ᠡᠳᠦᠭᠡ ᠡᠯ᠎ᠡ ᠭᠠᠵᠠᠷ ᠤᠨ ᠤᠯᠤᠰ ᠤᠨ ᠨᠢᠭᠡᠳᠦᠯᠲᠡᠶ ᠰᠢᠯᠭᠠᠯᠲᠠ ᠶᠢᠨ ᠬᠢᠷᠢ ᠪᠦᠲᠦᠮᠵᠢ ᠵᠠᠯᠭᠠᠭ᠎ᠠ ᠪᠠᠷ | ᠨᠡᠶᠢᠲᠡᠯᠡᠭᠳᠡᠵᠤ᠂ ᠤᠳᠠᠯ ᠦᠭᠡᠢ ᠡᠷᠡᠮᠡᠯᠵᠡᠯ ᠲᠠᠭᠯᠠᠵᠤ ᠡᠬᠢᠯᠡᠨ᠎ᠡ᠃ ᠭᠡᠲᠡᠯ᠎ᠡ ᠡᠷᠡᠮᠡᠯᠵᠡᠯ ᠲᠠᠭᠯᠠᠬᠤ ᠵᠦᠭᠯᠡᠭᠦᠷ ᠠᠴᠠ | ᠦᠵᠡᠪᠡᠯ ᠵᠠᠷᠢᠮ ᠲᠤᠰᠬᠠᠶ ᠮᠡᠷᠭᠡᠵᠢᠯ ᠨᠢ ᠮᠠᠰᠢ ᠲᠦᠰᠦᠭᠡᠳᠡᠢ ᠪᠠᠶᠢᠳᠠᠭ᠃ ᠵᠢᠱᠢᠶᠡᠯᠡᠪᠡᠯ᠂ ᠬᠢᠲᠠᠳ ᠬᠡᠯᠡ ᠬᠢᠭᠡᠳ | ᠬᠢᠲᠠᠳ ᠬᠡᠯᠡ ᠤᠳᠬ᠎ᠠ ᠵᠣᠬᠢᠶᠠᠯ᠂ ᠲᠣᠭᠠᠴᠢᠯᠠᠭᠰᠠᠨ ᠵᠠᠭᠤᠴᠢᠯᠠᠭᠤᠷ ᠤᠨ ᠮᠡᠷᠭᠡᠵᠢᠯ ᠬᠢᠭᠡᠳ ᠲᠣᠭᠠᠴᠢᠯᠠᠭᠰᠠᠨ | ᠵᠠᠭᠤᠴᠢᠯᠠᠭᠤᠷ ᠤᠨ ᠤᠷᠠᠯᠢᠭ ᠁ ᠬᠡᠭᠦ ᠮᠡᠳᠦ᠃ ᠡᠲᠡᠭᠡᠷ ᠲᠤᠰᠬᠠᠢ ᠮᠡᠷᠭᠡᠵᠢᠯ ᠨᠢ ᠦᠵᠡᠭᠦ ᠳᠤ ᠠᠳᠠᠯᠢᠪᠳᠤᠷ | ᠰᠢᠭ᠋ ᠪᠤᠯᠪᠠᠴᠤ ᠦᠨᠡᠨ ᠳᠡᠭᠡᠨ ᠬᠢᠴᠢᠶᠡᠯ ᠤᠨ ᠠᠭᠤᠯᠭ᠎ᠠ᠂ ᠠᠵᠢᠯ ᠤᠯᠬᠤ ᠴᠢᠭᠯᠡᠯ ᠵᠡᠷᠭᠡ ᠲᠠᠯ᠎ᠠ ᠪᠠᠷ ᠴᠦᠮ ᠠᠳᠠᠯᠢ | ᠪᠤᠰᠤ ᠪᠠᠶᠢᠳᠠᠭ᠃ ᠲᠡᠭᠡᠪᠡᠯ ᠡᠳᠡᠭᠡᠷ ᠲᠤᠰᠬᠠᠢ ᠮᠡᠷᠭᠡᠵᠢᠯ ᠨᠢ ᠬᠤᠭᠤᠷᠤᠨᠳᠤ ᠪᠠᠨ ᠴᠤᠬᠤᠮ ᠶᠠᠮᠠᠷ ᠨᠠᠷᠢᠨ | ᠢᠯᠭᠠᠭ᠎ᠠ ᠲᠠᠢ ᠪᠤᠢ︖ ᠲᠤᠤᠷᠠᠬᠢ ᠠᠭᠤᠯᠭ᠎ᠠ ᠪᠠᠷ ᠲᠠᠮᠵᠢᠨ ᠭᠦᠶ᠋ᠴᠡᠳ ᠣᠶᠢᠯᠠᠭᠠᠵᠤ᠂ ᠪᠣᠯᠭᠤᠮᠵᠢᠲᠠᠶ | ᠰᠤᠩᠭᠤᠭᠠᠷᠠᠢ︕ | ᠬᠢᠲᠠᠳ ᠬᠡᠯᠡ ᠤᠳᠬ᠎ᠠ ᠵᠤᠬᠢᠶᠠᠯ᠄ | ︵ᠤᠳᠬ᠎ᠠ ᠵᠤᠬᠢᠶᠠᠯ ᠤᠨ ᠦᠵᠡᠭᠳᠡᠯ ᠢ ᠭᠤᠤᠯᠳᠠᠭᠤ ᠵᠠᠳᠠᠯᠵᠦ᠂ ᠤᠳᠬ᠎ᠠ ᠤᠷᠠᠯᠢᠭ ᠤᠨ ᠭᠤᠸ᠎ᠠ ᠰᠠᠶᠢᠬᠠᠨ ᠤ | ᠴᠢᠳᠠᠪᠦᠷᠢ ᠶᠢ ᠬᠦᠮᠦᠵᠢᠭᠦᠯᠦᠨ᠎ᠡ︶ | ᠠᠵᠢᠯ ᠣᠯᠬᠤ ᠴᠢᠭᠯᠡᠯ᠄ ᠰᠤᠷᠪᠤᠯᠵᠢᠯᠠᠭᠴᠢ᠂ ᠰᠡᠳᠬᠦᠯ ᠤᠨ ᠨᠠᠶᠢᠷᠠᠭᠤᠯᠤᠭᠴᠢ᠂ ᠬᠡᠯᠡ ᠪᠢᠴᠢᠭ ᠤᠨ ᠪᠠᠭᠰᠢ | ᠬᠢᠲᠠᠳ ᠬᠡᠯᠡ᠄ | ︵ᠬᠢᠲᠠᠳ ᠬᠡᠯᠡᠨ ᠤ ᠬᠦᠭᠵᠢᠯᠲᠡ ᠶᠢᠨ ᠲᠡᠤᠬᠡ᠂ ᠤᠳᠤᠬᠢ ᠪᠠᠶᠢᠳᠠᠯ ᠵᠢᠴᠢ ᠬᠡᠯᠡ ᠰᠢᠨᠵᠢᠯᠡᠯ ᠤᠨ ᠤᠨᠤᠯ | ᠵᠡᠷᠭᠡ ᠶᠢ ᠭᠤᠤᠯᠳᠠᠭᠤ ᠰᠤᠳᠤᠯᠤᠨ᠎ᠠ︶ | ᠠᠵᠢᠯ ᠣᠯᠬᠤ ᠴᠢᠭᠯᠡᠯ᠄ ᠬᠡᠯᠡᠨ ᠤ ᠮᠡᠳᠡᠭᠡ ᠵᠠᠩᠬᠢ ᠰᠢᠢᠳᠪᠦᠷᠢᠯᠡᠬᠦ᠂ ᠬᠢᠲᠠᠳ ᠬᠡᠯᠡᠨ ᠤ ᠬᠡᠯᠡ ᠶᠢ ᠢᠯᠭᠠᠨ | ᠲᠠᠨᠢᠬᠤ᠂ ᠭᠠᠳᠠᠭᠠᠳᠤ ᠳᠤ ᠵᠤᠷᠢᠭᠤᠯᠤᠭᠰᠠᠨ ᠬᠢᠲᠠᠳ ᠬᠡᠯᠡᠨ ᠤ ᠵᠢᠭᠠᠨ ᠰᠤᠷᠭᠠᠯᠲᠠ | ᠺᠣᠮᠫᠢᠦ᠋ᠲ᠋ᠧᠷ ᠤᠨ ᠰᠢᠨᠵᠢᠯᠡᠬᠦ ᠤᠬᠠᠭᠠᠨ ᠬᠢᠭᠡᠳ ᠮᠡᠷᠭᠡᠵᠢᠯ᠄ | ︵ᠺᠣᠮᠫᠢᠦ᠋ᠲ᠋ᠧᠷ ᠤᠨ ᠤᠨᠤᠯ᠂ ᠵᠦᠭᠡᠯᠡᠨ ᠲᠤᠨᠤᠭ᠂ ᠬᠠᠲᠠᠭᠤ ᠲᠤᠨᠤᠭ᠂ ᠬᠡᠷᠡᠭᠯᠡᠯᠲᠡ ᠵᠡᠷᠭᠡ ᠶᠢ ᠰᠤᠷᠤᠨ᠎ᠠ︶ | ᠠᠵᠢᠯ ᠣᠯᠬᠤ ᠴᠢᠭᠯᠡᠯ᠄ ᠵᠦᠭᠡᠯᠡᠨ ᠲᠤᠨᠤᠭ ᠤᠨ ᠢᠨᠵᠧᠨᠧᠷ᠂ ᠰᠢᠰᠲ᠋ᠧᠮᠲᠦ ᠢᠨᠵᠧᠨᠧᠷ᠂ ᠪᠤᠳᠤᠬᠤ ᠠᠷᠭ᠎ᠠ ᠶᠢᠨ | ᠢᠨᠵᠧᠨᠧᠷ | ᠡᠯᠧᠺᠲᠷᠣᠨ ᠰᠢᠨᠵᠢᠯᠡᠬᠦ ᠤᠬᠠᠭᠠᠨ ᠬᠢᠭᠡᠳ ᠮᠡᠷᠭᠡᠵᠢᠯ᠄ | ︵ᠬᠤᠷᠠᠮᠠᠯ ᠴᠠᠬᠢᠯᠭᠠᠨ ᠬᠡᠯᠬᠢᠶ᠎ᠡ ᠶᠢᠨ ᠴᠠᠬᠢᠮ ᠢᠯᠲᠠᠰᠤ ᠶᠢᠨ ᠵᠢᠷᠤᠭ ᠲᠦᠯᠦᠪᠯᠡᠭᠡ ᠬᠢᠭᠡᠳ ᠰᠢᠰᠲ᠋ᠧᠮ ᠤᠨ | ᠬᠤᠷᠠᠮᠠᠯ᠂ ᠬᠠᠭᠠᠰ ᠳᠠᠮᠵᠢᠭᠤᠯᠤᠭᠴᠢ ᠲᠣᠨᠣᠭᠯᠠᠭᠠᠰᠤ ᠶᠢᠨ ᠺᠣᠮᠫᠢᠦ᠋ᠲ᠋ᠧᠷ ᠤᠨ ᠬᠡᠷᠡᠭᠯᠡᠯᠲᠡ ᠵᠡᠷᠭᠡ ᠶᠢ ᠰᠤᠳᠤᠯᠤᠨ᠎ᠠ︶ | ᠠᠵᠢᠯ ᠣᠯᠬᠤ ᠴᠢᠭᠯᠡᠯ᠄ ᠡᠯᠧᠺᠲᠷᠣᠨ ᠦᠢᠯᠡᠳᠭᠦᠨ ᠦᠢᠯᠡᠳᠭᠦ᠂ ᠬᠠᠭᠠᠰ ᠳᠠᠮᠵᠢᠭᠤᠯᠤᠭᠴᠢ ᠦᠢᠯᠡᠳᠭᠦ᠂ | ᠴᠠᠬᠢᠮ ᠢᠯᠲᠠᠰᠤ ᠶᠢ ᠵᠢᠷᠤᠵᠦ ᠲᠥᠯᠥᠪᠯᠡᠵᠦ ᠦᠢᠯᠡᠳᠬᠦ | ᠷᠠᠳᠢᠣ᠋ ᠲᠧᠯᠸᠢᠰ ᠤᠨ ᠰᠣᠨᠢᠨ ᠮᠡᠳᠡᠭᠡᠨ ᠤ ᠤᠬᠠᠭᠠᠨ᠄ | ︵ᠰᠤᠷᠪᠤᠯᠵᠢᠯᠠᠵᠤ ᠨᠠᠶᠢᠷᠠᠭᠤᠯᠬᠤ ᠵᠡᠷᠭᠡ ᠰᠣᠨᠢᠨ ᠮᠡᠳᠡᠭᠡᠨ ᠤ ᠣᠨᠣᠯ ᠤᠨ ᠬᠢᠴᠢᠶᠡᠯ ᠢ ᠭᠤᠣᠯᠳᠠᠯᠭ᠎ᠠ ᠲᠠᠢ | ᠰᠤᠷᠤᠯᠴᠠᠨ᠎ᠠ︶ | ᠠᠵᠢᠯ ᠣᠯᠬᠤ ᠴᠢᠭᠯᠡᠯ᠄ ᠲᠧᠯᠸᠢᠰ ᠰᠣᠨᠢᠨ ᠮᠡᠳᠡᠭᠡᠨ ᠤ ᠰᠤᠷᠪᠤᠯᠵᠢᠯᠠᠭᠴᠢ᠂ ᠫᠷᠦᠭᠷᠠᠮ ᠤᠨ ᠠᠭᠤᠯᠭ᠎ᠠ | ᠲᠦᠰᠦᠪᠯᠡᠭᠴᠢ᠂ ᠰᠣᠨᠢᠨ ᠮᠡᠳᠡᠭᠡᠨ ᠤ ᠨᠠᠶᠢᠷᠠᠭᠤᠯᠤᠭᠴᠢ | ᠷᠠᠳᠢᠣ᠋ ᠲᠧᠯᠸᠢᠰ ᠤᠨ ᠨᠠᠶᠢᠷᠠᠭᠤᠯᠤᠨ ᠤᠳᠤᠷᠢᠳᠤᠭᠠᠴᠢ᠄ | ︵ᠷᠠᠳᠢᠣ᠋ ᠲᠧᠯᠸᠢᠰ ᠫᠷᠦᠭᠷᠠᠮ ᠤᠨ ᠨᠠᠶᠢᠷᠠᠭᠤᠯᠤᠨ ᠤᠳᠤᠷᠢᠳᠤᠭᠠᠴᠢ ᠶᠢᠨ ᠪᠤᠳᠠᠳᠠᠢ ᠦᠢᠯᠡᠳᠦᠯᠭᠡ ᠶᠢᠨ ᠴᠢᠳᠠᠪᠤᠷᠢ | ᠵᠡᠷᠭᠡ ᠶᠢ ᠭᠤᠣᠯᠴᠢᠯᠠᠨ ᠬᠦᠮᠦᠵᠢᠭᠦᠯᠦᠨ᠎ᠡ︶ | ᠠᠵᠢᠯ ᠣᠯᠬᠤ ᠴᠢᠭᠯᠡᠯ᠄ ᠲᠧᠯᠸᠢᠰ ᠫᠷᠦᠭᠷᠠᠮ ᠤᠨ ᠨᠠᠶᠢᠷᠠᠭᠤᠯᠤᠨ ᠤᠳᠤᠷᠢᠳᠤᠭᠠᠴᠢ᠂ ᠤᠳᠤᠷᠢᠳᠤᠭᠠᠴᠢ᠂ | ᠸᠢᠳᠢᠣ᠋ ᠡᠰᠭᠡᠭᠴᠢ | ᠪᠠᠷᠢᠯᠭ᠎ᠠ ᠶᠢᠨ ᠤᠬᠠᠭᠠᠨ᠄ | ︵ᠭᠤᠸ᠎ᠠ ᠰᠠᠶᠢᠬᠠᠨ ᠬᠢᠭᠡᠳ ᠬᠡᠷᠡᠭᠯᠡᠭᠡᠨ ᠤ ᠴᠢᠨᠠᠷ ᠪᠦᠬᠦᠢ ᠪᠠᠷᠢᠯᠭ᠎ᠠ ᠶᠢᠨ ᠣᠷᠣᠨ ᠵᠠᠢ ᠶᠢᠨ ᠵᠢᠷᠤᠭ | ᠲᠦᠯᠦᠪᠯᠡᠭᠡ ᠶᠢ ᠰᠤᠷᠤᠯᠴᠠᠨ᠎ᠠ︶ | ᠠᠵᠢᠯ ᠣᠯᠬᠤ ᠴᠢᠭᠯᠡᠯ᠄ ᠪᠠᠷᠢᠯᠭ᠎ᠠ ᠶᠢᠨ ᠢᠨᠵᠧᠨᠧᠷ᠂ ᠭᠡᠷ ᠪᠠᠶᠢᠰᠢᠩ ᠭᠠᠵᠠᠷ ᠤᠨ ᠬᠥᠷᠥᠩᠭᠡ ᠶᠢᠨ ᠨᠡᠭᠡᠭᠡᠨ | ᠬᠦᠭᠵᠢᠭᠦᠯᠦᠯᠲᠡ᠂ ᠪᠠᠷᠢᠯᠭ᠎ᠠ ᠶᠢᠨ ᠠᠵᠢᠯ ᠲᠥᠷᠥᠯ ᠤᠨ ᠬᠠᠮᠢᠶᠠᠷᠤᠯᠲᠠ | ᠮᠤᠳᠤ ᠰᠢᠷᠦᠢ ᠶᠢᠨ ᠢᠨᠵᠧᠨᠧᠷᠡᠭ᠄ | ︵ᠪᠠᠷᠢᠯᠭ᠎ᠠ ᠶᠢᠨ ᠮᠡᠷᠭᠡᠵᠢᠯ᠂ ᠢᠨᠵᠧᠨᠧᠷᠢᠩ ᠤᠨ ᠲᠥᠷᠥᠯ ᠵᠦᠢᠯ ᠤᠨ ᠬᠠᠮᠢᠶᠠᠷᠤᠯᠲᠠ ᠵᠡᠷᠭᠡ ᠬᠡᠷᠡᠭᠯᠡᠭᠡᠨ ᠤ | ᠮᠡᠷᠭᠡᠵᠢᠯ ᠴᠢᠳᠠᠪᠤᠷᠢ ᠶᠢ ᠰᠤᠷᠤᠯᠴᠠᠨ᠎ᠠ︶ | ᠠᠵᠢᠯ ᠣᠯᠬᠤ ᠴᠢᠭᠯᠡᠯ᠄ ᠢᠨᠵᠧᠨᠧᠷ᠂ ᠢᠨᠵᠧᠨᠧᠷᠢᠩ ᠤᠨ ᠬᠠᠮᠢᠶᠠᠷᠤᠯᠲᠠ᠂ ᠦᠢᠯᠡᠳᠬᠦ ᠦᠨ᠎ᠡ ᠶᠢᠨ ᠯᠠᠪᠯᠠᠭ᠎ᠠ | ᠰᠤᠷᠭᠠᠨ ᠬᠥᠮᠦᠵᠢᠯ ᠤᠨ ᠤᠬᠠᠭᠠᠨ᠄ ︵ᠰᠤᠷᠭᠠᠨ ᠬᠥᠮᠦᠵᠢᠯ ᠤᠨ ᠵᠢᠭᠠᠨ ᠰᠤᠷᠭᠠᠯᠲᠠ᠂ ᠰᠤᠷᠭᠠᠨ | ᠬᠥᠮᠦᠵᠢᠯ ᠤᠨ ᠰᠢᠨᠵᠢᠯᠡᠬᠦ ᠤᠬᠠᠭᠠᠨ ᠤ ᠰᠤᠳᠤᠯᠭᠠᠨ ᠵᠢᠴᠢ ᠰᠤᠷᠭᠠᠨ ᠬᠥᠮᠦᠵᠢᠯ ᠤᠨ ᠬᠠᠮᠢᠶᠠᠷᠤᠯᠲᠠ ᠵᠡᠷᠭᠡ ᠮᠡᠷᠭᠡᠵᠢᠯ | ᠴᠢᠳᠠᠪᠤᠷᠢ ᠶᠢ ᠰᠤᠷᠤᠯᠴᠠᠨ᠎ᠠ︶ | ᠠᠵᠢᠯ ᠤᠯᠬᠤ ᠴᠢᠭᠯᠡᠯ᠄ ᠰᠤᠷᠭᠠᠨ ᠬᠥᠮᠦᠵᠢᠯ ᠤᠨ ᠵᠢᠭᠠᠨ ᠰᠤᠷᠭᠠᠯᠲᠠ᠂ ᠰᠤᠷᠭᠠᠨ ᠬᠥᠮᠦᠵᠢᠯ ᠤᠨ ᠰᠢᠨᠵᠢᠯᠡᠬᠦ | ᠤᠬᠠᠭᠠᠨ ᠤ ᠰᠤᠳᠤᠯᠭᠠᠨ᠂ ᠵᠢᠭᠠᠨ ᠰᠤᠷᠭᠠᠯᠳᠠ ᠶᠢᠨ ᠬᠠᠮᠢᠶᠠᠷᠤᠯᠲᠠ | ᠰᠤᠷᠭᠠᠨ ᠬᠥᠮᠦᠵᠢᠯ ᠤᠨ ᠮᠡᠷᠭᠡᠵᠢᠯ᠄ ︵ᠮᠡᠷᠭᠡᠵᠢᠯ ᠤᠨ ᠰᠤᠳᠤᠯᠭᠠᠨ᠂ ᠵᠢᠱᠢᠶᠡᠯᠡᠪᠡᠯ ᠵᠢᠭᠠᠨ ᠰᠤᠷᠭᠠᠯᠲᠠ ᠶᠢᠨ | ᠰᠢᠰᠲ᠋ᠧᠮ ᠤᠨ ᠵᠢᠷᠤᠭ ᠲᠥᠯᠥᠪᠯᠡᠭᠡ᠂ ᠨᠡᠭᠡᠭᠡᠨ ᠬᠦᠭᠵᠢᠭᠦᠯᠦᠯᠳᠡ᠂ ᠬᠡᠷᠡᠭᠯᠡᠯᠲᠡ ᠵᠡᠷᠭᠡ ᠶᠢ ᠰᠤᠷᠤᠯᠴᠠᠨ᠎ᠠ︶ | ᠠᠵᠢᠯ ᠣᠯᠬᠤ ᠴᠢᠭᠯᠡᠯ᠄ ᠰᠤᠷᠭᠠᠨ ᠬᠥᠮᠦᠵᠢᠯ ᠤᠨ ᠵᠥᠭᠡᠯᠡᠨ ᠲᠤᠨᠤᠭ ᠢ ᠨᠡᠭᠡᠭᠡᠨ ᠬᠥᠭᠵᠢᠭᠦᠯᠬᠦ᠂ ᠰᠤᠷᠭᠠᠨ | ᠬᠥᠮᠦᠵᠢᠯ ᠤᠨ ᠫᠷᠤᠭ᠍ᠷᠠᠮ ᠦᠢᠯᠡᠳᠬᠦ᠂ ᠰᠤᠷᠭᠠᠨ ᠬᠥᠮᠦᠵᠢᠯ ᠤᠨ ᠮᠡᠷᠭᠡᠵᠢᠯ ᠤᠨ ᠰᠤᠳᠤᠯᠭᠠᠨ | ᠲᠣᠭᠠᠴᠢᠯᠠᠭᠰᠠᠨ ᠵᠠᠭᠤᠴᠢᠯᠠᠭᠤᠷ ᠤᠨ ᠤᠷᠠᠯᠢᠭ᠄ | ︵ᠤᠷᠠᠯᠢᠭ ᠤᠨ ᠵᠢᠷᠤᠭ ᠲᠥᠯᠥᠪᠯᠡᠭᠡ ᠶᠢ ᠴᠢᠬᠤᠯᠠᠴᠢᠯᠠᠵᠤ᠂ ᠰᠢᠨ᠎ᠡ ᠵᠠᠭᠤᠴᠢᠯᠠᠭᠤᠷ ᠢ ᠠᠰᠢᠭᠯᠠᠨ ᠤᠷᠠᠯᠢᠭ ᠤᠨ | ᠵᠣᠬᠢᠶᠠᠨ ᠪᠦᠲᠦᠭᠡᠯᠭᠡ ᠬᠢᠬᠦ ᠶᠢ ᠰᠤᠷᠤᠯᠴᠠᠨ᠎ᠠ︶ | ᠠᠵᠢᠯ ᠣᠯᠬᠤ ᠴᠢᠭᠯᠡᠯ᠄ ᠲᠣᠭᠯᠠᠭᠠᠮ ᠤᠨ ᠵᠢᠷᠤᠭ ᠲᠦᠯᠦᠪᠯᠡᠭᠡ᠂ ᠺᠠᠷᠲ᠋ᠣᠨ ᠵᠢᠷᠤᠭ ᠲᠥᠯᠥᠪᠯᠡᠭᠡ᠂ ᠲᠧᠯᠸᠢᠰ | ᠫᠷᠦᠭᠷᠡᠮ ᠤᠨ ᠴᠢᠮᠡᠭᠯᠡᠯ | ᠲᠣᠭᠠᠴᠢᠯᠠᠭᠰᠠᠨ ᠵᠠᠭᠤᠴᠢᠯᠠᠭᠤᠷ ᠤᠨ ᠮᠡᠷᠭᠡᠵᠢᠯ᠄ | ︵ᠮᠡᠷᠭᠡᠵᠢᠯ ᠢ ᠴᠢᠬᠤᠯᠠᠴᠢᠯᠠᠵᠤ᠂ ᠲᠣᠭᠯᠠᠭᠠᠮ ᠺᠢᠨᠣ᠋ ᠲᠧᠯᠸᠢᠰ ᠤᠨ ᠣᠨᠴᠠ ᠴᠢᠳᠠᠮᠵᠢ ᠦᠢᠯᠡᠳᠦᠯ ᠵᠡᠷᠭᠡ | ᠬᠠᠮᠢᠶ᠎ᠠ ᠪᠥᠬᠦᠶ ᠬᠦᠷᠢᠶᠡᠨ ᠤ ᠮᠡᠷᠭᠡᠵᠢᠯ ᠤᠨ ᠰᠤᠳᠤᠯᠤᠨ ᠨᠡᠭᠡᠭᠡᠯᠲᠡ ᠪᠠ ᠬᠡᠷᠡᠭᠯᠡᠯᠲᠡ ᠶᠢ ᠰᠤᠷᠤᠯᠴᠠᠨ᠎ᠠ︶ | ᠠᠵᠢᠯ ᠤᠯᠬᠤ ᠴᠢᠭᠯᠡᠯ᠄ ᠤᠯᠠᠨ ᠵᠠᠭᠤᠴᠢᠲᠤ ᠵᠥᠭᠡᠯᠡᠨ ᠲᠤᠨᠤᠭ ᠢ ᠰᠤᠳᠤᠯᠤᠨ ᠨᠡᠭᠡᠭᠡᠬᠦ᠂ ᠰᠦᠯᠵᠢᠶᠡᠨ | ᠨᠢᠭᠤᠷ ᠢ ᠨᠡᠭᠡᠭᠡᠨ ᠬᠦᠭᠵᠢᠭᠦᠯᠵᠦ ᠬᠠᠮᠠᠭᠠᠯᠠᠬᠤ᠂ ᠲᠣᠭᠯᠠᠭᠠᠮ ᠰᠤᠳᠤᠯᠤᠨ ᠨᠡᠭᠡᠭᠡᠬᠦ | ᠴᠡᠴᠡᠷᠯᠢᠭ ᠄ ︵ᠦᠵᠡᠮᠵᠢ ᠶᠢᠨ ᠵᠢᠷᠤᠭ ᠲᠥᠯᠥᠪᠯᠡᠭᠡ ᠶᠢ ᠰᠤᠷᠤᠯᠴᠠᠨᠡ᠂ ᠵᠢᠱᠢᠶᠡᠯᠡᠪᠡᠯ ᠬᠤᠲᠠ ᠪᠠᠯᠭᠠᠰᠤᠨ ᠤ | ᠨᠣᠭᠤᠭᠠᠷᠠᠭᠤᠯᠤᠯᠲᠠ᠂ ᠴᠡᠴᠡᠷᠯᠢᠭ ᠤᠨ ᠪᠠᠷᠢᠯᠭ᠎ᠠ᠂ ᠤᠷᠭᠤᠮᠠᠯ ᠤᠨ ᠦᠵᠡᠮᠵᠢ ᠵᠤᠬᠢᠶᠠᠬᠤ︶ | ᠠᠵᠢᠯ ᠤᠯᠬᠤ ᠴᠢᠭᠯᠡᠯ᠄ ᠬᠤᠳᠠ ᠶᠢᠨ ᠪᠦᠳᠦᠭᠡᠠ ᠪᠠᠶᠢᠭᠤᠯᠤᠯᠲᠠ᠂ ᠴᠡᠴᠡᠷᠯᠢᠭ ᠤᠨ ᠵᠢᠷᠤᠭ ᠲᠥᠯᠥᠪᠯᠡᠭᠡᠨ ᠤ | ᠲᠥᠯᠥᠪᠵᠢᠭᠦᠯᠭᠡ᠂ ᠦᠵᠡᠮᠵᠢ ᠶᠢᠨ ᠣᠷᠣᠨ ᠤ ᠪᠦᠳᠦᠭᠡᠨ ᠪᠠᠶᠢᠭᠤᠯᠤᠯᠲᠠ | ᠴᠡᠴᠡᠷᠯᠢᠭ ᠤᠨ ᠤᠷ᠎ᠠ ᠮᠡᠷᠭᠡᠵᠢᠯ᠄ ︵ᠠᠮᠢᠳᠤ ᠪᠣᠳᠠᠰ ᠤᠨ ᠤᠬᠠᠭᠠᠨ ᠳᠤ ᠰᠠᠭᠤᠷᠢᠯᠠᠬᠰᠠᠨ ᠲᠠᠷᠢᠮᠠᠯ ᠤᠨ | ᠡᠭᠦᠯᠳᠡᠷ ᠪᠤᠶᠢᠵᠢᠭᠤᠯᠬᠤ᠂ ᠲᠠᠷᠢᠵᠤ ᠪᠤᠶᠢᠵᠢᠭᠤᠯᠬᠤ᠂ ᠹᠢᠽᠢᠣᠯᠣᠭᠢ ᠵᠡᠷᠭᠡ ᠶᠢ ᠰᠤᠳᠤᠯᠬᠤ ᠣᠨᠣᠯ ᠪᠠ ᠤᠷ᠎ᠠ | ᠮᠡᠷᠭᠡᠵᠢᠯ ᠢ ᠰᠤᠷᠤᠯᠴᠠᠨ᠎ᠠ︶ | ᠠᠵᠢᠯ ᠤᠯᠬᠤ ᠴᠢᠭᠯᠡᠯ᠄ ᠡᠪᠡᠰᠦ ᠴᠡᠴᠡᠭ ᠤᠨ ᠦᠢᠯᠡᠳᠪᠦᠷᠢᠯᠡᠯ᠂ ᠴᠡᠴᠡᠷᠯᠢᠭ ᠤᠨ ᠤᠷ᠎ᠠ ᠮᠡᠷᠭᠡᠵᠢᠯ ᠢᠶᠠᠷ | ᠲᠠᠷᠢᠵᠤ ᠪᠤᠶᠢᠵᠢᠭᠤᠯᠬᠤ᠂ ᠴᠡᠴᠡᠷᠯᠢᠭ ᠤᠨ ᠮᠡᠷᠭᠡᠵᠢᠯ ᠤᠨ ᠠᠵᠤ ᠠᠬᠤᠶᠢᠯᠠᠯ ᠤᠨ ᠬᠠᠮᠢᠶᠠᠷᠤᠯᠲᠠ | ᠨᠡᠶᠢᠭᠡᠮ ᠵᠦ᠋ᠢ᠄ | ︵ᠨᠡᠶᠢᠭᠡᠮ ᠤᠨ ᠦᠵᠡᠭᠳᠡᠯ ᠢ ᠵᠠᠳᠠᠯᠵᠤ᠂ ᠨᠡᠶᠢᠭᠡᠮ ᠤᠨ ᠬᠥᠮᠦᠨ ᠤ ᠦᠢᠯᠡ ᠠᠵᠢᠯᠯᠠᠭ᠎ᠠ ᠶᠢ ᠰᠤᠳᠤᠯᠤᠨ᠎ᠠ︶ | ᠠᠵᠢᠯ ᠣᠯᠬᠤ ᠴᠢᠭᠯᠡᠯ᠄ ᠲᠥᠷᠥ ᠶᠢᠨ ᠪᠣᠳᠣᠯᠭ᠎ᠠ ᠶᠢᠨ ᠰᠤᠳᠤᠯᠤᠯ᠂ ᠣᠯᠠᠨ ᠨᠡᠶᠢᠲᠡ ᠶᠢᠨ ᠬᠠᠮᠢᠶᠠᠷᠤᠯᠲᠠ᠂ | ᠵᠠᠬ᠎ᠠ ᠳᠡᠯᠭᠡᠭᠦᠷ ᠤᠨ ᠡᠵᠡᠩᠨᠡᠯᠲᠡ ᠪᠣᠷᠣᠯᠠᠭᠤᠯᠤᠯᠲᠠ | ᠨᠡᠶᠢᠭᠡᠮ ᠤᠨ ᠠᠵᠢᠯ᠄ | ︵ᠨᠡᠶᠢᠭᠡᠮ ᠤᠨ ᠪᠣᠳᠠᠲᠤ ᠠᠰᠠᠭᠤᠳᠠᠯ ᠵᠢᠴᠢ ᠬᠦᠴᠢᠷᠳᠡᠯ ᠢ ᠠᠪᠤᠷᠠᠨ ᠲᠤᠰᠠᠯᠠᠬᠤ᠂ ᠵᠥᠷᠢᠴᠡᠯ ᠢ ᠡᠶᠡᠳᠡᠭᠦᠯᠦᠨ | ᠰᠢᠢᠳᠪᠦᠷᠢᠯᠡᠬᠦ ᠵᠡᠷᠭᠡ ᠨᠡᠶᠢᠭᠡᠮ ᠤᠨ ᠦᠢᠯᠡᠴᠢᠯᠡᠭᠡᠨ ᠤ ᠠᠵᠢᠯ ᠢ ᠰᠤᠳᠤᠯᠤᠨ᠎ᠠ︶ | ᠠᠵᠢᠯ ᠣᠯᠬᠤ ᠴᠢᠭᠯᠡᠯ᠄ ᠨᠡᠶᠢᠭᠡᠮ ᠤᠨ ᠠᠰᠠᠷᠠᠮᠵᠢ ᠶᠢᠨ ᠬᠠᠮᠢᠶᠠᠷᠤᠯᠲᠠ᠂ ᠨᠡᠶᠢᠭᠡᠮ ᠤᠨ ᠠᠪᠤᠷᠠᠨ ᠲᠤᠰᠠᠯᠠᠮᠵᠢ᠂ | ᠨᠢᠭᠦᠯᠡᠰᠦᠩᠭᠦᠶ ᠶᠢᠨ ᠥᠢᠯᠡᠴᠢᠯᠡᠭᠡ | ᠰᠣᠨᠢᠨ ᠮᠡᠳᠡᠭᠡᠨ ᠤ ᠤᠬᠠᠭᠠᠨ᠄ | ︵ᠭᠤᠣᠯᠳᠠᠭᠤ ᠰᠣᠨᠢᠨ ᠮᠡᠳᠡᠭᠡᠨ ᠤ ᠤᠨᠤᠯ ᠂ ᠰᠣᠨᠢᠨ ᠮᠡᠳᠡᠭᠡᠨ ᠤ ᠠᠵᠢᠯ ᠤᠨ ᠦᠨᠳᠦᠰᠦᠨ ᠵᠠᠷᠴᠢᠮ ᠪᠠ | ᠦᠨᠳᠦᠰᠦᠨ ᠠᠷᠭ᠎ᠠ ᠵᠡᠷᠭᠡ ᠶᠢ ᠰᠤᠷᠤᠯᠴᠠᠨ᠎ᠠ ︶ | ᠠᠵᠢᠯ ᠣᠯᠬᠤ ᠴᠢᠭᠯᠡᠯ᠄ ᠰᠣᠨᠢᠨ ᠤ ᠬᠤᠷᠢᠶ᠎ᠠ ᠶᠢᠨ ᠰᠤᠷᠪᠤᠯᠵᠢᠯᠠᠭᠴᠢ᠂ ᠰᠡᠳᠬᠦᠯ ᠤᠨ ᠬᠤᠷᠢᠶ᠎ᠠ ᠶᠢᠨ | ᠨᠠᠶᠢᠷᠠᠭᠤᠯᠤᠭᠴᠢ᠂ ᠰᠦᠯᠵᠢᠶᠡᠨ ᠤ ᠨᠠᠶᠢᠷᠠᠭᠤᠯᠤᠭᠴᠢ | ᠳᠠᠮᠵᠢᠭᠤᠯᠭ᠎ᠠ ᠶᠢᠨ ᠤᠬᠠᠭᠠᠨ᠄ | ︵ᠬᠥᠮᠦᠨ ᠲᠥᠷᠥᠯᠬᠢᠲᠡᠨ ᠤ ᠠᠯᠢᠪᠠ ᠳᠠᠮᠵᠢᠭᠤᠯᠭ᠎ᠠ ᠶᠢᠨ ᠠᠵᠢᠯᠯᠠᠭ᠎ᠠ ᠪᠠ ᠳᠠᠮᠵᠢᠭᠤᠯᠭ᠎ᠠ ᠶᠢᠨ ᠶᠠᠪᠤᠴᠠ ᠶᠢᠨ | ᠡᠭᠦᠰᠦᠯ ᠬᠥᠭᠵᠢᠯ ᠤᠨ ᠵᠢᠮ᠎ᠡ ᠶᠣᠰᠣ ᠶᠢ ᠰᠤᠳᠤᠯᠤᠨ᠎ᠠ︶ | ᠠᠵᠢᠯ ᠣᠯᠬᠤ ᠴᠢᠭᠯᠡᠯ᠄ ᠠᠭᠤᠯᠭ᠎ᠠ ᠶᠢᠨ ᠡᠵᠡᠩᠨᠡᠯᠲᠡ᠂ ᠵᠠᠬ᠎ᠠ ᠳᠡᠯᠭᠡᠭᠦᠷ ᠤᠨ ᠤᠯᠠᠨ ᠨᠡᠶᠢᠲᠡ ᠶᠢᠨ | ᠬᠠᠷᠢᠴᠠᠭ᠎ᠠ᠂ ᠡᠵᠡᠩᠨᠡᠯᠳᠡ ᠪᠣᠷᠣᠯᠠᠭᠤᠯᠭ᠎ᠠ ᠶᠢᠨ ᠤᠬᠠᠭᠠᠯᠠᠯ |