ᠯᠢ ᠺᠧ ᠴᠢᠶᠠᠩ ᠫᠠᠺᠢᠰᠲ᠋ᠠᠨ ᠤ ᠶᠡᠷᠦᠩᠬᠡᠢ ᠰᠠᠶᠢᠳ ᠢᠮᠦᠯᠠᠨ · ᠬᠠᠨ ᠲᠠᠢ ᠤᠲᠠᠰᠤ ᠪᠠᠷ ᠶᠠᠷᠢᠯᠴᠠᠪᠠ | ᠫᠠᠺᠢᠰᠲ᠋ᠠᠨ ᠤ ᠲᠠᠯ᠎ᠠ ᠶᠢᠨ ᠬᠢᠨ ᠫᠠᠺᠢᠰᠲ᠋ᠠᠨ ᠳᠤ ᠪᠠᠶᠢᠭ᠎ᠠ ᠳᠤᠮᠳᠠᠳᠤ ᠶᠢᠨ ᠲᠠᠯ᠎ᠠ ᠶᠢᠨ ᠬᠥᠮᠦᠰ ᠪᠣᠯᠤᠨ | ᠪᠠᠶᠢᠭᠤᠯᠤᠮᠵᠢ ᠶᠢᠨ ᠠᠮᠤᠷ ᠲᠦᠪᠰᠢᠨ ᠤ ᠬᠠᠮᠠᠭᠠᠯᠠᠯᠲᠠ ᠶᠢ ᠦᠨᠡᠨ ᠬᠦ ᠴᠢᠩᠭᠠᠳᠬᠠᠬᠤ ᠬᠡᠷᠡᠭᠲᠡᠢ ᠭᠡᠵᠦ ᠱᠠᠭᠠᠷᠳᠠᠪᠠ | | | | | ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ 7 ᠳ᠋ᠤᠭᠠᠷ ᠰᠠᠷ᠎ᠠ ᠶᠢᠨ 16 ᠤ | ᠡᠳᠦᠷ ᠤᠨ ᠦᠳᠡ ᠶᠢᠨ ᠡᠮᠦᠨ᠎ᠡ ᠵᠥᠩ ᠨᠠᠨ ᠬᠠᠶ ᠶᠢᠨ ᠽᠢ ᠭᠤᠸᠠᠩ ᠭᠧ ᠳᠤ ᠫᠠᠺᠢᠰᠲ᠋ᠠᠨ ᠤ ᠶᠡᠷᠦᠩᠬᠡᠶ ᠰᠠᠶᠢᠳ | ᠢᠮᠦᠯᠠᠨ · ᠬᠠᠨ ᠲᠠᠢ ᠪᠣᠯᠵᠤᠭ᠎ᠠ ᠶᠣᠰᠣᠭᠠᠷ ᠤᠲᠠᠰᠤ ᠪᠠᠷ ᠶᠠᠷᠢᠯᠴᠠᠪᠠ᠃ | ᠢᠮᠦᠯᠠᠨ · ᠬᠠᠨ ᠶᠠᠭᠤᠨ ᠤ ᠡᠮᠦᠨ᠎ᠡ ᠫᠠᠺᠢᠰᠲ᠋ᠠᠨ ᠤ ᠵᠠᠰᠠᠭ ᠤᠨ ᠣᠷᠳᠣᠨ ᠪᠣᠯᠤᠨ ᠠᠷᠠᠳ ᠲᠦᠮᠡᠨ ᠤ | ᠡᠮᠦᠨ᠎ᠡ ᠠᠴᠠ ᠲᠦᠷᠦᠭᠦᠬᠡᠨ ᠳᠤ ᠫᠠᠺᠢᠰᠲ᠋ᠠᠨ ᠳᠤ ᠰᠦᠷᠳᠡᠭᠦᠯᠦᠯ ᠤᠨ ᠦᠵᠡᠯ ᠤᠨ ᠲᠠᠭᠠᠷᠢᠯᠳᠠ ᠶᠢᠨ ᠬᠡᠷᠡᠭ | ᠡᠭᠦᠰᠴᠦ᠂ ᠳᠤᠮᠳᠠᠳᠤ ᠶᠢᠨ ᠲᠠᠯ᠎ᠠ ᠶᠢᠨ ᠬᠥᠮᠦᠰ ᠬᠦᠨᠳᠦ ᠨᠣᠴᠢᠲᠠᠢ ᠦᠬᠦᠵᠦ ᠰᠢᠷᠬᠠᠳᠤᠭᠰᠠᠨ ᠲᠤᠬᠠᠢ ᠳᠤᠮᠳᠠᠳᠤ | ᠤᠯᠤᠰ ᠤᠨ ᠵᠠᠰᠠᠭ ᠤᠨ ᠣᠷᠳᠣᠨ ᠳᠤ ᠴᠢᠩ ᠰᠡᠳᠬᠢᠯ ᠠᠴᠠ ᠪᠠᠨ ᠲᠣᠬᠤᠨᠢᠭᠤᠯᠵᠤ ᠪᠠᠶᠢᠬᠤ ᠪᠠᠨ ᠢᠯᠡᠷᠬᠡᠶᠢᠯᠡᠵᠦ᠂ | ᠠᠳᠡᠭᠰᠡᠳ ᠤᠨ ᠭᠡᠷ ᠪᠦᠯᠢ ᠶᠢᠨ ᠬᠢᠨ ᠳᠤ ᠭᠦᠨ᠎ᠡ ᠡᠮᠭᠡᠨᠢᠨ ᠭᠠᠰᠢᠭᠤᠳᠠᠵᠤ ᠪᠠᠶᠢᠬᠤ ᠪᠠᠨ ᠢᠯᠡᠳᠬᠡᠭᠰᠡᠨ ᠪᠥᠭᠡᠳ | ᠫᠠᠺᠢᠰᠲ᠋ᠠᠨ ᠤ ᠲᠠᠯ᠎ᠠ ᠶᠢᠨ ᠱᠠᠳᠤᠴᠢ ᠴᠢᠨᠠᠷᠲᠠᠢ ᠪᠠᠶᠢᠴᠠᠭᠠᠯᠲᠠ ᠶᠢᠨ ᠠᠬᠢᠴᠠ ᠪᠣᠯᠤᠨ ᠳᠠᠷᠠᠭᠠᠴᠢ ᠶᠢᠨ ᠶᠠᠪᠤᠳᠠᠯ ᠢ | ᠰᠢᠢᠳᠪᠦᠷᠢᠯᠡᠬᠦ ᠠᠵᠢᠯ ᠤᠨ ᠪᠠᠶᠢᠳᠠᠯ ᠢ ᠵᠠᠷᠯᠠᠨ ᠮᠡᠳᠡᠭᠳᠡᠵᠡᠢ᠃ | ᠯᠢ ᠺᠧ ᠴᠢᠶᠠᠩ ᠫᠠᠺᠢᠰᠲ᠋ᠠᠨ ᠤ ᠲᠠᠯ᠎ᠠ ᠶᠢᠨ ᠬᠢᠨ ᠬᠡᠷᠡᠭ ᠭᠠᠷᠤᠭᠰᠠᠨ ᠤ ᠳᠠᠷᠠᠭ᠎ᠠ ᠲᠡᠷᠡ ᠳᠠᠷᠤᠢ ᠳᠤ ᠨᠢ | ᠰᠢᠷᠬᠠᠲᠤᠭᠰᠠᠳ ᠢ ᠠᠪᠤᠷᠠᠨ ᠡᠮᠨᠡᠬᠦ ᠪᠠ ᠠᠳᠡᠯ ᠤᠨ ᠪᠠᠶᠢᠴᠠᠭᠠᠯᠲᠠ ᠬᠢᠭᠰᠡᠨ ᠳᠤ ᠲᠠᠯᠠᠷᠬᠠᠵᠤ ᠪᠠᠶᠢᠬᠤ ᠪᠠᠨ | ᠢᠯᠡᠳᠬᠡᠪᠡ᠃ ᠯᠢ ᠺᠧ ᠴᠢᠶᠠᠩ ᠴᠢᠬᠤᠯᠠᠴᠢᠯᠠᠬᠤ ᠳᠤ ᠪᠠᠨ᠂ ᠠᠮᠢ ᠨᠠᠰᠤ ᠠᠯᠢᠪᠠ ᠠᠴᠠ ᠴᠢᠬᠤᠯᠠ᠂ ᠳᠤᠮᠳᠠᠳᠤ | ᠤᠯᠤᠰ ᠤᠨ ᠵᠠᠰᠠᠭ ᠤᠨ ᠣᠷᠳᠣᠨ ᠠᠴᠠ ᠭᠠᠳᠠᠭᠠᠳᠤ ᠳᠤ ᠪᠠᠶᠢᠭ᠎ᠠ ᠳᠤᠮᠳᠠᠳᠤ ᠤᠯᠤᠰ ᠤᠨ ᠠᠷᠠᠳ ᠢᠷᠭᠡᠨ ᠪᠣᠯᠤᠨ | ᠪᠠᠶᠢᠭᠤᠯᠤᠮᠵᠢ ᠶᠢᠨ ᠠᠮᠤᠷ ᠲᠦᠪᠰᠢᠨ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ ᠪᠠᠶᠢᠨ᠎ᠠ᠃ ᠣᠳᠣᠬᠠᠨ ᠤ | ᠪᠠᠴᠢᠮ ᠡᠭᠦᠷᠭᠡ ᠪᠣᠯ ᠰᠢᠷᠬᠠᠲᠤᠭᠰᠠᠳ ᠢ ᠪᠦᠬᠦ ᠬᠦᠴᠦᠨ ᠢᠶᠠᠷ ᠠᠪᠤᠷᠠᠨ ᠡᠮᠨᠡᠵᠦ᠂ ᠦᠷᠡᠭᠳᠡᠯ ᠰᠢᠷᠬᠠᠲᠤᠯ ᠢ | ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠠᠳᠡᠭᠰᠡᠳ ᠤᠨ ᠬᠤᠵᠢᠮ ᠤᠨ ᠶᠠᠪᠤᠳᠠᠯ ᠢ ᠰᠠᠶᠢᠲᠤᠷ ᠰᠢᠢᠳᠪᠦᠷᠢᠯᠡᠬᠦ | ᠶᠠᠪᠤᠳᠠᠯ ᠪᠣᠯᠤᠨ᠎ᠠ᠃ ᠳᠤᠮᠳᠠᠳᠤ ᠶᠢᠨ ᠲᠠᠯ᠎ᠠ ᠶᠢᠨ ᠠᠵᠢᠯᠯᠠᠬᠤ ᠳᠤᠭᠤᠶᠢᠯᠠᠩ ᠨᠢᠭᠡᠨᠲᠡ ᠫᠠᠺᠢᠰᠲ᠋ᠠᠨ ᠳᠤ ᠬᠦᠷᠴᠡᠢ᠂ | ᠳᠤᠷᠠᠲᠠᠶ᠎ᠠ ᠫᠠᠺᠢᠰᠲ᠋ᠠᠨ ᠤ ᠲᠠᠯ᠎ᠠ ᠶᠢᠨ ᠬᠢᠨ ᠲᠠᠢ ᠨᠢᠭᠲᠠ ᠬᠠᠮᠵᠢᠯᠴᠠᠵᠤ᠂ ᠫᠠᠺᠢᠰᠲ᠋ᠠᠨ ᠤ ᠲᠠᠯ᠎ᠠ ᠶᠢᠨ ᠬᠢᠨ ᠠᠵᠢᠯᠯᠠᠬᠤ | ᠳᠤᠭᠤᠶᠢᠯᠠᠩ ᠳᠤ ᠬᠠᠪᠰᠤᠷᠤᠯᠭ᠎ᠠ ᠬᠠᠩᠭᠠᠵᠤ᠂ ᠴᠢᠬᠤᠯᠠ ᠪᠦᠬᠦᠢ ᠠᠷᠭ᠎ᠠ ᠬᠡᠮᠵᠢᠶ᠎ᠡ ᠪᠦᠬᠦᠨ ᠢ ᠬᠡᠷᠡᠭᠯᠡᠵᠦ᠂ ᠪᠣᠳᠠᠲᠤ | ᠬᠡᠷᠡᠭ ᠤᠨ ᠦᠨᠡᠨ ᠪᠠᠶᠢᠳᠠᠯ ᠢ ᠨᠠᠷᠢᠨ ᠬᠢᠨᠠᠮᠠᠭᠠᠢ᠂ ᠬᠠᠷᠢᠭᠤᠴᠠᠯᠭ᠎ᠠ ᠲᠠᠢ᠂ ᠣᠨᠣᠪᠴᠢᠲᠠᠢ ᠪᠠᠶᠢᠴᠠᠭᠠᠨ ᠲᠤᠳᠤᠯᠠᠵᠤ᠂ | ᠰᠦᠷᠳᠡᠭᠦᠯᠦᠯ ᠤᠨ ᠦᠵᠡᠯ ᠤᠨ ᠲᠠᠭᠠᠷᠢᠯᠳᠠ ᠶᠢᠨ ᠶᠠᠷᠭᠠᠴᠢᠨ ᠢ ᠡᠷᠬᠡᠪᠰᠢ ᠬᠠᠤᠯᠢ ᠪᠠᠷ ᠰᠢᠢᠳᠬᠡᠬᠦ ᠶᠢ ᠬᠦᠰᠡᠵᠦ | ᠪᠠᠶᠢᠨ᠎ᠠ ᠭᠡᠵᠡᠢ᠃ ᠯᠢ ᠺᠧ ᠴᠢᠶᠠᠩ ᠬᠦᠰᠡᠬᠦ ᠳᠤ ᠪᠠᠨ᠂ ᠫᠠᠺᠢᠰᠲ᠋ᠠᠨ ᠤ ᠲᠠᠯ᠎ᠠ ᠶᠢᠨ ᠬᠢᠨ ᠦᠨᠡᠨ ᠬᠦ ᠪᠦᠲᠦᠮᠵᠢᠲᠡᠢ | ᠠᠷᠭ᠎ᠠ ᠬᠡᠮᠵᠢᠶ᠎ᠡ ᠠᠪᠴᠤ ᠪᠠᠶᠢᠭᠠᠳ ᠫᠠᠺᠢᠰᠲ᠋ᠠᠨ ᠳᠤ ᠪᠠᠶᠢᠭ᠎ᠠ ᠳᠤᠮᠳᠠᠳᠤ ᠶᠢᠨ ᠲᠠᠯ᠎ᠠ ᠶᠢᠨ ᠬᠥᠮᠦᠰ ᠪᠣᠯᠤᠨ | ᠪᠠᠶᠢᠭᠤᠯᠤᠮᠵᠢ ᠶᠢᠨ ᠠᠮᠤᠷ ᠲᠦᠪᠰᠢᠨ ᠤ ᠬᠠᠮᠠᠭᠠᠯᠠᠯᠲᠠ ᠶᠢ ᠴᠢᠩᠭᠠᠳᠬᠠᠵᠤ᠂ ᠡᠶᠢᠮᠦᠷᠬᠦ ᠬᠡᠷᠡᠭ ᠳᠠᠬᠢᠨᠲᠠ ᠭᠠᠷᠬᠤ ᠶᠢ | ᠪᠦᠬᠦ ᠬᠦᠴᠦᠨ ᠢᠶᠠᠷ ᠰᠡᠷᠭᠡᠶᠢᠯᠡᠬᠦ ᠬᠡᠷᠡᠭᠲᠡᠢ ᠭᠡᠵᠡᠢ᠃ | ᠯᠢ ᠺᠧ ᠴᠢᠶᠠᠩ ᠵᠢᠭᠠᠬᠤ ᠳᠤ ᠪᠠᠨ᠂ ᠣᠳᠣᠬᠠᠨ ᠤ ᠳᠡᠯᠡᠬᠡᠢ ᠶᠢᠨ ᠪᠠ ᠭᠠᠵᠠᠷ ᠣᠷᠣᠨ ᠤ ᠪᠠᠶᠢᠳᠠᠯ ᠳᠤ ᠨᠠᠷᠢᠨ | ᠪᠤᠳᠤᠯᠢᠶᠠᠨᠲᠠᠢ ᠪᠥᠭᠡᠳ ᠭᠦᠨᠵᠡᠭᠡᠢ ᠬᠤᠪᠢᠷᠠᠯᠲᠠ ᠭᠠᠷᠴᠤ ᠪᠠᠶᠢᠨ᠎ᠠ᠃ ᠳᠤᠮᠳᠠᠳᠤ ᠶᠢᠨ ᠲᠠᠯ᠎ᠠ ᠶᠢᠨ ᠬᠢᠨ ᠳᠤᠮᠳᠠᠳᠤ | ᠫᠠᠺᠢᠰᠲ᠋ᠠᠨ ᠤ ᠬᠠᠷᠢᠴᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠂ ᠪᠢᠳᠡ ᠪᠣᠯ ᠪᠦᠬᠦ ᠲᠠᠯ᠎ᠠ ᠶᠢᠨ | ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠮᠥᠨ᠂ ᠳᠤᠷᠠᠲᠠᠶ᠎ᠠ ᠫᠠᠺᠢᠰᠲ᠋ᠠᠨ ᠤ ᠲᠠᠯ᠎ᠠ ᠶᠢᠨ ᠬᠢᠨ ᠲᠠᠢ | ᠪᠠᠶᠢᠯᠳᠤᠬᠤ ᠪᠤᠳᠤᠯᠭ᠎ᠠ ᠶᠢᠨ ᠤᠯᠤᠯᠴᠠᠭ᠎ᠠ ᠪᠠ ᠵᠣᠬᠢᠴᠠᠭᠤᠯᠭ᠎ᠠ ᠪᠠᠨ ᠴᠢᠩᠭᠠᠳᠬᠠᠵᠤ᠂ ᠪᠣᠳᠠᠲᠠᠢ ᠶᠢ ᠡᠷᠬᠢᠮᠯᠡᠭᠰᠡᠨ | ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠭᠠᠵᠠᠷ ᠣᠷᠣᠨ ᠤ ᠡᠩᠬᠡ ᠲᠠᠶᠢᠪᠤᠩ ᠠᠮᠤᠷ ᠲᠦᠪᠰᠢᠨ ᠢ ᠬᠠᠮᠠᠭᠠᠯᠠᠵᠤ᠂ | ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠦᠨ᠎ᠡ ᠭᠡᠵᠦ ᠵᠢᠭᠠᠵᠤ ᠭᠠᠷᠭᠠᠪᠠ᠃ | ᠢᠮᠦ᠋ᠯᠠᠨ · ᠬᠠᠨ ᠢᠯᠡᠷᠬᠡᠶᠢᠯᠡᠬᠦ ᠳᠤ ᠪᠠᠨ᠂ ᠫᠠᠺᠢᠰᠲ᠋ᠠᠨ ᠤ ᠲᠠᠯ᠎ᠠ ᠶᠢᠨ ᠬᠢᠨ ᠡᠳᠦᠷ ᠰᠥᠨᠢ ᠢᠯᠭᠠᠯ ᠦᠭᠡᠢ | ᠪᠥᠬᠦ ᠬᠦᠴᠦᠨ ᠢᠶᠠᠷ ᠢᠶᠠᠨ ᠰᠢᠷᠬᠠᠲᠤᠭᠰᠠᠳ ᠢ ᠠᠪᠤᠷᠠᠨ ᠵᠠᠰᠠᠵᠤ ᠪᠠᠶᠢᠨ᠎ᠠ᠂ ᠪᠥᠬᠦ ᠬᠦᠴᠦᠨ ᠢᠶᠠᠷ ᠢᠶᠠᠨ ᠬᠡᠷᠡᠭ ᠤᠨ | ᠦᠨᠡᠨ ᠪᠠᠶᠢᠳᠠᠯ ᠢ ᠲᠦᠢᠯᠪᠤᠷᠢᠲᠠᠶ ᠪᠠᠶᠢᠴᠠᠭᠠᠵᠤ᠂ ᠵᠢᠩᠬᠢᠨᠢ ᠶᠠᠷᠭᠠᠴᠢᠨ ᠢ ᠠᠯᠢ ᠲᠦᠷᠭᠡᠨ ᠢᠶᠠᠷ ᠬᠠᠤᠯᠢ ᠪᠠᠷ | ᠪᠠᠶᠢᠴᠠᠭᠠᠨ ᠰᠢᠢᠳᠬᠡᠨ᠎ᠡ᠃ ᠫᠠᠺᠢᠰᠲ᠋ᠠᠨ ᠤ ᠲᠠᠯ᠎ᠠ ᠶᠢᠨ ᠬᠢᠨ ᠳᠤᠷᠠᠲᠠᠶ᠎ᠠ ᠳᠤᠮᠳᠠᠳᠤ ᠶᠢᠨ ᠲᠠᠯ᠎ᠠ ᠶᠢᠨ ᠠᠵᠢᠯᠯᠠᠬᠤ | ᠳᠤᠭᠤᠶᠢᠯᠠᠩ ᠤᠨ ᠠᠵᠢᠯ ᠢᠶᠠᠨ ᠥᠷᠨᠢᠭᠦᠯᠬᠦ ᠳᠤ ᠬᠠᠪᠰᠤᠷᠤᠨ ᠳᠡᠮᠵᠢᠨ᠎ᠡ ᠭᠡᠵᠡᠢ᠃ | ᠢᠮᠦᠯᠠᠨ · ᠬᠠᠨ ᠴᠢᠬᠤᠯᠠᠴᠢᠯᠠᠬᠤ ᠳᠤ ᠪᠠᠨ᠂ ᠫᠠᠺᠢᠰᠲ᠋ᠠᠨ ᠤ ᠲᠠᠯ᠎ᠠ ᠶᠢᠨ ᠬᠢᠨ ᠫᠠᠺᠢᠰᠲ᠋ᠠᠨ ᠳᠤ ᠪᠠᠶᠢᠭ᠎ᠠ | ᠳᠤᠮᠳᠠᠳᠤ ᠶᠢᠨ ᠲᠠᠯ᠎ᠠ ᠶᠢᠨ ᠬᠥᠮᠦᠰ ᠪᠣᠯᠤᠨ ᠪᠠᠶᠢᠭᠤᠯᠤᠮᠵᠢ ᠶᠢᠨ ᠠᠮᠤᠷ ᠲᠦᠪᠰᠢᠨ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠨ ᠦᠵᠡᠵᠦ᠂ ᠠᠮᠤᠷ ᠲᠦᠪᠰᠢᠨ ᠤ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠨᠢᠭᠡᠨᠲᠡ | ᠬᠡᠷᠡᠭᠵᠢᠭᠦᠯᠦᠭᠰᠡᠨ ᠪᠥᠭᠡᠳ ᠦᠷᠭᠦᠯᠵᠢᠯᠡᠨ ᠴᠢᠩᠭᠠᠳᠬᠠᠵᠤ᠂ ᠫᠠᠺᠢᠰᠲ᠋ᠠᠨ ᠳᠤᠮᠳᠠᠳᠤ ᠶᠢᠨ ᠬᠠᠮᠲᠤᠷᠠᠯᠴᠠᠭᠠᠨ ᠤ | ᠲᠦᠷᠦᠯ ᠵᠦᠢᠯ ᠤᠨ ᠠᠮᠤᠷ ᠲᠦᠪᠰᠢᠨ ᠪᠥᠭᠡᠳ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠪᠣᠯᠤᠨ᠎ᠠ ᠭᠡᠵᠦ | ᠴᠢᠬᠤᠯᠠᠴᠢᠯᠠᠪᠠ᠃ | ᠡᡁᠧ ᠯᠢ ᠹᠧᠩ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃ |