ᠲᠦᠷᠦ ᠶᠢᠨ ᠨᠠᠮ ᠤᠨ ᠬᠠᠮᠲᠤᠷᠠᠯᠴᠠᠭ᠎ᠠ ᠶᠢ ᠴᠢᠩᠭᠠᠳᠬᠠᠵᠤ ᠠᠷᠠᠳ ᠲᠦᠮᠡᠨ ᠤ ᠵᠣᠯ ᠵᠢᠷᠭᠠᠯ ᠢ ᠬᠠᠮᠲᠤ ᠪᠠᠷ | ᠡᠷᠢᠯᠬᠢᠯᠡᠶ᠎ᠡ — ᠳᠤᠮᠳᠠᠳᠤ ᠤᠯᠤᠰ ᠤᠨ ᠡᠪ ᠬᠠᠮᠲᠤ ᠨᠠᠮ ᠪᠣᠯᠤᠨ ᠳᠡᠯᠡᠬᠡᠢ ᠶᠢᠨ ᠲᠦᠷᠦ ᠶᠢᠨ ᠨᠠᠮ ᠤᠨ | ᠤᠳᠤᠷᠢᠳᠬᠤ ᠬᠥᠮᠦᠰ ᠤᠨ ᠲᠦᠷᠦᠭᠦᠴᠦᠳ ᠤᠨ ᠬᠤᠷᠠᠯ ᠳᠡᠭᠡᠷᠡᠬᠢ ᠭᠤᠣᠯ ᠵᠤᠷᠢᠯᠳᠠᠳᠤ ᠶᠠᠷᠢᠶ᠎ᠠ | ︵2021 ᠣᠨ ᠤ 7 ᠰᠠᠷ᠎ᠠ ᠶᠢᠨ 6 ᠤ ᠡᠳᠦᠷ᠂ ᠪᠡᠭᠡᠵᠢᠩ ᠳᠤ︶ | ᠳᠤᠮᠳᠠᠳᠤ ᠤᠯᠤᠰ ᠤᠨ ᠡᠪ ᠬᠠᠮᠳᠦ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠪᠦᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩ | ᠡᠷᠬᠢᠮ ᠬᠦᠨᠳᠦᠲᠦ ᠲᠥᠷᠥ ᠶᠢᠨ ᠨᠠᠮ ᠤᠨ ᠤᠳᠤᠷᠢᠳᠬᠤ ᠬᠥᠮᠦᠰ ᠡ᠂ ᠠᠪᠠᠭ᠋ᠠᠢ ᠨᠠᠷ᠂ ᠠᠪᠤᠭᠠᠢ ᠨᠠᠷ᠂ ᠨᠠᠶᠢᠵᠠ | ᠨᠠᠷ ᠡ᠄ | ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢᠨ ᠲᠠᠰᠢᠷᠠᠮ ᠢᠶᠠᠷ᠂ | 160 ᠭᠠᠷᠤᠢ ᠤᠯᠤᠰ ᠠᠴᠠ ᠬᠦᠷᠦᠯᠴᠡᠨ ᠢᠷᠡᠭᠰᠡᠨ 500 ᠭᠠᠷᠤᠢ ᠲᠦᠷᠦ ᠶᠢᠨ ᠨᠠᠮ ᠪᠣᠯᠤᠨ ᠤᠯᠤᠰ ᠲᠦᠷᠦ ᠶᠢᠨ | ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠬᠥᠮᠦᠰ᠂ ᠲᠦᠷᠦ ᠶᠢᠨ ᠨᠠᠮ ᠪᠣᠯᠤᠨ ᠡᠯ᠎ᠡ ᠡᠲᠡᠭᠡᠳ ᠤᠨ ᠲᠦᠮᠡ | ᠭᠠᠷᠤᠢ ᠲᠥᠯᠥᠭᠡᠯᠡᠭᠴᠢᠳ ᠲᠠᠢ ᠬᠠᠮᠲᠤ ︽ᠡᠭᠦᠯᠡᠨ ᠲᠠᠪᠴᠠᠩ︾ ᠳᠤ ᠴᠤᠭᠯᠠᠷᠠᠵᠤ᠂ ︽ᠠᠷᠠᠳ ᠲᠦᠮᠡᠨ ᠳᠤ ᠵᠣᠯ | ᠵᠢᠷᠭᠠᠯ ᠡᠳ᠋ᠯᠡᠭᠦᠯᠬᠦ ᠪᠤᠯᠤᠨ ᠲᠦᠷᠦ ᠶᠢᠨ ᠨᠠᠮ ᠤᠨ ᠬᠠᠷᠢᠭᠤᠴᠠᠯᠭ᠎ᠠ︾ ᠭᠡᠬᠦ ᠡᠨᠡ ᠬᠦ ᠴᠢᠬᠤᠯᠠ ᠶᠡᠭᠡ ᠰᠡᠳᠦᠪ ᠢ | ᠰᠤᠳᠤᠯᠤᠨ ᠶᠠᠷᠢᠯᠴᠠᠬᠤ ᠪᠤᠯᠤᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ᠃ ᠤᠢᠢᠷ᠎ᠠ ᠶᠢᠨ ᠬᠤᠭᠤᠴᠠᠭᠠᠨ ᠳᠤ᠂ 170 | ᠭᠠᠷᠤᠢ ᠤᠯᠤᠰ ᠤᠨ 600 ᠭᠠᠷᠤᠢ ᠲᠦᠷᠦ ᠶᠢᠨ ᠨᠠᠮ ᠪᠣᠯᠤᠨ ᠤᠯᠤᠰ ᠲᠦᠷᠦ ᠶᠢᠨ ᠵᠣᠬᠢᠶᠠᠨ | ᠪᠠᠶᠢᠭᠤᠯᠤᠯᠲᠠ ᠨᠤᠭᠤᠳ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠳᠤ | ᠲᠤᠬᠠᠢ 1500 ᠭᠠᠷᠤᠢ ᠬᠤᠪᠢ ᠪᠠᠶᠠᠷ ᠤᠨ ᠴᠠᠬᠢᠯᠭᠠᠨ ᠴᠢᠮᠡᠭᠡ ᠪᠠᠶᠠᠷ ᠤᠨ ᠵᠠᠬᠢᠳᠠᠯ ᠢᠯᠡᠭᠡᠵᠦ᠂ ᠳᠤᠮᠳᠠᠳᠤ | ᠤᠯᠤᠰ ᠤᠨ ᠡᠪ ᠬᠠᠮᠲᠤ ᠨᠠᠮ ᠳᠤ ᠨᠥᠬᠦᠷᠰᠡᠭ ᠰᠡᠳᠬᠢᠯᠭᠡ ᠪᠣᠯᠤᠨ ᠰᠠᠶᠢᠨ ᠰᠠᠶᠢᠬᠠᠨ ᠬᠦᠰᠡᠯ ᠵᠥᠩᠨᠡᠯ ᠢᠶᠠᠨ | ᠢᠯᠡᠳᠬᠡᠪᠡ᠃ ᠪᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠮᠦᠨ᠎ᠡ ᠠᠴᠠ ᠲᠠ ᠤᠯᠠᠨ ᠳᠤ ᠴᠢᠩ | ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ︕ | ᠬᠡᠳᠦᠨ ᠡᠳᠦᠷ ᠤᠨ ᠡᠮᠦᠨ᠎ᠡ᠂ ᠪᠢᠳᠡ ᠶᠡᠭᠡ ᠬᠤᠷᠠᠯ ᠬᠢᠵᠦ᠂ ᠳᠤᠮᠳᠠᠳᠤ ᠤᠯᠤᠰ ᠤᠨ ᠡᠪ ᠬᠠᠮᠲᠤ ᠨᠠᠮ | ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠪᠡ᠃ 100 ᠵᠢᠯ ᠤᠨ ᠲᠤᠷᠰᠢ᠂ ᠳᠤᠮᠳᠠᠳᠤ ᠤᠯᠤᠰ ᠤᠨ ᠡᠪ | ᠬᠠᠮᠲᠤ ᠨᠠᠮ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠦᠷᠭᠦᠯᠵᠢᠯᠡᠨ ᠲᠡᠮᠡᠴᠡᠵᠦ᠂ | ᠳᠤᠮᠳᠠᠳᠤ ᠶᠢᠨ ᠦᠨᠳᠦᠰᠦᠲᠡᠨ ᠤ ᠪᠣᠰᠴᠤ ᠵᠣᠭᠰᠣᠭᠰᠠᠨ ᠪᠠ ᠪᠠᠶᠠᠵᠢᠭᠰᠠᠨ ᠠᠴᠠ ᠪᠠᠨ ᠬᠦᠴᠦᠷᠬᠡᠭᠵᠢᠭᠰᠡᠨ ᠠᠭᠤᠤ | ᠶᠡᠭᠡ ᠦᠰᠦᠷᠦᠯᠲᠡ ᠶᠢ ᠤᠭᠲᠤᠨ ᠠᠪᠴᠢᠷᠠᠪᠠ᠃ 100 ᠵᠢᠯ ᠤᠨ ᠲᠤᠷᠰᠢ᠂ ᠳᠤᠮᠳᠠᠳᠤ ᠤᠯᠤᠰ ᠤᠨ ᠡᠪ ᠬᠠᠮᠲᠤ | ᠨᠠᠮ ᠳᠤᠮᠳᠠᠳᠤ ᠤᠯᠤᠰ ᠤᠨ ᠠᠷᠠᠳ ᠲᠦᠮᠡᠨ ᠪᠣᠯᠤᠨ ᠳᠡᠯᠡᠬᠡᠢ ᠶᠢᠨ ᠡᠯ᠎ᠡ ᠤᠯᠤᠰ ᠤᠨ ᠠᠷᠠᠳ ᠲᠦᠮᠡᠨ ᠲᠠᠢ ᠬᠤᠪᠢ | ᠵᠠᠶᠠᠭ᠎ᠠ ᠪᠠᠨ ᠬᠠᠮᠲᠤᠳᠬᠠᠬᠤ ᠶᠢ ᠪᠠᠷᠢᠮᠲᠠᠯᠠᠵᠤ᠂ ᠳᠡᠯᠡᠬᠡᠢ ᠶᠢᠨ ᠶᠡᠭᠡ ᠲᠠᠯ᠎ᠠ ᠪᠣᠯᠤᠨ ᠴᠠᠭ ᠦᠶ᠎ᠡ ᠶᠢᠨ ᠤᠷᠤᠰᠬᠠᠯ | ᠳᠤᠮᠳᠠ ᠳᠤᠮᠳᠠᠳᠤ ᠤᠯᠤᠰ ᠤᠨ ᠬᠥᠭᠵᠢᠯᠲᠡ ᠶᠢᠨ ᠤᠷᠤᠭᠰᠢᠯᠠᠬᠤ ᠴᠢᠭᠯᠡᠯ ᠢ ᠡᠵᠡᠮᠳᠡᠵᠦ᠂ ᠡᠯ᠎ᠡ ᠤᠯᠤᠰ ᠤᠨ | ᠬᠠᠮᠲᠤ ᠶᠢᠨ ᠬᠥᠭᠵᠢᠯ ᠴᠡᠴᠡᠭᠯᠡᠯ ᠢ ᠠᠬᠢᠭᠤᠯᠪᠠ᠃ | ᠳᠤᠮᠳᠠᠳᠤ ᠤᠯᠤᠰ ᠤᠨ ᠡᠪ ᠬᠠᠮᠲᠤ ᠨᠠᠮ ᠪᠣᠯᠤᠨ ᠳᠤᠮᠳᠠᠳᠤ ᠤᠯᠤᠰ ᠤᠨ ᠠᠷᠠᠳ ᠲᠦᠮᠡᠨ ᠤ ᠣᠯᠤᠭᠰᠠᠨ | ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠨᠢ ᠳᠡᠯᠡᠬᠡᠢ ᠶᠢᠨ ᠡᠯ᠎ᠡ ᠤᠯᠤᠰ ᠤᠨ ᠠᠷᠠᠳ ᠲᠦᠮᠡᠨ ᠤ ᠬᠦᠴᠦᠲᠡᠢ | ᠳᠡᠮᠵᠢᠯᠭᠡ ᠠᠴᠠ ᠰᠠᠯᠵᠤ ᠴᠢᠳᠠᠬᠤ ᠦᠭᠡᠢ ᠶᠤᠮ᠃ ᠠᠳᠡ ᠪᠢ ᠳᠤᠮᠳᠠᠳᠤ ᠤᠯᠤᠰ ᠤᠨ ᠡᠪ ᠬᠠᠮᠲᠤ ᠨᠠᠮ ᠪᠠ | ᠳᠤᠮᠳᠠᠳᠤ ᠤᠯᠤᠰ ᠤᠨ ᠠᠷᠠᠳ ᠲᠦᠮᠡᠨ ᠤ ᠡᠮᠦᠨ᠎ᠡ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠪᠠ ᠳᠤᠮᠳᠠᠳᠤ | ᠤᠯᠤᠰ ᠤᠨ ᠬᠤᠪᠢᠰᠬᠠᠯ᠂ ᠪᠦᠲᠦᠭᠡᠨ ᠪᠠᠶᠢᠭᠤᠯᠤᠯᠲᠠ᠂ ᠥᠭᠡᠷᠡᠴᠢᠯᠡᠯᠲᠡ ᠶᠢᠨ ᠦᠢᠯᠡᠰ ᠢ ᠬᠠᠯᠠᠮᠵᠢᠯᠠᠨ ᠳᠡᠮᠵᠢᠵᠦ | ᠬᠠᠪᠰᠤᠷᠤᠭᠰᠠᠨ ᠡᠯ᠎ᠡ ᠤᠯᠤᠰ ᠤᠨ ᠲᠦᠷᠦ ᠶᠢᠨ ᠨᠠᠮ᠂ ᠠᠷᠠᠳ ᠲᠦᠮᠡᠨ ᠪᠠ ᠨᠠᠶᠢᠵᠠ ᠨᠠᠷ ᠲᠤ ᠴᠢᠩ ᠰᠡᠳᠬᠢᠯ ᠤᠨ | ᠲᠠᠯᠠᠷᠬᠠᠯ ᠢᠶᠠᠨ ᠳᠡᠪᠰᠢᠭᠦᠯᠦᠶ᠎ᠡ︕ | ᠠᠪᠠᠭ᠋ᠠᠶ ᠨᠠᠷ᠂ ᠠᠪᠤᠭᠠᠶ ᠨᠠᠷ᠂ ᠨᠠᠶᠢᠵᠠ ᠨᠠᠷ ᠡ︕ | ᠣᠳᠣᠬᠠᠨ ᠤ ᠳᠡᠯᠡᠬᠡᠢ ᠶᠢᠷᠲᠢᠨᠴᠦ ᠶᠠᠭ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠶᠢ | ᠥᠩᠭᠡᠷᠡᠭᠡᠵᠦ᠂ ᠳᠡᠯᠡᠬᠡᠢ ᠶᠢᠨ ᠤᠯᠠᠨ ᠲᠦᠢᠯᠵᠢᠯ᠂ ᠠᠵᠤ ᠠᠬᠤᠢ ᠶᠢᠨ ᠳᠡᠯᠡᠬᠡᠶᠢᠵᠢᠯ ᠨᠢ ᠭᠦᠨᠵᠡᠭᠡᠢ | ᠬᠤᠪᠢᠷᠠᠯᠲᠠ ᠶᠢᠨ ᠳᠤᠮᠳᠠ ᠣᠷᠣᠰᠢᠵᠤ᠂ ᠡᠯ᠎ᠡ ᠤᠯᠤᠰ ᠬᠠᠷᠢᠯᠴᠠᠵᠦ᠂ ᠲᠦᠰᠢᠯᠴᠡᠵᠦ᠂ ᠨᠥᠯᠥᠭᠡᠯᠡᠯᠴᠡᠬᠦ ᠨᠢ ᠨᠡᠩ | ᠨᠢᠭᠲᠠ ᠪᠣᠯᠵᠠᠢ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠥᠷᠢᠰᠥᠯᠳᠦᠭᠡᠨ ᠢ | ᠠᠷᠭᠠᠴᠡᠭᠠᠵᠤ᠂ ᠠᠵᠤ ᠠᠬᠤᠶ ᠶᠢᠨ ᠰᠡᠷᠭᠦᠯᠲᠡ ᠶᠢ ᠠᠬᠢᠭᠤᠯᠤᠨ᠂ ᠳᠡᠯᠡᠬᠡᠶ ᠶᠢᠨ ᠲᠣᠭᠲᠠᠭᠤᠨ ᠢ ᠬᠠᠮᠠᠭᠠᠯᠠᠬᠤ ᠶᠢᠨ | ᠲᠥᠯᠥᠭᠡ᠂ ᠳᠡᠯᠡᠬᠡᠶ ᠨᠡᠶᠢᠭᠡᠮ ᠢᠶᠠᠷ ᠢᠶᠠᠨ ᠰᠢᠷᠭᠠᠭᠤ ᠬᠠᠲᠠᠭᠤᠵᠢᠯᠲᠠᠶ ᠴᠢᠷᠮᠠᠶᠢᠯᠭ᠎ᠠ ᠭᠠᠷᠭᠠᠵᠤ᠂ ᠡᠯ᠎ᠡ ᠤᠯᠤᠰ ᠤᠨ | ᠲᠥᠷᠥ ᠶᠢᠨ ᠨᠠᠮ ᠢᠳᠡᠪᠬᠢᠲᠡᠶ ᠰᠦᠪᠡᠭᠴᠢᠯᠡᠯᠳᠡ ᠬᠢᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠢᠯᠡᠷᠡᠭᠦᠯᠪᠡ᠃ | ᠡᠭᠦᠨ ᠤ ᠬᠠᠮᠲᠤ᠂ ᠵᠠᠷᠢᠮ ᠭᠠᠵᠠᠷ ᠣᠷᠣᠨ ᠤ ᠲᠠᠶᠢᠨ ᠳᠠᠵᠢᠨ ᠪᠠ ᠮᠥᠷᠭᠦᠯᠳᠦᠭᠡᠨ ᠮᠥᠨ ᠯᠡ ᠦᠷᠭᠦᠯᠵᠢᠯᠡᠵᠦ᠂ | ᠥᠯᠥᠰᠬᠦᠯᠡᠩ ᠭᠠᠴᠢᠭ ᠪᠠ ᠡᠪᠡᠳᠴᠢᠨ ᠡᠮᠭᠡᠭ ᠮᠥᠨ ᠯᠡ ᠳᠡᠯᠭᠡᠷᠡᠵᠦ᠂ ᠵᠠᠪᠰᠠᠷᠳᠠᠯ ᠪᠠ ᠡᠰᠡᠷᠭᠦᠴᠡᠯᠳᠦᠯ ᠮᠥᠨ ᠯᠡ | ᠭᠦᠨᠵᠡᠭᠡᠶᠢᠷᠡᠵᠦ᠂ ᠡᠯ᠎ᠡ ᠤᠯᠤᠰ ᠤᠨ ᠠᠷᠠᠳ ᠲᠦᠮᠡᠨ ᠤ ᠵᠣᠯ ᠵᠢᠷᠭᠠᠯᠲᠤ ᠠᠮᠢᠳᠤᠷᠠᠯ ᠢ ᠬᠥᠭᠡᠭᠡᠴᠡᠯᠳᠦᠬᠦ ᠬᠦᠰᠡᠯ | ᠱᠠᠭᠠᠷᠳᠠᠯᠭ᠎ᠠ ᠨᠡᠩ ᠴᠢᠩᠭ᠎ᠠ ᠪᠤᠯᠵᠤ ᠪᠠᠶᠢᠨ᠎ᠠ᠃ | ᠥᠨᠥᠳᠦᠷ᠂ ᠬᠥᠮᠦᠨ ᠲᠥᠷᠥᠯᠬᠢᠲᠡᠨ ᠤ ᠨᠡᠶᠢᠭᠡᠮ ᠶᠠᠮᠠᠷ ᠵᠠᠮ ᠢᠶᠠᠷ ᠶᠠᠪᠤᠵᠤ ᠬᠡᠷᠬᠢᠨ ᠴᠢᠷᠮᠠᠶᠢᠬᠤ ᠲᠡᠦᠬᠡ ᠶᠢᠨ | ᠴᠠᠭ ᠥᠶ᠎ᠠ ᠳᠤ ᠳᠠᠬᠢᠨᠲᠠ ᠬᠥᠷᠴᠤ ᠢᠷᠡᠪᠡ᠂ ᠳᠠᠶᠢᠰᠤᠩᠨᠠᠨ ᠡᠰᠡᠷᠭᠦᠴᠡᠯᠳᠦᠬᠦ ᠶᠤᠮ ᠦᠦ ᠬᠠᠷᠢᠯᠴᠠᠨ ᠬᠦᠨᠳᠦᠳᠬᠡᠬᠦ | ᠶᠤᠮ ᠦᠦ︖ ᠪᠢᠲᠡᠭᠦᠮᠵᠢᠯᠡᠨ ᠬᠠᠷᠢᠴᠠᠭ᠎ᠠ ᠪᠠᠨ ᠲᠠᠰᠤᠯᠬᠤ ᠶᠤᠮ ᠦᠦ ᠡᠰᠡᠬᠦᠯ᠎ᠡ ᠨᠡᠭᠡᠭᠡᠯᠲᠡ ᠬᠢᠵᠦ ᠬᠠᠮᠲᠤᠷᠠᠯᠴᠠᠬᠤ | ᠶᠤᠮ ᠦᠦ︖ ᠡᠪᠰᠡᠯ ᠦᠭᠡᠢ ᠲᠡᠮᠡᠴᠡᠯᠳᠦᠬᠦ ᠶᠤᠮ ᠦᠦ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠶᠤᠮ | ᠦᠦ︖ ᠰᠣᠩᠭᠤᠯᠲᠠ ᠮᠠᠨ ᠤ ᠭᠠᠷ ᠲᠤ ᠪᠠᠶᠢᠨ᠎ᠠ᠂ ᠬᠠᠷᠢᠭᠤᠴᠠᠯᠭ᠎ᠠ ᠪᠢᠳᠡᠨ ᠤ ᠮᠥᠷᠥᠨ ᠳᠡᠭᠡᠷ᠎ᠡ ᠲᠠᠯᠪᠢᠬᠳᠠᠵᠦ | ᠪᠠᠶᠢᠨ᠎ᠠ᠃ | ᠬᠥᠮᠦᠨ ᠲᠥᠷᠥᠯᠬᠢᠲᠡᠨ ᠪᠣᠯ ᠨᠢᠭᠡᠨ ᠪᠦᠬᠦᠯᠢ ᠴᠣᠭᠴᠠ᠂ ᠳᠡᠯᠡᠬᠡᠶ ᠶᠢᠨ ᠪᠥᠮᠪᠥᠷᠴᠡᠭ ᠪᠣᠯ ᠨᠢᠭᠡᠨ ᠭᠡᠷ | ᠣᠷᠣᠨ ᠮᠥᠨ᠃ ᠬᠠᠮᠲᠤ ᠶᠢᠨ ᠥᠷᠢᠰᠥᠯᠳᠦᠭᠡᠨ ᠤ ᠡᠮᠦᠨ᠎ᠡ᠂ ᠶᠠᠮᠠᠷᠪᠠ ᠬᠥᠮᠦᠨ ᠶᠠᠮᠠᠷᠪᠠ ᠤᠯᠤᠰ ᠭᠡᠳ ᠴᠥᠮ | ᠬᠤᠪᠢ ᠪᠠᠨ ᠪᠤᠳᠤᠭᠠᠳ ᠪᠤᠰᠤᠳ ᠢ ᠬᠠᠶᠢᠬᠤᠷᠬᠤ ᠦᠭᠡᠢ ᠪᠠᠶᠢᠵᠤ ᠴᠢᠳᠠᠬᠤ ᠦᠭᠡᠢ ᠶᠤᠮ᠂ ᠬᠥᠮᠦᠨ | ᠲᠥᠷᠥᠯᠬᠢᠲᠡᠨ ᠳᠤ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠡᠶ᠎ᠡ ᠨᠠᠶᠢᠷᠲᠠᠢ ᠪᠠᠷ ᠬᠠᠮᠲᠤ ᠣᠷᠣᠰᠢᠬᠤ | ᠭᠠᠭᠴᠠᠬᠠᠨ ᠯᠠ ᠵᠠᠮ ᠪᠠᠶᠢᠳᠠᠭ᠃ ᠲᠦᠷᠦ ᠶᠢᠨ ᠨᠠᠮ ᠨᠢ ᠬᠥᠮᠦᠨ ᠲᠥᠷᠥᠯᠬᠢᠲᠡᠨ ᠤ ᠲᠠᠪᠰᠢᠯᠳᠠ ᠶᠢ ᠠᠬᠢᠭᠤᠯᠬᠤ | ᠴᠢᠬᠤᠯᠠ ᠬᠦᠴᠦᠨ ᠪᠣᠯᠤᠭᠰᠠᠨ ᠤ ᠬᠤᠪᠢ ᠳᠤ᠂ ᠵᠥᠪ ᠤᠷᠤᠭᠰᠢᠯᠠᠬᠤ ᠴᠢᠭᠯᠡᠯ ᠢ ᠪᠠᠷᠢᠮᠳᠠᠯᠠᠨ᠂ ᠠᠷᠠᠳ ᠲᠦᠮᠡᠨ ᠳᠤ | ᠵᠣᠯ ᠵᠢᠷᠭᠠᠯ ᠡᠳ᠋ᠯᠡᠭᠦᠯᠬᠦ᠂ ᠬᠥᠮᠦᠨ ᠲᠥᠷᠥᠯᠬᠢᠲᠡᠨ ᠤ ᠲᠠᠪᠰᠢᠯᠳᠠ ᠶᠢ ᠪᠡᠶᠡᠯᠡᠭᠦᠯᠬᠦ ᠲᠡᠦᠬᠡᠲᠦ ᠬᠠᠷᠢᠭᠤᠴᠠᠯᠭ᠎ᠠ ᠶᠢ | ᠡᠭᠦᠷᠭᠡᠯᠡᠬᠦ ᠬᠡᠷᠡᠭᠲᠡᠢ᠃ ᠮᠢᠨᠦ ᠦᠵᠡᠬᠦ ᠪᠠᠷ ᠲᠦᠷᠦ ᠶᠢᠨ ᠨᠠᠮ ᠳᠣᠣᠷᠠᠬᠢ ᠬᠡᠳᠦᠨ ᠵᠦᠢᠯ ᠢ ᠴᠢᠷᠮᠠᠶᠢᠨ ᠪᠡᠶᠡᠯᠡᠭᠦᠯᠪᠡᠯ | ᠵᠤᠬᠢᠨ᠎ᠠ᠃ | ᠨᠢᠭᠡᠳᠦᠭᠡᠷ ᠲᠤ᠂ ᠪᠢᠳᠠ ᠴᠢᠭᠯᠡᠯ ᠢ ᠬᠦᠳᠦᠯᠦᠨ ᠳᠠᠭᠠᠭᠤᠯᠬᠤ ᠬᠠᠷᠢᠭᠤᠴᠠᠯᠭ᠎ᠠ ᠶᠢ ᠡᠭᠦᠷᠭᠡᠯᠡᠵᠦ᠂ ᠬᠥᠮᠦᠨ | ᠲᠥᠷᠥᠯᠬᠢᠲᠡᠨ ᠤ ᠬᠠᠮᠲᠤ ᠶᠢᠨ ᠢᠷᠡᠭᠡᠳᠦᠢ ᠶᠢ ᠡᠵᠡᠮᠳᠡᠨ ᠴᠣᠭᠴᠠᠯᠠᠶ᠎ᠠ᠃ ᠠᠷᠠᠳ ᠲᠦᠮᠡᠨ ᠪᠠᠶᠠᠨ ᠴᠢᠨᠡᠭᠡᠯᠢᠭ ᠠᠮᠤᠷ | ᠠᠮᠤᠭᠤᠯᠠᠩ ᠢ ᠬᠦᠰᠡᠨ ᠡᠷᠡᠮᠡᠯᠵᠡᠵᠦ᠂ ᠲᠥᠪ ᠭᠤᠣᠯᠴᠢ ᠰᠢᠳᠤᠷᠭᠤ ᠶᠣᠰᠣ ᠶᠢ ᠬᠦᠰᠡᠨ ᠡᠷᠡᠮᠡᠯᠵᠡᠳᠡᠭ ᠶᠤᠮ᠃ ᠶᠡᠭᠡ | ᠴᠠᠭ ᠦᠶ᠎ᠡ ᠳᠤ ᠶᠡᠭᠡ ᠪᠠᠶᠢᠷᠢᠰᠢᠯ ᠱᠠᠭᠠᠷᠳᠠᠭᠳᠠᠨ᠎ᠠ᠂ ᠶᠡᠭᠡ ᠪᠠᠶᠢᠷᠢᠰᠢᠯ ᠨᠢ ᠠᠭᠤᠳᠠᠮ ᠪᠠᠭᠳᠠᠭᠠᠮᠵᠢᠳᠠᠢ ᠪᠠᠶᠢᠬᠤ ᠶᠢ | ᠤᠷᠢᠶᠠᠯᠠᠨ᠎ᠠ᠃ ︽ᠦᠪᠡᠷ ᠤᠨ ᠤᠯᠤᠰ ᠢᠶᠠᠨ ᠤᠷᠢᠳ ᠢᠶᠠᠷ ᠪᠤᠳᠤᠯᠬᠢᠯᠠᠬᠤ︾ ᠡᠭᠦᠳᠡᠨ ᠠᠴᠠ ᠦᠵᠡᠪᠡᠯ᠂ ᠳᠡᠯᠡᠬᠡᠢ | ᠶᠢᠷᠲᠢᠨᠴᠦ ᠪᠣᠯ ᠢᠪᠴᠤᠤ ᠴᠢᠬᠤᠯ ᠪᠠᠶᠢᠵᠤ᠂ ᠴᠠᠭ ᠢᠮᠠᠭᠲᠠ ︽ᠬᠤᠷᠴᠠ ᠰᠢᠷᠦᠭᠦᠨ ᠥᠷᠢᠰᠥᠯᠳᠦᠭᠡᠨ︾ ᠳᠤᠮᠳᠠ | ᠤᠷᠤᠰᠢᠵᠤ ᠪᠠᠶᠢᠳᠠᠭ᠃ ᠬᠤᠪᠢ ᠵᠠᠶᠠᠭ᠎ᠠ ᠪᠠᠨ ᠬᠠᠮᠲᠤᠳᠬᠠᠬᠤ ᠡᠭᠦᠳᠡᠨ ᠠᠴᠠ ᠦᠵᠡᠪᠡᠯ᠂ ᠳᠡᠯᠡᠬᠡᠢ ᠶᠢᠷᠲᠢᠨᠴᠦ ᠪᠣᠯ | ᠥᠷᠭᠡᠨ ᠠᠭᠤᠳᠠᠮ ᠪᠠᠶᠢᠵᠦ᠂ ᠭᠠᠵᠠᠷ ᠪᠣᠯᠭᠠᠨ ᠳᠤ ᠴᠥᠮ ᠬᠠᠮᠲᠤᠷᠠᠯᠴᠠᠭ᠎ᠠ ᠬᠢᠬᠦ ᠠᠵᠠ ᠲᠣᠬᠢᠶᠠᠯ ᠲᠠᠢ ᠪᠠᠶᠢᠭ᠎ᠠ | ᠶᠤᠮ᠃ ᠪᠢᠳᠡ ᠠᠷᠠᠳ ᠲᠦᠮᠡᠨ ᠤ ᠬᠦᠰᠡᠯ ᠰᠠᠨᠠᠭ᠎ᠠ ᠶᠢ ᠰᠣᠨᠣᠰᠴᠤ᠂ ᠴᠠᠭ ᠦᠶ᠎ᠡ ᠶᠢᠨ ᠤᠷᠤᠰᠬᠠᠯ ᠳᠤ ᠵᠤᠬᠢᠴᠠᠨ᠂ | ᠡᠯ᠎ᠡ ᠤᠯᠤᠰ ᠤᠨ ᠬᠢᠨ ᠵᠣᠬᠢᠴᠠᠭᠤᠯᠭ᠎ᠠ ᠪᠠ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠠᠬᠢᠭᠤᠯᠵᠤ᠂ ᠲᠤᠰ | ᠤᠯᠤᠰ ᠤᠨ ᠢᠶᠠᠨ ᠠᠷᠠᠳ ᠲᠦᠮᠡᠨ ᠤ ᠠᠰᠢᠭ ᠲᠤᠰᠠ ᠶᠢ ᠳᠡᠯᠡᠬᠡᠢ ᠶᠢᠨ ᠡᠯ᠎ᠡ ᠤᠯᠤᠰ ᠤᠨ ᠠᠷᠠᠳ ᠲᠦᠮᠡᠨ ᠤ | ᠠᠰᠢᠭ ᠲᠤᠰᠠ ᠲᠠᠢ ᠨᠢᠭᠡᠳᠬᠡᠵᠦ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠴᠣᠭᠴᠠ ᠶᠢ | ᠪᠠᠶᠢᠭᠤᠯᠬᠤ ᠴᠢᠭᠯᠡᠯ ᠲᠡᠶᠢᠰᠢ ᠤᠷᠤᠭᠰᠢᠯᠠᠶ᠎ᠠ᠃ | ᠬᠤᠶᠠᠳᠤᠭᠠᠷ ᠲᠤ᠂ ᠪᠢᠳᠡ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠬᠠᠷᠢᠭᠤᠴᠠᠯᠭ᠎ᠠ ᠶᠢ ᠡᠭᠦᠷᠭᠡᠯᠡᠵᠦ᠂ | ᠪᠦᠬᠦ ᠬᠥᠮᠦᠨ ᠲᠥᠷᠥᠯᠬᠢᠲᠡᠨ ᠤ ᠬᠠᠮᠲᠤ ᠶᠢᠨ ᠦᠷᠳᠡᠭ ᠢ ᠪᠠᠲᠤ ᠰᠠᠬᠢᠨ ᠪᠠᠳᠠᠷᠠᠭᠤᠯᠤᠶ᠎ᠠ᠃ ᠡᠯ᠎ᠡ ᠤᠯᠤᠰ ᠤᠨ | ᠲᠡᠦᠬᠡ᠂ ᠰᠣᠶᠣᠯ᠂ ᠪᠠᠶᠢᠭᠤᠯᠤᠯ᠂ ᠬᠥᠭᠵᠢᠯᠲᠡ ᠶᠢᠨ ᠲᠦᠪᠰᠢᠨ ᠨᠢ ᠠᠳᠠᠯᠢ ᠦᠭᠡᠢ ᠪᠣᠯᠪᠠᠴᠤ ᠡᠯ᠎ᠡ ᠤᠯᠤᠰ ᠤᠨ | ᠠᠷᠠᠳ ᠲᠦᠮᠡᠨ ᠴᠥᠮ ᠡᠩᠬᠡ ᠲᠠᠶᠢᠪᠤᠩ᠂ ᠬᠥᠭᠵᠢᠯᠲᠡ᠂ ᠲᠥᠪ ᠭᠤᠣᠯᠴᠢ᠂ ᠰᠢᠳᠤᠷᠭᠤ ᠶᠣᠰᠣ᠂ ᠠᠷᠠᠳᠴᠢᠯᠠᠯ᠂ | ᠡᠷᠬᠡ ᠴᠢᠯᠥᠭᠡ ᠵᠡᠷᠭᠡ ᠪᠦᠬᠦ ᠬᠥᠮᠦᠨ ᠲᠥᠷᠥᠯᠬᠢᠲᠡᠨ ᠤ ᠬᠠᠮᠲᠤ ᠶᠢᠨ ᠦᠷᠳᠡᠭ ᠢ ᠬᠥᠭᠡᠭᠡᠴᠡᠯᠳᠦᠳᠡᠭ ᠶᠤᠮ᠃ ᠪᠢᠳᠡ | ᠬᠥᠮᠦᠨ ᠲᠥᠷᠥᠯᠬᠢᠲᠡᠨ ᠤ ᠢᠷᠡᠭᠡᠳᠦᠢ ᠬᠤᠪᠢ ᠵᠠᠶᠠᠭ᠎ᠠ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ ᠪᠦᠬᠦ | ᠬᠥᠮᠦᠨ ᠲᠥᠷᠥᠯᠬᠢᠲᠡᠨ ᠤ ᠬᠠᠮᠲᠤ ᠶᠢᠨ ᠦᠷᠲᠡᠭ ᠤᠨ ᠰᠠᠨᠠᠭᠠᠴᠢᠯᠠᠭᠴᠢ ᠪᠤᠯᠵᠤ᠂ ᠦᠷᠲᠡᠭ ᠤᠨ ᠠᠭᠤᠯᠤᠭᠳᠠᠬᠤᠨ ᠤ | ᠲᠤᠬᠠᠢ ᠠᠳᠠᠯᠢ ᠪᠤᠰᠤ ᠪᠣᠯᠪᠠᠰᠤᠨ ᠤ ᠲᠠᠨᠢᠯᠳᠠ ᠶᠢ ᠠᠭᠤᠳᠠᠮ ᠪᠠᠭᠲᠠᠭᠠᠮᠵᠢᠲᠠᠢ ᠪᠠᠷ ᠣᠶᠢᠯᠠᠭᠠᠵᠤ᠂ ᠠᠳᠠᠯᠢ ᠪᠤᠰᠤ | ᠤᠯᠤᠰ ᠤᠨ ᠠᠷᠠᠳ ᠲᠦᠮᠡᠨ ᠤ ᠦᠷᠲᠡᠭ ᠢᠶᠠᠨ ᠪᠡᠶᠡᠯᠡᠭᠦᠯᠬᠦ ᠠᠷᠭ᠎ᠠ ᠵᠠᠮ ᠢ ᠬᠠᠶᠢᠨ ᠰᠦᠪᠡᠭᠴᠢᠯᠡᠬᠦ ᠶᠢ | ᠬᠦᠨᠳᠦᠳᠬᠡᠵᠦ᠂ ᠪᠦᠬᠦ ᠬᠥᠮᠦᠨ ᠲᠥᠷᠥᠯᠬᠢᠲᠡᠨ ᠤ ᠬᠠᠮᠲᠤ ᠶᠢᠨ ᠦᠷᠲᠡᠭ ᠢ ᠲᠤᠰ ᠤᠯᠤᠰ ᠤᠨ ᠢᠶᠠᠨ ᠠᠷᠠᠳ | ᠲᠦᠮᠡᠨ ᠤ ᠠᠰᠢᠭ ᠲᠤᠰᠠ ᠶᠢ ᠪᠡᠶᠡᠯᠡᠭᠦᠯᠬᠦ ᠦᠢᠯᠡᠳᠦᠯᠭᠡ ᠳᠤ ᠪᠣᠳᠠᠲᠠᠢ ᠪᠦᠭᠡᠳ ᠠᠬᠤᠢᠢᠴᠢ ᠪᠠᠷ ᠢᠯᠡᠷᠡᠭᠦᠯᠦᠶᠠ᠃ | ᠭᠤᠷᠪᠠᠳᠤᠭᠠᠷ ᠲᠤ᠂ ᠪᠢᠳᠡ ᠬᠥᠭᠵᠢᠯᠲᠡ ᠶᠢ ᠠᠬᠢᠭᠤᠯᠬᠤ ᠬᠠᠷᠢᠭᠤᠴᠠᠯᠭ᠎ᠠ ᠶᠢ ᠡᠭᠦᠷᠭᠡᠯᠡᠵᠦ᠂ | ᠬᠥᠭᠵᠢᠯᠲᠡ ᠶᠢᠨ ᠦᠷ᠎ᠡ ᠪᠦᠲᠦᠭᠡᠯ ᠢ ᠡᠯ᠎ᠡ ᠤᠯᠤᠰ ᠤᠨ ᠠᠷᠠᠳ ᠲᠦᠮᠡᠨ ᠳᠤ ᠨᠡᠩ ᠤᠯᠠᠨ ᠨᠡᠩ ᠭᠤᠣᠯᠴᠢ ᠪᠠᠷ | ᠬᠦᠷᠲᠡᠭᠡᠶ᠎ᠠ᠃ ᠬᠥᠭᠵᠢᠯᠳᠡ ᠪᠣᠯ ᠠᠷᠠᠳ ᠲᠦᠮᠡᠨ ᠤ ᠵᠣᠯ ᠵᠢᠷᠭᠠᠯ ᠢ ᠪᠡᠶᠡᠯᠡᠭᠦᠯᠬᠦ ᠶᠢᠨ ᠵᠠᠩᠭᠢᠯᠠᠭ᠎ᠠ ᠮᠥᠨ᠃ | ᠬᠥᠮᠦᠨ ᠲᠥᠷᠥᠯᠬᠢᠲᠡᠨ ᠤ ᠵᠣᠯ ᠵᠢᠷᠭᠠᠯ ᠢ ᠬᠥᠭᠡᠭᠡᠴᠡᠯᠳᠦᠬᠦ ᠵᠠᠮ ᠳᠡᠭᠡᠷ᠎ᠡ᠂ ᠨᠢᠭᠡ ᠤᠯᠤᠰ᠂ ᠨᠢᠭᠡ ᠦᠨᠳᠦᠰᠦᠲᠡᠨ ᠢ | ᠴᠦ ᠣᠷᠬᠢᠭᠳᠠᠭᠤᠯᠵᠤ ᠪᠣᠯᠬᠤ ᠦᠭᠡᠢ᠃ ᠳᠡᠯᠡᠬᠡᠢ ᠳᠡᠭᠡᠷᠡᠬᠢ ᠠᠯᠢᠪᠠ ᠤᠯᠤᠰ᠂ ᠠᠯᠢᠪᠠ ᠦᠨᠳᠦᠰᠦᠲᠡᠨ ᠴᠥᠮ | ᠬᠥᠭᠵᠢᠯᠲᠡ ᠶᠢᠨ ᠠᠵᠠ ᠲᠣᠬᠢᠶᠠᠯ ᠪᠠ ᠡᠷᠬᠡ ᠶᠢ ᠡᠷᠬᠡ ᠲᠡᠭᠰᠢ ᠪᠠᠷ ᠡᠳ᠋ᠯᠡᠬᠦ ᠶᠣᠰᠣᠲᠠᠢ ᠶᠤᠮ᠃ ᠪᠢᠳᠠ ᠪᠠᠶᠠᠨ | ᠶᠠᠳᠠᠭᠤ ᠶᠢᠨ ᠵᠥᠷᠢᠶ᠎ᠡ᠂ ᠬᠦᠭᠵᠢᠯᠲᠡ ᠶᠢᠨ ᠵᠠᠪᠰᠠᠷ ᠵᠠᠭᠠᠭ ᠵᠡᠷᠭᠡ ᠴᠢᠬᠤᠯᠠ ᠶᠡᠭᠡ ᠠᠬᠤᠢᠢᠴᠢ ᠠᠰᠠᠭᠤᠳᠠᠯ ᠳᠤ | ᠰᠢᠭᠤᠳ ᠬᠠᠨᠳᠤᠵᠤ᠂ ᠬᠥᠭᠵᠢᠭᠡᠳᠦᠢ ᠤᠯᠤᠰ ᠪᠠ ᠭᠠᠵᠠᠷ ᠣᠷᠣᠨ ᠳᠤ ᠠᠩᠬᠠᠷᠤᠯ ᠢᠶᠠᠨ ᠬᠠᠨᠳᠤᠭᠤᠯᠵᠤ᠂ ᠶᠠᠳᠠᠭᠤ | ᠬᠦᠴᠢᠷᠳᠡᠯᠲᠡᠢ ᠤᠯᠠᠨ ᠲᠦᠮᠡᠨ ᠢ ᠬᠠᠶᠢᠷᠠᠯᠠᠨ ᠬᠠᠯᠠᠮᠵᠢᠯᠠᠵᠤ᠂ ᠭᠠᠵᠠᠷ ᠪᠣᠯᠭᠠᠨ ᠳᠤ ᠬᠦᠰᠡᠯ ᠡᠷᠡᠮᠡᠯᠵᠡᠯ ᠤᠯᠭᠤᠶᠠ᠃ | ᠡᠷᠲᠡᠨ ᠤ ᠳᠤᠮᠳᠠᠳᠤ ᠤᠯᠤᠰ ᠤᠨ ᠬᠥᠮᠦᠨ᠄ ︽ᠥᠪᠡᠷ ᠢ ᠪᠠᠨ ᠯᠠ ᠪᠤᠳᠤᠵᠤ ᠦᠷᠦᠭᠡᠯ ᠢ ᠬᠠᠶᠢᠬᠤᠷᠬᠤ ᠦᠭᠡᠢ | ᠪᠤᠯᠪᠠᠰᠤ᠂ ᠤᠯᠠᠨ ᠳᠤ ᠵᠢᠭᠰᠢᠭᠳᠡᠮᠤᠢ︔ ᠦᠪᠡᠷ ᠢ ᠪᠠᠨ ᠤᠮᠠᠷᠳᠠᠵᠦ ᠪᠤᠰᠤᠳ ᠢ ᠲᠡᠳᠬᠦᠪᠡᠰᠦ᠂ ᠣᠯᠠᠨ ᠳᠤ | ᠬᠦᠷᠢᠶᠡᠯᠡᠭᠳᠡᠮᠤᠢ︾ ᠭᠡᠳᠡᠭ᠃ ᠬᠥᠭᠵᠢᠯᠲᠡ ᠪᠣᠯ ᠳᠡᠯᠡᠬᠡᠢ ᠶᠢᠨ ᠡᠯ᠎ᠡ ᠤᠯᠤᠰ ᠤᠨ ᠡᠷᠬᠡ ᠮᠥᠨ᠂ ᠬᠠᠷᠢᠨ ᠴᠥᠭᠡᠨ | ᠲᠣᠭᠠᠨ ᠤ ᠬᠡᠳᠦᠨ ᠤᠯᠤᠰ ᠤᠨ ᠲᠤᠰᠬᠠᠢ ᠠᠰᠢᠭ ᠪᠢᠰᠢ᠃ ᠪᠢᠳᠡ ᠡᠯ᠎ᠡ ᠤᠯᠤᠰ ᠤᠨ ᠬᠥᠭᠵᠢᠯᠲᠡ ᠶᠢᠨ | ᠬᠠᠮᠲᠤᠷᠠᠯᠴᠠᠭ᠎ᠠ ᠪᠠᠨ ᠴᠢᠩᠭᠠᠳᠬᠠᠬᠤ᠂ ᠡᠯ᠎ᠡ ᠤᠯᠤᠰ ᠤᠨ ᠠᠷᠠᠳ ᠲᠦᠮᠡᠨ ᠬᠥᠭᠵᠢᠯᠲᠡ ᠶᠢᠨ ᠦᠷ᠎ᠡ ᠪᠦᠲᠦᠭᠡᠯ ᠢ | ᠬᠠᠮᠲᠤ ᠪᠠᠷ ᠡᠳ᠋ᠯᠡᠬᠦ ᠶᠢ ᠠᠬᠢᠭᠤᠯᠵᠤ᠂ ᠪᠦᠬᠦ ᠪᠥᠮᠪᠥᠷᠴᠡᠭ ᠤᠨ ᠬᠥᠭᠵᠢᠯᠲᠡ ᠶᠢᠨ ᠡᠷᠭᠡ ᠲᠡᠭᠰᠢ ᠴᠢᠨᠠᠷ᠂ | ᠪᠦᠲᠦᠮᠵᠢᠲᠦ ᠴᠢᠨᠠᠷ᠂ ᠬᠠᠮᠵᠢᠯᠴᠠᠬᠤ ᠴᠢᠨᠠᠷ ᠢ ᠳᠡᠭᠡᠭᠰᠢᠯᠡᠭᠦᠯᠵᠦ᠂ ᠶᠠᠮᠠᠷᠪᠠ ᠬᠥᠮᠦᠨ ᠤ ᠮᠡᠷᠭᠡᠵᠢᠯ ᠤᠨ ᠪᠢᠲᠡᠭᠦᠮᠵᠢᠯᠡᠯ | ᠬᠢᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠪᠰᠠᠷ ᠵᠠᠭᠠᠭ ᠭᠠᠷᠭᠠᠬᠤ᠂ ᠬᠥᠭᠵᠢᠯᠲᠡ ᠶᠢᠨ ᠬᠠᠷᠢᠴᠠᠭ᠎ᠠ ᠪᠠᠨ | ᠲᠠᠰᠤᠯᠬᠤ ᠶᠢ ᠬᠠᠮᠲᠤ ᠪᠠᠷ ᠡᠰᠡᠷᠭᠦᠴᠡᠶ᠎ᠡ᠃ ᠪᠤᠰᠤᠳ ᠤᠯᠤᠰ ᠤᠨ ᠬᠥᠭᠵᠢᠯᠲᠡ ᠶᠢ ᠬᠠᠷᠰᠢᠯᠠᠬᠤ᠂ ᠪᠤᠰᠤᠳ | ᠤᠯᠤᠰ ᠤᠨ ᠠᠷᠠᠳ ᠲᠦᠮᠡᠨ ᠤ ᠠᠮᠢᠳᠤᠷᠠᠯ ᠢ ᠬᠤᠬᠢᠷᠠᠭᠤᠯᠬᠤ ᠪᠠᠷ ᠰᠥᠷᠳᠡᠬᠦᠯᠦᠭᠰᠡᠨ ᠶᠠᠮᠠᠷᠪᠠ ᠤᠯᠤᠰ ᠲᠦᠷᠦ ᠶᠢᠨ | ᠤᠷᠤᠯᠳᠤᠯᠭ᠎ᠠ ᠨᠢ ᠴᠥᠮ ᠬᠥᠮᠦᠨ ᠤ ᠰᠡᠳᠬᠢᠯ ᠢ ᠤᠯᠬᠤ ᠦᠭᠡᠢ ᠪᠥᠭᠡᠳ ᠡᠴᠦᠰ ᠲᠡᠭᠡᠨ ᠲᠠᠯᠠᠭᠠᠷ ᠪᠣᠯᠤᠨ᠎ᠠ | ᠭᠡᠳᠡᠭ ᠢ ᠪᠢ ᠢᠲᠡᠭᠡᠵᠦ ᠪᠠᠶᠢᠨ᠎ᠠ︕ | ᠳᠥᠷᠪᠡᠳᠦᠭᠡᠷ ᠲᠤ᠂ ᠪᠢᠳᠡ ᠬᠠᠮᠲᠤᠷᠠᠯᠴᠠᠭ᠎ᠠ ᠪᠠᠨ ᠴᠢᠩᠭᠠᠳᠬᠠᠬᠤ ᠬᠠᠷᠢᠭᠤᠴᠠᠯᠭ᠎ᠠ ᠶᠢ ᠡᠭᠦᠷᠭᠡᠯᠡᠵᠦ᠂ ᠪᠦᠬᠦ | ᠪᠥᠮᠪᠥᠷᠴᠡᠭ ᠤᠨ ᠴᠢᠨᠠᠷᠲᠠᠢ ᠠᠶᠤᠯ ᠲᠦᠭᠰᠢᠭᠦᠷᠢ ᠪᠣᠯᠤᠨ ᠥᠷᠢᠰᠥᠯᠳᠦᠭᠡᠨ ᠢ ᠭᠠᠷ ᠬᠤᠯᠪᠣᠯᠴᠠᠨ ᠠᠷᠭᠠᠴᠠᠭᠠᠶ᠎ᠠ᠃ | ᠮᠥᠨ ᠬᠦ ᠦᠷᠪᠢᠰᠦᠨ ᠳᠡᠯᠭᠡᠷᠡᠵᠦ ᠪᠠᠶᠢᠭ᠎ᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠤᠨ ᠡᠮᠦᠨ᠎ᠡ᠂ ᠪᠢᠳᠡ ᠰᠢᠨᠵᠢᠯᠡᠬᠦ ᠤᠬᠠᠭᠠᠨᠴᠢ ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ | ᠪᠦᠯᠬᠦᠮᠳᠡᠨ ᠬᠠᠮᠲᠤᠷᠠᠯᠴᠠᠬᠤ ᠶᠢ ᠰᠠᠨᠠᠭᠠᠴᠢᠯᠠᠵᠤ᠂ ︽ᠦᠯᠦ ᠬᠠᠯᠳᠠᠭᠠᠬᠤ ᠴᠢᠳᠠᠪᠤᠷᠢ ᠶᠢᠨ ᠵᠠᠭᠠᠭ ᠵᠠᠪᠰᠠᠷ︾ ᠢ | ᠨᠥᠬᠦᠪᠥᠷᠢᠯᠡᠵᠦ᠂ ᠬᠢᠵᠢᠭ ᠢ ᠤᠯᠤᠰ ᠲᠥᠷᠥᠴᠢᠯᠡᠬᠦ᠂ ᠸᠢᠷᠦ᠋ᠰ ᠲᠤ ᠲᠡᠮᠳᠡᠭ ᠬᠠᠳᠠᠬᠤ ᠶᠢ ᠡᠰᠡᠷᠭᠦᠴᠡᠵᠤ᠂ ᠬᠥᠮᠦᠨ | ᠲᠥᠷᠥᠯᠬᠢᠲᠡᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠠᠮᠲᠤ ᠴᠣᠭᠴᠠ ᠶᠢ ᠪᠠᠶᠢᠭᠤᠯᠬᠤ ᠶᠢ ᠬᠠᠮᠲᠤ ᠪᠠᠷ | ᠠᠬᠢᠭᠤᠯᠤᠶ᠎ᠠ᠃ ᠰᠦᠷᠳᠡᠭᠦᠯᠬᠦ ᠦᠵᠡᠯ ᠵᠡᠷᠭᠡ ᠬᠥᠮᠦᠨ ᠲᠥᠷᠥᠯᠬᠢᠲᠡᠨ ᠤ ᠬᠠᠮᠲᠤ ᠶᠢᠨ ᠳᠠᠶᠢᠰᠤᠨ ᠤ ᠡᠮᠦᠨ᠎ᠡ᠂ | ᠪᠢᠳᠠ ᠬᠠᠮᠲᠤᠷᠠᠯᠴᠠᠭ᠎ᠠ ᠪᠠᠷ ᠠᠮᠤᠷ ᠲᠦᠪᠰᠢᠨ ᠢ ᠡᠷᠢᠯᠭᠢᠯᠡᠵᠤ᠂ ᠠᠮᠤᠷ ᠲᠦᠪᠰᠢᠨ ᠤ ︽ᠬᠠᠯᠬᠠᠪᠴᠢ︾ ᠶᠢ | ᠬᠠᠮᠲᠤ ᠪᠠᠷ ᠰᠠᠶᠢᠲᠤᠷ ᠴᠣᠭᠴᠠᠯᠠᠶ᠎ᠠ᠃ ᠬᠡᠪᠡᠷᠡᠭ ᠠᠮᠢ ᠠᠬᠤᠢ ᠣᠷᠴᠢᠨ ᠲᠣᠭᠤᠷᠢᠨ ᠤ ᠡᠮᠦᠨ᠎ᠠ᠂ ᠪᠢᠳᠡ | ᠪᠠᠶᠢᠭᠠᠯᠢ ᠶᠢ ᠬᠦᠨᠳᠦᠳᠬᠡᠬᠦ᠂ ᠪᠠᠶᠢᠭᠠᠯᠢ ᠲᠠᠢ ᠵᠣᠬᠢᠴᠠᠬᠤ᠂ ᠪᠠᠶᠢᠭᠠᠯᠢ ᠶᠢ ᠬᠠᠮᠠᠭᠠᠯᠠᠬᠤ ᠶᠢ ᠪᠠᠷᠢᠮᠲᠠᠯᠠᠵᠤ᠂ ᠪᠣᠬᠢᠷᠲᠤᠯ | ᠦᠭᠡᠢ ᠭᠡᠷ ᠣᠷᠣᠨ ᠢ ᠬᠠᠮᠲᠤ ᠪᠠᠷ ᠪᠠᠶᠢᠭᠤᠯᠤᠶ᠎ᠠ᠃ ᠠᠭᠤᠷ ᠠᠮᠢᠰᠬᠤᠯ ᠤᠨ ᠬᠤᠪᠢᠷᠠᠯᠲᠠ ᠶᠢᠨ ᠬᠥᠮᠦᠨ | ᠲᠥᠷᠥᠯᠬᠢᠲᠡᠨ ᠤ ᠣᠷᠣᠰᠢᠨ ᠲᠣᠭᠲᠠᠨᠢᠯ ᠪᠠ ᠬᠥᠭᠵᠢᠯᠳᠡ ᠳᠤ ᠤᠴᠠᠷᠠᠭᠤᠯᠤᠭᠰᠠᠨ ᠬᠦᠨᠳᠦ ᠬᠡᠴᠡᠭᠦᠦ | ᠥᠷᠢᠰᠥᠯᠳᠦᠭᠡᠨ ᠤ ᠡᠮᠦᠨ᠎ᠡ᠂ ᠪᠢᠳᠡ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ᠂ ᠰᠡᠳᠬᠢᠯ ᠨᠢᠭᠡᠳᠦᠨ | ᠬᠦᠴᠦ ᠪᠠᠨ ᠬᠠᠮᠲᠤᠳᠬᠠᠵᠤ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠵᠠᠮ ᠢ | ᠬᠠᠮᠲᠤ ᠪᠠᠷ ᠰᠦᠪᠡᠭᠴᠢᠯᠡᠶ᠎ᠠ᠃ | ᠲᠠᠪᠤᠳᠤᠭᠠᠷ ᠲᠤ᠂ ᠪᠢᠳᠡ ᠵᠠᠰᠠᠯᠲᠠ ᠶᠢ ᠲᠡᠭᠦᠯᠳᠡᠷᠵᠢᠭᠦᠯᠬᠦ ᠬᠠᠷᠢᠭᠤᠴᠠᠯᠭ᠎ᠠ ᠶᠢ ᠡᠭᠦᠷᠭᠡᠯᠡᠵᠦ᠂ ᠠᠷᠠᠳ | ᠲᠦᠮᠡᠨ ᠳᠤ ᠵᠣᠯ ᠵᠢᠷᠭᠠᠯ ᠡᠳ᠋ᠯᠡᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠴᠢᠩᠭᠠᠳᠬᠠᠶ᠎ᠠ᠃ ᠵᠣᠯ ᠵᠢᠷᠭᠠᠯ ᠢ | ᠤᠯᠬᠤ ᠵᠠᠮ ᠠᠳᠠᠯᠢ ᠪᠤᠰᠤ ᠪᠠᠶᠢᠲᠠᠭ᠂ ᠡᠯ᠎ᠡ ᠤᠯᠤᠰ ᠤᠨ ᠠᠷᠠᠳ ᠲᠦᠮᠡᠨ ᠥᠪᠡᠷ ᠤᠨ ᠬᠥᠭᠵᠢᠯᠲᠡ ᠶᠢᠨ ᠵᠠᠮ | ᠪᠣᠯᠤᠨ ᠪᠠᠶᠢᠭᠤᠯᠤᠯ ᠤᠨ ᠵᠠᠭᠪᠤᠷ ᠢᠶᠠᠨ ᠰᠣᠩᠭᠤᠬᠤ ᠡᠷᠬᠡ ᠲᠠᠢ᠂ ᠡᠨᠡ ᠨᠢ ᠳᠠᠷᠤᠢ ᠠᠷᠠᠳ ᠲᠦᠮᠡᠨ ᠤ ᠵᠣᠯ | ᠵᠢᠷᠭᠠᠯ ᠤᠨ ᠪᠠᠶᠢᠪᠠᠰᠤ ᠵᠣᠬᠢᠬᠤ ᠠᠭᠤᠯᠭ᠎ᠠ ᠪᠣᠯᠤᠨ᠎ᠠ᠃ ᠠᠷᠠᠳᠴᠢᠯᠠᠯ ᠨᠢ ᠠᠲᠠᠯᠢᠬᠠᠠ ᠢᠶᠠᠷ ᠡᠯ᠎ᠠ ᠤᠯᠤᠰ ᠤᠨ | ᠠᠷᠠᠳ ᠲᠦᠮᠠᠠ ᠤ ᠡᠷᠭᠡ ᠮᠦᠨ᠂ ᠬᠠᠷᠢᠨ ᠴᠥᠭᠡᠨ ᠲᠣᠭᠠᠨ ᠤ ᠤᠯᠤᠰ ᠤᠨ ᠲᠤᠰᠬᠠᠢ ᠠᠰᠢᠭ ᠪᠢᠰᠢ᠃ | ᠠᠷᠠᠳᠴᠢᠯᠠᠯ ᠢ ᠪᠡᠶᠡᠯᠡᠭᠦᠯᠬᠦ ᠳᠤ ᠤᠯᠠᠨ ᠵᠦᠢᠯ ᠤᠨ ᠠᠷᠭ᠎ᠠ ᠬᠡᠯᠪᠡᠷᠢ ᠪᠠᠶᠢᠳᠠᠭ᠂ ᠨᠢᠭᠡ ᠯᠡ ᠠᠳᠠᠯᠢ ᠪᠠᠶᠢᠵᠤ | ᠴᠢᠳᠠᠬᠤ ᠦᠭᠡᠢ ᠶᠤᠮ᠃ ᠨᠢᠭᠡ ᠤᠯᠤᠰ ᠠᠷᠠᠳᠴᠢᠯᠠᠯ ᠲᠠᠢ ᠡᠰᠡᠭᠦ ᠶᠢ ᠲᠡᠷᠡ ᠤᠯᠤᠰ ᠤᠨ ᠠᠷᠠᠳ ᠲᠦᠮᠠᠠ ᠢᠶᠠᠷ | ᠦᠨᠡᠯᠡᠭᠦᠯᠬᠦ ᠴᠢᠬᠤᠯᠠᠲᠠᠢ᠂ ᠬᠠᠷᠢᠨ ᠴᠥᠭᠡᠨ ᠲᠣᠭᠠᠨ ᠤ ᠬᠥᠮᠦᠨ ᠬᠡᠯᠡᠭᠡᠳ ᠪᠣᠯᠴᠢᠬᠠᠬᠤ ᠪᠢᠰᠢ︕ ᠪᠢᠳᠡ | ᠰᠣᠯᠢᠯᠴᠠᠭ᠎ᠠ ᠬᠢᠵᠦ ᠬᠠᠷᠢᠯᠴᠠᠨ ᠲᠤᠯᠢ ᠪᠣᠯᠭᠠᠬᠤ ᠪᠠᠨ ᠴᠢᠩᠭᠠᠳᠬᠠᠵᠤ᠂ ᠤᠯᠤᠯᠴᠠᠬᠤ ᠲᠣᠭᠲᠠᠴᠠ ᠪᠠᠨ | ᠲᠡᠭᠦᠯᠳᠡᠷᠵᠢᠭᠦᠯᠦᠨ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠡᠵᠡᠮᠳᠡᠵᠦ᠂ ᠵᠣᠬᠢᠶᠠᠨ ᠪᠠᠶᠢᠭᠤᠯᠤᠯᠲᠠ ᠶᠢᠨ | ᠰᠢᠰᠲ᠋ᠧᠮ ᠢᠶᠠᠨ ᠪᠦᠷᠢᠨᠰᠢᠬᠦᠯᠦᠨ᠂ ᠵᠠᠰᠠᠯᠲᠠ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠲᠤᠰ ᠤᠯᠤᠰ ᠤᠨ ᠢᠶᠠᠨ | ᠪᠠᠶᠢᠳᠠᠯ ᠳᠤ ᠵᠣᠬᠢᠴᠠᠭᠰᠠᠨ ᠠᠷᠠᠳᠴᠢᠯᠠᠭᠰᠠᠨ ᠤᠯᠤᠰ ᠲᠦᠷᠦ ᠶᠢᠨ ᠪᠠᠶᠢᠭᠤᠯᠤᠯᠲᠠ ᠶᠢ ᠠᠬᠢᠭᠤᠯᠤᠨ᠂ ᠠᠷᠠᠳ | ᠲᠦᠮᠡᠨ ᠳᠤ ᠵᠣᠯ ᠵᠢᠷᠭᠠᠯ ᠡᠳ᠋ᠯᠡᠭᠦᠯᠬᠦ ᠴᠢᠳᠠᠪᠤᠷᠢ ᠪᠠ ᠦᠷ᠎ᠡ ᠪᠦᠲᠦᠮᠵᠢ ᠶᠢ ᠲᠠᠰᠤᠷᠠᠯᠳᠠ ᠦᠭᠡᠢ ᠳᠡᠭᠡᠭᠰᠢᠯᠡᠭᠦᠯᠪᠡᠯ | ᠵᠤᠬᠢᠨ᠎ᠠ᠃ | ᠠᠪᠠᠭ᠋ᠠᠶ ᠨᠠᠷ᠂ ᠠᠪᠤᠭᠠᠶ ᠨᠠᠷ᠂ ᠨᠠᠶᠢᠵᠠ ᠨᠠᠷ ᠡ︕ | ᠠᠷᠠᠳ ᠲᠦᠮᠡᠨ ᠳᠤ ᠵᠣᠯ ᠵᠢᠷᠭᠠᠯ ᠡᠳ᠋ᠯᠡᠭᠦᠯᠬᠦ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠢᠮᠠᠭᠲᠠ | ᠪᠠᠲᠤ ᠰᠠᠬᠢᠬᠤ ᠤᠭ ᠰᠠᠨᠠᠭ᠎ᠠ ᠪᠣᠯᠤᠨ᠎ᠠ᠃ ᠥᠨᠥᠳᠦᠷ᠂ ᠳᠤᠮᠳᠠᠳᠤ ᠤᠯᠤᠰ ᠨᠢᠭᠡᠨᠲᠡ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠪᠡᠶᠡᠯᠡᠭᠦᠯᠬᠦ ᠲᠡᠮᠡᠴᠡᠬᠦ ᠬᠠᠷᠠᠯᠲᠠ ᠪᠠᠨ ᠪᠡᠶᠡᠯᠡᠭᠦᠯᠵᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ | ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢᠶᠠᠨ ᠡᠬᠢᠯᠡᠭᠦᠯᠵᠦ᠂ ᠳᠤᠮᠳᠠᠳᠤ ᠤᠯᠤᠰ ᠤᠨ ᠠᠷᠠᠳ | ᠲᠦᠮᠡᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠲᠠᠰᠤᠷᠠᠯᠳᠠ | ᠦᠭᠡᠢ ᠳᠡᠭᠡᠭᠰᠢᠯᠡᠪᠡ᠃ ᠳᠤᠮᠳᠠᠳᠤ ᠤᠯᠤᠰ ᠤᠨ ᠶᠠᠪᠤᠲᠠᠯ ᠤᠴᠢᠷ ᠢᠶᠠᠨ ᠰᠠᠶᠢᠲᠤᠷ ᠬᠢᠵᠦ᠂ 14 ᠳ᠋ᠦᠩᠰᠢᠭᠤᠷ | ᠭᠠᠷᠤᠢ ᠳᠤᠮᠳᠠᠳᠤ ᠤᠯᠤᠰ ᠤᠨ ᠠᠷᠠᠳ ᠲᠦᠮᠡᠨ ᠳᠤ ᠨᠡᠩ ᠰᠠᠶᠢᠨ ᠰᠠᠶᠢᠬᠠᠨ ᠠᠮᠢᠳᠤᠷᠠᠯ ᠢ ᠡᠳ᠋ᠯᠡᠭᠦᠯᠵᠦ᠂ ᠬᠥᠮᠦᠨ | ᠲᠥᠷᠥᠯᠬᠢᠲᠡᠨ ᠤ ᠡᠩᠬᠡ ᠲᠠᠶᠢᠪᠤᠩ ᠬᠢᠭᠡᠳ ᠬᠥᠭᠵᠢᠯᠲᠡ ᠶᠢᠨ ᠡᠷᠬᠢᠮ ᠳᠡᠭᠡᠳᠦ ᠦᠢᠯᠡᠰ ᠢ ᠠᠬᠢᠭᠤᠯᠬᠤ ᠪᠣᠯ | ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠪᠢᠷᠠᠰᠢ ᠦᠭᠡᠢ ᠲᠡᠮᠡᠴᠡᠬᠦ ᠬᠠᠷᠠᠯᠲᠠ ᠮᠥᠨ᠃ ᠳᠤᠮᠳᠠᠳᠤ | ᠤᠯᠤᠰ ᠤᠨ ᠡᠪ ᠬᠠᠮᠲᠤ ᠨᠠᠮ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ | ᠪᠠᠷᠢᠮᠲᠠᠯᠠᠵᠤ᠂ ᠥᠷᠭᠡᠨ ᠠᠭᠤᠳᠠᠮ ᠴᠠᠭ ᠣᠷᠣᠨ ᠵᠠᠢ ᠶᠢᠨ ᠦᠷᠭᠡᠷᠢᠭ ᠠᠴᠠ ᠦᠨᠳᠦᠰᠦᠲᠡᠨ ᠤ ᠰᠡᠷᠭᠦᠨ ᠮᠠᠨᠳᠤᠯᠲᠠ | ᠪᠣᠯᠤᠨ ᠬᠥᠮᠦᠨ ᠲᠥᠷᠥᠯᠬᠢᠲᠡᠨ ᠤ ᠲᠠᠪᠰᠢᠯᠳᠠ ᠶᠢᠨ ᠤᠳᠬ᠎ᠠ ᠬᠦᠨ ᠰᠡᠳᠦᠪ ᠢ ᠪᠣᠳᠣᠯᠬᠢᠯᠠᠵᠤ᠂ ᠳᠤᠮᠳᠠᠳᠤ | ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠵᠣᠷᠢᠭᠲᠠᠢ ᠪᠠᠷ ᠤᠷᠤᠭᠰᠢᠯᠠᠵᠤ᠂ ᠨᠡᠩ ᠰᠠᠶᠢᠨ | ᠰᠠᠶᠢᠬᠠᠨ ᠢᠷᠡᠭᠡᠳᠦᠢ ᠶᠢ ᠴᠣᠭᠴᠠᠯᠠᠨ᠎ᠠ᠃ | ᠳᠡᠯᠡᠬᠡᠢ ᠳ᠋ᠠᠬᠢᠨ ᠢ ᠬᠦᠷᠢᠶᠡᠯᠡᠪᠡᠯ ᠰᠠᠶ᠋ᠢ ᠮᠠᠷᠭᠠᠰᠢ ᠶᠢ ᠤᠭᠲᠤᠵᠤ ᠴᠢᠳᠠᠨ᠎ᠠ︔ ᠭᠠᠷ ᠬᠤᠯᠪᠣᠯᠴᠠᠨ | ᠬᠠᠮᠲᠤ ᠪᠠᠷ ᠤᠷᠤᠭᠰᠢᠯᠠᠪᠠᠯ ᠰᠠᠶ᠋ᠢ ᠯᠠᠪᠳᠠᠭᠤᠨ ᠢᠶᠠᠷ ᠬᠤᠯᠠ ᠠᠶᠠᠯᠠᠵᠤ ᠴᠢᠳᠠᠨ᠎ᠠ ᠭᠡᠳᠡᠭ ᠢ ᠲᠡᠦᠬᠡ ᠪᠢᠳᠡᠨ ᠳᠤ | ᠬᠡᠯᠡᠵᠦ ᠥᠭᠴᠡᠢ᠃ ᠳᠤᠮᠳᠠᠳᠤ ᠤᠯᠤᠰ ᠤᠨ ᠡᠪ ᠬᠠᠮᠲᠤ ᠨᠠᠮ ᠳᠤᠷᠠᠲᠠᠶ᠎ᠠ ᠡᠯ᠎ᠡ ᠤᠯᠤᠰ ᠤᠨ ᠲᠦᠷᠦ ᠶᠢᠨ ᠨᠠᠮ ᠲᠠᠢ | ᠬᠠᠮᠲᠤ ᠪᠠᠷ ᠴᠢᠷᠮᠠᠶᠢᠵᠤ᠂ ᠬᠦᠰᠡᠯ ᠵᠡᠭᠦᠳᠦ ᠪᠠᠨ ᠪᠣᠳᠠᠲᠤ ᠠᠬᠤᠢ ᠲᠠᠢ ᠵᠣᠯᠭᠠᠭᠤᠯᠵᠤ᠂ ᠠᠵᠢᠯᠯᠠᠭ᠎ᠠ ᠪᠠᠷ | ᠢᠷᠡᠭᠡᠳᠦᠢ ᠪᠠᠨ ᠴᠣᠭᠴᠠᠯᠠᠵᠤ᠂ ᠢᠮᠠᠭᠲᠠ ᠬᠤᠪᠢᠷᠠᠰᠢ ᠦᠭᠡᠢ ᠪᠠᠷ ᠳᠡᠯᠡᠬᠡᠢ ᠶᠢᠨ ᠡᠩᠬᠡ ᠲᠠᠶᠢᠪᠤᠩ ᠤᠨ ᠪᠦᠲᠦᠭᠡᠨ | ᠪᠠᠶᠢᠭᠤᠯᠤᠭᠴᠢ᠂ ᠪᠦᠬᠦ ᠪᠥᠮᠪᠥᠷᠴᠡᠭ ᠤᠨ ᠬᠥᠭᠵᠢᠯᠲᠡ ᠳᠤ ᠬᠤᠪᠢ ᠨᠡᠮᠡᠷᠢ ᠦᠵᠡᠭᠦᠯᠦᠭᠴᠢ᠂ ᠤᠯᠠᠨ ᠤᠯᠤᠰ ᠤᠨ | ᠡᠮᠬᠢ ᠳᠢᠭᠯᠢᠮ ᠤᠨ ᠬᠠᠮᠠᠭᠠᠯᠠᠭᠴᠢ ᠪᠣᠯᠤᠨ᠎ᠠ᠃ | — ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ | ᠳᠠᠭᠠᠭᠤᠯᠵᠤ ᠳᠤᠮᠳᠠᠳᠤ ᠤᠯᠤᠰ ᠤᠨ ᠣᠨᠴᠠᠯᠢᠭ ᠲᠠᠢ ᠣᠳᠣᠬᠢᠴᠢᠯᠠᠯᠲᠠ ᠶᠢ ᠭᠦᠨᠵᠡᠭᠡᠶ ᠠᠬᠢᠭᠤᠯᠵᠤ᠂ ᠬᠥᠮᠦᠨ | ᠲᠥᠷᠥᠯᠬᠢᠲᠡᠨ ᠤ ᠣᠳᠣᠬᠢᠴᠢᠯᠠᠯᠲᠠ ᠶᠢᠨ ᠵᠠᠮ ᠢ ᠬᠠᠶᠢᠨ ᠰᠦᠪᠡᠭᠴᠢᠯᠡᠬᠦ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ᠃ | ᠳᠤᠮᠳᠠᠳᠤ ᠤᠯᠤᠰ ᠤᠨ ᠡᠪ ᠬᠠᠮᠲᠤ ᠨᠠᠮ ᠠᠯᠢᠪᠠ ᠪᠦᠬᠦᠨ ᠳᠤ ᠪᠣᠳᠠᠲᠠᠢ ᠠᠴᠠ ᠡᠭᠦᠰᠬᠦ ᠶᠢ ᠪᠠᠷᠢᠮᠲᠠᠯᠠᠵᠤ᠂ | ᠳᠤᠮᠳᠠᠳᠤ ᠤᠯᠤᠰ ᠤᠨ ᠠᠷᠠᠳ ᠲᠦᠮᠡᠨ ᠢ ᠳᠠᠭᠠᠭᠤᠯᠤᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠵᠠᠮ ᠢ ᠰᠦᠪᠡᠭᠴᠢᠯᠡᠨ ᠭᠠᠷᠭᠠᠪᠠ᠃ ᠡᠨᠡ ᠵᠠᠮ ᠢᠶᠠᠷ ᠶᠠᠪᠤᠭᠰᠠᠨ ᠨᠢ ᠵᠥᠪ᠂ ᠶᠠᠪᠤᠵᠤ ᠪᠤᠯᠬᠤ ᠮᠦᠷᠳᠡᠭᠡᠨ | ᠯᠠᠪᠲᠠᠢ ᠯᠠᠪᠳᠠᠭᠤᠨ᠂ ᠰᠠᠶᠢᠨ ᠶᠠᠪᠤᠵᠤ ᠴᠢᠳᠠᠨ᠎ᠠ ᠭᠡᠳᠡᠭ ᠢ ᠲᠡᠦᠬᠡ ᠪᠠ ᠦᠢᠯᠡᠳᠦᠯᠭᠡ ᠨᠢᠭᠡᠨᠲᠡ ᠭᠡᠷᠡᠴᠢᠯᠡᠭᠰᠡᠨ | ᠪᠥᠭᠡᠳ ᠤᠯᠠᠮ ᠴᠢᠨᠠᠭᠰᠢᠳᠠ ᠭᠡᠷᠡᠴᠢᠯᠡᠬᠦ ᠪᠣᠯᠤᠨ᠎ᠠ᠃ ᠪᠢᠳᠡ ᠡᠨᠡ ᠬᠦ ᠰᠠᠷᠠᠭᠤᠯ ᠳᠠᠷᠳᠠᠩ ᠵᠠᠮ ᠢᠶᠠᠷ ᠡᠷᠡᠰ | ᠭᠤᠶᠢᠪᠢᠰᠢ ᠦᠭᠡᠢ ᠵᠠᠮᠨᠠᠵᠤ᠂ ᠥᠪᠡᠷ ᠢ ᠪᠠᠨ ᠬᠥᠭᠵᠢᠭᠦᠯᠬᠦ ᠮᠥᠷᠲᠡᠭᠡᠨ ᠳᠡᠯᠡᠬᠡᠢ ᠳ᠋ᠠᠬᠢᠨ ᠳᠤ ᠪᠤᠶᠠᠨ ᠦᠢᠯᠡᠳᠦᠨ᠎ᠡ᠃ | ᠣᠳᠣᠬᠢᠴᠢᠯᠠᠯᠲᠠ ᠶᠢᠨ ᠵᠠᠮ ᠳᠤ ᠲᠣᠭᠲᠠᠮᠠᠯ ᠵᠠᠭᠪᠤᠷ ᠭᠡᠵᠦ ᠪᠠᠶᠢᠲᠠᠭ ᠦᠭᠡᠢ᠂ ᠥᠪᠡᠷ ᠤᠨ ᠪᠡᠶ᠎ᠡ ᠳᠤᠨᠢ ᠲᠤᠬᠢᠷᠠᠪᠠᠯ | ᠰᠠᠶᠢ ᠬᠠᠮᠤᠭ ᠤᠨ ᠰᠠᠶᠢᠨ ᠶᠤᠮ᠂ ᠭᠤᠳᠤᠯ ᠳᠤ ᠲᠠᠭᠠᠷᠠᠭᠤᠯᠬᠤ ᠶᠢᠨ ᠲᠦᠯᠦᠭᠡ ᠬᠦᠯ ᠢᠶᠠᠨ ᠪᠤᠭᠤᠵᠦ ᠪᠣᠯᠬᠤ ᠦᠭᠡᠢ | ᠃ ᠤᠯᠤᠰ ᠨᠢᠭᠡᠪᠦᠷᠢ ᠶᠢᠨ ᠲᠤᠰ ᠤᠯᠤᠰ ᠤᠨ ᠢᠶᠠᠨ ᠪᠠᠶᠢᠳᠠᠯ ᠳᠤ ᠵᠤᠬᠢᠴᠠᠭᠰᠠᠨ ᠣᠳᠣᠬᠢᠴᠢᠯᠠᠯᠲᠠ ᠶᠢᠨ ᠵᠠᠮ ᠢ | ᠪᠡᠶ᠎ᠡ ᠪᠠᠨ ᠳᠠᠭᠠᠭᠠᠵᠤ ᠬᠠᠶᠢᠨ ᠰᠦᠪᠡᠭᠴᠢᠯᠡᠬᠦ ᠴᠢᠷᠮᠠᠶᠢᠯᠭ᠎ᠠ ᠶᠢ ᠴᠥᠮ ᠬᠦᠨᠳᠦᠳᠬᠡᠬᠦ ᠶᠣᠰᠣᠲᠠᠢ᠃ ᠳᠤᠮᠳᠠᠳᠤ | ᠤᠯᠤᠰ ᠤᠨ ᠡᠪ ᠬᠠᠮᠲᠤ ᠨᠠᠮ ᠳᠤᠷᠠᠲᠠᠶ᠎ᠠ ᠡᠯ᠎ᠡ ᠤᠯᠤᠰ ᠤᠨ ᠲᠥᠷᠥ ᠶᠢᠨ ᠨᠠᠮ ᠲᠠᠢ ᠣᠳᠣᠬᠢᠴᠢᠯᠠᠬᠤ ᠪᠥᠲᠥᠭᠡᠨ | ᠪᠠᠶᠢᠭᠤᠯᠤᠯᠲᠠ ᠶᠢᠨ ᠲᠤᠷᠰᠢᠯᠭ᠎ᠠ ᠪᠠᠨ ᠰᠣᠯᠢᠯᠴᠠᠨ ᠲᠣᠯᠢᠯᠠᠵᠤ᠂ ᠣᠳᠣᠬᠢᠴᠢᠯᠠᠯᠲᠠ ᠳᠠᠶᠢᠰᠢ ᠤᠷᠤᠭᠰᠢᠯᠠᠬᠤ | ᠵᠠᠮ ᠢᠶᠠᠨ ᠬᠠᠮᠲᠤ ᠪᠠᠷ ᠪᠠᠶᠠᠯᠢᠭᠵᠢᠭᠤᠯᠵᠤ᠂ ᠲᠣᠰ ᠤᠯᠤᠰ ᠤᠨ ᠢᠶᠠᠨ ᠠᠷᠠᠳ ᠲᠦᠮᠡᠨ ᠪᠣᠯᠤᠨ ᠳᠡᠯᠡᠬᠡᠶ ᠶᠢᠨ ᠡᠯ᠎ᠡ | ᠤᠯᠤᠰ ᠤᠨ ᠠᠷᠠᠳ ᠲᠦᠮᠡᠨ ᠳᠤ ᠨᠠᠩ ᠰᠠᠶᠢᠨ ᠵᠣᠯ ᠵᠢᠷᠭᠠᠯ ᠢ ᠡᠳ᠋ᠯᠡᠭᠦᠯᠦᠨ᠎ᠠ᠃ | — ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ | ᠳᠠᠭᠠᠭᠤᠯᠵᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ ᠨᠡᠭᠡᠭᠡᠯᠳᠡ ᠶᠢ ᠥᠷᠭᠡᠳᠬᠡᠵᠦ᠂ | ᠳᠡᠯᠡᠬᠡᠢ ᠶᠢᠨ ᠡᠯ᠎ᠡ ᠤᠯᠤᠰ ᠤᠨ ᠬᠠᠮᠲᠤ ᠶᠢᠨ ᠬᠥᠭᠵᠢᠯ ᠴᠡᠴᠡᠭᠯᠡᠯ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ᠃ | ᠣᠳᠣᠬᠠᠨ ᠳᠤ᠂ ᠠᠵᠤ ᠠᠬᠤᠢ ᠶᠢᠨ ᠳᠡᠯᠡᠬᠡᠶᠢᠵᠢᠯᠲᠡ ᠬᠡᠳᠦ᠋ᠢᠪᠡᠷ ᠪᠠᠭ᠎ᠠ ᠪᠤᠰᠤ ᠬᠠᠷᠰᠢ ᠰᠠᠭᠠᠳ ᠲᠤ ᠲᠤᠯᠭᠠᠷᠠᠵᠤ | ᠪᠠᠶᠢᠭ᠎ᠠ ᠪᠣᠯᠪᠠᠴᠤ ᠨᠡᠩ ᠤᠯᠠᠨ ᠬᠥᠳᠡᠯᠭᠡᠬᠦ ᠬᠦᠴᠦᠨ ᠣᠷᠣᠰᠢᠵᠤ ᠪᠠᠶᠢᠨ᠎ᠠ᠂ ᠶᠡᠷᠦᠩᠬᠡᠢ ᠳᠤᠨᠢ ᠦᠵᠡᠪᠡᠯ᠂ | ᠬᠥᠳᠡᠯᠭᠡᠬᠦ ᠬᠦᠴᠦᠨ ᠨᠢ ᠬᠠᠷᠰᠢ ᠰᠠᠭᠠᠳ ᠠᠴᠠ ᠳᠠᠪᠠᠭᠤᠯᠢᠭ ᠪᠤᠢ᠂ ᠡᠯ᠎ᠡ ᠤᠯᠤᠰ ᠤᠨ ᠨᠡᠭᠡᠭᠡᠯᠳᠠ ᠬᠢᠬᠦ᠂ | ᠬᠠᠮᠲᠤᠷᠠᠯᠴᠠᠭ᠎ᠠ ᠬᠢᠬᠦ ᠲᠡᠶᠢᠰᠢ ᠤᠷᠤᠭᠰᠢᠯᠠᠬᠤ ᠶᠡᠭᠡ ᠬᠠᠨᠳᠤᠰᠢ ᠬᠤᠪᠢᠷᠠᠭ᠎ᠠ ᠦᠭᠡᠢ᠂ ᠬᠤᠪᠢᠷᠠᠬᠤ ᠴᠤ ᠦᠭᠡᠢ ᠶᠤᠮ | ᠃ ᠳᠤᠮᠳᠠᠳᠤ ᠤᠯᠤᠰ ᠤᠨ ᠡᠪ ᠬᠠᠮᠲᠤ ᠨᠠᠮ ᠳᠤᠷᠠᠲᠠᠶ᠎ᠠ ᠡᠯ᠎ᠡ ᠤᠯᠤᠰ ᠤᠨ ᠲᠦᠷᠦ ᠶᠢᠨ ᠨᠠᠮ ᠯᠤᠭ᠎ᠠ | ᠤᠯᠤᠯᠴᠠᠭ᠎ᠠ ᠪᠠᠨ ᠴᠢᠩᠭᠠᠳᠬᠠᠵᠤ᠂ ᠠᠵᠤ ᠠᠬᠤᠢ ᠶᠢᠨ ᠳᠡᠯᠡᠬᠡᠶᠢᠵᠢᠯᠲᠡ ᠶᠢᠨ ᠨᠡᠩ ᠨᠡᠭᠡᠭᠡᠯᠲᠡᠲᠡᠢ᠂ ᠪᠠᠭᠲᠠᠭᠠᠮᠵᠢᠲᠠᠢ | ᠂ ᠲᠦᠭᠡᠮᠡᠯ ᠠᠰᠢᠭ ᠬᠦᠷᠲᠡᠭᠡᠬᠦ᠂ ᠲᠡᠩᠴᠡᠭᠦᠷᠢᠲᠡᠢ᠂ ᠬᠠᠮᠲᠤ ᠪᠠᠷ ᠠᠰᠢᠭ ᠬᠦᠷᠳᠡᠬᠦ ᠴᠢᠭᠯᠡᠯ ᠲᠡᠶᠢᠰᠢ ᠬᠥᠭᠵᠢᠬᠦ ᠶᠢ | ᠬᠠᠮᠲᠤ ᠪᠠᠷ ᠬᠦᠲᠦᠯᠦᠨ ᠵᠢᠯᠣᠭᠤᠳᠤᠨ᠎ᠠ᠃ ᠪᠢᠳᠠ ᠳᠤᠷᠠᠲᠠᠶ᠎ᠠ ᠳᠡᠯᠡᠬᠡᠢ ᠨᠡᠶᠢᠭᠡᠮ ᠯᠦᠭᠡ ︽ᠨᠢᠭᠡ ᠪᠦᠰᠡ ᠨᠢᠭᠡ ᠵᠠᠮ︾ | ᠢ ᠬᠠᠮᠲᠤ ᠪᠠᠷ ᠴᠢᠨᠠᠷ ᠰᠠᠶᠢᠲᠠᠢ ᠪᠦᠳᠦᠭᠡᠨ ᠪᠠᠶᠢᠭᠤᠯᠬᠤ ᠬᠠᠮᠲᠤᠷᠠᠯᠴᠠᠭ᠎ᠠ ᠪᠠᠨ ᠴᠢᠩᠭᠠᠳᠬᠠᠵᠤ᠂ ᠪᠦᠬᠦ | ᠪᠥᠮᠪᠥᠷᠴᠡᠭ ᠤᠨ ᠬᠤᠯᠪᠣᠯᠳᠤᠨ ᠨᠡᠪᠲᠡᠷᠡᠯᠴᠡᠬᠦ ᠶᠢ ᠠᠬᠢᠭᠤᠯᠬᠤ ᠳᠤ ᠬᠠᠮᠲᠤ ᠪᠠᠷ ᠬᠦᠴᠦ ᠨᠡᠮᠡᠷᠢᠯᠡᠵᠦ᠂ ᠨᠡᠩ ᠤᠯᠠᠨ | ᠤᠯᠤᠰ᠂ ᠨᠡᠩ ᠤᠯᠠᠨ ᠠᠷᠠᠳ ᠲᠦᠮᠡᠨ ᠳᠤ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠭᠦᠯᠦᠨ᠎ᠡ᠃ | — ᠳᠤᠮᠳᠠᠳᠤ ᠤᠯᠤᠰ ᠤᠨ ᠡᠪ ᠬᠠᠮᠲᠤ ᠨᠠᠮ ᠲᠣᠮᠣ ᠤᠯᠤᠰ ᠲᠣᠮᠣ ᠨᠠᠮ ᠤᠨ ᠬᠠᠷᠢᠭᠤᠴᠠᠯᠭ᠎ᠠ ᠶᠢ | ᠭᠦᠢᠴᠡᠳᠭᠡᠵᠦ᠂ ᠬᠥᠮᠦᠨ ᠲᠥᠷᠥᠯᠬᠢᠲᠡᠨ ᠤ ᠪᠤᠶᠠᠨ ᠬᠡᠰᠢᠭ ᠢ ᠨᠡᠮᠡᠭᠳᠡᠭᠦᠯᠬᠦ ᠳᠤ ᠰᠢᠨ᠎ᠡ ᠬᠤᠪᠢ ᠨᠡᠮᠡᠷᠢ | ᠦᠵᠡᠭᠦᠯᠦᠨ᠎ᠡ᠃ ᠶᠠᠳᠠᠭᠤ ᠬᠦᠴᠢᠷᠳᠡᠯ ᠢ ᠠᠷᠢᠯᠭᠠᠬᠤ ᠪᠣᠯ ᠡᠯ᠎ᠡ ᠤᠯᠤᠰ ᠤᠨ ᠠᠷᠠᠳ ᠲᠦᠮᠡᠨ ᠤ ᠬᠠᠮᠲᠤ ᠶᠢᠨ | ᠬᠦᠰᠡᠯ ᠡᠷᠡᠮᠡᠯᠵᠡᠯ ᠮᠥᠨ᠂ ᠡᠯ᠎ᠡ ᠤᠯᠤᠰ ᠤᠨ ᠲᠦᠷᠦ ᠶᠢᠨ ᠨᠠᠮ ᠤᠨ ᠴᠢᠷᠮᠠᠶᠢᠨ ᠪᠡᠶᠡᠯᠡᠭᠦᠯᠬᠦ ᠴᠢᠬᠤᠯᠠ ᠬᠠᠷᠠᠯᠲᠠ | ᠮᠥᠨ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ | ᠳᠤᠮᠳᠠᠳᠤ ᠤᠯᠤᠰ ᠤᠨ ᠤᠳᠤ ᠶᠢᠨ ᠬᠡᠷᠡᠭᠵᠢᠭᠦᠯᠵᠦ ᠪᠠᠶᠢᠭ᠎ᠠ ᠪᠠᠷᠢᠮᠵᠢᠶ᠎ᠠ ᠳᠣᠣᠷᠠᠬᠢ 9899 ᠲᠦᠮᠡᠨ ᠬᠥᠳᠡᠭᠡ | ᠲᠣᠰᠬᠤᠨ ᠤ ᠶᠠᠳᠠᠭᠤ ᠬᠦᠴᠢᠷᠳᠡᠯᠲᠡᠢ ᠬᠥᠮᠦᠨ ᠠᠮᠠ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ ︽ᠤᠯᠠᠨ | ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ 2030 ᠣᠨ ᠤ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯ︾ | ᠤᠨ ᠶᠠᠳᠠᠭᠤ ᠬᠦᠴᠢᠷᠳᠡᠯᠲᠡᠢ ᠬᠥᠮᠦᠨ ᠠᠮᠠ ᠶᠢ ᠴᠥᠭᠡᠳᠬᠡᠬᠦ ᠬᠠᠷᠠᠯᠲᠠ ᠶᠢ 10 ᠵᠢᠯ ᠤᠷᠢᠳᠴᠢᠯᠠᠨ ᠪᠡᠶᠡᠯᠡᠭᠦᠯᠪᠡ᠃ | ᠳᠤᠮᠳᠠᠳᠤ ᠤᠯᠤᠰ ᠤᠨ ᠡᠪ ᠬᠠᠮᠲᠤ ᠨᠠᠮ ᠬᠥᠮᠦᠨ ᠲᠥᠷᠥᠯᠬᠢᠲᠡᠨ ᠤ ᠶᠠᠳᠠᠭᠤ ᠬᠦᠴᠢᠷᠳᠡᠯᠲᠡᠢ ᠬᠥᠮᠦᠨ ᠠᠮᠠ ᠶᠢ | ᠴᠥᠭᠡᠳᠬᠡᠬᠦ ᠠᠬᠢᠴᠠ ᠳᠤ ᠨᠡᠩ ᠤᠯᠠᠨ ᠳᠤᠮᠳᠠᠳᠤ ᠤᠯᠤᠰ ᠤᠨ ᠲᠥᠰᠦᠯ ᠪᠣᠯᠤᠨ ᠳᠤᠮᠳᠠᠳᠤ ᠤᠯᠤᠰ ᠤᠨ | ᠬᠦᠴᠦᠨ ᠢ ᠳᠤᠷᠠᠲᠠᠶ᠎ᠠ ᠡᠷᠭᠦᠨ᠎ᠡ᠃ ᠳᠤᠮᠳᠠᠳᠤ ᠤᠯᠤᠰ ᠤᠯᠠᠨ ᠤᠯᠤᠰ ᠤᠨ ᠬᠢᠵᠢᠭ ᠲᠠᠢ ᠲᠡᠮᠡᠴᠡᠬᠦ | ᠬᠠᠮᠲᠤᠷᠠᠯᠴᠠᠭ᠎ᠠ ᠶᠢ ᠪᠦᠬᠦ ᠬᠦᠴᠦ ᠪᠠᠷ ᠢᠶᠠᠨ ᠳᠡᠮᠵᠢᠵᠦ᠂ ᠬᠥᠭᠵᠢᠵᠦ ᠪᠠᠶᠢᠭ᠎ᠠ ᠤᠯᠤᠰ ᠤᠳ ᠤᠨ ᠸᠠᠺᠼᠢᠨ ᠣᠯᠵᠤ | ᠪᠣᠯᠬᠤ ᠴᠢᠨᠠᠷ ᠪᠠ ᠡᠭᠦᠷᠭᠡᠯᠡᠵᠦ ᠪᠣᠯᠬᠤ ᠴᠢᠨᠠᠷ ᠢ ᠴᠢᠩᠭᠠᠳᠬᠠᠨ᠎ᠠ᠃ ᠳᠤᠮᠳᠠᠳᠤ ᠤᠯᠤᠰ ᠨᠡᠭᠦᠷᠡᠰᠦᠲᠥ᠋ᠷᠥᠭᠴᠢ | ᠭᠠᠳᠠᠭᠰᠢᠯᠠᠭᠤᠯᠬᠤ ᠤᠷᠬᠢᠯ ᠬᠡᠮᠵᠢᠭᠳᠡᠯ ᠳᠤ ᠬᠦᠷᠭᠡᠬᠦ᠂ ᠨᠡᠭᠦᠷᠡᠰᠦᠲᠥ᠋ᠷᠥᠭᠴᠢ ᠰᠠᠭᠠᠷᠮᠠᠭᠵᠢᠭᠤᠯᠬᠤ ᠬᠠᠷᠠᠯᠲᠠ ᠶᠢ | ᠭᠦᠢᠴᠡᠳᠬᠡᠬᠦ ᠪᠠᠷ ᠲᠦᠢᠯ ᠤᠨ ᠬᠠᠲᠠᠭᠤᠵᠢᠯᠲᠠᠢ ᠴᠢᠷᠮᠠᠶᠢᠯᠭ᠎ᠠ ᠭᠠᠷᠭᠠᠵᠤ᠂ ᠪᠦᠬᠦ ᠪᠥᠮᠪᠥᠷᠴᠡᠭ ᠤᠨ ᠠᠭᠤᠷ | ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ᠃ ᠳᠤᠮᠳᠠᠳᠤ ᠤᠯᠤᠰ | ︽ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠤᠨ ᠨᠡᠶᠢᠲᠡ ᠶᠢᠨ ᠭᠡᠷ᠎ᠡ︾ ᠶᠢᠨ ᠠᠷᠪᠠᠨ ᠲᠠᠪᠤᠳᠤᠭᠠᠷ | ᠤᠳᠠᠭ᠎ᠠ ᠶᠢᠨ ᠭᠡᠷᠡᠲᠦ ᠲᠠᠯ᠎ᠠ ᠶᠢᠨ ᠶᠡᠭᠡ ᠬᠤᠷᠠᠯ ᠢ ᠡᠷᠬᠢᠯᠡᠨ ᠬᠤᠷᠠᠯᠳᠤᠭᠤᠯᠵᠤ᠂ ᠡᠯ᠎ᠠ ᠤᠯᠤᠰ ᠲᠠᠢ ᠬᠠᠮᠲᠤ ᠪᠠᠷ | ᠪᠦᠬᠦ ᠪᠥᠮᠪᠥᠷᠴᠡᠭ ᠤᠨ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠤᠨ ᠵᠠᠰᠠᠯᠲᠠ ᠶᠢᠨ ᠰᠢᠨ᠎ᠡ ᠪᠠᠶᠢᠯᠳᠤᠬᠤ | ᠪᠤᠳᠤᠯᠭ᠎ᠠ ᠶᠢ ᠵᠥᠪᠳᠡᠯᠴᠡᠵᠦ᠂ ᠪᠦᠬᠦ ᠪᠥᠮᠪᠥᠷᠴᠡᠭ ᠤᠨ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠤᠨ | ᠵᠠᠰᠠᠯᠲᠠ ᠶᠢᠨ ᠰᠢᠨ᠎ᠡ ᠠᠶᠠᠨ ᠢ ᠬᠠᠮᠲᠤ ᠪᠠᠷ ᠡᠬᠢᠯᠡᠭᠦᠯᠦᠨ᠎ᠡ᠃ | — ᠳᠤᠮᠳᠠᠳᠤ ᠤᠯᠤᠰ ᠤᠨ ᠡᠪ ᠬᠠᠮᠲᠤ ᠨᠠᠮ ᠪᠦᠬᠦ ᠪᠥᠮᠪᠥᠷᠴᠡᠭ ᠤᠨ ᠵᠠᠰᠠᠯᠲᠠ ᠶᠢ ᠲᠡᠭᠦᠯᠳᠡᠷᠵᠢᠭᠦᠯᠬᠦ ᠶᠢ | ᠢᠳᠡᠪᠬᠢᠲᠡᠢ ᠠᠬᠢᠭᠤᠯᠵᠤ᠂ ᠬᠥᠮᠦᠨ ᠲᠥᠷᠥᠯᠬᠢᠲᠡᠨ ᠤ ᠨᠡᠶᠢᠭᠡᠮ ᠤᠨ ᠭᠠᠷ ᠬᠤᠯᠪᠣᠯᠴᠠᠠ ᠬᠠᠮᠲᠤ ᠶᠢᠨ | ᠥᠷᠢᠰᠥᠯᠳᠦᠭᠡᠨ ᠢ ᠠᠷᠭᠠᠴᠠᠭᠠᠬᠤ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ᠃ ᠤᠳᠤ ᠶᠢᠨ ᠬᠡᠷᠡᠭᠵᠢᠭᠦᠯᠵᠦ ᠪᠠᠶᠢᠭ᠎ᠠ | ᠤᠯᠠᠨ ᠤᠯᠤᠰ ᠤᠨ ᠰᠢᠰᠲ᠋ᠧᠮ ᠪᠠ ᠤᠯᠠᠨ ᠤᠯᠤᠰ ᠤᠨ ᠡᠮᠬᠢ ᠵᠢᠷᠤᠮ ᠤᠨ ᠭᠤᠣᠯᠯᠠᠬᠤ ᠣᠶᠢᠯᠠᠭᠠᠭᠳᠠᠬᠤᠨ ᠪᠣᠯ | ᠤᠯᠠᠨ ᠲᠠᠯᠠᠲᠤ ᠦᠵᠡᠯ ᠮᠥᠨ᠃ ᠤᠯᠠᠨ ᠲᠠᠯᠠᠲᠤ ᠦᠵᠡᠯ ᠢ ᠰᠠᠶᠢᠲᠤᠷ ᠦᠢᠯᠡᠳᠦᠯᠭᠡᠵᠢᠭᠦᠯᠪᠡᠯ᠂ ᠬᠥᠮᠦᠨ | ᠲᠥᠷᠥᠯᠬᠢᠲᠡᠨ ᠳᠤ ᠲᠤᠯᠭᠠᠷᠠᠵᠤ ᠪᠠᠶᠢᠭ᠎ᠠ ᠬᠠᠮᠲᠤ ᠶᠢᠨ ᠠᠰᠠᠭᠤᠳᠠᠯ ᠢ ᠰᠠᠶᠢᠲᠤᠷ ᠰᠢᠢᠳᠪᠦᠷᠢᠯᠡᠵᠦ ᠴᠢᠳᠠᠨ᠎ᠠ᠃ | ᠤᠯᠠᠨ ᠤᠯᠤᠰ ᠤᠨ ᠲᠦᠷᠢᠮ ᠪᠣᠯ ᠳᠡᠯᠡᠬᠡᠢ ᠶᠢᠨ ᠡᠯ᠎ᠡ ᠤᠯᠤᠰ ᠤᠨ ᠬᠠᠮᠲᠤ ᠪᠠᠷ ᠮᠡᠳᠡᠷᠡᠬᠦ ᠲᠦᠷᠢᠮ ᠪᠠᠶᠢᠬᠤ | ᠶᠣᠰᠣᠲᠠᠢ᠂ ᠬᠠᠷᠢᠨ ᠴᠥᠭᠡᠨ ᠲᠣᠭᠠᠨ ᠤ ᠬᠥᠮᠦᠰ ᠲᠣᠭᠲᠠᠭᠠᠬᠤ ᠪᠢᠰᠢ᠃ ᠤᠯᠤᠰ ᠤᠨ ᠬᠤᠭᠤᠷᠣᠨᠳᠣᠬᠢ | ᠬᠠᠮᠲᠤᠷᠠᠯᠴᠠᠭ᠎ᠠ ᠨᠢ ᠪᠦᠬᠦ ᠬᠥᠮᠦᠨ ᠲᠥᠷᠥᠯᠬᠢᠲᠡᠨ ᠳᠤ ᠦᠢᠯᠡᠴᠢᠯᠡᠬᠦ ᠪᠠᠷ ᠵᠣᠷᠢᠯᠲᠠ ᠪᠣᠯᠭᠠᠪᠠᠯ ᠵᠤᠬᠢᠨ᠎ᠠ᠂ ᠬᠠᠷᠢᠨ | ᠵᠢᠵᠢᠭ ᠪᠦᠯᠦᠭᠯᠡᠯ ᠤᠨ ᠤᠯᠤᠰ ᠲᠦᠷᠦ ᠪᠠᠷ ᠳᠡᠯᠡᠬᠡᠢ ᠶᠢ ᠡᠵᠡᠷᠬᠡᠬᠦ ᠡᠷᠬᠡ ᠶᠢ ᠬᠥᠭᠡᠭᠡᠴᠡᠯᠳᠦᠬᠦ ᠪᠢᠰᠢ᠃ ᠪᠢᠳᠡ | ᠤᠯᠠᠨ ᠲᠠᠯᠠᠲᠤ ᠦᠵᠡᠯ ᠤᠨ ᠨᠡᠷ᠎ᠡ ᠪᠠᠷ ᠭᠠᠭᠴᠠ ᠲᠠᠯᠠᠲᠤ ᠦᠵᠡᠯ ᠤᠨ ᠪᠣᠳᠠᠲᠤ ᠠᠵᠢᠯᠯᠠᠭ᠎ᠠ ᠬᠢᠬᠦ ᠡᠯ᠎ᠡ ᠵᠦᠢᠯ ᠤᠨ | ᠦᠢᠯᠡ ᠠᠵᠢᠯᠯᠠᠭ᠎ᠠ ᠶᠢ ᠬᠠᠮᠲᠤ ᠪᠠᠷ ᠡᠰᠡᠷᠭᠦᠴᠡᠵᠦ᠂ ᠡᠵᠡᠷᠬᠡᠬᠦ ᠦᠵᠡᠯ ᠪᠠ ᠬᠦᠴᠦᠷᠬᠡᠭᠯᠡᠯ ᠤᠨ ᠤᠯᠤᠰ ᠲᠦᠷᠦ ᠶᠢ | ᠬᠠᠮᠲᠤ ᠪᠠᠷ ᠡᠰᠡᠷᠭᠦᠴᠡᠬᠦ ᠬᠡᠷᠡᠭᠲᠡᠢ᠃ ᠳᠤᠮᠳᠠᠳᠤ ᠤᠯᠤᠰ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ | ᠦᠨᠳᠦᠰᠦᠨ ᠳᠦᠷᠢᠮ ᠤᠨ ᠵᠣᠷᠢᠯᠲᠠ ᠪᠠ ᠵᠠᠷᠴᠢᠮ ᠢ ᠡᠷᠡᠰ ᠬᠠᠮᠠᠭᠠᠯᠠᠵᠤ᠂ ᠤᠯᠠᠨ ᠤᠯᠤᠰ ᠤᠨ ᠬᠡᠷᠡᠭ ᠶᠠᠪᠤᠳᠠᠯ ᠢ | ᠤᠯᠠᠨ ᠢᠶᠠᠷ ᠢᠶᠠᠨ ᠵᠥᠪᠳᠡᠯᠴᠡᠨ ᠰᠢᠢᠳᠪᠦᠷᠢᠯᠡᠬᠦ ᠶᠢ ᠰᠠᠨᠠᠭᠠᠴᠢᠯᠠᠵᠤ᠂ ᠤᠯᠠᠨ ᠤᠯᠤᠰ ᠤᠨ ᠡᠮᠬᠢ ᠵᠢᠷᠤᠮ ᠪᠠ ᠤᠯᠠᠨ | ᠤᠯᠤᠰ ᠤᠨ ᠰᠢᠰᠲ᠋ᠧᠮ ᠤᠨ ᠨᠡᠩ ᠲᠥᠪ ᠭᠤᠣᠯᠴᠢ ᠵᠦᠢ ᠵᠣᠬᠢᠰᠲᠠᠢ ᠴᠢᠭᠯᠡᠯ ᠢᠶᠠᠷ ᠬᠥᠭᠵᠢᠬᠦ ᠶᠢ ᠠᠬᠢᠭᠤᠯᠤᠨ᠎ᠠ᠃ | ᠳᠤᠮᠳᠠᠳᠤ ᠤᠯᠤᠰ ᠡᠭᠦᠷᠢᠳᠡ ᠬᠥᠭᠵᠢᠵᠦ ᠪᠠᠶᠢᠭ᠎ᠠ ᠤᠯᠤᠰ ᠤᠳ ᠤᠨ ᠶᠡᠭᠡ ᠭᠡᠷ ᠪᠦᠯᠢ ᠶᠢᠨ ᠨᠢᠭᠡ ᠭᠡᠰᠢᠭᠦᠨ ᠮᠥᠨ᠂ | ᠬᠥᠭᠵᠢᠵᠦ ᠪᠠᠶᠢᠭ᠎ᠠ ᠤᠯᠤᠰ ᠤᠳ ᠤᠨ ᠤᠯᠠᠨ ᠤᠯᠤᠰ ᠤᠨ ᠵᠠᠰᠠᠯᠲᠠ ᠶᠢᠨ ᠰᠢᠰᠲ᠋ᠧᠮ ᠳᠠᠬᠢ ᠲᠥᠯᠥᠭᠡᠯᠡᠬᠦ ᠴᠢᠨᠠᠷ ᠪᠠ | ᠦᠭᠡ ᠬᠡᠯᠡᠬᠦ ᠡᠷᠬᠡ ᠶᠢ ᠳᠡᠭᠡᠭᠰᠢᠯᠡᠭᠦᠯᠬᠦ ᠪᠠᠷ ᠡᠷᠡᠰ ᠭᠤᠶᠢᠪᠢᠰᠢ ᠦᠭᠡᠢ ᠴᠢᠷᠮᠠᠶᠢᠨ᠎ᠠ ᠭᠡᠵᠦ ᠪᠢ ᠳᠠᠬᠢᠨᠲᠠ | ᠢᠯᠡᠷᠬᠡᠶᠢᠯᠡᠶ᠎ᠡ᠃ ᠳᠤᠮᠳᠠᠳᠤ ᠤᠯᠤᠰ ᠬᠡᠵᠢᠶᠡᠳᠡ ᠡᠵᠡᠷᠬᠡᠭᠴᠢ ᠪᠣᠯᠬᠤ ᠦᠭᠡᠢ᠂ ᠭᠠᠳᠠᠭᠰᠢ ᠥᠷᠭᠡᠳᠬᠡᠬᠦ ᠦᠭᠡᠢ᠂ | ᠬᠦᠴᠦᠨ ᠤ ᠬᠦᠷᠢᠶ᠎ᠡ ᠬᠡᠪᠴᠢᠶ᠎ᠡ ᠶᠢ ᠬᠥᠭᠡᠭᠡᠴᠡᠯᠳᠦᠬᠦ ᠦᠭᠡᠢ᠃ ᠳᠤᠮᠳᠠᠳᠤ ᠤᠯᠤᠰ ᠤᠨ ᠡᠪ ᠬᠠᠮᠲᠤ ᠨᠠᠮ ᠡᠯ᠎ᠡ | ᠤᠯᠤᠰ ᠤᠨ ᠲᠦᠷᠦ ᠶᠢᠨ ᠨᠠᠮ ᠲᠠᠢ ᠬᠠᠮᠲᠤ ᠪᠠᠷ᠂ ᠲᠦᠷᠦ ᠶᠢᠨ ᠨᠠᠮ ᠤᠨ ᠬᠤᠭᠤᠷᠣᠨᠳᠣᠬᠢ ᠵᠥᠪᠳᠡᠯᠴᠡᠭᠡ | ᠬᠠᠮᠲᠤᠷᠠᠯᠴᠠᠭ᠎ᠠ ᠪᠠᠷ ᠳᠠᠮᠵᠢᠭᠤᠯᠤᠨ ᠤᠯᠤᠰ ᠤᠨ ᠬᠤᠭᠤᠷᠣᠨᠳᠣᠬᠢ ᠵᠤᠬᠢᠴᠠᠩᠭᠤᠢ ᠬᠠᠮᠲᠤᠷᠠᠯᠴᠠᠭ᠎ᠠ ᠶᠢ ᠠᠬᠢᠭᠤᠯᠵᠤ᠂ | ᠪᠦᠬᠦ ᠪᠥᠮᠪᠥᠷᠴᠡᠭ ᠤᠨ ᠵᠠᠰᠠᠯᠲᠠ ᠳᠤᠮᠳᠠ ᠲᠦᠷᠦ ᠶᠢᠨ ᠨᠠᠮ ᠤᠨ ᠪᠠᠶᠢᠪᠠᠰᠤ ᠵᠣᠬᠢᠬᠤ ᠦᠢᠯᠡᠳᠦᠯ ᠢ ᠨᠡᠩ ᠰᠠᠶᠢᠲᠤᠷ | ᠪᠠᠳᠠᠷᠠᠭᠤᠯᠤᠨ᠎ᠠ᠃ | ᠠᠪᠠᠭ᠋ᠠᠶ ᠨᠠᠷ᠂ ᠠᠪᠤᠭᠠᠶ ᠨᠠᠷ᠂ ᠨᠠᠶᠢᠵᠠ ᠨᠠᠷ ᠡ︕ | ᠬᠤᠯᠠ ᠬᠡᠮᠡᠨ ᠪᠢᠲᠡᠬᠡᠢ ᠴᠦᠬᠦ ᠶᠠᠪᠤᠪᠠᠰᠤ ᠬᠦᠷᠦᠮᠤᠢ︕ ᠤᠷᠤᠭᠰᠢᠯᠠᠬᠤ ᠵᠠᠮ ᠳᠠᠭᠠᠨ ᠳᠤᠲᠠᠭᠤ ᠳᠣᠷᠭᠤᠨ | ᠵᠣᠭᠰᠣᠬᠤ ᠦᠭᠡᠢ ᠪᠣᠯ ᠢᠷᠡᠭᠡᠳᠦᠶ ᠭᠡᠭᠡᠨ ᠰᠠᠷᠠᠭᠤᠯ ᠶᠤᠮ᠃ ᠡᠮᠦᠨᠡᠬᠢ ᠵᠠᠮ ᠮᠤᠷᠤᠶ ᠰᠠᠷᠤᠶ ᠪᠤᠯᠪᠠᠴᠤ ᠬᠦᠰᠡᠯ | ᠡᠷᠡᠮᠡᠯᠵᠡᠯ ᠢᠶᠠᠷ ᠪᠢᠯᠬᠠᠮ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠳᠤᠷᠠᠲᠠᠶ᠎ᠠ ᠦᠷᠭᠦᠯᠵᠢᠯᠡᠨ ᠡᠯ᠎ᠡ ᠤᠯᠤᠰ ᠤᠨ | ᠲᠦᠷᠦ ᠶᠢᠨ ᠨᠠᠮ ᠪᠣᠯᠤᠨ ᠤᠯᠤᠰ ᠲᠦᠷᠦ ᠶᠢᠨ ᠵᠣᠬᠢᠶᠠᠨ ᠪᠠᠶᠢᠭᠤᠯᠤᠯᠲᠠ ᠲᠠᠢ ᠬᠠᠮᠲᠤ ᠪᠠᠷ᠂ ᠲᠡᠦᠬᠡ ᠶᠢᠨ ᠵᠥᠪ | ᠲᠠᠯ᠎ᠠ ᠳᠤ ᠵᠣᠭᠰᠣᠵᠤ᠂ ᠬᠥᠮᠦᠨ ᠲᠥᠷᠥᠯᠬᠢᠲᠡᠨ ᠤ ᠲᠠᠪᠰᠢᠯᠳᠠ ᠶᠢᠨ ᠲᠠᠯ᠎ᠠ ᠳᠤ ᠵᠣᠭᠰᠣᠵᠤ᠂ ᠬᠥᠮᠦᠨ | ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠴᠣᠭᠴᠠ ᠶᠢ ᠪᠠᠶᠢᠭᠤᠯᠬᠤ ᠶᠢ ᠠᠬᠢᠭᠤᠯᠬᠤ᠂ ᠨᠡᠩ ᠦᠵᠡᠰᠭᠦᠯᠡᠩᠲᠤ | ᠰᠠᠶᠢᠬᠠᠨ ᠳᠡᠯᠡᠬᠡᠢ ᠶᠢᠷᠲᠢᠨᠴᠦ ᠶᠢ ᠪᠠᠶᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ︕ | ᠣᠯᠠᠨ ᠳᠤ ᠪᠠᠶᠠᠷᠯᠠᠯ᠎ᠠ᠃ |