5 ᠰᠠᠷ᠎ᠠ ᠶᠢᠨ 20 ᠤ ᠡᠳᠤᠷ᠂ ᠬᠤᠰᠢᠭᠤᠨ ᠤ ᠨᠠᠮ ᠤᠨ ᠬᠤᠷᠢᠶᠠᠨ ᠤ ᠲᠡᠳ᠋ ᠱᠦᠵᠢ᠂ ᠬᠤᠰᠢᠭᠤ | ᠲᠠᠷᠤᠭ᠎ᠠ ᠲᠢᠶᠠᠨ ᠰᠢᠦᠸᠡᠢ ᠸᠧᠨ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠡᠵᠡᠨ᠎ᠡ ᠬᠤᠰᠢᠭᠤᠨ ᠤ ᠠᠷᠠᠳ | ᠤᠨ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠲᠤᠭᠤᠶᠢᠯᠠᠩ ᠤᠨ 2021 ᠤᠨ ᠤ 5 ᠳ᠋ᠤᠭᠠᠷ ᠤᠳᠠᠭᠠᠨ ᠤ | ᠬᠤᠷᠠᠯ ᠵᠢᠴᠢ ᠲᠤᠭ᠎ᠠ ᠪᠦᠷᠢᠳᠭᠡᠯ ᠤᠨ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ | ᠵᠠᠯᠠᠷᠠᠭᠤᠯᠬᠤ ᠠᠵᠢᠯ ᠤᠨ ᠲᠤᠰᠬᠠᠢ ᠰᠡᠳᠤᠪᠳᠤ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠰᠢᠭᠤᠨ ᠤ ᠲᠡᠳ᠋ | ᠲᠠᠷᠤᠭ᠎ᠠ ᠹᠧᠩ ᠰᠢᠦᠸᠡᠢ ᠮᠧᠢ᠂ ᠸᠠᠩ ᠶᠤᠩ ᠪᠢᠨ᠂ ᠬᠦᠬᠡ ᠵᠢᠴᠢ ᠡᠯ᠎ᠡ ᠰᠤᠮᠤ ᠪᠠᠯᠭᠠᠰᠤ᠂ ᠬᠠᠮᠢᠶᠠᠲᠠᠢ ᠰᠠᠯᠠᠭ᠎ᠠ | ᠮᠦᠴᠢᠷ ᠤᠨ ᠬᠠᠷᠢᠭᠤᠴᠠᠯᠭᠠᠳᠠᠨ ᠨᠠᠷ ᠬᠤᠷᠠᠯ ᠳᠤ ᠤᠷᠤᠯᠴᠠᠪᠠ᠃ | ᠲᠢᠶᠠᠨ ᠰᠢᠦᠸᠡᠢ ᠸᠧᠨ ᠵᠢᠭᠠᠵᠤ ᠭᠠᠷᠭᠠᠬᠤ ᠳᠠᠭᠠᠨ᠄ ᠨᠠᠮ ᠤᠨ ᠠᠷᠪᠠ ᠨᠠᠢᠮᠠᠳᠤᠭᠠᠷ ᠶᠡᠭᠡ ᠬᠤᠷᠠᠯ ᠠᠴᠠ | ᠨᠠᠭᠠᠰᠢ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠲᠤᠭ᠎ᠠ ᠪᠦᠷᠢᠳᠭᠡᠯ ᠤᠨ | ᠠᠵᠢᠯ ᠢ ᠲᠡᠭᠡᠳᠤ ᠬᠡᠮᠵᠢᠶ᠎ᠡ ᠪᠠᠷ ᠴᠢᠬᠤᠯᠠᠴᠢᠯᠠᠵᠤ᠂ ᠤᠶᠢᠷ᠎ᠠ ᠶᠢᠨ ᠵᠢᠯ ᠤᠨ ᠲᠤᠷᠰᠢ ᠂ ᠲᠤᠭ᠎ᠠ ᠪᠦᠷᠢᠳᠭᠡᠯ ᠤᠨ | ᠬᠤᠳᠠᠯ ᠬᠠᠭᠤᠷᠮᠠᠭ ᠢᠶᠠᠷ ᠦᠢᠯᠡᠳᠬᠦ ᠶᠢ ᠰᠡᠷᠭᠡᠶᠢᠯᠡᠬᠦ ᠲᠤᠬᠠᠢ ᠤᠯᠠᠨ ᠤᠳᠠᠭ᠎ᠠ ᠴᠢᠬᠤᠯᠠ ᠵᠢᠭᠠᠪᠤᠷᠢ ᠴᠤᠬᠤᠯᠠᠪᠤᠷᠢ | ᠶᠢ ᠭᠠᠷᠭᠠᠭᠰᠠᠨ ᠪᠦᠭᠡᠳ ᠲᠦᠪ ᠤᠨ ᠦᠭᠡᠷᠡᠴᠢᠯᠡᠯᠳᠡ ᠶᠢ ᠪᠦᠬᠦ ᠲᠠᠯ᠎ᠠ ᠪᠠᠷ ᠭᠦᠨᠵᠡᠭᠡᠶᠢᠷᠡᠬᠦᠯᠬᠦ ᠤᠳᠤᠷᠢᠳᠬᠤ | ᠲᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠰᠠᠨᠠᠯ ︾᠂ ︽ᠠᠷᠭ᠎ᠠ ᠬᠡᠮᠵᠢᠶ᠎ᠡ︾᠂ ︽ᠲᠤᠭᠳᠠᠭᠠᠯ | ︾ ᠵᠡᠷᠭᠡ ᠤᠯᠠᠨ ᠴᠢᠬᠤᠯᠠ ᠮᠠᠲ᠋ᠧᠷᠢᠶᠠᠯ ᠢ ᠬᠢᠨᠠᠨ ᠪᠠᠳᠤᠯᠠᠵᠤ᠂ ᠨᠢᠭᠡ ᠰᠢᠷᠢᠰ ᠴᠢᠬᠤᠯᠠ ᠶᠡᠭᠡ ᠦᠭᠡᠷᠡᠴᠢᠯᠡᠯᠳᠡ | ᠶᠢᠨ ᠠᠷᠭ᠎ᠠ ᠬᠡᠮᠵᠢᠶ᠎ᠡ ᠶᠢ ᠲᠤᠷᠠᠳᠴᠡᠢ᠃ ᠡᠨᠡ ᠨᠢ ᠨᠠᠮ ᠤᠨ ᠲᠦᠪ ᠬᠤᠷᠢᠶ᠎ᠠ ᠠᠴᠠ ᠲᠤᠭ᠎ᠠ ᠪᠦᠷᠢᠳᠭᠡᠯ ᠤᠨ ᠠᠵᠢᠯ | ᠤᠨᠴᠠᠭᠠᠶᠢᠯᠠᠨ ᠲᠤᠭ᠎ᠠ ᠪᠠᠷᠢᠮᠳᠠ ᠶᠢᠨ ᠦᠨᠡᠨ ᠪᠤᠳᠠᠳᠤ ᠴᠢᠨᠠᠷ ᠲᠤ ᠤᠷᠢᠳ ᠡᠮᠤᠨ᠎ᠡ ᠭᠠᠷᠤᠭ᠎ᠠ ᠦᠭᠡᠢ | ᠴᠢᠬᠤᠯᠠᠴᠢᠯᠠᠵᠤ ᠪᠠᠶᠢᠭ᠎ᠠ ᠶᠢ ᠭᠦᠢᠴᠡᠳ ᠬᠠᠷᠠᠭᠤᠯᠤᠨ᠂ ᠪᠢᠳᠠᠨ ᠤ ᠡᠯ᠎ᠡ ᠱᠠᠳᠤᠨ ᠤ ᠡᠯ᠎ᠡ ᠰᠠᠯᠠᠭ᠎ᠠ ᠮᠦᠴᠢᠷ ᠤᠨ | ᠲᠤᠭ᠎ᠠ ᠪᠦᠷᠢᠳᠭᠡᠯ ᠤᠨ ᠠᠵᠢᠯ ᠢ ᠰᠠᠶᠢᠳᠤᠷ ᠬᠢᠬᠦ᠂ ᠲᠤᠭ᠎ᠠ ᠪᠦᠷᠢᠳᠭᠡᠯ ᠤᠨ ᠬᠦᠭᠵᠢᠯᠳᠡ ᠶᠢ ᠠᠬᠢᠭᠤᠯᠬᠤ᠂ | ᠲᠤᠭ᠎ᠠ ᠪᠦᠷᠢᠳᠭᠡᠯ ᠤᠨ ᠬᠠᠷᠢᠭᠤᠴᠠᠯᠭ᠎ᠠ ᠶᠢ ᠲᠤᠳᠤᠷᠬᠠᠶᠢᠯᠠᠬᠤ᠂ ᠲᠤᠭ᠎ᠠ ᠪᠦᠷᠢᠳᠭᠡᠯ ᠤᠨ ᠰᠠᠭᠤᠷᠢ ᠶᠢ | ᠪᠠᠳᠤᠳᠬᠠᠬᠤ ᠳᠤ ᠦᠨᠳᠤᠰᠤᠨ ᠵᠢᠷᠤᠮᠯᠠᠯ ᠢ ᠬᠠᠩᠭᠠᠭᠰᠠᠨ ᠪᠠᠶᠢᠨ᠎ᠠ᠃ ᠡᠶᠢᠮᠤ ᠠᠴᠠ ᠪᠠᠨ ᠡᠯ᠎ᠡ ᠱᠠᠳᠤᠨ ᠤ ᠡᠯ᠎ᠡ | ᠰᠠᠯᠠᠭ᠎ᠠ ᠮᠦᠴᠢᠷ ᠤᠨ ᠬᠢᠨ ᠡᠷᠬᠡᠪᠰᠢ ᠨᠠᠷᠢᠨ ᠬᠢᠨᠠᠮᠠᠭᠠᠢ ᠰᠤᠷᠤᠯᠴᠠᠨ ᠡᠵᠡᠮᠰᠢᠵᠤ᠂ ᠠᠵᠢᠯ ᠤᠨ ᠲᠤᠮᠳᠠ ᠪᠠᠨ | ᠭᠦᠨᠵᠡᠭᠡᠢ ᠲᠤᠤᠱᠯᠠᠭᠤᠯᠤᠨ᠂ ᠦᠢᠯᠡ ᠠᠵᠢᠯᠯᠠᠭ᠎ᠠ ᠲᠡᠭᠡᠷ᠎ᠡ ᠪᠤᠳᠠᠳᠠᠢ ᠨᠠᠶᠢᠳᠠᠪᠤᠷᠢᠵᠢᠭᠤᠯᠬᠤ ᠬᠡᠷᠡᠭᠲᠠᠢ᠃ | ᠲᠢᠶᠠᠨ ᠰᠢᠦᠸᠢ ᠸᠧᠨ ᠴᠢᠬᠤᠯᠴᠢᠯᠠᠬᠤ ᠳᠠᠭᠠᠨ᠄ ᠡᠯ᠎ᠡ ᠱᠠᠳᠤᠨ ᠤ ᠡᠯ᠎ᠡ ᠰᠠᠯᠠᠭ᠎ᠠ ᠮᠦᠴᠢᠷ ᠤᠨ ᠨᠠᠮ ᠤᠨ | ᠭᠡᠰᠢᠭᠦᠨ ᠤᠳᠤᠷᠢᠳᠬᠤ ᠺᠠᠳ᠋ᠷᠴᠤᠳ ᠡᠷᠬᠡᠪᠰᠢ ᠲᠤᠯᠤᠭᠠᠶᠢᠯᠠᠭᠴᠢ ᠦᠢᠯᠡᠳᠦᠯ ᠦᠵᠡᠬᠦᠯᠦᠨ ᠰᠢ ᠶᠢᠨ ᠫᠢᠩ | ᠶᠡᠷᠤᠩᠭᠡᠢ ᠱᠦᠵᠢ ᠶᠢᠨ ᠲᠤᠭ᠎ᠠ ᠪᠦᠷᠢᠳᠭᠡᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ᠂ | ᠲᠦᠪ ᠤᠨ ︽ᠰᠠᠨᠠᠯ ︾᠂ ︽ᠠᠷᠭ᠎ᠠ ᠬᠡᠮᠵᠢᠶ᠎ᠡ︾ ︽ᠲᠤᠭᠳᠠᠭᠠᠯ︾ ᠵᠢᠴᠢ ᠲᠤᠭ᠎ᠠ ᠪᠦᠷᠢᠳᠭᠡᠯ ᠤᠨ ᠬᠠᠤᠯᠢ | ᠴᠠᠭᠠᠵᠠ ᠬᠠᠤᠯᠢ ᠲᠤᠭᠳᠠᠭᠠᠯ ᠶᠢ ᠭᠦᠵᠡᠭᠡᠢ ᠰᠤᠷᠤᠯᠴᠠᠵᠤ᠂ ᠮᠠᠲ᠋ᠧᠷᠢᠶᠠᠯ ᠤᠨ ᠵᠤᠷᠢᠭ ᠰᠠᠨᠠᠭ᠎ᠠ ᠶᠢ ᠦᠨᠡᠨᠬᠦ | ᠪᠤᠳᠠᠳᠠᠢ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠠᠢ᠃ ᠡᠷᠬᠡᠪᠰᠢ ︽ᠲᠦᠷᠪᠡᠨ ᠤᠬᠠᠮᠰᠠᠷ︾ ᠢᠶᠠᠨ | ᠪᠠᠳᠤᠳᠬᠠᠵᠤ᠂ ︽ᠲᠦᠷᠪᠡᠨ ᠢᠳᠡᠭᠡᠯ︾ ᠢᠶᠠᠨ ᠪᠠᠷᠢᠮᠳᠠᠯᠠᠨ᠂ ︽ᠬᠤᠶᠠᠷ ᠢ ᠬᠠᠮᠠᠭᠠᠯᠠᠬᠤ︾ ᠶᠢ ᠰᠠᠶᠢᠳᠤᠷ ᠬᠢᠬᠦ | ᠦᠨᠳᠤᠷᠴᠡ ᠳᠤ ᠵᠤᠭᠰᠤᠵᠤ᠂ ᠲᠤᠭ᠎ᠠ ᠪᠦᠷᠢᠳᠭᠡᠯ ᠤᠨ ᠬᠤᠳᠠᠯ ᠬᠠᠭᠤᠷᠮᠠᠭ ᠢ ᠰᠡᠷᠭᠡᠶᠢᠯᠡᠨ ᠰᠢᠢᠳᠪᠤᠷᠢᠯᠡᠬᠦ᠂ | ᠲᠤᠭ᠎ᠠ ᠪᠦᠷᠢᠳᠭᠡᠯ ᠤᠨ ᠲᠤᠭ᠎ᠠ ᠪᠠᠷᠢᠮᠳᠠ ᠶᠢᠨ ᠦᠨᠡᠨ ᠪᠤᠳᠠᠳᠤ ᠴᠢᠨᠠᠷ ᠢ ᠲᠡᠭᠡᠭᠰᠢᠯᠡᠬᠦᠯᠬᠦ ᠶᠢ ᠤᠳᠤᠬᠢ ᠲᠤᠭ᠎ᠠ | ᠪᠦᠷᠢᠳᠬᠡᠯ ᠤᠨ ᠰᠠᠯᠠᠭ᠎ᠠ ᠮᠦᠴᠢᠷ ᠤᠨ ᠤᠯᠤᠰ ᠲᠦᠷᠦ ᠶᠢᠨ ᠡᠭᠦᠷᠭᠡᠯᠡᠯ ᠢᠶᠠᠨ ᠪᠤᠯᠭᠠᠨ ᠠᠳᠬᠤᠬᠤ ᠬᠡᠷᠡᠭᠲᠠᠢ᠃ | ᠮᠦᠨᠴᠤ ᠲᠤᠭ᠎ᠠ ᠪᠦᠷᠢᠳᠭᠡᠯ ᠤᠨ ᠬᠠᠤᠯᠢ ᠪᠠᠷ ᠲᠤᠭᠳᠠᠭᠠᠭᠰᠠᠨ ᠲᠤᠰᠢᠶᠠᠯ ᠬᠠᠷᠢᠭᠤᠴᠠᠯᠭ᠎ᠠ ᠶᠢ ᠭᠦᠢᠴᠡᠳᠬᠡᠬᠦ᠂ | ᠲᠤᠭ᠎ᠠ ᠪᠦᠷᠢᠳᠭᠡᠯ ᠤᠨ ᠰᠠᠬᠢᠯᠭ᠎ᠠ ᠪᠠᠳᠤ ᠬᠠᠤᠢ ᠴᠠᠭᠠᠵᠠ ᠶᠢ ᠵᠦᠷᠢᠴᠡᠭᠰᠡᠨ ᠦᠵᠡᠭᠳᠡᠯ ᠢ ᠵᠠᠰᠠᠬᠤ᠂ ᠲᠤᠭ᠎ᠠ | ᠪᠦᠷᠢᠳᠭᠡᠯ ᠤᠨ ᠲᠤᠭ᠎ᠠ ᠪᠠᠷᠢᠮᠳᠠ ᠶᠢᠨ ᠶᠠᠰᠤ ᠴᠢᠨᠠᠷ ᠢ ᠲᠡᠭᠡᠭᠰᠢᠯᠡᠬᠦᠯᠬᠦ ᠲᠡᠭᠡᠷ᠎ᠡ ᠠᠩᠬᠠᠷᠤᠯ ᠢᠶᠠᠨ ᠲᠦᠪᠯᠡᠷᠡᠬᠦᠯᠵᠤ | ᠂ ᠲᠦᠪ ᠭᠤᠤᠯᠴᠢ ᠬᠠᠤᠯᠢ ᠶᠤᠰᠤᠭᠠᠷ ᠲᠤᠭ᠎ᠠ ᠪᠦᠷᠢᠳᠭᠡᠯ ᠤᠨ ᠬᠠᠤᠯᠢ ᠬᠡᠷᠡᠭᠵᠢᠬᠦᠯᠬᠦ ᠶᠢ ᠦᠷᠨᠢᠬᠦᠯᠬᠦ ᠪᠠᠷ ᠪᠠᠷᠠᠬᠤ | ᠦᠭᠡᠢ ᠪᠠᠰᠠ ᠤᠯᠤᠰ ᠲᠦᠷᠦ ᠶᠢᠨ ᠵᠤᠭᠰᠤᠴᠠ ᠪᠠᠨ ᠲᠡᠭᠡᠭᠰᠢᠯᠡᠬᠦᠯᠵᠤ᠂ ᠲᠤᠭ᠎ᠠ ᠪᠦᠷᠢᠳᠭᠡᠯ ᠤᠨ ᠱᠠᠯᠠᠪᠳᠠᠭᠤᠯᠤᠨ | ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠵᠠᠯᠠᠷᠠᠭᠤᠯᠬᠤ ᠠᠵᠢᠯ ᠢ ᠦᠨᠡᠨᠬᠦ ᠰᠠᠶᠢᠳᠤᠷ ᠠᠳᠬᠤᠬᠤ | ᠬᠡᠷᠡᠭᠲᠠᠢ ᠭᠡᠪᠡ᠃ | ᠬᠤᠷᠠᠯ ᠳᠤ ᠪᠠᠰᠠ᠂ ᠰᠢ ᠶᠢᠨ ᠫᠢᠩ ᠶᠡᠷᠤᠩᠭᠡᠢ ᠱᠦᠵᠢ ᠶᠢᠨ ᠲᠤᠭ᠎ᠠ ᠪᠦᠷᠢᠳᠭᠡᠯ ᠤᠨ ᠠᠵᠢᠯ ᠤᠨ ᠲᠤᠬᠠᠢ | ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠪᠤᠯᠤᠨ ᠲᠤᠭ᠎ᠠ ᠪᠦᠷᠢᠳᠭᠡᠯ ᠤᠨ ᠠᠵᠢᠯ ᠤᠨ ︽ᠰᠠᠨᠠᠯ ︾᠂ ︽ᠠᠷᠭ᠎ᠠ | ᠬᠡᠮᠵᠢᠶ᠎ᠡ︾᠂ ︽ᠲᠤᠭᠳᠠᠭᠠᠯ︾ ᠵᠡᠷᠭᠡ ᠮᠠᠲ᠋ᠧᠷᠢᠶᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠬᠤ ᠶᠢᠨ | ᠬᠠᠮᠳᠤ ᠲᠤᠭ᠎ᠠ ᠪᠦᠷᠢᠳᠭᠡᠯ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠳᠡ ᠶᠢ ᠬᠦᠯᠢᠶᠡᠨ ᠰᠤᠨᠤᠰᠴᠤ᠂ ︽ | ᠡᠵᠡᠨ᠎ᠡ ᠬᠤᠰᠢᠭᠤᠨ ᠤ ᠲᠤᠭ᠎ᠠ ᠪᠦᠷᠢᠳᠭᠡᠯ ᠤᠨ ᠬᠤᠳᠠᠯ ᠬᠠᠭᠤᠷᠮᠠᠭ ᠢᠶᠠᠷ ᠦᠢᠯᠡᠳᠬᠦ ᠶᠢ ᠰᠡᠷᠭᠡᠶᠢᠯᠡᠨ | ᠰᠢᠢᠳᠪᠤᠷᠢᠯᠡᠬᠦ ᠬᠠᠷᠢᠭᠤᠴᠠᠯᠭ᠎ᠠ ᠶᠢᠨ ᠲᠦᠷᠢᠮ︾᠂ ︽ ᠡᠵᠡᠨ᠎ᠡ ᠬᠤᠰᠢᠭᠤᠨ ᠤ ᠤᠯᠤᠰ ᠤᠨ ᠲᠤᠭ᠎ᠠ ᠪᠦᠷᠢᠳᠭᠡᠯ | ᠤᠨ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠵᠠᠯᠠᠷᠠᠭᠤᠯᠬᠤ ᠲᠦᠰᠦᠯ ᠢ | ᠲᠤᠤᠱᠯᠠᠭᠤᠯᠤᠨ ᠨᠠᠶᠢᠳᠠᠪᠤᠷᠢᠵᠢᠭᠤᠯᠬᠤ︾᠂ ︽ᠡᠵᠡᠨ᠎ᠡ ᠬᠤᠰᠢᠭᠤᠨ ᠤ ᠲᠤᠭ᠎ᠠ ᠪᠦᠷᠢᠳᠭᠡᠯ ᠤᠨ ᠰᠤᠷᠤᠯᠴᠠᠯᠭ᠎ᠠ | ᠶᠢᠨ ᠬᠠᠮᠢᠶ᠎ᠠ ᠪᠦᠬᠦᠢ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠵᠠᠯᠠᠷᠠᠭᠤᠯᠬᠤ ᠲᠦᠰᠦᠯ ︾ ᠶᠢ ᠬᠢᠨᠠᠨ | ᠪᠠᠳᠤᠯᠠᠪᠠ᠃ | |