ᠡᠵᠡᠨ᠎ᠡ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ 53 ᠳ᠋ᠤᠭᠠᠷ ᠲᠣᠭᠠᠲᠤ ᠠᠯᠪᠠᠨ ᠵᠠᠷᠯᠠᠯ
ᠨᠡᠶᠢᠲᠡᠯᠡᠭᠰᠡᠨ ᠴᠠᠭ᠄
2021/11/25
     ᠡᠵᠡᠨ᠎ᠡ ᠬᠤᠰᠢᠭᠤᠨ ᠤ ᠨᠡᠶᠢᠭᠡᠮ ᠲᠣᠭᠤᠷᠢᠭ ᠤᠨ ᠪᠢᠲᠡᠭᠦᠮᠵᠢᠯᠡᠨ ᠡᠵᠡᠮᠳᠡᠬᠦ᠂ ᠬᠠᠮᠢᠶᠠᠷᠤᠨ ᠡᠵᠡᠮᠳᠡᠬᠦ ᠶᠢ ᠳᠠᠶᠢᠯᠬᠤ ᠬᠠᠮᠢᠶ᠎ᠠ ᠪᠥᠬᠦᠶ ᠠᠵᠢᠯ ᠢ ᠦᠨᠡᠨ ᠬᠦ ᠰᠠᠶᠢᠲᠤᠷ ᠬᠢᠵᠦ᠂ ᠬᠡᠪ ᠤᠨ ᠦᠢᠯᠡᠳᠪᠦᠷᠢᠯᠡᠯ ᠠᠮᠢᠳᠤᠷᠠᠯ ᠤᠨ ᠡᠮᠬᠢ ᠳᠢᠭᠯᠢᠮ ᠢ ᠠᠯᠬᠤᠮ ᠠᠯᠬᠤᠮ ᠢᠶᠠᠷ ᠰᠡᠷᠭᠦᠭᠡᠬᠦ ᠶᠢ ᠡᠮᠬᠢ ᠵᠢᠷᠤᠮ ᠲᠠᠢ ᠠᠬᠢᠭᠤᠯᠬᠤ ᠶᠢᠨ ᠲᠥᠯᠥᠭᠡ᠂ ᠬᠤᠰᠢᠭᠤᠨ ᠤ ᠵᠢᠯᠣᠭᠤᠳᠬᠤ ᠭᠠᠵᠠᠷ ᠠᠴᠠ ᠳᠠᠯᠠᠶᠢᠬᠦ᠋ᠪ ᠪᠠᠯᠭᠠᠰᠤᠨ ᠤ ᠲᠣᠭᠤᠷᠢᠭ ᠤᠨ ᠲᠤᠤᠷᠵᠢᠭᠤᠯᠤᠭᠰᠠᠨ ᠬᠠᠮᠢᠶᠠᠷᠤᠨ ᠡᠵᠡᠮᠳᠡᠬᠦ ᠴᠡᠭ ᠤᠨ ᠲᠤᠬᠠᠶ ᠶᠢᠨ ᠲᠠᠯᠠᠪᠠᠶ ᠶᠢᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠳᠤ ᠲᠣᠬᠢᠷᠠᠭᠤᠯᠤᠯᠲᠠ ᠬᠢᠬᠦ ᠪᠠᠷ ᠲᠣᠭᠲᠠᠪᠠ᠂ ᠣᠲᠣ ᠬᠤᠯᠪᠣᠭᠳᠠᠯ ᠪᠥᠬᠦᠶ ᠤᠴᠢᠷ ᠢ ᠳᠤᠤᠷᠠᠬᠢ ᠮᠡᠲᠦ  ᠵᠠᠷᠯᠠᠶ᠎ᠠ᠄      ᠨᠢᠭᠡ᠂ ᠳᠠᠯᠠᠶᠢᠬᠦᠪ ᠪᠠᠯᠭᠠᠰᠤᠨ ᠤ 149 ᠬᠢᠵᠢᠭ ᠢ ᠰᠡᠷᠭᠡᠶᠢᠯᠡᠨ ᠡᠵᠡᠮᠳᠡᠵᠦ ᠳᠠᠭᠠᠭᠠᠴᠢᠯᠠᠨ ᠬᠠᠷᠢᠯᠴᠠᠬᠤ ᠬᠠᠷᠢᠭᠤᠴᠠᠯᠭ᠎ᠠ ᠶᠢᠨ ᠴᠡᠭ ᠤᠨ ᠰᠠᠭᠤᠭᠠᠯᠢ ᠠᠷᠠᠳ ᠵᠢᠴᠢ ᠪᠢᠲᠡᠭᠦᠮᠵᠢᠯᠡᠨ ᠡᠵᠡᠮᠳᠡᠬᠦ᠂ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠦᠨᠳᠦᠰᠦᠯᠡᠨ᠂ ᠲᠠᠶᠢᠯᠬᠤ ᠪᠠᠷᠢᠮᠵᠢᠶ᠎ᠠ ᠶᠢᠨ ᠱᠠᠭᠠᠷᠳᠠᠯᠭ᠎ᠠ ᠶᠣᠰᠣᠭᠠᠷ᠂ 11 ᠰᠠᠷ᠎ᠠ ᠶᠢᠨ 18᠎ ᠤ ᠡᠳᠦᠷ ᠠᠴᠠ 26᠎ ᠤ ᠡᠳᠦᠷ ᠪᠣᠯᠲᠠᠯ᠎ᠠ᠂ 5 ᠪᠦᠯᠦᠭ ᠤᠳᠠᠭ᠎ᠠ ᠬᠤᠪᠢᠶᠠᠨ ᠰᠡᠷᠭᠡᠶᠢᠯᠡᠯᠲᠡ ᠶᠢᠨ ᠣᠷᠣᠨ ᠪᠣᠯᠭᠠᠨ ᠳᠤᠬᠢᠷᠠᠭᠤᠯᠤᠨ᠎ᠠ᠃      ᠬᠤᠶᠠᠷ᠂ ᠨᠡᠶᠢᠭᠡᠮ ᠲᠣᠭᠤᠷᠢᠭ ᠤᠨ ᠪᠢᠲᠡᠭᠦᠮᠵᠢᠯᠡᠨ ᠡᠵᠡᠮᠳᠡᠬᠦ᠂ ᠬᠠᠮᠢᠶᠠᠷᠤᠨ ᠡᠵᠡᠮᠳᠡᠬᠦ ᠠᠴᠠ ᠳᠠᠶᠢᠯᠬᠤ ᠪᠠᠷᠢᠮᠵᠢᠶ᠎ᠠ      1 . ᠪᠢᠲᠡᠭᠦᠮᠵᠢᠯᠡᠨ ᠡᠵᠡᠮᠳᠡᠬᠦ ᠣᠷᠣᠨ᠄ ①ᠣᠷᠣᠨ ᠳᠤᠭᠤᠷᠢᠭ ᠤᠨ ᠳᠤᠳᠤᠷᠠᠬᠢ ᠨᠡᠶᠢᠭᠡᠮ ᠳᠡᠬᠡᠷ᠎ᠠ ᠬᠠᠮᠤᠭ ᠰᠡᠭᠦᠯᠴᠢ ᠶᠢᠨ ᠨᠢᠭᠡ ᠠᠷᠭ᠎ᠠ ᠴᠢᠨᠠᠷᠲᠠᠶ ᠬᠠᠯᠳᠠᠪᠤᠷᠢᠯᠠᠭᠴᠢ ᠡᠭᠦᠰᠦᠭᠰᠡᠨ ᠡᠳᠦᠷ ᠠᠴᠠ ᠡᠬᠢᠯᠡᠨ᠂ 14 ᠡᠳᠦᠷ ᠳᠠᠷᠠᠭᠠᠯᠠᠨ ᠠᠷᠭ᠎ᠠ ᠴᠢᠨᠠᠷᠲᠠᠶ ᠬᠠᠯᠳᠠᠪᠤᠷᠢᠯᠠᠭᠴᠢ ᠰᠢᠨ᠎ᠡ ᠪᠠᠷ ᠨᠡᠮᠡᠭᠳᠡᠭᠰᠡᠨ ᠥᠬᠡᠶ︔② ᠪᠣᠶ ᠪᠥᠬᠦᠶ ᠨᠢᠭᠲᠠ ᠣᠶᠢᠷᠠᠲᠤᠭᠰᠠᠳ ᠪᠠ ᠠᠶᠤᠯ ᠲᠦᠭᠰᠢᠭᠦᠷᠢ ᠶᠡᠬᠡᠲᠡᠶ ᠬᠥᠮᠦᠰ ᠢ ᠴᠥᠮ ᠪᠦᠲᠦᠮᠵᠢᠲᠡᠶ ᠬᠠᠮᠢᠶᠠᠷᠤᠨ ᠡᠵᠡᠮᠳᠡᠭᠰᠡᠨ︔③ ᠣᠷᠣᠨ  ᠳᠤᠭᠤᠷᠢᠭ ᠤᠨ ᠳᠣᠲᠣᠷᠠᠬᠢ ᠬᠠᠮᠤᠭ ᠰᠡᠭᠦᠯᠴᠢ ᠶᠢᠨ ᠨᠢᠭᠲᠠ ᠤᠶᠢᠷᠠᠳᠤᠭᠴᠢ ᠡᠴᠦᠰ ᠤᠨ ᠤᠳᠠᠭ᠎ᠠ ᠢᠯᠡᠷᠡᠭᠰᠡᠨ‌ᠡᠴᠠ ᠬᠤᠶᠢᠰᠢ 14 ᠡᠳᠦᠷ ᠦᠩᠭᠡᠷᠡᠵᠦ᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠨᠢ ᠪᠢᠯᠢᠭ ᠴᠢᠨᠠᠷᠲᠠᠶ ᠪᠠᠶᠢᠬᠤ︔ ᠣᠷᠣᠨ ᠳᠤᠭᠤᠷᠢᠭ ᠤᠨ ᠳᠣᠲᠣᠷᠠᠬᠢ ᠪᠦᠬᠦ  ᠠᠷᠠᠳ ︵ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠬᠤᠴᠤᠷᠤᠭᠳᠠᠭᠰᠠᠨ ᠵᠤᠭᠠᠴᠠᠭᠴᠢ᠂ ᠠᠴᠢᠶᠠᠨ ᠤ ᠮᠠᠰᠢᠨ ᠤ ᠵᠢᠯᠣᠭᠤᠴᠢ᠂ ᠬᠥᠯᠥᠰᠥᠨ ᠠᠵᠢᠯ ᠬᠢᠭᠰᠡᠳ᠂ ᠦᠨᠳᠦᠰᠦᠨ ᠱᠠᠲᠤᠨ ᠳᠤ ᠭᠦᠨᠵᠡᠭᠡᠶᠢᠷᠡᠭᠰᠡᠨ ᠺᠠᠳ᠋ᠷ ᠵᠡᠷᠭᠡ ᠶᠢ ᠪᠠᠭᠲᠠᠭᠠᠨ᠎ᠠ︶ ᠲᠠᠶᠢᠯᠬᠤ ᠠᠴᠠ ᠡᠮᠦᠨ᠎ᠡ ᠵᠠᠯᠭᠠᠭ᠎ᠠ ᠪᠠᠷ 2 ᠤᠳᠠᠭ᠎ᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠭᠰᠡᠨ ᠨᠢ ᠴᠥᠮ ᠪᠢᠯᠢᠭ ᠴᠢᠨᠠᠷᠲᠠᠶ ᠪᠠᠶᠢᠵᠦ᠂ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠦᠨᠡᠯᠡᠨ ᠵᠢᠱᠢᠯᠳᠡ ᠬᠢᠬᠡᠳ᠂ ᠬᠤᠰᠢᠭᠤᠨ ᠤ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠲᠤ ᠮᠡᠳᠡᠭᠦᠯᠵᠦ ᠵᠥᠪᠰᠢᠶᠡᠷᠡᠭᠦᠯᠦᠭᠰᠡᠨ ᠤ ᠳᠠᠷᠠᠭ᠎ᠠ᠂ ᠪᠢᠲᠡᠭᠦᠮᠵᠢᠯᠡᠨ ᠡᠵᠡᠮᠳᠡᠬᠦ ᠣᠷᠣᠨ ᠢ ᠬᠠᠮᠢᠶᠠᠷᠤᠨ ᠡᠵᠡᠮᠳᠡᠬᠦ ᠣᠷᠣᠨ ᠪᠣᠯᠭᠠᠵᠤ᠂ ᠬᠠᠮᠢᠶᠠᠷᠤᠨ ᠡᠵᠡᠮᠳᠡᠬᠦ ᠣᠷᠣᠨ ᠢᠶᠠᠷ ᠬᠠᠮᠢᠶᠠᠷᠤᠯᠲᠠ ᠬᠢᠵᠦ ᠪᠤᠯᠤᠨ᠎ᠠ ︵ᠲᠤᠰᠬᠠᠶ ᠮᠡᠷᠭᠡᠵᠢᠯᠲᠡᠨ ᠤ ᠳᠤᠭᠤᠶᠢᠯᠠᠩ ᠠᠴᠠ ᠦᠨᠡᠯᠡᠨ ᠵᠢᠱᠢᠯᠲᠡ ᠬᠢᠭᠰᠡᠨ ᠤ ᠳᠠᠷᠠᠭ᠎ᠠ ᠪᠠᠰᠠ ᠰᠡᠷᠬᠡᠶᠢᠯᠡᠯᠳᠡ ᠶᠢᠨ ᠣᠷᠣᠨ ᠪᠣᠯᠭᠠᠨ ᠳᠤᠬᠢᠷᠠᠭᠤᠯᠵᠤ᠂ ᠰᠡᠷᠬᠡᠶᠢᠯᠡᠯᠳᠡ ᠣᠷᠣᠨ ᠢᠶᠠᠷ ᠬᠠᠮᠢᠶᠠᠷᠤᠭᠰᠠᠨ ᠴᠦ        ᠪᠤᠯᠤᠨ᠎ᠠ︶᠃⑤ ᠬᠡᠷᠪᠡ ᠣᠷᠣᠨ ᠳᠤᠭᠤᠷᠢᠭ ᠤᠨ ᠳᠣᠲᠣᠷ᠎ᠠ ᠪᠠᠰᠠ ᠳᠠᠷᠠᠭᠠᠯᠠᠨ 7 ᠡᠳᠦᠷ ᠠᠷᠭ᠎ᠠ ᠴᠢᠨᠠᠷᠲᠠᠶ ᠬᠠᠯᠳᠠᠪᠤᠷᠢᠯᠠᠭᠰᠠᠳ ᠪᠠ ᠨᠢᠭᠲᠠ ᠣᠶᠢᠷᠠᠲᠤᠭᠰᠠᠳ ᠰᠢᠨ᠎ᠡ ᠪᠠᠷ ᠨᠡᠮᠡᠭᠳᠡᠭᠰᠡᠨ ᠥᠬᠡᠶ ᠮᠦᠷᠳᠡᠬᠡᠨ ᠪᠢᠲᠡᠭᠦᠮᠵᠢᠯᠡᠯ ᠢ ᠲᠠᠶᠢᠯᠬᠤ ᠠᠴᠠ ᠡᠮᠦᠨᠡᠬᠢ ᠪᠦᠬᠦ ᠠᠷᠠᠳ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠨᠢ ᠪᠢᠯᠢᠭ ᠴᠢᠨᠠᠷ ᠪᠠᠶᠢᠪᠠᠯ᠂ ᠲᠤᠰᠬᠠᠶ ᠮᠡᠷᠭᠡᠵᠢᠯᠲᠡᠨ ᠤ ᠳᠤᠭᠤᠶᠢᠯᠠᠩ ᠎ ᠠᠴᠠ ᠦᠨᠡᠯᠡᠨ  ᠵᠢᠱᠢᠵᠦ ᠬᠤᠰᠢᠭᠤᠨ ᠤ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠲᠤ ᠮᠡᠳᠡᠭᠦᠯᠵᠦ ᠵᠥᠪᠰᠢᠶᠡᠷᠡᠭᠦᠯᠦᠭᠰᠡᠨ ᠤ ᠳᠠᠷᠠᠭ᠎ᠠ᠂ ᠰᠡᠷᠭᠡᠶᠢᠯᠡᠯᠲᠡ ᠶᠢᠨ ᠣᠷᠣᠨ ᠪᠣᠯᠭᠠᠵᠤ ᠪᠣᠯᠤᠨ᠎ᠠ᠂ ᠡᠭᠦᠨ ᠤ ᠬᠠᠮᠲᠤ ᠰᠡᠷᠬᠡᠶᠢᠯᠡᠯᠳᠡ ᠶᠢᠨ ᠣᠷᠣᠨ ᠤ ᠬᠠᠮᠢᠶᠠᠷᠤᠯᠳᠠ ᠶᠢ  ᠬᠢᠬᠦ ᠪᠤᠯᠤᠨ᠎ᠠ᠃      2 . ᠬᠠᠮᠢᠶᠠᠷᠤᠨ ᠡᠵᠡᠮᠳᠡᠬᠦ ᠣᠷᠣᠨ᠄ ①10 ᠰᠠᠷ᠎ᠠ ᠶᠢᠨ 24᠎ ᠤ ᠡᠳᠦᠷ ᠬᠠᠮᠢᠶᠠᠷᠤᠨ ᠡᠵᠡᠮᠳᠡᠬᠦ ᠶᠢ ᠬᠡᠷᠡᠭᠵᠢᠭᠦᠯᠦᠭᠰᠡᠨ ᠠᠴᠠ ᠡᠬᠢᠯᠡᠨ᠂ ᠬᠠᠮᠢᠶᠠᠷᠤᠨ ᠡᠵᠡᠮᠳᠡᠬᠦ ᠣᠷᠣᠨ ᠳᠤ ᠦᠷᠭᠦᠯᠵᠢᠯᠡᠨ 14 ᠡᠳᠦᠷ ᠠᠷᠭ᠎ᠠ ᠴᠢᠨᠠᠷᠲᠠᠶ ᠬᠠᠯᠳᠠᠪᠤᠷᠢᠯᠠᠭᠰᠠᠳ ᠰᠢᠨ᠎ᠡ ᠪᠠᠷ ᠨᠡᠮᠡᠭᠳᠡᠭᠰᠡᠨ ᠥᠬᠡᠶ︔② ᠨᠢᠭᠲᠠ ᠣᠶᠢᠷᠠᠲᠤᠭᠰᠠᠳ ᠢ ᠪᠦᠲᠦᠮᠵᠢᠲᠡᠶ ᠬᠠᠮᠢᠶᠠᠷᠤᠨ  ᠡᠵᠡᠮᠳᠡᠭᠰᠡᠨ︔ ③ ᠬᠠᠮᠢᠶᠠᠷᠤᠨ ᠡᠵᠡᠮᠳᠡᠭᠰᠡᠨ ᠤ 12 ᠳ᠋ᠤᠭᠠᠷ ᠡᠳᠦᠷ ᠪᠠ 14 ᠳ᠋ᠦ᠋ᠭᠡᠷ ᠡᠳᠦᠷ ᠲᠤ ᠬᠤᠶᠠᠷ ᠤᠳᠠᠭᠠᠨ ᠤ ᠣᠷᠣᠨ ᠳᠤᠭᠤᠷᠢᠭ ᠤᠨ ᠳᠣᠲᠣᠷᠠᠬᠢ ᠪᠥᠬᠦ ᠬᠥᠮᠦᠰ ︵ᠠᠵᠤ ᠠᠬᠤᠶᠢᠯᠠᠯ ᠠᠵᠢᠯ ᠦᠶ᠋ᠯᠡᠰ ᠤᠨ ᠨᠢᠬᠡᠴᠢ᠂ ᠬᠤᠴᠤᠷᠤᠭᠳᠠᠭᠰᠠᠨ ᠵᠤᠭᠠᠴᠠᠭᠴᠢ᠂ ᠠᠴᠢᠶᠠᠨ ᠮᠠᠰᠢᠨ ᠤ ᠵᠢᠯᠣᠭᠤᠴᠢ᠂ ᠬᠥᠯᠥᠰᠥᠨ ᠠᠵᠢᠯ ᠬᠢᠭᠰᠡᠳ᠂ ᠦᠨᠳᠦᠰᠦᠨ ᠱᠠᠲᠤᠨ ᠳᠤ ᠭᠦᠨᠵᠡᠭᠡᠶᠢᠷᠡᠭᠰᠡᠨ ᠺᠠᠳ᠋ᠷ ᠵᠡᠷᠭᠡ ᠪᠠᠭᠲᠠᠨ᠎ᠠ︶᠎ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠨᠢ ᠴᠥᠮ ᠪᠢᠯᠢᠭ ᠴᠢᠨᠠᠷᠲᠠᠶ ᠪᠠᠶᠢᠪᠠᠯ᠂ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠦᠨᠡᠯᠡᠨ ᠵᠢᠱᠢᠯᠲᠡ ᠪᠠᠷ ᠳᠡᠮᠵᠢᠨ ᠬᠤᠰᠢᠭᠤᠨ ᠤ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠲᠤ ᠮᠡᠳᠡᠭᠦᠯᠵᠦ ᠵᠥᠪᠰᠢᠶᠡᠷᠡᠭᠦᠯᠦᠭᠰᠡᠨ ᠤ ᠳᠠᠷᠠᠭ᠎ᠠ᠂ ᠰᠡᠷᠭᠡᠶᠢᠯᠡᠯᠲᠡ ᠶᠢᠨ ᠣᠷᠣᠨ ᠪᠣᠯᠭᠠᠨ ᠲᠣᠬᠢᠷᠠᠭᠤᠯᠵᠤ᠂ ᠰᠡᠷᠭᠡᠶᠢᠯᠡᠯᠲᠡ ᠶᠢᠨ ᠣᠷᠣᠨ ᠤ ᠶᠣᠰᠣᠭᠠᠷ ᠬᠠᠮᠢᠶᠠᠷᠤᠯᠲᠠ ᠬᠢᠵᠦ ᠪᠣᠯᠤᠨ᠎ᠠ᠃      ᠭᠤᠷᠪᠠ᠂ ᠰᠡᠷᠭᠡᠶᠢᠯᠡᠯᠲᠡ ᠶᠢᠨ ᠣᠷᠣᠨ ᠤ ᠬᠠᠮᠢᠶᠠᠷᠤᠯᠲᠠ     1 . ᠰᠠᠭᠤᠭᠠᠯᠢ ᠠᠷᠠᠳ ᠤᠨ ᠲᠣᠭᠤᠷᠢᠭ ᠲᠤ ᠵᠥᠪᠬᠡᠨ 1 ᠣᠷᠣᠵᠤ ᠭᠠᠷᠬᠤ ᠭᠠᠵᠠᠷ ᠢ ᠦᠯᠡᠳᠡᠭᠡᠵᠦ᠂ ᠳᠠᠭᠠᠭᠠᠴᠢᠯᠠᠨ ᠬᠠᠷᠢᠯᠴᠠᠬᠤ ᠨᠢᠬᠡᠴᠢ 24 ᠴᠠᠭ ᠢᠶᠠᠷ ᠵᠢᠵᠢᠭᠦᠷᠯᠡᠨ ᠰᠠᠬᠢᠬᠤ ᠶᠢ ᠦᠷᠭᠦᠯᠵᠢᠯᠡᠨ ᠬᠡᠷᠡᠭᠵᠢᠭᠦᠯᠬᠦ ᠶᠢᠨ ᠬᠠᠮᠲᠤ ᠰᠠᠭᠤᠭᠠᠯᠢ ᠠᠷᠠᠳ ᠲᠤ ︽ᠨᠢᠭᠡ ᠡᠷᠦᠬᠡ ᠳᠤ ᠨᠢᠭᠡ ᠦᠨᠡᠮᠯᠡᠯ ᠲᠠᠢ ᠪᠠᠶᠢᠬᠤ︾ ᠱᠠᠭᠠᠷᠳᠠᠯᠭ᠎ᠠ ᠶᠣᠰᠣᠭᠠᠷ ᠣᠷᠣᠵᠤ ᠭᠠᠷᠬᠤ ᠦᠨᠡᠮᠯᠡᠯ ᠤᠯᠭᠤᠵᠤ᠂ ᠲᠣᠰ ᠣᠷᠣᠨ ᠳᠤᠭᠤᠷᠢᠭ ᠤᠨ ᠳᠣᠲᠣᠷᠠᠬᠢ ᠰᠠᠭᠤᠭᠠᠯᠢ ᠠᠷᠠᠳ ᠨᠢ ᠦᠨᠡᠮᠯᠡᠯ ᠢᠶᠠᠷ ᠢᠶᠠᠨ ᠣᠷᠣᠵᠤ ᠭᠠᠷᠴᠦ ᠪᠤᠯᠬᠤ ᠪᠦᠬᠡᠳ ᠤᠳᠠᠭ᠎ᠠ ᠪᠦᠷᠢ ᠨᠢᠭᠡ ᠯᠠ ᠬᠥᠮᠦᠨ ᠭᠠᠷᠬᠤ ᠎ ᠪᠠᠷ ᠬᠢᠵᠠᠭᠠᠷᠯᠠᠵᠤ᠂ ᠺᠣᠳ᠋ ᠰᠢᠷᠪᠢᠬᠦ᠂ ᠳᠡᠩᠰᠡᠯᠡᠨ ᠲᠡᠮᠳᠡᠭᠯᠡᠬᠦ᠂ ᠪᠡᠶ᠎ᠡ ᠶᠢᠨ ᠬᠠᠯᠠᠭᠤᠨ ᠢ ᠬᠡᠮᠵᠢᠬᠦ᠂ ᠠᠮᠠᠪᠴᠢ ᠵᠡᠭᠦᠬᠦ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠦᠨ᠎ᠡ᠃ ᠲᠤᠰ ᠣᠷᠣᠨ ᠳᠤᠭᠤᠷᠢᠭ ᠤᠨ ᠭᠠᠳᠠᠨᠠᠬᠢ ᠬᠥᠮᠦᠰ ᠵᠦᠪᠰᠢᠶᠡᠷᠡᠯ ᠦᠬᠡᠢ ᠪᠠᠷ ᠤᠷᠤᠵᠤ ᠪᠤᠯᠬᠤ ᠦᠬᠡᠢ ︵ᠲᠦᠷᠭᠡᠨ ᠬᠦᠷᠬᠡᠯᠳᠡ᠂ ᠬᠤᠭᠤᠯᠠ ᠬᠦᠷᠬᠡᠯᠳᠡ ᠵᠡᠷᠭᠡ ᠶᠢ ᠪᠠᠭᠳᠠᠭᠠᠨ᠎ᠠ︶᠃      2 . ᠳᠠᠭᠠᠭᠠᠴᠢᠯᠠᠨ ᠬᠠᠷᠢᠯᠴᠠᠬᠤ ᠨᠢᠬᠡᠴᠢ ᠲᠣᠰ ᠣᠷᠣᠨ ᠳᠤᠭᠤᠷᠢᠭ ᠤᠨ ᠰᠠᠭᠤᠭᠠᠯᠢ ᠠᠷᠠᠳ ᠲᠤ ᠡᠳᠦᠷ ᠪᠦᠷᠢ ᠶᠢᠨ ᠡᠷᠡᠭᠦᠯ ᠮᠡᠨᠳᠦ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠬᠠᠯᠠᠭᠤᠷᠠᠬᠤ᠂ ᠲᠠᠮᠢᠷᠳᠠᠬᠤ᠂ ᠬᠠᠭᠤᠷᠠᠶ ᠪᠠᠷ ᠬᠠᠨᠢᠶᠠᠬᠤ᠂ ᠴᠡᠭᠡᠵᠢ ᠪᠢᠲᠡᠭᠦᠷᠡᠬᠦ ᠵᠢᠴᠢ ᠰᠠᠭᠤᠯᠭᠠᠬᠤ ᠵᠡᠷᠭᠡ ᠬᠡᠪ ᠤᠨ ᠪᠤᠰᠤ ᠪᠠᠶᠢᠳᠠᠯ ᠢᠯᠡᠷᠡᠪᠡᠯ ᠳᠠᠷᠤᠶ ᠲᠦᠷᠭᠡᠨ ᠨᠡᠶᠢᠭᠡᠮ ᠲᠣᠭᠤᠷᠢᠭ ᠪᠠ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ᠃      3 . ᠰᠠᠭᠤᠭᠠᠯᠢ ᠠᠷᠠᠳ ᠤᠨ ᠲᠣᠭᠤᠷᠢᠭ ᠡᠳᠦᠷ ᠪᠦᠷᠢ ᠠᠷᠢᠭᠤᠳᠬᠠᠨ ᠴᠡᠪᠡᠷᠯᠡᠬᠦ᠂ ᠬᠤᠭ ᠨᠣᠪᠰᠢ ᠶᠢ ᠲᠥᠷᠥᠯ ᠬᠤᠪᠢᠶᠠᠨ ᠰᠢᠢᠳᠪᠦᠷᠢᠯᠡᠬᠦ᠂ ᠴᠠᠬᠢᠯᠭᠠᠨ ᠱᠠᠲᠤ  ᠠᠰᠠᠷ ᠤᠨ ᠬᠤᠩᠭᠢᠯ ᠢ ᠠᠷᠢᠭᠤᠳᠬᠠᠬᠤ ᠵᠡᠷᠭᠡ ᠠᠵᠢᠯ ᠢ ᠦᠷᠭᠦᠯᠵᠢᠯᠡᠨ ᠰᠠᠶᠢᠲᠤᠷ ᠬᠢᠬᠦ ᠶᠢᠨ ᠬᠠᠮᠲᠤ ᠬᠢᠵᠢᠭ ᠢ ᠰᠡᠷᠭᠡᠶᠢᠯᠡᠬᠦ ᠱᠠᠭᠠᠷᠳᠠᠯᠭ᠎ᠠ ᠶᠣᠰᠣᠭᠠᠷ ᠲᠤᠰᠬᠠᠶ ᠵᠥᠭᠡᠭᠡᠪᠦᠷᠢᠯᠡᠬᠦ ᠪᠠ ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠶ︔ ᠡᠷᠡᠭᠦᠯ ᠮᠡᠨᠳᠦ ᠶᠢᠨ ᠬᠥᠮᠦᠵᠢᠯ ᠢ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠯᠭᠡ ᠶᠢ ᠣᠯᠠᠨ ᠬᠡᠯᠪᠡᠷᠢ᠂ ᠣᠯᠠᠨ ᠠᠷᠭ᠎ᠠ ᠵᠠᠮ ᠢᠶᠠᠷ ᠤᠬᠠᠭᠤᠯᠬᠤ ᠬᠡᠷᠡᠭᠳᠡᠢ᠃      4 . ᠰᠡᠷᠭᠡᠶᠢᠯᠡᠯᠲᠡ ᠶᠢᠨ ᠣᠷᠣᠨ ᠪᠣᠯᠭᠠᠨ ᠲᠣᠬᠢᠷᠠᠭᠤᠯᠤᠭᠰᠠᠨ ᠤᠷᠤᠨ ᠳᠤᠭᠤᠷᠢᠭ ᠤᠨ ᠰᠠᠭᠤᠭᠠᠯᠢ ᠠᠷᠠᠳ ᠬᠤᠪᠢ ᠬᠥᠮᠦᠨ ᠤ ᠰᠡᠷᠭᠡᠶᠢᠯᠡᠯᠲᠡ ᠬᠠᠮᠠᠭᠠᠯᠠᠯᠲᠠ ᠪᠠᠨ ᠦᠷᠭᠦᠯᠵᠢᠯᠡᠨ ᠴᠢᠩᠭᠠᠳᠬᠠᠵᠤ᠂ ᠰᠠᠶᠢᠨ ᠰᠠᠶᠢᠬᠠᠨ ᠡᠷᠡᠭᠦᠯ ᠬᠠᠮᠠᠭᠠᠯᠠᠯ ᠤᠨ ᠳᠠᠳᠬᠠᠯ ᠲᠠᠢ ᠪᠠᠶᠢᠵᠤ᠂ ᠪᠥᠭᠡᠮᠨᠡᠷᠡᠬᠦ ᠥᠬᠡᠶ᠂ ᠴᠤᠭᠯᠠᠷᠠᠬᠤ ᠥᠬᠡᠶ᠂ ᠭᠠᠷ ᠢᠶᠠᠨ ᠦᠷᠭᠦᠯᠵᠢ ᠤᠬᠢᠶᠠᠵᠤ᠂ ᠠᠮᠠᠪᠴᠢ ᠵᠡᠭᠦᠵᠦ᠂ ᠦᠷᠭᠦᠯᠵᠢ ᠰᠠᠯᠬᠢ ᠨᠡᠪᠲᠡᠷᠡᠭᠦᠯᠵᠦ᠂ ᠣᠯᠠᠨ ᠨᠡᠶᠢᠲᠡ ᠶᠢᠨ ᠲᠠᠯᠠᠪᠤᠷ ᠲᠤ ᠨᠢᠭᠡ ᠮᠧᠲᠷ ᠱᠤᠭᠤᠮ ᠤᠨ ᠱᠠᠭᠠᠷᠳᠠᠯᠭ᠎ᠠ ᠶᠢ ᠵᠢᠷᠤᠮᠯᠠᠬᠤ ᠬᠡᠷᠡᠭᠲᠡᠶ᠃      5 . ᠬᠡᠷ ᠲᠡᠭᠡᠨ ᠲᠤᠰᠠᠭᠠᠷᠯᠠᠬᠤ ᠪᠠ ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠵᠦ  ᠪᠠᠷᠠᠭᠠᠳᠤᠢ ᠭᠤᠤᠯᠳᠠᠯᠭ᠎ᠠ ᠲᠠᠢ ᠬᠥᠮᠦᠰ ᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠤᠪᠢᠷᠠᠭᠤᠯᠬᠤ ᠥᠬᠡᠶ᠃      ᠳᠥᠷᠪᠡ᠂ ᠳᠠᠯᠠᠶᠢᠬᠦ᠋ᠪ ᠪᠠᠯᠠᠭᠠᠰᠤᠨ ᠳᠤ ᠰᠠᠭᠤᠵᠤ ᠪᠠᠶᠢᠭ᠎ᠠ ᠠᠯᠪᠠᠨ ᠠᠵᠢᠯᠳᠠᠨ ᠤ ᠪᠠᠶᠢᠭ᠎ᠠ ᠰᠠᠭᠤᠭᠠᠯᠢ ᠠᠷᠠᠳ ᠤᠨ ᠲᠣᠭᠤᠷᠢᠭ᠂ ᠠᠵᠢᠯᠯᠠᠬᠤ ᠲᠠᠯᠠᠪᠤᠷ ᠭᠠᠵᠠᠷ ᠢ ᠰᠡᠷᠭᠡᠶᠢᠯᠡᠯᠲᠡ ᠶᠢᠨ ᠣᠷᠣᠨ ᠪᠣᠯᠭᠠᠨ ᠳᠣᠭᠢᠷᠠᠭᠤᠯᠤᠭᠰᠠᠨ ᠪᠠᠶᠢᠪᠠᠯ᠂ ᠪᠠᠶᠢᠭ᠎ᠠ ᠨᠢᠭᠡᠴᠢ ᠠᠴᠠ ᠨᠢ ᠭᠡᠷᠡᠴᠢ ᠬᠠᠩᠭᠠᠵᠤ᠂ ᠡᠵᠡᠨ᠎ᠡ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠠᠴᠠ ᠬᠢᠨᠠᠨ ᠬᠠᠷᠭᠤᠭᠤᠯᠵᠤ᠂ ᠠᠯᠪᠠᠨ ᠠᠵᠢᠯᠳᠠᠨ ᠤ ᠣᠷᠣᠵᠤ ᠭᠠᠷᠬᠤ ᠦᠨᠡᠮᠯᠡᠯ᠂ ᠠᠵᠢᠯ ᠳᠤ ᠭᠠᠷᠬᠤ ᠲᠡᠷᠭᠡ ᠬᠥᠰᠬᠡ ᠶᠢᠨ ᠨᠡᠪᠲᠡᠷᠡᠬᠦ ᠦᠨᠡᠮᠯᠡᠯ ︵ᠶᠠᠪᠤᠵᠤ ᠬᠦᠷᠬᠦ ᠴᠡᠭ ᠎ ᠤᠨ ᠣᠷᠣᠵᠤ ᠭᠠᠷᠬᠤ ᠣᠷᠣᠨ ᠪᠠᠶᠢᠷᠢ ᠶᠢ ᠲᠣᠳᠣᠷᠬᠠᠶᠢᠯᠠᠭᠰᠠᠨ︶᠎ ᠢ ᠦᠢᠯᠡᠳᠴᠦ ᠳᠠᠷᠬᠠᠭᠠᠨ᠂ ᠠᠯᠪᠠᠨ ᠠᠵᠢᠯᠳᠠᠨ ᠤ ᠭᠡᠷᠡᠴᠢ ᠦᠨᠡᠮᠯᠡᠯ ᠢᠶᠠᠷ  ᠎ ᠢᠶᠠᠨ ᠰᠠᠭᠤᠵᠤ ᠪᠠᠶᠢᠭ᠎ᠠ ᠣᠷᠣᠨ ᠳᠤᠭᠤᠷᠢᠭ ᠢᠶᠠᠷ ᠤᠷᠤᠵᠤ ᠭᠠᠷᠴᠦ ᠪᠤᠯᠤᠨ᠎ᠠ᠃ ᠪᠠᠶᠢᠭ᠎ᠠ ᠰᠠᠭᠤᠭᠠᠯᠢ ᠠᠷᠠᠳ ᠤᠨ ᠲᠣᠭᠤᠷᠢᠭ ᠪᠤᠶᠤ ᠠᠵᠢᠯᠯᠠᠬᠤ ᠲᠠᠯᠠᠪᠤᠷ ᠭᠠᠵᠠᠷ ᠤᠨ ᠪᠢᠲᠡᠭᠦᠮᠵᠢᠯᠡᠨ ᠡᠵᠡᠮᠳᠡᠬᠦ᠂ ᠬᠠᠮᠢᠶᠠᠷᠤᠨ ᠡᠵᠡᠮᠳᠡᠬᠦ ᠶᠢ ᠨᠢ ᠲᠠᠶᠢᠯᠤᠭᠰᠠᠨ ᠥᠬᠡᠶ ᠪᠠᠶᠢᠪᠠᠯ᠂ ᠪᠢᠲᠡᠭᠦᠮᠵᠢᠯᠡᠨ ᠡᠵᠡᠮᠳᠡᠬᠦ᠂ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠲᠠᠶᠢᠯᠤᠭᠰᠠᠨ ᠤ ᠳᠠᠷᠠᠭ᠎ᠠ ᠬᠠᠮᠢᠶ᠎ᠠ ᠪᠥᠬᠦᠶ ᠭᠡᠷᠡᠴᠢ ᠦᠨᠡᠮᠯᠡᠯ ᠢ ᠳᠠᠭᠢᠵᠤ  ᠬᠦᠢᠴᠡᠳᠬᠡᠨ᠎ᠠ᠃      ᠲᠠᠪᠤ᠂ ᠪᠢᠲᠡᠭᠦᠮᠵᠢᠯᠡᠨ ᠡᠵᠡᠮᠳᠡᠬᠦ᠂ ᠬᠠᠮᠢᠶᠠᠷᠤᠨ ᠡᠵᠡᠮᠳᠡᠬᠦ ᠣᠷᠣᠨ ᠳᠤᠭᠤᠷᠢᠭ ᠢ ᠰᠡᠷᠭᠡᠶᠢᠯᠡᠯᠲᠡ ᠶᠢᠨ ᠣᠷᠣᠨ ᠪᠣᠯᠭᠠᠨ ᠲᠣᠬᠢᠷᠠᠭᠤᠯᠤᠭᠰᠠᠨ ᠤ ᠳᠠᠷᠠᠭ᠎ᠠ᠂ ᠣᠷᠣᠨ ᠳᠤᠭᠤᠷᠢᠭ ᠤᠨ ᠳᠣᠲᠣᠷᠠᠬᠢ ᠳᠡᠯᠭᠡᠭᠦᠷ᠂ ᠬᠡᠲᠦ ᠳᠡᠯᠭᠡᠭᠦᠷ᠂ ᠢᠳᠡᠭᠡᠨ ᠤᠮᠳᠠᠭᠠᠨ ᠵᠡᠷᠭᠡ ᠬᠤᠳᠠᠯᠳᠤᠭᠠᠨ ᠤ  ᠦᠢᠯᠡᠴᠢᠯᠡᠬᠡᠨ‌‍ᠤ ᠲᠤᠤᠷ ᠴᠡᠭ ᠨᠢ 1 ᠨᠡᠷ᠎ᠡ ᠬᠢᠵᠢᠭ ᠢ ᠰᠡᠷᠭᠡᠶᠢᠯᠡᠬᠦ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠰᠠᠯᠠᠭ᠎ᠠ ᠮᠥᠴᠢᠷ ᠤᠨ ᠪᠣᠯᠪᠠᠰᠤᠷᠠᠭᠤᠯᠤᠯ ᠢ ᠬᠦᠯᠢᠶᠡᠬᠦ ᠶᠢᠨ ᠬᠠᠮᠲᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠣᠰᠣᠭᠠᠷ᠂ ᠳᠣᠲᠣᠭᠠᠳᠤ ᠭᠠᠳᠠᠭᠠᠳᠤ ᠣᠷᠴᠢᠨ ᠲᠣᠭᠤᠷᠢᠨ ᠢ ᠠᠷᠢᠭᠤᠳᠬᠠᠬᠤ᠂ ᠺᠣᠳ᠋ ᠰᠢᠷᠪᠢᠬᠦ᠂ ᠪᠡᠶ᠎ᠡ ᠶᠢᠨ ᠬᠠᠯᠠᠭᠤᠨ ᠢ ᠬᠡᠮᠵᠢᠬᠦ᠂ ᠠᠮᠠᠪᠴᠢ ᠵᠡᠭᠦᠬᠦ ᠵᠡᠷᠭᠡ ᠪᠡᠯᠡᠳᠬᠡᠯ ᠠᠵᠢᠯ ᠢ ᠰᠠᠶᠢᠲᠤᠷ ᠬᠢᠭᠰᠡᠨ ᠤ ᠳᠠᠷᠠᠭ᠎ᠠ᠂ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠡᠳ᠂ ᠡᠭᠦᠳᠡ ᠪᠠᠨ ᠨᠡᠭᠡᠭᠡᠨ ᠡᠵᠡᠩᠨᠡᠵᠦ ᠪᠣᠯᠤᠨ᠎ᠠ᠂ ᠨᠡᠶᠢᠭᠡᠮ ᠲᠣᠭᠤᠷᠢᠭ ᠨᠢ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠲᠤᠤᠷ ᠴᠡᠭ ᠎ ᠯᠦᠭᠡ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢᠨ ᠠᠮᠠᠯᠠᠯᠲᠠ ᠶᠢᠨ ᠪᠢᠴᠢᠭ ᠲᠣᠭᠲᠠᠬᠤ ᠬᠡᠷᠡᠭᠲᠡᠶ᠃ ᠬᠤᠭᠤᠯᠠ ᠤᠮᠳᠠᠭᠠᠨ ᠤ ᠭᠠᠵᠠᠷ ᠲᠦᠷ ᠴᠠᠭ ᠬᠤᠭᠤᠯᠠᠨ ᠭᠡᠷ ᠲᠤ  ᠬᠤᠭᠤᠯᠠᠯᠠᠭᠤᠯᠵᠤ ᠪᠣᠯᠬᠤ ᠦᠭᠡᠶ᠃ ᠦᠰᠦ ᠵᠠᠰᠠᠬᠤ ᠭᠠᠵᠠᠷ ᠨᠢ ᠠᠷᠢᠭᠤᠳᠬᠠᠬᠤ᠂ ᠺᠣᠳ᠋ ᠰᠢᠷᠪᠢᠬᠦ᠂ ᠳᠤᠯᠠᠭᠠᠨ ᠢ ᠬᠡᠮᠵᠢᠬᠦ᠂ ᠠᠮᠠᠪᠴᠢ ᠵᠡᠭᠦᠬᠦ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ︽ᠦᠰᠦ ᠵᠠᠰᠠᠬᠤ ᠭᠠᠵᠠᠷ ᠪᠠ ᠦᠰᠦ ᠵᠠᠰᠠᠬᠤ ᠪᠠᠭᠠᠵᠢ ᠬᠡᠷᠡᠭᠰᠡᠯ ᠢ ᠨᠢᠭᠡ ᠵᠣᠴᠢᠨ ᠳᠤ ᠨᠢᠭᠡ ᠠᠷᠢᠭᠤᠳᠬᠠᠬᠤ︾᠎ ᠶᠢ ᠪᠡᠶᠡᠯᠡᠭᠦᠯᠵᠦ᠂ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠬᠠᠷᠢᠶ᠎ᠠ ᠭᠠᠵᠠᠷ ᠤᠨ ᠨᠡᠶᠢᠭᠡᠮ ᠲᠣᠭᠤᠷᠢᠭ ᠤᠨ ᠬᠢᠨᠠᠯᠲᠠ ᠬᠠᠮᠢᠶᠠᠷᠤᠯᠲᠠ ᠶᠢ ᠬᠦᠯᠢᠶᠡᠵᠦ᠂ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠡᠳ᠂ ᠡᠭᠦᠳᠡ ᠪᠠᠨ ᠨᠡᠭᠡᠭᠡᠨ ᠡᠵᠡᠩᠨᠡᠵᠦ ᠪᠣᠯᠤᠨ᠎ᠠ᠃ ᠳᠠᠭᠠᠭᠠᠴᠢᠯᠠᠨ ᠬᠠᠷᠢᠯᠴᠠᠬᠤ ᠪᠠᠶᠢᠭᠤᠯᠭ᠎ᠠ ᠡᠳᠦᠷ ᠲᠤᠲᠤᠮ ᠤᠨ ᠲᠣᠭᠤᠷᠢᠨ ᠪᠠᠶᠢᠴᠠᠭᠠᠵᠤ ᠬᠠᠮᠢᠶᠠᠷᠤᠨ ᠡᠵᠡᠮᠳᠡᠬᠦ ᠠᠵᠢᠯ ᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠶ᠃ ᠺᠢᠨᠣ᠋ ᠲᠢᠶᠠᠲᠷ᠂ ᠰᠦᠯᠵᠢᠶᠡᠨ ᠤ ᠪᠠᠭᠠᠷ᠂ KTV᠂ ᠬᠥᠯ ᠤᠬᠢᠶᠠᠬᠤ ᠵᠡᠷᠭᠡ ᠪᠤᠰᠤᠳ ᠵᠤᠭ᠎ᠠ ᠴᠡᠩᠭᠡᠯ ᠤᠨ  ᠦᠢᠯᠡᠴᠢᠯᠡᠬᠡᠨ ᠤ ᠲᠥᠷᠥᠯ ᠤᠨ ᠲᠠᠯᠠᠪᠤᠷ ᠭᠠᠵᠠᠷ ᠠᠵᠢᠯ ᠢᠶᠠᠨ ᠲᠦᠷ ᠡᠬᠢᠯᠡᠭᠦᠯᠵᠦ ᠪᠣᠯᠬᠤ ᠥᠬᠡᠶ᠂ ᠬᠢᠵᠢᠭ ᠎ ᠢ ᠰᠡᠷᠭᠡᠶᠢᠯᠡᠨ ᠡᠵᠡᠮᠳᠡᠬᠦ ᠪᠠᠶᠢᠳᠠᠯ ᠢ  ᠦᠨᠳᠦᠰᠦᠯᠡᠨ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠨᠡᠭᠡᠭᠡᠬᠦ ᠴᠠᠭ ᠢ ᠲᠣᠭᠲᠠᠭᠠᠨ᠎ᠠ᠃      ᠵᠢᠷᠭᠤᠭ᠎ᠠ᠂ ᠳᠠᠯᠠᠶᠢᠬᠦ᠋ᠪ ᠪᠠᠯᠭᠠᠰᠤ ᠪᠣᠯᠤᠨ ᠴᠡᠭᠡ ᠪᠣᠭᠤᠮᠲᠠ ᠶᠢᠨ ᠬᠤᠭᠤᠷᠤᠨᠳᠤ ᠬᠥᠮᠦᠰ ᠤᠨ ᠨᠠᠭᠠᠰᠢ ᠴᠠᠭᠠᠰᠢ  ᠶᠠᠪᠤᠬᠤ ᠶᠢ ᠲᠦᠷ ᠨᠡᠭᠡᠭᠡᠬᠦ ᠦᠭᠡᠶ᠃                   ᠡᠵᠡᠨ᠎ᠡ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ                                            ᠡᠵᠡᠮᠳᠡᠬᠦ ᠠᠵᠢᠯ ᠤᠨ ᠵᠢᠯᠣᠭᠤᠳᠬᠤ ᠭᠠᠵᠠᠷ                   2021 ᠣᠨ ᠤ 11  ᠰᠠᠷ᠎ᠠ ᠶᠢᠨ 18᠎ ᠤ ᠡᠳᠦᠷ
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号