ᠤᠯᠤᠰ ᠤᠨ ᠪᠤᠭᠤᠮᠳᠠ ᠶᠢᠨ ᠬᠠᠮᠢᠶᠠᠷᠤᠯᠳᠠ ᠶᠢᠨ ᠠᠯᠪᠠᠨ ᠭᠡᠷ ᠤᠨ ᠲᠡᠳ᠋ ᠡᠷᠬᠢᠯᠡᠭᠴᠢ ᠳ᠋ᠠᠩ ᠶᠢᠩ ᠵᠢᠶᠧ ᠴᠡᠭᠡ ᠪᠤᠭᠤᠮᠳᠠ ᠳᠤ ᠬᠦᠷᠴᠤ  ᠪᠠᠶᠢᠴᠠᠭᠠᠨ ᠰᠤᠳᠤᠯᠤᠯᠳᠠ ᠬᠢᠭᠰᠡᠨ
ᠨᠡᠶᠢᠲᠡᠯᠡᠭᠰᠡᠨ ᠴᠠᠭ᠄
2021/5/24
   5 ᠰᠠᠷ᠎ᠠ ᠶᠢᠨ 20᠎ ᠤ ᠡᠳᠤᠷ᠂ ᠤᠯᠤᠰ ᠤᠨ ᠪᠤᠭᠤᠮᠳᠠ ᠶᠢᠨ ᠬᠠᠮᠢᠶᠠᠷᠤᠯᠳᠠ ᠶᠢᠨ  ᠠᠯᠪᠠᠨ ᠭᠡᠷ ᠤᠨ ᠲᠡᠳ᠋ ᠡᠷᠬᠢᠯᠡᠭᠴᠢ᠂ ᠨᠢᠭᠡᠳᠦᠭᠡᠷ ᠲᠡᠰ ᠤᠨ ᠲᠤᠭᠤᠷᠢᠨ ᠪᠠᠶᠢᠴᠠᠭᠠᠯᠳᠠ ᠶᠢᠨ ᠭᠡᠰᠢᠭᠦᠨ ᠳ᠋ᠠᠩ ᠶᠢᠩ ᠵᠢᠶᠧ ᠨᠠᠷ ᠴᠡᠭᠡ ᠪᠤᠭᠤᠮᠳᠠ ᠶᠢᠨ ᠠᠵᠤ ᠠᠬᠤᠢ ᠶᠢᠨ  ᠨᠡᠭᠡᠭᠡᠯᠳᠡ ᠶᠢᠨ ᠤᠷᠤᠨ ᠢᠶᠠᠷ ᠭᠦᠨᠵᠡᠭᠡᠶᠢᠷᠡᠵᠤ ᠪᠠᠶᠢᠴᠠᠭᠠᠨ ᠰᠤᠳᠤᠯᠤᠯᠳᠠ ᠬᠢᠪᠡ᠃ ᠦᠪᠡᠷᠳᠡᠭᠡᠨ ᠵᠠᠰᠠᠬᠤ ᠤᠷᠤᠨ ᠤ ᠪᠤᠭᠤᠮᠳᠠ ᠶᠢᠨ ᠬᠠᠮᠢᠶᠠᠷᠤᠯᠳᠠ ᠶᠢᠨ ᠠᠯᠪᠠᠨ ᠭᠡᠷ ᠤᠨ ᠡᠷᠬᠢᠯᠡᠭᠴᠢ ᠰᠡᠴᠢᠨ᠂ ᠵᠠᠬᠢᠷᠭ᠎ᠠ ᠶᠢᠨ  ᠠᠶᠢᠮᠠᠭ ᠤᠨ ᠲᠡᠳ᠋ ᠲᠠᠷᠤᠭ᠎ᠠ ᠰᠡᠴᠢᠨ᠂ ᠴᠡᠭᠡ ᠪᠤᠭᠤᠮᠳᠠ ᠶᠢᠨ ᠠᠵᠤ ᠠᠬᠤᠢ ᠶᠢᠨ ᠨᠡᠭᠡᠭᠡᠯᠳᠡ ᠶᠢᠨ ᠤᠷᠤᠨ ᠤ ᠨᠠᠮ ᠤᠨ ᠠᠵᠢᠯ ᠤᠨ ᠬᠤᠷᠢᠶᠠᠨ ᠤ ᠱᠦᠵᠢ᠂  ᠬᠠᠮᠢᠶᠠᠷᠤᠯᠳᠠ ᠶᠢᠨ ᠵᠦᠪᠯᠡᠯ ᠤᠨ  ᠡᠷᠬᠢᠯᠡᠭᠴᠢ ᠮᠦᠷᠡᠨ᠂ ᠬᠤᠰᠢᠭᠤᠨ ᠤ ᠲᠡᠳ᠋ ᠲᠠᠷᠤᠭ᠎ᠠ ᠪᠤᠯᠤᠳ ᠪᠠᠷ᠎ᠠ ᠪᠤᠯᠤᠨ ᠪᠠᠶᠢᠴᠠᠭᠠᠨ ᠰᠤᠳᠤᠯᠤᠯᠳᠠ ᠬᠢᠵᠡᠢ᠃     ᠳ᠋ᠠᠩ ᠶᠢᠩ  ᠵᠢᠶᠧ ᠨᠠᠷ ᠬᠠᠮᠳᠤᠷᠠᠨ ᠪᠠᠶᠢᠴᠠᠭᠠᠯᠳᠠ ᠶᠢᠨ ᠲᠤᠮᠤ ᠠᠰᠠᠷ᠂ ᠠᠮᠢ ᠠᠬᠤᠢ ᠶᠢᠨ ᠪᠤᠬᠢᠷᠳᠦᠯ ᠦᠭᠡᠢ ᠴᠢᠨᠠᠷ ᠰᠠᠶᠢᠲᠠᠢ  ᠬᠦᠭᠵᠢᠯᠳᠡ ᠶᠢᠨ ᠦᠵᠡᠭᠦᠯᠦᠯᠭᠡ ᠶᠢᠨ ᠲᠢᠩᠬᠢᠮ᠂ ︽ᠪᠢᠲᠡᠭᠦᠤ ᠬᠠᠮᠢᠶᠠᠷᠤᠯᠲᠠ︾᠎ ᠶᠢᠨ ᠪᠠᠷᠠᠭ᠎ᠠ ᠲᠡᠭᠡᠭᠡᠪᠦᠷᠢ ᠶᠢᠨ ᠵᠠᠮ᠂ ᠲᠤᠮᠤ ᠳ᠋ᠡᠶᠢᠲ᠋ᠠ ᠶᠢᠨ ᠲᠦᠪ ᠵᠡᠷᠭᠡ ᠭᠠᠵᠠᠷ ᠤᠳ ᠢᠶᠠᠷ ᠪᠠᠶᠢᠴᠠᠭᠠᠨ ᠰᠤᠳᠤᠯᠤᠯᠲᠠ ᠬᠢᠬᠦ ᠎ ᠶᠢᠨ ᠬᠠᠮᠲᠤ ᠰᠠᠭᠤᠳᠠᠯ ᠤᠨ ᠬᠤᠷᠠᠯ ᠬᠤᠷᠠᠯᠳᠤᠪᠠ᠃      ᠬᠤᠷᠠᠯ ᠳᠤ᠂  ᠰᠡᠴᠡᠨ᠂ ᠮᠦᠷᠡᠨ ᠵᠢᠴᠢ ᠪᠤᠭᠤᠮᠲᠠ᠂ ᠬᠢᠯᠢ ᠶᠢᠨ ᠪᠠᠶᠢᠴᠠᠭᠠᠯᠲᠠ ᠶᠢᠨ ᠭᠤᠤᠯ ᠬᠠᠷᠢᠭᠤᠴᠠᠯᠭᠠᠲᠠᠨ᠂ ᠪᠠᠶᠢᠴᠠᠭᠠᠨ ᠰᠤᠳᠤᠯᠬᠤ ᠳᠤᠭᠤᠶᠢᠯᠠᠩ ᠳᠤ ᠠᠯᠠᠱᠠ ᠠᠶᠢᠮᠠᠭ᠂ ᠴᠡᠭᠡ ᠪᠤᠭᠤᠮᠲᠠ ᠶᠢᠨ ᠤᠶᠢᠷ᠎ᠠ ᠎ ᠶᠢᠨ ᠵᠢᠯ ᠤᠨ ᠬᠦᠭᠵᠢᠯᠲᠡ ᠶᠢᠨ ᠪᠠᠶᠢᠳᠠᠯ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠪᠤᠭᠤᠮᠲᠠ ᠪᠠᠷ ᠦᠩᠭᠡᠷᠡᠭᠦᠯᠬᠦ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠶᠢᠨ ᠠᠵᠢᠯ ᠳᠤ ᠨᠠᠷᠢᠨ ᠮᠡᠳᠡᠬᠦᠯᠦᠯᠲᠡ ᠬᠢᠬᠦ ᠶᠢᠨ ᠬᠠᠮᠲᠤ ᠪᠤᠭᠤᠮᠲᠠ ᠶᠢᠨ ᠬᠦᠭᠵᠢᠯᠲᠡ ᠶᠢ ᠲᠦᠯᠬᠢᠨ ᠠᠬᠢᠭᠤᠯᠬᠤ ᠲᠤᠬᠠᠢ ᠰᠠᠨᠠᠯ ᠢᠶᠠᠨ ᠰᠤᠯᠢᠯᠴᠠᠨ ᠶᠠᠷᠢᠯᠴᠠᠯᠭ᠎ᠠ  ᠦᠷᠨᠢᠬᠦᠯᠪᠡ᠃  ᠳ᠋ᠠᠩ ᠶᠢᠩ  ᠵᠢᠶᠧ᠂ ᠴᠡᠭᠡ ᠪᠤᠭᠤᠮᠲᠠ ᠶᠢᠨ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠪᠤᠭᠤᠮᠲᠠ ᠶᠢᠨ ᠪᠦᠲᠦᠭᠡᠨ ᠪᠠᠶᠢᠭᠤᠯᠤᠯᠲᠠ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠯ᠎ᠠ ᠪᠠᠷ ᠤᠯᠤᠭᠰᠠᠨ ᠠᠮᠵᠢᠯᠲᠠ ᠪᠦᠲᠦᠮᠵᠢ ᠳᠤ ᠭᠦᠢᠴᠡᠳ ᠨᠤᠲᠠᠯᠠᠯᠲᠠ ᠦᠭᠬᠦ ᠶᠢᠨ ᠬᠠᠮᠲᠤ᠂   ᠲᠤᠷᠠᠳᠤᠨ ᠭᠠᠷᠭᠠᠭᠰᠠᠨ ᠬᠢᠯᠢ ᠠᠯᠤᠰᠯᠠᠭᠰᠠᠨ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ  ᠂ ᠭᠠᠳᠠᠭᠠᠳᠤ ᠠᠴᠠ ᠤᠷᠤᠭᠤᠯᠬᠤ ᠮᠤᠩᠭᠤᠯ ᠤᠯᠤᠰ ᠤᠨ ᠮᠢᠬᠠᠨ ᠤ ᠲᠦᠷᠦᠯ ᠵᠢᠴᠢ  ᠭᠠᠳᠠᠭᠠᠳᠤ ᠲᠠᠢ ᠴᠢᠯᠦᠭᠡᠲᠠᠢ ᠶᠠᠪᠤᠯᠴᠠᠬᠤ ᠶᠢ ᠦᠷᠭᠡᠳᠭᠡᠬᠦ ᠵᠡᠷᠭᠡ ᠲᠠᠯ᠎ᠠ ᠶᠢᠨ ᠰᠠᠨᠠᠯ  ᠰᠠᠨᠠᠭᠤᠯᠭ᠎ᠠ ᠳᠤ  ᠴᠢᠭᠯᠡᠬᠦᠯᠵᠤ᠂ ᠬᠠᠮᠢᠶ᠎ᠠ ᠪᠦᠬᠦᠢ ᠰᠠᠯᠠᠭ᠎ᠠ ᠮᠦᠴᠢᠷ ᠲᠤ ᠢᠲᠡᠪᠬᠢᠲᠡᠢ ᠪᠠᠷ ᠲᠤᠰᠬᠠᠨ᠂  ᠪᠤᠳᠠᠳᠠᠢ ᠠᠵᠢᠯ ᠤᠨ ᠨᠠᠶᠢᠳᠠᠪᠤᠷᠢᠵᠢᠭᠤᠯᠤᠯᠲᠠ ᠶᠢ ᠲᠦᠯᠬᠢᠨ  ᠠᠬᠢᠭᠤᠯᠬᠤ ᠬᠡᠷᠡᠭᠲᠠᠢ ᠭᠡᠮᠡᠨ ᠢᠯᠡᠷᠬᠡᠶᠢᠯᠡᠪᠡ᠃  ᠳ᠋ᠠᠩ ᠶᠢᠩ ᠵᠢᠶᠧ ᠱᠠᠭᠠᠷᠳᠠᠬᠤ ᠳᠠᠭᠠᠨ᠂  ᠴᠡᠭᠡ  ᠪᠤᠭᠤᠮᠳᠠ ᠶᠢᠨ ᠠᠵᠤ ᠠᠬᠤᠢ ᠶᠢᠨ ᠨᠡᠭᠡᠭᠡᠯᠲᠡ ᠶᠢᠨ ᠤᠷᠤᠨ ᠨᠢ ᠡᠷᠬᠡᠪᠰᠢ ᠶᠡᠷᠦᠩᠬᠡᠢ ᠰᠠᠶᠢᠳ ᠯᠢ ᠺᠧ ᠴᠢᠶᠠᠩ ᠤᠨ ᠳᠤᠷᠠᠳᠤᠨ ᠭᠠᠷᠭᠠᠭᠰᠠᠨ ᠬᠢᠵᠢᠭ ᠎ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠬᠢᠯᠢ ᠶᠢᠨ ᠪᠤᠭᠤᠮᠲᠠ ᠶᠢᠨ ᠪᠡᠷᠠᠭ᠎ᠠ ᠦᠩᠭᠡᠷᠭᠡᠬᠦ ᠬᠡᠮᠵᠢᠶ᠎ᠡ ᠎ ᠶᠢ ᠲᠦᠷᠭᠡᠨ ᠰᠡᠷᠭᠦᠭᠡᠬᠦ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠭᠠᠳᠠᠭᠠᠳᠤ ᠠᠴᠠ ᠤᠷᠤᠭᠤᠯᠬᠤ ᠨᠡᠭᠦᠷᠡᠰᠦᠨ ᠤ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠦᠨ᠂ ᠤᠳᠤᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ  ᠪᠠᠶᠢᠳᠠᠯ ᠢ ᠲᠤᠳᠤᠷᠬᠠᠢ ᠲᠠᠨᠢᠵᠤ᠂  ᠮᠡᠳᠡᠭᠡ ᠵᠠᠩᠭᠢ ᠶᠢᠨ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠦᠨ᠂ ᠡᠯ᠎ᠡ ᠶᠠᠪᠤᠴᠠ ᠶᠢᠨ ᠪᠦᠲᠦᠮᠵᠢᠲᠡᠢ ᠤᠶᠠᠯᠳᠤᠬᠤ ᠶᠢ ᠭᠦᠢᠴᠡᠳ ᠪᠠᠲᠤᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠠᠷᠢᠨ ᠬᠢᠨᠠᠮᠠᠭᠠᠢ ᠴᠢᠩᠭ᠎ᠠ  ᠠᠳᠬᠤᠨ᠂  ᠵᠤᠯᠭᠠᠯᠴᠠᠭᠤᠯᠬᠤ ᠬᠦᠴᠦᠯᠡᠴᠡ ᠪᠠᠨ ᠶᠡᠬᠡᠰᠬᠡᠵᠤ᠂  ᠬᠢᠯᠢ ᠠᠯᠤᠰᠯᠠᠭᠰᠠᠨ ᠲᠡᠮᠦᠷ ᠵᠠᠮ ᠤᠨ ᠪᠦᠲᠦᠭᠡᠨ ᠪᠠᠶᠢᠭᠤᠯᠤᠯᠲᠠ᠂ ᠮᠤᠩᠭᠤᠯ ᠤᠯᠤᠰ ᠤᠨ ᠮᠢᠬᠠᠨ ᠤ ᠲᠦᠷᠦᠯ ᠢ ᠤᠷᠤᠭᠤᠯᠬᠤ ᠬᠠᠮᠢᠶ᠎ᠠ ᠪᠦᠬᠦᠢ ᠠᠵᠢᠯ ᠢ ᠪᠦᠬᠦ ᠬᠦᠴᠦᠨ ᠢᠶᠠᠷ   ᠠᠬᠢᠭᠤᠯᠤᠨ᠂ ᠨᠡᠩ ᠦᠨᠳᠦᠷ ᠲᠦᠪᠰᠢᠨ ᠪᠦᠬᠦᠢ ᠨᠡᠭᠡᠭᠡᠯᠳᠤ ᠬᠡᠯᠪᠡᠷᠢ ᠶᠢᠨ ᠠᠵᠤ ᠠᠬᠤᠢ ᠶᠢ ᠬᠦᠴᠦᠯᠡᠨ  ᠪᠠᠶᠢᠭᠤᠯᠬᠤ ᠬᠡᠷᠡᠭᠲᠡᠢ ᠭᠡᠪᠡ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号