ᠮᠠᠨ ᠤ ᠬᠤᠰᠢᠭᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠶ᠎ᠠ︾ ᠵᠢᠴᠢ ᠪᠥᠬᠦ ᠬᠤᠰᠢᠭᠤᠨ ᠤ ᠮᠣᠩᠭᠤᠯ ᠬᠡᠯᠡᠨ ᠤ ᠣᠷᠴᠢᠭᠤᠯᠤᠭᠴᠢ ᠶᠢᠨ ᠪᠣᠯᠪᠠᠰᠤᠷᠠᠯ ᠤᠨ ᠠᠩᠭᠢ ᠶᠢ ᠡᠷᠭᠢᠯᠡᠪᠡ
ᠨᠡᠶᠢᠲᠡᠯᠡᠭᠰᠡᠨ ᠴᠠᠭ᠄
2021/7/15
     ᠰᠢ ᠶᠢᠨ ᠫᠢᠩ ᠶᠡᠷᠦᠩᠬᠡᠶ ᠱᠦᠵᠢ ᠶᠢᠨ ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠪᠣᠯᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠤᠨ᠂ ᠦᠨᠳᠦᠰᠦᠲᠡᠨ ᠤ ᠬᠡᠯᠡᠨ ᠤ ᠣᠷᠴᠢᠭᠤᠯᠭ᠎ᠠ ᠶᠢᠨ ᠠᠵᠢᠯ ᠢ ᠰᠠᠶᠢᠲᠤᠷ ᠬᠢᠵᠦ᠂ ᠣᠷᠴᠢᠭᠤᠯᠭ᠎ᠠ ᠶᠢᠨ ᠠᠵᠢᠯᠲᠠᠳ ᠤᠨ ᠤᠨᠤᠯ ᠤᠨ ᠮᠡᠳᠡᠯᠭᠡ ᠪᠠ ᠲᠤᠬᠠᠶᠢᠯᠠᠭᠰᠠᠨ ᠠᠵᠢᠯ ᠤᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠣᠰᠠᠳᠠ᠂ 7 ᠰᠠᠷ᠎ᠠ ᠶᠢᠨ 12᠎ ᠤ ᠡᠳᠦᠷ ᠮᠠᠨ ᠤ ᠬᠤᠰᠢᠭᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠶ᠎ᠠ︾ ᠵᠢᠴᠢ ᠪᠥᠬᠦ ᠬᠤᠰᠢᠭᠤᠨ ᠤ ᠮᠣᠩᠭᠤᠯ ᠬᠡᠯᠡᠨ ᠤ ᠣᠷᠴᠢᠭᠤᠯᠤᠭᠴᠢ ᠶᠢᠨ ᠪᠣᠯᠪᠠᠰᠤᠷᠠᠯ ᠤᠨ ᠠᠩᠭᠢ ᠶᠢ ᠡᠷᠭᠢᠯᠡᠪᠡ᠃      ᠲᠤᠰ ᠣᠳᠠᠭᠠᠨ ᠤ ᠪᠣᠯᠪᠠᠰᠤᠷᠠᠯ ᠳᠤ ᠬᠥᠬᠡᠬᠤᠲᠠ ᠶᠢᠨ ᠦᠨᠳᠦᠰᠦᠲᠡᠨ ᠤ ᠳᠡᠭᠡᠳᠦ ᠰᠤᠷᠭᠠᠭᠤᠯᠢ ᠶᠢᠨ ᠮᠣᠩᠭᠤᠯ ᠰᠤᠳᠤᠯᠤᠯ ᠤᠨ ᠳᠡᠭᠡᠳᠦ ᠰᠤᠷᠭᠠᠭᠤᠯᠢ ᠶᠢᠨ ᠳᠡᠳ᠋ ᠵᠠᠬᠢᠷᠤᠯ ᠡᠷᠳᠡᠮᠲᠦ ᠫᠷᠦᠹᠧᠰᠰᠦᠷ ᠢ ᠤᠷᠢᠵᠤ᠂ ᠪᠥᠬᠦ ᠬᠤᠰᠢᠭᠤᠨ ᠤ 50 ᠰᠢᠬᠠᠮ ᠬᠤᠤᠰ  ᠬᠡᠯᠡᠨ ᠤ  ᠺᠠᠳ᠋ᠷ ᠲᠤ ᠲᠤᠰᠬᠠᠶ ᠰᠡᠳᠦᠪᠲᠦ ᠪᠣᠯᠪᠠᠰᠤᠷᠠᠯ ᠤᠨ ᠭᠢᠴᠢᠶᠠᠯ ᠤᠷᠤᠪᠠ᠃ ᠬᠤᠷᠠᠯ ᠳᠤ ᠤᠷᠤᠯᠴᠠᠭᠰᠠᠳ ᠠᠴᠠ᠂ ᠡᠨᠡ ᠤᠳᠠᠭᠠᠨ ᠤ ᠪᠣᠯᠪᠠᠰᠤᠷᠠᠯ ᠤᠨ ᠠᠩᠭᠢ ᠨᠢ ᠠᠯᠪᠠᠨ ᠪᠠᠶᠢᠭᠤᠯᠭ᠎ᠠ ᠶᠢᠨ ᠣᠷᠴᠢᠭᠤᠯᠭ᠎ᠠ ᠶᠢᠨ ᠠᠵᠢᠯ ᠪᠠᠶᠢᠭ᠎ᠠ ᠬᠦᠮᠦᠰ ᠲᠤ ᠨᠠᠷᠢᠨ ᠲᠣᠳᠣ ᠵᠢᠭᠠᠨ ᠰᠤᠷᠭᠠᠯᠲᠠ ᠪᠤᠯᠤᠭᠰᠠᠨ ᠶᠤᠮ᠃ ᠬᠤᠶᠢᠰᠢᠳᠠ ᠪᠢᠳᠡ ᠣᠷᠴᠢᠭᠤᠯᠭ᠎ᠠ ᠶᠢᠨ ᠲᠠᠯ᠎ᠠ ᠪᠠᠷ ᠨᠡᠩ ᠠᠩᠬᠠᠷᠴᠤ᠂ ᠨᠡᠩ ᠣᠨᠣᠪᠴᠢᠲᠠᠢ ᠣᠷᠴᠢᠭᠤᠯᠬᠤ ᠪᠠᠷ ᠴᠢᠷᠮᠠᠶᠢᠨ᠎ᠠ ᠬᠡᠵᠦ ᠶᠠᠷᠢᠵᠤ ᠪᠠᠶᠢᠯ᠎ᠠ᠃      ᠲᠣᠰ ᠤᠳᠠᠭᠠᠨ ᠤ ᠪᠣᠯᠪᠠᠰᠤᠷᠠᠯ ᠨᠢ ᠮᠠᠨ ᠤ ᠬᠤᠰᠢᠭᠤᠨ ᠤ ᠥᠷᠭᠡᠨ ᠣᠯᠠᠨ ᠺᠠᠳ᠋ᠷ ᠠᠵᠢᠯᠳᠠᠨ ᠳᠤ ᠮᠣᠩᠭᠤᠯ ᠬᠡᠯᠡ ᠪᠢᠴᠢᠭ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠠᠵᠢᠯ ᠢ ᠴᠢᠩᠭᠠᠳᠬᠠᠬᠤ ᠶᠢᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠭᠦᠢᠴᠡᠳ ᠲᠠᠨᠢᠭᠤᠯᠤᠨ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠪᠠ ᠮᠣᠩᠭᠤᠯ ᠬᠡᠯᠡ ᠪᠢᠴᠢᠭ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠤᠯᠠᠮ ᠨᠢᠭᠡ ᠠᠯᠬᠤᠮ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠬᠤᠰᠢᠭᠤᠨ ᠤ ᠮᠣᠩᠭᠤᠯ ᠦᠭᠡ ᠬᠡᠯᠡ ᠥᠰᠥᠭ ᠪᠢᠴᠢᠭ ᠤᠨ ᠳᠦᠷᠢᠮᠵᠢᠭᠦᠨ ᠬᠡᠷᠡᠭᠯᠡᠯᠲᠡ ᠶᠢ ᠳᠥᠯᠭᠢᠨ ᠠᠬᠢᠭᠤᠯᠤᠨ᠂ ᠪᠥᠬᠦ ᠬᠤᠰᠢᠭᠤᠨ ᠤ ᠮᠣᠩᠭᠤᠯ ᠦᠭᠡ ᠬᠡᠯᠡ ᠥᠰᠥᠭ ᠪᠢᠴᠢᠭ ᠤᠨ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠬᠦ ᠳᠤ ᠢᠳᠡᠪᠬᠢᠲᠡᠶ ᠦᠢᠯᠡᠳᠦᠯ ᠦᠵᠡᠭᠦᠯᠪᠡ᠃

 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号