᠵᠣᠷᠢᠭᠤᠳᠠ ᠨᠢᠭᠤᠨ ᠳᠠᠯᠳᠠᠯᠠᠭᠠᠳ᠂ ᠬᠠᠷᠢᠶ᠎ᠠ ᠰᠤᠮᠤ ᠪᠠᠯᠭᠠᠰᠤ ᠪᠤᠶᠤ ᠨᠡᠶᠢᠭᠡᠮ ᠲᠣᠭᠤᠷᠢᠭ ᠲᠤ ᠰᠠᠨᠠᠭᠠᠴᠢᠯᠠᠭ᠎ᠠ ᠠᠴᠠ ᠪᠠᠨ ᠬᠦᠷᠴᠦ ᠳᠠᠩᠰᠠᠯᠠᠭᠤᠯᠤᠭᠰᠠᠨ ᠥᠬᠡᠶ᠂ ᠬᠢᠯᠢ ᠶᠢᠨ ᠭᠠᠳᠠᠨᠠᠬᠢ ᠡᠰᠡᠪᠡᠯ ᠤᠯᠤᠰ ᠤᠨ ᠳᠣᠲᠣᠭᠠᠳᠤ ᠶᠢᠨ ᠳᠤᠮᠳᠠ ᠥᠨᠳᠥᠷ ᠲᠦᠭᠰᠢᠭᠦᠷᠢᠲᠡᠢ ᠭᠠᠵᠠᠷ ᠵᠡᠷᠭᠡ ᠬᠢᠵᠢᠭ ᠤᠨ ᠪᠠᠶᠢᠳᠠᠯ ᠤᠨ ᠭᠤᠤᠯᠳᠠᠯᠭ᠎ᠠ ᠲᠠᠢ ᠭᠠᠵᠠᠷ ᠤᠷᠤᠨ ᠤ ᠬᠥᠮᠦᠰ ᠢ ᠲᠤᠰᠴᠤ ᠠᠪᠤᠭᠠᠳ᠂ ᠲᠣᠭᠲᠠᠭᠠᠯ ᠶᠣᠰᠣᠭᠠᠷ ᠬᠡᠷ ᠲᠡᠭᠡᠨ ᠲᠤᠰᠠᠭᠠᠷᠯᠠᠭᠰᠠᠨ ᠥᠬᠡᠶ᠂ ᠬᠢᠨᠠᠨ ᠰᠢᠨᠵᠢᠭᠰᠡᠨ ᠥᠬᠡᠶ ᠵᠡᠷᠭᠡ ᠦᠢᠯᠡ ᠠᠵᠢᠯᠯᠠᠭ᠎ᠠ ᠤᠷᠤᠰᠢᠵᠦ ᠪᠠᠶᠢᠬᠤ ᠶᠢ ᠣᠯᠵᠤ ᠮᠡᠳᠡᠪᠡᠯ ᠬᠠᠮᠢᠶ᠎ᠠ ᠪᠥᠬᠦᠶ ᠲᠣᠭᠲᠠᠭᠠᠯ ᠶᠣᠰᠣᠭᠠᠷ ᠴᠢᠩᠭ᠎ᠠ ᠪᠠᠷ ᠰᠢᠢᠳᠪᠤᠷᠢᠯᠡᠭᠦ ᠬᠡᠷᠡᠭᠲᠡᠶ᠃ ᠥᠷᠭᠡᠨ ᠣᠯᠠᠨ ᠰᠠᠭᠤᠭᠠᠯᠢ ᠠᠷᠠᠳ ᠡᠶᠢᠮᠦᠷᠭᠦ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠵᠦ ᠢᠳᠡᠪᠬᠢᠲᠡᠶ ᠬᠢᠨᠠᠯᠲᠠ ᠲᠠᠯᠪᠢᠬᠤ ᠬᠡᠷᠡᠭᠲᠡᠶ᠃ ᠬᠤᠰᠢᠭᠤᠨ ᠤ ᠰᠢᠨ᠎ᠡ ᠳᠢᠳᠢᠮᠯᠢᠭ ᠠᠭᠤᠰᠬᠢᠨ ᠥᠷᠪᠢᠰᠥᠯ ᠢ ᠰᠡᠷᠭᠡᠶᠢᠯᠡᠨ ᠡᠵᠡᠮᠳᠡᠭᠦ ᠠᠵᠢᠯ ᠤᠨ ᠵᠢᠯᠣᠭᠤᠳᠬᠤ ᠭᠠᠵᠠᠷ ᠤᠨ ᠬᠠᠷᠢᠯᠴᠠᠬᠤ ᠤᠲᠠᠰᠤ᠄ 0483 — 6526181᠃      ᠵᠢᠷᠭᠤᠭ᠎ᠠ᠂ ᠥᠷᠭᠡᠨ ᠣᠯᠠᠨ ᠰᠠᠭᠤᠭᠠᠯᠢ ᠠᠷᠠᠳ ᠥᠪᠡᠷ ᠢ ᠪᠠᠨ ᠬᠠᠮᠠᠭᠠᠯᠠᠬᠤ ᠤᠬᠠᠮᠰᠠᠷ ᠢᠶᠠᠨ ᠦᠨᠡᠨ ᠬᠦ ᠳᠡᠭᠡᠭᠰᠢᠯᠡᠭᠦᠯᠵᠦ᠂ ᠬᠤᠪᠢ ᠬᠥᠮᠦᠨ ᠤ ᠬᠠᠮᠠᠭᠠᠯᠠᠯᠲᠠ ᠪᠠᠨ ᠰᠠᠶᠢᠲᠤᠷ ᠬᠢᠵᠦ᠂ ᠰᠠᠶᠢᠨ ᠰᠠᠶᠢᠬᠠᠨ ᠡᠷᠡᠭᠦᠯ ᠬᠠᠮᠠᠭᠠᠯᠠᠯ ᠤᠨ ᠳᠠᠳᠬᠠᠯ ᠢ ᠤᠬᠠᠮᠰᠠᠷ ᠠᠴᠠ ᠪᠠᠨ ᠪᠠᠷᠢᠮᠲᠠᠯᠠᠵᠤ᠂ ᠭᠠᠷ ᠢᠶᠠᠨ ᠦᠷᠭᠦᠯᠵᠢ ᠤᠬᠢᠶᠠᠵᠤ᠂ ᠦᠷᠭᠦᠯᠵᠢ ᠰᠠᠯᠬᠢ ᠨᠡᠪᠲᠡᠷᠡᠭᠦᠯᠵᠦ᠂ ᠠᠮᠠᠪᠴᠢ ᠵᠡᠭᠦᠵᠦ᠂ ᠴᠤᠭᠯᠠᠷᠠᠵᠦ ᠨᠠᠷᠬᠢᠬᠤ ᠥᠬᠡᠶ ᠪᠠᠶᠢᠵᠤ᠂ ᠠᠮᠤᠷ ᠲᠦᠪᠰᠢᠨ ᠨᠡᠶᠢᠭᠡᠮ ᠤᠨ ᠬᠠᠷᠢᠯᠴᠠᠭᠠᠨ ᠤ ᠵᠠᠶ ᠶᠢ ᠪᠠᠲᠤᠯᠠᠬᠤ ᠬᠡᠷᠡᠭᠲᠡᠶ᠃ ᠠᠷᠢᠭᠤᠳᠬᠠᠬᠤ ᠰᠢᠩᠭᠡᠨ᠂ ᠬᠥᠭᠡᠰᠦᠷᠬᠡᠭ ᠢᠯᠲᠠᠰᠤ ᠵᠡᠷᠭᠡ ᠠᠷᠢᠭᠤᠳᠬᠠᠯ ᠤᠨ ᠪᠤᠳᠠᠰ ᠢ ᠵᠢᠷᠤᠮᠵᠢᠭᠤᠨ ᠬᠡᠷᠡᠭᠯᠡᠵᠦ᠂ ᠬᠡᠷ ᠪᠦᠯᠢ ᠶᠢᠨ ᠠᠷᠢᠭᠤᠳᠬᠠᠯ ᠢ ᠰᠠᠶᠢᠲᠤᠷ ᠬᠢᠨ᠎ᠠ᠃ ᠬᠠᠯᠠᠭᠤᠷᠠᠬᠤ᠂ ᠬᠠᠭᠤᠷᠠᠶ ᠪᠠᠷ ᠬᠠᠨᠢᠶᠠᠯᠭᠠᠬᠤ᠂ ᠲᠠᠮᠢᠷᠳᠠᠬᠤ᠂ ᠬᠤᠭᠤᠯᠠᠶ ᠡᠪᠡᠳᠬᠦ᠂ ᠦᠨᠦᠷᠯᠡᠬᠦ ᠰᠡᠷᠡᠯ       ᠮᠠᠭᠤᠳᠠᠬᠤ᠂ ᠰᠠᠭᠤᠯᠭᠠᠬᠤ ᠵᠡᠷᠭᠡ ᠡᠪᠡᠳᠴᠢᠨ ᠤ ᠰᠢᠨᠵᠢ ᠢᠯᠡᠷᠡᠪᠡᠯ᠂ ᠥᠪᠡᠰᠥᠪᠡᠨ ᠡᠵᠡᠨ ᠮᠡᠳᠡᠵᠦ ᠳᠤᠷ᠎ᠠ ᠪᠠᠷ ᠡᠮ ᠤᠤᠭᠤᠵᠤ ᠪᠣᠯᠬᠤ ᠥᠬᠡᠶ᠂ ᠳᠠᠷᠤᠶ ᠲᠦᠷᠭᠡᠨ ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠳᠤ ᠬᠦᠷᠴᠦ ᠰᠢᠭᠰᠢᠨ ᠪᠠᠶᠢᠴᠠᠭᠠᠬᠤ ᠪᠠ ᠡᠮᠨᠡᠭᠦᠯᠵᠦ᠂ ᠡᠪᠡᠳᠴᠢᠨ ᠦᠵᠡᠭᠦᠯᠬᠦ ᠪᠥᠬᠦ ᠶᠠᠪᠤᠴᠠ ᠳᠤ ᠬᠤᠪᠢ ᠬᠥᠮᠦᠨ ᠤ ᠰᠡᠷᠭᠡᠶᠢᠯᠡᠯᠲᠡ ᠬᠠᠮᠠᠭᠠᠯᠠᠯᠲᠠ ᠪᠠᠨ ᠰᠠᠶᠢᠲᠤᠷ ᠬᠢᠬᠦ ᠬᠡᠷᠡᠭᠲᠡᠶ᠃        ᠬᠢᠵᠢᠭ ᠎ ᠢ ᠰᠡᠷᠭᠡᠶᠢᠯᠡᠨ ᠡᠵᠡᠮᠳᠡᠬᠦ ᠳᠤ ᠬᠥᠮᠦᠨ ᠪᠦᠬᠦᠨ ᠬᠠᠷᠢᠭᠤᠴᠠᠯᠭ᠎ᠠ ᠲᠠᠢ᠃ ᠪᠦᠬᠦ ᠬᠤᠰᠢᠭᠤᠨ ᠤ ᠥᠷᠭᠡᠨ ᠤᠯᠠᠨ ᠠᠷᠠᠳ ᠲᠦᠮᠡᠨ ᠬᠢᠵᠢᠭ ᠢ ᠰᠡᠷᠭᠡᠶᠢᠯᠡᠨ ᠡᠵᠡᠮᠳᠡᠬᠦ ᠡᠷᠴᠢᠮ ᠢᠶᠠᠨ ᠢᠮᠠᠭᠲᠠ ᠴᠢᠩᠭᠠᠷᠠᠭᠤᠯᠵᠤ᠂ ᠭᠠᠷ ᠭᠠᠷ ᠢᠶᠠᠨ ᠬᠤᠯᠪᠣᠯᠴᠠᠨ᠂ ᠰᠡᠳᠬᠢᠯ ᠨᠢᠭᠡᠳᠦᠨ ᠪᠦᠯᠬᠦᠮᠳᠡᠵᠦ᠂ ᠬᠢᠯᠪᠠᠷ ᠪᠤᠰᠤ ᠪᠠᠷ ᠢᠷᠡᠭᠰᠡᠨ ᠬᠢᠵᠢᠭ ᠢ ᠰᠡᠷᠭᠡᠶᠢᠯᠡᠨ ᠡᠵᠡᠮᠳᠡᠭᠰᠡᠨ ᠦᠷ᠎ᠡ ᠪᠦᠲᠦᠭᠡᠯ ᠢᠶᠠᠨ ᠦᠷᠭᠦᠯᠵᠢᠯᠡᠨ ᠪᠠᠬᠢᠵᠢᠭᠦᠯᠵᠦ᠂ ᠵᠣᠯ ᠵᠢᠷᠭᠠᠯᠲᠤ ᠭᠡᠷ ᠣᠷᠣᠨ ᠢᠶᠠᠨ ᠬᠠᠮᠲᠤ ᠪᠠᠷ ᠰᠠᠬᠢᠨ ᠬᠠᠮᠠᠭᠠᠯᠠᠶ᠎ᠠ᠃                        ᠡᠵᠡᠨ᠎ᠡ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ                                                   ᠡᠵᠡᠮᠳᠡᠬᠦ ᠠᠵᠢᠯ ᠤᠨ ᠵᠢᠯᠣᠭᠤᠳᠬᠤ ᠭᠠᠵᠠᠷ                        2021 ᠣᠨ ᠤ 11ᠳ᠋ᠦ᠋ᠭᠡᠷ ᠰᠠᠷ᠎ᠠ ᠶᠢᠨ 17᠎ ᠤ ᠡᠳᠦᠷ
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号