︽ᠠᠯᠠᠱᠠ ᠠᠶᠢᠮᠠᠭ ᠤᠨ ︿ᠮᠥᠩᠬᠡ ᠰᠤᠪᠠᠭ · ᠭᠠᠷ ᠣᠳᠠᠰᠣ ᠪᠠᠷ ᠬᠦᠢᠴᠡᠳᠬᠡᠬᠦ﹀ ᠠᠵᠢᠯ ᠤᠨ ᠬᠡᠷᠡᠭᠵᠢᠭᠦᠯᠬᠦ ᠲᠥᠰᠦᠯ︾᠎ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2021/7/19
     ᠨᠢᠭᠡ᠂ ︽ᠲᠥᠰᠦᠯ︾᠎ ᠢ ᠳᠣᠭᠳᠠᠭᠠᠭᠰᠠᠨ ᠦᠨᠳᠦᠰᠦᠯᠡᠯ  ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠮᠥᠩᠬᠡ ᠰᠤᠪᠠᠭ · ᠭᠠᠷ ᠣᠳᠠᠰᠣ ᠪᠠᠷ ᠬᠦᠢᠴᠡᠳᠬᠡᠬᠦ﹀ ᠠᠵᠢᠯ ᠢ ᠪᠦᠬᠦ ᠲᠠᠯ᠎ᠠ ᠪᠠᠷ ᠶᠠᠪᠤᠭᠳᠠᠭᠤᠯᠬᠤ ᠳᠣᠬᠠᠢ ᠬᠡᠷᠡᠭᠵᠢᠭᠦᠯᠬᠦ ᠲᠥᠰᠦᠯ︾᠃      ᠬᠤᠶᠠᠷ᠂ ︽ᠮᠥᠩᠬᠡ ᠰᠤᠪᠠᠭ · ᠭᠠᠷ ᠣᠳᠠᠰᠣ ᠪᠠᠷ ᠬᠦᠢᠴᠡᠳᠬᠡᠬᠦ︾᠎ ᠶᠢᠨ ᠠᠭᠤᠯᠤᠭᠳᠠᠬᠤᠨ   ︽ᠮᠥᠩᠬᠡ ᠰᠤᠪᠠᠭ · ᠭᠠᠷ ᠣᠳᠠᠰᠣ ᠪᠠᠷ ᠬᠦᠢᠴᠡᠳᠬᠡᠬᠦ︾ ᠪᠣᠯ ᠮᠥᠩᠬᠡ ᠰᠤᠪᠠᠭ ᠤᠨ ᠰᠢᠯᠵᠢᠶ᠎ᠡ ᠶᠢᠨ ᠬᠠᠮᠤᠷᠬᠤ ᠬᠡᠪᠴᠢᠶ᠎ᠡ ᠬᠢᠭᠡᠳ ᠬᠡᠷᠡᠭᠯᠡᠭᠡᠨ ᠤ ᠦᠷ᠎ᠡ ᠪᠦᠲᠦᠮᠵᠢ ᠶᠢ ᠲᠦᠷᠭᠡᠳᠬᠡᠨ ᠥᠷᠭᠡᠳᠬᠡᠵᠦ᠂ ᠥᠪᠡᠷᠲᠡᠭᠡᠨ ᠵᠠᠰᠠᠬᠤ ᠣᠷᠣᠨ ᠨᠢᠭᠡᠳᠦᠯᠲᠡᠶ ᠲᠥᠯᠥᠪᠵᠢᠭᠦᠯᠦᠭᠰᠡᠨ᠂ ᠠᠶᠢᠮᠠᠭ ᠬᠤᠲᠠ᠂ ᠬᠤᠰᠢᠭᠤ ᠰᠢᠶᠠᠨ ᠬᠠᠮᠲᠤ ᠪᠠᠷ ᠪᠠᠶᠢᠭᠤᠯᠵᠤ ᠬᠠᠮᠲᠤ ᠪᠠᠷ ᠬᠡᠷᠡᠭᠯᠡᠭᠰᠡᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠰᠢᠯᠵᠢᠮᠡᠯ ᠲᠠᠪᠴᠠᠩ ᠪᠠ ᠠᠵᠤ ᠠᠬᠤᠶᠢᠯᠠᠯ ᠣᠯᠠᠨ ᠲᠦᠮᠡᠨ ᠤ ᠡᠯ᠎ᠡ ᠲᠥᠷᠥᠯ ᠤᠨ ᠠᠵᠢᠯ ᠶᠠᠪᠤᠳᠠᠯ ᠬᠦᠢᠴᠡᠳᠬᠡᠬᠦ ᠭᠤᠭᠴᠤᠭ᠎ᠠ ᠵᠢᠴᠢ ᠠᠳᠠᠯᠢ ᠪᠤᠰᠤ ᠲᠠᠯᠠᠪᠤᠷ ᠲᠠᠬᠢ ᠺᠣᠳ᠋ ᠰᠢᠷᠪᠢᠵᠦ ᠦᠨᠡᠮᠯᠡᠯ ᠣᠯᠭᠤᠬᠤ ᠴᠢᠬᠤᠯᠠ ᠪᠠᠭᠠᠵᠢ ᠶᠢ ᠪᠣᠶ ᠪᠣᠯᠭᠠᠵᠤ᠂ ᠨᠠᠩ ᠣᠯᠠᠨ ᠥᠨᠳᠥᠷ ᠳᠠᠪᠲᠠᠮᠵᠢᠲᠤ ᠣᠯᠠᠨ ᠨᠡᠶᠢᠲᠡ ᠶᠢᠨ ᠦᠢᠯᠡᠴᠢᠯᠡᠬᠡᠨ ᠤ ᠵᠦᠢᠯᠡᠰ ᠢ ᠭᠠᠷ ᠣᠳᠠᠰᠣ ᠪᠠᠷ ᠬᠦᠢᠴᠡᠳᠬᠡᠬᠦ ᠶᠢ ᠠᠬᠢᠭᠤᠯᠤᠨ᠂ ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠠᠪᠴᠠᠩ ᠤᠨ ᠪᠦᠲᠦᠮᠵᠢᠲᠡᠶ ᠦᠷᠭᠡᠵᠢᠯ ᠪᠣᠯᠤᠨ᠎ᠠ᠃      ᠭᠤᠷᠪᠠ᠂ ︽ᠮᠥᠩᠬᠡ ᠰᠤᠪᠠᠭ · ᠭᠠᠷ ᠣᠳᠠᠰᠣ ᠪᠠᠷ ᠬᠦᠢᠴᠡᠳᠬᠡᠬᠦ︾᠎ ᠶᠢ ᠬᠡᠷᠡᠭᠵᠢᠭᠦᠯᠬᠦ ᠶᠢᠨ ᠠᠴᠢ ᠬᠤᠯᠪᠣᠭᠳᠠᠯ ︽ᠨᠢᠭᠡ ᠲᠠᠪᠴᠠᠩ᠂ ᠤᠯᠡᠠ ᠠᠷᠭ᠎ᠠ ᠵᠡᠮ᠂ ᠥᠷᠭᠡᠨ ᠢᠶᠠᠷ ᠬᠠᠮᠤᠷᠬᠤ︾ ᠰᠡᠳᠬᠢᠴᠡ ᠶᠣᠰᠣᠭᠠᠷ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠯᠵᠢᠮᠡᠯ ᠲᠠᠪᠴᠠᠩ ᠢᠶᠠᠷ ᠭᠤᠤᠯ ᠠᠷᠭ᠎ᠠ ᠵᠠᠮ ᠪᠣᠯᠭᠠᠨ᠂ ᠰᠢᠯᠵᠢᠮᠡᠯ ᠦᠵᠦᠭᠦᠷ ᠤᠨ ᠵᠢᠵᠢᠭ ᠫᠷᠤᠭ᠍ᠷᠠᠮ᠂ ᠸᠢᠴᠠᠲ ᠳᠠᠪᠴᠠᠩ ᠵᠡᠷᠭᠡ ᠣᠯᠠᠨ ᠠᠷᠭ᠎ᠠ ᠵᠠᠮ ᠢᠶᠠᠷ ᠵᠡᠷᠭᠡᠴᠡᠨ ᠣᠷᠣᠰᠢᠭᠰᠠᠨ ᠨᠢᠭᠡᠳᠦᠯᠲᠡᠶ ᠳᠦᠷᠢᠮᠵᠢᠭᠰᠡᠨ ︽ᠮᠥᠩᠬᠡ ᠰᠤᠪᠠᠭ · ᠭᠠᠷ ᠣᠳᠠᠰᠣ ᠪᠠᠷ ᠬᠦᠢᠴᠡᠳᠬᠡᠬᠦ︾ ᠦᠢᠯᠡᠴᠢᠯᠡᠬᠡᠨ ᠤ ᠰᠢᠰᠲ᠋ᠧᠮᠵᠢ᠂ ᠪᠦᠬᠦ ᠣᠷᠣᠨ ᠤ ᠨᠢᠭᠡᠳᠦᠯᠲᠡᠶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠯᠵᠢᠮᠡᠯ ᠲᠠᠪᠴᠠᠩ ᠢ ᠪᠠᠶᠢᠭᠤᠯᠬᠤ ᠪᠠᠷ ᠳᠠᠮᠵᠢᠭᠤᠯᠤᠨ᠂ ᠬᠤᠶᠢᠨᠠᠬᠢ ᠰᠠᠭᠤᠷᠢ ᠶᠢᠨ ᠲᠤᠯᠭᠠᠭᠤᠷᠢᠯᠠᠬᠤ ᠴᠢᠳᠠᠪᠤᠷᠢ ᠶᠢ ᠪᠠᠬᠢᠵᠢᠬᠦᠯᠦᠨ᠂ ᠦᠢᠯᠡᠴᠢᠯᠡᠬᠡᠨ ᠤ ᠡᠬᠢ ᠪᠠᠶᠠᠯᠢᠭ ᠢ ᠭᠦᠨᠵᠡᠭᠡᠶ ᠡᠮᠬᠢᠯᠡᠨ ᠨᠡᠶᠢᠯᠡᠬᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠵᠦᠢᠯᠡᠰ ᠤᠨ ᠰᠢᠯᠵᠢᠮᠡᠯ ᠦᠵᠦᠭᠦᠷ ᠤᠨ ᠬᠦᠢᠴᠡᠳᠬᠡᠵᠦ ᠪᠣᠯᠬᠤᠶᠢᠴᠠ ᠬᠠᠷᠢᠴᠠᠯ ᠢ ᠠᠯᠬᠤᠮ ᠠᠯᠬᠤᠮ ᠢᠶᠠᠷ ᠳᠡᠭᠡᠭᠰᠢᠯᠡᠬᠦᠯᠦᠨ᠂ ᠡᠮᠦᠨ᠎ᠡ ᠦᠵᠦᠭᠦᠷ ᠤᠨ ᠠᠵᠢᠯ ᠶᠠᠪᠤᠳᠠᠯ ᠬᠦᠢᠴᠡᠳᠬᠡᠬᠦ ᠦᠢᠯᠡᠴᠢᠯᠡᠬᠡᠨ ᠤ ᠴᠢᠳᠠᠪᠤᠷᠢ ᠶᠢ ᠳᠡᠭᠡᠭᠰᠢᠯᠡᠬᠦᠯᠵᠦ᠂ ᠠᠪᠴᠠᠯᠳᠣᠯ ᠨᠢ ᠨᠠᠩ ᠨᠢᠭᠲᠠ᠂ ︽ᠡᠮᠦᠨ᠎ᠡ ᠦᠵᠦᠭᠦᠷ᠂ ᠳᠤᠮᠳᠠ ᠬᠡᠰᠡᠭ᠂ ᠠᠷᠤ ᠦᠵᠦᠭᠦᠷ︾᠎ ᠤᠨ ᠦᠢᠯᠡᠴᠢᠯᠡᠭᠡᠨ ᠤ ᠲᠠᠪᠴᠠᠩ ᠢ ᠪᠣᠢ ᠪᠣᠯᠭᠠᠵᠦ᠂ ᠮᠥᠩᠬᠡ ᠰᠤᠪᠠᠭ ᠤᠨ ᠰᠢᠯᠵᠢᠮᠡᠯ ᠦᠵᠦᠭᠦᠷ ᠢ ᠠᠷᠠᠳ ᠣᠯᠠᠨ ᠤ ︽ᠬᠡᠷᠡᠭᠴᠡᠭᠡ ᠲᠠᠢ᠂ ᠦᠵᠡᠬᠦ ᠳᠤᠷᠠᠲᠠᠶ ᠬᠡᠷᠡᠭᠯᠡᠬᠦ ᠳᠤᠷᠠᠲᠠᠶ᠂ ᠦᠷᠭᠦᠯᠵᠢ ᠦᠵᠡᠵᠦ ᠦᠷᠬᠦᠯᠵᠢ ᠬᠡᠷᠡᠭᠯᠡᠳᠡᠭ᠂ ᠵᠠᠪᠠᠯ ᠦᠵᠡᠵᠦ ᠵᠠᠪᠠᠯ ᠬᠡᠷᠡᠭᠯᠡᠳᠡᠭ︾ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠰᠢᠯᠵᠢᠮᠡᠯ ᠲᠠᠪᠴᠠᠩ ᠪᠣᠯᠭᠠᠨ᠎ᠠ᠃      ᠳᠥᠷᠪᠡ᠂ ︽ᠮᠥᠩᠬᠡ ᠰᠤᠪᠠᠭ · ᠭᠠᠷ ᠣᠳᠠᠰᠣ ᠪᠠᠷ ᠬᠦᠢᠴᠡᠳᠬᠡᠬᠦ︾᠎ ᠶᠢ ᠬᠡᠷᠡᠭᠵᠢᠭᠦᠯᠬᠦ ᠵᠠᠷᠴᠢᠮ      ︵ᠨᠢᠭᠡ︶ ᠨᠢᠭᠡᠳᠦᠯᠲᠡᠶ ᠲᠠᠪᠴᠠᠩ᠃ ᠥᠪᠡᠷᠲᠡᠭᠡᠨ ᠵᠠᠰᠠᠬᠤ ᠣᠷᠣᠨ ᠤ ᠮᠥᠩᠬᠡ ᠰᠤᠪᠠᠭ ᠤᠨ ᠰᠢᠯᠵᠢᠮᠡᠯ ᠦᠵᠦᠭᠦᠷ ᠤᠨ ᠪᠠᠷᠢᠮᠵᠢᠶ᠎ᠠ ᠶᠢᠨ ᠳᠦᠷᠢᠮᠵᠢᠯ ᠪᠠ ᠬᠠᠮᠢᠶᠠᠷᠤᠯᠲᠠ ᠶᠢᠨ ᠠᠷᠭ᠎ᠠ ᠶᠢ ᠴᠢᠩᠭ᠎ᠠ ᠲᠤᠤᠱᠯᠠᠭᠤᠯᠤᠨ ᠨᠠᠶᠢᠳᠠᠪᠣᠷᠢᠵᠢᠭᠤᠯᠵᠦ᠂ ᠲᠠᠪᠴᠠᠩ ᠤᠨ ᠠᠮᠤᠷ ᠲᠦᠪᠰᠢᠨ ᠡᠮᠬᠢ ᠵᠢᠷᠤᠮ ᠲᠠᠢ ᠠᠵᠢᠯᠯᠠᠬᠤ ᠶᠢ ᠦᠨᠡᠨᠬᠦ ᠪᠠᠲᠤᠯᠠᠨ᠎ᠠ︔ ᠡᠯᠧᠺᠳ᠋ᠷᠣᠨ ᠦᠨᠡᠮᠯᠡᠯ ᠤᠨ ᠬᠡᠷᠡᠭᠯᠡᠯᠲᠡ ᠶᠢ ᠴᠢᠩᠭᠠᠳᠬᠠᠵᠤ᠂ ᠲᠡᠦᠬᠡ ᠶᠢᠨ ᠲᠤᠭ᠎ᠠ ᠪᠠᠷᠢᠮᠲᠠ ᠶᠢ ᠬᠤᠷᠠᠮᠳᠤᠭᠤᠯᠬᠤ ᠪᠠ ᠡᠯᠧᠺᠳ᠋ᠷᠣᠨ ᠲᠠᠮᠠᠭ᠎ᠠ ᠳᠠᠷᠤᠬᠤ ᠶᠢ ᠪᠥᠬᠦ ᠲᠠᠯ᠎ᠠ ᠪᠠᠷ ᠠᠬᠢᠭᠤᠯᠤᠨ᠂ ᠬᠡᠶᠢᠰᠪᠦᠷᠢ ᠺᠠᠷᠲ ᠤᠨ ᠲᠥᠷᠥᠯ ᠵᠦᠢᠯ ᠢ ᠪᠠᠶᠠᠯᠢᠭᠵᠢᠭᠤᠯᠵᠤ᠂ ᠠᠵᠤ ᠠᠬᠤᠶᠢᠯᠠᠯ ᠣᠯᠠᠨ ᠲᠦᠮᠡᠨ ᠤ ᠺᠣᠳ᠋ ᠰᠢᠷᠪᠢᠵᠦ ᠭᠡᠷᠡᠴᠢ ᠪᠠᠨ ᠭᠠᠷᠭᠠᠬᠤ ᠶᠢ ᠪᠦᠲᠦᠮᠵᠢᠲᠡᠶ ᠳᠡᠮᠵᠢᠨ᠎ᠡ᠃      ︵ᠬᠤᠶᠠᠷ︶ ᠡᠬᠢ ᠪᠠᠶᠠᠯᠢᠭ ᠢ ᠡᠮᠬᠢᠯᠡᠨ ᠨᠡᠶᠢᠯᠡᠭᠦᠯᠦᠨ᠎ᠡ᠃ ᠠᠯᠠᠱᠠ ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠰᠢᠯᠵᠢᠮᠡᠯ ᠬᠡᠷᠡᠭᠯᠡᠭᠡᠨ ᠤ ᠡᠬᠢ ᠪᠠᠶᠠᠯᠢᠭ ᠢ ᠪᠥᠬᠦ ᠲᠠᠯ᠎ᠠ ᠪᠠᠷ ᠡᠮᠬᠢᠯᠡᠵᠦ᠂ ᠨᠠᠩ ᠣᠯᠠᠨ ᠥᠨᠳᠥᠷ ᠳᠠᠪᠲᠠᠮᠵᠢᠲᠤ ᠣᠯᠠᠨ ᠨᠡᠶᠢᠲᠡ ᠶᠢᠨ ᠦᠢᠯᠡᠴᠢᠯᠡᠬᠡᠨ ᠤ ᠵᠦᠢᠯᠡᠰ ᠢ ᠭᠠᠷ ᠣᠳᠠᠰᠣ ᠪᠠᠷ ᠬᠦᠢᠴᠡᠳᠬᠡᠬᠦ ᠶᠢ ᠠᠬᠢᠭᠤᠯᠤᠨ᠎ᠠ᠃      ︵ᠭᠤᠷᠪᠠ︶ ᠬᠠᠮᠢᠶᠠᠷᠤᠯᠲᠠ ᠪᠠᠨ ᠴᠢᠩᠭᠠᠳᠬᠠᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠠᠵᠢᠯ ᠬᠤᠪᠢᠶᠠᠷᠢᠯᠠᠨ ᠬᠠᠷᠢᠭᠤᠴᠠᠭᠰᠠᠨ ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠠᠵᠢᠯᠯᠠᠭᠤᠯᠵᠤ ᠪᠠᠲᠤᠯᠠᠬᠤ ᠰᠢᠰᠲ᠋ᠧᠮᠵᠢ ᠶᠢ ᠪᠦᠷᠢᠯᠳᠦᠭᠦᠯᠵᠦ᠂ ︽ᠲᠤᠷᠰᠢᠨ ᠬᠡᠷᠡᠭᠯᠡᠭᠴᠢ︾᠂ ︽ᠦ ᠡᠷᠢᠬᠦ︾ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠬᠡᠷᠡᠭᠯᠡᠭᠴᠢᠳ ᠤᠨ ᠪᠡᠶᠡᠴᠢᠯᠡᠨ ᠣᠶᠢᠯᠠᠭᠠᠯᠲᠠ ᠶᠢ ᠦᠷᠭᠦᠯᠵᠢᠯᠡᠨ ᠳᠡᠭᠡᠭᠰᠢᠯᠡᠭᠦᠯᠦᠨ᠎ᠡ︔ ᠠᠮᠤᠷ ᠲᠦᠪᠰᠢᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃      ᠲᠠᠪᠤ᠂ ︽ᠮᠥᠩᠬᠡ ᠰᠤᠪᠠᠭ · ᠭᠠᠷ ᠣᠳᠠᠰᠣ ᠪᠠᠷ ᠬᠦᠢᠴᠡᠳᠬᠡᠬᠦ︾᠎ ᠶᠢ ᠬᠡᠷᠡᠭᠵᠢᠭᠦᠯᠬᠦ ᠬᠡᠪᠴᠢᠶ᠎ᠡ ᠪᠦᠬᠦ ᠠᠶᠢᠮᠠᠭ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠡᠭᠦᠷᠭᠡ ᠴᠢᠳᠠᠮᠵᠢ ᠶᠢ ᠬᠠᠩᠭᠠᠵᠤ ᠪᠦᠬᠦᠢ ᠵᠠᠰᠠᠭ ᠤᠨ ᠣᠷᠳᠣᠨ ᠤ ᠰᠠᠯᠠᠭ᠎ᠠ ᠮᠥᠴᠢᠷ ᠪᠣᠯᠤᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠃ ᠡᠯ᠎ᠡ ᠬᠤᠰᠢᠭᠤ ᠨᠡᠭᠡᠭᠡᠯᠳᠡ ᠶᠢᠨ ᠣᠷᠣᠨ ᠨᠢ ᠬᠡᠷᠡᠭᠵᠢᠭᠦᠯᠬᠦ ᠬᠦᠷᠢᠶ᠎ᠡ ᠬᠡᠪᠴᠢᠶ᠎ᠡ ᠶᠢ ᠯᠠᠪᠯᠠᠯᠲᠠ ᠪᠣᠯᠭᠠᠨ ᠲᠣᠭᠲᠠᠭᠠᠨ᠎ᠠ᠃ ᠵᠢᠷᠭᠤᠭ᠎ᠠ᠂ ︽ᠮᠥᠩᠬᠡ ᠰᠤᠪᠠᠭ · ᠭᠠᠷ ᠣᠳᠠᠰᠣ ᠪᠠᠷ ᠬᠦᠢᠴᠡᠳᠬᠡᠬᠦ︾᠎ ᠶᠢ ᠬᠡᠷᠡᠭᠵᠢᠭᠦᠯᠬᠦ ᠴᠠᠭ ᠬᠤᠭᠤᠴᠠᠭ᠎ᠠ 2021 ᠣᠨ ᠤ 4 ᠳ᠋ᠣᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠬᠡᠷᠡᠭᠯᠡᠵᠦ ᠡᠮᠬᠢᠯᠡᠨ ᠳᠢᠭᠯᠡᠬᠦ ᠠᠵᠢᠯ ᠢ ᠪᠡᠶᠡᠯᠡᠭᠦᠯᠵᠦ᠂ ᠨᠠᠩ ᠣᠯᠠᠨ ᠣᠯᠠᠨ ᠨᠡᠶᠢᠲᠡ ᠶᠢᠨ ᠦᠢᠯᠡᠴᠢᠯᠡᠬᠡᠨ ᠤ ᠵᠦᠢᠯᠡᠰ ᠢ ᠮᠥᠩᠬᠡ ᠰᠤᠪᠠᠭ ᠤᠨ ᠰᠢᠯᠵᠢᠮᠡᠯ ᠦᠵᠦᠭᠦᠷ ᠲᠤ ᠵᠠᠯᠭᠠᠨ ᠣᠷᠣᠭᠤᠯᠬᠤ ᠶᠢ ᠦᠷᠭᠦᠯᠵᠢᠯᠡᠨ ᠠᠬᠢᠭᠤᠯᠤᠨ᠎ᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号